ᠳᠣᠷᠣᠨ᠎ᠠ ᠵᠥᠭ ᠎ᠤᠨ ᠡᠶᠡᠪᠡᠷᠬᠥᠤ ᠰᠠᠯᠬᠢᠨ ᠲᠡᠯᠡᠬᠡᠢ ᠶᠢᠷᠲᠢᠨᠴᠤ ᠎ᠶᠢ ᠲᠤᠯᠠᠭᠠᠯᠠᠨ᠎ᠠ
2022-03-12 08:43:46
ᠵᠣᠬᠢᠶᠠᠭ᠍ᠴᠢ᠄
​ ᠬᠤᠤ ᠸᠧᠢ ᠸᠧᠢ ᠯᠢᠦ ᠵᠢᠶᠠᠨ
ᠣᠩᠱᠢᠭ᠍ᠰᠠᠨ ᠣᠳᠠᠭ᠎ᠠ᠄
★★★☆☆

︱ᠰᠢ᠎ᠶᠢᠨ ᠫᠢᠩ᠎ᠤᠨ《ᠬᠣᠶᠠᠷ ᠬᠤᠷᠠᠯ᠎ᠤᠨ ᠴᠠᠬ》 ᠨᠢ ᠳᠡᠯᠡᠬᠡᠢ ᠳ᠋ᠠᠬᠢᠨ᠎ᠳᠤ《ᠳᠤᠮᠳᠠᠳᠤ ᠤᠯᠤᠰ᠎ᠤᠨ ᠵᠠᠰᠠᠯᠲᠠ》 ᠵᠢ ᠣᠢᠯᠠᠭᠠᠭᠤᠯᠤᠨ᠎ᠠ



《ᠳᠤᠮᠳᠠᠳᠤ ᠤᠯᠤᠰ᠎ᠤᠨ ᠬᠣᠶᠠᠷ ᠬᠤᠷᠠᠯ ᠪᠣᠯ ᠬᠥᠮᠥᠨ᠎ᠢᠶᠡᠷ ᠦᠨᠳᠦᠰᠦ ᠪᠣᠯᠭᠠᠵᠤ᠂ ᠠᠷᠠᠳ᠎ᠤᠨ ᠠᠮᠢᠳᠤᠷᠠᠯ᠎ᠢ ᠠᠩᠬᠠᠷᠤᠭᠰᠠᠨ ᠬᠣᠶᠠᠷ ᠬᠤᠷᠠᠯ ᠪᠣᠯᠣᠨ᠎ᠠ》᠂ 《ᠬᠣᠶᠠᠷ ᠬᠤᠷᠠᠯ ᠪᠣᠯ ᠳᠤᠮᠳᠠᠳᠤ ᠤᠯᠤᠰ᠎ᠤᠨ ᠤᠳᠤᠷᠢᠳᠬᠤ ᠳᠠᠪᠬᠤᠷᠭ᠎ᠠ ᠪᠣᠯᠣᠨ ᠡᠯ᠎ᠡ ᠡᠲᠡᠭᠡᠳ᠎ᠦᠨ ᠬᠥᠮᠥᠰ᠎ᠦᠨ ᠤᠯᠤᠰ᠎ᠤᠨ ᠶᠡᠬᠡ ᠪᠣᠳᠣᠯᠭ᠎ᠠ᠎ᠶᠢ ᠭᠦᠢᠴᠡᠳ ᠶᠠᠷᠢᠯᠴᠠᠨ ᠵᠥᠪᠳᠡᠯᠴᠡᠬᠦ ᠴᠢᠬᠤᠯᠠ ᠲᠠᠯᠠᠪᠤᠷ ᠪᠣᠯᠣᠨ᠎ᠠ》᠂《ᠬᠣᠶᠠᠷ ᠬᠤᠷᠠᠯ ᠨᠢ ᠲᠤᠳᠤᠷᠬᠠᠢ ᠪᠤᠯᠭᠠᠭᠰᠠᠨ ᠬᠥᠭᠵᠢᠯᠲᠡ᠎ᠶᠢᠨ ᠬᠠᠷᠠᠯᠲᠠ ᠪᠠᠨ ᠪᠦᠬᠦᠢᠯᠡ ᠤᠯᠤᠰ᠎ᠬᠦᠷᠦᠨ᠎ᠤ ᠪᠠᠨ ᠡᠮᠦᠨ᠎ᠡ ᠲᠡᠯᠭᠡᠨ᠎ᠠ 》 ᠁ ᠰᠠᠶᠢᠬᠠᠨ ᠲᠡᠭᠦᠰᠦᠭᠰᠡᠨ ᠪᠦᠬᠦ ᠤᠯᠤᠰ᠎ᠤᠨ ᠬᠣᠶᠠᠷ ᠬᠤᠷᠠᠯ ᠨᠢ ᠳᠡᠯᠡᠬᠡᠢ ᠳ᠋ᠠᠬᠢᠨ᠎ᠳᠤ ᠡᠯᠪᠡᠭ ᠪᠠᠶᠠᠯᠢᠭ᠋ 《ᠬᠣᠶᠠᠷ ᠬᠤᠷᠠᠯ᠎ᠤᠨ ᠰᠠᠭᠤᠭᠳᠠᠯ》 ᠦᠯᠡᠳᠡᠭᠡᠵᠡᠢ᠃

ᠬᠤᠶᠠᠷ ᠬᠤᠷᠠᠯ᠎ᠳᠤ ᠣᠷᠣᠯᠴᠠᠨ ᠲᠥᠯᠥᠭᠡᠯᠡᠭᠴᠢ ᠭᠡᠰᠢᠭᠦᠳ᠎ᠲᠠᠢ ᠬᠠᠮᠲᠤ᠎ᠪᠠᠷ ᠤᠯᠤᠰ᠎ᠤᠨ ᠶᠡᠬᠡ ᠶᠠᠪᠤᠳᠠᠯ᠎ᠢ ᠵᠥᠪᠳᠡᠯᠴᠡᠵᠦ᠂ ᠶᠡᠬᠡ ᠪᠠᠭ᠎ᠠ ᠶᠠᠪᠤᠳᠠᠯ᠎ᠢ ᠲᠦᠢᠯᠪᠤᠷᠢᠳᠠᠢ ᠣᠢᠯᠠᠭᠠᠵᠤ᠂ ᠤᠯᠤᠰ᠎ᠤᠨ ᠪᠤᠳᠤᠯᠭ᠎ᠠ ᠠᠷᠠᠳ᠎ᠤᠨ ᠠᠮᠢᠳᠤᠷᠠᠯ᠎ᠢ ᠨᠢᠭᠡᠳᠦᠯᠲᠡᠢ ᠲᠥᠯᠥᠪᠵᠢᠭᠦᠯᠦᠨ ᠪᠠᠢᠷᠢᠯᠠᠭᠤᠯᠤᠨ᠎ᠠ ᠁ ᠳᠤᠮᠳᠠᠳᠤ ᠤᠯᠤᠰ᠎ᠤᠨ ᠤᠳᠤᠷᠢᠳᠬᠤ ᠬᠥᠮᠥᠨ᠎ᠤ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠠᠷᠭ᠎ᠠ ᠬᠡᠯᠪᠡᠷᠢ ᠨᠢ ᠭᠠᠳᠠᠭᠠᠳᠤ᠎ᠶᠢᠨ ᠠᠵᠢᠭ᠍ᠯᠠᠭ᠍ᠴᠢᠳ᠎ᠤᠨ《ᠬᠣᠶᠠᠷ ᠬᠤᠷᠠᠯ᠎ᠤᠨ ᠰᠠᠭᠤᠭᠳᠠᠯ》 ᠤ᠋ᠨ ᠳᠣᠲᠣᠷᠠᠬᠢ ᠬᠠᠮᠤᠭ᠎ᠤᠨ ᠭᠦᠨᠵᠡᠭᠡᠢ ᠠᠭᠤᠯᠭ᠎ᠠ ᠪᠣᠯᠤᠭᠰᠠᠨ ᠪᠠᠢᠨ᠎ᠠ᠃

ᠳᠤᠷᠤᠨ᠎ᠠ᠎ᠶᠢᠨ ᠰᠠᠯᠬᠢᠨ ᠬᠠᠴᠠᠷ᠎ᠢ ᠢᠯᠪᠢᠬᠦᠶ᠎ᠡ ᠳᠡᠯᠡᠬᠡᠢ᠎ᠳ᠋ᠠᠬᠢᠨ ᠰᠢᠨᠡᠳᠤᠨᠡᠮ᠃ ᠰᠢ᠎ᠶᠢᠨ ᠫᠢᠩ᠎ᠤᠨ 《ᠬᠣᠶᠠᠷ ᠬᠤᠷᠠᠯ᠎ᠤᠨ ᠴᠠᠬ》 ᠨᠢ ᠭᠠᠳᠠᠭ᠍ᠰᠢ ᠨᠢᠭᠡᠨ ᠴᠣᠩᠬᠣ᠎ᠶᠢ ᠨᠡᠭᠡᠭᠡᠨ ᠦᠭᠴᠤ᠂ ᠡᠬᠦᠨ ᠵᠢᠡᠷ ᠳᠠᠮᠵᠢᠨ ᠳᠡᠯᠡᠬᠡᠢ ᠨᠡᠶ᠋ᠢᠲᠡ᠎ᠪᠡᠷ᠎ᠢᠶᠡᠨ《ᠳᠤᠮᠳᠠᠳᠤ ᠤᠯᠤᠰ᠎ᠤᠨ ᠵᠠᠰᠠᠯᠲᠠ》 ᠎ᠵᠢᠨ ᠥᠷᠲᠡᠭ᠎ᠦᠨ ᠬᠠᠨᠳᠤᠰᠢ ᠪᠠ ᠠᠵᠢᠯᠯᠠᠭᠠᠨ᠎ᠤ ᠯᠣᠭᠢᠭ᠋᠎ᠢ ᠨᠠᠩ ᠭᠦᠨᠵᠡᠭᠡᠢ ᠣᠢᠯᠠᠭᠠᠬᠤ ᠪᠥᠭᠡᠳ ᠳᠤᠮᠳᠠᠳᠤ ᠤᠯᠤᠰ᠎ᠤᠨ ᠣᠳᠣᠬᠢᠴᠢᠯᠠᠯᠲᠠ᠎ᠶᠢᠨ ᠵᠠᠮ ᠱᠤᠭᠤᠮ᠎ᠤᠨ ᠲᠤᠬᠠᠢ ᠲᠠᠨᠢᠯᠲᠠ᠎ᠶᠢ ᠤᠯᠠᠮ ᠨᠢᠭᠡ ᠠᠯᠬᠤᠮ ᠥᠷᠭᠡᠳᠬᠡᠵᠦ᠂ ᠬᠥᠮᠥᠨ ᠲᠥᠷᠥᠯᠬᠢᠲᠡᠨ᠎ᠦ ᠤᠯᠤᠰ ᠲᠥᠷᠥ᠍᠎ᠶᠢᠨ ᠪᠣᠯᠪᠠᠰᠤᠨ᠎ᠤ ᠬᠥᠭᠵᠢᠯᠲᠡ᠎ᠶᠢᠨ ᠰᠡᠳᠬᠢᠮᠵᠢ᠎ᠶᠢ ᠪᠠᠶᠠᠯᠢᠭ᠍ᠵᠢᠭᠤᠯᠤᠨ᠎ᠠ᠃

ᠰᠡᠳᠬᠢᠯ᠎ᠳᠡᠭᠡᠨ ᠠᠷᠠᠳ ᠤᠯᠠᠨ᠎ᠢ ᠪᠤᠳᠤᠨ᠎ᠠ᠂ ᠠᠷᠠᠳ ᠲᠦᠮᠡᠨ ᠪᠣᠯ ᠲᠦᠷᠦ ᠬᠦᠷᠦᠨ᠎ᠤ ᠦᠨᠳᠦᠰᠦ ᠮᠦᠨ ︱ 《ᠳᠤᠮᠳᠠᠳᠤ ᠤᠯᠤᠰ ᠰᠠᠢᠨ ᠵᠠᠰᠠᠭ ᠵᠢᠡᠷ ᠴᠢᠳᠠᠮᠠᠭᠠᠢ ᠵᠠᠰᠠᠯᠲᠠ᠎ᠶᠢ ᠬᠡᠷᠡᠭᠵᠢᠭᠦᠯᠬᠦ᠎ᠪᠡᠷ ᠴᠢᠷᠮᠠᠢᠵᠤ ᠪᠠᠢᠨ᠎ᠠ ᠂ ᠰᠢ ᠵᠢᠨ ᠫᠢᠩ᠎ᠢᠶᠠᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠦ ᠦᠢᠯᠡᠴᠢᠯᠡᠬᠦ᠎ᠶᠢᠨ ᠴᠢᠬᠤᠯᠠ ᠴᠢᠨᠠᠷ᠎ᠢ ᠭᠦᠨ ᠣᠢᠯᠠᠭᠠᠲᠠᠬ 》

ᠰᠢ᠎ᠶᠢᠨ ᠫᠢᠩ᠎ᠤᠨ《ᠬᠣᠶᠠᠷ ᠬᠤᠷᠠᠯ᠎ᠤᠨ ᠴᠠᠬ》 3 ᠰᠠᠷ᠎ᠠ  ᠶ᠋ᠢᠨ 4 ᠤ᠋ ᠡᠳᠦᠷ᠎ᠡᠴᠡ ᠡᠬᠢᠯᠡᠪᠡ᠃

ᠲᠤᠰ ᠡᠳᠦᠷ᠎ᠦᠨ ᠦᠳᠡ᠎ᠶᠢᠨ ᠡᠮᠦᠨ᠎ᠡ᠂ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠪᠡᠯᠡᠳᠬᠡᠯ ᠬᠤᠷᠠᠯ᠎ᠳᠤ ᠣᠷᠣᠯᠴᠠᠵᠤ᠂ 3000 ᠰᠢᠬᠠᠮ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠲᠠᠢ ᠬᠠᠮᠲᠤ ᠪᠠᠲᠤᠯᠠᠭᠤᠷ ᠮᠠᠰᠢᠨ᠎ᠢ ᠳᠠᠷᠤᠵᠤ᠂ ᠶᠡᠬᠡ ᠬᠤᠷᠠᠯ᠎ᠤᠨ ᠲᠡᠷᠢᠭᠦᠯᠡᠭᠴᠢᠳ᠎ᠦᠨ ᠪᠦᠯᠬᠦᠮ ᠪᠣᠯᠣᠨ ᠨᠠᠷᠢᠨ ᠪᠢᠴᠢᠭ᠌᠎ᠦᠨ ᠳᠠᠷᠤᠭ᠎ᠠ᠎ᠶᠢ ᠰᠣᠩᠭᠣᠨ ᠭᠠᠷᠭᠠᠵᠤ᠂ ᠶᠡᠬᠡ ᠬᠤᠷᠠᠯ᠎ᠤᠨ ᠵᠥᠪᠯᠡᠬᠦ ᠵᠦᠢᠯ᠎ᠢ ᠪᠠᠲᠤᠯᠠᠵᠠᠢ᠃ ᠦᠳᠡ᠎ᠶᠢᠨ ᠬᠣᠢᠨ᠎ᠠ ᠨᠢ ᠰᠢ᠎ᠶᠢᠨ ᠫᠢᠩ ᠪᠠᠰᠠ ᠪᠥᠬᠥ ᠤᠯᠤᠰ᠎ᠤᠨ ᠤᠯᠤᠰ ᠲᠥᠷᠥ᠍᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶᠠᠨ᠎ᠤ ᠲᠠᠪᠤᠳᠤᠭᠠᠷ ᠬᠤᠷᠠᠯ᠎ᠤᠨ ᠡᠬᠢᠯᠡᠯᠲᠡ᠎ᠶᠢᠨ ᠬᠤᠷᠠᠯ᠎ᠳᠤ ᠣᠷᠣᠯᠴᠠᠪᠠ᠃

《ᠨᠠᠮ ᠪᠠ ᠲᠥᠷᠥ᠍᠎ᠶᠢᠨ ᠤᠳᠤᠷᠢᠳᠬᠤ ᠬᠥᠮᠥᠨ》ᠤ᠋ ᠬᠢᠷᠢ ᠬᠡᠮ᠎ᠡᠴᠡ ᠭᠠᠳᠠᠨ᠎ᠠ᠂ ᠠᠮᠧᠷᠢᠺᠠ᠎ᠶᠢᠨ ᠪᠠᠳ᠋ ᠳᠡᠭᠡᠳᠦ ᠰᠤᠷᠭᠠᠭᠤᠯᠢ᠎ᠶᠢᠨ ᠳᠡᠭᠡᠳᠦ ᠵᠡᠷᠭᠡ᠎ᠶᠢᠨ ᠰᠤᠳᠤᠯᠤᠭ᠍ᠴᠢ ᠫᠧᠩ ᠷᠦᠨ ᠨᠢᠶᠠᠨ ᠰᠢ᠎ᠶᠢᠨ ᠫᠢᠩ᠎ᠤᠨ 《ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ》 ᠵᠢᠨ ᠭᠢᠷᠢ ᠬᠡᠮ᠎ᠢ ᠣᠨᠴᠠᠭᠠᠢᠯᠠᠨ ᠠᠩᠬᠠᠷᠴᠤ ᠣᠯᠵᠠᠢ᠃ 2018 ᠣᠨ᠎ᠳᠤ᠂ ᠰᠢ᠎ᠶᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠪᠦᠷᠢᠨ ᠪᠢᠯᠧᠲ᠎ᠢᠶᠡᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠪᠡᠷ ᠰᠣᠩᠭᠣᠭᠳᠠᠵᠤ᠂ ᠡᠭᠦᠨ᠎ᠡᠴᠡ ᠬᠣᠢᠰᠢ ᠵᠢᠯ ᠪᠦᠷᠢ᠎ᠶᠢᠨ ᠬᠣᠶᠠᠷ ᠬᠤᠷᠠᠯ᠎ᠤᠨ ᠬᠤᠭᠤᠴᠠᠭᠠᠨ ᠳ᠋ᠤ ᠪᠦᠷ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠳ᠋ᠤ ᠬᠦᠷᠴᠤ ᠬᠢᠨᠠᠨ ᠵᠦᠪᠯᠡᠬᠦ ᠳ᠋ᠤ ᠤᠷᠤᠯᠴᠠᠬᠤ ᠪᠤᠯᠪᠠ᠃ ᠫᠸᠩ ᠷᠦᠨ ᠨᠢᠶᠠᠨ᠎ᠤ ᠦᠵᠡᠬᠦ᠎ᠪᠡᠷ᠂ ᠳᠤᠮᠳᠠᠳᠤ ᠤᠯᠤᠰ᠎ᠤᠨ ᠤᠳᠤᠷᠢᠳᠬᠤ ᠬᠥᠮᠥᠨ ᠲᠥᠯᠥᠭᠡᠯᠡᠭᠴᠢ᠎ᠶᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠦᠪᠡᠷ᠎ᠤᠨ ᠪᠠᠢᠭ᠎ᠠ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠵᠤ᠂ ᠪᠤᠢ ᠪᠦᠬᠦᠢ ᠲᠥᠯᠥᠭᠡᠯᠡᠭᠴᠢᠳ᠎ᠦᠨ ᠬᠣᠭᠣᠷᠣᠨᠳᠣᠬᠢ ᠡᠷᠬᠡ ᠲᠡᠭᠰᠢ ᠬᠠᠷᠢᠴᠠᠭ᠎ᠠ᠎ᠶᠢ ᠢᠯᠡᠷᠡᠭᠦᠯᠪᠡ᠃

《ᠰᠢᠷ᠎ᠠ ᠬᠥᠷᠥᠰᠥᠲᠦ ᠭᠠᠵᠠᠷ᠎ᠤᠨ ᠬᠦᠪᠡᠬᠦᠨ》 ᠪᠣᠯᠤᠭᠰᠠᠨ᠎ᠤ ᠬᠤᠪᠢ᠎ᠳᠤ᠂ ᠰᠢ᠎ᠶᠢᠨ ᠫᠢᠩ ᠠᠷᠠᠳ ᠲᠦᠮᠡᠨ᠎ᠦ ᠳᠤᠮᠳᠠ ᠡᠴᠡ ᠢᠷᠡᠵᠦ᠂ ᠠᠷᠠᠳ ᠲᠦᠮᠡᠨ᠎ᠢ ᠢᠮᠠᠭᠲᠠ ᠰᠡᠳᠬᠢᠯ ᠵᠢᠷᠦᠬᠡᠨ᠎ᠦ᠎ᠪᠡᠨ ᠬᠠᠮᠤᠭ᠎ᠤᠨ ᠥᠨᠳᠥᠷ ᠪᠠᠢᠷᠢᠨ᠎ᠳᠤ ᠲᠠᠯᠪᠢᠭ᠍ᠰᠠᠭᠠᠷ ᠢᠷᠡᠵᠠᠢ᠃ 《ᠲᠠ ᠨᠠᠷ ᠣᠳᠣ᠌ ᠶᠠᠮᠠᠷ ᠶᠠᠮᠠᠷ ᠲᠠᠷᠢᠶ᠎ᠠ ᠲᠠᠷᠢᠵᠤ ᠪᠠᠢ᠍ᠢᠨ᠎ᠠ ᠪᠤᠶ ?》᠂ 《 ᠲᠦᠷᠭᠡᠨ᠎ᠤ ᠵᠠᠰᠠᠮᠠᠯ ᠵᠠᠮ ᠲᠠᠨ᠎ᠤ ᠲᠡᠨᠳᠡ ᠨᠡᠪᠲᠡᠷᠡᠭᠰᠡᠨ ᠪᠢᠵᠡ?》 ᠁ ᠵᠢᠯ ᠪᠦᠷᠢ᠎ᠶᠢᠨ ᠬᠣᠶᠠᠷ ᠬᠤᠷᠠᠯ ᠳᠡᠭᠡᠷ᠎ᠡ᠂ ᠰᠢ᠎ᠶᠢᠨ ᠫᠢᠩ ᠲᠥᠯᠥᠭᠡᠯᠡᠭᠴᠢ ᠭᠡᠰᠢᠭᠦᠳ᠎ᠲᠠᠢ ᠬᠠᠮᠤᠭ᠎ᠤᠨ ᠣᠯᠠᠨ ᠶᠠᠷᠢᠯᠴᠠᠳᠠᠬ ᠨᠢ ᠳᠠᠷᠤᠢ ᠠᠷᠠᠳ ᠤᠯᠠᠨ᠎ᠤ ᠠᠮᠢᠳᠤᠷᠠᠯ᠎ᠲᠠᠢ ᠨᠢᠭ᠍ᠲᠠ ᠬᠣᠯᠪᠣᠭ᠎ᠠ᠎ᠲᠠᠢ ᠶᠠᠪᠤᠳᠠᠯ  ᠪᠠᠢᠲᠠᠬ ᠃

ᠡᠨᠡ ᠵᠢᠯ᠎ᠦᠨ ᠬᠣᠶᠠᠷ ᠬᠤᠷᠠᠯ᠎ᠳᠤ ᠰᠢ᠎ᠶᠢᠨ ᠫᠢᠩ᠎ᠤᠨ ᠬᠠᠮᠤᠭ ᠠ᠋ᠴᠠ ᠢᠯᠡᠭᠦᠦ ᠰᠠᠨᠠᠭᠠᠰᠢᠷᠠᠵᠤ ᠪᠠᠢᠬᠰᠠᠨ ᠨᠢ ᠮᠥᠨ ᠯᠡ《ᠠᠷᠠᠳ᠎ᠤᠨ ᠠᠮᠢᠳᠤᠷᠠᠯ》 ᠪᠠᠢᠪᠠ᠃ ᠠᠮᠤ ᠪᠤᠳᠠᠭᠠᠨ᠎ᠤ ᠠᠮᠤᠷ ᠲᠦᠪᠰᠢᠨ ᠪᠠ ᠨᠡᠢᠭᠡᠮ᠎ᠦᠨ ᠪᠠᠲᠤᠯᠠᠭ᠎ᠠ ᠨᠢ ᠠᠷᠠᠳ ᠲᠦᠮᠡᠨ᠎ᠦ ᠠᠮᠢᠳᠤᠷᠠᠯ᠎ᠤᠨ ᠠᠮᠤᠷ ᠠᠮᠤᠭᠤᠯᠠᠩ᠎ᠢ ᠪᠠᠲᠤᠯᠠᠬᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ 3 ᠰᠠᠷ᠎ᠠ᠎ᠶᠢᠨ 6᠎ᠤ᠋ ᠦᠳᠡ᠎ᠶᠢᠨ ᠬᠣᠢᠨ᠎ᠠ᠂ ᠰᠢ᠎ᠶᠢᠨ ᠫᠢᠩ ᠤᠯᠤᠰ ᠲᠦᠷᠦ᠎ᠶᠢᠨ ᠵᠥᠪᠯᠡᠯᠭᠡᠨ᠎ᠦ ᠬᠤᠷᠠᠯ᠎ᠳᠤ ᠣᠷᠣᠯᠴᠠᠵᠦ ᠪᠠᠢᠭ᠎ᠠ ᠬᠦᠳᠡᠬᠡ ᠠᠵᠥ ᠠᠬᠤᠢ ᠵᠢᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶᠢᠨ ᠡᠲᠡᠭᠡᠳ᠎ᠦᠨ ᠭᠡᠰᠢᠭᠦᠳ᠎ᠢ ᠲᠤᠰᠬᠠᠢᠯᠠᠨ ᠡᠷᠭᠢᠵᠦ ᠦᠵᠡᠪᠡ᠃ 《ᠮᠢᠬᠠᠨ᠎ᠤ ᠵᠦᠢᠯ᠂ ᠢᠳᠡᠰᠢᠨ ᠨᠣᠭᠣᠭ᠎ᠠ᠂ ᠵᠢᠮᠢᠰ᠂ ᠤᠰᠤᠨ᠎ᠤ ᠭᠠᠷᠤᠯᠲᠠ ᠵᠡᠷᠭᠡ ᠡᠯ᠎ᠡ ᠲᠥᠷᠥᠯ᠎ᠦᠨ ᠢᠳᠡᠭᠡᠨ᠎ᠦ ᠵᠦᠢᠯ᠎ᠦᠨ ᠪᠦᠲᠦᠮᠵᠢᠲᠡᠶ ᠬᠠᠩᠭᠠᠯᠭ᠎ᠠ᠎ᠶᠢ ᠪᠠᠲᠤᠯᠠᠬᠤ ᠳ᠋ᠤ ᠠᠯᠢ ᠨᠢ ᠴᠦ᠍ ᠳᠤᠲᠠᠭᠳᠠᠵᠥ ᠪᠣᠯᠬᠤ ᠦᠭᠡᠢ》 ᠬᠡᠭᠰᠡᠨ ᠨᠢᠮᠪᠠᠢ ᠬᠠᠯᠠᠮᠵᠢᠯᠠᠯ᠂ 《ᠠᠷᠠᠳ ᠣᠯᠠᠨ᠎ᠤ 〈ᠨᠠᠰᠤᠵᠢᠯ᠎ᠤᠨ ᠠᠰᠠᠷᠠᠮᠵᠢ᠎ᠶᠢᠨ ᠵᠣᠭᠣᠰ〉᠂ 〈ᠠᠮᠢ ᠵᠢᠭᠤᠬᠤ ᠵᠣᠭᠣᠰ〉 ᠨᠢᠬᠡ ᠪᠦᠷᠢ ᠵᠢ ᠰᠠᠢᠲᠤᠷ ᠰᠠᠬᠢᠨ ᠬᠠᠮᠠᠭᠠᠯᠠᠬᠤ ᠬᠡᠷᠡᠭᠳᠡᠢ》 ᠭᠡᠰᠡᠨ ᠴᠢᠩ ᠦᠨᠡᠨᠴᠢ ᠵᠦᠩᠨᠡᠯ᠂ ᠬᠠᠯᠠᠭᠤᠨ ᠳᠣᠲᠣᠨᠣ᠌ ᠦᠭᠡ ᠥᠭᠦᠯᠡᠪᠦᠷᠢ ᠪᠦᠬᠦᠨ ᠨᠢ ᠠᠷᠠᠳ᠎ᠤᠨ ᠲᠥᠯᠥᠭᠡ ᠵᠢᠳᠬᠦᠬᠦ ᠰᠡᠳᠬᠢᠯᠭᠡ᠎ᠶᠢ ᠨᠢ ᠭᠦᠢᠴᠡᠳ ᠢᠯᠡᠷᠡᠭᠦᠯᠦᠭᠰᠡᠨ ᠪᠠᠢᠨ᠎ᠠ᠃

《ᠺᠠᠽᠠᠬ᠍ᠰᠲ᠋ᠠᠠ᠎ᠤ ᠪᠤᠳᠠᠳᠤ ᠠᠵᠤ ᠦᠢᠯᠡᠰ᠎ᠦᠨ ᠰᠣᠨᠢᠨ》᠎ᠤ᠋ ᠶᠡᠷᠦᠩᠬᠡᠢ ᠨᠠᠢᠷᠠᠭᠤᠯᠤᠭ᠍ᠴᠢ ᠰᠢᠶᠸᠷᠢᠺ·ᠺᠸᠷᠷᠦᠮᠪᠠᠶᠸᠹ᠄ 《ᠳᠤᠮᠳᠠᠳᠤ ᠤᠯᠤᠰ ᠰᠠᠢᠨ ᠵᠠᠰᠠᠭ ᠵᠢᠡᠷ ᠴᠢᠳᠠᠮᠠᠭᠠᠢ ᠵᠠᠰᠠᠯᠲᠠ ᠶ᠋ᠢ ᠬᠡᠷᠡᠭᠵᠢᠭᠦᠯᠬᠦ᠎ᠪᠡᠷ ᠴᠢᠷᠮᠠᠢᠵᠤ ᠪᠠᠢᠨ᠎ᠠ᠂ ᠰᠢ᠎ᠶᠢᠨ ᠫᠢᠩ ᠵᠢᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠳᠦ ᠦᠢᠯᠡᠴᠢᠯᠡᠬᠦ ᠶ᠋ᠢᠨ ᠴᠢᠬᠤᠯᠠ ᠴᠢᠨᠠᠷ ᠢ᠋ ᠭᠦᠨ ᠣᠢᠯᠠᠭᠠᠵᠤ ᠪᠠᠢᠨ᠎ᠠ》 ᠭᠡᠵᠦ ᠰᠡᠳᠬᠢᠯ ᠬᠥᠳᠡᠯᠦᠨ ᠬᠡᠯᠡᠪᠡ᠃

ᠰᠢ᠎ᠶᠢᠨ ᠫᠢᠩ᠎ᠤᠨ《ᠬᠣᠶᠠᠷ ᠬᠤᠷᠠᠯ᠎ᠤᠨ ᠴᠠᠬ》 ᠨᠢ ᠠᠩᠭ᠌ᠯᠢ ᠶ᠋ᠢᠨ ᠤᠯᠤᠰ ᠲᠥᠷᠥ᠍ ᠶ᠋ᠢᠨ ᠰᠢᠭᠦᠮᠵᠢᠯᠡᠭᠴᠢ ᠺᠠᠷᠯᠣᠰ ᠮᠠᠳᠢᠨᠧᠰ᠎ᠢ ᠬᠦᠨᠵᠡᠬᠡᠢ ᠦᠢᠯᠠᠭᠠᠯᠳᠠ ᠳᠠᠢ ᠪᠤᠯᠭᠠᠪᠠ᠄ 《ᠳᠤᠮᠳᠠᠳᠤ ᠤᠯᠤᠰ᠎ᠤᠨ ᠤᠳᠤᠷᠢᠳᠬᠤ ᠬᠥᠮᠥᠨ ᠠᠷᠠᠳ ᠲᠦᠮᠡᠨ᠎ᠦ ᠬᠡᠷᠡᠭᠴᠡᠭᠡ ᠪᠣᠯᠣᠨ ᠬᠦᠰᠡᠯ ᠡᠷᠡᠮᠡᠯᠵᠡᠯ ᠢ᠋ ᠬᠠᠩᠭᠠᠭᠰᠠᠨ ᠪᠠᠢᠨ᠎ᠠ᠂ ᠡᠨᠡ ᠨᠢ ᠶᠠᠳᠠᠭᠤ ᠠ᠋ᠴᠠ ᠠᠩᠭᠢᠵᠢᠷᠠᠭᠤᠯᠬᠤ᠂ ᠠᠵᠢᠯ ᠣᠯᠭᠣᠬᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠰᠡᠯᠡᠭᠦᠴᠡᠯ᠎ᠦᠨ ᠦᠢᠯᠡᠴᠢᠯᠡᠭᠡ ᠵᠡᠷᠭᠡ ᠣᠯᠠᠨ ᠲᠠᠯ᠎ᠠ᠎ᠳᠤ ᠢᠯᠡᠷᠡᠵᠦ ᠪᠠᠢᠨ᠎ᠠ》 ᠭᠡᠪᠡ᠃

ᠠᠷᠠᠳ ᠲᠦᠮᠡᠨ ᠪᠣᠯ ᠲᠦᠷᠦ ᠬᠦᠷᠦᠨ᠎ᠤ ᠦᠨᠳᠦᠰᠦ ᠮᠥᠨ᠂ ᠦᠨᠳᠦᠰᠦ ᠪᠡᠬᠢᠵᠢᠪᠡᠰᠤ ᠲᠦᠷᠦ ᠬᠦᠷᠦᠨ ᠠᠮᠤᠭᠤᠯᠠᠩ ᠪᠣᠯᠣᠮᠤᠢ᠃ ᠳᠣᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠎ᠪᠡᠷ ᠰᠣᠩᠭᠣᠭᠳᠠᠭᠰᠠᠨ᠎ᠤ ᠳᠠᠷᠠᠭ᠎ᠠ ᠳᠤᠮᠳᠠᠳᠤ ᠭᠠᠳᠠᠭᠠᠳᠤ ᠶ᠋ᠢᠨ ᠰᠣᠷᠪᠣᠯᠵᠢᠯᠠᠭ᠍ᠴᠢᠳ᠎ᠲᠠᠢ ᠠᠭᠤᠯᠵᠠᠬᠤ ᠦᠶ᠎ᠡ ᠶ᠋ᠢᠨ《ᠠᠷᠠᠳ ᠳᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ᠎ᠤ ᠲᠡᠮᠡᠴᠡᠬᠦ ᠬᠠᠷᠠᠯᠲᠠ ᠮᠥᠨ》 ᠭᠡᠰᠡᠨ ᠡᠷᠡᠰ ᠰᠢᠭᠤᠷᠬᠠᠢ ᠦᠭᠡ ᠶᠠᠷᠢᠶ᠎ᠠ ᠡᠴᠡ ᠡᠬᠢᠯᠡᠬᠡᠳ ᠤᠯᠤᠰ᠎ᠤᠨ ᠤᠳᠤᠷᠢᠳᠬᠤ ᠬᠥᠮᠥᠨ ᠪᠣᠯᠤᠭᠰᠠᠨ᠎ᠤ ᠬᠤᠪᠢ ᠪᠡᠷ ᠭᠠᠳᠠᠭᠠᠳᠤ᠎ᠳᠤ ᠠᠢᠯᠴᠢᠯᠠᠵᠤ ᠭᠠᠳᠠᠭᠠᠳᠤ᠎ᠶᠢᠨ ᠨᠠᠢᠵᠠ ᠨᠠᠷ᠎ᠲᠠᠢ ᠶᠠᠷᠢᠯᠴᠠᠬᠤ᠎ᠳᠠᠭᠠᠨ《ᠪᠢ ᠥᠪᠡᠷ᠎ᠢ ᠪᠠᠨ ᠤᠮᠠᠷᠳᠠᠵᠥ᠂ ᠠᠷᠠᠳ ᠲᠦᠮᠡᠨ ᠳ᠋ᠤ ᠤᠰᠤᠯᠳᠠᠬᠤ ᠦᠭᠡᠢ》 ᠭᠡᠰᠡᠨ ᠦᠨᠡᠨ ᠰᠡᠳᠬᠢᠯᠭᠡ᠎ᠪᠡᠨ ᠢᠯᠡᠷᠡᠭᠦᠯᠦᠭᠰᠡᠨ ᠬᠦᠷᠳᠡᠯ᠎ᠡ᠂ ᠳᠠᠬᠢᠭᠠᠳ ᠡᠨᠡ ᠵᠢᠯ᠎ᠦᠨ ᠬᠣᠶᠠᠷ ᠬᠤᠷᠠᠯ ᠳᠡᠭᠡᠷ᠎ᠡ 《ᠠᠷᠠᠳ᠎ᠤᠨ ᠠᠮᠢᠳᠤᠷᠠᠯ᠎ᠳᠤ ᠵᠢᠵᠢᠭ ᠶᠠᠪᠤᠳᠠᠯ ᠭᠡᠵᠦ ᠦᠭᠡᠢ》 ᠡᠴᠡ 《ᠬᠦᠴᠢᠷᠳᠡᠯᠲᠡᠢ ᠣᠯᠠᠨ ᠲᠦᠮᠡᠨ᠎ᠢ ᠪᠢᠳᠡ ᠣᠨᠴᠠᠭᠠᠶ ᠠᠩᠬᠠᠷᠴᠤ᠂ ᠣᠨᠴᠠᠭᠠᠶ ᠬᠠᠷᠠᠭᠠᠯᠵᠠᠵᠥ᠂ ᠣᠨᠴᠠᠭᠠᠶ ᠬᠠᠯᠠᠮᠵᠢᠯᠠᠬᠤ ᠬᠡᠷᠡᠭᠲᠡᠢ》 ᠭᠡᠰᠡᠨ ᠴᠢᠩ ᠰᠡᠳᠬᠢᠯ᠎ᠦᠨ ᠨᠠᠶ᠋ᠢᠳᠠᠯᠭ᠎ᠠ᠎ᠬᠦᠷᠳᠡᠯ᠎ᠡ᠂ ᠰᠢ᠎ᠶᠢᠨ ᠫᠢᠩ᠎ᠤᠨ ᠲᠥᠷᠥ᠍᠎ᠶᠢ ᠵᠠᠰᠠᠵᠤ ᠵᠠᠰᠠᠭ᠎ᠢ ᠡᠷᠭᠢᠯᠡᠭᠰᠡᠨ ᠤᠯᠠ ᠮᠥᠷ᠎ᠢ ᠡᠷᠢᠯᠬᠢᠯᠡᠬᠦ ᠪᠡᠷ᠂ ᠭᠠᠳᠠᠭᠠᠳᠤ᠎ᠶᠢᠨ ᠨᠠᠩ ᠣᠯᠠᠨ ᠠᠵᠢᠭ᠍ᠯᠠᠭ᠍ᠴᠢᠳ《ᠠᠷᠠᠳ ᠲᠦᠮᠡᠨ᠎ᠢ ᠳᠡᠭᠡᠳᠦᠯᠡᠬᠦ》 ᠵᠢ ᠳᠤᠮᠳᠠᠳᠤ ᠤᠯᠤᠰ᠎ᠤᠨ《ᠵᠠᠰᠠᠯᠲᠠ᠎ᠶᠢᠨ ᠶᠣᠰᠣ᠌》ᠵᠢ ᠣᠢᠯᠠᠭᠠᠬᠤ᠎ᠶᠢᠨ ᠵᠠᠩᠭᠢᠯᠠᠭ᠎ᠠ᠎ᠪᠠᠷ ᠦᠵᠡᠵᠦ ᠪᠠᠢᠨ᠎ᠠ᠃

ᠤᠯᠠᠨ᠎ᠤ ᠪᠤᠳᠤᠯ᠎ᠢ ᠲᠥᠪᠯᠡᠷᠡᠭᠦᠯᠵᠦ ᠦᠨᠡᠨᠴᠢ ᠰᠢᠳᠤᠷᠭᠤ᠎ᠶᠢ ᠡᠷᠬᠢᠮᠯᠡᠵᠦ᠂ ᠳᠡᠭᠡᠷ᠎ᠠ ᠳᠣᠣᠷ᠎ᠠ ᠱᠠᠲᠤ᠎ᠪᠠᠷ᠎ᠢᠶᠠᠨ ᠰᠡᠳᠬᠢᠯ ᠨᠢᠭᠡᠳᠤᠨ᠎ᠡ ︱ 《ᠳᠤᠮᠳᠠᠳᠤ ᠤᠯᠤᠰ ᠳᠣᠣᠷ᠎ᠠ ᠡᠴᠡ ᠳᠡᠭᠡᠭᠰᠢ ᠪᠠ ᠳᠡᠭᠡᠷ᠎ᠡ᠎ᠡᠴᠡ ᠳᠣᠷᠣᠭ᠍ᠰᠢ ᠬᠣᠣᠰ ᠴᠢᠭᠯᠡᠯ᠎ᠦᠨ ᠤᠯᠤᠰ ᠲᠦᠷᠦ᠎ᠶᠢᠨ ᠲᠤᠷᠰᠢᠯᠭ᠎ᠠ᠎ᠶᠢ ᠵᠢᠷᠤᠮᠯᠠᠵᠤ᠂ ᠠᠷᠠᠳᠴᠢᠯᠠᠯ ᠲᠥᠪᠯᠡᠷᠡᠯ᠎ᠦᠨ ᠲᠥᠷᠢᠮ ᠎ᠳᠤ ᠰᠠᠭᠤᠷᠢᠯᠠᠨ ᠬᠥᠭᠵᠢᠬᠥᠯᠥᠭᠰᠡᠨ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠰᠢᠰᠲᠧᠮ᠎ᠳᠦ ᠲᠦᠰᠢᠭᠯᠡᠵᠦ᠂ ᠤᠷᠢᠳ ᠡᠮᠦᠨ᠎ᠡ ᠪᠠᠢᠭ᠎ᠠ ᠦᠭᠡᠢ ᠠᠮᠵᠢᠯᠲᠠ ᠣᠯᠪᠠ》

ᠱᠠᠩᠬᠠᠢ᠎ᠳᠤ ᠪᠠᠢᠩᠭᠤ ᠰᠠᠭᠤᠳᠠᠭ ᠺᠠᠨᠠᠳᠠ ᠶ᠋ᠢᠨ ᠬᠥᠮᠥᠨ ᠰᠺᠦ᠋ᠲ·ᠺᠸᠯᠠᠶ᠋ᠢᠶᠢᠨ ᠳᠤᠮᠳᠠᠳᠤ ᠤᠯᠤᠰ᠎ᠤᠨ ᠰᠢᠨ᠎ᠡ᠎ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ ᠲᠠᠢ ᠳᠡᠮᠡᠴᠡᠭᠰᠡᠨ ᠪᠦᠬᠦ ᠶᠠᠪᠤᠴᠠ ᠶ᠋ᠢ ᠥᠩᠭᠡᠷᠡᠭᠦᠯᠵᠡᠢ᠃ ᠲᠡᠭᠦᠨ᠎ᠦ ᠦᠵᠡᠬᠦ᠎ᠪᠡᠷ᠂ ᠳᠤᠮᠳᠠᠳᠤ ᠤᠯᠤᠰ ᠸᠠᠺᠼᠢᠨ ᠢ᠋ ᠮᠠᠰᠢ ᠲᠥᠷᠭᠡᠨ ᠰᠤᠳᠤᠯᠤᠨ ᠭᠠᠷᠭᠠᠬᠰᠠᠨ ᠪᠦᠬᠡᠳ ᠣᠬᠣᠷᠬᠠᠨ ᠬᠤᠭᠤᠴᠠᠭᠠᠨ᠎ᠳᠤ ᠶᠡᠬᠡ ᠬᠡᠪᠴᠢᠶᠡᠨ᠎ᠦ ᠲᠠᠷᠢᠯᠭ᠎ᠠ ᠶ᠋ᠢ ᠪᠡᠶᠡᠯᠡᠭᠦᠯᠦᠭᠰᠡᠨ ᠨᠢ 《ᠰᠡᠳᠬᠢᠭᠳᠡᠰᠢ ᠦᠭᠡᠢ ᠠᠮᠵᠢᠯᠲᠠ》 ᠮᠥᠨ᠃《ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠨᠡᠢᠭᠡᠮ᠎ᠦᠨ ᠪᠣᠳᠠᠭᠠᠯᠢ ᠪᠡᠶ᠎ᠠ ᠨᠢᠭᠡ ᠪᠦᠷᠢ ᠶ᠋ᠢ ᠦᠨ᠎ᠡ ᠥᠷᠲᠡᠭ᠎ᠲᠠᠢ ᠬᠠᠮᠲᠤ ᠶ᠋ᠢᠨ ᠬᠠᠷᠠᠯᠲᠠ ᠵᠦᠭ ᠢᠳᠡᠪᠬᠢᠲᠡᠢ᠎ᠪᠡᠷ ᠤᠷᠤᠭᠰᠢᠯᠠᠭᠤᠯᠬᠤ ᠴᠢᠳᠠᠪᠤᠷᠢ᠎ᠲᠠᠢ ᠶᠤᠮ》᠃

ᠪᠣᠳᠠᠭᠠᠯᠢ ᠪᠡᠶ᠎ᠡ ᠪᠣᠯᠣᠨ ᠬᠠᠮᠲᠤ ᠨᠡᠶ᠋ᠢᠲᠡ᠂ ᠤᠯᠠᠨ ᠶᠠᠩᠵᠤᠲᠤ ᠴᠢᠨᠠᠷ ᠪᠣᠯᠣᠨ ᠨᠢᠭᠡᠳᠦᠯᠲᠦ ᠴᠢᠨᠠᠷ᠎ᠤᠨ ᠬᠠᠷᠢᠴᠠᠭ᠎ᠠ᠎ᠶᠢ ᠬᠡᠷᠬᠢᠨ ᠰᠢᠢᠳᠪᠦᠷᠢᠯᠡᠬᠦ ᠪᠣᠯ ᠤᠯᠤᠰ᠎ᠤᠨ ᠵᠠᠰᠠᠯᠳᠠ᠎ᠶᠢᠨ ᠴᠢᠬᠤᠯᠠ ᠶᠡᠬᠡ ᠰᠡᠳᠦᠪ ᠪᠣᠯᠣᠨ᠎ᠠ᠃ ᠳᠤᠮᠳᠠᠳᠤ ᠤᠯᠤᠰ ᠰᠢᠭ᠋ ᠡᠢᠮᠦ ᠨᠢᠭᠡᠨ 960 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ᠎ᠲᠠᠢ᠂ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠲᠣᠮᠣ᠌ ᠤᠯᠤᠰ᠎ᠲᠤ ᠠᠪᠴᠤ ᠬᠡᠯᠡᠪᠡᠯ᠂ ᠲᠦᠷᠦ ᠪᠠᠷᠢᠭ᠍ᠴᠢᠳ᠎ᠤᠨ ᠤᠯᠤᠰ ᠲᠦᠷᠦ᠎ᠶᠢᠨ ᠤᠶᠤᠨ ᠤᠬᠠᠭᠠᠨ᠎ᠢ ᠤᠨᠴᠠᠭᠠᠢᠯᠠᠨ ᠰᠢᠯᠭᠠᠵᠤ ᠪᠠᠢᠳᠠᠭ᠃

ᠰᠢ᠎ᠶᠢᠨ ᠫᠢᠩ᠎ᠤᠨ《ᠬᠣᠶᠠᠷ ᠬᠤᠷᠠᠯ᠎ᠤᠨ ᠴᠠᠬ》 ᠲᠤ᠌ ᠡᠢᠮᠦ ᠨᠢᠭᠡᠨ ᠡᠯᠪᠡᠭ ᠪᠠᠶᠠᠯᠢᠭ᠋ ᠣᠯᠠᠨ ᠶᠠᠩᠵᠤ ᠶ᠋ᠢᠨ ᠳᠤᠮᠳᠠᠳᠤ ᠤᠯᠤᠰ ᠢ᠋ ᠠᠬᠤᠭᠤᠯᠵᠤ ᠪᠠᠢᠭ᠎ᠠ ᠶᠤᠮ᠃ 2013 ᠣᠨ ᠠ᠋ᠴᠠ ᠨᠠᠭᠠᠰᠢ᠂ ᠰᠢ᠎ᠶᠢᠨ ᠫᠢᠩ ᠤᠷᠢᠳ ᠬᠣᠵᠢᠳ 53 ᠤᠳᠠᠭ᠎ᠠ《ᠪᠦᠯᠬᠦᠮ ᠳᠤᠭᠤᠢᠯᠠᠩ᠎ᠳᠤ ᠬᠦᠨᠵᠡᠬᠡᠢᠷᠡᠵᠥ》᠂ ᠬᠡᠳᠦᠨ ᠵᠠᠭᠤᠨ ᠲᠥᠯᠥᠭᠡᠯᠡᠭᠴᠢ ᠭᠡᠰᠢᠭᠦᠳ᠎ᠲᠠᠢ ᠨᠢᠭᠤᠷᠲᠠᠨ ᠰᠠᠨᠠᠯ᠎ᠢᠶᠠᠨ ᠰᠣᠯᠢᠯᠴᠠᠪᠠ᠃ ᠬᠦᠷᠴᠤ ᠦᠩᠬᠡᠷᠡᠭᠰᠡᠨ ᠣᠷᠣᠨ ᠨᠤᠲᠤᠭ᠎ᠤᠨ ᠲᠥᠯᠥᠭᠡᠯᠡᠭᠴᠢᠳ᠎ᠦᠨ ᠪᠦᠯᠬᠦᠮ᠎ᠦᠨ ᠳᠣᠲᠣᠷ᠎ᠠ ᠱᠠᠩᠬᠠᠢ᠂ ᠭᠤᠸᠠᠩᠳᠦ᠋ᠩ᠂ ᠹᠦᠵᠢᠶᠠᠨ ᠵᠡᠷᠭᠡ ᠵᠡᠭᠦᠨ᠂ ᠡᠮᠦᠨᠡᠲᠦ᠎ᠶᠢᠨ ᠲᠠᠯᠠᠢ ᠳᠠᠭᠠᠤ᠎ᠶᠢᠨ ᠬᠥᠭᠵᠢᠭᠰᠡᠨ ᠮᠤᠵᠢ ᠬᠤᠳᠠ ᠪᠠᠢᠬᠤ ᠪᠥᠭᠡᠳ ᠪᠠᠰᠠ ᠥᠪᠥᠷ ᠮᠣᠩᠭᠣᠯ᠂ ᠭᠠᠨᠰᠤ ᠂ ᠬᠥᠬᠡᠨᠠᠭᠤᠷ ᠵᠡᠷᠭᠡ ᠪᠠᠷᠠᠭᠤᠨ ᠬᠡᠰᠡᠭ᠎ᠦᠨ ᠮᠤᠵᠢ ᠣᠷᠣᠨ ᠪᠠᠢᠨ᠎ᠠ᠃ ᠰᠠᠨᠠᠯ᠎ᠢᠶᠠᠨ ᠰᠣᠯᠢᠯᠴᠠᠭᠰᠠᠨ ᠲᠥᠯᠥᠭᠡᠯᠡᠭᠴᠢ ᠭᠡᠰᠢᠭᠦᠳ᠎ᠦᠨ ᠳᠣᠲᠣᠷ᠎ᠠ ᠨᠡᠢᠭᠡᠮ ᠲᠣᠭᠣᠷᠢᠭ᠋᠎ᠤᠨ ᠡᠷᠬᠢᠯᠡᠭᠴᠢ᠂ ᠨᠡᠭᠦᠷᠡᠰᠦᠨ ᠠᠭᠤᠷᠬᠠᠢ᠎ᠶᠢᠨ ᠠᠵᠢᠯᠴᠢᠨ᠂ ᠳᠤᠮᠳᠠᠳᠤ ᠰᠤᠷᠭᠠᠭᠤᠯᠢ᠎ᠶᠢᠨ ᠪᠠᠭ᠍ᠰᠢ᠂ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯᠲᠠᠨ ᠪᠠᠢᠬᠤ ᠪᠥᠭᠡᠳ ᠪᠠᠰᠠ ᠴᠥᠭᠡᠨ ᠲᠣᠭᠠᠲᠤ ᠦᠨᠳᠦᠰᠦᠲᠡᠨ᠂ ᠠᠷᠠᠳᠴᠢᠯᠠᠭᠰᠠᠨ ᠨᠠᠮ ᠪᠦᠯᠦᠭ᠎ᠦᠨ ᠬᠥᠮᠥᠰ᠂ ᠴᠢᠯᠦᠭᠡᠯᠡᠬᠦ ᠴᠡᠷᠢᠭ᠎ᠦᠨ ᠲᠥᠯᠥᠭᠡᠯᠡᠭᠴᠢ ᠪᠠᠢᠨ᠎ᠠ᠃

ᠲᠠᠨᠽᠠᠨᠢᠶ᠎ᠠ᠎ᠶᠢᠨ ᠳ᠋ᠠᠷᠧᠰᠰᠠᠯᠠᠮ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠰᠤᠳᠤᠯᠭᠠᠨ᠎ᠤ ᠲᠥᠪ᠎ᠦᠨ ᠡᠷᠬᠢᠯᠡᠭᠴᠢ ᠬᠠᠨᠹᠯᠠᠢ·ᠮᠦᠸᠸᠰᠢ ᠵᠢᠨ ᠦᠵᠡᠬᠦ᠎ᠪᠡᠷ᠂ ᠳᠤᠮᠳᠠᠳᠤ ᠤᠯᠤᠰ᠎ᠤᠨ ᠤᠳᠤᠷᠢᠳᠬᠤ ᠬᠥᠮᠥᠨ ᠪᠥᠬᠥ ᠤᠯᠤᠰ᠎ᠤᠨ ᠡᠯ᠎ᠡ ᠭᠠᠵᠠᠷ ᠡᠯ᠎ᠡ ᠠᠵᠢᠯ ᠲᠥᠷᠥᠯ ᠡᠴᠡ ᠢᠷᠡᠭᠰᠡᠨ ᠲᠥᠯᠥᠭᠡᠯᠡᠭᠴᠢ ᠭᠡᠰᠢᠭᠦᠳ᠎ᠲᠠᠢ ᠣᠢᠷᠠᠬᠠᠨ ᠬᠠᠷᠢᠯᠴᠠᠵᠤ᠂ ᠤᠯᠤᠰ ᠲᠥᠷᠥ᠍᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠦᠨᠳᠦᠰᠦᠨ ᠱᠠᠲᠤᠨ᠎ᠤ ᠠᠷᠠᠳ᠎ᠤᠨ ᠪᠠᠢᠳᠠᠯ᠎ᠢ ᠰᠢᠭᠤᠳ ᠣᠢᠯᠠᠭᠠᠬᠤ ᠲᠣᠬᠢᠶᠠᠯ ᠣᠯᠭᠣᠵᠠᠢ᠃ 《ᠪᠣᠯᠪᠠᠰᠤᠨ᠎ᠤ ᠬᠥᠭᠡᠭᠡᠴᠡᠯᠳᠦᠯ — ᠳᠤᠮᠳᠠᠳᠤ ᠤᠯᠤᠰ᠎ᠤᠨ ᠮᠠᠨᠳᠤᠯ ᠬᠢᠭᠡᠳ ᠠᠷᠠᠪᠴᠤᠳ᠎ᠤᠨ ᠢᠷᠡᠭᠡᠳᠦᠢ》 ᠭᠡᠬᠦ ᠨᠣᠮ᠎ᠢ ᠪᠢᠴᠢᠭᠰᠡᠨ ᠶᠤᠷᠲᠠᠨ᠎ᠤ ᠠᠯᠳᠠᠷᠲᠤ ᠡᠷᠳᠡᠮᠲᠡᠨ ᠰᠠᠮᠢᠷ·ᠠᠶ᠋ᠢᠬᠠᠮᠸᠳ᠋ ᠬᠡᠯᠡᠬᠦ᠎ᠳᠡᠭᠡᠨ᠂ ᠰᠢ᠎ᠶᠢᠨ ᠫᠢᠩ ᠡᠯ᠎ᠡ ᠡᠲᠡᠭᠡᠳ᠎ᠦᠨ ᠬᠥᠮᠥᠰ᠎ᠦᠨ ᠰᠠᠨᠠᠯ᠎ᠢ ᠥᠷᠭᠡᠨ᠎ᠢᠶᠡᠷ ᠰᠣᠨᠣᠰᠴᠤ᠂ ᠰᠢᠢᠳᠪᠦᠷᠢᠲᠦ ᠪᠣᠳᠣᠯᠭ᠎ᠠ᠎ᠶᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠣᠢᠯᠠᠭᠠᠭᠰᠠᠨ ᠰᠠᠭᠤᠷᠢᠨ ᠳᠡᠭᠡᠷ᠎ᠡ ᠲᠣᠭᠲᠠᠭᠠᠵᠤ᠂ ᠠᠷᠠᠳ ᠲᠦᠮᠡᠨ᠎ᠦ ᠠᠰᠢᠭ᠋ ᠲᠤᠰᠠ᠎ᠪᠠᠷ ᠪᠠᠷᠢᠮᠵᠢᠶ᠎ᠠ ᠪᠣᠯᠭᠠᠨ᠂ ᠤᠯᠤᠰ ᠣᠷᠣᠨ᠎ᠤ ᠬᠥᠭᠵᠢᠯᠲᠡ ᠲᠠᠪᠰᠢᠯᠳᠠ᠎ᠪᠠᠷ ᠪᠣᠳᠣᠯᠬᠢᠯᠠᠯ ᠪᠤᠯᠭᠠᠪᠠ᠂ ᠲᠡᠷᠡ ᠪᠣᠯ《ᠴᠦᠬᠡᠨ ᠬᠡᠳᠤᠨ ᠶᠡᠷᠦ ᠪᠤᠰᠤ᠎ᠶᠢᠨ ᠤᠳᠤᠷᠢᠳᠬᠤ ᠴᠢᠲᠠᠪᠤᠷᠢ ᠲᠠᠢ ᠳᠡᠯᠡᠬᠡᠢ᠎ᠶᠢᠨ ᠲᠡᠰ᠎ᠤᠨ ᠤᠳᠤᠷᠢᠳᠬᠤ ᠬᠥᠮᠥᠨ᠎ᠤ ᠨᠢᠭᠡ ᠮᠥᠨ》 ᠭᠡᠪᠡ᠃

ᠦᠭᠡ ᠶᠠᠷᠢᠶᠠᠨ ᠤ᠋ ᠡᠷᠭᠡ ᠴᠢᠯᠦᠭᠡ᠎ᠶᠢ ᠤᠯᠭᠤᠵᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠦᠭᠰᠡᠨ ᠵᠢᠡᠷ ᠪᠠᠷᠠᠬᠤ ᠦᠭᠡᠢ ᠪᠠᠰᠠ ᠪᠦᠬᠦ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠨᠢᠭᠡᠳᠦᠯᠲᠡᠶ ᠪᠠᠢᠷᠢᠯᠠᠭᠤᠯᠵᠠᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠤᠬᠠᠢ ᠶᠠᠷᠢᠬᠤ᠎ᠳᠠᠭᠠᠨ ᠰᠢ ᠵᠢᠨ ᠫᠢᠩ᠄ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠤᠭᠴᠠᠯᠠᠬᠤ ᠡᠨᠡ ᠬᠦ᠌ ᠭᠣᠣᠯ ᠰᠢᠵᠢᠮ᠎ᠢ ᠴᠢᠩᠭ᠎ᠠ ᠠᠳᠭᠤᠬᠤ ᠬᠡᠷᠡᠭ᠌ᠲᠡᠢ》ᠭᠡᠵᠤ ᠴᠢᠬᠤᠯᠠᠴᠢᠯᠠᠵᠠᠢ; ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠲᠤᠬᠠᠢ ᠶᠠᠷᠢᠬᠤ ᠳ᠋ᠠᠭᠠᠨ ᠰᠢ ᠵᠢᠨ ᠫᠢᠩ᠄ 《ᠤᠷᠢᠳ ᠵᠢᠡᠷ ᠰᠢᠨ᠎ᠠ ᠵᠢ ᠪᠠᠢᠭᠤᠯᠤᠨ ᠳᠠᠷᠠᠭ᠎ᠠ ᠨᠢ ᠬᠠᠭᠤᠴᠢᠨ ᠢ᠋ ᠡᠪᠳᠡᠬᠦ ᠬᠡᠷᠡᠭᠳᠠᠢ᠂ ᠬᠠᠷᠢᠨ ᠰᠢᠨ᠎ᠠ ᠵᠢ ᠪᠠᠢᠭᠤᠯᠤᠭ᠍ᠰᠠᠨ ᠥᠬᠡᠶ᠎ᠪᠡᠷ ᠤᠷᠢᠳ ᠵᠢᠡᠷ ᠡᠪᠳᠡᠵᠦ᠍ ᠪᠣᠯᠬᠤ ᠥᠬᠡᠶ》ᠭᠡᠵᠤ ᠵᠢᠭᠠᠵᠤ ᠭᠠᠷᠭᠠᠵᠠᠢ; ᠠᠮᠤ ᠪᠤᠳᠠᠭᠠᠨ᠎ᠤ ᠠᠮᠤᠷ ᠲᠦᠪᠱᠢᠨ᠎ᠦ ᠲᠤᠬᠠᠶ ᠶᠠᠷᠢᠬᠤ ᠳ᠋ᠠᠭᠠᠨ ᠰᠢ ᠵᠢᠨ ᠫᠢᠩ᠄《ᠠᠵᠤ ᠦᠢᠯᠡᠳᠪᠦᠷᠢᠵᠢᠯᠳᠡ ᠵᠢᠨ ᠴᠠᠭ ᠦᠶ᠎ᠠ ᠳ᠋ᠦ ᠣᠷᠣᠪᠠᠯ ᠬᠣᠭᠣᠯᠠ ᠢᠳᠡᠬᠦ ᠠᠰᠠᠭᠤᠳᠠᠯ ᠪᠠᠢᠪᠠᠴᠤ᠌ ᠪᠣᠯᠤᠨ᠎ᠠ ᠦᠭᠡᠶ ᠪᠣᠯᠪᠠᠴᠤ᠌ ᠪᠣᠯᠤᠨ᠎ᠠ ᠭᠡᠵᠦ᠍ ᠦᠵᠡᠵᠦ᠍ ᠪᠣᠯᠬᠤ ᠦᠭᠡᠶ》 ᠭᠡᠵᠦ᠍ ᠰᠠᠨᠠᠭᠤᠯᠪᠠ; ᠨᠡᠢᠭᠡᠮ᠎ᠦᠨ ᠪᠠᠲᠤᠯᠠᠭ᠎ᠠ᠎ᠶ᠋ᠢᠨ ᠲᠤᠬᠠᠢ ᠶᠠᠷᠢᠬᠤ᠎ᠳᠠᠭᠠᠨ ᠰᠢ ᠵᠢᠨ ᠫᠢᠩ᠄《ᠨᠡᠢᠭᠡᠮ᠎ᠦᠨ ᠪᠠᠲᠤᠯᠠᠭ᠎ᠠ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦᠯᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃

ᠳᠤᠮᠳᠠᠳᠤ ᠤᠯᠤᠰ᠎ᠲᠤ ᠰᠠᠭᠤᠭ᠎ᠠ ᠫᠠᠺᠢᠰᠲ᠋ᠠᠨ᠎ᠤ ᠤᠤᠯ᠎ᠤᠨ ᠡᠯᠴᠢᠨ ᠰᠠᠢᠳ ᠮᠠᠰᠦ᠋ᠳ᠋ᠸ·ᠬᠠᠯᠢᠳ᠋ᠸ ᠳᠤᠮᠳᠠᠳᠤ ᠤᠯᠤᠰ᠎ᠤᠨ ᠬᠣᠶᠠᠷ ᠬᠤᠷᠠᠯ᠎ᠡᠴᠡ《ᠳᠤᠮᠳᠠᠳᠤ ᠤᠯᠤᠰ᠎ᠤᠨ ᠭᠠᠢᠬᠠᠮᠱᠢᠭ》ᠤ᠋ᠨ ᠲᠦᠷᠢᠮ᠎ᠦᠨ ᠨᠢᠭᠤᠴᠠ ᠵᠢ ᠬᠠᠢᠵᠤ ᠤᠯᠵᠠᠢ᠃ 《ᠳᠤᠮᠳᠠᠳᠤ ᠤᠯᠤᠰ ᠳᠣᠣᠷ᠎ᠠ᠎ᠡᠴᠡ ᠳᠡᠭᠡᠭ᠌ᠰᠢ᠂ ᠳᠡᠭᠡᠷ᠎ᠡ᠎ᠡᠴᠡ ᠳᠣᠷᠣᠭ᠍ᠰᠢ ᠬᠣᠣᠰ ᠴᠢᠭ᠌ᠯᠡᠯ᠎ᠦᠨ ᠤᠯᠤᠰ ᠲᠦᠷᠦ᠍᠎ᠶ᠋ᠢᠨ ᠲᠤᠷᠱᠢᠯᠭ᠎ᠠ᠎ᠶ᠋ᠢ ᠵᠢᠷᠤᠮᠯᠠᠵᠤ᠂ ᠠᠷᠠᠳᠴᠢᠯᠠᠯ ᠲᠥᠪᠯᠡᠷᠡᠯ᠎ᠦᠨ ᠲᠦᠷᠢᠮ ᠳ᠋ᠤ ᠰᠠᠭᠤᠷᠢᠯᠠᠵᠤ ᠬᠥᠭ᠌ᠵᠢᠭ᠌ᠰᠡᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠱᠢᠰᠲᠸᠮ᠎ᠳᠤ ᠲᠦᠱᠢᠭ᠌ᠯᠡᠵᠦ᠍᠂ ᠤᠷᠢᠳᠤ ᠡᠮᠦᠨ᠎ᠡ ᠪᠠᠢᠭ᠎ᠠ ᠦᠭᠡᠢ ᠠᠮᠵᠢᠯᠲᠠ ᠤᠯᠪᠠ》᠃

ᠨᠠᠮ ᠵᠠᠰᠠᠭ ᠴᠡᠷᠢᠭ ᠠᠷᠠᠳ ᠰᠤᠷᠭᠠᠭᠤᠯᠢ ᠪᠣᠯ ᠪᠦᠬᠦ᠌ ᠤᠯᠤᠰ᠎ᠢᠶᠠᠷ᠎ᠢᠶᠠᠨ ᠨᠢᠭᠡᠨ ᠬᠥᠯᠭᠡ ᠱᠢᠳᠡᠷ᠎ᠠ ᠮᠦᠨ᠃ 3 ᠰᠠᠷ᠎ᠠ ᠎ᠶ᠋ᠢᠨ 7 ᠤ᠋ ᠡᠳᠦᠷ᠂ ᠰᠢ ᠵᠢᠨ ᠫᠢᠩ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭᠠᠨ ᠤ᠋ ᠴᠡᠷᠢᠭ ᠠᠩᠭᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠭᠦᠳᠡ ᠬᠤᠷᠠᠯ᠎ᠳᠤ ᠣᠷᠣᠯᠴᠠᠬᠤ᠎ᠳᠠᠭᠠᠨ᠄《ᠪᠦᠬᠦ᠌ ᠲᠠᠯ᠎ᠠ ᠎ᠶ᠋ᠢ ᠨᠢᠭᠡᠳᠦᠯᠲᠡᠶ ᠲᠥᠯᠥᠪᠵᠢᠭᠦᠯᠵᠤ᠂ ᠭᠣᠣᠯᠳᠠᠯᠭ᠎ᠠ᠎ᠶ᠋ᠢ ᠳᠣᠪᠣᠢᠯᠭᠠᠨ᠂ ᠭᠣᠣᠯᠳᠠᠯᠭ᠎ᠠ᠎ᠲᠠᠶ ᠱᠢᠪᠲᠤᠯᠤᠯᠲᠠ ᠬᠢᠬᠦ᠌᠎ᠪᠡᠷ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠶ》ᠭᠡᠵᠦ᠍ ᠵᠢᠭᠠᠵᠤ ᠭᠠᠷᠭᠠᠵᠠᠶ᠃

ᠳᠡᠯᠡᠬᠡᠢ᠎ᠶ᠋ᠢᠨ ᠵᠠᠭᠤᠨ ᠵᠢᠯ ᠳ᠋ᠤ ᠳᠤᠬᠢᠶᠠᠯᠳᠤᠭ᠎ᠠ ᠦᠭᠡᠢ ᠬᠤᠪᠢᠰᠤᠯᠲᠠ᠎ᠶ᠋ᠢᠨ ᠳᠤᠮᠳᠠ᠂ ᠳᠤᠮᠳᠠᠳᠤ ᠤᠯᠤᠰ᠎ᠤᠨ《ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠳᠠᠷ᠎ᠠ》ᠵᠢᠨ ᠢᠯᠡᠷᠡᠭᠦᠯᠦᠭ᠌ᠰᠡᠨ ᠬᠦᠴᠦᠷᠬᠡᠭ ᠶᠡᠬᠡ ᠵᠠᠰᠠᠯᠲᠠ᠎ᠶ᠋ᠢᠨ ᠬᠠᠮᠲᠤᠷᠠᠯ ᠬᠦᠴᠦᠨ ᠨᠢ ᠥᠷᠥᠨᠡᠳᠠᠬᠢᠨ᠎ᠤ ᠵᠠᠷᠢᠮ ᠤᠯᠤᠰ᠎ᠤᠨ《ᠤᠯᠤᠰ ᠲᠦᠷᠦ᠍᠎ᠶ᠋ᠢ ᠦᠭᠡᠢᠰᠭᠡᠭ᠌ᠰᠡᠨ》ᠡᠴᠡ ᠪᠣᠯᠤᠭ᠍ᠰᠠᠨ ᠨᠡᠢᠭᠡᠮ᠎ᠦᠨ ᠬᠠᠭᠠᠴᠡᠯ᠂ ᠤᠯᠤᠰ ᠲᠦᠷᠦ᠍᠎ᠶ᠋ᠢᠨ ᠲᠤᠷᠤᠢ᠌ᠳᠠᠯ᠎ᠲᠠᠶ ᠤᠯᠠᠮ᠎ᠡᠴᠡ ᠤᠯᠠᠮ ᠢᠯᠡ ᠲᠣᠳᠣ ᠬᠠᠷᠢᠴᠠᠭᠤᠯᠤᠯ ᠪᠤᠯᠵᠠᠢ᠃ ᠶᠠᠭ ᠡᠨᠡᠳᠭᠡᠭ᠎ᠦᠨ ᠪᠤᠮᠪᠸᠢ᠎ᠶ᠋ᠢᠨ ᠠᠵᠢᠭ᠍ᠯᠠᠭ᠍ᠴᠢ᠎ᠶ᠋ᠢᠨ ᠰᠤᠳᠤᠯᠭᠠᠨ᠎ᠤ ᠰᠠᠭᠤᠷᠢ ᠮᠥᠩᠭᠥᠨ᠎ᠦ ᠨᠡᠢᠭᠡᠮᠯᠢᠭ᠎ᠦᠨ ᠤᠤᠯ᠎ᠤᠨ ᠲᠡᠷᠢᠭᠦᠯᠡᠭ᠌ᠴᠢ ᠰᠦᠳᠢᠩᠳ᠋ᠸᠯᠠ· ᠺᠦᠷᠺᠠᠨᠢ ᠵᠢᠨ ᠬᠡᠯᠡᠭ᠌ᠰᠡᠨᠴᠢᠯᠡᠨ᠄《ᠥᠷᠥᠨᠡᠳᠠᠬᠢᠨ᠎ᠤ ᠵᠠᠷᠢᠮ ᠤᠯᠤᠰ᠎ᠤᠨ ᠵᠠᠰᠠᠭ᠎ᠤᠨ ᠣᠷᠳᠣᠨ ᠢᠮᠠᠭᠳᠠ ᠳᠠᠷᠠᠭᠠᠴᠢ᠎ᠶ᠋ᠢᠨ ᠤᠳᠠᠭᠠᠨ᠎ᠤ ᠰᠣᠩᠭᠣᠭᠤᠯᠢ ᠵᠢᠨ ᠲᠦᠯᠦᠭᠡ ᠶᠠᠭᠤ ᠬᠢᠪᠡᠯ ᠵᠣᠬᠢᠬᠤ ᠲᠤᠬᠠᠢ ᠰᠠᠨᠠᠭᠠᠱᠢᠷᠠᠨ ᠰᠠᠭᠤᠳᠠᠭ᠂ ᠲᠡᠳᠡ ᠶᠡᠷᠦ᠍᠎ᠳᠡᠭᠡᠨ ᠬᠡᠳᠦᠬᠡᠨ ᠵᠢᠯ᠎ᠦᠨ ᠬᠤᠭᠤᠴᠠᠭ᠎ᠠ᠎ᠲᠠᠶ ᠶᠤᠮ᠃ ᠳᠤᠮᠳᠠᠳᠤ ᠤᠯᠤᠰ ᠬᠠᠷᠢᠨ ᠥᠩᠭᠡᠷᠡᠭ᠌ᠰᠡᠨ ᠬᠡᠳᠦᠨ ᠠᠷᠪᠠᠨ ᠵᠢᠯ᠎ᠳᠦ ᠢᠮᠠᠭ᠍ᠲᠠ ᠲᠣᠭ᠍ᠲᠠᠭᠤᠨ᠎ᠢᠶᠠᠷ ᠬᠥᠭ᠌ᠵᠢᠬᠦ᠌ ᠴᠢᠭ᠌ᠯᠡᠯ ᠪᠠ ᠠᠬᠢᠴᠠ᠎ᠪᠠᠨ ᠪᠠᠷᠢᠮᠲᠠᠯᠠᠭ᠍ᠰᠠᠭᠠᠷ ᠢᠷᠡᠵᠠᠢ》᠃

ᠳᠤᠮᠳᠠᠳᠤ ᠤᠯᠤᠰ᠎ᠤᠨ ᠥᠨᠳᠥᠷ ᠪᠦᠲᠦᠮᠵᠢᠲᠡᠢ ᠲᠣᠭ᠍ᠲᠠᠭᠤᠨ ᠵᠠᠰᠠᠯᠲᠠ᠎ᠶ᠋ᠢᠨ ᠱᠢᠰᠲᠸᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠦᠭ᠌ᠰᠡᠨ ᠨᠢ ᠳᠠᠮᠵᠢᠭ ᠦᠭᠡᠢ ᠶᠤᠮ᠃ ᠡᠨᠡ ᠵᠢᠯ᠎ᠦᠨ ᠬᠣᠶᠠᠷ ᠬᠤᠷᠠᠯ᠎ᠳᠤ᠂ ᠰᠢ ᠵᠢᠨ ᠫᠢᠩ 《ᠲᠠᠪᠤᠨ ᠵᠠᠪᠠᠯ ᠶᠠᠪᠤᠬᠤ ᠵᠠᠮ》 ᠵᠢᠡᠷ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ《ᠠᠮᠵᠢᠯᠲᠠ᠎ᠶ᠋ᠢᠨ ᠨᠢᠭᠤᠴᠠ ᠨᠤᠮᠸᠷ》 ᠢ᠋ ᠭᠦᠨᠵᠡᠭᠡᠢ ᠢᠯᠡᠷᠡᠭᠦᠯᠪᠡ᠂ ᠨᠢᠭᠡᠳᠦᠭᠡᠷ ᠵᠤᠷᠪᠤᠰ ᠨᠢ ᠳᠠᠷᠤᠢ 《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠦ ᠵᠠᠪᠠᠯ ᠶᠠᠪᠤᠬᠤ ᠵᠠᠮ ᠮᠥᠨ》᠃

《ᠤᠳᠤ ᠵᠢᠨ ᠳᠤᠮᠳᠠᠳᠤ ᠤᠯᠤᠰ ᠥᠩᠭᠡᠷᠡᠭ᠌ᠰᠡᠨ᠎ᠦ 200 ᠵᠢᠯ᠎ᠦᠨ ᠠᠯᠢ ᠴᠤ᠌ ᠦᠶ᠎ᠡ᠎ᠡᠴᠡ ᠪᠦᠷ ᠪᠦᠯᠬᠦᠮᠳᠡᠯ᠎ᠲᠡᠶ ᠪᠣᠯᠵᠠᠢ ᠁ ᠶᠠᠮᠠᠷᠪᠠ ᠥᠷᠥᠨᠡᠳᠠᠬᠢᠨ᠎ᠤ ᠬᠡᠯᠪᠡᠷᠢ᠎ᠶ᠋ᠢᠨ ᠵᠠᠰᠠᠯᠲᠠ᠎ᠶ᠋ᠢᠨ ᠱᠢᠰᠲᠸᠮ ᠡᠭᠦᠨ᠎ᠢ ᠪᠡᠶᠡᠯᠡᠭᠦᠯᠵᠦ᠍ ᠳᠡᠢᠯᠬᠦ᠌ ᠦᠭᠡᠢ ᠶᠤᠮ᠃ ᠡᠢᠮᠦᠷᠭᠦᠦ ᠠᠮᠵᠢᠯᠲᠠ ᠪᠦᠲᠦᠮᠵᠢ ᠨᠢ ᠨᠢᠭᠡ ᠵᠦᠢᠯ᠎ᠦᠨ ᠠᠳᠠᠯᠢ ᠪᠤᠰᠤ ᠵᠠᠰᠠᠯᠲᠠ᠎ᠶ᠋ᠢᠨ ᠠᠷᠭ᠎ᠠ ᠬᠡᠯᠪᠡᠷᠢ ᠲᠤᠬᠠᠢᠯᠠᠪᠠᠯ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠪᠣᠳᠣᠯᠬᠢᠯᠠᠯ ᠬᠢᠵᠦ᠍ ᠴᠢᠳᠠᠬᠤ᠂ ᠲᠡᠦᠬᠡ᠎ᠶ᠋ᠢᠨ ᠰᠠᠭᠤᠷᠢ᠎ᠲᠠᠶ᠂ ᠪᠠᠭ᠍ᠲᠠᠭᠠᠮᠵᠢᠲᠤ ᠴᠢᠨᠠᠷ᠎ᠲᠠᠶ᠂ ᠠᠷᠠᠳ ᠲᠦᠮᠡᠨ᠎ᠢ ᠲᠠᠢ᠌ᠴᠢᠯᠠᠵᠦ᠍ ᠴᠢᠳᠠᠬᠤ᠂ ᠤᠴᠢᠷ ᠶᠠᠪᠤᠳᠠᠯ᠎ᠢ ᠪᠦᠲᠦᠭᠡᠵᠦ᠍ ᠴᠢᠳᠠᠬᠤ᠎ᠶ᠋ᠢ ᠱᠠᠭᠠᠷᠳᠠᠨ᠎ᠠ》 ᠭᠡᠵᠦ᠍ ᠠᠨᠭ᠌ᠭ᠌ᠯᠢ᠎ᠶ᠋ᠢᠨ ᠡᠷᠳᠡᠮᠲᠡᠨ ᠮᠠᠷᠲ᠋ᠢᠨ· ᠶᠠᠺ ᠬᠡᠯᠡᠪᠡ᠃

ᠬᠣᠶᠠᠷ ᠶᠡᠬᠡ ᠲᠠᠯ᠎ᠠ᠎ᠳᠤ ᠰᠠᠭᠤᠷᠢᠯᠠᠵᠤ᠂ ᠪᠠᠢᠳᠠᠯ ᠢ᠋ ᠦᠨᠳᠦᠰᠦᠯᠡᠨ ᠲᠦᠯᠦᠪᠵᠢᠭᠦᠯᠦᠨ᠎ᠠ —《ᠳᠤᠮᠳᠠᠳᠤ ᠤᠯᠤᠰ᠎ᠤᠨ ᠳᠣᠲᠣᠭᠠᠳᠤ ᠵᠠᠰᠠᠭ ᠭᠠᠳᠠᠭᠠᠳᠤ ᠬᠠᠷᠢᠯᠴᠠᠭᠠᠨ᠎ᠤ ᠲᠠᠯ᠎ᠠ᠎ᠪᠠᠷ ᠬᠢ ᠴᠢᠬᠤᠯᠠ ᠶᠡᠬᠡ ᠱᠢᠨ᠎ᠡ ᠡᠭᠦᠳᠦᠯᠲᠡ ᠨᠢ ᠤᠯᠤᠰ᠎ᠤᠨ ᠪᠣᠳᠠᠲᠤ ᠬᠦᠴᠦᠨ᠎ᠢ ᠴᠢᠩᠭᠠᠷᠠᠭᠤᠯᠵᠤ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠠᠮ ᠨᠢ ᠳᠡᠯᠡᠬᠡᠢ ᠨᠡᠢᠭᠡᠮ᠎ᠦᠨ ᠨᠢᠳᠤᠨ᠎ᠳᠦ ᠨᠡᠩ ᠢᠯᠡᠭᠦᠦ ᠲᠠᠲᠠᠬᠤ ᠬᠦᠴᠦᠨ᠎ᠲᠡᠶ ᠪᠣᠯᠵᠠᠢ》

ᠡᠨᠡ ᠵᠢᠯ᠎ᠦᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠰᠢ ᠵᠢᠨ ᠫᠢᠩ ᠨᠢᠭᠡᠨ ᠣᠨᠴᠠᠭᠠᠢ ᠭᠠᠳᠠᠭᠠᠳᠤ ᠶᠠᠪᠤᠳᠠᠯ᠎ᠤᠨ ᠲᠤᠬᠢᠷᠠᠭᠤᠯᠤᠯᠳᠠ ᠬᠢᠵᠡᠢ᠄ 3 ᠰᠠᠷ᠎ᠠ᠎ᠶ᠋ᠢᠨ 8 ᠤ᠋ ᠦᠳᠡ᠎ᠶ᠋ᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠣᠶᠠᠳᠤᠭᠠᠷ ᠪᠦᠬᠦᠳᠡ ᠬᠤᠷᠠᠯ᠎ᠳᠤ ᠣᠷᠣᠯᠴᠠᠵᠤ ᠪᠠᠷᠠᠭᠠᠳ ᠦᠳᠡ᠎ᠶ᠋ᠢᠨ ᠬᠣᠢᠨ᠎ᠠ ᠪᠠᠰᠠ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ᠎ᠳᠦ ᠢᠷᠡᠵᠤ᠂ ᠹᠷᠠᠨᠼᠢ᠎ᠶ᠋ᠢᠨ ᠶᠡᠷᠦᠩᠬᠡᠢᠯᠡᠭ᠌ᠴᠢ ᠮᠠᠢᠺᠷᠤᠨ᠂ ᠭᠸᠷᠮᠠᠨ᠎ᠤ ᠶᠡᠷᠦᠩᠬᠡᠢ ᠰᠠᠢᠳ ᠱᠦᠸᠸᠷᠽᠢ ᠲᠠᠢ ᠸᠢᠳᠢᠣ᠋ ᠪᠡᠷ ᠲᠦᠷᠦᠭᠦᠴᠦᠳ᠎ᠦᠨ ᠬᠤᠷᠠᠯ ᠬᠢᠪᠡ᠃ ᠳᠡᠯᠡᠬᠡᠢ᠎ᠶ᠋ᠢᠨ ᠪᠠᠢᠳᠠᠯ᠎ᠤᠨ ᠱᠢᠨ᠎ᠡ ᠬᠤᠪᠢᠷᠠᠯᠲᠠ᠎ᠶ᠋ᠢᠨ ᠡᠮᠦᠨ᠎ᠡ᠂ ᠰᠢ ᠵᠢᠨ ᠫᠢᠩ ᠡᠩᠬᠡ ᠲᠠᠢᠪᠤᠩ᠎ᠢ ᠡᠷᠢᠯᠬᠢᠯᠡᠬᠦ᠂ ᠬᠥᠭ᠌ᠵᠢᠯᠲᠡ᠎ᠶ᠋ᠢ ᠬᠦᠭᠡᠭᠡᠴᠡᠯᠳᠦᠬᠦ᠂ ᠬᠠᠮᠲᠤᠷᠠᠯᠴᠠᠭ᠎ᠠ᠎ᠶ᠋ᠢ ᠠᠬᠢᠭᠤᠯᠬᠤ ᠲᠤᠬᠠᠢ ᠢᠯᠡ ᠲᠣᠳᠣ ᠳᠤᠮᠳᠠᠳᠤ ᠤᠯᠤᠰ᠎ᠤᠨ ᠵᠣᠷᠢᠯᠲᠠ᠎ᠶ᠋ᠢ ᠳᠤᠷᠠᠳᠴᠠᠢ᠃

ᠬᠣᠶᠠᠷ ᠶᠡᠬᠡ ᠲᠠᠯ᠎ᠠ᠎ᠳᠤ ᠰᠠᠭᠤᠷᠢᠯᠠᠵᠤ᠂ 《ᠤᠯᠤᠰ᠎ᠤᠨ ᠶᠡᠬᠡ ᠶᠠᠪᠤᠳᠠᠯ》 ᠢ᠋ ᠰᠡᠳᠭᠢᠯ᠎ᠳᠡᠭᠡᠨ ᠪᠠᠬᠳᠠᠭᠠᠵᠦ᠂ ᠪᠠᠢᠳᠠᠯ ᠢ᠋ ᠦᠨᠳᠦᠰᠦᠯᠡᠨ ᠲᠦᠯᠦᠪᠵᠢᠭᠦᠯᠵᠤ᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠬᠤ ᠪᠣᠯ ᠰᠢ ᠵᠢᠨ ᠫᠢᠩ᠎ᠦᠨ ᠲᠥᠷᠥ᠎ᠶ᠋ᠢ ᠵᠠᠰᠠᠵᠤ ᠵᠠᠰᠠᠭ᠎ᠢ ᠡᠷᠭᠢᠯᠡᠬᠦ᠌᠎ᠶ᠋ᠢᠨ ᠢᠯᠡ ᠲᠣᠳᠣ ᠣᠨᠴᠠᠯᠢᠭ ᠮᠥᠨ᠃ ᠷᠦᠸᠠᠨᠳᠠ ᠵᠢᠨ ᠡᠷᠳᠡᠮᠲᠡᠨ ᠠᠯᠸᠺᠰᠠᠨᠳ᠋ᠸᠷ· ᠰᠠᠢ᠌ᠪᠾᠦ᠋ᠯᠠ ᠡᠳᠦᠭᠡ ᠪᠣᠯᠲᠠᠯ᠎ᠠ ᠰᠢ ᠵᠢᠨ ᠫᠢᠩ᠎ᠦᠨ 2020 ᠣᠨ᠎ᠤ ᠬᠣᠶᠠᠷ ᠬᠤᠷᠠᠯ ᠳᠡᠭᠡᠷ᠎ᠡ ᠲᠣᠳᠣᠷᠬᠠᠢᠯᠠᠭᠰᠠᠨ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠳ᠋ᠤ ᠭᠦᠨ ᠰᠠᠭᠤᠭ᠍ᠳᠠᠯ᠎ᠲᠠᠶ ᠪᠠᠢᠨ᠎ᠠ᠃ ᠲᠡᠭᠦᠨ᠎ᠦ ᠦᠵᠡᠬᠦ᠌᠎ᠪᠡᠷ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠰᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠣᠯ《ᠳᠤᠮᠳᠠᠳᠤ ᠤᠯᠤᠰ᠎ᠤᠨ ᠬᠣᠢᠱᠢᠳᠠ᠎ᠶ᠋ᠢᠨ ᠠᠵᠤ ᠠᠬᠤᠢ᠎ᠶ᠋ᠢᠨ ᠲᠣᠭ᠍ᠲᠠᠭᠤᠨ ᠡᠷᠡᠭᠦᠯ ᠬᠥᠭ᠌ᠵᠢᠯᠲᠡ᠎ᠶ᠋ᠢ ᠪᠡᠶᠡᠯᠡᠭᠦᠯᠬᠦ᠌ ᠳ᠋ᠤ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ ᠪᠠᠢᠭ᠎ᠠ ᠴᠢᠭ᠌ᠯᠡᠯ ᠪᠣᠯᠤᠨ᠎ᠠ》᠃

ᠣᠳᠣᠬᠠᠨ᠎ᠳᠤ᠂ ᠳᠡᠯᠡᠬᠡᠶ᠎ᠶ᠋ᠢᠨ ᠪᠠᠢᠳᠠᠯ᠎ᠳᠤ ᠦᠷᠭᠦᠯᠵᠢᠯᠡᠨ ᠭᠦᠨᠵᠡᠭᠡᠶ ᠪᠥᠭᠡᠳ ᠨᠠᠷᠢᠨ ᠪᠤᠳᠤᠯᠢᠶᠠᠨᠲᠠᠶ ᠬᠤᠪᠢᠷᠠᠯᠲᠠ ᠭᠠᠷᠴᠤ᠌᠂ ᠳᠡᠯᠡᠬᠡᠶ ᠶᠢᠷᠲᠢᠨᠴᠦ᠍ ᠣᠷᠣᠭ᠎ᠠ ᠪᠤᠰᠭᠠᠭ᠎ᠠ ᠱᠢᠨ᠎ᠡ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ  ᠬᠥᠭ᠌ᠵᠢᠯᠳᠡ ᠲᠣᠭ᠍ᠲᠠᠭᠤᠨ᠎ᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠨ᠎ᠠ᠃ ᠬᠥᠭ᠌ᠵᠢᠯᠲᠡ᠎ᠶ᠋ᠢᠨ ᠪᠠᠢᠳᠠᠯ᠎ᠢ ᠬᠡᠷᠬᠢᠨ ᠦᠵᠡᠬᠦ᠌ ᠪᠤᠢ? ᠬᠣᠢᠱᠢᠳᠠ᠎ᠶ᠋ᠢᠨ ᠠᠵᠢᠯ᠎ᠢᠶᠠᠨ ᠶᠠᠭᠠᠬᠢᠵᠤ ᠬᠢᠬᠦ᠌ ᠪᠤᠢ? ᠡᠨᠡ ᠵᠢᠯ᠎ᠦᠨ ᠬᠣᠶᠠᠷ ᠬᠤᠷᠠᠯ᠎ᠳᠤ᠂ ᠰᠢ ᠵᠢᠨ ᠫᠢᠩ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ 5 《 ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠱᠢᠭ᠍ᠲᠠᠶ ᠨᠥᠬᠥᠴᠡᠯ 》 ᠢ᠋ ᠭᠦᠨᠵᠡᠭᠡᠶ ᠬᠠᠷᠠᠭᠤᠯᠵᠤ᠂ ᠬᠤᠪᠢᠰᠤᠯᠳᠠ ᠵᠢ ᠠᠷᠭᠠᠴᠡᠭᠠᠬᠤ᠂ ᠱᠢᠨ᠎ᠡ ᠪᠠᠢᠳᠠᠯ᠎ᠢ ᠨᠡᠭᠡᠭᠡᠬᠦ᠌᠎ᠳᠦ ᠬᠦᠴᠦᠷᠬᠡᠭ ᠶᠡᠬᠡ ᠢᠲᠡᠭᠡᠯ ᠨᠡᠮᠡᠷᠢᠯᠡᠪᠡ᠃ ᠨᠠᠮᠢᠪᠢᠶ᠎ᠠ ᠎ᠶ᠋ᠢᠨ ᠴᠢᠮᠡᠭᠡᠯᠡᠯ᠎ᠦᠨ ᠬᠣᠷᠢᠶ᠎ᠠ ᠡᠭᠦᠨ᠎ᠦ ᠳᠣᠲᠣᠷᠠᠬᠢ ᠡᠢᠮᠦ᠍ ᠨᠢᠭᠡᠨ ᠴᠢᠬᠤᠯᠠ ᠨᠤᠲᠠᠯᠠᠯᠲᠠ᠎ᠶ᠋ᠢ ᠣᠨᠴᠠᠭᠠᠢᠯᠠᠨ ᠠᠩᠬᠠᠷᠴᠤ᠌ ᠣᠯᠵᠠᠶ᠄ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠪᠠᠭ᠍ᠲᠠᠭᠠᠮᠵᠢ ᠶᠡᠬᠡ᠂ ᠡᠷᠭᠢᠯᠲᠡ᠎ᠶ᠋ᠢᠨ ᠵᠠᠶ ᠥᠷᠭᠡᠨ᠂ ᠪᠠᠰᠠ ᠤᠨᠴᠠ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠲᠡᠶ᠂ ᠤᠷᠲᠤ ᠬᠤᠭᠤᠴᠠᠭ᠎ᠠ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠬᠤ ᠦᠭᠡᠶ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠲᠡᠶ ᠶᠤᠮ᠃

2021 ᠣᠨ᠎ᠤ ᠰᠡᠭᠦᠯᠴᠢ᠎ᠪᠡᠷ ᠬᠤᠷᠠᠯᠳᠤᠭ᠍ᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠰᠢ ᠵᠢᠨ ᠫᠢᠩ《ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠵᠤ᠂ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠬᠤ》ᠶᠡᠷᠦᠩᠬᠡᠢ ᠱᠠᠭᠠᠷᠳᠠᠯᠭ᠎ᠠ᠎ᠶ᠋ᠢ ᠳᠤᠷᠠᠳᠴᠠᠢ᠃ ᠡᠨᠡ ᠵᠢᠯ᠎ᠦᠨ ᠬᠣᠶᠠᠷ ᠬᠤᠷᠠᠯ᠎ᠳᠤ 《ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠵᠤ᠂ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠬᠤ》 ᠨᠢ ᠣᠯᠠᠨ᠎ᠤ ᠠᠩᠬᠠᠷᠤᠯ ᠎ᠢ ᠳᠠᠬᠢᠨᠲᠠ ᠲᠠᠲᠠᠭ᠍ᠰᠠᠨ ᠪᠠᠢᠨ᠎ᠠ ᠃ ᠶᠣᠷᠳᠠᠨ᠎ᠤ ᠡᠷᠳᠡᠮᠲᠡᠨ ᠰᠠᠮᠢᠷ·ᠠᠢ᠌ᠬᠠᠮᠠᠢ᠌ᠳ᠋ᠸ ᠤ᠋ᠨ ᠦᠵᠡᠬᠦ᠌᠎ᠪᠡᠷ᠂ ᠳᠤᠮᠳᠠᠳᠤ ᠤᠯᠤᠰ ᠨᠢᠭᠡᠨᠲᠡ ᠪᠠᠢᠭ᠎ᠠ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠭᠡᠯ᠂ ᠨᠡᠢᠭᠡᠮ᠎ᠦᠨ ᠦᠢᠯᠡᠳᠦᠯ ᠨᠦᠯᠦᠭᠡ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠭ᠍ᠰᠠᠨ ᠰᠠᠭᠤᠷᠢᠨ ᠳᠡᠭᠡᠷ᠎ᠡ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ ᠪᠣᠯᠤᠨ ᠬᠠᠷᠠᠯᠲᠠ ᠪᠠᠨ ᠲᠣᠭ᠍ᠲᠠᠭᠠᠬᠤ ᠨᠢ 《ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠦᠨᠡᠨ᠎ᠡᠴᠡ ᠵᠥᠪ᠎ᠢ ᠡᠷᠢᠬᠦ᠌ ᠪᠠ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠬᠤ ᠵᠠᠷᠴᠢᠮ》 ᠲᠠᠢ ᠨᠡᠢᠴᠡᠨ᠎ᠡ᠃

ᠠᠮᠧᠷᠢᠺᠠ᠎ᠶ᠋ᠢᠨ ᠢᠯᠢᠨᠦᠢᠰ ᠤ᠋ᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ ᠠᠵᠤ ᠦᠢᠯᠡᠳᠪᠦᠷᠢ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠬᠠᠢ᠌ᠯᠢ· ᠲᠦᠷᠺᠸ᠂ ᠳᠤᠮᠳᠠᠳᠤ ᠤᠯᠤᠰ᠎ᠤᠨ ᠬᠣᠶᠠᠷ ᠬᠤᠷᠠᠯ ᠳᠡᠭᠡᠷᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠶᠠᠷᠢᠯᠴᠠᠭ᠎ᠠ ᠨᠢ ᠡᠯᠪᠡᠭ ᠪᠠᠶᠠᠯᠢᠭ ᠮᠡᠳᠡᠭᠡ ᠵᠠᠩᠭᠢ᠎ᠲᠡᠶ ᠶᠤᠮ᠃ 《ᠭᠠᠳᠠᠭᠠᠳᠤ᠎ᠶ᠋ᠢᠨ ᠳᠠᠷᠤᠯᠲᠠ᠎ᠶ᠋ᠢᠨ ᠡᠮᠦᠨ᠎ᠡ᠂ ᠳᠤᠮᠳᠠᠳᠤ ᠤᠯᠤᠰ ᠣᠬᠣᠷᠬᠠᠨ ᠬᠤᠭᠤᠴᠠᠭᠠᠨ ᠳ᠋ᠤ ᠠᠷᠭᠠᠴᠠᠭᠠᠬᠤ ᠠᠷᠭ᠎ᠠ ᠪᠤᠳᠤᠯᠭ᠎ᠠ ᠲᠣᠭ᠍ᠲᠠᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠲᠤᠬᠠᠢ ᠣᠷᠣᠭᠤᠯᠤᠯᠲᠠ᠎ᠪᠠᠨ ᠨᠡᠮᠡᠭ᠌ᠳᠡᠭᠦᠯᠦᠭ᠌ᠰᠡᠨ ᠪᠥᠭᠡᠳ ᠱᠢᠨ᠎ᠡ ᠡᠨᠧᠷᠭᠢ᠂ 5G᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠢᠨᠵᠧᠨᠧᠷᠢᠩ ᠵᠡᠷᠭᠡ ᠬᠦᠷᠢᠶᠡᠨ᠎ᠳᠦ ᠠᠮᠵᠢᠯᠲᠠ ᠣᠯᠵᠤ᠂ ᠳᠡᠯᠡᠬᠡᠢ᠎ᠳ᠋ᠠᠬᠢᠨ᠎ᠤ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠴᠢᠳᠠᠪᠤᠷᠢ᠎ᠶ᠋ᠢᠨ ᠲᠤᠬᠠᠢ ᠢᠲᠡᠭᠡᠯ᠎ᠢ ᠨᠡᠮᠡᠭ᠌ᠳᠡᠭᠦᠯᠵᠡᠢ》 ᠭᠡᠵᠤ ᠬᠡᠯᠡᠵᠠᠢ᠃

《ᠰᠢ ᠵᠢᠨ ᠫᠢᠩ᠄ ᠳᠤᠮᠳᠠᠳᠤ᠎ᠶ᠋ᠢᠨ ᠵᠡᠭᠦᠳᠦ᠍᠎ᠪᠡᠨ ᠲᠡᠷᠭᠡᠯᠱᠢᠭᠦᠯᠵᠤ ᠪᠤᠢ》ᠭᠡᠬᠦ᠌ ᠨᠣᠮ᠎ᠤᠨ ᠵᠣᠬᠢᠶᠠᠭ᠍ᠴᠢ᠂ ᠤᠷᠤᠰ᠎ᠤᠨ ᠠᠷᠠᠳ᠎ᠤᠨ ᠨᠥᠬᠥᠷᠯᠡᠯ᠎ᠦᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠶᠦᠯᠢ·ᠲᠠᠹᠯᠤᠹᠰᠺᠢ ᠰᠢ ᠵᠢᠨ ᠫᠢᠩ᠎ᠦᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠦᠵᠡᠯ ᠰᠠᠨᠠᠭ᠎ᠠ᠎ᠶ᠋ᠢ ᠭᠦᠨᠵᠡᠭᠡᠢ ᠰᠤᠳᠤᠯᠵᠠᠢ᠃ ᠲᠡᠭᠦᠨ᠎ᠦ ᠦᠵᠡᠬᠦ᠌᠎ᠪᠡᠷ᠂ ᠳᠤᠮᠳᠠᠳᠤ ᠤᠯᠤᠰ᠎ᠤᠨ ᠳᠣᠲᠣᠭᠠᠳᠤ ᠵᠠᠰᠠᠭ ᠭᠠᠳᠠᠭᠠᠳᠤ ᠬᠠᠷᠢᠯᠴᠠᠭᠠᠨ᠎ᠤ ᠲᠠᠯ᠎ᠠ᠎ᠪᠠᠷ ᠬᠢ ᠴᠢᠬᠤᠯᠠ ᠶᠡᠬᠡ ᠱᠢᠨ᠎ᠡ ᠡᠭᠦᠳᠦᠯᠲᠡ ᠨᠢ ᠤᠯᠤᠰ᠎ᠤᠨ ᠪᠣᠳᠠᠲᠤ ᠬᠦᠴᠦᠨ᠎ᠢ ᠴᠢᠩᠭᠠᠷᠠᠭᠤᠯᠵᠤ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠠᠮ ᠨᠢ ᠳᠡᠯᠡᠬᠡᠢ ᠨᠡᠢᠭᠡᠮ᠎ᠦᠨ ᠨᠢᠳᠤᠨ᠎ᠳᠦ ᠨᠡᠩ ᠢᠯᠡᠭᠦᠦ ᠲᠠᠲᠠᠬᠤ ᠬᠦᠴᠦᠨ᠎ᠲᠡᠶ ᠪᠣᠯᠵᠠᠢ᠃

ᠡᠷᠲᠡᠨ᠎ᠦ ᠭᠷᠧᠭ᠎ᠦᠨ ᠪᠣᠳᠣᠯᠭᠠᠲᠠᠨ ᠠᠷᠢᠰᠲ᠋ᠤᠲ᠋ᠸᠯ《ᠬᠠᠮᠤᠭ᠎ᠤᠨ ᠳᠡᠭᠡᠳᠦ ᠴᠢᠳᠠᠮᠠᠭᠠᠢ 》 ᠵᠢ ᠴᠢᠬᠤᠯᠠᠴᠢᠯᠠᠵᠤ᠂ ᠳᠤᠮᠳᠠᠳᠤ ᠤᠯᠤᠰ᠎ᠤᠨ ᠴᠦᠨ ᠴᠢᠦ᠍᠎ᠶ᠋ᠢᠨ ᠦᠶ᠎ᠡ᠎ᠵᠢᠨ ᠭᠦᠨ ᠤᠬᠠᠭᠠᠨᠲᠠᠨ ᠯᠣᠣᠽᠢ 《ᠲᠥᠪ ᠴᠢᠳᠠᠮᠠᠭᠠᠢ ᠵᠠᠰᠠᠯᠲᠠ》 ᠎ᠶ᠋ᠢ ᠳᠤᠷᠠᠳᠪᠠ᠃ ᠡᠷᠲᠡᠨ᠎ᠡᠴᠡ ᠠᠪᠤᠭᠠᠳ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠤᠯᠤᠰ᠎ᠤᠳ ᠰᠠᠢ᠌ᠨ ᠵᠠᠰᠠᠭ ᠴᠢᠳᠠᠮᠠᠭᠠᠢ ᠵᠠᠰᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠥᠪᠡᠷ ᠥᠪᠡᠷ᠎ᠦᠨ ᠬᠠᠢᠨ ᠰᠦᠪᠡᠭ᠌ᠴᠢᠯᠡᠯᠳᠡ ᠬᠢᠭ᠌ᠰᠡᠨ ᠶᠤᠮ᠃ 《ᠳᠤᠮᠳᠠᠳᠤ ᠤᠯᠤᠰ᠎ᠤᠨ ᠵᠠᠰᠠᠯᠲᠠ》 ᠨᠢ ᠬᠥᠮᠦᠨ ᠲᠥᠷᠥᠯᠬᠢᠲᠡᠨ᠎ᠦ ᠤᠯᠤᠰ ᠲᠥᠷᠥ ᠎ᠶ᠋ᠢᠨ ᠪᠣᠯᠪᠠᠰᠤᠨ᠎ᠤ ᠬᠥᠭ᠌ᠵᠢᠯᠲᠡ᠎ᠳᠦ ᠱᠢᠨ᠎ᠡ ᠰᠡᠩᠬᠡᠷᠡᠭᠦᠯᠦᠯ ᠬᠠᠩᠭᠠᠭ᠍ᠰᠠᠨ ᠨᠢ ᠳᠠᠮᠵᠢᠭ ᠦᠭᠡᠶ ᠶᠤᠮ ᠃

ᠶᠠᠭ ᠪᠷᠠᠽᠢᠯ᠎ᠤᠨ ᠸᠠᠭᠠᠰ᠎ᠤᠨ ᠰᠠᠭᠤᠷᠢ ᠮᠥᠩᠭᠥᠨ᠎ᠦ ᠨᠡᠢᠭᠡᠮᠯᠢᠭ᠎ᠦᠨ ᠫᠷᠤᠹᠸᠰᠰᠤᠷ ᠠᠢ᠌ᠸᠠᠨᠳ᠋ᠸᠷᠦ᠌· ᠺᠠᠸᠠᠯᠢ ᠵᠢᠨ ᠬᠡᠯᠡᠭ᠌ᠰᠡᠨᠴᠢᠯᠡᠨ᠄《ᠳᠤᠮᠳᠠᠳᠤ ᠤᠯᠤᠰ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢ ᠠᠮᠵᠢᠯᠲᠠ᠎ᠲᠠᠶ ᠨᠡᠭᠡᠭᠡᠵᠡᠢ᠂ ᠲᠡᠷᠡ ᠨᠢ ᠲᠡᠦᠬᠡᠨ ᠳᠡᠭᠡᠷᠡᠬᠢ ᠥᠷᠥᠨᠡᠳᠠᠬᠢᠨ᠎ᠤ ᠤᠯᠤᠰ᠎ᠤᠳ᠎ᠤᠨ ᠶᠠᠪᠤᠵᠤ ᠢᠷᠡᠭ᠌ᠰᠡᠨ ᠵᠠᠮ᠎ᠲᠠᠶ ᠠᠳᠠᠯᠢ ᠦᠭᠡᠢ ᠶᠤᠮ᠃ ᠢᠷᠡᠭᠡᠳᠦᠢ᠎ᠳᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠤᠭ᠍ᠰᠠᠨ ᠳᠤᠮᠳᠠᠳᠤ ᠤᠯᠤᠰ ᠬᠥᠮᠦᠨ ᠲᠥᠷᠥᠯᠬᠢᠲᠡᠨ᠎ᠢ ᠱᠢᠨ᠎ᠡ ᠲᠡᠦᠬᠡᠨ ᠬᠥᠭ᠌ᠵᠢᠯᠲᠡ᠎ᠶ᠋ᠢᠨ ᠱᠠᠲᠤᠨ᠎ᠳᠤ ᠣᠷᠣᠭᠤᠯᠬᠤ ᠪᠣᠯᠤᠨ᠎ᠠ》᠃

(ᠤᠷᠤᠯᠴᠠᠭᠰᠠᠨ ᠰᠤᠷᠪᠤᠯᠵᠢᠯᠠᠭ᠍ᠴᠢ᠄ ᠵᠶ᠋ᠢ ᠽᠸ᠂ ᠰᠦᠨ ᠳ᠋ᠢᠩ᠂ ᠬ᠍ᠤ᠌ ᠶᠧᠤ ᠰᠦᠩ᠂ ᠱᠢᠤᠢ ᠵᠢᠩ᠂ ᠯᠢᠦ ᠶᠠ ᠨᠠᠨ᠂ ᠵᠠᠩ ᠮᠦᠸᠸ ᠴᠧᠩ᠂ ᠵᠠᠩ ᠵᠶ᠋ᠢ ᠶᠧ᠂ ᠵᠠᠩ ᠳ᠋ᠠᠢ ᠯᠸᠢ᠂ ᠳ᠋ᠦ᠋ ᠵᠢᠤᠸᠠᠨ᠂ ᠱᠢᠤᠢ ᠹᠸᠩ᠂ ᠱᠢᠶ᠍ᠸ ᠬᠤᠤ᠂ ᠵᠢᠶᠠᠩ ᠴᠤᠤ᠂ ᠸᠠᠩ ᠬᠤᠸᠠᠨ᠂ ᠵᠤᠤ ᠱᠢᠤᠢ᠂ ᠵᠢᠶᠠᠩ ᠯᠸᠢ᠂ ᠵᠶ᠋ᠢ ᠯᠢ᠂ ᠴᠧᠨ ᠸᠧᠢ ᠬᠤᠸᠠ᠂ ᠵᠤᠤ ᠶᠠᠨ᠂ ᠹᠸᠩ ᠵᠢᠶᠦ᠋ᠨ ᠸᠧᠢ᠂ ᠱᠢᠤᠢ ᠶᠦᠩ ᠴᠦᠨ᠂ ᠵᠦ᠍ ᠸᠠᠨ ᠵᠢᠶᠦ᠋ᠨ᠂ ᠵᠦ᠍ ᠢᠦᠢ ᠪᠥᠸᠧ᠂ ᠦ᠋ ᠬᠤᠤ)

(ᠰᠢᠨᠬᠤᠸᠠ ᠬᠣᠷᠢᠶᠠᠨ᠎ᠤ ᠪᠡᠭᠡᠵᠢᠩ᠎ᠦᠨ 3ᠰᠠᠷ᠎ᠠ᠎ᠶᠢᠨ 11 ᠎ᠤ᠋ ᠴᠠᠬᠢᠯᠭᠠᠨ ᠮᠡᠳᠡᠬᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号