ᠤᠮᠠᠷᠠᠲᠤ ᠬᠢᠯᠢ᠎ᠳᠦ ᠪᠢᠲᠡ ᠪᠠᠢᠨ᠎ᠠ ᠂ ᠡᠭᠡ ᠤᠯᠤᠰ ᠪᠠ ᠠᠷᠠᠳ ᠲᠦᠮᠡᠨ ᠮᠢᠨᠢ ᠰᠠᠨᠠᠭ᠎ᠠ ᠠᠮᠤᠷ ᠪᠠᠢᠭᠠᠷᠠᠢ !
2022-03-12 10:00:30
ᠵᠣᠬᠢᠶᠠᠭ᠍ᠴᠢ᠄
​ᠠᠨ ᠶᠢᠨ ᠳ᠋ᠦᠩ ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

— ᠮᠠᠨ᠎ᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠪᠣᠯᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠨᠠᠷ ᠶᠡᠷᠦᠩᠬᠡᠢ ᠱᠦᠵᠢ ᠰᠢ᠎ᠶ᠋ᠢᠨ ᠫᠢᠩ ᠤ᠋ᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠬᠦᠭᠵᠢᠶᠡᠨᠳᠠᠢ ᠶᠠᠷᠢᠯᠴᠠᠪᠠ


ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ᠎ᠶ᠋ᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠮᠠᠨ ᠎ᠤ ᠣᠷᠣᠨ᠎ᠳᠤ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢᠳ ᠪᠣᠯᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠨᠠᠷ ᠤ᠋ᠨ ᠳᠤᠮᠳᠠ ᠬᠠᠯᠠᠭᠤᠨ ᠲᠤᠰᠬᠠᠯ ᠭᠠᠷᠴᠠᠢ᠃ ᠣᠯᠠᠨ᠎ᠢᠶᠠᠷ᠎ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠤᠭᠴᠠᠯᠠᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠎ᠪᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠵᠤ᠂ ᠦᠨᠡᠨᠴᠢ ᠱᠢᠳᠤᠷᠭᠤ᠎ᠪᠠᠷ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ᠎ᠪᠢᠴᠢᠭ᠌ᠯᠡᠵᠦ᠍᠂᠎ᠪᠣᠳᠠᠲᠤ᠎ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠭᠡᠵᠦ᠍ ᠢᠯᠡᠷᠬᠡᠢᠯᠡᠵᠡᠭᠡᠪᠡ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠡᠨᠡ᠎ᠬᠦ᠌ ᠭᠣᠣᠯ ᠱᠢᠵᠢᠮ᠎ᠢ ᠴᠢᠩᠭ᠎ᠠ ᠠᠳᠭᠤᠨ᠎ᠠ

《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ》 — ᠶᠡᠷᠦᠩᠬᠡᠢ ᠱᠦᠵᠢ᠎ᠶ᠋ᠢᠨ ᠭᠦᠨᠵᠡᠭᠡᠢ ᠲᠠᠢᠯᠪᠤᠷᠢᠯᠠᠭ᠍ᠰᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ ᠨᠢ ᠥᠷᠭᠡᠨ ᠤᠯᠠᠨ ᠳᠠᠷᠤᠭ᠎ᠠ ᠪᠠᠢᠯᠳᠤᠭ᠍ᠴᠢᠳ ᠪᠣᠯᠤᠨ ᠨᠡᠭᠦᠳᠡᠯ ᠠᠷᠠᠳ᠎ᠤᠨ᠎ᠬᠠᠮᠢᠶᠠᠷᠤᠯᠲᠠ᠎ᠶ᠋ᠢᠨ᠎ᠴᠠᠭ᠍ᠳᠠᠭ᠎ᠠ᠎ᠨᠠᠷ ᠲᠸ᠋ ᠭᠦᠨ ᠰᠠᠭᠤᠭ᠍ᠳᠠᠯ ᠥᠭ᠌ᠴᠦ᠂ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠪᠠᠢᠨ᠎ᠠ᠃

ᠣᠢᠷ᠎ᠠ᠎ᠶ᠋ᠢᠨ ᠡᠳᠦᠷ᠎ᠦᠳ᠎ᠲᠦ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ 110 ᠭᠠᠷᠤᠶ ᠳ᠋ᠢᠸᠢᠽᠢ ᠬᠣᠷᠢᠶ᠎ᠠ᠎ᠶ᠋ᠢᠨ ᠲᠠᠰ᠎ᠤᠨ ᠨᠢᠭᠡᠴᠢ ᠢᠳᠡᠪᠬᠢᠲᠡᠶ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠳᠠᠷᠤᠭ᠎ᠠ ᠪᠠᠢᠯᠳᠤᠭ᠍ᠴᠢᠳ ᠰᠤᠷᠤᠯᠴᠠᠯᠭ᠎ᠠ᠎ᠶ᠋ᠢᠨ ᠣᠯᠤᠯᠲᠠ ᠲᠥᠷᠥᠭ᠌ᠳᠡᠯ᠎ᠦᠨ᠎ᠢᠶᠡᠨ ᠲᠤᠬᠠᠶ ᠬᠠᠯᠠᠭᠤᠨ᠎ᠢᠶᠠᠷ ᠶᠠᠷᠢᠯᠴᠠᠪᠠ ᠃

ᠮᠠᠨ᠎ᠤ ᠣᠷᠣᠨ᠎ᠤ ᠬᠠᠮᠤᠭ᠎ᠤᠨ ᠪᠠᠷᠠᠭᠤᠨ ᠵᠠᠬ᠎ᠠ᠎ᠳᠤ ᠰᠠᠭᠤᠭ᠎ᠠ ᠠᠯᠠᠱᠠ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠲᠤᠢᠭ᠎ᠤᠨ ᠰᠢᠯᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠴᠠᠭ ᠢ᠋ᠢᠡᠨ ᠵᠣᠬᠢᠰᠲᠠᠢ ᠲᠤᠬᠢᠷᠠᠭᠤᠯᠵᠤ᠂ ᠠᠷᠠᠳ᠎ᠤᠨ ᠴᠠᠭ᠍ᠳᠠᠭ᠎ᠠ᠎ᠶ᠋ᠢ ᠵᠣᠬᠢᠶᠠᠨ ᠪᠠᠢᠭᠤᠯᠵᠦ  ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠬᠤ᠎ᠶ᠋ᠢᠨ ᠬᠠᠮᠲᠤ ᠬᠥᠳᠡᠭᠡ ᠪᠠᠭᠤᠵᠤ ᠰᠤᠷᠪᠤᠯᠵᠢᠯᠠᠯ ᠬᠢᠬᠦ  ᠶᠠᠪᠤᠴᠠ᠎ᠳᠠᠭᠠᠨ᠂ ᠬᠠᠷᠢᠶ᠎ᠠ ᠣᠷᠣᠨ᠎ᠤ ᠤᠯᠠᠨ ᠲᠦᠮᠡᠨ᠎ᠳᠦ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠢ ᠤᠬᠠᠭᠤᠯᠪᠠ᠃ ᠠᠯᠠᠱᠠ᠎ᠶ᠋ᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠺᠣᠮᠢᠰᠰᠠᠷ ᠴᠧᠨ ᠱᠢᠶᠤᠤ ᠷᠦᠢ᠄《ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠶᠠᠪᠤᠳᠠᠯ᠎ᠢ ᠠᠵᠢᠯ᠎ᠤᠨ ᠪᠦᠬᠦ᠌ ᠲᠠᠯ᠎ᠠ᠎ᠳᠤ ᠲᠤᠭᠤᠰᠢᠯᠠᠭᠤᠯᠵᠤ᠂ ᠴᠢᠷᠮᠠᠢᠭ᠍ᠰᠠᠨ ᠳᠡᠭᠡᠷ᠎ᠡ᠎ᠪᠡᠨ ᠴᠢᠷᠮᠠᠢᠵᠤ᠂ 〈ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠨᠢᠭᠡᠴᠢ〉 ᠭᠡᠬᠦ᠌ ᠡᠨᠡ᠎ᠬᠦ᠌ ᠬᠢᠯᠪᠡᠷ ᠪᠤᠰᠤ᠎ᠪᠠᠷ ᠢᠷᠡᠭ᠌ᠰᠡᠨ ᠡᠷᠬᠢᠮ ᠳᠡᠭᠡᠳᠦ ᠢᠷᠠᠭᠤ ᠠᠯᠳᠠᠷ᠎ᠵᠢᠡᠨ ᠰᠠᠢᠲᠤᠷ ᠬᠠᠮᠠᠭᠠᠯᠠᠨ᠎ᠠ》 ᠭᠡᠵᠦ᠍ ᠬᠡᠯᠡᠪᠡ᠃

2017 ᠣᠨ᠎ᠳᠤ ᠶᠡᠷᠦᠩᠬᠡᠶ ᠱᠦᠵᠢ᠎ᠶ᠋ᠢᠨ ᠬᠠᠷᠢᠭᠤ ᠵᠠᠬᠢᠳᠠᠯ᠎ᠢ ᠲᠤᠰᠴᠤ ᠣᠯᠤᠭ᠍ᠰᠠᠨ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ — ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠡᠷᠦᠬᠡ᠎ᠶ᠋ᠢᠨ ᠴᠡᠷᠢᠭ᠎ᠦᠨ ᠬᠤᠪᠢᠶᠠᠷᠢ ᠠᠩᠭᠢ᠎ᠶ᠋ᠢᠨ ᠭᠡᠱᠢᠭᠦᠳ ᠮᠠᠰᠢ ᠭᠦᠨ ᠰᠡᠳᠬᠢᠭᠳᠡᠯ᠎ᠲᠡᠶ᠂ ᠣᠯᠠᠨ᠎ᠢᠶᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠡᠨᠡ ᠬᠦ᠌ ᠭᠣᠣᠯ ᠱᠢᠵᠢᠮ᠎ᠦᠨ ᠲᠣᠭᠣᠷᠢᠨ᠎ᠳᠤ᠂ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠤᠯᠠᠨ ᠲᠦᠮᠡᠨ᠎ᠦ ᠳᠤᠮᠳᠠ ᠤᠯᠠᠮᠵᠢᠯᠠᠭ᠍ᠳᠠᠭᠰᠠᠨ᠂ ᠤᠯᠠᠨ ᠲᠦᠮᠡᠨ᠎ᠦ ᠳᠤᠮᠳᠠ ᠲᠡᠯᠭᠡᠷᠡᠵᠦ ᠲᠡᠢᠯᠬᠦ ᠱᠢᠯᠢᠳᠡᠭ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠠᠨ ᠲᠦᠮᠡᠨ᠎ᠳᠦ ᠲᠣᠭ᠍ᠯᠠᠯᠲᠠ ᠭᠠᠷᠭᠠᠵᠤ᠂ ᠦᠨᠳᠦᠰᠦᠲᠡᠨ᠎ᠨᠦᠭᠦᠳ᠎ᠦᠨ ᠠᠷᠠᠤᠨ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠢ᠋ᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠦᠨᠡᠨ᠎ᠬᠦ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠪᠣᠯᠤᠨ᠎ᠡ ᠬᠡᠵᠦ ᠢᠯᠡᠷᠬᠡᠢᠯᠡᠵᠡᠭᠡᠪᠡ᠃

《ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠦ᠍᠂ ᠠᠯᠤᠰ ᠬᠡᠳᠤ᠎ᠶ᠋ᠢᠨ ᠤᠳᠭ᠎ᠠ ᠰᠠᠨᠠᠭ᠎ᠠ᠎ᠲᠠᠶ ᠪᠠᠢᠵᠤ᠂ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ᠎ᠢ ᠬᠠᠮᠢᠶᠠᠷᠤᠨ ᠡᠵᠡᠮᠳᠡᠬᠦ᠌ ᠠᠵᠢᠯ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠵᠠᠢ》᠃ ᠬᠥᠯᠥᠨ ᠪᠣᠢᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠱᠢᠨ᠎ᠡ ᠪᠠᠷᠭᠤ ᠵᠡᠭᠦᠨ ᠬᠣᠱᠢᠭᠤᠨ᠎ᠤ ᠨᠢᠭᠡᠳᠦᠭᠡᠷ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠵᠢᠭᠠᠨ ᠵᠢᠯᠣᠭᠣᠳᠣᠭ᠍ᠴᠢ ᠵᠢᠨ ᠭᠠᠩ᠂ ᠬᠣᠢᠱᠢᠳᠠ᠎ᠶ᠋ᠢᠨ ᠠᠵᠢᠯ᠎ᠤᠨ ᠳᠤᠮᠳᠠ ᠪᠠᠨ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠵᠢᠯ᠎ᠤᠨ ᠪᠣᠳᠠᠲᠠᠢ ᠲᠠᠶ᠎ᠪᠠᠨ ᠨᠢᠭ᠍ᠲᠠ ᠤᠶᠠᠯᠳᠤᠭᠤᠯᠵᠤ᠂ ᠡᠷᠤᠭᠡ᠎ᠳᠦ ᠬᠦᠷᠴᠦ᠍ ᠰᠤᠷᠪᠤᠯᠵᠢᠯᠠᠬᠤ᠂ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ ᠵᠡᠷᠭᠡ ᠱᠢᠷᠢᠰ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠲᠣᠭ᠍ᠲᠠᠴᠠ ᠎ᠶ᠋ᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭᠠᠷ᠎ᠢ ᠬᠠᠮᠢᠶᠠᠷᠴᠤ᠌ ᠬᠢᠯᠢ ᠬᠢᠵᠠᠭᠠᠷ᠎ᠢ ᠡᠵᠡᠮᠳᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ ᠬᠡᠵᠦ ᠢᠯᠡᠷᠬᠡᠢᠯᠡᠪᠡ᠃

ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠎ᠠ

ᠶᠡᠷᠦᠩᠬᠡᠢ ᠱᠦᠵᠢ ᠰᠢ᠎ᠶ᠋ᠢᠨ ᠫᠢᠩ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠠᠢᠩᠭᠤᠵᠢᠭ᠍ᠰᠠᠨ ᠤᠷᠳᠤ ᠬᠤᠭᠤᠴᠠᠭᠠᠨ᠎ᠤ ᠪᠦᠲᠦᠮᠵᠢᠲᠤ ᠲᠦᠷᠢᠮ᠎ᠦᠨ ᠲᠣᠭ᠍ᠲᠠᠴᠠ᠎ᠶ᠋ᠢ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷᠴᠤᠳ᠎ᠢ ᠬᠥᠮᠦᠵᠢᠭᠦᠯᠦᠨ ᠬᠦᠳᠦᠯᠦᠨ ᠵᠢᠯᠣᠭᠣᠳᠴᠤ᠌᠂ ᠨᠠᠮ᠎ᠤᠨ ᠲᠡᠦᠬᠡ᠎ᠶ᠋ᠢ ᠰᠤᠷᠤᠯᠴᠠᠵᠤ᠂ ᠨᠠᠮ᠎ᠤᠨ ᠲᠡᠦᠬᠡ᠎ᠪᠡᠷ ᠨᠠᠰᠤᠨ ᠲᠤᠷᠱᠢᠳᠠ᠎ᠶ᠋ᠢᠨ ᠵᠠᠪᠠᠯ ᠰᠤᠷᠬᠤ ᠬᠢᠴᠢᠶᠡᠯ ᠪᠣᠯᠭᠠᠵᠤ᠂ ᠲᠡᠦᠬᠡ᠎ᠶ᠋ᠢᠨ ᠢᠲᠡᠭᠡᠯ᠎ᠢᠶᠡᠨ ᠲᠠᠰᠤᠷᠠᠯᠳᠠ ᠦᠭᠡᠢ ᠪᠠᠲᠤᠳᠭᠠᠵᠤ᠂ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠩ ᠢᠲᠡᠭᠡᠯ ᠲᠡᠭᠦᠯᠳᠡᠷ᠎ᠢᠶᠡᠷ ᠱᠢᠨ᠎ᠡ ᠠᠶᠠᠨ ᠵᠠᠮ᠎ᠳᠤ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠢ ᠬᠡᠵᠦ ᠴᠢᠬᠤᠯᠠᠴᠢᠯᠠᠪᠠ᠃

《ᠲᠡᠷᠢᠭᠦᠯᠡᠭ᠌ᠴᠢ ᠰᠢ᠎ᠶ᠋ᠢᠨ ᠫᠢᠩ᠎ᠦᠨ ᠴᠢᠬᠤᠯᠠ ᠶᠠᠷᠢᠶᠠᠨ᠎ᠤ ᠦᠭᠡ ᠥᠭᠦᠯᠡᠪᠦᠷᠢ ᠪᠦᠬᠦᠨ ᠨᠢ ᠬᠦᠨᠳᠦ ᠴᠢᠬᠤᠯᠠ ᠪᠠᠢᠵᠤ᠂ ᠦᠭᠡ ᠥᠭᠦᠯᠡᠪᠦᠷᠢ ᠪᠦᠷᠢ᠎ᠳᠦᠨᠢ ᠭᠦᠨ ᠤᠳᠭ᠎ᠠ ᠠᠭᠤᠯᠭ᠎ᠠ᠎ᠲᠠᠶ ᠶᠤᠮ》 ᠬᠡᠵᠦ ᠵᠡᠪᠰᠡᠭ᠌ᠲᠦ ᠴᠠᠭ᠍ᠳᠠᠭ᠎ᠠ᠎ᠶ᠋ᠢᠨ ᠬᠥᠬᠡᠬᠣᠲᠠ᠎ᠶ᠋ᠢᠨ ᠰᠠᠯᠪᠤᠷᠢ ᠠᠩᠬᠢ᠎ᠶ᠋ᠢᠨ ᠤᠯᠤᠰ ᠲᠦᠷᠦ᠍᠎ᠶ᠋ᠢᠨ ᠠᠵᠢᠯ᠎ᠤᠨ ᠬᠡᠯᠲᠡᠰ᠎ᠦᠨ ᠡᠷᠬᠢᠯᠡᠭ᠌ᠴᠢ ᠱᠢᠤᠸᠠᠢ ᠵᠠᠨ ᠹᠸᠩ ᠬᠦᠨ ᠰᠡᠳᠬᠢᠭᠳᠡᠯ ᠲᠠᠢ ᠶᠠᠷᠢᠵᠤ ᠪᠠᠢᠯ᠎ᠠ᠃ ᠲᠡᠷᠡ᠄《ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ᠃ ᠱᠢᠨ᠎ᠡ ᠠᠶᠠᠨ᠎ᠢ ᠰᠠᠢᠲᠤᠷ ᠠᠶᠠᠯᠠᠬᠤ᠎ᠳᠤ᠂ ᠠᠬᠠᠮᠠᠳ ᠦᠶ᠎ᠡ᠎ᠶ᠋ᠢᠨ ᠬᠢᠨ᠎ᠦ ᠭᠠᠷ᠎ᠲᠠᠬᠢ ᠪᠤᠤᠬᠢᠶ᠎ᠠ᠎ᠶ᠋ᠢ ᠲᠤᠰᠤᠨ ᠠᠪᠴᠤ᠌᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ  ᠶᠡᠬᠡ᠎ᠪᠡᠷ ᠪᠠᠳᠠᠷᠠᠭᠤᠯᠵᠤ᠂ ᠠᠵᠢᠯ᠎ᠢᠶᠠᠨ ᠠᠵᠢᠯ ᠦᠢᠯᠡᠰ ᠪᠤᠯᠭᠠᠨ ᠲᠡᠭᠡᠳᠦᠯᠡᠵᠦ᠍᠂ ᠠᠵᠢᠯ᠎ᠤᠨ ᠪᠠᠢᠷᠢ᠎ᠪᠠᠨ ᠵᠢᠭ᠍ᠰᠠᠭᠠᠯ᠎ᠤᠨ ᠭᠠᠵᠠᠷ ᠪᠣᠯᠭᠠᠨ ᠰᠠᠬᠢᠵᠤ᠂ ᠬᠤᠪᠢ ᠨᠡᠮᠡᠷᠢ ᠦᠵᠡᠭᠦᠯᠬᠦ᠌᠎ᠶ᠋ᠢ ᠥᠪᠡᠷ᠎ᠦᠨ ᠬᠠᠷᠢᠭᠤᠴᠠᠯᠭ᠎ᠠ᠎ᠪᠠᠨ ᠪᠣᠯᠭᠠᠵᠤ᠂ ᠮᠠᠨ᠎ᠤ ᠡᠨᠡ ᠦᠶ᠎ᠡ᠎ᠶ᠋ᠢᠨ ᠬᠥᠮᠦᠰ᠎ᠦᠨ ᠢᠷᠠᠭᠤ ᠠᠯᠳᠠᠷ᠎ᠢ ᠴᠢᠷᠮᠠᠢᠨ ᠪᠢᠴᠢᠭ᠌ᠯᠡᠨ᠎ᠡ》 ᠬᠡᠵᠦ ᠬᠡᠯᠡᠪᠡ᠃

《ᠴᠡᠷᠢᠭ ᠬᠥᠮᠦᠨ ᠪᠣᠯᠤᠭ᠍ᠰᠠᠨ᠎ᠤ ᠬᠤᠪᠢ᠎ᠳᠤ᠂ ᠪᠢ ᠢᠮᠠᠭ᠍ᠲᠠ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯ᠎ᠤᠨ ᠤᠳᠤᠮᠰᠢᠯ᠎ᠢ ᠤᠯᠠᠮᠵᠢᠯᠠᠵᠤ᠂ ᠬᠤᠪᠢᠰᠭᠠᠯ᠎ᠤᠨ ᠰᠤᠳᠠᠰᠤ᠎ᠶ᠋ᠢ ᠦᠷᠭᠦᠯᠵᠢᠯᠡᠭᠦᠯᠵᠦ᠍᠂ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠨᠠᠮ᠎ᠤᠨ ᠲᠡᠦᠬᠡ᠎ᠶ᠋ᠢ ᠰᠤᠷᠤᠯᠴᠠᠵᠤ᠂ ᠨᠠᠮ᠎ᠤᠨ ᠲᠡᠦᠬᠡ᠎ᠪᠡᠷ ᠨᠠᠰᠤᠨ ᠲᠤᠷᠱᠢᠳᠠ᠎ᠶ᠋ᠢᠨ ᠵᠠᠪᠠᠯ ᠰᠤᠷᠬᠤ ᠬᠢᠴᠢᠶᠡᠯ ᠪᠣᠯᠭᠠᠵᠤ᠂ ᠤᠷᠤᠭ᠍ᠰᠢᠯᠠᠯᠲᠠ᠎ᠶ᠋ᠢᠨ ᠬᠦᠴᠦᠨ᠎ᠢ ᠲᠠᠰᠤᠷᠠᠯᠲᠠ ᠦᠭᠡᠢ ᠱᠢᠩᠭᠡᠭᠡᠨ ᠠᠪᠴᠤ᠌᠂ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠬᠦᠨᠳᠦ ᠡᠭᠦᠷᠭᠡ᠎ᠶ᠋ᠢ ᠵᠣᠷᠢᠭ᠍ᠲᠠᠢ᠎ᠪᠠᠷ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠤᠮᠠᠷᠠᠲᠤ ᠬᠢᠯᠢ᠎ᠶ᠋ᠢᠨ ᠱᠢᠳᠤᠷᠭᠤ ᠬᠠᠮᠠᠭᠠᠯᠠᠭ᠍ᠴᠢ ᠪᠣᠯᠤᠨ᠎ᠠ》 ᠭᠡᠵᠦ᠍ ᠦᠬᠠᠢ᠎ᠶ᠋ᠢᠨ ᠴᠡᠷᠢᠭ᠎ᠦᠨ ᠬᠤᠪᠢᠶᠠᠷᠢ ᠲᠣᠭᠣᠷᠢᠭ᠎ᠤᠨ ᠤᠯᠤᠰ ᠲᠦᠷᠦ᠍᠎ᠶ᠋ᠢᠨ ᠠᠵᠢᠯ᠎ᠤᠨ ᠭᠠᠵᠠᠷ᠎ᠤᠨ ᠠᠵᠢᠯᠯᠠᠭ᠍ᠴᠢ ᠴᠧᠨ ᠴᠧᠨ ᠬᠡᠯᠡᠪᠡ᠃

《ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠬᠰᠢᠯᠠᠬᠤ ᠱᠢᠨ᠎ᠡ ᠠᠶᠠᠨ᠎ᠳᠤ᠂ ᠪᠢᠳᠡ ᠢᠲᠡᠭᠡᠯ ᠲᠡᠭᠦᠯᠲᠡᠷ ᠪᠠᠢᠵᠦ᠂ ᠲᠡᠮᠡᠴᠡᠯ᠎ᠦᠨ ᠵᠣᠷᠢᠭ ᠪᠢᠯᠬᠠᠮ᠎ᠠ ᠪᠠᠢᠨ᠎ᠠ》᠃ ᠤᠯᠠᠭᠠᠨᠴᠠᠪ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠨᠤᠮᠤᠭᠠᠨ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠾᠧᠦ ᠬᠦᠢ ᠹᠸᠩ᠂ ᠨᠠᠮ ᠪᠠᠢᠭᠤᠯᠬᠤ ᠠᠭᠤᠤ ᠶᠡᠬᠡ  ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠳᠤᠮᠳᠠ ᠬᠦᠨᠳᠦ ᠡᠭᠦᠷᠭᠡ᠎ᠶ᠋ᠢ ᠵᠣᠷᠢᠭ᠍ᠲᠠᠢ᠎ᠪᠠᠷ ᠡᠭᠦᠷᠭᠡᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠲᠡᠬᠦ᠂ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ᠌ ᠵᠡᠷᠭᠡ ᠠᠵᠢᠯ᠎ᠢ ᠢᠳᠡᠪᠬᠢᠲᠡᠢ ᠰᠠᠢᠲᠤᠷ ᠬᠢᠵᠦ᠍᠂ ᠤᠯᠠᠨ ᠲᠦᠮᠡᠨ᠎ᠦ ᠪᠠᠴᠢᠮᠳᠠᠵᠤ ᠪᠠᠢᠭ᠎ᠠ ᠵᠦᠢᠯ᠎ᠳᠦ ᠪᠠᠴᠢᠮᠳᠠᠵᠤ᠂ ᠤᠯᠠᠨ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠣᠳᠣᠯᠬᠢᠯᠠᠵᠤ᠂ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠲᠡᠶ ᠰᠠᠬᠢᠨ ᠪᠠᠷᠠᠯᠠᠵᠦ᠍ ᠬᠠᠷᠢᠯᠴᠠᠨ ᠬᠠᠪᠰᠤᠷᠤᠯᠴᠠᠵᠤ᠂ ᠡᠷᠡᠮᠡᠬᠡᠢᠯᠡᠨ ᠤᠷᠤᠭ᠍ᠰᠢᠯᠠᠨ᠎ᠡ ᠭᠡᠵᠦ᠍ ᠢᠯᠡᠷᠬᠡᠢᠯᠡᠪᠡ᠃

ᠦᠨᠡᠨᠴᠢ ᠱᠢᠳᠤᠷᠭᠤ᠎ᠪᠠᠷ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ

ᠶᠡᠷᠦᠩᠬᠡᠶ ᠱᠦᠵᠢ ᠰᠢ᠎ᠶ᠋ᠢᠨ ᠫᠢᠩ᠂ ᠥᠪᠥᠷ ᠮᠣᠩᠭᠣᠯ ᠪᠣᠯ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠮᠥᠨ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠴᠢᠬᠤᠯᠠ ᠶᠡᠬᠡ ᠬᠠᠷᠢᠭᠤᠴᠠᠯᠭ᠎ᠠ ᠵᠢ ᠡᠭᠦᠷᠭᠡᠯᠡᠵᠦ᠍ ᠪᠠᠢᠳᠠᠭ᠃ ᠪᠠᠭ᠎ᠠ ᠡᠴᠡ ᠶᠡᠬᠡ᠎ᠶ᠋ᠢ ᠣᠯᠵᠤ ᠮᠡᠳᠡᠨ᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠎ᠪᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ ᠡᠯ᠎ᠡ ᠵᠦᠢᠯ᠎ᠦᠨ ᠠᠶᠤᠯ ᠲᠦᠭ᠌ᠰᠢᠭᠦᠷᠢ᠎ᠶ᠋ᠢᠨ ᠭᠡᠮ ᠰᠣᠭᠣᠭ᠎ᠢ ᠪᠦᠲᠦᠮᠵᠢᠲᠡᠢ ᠰᠡᠷᠭᠡᠢᠯᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ᠎ᠬᠦ᠌ ᠪᠡᠬᠢᠵᠢᠭᠦᠯᠬᠦ᠌ ᠬᠡᠷᠡᠭ᠌ᠲᠡᠢ ᠬᠡᠵᠦ ᠵᠢᠭᠠᠵᠤ ᠭᠠᠷᠭᠠᠪᠠ᠃

《ᠪᠦᠬᠦ᠌ ᠤᠯᠤᠰ᠎ᠤᠨ ᠬᠠᠮᠤᠭ᠎ᠤᠨ ᠲᠤᠮᠤ ᠡᠭᠡ ᠬᠠᠭᠤᠷᠠᠢ ᠵᠢᠨ ᠬᠢᠯᠢ ᠵᠢᠨ ᠪᠣᠭᠣᠮᠲᠠ᠎ᠶ᠋ᠢᠨ ᠬᠤᠳᠠ᠎ᠳᠤ ᠰᠠᠭᠤᠭ᠎ᠠ ᠵᠡᠪᠰᠡᠭ᠌ᠲᠦ ᠴᠠᠭ᠍ᠳᠠᠭ᠎ᠠ᠎ᠶ᠋ᠢᠨ ᠳᠠᠷᠤᠭ᠎ᠠ ᠪᠠᠢᠯᠳᠤᠭ᠍ᠴᠢ ᠪᠣᠯᠤᠭ᠍ᠰᠠᠨ᠎ᠤ ᠬᠤᠪᠢ᠎ᠳᠤ᠂ ᠰᠠᠨᠠᠭᠠᠱᠢᠷᠠᠬᠤ ᠤᠬᠠᠮᠰᠠᠷ᠂ ᠲᠦᠭ᠌ᠰᠢᠭᠦᠷᠢ᠎ᠶ᠋ᠢᠨ ᠤᠬᠠᠮᠰᠠᠷ᠂ ᠲᠠᠢ᠌ᠨ ᠬᠢᠬᠦ᠌ ᠤᠬᠠᠮᠰᠠᠷ᠎ᠢᠶᠠᠨ ᠦᠷᠭᠦᠯᠵᠢᠯᠡᠨ ᠴᠢᠩᠭᠠᠳᠭᠠᠵᠤ᠂ ᠴᠡᠷᠢᠭ ᠪᠣᠯᠪᠠᠰᠤᠷᠠᠭᠤᠯᠵᠤ ᠲᠠᠢ᠌ᠨ᠎ᠳᠦ ᠪᠡᠯᠡᠳᠭᠡᠬᠦ᠌᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠢᠯᠠᠯᠲᠠ ᠤᠯᠬᠤ ᠴᠢᠳᠠᠪᠤᠷᠢ᠎ᠪᠠᠨ ᠲᠦᠷᠭᠡᠨ ᠳᠡᠭᠡᠭ᠌ᠰᠢᠯᠡᠭᠦᠯᠵᠦ᠍᠂ ᠡᠬᠡ ᠤᠯᠤᠰ᠎ᠤᠨ〈ᠤᠮᠠᠷᠠᠲᠤ ᠶᠡᠬᠡ ᠬᠠᠭᠠᠯᠭ᠎ᠠ〉ᠵᠢ ᠡᠷᠡᠰ ᠪᠠᠲᠤ ᠰᠠᠬᠢᠨ᠎ᠠ》᠃ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠢ ᠠᠩᠬᠢ᠎ᠶ᠋ᠢᠨ ᠬᠥᠯᠥᠨ ᠪᠤᠢ᠌ᠷ᠎ᠤᠨ ᠰᠠᠯᠪᠤᠷᠢ ᠠᠩᠬᠢ᠎ᠶ᠋ᠢᠨ ᠮᠠᠨᠵᠤᠤᠷ᠎ᠤᠨ ᠳᠤᠮᠳᠠ ᠠᠩᠬᠢ᠎ᠶ᠋ᠢᠨ ᠳᠠᠷᠤᠭ᠎ᠠ ᠸᠠᠩ ᠺᠠᠢ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠭᠡᠳᠡᠭ᠎ᠢ ᠭᠦᠨᠵᠡᠭᠡᠢ ᠣᠢᠯᠠᠭᠠᠪᠠ᠃

《ᠡᠷᠢᠶᠡᠨ ᠬᠤᠳᠠ ᠪᠣᠯ ᠬᠢᠯᠢ᠎ᠶ᠋ᠢᠨ ᠪᠣᠭᠣᠮᠲᠠ᠎ᠶ᠋ᠢᠨ ᠣᠷᠣᠨ ᠪᠣᠯᠤᠨ᠎ᠠ᠂ ᠬᠢᠯᠢ᠎ᠶ᠋ᠢᠨ ᠭᠠᠳᠠᠨᠠᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠬᠢᠯᠢ᠎ᠶ᠋ᠢ ᠬᠠᠮᠢᠶᠠᠷᠤᠨ ᠡᠵᠡᠮᠳᠡᠬᠦ᠌ ᠡᠭᠦᠷᠭᠡ ᠬᠠᠲᠠᠭᠤ ᠪᠡᠷᠬᠡ ᠪᠠᠢᠨ᠎ᠠ᠂ ᠪᠢ ᠲᠡᠷᠢᠭᠦᠯᠡᠭ᠌ᠴᠢ ᠰᠢ᠎ᠶ᠋ᠢᠨ ᠫᠢᠩ᠎ᠦᠨ ᠴᠢᠩ ᠰᠡᠳᠭᠢᠯ᠎ᠦᠨ ᠰᠤᠷᠭᠠᠯ ᠪᠣᠯᠤᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠯᠪᠠ ᠬᠠᠭᠠᠵᠤ ᠪᠠᠢᠭ᠎ᠠ ᠳᠠᠷᠤᠭ᠎ᠠ ᠪᠠᠢᠯᠳᠤᠭ᠍ᠴᠢᠳ᠎ᠲᠠᠶ ᠬᠠᠮᠲᠤ᠎ᠪᠠᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠡᠷᠢᠶᠡᠨ ᠬᠤᠳᠠ᠎ᠶ᠋ᠢᠨ ᠡᠷᠦᠬᠡ ᠵᠢᠨ ᠴᠡᠷᠢᠭ᠎ᠦᠨ ᠪᠠᠴᠢᠮ ᠪᠠᠢᠳᠠᠯ᠎ᠢ ᠠᠷᠭᠠᠴᠠᠭᠠᠬᠤ ᠰᠤᠮᠤᠨ᠎ᠤ ᠲᠠᠩᠨᠠᠨ ᠪᠠᠢᠴᠠᠭᠠᠬᠤ ᠲᠠᠰᠤᠭ᠎ᠤᠨ ᠳᠠᠷᠤᠭ᠎ᠠ ᠱᠢᠨ ᠱᠢᠤᠸᠠᠢ ᠹᠸᠢ ᠬᠡᠯᠡᠪᠡ᠃

ᠡᠨᠡ ᠵᠢᠯ᠎ᠦᠨ 1 ᠰᠠᠷ᠎ᠠ ᠡᠴᠨ 2 ᠰᠠᠷ᠎ᠠ ᠪᠣᠯᠲᠠᠯ᠎ᠠ᠂ ᠮᠠᠨᠵᠤᠸ᠋ᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ ᠨᠡᠢᠲᠡ 680 ᠱᠢᠯᠭᠠᠨ ᠦᠩᠬᠡᠷᠡᠭᠦᠯᠪᠡ᠃ ᠡᠨᠡ ᠨᠢ ᠠᠳᠠᠯᠢ ᠬᠤᠭᠤᠴᠠᠭᠠᠨ᠎ᠤ ᠬᠢ᠎ᠡᠴᠡ 36.8% ᠪᠡᠷ ᠨᠡᠮᠡᠭ᠌ᠳᠡᠪᠡ᠃ ᠲᠤᠰ ᠥᠷᠲᠡᠭᠡᠨ᠎ᠦ ᠬᠢᠨ ᠪᠠᠢᠴᠠᠭᠠᠯᠳᠠ ᠵᠢ ᠬᠦᠯᠢᠶᠡᠬᠦ᠂ ᠤᠷᠢᠳᠴᠢᠯᠠᠨ ᠪᠣᠯᠵᠣᠵᠤ ᠪᠣᠭᠣᠮᠲᠠ ᠥᠩᠭᠡᠷᠡᠬᠦ᠌ ᠵᠡᠷᠭᠡ ᠦᠢᠯᠡᠴᠢᠯᠡᠭᠡᠨ᠎ᠦ ᠥᠭᠡᠷᠡᠴᠢᠯᠡᠯᠲᠡ᠎ᠶ᠋ᠢᠨ ᠠᠷᠭ᠎ᠠ ᠬᠡᠮᠵᠢᠢ᠎ᠡ ᠠᠪᠴᠤ᠌᠂ ᠭᠠᠳᠠᠨ᠎ᠠ᠎ᠡᠴᠨ ᠬᠠᠯᠳᠠᠪᠤᠷᠢᠯᠠᠨ ᠣᠷᠣᠵᠤ ᠢᠷᠡᠬᠦ᠎ᠶ᠋ᠢ ᠰᠡᠷᠭᠡᠢᠯᠡᠬᠦ᠌ ᠲᠡᠮᠦᠷ ᠬᠡᠷᠡᠮ ᠪᠤᠯᠤᠳ ᠬᠠᠨ᠎ᠠ᠎ᠶ᠋ᠢ ᠡᠷᠡᠰ ᠪᠠᠲᠤ ᠴᠣᠭ᠍ᠴᠠᠯᠠᠵᠠᠢ᠃ 《ᠭᠠᠳᠠᠨ᠎ᠠ ᠡᠴᠨ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢᠯᠡᠬᠦ᠌ ᠪᠣᠯ ᠮᠥᠨ ᠬᠦ᠌ ᠣᠳᠣᠬᠠᠨ᠎ᠤ ᠠᠵᠢᠯ᠎ᠤᠨ ᠲᠡᠷᠢᠭᠦᠨ ᠴᠢᠬᠤᠯᠠ ᠶᠠᠪᠤᠳᠠᠯ ᠪᠣᠯᠤᠨ᠎ᠠ᠂ ᠪᠢᠳᠡ ᠡᠯ᠎ᠡ ᠵᠦᠢᠯ᠎ᠦᠨ ᠬᠢᠵᠢᠭ᠎ᠢ ᠰᠡᠷᠭᠡᠢᠯᠡᠬᠦ᠌ ᠠᠷᠭ᠎ᠠ ᠬᠡᠮᠵᠢᠢ᠎ᠡ᠎ᠶ᠋ᠢ ᠴᠢᠩᠭ᠎ᠠ ᠨᠢᠮᠪᠠᠢ ᠨᠢᠬᠳᠠ ᠨᠠᠢᠳᠠᠪᠤᠷᠢᠵᠢᠭᠤᠯᠵᠤ᠂ ᠡᠬᠡ ᠤᠯᠤᠰ᠎ᠤᠨ ᠤᠮᠠᠷᠠᠲᠤ᠎ᠬᠢᠯᠢ ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠬᠦ᠂ ᠨᠡᠢᠭᠡᠮ᠎ᠦᠨ ᠠᠵᠤ ᠠᠬᠤᠢ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》ᠭᠡᠵᠦ᠍ ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠦᠷᠳᠡᠭᠡ᠎ᠶ᠋ᠢᠨ ᠺᠣᠮᠢᠰᠰᠠᠷ ᠵᠶ᠋ᠢ ᠶᠣᠣ ᠹᠸᠩ ᠬᠡᠯᠡᠪᠡ᠃

ᠡᠷᠴᠢ ᠵᠣᠷᠢᠭ᠎ᠢᠶᠠᠨ ᠬᠥᠪᠴᠢᠯᠡᠨ ᠵᠣᠷᠢᠭ᠍ᠲᠠᠢ᠎ᠪᠠᠷ ᠡᠭᠦᠷᠭᠡᠯᠡᠵᠦ᠍᠂ ᠱᠢᠨ᠎ᠡ ᠭᠠᠪᠢᠶ᠎ᠠ ᠪᠠᠢᠭᠤᠯᠬᠤ᠎ᠪᠡᠷ ᠴᠦᠬᠦᠷᠡᠰᠢ ᠦᠭᠡᠢ ᠴᠢᠷᠮᠠᠢᠨ᠎ᠠ᠃ ᠥᠷᠭᠡᠨ ᠤᠯᠠᠨ ᠳᠠᠷᠤᠭ᠎ᠠ ᠪᠠᠢᠯᠳᠤᠭ᠍ᠴᠢ  ᠪᠣᠯᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ᠎ᠨᠠᠷ᠂ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠠᠵᠢᠯ᠎ᠤᠨ ᠪᠠᠢᠷᠢ ᠬᠠᠷᠠᠭᠤᠯ᠎ᠤᠨ ᠭᠠᠵᠠᠷ᠎ᠪᠤᠯᠭᠠᠨ ᠳ᠋ᠠᠭᠠᠨ ᠠᠭᠤᠰᠭᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ᠎ᠳᠡᠭᠡᠨ ᠨᠠᠢᠳᠠᠪᠤᠷᠢᠵᠢᠭᠤᠯᠵᠤ᠂ ᠢᠮᠠᠭ᠍ᠲᠠ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠬᠦ᠌ ᠦᠨᠡᠨᠴᠢ ᠱᠢᠳᠤᠷᠭᠤ ᠬᠠᠮᠠᠭᠠᠯᠠᠭ᠍ᠴᠢ ᠪᠤᠯᠵᠤ᠂ ᠡᠬᠡ ᠤᠯᠤᠰ ᠪᠣᠯᠤᠨ ᠠᠷᠠᠳ ᠲᠦᠮᠡᠨ᠎ᠦ ᠬᠦᠰᠡᠯ ᠨᠠᠢᠳᠠᠯᠭ᠎ᠠ ᠵᠢ ᠬᠥᠰᠡᠷᠳᠡᠭᠦᠯᠬᠦ᠌ ᠦᠭᠡᠢ ᠭᠡᠵᠦ᠍ ᠢᠯᠡᠷᠬᠡᠢᠯᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号