ᠮᠥᠷᠤ ᠵᠡᠷᠭᠡᠴᠡᠨ ᠤᠷᠤᠬᠰᠢᠯᠠᠬᠤᠢ᠎ᠠ ᠡᠬᠥᠷᠭᠡ ᠬᠠᠷᠢᠭᠤᠴᠠᠯᠭ᠎ᠠ ᠲᠤᠳᠤᠷᠬᠠᠢ ᠰᠢᠨ᠎ᠠ ᠠᠶᠠᠨ ᠎ᠳᠠᠭᠠᠨ ᠮᠤᠷᠳᠠᠬᠤᠶ᠎ᠠ ᠤᠮᠤᠭ ᠵᠤᠷᠢᠭ ᠲᠡᠬᠥᠯᠳᠡᠷ
2022-03-12 09:24:19
ᠵᠣᠬᠢᠶᠠᠭ᠍ᠴᠢ᠄
​ ᠯᠢ ᠬᠠᠨ ᠵᠠᠩ ᠺᠦᠶ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ᠎ᠤᠨ ᠦᠪᠡᠳᠡᠭ᠌ᠰᠢ ᠴᠤᠭ᠍ᠯᠠᠭᠠᠨ ᠤᠷᠤᠭᠰᠢᠯᠠᠯᠳᠠ ᠵᠢᠨ ᠱᠢᠨ᠎ᠡ ᠪᠦᠷᠢᠶ᠎ᠡ᠎ᠶ᠋ᠢ ᠬᠠᠩᠭᠢᠨᠠᠭᠤᠯᠵᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃

3 ᠰᠠᠷ᠎ᠠ ᠎ᠶ᠋ᠢᠨ 11 ᠤ᠋ ᠦᠳᠡ᠎ᠶ᠋ᠢᠨ ᠡᠮᠦᠨ᠎ᠡ᠂  ᠲᠦᠭ ᠲᠦᠮᠡᠨ᠎ᠤ ᠠᠩᠬᠠᠷᠤᠯ᠎ᠢ ᠲᠠᠲᠠᠭ᠍ᠰᠠᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠲᠡᠭᠦᠰ ᠰᠠᠢᠬᠠᠨ ᠪᠡᠶᠡᠯᠡᠬᠦᠯᠵᠦ᠂ ᠠᠮᠵᠢᠯᠳᠠ ᠲᠠᠢ ᠲᠡᠬᠦᠰᠴᠡᠢ᠃ ᠶᠡᠬᠡ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠥᠪᠥᠷ ᠮᠣᠩᠭᠣᠯ᠎ᠢ ᠱᠢᠨ᠎ᠡ ᠠᠶᠠᠨ ᠳ᠋ᠠᠭᠠᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ ᠪᠠᠨ ᠰᠠᠢᠲᠤᠷ᠎ᠪᠢᠴᠢᠭ᠌ᠯᠡᠬᠦ᠌᠎ᠳᠦ ᠶᠡᠷᠦᠩᠬᠡᠢ ᠵᠢᠯᠤᠭᠤᠳᠤᠯᠭ᠎ᠠ᠂ ᠶᠡᠷᠦᠩᠬᠡᠢ ᠵᠢᠷᠤᠮᠯᠠᠯ ᠬᠠᠩᠭᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ  ᠪᠦᠯᠬᠦᠮᠳᠡᠨ ᠲᠡᠮᠡᠴᠡᠬᠦ᠌᠎ᠡᠷᠴᠢ ᠵᠣᠷᠢᠭ᠎ᠢ ᠬᠥᠪᠴᠢᠯᠡᠵᠦ᠍᠂ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃

ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ 2400 ᠭᠠᠷᠤᠢ ᠲᠦᠮᠡᠨ ᠤᠯᠠᠨ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠬᠤᠷᠠᠯ᠎ᠤᠨ ᠬᠤᠭᠤᠴᠠᠭᠠᠨ᠎ᠳᠤ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠶᠡᠬᠡ ᠬᠤᠷᠠᠯ᠎ᠤᠨ ᠡᠯ᠎ᠡ ᠵᠦᠢᠯ᠎ᠦᠨ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠭᠦᠷᠭᠡ ᠲᠤᠱᠢᠶᠠᠯ᠎ᠢᠶᠠᠨ ᠭᠦᠢᠴᠡᠳᠭᠡᠭ᠌ᠰᠡᠨ ᠭᠣᠢᠳᠠ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍᠂ ᠡᠭᠦᠷᠭᠡ ᠲᠤᠱᠢᠶᠠᠯ᠎ᠢᠶᠠᠨ ᠭᠦᠢᠴᠡᠳᠭᠡᠭ᠌ᠰᠡᠨ ᠪᠠᠶᠠᠯᠢᠭ ᠦᠷ᠎ᠡ ᠪᠦᠲᠦᠭᠡᠯ᠎ᠢ ᠣᠯᠵᠠᠢ᠃

《ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠲᠠᠷᠠᠭᠠᠯᠠᠨ 5 ᠵᠢᠯ 6 ᠤᠳᠠᠭ᠎ᠠ ᠬᠢᠴᠢᠶᠡᠩᠬᠦᠢᠯᠡᠨ ᠰᠣᠨᠣᠰᠤᠭ᠍ᠰᠠᠨ ᠳ᠋ᠠᠭᠠᠨ ᠨᠠᠳᠠᠳᠤ ᠬᠢᠵᠠᠭᠠᠯᠠᠰᠢ ᠦᠭᠡᠢ ᠵᠣᠯ ᠵᠢᠷᠭᠠᠯ᠎ᠲᠠᠶ ᠰᠠᠨᠠᠭ᠍ᠳᠠᠵᠤ ᠪᠠᠢᠨ᠎ᠠ᠃ ᠮᠦᠨ ᠴᠸ᠋ ᠬᠠᠷᠢᠭᠤᠴᠠᠯᠭ᠎ᠠ ᠬᠦᠨᠳᠦ ᠪᠠᠢᠬᠤ᠎ᠪᠠᠨ ᠭᠦᠨᠵᠡᠭᠡᠢ ᠣᠢᠯᠠᠭᠠᠵᠤ ᠪᠠᠢᠨ᠎ᠠ》ᠭᠡᠵᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠳ᠋ᠠ ᠮᠢᠶᠣᠣ ᠪᠠᠯᠭᠠᠰᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ ᠬᠡᠯᠡᠵᠦ ᠪᠠᠢᠯ᠎ᠠ᠃ ᠲᠡᠷᠡ᠄ 《ᠶᠡᠷᠦᠩᠬᠡᠢ ᠱᠦᠵᠢ ᠲᠤᠰ ᠤᠳᠠᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ 〈ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠢ ᠪᠣᠯᠭᠠᠬᠤ ᠬᠡᠷᠡᠭ᠌ᠲᠡᠢ〉 ᠭᠡᠵᠦ ᠴᠢᠬᠤᠯᠠᠴᠢᠯᠠᠭ᠍ᠰᠠᠨ ᠨᠢ ᠨᠠᠳᠠᠳ᠋ᠤ ᠬᠠᠮᠤᠭ᠎ᠤᠨ ᠬᠦᠨ ᠰᠠᠭᠤᠭᠳᠠᠯ ᠦᠯᠡᠳᠡᠭᠡᠵᠡᠢ᠂ ᠡᠨᠡ ᠪᠤᠯ ᠮᠢᠨᠦ᠍ ᠬᠣᠢᠱᠢᠳᠠ᠎ᠶ᠋ᠢᠨ ᠠᠵᠢᠯ᠎ᠤᠨ ᠴᠢᠬᠤᠯᠠ ᠵᠢᠯᠤᠭᠤᠳᠤᠮᠵᠢ ᠪᠤᠯᠤᠨ᠎ᠠ》 ᠬᠡᠪᠡ᠃

2021 ᠣᠨ᠎ᠳᠤ᠂ ᠱᠢᠶᠤᠤ ᠮᠢᠶᠣᠣ ᠽᠢ ᠲᠣᠰᠭᠣᠨ 《ᠶᠢᠰᠦᠳᠦᠭᠡᠷ ᠪᠦᠯᠦᠭ᠎ᠦᠨ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠨᠢᠭᠡᠴᠢ》 ᠵᠢᠨ ᠢᠷᠠᠭᠤ ᠠᠯᠳᠠᠷ᠎ᠢ ᠬᠦᠷᠳᠡᠪᠡ᠃ 《ᠡᠨᠡ ᠬᠦ᠌ ᠢᠷᠠᠭᠤ ᠠᠯᠳᠠᠷ ᠪᠣᠯ ᠲᠤᠢᠯ᠎ᠤᠨ ᠡᠷᠬᠢᠮ ᠨᠠᠨᠳᠢᠨ ᠶᠤᠮ ᠂ ᠮᠥᠨ ᠴᠦ᠍ ᠪᠢᠳᠡᠨ᠎ᠦ 〈ᠠᠶᠠᠨ ᠳ᠋ᠠᠭᠠᠨ ᠲᠠᠬᠢᠨ ᠮᠣᠷᠳᠠᠬᠤ〉 ᠵᠢᠨ ᠡᠬᠢᠯᠡᠯᠲᠡ᠎ᠶ᠋ᠢᠨ ᠴᠡᠭ ᠪᠣᠯᠤᠨ᠎ᠠ᠂ ᠪᠢᠳᠡ ᠶᠡᠷᠦᠩᠬᠡᠢ ᠱᠦᠵᠢ᠎ᠶ᠋ᠢᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍᠂ ᠠᠯᠬᠤᠮ ᠪᠦᠷᠢ᠎ᠶ᠋ᠢ ᠯᠠᠪᠳᠠᠭᠤᠨ ᠪᠠᠲᠤᠲᠠᠢ ᠰᠠᠢᠲᠤᠷ ᠠᠯᠬᠤᠵᠤ᠂ ᠨᠤᠲᠤᠭ ᠤᠰᠤᠨ᠎ᠤ ᠪᠠᠨ ᠠᠬ᠎ᠠ ᠳᠡᠭᠦᠦ᠍᠎ᠨᠡᠷ᠎ᠦᠨ ᠠᠮᠢᠳᠤᠷᠠᠯ᠎ᠢ ᠤᠯᠠᠮ ᠰᠠᠢ᠌ᠨ ᠪᠣᠯᠭᠠᠬᠤ᠎ᠪᠠᠷ ᠴᠢᠷᠮᠠᠢᠨ᠎ᠠ》 ᠭᠡᠵᠦ᠍ ᠵᠤᠤ ᠬᠤᠢ  ᠵᠢᠶᠸ ᠬᠡᠯᠡᠪᠡ᠃

《ᠲᠤᠰ ᠤᠳᠠᠭ᠎ᠠ᠎ᠶ᠋ᠢᠨ ᠬᠤᠷᠠᠯ᠎ᠳᠤ ᠣᠷᠣᠯᠴᠠᠬᠤ ᠳ᠋ᠠᠭᠠᠨ᠂ ᠪᠢ ᠵᠤᠯ ᠎ᠢᠶᠠᠷ〈ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ ᠵᠠᠮ 〉 ᠲᠡᠭᠡᠷ᠎ᠡ ᠭᠠᠷᠴᠤ᠂ ᠮᠠᠨ᠎ᠤ ᠤᠢ ᠱᠢᠭᠤᠢ  ᠨᠤᠳᠤᠭ ᠪᠡᠯᠴᠢᠭᠡᠷ ᠵᠢᠡᠨ ᠰᠠᠬᠢᠨ ᠬᠠᠮᠠᠭᠠᠯᠠᠭ᠍ᠰᠠᠨ ᠦᠯᠢᠭᠡᠷ ᠵᠢᠡᠨ ᠪᠦᠬᠦ᠌ ᠤᠯᠤᠰ᠎ᠤᠨ ᠠᠷᠠᠳ ᠲᠦᠮᠡᠨ᠎ᠲᠠᠢ ᠬᠤᠪᠢᠶᠠᠯᠴᠠᠭ᠍ᠰᠠᠨ᠂ ᠪᠠᠰᠠ ᠵᠤᠯ ᠵᠢᠡᠷ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠠᠬᠤᠢ ᠲᠠᠯᠠᠪᠠᠢ ᠡᠴᠡ ᠰᠣᠨᠣᠰᠤᠭᠰᠠᠨ᠂ ᠨᠡᠭᠡᠷᠡᠨ ᠭᠠᠨᠵᠤᠭ᠎ᠠ ᠳᠦᠭᠦᠷᠡᠩ ᠤᠯᠤᠯᠳᠠ ᠲᠠᠢ》 ᠭᠡᠵᠦ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠬᠦ᠌ ᠦᠷᠳᠡᠭᠡ᠎ᠶ᠋ᠢᠨ ᠳᠠᠷᠤᠭ᠎ᠠ ᠴᠧᠨ ᠯᠢᠶᠠᠩ ᠰᠤᠷᠪᠤᠯᠵᠢᠯᠠᠭ᠍ᠴᠢ᠎ᠳᠤ ᠰᠡᠳᠬᠢᠯ ᠲᠤᠭᠳᠤᠯᠤᠨ ᠬᠡᠯᠡᠵᠦ ᠪᠠᠢᠯ᠎ᠠ᠃ ᠲᠡᠷᠡ ᠬᠠᠷᠢᠮᠠᠭᠴᠠ ᠪᠠᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠤᠲᠤᠭ᠎ᠤᠨ ᠠᠬ᠎ᠠ ᠳᠡᠭᠦᠦ᠍᠎ᠨᠡᠷ᠎ᠲᠠᠭᠠᠨ ᠤᠯᠠᠮᠵᠢᠯᠠᠵᠤ᠂ ᠤᠯᠠᠨ ᠲᠦᠮᠡᠨ᠎ᠤ ᠡᠷᠴᠢ ᠵᠣᠷᠢᠭ᠎ᠵᠢᠡᠨ ᠪᠠᠳᠠᠷᠠᠭᠤᠯᠵᠤ᠂ ᠪᠦᠯᠬᠦᠮᠳᠡᠨ ᠲᠡᠮᠡᠴᠡᠵᠦ᠍᠂ ᠡᠬᠡ ᠤᠯᠤᠰ᠎ᠤᠨ ᠤᠮᠠᠷᠠᠲᠤ ᠬᠢᠯᠢ ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ《ᠤᠷᠳᠤ ᠴᠠᠭᠠᠨ ᠬᠡᠷᠡᠮ》᠎ᠢ᠋ ᠨᠡᠩ ᠪᠠᠳᠤ ᠪᠡᠬᠢ ᠴᠤᠭᠴᠠᠯᠠᠬᠤ ᠵᠢ ᠵᠤᠷᠢᠬᠵᠢᠭᠤᠯᠤᠨ᠎ᠠ ᠭᠡᠵᠦ ᠢᠯᠡᠷᠭᠡᠢᠯᠡᠵᠦ ᠪᠠᠢᠯ᠎ᠠ᠃

《ᠭᠠᠭ᠍ᠴᠠ ᠬᠦ᠌ ᠨᠤᠲᠤᠭ ᠤᠰᠤ᠎ᠪᠠᠨ ᠨᠡᠩ ᠰᠠᠢ᠌ᠨ ᠪᠦᠳᠦᠭᠡᠨ ᠪᠠᠢᠭᠤᠯᠵᠤ᠂ ᠤᠯᠠᠨ ᠲᠦᠮᠡᠨ᠎ᠢ ᠳᠠᠭᠠᠭᠤᠯᠤᠨ ᠬᠠᠮᠲᠤ᠎ᠪᠠᠷ ᠪᠠᠶᠠᠵᠢᠬᠤ ᠎ᠶ᠋ᠢ ᠪᠡᠶᠡᠯᠡᠭᠦᠯᠪᠡᠯ ᠰᠠᠶᠢ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠬᠠᠯᠠᠮᠵᠢᠯᠠᠯ ᠪᠠ ᠰᠤᠷᠭᠠᠯ᠎ᠢ ᠬᠥᠰᠡᠷᠳᠡᠭᠦᠯᠬᠦ᠌ ᠦᠭᠡᠢ ᠪᠠᠢᠵᠤ ᠴᠢᠳᠠᠨ᠎ᠠ》 ᠭᠡᠵᠦ  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠦᠩᠯᠢᠶᠣᠤ ᠬᠤᠳᠠ᠎ᠶ᠋ᠢᠨ ᠵᠠᠷᠤᠳ ᠬᠣᠱᠢᠭᠤᠨ᠎ᠤ ᠪᠠᠶᠠᠨᠲᠠᠯ᠎ᠠ ᠰᠤᠮᠤ᠎ᠶ᠋ᠢᠨ ᠵᠡᠭᠦᠨ ᠰᠠᠯᠠᠭ᠎ᠠ ᠭᠠᠴᠠᠭ᠎ᠠ᠎ᠶ᠋ᠢᠨ ᠨᠠᠮ᠎ᠤᠨ ᠡᠭᠦᠷ᠎ᠦᠨ ᠱᠦᠵᠢ ᠡᠦ ᠶᠦᠨ ᠪᠥᠸᠧ ᠰᠤᠷᠪᠤᠯᠵᠢᠯᠠᠭ᠍ᠴᠢ᠎ᠳᠤ ᠬᠡᠯᠡᠪᠡ᠃ ᠬᠠᠷᠢᠭ᠍ᠰᠠᠨ᠎ᠤ ᠪᠠᠨ ᠳᠠᠷᠠᠭᠠᠬᠢ ᠬᠢᠬᠦ ᠠᠵᠢᠯ ᠵᠢᠡᠨ ᠲᠡᠷᠡ ᠠᠯᠢ ᠬᠡᠳᠦᠢᠨᠠᠢ ᠰᠠᠢᠳᠤᠷ ᠲᠥᠯᠥᠪᠯᠡᠴᠢᠬᠡᠭᠰᠡᠨ ᠪᠠᠢᠯ᠎ᠠ᠄ᠨᠢᠭᠡ᠎ᠳᠦ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠨᠤᠲᠤᠭ ᠤᠰᠤᠨ᠎ᠳᠠᠭᠠᠨ ᠡᠭᠦᠷᠢᠳᠡ ᠴᠡᠴᠡᠭ᠌ᠯᠡᠭᠦᠯᠦᠨ ᠲᠡᠯᠬᠡᠷᠡᠬᠦᠯᠦᠨ᠎ᠡ᠃ ᠬᠣᠶᠠᠷ᠎ᠲᠤ᠌᠂ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠰᠠᠢᠲᠤᠷ ᠵᠠᠮᠨᠠᠵᠤ᠂ ᠨᠤᠲᠤᠭ ᠤᠰᠤ᠎ᠪᠠᠨ ᠤᠯᠠᠮ ᠰᠠᠢ᠌ᠨ  ᠪᠦᠳᠦᠬᠡᠨ ᠪᠠᠢᠭᠤᠯᠤᠨ᠎ᠠ᠃

ᠡᠨᠡ᠎ᠵᠢᠯ᠎ᠦᠨ᠎ᠪᠥᠬᠥ᠌᠎ᠤᠯᠤᠰ᠎ᠤᠨ᠎ᠬᠣᠶᠠᠷ᠎ᠬᠤᠷᠠᠯ᠎ᠤᠨ ᠬᠤᠭᠤᠴᠠᠭᠠᠨ᠎ᠳᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠨᠤᠲᠤᠭ ᠪᠡᠯᠴᠢᠭᠡᠷ᠎ᠦᠨ ᠠᠵᠢᠯ᠎ᠤᠨ ᠥᠷᠲᠡᠭᠡ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠭ᠌ᠴᠢ ᠭᠦᠸᠧ ᠶᠠᠨ ᠯᠢᠩ ᠨᠤᠲᠤᠭ ᠪᠡᠯᠴᠢᠭᠡᠷ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠭ᠍ᠰᠠᠨ ᠲᠤᠬᠠᠢ ᠬᠠᠮᠢᠶ᠎ᠠ ᠪᠥᠬᠥᠶ ᠪᠠᠢᠳᠠᠯ᠎ᠵᠢᠡᠨ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠪᠡ᠃ ᠡᠨᠡ ᠤᠳᠠᠭ᠎ᠠ ᠵᠢᠨ ᠶᠡᠷᠦᠩᠬᠡᠢ ᠱᠦᠵᠢ᠎ᠯᠦᠭᠡ᠎ᠶ᠋ᠢᠨ ᠶᠠᠷᠢᠯᠴᠠᠭ᠎ᠠ ᠡᠴᠡ ᠶᠡᠷᠦᠩᠬᠡᠢ ᠱᠦᠵᠢ ᠵᠢᠨ ᠲᠠᠯ᠎ᠠ ᠨᠤᠲᠤᠭ᠎ᠤᠨ ᠠᠮᠢ ᠠᠬᠤᠢ᠎ᠶ᠋ᠢ ᠬᠠᠯᠠᠮᠵᠢᠯᠠᠵᠤ ᠪᠠᠢᠬᠤ᠂ ᠮᠠᠯᠴᠢᠨ ᠲᠠᠷᠢᠶᠠᠴᠢᠨ᠎ᠢ ᠰᠠᠨᠠᠭᠠᠯᠵᠠᠵᠤ ᠪᠠᠢᠬᠤ᠎ᠶ᠋ᠢ ᠲᠠᠷᠠ ᠦᠨᠡᠨ ᠬᠦ᠌ ᠮᠡᠳᠡᠷᠡᠵᠠᠢ᠃ 《 ᠪᠢ ᠯᠠᠪᠲᠠᠢ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ᠎ᠡ᠂ ᠡᠨᠡ ᠪᠣᠯ ᠮᠢᠨᠦ᠍ ᠲᠡᠮᠡᠴᠡᠬᠦ᠌ ᠴᠢᠭ᠌ᠯᠡᠯ ᠮᠦᠨ》 ᠬᠡᠵᠦ  ᠭᠦᠸᠧ ᠶᠠᠨ ᠯᠢᠩ ᠢᠯᠡᠷᠬᠡᠢᠯᠡᠵᠦ ᠪᠠᠢᠯ᠎ᠠ᠃ ᠦᠨᠳᠦᠰᠦᠨ ᠱᠠᠲᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠲᠠᠯ᠎ᠠ ᠨᠤᠲᠤᠭ ᠪᠣᠯ ᠳᠠᠷᠤᠶ ᠲᠡᠭᠦᠨ᠎ᠦ ᠲᠠᠪᠴᠠᠩ ᠮᠥᠨ᠃ ᠬᠠᠷᠢᠭ᠍ᠰᠠᠨ᠎ᠤ ᠪᠠᠨ ᠳᠠᠷᠠᠭ᠎ᠠ ᠲᠡᠷᠡ ᠦᠷᠭᠦᠯᠵᠢᠯᠡᠨ ᠲᠠᠷᠢᠶᠠᠨ ᠵᠤᠷᠬ᠎ᠠ ᠪᠡᠷ ᠬᠦᠨᠵᠡᠭᠡᠢᠷᠡᠵᠦ᠂ ᠡᠪᠡᠰᠦ ᠪᠤᠷᠳᠤᠭ᠎ᠠ ᠳᠠᠷᠢᠬᠤ ᠦᠶ᠋ᠯᠡᠰ᠎ᠲᠦ ᠨᠠᠩ ᠶᠡᠬᠡ ᠬᠦᠴᠦ᠍ ᠣᠷᠣᠭᠤᠯᠵᠤ᠂ ᠵᠢᠵᠢᠭ ᠡᠪᠡᠰᠦᠨ ᠦᠷ᠎ᠡ ᠵᠢᠨ ᠲᠤᠮᠤ ᠦᠢᠯᠡᠳᠦᠯ᠎ᠢ᠋ ᠪᠠᠳᠠᠷᠠᠭᠤᠯᠵᠤ᠂ ᠮᠠᠯᠴᠢᠨ ᠲᠠᠷᠢᠶᠠᠴᠢᠨ᠎ᠢ ᠬᠠᠪᠰᠤᠷᠤᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠤᠨ᠎ᠠ᠃

ᠵᠢᠯ ᠤ᠋ᠨ ᠠᠵᠢᠯ ᠬᠠᠪᠤᠷ ᠲᠠᠭᠠᠨ ᠭᠡᠳᠡᠭᠴᠢᠯᠡᠨ ᠲᠠᠷᠪᠠᠭᠤᠯ ᠬᠡᠢᠰᠭᠡᠨ ᠡᠷᠡᠮᠡᠭᠡᠢᠯᠡᠨ ᠤᠷᠤᠭᠰᠢᠯᠠᠬᠤ ᠰᠠᠢᠬᠠᠨ ᠴᠠᠭ ᠬᠦᠷᠴᠦ ᠢᠷᠡᠯ᠎ᠡ᠃ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠲᠥᠯᠥᠭᠡᠯᠡᠭ᠌ᠴᠢᠳ᠎ᠦᠨ ᠣᠮᠣᠭ ᠵᠣᠷᠢᠭ ᠣᠷᠭᠢᠯᠤᠮ᠎ᠠ ᠪᠠᠳᠠᠷᠠᠩᠭᠤᠶ ᠪᠠᠢᠵᠤ᠂ ᠣᠯᠠᠨ᠎ᠢᠶᠠᠷ᠎ᠢᠶᠠᠨ ᠲᠤᠰ ᠲᠤᠰ᠎ᠤᠨ ᠠᠵᠢᠯ᠎ᠤᠨ ᠵᠢᠡᠨ ᠪᠣᠳᠠᠲᠠᠢ ᠪᠠᠢᠳᠠᠯ᠎ᠲᠠᠶ ᠤᠶᠠᠯᠳᠤᠭᠤᠯᠵᠤ᠂ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠡᠷᠡᠯᠬᠡᠭ᠌ᠯᠡᠨ ᠲᠡᠮᠡᠴᠡᠵᠦ᠍᠂ ᠱᠢᠨᠲᠠᠷᠠᠰᠢ ᠦᠭᠡᠢ ᠴᠢᠷᠮᠠᠢᠵᠦ᠍᠂ ᠶᠡᠷᠦᠩᠬᠡᠢ ᠱᠦᠵᠢ᠎ᠶ᠋ᠢᠨ ᠵᠢᠭᠠᠭ᠍ᠰᠠᠨ ᠴᠢᠭ᠌ᠯᠡᠯ᠎ᠵᠢᠡᠷ ᠭᠤᠢᠪᠢᠰᠢ ᠦᠭᠡᠢ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠡᠨᠡ᠎ᠬᠦ᠌ ᠭᠣᠣᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠨᠦᠭᠦᠳ᠎ᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠶ᠋ᠢᠨ ᠳᠤᠮᠳᠠ ᠠᠨᠠᠷ᠎ᠤᠨ ᠦᠷ᠎ᠡ ᠱᠢᠭ ᠨᠢᠭᠳᠠᠷᠠᠭᠤᠯᠤᠨ ᠪᠦᠯᠬᠦᠮᠳᠡᠬᠦᠯᠵᠦ᠂ ᠪᠦᠬᠦ᠌ ᠤᠯᠤᠰ᠎ᠤᠨ ᠠᠷᠠᠳ ᠲᠦᠮᠡᠨ᠎ᠲᠡᠶ ᠬᠠᠮᠲᠤ ᠪᠠᠷ ᠠᠭᠤᠤ ᠶᠡᠬᠡ ᠡᠬᠡ ᠤᠯᠤᠰ᠎ᠢᠶᠠᠨ ᠪᠦᠲᠦᠭᠡᠨ ᠪᠠᠢᠭᠤᠯᠵᠤ᠂ ᠰᠠᠢ᠌ᠨ ᠰᠠᠢᠬᠠᠨ ᠠᠮᠢᠳᠤᠷᠠᠯ᠎ᠢᠶᠠᠨ ᠬᠠᠮᠲᠤ ᠪᠠᠷ ᠴᠣᠭ᠍ᠴᠠᠯᠠᠨ ᠪᠠᠢᠭᠤᠯᠤᠨ᠎ᠠ ᠬᠡᠵᠦ ᠢᠯᠡᠷᠬᠡᠢᠯᠡᠵᠡᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号