ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠠᠵᠢᠯ᠎ᠤᠨ ᠮᠡᠳᠡᠬᠦᠯᠦᠯᠳᠡ ᠵᠢᠨ ᠲᠤᠬᠠᠢ ᠰᠢᠢᠳᠪᠦᠷᠢ
2022-03-12 09:13:58
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠠᠴᠠ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ ᠵᠠᠩ ᠵᠢᠶᠦ᠋ᠨ᠎ᠦ ᠬᠢᠭᠰᠡᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠪᠡ᠃ ᠬᠤᠷᠠᠯ᠎ᠠᠴᠠ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠥᠩᠭᠡᠷᠡᠭᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠡ᠎ᠳᠦ ᠳᠤᠷᠠᠳᠤᠭᠰᠠᠨ 2022 ᠣᠨ᠎ᠤ ᠠᠵᠢᠯ᠎ᠤᠨ ᠲᠣᠬᠢᠷᠠᠭᠤᠯᠤᠯᠲᠠ᠎ᠶᠢ ᠵᠥᠪᠰᠢᠶᠡᠷᠡᠵᠦ᠂ ᠡᠨᠡ ᠬᠦ᠌ ᠮᠡᠳᠡᠭᠦᠯᠦᠯᠲᠡ᠎ᠶᠢ ᠵᠥᠪᠰᠢᠶᠡᠷᠡᠬᠦ᠎ᠪᠡᠷ ᠲᠣᠭᠲᠠᠪᠠ᠃

ᠬᠤᠷᠠᠯ᠎ᠠᠴᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ᠎ᠶᠢᠨ ᠫᠢᠩ ᠎ᠤ᠋ᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂《ᠬᠣᠶᠠᠷ᠎ᠢ ᠲᠣᠭᠲᠠᠭᠠᠬᠤ》 ᠵᠢᠨ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ  ᠪᠠᠲᠤᠳᠬᠠᠵᠤ᠂ 《 ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠬᠦᠯᠬᠦ᠎ᠶᠢ ᠪᠠᠷᠢᠮᠲᠠᠯᠠᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠤᠬᠠᠮᠰᠠᠷ᠎ᠠᠴᠠ᠎ᠪᠠᠨ ᠦᠢᠯᠡᠳᠦᠯᠬᠡᠵᠢᠬᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠣᠭᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢᠴᠡᠳᠬᠡᠵᠦ᠂ ᠪᠠᠢᠴᠠᠭᠠᠬᠤ ᠪᠠᠢᠭᠤᠯᠤᠯᠭ᠎ᠠ᠎ᠶᠢᠨ ᠡᠭᠦᠷᠭᠡ ᠴᠢᠳᠠᠪᠤᠷᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ᠎ᠶᠢᠨ ᠪᠠᠢᠭᠤᠯᠤᠮᠵᠢ ᠵᠢᠨ ᠥᠭᠡᠷᠡᠴᠢᠯᠡᠯᠲᠡ᠎ᠶᠢ ᠬᠦᠨᠵᠡᠬᠡᠢᠷᠡᠬᠦᠯᠵᠦ᠂ ᠤᠯᠤᠰ ᠲᠥᠷᠥ᠍᠎ᠶᠢᠨ ᠤᠬᠠᠮᠰᠠᠷ᠂ ᠬᠠᠤᠯᠢᠵᠢᠯ᠎ᠤᠨ ᠤᠬᠠᠮᠰᠠᠷ᠂ ᠪᠠᠢᠴᠠᠭᠠᠬᠤ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠷᠡᠭᠦᠦ᠎ᠶᠢᠨ ᠬᠡᠷᠡᠭ᠂ ᠢᠷᠭᠡᠨ᠎ᠦ ᠬᠡᠷᠡᠭ ᠂ ᠵᠠᠰᠠᠭ ᠵᠠᠬᠢᠷᠭᠠᠨ᠎ᠤ ᠬᠡᠷᠡᠭ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠢᠴᠠᠭᠠᠬᠤ ᠠᠵᠢᠯ᠎ᠤᠨ ᠪᠦᠬᠦ ᠲᠠᠯ᠎ᠠ᠎ᠪᠠᠷ ᠵᠣᠬᠢᠴᠠᠩᠭᠤᠢ ᠭᠦᠢᠴᠡᠳ ᠬᠥᠭᠵᠢᠬᠦ ᠎ᠶᠢ ᠬᠠᠤᠯᠢ ᠶᠣᠰᠣᠭᠠᠷ ᠴᠢᠳᠠᠮᠠᠭᠠᠢ᠎ᠪᠠᠷ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ᠎ᠶᠢᠨ ᠡᠩᠨᠡᠭᠡᠨ᠎ᠦ ᠬᠥᠮᠦᠵᠢᠯ ᠴᠡᠭᠴᠡᠯᠡᠯᠲᠡ᠎ᠶᠢᠨ ᠦᠷ᠎ᠡ ᠪᠦᠲᠦᠭᠡᠯ᠎ᠢ ᠪᠡᠬᠢᠵᠢᠭᠦᠯᠵᠦ᠂ ᠰᠢᠨ᠎ᠡ ᠴᠠᠭ ᠦᠶ᠎ᠡ᠎ᠶᠢᠨ ᠠᠷᠠᠳ᠎ᠤᠨ ᠪᠠᠢᠴᠠᠭᠠᠬᠤ ᠬᠣᠷᠢᠶᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ ᠂ ᠤᠯᠤᠰ᠎ᠤᠨ ᠠᠮᠤᠷ ᠲᠦᠪᠰᠢᠨ᠂ ᠨᠡᠢᠭᠡᠮ᠎ᠦᠨ ᠠᠮᠤᠷ ᠲᠣᠭᠲᠠᠭᠤᠨ᠂ ᠠᠷᠠᠳ ᠲᠦᠮᠡᠨ᠎ᠦ ᠠᠮᠤᠷ ᠲᠣᠭᠲᠠᠭᠤᠨ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠬᠡᠵᠦ ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠳᠤᠮᠳᠠᠳᠤ ᠤᠯᠤᠰ᠂ ᠬᠠᠤᠯᠢᠵᠢᠯ᠎ᠤᠨ ᠳᠤᠮᠳᠠᠳᠤ ᠤᠯᠤᠰ᠎ᠢ ᠪᠠᠶ᠋ᠢᠭᠤᠯᠬᠤ᠎ᠶᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶᠢ ᠤᠭᠲᠤᠬᠤ ᠬᠡᠷᠡᠭᠳᠡᠢ ᠬᠡᠵᠦ ᠱᠠᠭᠠᠷᠳᠠᠪᠠ᠃

(ᠰᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ ᠵᠢᠨ 11᠎ᠤ᠋ ᠴᠠᠬᠢᠯᠭᠠᠨ ᠮᠡᠳᠡᠬᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号