ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ᠎ᠠᠴᠠ ᠬᠤᠷᠢᠶᠠᠨ ᠳᠠᠷᠤᠭ᠎ᠠ ᠯᠢ ᠵᠠᠨ ᠱᠤ᠌ ᠶ᠋ᠢᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ᠎ᠶ᠋ᠢᠨ ᠬᠣᠷᠢᠶᠠᠨ ᠤ᠋ ᠨᠠᠢᠳᠠᠯᠭ᠎ᠠ᠎ᠪᠠᠷ ᠬᠢᠭ᠌ᠰᠡᠨ ᠠᠵᠢᠯ ᠤ᠋ᠨ ᠮᠡᠳᠡᠬᠦᠯᠦᠯᠳᠡ ᠢ᠋ᠢ ᠰᠤᠨᠤᠰᠤᠭᠰᠠᠨ ᠪᠦᠭᠡᠳ ᠬᠢᠨᠡᠨ ᠵᠦᠪᠯᠡᠪᠡ᠃ ᠬᠤᠷᠠᠯ ᠡᠴᠡ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ᠎ᠶ᠋ᠢᠨ ᠬᠣᠷᠢᠶᠠᠨ ᠤ᠋ ᠥᠩᠭᠡᠷᠡᠭ᠌ᠰᠡᠨ ᠨᠢᠭᠡ ᠵᠢᠯ ᠤ᠋ᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ ᠤ᠋ᠨ ᠭᠣᠣᠯ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠡ ᠢ᠋ᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠠᠴᠠ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ᠎ᠶ᠋ᠢᠨ ᠬᠣᠷᠢᠶ᠎ᠠ ᠨᠢ ᠰᠢ ᠵᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠠᠢᠬᠡᠮ ᠵᠢᠷᠦᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤ᠋ᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ᠋ ᠲᠦᠪ ᠬᠤᠷᠢᠶᠠᠨ ᠤ᠋ ᠤᠳᠠᠭ᠎ᠠ ᠪᠦᠷᠢ᠎ᠶ᠋ᠢᠨ ᠪᠦᠭᠦᠳᠡ ᠬᠤᠷᠠᠯ ᠤ᠋ᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠬᠣᠶᠠᠷ᠎ᠢ ᠲᠣᠭ᠍ᠲᠠᠭᠠᠬᠤ》 ᠶ᠋ᠢᠨ ᠱᠢᠶ᠋ᠳᠪᠦᠷᠢᠯᠡᠭ᠌ᠴᠢ ᠴᠢᠨᠠᠷᠳᠡᠢ ᠠᠴᠢ ᠬᠣᠯᠪᠣᠭ᠍ᠳᠠᠯ᠎ᠢ ᠭᠦᠨᠵᠡᠭᠡᠶ ᠤᠢᠯᠠᠭᠠᠵᠤ᠂ 《ᠳᠥᠷᠪᠡᠨ ᠤᠬᠠᠮᠰᠠᠷ》᠎ᠢ᠋ᠢᠡᠨ ᠴᠢᠨᠭᠭᠠᠳᠬᠠᠨ᠂ 《ᠳᠥᠷᠪᠡᠨ ᠢᠲᠡᠭᠡᠯ》 ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠨᠠᠮ ᠤ᠋ᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ ᠂ ᠬᠠᠤᠯᠢ ᠪᠡᠷ ᠤᠯᠤᠰ᠎ᠢᠶᠠᠨ ᠵᠠᠰᠠᠬᠤᠢ᠋ᠢᠨ ᠣᠷᠭᠠᠨᠢᠭᠨᠢᠬᠡᠳᠤᠯ ᠢ᠋ ᠪᠠᠷᠢᠮᠲᠠᠯᠠᠵᠤ᠂ ᠲᠥᠪ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠠᠵᠢᠯ ᠤ᠋ᠨ ᠬᠤᠷᠠᠯ ᠤ᠋ᠨ ᠪᠠᠢᠷᠢᠯᠠᠭᠤᠯᠤᠯᠲᠠ ᠱᠠᠭᠠᠷᠳᠠᠯᠭ᠎ᠠ ᠢ᠋ᠢ ᠬᠢᠨᠠᠮᠠᠭᠠᠢ ᠨᠠᠢᠳᠠᠪᠤᠷᠢᠵᠢᠭᠤᠯᠵᠤ᠂ ᠪᠦᠬᠦ᠌ ᠶᠠᠪᠤᠴᠠᠢ᠋ᠢᠨ ᠠᠷᠠᠳᠴᠢᠯᠠᠯ᠎ᠢ ᠬᠦᠭᠵᠢᠬᠦᠯᠬᠦ ᠳᠤᠮᠳᠠᠬᠢ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠴᠢᠬᠤᠯᠠ ᠦᠢᠯᠡᠳᠦᠯ᠎ᠢ ᠪᠠᠳᠠᠷᠠᠭᠤᠯᠵᠤ᠂ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡ ᠲᠠᠯ᠎ᠠ᠎ᠶ᠋ᠢᠨ ᠲᠣᠭᠣᠷᠢᠨ᠎ᠳᠤ ᠬᠠᠤᠯᠢ ᠶᠣᠰᠣᠭᠠᠷ ᠡᠷᠬᠡ ᠲᠤᠰᠢᠶᠠᠯ ᠢ᠋ᠢᠡᠨ ᠬᠡᠷᠡᠭᠵᠢᠬᠦᠯᠵᠤ᠂ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠨᠳᠦᠰᠦᠨ ᠬᠠᠤᠯᠢ᠎ᠶ᠋ᠢᠨ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠵᠤ᠂ ᠤᠯᠤᠰ ᠤ᠋ᠨ ᠵᠠᠰᠠᠯᠲᠠ᠎ᠶ᠋ᠢᠨ ᠪᠠᠴᠢᠮ ᠬᠡᠷᠡᠭ᠌ᠴᠡᠭᠡ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ ᠤ᠋ᠨ ᠬᠡᠷᠡᠭ᠌ᠴᠡᠭᠡ᠎ᠶ᠋ᠢ ᠬᠠᠩᠭᠠᠬᠤ᠎ᠳᠤ ᠡᠷᠬᠡᠪᠰᠢ ᠱᠠᠭᠠᠷᠳᠠᠭ᠍ᠳᠠᠬᠤ ᠬᠠᠤᠯᠢ ᠴᠠᠭᠠᠵᠠ᠎ᠶ᠋ᠢᠨ ᠳᠦᠷᠢᠮ᠎ᠢ ᠲᠡᠬᠦᠯᠳᠡᠷᠵᠢᠬᠦᠯᠵᠤ᠂ ᠬᠢᠨᠠᠯᠲᠠ ᠲᠠᠯᠪᠢᠬᠤ ᠠᠵᠢᠯ ᠤ᠋ᠨ ᠬᠠᠨᠳᠤᠯᠭᠠᠲᠤ ᠴᠢᠨᠠᠷ᠂ ᠪᠤᠳᠠᠳᠤ ᠦᠷ᠎ᠠ ᠪᠦᠳᠦᠮᠵᠢᠳᠤ ᠴᠢᠨᠠᠷ᠎ᠢ ᠴᠢᠩᠭᠠᠳᠭᠠᠵᠤ ᠂ ᠠᠷᠠᠳ ᠤ᠋ᠨ ᠲᠥᠯᠥᠭᠡᠯᠡᠭ᠌ᠴᠢᠳ ᠤ᠋ᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠭᠠᠳᠠᠭᠠᠳᠤ ᠲᠠᠢ ᠬᠠᠷᠢᠯᠴᠠᠬᠤ ᠠᠵᠢᠯ᠎ᠢ ᠰᠠᠢᠲᠤᠷ ᠬᠦᠢᠴᠡᠳᠭᠡᠵᠤ᠂ 《ᠲᠦᠷᠪᠡᠨ ᠪᠠᠢᠭᠤᠯᠭ᠎ᠠ》 ᠵᠢᠨ ᠪᠠᠢᠷᠢ ᠲᠣᠭ᠍ᠲᠠᠭᠠᠯᠲᠠ᠎ᠶ᠋ᠢᠨ ᠱᠠᠭᠠᠷᠳᠠᠯᠭ᠎ᠠ ᠶᠣᠰᠣᠭᠠᠷ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠵᠢᠯ ᠤ᠋ᠨ ᠶᠠᠰᠤ ᠴᠢᠨᠠᠷ ᠪᠣᠯᠤᠨ ᠲᠦᠪᠱᠢᠨ᠎ᠢ ᠳᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠠᠮᠵᠢᠯᠲᠠ᠎ᠲᠠᠶ ᠬᠤᠷᠠᠯᠳᠤᠬᠤ᠎ᠶ᠋ᠢ ᠤᠭᠳᠤᠬᠤ ᠭᠡᠷᠡᠭᠳᠠᠢ ᠬᠡᠵᠤ ᠱᠠᠭᠠᠷᠳᠠᠪᠠ᠃
(ᠱᠢᠨᠬᠤᠸᠠ ᠬᠣᠷᠢᠶᠠᠨ ᠤ᠋ ᠪᠡᠭᠡᠵᠢᠨᠭ ᠤ᠋ᠨ 3 ᠰᠠᠷ᠎ᠠ ᠢ᠋ᠢᠨ 11 ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号