(2022 ᠣᠨ᠎ᠤ 3 ᠰᠠᠷ᠎ᠠ᠎ᠶᠢᠨ 11᠎ᠤ᠋ ᠡᠳᠦᠷ)
ᠯᠢ ᠵᠠᠨ ᠱᠸ᠋
ᠲᠥᠯᠥᠭᠡᠯᠡᠭᠴᠢᠳ ᠠ᠋᠄
ᠠᠷᠪᠠᠨᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳᠦᠨᠶᠡᠬᠡᠬᠤᠷᠠᠯᠤᠨ ᠲᠠᠪᠤᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠪᠣᠯᠣᠨ ᠪᠤᠰᠤᠳ ᠮᠡᠳᠡᠬᠦᠯᠦᠯᠳᠡ ᠵᠢ ᠬᠢᠨᠠᠨ ᠵᠥᠪᠯᠡᠵᠦ ᠵᠥᠪᠰᠢᠶᠡᠷᠡᠪᠡ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠶ᠋ᠢᠭᠤᠯᠤᠯᠳᠠ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭᠲᠠᠭᠠᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠤᠷᠤᠨ ᠲᠣᠭ᠎ᠠ ᠪᠠ ᠰᠣᠩᠭᠣᠭᠤᠯᠢ᠎ᠶᠢᠨ ᠠᠰᠠᠭᠤᠳᠠᠯ᠎ᠤᠨ ᠲᠤᠬᠠᠢ ᠲᠣᠭᠲᠠᠭᠠᠯ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨᠤᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠦᠯᠦᠬᠡᠯᠡᠭᠴᠢ ᠵᠢ ᠰᠤᠩᠭᠤᠬᠤ ᠬᠤᠶᠠᠷ ᠠᠷᠭ᠎ᠠ ᠵᠢ ᠬᠢᠨᠠᠨ ᠵᠦᠪᠯᠡᠵᠥ ᠪᠠᠳᠤᠯᠠᠪᠠ᠃ ᠬᠤᠷᠠᠯ᠎ᠤᠨ ᠣᠯᠣᠭᠰᠠᠨ ᠦᠷ᠎ᠡ ᠪᠦᠲᠦᠭᠡᠯ ᠨᠢ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠤᠯᠤᠰ᠎ᠤᠨ ᠵᠠᠰᠠᠯᠲᠠ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠬᠤ ᠰᠢᠨ᠎ᠡ ᠠᠶᠠᠨ᠎ᠳᠠᠬᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠣᠯᠣᠭᠰᠠᠨ ᠴᠢᠬᠤᠯᠠ ᠶᠡᠬᠡ ᠰᠢᠨ᠎ᠡ ᠠᠮᠵᠢᠯᠲᠠ᠎ᠶᠢ ᠢᠯᠡᠷᠡᠭᠦᠯᠵᠦ᠂ ᠪᠦᠬᠦ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠴᠤᠭ ᠵᠣᠷᠢᠭ᠋ ᠪᠠᠳᠠᠷᠠᠩᠭᠤᠢ᠂ ᠠᠯᠬᠤᠮ ᠨᠢᠭᠡᠲᠡᠢ ᠤᠷᠤᠭᠰᠢᠯᠠᠬᠤ ᠡᠷᠡᠰ ᠵᠣᠷᠢᠭ᠋᠎ᠢ ᠤᠯᠠᠮ ᠴᠢᠨᠠᠭᠰᠢᠳᠠ ᠬᠥᠭᠵᠢᠭᠡᠵᠡᠢ᠃
ᠲᠥᠯᠥᠭᠡᠯᠡᠭᠴᠢᠳ ᠠ᠋!
ᠲᠤᠰ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠡᠭᠦᠷᠭᠡ ᠲᠤᠱᠢᠶᠠᠯ᠎ᠢᠶᠠᠨ ᠭᠦᠢᠴᠡᠳᠭᠡᠭ᠌ᠰᠡᠨ᠎ᠡᠴᠡ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ ᠲᠤᠮᠤ ᠠᠯᠬᠤᠭ᠎ᠠ ᠪᠡᠷ ᠤᠷᠤᠭ᠍ᠰᠢᠯᠠᠵᠤ ᠪᠠᠢᠭ᠎ᠠ ᠴᠠᠭ ᠦᠶ᠎ᠡ᠎ᠶ᠋ᠢᠨ ᠠᠬᠤᠢ ᠪᠠᠢᠳᠠᠯ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶᠠᠨ᠎ᠤ ᠠᠵᠢᠯ ᠴᠤ᠌ ᠱᠢᠨ᠎ᠡ ᠠᠮᠵᠢᠯᠲᠠ ᠣᠯᠵᠠᠢ᠃ ᠡᠨᠡ ᠵᠢ ᠦᠨᠳᠦᠰᠦᠨ᠎ᠡᠴᠡ ᠨᠢ ᠠᠪᠴᠤ᠌ ᠬᠡᠯᠡᠪᠡᠯ᠄
— ᠶᠠᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠬᠰᠠᠨ ᠤ ᠠᠴᠢ ᠪᠠᠢᠭ᠎ᠠ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠢᠭᠤᠯᠤᠭ᠍ᠰᠠᠨ 60 ᠭᠠᠷᠤᠢ ᠵᠢᠯ ᠢᠯᠠᠩᠭᠤᠶ᠎ᠠ ᠥᠭᠡᠷᠡᠴᠢᠯᠡᠯᠲᠡ ᠨᠡᠬᠡᠬᠡᠯᠳᠡ ᠬᠢᠭ᠌ᠰᠡᠨ 40 ᠭᠠᠷᠤᠢ ᠵᠢᠯ᠎ᠦᠨ ᠤᠨᠤᠯ ᠪᠣᠯᠤᠨ ᠦᠢᠯᠡᠳᠦᠯᠭᠡ᠎ᠶ᠋ᠢ ᠭᠦᠨᠵᠡᠭᠡᠢ ᠳ᠋ᠦᠩᠨᠡᠵᠦ᠍᠂ ᠠᠯᠢ ᠤᠯᠠᠨ ᠱᠢᠨ᠎ᠡ ᠤᠢ᠍ᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠱᠠᠭᠠᠷᠳᠠᠯᠭ᠎ᠠ᠎ᠶ᠋ᠢ ᠳᠤᠷᠠᠳᠴᠤ᠌᠂ ᠨᠠᠮ᠎ᠤᠨ ᠤᠨᠤᠯ᠎ᠤᠨ ᠲᠡᠦᠬᠡᠨ ᠳᠡᠭᠡᠷ᠎ᠡ ᠪᠦᠷᠢᠨ ᠪᠦᠲᠦᠨ ᠱᠢᠰᠲ᠋ᠧᠮ᠎ᠲᠡᠶ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠤᠨ ᠤᠨᠤᠯ᠎ᠢ ᠪᠦᠷᠢᠯᠳᠦᠭᠦᠯᠵᠡᠢ᠃ ᠱᠢᠨ᠎ᠡ ᠲᠡᠮᠡᠴᠡᠯ᠎ᠦᠨ ᠠᠶᠠᠨ᠎ᠳᠤ ᠡᠷᠬᠡᠪᠰᠢ ᠡᠨᠡ ᠬᠦ᠌ ᠴᠣ ᠱᠢᠨ᠎ᠡ ᠤᠯᠤᠰ ᠲᠦᠷᠦ᠍᠎ᠶ᠋ᠢᠨ ᠪᠠᠢᠭᠤᠯᠤᠯ᠎ᠤᠨ ᠤᠨᠤᠯ᠎ᠢ ᠭᠦᠨᠵᠡᠭᠡᠶ ᠰᠤᠷᠤᠯᠴᠠᠨ ᠬᠢᠨᠠᠮᠠᠭᠠᠶ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠵᠢᠡᠷ ᠳᠠᠮᠵᠢᠭᠤᠯᠤᠨ ᠤᠯᠤᠰ ᠣᠷᠣᠨ ᠪᠠ ᠦᠨᠳᠦᠰᠦᠲᠡᠨ᠎ᠦ ᠢᠷᠡᠭᠡᠳᠦᠶ ᠬᠤᠪᠢ ᠵᠠᠶᠠᠭ᠎ᠠ᠎ᠶ᠋ᠢ ᠠᠷᠠᠳ ᠲᠦᠮᠡᠨ᠎ᠦ ᠭᠠᠷ᠎ᠲᠤ ᠪᠠᠲᠤ ᠡᠵᠡᠮᠳᠡᠬᠦᠯᠬᠦ᠌ ᠬᠡᠷᠡᠭ᠌ᠲᠡᠶ᠃
— ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠭᠡᠬᠦ᠌ ᠡᠨᠡ ᠬᠦ᠌ ᠦᠨᠳᠦᠰᠦᠨ ᠬᠠᠤᠯᠢ᠎ᠶ᠋ᠢᠨ ᠭᠣᠣᠯᠯᠠᠭ᠍ᠴᠢ ᠵᠠᠷᠴᠢᠮ᠎ᠢ ᠪᠠᠷᠢᠮᠲᠠᠯᠠᠬᠰᠠᠨᠤ ᠠᠴᠢ ᠪᠠᠢᠭ᠎ᠠ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠦᠨ᠂ ᠡᠨᠡ ᠪᠣᠯ ᠦᠨᠳᠦᠰᠦᠨ ᠬᠠᠤᠯᠢ᠎ᠶ᠋ᠢᠨ ᠭᠣᠣᠯ ᠵᠠᠷᠴᠢᠮ ᠪᠣᠯᠤᠨ᠎ᠠ᠃ ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ ᠤᠯᠤᠰ᠎ᠤᠨ ᠵᠢᠯᠣᠭᠣᠳᠭᠤ ᠦᠵᠡᠯ ᠰᠠᠨᠠᠭ᠎ᠠ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠪᠣᠯ ᠨᠠᠮ᠎ᠤᠨ ᠨᠢᠭᠡᠨ ᠴᠢᠬᠤᠯᠠ ᠤᠳᠤᠷᠢᠳᠭᠤ ᠲᠦᠷᠢᠮ ᠪᠣᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ ᠤ ᠪᠠᠢᠩᠭᠤ᠎ᠶ᠋ᠢᠨ ᠬᠣᠷᠢᠶ᠎ᠠ ᠵᠢᠨ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠳᠦ ᠬᠢᠨᠠᠯᠲᠠ ᠲᠠᠯᠪᠢᠬᠤ᠎ᠶ᠋ᠢᠨ ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠨᠠᠮ᠎ᠤᠨ ᠵᠢᠯᠣᠭᠣᠳᠭᠤ ᠦᠵᠡᠯ ᠰᠠᠨᠠᠭ᠎ᠠ᠂ ᠨᠠᠮ᠎ᠤᠨ ᠤᠳᠤᠷᠢᠳᠭᠤ ᠪᠠᠢᠷᠢ ᠰᠠᠭᠤᠷᠢ ᠭᠤᠢᠪᠢᠰᠢ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠠ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃
— ᠲᠦᠷᠦ᠎ᠶᠢᠨ ᠠᠯᠢᠪᠠ ᠡᠷᠬᠡ ᠠᠷᠠᠳ ᠲᠦᠮᠡᠨ᠎ᠦ ᠬᠢ ᠪᠣᠯᠬᠤ᠎ᠶᠢ ᠪᠠᠷᠢᠮᠲᠠᠯᠠᠬᠰᠠᠨ ᠤ ᠠᠴᠢ ᠪᠠᠢᠭ᠎ᠠ ᠶᠤᠮ᠃ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠣᠯ ᠨᠡᠢᠭᠡᠮ ᠵᠢᠷᠤᠮᠳᠤ ᠠᠷᠠᠳᠴᠢᠯᠠᠭᠰᠠᠨ ᠤᠯᠤᠰ ᠲᠦᠷᠦ᠎ᠶᠢᠨ ᠮᠥᠨ ᠴᠢᠨᠠᠷ ᠪᠠ ᠭᠣᠣᠯ ᠴᠢᠮᠦᠭᠡ ᠮᠥᠨ᠂ ᠮᠠᠨ᠎ᠤ ᠨᠠᠮ᠎ᠤᠨ ᠴᠥᠬᠥᠷᠡᠰᠢ ᠦᠭᠡᠢ ᠲᠡᠮᠡᠴᠡᠬᠦ ᠬᠠᠷᠠᠯᠲᠠ ᠮᠥᠨ᠃ ᠲᠦᠷᠦ᠎ᠶᠢᠨ ᠠᠯᠢᠪᠠ ᠡᠷᠬᠡ ᠪᠣᠯ ᠠᠷᠠᠳ ᠲᠦᠮᠡᠨ᠎ᠦ ᠬᠢ ᠶᠤᠮ᠂ ᠲᠡᠷᠡ ᠨᠢ ᠲᠦᠷᠦ᠎ᠶᠢᠨ ᠡᠷᠬᠡ᠎ᠶᠢᠨ ᠵᠣᠬᠢᠶᠠᠨ ᠪᠠᠢᠭᠤᠯᠤᠯᠲᠠ᠎ᠶᠢᠨ ᠬᠡᠯᠪᠡᠷᠢ ᠳᠡᠭᠡᠷ᠎ᠡ ᠢᠯᠡᠷᠡᠳᠡᠭ᠂ ᠳᠠᠷᠤᠢ ᠠᠷᠠᠳ ᠲᠦᠮᠡᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢᠶᠠᠷ ᠳᠠᠮᠵᠢᠭᠤᠯᠤᠨ ᠲᠦᠷᠦ᠎ᠶᠢᠨ ᠡᠷᠬᠡ᠎ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠪᠦᠬᠦ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ ᠴᠢᠬᠤᠯᠠ ᠪᠠᠢᠭᠤᠯᠤᠯ᠎ᠦᠨ ᠠᠴᠢᠶᠠᠯᠠᠭ᠍ᠴᠢ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ ᠲᠦᠮᠡᠨ᠎ᠦ ᠡᠷᠬᠡ ᠮᠡᠳᠡᠵᠦ ᠡᠵᠡᠨ ᠰᠠᠭᠤᠬᠤ ᠶᠠᠪᠤᠳᠠᠯ᠎ᠢ ᠤᠯᠤᠰ ᠤ᠋ᠨ ᠤᠯᠤᠰ ᠲᠦᠷᠦ᠎ᠶᠢᠨ ᠠᠮᠢᠳᠤᠷᠠᠯ ᠪᠠ ᠨᠡᠢᠭᠡᠮ᠎ᠦᠨ ᠠᠮᠢᠳᠤᠷᠠᠯ᠎ᠳᠤ ᠨᠠᠢᠳᠠᠪᠤᠷᠢᠵᠢᠭᠤᠯᠬᠤ᠎ᠶᠢ ᠪᠠᠲᠤᠯᠠᠵᠤ᠂ ᠠᠷᠠᠳ ᠲᠦᠮᠡᠨ᠎ᠦ ᠬᠠᠤᠯᠢ ᠴᠠᠭᠠᠵᠠ᠎ᠶᠢᠨ ᠲᠣᠭᠲᠠᠭᠠᠯ ᠶᠣᠰᠣᠭᠠᠷ ᠡᠯ᠎ᠡ ᠵᠦᠢᠯ᠎ᠦᠨ ᠠᠷᠭ᠎ᠠ ᠵᠠᠮ ᠪᠠ ᠬᠡᠯᠪᠡᠷᠢ᠎ᠪᠡᠷ ᠳᠠᠮᠵᠢᠭᠤᠯᠤᠨ ᠲᠦᠷᠦ᠎ᠶᠢᠨ ᠬᠡᠷᠡᠭ ᠶᠠᠪᠤᠳᠠᠯ᠎ᠢ ᠬᠠᠮᠢᠶᠠᠷᠬᠤ᠂ ᠠᠵᠤ ᠠᠬᠤᠢ ᠪᠠ ᠰᠣᠶᠣᠯ᠎ᠤᠨ ᠦᠢᠯᠡᠰ᠎ᠢ ᠬᠠᠮᠢᠶᠠᠷᠬᠤ᠂ ᠨᠡᠢᠭᠡᠮ᠎ᠦᠨ ᠬᠡᠷᠡᠭ ᠶᠠᠪᠤᠳᠠᠯ᠎ᠢ ᠬᠠᠮᠢᠶᠠᠷᠬᠤ᠎ᠶᠢ ᠪᠠᠲᠤᠯᠠᠨ᠎ᠠ᠃
— ᠡᠷᠬᠡ᠎ᠪᠡᠨ ᠬᠠᠤᠯᠢ ᠶᠣᠰᠣᠭᠠᠷ ᠵᠥᠪ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨᠤ ᠠᠴᠢ ᠪᠠᠢᠭ᠎ᠠ ᠶᠤᠮ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠨᠠᠮ᠎ᠡᠴᠡ ᠲᠦᠷᠦ᠎ᠶᠢᠨ ᠡᠷᠬᠡᠲᠦ ᠪᠠᠢᠭᠤᠯᠭ᠎ᠠ᠎ᠶᠢ ᠤᠳᠤᠷᠢᠳᠬᠤ ᠴᠢᠬᠤᠯᠠ ᠪᠠᠢᠭᠤᠯᠤᠯ᠎ᠦᠨ ᠠᠴᠢᠶᠠᠯᠠᠪᠤᠷᠢ ᠮᠥᠨ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠴᠢᠬᠤᠯᠠ ᠵᠠᠷᠴᠢᠮ ᠪᠠ ᠪᠠᠢᠭᠤᠯᠤᠯ ᠤ᠋ᠨ ᠵᠢᠷᠤᠭ ᠲᠦᠰᠦᠯ ᠤ᠋ᠨ ᠦᠨᠳᠦᠰᠦᠨ ᠱᠠᠭᠠᠷᠳᠠᠯᠭ᠎ᠠ ᠪᠣᠯ ᠳᠠᠷᠤᠢ ᠶᠠᠮᠠᠷᠪᠠ ᠲᠥᠷᠥ᠍᠎ᠶᠢᠨ ᠪᠠᠢᠭᠤᠯᠭ᠎ᠠ ᠵᠢᠴᠢ ᠲᠡᠭᠦᠨ᠎ᠦ ᠠᠵᠢᠯᠲᠠᠨ᠎ᠤ ᠡᠷᠬᠡ ᠨᠢ ᠴᠥᠮ ᠬᠢᠨᠠᠯᠲᠠ ᠪᠠ ᠬᠢᠵᠠᠭᠠᠷᠯᠠᠯ᠎ᠢ ᠬᠦᠯᠢᠶᠡᠬᠦ ᠶᠠᠪᠤᠳᠠᠯ ᠪᠣᠯᠣᠨ᠎ᠠ᠃ ᠲᠦᠷᠦ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ᠂ ᠬᠢᠨᠠᠨ ᠪᠠᠢᠴᠠᠭᠠᠬᠤ ᠪᠠᠢᠭᠤᠯᠭ᠎ᠠ᠂ ᠰᠢᠭᠦᠨ ᠲᠠᠰᠤᠯᠬᠤ ᠪᠠᠢᠭᠤᠯᠭ᠎ᠠ᠂ ᠪᠠᠢᠴᠠᠭᠠᠬᠤ ᠪᠠᠢᠭᠤᠯᠭ᠎ᠠ ᠴᠥᠮ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠢᠶᠠᠷ ᠪᠤᠢ ᠪᠣᠯᠵᠤ᠂ ᠲᠡᠭᠦᠨ᠎ᠳᠦ ᠬᠠᠷᠢᠭᠤᠴᠠᠵᠤ᠂ ᠲᠡᠭᠦᠨ᠎ᠦ ᠬᠢᠨᠠᠯᠲᠠ᠎ᠶᠢ ᠬᠦᠯᠢᠶᠡᠨ᠎ᠡ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠴᠢᠬᠤᠯᠠ ᠶᠡᠬᠡ ᠵᠦᠢᠯ᠎ᠢ ᠲᠣᠭᠲᠠᠭᠠᠬᠤ ᠡᠷᠬᠡ᠂ ᠰᠣᠩᠭᠣᠬᠤ ᠪᠠ ᠲᠣᠮᠢᠯᠠᠵᠤ ᠪᠠᠭᠤᠯᠭᠠᠬᠤ ᠡᠷᠬᠡ᠎ᠪᠡᠨ ᠬᠡᠷᠡᠭᠵᠢᠭᠦᠯᠵᠦ᠂《ᠨᠢᠭᠡ ᠣᠷᠳᠣᠨ ᠨᠢᠭᠡ ᠵᠦᠪᠯᠡᠯ ᠬᠣᠶᠠᠷ ᠬᠣᠷᠢᠶ᠎ᠠ》 ᠵᠢᠨ ᠡᠯ᠎ᠡ ᠵᠦᠢᠯ᠎ᠦᠨ ᠠᠵᠢᠯ ᠦᠢᠯᠡᠰ᠎ᠢᠶᠡᠨ ᠥᠨᠳᠥᠷ ᠪᠦᠲᠦᠮᠵᠢᠲᠡᠶ᠎ᠪᠡᠷ ᠠᠬᠢᠭᠤᠯᠬᠤ᠎ᠶᠢ ᠳᠡᠮᠵᠢᠭᠰᠡᠨ ᠮᠥᠷᠲᠡᠭᠡᠨ ᠪᠠᠰᠠ ᠵᠠᠰᠠᠭ ᠵᠠᠬᠢᠷᠭᠠᠨ᠎ᠤ ᠡᠷᠬᠡ᠂ ᠬᠢᠨᠠᠨ ᠪᠠᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠪᠠᠢᠴᠠᠭᠠᠬᠤ ᠡᠷᠬᠡ᠎ᠪᠡᠨ ᠬᠠᠤᠯᠢ ᠶᠣᠰᠣᠭᠠᠷ ᠵᠥᠪ ᠬᠡᠷᠡᠭᠵᠢᠭᠦᠯᠬᠦ᠎ᠶᠢ ᠦᠨᠡᠨ ᠬᠦ᠌ ᠪᠠᠲᠤᠯᠠᠨ᠎ᠠ᠃
— ᠤᠯᠤᠰ᠎ᠤᠨ ᠵᠠᠰᠠᠯᠲᠠ᠎ᠶᠢᠨ ᠰᠢᠰᠲ᠋ᠸᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠤᠬᠰᠠᠨ᠎ᠤ ᠠᠴᠢ ᠪᠠᠢᠭ᠎ᠠ ᠶᠤᠮ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠎ᠶᠢᠨ ᠪᠠᠢᠭᠤᠯᠤᠯ ᠮᠥᠨ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠪᠠᠢᠭᠤᠯᠤᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠠᠰᠠ ᠴᠤ᠌ ᠤᠯᠤᠰ ᠤ᠋ᠨ ᠵᠠᠰᠠᠯᠳᠠ ᠵᠢᠨ ᠰᠢᠰᠲᠧᠮ᠎ᠦᠨ ᠴᠢᠬᠤᠯᠠ ᠪᠦᠷᠢᠯᠳᠦᠭᠦᠨ ᠬᠡᠰᠡᠭ ᠮᠥᠨ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠵᠦᠢᠷᠯᠡᠰᠢ ᠦᠭᠡᠢ ᠳᠠᠪᠠᠭᠤᠯᠢᠭ᠋ ᠴᠢᠨᠠᠷ ᠪᠠ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠠᠢ ᠭᠡᠳᠡᠭ᠎ᠢ ᠳᠤᠮᠳᠠᠳᠤ ᠤᠯᠤᠰ᠎ᠤᠨ ᠠᠷᠠᠳ ᠲᠦᠮᠡᠨ ᠤᠯᠤᠰ ᠣᠷᠣᠨ᠎ᠤ ᠲᠦᠷᠭᠡᠨ ᠬᠥᠭᠵᠢᠯᠲᠡ ᠬᠤᠪᠢᠷᠠᠯᠲᠠ᠎ᠶᠢᠨ ᠳᠤᠮᠳᠠ᠎ᠡᠴᠡ ᠤᠯᠠᠮ᠎ᠡᠴᠡ ᠤᠯᠠᠮ ᠲᠣᠳᠣᠷᠬᠠᠢ ᠲᠠᠨᠢᠵᠤ ᠣᠯᠣᠭᠰᠠᠨ ᠪᠠᠢᠨ᠎ᠠ᠃ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠡᠨ ᠦᠨᠡᠨ ᠬᠦ᠌ ᠴᠢᠩᠭᠠᠳᠬᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠤᠨ ᠣᠨᠴᠠᠯᠢᠭ᠋ ᠪᠠ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠪᠠ ᠠᠵᠢᠯᠯᠠᠭᠠᠨ᠎ᠤ ᠲᠣᠭᠲᠠᠴᠠ᠎ᠶᠢᠨ ᠨᠡᠩ ᠲᠡᠭᠦᠯᠳᠡᠷᠵᠢᠵᠦ ᠨᠡᠩ ᠲᠣᠭᠲᠠᠪᠤᠷᠢᠵᠢᠬᠤ᠎ᠶᠢ ᠠᠬᠢᠭᠤᠯᠵᠤ᠂ ᠤᠯᠤᠰ ᠣᠷᠣᠨ᠎ᠤ ᠨᠡᠢᠭᠡᠮ ᠵᠢᠷᠤᠮ᠎ᠤᠨ ᠵᠠᠮ᠎ᠢᠶᠠᠷ ᠤᠷᠤᠭᠰᠢᠯᠠᠬᠤ᠎ᠶᠢ ᠪᠦᠲᠦᠮᠵᠢᠲᠡᠶ ᠪᠠᠲᠤᠯᠠᠬᠤ ᠬᠡᠷᠡᠭᠲᠡᠢ᠃
ᠲᠥᠯᠥᠭᠡᠯᠡᠭ᠌ᠴᠢᠳ ᠠ᠋ !
ᠲᠤᠰ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ᠎ᠠᠴᠠ ᠨᠠᠭᠠᠰᠢ᠂ ᠲᠥᠯᠥᠭᠡᠯᠡᠭ᠌ᠴᠢᠳ ᠨᠠᠮ ᠪᠣᠯᠣᠨ ᠠᠷᠠᠳ ᠲᠦᠮᠡᠨᠤᠬᠦᠨᠳᠦᠨᠠᠢᠳᠠᠯᠭᠠᠶ᠋ᠢᠡᠭᠦᠷᠭᠡᠯᠡᠵᠦ᠍᠂ ᠬᠤᠷᠠᠯ᠎ᠤᠨ ᠬᠢᠨᠠᠨ ᠵᠥᠪᠯᠡᠬᠦ᠌᠎ᠳᠤ ᠢᠳᠡᠪᠬᠢᠲᠡᠢ ᠣᠷᠣᠯᠴᠠᠵᠤ᠂ ᠬᠠᠷᠢᠭᠤᠴᠠᠯᠭ᠎ᠠ᠎ᠲᠠᠢ᠎ᠪᠠᠷ ᠪᠢᠯᠧᠲ ᠥᠭ᠌ᠴᠦ ᠪᠠᠲᠤᠯᠠᠯᠲᠠ ᠬᠢᠵᠦ᠍᠂ ᠴᠢᠬᠤᠯᠠ ᠶᠡᠭᠡ ᠵᠦᠢᠯ᠎ᠢ ᠲᠣᠭ᠍ᠲᠠᠭᠠᠪᠠ; ᠭᠦᠨᠵᠡᠭᠡᠢ ᠪᠠᠢᠴᠠᠭᠠᠨ ᠰᠤᠳᠤᠯᠤᠯᠲᠠ ᠬᠢᠭ᠌ᠰᠡᠨ ᠰᠠᠭᠤᠷᠢᠨ ᠳᠡᠭᠡᠷ᠎ᠡ᠂ ᠨᠢᠭᠡ ᠪᠦᠯᠦᠭ ᠴᠢᠨᠠᠷ ᠰᠠᠢᠲᠠᠢ᠂ ᠬᠦᠨᠳᠦᠴᠠ ᠲᠠᠢ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢ ᠳᠤᠷᠠᠳᠤᠨ ᠭᠠᠷᠭᠠᠪᠠ; ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠴᠢᠬᠤᠯᠠ ᠬᠠᠤᠯᠢ ᠴᠠᠭᠠᠵᠠ᠎ᠶ᠋ᠢ ᠲᠣᠭ᠍ᠲᠠᠭᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ᠎ᠳᠤ ᠠᠳᠠᠯᠢ ᠪᠤᠰᠤ ᠲᠠᠯ᠎ᠠ᠎ᠠᠴᠠ ᠣᠷᠣᠯᠴᠠᠪᠠ; ᠪᠣᠳᠠᠲᠤ ᠪᠠᠢᠳᠠᠯ᠎ᠳᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍ ᠠᠵᠢᠯ ᠪᠠᠢᠴᠠᠭᠠᠵᠤ᠂ ᠠᠷᠠᠳ᠎ᠤᠨ ᠰᠠᠨᠠᠭ᠎ᠠ᠎ᠶ᠋ᠢ ᠭᠦᠢᠴᠡᠳ ᠴᠤᠬᠯᠠᠭᠤᠯᠤᠨ ᠲᠤᠰᠭᠠᠪᠠ; ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠳᠤ ᠣᠷᠣᠯᠴᠠᠵᠤ᠂ ᠪᠠᠢᠩᠭᠤ᠎ᠶ᠋ᠢᠨ ᠬᠤᠷᠢᠶ᠎ᠠ᠂ ᠲᠤᠰᠬᠠᠢ ᠵᠦᠪᠯᠡᠯ᠎ᠤᠨ ᠬᠤᠯᠪᠣᠭ᠍ᠳᠠᠯ ᠪᠦᠬᠦᠢ ᠠᠵᠢᠯ᠎ᠳᠤ ᠣᠷᠣᠯᠴᠠᠵᠤ᠂ ᠦᠨᠡᠨᠴᠢ ᠱᠢᠳᠤᠷᠭᠤ᠎ᠪᠠᠷ ᠨᠠᠮᠤᠨᠵᠢᠡᠨ ᠡᠮᠦᠨ᠎ᠡ ᠡᠴᠡ ᠬᠦᠴᠢᠷ᠎ᠢ ᠱᠢᠢᠳᠪᠦᠷᠢᠯᠡᠬᠦ᠂ ᠴᠢᠩ ᠦᠨᠡᠨᠴᠢ᠎ᠪᠠᠷ ᠠᠷᠠᠳ᠎ᠤᠨ ᠵᠢᠡᠨ ᠲᠦᠯᠦᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠡᠭᠡᠳᠦ ᠬᠡᠮᠵᠢᠶᠡᠨ᠎ᠤ ᠤᠯᠤᠰ ᠲᠦᠷᠦ᠍᠎ᠶ᠋ᠢᠨ ᠤᠬᠠᠮᠰᠠᠷ ᠪᠠ 《ᠠᠷᠠᠳ ᠲᠦᠮᠡᠨ ᠨᠠᠮᠠᠶ᠋ᠢ ᠲᠥᠯᠥᠭᠡᠯᠡᠭ᠌ᠴᠢ᠎ᠪᠠᠷ ᠰᠣᠩᠭᠤᠵᠤ᠂ ᠪᠢ ᠲᠥᠯᠥᠭᠡᠯᠡᠭ᠌ᠴᠢ ᠪᠣᠯᠤᠭᠰᠠᠨ ᠨᠢ ᠠᠷᠠᠳ ᠲᠦᠮᠡᠨ᠎ᠤ ᠲᠦᠯᠦᠭᠡ》ᠬᠡᠭᠦ ᠰᠠᠢᠨ ᠰᠠᠢᠬᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠨᠠᠮ ᠪᠠ ᠤᠯᠤᠰ ᠣᠷᠣᠨ᠎ᠤ ᠠᠵᠢᠯ ᠦᠢᠯᠡᠰ᠎ᠤᠨ ᠬᠥᠭ᠌ᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠤᠳᠤ᠂ ᠲᠤᠰ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠱᠢᠶᠠᠯ᠎ᠬᠠᠷᠢᠭᠤᠴᠠᠯᠭ᠎ᠠ ᠪᠠᠨ ᠭᠦᠢᠴᠡᠳᠭᠡᠬᠦ ᠬᠤᠭᠤᠴᠠᠭ᠎ᠠ ᠪᠠᠰᠠ ᠨᠢᠭᠡ ᠵᠢᠯ ᠪᠠᠢᠨ᠎ᠠ᠂ ᠪᠢᠳᠡ ᠥᠩᠭᠡᠷᠡᠭ᠌ᠰᠡᠨ᠎ᠲᠠᠢ᠎ᠪᠠᠨ ᠠᠳᠠᠯᠢ᠎ᠪᠠᠷ ᠰᠠᠢᠨ᠎ᠢᠶᠠᠷ ᠡᠬᠢᠯᠡᠬᠦᠯᠵᠦ ᠰᠠᠢᠨ᠎ᠢᠶᠠᠷ ᠲᠡᠭᠦᠰᠭᠡᠵᠦ᠍᠂ ᠡᠭᠦᠷᠢᠳᠡ ᠰᠤᠯᠠᠷᠠᠭᠤᠯᠤᠯ ᠦᠭᠡᠢ᠂ ᠡᠭᠦᠷᠢᠳᠡ ᠬᠤᠢᠷᠭᠤᠱᠢᠬᠤ ᠦᠭᠡᠢ ᠤᠶᠤᠨ ᠰᠠᠨᠠᠭᠠᠨ᠎ᠤ ᠪᠠᠢᠳᠠᠯ᠎ᠢᠶᠠᠨ ᠪᠠᠲᠤᠯᠠᠵᠤ᠂ ᠲᠥᠯᠥᠭᠡᠯᠡᠭ᠌ᠴᠢ᠎ᠶ᠋ᠢᠨ ᠡᠭᠦᠷᠭᠡ ᠲᠤᠱᠢᠶᠠᠯ᠎ᠢᠶᠠᠨ ᠨᠠᠷᠢᠨ ᠬᠢᠨᠠᠮᠠᠭᠠᠢ ᠭᠦᠢᠴᠡᠳᠭᠡᠵᠦ᠍᠂ ᠥᠪᠡᠷ ᠥᠪᠡᠷ᠎ᠤᠨ ᠠᠵᠢᠯ᠎ᠤᠨ ᠪᠠᠢᠷᠢ ᠳᠡᠭᠡᠷ᠎ᠡ᠎ᠪᠠᠨ ᠨᠡᠩ ᠶᠡᠭᠡ ᠱᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭ᠌ᠲᠡᠢ᠃
ᠲᠥᠯᠥᠭᠡᠯᠡᠭ᠌ᠴᠢᠳ ᠠ᠋!
ᠡᠨᠡ ᠵᠢᠯ ᠪᠣᠯ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠠᠬᠢᠴᠠ᠎ᠳᠠᠬᠢ ᠲᠤᠢᠯ᠎ᠤᠨ ᠴᠢᠬᠤᠯᠠ ᠨᠢᠭᠡ ᠵᠢᠯ ᠮᠥᠨ᠃ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠯᠤᠰ᠎ᠤᠨ ᠪᠠᠢᠭᠤᠯᠤᠯ ᠪᠠ ᠤᠯᠤᠰ᠎ᠤᠨ ᠵᠠᠰᠠᠯᠲᠠ᠎ᠶ᠋ᠢᠨ ᠱᠢᠰᠲ᠋ᠧᠮ᠎ᠳᠠᠬᠢ ᠱᠢᠨ᠎ᠡ ᠬᠠᠷᠢᠴᠠᠭᠤᠯᠭ᠎ᠠ ᠱᠢᠨ᠎ᠡ ᠡᠭᠦᠷᠭᠡ᠎ᠶ᠋ᠢ ᠭᠦᠨᠵᠡᠭᠡᠢ ᠲᠠᠨᠢᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ᠍᠂ 《ᠨᠢᠭᠡ ᠣᠷᠳᠣᠨ ᠨᠢᠭᠡ ᠵᠦᠪᠯᠡᠯ ᠬᠤᠶᠠᠷ ᠬᠤᠷᠢᠶ᠎ᠠ》 ᠶ᠋ᠢᠨ ᠠᠵᠢᠯ᠎ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠦᠨ᠂ ᠠᠷᠠᠳ ᠲᠦᠮᠡᠨ᠎ᠤ ᠡᠷᠬᠡ ᠮᠡᠳᠡᠵᠦ᠍ ᠡᠵᠡᠨ ᠰᠠᠭᠤᠬᠤ᠎ᠶ᠋ᠢ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠴᠢᠨᠰᠠᠭ᠎ᠠ ᠪᠠ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ ᠬᠡᠷᠡᠭᠲᠡᠢ᠃
ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》ᠵᠢᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠠᠷᠠᠳ ᠲᠦᠮᠡᠨ᠎ᠤ ᠲᠥᠯᠥᠭᠡ ᠡᠷᠬᠡ᠎ᠪᠠᠨ ᠬᠡᠷᠡᠭ᠌ᠯᠡᠵᠦ᠍᠂ ᠠᠷᠠᠳ ᠲᠦᠮᠡᠨ᠎ᠤ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ ᠲᠦᠮᠡᠨ᠎ᠳᠤ ᠦᠢᠯᠡᠴᠢᠯᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠭᠠᠪᠢᠶ᠎ᠠ ᠵᠢᠳᠬᠦᠯ ᠪᠠᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠲᠠ᠎ᠲᠠᠢ ᠪᠡᠷ ᠬᠤᠷᠠᠯᠳᠤᠬᠤ᠎ᠶ᠋ᠢ ᠤᠭ᠍ᠲᠤᠵᠠᠭᠠᠶᠠ!
(ᠰᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶᠢᠨ 11 ᠤ᠋ ᠴᠠᠬᠢᠯᠭᠠᠨ ᠮᠡᠳᠡᠬᠡ)