ᠠᠷᠪᠠᠨᠭᠤᠷᠪᠠᠳᠤᠭᠠᠷᠬᠤᠭᠤᠴᠠᠭᠠᠨᠤᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠠᠴᠠ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ ᠵᠧᠦ ᠴᠢᠶᠠᠩ᠎ᠤᠨ ᠬᠢᠭᠰᠡᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠪᠡ᠃ ᠬᠤᠷᠠᠯ᠎ᠠᠴᠠ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠥᠩᠭᠡᠷᠡᠭᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠦ ᠳᠤᠷᠠᠳᠤᠭᠰᠠᠨ 2022 ᠣᠨ᠎ᠤ ᠠᠵᠢᠯ᠎ᠤᠨ ᠲᠣᠬᠢᠷᠠᠭᠤᠯᠤᠯᠲᠠ᠎ᠶᠢ ᠵᠥᠪᠰᠢᠶᠡᠷᠡᠵᠦ᠂ ᠡᠨᠡ ᠬᠦ᠌ ᠮᠨᠳᠡᠬᠦᠯᠦᠯᠳᠡ ᠵᠢ ᠵᠥᠪᠰᠢᠶᠡᠷᠡᠬᠦ᠎ᠪᠡᠷ ᠲᠣᠭᠲᠠᠪᠠ᠃
ᠬᠤᠷᠠᠯ᠎ᠠᠴᠠ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠰᠢ᠎ᠶᠢᠨ ᠫᠢᠩ ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠬᠤ》ᠵᠢᠨ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠲᠠᠨᠢᠵᠤ ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠬᠦᠯᠬᠦ᠎ᠶᠢ ᠪᠠᠷᠢᠮᠲᠠᠯᠠᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠤᠬᠠᠮᠰᠠᠷ᠎ᠠᠴᠠ᠎ᠪᠠᠨ ᠦᠢᠯᠡᠳᠦᠯᠬᠡᠵᠢᠬᠦᠯᠵᠦ᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢᠴᠡᠳᠬᠡᠵᠦ᠂ ᠰᠢᠭᠦᠨ ᠲᠠᠰᠤᠯᠬᠤ ᠪᠠᠢᠭᠤᠯᠭ᠎ᠠ᠎ᠶᠢᠨ ᠡᠭᠦᠷᠭᠡ ᠴᠢᠳᠠᠪᠬᠢ᠎ᠶᠢᠨ ᠦᠢᠯᠡᠳᠦᠯ ᠵᠢᠡᠨ ᠭᠦᠢᠴᠡᠳ ᠪᠠᠳᠠᠷᠠᠭᠤᠯᠬᠤ ᠬᠡᠷᠡᠭᠳᠡᠢ᠂ ᠬᠠᠤᠯᠢ ᠴᠠᠭᠠᠵᠠ᠎ᠶᠢᠨ ᠪᠠᠢᠭᠤᠯᠤᠮᠵᠢ ᠵᠢᠨ ᠥᠭᠡᠷᠡᠴᠢᠯᠡᠯᠲᠡ᠎ᠶᠢ ᠬᠦᠨᠵᠡᠬᠡᠢᠷᠡᠬᠦᠯᠵᠦ᠂ ᠣᠶᠤᠨᠴᠢ ᠰᠢᠭᠦᠬᠦ ᠬᠣᠷᠢᠶᠠᠨ᠎ᠤ ᠪᠠᠢᠭᠤᠯᠤᠯᠲᠠ᠎ᠶᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠨᠢᠭᠡ ᠥᠷᠲᠡᠭᠡᠴᠢᠯᠡᠭᠰᠡᠨ ᠮᠠᠶᠢᠭ᠋᠎ᠤᠨ ᠣᠯᠠᠨ ᠡᠰᠢᠲᠦ ᠵᠠᠭᠤᠷᠠᠯᠳᠤᠭᠠᠨ᠎ᠢ ᠰᠢᠢᠳᠪᠦᠷᠢᠯᠡᠬᠦ ᠪᠠ ᠵᠠᠷᠭᠤ᠎ᠶᠢᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠰᠢᠭᠦᠨ ᠲᠠᠰᠤᠯᠤᠯᠲᠠ᠎ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ᠎ᠶᠢ ᠪᠡᠬᠢᠵᠢᠭᠦᠯᠦᠨ ᠳᠡᠭᠡᠭᠰᠢᠯᠡᠭᠦᠯᠬᠦ ᠬᠡᠷᠡᠭᠳᠡᠢ᠂ ᠤᠯᠤᠰ ᠲᠦᠷᠦ ᠬᠠᠤᠯᠢ ᠴᠠᠭᠠᠵᠠ᠎ᠶᠢᠨ ᠡᠩᠨᠡᠭᠡᠨ᠎ᠦ ᠬᠥᠮᠦᠵᠢᠯ ᠴᠡᠭᠴᠡᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠰᠢᠨ᠎ᠡ ᠴᠠᠭ ᠦᠶ᠎ᠡ᠎ᠶᠢᠨ ᠠᠷᠠᠳ᠎ᠤᠨ ᠰᠢᠭᠦᠬᠦ ᠬᠣᠷᠢᠶᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ᠎ᠢᠶᠠᠷ ᠠᠬᠢᠭᠤᠯᠵᠤ᠂ ᠤᠯᠤᠰ᠎ᠤᠨ ᠠᠮᠤᠷ ᠲᠦᠪᠰᠢᠨ᠂ ᠨᠡᠢᠭᠡᠮ᠎ᠦᠨ ᠠᠮᠤᠷ ᠲᠣᠭᠲᠠᠭᠤᠨ᠂ ᠠᠷᠠᠳ ᠲᠦᠮᠡᠨ᠎ᠦ ᠠᠮᠤᠷ ᠲᠣᠭᠲᠠᠭᠤᠨ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠬᠡᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠠᠶ᠋ᠢᠭᠤᠯᠬᠤ᠎ᠶᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠬᠤ ᠬᠡᠷᠡᠭᠳᠡᠢ ᠬᠡᠵᠦ ᠱᠠᠭᠠᠷᠳᠠᠪᠠ᠃
(ᠰᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ ᠵᠢᠨ 11 ᠤ᠋ ᠴᠠᠬᠢᠯᠭᠠᠨ ᠮᠡᠳᠡᠬᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号