ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠬᠡᠵᠢᠩ ᠳ᠋ᠤ ᠳᠡᠬᠦᠰᠪᠡ
2022-03-12 08:21:31
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ  ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠵᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ ᠵᠡᠷᠬᠡ ᠵᠢ ᠵᠦᠪᠰᠢᠶᠡᠷᠡᠪᠡ

ᠣᠷᠣᠨ ᠨᠤᠲᠤᠭ᠎ᠤᠨ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ ᠢ᠋ ᠪᠠᠲᠤᠯᠠᠵᠤ ᠰᠢ᠎ᠶᠢᠨ ᠫᠢᠩ ᠳᠡᠷᠢᠬᠦᠯᠡᠭᠴᠢ ᠵᠢᠨ ᠵᠠᠷᠯᠢᠭ᠋᠎ᠲᠤ ᠭᠠᠷ᠎ᠤᠨ ᠦᠰᠦᠭ ᠵᠢᠷᠤᠵᠤ ᠨᠡᠢᠲᠡᠯᠡᠪᠡ

ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠣᠷᠣᠨ ᠲᠣᠭ᠎ᠠ ᠪᠠ ᠰᠣᠩᠭᠣᠭᠤᠯᠢ᠎ᠶᠢᠨ ᠠᠰᠠᠭᠤᠳᠠᠯ᠎ᠤᠨ ᠲᠤᠬᠠᠢ ᠳᠤᠬᠳᠠᠭᠠᠯ ᠵᠡᠷᠭᠡ᠎ᠵᠢ ᠪᠠᠳᠤᠯᠠᠪᠠ

ᠰᠢ᠎ᠶᠢᠨ ᠫᠢᠩ   ᠯᠢ ᠺᠸ ᠴᠢᠶᠠᠩ   ᠸᠠᠩ ᠶᠠᠩ   ᠸᠠᠩ ᠬ᠍ᠸ᠋ ᠨᠢᠩ   ᠵᠤᠤ ᠯᠸ ᠵᠢᠢ   ᠬᠠᠨ ᠵᠧᠩ  ᠸᠠᠩ ᠴᠢ ᠱᠠᠨ ᠨᠠᠷ ᠲᠡᠷᠢᠭᠦᠯᠡᠭᠴᠢᠳ᠎ᠤᠨ ᠲᠠᠢᠰᠠᠨ᠎ᠳᠤ ᠰᠠᠭᠠᠲᠠᠵᠤ  ᠯᠢ ᠵᠠᠨ ᠱᠸ᠋ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠠᠢ



QQ截图20220312082452.png


3᠎ᠰᠠᠷ᠎ᠠ᠎ᠶᠢᠨ11᠎ᠤ᠋᠎ᠡᠳᠦᠷ᠂᠎ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠳᠠᠩᠬᠢᠮ ᠳ᠋ᠤ ᠳᠡᠬᠦᠰᠪᠡ᠃ ᠨᠠᠮ ᠪᠠ ᠲᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠨᠡᠷ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠲᠠᠵᠦ᠂ ᠯᠢ ᠵᠠᠨ ᠱᠸ᠋ ᠲᠡᠬᠦᠰᠬᠦ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃

ᠰᠢᠨᠬᠤᠸᠠ ᠬᠣᠷᠢᠶᠠᠨ᠎ᠤ ᠰᠤᠷᠪᠤᠯᠵᠢᠯᠠᠬᠴᠢ ᠬᠤᠧᠠᠩ ᠵᠢᠩ ᠸᠧᠨ ᠰᠡᠬᠦᠳᠡᠷᠯᠡᠪᠡ


QQ截图20220312082501.png


3 ᠰᠠᠷ᠎ᠠ᠎ᠶᠢᠨ 11 ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠳᠠᠩᠬᠢᠮ ᠳ᠋ᠤ ᠳᠡᠬᠦᠰᠪᠡ᠃ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠸ᠋ ᠲᠡᠬᠦᠰᠬᠦ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃

ᠰᠢᠨᠬᠤᠸᠠ ᠬᠣᠷᠢᠶᠠᠨ᠎ᠤ ᠰᠤᠷᠪᠤᠯᠵᠢᠯᠠᠬᠴᠢ ᠬᠤᠧᠠᠩ ᠵᠢᠩ ᠸᠧᠨ ᠰᠡᠬᠦᠳᠡᠷᠯᠡᠪᠡ



ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 11 ᠤ᠋ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠠᠮᠵᠢᠯᠲᠠ᠎ᠲᠠᠢ ᠪᠡᠶᠡᠯᠡᠬᠦᠯᠦᠭᠡᠳ᠂ 11 ᠤ᠋ ᠦᠳᠡ᠎ᠶᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠳᠠᠩᠬᠢᠮ ᠳ᠋ᠤ ᠳᠡᠬᠦᠰᠪᠡ᠃᠎ᠶᠡᠬᠡ᠎ᠬᠤᠷᠠᠯ᠎ᠡᠴᠡ᠎ᠵᠠᠰᠠᠭ᠎ᠤᠨ᠎ᠣᠷᠳᠣᠨ᠎ᠤ᠎ᠠᠵᠢᠯ᠎ᠤᠨ ᠢᠯᠡᠳᠬᠡᠯ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠵᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠡ ᠵᠡᠷᠬᠡ ᠵᠢ ᠵᠦᠪᠰᠢᠶᠡᠷᠡᠪᠡ᠃ ᠶᠡᠬᠡ ᠬᠤᠷᠠᠯ ᠡᠴᠡ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠎ᠢ ᠪᠠᠲᠤᠯᠠᠵᠤ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ 110 ᠳ᠋ᠤᠭᠠᠷ ᠲᠣᠭᠠᠲᠤ ᠲᠡᠷᠢᠭᠦᠯᠡᠭᠴᠢ᠎ᠶᠢᠨ ᠵᠠᠷᠯᠢᠭ᠋᠎ᠲᠤ ᠭᠠᠷ᠎ᠤᠨ ᠦᠰᠦᠭ ᠵᠢᠷᠤᠵᠤ ᠨᠡᠢᠲᠡᠯᠡᠪᠡ᠃ ᠶᠡᠬᠡ ᠬᠤᠷᠠᠯ ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠤᠷᠤᠨ ᠲᠣᠭ᠎ᠠ ᠪᠠ ᠰᠣᠩᠭᠣᠭᠤᠯᠢ᠎ᠶᠢᠨ ᠠᠰᠠᠭᠤᠳᠠᠯ᠎ᠤᠨ ᠲᠤᠬᠠᠢ ᠲᠣᠭᠲᠠᠭᠠᠯ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠷᠭ᠎ᠠ ᠪᠠ ᠣᠣᠮᠧᠨ ᠤᠨᠴᠠᠭᠠᠢ ᠵᠠᠰᠠᠭ ᠵᠠᠬᠢᠷᠭᠠᠨ᠎ᠤ ᠤᠷᠤᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢ ᠰᠣᠩᠭᠣᠬᠤ ᠠᠷᠭ᠎ᠠ ᠵᠢ ᠪᠠᠳᠤᠯᠠᠪᠠ᠃

ᠲᠡᠭᠦᠰᠬᠦ ᠬᠤᠷᠠᠯ᠎ᠢ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠸ᠋ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠸᠨ ᠶᠤᠸᠠᠢ ᠶᠤᠸᠠᠢ᠂ ᠵᠢᠢ ᠪᠢᠩ ᠰᠢᠤᠸᠠᠨ᠂ ᠠᠢ᠍ᠢᠯᠢᠭ᠌ᠸᠩ·ᠢᠮᠢᠩᠪᠠᠬᠠᠢ᠂ ᠸᠠᠨ ᠧ ᠰᠢᠶᠠᠩ᠂ ᠴᠧᠨ ᠵᠦ᠍᠂ ᠸᠠᠩ ᠳ᠋ᠦᠩ ᠮᠢᠩ᠂ ᠪᠠᠳᠮᠠᠫᠸᠷᠠᠩᠯᠠᠢ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳᠠ ᠹᠸᠩ᠂ ᠦ᠋ ᠸᠧᠢ ᠬᠤᠸᠠ᠂ ᠶᠠᠩ ᠵᠧᠨ ᠦ᠋ ᠲᠡᠷᠢᠭᠦᠯᠡᠭᠴᠢᠳ᠎ᠤᠨ ᠲᠠᠢᠰᠠᠨ᠎ᠤ ᠭᠦᠢᠴᠡᠳᠭᠡᠭᠴᠢ ᠲᠡᠷᠢᠭᠦᠯᠡᠭᠴᠢ᠎ᠶᠢᠨ ᠰᠠᠭᠤᠳᠠᠯ᠎ᠳᠤ ᠰᠠᠭᠠᠲᠠᠪᠠ᠃

ᠰᠢ ᠵᠢᠨ ᠫᠢᠩ᠂ ᠯᠢ ᠺᠸ ᠴᠢᠶᠠᠩ᠂ ᠸᠠᠩ ᠶᠠᠩ᠂ ᠸᠠᠩ ᠬᠤ᠌ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠤᠨ ᠲᠠᠢᠰᠠᠨ᠎ᠳᠤ ᠰᠠᠭᠠᠲᠠᠪᠠ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2951 ᠬᠥᠮᠦᠨ ᠪᠠᠢᠵᠦ᠂ 2758 ᠬᠥᠮᠦᠨ ᠣᠷᠣᠯᠴᠠᠵᠤ᠂ 193 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠡᠢ ᠃

ᠦᠳᠡ᠎ᠶ᠋ᠢᠨ ᠡᠮᠦᠨᠡᠬᠢ 9 ᠴᠠᠭ᠎ᠲᠤ᠌᠂ ᠯᠢ ᠵᠠᠨ ᠱᠤ᠌ ᠬᠤᠷᠠᠯ ᠡᠬᠢᠯᠡᠭ᠌ᠰᠡᠨ᠎ᠢ ᠵᠠᠷᠯᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠢᠳᠪᠦᠷᠢ ᠵᠢ ᠪᠠᠳᠤᠯᠠᠵᠠᠢ᠃ ᠰᠢᠢᠳᠪᠦᠷᠢ ᠳ᠋ᠤ᠂ ᠬᠤᠷᠠᠯ᠎ᠡᠴᠡ 2021 ᠣᠨ᠎ᠤ ᠤᠯᠤᠰ᠎ᠤᠨ ᠬᠥᠭ᠌ᠵᠢᠯᠲᠡ ᠵᠢᠨ ᠲᠠᠯ᠎ᠡ ᠪᠡᠷ ᠣᠯᠤᠭ᠍ᠰᠠᠨ ᠬᠦᠰᠢᠶ᠎ᠠ ᠳᠡᠮᠳᠡᠭ ᠤ᠋ᠨ ᠠᠴᠢ ᠬᠤᠯᠪᠤᠭᠳᠠᠯ ᠲᠠᠢ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠠ᠎ᠪᠡᠷ ᠦᠨᠡᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2022 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠠ ᠪᠣᠯᠤᠨ ᠠᠵᠢᠯ᠎ᠤᠨ ᠪᠠᠢᠷᠢᠯᠠᠭᠤᠯᠤᠯᠲᠠ᠎ᠶ᠋ᠢ ᠵᠥᠪᠱᠢᠶᠡᠷᠡᠵᠦ᠍᠂ ᠲᠤᠰ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠵᠠᠢ ᠭᠡᠵᠦ᠍ ᠵᠢᠭᠠᠵᠤ ᠭᠠᠷᠭᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠤᠭᠳᠠᠭᠠᠯ ᠢ᠋ ᠪᠠᠳᠤᠯᠠᠵᠠᠢ᠃ ᠲᠤᠭᠳᠠᠭᠠᠯ ᠢ᠋ 2022 ᠣᠨ᠎ᠤ 3 ᠰᠠᠷ᠎ᠠ᠎ᠶ᠋ᠢᠨ 12 ᠤ᠋ᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠠ᠃ ᠲᠤᠭᠳᠠᠭᠠᠯ ᠢ᠋ ᠦᠨᠳᠦᠰᠦᠯᠡᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ》ᠳ᠋ᠤ ᠬᠠᠷᠠᠭᠠᠯᠵᠠᠬᠰᠠᠨ ᠵᠠᠰᠠᠪᠤᠷᠢ ᠤᠷᠤᠭᠤᠯᠵᠤ᠂ ᠳᠠᠬᠢᠵᠤ ᠨᠡᠢᠳᠡᠯᠡᠨ᠎ᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠷᠤᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠠᠷᠭ᠎ᠠ ᠪᠠ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢ ᠰᠤᠩᠭᠤᠬᠤ ᠠᠷᠭ᠎ᠠ ᠵᠢ ᠪᠠᠳᠤᠯᠠᠵᠠᠢ᠃ ᠠᠷᠪᠠᠨ ᠳᠦᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ ᠵᠢᠨ ᠣᠷᠣᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠎ᠢ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 2023 ᠤᠨ ᠤ᠋ 1 ᠰᠠᠷ᠎ᠠ ᠳ᠋ᠤ ᠰᠤᠩᠭᠤᠨ ᠭᠠᠷᠭᠠᠨ᠎ᠠ᠃

ᠬᠤᠷᠠᠯ᠎ᠡᠴᠡ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠡᠷᠡᠭᠵᠢᠬᠦᠯᠦᠭᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠢᠳᠪᠦᠷᠢ᠎ᠶ᠋ᠢ ᠪᠠᠳᠤᠯᠠᠯᠳᠠ ᠬᠢᠵᠤ ᠪᠠᠳᠤᠯᠠᠵᠤ᠂ 2021 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠡᠷᠡᠭᠵᠢᠬᠦᠯᠦᠭᠰᠡᠨ ᠪᠠᠢᠳᠠᠯ ᠬᠢᠭᠡᠳ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ᠎ᠶ᠋ᠢ ᠵᠥᠪᠱᠢᠶᠡᠷᠡᠬᠦ ᠪᠡᠷ ᠲᠤᠭᠳᠠᠵᠤ᠂ 2022 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠪᠡ; 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠢᠳᠪᠦᠷᠢ᠎ᠶ᠋ᠢ ᠪᠠᠳᠤᠯᠠᠯᠳᠠ ᠬᠢᠵᠤ ᠪᠠᠲᠤᠯᠠᠵᠤ᠂ 2021 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2022 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ᠎ᠶ᠋ᠢ ᠵᠥᠪᠱᠢᠶᠡᠷᠡᠬᠦ ᠪᠡᠷ ᠲᠤᠭᠳᠠᠵᠤ᠂ 2022 ᠣᠨ᠎ᠤ ᠲᠥᠪ᠎ᠦᠨ ᠲᠥᠰᠦᠪ᠎ᠢ ᠵᠥᠪᠱᠢᠶᠡᠷᠡᠪᠡ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠮᠡᠳᠡᠬᠦᠯᠦᠯᠳᠠ ᠵᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠶ᠋ᠳᠪᠦᠷᠢ ᠵᠢ ᠪᠡᠳᠤᠯᠠᠯᠳᠠ ᠬᠢᠵᠤ ᠪᠠᠳᠤᠯᠠᠪᠠ᠃᠎ᠰᠢᠢᠳᠪᠤᠷᠢ᠎ᠳᠤ᠂ ᠬᠤᠷᠠᠯ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠠ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠭᠣᠣᠯ ᠡᠭᠦᠷᠭᠡ᠎ᠶ᠋ᠢ ᠵᠥᠪᠱᠢᠶᠡᠷᠡᠵᠦ᠍᠂ ᠲᠤᠰ ᠮᠡᠳᠡᠬᠦᠯᠦᠯᠳᠠ ᠵᠢ ᠵᠥᠪᠱᠢᠶᠡᠷᠡᠬᠦ᠌᠎ᠪᠡᠷ ᠲᠣᠭ᠍ᠲᠠᠵᠠᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠠᠮᠵᠢᠨ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢᠨ ᠲᠤᠬᠠᠢ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢᠨ ᠲᠤᠬᠠᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠱᠢᠢᠳᠪᠦᠷᠢ᠎ᠶ᠋ᠢ ᠪᠠᠲᠤᠯᠠᠵᠤ᠂ ᠡᠨᠡ ᠬᠣᠶᠠᠷ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃       

ᠳᠠᠷᠠᠭ᠎ᠠ ᠨᠢ᠂ ᠯᠢ ᠵᠠᠨ ᠱᠤ᠌ ᠶᠠᠷᠢᠶ᠎ᠠ ᠲᠠᠯᠪᠢᠪᠠ᠃ ᠲᠡᠷᠡ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠨᠢᠭᠡᠨᠲᠡ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠮᠡᠳᠡᠬᠦᠯᠦᠯᠳᠠ ᠵᠢ ᠬᠢᠨᠠᠨ ᠵᠦᠪᠯᠡᠵᠤ ᠵᠦᠪᠰᠢᠶᠡᠷᠡᠨ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠷᠤᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠂ ᠱᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠣᠬᠤ ᠬᠣᠶᠠᠷ ᠠᠷᠭ᠎ᠠ᠎ᠶ᠋ᠢ ᠬᠢᠨᠠᠨ ᠵᠦᠪᠯᠡᠵᠤ ᠪᠠᠳᠤᠯᠠᠪᠠ᠃ ᠬᠤᠷᠠᠯ᠎ᠤᠨ ᠣᠯᠤᠭ᠍ᠰᠠᠨ ᠦᠷ᠎ᠡ ᠪᠦᠲᠦᠭᠡᠯ ᠨᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ ᠳ᠋ᠡᠬᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠴᠢᠬᠤᠯᠠ ᠶᠡᠬᠡ ᠱᠢᠨ᠎ᠡ ᠠᠮᠵᠢᠯᠲᠠ᠎ᠶ᠋ᠢ ᠢᠯᠡᠷᠡᠭᠦᠯᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠴᠤᠭ ᠵᠣᠷᠢᠭ ᠪᠠᠳᠠᠷᠠᠩᠭᠤᠢ᠂ ᠠᠯᠬᠤᠭ᠎ᠠ ᠨᠢᠭᠡᠲᠡᠢ ᠤᠷᠤᠭ᠍ᠰᠢᠯᠠᠬᠤ ᠡᠷᠡᠰ ᠪᠠᠲᠤ ᠵᠣᠷᠢᠭ᠎ᠢ ᠤᠯᠠᠮ ᠴᠢᠨᠠᠭ᠍ᠰᠢᠳᠠ ᠬᠥᠭ᠌ᠵᠢᠭᠡᠵᠡᠢ ᠭᠡᠵᠤ ᠬᠡᠯᠡᠪᠡ᠃

ᠯᠢ ᠵᠠᠨ ᠱᠸ᠋᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠭ᠌ᠰᠡᠨ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠪᠣᠯᠣᠨ ᠤᠯᠤᠰ᠎ᠤᠨ ᠠᠵᠢᠯ ᠦᠢᠯᠡᠰ ᠲᠣᠮᠣ ᠠᠯᠬᠤᠮ᠎ᠢᠶᠠᠷ ᠤᠷᠤᠭ᠍ᠰᠢᠯᠠᠵᠤ ᠪᠠᠢᠭ᠎ᠠ ᠴᠠᠭ ᠦᠶ᠎ᠡ᠎ᠶ᠋ᠢᠨ ᠠᠬᠤᠢ ᠪᠠᠢᠳᠠᠯ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠶ᠋ᠢᠨ ᠠᠵᠢᠯ ᠴᠤ᠌ ᠱᠢᠨ᠎ᠡ ᠠᠮᠵᠢᠯᠲᠠ ᠣᠯᠵᠠᠢ᠃ ᠡᠨᠡ᠎ᠨᠢ ᠦᠨᠳᠦᠰᠦᠨ᠎ᠡᠴᠡ ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠭ᠍ᠰᠠᠨ᠎ᠤ ᠠᠴᠢ ᠪᠠᠢᠭ᠎ᠠ ᠶᠤᠮ᠂ ᠱᠢᠨ᠎ᠡ ᠲᠡᠮᠡᠴᠡᠯ᠎ᠤᠨ ᠠᠶᠠᠨ᠎ᠳᠠᠭᠠᠨ ᠡᠷᠬᠡᠪᠰᠢ ᠡᠨᠡ ᠬᠦ᠌ ᠤᠯᠤᠰ ᠲᠦᠷᠦ᠍᠎ᠶ᠋ᠢᠨ ᠪᠠᠢᠭᠤᠯᠤᠯ᠎ᠤᠨ ᠴᠣ ᠱᠢᠨ᠎ᠡ ᠤᠨᠤᠯ᠎ᠢ ᠭᠦᠨᠵᠡᠭᠡᠢ ᠰᠤᠷᠤᠯᠴᠠᠨ ᠬᠢᠨᠠᠮᠠᠭᠠᠢ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ; ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠭᠡᠬᠦ᠌ ᠡᠨᠡ ᠬᠦ᠌ ᠦᠨᠳᠦᠰᠦᠨ ᠬᠠᠤᠯᠢ᠎ᠶ᠋ᠢᠨ ᠭᠤᠣᠯ ᠵᠠᠷᠴᠢᠮ᠎ᠢ ᠪᠠᠷᠢᠮᠲᠠᠯᠠᠭ᠍ᠰᠠᠨ᠎ᠤ ᠠᠴᠢ ᠪᠠᠢᠭ᠎ᠠ ᠶᠤᠮ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠠᠴᠠ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ᠎ᠶ᠋ᠢᠨ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠨᠠᠮ᠎ᠤᠨ ᠵᠢᠯᠤᠭᠤᠳᠭᠤ ᠦᠵᠡᠯ ᠰᠠᠨᠠᠭ᠎ᠠ᠂ ᠨᠠᠮ᠎ᠤᠨ ᠤᠳᠤᠷᠢᠳᠭᠤ ᠪᠠᠢᠷᠢ ᠰᠠᠭᠤᠷᠢ᠎ᠭᠤᠢᠪᠢᠰᠢ ᠦᠭᠡᠢ ᠪᠠᠢᠬᠤ᠎ᠶ᠋ᠢ ᠪᠠᠲᠤᠯᠠᠵᠤ᠂ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠠ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠪᠠᠲᠤᠯᠠᠬᠤ ᠶᠠᠪᠤᠳᠠᠯ ᠪᠣᠯᠣᠨ᠎ᠠ; ᠲᠦᠷᠦ᠍᠎ᠶ᠋ᠢᠨ ᠠᠯᠢᠪᠠ ᠡᠷᠬᠡ ᠠᠷᠠᠳ ᠲᠦᠮᠡᠨ᠎ᠤ᠎ᠬᠢ ᠪᠣᠯᠬᠤ᠎ᠶ᠋ᠢ ᠪᠠᠷᠢᠮᠲᠠᠯᠠᠭ᠍ᠰᠠᠨ᠎ᠤ ᠠᠴᠢ᠎ᠪᠠᠢᠭ᠎ᠠ ᠶᠤᠮ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠳᠦᠷᠢᠮ᠎ᠤᠨ ᠠᠴᠢᠶᠠᠯᠠᠭ᠍ᠴᠢ ᠪᠣᠯᠤᠬᠰᠠᠨ᠎ᠤ ᠬᠤᠪᠢ ᠳ᠋ᠠᠬᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠎ᠶ᠋ᠢ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ ᠪᠠ ᠨᠡᠢᠭᠡᠮ᠎ᠤᠨ ᠠᠮᠢᠳᠤᠷᠠᠯ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ; ᠬᠠᠤᠯᠢ ᠶᠣᠰᠣᠭᠠᠷ ᠡᠷᠬᠡ᠎ᠪᠠᠨ ᠵᠥᠪ ᠬᠡᠷᠡᠭ᠌ᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠵᠥᠪ ᠭᠦᠢᠴᠡᠳᠭᠡᠵᠦ᠂ 《ᠨᠢᠭᠡ ᠣᠷᠳᠣᠨ ᠨᠢᠭᠡ ᠵᠦᠪᠯᠡᠯ ᠬᠤᠶᠠᠷ ᠬᠤᠷᠢᠶ᠎ᠠ》 ᠵᠢᠨ ᠡᠯ᠎ᠡ ᠵᠦᠢᠯ᠎ᠤᠨ ᠠᠵᠢᠯ ᠦᠢᠯᠡᠰ᠎ᠢᠶᠠᠨ ᠥᠨᠳᠥᠷ ᠪᠦᠲᠦᠮᠵᠢᠲᠡᠶ᠎ᠪᠠᠷ ᠠᠬᠢᠭᠤᠯᠬᠤ᠎ᠶ᠋ᠢ ᠳᠡᠮᠵᠢᠭᠰᠡᠨ ᠮᠥᠷᠲᠡᠭᠡᠨ ᠪᠠᠰᠠ ᠵᠠᠰᠠᠭ ᠵᠠᠬᠢᠷᠭᠠᠨ᠎ᠤ ᠡᠷᠬᠡ᠂ ᠬᠢᠨᠠᠨ ᠪᠠᠢᠴᠠᠭᠠᠬᠤ ᠡᠷᠬᠡ᠂ ᠱᠢᠭᠦᠨ ᠲᠠᠰᠤᠯᠬᠤ ᠡᠷᠬᠡ᠂ ᠪᠠᠢᠴᠠᠭᠠᠬᠤ ᠡᠷᠬᠡ᠎ᠶ᠋ᠢᠨ ᠬᠠᠤᠯᠢ ᠶᠣᠰᠣᠭᠠᠷ ᠵᠥᠪ ᠬᠡᠷᠡᠭ᠌ᠵᠢᠭᠦᠯᠦᠭ᠌ᠳᠡᠬᠦ᠌᠎ᠶ᠋ᠢ ᠦᠨᠡᠨ ᠬᠦ᠌ ᠪᠠᠲᠤᠯᠠᠰᠠᠨ᠎ᠤ ᠠᠴᠢ᠎ᠪᠠᠢᠭ᠎ᠠ ᠶᠤᠮ; ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠣᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠬᠦᠴᠦᠯᠡᠨ ᠠᠬᠢᠭᠤᠯᠤᠭ᠍ᠰᠠᠨ᠎ᠤ ᠠᠴᠢ᠎ᠪᠠᠢᠭ᠎ᠠ ᠶᠤᠮ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠣᠨᠴᠠᠯᠢᠭ ᠪᠣᠯᠣᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠣᠯᠣᠨ ᠠᠵᠢᠯᠯᠠᠭᠠᠨ᠎ᠤ ᠲᠣᠭ᠍ᠲᠠᠴᠠ᠎ᠶ᠋ᠢᠨ ᠨᠡᠩ ᠲᠡᠭᠦᠯᠳᠡᠷᠵᠢᠨ ᠨᠡᠩ ᠭᠡᠪᠰᠢᠬᠦ᠎ᠶ᠋ᠢ ᠠᠬᠢᠭᠤᠯᠵᠤ᠂ ᠤᠯᠤᠰ᠎ᠤᠨ ᠨᠡᠢᠭᠡᠮ ᠵᠢᠷᠤᠮ᠎ᠤᠨ ᠵᠠᠮ᠎ᠢᠶᠠᠷ ᠤᠷᠤᠭ᠍ᠰᠢᠯᠠᠬᠤ᠎ᠶ᠋ᠢ ᠪᠦᠲᠦᠮᠵᠢᠲᠡᠢ ᠪᠠᠲᠤᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠯᠢ ᠵᠠᠨ ᠱᠸ᠋᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠭ᠌ᠰᠡᠨ᠎ᠠᠴᠠ ᠨᠠᠭᠠᠰᠢ᠂ ᠲᠥᠯᠥᠭᠡᠯᠡᠭ᠌ᠴᠢᠳ ᠨᠠᠮ ᠪᠣᠯᠣᠨ ᠠᠷᠠᠳ ᠲᠦᠮᠡᠨ᠎ᠤ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠬᠤᠷᠠᠯ᠎ᠤᠨ ᠬᠢᠨᠠᠨ ᠵᠥᠪᠯᠡᠬᠦ᠌᠎ᠳᠤ ᠢᠳᠡᠪᠬᠢᠲᠡᠢ ᠣᠷᠣᠯᠴᠠᠵᠤ᠂ ᠴᠢᠨᠠᠷ ᠰᠠᠢᠲᠠᠢ᠂ ᠬᠦᠨᠳᠦᠴᠠ ᠲᠠᠢ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠴᠤ᠌᠂ ᠴᠢᠬᠤᠯᠠ ᠬᠠᠤᠯᠢ ᠴᠠᠭᠠᠵᠠ᠎ᠶ᠋ᠢ ᠲᠣᠭ᠍ᠲᠠᠭᠠᠬᠤ ᠪᠠ ᠵᠠᠰᠠᠪᠤᠷᠢ ᠣᠷᠣᠭᠤᠯᠬᠤ᠎ᠳᠤ ᠠᠳᠠᠯᠢ ᠪᠤᠰᠤ ᠲᠠᠯ᠎ᠠ᠎ᠠᠴᠠ ᠣᠷᠣᠯᠴᠠᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠬᠡᠵᠢᠶᠡᠳᠡ ᠰᠤᠯᠠᠷᠠᠭᠤᠯᠤᠯ ᠦᠭᠡᠢ᠂ ᠬᠡᠵᠢᠶᠡᠳᠡ ᠬᠤᠢᠷᠭᠤᠱᠢᠬᠤ ᠦᠭᠡᠢ ᠤᠶᠤᠨ ᠰᠠᠨᠠᠭᠠᠨ᠎ᠤ ᠪᠠᠢᠳᠠᠯ᠎ᠢ ᠪᠠᠲᠤᠯᠠᠵᠤ᠂ ᠲᠥᠯᠥᠭᠡᠯᠡᠭ᠌ᠴᠢ᠎ᠶ᠋ᠢᠨ ᠡᠭᠦᠷᠭᠡ ᠲᠤᠱᠢᠶᠠᠯ᠎ᠢᠶᠠᠨ ᠬᠢᠨᠠᠮᠠᠭᠠᠢ ᠭᠦᠢᠴᠡᠳᠭᠡᠵᠦ᠍᠂ ᠲᠤᠰ ᠲᠤᠰ᠎ᠤᠨ ᠠᠵᠢᠯ᠎ᠤᠨ ᠪᠠᠢᠷᠢ ᠳᠡᠭᠡᠷ᠎ᠡ᠎ᠪᠠᠨ ᠨᠡᠩ ᠶᠡᠭᠡ ᠱᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠯᠢ ᠵᠠᠨ ᠱᠤ᠌᠂ ᠡᠨᠡ ᠵᠢᠯ ᠪᠣᠯ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠶᠠᠪᠤᠴᠠ᠎ᠳᠠᠬᠢ ᠲᠤᠢᠯ᠎ᠤᠨ ᠴᠢᠬᠤᠯᠠ ᠨᠢᠭᠡ ᠵᠢᠯ ᠪᠣᠯᠣᠨ᠎ᠠ᠃ ᠲᠥᠪ᠎ᠦᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ ᠤ᠋ᠨ ᠬᠤᠷᠠᠯ ᠤ᠋ᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠪᠠᠢᠭᠤᠯᠤᠯ ᠪᠠ ᠤᠯᠤᠰ᠎ᠤᠨ ᠵᠠᠰᠠᠯᠲᠠ᠎ᠶᠢᠨ ᠰᠢᠰᠲᠧᠮ᠎ᠳᠡᠬᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠰᠢᠨ᠎ᠡ ᠬᠠᠷᠢᠭᠤᠴᠠᠯᠭ᠎ᠠ ᠰᠢᠨ᠎ᠡ ᠡᠭᠦᠷᠭᠡ᠎ᠶᠢ ᠭᠦᠨᠵᠡᠭᠡᠢ ᠲᠠᠨᠢᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠵᠦ᠂ ᠦᠨᠳᠦᠰᠦᠨ ᠬᠠᠤᠯᠢ᠎ᠶᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶᠢᠨ ᠰᠢᠰᠲᠧᠮ᠎ᠢ ᠲᠦᠷᠭᠡᠨ ᠲᠡᠭᠦᠯᠳᠡᠷᠵᠢᠭᠦᠯᠵᠦ᠂ 《ᠨᠢᠭᠡ ᠣᠷᠳᠣᠨ ᠨᠢᠭᠡ ᠵᠦᠪᠯᠡᠯ ᠬᠣᠶᠠᠷ ᠬᠣᠷᠢᠶ᠎ᠠ》 ᠎ᠵᠢᠨ ᠠᠵᠢᠯ᠎ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠠᠷᠠᠳ ᠲᠦᠮᠡᠨ᠎ᠦ ᠡᠷᠬᠡ ᠮᠡᠳᠡᠵᠦ ᠡᠵᠡᠨ ᠰᠠᠭᠤᠬᠤ᠎ᠶᠢ ᠪᠠᠲᠤᠯᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠴᠢᠨᠰᠠᠭ᠎ᠠ ᠪᠠ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠ᠎ᠲᠠᠢ᠎ᠪᠠᠷ ᠬᠤᠷᠠᠯᠳᠤᠬᠤ᠎ᠶᠢ ᠤᠭᠲᠤᠶ᠎ᠠ ᠭᠡᠵᠦ ᠬᠡᠯᠡᠪᠡ᠃

ᠦᠳᠡ᠎ᠶᠢᠨ ᠡᠮᠦᠨᠡᠬᠢ 9 ᠴᠠᠭ 42 ᠮᠢᠨᠦ᠋ᠲ᠎ᠲᠦ ᠯᠢ ᠵᠠᠨ ᠱᠣ᠌᠄ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠲᠡᠭᠦᠰᠪᠡ ᠭᠡᠵᠦ ᠵᠠᠷᠯᠠᠵᠠᠢ᠃ ᠶᠡᠬᠡ ᠬᠤᠷᠠᠯ ᠰᠦᠷ ᠵᠢᠪᠬᠤᠯᠠᠩᠲᠠᠢ ᠤᠯᠤᠰ᠎ᠤᠨ ᠰᠦᠯᠳᠡ ᠳᠠᠭᠤᠤ᠎ᠶᠢᠨ ᠠᠶᠠᠰ ᠳᠤᠮᠳᠠ ᠲᠡᠭᠦᠰᠪᠡ᠃

ᠲᠡᠷᠢᠭᠦᠯᠡᠭᠴᠢᠳ᠎ᠤ᠋ᠨ ᠲᠠᠢᠰᠠᠨ᠎ᠳᠤ ᠰᠠᠭᠠᠲᠠᠬᠰᠠᠳ᠎ᠲᠤ ᠪᠠᠰᠠ᠄ ᠳ᠋ᠢᠩ ᠰᠢᠤᠸᠠᠢ ᠰᠢᠶᠠᠩ᠂ ᠯᠢᠦ ᠾᠧ᠂ ᠰᠢᠦᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠣᠩ ᠵᠥᠩ᠂ ᠶᠠᠩ ᠵᠢᠶᠧ ᡂᠢ᠂ ᠶᠠᠩ ᠰᠢᠶᠣᠣ ᠳᠦ᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠌ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠦ ᠴᠢᠤᠸᠠᠨ᠂ ᠸᠧᠢ ᠹᠧᠩ ᠾᠧ᠂ ᠸᠠᠩ ᠶᠦᠩ᠂ ᠸᠠᠩ ᠢ᠂ ᠰᠢᠶᠣᠣ ᠵᠢᠶᠧ᠂ ᠵᠣᠣ ᠺᠧ ᡁᠢ᠂ ᠵᠧᠦ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠦᠦ᠂ ᠫᠠᠪᠠᠯᠠ·ᠭᠸᠯᠸᠭ᠌ᠨᠡᠮᠵᠢᠯ᠂ ᠸᠠᠨ ᠭᠠᠩ᠂ ᠾᠧ ᠾᠧᠦ ᠬᠤᠸᠠ᠂ ᠯᠦ᠍ ᠵᠠᠨ ᠬᠥᠩ᠂ ᠮᠠ ᠪᠢᠶᠣᠣ᠂ ᠴᠧᠨ ᠰᠢᠶᠣᠣ ᠭᠤᠸᠠᠩ᠂ ᠯᠢᠶᠠᠩ ᠵᠧᠨ ᠶᠢᠩ᠂ ᠰᠢᠶᠠ ᠪᠦᠦ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠌ ᠬᠣᠶ᠂ ᠵᠧᠩ ᠵᠢᠶᠠᠨ ᠪᠠᠩ᠂ ᠬᠥ ᠱᠧᠩ ᠽᠦ᠍᠂ ᠯᠢᠦ ᠰᠢᠨ ᠴᠧᠩ᠂ ᠾᠧ ᠸᠧᠢ᠂ ᠱᠣᠸ᠋ ᠬᠣᠩ᠂ ᠭᠣᠸ᠋ ᠶᠦᠨ ᠯᠦᠩ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠭᠡᠰᠢᠭᠦᠨ ᠯᠢ ᠽᠦᠸᠸ ᠴᠧᠩ᠂ ᠮᠢᠶᠣᠣ ᠬᠤᠸᠠ᠂ ᠵᠠᠩ ᠱᠧᠩ ᠮᠢᠨ ᠨᠠᠷ ᠪᠤᠢ᠃

ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ᠎ᠦᠨ ᠬᠣᠯᠪᠣᠭᠳᠠᠯ ᠪᠦᠬᠦᠢ ᠨᠢᠭᠡᠴᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃

ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶᠢᠨ ᠡᠯᠴᠢᠨ ᠰᠠᠢᠳ ᠨᠠᠷ ᠶᠡᠬᠡ ᠬᠤᠷᠠᠯ᠎ᠢ ᠰᠤᠯᠠ ᠰᠣᠨᠣᠰᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号