(2022 ᠣᠨ᠎ᠤ 3 ᠰᠠᠷ᠎ᠠ᠎ᠶ᠋ᠢᠨ11᠎ᠤ᠋ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠴᠨ ᠪᠠᠳᠤᠯᠠᠪᠠ)
《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 ᠪᠠ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠣᠩᠭᠣᠭᠤᠯᠢ᠎ᠶ᠋ᠢᠨ ᠬᠠᠤᠯᠢ》᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠣᠷᠣᠨ ᠲᠣᠭ᠎ᠠ ᠪᠠ ᠰᠣᠩᠭᠣᠭᠤᠯᠢ᠎ᠶ᠋ᠢᠨ ᠠᠰᠠᠭᠤᠳᠠᠯ᠎ᠤᠨ ᠲᠤᠬᠠᠶ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠲᠤᠬᠳᠠᠭᠠᠯ ᠨᠢ ᠲᠤᠤᠷᠠᠬᠢ ᠮᠡᠳᠦ᠄
ᠨᠢᠭᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠣᠭ᠎ᠠ᠎ᠶ᠋ᠢ 3000 ᠬᠥᠮᠦᠨ᠎ᠡᠴᠡ ᠬᠡᠲᠦᠷᠡᠭᠦᠯᠬᠦ ᠦᠭᠡᠢ᠃
ᠬᠣᠶᠠᠷ᠂ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠶ᠋ᠢᠨ ᠰᠣᠩᠭᠣᠬᠤ ᠶᠣᠰᠣᠲᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠣᠭ᠎ᠠ ᠨᠢ ᠬᠥᠮᠦᠨ ᠠᠮᠠ᠎ᠶ᠋ᠢᠨ ᠲᠣᠭ᠎ᠠ᠎ᠶ᠋ᠢ ᠦᠨᠳᠦᠰᠦᠯᠡᠨ ᠪᠤᠳᠤᠵᠤ ᠲᠣᠭ᠍ᠲᠠᠭᠠᠭ᠍ᠰᠠᠨ ᠣᠷᠣᠨ ᠲᠣᠭ᠎ᠠ᠂ ᠠᠳᠠᠯᠢ ᠭᠠᠵᠠᠷ ᠣᠷᠣᠨ᠎ᠤ ᠦᠨᠳᠦᠰᠦᠨ ᠣᠷᠣᠨ ᠲᠣᠭ᠎ᠠ ᠪᠠ ᠪᠤᠰᠤᠳ ᠰᠣᠩᠭᠣᠬᠤ ᠶᠣᠰᠣᠲᠠᠶ ᠣᠷᠣᠨ ᠲᠣᠭ᠎ᠠ᠎ᠪᠠᠷ ᠪᠦᠷᠢᠯᠳᠦᠨ᠎ᠡ᠃
(ᠨᠢᠭᠡ) ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠲᠣᠭ᠎ᠠ᠎ᠶ᠋ᠢᠨ ᠳᠣᠲᠣᠷ᠎ᠠ᠂ ᠬᠥᠮᠦᠨ ᠠᠮᠠ᠎ᠶ᠋ᠢᠨ ᠲᠣᠭ᠎ᠠ᠎ᠪᠠᠷ ᠬᠤᠪᠢᠶᠠᠷᠢᠯᠠᠬᠤ ᠲᠥᠯᠥᠭᠡᠯᠡᠭ᠌ᠴᠢ᠎ᠶ᠋ᠢᠨ ᠲᠣᠭ᠎ᠠ ᠨᠢ 2000 ᠬᠥᠮᠦᠨ ᠪᠠᠢᠵᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠶ᠋ᠢᠨ ᠬᠥᠮᠦᠨ ᠠᠮᠠ᠎ᠶ᠋ᠢᠨ ᠲᠣᠭ᠎ᠠ᠎ᠶ᠋ᠢ ᠦᠨᠳᠦᠰᠦᠯᠡᠨ ᠪᠤᠳᠤᠬᠤ ᠣᠷᠣᠨ ᠲᠣᠭ᠎ᠠ᠎ᠶ᠋ᠢ ᠪᠠᠷᠤᠭ 70 ᠲᠦᠮᠡᠨ ᠬᠥᠮᠦᠨ ᠪᠦᠷᠢᠳᠦ 1 ᠬᠥᠮᠦᠨ᠎ᠢᠶᠡᠷ ᠬᠤᠪᠢᠶᠠᠷᠢᠯᠠᠨ᠎ᠠ;
(ᠬᠣᠶᠠᠷ) ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠶ᠋ᠢᠨ ᠡᠯ᠎ᠡ ᠬᠤᠪᠢᠶᠠᠷᠢᠯᠠᠭ᠍ᠰᠠᠨ ᠭᠠᠵᠠᠷ ᠣᠷᠣᠨ᠎ᠤ ᠦᠨᠳᠦᠰᠦᠨ ᠣᠷᠣᠨ ᠲᠣᠭ᠎ᠠ 8 ᠬᠥᠮᠦᠨ;
(ᠭᠤᠷᠪᠠ) ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ᠎ᠶ᠋ᠢᠨ ᠰᠣᠩᠭᠣᠬᠤ ᠶᠣᠰᠣᠲᠠᠶ ᠪᠤᠰᠤᠳ ᠬᠥᠮᠦᠨ᠎ᠦ ᠲᠣᠭ᠎ᠠ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠡᠴᠨ ᠬᠠᠤᠯᠢ᠎ᠶ᠋ᠢᠨ ᠲᠣᠭ᠍ᠲᠠᠭᠠᠯ ᠶᠣᠰᠣᠭᠠᠷ ᠠᠰᠲᠤᠨᠢ ᠬᠤᠪᠢᠶᠠᠷᠢᠯᠠᠨ᠎ᠠ᠃
ᠭᠤᠷᠪᠠ᠂ ᠱᠢᠶᠠᠩᠭᠠᠩᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠰᠣᠩᠭᠣᠬᠤ ᠶᠣᠰᠣᠲᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ 36 ᠬᠥᠮᠦᠨ᠂ ᠣᠣᠮᠧᠨᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠰᠣᠩᠭᠣᠬᠤ ᠶᠣᠰᠣᠲᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ 12 ᠬᠥᠮᠦᠨ᠂ ᠲᠥᠯᠥᠭᠡᠯᠡᠭ᠌ᠴᠢ᠎ᠶ᠋ᠢ ᠰᠣᠩᠭᠣᠵᠤ ᠭᠠᠷᠭᠠᠬᠤ ᠠᠷᠭ᠎ᠠ᠎ᠶ᠋ᠢ ᠪᠦᠬᠦ᠌ ᠤᠯᠤᠰ ᠤ᠋ᠨ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠡᠴᠨ ᠠᠰ ᠲᠤᠨᠢ ᠲᠤᠬᠳᠠᠭᠠᠨ᠎ᠠ᠃
ᠲᠦᠷᠪᠡ᠂ ᠲᠠᠢᠸᠠᠨ ᠮᠤᠵᠢ ᠡᠴᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ ᠲᠦᠷ 13 ᠬᠥᠮᠦᠨ ᠰᠣᠩᠭᠣᠨ᠎ᠠ᠂ ᠡᠭᠦᠨ᠎ᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠ ᠳᠤᠮᠳᠠᠳᠤ ᠤᠯᠤᠰ᠎ᠤᠨ ᠠᠷᠠᠳ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠠᠢᠸᠠᠨ ᠮᠤᠵᠢ᠎ᠳᠤ ᠨᠤᠲᠤᠭ᠎ᠲᠠᠶ ᠠᠬ᠎ᠠ ᠳᠡᠭᠦᠦ᠍᠎ᠨᠡᠷ᠎ᠦᠨ ᠳᠣᠲᠣᠷ᠎ᠠ ᠡᠴᠨ ᠰᠣᠩᠭᠣᠵᠤ ᠭᠠᠷᠭᠠᠨ᠎ᠠ᠃ ᠲᠥᠯᠥᠭᠡᠯᠡᠭ᠌ᠴᠢ ᠵᠢ ᠰᠣᠩᠭᠣᠬᠤ ᠠᠷᠭ᠎ᠠ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠵᠢᠨ ᠬᠤᠷᠢᠶ᠎ᠠ ᠡᠴᠨ ᠲᠤᠬᠳᠠᠭᠠᠨ᠎ᠠ᠃ ᠬᠠᠤᠯᠢ ᠶᠣᠰᠣᠭᠠᠷ ᠰᠣᠩᠭᠣᠬᠤ ᠶᠣᠰᠣᠲᠠᠶ ᠪᠤᠰᠤᠳ ᠣᠷᠣᠨ ᠲᠣᠭ᠎ᠠ᠎ᠶ᠋ᠢ ᠦᠯᠡᠳᠡᠭᠡᠨ᠎ᠡ᠃
ᠲᠠᠪᠤ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ ᠪᠠ ᠳᠤᠮᠳᠠᠳᠤ ᠤᠯᠤᠰ᠎ᠤᠨ ᠠᠷᠠᠳ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠰᠣᠩᠭᠣᠬᠤ ᠶᠣᠰᠣᠲᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ 278 ᠬᠥᠮᠦᠨ᠃
ᠵᠢᠷᠭᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯᠤᠨᠲᠥᠯᠥᠭᠡᠯᠡᠭ᠌ᠴᠢᠳᠦᠨᠳᠣᠲᠣᠷᠠᠴᠥᠭᠡᠨᠲᠣᠭᠠᠲᠤᠦᠨᠳᠦᠰᠦᠲᠡᠨᠦᠲᠥᠯᠥᠭᠡᠯᠡᠭ᠌ᠴᠢᠳᠦᠨᠲᠣᠭᠠ ᠲᠥᠯᠥᠭᠡᠯᠡᠭ᠌ᠴᠢᠳ᠎ᠦᠨ ᠪᠦᠬᠦ᠌ ᠲᠣᠭᠠᠨ᠎ᠤ 12% ᠣᠷᠴᠢᠮ᠎ᠢ ᠡᠵᠡᠯᠡᠬᠦ ᠶᠤᠰᠤᠳᠠᠢ᠃ ᠬᠥᠮᠦᠨ ᠠᠮᠠ᠎ᠪᠠᠷ ᠣᠨᠴᠠ ᠴᠥᠭᠡᠨ ᠦᠨᠳᠦᠰᠦᠲᠡᠨ ᠨᠠᠭᠠᠳᠤ ᠵᠠᠬ᠎ᠠ᠎ᠳᠠᠭᠠᠨ 1 ᠲᠥᠯᠥᠭᠡᠯᠡᠭ᠌ᠴᠢ᠎ᠲᠡᠶ ᠪᠠᠢᠬᠤ ᠬᠡᠷᠡᠭ᠌ᠲᠡᠶ᠃
ᠲᠤᠯᠤᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠣᠲᠣᠷ᠎ᠠ᠂ ᠰᠣᠩᠭᠣᠬᠤ ᠶᠣᠰᠣᠲᠠᠶ ᠤᠯᠤᠰ᠎ᠲᠠᠭᠠᠨ ᠪᠤᠴᠠᠬᠰᠠᠨ ᠲᠤᠮᠳᠠᠳᠤ ᠵᠢᠨ ᠬᠠᠷᠢᠶᠠᠲᠤ᠎ᠨᠠᠷ᠎ᠤᠨ ᠲᠥᠯᠥᠭᠡᠯᠡᠭ᠌ᠴᠢ 35 ᠬᠥᠮᠦᠨ᠃
ᠨᠠᠢ᠍ᠮᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠣᠲᠣᠷ᠎ᠠ ᠡᠮᠡᠭ᠌ᠲᠡᠶ ᠲᠥᠯᠥᠭᠡᠯᠡᠭ᠌ᠴᠢ᠎ᠶ᠋ᠢᠨ ᠬᠠᠷᠢᠴᠠᠯ᠎ᠢ ᠵᠠᠷᠴᠢᠮ ᠳᠡᠭᠡᠷ᠎ᠡ᠎ᠪᠡᠨ ᠳᠡᠭᠡᠷ᠎ᠡ ᠬᠤᠭᠤᠴᠠᠭᠠᠨ᠎ᠤ ᠬᠢ᠎ᠡᠴᠡ ᠢᠯᠡᠬᠥᠤ ᠪᠠᠢᠯᠭᠠᠬᠤ ᠬᠡᠷᠡᠭ᠌ᠲᠡᠶ᠃
ᠶᠢᠰᠦ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠣᠲᠣᠷ᠎ᠠ ᠦᠨᠳᠦᠰᠦᠨ ᠱᠠᠲᠤᠨ᠎ᠤ ᠲᠥᠯᠥᠭᠡᠯᠡᠭ᠌ᠴᠢ ᠢᠯᠠᠩᠭᠤᠶ᠎ᠠ ᠨᠢᠭᠡᠳᠦᠭᠡᠷ ᠹᠷᠣᠨᠲ᠎ᠤᠨ ᠠᠵᠢᠯᠴᠢᠨ᠂ ᠲᠠᠷᠢᠶᠠᠴᠢᠨ ᠪᠠ ᠲᠤᠰᠭᠠᠶ ᠮᠡᠷᠭᠡᠵᠢᠯ᠎ᠦᠨ ᠠᠵᠢᠯᠳᠠᠨ᠎ᠤ ᠲᠥᠯᠥᠭᠡᠯᠡᠭ᠌ᠴᠢ᠎ᠶ᠋ᠢᠨ ᠬᠠᠷᠢᠴᠠᠯ᠎ᠢ ᠳᠡᠭᠡᠷ᠎ᠡ ᠬᠤᠭᠤᠴᠠᠭᠠᠨ᠎ᠤ ᠬᠢ᠎ᠡᠴᠡ ᠡᠳᠦᠶ ᠲᠡᠳᠦᠶ ᠳᠡᠭᠡᠭ᠌ᠰᠢᠯᠡᠭᠦᠯᠵᠦ᠍᠂ ᠬᠥᠯᠥᠰᠥᠨ ᠲᠠᠷᠢᠶᠠᠴᠢᠨ᠎ᠤ ᠲᠥᠯᠥᠭᠡᠯᠡᠭ᠌ᠴᠢ᠎ᠶ᠋ᠢᠨ ᠲᠣᠭ᠎ᠠ᠎ᠶ᠋ᠢ ᠳᠡᠭᠡᠷ᠎ᠡ ᠬᠤᠭᠤᠴᠠᠭᠠᠨ᠎ᠤ ᠬᠢ᠎ᠡᠴᠡ ᠡᠳᠦᠶ ᠲᠡᠳᠦᠶ ᠨᠡᠮᠡᠭ᠌ᠳᠡᠭᠦᠯᠵᠦ᠍᠂ ᠨᠠᠮ ᠵᠠᠰᠠᠭ᠎ᠤᠨ ᠤᠳᠤᠷᠢᠳᠭᠤ ᠺᠠᠳ᠋ᠷᠴᠤᠳ᠎ᠤᠨ ᠲᠥᠯᠥᠭᠡᠯᠡᠭ᠌ᠴᠢ᠎ᠶ᠋ᠢᠨ ᠬᠠᠷᠢᠴᠠᠯ᠎ᠢ ᠦᠷᠭᠦᠯᠵᠢᠯᠡᠨ ᠴᠢᠩᠭ᠎ᠠ ᠡᠵᠡᠮᠱᠢᠬᠦ᠌ ᠬᠡᠷᠡᠭᠳᠡᠢ᠃ ᠵᠠᠯᠭᠠᠭ᠎ᠠ᠎ᠪᠠᠷ ᠲᠤᠱᠢᠶᠠᠯ ᠡᠭᠦᠷᠭᠡᠯᠡᠬᠦ᠌ ᠲᠥᠯᠥᠭᠡᠯᠡᠭ᠌ᠴᠢ ᠵᠣᠬᠢᠬᠤ ᠬᠠᠷᠢᠴᠠᠯ᠎ᠢ ᠡᠵᠡᠯᠡᠬᠦ᠌ ᠶᠤᠰᠤᠳᠠᠢ ᠃
ᠠᠷᠪᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 2023 ᠣᠨ᠎ᠤ 1 ᠰᠠᠷ᠎ᠠ ᠳ᠋ᠤ ᠰᠤᠩᠭᠤᠵᠤ ᠭᠠᠷᠭᠠᠨ᠎ᠠ᠃
(ᠰᠢᠨᠬᠤᠸᠠ ᠬᠤᠷᠢᠶᠠᠨ ᠤ᠋ ᠪᠡᠬᠡᠵᠢᠩ ᠤ᠋ᠨ 3 ᠰᠠᠷ᠎ᠠ ᠵᠢᠨ 11 ᠤ᠋ ᠴᠠᠬᠢᠯᠭᠠᠨ ᠮᠡᠳᠡᠬᠡ)