3 ᠰᠠᠷ᠎ᠠ ᠵᠢᠨ11᠎ᠤ᠋ ᠦᠳᠡ᠎ᠶ᠋ᠢᠨ ᠡᠮᠦᠨ᠎ᠡ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢᠳ ᠯᠢ ᠺᠸ ᠴᠢᠶᠠᠩ ᠠᠷᠠᠳ᠎ᠤᠨ ᠶᠡᠬᠡ ᠬᠤᠷᠠᠯ᠎ᠤᠨ ᠲᠠᠩᠬᠢᠮ ᠳ᠋ᠦ ᠶᠠᠪᠤᠬᠳᠠᠬᠰᠠᠨ ᠰᠣᠷᠪᠣᠯᠵᠢᠯᠠᠭ᠍ᠴᠢᠳ᠎ᠤᠨ ᠬᠤᠷᠠᠯ᠎ᠳᠤ ᠣᠷᠣᠯᠴᠠᠬᠰᠠᠨ ᠪᠦᠭᠡᠳ ᠲᠣᠮᠲᠠᠲᠣ ᠭᠠᠲᠠᠭᠠᠲᠣ᠎ᠶᠢᠨ ᠰᠣᠷᠪᠣᠯᠵᠢᠯᠠᠬᠴᠢᠳ᠎ᠤᠨ ᠠᠰᠠᠭᠣᠯᠲᠠᠶᠢ ᠬᠠᠷᠢᠭᠣᠯᠪᠠ᠃ ᠬᠤᠶᠠᠷ ᠴᠠᠭ᠎ᠤᠨ ᠰᠣᠷᠪᠣᠯᠵᠢᠯᠠᠭ᠍ᠴᠢᠳ᠎ᠤᠨ ᠬᠤᠷᠠᠯ ᠲᠡᠬᠡᠷ᠎ᠡ ᠶᠡᠷᠦᠩᠬᠡᠶ ᠰᠠᠢᠳ ᠲᠤᠡᠭ ᠤᠯᠠᠨ ᠬᠠᠯᠠᠮᠰᠢᠯ ᠠᠰᠠᠭᠤᠳᠠᠯ ᠳ᠋ᠦ ᠬᠠᠷᠢᠭᠤᠯᠳᠠ ᠦᠭᠴᠠᠢ᠃
♦ ᠠᠵᠦ ᠠᠬᠤᠢ ᠵᠢᠨ ᠨᠡᠮᠡᠭᠳᠡᠯ᠎ᠤᠨ ᠲᠤᠬᠠᠢ ᠶᠠᠷᠢᠬᠤ ᠳ᠋ᠠᠭᠠᠨ᠄
— 5.5% ᠣᠷᠴᠢᠮ᠎ᠤᠨ ᠨᠡᠮᠡᠭ᠌ᠳᠡᠯ᠎ᠢ ᠪᠡᠶᠡᠯᠡᠭᠦᠯᠬᠦ᠌ ᠪᠣᠯ ᠥᠨᠳᠥᠷ ᠲᠦᠪᠱᠢᠨ ᠳᠡᠬᠢ ᠲᠣᠭ᠍ᠲᠠᠭᠤᠨ ᠪᠠᠢᠳᠠᠯ᠂ ᠮᠥᠨ ᠴᠢᠨᠠᠷ ᠳᠡᠭᠡᠷ᠎ᠡ᠎ᠪᠡᠨ ᠤᠷᠤᠭ᠍ᠰᠢᠯᠠᠭᠤᠯᠬᠤ ᠶᠠᠪᠤᠳᠠᠯ ᠮᠥᠨ᠂ ᠡᠨᠡ ᠲᠡᠢᠮᠦ᠍ ᠬᠢᠯᠪᠡᠷ ᠪᠢᠰᠢ᠃ ᠪᠢᠳᠡᠨ᠎ᠦ ᠡᠨᠡ ᠵᠢᠯ᠎ᠦᠨ ᠠᠪᠤᠭ᠍ᠰᠠᠨ ᠠᠷᠭ᠎ᠠ ᠬᠡᠮᠵᠢᠶ᠎ᠡ ᠪᠣᠯ ᠣᠬᠣᠷ ᠬᠤᠭᠤᠴᠠᠭ᠎ᠠ᠎ᠶ᠋ᠢ ᠠᠷᠭᠠᠴᠠᠭᠠᠬᠤ᠎ᠪᠠᠷ ᠪᠠᠷᠠᠬᠤ ᠦᠭᠡᠢ ᠣᠳᠣᠬᠠᠨ᠎ᠤ ᠪᠠᠢᠳᠠᠯ ᠳᠠᠭᠠᠨ ᠰᠠᠭᠤᠷᠢᠯᠠᠵᠤ᠂ ᠠᠯᠤᠰ ᠬᠡᠲᠤ᠎ᠶ᠋ᠢ ᠪᠣᠳᠣᠯᠬᠢᠯᠠᠭ᠍ᠰᠠᠨ ᠠᠷᠭ᠎ᠠ ᠬᠡᠮᠵᠢᠶ᠎ᠡ ᠮᠥᠨ᠂ ᠢᠷᠡᠭᠡᠳᠦᠶ᠎ᠶᠢ ᠪᠠᠷᠠᠯᠠᠬᠰᠠᠨ᠂ ᠦᠷᠭᠦᠯᠵᠢᠯᠡᠬᠦ᠌ ᠠᠷᠭ᠎ᠠ ᠬᠡᠮᠵᠢᠶ᠎ᠡ ᠪᠣᠯᠣᠨ᠎ᠠ᠃
♦ ᠦᠺᠷᠠᠢᠨ᠎ᠤ ᠪᠠᠢᠳᠠᠯ᠎ᠤᠨ ᠲᠤᠬᠠᠶ ᠶᠠᠷᠢᠬᠤ ᠳ᠋ᠠᠭᠠᠨ᠄
— ᠳᠤᠷᠠᠲᠠᠶ᠎ᠠ ᠳᠡᠯᠡᠬᠡᠶ ᠨᠡᠢᠲᠡ᠎ᠲᠡᠶ ᠬᠠᠮᠲᠤ᠎ᠪᠠᠷ ᠡᠩᠬᠡ ᠲᠠᠢᠪᠤᠩ᠎ᠳᠤ ᠳᠠᠬᠢᠨ ᠪᠤᠴᠠᠬᠤ᠎ᠳᠤ ᠢᠳᠡᠪᠬᠢᠲᠡᠶ ᠦᠢᠯᠡᠳᠦᠯ ᠭᠠᠷᠭᠠᠨ᠎ᠠ᠃ ᠬᠢᠮᠤᠷᠠᠯ᠎ᠢ ᠨᠠᠢᠷᠠᠮᠳᠠᠯ᠎ᠢᠶᠠᠷ ᠱᠢᠶ᠋ᠳᠪᠦᠷᠢᠯᠡᠬᠦ᠌᠎ᠳᠦ ᠠᠱᠢᠭ᠍ᠲᠠᠶ ᠴᠢᠷᠮᠠᠢᠯᠭ᠎ᠠ ᠪᠦᠬᠦᠨ᠎ᠢ ᠪᠢᠳᠡ ᠴᠥᠮ ᠳᠡᠮᠵᠢᠵᠦ᠍ ᠵᠣᠷᠢᠭ᠍ᠵᠢᠭᠤᠯᠬᠤ ᠬᠡᠷᠡᠭ᠌ᠲᠡᠶ᠃
♦ ᠭᠠᠢᠯᠢ᠎ᠶ᠋ᠢ ᠬᠠᠰᠤᠵᠦ᠍ ᠰᠦᠢᠳᠭᠡᠯ᠎ᠢ ᠪᠠᠭᠤᠷᠠᠭᠤᠯᠬᠤ ᠲᠤᠬᠠᠢ ᠶᠠᠷᠢᠬᠤ ᠳ᠋ᠠᠭᠠᠨ ᠄
— ᠡᠨᠡ ᠤᠳᠠᠭ᠎ᠠ ᠪᠢᠳᠡᠨ᠎ᠦ ᠬᠡᠷᠡᠭ᠌ᠵᠢᠭᠦᠯᠦᠭ᠌ᠰᠡᠨ ᠶᠡᠬᠡ ᠬᠡᠪᠴᠢᠶᠡᠨ᠎ᠦ ᠭᠠᠢᠯᠢ᠎ᠶ᠋ᠢ ᠬᠠᠰᠤᠵᠦ ᠰᠦᠢᠳᠭᠡᠯ᠎ᠢ ᠪᠠᠭᠤᠷᠠᠭᠤᠯᠬᠤ ᠪᠣᠯ ᠭᠠᠢᠯᠢ᠎ᠶ᠋ᠢ ᠪᠤᠴᠠᠭᠠᠬᠤ ᠪᠠ ᠭᠠᠢᠯᠢ᠎ᠶ᠋ᠢ ᠬᠠᠰᠤᠬᠤ ᠶ᠋ᠢ ᠵᠡᠷᠭᠡ᠎ᠪᠡᠷ ᠴᠢᠬᠤᠯᠠᠴᠢᠯᠠᠵᠤ᠂ ᠬᠡᠪᠴᠢᠶ᠎ᠡ ᠨᠢ 2.5 ᠲᠦᠮᠡᠨ ᠳ᠋ᠦᠩᠱᠢᠭᠤᠷ ᠲᠥᠭᠥᠷᠢᠭ ᠪᠤᠯᠤᠨ᠎ᠠ᠃ ᠭᠠᠢᠯᠢ᠎ᠶ᠋ᠢ ᠪᠤᠴᠠᠭᠠᠬᠤ ᠨᠢ ᠠᠵᠤ ᠠᠬᠤᠢᠯᠠᠯ᠎ᠳᠤ ᠱᠢᠭᠤᠳ ᠪᠡᠯᠡᠨ ᠵᠣᠭᠣᠰ ᠣᠯᠭᠣᠵᠦ᠂ ᠪᠡᠯᠡᠨ ᠵᠣᠭᠣᠰ᠎ᠤᠨ ᠭᠦᠢᠯᠭᠡᠭᠡᠨ᠎ᠢ ᠨᠡᠮᠡᠭ᠌ᠳᠡᠭᠦᠯᠬᠦ᠌᠎ᠲᠡᠶ ᠠᠳᠠᠯᠢ ᠴᠠᠭ᠎ᠤᠨ ᠬᠤᠷ᠎ᠠ ᠪᠣᠯᠬᠣ ᠶᠣᠮ᠃ ᠡᠷᠭᠡᠪᠰᠢ ᠡᠨᠡ ᠬᠦ᠌ ᠵᠠᠩᠭᠢᠯᠠᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠢᠳᠠᠪᠤᠷᠢᠵᠢᠭᠤᠯᠬᠤ ᠬᠡᠷᠡᠭ᠌ᠲᠡᠶ᠃
♦ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠤᠬᠠᠢ ᠶᠠᠷᠢᠬᠤ ᠳ᠋ᠠᠭᠠᠨ᠄
— ᠣᠷᠣᠨ ᠨᠤᠲᠤᠭ᠎ᠤᠨ ᠵᠠᠰᠠᠭ᠎ᠤᠨ ᠣᠷᠳᠣᠨ《ᠬᠠᠷᠠᠮᠴᠢ ᠬᠥᠮᠦᠨ》 ᠪᠣᠯᠵᠦ᠂ ᠵᠠᠷᠤᠵᠤ ᠦᠯᠦ ᠪᠣᠯᠬᠣ ᠵᠣᠭᠣᠰ᠎ᠢ ᠨᠢᠭᠡ ᠮᠥᠩᠭᠥ᠌ ᠴᠦ᠍ ᠵᠠᠷᠤᠵᠤ ᠪᠣᠯᠬᠤ ᠦᠭᠡᠶ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠳᠤ ᠥᠭ᠌ᠬᠦ ᠶᠣᠰᠣᠲᠠᠶ ᠵᠣᠭᠣᠰ᠎ᠢ ᠨᠢᠭᠡ ᠮᠥᠩᠭᠥ᠌ ᠴᠦ᠍ ᠳᠤᠲᠠᠬᠲᠠᠭᠣᠯᠵᠤ ᠪᠣᠯᠬᠤ ᠦᠭᠡᠶ᠃
♦ ᠱᠢᠶᠠᠩᠭᠠᠩ ᠤ᠋ᠨ ᠬᠢᠵᠢᠭ᠎ᠦᠨ ᠪᠠᠢᠳᠠᠯ᠎ᠤᠨ ᠲᠤᠬᠠᠢ ᠶᠠᠷᠢᠬᠤ ᠳ᠋ᠠᠭᠠᠨ᠄
— ᠲᠥᠪ᠎ᠦᠨ ᠵᠠᠰᠠᠭ ᠤ᠋ᠨ ᠣᠷᠳᠣᠨ ᠱᠢᠶᠠᠩᠭᠠᠩ ᠤ᠋ᠨ ᠬᠢᠵᠢᠭ᠎ᠦᠨ ᠪᠠᠢᠳᠠᠯ ᠢ᠋ ᠡᠳᠦᠷ ᠪᠤᠯᠭᠠᠨ ᠠᠩᠬᠠᠷᠴᠤ᠌᠂ ᠱᠢᠶᠠᠩᠭᠠᠩ ᠤ᠋ᠨ ᠬᠤᠳᠠ ᠶ᠋ᠢᠨ ᠠᠷᠠᠳ ᠤ᠋ᠨ ᠠᠮᠢ ᠨᠠᠰᠤ ᠡᠷᠡᠭᠦᠯ ᠮᠡᠨᠳᠤ ᠪᠠ ᠠᠮᠤᠷ ᠲᠦᠪᠱᠢᠨ ᠢ᠋ ᠲᠤᠢᠯ ᠶ᠋ᠢᠡᠷ ᠰᠠᠨᠠᠭᠠᠯᠵᠠᠵᠤ ᠪᠠᠢᠨ᠎ᠠ᠃ ᠤᠨᠴᠠᠭᠠᠢ ᠵᠠᠰᠠᠭ ᠵᠠᠬᠢᠷᠭᠠᠨ ᠤ᠋ ᠣᠷᠣᠨ ᠤ᠋ ᠵᠠᠰᠠᠭ ᠤ᠋ᠨ ᠣᠷᠳᠣᠨ ᠬᠢᠵᠢᠭ ᠲᠠᠢ ᠲᠡᠮᠡᠴᠡᠬᠦ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠬᠦ᠌ ᠬᠡᠷᠡᠭ᠌ᠲᠡᠶ᠂ ᠱᠢᠶᠠᠩᠭᠠᠩ ᠤ᠋ᠨ ᠬᠢᠵᠢᠭ ᠢ᠋ ᠡᠰᠡᠷᠭᠦᠴᠡᠬᠦ᠌ ᠶᠠᠪᠤᠳᠠᠯ ᠢ᠋ ᠲᠥᠪ ᠤ᠋ᠨ ᠵᠠᠰᠠᠭ ᠤ᠋ᠨ ᠣᠷᠳᠣᠨ᠎ᠠᠴᠠ ᠪᠦᠬᠦ᠌ ᠬᠦᠴᠦ᠍᠎ᠪᠡᠷ ᠶ᠋ᠢᠡᠨ ᠳᠡᠮᠵᠢᠬᠦ᠌ ᠪᠣᠯᠤᠨ᠎ᠠ᠃
♦ ᠠᠮᠢᠳᠤᠯᠢᠭ ᠠᠵᠢᠯ ᠣᠯᠭᠣᠯᠳᠠ ᠵᠢᠨ ᠲᠤᠬᠠᠢ ᠶᠠᠷᠢᠬᠤ ᠳ᠋ᠠᠭᠠᠨ᠄
— ᠲᠡᠳᠡ ᠰᠠᠯᠬᠢ ᠪᠣᠷᠣᠭᠠᠨ ᠢ᠋ ᠵᠦᠰᠦᠵᠦ᠂ ᠮᠠᠰᠢ ᠵᠦᠳᠡᠷᠡᠯᠲᠡᠶ ᠠᠵᠢᠯᠯᠠᠳᠠᠭ᠃ ᠵᠠᠰᠠᠭ ᠤ᠋ᠨ ᠣᠷᠳᠣᠨ ᠠᠴᠠ ᠲᠥᠷᠥ ᠶ᠋ᠢᠨ ᠪᠣᠳᠣᠯᠭ᠎ᠠ᠎ᠪᠠᠨ ᠤᠯᠠᠮ ᠳᠡᠭᠦᠯᠳᠡᠷᠵᠢᠭᠦᠯᠵᠦ᠂ ᠡᠳᠡᠭᠡᠷ 《ᠤᠨᠤᠭᠠᠴᠢᠳ》 ᠲᠦ᠍ 《ᠠᠶᠤᠯᠭᠦᠶ ᠶ᠋ᠢᠨ ᠪᠦᠰᠡ》ᠪᠦᠰᠡᠯᠡᠭᠦᠯᠵᠦ᠂ ᠠᠮᠢᠳᠤᠯᠢᠭ ᠠᠵᠢᠯ ᠣᠯᠭᠣᠯᠲᠠ ᠵᠡᠷᠭᠡ ᠠᠵᠢᠯ ᠣᠯᠭᠣᠯᠲᠠ ᠶ᠋ᠢᠨ ᠱᠢᠨ᠎ᠡ ᠬᠡᠯᠪᠡᠷᠢ ᠪᠡᠷ ᠪᠠᠴᠢᠮ ᠪᠠᠢᠳᠠᠯ ᠢ᠋ ᠠᠷᠭᠠᠴᠠᠭᠠᠬᠤ ᠮᠥᠷᠲᠡᠭᠡᠨ ᠵᠠᠬ᠎ᠠ ᠳᠡᠯᠭᠡᠭᠦᠷ᠎ᠦᠨ ᠠᠮᠢᠵᠢᠷᠠᠯ ᠤ᠋ᠨ ᠬᠦᠴᠦᠨ ᠪᠣᠯᠤᠨ ᠨᠡᠢᠭᠡᠮ᠎ᠦᠨ ᠪᠦᠲᠦᠭᠡᠯᠴᠢ ᠬᠦᠴᠦᠨ ᠢ᠋ ᠬᠦᠭᠵᠢᠭᠡᠨ᠎ᠡ᠃
♦ 《ᠬᠥᠳᠡᠯᠦᠩᠭᠦᠶ᠎ᠪᠡᠷ ᠲᠡᠭ ᠪᠣᠯᠭᠠᠬᠤ》 ᠲᠤᠬᠠᠢ ᠶᠠᠷᠢᠬᠤ ᠳ᠋ᠠᠭᠠᠨ᠄
— ᠪᠢᠳᠡ ᠬᠢᠵᠢᠭ᠎ᠦᠨ ᠪᠠᠢᠳᠠᠯ ᠤ᠋ᠨ ᠬᠤᠪᠢᠷᠠᠯᠲᠠ ᠪᠣᠯᠤᠨ ᠸᠢᠷᠦ᠋ᠰ᠎ᠦᠨ ᠣᠨᠴᠠᠯᠢᠭ ᠢ᠋ ᠦᠨᠳᠦᠰᠦᠯᠡᠵᠦ᠍᠂ ᠰᠡᠷᠭᠡᠢᠯᠡᠨ ᠡᠵᠡᠮᠳᠡᠬᠦ᠌ ᠶ᠋ᠢ ᠨᠡᠩ ᠱᠢᠨᠵᠢᠯᠡᠬᠦ᠌ ᠤᠬᠠᠭᠠᠨᠴᠢ ᠣᠨᠣᠪᠴᠢᠲᠠᠢ ᠪᠣᠯᠭᠠᠵᠤ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠍ ᠶ᠋ᠢ ᠪᠠᠲᠤᠯᠠᠵᠤ᠂ ᠬᠡᠪ᠎ᠦᠨ ᠦᠢᠯᠡᠳᠪᠦᠷᠢᠯᠡᠯ ᠠᠮᠢᠳᠤᠷᠠᠯ ᠤ᠋ᠨ ᠡᠮᠬᠢ ᠳᠢᠭ᠌ᠯᠢᠮ ᠢ᠋ ᠪᠠᠲᠤᠯᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠠᠮᠤᠷ ᠲᠦᠪᠱᠢᠨ ᠢ᠋ ᠪᠠᠲᠤᠯᠠᠨ᠎ᠠ᠃ ᠪᠢᠳᠡ ᠲᠠᠰᠤᠷᠠᠯᠲᠠ ᠦᠭᠡᠢ ᠲᠤᠷᠱᠢᠯᠭ᠎ᠠ ᠬᠤᠷᠠᠮᠳᠤᠭᠤᠯᠵᠤ᠂ ᠭᠠᠷᠴᠤ᠌ ᠮᠡᠳᠡᠬᠦ᠌ ᠬᠤᠪᠢᠷᠠᠯᠲᠠ ᠶ᠋ᠢ ᠴᠠᠭ ᠲᠤᠬᠠᠶ ᠳ᠋ᠤᠨᠢ ᠠᠷᠭᠠᠴᠠᠭᠠᠵᠤ᠂ ᠡᠳ᠋ ᠪᠠᠷᠠᠭᠠᠨ ᠤ᠋ ᠭᠦᠢᠯᠭᠡᠭᠡ᠂ ᠬᠦᠮᠦᠰ᠎ᠤᠨ ᠶᠠᠪᠤᠯᠴᠠᠭ᠎ᠠ ᠶ᠋ᠢ ᠠᠯᠬᠤᠮ ᠠᠯᠬᠤᠮ ᠶ᠋ᠢᠡᠷ ᠡᠮᠬᠢ ᠵᠢᠷᠤᠮ᠎ᠲᠠᠶ᠎ᠪᠠᠷ ᠰᠠᠭᠠᠳ ᠦᠭᠡᠢ ᠨᠡᠪᠲᠡᠷᠡᠭᠦᠯᠬᠦ᠌ ᠪᠣᠯᠤᠨ᠎ᠠ᠃
♦ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠢ ᠱᠢᠯᠢᠳᠡᠭ᠌ᠵᠢᠭᠦᠯᠬᠦ ᠲᠤᠬᠠᠢ ᠶᠠᠷᠢᠬᠤ ᠳ᠋ᠠᠭᠠᠨ᠄
— ᠵᠠᠰᠠᠭ᠎ᠤᠨ ᠣᠷᠳᠣᠨ ᠡᠷᠬᠡᠪᠰᠢ ᠬᠢᠳᠤᠭᠠᠨ ᠢᠷ᠎ᠢ ᠳᠣᠲᠣᠭ᠍ᠰᠢ᠎ᠪᠠᠨ ᠬᠠᠨᠳᠤᠭᠤᠯᠤᠭᠰᠠᠨ ᠥᠭᠡᠷᠡᠴᠢᠯᠡᠯᠲᠡ ᠵᠢ ᠬᠢᠬᠦ᠌ ᠬᠡᠷᠡᠭ᠌ᠲᠡᠶ᠂ ᠵᠠᠰᠠᠭ ᠤᠨ ᠣᠷᠳᠣᠨ᠎ᠤ ᠰᠠᠯᠠᠭ᠎ᠠ ᠮᠥᠴᠢᠷ ᠥᠪᠡᠷ᠎ᠦᠨ ᠡᠷᠬᠡ᠎ᠶ᠋ᠢᠨ ᠵᠢᠡᠨ ᠲᠣᠭᠣᠷᠢᠨ᠎ᠳᠤ ᠡᠷᠭᠢᠯᠳᠦᠭᠦᠯᠵᠦ᠍ ᠪᠣᠯᠬᠤ ᠦᠭᠡᠢ᠂ ᠬᠠᠷᠢᠨ ᠥᠭᠡᠷᠡᠴᠢᠯᠡᠯᠲᠡ᠎ᠪᠡᠷ ᠳᠠᠮᠵᠢᠭᠤᠯᠤᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢ ᠵᠠᠯᠭ᠎ᠠ ᠵᠠᠯᠭ᠎ᠠ᠎ᠪᠠᠷ ᠪᠤᠢ ᠪᠣᠯᠭᠠᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠬᠤ ᠬᠡᠷᠡᠭ᠌ᠲᠡᠶ᠃ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠶ᠋ᠢ ᠪᠢᠳᠡ ᠦᠷᠭᠦᠯᠵᠢᠯᠡᠨ ᠠᠬᠢᠭᠤᠯᠤᠨ᠎ᠠ ᠃
♦《ᠲᠠᠯᠪᠢᠬᠤ》 《ᠬᠠᠮᠢᠶᠠᠷᠬᠤ》 《ᠦᠢᠯᠡᠴᠢᠯᠡᠬᠦ》 ᠠᠰᠠᠭᠤᠳᠠᠯ᠎ᠤᠨ ᠲᠤᠬᠠᠢ ᠶᠠᠷᠢᠬᠤ ᠳ᠋ᠠᠭᠠᠨ᠄
—《ᠲᠠᠯᠪᠢᠬᠤ》ᠪᠠ 《ᠬᠠᠮᠢᠶᠠᠷᠬᠤ》 ᠵᠢ ᠵᠡᠷᠭᠡ ᠪᠡᠷ ᠶᠠᠪᠤᠭ᠍ᠳᠠᠭᠤᠯᠤᠨ᠎ᠠ᠂ 《ᠲᠠᠯᠪᠢᠬᠤ》᠎ᠨᠢ ᠬᠠᠷᠢᠭᠤᠴᠠᠯᠭ᠎ᠠ᠎ᠪᠠᠨ ᠲᠠᠯᠪᠢᠬᠤ ᠶᠠᠪᠤᠳᠠᠯ ᠪᠢᠰᠢ ᠂ 《ᠬᠠᠮᠢᠶᠠᠷᠬᠤ》 ᠪᠤᠯ ᠵᠠᠰᠠᠭ᠎ᠤᠨ ᠣᠷᠳᠣᠨ᠎ᠤ ᠡᠷᠬᠡᠪᠰᠢ ᠭᠦᠢᠴᠡᠳᠭᠡᠬᠦ᠌ ᠡᠭᠦᠷᠭᠡ ᠬᠠᠷᠢᠭᠤᠴᠠᠯᠭ᠎ᠠ ᠮᠥᠨ᠃ 《ᠲᠠᠯᠪᠢᠬᠤ》 ᠨᠢ ᠮᠦᠨ ᠴᠸ᠋ ᠳᠤᠷ᠎ᠠ᠎ᠪᠠᠷ ᠨᠢ ᠲᠠᠯᠪᠢᠬᠤ ᠶᠠᠪᠤᠳᠠᠯ ᠪᠢᠰᠢ᠂ ᠲᠡᠳᠡᠭᠡᠷ ᠬᠤᠳᠠᠯ ᠬᠠᠭᠤᠷᠮᠠᠭ᠂ ᠬᠠᠭᠤᠷᠴᠤ᠌ ᠮᠡᠬᠡᠯᠡᠬᠦ᠌ ᠵᠡᠷᠭᠡ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭ᠌ᠬᠦ ᠬᠡᠷᠡᠭᠳᠡᠢ᠃
♦ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢᠨ ᠲᠤᠬᠠᠢ ᠶᠠᠷᠢᠬᠤ ᠳ᠋ᠠᠭᠠᠨ᠄
— ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠡᠭᠦᠳᠡ᠎ᠪᠡᠨ ᠨᠡᠭᠡᠭᠡᠭ᠌ᠰᠡᠨ ᠪᠣᠯᠬᠣᠷ ᠡᠭᠦᠳᠡ᠎ᠪᠡᠨ ᠬᠠᠭᠠᠵᠤ ᠪᠣᠯᠬᠤ ᠦᠭᠡᠢ᠂ ᠨᠡᠩ ᠴᠤ᠌ 《ᠬᠠᠷᠢᠯᠴᠠᠭᠠᠬᠤᠯᠪᠤᠭᠠ ᠪᠠᠨ ᠲᠠᠰᠤᠯᠵᠦ》 ᠪᠣᠯᠬᠤ ᠦᠭᠡᠢ᠃ ᠳᠤᠮᠳᠠᠳᠤ ᠠᠮᠧᠷᠢᠺᠠ᠎ᠶ᠋ᠢᠨ ᠬᠠᠮᠲᠤᠷᠠᠯᠴᠠᠭ᠎ᠠ ᠨᠢ ᠬᠣᠶᠠᠷ ᠤᠯᠤᠰ᠂ ᠳᠡᠯᠡᠬᠡᠢ᠎ᠳ᠋ᠠᠬᠢᠨ᠎ᠳᠤ ᠪᠦᠷ ᠠᠱᠢᠭ᠍ᠲᠠᠢ᠃ ᠳᠤᠮᠳᠠᠳᠤ᠎ᠶ᠋ᠢᠨ ᠲᠠᠯ᠎ᠠ᠎ᠶ᠋ᠢᠨ ᠬᠢᠨ ᠳᠤᠷᠠᠲᠠᠶ᠎ᠠ ᠠᠮᠧᠷᠢᠺᠠ᠎ᠶ᠋ᠢᠨ ᠲᠠᠯ᠎ᠠ᠎ᠶ᠋ᠢᠨ ᠬᠢᠨ᠎ᠲᠡᠶ ᠬᠠᠮᠲᠤ ᠪᠠᠷ ᠠᠭᠤᠴᠢᠯᠠᠨ ᠱᠢᠢᠳᠪᠦᠷᠢᠯᠡᠬᠦ᠌ ᠶ᠋ᠢ ᠰᠣᠩᠭᠣᠵᠤ᠂ ᠤᠷᠳᠤ ᠬᠤᠭᠤᠴᠠᠭᠠᠨ᠎ᠤ ᠠᠱᠢᠭ ᠲᠤᠰᠠ᠎ᠶ᠋ᠢ ᠪᠣᠳᠣᠯᠬᠢᠯᠠᠨ᠎ᠠ᠃
♦ ᠬᠦᠴᠢᠷᠳᠡᠯᠲᠡᠶ ᠠᠵᠢᠯ ᠲᠦᠷᠦᠯ᠎ᠤᠨ ᠲᠤᠬᠠᠢ ᠶᠠᠷᠢᠬᠤ ᠳ᠋ᠠᠭᠠᠨ᠄
—《ᠵᠢᠩᠯᠡᠭᠦᠷ᠎ᠦᠨ ᠲᠤᠤᠬᠠᠶ ᠬᠡᠳᠦᠢᠪᠡᠷ ᠪᠠᠭ᠎ᠠ ᠪᠣᠯᠪᠠᠴᠤ᠌ ᠮᠢᠩᠭᠠᠨ ᠵᠢᠩ᠎ᠢ ᠳᠠᠷᠤᠨ᠎ᠠ》ᠭᠡᠳᠡᠭ᠂ ᠲᠡᠳᠡᠨ ᠳ᠋ᠦ ᠴᠠᠭ ᠲᠤᠬᠠᠶ᠎ᠳᠤᠨᠢ ᠳᠡᠮᠵᠢᠯᠭᠡ ᠦᠵᠡᠬᠦᠯᠬᠦ ᠬᠡᠷᠡᠭ᠌ᠲᠡᠶ᠃ ᠪᠢᠳᠡ ᠡᠳᠡᠭᠡᠷ ᠣᠨᠴᠠᠭᠠᠶ ᠬᠦᠴᠢᠷᠳᠡᠯᠲᠡᠶ ᠠᠵᠢᠯ ᠲᠦᠷᠦᠯ᠎ᠢ ᠲᠡᠳᠬᠦᠨ ᠲᠡᠮᠵᠢᠵᠤ ᠪᠠᠢᠭ᠎ᠠ ᠨᠢ ᠭᠠᠬᠴᠠ᠎ᠬᠦ ᠲᠡᠳᠡᠨ᠎ᠢ ᠲᠤᠰᠠᠯᠠᠵᠤ ᠬᠦᠴᠢᠷ᠎ᠢ ᠲᠤᠭᠤᠯᠬᠤ ᠵᠢᠨ ᠲᠥᠯᠥᠭᠡ ᠯᠡ ᠪᠢᠰᠢ᠂ ᠪᠠᠰᠠ ᠴᠤ᠌ ᠠᠷᠠᠳ ᠤᠯᠠᠨ᠎ᠤ ᠠᠮᠢᠳᠤᠷᠠᠯ᠎ᠢ ᠬᠠᠯᠠᠭᠤᠨ ᠳᠤᠯᠠᠭᠠᠬᠠᠨ ᠪᠠᠢᠯᠭᠠᠵᠦ᠂ ᠮᠠᠨ᠎ᠤ ᠠᠵᠤ ᠠᠬᠤᠶ᠎ᠪᠠᠨ ᠨᠡᠩ ᠢᠯᠡᠭᠦᠦ ᠠᠮᠢᠵᠢᠷᠠᠯ᠎ᠤᠨ ᠬᠦᠴᠦᠨ᠎ᠲᠡᠶ ᠪᠣᠯᠭᠠᠬᠤ ᠶᠠᠪᠤᠳᠠᠯ ᠪᠣᠯᠤᠨ᠎ᠠ᠃
♦ᠲᠠᠢᠸᠠᠨ ᠬᠣᠭᠣᠯᠠᠢ᠎ᠶ᠋ᠢᠨ ᠬᠣᠶᠠᠷ ᠬᠥᠪᠡᠭᠡᠨ᠎ᠦ ᠬᠠᠷᠢᠴᠠᠭ᠎ᠠ ᠵᠢᠨ ᠲᠤᠬᠠᠢ ᠶᠠᠷᠢᠬᠤ ᠳ᠋ᠠᠭᠠᠨ᠄
— ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ᠎ᠦ ᠠᠬ᠎ᠠ ᠳᠡᠭᠦᠦ᠍᠎ᠨᠡᠷ ᠪᠣᠯ ᠡᠴᠦᠰ᠎ᠦᠨ ᠡᠴᠦᠰ᠎ᠲᠡᠬᠡᠨ ᠨᠢᠭᠡ ᠭᠡᠷ᠎ᠦᠨ ᠬᠥᠮᠦᠨ ᠮᠥᠨ᠂ ᠠᠬ᠎ᠠ ᠳᠡᠭᠦᠦ ᠲᠦᠷᠦᠯ ᠰᠠᠳᠤᠨ᠎ᠤ ᠬᠠᠢᠷ᠎ᠠ ᠰᠡᠳᠭᠢᠯᠭᠡ᠎ᠪᠡᠨ ᠬᠡᠵᠢᠶ᠎ᠡ ᠴᠦ᠍ ᠭᠡᠳ ᠲᠠᠰᠤᠯᠳᠠᠭᠤᠯᠵᠤ ᠴᠢᠳᠠᠬᠤ ᠦᠭᠡᠢ ᠶᠤᠮ᠂ ᠪᠢᠳᠡ ᠳᠤᠷᠠᠲᠠᠶ᠎ᠠ ᠥᠷᠭᠡᠨ ᠤᠯᠠᠨ ᠲᠠᠢᠸᠠᠨ᠎ᠤ ᠠᠬ᠎ᠠ ᠳᠡᠭᠦᠦ᠍᠎ᠨᠡᠷ᠎ᠲᠡᠶ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠦᠷᠭᠦᠯᠵᠢᠯᠡᠨ ᠬᠤᠪᠢᠶᠠᠯᠴᠠᠵᠤ᠂ ᠡᠬᠡ ᠬᠠᠭᠤᠷᠠᠶ᠎ᠳᠤ ᠢᠷᠡᠵᠦ᠍ ᠦᠢᠯᠡᠰ ᠪᠤᠰᠬᠠᠭᠰᠠᠨ ᠲᠠᠢᠸᠠᠨ᠎ᠤ ᠠᠬ᠎ᠠ ᠳᠡᠭᠦᠦ᠍᠎ᠨᠡᠷ᠎ᠲᠦ ᠠᠳᠠᠯᠢᠬᠠᠨ ᠬᠠᠷᠠᠭᠠᠯᠵᠠᠯ ᠦᠵᠡᠭᠦᠯᠵᠦ᠍᠂ ᠲᠡᠳᠡᠨ᠎ᠳᠦ ᠪᠣᠳᠠᠲᠤ ᠶᠠᠪᠤᠲᠠᠯ ᠬᠢᠵᠦ᠍ ᠦᠭᠴᠦ᠂ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠵᠦ᠍ ᠥᠭ᠌ᠭᠦᠨ᠎ᠡ᠃ ᠲᠠᠢᠸᠠᠨ ᠬᠣᠭᠣᠯᠠᠶᠶ᠋ᠢᠨᠬᠣᠶᠠᠷᠬᠦᠪᠡᠭᠡᠨᠦᠠᠬᠠ ᠳᠡᠭᠦᠦ᠍᠎ᠨᠡᠷ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠤᠷᠤᠭ᠍ᠰᠢᠯᠠᠳᠠᠭ ᠯᠠ ᠶᠤᠮ ᠪᠣᠯ ᠲᠠᠢᠸᠠᠨ ᠬᠣᠭᠣᠯᠠᠶ᠎ᠶ᠋ᠢᠨ ᠬᠣᠶᠠᠷ ᠬᠦᠪᠡᠭᠡᠨ᠎ᠦ ᠬᠠᠷᠢᠴᠠᠭ᠎ᠠ᠎ᠶ᠋ᠢᠨ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠶᠠᠨ ᠵᠢᠷᠭᠠᠯ᠎ᠢ ᠬᠠᠮᠲᠤ᠎ᠪᠠᠷ ᠡᠳ᠋ᠯᠡᠵᠦ᠍ ᠴᠢᠲᠠᠬᠤ ᠨᠢ ᠯᠠᠪᠲᠠᠶ ᠶᠤᠮ᠃
♦ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠤᠬᠠᠢ ᠶᠠᠷᠢᠬᠤ ᠳ᠋ᠠᠭᠠᠨ᠄
— ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠪᠣᠯ ᠳᠠᠷᠤᠢ ᠠᠷᠠᠳ᠎ᠤᠨ ᠰᠡᠳᠬᠢᠯ᠎ᠳᠦ ᠨᠡᠢᠴᠡᠭᠦᠯᠵᠦ᠂ ᠠᠷᠠᠳ ᠲᠦᠮᠡᠨ᠎ᠦ ᠬᠦᠴᠢᠷ ᠵᠣᠪᠠᠭᠤᠷᠢ᠎ᠶᠢ ᠰᠢᠢᠳᠪᠦᠷᠢᠯᠡᠨ ᠥᠭᠴᠦ᠂ ᠠᠷᠠᠳ ᠲᠦᠮᠡᠨ᠎ᠢ ᠰᠠᠢᠨ ᠰᠠᠢᠬᠠᠨ ᠠᠮᠢᠳᠤᠷᠠᠭᠤᠯᠬᠤ ᠶᠠᠪᠤᠳᠠᠯ ᠪᠣᠯᠣᠨ᠎ᠠ᠃ ᠪᠢᠳᠡ ᠡᠨᠡ ᠵᠢᠯ ᠪᠡᠶ᠎ᠡ᠎ᠶᠢᠨ ᠦᠨᠡᠮᠯᠡᠯ᠎ᠢ ᠡᠯᠸᠺᠲᠷᠤᠨᠴᠢᠯᠡᠨᠡ᠂ ᠪᠢᠳᠡ ᠪᠠᠰᠠ ᠲᠡᠳᠡᠭᠡᠷ ᠣᠶᠤᠨᠴᠢ ᠭᠠᠷ ᠤᠲᠠᠰᠤ ᠬᠡᠷᠡᠭᠯᠡᠳᠡᠭ ᠦᠭᠡᠢ ᠬᠥᠮᠥᠰ᠎ᠲᠦ ᠢᠯᠠᠩᠭᠤᠶ᠎ᠠ ᠨᠠᠰᠤᠲᠠᠢᠴᠤᠳ᠎ᠲᠤ ᠲᠥᠬᠥᠮ ᠦᠵᠡᠭᠦᠯᠬᠦ ᠮᠦᠷᠳᠡᠬᠡᠨ ᠠᠷᠠᠳ ᠢᠷᠭᠡᠳ᠎ᠦᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠬᠤᠪᠢ ᠶᠢᠨ ᠨᠢᠭᠤᠴᠠ ᠶᠢ ᠴᠤ᠌ ᠪᠠᠳᠤᠯᠠᠨ᠎ᠠ᠃
♦ᠠᠷᠠᠳ ᠤᠯᠡᠠ᠎ᠤ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠬᠤ ᠲᠤᠬᠠᠢ ᠶᠠᠷᠢᠬᠤ ᠳ᠋ᠠᠭᠠᠨ᠄
— ᠣᠢᠷ᠎ᠠ᠎ᠳᠤ ᠵᠠᠷᠢᠮ ᠭᠠᠵᠠᠷ᠎ᠲᠤ ᠡᠮᠡᠭᠲᠡᠢᠴᠦᠳ ᠦᠨ ᠡᠷᠬᠡ ᠠᠰᠢᠭ᠋᠎ᠢ ᠬᠦᠨᠳᠦ ᠨᠣᠴᠢᠲᠠᠢ ᠬᠣᠬᠢᠷᠠᠭᠤᠯᠤᠭᠰᠠᠨ ᠬᠡᠷᠡᠭ ᠭᠠᠷᠴᠠᠢ᠂ ᠪᠢᠳᠡ ᠬᠣᠣᠷ ᠠᠮᠰᠠᠭ᠍ᠴᠢᠳ ᠤᠨ ᠲᠥᠯᠥᠭᠡ ᠵᠢᠷᠦᠬᠡ ᠰᠢᠮᠰᠢᠷᠡᠵᠦ ᠪᠠᠢᠬᠤ᠎ᠪᠠᠷ ᠪᠠᠷᠠᠬᠤ ᠦᠭᠡᠢ ᠪᠠᠰᠠ ᠡᠨᠡ ᠤᠴᠢᠷ᠎ᠲᠤ ᠲᠤᠢᠯ᠎ᠢᠶᠠᠷ ᠬᠢᠯᠢᠩᠨᠡᠵᠦ ᠪᠠᠢᠨ᠎ᠠ᠃ ᠤᠯᠠᠨ ᠲᠦᠮᠡᠨ᠎ᠦ ᠡᠷᠬᠡ ᠠᠰᠢᠭ᠋᠎ᠢ ᠦᠯᠦ ᠬᠠᠢᠬᠤᠷᠤᠭᠰᠠᠳ ᠡᠴᠡ ᠡᠷᠡᠰ ᠬᠠᠷᠢᠭᠤᠴᠠᠯᠭ᠎ᠠ ᠨᠡᠬᠡᠮᠵᠢᠯᠡᠵᠦ᠂ ᠡᠮᠡᠭᠲᠡᠢᠴᠦᠳ ᠬᠡᠦᠬᠡᠳ᠎ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠦᠴᠦᠬᠡᠨ ᠴᠤ᠌ ᠠᠭᠤᠴᠢᠯᠠᠬᠤ ᠦᠭᠡᠢ᠎ᠪᠡᠷ ᠴᠢᠩᠭ᠎ᠠ ᠰᠢᠢᠳᠬᠡᠬᠦ ᠬᠡᠷᠡᠭᠳᠡᠢ᠃
♦ᠭᠠᠳᠠᠭᠠᠳᠤ ᠨᠡᠭᠡᠭᠡᠯᠲᠡ ᠵᠢᠨ ᠲᠤᠬᠠᠢ ᠶᠠᠷᠢᠬᠤ ᠳ᠋ᠠᠭᠠᠨ ᠄
— ᠳᠡᠯᠡᠬᠡᠢ᠎ᠶᠢᠨ ᠪᠠᠢᠳᠠᠯ ᠶᠠᠭᠠᠬᠢᠵᠤ ᠬᠤᠪᠢᠷᠠᠭᠰᠠᠨ ᠴᠤ᠌ ᠳᠤᠮᠳᠠᠳᠤ ᠤᠯᠤᠰ ᠴᠥᠮ ᠭᠤᠢᠪᠢᠰᠢ ᠦᠬᠡᠢ᠎ᠪᠡᠷ ᠨᠡᠭᠡᠭᠡᠯᠲᠡ ᠪᠡᠨ ᠥᠷᠭᠡᠳᠬᠡᠨ᠎ᠡ᠃ ᠬᠥᠬᠡᠮᠥ᠋ᠷᠡᠨ᠂ ᠬᠠᠳᠦᠠ ᠭᠣᠣᠯ ᠭᠡᠳᠡᠷᠬᠦ ᠤᠷᠤᠰᠬᠤ ᠦᠬᠡᠢ ᠶᠤᠮ᠃ ᠥᠨᠳᠥᠷ ᠲᠦᠪᠰᠢᠨ ᠪᠦᠬᠦᠢ ᠨᠡᠭᠡᠭᠡᠯᠲᠡ ᠶᠢ ᠥᠷᠭᠡᠳᠬᠡᠬᠦ ᠳᠦ ᠠᠰᠢᠭ᠍ᠲᠠᠢ ᠯᠠ ᠶᠤᠮ ᠪᠣᠯ ᠪᠢᠳᠡ ᠲᠤᠷᠠᠳᠠᠶ᠎ᠠ ᠢᠳᠡᠪᠬᠢᠲᠡᠢ ᠬᠢᠨ᠎ᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠭᠡᠳ 40 ᠭᠠᠷᠤᠢ ᠵᠢᠯ ᠪᠣᠯᠪᠠ᠂ ᠥᠪᠡᠷ ᠢ ᠪᠡᠨ ᠬᠥᠭᠵᠢᠭᠦᠯᠵᠦ᠂ ᠠᠷᠠᠳ ᠲᠦᠮᠡᠨ ᠳᠦ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠴᠤ᠌ ᠠᠰᠢᠭ ᠬᠦᠷᠳᠡᠭᠡᠪᠡ᠃ ᠡᠨᠡ ᠪᠣᠯ ᠠᠵᠠ ᠲᠣᠬᠢᠶᠠᠯ ᠤᠨ ᠲᠣᠮᠣ᠌ ᠡᠭᠦᠳᠡ ᠮᠥᠨ᠂ ᠪᠢᠳᠡ ᠲᠡᠭᠦᠨ᠎ᠢ ᠶᠠᠭᠠᠬᠢᠭ᠍ᠰᠠᠨ ᠴᠤ᠌ ᠬᠠᠭᠠᠬᠤ ᠦᠭᠡᠢ ᠂ ᠪᠠᠰᠠ ᠶᠠᠭᠠᠬᠢᠭ᠍ᠰᠠᠨ ᠴᠤ᠌ ᠬᠠᠭᠠᠵᠤ ᠪᠣᠯᠬᠤ ᠦᠭᠡᠢ ᠶᠤᠮ᠃
ᠢᠷᠡᠯᠳᠡ᠄ ᠠᠷᠠᠳ᠎ᠤᠨ ᠡᠳᠦᠷ᠎ᠤᠨ ᠰᠤᠨᠢᠨ