ᠪᠦᠯᠬᠦᠮᠳᠡᠨ ᠲᠡᠮᠡᠴᠡᠵᠦ᠍ ᠱᠢᠨ᠎ᠡ ᠠᠭᠤᠤ ᠦᠢᠯᠡᠰ᠎ᠢ ᠴᠣᠭ᠍ᠴᠠᠯᠠᠰᠤᠭᠠᠢ
2022-03-12 08:36:50
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠠᠮᠵᠢᠯᠲᠠ᠎ᠲᠠᠶ ᠲᠡᠭᠦᠰᠦᠭ᠌ᠰᠡᠨ ᠳ᠋ᠤ ᠬᠠᠯᠠᠭᠤᠨ ᠪᠠᠶᠠᠷ ᠬᠦᠷᠬᠡᠶ᠎ᠡ


ᠤᠯᠠᠨ᠎ᠬᠦᠮᠦᠨ ᠬᠦᠴᠦᠨ ᠬᠠᠮᠲᠤᠳᠪᠠᠰᠤ ᠲᠦᠮᠡᠨ ᠵᠢᠩ᠎ᠢ ᠡᠷᠬᠦᠵᠥ᠂ ᠲᠦᠮᠡᠨ ᠤᠯᠠᠨ ᠰᠡᠳᠭᠢᠯ ᠨᠢᠭᠡᠳᠪᠡᠰᠦ ᠲᠠᠢᠱᠠᠨ ᠠᠭᠤᠯᠠ᠎ᠶ᠋ᠢ ᠨᠡᠭᠦᠯᠭᠡᠮᠤᠢ᠃ 3 ᠰᠠᠷ᠎ᠠ᠎ᠶ᠋ᠢᠨ 11 ᠤ᠋ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠬᠦᠯᠵᠥ᠂ ᠪᠡᠭᠡᠵᠢᠩ᠎ᠳᠦ ᠠᠮᠵᠢᠯᠳᠠ᠎ᠲᠠᠶ᠎ᠪᠠᠷ ᠳᠡᠬᠦᠰᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠦᠭᠡᠢ᠂ ᠢᠳᠡᠪᠬᠢᠲᠡᠶ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠬᠦᠯᠵᠥ᠂ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠭ᠍ᠰᠠᠨ᠂ ᠡᠷᠡᠯᠬᠡᠭ᠌ᠯᠡᠨ ᠤᠷᠤᠭ᠍ᠰᠢᠯᠠᠭ᠍ᠰᠠᠨ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃ ᠪᠢᠳᠡ ᠶᠡᠬᠡ ᠬᠤᠷᠠᠯ᠎ᠤᠨ ᠠᠮᠵᠢᠯᠲᠠ ᠲᠠᠢ ᠬᠤᠷᠠᠯᠳᠤᠭᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠡᠨᠡ ᠤᠳᠠᠭ᠎ᠠ᠎ᠶ᠋ᠢᠨ ᠶᠡᠬᠡ ᠬᠤᠷᠠᠯ ᠪᠣᠯ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨ ᠵᠢᠡᠨ ᠡᠬᠢᠯᠡᠬᠦᠯᠦᠭᠰᠡᠨ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ ᠡᠴᠡ ᠥᠩᠭᠡᠷᠡᠭ᠌ᠰᠡᠨ ᠨᠢᠭᠡ ᠵᠢᠯ᠎ᠤᠨ ᠨᠠᠮ ᠪᠠ ᠤᠯᠤᠰ᠎ᠤᠨ ᠠᠵᠢᠯ ᠦᠢᠯᠡᠰ᠎ᠤᠨ ᠤᠯᠤᠬᠰᠠᠨ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ᠂ 《ᠠᠷᠪᠠᠨ ᠳᠥᠷᠪᠡᠳᠦᠭᠡᠷ ᠲᠠᠪᠤᠨ ᠵᠢᠯ》 ᠎ᠦ᠋ᠨ ᠰᠠᠢᠨ ᠰᠠᠢᠬᠠᠨ ᠡᠬᠢᠯᠡᠯᠲᠡ᠎ᠲᠡᠶ ᠪᠣᠯᠤᠭ᠍ᠰᠠᠨ᠎ᠢ ᠳᠡᠭᠡᠳᠦ ᠬᠡᠮᠵᠢᠶ᠎ᠡ᠎ᠪᠡᠷ ᠦᠨᠡᠯᠡᠵᠡᠢ᠂ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ ᠭᠡᠵᠦ᠍ ᠲᠥᠯᠥᠭᠡᠯᠡᠭ᠌ᠴᠢᠳ ᠰᠠᠨᠠᠯ ᠨᠢᠭᠡᠲᠡᠢ ᠦᠵᠡᠵᠡᠬᠡᠪᠡ᠃ ᠶᠡᠬᠡ ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠴᠢᠬᠤᠯᠠ ᠮᠡᠳᠡᠬᠦᠯᠦᠯᠳᠡ ᠵᠢ ᠬᠢᠨᠠᠨ ᠵᠥᠪᠯᠡᠭ᠌ᠰᠡᠨ ᠪᠥᠭᠡᠳ ᠵᠥᠪᠱᠢᠶᠡᠷᠡᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠡᠨᠡ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠶ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠥ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ᠂ ᠬᠥᠮᠦᠰ᠎ᠢ ᠤᠷᠮᠠᠰᠢᠭᠤᠯᠤᠨ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠤᠯᠵᠠᠢ ᠭᠡᠵᠦ᠍ ᠲᠥᠯᠥᠭᠡᠯᠡᠭ᠌ᠴᠢᠳ ᠰᠠᠨᠠᠯ ᠨᠢᠭᠡᠲᠡᠶ ᠦᠵᠡᠵᠡᠬᠡᠪᠡ᠃ ᠶᠡᠬᠡ ᠬᠤᠷᠠᠯ ᠡᠴᠡ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠳᠠ ᠵᠢᠨ ᠬᠠᠤᠯᠢ》 ᠳ᠋ᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠎ᠢ ᠬᠢᠨᠠᠨ ᠵᠦᠪᠯᠡᠭᠰᠡᠨ ᠪᠦᠬᠡᠳ ᠪᠠᠳᠤᠯᠠᠵᠥ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠤᠯᠲᠠ ᠪᠠ ᠠᠵᠢᠯ᠎ᠤᠨ ᠲᠦᠷᠢᠮ᠎ᠢ ᠤᠯᠠᠮ ᠴᠢᠨᠠᠬᠰᠢᠳᠠ ᠲᠡᠭᠦᠯᠳᠡᠷᠵᠢᠭᠦᠯᠬᠦ᠂ ᠣᠷᠣᠨ ᠨᠤᠲᠤᠭ᠎ᠤᠨ ᠵᠠᠰᠠᠭ᠎ᠤᠨ ᠡᠷᠬᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠨᠡᠩ ᠰᠠᠢᠲᠤᠷ ᠪᠠᠷᠢᠮᠲᠠᠯᠠᠨ ᠲᠡᠭᠦᠯᠳᠡᠷᠵᠢᠭᠦᠯᠬᠦ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠂ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠬᠤ᠂ ᠤᠯᠤᠰ᠎ᠤᠨ ᠵᠠᠰᠠᠯᠳᠠ ᠵᠢᠨ ᠱᠢᠰᠲ᠋ᠧᠮ ᠪᠠ ᠵᠠᠰᠠᠯᠳᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠬᠡ ᠬᠤᠷᠠᠯ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ ᠬᠢᠨᠠᠨ ᠵᠥᠪᠯᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠨᠢᠭᠡ ᠵᠢᠯ᠎ᠦᠨ ᠲᠤᠷᠰᠢ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠭᠦᠷᠭᠡ ᠬᠠᠷᠢᠭᠤᠴᠠᠯᠭ᠎ᠠ᠎ᠪᠠᠨ ᠡᠬᠦᠷᠬᠡᠯᠡᠵᠥ᠂ ᠡᠯ᠎ᠡ ᠵᠦᠢᠯ᠎ᠦᠨ ᠠᠵᠢᠯ ᠴᠥᠮ ᠱᠢᠨ᠎ᠡ ᠠᠮᠵᠢᠯᠲᠠ ᠣᠯᠤᠭ᠍ᠰᠠᠨ᠎ᠢ ᠬᠦᠢᠴᠡᠳ ᠨᠤᠳᠠᠯᠠᠪᠠ᠃ ᠶᠡᠬᠡ ᠬᠤᠷᠠᠯ᠎ᠤᠨ ᠠᠮᠵᠢᠯᠳᠠ ᠳᠠᠢ ᠬᠤᠷᠠᠯᠳᠤᠬᠰᠠᠨ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠠᠰᠤᠷᠠᠯᠲᠠ ᠦᠭᠡᠢ ᠲᠡᠮᠡᠴᠡᠨ ᠤᠯᠬᠤ᠎ᠳᠤ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠦᠴᠦᠷᠬᠡᠭ ᠶᠡᠬᠡ ᠬᠦᠴᠦᠨ ᠴᠢᠳᠠᠯ᠎ᠢ ᠨᠡᠮᠡᠷᠢᠯᠡᠵᠡᠢ᠃

ᠣᠳᠣᠬᠠᠨ᠎ᠳᠤ᠂ ᠳᠡᠯᠡᠬᠡᠶ᠎ᠶ᠋ᠢᠨ ᠪᠠᠢᠳᠠᠯ᠎ᠳᠤ ᠦᠷᠭᠦᠯᠵᠢᠯᠡᠨ ᠭᠦᠨᠵᠡᠭᠡᠶ ᠪᠥᠭᠡᠳ ᠪᠤᠳᠤᠯᠢᠶᠠᠨᠲᠠᠶ ᠬᠤᠪᠢᠷᠠᠯᠲᠠ ᠭᠠᠷᠴᠤ᠌᠂ ᠵᠠᠭᠤᠨ ᠵᠢᠯ᠎ᠦᠨ ᠬᠤᠪᠢᠰᠤᠯᠲᠠ ᠪᠠ ᠡᠷᠢᠨ ᠵᠠᠭᠤᠨ᠎ᠤ ᠬᠢᠵᠢᠭ᠎ᠦᠨ ᠪᠠᠢᠳᠠᠯ ᠬᠠᠷᠢᠯᠴᠠᠨ ᠰᠣᠯᠪᠢᠴᠠᠵᠤ᠂ ᠠᠵᠤ ᠠᠬᠤᠶ᠎ᠶ᠋ᠢᠨ ᠳᠡᠯᠡᠬᠡᠢᠴᠢᠯᠡᠯᠲᠡ ᠰᠥᠷᠭᠡᠦ ᠤᠷᠤᠰᠭᠠᠯ᠎ᠳᠤ ᠤᠴᠠᠷᠠᠵᠤ᠂ ᠲᠤᠮᠤ ᠤᠯᠤᠰ᠎ᠤᠨ ᠥᠷᠢᠰᠥᠯᠳᠦᠭᠡᠨ ᠡᠳᠦᠷ ᠢᠷᠡᠬᠦᠶ᠎ᠡ ᠱᠢᠷᠦᠭᠦᠰᠴᠦ᠍᠂ ᠳᠡᠯᠡᠬᠡᠶ ᠳ᠋ᠠᠬᠢᠨ ᠣᠷᠣᠭ᠎ᠠ ᠪᠤᠰᠭᠠᠭ᠎ᠠ ᠱᠢᠨ᠎ᠡ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ ᠬᠠᠳᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ᠃ ᠱᠢᠨ᠎ᠡ ᠭᠠᠷᠤᠭ᠎ᠠ ᠳᠡᠭᠡᠷ᠎ᠡ ᠠᠭᠤᠤ ᠶᠡᠬᠡ ᠦᠢᠯᠡᠰ᠎ᠢ ᠠᠬᠢᠭᠤᠯᠬᠤ᠎ᠳᠤ᠂ ᠪᠢᠳᠡᠨ᠎ᠳᠦ ᠣᠯᠳᠠᠬᠤᠶ᠎ᠠ ᠪᠡᠷᠬᠡ ᠠᠵᠠ ᠲᠣᠬᠢᠶᠠᠯ ᠲᠤᠯᠭᠠᠷᠠᠵᠤ ᠪᠠᠢᠬᠤ ᠪᠥᠭᠡᠳ ᠪᠠᠰᠠ ᠬᠠᠲᠠᠭᠤ ᠴᠢᠩᠭ᠎ᠠ ᠥᠷᠢᠰᠥᠯᠳᠦᠭᠡᠨ ᠲᠤᠯᠭᠠᠷᠠᠵᠤ ᠪᠠᠢᠨ᠎ᠠ᠃ ᠡᠨᠡ ᠵᠢᠯ᠎ᠦᠨ ᠳᠣᠣᠷ᠎ᠠ ᠬᠠᠭᠠᠰ ᠵᠢᠯ᠎ᠳᠦ᠂ ᠳᠤᠮᠳᠠᠳᠤ ᠤᠯᠤᠰ᠎ᠤᠨ᠎ᠡᠪ᠎ᠬᠠᠮᠲᠤ᠎ᠨᠠᠮ᠎ᠬᠣᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠬᠤᠷᠠᠯᠳᠤᠭᠤᠯᠤᠨ᠂ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢᠶᠠᠨ ᠳ᠋ᠦᠩᠨᠡᠵᠦ᠍᠂ ᠬᠤᠢᠰᠢᠳᠠ᠎ᠶ᠋ᠢᠨ ᠬᠡᠰᠡᠭ ᠬᠤᠭᠤᠴᠠᠭᠠᠨ᠎ᠤ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠲᠥᠰᠦᠪᠯᠡᠬᠦ᠌ ᠪᠣᠯᠤᠨ᠎ᠠ᠂ ᠡᠨᠡ ᠪᠣᠯ ᠨᠠᠮ ᠪᠠ ᠲᠦᠷᠦ᠍᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠨᠢᠭᠡᠨ ᠶᠡᠬᠡ ᠶᠠᠪᠤᠳᠠᠯ ᠮᠥᠨ᠂ ᠲᠣᠭ᠍ᠲᠠᠭᠤᠨ ᠡᠷᠡᠭᠦᠯ ᠠᠵᠤ ᠠᠬᠤᠶ᠎ᠶ᠋ᠢᠨ ᠣᠷᠴᠢᠨ ᠲᠤᠭᠤᠷᠢᠨ᠂ ᠲᠦᠷᠦ᠍ ᠲᠦᠪᠱᠢᠨ ᠠᠷᠠᠳ ᠠᠮᠤᠭᠤᠯᠠᠩ ᠨᠡᠢᠭᠡᠮ᠎ᠦᠨ ᠣᠷᠴᠢᠨ ᠲᠤᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠤᠭᠤᠷᠢᠨ᠎ᠢ ᠪᠠᠲᠤᠯᠠᠬᠤ ᠬᠡᠷᠡᠭ᠌ᠲᠡᠶ᠃ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠯᠬᠡᠭ᠌ᠯᠡᠨ ᠤᠷᠤᠭ᠍ᠰᠢᠯᠠᠭ᠍ᠰᠠᠨ ᠥᠩᠭᠡᠷᠡᠯᠲᠡ᠎ᠶ᠋ᠢ ᠡᠷᠭᠢᠴᠡᠭᠦᠯᠦᠭᠡᠳ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠳ᠋ᠤ ᠵᠠᠪᠠᠯ ᠶᠠᠪᠤᠬᠤ ᠵᠠᠮ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠵᠠᠪᠠᠯ ᠶᠠᠪᠤᠬᠤ ᠵᠠᠮ ᠮᠥᠨ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠬᠦ᠌᠎ᠳᠦ ᠵᠠᠪᠠᠯ ᠶᠠᠪᠤᠬᠤ ᠵᠠᠮ ᠮᠥᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠰᠢᠯᠠᠭᠤᠯᠬᠤ ᠪᠣᠯ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠬᠥᠭ᠌ᠵᠢᠨ ᠪᠤᠵᠠᠭᠠᠢ᠌ᠷᠠᠬᠤ᠎ᠳᠤ ᠵᠠᠪᠠᠯ ᠶᠠᠪᠤᠬᠤ ᠵᠠᠮ ᠮᠥᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠣᠯ ᠨᠠᠮ᠎ᠤᠨ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠬᠠᠳᠠᠭᠠᠯᠠᠬᠤ᠂ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢᠶᠠᠷ ᠰᠠᠢᠲᠤᠷ ᠵᠠᠮᠨᠠᠬᠤ᠎ᠳᠤ ᠵᠠᠪᠠᠯ ᠶᠠᠪᠤᠬᠤ ᠵᠠᠮ ᠮᠥᠨ ᠭᠡᠳᠡᠭ ᠢ᠋ ᠪᠢᠳᠡ ᠭᠦᠨᠵᠡᠭᠡᠢ ᠲᠠᠨᠢᠵᠤ ᠤᠯᠤᠭᠰᠠᠨ ᠶᠤᠮ᠃ ᠱᠢᠨ᠎ᠡ ᠠᠭᠤᠤ ᠶᠡᠬᠡ ᠠᠶᠠᠨ᠎ᠳᠤ᠂ ᠪᠢᠳᠡ ᠵᠣᠷᠢᠭ ᠦᠯᠦ᠍ ᠬᠤᠪᠢᠷᠠᠬᠤ᠂ ᠵᠠᠮ ᠦᠯᠦ᠍ ᠬᠤᠪᠢᠷᠠᠬᠤ ᠢᠳᠡᠭᠡᠯ ᠵᠢᠡᠨ ᠪᠠᠲᠤᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠪᠠ ᠲᠡᠰᠪᠦᠷᠢ ᠲᠡᠪᠴᠢᠶᠡᠷᠢ ᠪᠠᠨ ᠪᠠᠷᠢᠮᠳᠠᠯᠠᠨ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠠᠯᠢ ᠤᠯᠠᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠱᠢᠭ᠍ᠲᠠᠢ ᠨᠥᠬᠥᠴᠡᠯ᠎ᠢ ᠡᠵᠡᠮᠳᠡᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠵᠣᠷᠢᠭ᠍ᠲᠠᠢ᠎ᠪᠠᠷ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠵᠢᠳᠭᠦᠨ ᠴᠢᠷᠮᠠᠢᠵᠤ᠂ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠳᠡᠬᠦ᠌ ᠬᠡᠷᠡᠭ᠌ᠲᠡᠢ᠃

ᠪᠦᠯᠬᠦᠮᠳᠡᠯ ᠪᠣᠯ ᠬᠦᠴᠦᠨ ᠮᠥᠨ᠂ ᠲᠡᠮᠡᠴᠡᠯ᠎ᠢᠶᠡᠷ ᠢᠷᠡᠭᠡᠳᠦᠶ᠎ᠶ᠋ᠢ ᠨᠡᠬᠡᠬᠡᠨ᠎ᠠ᠃ ᠨᠠᠮ᠎ᠤᠨ ᠵᠠᠭᠤᠨ ᠵᠢᠯ ᠤ᠋ᠨ ᠲᠡᠮᠡᠴᠡᠯ ᠤ᠋ᠨ ᠲᠡᠤᠬᠡ ᠪᠢᠳᠡᠨ ᠳ᠋ᠤ᠂ ᠨᠠᠮ ᠪᠣᠯᠤᠨ ᠠᠷᠠᠳ ᠲᠦᠮᠡᠨ᠎ᠦ ᠣᠯᠤᠭ᠍ᠰᠠᠨ ᠠᠯᠢᠪᠠ ᠠᠮᠵᠢᠯᠲᠠ ᠪᠦᠲᠦᠮᠵᠢ ᠪᠣᠯ ᠴᠥᠮ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠤᠭ᠎ᠤᠨ ᠢᠯᠡ ᠲᠣᠳᠣ ᠤᠶᠤᠨ ᠰᠠᠨᠠᠭᠠᠨ᠎ᠤ ᠪᠡᠯᠭᠡ ᠲᠡᠮᠳᠡᠭ ᠮᠥᠨ ᠬᠡᠳᠡᠭ᠎ᠢ ᠬᠡᠯᠡᠵᠤ ᠦᠭᠭᠦᠭᠰᠡᠨ ᠶᠤᠮ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ ᠪᠢᠳᠡᠨ᠎ᠳᠦ ᠪᠠᠰᠠ᠂ ᠢᠯᠡ ᠳᠤᠳᠤ ᠲᠡᠮᠡᠴᠡᠯ᠎ᠦᠨ ᠬᠠᠷᠠᠯᠲᠠ ᠵᠢᠨ ᠲᠤᠭᠤᠷᠢᠨ ᠳ᠋ᠤ ᠪᠦᠷᠢᠯᠳᠦᠭᠰᠡᠨ ᠪᠦᠯᠬᠦᠮᠳᠡᠯ ᠪᠣᠯ ᠰᠠᠶᠢ ᠬᠠᠮᠤᠭ᠎ᠤᠨ ᠪᠠᠲᠤ ᠪᠡᠬᠢ ᠪᠦᠯᠬᠦᠮᠳᠡᠯ ᠮᠥᠨ᠂ ᠨᠢᠭ᠍ᠲᠠᠷᠠᠯ ᠪᠦᠯᠬᠦᠮᠳᠡᠯ᠎ᠳᠦ ᠲᠦᠱᠢᠭ᠌ᠯᠡᠨ ᠬᠢᠭ᠌ᠰᠡᠨ ᠲᠡᠮᠡᠴᠡᠯ ᠪᠣᠯ ᠰᠠᠶᠢ ᠬᠠᠮᠤᠭ᠎ᠤᠨ ᠬᠦᠴᠦᠲᠡᠢ ᠲᠡᠮᠡᠴᠡᠯ ᠮᠥᠨ ᠬᠡᠳᠡᠭ᠎ᠢ ᠬᠡᠯᠡᠵᠤ ᠦᠭᠭᠦᠭᠰᠡᠨ ᠶᠤᠮ᠃ ᠪᠢᠳᠡ ᠪᠦᠯᠬᠦᠮᠳᠡᠨ ᠲᠡᠮᠡᠴᠡᠬᠦ᠌᠎ᠳᠦ ᠲᠦᠱᠢᠭ᠌ᠯᠡᠨ ᠭᠡᠷᠡᠯ ᠰᠠᠴᠤᠷᠠᠩᠭᠤᠶ ᠲᠡᠦᠬᠡ᠎ᠶ᠋ᠢ ᠡᠭᠦᠳᠦᠨ ᠪᠦᠲᠦᠭᠡᠭ᠌ᠰᠡᠨ ᠪᠥᠭᠡᠳ ᠪᠠᠰᠠ ᠪᠦᠯᠬᠦᠮᠳᠡᠨ ᠲᠡᠮᠡᠴᠡᠬᠦ᠌᠎ᠳᠦ ᠲᠦᠱᠢᠭ᠌ᠯᠡᠨ ᠰᠠᠢ᠌ᠨ ᠰᠠᠢᠬᠠᠨ ᠢᠷᠡᠭᠡᠳᠦᠶ᠎ᠪᠡᠨ ᠨᠡᠬᠡᠬᠡᠨ᠎ᠠ᠃ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠢᠮᠠᠭ᠍ᠲᠠ ᠭᠠᠷ ᠭᠠᠷ᠎ᠢᠶᠠᠨ ᠬᠣᠯᠪᠣᠯᠴᠠᠨ ᠬᠠᠮᠲᠤ᠎ᠪᠠᠷ ᠢᠷᠡᠭᠡᠳᠦᠢ ᠵᠦᠭ ᠤᠷᠤᠭ᠍ᠰᠢᠯᠠᠳᠠᠭ ᠯᠠ ᠶᠤᠮ ᠪᠤᠯ᠂ 9500 ᠭᠠᠷᠤᠢ ᠲᠦᠮᠡᠨ ᠳᠤᠮᠳᠠᠳᠤ ᠤᠯᠤᠰ᠎ᠤᠨ ᠡᠪ ᠬᠠᠮᠲᠤᠴᠤᠳ ᠢᠮᠠᠭ᠍ᠲᠠ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ ᠬᠠᠮᠲᠤ᠎ᠪᠠᠷ ᠢᠷᠡᠭᠡᠳᠦᠢ ᠵᠦᠭ ᠤᠷᠤᠭ᠍ᠰᠢᠯᠠᠳᠠᠭ ᠯᠠ ᠶᠤᠮ ᠪᠣᠯ᠂ ᠪᠢᠳᠡ ᠤᠷᠤᠭ᠍ᠰᠢᠯᠠᠯᠲᠠ᠎ᠶ᠋ᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠬᠥᠮᠦᠰ᠎ᠤᠨ ᠬᠠᠷᠠᠭ᠎ᠠ ᠵᠢ ᠪᠤᠯᠢᠶᠠᠬᠰᠠᠨ ᠱᠢᠨ᠎ᠡ ᠭᠠᠢᠬᠠᠮᠱᠢᠭ᠎ᠢ ᠦᠷᠭᠦᠯᠵᠢᠯᠡᠨ ᠡᠭᠦᠳᠴᠦ᠍ ᠴᠢᠳᠠᠬᠤ ᠨᠢ ᠯᠠᠪᠳᠠᠢ !

ᠠᠷᠠᠳ᠎ᠤᠨ ᠠᠷᠠᠳᠴᠢᠯᠠᠯ ᠪᠣᠯ ᠨᠡᠢᠭᠡᠮ ᠵᠢᠷᠤᠮ᠎ᠤᠨ ᠠᠮᠢ ᠨᠠᠰᠤ ᠮᠥᠨ᠂ ᠨᠢᠭᠡ ᠵᠦᠢᠯ᠎ᠦᠨ ᠪᠦᠬᠦ᠌ ᠶᠠᠪᠤᠴᠠ᠎ᠶ᠋ᠢᠨ ᠠᠷᠠᠳᠴᠢᠯᠠᠯ ᠮᠥᠨ᠃ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ ᠪᠣᠯ ᠨᠠᠮ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠷᠠᠳᠴᠢᠯᠠᠯ᠎ᠢ ᠬᠥᠭᠡᠭᠡᠴᠡᠯᠳᠦᠵᠦ᠂ ᠠᠷᠠᠳᠴᠢᠯᠠᠯ᠎ᠢ ᠬᠥᠭ᠌ᠵᠢᠭᠦᠯᠵᠦ᠂ ᠠᠷᠠᠳᠴᠢᠯᠠᠯ᠎ᠢ ᠪᠡᠶᠡᠯᠡᠭᠦᠯᠦᠭᠰᠡᠨ ᠠᠭᠤᠤ ᠶᠡᠬᠡ ᠡᠭᠦᠳᠦᠯᠲᠡ ᠮᠥᠨ᠂ ᠨᠠᠮ᠎ᠡᠴᠡ ᠳᠤᠮᠳᠠᠳᠤ ᠤᠯᠤᠰ᠎ᠤᠨ ᠠᠷᠠᠳᠴᠢᠯᠠᠯ᠎ᠤᠨ ᠤᠨᠤᠯ᠎ᠤᠨ ᠱᠢᠨ᠎ᠡ᠎ᠶᠢ ᠡᠭᠦᠳᠴᠦ᠂ ᠪᠠᠢᠭᠤᠯᠤᠯ᠎ᠤᠨ ᠱᠢᠨ᠎ᠡ᠎ᠶᠢ ᠡᠭᠦᠳᠴᠦ᠂ ᠦᠢᠯᠡᠳᠦᠯᠭᠡ᠎ᠶ᠋ᠢᠨ ᠱᠢᠨ᠎ᠡ᠎ᠶᠢ ᠡᠭᠦᠳᠬᠦ᠎ᠶᠢ ᠲᠠᠰᠤᠷᠠᠯᠲᠠ ᠦᠭᠡᠢ ᠠᠬᠢᠭᠤᠯᠤᠭᠰᠠᠨ ᠲᠤᠷᠱᠢᠯᠭ᠎ᠠ᠎ᠶ᠋ᠢᠨ ᠤᠬᠢ ᠲᠠᠯᠠᠰᠳᠤ ᠮᠥᠨ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠲᠠᠯᠠᠭᠰᠠᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ ᠤ᠋ᠨ ᠲᠤᠬᠢᠷᠠᠭᠤᠯᠤᠯᠳᠠ ᠮᠥᠨ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠦᠨ ᠠᠴᠢᠶᠠᠯᠠᠪᠤᠷᠢ ᠮᠥᠨ᠃ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠳ᠋ᠤ᠂ ᠪᠢᠳᠡ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠶᠠᠪᠤᠳᠠᠯ᠎ᠢ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠪᠣᠳᠠᠲᠠᠶ᠂ ᠠᠬᠤᠢᠴᠢ᠎ᠪᠠᠷ ᠢᠯᠡᠷᠡᠭᠦᠯᠵᠦ᠍᠂ ᠨᠠᠮ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠡᠯ᠎ᠡ ᠲᠠᠯ᠎ᠠ ᠡᠯ᠎ᠡ ᠱᠠᠳᠤ ᠳᠠᠪᠬᠤᠷᠭ᠎ᠠ᠎ᠶ᠋ᠢᠨ ᠠᠵᠢᠯ ᠳᠡᠭᠡᠷ᠎ᠡ ᠪᠣᠳᠠᠲᠠᠶ᠂ ᠠᠬᠤᠢᠴᠢ᠎ᠪᠠᠷ ᠢᠯᠡᠷᠡᠭᠦᠯᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌ ᠠᠵᠢᠯ ᠳᠡᠭᠡᠷ᠎ᠡ ᠪᠣᠳᠠᠲᠠᠶ᠂ ᠠᠬᠤᠢᠴᠢ᠎ᠪᠠᠷ ᠢᠯᠡᠷᠡᠭᠦᠯᠬᠦ᠌ ᠬᠡᠷᠡᠭ᠌ᠲᠡᠶ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠭᠤᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠨ ᠲᠡᠭᠦᠯᠳᠡᠷᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠪᠠᠢᠭᠤᠯᠤᠯ᠎ᠦᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠯ᠎ᠡ ᠲᠠᠯ᠎ᠠ᠎ᠶ᠋ᠢᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠨᠠᠮ ᠪᠣᠯᠤᠨ ᠠᠷᠠᠳ ᠲᠦᠮᠡᠨ᠎ᠦ ᠦᠢᠯᠡᠰ ᠲᠤ᠌ ᠨᠡᠩ ᠰᠠᠢᠲᠤᠷ ᠨᠢᠭ᠍ᠲᠠᠷᠠᠭᠤᠯᠬᠤ ᠬᠡᠷᠡᠭ᠌ᠲᠡᠢ᠃ ᠤᠳᠤ ᠦᠶ᠎ᠡ᠎ᠶ᠋ᠢᠨ ᠳᠤᠮᠳᠠᠳᠤ ᠤᠯᠤᠰ ᠤ᠋ᠨ ᠠᠭᠤᠯᠠ ᠤᠰᠤ ᠰᠦᠷᠯᠢᠭ ᠰᠠᠢᠬᠠᠨ᠂ ᠠᠷᠠᠳ ᠲᠦᠮᠡᠨ ᠣᠮᠣᠭ ᠲᠡᠭᠦᠯᠳᠡᠷ᠂ ᠠᠯᠤᠰ ᠬᠡᠳᠦ᠍᠎ᠶ᠋ᠢᠨ ᠢᠷᠡᠭᠡᠳᠦᠶ᠎ᠲᠡᠶ ᠶᠤᠮ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭ᠍ᠲᠠᠭᠠᠬᠤ》 ᠵᠢᠨ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠵᠢ ᠪᠡᠶᠡᠯᠡᠭᠦᠯᠵᠦ᠍᠂ ᠡᠷᠡᠯᠬᠡᠭᠯᠡᠨ ᠲᠡᠮᠡᠴᠡᠵᠤ᠂ ᠴᠥᠬᠥᠷᠡᠰᠢ ᠦᠭᠡᠢ ᠵᠢᠳᠬᠦᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠤᠭ᠎ᠠ ᠦᠢᠯᠡᠰ᠎ᠢ ᠤᠷᠤᠬ᠍ᠰᠢ ᠠᠬᠢᠭᠤᠯᠰᠤᠭᠠᠢ !

(ᠰᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠬᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号