(2022 ᠣᠨ᠎ᠤ 3 ᠰᠠᠷ᠎ᠠ᠎ᠶ᠋ᠢᠨ 11᠎ᠤ᠋ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠴᠨ ᠪᠠᠳᠤᠯᠠᠪᠠ)
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠢ᠋ ᠰᠤᠨᠤᠰᠤᠭᠰᠠᠨ ᠪᠦᠭᠡᠳ ᠬᠢᠨᠠᠨ ᠵᠦᠪᠯᠡᠵᠠᠢ᠃ ᠬᠤᠷᠠᠯ᠎ᠡᠴᠡ ᠬᠦᠰᠢᠶ᠎ᠠ ᠲᠡᠮᠳᠡᠭ᠎ᠤᠨ ᠠᠴᠢ ᠬᠤᠯᠪᠤᠭᠳᠠᠯ ᠲᠠᠢ 2021 ᠣᠨ ᠳ᠋ᠦ ᠤᠯᠤᠰ᠎ᠤᠨ ᠬᠥᠭ᠌ᠵᠢᠯᠲᠡ᠎ᠳᠦ ᠣᠯᠤᠭ᠍ᠰᠠᠨ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠠ᠎ᠪᠡᠷ ᠦᠨᠡᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2022 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ᠂ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠠ ᠪᠣᠯᠤᠨ ᠠᠵᠢᠯ᠎ᠤᠨ ᠪᠠᠢᠷᠢᠯᠠᠭᠤᠯᠤᠯᠲᠠ᠎ᠶ᠋ᠢ ᠵᠥᠪᠱᠢᠶᠡᠷᠡᠵᠦ᠍᠂ ᠡᠨᠡ ᠬᠦ᠌ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠡᠴᠡ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠭᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ ᠬᠣᠶᠠᠷ ᠶᠡᠬᠡ ᠲᠠᠯ᠎ᠠ ᠵᠢ ᠨᠢᠭᠡᠳᠦᠯᠲᠡᠶ ᠲᠥᠯᠥᠪᠵᠢᠭᠦᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ ᠪᠠᠷ ᠲᠤᠭᠤᠰᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌᠎ᠪᠡᠷ ᠬᠦᠳᠡᠯᠭᠡᠭᠦᠷ ᠪᠤᠯᠭᠠᠬᠤ ᠬᠦᠭᠵᠢᠯᠳᠡ ᠵᠢ ᠪᠠᠷᠢᠮᠳᠠᠯᠠᠵᠤ ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠪᠡᠷ ᠭᠣᠣᠯ ᠰᠢᠵᠢᠮ ᠪᠣᠯᠭᠠᠬᠤ᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠦᠨ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》ᠠᠵᠢᠯ᠎ᠢ ᠦᠷᠭᠦᠯᠵᠢᠯᠡᠨ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》ᠡᠭᠦᠷᠭᠡ᠎ᠶ᠋ᠢ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠡᠷᠭᠢᠯᠳᠡ ᠵᠢ ᠵᠣᠬᠢᠰᠲᠠᠶ ᠬᠡᠪᠴᠢᠶᠠᠨ᠎ᠳᠤ ᠪᠠᠢᠯᠭᠠᠵᠤ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠤ ᠂ ᠡᠷᠡᠮᠡᠬᠡᠢᠯᠡᠨ ᠲᠡᠮᠡᠴᠡᠵᠤ᠂ ᠭᠠᠪᠰᠢᠭᠠᠢᠯᠠᠨ ᠤᠷᠤᠭᠰᠢᠯᠠᠵᠤ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠵᠠᠭᠠᠶᠠ ᠭᠡᠵᠤ ᠤᠷᠢᠶᠠᠯᠠᠵᠠᠢ᠃
(ᠱᠢᠨᠬᠤᠸᠠ ᠬᠣᠷᠢᠶᠠᠨ ᠤ᠋ ᠪᠡᠭᠡᠵᠢᠩ ᠤ᠋ᠨ 3 ᠰᠠᠷ᠎ᠠ ᠶ᠋ᠢᠨ 11 ᠤ᠋ ᠴᠠᠬᠢᠯᠭᠠᠨ ᠮᠡᠳᠡᠭᠡ)