ᠶᠡᠷᠦᠩᠬᠡᠢ ᠰᠠᠢᠳ ᠯᠢ ᠺᠸ ᠴᠢᠶᠠᠩ ᠰᠣᠷᠪᠣᠯᠵᠢᠯᠠᠬᠴᠢᠳ᠎ᠤᠨ ᠬᠣᠷᠠᠯ ᠳ᠋ᠦ ᠣᠷᠣᠯᠴᠠᠬᠰᠠᠨ ᠪᠦᠭᠡᠳ ᠲᠣᠮᠲᠠᠲᠣ ᠭᠠᠲᠠᠭᠠᠲᠣ᠎ᠶᠢᠨ ᠰᠣᠷᠪᠣᠯᠵᠢᠯᠠᠬᠴᠢᠳ᠎ᠤᠨ ᠠᠰᠠᠭᠣᠯᠲᠠ᠎ᠶᠢ ᠬᠠᠷᠢᠭᠣᠯᠪᠠ
2022-03-12 08:49:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠨᠬᠣᠸᠠ ᠬᠣᠷᠢᠶᠠᠨ᠎ᠤ ᠪᠡᠭᠡᠵᠢᠩ᠎ᠤᠨ 3 ᠰᠠᠷ᠎ᠠ᠎ᠶᠢᠨ 11 ᠤ᠋ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ 11 ᠎ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠣᠷᠪᠣᠯᠵᠢᠯᠠᠭ᠍ᠴᠢᠳ᠎ᠤᠨ ᠬᠤᠷᠠᠯ ᠬᠢᠵᠦ᠍᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢᠳ ᠯᠢ ᠺᠸ ᠴᠢᠶᠠᠩ ᠶᠡᠬᠡ ᠬᠤᠷᠠᠯ᠎ᠤᠨ ᠥᠭᠦᠯᠡᠭ᠌ᠴᠢ ᠵᠠᠩ ᠶᠧ ᠰᠦᠶ ᠵᠢᠨ ᠤᠷᠢᠯᠭ᠎ᠠ᠎ᠪᠠᠷ ᠰᠣᠷᠪᠣᠯᠵᠢᠯᠠᠭ᠍ᠴᠢᠳ᠎ᠤᠨ ᠬᠤᠷᠠᠯ᠎ᠳᠤ ᠣᠷᠣᠯᠴᠠᠬᠰᠠᠨ ᠪᠦᠭᠡᠳ ᠲᠣᠮᠲᠠᠲᠣ ᠭᠠᠲᠠᠭᠠᠲᠣ᠎ᠶᠢᠨ ᠰᠣᠷᠪᠣᠯᠵᠢᠯᠠᠬᠴᠢᠳ᠎ᠤᠨ ᠠᠰᠠᠭᠣᠯᠲᠠ᠎ᠶᠢ ᠬᠠᠷᠢᠭᠣᠯᠪᠠ᠃

ᠰᠣᠷᠪᠣᠯᠵᠢᠯᠠᠭ᠍ᠴᠢᠳ᠎ᠤᠨ ᠬᠤᠷᠠᠯ ᠡᠬᠢᠯᠡᠬᠦ᠌ ᠦᠶ᠎ᠡ᠎ᠳᠦ᠂ ᠯᠢ ᠺᠸ ᠴᠢᠶᠠᠩ᠂ ᠰᠤᠷᠪᠤᠯᠵᠢᠯᠠᠭ᠍ᠴᠢ ᠨᠠᠢᠵᠨ ᠎ᠨᠠᠷ᠎ᠤᠨ ᠳᠤᠮᠳᠠᠳᠤ ᠤᠯᠤᠰ᠎ᠤᠨ ᠬᠣᠶᠠᠷ ᠬᠤᠷᠠᠯ᠎ᠢ ᠮᠡᠳᠡᠭᠡᠯᠡᠬᠦ᠎ᠶᠢᠨ ᠲᠥᠯᠥᠭᠡ ᠭᠠᠷᠭᠠᠭ᠍ᠰᠠᠨ ᠴᠢᠷᠮᠠᠢᠯᠭ᠎ᠠ ᠪᠠ ᠱᠢᠷᠭᠠᠭᠤ ᠬᠥᠳᠡᠯᠮᠦᠷᠢ᠎ᠳᠦ ᠲᠠᠯᠠᠷᠬᠠᠵᠤ ᠪᠠᠢᠨ᠎ᠠ᠃ ᠬᠢᠵᠢᠭ᠎ᠦᠨ ᠪᠠᠢᠳᠠᠯ᠎ᠠᠴᠠ ᠪᠣᠯᠵᠤ᠂ ᠪᠢᠳᠡ ᠦᠷᠭᠦᠯᠵᠢᠯᠡᠨ ᠸᠢᠳᠢᠣ᠋ ᠬᠡᠯᠪᠡᠷᠢ ᠪᠠᠷ ᠰᠣᠷᠪᠣᠯᠵᠢᠯᠠᠭ᠍ᠴᠢᠳ᠎ᠤᠨ ᠬᠤᠷᠠᠯ ᠬᠢᠵᠦ ᠪᠠᠢᠨ᠎ᠠ᠃ ᠰᠤᠷᠪᠤᠯᠵᠢᠯᠠᠭ᠍ᠴᠢ ᠨᠠᠢᠵᠨ ᠎ᠨᠠᠷ᠎ᠤᠨ ᠳᠤᠷᠠᠳᠤᠭ᠍ᠰᠠᠨ ᠠᠰᠠᠭᠤᠯᠲᠠ᠎ᠶ᠋ᠢ ᠪᠢ ᠳᠤᠷᠠᠲᠠᠶ᠎ᠠ ᠬᠠᠷᠢᠭᠤᠯᠤᠨ᠎ᠠ ᠭᠡᠪᠡ᠃

ᠠᠮᠧᠷᠢᠺᠠ᠎ᠶ᠋ᠢᠨ ᠬᠣᠯᠪᠣᠭᠠᠲᠤ ᠴᠢᠮᠡᠭᠡᠯᠡᠯ᠎ᠦᠨ ᠬᠣᠷᠢᠶ᠎ᠠ᠎ᠶ᠋ᠢᠨ ᠰᠤᠷᠪᠤᠯᠵᠢᠯᠠᠭ᠍ᠴᠢ᠄ ᠳᠤᠮᠳᠠᠳᠤ ᠤᠯᠤᠰ᠎ᠤᠨ ᠠᠵᠤ ᠠᠬᠤᠢ ᠶᠠᠭ ᠳᠡᠭᠡᠳᠦ ᠬᠤᠷᠳᠤᠴᠠ᠎ᠪᠠᠷ ᠨᠡᠮᠡᠭ᠌ᠳᠡᠵᠦ᠍ ᠪᠠᠢᠭ᠍ᠰᠠᠨ᠎ᠠᠴᠠ᠎ᠪᠠᠨ ᠠᠯᠬᠤᠮ ᠠᠯᠬᠤᠮ᠎ᠢᠶᠠᠷ ᠦᠷᠭᠦᠯᠵᠢᠯᠡᠬᠦ᠌᠂ ᠡᠷᠬᠡ ᠲᠡᠭ᠌ᠰᠢ ᠵᠢᠴᠢ ᠪᠣᠬᠢᠷᠲᠤᠯ ᠦᠭᠡᠢ ᠨᠡᠮᠡᠭ᠌ᠳᠡᠯ ᠲᠡᠢᠰᠢ  ᠬᠤᠪᠢᠷᠠᠵᠤ ᠪᠠᠢᠨ᠎ᠠ᠂ ᠨᠢᠳᠤᠨᠤᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠯᠢ ᠤᠯᠠᠨ ᠠᠷᠭ᠎ᠠ ᠬᠡᠮᠵᠢᠶ᠎ᠡ ᠠᠪᠴᠤ᠌ ᠥᠷᠢ ᠥᠭ᠌ᠴᠡᠭᠡᠨ᠎ᠦ ᠲᠦᠪᠱᠢᠨ᠎ᠢ ᠪᠠᠭᠤᠷᠠᠭᠤᠯᠵᠤ᠂ ᠳᠡᠭᠡᠳᠦ ᠮᠡᠷᠭᠡᠵᠢᠯ᠎ᠦᠨ ᠠᠵᠤ ᠠᠬᠤᠢᠯᠠᠯ᠎ᠢ ᠬᠢᠨᠠᠨ ᠬᠠᠮᠢᠶᠠᠷᠤᠭ᠍ᠰᠠᠨ᠎ᠢ ᠪᠢᠳᠡ ᠣᠯᠵᠤ ᠬᠠᠷᠠᠯ᠎ᠠ᠃ ᠡᠨᠡ ᠵᠢᠯ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠡᠴᠡ ᠴᠥᠭᠡᠨ ᠪᠤᠰᠤ ᠠᠵᠤ ᠠᠬᠤᠶ᠎ᠶ᠋ᠢᠨ ᠤᠬᠠᠭᠠᠨᠲᠠᠳ᠎ᠤᠨ ᠲᠡᠩᠳᠡᠭᠦᠦ ᠵᠤᠷᠢᠭ ᠲᠠᠢ ᠭᠡᠭᠳᠡᠭᠰᠡᠨ5.5%᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠬᠠᠷᠠᠯᠲᠠ᠎ᠶ᠋ᠢ ᠲᠣᠭ᠍ᠲᠠᠭᠠᠭ᠍ᠰᠠᠨ ᠪᠠᠢᠨ᠎ᠠ᠂ ᠡᠨᠡ ᠪᠣᠯ ᠱᠢᠨ᠎ᠡ ᠲᠢᠲᠢᠮᠯᠢᠭ ᠠᠭᠣᠰᠬᠢᠨ ᠦᠷᠪᠢᠰᠦᠯ᠎ᠦᠨ ᠬᠢᠵᠢᠭ᠎ᠦᠨ ᠪᠠᠢᠳᠠᠯ ᠦᠷᠭᠦᠯᠵᠢᠯᠡᠨ ᠳᠡᠯᠭᠡᠷᠡᠵᠦ ᠪᠠᠢᠭ᠎ᠠ ᠵᠢᠴᠢ ᠦᠺᠷᠠᠢᠨ᠎ᠤ ᠮᠥᠷᠭᠥᠯᠳᠦᠭᠡᠨ ᠭᠠᠷᠤᠭ᠍ᠰᠠᠨ ᠪᠠᠢᠳᠠᠯ ᠳᠣᠣᠷ᠎ᠠ ᠲᠣᠭ᠍ᠲᠠᠭᠠᠭ᠍ᠰᠠᠨ ᠬᠠᠷᠠᠯᠲᠠ ᠮᠥᠨ᠃ ᠮᠢᠨᠦ᠍ ᠠᠰᠠᠭᠤᠬᠤ ᠭᠡᠵᠦ ᠪᠠᠢᠭ᠎ᠠ ᠵᠦᠢᠯ ᠭᠡᠪᠡᠯ᠂ ᠡᠨᠡ ᠨᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠡᠨᠡ ᠵᠢᠯ ᠨᠡᠮᠡᠭ᠌ᠳᠡᠯ ᠎ᠢ ᠨᠡᠩ ᠢᠯᠡᠬᠦᠦ ᠴᠢᠬᠤᠯᠠᠴᠢᠯᠠᠵᠦ ᠪᠠᠢᠬᠣ᠎ᠶᠢ ᠬᠠᠷᠠᠭᠣᠯᠬᠣ ᠦᠦ ? ᠨᠡᠮᠡᠭ᠌ᠳᠡᠯ᠎ᠢ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ ᠪᠣᠯᠣᠨ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ᠎ᠶᠢ ᠡᠮᠦᠨ᠎ᠠ ᠨᠢ ᠲᠠᠯᠪᠢᠬᠤ ᠤᠤ? ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠡᠳᠡᠭᠡᠷ ᠠᠳᠠᠯᠢ ᠪᠤᠰᠤ ᠬᠥᠭ᠌ᠵᠢᠯᠲᠡ ᠎ᠶ᠋ᠢᠨ ᠬᠠᠷᠠᠯᠲᠠ᠎ᠶ᠋ᠢ ᠬᠡᠷᠬᠢᠨ ᠲᠡᠩᠴᠡᠭᠦᠷᠢᠲᠡᠶ ᠪᠣᠯᠭᠠᠬᠤ ᠪᠤᠶ ? ᠦᠺᠷᠠᠢᠨ᠎ᠤ ᠠᠰᠠᠭᠤᠳᠠᠯ᠎ᠤᠨ ᠲᠣᠬᠠᠢ᠂ ᠳᠤᠮᠳᠠᠳᠤ ᠤᠯᠤᠰ ᠪᠣᠯᠤᠨ ᠧᠦ᠋ᠷᠣᠫᠠ ᠎ᠶ᠋ᠢᠨ ᠠᠵᠤ ᠠᠬᠤᠶ ᠠᠷᠠᠯᠵᠢᠶᠠᠨ᠎ᠤ ᠴᠢᠬᠤᠯᠠ ᠬᠠᠷᠢᠴᠠᠭ᠎ᠠ ᠨᠢ ᠳᠤᠮᠳᠠᠳᠤ ᠤᠯᠤᠰ ᠡᠨᠡ ᠬᠦ᠌ ᠬᠢᠮᠤᠷᠠᠯ᠎ᠢ ᠠᠷᠭᠠᠴᠠᠭᠠᠬᠣ ᠲᠣᠮᠲᠠ ᠶᠠᠮᠠᠷ ᠪᠠᠢᠷᠢᠨ᠎ᠳᠤ ᠣᠷᠣᠰᠢᠬᠣ ᠪᠤᠶ? ᠣᠳᠣᠬᠠᠨ᠎ᠤ ᠬᠢᠮᠤᠷᠠᠯ᠎ᠢ ᠱᠢᠶ᠋ᠳᠪᠦᠷᠢᠯᠡᠭ᠌ᠰᠡᠨ᠎ᠡᠴᠡ ᠪᠤᠯᠵᠦ᠍᠂ ᠧᠦ᠋ᠷᠣᠫᠠ ᠲᠢᠪ᠎ᠯᠦᠭᠡ᠎ᠶ᠋ᠢᠨ ᠰᠡᠢ᠌ᠠ ᠰᠠᠢᠬᠠᠨ ᠬᠠᠷᠢᠴᠠᠭ᠎ᠠ᠎ᠶ᠋ᠢ ᠨᠥᠯᠥᠭᠡᠯᠡᠵᠦ᠍᠂ ᠴᠢᠨᠠᠭ᠍ᠰᠢᠯᠠᠨ ᠳᠤᠮᠳᠠᠳᠤ ᠤᠯᠤᠰ᠎ᠤᠨ ᠲᠤᠰ ᠪᠡᠶ᠎ᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠨᠦᠯᠦᠭᠡᠯᠡᠬᠦ ᠪᠣᠯᠣᠨ᠎ᠠ ᠭᠡᠵᠦ᠍ ᠰᠠᠨᠠᠭ᠎ᠠ ᠪᠣᠯᠵᠦ ᠪᠠᠢᠨ᠎ᠠ ᠦᠦ ?

ᠯᠢ ᠺᠸ ᠴᠢᠶᠠᠩ᠄ ᠲᠠ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢ ᠲᠣᠷᠠᠲᠣᠯ᠎ᠠ᠂ ᠨᠢᠳᠤᠨᠤᠨ ᠮᠠᠨ᠎ᠤ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ ᠨᠢᠭᠡᠨᠲᠡ 110 ᠭᠠᠷᠤᠢ ᠲᠦᠮᠡᠨ ᠳ᠋ᠦᠩᠱᠢᠭᠤᠷ ᠲᠥᠭᠥᠷᠢᠭ᠎ᠲᠤ ᠬᠦᠷᠴᠦ᠂ ᠡᠨᠡ ᠬᠦ᠌ ᠦᠷᠭᠦᠯᠵᠢᠯᠡᠭᠰᠡᠨ ᠨᠡᠮᠡᠭ᠌ᠳᠡᠯ᠎ᠢ ᠥᠨᠳᠥᠷ ᠰᠠᠭᠤᠷᠢ ᠲᠣᠭ᠎ᠠ ᠳᠡᠭᠡᠷᠡᠬᠢ ᠨᠡᠮᠡᠭ᠌ᠳᠡᠯ ᠭᠡᠵᠦ᠍ ᠬᠡᠯᠡᠵᠦ᠍ ᠪᠣᠯᠤᠨ᠎ᠠ᠃ ᠳᠡᠯᠡᠬᠡᠶ᠎ᠶ᠋ᠢᠨ ᠬᠡᠪᠴᠢᠶᠡᠨ᠎ᠡᠴᠡ ᠠᠪᠴᠤ᠌ ᠦᠵᠡᠪᠡᠯ᠂ ᠡᠢᠮᠦ᠍ᠷᠬᠦᠦ ᠲᠣᠮᠣ ᠠᠵᠤ ᠠᠬᠤᠶ᠎ᠶ᠋ᠢᠨ ᠴᠣᠭ᠍ᠴᠠ᠎ᠶᠢᠨ ᠳᠤᠮᠳᠠ ᠳᠡᠭᠡᠳᠦ ᠬᠤᠷᠳᠤᠴᠠ᠎ᠪᠠᠷ ᠨᠡᠮᠡᠭ᠌ᠳᠡᠬᠦ᠌᠎ᠶ᠋ᠢ ᠪᠠᠲᠤᠯᠠᠬᠤ ᠪᠣᠯ ᠲᠡᠷᠡ ᠴᠢᠭ ᠎ᠢᠶᠡᠷ᠎ᠢᠶᠡᠨ ᠮᠠᠰᠢ ᠶᠡᠬᠡ ᠬᠦᠴᠢᠷ ᠠᠰᠠᠭᠤᠳᠠᠯ ᠪᠣᠯᠬᠤ ᠶᠤᠮ᠃ ᠪᠢᠳᠡ ᠡᠨᠡ ᠵᠢᠯ 5.5% ᠰᠢᠬᠠᠮ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠠᠷᠠᠯᠲᠠ᠎ᠶ᠋ᠢ ᠲᠣᠭ᠍ᠲᠠᠭᠠᠭ᠍ᠰᠠᠨ ᠶᠠᠪᠤᠳᠠᠯ ᠪᠣᠯ ᠲᠡᠩᠳᠡᠬᠦᠦ ᠵᠤᠷᠢᠭ ᠲᠠᠢ ᠬᠠᠷᠠᠯᠲᠠ ᠮᠥᠨ ᠭᠡᠵᠦ᠍ ᠲᠠ ᠰᠠᠶᠢᠬᠠᠨ ᠳᠤᠷᠠᠳᠤᠭ᠍ᠰᠠᠨ ᠪᠢᠯᠡ᠃ ᠮᠢᠨᠦ᠍ ᠴᠡᠭᠡᠵᠢᠯᠡᠵᠦ᠍ ᠪᠠᠢᠬᠤ᠎ᠪᠠᠷ᠂ ᠨᠢᠳᠤᠨᠤᠨ ᠮᠦᠨ ᠡᠨᠡ ᠬᠦ᠌ ᠰᠤᠷᠪᠤᠯᠵᠢᠯᠠᠭ᠍ᠴᠢᠳ᠎ᠤᠨ ᠬᠤᠷᠠᠯ ᠳᠡᠭᠡᠷ᠎ᠡ᠂ ᠲᠠᠨᠣᠰ᠎ᠤᠨ ᠠᠵᠦ ᠠᠬᠣᠢ᠎ᠶᠢᠨ ᠨᠡᠮᠡᠭᠳᠡᠯ᠎ᠤᠨ ᠬᠣᠷᠲᠣᠴᠠ ᠪᠠᠨ 6% ᠡᠴᠡ ᠳᠡᠭᠡᠭ᠌ᠰᠢ ᠭᠡᠵᠦ᠍ ᠲᠣᠭ᠍ᠲᠠᠭᠠᠬᠰᠠᠨ ᠬᠠᠷᠠᠯᠲᠠ ᠳᠣᠣᠷ᠎ᠠ ᠪᠣᠯᠪᠠᠦ ᠭᠡᠵᠦ ᠰᠣᠷᠪᠣᠯᠵᠢᠯᠠᠬᠴᠢ ᠠᠰᠠᠭᠣᠵᠦ ᠪᠠᠢᠬᠰᠠᠨ ᠶᠣᠮ᠃ ᠪᠢᠳᠡᠨ ᠳ᠋ᠦ ᠲᠡᠭᠡᠵᠦ ᠰᠠᠨᠠᠬᠲᠠᠬᠰᠠᠨ ᠦᠭᠡᠢ᠃ ᠣᠴᠢᠷ ᠨᠢ ᠲᠦᠷᠦᠭᠦᠦ ᠨᠢᠭᠡ ᠵᠢᠯ᠎ᠦᠨ ᠰᠠᠭᠤᠷᠢ ᠲᠣᠭ᠎ᠠ ᠳᠣᠣᠷ᠎ᠠ ᠪᠠᠢᠭ᠍ᠰᠠᠨ ᠤᠴᠢᠷ᠎ᠠᠴᠠ ᠨᠢᠳᠤᠨᠤᠨ 8% ᠵᠢᠨ ᠨᠡᠮᠡᠭ᠌ᠳᠡᠯ ᠲᠡᠷᠡᠴᠢᠯᠡᠨ ᠨᠡᠩ ᠦᠨᠳᠦᠷ ᠨᠡᠮᠡᠭᠲᠡᠯ᠎ᠢ ᠪᠡᠶᠡᠯᠡᠭᠦᠯᠬᠦ᠌ ᠪᠣᠯᠤᠯᠴᠠᠭ᠎ᠠ ᠪᠦᠷᠢᠨ ᠪᠠᠢᠭ᠍ᠰᠠᠨ ᠪᠣᠯᠪᠠᠴᠤ᠌ ᠪᠢᠳᠡ ᠬᠠᠰᠢᠯᠠ 6% ᠡᠴᠡ ᠳᠡᠭᠡᠭ᠌ᠰᠢᠬᠢ ᠨᠡᠮᠡᠭ᠌ᠳᠡᠯ᠎ᠤᠨ ᠬᠠᠷᠠᠯᠲᠠ᠎ᠶᠢ ᠲᠣᠬᠲᠠᠭᠠᠬᠰᠠᠨ ᠶᠣᠮ᠂ 《ᠳᠡᠭᠡᠭ᠌ᠰᠢ》 ᠭᠡᠵᠦ ᠦᠬᠦᠯᠡᠭᠰᠡᠨ᠎ᠤ ᠤᠯᠠᠮ᠎ᠠᠴᠠ ᠲᠡᠷᠡ ᠶᠣᠰᠣᠭᠠᠷ ᠪᠡᠶᠡᠯᠡᠭᠳᠡᠬᠦ᠎ᠶᠢ ᠦᠵᠡᠬᠦ᠌ ᠳᠤᠷᠠᠲᠠᠶ᠃ ᠭᠡᠪᠡᠴᠦ᠍ ᠮᠠᠨ᠎ᠤ ᠬᠣᠷᠸ᠎ᠠ ᠠᠵᠤ ᠠᠬᠤᠶ ᠎ᠶ᠋ᠢᠨ ᠲᠥᠷᠥ ᠎ᠶ᠋ᠢᠨ ᠪᠣᠳᠣᠯᠭ᠎ᠠ᠎ᠶ᠋ᠢᠨ  ᠪᠠᠷᠢᠮᠵᠢᠶ᠎ᠠ ᠵᠢ 6% ᠎ᠪᠠᠷ ᠲᠣᠭ᠍ᠲᠠᠭᠠᠭ᠍ᠰᠠᠨ ᠶᠤᠮ᠂ ᠥᠭᠡᠷ᠎ᠡ᠎ᠪᠡᠷ ᠬᠡᠯᠡᠪᠡᠯ ᠡᠳ᠋᠎ᠦᠨ ᠵᠠᠰᠠᠭ᠂ ᠵᠣᠭᠣᠰ᠂ ᠠᠵᠢᠯ ᠣᠯᠭᠣᠯᠲᠠ ᠵᠡᠷᠭᠡ᠎ᠲᠥᠷᠥ᠎ᠶ᠋ᠢᠨ ᠪᠣᠳᠣᠯᠭ᠎ᠠ᠎ᠶᠢ ᠴᠥᠮ ᠡᠨᠡ ᠬᠦ᠌ ᠪᠠᠷᠢᠮᠵᠢᠶ᠎ᠠ ᠵᠢᠨ  ᠲᠣᠭᠣᠷᠢᠨ᠎ᠳᠤ ᠬᠡᠷᠡᠭ᠌ᠵᠢᠭᠦᠯᠬᠦ᠌ ᠬᠡᠷᠡᠭ᠌ᠲᠡᠶ᠂ ᠢᠩᠭᠢᠭ᠌ᠰᠡᠨ᠎ᠢᠶᠡᠷ ᠪᠢᠳᠡ ᠤᠯᠠᠭᠠᠨ ᠲᠣᠭ᠎ᠠ ᠎ᠶ᠋ᠢᠨ ᠨᠣᠷᠮ᠎ᠠ᠎ᠶ᠋ᠢ ᠳᠣᠷᠣᠭ᠍ᠰᠢᠯᠠᠭᠤᠯᠵᠤ ᠂ ᠬᠣᠷᠸ᠎ᠠ ᠬᠥᠱᠢᠭᠦᠷᠭᠡ ᠎ᠶ᠋ᠢᠨ ᠨᠣᠷᠮ᠎ᠠ ᠎ᠶ᠋ᠢ ᠲᠣᠭ᠍ᠲᠠᠭᠤᠨ ᠪᠠᠢᠯᠭᠠᠬᠤ ᠎ᠶ᠋ᠢᠨ ᠵᠡᠷᠭᠡ ᠪᠡᠷ ᠳᠣᠷᠣᠭ᠍ᠰᠢᠯᠠᠭᠤᠯᠵᠠᠢ᠂ ᠡᠨᠡ ᠨᠢ ᠮᠦᠨ ᠴᠤ᠌ ᠡᠨᠡ ᠵᠢᠯ᠎ᠦᠨ ᠱᠢᠨ᠎ᠡ ᠥᠷᠢᠰᠥᠯᠳᠦᠭᠡᠨ᠎ᠢ ᠠᠷᠭᠠᠴᠠᠭᠠᠬᠤ᠎ᠳᠤ ᠲᠥᠷᠥ᠎ᠶ᠋ᠢᠨ ᠪᠣᠳᠣᠯᠭ᠎ᠠ᠎ᠶ᠋ᠢᠨ ᠣᠷᠣᠨ ᠵᠠᠶ ᠦᠯᠡᠳᠡᠭᠡᠭᠰᠡᠨ ᠶᠣᠮ᠃

2020 ᠣᠨ᠎ᠢ ᠡᠷᠭᠢᠴᠡᠭᠦᠯᠪᠡᠯ᠂ ᠪᠢᠳᠡ ᠲᠡᠢᠮᠦ᠍ ᠬᠦᠨᠳᠦ ᠬᠡᠴᠡᠭᠦᠦ ᠪᠠᠢᠳᠠᠯ ᠳᠣᠣᠷ᠎ᠠ᠂《ᠶᠡᠬᠡ ᠤᠰᠤ᠎ᠪᠠᠷ ᠨᠡᠯᠦᠢᠲᠡᠯ᠎ᠡ ᠤᠰᠤᠯᠠᠵᠦ》 ᠵᠣᠭᠣᠰ᠎ᠢ ᠳᠠᠪᠠᠭᠤᠯᠤᠨ ᠲᠠᠷᠬᠠᠭᠠᠬᠣ ᠠᠷᠭ᠎ᠠ ᠬᠡᠮᠵᠢᠶ᠎ᠡ ᠠᠪᠤᠭ᠍ᠰᠠᠨ ᠦᠭᠡᠶ᠂ ᠨᠢᠳᠤᠨᠤᠨ ᠲᠡᠷᠡᠴᠢᠯᠡᠨ ᠡᠨᠡ ᠵᠢᠯ᠎ᠦᠨ 2 ᠰᠠᠷ᠎ᠠ ᠪᠣᠯᠲᠠᠯ᠎ᠠ ᠳᠡᠯᠡᠬᠡᠶ᠎ᠶ᠋ᠢᠨ ᠮᠠᠰᠢ ᠣᠯᠠᠨ ᠤᠯᠤᠰ᠎ᠤᠨ ᠵᠣᠭᠣᠰ ᠮᠠᠭᠤᠳᠠᠵᠤ ᠪᠠᠢᠭ᠎ᠠ ᠠᠬᠣᠢ ᠪᠠᠢᠳᠠᠯ ᠳᠣᠣᠷ᠎ᠠ ᠪᠢᠳᠡᠨ᠎ᠤ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠂ ᠥᠭᠡᠷ᠎ᠡ᠎ᠪᠡᠷ ᠬᠡᠯᠡᠪᠡᠯ CPI ᠎ᠶ᠋ᠢᠨ ᠥᠰᠥᠯᠲᠡ 1% ᠳ᠋ᠥ᠍ ᠬᠦᠷᠬᠦ᠌ ᠦᠭᠡᠶ ᠪᠠᠢᠵᠦ᠂ ᠡᠨᠡ ᠨᠢ ᠮᠠᠨ᠎ᠤ ᠬᠡᠷᠡᠭ᠌ᠵᠢᠭᠦᠯᠵᠦ᠍ ᠪᠠᠢᠭ᠎ᠠ ᠵᠦᠶ ᠵᠣᠬᠢᠰᠲᠠᠶ ᠬᠣᠷᠸ᠎ᠠ ᠲᠥᠷᠥ᠎ᠶ᠋ᠢᠨ ᠪᠣᠳᠣᠯᠭ᠎ᠠ ᠯᠣᠭ᠎ᠠ ᠬᠣᠯᠪᠣᠭ᠎ᠠ ᠲᠠᠶ ᠭᠡᠵᠦ ᠬᠡᠯᠡᠬᠦ᠌ ᠦᠭᠡᠶ ᠪᠠᠢᠬᠤ᠎ᠶ᠋ᠢᠨ ᠠᠷᠭ᠎ᠠ ᠦᠭᠡᠶ ᠶᠤᠮ᠃ ᠬᠡᠯᠡᠯᠭᠡᠨ ᠤᠢ᠍ᠭᠡᠢ᠂ ᠮᠢᠨᠦ᠍ ᠰᠠᠶᠢ᠎ᠶ᠋ᠢᠨ ᠶᠠᠷᠢᠭ᠍ᠰᠠᠨ ᠮᠡᠲᠦ ᠪᠡᠷ ᠪᠢᠳᠠ ᠬᠣᠷᠸ᠎ᠠ ᠲᠦᠷᠦ ᠶ᠋ᠢᠨ ᠪᠤᠳᠦᠯᠭ᠎ᠠ ᠲᠣᠭ᠍ᠲᠠᠭᠠᠬᠤ᠎ᠳᠠᠭᠠᠨ ᠳᠤᠮᠳᠠᠳᠤ ᠤᠯᠤᠰ᠎ᠤᠨ ᠪᠣᠳᠠᠲᠤ ᠪᠠᠢᠳᠠᠯ ᠡᠴᠡ ᠦᠨᠳᠦᠰᠦᠯᠡᠭ᠌ᠰᠡᠨ ᠶᠤᠮ᠂ ᠪᠤᠰᠤᠳ ᠤᠯᠤᠰ᠎ᠢ ᠦᠨᠡᠯᠡᠭᠰᠡᠨ ᠰᠠᠨᠠᠭ᠎ᠠ ᠦᠭᠡᠢ᠃

ᠨᠢᠳᠤᠨᠤᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ ᠲᠠᠮᠵᠢᠨ᠂ ᠪᠢᠳᠡ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠪᠡᠨ ᠪᠡᠶᠡᠯᠡᠭᠦᠯᠦᠭ᠌ᠰᠡᠨ᠎ᠢᠶᠡᠷ ᠪᠠᠷᠠᠬᠤ ᠦᠭᠡᠢ ᠡᠨᠡ ᠵᠢᠯ᠎ᠳᠦ ᠪᠠᠲᠤ ᠪᠡᠬᠢ ᠰᠠᠭᠤᠷᠢ ᠲᠠᠯᠪᠢᠵᠠᠢ᠃ ᠡᠨᠡ ᠵᠢᠯ᠎ᠦᠨ ᠠᠵᠤ ᠠᠬᠤᠶ ᠨᠡᠬᠡᠷᠡᠨ ᠤᠷᠤᠭᠤᠳᠠᠬᠤ ᠱᠢᠨ᠎ᠡ ᠳᠠᠷᠤᠯᠲᠠ ᠪᠠ ᠥᠷᠢᠰᠥᠯᠳᠦᠭᠡᠨ᠎ᠳᠦ ᠲᠤᠯᠭᠠᠷᠠᠵᠠᠶ᠂ ᠡᠯ᠎ᠡ ᠵᠦᠢᠯ᠎ᠦᠨ ᠪᠤᠳᠤᠯᠢᠶᠠᠨᠲᠠᠶ ᠣᠷᠴᠢᠨ ᠨᠥᠬᠥᠴᠡᠯ ᠎ᠤᠨ ᠬᠣᠪᠢᠷᠠᠯᠲᠠ᠂ ᠲᠣᠭ᠍ᠲᠠᠩᠭᠣᠢ ᠪᠤᠰᠤ ᠬᠦᠴᠦᠨ ᠵᠦᠢᠯ ᠨᠡᠮᠡᠭ᠌ᠳᠡᠭᠰᠡᠨ᠎ᠢ ᠲᠦᠷ ᠦᠬᠦᠯᠡᠬᠦ ᠦᠭᠡᠢ ᠪᠡᠷ᠂ ᠪᠢᠳᠡᠨ᠎ᠦ ᠲᠤᠰ ᠪᠡᠶ᠎ᠡ ᠪᠡᠷ ᠶ᠋ᠢᠡᠨ ᠪᠡᠶᠡᠯᠡᠬᠦᠯᠬᠦ 5.5% ᠵᠢᠨ ᠬᠠᠷᠠᠯᠲᠠᠳᠤ ᠨᠡᠮᠡᠭ᠌ᠳᠡᠯ᠎ᠦᠨ ᠬᠡᠮᠵᠢᠶ᠎ᠡ᠂ ᠥᠭᠡᠷ᠎ᠡ᠎ᠪᠡᠷ ᠬᠡᠯᠡᠪᠡᠯ ᠳᠤᠮᠳᠠᠳᠤ ᠤᠯᠤᠰ᠎ᠤᠨ ᠵᠠᠭᠤᠨ ᠲᠦᠮᠡᠨ ᠳ᠋ᠦᠩᠱᠢᠭᠤᠷ ᠲᠥᠭᠥᠷᠢᠭ᠎ᠦᠨ ᠬᠡᠮᠵᠢᠶ᠎ᠡ᠎ᠶ᠋ᠢᠨ ᠲᠡᠰ᠎ᠠᠴᠠ ᠳᠡᠭᠡᠭ᠌ᠰᠢᠬᠢ GDP᠎ᠶ᠋ᠢᠨ 5.5% ᠵᠢᠨ ᠨᠡᠮᠡᠭ᠌ᠳᠡᠯ᠎ᠦᠨ ᠬᠡᠮᠵᠢᠶ᠎ᠡ ᠨᠢ ᠳᠠᠷᠤᠶ ᠨᠢᠭᠡᠨ ᠳᠤᠮᠳᠠ ᠵᠡᠷᠭᠡ᠎ᠶ᠋ᠢᠨ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠲᠡᠶ ᠲᠡᠩᠴᠡᠨ᠎ᠡ᠃ 10 ᠵᠢᠯ᠎ᠦᠨ ᠡᠮᠦᠨ᠎ᠡ᠂ ᠮᠠᠨ᠎ᠤ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠮᠥᠨ ᠬᠦ᠌ 50 ᠭᠠᠷᠤᠢ ᠲᠦᠮᠡᠨ ᠳ᠋ᠦᠩᠱᠢᠭᠤᠷ ᠲᠥᠭᠥᠷᠢᠭ᠎ᠪᠠᠢᠵᠦ᠂ 10%᠎ᠪᠡᠷ ᠨᠡᠮᠡᠭ᠌ᠳᠡᠪᠡᠯ ᠨᠡᠮᠡᠭ᠌ᠳᠡᠯ᠎ᠦᠨ ᠬᠡᠮᠵᠢᠶ᠎ᠡ ᠨᠢ ᠵᠢᠷᠭᠤᠭ᠎ᠠ ᠲᠤᠯᠤᠭᠠᠨ ᠲᠦᠮᠡᠨ ᠳ᠋ᠦᠩᠱᠢᠭᠤᠷ ᠲᠥᠭᠥᠷᠢᠭ ᠪᠠᠢᠪᠠᠯ ᠪᠣᠯᠴᠢᠬᠠᠨ᠎ᠠ ᠂ ᠭᠡᠬᠦ᠌᠎ᠳᠡᠭᠡᠨ ᠡᠨᠡ ᠵᠢᠯ ᠶᠢᠰᠦᠨ ᠲᠦᠮᠡᠨ ᠳ᠋ᠦᠩᠱᠢᠭᠤᠷ ᠲᠥᠭᠥᠷᠢᠭ ᠶ᠋ᠢᠡᠷ ᠨᠡᠷᠡᠯᠡᠭ᠌ᠰᠡᠨ GDP ᠵᠢᠨ ᠨᠡᠮᠡᠭ᠌ᠳᠡᠯ᠎ᠦᠨ ᠬᠡᠮᠵᠢᠶ᠎ᠡ᠎ᠲᠡᠶ ᠪᠣᠯᠬᠤ ᠪᠣᠯᠤᠨ᠎ᠠ᠃ ᠡᠨᠡ ᠨᠢ ᠶᠠᠭ ᠠᠭᠤᠯᠠ ᠠᠪᠠᠷᠢᠬᠤ᠎ᠲᠠᠶ ᠲᠦᠰᠦᠭᠡᠲᠡᠢ ᠂ ᠬᠡᠷᠪᠡ 1000 ᠮᠧᠲ᠋ᠷ᠎ᠦᠨᠳᠦᠷ ᠠᠭᠤᠯᠠᠨ᠎ᠳᠤ ᠠᠪᠠᠷᠢᠬᠣ ᠪᠡᠷ ᠪᠣᠲᠣᠪᠠᠯ᠂ 10% ᠵᠢ ᠨᠢ ᠠᠪᠠᠷᠢᠬᠣ ᠭᠡᠪᠡᠯ 100 ᠮᠧᠲ᠋ᠷ ᠦᠨᠳᠦᠷ ᠠᠪᠠᠷᠢᠪᠠᠯ ᠪᠣᠯᠴᠢᠬᠠᠨ᠎ᠠ; ᠬᠡᠷᠪᠡ 3000 ᠮᠧᠲ᠋ᠷ᠎ᠤᠨ ᠦᠨᠳᠦᠷ ᠠᠭᠤᠯᠠ᠎ᠶᠢ ᠠᠪᠠᠷᠢᠬᠤ᠎ᠳᠤ ᠬᠦᠷᠪᠡᠯ᠂ 5% ᠎ᠶ᠋ᠢᠨ ᠦᠨᠳᠦᠷ ᠲᠦ᠍ ᠬᠦᠷᠪᠡᠯ᠂ ᠲᠡᠷᠡ ᠨᠢ ᠳᠠᠷᠤᠶ 150 ᠮᠧᠲ᠋ᠷ ᠦᠨᠳᠦᠷ ᠪᠣᠯᠬᠣ ᠶᠣᠮ᠃ ᠡᠭᠦᠨ᠎ᠦ ᠬᠠᠮᠲᠤ ᠨᠥᠬᠥᠴᠡᠯ ᠪᠠᠢᠲᠠᠯ ᠨᠢ ᠴᠦ᠍ ᠬᠤᠪᠢᠷᠠᠵᠠᠶ᠂ ᠦᠨᠳᠦᠷ ᠲᠦ᠍ ᠭᠠᠷᠬᠣ ᠲᠤᠲᠤᠮ ᠠᠭᠠᠷ᠎ᠰᠡᠢᠷᠡᠭ ᠪᠣᠯᠵᠣ᠂ ᠬᠦᠴᠢᠯᠲᠥ᠋ᠷᠥᠭ᠌ᠴᠢ ᠪᠠᠭᠠᠰᠴᠦ᠂ ᠠᠪᠣᠨ ᠦᠵᠡᠬᠦ᠌᠎ᠳᠦ ᠬᠤᠷᠳᠤᠴᠠ ᠤᠳᠠᠭᠠᠱᠢᠷᠠᠭ᠍ᠰᠠᠨ ᠱᠢᠭ᠋ ᠪᠣᠯᠪᠠᠴᠤ᠌ ᠬᠡᠷᠡᠭ ᠲᠡᠭᠡᠷ᠎ᠡ ᠪᠠᠨ ᠬᠤᠪᠢ᠎ᠶ᠋ᠢᠨ ᠵᠢᠩ ᠨᠢ ᠨᠠᠩ ᠬᠦᠨᠳᠦ ᠪᠠᠢᠳᠠᠭ᠃

5.5% ᠣᠷᠴᠢᠮ᠎ᠤᠨ ᠨᠡᠮᠡᠭ᠌ᠳᠡᠯ᠎ᠢ ᠪᠡᠶᠡᠯᠡᠭᠦᠯᠬᠦ᠌ ᠪᠣᠯ ᠥᠨᠳᠥᠷ ᠲᠦᠪᠱᠢᠨ᠎ᠳᠡᠬᠢ ᠲᠣᠭ᠍ᠲᠠᠭᠤᠨ ᠪᠠᠢᠳᠠᠯ᠂ ᠮᠥᠨ ᠴᠢᠨᠠᠷ ᠳᠡᠭᠡᠷ᠎ᠡ᠎ᠪᠡᠨ ᠤᠷᠤᠭ᠍ᠰᠢᠯᠠᠭᠤᠯᠬᠤ ᠶᠠᠪᠤᠳᠠᠯ ᠮᠥᠨ᠂ ᠡᠨᠡ ᠲᠡᠢᠮᠦ᠍ ᠬᠢᠯᠪᠡᠷ ᠪᠢᠰᠢ᠂ ᠡᠷᠬᠡᠪᠰᠢ ᠬᠠᠷᠠᠭᠠᠯᠵᠠᠬᠰᠠᠨ ᠬᠣᠷᠸ᠎ᠠ ᠲᠦᠷᠦ᠍᠎ᠶ᠋ᠢᠨ ᠪᠤᠳᠤᠯᠭ᠎ᠠ ᠪᠡᠷ ᠲᠣᠯᠭᠠᠭᠣᠷᠢᠯᠠᠬᠣ ᠬᠡᠷᠡᠭ᠌ᠲᠡᠶ᠃ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠪᠠᠷ ᠵᠢᠱ᠌ᠢᠶᠡᠯᠡᠪᠡᠯ᠂ ᠡᠨᠡ ᠵᠢᠯ ᠪᠢᠳᠡ ᠤᠯᠠᠭᠠᠨ ᠲᠣᠭ᠎ᠠ᠎ᠶ᠋ᠢᠨ ᠨᠤᠷᠮ᠎ᠠ᠎ᠶ᠋ᠢ 2.8% ᠪᠣᠯᠲᠠᠯ᠎ᠠ ᠪᠠᠭᠤᠷᠠᠭᠤᠯᠵᠤ᠂ ᠤᠯᠠᠭᠠᠨ ᠲᠣᠭ᠎ᠠ ᠨᠢᠳᠤᠨᠤᠨ᠎ᠤ ᠬᠢ᠎ᠡᠴᠡ 2000 ᠭᠠᠷᠤᠶ ᠳ᠋ᠦᠩᠱᠢᠭᠤᠷ ᠲᠥᠭᠥᠷᠢᠭ ᠪᠠᠭᠠᠰᠴᠠᠶ᠃ ᠡᠬᠦᠨ᠎ᠤ ᠬᠠᠮᠲᠣ ᠪᠢᠳᠡ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠡᠷᠴᠢᠮ᠎ᠢᠶᠡᠨ ᠴᠢᠩᠭᠠᠷᠠᠭᠤᠯᠪᠠ᠃ ᠲᠡᠭᠡᠪᠡᠯ ᠵᠣᠭᠣᠰ ᠬᠠᠮᠢᠭ᠎ᠠ᠎ᠠᠴᠠ ᠢᠷᠡᠳᠡᠭ ᠪᠤᠢ? ᠭᠡᠵᠦ᠍ ᠲᠠ᠎ᠨᠠᠷ ᠠᠰᠠᠭᠤᠬᠤ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢ ᠨᠢᠭᠡᠨᠲᠡ ᠬᠡᠯᠡᠵᠦ ᠦᠩᠭᠡᠷᠡᠭᠰᠡᠨ᠂ ᠪᠢᠳᠡ ᠡᠨᠡ ᠬᠣᠶᠠᠷ ᠵᠢᠯ ᠬᠡᠷᠡᠭ᠌ᠯᠡᠭ᠌ᠰᠡᠨ ᠦᠭᠡᠢ ᠳ᠋ᠦᠩᠨᠡᠨ ᠦᠯᠡᠳᠡᠭᠡᠭ᠌ᠰᠡᠨ ᠲᠥᠪ᠎ᠦᠨ ᠲᠤᠰᠭᠠᠶ ᠲᠣᠭ᠍ᠲᠠᠭᠠᠭ᠍ᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ ᠪᠠ ᠲᠤᠰᠭᠠᠶ ᠡᠵᠡᠩᠨᠡᠯᠲᠡ᠎ᠶ᠋ᠢᠨ ᠪᠠᠢᠭᠤᠯᠤᠮᠵᠢ᠎ᠶ᠋ᠢᠨ ᠠᠱᠢᠭ ᠬᠣᠨᠵᠢᠪᠣᠷᠢ᠎ᠶ᠋ᠢ ᠬᠡᠷᠡᠭ᠌ᠯᠡᠵᠦ᠍ ᠪᠣᠯᠤᠨ᠎ᠠ᠂ ᠡᠭᠦᠨ᠎ᠦ ᠳᠡᠭᠡᠷ᠎ᠡ ᠡᠳ᠋᠎ᠦᠨ ᠵᠠᠰᠠᠭ᠎ᠤᠨ ᠲᠥᠰᠦᠪ᠎ᠢ ᠲᠣᠭ᠍ᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠥ᠎ᠶ᠋ᠢ ᠨᠡᠮᠡᠪᠡᠯ᠂ ᠱᠢᠨ᠎ᠡ᠎ᠪᠡᠷ ᠨᠡᠮᠡᠭ᠌ᠳᠡᠭ᠌ᠰᠡᠨ ᠵᠠᠷᠤᠯᠭ᠎ᠠ᠎ᠶ᠋ᠢᠨ ᠬᠡᠪᠴᠢᠶ᠎ᠡ ᠨᠢ 2 ᠲᠦᠮᠡᠨ ᠳ᠋ᠦᠩᠱᠢᠭᠤᠷ ᠲᠥᠭᠥᠷᠢᠭ᠎ᠡᠴᠡ ᠪᠠᠭ᠎ᠠ ᠪᠠᠢᠵᠤ ᠪᠣᠯᠬᠤ ᠦᠭᠡᠢ ᠪᠥᠭᠡᠳ ᠨᠡᠮᠡᠭ᠌ᠳᠡᠭ᠌ᠰᠡᠨ ᠬᠡᠪᠴᠢᠶ᠎ᠡ᠎ᠶ᠋ᠢ ᠨᠢ ᠭᠣᠣᠯᠳᠠᠭᠤ ᠭᠠᠢᠯᠢ ᠵᠢ ᠬᠠᠰᠤᠵᠦ ᠰᠦᠢᠳᠭᠡᠯ᠎ᠢ ᠪᠠᠭᠤᠷᠠᠭᠤᠯᠬᠤ᠎ᠳᠤ ᠬᠡᠷᠡᠭ᠌ᠯᠡᠨ᠎ᠡ᠂ ᠢᠯᠠᠩᠭᠤᠶ᠎ᠠ ᠭᠠᠢᠯᠢ᠎ᠶ᠋ᠢ ᠪᠤᠴᠠᠭᠠᠬᠤ᠎ᠳᠤ ᠬᠡᠷᠡᠭ᠌ᠯᠡᠨ᠎ᠡ᠂ ᠡᠨᠡ ᠨᠢ ᠥᠨᠳᠥᠷ ᠠᠭᠤᠯᠠᠨ᠎ᠳᠤ ᠠᠪᠠᠷᠢᠬᠴᠢᠳ᠎ᠲᠦ ᠬᠦᠴᠢᠯᠲᠥ᠋ᠷᠥᠭ᠌ᠴᠢ ᠶᠡᠭᠦᠯᠡᠭ᠌ᠰᠡᠨ᠎ᠲᠡᠶ ᠠᠳᠠᠯᠢ᠃ ᠬᠡᠯᠡᠯᠭᠡᠨ ᠦᠭᠡᠢ᠂ ᠪᠢᠳᠡᠨ᠎ᠳᠦ ᠪᠠᠰᠠ ᠢᠵᠢ ᠪᠦᠷᠢᠳᠦᠭ᠌ᠰᠡᠨ ᠮᠥᠩᠭᠥᠨ ᠭᠦᠢᠯᠭᠡᠭᠡᠨ᠂ ᠠᠵᠢᠯ ᠣᠯᠭᠣᠯᠲᠠ ᠵᠡᠷᠭᠡ ᠤᠯᠠᠨ ᠵᠦᠢᠯ᠎ᠦᠨ ᠠᠷᠭ᠎ᠠ ᠬᠡᠮᠵᠢᠶ᠎ᠡ ᠪᠣᠢ᠃

ᠪᠢᠳᠡᠨ᠎ᠦ ᠡᠨᠡ ᠵᠢᠯ᠎ᠦᠨ ᠠᠪᠤᠭ᠍ᠰᠠᠨ ᠠᠷᠭ᠎ᠠ ᠬᠡᠮᠵᠢᠶ᠎ᠡ ᠪᠣᠯ ᠣᠬᠣᠷ ᠬᠤᠭᠤᠴᠠᠭ᠎ᠠ᠎ᠶ᠋ᠢ ᠠᠷᠭᠠᠴᠠᠭᠠᠬᠤ᠎ᠪᠠᠷ ᠪᠠᠷᠠᠬᠤ ᠦᠭᠡᠢ ᠣᠳᠣᠬᠠᠨ᠎ᠤ ᠪᠠᠢᠳᠠᠯ᠎ᠳᠠᠭᠠᠨ ᠰᠠᠭᠤᠷᠢᠯᠠᠵᠤ᠂ ᠠᠯᠤᠰ ᠬᠡᠲᠤ ᠎ᠶ᠋ᠢ ᠪᠣᠳᠣᠯᠬᠢᠯᠠᠭ᠍ᠰᠠᠨ ᠠᠷᠭ᠎ᠠ ᠬᠡᠮᠵᠢᠶ᠎ᠡ ᠮᠥᠨ᠂ ᠢᠷᠡᠭᠡᠳᠦᠶ ᠎ᠶᠢ ᠪᠠᠷᠠᠯᠠᠬᠰᠠᠨ᠂ ᠦᠷᠭᠦᠯᠵᠢᠯᠡᠬᠦ᠌ ᠠᠷᠭ᠎ᠠ ᠬᠡᠮᠵᠢᠶ᠎ᠡ ᠪᠣᠯᠣᠨ᠎ᠠ᠃ ᠰᠤᠷᠪᠤᠯᠵᠢᠯᠠᠭ᠍ᠴᠢ ᠨᠠᠢᠵᠠ᠎ᠨᠠᠷ᠎ᠤᠨ ᠬᠡᠯᠡᠭ᠌ᠰᠡᠨᠴᠢᠯᠡᠨ᠂ ᠳᠤᠮᠳᠠᠳᠤ ᠤᠯᠤᠰ ᠪᠠᠰᠠ ᠠᠭᠤᠷ ᠠᠮᠢᠰᠭᠤᠯ᠎ᠤᠨ ᠬᠤᠪᠢᠷᠠᠯᠲᠠ᠂ ᠣᠷᠣᠯᠭ᠎ᠠ᠎ᠶ᠋ᠢᠨ ᠵᠥᠷᠢᠶ᠎ᠡ᠂ ᠥᠷᠢ ᠥᠭ᠌ᠴᠡᠭᠡ ᠵᠡᠷᠭᠡ ᠣᠯᠠᠨ ᠠᠰᠠᠭᠤᠳᠠᠯ᠎ᠢ ᠠᠷᠭᠠᠴᠠᠭᠠᠬᠤ ᠪᠣᠯᠣᠨ᠎ᠠ᠂ ᠡᠳᠡᠭᠡᠷ᠎ᠢ ᠪᠢᠳᠡ ᠡᠨᠡ ᠵᠢᠯ᠎ᠢ ᠪᠠᠭ᠍ᠲᠠᠭᠠᠭ᠍ᠰᠠᠨ ᠲᠣᠮᠲᠠ ᠣᠷᠳᠣ ᠬᠤᠭᠤᠴᠠᠭᠠᠨ᠎ᠳᠤ ᠬᠦᠴᠦᠲᠡᠢ ᠠᠷᠭᠠᠴᠠᠭᠠᠬᠣ ᠴᠢᠬᠤᠯᠠᠲᠠᠶ᠃ ᠬᠣᠯᠪᠣᠭ᠍ᠳᠠᠯ ᠪᠦᠬᠦᠢ ᠠᠷᠭ᠎ᠠ ᠬᠡᠮᠵᠢᠶ᠎ᠡ᠎ᠶ᠋ᠢ ᠪᠢᠳᠡ ᠪᠦᠷ ᠲᠣᠬᠢᠷᠠᠭᠤᠯᠤᠨ ᠪᠠᠢᠷᠢᠯᠠᠭᠤᠯᠪᠠ᠃ ᠳᠤᠮᠳᠠᠳᠤ ᠤᠯᠤᠰ᠎ᠤᠨ ᠣᠳᠣᠬᠢᠴᠢᠯᠠᠯᠲᠠ ᠪᠣᠯ ᠪᠠᠰᠠ ᠴᠤ᠌ ᠤᠷᠳᠦ ᠬᠤᠭᠤᠴᠠᠭᠠᠨ᠎ᠤ ᠶᠠᠪᠤᠴᠠ ᠮᠥᠨ᠂ ᠪᠢᠳᠠ ᠡᠨᠡ ᠬᠦ᠌ ᠶᠠᠪᠤᠴᠠ᠎ᠳᠤ ᠬᠥᠭ᠌ᠵᠢᠯᠲᠡ᠎ᠶ᠋ᠢᠨ ᠳᠤᠮᠳᠠᠬᠢ ᠠᠰᠠᠭᠤᠳᠠᠯ᠎ᠢ ᠬᠥᠭ᠌ᠵᠢᠯᠲᠡ᠎ᠶᠢᠨ ᠠᠷᠭ᠎ᠠ᠎ᠪᠠᠷ ᠱᠢᠶ᠋ᠳᠪᠦᠷᠢᠯᠡᠬᠦ᠌ ᠴᠢᠬᠤᠯᠠᠲᠠᠶ᠃

ᠲᠠ ᠰᠠᠶᠢᠬᠠᠨ ᠦᠺᠷᠠᠢᠨ᠎ᠤ ᠪᠠᠢᠳᠠᠯ᠎ᠢ ᠳᠤᠷᠠᠳᠤᠭ᠍ᠰᠠᠨ ᠪᠠᠢᠨ᠎ᠠ᠃ ᠣᠳᠣᠬᠠᠨ᠎ᠳᠤ ᠦᠺᠷᠠᠢᠨ᠎ᠤ ᠪᠠᠢᠳᠠᠯ ᠳᠡᠯᠡᠬᠡᠶ ᠳ᠋ᠠᠬᠢᠨ᠎ᠤ ᠠᠩᠬᠠᠷᠤᠯ ᠎ᠢ ᠲᠠᠲᠠᠵᠤ᠂ ᠳᠤᠮᠳᠠᠳᠤ ᠤᠯᠤᠰ᠎ᠤᠨ ᠲᠠᠯ᠎ᠠ ᠴᠤ᠌ ᠶᠡᠬᠡᠳᠡ ᠰᠠᠨᠠᠭᠠᠱᠢᠷᠠᠨ ᠵᠣᠪᠠᠨᠢᠵᠦ ᠪᠠᠢᠨ᠎ᠠ᠂ ᠦᠺᠷᠠᠢᠨ᠎ᠤ ᠪᠠᠢᠳᠠᠯ ᠡᠷᠲᠡᠬᠡᠨ ᠨᠠᠮᠳᠠᠵᠤ ᠡᠩᠬᠡ ᠲᠠᠢᠪᠤᠩ ᠪᠣᠯᠣᠭᠠᠰᠠᠢ ᠭᠡᠵᠦ ᠴᠢᠩ ᠰᠡᠳᠭᠢᠯ᠎ᠡᠴᠡ᠎ᠪᠡᠨ ᠬᠦᠰᠡᠵᠦ᠍ ᠪᠠᠢᠨ᠎ᠠ᠃ ᠳᠤᠮᠳᠠᠳᠤ ᠤᠯᠤᠰ ᠢᠮᠠᠭ᠍ᠲᠠ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠬᠣᠶᠠᠷ ᠲᠠᠯ᠎ᠠ᠎ᠶ᠋ᠢᠨ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠳᠦ ᠶᠡᠷᠦ᠍᠎ᠡᠴᠡ ᠭᠤᠷᠪᠠᠳᠤᠭᠠᠷ ᠡᠲᠡᠭᠡᠳ ᠲᠦ᠍ ᠴᠢᠭᠯᠡᠬᠦᠯᠬᠦ ᠦᠭᠡᠢ᠃ ᠪᠢᠳᠡ ᠬᠠᠷᠢᠯᠴᠠᠨ ᠬᠦᠨᠳᠦᠳᠭᠡᠬᠦ᠂ ᠬᠠᠷᠢᠯᠴᠠᠨ ᠠᠱᠢᠭ ᠣᠯᠭᠣᠵᠤ ᠬᠠᠮᠲᠤ᠎ᠪᠠᠷ ᠠᠱᠢᠭ ᠬᠦᠷᠳᠡᠬᠦ᠌ ᠵᠣᠷᠢᠭ ᠰᠠᠨᠠᠭ᠎ᠠ᠎ᠪᠠᠷ ᠡᠯ᠎ᠡ ᠲᠠᠯ᠎ᠠ᠎ᠶ᠋ᠢᠨ ᠬᠢᠨ᠎ᠲᠡᠶ ᠬᠠᠮᠲᠤᠷᠠᠨ ᠠᠵᠢᠯᠯᠠᠬᠤ ᠬᠠᠷᠢᠴᠠᠭ᠎ᠠ᠎ᠪᠠᠨ ᠬᠥᠭ᠌ᠵᠢᠭᠦᠯᠵᠦ᠍᠂ ᠳᠡᠯᠡᠬᠡᠶ ᠳ᠋ᠠᠬᠢᠨ᠎ᠳᠤ ᠨᠡᠩ ᠤᠯᠠᠨ ᠲᠣᠭ᠍ᠲᠠᠭᠤᠨ ᠴᠢᠨᠠᠷ᠎ᠢ ᠬᠠᠩᠭᠠᠨ᠎ᠠ᠃

ᠷᠦᠲ᠋ᠸᠷ ᠬᠣᠷᠢᠶᠠᠨ᠎ᠤ ᠰᠤᠷᠪᠤᠯᠵᠢᠯᠠᠭ᠍ᠴᠢ᠄ ᠣᠷᠣᠰ ᠦᠺᠷᠠᠢᠨ᠎ᠳᠤ ᠳᠠᠭᠠᠷᠢᠯᠲᠠ ᠶᠠᠪᠤᠭᠤᠯᠤᠭ᠍ᠰᠠᠨ᠎ᠠᠴᠠ ᠨᠠᠭᠠᠰᠢ ᠨᠢᠭᠡᠨᠲᠡ 200 ᠲᠦᠮᠡᠨ ᠳᠦᠷᠪᠡᠭ᠌ᠰᠡᠳ ᠭᠡᠷ ᠨᠣᠲᠣᠬ ᠡᠴᠡ ᠪᠠᠨ ᠵᠢᠭᠣᠲᠠᠵᠦ᠂ ᠬᠡᠳᠦᠨ ᠵᠠᠭᠤᠨ ᠡᠭᠡᠯ ᠠᠷᠠᠳ ᠥᠭᠦᠵᠡᠶ᠂ ᠬᠥᠮᠦᠰ ᠴᠥᠮ᠎ᠡ᠎ᠶ᠋ᠢᠨ ᠪᠠᠢᠳᠠᠯ᠎ᠰᠢᠷᠦᠬᠦᠰᠬᠦ ᠬᠠᠨᠲᠣᠰᠢ᠎ᠶᠢᠨ ᠲᠤᠬᠠᠶ ᠰᠠᠨᠠᠭᠠᠱᠢᠷᠠᠵᠤ ᠪᠠᠢᠨ᠎ᠠ᠂ ᠭᠡᠪᠡᠴᠦ᠍ ᠳᠤᠮᠳᠠᠳᠤ᠎ᠶ᠋ᠢᠨ ᠲᠠᠯ᠎ᠠ᠎ᠶ᠋ᠢᠨ ᠬᠢᠨ ᠶᠡᠷᠦ᠍᠎ᠡᠴᠡ ᠣᠷᠣᠰ᠎ᠤᠨ ᠠᠵᠢᠯᠯᠠᠭ᠎ᠠ ᠎ᠶ᠋ᠢ ᠵᠢᠮᠡᠯᠡᠭ᠌ᠰᠡᠨ ᠦᠭᠡᠶ᠂ ᠲᠡᠭᠦᠨ᠎ᠤ ᠠᠵᠢᠯᠯᠠᠭ᠎ᠠ᠎ᠶᠢ《ᠲᠦᠷᠢᠮᠡᠬᠡᠢᠯᠡᠯ 》 ᠭᠡᠵᠦ᠍ ᠨᠡᠷᠡᠯᠡᠭᠰᠡᠨ ᠦᠭᠡᠢ᠃ ᠶᠠᠮᠠᠷ ᠪᠠᠢᠳᠠᠯ᠎ᠳᠤ ᠴᠦ᠍ ᠳᠤᠮᠳᠠᠳᠤ ᠤᠯᠤᠰ᠎ᠤᠨ ᠲᠠᠯ᠎ᠠ᠎ᠶ᠋ᠢᠨ ᠬᠢᠨ ᠣᠷᠣᠰ ᠎ᠢ ᠵᠢᠮᠡᠯᠡᠬᠦ᠌ ᠦᠭᠡᠶ ᠦᠦ ? ᠤᠷᠤᠰ᠎ᠲᠤ ᠵᠠᠯᠬᠠᠭᠠᠯ ᠲᠤᠯᠭᠠᠷᠠᠵᠤ ᠪᠠᠢᠭ᠎ᠠ ᠪᠠᠢᠳᠠᠯ ᠳᠣᠣᠷ᠎ᠠ᠂ ᠳᠤᠮᠳᠠᠳᠤ᠎ᠶ᠋ᠢᠨ ᠲᠠᠯ᠎ᠠ᠎ᠶ᠋ᠢᠨ ᠬᠢᠨ ᠤᠷᠤᠰ᠎ᠲᠤ ᠤᠯᠠᠮ ᠴᠢᠨᠠᠭ᠍ᠰᠢᠳᠠ ᠠᠵᠤ ᠠᠬᠤᠢ᠂ ᠮᠥᠩᠭᠥᠨ ᠭᠦᠢᠯᠭᠡᠭᠡᠨ᠎ᠦ ᠳᠡᠮᠵᠢᠯᠭᠡ ᠬᠠᠩᠭᠠᠨ᠎ᠠ ᠦᠦ? ᠢᠩᠭᠢᠵᠦ᠍ ᠬᠢᠬᠦ᠌ ᠨᠢ ᠪᠤᠰᠤᠳ ᠤᠯᠤᠰ᠎ᠤᠨ ᠵᠠᠯᠬᠠᠭᠠᠯ᠎ᠤᠨ ᠡᠰᠡᠷᠭᠦ᠌ ᠲᠠᠯ᠎ᠠ᠎ᠶ᠋ᠢᠨ ᠨᠥᠯᠥᠭᠡ ᠭᠥᠷᠳᠡᠬᠦ᠌᠎ᠡᠴᠡ ᠰᠠᠨᠠᠭ᠎ᠠ ᠵᠣᠪᠠᠬᠣ ᠦᠭᠡᠢ ᠦᠦ ?

ᠯᠢ ᠺᠸ ᠴᠢᠶᠠᠩ᠄ ᠳᠤᠮᠳᠠᠳᠤ ᠤᠯᠤᠰ ᠶᠡᠷᠦ᠍᠎ᠡᠴᠡ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠳᠡᠭ ᠭᠡᠵᠦ᠍ ᠪᠢ ᠰᠠᠶᠢᠬᠠᠨ ᠬᠡᠯᠡᠭ᠌ᠰᠡᠨ᠃ ᠦᠺᠷᠠᠢᠨ᠎ᠤ ᠪᠠᠢᠳᠠᠯ᠎ᠤᠨ ᠲᠤᠬᠠᠶ᠂ ᠳᠤᠮᠳᠠᠳᠤ ᠤᠯᠤᠰ ᠡᠯ᠎ᠡ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ ᠎ᠶ᠋ᠢ ᠴᠥᠮ ᠬᠦᠨᠳᠦᠳᠭᠡᠬᠦ᠌ ᠬᠡᠷᠡᠭ᠌ᠲᠡᠶ᠂ ᠣᠯᠠᠨ ᠤᠯᠤᠰ᠎ᠤᠨ ᠬᠣᠯᠪᠣᠭᠠᠲᠤ ᠪᠠᠢᠭᠤᠯᠤᠯᠭ᠎ᠠ ᠎ᠶ᠋ᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ ᠎ᠢ ᠴᠥᠮ ᠵᠢᠷᠤᠮᠯᠠᠬᠤ ᠬᠡᠷᠡᠭ᠌ᠲᠡᠶ ᠂ ᠡᠯ᠎ᠡ ᠤᠯᠤᠰ᠎ᠤᠨ ᠵᠦᠶ ᠶᠣᠰᠣᠨ᠎ᠤ ᠠᠮᠤᠷ ᠲᠦᠪᠱᠢᠨ᠎ᠦ ᠲᠤᠬᠠᠶ ᠠᠩᠬᠠᠷᠤᠯ ᠎ᠢ ᠴᠤ᠌ ᠴᠢᠬᠤᠯᠠᠴᠢᠯᠠᠬᠤ ᠬᠡᠷᠡᠭ᠌ᠲᠡᠶ ᠭᠡᠵᠦ᠍ ᠵᠣᠷᠢᠵᠤ ᠪᠠᠢᠨ᠎ᠠ᠂ ᠳᠤᠮᠳᠠᠳᠤ ᠤᠯᠤᠰ ᠡᠭᠦᠨ ᠎ᠢ ᠦᠨᠳᠦᠰᠦᠯᠡᠨ ᠥᠪᠡᠷ᠎ᠦᠨ ᠮᠠᠭᠠᠳᠯᠠᠯᠲᠠ ᠭᠠᠷᠭᠠᠬᠤ ᠪᠥᠭᠡᠳ ᠳᠤᠷᠠᠲᠠᠶ᠎ᠠ ᠳᠡᠯᠡᠬᠡᠶ ᠨᠡᠢᠲᠡ᠎ᠲᠡᠶ ᠬᠠᠮᠲᠤ᠎ᠪᠠᠷ ᠡᠩᠬᠡ ᠲᠠᠢᠪᠤᠩ᠎ᠳᠤ ᠳᠠᠬᠢᠨ ᠪᠤᠴᠠᠬᠤ᠎ᠳᠤ ᠢᠳᠡᠪᠬᠢᠲᠡᠶ ᠦᠢᠯᠡᠳᠦᠯ ᠭᠠᠷᠭᠠᠨ᠎ᠠ᠃

ᠣᠳᠣᠬᠠᠨ᠎ᠤ ᠦᠺᠷᠠᠢᠨ᠎ᠤ ᠪᠠᠢᠳᠠᠯ ᠦᠨᠡᠬᠡᠷ ᠬᠥᠮᠦᠰ᠎ᠢ ᠰᠠᠨᠠᠭᠠᠱᠢᠷᠠᠭᠤᠯᠵᠤ ᠪᠠᠢᠨ᠎ᠠ᠂ ᠣᠷᠣᠰ ᠦᠺᠷᠠᠢᠨ᠎ᠤ ᠬᠣᠶᠠᠷ ᠲᠠᠯ᠎ᠠ᠎ᠶ᠋ᠢᠨ ᠬᠢᠨ ᠬᠦᠴᠢᠷᠳᠡᠯ᠎ᠢ ᠢᠯᠠᠨ ᠳᠠᠪᠠᠵᠤ ᠬᠡᠯᠡᠯᠴᠡᠭᠡ ᠬᠢᠬᠦ᠌ ᠎ᠶ᠋ᠢ ᠠᠯᠢ ᠴᠢᠳᠠᠬᠤ᠎ᠪᠠᠷ ᠳᠡᠮᠵᠢᠵᠦ᠍᠂ ᠨᠠᠢᠷᠠᠮᠳᠠᠯ᠎ᠤᠨ ᠦᠷ᠎ᠡ ᠳ᠋ᠦᠩ᠎ᠢ ᠬᠡᠯᠡᠯᠴᠡᠨ ᠭᠠᠷᠭᠠᠬᠤ ᠬᠡᠷᠡᠭ᠌ᠲᠡᠶ᠂ ᠬᠢᠮᠤᠷᠠᠯ ᠎ᠢ ᠨᠠᠢᠷᠠᠮᠳᠠᠯ᠎ᠢᠶᠠᠷ ᠱᠢᠶ᠋ᠳᠪᠦᠷᠢᠯᠡᠬᠦ᠌᠎ᠳᠦ ᠠᠱᠢᠭ᠍ᠲᠠᠶ ᠴᠢᠷᠮᠠᠢᠯᠭ᠎ᠠ ᠪᠦᠬᠦᠨ ᠎ᠢ ᠪᠢᠳᠡ ᠴᠥᠮ ᠳᠡᠮᠵᠢᠵᠦ᠍ ᠵᠣᠷᠢᠭ᠍ᠵᠢᠭᠤᠯᠬᠤ ᠬᠡᠷᠡᠭ᠌ᠲᠡᠶ᠃ ᠣᠳᠣᠬᠠᠨ᠎ᠤ ᠪᠠᠴᠢᠮ ᠡᠭᠦᠷᠭᠡ ᠪᠣᠯ ᠪᠠᠴᠢᠮ ᠪᠠᠢᠳᠠᠯ᠎ᠤᠨ ᠰᠢᠷᠦᠬᠦᠰᠬᠦ᠌ ᠴᠢᠨᠠᠭ᠍ᠰᠢᠯᠠᠪᠠᠯ ᠡᠵᠡᠮᠳᠡᠯ᠎ᠢᠶᠡᠨ ᠠᠯᠳᠠᠬᠤ᠎ᠠᠴᠠ ᠵᠠᠢᠯᠠᠰᠭᠢᠬᠦ ᠬᠡᠷᠡᠭᠲᠡᠢ᠂ ᠳᠡᠯᠡᠬᠡᠶ ᠨᠡᠢᠭᠡᠮ ᠪᠣᠯᠤᠨ ᠡᠯ᠎ᠡ ᠲᠠᠯ᠎ᠠ᠎ᠶ᠋ᠢᠨ ᠬᠢᠨ ᠴᠥᠮ ᠡᠭᠦᠨ᠎ᠦ ᠲᠤᠬᠠᠶ ᠬᠠᠮᠲᠤ᠎ᠶ᠋ᠢᠨ ᠲᠠᠨᠢᠯᠲᠠ᠎ᠲᠠᠶ ᠶᠤᠮ᠃

ᠳᠤᠮᠳᠠᠳᠤ᠎ᠶ᠋ᠢᠨ ᠲᠠᠯ᠎ᠠ᠎ᠶ᠋ᠢᠨ ᠬᠢᠨ ᠬᠠᠮᠤᠭ᠎ᠤᠨ ᠶᠡᠬᠡ ᠬᠡᠮᠵᠢᠶ᠎ᠡ᠎ᠪᠡᠷ ᠪᠡᠶ᠎ᠡ᠎ᠪᠡᠨ ᠪᠠᠷᠢᠵᠤ᠂ ᠶᠡᠬᠡ ᠬᠡᠪᠴᠢᠶᠡᠨ᠎ᠦ ᠬᠥᠮᠦᠯᠢᠭ ᠦᠵᠡᠯ᠎ᠦᠨ ᠬᠢᠮᠤᠷᠠᠯ ᠡᠬᠦᠰᠬᠦ ᠡᠴᠡ ᠰᠡᠷᠭᠡᠢᠯᠡᠬᠦ ᠬᠡᠷᠡᠭᠲᠡᠢ ᠭᠡᠵᠦ ᠣᠷᠢᠶᠠᠯᠠᠵᠦ ᠪᠣᠢ᠃ ᠳᠤᠮᠳᠠᠳᠤ᠎ᠶ᠋ᠢᠨ ᠲᠠᠯ᠎ᠠ᠎ᠶ᠋ᠢᠨ ᠬᠢᠨ ᠦᠺᠷᠠᠢᠨ᠎ᠤ ᠬᠥᠮᠦᠯᠢᠭ ᠦᠵᠡᠯ᠎ᠦᠨ ᠪᠠᠢᠳᠠᠯ᠎ᠢ ᠠᠷᠭᠠᠴᠠᠭᠠᠬᠤ ᠰᠠᠨᠠᠭᠠᠴᠢᠯᠠᠭ᠎ᠠ᠎ᠶ᠋ᠢ ᠨᠢᠭᠡᠨᠲᠡ ᠳᠤᠷᠠᠳᠤᠭ᠍ᠰᠠᠨ ᠪᠥᠭᠡᠳ ᠦᠺᠷᠠᠢᠨ᠎ᠤ ᠲᠠᠯ᠎ᠠ᠎ᠳᠤ ᠦᠷᠭᠦᠯᠵᠢᠯᠡᠨ ᠬᠥᠮᠦᠯᠢᠭ ᠦᠵᠡᠯ᠎ᠦᠨ ᠲᠤᠰᠠᠯᠠᠮᠵᠢ ᠬᠠᠩᠭᠠᠨ᠎ᠠ᠃

ᠣᠳᠣᠬᠠᠨ᠎ᠳᠤ ᠳᠡᠯᠡᠬᠡᠶ ᠎ᠶ᠋ᠢᠨ ᠠᠵᠤ ᠠᠬᠤᠶ᠂ ᠬᠢᠵᠢᠭ᠎ᠦᠨ ᠪᠠᠢᠳᠠᠯ᠎ᠤᠨ ᠳᠠᠭᠠᠷᠢᠯᠲᠠ ᠵᠡᠷᠭᠡ ᠨᠦᠯᠦᠭᠡ ᠡᠴᠡ ᠪᠣᠯᠵᠦ ᠮᠠᠰᠢ ᠬᠦᠴᠢᠷ ᠪᠡᠷᠬᠡᠱᠢᠶᠡᠯ᠎ᠲᠡᠶ ᠪᠣᠯᠪᠠ᠃ ᠬᠣᠯᠪᠣᠭ᠍ᠳᠠᠯ ᠪᠦᠬᠦᠢ ᠵᠠᠯᠬᠠᠭᠠᠯ ᠨᠢ ᠳᠡᠯᠡᠬᠡᠶ ᠎ᠶ᠋ᠢᠨ ᠠᠵᠤ ᠠᠬᠤᠶ᠎ᠶ᠋ᠢᠨ ᠰᠡᠷᠭᠦᠯᠲᠡ᠎ᠳᠦ ᠳᠠᠭᠠᠷᠢᠯᠲᠠ ᠤᠴᠠᠷᠠᠭᠤᠯᠵᠤ ᠂ ᠡᠯ᠎ᠡ ᠲᠠᠯ᠎ᠠ᠎ᠳᠤ ᠴᠥᠮ ᠠᠱᠢᠭ ᠦᠭᠡᠶ ᠶᠤᠮ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ᠂ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠶ᠋ᠢᠨ ᠲᠥᠯᠥᠭᠡ ᠥᠪᠡᠷ᠎ᠦᠨ ᠪᠦᠲᠦᠭᠡᠯᠴᠢ ᠴᠢᠨᠠᠷᠲᠠᠢ ᠴᠢᠷᠮᠠᠢᠯᠭ᠎ᠠ᠎ᠪᠠᠨ ᠭᠠᠷᠭᠠᠨ᠎ᠠ᠃

ᠠᠮᠧᠷᠢᠺᠠ᠎ᠶ᠋ᠢᠨ ᠬᠡᠷᠡᠭ᠌ᠯᠡᠭ᠌ᠴᠢᠳ᠎ᠦᠨ ᠰᠣᠨᠢᠨ ᠮᠡᠳᠡᠭᠡ ᠬᠢᠭᠡᠳ ᠬᠤᠳᠠᠯᠳᠤᠭᠠᠨ᠎ᠤ ᠰᠤᠪᠠᠭ᠎ᠤᠨ ᠰᠤᠷᠪᠤᠯᠵᠢᠯᠠᠭ᠍ᠴᠢ᠄ ᠤᠯᠤᠰ᠎ᠤᠨ ᠮᠥᠩᠭᠥᠨ ᠭᠦᠶ᠋ᠯᠭᠡᠭᠡᠨ ᠬᠢᠭᠡᠳ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠲᠠᠰᠤᠭ᠎ᠤᠨ ᠬᠣᠯᠪᠣᠭ᠍ᠳᠠᠯ ᠪᠥᠬᠥᠶ ᠰᠤᠳᠤᠯᠭᠠᠨ᠎ᠳᠤ ᠢᠯᠡᠷᠡᠭᠦᠯᠦᠭ᠌ᠰᠡᠨ᠎ᠢᠶᠡᠷ᠂ ᠰᠦᠶ᠋ᠳᠭᠡᠯ᠎ᠢ ᠪᠠᠭᠤᠷᠠᠭᠤᠯᠬᠤ ᠨᠢ ᠵᠢᠵᠢᠭ ᠠᠵᠤ ᠠᠬᠤᠢᠯᠠᠯ᠎ᠳᠤ ᠬᠠᠮᠤᠭ᠎ᠤᠨ ᠶᠡᠬᠡ ᠬᠠᠪᠰᠤᠷᠤᠯᠭ᠎ᠠ ᠦᠵᠡᠭᠦᠯᠵᠦ᠍᠂ ᠭᠠᠢᠯᠢ᠎ᠶ᠋ᠢ ᠬᠠᠰᠤᠬᠤ ᠨᠢ ᠲᠡᠬᠦᠨ᠎ᠤ ᠲᠠᠷᠠᠭ᠎ᠠ ᠣᠷᠣᠲᠠᠬ᠃ ᠲᠠ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠨᠥᠯᠥᠭᠡ᠎ᠶ᠋ᠢᠨ ᠲᠤᠬᠠᠢ ᠪᠣᠳᠠᠲᠠᠢ ᠲᠣᠭ᠎ᠠ ᠪᠠᠷᠢᠮᠲᠠ᠎ᠶ᠋ᠢ ᠪᠢᠳᠡᠨ᠎ᠲᠡᠶ ᠬᠤᠪᠢᠶᠠᠯᠴᠠᠵᠤ ᠪᠣᠯᠤᠨ᠎ᠠ ᠦᠦ? ᠡᠭᠦᠨ᠎ᠡᠴᠡ ᠭᠠᠳᠠᠨ᠎ᠠ᠂ ᠬᠡᠷ ᠭᠠᠵᠠᠷ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠬᠥᠭ᠌ᠵᠢᠯᠲᠡ᠎ᠶ᠋ᠢᠨ ᠬᠤᠷᠳᠤᠴᠠ ᠤᠳᠠᠭᠠᠱᠢᠷᠠᠭ᠍ᠰᠠᠨ᠎ᠠᠴᠠ ᠪᠣᠯᠵᠣ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠳ᠋᠎ᠦᠨ ᠵᠠᠰᠠᠭ ᠡᠳᠦᠶ ᠲᠡᠳᠦᠶ ᠪᠠᠭᠠᠰᠤᠭ᠍ᠰᠠᠨ ᠪᠠᠢᠨ᠎ᠠ᠂ ᠡᠨᠡ ᠲᠠᠯ᠎ᠠ᠎ᠪᠠᠷ ᠶᠠᠮᠠᠷ ᠪᠣᠳᠣᠯᠬᠢᠯᠠᠯ᠎ᠲᠠᠶ ᠪᠣᠶ ? ᠲᠠᠬᠢᠪᠠᠯ ᠬᠡᠷᠡᠭ᠌ᠯᠡᠭᠡᠨ᠎ᠦ ᠲᠠᠯ᠎ᠠ᠎ᠪᠡᠷ᠂ ᠵᠠᠰᠠᠭ᠎ᠤᠨ ᠣᠷᠳᠣᠨ᠎ᠠᠴᠠ ᠬᠡᠷᠡᠭ᠌ᠯᠡᠭᠡᠨ᠎ᠦ ᠲᠡᠮᠳᠡᠭ᠌ᠲᠦ ᠲᠠᠷᠬᠠᠭᠠᠬᠤ ᠵᠡᠷᠭᠡ  ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠬᠡᠷᠡᠭᠵᠢᠬᠦᠯᠬᠦ᠎ᠶ᠋ᠢ ᠪᠣᠳᠣᠯᠬᠢᠯᠠᠨ᠎ᠠ ᠦᠦ ?

ᠯᠢ ᠺᠸ ᠴᠢᠶᠠᠩ᠄ ᠳ᠋ᠦᠩᠨᠡᠯᠲᠡ᠎ᠳᠦ ᠤᠨᠤᠯ ᠪᠠ ᠦᠢᠯᠡᠳᠦᠯᠭᠡ᠎ᠶ᠋ᠢᠨ ᠲᠤᠯᠭᠠᠭᠤᠷᠢᠯᠠᠯ ᠪᠠᠢᠬᠤ ᠬᠡᠷᠡᠭ᠌ᠲᠡᠢ᠃ ᠮᠠᠨ᠎ᠤ ᠡᠨᠡ ᠬᠡᠳᠦᠨ ᠵᠢᠯ᠎ᠦᠨ ᠦᠢᠯᠡᠳᠦᠯᠭᠡ᠎ᠡᠴᠡ ᠦᠵᠡᠪᠡᠯ᠂ ᠭᠠᠢᠯᠢ᠎ᠶ᠋ᠢ ᠬᠠᠰᠤᠵᠦ᠍ ᠰᠦᠢᠳᠭᠡᠯ᠎ᠢ ᠪᠠᠭᠤᠷᠠᠭᠤᠯᠬᠤ ᠦᠷ᠎ᠡ ᠪᠦᠲᠦᠮᠵᠢ ᠬᠠᠮᠤᠭ᠎ᠤᠨ ᠱᠢᠭᠤᠳ ᠪᠠᠢᠳᠠᠭ᠃ ᠮᠢᠨᠦ᠍ ᠴᠡᠭᠡᠵᠢᠯᠡᠵᠦ᠍ ᠪᠠᠢᠬᠤ᠎ᠪᠠᠷ᠂ ᠨᠢᠳᠤᠨᠤᠨ ᠵᠡᠭᠦᠨ ᠬᠡᠰᠡᠭ᠎ᠦᠨ ᠭᠠᠵᠠᠷ ᠣᠷᠣᠨ᠎ᠳᠤ ᠬᠦᠷᠴᠦ᠍ ᠂ ᠠᠷᠪᠠᠨ ᠬᠡᠳᠦᠨ ᠠᠵᠤ ᠠᠬᠤᠢᠯᠠᠯᠲᠠᠨ᠎ᠲᠠᠶ ᠶᠠᠷᠢᠯᠴᠠᠬᠣ ᠳ᠋ᠦ᠂ ᠲᠡᠳᠡ ᠠᠵᠤ ᠠᠬᠤᠢᠯᠠᠯ᠎ᠤᠨ ᠠᠵᠢᠯᠯᠠᠭᠠᠨ᠎ᠤ ᠳᠤᠮᠳᠠᠬᠢ ᠬᠦᠴᠢᠷᠳᠡᠯ ᠶ᠋ᠢᠡᠨ ᠲᠡᠯᠭᠡᠵᠦ᠂ ᠤᠯᠤᠰ᠎ᠠᠴᠠ ᠪᠠᠰᠠ ᠨᠢᠭᠡ ᠪᠦᠯᠦᠭ ᠬᠣᠷᠸ᠎ᠠ ᠲᠠᠯ᠎ᠠ᠎ᠶ᠋ᠢᠨ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ ᠲᠣᠭ᠍ᠲᠠᠭᠠᠬᠤ᠎ᠶ᠋ᠢ ᠬᠦᠰᠡᠵᠦ᠍ ᠪᠠᠢᠨ᠎ᠠ ᠭᠡᠪᠡ᠃ ᠲᠥᠪ᠎ᠤᠨ ᠵᠠᠰᠠᠭ᠎ᠤᠨ ᠣᠷᠳᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠨᠥᠭᠡᠴᠡ ᠪᠠᠢᠬᠤ ᠪᠣᠯᠪᠠᠴᠤ᠌ ᠲᠥᠪᠯᠡᠷᠡᠭᠦᠯᠦᠨ ᠬᠡᠷᠡᠭ᠌ᠯᠡᠬᠦ᠌ ᠬᠡᠷᠡᠭ᠌ᠲᠡᠶ ᠭᠡᠵᠦ᠍ ᠪᠢ ᠲᠡᠷᠡ ᠦᠶ᠎ᠡ᠎ᠳᠦ ᠬᠡᠯᠡᠭ᠌ᠰᠡᠨ ᠪᠢᠯᠡ᠃ ᠡᠭᠦᠨ᠎ᠳᠦ ᠭᠤᠷᠪᠠᠨ ᠵᠦᠢᠯ᠎ᠦᠨ ᠰᠣᠩᠭᠣᠯᠲᠠ᠎ᠪᠤᠢ᠂ ᠡᠲᠡᠭᠡᠷ ᠡᠴᠡ ᠵᠥᠪᠬᠡᠨ ᠨᠢᠭᠡ᠎ᠶ᠋ᠢ ᠰᠣᠩᠭᠣᠵᠦ ᠪᠣᠯᠣᠨ᠎ᠠ᠃ ᠨᠢᠭᠡ᠎ᠳᠦ᠂ ᠶᠡᠬᠡ ᠬᠡᠪᠴᠢᠶ᠎ᠡ᠎ᠪᠡᠷ ᠪᠡᠯᠡ ᠣᠷᠣᠭᠤᠯᠤᠨ᠎ᠠ᠂ ᠡᠬᠦᠨ᠎ᠤ ᠳ᠋ᠦᠩ ᠳ᠋ᠦ ᠲᠠ ᠨᠠᠷ ᠵᠠᠬᠢᠶᠠᠯᠠᠭ᠎ᠠ᠎ᠶ᠋ᠢᠨ ᠬᠠᠭᠤᠳᠠᠰᠤ ᠣᠯᠵᠤ ᠪᠣᠯᠬᠤ ᠮᠠᠭᠠᠳ ᠃ ᠬᠣᠶᠠᠷ᠎ᠲᠤ ᠬᠡᠷᠡᠭ᠌ᠯᠡᠬᠡ ᠵᠢᠨ ᠲᠡᠮᠳᠡᠭ᠌ᠲᠦ ᠲᠠᠷᠬᠠᠭᠠᠨ᠎ᠠ; ᠡᠨᠡ ᠨᠢ ᠬᠡᠷᠡᠭ᠌ᠯᠡᠭᠡ᠎ᠳᠦ ᠱᠢᠭᠤᠳ ᠰᠡᠳᠡᠯᠲᠡ ᠥᠭ᠌ᠴᠦ ᠮᠡᠳᠡᠨ᠎ᠡ᠃ ᠭᠤᠷᠪᠠ᠎ᠳᠤ ᠠᠵᠤ ᠠᠬᠤᠢᠯᠠᠯ᠎ᠤᠨ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠣᠨ᠎ᠠ᠂ ᠢᠩᠬᠢᠬᠦ ᠨᠢ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠵᠤ᠂ ᠪᠡᠯᠡ ᠣᠷᠣᠭᠤᠯᠤᠯᠲᠠ ᠪᠣᠯᠣᠨ ᠬᠡᠷᠡᠭ᠌ᠯᠡᠭᠡ᠎ᠶ᠋ᠢ ᠠᠬᠢᠭᠤᠯᠤᠨ᠎ᠠ᠃ ᠲᠡᠳᠡ ᠬᠡᠰᠡᠭ ᠴᠢᠮᠡᠭᠡ ᠦᠭᠡᠢ ᠰᠠᠭᠤᠬᠰᠠᠨ ᠶ᠋ᠢᠡᠨ᠂ ᠪᠢᠳᠡ ᠭᠤᠷᠪᠠᠳᠤᠭᠠᠷ᠎ᠢ ᠨᠢ ᠰᠣᠩᠭᠣᠨ᠎ᠠ ᠭᠡᠵᠦ᠍ ᠳᠠᠭᠤᠨ  ᠨᠢᠭᠡᠲᠡᠢ ᠬᠠᠷᠢᠭᠤᠯᠪᠠ᠃ ᠤᠴᠢᠷ ᠨᠢ ᠡᠨᠡ ᠪᠣᠯ ᠬᠠᠮᠤᠭ᠎ᠤᠨ ᠱᠢᠭᠤᠳ᠂ ᠬᠠᠮᠤᠭ᠎ᠤᠨ ᠭᠣᠣᠯᠴᠢ ᠂ ᠬᠠᠮᠤᠭ᠎ᠤᠨ ᠦᠷ᠎ᠡ ᠪᠦᠲᠦᠮᠵᠢ᠎ᠲᠡᠶ ᠶᠠᠪᠤᠳᠠᠯ ᠪᠣᠯᠣᠨ᠎ᠠ᠃ ᠡᠨᠡ ᠵᠢᠯ ᠮᠢᠨᠦ᠍ ᠲᠣᠰᠴᠤ ᠣᠯᠤᠭ᠍ᠰᠠᠨ ᠬᠣᠯᠪᠣᠭ᠍ᠳᠠᠯ ᠪᠥᠬᠥᠶ ᠮᠡᠳᠡᠭᠦᠯᠦᠯᠲᠡ᠎ᠡᠴᠡ ᠦᠵᠡᠪᠡᠯ᠂ ᠭᠠᠢᠯᠢ᠎ᠶ᠋ᠢ ᠬᠠᠰᠤᠵᠦ ᠰᠦᠶ᠋ᠳᠭᠡᠯ᠎ᠢ ᠪᠠᠭᠤᠷᠠᠭᠤᠯᠬᠤ ᠶᠠᠪᠤᠳᠠᠯ᠎ᠢ ᠨᠡᠢᠳᠡᠮ᠎ᠳᠡᠭᠡᠨ ᠵᠠᠰᠠᠭ᠎ᠤᠨ ᠣᠷᠳᠣᠨ᠎ᠤ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠲᠡᠷᠢᠭᠦᠨ ᠴᠢᠬᠤᠯᠠ ᠬᠦᠰᠡᠯ ᠡᠷᠡᠮᠡᠯᠵᠡᠯ ᠪᠣᠯᠭᠠᠵᠤ ᠪᠠᠢᠨ᠎ᠠ᠃ ᠡᠭᠦᠨ᠎ᠡᠴᠡ ᠦᠵᠡᠬᠦ᠌᠎ᠳᠦ᠂ ᠪᠣᠷᠳᠣᠭᠣᠷ ᠣᠷᠣᠭᠤᠯᠬᠤ᠎ᠳᠤ ᠦᠨᠳᠦᠰᠦᠨ᠎ᠳᠦᠨᠢ ᠣᠷᠣᠭᠤᠯᠬᠤ ᠬᠡᠷᠡᠭ᠌ᠲᠡᠶ᠂ ᠦᠨᠳᠦᠰᠦ ᠨᠢ ᠡᠷᠡᠬᠦᠯ ᠰᠠᠢᠨ ᠪᠠᠢᠪᠠᠯ ᠰᠠᠶᠢ ᠰᠠᠯᠠᠭ᠎ᠠ ᠨᠠᠮᠠᠭ᠎ᠠ ᠨᠢ ᠢᠭ᠍ᠴᠤ ᠰᠠᠬᠤᠯᠢᠭ ᠪᠠᠢᠵᠤ ᠴᠢᠳᠠᠨ᠎ᠠ᠃

ᠮᠠᠲ᠋ᠧᠷᠢᠶᠠᠯ ᠡᠴᠡ ᠪᠢ ᠵᠠᠷᠢᠮ ᠬᠥᠮᠦᠨ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ᠎ᠶ᠋ᠢ ᠬᠡᠷᠡᠭ᠌ᠵᠢᠭᠦᠯᠦᠭᠡᠳ ᠬᠡᠳᠦᠨ ᠵᠢᠯ ᠪᠣᠯᠴᠢᠬᠠᠬᠰᠠᠨ᠂ ᠵᠠᠬ᠎ᠠ᠎ᠲᠡᠯᠭᠡᠭᠦᠷ᠎ᠤᠨ ᠨᠥᠯᠥᠭᠡᠯᠡᠯ ᠨᠢ ᠨᠢᠭᠡᠨᠲᠡ ᠪᠠᠭᠠᠰᠤᠭ᠍ᠰᠠᠨ ᠦᠦ ᠦᠭᠡᠢ ᠦᠦ ᠭᠡᠵᠦ᠍ ᠰᠠᠨᠠᠭ᠎ᠠ ᠵᠣᠪᠠᠵᠤ ᠪᠠᠢᠭ᠎ᠠ᠂ ᠥᠭᠡᠷ᠎ᠡ᠎ᠪᠡᠷ ᠬᠡᠯᠡᠪᠡᠯ ᠦᠢᠯᠡᠳᠦᠯ ᠨᠢ ᠥᠩᠭᠡᠷᠡᠭ᠌ᠰᠡᠨ᠎ᠦ ᠬᠢ ᠱᠢᠭ ᠲᠡᠢᠮᠦ᠍ ᠶᠡᠬᠡ ᠪᠢᠰᠢ ᠪᠣᠯᠣᠯ᠎ᠠ ᠬᠡᠵᠦ ᠪᠠᠢᠬᠰᠠᠨ᠎ᠢ ᠣᠯᠵᠤ ᠣᠩᠰᠢᠪᠠ᠃ ᠡᠨᠡ ᠤᠳᠠᠭ᠎ᠠ ᠪᠢᠳᠡᠨ᠎ᠦ ᠬᠡᠷᠡᠭ᠌ᠵᠢᠭᠦᠯᠦᠭ᠌ᠰᠡᠨ ᠶᠡᠬᠡ ᠬᠡᠪᠴᠢᠶᠡᠨ᠎ᠦ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠣᠯ ᠭᠠᠢᠯᠢ᠎ᠶ᠋ᠢ ᠪᠤᠴᠠᠭᠠᠬᠤ ᠪᠠ ᠭᠠᠢᠯᠢ᠎ᠶ᠋ᠢ ᠬᠠᠰᠤᠬᠤ ᠶ᠋ᠢ ᠵᠡᠷᠭᠡ᠎ᠪᠡᠷ ᠴᠢᠬᠤᠯᠠᠴᠢᠯᠠᠵᠤ᠂ ᠬᠡᠪᠴᠢᠶ᠎ᠡ ᠨᠢ 2.5 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠡᠶ᠃ 2020 ᠣᠨ᠎ᠳᠤ ᠠᠵᠤ ᠠᠬᠤᠶ ᠬᠠᠮᠤᠭ᠎ᠤᠨ ᠬᠦᠨᠳᠦ ᠨᠣᠴᠢᠲᠠᠶ ᠲᠠᠭᠠᠷᠢᠯᠲᠠ ᠳ᠋ᠦ ᠤᠴᠠᠷᠠᠭ᠍ᠰᠠᠨ ᠦᠶ᠎ᠡ᠎ᠳᠦ᠂ ᠪᠢᠳᠡ ᠮᠥᠨ ᠡᠢᠮᠦ᠍ ᠶᠡᠬᠡ ᠲᠥᠷᠥ ᠎ᠶ᠋ᠢᠨ ᠪᠣᠳᠣᠯᠭ᠎ᠠ ᠎ᠶ᠋ᠢᠨ ᠬᠡᠪᠴᠢᠶ᠎ᠡ᠎ᠲᠡᠶ ᠪᠠᠢᠵᠤ᠂ ᠡᠴᠦᠰ᠎ᠲᠡᠬᠡᠨ ᠲᠡᠰᠪᠦᠷᠢᠯᠡᠵᠦ᠍ ᠴᠢᠳᠠᠭ᠍ᠰᠠᠨ ᠪᠥᠭᠡᠳ ᠡᠨᠡ ᠤᠳᠠᠭ᠎ᠠ ᠪᠢᠳᠡ ᠪᠦᠲᠦᠴᠡ᠎ᠳᠡᠭᠡᠨ ᠲᠣᠬᠢᠷᠠᠭᠤᠯᠤᠯᠲᠠ ᠬᠢᠵᠦ᠍᠂ ᠭᠠᠢᠯᠢ ᠶ᠋ᠢ ᠪᠤᠴᠠᠭᠠᠬᠣ᠎ᠶ᠋ᠢ ᠲᠡᠷᠢᠭᠦᠨ᠎ᠳᠦ ᠲᠠᠯᠪᠢᠭ᠍ᠰᠠᠨ ᠪᠠᠢᠨ᠎ᠠ᠃ ᠭᠠᠢᠯᠢ ᠵᠢ ᠪᠤᠴᠠᠭᠠᠬᠤ ᠭᠡᠳᠡᠭ ᠨᠢ ᠳᠠᠷᠤᠶ ᠦᠷᠳᠡᠭ ᠨᠡᠮᠡᠭ᠌ᠳᠡᠯ᠎ᠦᠨ ᠭᠠᠢᠯᠢ᠎ᠶ᠋ᠢᠨ ᠲᠦᠷᠢᠮ᠎ᠦᠨ ᠵᠢᠷᠤᠭ ᠲᠥᠯᠥᠪᠯᠡᠭᠡ ᠶᠣᠰᠣᠭᠠᠷ᠂ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠤᠷᠢᠳ᠎ᠢᠶᠠᠷ ᠲᠤᠱᠢᠶᠠᠵᠤ ᠲᠠᠷᠠᠭ᠎ᠠ ᠨᠢ ᠪᠤᠴᠠᠭᠠᠬᠤ᠎ᠲᠠᠶ ᠲᠦᠰᠦᠭᠡᠲᠠᠢ ᠪᠡᠷ ᠭᠠᠢᠯᠢ᠎ᠶ᠋ᠢᠨ ᠲᠣᠭ᠎ᠠ᠎ᠳᠤ ᠪᠢᠳᠡ ᠤᠷᠢᠳᠴᠢᠯᠠᠨ ᠭᠠᠢᠯᠢ ᠪᠤᠴᠠᠭᠠᠬᠤ ᠠᠷᠭ᠎ᠠ᠎ᠶ᠋ᠢ ᠠᠪᠴᠦ᠂ ᠳᠠᠷᠤᠶ ᠦᠯᠡᠳᠡᠭᠡᠵᠦ᠍ ᠰᠠᠭᠤᠯᠭᠠᠭ᠍ᠰᠠᠨ ᠭᠠᠢᠯᠢ᠎ᠶ᠋ᠢᠨ ᠲᠣᠭ᠎ᠠ᠎ᠶ᠋ᠢ ᠨᠢᠭᠡ ᠯᠡ ᠤᠳᠠᠭ᠎ᠠ᠎ᠶ᠋ᠢᠨ ᠴᠢᠨᠠᠷᠲᠠᠶ᠎ᠪᠠᠷ ᠠᠵᠤ ᠠᠬᠤᠢᠯᠠᠯ᠎ᠳᠤ ᠪᠤᠴᠠᠭᠠᠵᠦ᠂ ᠬᠡᠪᠴᠢᠶ᠎ᠡ ᠨᠢ 1.5 ᠲᠦᠮᠡᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠪᠣᠯᠤᠨ᠎ᠠ᠃ ᠦᠷ᠎ᠡ ᠪᠦᠲᠦᠮᠵᠢ᠎ᠪᠡᠷ ᠰᠠᠢ᠌ᠨ ᠪᠣᠯ ᠪᠢᠳᠡ ᠪᠠᠰᠠ ᠡᠷᠴᠢᠮ᠎ᠢᠶᠡᠨ ᠴᠢᠩᠭᠠᠷᠠᠭᠤᠯᠬᠤ ᠪᠣᠯᠤᠨ᠎ᠠ᠃

ᠪᠢᠳᠡ ᠭᠠᠢᠯᠢ ᠵᠢ ᠪᠤᠴᠠᠭᠠᠬᠤ᠎ᠳᠠᠭᠠᠨ ᠪᠠᠭ᠎ᠠ ᠵᠢᠵᠢᠭ ᠠᠵᠤ ᠠᠬᠤᠢᠯᠠᠯ᠎ᠢ ᠤᠷᠢᠳ᠎ᠢᠶᠠᠷ ᠪᠣᠳᠣᠯᠬᠢᠯᠠᠪᠠ᠃ ᠤᠴᠢᠷ ᠨᠢ ᠪᠠᠭ᠎ᠠ ᠵᠢᠵᠢᠭ ᠠᠵᠤ ᠠᠬᠤᠢᠯᠠᠯ᠎ᠤᠨ ᠲᠣᠭ᠎ᠠ ᠬᠡᠮᠵᠢᠶ᠎ᠡ ᠶᠡᠬᠡ᠂ ᠬᠡᠪᠴᠢᠶ᠎ᠡ ᠨᠢ ᠥᠷᠭᠡᠨ᠂ ᠲᠤᠯᠭᠠᠭᠤᠷᠢᠯᠠᠵᠤ ᠪᠠᠢᠭ᠎ᠠ ᠠᠵᠢᠯ ᠣᠯᠭᠣᠯᠲᠠ᠎ᠶ᠋ᠢᠨ ᠬᠥᠮᠦᠨ ᠠᠮᠠ ᠣᠯᠠᠨ ᠮᠥᠷᠲᠡᠭᠡᠨ ᠤᠳᠤᠬᠠᠨ᠎ᠳᠤ ᠲᠡᠳᠡᠨ᠎ᠦ ᠪᠠᠯᠠ ᠮᠥᠩᠭᠥ᠌ ᠬᠠᠮᠤᠭ᠎ᠤᠨ ᠪᠠᠴᠢᠮ᠂ ᠬᠠᠮᠤᠭ᠎ᠤᠨ ᠬᠦᠴᠢᠷᠳᠡᠯ᠎ᠲᠡᠶ ᠴᠠᠭ ᠦᠶ᠎ᠡ ᠮᠥᠨ᠂ ᠡᠢᠮᠦ᠍᠎ᠡᠴᠡ ᠪᠢᠳᠡ ᠡᠨᠡ ᠵᠢᠯ᠎ᠦᠨ 6 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ᠂ ᠪᠠᠭ᠎ᠠ ᠵᠢᠵᠢᠭ ᠠᠵᠤ ᠠᠬᠤᠢᠯᠠᠯ᠎ᠤᠨ ᠬᠠᠳᠠᠭᠠᠯᠠᠯᠳᠠ ᠵᠢᠨ ᠪᠠᠷᠢᠴᠠᠭ᠎ᠠ ᠰᠢᠯᠵᠢᠬᠦ ᠭᠠᠢᠯᠢ᠎ᠶ᠋ᠢᠨ ᠮᠥᠩᠭᠥ᠎ᠶ᠋ᠢ ᠨᠢᠭᠡ ᠯᠡ ᠤᠳᠠᠭ᠎ᠠ᠎ᠶ᠋ᠢᠨ ᠴᠢᠨᠠᠷᠲᠠᠶ᠎ᠪᠠᠷ ᠪᠤᠴᠠᠭᠠᠨ ᠥᠭ᠌ᠴᠦ᠂ ᠦᠶ᠋ᠯᠡᠳᠬᠦ᠌ ᠦᠶ᠋ᠯᠡᠰ᠂ ᠰᠤᠳᠤᠯᠤᠨ ᠨᠡᠭᠡᠭᠡᠬᠦ᠌ ᠦᠶ᠋ᠯᠡᠴᠢᠯᠡᠭᠡᠨ᠎ᠦ ᠦᠶ᠋ᠯᠡᠰ ᠵᠡᠷᠭᠡ ᠵᠠᠷᠢᠮ ᠭᠤᠤᠯᠳᠠᠯᠭ᠎ᠠ᠎ᠲᠠᠶ ᠠᠵᠢᠯ ᠲᠥᠷᠥᠯ᠎ᠦᠨ ᠦᠯᠡᠳᠡᠭᠡᠯ ᠭᠠᠢᠯᠢ᠎ᠶ᠋ᠢᠨ ᠮᠥᠩᠭᠥ᠎ᠶ᠋ᠢ ᠵᠢᠯ᠎ᠦᠨ ᠳᠣᠲᠣᠷ᠎ᠠ ᠪᠥᠬᠥ᠌ ᠲᠠᠯ᠎ᠠ᠎ᠪᠠᠷ ᠱᠢᠶ᠋ᠳᠪᠦᠷᠢᠯᠡᠵᠦ᠍᠂ ᠪᠠᠭ᠎ᠠ ᠵᠢᠵᠢᠭ ᠠᠵᠤ ᠠᠬᠤᠢᠯᠠᠯ᠎ᠤᠨ ᠨᠡᠮᠡᠭ᠌ᠳᠡᠯ᠎ᠦᠨ ᠬᠡᠮᠵᠢᠶᠡᠨ᠎ᠦ ᠬᠠᠳᠠᠭᠠᠯᠠᠯᠳᠠ ᠵᠢᠨ ᠪᠠᠷᠢᠴᠠᠭ᠎ᠠ ᠰᠢᠯᠵᠢᠬᠦ ᠭᠠᠢᠯᠢ᠎ᠶ᠋ᠢᠨ ᠮᠥᠩᠭᠥ᠎ᠶ᠋ᠢ ᠰᠠᠷ᠎ᠠ ᠳᠠᠷᠠᠭᠠᠯᠠᠨ ᠱᠢᠶ᠋ᠳᠪᠦᠷᠢᠯᠡᠨ᠎ᠡ᠃ ᠨᠠᠮᠠᠶ᠋ᠢ ᠤᠯᠤᠰ ᠲᠦᠷᠦ ᠶ᠋ᠢᠨ ᠵᠥᠪᠯᠡᠯᠭᠡᠨ᠎ᠦ ᠶᠠᠷᠢᠯᠴᠠᠭᠠᠨ᠎ᠳᠤ ᠣᠷᠣᠯᠴᠠᠬᠤ ᠦᠶ᠎ᠡ᠎ᠳᠦ᠂ ᠤᠯᠤᠰ ᠲᠦᠷᠦ ᠶ᠋ᠢᠨ ᠵᠥᠪᠯᠡᠯᠭᠡᠨ᠎ᠦ ᠨᠢᠭᠡᠨ ᠭᠡᠱᠢᠭᠦᠨ ᠠᠵᠤ ᠠᠬᠤᠢᠯᠠᠯᠲᠠᠨ ᠪᠠᠢᠵᠠᠶ᠂ ᠲᠡᠷᠡ ᠨᠠᠳᠠ᠎ᠳᠤ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠠ ᠪᠡᠯᠠ ᠣᠷᠣᠭᠤᠯᠬᠤ ᠵᠡᠷᠭᠡ ᠠᠷᠭ᠎ᠠ ᠬᠡᠮᠵᠢᠶ᠎ᠡ᠎ᠨᠦᠭᠦᠳ᠎ᠢ ᠪᠤᠳᠦᠪᠡᠯ᠂ ᠭᠠᠢᠯᠢ᠎ᠶ᠋ᠢ ᠪᠤᠴᠠᠭᠠᠬᠤ ᠦᠷ᠎ᠡ ᠪᠦᠲᠦᠮᠵᠢ ᠨᠢ ᠬᠠᠮᠤᠭ᠎ᠤᠨ ᠲᠦᠷᠭᠡᠨ᠂ ᠬᠠᠮᠤᠭ᠎ᠤᠨ ᠰᠡᠢ᠌ᠠ ᠪᠠᠢᠳᠠᠭ ᠭᠡᠵᠦ᠍ ᠬᠡᠯᠡᠭ᠌ᠰᠡᠨ ᠶᠣᠮ᠃ ᠨᠢᠭᠡ ᠲᠦᠷᠦᠯ ᠵᠦᠢᠯ᠎ᠢ ᠬᠥᠭᠡᠭᠡᠴᠡᠯᠳᠦᠬᠦ᠌᠎ᠳᠦ ᠮᠠᠰᠢ ᠤᠯᠠᠨ ᠨᠣᠭᠣᠷᠠᠯ ᠳ᠋ᠦ ᠲᠣᠯᠭᠠᠷᠠᠵᠦ ᠮᠡᠳᠡᠨ᠎ᠠ᠂ ᠭᠠᠢᠯᠢ᠎ᠶ᠋ᠢ ᠪᠤᠴᠠᠭᠠᠬᠤ ᠵᠡᠷᠭᠡ ᠨᠢ ᠠᠵᠤ ᠠᠬᠤᠢᠯᠠᠯ᠎ᠳᠤ ᠱᠢᠭᠤᠳ ᠪᠡᠯᠡᠨ ᠵᠣᠭᠣᠰ ᠣᠯᠭᠣᠵᠦ᠂ ᠪᠡᠯᠡᠨ ᠵᠣᠭᠣᠰ᠎ᠤᠨ ᠭᠦᠢᠯᠭᠡᠭᠡᠨ᠎ᠢ ᠨᠡᠮᠡᠭ᠌ᠳᠡᠭᠦᠯᠬᠦ᠌᠎ᠲᠡᠶ ᠠᠳᠠᠯᠢ᠎ᠪᠠᠷ ᠴᠠᠭ᠎ᠤᠨ ᠬᠤᠷ᠎ᠠ ᠪᠣᠯᠬᠣ ᠶᠣᠮ᠃ ᠡᠭᠦᠨ᠎ᠡᠴᠡ ᠦᠵᠡᠪᠡᠯ᠂ ᠲᠦᠮᠡ ᠮᠢᠩᠭᠠᠨ ᠣᠲᠠᠭ᠎ᠠ ᠶᠠᠷᠢᠬᠣ ᠨᠢ ᠪᠣᠳᠠᠲᠤ ᠶᠠᠪᠤᠳᠠᠯ ᠬᠢᠬᠦ ᠶ᠋ᠢ ᠬᠦᠷᠬᠦ᠌ ᠦᠭᠡᠢ᠂ ᠡᠷᠭᠡᠪᠰᠢ ᠡᠨᠡ ᠬᠦ᠌ ᠵᠠᠩᠭᠢᠯᠠᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠢᠳᠠᠪᠤᠷᠢᠵᠢᠭᠤᠯᠬᠤ ᠬᠡᠷᠡᠭ᠌ᠲᠡᠶ᠃

ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠣᠯ ᠬᠠᠰᠤᠬᠤ ᠠᠷᠭ᠎ᠠ᠎ᠶ᠋ᠢ ᠬᠡᠷᠡᠭ᠌ᠵᠢᠭᠦᠯᠵᠦ᠍ ᠪᠠᠢᠭ᠎ᠠ ᠶᠠᠪᠤᠳᠠᠯ ᠮᠥᠨ᠂ ᠭᠡᠪᠡᠴᠦ᠍ ᠮᠥᠨ ᠴᠢᠨᠠᠷ ᠳᠡᠭᠡᠷ᠎ᠡ᠎ᠪᠡᠨ ᠪᠠᠰᠠ ᠨᠡᠮᠡᠬᠦ᠌ ᠠᠷᠭ᠎ᠠ ᠮᠥᠨ᠂ ᠤᠴᠢᠷ ᠨᠢ ᠥᠨᠥᠳᠦᠷ ᠪᠤᠴᠠᠭᠠᠪᠠᠯ ᠮᠠᠷᠭᠠᠰᠢ ᠨᠡᠮᠡᠨ᠎ᠡ᠂ ᠥᠨᠥᠳᠦᠷ ᠬᠠᠰᠤᠪᠠᠯ ᠮᠠᠷᠭᠠᠰᠢ ᠳᠠᠷᠤᠶ ᠨᠡᠮᠡᠬᠦ᠌ ᠪᠣᠯᠤᠨ᠎ᠠ᠃ ᠨᠢᠳᠤᠨᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠭᠠᠢᠯᠢ ᠲᠤᠱᠢᠶᠠᠬᠤ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠲᠤᠱᠢᠶᠠᠭ᠍ᠰᠠᠨ ᠵᠣᠭᠣᠰ ᠨᠢ ᠮᠠᠨ᠎ᠤ ᠲᠤᠬᠠᠶ᠎ᠶ᠋ᠢᠨ ᠵᠢᠯ᠎ᠦᠨ ᠭᠠᠢᠯᠢ᠎ᠶ᠋ᠢ ᠬᠠᠰᠤᠬᠰᠠᠨ ᠵᠣᠭᠣᠰ᠎ᠠᠴᠠ ᠳᠠᠪᠠᠭ᠍ᠰᠠᠨ ᠪᠠᠢᠨ᠎ᠠ᠂ ᠡᠭᠦᠨ᠎ᠢ ᠪᠠᠢᠴᠠᠭᠠᠵᠤ ᠪᠣᠯᠬᠣ ᠳᠠᠩᠰᠠ ᠪᠣᠢ᠃ 2013 ᠣᠨ᠎ᠳᠤ ᠪᠢᠳᠡ ᠦᠷᠳᠡᠭ ᠨᠡᠮᠡᠭ᠌ᠳᠡᠯ᠎ᠦᠨ ᠭᠠᠢᠯᠢ᠎ᠶ᠋ᠢᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠭᠠᠢᠯᠢ᠎ᠶ᠋ᠢ ᠬᠠᠰᠤᠬᠤ ᠪᠡᠷ ᠤᠳᠤᠷᠢᠳᠤᠮᠵᠢ ᠪᠣᠯᠭᠠᠵᠤ᠂ ᠨᠡᠢ᠌ᠳᠡ 8.7 ᠲᠦᠮᠡᠨ ᠳ᠋ᠦᠩᠱᠢᠭᠤᠷ ᠲᠥᠭᠥᠷᠢᠭ ᠬᠠᠰᠤᠪᠠ᠂ ᠲᠤᠬᠠᠶ᠎ᠶ᠋ᠢᠨ ᠦᠶ᠎ᠡ᠎ᠳᠦ ᠮᠠᠨ᠎ᠤ ᠡᠳ᠋᠎ᠦᠨ ᠵᠠᠰᠠᠭ᠎ᠤᠨ ᠣᠷᠣᠯᠭ᠎ᠠ ᠪᠠᠷᠤᠭ 11 ᠲᠦᠮᠡᠨ ᠳ᠋ᠦᠩᠱᠢᠭᠤᠷ ᠲᠥᠭᠥᠷᠢᠭ ᠪᠠᠢᠬᠰᠠᠨ ᠪᠦᠭᠡᠳ ᠨᠢᠳᠤᠨᠤᠨ ᠨᠢᠭᠡᠨᠲᠡ 20 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠨᠢᠭᠡ ᠲᠠᠬᠢᠨ ᠱᠢᠬᠠᠮ ᠨᠡᠮᠡᠭ᠌ᠳᠡᠵᠡᠶ᠃ ᠤᠴᠢᠷ ᠨᠢ ᠡᠨᠡ ᠬᠦ᠌ ᠶᠠᠪᠤᠴᠠ᠎ᠳᠤ ᠠᠵᠦ ᠠᠬᠣᠢᠯᠠᠯ ᠠᠱᠢᠭ ᠬᠦᠷᠳᠡᠵᠤ᠂ ᠦᠷ᠎ᠡ ᠠᠱᠢᠭ ᠨᠡᠮᠡᠭ᠌ᠳᠡᠭ᠌ᠰᠡᠨ ᠪᠠᠢᠨ᠎ᠠ᠃ ᠡᠨᠡ ᠨᠢ ᠭᠠᠢᠯᠢ᠎ᠶ᠋ᠢᠨ ᠢᠷᠡᠯᠳᠡ᠎ᠶ᠋ᠢ ᠬᠠᠳᠠᠭᠠᠯᠠᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠤᠭ᠍ᠰᠠᠨ ᠶᠠᠪᠤᠳᠠᠯ ᠪᠣᠯᠬᠣ ᠶᠣᠮ᠃

ᠣᠷᠣᠨ ᠨᠤᠲᠤᠭ᠎ᠤᠨ ᠡᠳ᠋᠎ᠦᠨ ᠵᠠᠰᠠᠭ᠎ᠤᠨ ᠣᠷᠣᠯᠭ᠎ᠠ ᠱᠢᠨ᠎ᠡ ᠬᠦᠴᠢᠷᠳᠡᠯ᠎ᠳᠦ ᠲᠤᠯᠭᠠᠷᠠᠯ᠎ᠠ ᠭᠡᠵᠦ᠍ ᠲᠠ ᠰᠠᠶᠢᠬᠠᠨ ᠶᠠᠷᠢᠯ᠎ᠠ᠃ ᠡᠬᠦᠨ᠎ᠢ ᠪᠢᠳᠠ ᠠᠩᠬᠠᠷᠤᠯ᠎ᠳᠠᠭᠠᠨ ᠠᠪᠣᠬᠰᠠᠨ᠃ ᠡᠢᠮᠦ᠍᠎ᠡᠴᠡ ᠡᠨᠡ ᠵᠢᠯ ᠲᠥᠪ᠎ᠡᠴᠡ ᠣᠷᠣᠨ ᠨᠤᠲᠤᠭ᠎ᠲᠤ ᠱᠢᠯᠵᠢᠭᠦᠯᠦᠨ ᠥᠭ᠌ᠬᠦ ᠵᠠᠷᠤᠯᠭ᠎ᠠ᠎ᠶ᠋ᠢᠨ ᠨᠡᠮᠡᠭ᠌ᠳᠡᠯ᠎ᠦᠨ ᠬᠡᠮᠵᠢᠶ᠎ᠡ ᠨᠢ ᠦᠩᠭᠡᠷᠡᠭᠰᠡᠨ ᠵᠢᠯ᠎ᠤ᠋ᠤᠨ ᠲᠦ᠍ ᠪᠠᠢᠭ᠎ᠠ ᠦᠭᠡᠢ ᠶᠤᠮ᠂ 18% ᠪᠡᠷ ᠨᠡᠮᠡᠭ᠌ᠳᠡᠵᠦ᠍᠂ ᠶᠡᠷᠦᠩᠬᠡᠶ ᠬᠡᠪᠴᠢᠶ᠎ᠡ ᠨᠢ 9.8 ᠲᠦᠮᠡᠨ ᠳ᠋ᠦᠩᠱᠢᠭᠤᠷ ᠲᠥᠭᠥᠷᠢᠭ᠎ᠲᠦ ᠬᠦᠷᠬᠦ ᠪᠣᠯᠣᠨ᠎ᠠ᠃ ᠭᠠᠢᠯᠢ᠎ᠶ᠋ᠢ ᠪᠤᠴᠠᠭᠠᠬᠤ᠎ᠳᠤ ᠭᠣᠣᠯᠳᠠᠭᠤ ᠲᠥᠪ᠎ᠦᠨ ᠡᠳ᠋᠎ᠦᠨ ᠵᠠᠰᠠᠭ᠎ᠠᠴᠠ ᠵᠣᠭᠣᠰ ᠭᠠᠷᠭᠠᠨ᠎ᠠ᠂ ᠬᠡᠯᠡᠯᠭᠡᠨ ᠦᠭᠡᠢ ᠣᠷᠣᠨ ᠨᠤᠲᠤᠭ᠎ᠤᠨ ᠵᠠᠰᠠᠭ᠎ᠤᠨ ᠣᠷᠳᠣᠨ ᠴᠤ᠌ 《ᠬᠤᠪᠢ ᠴᠤᠭ᠍ᠯᠠᠭᠤᠯᠬᠤ》 ᠬᠡᠷᠡᠭ᠌ᠲᠡᠶ᠃ ᠪᠢᠳᠡᠨ᠎ᠦ ᠭᠠᠢᠯᠢ᠎ᠶ᠋ᠢ ᠪᠤᠴᠠᠭᠠᠬᠤ ᠵᠣᠭᠣᠰ ᠪᠣᠯ ᠱᠢᠭᠤᠳ ᠬᠦᠷᠬᠦ᠌ ᠠᠵᠤ ᠠᠬᠤᠢᠯᠠᠯ ᠮᠥᠨ᠂ ᠦᠨᠳᠦᠰᠦᠨ ᠱᠠᠲᠤᠨ᠎ᠤ ᠬᠦᠴᠢᠷᠳᠡᠯ᠎ᠢ ᠪᠣᠳᠣᠯᠬᠢᠯᠠᠭᠠᠳ᠂ ᠦᠨᠳᠦᠰᠦᠨ ᠱᠠᠲᠤᠨ᠎ᠳᠤ ᠱᠢᠯᠵᠢᠭᠦᠯᠦᠨ ᠥᠭ᠌ᠬᠦ ᠨᠥᠬᠥᠪᠥᠷᠢ ᠪᠡᠯᠡ ᠮᠥᠩᠭᠥ᠌ ᠪᠣᠯ ᠱᠢᠭᠤᠳ ᠬᠣᠲᠠ ᠱᠢᠶᠠᠨ᠎ᠠᠴᠠ ᠳᠣᠷᠣᠭ᠍ᠰᠢᠬᠢ ᠦᠨᠳᠦᠰᠦᠨ ᠱᠠᠲᠤᠨ᠎ᠳᠤ ᠬᠦᠷᠬᠦ᠌ ᠪᠣᠯᠤᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ 《 ᠬᠠᠷᠠᠮᠴᠢ ᠬᠥᠮᠦᠨ》 ᠪᠣᠯᠵᠦ᠂ ᠵᠠᠷᠤᠵᠤ ᠦᠯᠦ ᠪᠣᠯᠬᠣ ᠵᠣᠭᠣᠰ᠎ᠢ ᠨᠢᠭᠡ ᠮᠥᠩᠭᠥ᠌ ᠴᠦ᠍ ᠵᠠᠷᠤᠵᠤ ᠪᠣᠯᠬᠤ ᠦᠭᠡᠶ᠂ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠳᠤ ᠥᠭ᠌ᠬᠦ ᠶᠣᠰᠣᠲᠠᠶ ᠵᠣᠭᠣᠰ ᠎ᠢ ᠨᠢᠭᠡ ᠮᠥᠩᠭᠥ᠌ ᠴᠦ᠍ ᠳᠤᠲᠠᠬᠲᠠᠭᠣᠯᠵᠤ ᠪᠣᠯᠬᠤ ᠦᠭᠡᠶ᠂ ᠨᠢᠭᠡ ᠮᠥᠩᠭᠥ᠌ ᠢᠯᠡᠭᠦᠦ ᠥᠭ᠌ᠬᠦ ᠨᠢ ᠥᠩᠭᠡ ᠭᠡᠷᠡᠯ ᠨᠡᠮᠡᠷᠢᠯᠡᠭᠰᠡᠨ ᠶᠠᠪᠤᠳᠠᠯ ᠪᠣᠯᠤᠨ᠎ᠠ᠃

ᠪᠢᠳᠡ ᠭᠠᠢᠯᠢ ᠵᠢ ᠪᠤᠴᠠᠭᠠᠬᠤ᠎ᠳᠠᠭᠠᠨ ᠪᠠᠭ᠎ᠠ ᠵᠢᠵᠢᠭ ᠠᠵᠤ ᠠᠬᠤᠢᠯᠠᠯ᠎ᠢ ᠤᠷᠢᠳ᠎ᠢᠶᠠᠷ ᠪᠣᠳᠣᠯᠬᠢᠯᠠᠪᠠ᠃ ᠤᠴᠢᠷ ᠨᠢ ᠪᠠᠭ᠎ᠠ ᠵᠢᠵᠢᠭ ᠠᠵᠤ ᠠᠬᠤᠢᠯᠠᠯ᠎ᠤᠨ ᠲᠣᠭ᠎ᠠ ᠬᠡᠮᠵᠢᠶ᠎ᠡ ᠶᠡᠬᠡ᠂ ᠬᠡᠪᠴᠢᠶ᠎ᠡ ᠨᠢ ᠥᠷᠭᠡᠨ᠂ ᠲᠤᠯᠭᠠᠭᠤᠷᠢᠯᠠᠵᠤ ᠪᠠᠢᠭ᠎ᠠ ᠠᠵᠢᠯ ᠣᠯᠭᠣᠯᠲᠠ᠎ᠶ᠋ᠢᠨ ᠬᠥᠮᠦᠨ ᠠᠮᠠ ᠣᠯᠠᠨ ᠮᠥᠷᠲᠡᠭᠡᠨ ᠤᠳᠤᠬᠠᠨ᠎ᠳᠤ ᠲᠡᠳᠡᠨ᠎ᠦ ᠪᠠᠯᠠ ᠮᠥᠩᠭᠥ᠌ ᠬᠠᠮᠤᠭ᠎ᠤᠨ ᠪᠠᠴᠢᠮ᠂ ᠬᠠᠮᠤᠭ᠎ᠤᠨ ᠬᠦᠴᠢᠷᠳᠡᠯ᠎ᠲᠡᠶ ᠴᠠᠭ ᠦᠶ᠎ᠡ ᠮᠥᠨ᠂ ᠡᠢᠮᠦ᠍᠎ᠡᠴᠡ ᠪᠢᠳᠡ ᠡᠨᠡ ᠵᠢᠯ᠎ᠦᠨ 6 ᠰᠠᠷ᠎ᠠ᠎ᠶ᠋ᠢᠨ ᠰᠡᠭᠦᠯᠴᠢ᠎ᠡᠴᠡ ᠡᠮᠦᠨ᠎ᠡ᠂ ᠪᠠᠭ᠎ᠠ ᠵᠢᠵᠢᠭ ᠠᠵᠤ ᠠᠬᠤᠢᠯᠠᠯ᠎ᠤᠨ ᠬᠠᠳᠠᠭᠠᠯᠠᠯᠳᠠ ᠵᠢᠨ ᠪᠠᠷᠢᠴᠠᠭ᠎ᠠ ᠰᠢᠯᠵᠢᠬᠦ ᠭᠠᠢᠯᠢ᠎ᠶ᠋ᠢᠨ ᠮᠥᠩᠭᠥ᠎ᠶ᠋ᠢ ᠨᠢᠭᠡ ᠯᠡ ᠤᠳᠠᠭ᠎ᠠ᠎ᠶ᠋ᠢᠨ ᠴᠢᠨᠠᠷᠲᠠᠶ᠎ᠪᠠᠷ ᠪᠤᠴᠠᠭᠠᠨ ᠥᠭ᠌ᠴᠦ᠂ ᠦᠶ᠋ᠯᠡᠳᠬᠦ᠌ ᠦᠶ᠋ᠯᠡᠰ᠂ ᠰᠤᠳᠤᠯᠤᠨ ᠨᠡᠭᠡᠭᠡᠬᠦ᠌ ᠦᠶ᠋ᠯᠡᠴᠢᠯᠡᠭᠡᠨ᠎ᠦ ᠦᠶ᠋ᠯᠡᠰ ᠵᠡᠷᠭᠡ ᠵᠠᠷᠢᠮ ᠭᠤᠤᠯᠳᠠᠯᠭ᠎ᠠ᠎ᠲᠠᠶ ᠠᠵᠢᠯ ᠲᠥᠷᠥᠯ᠎ᠦᠨ ᠦᠯᠡᠳᠡᠭᠡᠯ ᠭᠠᠢᠯᠢ᠎ᠶ᠋ᠢᠨ ᠮᠥᠩᠭᠥ᠎ᠶ᠋ᠢ ᠵᠢᠯ᠎ᠦᠨ ᠳᠣᠲᠣᠷ᠎ᠠ ᠪᠥᠬᠥ᠌ ᠲᠠᠯ᠎ᠠ᠎ᠪᠠᠷ ᠱᠢᠶ᠋ᠳᠪᠦᠷᠢᠯᠡᠵᠦ᠍᠂ ᠪᠠᠭ᠎ᠠ ᠵᠢᠵᠢᠭ ᠠᠵᠤ ᠠᠬᠤᠢᠯᠠᠯ᠎ᠤᠨ ᠨᠡᠮᠡᠭ᠌ᠳᠡᠯ᠎ᠦᠨ ᠬᠡᠮᠵᠢᠶᠡᠨ᠎ᠦ ᠬᠠᠳᠠᠭᠠᠯᠠᠯᠳᠠ ᠵᠢᠨ ᠪᠠᠷᠢᠴᠠᠭ᠎ᠠ ᠰᠢᠯᠵᠢᠬᠦ  ᠭᠠᠢᠯᠢ᠎ᠶ᠋ᠢᠨ ᠮᠥᠩᠭᠥ᠎ᠶ᠋ᠢ ᠰᠠᠷ᠎ᠠ ᠳᠠᠷᠠᠭᠠᠯᠠᠨ ᠱᠢᠶ᠋ᠳᠪᠦᠷᠢᠯᠡᠨ᠎ᠡ᠃ ᠨᠠᠮᠠᠶ᠋ᠢ ᠤᠯᠤᠰ ᠲᠦᠷᠦ ᠶ᠋ᠢᠨ ᠵᠥᠪᠯᠡᠯᠭᠡᠨ᠎ᠦ ᠶᠠᠷᠢᠯᠴᠠᠭᠠᠨ᠎ᠳᠤ ᠣᠷᠣᠯᠴᠠᠬᠤ ᠦᠶ᠎ᠡ᠎ᠳᠦ᠂ ᠤᠯᠤᠰ ᠲᠦᠷᠦ ᠶ᠋ᠢᠨ ᠵᠥᠪᠯᠡᠯᠭᠡᠨ᠎ᠦ ᠨᠢᠭᠡᠨ ᠭᠡᠱᠢᠭᠦᠨ ᠠᠵᠤ ᠠᠬᠤᠢᠯᠠᠯᠲᠠᠨ ᠪᠠᠢᠵᠠᠶ᠂ ᠲᠡᠷᠡ ᠨᠠᠳᠠ᠎ᠳᠤ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠠ ᠪᠡᠯᠠ ᠣᠷᠣᠭᠤᠯᠬᠤ ᠵᠡᠷᠭᠡ ᠠᠷᠭ᠎ᠠ ᠬᠡᠮᠵᠢᠶ᠎ᠡ᠎ᠨᠦᠭᠦᠳ᠎ᠢ ᠪᠤᠳᠦᠪᠡᠯ᠂ ᠭᠠᠢᠯᠢ᠎ᠶ᠋ᠢ ᠪᠤᠴᠠᠭᠠᠬᠤ ᠦᠷ᠎ᠡ ᠪᠦᠲᠦᠮᠵᠢ ᠨᠢ ᠬᠠᠮᠤᠭ᠎ᠤᠨ ᠲᠦᠷᠭᠡᠨ᠂ ᠬᠠᠮᠤᠭ᠎ᠤᠨ ᠰᠡᠢ᠌ᠠ ᠪᠠᠢᠳᠠᠭ ᠭᠡᠵᠦ᠍ ᠬᠡᠯᠡᠭ᠌ᠰᠡᠨ ᠶᠣᠮ᠃ ᠨᠢᠭᠡ ᠲᠦᠷᠦᠯ ᠵᠦᠢᠯ᠎ᠢ ᠬᠥᠭᠡᠭᠡᠴᠡᠯᠳᠦᠬᠦ᠌᠎ᠳᠦ ᠮᠠᠰᠢ ᠤᠯᠠᠨ ᠨᠣᠭᠣᠷᠠᠯ ᠳ᠋ᠦ ᠲᠣᠯᠭᠠᠷᠠᠵᠦ ᠮᠡᠳᠡᠨ᠎ᠠ᠂ ᠭᠠᠢᠯᠢ᠎ᠶ᠋ᠢ ᠪᠤᠴᠠᠭᠠᠬᠤ ᠵᠡᠷᠭᠡ ᠨᠢ ᠠᠵᠤ ᠠᠬᠤᠢᠯᠠᠯ᠎ᠳᠤ ᠱᠢᠭᠤᠳ ᠪᠡᠯᠡᠨ ᠵᠣᠭᠣᠰ ᠣᠯᠭᠣᠵᠦ᠂ ᠪᠡᠯᠡᠨ ᠵᠣᠭᠣᠰ᠎ᠤᠨ ᠭᠦᠢᠯᠭᠡᠭᠡᠨ᠎ᠢ ᠨᠡᠮᠡᠭ᠌ᠳᠡᠭᠦᠯᠬᠦ᠌᠎ᠲᠡᠶ ᠠᠳᠠᠯᠢ᠎ᠪᠠᠷ ᠴᠠᠭ᠎ᠤᠨ ᠬᠤᠷ᠎ᠠ ᠪᠣᠯᠬᠣ ᠶᠣᠮ᠃ ᠡᠭᠦᠨ᠎ᠡᠴᠡ ᠦᠵᠡᠪᠡᠯ᠂ ᠲᠦᠮᠡ ᠮᠢᠩᠭᠠᠨ ᠣᠲᠠᠭ᠎ᠠ ᠶᠠᠷᠢᠬᠣ ᠨᠢ ᠪᠣᠳᠠᠲᠤ ᠶᠠᠪᠤᠳᠠᠯ ᠬᠢᠬᠦ ᠶ᠋ᠢ ᠬᠦᠷᠬᠦ᠌ ᠦᠭᠡᠢ᠂ ᠡᠷᠭᠡᠪᠰᠢ ᠡᠨᠡ ᠬᠦ᠌ ᠵᠠᠩᠭᠢᠯᠠᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠢᠳᠠᠪᠤᠷᠢᠵᠢᠭᠤᠯᠬᠤ ᠬᠡᠷᠡᠭ᠌ᠲᠡᠶ᠃

ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠣᠯ ᠬᠠᠰᠤᠬᠤ ᠠᠷᠭ᠎ᠠ᠎ᠶ᠋ᠢ ᠬᠡᠷᠡᠭ᠌ᠵᠢᠭᠦᠯᠵᠦ᠍ ᠪᠠᠢᠭ᠎ᠠ ᠶᠠᠪᠤᠳᠠᠯ ᠮᠥᠨ᠂ ᠭᠡᠪᠡᠴᠦ᠍ ᠮᠥᠨ ᠴᠢᠨᠠᠷ ᠳᠡᠭᠡᠷ᠎ᠡ᠎ᠪᠡᠨ ᠪᠠᠰᠠ ᠨᠡᠮᠡᠬᠦ᠌ ᠠᠷᠭ᠎ᠠ ᠮᠥᠨ᠂ ᠤᠴᠢᠷ ᠨᠢ ᠥᠨᠥᠳᠦᠷ ᠪᠤᠴᠠᠭᠠᠪᠠᠯ ᠮᠠᠷᠭᠠᠰᠢ ᠨᠡᠮᠡᠨ᠎ᠡ᠂ ᠥᠨᠥᠳᠦᠷ ᠬᠠᠰᠤᠪᠠᠯ ᠮᠠᠷᠭᠠᠰᠢ ᠳᠠᠷᠤᠶ ᠨᠡᠮᠡᠬᠦ᠌ ᠪᠣᠯᠤᠨ᠎ᠠ᠃ ᠨᠢᠳᠤᠨᠤᠨ᠎ᠤ ᠱᠢᠨ᠎ᠡ᠎ᠪᠡᠷ ᠨᠡᠮᠡᠭ᠌ᠳᠡᠭ᠌ᠰᠡᠨ ᠭᠠᠢᠯᠢ ᠲᠤᠱᠢᠶᠠᠬᠤ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠶ᠋ᠢᠨ ᠲᠤᠱᠢᠶᠠᠭ᠍ᠰᠠᠨ ᠵᠣᠭᠣᠰ ᠨᠢ ᠮᠠᠨ᠎ᠤ ᠲᠤᠬᠠᠶ᠎ᠶ᠋ᠢᠨ ᠵᠢᠯ᠎ᠦᠨ ᠭᠠᠢᠯᠢ᠎ᠶ᠋ᠢ ᠬᠠᠰᠤᠬᠰᠠᠨ ᠵᠣᠭᠣᠰ᠎ᠠᠴᠠ ᠳᠠᠪᠠᠭ᠍ᠰᠠᠨ ᠪᠠᠢᠨ᠎ᠠ᠂ ᠡᠭᠦᠨ᠎ᠢ ᠪᠠᠢᠴᠠᠭᠠᠵᠤ ᠪᠣᠯᠬᠣ ᠳᠠᠩᠰᠠ ᠪᠣᠢ᠃ 2013 ᠣᠨ᠎ᠳᠤ ᠪᠢᠳᠡ ᠦᠷᠳᠡᠭ ᠨᠡᠮᠡᠭ᠌ᠳᠡᠯ᠎ᠦᠨ ᠭᠠᠢᠯᠢ᠎ᠶ᠋ᠢᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠭᠠᠢᠯᠢ᠎ᠶ᠋ᠢ ᠬᠠᠰᠤᠬᠤ ᠪᠡᠷ ᠤᠳᠤᠷᠢᠳᠤᠮᠵᠢ ᠪᠣᠯᠭᠠᠵᠤ᠂ ᠨᠡᠢ᠌ᠳᠡ 8.7 ᠲᠦᠮᠡᠨ ᠳ᠋ᠦᠩᠱᠢᠭᠤᠷ ᠲᠥᠭᠥᠷᠢᠭ ᠬᠠᠰᠤᠪᠠ᠂ ᠲᠤᠬᠠᠶ᠎ᠶ᠋ᠢᠨ ᠦᠶ᠎ᠡ᠎ᠳᠦ ᠮᠠᠨ᠎ᠤ ᠡᠳ᠋᠎ᠦᠨ ᠵᠠᠰᠠᠭ᠎ᠤᠨ ᠣᠷᠣᠯᠭ᠎ᠠ ᠪᠠᠷᠤᠭ 11 ᠲᠦᠮᠡᠨ ᠳ᠋ᠦᠩᠱᠢᠭᠤᠷ ᠲᠥᠭᠥᠷᠢᠭ ᠪᠠᠢᠬᠰᠠᠨ ᠪᠦᠭᠡᠳ ᠨᠢᠳᠤᠨᠤᠨ ᠨᠢᠭᠡᠨᠲᠡ 20 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠨᠢᠭᠡ ᠲᠠᠬᠢᠨ ᠱᠢᠬᠠᠮ ᠨᠡᠮᠡᠭ᠌ᠳᠡᠵᠡᠶ᠃ ᠤᠴᠢᠷ ᠨᠢ ᠡᠨᠡ ᠬᠦ᠌ ᠶᠠᠪᠤᠴᠠ᠎ᠳᠤ ᠠᠵᠦ ᠠᠬᠣᠢᠯᠠᠯ ᠠᠱᠢᠭ ᠬᠦᠷᠳᠡᠵᠤ᠂ ᠦᠷ᠎ᠡ ᠠᠱᠢᠭ ᠨᠡᠮᠡᠭ᠌ᠳᠡᠭ᠌ᠰᠡᠨ ᠪᠠᠢᠨ᠎ᠠ᠃ ᠡᠨᠡ ᠨᠢ ᠭᠠᠢᠯᠢ᠎ᠶ᠋ᠢᠨ ᠢᠷᠡᠯᠳᠡ᠎ᠶ᠋ᠢ ᠬᠠᠳᠠᠭᠠᠯᠠᠵᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠤᠭ᠍ᠰᠠᠨ ᠶᠠᠪᠤᠳᠠᠯ ᠪᠣᠯᠬᠣ ᠶᠣᠮ᠃

ᠣᠷᠣᠨ ᠨᠤᠲᠤᠭ᠎ᠤᠨ ᠡᠳ᠋᠎ᠦᠨ ᠵᠠᠰᠠᠭ᠎ᠤᠨ ᠣᠷᠣᠯᠭ᠎ᠠ ᠱᠢᠨ᠎ᠡ ᠬᠦᠴᠢᠷᠳᠡᠯ᠎ᠳᠦ ᠲᠤᠯᠭᠠᠷᠠᠯ᠎ᠠ ᠭᠡᠵᠦ᠍ ᠲᠠ ᠰᠠᠶᠢᠬᠠᠨ ᠶᠠᠷᠢᠯ᠎ᠠ᠃ ᠡᠬᠦᠨ᠎ᠢ ᠪᠢᠳᠠ ᠠᠩᠬᠠᠷᠤᠯ᠎ᠳᠠᠭᠠᠨ ᠠᠪᠣᠬᠰᠠᠨ᠃ ᠡᠢᠮᠦ᠍᠎ᠡᠴᠡ ᠡᠨᠡ ᠵᠢᠯ ᠲᠥᠪ᠎ᠡᠴᠡ ᠣᠷᠣᠨ ᠨᠤᠲᠤᠭ᠎ᠲᠤ ᠱᠢᠯᠵᠢᠭᠦᠯᠦᠨ ᠥᠭ᠌ᠬᠦ ᠵᠠᠷᠤᠯᠭ᠎ᠠ᠎ᠶ᠋ᠢᠨ ᠨᠡᠮᠡᠭ᠌ᠳᠡᠯ᠎ᠦᠨ ᠬᠡᠮᠵᠢᠶ᠎ᠡ ᠨᠢ ᠦᠩᠭᠡᠷᠡᠭᠰᠡᠨ ᠵᠢᠯ᠎ᠤ᠋ᠤᠨ ᠲᠦ᠍ ᠪᠠᠢᠭ᠎ᠠ ᠦᠭᠡᠢ ᠶᠤᠮ᠂ 18% ᠪᠡᠷ ᠨᠡᠮᠡᠭ᠌ᠳᠡᠵᠦ᠍᠂ ᠶᠡᠷᠦᠩᠬᠡᠶ ᠬᠡᠪᠴᠢᠶ᠎ᠡ ᠨᠢ 9.8 ᠲᠦᠮᠡᠨ ᠳ᠋ᠦᠩᠱᠢᠭᠤᠷ ᠲᠥᠭᠥᠷᠢᠭ᠎ᠲᠦ ᠬᠦᠷᠬᠦ ᠪᠣᠯᠣᠨ᠎ᠠ᠃ ᠭᠠᠢᠯᠢ᠎ᠶ᠋ᠢ ᠪᠤᠴᠠᠭᠠᠬᠤ᠎ᠳᠤ ᠭᠣᠣᠯᠳᠠᠭᠤ ᠲᠥᠪ᠎ᠦᠨ ᠡᠳ᠋᠎ᠦᠨ ᠵᠠᠰᠠᠭ᠎ᠠᠴᠠ ᠵᠣᠭᠣᠰ ᠭᠠᠷᠭᠠᠨ᠎ᠠ᠂ ᠬᠡᠯᠡᠯᠭᠡᠨ ᠦᠭᠡᠢ ᠣᠷᠣᠨ ᠨᠤᠲᠤᠭ᠎ᠤᠨ ᠵᠠᠰᠠᠭ᠎ᠤᠨ ᠣᠷᠳᠣᠨ ᠴᠤ᠌ 《ᠬᠤᠪᠢ ᠴᠤᠭ᠍ᠯᠠᠭᠤᠯᠬᠤ》 ᠬᠡᠷᠡᠭ᠌ᠲᠡᠶ᠃ ᠪᠢᠳᠡᠨ᠎ᠦ ᠭᠠᠢᠯᠢ᠎ᠶ᠋ᠢ ᠪᠤᠴᠠᠭᠠᠬᠤ ᠵᠣᠭᠣᠰ ᠠᠵᠤ ᠠᠬᠤᠢᠯᠠᠯ ᠎ᠳᠤ  ᠱᠢᠭᠤᠳ ᠬᠦᠷᠬᠦ᠌  ᠪᠤᠯᠤᠨ᠎ᠠ᠂ ᠦᠨᠳᠦᠰᠦᠨ ᠱᠠᠲᠤᠨ᠎ᠤ ᠬᠦᠴᠢᠷᠳᠡᠯ᠎ᠢ ᠪᠣᠳᠣᠯᠬᠢᠯᠠᠭᠠᠳ᠂ ᠦᠨᠳᠦᠰᠦᠨ ᠱᠠᠲᠤᠨ᠎ᠳᠤ ᠱᠢᠯᠵᠢᠭᠦᠯᠦᠨ ᠥᠭ᠌ᠬᠦ ᠨᠥᠬᠥᠪᠥᠷᠢ ᠪᠡᠯᠡ ᠮᠥᠩᠭᠥ᠌ ᠱᠢᠭᠤᠳ ᠬᠣᠲᠠ ᠱᠢᠶᠠᠨ᠎ᠠᠴᠠ ᠳᠣᠷᠣᠭ᠍ᠰᠢᠬᠢ ᠦᠨᠳᠦᠰᠦᠨ ᠱᠠᠲᠤᠨ᠎ᠳᠤ ᠬᠦᠷᠬᠦ᠌ ᠪᠣᠯᠤᠨ᠎ᠠ᠃  ᠣᠷᠣᠨ ᠨᠤᠲᠤᠭ᠎ᠤᠨ ᠵᠠᠰᠠᠭ᠎ᠤᠨ ᠣᠷᠳᠣᠨ 《ᠬᠠᠷᠠᠮᠴᠢ ᠬᠥᠮᠦᠨ》 ᠪᠣᠯᠵᠦ᠂ ᠵᠠᠷᠤᠵᠤ ᠦᠯᠦ ᠪᠣᠯᠬᠣ ᠵᠣᠭᠣᠰ᠎ᠢ ᠨᠢᠭᠡ ᠮᠥᠩᠭᠥ᠌ ᠴᠦ᠍ ᠵᠠᠷᠤᠵᠤ ᠪᠣᠯᠬᠤ ᠦᠭᠡᠶ᠂ ᠵᠠᠬ᠎ᠠ ᠳᠡᠯᠭᠡᠭᠦᠷ᠎ᠦᠨ ᠪᠡᠶᠡᠴᠢ ᠴᠣᠭ᠍ᠴᠠ᠎ᠳᠤ ᠥᠭ᠌ᠬᠦ ᠶᠣᠰᠣᠲᠠᠶ ᠵᠣᠭᠣᠰ ᠎ᠢ ᠨᠢᠭᠡ ᠮᠥᠩᠭᠥ᠌ ᠴᠦ᠍ ᠳᠤᠲᠠᠬᠲᠠᠭᠣᠯᠵᠤ ᠪᠣᠯᠬᠤ ᠦᠭᠡᠶ᠂ ᠨᠢᠭᠡ ᠮᠥᠩᠭᠥ᠌ ᠢᠯᠡᠭᠦᠦ ᠥᠭ᠌ᠬᠦ ᠨᠢ ᠥᠩᠭᠡ ᠭᠡᠷᠡᠯ ᠨᠡᠮᠡᠷᠢᠯᠡᠭᠰᠡᠨ ᠶᠠᠪᠤᠳᠠᠯ ᠪᠣᠯᠤᠨ᠎ᠠ᠃

ᠹᠸᠩ ᠬᠤᠸᠠᠩ ᠣᠳᠣᠨ ᠲᠧᠯᠸᠢᠰ᠎ᠦᠨ ᠰᠤᠷᠪᠤᠯᠵᠢᠯᠠᠭ᠍ᠴᠢ ᠄ ᠨᠢᠳᠤᠨᠤᠨ ᠡᠴᠡ ᠨᠠᠭᠠᠰᠢ ᠱᠢᠶᠠᠩᠭᠠᠩ ᠣᠨᠴᠠᠭᠠᠶ ᠵᠠᠰᠠᠭ ᠵᠠᠬᠢᠷᠭᠠᠨ ᠤ᠋  ᠣᠷᠣᠨ ᠳ᠋ᠦ ᠤᠷᠢᠳ ᠬᠣᠵᠢᠳ ᠰᠣᠩᠭᠣᠭᠤᠯᠢ ᠶ᠋ᠢᠨ ᠵᠦᠪᠯᠡᠯ ᠤ᠋ᠨ ᠰᠣᠩᠭᠣᠭᠤᠯᠢ ᠪᠠ ᠳᠣᠯᠣᠳᠤᠭᠠᠷ ᠬᠤᠭᠤᠴᠠᠭᠠᠨ ᠤ᠋ ᠬᠠᠤᠯᠢ ᠲᠣᠭ᠍ᠲᠠᠭᠠᠬᠤ ᠬᠤᠷᠠᠯ ᠤ᠋ᠨ ᠰᠣᠩᠭᠣᠭᠤᠯᠢ ᠶᠠᠪᠤᠭᠤᠯᠵᠠᠶ ᠂ ᠡᠨᠡ ᠵᠢᠯ ᠪᠠᠰᠠ ᠵᠢᠷᠭᠤᠳᠡᠬᠢ ᠵᠠᠰᠠᠭ ᠵᠠᠬᠢᠷᠭᠠᠨ ᠤ᠋ ᠳᠠᠷᠤᠭ᠎ᠠ ᠶ᠋ᠢᠨ ᠰᠣᠩᠭᠣᠭᠤᠯᠢ ᠶᠠᠪᠤᠭᠤᠯᠤᠨ᠎ᠠ ᠃ ᠨᠢᠭᠡ ᠲᠠᠯ᠎ᠠ᠎ᠪᠠᠷ ᠱᠢᠨ᠎ᠡ ᠰᠣᠩᠭᠣᠭᠤᠯᠢ ᠶ᠋ᠢᠨ ᠳᠦᠷᠢᠮ ᠢ᠋ ᠬᠡᠷᠡᠭ᠌ᠵᠢᠭᠦᠯᠵᠦ᠍᠂ ᠨᠦᠭᠦᠭᠡ ᠲᠠᠯ᠎ᠠ᠎ᠪᠠᠷ ᠱᠢᠶᠠᠩᠭᠠᠩ ᠤ᠋ᠨ ᠬᠢᠵᠢᠭ᠎ᠦᠨ ᠪᠠᠢᠳᠠᠯ᠎ᠳᠤ ᠤᠳᠦᠬᠠᠨ ᠳ᠋ᠠᠭᠠᠨ ᠪᠠᠰᠠ ᠰᠠᠢᠵᠢᠷᠠᠬᠤ ᠰᠢᠨᠵᠢ ᠢᠯᠡᠷᠡᠭᠡᠳᠦᠢ ᠪᠠᠢᠭ᠍ᠰᠠᠭᠠᠷ᠂ ᠤᠯᠡᠠ ᠶ᠋ᠢᠡᠷ ᠵᠢᠡᠨ ᠡᠨᠡ ᠤᠳᠠᠭᠠᠨ ᠤ᠋ ᠰᠣᠩᠭᠣᠭᠤᠯᠢ ᠶ᠋ᠢ ᠲᠤᠢᠯ ᠶ᠋ᠢᠡᠷ ᠠᠩᠬᠠᠷᠴᠤ᠌ ᠪᠠᠢᠨ᠎ᠠ᠃ ᠶᠡᠷᠦᠩᠬᠡᠶ ᠰᠠᠢᠳ ᠡᠭᠦᠨ ᠢ᠋ ᠬᠡᠷᠬᠢᠨ ᠦᠨᠡᠯᠡᠬᠦ ᠪᠤᠢ?

ᠯᠢ ᠺᠸ ᠴᠢᠶᠠᠩ᠄ ᠣᠳᠣᠬᠠᠨ ᠳ᠋ᠦ ᠱᠢᠶᠠᠩᠭᠠᠩ ᠤ᠋ᠨ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠬᠦᠨᠳᠦ ᠬᠡᠴᠡᠭᠦᠦ ᠪᠠᠢᠨ᠎ᠠ᠂ ᠣᠨᠴᠠᠭᠠᠢ ᠵᠠᠰᠠᠭ ᠵᠠᠬᠢᠷᠭᠠᠨ ᠤ᠋ ᠣᠷᠣᠨ ᠤ᠋ ᠵᠠᠰᠠᠭ ᠤ᠋ᠨ ᠣᠷᠳᠣᠨ᠎ᠠᠴᠠ ᠵᠢᠷᠭᠤᠳᠠᠬᠢ ᠵᠠᠰᠠᠭ ᠵᠠᠬᠢᠷᠭᠠᠨ ᠤ᠋ ᠳᠠᠷᠤᠭ᠎ᠠ ᠶ᠋ᠢᠨ ᠰᠣᠩᠭᠣᠭᠤᠯᠢ ᠶ᠋ᠢ ᠬᠣᠢᠱᠢᠯᠠᠭᠤᠯᠵᠤ᠂ ᠬᠦᠴᠦ᠍᠎ᠪᠡᠨ ᠲᠥᠪᠯᠡᠷᠡᠭᠦᠯᠦᠨ ᠬᠢᠵᠢᠭ ᠢ᠋ ᠡᠰᠡᠷᠭᠦᠴᠡᠬᠦ᠌᠎ᠪᠡᠷ ᠬᠠᠤᠯᠢ ᠶᠣᠰᠣᠭᠠᠷ ᠲᠣᠭ᠍ᠲᠠᠪᠠ᠂ ᠡᠭᠦᠨ ᠢ᠋ ᠪᠢᠳᠡ ᠭᠦᠢᠴᠡᠳ ᠣᠢᠯᠠᠭᠠᠵᠤ ᠲᠡᠮᠵᠢᠨ᠎ᠠ᠃ ᠲᠥᠪ᠎ᠦᠨ ᠵᠠᠰᠠᠭ ᠤ᠋ᠨ ᠣᠷᠳᠣᠨ ᠡᠳᠦᠷ ᠪᠦᠷᠢ ᠱᠢᠶᠠᠩᠭᠠᠩ ᠤ᠋ᠨ ᠬᠢᠵᠢᠭ᠎ᠦᠨ ᠪᠠᠢᠳᠠᠯ ᠢ᠋ ᠠᠩᠬᠠᠷᠴᠤ᠌᠂ ᠱᠢᠶᠠᠩᠭᠠᠩ ᠤ᠋ᠨ ᠬᠤᠳᠠ ᠶ᠋ᠢᠨ ᠠᠷᠠᠳ ᠤ᠋ᠨ ᠠᠮᠢ ᠨᠠᠰᠤ ᠡᠷᠡᠭᠦᠯ ᠮᠡᠨᠳᠤ ᠪᠠ ᠠᠮᠤᠷ ᠲᠦᠪᠱᠢᠨ ᠢ᠋ ᠲᠤᠢᠯ ᠶ᠋ᠢᠡᠷ ᠰᠠᠨᠠᠭᠠᠯᠵᠠᠵᠤ ᠪᠠᠢᠨ᠎ᠠ᠃  ᠤᠨᠴᠠᠭᠠᠢ ᠵᠠᠰᠠᠭ ᠵᠠᠬᠢᠷᠭᠠᠨ ᠤ᠋ ᠣᠷᠣᠨ ᠤ᠋ ᠵᠠᠰᠠᠭ ᠤ᠋ᠨ ᠣᠷᠳᠣᠨ ᠬᠢᠵᠢᠭ ᠢ᠋ ᠡᠰᠡᠷᠭᠦᠴᠡᠬᠦ᠌ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠬᠦ᠌ ᠬᠡᠷᠡᠭ᠌ᠲᠡᠶ᠂ ᠱᠢᠶᠠᠩᠭᠠᠩ ᠤ᠋ᠨ ᠬᠢᠵᠢᠭ ᠢ᠋ ᠡᠰᠡᠷᠭᠦᠴᠡᠬᠦ᠌ ᠶᠠᠪᠤᠳᠠᠯ ᠢ᠋ ᠲᠥᠪ ᠤ᠋ᠨ ᠵᠠᠰᠠᠭ ᠤ᠋ᠨ ᠣᠷᠳᠣᠨ᠎ᠠᠴᠠ ᠪᠦᠬᠦ᠌ ᠬᠦᠴᠦ᠍᠎ᠪᠡᠷ ᠶ᠋ᠢᠡᠨ ᠳᠡᠮᠵᠢᠬᠦ᠌ ᠪᠣᠯᠤᠨ᠎ᠠ᠃

ᠪᠢᠳᠡ 《ᠨᠢᠭᠡ ᠤᠯᠤᠰ᠎ᠲᠤ ᠬᠣᠶᠠᠷ ᠪᠠᠢᠭᠤᠯᠤᠯ ᠢ᠋ ᠬᠡᠷᠡᠭ᠌ᠵᠢᠭᠦᠯᠬᠦ᠌》᠂ 《ᠱᠢᠶᠠᠩᠭᠠᠩᠴᠤᠳ ᠱᠢᠶᠠᠩᠭᠠᠩ ᠵᠢᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭ᠌ᠯᠡᠯᠲᠡ ᠶ᠋ᠢ ᠪᠦᠬᠦ᠌ ᠲᠠᠯ᠎ᠠ᠎ᠪᠠᠷ ᠵᠥᠪ ᠣᠨᠣᠪᠴᠢᠲᠠᠶ᠂ ᠭᠤᠢᠪᠢᠰᠢ ᠦᠭᠡᠢ ᠲᠤᠭᠤᠰᠢᠯᠠᠭᠤᠯᠵᠤ᠂ ᠤᠨᠴᠠᠭᠠᠢ ᠵᠠᠰᠠᠭ ᠵᠠᠬᠢᠷᠭᠠᠨ ᠤ᠋ ᠣᠷᠣᠨ ᠤ᠋ ᠵᠠᠰᠠᠭ ᠤ᠋ᠨ ᠣᠷᠳᠣᠨ ᠤ᠋ ᠬᠤᠭᠤᠴᠠᠭ᠎ᠠ ᠰᠣᠯᠢᠬᠤ ᠠᠵᠢᠯ ᠢ᠋ ᠦᠨᠳᠦᠰᠦ ᠪᠤᠯᠬᠤ ᠬᠠᠤᠯᠢ ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠶᠤᠰᠤᠭᠠᠷ ᠴᠢᠩᠭ᠎ᠠ ᠵᠢᠷᠤᠮᠯᠠᠨ ᠶᠠᠪᠤᠭ᠍ᠳᠠᠭᠤᠯᠤᠨ᠎ᠠ᠃ ᠤᠨᠴᠠᠭᠠᠢ ᠵᠠᠰᠠᠭ ᠵᠠᠬᠢᠷᠭᠠᠨ ᠤ᠋ ᠣᠷᠣᠨ ᠤ᠋ ᠵᠠᠰᠠᠭ ᠤ᠋ᠨ ᠣᠷᠳᠣᠨ ᠱᠢᠶᠠᠩᠭᠠᠩ ᠤ᠋ᠨ ᠡᠯ᠎ᠡ ᠡᠲᠡᠭᠡᠳ᠎ᠦᠨ ᠬᠥᠮᠦᠰ ᠢ᠋ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠠᠵᠤ ᠠᠬᠤᠢ᠎ᠪᠠᠨ ᠬᠥᠭ᠌ᠵᠢᠭᠦᠯᠵᠦ᠍᠂ ᠠᠷᠠᠳ ᠤ᠋ᠨ ᠠᠮᠢᠳᠤᠷᠠᠯ ᠢ᠋ ᠰᠠᠢᠵᠢᠷᠠᠭᠤᠯᠵᠤ᠂ ᠱᠢᠶᠠᠩᠭᠠᠩ ᠤ᠋ᠨ ᠤᠯᠠᠨ ᠤᠯᠤᠰ ᠤ᠋ᠨ ᠮᠥᠩᠭᠥᠨ ᠭᠦᠢᠯᠭᠡᠭᠡᠨ᠂ ᠠᠷᠠᠯᠵᠢᠶ᠎ᠠ ᠪᠣᠯᠤᠨ ᠤᠰᠤᠨ ᠵᠠᠮ ᠤ᠋ᠨ ᠲᠡᠭᠡᠭᠡᠪᠦᠷᠢ ᠵᠡᠷᠭᠡ ᠭᠤᠷᠪᠠᠨ ᠶᠡᠬᠡ ᠭᠤᠤᠯ ᠪᠣᠯᠬᠤ ᠪᠠᠢᠷᠢ ᠰᠠᠭᠤᠷᠢ᠎ᠪᠠᠨ ᠰᠠᠢᠲᠤᠷ ᠪᠡᠬᠢᠵᠢᠭᠦᠯᠦᠨ ᠰᠠᠢᠲᠤᠷ ᠳᠡᠭᠡᠭ᠌ᠰᠢᠯᠡᠭᠦᠯᠵᠦ᠍᠂ ᠱᠢᠶᠠᠩᠭᠠᠩ ᠤ᠋ᠨ ᠤᠷᠳᠤ ᠬᠤᠭᠤᠴᠠᠭᠠᠨ ᠤ᠋ ᠬᠥᠭ᠌ᠵᠢᠯ ᠴᠡᠴᠡᠭ᠌ᠯᠡᠯ ᠲᠣᠭ᠍ᠲᠠᠭᠤᠨ ᠢ᠋ ᠪᠠᠲᠤᠯᠠᠬᠤ ᠶ᠋ᠢ ᠬᠦᠰᠡᠵᠦ᠍ ᠪᠠᠢᠨ᠎ᠠ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ ᠶ᠋ᠢᠨ ᠰᠤᠷᠪᠤᠯᠵᠢᠯᠠᠭ᠍ᠴᠢ᠄ ᠣᠳᠣᠬᠠᠨ ᠳ᠋ᠦ ᠂ ᠵᠠᠷᠢᠮ ᠠᠵᠤ ᠠᠬᠤᠢᠯᠠᠯ ᠤ᠋ᠨ ᠵᠢᠱ᠌ᠢᠯᠲᠡ ᠲᠣᠭ᠍ᠲᠠᠪᠤᠷᠢ ᠥᠬᠡᠶ ᠂ ᠬᠡᠰᠡᠭ ᠠᠵᠢᠯ ᠲᠥᠷᠥᠯ᠎ᠦᠨ ᠠᠵᠢᠯ ᠤ᠋ᠨ ᠪᠠᠢᠷᠢ ᠪᠠᠭᠠᠰᠴᠤ᠌ ᠂ ᠪᠠᠰᠠ ᠵᠠᠷᠢᠮ ᠠᠵᠤ ᠠᠬᠤᠢᠯᠠᠯ ᠳ᠋ᠦ ᠠᠵᠢᠯᠲᠠᠨ ᠬᠠᠰᠤᠬᠤ ᠪᠠᠢᠳᠠᠯ ᠢᠯᠡᠷᠡᠵᠦ᠍ ᠪᠠᠢᠬᠤ ᠶ᠋ᠢ ᠪᠢᠳᠡ ᠣᠯᠵᠤ ᠬᠠᠷᠠᠵᠠᠶ᠃ ᠨᠦᠬᠦᠭᠡ ᠲᠠᠯ᠎ᠠ᠎ᠪᠠᠷ᠂ ᠠᠵᠢᠯ ᠤᠯᠬᠤ ᠴᠢᠬᠤᠯᠠ᠎ᠲᠠᠶ ᠱᠢᠨ᠎ᠡ ᠬᠥᠮᠦᠨ ᠠᠮᠠ ᠪᠠᠰᠠ ᠲᠠᠰᠤᠷᠠᠯᠳᠠ ᠦᠭᠡᠢ ᠨᠡᠮᠡᠭ᠌ᠳᠡᠵᠦ᠍ ᠪᠠᠢᠨ᠎ᠠ᠃ ᠶᠡᠷᠦᠩᠬᠡᠶ ᠰᠠᠢᠳ᠎ᠠᠴᠠ ᠠᠰᠠᠭᠤᠬᠤ ᠨᠢ᠂ ᠡᠨᠡ ᠵᠢᠯ ᠪᠢᠳᠡ ᠶᠠᠮᠠᠷ ᠠᠷᠭ᠎ᠠ ᠬᠡᠮᠵᠢᠶ᠎ᠡ ᠠᠪᠴᠤ᠌ ᠪᠠᠢᠭᠠᠳ ᠠᠵᠢᠯ ᠣᠯᠭᠣᠯᠲᠠ ᠶ᠋ᠢ ᠲᠣᠭ᠍ᠲᠠᠪᠤᠷᠢᠵᠢᠭᠤᠯᠬᠤ ᠬᠠᠷᠠᠯᠲᠠ ᠶ᠋ᠢ ᠪᠡᠶᠡᠯᠡᠭᠦᠯᠬᠦ᠌ ᠪᠤᠶ?

ᠯᠢ ᠺᠸ ᠴᠢᠶᠠᠩ᠄ ᠠᠵᠢᠯ ᠣᠯᠭᠣᠯᠲᠠ ᠪᠣᠯ ᠠᠷᠠᠳ ᠤ᠋ᠨ ᠠᠮᠢᠳᠤᠷᠠᠯ ᠤ᠋ᠨ ᠠᠰᠠᠭᠤᠳᠠᠯ ᠪᠣᠯᠬᠤ᠎ᠪᠠᠷ ᠪᠠᠷᠠᠬᠤ ᠦᠭᠡᠶ ᠪᠠᠰᠠ ᠴᠤ᠌ ᠬᠥᠭ᠌ᠵᠢᠯᠲᠡ ᠶ᠋ᠢᠨ ᠠᠰᠠᠭᠤᠳᠠᠯ ᠮᠥᠨ ᠃ ᠠᠵᠢᠯ ᠣᠯᠪᠠᠯ ᠰᠠᠶᠢ ᠣᠷᠣᠯᠭ᠎ᠠ᠎ᠲᠠᠶ᠂ ᠠᠮᠢᠳᠤᠷᠠᠯ ᠤ᠋ᠨ ᠡᠷᠡᠮᠡᠯᠵᠡᠯ᠎ᠲᠡᠶ ᠪᠥᠭᠡᠳ ᠨᠡᠢᠭᠡᠮ᠎ᠳᠦ ᠴᠦ᠍ ᠡᠳ᠋ ᠪᠠᠶᠠᠯᠢᠭ ᠢ᠋ ᠡᠭᠦᠳᠦᠨ ᠪᠦᠲᠦᠭᠡᠵᠦ᠍ ᠥᠭ᠌ᠲᠡᠭ᠃ ᠮᠢᠨᠦ᠍ ᠴᠡᠭᠡᠵᠢᠯᠡᠵᠦ᠍ ᠪᠠᠢᠬᠤ᠎ᠪᠠᠷ ᠨᠢᠳᠤᠨᠤᠨ ᠠᠵᠤ ᠠᠬᠤᠢᠯᠠᠯ ᠳ᠋ᠦ ᠬᠦᠷᠴᠦ᠍ ᠪᠠᠢᠴᠠᠭᠠᠨ ᠰᠤᠳᠤᠯᠤᠯᠲᠠ ᠬᠢᠬᠦ᠌ ᠦᠶ᠎ᠡ᠎ᠳᠦ ᠵᠠᠷᠢᠮ ᠠᠵᠤ ᠠᠬᠤᠢᠯᠠᠯ ᠤ᠋ᠨ ᠬᠠᠷᠢᠭᠤᠴᠠᠯᠭᠠᠲᠠᠨ  8 ᠰᠠᠷ᠎ᠠ ᠪᠣᠯᠬᠤ᠎ᠪᠦᠷᠢ ᠮᠠᠰᠢ ᠤᠯᠠᠨ ᠠᠵᠢᠯᠳᠠᠨ ᠠᠵᠢᠯᠴᠢᠨ ᠲᠡᠭᠦᠨ᠎ᠡᠴᠡ ᠴᠠᠯᠢᠩ᠎ᠵᠢᠡᠨ ᠤᠷᠢᠳᠴᠢᠯᠠᠨ ᠠᠪᠳᠠᠭ᠂ ᠶᠠᠭᠤᠨ ᠤ᠋ ᠤᠴᠢᠷ᠎ᠠᠴᠠ ᠪᠤᠢ ᠬᠡᠪᠡᠯ 9 ᠰᠠᠷ᠎ᠠ ᠳ᠋ᠦ ᠬᠡᠦᠬᠡᠳ᠎ᠤᠨ ᠵᠢᠡᠨ ᠰᠤᠷᠤᠯᠭ᠎ᠠ ᠶ᠋ᠢᠨ ᠰᠦᠢᠳᠭᠡᠯ᠎ᠢ ᠲᠤᠱᠢᠶᠠᠳᠠᠭ ᠬᠡᠵᠦ ᠨᠠᠳᠠᠳᠤ ᠶᠠᠷᠢᠵᠦ ᠪᠠᠢᠬᠰᠠᠨ ᠶᠤᠮ᠃ ᠴᠠᠭᠠᠨ ᠰᠠᠷ᠎ᠠ᠎ᠠᠴᠠ ᠡᠮᠦᠨ᠎ᠡ ᠪᠢ ᠪᠠᠷᠠᠭᠤᠨ ᠬᠣᠢᠲᠤ ᠣᠷᠣᠨ ᠤ᠋ ᠬᠥᠳᠡᠭᠡ ᠲᠣᠰᠭᠣᠨ ᠳ᠋ᠦ ᠪᠠᠢᠴᠠᠭᠠᠨ ᠰᠤᠳᠤᠯᠤᠯᠲᠠ ᠬᠢᠬᠦ᠌᠎ᠳᠦ᠂ ᠨᠢᠭᠡ ᠲᠠᠷᠢᠶᠠᠴᠢᠨ ᠨᠠᠳᠠᠳ᠋ᠦ ᠲᠡᠭᠦᠨ ᠤ᠋ ᠨᠢᠭᠡ ᠬᠡᠦᠬᠡᠳ ᠨᠢ ᠶᠡᠬᠡ ᠰᠤᠷᠭᠠᠭᠤᠯᠢ ᠳ᠋ᠦ ᠰᠤᠷᠤᠯᠴᠠᠵᠤ ᠵᠢᠯ᠎ᠳᠦ ᠲᠦᠮᠡ ᠭᠠᠷᠤᠶ ᠲᠥᠭᠥᠷᠢᠭ ᠵᠠᠷᠤᠴᠠᠭᠤᠯᠤᠨ᠎ᠠ᠂ ᠪᠠᠰᠠ ᠨᠢᠭᠡ ᠨᠢ ᠥᠨᠳᠥᠷ ᠵᠡᠷᠭᠡ ᠶ᠋ᠢᠨ ᠳᠤᠮᠳᠠᠳᠤ ᠰᠤᠷᠭᠠᠭᠤᠯᠢ ᠳ᠋ᠦ ᠰᠤᠷᠤᠯᠴᠠᠵᠤ ᠵᠢᠯ᠎ᠳᠦ 8000 ᠭᠠᠷᠤᠶ ᠲᠥᠭᠥᠷᠢᠭ ᠵᠠᠷᠤᠴᠠᠭᠤᠯᠤᠨ᠎ᠠ᠂ ᠬᠡᠳᠦᠨ ᠮᠦ᠍ ᠲᠠᠷᠢᠶ᠎ᠠ ᠳ᠋ᠦ ᠲᠦᠱᠢᠭ᠌ᠯᠡᠭᠡᠳ ᠪᠣᠯᠬᠤ ᠦᠭᠡᠢ᠂ ᠡᠷᠬᠡᠪᠰᠢ ᠬᠥᠯᠥᠰᠥᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠬᠦ ᠬᠡᠷᠡᠭᠲᠡᠢ ᠭᠡᠵᠦ᠍ ᠶᠠᠷᠢᠵᠦ ᠪᠠᠢᠭᠰᠠᠨ᠃ ᠪᠢ ᠦᠨᠡᠬᠡᠷ ᠮᠠᠨ ᠤ᠋ ᠠᠷᠠᠳ ᠤᠯᠠᠨ ᠤ᠋ ᠡᠮᠦᠨ᠎ᠡ ᠡᠴᠡ ᠰᠡᠳᠭᠢᠯ ᠳᠣᠭ᠍ᠳᠣᠯᠵᠤ ᠪᠠᠢᠨ᠎ᠠ᠃ ᠲᠡᠳᠡ ᠴᠢᠷᠮᠠᠢᠨ ᠠᠵᠢᠯᠯᠠᠵᠤ ᠂ ᠬᠥᠯᠥᠰᠥᠨ ᠠᠵᠢᠯ ᠬᠢᠳᠡᠭ ᠂ ᠠᠵᠢᠯ ᠤᠯᠬᠤ ᠨᠢ ᠣᠳᠣᠬᠠᠨ ᠤ᠋ ᠭᠡᠷ ᠪᠦᠯᠢ ᠶ᠋ᠢᠨ ᠠᠮᠢᠳᠤᠷᠠᠯ ᠳ᠋ᠦ ᠬᠣᠯᠪᠣᠭ᠍ᠳᠠᠬᠤ᠎ᠪᠠᠷ ᠪᠠᠷᠠᠬᠤ ᠦᠭᠡᠶ ᠪᠠᠰᠠ ᠬᠣᠢᠴᠢ ᠦᠶ᠎ᠡ᠎ᠵᠢᠨ᠎ᠵᠢᠡᠨ ᠰᠠᠷᠠᠭᠤᠯ ᠢᠷᠡᠭᠡᠳᠦᠶ᠎ᠵᠢᠨ ᠲᠦᠯᠦᠭᠡ ᠲᠡᠮᠡᠴᠡᠵᠦ ᠪᠠᠢᠭ᠎ᠠ ᠶᠠᠪᠤᠳᠠᠯ ᠪᠤᠯᠵᠤ ᠪᠠᠢᠨ᠎ᠠ᠃

ᠡᠨᠡ ᠵᠢᠯ ᠪᠢᠳᠡ ᠬᠣᠷᠸ᠎ᠠ ᠲᠦᠷᠦ᠍ ᠶ᠋ᠢᠨ ᠪᠤᠳᠤᠯᠭ᠎ᠠ ᠶ᠋ᠢ ᠬᠡᠷᠡᠭ᠌ᠵᠢᠭᠦᠯᠬᠦ᠌ ᠡᠷᠴᠢᠮ ᠶ᠋ᠢᠡᠨ ᠴᠢᠩᠭᠠᠷᠠᠭᠤᠯᠵᠤ᠂ ᠡᠳ᠋᠎ᠦᠨ ᠵᠠᠰᠠᠭ ᠤ᠋ᠨ ᠵᠣᠭᠣᠰᠣᠨ ᠤ᠋ ᠲᠦᠷᠦ᠍ ᠶ᠋ᠢᠨ ᠪᠤᠳᠤᠯᠭ᠎ᠠ ᠶ᠋ᠢ ᠠᠵᠢᠯ ᠣᠯᠭᠣᠯᠲᠠ ᠶ᠋ᠢᠨ ᠬᠠᠷᠠᠯᠲᠠ ᠶ᠋ᠢ ᠪᠡᠶᠡᠯᠡᠭᠦᠯᠬᠦ᠌᠎ᠲᠤᠭᠤᠷᠢᠨ᠎ᠳᠦ ᠦᠷᠨᠢᠭᠦᠯᠦᠨ᠎ᠡ᠂ ᠡᠢᠮᠦ᠍᠎ᠡᠴᠡ  ᠠᠵᠢᠯ ᠣᠯᠭᠣᠯᠲᠠ ᠶ᠋ᠢ ᠲᠡᠷᠢᠭᠦᠨ᠎ᠳᠦ ᠲᠠᠯᠪᠢᠬᠤ ᠪᠣᠯ ᠪᠠᠰᠠ ᠴᠤ᠌ ᠬᠣᠷᠸ᠎ᠠ ᠲᠦᠷᠦ᠍ ᠶ᠋ᠢᠨ ᠪᠤᠳᠤᠯᠭ᠎ᠠ ᠮᠥᠨ᠂ ᠪᠤᠰᠤᠳ ᠲᠦᠷᠦ᠍ ᠶ᠋ᠢᠨ ᠪᠤᠳᠤᠯᠭ᠎ᠠ ᠶ᠋ᠢ ᠢᠵᠢ ᠪᠦᠷᠢᠳᠦᠭᠦᠯᠵᠦ᠍᠂ ᠠᠵᠢᠯ ᠣᠯᠭᠣᠯᠲᠠ ᠶ᠋ᠢᠨ ᠬᠠᠷᠠᠯᠲᠠ ᠶ᠋ᠢ ᠪᠡᠶᠡᠯᠡᠭᠦᠯᠬᠦ᠌ ᠶ᠋ᠢᠨ ᠲᠥᠯᠥᠭᠡ ᠴᠢᠷᠮᠠᠢᠬᠤ ᠬᠡᠷᠡᠭ᠌ᠲᠡᠶ ᠭᠡᠵᠦ᠍ ᠪᠢᠳᠠ ᠴᠢᠬᠤᠯᠠᠴᠢᠯᠠᠵᠤ ᠪᠠᠢᠨ᠎ᠠ᠃ ᠪᠢᠳᠡ ᠤᠳᠤ ᠵᠢᠯ ᠪᠦᠷᠢ ᠬᠤᠳᠠ ᠪᠠᠯᠭᠠᠰᠤᠨ ᠤ᠋ ᠠᠵᠢᠯ ᠣᠯᠭᠣᠯᠲᠠ ᠶ᠋ᠢ ᠡᠷᠬᠡᠪᠰᠢ 1100 ᠲᠦᠮᠡ᠎ᠭᠠᠷᠤᠢ ᠱᠢᠨ᠎ᠡ᠎ᠪᠡᠷ ᠨᠡᠮᠡᠭ᠌ᠳᠡᠭᠦᠯᠵᠦ᠍᠂ 1300 ᠲᠦᠮᠡ᠎ᠭᠠᠷᠤᠢ ᠬᠥᠮᠦᠨ᠎ᠳᠦ ᠠᠵᠢᠯ ᠤᠯᠭᠤᠪᠠᠯ ᠬᠠᠮᠤᠭ ᠤ᠋ᠨ ᠰᠠᠢ᠌ᠨ᠃ ᠨᠡᠯᠢᠶᠡᠳ ᠭᠦᠢᠴᠡᠳ ᠠᠵᠢᠯ ᠣᠯᠭᠣᠯᠲᠠ ᠶ᠋ᠢ ᠪᠡᠶᠡᠯᠡᠭᠦᠯᠳᠡᠭ ᠯᠡ ᠶᠤᠮ ᠪᠣᠯ ᠵᠠᠷᠢᠮ ᠬᠥᠮᠦᠰ᠎ᠦᠨ ᠬᠡᠯᠡᠳᠡᠭ ᠳᠤᠮᠳᠠᠳᠤ ᠤᠯᠤᠰ ᠤ᠋ᠨ ᠠᠵᠤ ᠠᠬᠤᠶ ᠶ᠋ᠢᠨ ᠳᠠᠯᠳᠠ ᠨᠡᠮᠡᠭ᠌ᠳᠡᠯ᠎ᠦᠨ ᠨᠤᠷᠮ᠎ᠠ ᠶ᠋ᠢ ᠪᠡᠶᠡᠯᠡᠭᠦᠯᠵᠦ᠍ ᠴᠢᠳᠠᠨ᠎ᠠ ᠭᠡᠵᠦ᠍ ᠪᠢ ᠪᠤᠳᠤᠳᠠᠭ ᠶᠤᠮ᠃ ᠡᠭᠦᠨ᠎ᠳᠦ ᠨᠢᠭᠡᠨ ᠪᠣᠳᠠᠲᠤ ᠵᠢᠱ᠌ᠢᠶ᠎ᠡ ᠶᠠᠷᠢᠪᠠᠯ᠂ 2020 ᠣᠨ ᠳ᠋ᠦ ᠬᠢᠵᠢᠭ᠎ᠦᠨ ᠪᠠᠢᠳᠠᠯ ᠬᠦᠨᠳᠦ ᠨᠣᠴᠢᠲᠠᠶ ᠦᠶ᠎ᠡ᠎ᠳᠦ ᠪᠢᠳᠡ ᠠᠵᠤ ᠠᠬᠤᠶ ᠶ᠋ᠢᠨ ᠨᠡᠮᠡᠭ᠌ᠳᠡᠯ᠎ᠦᠨ ᠭᠦᠢᠴᠡᠳᠭᠡᠬᠦ᠌ ᠲᠣᠭ᠎ᠠ ᠶ᠋ᠢ ᠲᠣᠭ᠍ᠲᠠᠭᠠᠭ᠍ᠰᠠᠨ ᠦᠭᠡᠢ᠂ ᠭᠡᠪᠡᠴᠦ᠍ ᠪᠢᠳᠡ ᠨᠢᠭᠡᠨ ᠲᠣᠳᠣᠷᠬᠠᠶ ᠭᠦᠢᠴᠡᠳᠭᠡᠬᠦ᠌ ᠲᠣᠭ᠎ᠠ ᠶ᠋ᠢ ᠲᠣᠭ᠍ᠲᠠᠭᠠᠵᠠᠶ᠂ ᠳᠠᠷᠤᠢ ᠬᠤᠳᠠ ᠪᠠᠯᠭᠠᠰᠤᠨ ᠤ᠋ ᠠᠵᠢᠯ ᠣᠯᠭᠣᠯᠲᠠ ᠶ᠋ᠢ 900 ᠲᠦᠮᠡ᠎ᠭᠠᠷᠤᠢ ᠱᠢᠨ᠎ᠡ᠎ᠪᠡᠷ ᠨᠡᠮᠡᠭᠳᠡᠭᠦᠯᠦᠨ᠎ᠡ᠂  ᠡᠭᠦᠨ ᠤ᠋ ᠳ᠋ᠦᠩ᠎ᠳᠦ ᠬᠤᠳᠠ ᠪᠠᠯᠭᠠᠰᠤᠨ ᠤ᠋ ᠠᠵᠢᠯ ᠣᠯᠭᠣᠯᠲᠠ ᠶ᠋ᠢ 1100 ᠲᠦᠮᠡ᠎ᠭᠠᠷᠤᠢ ᠱᠢᠨ᠎ᠡ ᠨᠡᠮᠡᠭᠳᠡᠯ ᠢ᠋ ᠪᠡᠶᠡᠯᠡᠭᠦᠯᠵᠦ᠍᠂ ᠠᠵᠤ ᠠᠬᠤᠶ ᠡᠶᠡᠷᠭᠦ᠌ ᠨᠡᠮᠡᠭ᠌ᠳᠡᠯ ᠢ᠋ ᠪᠡᠶᠡᠯᠡᠭᠦᠯᠦᠭ᠌ᠰᠡᠨ ᠵᠢᠡᠷ ᠪᠠᠷᠠᠬᠤ ᠦᠭᠡᠢ ᠨᠡᠮᠡᠭ᠌ᠳᠡᠯ᠎ᠦᠨ ᠬᠤᠷᠳᠤᠴᠠ ᠨᠢ 2.2% ᠲᠦ᠍ ᠬᠦᠷᠴᠦ᠍᠂ ᠭᠣᠣᠯ ᠪᠤᠯᠬᠤ ᠠᠵᠤ ᠠᠬᠤᠶ ᠶ᠋ᠢᠨ ᠴᠣᠭ᠍ᠴᠠ ᠶ᠋ᠢᠨ ᠳᠣᠲᠣᠷ᠎ᠠ ᠴᠤᠷ ᠤ᠋ᠨ ᠭᠠᠭ᠍ᠴᠠ ᠡᠶᠡᠷᠭᠦ᠌ ᠨᠡᠮᠡᠭ᠌ᠳᠡᠯ ᠢ᠋ ᠪᠡᠶᠡᠯᠡᠭᠦᠯᠪᠠ᠃

ᠡᠨᠡ ᠵᠢᠯ ᠠᠵᠢᠯ ᠤᠯᠬᠤ ᠴᠢᠬᠤᠯᠠᠲᠠᠶ ᠬᠤᠳᠠ ᠪᠠᠯᠭᠠᠰᠤᠨ ᠤ᠋ ᠱᠢᠨ᠎ᠡ᠎ᠪᠡᠷ ᠨᠡᠮᠡᠭ᠌ᠳᠡᠭ᠌ᠰᠡᠨ ᠬᠥᠳᠡᠯᠮᠦᠷᠢ ᠬᠦᠴᠦᠨ ᠪᠠᠷᠤᠭ 1600 ᠲᠦᠮᠡᠨ ᠬᠥᠮᠦᠨ᠎ᠳᠦ ᠬᠦᠷᠴᠦ᠍᠂ ᠤᠯᠠᠨ ᠵᠢᠯ᠎ᠦᠨ ᠲᠤᠷᠱᠢᠬᠢ ᠬᠠᠮᠤᠭ ᠤ᠋ᠨ ᠥᠨᠳᠥᠷ ᠬᠡᠮᠵᠢᠶᠡᠨ᠎ᠳᠦ ᠬᠦᠷᠴᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠣᠷᠣᠭ᠍ᠴᠢ 1076 ᠲᠦᠮᠡ ᠪᠠᠢᠵᠤ ᠂ ᠥᠩᠭᠡᠷᠡᠭ᠌ᠰᠡᠨ ᠵᠢᠯ᠎ᠦᠳ᠎ᠦᠨ ᠬᠠᠮᠤᠭ ᠤ᠋ᠨ ᠥᠨᠳᠥᠷ ᠬᠡᠮᠵᠢᠶᠡᠨ᠎ᠳᠦ ᠬᠦᠷᠴᠡᠶ ᠃ ᠪᠠᠰᠠ 3 ᠳ᠋ᠦᠩᠱᠢᠭᠤᠷ ᠱᠢᠬᠠᠮ ᠬᠥᠯᠥᠰᠥᠨ ᠠᠵᠢᠯᠴᠢᠨ ᠬᠥᠯᠥᠰᠥᠨ ᠠᠵᠢᠯ ᠬᠢᠬᠦ᠌ ᠵᠠᠪᠱᠢᠶᠠᠨ᠎ᠲᠠᠶ ᠪᠠᠢᠬᠤ ᠬᠡᠷᠡᠭ᠌ᠲᠡᠶ ᠪᠥᠭᠡᠳ ᠪᠠᠰᠠ ᠴᠡᠷᠢᠭ᠎ᠡᠴᠡ ᠬᠠᠯᠠᠭ᠍ᠳᠠᠭ᠍ᠰᠠᠳ ᠤ᠋ᠨ ᠠᠵᠢᠯ ᠤᠯᠬᠤ ᠶ᠋ᠢ ᠪᠠᠲᠤᠯᠠᠬᠤ ᠬᠡᠷᠡᠭ᠌ᠲᠡᠶ᠃ ᠡᠭᠦᠨ᠎ᠤ ᠲᠠᠭᠠᠤ ᠵᠠᠷᠢᠮ ᠠᠵᠤ ᠠᠬᠤᠢᠯᠠᠯ ᠤ᠋ᠳ ᠤᠢ᠍ᠬᠦᠵᠦ᠍ ᠰᠡᠭᠡᠬᠦ᠌ ᠶ᠋ᠢᠨ ᠳᠠᠪᠠᠭᠠᠨ᠎ᠳᠦ ᠲᠤᠯᠭᠠᠷᠠᠵᠦ᠂ ᠵᠠᠷᠢᠮ ᠬᠥᠮᠦᠰ᠎ᠲᠦ ᠲᠡᠬᠢᠵᠦ᠍ ᠠᠵᠢᠯ ᠣᠯᠭᠣᠬᠤ ᠴᠢᠬᠤᠯᠠ᠎ᠲᠠᠶ ᠪᠠᠢᠨ᠎ᠠ᠃ ᠬᠤᠳᠠ ᠪᠠᠯᠭᠠᠰᠤᠨ ᠤ᠋ ᠱᠢᠨ᠎ᠡ᠎ᠪᠡᠷ ᠨᠡᠮᠡᠭ᠌ᠳᠡᠭ᠌ᠰᠡᠨ ᠬᠥᠳᠡᠯᠮᠦᠷᠢ ᠬᠦᠴᠦᠨ ᠨᠡᠮᠡᠭ᠌ᠳᠡᠵᠦ᠍ ᠪᠠᠢᠭ᠎ᠠ ᠪᠣᠯᠬᠣᠷ ᠠᠵᠢᠯ ᠣᠯᠭᠣᠬᠤ ᠱᠢᠨ᠎ᠡ ᠲᠠᠪᠴᠠᠩ᠎ᠲᠠᠶ ᠪᠠᠢᠬᠤ ᠬᠡᠷᠡᠭ᠌ᠲᠡᠶ᠃ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠤᠯᠬᠤ ᠴᠢᠬᠤᠯᠠᠲᠠᠶ ᠬᠥᠮᠦᠰ᠎ᠲᠦ ᠪᠢᠳᠡ ᠲᠡᠳᠡᠨ᠎ᠳᠦ ᠪᠤᠯᠪᠠᠰᠤᠷᠠᠯ ᠬᠦᠷᠳᠡᠭᠡᠬᠦ ᠵᠡᠷᠭᠡ ᠤᠯᠠᠨ ᠲᠠᠯ᠎ᠠ ᠶ᠋ᠢᠨ ᠳᠡᠮᠵᠢᠯᠭᠡ ᠶ᠋ᠢᠨ ᠠᠷᠭ᠎ᠠ ᠬᠡᠮᠵᠢᠶ᠎ᠡ ᠠᠪᠴᠤ᠌᠂ ᠵᠠᠬ᠎ᠠ ᠳᠡᠯᠭᠡᠭᠦᠷᠴᠢᠯᠡᠭ᠌ᠰᠡᠨ ᠠᠷᠭ᠎ᠠ᠎ᠪᠠᠷ ᠠᠵᠢᠯ ᠣᠯᠭᠣᠯᠲᠠ ᠶ᠋ᠢᠨ ᠠᠰᠠᠭᠤᠳᠠᠯ ᠢ᠋ ᠰᠢᠢᠳᠪᠦᠷᠢᠯᠡᠨ᠎ᠡ᠃ ᠵᠢᠱ᠌ᠢᠶᠡᠯᠡᠪᠡᠯ ᠡᠳᠡᠭᠡᠷ ᠵᠢᠯ᠎ᠦᠳ᠎ᠲᠦ ᠪᠢᠳᠡ ᠤᠯᠠᠨ ᠶ᠋ᠢᠡᠷ ᠵᠢᠡᠨ ᠦᠢᠯᠡᠰ ᠪᠤᠰᠬᠠᠵᠤ ᠨᠡᠢᠲᠡ ᠪᠡᠷ ᠵᠢᠡᠨ ᠱᠢᠨ᠎ᠡ ᠶ᠋ᠢ ᠡᠭᠦᠳᠬᠦ᠌ ᠶ᠋ᠢ ᠠᠬᠢᠭᠤᠯᠵᠤ᠂ ᠱᠢᠨ᠎ᠡ ᠮᠡᠷᠭᠡᠵᠢᠯ ᠱᠢᠨ᠎ᠡ ᠡᠵᠡᠩᠨᠡᠯᠲᠡ ᠶ᠋ᠢᠨ ᠬᠡᠯᠪᠡᠷᠢ ᠱᠢᠨ᠎ᠡ ᠵᠠᠭ᠍ᠪᠤᠷ ᠤ᠋ᠨ ᠬᠥᠭ᠌ᠵᠢᠯᠲᠡ ᠶ᠋ᠢ ᠠᠬᠢᠭᠤᠯᠵᠤ᠂ ᠱᠢᠨ᠎ᠡ ᠬᠥᠳᠡᠯᠭᠡᠭ᠌ᠴᠢ ᠡᠨᠧᠷᠭᠢ ᠶ᠋ᠢ ᠪᠣᠢᠵᠢᠭᠤᠯᠪᠠ᠃ ᠡᠭᠡᠯ ᠵᠢᠷ᠎ᠦᠨ ᠬᠥᠮᠦᠰ ᠴᠸ᠋ ᠮᠠᠰᠢ ᠤᠯᠠᠨ ᠠᠷᠭ᠎ᠠ ᠰᠠᠮᠪᠠᠭ᠎ᠠ᠎ᠲᠠᠶ ᠶᠤᠮ᠂ ᠲᠡᠳᠡᠨ᠎ᠦ ᠣᠨᠴᠠ ᠴᠢᠳᠠᠪᠤᠷᠢ᠂ ᠰᠡᠴᠡᠨ ᠰᠡᠷᠭᠦᠯᠡᠩ ᠠᠪᠢᠶᠠᠰ ᠴᠢᠳᠠᠪᠤᠷᠢ᠎ᠵᠢ ᠪᠠᠳᠠᠷᠠᠭᠤᠯᠪᠠᠯ ᠠᠵᠢᠯ ᠣᠯᠭᠣᠯᠲᠠ ᠶ᠋ᠢᠨ ᠲᠤᠮᠤ ᠲᠠᠪᠴᠠᠩ ᠦᠨᠭ᠌ᠭᠡ ᠢᠯᠭᠠᠷᠠᠮ᠎ᠠ ᠰᠠᠢᠬᠠᠨ ᠪᠤᠯᠵᠤ ᠴᠢᠳᠠᠨ᠎ᠠ ᠭᠡᠳᠡᠭ ᠢ᠋ ᠪᠢᠳᠡ ᠢᠲᠡᠭᠡᠵᠦ᠍ ᠪᠠᠢᠨ᠎ᠠ᠃

ᠡᠭᠦᠨ᠎ᠳᠦ ᠠᠮᠢᠳᠤᠯᠢᠭ ᠶ᠋ᠢᠡᠷ ᠠᠵᠢᠯ ᠣᠯᠭᠣᠬᠤ ᠶᠠᠪᠤᠳᠠᠯ ᠢ᠋ ᠳᠤᠷᠠᠳᠭᠤ ᠴᠢᠬᠤᠯᠠᠲᠠᠢ᠂ ᠤᠴᠢᠷ ᠨᠢ ᠡᠨᠡ ᠲᠠᠯ᠎ᠠ᠎ᠪᠠᠷ 2 ᠳ᠋ᠦᠩᠱᠢᠭᠤᠷ ᠭᠠᠷᠤᠶ ᠬᠥᠮᠦᠨ ᠪᠠᠢᠵᠤ᠂ ᠬᠡᠯᠪᠡᠷᠢ ᠶᠠᠩᠵᠤ ᠤᠯᠠᠨ᠂ ᠬᠠᠮᠤᠷᠬᠤ ᠬᠡᠪᠴᠢᠶ᠎ᠡ ᠥᠷᠭᠡᠨ ᠪᠠᠢᠳᠠᠭ᠃ ᠬᠥᠭ᠌ᠵᠢᠵᠦ᠍ ᠪᠠᠢᠭ᠎ᠠ ᠤᠯᠤᠰ ᠪᠣᠯᠤᠭ᠍ᠰᠠᠨ ᠤ᠋ ᠬᠤᠪᠢ ᠳ᠋ᠦ᠂ ᠡᠢᠮᠦᠷᠬᠥᠤ ᠠᠵᠢᠯ ᠣᠯᠭᠣᠯᠲᠠ ᠶ᠋ᠢᠨ ᠬᠡᠯᠪᠡᠷᠢ ᠨᠢ ᠨᠡᠯᠢᠶᠡᠳ ᠤᠷᠳᠤ ᠬᠤᠭᠤᠴᠠᠭ᠎ᠠ᠎ᠪᠠᠷ ᠣᠷᠣᠱᠢᠬᠤ ᠪᠣᠯᠤᠨ᠎ᠠ᠃ ᠲᠡᠳᠡ ᠰᠠᠯᠬᠢ ᠪᠣᠷᠣᠭᠠᠨ ᠢ᠋ ᠵᠦᠰᠦᠵᠦ᠂ ᠮᠠᠰᠢ ᠵᠦᠳᠡᠷᠡᠯᠲᠡᠶ᠂ ᠣᠯᠠᠨ ᠭᠠᠵᠠᠷ ᠤ᠋ᠨ ᠬᠢᠨ ᠲᠡᠳᠡᠨ᠎ᠳᠦ ᠬᠠᠯᠠᠭᠤᠨ ᠦᠢᠯᠡᠴᠢᠯᠡᠭᠡ ᠬᠠᠩᠭᠠᠵᠤ ᠪᠠᠢᠨ᠎ᠠ ᠃ ᠲᠡᠳᠡᠨ᠎ᠦ ᠬᠥᠳᠡᠯᠮᠦᠷᠢ  ᠶ᠋ᠢᠨ ᠡᠷᠬᠡ ᠠᠱᠢᠭ᠂ ᠨᠡᠢᠭᠡᠮ᠎ᠦᠨ ᠪᠠᠲᠤᠯᠠᠭ᠎ᠠ ᠵᠡᠷᠭᠡ ᠠᠰᠠᠭᠤᠳᠠᠯ ᠳ᠋ᠦ ᠴᠢᠭ᠌ᠯᠡᠭᠦᠯᠦᠨ᠂ ᠵᠠᠰᠠᠭ ᠤ᠋ᠨ ᠣᠷᠳᠣᠨ ᠎ᠠᠴᠠ ᠲᠥᠷᠥ ᠶ᠋ᠢᠨ ᠪᠣᠳᠣᠯᠭ᠎ᠠ᠎ᠪᠠᠨ ᠤᠯᠠᠮ ᠳᠡᠭᠦᠯᠳᠡᠷᠵᠢᠭᠦᠯᠦᠨ᠎ᠡ᠂ ᠥᠭᠡᠷ᠎ᠡ᠎ᠪᠡᠷ ᠬᠡᠯᠡᠪᠡᠯ ᠡᠳᠡᠭᠡᠷ 《ᠤᠨᠤᠭᠠᠴᠢᠳ》ᠲᠦ᠍ 《ᠠᠶᠤᠯᠭᠦᠶ ᠶ᠋ᠢᠨ ᠪᠦᠰᠡ》 ᠪᠦᠰᠡᠯᠡᠭᠦᠯᠵᠦ ᠂ ᠠᠮᠢᠳᠤᠯᠢᠭ ᠠᠵᠢᠯ ᠣᠯᠭᠣᠯᠲᠠ ᠵᠡᠷᠭᠡ ᠠᠵᠢᠯ ᠣᠯᠭᠣᠯᠲᠠ ᠶ᠋ᠢᠨ ᠱᠢᠨ᠎ᠡ ᠬᠡᠯᠪᠡᠷᠢ ᠪᠡᠷ ᠪᠠᠴᠢᠮ ᠪᠠᠢᠳᠠᠯ ᠢ᠋ ᠠᠷᠭᠠᠴᠠᠭᠠᠬᠤ ᠮᠥᠷᠲᠡᠭᠡᠨ ᠵᠠᠬ᠎ᠠ ᠳᠡᠯᠭᠡᠭᠦᠷ᠎ᠦᠨ ᠠᠮᠢᠵᠢᠷᠠᠯ ᠤ᠋ᠨ ᠬᠦᠴᠦᠨ ᠪᠣᠯᠤᠨ ᠨᠡᠢᠭᠡᠮ᠎ᠦᠨ ᠪᠦᠲᠦᠭᠡᠯᠴᠢ ᠬᠦᠴᠦᠨ ᠢ᠋ ᠬᠦᠭᠵᠢᠭᠡᠨ᠎ᠡ᠃

ᠢᠰᠫᠠᠨᠢ ᠶ᠋ᠢᠨ ᠤᠹᠢ ᠬᠤᠷᠢᠶ᠎ᠠ ᠶ᠋ᠢᠨ ᠰᠤᠷᠪᠤᠯᠵᠢᠯᠠᠭ᠍ᠴᠢ᠄ ᠬᠢᠵᠢᠭ᠎ᠦᠨ ᠪᠠᠢᠳᠠᠯ ᠡᠭᠦᠰᠦᠭᠡᠳ ᠨᠢᠭᠡᠨᠲᠡ ᠬᠣᠶᠠᠷ ᠵᠢᠯ ᠪᠣᠯᠪᠠ᠂ ᠥᠩᠭᠡᠷᠡᠭ᠌ᠰᠡᠨ ᠬᠣᠶᠠᠷ ᠵᠢᠯ᠎ᠳᠦ ᠳᠤᠮᠳᠠᠳᠤ ᠤᠯᠤᠰ ᠦᠨᠳᠦᠰᠦᠨ᠎ᠳᠡᠭᠡᠨ《ᠡᠭᠦᠳᠡ᠎ᠪᠡᠨ ᠬᠠᠭᠠᠪᠠ》᠃ ᠳᠤᠮᠳᠠᠳᠤ ᠶ᠋ᠢᠨ ᠲᠠᠯ᠎ᠠ ᠶ᠋ᠢᠨ ᠬᠢᠨ ᠣᠳᠣᠬᠠᠨ ᠤ᠋ 《 ᠬᠥᠳᠡᠯᠦᠩᠭᠦᠶ᠎ᠪᠡᠷ ᠲᠡᠭ ᠪᠣᠯᠭᠠᠬᠤ 》 ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠲᠥᠷᠥ ᠶ᠋ᠢᠨ ᠪᠣᠳᠣᠯᠭ᠎ᠠ ᠶ᠋ᠢ ᠴᠢᠨᠠᠭᠰᠢᠲᠠ ᠦᠷᠭᠦᠯᠵᠢᠯᠡᠭᠦᠯᠬᠦ᠌᠎ᠪᠡᠷ ᠪᠣᠳᠣᠯᠬᠢᠯᠠᠵᠤ ᠪᠠᠢᠨ᠎ᠠ ᠦᠦ? ᠳᠡᠯᠡᠬᠡᠶ᠎ᠳ᠋ᠠᠬᠢᠨ᠎ᠲᠠᠢ  《ᠴᠢᠯᠥᠭᠡᠲᠡᠶ ᠶᠠᠪᠤᠯᠴᠠᠬᠤ》 ᠵᠠᠮ ᠱᠤᠭᠤᠮ ᠤ᠋ᠨ ᠵᠢᠷᠤᠭ ᠲᠦᠯᠦᠪᠯᠡᠭᠡ ᠪᠠᠢᠨ᠎ᠠ ᠦᠦ?

ᠯᠢ ᠺᠸ ᠴᠢᠶᠠᠩ ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠣᠯ ᠬᠥᠮᠦᠨ ᠲᠥᠷᠥᠯᠬᠢᠲᠡᠨ᠎ᠦ ᠬᠠᠮᠲᠤ  ᠶ᠋ᠢᠨ ᠳᠠᠢᠰᠤᠨ ᠮᠥᠨ ᠂ ᠬᠠᠯᠳᠠᠪᠤᠷᠢᠯᠠᠭᠠᠳ ᠬᠣᠶᠠᠷ ᠵᠢᠯ ᠪᠣᠯᠵᠤ ᠪᠠᠢᠨ᠎ᠠ ᠂ ᠸᠢᠷᠦ᠋ᠰ ᠨᠢ ᠢᠮᠠᠭ᠍ᠲᠠ ᠬᠤᠪᠢᠷᠠᠭᠰᠠᠭᠠᠷ ᠂ ᠵᠠᠷᠢᠮ ᠵᠢᠮ᠎ᠡ ᠶᠣᠰᠣ ᠶ᠋ᠢ ᠪᠠᠰᠠ ᠭᠦᠨᠵᠡᠭᠡᠶ ᠰᠤᠳᠤᠯᠬᠤ ᠴᠢᠬᠤᠯᠠᠲᠠᠶ᠂ ᠡᠭᠦᠨ᠎ᠦ ᠵᠡᠷᠭᠡ᠎ᠪᠡᠷ ᠸᠠᠺᠼᠢᠨ ᠤ᠋ ᠬᠠᠮᠠᠭᠠᠯᠠᠯᠲᠠ᠂ ᠪᠦᠲᠦᠮᠵᠢᠲᠡᠶ ᠡᠮ᠎ᠦᠨ ᠵᠦᠢᠯ ᠢ᠋ ᠰᠤᠳᠤᠯᠤᠨ ᠨᠡᠭᠡᠭᠡᠬᠦ᠌ ᠵᠡᠷᠭᠡ ᠲᠠᠯ᠎ᠠ᠎ᠪᠠᠷ ᠪᠠᠰᠠ ᠴᠢᠩᠭᠠᠳᠭᠠᠬᠤ ᠴᠢᠬᠤᠯᠠᠲᠠᠶ᠃ ᠣᠳᠣᠬᠠᠨ ᠳ᠋ᠦ ᠳᠡᠯᠡᠬᠡᠶ ᠨᠡᠢᠲᠡ᠎ᠪᠡᠷ ᠶ᠋ᠢᠡᠨ ᠮᠥᠨ ᠯᠡ ᠪᠦᠯᠬᠦᠮᠳᠡᠨ ᠬᠠᠮᠲᠤᠷᠠᠯᠴᠠᠵᠤ᠂ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠤ᠂ ᠬᠣᠭᠣᠷᠣᠨᠳᠣ᠎ᠪᠠᠨ ᠢᠯᠡᠭᠦᠬᠡᠨ ᠣᠢᠯᠠᠭᠠᠯᠴᠠᠨ ᠪᠠᠭ᠍ᠲᠠᠭᠠᠵᠤ᠂ ᠳᠡᠯᠡᠬᠡᠶ ᠶᠢᠷᠲᠢᠨᠴᠦ᠍ ᠶ᠋ᠢᠨ ᠬᠡᠪ᠎ᠦᠨ ᠪᠠᠢᠳᠠᠯ᠎ᠳᠠᠭᠠᠨ ᠤᠷᠤᠬᠤ᠎ᠳᠦ ᠬᠠᠮᠲᠤ᠎ᠪᠠᠷ ᠨᠥᠬᠥᠴᠡᠯ ᠪᠦᠷᠢᠯᠳᠦᠭᠦᠯᠬᠦ᠎ᠪᠡᠷ ᠴᠢᠷᠮᠠᠢᠬᠤ ᠬᠡᠷᠡᠭ᠌ᠲᠡᠶ᠃

ᠳᠤᠮᠳᠠᠳᠤ ᠤᠯᠤᠰ ᠶᠡᠷᠦᠨᠢ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ ᠶ᠋ᠢ ᠨᠢᠭᠡᠳᠦᠯᠲᠡᠢ ᠲᠥᠯᠥᠪᠵᠢᠭᠦᠯᠵᠦ᠍᠂ ᠤᠯᠠᠨ ᠤᠯᠤᠰ ᠤ᠋ᠨ ᠶᠠᠪᠤᠯᠴᠠᠭ᠎ᠠ ᠬᠠᠮᠲᠤᠷᠠᠯᠴᠠᠭ᠎ᠠ ᠶ᠋ᠢ ᠢᠳᠡᠪᠬᠢᠲᠡᠢ ᠠᠬᠢᠭᠤᠯᠤᠭ᠍ᠰᠠᠭᠠᠷ ᠢᠷᠡᠵᠠᠢ᠂ ᠪᠢᠳᠡ ᠬᠢᠵᠢᠭ᠎ᠦᠨ ᠪᠠᠢᠳᠠᠯ ᠤ᠋ᠨ ᠬᠤᠪᠢᠷᠠᠯᠲᠠ ᠪᠣᠯᠤᠨ ᠸᠢᠷᠦ᠋ᠰ᠎ᠦᠨ ᠣᠨᠴᠠᠯᠢᠭ ᠢ᠋ ᠦᠨᠳᠦᠰᠦᠯᠡᠵᠦ᠍᠂ ᠰᠡᠷᠭᠡᠢᠯᠡᠨ ᠡᠵᠡᠮᠳᠡᠬᠦ᠌ ᠶ᠋ᠢ ᠨᠡᠩ ᠱᠢᠨᠵᠢᠯᠡᠬᠦ᠌ ᠤᠬᠠᠭᠠᠨᠴᠢ ᠣᠨᠣᠪᠴᠢᠲᠠᠢ ᠪᠣᠯᠭᠠᠵᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠍ ᠶ᠋ᠢ ᠪᠠᠲᠤᠯᠠᠵᠤ᠂ ᠬᠡᠪ᠎ᠦᠨ ᠦᠢᠯᠡᠳᠪᠦᠷᠢᠯᠡᠯ ᠠᠮᠢᠳᠤᠷᠠᠯ ᠤ᠋ᠨ ᠡᠮᠬᠢ ᠳᠢᠭ᠌ᠯᠢᠮ ᠢ᠋ ᠪᠠᠲᠤᠯᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠠᠮᠤᠷ ᠲᠦᠪᠱᠢᠨ ᠢ᠋ ᠪᠠᠲᠤᠯᠠᠨ᠎ᠠ᠃

ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ ᠪᠢ ᠤᠯᠠᠨ ᠤᠯᠤᠰ ᠤ᠋ᠨ ᠵᠣᠬᠢᠶᠠᠨ ᠪᠠᠢᠭᠤᠯᠤᠯᠲᠠ ᠶ᠋ᠢᠨ ᠬᠠᠷᠢᠭᠤᠴᠠᠯᠭᠠᠲᠠᠨ᠂ ᠤᠯᠤᠰ ᠰᠤᠨᠳᠠᠯᠠᠭᠰᠠᠨ ᠺᠣᠮᠫᠠᠨᠢ ᠶ᠋ᠢᠨ ᠬᠠᠷᠢᠭᠤᠴᠠᠯᠭᠠᠲᠠᠨ᠂ ᠠᠵᠤ ᠠᠬᠤᠢᠯᠠᠯᠲᠠᠨ᠎ᠲᠠᠶ ᠤᠯᠠᠨ ᠤᠳᠠᠭ᠎ᠠ ᠶᠠᠷᠢᠯᠴᠠᠬᠤ᠎ᠳᠤ᠂ ᠲᠡᠳᠡ ᠪᠦᠷ ᠴᠢᠬᠤᠯᠠ ᠪᠦᠬᠦᠢ ᠬᠤᠳᠠᠯᠳᠤᠭᠠᠨ ᠤ᠋ ᠶᠠᠪᠤᠳᠠᠯ ᠤ᠋ᠨ ᠶᠠᠪᠤᠯᠴᠠᠭ᠎ᠠ᠎ᠪᠠᠨ ᠪᠠᠲᠤᠯᠠᠬᠤ ᠶ᠋ᠢ ᠬᠦᠰᠡᠵᠦ᠍ ᠪᠠᠢᠪᠠ᠃ ᠪᠢᠳᠡ ᠨᠢᠭᠡᠨᠲᠡ 《ᠲᠦᠷᠭᠡᠨ ᠨᠡᠪᠲᠡᠷᠡᠬᠦ᠌ ᠵᠠᠮ》 ᠪᠠ 《ᠰᠠᠭᠠᠳ ᠦᠭᠡᠢ ᠨᠡᠪᠲᠡᠷᠡᠬᠦ᠌ ᠵᠠᠮ》  ᠢ᠋ ᠨᠡᠭᠡᠭᠡᠵᠦ᠍᠂ ᠵᠠᠷᠢᠮ ᠵᠠᠩᠭᠢᠯᠠᠭ᠎ᠠ ᠶ᠋ᠢᠨ ᠭᠣᠭ᠍ᠴᠣᠭ᠎ᠠ ᠶ᠋ᠢᠨ ᠠᠵᠤ ᠠᠬᠤᠢᠯᠠᠯ ᠪᠠ ᠲᠦᠷᠦᠯ ᠵᠦᠢᠯ ᠤ᠋ᠨ᠎ᠬᠡᠪ᠎ᠦᠨ ᠦᠢᠯᠡᠳᠪᠦᠷᠢᠯᠡᠯ ᠡᠵᠡᠩᠨᠡᠯᠲᠡ ᠶ᠋ᠢ ᠪᠠᠲᠤᠯᠠᠵᠤ ᠪᠠᠢᠨ᠎ᠠ᠃ ᠪᠢᠳᠡ ᠲᠠᠰᠤᠷᠠᠯᠲᠠ ᠦᠭᠡᠢ ᠲᠤᠷᠱᠢᠯᠭ᠎ᠠ ᠬᠤᠷᠠᠮᠳᠤᠭᠤᠯᠵᠤ᠂ ᠭᠠᠷᠴᠤ᠌ ᠮᠡᠳᠡᠬᠦ᠌ ᠬᠤᠪᠢᠷᠠᠯᠲᠠ ᠶ᠋ᠢ ᠴᠠᠭ ᠲᠤᠬᠠᠶ ᠳ᠋ᠤᠨᠢ ᠠᠷᠭᠠᠴᠠᠭᠠᠵᠤ᠂ ᠡᠳ᠋ ᠪᠠᠷᠠᠭᠠᠨ ᠤ᠋ ᠭᠦᠢᠯᠭᠡᠭᠡ᠂ ᠬᠦᠮᠦᠰ᠎ᠤᠨ ᠶᠠᠪᠤᠯᠴᠠᠭ᠎ᠠ ᠶ᠋ᠢ ᠠᠯᠬᠤᠮ ᠠᠯᠬᠤᠮ ᠶ᠋ᠢᠡᠷ ᠡᠮᠬᠢ ᠵᠢᠷᠤᠮ᠎ᠲᠠᠶ᠎ᠪᠠᠷ ᠰᠠᠭᠠᠳ ᠦᠭᠡᠢ ᠨᠡᠪᠲᠡᠷᠡᠭᠦᠯᠬᠦ᠌ ᠪᠣᠯᠤᠨ᠎ᠠ᠃

ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ᠄ ᠡᠳᠡᠭᠡᠷ ᠵᠢᠯ ᠎ᠦᠳ᠎ᠲᠦ᠍᠂ ᠮᠠᠨ ᠎ᠤ ᠤᠯᠤᠰ ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠬᠡᠳᠦᠢᠪᠡᠷ ᠰᠠᠢᠵᠢᠷᠠᠯᠲᠠ᠎ᠲᠠᠶ ᠪᠤᠯᠵᠤ ᠂ ᠵᠠᠬ᠎ᠠ ᠳᠡᠯᠭᠡᠭᠦᠷ ᠎ᠦᠨ ᠭᠣᠣᠯ ᠴᠣᠭ᠍ᠴᠠ ᠶᠡᠬᠡ ᠪᠡᠷ ᠨᠡᠮᠡᠭ᠌ᠳᠡᠵᠦ᠍᠂ ᠠᠵᠤ ᠠᠬᠤᠢᠯᠠᠯ ᠎ᠤᠨ ᠠᠵᠢᠯ ᠶᠠᠪᠤᠳᠠᠯ ᠡᠷᠬᠢᠯᠡᠬᠦ᠌ ᠎ᠳᠦ ᠴᠦ᠍ ᠮᠠᠰᠢ ᠲᠦᠭᠦᠮ ᠪᠣᠯᠤᠭ᠍ᠰᠠᠨ ᠪᠣᠯᠪᠠᠴᠤ᠌ ᠡᠯ᠎ᠡ ᠵᠦᠢᠯ ᠎ᠦᠨ ᠬᠠᠷᠱᠢᠯᠠᠯ ᠮᠥᠨ ᠬᠦ᠌ ᠪᠠᠭ᠎ᠠ ᠪᠤᠰᠤ ᠪᠠᠢᠨ᠎ᠠ ᠃ ᠣᠳᠣᠬᠠᠨ ᠎ᠤ ᠪᠠᠢᠳᠠᠯ ᠳᠣᠣᠷ᠎ᠠ  ᠵᠠᠰᠠᠭ ᠎ᠤᠨ ᠣᠷᠳᠣᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠎ᠢ ᠱᠢᠯᠢᠳᠡᠭ᠌ᠵᠢᠭᠦᠯᠬᠦ ᠂ ᠵᠠᠬ᠎ᠠ ᠳᠡᠯᠭᠡᠭᠦᠷ ᠎ᠦᠨ ᠠᠮᠢᠵᠢᠷᠠᠯ ᠎ᠤᠨ ᠬᠦᠴᠦᠨ ᠪᠣᠯᠤᠨ ᠪᠦᠲᠦᠭᠡᠯᠴᠢ ᠬᠦᠴᠦᠨ ᠎ᠢ ᠬᠥᠭ᠌ᠵᠢᠭᠡᠬᠦ᠌ ᠲᠠᠯ᠎ᠠ ᠎ᠪᠠᠷ ᠪᠠᠰᠠ ᠶᠠᠮᠠᠷ ᠶᠠᠮᠠᠷ ᠴᠢᠷᠮᠠᠢᠯᠭ᠎ᠠ ᠭᠠᠷᠭᠠᠬᠤ ᠪᠤᠢ?

ᠯᠢ ᠺᠸ ᠴᠢᠶᠠᠩ᠄ ᠤᠢ᠍ᠢᠷ᠎ᠠ᠎ᠶ᠋ᠢᠨ 10 ᠵᠢᠯ ᠎ᠳᠦ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ ᠵᠢᠯ ᠪᠦᠷᠢ ᠨᠢᠭᠡ ᠤᠳᠠᠭ᠎ᠠ《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ᠎ᠶ᠋ᠢ ᠠᠬᠢᠭᠤᠯᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠪᠦᠬᠦ᠌ ᠤᠯᠤᠰ ᠎ᠤᠨ ᠴᠢᠨᠠᠷᠲᠠᠢ ᠬᠤᠷᠠᠯ ᠎ᠢ ᠬᠤᠷᠠᠯᠳᠤᠭᠤᠯᠪᠠ ᠃ ᠡᠨᠡ ᠵᠢᠯ ᠎ᠦᠨ ᠡᠬᠢᠨ᠎ᠳᠦ ᠂ ᠮᠠᠰᠢ ᠣᠯᠠᠨ ᠭᠠᠵᠠᠷ᠎ᠤᠨ ᠬᠢᠨ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠎ᠢ ᠰᠠᠢᠵᠢᠷᠠᠭᠤᠯᠬᠤ ᠭᠤᠤᠯ ᠰᠡᠳᠦᠪ᠎ᠦᠨ ᠲᠣᠭᠣᠷᠢᠨ᠎ᠳᠤ ᠬᠤᠷᠠᠯ ᠬᠢᠵᠦ᠍ ᠪᠠᠢᠭ᠎ᠠ ᠎ᠶ᠋ᠢ ᠪᠢ ᠪᠠᠰᠠ ᠠᠩᠬᠠᠷᠤᠯ᠎ᠳᠠᠭᠠᠨ ᠠᠪᠴᠠᠶ ᠃ 《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠪᠣᠯ ᠵᠠᠬ᠎ᠠ ᠳᠡᠯᠭᠡᠭᠦᠷ ᠎ᠦᠨ ᠭᠣᠣᠯ ᠴᠣᠭ᠍ᠴᠠ᠎ᠳ᠋ᠤ ᠬᠥᠷᠥᠰᠥ᠍ ᠱᠢᠷᠣᠢ ᠵᠢ ᠰᠠᠢᠵᠢᠷᠠᠭᠤᠯᠵᠤ ᠪᠠᠢᠭ᠎ᠠ ᠶᠠᠪᠤᠳᠠᠯ ᠮᠦᠨ ᠂ ᠭᠠᠢᠯᠢ ᠎ᠶ᠋ᠢ ᠬᠠᠰᠤᠵᠤ ᠰᠦᠢᠳᠭᠡᠯ ᠎ᠢ ᠪᠠᠭᠤᠷᠠᠭᠤᠯᠬᠤ ᠪᠣᠯ ᠲᠡᠳᠡᠨ᠎ᠳᠦ ᠪᠤᠷᠳᠤᠭᠤᠷ ᠨᠡᠮᠡᠨ ᠤᠰᠤᠯᠠᠵᠤ ᠪᠠᠢᠭ᠎ᠠ ᠶᠠᠪᠤᠳᠠᠯ ᠮᠥᠨ᠂ ᠤᠯᠠᠨ᠎ᠢᠶᠠᠷ᠎ᠢᠶᠠᠨ ᠦᠢᠯᠡᠰ ᠪᠤᠰᠭᠠᠵᠦ᠍  ᠨᠡᠢᠲᠡ ᠪᠡᠷ ᠵᠢᠡᠨ ᠱᠢᠨ᠎ᠡ᠎ᠶ᠋ᠢ ᠡᠭᠦᠳᠬᠦ᠌ ᠪᠣᠯ ᠨᠡᠩ ᠤᠯᠠᠨ ᠵᠠᠬ᠎ᠠ ᠳᠡᠯᠭᠡᠭᠦᠷ ᠎ᠦᠨ ᠭᠣᠣᠯ ᠴᠣᠭ᠍ᠴᠠ᠎ᠶ᠋ᠢᠨ ᠦᠨᠳᠦᠰᠦ ᠬᠠᠳᠭᠤᠵᠤ ᠰᠣᠶᠣᠭᠠᠯᠠᠬᠤ᠎ᠶ᠋ᠢ ᠠᠬᠢᠭᠤᠯᠬᠤ ᠶᠠᠪᠤᠳᠠᠯ ᠪᠣᠯᠤᠨ᠎ᠠ ᠭᠡᠵᠦ᠍ ᠬᠡᠯᠡᠵᠦ᠍ ᠪᠣᠯᠤᠨ᠎ᠠ᠃ ᠪᠢᠳᠡ ᠠᠷᠠᠳ ᠲᠦᠮᠡᠨ᠎ᠦ ᠪᠦᠲᠦᠭᠡᠯᠴᠢ ᠴᠢᠳᠠᠪᠤᠷᠢ ᠎ᠶ᠋ᠢ ᠪᠠᠳᠠᠷᠠᠭᠤᠯᠵᠤ᠂ ᠵᠠᠬ᠎ᠠ ᠳᠡᠯᠭᠡᠭᠦᠷ ᠎ᠦᠨ ᠭᠣᠣᠯ ᠴᠣᠭ᠍ᠴᠠ᠎ᠶ᠋ᠢᠨ ᠠᠮᠢᠵᠢᠷᠠᠯ ᠎ᠤᠨ ᠬᠦᠴᠦᠨ ᠎ᠢ ᠬᠥᠭ᠌ᠵᠢᠭᠡᠳᠡᠭ ᠯᠡ ᠶᠤᠮ ᠪᠣᠯ ᠤᠯᠠᠨ᠎ᠢᠶᠠᠷ᠎ᠢᠶᠠᠨ ᠠᠵᠤ ᠠᠬᠤᠢ᠎ᠶ᠋ᠢᠨ ᠠᠮᠢᠳᠤᠯᠢᠭ ᠪᠠᠢᠳᠠᠯ ᠎ᠢ ᠲᠥᠰᠦᠭᠡᠯᠡᠵᠦ᠍ ᠪᠣᠯᠬᠤ ᠶᠤᠮ᠃ ᠭᠡᠪᠡᠴᠦ᠍ ᠵᠠᠰᠠᠭ ᠎ᠤᠨ ᠣᠷᠳᠣᠨ ᠡᠷᠬᠡᠪᠰᠢ ᠬᠢᠳᠤᠭᠠᠨ ᠢᠷ ᠎ᠢ ᠳᠣᠲᠣᠭ᠍ᠰᠢ᠎ᠪᠠᠨ ᠬᠠᠨᠳᠤᠭᠤᠯᠤᠭᠰᠠᠨ ᠥᠭᠡᠷᠡᠴᠢᠯᠡᠯᠲᠡ ᠵᠢ ᠬᠢᠬᠦ᠌ ᠬᠡᠷᠡᠭ᠌ᠲᠡᠶ᠂ ᠵᠠᠰᠠᠭ ᠎ᠤᠨ ᠣᠷᠳᠣᠨ᠎ᠤ ᠰᠠᠯᠠᠭ᠎ᠠ ᠮᠥᠴᠢᠷ ᠥᠪᠡᠷ᠎ᠦᠨ ᠡᠷᠬᠡ᠎ᠶ᠋ᠢᠨ ᠵᠢᠡᠨ ᠲᠣᠭᠣᠷᠢᠨ᠎ᠳᠤ ᠡᠷᠭᠢᠯᠳᠦᠭᠦᠯᠵᠦ᠍ ᠪᠣᠯᠬᠤ ᠦᠭᠡᠢ᠂ ᠬᠠᠷᠢᠨ ᠥᠭᠡᠷᠡᠴᠢᠯᠡᠯᠲᠡ᠎ᠪᠡᠷ ᠳᠠᠮᠵᠢᠭᠤᠯᠤᠨ ᠵᠠᠬ᠎ᠠ ᠳᠡᠯᠭᠡᠭᠦᠷ ᠎ᠦᠨ ᠭᠤᠤᠯ ᠴᠣᠭ᠍ᠴᠠ ᠎ᠶ᠋ᠢ ᠵᠠᠯᠭ᠎ᠠ ᠵᠠᠯᠭ᠎ᠠ᠎ᠪᠠᠷ ᠪᠤᠢ ᠪᠣᠯᠭᠠᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠬᠤ ᠬᠡᠷᠡᠭ᠌ᠲᠡᠶ᠃

ᠠᠱᠢᠭ ᠲᠤᠰᠠ᠎ᠶ᠋ᠢ ᠬᠦᠨᠳᠡᠬᠦ᠌ ᠨᠢ ᠰᠦᠨᠡᠰᠦ᠎ᠶ᠋ᠢ ᠬᠦᠨᠳᠡᠬᠦ᠌᠎ᠡᠴᠡ ᠬᠦᠴᠢᠷ ᠶᠤᠮ᠃ ᠭᠡᠪᠡᠴᠦ᠍ ᠵᠠᠰᠠᠭ ᠎ᠤᠨ ᠣᠷᠳᠣᠨ᠎ᠤ ᠡᠷᠬᠢᠮ ᠢᠨᠤ ᠬᠤᠪᠢᠷᠠᠰᠢ ᠦᠭᠡᠢ ᠎ᠳᠤ ᠪᠠᠢᠳᠠᠭ᠂ ᠡᠳᠡᠭᠡᠷ ᠵᠢᠯ᠎ᠦᠳ᠎ᠲᠦ ᠪᠢᠳᠡ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠎ᠶ᠋ᠢ ᠠᠬᠢᠭᠤᠯᠵᠤ᠂ 1000 ᠭᠠᠷᠤᠶ ᠵᠦᠢᠯ ᠎ᠦᠨ ᠵᠠᠰᠠᠭ ᠵᠠᠬᠢᠷᠭᠠᠨ᠎ᠤ ᠵᠥᠪᠱᠢᠶᠡᠷᠡᠯ ᠎ᠢ ᠳᠣᠷᠣᠭ᠍ᠰᠢ ᠪᠠᠭᠤᠯᠭᠠᠭ᠍ᠰᠠᠨ ᠪᠤᠶᠤ ᠬᠦᠴᠦᠨ ᠦᠭᠡᠢ ᠪᠣᠯᠭᠠᠵᠤ ᠂ ᠵᠠᠰᠠᠭ ᠵᠠᠬᠢᠷᠭᠠᠨ ᠎ᠤ ᠪᠤᠰᠤ ᠵᠥᠪᠱᠢᠶᠡᠷᠡᠯ ᠎ᠢ ᠲᠡᠦᠬᠡ᠎ᠶ᠋ᠢᠨ ᠲᠠᠪᠴᠠᠩ᠎ᠠᠴᠠ ᠭᠠᠷᠭᠠᠭ᠍ᠰᠠᠨ ᠪᠠᠢᠨ᠎ᠠ᠃ ᠥᠩᠭᠡᠷᠡᠭ᠌ᠰᠡᠨ᠎ᠳᠦ ᠠᠵᠤ ᠠᠬᠤᠢᠯᠠᠯ ᠡᠷᠬᠢᠯᠡᠬᠦ᠌᠎ᠳᠦ ᠦᠨᠡᠮᠯᠡᠯ ᠠᠪᠬᠤ᠎ᠳᠤ ᠬᠡᠳᠦᠨ ᠠᠷᠪᠠᠨ ᠡᠳᠦᠷ ᠎ᠦᠨ ᠴᠠᠭ ᠬᠡᠷᠡᠭᠰᠡᠨ᠎ᠡ᠂ ᠠᠷᠪᠢᠨ᠎ᠳᠠᠭᠠᠨ ᠵᠠᠭᠤ ᠭᠠᠷᠤᠶ ᠡᠳᠦᠷ ᠎ᠦᠨ ᠴᠠᠭ ᠴᠦ᠍ ᠬᠡᠷᠡᠭᠰᠡᠨ᠎ᠡ ᠂ ᠤᠳᠤ ᠪᠦᠬᠦ᠌ ᠤᠯᠤᠰ ᠎ᠤᠨ ᠬᠡᠪᠴᠢᠶᠡᠨ᠎ᠳᠦ ᠳᠤᠮᠳᠠᠴᠢ᠎ᠪᠠᠷ 4 ᠡᠳᠦᠷ ᠂ ᠬᠠᠮᠤᠭ ᠎ᠤᠨ ᠬᠤᠷᠳᠤᠨ ᠳ᠋ᠠᠭᠠᠨ1 ᠡᠳᠦᠷ ᠎ᠦᠨ ᠴᠠᠭ ᠬᠡᠷᠡᠭᠰᠡᠨ᠎ᠡ ᠃ ᠣᠳᠣᠬᠠᠨ᠎ᠳᠤ ᠪᠠᠷᠤᠭ ᠶᠢᠰᠦᠨ ᠬᠤᠪᠢ ᠎ᠶ᠋ᠢᠨ ᠵᠠᠰᠠᠭ ᠎ᠤᠨ ᠶᠠᠪᠤᠳᠠᠯ ᠎ᠤᠨ ᠦᠢᠯᠡᠴᠢᠯᠡᠭᠡ ᠎ᠶ᠋ᠢ ᠰᠦᠯᠵᠢᠶᠡᠨ ᠳᠡᠭᠡᠷ᠎ᠡ ᠭᠦᠢᠴᠡᠳᠭᠡᠬᠦ᠌᠂ 《ᠠᠯᠠᠭᠠᠨ ᠲᠡᠭᠡᠷ᠎ᠡ ᠭᠦᠢᠴᠡᠳᠭᠡᠬᠦ᠌》᠂ ᠣᠨᠳᠣᠣ ᠭᠠᠵᠠᠷ᠎ᠲᠤ ᠭᠦᠢᠴᠡᠳᠭᠡᠬᠦ᠌ ᠂ ᠨᠢᠭᠤᠷ ᠵᠣᠯᠭᠠᠬᠤ ᠦᠭᠡᠶ᠎ᠪᠡᠷ ᠭᠦᠢᠴᠡᠳᠭᠡᠵᠦ ᠪᠤᠢ ᠃ ᠬᠡᠷᠡᠭ ᠳᠡᠭᠡᠷ᠎ᠡ᠎ᠪᠡᠨ ᠡᠨᠡ ᠪᠣᠯ ᠠᠱᠢᠭ ᠲᠤᠰᠠ᠎ᠶ᠋ᠢᠨ ᠬᠠᠯᠬᠠᠪᠴᠢ ᠎ᠶ᠋ᠢ ᠡᠪᠳᠡᠵᠦ᠍᠂ ᠤᠯᠠᠮᠵᠢᠯᠠᠯᠲᠤ ᠰᠡᠳᠭᠢᠬᠦᠶ᠎ᠶ᠋ᠢ ᠰᠢᠪᠳᠤᠯᠤᠭᠰᠠᠨ ᠶᠠᠪᠤᠳᠠᠯ ᠮᠥᠨ᠃ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠎ᠶ᠋ᠢ ᠪᠢᠳᠡ ᠦᠷᠭᠦᠯᠵᠢᠯᠡᠨ ᠠᠬᠢᠭᠤᠯᠤᠨ᠎ᠠ ᠃

ᠡᠲᠡᠭᠡᠷ ᠵᠢᠯ᠎ᠦᠳ᠎ᠲᠦ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ ᠎ᠢ ᠲᠠᠰᠤᠷᠠᠯᠲᠠ ᠥᠬᠡᠶ ᠰᠠᠢᠵᠢᠷᠠᠭᠤᠯᠬᠤ᠎ᠪᠠᠷ ᠳᠡᠮᠵᠢᠨ᠂ ᠮᠠᠨ᠎ᠤ ᠤᠯᠤᠰ ᠎ᠤᠨ ᠵᠠᠬ᠎ᠠ ᠳᠡᠯᠭᠡᠭᠦᠷ ᠎ᠦᠨ ᠭᠤᠤᠯ ᠴᠣᠭ᠍ᠴᠠ ᠨᠢᠭᠡᠨᠲᠡ 1.5 ᠳ᠋ᠦᠩᠱᠢᠭᠤᠷ᠎ᠲᠤ ᠬᠦᠷᠴᠦ᠍ ᠂ 10 ᠵᠢᠯ᠎ᠦᠨ ᠡᠮᠦᠨᠡᠬᠢ᠎ᠡᠴᠡ ᠪᠠᠷᠤᠭ 1 ᠳ᠋ᠦᠩᠱᠢᠭᠤᠷ ᠨᠡᠮᠡᠭ᠌ᠳᠡᠪᠠ᠂ ᠡᠨᠡ ᠨᠢ ᠭᠤᠤᠯᠳᠠᠭᠤ ᠠᠷᠠᠳ ᠎ᠤᠨ ᠡᠵᠡᠩᠨᠡᠯᠳᠡ ᠵᠢᠨ ᠵᠠᠬ᠎ᠠ ᠳᠡᠯᠭᠡᠭᠦᠷ ᠎ᠦᠨ ᠭᠤᠤᠯ ᠴᠣᠭ᠍ᠴᠠ ᠪᠠᠢᠵᠤ᠂ ᠡᠭᠦᠨ᠎ᠳᠦ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ 1 ᠳ᠋ᠦᠩᠱᠢᠭᠤᠷ᠎ᠲᠤ ᠬᠦᠷᠴᠡᠶ᠃ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠎ᠶ᠋ᠢ ᠪᠠᠰᠤᠵᠤ ᠪᠣᠯᠬᠤ ᠦᠭᠡᠢ ᠂ ᠲᠡᠳᠡ ᠨᠢᠭᠡ ᠲᠠᠯ᠎ᠠ᠎ᠪᠠᠷ ᠤᠯᠠᠨ ᠬᠥᠮᠦᠨ᠎ᠦ ᠠᠵᠤ ᠠᠮᠢᠳᠤᠷᠠᠯ᠎ᠲᠠᠶ ᠬᠣᠯᠪᠣᠭ᠍ᠳᠠᠵᠤ᠂ ᠨᠦᠭᠦᠭᠡ ᠲᠠᠯ᠎ᠠ᠎ᠪᠠᠷ ᠤᠯᠠᠨ ᠲᠦᠮᠡᠨ ᠎ᠦ ᠬᠡᠷᠡᠭ᠌ᠯᠡᠭᠡ᠎ᠲᠡᠶ ᠬᠣᠯᠪᠣᠭ᠍ᠳᠠᠵᠤ ᠪᠠᠢᠳᠠᠭ᠃ ᠪᠢ ᠤᠯᠤᠰ ᠲᠦᠷᠦ᠍᠎ᠶ᠋ᠢᠨ ᠵᠥᠪᠯᠡᠯᠭᠡᠨ ᠎ᠦ  ᠬᠡᠰᠢᠬᠦᠳ᠎ᠤᠨ ᠶᠠᠷᠢᠯᠴᠠᠭᠠᠨ᠎ᠳᠤ ᠣᠷᠣᠯᠴᠠᠬᠤ ᠦᠶ᠎ᠡ᠎ᠳᠦ ᠂ ᠲᠡᠳᠡᠭᠡᠷ ᠠᠵᠤ ᠠᠬᠤᠢᠯᠠᠯᠲᠠᠨ᠂ ᠬᠡᠷᠪᠡ ᠵᠢᠵᠢᠭ ᠪᠢᠴᠢᠯ ᠠᠵᠤ ᠠᠬᠤᠢᠯᠠᠯ ᠪᠠ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ 《 ᠬᠢᠯᠭᠠᠰᠤᠨ ᠰᠤᠳᠠᠯ》 ᠎ᠢ᠋ ᠨᠡᠪᠲᠡᠷᠡᠭᠦᠯᠦᠭ᠌ᠰᠡᠨ ᠦᠭᠡᠢ ᠪᠣᠯ ᠲᠤᠮᠤ ᠳᠤᠮᠳᠠ ᠠᠵᠤ ᠠᠬᠤᠢᠯᠠᠯ ᠴᠢᠨᠠᠭ᠍ᠰᠢᠯᠠᠪᠠᠯ ᠤᠯᠤᠰ ᠎ᠤᠨ ᠥᠮᠴᠢᠯᠡᠯᠳᠤ ᠠᠵᠤ ᠠᠬᠤᠢᠯᠠᠯ ᠲᠥᠪ ᠎ᠦᠨ ᠠᠵᠤ ᠠᠬᠤᠢᠯᠠᠯ ᠴᠤ᠌ ᠬᠥᠳᠡᠯᠵᠦ᠍ ᠳᠡᠢᠯᠬᠦ᠌ ᠦᠭᠡᠢ ᠶᠤᠮ ᠭᠡᠵᠦ᠍ ᠬᠡᠯᠡᠪᠡ᠃

ᠤᠯᠠᠨ᠎ᠢᠶᠠᠷ᠎ᠢᠶᠠᠨ ᠠᠵᠤ ᠠᠬᠤᠢ᠎ᠬᠦᠭᠵᠢᠭᠰᠡᠨ ᠭᠠᠵᠠᠷ᠎ᠤᠳ ᠵᠢᠡᠷ ᠬᠦᠷᠴᠦ᠍ ᠦᠵᠡᠭᠡᠷᠡᠢ᠂ ᠲᠡᠨᠳᠡ ᠴᠥᠮ ᠥᠭᠡᠷᠡᠴᠢᠯᠡᠯᠲᠡ᠎ᠶ᠋ᠢᠨ ᠡᠷᠴᠢᠮ ᠴᠢᠩᠭ᠎ᠠ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠰᠠᠢ᠌ᠨ᠂ ᠵᠠᠬ᠎ᠠ ᠳᠡᠯᠭᠡᠭᠦᠷ ᠎ᠦᠨ ᠭᠣᠣᠯ ᠴᠣᠭ᠍ᠴᠠ ᠤᠯᠠᠨ ᠪᠣᠯᠬᠣᠷ ᠠᠵᠤ ᠠᠬᠤᠢ ᠥᠷᠨᠢᠭᠦᠨ ᠬᠥᠭ᠌ᠵᠢᠯᠲᠡ ᠲᠠᠢ ᠪᠠᠢᠨ᠎ᠠ᠃ ᠬᠡᠯᠡᠯᠭᠡᠨ ᠦᠭᠡᠢ᠂ 《ᠲᠠᠯᠪᠢᠬᠤ》ᠪᠠ《ᠬᠠᠮᠢᠶᠠᠷᠬᠤ》ᠵᠢ ᠵᠡᠷᠭᠡ᠎ᠪᠡᠷ ᠶᠠᠪᠤᠭ᠍ᠳᠠᠭᠤᠯᠤᠨ᠎ᠠ᠂ 《ᠲᠠᠯᠪᠢᠬᠤ》 ᠨᠢ ᠬᠠᠷᠢᠭᠤᠴᠠᠯᠭ᠎ᠠ᠎ᠪᠠᠨ ᠲᠠᠯᠪᠢᠬᠤ ᠶᠠᠪᠤᠳᠠᠯ ᠪᠢᠰᠢ᠂ 《ᠬᠠᠮᠢᠶᠠᠷᠬᠤ》ᠨᠢ ᠪᠤᠯ ᠵᠠᠰᠠᠭ᠎ᠤᠨ ᠣᠷᠳᠣᠨ᠎ᠤ ᠡᠷᠬᠡᠪᠰᠢ ᠭᠦᠢᠴᠡᠳᠭᠡᠬᠦ᠌  ᠡᠭᠦᠷᠭᠡ ᠬᠠᠷᠢᠭᠤᠴᠠᠯᠭ᠎ᠠ ᠮᠥᠨ ᠭᠡᠵᠦ᠍ ᠪᠢ ᠣᠯᠠᠨᠲᠠ ᠴᠢᠬᠤᠯᠠᠴᠢᠯᠠᠭ᠍ᠰᠠᠨ ᠶᠤᠮ᠃ 《ᠲᠠᠯᠪᠢᠬᠤ》ᠨᠢ ᠮᠦᠨ ᠴᠸ᠋  ᠳᠤᠷ᠎ᠠ᠎ᠪᠠᠷ ᠨᠢ ᠲᠠᠯᠪᠢᠬᠤ ᠶᠠᠪᠤᠳᠠᠯ ᠪᠢᠰᠢ᠂ ᠲᠡᠳᠡᠭᠡᠷ ᠬᠤᠳᠠᠯ ᠬᠠᠭᠤᠷᠮᠠᠭ᠂ ᠬᠠᠭᠤᠷᠴᠤ᠌ ᠮᠡᠬᠡᠯᠡᠬᠦ᠌ ᠵᠡᠷᠭᠡ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ ᠂ ᠢᠯᠠᠩᠭᠤᠶ᠎ᠠ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠤ ᠪᠠ ᠤᠯᠠᠨ ᠲᠦᠮᠡᠨ᠎ᠦ ᠠᠱᠢᠭ ᠲᠤᠰᠠ᠎ᠳᠤ ᠬᠣᠯᠪᠣᠭ᠍ᠳᠠᠭ᠍ᠰᠠᠨ ᠢᠳᠡᠭᠡᠨ ᠎ᠦ ᠵᠦᠢᠯᠡᠰ ᠡᠮ ᠎ᠦᠨ ᠵᠦᠢᠯᠡᠰ᠂ ᠠᠶᠤᠯᠭᠦᠶ ᠦᠢᠯᠡᠳᠪᠦᠷᠢᠯᠡᠯ᠂ ᠮᠥᠩᠭᠥᠨ ᠭᠦᠢᠯᠭᠡᠭᠡᠨ ᠵᠡᠷᠭᠡ ᠬᠦᠷᠢᠶᠡᠨ᠎ᠳᠡᠬᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯ᠎ᠢ ᠵᠥᠷᠢᠴᠡᠵᠦ᠍ ᠬᠠᠤᠯᠢ ᠴᠠᠭᠠᠵᠠ ᠎ᠶ᠋ᠢ ᠵᠥᠷᠢᠴᠡᠭ᠌ᠰᠡᠳ ᠎ᠢ ᠡᠷᠬᠡᠪᠰᠢ ᠶᠠᠯᠠᠯᠠᠨ ᠱᠢᠢᠳᠭᠡᠬᠦ᠌ ᠬᠡᠷᠡᠭ᠌ᠲᠡᠶ᠃ ᠣᠳᠣᠬᠠᠨ᠎ᠳᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ ᠴᠤ᠌ ᠲᠠᠰᠤᠷᠠᠯᠲᠠ ᠦᠭᠡᠢ ᠬᠤᠪᠢᠷᠠᠨ ᠬᠥᠭ᠌ᠵᠢᠵᠦ᠍ ᠪᠠᠢᠨ᠎ᠠ᠂ ᠪᠢᠳᠡ ᠬᠢᠨᠠᠨ ᠬᠠᠮᠢᠶᠠᠷᠬᠤ ᠲᠣᠭ᠍ᠲᠠᠭᠠᠯ ᠪᠠ ᠠᠷᠭ᠎ᠠ ᠮᠠᠶᠢᠭ᠎ᠢᠶᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠵᠠᠬ᠎ᠠ ᠳᠡᠯᠭᠡᠭᠦᠷ ᠎ᠦᠨ ᠭᠤᠤᠯ ᠴᠣᠭ᠍ᠴᠠ ᠎ᠶ᠋ᠢ ᠦᠨᠡᠨ ᠬᠦ᠌ ᠡᠷᠬᠡ ᠲᠡᠭ᠌ᠰᠢ ᠲᠥᠪ ᠭᠣᠣᠯᠴᠢ ᠣᠷᠴᠢᠨ ᠨᠥᠬᠥᠴᠡᠯ ᠎ᠦᠨ ᠳᠤᠮᠳᠠ ᠥᠷᠢᠰᠥᠯᠳᠦᠭᠦᠯᠦᠨ ᠬᠥᠭ᠌ᠵᠢᠭᠦᠯᠬᠦ᠌ ᠬᠡᠷᠡᠭ᠌ᠲᠡᠶ ᠃

ᠫᠸᠩᠪᠦᠸᠸ ᠬᠣᠷᠢᠶᠠᠨ᠎ᠤ ᠰᠤᠷᠪᠤᠯᠵᠢᠯᠠᠭ᠍ᠴᠢ᠄ 50 ᠵᠢᠯ᠎ᠦᠨ ᠡᠮᠦᠨ᠎ᠡ᠂ ᠠᠮᠧᠷᠢᠺᠠ᠎ᠶ᠋ᠢᠨ ᠶᠡᠷᠦᠩᠬᠡᠢᠯᠡᠭ᠌ᠴᠢ ᠨᠢᠺᠰᠦᠨ᠎ᠤ ᠳᠤᠮᠳᠠᠳᠤ ᠤᠯᠤᠰ᠎ᠲᠠᠬᠢ ᠠᠢᠯᠴᠢᠯᠠᠯᠲᠠ ᠨᠢ ᠠᠮᠧᠷᠢᠺᠠ᠎ᠶ᠋ᠢᠨ ᠳᠤᠮᠳᠠᠳᠤ ᠤᠯᠤᠰ᠎ᠲᠠᠶ ᠬᠠᠷᠢᠯᠴᠠᠬᠤ ᠴᠠᠭ ᠦᠶ᠎ᠡ᠎ᠶ᠋ᠢ ᠡᠬᠢᠯᠡᠭᠦᠯᠵᠡᠢ᠂ ᠨᠢᠳᠤᠨᠤᠨ ᠪᠠᠢᠳ᠋ᠸᠨ ᠎ᠤ  ᠵᠠᠰᠠᠭ ᠎ᠤᠨ ᠣᠷᠳᠣᠨ᠎ᠠᠴᠠ ᠡᠨᠡ ᠬᠦ᠌ ᠴᠠᠭ ᠦᠶ᠎ᠡ ᠨᠢᠭᠡᠨᠲᠡ ᠳᠠᠭᠤᠰᠴᠤ᠌᠂ ᠠᠮᠧᠷᠢᠺᠠ ᠳᠤᠮᠳᠠᠳᠤ ᠬᠣᠶᠠᠷ ᠤᠯᠤᠰ ᠤᠳᠤ ᠶᠠᠭ ᠬᠤᠷᠴᠠ ᠱᠢᠷᠦᠭᠦᠨ ᠥᠷᠢᠰᠥᠯᠳᠦᠭᠡᠨ᠎ᠦ ᠴᠠᠭ ᠦᠶ᠎ᠡ᠎ᠳᠦ ᠣᠷᠣᠯ᠎ᠠ ᠭᠡᠵᠦ᠍ ᠨᠡᠢᠲᠡᠯᠡᠪᠡ᠃ ᠲᠠ ᠡᠨᠡ ᠦᠨᠡᠯᠡᠯᠲᠡ᠎ᠶ᠋ᠢ ᠵᠥᠪᠱᠢᠶᠡᠷᠡᠨ᠎ᠡ ᠦᠦ? ᠳᠤᠮᠳᠠᠳᠤ ᠤᠯᠤᠰ᠎ᠲᠤ ᠠᠮᠧᠷᠢᠺᠠ᠎ᠶ᠋ᠢᠨ ᠬᠠᠭᠠᠰ ᠳᠠᠮᠵᠢᠭᠤᠯᠤᠭ᠍ᠴᠢ ᠎ᠶ᠋ᠢ ᠪᠣᠷᠣᠯᠠᠭᠤᠯᠬᠤ ᠎ᠶ᠋ᠢ ᠴᠠᠭᠠᠵᠠᠯᠠᠬᠤ ᠵᠢᠴᠢ ᠳᠤᠮᠳᠠᠳᠤ ᠤᠯᠤᠰ ᠎ᠤᠨ ᠠᠵᠤ ᠠᠬᠤᠢᠯᠠᠯ ᠎ᠤᠨ ᠠᠮᠧᠷᠢᠺᠠ᠎ᠵᠢᠨ ᠵᠠᠬ᠎ᠠ ᠳᠡᠯᠭᠡᠭᠦᠷ᠎ᠲᠦ ᠭᠠᠷᠬᠤ᠎ᠶ᠋ᠢ ᠴᠠᠭᠠᠵᠠᠯᠠᠬᠤ ᠵᠡᠷᠭᠡ ᠪᠠᠢᠳᠠᠯ ᠶᠠᠪᠤᠬᠤ ᠲᠤᠳᠤᠮ ᠦᠷᠭᠦᠯᠵᠢ ᠬᠠᠷᠠᠭ᠍ᠳᠠᠳᠠᠭ ᠪᠤᠯᠬᠤ ᠦᠦ?

ᠯᠢ ᠺᠸ ᠴᠢᠶᠠᠩ᠄ 50 ᠵᠢᠯ᠎ᠦᠨ ᠡᠮᠦᠨ᠎ᠡ᠂ ᠳᠤᠮᠳᠠᠳᠤ ᠠᠮᠧᠷᠢᠺᠠ ᠬᠣᠶᠠᠷ ᠤᠯᠤᠰ ᠮᠦᠰᠦ  ᠬᠠᠭᠠᠯᠵᠦ ᠬᠠᠷᠢᠴᠠᠭ᠎ᠠ᠎ᠪᠠᠨ ᠬᠡᠪ ᠎ᠦᠨ ᠪᠣᠯᠭᠠᠬᠤ ᠠᠶᠠᠯᠠᠯ᠎ᠢᠶᠠᠨ ᠡᠬᠢᠯᠡᠭᠦᠯᠵᠡᠢ᠃ ᠬᠠᠭᠠᠰ ᠵᠠᠭᠤᠨ ᠥᠩᠭᠡᠷᠡᠯ᠎ᠡ ᠂ ᠬᠣᠶᠠᠷ ᠤᠯᠤᠰ ᠎ᠤᠨ ᠬᠠᠷᠢᠯᠴᠠᠭ᠎ᠠ ᠬᠡᠳᠦᠢᠪᠡᠷ ᠪᠠᠢᠨ ᠪᠠᠢᠨ ᠮᠥᠷᠭᠥᠯᠳᠦᠵᠦ᠍ ᠪᠠᠢᠭ᠍ᠰᠠᠨ ᠪᠣᠯᠪᠠᠴᠤ᠌ ᠶᠡᠷᠦ ᠨᠢ ᠤᠷᠤᠬ᠍ᠰᠢ ᠬᠥᠭ᠌ᠵᠢᠭ᠌ᠰᠡᠭᠡᠷ ᠢᠷᠡᠭ᠌ᠰᠡᠨ ᠶᠤᠮ ᠃ ᠬᠣᠶᠠᠷ ᠲᠠᠯ᠎ᠠ᠎ᠪᠠᠷ᠎ᠢᠶᠠᠨ ᠬᠣᠶᠠᠷ ᠤᠯᠤᠰ᠎ᠤᠨ ᠲᠡᠷᠢᠭᠦᠨ ᠎ᠦ ᠨᠢᠳᠤᠨᠤᠨ ᠎ᠤ ᠵᠢᠯ ᠎ᠦᠨ ᠡᠴᠦᠰ ᠎ᠦᠨ ᠸᠢᠳᠢᠣ᠋᠎ᠠᠭᠤᠯᠵᠠᠯᠲᠠ ᠬᠢᠬᠦ᠌᠎ᠳᠦ ᠲᠤᠬᠢᠷᠠᠯᠴᠠᠭ᠍ᠰᠠᠠ ᠬᠠᠮᠲᠤ᠎ᠶ᠋ᠢᠨ ᠲᠠᠨᠢᠯᠲᠠ ᠶᠣᠰᠣᠭᠠᠷ ᠂ ᠬᠠᠷᠢᠯᠴᠠᠨ ᠬᠦᠨᠳᠦᠳᠭᠡᠵᠦ᠍᠂ ᠨᠠᠢᠷᠠᠮᠳᠠᠯ᠎ᠢᠶᠠᠷ ᠵᠡᠷᠭᠡᠴᠡᠨ ᠣᠷᠣᠱᠢᠵᠤ ᠂ ᠬᠠᠮᠲᠤᠷᠠᠯᠴᠠᠭ᠎ᠠ ᠬᠢᠵᠦ᠍ ᠬᠠᠮᠲᠤ ᠪᠠᠷ ᠠᠱᠢᠭ ᠬᠦᠷᠳᠡᠵᠦ᠍᠂ ᠣᠶᠤᠨᠴᠢ ᠪᠠ ᠪᠦᠲᠦᠭᠡᠯᠴᠢ ᠴᠢᠨᠠᠷᠲᠠᠢ ᠠᠷᠭ᠎ᠠ ᠬᠡᠯᠪᠡᠷᠢ᠎ᠪᠡᠷ ᠵᠥᠷᠢᠯᠳᠦᠭᠡᠨ᠎ᠢᠶᠡᠨ ᠲᠣᠬᠢᠲᠠᠢ ᠬᠠᠮᠢᠶᠠᠷᠤᠨ ᠡᠵᠡᠮᠳᠡᠵᠦ᠍᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ ᠎ᠢ ᠬᠦᠨᠳᠦᠳᠭᠡᠬᠦ᠌᠎ᠶ᠋ᠢ ᠬᠦᠰᠡᠵᠦ᠍ ᠪᠠᠢᠨ᠎ᠠ᠃ ᠬᠠᠰᠢᠯᠠ ᠢᠯᠡᠭᠦᠬᠡᠨ ᠶᠠᠷᠢᠯᠴᠠᠵᠤ᠂ ᠢᠯᠡᠭᠦᠬᠡᠨ ᠨᠡᠪᠲᠡᠷᠡᠯᠴᠡᠬᠦ᠌ ᠬᠡᠷᠡᠭ᠌ᠲᠡᠶ᠃ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠡᠭᠦᠳᠡ᠎ᠪᠡᠨ ᠨᠡᠭᠡᠭᠡᠭ᠌ᠰᠡᠨ ᠪᠣᠯᠬᠣᠷ ᠡᠭᠦᠳᠡ᠎ᠪᠡᠨ ᠬᠠᠭᠠᠵᠤ ᠪᠣᠯᠬᠤ ᠦᠭᠡᠢ᠂ ᠨᠡᠩ ᠴᠤ᠌ 《ᠬᠠᠷᠢᠯᠴᠠᠭ᠎ᠠ᠎ᠬᠤᠯᠪᠤᠭ᠎ᠠ ᠪᠠᠨ ᠲᠠᠰᠤᠯᠵᠦ》 ᠪᠣᠯᠬᠤ ᠦᠭᠡᠢ᠃

ᠳᠤᠮᠳᠠᠳᠤ ᠠᠮᠧᠷᠢᠺᠠ ᠪᠣᠯ ᠴᠦᠮ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠶᠤᠯᠭᠦᠶ᠎ᠶ᠋ᠢᠨ ᠵᠥᠪᠯᠡᠯ ᠎ᠦᠨ ᠪᠠᠢᠩᠭᠤ᠎ᠶ᠋ᠢᠨ ᠬᠡᠷᠡᠭ ᠡᠷᠬᠢᠯᠡᠭᠴᠢ ᠤᠯᠤᠰ ᠮᠥᠨ᠂ ᠪᠠᠰᠠ ᠴᠤ᠌ ᠳᠡᠯᠡᠬᠡᠶ ᠳᠡᠭᠡᠷᠡᠬᠢ ᠬᠠᠮᠤᠭ ᠎ᠤᠨ ᠶᠡᠬᠡ ᠬᠥᠭ᠌ᠵᠢᠵᠦ᠍ ᠪᠠᠢᠭ᠎ᠠ ᠤᠯᠤᠰ ᠪᠠ ᠬᠠᠮᠤᠭ ᠎ᠤᠨ ᠶᠡᠬᠡ ᠬᠥᠭ᠌ᠵᠢᠭ᠌ᠰᠡᠨ ᠤᠯᠤᠰ ᠮᠥᠨ᠃ ᠬᠣᠭᠣᠷᠣᠨᠳᠣᠬᠢ ᠬᠠᠷᠢᠯᠴᠠᠭ᠎ᠠ᠎ᠪᠠᠨ ᠰᠠᠢᠲᠤᠷ ᠱᠢᠶ᠋ᠳᠪᠦᠷᠢᠯᠡᠬᠦ᠌ ᠨᠢ ᠬᠣᠶᠠᠷ ᠤᠯᠤᠰ ᠎ᠤᠨ ᠠᠷᠠᠳ ᠲᠦᠮᠡᠨ᠎ᠦ ᠠᠵᠠ ᠵᠢᠷᠭᠠᠯ ᠲᠠᠢ  ᠬᠣᠯᠪᠣᠭ᠍ᠳᠠᠨ᠎ᠠ᠃ ᠣᠳᠣᠬᠠᠨ᠎ᠳᠤ ᠪᠦᠬᠦ᠌ ᠪᠥᠮᠪᠥᠷᠴᠡᠭ ᠎ᠦᠨ ᠴᠢᠨᠠᠷᠲᠠᠶ ᠴᠥᠭᠡᠨ ᠪᠤᠰᠤ ᠥᠷᠢᠰᠥᠯᠳᠦᠭᠡᠨ᠎ᠢ ᠴᠥᠮ ᠳᠤᠮᠳᠠᠳᠤ ᠠᠮᠧᠷᠢᠺᠠ ᠬᠣᠶᠠᠷ ᠤᠯᠤᠰ ᠬᠠᠮᠲᠤᠷᠠᠨ ᠠᠵᠢᠯᠯᠠᠵᠤ᠂ ᠬᠠᠮᠲᠤ᠎ᠪᠠᠷ ᠠᠷᠭᠠᠴᠠᠭᠠᠬᠤ ᠎ᠶ᠋ᠢ ᠱᠠᠭᠠᠷᠳᠠᠵᠤ ᠪᠠᠢᠨ᠎ᠠ᠃ ᠳᠤᠮᠳᠠᠳᠤ ᠠᠮᠧᠷᠢᠺᠠ᠎ᠶ᠋ᠢᠨ ᠬᠠᠮᠲᠤᠷᠠᠯᠴᠠᠭ᠎ᠠ ᠨᠢ ᠬᠣᠶᠠᠷ ᠤᠯᠤᠰ᠂ ᠳᠡᠯᠡᠬᠡᠢ᠎ᠳ᠋ᠠᠬᠢᠨ᠎ᠳᠤ ᠪᠦᠷ ᠠᠱᠢᠭ᠍ᠲᠠᠢ ᠭᠡᠵᠦ᠍ ᠬᠡᠯᠡᠬᠦ᠌ ᠶᠣᠰᠣᠲᠠᠢ᠃

ᠬᠡᠯᠡᠯᠭᠡᠨ ᠦᠭᠡᠢ᠂ ᠳᠤᠮᠳᠠᠳᠤ ᠠᠮᠧᠷᠢᠺᠠ ᠬᠣᠶᠠᠷ ᠤᠯᠤᠰ᠎ᠤᠨ ᠨᠡᠢᠭᠡᠮ᠎ᠦᠨ ᠪᠠᠢᠭᠤᠯᠤᠯ᠂ ᠲᠡᠦᠬᠡ ᠰᠣᠶᠣᠯ᠂ ᠬᠥᠭ᠌ᠵᠢᠯᠲᠡ᠎ᠶ᠋ᠢᠨ ᠱᠠᠳᠤ ᠦᠶ᠎ᠡ᠎ᠳᠦ ᠴᠥᠮ ᠮᠠᠰᠢ ᠶᠡᠬᠡ ᠵᠥᠷᠢᠶ᠎ᠡ᠎ᠲᠡᠶ ᠪᠠᠢᠵᠤ ᠂ ᠵᠥᠷᠢᠯᠳᠦᠭᠡᠨ᠎ᠲᠡᠶ ᠪᠠᠢᠬᠤ ᠨᠢ ᠴᠦ᠍ ᠵᠠᠢᠯᠠᠰᠢ ᠦᠭᠡᠢ ᠶᠤᠮ᠃ ᠭᠡᠪᠡᠴᠦ᠍ ᠪᠢᠳᠡᠨ᠎ᠦ ᠦᠵᠡᠬᠦ᠌᠎ᠪᠡᠷ ᠂ ᠬᠠᠮᠲᠤᠷᠠᠨ ᠠᠵᠢᠯᠯᠠᠬᠤ ᠶᠠᠪᠤᠳᠠᠯ ᠪᠣᠯ ᠭᠣᠣᠯ ᠤᠷᠤᠰᠭᠠᠯ ᠪᠣᠯᠬᠤ ᠶᠣᠰᠣᠲᠠᠶ᠂ ᠤᠴᠢᠷ ᠨᠢ ᠳᠡᠯᠡᠬᠡᠶ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ ᠪᠣᠯ ᠬᠠᠮᠲᠤᠷᠠᠨ ᠠᠵᠢᠯᠯᠠᠬᠤ᠎ᠳᠤ ᠲᠦᠱᠢᠭ᠌ᠯᠡᠳᠡᠭ ᠶᠤᠮ᠃ ᠪᠢᠳᠡ ᠠᠵᠤ ᠠᠬᠤᠶ ᠠᠷᠠᠯᠵᠢᠶᠠᠨ ᠎ᠤ ᠬᠦᠷᠢᠶᠡᠨ᠎ᠳᠦ ᠵᠠᠬ᠎ᠠ ᠳᠡᠯᠭᠡᠭᠦᠷ ᠎ᠦᠨ ᠥᠷᠢᠰᠥᠯᠳᠦᠭᠡᠨ᠎ᠲᠡᠶ ᠪᠠᠢᠯ᠎ᠠ ᠴᠤ᠌ ᠭᠡᠰᠡᠨ ᠲᠡᠷᠡ ᠨᠢ ᠰᠠᠢ᠌ᠨ ᠪᠥᠭᠡᠳ ᠭᠣᠣᠯᠴᠢ ᠥᠷᠢᠰᠥᠯᠳᠦᠭᠡᠨ ᠪᠣᠯᠬᠤ ᠶᠣᠰᠣᠲᠠᠶ᠃ ᠨᠢᠳᠤᠨᠤᠨ ᠬᠣᠶᠠᠷ ᠤᠯᠤᠰ ᠎ᠤᠨ ᠠᠷᠠᠯᠵᠢᠶᠠᠨ᠎ᠤ ᠬᠡᠮᠵᠢᠶ᠎ᠡ 7500 ᠳ᠋ᠦᠩᠱᠢᠭᠤᠷ ᠳ᠋ᠣᠯᠯᠠᠷ ᠎ᠢ ᠳᠠᠪᠠᠵᠤ ᠂ ᠲᠦᠷᠦᠭᠦᠦ ᠵᠢᠯ ᠎ᠦᠨ ᠬᠢ᠎ᠡᠴᠡ ᠠᠷᠪᠠᠨ ᠎ᠤ ᠭᠤᠷᠪᠠᠨ ᠬᠤᠪᠢ ᠱᠢᠬᠠᠮ ᠨᠡᠮᠡᠭ᠌ᠳᠡᠪᠡ᠃ ᠡᠨᠡ ᠶᠠᠭᠤ ᠎ᠶ᠋ᠢ ᠬᠠᠷᠠᠭᠤᠯᠵᠤ ᠪᠠᠢᠬᠤ ᠪᠤᠢ  ᠬᠡᠪᠡᠯ  ᠳᠤᠮᠳᠠᠳᠤ ᠠᠮᠧᠷᠢᠺᠠ᠎ᠶ᠋ᠢᠨ ᠬᠠᠮᠲᠤᠷᠠᠨ ᠠᠵᠢᠯᠯᠠᠬᠤ ᠬᠦᠷᠢᠶ᠎ᠡ ᠬᠡᠪᠴᠢᠶ᠎ᠡ ᠪᠣᠯ ᠥᠷᠭᠡᠨ ᠠᠭᠤᠳᠠᠮ ᠂ ᠯᠤᠲᠤ ᠶᠡᠬᠡ ᠲᠠᠯᠳᠠ ᠬᠦᠴᠦᠨ᠎ᠲᠡᠶ ᠶᠤᠮ ᠃ ᠬᠡᠷᠪᠡ ᠠᠮᠧᠷᠢᠺᠠ ᠳᠤᠮᠳᠠᠳᠤ ᠤᠯᠤᠰ᠎ᠲᠠᠬᠢ ᠭᠠᠳᠠᠭᠠᠳᠤ ᠭᠠᠷᠭᠠᠯᠲᠠ᠎ᠶ᠋ᠢᠨ ᠬᠢᠵᠠᠭᠠᠷᠯᠠᠯ᠎ᠢᠶᠠᠨ ᠠᠭᠤᠵᠢᠭᠤ ᠪᠣᠯᠭᠠᠬᠤ᠎ᠳᠤ ᠬᠦᠷᠪᠡᠯ ᠬᠣᠶᠠᠷ ᠲᠠᠯ᠎ᠠ᠎ᠶ᠋ᠢᠨ ᠠᠷᠠᠯᠵᠢᠶᠠᠨ ᠎ᠤ ᠲᠣᠭ᠎ᠠ ᠪᠠᠰᠠ ᠨᠡᠩ ᠶᠡᠬᠡ ᠪᠤᠯᠵᠤ᠂ ᠬᠣᠶᠠᠷ ᠤᠯᠤᠰ ᠪᠣᠯᠤᠨ ᠬᠣᠶᠠᠷ ᠤᠯᠤᠰ ᠎ᠤᠨ ᠠᠷᠠᠳ ᠲᠦᠮᠡᠨ ᠴᠥᠮ ᠲᠡᠭᠦᠨ᠎ᠦ ᠳᠤᠮᠳᠠ᠎ᠠᠴᠠ ᠠᠱᠢᠭ ᠬᠦᠷᠳᠡᠬᠦ᠌ ᠪᠣᠯᠤᠨ᠎ᠠ᠃ ᠳᠤᠮᠳᠠᠳᠤ᠎ᠶ᠋ᠢᠨ ᠲᠠᠯ᠎ᠠ᠎ᠶ᠋ᠢᠨ ᠬᠢᠨ ᠳᠤᠷᠠᠲᠠᠶ᠎ᠠ ᠠᠮᠧᠷᠢᠺᠠ᠎ᠶ᠋ᠢᠨ ᠲᠠᠯ᠎ᠠ᠎ᠶ᠋ᠢᠨ ᠬᠢᠨ᠎ᠲᠡᠶ ᠬᠠᠮᠲᠤ ᠪᠠᠷ ᠠᠭᠤᠴᠢᠯᠠᠨ ᠱᠢᠢᠳᠪᠦᠷᠢᠯᠡᠬᠦ᠌ ᠎ᠶ᠋ᠢ ᠰᠣᠩᠭᠣᠵᠤ᠂ ᠤᠷᠳᠤ ᠬᠤᠭᠤᠴᠠᠭᠠᠨ᠎ᠤ ᠠᠱᠢᠭ ᠲᠤᠰᠠ᠎ᠶ᠋ᠢ ᠪᠣᠳᠣᠯᠬᠢᠯᠠᠨ᠎ᠠ ᠃

ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ᠎ᠶ᠋ᠢᠨ ᠰᠤᠷᠪᠤᠯᠵᠢᠯᠠᠭ᠍ᠴᠢ ᠄ ᠡᠨᠡ ᠬᠣᠶᠠᠷ ᠵᠢᠯ ᠬᠢᠵᠢᠭ᠎ᠦᠨ ᠪᠠᠢᠳᠠᠯ᠎ᠤᠨ ᠲᠠᠭᠠᠷᠢᠯᠲᠠ ᠲᠤᠤᠷ᠎ᠠ ᠥᠩᠭᠡᠷᠡᠭ᠌ᠰᠡᠨ᠎ᠳᠦ ᠪᠢᠳᠠᠨ᠎ᠦ ᠦᠷᠭᠦᠯᠵᠢ ᠣᠴᠢᠳᠠᠭ ᠵᠠᠷᠢᠮ ᠰᠤᠯᠠ ᠢᠲᠡᠭᠡᠨ ᠤ᠋ ᠲᠡᠯᠭᠡᠭᠦᠷ ᠂ ᠵᠢᠵᠢᠭ ᠬᠣᠭᠣᠯᠠᠨ ᠬᠡᠷ ᠡᠭᠦᠳᠡ᠎ᠪᠡᠨ ᠬᠠᠭᠠᠭᠠᠳ ᠳᠠᠭᠢᠵᠤ ᠡᠭᠦᠳᠡ᠎ᠪᠡᠨ ᠨᠡᠭᠡᠭᠡᠭ᠌ᠰᠡᠨ ᠥᠬᠡᠶ᠂ ᠢᠳᠡᠭᠡᠨ ᠤᠮᠳᠠᠭᠠᠨ᠎ᠢ ᠪᠠᠭ᠍ᠲᠠᠭᠠᠭ᠍ᠰᠠᠨ ᠵᠢᠭᠤᠯᠴᠢᠯᠠᠯ᠂ ᠵᠢᠵᠢᠭ᠌ᠯᠡᠨ ᠪᠤᠷᠤᠯᠠᠭᠤᠯᠬᠤ᠂ ᠠᠶᠠᠨᠴᠢᠳ᠎ᠤᠨ ᠲᠡᠭᠡᠭᠡᠪᠦᠷᠢ ᠵᠡᠷᠭᠡ ᠠᠵᠢᠯ ᠲᠥᠷᠥᠯ ᠴᠦ᠍ ᠮᠠᠰᠢ ᠶᠡᠬᠡ ᠨᠥᠯᠥᠭᠡᠯᠡᠭ᠌ᠳᠡᠭ᠌ᠰᠡᠨ᠎ᠢ ᠣᠯᠵᠤ ᠮᠡᠳᠡᠯ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠲᠣᠭ᠍ᠲᠠᠪᠤᠷᠢᠵᠢᠭᠤᠯᠵᠤ ᠠᠵᠢᠯ ᠤᠯᠭᠤᠯᠲᠠ ᠵᠢ ᠪᠠᠲᠤᠯᠠᠨ᠎ᠠ ᠬᠡᠵᠦ ᠲᠤᠷᠠᠳᠪᠠ᠃ ᠶᠡᠷᠦᠩᠬᠡᠶ ᠰᠠᠢᠳ ᠡᠴᠡ ᠠᠰᠠᠭᠤᠬᠤ ᠨᠢ᠂ ᠣᠨᠴᠠᠭᠠᠶ ᠬᠦᠴᠢᠷᠳᠡᠯ᠎ᠲᠡᠶ ᠠᠵᠢᠯ ᠲᠥᠷᠥᠯ ᠎ᠢ ᠬᠠᠪᠰᠤᠷᠬᠤ ᠲᠠᠯ᠎ᠠ᠎ᠪᠠᠷ ᠡᠨᠡ ᠵᠢᠯ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠶ?

ᠯᠢ ᠺᠸ ᠴᠢᠶᠠᠩ᠄ ᠬᠢᠵᠢᠭ᠎ᠦᠨ ᠪᠠᠢᠳᠠᠯ ᠡᠬᠦᠰᠦᠭᠰᠡᠨ᠎ᠤ ᠳᠠᠷᠠᠭ᠎ᠠ᠂ ᠬᠢᠵᠢᠭ᠎ᠤᠨ ᠨᠦᠯᠦᠭᠡ ᠳ᠋ᠤ ᠬᠠᠮᠤᠭ᠎ᠤᠨ ᠶᠡᠬᠡ ᠲᠠᠭᠠᠷᠢᠭᠳᠠᠭᠰᠠᠨ ᠨᠢ ᠦᠢᠯᠡᠴᠢᠯᠡᠭᠡᠨ᠎ᠦ ᠦᠢᠯᠡᠰ ᠪᠣᠯᠤᠨ᠎ᠠ᠂ ᠤᠨᠴᠠᠭᠠᠢᠯᠠᠨ ᠬᠦᠷᠦᠯᠴᠡᠬᠦ᠌ ᠬᠡᠯᠪᠡᠷᠢ ᠎ᠶ᠋ᠢᠨ ᠦᠢᠯᠡᠴᠢᠯᠡᠭᠡᠨ᠎ᠦ ᠦᠢᠯᠡᠰ ᠪᠣᠯᠤᠨ᠎ᠠ᠂ ᠡᠭᠦᠨ᠎ᠦ ᠳᠣᠲᠣᠷ᠎ᠠ ᠬᠡᠮᠵᠢᠶ᠎ᠡ᠎ᠪᠡᠷ ᠶᠡᠬᠡ᠂ ᠬᠡᠪᠴᠢᠶ᠎ᠡ᠎ᠪᠡᠷ ᠥᠷᠭᠡᠨ ᠨᠢ ᠳᠤᠮᠳᠠ ᠵᠢᠵᠢᠭ ᠪᠢᠴᠢᠯ ᠠᠵᠤ ᠠᠬᠤᠢᠯᠠᠯ ᠪᠣᠯᠤᠨ᠎ᠠ᠃ ᠲᠡᠳᠡᠨ᠎ᠦ ᠰᠠᠭᠤᠷᠢ ᠨᠢ ᠤᠤᠯ ᠡᠴᠡ ᠪᠠᠨ ᠨᠢᠮᠭᠡᠨ ᠮᠥᠷᠲᠡᠭᠡᠨ ᠨᠠᠷᠢᠨ ᠨᠢᠭ᠍ᠲᠠ ᠲᠣᠭᠠᠴᠠᠨ ᠪᠤᠳᠤᠵᠤ᠂ ᠡᠳᠦᠷ ᠰᠠᠷ᠎ᠠ᠎ᠪᠠᠷ ᠳ᠋ᠦᠩᠨᠡᠨ ᠡᠵᠡᠩᠨᠡᠵᠦ᠍ ᠪᠠᠢᠭᠰᠠᠨ ᠪᠤᠯᠬᠤᠷ ᠮᠠᠰᠢ ᠤᠯᠠᠨ ᠬᠦᠴᠢᠷ ᠪᠡᠷᠬᠡᠱᠢᠶᠡᠯ ᠬᠤᠷᠠᠮᠳᠤᠭᠠᠳ ᠳᠡᠳᠡᠨ᠎ᠢ ᠲᠤᠯᠭᠠᠭᠤᠷᠢᠯᠠᠬᠤ᠎ᠳᠤ ᠪᠡᠷᠬᠡ ᠪᠣᠯᠭᠠᠭ᠍ᠰᠠᠨ ᠪᠠᠢᠨ᠎ᠠ᠃ ᠲᠡᠳᠡᠨ᠎ᠢ ᠬᠠᠪᠰᠤᠷᠬᠤ ᠨᠢ ᠦᠨᠡᠨ᠎ᠳᠡᠭᠡᠨ ᠠᠵᠢᠯ ᠣᠯᠭᠣᠯᠲᠠ ᠎ᠶ᠋ᠢ ᠲᠤᠯᠭᠠᠭᠤᠷᠢᠯᠠᠵᠤ ᠪᠠᠢᠭ᠎ᠠ ᠶᠠᠪᠤᠳᠠᠯ ᠮᠥᠨ᠂ ᠤᠴᠢᠷ ᠨᠢ 1 ᠳ᠋ᠦᠩᠱᠢᠭᠤᠷ ᠬᠤᠪᠢ ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠨᠢ ᠲᠠᠷᠤᠢ 3 ᠳ᠋ᠦᠩᠱᠢᠭᠤᠷ ᠱᠢᠬᠠᠮ ᠬᠥᠮᠦᠨ᠎ᠦ ᠠᠵᠢᠯ ᠣᠯᠭᠣᠯᠲᠠ ᠎ᠶ᠋ᠢ ᠳᠠᠢᠴᠢᠯᠠᠳᠠᠭ ᠶᠤᠮ᠂ ᠬᠡᠷᠪᠡ ᠴᠢᠬᠢ ᠮᠣᠳᠣ ᠦᠨᠳᠦᠰᠦ ᠳ᠋ᠡᠭᠡᠨ ᠬᠦᠷᠳᠡᠯ᠎ᠡ ᠭᠠᠩᠳᠠᠵᠤ ᠬᠠᠳᠠᠬᠤ᠎ᠳᠤ ᠬᠦᠷᠪᠡᠯ ᠬᠠᠪᠰᠤᠷᠴᠤ᠌ ᠠᠮᠵᠢᠬᠤ ᠦᠭᠡᠶ ᠪᠣᠯᠤᠨ᠎ᠠ᠃ ᠡᠢᠮᠦ᠍᠎ᠡᠴᠡ ᠪᠢᠳᠡ ᠵᠠᠪᠠᠯ 《ᠵᠢᠩᠯᠡᠭᠦᠷ᠎ᠦᠨ ᠲᠠᠤᠬᠠᠶ ᠬᠡᠳᠦᠢᠪᠡᠷ ᠪᠠᠭ᠎ᠠ ᠪᠣᠯᠪᠠᠴᠤ᠌ ᠮᠢᠩᠭᠠᠨ ᠵᠢᠩ᠎ᠢ ᠳᠠᠷᠤᠨ᠎ᠠ》 ᠭᠡᠳᠡᠭ᠎ᠢ ᠤᠯᠵᠤ ᠦᠵᠡᠨ᠂ ᠲᠡᠳᠡᠨ᠎ᠢ ᠴᠠᠭ ᠲᠤᠬᠠᠶ᠎ᠳᠤᠨᠢ ᠲᠡᠳᠬᠦᠨ ᠳᠡᠮᠵᠢᠬᠦ᠌ ᠬᠡᠷᠡᠭ᠌ᠲᠡᠶ᠃

ᠡᠳᠡᠭᠡᠷ ᠣᠨᠴᠠᠭᠠᠶ ᠬᠦᠴᠢᠷᠳᠡᠯ᠎ᠲᠡᠶ ᠠᠵᠢᠯ ᠲᠦᠷᠦᠯ᠎ᠳᠦ ᠪᠢᠳᠡ ᠨᠢᠭᠡᠨᠲᠡ 40 ᠭᠠᠷᠤᠶ ᠵᠦᠢᠯ᠎ᠦᠨ ᠲᠡᠳᠬᠦᠨ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠨᠡᠢᠲᠡᠯᠡᠨ ᠬᠡᠷᠡᠭ᠌ᠵᠢᠭᠦᠯᠪᠡ᠃ ᠵᠥᠪᠬᠡᠨ ᠭᠠᠢᠯᠢ᠎ᠶ᠋ᠢᠨ ᠪᠤᠴᠠᠭᠠᠯᠲᠠ᠎ᠶ᠋ᠢ ᠪᠦᠳᠦᠬᠦᠪᠴᠢᠯᠡᠨ ᠪᠤᠳᠤᠵᠤ ᠦᠵᠡᠪᠡᠯ  ᠢᠳᠡᠭᠡᠨ ᠤᠮᠳᠠᠭᠠᠨ ᠂ ᠵᠢᠭᠤᠯᠴᠢᠯᠠᠯ ᠂ ᠠᠶᠠᠨᠴᠢᠳ᠎ᠤᠨ ᠲᠡᠭᠡᠭᠡᠪᠦᠷᠢ ᠂ ᠰᠣᠶᠣᠯ ᠵᠡᠷᠭᠡ ᠬᠡᠳᠦᠨ ᠠᠵᠢᠯ ᠲᠥᠷᠥᠯ 1800 ᠳ᠋ᠦᠩᠱᠢᠭᠤᠷ ᠲᠥᠭᠥᠷᠢᠭ ᠠᠰᠢᠭ ᠬᠦᠷᠳᠡᠨ᠎ᠡ᠃ ᠲᠡᠳᠡ ᠡᠳ᠋᠎ᠦᠨ ᠵᠠᠰᠠᠭ᠎ᠤᠨ ᠳᠡᠮᠵᠢᠯᠭᠡ ᠵᠢ ᠱᠠᠭᠠᠷᠳᠠᠬᠤ᠎ᠪᠠᠷ ᠪᠠᠷᠠᠬᠤ ᠦᠭᠡᠢ᠂ ᠵᠠᠬ᠎ᠠ ᠳᠡᠯᠭᠡᠭᠦᠷ᠎ᠦᠨ ᠬᠦᠭᠵᠢᠯᠳᠡ ᠵᠢᠨ ᠢᠷᠡᠭᠡᠳᠦᠶ ᠰᠠᠢ᠌ᠨ ᠳ᠋ᠤᠨᠢ ᠮᠥᠩᠭᠥᠨ ᠭᠦᠢᠯᠭᠡᠭᠡᠨ᠎ᠦ ᠦᠢᠯᠡᠰ᠎ᠤ᠋ᠨ ᠬᠢᠨ ᠦᠷᠭᠦᠯᠵᠢᠯᠡᠨ《ᠲᠠᠰᠤᠯᠳᠠᠭᠤᠯᠤᠯ ᠦᠭᠡᠢ ᠪᠡᠷ ᠵᠢᠭᠡᠯᠡᠯᠭᠡ ᠦᠭᠬᠦ》 ᠡᠷᠡᠭ᠌ᠲᠡᠶ᠃  ᠲᠡᠷᠡᠴᠢᠯᠡᠨ ᠭᠡᠷ᠎ᠦᠨ ᠲᠦᠷᠢᠶᠡᠰᠦ᠂ ᠴᠠᠬᠢᠯᠭᠠᠨ᠎ᠤ ᠰᠦᠢᠳᠭᠡᠯ᠎ᠢ ᠱᠠᠲᠤᠴᠢ ᠴᠢᠨᠠᠷᠲᠠᠶ᠎ᠪᠠᠷ ᠬᠠᠰᠤᠵᠤ ᠬᠡᠯᠲᠦᠷᠢᠭᠦᠯᠬᠦ᠌ ᠴᠢᠬᠤᠯᠠᠲᠠᠶ ᠪᠠᠢᠪᠠᠯ ᠨᠥᠬᠥᠴᠡᠯ ᠎ᠲᠠᠶ ᠭᠠᠵᠠᠷ  ᠤᠷᠤᠨ᠎ᠤ  ᠬᠢᠨ ᠴᠦ᠍ ᠳᠡᠮᠵᠢᠯᠭᠡ ᠦᠵᠡᠭᠦᠯᠬᠦ᠌ ᠬᠡᠷᠡᠭ᠌ᠲᠡᠶ᠂ ᠡᠨᠡ ᠨᠢ ᠦᠨᠡᠨ᠎ᠳᠡᠭᠡᠨ ᠪᠠᠰᠠ ᠴᠤ᠌ ᠥᠮᠴᠢᠲᠡᠨ᠎ᠳᠤ ᠬᠡᠷᠡᠭᠯᠡᠭᠴᠢᠳ ᠲᠠᠲᠠᠵᠤ ᠪᠠᠢᠭ᠎ᠠ ᠶᠠᠪᠤᠳᠠᠯ ᠪᠣᠯᠬᠤ ᠶᠤᠮ᠃

ᠣᠳᠣᠬᠠᠨ᠎ᠳᠤ ᠂ ᠬᠡᠷᠡᠭ᠌ᠯᠡᠭᠡ ᠵᠢᠨ ᠬᠡᠷᠡᠭ᠌ᠴᠡᠭᠡ ᠦᠨᠡᠬᠡᠷ ᠨᠡᠯᠢᠶᠡᠳ ᠪᠠᠭᠤᠷᠠᠶ ᠪᠠᠢᠨ᠎ᠠ᠂ ᠭᠣᠸ᠋ᠯᠳᠠᠭᠤ ᠪᠤᠲᠠᠲᠤ ᠴᠤᠬᠴᠠ ᠢ᠋ᠢᠨ ᠬᠡᠷᠡᠭ᠌ᠯᠡᠭᠡ ᠵᠢᠨ ᠬᠡᠷᠡᠭ᠌ᠴᠡᠭᠡ ᠪᠠᠭᠤᠷᠠᠶ ᠪᠠᠢᠨ᠎ᠠ᠃ ᠤᠯᠠᠨ᠎ᠢ᠋ᠢᠡᠷ ᠢ᠋ᠢᠡᠨ ᠡᠢᠮᠦᠷᠬᠦᠦ ᠦᠵᠡᠭᠳᠡᠯ ᠢ᠋ ᠲᠦᠰᠦᠭᠡᠯᠡᠨ ᠪᠤᠳᠤᠵᠦ ᠪᠤᠯᠤᠨ᠎ᠠ᠄ ᠬᠤᠳᠠ᠎ᠶ᠋ᠢᠨ ᠤᠷᠳᠤ ᠭᠤᠳᠤᠮᠵᠢ ᠪᠡᠷ ᠳᠡᠯᠭᠡᠭᠦᠷ ᠫᠦᠰᠡ ᠰᠡᠬᠦᠢᠨ ᠰᠦᠨᠳᠡᠷᠯᠡᠵᠦ᠍᠂ ᠠᠮᠢ ᠠᠮᠢᠵᠢᠷᠠᠯ᠎ᠢᠶᠡᠷ ᠪᠢᠯᠬᠠᠨ᠎ᠠ᠂ ᠲᠡᠷᠡ ᠪᠤᠯ ᠬᠦᠷ ᠬᠦᠭᠵᠢᠶᠡᠨᠳᠡᠢ  ᠬᠦᠮᠦᠨ᠎ᠤ ᠠᠮᠢᠳᠤᠷᠠᠯ ᠪᠤᠯᠤᠨ᠎ᠠ᠃ ᠬᠡᠷᠪᠡ ᠡᠭᠦᠳᠡ᠎ᠪᠡᠨ ᠬᠠᠭᠠᠴᠢᠬᠠᠪᠠᠯ ᠪᠡᠯᠭᠡ ᠲᠡᠮᠪᠡᠷᠢᠯ ᠦᠭᠡᠢ ᠪᠤᠯᠵᠤ᠂ ᠠᠷᠠᠳ᠎ᠤᠨ ᠠᠮᠢᠳᠤᠷᠠᠯ ᠴᠥᠮ ᠨᠥᠯᠥᠭᠡᠯᠡᠭ᠌ᠳᠡᠬᠦ᠌ ᠪᠣᠯᠤᠨ᠎ᠠ᠃ ᠡᠢᠮᠦ᠍᠎ᠡᠴᠡ ᠪᠢᠳᠡ ᠡᠳᠡᠭᠡᠷ ᠣᠨᠴᠠᠭᠠᠶ ᠬᠦᠴᠢᠷᠳᠡᠯ᠎ᠲᠡᠶ ᠠᠵᠢᠯ ᠲᠦᠷᠦᠯ᠎ᠢ ᠲᠡᠳᠬᠦᠨ ᠲᠡᠮᠵᠢᠵᠤ ᠪᠠᠢᠭ᠎ᠠ ᠨᠢ ᠭᠠᠬᠴᠠ᠎ᠬᠦ ᠲᠡᠳᠡᠨ᠎ᠢ ᠲᠤᠰᠠᠯᠠᠵᠤ ᠬᠦᠴᠢᠷ᠎ᠢ ᠲᠤᠭᠤᠯᠬᠤ ᠵᠢᠨ ᠲᠥᠯᠥᠭᠡ ᠪᠢᠰᠢ᠂ ᠪᠠᠰᠠ ᠴᠤ᠌ ᠠᠷᠠᠳ ᠤᠯᠠᠨ᠎ᠤ ᠠᠮᠢᠳᠤᠷᠠᠯ᠎ᠢ ᠬᠠᠯᠠᠭᠤᠨ ᠳᠤᠯᠠᠭᠠᠬᠠᠨ ᠪᠠᠢᠯᠭᠠᠵᠦ᠂ ᠮᠠᠨ᠎ᠤ ᠠᠵᠤ ᠠᠬᠤᠶ᠎ᠪᠠᠨ ᠨᠡᠩ ᠢᠯᠡᠭᠦᠦ ᠠᠮᠢᠵᠢᠷᠠᠯ᠎ᠤᠨ ᠬᠦᠴᠦᠨ᠎ᠲᠡᠶ ᠪᠣᠯᠭᠠᠬᠤ ᠶᠠᠪᠤᠳᠠᠯ ᠪᠣᠯᠤᠨ᠎ᠠ᠃

ᠲᠠᠢᠸᠠᠨ᠎ᠤ ᠳ᠋ᠦᠩ ᠰᠸᠨ ᠱᠢᠨ᠎ᠡ ᠵᠠᠭᠤᠴᠢᠯᠠᠭᠤᠷ᠎ᠤᠨ ᠰᠤᠷᠪᠤᠯᠵᠢᠯᠠᠭ᠍ᠴᠢ᠄  ᠬᠢᠵᠢᠭ᠎ᠦᠨ ᠪᠠᠢᠳᠠᠯ ᠦᠷᠭᠦᠯᠵᠢᠯᠡᠨ ᠦᠷᠪᠢᠰᠴᠦ᠂ ᠲᠠᠢᠸᠠᠨ ᠬᠣᠭᠣᠯᠠᠶ ᠎ᠶ᠋ᠢᠨ ᠬᠣᠶᠠᠷ ᠬᠦᠪᠡᠭᠡ ᠎ᠶ᠋ᠢᠨ ᠬᠠᠷᠢᠴᠠᠭᠠᠨ᠎ᠤ ᠲᠤᠬᠲᠠᠭᠠᠯᠳᠤ ᠪᠤᠰᠤ ᠴᠢᠨᠠᠷ ᠲᠣᠭ᠍ᠲᠠᠭᠤᠨ ᠪᠤᠰᠤ ᠴᠢᠨᠠᠷ  ᠨᠡᠮᠡᠭ᠌ᠳᠡᠵᠦ᠍ ᠪᠠᠢᠭ᠎ᠠ ᠪᠠᠢᠳᠠᠯ ᠳᠣᠣᠷ᠎ᠠ ᠡᠬᠡ ᠬᠠᠭᠤᠷᠠᠶ᠎ᠶ᠋ᠢᠨ ᠬᠢᠨ ᠲᠠᠢᠸᠠᠨ ᠬᠣᠭᠣᠯᠠᠶ ᠎ᠶ᠋ᠢᠨ ᠪᠠᠢᠳᠠᠯ ᠎ᠢ ᠬᠡᠷᠬᠢᠨ ᠠᠷᠭᠠᠴᠠᠭᠠᠵᠤ᠂ ᠲᠠᠢᠸᠠᠨ ᠬᠣᠭᠣᠯᠠᠶ ᠎ᠶ᠋ᠢᠨ ᠬᠣᠶᠠᠷ ᠬᠦᠪᠡᠭᠡ ᠢ᠋ᠢᠨ ᠠᠷᠠᠳ ᠣᠯᠠᠨ᠎ᠤ ᠪᠤᠶᠠᠨ ᠵᠢᠷᠭᠠᠯ ᠎ᠢ ᠪᠠᠲᠤᠯᠠᠬᠤ ᠪᠤᠶ ?

ᠯᠢ ᠺᠸ ᠴᠢᠶᠠᠩ᠄ ᠪᠢᠳᠡᠨ᠎ᠦ ᠲᠠᠢᠸᠠᠨ᠎ᠤ ᠲᠤᠬᠠᠢ ᠦᠨᠳᠦᠰᠦᠨ ᠪᠤᠳᠤᠯᠭ᠎ᠠ ᠴᠢᠭ᠌ᠯᠡᠯᠲᠡ ᠪᠣᠯ ᠲᠣᠳᠣᠷᠬᠠᠢ ᠶᠤᠮ᠂ ᠪᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠭᠡᠨ ᠨᠢᠭᠡᠨᠲᠡ ᠥᠭᠦᠯᠡᠵᠡᠢ᠂ ᠳᠠᠷᠤᠢ ᠨᠢᠭᠡ ᠳᠤᠮᠳᠠᠳᠤ ᠤᠯᠤᠰ ᠪᠠᠢᠬᠤ ᠵᠠᠷᠴᠢᠮ ᠪᠣᠯᠤᠨ《ᠶᠡᠷᠡᠨ ᠬᠣᠶᠠᠷ ᠣᠨ᠎ᠤ ᠬᠠᠮᠲᠤ᠎ᠶ᠋ᠢᠨ ᠲᠠᠨᠢᠯᠲᠠ》ᠵᠢ ᠪᠠᠷᠢᠮᠲᠠᠯᠠᠵᠤ᠂ 《ᠲᠠᠢᠸᠠᠨ᠎ᠢ ᠲᠤᠰᠠᠭᠠᠷᠯᠠᠭᠤᠯᠬᠤ》ᠬᠠᠭᠠᠴᠠᠭᠤᠯᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭ᠎ᠠ ᠢ᠋ᠢᠨ ᠡᠩᠭᠡ ᠲᠠᠢᠪᠤᠩ ᠬᠦᠭᠵᠢᠯᠲᠡ ᠪᠠ ᠡᠬᠡ ᠤᠯᠤᠰ᠎ᠤᠨ ᠨᠢᠭᠡᠳᠦᠯ᠎ᠢ ᠠᠬᠢᠭᠤᠯᠤᠨ᠎ᠠ᠃

ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ᠎ᠦ ᠠᠬ᠎ᠠ ᠳᠡᠭᠦᠦ᠍᠎ᠨᠡᠷ ᠪᠣᠯ ᠡᠴᠦᠰ᠎ᠦᠨ ᠡᠴᠦᠰ᠎ᠲᠡᠬᠡᠨ ᠨᠢᠭᠡ ᠭᠡᠷ᠎ᠦᠨ ᠬᠥᠮᠦᠨ ᠮᠥᠨ᠂ ᠠᠬ᠎ᠠ ᠳᠡᠭᠦᠦ ᠲᠦᠷᠦᠯ ᠰᠠᠳᠤᠨ᠎ᠤ ᠬᠠᠢᠷ᠎ᠠ ᠰᠡᠳᠭᠢᠯᠭᠡ᠎ᠪᠡᠨ ᠬᠡᠵᠢᠶ᠎ᠡ ᠴᠦ᠍ ᠭᠡᠳ ᠲᠠᠰᠤᠯᠳᠠᠭᠤᠯᠵᠤ ᠴᠢᠳᠠᠬᠤ ᠦᠭᠡᠢ ᠶᠤᠮ᠂ ᠪᠢᠳᠡ ᠳᠤᠷᠠᠲᠠᠶ᠎ᠠ  ᠥᠷᠭᠡᠨ ᠤᠯᠠᠨ ᠲᠠᠢᠸᠠᠨ᠎ᠤ ᠠᠬ᠎ᠠ ᠳᠡᠭᠦᠦ᠍᠎ᠨᠡᠷ᠎ᠲᠡᠶ  ᠬᠥᠭ᠌ᠵᠢᠯᠲᠡ᠎ᠶ᠋ᠢᠨ ᠠᠵᠠ ᠲᠣᠬᠢᠶᠠᠯ᠎ᠢ ᠦᠷᠭᠦᠯᠵᠢᠯᠡᠨ ᠬᠤᠪᠢᠶᠠᠯᠴᠠᠵᠤ᠂ ᠡᠬᠡ ᠬᠠᠭᠤᠷᠠᠶ᠎ᠳᠤ ᠢᠷᠡᠵᠦ᠍ ᠦᠢᠯᠡᠰ ᠪᠤᠰᠬᠠᠭᠰᠠᠨ ᠲᠠᠢᠸᠠᠨ᠎ᠤ ᠠᠬ᠎ᠠ ᠳᠡᠭᠦᠦ᠍᠎ᠨᠡᠷ᠎ᠲᠦ ᠠᠳᠠᠯᠢᠬᠠᠨ ᠬᠠᠷᠠᠭᠠᠯᠵᠠᠯ ᠦᠵᠡᠭᠦᠯᠵᠦ᠍᠂ ᠲᠡᠳᠡᠨ᠎ᠳᠦ ᠪᠣᠳᠠᠲᠤ ᠶᠠᠪᠤᠲᠠᠯ ᠬᠢᠵᠦ᠍ ᠦᠭᠴᠦ᠂ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠵᠦ᠍ ᠥᠭ᠌ᠭᠦᠨ᠎ᠡ᠃ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ᠎ᠦ ᠠᠬ᠎ᠠ ᠳᠡᠭᠦᠦ᠍᠎ᠨᠡᠷ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠤᠷᠤᠭ᠍ᠰᠢᠯᠠᠳᠠᠭ ᠯᠠ ᠶᠤᠮ ᠪᠣᠯ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ᠎ᠦ ᠬᠠᠷᠢᠴᠠᠭ᠎ᠠ᠎ᠶ᠋ᠢᠨ ᠡᠩᠭᠡ ᠲᠠᠢᠪᠤᠩ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠶᠠᠨ ᠵᠢᠷᠭᠠᠯ᠎ᠢ ᠬᠠᠮᠲᠤ᠎ᠪᠠᠷ ᠡᠳ᠋ᠯᠡᠵᠦ᠍ ᠴᠢᠲᠠᠬᠤ ᠨᠢ ᠯᠠᠪᠲᠠᠶ ᠶᠤᠮ᠃

ᠱᠢᠩᠭᠠᠫᠣᠷ᠎ᠤᠨ ᠬᠠᠮᠲᠤᠷᠠᠭ᠍ᠰᠠᠨ ᠥᠷᠯᠥᠭᠡ᠎ᠶ᠋ᠢᠨ ᠰᠣᠨᠢᠨ᠎ᠤ ᠰᠤᠷᠪᠤᠯᠵᠢᠯᠠᠭ᠍ᠴᠢ ᠄ ᠡᠨᠡ ᠵᠢᠯ ᠪᠣᠯ ᠲᠣᠰ ᠬᠤᠭᠤᠴᠠᠭᠠᠨ᠎ᠤ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠡᠬᠦᠯ ᠬᠤᠷᠢᠶᠠᠬᠤ ᠵᠢᠯ ᠪᠣᠯᠤᠨ᠎ᠠ᠃ ᠥᠩᠭᠡᠷᠡᠭ᠌ᠰᠡᠨ 4 ᠵᠢᠯ ᠭᠠᠷᠤᠶ᠎ᠶ᠋ᠢᠨ ᠥᠩᠭᠡᠷᠡᠯᠲᠡ᠎ᠪᠡᠨ ᠡᠷᠭᠢᠴᠡᠭᠦᠯᠵᠦ᠍ ᠦᠵᠡᠪᠡᠯ᠂ ᠲᠠᠨ᠎ᠤ ᠦᠵᠡᠬᠦ᠌᠎ᠪᠡᠷ ᠲᠣᠰ ᠬᠤᠭᠤᠴᠠᠭᠠᠨ᠎ᠤ ᠵᠠᠰᠠᠭ᠎ᠤᠨ ᠣᠷᠳᠣᠨ ᠶᠠᠮᠠᠷ ᠶᠠᠮᠠᠷ ᠠᠮᠵᠢᠯᠲᠠ ᠪᠦᠲᠦᠮᠵᠢ ᠣᠯᠤᠭ᠍ᠰᠠᠨ ᠪᠣᠶ ?ᠲᠤᠯᠭᠠᠷᠠᠵᠤ ᠪᠠᠢᠭ᠎ᠠ ᠬᠠᠮᠤᠭ᠎ᠤᠨ ᠶᠡᠬᠡ ᠥᠷᠢᠰᠥᠯᠳᠦᠭᠡᠨ ᠶᠠᠭᠤ ᠪᠤᠢ?ᠲᠤᠰ ᠬᠤᠭᠤᠴᠠᠭᠠᠨ᠎ᠤ ᠵᠠᠰᠠᠭ᠎ᠤᠨ ᠣᠷᠳᠣᠨ᠎ᠤ ᠡᠴᠦᠰ᠎ᠦᠨ ᠨᠢᠭᠡ ᠵᠢᠯ᠎ᠳᠦ ᠂ ᠳᠤᠮᠳᠠᠳᠤ ᠤᠯᠤᠰ᠎ᠤᠨ ᠠᠵᠤ ᠠᠬᠤᠶ ᠤᠷᠢᠳ ᠡᠮᠦᠨ᠎ᠡ ᠪᠠᠢᠭ᠎ᠠ ᠦᠭᠡᠶ ᠳᠠᠷᠤᠯᠲᠠ᠎ᠳᠤ ᠲᠤᠯᠭᠠᠷᠠᠵᠤ ᠪᠠᠢᠨ᠎ᠠ᠂ ᠲᠠ ᠶᠠᠮᠠᠷ ᠶᠠᠮᠠᠷ ᠲᠥᠷᠥ ᠎ᠶ᠋ᠢᠨ ᠪᠣᠳᠣᠯᠭ᠎ᠠ ᠎ᠶ᠋ᠢ ᠭᠣᠣᠯᠳᠠᠯᠭ᠎ᠠ ᠲᠠᠶ᠎ᠪᠠᠷ ᠬᠡᠷᠡᠭ᠌ᠵᠢᠭᠦᠯᠵᠦ᠍᠂ ᠨᠡᠢᠭᠡᠮ᠎ᠦᠨ ᠢᠲᠡᠭᠡᠯ᠎ᠢ ᠨᠡᠩ ᠰᠠᠢᠲᠤᠷ ᠲᠣᠭ᠍ᠲᠠᠪᠤᠷᠢᠵᠢᠭᠤᠯᠵᠤ ᠂ ᠠᠷᠠᠳ ᠣᠯᠠᠨ᠎ᠤ ᠠᠩᠬᠠᠷᠤᠯ᠎ᠳᠤ ᠨᠡᠩ ᠰᠠᠢᠨ ᠬᠠᠷᠢᠭᠤᠯᠲᠠ ᠥᠭ᠌ᠬᠦ ᠪᠤᠶ ?

ᠯᠢ  ᠺᠸ ᠴᠢᠶᠠᠩ ᠄ ᠲᠤᠰ ᠬᠤᠭᠤᠴᠠᠭᠠᠨ᠎ᠤ ᠵᠠᠰᠠᠭ᠎ᠤᠨ ᠣᠷᠳᠣᠨ ᠡᠴᠡ ᠨᠠᠭᠠᠰᠢ᠂ ᠳᠡᠯᠡᠬᠡᠶ ᠎ᠶ᠋ᠢᠨ ᠪᠠᠢᠳᠠᠯ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠪᠠᠢᠵᠤ᠂ ᠤᠯᠤᠰ᠎ᠤᠨ ᠳᠣᠲᠣᠭᠠᠳᠤ᠎ᠶ᠋ᠢᠨ ᠵᠥᠷᠢᠴᠡᠯ ᠪᠣᠯᠤᠨ ᠬᠦᠴᠢᠷᠳᠡᠯ ᠳᠠᠪᠬᠤᠴᠠᠵᠠᠶ᠃ ᠬᠠᠮᠤᠭ᠎ᠤᠨ ᠶᠡᠬᠡ ᠥᠷᠢᠰᠥᠯᠳᠦᠭᠡᠨ᠎ᠦ ᠲᠤᠬᠠᠶ ᠶᠠᠷᠢᠪᠠᠯ᠂ ᠬᠠᠰᠢᠯᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠵᠢᠴᠢ ᠲᠡᠭᠦᠨ᠎ᠦ ᠠᠵᠤ ᠠᠬᠤᠶ᠎ᠳᠤ ᠤᠴᠠᠷᠠᠭᠤᠯᠤᠭ᠍ᠰᠠᠨ ᠬᠦᠨᠳᠦ ᠨᠣᠴᠢᠲᠠᠶ ᠳᠠᠭᠠᠷᠢᠯᠲᠠ ᠪᠣᠯᠤᠨ᠎ᠠ᠃ ᠪᠢᠳᠡ ᠬᠢᠯᠪᠠᠷ ᠲᠦᠳᠡ ᠵᠢ ᠬᠥᠭᠡᠭᠡᠴᠡᠯᠳᠦᠬᠦ᠌ ᠦᠭᠡᠢ᠂  ᠠᠶᠤᠯᠳᠠᠢ ᠤᠴᠢᠷ ᠶᠠᠪᠤᠳᠠᠯ ᠡᠴᠡ ᠵᠠᠢᠯᠠᠬᠤ ᠦᠭᠡᠢ᠂  ᠲᠦᠭᠰᠢᠬᠦᠷᠢ ᠲᠠᠢ ᠦᠢᠯᠡ ᠠᠵᠢᠯᠯᠠᠭ᠎ᠠ ᠡᠴᠡ ᠵᠠᠢᠯᠠᠬᠤ ᠦᠭᠡᠢ᠎ᠪᠡᠷ ᠬᠠᠮᠤᠭ᠎ᠤᠨ ᠶᠡᠬᠡ ᠴᠢᠷᠮᠠᠢᠯᠭ᠎ᠠ ᠭᠠᠷᠭᠠᠪᠠ᠃

ᠪᠢ᠎ᠶᠡᠷᠦᠩᠬᠡᠶ᠎ᠰᠠᠢᠳ᠎ᠤᠨ ᠲᠤᠱᠢᠶᠠᠯ᠎ᠢ ᠡᠬᠦᠷᠭᠡᠯᠡᠬᠦ ᠦᠶ᠎ᠡ᠎ᠳᠤ ᠡᠨᠳᠡ ᠠᠩᠬᠠᠳᠤᠭᠠᠷ ᠤᠳᠠᠭᠠᠨ᠎ᠤ ᠰᠣᠷᠪᠣᠯᠵᠢᠯᠠᠭ᠍ᠴᠢᠳ᠎ᠤᠨ ᠬᠤᠷᠠᠯ᠎ᠢ ᠬᠤᠷᠠᠯᠳᠤᠭᠤᠯᠪᠠ᠂ ᠳᠠᠷᠤᠶ ᠲᠣᠰ ᠶᠡᠬᠡ ᠲᠢᠩᠬᠢᠮ᠎ᠳᠦ᠂ ᠠᠵᠤ ᠠᠬᠤᠶ᠎ᠶ᠋ᠢ ᠦᠷᠭᠦᠯᠵᠢᠯᠡᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠲᠠᠰᠣᠷᠠᠯᠳᠠ ᠥᠭᠡᠢ ᠰᠠᠢᠵᠢᠷᠠᠭᠤᠯᠤᠨ᠂ ᠨᠡᠢᠭᠡᠮ᠎ᠦᠨ ᠲᠥᠪ ᠭᠣᠣᠯᠴᠢ᠎ᠶ᠋ᠢ ᠠᠬᠢᠭᠤᠯᠬᠤ ᠪᠤᠯ ᠮᠠᠨ᠎ᠤ ᠵᠠᠰᠠᠭ᠎ᠤᠨ ᠣᠷᠳᠣᠨ᠎ᠤ ᠦᠨᠳᠦᠰᠦᠨ ᠡᠭᠦᠷᠭᠡ ᠮᠥᠨ᠂ ᠳᠠᠷᠳᠠᠩ ᠵᠠᠮ᠎ᠢᠶᠠᠷ ᠶᠠᠪᠤᠵᠤ᠂ ᠠᠷᠠᠳ ᠲᠦᠮᠡᠨ᠎ᠢᠶᠡᠷ ᠦᠨᠳᠦᠰᠦ ᠪᠣᠯᠭᠠᠨ᠂ ᠳᠡᠯᠡᠬᠡᠶ ᠳ᠋ᠠᠬᠢᠨ᠎ᠳᠤ ᠠᠱᠢᠭ᠍ᠲᠠᠶ ᠪᠠᠢᠯᠭᠠᠬᠤ ᠳ᠋ᠤ ᠠᠷᠠᠳ ᠲᠦᠮᠡᠨ᠎ᠦ ᠬᠦᠰᠡᠯ ᠡᠷᠡᠮᠡᠯᠵᠡᠯ᠎ᠢᠶᠡᠷ ᠵᠠᠰᠠᠭ ᠶᠠᠪᠤᠭᠤᠯᠬᠤ ᠴᠢᠭ᠌ᠯᠡᠯ ᠪᠣᠯᠭᠠᠨ᠎ᠠ ᠬᠡᠵᠦ ᠲᠣᠳᠣᠷᠬᠠᠶ ᠢᠯᠡᠷᠬᠡᠢᠯᠡᠭ᠌ᠰᠡᠨ ᠵᠢᠡᠨ ᠴᠡᠭᠡᠵᠢᠯᠡᠭ᠌ᠰᠡᠭᠡᠷ ᠪᠠᠢᠨ᠎ᠠ᠃ ᠡᠳᠡᠭᠡᠷ ᠵᠢᠯ᠎ᠦᠳ᠎ᠲᠦ ᠡᠬᠦᠨ᠎ᠢ  ᠪᠢᠳᠡ ᠱᠢᠨᠲᠠᠷᠠᠰᠢ ᠦᠭᠡᠢ ᠲᠤᠭᠤᠰᠢᠯᠠᠭᠤᠯᠵᠤ᠂ ᠵᠠᠰᠠᠭ ᠶᠠᠪᠤᠭᠤᠯᠬᠤ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠠᠵᠤ ᠠᠬᠤᠶ᠎ᠶ᠋ᠢᠨ ᠠᠵᠢᠯᠯᠠᠭᠠᠨ᠎ᠢ ᠵᠦᠢ ᠵᠣᠬᠢᠰᠲᠠᠶ ᠣᠷᠣᠨ ᠪᠠᠢᠷᠢ᠎ᠳᠤ ᠪᠠᠢᠯᠭᠠᠬᠤ ᠵᠡᠷᠭᠡ ᠠᠷᠭ᠎ᠠ ᠮᠠᠶᠢᠭ᠎ᠢᠶᠠᠷ ᠦᠶᠡᠯᠡᠯ᠎ᠦᠨ ᠴᠢᠨᠠᠷᠲᠠᠶ ᠠᠵᠤ ᠠᠬᠤᠶ᠎ᠶ᠋ᠢᠨ ᠬᠡᠯᠪᠡᠯᠵᠡᠯ᠎ᠢ ᠠᠷᠭᠠᠴᠠᠭᠠᠵᠤ᠂ ᠢᠯᠠᠩᠭᠤᠶ᠎ᠠ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ ᠨᠢ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠬᠡᠷᠡᠭ᠌ᠴᠡᠭᠡ᠎ᠳ᠋ᠤ ᠵᠤᠬᠢᠴᠠᠵᠤ ᠴᠢᠳᠠᠪᠠ; ᠥᠭᠡᠷᠡᠴᠢᠯᠡᠯᠲᠡ᠎ᠶ᠋ᠢ ᠡᠷᠡᠰ ᠠᠬᠢᠭᠤᠯᠵᠤ᠂ ᠶᠠᠷᠱᠢᠭ ᠲᠦᠪᠡᠭ᠎ᠢ ᠳᠥᠭᠥᠮᠴᠢᠯᠡᠨ ᠠᠷᠢᠯᠭᠠᠵᠤ᠂ ᠲᠥᠪ ᠭᠣᠣᠯᠴᠢ᠎ᠶ᠋ᠢ ᠬᠠᠮᠠᠭᠠᠯᠠᠵᠤ᠂ ᠵᠠᠬ᠎ᠠ ᠳᠡᠯᠭᠡᠭᠦᠷ᠎ᠦᠨ ᠭᠤᠤᠯ  ᠴᠣᠭ᠍ᠴᠠ ᠪᠠ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠵᠤ᠂ ᠵᠠᠬ᠎ᠠ ᠳᠡᠯᠭᠡᠭᠦᠷ᠎ᠦᠨ ᠠᠮᠢᠳᠤᠯᠢᠭ ᠬᠦᠴᠦᠨ ᠪᠠ ᠨᠡᠢᠭᠡᠮ᠎ᠦᠨ ᠪᠦᠲᠦᠭᠡᠯᠴᠢ ᠬᠦᠴᠦᠨ᠎ᠢ ᠬᠥᠭ᠌ᠵᠢᠭᠡᠪᠡ; ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠤᠯᠤᠰ᠎ᠤᠨ ᠪᠠᠢᠳᠠᠯ᠎ᠤᠨ ᠪᠣᠳᠠᠲᠤ ᠪᠠᠢᠳᠠᠯ᠎ᠢ ᠡᠵᠡᠮᠳᠡᠵᠦ᠍᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ᠎ᠶ᠋ᠢ ᠴᠢᠬᠤᠯᠠᠴᠢᠯᠠᠬᠰᠠᠨ  ᠵᠡᠷᠭᠡ ᠵᠡᠷᠭᠡ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠠᠷᠠᠳ ᠤᠯᠠᠨ᠎ᠳ᠋ᠤ ᠮᠡᠳᠡᠷᠡᠭ᠌ᠳᠡᠭᠰᠡᠨ ᠭᠠᠵᠠᠷ ᠪᠠᠢᠬᠤ ᠪᠥᠭᠡᠳ ᠲᠡᠳᠡᠨ᠎ᠦ ᠬᠦᠰᠡᠯ ᠡᠷᠡᠮᠡᠯᠵᠡᠯ᠎ᠲᠡᠶ ᠵᠥᠷᠢᠶ᠎ᠡ᠎ᠲᠡᠶ ᠪᠠ ᠬᠦᠷᠦᠯᠴᠡᠬᠦ᠌ ᠦᠭᠡᠢ ᠭᠠᠵᠠᠷ ᠴᠤ᠌ ᠪᠠᠢᠨ᠎ᠠ᠂ ᠡᠳᠡᠭᠡᠷ᠎ᠢ ᠪᠢᠳᠡ ᠲᠣᠳᠣᠷᠬᠠᠶ ᠮᠡᠳᠡᠵᠦ᠍ ᠪᠠᠢᠨ᠎ᠠ᠃

ᠲᠠᠨ᠎ᠤ ᠬᠡᠯᠡᠭᠰᠡᠨᠴᠢᠯᠡᠨ ᠡᠨᠡ ᠵᠢᠯ ᠪᠣᠯ ᠲᠤᠰ ᠬᠤᠭᠤᠴᠠᠭᠠᠨ᠎ᠤ ᠵᠠᠰᠠᠭ᠎ᠤᠨ ᠣᠷᠳᠣᠨ᠎ᠤ ᠬᠠᠮᠤᠭ ᠤ᠋ᠨ ᠰᠡᠭᠦᠯᠴᠢ᠎ᠶ᠋ᠢᠨ ᠨᠢᠭᠡ ᠵᠢᠯ ᠮᠥᠨ᠂ ᠪᠠᠰᠠ ᠴᠤ᠌ ᠮᠢᠨᠦ᠍ ᠶᠡᠷᠦᠩᠬᠡᠶ ᠰᠠᠢᠳ᠎ᠤᠨ ᠲᠤᠱᠢᠶᠠᠯ᠎ᠢ ᠬᠠᠷᠢᠭᠤᠴᠠᠬᠤ  ᠬᠠᠮᠤᠭ ᠤ᠋ᠨ ᠰᠡᠭᠦᠯᠴᠢ᠎ᠶ᠋ᠢᠨ ᠨᠢᠭᠡ ᠵᠢᠯ ᠮᠥᠨ᠃ ᠪᠢᠳᠡᠨ᠎ᠳᠦ ᠲᠤᠯᠭᠠᠷᠠᠵᠤ ᠪᠠᠢᠭ᠎ᠠ ᠪᠠᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠢᠵᠤ᠂ ᠬᠦᠴᠢᠷᠳᠡᠯ ᠪᠠ ᠥᠷᠢᠰᠥᠯᠳᠦᠭᠡᠨ ᠮᠥᠨ ᠯᠡ ᠤᠯᠠᠨ ᠪᠠᠢᠨ᠎ᠠ᠂ ᠪᠢ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠰᠠᠶᠢ᠎ᠶ᠋ᠢᠨ ᠬᠠᠷᠢᠭᠤᠯᠤᠭ᠍ᠰᠠᠨ ᠠᠰᠠᠭᠤᠯᠲᠠ᠎ᠳᠠᠭᠠᠨ ᠬᠦᠴᠢᠷᠳᠡᠯ ᠪᠠ ᠥᠷᠢᠰᠥᠯᠳᠦᠭᠡᠨ᠎ᠢ ᠠᠷᠭᠠᠴᠠᠭᠠᠬᠤ ᠲᠤᠬᠠᠶ ᠨᠢᠭᠡᠨᠲᠡ ᠲᠠᠢᠯᠪᠤᠷᠢᠯᠠᠯᠲᠠ ᠪᠠ ᠲᠣᠳᠣᠷᠬᠠᠢᠯᠠᠯᠲᠠ ᠬᠢᠭ᠌ᠰᠡᠨ ᠶᠤᠮ᠃ ᠪᠢ ᠬᠠᠮᠲᠤ ᠠᠵᠢᠯᠯᠠᠭ᠍ᠰᠠᠳ᠎ᠲᠠᠶ᠎ᠪᠠᠨ ᠱᠢᠨᠲᠠᠷᠠᠰᠢ ᠦᠭᠡᠢ ᠴᠢᠷᠮᠠᠢᠬᠤ ᠵᠣᠷᠢᠭ ᠰᠠᠨᠠᠭ᠎ᠠ᠎ᠪᠠᠷ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠵᠦ᠍᠂ ᠪᠣᠳᠠᠲᠠᠢ ᠠᠵᠢᠯᠯᠠᠬᠤ᠎ᠪᠠᠷ ᠠᠮᠠᠯᠠᠯᠲᠠ᠎ᠪᠠᠨ ᠦᠢᠯᠡᠳᠦᠯᠭᠡᠵᠢᠭᠦᠯᠦᠨ᠎ᠡ᠃

ᠰᠢ᠎ᠶ᠋ᠢᠨ ᠫᠢᠩ ᠨᠥᠬᠥᠷ᠎ᠢᠶᠡᠷ ᠭᠣᠣᠯ ᠪᠤᠯᠭᠠᠬᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠬᠦᠴᠦᠲᠡᠶ ᠳᠡᠮᠵᠢᠯᠭᠡ᠂ ᠢᠯᠠᠩᠭᠤᠶ᠎ᠠ ᠠᠷᠠᠳ ᠤᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠳᠤᠮᠳᠠᠳᠤ ᠤᠯᠤᠰ᠎ᠤᠨ ᠠᠵᠤ ᠠᠬᠤᠶ ᠯᠠᠪᠳᠠᠶ᠎ᠠ ᠬᠦᠴᠢᠷ ᠪᠡᠷᠭᠡ ᠵᠢ ᠢᠯᠠᠨ ᠳᠠᠪᠠᠵᠤ᠂ ᠡᠨᠡ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠪᠠᠨ ᠪᠡᠶᠡᠯᠡᠭᠦᠯᠵᠦ᠍ ᠴᠢᠳᠠᠬᠤ ᠪᠥᠭᠡᠳ ᠬᠣᠢᠱᠢᠳᠠ᠎ᠶ᠋ᠢᠨ ᠬᠥᠭ᠌ᠵᠢᠯᠲᠡ᠎ᠳᠦ ᠪᠠᠢᠪᠠᠰᠤ ᠵᠣᠬᠢᠬᠤ ᠪᠠᠲᠤ ᠪᠡᠬᠢ ᠰᠠᠭᠤᠷᠢ᠎ᠶ᠋ᠢ ᠲᠠᠯᠪᠢᠵᠤ ᠦᠭᠬᠦᠨ᠎ᠡ ᠬᠡᠳᠡᠭ ᠲᠸ᠋  ᠪᠢ ᠢᠳᠡᠭᠡᠯ ᠲᠠᠢ ᠪᠠᠢᠨ᠎ᠠ᠃

ᠠᠷᠠᠳ᠎ᠤᠨ ᠡᠳᠦᠷ᠎ᠦᠨ ᠰᠣᠨᠢᠨ᠎ᠤ ᠬᠣᠷᠢᠶᠠᠨ᠎ᠤ ᠰᠤᠷᠪᠤᠯᠵᠢᠯᠠᠭ᠍ᠴᠢ ᠄ ᠣᠢᠷ᠎ᠠ ᠎ᠶ᠋ᠢᠨ ᠵᠢᠯ᠎ᠡᠴᠡ ᠨᠠᠭᠠᠰᠢ᠂ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠬᠥᠮᠦᠨ ᠳᠤᠮᠳᠠᠴᠢ ᠎ᠶ᠋ᠢᠨ ᠣᠷᠣᠯᠭ᠎ᠠ ᠵᠢᠯ ᠳᠠᠷᠠᠭᠠᠯᠠᠨ ᠨᠡᠮᠡᠭ᠌ᠳᠡᠵᠦ᠍ ᠪᠠᠢᠭ᠎ᠠ ᠪᠣᠯᠪᠠᠴᠤ᠌ ᠴᠥᠭᠡᠨ ᠪᠤᠰᠤ ᠬᠥᠮᠦᠰ᠎ᠲᠦ ᠮᠦᠨ ᠠᠮᠢᠳᠤᠷᠠᠯ ᠨᠢ ᠬᠢᠯᠪᠠᠷ ᠪᠤᠰᠤ ᠰᠠᠨᠠᠬᠲᠠᠵᠦ ᠪᠠᠢᠨ᠎ᠠ ᠂ ᠤᠨᠴᠠᠭᠠᠢᠯᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠬᠢᠵᠢᠭ᠎ᠦᠨ ᠪᠠᠢᠳᠠᠯᠨᠢ ᠠᠷᠠᠳ᠎ᠤᠨ ᠦᠨᠳᠦᠰᠦᠨ ᠠᠮᠢᠳᠤᠷᠠᠯ᠎ᠳᠤ ᠨᠡᠯᠢᠶᠡᠳ ᠶᠡᠬᠡ ᠨᠥᠯᠥᠭᠡ ᠦᠵᠡᠭᠦᠯᠪᠡ᠃ ᠶᠡᠷᠦᠩᠬᠡᠶ ᠰᠠᠢᠳ ᠡᠴᠡ ᠠᠰᠠᠭᠤᠬᠤ ᠨᠢ᠂ ᠡᠨᠡ ᠵᠢᠯ ᠵᠠᠰᠠᠭ᠎ᠤᠨ ᠣᠷᠳᠣᠨ ᠠᠷᠠᠳ᠎ᠤᠨ ᠠᠮᠢᠳᠤᠷᠠᠯ ᠎ᠢ ᠰᠠᠢᠵᠢᠷᠠᠭᠤᠯᠬᠤ ᠲᠠᠯ᠎ᠠ᠎ᠪᠠᠷ ᠶᠠᠮᠠᠷ ᠪᠣᠳᠣᠯᠬᠢᠯᠠᠯ ᠲᠠᠢ  ᠪᠤᠢ? ᠶᠠᠮᠠᠷ ᠠᠷᠭ᠎ᠠ ᠬᠡᠮᠵᠢᠶ᠎ᠡ ᠠᠪᠬᠤ ᠪᠤᠶ ?

ᠯᠢ ᠺᠸ ᠴᠢᠶᠠᠩ᠄ ᠡᠳᠡᠭᠡᠷ ᠵᠢᠯ᠎ᠦᠳ᠎ᠲᠦ᠂ ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠣᠷᠣᠯᠭ᠎ᠠ ᠪᠣᠯᠤᠨ GDP ᠎ᠶ᠋ᠢᠨ ᠨᠡᠮᠡᠭ᠌ᠳᠡᠯ ᠨᠢ ᠦᠨᠳᠦᠰᠦᠨ᠎ᠳᠡᠭᠡᠨ ᠢᠵᠢᠯᠢ ᠠᠯᠬᠤᠮ᠎ᠲᠠᠶ ᠪᠠᠢᠨ᠎ᠠ ᠃ ᠭᠡᠪᠡᠴᠦ᠍ ᠳᠤᠮᠳᠠᠳᠤ ᠤᠯᠤᠰ ᠪᠣᠯ ᠮᠥᠨ ᠯᠡ ᠬᠥᠭ᠌ᠵᠢᠵᠦ᠍ ᠪᠠᠢᠭ᠎ᠠ ᠤᠯᠤᠰ ᠮᠥᠨ᠂ ᠮᠠᠨ᠎ᠤ ᠬᠤᠳᠠ ᠬᠥᠳᠡᠭᠡ᠎ᠶ᠋ᠢᠨ ᠵᠥᠷᠢᠶ᠎ᠡ ᠢᠯᠡᠷᠬᠡᠶ ᠪᠠᠢᠨ᠎ᠠ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠭᠦᠷᠢᠰᠢᠭᠦᠯᠬᠦ ᠪᠣᠯ ᠨᠢᠭᠡᠨ ᠤᠷᠳᠤ ᠬᠤᠭᠤᠴᠠᠭᠠᠨ᠎ᠤ ᠶᠠᠪᠤᠴᠠ ᠮᠥᠨ᠃ ᠡᠨᠡ ᠵᠢᠯ᠎ᠦᠨ ᠡᠬᠢ᠎ᠪᠡᠷ᠂ ᠬᠠᠮᠢᠶ᠎ᠠ ᠪᠦᠬᠦᠢ ᠲᠠᠯ᠎ᠠ᠎ᠶ᠋ᠢᠨ ᠬᠢᠨ ᠨᠠᠳᠠ᠎ᠳᠤ ᠠᠷᠠᠳ᠎ᠤᠨ ᠠᠮᠢᠳᠤᠷᠠᠯ᠎ᠤᠨ ᠠᠷᠪᠠᠨ ᠬᠦᠰᠡᠯ᠎ᠢ ᠲᠤᠰᠭᠠᠭ᠍ᠰᠠᠨ ᠮᠠᠲ᠋ᠧᠷᠢᠶᠠᠯ᠎ᠢ ᠳᠠᠮᠵᠢᠭᠤᠯᠪᠠ᠂ ᠮᠢᠨᠦ᠍ ᠦᠵᠡᠬᠦ᠌᠎ᠪᠡᠷ ᠣᠯᠠᠩᠬᠢ ᠨᠢ ᠴᠥᠮ ᠠᠷᠠᠳ᠎ᠤᠨ ᠦᠨᠳᠦᠰᠦᠨ ᠠᠮᠢᠳᠤᠷᠠᠯ ᠪᠣᠯᠬᠤ ᠪᠥᠭᠡᠳ ᠣᠯᠠᠩᠬᠢ ᠨᠢ ᠲᠠᠷᠢᠶᠠᠴᠢᠨ ᠲᠦᠮᠡᠨ᠎ᠡᠴᠡ ᠢᠷᠡᠭ᠌ᠰᠡᠨ ᠶᠤᠮ᠃ ᠡᠢᠮᠦ᠍᠎ᠡᠴᠡ ᠵᠠᠰᠠᠭ᠎ᠤᠨ ᠣᠷᠳᠣᠨ ᠠᠵᠤ ᠠᠬᠤᠶ᠎ᠶ᠋ᠢ ᠬᠥᠭ᠌ᠵᠢᠭᠦᠯᠬᠦ᠌ ᠵᠣᠷᠢᠯᠭ᠎ᠠ᠎ᠪᠠᠨ ᠢᠮᠠᠭ᠍ᠲᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳᠡᠭᠡᠷ᠎ᠡ ᠲᠠᠯᠪᠢᠬᠤ ᠬᠡᠷᠡᠭ᠌ᠲᠡᠶ᠂ ᠬᠡᠯᠡᠯᠭᠡᠨ ᠦᠭᠡᠢ ᠴᠢᠳᠠᠯ᠎ᠤᠨ᠎ᠢᠶᠠᠨ ᠬᠢᠷᠢ᠎ᠪᠡᠷ ᠬᠢᠨ᠎ᠡ᠃

ᠮᠠᠨ ᠎ᠤ ᠤᠯᠤᠰ ᠎ᠤᠨ ᠡᠳ᠋᠎ᠤᠨ  ᠵᠠᠰᠠᠭ ᠎ᠤᠨ ᠶᠡᠷᠦᠩᠬᠡᠢ ᠣᠷᠣᠯᠭ᠎ᠠ ᠤᠳᠤ ᠨᠢᠭᠡᠨᠲᠡ 20 ᠲᠦᠮᠡᠨ ᠳ᠋ᠦᠩᠰᠢᠭᠤᠷ ᠲᠥᠭᠥᠷᠢᠭ ᠎ᠲᠦ ᠬᠦᠷᠦᠭᠰᠡᠨ ᠪᠣᠯᠪᠠᠴᠤ ᠲᠡᠶ᠋ᠢᠮᠦ ᠡᠯᠪᠡᠭ ᠪᠢᠰᠢ ᠶᠤᠮ᠃ 10 ᠵᠢᠯ ᠳᠠᠷᠠᠭᠠᠯᠠᠨ ᠪᠢᠳᠡ ᠡᠳ᠋ ᠎ᠦᠨ ᠵᠠᠰᠠᠭ ᠎ᠤᠨ ᠴᠢᠨᠠᠷᠲᠠᠢ ᠰᠤᠷᠭᠠᠨ ᠬᠥᠮᠦᠵᠢᠯ ᠎ᠦᠨ ᠵᠠᠷᠤᠳᠠᠯ  ᠢ᠋ GDP ᠶ᠋ᠢᠨ 4% ᠠ᠋ᠴᠠ ᠳᠣᠣᠷ᠎ᠠ ᠪᠠᠢᠯᠭᠠᠬᠤ ᠦᠭᠡᠢ ᠪᠠᠢᠬᠤ  ᠶ᠋ᠢ ᠠᠯᠢ ᠴᠢᠳᠠᠬᠤ ᠎ᠪᠠᠷ ᠪᠠᠲᠤᠯᠠᠪᠠ᠂ ᠡᠨᠡ  ᠪᠣᠯ ᠲᠤᠩ ᠬᠢᠯᠪᠠᠷ ᠪᠤᠰᠤ ᠶᠤᠮ᠃ ᠲᠡᠷᠡ ᠮᠦᠷᠳᠡᠭᠡᠨ ᠭᠣᠣᠯᠳᠠᠭᠤ ᠠᠯᠪᠠᠨ ᠵᠢᠷᠤᠮ ᠎ᠤᠨ ᠰᠤᠷᠭᠠᠨ ᠬᠥᠮᠦᠵᠢᠯ ᠂ ᠬᠥᠳᠡᠭᠡ ᠲᠣᠰᠬᠣᠨ᠎ᠳᠤ ᠬᠠᠨᠳᠤᠭᠤᠯᠤᠭᠰᠠᠨ ᠶᠤᠮ ᠂ ᠤᠴᠢᠷ  ᠨᠢ ᠮᠠᠨ ᠎ᠤ ᠬᠥᠳᠡᠭᠡ ᠲᠣᠰᠬᠣᠨ ᠎ᠤ ᠡᠷᠦᠬᠡ ᠠᠮᠠ  ᠶ᠋ᠢᠨ ᠲᠠᠩᠰᠠ ᠎ᠲᠠᠢ  ᠬᠥᠮᠥᠨ ᠠᠮᠠ ᠣᠲᠣ᠌  ᠪᠠᠰᠠ 7.6 ᠳ᠋ᠦᠩᠰᠢᠭᠤᠷ ᠪᠠᠢᠵᠤ᠂ ᠬᠥᠳᠡᠭᠡ ᠲᠣᠰᠬᠣᠨ ᠪᠣᠯᠣᠨ ᠵᠠᠬ᠎ᠠ ᠬᠢᠵᠠᠭᠠᠷ ᠣᠷᠣᠨ ᠎ᠤ ᠠᠯᠪᠠᠨ ᠵᠢᠷᠤᠮ ᠎ᠤᠨ ᠰᠤᠷᠭᠠᠨ ᠬᠥᠮᠦᠵᠢᠯ ᠎ᠦᠨ ᠣᠷᠣᠭᠤᠯᠤᠯᠲᠠ  ᠶ᠋ᠢᠨ ᠡᠷᠴᠢᠮ  ᠢ᠋ ᠤᠯᠠᠮ ᠴᠢᠩᠭᠠᠷᠠᠭᠤᠯᠬᠤ ᠴᠢᠬᠤᠯᠠᠳᠠᠢ᠃ ᠨᠥᠭᠥᠭᠡ ᠲᠠᠯ᠎ᠠ ᠎ᠪᠠᠷ᠂ ᠪᠢᠳᠡ 14 ᠳ᠋ᠦᠩᠰᠢᠭᠤᠷ ᠭᠠᠷᠤᠢ ᠬᠥᠮᠥᠨ᠎ᠳᠦ ᠬᠠᠨᠳᠤᠭᠤᠯᠤᠭᠰᠠᠨ᠂ ᠳᠡᠯᠡᠬᠡᠢ ᠳᠡᠭᠡᠷᠡᠬᠢ ᠬᠠᠮᠤᠭ ᠎ᠤᠨ ᠲᠣᠮᠣ᠌ ᠦᠨᠳᠦᠰᠦᠨ ᠡᠮ ᠡᠮᠨᠡᠯᠭᠡ ᠎ᠶᠢᠨ ᠳᠠᠭᠠᠳᠬᠠᠯ᠎ᠤᠨ ᠲᠤᠤᠷ᠎ᠢ  ᠨᠢᠭᠡᠨᠲᠡ ᠪᠠᠢᠭᠤᠯᠤᠭᠰᠠᠨ ᠪᠠᠢᠨ᠎ᠠ᠂ ᠬᠡᠪᠡᠴᠦ ᠬᠢᠷᠢ ᠲᠦᠪᠰᠢᠨ  ᠨᠢ  ᠬᠠᠷᠠᠬᠠᠨ ᠥᠨᠳᠥᠷ ᠪᠢᠰᠢ ᠃ ᠡᠢᠮᠦ ᠡᠴᠡ ᠡᠨᠡ ᠵᠢᠯ  ᠡᠨᠡ ᠲᠠᠯ᠎ᠠ ᠎ᠵᠢᠨ ᠡᠳ᠋ ᠎ᠦᠨ ᠵᠠᠰᠠᠭ ᠎ᠤᠨ ᠨᠥᠬᠥᠪᠦᠷᠢ ᠎ᠶᠢᠨ ᠪᠠᠷᠢᠮᠵᠢᠶ᠎ᠠ ᠎ᠶᠢ ᠬᠥᠮᠥᠨ ᠳᠤᠮᠳᠠᠴᠢ ᠎ᠪᠠᠷ 30 ᠲᠥᠭᠥᠷᠢᠭ ᠨᠡᠮᠡᠭᠳᠡᠭᠦᠯᠦᠭᠰᠡᠨ ᠪᠠᠢᠨ᠎ᠠ᠃ ᠪᠢᠳᠡ ᠬᠦᠨᠳᠦ ᠡᠪᠡᠳᠴᠢᠨ ᠎ᠦ ᠡᠮ ᠡᠮᠨᠡᠯᠭᠡ ᠎ᠶᠢᠨ ᠳᠠᠭᠠᠳᠬᠠᠯ ᠎ᠤᠨ ᠳᠦᠷᠢᠮ ᠎ᠢ ᠪᠠᠢᠭᠤᠯᠵᠤ᠂ ᠦᠨᠳᠦᠰᠦᠨ ᠡᠮ ᠡᠮᠨᠡᠯᠭᠡ ᠎ᠶᠢᠨ ᠳᠠᠭᠠᠳᠬᠠᠯ ᠎ᠢᠶᠠᠷ ᠬᠦᠨᠳᠦ ᠡᠪᠡᠳᠴᠢᠨ ᠎ᠦ ᠬᠤᠳᠠᠯᠳᠤᠭᠠᠨ ᠎ᠤ ᠳᠠᠭᠠᠳᠬᠠᠯ ᠎ᠢ ᠭᠠᠷᠲᠠᠨ ᠭᠦᠢᠴᠡᠳᠬᠡᠬᠦ ᠦᠢᠯᠡᠴᠢᠯᠡᠭᠡ ᠵᠢ ᠬᠤᠳᠠᠯᠳᠤᠨ ᠠᠪᠴᠤ᠂ ᠵᠠᠷᠢᠮ ᠡᠪᠡᠳᠴᠢᠨ ᠎ᠦ ᠲᠥᠷᠥᠯ ᠎ᠢ  ᠵᠠᠷᠢᠮ ᠭᠠᠵᠠᠷ ᠣᠷᠣᠨ᠎ᠳᠤ  30 ᠲᠦᠮᠡ᠎ᠡᠴᠡ 50 ᠲᠦᠮᠡᠨ ᠲᠥᠭᠥᠷᠢᠭ ᠎ᠦᠨ ᠲᠠᠩᠰᠠᠠ ᠡᠴᠡ ᠳᠡᠶ᠋ᠢᠯᠵᠦ ᠳᠡᠶ᠋ᠢᠯᠬᠦ ᠪᠣᠯᠭᠠᠵᠤ᠂ ᠥᠨᠳᠥᠷ ᠰᠢᠭ ᠭᠠᠵᠠᠷ ᠣᠷᠣᠨ ᠎ᠳᠤ  ᠪᠠᠰᠠ ᠬᠠᠮᠤᠭ᠎ᠤᠨ ᠳᠡᠭᠡᠳᠦ ᠬᠢᠵᠠᠭᠠᠷ ᠎ᠢ ᠨᠢ ᠬᠢᠵᠠᠭᠠᠷᠯᠠᠭᠰᠠᠨ ᠦᠭᠡᠢ᠃ ᠶᠡᠷᠦᠩᠬᠡᠢ ᠳ᠋ᠦ᠍ᠨᠢ ᠠᠪᠴᠤ ᠬᠡᠯᠡᠪᠡᠯ ᠬᠤᠳᠠ ᠬᠥᠳᠡᠭᠡ ᠎ᠶᠢᠨ ᠰᠠᠭᠤᠭᠠᠯᠢ ᠠᠷᠠᠳ ᠎ᠤᠨ ᠡᠪᠡᠳᠴᠢᠨ ᠦᠵᠡᠭᠦᠯᠬᠦ ᠲᠠᠨᠭᠰᠡᠠ ᠡᠴᠡ ᠲᠠᠢᠯᠬᠤ ᠬᠠᠷᠢᠴᠠᠯ 70% ᠳ᠋ᠦ᠍ ᠬᠦᠷᠴᠦ᠂ ᠤᠯᠤᠰ ᠎ᠤᠨ ᠬᠦᠴᠦᠨ ᠎ᠦ ᠨᠡᠮᠡᠭᠳᠡᠬᠦ ᠎ᠶᠢ ᠳᠠᠭᠠᠯᠳᠤᠨ ᠪᠠᠰᠠ  ᠢᠳᠡᠭ ᠢᠳᠡᠭ᠎ᠢᠶᠠᠷ ᠨᠡᠮᠡᠭᠳᠡᠬᠦᠯᠬᠦ ᠪᠣᠯᠣᠨ᠎ᠠ᠃ ᠣᠨᠴᠠᠭᠠᠢᠯᠠᠨ ᠶᠠᠳᠠᠭᠤ ᠎ᠠᠴᠠ ᠠᠩᠭᠢᠵᠢᠷᠠᠭᠤᠯᠬᠤ  ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠡᠪᠡᠳᠴᠢᠨ᠎ᠡᠴᠡ ᠪᠣᠯᠵᠤ ᠲᠠᠬᠢᠨ ᠶᠠᠳᠠᠭᠤᠷᠠᠭᠰᠠᠨ᠂ ᠬᠦᠨᠳᠦ ᠡᠪᠡᠳᠴᠢᠨ ᠡᠴᠡ ᠪᠣᠯᠵᠤ ᠶᠠᠳᠠᠭᠤᠷᠠᠭᠰᠠᠳ ᠎ᠲᠤ ᠣᠨᠴᠠᠭᠠᠢ ᠳᠡᠮᠵᠢᠯᠭᠡ ᠬᠠᠪᠰᠤᠷᠤᠯᠭ᠎ᠠ ᠦᠵᠡᠬᠦᠯᠦᠨ᠎ᠡ᠃

ᠠᠷᠠᠳ ᠎ᠤᠨ ᠦᠨᠳᠦᠰᠦᠨ ᠠᠮᠢᠳᠤᠷᠠᠯ  ᠪᠠ ᠡᠳᠦᠷ ᠲᠤᠲᠤᠮ ᠎ᠤᠨ ᠠᠮᠢᠳᠤᠷᠠᠯ ᠬᠠᠷᠢᠯᠴᠠᠨ ᠬᠤᠯᠪᠤᠭ᠎ᠠ ᠳᠠᠢ ᠪᠠᠢᠳᠠᠭ᠂ ᠣᠲᠣᠬᠠᠨ ᠮᠠᠨ ᠎ᠤ ᠮᠤᠵᠢ ᠠᠯᠤᠰᠯᠠᠨ ᠨᠡᠭᠦᠳᠡᠯᠯᠡᠵᠦ ᠪᠠᠢᠭ᠎ᠠ ᠬᠥᠮᠥᠨ ᠠᠮᠠ 1 ᠳ᠋ᠦᠩᠰᠢᠭᠤᠷ  ᠢ᠋ ᠳᠠᠪᠠᠵᠤ ᠪᠠᠢᠨ᠎ᠠ᠂ ᠲᠡᠳᠡ ᠣᠨᠳᠣᠣ ᠭᠠᠵᠠᠷ ᠎ᠲᠤ ᠠᠵᠢᠯ ᠣᠯᠬᠤ᠂  ᠨᠠᠰᠤᠵᠢᠯ᠎ᠤᠨ ᠠᠰᠠᠷᠠᠮᠵᠢ ᠂ ᠰᠤᠷᠭᠠᠭᠤᠯᠢ ᠎ᠳᠤ ᠰᠤᠷᠤᠯᠴᠠᠬᠤ ᠵᠡᠷᠭᠡ ᠲᠠᠯ᠎ᠠ ᠎ᠵᠢᠨ  ᠵᠠᠷᠢᠮ ᠶᠠᠪᠤᠳᠠᠯ ᠢ᠋ ᠬᠢᠬᠦ᠎ᠳᠡᠭᠡᠨ ᠦᠷᠭᠦᠯᠵᠢ ᠨᠠᠭᠠᠰᠢ ᠴᠠᠭᠠᠰᠢ ᠶᠠᠪᠤᠵᠤ᠂ 《ᠮᠤᠵᠢ ᠠᠯᠤᠰᠯᠠᠨ ᠬᠦᠢᠴᠡᠳᠬᠡᠬᠦ》 ᠨᠢ ᠨᠢᠭᠡᠨᠲᠡ ᠰᠢᠨ᠎ᠡ ᠬᠡᠷᠡᠭᠴᠡᠭᠡ ᠪᠣᠯᠵᠤ  ᠪᠤᠢ ᠃  ᠪᠢᠳᠡ ᠡᠨᠡ ᠵᠢᠯ ᠨᠢᠭᠡᠨ ᠰᠢᠨ᠎ᠡ ᠲᠥᠷᠥ᠍᠎ᠶᠢᠨ ᠪᠣᠳᠣᠯᠭ᠎ᠠ ᠎ᠶᠢ ᠬᠡᠷᠡᠭᠵᠢᠭᠦᠯᠦᠨ᠎ᠡ ᠂ ᠳᠠᠷᠤᠢ ᠬᠥᠮᠥᠰ᠎ᠦᠨ ᠦᠷᠭᠦᠯᠵᠢ ᠬᠡᠷᠡᠭᠯᠡᠳᠡᠭ ᠪᠡᠶ᠎ᠡ᠎ᠶᠢᠨ ᠦᠨᠡᠮᠯᠡᠯ ᠎ᠢ ᠡᠯᠸᠺᠲᠷᠤᠨᠴᠢᠯᠡᠨ᠎ᠡ᠂ ᠥᠭᠡᠷ᠎ᠡ ᠎ᠪᠡᠷ ᠬᠡᠯᠡᠪᠡᠯ ᠲᠠ ᠬᠠᠮᠢᠶ᠎ᠠ ᠪᠦᠬᠦᠢ ᠤᠴᠢᠷ  ᠶᠠᠪᠤᠳᠠᠯ᠎ᠢ ᠭᠦᠢᠴᠡᠳᠬᠡᠬᠦ᠎ᠳᠡᠭᠡᠨ ᠭᠠᠷ ᠤᠲᠠᠰᠤ ᠪᠡᠷ ᠵᠢᠡᠨ ᠺᠣᠳ᠋ ᠎ᠢ ᠨᠢ ᠰᠢᠷᠪᠢᠪᠡᠯ ᠪᠣᠯᠴᠢᠬᠠᠨ᠎ᠠ᠃ ᠬᠡᠯᠡᠯᠭᠡᠨ ᠦᠭᠡᠢ ᠂ ᠪᠢᠳᠡ ᠪᠠᠰᠠ ᠲᠡᠳᠡᠭᠡᠷ ᠣᠶᠤᠨᠴᠢ ᠭᠠᠷ ᠤᠲᠠᠰᠤ ᠬᠡᠷᠡᠭᠯᠡᠳᠡᠭ ᠦᠭᠡᠢ ᠬᠥᠮᠥᠰ ᠎ᠲᠦ ᠢᠯᠠᠩᠭᠤᠶ᠎ᠠ ᠨᠠᠰᠤᠲᠠᠢᠴᠤᠳ ᠎ᠲᠤ ᠲᠥᠬᠥᠮ ᠦᠵᠡᠭᠦᠯᠬᠦ ᠮᠦᠷᠳᠡᠬᠡᠨ ᠠᠷᠠᠳ ᠢᠷᠭᠡᠳ ᠎ᠦᠨ ᠮᠡᠳᠡᠭᠡ ᠵᠠᠩᠭᠢ ᠎ᠶᠢᠨ ᠠᠮᠤᠷ ᠲᠦᠪᠰᠢᠨ  ᠪᠠ ᠬᠤᠪᠢ ᠎ᠶᠢᠨ ᠨᠢᠭᠤᠴᠠ ᠎ᠶᠢ ᠴᠤ᠌ ᠪᠠᠳᠤᠯᠠᠨ᠎ᠠ᠃

ᠠᠷᠠᠳ᠎ᠤᠨ ᠦᠨᠳᠦᠰᠦᠨ ᠠᠮᠢᠳᠤᠷᠠᠯ ᠎ᠢ  ᠪᠠᠲᠤᠯᠠᠬᠤ ᠎ᠳᠤ ᠴᠢᠳᠠᠯ ᠎ᠤᠨ ᠬᠢᠷᠢ  ᠪᠡᠷ  ᠵᠢᠡᠨ ᠬᠦᠴᠦᠯᠡᠬᠦ ᠬᠡᠷᠡᠭᠳᠡᠢ ᠮᠥᠷᠲᠡᠭᠡᠨ ᠨᠡᠩ  ᠴᠤ᠌ ᠰᠡᠳᠬᠢᠯ ᠲᠠᠯᠪᠢᠵᠤ᠂ ᠦᠨᠡᠨ ᠎ᠪᠤᠳᠠᠳᠠᠢ ᠵᠢ ᠡᠷᠬᠢᠮᠯᠡᠬᠦ᠎ᠶᠢ ᠪᠠᠷᠢᠮᠲᠠᠯᠠᠵᠤ᠂ ᠪᠣᠳᠠᠲᠤ ᠶᠠᠪᠤᠳᠠᠯ ᠎ᠢ ᠦᠨᠳᠦᠰᠦᠯᠡᠨ ᠦᠭᠡ ᠬᠡᠯᠡᠵᠦ᠂ ᠠᠷᠠᠳ ᠤᠯᠠᠨ ᠎ᠤ ᠬᠦᠰᠡᠯ ᠱᠠᠭᠠᠷᠳᠠᠯᠭ᠎ᠠ ᠪᠠ ᠱᠠᠭᠠᠷᠳᠠᠯᠭ᠎ᠠ ᠎ᠶᠢ ᠰᠣᠨᠣᠰᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯ ᠠᠷᠠᠳ᠎ᠤᠨ ᠪᠠᠢᠳᠠᠯ᠂ ᠠᠷᠠᠳ᠎ᠤᠨ ᠰᠠᠨᠠᠭ᠎ᠠ ᠴᠢᠨᠠᠭᠰᠢᠯᠠᠪᠠᠯ ᠠᠷᠠᠳ᠎ᠤᠨ ᠰᠡᠳᠬᠢᠯ᠎ᠲᠠᠢ ᠬᠣᠯᠪᠣᠭᠳᠠᠵᠤ ᠪᠠᠢᠳᠠᠭ᠂ ᠵᠠᠰᠠᠭ᠎ᠤᠨ ᠣᠷᠳᠣᠨ᠎ᠤ  ᠡᠭᠦᠷᠭᠡ ᠬᠠᠷᠢᠭᠤᠴᠠᠯᠭ᠎ᠠ ᠪᠣᠯ ᠳᠠᠷᠤᠢ ᠠᠷᠠᠳ᠎ᠤᠨ ᠰᠡᠳᠬᠢᠯ᠎ᠳᠦ ᠨᠡᠢᠴᠡᠭᠦᠯᠵᠦ᠂ ᠠᠷᠠᠳ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠨ ᠥᠭᠴᠦ᠂ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ ᠶᠠᠪᠤᠳᠠᠯ ᠪᠣᠯᠣᠨ᠎ᠠ᠃

ᠡᠨᠳᠡ ᠪᠢ ᠪᠠᠰᠠ ᠨᠢᠭᠡ ᠵᠦᠢᠯ ᠎ᠢ ᠴᠢᠬᠤᠯᠠᠴᠢᠯᠠᠶ᠎ᠠ᠂ ᠠᠷᠠᠳ ᠤᠯᠡᠠ ᠎ᠤ ᠬᠠᠤᠯᠢ ᠶᠣᠰᠣᠨ ᠎ᠤ ᠡᠷᠬᠡ ᠠᠰᠢᠭ᠋ ᠎ᠢ ᠪᠠᠲᠤᠯᠠᠬᠤ ᠬᠡᠷᠡᠭᠳᠡᠢ᠃ ᠡᠨᠡ ᠪᠤᠯ ᠠᠷᠠᠳ ᠎ᠤᠨ ᠵᠠᠰᠠᠭ ᠎ᠤᠨ ᠣᠷᠳᠣᠨ ᠎ᠤ ᠡᠷᠬᠡᠪᠰᠢ ᠡᠭᠦᠷᠬᠡᠯᠡᠬᠦ  ᠵᠦᠢᠯ ᠪᠤᠯᠤᠨ᠎ᠠ᠃ ᠣᠢᠷ᠎ᠠ᠎ᠳᠤ᠂ ᠵᠠᠷᠢᠮ ᠭᠠᠵᠠᠷ ᠎ᠲᠤ ᠡᠮᠡᠭᠲᠡᠢᠴᠦᠳ ᠎ᠦᠨ ᠡᠷᠬᠡ ᠠᠰᠢᠭ᠋ ᠎ᠢ ᠬᠦᠨᠳᠦ ᠨᠣᠴᠢᠲᠠᠢ ᠬᠣᠬᠢᠷᠠᠭᠤᠯᠤᠭᠰᠠᠨ ᠬᠡᠷᠡᠭ ᠭᠠᠷᠴᠠᠢ᠂ ᠪᠢᠳᠡ ᠬᠣᠣᠷ ᠠᠮᠰᠠᠭ᠍ᠴᠢᠳ ᠎ᠤᠨ ᠲᠥᠯᠥᠭᠡ ᠵᠢᠷᠦᠬᠡ ᠰᠢᠮᠰᠢᠷᠡᠵᠦ ᠪᠠᠢᠬᠤ ᠎ᠪᠠᠷ ᠪᠠᠷᠠᠬᠤ ᠦᠭᠡᠢ ᠪᠠᠰᠠ ᠡᠨᠡ ᠤᠴᠢᠷ ᠎ᠲᠤ ᠲᠤᠢᠯ ᠎ᠢᠶᠠᠷ ᠬᠢᠯᠢᠩᠯᠡᠵᠦ ᠪᠠᠢᠨ᠎ᠠ᠃ ᠤᠯᠠᠨ ᠲᠦᠮᠡᠨ᠎ᠦ ᠡᠷᠬᠡ ᠠᠰᠢᠭ᠋ ᠎ᠢ ᠦᠯᠦ ᠬᠠᠢᠬᠤᠷᠤᠭᠰᠠᠳ ᠎ᠠᠴᠠ ᠡᠷᠡᠰ ᠬᠠᠷᠢᠭᠤᠴᠠᠯᠭ᠎ᠠ ᠨᠡᠬᠡᠮᠵᠢᠯᠡᠵᠦ᠂ ᠡᠮᠡᠭᠲᠡᠢᠴᠦᠳ ᠬᠡᠦᠬᠡᠳ ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠎ᠳᠤ ᠴᠢᠩᠭ᠎ᠠ ᠴᠣᠬᠢᠯᠲᠠ ᠥᠭᠴᠦ᠂ ᠦᠴᠦᠬᠡᠨ  ᠴᠤ᠌ ᠠᠭᠤᠴᠢᠯᠠᠬᠤ  ᠦᠭᠡᠢ ᠎ᠪᠡᠷ ᠴᠢᠩᠭ᠎ᠠ ᠰᠢᠳᠬᠡᠬᠦ ᠬᠡᠷᠡᠭᠳᠡᠢ᠃ ᠠᠷᠠᠳ ᠎ᠤᠨ ᠠᠮᠤᠷ ᠲᠦᠪᠰᠢᠨ ᠎ᠢ ᠬᠠᠮᠠᠭᠠᠯᠠᠬᠤ ᠪᠠ ᠠᠷᠠᠳ ᠎ᠤᠨ ᠠᠮᠢᠳᠤᠷᠠᠯ ᠎ᠳᠤ ᠠᠰᠢᠭ᠋ ᠬᠦᠷᠲᠡᠭᠡᠬᠦ  ᠪᠣᠯ ᠰᠠᠯᠵᠤ ᠪᠣᠯᠣᠰᠢ ᠦᠭᠡᠢ ᠶᠤᠮ᠂ ᠡᠯ᠎ᠡ ᠱᠠᠲᠤᠨ ᠎ᠤ ᠵᠠᠰᠠᠭ ᠎ᠤᠨ ᠣᠷᠳᠣᠨ ᠡᠷᠬᠡᠪᠰᠢ ᠠᠷᠠᠳ ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ᠂ ᠠᠷᠠᠳ ᠎ᠤᠨ ᠠᠮᠤᠷ ᠲᠦᠪᠰᠢᠨ ᠎ᠢ ᠠᠯᠢ ᠴᠢᠳᠠᠬᠤ ᠎ᠪᠠᠷ ᠪᠠᠲᠤᠯᠠᠬᠤ ᠎ᠶᠢ ᠥᠪᠡᠷ ᠎ᠦᠨ ᠦᠨᠳᠦᠰᠦᠨ ᠡᠭᠦᠷᠭᠡ ᠬᠠᠷᠢᠭᠤᠴᠠᠯᠭ᠎ᠠ ᠎ᠪᠠᠨ ᠪᠣᠯᠭᠠᠬᠤ ᠬᠡᠷᠡᠭᠲᠡᠢ᠃

ᠶᠠᠫᠤᠨ᠎ᠤ ᠬᠠᠮᠲᠤᠷᠠᠭᠰᠠᠨ ᠮᠡᠳᠡᠭᠡᠯᠡᠯ ᠎ᠦᠨ ᠬᠣᠷᠢᠶᠠᠨ᠎ᠤ ᠰᠤᠷᠪᠤᠯᠵᠢᠯᠠᠭ᠍ᠴᠢ᠄ ᠳᠤᠮᠳᠠᠳᠤ ᠤᠯᠤᠰ ᠎ᠤᠨ ᠵᠠᠰᠠᠭ ᠎ᠤᠨ ᠣᠷᠳᠣᠨ ᠬᠠᠮᠲᠤ ᠎ᠪᠠᠷ ᠪᠠᠶᠠᠵᠢᠬᠤ ᠬᠠᠷᠠᠯᠲᠠ ᠵᠦᠭ  ᠶᠠᠭ ᠰᠠᠶ᠍ᠢᠬᠠᠨ ᠤᠷᠤᠭᠰᠢᠯᠠᠵᠤ ᠪᠠᠢᠨ᠎ᠠ ᠭᠡᠵᠦ ᠢᠯᠡᠷᠬᠡᠢᠯᠡᠭᠰᠡᠨ ᠪᠥᠭᠡᠳ ᠬᠦᠷᠣᠩᠭᠡ ᠎ᠶᠢᠨ ᠡᠮᠬᠢ ᠵᠠᠮᠪᠠᠷᠠᠭ᠎ᠠ ᠦᠬᠡᠢ ᠦᠷᠬᠡᠳᠬᠦ ᠵᠢ ᠰᠡᠷᠭᠡᠢᠯᠡᠬᠦ ᠎ᠶᠢᠨ ᠲᠥᠯᠥᠭᠡ 《ᠤᠯᠠᠭᠠᠨ ᠨᠣᠭᠣᠭᠠᠨ ᠳ᠋ᠧᠩ》 ᠭᠠᠷᠭᠠᠬᠤ ᠬᠡᠷᠡᠭᠳᠡᠢ ᠭᠡᠵᠦ ᠳᠤᠷᠠᠳᠴᠤ᠂ ᠤᠨᠴᠠᠭᠠᠢᠯᠠᠨ ᠢᠨᠲᠧᠷ ᠰᠦᠯᠵᠢᠶᠡᠨ᠎ᠦ ᠠᠵᠤ ᠠᠬᠤᠢᠯᠠᠯ᠎ᠤᠨ ᠬᠢᠨᠠᠯᠲᠠ ᠬᠠᠮᠢᠶᠠᠷᠤᠯᠲᠠ᠎ᠶᠢ ᠴᠢᠩᠭᠠᠣᠠᠬᠠᠪᠠ᠃ ᠭᠡᠪᠡᠴᠦ ᠬᠠᠮᠲᠤ᠎ᠪᠠᠷ  ᠪᠠᠶᠠᠵᠢᠬᠤ ᠬᠠᠷᠠᠯᠲᠠ ᠎ᠠᠴᠠ ᠪᠣᠯᠣᠭᠠᠳ ᠳᠤᠮᠳᠠᠳᠤ ᠤᠯᠤᠰ ᠎ᠤᠨ ᠵᠠᠰᠠᠭ ᠎ᠤᠨ ᠣᠷᠳᠣᠨ ᠠᠵᠤ ᠠᠬᠤᠢᠯᠠᠯ ᠎ᠤᠨ ᠠᠵᠢᠯᠯᠠᠭ᠎ᠠ ᠎ᠶᠢᠨ ᠬᠢᠵᠠᠭᠠᠷᠯᠠᠯ ᠎ᠵᠢᠡᠨ ᠤᠯᠠᠮ ᠴᠢᠩᠭᠠᠳᠬᠠᠬᠤ ᠡᠰᠡᠬᠦ ᠲᠤᠬᠠᠢ ᠭᠠᠳᠠᠭᠠᠳᠤ ᠎ᠶᠢᠨ ᠬᠥᠷᠥᠩᠭᠡᠳᠡᠳ ᠰᠠᠨᠠᠭᠠᠰᠢᠷᠠᠵᠤ ᠪᠠᠢᠨ᠎ᠠ᠃ ᠡᠨᠡ ᠲᠤᠬᠠᠢ ᠳᠤᠮᠳᠠᠳᠤ ᠤᠯᠤᠰ᠎ᠬᠡᠷᠬᠢᠨ ᠦᠵᠡᠵᠦ  ᠪᠠᠢᠭ᠎ᠠ ᠪᠤᠢ?  ᠪᠡᠯᠡ ᠣᠷᠣᠭᠤᠯᠤᠭ᠍ᠴᠢ᠎ᠶᠢᠨ ᠰᠠᠨᠠᠭᠠᠰᠢᠷᠠᠯ᠎ᠢ ᠪᠠᠭᠤᠷᠠᠭᠤᠯᠵᠤ ᠴᠢᠳᠠᠨ᠎ᠠ᠎ᠤᠤ?

ᠯᠢ ᠺᠧ ᠴᠢᠶᠠᠩ ᠄  ᠪᠢᠳᠡ ᠬᠠᠮᠲᠤ᠎ᠪᠠᠷ ᠪᠠᠶᠠᠵᠢᠨ᠎ᠠ ᠭᠡᠵᠦ ᠪᠠᠢᠭ᠎ᠠ  ᠨᠢ ᠬᠠᠮᠲᠤ᠎ᠪᠠᠷ ᠲᠡᠮᠡᠴᠡᠨ᠎ᠡ ᠭᠡᠰᠡᠨ ᠦᠭᠡ ᠶᠤᠮ ᠃ ᠭᠠᠳᠠᠭᠠᠳᠤ ᠎ᠲᠠᠢ ᠴᠢᠯᠦᠭᠡᠲᠡᠢ ᠶᠠᠪᠤᠯᠴᠠᠬᠤ ᠲᠦᠷᠦ  ᠵᠢᠨ ᠪᠣᠳᠣᠯᠭ᠎ᠠ ᠎ᠶᠢ ᠳᠤᠮᠳᠠᠳᠤ ᠤᠯᠤᠰ ᠬᠤᠪᠢᠷᠠᠭᠤᠯᠤᠭᠰᠠᠨ ᠦᠬᠡᠢ ᠪᠥᠭᠡᠳ ᠬᠤᠪᠢᠷᠠᠭᠤᠯᠬᠤ ᠴᠤ᠌ ᠦᠬᠡᠢ ᠶᠤᠮ᠂ ᠬᠤᠪᠢᠷᠠᠭᠤᠯᠤᠭᠰᠠᠨ ᠴᠸ᠋ ᠵᠥᠪᠬᠡᠨ ᠨᠡᠭᠡᠭᠡᠯᠲᠡ᠎ᠶᠢ ᠥᠷᠭᠡᠳᠬᠡᠬᠦ᠎ᠳᠦ ᠠᠰᠢᠭ᠍ᠲᠠᠢ᠂ ᠪᠡᠯᠡ ᠣᠷᠣᠭᠤᠯᠤᠯᠲᠠ ᠎ᠶᠢᠨ ᠠᠷᠠᠯᠵᠢᠶ᠎ᠠ ᠳ᠋ᠤ ᠠᠰᠢᠭ᠍ᠲᠠᠢ ᠳᠡᠢᠰᠢ ᠬᠥᠭᠵᠢᠬᠦᠯᠦᠨ᠎ᠡ  ᠭᠡᠵᠦ ᠮᠠᠨ ᠎ᠤ  ᠭᠠᠳᠠᠭᠠᠳᠤ ᠎ᠠᠷᠠᠯᠵᠢᠶᠠᠴᠢᠨ ᠎ᠤ  ᠪᠡᠯᠡ ᠣᠷᠣᠭᠤᠯᠤᠯᠲᠠ ᠎ᠶᠢᠨ ᠬᠠᠤᠯᠢ ᠎ᠳᠤ ᠲᠤᠳᠤᠷᠬᠠᠢ ᠲᠤᠭᠳᠠᠭᠠᠭᠰᠠᠨ ᠶᠤᠮ᠃

ᠭᠠᠳᠠᠭᠠᠳᠤ ᠎ᠶᠢᠨ ᠠᠷᠠᠯᠵᠢᠶᠠᠴᠢᠨ ᠳᠤᠮᠳᠠᠳᠤ ᠤᠯᠤᠰ ᠎ᠲᠤ ᠢᠷᠡᠵᠦ ᠥᠪᠡᠷ ᠎ᠢ᠎ᠪᠡᠨ ᠬᠥᠭᠵᠢᠭᠦᠯᠦᠭᠰᠡᠨ᠎ᠵᠢᠡᠷ ᠪᠠᠷᠠᠬᠤ ᠦᠭᠡᠢ᠂ ᠪᠢᠳᠡᠠ᠎ᠳᠦ  ᠪᠠᠰᠠ ᠪᠡᠯᠡ ᠣᠷᠣᠭᠤᠯᠤᠯᠲᠠ᠂ ᠪᠣᠷᠤᠯᠠᠭᠤᠯᠭ᠎ᠠ ᠎ᠶᠢᠨ ᠠᠷᠭ᠎ᠠ ᠵᠡᠮ ᠎ᠢ ᠣᠯᠭᠣᠵᠤ᠂ ᠪᠢᠳᠡᠠ ᠎ᠳᠦ ᠬᠡᠷᠡᠭᠴᠡᠭᠡ ᠪᠦᠬᠦᠢ ᠲᠠᠸᠠᠷ ᠎ᠢ ᠠᠪᠴᠢᠷᠠᠵᠤ ᠥᠭᠭᠦᠭᠰᠡᠨ ᠪᠠᠢᠨ᠎ᠠ᠂ ᠡᠨᠡ ᠨᠢ ᠪᠦᠬᠦᠳᠡᠭᠡᠷ ᠲᠸ᠋ ᠠᠰᠢᠭ᠍ᠲᠠᠢ ᠪᠠᠢᠲᠠᠯ᠎ᠠ ᠪᠢᠳᠠ ᠶᠠᠭᠤᠨ᠎ᠳᠤ ᠬᠢᠵᠠᠭᠠᠷᠯᠠᠬᠤ ᠪᠤᠢ? ᠰᠠᠶᠢᠬᠠᠨ ᠪᠢ 《ᠪᠠᠭᠤᠯᠭᠠᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠎ᠶᠢ ᠶᠠᠷᠢᠭ᠍ᠰᠠᠨ ᠨᠢ ᠳᠠᠷᠤᠢ ᠵᠠᠰᠠᠭ᠎ᠢ ᠴᠣᠮᠬᠠᠳᠬᠠᠨ ᠡᠷᠬᠡ ᠎ᠶᠢ ᠳᠣᠷᠣᠭ᠍ᠰᠢ ᠪᠠᠭᠤᠯᠭᠠᠬᠤ᠂ ᠪᠠᠭᠤᠯᠭᠠᠬᠤ ᠬᠠᠮᠢᠶᠠᠷᠬᠤ᠎ᠶᠢ ᠤᠶᠠᠯᠳᠤᠭᠤᠯᠬᠤ᠂ ᠦᠢᠯᠡᠴᠢᠯᠡᠭᠡ᠎ᠶᠢ ᠰᠢᠯᠢᠳᠡᠭᠵᠢᠭᠦᠯᠬᠦ᠂ ᠭᠠᠭᠴᠠᠭᠠᠷ ᠡᠵᠡᠮᠰᠢᠬᠦ ᠪᠠ ᠵᠦᠢ ᠪᠤᠰᠤ ᠥᠷᠢᠰᠦᠯᠳᠦᠭᠡᠨ ᠎ᠢ ᠡᠰᠡᠷᠭᠦᠴᠡᠬᠦ᠂ ᠬᠥᠷᠥᠩᠭᠡ ᠎ᠶᠢᠨ ᠡᠮᠬᠢ ᠵᠢᠷᠤᠮ ᠦᠬᠡᠢ᠎ᠪᠡᠷ ᠥᠷᠭᠡᠳᠬᠦ ᠎ᠶᠢ ᠰᠡᠷᠭᠡᠢᠯᠡᠬᠦ᠎ᠶᠢ ᠴᠢᠬᠤᠯᠠᠴᠢᠯᠠᠭᠰᠠᠨ ᠶᠤᠮ᠂ ᠡᠭᠦᠨ ᠎ᠦ ᠵᠣᠷᠢᠯᠭ᠎ᠠ ᠨᠢ ᠬᠠᠰᠢᠯᠠ ᠬᠠᠤᠯᠢ ᠶᠣᠰᠣᠭᠠᠷ ᠡᠵᠡᠩᠨᠡᠵᠦ ᠪᠠᠢᠭ᠎ᠠ ᠠᠵᠤ ᠠᠬᠤᠢᠯᠠᠯ ᠎ᠳᠤ ᠲᠦᠰᠢᠭ ᠲᠤᠯᠭᠠᠭᠤᠷᠢ ᠪᠣᠯᠵᠤ᠂ ᠡᠯ᠎ᠡ ᠲᠦᠷᠦᠯ ᠎ᠦᠨ ᠥᠮᠴᠢᠯᠡᠯ᠎ᠦᠨ ᠠᠵᠤ ᠠᠬᠤᠢᠯᠠᠯ᠂ ᠳᠣᠲᠣᠭᠠᠳᠤ ᠭᠠᠳᠠᠭᠠᠳᠤ ᠪᠡᠯᠡ ᠎ᠶᠢᠨ ᠠᠵᠤ ᠠᠬᠤᠢᠯᠠᠯ ᠪᠦᠬᠦᠠ᠎ᠢᠶᠡᠷ᠎ᠢᠶᠡᠨ ᠡᠷᠬᠡ ᠲᠡᠭᠰᠢ ᠎ᠪᠡᠷ ᠬᠥᠭᠵᠢᠬᠦ᠂ ᠡᠷᠬᠡ ᠲᠡᠭᠰᠢ ᠎ᠪᠡᠷ ᠥᠷᠢᠰᠦᠯᠳᠦᠬᠦ ᠎ᠶᠢ ᠦᠨᠡᠨ  ᠬᠦ᠌ ᠪᠠᠲᠤᠯᠠᠬᠤ ᠎ᠶᠢᠨ ᠲᠥᠯᠥᠭᠡ  ᠶᠤᠮ᠃ ᠬᠡᠯᠡᠯᠭᠡᠨ ᠦᠭᠡᠢ᠂ ᠠᠵᠤ ᠠᠬᠤᠢᠯᠠᠯ ᠎ᠤᠨ ᠬᠥᠭᠵᠢᠯᠲᠡ ᠎ᠶᠢᠨ ᠶᠠᠪᠤᠴᠠ᠎ᠳᠠᠭᠠᠨ ᠴᠥᠮ ᠵᠢᠷᠤᠮᠵᠢᠯ᠎ᠲᠠᠢ᠂ ᠡᠷᠡᠭᠦᠯ ᠪᠠᠢᠬᠤ ᠎ᠶᠢ ᠬᠦᠰᠡᠵᠦ ᠪᠠᠢᠨ᠎ᠠ᠃

ᠳᠤᠮᠳᠠᠳᠤ ᠤᠯᠤᠰ ᠳᠡᠩᠳᠡᠭᠦᠦ ᠶᠡᠬᠡ᠂ ᠴᠢ ᠬᠡᠷᠪᠡ ᠤᠨᠴᠠᠭᠠᠢ ᠬᠡᠷᠡᠭ᠎ᠢ ᠡᠷᠢᠬᠦ᠎ᠳᠤ ᠬᠦᠷᠪᠠᠯ ᠡᠷᠢᠵᠦ ᠤᠯᠵᠤ ᠳᠡᠢᠯᠦᠨ᠎ᠡ᠃ ᠭᠡᠪᠡᠴᠦ ᠶᠡᠷᠦᠩᠬᠡᠢ ᠳ᠋ᠦ᠍ᠨᠢ ᠠᠪᠴᠤ ᠦᠵᠡᠪᠡᠯ᠂ ᠳᠤᠮᠳᠠᠳᠤ ᠤᠯᠤᠰ᠎ᠤᠨ ᠠᠵᠤ ᠠᠬᠤᠢ ᠨᠢᠭᠡᠨᠲᠡ ᠳᠡᠯᠡᠬᠡᠢ ᠳ᠋ᠠᠬᠢᠨ᠎ᠲᠠᠢ ᠭᠦᠨᠵᠡᠭᠡᠢ ᠠᠭᠤᠰᠤᠯᠴᠠᠵᠠᠢ᠃ ᠳᠤᠮᠳᠠᠳᠤ ᠤᠯᠤᠰ᠎ᠤᠨ ᠡᠳ᠋ ᠪᠠᠷᠠᠭᠠᠨ᠎ᠤ ᠭᠠᠳᠠᠭᠠᠳᠤ ᠎ᠡᠴᠡ ᠤᠷᠤᠭᠤᠯᠵᠤ ᠭᠠᠳᠠᠭᠠᠳᠤ᠎ᠳ᠋ᠤ ᠭᠠᠷᠭᠠᠬᠤ ᠶᠡᠷᠦᠩᠬᠡᠢ ᠬᠡᠮᠵᠢᠶ᠎ᠡ ᠵᠢᠨ GDP᠎ᠳ᠋ᠡᠬᠢ ᠡᠵᠡᠯᠡᠬᠦ ᠬᠠᠷᠢᠴᠠᠯ ᠨᠢᠭᠡᠨᠲᠡ ᠭᠤᠷᠪᠠᠨ ᠎ᠤ ᠨᠢᠭᠡ ᠬᠤᠪᠢ ᠎ᠶᠢ ᠳᠠᠪᠠᠵᠤ᠂ ᠭᠠᠳᠠᠭᠠᠳᠤ᠎ᠡᠴᠡ ᠤᠷᠤᠭᠤᠯᠬᠤ ᠵᠢᠨ ᠠᠵᠤ ᠦᠢᠯᠡᠳᠪᠦᠷᠢ᠎ᠳᠦ ᠦᠵᠡᠭᠦᠯᠬᠦ ᠶᠡᠷᠦᠩᠬᠡᠢ ᠨᠥᠯᠥᠭᠡ 70% ᠶ᠋ᠢ ᠳᠠᠪᠠᠵᠤ᠂ ᠪᠢᠳᠡ 10 ᠵᠢᠯ ᠳᠠᠷᠠᠭᠠᠯᠠᠨ ᠪᠦᠬᠦ ᠪᠥᠮᠪᠥᠷᠴᠡᠭ᠎ᠦᠨ ᠭᠠᠳᠠᠭᠠᠳᠤ᠎ᠡᠴᠡ ᠤᠷᠤᠭᠤᠯᠬᠤ ᠬᠣᠶᠠᠳᠤᠭᠠᠷ ᠲᠣᠮᠣ᠌ ᠵᠠᠬ᠎ᠠ ᠳᠡᠯᠭᠡᠭᠦᠷ᠎ᠲᠦ ᠲᠣᠭᠲᠠᠪᠤᠷᠢᠵᠢᠭ᠍ᠰᠠᠨ ᠪᠥᠭᠡᠳ 5 ᠵᠢᠯ ᠳᠠᠷᠠᠭᠠᠯᠠᠨ ᠪᠦᠬᠦ ᠪᠥᠮᠪᠥᠷᠴᠡᠭ᠎ᠦᠨ ᠡᠳ᠋ ᠪᠠᠷᠠᠭᠠᠨ ᠎ᠤ ᠠᠷᠠᠯᠵᠢᠶᠠᠨ ᠎ᠤ ᠨᠢᠭᠡᠳᠦᠭᠡᠷ ᠲᠣᠮᠣ᠌ ᠤᠯᠤᠰ ᠪᠣᠯᠤᠭᠰᠠᠨ ᠪᠠᠢᠨ᠎ᠠ᠃ ᠬᠡᠯᠡᠯᠭᠡᠨ ᠦᠭᠡᠢ᠂ ᠶᠡᠷᠦᠩᠬᠡᠢ ᠳ᠋ᠦ᠍ᠨᠢ ᠠᠪᠴᠤ ᠬᠡᠯᠡᠪᠡᠯ ᠪᠢᠳᠡ ᠪᠠᠰᠠ ᠠᠵᠤ ᠦᠢᠯᠡᠰ ᠎ᠦᠨ ᠬᠡᠯᠬᠢᠶ᠎ᠡ ᠎ᠶᠢᠨ ᠳᠤᠮᠳᠠ ᠳᠣᠣᠷ᠎ᠠ ᠲᠡᠰ ᠎ᠠᠴᠠ ᠳᠤᠮᠳᠠ ᠳᠡᠭᠡᠳᠦ ᠲᠡᠰ ᠲᠡᠢᠰᠢ ᠠᠬᠢᠬᠤ ᠶᠠᠪᠤᠴᠠ ᠎ᠳᠤ ᠣᠷᠣᠰᠢᠵᠤ ᠪᠠᠢᠨ᠎ᠠ᠂ ᠭᠡᠪᠡᠴᠦ ᠡᠨᠡ  ᠨᠢ  ᠪᠠᠰᠠ ᠠᠵᠤ ᠦᠢᠯᠡᠰ ᠪᠠ ᠬᠡᠷᠡᠭᠯᠡᠭᠡ ᠴᠥᠮ ᠲᠡᠰ ᠳᠠᠪᠰᠢᠵᠤ᠂ ᠵᠠᠬ᠎ᠠ ᠳᠡᠯᠭᠡᠭᠦᠷ ᠎ᠦᠨ ᠨᠦᠭᠡᠴᠠ ᠬᠦᠴᠦᠨ ᠶᠡᠬᠡ᠂ ᠡᠯ᠎ᠡ ᠲᠦᠷᠦᠯ᠎ᠦᠨ ᠪᠡᠯᠡ ᠣᠷᠣᠭᠤᠯᠤᠯᠲᠠ ᠴᠥᠮ ᠮᠠᠰᠢ ᠶᠡᠬᠡ ᠣᠷᠣᠨ ᠵᠠᠢ᠎ᠲᠠᠢ ᠪᠠᠢᠬᠤ᠎ᠶᠢ ᠬᠠᠷᠠᠭᠤᠯᠵᠤ ᠪᠠᠢᠨ᠎ᠠ᠃

ᠬᠠᠮᠢᠶ᠎ᠠ ᠪᠦᠬᠦᠢ ᠤᠯᠤᠰ ᠪᠢᠳᠡᠨ ᠎ᠲᠠᠢ ᠣᠷᠣᠨ ᠪᠦᠰᠡ ᠎ᠶᠢᠨ ᠪᠦᠬᠦ ᠲᠠᠯ᠎ᠠ ᠎ᠶᠢᠨ ᠠᠵᠤ ᠠᠬᠤᠢ ᠎ᠶᠢᠨ ᠬᠠᠨᠢᠲᠠᠨ᠎ᠤ ᠬᠠᠷᠢᠯᠴᠠᠭ᠎ᠠ ᠎ᠶᠢᠨ ᠵᠦᠪᠳᠡᠯᠴᠡᠭᠡᠷ᠎ᠲᠦ ᠭᠠᠷ ᠎ᠤᠨ ᠦᠰᠦᠭ ᠵᠢᠷᠤᠪᠠ᠂ ᠥᠭᠡᠷ᠎ᠡ ᠎ᠪᠡᠷ ᠬᠡᠯᠡᠪᠡᠯ RCEP ᠶ᠋ᠢ ᠡᠨᠡ ᠵᠢᠯ ᠵᠢᠩᠬᠢᠨᠢ ᠎ᠪᠡᠷ ᠬᠡᠷᠡᠭᠵᠢᠭᠦᠯᠦᠨ᠎ᠡ᠂ ᠡᠭᠦᠨ ᠎ᠢ ᠳᠡᠯᠡᠬᠡᠢ ᠳᠡᠭᠡᠷᠡᠬᠢ ᠬᠠᠮᠤᠭ ᠎ᠤᠨ ᠲᠣᠮᠣ᠌ ᠴᠢᠯᠦᠭᠡᠲᠦ ᠠᠷᠠᠯᠵᠢᠶᠠᠨ ᠎ᠤ ᠣᠷᠣᠨ ᠭᠡᠵᠦ ᠬᠡᠯᠡᠵᠦ ᠪᠣᠯᠣᠨ᠎ᠠ᠃ ᠪᠢᠳᠡ ᠡᠨᠡ ᠬᠦ᠌ ᠠᠵᠠ ᠲᠣᠬᠢᠶᠠᠯ ᠎ᠢ ᠠᠰᠢᠭ᠍ᠯᠠᠨ᠂ ᠴᠢᠯᠦᠭᠡᠲᠦ ᠠᠷᠠᠯᠵᠢᠶ᠎ᠠ᠎ᠶᠢ ᠦᠷᠭᠦᠯᠵᠢᠯᠡᠨ ᠠᠬᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠂ ᠭᠠᠳᠠᠭᠠᠳᠤ᠎ᠶᠢᠨ ᠠᠵᠤ ᠠᠬᠤᠢᠯᠠᠯ᠎ᠳᠤ ᠠᠳᠠᠯᠢᠬᠠᠨ ᠬᠠᠨᠳᠤᠵᠤ᠂ ᠳᠤᠮᠳᠠᠳᠤ ᠤᠯᠤᠰ᠎ᠢ ᠦᠷᠭᠦᠯᠵᠢᠯᠡᠨ ᠪᠦᠬᠦ ᠪᠥᠮᠪᠥᠷᠴᠡᠭ᠎ᠦᠨ ᠭᠠᠳᠠᠭᠠᠳᠤ᠎ᠶᠢᠨ ᠠᠷᠠᠯᠵᠢᠶᠠᠴᠢᠨ᠎ᠤ ᠪᠡᠯᠡ ᠣᠷᠣᠭᠤᠯᠤᠯᠲᠠ᠎ᠶᠢᠨ ᠬᠠᠯᠠᠮᠰᠢᠯ ᠣᠷᠣᠨ ᠪᠣᠯᠭᠠᠨ ᠪᠦᠲᠦᠭᠡᠨ ᠪᠠᠢᠭᠤᠯᠤᠨ᠎ᠠ᠃

ᠳᠡᠯᠡᠬᠡᠢ ᠎ᠶᠢᠨ ᠪᠠᠢᠳᠠᠯ ᠶᠠᠭᠠᠬᠢᠵᠤ ᠬᠤᠪᠢᠷᠠᠭᠰᠠᠨ  ᠴᠤ᠌ ᠳᠤᠮᠳᠠᠳᠤ ᠤᠯᠤᠰ ᠴᠥᠮ ᠭᠤᠢᠪᠢᠰᠢ ᠦᠬᠡᠢ ᠎ᠪᠡᠷ ᠨᠡᠭᠡᠭᠡᠯᠲᠡ ᠎ᠪᠡᠨ ᠥᠷᠭᠡᠳᠬᠡᠨ᠎ᠡ ᠭᠡᠳᠡᠭ ᠎ᠢ ᠪᠢ ᠤᠯᠡᠠ ᠎ᠳᠤ ᠲᠣᠳᠣᠷᠬᠠᠢ ᠬᠡᠯᠡᠵᠦ ᠥᠭᠭᠦᠶ᠎ᠡ᠃ ᠬᠥᠬᠡᠮᠥ᠋ᠷᠡᠨ᠂ ᠬᠠᠳᠦᠠ ᠭᠣᠣᠯ ᠭᠡᠳᠡᠷᠬᠦ ᠤᠷᠤᠰᠬᠤ ᠦᠬᠡᠢ ᠶᠤᠮ᠃ ᠳᠤᠮᠳᠠᠳᠤ ᠤᠯᠤᠰ ᠡᠨᠡ 40 ᠭᠠᠷᠤᠢ ᠵᠢᠯ ᠳ᠋ᠤ ᠶᠡᠷᠦ ᠎ᠡᠴᠡ ᠥᠭᠡᠷᠡᠴᠢᠯᠡᠯᠲᠡ ᠎ᠶᠢᠨ ᠳᠤᠮᠳᠠ ᠤᠷᠤᠭᠰᠢᠯᠠᠵᠤ᠂ ᠨᠡᠭᠡᠭᠡᠯᠲᠡ ᠎ᠶᠢᠨ ᠳᠤᠮᠳᠠ ᠬᠥᠭᠵᠢᠭᠰᠡᠭᠡᠷ ᠢᠷᠡᠵᠡᠢ᠃ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠥᠷᠭᠡᠳᠬᠡᠬᠦ ᠎ᠳᠦ ᠠᠰᠢᠭ᠍ᠲᠠᠢ ᠯᠠ ᠶᠤᠮ ᠪᠣᠯ ᠪᠢᠳᠡ ᠲᠤᠷᠠᠳᠠᠶ᠎ᠠ ᠢᠳᠡᠪᠬᠢᠲᠡᠢ ᠬᠢᠬᠦ ᠪᠥᠭᠡᠳ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠮᠵᠢ ᠵᠢ ᠡᠷᠡᠰ᠎ᠢᠶᠡᠷ ᠬᠠᠮᠠᠭᠠᠯᠠᠨ᠎ᠠ᠂ ᠡᠨᠡ ᠨᠢ ᠮᠥᠨ  ᠴᠦ᠍ ᠮᠠᠨ ᠎ᠤ ᠲᠤᠰ ᠪᠡᠶ᠎ᠡ ᠎ᠶᠢᠨ ᠬᠥᠭᠵᠢᠯᠲᠡ ᠎ᠶᠢᠨ ᠬᠡᠷᠡᠭᠴᠡᠭᠡ ᠶᠤᠮ᠃

ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠭᠡᠳ 40 ᠭᠠᠷᠤᠢ ᠵᠢᠯ ᠪᠣᠯᠪᠠ᠂ ᠥᠪᠡᠷ᠎ᠢ ᠎ᠪᠡᠨ ᠬᠥᠭᠵᠢᠭᠦᠯᠵᠦ᠂ ᠠᠷᠠᠳ ᠲᠦᠮᠡᠨ ᠎ᠳᠦ  ᠪᠤᠶᠠᠨ ᠦᠢᠯᠡᠳᠴᠦ᠂ ᠳᠡᠯᠡᠬᠡᠢ ᠳ᠋ᠠᠬᠢᠨ ᠎ᠳᠤ  ᠴᠤ᠌ ᠠᠰᠢᠭ ᠬᠦᠷᠳᠡᠭᠡᠪᠡ᠃ ᠡᠨᠡ ᠪᠣᠯ ᠠᠵᠠ ᠲᠣᠬᠢᠶᠠᠯ ᠎ᠤᠨ ᠲᠣᠮᠣ᠌ ᠡᠭᠦᠳᠡ ᠮᠥᠨ᠂ ᠪᠢᠳᠡ ᠲᠡᠭᠦᠨ᠎ᠢ ᠶᠠᠭᠠᠬᠢᠭ᠍ᠰᠠᠨ ᠴᠤ᠌ ᠬᠠᠭᠠᠬᠤ ᠦᠭᠡᠢ ᠂ ᠪᠠᠰᠠ ᠶᠠᠭᠠᠬᠢᠭ᠍ᠰᠠᠨ ᠴᠤ᠌ ᠬᠠᠭᠠᠵᠤ ᠪᠣᠯᠬᠤ ᠦᠭᠡᠢ ᠶᠤᠮ᠃

ᠰᠣᠷᠪᠣᠯᠵᠢᠯᠠᠭ᠍ᠴᠢᠳ᠎ᠤᠨ ᠬᠤᠷᠠᠯ ᠨᠢ ᠰᠦᠯᠵᠢᠶᠡᠨ᠎ᠦ ᠸᠢᠳᠢᠣ᠋ ᠬᠡᠯᠪᠡᠷᠢ᠎ᠪᠡᠷ ᠶᠠᠪᠤᠭᠳᠠᠵᠤ᠂ ᠭᠣᠣᠯ ᠬᠤᠷᠠᠯ ᠎ᠤᠨ ᠲᠠᠯᠠᠪᠠᠶ᠎ᠶᠢ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠭᠤᠷᠪᠠᠳᠤᠭᠠᠷ ᠳᠠᠪᠬᠤᠷᠯᠢᠭ᠋᠎ᠤᠨ ᠠᠯᠲᠠᠨ ᠲᠢᠩᠬᠢᠮ᠎ᠳᠦ ᠪᠠᠢᠷᠢᠯᠠᠭᠤᠯᠵᠤ᠂ ᠬᠤᠪᠢᠶᠠᠷᠢ ᠬᠤᠷᠠᠯ᠎ᠤᠨ ᠲᠠᠯᠠᠪᠠᠶ᠎ᠶᠢ ᠮᠧᠶ ᠳᠢ ᠶᠠ ᠬᠣᠶᠠᠷ ᠬᠤᠷᠠᠯ ᠎ᠤᠨ ᠰᠣᠨᠢᠨ ᠮᠡᠳᠡᠭᠡᠨ ᠎ᠦ ᠲᠥᠪ ᠎ᠲᠦ ᠲᠣᠬᠢᠷᠠᠭᠤᠯᠪᠠ᠃ ᠰᠣᠷᠪᠣᠯᠵᠢᠯᠠᠭ᠍ᠴᠢᠳ ᠎ᠤᠨ ᠬᠤᠷᠠᠯ ᠪᠠᠷᠤᠭ 130 ᠮᠢᠨᠦ᠋ᠲ ᠶᠠᠪᠤᠭᠳᠠᠵᠠᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号