ᠢᠲᠡᠬᠡᠯ ᠨᠠᠢᠳᠠᠯᠭ᠎ᠠ᠎ᠶ᠋ᠢ ᠪᠠᠲᠤ ᠴᠡᠭᠡᠵᠢᠯᠡᠨ ᠬᠥᠰᠡᠯ ᠵᠡᠬᠥᠲᠤ ᠵᠢᠨ ᠵᠢᠨᠨ ᠲᠥᠯᠥᠬᠡ ᠬᠠᠮᠳᠦ ᠪᠡᠷ ᠲᠡᠮᠡᠴᠡᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ
2022-03-12 08:31:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠪᠦᠬᠦ᠌ ᠣᠷᠣᠨ᠎ᠤ ᠠᠵᠤ ᠠᠬᠤᠢᠯᠠᠯ᠎ᠤᠨ ᠺᠠᠳ᠋ᠷ ᠠᠵᠢᠯᠳᠠᠳ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠥᠭ᠌ᠵᠢᠶᠡᠨᠲᠡᠢ ᠶᠠᠷᠢᠯᠴᠠᠪᠠ



ᠴᠢᠩ ᠰᠡᠳᠭᠢᠯ᠎ᠤᠨ ᠬᠠᠯᠠᠮᠵᠢᠯᠠᠯ ᠨᠢ ᠰᠡᠳᠭᠢᠯ᠎ᠵᠢᠷᠦᠭᠡ᠎ᠶᠢ ᠳᠤᠯᠠᠭᠠᠴᠠᠭᠤᠯᠵᠤ᠂ ᠴᠢᠩ ᠰᠡᠳᠭᠢᠯ᠎ᠦᠨ ᠢᠳᠠᠭᠡᠯ ᠨᠠᠢᠳᠠᠯᠭ᠎ᠠ ᠨᠢ ᠬᠥᠮᠦᠰ᠎ᠢ ᠵᠤᠷᠢᠭᠵᠢᠭᠤᠯᠤᠨ ᠤᠷᠤᠭᠰᠢᠯᠠᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠠᠵᠤ ᠠᠬᠤᠢᠯᠠᠯ᠎ᠤᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠮᠠᠨ᠎ᠤ ᠣᠷᠣᠨ᠎ᠤ ᠠᠵᠤ ᠠᠬᠤᠢᠯᠠᠯ᠎ᠤᠨ ᠺᠠᠳ᠋ᠷ ᠠᠵᠢᠯᠳᠠᠨ᠎ᠤ ᠳᠤᠮᠳᠠ ᠴᠢᠩᠭ᠎ᠠ ᠲᠤᠰᠭᠠᠯ ᠭᠠᠷᠴᠠᠢ᠃

ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ ᠤ᠋ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠾᠧ ᠢᠦᠢ ᠴᠦᠨ᠄《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠨᠠᠮᠠᠶ᠋ᠢ ᠲᠤᠢᠯ᠎ᠢᠶᠠᠷ ᠤᠷᠮᠠᠱᠢᠭᠤᠯᠵᠠᠢ᠃ ᠤᠯᠤᠰ᠎ᠤᠨ ᠥᠮᠴᠢᠯᠡᠯ ᠤ᠋ᠨ ᠠᠵᠤ ᠠᠬᠤᠢᠯᠠᠯ ᠪᠣᠯᠤᠭ᠍ᠰᠠᠨ᠎ᠤ ᠬᠤᠪᠢ ᠳ᠋ᠤ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠤ᠂ ᠠᠵᠢᠯᠲᠠᠳ᠎ᠢ ᠪᠦᠬᠦ ᠲᠠᠯ᠎ᠠ ᠪᠡᠷ ᠬᠥᠲᠥᠯᠥᠨ ᠵᠢᠯᠣᠭᠣᠳᠴᠤ᠌ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠤᠶ ᠪᠣᠯᠭᠠᠵᠤ᠂ 〈ᠭᠤᠷᠪᠠᠨ ᠬᠦᠴᠦᠷᠬᠡᠭ ᠨᠢᠭᠡ ᠱᠢᠯᠢᠳᠡᠭ ᠨᠢᠭᠡ ᠶᠡᠬᠡ〉 ᠬᠥᠭ᠌ᠵᠢᠯᠲᠡ ᠵᠢᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 〈ᠱᠢᠨ᠎ᠡ ᠡᠨᠧᠷᠭᠢ᠎ᠪᠡᠷ ᠭᠤᠤᠯ ᠴᠣᠭ᠍ᠴᠠ ᠪᠣᠯᠭᠠᠭ᠍ᠰᠠᠨ ᠲᠡᠷᠢᠭᠦᠨ᠎ᠦ ᠲᠣᠮᠣ ᠬᠡᠯᠪᠡᠷᠢ᠎ᠶ᠋ᠢᠨ ᠡᠨᠧᠷᠭᠢ᠎ᠶ᠋ᠢᠨ ᠠᠵᠤ ᠠᠬᠤᠢᠯᠠᠯ〉ᠢ᠋ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠂ ᠥᠪᠡᠷᠲᠡᠭᠡᠨ ᠵᠠᠰᠠᠬᠤ ᠣᠷᠣᠨ᠎ᠤ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠎ᠶ᠋ᠢ ᠲᠦᠷᠭᠡᠳᠭᠡᠨ ᠪᠥᠲᠥᠭᠡᠨ ᠪᠠᠢᠭᠤᠯᠬᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠵᠦ᠍᠂ ᠱᠢᠯᠢᠳᠡᠭ ᠬᠢᠷᠢ ᠪᠦᠲᠦᠮᠵᠢ᠎ᠪᠡᠷ᠎ᠢᠶᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ 》 ᠭᠡᠵᠤ ᠬᠡᠯᠡᠵᠠᠢ᠃

ᠶᠡᠷᠦᠩᠬᠡᠢ ᠱᠦᠵᠢ ᠰᠢ ᠵᠢᠨ ᠫᠢᠩ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠭᠰᠠᠨ ᠨᠢ ᠥᠪᠥᠷ ᠮᠣᠩᠭᠣᠯ᠎ᠤᠨ ᠵᠢᠨ ᠬᠠᠢ ᠢᠯᠢ ᠰᠦ ᠵᠢᠨ ᠦᠢᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠡᠨᠧᠷᠭᠢ᠎ᠶ᠋ᠢᠨ ᠬᠡᠯᠳᠡᠰ ᠤ᠋ᠨ ᠠᠵᠢᠯᠳᠠᠨ ᠴᠢᠤᠸᠠᠨ ᠯᠢ᠎ᠳᠦ ᠮᠠᠰᠢ ᠶᠡᠬᠡ ᠵᠣᠷᠢᠭ᠍ᠵᠢᠭᠤᠯᠤᠯ ᠪᠣᠯᠤᠭ᠍ᠰᠠᠨ ᠪᠥᠭᠡᠳ ᠬᠠᠷᠢᠭᠤᠴᠠᠯᠭ᠎ᠠ ᠬᠦᠨᠳᠦ ᠪᠠᠢᠨ᠎ᠠ ᠭᠡᠳᠡᠭ ᠢ᠋ ᠤᠬᠠᠭᠠᠷᠠᠭᠤᠯᠵᠠᠢ᠃ 《ᠢᠯᠢ ᠪᠦᠯᠦᠭ᠌ᠯᠡᠯ᠎ᠦᠨ ᠡᠨᠧᠷᠭᠢ᠎ᠶ᠋ᠢᠨ ᠪᠠᠲᠤᠯᠠᠭ᠎ᠠ ᠪᠠ ᠬᠠᠮᠢᠶᠠᠷᠤᠯᠲᠠ᠎ᠶ᠋ᠢᠨ ᠠᠵᠢᠯᠳᠠᠨ ᠪᠣᠯᠤᠭ᠍ᠰᠠᠨ᠎ᠦ ᠬᠤᠪᠢ᠎ᠳᠤ᠂ ᠪᠢ ᠮᠠᠨ ᠤ᠋ ᠺᠣᠮᠫᠠᠨᠢ ᠵᠢᠨ ᠵᠢᠠᠨ ᠰᠦ ᠵᠢᠨ ᠦᠢᠯᠡᠰ᠎ᠦᠨ ᠳᠠᠭᠠᠭᠤᠯᠤᠭᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠪᠠᠷ ᠪᠣᠬᠢᠷᠲᠤᠯ ᠦᠭᠡᠢ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠂ ᠪᠣᠬᠢᠷᠲᠤᠯ ᠦᠭᠡᠢ ᠬᠠᠮᠢᠶᠠᠷᠤᠯᠲᠠ᠎ᠶ᠋ᠢ ᠴᠢᠩᠭᠠᠳᠬᠠᠬᠤ᠂ ᠪᠣᠬᠢᠷᠲᠤᠯ ᠦᠭᠡᠢ ᠠᠵᠢᠯᠯᠠᠭ᠎ᠠ ᠥᠷᠨᠢᠭᠦᠯᠬᠦ᠌᠎ᠶ᠋ᠢᠨ ᠴᠢᠬᠤᠯᠠ ᠴᠢᠨᠠᠷ᠎ᠢ  ᠭᠦᠨᠵᠡᠭᠡᠢ ᠣᠢᠯᠠᠭᠠᠪᠠ᠂ ᠨᠢᠳᠤᠨᠤᠨ᠂ ᠵᠢᠨ ᠬᠠᠢ ᠢᠯᠢ ᠦᠢᠯᠡᠳᠪᠦᠷᠢ ᠤᠯᠤᠰ᠎ᠤᠨ〈ᠪᠣᠬᠢᠷᠲᠤᠯ ᠦᠭᠡᠢ ᠦᠢᠯᠡᠳᠪᠦᠷᠢ〉ᠵᠢᠨ ᠨᠤᠳᠠᠯᠠᠯᠳᠠ ᠵᠢ ᠣᠯᠵᠠᠢ᠃ ᠬᠤᠢᠰᠢᠳᠠ ᠪᠢ ᠡᠨᠧᠷᠭᠢ᠎ᠶ᠋ᠢᠨ ᠠᠦ᠋ᠲ᠋ᠣ᠋ ᠡᠵᠡᠮᠱᠢᠯ᠎ᠦᠨ ᠱᠢᠰᠲ᠋ᠧᠮ᠎ᠢ ᠦᠷᠭᠦᠯᠵᠢᠯᠡᠨ ᠰᠤᠷᠤᠯᠴᠠᠨ ᠰᠤᠳᠤᠯᠵᠤ᠂ ᠭᠤᠷᠪᠠ ᠤᠳᠠᠭ᠎ᠠ ᠲᠡᠰ ᠳᠡᠪᠱᠢᠭᠦᠯᠬᠦ᠌᠎ᠶ᠋ᠢ ᠪᠡᠶᠡᠯᠡᠭᠦᠯᠬᠦ᠌᠎ᠶ᠋ᠢᠨ ᠬᠠᠮᠲᠤ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤ᠂ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ ᠵᠢ ᠠᠬᠢᠭᠤᠯᠬᠤ ᠲᠤᠬᠠᠢ ᠱᠢᠯᠢᠳᠡᠭ᠌ᠵᠢᠭᠦᠯᠬᠦ᠌ ᠰᠠᠨᠠᠭᠤᠯᠭ᠎ᠠ᠎ᠶ᠋ᠢ ᠨᠡᠩ ᠤᠯᠠᠨ ᠳᠤᠷᠠᠳᠴᠤ᠌᠂〈ᠬᠣᠣᠰ ᠨᠡᠭᠦᠷᠡᠰᠦᠲᠥ᠋ᠷᠥᠭ᠌ᠴᠢ〉ᠵᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠥᠪᠡᠷ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠵᠦ᠍ ᠴᠢᠤᠸᠠᠨ ᠯᠢ ᠬᠡᠯᠡᠪᠡ᠃

ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠶ᠋ᠢ ᠰᠣᠨᠣᠰᠴᠤ᠌᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠪᠦᠯᠦᠭᠯᠡᠯ ᠤ᠋ᠨ ᠬᠥᠬᠡᠬᠣᠲᠠ᠎ᠶ᠋ᠢᠨ ᠴᠢᠯᠠᠭᠤᠨ ᠲᠣᠰᠣ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠺᠣᠮᠫᠠᠨᠢ᠎ᠶ᠋ᠢᠨ ᠥᠷᠭᠡᠨ ᠣᠯᠠᠨ ᠺᠠᠳ᠋ᠷ ᠠᠵᠢᠯᠲᠠᠨ《ᠠᠮᠤᠷ ᠲᠦᠪᠱᠢᠨ ᠣᠷᠴᠢᠨ ᠲᠣᠭᠣᠷᠢᠨ᠎ᠢ ᠬᠠᠮᠠᠭᠠᠯᠠᠬᠤ ᠪᠣᠯ ᠠᠯᠢᠪᠠ ᠠᠵᠢᠯ᠎ᠤᠨ ᠰᠠᠭᠤᠷᠢ ᠮᠥᠨ》ᠭᠡᠬᠦ᠌ ᠣᠢᠯᠠᠭᠠᠭ᠍ᠳᠠᠬᠤᠨ᠎ᠢ ᠦᠷᠭᠦᠯᠵᠢᠯᠡᠨ ᠦᠢᠯᠡᠳᠦᠯᠭᠡᠵᠢᠭᠦᠯᠵᠦ᠍᠂ ᠬᠠᠮᠠᠭᠠᠯᠠᠬᠤ ᠪᠠ ᠬᠥᠭ᠌ᠵᠢᠭᠦᠯᠬᠦ᠌᠂ ᠪᠦᠬᠦ᠌ ᠲᠠᠯ᠎ᠠ ᠬᠢᠭᠡᠳ ᠬᠡᠰᠡᠭ ᠲᠠᠯ᠎ᠠ᠂ ᠣᠳᠣᠬᠠᠨ᠎ᠦ ᠪᠠ ᠠᠯᠤᠰ ᠬᠡᠳᠦ᠍᠎ᠶ᠋ᠢᠨ ᠬᠠᠷᠢᠴᠠᠭ᠎ᠠ᠎ᠶ᠋ᠢ ᠣᠨᠣᠪᠴᠢᠲᠠᠶ ᠡᠵᠡᠮᠱᠢᠵᠦ᠍᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠡᠨᠧᠷᠭᠢ᠎ᠶ᠋ᠢᠨ ᠪᠠᠭ᠎ᠠ ᠨᠡᠭᠦᠷᠡᠰᠦᠲᠥ᠋ᠷᠥᠭ᠌ᠴᠢᠳᠤ ᠬᠡᠯᠪᠡᠷᠢ᠎ᠶ᠋ᠢᠨ ᠬᠤᠪᠢᠷᠠᠭᠤᠯᠤᠯᠲᠠ᠂ ᠴᠢᠨᠠᠷ ᠰᠠᠢᠲᠠᠶ ᠬᠥᠭ᠌ᠵᠢᠯᠲᠡ᠎ᠶ᠋ᠢᠨ ᠬᠣᠭᠣᠷᠣᠨᠳᠣᠬᠢ ᠳᠣᠲᠣᠭᠠᠳᠤ ᠬᠠᠷᠢᠴᠠᠭ᠎ᠠ᠎ᠶ᠋ᠢ ᠣᠨᠣᠪᠴᠢᠲᠠᠶ ᠡᠵᠡᠮᠳᠡᠵᠦ᠍᠂ ᠲᠥᠪ ᠡᠴᠡ ᠬᠠᠮᠢᠶᠠᠷᠴᠤ ᠪᠠᠢᠭ᠎ᠠ ᠠᠵᠤ ᠠᠬᠤᠢᠯᠠᠯ᠎ᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠠ ᠨᠡᠢᠭᠡᠮ᠎ᠦᠨ ᠬᠠᠷᠢᠭᠤᠴᠠᠯᠭ᠎ᠠ᠎ᠶ᠋ᠢ ᠦᠨᠡᠨ ᠬᠦ᠌ ᠰᠠᠢᠲᠤᠷ ᠭᠦᠢᠴᠡᠳᠭᠡᠵᠦ᠍᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ ᠳᠡᠭᠡᠷ᠎ᠡ ᠬᠦᠴᠦ᠍ ᠲᠠᠯᠪᠢᠵᠤ᠂ ᠪᠣᠬᠢᠷᠲᠤᠯ ᠦᠭᠡᠢ ᠲᠡᠢᠰᠢ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠬᠤ ᠳᠡᠭᠡᠷ᠎ᠡ ᠬᠦᠴᠦ᠍ ᠣᠷᠣᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠡᠷᠡᠰ ᠪᠠᠲᠤᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠳᠤᠮᠳᠠ ᠥᠨᠳᠥᠷ ᠲᠦᠪᠱᠢᠨ ᠪᠦᠬᠦᠢ ᠬᠠᠮᠠᠭᠠᠯᠠᠯᠲᠠ᠎ᠶ᠋ᠢ᠎ᠪᠡᠶᠡᠯᠡᠭᠦᠯᠵᠦ᠍᠂᠎ᠥᠨᠳᠥᠷ᠎ᠲᠦᠪᠱᠢᠨ᠎ᠪᠦᠬᠦᠢ ᠬᠠᠮᠠᠭᠠᠯᠠᠯᠲᠠ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠨ᠎ᠠ》 ᠭᠡᠵᠤ ᠢᠯᠡᠳᠭᠡᠵᠡᠭᠡᠪᠡ᠃

《ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠥᠪᠥᠷ ᠮᠣᠩᠭᠣᠯ᠎ᠤᠨ ᠳ᠋ᠦᠩ ᠶᠤᠸᠠᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠵᠢᠩ᠄《ᠳ᠋ᠦᠩ ᠶᠤᠸᠠᠨ ᠪᠡᠯᠡ ᠣᠷᠣᠭᠤᠯᠤᠯᠲᠠ᠎ᠶ᠋ᠢᠨ ᠪᠦᠯᠦᠭ᠌ᠯᠡᠯ ᠨᠢ ᠳᠤᠮᠳᠠᠳᠤ ᠤᠯᠤᠰ᠎ᠤᠨ ᠤᠮᠠᠷᠠᠲᠤ ᠣᠷᠣᠨ᠎ᠤ ᠲᠤᠮᠤ ᠬᠡᠯᠪᠡᠷᠢ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠰᠤᠨ᠎ᠤ ᠶᠠᠪᠤᠳᠠᠯ᠎ᠤᠨ ᠪᠦᠯᠦᠭ᠌ᠯᠡᠯ᠎ᠦᠨ ᠨᠢᠭᠡ ᠪᠣᠯᠤᠭ᠍ᠰᠠᠨ᠎ᠤ ᠬᠤᠪᠢ᠎ᠳᠤ᠂ ᠢᠮᠠᠭ᠍ᠲᠠ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠰᠤᠨ᠎ᠤ ᠶᠠᠪᠤᠳᠠᠯ᠎ᠤᠨ ᠦᠢᠯᠡᠰ ᠲᠤ᠌ ᠬᠦᠴᠦᠯᠡᠨ᠎ᠠ᠃ ᠬᠣᠢᠱᠢᠳᠠ ᠪᠢᠳᠡ ᠦᠷᠭᠦᠯᠵᠢᠯᠡᠨ  ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠪᠠᠷ ᠵᠢᠯᠣᠭᠣᠳᠣᠯᠭ᠎ᠠ ᠪᠣᠯᠭᠠᠵᠤ᠂ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠤᠰᠤᠨ᠎ᠤ ᠶᠠᠪᠤᠳᠠᠯ᠎ᠤᠨ ᠪᠣᠯᠪᠠᠰᠤᠷᠠᠩᠭᠤᠶ ᠮᠡᠷᠭᠡᠵᠢᠯ ᠪᠠ ᠠᠷᠠᠳ᠎ᠲᠤ ᠠᠱᠢᠭ ᠬᠦᠷᠲᠡᠭᠡᠬᠦ᠌ ᠥᠨᠳᠥᠷ ᠪᠠᠷᠢᠮᠵᠢᠶᠠᠲᠤ ᠦᠶ᠋ᠯᠡᠴᠢᠯᠡᠭᠡ᠎ᠪᠡᠷ ᠡᠯ᠎ᠡ ᠵᠦᠶ᠋ᠯ᠎ᠦᠨ ᠠᠵᠢᠯ᠎ᠢᠶᠠᠨ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠷᠠᠳ ᠢᠷᠭᠡᠳ᠎ᠢ ᠰᠡᠳᠭᠢᠯ ᠬᠠᠨᠤᠮᠵᠢᠲᠠᠶ ᠪᠣᠯᠭᠠᠵᠤ᠂ ᠵᠠᠰᠠᠭ᠎ᠤᠨ ᠣᠷᠳᠣᠨ᠎ᠢ ᠰᠠᠨᠠᠭ᠎ᠠ ᠠᠮᠤᠷ ᠪᠠᠢᠯᠭᠠᠵᠤ᠂ ᠨᠡᠢᠭᠡᠮ᠎ᠦᠨ ᠬᠠᠷᠢᠭᠤᠴᠠᠯᠭ᠎ᠠ᠎ᠪᠠᠨ ᠨᠠᠩ ᠰᠠᠢᠲᠤᠷ ᠭᠦᠶ᠋ᠴᠡᠳᠭᠡᠨ᠎ᠡ》 ᠭᠡᠵᠤ ᠬᠡᠯᠡᠪᠡ᠃

ᠤᠢ᠍ᠢᠷ᠎ᠠ᠎ᠶ᠋ᠢᠨ ᠡᠳᠦᠷ᠎ᠦᠳ᠎ᠲᠦ᠍᠂ ᠬᠥᠬᠡᠬᠣᠲᠠ᠎ᠶ᠋ᠢᠨ ᠴᠠᠭᠠᠨ ᠰᠤᠪᠤᠷᠭ᠎ᠠ ᠤᠯᠠᠨ ᠤᠯᠤᠰ᠎ᠤᠨ ᠨᠢᠰᠭᠡᠯ᠎ᠦᠨ ᠪᠠᠭᠤᠳᠠᠯ ᠪᠦᠬᠦ᠌ ᠺᠠᠳ᠋ᠷ ᠠᠵᠢᠯᠲᠠᠳ ᠵᠢᠡᠨ ᠵᠣᠬᠢᠶᠠᠨ ᠪᠠᠢᠭᠤᠯᠵᠤ ᠲᠧᠯᠸᠢᠰ᠂ ᠰᠦᠯᠵᠢᠶ᠎ᠡ ᠵᠡᠷᠭᠡ ᠤᠯᠠᠨ ᠵᠠᠭᠤᠴᠢᠯᠠᠭᠤᠷ᠎ᠢᠶᠠᠷ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠦᠷᠭᠦᠯᠵᠢᠯᠡᠨ ᠠᠩᠬᠠᠷᠴᠤ᠌᠂ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠰᠤᠷᠤᠯᠴᠠᠪᠠ᠃ ᠤᠯᠠᠨ᠎ᠢᠶᠠᠷ᠎ᠢᠶᠠᠨ᠂ ᠡᠨᠡ ᠤᠳᠠᠭ᠎ᠠ᠎ᠶ᠋ᠢᠨ ᠶᠡᠬᠡ ᠬᠤᠷᠠᠯ ᠨᠢ ᠵᠠᠭᠤᠨ ᠵᠢᠯ᠎ᠦᠨ ᠨᠠᠮ᠎ᠤᠨ ᠲᠡᠦᠬᠡ᠎ᠶ᠋ᠢᠨ ᠱᠢᠨ᠎ᠡ ᠭᠠᠷᠤᠭ᠎ᠠ᠎ᠳᠤ ᠰᠠᠭᠤᠷᠢᠯᠠᠵᠤ᠂ ᠢᠷᠡᠭᠡᠳᠦᠢ᠎ᠶ᠋ᠢᠨ ᠱᠢᠨ᠎ᠡ ᠪᠠᠢᠳᠠᠯ᠎ᠢ ᠨᠡᠭᠡᠭᠡᠬᠦ᠌᠎ᠶ᠋ᠢ ᠪᠣᠳᠣᠯᠬᠢᠯᠠᠭ᠍ᠰᠠᠨ᠎ᠢᠶᠡᠷ᠎ᠢᠶᠡᠨ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠂ ᠠᠯᠤᠰ ᠬᠡᠳᠦ᠍᠎ᠶ᠋ᠢᠨ ᠨᠥᠯᠥᠭᠡ᠎ᠲᠡᠶ ᠶᠤᠮ᠃ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠳᠡ ᠬᠢᠭᠰᠡᠨ ᠴᠢᠬᠤᠯᠠ ᠠᠭᠠᠷ᠎ᠤᠨ ᠠᠶᠠᠯᠠᠯ᠎ᠤᠨ ᠪᠣᠭᠣᠮᠲᠠ᠂ ᠤᠯᠠᠨ ᠤᠯᠤᠰ᠎ᠤᠨ ᠬᠣᠭᠣᠷᠣᠨᠳᠣᠬᠢ ᠡᠭᠡᠯᠵᠢ᠎ᠶ᠋ᠢᠨ ᠨᠢᠰᠭᠡᠯ᠎ᠢ ᠲᠠᠷᠬᠠᠭᠠᠨ ᠶᠠᠪᠤᠭᠤᠯᠬᠤ ᠴᠢᠬᠤᠯᠠ ᠪᠠᠲᠤᠯᠠᠭ᠎ᠠ᠎ᠶ᠋ᠢᠨ ᠨᠢᠭᠡᠴᠢ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠴᠠᠭᠠᠨ ᠰᠤᠪᠤᠷᠭ᠎ᠠ ᠣᠯᠠᠨ ᠤᠯᠤᠰ᠎ᠤᠨ ᠨᠢᠰᠭᠡᠯ᠎ᠦᠨ ᠪᠠᠭᠤᠳᠠᠯ ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠭᠣᠮᠲᠠ᠎ᠶ᠋ᠢ ᠡᠷᠡᠰ ᠡᠵᠡᠮᠳᠡᠭ᠌ᠰᠡᠨ ᠤᠷᠢᠲᠠᠯ ᠳᠤᠤᠷ᠎ᠠ ᠪᠣᠬᠢᠷᠲᠤᠯ ᠥᠬᠡᠶ ᠨᠢᠰᠭᠡᠯ᠎ᠦᠨ ᠪᠠᠭᠤᠳᠠᠯ᠎ᠤᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠠᠭᠠᠷ᠎ᠤᠨ ᠠᠶᠠᠯᠠᠯ᠎ᠤᠨ ᠲᠤᠤᠷ᠎ᠢ ᠶᠡᠬᠡᠪᠡᠷ ᠥᠷᠭᠡᠳᠭᠡᠵᠦ᠂ ᠣᠷᠣᠨ ᠪᠦᠰᠡ᠎ᠶ᠋ᠢᠨ ᠵᠠᠩᠭᠢᠯᠠᠭ᠎ᠠ᠎ᠶ᠋ᠢᠨ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠥᠷᠭᠡᠨ ᠣᠯᠠᠨ ᠠᠷᠠᠳ ᠲᠦᠮᠡᠨ᠎ᠦ ᠠᠭᠠᠷ᠎ᠤᠨ ᠠᠶᠠᠯᠠᠯ᠎ᠤᠨ ᠶᠠᠪᠤᠵᠤ ᠰᠠᠭᠤᠬᠤ ᠬᠡᠷᠡᠭ᠌ᠴᠡᠭᠡ᠎ᠶ᠋ᠢ ᠲᠠᠰᠤᠷᠠᠯᠲᠠ ᠥᠬᠡᠶ ᠬᠠᠩᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠠᠭᠠᠷ᠎ᠤᠨ  ᠬᠦᠭᠦᠷᠭᠡ ᠬᠤᠯᠪᠤᠭᠠᠰᠤ ᠪᠠᠢᠭᠤᠯᠵᠤ ᠥᠭ᠌ᠪᠡ ᠭᠡᠵᠦ ᠰᠠᠨᠠᠯ ᠨᠢᠭᠡᠳᠠᠢ ᠢᠯᠡᠳᠭᠡᠵᠡᠭᠡᠪᠡ᠃

ᠨᠠᠢ᠍ᠮᠠᠳᠤᠭᠠᠷ ᠬᠤᠭᠤᠴᠠᠭᠠᠨ᠎ᠤ ᠶᠣᠰᠣ ᠰᠤᠷᠲᠠᠬᠤᠨ᠎ᠤ ᠵᠢᠱ᠌ᠢᠶᠡᠴᠢ᠂ ᠳᠤᠮᠳᠠᠳᠤ ᠤᠯᠤᠰ᠎ᠤᠨ ᠲᠡᠮᠤᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠪᠤᠭᠤᠲᠤ᠎ᠶ᠋ᠢᠨ ᠪᠠᠷᠠᠭᠤᠨ ᠮᠠᠰᠢᠨ᠎ᠦ ᠶᠠᠪᠤᠳᠠᠯ᠎ᠤ᠋ᠨ ᠬᠡᠰᠡᠭ᠎ᠦᠨ ᠴᠠᠬᠢᠯᠭᠠᠨ ᠬᠦᠳᠡᠯᠬᠡᠬᠦᠷᠳᠤ ᠮᠠᠰᠢᠨ᠎ᠦ ᠵᠢᠯᠣᠭᠣᠴᠢ ᠳ᠋ᠦ᠋ ᠬᠠᠢ ᠺᠤᠸᠠᠨ᠄ 《ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠮᠢᠨᠦ᠍ ᠢᠲᠡᠭᠡᠯ᠎ᠢ ᠤᠯᠠᠮ ᠨᠡᠮᠡᠭ᠌ᠳᠡᠭᠦᠯᠵᠡᠢ᠃ ᠪᠤᠰᠤᠳ ᠵᠠᠮ ᠲᠡᠭᠡᠭᠡᠪᠦᠷᠢ᠎ᠶ᠋ᠢᠨ ᠠᠷᠭ᠎ᠠ ᠬᠡᠯᠪᠡᠷᠢ᠎ᠲᠡᠶ ᠬᠠᠷᠢᠴᠠᠭᠤᠯᠪᠠᠯ ᠲᠡᠮᠦᠷ ᠵᠠᠮ ᠨᠢ ᠲᠡᠭᠡᠭᠡᠪᠦᠷᠢ᠎ᠶ᠋ᠢᠨ ᠬᠡᠮᠵᠢᠶ᠎ᠡ᠎ᠪᠡᠷ ᠶᠡᠬᠡ᠂ ᠡᠨᠧᠷᠭᠢ᠎ᠶ᠋ᠢᠨ ᠬᠣᠷᠣᠭ᠍ᠳᠠᠯ᠎ᠢᠶᠠᠷ ᠪᠠᠭ᠎ᠠ᠂ ᠭᠠᠳᠠᠭ᠍ᠰᠢᠯᠠᠭᠤᠯᠤᠯᠲᠠ᠎ᠪᠠᠷ ᠪᠠᠭ᠎ᠠ᠂ ᠪᠣᠬᠢᠷᠲᠤᠯ᠎ᠢᠶᠠᠷ ᠪᠠᠭ᠎ᠠ ᠵᠡᠷᠭᠡ ᠳᠠᠪᠠᠭᠤᠯᠢᠭ᠎ᠲᠠᠶ ᠪᠠᠢᠵᠤ᠂ ᠣᠷᠴᠢᠨ ᠲᠣᠭᠣᠷᠢᠨ᠎ᠢ ᠬᠠᠮᠠᠭᠠᠯᠠᠬᠤ ᠪᠣᠬᠢᠷᠲᠤᠯ ᠥᠬᠡᠶ ᠵᠠᠮ ᠬᠠᠷᠢᠯᠴᠠᠭᠠᠨ᠎ᠤ ᠨᠡᠢᠲᠡᠯᠢᠭ ᠪᠠᠭᠠᠵᠢ ᠪᠣᠯᠤᠨ᠎ᠠ᠃ ᠭᠠᠯᠲᠤ ᠲᠡᠷᠭᠡᠨ᠎ᠦ ᠵᠢᠯᠣᠭᠣᠴᠢ ᠪᠣᠯᠤᠭ᠍ᠰᠠᠨ᠎ᠤ ᠬᠤᠪᠢ᠎ᠳᠤ᠂ ᠤᠳᠠᠭ᠎ᠠ ᠪᠦᠷᠢ᠎ᠶ᠋ᠢᠨ ᠭᠠᠯᠲᠤ ᠲᠡᠷᠭᠡ᠎ᠶ᠋ᠢ ᠰᠠᠢᠲᠤᠷ ᠵᠢᠯᠣᠭᠣᠳᠭᠤ ᠪᠣᠯ ᠮᠢᠨᠦ᠍ ᠬᠠᠷᠢᠭᠤᠴᠠᠯᠭ᠎ᠠ ᠮᠥᠨ᠃ ᠳᠠᠷᠠᠭ᠎ᠠ ᠵᠢᠯ ᠪᠢ ᠠᠵᠢᠯ ᠡᠴᠡ᠎ᠪᠠᠨ ᠠᠮᠠᠷᠠᠬᠤ ᠪᠣᠯᠤᠯ᠎ᠠ᠂ ᠪᠢ ᠬᠠᠮᠤᠭ᠎ᠤᠨ ᠰᠡᠭᠦᠯᠴᠢ᠎ᠶ᠋ᠢᠨ ᠨᠢᠭᠡ ᠡᠭᠡᠯᠵᠢ᠎ᠶ᠋ᠢᠨ ᠠᠵᠢᠯ᠎ᠤᠨ ᠪᠠᠢᠷᠢᠨ᠎ᠳᠤ ᠰᠠᠢᠲᠤᠷ ᠵᠣᠭ᠍ᠰᠣᠵᠤ᠂ ᠱᠠᠪᠢ᠎ᠪᠠᠨ ᠰᠠᠢᠨ ᠳᠠᠭᠠᠭᠤᠯᠵᠤ᠂ ᠥᠪᠡᠷ᠎ᠦᠨ ᠠᠵᠢᠯ᠎ᠤᠨ ᠲᠤᠷᠱᠢᠯᠭ᠎ᠠ᠂ ᠵᠢᠯᠣᠭᠣᠳᠭᠤ ᠴᠢᠳᠠᠪᠤᠷᠢ᠎ᠪᠠᠨ ᠨᠡᠩ ᠣᠯᠠᠨ ᠵᠠᠯᠠᠭᠤᠴᠤᠳ ᠲᠠᠢ ᠬᠤᠪᠢᠶᠠᠯᠴᠠᠵᠤ᠂ 〈ᠬᠥᠬᠡ ᠣᠭ᠍ᠲᠠᠷᠭᠤᠶ᠎ᠶ᠋ᠢ ᠬᠠᠮᠠᠭᠠᠯᠠᠬᠤ ᠳᠠᠢᠯᠠᠯᠳᠤᠭᠠᠨ᠎ᠦ ᠢᠯᠠᠯᠲᠠ᠎ᠶ᠋ᠢ ᠤᠯᠬᠤ 〉 ᠳ᠋ᠥ᠍ ᠬᠤᠪᠢ ᠨᠡᠮᠡᠷᠢ ᠦᠵᠡᠭᠦᠯᠦᠨ᠎ᠡ》 ᠭᠡᠵᠦ᠍ ᠬᠡᠯᠡᠪᠡ ᠃

ᠣᠢᠷ᠎ᠠ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠂ ᠠᠵᠢᠯᠲᠠᠨ ᠠᠵᠢᠯᠴᠢᠨ ᠣᠯᠠᠨ ᠲᠦᠮᠡᠨ ᠨᠢ ᠰᠦᠯᠵᠢᠶ᠎ᠡ᠂ ᠲᠧᠯᠸᠢᠰ ᠵᠡᠷᠭᠡ᠎ᠪᠡᠷ ᠳᠠᠮᠵᠢᠭᠤᠯᠤᠨ ᠪᠥᠬᠥ᠌ ᠤᠯᠤᠰ᠎ᠤᠨ ᠬᠣᠶᠠᠷ ᠬᠤᠷᠠᠯ᠎ᠢ ᠠᠩᠬᠠᠷᠴᠤ ᠪᠠᠢᠨ᠎ᠠ᠃ ᠣᠯᠠᠨ᠎ᠢᠶᠠᠷ᠎ᠢᠶᠠᠨ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠦᠯᠦᠭ᠌ᠯᠡᠯ᠎ᠦᠨ ᠵᠢᠡᠨ ᠭᠣᠣᠯ ᠠᠵᠢᠯ᠎ᠢᠶᠠᠨ ᠬᠦᠴᠦᠷᠬᠡᠭ᠌ᠵᠢᠭᠦᠯᠬᠦ᠌᠂ ᠣᠯᠠᠨ ᠡᠱᠢᠵᠢᠬᠦᠯᠬᠦ᠌᠂ ᠬᠠᠮᠢᠶᠠᠷᠤᠯᠲᠠ᠎ᠶ᠋ᠢ ᠠᠳᠭᠤᠬᠤ᠂ ᠥᠭᠡᠷᠡᠴᠢᠯᠡᠯᠲᠡ᠎ᠶ᠋ᠢ ᠠᠬᠢᠭᠤᠯᠬᠤ ᠦᠨᠳᠦᠰᠦᠨ ᠵᠢᠷᠤᠮᠯᠠᠯ ᠪᠣᠯᠭᠠᠵᠤ᠂ ᠲᠦᠷᠭᠡᠨ᠎ᠤ ᠲᠡᠮᠦᠷ ᠵᠠᠮ᠂ ᠠᠭᠠᠷ᠎ᠤᠨ ᠠᠶᠠᠯᠠᠯ᠎ᠤᠨ ᠵᠢᠭᠤᠯᠴᠢᠯᠠᠯ᠂ ᠶᠠᠳᠠᠭᠤ᠎ᠶ᠋ᠢ ᠲᠡᠳᠬᠦᠬᠦ᠌ ᠨᠡᠢᠲᠡ᠎ᠶ᠋ᠢᠨ ᠠᠰᠠᠷᠠᠮᠵᠢ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠂ ᠪᠡᠯᠡ ᠨᠡᠢᠯᠡᠭᠦᠯᠬᠦ ᠲᠦᠷᠢᠶᠡᠰᠦᠯᠡᠭᠦᠯᠬᠦ ᠵᠡᠷᠭᠡ 5 ᠬᠤᠪᠢ ᠠᠷᠠᠯᠵᠢᠶᠠᠨ᠎ᠤ ᠰᠤᠯᠢᠯᠴᠠᠭ᠎ᠠ ᠵᠢᠨ ᠨᠡᠷ᠎ᠡ᠎ᠶ᠋ᠢᠨ ᠬᠠᠭᠤᠳᠠᠰᠤ᠎ᠶ᠋ᠢ ᠤᠯᠠᠮ ᠨᠢᠭᠡ ᠠᠯᠬᠤᠮ ᠭᠢᠯᠠᠷᠠᠭᠤᠯᠵᠤ᠂ ᠰᠠᠭᠤᠷᠢ ᠲᠦᠭᠦᠭᠡᠷᠦᠮᠵᠢ᠎ᠶ᠋ᠢᠨ ᠪᠠᠯᠠ ᠣᠷᠣᠭᠤᠯᠤᠯᠲᠠ᠎ᠶ᠋ᠢ ᠵᠣᠬᠢᠬᠤ ᠬᠡᠮᠵᠢᠶ᠎ᠡ᠎ᠪᠡᠷ ᠤᠷᠢᠳᠴᠢᠯᠠᠨ ᠥᠷᠨᠢᠭᠦᠯᠬᠦ᠌ ᠤᠢᠯᠠᠭᠠᠭᠳᠠᠬᠤᠨ ᠶᠣᠰᠣᠭᠠᠷ᠂ ᠵᠠᠮ ᠬᠠᠷᠢᠯᠴᠠᠭᠠᠨ᠎ᠤ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠪᠠᠯᠠ ᠣᠷᠣᠭᠤᠯᠤᠯᠲᠠ᠎ᠪᠠᠷ ᠭᠤᠤᠯ ᠪᠣᠯᠭᠠᠵᠤ᠂ ᠭᠤᠤᠯᠳᠠᠯᠭ᠎ᠠ᠎ᠲᠠᠶ ᠲᠡᠮᠦᠷ ᠵᠠᠮ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠂ ᠲᠣᠰ ᠭᠠᠵᠠᠷ ᠣᠷᠣᠨ᠎ᠤ ᠠᠭᠠᠷ᠎ᠤᠨ ᠠᠶᠠᠯᠠᠯ᠎ᠤᠨ ᠠᠵᠤ ᠦᠶ᠋ᠯᠡᠰ᠎ᠢ ᠪᠠᠢᠷᠢᠱᠢᠭᠤᠯᠵᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠯᠳᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠲᠡᠭᠡᠭᠡᠪᠦᠷᠢ ᠵᠡᠷᠭᠡ ᠲᠥᠷᠥᠯ ᠵᠦᠶ᠋ᠯ᠎ᠢ ᠪᠥᠬᠥ᠌ ᠬᠦᠴᠦᠨ᠎ᠢᠶᠡᠷ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠵᠦ ᠢᠯᠡᠳᠭᠡᠵᠡᠭᠡᠪᠡ᠃

(ᠲᠤᠰ ᠰᠣᠨᠢᠨ᠎ᠤ ᠰᠤᠷᠪᠤᠯᠵᠢᠯᠠᠭ᠍ᠴᠢ  ᠯᠢ ᠶᠦᠩ ᠲᠤᠤ᠂ ᠶᠠᠩ ᠹᠠᠨ᠂ ᠬᠠᠨ ᠱᠢᠤᠸᠠᠢ ᠷᠦ᠂ ᠺᠠᠩ ᠯᠢ ᠨᠠ᠂ ᠭᠤᠤ ᠬᠣᠶ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号