ᠱᠢᠨ᠎ᠡ ᠵᠢᠷᠤᠭ ᠲᠥᠰᠦᠪ ᠤᠷᠮ᠎ᠠ ᠵᠤᠷᠢᠭ᠎ᠢ ᠬᠦᠪᠴᠢᠯᠡᠨ ᠱᠢᠨ᠎ᠡ ᠠᠶᠠᠨ ᠵᠠᠮ᠎ᠠᠯᠤᠰ ᠢᠷᠡᠬᠡᠲᠥᠢ ᠎ᠶᠢ ᠬᠡᠷᠡᠯᠲᠤᠬᠥᠯᠥᠨ᠎ᠠ
2022-03-12 10:05:51
ᠵᠣᠬᠢᠶᠠᠭ᠍ᠴᠢ᠄
​ ᠰᠥᠩ ᠱᠤᠸᠠᠩ ᠶᠤᠸᠠᠨ ᠶᠦᠩ ᠬᠣᠩ
ᠣᠩᠱᠢᠭ᠍ᠰᠠᠨ ᠣᠳᠠᠭ᠎ᠠ᠄
★★★☆☆

 —  ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠣᠯᠤᠨ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠬᠢᠯᠠᠰ ᠬᠤᠷᠤᠮ


3 ᠰᠠᠷ᠎ᠠ᠎ᠶ᠋ᠢᠨ 4 ᠤ᠋ ᠡᠳᠦᠷ᠎ᠡᠴᠡ 11 ᠤ᠋ ᠡᠳᠦᠷ ᠪᠣᠯᠲᠠᠯ᠎ᠠ᠂ ᠪᠥᠬᠥ᠌ ᠤᠯᠤᠰ᠎ᠤᠨ ᠬᠣᠶᠠᠷ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃  ᠶᠡᠬᠡ ᠬᠤᠷᠠᠯ᠎ᠤᠨ ᠬᠤᠭᠤᠴᠠᠭᠠᠨ᠎ᠳᠤ᠂ ᠮᠠᠨ᠎ᠤ ᠣᠷᠣᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ ᠪᠣᠯᠤᠨ ᠮᠠᠨ᠎ᠤ ᠣᠷᠣᠨ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠶᠡᠷᠦᠩᠬᠡᠢ ᠱᠦᠵᠢ ᠰᠢ᠎ᠶ᠋ᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ ᠵᠢᠨ ᠴᠢᠬᠤᠯᠠ  ᠶᠠᠷᠢᠶᠠᠨ᠎ᠤ  ᠵᠤᠷᠢᠬ  ᠰᠠᠨᠠᠭ᠎ᠠ ᠵᠢ ᠨᠠᠷᠢᠨ  ᠬᠢᠨᠠᠮᠠᠭᠠᠢ  ᠰᠤᠷᠤᠯᠴᠠᠨ ᠤᠢᠯᠠᠭᠠᠵᠤ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠶᠠᠨ᠎ᠤ ᠳᠣᠲᠣᠨᠣ ᠬᠠᠯᠠᠮᠵᠢᠯᠠᠯ᠎ᠳᠤ ᠲᠠᠯᠠᠷᠬᠠᠭ᠍ᠰᠠᠨ ᠰᠡᠳᠭᠢᠯᠭᠡ᠎ᠶ᠋ᠢ ᠭᠦᠢᠴᠡᠳ ᠢᠯᠡᠳᠭᠡᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠨᠠᠮ᠎ᠤᠨ ᠠᠴᠢ ᠳ᠋ᠦ ᠲᠠᠯᠠᠷᠬᠠᠵᠦ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ ᠢᠲᠡᠭᠡᠯ ᠵᠣᠷᠢᠭ᠎ᠢ ᠭᠦᠢᠴᠡᠳ ᠲᠤᠰᠭᠠᠵᠤ᠂ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠯᠤᠲᠤ ᠶᠡᠬᠡ ᠠᠮᠵᠢᠯᠲᠠ᠎ᠶ᠋ᠢ ᠭᠦᠢᠴᠡᠳ ᠬᠠᠷᠠᠭᠤᠯᠵᠤ᠂ 《ᠥᠪᠥᠷ ᠮᠣᠩᠭᠣᠯ᠎ᠤᠨ ᠳᠠᠭᠤᠨ》 ᠎ᠢ᠋ ᠬᠠᠩᠭᠢᠨᠠᠮ᠎ᠠ ᠴᠤᠤᠷᠢᠶᠠᠲᠤᠭᠤᠯᠪᠠ᠃

ᠲᠥᠯᠥᠭᠡᠯᠡᠭ᠌ᠴᠢᠳ ᠠᠷᠠᠳ ᠲᠦᠮᠡᠨ᠎ᠦ ᠳᠤᠮᠳᠠ ᠡᠴᠨ ᠢᠷᠡᠭ᠌ᠰᠡᠨ᠂ ᠠᠷᠠᠳ ᠲᠦᠮᠡᠨ᠎ᠦ ᠳᠤᠮᠳᠠ ᠦᠨᠳᠦᠰᠦᠯᠡᠭ᠌ᠰᠡᠨ ᠳᠠᠪᠠᠭᠤᠯᠢᠭ᠎ᠢᠶᠠᠨ ᠪᠠᠳᠠᠷᠠᠭᠤᠯᠵᠤ ᠂ ᠠᠷᠠᠳ᠎ᠤᠨ ᠪᠠᠢᠳᠠᠯ ᠎ᠢ ᠣᠢᠯᠠᠭᠠᠵᠤ᠂ ᠠᠷᠠᠳ᠎ᠤᠨ ᠣᠶᠤᠨ ᠤᠬᠠᠭᠠᠨ ᠎ᠢ ᠲᠥᠪᠯᠡᠷᠡᠭᠦᠯᠦᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠵᠦ᠍᠂ ᠬᠥᠭ᠌ᠵᠢᠯᠲᠡ᠎ᠶ᠋ᠢᠨ ᠱᠢᠨ᠎ᠡ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠰᠢᠯᠠᠭᠤᠯᠬᠤ ᠵᠢᠨ ᠲᠤᠭᠤᠷᠢᠨ ᠳ᠋ᠤ᠂ ᠬᠥᠭ᠌ᠵᠢᠯᠲᠡ ᠎ᠶ᠋ᠢᠨ ᠱᠢᠨ᠎ᠡ ᠪᠠᠢᠷᠢᠱᠢᠯ ᠎ᠢ ᠪᠣᠶ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠶ ᠭᠦᠶ᠋ᠴᠡᠳᠭᠡᠵᠦ᠍᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ ᠎ᠢ ᠪᠠᠷᠢᠮᠲᠠᠯᠠᠬᠤ᠂ ᠡᠷᠡᠯᠬᠡᠭ᠌ᠯᠡᠨ ᠤᠷᠤᠭ᠍ᠰᠢᠯᠠᠬᠤ ᠴᠠᠭ ᠦᠶ᠎ᠡ ᠎ᠶ᠋ᠢᠨ ᠬᠦᠭ ᠠᠶᠠᠰ ᠎ᠢ ᠬᠠᠩᠭᠢᠨᠠᠭᠤᠯᠤᠭ᠍ᠰᠠᠨ ᠪᠠᠢᠨ᠎ᠠ ᠃ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠮᠡᠳᠡᠭᠦᠯᠦᠯᠳᠡ ᠵᠢ ᠨᠠᠷᠢᠨ ᠬᠢᠨᠠᠮᠠᠭᠠᠶ ᠶᠠᠷᠢᠯᠴᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶᠠᠨ᠎ᠤ ᠠᠵᠢᠯ᠎ᠤᠨ ᠮᠡᠳᠡᠭᠦᠯᠦᠯᠳᠡ ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠦᠪᠯᠡᠵᠦ ᠂ ᠨᠠᠮ ᠪᠠ ᠤᠯᠤᠰ᠎ᠤᠨ ᠭᠣᠣᠯ ᠠᠵᠢᠯ᠎ᠤᠨ ᠲᠣᠭᠣᠷᠢᠨ᠎ᠳᠤ ᠭᠦᠨᠵᠡᠭᠡᠶ ᠵᠥᠪᠳᠡᠯᠴᠡᠵᠦ ᠵᠠᠰᠠᠭ᠎ᠤᠨ ᠶᠠᠪᠤᠳᠠᠯ᠎ᠢ ᠵᠥᠪᠯᠡᠵᠦ᠍᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠶ ᠱᠢᠨ᠎ᠡ ᠬᠦᠰᠡᠯ ᠡᠷᠡᠮᠡᠯᠵᠡᠯ᠎ᠲᠡᠶ ᠨᠢᠭ᠍ᠲᠠ ᠤᠶᠠᠯᠳᠤᠭᠤᠯᠤᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠰᠦᠪᠡᠭᠴᠢᠯᠡᠵᠦ᠂ ᠢᠳᠡᠪᠬᠢ ᠬᠦᠴᠦᠨ ᠢ᠋ ᠥᠷᠭᠡᠨ᠎ᠢᠶᠡᠷ ᠬᠤᠷᠠᠮᠳᠤᠭᠤᠯᠤᠨ᠂ ᠢᠳᠡᠭᠡᠯ ᠲᠡᠭᠦᠯᠳᠡᠷ ᠴᠤᠭ ᠵᠢᠪᠬᠤᠭ᠎ᠠ᠎ᠵᠢ ᠢᠯᠡᠷᠡᠬᠦᠯᠦᠭᠰᠡᠨ  ᠪᠠᠢᠨ᠎ᠠ᠃

ᠲᠡᠦᠬᠡ᠎ᠶ᠋ᠢᠨ ᠢᠷᠠᠭᠤ ᠠᠯᠳᠠᠷ᠎ᠢ ᠠᠴᠢᠶᠠᠯᠠᠵᠤ᠂ ᠢᠷᠡᠭᠡᠳᠦᠢ᠎ᠪᠡᠨ ᠴᠢᠷᠮᠠᠢᠨ  ᠡᠬᠦᠳᠴᠦ ᠴᠣᠭ᠍ᠴᠠᠯᠠᠨ᠎ᠠ᠃ ᠱᠢᠨ᠎ᠡ ᠠᠶᠠᠨ᠎ᠤ ᠪᠦᠷᠢᠶ᠎ᠡ ᠨᠢᠭᠡᠨᠲᠡ ᠬᠠᠩᠭᠢᠨᠠᠯ᠎ᠠ᠃ ᠲᠥᠯᠥᠭᠡᠯᠡᠭ᠌ᠴᠢᠳ ᠭᠡᠱᠢᠭᠦᠳ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ᠎ᠪᠠᠷ ᠡᠭᠦᠷᠭᠡᠯᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠳᠡ ᠦᠭᠡᠢ ᠪᠠᠲᠤ ᠴᠤᠬᠴᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠬᠡᠨ ᠪᠠᠢᠭᠤᠯᠵᠤ ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃


QQ截图20220312101855.png


ᠦᠪᠦᠷ ᠮᠤᠩᠭᠤᠯ᠎ᠤ᠋ᠨ ᠲᠦᠯᠦᠬᠡᠯᠡᠭᠴᠢᠳ᠎ᠤ᠋ᠨ ᠪᠦᠯᠬᠦᠮ ᠰᠠᠭᠤᠭ᠎ᠠ ᠭᠠᠵᠠᠷ ᠲᠠᠭᠠᠨ ᠪᠦᠬᠦᠳᠡ ᠬᠤᠷᠠᠯ ᠬᠤᠷᠠᠯᠳᠤᠭᠤᠯᠤᠨ᠎ᠠ᠃


QQ截图20220312101939.png


ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ ᠬᠢᠨᠠᠨ ᠵᠦᠪᠯᠡᠵᠦ ᠦᠬᠡ ᠬᠡᠯᠡᠨ᠎ᠡ᠃


QQ截图20220312102404.png


ᠤᠯᠤᠰ ᠲᠦᠷᠦ ᠵᠢᠨ ᠵᠦᠪᠯᠡᠯᠬᠡᠨ ᠤ᠋ ᠬᠡᠰᠢᠬᠦᠨ ᠰᠠᠨᠠᠯ ᠰᠠᠨᠠᠭᠤᠯᠭ᠎ᠠ ᠭᠠᠷᠭᠠᠵᠤ ᠠᠷᠭ᠎ᠠ ᠪᠤᠳᠤᠯᠭ᠎ᠠ ᠲᠡᠪᠰᠢᠬᠦᠯᠦᠨ᠎ᠡ᠃


QQ截图20220312102457.png


ᠠᠷᠠᠳ᠎ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ ᠵᠠᠭᠤᠴᠢᠯᠠᠭᠤᠷ ᠤ᠋ᠨ ᠰᠤᠷᠪᠤᠯᠵᠢᠯᠠᠭ᠎ᠠ  ᠵᠢ  ᠬᠦᠯᠢᠶᠡᠨ᠎ᠡ᠃


QQ截图20220312102651.png


ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢᠳ ᠪᠤᠳᠤᠯ ᠰᠠᠨᠠᠯ ᠵᠢᠡᠨ ᠰᠤᠯᠢᠯᠴᠠᠨ᠎ᠠ᠃


QQ截图20220312102557.png


ᠤᠯᠤᠰ ᠲᠦᠷᠦ ᠵᠢᠨ ᠵᠦᠪᠯᠡᠯᠬᠡᠨ ᠤ᠋ ᠬᠡᠰᠢᠬᠦᠤᠨ ᠮᠡᠳᠡᠬᠦᠯᠦᠯᠳᠡ ᠵᠢ ᠬᠠᠯᠠᠭᠤᠨ ᠵᠢᠡᠷ ᠶᠠᠷᠢᠯᠴᠠᠵᠤ ᠵᠦᠪᠯᠡᠨ᠎ᠡ᠃


QQ截图20220312102740.png


ᠤᠯᠤᠰ ᠲᠦᠷᠦ ᠵᠢᠨ ᠵᠦᠪᠯᠡᠯᠬᠡᠨ ᠤ᠋ ᠬᠡᠰᠢᠬᠦᠤᠨ ᠤᠯᠤᠯᠳᠠ ᠲᠦᠷᠦᠭᠳᠡᠯ ᠵᠢᠡᠨ ᠬᠤᠪᠢᠶᠠᠯᠴᠠᠨ᠎ᠠ᠃


QQ截图20220312102840.png



ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠦᠯᠦᠬᠡᠯᠡᠭᠴᠢ ᠬᠠᠮᠳᠤ ᠵᠢᠨ ᠰᠡᠬᠦᠳᠡᠷ ᠲᠠᠳᠠᠭᠤᠯᠵᠤ ᠲᠤᠷᠠᠰᠬᠠᠯ ᠦᠯᠡᠳᠡᠬᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号