ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ
2022-03-14 10:16:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2022 ᠤᠨ ᠤ᠋ 3 ᠰᠠᠷ᠎ᠠ ᠶ᠋ᠢᠨ 5 ᠤ᠋ ᠡᠳᠤᠷ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠎ᠤᠨ ᠠᠷᠠᠳ ᠎ᠤᠨ ᠳᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯᠳᠤᠭᠠᠨ ᠳᠡᠭᠡᠷ᠎ᠡ 

ᠲᠦᠷᠦ ᠵᠢᠨ ᠶᠠᠪᠤᠳᠠᠯ ᠎ᠤᠨ ᠬᠤᠷᠢᠶᠠᠨ ᠎ᠤ ᠶᠡᠷᠦᠩᠬᠡᠢ ᠰᠠᠢᠳ   ᠯᠢ ᠺᠧ ᠴᠢᠶᠠᠩ


ᠲᠥᠯᠥᠭᠡᠯᠡᠭ᠌ᠴᠢᠳ ᠡ᠄

ᠤᠳᠤ ᠪᠢ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠡᠮᠦᠨ᠎ᠡ᠎ᠠᠴᠠ ᠶᠡᠭᠡ ᠬᠤᠷᠠᠯ᠎ᠳᠤ ᠵᠠᠰᠠᠭ᠎ᠤᠨ ᠣᠷᠳᠣᠨ᠎ᠤ ᠠᠵᠢᠯ ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠤᠯᠪᠠ ᠤᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠴᠦ᠍ ᠰᠠᠨᠠᠯ᠎ᠢᠶᠠᠨ ᠳᠤᠷᠠᠳᠭᠤ ᠪᠤᠯᠪᠠ ᠤᠤ᠃

ᠨᠢᠭᠡ᠂  2021 ᠣᠨ ᠎ᠤ ᠠᠵᠢᠯ ᠎ᠤᠨ ᠡᠷᠭᠢᠴᠡᠭᠦᠯᠦᠯ

ᠥᠩᠭᠡᠷᠡᠭ᠌ᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ ᠳᠡᠭᠡᠷ᠎ᠡ ᠪᠡᠯᠭᠡ ᠲᠡᠮᠳᠡᠭ᠎ᠤᠨ ᠠᠴᠢ ᠬᠤᠯᠪᠣᠭ᠍ᠳᠠᠯ᠎ᠲᠠᠢ ᠨᠢᠭᠡ ᠵᠢᠯ ᠮᠥᠨ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠦᠪᠡᠳᠡᠭ᠌ᠰᠢ ᠶᠡᠭᠡ᠎ᠪᠠᠷ ᠪᠡᠯᠭᠡᠯᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠨᠠᠮ᠎ᠤᠨ ᠭᠤᠷᠪᠠᠳᠤᠭᠠᠷ ᠲᠡᠦᠬᠡᠨ ᠱᠢᠢᠳᠪᠦᠷᠢ᠎ᠶ᠋ᠢ ᠲᠣᠭ᠍ᠲᠠᠭᠠᠵᠤ᠂ ᠲᠣᠭ᠍ᠲᠠᠭ᠍ᠰᠠᠨ ᠬᠤᠭᠤᠴᠠᠭᠠᠨ ᠎ᠳᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠤ ᠢᠯᠠᠯᠲᠠ᠎ᠶ᠋ᠢ ᠣᠯᠵᠤ᠂ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠪᠠ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠯᠠᠯ᠎ᠢᠶᠠᠨ ᠡᠬᠢᠯᠡᠭᠦᠯᠪᠡ᠃ ᠨᠢᠭᠡ ᠵᠢᠯ᠎ᠤᠨ ᠲᠤᠷᠰᠢ᠂ ᠨᠠᠷᠢᠨ ᠪᠤᠳᠤᠯᠢᠶᠠᠨᠲᠠᠶ ᠪᠦᠭᠡᠳ ᠬᠦᠨᠳᠦ ᠬᠡᠴᠡᠭᠦᠦ ᠤᠯᠤᠰ᠎ᠤᠨ ᠳᠣᠲᠣᠭᠠᠳᠤ ᠭᠠᠳᠠᠭᠠᠳᠤ ᠎ᠶ᠋ᠢᠨ ᠪᠠᠢᠳᠠᠯ ᠪᠣᠯᠤᠨ ᠣᠯᠠᠨ ᠠᠷᠪᠢᠨ ᠲᠦᠭ᠌ᠰᠢᠭᠦᠷᠢ ᠪᠠ ᠱᠢᠯᠭᠠᠯᠲᠠ᠎ᠶ᠋ᠢᠨ ᠡᠮᠦᠨ᠎ᠡ᠂ ᠪᠦᠬᠦ᠌ ᠤᠯᠤᠰ᠎ᠢᠶᠠᠷ᠎ᠢᠶᠠᠨ ᠬᠠᠮᠲᠤ᠎ᠪᠠᠷ ᠴᠢᠷᠮᠠᠢᠵᠤ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂ ᠪᠦᠬᠦ᠌ ᠵᠢᠯ᠎ᠤᠨ ᠭᠤᠤᠯ ᠭᠤᠤᠯ ᠬᠠᠷᠠᠯᠲᠠ ᠡᠭᠦᠷᠭᠡ᠎ᠶ᠋ᠢ ᠨᠡᠯᠢᠶᠡᠳ ᠰᠠᠢᠨ ᠪᠡᠶᠡᠯᠡᠭᠦᠯᠵᠦ᠍᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠪᠡᠶᠡᠯᠡᠭᠦᠯᠵᠦ᠍᠂ ᠮᠠᠨ᠎ᠤ ᠤᠯᠤᠰ᠎ᠤᠨ ᠬᠥᠭ᠌ᠵᠢᠯᠲᠡ ᠪᠠᠰᠠ ᠱᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠤᠯᠪᠠ᠃

— ᠠᠵᠤ ᠠᠬᠤᠶ ᠰᠡᠷᠭᠦᠯᠳᠠ ᠬᠥᠭ᠌ᠵᠢᠯᠳᠠ᠎ᠶ᠋ᠢ ᠪᠠᠲᠤᠯᠠᠪᠠ᠃ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠳᠡᠭ 114 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ 8.1% ᠎ᠪᠠᠷ ᠨᠡᠮᠡᠭ᠌ᠳᠡᠪᠡ᠃ ᠪᠦᠬᠦ᠌ ᠤᠯᠤᠰ᠎ᠤᠨ ᠡᠳ᠋᠎ᠤᠨ ᠵᠠᠰᠠᠭ᠎ᠤᠨ ᠣᠷᠣᠯᠭ᠎ᠠ 20 ᠲᠦᠮᠡᠨ ᠳ᠋ᠦᠩᠱᠢᠭᠤᠷ ᠲᠥᠭᠦᠷᠢᠭ ᠎ᠢ ᠳᠠᠪᠠᠵᠤ᠂ 10.7% ᠎ᠪᠠᠷ ᠨᠡᠮᠡᠭ᠌ᠳᠡᠪᠡ᠃ ᠬᠤᠲᠠ ᠪᠠᠯᠭᠠᠰᠤᠨ᠎ᠳᠤ ᠠᠵᠢᠯ ᠣᠯᠤᠭ᠍ᠰᠠᠨ ᠬᠦᠮᠦᠨ 1269 ᠲᠦᠮᠨ ᠱᠢᠨ᠎ᠡ᠎ᠪᠠᠷ ᠨᠡᠮᠡᠭ᠌ᠳᠡᠵᠦ᠍᠂ ᠬᠤᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ ᠳᠤᠮᠳᠠᠴᠢ᠎ᠪᠠᠷ 5.1% ᠪᠣᠯᠪᠠ᠃ ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ 0.9% ᠎ᠪᠠᠷ ᠥᠰᠪᠡ᠃ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠯᠭᠠᠪᠠ᠃

— ᠱᠢᠨ᠎ᠡ᠎ᠶ᠋ᠢ ᠡᠭᠦᠳᠬᠦ᠌ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ ᠲᠦᠷᠭᠡᠨ᠎ᠢᠶᠠᠷ ᠪᠤᠵᠠᠭᠠᠢᠷᠠᠪᠠ᠃ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠴᠢᠬᠤᠯᠠ ᠠᠬᠢᠯᠳᠠ᠎ᠲᠠᠢ ᠪᠤᠯᠵᠤ᠂ ᠬᠥᠮᠦᠨ ᠰᠠᠭᠤᠯᠭᠠᠭ᠍ᠰᠠᠨ ᠰᠠᠨᠰᠠᠷ᠎ᠤᠨ ᠠᠶᠠᠯᠠᠯ᠂ ᠭᠠᠯ ᠭᠠᠷᠠᠭ᠎ᠤᠨ ᠬᠠᠢᠨ ᠬᠡᠮᠵᠢᠯᠲᠡ᠂ ᠡᠬᠢ ᠪᠠᠶᠠᠯᠢᠭ᠎ᠤᠨ ᠬᠠᠢᠨ ᠱᠢᠨᠵᠢᠯᠡᠯᠲᠡ᠂ ᠡᠨᠧᠷᠭᠢ᠎ᠶ᠋ᠢᠨ ᠰᠤᠷᠪᠤᠯᠵᠢ᠎ᠶ᠋ᠢᠨ ᠢᠨᠵᠧᠨᠧᠷᠢᠩ ᠵᠡᠷᠭᠡ ᠬᠦᠷᠢᠶᠡᠨ᠎ᠳᠤ ᠱᠢᠨ᠎ᠡ ᠱᠢᠪᠲᠤᠯᠤᠯᠲᠠ᠎ᠲᠠᠢ ᠪᠤᠯᠪᠠ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ 15.5% ᠎ᠪᠠᠷ ᠨᠡᠮᠡᠭ᠌ᠳᠡᠪᠡ᠃ ᠳ᠋ᠢᠵᠢᠲ᠋ᠠᠯ ᠮᠡᠷᠭᠡᠵᠢᠯ ᠪᠣᠯᠤᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠠᠭᠤᠰᠤᠯᠴᠠᠭ᠎ᠠ ᠲᠦᠷᠭᠡᠰᠪᠡ᠃

— ᠠᠵᠤ ᠠᠬᠤᠶ᠎ᠶ᠋ᠢᠨ ᠪᠦᠲᠦᠴᠡ ᠪᠠ ᠣᠷᠣᠨ ᠪᠦᠰᠡ᠎ᠶ᠋ᠢᠨ ᠪᠠᠢᠷᠢᠱᠢᠯ ᠦᠷᠭᠦᠯᠵᠢᠯᠡᠨ ᠱᠢᠯᠢᠳᠡᠭ᠌ᠵᠢᠪᠡ᠃ ᠠᠮᠤ ᠪᠤᠳᠠᠭᠠᠨ᠎ᠤ ᠤᠨᠠᠯᠲᠠ 1.37 ᠲᠦᠮᠡᠨ ᠳ᠋ᠦᠩᠱᠢᠭᠤᠷ ᠵᠢᠩ᠎ᠳᠤ ᠬᠦᠷᠴᠦ᠍᠂ ᠲᠡᠦᠬᠡᠨ ᠱᠢᠨ᠎ᠡ ᠲᠡᠮᠳᠡᠭ᠌ᠯᠡᠯ ᠎ᠢ ᠡᠭᠦᠳᠪᠡ᠃ ᠳᠡᠭᠡᠳᠦ ᠮᠡᠷᠭᠡᠵᠢᠯ᠎ᠤᠨ ᠦᠢᠯᠡᠳᠬᠦ᠌ ᠦᠢᠯᠡᠰ᠎ᠤᠨ ᠨᠡᠮᠡᠭ᠌ᠳᠡᠯ ᠥᠷᠲᠡᠭ 18.2% ᠎ᠢ᠋ᠢᠡᠷ ᠨᠡᠮᠡᠭ᠌ᠳᠡᠵᠦ᠍᠂ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ ᠨᠡᠯᠢᠶᠡᠳ ᠲᠦᠷᠭᠡᠨ ᠬᠥᠭ᠌ᠵᠢᠵᠦ᠍᠂ ᠠᠵᠤ ᠦᠢᠯᠡᠰ᠎ᠤᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠳᠡᠭᠡᠭ᠌ᠰᠢᠯᠡᠪᠡ᠃ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠯᠠᠪᠳᠠᠭᠤᠨ᠎ᠢᠶᠠᠷ ᠠᠬᠢᠪᠠ᠃

— ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠢᠷᠡᠪᠡ᠃ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠪᠠ᠃ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠬᠦᠯᠬᠦ᠌》 ᠥᠭᠡᠷᠡᠴᠢᠯᠡᠯᠲᠡ ᠱᠢᠨ᠎ᠡ ᠠᠬᠢᠯᠲᠠ᠎ᠲᠠᠢ ᠪᠣᠯᠪᠠ᠃ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠶᠡᠷᠦᠩᠬᠡᠶ ᠲᠤᠭ᠎ᠠ 1.5 ᠳ᠋ᠦᠩᠱᠢᠭᠤᠷ ᠡᠷᠦᠬᠡ᠎ᠶ᠋ᠢ ᠳᠠᠪᠠᠪᠠ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠴᠢᠨᠠᠷ ᠰᠠᠢᠲᠠᠶ ᠪᠠᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠪᠠ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠢ ᠬᠦᠴᠦᠨ᠎ᠲᠠᠢ ᠪᠤᠯᠭᠠᠵᠤ ᠬᠡᠷᠡᠭ᠌ᠵᠢᠭᠦᠯᠬᠦ᠌ ᠎ᠶ᠋ᠢ ᠠᠬᠢᠭᠤᠯᠪᠠ᠃ ᠡᠳ᠋ ᠪᠠᠷᠠᠭ᠎ᠠ᠎ᠶ᠋ᠢᠨ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠳᠠ᠎ᠶ᠋ᠢᠨ ᠪᠦᠬᠦ᠌ ᠲᠤᠭ᠎ᠠ 21.4% ᠎ᠪᠠᠷ ᠨᠡᠮᠡᠭ᠌ᠳᠡᠵᠦ᠍᠂ ᠭᠠᠳᠠᠭᠠᠳᠤ ᠪᠡᠯᠡ᠎ᠶ᠋ᠢᠨ ᠪᠣᠳᠠᠲᠠᠶ ᠬᠡᠷᠡᠭ᠌ᠯᠡᠯᠲᠡ ᠨᠡᠮᠡᠭ᠌ᠳᠡᠯ᠎ᠢᠶᠠᠨ ᠪᠠᠲᠤᠯᠠᠪᠡ᠃

— ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠦᠷᠭᠦᠯᠵᠢᠯᠡᠨ ᠠᠬᠢᠪᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ᠎ᠢ ᠭᠦᠨᠵᠡᠭᠡᠶ ᠥᠷᠨᠢᠭᠦᠯᠵᠦ᠍᠂ ᠭᠤᠤᠯ ᠭᠤᠤᠯ ᠪᠣᠬᠢᠷ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠦᠷᠭᠦᠯᠵᠢᠯᠡᠨ ᠪᠠᠭᠤᠷᠠᠭᠤᠯᠵᠤ᠂ ᠲᠤᠰᠭᠠᠶ ᠣᠷᠣᠨ᠎ᠤ ᠲᠡᠰ ᠵᠢᠴᠢ ᠲᠡᠭᠦᠨ ᠎ᠠᠴᠠ ᠳᠡᠭᠡᠭ᠌ᠰᠢᠬᠢ ᠬᠤᠳᠠ᠎ᠶ᠋ᠢᠨ ᠵᠢᠵᠢᠭ ᠮᠥᠬᠦᠯᠢᠭ᠌ᠲᠦ ᠪᠣᠳᠠᠰ᠎ᠤᠨ ᠳᠤᠮᠳᠠᠴᠢ ᠥᠳᠭᠡᠴᠡ ᠎ᠶ᠋ᠢ 9.1% ᠎ᠪᠠᠷ ᠪᠠᠭᠤᠷᠠᠭᠤᠯᠪᠠ᠃ ᠠᠩᠬᠠᠨ᠎ᠤ ᠪᠦᠯᠦᠭ ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠢᠭᠤᠯᠪᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠶᠠᠰᠤ ᠴᠢᠨᠠᠷ ᠢᠯᠡᠳᠲᠡ ᠰᠠᠢᠵᠢᠷᠠᠪᠠ᠃

— ᠠᠷᠠᠳ ᠎ᠤᠨ ᠠᠮᠢᠳᠤᠷᠠᠯ ᠎ᠤᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠪᠡ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 8.1% ᠎ᠪᠠᠷ ᠪᠣᠳᠠᠲᠠᠶ ᠨᠡᠮᠡᠭ᠌ᠳᠡᠪᠡ᠃ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠪᠡ᠃ ᠨᠠᠰᠤᠵᠢᠯ ᠎ᠤᠨ ᠦᠨᠳᠦᠰᠦᠨ ᠠᠰᠠᠷᠠᠮᠵᠢ᠂ ᠦᠨᠳᠦᠰᠦᠨ ᠡᠮᠨᠡᠯᠭᠡ᠂ ᠨᠡᠢᠭᠡᠮ᠎ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠎ᠶ᠋ᠢᠨ ᠡᠷᠴᠢᠮ᠎ᠢ ᠴᠢᠩᠭᠠᠷᠠᠭᠤᠯᠪᠠ᠃ ᠰᠤᠷᠭᠠᠨ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ ᠱᠢᠨ᠎ᠡ ᠠᠯᠬᠤᠮ᠎ᠢ ᠠᠯᠬᠤᠪᠠ᠃ ᠬᠤᠲᠠ ᠪᠠᠯᠭᠠᠰᠤᠨ ᠎ᠤ 5.6 ᠲᠦᠮᠡᠨ ᠬᠠᠭᠤᠴᠢᠨ ᠰᠠᠭᠤᠭᠠᠯᠢ ᠲᠣᠭᠤᠷᠢᠭ ᠎ᠢ ᠥᠭᠡᠷᠡᠴᠢᠯᠡᠨ ᠵᠠᠰᠠᠬᠤ ᠠᠵᠢᠯ᠎ᠢ ᠱᠢᠨ᠎ᠡ᠎ᠪᠠᠷ ᠡᠬᠢᠯᠡᠭᠦᠯᠦᠨ᠂ ᠮᠢᠩᠭ᠎ᠠ ᠱᠢᠬᠠᠮ ᠲᠦᠮᠡᠨ ᠭᠡᠷ ᠪᠦᠯᠢ᠎ᠳᠤ ᠠᠱᠢᠭ ᠬᠦᠷᠲᠡᠭᠡᠪᠡ᠃

— ᠬᠢᠵᠢᠭ ᠎ᠢ ᠰᠡᠷᠭᠡᠢᠯᠡᠨ ᠬᠢᠵᠠᠭᠠᠷᠯᠠᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠪᠠᠢᠩᠭᠤ᠎ᠶ᠋ᠢᠨ ᠴᠢᠨᠠᠷᠲᠠᠢ᠎ᠪᠠᠷ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠸᠠᠺᠼᠢᠨ᠎ᠤ ᠪᠦᠬᠦ᠌ ᠶᠠᠪᠤᠴᠠ᠎ᠶ᠋ᠢᠨ ᠲᠠᠷᠢᠯᠭ᠎ᠠ᠎ᠶ᠋ᠢᠨ ᠪᠦᠷᠬᠦᠴᠡ᠎ᠶ᠋ᠢᠨ ᠨᠣᠷᠮ᠎ᠠ 85% ᠎ᠶ᠋ᠢ ᠳᠠᠪᠠᠵᠤ᠂ ᠬᠡᠰᠡᠭ ᠭᠠᠵᠠᠷ ᠣᠷᠣᠨ᠎ᠤ ᠪᠦᠭᠡᠮᠨᠡᠷᠡᠯ᠎ᠤᠨ ᠱᠢᠨᠵᠢᠲᠡᠢ ᠬᠢᠵᠢᠭ᠎ᠤᠨ ᠪᠠᠢᠳᠠᠯ᠎ᠢ ᠴᠠᠭ ᠲᠤᠬᠠᠶ᠎ᠳᠤᠨᠢ ᠪᠦᠲᠦᠮᠵᠢᠲᠡᠶ ᠱᠢᠢᠳᠪᠦᠷᠢᠯᠡᠵᠦ᠍᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ᠎ᠤᠨ ᠬᠡᠪ᠎ᠤᠨ ᠡᠮᠬᠢ ᠳᠢᠭ᠌ᠯᠢᠮ᠎ᠢ ᠬᠠᠮᠠᠭᠠᠯᠠᠪᠠ᠃

ᠥᠩᠭᠡᠷᠡᠭ᠌ᠰᠡᠨ ᠨᠢᠭᠡ ᠵᠢᠯ᠎ᠢ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ᠎ᠶ᠋ᠢ ᠲᠦᠢᠯ᠎ᠤᠨ ᠬᠢᠯᠪᠠᠷ ᠪᠤᠰᠤ᠎ᠪᠠᠷ ᠤᠯᠤᠭ᠍ᠰᠠᠨ ᠶᠤᠮ᠃ ᠮᠠᠨ᠎ᠤ ᠤᠯᠤᠰ᠎ᠤᠨ ᠠᠵᠤ ᠠᠬᠤᠶ ᠭᠡᠨᠡᠳᠲᠡ᠎ᠶ᠋ᠢᠨ ᠬᠢᠵᠢᠭ᠎ᠤᠨ ᠪᠠᠢᠳᠠᠯ ᠵᠡᠷᠭᠡ ᠬᠦᠨᠳᠦ ᠨᠣᠴᠢᠲᠠᠶ ᠳᠠᠭᠠᠷᠢᠯᠲᠠ᠎ᠶ᠋ᠢᠨ ᠳᠠᠷᠠᠭᠠᠬᠢ ᠰᠡᠷᠭᠦᠯᠲᠡ ᠬᠥᠭ᠌ᠵᠢᠯᠲᠡ᠎ᠶ᠋ᠢᠨ ᠶᠠᠪᠤᠴᠠ᠎ᠳᠤ ᠣᠷᠣᠱᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠳᠤ ᠪᠠᠰᠠ ᠮᠠᠰᠢ ᠤᠯᠠᠨ ᠱᠢᠨ᠎ᠡ ᠬᠤᠪᠢᠷᠠᠯᠲᠠ ᠭᠠᠷᠴᠤ᠌᠂ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭᠠᠨ᠎ᠢ ᠪᠠᠲᠤᠯᠠᠬᠤ ᠬᠦᠴᠢᠷᠳᠡᠯ ᠶᠡᠬᠡᠰᠴᠦ᠍ ᠪᠠᠢᠨ᠎ᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ᠂ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠢ ᠪᠦᠷᠢᠨ ᠪᠦᠲᠦᠨ᠂ ᠣᠨᠣᠪᠴᠢᠲᠠᠶ ᠪᠦᠭᠡᠳ ᠪᠦᠬᠦ᠌ ᠲᠠᠯ᠎ᠠ ᠎ᠪᠠᠷ ᠲᠤᠭᠤᠱᠢᠯᠠᠭᠤᠯᠤᠨ᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠪᠠ 《ᠵᠢᠷᠭᠤᠭ᠎ᠠ᠎ᠶ᠋ᠢ  ᠪᠠᠲᠤᠯᠠᠬᠤ》 ᠠᠵᠢᠯ ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠦᠶᠡᠯᠡᠯ ᠠᠯᠤᠰᠯᠠᠬ᠍ᠰᠠᠨ ᠳᠤᠬᠢᠷᠠᠭᠤᠯᠤᠯᠳᠠ ᠪᠠ ᠦᠶᠡᠯᠡᠯ ᠦᠭ᠌ᠰᠦᠭᠦᠯᠦᠭ᠌ᠰᠡᠨ ᠲᠣᠬᠢᠷᠠᠭᠤᠯᠤᠯᠳᠠ᠎ᠶ᠋ᠢ ᠴᠢᠬᠤᠯᠠᠴᠢᠯᠠᠵᠤ᠂ ᠡᠯ᠎ᠡ ᠵᠦᠢᠯ ᠎ᠤᠨ ᠲᠦᠭ᠌ᠰᠢᠭᠦᠷᠢ ᠱᠢᠯᠭᠠᠯᠲᠠ᠎ᠶ᠋ᠢ ᠪᠦᠲᠦᠮᠵᠢᠲᠡᠶ ᠠᠷᠭᠠᠴᠠᠭᠠᠵᠤ᠂ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ᠃

ᠨᠢᠭᠡ᠎ᠳᠤ ᠬᠤᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠬᠠᠨᠳᠤᠯᠭᠠᠲᠤ ᠴᠢᠨᠠᠷ᠎ᠢ ᠪᠠᠲᠤᠯᠠᠵᠤ᠂ ᠠᠵᠤ ᠠᠬᠤᠢ᠎ᠶ᠋ᠢᠨ ᠠᠵᠢᠯᠯᠠᠭᠠᠨ ᠎ᠤ ᠵᠦᠶ ᠵᠣᠬᠢᠰᠲᠠᠶ ᠬᠡᠪᠴᠢᠶᠡᠨ᠎ᠳᠤ ᠶᠠᠪᠤᠬ᠍ᠳᠠᠬᠤ᠎ᠶ᠋ᠢ ᠠᠬᠢᠭᠤᠯᠪᠠ᠃ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠦᠶᠡᠯᠡᠯ ᠠᠯᠤᠰᠯᠠᠨ ᠲᠣᠬᠢᠷᠠᠭᠤᠯᠬᠤ ᠬᠡᠷᠡᠭ᠌ᠴᠡᠭᠡ᠎ᠳᠤ ᠵᠣᠬᠢᠴᠠᠭᠤᠯᠤᠨ᠂ ᠠᠵᠤ ᠠᠬᠤᠶ᠎ᠶ᠋ᠢᠨ ᠰᠡᠷᠭᠦᠯᠲᠡ᠎ᠳᠤ ᠦᠵᠡᠭᠦᠯᠬᠦ᠌ ᠴᠢᠬᠤᠯᠠ ᠪᠦᠬᠦᠢ ᠳᠡᠮᠵᠢᠯᠭᠡ᠎ᠶ᠋ᠢᠨ ᠡᠷᠴᠢᠮ᠎ᠢ ᠪᠠᠲᠤᠯᠠᠬᠤ᠎ᠶ᠋ᠢᠨ ᠬᠠᠮᠲᠤ ᠡᠨᠡ ᠵᠢᠯ ᠬᠦᠴᠢᠷᠳᠡᠯ ᠪᠠ ᠱᠢᠯᠭᠠᠯᠲᠠ᠎ᠶ᠋ᠢ ᠠᠷᠭᠠᠴᠠᠭᠠᠬᠤ᠎ᠳᠤ ᠲᠥᠷᠥ᠎ᠶ᠋ᠢᠨ ᠪᠣᠳᠣᠯᠭ᠎ᠠ᠎ᠶ᠋ᠢᠨ ᠣᠷᠣᠨ ᠵᠠᠶ ᠦᠯᠡᠳᠡᠭᠡᠬᠦ᠌᠎ᠶ᠋ᠢ ᠪᠣᠳᠣᠯᠬᠢᠯᠠᠪᠠ᠃ ᠡᠳ᠋᠎ᠤᠨ ᠵᠠᠰᠠᠭ᠎ᠤᠨ ᠪᠡᠯᠡ ᠮᠥᠩᠭᠦ ᠎ᠶ᠋ᠢ ᠱᠢᠭᠤᠳ ᠪᠠᠭᠤᠯᠭᠠᠬᠤ ᠪᠠᠢᠩᠭᠤ᠎ᠶ᠋ᠢᠨ ᠴᠢᠨᠠᠷᠲᠠᠢ ᠲᠣᠭ᠍ᠲᠠᠴᠠ᠎ᠶ᠋ᠢ ᠪᠠᠢᠭᠤᠯᠵᠤ᠂ 2.8 ᠲᠦᠮᠡᠨ ᠳ᠋ᠦᠩᠱᠢᠭᠤᠷ ᠲᠥᠭᠦᠷᠢᠭ᠎ᠤᠨ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢ ᠱᠢᠭᠤᠳ ᠪᠠᠭᠤᠯᠭᠠᠬᠤ ᠬᠡᠪᠴᠢᠶᠡᠨ᠎ᠳᠤ ᠣᠷᠣᠭᠤᠯᠪᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ ᠎ᠤᠨ ᠵᠢᠭᠡᠯᠡᠯᠭᠡ ᠎ᠶ᠋ᠢᠨ ᠲᠡᠮᠳᠡᠭ᠌ᠲᠦ᠍᠎ᠶ᠋ᠢ ᠲᠠᠷᠬᠠᠭᠠᠵᠤ ᠬᠡᠷᠡᠭ᠌ᠯᠡᠬᠦ᠌ ᠎ᠶ᠋ᠢ ᠱᠢᠯᠢᠳᠡᠭ᠌ᠵᠢᠭᠦᠯᠪᠡ᠃ ᠵᠣᠭᠤᠰᠣᠨ᠎ᠤ ᠯᠠᠪᠲᠠᠭᠤᠨ ᠲᠦᠷᠦ᠍᠎ᠶ᠋ᠢᠨ ᠪᠤᠳᠤᠯᠭ᠎ᠠ ᠎ᠶ᠋ᠢ ᠪᠦᠲᠦᠮᠵᠢᠲᠡᠶ ᠬᠡᠷᠡᠭ᠌ᠵᠢᠭᠦᠯᠵᠦ᠍᠂ ᠬᠠᠳᠠᠭᠠᠯᠠᠮᠵᠢ᠎ᠶ᠋ᠢᠨ ᠪᠡᠯᠡᠳᠭᠡᠯ ᠮᠦᠩᠭᠦ᠎ᠶ᠋ᠢᠨ ᠨᠤᠷᠮ᠎ᠠ ᠎ᠶ᠋ᠢ ᠬᠤᠶᠠᠷ ᠤᠳᠠᠭ᠎ᠠ ᠪᠦᠬᠦ᠌ ᠲᠠᠯ᠎ᠠ᠎ᠪᠠᠷ ᠪᠠᠭᠤᠷᠠᠭᠤᠯᠤᠨ᠂ ᠵᠢᠭᠡᠯᠡᠯᠭᠡ᠎ᠶ᠋ᠢᠨ ᠬᠦᠦ ᠮᠥᠩᠭᠦ᠎ᠶ᠋ᠢᠨ ᠨᠤᠷᠮ᠎ᠠ᠎ᠶ᠋ᠢ ᠪᠠᠭᠤᠷᠠᠭᠤᠯᠬᠤ᠎ᠶ᠋ᠢ ᠠᠬᠢᠭᠤᠯᠪᠠ᠃ ᠣᠷᠣᠨ ᠨᠤᠲᠤᠭ ᠎ᠤᠨ ᠵᠠᠰᠠᠭ᠎ᠤᠨ ᠣᠷᠳᠣᠨ᠎ᠤ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠮᠥᠩᠭᠦᠨ ᠭᠦᠢᠯᠭᠡᠭᠡᠨ᠎ᠤ ᠬᠦᠨᠳᠦ ᠶᠡᠭᠡ ᠲᠦᠭ᠌ᠰᠢᠭᠦᠷᠢ᠎ᠶ᠋ᠢᠨ ᠬᠡᠷᠡᠭ᠎ᠢ ᠯᠠᠪᠳᠠᠭᠤᠨ ᠳᠤᠬᠢᠲᠠᠢ ᠱᠢᠢᠳᠪᠦᠷᠢᠯᠡᠪᠡ᠃ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠠᠵᠢᠯ ᠣᠯᠭᠤᠯᠲᠠ ᠎ᠶ᠋ᠢ ᠥᠷᠭᠡᠳᠭᠡᠬᠦ᠌ ᠲᠥᠷᠥ ᠎ᠶ᠋ᠢᠨ ᠪᠣᠳᠣᠯᠭ᠎ᠠ ᠎ᠶ᠋ᠢᠨ ᠨᠠᠢᠳᠠᠪᠤᠷᠢᠵᠢᠭᠤᠯᠤᠯᠲᠠ ᠎ᠶ᠋ᠢ ᠴᠢᠩᠭᠠᠳᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠤᠷᠤᠭ᠍ᠴᠢ ᠵᠡᠷᠭᠡ ᠭᠤᠤᠯᠳᠠᠯᠭ᠎ᠠ᠎ᠲᠠᠢ ᠬᠠᠮᠲᠤᠯᠢᠭ᠎ᠲᠤ ᠠᠵᠢᠯ ᠣᠯᠭᠤᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠥᠬᠦᠳᠡ ᠤᠯᠠᠨ ᠎ᠢᠶᠠᠷ᠎ᠢᠶᠠᠨ ᠠᠳᠠᠯ ᠦᠢᠯᠡᠰ ᠴᠣᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠪᠠ᠃ ᠶᠡᠭᠡ ᠬᠡᠮᠵᠢᠶᠡᠨ᠎ᠤ ᠲᠠᠸᠠᠷ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ᠎ᠶ᠋ᠢ ᠴᠢᠩᠭᠠᠳᠭᠠᠵᠤ᠂ ᠨᠡᠭᠦᠷᠡᠰᠦ ᠴᠠᠬᠢᠯᠭᠠᠨ ᠬᠦᠴᠦᠨ᠎ᠤ ᠬᠠᠩᠭᠠᠯᠭ᠎ᠠ ᠪᠠᠴᠢᠮ ᠪᠠᠢᠬᠤ ᠠᠰᠠᠭᠤᠳᠠᠯ᠎ᠢ ᠬᠦᠴᠦᠯᠡᠨ ᠱᠢᠢᠳᠪᠦᠷᠢᠯᠡᠪᠠ᠃ ᠪᠦᠬᠦ᠌ ᠵᠢᠯ᠎ᠠᠴᠠ ᠦᠵᠡᠪᠡᠯ᠂ ᠭᠤᠣᠯ ᠪᠣᠯᠬᠤ ᠬᠤᠷᠸ᠎ᠠ ᠠᠵᠤ ᠠᠬᠤᠢ᠎ᠶ᠋ᠢᠨ ᠭᠦᠢᠴᠡᠳᠭᠡᠯ ᠲᠤᠭ᠎ᠠ ᠵᠢᠱ᠌ᠢᠯᠲᠡ᠎ᠳᠤ ᠨᠡᠢᠴᠡᠵᠦ᠍᠂ ᠡᠳ᠋᠎ᠤᠨ ᠵᠠᠰᠠᠭ᠎ᠤᠨ ᠤᠯᠠᠭᠠᠨ ᠲᠤᠭ᠎ᠠ᠎ᠶ᠋ᠢᠨ ᠨᠤᠷᠮ᠎ᠠ ᠪᠠ ᠬᠤᠷᠸ᠎ᠠ ᠬᠦᠱᠢᠬᠦᠷᠭᠡ᠎ᠶ᠋ᠢᠨ ᠨᠤᠷᠮ᠎ᠠ ᠪᠠᠭᠤᠷᠠᠵᠤ᠂ ᠠᠵᠤ ᠠᠬᠤᠶ᠎ᠶ᠋ᠢᠨ ᠨᠡᠮᠡᠭ᠌ᠳᠡᠯ᠎ᠤᠨ ᠨᠤᠷᠮ᠎ᠠ ᠦᠷᠭᠦᠯᠵᠢᠯᠡᠨ ᠳᠡᠯᠡᠬᠡᠶ᠎ᠶ᠋ᠢᠨ ᠡᠮᠦᠨ᠎ᠡ ᠡᠩᠨᠡᠭᠡᠨ᠎ᠳᠤ ᠤᠷᠤᠪᠠ᠃

ᠬᠤᠶᠠᠷ᠎ᠲᠤ ᠠᠵᠤ ᠠᠬᠤᠢᠯᠠᠯ᠎ᠳᠤ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠦᠨ ᠨᠠᠢᠳᠠᠪᠤᠷᠢᠵᠢᠭᠤᠯᠵᠤ᠂ ᠠᠵᠤ ᠠᠬᠤᠢ ᠎ᠶ᠋ᠢᠨ ᠰᠡᠷᠭᠦᠯᠲᠡ ᠎ᠶ᠋ᠢᠨ ᠰᠠᠭᠤᠷᠢ ᠎ᠶ᠋ᠢ ᠪᠠᠬᠢᠵᠢᠭᠦᠯᠪᠡ᠃ ᠳ᠋ᠦᠩᠱᠢᠭᠤᠷ ᠭᠠᠷᠤᠶ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ ᠬᠡᠳᠦᠨ ᠳ᠋ᠦᠩᠱᠢᠭᠤᠷ ᠬᠥᠮᠦᠨ᠎ᠤ ᠠᠵᠢᠯ ᠣᠯᠵᠤ ᠦᠢᠯᠡᠰ ᠴᠣᠭ᠍ᠴᠠᠯᠠᠬᠤ᠎ᠶ᠋ᠢ ᠡᠭᠦᠷᠭᠡᠯᠡᠵᠦ᠍᠂ ᠬᠤᠷᠸ᠎ᠠ ᠲᠥᠷᠥ᠎ᠶ᠋ᠢᠨ ᠪᠣᠳᠣᠯᠭ᠎ᠠ ᠬᠢᠵᠢᠭ ᠡᠭᠦᠰᠦᠭ᠌ᠰᠡᠨ᠎ᠠᠴᠠ ᠨᠠᠭᠠᠱᠢᠬᠢ ᠪᠦᠲᠦᠮᠵᠢᠲᠡᠶ ᠳᠡᠮᠵᠢᠯᠭᠡ᠎ᠶ᠋ᠢᠨ ᠠᠷᠭ᠎ᠠ ᠵᠠᠮ ᠪᠠ ᠠᠷᠭ᠎ᠠ ᠪᠠᠷᠢᠯ᠎ᠢᠶᠠᠨ ᠦᠷᠭᠦᠯᠵᠢᠯᠡᠭᠦᠯᠪᠡ᠃ ᠨᠢᠳᠤᠨᠤᠨ ᠱᠢᠨ᠎ᠡ᠎ᠪᠠᠷ ᠨᠡᠮᠡᠭ᠌ᠳᠡᠭ᠌ᠰᠡᠨ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠤᠭ᠍ᠰᠠᠨ ᠬᠡᠮᠵᠢᠶ᠎ᠡ 1 ᠲᠦᠮᠡᠨ ᠳ᠋ᠦᠩᠱᠢᠭᠤᠷ ᠲᠥᠭᠦᠷᠢᠭ᠎ᠢ ᠳᠠᠪᠠᠭ᠍ᠰᠠᠨ ᠪᠥᠭᠡᠳ ᠦᠢᠯᠡᠳᠬᠦ᠌ ᠦᠢᠯᠡᠰ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠂ ᠨᠡᠭᠦᠷᠡᠰᠦᠨ ᠴᠠᠬᠢᠯᠭᠠᠨ ᠪᠠ ᠢᠯᠴᠢ ᠬᠠᠩᠭᠠᠬᠤ ᠠᠵᠤ ᠠᠬᠤᠢᠯᠠᠯ᠎ᠳᠤ ᠱᠠᠲᠤ ᠦᠶᠡᠴᠢ ᠴᠢᠨᠠᠷᠲᠠᠶ᠎ᠪᠠᠷ ᠭᠠᠢᠯᠢ ᠰᠦᠢᠳᠭᠡᠯ᠎ᠢ ᠬᠤᠢᠱᠢᠯᠠᠭᠤᠯᠤᠨ ᠲᠤᠱᠢᠶᠠᠬᠤ᠎ᠶ᠋ᠢ ᠬᠡᠷᠡᠭ᠌ᠵᠢᠭᠦᠯᠪᠡ᠃ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠪᠣᠯ ᠠᠵᠤ ᠠᠬᠤᠢᠯᠠᠯ᠎ᠳᠤ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠬᠦ᠌ ᠱᠢᠭᠤᠳ ᠪᠦᠭᠡᠳ ᠪᠦᠲᠦᠮᠵᠢᠲᠡᠶ ᠠᠷᠭ᠎ᠠ ᠪᠣᠯᠬᠤ ᠪᠥᠭᠡᠳ ᠬᠡᠷᠡᠭ ᠳᠡᠭᠡᠷ᠎ᠡ᠎ᠪᠠᠨ ᠪᠠᠰᠠ ᠴᠤ᠌ ᠡᠳ᠋᠎ᠤᠨ ᠢᠷᠡᠯᠲᠡ᠎ᠶ᠋ᠢ ᠲᠡᠳᠬᠦᠨ ᠪᠤᠢᠵᠢᠭᠤᠯᠬᠤ ᠪᠠ ᠭᠠᠢᠯᠢ᠎ᠶ᠋ᠢᠨ ᠢᠷᠡᠯᠲᠡ᠎ᠶ᠋ᠢ ᠬᠠᠳᠠᠭᠠᠯᠠᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠂ 2013 ᠣᠨ᠎ᠠᠴᠠ ᠨᠠᠭᠠᠰᠢ ᠱᠢᠨ᠎ᠡ᠎ᠪᠠᠷ ᠨᠡᠮᠡᠭ᠌ᠳᠡᠭ᠌ᠰᠡᠨ ᠭᠠᠢᠯᠢ᠎ᠳᠤ ᠬᠤᠯᠪᠣᠭ᠍ᠳᠠᠬᠤ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠨᠢᠳᠤᠨᠤᠨ᠎ᠤ ᠲᠤᠱᠢᠶᠠᠭ᠍ᠰᠠᠨ ᠭᠠᠢᠯᠢ 4.76 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠡᠶ᠃ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠠᠶᠠᠯᠠᠯ᠂ ᠳᠠᠯᠠᠢ᠎ᠶ᠋ᠢᠨ ᠲᠡᠭᠡᠭᠡᠪᠦᠷᠢ᠂ ᠭᠠᠷᠠᠮ ᠵᠡᠷᠭᠡ᠎ᠶ᠋ᠢᠨ ᠲᠡᠭᠡᠭᠡᠪᠦᠷᠢ᠎ᠶ᠋ᠢᠨ ᠪᠠᠲᠤᠯᠠᠭ᠎ᠠ᠎ᠶ᠋ᠢ ᠴᠢᠩᠭᠠᠳᠭᠠᠪᠠ᠃ ᠬᠢᠵᠢᠭ᠎ᠲᠤ ᠬᠦᠨᠳᠦ ᠨᠣᠴᠢᠲᠠᠶ ᠨᠦᠯᠦᠭᠡᠯᠡᠭ᠌ᠳᠡᠭ᠌ᠰᠡᠨ ᠠᠵᠢᠯ ᠲᠥᠷᠥᠯ᠎ᠤᠨ ᠠᠵᠤ ᠠᠬᠤᠢᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ᠎ᠶ᠋ᠢ ᠨᠡᠮᠡᠭ᠌ᠳᠡᠭᠦᠯᠵᠦ᠍᠂ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠳᠤ ᠡᠬᠡ ᠬᠦᠦ᠍᠎ᠶ᠋ᠢ᠎ᠨᠢ ᠬᠤᠢᠱᠢᠯᠠᠭᠤᠯᠤᠨ ᠪᠤᠴᠠᠭᠠᠨ ᠲᠦᠯᠦᠬᠦ᠌ ᠪᠠ ᠢᠲᠡᠭᠡᠮᠵᠢᠲᠦ ᠵᠢᠭᠡᠯᠡᠯᠭᠡ᠎ᠪᠠᠷ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠪᠠᠡᠭᠭᠢ᠎ᠢ᠋ᠢᠨ ᠦᠢᠯᠡᠰ ᠤ᠋ᠨ ᠮᠦᠡᠭᠭᠦᠨ ᠭᠦᠢᠯᠭᠡᠭᠡᠨ ᠤ᠋ ᠪᠠᠢᠭᠤᠯᠤᠮᠵᠢ ᠢ᠋ᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ 27.3% ᠪᠡᠷ ᠨᠡᠮᠡᠭᠳᠡᠵᠤ᠂ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠪᠠᠩᠬᠢ᠎ᠶ᠋ᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠨᠡᠮᠡᠭ᠌ᠳᠡᠯ᠎ᠤᠨ ᠬᠡᠮᠵᠢᠶ᠎ᠡ 40%᠎ᠶ᠋ᠢ ᠳᠠᠪᠠᠵᠤ᠂ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠪᠠᠯᠠ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ ᠲᠣᠭ᠍ᠲᠠᠭᠤᠨ ᠪᠠᠢᠬᠤ᠎ᠶ᠋ᠢᠨ ᠵᠡᠷᠭᠡ᠎ᠳᠤ ᠪᠠᠭᠤᠷᠠᠪᠠ᠃

ᠭᠤᠷᠪᠠ᠎ᠳᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠨᠡᠭᠡᠭᠡᠯᠲᠡ᠎ᠶ᠋ᠢ ᠥᠷᠭᠡᠳᠭᠡᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠪᠠ᠃ ᠵᠠᠬ᠎ᠠ ᠳᠡᠯᠭᠡᠭᠦᠷ᠎ᠤᠨ ᠱᠢᠰᠲ᠋ᠧᠮ᠎ᠤᠨ ᠰᠠᠭᠤᠷᠢ ᠳᠦᠷᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ ᠥᠭᠡᠷᠡᠴᠢᠯᠡᠯᠲᠡ᠎ᠶ᠋ᠢ ᠠᠬᠢᠭᠤᠯᠪᠠ᠃ ᠠᠵᠤ ᠠᠬᠤᠢᠯᠠᠯ᠎ᠳᠤ ᠬᠤᠯᠪᠣᠭ᠍ᠳᠠᠬᠤ ᠬᠢᠨᠠᠨ ᠵᠥᠪᠱᠢᠶᠡᠷᠡᠬᠦ᠌ ᠭᠠᠷᠳᠠᠮ ᠪᠠ ᠭᠦᠢᠴᠡᠳᠭᠡᠬᠦ᠌ ᠴᠠᠭ᠎ᠤᠨ ᠬᠢᠵᠠᠭᠠᠷ᠎ᠢ ᠦᠷᠭᠦᠯᠵᠢᠯᠡᠨ ᠪᠠᠭᠠᠰᠭᠠᠵᠤ᠂ ᠵᠠᠰᠠᠭ᠎ᠤᠨ ᠶᠠᠪᠤᠳᠠᠯ᠎ᠤᠨ ᠨᠠᠩ ᠣᠯᠠᠨ ᠦᠢᠯᠡᠴᠢᠯᠡᠭᠡᠨ᠎ᠤ ᠵᠦᠢᠯᠡᠰ᠎ᠢ ᠨᠢᠭᠡ ᠯᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌᠎ᠶ᠋ᠢ ᠪᠡᠶᠡᠯᠡᠭᠦᠯᠪᠡ᠃ ᠨᠢᠭᠡ ᠪᠦᠯᠦᠭ ᠣᠷᠣᠨ ᠨᠤᠲᠤᠭ᠎ᠤᠨ ᠥᠭᠡᠷᠡᠴᠢᠯᠡᠯᠲᠡ᠎ᠶ᠋ᠢᠨ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢ ᠥᠷᠨᠢᠭᠦᠯᠪᠡ᠃ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ ᠱᠢᠨᠡᠴᠢᠯᠠᠵᠦ᠍᠂ ᠮᠤᠨᠤᠫᠤᠯᠢᠴᠢᠯᠠᠯ᠎ᠢ ᠡᠰᠡᠷᠭᠦᠴᠡᠬᠦ᠌ ᠪᠠ ᠬᠦᠷᠦᠩᠭᠡ᠎ᠶ᠋ᠢᠨ ᠡᠮᠬᠢ ᠵᠢᠷᠤᠮ ᠤᠢ᠍ᠭᠡᠢ ᠥᠷᠭᠡᠵᠢᠬᠦ᠌᠎ᠶ᠋ᠢ ᠰᠡᠷᠭᠡᠢᠯᠡᠨ ᠬᠤᠷᠢᠭ᠍ᠯᠠᠵᠤ᠂ ᠭᠤᠤᠯᠴᠢ᠎ᠪᠠᠷ ᠥᠷᠢᠰᠥᠯᠳᠦᠬᠦ᠌᠎ᠶ᠋ᠢ ᠬᠠᠮᠠᠭᠠᠯᠠᠪᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠪᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠲᠡᠮᠵᠢᠪᠡ᠃ ᠠᠵᠢᠯ ᠲᠦᠷᠦᠯ᠎ᠤᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠎ᠢ ᠵᠠᠰᠠᠭ ᠵᠠᠬᠢᠷᠭᠠᠨ᠎ᠤ ᠪᠠᠢᠭᠤᠯᠭ᠎ᠠ᠎ᠠᠴᠠ ᠰᠠᠯᠭᠠᠬᠤ ᠥᠭᠡᠷᠡᠴᠢᠯᠡᠯᠲᠡ᠎ᠶ᠋ᠢ ᠦᠨᠳᠦᠰᠦᠨ᠎ᠳᠡᠭᠡᠨ ᠪᠡᠶᠡᠯᠡᠭᠦᠯᠪᠡ᠃ ᠪᠡᠭᠡᠵᠢᠩ᠎ᠤᠨ ᠦᠨᠡᠲᠦ ᠲᠡᠮᠳᠡᠭ᠌ᠲᠦ ᠠᠷᠠᠯᠵᠢᠶᠠᠯᠠᠬᠤ ᠭᠠᠵᠠᠷ ᠪᠠ ᠭᠤᠸᠠᠩᠵᠧᠦ᠍᠎ᠶ᠋ᠢᠨ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ ᠭᠠᠵᠠᠷ᠎ᠢ ᠪᠠᠢᠭᠤᠯᠪᠠ᠃ ᠲᠠᠷᠢᠶᠠᠯᠠᠩ ᠬᠥᠳᠡᠭᠡ ᠲᠣᠰᠭᠤᠨ᠂ ᠨᠡᠢᠭᠡᠮ᠎ᠤᠨ ᠦᠢᠯᠡᠰ᠂ ᠠᠮᠢ ᠠᠬᠤᠶ᠎ᠶ᠋ᠢᠨ ᠪᠣᠯᠪᠠᠰᠤᠨ ᠵᠡᠷᠭᠡ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠪᠠ᠃ 《ᠨᠢᠭᠡ ᠪᠦᠰᠡ ᠨᠢᠭᠡ ᠵᠠᠮ》ᠢ᠋ ᠬᠠᠮᠲᠤ᠎ᠪᠠᠷ ᠪᠠᠢᠭᠤᠯᠬᠤ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠪᠡ᠃ ᠭᠠᠳᠠᠭᠠᠳᠤ ᠠᠷᠠᠯᠵᠢᠶ᠎ᠠ᠎ᠶ᠋ᠢ ᠲᠤᠭ᠍ᠳᠠᠭᠤᠨ ᠪᠠᠢᠯᠭᠠᠬᠤ ᠪᠠ ᠭᠠᠳᠠᠭᠠᠳᠤ ᠪᠡᠯᠡ᠎ᠶ᠋ᠢ ᠲᠤᠭ᠍ᠳᠠᠭᠤᠨ ᠪᠠᠢᠯᠭᠠᠬᠤ ᠡᠷᠴᠢᠮ᠎ᠢ ᠴᠢᠩᠭᠠᠷᠠᠭᠤᠯᠵᠤ᠂ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠂ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠂ ᠦᠢᠯᠡᠴᠢᠯᠡᠭᠡᠨ᠎ᠤ ᠠᠷᠠᠯᠵᠢᠶᠠᠨ᠎ᠤ ᠴᠤᠭ᠍ᠯᠠᠭᠠᠨ ᠵᠢᠴᠢ ᠠᠩᠬᠠᠳᠤᠭᠠᠷ ᠬᠤᠭᠤᠴᠠᠭᠠᠨ᠎ᠤ ᠤᠯᠠᠨ ᠤᠯᠤᠰ᠎ᠤᠨ ᠭᠡᠷᠡᠭ᠌ᠯᠡᠭᠡᠨ᠎ᠤ ᠵᠦᠢᠯ᠎ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ᠎ᠢ ᠠᠮᠵᠢᠯᠲᠠ᠎ᠲᠠᠢ ᠡᠷᠬᠢᠯᠡᠪᠡ᠃ ᠦᠢᠯᠡᠴᠢᠯᠡᠭᠡᠨ᠎ᠤ ᠦᠢᠯᠡᠰ᠎ᠤᠨ ᠨᠡᠭᠡᠭᠡᠯᠳᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠴᠡᠭ᠎ᠢ ᠱᠢᠨ᠎ᠡ᠎ᠪᠠᠷ 4 ᠨᠡᠮᠡᠭ᠌ᠳᠡᠭᠦᠯᠵᠦ᠍᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠨᠡᠭᠡᠭᠡᠯᠳᠠ᠎ᠶ᠋ᠢᠨ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠪᠡ᠃

ᠳᠥᠷᠪᠡ᠎ᠳᠤ ᠱᠢᠨ᠎ᠡ᠎ᠶ᠋ᠢ ᠡᠭᠦᠳᠬᠦ᠌᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠣᠭ᠍ᠲᠠᠪᠤᠷᠢᠵᠢᠭᠤᠯᠪᠠ᠃ ᠤᠯᠤᠰ᠎ᠤᠨ ᠲᠤᠷᠱᠢᠯᠲᠠ ᠎ᠶ᠋ᠢᠨ ᠲᠠᠰᠤᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠴᠢᠬᠤᠯᠠ ᠶᠡᠭᠡ ᠱᠢᠨᠵᠢᠯᠡᠬᠦ᠌ ᠤᠬᠠᠭᠠᠨ ᠮᠡᠷᠭᠡᠵᠢᠯ ᠎ᠤᠨ ᠲᠦᠰᠦᠯ᠎ᠤᠨ ᠬᠡᠷᠡᠭ᠌ᠵᠢᠭᠦᠯᠦᠯᠲᠡ ᠎ᠶ᠋ᠢ ᠠᠬᠢᠭᠤᠯᠪᠠ᠃ ᠲᠥᠪ᠎ᠤᠨ ᠡᠳ᠋ ᠎ᠤᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢ ᠥᠭᠡᠷᠡᠴᠢᠯᠡᠨ ᠲᠡᠭᠦᠯᠳᠡᠷᠵᠢᠭᠦᠯᠵᠦ᠍᠂ ᠲᠠᠮ ᠵᠠᠷᠤᠳᠠᠯ᠎ᠤᠨ ᠬᠠᠷᠢᠴᠠᠯ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠵᠡᠨ ᠮᠡᠳᠡᠬᠦ᠌ ᠡᠷᠬᠡ᠎ᠶ᠋ᠢ ᠥᠷᠭᠡᠳᠭᠡᠪᠡ᠃ ᠰᠤᠳᠤᠯᠤᠨ ᠨᠡᠭᠡᠭᠡᠬᠦ᠌ ᠵᠠᠷᠤᠳᠠᠯ᠎ᠢ ᠨᠡᠮᠡᠨ ᠪᠣᠳᠣᠵᠤ ᠰᠠᠭᠤᠯᠭᠠᠨ ᠬᠠᠰᠤᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠦᠢᠯᠡᠳᠬᠦ᠌ ᠦᠢᠯᠡᠰ᠎ᠤᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠵᠠᠷᠤᠳᠠᠯ᠎ᠢ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ᠎ᠢ 100% ᠪᠤᠯᠲᠠᠯ᠎ᠠ ᠳᠡᠭᠡᠭ᠌ᠰᠢᠯᠡᠭᠦᠯᠪᠠ᠃ ᠮᠡᠳᠡᠯᠭᠡ ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠪᠠ᠃ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶ᠋ᠢ ᠴᠢᠩᠭᠠᠳᠭᠠᠨ ᠨᠥᠬᠦᠪᠥᠷᠢᠯᠡᠬᠦ᠌ ᠠᠵᠢᠯᠯᠠᠭ᠎ᠠ᠎ᠶ᠋ᠢ ᠥᠷᠨᠢᠭᠦᠯᠪᠡ᠃ ᠤᠯᠠᠮᠵᠢᠯᠠᠯᠲᠤ ᠠᠵᠤ ᠦᠢᠯᠡᠰ᠎ᠤᠨ ᠳ᠋ᠢᠵᠢᠲ᠋ᠠᠯᠴᠢᠯᠠᠬᠤ ᠤᠶᠤᠨᠴᠢᠯᠠᠬᠤ ᠥᠭᠡᠷᠡᠴᠢᠯᠡᠯᠲᠡ ᠲᠦᠷᠭᠡᠳᠴᠦ᠍᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ᠎ᠢᠶᠠᠨ ᠪᠠᠲᠤᠯᠠᠪᠠ᠃

ᠲᠠᠪᠤ᠎ᠳᠤ ᠬᠤᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠶ᠎ᠶ᠋ᠢᠨ ᠪᠠᠢᠷᠢᠱᠢᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠪᠡ᠃ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠳᠡᠮᠵᠢᠯᠭᠡ᠎ᠶ᠋ᠢᠨ ᠱᠢᠨ᠎ᠡ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠨᠢᠭᠡ ᠪᠦᠯᠦᠭ ᠴᠢᠬᠤᠯᠠ ᠶᠡᠭᠡ ᠲᠦᠰᠦᠯ᠎ᠢ ᠬᠡᠷᠡᠭ᠌ᠵᠢᠭᠦᠯᠪᠡ᠃ ᠱᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠤᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠪᠠ᠃ ᠲᠠᠷᠢᠶᠠᠯᠠᠩ᠎ᠤᠨ ᠦᠢᠯᠡᠳᠪᠦᠷᠢᠯᠡᠯ ᠎ᠢ ᠴᠢᠩᠭᠠᠳᠭᠠᠨ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠠᠩᠭᠠᠯᠭ᠎ᠠ᠎ᠶ᠋ᠢ ᠪᠠᠲᠤᠯᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠲᠤ 200 ᠳ᠋ᠦᠩᠱᠢᠭᠤᠷ ᠲᠥᠭᠦᠷᠢᠭ᠎ᠤᠨ ᠨᠢᠭᠡ ᠤᠳᠠᠭ᠎ᠠ᠎ᠶ᠋ᠢᠨ ᠴᠢᠨᠠᠷᠲᠠᠶ ᠨᠥᠬᠦᠪᠥᠷᠢ ᠣᠯᠭᠤᠪᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠢ 160 ᠲᠣᠭ᠍ᠲᠠᠭᠠᠪᠠ᠃ ᠬᠥᠳᠡᠭᠡ ᠲᠣᠰᠭᠤᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠵᠤ ᠳᠡᠭᠡᠭ᠌ᠰᠢᠯᠡᠭᠦᠯᠬᠦ᠌ ᠲᠠᠪᠤᠨ ᠵᠢᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠪᠡ᠃

ᠵᠢᠷᠭᠤᠭ᠎ᠠ ᠎ᠳᠤ ᠠᠮᠢ ᠠᠬᠤᠶ ᠎ᠶ᠋ᠢᠨ ᠣᠷᠴᠢᠨ ᠨᠥᠬᠦᠴᠡᠯ ᠎ᠤᠨ ᠬᠠᠮᠠᠭᠠᠯᠠᠯᠲᠠ ᠎ᠶ᠋ᠢ ᠴᠢᠩᠭᠠᠳᠭᠠᠵᠤ᠂ ᠦᠷᠭᠦᠯᠵᠢᠯᠡᠬᠦ᠌ ᠬᠥᠭ᠌ᠵᠢᠯᠲᠡ ᠎ᠶ᠋ᠢ ᠠᠬᠢᠭᠤᠯᠪᠠ᠃ ᠴᠡᠯᠮᠡᠭ ᠲᠡᠭ᠌ᠷᠢ᠂ ᠲᠤᠩᠭᠠᠯᠠᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠨ᠎ᠤ ᠦᠷ᠎ᠡ ᠪᠦᠲᠦᠭᠡᠯ᠎ᠢ ᠪᠠᠬᠢᠵᠢᠭᠦᠯᠪᠡ᠃ ᠬᠢᠮᠢ᠎ᠶ᠋ᠢᠨ ᠪᠣᠷᠲᠣᠭᠤᠷ ᠲᠠᠷᠢᠶᠠᠨ ᠡᠮ᠎ᠤᠨ ᠬᠡᠷᠡᠭ᠌ᠯᠡᠯᠲᠡ᠎ᠶ᠋ᠢ ᠪᠠᠭᠠᠰᠭᠠᠨ ᠦᠢᠯᠡᠳᠦᠯ᠎ᠢ᠎ᠨᠢ ᠨᠡᠮᠡᠭ᠌ᠳᠡᠭᠦᠯᠬᠦ᠌ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌ ᠬᠠᠶᠠᠭ᠍ᠳᠠᠮᠠᠯ ᠪᠣᠳᠠᠰ᠎ᠢ ᠡᠬᠢ ᠪᠠᠶᠠᠯᠢᠬ᠍ᠵᠢᠭᠤᠯᠤᠨ ᠠᠱᠢᠭ᠍ᠯᠠᠬᠤ᠎ᠶ᠋ᠢ ᠠᠬᠢᠭᠤᠯᠪᠠ᠃ ᠠᠮᠢ ᠠᠬᠤᠶ᠎ᠶ᠋ᠢ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠬᠥᠬᠡᠮᠥ᠋ᠷᠡᠨ᠎ᠳᠤ ᠵᠢᠭᠠᠰᠤ ᠠᠩᠨᠠᠬᠤ᠎ᠶ᠋ᠢ ᠠᠷᠪᠠᠨ ᠵᠢᠯ ᠴᠠᠭᠠᠵᠠᠯᠠᠬᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠪᠡ᠃ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠶ᠋ᠢᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 10 ᠳ᠋ᠦᠩᠱᠢᠭᠤᠷ ᠺᠢᠯᠣᠸᠠᠲ᠎ᠢ ᠳᠠᠪᠠᠪᠠ᠃ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠠᠵᠢᠯᠯᠠᠭᠠᠨ᠎ᠤ ᠲᠥᠰᠦᠯ ᠎ᠢ ᠨᠡᠢᠲᠡᠯᠡᠪᠡ᠃ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠡᠬᠢᠯᠡᠭᠦᠯᠪᠡ᠃ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠢᠳᠡᠪᠬᠢᠲᠡᠶ ᠠᠷᠭᠠᠴᠠᠭᠠᠪᠠ᠃

ᠲᠤᠯᠤᠭ᠎ᠠ᠎ᠳᠤ ᠠᠷᠠᠳ᠎ᠤᠨ ᠠᠮᠢᠳᠤᠷᠠᠯ ᠎ᠢ ᠬᠦᠴᠦᠯᠡᠨ ᠪᠠᠲᠤᠯᠠᠨ ᠰᠠᠢᠵᠢᠷᠠᠭᠤᠯᠵᠤ᠂ ᠨᠡᠢᠭᠡᠮ᠎ᠤᠨ ᠦᠢᠯᠡᠰ ᠎ᠢ ᠲᠦᠷᠭᠡᠯᠡᠨ ᠬᠥᠭ᠌ᠵᠢᠭᠦᠯᠪᠡ᠃ ᠬᠥᠳᠡᠭᠡ ᠲᠣᠰᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠭᠤᠷᠠᠶ ᠭᠤᠭ᠍ᠴᠤᠭ᠎ᠠ᠎ᠶ᠋ᠢᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠰᠤᠷᠤᠭ᠍ᠴᠢᠳ ᠎ᠤᠨ ᠱᠢᠮ᠎ᠡ ᠲᠡᠵᠢᠭᠡᠯ᠎ᠢ ᠰᠠᠢᠵᠢᠷᠠᠭᠤᠯᠬᠤ ᠲᠥᠯᠥᠪᠯᠡᠭᠡ᠎ᠶ᠋ᠢᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ 3700 ᠭᠠᠷᠤᠶ ᠲᠦᠮᠡᠨ ᠰᠤᠷᠤᠭ᠍ᠴᠢ ᠳ᠋ᠤ ᠠᠱᠢᠭ ᠬᠦᠷᠲᠡᠭᠡᠪᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ ᠎ᠤᠨ ᠱᠠᠲᠤᠨ᠎ᠤ ᠰᠤᠷᠤᠭ᠍ᠴᠢᠳ᠎ᠤᠨ ᠳᠠᠰᠭᠠᠯ᠎ᠤᠨ ᠳᠠᠷᠤᠭᠠᠰᠤ ᠪᠣᠯᠤᠨ ᠰᠤᠷᠭᠠᠭᠤᠯᠢ ᠎ᠶ᠋ᠢᠨ ᠭᠠᠳᠠᠨᠠᠬᠢ ᠪᠣᠯᠪᠠᠰᠤᠷᠠᠭᠤᠯᠤᠯ᠎ᠤᠨ ᠳᠠᠷᠤᠭᠠᠰᠤ᠎ᠶ᠋ᠢ ᠬᠥᠩᠭᠡᠷᠡᠭᠦᠯᠪᠠ᠃ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠤᠬ᠍ᠴᠢ ᠨᠡᠮᠡᠵᠤ ᠡᠯᠰᠡᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢᠨ ᠬᠠᠷᠠᠯᠲᠠ᠎ᠶ᠋ᠢ ᠳᠠᠪᠠᠭᠤᠯᠤᠨ ᠪᠡᠶᠡᠯᠡᠭᠦᠯᠪᠡ᠃ ᠤᠯᠤᠰ᠎ᠤᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠵᠢᠭᠡᠯᠡᠯᠭᠡ᠎ᠶ᠋ᠢᠨ ᠬᠥᠮᠦᠨ ᠪᠦᠷᠢ᠎ᠳᠤ ᠤᠯᠭᠤᠬᠤ ᠵᠢᠯ ᠪᠦᠷᠢ᠎ᠶ᠋ᠢᠨ ᠬᠠᠮᠤᠭ᠎ᠤᠨ ᠥᠨᠳᠥᠷ ᠲᠤᠭ᠎ᠠ ᠬᠡᠮᠵᠢᠶ᠎ᠡ᠎ᠶ᠋ᠢ 4000 ᠲᠥᠭᠦᠷᠢᠭ ᠨᠡᠮᠡᠭ᠌ᠳᠡᠭᠦᠯᠵᠦ᠍᠂ ᠰᠤᠷᠭᠠᠭᠤᠯᠢ᠎ᠳᠤ ᠪᠠᠢᠭ᠎ᠠ 500 ᠭᠠᠷᠤᠶ ᠲᠦᠮᠡᠨ ᠰᠤᠷᠤᠭ᠍ᠴᠢ᠎ᠳᠤ ᠠᠱᠢᠭ ᠬᠦᠷᠲᠡᠭᠡᠪᠠ᠃ ᠠᠵᠢᠯ᠎ᠠᠴᠠ᠎ᠪᠠᠨ ᠪᠠᠭᠤᠵᠤ ᠠᠮᠠᠷᠠᠭ᠍ᠰᠠᠨ ᠬᠥᠮᠦᠰ᠎ᠤᠨ ᠨᠠᠰᠤᠵᠢᠯ᠎ᠤᠨ ᠦᠨᠳᠦᠰᠦᠨ ᠠᠰᠠᠷᠠᠮᠵᠢ᠎ᠶ᠋ᠢᠨ ᠮᠥᠩᠭᠦ᠎ᠶ᠋ᠢ ᠳᠡᠭᠡᠭ᠌ᠰᠢᠯᠡᠭᠦᠯᠪᠡ᠃ ᠠᠰᠠᠷᠠᠨ ᠬᠠᠷᠠᠭᠠᠯᠵᠠᠬᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠪᠡ᠃ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠠᠷᠠᠬᠠᠨ ᠬᠦᠷᠲᠡᠭᠡᠳᠦᠢ ᠭᠡᠷ ᠪᠦᠯᠢ᠎ᠶ᠋ᠢᠨ ᠬᠦᠨᠳᠦ ᠡᠪᠡᠳᠴᠢᠨ᠎ᠲᠠᠢ ᠪᠠ ᠬᠦᠨᠳᠦ ᠵᠡᠮᠳᠡᠭ ᠬᠥᠮᠦᠰ᠎ᠢ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠵᠤ᠂ ᠬᠦᠴᠢᠷᠳᠡᠯ᠎ᠲᠠᠢ ᠣᠯᠠᠨ ᠲᠦᠮᠡᠨ᠎ᠢ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠪᠡ᠃ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠱᠢᠰᠲ᠋ᠧᠮ ᠎ᠳᠤ ᠥᠭᠡᠷᠡᠴᠢᠯᠡᠯᠲᠡ ᠬᠢᠪᠡ᠃ ᠪᠠᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠳᠠᠢ ᠡᠪᠡᠳᠴᠢᠨ ᠵᠡᠷᠭᠡ ᠨᠠᠩ ᠣᠯᠠᠨ ᠡᠭᠦᠳᠡᠨ ᠡᠮᠨᠡᠯᠭᠡ᠎ᠶ᠋ᠢᠨ ᠵᠠᠷᠤᠳᠠᠯ᠎ᠢ ᠡᠮᠨᠡᠯᠭᠡ᠎ᠶ᠋ᠢᠨ ᠳᠠᠭᠠᠳᠭᠠᠯ᠎ᠤᠨ ᠳᠠᠩᠰᠠ ᠲᠠᠢᠯᠬᠤ ᠬᠡᠪᠴᠢᠶᠡᠨ᠎ᠳᠤ ᠣᠷᠣᠭᠤᠯᠵᠤ᠂ ᠡᠮᠨᠡᠯᠭᠡ᠎ᠳᠤ ᠰᠠᠭᠤᠭ᠍ᠰᠠᠨ ᠵᠠᠷᠤᠳᠠᠯ᠎ᠢ ᠮᠣᠵᠢ ᠠᠯᠤᠰᠯᠠᠨ ᠱᠢᠭᠤᠳ ᠲᠠᠰᠤᠯᠤᠨ ᠪᠣᠳᠣᠬᠤ ᠨᠣᠷᠮ᠎ᠠ᠎ᠶ᠋ᠢ 60% ᠎ᠳ᠋ᠤ ᠬᠦᠷᠭᠡᠪᠡ᠃ ᠡᠮ᠎ᠤᠨ ᠵᠦᠢᠯ ᠸᠠᠺᠼᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠪᠠ᠃ ᠭᠤᠷᠪᠠᠨ ᠬᠡᠦᠬᠡᠳ ᠠᠪᠴᠤ᠌ ᠪᠤᠯᠬᠤ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠠ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠴᠢᠩᠭᠠᠳᠭᠠᠪᠠ᠃ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠎ᠶ᠋ᠢ ᠲᠦᠷᠭᠡᠯᠡᠨ ᠬᠥᠭ᠌ᠵᠢᠭᠦᠯᠪᠡ᠃ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠪᠡ᠃ ᠰᠦᠯᠵᠢᠶᠡᠨ᠎ᠤ ᠰᠠᠢᠨ ᠰᠠᠢᠬᠠᠨ ᠠᠮᠢ ᠠᠬᠤᠶ᠎ᠶ᠋ᠢ ᠪᠤᠢ ᠪᠣᠯᠭᠠᠪᠠ᠃ ᠪᠦᠬᠦ ᠠᠷᠠᠳ ᠶ᠋ᠢᠡᠷ ᠶ᠋ᠢᠡᠨ ᠪᠡᠶ᠎ᠡ ᠪᠡᠨ ᠴᠢᠬᠢᠷᠠᠭᠵᠢᠭᠤᠯᠬᠤ ᠠᠵᠢᠯᠯᠠᠭ᠎ᠠ ᠶ᠋ᠢ ᠢᠳᠡᠪᠬᠢᠳᠠᠢ ᠦᠷᠨᠢᠭᠦᠯᠪᠡ᠃ ᠮᠠᠨ᠎ᠤ ᠤᠯᠤᠰ᠎ᠤᠨ ᠲᠠᠮᠢᠷᠴᠢᠳ ᠲᠣᠣᠺᠢᠣ᠋᠎ᠶ᠋ᠢᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠱᠢᠯᠢᠳᠡᠭ ᠬᠢᠷᠢ ᠪᠦᠲᠦᠮᠵᠢ ᠤᠯᠪᠠ᠃ ᠨᠠᠷᠢᠨ ᠨᠢᠮᠪᠠᠶ ᠪᠡᠯᠡᠳᠭᠡᠬᠦ᠌᠎ᠪᠠᠷ ᠳᠠᠮᠵᠢᠨ᠂ ᠪᠢᠳᠡ ᠠᠷᠪᠢᠲᠠᠢ ᠭᠠᠮᠲᠠᠢ᠂ ᠠᠮᠤᠷ ᠲᠦᠪᠱᠢᠨ᠂ ᠭᠠᠢᠬᠠᠯᠳᠠᠢ ᠰᠠᠢᠬᠠᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠬᠢᠯᠡᠭ᠌ᠰᠡᠨ ᠪᠥᠭᠡᠳ ᠰᠠᠶᠢᠬᠠᠨ ᠡᠬᠢᠯᠡᠭ᠌ᠰᠡᠨ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠴᠤ᠌ ᠯᠠᠪᠲᠠᠢ ᠰᠠᠢᠲᠤᠷ ᠡᠷᠬᠢᠯᠡᠵᠦ᠍ ᠴᠢᠳᠠᠬᠤ ᠶᠤᠮ᠃

ᠨᠠᠢ᠍ᠮᠠ᠎ᠳᠤ ᠬᠠᠤᠯᠢ᠎ᠪᠠᠷ ᠵᠠᠰᠠᠬᠤ ᠵᠠᠰᠠᠭ ᠎ᠤᠨ ᠣᠷᠳᠣᠨ᠎ᠤ ᠪᠠᠢᠭᠤᠯᠤᠯᠲᠠ ᠪᠠ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌ ᠎ᠶ᠋ᠢ ᠠᠬᠢᠭᠤᠯᠵᠤ᠂ ᠨᠡᠢᠭᠡᠮ᠎ᠤᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠪᠠᠲᠤᠯᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ 10 ᠬᠤᠪᠢ ᠬᠠᠤᠯᠢ ᠴᠠᠭᠠᠵᠠ᠎ᠶ᠋ᠢᠨ ᠰᠠᠨᠠᠯ ᠵᠥᠪᠯᠡᠯᠭᠡ᠎ᠶ᠋ᠢ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ 15 ᠬᠤᠪᠢ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠢ ᠲᠣᠭ᠍ᠲᠠᠭᠠᠭ᠍ᠰᠠᠨ ᠪᠤᠶᠤ ᠵᠠᠰᠠᠨ ᠲᠤᠭ᠍ᠲᠠᠭᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠠᠨᠠᠭᠤᠯᠭ᠎ᠠ ᠪᠠ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠰᠠᠨᠠᠯ ᠳᠤᠷᠠᠳᠤᠯᠭ᠎ᠠ᠎ᠶ᠋ᠢ ᠬᠢᠨᠠᠮᠠᠭᠠᠶ ᠱᠢᠢᠳᠪᠦᠷᠢᠯᠡᠪᠡ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠡᠷᠡᠭ᠌ᠵᠢᠭᠦᠯᠦᠯᠲᠡ᠎ᠶ᠋ᠢᠨ ᠲᠣᠪᠴᠢ᠎ᠶ᠋ᠢ ᠨᠡᠢᠲᠡᠯᠡᠪᠡ᠃ ᠬᠢᠨᠠᠨ ᠪᠤᠳᠤᠬᠤ ᠬᠢᠨᠠᠯᠲᠠ᠎ᠶ᠋ᠢᠨ ᠦᠢᠯᠡᠳᠦᠯ᠎ᠢ ᠪᠠᠳᠠᠷᠠᠭᠤᠯᠪᠠ᠃ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠶᠡᠭᠡ ᠱᠢᠪᠠᠳᠠᠨ ᠪᠠᠢᠴᠠᠭᠠᠯᠲᠠ᠎ᠶ᠋ᠢ ᠦᠷᠭᠦᠯᠵᠢᠯᠡᠨ ᠥᠷᠨᠢᠭᠦᠯᠵᠦ᠍᠂ 《ᠢᠨᠲ᠋ᠧᠷ ᠰᠦᠯᠵᠢᠶ᠎ᠡ ᠱᠢᠪᠠᠳᠠᠨ ᠪᠠᠢᠴᠠᠭᠠᠯᠲᠠ》 ᠎ᠶ᠋ᠢ ᠭᠦᠨᠵᠡᠭᠡᠶ ᠬᠡᠷᠡᠭ᠌ᠵᠢᠭᠦᠯᠪᠠ᠃ ᠬᠤᠲᠠ ᠬᠥᠳᠡᠭᠡ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠨ᠎ᠡ᠎ᠶ᠋ᠢ ᠡᠭᠦᠳᠪᠡ᠃ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠵᠠᠬᠢᠳᠠᠯ ᠰᠤᠷᠪᠤᠯᠵᠢᠯᠠᠭ᠎ᠠ᠎ᠶ᠋ᠢᠨ ᠳᠠᠷᠤᠭ᠍ᠳᠠᠮᠠᠯ ᠬᠡᠷᠡᠭ᠎ᠢ ᠠᠷᠢᠯᠭᠠᠪᠠ᠃ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢ ᠴᠢᠩᠭᠠᠳᠭᠠᠪᠠ᠃ᠤᠯᠤᠰ᠎ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ ᠎ᠶ᠋ᠢᠨ ᠪᠠᠢᠭᠤᠯᠤᠯᠲᠠ ᠎ᠶ᠋ᠢ ᠴᠢᠩᠭᠠᠳᠭᠠᠪᠠ᠃ ᠨᠡᠢᠭᠡᠮ᠎ᠤᠨ ᠠᠮᠤᠷ ᠲᠦᠪᠱᠢᠨ᠎ᠤ ᠰᠡᠷᠭᠡᠢᠯᠡᠨ ᠡᠵᠡᠮᠳᠡᠬᠦ᠌ ᠱᠢᠰᠲ᠋ᠧᠮ ᠎ᠢ ᠲᠡᠭᠦᠯᠳᠡᠷᠵᠢᠭᠦᠯᠵᠦ᠍᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠲᠡᠮᠡᠴᠡᠯ ᠎ᠢ ᠪᠠᠢᠩᠭᠤ᠎ᠶ᠋ᠢᠨ ᠴᠢᠨᠠᠷᠳᠠᠢ ᠥᠷᠨᠢᠭᠦᠯᠦᠨ᠂ ᠴᠠᠬᠢᠯᠭᠠᠨ ᠬᠤᠯᠪᠤᠭ᠎ᠠ ᠪᠠ ᠰᠦᠯᠵᠢᠶ᠎ᠡ᠎ᠪᠠᠷ ᠮᠡᠬᠡᠯᠡᠬᠦ᠌ ᠵᠡᠷᠭᠡ ᠶᠠᠯᠠᠲᠤ ᠠᠵᠢᠯᠯᠠᠭ᠎ᠠ᠎ᠳᠤ ᠲᠥᠪᠯᠡᠷᠡᠭᠦᠯᠦᠨ ᠴᠣᠬᠢᠯᠲᠠ ᠥᠭ᠌ᠴᠦ ᠲᠡᠭᠦᠨ᠎ᠢ ᠵᠠᠰᠠᠨ ᠴᠡᠭ᠌ᠴᠡᠯᠡᠪᠡ᠃ ᠨᠢᠳᠤᠨᠤᠨ ᠵᠠᠷᠢᠮ ᠭᠠᠵᠠᠷ ᠣᠷᠣᠨ᠎ᠳᠤ ᠬᠦᠨᠳᠦ ᠨᠣᠴᠢᠲᠠᠶ ᠦᠶᠡᠷ ᠤᠰᠤᠲᠤᠯ ᠵᠡᠷᠭᠡ ᠭᠠᠮᠱᠢᠭ ᠭᠠᠷᠴᠤ᠌᠂ ᠡᠯ᠎ᠡ ᠲᠠᠯ᠎ᠠ᠎ᠶ᠋ᠢᠨ᠎ᠬᠢᠨ ᠭᠠᠮᠱᠢᠭ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠪᠠ ᠭᠠᠮᠱᠢᠭ ᠎ᠤᠨ ᠲᠠᠷᠠᠭ᠎ᠠ ᠲᠠᠬᠢᠨ ᠪᠠᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠴᠢᠷᠮᠠᠢᠨ ᠪᠠᠲᠤᠯᠠᠪᠠ᠃

ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠲᠤᠬᠠᠶ ᠨᠠᠮ᠎ᠤᠨ ᠲᠥᠪ ᠬᠤᠷᠢᠶᠠᠨ ᠎ᠤ ᠪᠠᠢᠯᠳᠤᠬᠤ ᠪᠤᠳᠤᠯᠭ᠎ᠠ ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠨᠠᠮ ᠎ᠤᠨ ᠲᠡᠦᠬᠡ ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠪᠡ᠃ ᠨᠠᠮ ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠴᠢᠩᠭᠠᠳᠭᠠᠪᠠ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 《ᠳᠥᠷᠪᠡᠨ ᠰᠤᠷᠲᠠᠯ》 ᠢ᠋ ᠱᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠪᠡ᠃

ᠳᠤᠮᠳᠠᠳᠤ ᠤᠯᠤᠰ᠎ᠤᠨ ᠣᠨᠴᠠᠯᠢᠭ ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠪᠦᠬᠦ᠌ ᠲᠠᠯ᠎ᠠ᠎ᠪᠠᠷ ᠠᠬᠢᠪᠠ᠃ ᠲᠡᠷᠢᠭᠦᠯᠡᠭ᠌ᠴᠢ ᠰᠢ᠎ᠶ᠋ᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠸᠢᠳᠢᠣ᠋ ᠬᠡᠯᠪᠡᠷᠢ᠎ᠪᠠᠷ ᠤᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠶᠡᠭᠡ ᠬᠤᠷᠠᠯ᠂ ᠬᠤᠷᠢᠨ ᠤᠯᠤᠰ᠎ᠤᠨ ᠪᠦᠯᠦᠭ᠌ᠯᠡᠯ᠎ᠤᠨ ᠤᠳᠤᠷᠢᠳᠭᠤ ᠬᠥᠮᠦᠰ᠎ᠤᠨ ᠲᠦᠷᠦᠭᠦᠴᠦᠳ᠎ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠤᠨ ᠠᠯᠪᠠᠨ ᠶᠣᠰᠣᠨ᠎ᠤ ᠪᠤᠰᠤ ᠬᠤᠷᠠᠯᠳᠤᠭᠠᠨ᠂ BRICS ᠤᠯᠤᠰ᠎ᠤᠨ ᠤᠲᠤᠷᠢᠳᠭᠤ ᠬᠦᠮᠦᠰ᠎ᠤᠨ ᠠᠭᠤᠯᠵᠠᠯᠳᠠ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ᠎ᠶ᠋ᠢᠨ ᠶᠠᠷᠢᠯᠴᠠᠭᠠᠨ᠎ᠤ ᠬᠠᠷᠢᠴᠠᠭ᠎ᠠ ᠪᠠᠢᠭᠤᠯᠤᠭ᠍ᠰᠠᠨ 30 ᠵᠢᠯ᠎ᠤᠨ ᠤᠢ᠎ᠶ᠋ᠢ ᠳᠤᠷᠠᠰᠭᠠᠬᠤ ᠲᠦᠷᠦᠭᠦᠴᠦᠳ᠎ᠤᠨ ᠬᠤᠷᠠᠯ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠯᠴᠠᠭᠠᠨ᠎ᠤ ᠲᠠᠪᠴᠠᠩ᠎ᠤᠨ ᠰᠠᠢᠳ᠎ᠤᠨ ᠳᠡᠰ᠎ᠤᠨ ᠬᠤᠷᠠᠯᠳᠤᠭᠠᠨ ᠎ᠤ ᠡᠬᠢᠯᠡᠯᠲᠡ᠎ᠶ᠋ᠢᠨ ᠶᠣᠰᠣᠯᠠᠯ᠂ ᠵᠡᠭᠦᠨ ᠠᠽᠢᠶ᠎ᠠ᠎ᠶ᠋ᠢᠨ ᠬᠠᠮᠲᠤᠷᠠᠯᠴᠠᠭᠠᠨ᠎ᠤ ᠤᠳᠤᠷᠢᠳᠭᠤ ᠬᠥᠮᠦᠰ᠎ᠤᠨ ᠱᠢᠷᠢᠰ ᠬᠤᠷᠠᠯᠳᠤᠭᠠᠨ᠂ ᠠᠽᠢᠶ᠎ᠠ ᠧᠦ᠋ᠷᠣᠫᠠ᠎ᠶ᠋ᠢᠨ ᠲᠦᠷᠦᠭᠦᠴᠦᠳ᠎ᠤᠨ ᠬᠤᠷᠠᠯᠳᠤᠭᠠᠨ ᠵᠡᠷᠭᠡ ᠴᠢᠬᠤᠯᠠ ᠶᠡᠭᠡ ᠠᠵᠢᠯᠯᠠᠭ᠎ᠠ᠎ᠳᠤ ᠣᠷᠣᠯᠴᠠᠪᠠ᠃ ᠤᠯᠠᠨ ᠤᠳᠠᠭᠠᠨ᠎ᠤ ᠴᠢᠬᠤᠯᠠ ᠶᠡᠭᠡ ᠡᠵᠡᠨ ᠲᠠᠯᠠᠪᠤᠷ ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ ᠠᠮᠵᠢᠯᠲᠠ ᠎ᠲᠠᠢ ᠡᠷᠬᠢᠯᠡᠪᠡ᠃ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠬᠠᠨᠢᠲᠠᠨ᠎ᠤ ᠬᠠᠷᠢᠴᠠᠭ᠎ᠠ ᠎ᠶ᠋ᠢ ᠢᠳᠡᠪᠬᠢᠲᠡᠢ ᠬᠥᠭ᠌ᠵᠢᠭᠦᠯᠦᠨ᠂ ᠪᠦᠬᠦ᠌ ᠪᠥᠮᠪᠥᠷᠴᠡᠭ᠎ᠤᠨ ᠵᠠᠰᠠᠯᠲᠠ ᠎ᠶ᠋ᠢᠨ ᠱᠢᠰᠲ᠋ᠧᠮ᠎ᠤᠨ ᠥᠭᠡᠷᠡᠴᠢᠯᠡᠯᠲᠡ ᠪᠠ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠤᠯᠠᠨ ᠤᠯᠤᠰ᠎ᠤᠨ ᠬᠢᠵᠢᠭ᠎ᠢ ᠡᠰᠡᠷᠭᠦᠴᠡᠬᠦ᠌ ᠬᠠᠮᠲᠤᠷᠠᠯᠴᠠᠭ᠎ᠠ ᠎ᠶ᠋ᠢ ᠠᠬᠢᠭᠤᠯᠵᠤ᠂ ᠪᠦᠬᠦ᠌ ᠪᠥᠮᠪᠥᠷᠴᠡᠭ᠎ᠤᠨ ᠴᠢᠨᠠᠷᠲᠠᠢ ᠠᠰᠠᠭᠤᠳᠠᠯ ᠪᠠ ᠱᠢᠯᠭᠠᠯᠲᠠ᠎ᠶ᠋ᠢ ᠬᠠᠮᠲᠤ᠎ᠪᠠᠷ ᠠᠷᠭᠠᠴᠠᠭᠠᠪᠠ᠃ ᠳᠤᠮᠳᠠᠳᠤ ᠤᠯᠤᠰ ᠳᠡᠯᠡᠬᠡᠶ᠎ᠶ᠋ᠢᠨ ᠡᠩᠭᠡ ᠲᠠᠢᠪᠤᠩ ᠪᠠ ᠬᠥᠭ᠌ᠵᠢᠯᠲᠡ᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠲᠥᠯᠥᠭᠡᠯᠡᠭ᠌ᠴᠢᠳ ᠡ!

ᠥᠩᠭᠡᠷᠡᠭ᠌ᠰᠡᠨ ᠨᠢᠭᠡ ᠵᠢᠯ᠎ᠳᠤ ᠣᠯᠤᠭ᠍ᠰᠠᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠬ᠍ᠰᠠᠨ᠎ᠤ ᠦᠷ᠎ᠡ ᠳ᠋ᠦᠩ ᠮᠥᠨ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ᠎ᠪᠠᠷ ᠵᠢᠯᠣᠭᠤᠳᠤᠬ᠍ᠰᠠᠨ᠎ᠤ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭ᠌ᠰᠡᠨ᠎ᠤ ᠦᠷ᠎ᠡ ᠳ᠋ᠦᠩ ᠮᠥᠨ᠃ ᠪᠢ ᠲᠥᠷᠥ᠎ᠶ᠋ᠢᠨ ᠶᠠᠪᠤᠳᠠᠯ ᠎ᠤᠨ ᠬᠤᠷᠢᠶᠠᠨ᠎ᠤ ᠡᠮᠦᠨ᠎ᠡ᠎ᠠᠴᠠ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠣᠯᠤᠨ ᠡᠯ᠎ᠡ ᠡᠲᠡᠭᠡᠳ᠎ᠤᠨ ᠬᠥᠮᠦᠰ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ! ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠡᠷ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠬ᠎ᠠ ᠳᠡᠭᠦᠦ ᠨᠡᠷ᠂ ᠲᠠᠢᠸᠠᠨ᠎ᠤ ᠠᠬ᠎ᠠ ᠳᠡᠭᠦᠦ ᠨᠡᠷ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠡᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!ᠳᠤᠮᠳᠠᠳᠤ ᠤᠯᠤᠰ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢ ᠬᠠᠯᠠᠮᠵᠢᠯᠠᠨ ᠳᠠᠮᠵᠢᠵᠤ ᠪᠠᠢᠭ᠎ᠠ ᠡᠯ᠎ᠡ ᠤᠯᠤᠰ᠎ᠤᠨ ᠵᠠᠰᠠᠭ᠎ᠤᠨ ᠣᠷᠳᠣᠨ᠂ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ ᠡᠯ᠎ᠡ ᠤᠯᠤᠰ᠎ᠤᠨ ᠨᠠᠢᠵᠠ ᠨᠠᠷ᠎ᠲᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!

ᠠᠮᠵᠢᠯᠲᠠ᠎ᠪᠠᠨ ᠨᠤᠲᠠᠯᠠᠬᠤ᠎ᠶ᠋ᠢᠨ ᠵᠡᠷᠭᠡᠴᠡᠭᠡ᠎ᠪᠠᠷ᠂ ᠪᠢᠳᠡ ᠪᠠᠰᠠ ᠲᠤᠯᠭᠠᠷᠠᠵᠤ ᠪᠠᠢᠭ᠎ᠠ ᠠᠰᠠᠭᠤᠳᠠᠯ ᠪᠠ ᠱᠢᠯᠭᠠᠯᠲᠠ᠎ᠶ᠋ᠢ ᠰᠡᠷᠭᠡᠭ᠎ᠢᠶᠠᠷ ᠣᠯᠵᠤ ᠬᠠᠷᠠᠪᠠ᠃ ᠪᠦᠬᠦ᠌ ᠪᠥᠮᠪᠥᠷᠴᠡᠭ᠎ᠤᠨ ᠬᠢᠵᠢᠭ᠎ᠤᠨ ᠪᠠᠢᠳᠠᠯ ᠮᠦᠨ ᠯᠡ ᠦᠷᠭᠦᠯᠵᠢᠯᠡᠵᠦ᠍᠂ ᠳᠡᠯᠡᠬᠡᠶ᠎ᠶ᠋ᠢᠨ ᠠᠵᠤ ᠠᠬᠤᠢ᠎ᠶ᠋ᠢᠨ ᠰᠡᠷᠭᠦᠯᠲᠡ᠎ᠶ᠋ᠢᠨ ᠬᠥᠳᠡᠯᠭᠡᠭ᠌ᠴᠢ ᠬᠦᠴᠦᠨ ᠮᠡᠬᠦᠰᠳᠡᠨ᠂ ᠶᠡᠭᠡ ᠬᠡᠮᠵᠢᠶᠡᠨ᠎ᠤ ᠲᠠᠸᠠᠷ᠎ᠤᠨ ᠦᠨ᠎ᠡ ᠬᠠᠩᠰᠢ ᠥᠨᠳᠥᠷ ᠪᠠᠢᠷᠢᠨ᠎ᠳᠤ ᠬᠡᠯᠪᠡᠯᠵᠡᠵᠦ᠍᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠶ ᠪᠥᠭᠡᠳ ᠮᠠᠭᠠᠳ ᠪᠤᠰᠤ ᠴᠢᠨᠠᠷᠲᠠᠢ ᠪᠤᠯᠵᠤ ᠪᠠᠢᠨ᠎ᠠ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ ᠬᠡᠷᠡᠭ᠌ᠴᠡᠭᠡ ᠪᠠᠭᠠᠰᠭᠤ᠂ ᠬᠠᠩᠭᠠᠯᠭ᠎ᠠ ᠮᠠᠭᠤᠳᠠᠬᠤ᠂ ᠵᠢᠱ᠌ᠢᠯᠲᠡ ᠰᠤᠯᠠᠷᠠᠬᠤ ᠭᠤᠷᠪᠠᠨ ᠳᠠᠪᠬᠤᠷ ᠳᠠᠷᠤᠯᠲᠠ᠎ᠳᠤ ᠲᠤᠯᠭᠠᠷᠠᠵᠤ ᠪᠠᠢᠨ᠎ᠠ᠃ ᠬᠡᠰᠡᠭ ᠭᠠᠵᠠᠷ᠎ᠤᠨ ᠬᠢᠵᠢᠭ᠎ᠤᠨ ᠪᠠᠢᠳᠠᠯ ᠪᠠᠢᠨ ᠪᠠᠢᠨ ᠭᠠᠷᠴᠤ᠌ ᠪᠠᠢᠨ᠎ᠠ᠃ ᠬᠡᠷᠡᠭ᠌ᠯᠡᠭᠡ ᠪᠣᠯᠤᠨ ᠪᠡᠯᠡ ᠣᠷᠣᠭᠤᠯᠤᠯᠲᠠ᠎ᠶ᠋ᠢᠨ ᠰᠡᠷᠭᠦᠯᠲᠡ ᠤᠳᠠᠭᠠᠱᠢᠷᠠᠵᠤ᠂ᠭᠠᠳᠠᠭᠠᠳᠤ ᠭᠠᠷᠭᠠᠯᠲᠠ᠎ᠶ᠋ᠢ ᠲᠣᠭ᠍ᠲᠠᠭᠤᠨ ᠪᠠᠢᠯᠭᠠᠬᠤ ᠬᠦᠴᠢᠷᠳᠡᠯ ᠶᠡᠬᠡᠰᠴᠦ᠍᠂ ᠡᠨᠧᠷᠭᠢ᠎ᠶ᠋ᠢᠨ ᠰᠤᠷᠪᠤᠯᠵᠢ ᠲᠦᠭᠦᠬᠡᠶ ᠮᠠᠲ᠋ᠧᠷᠢᠶᠠᠯ᠎ᠤᠨ ᠬᠠᠩᠭᠠᠯᠭ᠎ᠠ ᠮᠥᠨ ᠯᠡ ᠪᠠᠴᠢᠮ ᠪᠠᠢᠵᠤ᠂  ᠭᠠᠳᠠᠭᠠᠳᠤ ᠡᠴᠡ ᠤᠷᠤᠵᠤ ᠢᠷᠡᠭᠰᠡᠨ ᠵᠤᠭᠤᠰ ᠮᠠᠭᠤᠳᠠᠯᠳᠠ᠎ᠶᠢᠨ ᠳᠠᠷᠤᠯᠳᠠ ᠶᠡᠬᠡᠰᠴᠤ᠂ ᠳᠤᠮᠳᠠ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ᠎ᠲᠠᠢ ᠪᠤᠯᠵᠤ᠂ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠡᠭᠦᠷᠭᠡ ᠨᠡᠩ ᠬᠠᠲᠠᠭᠤ ᠪᠡᠷᠬᠡ ᠪᠣᠯᠪᠠ᠃ ᠵᠠᠩᠭᠢᠯᠠᠭ᠎ᠠ᠎ᠶ᠋ᠢᠨ ᠬᠦᠷᠢᠶᠡᠨ ᠎ᠳᠠᠬᠢ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠬᠤ ᠴᠢᠳᠠᠪᠤᠷᠢ ᠴᠢᠩᠭ᠎ᠠ ᠪᠢᠰᠢ ᠪᠠᠢᠨ᠎ᠠ᠃ ᠵᠠᠷᠢᠮ ᠣᠷᠣᠨ ᠨᠤᠳᠤᠭ᠎ᠤᠨ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠶᠡᠬᠡᠰᠴᠦ᠍᠂ᠠᠵᠤ ᠠᠬᠤᠶ ᠮᠥᠩᠭᠦᠨ ᠭᠦᠢᠯᠭᠡᠭᠡᠨ᠎ᠤ ᠬᠦᠷᠢᠶᠡᠨ᠎ᠳᠠᠬᠢ ᠲᠦᠭ᠌ᠰᠢᠭᠦᠷᠢ᠎ᠶ᠋ᠢᠨ ᠲᠠᠯᠳᠠ ᠭᠡᠮ ᠨᠡᠯᠢᠶᠡᠳ ᠤᠯᠠᠨ ᠪᠠᠢᠨ᠎ᠠ᠃ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠪᠠᠰᠠ ᠴᠥᠭᠡᠨ ᠪᠤᠰᠤ ᠳᠤᠲᠠᠭᠤᠳᠠᠯ ᠣᠷᠣᠱᠢᠵᠤ ᠪᠠᠢᠨ᠎ᠠ᠃ ᠵᠠᠰᠠᠭ᠎ᠤᠨ ᠣᠷᠳᠣᠨ᠎ᠤ ᠠᠵᠢᠯ᠎ᠳᠤ ᠬᠦᠷᠦᠯᠴᠡᠬᠦ᠌ ᠦᠭᠡᠢ ᠲᠠᠯ᠎ᠠ ᠣᠷᠣᠱᠢᠵᠤ᠂ ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ ᠮᠥᠨ ᠯᠡ ᠲᠣᠪᠤᠢᠮ᠎ᠠ ᠪᠠᠢᠵᠤ᠂ ᠪᠣᠳᠠᠲᠤ ᠪᠠᠢᠳᠠᠯ᠎ᠠᠴᠠ ᠰᠠᠯᠤᠬ᠍ᠰᠠᠨ᠂ ᠤᠯᠠᠨ ᠲᠦᠮᠡᠨ᠎ᠤ ᠬᠦᠰᠡᠯ ᠰᠠᠨᠠᠭ᠎ᠠ᠎ᠠᠴᠠ ᠵᠥᠷᠢᠴᠡᠭ᠌ᠰᠡᠨ ᠦᠵᠡᠭ᠌ᠳᠡᠯ ᠣᠯᠠᠨᠲᠠ ᠭᠠᠷᠴᠤ᠌ ᠪᠠᠢᠨ᠎ᠠ᠂ ᠵᠠᠷᠢᠮ᠎ᠨᠢ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠳᠡᠭᠡᠨ ᠪᠦᠭᠦᠳᠡ᠎ᠶ᠋ᠢ ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ᠂ ᠬᠥᠳᠡᠯᠭᠡᠭᠡᠨ ᠬᠢᠬᠦ᠌ ᠬᠡᠯᠪᠡᠷᠢ᠎ᠶ᠋ᠢᠨ ᠠᠷᠭ᠎ᠠ᠎ᠶ᠋ᠢ ᠠᠪᠴᠤ᠌ ᠪᠠᠢᠨ᠎ᠠ᠃ ᠴᠥᠭᠡᠨ ᠲᠣᠭᠠᠨ᠎ᠤ ᠺᠠᠳ᠋ᠷ ᠬᠠᠷᠢᠭᠤᠴᠠᠯᠭ᠎ᠠ ᠡᠭᠦᠷᠭᠡᠯᠡᠬᠦ᠌ ᠦᠭᠡᠢ᠂ ᠠᠵᠢᠯ ᠬᠢᠬᠦ᠌ ᠦᠭᠡᠢ ᠪᠤᠶᠤ ᠳᠤᠷ᠎ᠠ᠎ᠪᠠᠷ᠎ᠢᠶᠠᠨ ᠦᠢᠯᠡᠳᠴᠦ᠍ ᠪᠠᠢᠨ᠎ᠠ᠂ ᠵᠠᠷᠢᠮ᠎ᠨᠢ ᠤᠯᠠᠨ ᠲᠦᠮᠡᠨ᠎ᠤ ᠡᠷᠬᠡ ᠠᠱᠢᠭ᠎ᠢ ᠬᠦᠨᠳᠦ ᠨᠤᠴᠢᠲᠠᠢ ᠬᠦᠨᠦᠭᠡᠭ᠌ᠰᠡᠨ ᠠᠰᠠᠭᠤᠳᠠᠯ᠎ᠢ ᠦᠯᠦ᠍ ᠬᠠᠢᠬᠤᠷᠤᠨ᠂ ᠠᠵᠢᠯ᠎ᠤᠨ ᠲᠠᠯ᠎ᠠ᠎ᠪᠠᠷ ᠬᠦᠨᠳᠤ ᠨᠤᠴᠢᠳᠠᠢ ᠲᠤᠱᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ ᠠᠯᠳᠠᠵᠤ ᠪᠠᠢᠨ᠎ᠠ᠃ ᠵᠠᠷᠢᠮ ᠬᠦᠷᠢᠶᠡᠨ᠎ᠳᠤ ᠢᠯᠵᠠᠷᠠᠯ᠎ᠤᠨ ᠠᠰᠠᠭᠤᠳᠠᠯ ᠮᠥᠨ ᠯᠡ ᠤᠯᠠᠨᠳᠠ ᠡᠬᠦᠰᠴᠦ᠍ ᠪᠠᠢᠨ᠎ᠠ᠃ ᠪᠢᠳᠡ ᠰᠠᠨᠠᠭᠠᠱᠢᠷᠠᠨ ᠵᠣᠪᠠᠨᠢᠬᠤ ᠤᠬᠠᠮᠰᠠᠷ᠎ᠢᠶᠠᠨ ᠴᠢᠩᠭᠠᠳᠭᠠᠨ᠂ ᠠᠰᠠᠭᠤᠳᠠᠯ ᠪᠠ ᠱᠢᠯᠭᠠᠯᠲᠠ ᠎ᠳᠤ ᠱᠢᠭᠤᠳ ᠬᠠᠨᠳᠤᠵᠤ᠂ ᠪᠦᠬᠦ᠌ ᠬᠦᠴᠦᠨ ᠎ᠢᠶᠠᠷ᠎ᠢᠶᠠᠨ ᠠᠵᠢᠯ᠎ᠢᠶᠠᠨ ᠰᠠᠢᠲᠤᠷ ᠬᠢᠵᠦ᠍᠂ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ ᠪᠠᠢᠬᠤ ᠬᠡᠷᠡᠭ᠌ᠲᠡᠢ!

ᠬᠤᠶᠠᠷ᠂ 2022 ᠣᠨ ᠎ᠤ ᠠᠵᠤ ᠠᠬᠤᠢ  ᠨᠡᠢᠭᠡᠮ ᠎ᠤᠨ  ᠬᠥᠭ᠌ᠵᠢᠯᠲᠡ ᠎ᠶ᠋ᠢᠨ  ᠶᠡᠷᠦᠩᠬᠡᠢ  ᠱᠠᠭᠠᠷᠳᠠᠯᠭ᠎ᠠ ᠪᠠ ᠲᠥᠷᠦ᠍ ᠎ᠶ᠋ᠢᠨ  ᠪᠣᠳᠣᠯᠭ᠎ᠠ ᠎ᠶ᠋ᠢᠨ  ᠬᠠᠨᠳᠤᠰᠢ

ᠡᠨᠡ ᠵᠢᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠬᠤᠷᠠᠯᠳᠤᠭᠤᠯᠬᠤ ᠪᠣᠯᠤᠨ᠎ᠠ᠂ ᠡᠨᠡ ᠵᠢᠯ ᠪᠣᠯ ᠨᠠᠮ ᠪᠠ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠶᠠᠪᠤᠴᠠ᠎ᠳᠠᠬᠢ ᠲᠦᠢᠯ᠎ᠤᠨ ᠴᠢᠬᠤᠯᠠ ᠨᠢᠭᠡ ᠵᠢᠯ ᠮᠥᠨ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ᠌᠎ᠳᠤ᠂ ᠰᠢ᠎ᠶ᠋ᠢᠨ ᠫᠢᠩ ᠨᠥᠬᠦᠷ ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠯᠡᠨ ᠪᠤᠢ ᠪᠤᠯᠭᠠᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠦᠨ᠂ ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠪᠠᠷ ᠭᠤᠤᠯ ᠱᠢᠵᠢᠮ ᠪᠣᠯᠭᠠᠵᠤ᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠦᠨ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠪᠠ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠤ᠂ ᠬᠤᠷᠸ᠎ᠠ ᠠᠵᠤ ᠠᠬᠤᠢ ᠎ᠶ᠋ᠢᠨ ᠶᠡᠭᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠵᠤ ᠠᠬᠤᠶ ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠠᠨ᠎ᠳᠤ ᠶᠠᠪᠤᠭ᠍ᠳᠠᠬᠤ᠎ᠶ᠋ᠢ ᠪᠠᠲᠤᠯᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠠᠯᠲᠠ᠎ᠲᠠᠢ᠎ᠪᠠᠷ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ᠃

ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠢ ᠶᠡᠷᠦᠩᠬᠡᠢᠯᠡᠨ ᠰᠤᠳᠤᠯᠤᠨ ᠮᠠᠭᠠᠳᠯᠠᠪᠠᠯ᠂ ᠡᠨᠡ ᠵᠢᠯ᠎ᠤᠨ ᠮᠠᠨ᠎ᠤ ᠤᠯᠤᠰ᠎ᠤᠨ ᠬᠥᠭ᠌ᠵᠢᠯᠲᠡ᠎ᠳᠤ ᠲᠤᠯᠭᠠᠷᠠᠵᠤ ᠪᠠᠢᠭ᠎ᠠ ᠲᠦᠭ᠌ᠰᠢᠭᠦᠷᠢ ᠪᠠ ᠱᠢᠯᠭᠠᠯᠲᠠ ᠢᠯᠡᠳᠲᠡ ᠨᠡᠮᠡᠭ᠌ᠳᠡᠵᠦ᠍ ᠪᠠᠢᠨ᠎ᠠ᠂ ᠡᠷᠬᠡᠪᠰᠢ ᠰᠠᠭᠠᠳ ᠳᠤᠳᠭᠠᠷ᠎ᠢ ᠳᠠᠪᠠᠵᠤ ᠬᠦᠴᠢᠷ ᠪᠡᠷᠬᠡᠱᠢᠶᠠᠯ᠎ᠢ ᠢᠯᠠᠬᠤ ᠬᠡᠷᠡᠭ᠌ᠲᠡᠶ᠃ ᠬᠡᠳᠦᠢ ᠬᠦᠴᠢᠷ ᠪᠡᠷᠬᠡᠱᠢᠶᠡᠯ᠎ᠲᠠᠢ ᠪᠣᠯ ᠲᠡᠳᠦᠢ ᠢᠲᠡᠭᠡᠯ ᠵᠣᠷᠢᠭ᠎ᠢᠶᠠᠨ ᠪᠠᠲᠤᠳᠭᠠᠵᠤ᠂ ᠲᠡᠳᠦᠢ ᠦᠨᠡᠨ ᠬᠦ᠌ ᠠᠳᠭᠤᠨ ᠪᠣᠳᠠᠲᠠᠶ ᠠᠵᠢᠯᠯᠠᠬᠤ ᠬᠡᠷᠡᠭ᠌ᠲᠡᠶ᠃ ᠮᠠᠨ᠎ᠤ ᠤᠯᠤᠰ᠎ᠤᠨ ᠠᠵᠤ ᠠᠬᠤᠢ᠎ᠶ᠋ᠢᠨ ᠤᠷᠲᠤ ᠬᠤᠭᠤᠴᠠᠭ᠎ᠠ ᠎ᠪᠠᠷ ᠰᠠᠢᠵᠢᠷᠠᠬᠤ ᠦᠨᠳᠦᠰᠦᠨ ᠪᠠᠢᠳᠠᠯ ᠬᠤᠪᠢᠷᠠᠬᠤ ᠦᠭᠡᠢ᠂ ᠦᠷᠭᠦᠯᠵᠢᠯᠡᠨ ᠬᠥᠭ᠌ᠵᠢᠭᠦᠯᠬᠦ᠌ ᠎ᠳᠤ ᠣᠯᠠᠨ ᠲᠠᠯ᠎ᠠ ᠎ᠶ᠋ᠢᠨ ᠠᠱᠢᠭ᠍ᠲᠠᠢ ᠨᠥᠬᠦᠴᠡᠯ᠎ᠲᠠᠢ᠂ ᠢᠯᠠᠩᠭᠤᠶ᠎ᠠ ᠲᠦᠭ ᠲᠦᠮᠡᠨ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠢ ᠬᠥᠭᠡᠭᠡᠴᠡᠯᠳᠦᠬᠦ᠌ ᠴᠢᠩᠭ᠎ᠠ ᠬᠦᠰᠡᠯ᠂ ᠦᠢᠯᠡᠰ ᠴᠣᠭ᠍ᠴᠠᠯᠠᠵᠤ ᠱᠢᠨ᠎ᠡ ᠎ᠶ᠋ᠢ ᠡᠭᠦᠳᠬᠦ᠌ ᠯᠤᠲᠤ ᠶᠡᠭᠡ ᠳᠠᠯᠳᠠ ᠴᠢᠳᠠᠪᠤᠷᠢ᠂ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠡᠷᠡᠰ ᠪᠠᠲᠤ ᠵᠣᠷᠢᠭ᠎ᠲᠠᠢ ᠪᠦᠭᠡᠳ ᠪᠢᠳᠡ ᠪᠠᠰᠠ ᠬᠦᠨᠳᠦ ᠶᠡᠭᠡ ᠲᠦᠭ᠌ᠰᠢᠭᠦᠷᠢ ᠱᠢᠯᠭᠠᠯᠲᠠ᠎ᠶ᠋ᠢ ᠠᠷᠭᠠᠴᠠᠭᠠᠬᠤ ᠪᠠᠶᠠᠯᠢᠭ ᠲᠤᠷᠱᠢᠯᠭ᠎ᠠ᠎ᠶ᠋ᠢ ᠬᠤᠷᠠᠮᠳᠤᠭᠤᠯᠤᠭ᠍ᠰᠠᠨ ᠶᠤᠮ᠃ ᠳᠤᠮᠳᠠᠳᠤ ᠤᠯᠤᠰ᠎ᠤᠨ ᠠᠵᠤ ᠠᠬᠤᠢ ᠪᠠᠭᠤᠷᠠᠬᠤ ᠰᠢᠨ᠎ᠠ ᠳᠠᠷᠤᠯᠲᠠ᠎ᠶ᠋ᠢ ᠯᠠᠪᠲᠠᠢ ᠲᠤᠯᠵᠤ ᠴᠢᠳᠠᠬᠤ ᠪᠥᠭᠡᠳ ᠲᠣᠭ᠍ᠲᠠᠭᠤᠨ᠎ᠢᠶᠠᠷ ᠤᠷᠤᠭ᠍ᠰᠢᠯᠠᠵᠤ ᠯᠠᠪᠲᠠᠢ ᠴᠢᠳᠠᠬᠤ ᠶᠤᠮ᠃

ᠡᠨᠡ ᠵᠢᠯ᠎ᠤᠨ ᠬᠥᠭ᠌ᠵᠢᠯᠲᠡ᠎ᠶ᠋ᠢᠨ ᠭᠤᠤᠯ ᠭᠤᠤᠯ ᠵᠢᠱ᠌ᠢᠭ᠌ᠰᠡᠨ ᠬᠠᠷᠠᠯᠲᠠ ᠪᠣᠯ᠄ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠤᠨ ᠪᠦᠬᠦ᠌ ᠦᠷᠲᠡᠭ᠎ᠢ 5.5% ᠣᠷᠴᠢᠮ᠎ᠢᠶᠠᠷ ᠨᠡᠮᠡᠭ᠌ᠳᠡᠭᠦᠯᠦᠨ᠎ᠡ;ᠬᠤᠳᠠ ᠪᠠᠯᠭᠠᠰᠤᠨ᠎ᠳᠤ ᠠᠵᠢᠯ ᠤᠯᠤᠭ᠍ᠰᠠᠨ ᠬᠦᠮᠦᠨ᠎ᠤ ᠲᠤᠭ᠎ᠠ᠎ᠶ᠋ᠢ 1100 ᠲᠦᠮᠡ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠦᠨ᠂ ᠬᠤᠳᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ ᠎ᠶ᠋ᠢ ᠪᠦᠬᠦ᠌ ᠵᠢᠯ᠎ᠳᠤ 5.5% ᠎ᠶ᠋ᠢᠨ ᠳᠣᠲᠣᠷ᠎ᠠ ᠬᠢᠵᠠᠭᠠᠷᠯᠠᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡᠨ᠎ᠤ ᠦᠨ᠎ᠡ ᠎ᠶ᠋ᠢᠨ ᠥᠰᠥᠯᠲᠡ ᠎ᠶ᠋ᠢᠨ ᠬᠡᠮᠵᠢᠶ᠎ᠡ᠎ᠶ᠋ᠢ 3% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ ᠎ᠶ᠋ᠢᠨ ᠨᠡᠮᠡᠭ᠌ᠳᠡᠯ᠎ᠢ ᠠᠵᠤ ᠠᠬᠤᠶ᠎ᠶ᠋ᠢᠨ ᠨᠡᠮᠡᠭ᠌ᠳᠡᠯ᠎ᠲᠠᠢ ᠦᠨᠳᠦᠰᠦᠨ᠎ᠳᠡᠭᠡᠨ ᠵᠢᠭ᠌ᠲᠡ ᠪᠠᠢᠯᠭᠠᠨ᠎ᠠ; ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ᠎ᠶ᠋ᠢᠨ ᠲᠣᠭ᠍ᠲᠠᠭᠤᠨ ᠪᠠᠢᠳᠠᠯ ᠎ᠢ ᠪᠠᠲᠤᠯᠠᠨ ᠶᠠᠰᠤ ᠴᠢᠨᠠᠷ ᠎ᠢ᠎ᠨᠢ ᠳᠡᠭᠡᠭ᠌ᠰᠢᠯᠡᠭᠦᠯᠵᠦ᠍᠂ ᠤᠯᠤᠰ᠎ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ᠎ᠶ᠋ᠢ ᠦᠨᠳᠦᠰᠦᠨ᠎ᠳᠡᠭᠡᠨ ᠲᠡᠩᠴᠡᠭᠦᠷᠢᠲᠡᠶ ᠪᠠᠢᠯᠭᠠᠨ᠎ᠠ;ᠠᠮᠤ ᠪᠤᠳᠠᠭᠠᠨ᠎ᠤ ᠤᠨᠠᠯᠲᠠ᠎ᠶ᠋ᠢ 1.3 ᠲᠦᠮᠡᠨ ᠳ᠋ᠦᠩᠱᠢᠭᠤᠷ ᠵᠢᠩ᠎ᠠᠴᠠ ᠳᠡᠭᠡᠭ᠌ᠰᠢ ᠪᠠᠢᠯᠭᠠᠨ᠎ᠠ; ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ ᠭᠤᠣᠯ ᠭᠤᠤᠯ ᠪᠣᠬᠢᠷ ᠪᠣᠳᠠᠰ ᠎ᠤᠨ ᠭᠠᠳᠠᠭ᠍ᠰᠢᠯᠠᠭᠤᠯᠤᠯᠲᠠ ᠎ᠶ᠋ᠢ ᠦᠷᠭᠦᠯᠵᠢᠯᠡᠨ ᠪᠠᠭᠤᠷᠠᠭᠤᠯᠤᠨ᠎ᠠ; ᠡᠨᠧᠷᠬᠢ ᠬᠤᠷᠤᠬ᠍ᠳᠠᠭᠤᠯᠬᠤ ᠬᠦᠴᠦᠯᠡᠴᠡ ᠎ᠶ᠋ᠢᠨ ᠬᠠᠷᠠᠯᠲᠠ᠎ᠶ᠋ᠢ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ ᠎ᠳᠤ ᠨᠢᠭᠡᠳᠦᠯᠲᠡᠶ ᠲᠥᠯᠥᠪᠯᠡᠨ ᠬᠢᠨᠠᠨ ᠱᠢᠯᠭᠠᠬᠤ ᠪᠦᠭᠡᠳ ᠵᠣᠬᠢᠬᠤ ᠬᠠᠷᠢᠮᠠᠬᠠᠶ ᠴᠢᠨᠠᠷ᠎ᠲᠠᠢ ᠪᠠᠢᠯᠭᠠᠨ᠎ᠠ᠂ ᠱᠢᠨ᠎ᠡ᠎ᠪᠠᠷ ᠨᠡᠮᠡᠭ᠌ᠳᠡᠬᠦ᠌ ᠳᠠᠬᠢᠨ ᠡᠭᠦᠰᠴᠦ᠍ ᠪᠣᠯᠬᠤ ᠡᠨᠧᠷᠭᠢ ᠪᠣᠯᠤᠨ ᠲᠦᠭᠦᠬᠡᠶ ᠮᠠᠲ᠋ᠧᠷᠢᠶᠠᠯ᠎ᠤᠨ ᠡᠨᠧᠷᠭᠢ᠎ᠶ᠋ᠢᠨ ᠬᠡᠷᠡᠭ᠌ᠯᠡᠯᠲᠡ᠎ᠶ᠋ᠢ ᠡᠨᠧᠷᠭᠢ᠎ᠶ᠋ᠢᠨ ᠬᠡᠷᠡᠭ᠌ᠯᠡᠭᠡᠨ᠎ᠤ ᠶᠡᠷᠦᠩᠬᠡᠶ ᠬᠡᠮᠵᠢᠶ᠎ᠡ᠎ᠶ᠋ᠢᠨ ᠬᠢᠵᠠᠭᠠᠷᠯᠠᠯ᠎ᠳᠤ ᠣᠷᠣᠭᠤᠯᠬᠤ ᠦᠭᠡᠢ᠃

ᠠᠵᠤ ᠠᠬᠤᠢ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢᠨ ᠵᠢᠱ᠌ᠢᠭ᠌ᠰᠡᠨ ᠬᠠᠷᠠᠯᠲᠠ᠎ᠶ᠋ᠢ ᠲᠣᠭ᠍ᠲᠠᠭᠠᠬᠤ᠎ᠳᠠᠭᠠᠨ ᠭᠤᠤᠯᠳᠠᠭᠤ ᠠᠵᠢᠯ ᠣᠯᠭᠤᠯᠲᠠ ᠎ᠶ᠋ᠢ ᠲᠣᠭ᠍ᠲᠠᠭᠤᠨ ᠪᠠᠢᠯᠭᠠᠵᠤ ᠠᠷᠠᠳ ᠎ᠤᠨ ᠠᠮᠢᠳᠤᠷᠠᠯ ᠎ᠢ ᠪᠠᠲᠤᠯᠠᠨ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠬᠡᠷᠡᠭ᠌ᠴᠡᠭᠡ ᠎ᠶ᠋ᠢ ᠪᠣᠳᠣᠯᠬᠢᠯᠠᠭ᠍ᠰᠠᠨ᠎ᠤ ᠬᠠᠮᠲᠤ ᠤᠢ᠍ᠢᠷ᠎ᠠ᠎ᠶ᠋ᠢᠨ ᠬᠤᠶᠠᠷ ᠵᠢᠯ᠎ᠤᠨ ᠠᠵᠤ ᠠᠬᠤᠶ᠎ᠶ᠋ᠢᠨ ᠳᠤᠮᠳᠠᠴᠢ ᠨᠡᠮᠡᠭ᠌ᠳᠡᠯ᠎ᠤᠨ ᠬᠤᠷᠳᠤᠴᠠ ᠵᠢᠴᠢ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠱᠠᠭᠠᠷᠳᠠᠯᠭ᠎ᠠ᠎ᠲᠠᠢ ᠵᠣᠯᠭᠠᠯᠳᠤᠭᠤᠯᠬᠤ᠎ᠶ᠋ᠢ ᠪᠤᠳᠤᠯᠬᠢᠯᠠᠭ᠍ᠰᠠᠨ ᠶᠤᠮ᠃ ᠡᠨᠡ ᠪᠣᠯ ᠥᠨᠳᠥᠷ ᠰᠠᠭᠤᠷᠢ ᠲᠤᠭ᠎ᠠ ᠳᠡᠭᠡᠷᠡᠬᠢ ᠳᠤᠮᠳᠠ ᠳᠡᠭᠡᠳᠦ ᠬᠤᠷᠳᠤᠴᠠ᠎ᠶ᠋ᠢᠨ ᠨᠡᠮᠡᠭ᠌ᠳᠡᠯ ᠪᠤᠯᠬᠤ ᠪᠦᠬᠡᠳ ᠰᠠᠨᠠᠭᠠᠴᠢᠯᠠᠭ᠎ᠠ ᠎ᠠᠴᠠ᠎ᠪᠠᠨ ᠠᠵᠢᠯ ᠶᠠᠪᠤᠳᠠᠯ ᠬᠢᠬᠦ᠌᠎ᠶ᠋ᠢ ᠢᠯᠡᠷᠡᠭᠦᠯᠦᠭ᠌ᠰᠡᠨ ᠪᠤᠯᠬᠤᠷ ᠱᠢᠷᠭᠠᠭᠤ ᠬᠠᠳᠠᠭᠤᠵᠢᠯᠲᠠᠢ᠎ᠪᠠᠷ ᠴᠢᠷᠮᠠᠢᠪᠠᠯ ᠰᠠᠶᠢ ᠪᠡᠶᠡᠯᠡᠭᠦᠯᠵᠦ᠍ ᠴᠢᠳᠠᠬᠤ ᠶᠤᠮ᠃

ᠡᠨᠡ ᠵᠢᠯ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠤ ᠬᠤᠷᠸ᠎ᠠ ᠲᠥᠷᠥ᠎ᠶ᠋ᠢᠨ ᠪᠣᠳᠣᠯᠭ᠎ᠠ᠎ᠨᠢ ᠯᠠᠪᠳᠠᠭᠤᠨ ᠪᠦᠲᠦᠮᠵᠢᠲᠡᠶ ᠪᠠᠢᠵᠤ᠂ ᠪᠢᠴᠢᠯ ᠲᠥᠷᠥ᠎ᠶ᠋ᠢᠨ ᠪᠣᠳᠣᠯᠭ᠎ᠠ᠎ᠨᠢ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠵᠦ᠍᠂ ᠪᠦᠲᠦᠴᠡ᠎ᠶ᠋ᠢᠨ ᠲᠥᠷᠥ᠎ᠶ᠋ᠢᠨ ᠪᠣᠳᠣᠯᠭ᠎ᠠ᠎ᠨᠢ ᠤᠯᠤᠰ ᠠᠷᠠᠳ᠎ᠤᠨ ᠠᠵᠤ ᠠᠬᠤᠢ᠎ᠶ᠋ᠢᠨ ᠣᠷᠴᠢᠯ᠎ᠢ ᠬᠦᠴᠦᠯᠡᠨ ᠱᠢᠯᠤᠭᠤᠳᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠤᠨ᠂ ᠥᠭᠡᠷᠡᠴᠢᠯᠡᠯᠲᠡ ᠨᠡᠭᠡᠭᠡᠯᠲᠡ ᠎ᠶ᠋ᠢᠨ ᠲᠥᠷᠥ᠎ᠶ᠋ᠢᠨ ᠪᠣᠳᠣᠯᠭ᠎ᠠ᠎ᠨᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠵᠦ᠍᠂ ᠣᠷᠣᠨ ᠪᠦᠰᠡ᠎ᠶ᠋ᠢᠨ ᠲᠥᠷᠥ᠎ᠶ᠋ᠢᠨ ᠪᠣᠳᠣᠯᠭ᠎ᠠ᠎ᠨᠢ ᠬᠥᠭ᠌ᠵᠢᠯᠲᠡ᠎ᠶ᠋ᠢᠨ ᠲᠡᠩᠴᠡᠭᠦᠷᠢᠲᠦ ᠴᠢᠨᠠᠷ ᠪᠠ ᠵᠤᠬᠢᠴᠠᠯᠲᠤ ᠴᠢᠨᠠᠷ᠎ᠢ ᠨᠡᠮᠡᠭ᠌ᠳᠡᠭᠦᠯᠦᠨ᠂ ᠨᠡᠢᠭᠡᠮ ᠎ᠤᠨ ᠲᠦᠷᠦ᠍ ᠎ᠶ᠋ᠢᠨ ᠪᠤᠳᠤᠯᠭ᠎ᠠ᠎ᠨᠢ ᠠᠷᠠᠳ᠎ᠤᠨ ᠠᠮᠢᠳᠤᠷᠠᠯ ᠎ᠢ ᠪᠠᠳᠤᠯᠠᠬᠤ ᠬᠢᠵᠠᠭᠠᠷ ᠱᠤᠭᠤᠮ᠎ᠢ ᠪᠠᠲᠤ ᠰᠠᠬᠢᠬᠤ ᠬᠡᠷᠡᠭ᠌ᠲᠡᠢ᠃ ᠡᠯ᠎ᠡ ᠲᠠᠯ᠎ᠠ᠎ᠶ᠋ᠢᠨ᠎ᠬᠢᠨ ᠡᠳᠡᠭᠡᠷ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ ᠪᠠ ᠱᠠᠭᠠᠷᠳᠠᠯᠭ᠎ᠠ᠎ᠶ᠋ᠢ ᠲᠤᠭᠤᠱᠢᠯᠠᠭᠤᠯᠬᠤ᠎ᠲᠠᠢ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠬᠥᠭ᠌ᠵᠢᠯᠲᠡ ᠎ᠶ᠋ᠢ ᠠᠬᠢᠭᠤᠯᠬᠤ ᠨᠡᠢᠯᠡᠯ ᠬᠦᠴᠦᠨ᠎ᠢ ᠪᠤᠢ ᠪᠤᠯᠭᠠᠬᠤ ᠬᠡᠷᠡᠭ᠌ᠲᠡᠢ᠃

ᠬᠤᠷᠸ᠎ᠠ ᠲᠦᠷᠦ᠍᠎ᠶ᠋ᠢᠨ ᠪᠤᠳᠤᠯᠭ᠎ᠠ ᠎ᠶ᠋ᠢᠨ ᠦᠷᠭᠦᠯᠵᠢᠯᠡᠬᠦ᠌ ᠴᠢᠨᠠᠷ ᠎ᠢ ᠪᠠᠲᠤᠯᠠᠵᠤ᠂ ᠪᠦᠳᠦᠮᠵᠢᠳᠦ ᠴᠢᠨᠠᠷ ᠎ᠢ ᠨᠡᠮᠡᠭ᠌ᠳᠡᠭᠦᠯᠬᠦ᠌ ᠬᠡᠷᠡᠭ᠌ᠲᠡᠶ᠃ ᠡᠳ᠋᠎ᠤᠨ ᠵᠠᠰᠠᠭ᠎ᠤᠨ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠠᠷᠢᠯᠢᠭ ᠣᠨᠣᠴᠠᠲᠠᠶ ᠪᠦᠭᠡᠳ ᠦᠷᠭᠦᠯᠵᠢᠯᠡᠬᠦ᠋ᠢᠴᠡ ᠪᠠᠢᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ᠃ ᠵᠣᠭᠤᠰᠣᠨ᠎ᠤ ᠯᠠᠪᠲᠠᠭᠤᠨ ᠲᠦᠷᠦ᠍᠎ᠶ᠋ᠢᠨ ᠪᠤᠳᠤᠯᠭ᠎ᠠ᠎ᠶ᠋ᠢ ᠠᠮᠢᠳᠤᠯᠢᠭ ᠪᠥᠭᠡᠳ ᠳᠤᠬᠢᠷᠠᠮᠵᠢᠲᠠᠶ ᠪᠠᠢᠯᠭᠠᠵᠤ᠂ ᠭᠦᠢᠯᠭᠡᠭᠡᠨ᠎ᠤ ᠴᠢᠨᠠᠷ᠎ᠢ᠎ᠨᠢ ᠵᠦᠢ ᠵᠣᠬᠢᠰᠲᠠᠶ ᠪᠦᠭᠡᠳ ᠭᠦᠢᠴᠡᠳ ᠲᠡᠭᠦᠯᠳᠡᠷ ᠪᠠᠢᠯᠭᠠᠬᠤ ᠬᠡᠷᠡᠭ᠌ᠲᠡᠶ᠃ ᠠᠵᠢᠯ ᠣᠯᠭᠤᠯᠲᠠ᠎ᠶ᠋ᠢ ᠲᠡᠷᠢᠭᠦᠨ᠎ᠳᠤ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷ ᠎ᠢ ᠳᠡᠭᠡᠭ᠌ᠰᠢᠯᠡᠭᠦᠯᠵᠦ᠍ ᠡᠷᠴᠢᠮ᠎ᠢ᠎ᠨᠢ ᠴᠢᠩᠭᠠᠷᠠᠭᠤᠯᠬᠤ ᠬᠡᠷᠡᠭ᠌ᠲᠡᠢ᠃ ᠲᠦᠷᠦ᠍᠎ᠶ᠋ᠢᠨ ᠪᠤᠳᠤᠯᠭ᠎ᠠ᠎ᠶ᠋ᠢ ᠵᠣᠬᠢᠰᠲᠠᠶ᠎ᠪᠠᠷ ᠤᠷᠢᠳᠴᠢᠯᠠᠨ ᠬᠦᠴᠦᠯᠡᠭᠦᠯᠵᠦ᠍᠂ ᠨᠥᠭᠡᠴᠡ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢ ᠴᠠᠭ ᠲᠤᠬᠠᠶ᠎ᠳᠤᠨᠢ ᠬᠡᠷᠡᠭ᠌ᠯᠡᠨ᠂ ᠠᠵᠤ ᠠᠬᠤᠶ᠎ᠶ᠋ᠢᠨ ᠠᠵᠢᠯᠯᠠᠭᠠᠨ᠎ᠤ ᠲᠤᠭ᠍ᠳᠠᠭᠤᠨ᠎ᠢᠶᠠᠷ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠨ᠎ᠠ᠃

ᠬᠢᠵᠢᠭ᠎ᠢ ᠪᠠᠢᠩᠭᠤ᠎ᠶ᠋ᠢᠨ ᠴᠢᠨᠠᠷᠲᠠᠢ᠎ᠪᠠᠷ ᠰᠡᠷᠭᠡᠢᠯᠡᠨ ᠬᠢᠵᠠᠭᠠᠷᠯᠠᠬᠤ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃ ᠭᠠᠳᠠᠭᠠᠳᠤ᠎ᠠᠴᠠ ᠬᠠᠯᠳᠠᠪᠤᠷᠢᠯᠠᠨ ᠣᠷᠣᠵᠤ ᠢᠷᠡᠬᠦ᠌ ᠎ᠶ᠋ᠢ ᠰᠡᠷᠭᠡᠢᠯᠡᠬᠦ᠌ ᠪᠠ ᠳᠤᠳᠤᠭᠠᠳᠤ᠎ᠳᠠᠭᠠᠨ ᠳᠠᠬᠢᠨ ᠬᠠᠯᠳᠠᠪᠤᠷᠢᠯᠠᠬᠤ᠎ᠶ᠋ᠢ ᠰᠡᠷᠭᠡᠢᠯᠡᠬᠦ᠌᠎ᠶ᠋ᠢ ᠪᠠᠷᠢᠮᠲᠠᠯᠠᠵᠤ᠂ ᠰᠡᠷᠭᠡᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠎ᠶ᠋ᠢ ᠲᠠᠰᠤᠷᠠᠯᠲᠠ ᠦᠭᠡᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠪᠣᠭᠤᠮᠲᠠ᠎ᠶ᠋ᠢᠨ ᠬᠤᠲᠠᠳ᠎ᠤᠨ ᠬᠢᠵᠢᠭ᠎ᠢ ᠰᠡᠷᠭᠡᠢᠯᠡᠨ ᠬᠢᠵᠠᠭᠠᠷᠯᠠᠬᠤ ᠠᠵᠢᠯ᠎ᠢ ᠴᠢᠩᠭᠠᠳᠭᠠᠨ᠂ ᠸᠢᠷᠦ᠋ᠰ᠎ᠤᠨ ᠣᠨᠳᠣᠤᠱᠢᠯ᠎ᠢ ᠰᠤᠳᠤᠯᠬᠤ ᠪᠠ ᠰᠡᠷᠭᠡᠢᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠪᠠ ᠣᠨᠴᠠ ᠦᠢᠯᠡᠳᠦᠯ᠎ᠲᠠᠢ ᠡᠮ᠎ᠢ ᠰᠤᠳᠤᠯᠤᠨ ᠨᠡᠭᠡᠭᠡᠬᠦ᠌᠎ᠪᠠᠨ ᠲᠦᠷᠭᠡᠳᠭᠡᠵᠦ᠍᠂ ᠸᠠᠺᠼᠢᠨ᠎ᠤ ᠲᠠᠷᠢᠯᠭ᠎ᠠ ᠲᠠᠷᠢᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠬᠢᠳᠠᠳ ᠡᠮ ᠡᠮᠨᠡᠯᠭᠡ᠎ᠶᠢᠨ ᠦᠪᠡᠷᠮᠢᠴᠡ ᠦᠢᠯᠡᠳᠦᠯ᠎ᠢ ᠨᠡᠩ ᠰᠠᠢᠳᠤᠷ ᠪᠠᠳᠠᠷᠠᠭᠤᠯᠤᠨ᠂ ᠬᠡᠰᠡᠭ ᠭᠠᠵᠠᠷ᠎ᠤᠨ ᠬᠢᠵᠢᠭ᠎ᠤᠨ ᠪᠠᠢᠳᠠᠯ᠎ᠢ ᠱᠢᠨᠵᠢᠯᠡᠬᠦ᠌ ᠤᠬᠠᠭᠠᠨᠴᠢ ᠪᠦᠭᠡᠳ ᠨᠠᠷᠢᠯᠢᠭ ᠣᠨᠣᠴᠠᠲᠠᠶ᠎ᠪᠠᠷ ᠱᠢᠢᠳᠪᠦᠷᠢᠯᠡᠨ᠂ ᠦᠢᠯᠡᠳᠪᠦᠷᠢᠯᠡᠯ ᠠᠮᠢᠳᠤᠷᠠᠯ᠎ᠤᠨ ᠬᠡᠪ᠎ᠤᠨ ᠡᠮᠬᠢ ᠳᠢᠭ᠌ᠯᠢᠮ᠎ᠢ ᠪᠠᠲᠤᠯᠠᠨ᠎ᠠ᠃

ᠡᠨᠡ ᠵᠢᠯ᠎ᠤᠨ ᠠᠵᠢᠯ᠎ᠳᠤ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠤ ᠲᠠᠯᠪᠢᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠠᠵᠤ ᠠᠬᠤᠶ ᠪᠠᠭᠤᠷᠠᠬᠤ ᠱᠢᠨ᠎ᠡ ᠳᠠᠷᠤᠯᠲᠠ᠎ᠶ᠋ᠢᠨ ᠡᠮᠦᠨ᠎ᠡ᠂ ᠨᠡᠮᠡᠭ᠌ᠳᠡᠯ ᠎ᠢ ᠲᠤᠭ᠍ᠲᠠᠭᠤᠨ ᠪᠠᠢᠯᠭᠠᠬᠤ ᠎ᠶ᠋ᠢ ᠨᠡᠩ ᠲᠤᠪᠤᠢᠮ᠎ᠠ ᠪᠠᠢᠷᠢᠨ᠎ᠳᠤ ᠲᠠᠯᠪᠢᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠎ᠳᠤ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ᠎ᠪᠠᠷ ᠲᠤᠭ᠍ᠲᠠᠭᠠᠬᠤ ᠬᠡᠷᠡᠭ᠌ᠲᠡᠢ᠃ ᠨᠡᠮᠡᠭ᠌ᠳᠡᠯ᠎ᠢ ᠲᠣᠭ᠍ᠲᠠᠭᠤᠨ ᠪᠠᠢᠯᠭᠠᠬᠤ᠂ ᠪᠦᠲᠦᠴᠡ᠎ᠶ᠋ᠢ ᠲᠣᠬᠢᠷᠠᠭᠤᠯᠬᠤ᠂ ᠥᠭᠡᠷᠡᠴᠢᠯᠡᠯᠲᠡ ᠎ᠶ᠋ᠢ ᠠᠬᠢᠭᠤᠯᠬᠤ᠎ᠶ᠋ᠢ ᠨᠢᠭᠡᠳᠦᠯᠲᠡᠶ ᠲᠥᠯᠥᠪᠯᠡᠵᠦ᠍᠂ ᠬᠥᠭ᠌ᠵᠢᠯᠲᠡ ᠎ᠶ᠋ᠢᠨ ᠠᠷᠭ᠎ᠠ ᠮᠠᠶᠢᠭ᠎ᠢ ᠲᠦᠷᠭᠡᠯᠡᠨ ᠬᠤᠪᠢᠷᠠᠭᠤᠯᠬᠤ ᠬᠡᠷᠡᠭ᠌ᠲᠡᠢ᠂ ᠪᠦᠳᠦᠭᠦᠯᠢᠭ ᠬᠡᠯᠪᠡᠷᠢ᠎ᠪᠠᠷ ᠬᠥᠭ᠌ᠵᠢᠭᠦᠯᠵᠦ᠍ ᠪᠣᠯᠬᠤ ᠦᠭᠡᠢ᠃ ᠦᠨᠡᠨ᠎ᠠᠴᠠ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠨᠡᠢᠭᠡᠮ ᠵᠢᠷᠤᠮ᠎ᠤᠨ ᠠᠩᠬᠠᠨ᠎ᠤ ᠱᠠᠲᠤᠨ᠎ᠳᠠᠬᠢ ᠤᠯᠤᠰ᠎ᠤᠨ ᠦᠨᠳᠦᠰᠦᠨ ᠪᠠᠢᠳᠠᠯ᠎ᠳᠤ ᠰᠠᠭᠤᠷᠢᠯᠠᠨ᠂ ᠥᠪᠡᠷ᠎ᠤᠨ ᠶᠠᠪᠤᠳᠠᠯ᠎ᠢᠶᠠᠨ ᠬᠦᠴᠦᠯᠡᠨ ᠰᠠᠢᠲᠤᠷ ᠬᠢᠵᠦ᠍᠂ ᠬᠥᠭ᠌ᠵᠢᠯᠲᠡ᠎ᠶ᠋ᠢᠨ ᠵᠢᠮ᠎ᠡ ᠶᠣᠰᠣ᠂ ᠪᠤᠰᠤᠳᠴᠢ ᠪᠣᠳᠠᠲᠤ ᠪᠠᠢᠳᠠᠯ ᠪᠣᠯᠤᠨ ᠣᠯᠠᠨ ᠲᠦᠮᠡᠨ᠎ᠤ ᠬᠡᠷᠡᠭ᠌ᠴᠡᠭᠡ᠎ᠶ᠋ᠢ ᠬᠦᠨᠳᠦᠳᠭᠡᠵᠦ᠍᠂ ᠲᠤᠬᠠᠶ ᠎ᠶ᠋ᠢᠨ ᠭᠠᠵᠠᠷ ᠣᠷᠣᠨ ᠎ᠤ ᠪᠠᠢᠳᠠᠯ᠎ᠳᠠᠭᠠᠨ ᠲᠣᠬᠢᠷᠠᠭᠤᠯᠤᠨ ᠠᠵᠢᠯ ᠎ᠢᠶᠠᠨ ᠪᠦᠲᠦᠭᠡᠯᠴᠢ ᠴᠢᠨᠠᠷᠲᠠᠶ᠎ᠪᠠᠷ ᠥᠷᠨᠢᠭᠦᠯᠦᠨ᠂ ᠡᠯ᠎ᠡ ᠲᠠᠯ᠎ᠠ ᠎ᠶ᠋ᠢᠨ᠎ᠬᠢᠨ᠎ᠤ ᠠᠵᠢᠯ ᠬᠢᠵᠦ᠍ ᠦᠢᠯᠡᠰ ᠴᠣᠭ᠍ᠴᠠᠯᠠᠬᠤ ᠢᠳᠡᠪᠬᠢᠵᠢᠯ᠎ᠢ ᠭᠦᠢᠴᠡᠳ ᠳᠠᠢᠴᠢᠯᠠᠨ᠎ᠠ᠃ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠴᠢᠷᠮᠠᠢᠯᠳᠠ᠎ᠲᠠᠢ ᠵᠠᠰᠠᠭ᠎ᠤᠨ ᠣᠷᠳᠣᠨ᠎ᠢ ᠨᠠᠩ ᠰᠠᠢᠨ ᠤᠶᠠᠯᠳᠤᠭᠤᠯᠬᠤ᠎ᠶ᠋ᠢ ᠠᠬᠢᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ᠎ᠶ᠋ᠢ ᠴᠢᠳᠠᠮᠠᠭᠠᠶ ᠬᠡᠷᠡᠭ᠌ᠯᠡᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠢᠭᠡᠮ᠎ᠤᠨ ᠪᠦᠲᠦᠭᠡᠯᠴᠢ ᠬᠦᠴᠦᠨ᠎ᠢ ᠬᠥᠭ᠌ᠵᠢᠭᠡᠨ᠎ᠡ᠃ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠬᠠᠮᠲᠤ᠎ᠪᠠᠷ ᠲᠡᠮᠡᠴᠡᠬᠦ᠌᠎ᠳᠤ ᠲᠦᠱᠢᠭ᠌ᠯᠡᠨ᠂ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠪᠡᠶᠡᠯᠡᠭᠦᠯᠬᠦ᠌ ᠬᠡᠷᠡᠭ᠌ᠲᠡᠢ᠃

ᠭᠤᠷᠪᠠ᠂ 2022 ᠣᠨ ᠎ᠤ  ᠵᠠᠰᠠᠭ ᠎ᠤᠨ ᠣᠷᠳᠣᠨ ᠎ᠤ  ᠠᠵᠢᠯ ᠎ᠤᠨ ᠡᠭᠦᠷᠭᠡ

ᠡᠨᠡ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠡᠭᠦᠷᠭᠡ ᠬᠦᠨᠳᠦ᠂ ᠱᠢᠯᠭᠠᠯᠳ᠋ᠨ ᠤᠯᠠᠨ ᠪᠠᠢᠨ᠎ᠠ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ ᠎ᠶ᠋ᠢᠨ ᠪᠠᠢᠷᠢᠱᠢᠯ᠎ᠢ ᠲᠦᠷᠭᠡᠯᠡᠨ ᠪᠤᠢ ᠪᠤᠯᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠂ ᠡᠯ᠎ᠡ ᠵᠦᠢᠯ᠎ᠤᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃

(ᠨᠢᠭᠡ) ᠬᠤᠷᠸ᠎ᠠ ᠠᠵᠤ ᠠᠬᠤᠶ᠎ᠶ᠋ᠢᠨ ᠶᠡᠭᠡ ᠲᠠᠯ᠎ᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠠᠵᠤ ᠠᠬᠤᠶ᠎ᠶ᠋ᠢᠨ ᠠᠵᠢᠯᠯᠠᠭᠠᠨ᠎ᠤ ᠵᠦᠶ ᠵᠣᠬᠢᠰᠲᠠᠶ ᠬᠡᠪᠴᠢᠶᠠᠨ᠎ᠳᠤ ᠶᠠᠪᠤᠭ᠍ᠳᠠᠬᠤ᠎ᠶ᠋ᠢ ᠪᠠᠲᠤᠯᠠᠨ᠎ᠠ᠃ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》 ᠪᠠ 《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃ ᠬᠤᠷᠸ᠎ᠠ ᠲᠥᠷᠥ᠎ᠶ᠋ᠢᠨ ᠪᠣᠳᠣᠯᠭ᠎ᠠ ᠎ᠶ᠋ᠢ ᠣᠷᠣᠨ ᠵᠠᠶ ᠪᠠ ᠠᠷᠭ᠎ᠠ ᠪᠠᠷᠢᠯ᠎ᠲᠠᠢ ᠪᠠᠢᠯᠭᠠᠵᠤ᠂ ᠦᠶᠡᠯᠡᠯ ᠠᠯᠤᠰᠯᠠᠭ᠍ᠰᠠᠨ ᠳᠤᠬᠢᠷᠠᠭᠤᠯᠤᠯᠳᠠ ᠪᠠ ᠦᠶᠡᠯᠡᠯ ᠦᠭ᠌ᠰᠦᠭᠦᠯᠦᠭ᠌ᠰᠡᠨ ᠲᠤᠬᠢᠷᠠᠭᠤᠯᠤᠯᠳᠠ᠎ᠶ᠋ᠢ ᠴᠢᠩᠭᠠᠳᠭᠠᠨ᠂ ᠠᠵᠤ ᠠᠬᠤᠢ᠎ᠶ᠋ᠢᠨ ᠲᠣᠭ᠍ᠲᠠᠭᠤᠨ ᠠᠵᠢᠯᠯᠠᠭᠠᠨ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃

ᠡᠳ᠋᠎ᠤᠨ ᠵᠠᠰᠠᠭ᠎ᠤᠨ ᠢᠳᠡᠪᠬᠢᠲᠡᠶ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠡᠨᠡ ᠵᠢᠯ ᠤᠯᠠᠭᠠᠨ ᠲᠤᠭ᠎ᠠ ᠎ᠶ᠋ᠢᠨ ᠨᠣᠷᠮ᠎ᠠ᠎ᠶ᠋ᠢ 2.8% ᠣᠷᠴᠢᠮ᠎ᠢᠶᠠᠷ ᠲᠣᠬᠢᠷᠠᠭᠤᠯᠵᠤ᠂ ᠨᠢᠳᠤᠨᠤᠨ᠎ᠤ᠎ᠬᠢ᠎ᠠᠴᠠ ᠡᠳᠦᠢ ᠲᠡᠳᠦᠢ ᠪᠠᠭᠤᠷᠠᠭᠤᠯᠬᠤ᠎ᠪᠠᠷ ᠲᠥᠯᠥᠪᠯᠡᠵᠦ᠍ ᠪᠠᠢᠨ᠎ᠠ᠂ ᠡᠨᠡ᠎ᠨᠢ ᠡᠳ᠋᠎ᠤᠨ ᠵᠠᠰᠠᠭ᠎ᠤᠨ ᠦᠷᠭᠦᠯᠵᠢᠯᠡᠬᠦ᠋ᠢᠴᠡ ᠴᠢᠨᠠᠷ᠎ᠢ ᠨᠡᠮᠡᠭ᠌ᠳᠡᠭᠦᠯᠬᠦ᠌᠎ᠳᠤ ᠠᠱᠢᠭ᠍ᠲᠠᠢ ᠶᠤᠮ᠃ ᠵᠢᠱ᠌ᠢᠯᠲᠡ᠎ᠪᠠᠷ ᠡᠨᠡ ᠵᠢᠯ᠎ᠤᠨ ᠡᠳ᠋᠎ᠤᠨ ᠵᠠᠰᠠᠭ᠎ᠤᠨ ᠣᠷᠣᠯᠭ᠎ᠠ ᠦᠷᠭᠦᠯᠵᠢᠯᠡᠨ ᠨᠡᠮᠡᠭ᠌ᠳᠡᠵᠦ᠍᠂ ᠡᠭᠦᠨ᠎ᠤ ᠳᠡᠭᠡᠷ᠎ᠡ ᠤᠯᠤᠰ᠎ᠤᠨ ᠥᠮᠴᠢᠯᠡᠯ᠎ᠤᠨ ᠣᠨᠴᠠ ᠲᠣᠭ᠍ᠲᠠᠭ᠍ᠰᠠᠨ ᠮᠥᠩᠭᠦᠨ ᠭᠦᠢᠯᠭᠡᠭᠡᠨ᠎ᠤ ᠪᠠᠢᠭᠤᠯᠤᠮᠵᠢ ᠪᠣᠯᠤᠨ ᠲᠤᠰᠭᠠᠶ ᠡᠵᠡᠩᠨᠡᠯᠲᠡ ᠎ᠶ᠋ᠢᠨ ᠪᠠᠢᠭᠤᠯᠤᠮᠵᠢ᠎ᠶ᠋ᠢᠨ ᠬᠠᠤᠯᠢ ᠶᠣᠰᠣᠭᠠᠷ ᠳᠡᠭᠡᠭ᠌ᠰᠢ ᠲᠤᠱᠢᠶᠠᠭ᠍ᠰᠠᠨ ᠣᠢᠷ᠎ᠠ ᠎ᠶ᠋ᠢᠨ ᠵᠢᠯ᠎ᠤᠨ ᠲᠠᠰᠤᠯᠤᠨ ᠪᠤᠳᠤᠭ᠍ᠰᠠᠨ ᠦᠯᠡᠳᠡᠪᠦᠷᠢ ᠠᠱᠢᠭ ᠬᠤᠨᠵᠢᠪᠣᠷᠢ᠂ ᠱᠢᠯᠵᠢᠭᠦᠯᠦᠨ ᠤᠷᠤᠭᠤᠯᠤᠭ᠍ᠰᠠᠨ ᠲᠥᠰᠦᠪ᠎ᠤᠨ ᠲᠣᠭ᠍ᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ᠌ ᠵᠡᠷᠭᠡ᠎ᠶ᠋ᠢ ᠨᠡᠮᠡᠪᠡᠯ᠂ ᠵᠠᠷᠤᠯᠭ᠎ᠠ᠎ᠶ᠋ᠢᠨ ᠬᠡᠪᠴᠢᠶ᠎ᠡ ᠨᠢᠳᠤᠨᠤᠨ᠎ᠤ᠎ᠬᠢ᠎ᠠᠴᠠ 2 ᠲᠦᠮᠡᠨ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ ᠥᠷᠭᠡᠳᠴᠦ᠍᠂ ᠬᠡᠷᠡᠭ᠌ᠯᠡᠵᠦ᠍ ᠪᠣᠯᠬᠤ ᠡᠳ᠋᠎ᠤᠨ ᠬᠦᠴᠦᠨ ᠢᠯᠡᠳᠲᠡ ᠨᠡᠮᠡᠭ᠌ᠳᠡᠬᠦ᠌ ᠪᠤᠯᠤᠨ᠎ᠠ᠃ ᠱᠢᠨ᠎ᠡ᠎ᠪᠠᠷ ᠨᠡᠮᠡᠭ᠌ᠳᠡᠭ᠌ᠰᠡᠨ ᠡᠳ᠋᠎ᠤᠨ ᠬᠦᠴᠦᠨ᠎ᠢ ᠦᠨᠳᠦᠰᠦᠨ ᠱᠠᠲᠤᠨ᠎ᠳᠤ ᠳᠤᠷᠤᠭ᠍ᠰᠢ ᠪᠠᠭᠤᠯᠭᠠᠵᠤ᠂ ᠭᠤᠤᠯᠳᠠᠭᠤ ᠠᠵᠤ ᠠᠬᠤᠢᠯᠠᠯ᠎ᠳᠤ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠬᠦ᠌ ᠪᠠ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠳᠤ ᠬᠡᠷᠡᠭ᠌ᠯᠡᠨ᠂ ᠬᠡᠷᠡᠭ᠌ᠯᠡᠭᠡ᠎ᠶ᠋ᠢ ᠠᠬᠢᠭᠤᠯᠵᠤ᠂ ᠬᠡᠷᠡᠭ᠌ᠴᠡᠭᠡ᠎ᠶ᠋ᠢ ᠥᠷᠭᠡᠳᠭᠡᠨ᠎ᠡ᠃ ᠡᠨᠡ ᠵᠢᠯ ᠲᠥᠪ᠎ᠤᠨ ᠲᠤᠰ ᠱᠠᠲᠤᠨ᠎ᠤ ᠵᠠᠷᠤᠯᠭ᠎ᠠ᠎ᠶ᠋ᠢ 3.9% ᠎ᠪᠠᠷ ᠨᠡᠮᠡᠭ᠌ᠳᠡᠭᠦᠯᠬᠦ᠌᠎ᠪᠠᠷ ᠲᠣᠬᠢᠷᠠᠭᠤᠯᠪᠠ᠂ ᠡᠭᠦᠨ᠎ᠳᠤ ᠲᠥᠪ ᠎ᠤᠨ ᠰᠠᠯᠠᠭ᠎ᠠ ᠮᠥᠴᠢᠷ᠎ᠤᠨ ᠵᠠᠷᠤᠯᠭ᠎ᠠ ᠦᠷᠭᠦᠯᠵᠢᠯᠡᠨ ᠰᠥᠭᠡᠷᠭᠦ᠎ᠪᠠᠷ ᠨᠡᠮᠡᠭ᠌ᠳᠡᠨ᠎ᠠ᠃ ᠲᠥᠪ᠎ᠠᠴᠠ ᠣᠷᠣᠨ ᠨᠤᠲᠤᠭ᠎ᠲᠤ ᠱᠢᠯᠵᠢᠭᠦᠯᠦᠨ ᠥᠭ᠌ᠭᠦ ᠵᠠᠷᠤᠯᠭ᠎ᠠ᠎ᠶ᠋ᠢ ᠪᠠᠷᠤᠭ 1.5 ᠲᠦᠮᠡᠨ ᠳ᠋ᠦᠩᠱᠢᠭᠤᠷ ᠲᠥᠭᠦᠷᠢᠭ ᠨᠡᠮᠡᠭ᠌ᠳᠡᠭᠦᠯᠵᠦ᠍᠂9.8 ᠲᠦᠮᠡᠨ ᠳ᠋ᠦᠩᠱᠢᠭᠤᠷ ᠲᠥᠭᠦᠷᠢᠭ ᠱᠢᠬᠠᠮ ᠬᠡᠪᠴᠢᠶ᠎ᠡ᠎ᠲᠠᠢ ᠪᠣᠯᠭᠠᠵᠤ᠂ 18% ᠎ᠪᠠᠷ ᠨᠡᠮᠡᠭ᠌ᠳᠡᠭᠦᠯᠦᠨ᠎ᠡ᠂ ᠡᠨᠡ ᠪᠤᠯ ᠤᠯᠠᠨ ᠵᠢᠯ᠎ᠤᠨ ᠲᠤᠷᠱᠢᠬᠢ ᠬᠠᠮᠤᠭ᠎ᠤᠨ ᠶᠡᠭᠡ ᠨᠡᠮᠡᠭ᠌ᠳᠡᠯ ᠮᠦᠨ᠃ ᠲᠥᠪ᠎ᠤᠨ ᠡᠳ᠋᠎ᠤᠨ ᠵᠠᠰᠠᠭ᠎ᠠᠴᠠ ᠨᠠᠩ ᠣᠯᠠᠨ ᠪᠡᠯᠡ ᠮᠥᠩᠭᠦ ᠎ᠶ᠋ᠢ ᠱᠢᠭᠤᠳ ᠪᠠᠭᠤᠯᠭᠠᠬᠤ ᠬᠡᠪᠴᠢᠶᠡᠨ᠎ᠳᠤ ᠣᠷᠣᠭᠤᠯᠵᠤ᠂ ᠮᠤᠵᠢ ᠎ᠶ᠋ᠢᠨ ᠱᠠᠲᠤᠨ ᠎ᠤ ᠡᠳ᠋᠎ᠤᠨ ᠵᠠᠰᠠᠭ ᠴᠤ᠌ ᠬᠤᠲᠠ ᠱᠢᠶᠠᠨ᠎ᠳᠤ ᠦᠵᠡᠭᠦᠯᠬᠦ᠌ ᠳᠡᠮᠵᠢᠯᠭᠡ ᠎ᠪᠠᠨ ᠨᠡᠮᠡᠭ᠌ᠳᠡᠭᠦᠯᠵᠦ᠍᠂ ᠡᠷᠬᠡᠪᠰᠢ ᠦᠨᠳᠦᠰᠦᠨ ᠱᠠᠲᠤᠨ᠎ᠤ᠎ᠬᠢᠨ᠎ᠢ ᠠᠵᠤ ᠠᠬᠤᠢᠯᠠᠯ᠎ᠳᠤ ᠬᠠᠷᠠᠭᠠᠯᠵᠠᠯ ᠦᠵᠡᠭᠦᠯᠦᠨ ᠠᠷᠠᠳ ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠨᠠᠩ ᠶᠡᠭᠡ ᠴᠢᠳᠠᠪᠤᠷᠢ᠂ ᠨᠠᠩ ᠶᠡᠭᠡ ᠬᠥᠳᠡᠯᠭᠡᠭ᠌ᠴᠢ ᠬᠦᠴᠦᠨ᠎ᠲᠠᠢ ᠪᠣᠯᠭᠠᠬᠤ ᠬᠡᠷᠡᠭ᠌ᠲᠡᠶ᠃

ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠪᠡᠯᠡ ᠮᠥᠩᠭᠦ᠎ᠶ᠋ᠢ ᠰᠠᠢᠲᠤᠷ ᠬᠡᠷᠡᠭ᠌ᠯᠡᠵᠦ᠍᠂ ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠳᠠᠢᠴᠢᠯᠠᠬᠤ ᠬᠡᠷᠡᠭ᠌ᠲᠡᠶ᠃ ᠡᠨᠡ ᠵᠢᠯ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢ 3.65 ᠲᠦᠮᠡᠨ ᠳ᠋ᠦᠩᠱᠢᠭᠤᠷ ᠲᠥᠭᠦᠷᠢᠭ ᠲᠣᠬᠢᠷᠠᠭᠤᠯᠬᠤ᠎ᠪᠠᠷ ᠲᠥᠯᠥᠪᠯᠡᠵᠦ᠍ ᠪᠠᠢᠨ᠎ᠠ᠃ ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭᠠᠬᠤ ᠎ᠶ᠋ᠢ ᠴᠢᠩᠭᠠᠳᠭᠠᠵᠤ᠂ 《ᠪᠡᠯᠡ ᠮᠥᠩᠭᠦ᠌ ᠂ ᠴᠢᠬᠤᠯᠠ ᠡᠯᠧᠮᠧᠨ᠋ᠲ ᠲᠦᠰᠦᠯ ᠎ᠢᠶᠠᠨ ᠳᠠᠭᠠᠬᠤ》 ᠎ᠶ᠋ᠢ ᠪᠠᠷᠢᠮᠲᠠᠯᠠᠨ᠂ ᠬᠡᠷᠡᠭ᠌ᠯᠡᠬᠦ᠌ ᠬᠡᠪᠴᠢᠶ᠎ᠡ᠎ᠶ᠋ᠢ ᠵᠣᠬᠢᠰᠲᠠᠶ ᠥᠷᠭᠡᠳᠭᠡᠨ᠂ ᠪᠠᠢᠭᠤᠯᠵᠤ ᠪᠠᠢᠭ᠎ᠠ ᠲᠦᠰᠦᠯ᠎ᠤᠨ ᠵᠠᠯᠭᠠᠮᠵᠢ ᠪᠡᠯᠡ ᠲᠣᠬᠢᠷᠠᠭᠤᠯᠭ᠎ᠠ᠎ᠶ᠋ᠢ ᠳᠡᠮᠵᠢᠵᠦ᠍᠂ ᠨᠥᠬᠦᠴᠡᠯ ᠪᠦᠷᠢᠯᠳᠦᠭᠦᠯᠦᠭ᠌ᠰᠡᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠱᠢᠨ᠎ᠡ ᠮᠠᠶᠢᠭ᠎ᠤᠨ ᠰᠠᠭᠤᠷᠢ ᠲᠦᠬᠦᠭᠡᠷᠦᠮᠵᠢ᠂ᠬᠠᠭᠤᠴᠢᠨ ᠨᠡᠢᠲᠡ᠎ᠶ᠋ᠢᠨ ᠬᠡᠷᠡᠭ᠌ᠯᠡᠭᠡᠨ᠎ᠤ ᠲᠦᠬᠦᠭᠡᠷᠦᠮᠵᠢ᠎ᠶ᠋ᠢᠨ ᠥᠭᠡᠷᠡᠴᠢᠯᠡᠯᠲᠡ ᠵᠡᠷᠭᠡ ᠪᠦᠲᠦᠭᠡᠨ ᠪᠠᠢᠭᠤᠯᠤᠯᠲᠠ᠎ᠶ᠋ᠢᠨ ᠲᠥᠰᠥᠯ᠎ᠢ ᠠᠵᠢᠯ ᠡᠬᠢᠯᠡᠭᠦᠯᠦᠨ᠎ᠡ᠃ ᠠᠷᠠᠳ᠎ᠤᠨ ᠪᠡᠯᠡ ᠣᠷᠣᠭᠤᠯᠤᠯᠲᠠ᠎ᠶ᠋ᠢ ᠪᠡᠯᠡ ᠣᠷᠣᠭᠤᠯᠤᠯᠲᠠ᠎ᠶ᠋ᠢᠨ ᠳᠤᠮᠳᠠ ᠶᠡᠭᠡ ᠬᠡᠰᠡᠭ᠎ᠢ ᠡᠵᠡᠯᠡᠭᠦᠯᠵᠦ᠍᠂ ᠴᠢᠬᠤᠯᠠ ᠶᠡᠭᠡ ᠲᠥᠰᠥᠯ᠎ᠤᠨ ᠬᠥᠲᠥᠯᠬᠦ᠌ ᠦᠢᠯᠡᠳᠦᠯ ᠪᠠ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶ᠋ᠢᠨ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ᠂ ᠬᠠᠮᠢᠶ᠎ᠠ ᠪᠦᠬᠦᠢ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠢᠳᠡᠪᠬᠢᠵᠢᠯ᠎ᠢ ᠭᠦᠢᠴᠡᠳ ᠳᠠᠢᠴᠢᠯᠠᠬᠤ ᠬᠡᠷᠡᠭ᠌ᠲᠡᠢ᠃

ᠵᠠᠰᠠᠭ᠎ᠤᠨ ᠣᠷᠳᠣᠨ ᠨᠠᠷᠢᠯᠠᠵᠤ ᠠᠮᠢᠳᠤᠷᠠᠬᠤ᠎ᠶ᠋ᠢ ᠪᠠᠷᠢᠮᠲᠠᠯᠠᠨ᠂ ᠨᠡᠩ ᠰᠠᠢᠳᠤᠷ ᠠᠷᠪᠢᠯᠠᠨ ᠭᠠᠮᠨᠠᠵᠤ ᠠᠷᠠᠳ ᠲᠦᠮᠡᠨ᠎ᠢ ᠪᠠᠶᠠᠵᠢᠭᠤᠯᠬᠤ ᠬᠡᠷᠡᠭ᠌ᠲᠡᠢ᠃ ᠵᠠᠷᠤᠯᠭ᠎ᠠ᠎ᠶ᠋ᠢᠨ ᠪᠦᠲᠦᠴᠡ᠎ᠶ᠋ᠢ ᠶᠡᠭᠡ᠎ᠪᠠᠷ ᠱᠢᠯᠢᠳᠡᠭ᠌ᠵᠢᠭᠦᠯᠵᠦ᠍᠂ ᠭᠤᠤᠯᠳᠠᠯᠭ᠎ᠠ᠎ᠲᠠᠢ ᠵᠠᠷᠤᠯᠭ᠎ᠠ᠎ᠶ᠋ᠢ ᠪᠠᠲᠤᠯᠠᠨ᠂ ᠡᠩ᠎ᠤᠨ ᠴᠢᠨᠠᠷᠲᠠᠶ ᠵᠠᠷᠤᠯᠭ᠎ᠠ᠎ᠶ᠋ᠢ ᠴᠢᠩᠭ᠎ᠠ ᠬᠢᠵᠠᠭᠠᠷᠯᠠᠨ᠎ᠠ᠃ ᠡᠳ᠋᠎ᠤᠨ ᠵᠠᠰᠠᠭ᠎ᠤᠨ ᠬᠠᠳᠠᠭᠠᠯᠠᠯᠲᠠ ᠪᠡᠯᠡ ᠮᠥᠩᠭᠦ᠌ ᠪᠠ ᠰᠤᠯᠠ ᠪᠠᠢᠭ᠎ᠠ ᠪᠡᠯᠡ ᠬᠥᠷᠥᠩᠭᠡ᠎ᠶ᠋ᠢ ᠠᠮᠢᠳᠤᠯᠢᠭ ᠪᠣᠯᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠡᠷᠬᠡᠪᠰᠢ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠵᠦ᠍᠂ ᠠᠵᠢᠯᠴᠢ ᠠᠷᠪᠢᠴᠢ᠎ᠪᠠᠷ ᠭᠠᠮᠨᠠᠨ ᠠᠷᠪᠢᠯᠠᠵᠤ᠂ ᠲᠥᠪ ᠵᠠᠰᠠᠭ᠎ᠤᠨ ᠣᠷᠳᠣᠨ ᠪᠣᠯᠤᠨ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠲᠦᠷᠦᠭᠦᠯᠡᠨ ᠬᠢᠬᠦ᠌ ᠬᠡᠷᠡᠭ᠌ᠲᠡᠶ᠃ ᠣᠷᠣᠯᠭ᠎ᠠ ᠵᠠᠷᠤᠯᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠱᠠᠯᠢᠨ ᠪᠦᠷᠢᠯᠭᠡᠬᠦ᠌᠎ᠶ᠋ᠢ ᠴᠢᠩᠭ᠎ᠠ ᠴᠠᠭᠠᠵᠠᠯᠠᠨ᠎ᠠ᠂ ᠲᠤᠭ᠍ᠲᠠᠭᠠᠯ᠎ᠢ ᠵᠦᠷᠢᠴᠡᠨ ᠠᠰᠠᠷ ᠲᠠᠭ᠍ᠲᠤ ᠲᠠᠩᠬᠢᠮ ᠪᠠᠭᠤᠳᠠᠯ ᠱᠢᠨ᠎ᠡ᠎ᠪᠠᠷ ᠪᠠᠢᠭᠤᠯᠵᠤ ᠪᠣᠯᠬᠤ ᠦᠭᠡᠶ᠂ ᠳᠦᠷᠢ ᠲᠥᠷᠬᠦ᠌᠎ᠶ᠋ᠢᠨ ᠢᠨᠵᠧᠨᠧᠷᠢᠩ᠎ᠢ ᠬᠢᠵᠦ᠍ ᠪᠣᠯᠬᠤ ᠦᠭᠡᠶ᠂ ᠡᠳ᠋᠎ᠤᠨ ᠵᠠᠰᠠᠭ ᠠᠵᠤ ᠠᠬᠤᠢ᠎ᠶ᠋ᠢᠨ ᠰᠠᠬᠢᠯᠭ᠎ᠠ ᠪᠠᠲᠤ᠎ᠠᠴᠠ ᠵᠥᠷᠢᠴᠡᠵᠦ᠍᠂ ᠠᠯᠪᠠᠨ᠎ᠤ ᠵᠣᠭᠤᠰ᠎ᠢ ᠳᠤᠷ᠎ᠠ᠎ᠪᠠᠷ᠎ᠢᠶᠠᠨ ᠰᠦᠢᠳᠭᠡᠭ᠌ᠰᠡᠨ ᠪᠠᠢᠪᠠᠯ ᠴᠢᠩᠭ᠎ᠠ ᠪᠠᠢᠴᠠᠭᠠᠨ ᠬᠦᠨᠳᠦ᠍᠎ᠪᠠᠷ ᠱᠢᠢᠳᠭᠡᠵᠦ᠍᠂ ᠬᠤᠪᠤᠷ ᠨᠠᠨᠳᠢᠨ ᠪᠡᠯᠡ ᠮᠥᠩᠭᠦ᠎ᠶ᠋ᠢ ᠵᠠᠪᠠᠯ ᠬᠥᠭ᠌ᠵᠢᠯᠲᠡ᠎ᠶ᠋ᠢᠨ ᠴᠢᠬᠤᠯᠠ ᠭᠠᠵᠠᠷ᠂ ᠠᠷᠠᠳ᠎ᠤᠨ ᠠᠮᠢᠳᠤᠷᠠᠯ᠎ᠤᠨ ᠪᠠᠴᠢᠮ ᠬᠡᠷᠡᠭ᠌ᠴᠡᠭᠡ᠎ᠲᠠᠢ ᠭᠠᠵᠠᠷ ᠬᠡᠷᠡᠭ᠌ᠯᠡᠬᠦ᠌ ᠬᠡᠷᠡᠭ᠌ᠲᠡᠶ᠃

ᠵᠣᠭᠤᠰᠣᠨ᠎ᠤ ᠯᠠᠪᠲᠠᠭᠤᠨ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠵᠣᠭᠤᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠪᠠᠭᠠᠵᠢ᠎ᠶ᠋ᠢᠨ ᠶᠡᠷᠦᠩᠬᠡᠶ ᠬᠡᠮᠵᠢᠶ᠎ᠡ ᠪᠠ ᠪᠦᠲᠦᠴᠡ᠎ᠶ᠋ᠢᠨ ᠳᠠᠪᠬᠤᠷ ᠴᠢᠳᠠᠮᠵᠢ᠎ᠶ᠋ᠢ ᠪᠠᠳᠠᠷᠠᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠨᠡᠩ ᠬᠦᠴᠦᠲᠡᠶ ᠳᠡᠮᠵᠢᠯᠭᠡ ᠬᠠᠩᠭᠠᠨ᠎ᠠ᠃ ᠱᠢᠨ᠎ᠡ᠎ᠪᠠᠷ ᠨᠡᠮᠡᠭ᠌ᠳᠡᠭᠦᠯᠬᠦ᠌ ᠵᠢᠭᠡᠯᠡᠯᠭᠡ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠵᠣᠭᠤᠰᠣᠨ᠎ᠤ ᠬᠠᠩᠭᠠᠯᠭ᠎ᠠ᠎ᠶ᠋ᠢᠨ ᠬᠡᠮᠵᠢᠶ᠎ᠡ ᠪᠠ ᠨᠡᠢᠭᠡᠮ᠎ᠤᠨ ᠪᠡᠯᠡ ᠲᠣᠬᠢᠷᠠᠭᠤᠯᠭ᠎ᠠ᠎ᠶ᠋ᠢᠨ ᠬᠡᠪᠴᠢᠶ᠎ᠡ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠨᠡᠷᠡᠯᠡᠭ᠌ᠰᠡᠨ ᠠᠵᠤ ᠠᠬᠤᠶ᠎ᠶ᠋ᠢᠨ ᠨᠡᠮᠡᠭ᠌ᠳᠡᠯ ᠎ᠤᠨ ᠬᠤᠷᠳᠤᠴᠠ ᠎ᠲᠠᠢ ᠦᠨᠳᠦᠰᠦᠨ᠎ᠳᠡᠭᠡᠨ ᠵᠣᠬᠢᠴᠠᠭᠤᠯᠵᠤ᠂ ᠬᠤᠷᠸ᠎ᠠ ᠬᠦᠱᠢᠬᠦᠷᠭᠡ᠎ᠶ᠋ᠢᠨ ᠨᠤᠷᠮ᠎ᠠ᠎ᠶ᠋ᠢ ᠦᠨᠳᠦᠰᠦᠨ᠎ᠳᠡᠭᠡᠨ ᠲᠣᠭ᠍ᠲᠠᠭᠤᠨ ᠪᠠᠢᠯᠭᠠᠨ᠎ᠠ᠃ ᠠᠷᠠᠳ᠎ᠤᠨ ᠵᠣᠭᠤᠰᠣᠨ᠎ᠤ ᠭᠤᠪᠢᠭᠤᠯᠭ᠎ᠠ᠎ᠶ᠋ᠢᠨ ᠨᠤᠷᠮ᠎ᠠ᠎ᠶ᠋ᠢᠨ ᠵᠦᠢ ᠵᠣᠬᠢᠰᠲᠠᠶ ᠪᠥᠭᠡᠳ ᠲᠡᠩᠴᠡᠭᠦᠷᠢᠲᠡᠶ ᠲᠦᠪᠱᠢᠨ ᠳᠡᠭᠡᠷ᠎ᠡ ᠦᠨᠳᠦᠰᠦᠨ ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠵᠣᠭᠤᠰᠣᠨ ᠎ᠤ ᠲᠥᠷᠥ᠎ᠶ᠋ᠢᠨ ᠪᠣᠳᠣᠯᠭ᠎ᠠ ᠎ᠶ᠋ᠢᠨ ᠳᠠᠮᠵᠢᠭᠤᠯᠬᠤ ᠲᠣᠭ᠍ᠲᠠᠴᠠ ᠎ᠶ᠋ᠢ ᠤᠯᠠᠮ ᠨᠢᠭᠡ ᠠᠯᠬᠤᠮ ᠨᠡᠪᠲᠡᠷᠡᠭᠦᠯᠵᠦ᠍᠂ ᠪᠡᠯᠡ ᠮᠥᠩᠭᠦ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠭᠤᠤᠯᠳᠠᠯᠭ᠎ᠠ᠎ᠲᠠᠢ ᠬᠦᠷᠢᠶ᠎ᠡ ᠪᠠ ᠪᠠᠭᠤᠷᠠᠶ ᠭᠤᠭ᠍ᠴᠤᠭ᠎ᠠ ᠲᠡᠢᠰᠢ ᠨᠠᠩ ᠢᠯᠡᠭᠦᠦ ᠱᠢᠯᠵᠢᠭᠦᠯᠵᠦ᠍᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ᠎ᠤ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠎ᠬᠢᠨ᠎ᠤ ᠪᠣᠳᠠᠲᠠᠶ ᠵᠢᠭᠡᠯᠡᠯᠭᠡ᠎ᠶ᠋ᠢᠨ ᠬᠦᠦ ᠮᠥᠩᠭᠦ᠎ᠶ᠋ᠢᠨ ᠨᠣᠷᠮ᠎ᠠ᠎ᠶ᠋ᠢ ᠪᠠᠭᠤᠷᠠᠭᠤᠯᠬᠤ ᠪᠠ ᠰᠦᠢᠳᠭᠡᠯ ᠬᠤᠷᠢᠶᠠᠯᠲᠠ᠎ᠶ᠋ᠢ ᠪᠠᠭᠠᠰᠭᠠᠬᠤ᠎ᠶ᠋ᠢ ᠠᠬᠢᠭᠤᠯᠵᠤ᠂ ᠥᠷᠭᠡᠨ ᠣᠯᠠᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠳᠤ ᠪᠠᠯᠠ ᠲᠣᠬᠢᠷᠠᠭᠤᠯᠭ᠎ᠠ᠎ᠶ᠋ᠢᠨ ᠲᠥᠬᠦᠮ ᠳᠦᠳᠡ᠎ᠶ᠋ᠢᠨ ᠬᠡᠮᠵᠢᠶ᠎ᠡ ᠳᠡᠭᠡᠭ᠌ᠰᠢᠯᠡᠭ᠌ᠰᠡᠨ᠂ ᠶᠡᠷᠦᠩᠬᠡᠢᠯᠡᠭ᠌ᠰᠡᠨ ᠪᠠᠯᠠ ᠲᠣᠬᠢᠷᠠᠭᠤᠯᠭ᠎ᠠ᠎ᠶ᠋ᠢᠨ ᠥᠪᠡᠷ᠎ᠤᠨ ᠥᠷᠲᠡᠭ ᠦᠪ ᠦᠨᠡᠨ ᠬᠦ᠌ ᠪᠠᠭᠤᠷᠠᠭ᠍ᠰᠠᠨ᠎ᠢ ᠪᠤᠳᠠᠳᠠᠢ᠎ᠪᠠᠷ ᠮᠡᠳᠡᠷᠡᠭᠦᠯᠦᠨ᠎ᠡ᠃

ᠠᠵᠢᠯ ᠣᠯᠭᠤᠯᠲᠠ ᠎ᠶ᠋ᠢ ᠲᠡᠷᠢᠭᠦᠨ ᠎ᠳᠤ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢ ᠴᠢᠩᠭᠠᠳᠭᠠᠨ᠎ᠠ᠃ ᠠᠵᠢᠯ ᠣᠯᠭᠤᠯᠲᠠ᠎ᠶ᠋ᠢᠨ ᠠᠷᠭ᠎ᠠ ᠵᠠᠮ᠎ᠢ ᠶᠡᠭᠡ᠎ᠪᠠᠷ ᠥᠷᠭᠡᠳᠭᠡᠵᠦ᠍᠂ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠲᠣᠭ᠍ᠲᠠᠭᠤᠨ ᠪᠠᠢᠯᠭᠠᠬᠤ ᠎ᠪᠠᠷ ᠳᠠᠮᠵᠢᠭᠤᠯᠤᠨ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ᠎ᠶ᠋ᠢ ᠴᠢᠬᠤᠯᠠᠴᠢᠯᠠᠵᠤ᠂ ᠠᠳᠠᠯ ᠦᠢᠯᠡᠰ ᠴᠣᠭ᠍ᠴᠠᠯᠠᠬᠤ ᠎ᠪᠠᠷ ᠠᠵᠢᠯ ᠣᠯᠭᠤᠯᠲᠠ᠎ᠶ᠋ᠢ ᠳᠠᠢᠴᠢᠯᠠᠬᠤ ᠦᠢᠯᠡᠳᠦᠯ᠎ᠢ ᠴᠢᠩᠭᠠᠳᠭᠠᠨ᠎ᠠ᠃ ᠡᠳ᠋᠎ᠤᠨ ᠵᠠᠰᠠᠭ᠂ ᠭᠠᠢᠯᠢ᠂ ᠮᠥᠩᠭᠦᠨ ᠭᠦᠢᠯᠭᠡᠭᠡ ᠵᠡᠷᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠴᠥᠮ ᠠᠵᠢᠯ ᠣᠯᠭᠤᠯᠲᠠ ᠎ᠶ᠋ᠢᠨ ᠲᠣᠭᠤᠷᠢᠨ᠎ᠳᠤ ᠤᠷᠢᠳ᠎ᠢᠶᠠᠷ ᠬᠡᠷᠡᠭ᠌ᠵᠢᠭᠦᠯᠵᠦ᠍᠂ᠠᠵᠤ ᠠᠬᠤᠢᠯᠠᠯ ᠎ᠤᠨ ᠠᠵᠢᠯ ᠎ᠤᠨ ᠪᠠᠢᠷᠢ ᠎ᠶ᠋ᠢ ᠲᠣᠭ᠍ᠲᠠᠪᠤᠷᠢᠵᠢᠭᠤᠯᠤᠨ ᠠᠵᠢᠯ᠎ᠤᠨ ᠪᠠᠢᠷᠢ᠎ᠶ᠋ᠢ ᠥᠷᠭᠡᠳᠭᠡᠬᠦ᠌᠎ᠶ᠋ᠢ ᠳᠡᠮᠵᠢᠬᠦ᠌ ᠡᠷᠴᠢᠮ ᠎ᠢᠶᠠᠨ ᠴᠢᠩᠭᠠᠷᠠᠭᠤᠯᠬᠤ ᠬᠡᠷᠡᠭ᠌ᠲᠡᠶ᠃ ᠠᠵᠢᠯ ᠣᠯᠭᠤᠯᠲᠠ᠎ᠶ᠋ᠢ ᠠᠬᠢᠭᠤᠯᠬᠤ ᠡᠯ᠎ᠡ ᠲᠥᠷᠥᠯ᠎ᠤᠨ ᠲᠤᠰᠭᠠᠶ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠨ ᠱᠢᠯᠢᠳᠡᠭ᠌ᠵᠢᠭᠦᠯᠵᠦ᠍᠂ ᠠᠵᠢᠯ ᠣᠯᠭᠤᠵᠤ ᠠᠳᠠᠯ ᠦᠢᠯᠡᠰ ᠴᠣᠭ᠍ᠴᠠᠯᠠᠬᠤ᠎ᠶ᠋ᠢᠨ ᠵᠦᠢ ᠵᠣᠬᠢᠰ ᠥᠬᠡᠶ ᠬᠢᠵᠠᠭᠠᠷᠯᠠᠯ᠎ᠢ ᠡᠷᠡᠰ ᠴᠡᠪᠡᠷᠯᠡᠨ ᠬᠦᠴᠦᠨ ᠥᠬᠡᠶ ᠪᠣᠯᠭᠠᠬᠤ ᠬᠡᠷᠡᠭ᠌ᠲᠡᠶ᠃ ᠡᠯ᠎ᠡ ᠭᠠᠵᠠᠷ᠎ᠤᠨ᠎ᠬᠢᠨ ᠴᠦᠮ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠬᠦ᠌ ᠬᠡᠷᠡᠭ᠌ᠲᠡᠶ᠃

ᠠᠮᠤ ᠪᠤᠳᠠᠭ᠎ᠠ ᠪᠠ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠪᠠᠲᠤᠯᠠᠵᠤ᠂ ᠡᠨᠧᠷᠬᠢ᠂ ᠴᠢᠬᠤᠯᠠ ᠳᠦᠬᠦᠬᠡᠢ ᠮᠠᠲ᠋ᠧᠷᠢᠶᠠᠯ᠎ᠤᠨ ᠬᠠᠩᠭᠠᠯᠭ᠎ᠠ᠎ᠵᠢ ᠪᠠᠳᠤᠯᠠᠵᠦ᠂ ᠦᠨ᠎ᠡ ᠵᠢ ᠲᠤᠭᠳᠠᠭᠤᠨ ᠪᠠᠢᠯᠭᠠᠬᠤ ᠠᠵᠢᠯ᠎ᠢ ᠦᠷᠬᠦᠯᠵᠢᠯᠡᠨ ᠰᠠᠢᠳᠤᠷ ᠬᠢᠵᠦ᠂ ᠠᠷᠠᠳ᠎ᠤᠨ ᠠᠮᠢᠳᠤᠷᠠᠯ ᠪᠠ ᠠᠵᠤ ᠠᠬᠤᠢᠯᠠᠯ᠎ᠤᠨ ᠬᠡᠪ᠎ᠤᠨ ᠦᠢᠯᠡᠳᠪᠦᠷᠢᠯᠡᠯ ᠡᠵᠡᠩᠨᠡᠯᠲᠡ᠎ᠳᠤ ᠬᠡᠷᠡᠭ᠌ᠯᠡᠬᠦ᠌ ᠴᠠᠬᠢᠯᠭᠠᠨ᠎ᠢ ᠪᠠᠲᠤᠯᠠᠨ᠎ᠠ᠃ ᠪᠦᠬᠦ᠌ ᠲᠠᠯ᠎ᠠ᠎ᠪᠠᠷ ᠭᠠᠮᠨᠠᠨ ᠠᠷᠪᠢᠯᠠᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠦᠨ᠎ᠡ᠃ ᠤᠯᠤᠰ᠎ᠤᠨ ᠳᠣᠲᠣᠭᠠᠳᠤ᠎ᠶ᠋ᠢᠨ ᠡᠬᠢ ᠪᠠᠶᠠᠯᠢᠭ ᠎ᠤᠨ ᠦᠢᠯᠡᠳᠪᠦᠷᠢᠯᠡᠯ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠵᠤ᠂ ᠲᠤᠰᠤ ᠬᠡᠢ᠂ ᠠᠭᠤᠷᠬᠠᠢ᠎ᠶ᠋ᠢᠨ ᠭᠠᠷᠤᠯᠲᠠ ᠵᠡᠷᠭᠡ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ᠎ᠶ᠋ᠢ ᠲᠦᠷᠭᠡᠳᠭᠡᠨ᠂ ᠤᠯᠤᠰ᠎ᠤᠨ ᠪᠠᠢᠯᠳᠤᠬᠤ ᠪᠣᠳᠣᠯᠭ᠎ᠠ ᠎ᠶ᠋ᠢᠨ ᠡᠳ᠋ ᠪᠣᠳᠠᠰ᠎ᠤᠨ ᠨᠦᠭᠡᠴᠡᠯᠡᠯᠳᠡ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠠᠩᠬᠠᠨ᠎ᠤ ᠦᠢᠯᠡᠳᠬᠦᠨ᠎ᠤ ᠬᠠᠩᠭᠠᠯᠭ᠎ᠠ᠎ᠶ᠋ᠢ ᠪᠠᠲᠤᠯᠠᠨ᠎ᠠ᠃ ᠪᠤᠳᠠᠰ ᠎ᠤᠨ ᠦᠨ᠎ᠡ᠎ᠵᠢ ᠦᠷᠢᠰᠦᠯᠳᠦᠨ ᠦᠰᠬᠡᠬᠦ ᠵᠡᠷᠭᠡ ᠠᠵᠢᠯᠯᠠᠭ᠎ᠠ᠎ᠳᠤ ᠴᠤᠬᠢᠯᠳᠠ ᠦᠭᠬᠦᠨ᠎ᠡ᠃ ᠪᠠᠷᠠᠭᠠᠨ᠎ᠤ ᠦᠨ᠎ᠡ᠎ᠶ᠋ᠢᠨ ᠲᠦᠪᠱᠢᠨ᠎ᠢ ᠦᠨᠳᠦᠰᠦᠨ ᠎ᠳᠡᠭᠡᠨ ᠲᠣᠭ᠍ᠲᠠᠭᠤᠨ ᠪᠠᠢᠯᠭᠠᠨ᠎ᠠ᠃

ᠬᠦᠨᠳᠦ ᠶᠡᠭᠡ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ᠃ ᠦᠷᠭᠦᠯᠵᠢᠯᠡᠨ ᠶᠡᠭᠡ ᠲᠠᠯ᠎ᠠ᠎ᠶ᠋ᠢ ᠲᠣᠭ᠍ᠲᠠᠭᠤᠨ ᠪᠠᠢᠯᠭᠠᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠨᠠᠷᠢᠯᠢᠭ ᠣᠨᠣᠴᠠᠲᠠᠶ᠎ᠪᠠᠷ ᠲᠦᠭ᠌ᠰᠢᠭᠦᠷᠢ᠎ᠶ᠋ᠢ ᠠᠷᠢᠯᠭᠠᠬᠤ ᠦᠨᠳᠦᠰᠦᠨ ᠴᠢᠭ᠌ᠯᠡᠯᠲᠡ ᠶᠣᠰᠣᠭᠠᠷ᠂ ᠠᠵᠤ ᠠᠬᠤᠶ ᠮᠥᠩᠭᠦᠨ ᠭᠦᠢᠯᠭᠡᠭᠡᠨ᠎ᠤ ᠬᠦᠷᠢᠶᠡᠨ᠎ᠳᠠᠬᠢ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠠᠵᠢᠯ᠎ᠢ ᠰᠠᠢᠲᠤᠷ ᠬᠢᠨ᠎ᠡ᠃ ᠣᠷᠣᠨ ᠨᠤᠲᠤᠭ᠎ᠤᠨ ᠬᠠᠷᠢᠶ᠎ᠠ ᠤᠷᠤᠨ᠎ᠤ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ ᠪᠠ ᠠᠵᠤ ᠠᠬᠤᠢᠯᠠᠯ᠎ᠤᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠪᠠ ᠰᠡᠷᠭᠡᠢᠯᠡᠨ ᠡᠵᠡᠮᠳᠡᠬᠦ᠌ ᠲᠣᠭ᠍ᠲᠠᠴᠠ ᠵᠢᠴᠢ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠂ ᠮᠥᠩᠭᠦᠨ ᠭᠦᠢᠯᠭᠡᠭᠡ᠎ᠶ᠋ᠢ ᠲᠣᠭ᠍ᠲᠠᠭᠤᠨ ᠪᠠᠢᠯᠭᠠᠬᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠪᠠᠢᠭᠤᠯᠵᠤ᠂ ᠬᠠᠳᠠᠭᠠᠯᠠᠮᠵᠢ᠎ᠶᠢᠨ ᠳᠠᠭᠠᠳᠬᠠᠯ᠎ᠤᠨ ᠲᠦᠷᠢᠮ ᠪᠤᠯᠤᠨ ᠠᠵᠢᠯ  ᠲᠦᠷᠦᠯ ᠎ᠤᠨ ᠪᠠᠳᠤᠯᠠᠭ᠎ᠠ ᠎ᠶᠢᠨ ᠰᠠᠭᠤᠷᠢ ᠮᠦᠩᠬᠦᠨ᠎ᠤ ᠦᠢᠯᠡᠳᠦᠯ᠎ᠢ ᠪᠠᠳᠠᠷᠠᠭᠤᠯᠤᠨ᠂ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭ᠌ᠯᠡᠨ ᠲᠦᠭ᠌ᠰᠢᠭᠦᠷᠢ᠎ᠶ᠋ᠢᠨ ᠳᠠᠯᠳᠠ ᠭᠡᠮ᠎ᠢ ᠠᠷᠢᠯᠭᠠᠨ᠂ ᠭᠠᠳᠠᠭᠠᠳᠦ ᠬᠦᠴᠦᠨ᠎ᠤ ᠨᠦᠯᠦᠭᠡ᠎ᠵᠢ ᠪᠦᠳᠦᠮᠵᠢᠳᠡᠢ ᠠᠷᠭᠠᠴᠠᠭᠠᠵᠦ᠂ ᠱᠢᠰᠲ᠋ᠧᠮ᠎ᠤᠨ ᠴᠢᠨᠠᠷᠲᠠᠶ ᠲᠦᠭ᠌ᠰᠢᠭᠦᠷᠢ ᠦᠯᠦ᠍ ᠡᠭᠦᠰᠭᠡᠬᠦ᠌ ᠬᠢᠵᠠᠭᠠᠷ ᠱᠤᠭᠤᠮ᠎ᠢ ᠪᠠᠲᠤ ᠰᠠᠬᠢᠨ᠎ᠠ᠃

(ᠬᠤᠶᠠᠷ) ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢ ᠬᠦᠴᠦᠯᠡᠨ ᠲᠣᠭ᠍ᠲᠠᠪᠤᠷᠢᠵᠢᠭᠤᠯᠵᠤ ᠠᠵᠢᠯ ᠣᠯᠭᠤᠯᠲᠠ᠎ᠶ᠋ᠢ ᠪᠠᠲᠤᠯᠠᠨ᠂ ᠬᠤᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠳᠠᠷᠤᠭᠠᠰᠤ᠎ᠶ᠋ᠢ ᠬᠥᠩᠭᠡᠷᠡᠭᠦᠯᠵᠦ᠍ ᠬᠦᠴᠢᠷᠳᠡᠯ᠎ᠢ᠎ᠨᠢ ᠱᠢᠢᠳᠪᠦᠷᠢᠯᠡᠬᠦ᠌ ᠵᠡᠷᠭᠡ ᠲᠦᠷᠦ᠍ ᠎ᠶ᠋ᠢᠨ ᠪᠤᠳᠤᠯᠭ᠎ᠠ ᠎ᠶ᠋ᠢ ᠲᠡᠭᠦᠯᠳᠡᠷᠵᠢᠭᠦᠯᠵᠦ᠍᠂ ᠠᠵᠤ ᠠᠬᠤᠶ᠎ᠶ᠋ᠢᠨ ᠲᠣᠭ᠍ᠲᠠᠭᠤᠨ᠎ᠢᠶᠠᠷ ᠠᠵᠢᠯᠯᠠᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠰᠠᠭᠤᠷᠢ᠎ᠶ᠋ᠢ ᠪᠠᠲᠤᠳᠭᠠᠨ᠎ᠠ᠃

ᠭᠠᠢᠯᠢ ᠰᠦᠢᠳᠭᠡᠯ᠎ᠤᠨ ᠳᠡᠮᠵᠢᠯᠭᠡ᠎ᠶ᠋ᠢᠨ ᠱᠢᠨ᠎ᠡ ᠬᠠᠮ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ᠃ ᠱᠠᠲᠤ ᠦᠶᠡᠴᠢ ᠴᠢᠨᠠᠷᠲᠠᠶ ᠠᠷᠭ᠎ᠠ ᠬᠡᠮᠵᠢᠶ᠎ᠡ ᠪᠣᠯᠤᠨ ᠳᠦᠷᠢᠮ᠎ᠤᠨ ᠴᠢᠨᠠᠷᠲᠠᠶ ᠲᠣᠬᠢᠷᠠᠭᠤᠯᠤᠯᠲᠠ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠭᠠᠢᠯᠢ ᠬᠥᠩᠭᠡᠯᠡᠬᠦ᠌ ᠪᠠ ᠭᠠᠢᠯᠢ ᠪᠤᠴᠠᠭᠠᠬᠤ᠎ᠶ᠋ᠢ ᠵᠡᠷᠭᠡ᠎ᠳᠤᠨᠢ ᠴᠢᠬᠤᠯᠠᠴᠢᠯᠠᠨ᠎ᠠ᠃ ᠨᠢᠭᠡ ᠲᠠᠯ᠎ᠠ᠎ᠪᠠᠷ᠂ ᠦᠢᠯᠡᠳᠬᠦ᠌ ᠦᠢᠯᠡᠰ᠂ ᠵᠢᠵᠢᠭ ᠪᠢᠴᠢᠯ ᠠᠵᠤ ᠠᠬᠤᠢᠯᠠᠯ ᠪᠣᠯᠤᠨ ᠬᠤᠪᠢ᠎ᠶ᠋ᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠲᠡᠳᠬᠦᠨ ᠳᠡᠮᠵᠢᠬᠦ᠌ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠬᠦ᠌᠎ᠶ᠋ᠢᠨ ᠬᠠᠮᠲᠤ ᠬᠠᠰᠤᠵᠤ ᠬᠡᠯᠲᠦᠷᠢᠭᠦᠯᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠳᠤᠬᠢᠷᠠᠭᠤᠯᠤᠨ ᠬᠡᠷᠡᠭ᠌ᠯᠡᠬᠦ᠌ ᠬᠡᠪᠴᠢᠶ᠎ᠡ᠎ᠶ᠋ᠢ ᠥᠷᠭᠡᠳᠭᠡᠨ᠎ᠡ᠃ ᠪᠠᠭ᠎ᠠ ᠬᠡᠮᠵᠢᠶᠡᠨ᠎ᠤ ᠭᠠᠢᠯᠢ ᠲᠤᠱᠢᠶᠠᠭ᠍ᠴᠢ᠎ᠠᠴᠠ ᠥᠷᠲᠡᠭ ᠨᠡᠮᠡᠭ᠌ᠳᠡᠯ᠎ᠤᠨ ᠭᠠᠢᠯᠢ ᠲᠠᠳᠠᠪᠤᠷᠢᠯᠠᠬᠤ᠎ᠶ᠋ᠢ ᠱᠠᠲᠤ ᠦᠶᠡᠴᠢ ᠴᠢᠨᠠᠷᠲᠠᠶ᠎ᠪᠠᠷ ᠬᠡᠯᠲᠦᠷᠢᠭᠦᠯᠦᠨ᠎ᠡ᠃ ᠵᠢᠵᠢᠭ ᠪᠢᠴᠢᠯ ᠠᠵᠤ ᠠᠬᠤᠢᠯᠠᠯ᠎ᠤᠨ ᠵᠢᠯ᠎ᠤᠨ ᠭᠠᠢᠯᠢ ᠲᠤᠱᠢᠶᠠᠬᠤ ᠶᠣᠰᠣᠲᠠᠶ ᠠᠱᠢᠭ ᠣᠷᠣᠯᠭ᠎ᠠ᠎ᠶ᠋ᠢᠨ ᠲᠤᠭ᠎ᠠ᠎ᠶ᠋ᠢᠨ 100 ᠲᠦᠮᠡᠨ ᠲᠥᠭᠦᠷᠢᠭ ᠎ᠠᠴᠠ 300 ᠲᠦᠮᠡᠨ ᠲᠥᠭᠦᠷᠢᠭ ᠬᠦᠷᠲᠡᠯᠡᠬᠢ ᠬᠡᠰᠡᠭ᠎ᠠᠴᠠ ᠠᠵᠤ ᠠᠬᠤᠢ᠌ᠯᠠᠯ᠎ᠤᠨ ᠠᠱᠢᠭ ᠣᠷᠣᠯᠭ᠎ᠠ᠎ᠶ᠋ᠢᠨ ᠭᠠᠢᠯᠢ᠎ᠶ᠋ᠢ ᠳᠠᠬᠢᠭᠠᠳ ᠬᠠᠭᠠᠰ᠎ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ᠎ᠤᠨ᠎ᠬᠢᠨ ᠴᠦ᠍ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠭᠠᠢᠯᠢ ᠰᠦᠢᠳᠭᠡᠯ᠎ᠢ ᠬᠠᠰᠤᠵᠤ ᠬᠡᠯᠲᠦᠷᠢᠭᠦᠯᠬᠦ᠌ ᠵᠡᠷᠭᠡ ᠬᠦᠴᠦᠲᠡᠶ ᠠᠷᠭ᠎ᠠ ᠬᠡᠮᠵᠢᠶ᠎ᠡ᠎ᠶ᠋ᠢ ᠬᠠᠤᠯᠢ ᠶᠣᠰᠣᠭᠠᠷ ᠨᠡᠢᠲᠡᠯᠡᠵᠦ᠍᠂ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠡᠷᠴᠢᠮ᠎ᠢ ᠴᠢᠩᠭᠠᠷᠠᠭᠤᠯᠬᠤ᠎ᠠᠴᠠ ᠪᠢᠰᠢ ᠰᠤᠯᠠᠷᠠᠭᠤᠯᠬᠤ ᠦᠭᠡᠢ ᠪᠠᠢᠵᠤ᠂ ᠵᠠᠬ᠎ᠠ ᠳᠡᠯᠭᠡᠭᠦᠷ᠎ᠤᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠢ᠃ ᠨᠦᠬᠦᠭᠡ ᠲᠠᠯ᠎ᠠ᠎ᠪᠠᠷ᠂ ᠠᠵᠤ ᠠᠬᠤᠢᠯᠠᠯ᠎ᠳᠤ ᠪᠡᠯᠡᠨ ᠮᠥᠩᠭᠦ᠎ᠶ᠋ᠢᠨ ᠭᠦᠢᠯᠭᠡᠭᠡᠨ᠎ᠤ ᠳᠡᠮᠵᠢᠯᠭᠡ ᠬᠠᠩᠭᠠᠬᠤ᠂ ᠬᠡᠷᠡᠭ᠌ᠯᠡᠭᠡᠨ᠎ᠤ ᠪᠡᠯᠡ ᠣᠷᠣᠭᠤᠯᠤᠯᠲᠠ᠎ᠶ᠋ᠢ ᠠᠬᠢᠭᠤᠯᠬᠤ᠎ᠵᠢ ᠶᠡᠷᠦᠩᠬᠡᠶ᠎ᠳᠤᠨᠢ ᠪᠣᠳᠣᠯᠬᠢᠯᠠᠵᠦ᠂ ᠥᠷᠲᠡᠭ ᠨᠡᠮᠡᠭ᠌ᠳᠡᠯ᠎ᠤᠨ ᠭᠠᠢᠯᠢ᠎ᠶᠢᠨ ᠭᠠᠢᠯᠢ ᠎ᠶᠢᠨ ᠲᠦᠷᠢᠮ᠎ᠤᠨ ᠳᠦᠰᠦᠪᠯᠡᠯ ᠡᠴᠡ ᠪᠤᠯᠤᠭᠰᠠᠨ ᠤᠷᠢᠳᠠᠪᠡᠷ ᠲᠤᠰᠢᠶᠠᠵᠦ ᠰᠠᠭᠦᠯ᠎ᠳᠤᠨᠢ ᠪᠤᠴᠠᠭᠠᠬᠤ ᠮᠡᠳᠦ ᠶ᠋ᠢᠨ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠪᠣᠴᠠᠭᠠᠬᠤ ᠲᠦᠷᠢᠮ᠎ᠢ ᠶᠡᠭᠡ᠎ᠪᠠᠷ ᠰᠠᠢᠵᠢᠷᠠᠭᠤᠯᠤᠨ᠂ ᠡᠨᠡ ᠵᠢᠯ ᠦᠯᠡᠳᠡᠭ᠌ᠰᠡᠨ ᠰᠠᠭᠤᠳᠭᠠᠯ ᠭᠠᠢᠯᠢ ᠎ᠳᠤ ᠶᠡᠭᠡ ᠬᠡᠪᠴᠢᠶ᠎ᠡ᠎ᠪᠠᠷ ᠭᠠᠢᠯᠢ ᠪᠤᠴᠠᠭᠠᠬᠤ᠎ᠵᠢ ᠤᠷᠢᠳᠴᠢᠯᠠᠨ ᠬᠡᠷᠡᠭᠵᠢᠬᠦᠯᠦᠨ᠎ᠡ᠃ ᠵᠢᠵᠢᠭ ᠪᠢᠴᠢᠯ ᠠᠵᠤ ᠠᠬᠤᠢᠯᠠᠯ᠎ᠳᠤ ᠡᠩ ᠲᠡᠷᠢᠭᠦᠨ᠎ᠳᠤ ᠲᠣᠬᠢᠷᠠᠭᠤᠯᠤᠨ᠂ ᠵᠢᠵᠢᠭ ᠪᠢᠴᠢᠯ ᠠᠵᠤ ᠠᠬᠤᠢᠯᠠᠯ ᠎ᠤᠨ ᠬᠠᠳᠠᠭᠠᠯᠠᠯᠲᠠ ᠦᠯᠡᠳᠡᠭ᠌ᠰᠡᠨ ᠰᠠᠭᠤᠳᠭᠠᠯ ᠭᠠᠢᠯᠢ ᠎ᠶ᠋ᠢ 6 ᠰᠠᠷ᠎ᠠ᠎ᠶ᠋ᠢᠨ ᠰᠡᠭᠦᠯᠴᠢ ᠎ᠠᠴᠠ ᠡᠮᠦᠨ᠎ᠡ ᠨᠢᠭᠡ ᠯᠡ ᠤᠳᠠᠭ᠎ᠠ᠎ᠳᠤ ᠪᠦᠬᠦᠳᠡ᠎ᠶ᠋ᠢ ᠪᠤᠴᠠᠭᠠᠵᠤ᠂ ᠨᠡᠮᠡᠭ᠌ᠳᠡᠯ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠲᠤᠭ᠎ᠠ ᠶᠣᠰᠣᠭᠠᠷ᠎ᠨᠢ ᠭᠦᠢᠴᠡᠳ ᠪᠤᠴᠠᠭᠠᠨ᠎ᠠ᠃ ᠦᠢᠯᠡᠳᠬᠦ᠌ ᠦᠢᠯᠡᠰ᠎ᠢ ᠭᠤᠤᠯᠳᠠᠯᠭ᠎ᠠ᠎ᠲᠠᠢ ᠳᠡᠮᠵᠢᠵᠦ᠍᠂ ᠦᠢᠯᠡᠳᠬᠦ᠌ ᠦᠢᠯᠡᠰ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠮᠡᠷᠭᠡᠵᠢᠯ᠎ᠤᠨ ᠦᠢᠯᠡᠴᠢᠯᠡᠭᠡ᠂ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠂ ᠴᠠᠬᠢᠯᠭᠠᠨ ᠬᠦᠴᠦᠨ ᠱᠢᠲᠠᠮᠠᠬᠠᠶ ᠬᠡᠶ᠂ ᠵᠠᠮ ᠲᠡᠭᠡᠭᠡᠪᠦᠷᠢ ᠵᠡᠷᠭᠡ ᠠᠵᠢᠯ ᠲᠥᠷᠥᠯ᠎ᠤᠨ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠪᠣᠴᠠᠭᠠᠬᠤ ᠠᠰᠠᠭᠤᠳᠠᠯ᠎ᠢ ᠪᠥᠬᠦ᠌ ᠲᠠᠯ᠎ᠠ᠎ᠪᠠᠷ ᠱᠢᠢᠳᠪᠦᠷᠢᠯᠡᠨ᠎ᠡ᠃ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠪᠣᠴᠠᠭᠠᠬᠤ ᠡᠷᠴᠢᠮ᠎ᠢ ᠢᠯᠡᠳᠲᠡ ᠴᠢᠩᠭᠠᠷᠠᠭᠤᠯᠵᠤ᠂ ᠵᠠᠬ᠎ᠠ ᠳᠡᠯᠭᠡᠭᠦᠷ᠎ᠤᠨ ᠢᠲᠡᠭᠡᠯ᠎ᠢ ᠬᠦᠴᠦᠲᠡᠶ ᠬᠥᠪᠴᠢᠯᠡᠨ᠎ᠡ᠃ ᠵᠢᠱ᠌ᠢᠯᠲᠡ᠎ᠪᠠᠷ ᠪᠦᠬᠦ᠌ ᠵᠢᠯ᠎ᠤᠨ ᠭᠠᠢᠯᠢ ᠪᠤᠴᠠᠭᠠᠵᠤ ᠭᠠᠢᠯᠢ ᠬᠥᠩᠭᠡᠯᠡᠬᠦ᠌ ᠲᠤᠭ᠎ᠠ ᠪᠠᠷᠤᠭ 2.5 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ ᠡᠭᠦᠨ᠎ᠤ ᠳᠣᠲᠣᠷ᠎ᠠ ᠦᠯᠡᠳᠡᠭ᠌ᠰᠡᠨ ᠰᠠᠭᠤᠳᠭᠠᠯ ᠭᠠᠢᠯᠢ᠎ᠶ᠋ᠢ ᠪᠤᠴᠠᠭᠠᠬᠤ ᠬᠡᠮᠵᠢᠶ᠎ᠠ ᠪᠠᠷᠤᠭ 1.5 ᠲᠦᠮᠡᠨ ᠳ᠋ᠦᠩᠱᠢᠭᠤᠷ ᠲᠥᠭᠦᠷᠢᠭ᠎ᠲᠤ ᠬᠦᠷᠬᠦ᠌ ᠪᠦᠭᠡᠳ ᠭᠠᠢᠯᠢ ᠪᠤᠴᠠᠭᠠᠭ᠍ᠰᠠᠨ ᠪᠡᠯᠡ ᠮᠥᠩᠭᠦ᠎ᠶ᠋ᠢ ᠪᠦᠭᠦᠳᠡ᠎ᠶ᠋ᠢ ᠠᠵᠤ ᠠᠬᠤᠢᠯᠠᠯ᠎ᠳᠤ ᠱᠢᠭᠤᠳ ᠪᠠᠭᠤᠯᠭᠠᠨ᠎ᠠ᠃ ᠲᠥᠪ᠎ᠤᠨ ᠡᠳ᠋᠎ᠤᠨ ᠵᠠᠰᠠᠭ᠎ᠠᠴᠠ ᠣᠷᠣᠨ ᠨᠤᠲᠤᠭ᠎ᠲᠤ ᠦᠵᠡᠭᠦᠯᠬᠦ᠌ ᠡᠳ᠋᠎ᠤᠨ ᠬᠦᠴᠦᠨ᠎ᠤ ᠳᠡᠮᠵᠢᠯᠭᠡ᠎ᠪᠠᠨ ᠨᠡᠮᠡᠭ᠌ᠳᠡᠭᠦᠯᠵᠦ᠍᠂ ᠨᠦᠬᠦᠪᠦᠷᠢ ᠪᠡᠯᠡ ᠮᠦᠩᠬᠦ᠌᠎ᠶ᠋ᠢ ᠬᠤᠳᠠ ᠱᠢᠶᠠᠨ᠎ᠳᠤ ᠱᠢᠭᠤᠳ ᠪᠠᠭᠤᠯᠭᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠪᠡᠯᠡ ᠮᠥᠩᠭᠦ᠎ᠶ᠋ᠢᠨ ᠲᠣᠬᠢᠷᠠᠭᠤᠯᠤᠯᠲᠠ᠎ᠪᠠᠨ ᠴᠢᠩᠭᠠᠳᠭᠠᠨ᠂ ᠭᠠᠢᠯᠢ ᠪᠤᠴᠠᠭᠠᠵᠤ ᠭᠠᠢᠯᠢ ᠬᠥᠩᠭᠡᠯᠡᠬᠦ᠌ ᠡᠨᠡ ᠬᠦ᠌ ᠵᠠᠩᠭᠢᠯᠠᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠠᠵᠤ ᠠᠬᠤᠢᠯᠠᠯ᠎ᠢ ᠬᠥᠴᠢᠷ ᠵᠣᠪᠠᠯᠠᠩ᠎ᠲᠠᠢ ᠥᠶ᠎ᠠ᠎ᠳᠤᠨᠢ ᠲᠣᠰᠠᠯᠠᠨ᠂ ᠠᠵᠤ ᠠᠬᠤᠢᠯᠠᠯ᠎ᠳᠤ ᠬᠠᠪᠰᠤᠷᠤᠨ ᠠᠮᠢᠵᠢᠷᠠᠯ᠎ᠤᠨ ᠬᠦᠴᠦᠨ᠎ᠢ᠎ᠨᠢ ᠪᠠᠳᠠᠷᠠᠭᠤᠯᠬᠤ ᠬᠡᠷᠡᠭ᠌ᠲᠡᠶ᠃

ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠵᠡᠭᠦᠯᠬᠦ᠌ ᠮᠥᠩᠭᠦᠨ ᠭᠦᠢᠯᠭᠡᠭᠡᠨ᠎ᠤ ᠪᠦᠲᠦᠮᠵᠢᠲᠡᠶ ᠳᠡᠮᠵᠢᠯᠭᠡ᠎ᠶ᠋ᠢ ᠴᠢᠩᠭᠠᠳᠭᠠᠨ᠎ᠠ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ᠎ᠶ᠋ᠢᠨ ᠳᠡᠮᠵᠢᠯᠭᠡ᠎ᠶ᠋ᠢᠨ ᠪᠠᠭᠠᠵᠢ᠎ᠶ᠋ᠢ ᠰᠠᠢᠲᠤᠷ ᠬᠡᠷᠡᠭ᠌ᠯᠡᠨ᠂ ᠲᠠᠷᠢᠶᠠᠯᠠᠩ᠎ᠢ ᠲᠡᠮᠵᠢᠵᠦ᠍ ᠵᠢᠵᠢᠭ ᠪᠢᠴᠢᠯ ᠠᠵᠦ᠍ ᠠᠬᠤᠢ᠌ᠯᠡᠯ ᠎ᠢ ᠲᠡᠮᠵᠢᠬᠦ᠌ ᠳᠠᠬᠢᠨ ᠵᠢᠭᠡᠯᠡᠯᠭᠡ᠎ᠶ᠋ᠢ ᠨᠡᠮᠡᠭ᠌ᠳᠡᠭᠦᠯᠵᠦ᠍᠂ ᠬᠢᠨᠠᠯᠳᠠ ᠬᠠᠮᠢᠶᠠᠷᠤᠯᠳᠠ ᠬᠢᠨᠠᠨ ᠱᠢᠯᠭᠠᠯᠳᠠ᠎ᠶ᠋ᠢ ᠱᠢᠯᠢᠳᠡᠭ᠌ᠵᠢᠭᠦᠯᠦᠨ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ᠎ᠶ᠋ᠢ ᠢᠯᠡᠳᠲᠡ ᠨᠡᠮᠡᠭ᠌ᠳᠡᠬᠦᠯᠬᠦ᠂ ᠢᠲᠡᠭᠡᠮᠵᠢᠲᠦ ᠵᠢᠭᠡᠯᠡᠯᠭᠡ ᠪᠠ ᠠᠩᠬ᠎ᠠ ᠵᠢᠭᠡᠯᠡᠯᠭᠡ ᠠᠪᠬᠤ ᠡᠷᠦᠬᠡ᠎ᠶ᠋ᠢᠨ ᠬᠤᠪᠢ᠎ᠶ᠋ᠢᠨ ᠵᠢᠩ᠎ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠬᠥᠲᠥᠯᠥᠨ ᠵᠢᠯᠣᠭᠤᠳᠴᠤ᠌ ᠢᠲᠡᠭᠡᠮᠵᠢᠲᠦ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ ᠎ᠶ᠋ᠢ ᠣᠨᠣᠪᠴᠢᠲᠠᠶ ᠡᠵᠡᠮᠱᠢᠭᠦᠯᠵᠦ᠍᠂ ᠬᠢᠵᠢᠭ᠎ᠲᠤ ᠬᠦᠨᠳᠦ ᠨᠣᠴᠢᠲᠠᠶ ᠨᠥᠯᠥᠭᠡᠯᠡᠭ᠌ᠳᠡᠭ᠌ᠰᠡᠨ ᠠᠵᠢᠯ ᠲᠥᠷᠥᠯ᠎ᠤᠨ ᠠᠵᠤ ᠠᠬᠤᠢᠯᠠᠯ᠎ᠳᠤ ᠦᠷᠭᠦᠯᠵᠢᠯᠡᠨ ᠪᠡᠯᠡ ᠲᠣᠬᠢᠷᠠᠭᠤᠯᠭ᠎ᠠ᠎ᠶ᠋ᠢᠨ ᠳᠡᠮᠵᠢᠯᠭᠡ ᠦᠵᠡᠭᠦᠯᠵᠦ᠍᠂ ᠠᠵᠢᠯ ᠲᠥᠷᠥᠯ᠎ᠤᠨ ᠴᠢᠨᠠᠷᠲᠠᠶ ᠵᠢᠭᠡᠯᠡᠯᠭᠡ᠎ᠶ᠋ᠢ ᠬᠢᠵᠠᠭᠠᠷᠯᠠᠬᠤ᠂ ᠵᠢᠭᠡᠯᠡᠯᠭᠡ᠎ᠪᠠᠨ ᠲᠠᠲᠠᠵᠤ ᠠᠪᠬᠤ ᠪᠠ ᠵᠢᠭᠡᠯᠡᠯᠭᠡ ᠦᠭ᠌ᠬᠦ᠎ᠪᠠᠨ ᠵᠤᠭ᠍ᠰᠤᠭᠠᠬᠤ ᠦᠵᠡᠭ᠌ᠳᠡᠯ ᠭᠠᠷᠬᠤ᠎ᠠᠴᠠ ᠵᠠᠢᠯᠠᠰᠭᠢᠨ᠎ᠡ᠃ ᠲᠦᠷᠦ᠍᠎ᠶ᠋ᠢᠨ ᠪᠤᠳᠤᠯᠭ᠎ᠠ ᠎ᠶ᠋ᠢᠨ ᠴᠢᠨᠠᠷᠲᠠᠶ᠂ ᠨᠡᠭᠡᠭᠡᠨ ᠬᠥᠭ᠌ᠵᠢᠭᠦᠯᠬᠦ᠌ ᠴᠢᠨᠠᠷᠲᠠᠶ ᠮᠥᠩᠭᠦᠨ ᠭᠦᠢᠯᠭᠡᠭᠡᠨ ᠎ᠤ ᠦᠢᠯᠡᠳᠦᠯ ᠎ᠢ ᠰᠠᠢᠲᠤᠷ ᠪᠠᠳᠠᠷᠠᠭᠤᠯᠤᠨ᠎ᠠ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠭᠠᠢᠯᠢ᠎ᠶ᠋ᠢᠨ ᠶᠠᠪᠤᠳᠠᠯ᠂ ᠪᠣᠭᠤᠮᠲᠠ᠂ ᠴᠠᠬᠢᠯᠭᠠᠨ ᠬᠦᠴᠦᠨ ᠵᠡᠷᠭᠡ ᠨᠢᠭᠡᠴᠢ ᠪᠣᠯᠤᠨ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠮᠡᠳᠡᠭᠡ ᠵᠠᠩᠭᠢ ᠎ᠶ᠋ᠢ ᠬᠤᠯᠪᠣᠨ ᠨᠡᠪᠲᠡᠷᠡᠭᠦᠯᠬᠦ᠌᠎ᠶ᠋ᠢ ᠲᠦᠷᠭᠡᠳᠭᠡᠨ᠂ ᠵᠠᠰᠠᠭ᠎ᠤᠨ ᠣᠷᠳᠣᠨ ᠎ᠤ ᠴᠢᠨᠠᠷᠲᠠᠶ ᠪᠡᠯᠡ ᠲᠣᠬᠢᠷᠠᠭᠤᠯᠭ᠎ᠠ᠎ᠶ᠋ᠢᠨ ᠳᠠᠭᠠᠭᠠᠯᠲᠠ᠎ᠶ᠋ᠢᠨ ᠵᠢᠵᠢᠭ ᠪᠢᠴᠢᠯ ᠠᠵᠤ ᠠᠬᠤᠢᠯᠠᠯ᠎ᠢ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠪᠡᠯᠡ ᠲᠣᠬᠢᠷᠠᠭᠤᠯᠭ᠎ᠠ᠎ᠶ᠋ᠢᠨ ᠰᠠᠢᠨ ᠰᠠᠢᠬᠠᠨ ᠠᠮᠢ ᠠᠬᠤᠶ᠎ᠶ᠋ᠢ ᠴᠢᠷᠮᠠᠢᠨ ᠪᠤᠢ ᠪᠣᠯᠭᠠᠵᠤ᠂ ᠪᠤᠳᠠᠳᠤ ᠴᠤᠭ᠍ᠴᠠ ᠎ᠶ᠋ᠢᠨ ᠠᠵᠤ ᠠᠬᠤᠢ᠌ᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢᠯᠠᠯ ᠎ᠤᠨ ᠪᠡᠯᠡ ᠲᠣᠬᠢᠷᠠᠭᠤᠯᠭ᠎ᠠ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠠᠵᠢᠯ ᠎ᠢ ᠤᠯᠠᠮ ᠨᠢᠭᠡ ᠠᠯᠬᠤᠮ ᠠᠬᠢᠭᠤᠯᠤᠨ᠎ᠠ᠃

ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠶ᠋ᠢ ᠠᠬᠢᠭᠤᠯᠤᠨ᠎ᠠ᠃ ᠴᠠᠬᠢᠯᠭᠠᠨ ᠱᠢᠯᠵᠢᠭᠦᠯᠦᠨ ᠬᠠᠩᠭᠠᠬᠤ ᠭᠤᠭ᠍ᠴᠣᠭᠠᠨ᠎ᠳᠠᠬᠢ ᠵᠦᠢ ᠵᠣᠬᠢᠰ ᠦᠭᠡᠢ᠎ᠪᠠᠷ ᠦᠨ᠎ᠡ ᠨᠡᠮᠡᠬᠦ᠌᠎ᠶ᠋ᠢ ᠢᠯᠭᠠᠷᠠᠭᠤᠯᠦᠨ ᠲᠢᠭ᠌ᠯᠡᠵᠦ᠍᠂ ᠣᠷᠣᠨ ᠨᠤᠲᠤᠭ᠎ᠤᠨ᠎ᠬᠢᠨ᠎ᠤ ᠣᠨᠴᠠᠭᠠᠶ ᠬᠦᠴᠢᠷᠳᠡᠯ ᠲᠠᠢ ᠠᠵᠢᠯ ᠲᠥᠷᠥᠯ᠎ᠤᠨ ᠴᠠᠬᠢᠯᠭᠠᠨ ᠬᠡᠷᠡᠭ᠌ᠯᠡᠬᠦ᠌᠎ᠳᠤ ᠱᠠᠲᠤ ᠦᠶᠡᠴᠢ ᠴᠢᠨᠠᠷᠲᠠᠶ ᠬᠠᠷᠠᠭᠠᠯᠵᠠᠯ ᠎ᠤᠨ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌᠎ᠶ᠋ᠢ ᠳᠠᠮᠵᠢᠨ᠎ᠠ᠃ ᠲᠣᠮᠣ ᠬᠡᠯᠪᠡᠷᠢ᠎ᠶ᠋ᠢᠨ ᠲᠠᠪᠴᠠᠩ᠎ᠤᠨ ᠠᠵᠤ ᠠᠬᠤᠢᠯᠠᠯ᠎ᠢ ᠬᠥᠲᠥᠯᠥᠨ ᠵᠢᠯᠣᠭᠤᠳᠴᠤ᠌ ᠰᠦᠢᠳᠭᠡᠯ ᠬᠤᠷᠢᠶᠠᠯᠲᠠ᠎ᠶ᠋ᠢ᠎ᠨᠢ ᠪᠠᠭᠤᠷᠠᠭᠤᠯᠤᠨ᠂ ᠳᠤᠮᠳᠠ ᠵᠢᠵᠢᠭ ᠬᠤᠳᠠᠯᠳᠤᠭᠠᠨ᠎ᠤ ᠡᠷᠤᠭᠡ ᠎ᠶ᠋ᠢᠨ ᠳᠠᠷᠤᠭᠠᠰᠤ ᠎ᠶ᠋ᠢ ᠬᠥᠩᠭᠡᠷᠡᠭᠦᠯᠦᠨ᠎ᠡ᠃ ᠠᠵᠢᠯ ᠲᠥᠷᠥᠯ᠎ᠤᠨ ᠨᠡᠢᠭᠡᠮᠯᠢᠭ ᠬᠤᠳᠠᠯᠳᠤᠭᠠᠴᠢᠳ᠎ᠤᠨ ᠡᠪᠯᠡᠯ᠂ ᠵᠠᠭᠤᠴᠢ ᠪᠠᠢᠭᠤᠯᠤᠮᠵᠢ ᠵᠡᠷᠭᠡ᠎ᠶ᠋ᠢᠨ ᠰᠦᠢᠳᠭᠡᠯ ᠬᠤᠷᠢᠶᠠᠯᠲᠠ᠎ᠶ᠋ᠢ ᠤᠯᠠᠮ ᠨᠢᠭᠡ ᠠᠯᠬᠤᠮ ᠡᠮᠬᠢᠯᠡᠨ ᠵᠢᠷᠤᠮᠵᠢᠭᠤᠯᠤᠨ᠎ᠠ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠲᠣᠭ᠍ᠲᠠᠭᠠᠯ᠎ᠠᠴᠠ ᠵᠥᠷᠢᠴᠡᠭ᠌ᠰᠡᠨ ᠰᠦᠢᠳᠭᠡᠯ ᠬᠤᠷᠢᠶᠠᠯᠲᠠ᠎ᠳᠤ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠬᠠᠮᠵᠢᠯᠴᠠᠨ ᠵᠠᠰᠠᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠳᠤᠷ᠎ᠠ᠎ᠪᠠᠷ᠎ᠢᠶᠠᠨ ᠰᠦᠢᠳᠭᠡᠯ ᠬᠤᠷᠢᠶᠠᠬᠤ᠂ ᠳᠤᠷ᠎ᠠ᠎ᠪᠠᠷ᠎ᠢᠶᠠᠨ ᠵᠣᠭᠤᠰ᠎ᠢᠶᠠᠷ ᠲᠣᠷᠭᠠᠬᠤ᠂ ᠳᠤᠷ᠎ᠠ᠎ᠪᠠᠷ᠎ᠢᠶᠠᠨ ᠲᠡᠰᠭᠡᠨ ᠲᠠᠲᠠᠪᠤᠷᠢᠯᠠᠬᠤ᠎ᠶ᠋ᠢ ᠡᠷᠡᠰ ᠪᠠᠢᠴᠠᠭᠠᠨ ᠱᠢᠢᠳᠪᠦᠷᠢᠯᠡᠨ᠎ᠡ᠃ ᠳᠤᠮᠳᠠ ᠵᠢᠵᠢᠭ ᠠᠵᠤ ᠠᠬᠤᠢᠯᠠᠯ᠎ᠤᠨ ᠠᠪᠴᠠᠭᠠᠨ᠎ᠤ ᠵᠤᠭᠤᠰ᠎ᠢ ᠥᠷᠢᠲᠦᠬᠦ᠌᠎ᠶ᠋ᠢ ᠢᠯᠭᠠᠷᠠᠭᠤᠯᠤᠨ ᠲᠢᠭ᠌ᠯᠡᠬᠦ᠌ ᠡᠷᠴᠢᠮ᠎ᠢ ᠴᠢᠩᠭᠠᠷᠠᠭᠤᠯᠤᠨ᠂ ᠬᠤᠳᠠᠯᠳᠤᠭᠠᠨ ᠎ᠤ ᠭᠤᠪᠢᠭᠤᠯᠭ᠎ᠠ ᠳᠠᠭᠠᠭᠠᠬᠤ ᠭᠤᠪᠢᠭᠤᠯᠭ᠎ᠠ ᠎ᠶ᠋ᠢᠨ ᠬᠠᠭᠤᠳᠠᠰᠤ᠎ᠶ᠋ᠢᠨ ᠬᠡᠷᠡᠭ᠌ᠯᠡᠯᠲᠡ᠎ᠶ᠋ᠢ ᠵᠢᠷᠤᠮᠵᠢᠭᠤᠯᠬᠤ ᠬᠡᠷᠡᠭ᠌ᠲᠡᠢ᠂ ᠪᠠᠢᠭᠤᠯᠭ᠎ᠠ᠂ ᠠᠵᠢᠯ ᠦᠢᠯᠡᠰ᠎ᠤᠨ ᠨᠢᠭᠡᠴᠢ ᠪᠣᠯᠤᠨ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠳ ᠲᠦᠷᠦᠭᠦᠯᠡᠨ ᠥᠷᠢ ᠦᠭ᠌ᠴᠡᠭᠡ᠎ᠪᠠᠨ ᠢᠯᠭᠠᠷᠠᠭᠤᠯᠤᠨ ᠲᠦᠯᠦᠭᠦ᠌ ᠬᠡᠷᠡᠭ᠌ᠲᠡᠶ᠃ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭ᠌ᠯᠡᠨ ᠬᠤᠳᠠᠯᠳᠤᠬᠤ᠂ ᠵᠢᠭᠤᠯᠴᠢᠯᠠᠯ᠂ ᠠᠶᠠᠨᠴᠢᠳ᠎ᠤᠨ ᠲᠡᠭᠡᠭᠡᠪᠦᠷᠢ ᠵᠡᠷᠭᠡ ᠠᠵᠢᠯ ᠲᠥᠷᠥᠯ᠎ᠤᠨ ᠠᠵᠢᠯ ᠣᠯᠭᠤᠯᠲᠠ᠎ᠶ᠋ᠢᠨ ᠪᠠᠭ᠍ᠲᠠᠭᠠᠮᠵᠢ ᠶᠡᠭᠡ᠂ ᠬᠢᠵᠢᠭ᠎ᠤᠨ ᠨᠥᠯᠥᠭᠡ ᠬᠦᠨᠳᠦ ᠪᠤᠯᠬᠤᠷ ᠡᠯ᠎ᠡ ᠵᠦᠢᠯ᠎ᠤᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠳᠡᠨ᠎ᠤ ᠲᠡᠢᠰᠢ ᠬᠡᠯᠪᠠᠢᠯᠭᠡᠵᠦ᠍᠂ ᠡᠳᠡᠭᠡᠷ ᠠᠵᠢᠯ ᠲᠥᠷᠥᠯ᠎ᠤᠨ ᠠᠵᠤ ᠠᠬᠤᠢᠯᠠᠯ᠎ᠤᠨ ᠬᠦᠴᠢᠷ᠎ᠢ ᠳᠠᠪᠠᠵᠤ ᠪᠡᠷᠬᠡᠱᠢᠶᠡᠯ᠎ᠢ ᠲᠤᠭᠤᠯᠬᠤ ᠪᠠ ᠳᠠᠪᠱᠢᠬᠤ ᠬᠠᠷᠠᠯᠲᠠ᠎ᠲᠠᠢ ᠪᠤᠯᠬᠤ᠎ᠶ᠋ᠢ ᠳᠡᠮᠵᠢᠬᠦ᠌ ᠬᠡᠷᠡᠭ᠌ᠲᠡᠶ᠃

ᠠᠵᠢᠯ᠎ᠣᠯᠭᠤᠯᠲᠠ᠎ᠶ᠋ᠢ᠎ᠲᠣᠭ᠍ᠲᠠᠭᠤᠨ᠎ᠪᠠᠢᠯᠭᠠᠬᠤ᠎ᠠᠷᠭ᠎ᠠ ᠬᠡᠮᠵᠢᠶ᠎ᠡ᠎ᠶ᠋ᠢ ᠪᠤᠳᠠᠳᠠᠢ ᠪᠦᠭᠡᠳ ᠨᠠᠷᠢᠯᠢᠭ ᠨᠠᠢᠳᠠᠪᠤᠷᠢᠵᠢᠭᠤᠯᠤᠨ᠎ᠠ᠃ ᠠᠵᠢᠯ ᠠᠯᠳᠠᠯᠲᠠ ᠪᠠ ᠠᠵᠢᠯ᠎ᠠᠴᠠ ᠪᠣᠯᠤᠭ᠍ᠰᠠᠨ ᠭᠡᠮᠲᠦᠯ᠎ᠤᠨ ᠳᠠᠭᠠᠳᠭᠠᠯ᠎ᠤᠨ ᠵᠠᠷᠤᠳᠠᠯ᠎ᠤᠨ ᠨᠤᠷᠮ᠎ᠠ᠎ᠶ᠋ᠢ ᠪᠠᠭᠤᠷᠠᠭᠤᠯᠬᠤ ᠵᠡᠷᠭᠡ ᠠᠵᠢᠯ ᠣᠯᠭᠤᠯᠲᠠ᠎ᠶ᠋ᠢ ᠲᠣᠭ᠍ᠲᠠᠭᠤᠨ ᠪᠠᠢᠯᠭᠠᠬᠤ ᠱᠠᠳᠤ ᠦᠶᠡᠴᠢ ᠴᠢᠨᠠᠷᠲᠠᠶ ᠲᠦᠷᠦ᠍ ᠎ᠶ᠋ᠢᠨ ᠪᠤᠳᠤᠯᠭ᠎ᠠ ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃ ᠠᠵᠢᠯᠲᠠᠨ ᠎ᠢᠶᠠᠨ ᠬᠠᠰᠤᠬ᠍ᠰᠠᠨ ᠦᠭᠡᠢ ᠪᠤᠶᠤ ᠠᠵᠢᠯᠳᠠᠨ᠎ᠢᠶᠠᠨ ᠴᠦᠭᠡᠨ ᠬᠠᠰᠤᠬ᠍ᠰᠠᠨ ᠠᠵᠤ ᠠᠬᠤᠢᠯᠠᠯ᠎ᠳᠤ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠠᠯᠳᠠᠯᠲᠠ᠎ᠶ᠋ᠢᠨ ᠳᠠᠭᠠᠳᠭᠠᠯ᠎ᠢ ᠪᠤᠴᠠᠭᠠᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠳᠤᠮᠳᠠ ᠵᠢᠵᠢᠭ ᠪᠢᠴᠢᠯ ᠠᠵᠤ ᠠᠬᠤᠢᠯᠠᠯ᠎ᠳᠤ ᠪᠤᠴᠠᠭᠠᠬᠤ ᠬᠠᠷᠢᠴᠠᠯ᠎ᠢ ᠢᠯᠡᠳᠲᠡ ᠳᠡᠭᠡᠭ᠌ᠰᠢᠯᠡᠭᠦᠯᠦᠨ᠎ᠡ᠃ ᠡᠨᠡ ᠵᠢᠯ᠎ᠤᠨ ᠶᠡᠭᠡ ᠳᠡᠭᠡᠳᠦ ᠰᠤᠷᠭᠠᠭᠤᠯᠢ ᠲᠡᠭᠦᠰᠭᠦ ᠰᠤᠷᠤᠭ᠍ᠴᠢᠳ 1000 ᠲᠦᠮᠡᠨ ᠬᠥᠮᠦᠨ᠎ᠢ ᠳᠠᠪᠠᠭ᠍ᠤ ᠪᠤᠯᠬᠤᠷ ᠠᠵᠢᠯ ᠣᠯᠭᠤᠬᠤ ᠪᠠ ᠠᠳᠠᠯ ᠦᠢᠯᠡᠰ ᠴᠣᠭ᠍ᠴᠠᠯᠠᠬᠤ ᠵᠢᠯᠤᠭᠤᠳᠤᠯᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠲᠠᠰᠤᠯᠳᠠᠯ ᠦᠭᠡᠢ ᠦᠢᠯᠡᠴᠢᠯᠡᠬᠦ᠌ ᠦᠢᠯᠡᠴᠢᠯᠡᠭᠡ᠎ᠪᠠᠨ ᠴᠢᠩᠭᠠᠳᠭᠠᠬᠤ ᠬᠡᠷᠡᠭ᠌ᠲᠡᠶ᠃ ᠴᠡᠷᠢᠭ᠎ᠤᠨ ᠠᠯᠪᠠ᠎ᠠᠴᠠ ᠪᠠᠭᠤᠭ᠍ᠰᠠᠳ᠎ᠢ ᠲᠥᠪᠬᠢᠨᠡᠭᠦᠯᠬᠦ᠌ ᠪᠠ ᠠᠵᠢᠯ ᠣᠯᠭᠤᠬᠤ ᠪᠠᠲᠤᠯᠠᠭ᠎ᠠ᠎ᠶ᠋ᠢ ᠰᠠᠢᠲᠤᠷ ᠬᠢᠵᠦ᠍᠂ ᠬᠥᠯᠥᠰᠥᠨ ᠠᠵᠢᠯᠴᠢᠨ᠎ᠳᠤ ᠠᠵᠢᠯ ᠣᠯᠭᠤᠬᠤ᠎ᠶ᠋ᠢ ᠠᠬᠢᠭᠤᠯᠵᠤ᠂ ᠵᠡᠮᠳᠡᠭ᠌ᠴᠦᠳ ᠪᠠ ᠠᠵᠢᠯ ᠣᠯᠤᠭ᠍ᠰᠠᠨ ᠬᠥᠮᠦᠨ ᠦᠭᠡᠢ ᠭᠡᠷ ᠪᠦᠯᠢ᠎ᠶ᠋ᠢᠨ ᠪᠦᠷᠢᠯᠳᠦᠬᠦᠨ᠎ᠢ ᠬᠠᠪᠰᠤᠷᠤᠨ ᠲᠡᠳᠬᠦᠵᠦ᠍ ᠠᠵᠢᠯ ᠣᠯᠭᠤᠨ᠎ᠠ᠃ ᠪᠥᠬᠦᠳᠡ ᠤᠯᠠᠨ᠎ᠢᠶᠠᠷ᠎ᠢᠶᠠᠨ ᠠᠳᠠᠯ ᠦᠢᠯᠡᠰ ᠴᠣᠭ᠍ᠴᠠᠯᠠᠵᠤ ᠲᠦᠮᠡᠨ ᠤᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠠᠳᠠᠯ ᠦᠢᠯᠡᠰ ᠴᠣᠭ᠍ᠴᠠᠯᠠᠵᠤ ᠱᠢᠨ᠎ᠡ᠎ᠶ᠋ᠢ ᠡᠭᠦᠳᠬᠦ᠌ ᠲᠠᠪᠴᠠᠩ᠎ᠤᠨ ᠦᠢᠯᠡᠴᠢᠯᠡᠭᠡᠨ᠎ᠤ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠠᠮᠢᠳᠤᠯᠢᠭ ᠠᠵᠢᠯ ᠤᠯᠭᠤᠯᠳᠠ᠎ᠶᠢᠨ ᠦᠢᠯᠡᠴᠢᠯᠡᠭᠡ᠎ᠵᠢ ᠴᠢᠩᠭᠠᠳᠬᠠᠨ᠂ ᠠᠮᠢᠳᠤᠯᠢᠭ ᠠᠵᠢᠯ ᠣᠯᠭᠤᠯᠲᠠ ᠎ᠶ᠋ᠢᠨ ᠨᠡᠢᠭᠡᠮ ᠎ᠤᠨ ᠪᠠᠲᠤᠯᠠᠭ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ ᠪᠠᠢᠳᠠᠯ᠎ᠤᠨ ᠠᠵᠢᠯ ᠮᠡᠷᠭᠡᠵᠢᠯ᠎ᠤᠨ ᠬᠦᠨᠦᠬᠡᠯ᠎ᠤᠨ ᠪᠠᠲᠤᠯᠠᠭ᠎ᠠ᠎ᠶ᠋ᠢᠨ ᠲᠤᠷᠱᠢᠯᠲᠠ᠎ᠶ᠋ᠢ ᠥᠷᠨᠢᠭᠦᠯᠦᠨ᠎ᠡ᠃ ᠬᠦᠢᠰᠦ᠂ ᠨᠠᠰᠤ ᠵᠢᠯ᠂ ᠰᠤᠷᠤᠯᠭ᠎ᠠ᠎ᠶᠢᠨ ᠨᠠᠮᠳᠠᠷ ᠵᠡᠷᠭᠡ ᠠᠵᠢᠯ ᠣᠯᠭᠤᠯᠲᠠ᠎ᠶ᠋ᠢᠨ ᠭᠠᠳᠠᠭᠤᠷᠴᠢᠯᠠᠯ᠎ᠢ ᠡᠷᠡᠰ ᠰᠡᠷᠭᠡᠢᠯᠡᠨ ᠵᠠᠯᠠᠷᠠᠭᠤᠯᠵᠤ᠂ ᠡᠷᠬᠡ ᠲᠡᠭᠰᠢ ᠠᠵᠢᠯ ᠤᠯᠭᠤᠯᠳᠠ᠎ᠶᠢᠨ ᠤᠷᠴᠢᠨ ᠨᠦᠬᠦᠴᠡᠯ᠎ᠢ ᠶᠡᠬᠡ ᠪᠡᠷ ᠪᠤᠢ ᠪᠤᠯᠭᠠᠨ᠎ᠠ᠃ ᠬᠦᠳᠡᠯᠮᠦᠷᠢ᠎ᠶᠢᠨ ᠪᠠᠳᠤᠯᠠᠭ᠎ᠠ᠎ᠵᠢᠨ ᠬᠢᠨᠠᠨ ᠪᠠᠢᠴᠠᠭᠠᠯᠳᠠ᠎ᠶᠢᠨ ᠬᠠᠥᠯᠢ ᠬᠡᠷᠡᠭᠵᠢᠬᠦᠯᠦᠯᠳᠡ᠎ᠵᠢ ᠴᠢᠩᠭᠠᠳᠬᠠᠨ᠂ ᠬᠥᠳᠡᠯᠮᠦᠷᠢᠴᠢᠨ᠎ᠤ ᠬᠠᠤᠯᠢ ᠶᠣᠰᠣᠨ ᠎ᠤ ᠡᠷᠬᠡ ᠠᠱᠢᠭ ᠎ᠢ ᠬᠤᠬᠢᠷᠠᠭᠤᠯᠬᠤ ᠲᠤᠪᠤᠢᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠡ᠃ ᠤᠯᠠᠨ ᠨᠡᠢᠲᠡ᠎ᠶ᠋ᠢᠨ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠬᠠᠨᠳᠤᠯᠭᠠᠲᠤ ᠴᠢᠨᠠᠷ᠎ᠢ ᠴᠢᠩᠭᠠᠳᠭᠠᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠶᠡᠭᠡ ᠬᠡᠪᠴᠢᠶᠡᠨ᠎ᠤ ᠪᠣᠯᠪᠠᠰᠤᠷᠠᠭᠤᠯᠤᠯ᠎ᠢ ᠦᠷᠭᠦᠯᠵᠢᠯᠡᠨ ᠥᠷᠨᠢᠭᠦᠯᠵᠦ᠍᠂ ᠨᠢᠭᠡ ᠪᠦᠯᠦᠭ ᠣᠯᠠᠨ ᠨᠡᠢᠲᠡ᠎ᠶ᠋ᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠨ᠎ᠡ᠃ ᠠᠵᠢᠯ ᠠᠯᠳᠠᠭ᠍ᠰᠠᠳ᠎ᠤᠨ ᠳᠠᠭᠠᠳᠭᠠᠯ᠎ᠤᠨ ᠰᠠᠭᠤᠷᠢ ᠮᠥᠩᠭᠦ᠎ᠶ᠋ᠢ 1000 ᠳ᠋ᠦᠩᠱᠢᠭᠤᠷ ᠲᠥᠭᠦᠷᠢᠭ ᠬᠡᠷᠡᠭ᠌ᠯᠡᠨ ᠠᠵᠢᠯ ᠎ᠤᠨ ᠪᠠᠢᠷᠢ ᠎ᠶ᠋ᠢ ᠲᠣᠭ᠍ᠲᠠᠪᠤᠷᠢᠵᠢᠭᠤᠯᠬᠤ ᠪᠠ ᠪᠣᠯᠪᠠᠰᠤᠷᠠᠭᠤᠯᠬᠤ᠎ᠶ᠋ᠢ ᠳᠠᠮᠵᠢᠵᠤ᠂ ᠦᠢᠯᠡᠳᠬᠦ᠌ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠴᠢᠮ ᠬᠡᠷᠡᠭ᠌ᠰᠡᠬᠦ᠌ ᠴᠢᠳᠠᠪᠤᠷᠢᠲᠠᠨ ᠎ᠢ ᠲᠦᠷᠭᠡᠯᠡᠨ ᠬᠥᠮᠦᠵᠢᠭᠦᠯᠵᠦ᠍᠂ ᠨᠠᠩ ᠣᠯᠠᠨ ᠬᠥᠳᠡᠯᠮᠦᠷᠢᠴᠢᠨ᠎ᠳᠤ ᠨᠢᠭᠡ ᠵᠦᠢᠯ᠎ᠤᠨ ᠤᠷ᠎ᠠ ᠮᠡᠷᠭᠡᠵᠢᠯ ᠡᠵᠡᠮᠱᠢᠭᠦᠯᠵᠦ᠍᠂ ᠠᠵᠢᠯ ᠲᠦᠷᠦᠯ ᠪᠦᠬᠦᠨ᠎ᠢ ᠴᠦᠮ ᠴᠢᠳᠠᠪᠤᠷᠢᠳᠠᠨ ᠲᠠᠰᠤᠷᠠᠯᠲᠠ ᠦᠭᠡᠢ ᠴᠤᠯᠭᠤᠷᠠᠨ ᠭᠠᠷᠬᠤ ᠪᠤᠯᠭᠠᠨ᠎ᠠ᠃

(ᠭᠤᠷᠪᠠ) ᠥᠭᠡᠷᠡᠴᠢᠯᠡᠯᠲᠡ᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ ᠎ᠤᠨ ᠠᠮᠢᠵᠢᠷᠠᠯ ᠎ᠤᠨ ᠬᠦᠴᠦᠨ ᠪᠠ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠭ᠌ᠴᠢ ᠬᠦᠴᠦᠨ ᠎ᠢ ᠨᠡᠩ ᠶᠡᠭᠡ᠎ᠪᠠᠷ ᠬᠥᠭ᠌ᠵᠢᠭᠡᠨ᠎ᠡ᠃ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠤᠨ ᠬᠠᠷᠢᠴᠠᠭ᠎ᠠ ᠎ᠶ᠋ᠢ ᠰᠠᠢᠲᠤᠷ ᠱᠢᠢᠳᠪᠦᠷᠢᠯᠡᠨ᠂ ᠵᠠᠬ᠎ᠠ ᠳᠡᠯᠭᠡᠭᠦᠷ᠎ᠢ ᠡᠬᠢ ᠪᠠᠶᠠᠯᠢᠭ ᠎ᠤᠨ ᠲᠣᠬᠢᠷᠠᠭᠤᠯᠤᠯᠲᠠ ᠎ᠶ᠋ᠢᠨ ᠳᠤᠮᠳᠠ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ᠎ᠤᠨ ᠤᠷᠳᠤᠨ ᠎ᠤ ᠦᠢᠯᠡᠳᠦᠯ ᠎ᠢ ᠨᠡᠩ ᠰᠠᠢᠳᠤᠷ ᠪᠠᠳᠠᠷᠠᠭᠤᠯᠵᠤ᠂ ᠥᠨᠳᠥᠷ ᠲᠦᠪᠱᠢᠨ᠎ᠤ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠤᠨ᠎ᠠ᠃

ᠵᠠᠰᠠᠭ᠎ᠤᠨ ᠣᠷᠳᠣᠨ᠎ᠤ ᠡᠬᠦᠷᠭᠡ ᠴᠢᠳᠠᠪᠤᠷᠢ᠎ᠶ᠋ᠢ ᠲᠦᠷᠭᠡᠯᠡᠨ ᠬᠤᠪᠢᠷᠠᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠰᠠᠢᠲᠤᠷ ᠠᠳᠭᠤᠵᠤ᠂ ᠪᠦᠬᠦ᠌ ᠤᠯᠤᠰ᠎ᠤᠨ ᠨᠢᠭᠡᠳᠦᠯᠲᠡᠶ ᠲᠤᠮᠤ ᠵᠠᠬ᠎ᠠ ᠳᠡᠯᠭᠡᠭᠦᠷ᠎ᠢ ᠲᠦᠷᠭᠡᠯᠡᠨ ᠪᠠᠢᠭᠤᠯᠤᠨ᠎ᠠ᠃ ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠬ᠍ᠰᠠᠨ ᠣᠯᠠᠨ ᠤᠯᠤᠰᠴᠢᠯᠠᠭ᠍ᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠪᠠᠢᠭᠤᠯᠬᠤ᠎ᠲᠠᠢ ᠤᠶᠠᠯᠳᠤᠭᠤᠯᠤᠨ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠭᠦᠯᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠬᠦᠴᠦᠨ ᠥᠬᠡᠶ ᠪᠣᠯᠭᠠᠬᠤ ᠪᠠ ᠳᠣᠷᠣᠭ᠍ᠰᠢ ᠪᠠᠭᠤᠯᠭᠠᠬᠤ ᠬᠢᠨᠠᠨ ᠵᠥᠪᠱᠢᠶᠡᠷᠡᠬᠦ᠌ ᠵᠦᠢᠯᠡᠰ᠎ᠲᠤ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ᠎ᠶ᠋ᠢ ᠵᠡᠷᠭᠡ᠎ᠳᠤᠨᠢ ᠨᠠᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠎ᠢ ᠦᠷᠭᠦᠯᠵᠢᠯᠡᠨ ᠥᠷᠭᠡᠳᠭᠡᠨ᠎ᠡ᠃ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠵᠦᠢᠯᠡᠰ᠎ᠤᠨ ᠲᠣᠳᠣᠷᠬᠠᠶ ᠬᠠᠭᠤᠳᠠᠰᠤ᠎ᠶ᠋ᠢᠨ ᠬᠠᠮᠢᠶᠠᠷᠤᠯᠲᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠦᠨ᠎ᠡ᠃ ᠳ᠋ᠢᠵᠢᠲ᠋ᠠᠯ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠡᠯ᠎ᠡ ᠲᠥᠷᠥᠯ᠎ᠤᠨ ᠭᠡᠷᠡᠴᠢᠯᠠᠯ᠎ᠢ ᠤᠯᠠᠮ ᠨᠢᠭᠡ ᠠᠯᠬᠤᠮ ᠪᠠᠭᠠᠰᠭᠠᠵᠤ᠂ 《ᠮᠤᠵᠢ ᠠᠯᠤᠰᠯᠠᠨ ᠬᠦᠢᠴᠡᠳᠭᠡᠬᠦ᠌》 ᠬᠡᠪᠴᠢᠶ᠎ᠡ᠎ᠶ᠋ᠢ ᠥᠷᠭᠡᠳᠭᠡᠵᠦ᠍᠂ ᠡᠯᠧᠺᠲᠷᠣᠨ ᠭᠡᠷᠡᠴᠢ ᠦᠨᠡᠮᠯᠡᠯ ᠎ᠤᠨ ᠬᠠᠷᠢᠯᠴᠠᠨ ᠨᠡᠪᠲᠡᠷᠡᠵᠦ᠍ ᠬᠠᠷᠢᠯᠴᠠᠨ ᠮᠡᠳᠡᠷᠡᠬᠦ᠌ ᠎ᠶ᠋ᠢ ᠦᠨᠳᠦᠰᠦᠨ ᠎ᠳᠡᠭᠡᠨ ᠪᠡᠶᠡᠯᠡᠭᠦᠯᠵᠦ᠍᠂ ᠠᠵᠤ ᠠᠬᠤᠢᠯᠠᠯ᠎ᠤᠨ ᠣᠷᠣᠨ ᠪᠦᠰᠡ ᠠᠯᠤᠰᠯᠠᠭ᠍ᠰᠠᠨ ᠡᠵᠡᠩᠨᠡᠯᠲᠡ᠎ᠳᠤ ᠳᠥᠭᠦᠮ ᠦᠵᠡᠭᠦᠯᠵᠦ᠍᠂ ᠤᠯᠠᠨ ᠲᠦᠮᠡᠨ᠎ᠤ ᠠᠩᠬᠠᠷᠴᠤ᠌ ᠪᠠᠢᠭ᠎ᠠ ᠵᠦᠢᠯᠡᠰ᠎ᠢ ᠣᠨᠳᠣᠤ ᠭᠠᠵᠠᠷ᠎ᠲᠤ ᠱᠢᠢᠳᠪᠦᠷᠢᠯᠡᠬᠦ᠌ ᠠᠰᠠᠭᠤᠳᠠᠯ᠎ᠢ ᠲᠦᠷᠭᠡᠯᠡᠨ ᠱᠢᠢᠳᠪᠦᠷᠢᠯᠡᠨ᠎ᠡ᠃ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ ᠎ᠢ ᠲᠥᠪᠯᠡᠷᠡᠭᠦᠯᠦᠨ ᠭᠦᠢᠴᠡᠳᠭᠡᠬᠦ᠌᠎ᠶ᠋ᠢ ᠠᠬᠢᠭᠤᠯᠵᠤ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠳᠠ᠂ ᠲᠡᠷᠭᠡ ᠬᠥᠰᠭᠡ᠎ᠶ᠋ᠢᠨ ᠱᠢᠯᠭᠠᠨ ᠬᠡᠮᠵᠢᠯᠳᠠ᠎ᠶ᠋ᠢ ᠱᠢᠯᠢᠳᠡᠭ᠌ᠵᠢᠬᠦᠯᠬᠦ᠌ ᠵᠡᠷᠭᠡ ᠠᠷᠠᠳ᠎ᠲᠤ ᠲᠥᠬᠦᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠠ᠃ ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠠᠵᠢᠯ ᠲᠥᠷᠥᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠶ᠎ᠠ ᠤᠷᠤᠨ᠎ᠤ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭ᠍ᠳᠠᠬᠤ᠎ᠶ᠋ᠢ ᠰᠡᠷᠭᠡᠢᠯᠡᠨ ᠬᠤᠷᠢᠭ᠍ᠯᠠᠨ᠎ᠠ᠃ ᠪᠦᠬᠦ᠌ ᠲᠠᠯ᠎ᠠ᠎ᠶ᠋ᠢᠨ᠂ ᠣᠯᠠᠨ ᠳᠡᠰ ᠳᠠᠪᠬᠤᠷᠭ᠎ᠠ᠎ᠶ᠋ᠢᠨ᠂ ᠪᠡᠶᠡᠳᠦᠴᠢᠯᠡᠭ᠌ᠰᠡᠨ ᠬᠢᠨᠠᠯᠳᠠ ᠬᠠᠮᠢᠶᠠᠷᠤᠯᠳᠠ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠵᠤ᠂ ᠭᠡᠷᠡᠭ᠎ᠠᠴᠠ ᠡᠮᠦᠨᠡᠬᠢ ᠭᠡᠷᠡᠭ᠎ᠤᠨ ᠲᠤᠮᠳᠠᠬᠢ ᠪᠠ ᠭᠡᠷᠡᠭ᠎ᠤᠨ ᠳᠠᠷᠠᠭᠠᠬᠢ ᠪᠥᠬᠦ᠌ ᠬᠡᠯᠬᠢᠶ᠎ᠠ ᠪᠥᠬᠦ᠌ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠤᠣᠯᠳᠠᠯᠭ᠎ᠠ᠎ᠲᠠᠢ ᠬᠦᠷᠢᠶ᠎ᠡ᠂ ᠱᠢᠨ᠎ᠡ᠎ᠪᠠᠷ ᠪᠤᠢ ᠪᠤᠯᠤᠭ᠍ᠰᠠᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠤ ᠬᠢᠨᠠᠯᠲᠠ ᠬᠠᠮᠢᠶᠠᠷᠤᠯᠲᠠ᠎ᠶ᠋ᠢᠨ ᠳᠦᠷᠢᠮᠯᠠᠯ ᠎ᠢ ᠱᠠᠯᠠᠪᠳᠠᠨ ᠲᠡᠭᠦᠯᠳᠡᠷᠵᠢᠭᠦᠯᠵᠦ᠍᠂ ᠬᠢᠨᠠᠯᠲᠠ ᠬᠠᠮᠢᠶᠠᠷᠤᠯᠲᠠ ᠎ᠶ᠋ᠢᠨ ᠠᠷᠭ᠎ᠠ᠎ᠶ᠋ᠢᠨ ᠱᠢᠨ᠎ᠡ᠎ᠶ᠋ᠢ ᠡᠭᠦᠳᠴᠤ᠌᠂ ᠬᠢᠨᠠᠯᠲᠠ ᠬᠠᠮᠢᠶᠠᠷᠤᠯᠲᠠ᠎ᠶ᠋ᠢᠨ ᠣᠨᠣᠪᠴᠢᠲᠤ ᠴᠢᠨᠠᠷ ᠪᠠ ᠪᠦᠳᠦᠮᠵᠢᠳᠦ ᠴᠢᠨᠠᠷ᠎ᠢ ᠳᠡᠭᠡᠭ᠌ᠰᠢᠯᠡᠭᠦᠯᠦᠨ᠎ᠡ᠃ ᠭᠤᠤᠯᠴᠢ ᠥᠷᠢᠰᠥᠯᠳᠦᠭᠡᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠶ᠋ᠢ ᠭᠦᠨᠵᠡᠭᠡᠶ ᠠᠬᠢᠭᠤᠯᠵᠤ᠂ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ ᠎ᠢ ᠡᠰᠡᠷᠭᠦᠴᠡᠬᠦ᠌ ᠠᠵᠢᠯ᠎ᠢ ᠴᠢᠩᠭᠠᠳᠭᠠᠵᠤ᠂ ᠲᠥᠪ ᠭᠤᠤᠯᠴᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠬᠠᠮᠠᠭᠠᠯᠠᠨ᠎ᠠ᠃

ᠤᠯᠠᠨ ᠲᠦᠷᠦᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠤᠨ᠎ᠠ᠃ ᠨᠡᠢᠭᠡᠮ ᠵᠢᠷᠤᠮ᠎ᠤᠨ ᠦᠨᠳᠦᠰᠦᠨ ᠠᠵᠤ ᠠᠬᠤᠶ᠎ᠶ᠋ᠢᠨ ᠪᠠᠢᠭᠤᠯᠤᠯ ᠎ᠢ ᠪᠠᠷᠢᠮᠲᠠᠯᠠᠨ ᠲᠡᠭᠦᠯᠳᠡᠷᠵᠢᠭᠦᠯᠵᠦ᠍᠂ 《ᠬᠤᠶᠠᠷ ᠥᠴᠦᠬᠡᠨ ᠴᠦ᠍ ᠭᠤᠢᠪᠢᠰᠢ ᠦᠭᠡᠢ》 ᠪᠠᠢᠬᠤ᠎ᠶ᠋ᠢ ᠪᠠᠷᠢᠮᠲᠠᠯᠠᠨ᠎ᠠ᠃ ᠬᠦᠷᠦᠩᠭᠡ᠎ᠶ᠋ᠢᠨ ᠣᠨᠴᠠᠯᠢᠭ ᠪᠠ ᠠᠵᠢᠯᠯᠠᠭᠠᠨ᠎ᠤ ᠵᠢᠮ᠎ᠡ ᠶᠣᠰᠣ᠎ᠶ᠋ᠢ ᠵᠥᠪ ᠲᠠᠨᠢᠨ ᠡᠵᠡᠮᠱᠢᠵᠦ᠍᠂ ᠬᠦᠷᠦᠩᠭᠡ᠎ᠶ᠋ᠢᠨ ᠵᠢᠷᠤᠮᠵᠢᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠳᠡᠮᠵᠢᠬᠦ᠌ ᠪᠠ ᠬᠥᠲᠥᠯᠥᠨ ᠵᠢᠯᠣᠭᠤᠳᠭᠤ ᠬᠡᠷᠡᠭ᠌ᠲᠡᠶ᠃ ᠠᠵᠤ ᠠᠬᠤᠢᠯᠠᠯ᠎ᠤᠨ ᠥᠮᠴᠢᠯᠡᠬᠦ᠌ ᠡᠷᠬᠡ᠂ ᠪᠡᠶ᠎ᠠ᠎ᠪᠠᠨ ᠲᠠᠭᠠᠭᠠᠵᠤ ᠡᠵᠡᠩᠨᠡᠬᠦ᠌ ᠡᠷᠬᠡ ᠪᠠ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠡᠷᠬᠡ ᠲᠡᠭ᠌ᠰᠢ᠎ᠪᠠᠷ ᠬᠠᠮᠠᠭᠠᠯᠠᠵᠤ᠂ ᠡᠯ᠎ᠡ ᠲᠦᠷᠦᠯ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠷᠢᠰᠥᠯᠳᠦᠨ ᠬᠥᠭ᠌ᠵᠢᠬᠦ᠌ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭᠠᠨ ᠎ᠤ ᠡᠭᠦᠷᠭᠡ ᠎ᠶ᠋ᠢ ᠪᠡᠶᠡᠯᠡᠭᠦᠯᠵᠦ᠍᠂ ᠤᠯᠤᠰ᠎ᠤᠨ ᠥᠮᠴᠢᠯᠡᠯ᠎ᠤᠨ ᠠᠵᠤ ᠠᠬᠤᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠣᠬᠢᠷᠠᠭᠤᠯᠬᠤ᠎ᠶ᠋ᠢ ᠲᠦᠷᠭᠡᠳᠭᠡᠵᠦ᠍᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠨ ᠭᠤᠤᠯ ᠬᠠᠷᠢᠭᠤᠴᠠᠯᠭ᠎ᠠ ᠭᠤᠤᠯ ᠠᠵᠢᠯ᠎ᠳᠠᠭᠠᠨ ᠠᠩᠬᠠᠷᠤᠯ᠎ᠢᠶᠠᠨ ᠲᠥᠪᠯᠡᠷᠡᠭᠦᠯᠬᠦ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ ᠎ᠶ᠋ᠢᠨ ᠬᠡᠯᠬᠢᠶ᠎ᠡ᠎ᠶ᠋ᠢᠨ ᠲᠤᠯᠭᠠᠭᠤᠷᠢᠯᠠᠬᠤ ᠪᠠ ᠳᠠᠢᠴᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠠᠷᠠᠳ᠎ᠤᠨ ᠡᠵᠡᠩᠨᠡᠭ᠌ᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠲᠥᠷᠥ ᠎ᠶ᠋ᠢᠨ ᠪᠣᠳᠣᠯᠭ᠎ᠠ ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠣᠷᠢᠬ᠍ᠵᠢᠭᠤᠯᠤᠨ ᠬᠥᠲᠥᠯᠥᠨ ᠵᠢᠯᠣᠭᠤᠳᠴᠤ᠌᠂ ᠵᠠᠰᠠᠭ᠎ᠤᠨ ᠤᠷᠳᠤᠨ ᠪᠠ ᠬᠤᠳᠠᠯᠳᠤᠭᠠᠴᠢᠨ᠎ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠤᠨ᠎ᠠ᠃ ᠠᠵᠤ ᠠᠬᠤᠢᠯᠠᠯᠲᠠᠨ ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠵᠤ ᠠᠬᠤᠢᠯᠠᠯ᠎ᠳᠤ ᠬᠤᠯᠪᠣᠭ᠍ᠳᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠠᠬᠤ᠎ᠳᠠᠭᠠᠨ ᠵᠠᠬ᠎ᠠ ᠳᠡᠯᠭᠡᠭᠦᠷ᠎ᠤᠨ ᠪᠡᠶᠡᠴᠢ ᠴᠤᠭ᠍ᠴᠠ᠎ᠶ᠋ᠢᠨ ᠰᠠᠨᠠᠯ ᠎ᠢ ᠢᠯᠡᠭᠦᠬᠡᠨ ᠰᠣᠨᠣᠰᠴᠤ᠌᠂ ᠵᠠᠬ᠎ᠠ ᠳᠡᠯᠭᠡᠭᠦᠷ᠎ᠤᠨ ᠵᠢᠮ᠎ᠡ ᠶᠤᠰᠤ ᠵᠢ ᠬᠦᠨᠳᠦᠳᠭᠡᠵᠦ᠂ ᠠᠵᠤ ᠠᠬᠤᠢᠯᠠᠯᠲᠠᠨ᠎ᠤ ᠠᠩᠬᠠᠷᠤᠯ᠎ᠢᠶᠠᠨ ᠲᠦᠪᠯᠡᠷᠡᠬᠦᠯᠦᠨ ᠠᠳᠠᠯ ᠦᠢᠯᠡᠰ ᠴᠣᠭ᠍ᠴᠠᠯᠠᠵᠤ ᠱᠢᠨ᠎ᠡ᠎ᠶ᠋ᠢ ᠡᠭᠦᠳᠬᠦ᠌ ᠪᠠ ᠰᠡᠳᠭᠢᠯ ᠠᠮᠤᠷ ᠡᠵᠡᠩᠨᠡᠵᠦ᠍ ᠬᠦᠭ᠌ᠵᠢᠬᠦ᠌᠎ᠶ᠋ᠢ ᠳᠡᠮᠵᠢᠬᠦ᠌ ᠬᠡᠷᠡᠭ᠌ᠲᠡᠶ᠃

ᠡᠳ᠋᠎ᠤᠨ ᠵᠠᠰᠠᠭ ᠭᠠᠢᠯᠢ ᠮᠥᠩᠭᠦᠨ ᠭᠦᠢᠯᠭᠡᠭᠡᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠲᠥᠰᠦᠪ᠎ᠤᠨ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠲᠥᠰᠦᠪ᠎ᠤᠨ ᠬᠢᠵᠠᠭᠠᠷᠯᠠᠬᠤ ᠬᠦᠴᠦᠨ ᠪᠠ ᠢᠯᠡ ᠲᠣᠳᠣ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠦᠨ᠎ᠡ᠃ ᠮᠤᠵᠢ ᠎ᠠᠴᠠ ᠳᠣᠷᠣᠭ᠍ᠰᠢᠬᠢ ᠡᠳ᠋᠎ᠤᠨ ᠵᠠᠰᠠᠭ᠎ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠭᠠᠢᠯᠢ ᠲᠠᠲᠠᠪᠤᠷᠢ᠎ᠶ᠋ᠢ ᠲᠠᠲᠠᠪᠤᠷᠢᠯᠠᠨ ᠬᠠᠮᠢᠶᠠᠷᠬᠤ ᠲᠦᠷᠢᠮ᠎ᠢ ᠲᠡᠭᠦᠯᠳᠡᠷᠵᠢᠭᠦᠯᠵᠦ᠍᠂ ᠭᠠᠢᠯᠢ᠎ᠶ᠋ᠢ ᠳᠠᠷᠤᠵᠤ ᠭᠠᠢᠯᠢ ᠮᠡᠬᠡᠯᠡᠨ ᠠᠪᠬᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠭᠦᠨ᠎ᠡ᠃ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠤᠨ᠎ᠠ᠃ ᠳᠤᠮᠳᠠ ᠵᠢᠵᠢᠭ ᠪᠠᠩᠬᠢ᠎ᠶ᠋ᠢᠨ ᠰᠲ᠋ᠣᠺ ᠎ᠤᠨ ᠡᠷᠬᠡ᠎ᠶ᠋ᠢᠨ ᠪᠦᠲᠦᠴᠡ ᠪᠠ ᠺᠣᠮᠫᠠᠨᠢ᠎ᠶ᠋ᠢᠨ ᠵᠠᠰᠠᠯᠲᠠ ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠷᠡᠭᠦᠯ ᠪᠤᠰᠤ ᠡᠳ᠋ ᠬᠦᠷᠦᠩᠭᠡ᠎ᠶ᠋ᠢ ᠱᠢᠢᠳᠪᠦᠷᠢᠯᠡᠬᠦ᠌᠎ᠶ᠋ᠢ ᠲᠦᠷᠭᠡᠳᠭᠡᠨ᠎ᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠪᠡᠯᠡ ᠲᠤᠬᠢᠷᠠᠭᠤᠯᠭ᠎ᠠ᠎ᠶ᠋ᠢ ᠳᠡᠮᠵᠢᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠰᠲ᠋ᠣᠺ ᠲᠠᠷᠬᠠᠭᠠᠬᠤ ᠲᠠᠩᠰᠠᠯᠠᠯᠳᠠ᠎ᠶ᠋ᠢᠨ ᠲᠦᠷᠢᠮ ᠎ᠢ ᠪᠦᠬᠦ᠌ ᠲᠠᠯ᠎ᠠ ᠎ᠪᠠᠷ ᠬᠡᠷᠡᠭ᠌ᠵᠢᠭᠦᠯᠵᠦ᠍᠂ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃

(ᠲᠦᠷᠪᠡ) ᠱᠢᠨ᠎ᠡ᠎ᠶ᠋ᠢ ᠡᠭᠦᠳᠬᠦ᠌᠎ᠪᠠᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠪᠣᠳᠠᠲᠤ ᠴᠣᠭ᠍ᠴᠠ ᠎ᠶ᠋ᠢᠨ ᠠᠵᠤ ᠠᠬᠤᠶ ᠎ᠶ᠋ᠢᠨ ᠰᠠᠭᠤᠷᠢ ᠎ᠶ᠋ᠢ ᠪᠠᠬᠢᠵᠢᠭᠦᠯᠦᠨ ᠪᠤᠵᠠᠭᠠᠢᠷᠠᠭᠤᠯᠤᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠠᠵᠤ ᠦᠢᠯᠡᠰ᠎ᠤᠨ ᠱᠢᠯᠢᠳᠡᠭ᠌ᠵᠢᠨ ᠳᠡᠰ ᠳᠡᠪᠱᠢᠬᠦ᠌᠎ᠶ᠋ᠢ ᠠᠬᠢᠭᠤᠯᠵᠤ᠂ ᠬᠠᠩᠭᠠᠯᠭ᠎ᠠ᠎ᠶ᠋ᠢ ᠬᠢᠵᠠᠭᠠᠷᠯᠠᠵᠤ ᠪᠠᠢᠭ᠎ᠠ ᠲᠦᠭ᠌ᠵᠢᠷᠡᠯ ᠎ᠢ ᠱᠢᠪᠲᠤᠯᠵᠤ᠂ ᠱᠢᠨ᠎ᠡ᠎ᠶ᠋ᠢ ᠡᠭᠦᠳᠬᠦ᠌᠎ᠳᠤ ᠲᠦᠱᠢᠭ᠌ᠯᠡᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃

ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠠᠭᠤᠷᠢ ᠰᠤᠳᠤᠯᠭᠠᠨ ᠎ᠤ ᠠᠷᠪᠠᠨ ᠵᠢᠯ ᠎ᠤᠨ ᠲᠥᠯᠥᠪᠵᠢᠭᠦᠯᠭᠡ ᠎ᠶ᠋ᠢ ᠬᠡᠷᠡᠭ᠌ᠵᠢᠭᠦᠯᠵᠦ᠍᠂ ᠤᠷᠳᠤ ᠬᠤᠭᠤᠴᠠᠭᠠᠨ᠎ᠤ ᠲᠣᠭ᠍ᠲᠠᠭᠤᠨ ᠳᠡᠮᠵᠢᠯᠭᠡ ᠎ᠶ᠋ᠢ ᠴᠢᠩᠭᠠᠳᠭᠠᠵᠦ᠂ ᠰᠠᠭᠤᠷᠢ ᠰᠤᠳᠤᠯᠭᠠᠨ᠎ᠤ ᠵᠠᠷᠤᠳᠠᠯ᠎ᠤᠨ ᠪᠦᠬᠦ ᠨᠡᠢᠭᠡᠮ᠎ᠤᠨ ᠰᠤᠳᠤᠯᠭᠠᠨ᠎ᠤ ᠵᠠᠷᠤᠳᠠᠯ ᠎ᠳᠡᠬᠢ ᠡᠵᠡᠯᠡᠬᠦ ᠬᠠᠷᠢᠴᠠᠯ᠎ᠢ ᠳᠡᠭᠡᠭᠰᠢᠯᠡᠬᠦᠯᠦᠨ᠎ᠡ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠠᠢᠭᠤᠯᠤᠯ᠎ᠤᠨ ᠥᠭᠡᠷᠡᠴᠢᠯᠡᠯᠲᠡ ᠎ᠶ᠋ᠢᠨ ᠭᠤᠷᠪᠠᠨ ᠵᠢᠯ᠎ᠤᠨ ᠪᠡᠷᠭᠡ ᠰᠡᠳᠦᠪ᠎ᠢ ᠱᠢᠢᠳᠪᠤᠷᠢᠯᠡᠬᠦ᠌ ᠲᠥᠰᠦᠯ ᠎ᠢ ᠬᠡᠷᠡᠭ᠌ᠵᠢᠭᠦᠯᠵᠦ᠍᠂ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠳᠭᠠᠵᠤ᠂ ᠤᠯᠤᠰ᠎ᠤᠨ ᠲᠤᠷᠱᠢᠯᠲᠠ᠎ᠶ᠋ᠢᠨ ᠲᠠᠰᠤᠭ ᠪᠠ ᠪᠦᠬᠦ᠌ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ ᠎ᠶ᠋ᠢᠨ ᠲᠠᠰᠤᠭ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ ᠎ᠶ᠋ᠢ ᠠᠬᠢᠭᠤᠯᠵᠤ᠂ ᠴᠢᠬᠤᠯᠠ ᠶᠡᠭᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠦᠰᠦᠯ᠎ᠤᠨ ᠰᠡᠳᠦᠪ ᠲᠣᠭ᠍ᠲᠠᠭᠠᠬᠤ ᠪᠠ ᠬᠠᠮᠢᠶᠠᠷᠬᠤ ᠠᠷᠭ᠎ᠠ ᠮᠠᠶᠢᠭ᠎ᠢ ᠦᠭᠡᠷᠡᠴᠢᠯᠡᠨ ᠰᠠᠢᠵᠢᠷᠠᠭᠤᠯᠵᠦ᠂ ᠰᠢᠨᠵᠢᠯᠡᠬᠦ ᠤᠬᠠᠭᠠᠨ ᠮᠡᠷᠭᠡᠵᠢᠯ᠎ᠤᠨ ᠬᠢᠨᠠᠨ ᠰᠢᠯᠭᠠᠵᠦ ᠤᠷᠮᠠᠰᠢᠭᠤᠯᠬᠤ ᠲᠦᠷᠢᠮ᠎ᠤᠨ ᠦᠭᠡᠷᠡᠴᠢᠯᠡᠯᠳᠡ ᠵᠢ ᠬᠦᠨᠵᠡᠭᠡᠢᠷᠡᠭᠦᠯᠦᠨ᠎ᠡ᠃ ᠡᠯ᠎ᠡ ᠭᠠᠵᠠᠷ᠎ᠤᠨ᠎ᠬᠢᠨ ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠲᠤᠰ ᠲᠤᠰ᠎ᠤᠨ ᠣᠨᠴᠠᠯᠢᠭ ᠪᠦᠬᠦᠢ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢ ᠳᠡᠮᠵᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ᠋ ᠲᠦᠭᠡᠮᠡᠯᠵᠢᠭᠦᠯᠬᠦ ᠎ᠵᠢ ᠴᠢᠩᠭᠠᠳᠬᠠᠨ᠎ᠠ᠃ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠠᠮᠲᠤᠷᠠᠯᠴᠠᠭ᠎ᠠ᠎ᠶ᠋ᠢ ᠠᠬᠢᠭᠤᠯᠤᠨ᠎ᠠ᠃ ᠳᠡᠯᠡᠬᠡᠶ᠎ᠶ᠋ᠢᠨ ᠴᠢᠬᠤᠯᠠ ᠴᠢᠳᠠᠪᠤᠷᠢᠲᠠᠨ᠎ᠤ ᠲᠥᠪ ᠪᠠ ᠱᠢᠨ᠎ᠡ᠎ᠶ᠋ᠢ ᠡᠭᠦᠳᠬᠦ᠌ ᠥᠨᠳᠦᠷᠯᠢᠭ ᠭᠠᠵᠠᠷ᠎ᠢ ᠲᠦᠷᠭᠡᠯᠡᠨ ᠪᠠᠢᠭᠤᠯᠵᠤ᠂ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ ᠎ᠶ᠋ᠢ ᠲᠡᠭᠦᠯᠳᠡᠷᠵᠢᠭᠦᠯᠵᠦ᠍᠂ ᠰᠢᠨᠵᠢᠯᠡᠬᠦ ᠤᠬᠠᠭᠠᠨᠳᠡᠨ᠎ᠤ ᠵᠤᠷᠢᠭ ᠰᠠᠨᠠᠭ᠎ᠠ ᠵᠢ ᠪᠠᠳᠠᠷᠠᠭᠤᠯᠵᠦ᠂ ᠵᠠᠯᠠᠭᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠡᠯ᠎ᠡ ᠲᠦᠷᠦᠯ᠎ᠤᠨ ᠴᠢᠳᠠᠪᠤᠷᠢᠲᠠᠨ᠎ᠢ ᠨᠢᠭᠡ ᠰᠡᠳᠭᠢᠯ᠎ᠢᠶᠠᠷ ᠱᠢᠮᠳᠠᠨ ᠰᠤᠳᠤᠯᠵᠤ᠂ ᠡᠷᠳᠡᠮ ᠴᠢᠳᠠᠪᠤᠷᠢ᠎ᠪᠠᠨ ᠪᠦᠷᠢᠨ ᠪᠠᠳᠠᠷᠠᠭᠤᠯᠬᠤ ᠪᠣᠯᠭᠠᠨ᠎ᠠ᠃

ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ ᠡᠷᠴᠢᠮ᠎ᠢ ᠴᠢᠩᠭᠠᠷᠠᠭᠤᠯᠤᠨ᠎ᠠ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠤᠶᠠᠯᠳᠤᠭᠤᠯᠬᠤ᠎ᠶ᠋ᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠤᠨ ᠦᠷ᠎ᠡ ᠪᠦᠳᠦᠭᠡᠯ ᠢ᠋ ᠤᠯᠠᠷᠢᠭᠤᠯᠬᠤ ᠵᠢ ᠠᠬᠢᠭᠤᠯᠤᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ ᠪᠠ ᠬᠡᠷᠡᠭ᠌ᠯᠡᠯᠲᠡ᠎ᠶ᠋ᠢ ᠴᠢᠩᠭᠠᠳᠭᠠᠨ᠎ᠠ᠃ ᠠᠳᠠᠯ ᠦᠢᠯᠡᠰ ᠴᠣᠭ᠍ᠴᠠᠯᠠᠬᠤ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠮᠥᠩᠭᠦᠨ ᠭᠦᠢᠯᠭᠡᠭᠡᠨ ᠎ᠤ ᠦᠢᠯᠡᠳᠬᠦᠨ ᠪᠠ ᠦᠢᠯᠡᠴᠢᠯᠡᠭᠡ᠎ᠶ᠋ᠢᠨ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠵᠠᠭᠤᠴᠢ ᠦᠢᠯᠡᠴᠢᠯᠡᠭᠡᠨ᠎ᠤ ᠲᠤᠰᠭᠠᠢᠵᠢᠭ᠍ᠰᠠᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠰᠤᠳᠤᠯᠤᠨ ᠨᠡᠭᠡᠭᠡᠬᠦ᠌ ᠵᠠᠷᠤᠳᠠᠯ᠎ᠢ ᠨᠡᠮᠡᠨ ᠪᠤᠳᠤᠵᠤ ᠰᠠᠭᠤᠯᠭᠠᠨ ᠬᠠᠰᠤᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢᠶᠠᠨ ᠴᠢᠩᠭᠠᠷᠠᠭᠤᠯᠤᠨ᠂ ᠱᠢᠨᠵᠢᠯᠡᠬᠦ᠌ ᠤᠬᠠᠭᠠᠨ ᠮᠡᠷᠭᠡᠵᠢᠯ ᠎ᠤᠨ ᠬᠡᠯᠪᠡᠷᠢ᠎ᠶ᠋ᠢᠨ ᠳᠤᠮᠳᠠ ᠵᠢᠵᠢᠭ ᠠᠵᠤ ᠠᠬᠤᠢᠯᠠᠯ᠎ᠤᠨ ᠨᠡᠮᠡᠨ ᠪᠤᠳᠤᠵᠤ ᠰᠠᠭᠤᠯᠭᠠᠨ ᠬᠠᠰᠤᠬᠤ ᠬᠠᠷᠢᠴᠠᠯ᠎ᠢ 75% ᠪᠠᠢᠬ᠍ᠰᠠᠨ᠎ᠠᠴᠠ 100% ᠪᠣᠯᠳᠡᠯ᠎ᠠ ᠲᠡᠭᠡᠭ᠌ᠰᠢᠯᠡᠬᠦᠯᠵᠤ᠂ᠠᠵᠤ ᠠᠬᠤᠢᠯᠠᠯ᠎ᠤᠨ ᠰᠠᠭᠤᠷᠢ ᠰᠤᠳᠤᠯᠭᠠᠨ᠎ᠤ ᠣᠷᠣᠭᠤᠯᠤᠯᠲᠠ ᠎ᠳᠤ ᠭᠠᠢᠯᠢ ᠲᠠᠳᠠᠪᠤᠷᠢ᠎ᠶ᠋ᠢᠨ ᠬᠠᠷᠠᠭᠠᠯᠵᠠᠯ ᠦᠵᠡᠭᠦᠯᠵᠤ᠂ ᠲᠥᠬᠦᠭᠡᠷᠦᠮᠵᠢ ᠪᠠᠭᠠᠵᠢ ᠬᠡᠷᠡᠭ᠌ᠰᠡᠯ᠎ᠤᠨ ᠡᠯᠡᠭ᠌ᠳᠡᠯ᠎ᠢ ᠲᠦᠷᠭᠡᠳᠭᠡᠬᠦ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠤᠨ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠬᠠᠷᠠᠭᠠᠯᠵᠠᠯ ᠦᠵᠡᠭᠦᠯᠬᠦ᠌ ᠵᠡᠷᠭᠡ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠠ᠂ ᠡᠨᠡ᠎ᠨᠢ ᠤᠯᠤᠰ᠎ᠠᠴᠠ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠳᠤ ᠶᠡᠭᠡ ᠬᠡᠪᠴᠢᠶᠡᠨ᠎ᠤ ᠪᠡᠯᠡ ᠮᠥᠩᠭᠦ᠎ᠶ᠋ᠢᠨ ᠳᠡᠮᠵᠢᠯᠭᠡ ᠦᠵᠡᠭᠦᠯᠦᠭ᠌ᠰᠡᠨ ᠶᠠᠪᠤᠳᠠᠯ ᠪᠤᠯᠬᠤ ᠶᠤᠮ᠃ ᠱᠢᠨ᠎ᠡ᠎ᠶ᠋ᠢ ᠡᠭᠦᠳᠬᠦ᠌᠎ᠶ᠋ᠢ ᠤᠷᠮᠠᠱᠢᠭᠤᠯᠬᠤ ᠡᠯ᠎ᠠ ᠲᠦᠷᠦᠯ᠎ᠤᠨ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠂ ᠱᠢᠨ᠎ᠡ ᠬᠥᠳᠡᠯᠭᠡᠭ᠌ᠴᠢ ᠡᠨᠧᠷᠭᠢ ᠎ᠶ᠋ᠢ ᠪᠤᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃

ᠦᠢᠯᠡᠳᠬᠦ᠌ ᠦᠢᠯᠡᠰ᠎ᠤᠨ ᠭᠤᠤᠯᠯᠠᠬᠤ ᠥᠷᠢᠰᠥᠯᠳᠦᠬᠦ᠌ ᠬᠦᠴᠦᠨ᠎ᠢ ᠴᠢᠩᠭᠠᠷᠠᠭᠤᠯᠤᠨ᠎ᠠ᠃ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠲᠣᠭ᠍ᠲᠠᠭᠤᠨ ᠠᠵᠢᠯᠯᠠᠭᠠᠨ ᠎ᠢ ᠠᠬᠢᠭᠤᠯᠵᠤ᠂ ᠲᠦᠭᠦᠬᠡᠶ ᠮᠠᠲ᠋ᠧᠷᠢᠶᠠᠯ᠂ ᠵᠠᠩᠭᠢᠯᠠᠭ᠎ᠠ᠎ᠶ᠋ᠢᠨ ᠰᠡᠯᠪᠢᠭ ᠲᠣᠨᠤᠭ ᠵᠡᠷᠭᠡ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠳᠠᠭᠠᠭᠤᠯᠤᠭ᠍ᠴᠢ ᠠᠵᠤ ᠠᠬᠤᠢᠯᠠᠯ ᠎ᠤᠨ ᠬᠡᠯᠬᠢᠶ᠎ᠡ ᠎ᠶ᠋ᠢ ᠪᠠᠳᠤᠯᠠᠨ ᠲᠣᠭ᠍ᠲᠠᠪᠤᠷᠢᠵᠢᠭᠤᠯᠬᠤ ᠢᠨᠵᠧᠨᠧᠷᠢᠩ ᠎ᠢ ᠬᠡᠷᠡᠭ᠌ᠵᠢᠭᠦᠯᠵᠦ᠍᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ ᠪᠠ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ᠃ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠦᠢᠯᠡᠳᠬᠦ᠌ ᠦᠢᠯᠡᠰ᠎ᠤᠨ ᠣᠷᠳᠣᠪᠳᠤᠷ ᠬᠤᠭᠤᠴᠠᠭᠠᠨ᠎ᠤ ᠵᠢᠭᠡᠯᠡᠯᠭᠡ᠎ᠶ᠋ᠢ᠎ᠨᠢ ᠨᠡᠮᠡᠭ᠌ᠳᠡᠭᠦᠯᠦᠨ᠎ᠡ᠃ ᠠᠵᠤ ᠦᠢᠯᠡᠰ᠎ᠤᠨ ᠰᠠᠭᠤᠷᠢ᠎ᠶ᠋ᠢ ᠲᠠᠬᠢᠨ ᠴᠤᠬ᠍ᠴᠠᠯᠠᠬᠤ ᠨᠢᠭᠡ ᠪᠦᠯᠦᠭ ᠢᠨᠵᠧᠨᠧᠷᠢᠩ᠎ᠤᠨ ᠲᠦᠰᠦᠯ᠎ᠢ ᠡᠬᠢᠯᠡᠭᠦᠯᠵᠦ᠍᠂ᠤᠯᠠᠮᠵᠢᠯᠠᠯᠲᠤ ᠠᠵᠤ ᠦᠢᠯᠡᠰ ᠎ᠤᠨ ᠳᠡᠰ ᠳᠡᠪᠱᠢᠬᠦ᠌᠎ᠶ᠋ᠢ ᠠᠬᠢᠭᠤᠯᠵᠤ᠂ ᠲᠡᠷᠢᠭᠦᠨ᠎ᠤ ᠦᠢᠯᠡᠳᠬᠦ᠌ ᠦᠢᠯᠡᠰ᠎ᠤᠨ ᠪᠦᠬᠡᠬᠡᠨᠡᠷᠡᠯ᠎ᠢ ᠲᠦᠷᠭᠡᠯᠡᠨ ᠬᠥᠭ᠌ᠵᠢᠭᠦᠯᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠪᠦᠬᠡᠬᠡᠨᠡᠷᠡᠯ᠎ᠤᠨ ᠢᠨᠵᠧᠨᠧᠷᠢᠩ᠎ᠢ ᠬᠡᠷᠡᠭ᠌ᠵᠢᠭᠦᠯᠦᠨ᠎ᠠ᠃ 《ᠲᠤᠰᠭᠠᠢ ᠨᠠᠷᠢᠯᠢᠬ ᠦᠪᠡᠷᠮᠢᠴᠡ ᠱᠢᠨ᠎ᠠ》 ᠠᠵᠤ ᠠᠬᠤᠢᠯᠠᠯ᠎ᠢ ᠬᠦᠴᠦᠯᠡᠨ ᠪᠤᠢᠵᠢᠭᠤᠯᠵᠤ᠂ ᠪᠡᠯᠡ ᠮᠥᠩᠭᠦ᠌᠂ ᠴᠢᠳᠠᠪᠤᠷᠢᠲᠠᠨ᠂ ᠨᠡᠪᠴᠢᠭᠦᠯᠬᠦ᠌ ᠲᠠᠪᠴᠠᠩ ᠪᠠᠢᠭᠤᠯᠬᠤ ᠵᠡᠷᠭᠡ ᠲᠠᠯ᠎ᠠ᠎ᠪᠠᠷ ᠬᠦᠴᠦᠲᠡᠶ ᠳᠡᠮᠵᠢᠯᠭᠡ ᠦᠵᠡᠭᠦᠯᠦᠨ᠎ᠡ᠃ ᠶᠠᠰᠤ ᠴᠢᠨᠠᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠠᠵᠤ ᠦᠢᠯᠡᠰ᠎ᠤᠨ ᠳᠤᠮᠳᠠ ᠳᠡᠭᠡᠳᠦ ᠳᠡᠰ ᠲᠡᠢᠰᠢ ᠳᠠᠪᠱᠢᠬᠤ᠎ᠶ᠋ᠢ ᠠᠬᠢᠭᠤᠯᠤᠨ᠎ᠠ᠃

ᠳ᠋ᠢᠵᠢᠲ᠋ᠠᠯ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃ ᠳ᠋ᠢᠵᠢᠲ᠋ᠠᠯ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠪᠠᠢᠷᠢᠯᠠᠭᠤᠯᠤᠯᠲᠠ᠎ᠶ᠋ᠢ ᠴᠢᠩᠭᠠᠳᠭᠠᠨ᠎ᠠ᠃ ᠳ᠋ᠢᠵᠢᠲ᠋ᠠᠯ ᠮᠡᠳᠡᠭᠡ ᠵᠠᠩᠭᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠪᠦᠲᠦᠭᠡᠨ ᠪᠠᠢᠭᠤᠯᠵᠤ᠂ ᠪᠦᠬᠦ ᠤᠯᠤᠰ᠎ᠤᠨ ᠨᠢᠭᠡ ᠴᠤᠬᠴᠠᠵᠢᠬᠰᠠᠨ ᠳᠤᠮᠤ ᠳ᠋ᠡᠢᠲ᠋ᠠ ᠲᠦᠪ᠎ᠤᠨ ᠳᠤᠬᠳᠠᠯᠴᠠᠭ᠎ᠠ ᠵᠢ ᠠᠭᠠᠵᠢᠮ ᠎ᠵᠢᠡᠷ ᠪᠠᠢᠭᠤᠯᠵᠦ᠂ 5G ᠎ᠶ᠋ᠢ ᠬᠡᠪᠴᠢᠶᠡᠵᠢᠬᠦᠯᠦᠨ ᠬᠡᠷᠡᠭ᠌ᠯᠡᠬᠦ᠌᠎ᠶ᠋ᠢ ᠠᠬᠢᠭᠤᠯᠵᠤ᠂ ᠠᠵᠤ ᠦᠢᠯᠡᠰ᠎ᠤᠨ ᠳ᠋ᠢᠵᠢᠲ᠋ᠠᠯᠴᠢᠯᠠᠨ ᠬᠡᠯᠪᠡᠷᠢ᠎ᠪᠠᠨ ᠬᠤᠪᠢᠷᠠᠭᠤᠯᠬᠤ ᠎ᠶ᠋ᠢ ᠠᠬᠢᠭᠤᠯᠵᠤ᠂ ᠣᠶᠤᠨᠴᠢ ᠬᠤᠲᠠ᠂ ᠳ᠋ᠢᠵᠢᠲ᠋ᠠᠯ ᠬᠥᠳᠡᠭᠡ ᠲᠣᠰᠭᠤᠨ᠎ᠢ ᠬᠥᠭ᠌ᠵᠢᠭᠦᠯᠦᠨ᠎ᠡ᠃ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶ᠎ᠡ᠎ᠶ᠋ᠢ ᠲᠦᠷᠭᠡᠯᠡᠨ ᠬᠥᠭ᠌ᠵᠢᠭᠦᠯᠵᠦ᠍᠂ ᠬᠤᠷᠠᠮᠠᠯ ᠴᠠᠬᠢᠯᠭᠠᠨ ᠬᠡᠯᠬᠢᠶ᠎ᠡ᠂ ᠵᠣᠬᠢᠶᠠᠮᠠᠯ ᠣᠶᠤᠯᠢᠬ ᠵᠡᠷᠭᠡ ᠳ᠋ᠢᠵᠢᠲ᠋ᠠᠯ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠵᠤ᠂ ᠵᠠᠩᠭᠢᠯᠠᠭ᠎ᠠ ᠎ᠶ᠋ᠢᠨ ᠵᠥᠭᠡᠯᠡᠨ ᠬᠠᠲᠠᠭᠤ ᠲᠣᠨᠤᠭ᠎ᠤᠨ ᠮᠡᠷᠭᠡᠵᠢᠯ᠎ᠤᠨ ᠱᠢᠨ᠎ᠡ ᠎ᠶ᠋ᠢ ᠡᠭᠦᠳᠬᠦ᠌ ᠪᠠ ᠬᠠᠩᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠳ᠋ᠢᠵᠢᠲ᠋ᠠᠯ ᠠᠵᠤ ᠠᠬᠤᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠵᠦ᠍᠂ ᠳ᠋ᠡᠢᠲ᠋ᠠ ᠶ᠋ᠢᠨ ᠡᠯᠧᠮᠧᠨ᠋ᠲ ᠎ᠤᠨ ᠵᠠᠬ᠎ᠠ ᠳᠡᠯᠭᠡᠭᠦᠷ ᠎ᠢ  ᠪᠤᠢᠵᠢᠭᠤᠯᠵᠦ᠂ ᠳ᠋ᠠᠢᠲ᠋ᠠ᠎ᠶ᠋ᠢᠨ ᠡᠯᠧᠮᠧᠨ᠋ᠲ᠎ᠤᠨ ᠲᠠᠯᠲᠠ ᠬᠦᠴᠦᠨ᠎ᠢ ᠪᠠᠳᠠᠷᠠᠭᠤᠯᠵᠤ᠂ ᠬᠡᠷᠡᠭᠯᠡᠯᠳᠡ ᠵᠢᠨ ᠴᠢᠳᠠᠪᠤᠷᠢ ᠵᠢ ᠳᠡᠭᠡᠭᠰᠢᠯᠡᠬᠦᠯᠵᠦ᠂ ᠠᠵᠤ ᠠᠬᠤᠢ᠎ᠶ᠋ᠢᠨ ᠬᠥᠭ᠌ᠵᠢᠯᠲᠡ᠎ᠳᠤ ᠨᠡᠩ ᠰᠠᠢᠳᠤᠷ ᠡᠨᠧᠷᠬᠢ ᠣᠯᠭᠤᠵᠤ᠂ ᠠᠷᠠᠳ᠎ᠤᠨ ᠠᠮᠢᠳᠤᠷᠠᠯ᠎ᠢ ᠪᠠᠶᠠᠯᠢᠬ᠍ᠵᠢᠭᠤᠯᠤᠨ᠎ᠠ᠃

(ᠲᠠᠪᠤ) ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ ᠪᠠ ᠱᠢᠨ᠎ᠡ ᠮᠠᠶᠢᠭ᠎ᠤᠨ ᠬᠤᠳᠠ ᠪᠠᠯᠭᠠᠰᠤᠵᠢᠯᠳᠠ᠎ᠶ᠋ᠢ ᠠᠬᠢᠭᠤᠯᠤᠨ᠎ᠠ᠃ ᠤᠯᠤᠰ ᠠᠷᠠᠳ᠎ᠤᠨ ᠠᠵᠤ ᠠᠬᠤᠶ᠎ᠶ᠋ᠢᠨ ᠣᠷᠴᠢᠯ ᠎ᠢ ᠰᠠᠭᠠᠳ ᠦᠭᠡᠢ ᠨᠡᠪᠲᠡᠷᠡᠭᠦᠯᠵᠦ᠍᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭ᠌ᠯᠡᠭᠡ᠎ᠶ᠋ᠢᠨ ᠡᠯ᠎ᠡ ᠭᠤᠭ᠍ᠴᠤᠭ᠎ᠠ᠎ᠶ᠋ᠢ ᠨᠡᠪᠲᠡᠷᠡᠭᠦᠯᠵᠦ᠍᠂ ᠠᠵᠤ ᠠᠬᠤᠶ᠎ᠶ᠋ᠢᠨ ᠨᠡᠮᠡᠭ᠌ᠳᠡᠯ᠎ᠳᠤ ᠦᠵᠡᠭᠦᠯᠬᠦ᠌ ᠳᠣᠲᠣᠭᠠᠳᠤ ᠬᠡᠷᠡᠭ᠌ᠴᠡᠭᠡ᠎ᠶ᠋ᠢᠨ ᠲᠠᠢᠴᠢᠯᠠᠬᠤ ᠬᠦᠴᠦᠨ᠎ᠢ ᠴᠢᠩᠭᠠᠷᠠᠭᠤᠯᠤᠨ᠎ᠠ᠃

ᠬᠡᠷᠡᠭ᠌ᠯᠡᠭᠡ᠎ᠶ᠋ᠢᠨ ᠦᠷᠭᠦᠯᠵᠢᠯᠡᠨ ᠰᠡᠷᠭᠦᠬᠦ᠌ ᠎ᠶ᠋ᠢ ᠠᠬᠢᠭᠤᠯᠤᠨ᠎ᠠ᠃ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠎ᠢ ᠤᠯᠠᠨ ᠠᠷᠭ᠎ᠠ ᠵᠠᠮ᠎ᠢᠶᠠᠷ ᠠᠬᠢᠭᠤᠯᠵᠤ᠂ ᠣᠷᠣᠯᠭ᠎ᠠ ᠎ᠶ᠋ᠢᠨ ᠬᠤᠪᠢᠶᠠᠷᠢᠯᠠᠯᠲᠠ ᠎ᠶ᠋ᠢᠨ ᠲᠦᠷᠢᠮ ᠎ᠢ ᠲᠡᠭᠦᠯᠳᠡᠷᠵᠢᠭᠦᠯᠵᠦ᠍᠂ ᠬᠡᠷᠡᠭ᠌ᠯᠡᠭᠡᠨ ᠎ᠤ ᠴᠢᠳᠠᠪᠤᠷᠢ ᠎ᠶ᠋ᠢ ᠳᠡᠭᠡᠭ᠌ᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭ᠌ᠯᠡᠭᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠮᠢᠳᠤᠷᠠᠯ᠎ᠤᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠰᠡᠷᠭᠦᠯᠲᠡ᠎ᠶ᠋ᠢ ᠠᠬᠢᠭᠤᠯᠵᠤ᠂ ᠬᠡᠷᠡᠭ᠌ᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠬᠥᠭ᠌ᠵᠢᠭᠦᠯᠦᠨ᠎ᠡ᠃ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠬᠡᠷᠡᠭ᠌ᠯᠡᠭᠡ᠎ᠶ᠋ᠢ ᠦᠷᠭᠦᠯᠵᠢᠯᠡᠨ ᠳᠡᠮᠵᠢᠵᠦ᠍᠂ ᠣᠷᠣᠨ ᠨᠤᠲᠤᠭ᠎ᠤᠨ᠎ᠬᠢᠨ᠎ᠤ ᠨᠤᠭᠤᠭᠠᠨ ᠤᠶᠤᠯᠢᠭ ᠭᠡᠷ᠎ᠤᠨ ᠴᠠᠬᠢᠯᠭᠠᠨ ᠬᠡᠷᠡᠭ᠌ᠰᠡᠯ᠎ᠢ ᠬᠥᠳᠡᠭᠡ ᠪᠠᠭᠤᠯᠭᠠᠬᠤ ᠪᠠ ᠬᠠᠭᠤᠴᠢᠨ ᠎ᠢᠶᠠᠷ ᠱᠢᠨ᠎ᠡ ᠎ᠶ᠋ᠢ ᠰᠣᠯᠢᠬᠤ ᠠᠵᠢᠯᠯᠠᠭ᠎ᠠ ᠦᠷᠨᠢᠬᠦᠯᠬᠦ᠌᠎ᠶ᠋ᠢ ᠵᠣᠷᠢᠬ᠍ᠵᠢᠭᠤᠯᠤᠨ᠎ᠠ᠃ ᠨᠡᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠂ ᠬᠡᠤᠬᠡᠳ ᠰᠠᠭᠠᠲᠠᠭᠤᠯᠬᠤ ᠵᠡᠷᠭᠡ᠎ᠶ᠋ᠢᠨ ᠢᠵᠢ ᠪᠦᠷᠢᠳᠦᠭᠦᠯᠬᠦ᠌ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠦ᠍᠂ ᠲᠥᠯᠥᠪᠵᠢᠭᠦᠯᠬᠦ᠂ ᠭᠠᠵᠠᠷ ᠬᠡᠷᠡᠭ᠌ᠯᠡᠬᠦ᠂ ᠭᠡᠷ ᠪᠠᠢᠱᠢᠩ ᠬᠡᠷᠡᠭ᠌ᠯᠡᠬᠦ᠌ ᠵᠡᠷᠭᠡ ᠲᠠᠯ᠎ᠠ᠎ᠪᠠᠷ ᠨᠠᠩ ᠣᠯᠠᠨ ᠳᠡᠮᠵᠢᠯᠭᠡ ᠦᠵᠡᠭᠦᠯᠦᠨ᠎ᠡ᠃ ᠭᠡᠷ ᠠᠬᠤᠶ᠎ᠶ᠋ᠢᠨ ᠦᠢᠯᠡᠴᠢᠯᠡᠭᠡᠨ᠎ᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠠᠬᠢᠭᠤᠯᠤᠨ᠎ᠠ᠃ ᠱᠢᠶᠠᠨ᠎ᠤ ᠪᠦᠰᠡ᠎ᠶ᠋ᠢᠨ ᠬᠤᠳᠠᠯᠳᠤᠭᠠᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ ᠎ᠤ ᠡᠯᠧᠺᠲᠷᠣᠨ ᠬᠤᠳᠠᠯᠳᠤᠭ᠎ᠠ ᠪᠠ ᠲᠦᠷᠭᠡᠨ ᠬᠦᠷᠭᠡᠯᠲᠡ᠎ᠶ᠋ᠢᠨ ᠪᠠᠷᠠᠭᠠᠨ᠎ᠤ ᠭᠦᠢᠯᠭᠡᠭᠡᠨ᠎ᠤ ᠲᠣᠬᠢᠷᠠᠭᠤᠯᠤᠨ ᠬᠦᠷᠭᠡᠬᠦ᠌ ᠠᠵᠢᠯ᠎ᠢ ᠬᠥᠭ᠌ᠵᠢᠭᠦᠯᠦᠨ᠎ᠡ᠃ ᠦᠢᠯᠡᠳᠬᠦᠨ ᠪᠠ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠬᠡᠷᠡᠭ᠌ᠯᠡᠭ᠌ᠴᠢᠳ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠨ᠂ ᠤᠯᠠᠨ ᠲᠦᠮᠡᠨ᠎ᠤ ᠬᠡᠷᠡᠭ᠌ᠴᠡᠭᠡ᠎ᠳᠤ ᠬᠦᠴᠦᠯᠡᠨ ᠵᠤᠬᠢᠴᠠᠭᠤᠯᠵᠤ᠂ ᠬᠡᠷᠡᠭ᠌ᠯᠡᠭᠡᠨ᠎ᠤ ᠬᠦᠰᠡᠯ᠎ᠢ᠎ᠨᠢ ᠨᠡᠮᠡᠭ᠌ᠳᠡᠭᠦᠯᠦᠨ᠎ᠠ᠃

ᠪᠦᠲᠦᠮᠵᠢᠲᠡᠶ ᠪᠡᠯᠡ ᠣᠷᠣᠭᠤᠯᠤᠯᠲᠠ᠎ᠶ᠋ᠢ ᠢᠳᠡᠪᠬᠢᠲᠡᠶ᠎ᠪᠠᠷ ᠥᠷᠭᠡᠳᠭᠡᠨ᠎ᠡ᠃ ᠤᠯᠤᠰ ᠎ᠤᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠎ᠲᠠᠢ ᠤᠶᠠᠯᠳᠤᠭᠤᠯᠤᠨ᠂ ᠰᠠᠭᠤᠷᠢ ᠲᠥᠬᠦᠭᠡᠷᠦᠮᠵᠢ᠎ᠶ᠋ᠢᠨ ᠪᠡᠯᠡ ᠣᠷᠣᠭᠤᠯᠤᠯᠲᠠ ᠎ᠶ᠋ᠢ ᠵᠣᠬᠢᠰᠲᠠᠶ ᠎ᠪᠠᠷ ᠤᠷᠢᠳᠴᠢᠯᠠᠨ ᠥᠷᠨᠢᠭᠦᠯᠦᠨ᠎ᠡ᠃ ᠭᠤᠣᠯᠳᠠᠯᠭ᠎ᠠ ᠎ᠲᠠᠢ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠂ ᠶᠡᠷᠦᠩᠬᠡᠢᠯᠡᠭ᠌ᠰᠡᠨ ᠪᠣᠰᠤᠭ᠎ᠠ ᠴᠤᠭ᠍ᠴᠠᠳᠤ ᠵᠠᠮ ᠬᠠᠷᠢᠯᠴᠠᠭᠠᠨ᠎ᠤ ᠲᠣᠣᠷ᠂ ᠴᠢᠬᠤᠯᠠ ᠡᠨᠧᠷᠭᠢ᠎ᠶ᠋ᠢᠨ ᠰᠠᠭᠤᠷᠢᠨ ᠭᠠᠵᠠᠷ ᠪᠠ ᠲᠥᠬᠦᠭᠡᠷᠦᠮᠵᠢ᠎ᠶ᠋ᠢ ᠪᠦᠲᠦᠭᠡᠨ ᠪᠠᠢᠭᠤᠯᠵᠤ᠂ ᠬᠤᠲᠠ᠎ᠶ᠋ᠢᠨ ᠱᠢᠲᠠᠮᠠᠬᠠᠶ ᠬᠡᠢ᠎ᠶ᠋ᠢᠨ ᠬᠤᠭᠤᠯᠠᠶ᠂ ᠤᠰᠤᠨ ᠬᠤᠭᠤᠯᠠᠢ ᠵᠡᠷᠭᠡ ᠬᠤᠭᠤᠯᠠᠶ ᠲᠣᠤᠷ᠎ᠢ ᠱᠢᠨᠡᠳᠭᠡᠨ ᠥᠭᠡᠷᠡᠴᠢᠯᠡᠬᠦ᠌᠎ᠶ᠋ᠢ ᠲᠦᠷᠭᠡᠳᠭᠡᠵᠦ᠍᠂ ᠦᠶᠡᠷ᠎ᠢ ᠰᠡᠷᠭᠡᠢᠯᠡᠵᠦ᠍ ᠦᠶᠡᠷ᠎ᠢ ᠵᠠᠯᠠᠬᠤ ᠲᠥᠬᠦᠭᠡᠷᠦᠮᠵᠢ᠎ᠶ᠋ᠢ ᠲᠡᠭᠦᠯᠳᠡᠷᠵᠢᠭᠦᠯᠦᠨ᠂ ᠭᠠᠵᠠᠷ ᠲᠤᠤᠷᠠᠬᠢ ᠶᠡᠷᠦᠩᠬᠡᠢᠯᠡᠭ᠌ᠰᠡᠨ ᠲᠠᠮᠵᠢᠭᠤᠯᠬᠤ ᠬᠤᠭᠤᠯᠠᠢ᠎ᠶ᠋ᠢᠨ ᠬᠤᠩᠬᠢᠯ᠎ᠤᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ᠃ ᠲᠥᠪ ᠎ᠤᠨ ᠲᠥᠰᠦᠪ ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ 6400 ᠳ᠋ᠦᠩᠱᠢᠭᠤᠷ ᠲᠥᠭᠦᠷᠢᠭ ᠲᠣᠬᠢᠷᠠᠭᠤᠯᠤᠨ᠎ᠠ᠃ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢ ᠠᠷᠠᠳ᠎ᠤᠨ ᠠᠮᠢᠳᠤᠷᠠᠯ᠎ᠤᠨ ᠲᠦᠰᠦᠯ ᠳᠠᠢᠰᠢ ᠨᠠᠩ ᠢᠯᠡᠭᠦᠤ ᠬᠡᠯᠪᠠᠢᠯᠭᠡᠵᠦ᠍᠂ ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠳᠤᠲᠠᠭᠤᠳᠠᠯ᠎ᠢ ᠨᠥᠬᠦᠪᠥᠷᠢᠯᠡᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠪᠡᠯᠡ ᠣᠷᠣᠭᠤᠯᠤᠯᠲᠠ ᠎ᠶ᠋ᠢ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠭᠠᠵᠠᠷ ᠬᠡᠷᠡᠭ᠌ᠯᠡᠬᠦ᠂ ᠡᠨᠧᠷᠭᠢ ᠬᠡᠷᠡᠭ᠌ᠯᠡᠬᠦ᠌ ᠵᠡᠷᠭᠡ ᠡᠯᠧᠮᠧᠨ᠋ᠲ᠎ᠤᠨ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠵᠦ᠍᠂ ᠤᠯᠤᠰ᠎ᠤᠨ ᠴᠢᠬᠤᠯᠠ ᠶᠡᠭᠡ ᠲᠦᠰᠦᠯ ᠎ᠳᠤ ᠡᠨᠧᠷᠭᠢ᠎ᠶ᠋ᠢᠨ ᠬᠤᠷᠣᠭ᠍ᠳᠠᠭᠤᠯᠤᠯ ᠎ᠢ ᠠᠰ᠎ᠲᠤᠨᠢ ᠵᠢᠭ᠍ᠰᠠᠭᠠᠬᠤ᠎ᠶ᠋ᠢ ᠭᠡᠷᠡᠭ᠌ᠵᠢᠬᠦᠯᠦᠨ᠎ᠠ᠃ ᠪᠡᠯᠡ ᠣᠷᠣᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠪᠡᠯᠡ ᠣᠷᠣᠭᠤᠯᠤᠯᠲᠠ᠎ᠶ᠋ᠢᠨ ᠪᠡᠷᠭᠡ ᠰᠡᠳᠦᠪ ᠎ᠢ ᠱᠢᠢᠳᠪᠦᠷᠢᠯᠡᠵᠦ᠍᠂ ᠪᠡᠯᠡ ᠣᠷᠣᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠦᠢᠯᠡᠳᠦᠯ᠎ᠢ ᠦᠨᠡᠨ ᠬᠦ᠌ ᠪᠠᠳᠠᠷᠠᠭᠤᠯᠦᠨ᠎ᠠ᠃

ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ᠎ᠢ ᠴᠢᠩᠭᠠᠳᠭᠠᠨ᠎ᠠ᠃ ᠣᠷᠣᠨ ᠪᠦᠰᠡ᠎ᠶ᠋ᠢᠨ ᠴᠢᠬᠤᠯᠠ ᠶᠡᠭᠡ ᠪᠠᠢᠯᠳᠤᠬᠤ ᠪᠤᠳᠤᠯᠭ᠎ᠠ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠭ᠍ᠰᠠᠨ ᠬᠥᠭ᠌ᠵᠢᠯᠲᠡ᠂ ᠬᠥᠬᠡᠮᠥ᠋ᠷᠡᠨ᠎ᠤ ᠠᠵᠤ ᠠᠬᠤᠢ᠎ᠶ᠋ᠢᠨ ᠪᠦᠰᠡ᠎ᠶ᠋ᠢᠨ ᠬᠥᠭ᠌ᠵᠢᠯᠲᠡ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠂ᠬᠥᠬᠡᠮᠦᠢ᠍ᠷᠡᠨ᠎ᠤ ᠭᠤᠷᠪᠠᠯᠵᠢᠨ ᠬᠤᠢᠭ᠎ᠤᠨ ᠨᠢᠭᠡ ᠴᠣᠭ᠍ᠴᠠᠵᠢᠭᠤᠯᠤᠭ᠍ᠰᠠᠨ ᠬᠥᠭ᠌ᠵᠢᠯᠳᠠ᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠱᠢᠶᠦ᠋ᠩ ᠠᠨ ᠱᠢᠨ᠎ᠡ ᠲᠣᠭᠤᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠶ ᠪᠦᠳᠦᠭᠡᠨ ᠪᠠᠢᠭᠤᠯᠵᠤ᠂ ᠪᠡᠭᠡᠵᠢᠩ᠎ᠤᠨ ᠬᠤᠳᠠ᠎ᠶ᠋ᠢᠨ ᠳᠡᠳ᠋ ᠲᠥᠪ᠎ᠤᠨ ᠪᠦᠳᠦᠭᠡᠨ ᠪᠠᠢᠭᠤᠯᠤᠯᠲᠠ᠎ᠶ᠋ᠢ ᠲᠡᠮᠵᠢᠨ᠎ᠠ᠃ ᠪᠠᠷᠠᠭᠤᠨ ᠤᠷᠤᠨ ᠢ᠋ ᠶᠡᠬᠡᠪᠡᠷ ᠨᠡᠭᠡᠭᠡᠨ ᠬᠦᠭᠵᠢᠬᠦᠯᠬᠦ ᠰᠢᠨ᠎ᠡ ᠪᠠᠢᠷᠢᠰᠢᠯ᠎ᠢ ᠪᠦᠷᠢᠯᠳᠦᠭᠦᠯᠬᠦ ᠵᠢ ᠠᠬᠢᠭᠤᠯᠵᠦ᠂ ᠵᠡᠭᠦᠨ ᠬᠤᠢᠳᠤ ᠤᠷᠤᠨ ᠎ᠢ ᠮᠠᠨᠳᠤᠭᠤᠯᠤᠨ ᠬᠦᠭᠵᠢᠬᠦᠯᠬᠦ ᠰᠢᠨ᠎ᠡ ᠰᠢᠪᠳᠤᠯᠤᠯᠳᠠ ᠤᠯᠬᠤ ᠵᠢ ᠠᠬᠢᠭᠤᠯᠵᠦ᠂ ᠳᠤᠮᠳᠠ ᠬᠡᠰᠡᠭ ᠤᠷᠤᠨ᠎ᠤ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠦ᠂ ᠵᠡᠭᠦᠨ ᠬᠡᠰᠡᠭ ᠤᠷᠤᠨ᠎ᠤ ᠤᠳᠤᠬᠢᠴᠢᠯᠠᠬᠰᠠᠨ ᠬᠦᠭᠵᠢᠯᠳᠡ ᠵᠢ ᠲᠦᠯᠬᠢᠨ ᠠᠬᠢᠭᠤᠯᠬᠤ ᠵᠢ ᠵᠤᠷᠢᠬᠵᠢᠭᠤᠯᠵᠦ᠂ ᠠᠵᠤ ᠦᠢᠯᠡᠰ᠎ᠤᠨ ᠱᠠᠲᠤᠯᠠᠭ᠍ᠰᠠᠨ ᠱᠢᠯᠵᠢᠯᠳᠠ ᠪᠠ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠲᠡᠮᠵᠢᠨ᠎ᠠ᠃ ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠎ᠤ ᠲᠦᠷᠭᠡᠯᠡᠨ ᠬᠥᠭ᠌ᠵᠢᠬᠦ᠌᠎ᠶ᠋ᠢ ᠲᠡᠮᠵᠢᠨ᠎ᠠ᠃ ᠳᠠᠯᠠᠢ ᠲᠠᠩᠭᠢᠰ᠎ᠤᠨ ᠠᠵᠤ ᠠᠬᠤᠶ᠎ᠶ᠋ᠢ ᠬᠥᠭ᠌ᠵᠢᠭᠦᠯᠵᠦ᠂ ᠳᠠᠯᠠᠢ ᠳᠠᠩᠬᠢᠰ᠎ᠤᠨ ᠬᠦᠴᠦᠷᠬᠡᠭ ᠤᠯᠤᠰ ᠢ᠋ ᠪᠦᠳᠦᠭᠡᠨ ᠪᠠᠢᠭᠤᠯᠤᠨ᠎ᠠ᠃ ᠠᠵᠤ ᠠᠬᠤᠶ᠎ᠶ᠋ᠢᠨ ᠲᠤᠮᠤ ᠮᠤᠵᠢ ᠳᠠᠪᠠᠭᠤᠯᠢᠭ ᠲᠠᠯ᠎ᠠ᠎ᠪᠠᠨ ᠭᠦᠢᠴᠡᠳ ᠪᠠᠳᠠᠷᠠᠭᠤᠯᠵᠤ᠂ ᠪᠦᠬᠦ᠌ ᠤᠯᠤᠰ᠎ᠤᠨ ᠬᠥᠭ᠌ᠵᠢᠯᠲᠡ᠎ᠳᠤ ᠦᠵᠡᠭᠦᠯᠬᠦ᠌ ᠳᠠᠢᠴᠢᠯᠠᠬᠤ ᠦᠢᠯᠡᠳᠦᠯ᠎ᠢᠶᠠᠨ ᠴᠢᠩᠭᠠᠳᠭᠠᠬᠤ ᠬᠡᠷᠡᠭ᠌ᠲᠡᠶ᠃ ᠠᠵᠤ ᠠᠬᠤᠶ ᠬᠦᠴᠢᠷᠳᠡᠯ᠎ᠲᠠᠢ ᠭᠠᠵᠠᠷ ᠣᠷᠣᠨ ᠤᠯᠤᠰ᠎ᠤᠨ ᠳᠡᠮᠵᠢᠯᠬᠡ ᠦᠵᠡᠬᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠯᠡᠵᠦ᠍᠂ ᠲᠤᠰ ᠪᠡᠶ᠎ᠡ᠎ᠶ᠋ᠢᠨ ᠳᠠᠯᠳᠠ ᠬᠦᠴᠦᠨ᠎ᠢᠶᠠᠨ ᠠᠭᠤᠳᠠᠯᠤᠨ᠂ ᠠᠵᠤ ᠠᠬᠤᠢ᠎ᠶ᠋ᠢᠨ ᠰᠡᠷᠭᠦᠯᠲᠡ ᠬᠥᠭ᠌ᠵᠢᠯᠲᠡ᠎ᠪᠠᠨ ᠴᠢᠷᠮᠠᠢᠨ ᠠᠬᠢᠭᠤᠯᠬᠤ ᠬᠡᠷᠡᠭ᠌ᠲᠡᠶ᠃

ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠬᠤᠲᠠ᠎ᠶ᠋ᠢᠨ ᠱᠢᠨᠡᠴᠢᠯᠡᠯᠲᠡ᠎ᠶ᠋ᠢ ᠡᠮᠬᠢ ᠵᠢᠷᠤᠮ᠎ᠲᠠᠢ᠎ᠪᠠᠷ ᠠᠬᠢᠭᠤᠯᠤᠨ᠂ ᠬᠤᠲᠠ᠎ᠶ᠋ᠢᠨ ᠶᠠᠪᠤᠳᠠᠯ᠎ᠤᠨ ᠲᠥᠬᠦᠭᠡᠷᠦᠮᠵᠢ ᠪᠠ ᠭᠠᠮᠱᠢᠭ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠭᠤᠴᠢᠨ ᠪᠠᠷᠢᠯᠭ᠎ᠠ ᠪᠣᠯᠤᠨ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠭᠡᠮ ᠰᠣᠭᠤᠭ᠎ᠢ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠤᠨ᠂ ᠪᠠᠰᠠ ᠨᠢᠭᠡ ᠪᠦᠯᠦᠭ ᠬᠤᠲᠠ ᠪᠠᠯᠭᠠᠰᠤᠨ᠎ᠤ ᠬᠠᠭᠤᠴᠢᠨ ᠲᠣᠭᠤᠷᠢᠭ᠎ᠢ ᠥᠭᠡᠷᠡᠴᠢᠯᠡᠨ ᠪᠠᠢᠭᠤᠯᠬᠤ ᠠᠵᠢᠯ᠎ᠢ ᠡᠬᠢᠯᠡᠬᠦᠯᠵᠤ᠂ ᠴᠠᠬᠢᠯᠭᠠᠨ ᠱᠠᠳᠤ ᠤᠬᠰᠠᠷᠠᠬᠤ ᠵᠡᠷᠭᠡ ᠲᠦᠭᠦᠭᠡᠷᠤᠮᠵᠢ ᠪᠠᠢᠭᠤᠯᠬᠤ ᠵᠢ ᠳᠡᠮᠵᠢᠵᠦ᠂ ᠰᠠᠭᠠᠳ ᠦᠭᠡᠢ ᠣᠷᠴᠢᠨ᠎ᠤ ᠪᠦᠲᠦᠭᠡᠨ ᠪᠠᠢᠭᠤᠯᠤᠯᠲᠠ ᠪᠠ ᠨᠠᠰᠤᠵᠢᠯᠲᠠ᠎ᠳᠤ ᠲᠣᠬᠢᠷᠠᠭᠤᠯᠬᠤ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠪᠠᠢᠩᠭᠤ ᠰᠠᠭᠤᠭ᠎ᠠ ᠭᠠᠵᠠᠷ᠎ᠲᠤᠨᠢ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠬᠠᠩᠭᠠᠬᠤ ᠲᠦᠷᠢᠮ᠎ᠢ ᠲᠡᠭᠦᠯᠳᠡᠷᠵᠢᠭᠦᠯᠦᠨ᠎ᠡ᠃ ᠱᠢᠶᠠᠨ᠎ᠤ ᠬᠤᠲᠠ᠎ᠶ᠋ᠢᠨ ᠰᠠᠭᠤᠷᠢ ᠲᠥᠬᠦᠭᠡᠷᠦᠮᠵᠢ ᠎ᠶ᠋ᠢᠨ ᠪᠦᠲᠦᠭᠡᠨ ᠪᠠᠢᠭᠤᠯᠤᠯᠲᠠ ᠎ᠶ᠋ᠢ ᠴᠢᠩᠭᠠᠳᠭᠠᠨ᠎ᠠ᠃ ᠬᠤᠳᠠ ᠎ᠶ᠋ᠢᠨ ᠪᠥᠭᠡᠭᠡᠨᠡᠷᠡᠯ᠂ ᠶᠡᠭᠡ ᠬᠤᠳᠠ᠎ᠶ᠋ᠢᠨ ᠴᠠᠭᠠᠷᠢᠬ᠎ᠤᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠲᠤᠮᠤ ᠳᠤᠮᠳᠠ ᠵᠢᠵᠢᠭ ᠬᠤᠳᠠ ᠪᠠ ᠵᠢᠵᠢᠭ ᠬᠤᠳᠠ ᠪᠠᠯᠭᠠᠰᠤ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃ ᠴᠸᠩᠳᠦ ᠪᠠ ᠴᠦᠩᠴᠢᠩ᠎ᠤᠨ ᠬᠤᠭᠤᠷᠤᠨᠳᠤᠬᠢ ᠤᠷᠤᠨ᠎ᠤ ᠬᠤᠤᠰ ᠬᠤᠳᠠ ᠵᠢᠨ ᠠᠵᠤ ᠠᠬᠤᠢ ᠵᠢᠨ ᠴᠠᠭᠠᠷᠢᠭ᠎ᠤᠨ ᠪᠦᠳᠦᠭᠡᠨ ᠪᠠᠢᠭᠤᠯᠤᠯᠳᠠ ᠵᠢ ᠠᠬᠢᠭᠤᠯᠵᠦ᠂ ᠱᠢᠶᠠᠨ᠎ᠢ ᠬᠠᠰᠤᠵᠤ ᠬᠤᠲᠠ ᠪᠠᠢᠭᠤᠯᠵᠦ᠍ ᠲᠤᠭᠤᠷᠢᠬ ᠭᠠᠷᠭᠠᠬᠤ᠎ᠶ᠋ᠢ ᠴᠢᠩᠭ᠎ᠠ ᠬᠢᠵᠠᠭᠠᠷᠯᠠᠨ᠎ᠠ᠃ ᠬᠤᠲᠠ ᠬᠥᠳᠡᠭᠡ᠎ᠶ᠋ᠢ ᠲᠥᠯᠥᠪᠵᠢᠭᠦᠯᠵᠦ᠍ ᠪᠦᠲᠦᠭᠡᠨ ᠪᠠᠢᠭᠤᠯᠬᠤ ᠳᠤᠮᠳᠠ ᠲᠡᠦᠬᠡ ᠰᠣᠶᠣᠯ᠎ᠢ ᠬᠠᠮᠠᠭᠠᠯᠠᠨ ᠤᠯᠠᠮᠵᠢᠯᠠᠬᠤ ᠠᠵᠢᠯ᠎ᠢ ᠰᠠᠢᠲᠤᠷ ᠬᠢᠵᠦ᠂ ᠭᠠᠵᠠᠷ ᠰᠢᠷᠤᠢ ᠵᠢ ᠲᠦᠪᠯᠡᠷᠡᠭᠦᠯᠦᠨ ᠠᠰᠢᠬᠯᠠᠨ ᠠᠷᠪᠢᠴᠢ ᠪᠡᠷ ᠠᠰᠢᠬᠯᠠᠨ᠎ᠠ᠃ ᠬᠥᠮᠦᠨ᠎ᠢᠶᠠᠷ ᠭᠤᠣᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠭᠦᠨᠵᠡᠭᠡᠶ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠶ᠃

(ᠵᠢᠷᠭᠤᠭ᠎ᠠ) ᠲᠠᠷᠢᠶᠠᠯᠠᠩ᠎ᠤᠨ ᠦᠢᠯᠡᠳᠪᠦᠷᠢᠯᠡᠯ᠎ᠢ ᠬᠦᠴᠦᠯᠡᠨ ᠰᠠᠢᠲᠤᠷ ᠠᠳᠭᠤᠵᠤ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠲᠠᠷᠢᠶᠠᠯᠠᠩ᠎ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ ᠎ᠶ᠋ᠢ ᠲᠡᠭᠦᠯᠳᠡᠷᠵᠢᠭᠦᠯᠦᠨ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ ᠎ᠤ ᠬᠥᠭ᠌ᠵᠢᠯᠲᠡ ᠎ᠶ᠋ᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠎ᠤᠨ ᠡᠯᠪᠡᠭ ᠬᠤᠷᠢᠶᠠᠯᠲᠠ ᠤᠯᠬᠤ᠂ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠬᠦᠯᠬᠦ᠌᠎ᠶ᠋ᠢ ᠠᠬᠢᠭᠤᠯᠤᠨ᠎ᠠ᠃

ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠢ ᠲᠤᠬ᠍ᠳᠠᠪᠦᠷᠢᠵᠢᠭᠤᠯᠵᠦ᠍ ᠬᠠᠩᠭᠠᠯᠭ᠎ᠠ᠎ᠶ᠋ᠢ ᠪᠠᠲᠤᠯᠠᠬᠤ᠎ᠶ᠋ᠢ ᠴᠢᠩᠭᠠᠳᠭᠠᠨ᠎ᠠ᠃ ᠠᠮᠤ ᠪᠤᠳᠠᠭ᠎ᠠ ᠲᠠᠷᠢᠬᠤ ᠲᠠᠯᠠᠪᠠᠢ᠎ᠶ᠋ᠢ ᠲᠣᠭ᠍ᠲᠠᠪᠤᠷᠢᠵᠢᠭᠤᠯᠵᠤ᠂ ᠠᠮᠤ ᠪᠤᠳᠠᠭ᠎ᠠ ᠵᠢᠨ ᠪᠦᠳᠦᠴᠡ ᠵᠢ ᠰᠢᠯᠢᠳᠡᠭᠵᠢᠭᠦᠯᠦᠨ᠂ ᠤᠷᠤᠢ᠎ᠶ᠋ᠢᠨ ᠪᠣᠭᠤᠳᠠᠶ᠎ᠳᠤ ᠴᠢᠭ᠌ᠯᠡᠭᠦᠯᠦᠨ ᠵᠤᠨ᠎ᠤ ᠠᠮᠤ ᠪᠤᠳᠠᠭᠠᠨ᠎ᠤ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠱᠢᠷ᠎ᠠ ᠪᠤᠷᠴᠠᠭ ᠪᠠ ᠲᠣᠰᠣᠯᠢᠭ ᠲᠠᠷᠢᠮᠠᠯ᠎ᠤᠨ ᠭᠠᠷᠤᠯᠳᠠ᠎ᠶ᠋ᠢ ᠨᠡᠮᠡᠭ᠌ᠳᠡᠬᠦᠯᠬᠦ᠌᠎ᠶ᠋ᠢ ᠠᠬᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ᠎ᠶ᠋ᠢᠨ ᠦᠨ᠎ᠡ᠎ᠶ᠋ᠢ ᠵᠣᠬᠢᠰᠲᠠᠶ᠎ᠪᠠᠷ ᠳᠡᠭᠡᠭ᠌ᠰᠢᠯᠡᠭᠦᠯᠦᠨ᠎ᠡ᠃ ᠬᠢᠮᠢ᠎ᠶ᠋ᠢᠨ ᠪᠣᠷᠳᠣᠭᠤᠷ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠠᠩᠭᠠᠯᠭ᠎ᠠ ᠪᠠ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠠᠮᠤ ᠪᠤᠳᠠᠭ᠎ᠠ ᠲᠠᠷᠢᠵᠤ ᠪᠠᠢᠭ᠎ᠠ ᠲᠠᠷᠢᠶᠠᠴᠢᠳ᠎ᠲᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭ᠌ᠰᠡᠯ᠎ᠤᠨ ᠨᠥᠬᠦᠪᠥᠷᠢ ᠳᠠᠬᠢᠨ ᠣᠯᠭᠤᠵᠤ᠂ ᠭᠤᠣᠯ ᠭᠠᠷᠤᠯᠲᠠ᠎ᠶ᠋ᠢᠨ ᠣᠷᠣᠨ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠲᠠᠷᠢᠶᠠᠴᠢᠳ᠎ᠢ ᠠᠮᠤ ᠪᠤᠳᠠᠭ᠎ᠠ ᠲᠠᠷᠢᠪᠠᠯ ᠵᠣᠬᠢᠰᠲᠠᠶ ᠠᠱᠢᠭ ᠣᠷᠣᠯᠭ᠎ᠠ ᠤᠯᠬᠤ ᠪᠤᠯᠭᠠᠵᠦ᠍᠂ ᠭᠤᠤᠯ ᠭᠠᠷᠤᠯᠲᠠ᠎ᠶ᠋ᠢᠨ ᠣᠷᠣᠨ᠎ᠤ ᠠᠮᠤ ᠪᠤᠳᠠᠭ᠎ᠠ᠎ᠶ᠋ᠢ ᠠᠳᠭᠤᠬᠤ ᠠᠵᠢᠯ᠎ᠢ ᠳᠣᠲᠣᠭᠠᠳᠤ ᠬᠥᠳᠡᠯᠭᠡᠭ᠌ᠴᠢ ᠬᠦᠴᠦᠨ᠎ᠲᠠᠢ ᠪᠣᠯᠭᠠᠨ᠎ᠠ᠃ 18 ᠳ᠋ᠦᠩᠱᠢᠭᠤᠷ ᠮᠦ᠍ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠪᠠᠲᠤ ᠰᠠᠬᠢᠵᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠭᠦᠢᠴᠡᠳ ᠬᠡᠮᠵᠢᠶ᠎ᠡ᠎ᠪᠠᠷ ᠪᠠᠳᠤᠳᠡᠢ ᠵᠠᠭᠠᠬ᠍ᠯᠠᠨ ᠲᠤᠬ᠍ᠳᠠᠭᠠᠵᠦ᠍᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》 ᠎ᠶ᠋ᠢ ᠦᠨᠡᠨ ᠬᠦ᠌ ᠬᠤᠷᠢᠭ᠍ᠯᠠᠵᠤ᠂ 《ᠠᠮᠤ ᠪᠤᠳᠠᠭᠠᠨ᠎ᠤ ᠪᠤᠰᠤ ᠪᠣᠯᠭᠠᠬᠤ》 ᠎ᠶ᠋ᠢ ᠰᠡᠷᠭᠡᠢᠯᠡᠨ᠎ᠡ᠃ ᠳᠤᠮᠳᠠ ᠳᠣᠤᠷ᠎ᠠ ᠤᠨᠠᠯᠲᠠᠳᠤ ᠲᠠᠷᠢᠶᠠᠨ ᠭᠠᠵᠠᠷ᠎ᠤᠨ ᠥᠭᠡᠷᠡᠴᠢᠯᠡᠯᠳᠡ᠎ᠶ᠋ᠢ ᠴᠢᠩᠭᠠᠳᠭᠠᠵᠤ᠂ 1 ᠳ᠋ᠦᠩᠱᠢᠭᠤᠷ ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠢᠨ᠎ᠡ᠎ᠪᠠᠷ ᠪᠠᠢᠭᠤᠯᠵᠤ᠂ ᠨᠢᠭᠡ ᠪᠦᠯᠦᠭ ᠲᠤᠮᠤ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠢ ᠱᠢᠨ᠎ᠡ᠎ᠪᠠᠷ ᠪᠠᠢᠭᠤᠯᠬᠤ ᠪᠠ ᠥᠭᠡᠷᠡᠴᠢᠯᠡᠨ ᠪᠠᠢᠭᠤᠯᠤᠨ᠎ᠠ᠃ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠪᠠ ᠬᠤᠵᠢᠷᠯᠢᠬ ᠭᠠᠵᠠᠷ᠎ᠢ ᠶᠡᠷᠦᠩᠬᠡᠢᠯᠡᠨ ᠠᠱᠢᠭ᠍ᠯᠠᠬᠤ ᠡᠷᠴᠢᠮ᠎ᠢ ᠴᠢᠩᠭᠠᠷᠠᠭᠤᠯᠤᠨ᠎ᠠ᠃ ᠬᠠᠳᠤᠨ ᠭᠤᠤᠯ ᠎ᠤᠨ ᠰᠠᠪᠠ ᠭᠠᠵᠠᠷ᠎ᠤᠨ ᠤᠰᠤ ᠠᠷᠪᠢᠯᠠᠬᠤ ᠳᠠᠷᠢᠶᠠᠯᠠᠩ ᠂ ᠬᠠᠭᠤᠷᠠᠢ ᠳᠠᠷᠢᠮᠠᠯ᠎ᠤᠨ ᠲᠠᠷᠢᠶᠠᠯᠠᠩ ᠢ᠋ ᠬᠦᠭᠵᠢᠬᠦᠯᠬᠦ ᠵᠢ ᠳᠡᠮᠵᠢᠵᠦ᠂ ᠭᠤᠷᠪᠠᠳᠤᠭᠠᠷ ᠤᠳᠠᠭᠠᠨ᠎ᠤ ᠪᠦᠬᠦ᠌ ᠤᠯᠤᠰ᠎ᠤᠨ ᠬᠥᠷᠥᠰᠥ᠍ ᠱᠢᠷᠣᠢ᠎ᠶ᠋ᠢᠨ ᠨᠡᠢᠳᠡᠮ ᠪᠠᠢᠴᠠᠭᠠᠯᠲᠠ᠎ᠶ᠋ᠢ ᠡᠬᠢᠯᠡᠭᠦᠯᠦᠨ᠎ᠡ᠃ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠲᠦᠷᠭᠡᠯᠡᠨ ᠠᠬᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠪᠠ ᠳᠠᠷᠢᠶᠠᠯᠠᠩ᠎ᠤᠨ ᠱᠢᠨᠵᠢᠯᠡᠬᠦ᠌ ᠤᠬᠠᠭᠠᠨ ᠮᠡᠷᠬᠡᠵᠢᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠨ᠂ ᠲᠠᠷᠢᠶᠠᠯᠠᠩ᠎ᠤᠨ ᠮᠠᠱᠢᠨ ᠲᠣᠨᠣᠭ᠍ᠯᠠᠯ᠎ᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠲᠠᠷᠢᠶᠠᠯᠠᠩ᠎ᠤᠨ ᠴᠠᠭ ᠠᠭᠤᠷ᠎ᠤᠨ ᠭᠠᠮᠱᠢᠭ᠎ᠢ ᠰᠡᠷᠭᠡᠢᠯᠡᠨ ᠬᠢᠵᠠᠭᠠᠷᠯᠠᠬᠤ ᠪᠠ ᠠᠮᠢᠲᠠᠨ ᠤᠷᠭᠤᠮᠠᠯ᠎ᠤᠨ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠭᠠᠭ᠍ᠠᠶ ᠲᠡᠵᠢᠭᠡᠬᠦ᠌ ᠦᠢᠯᠡᠳᠪᠦᠷᠢᠯᠡᠯ᠎ᠤᠨ ᠴᠢᠳᠠᠪᠤᠷᠢ᠎ᠶ᠋ᠢ ᠲᠣᠬᠢᠷᠠᠭᠤᠯᠤᠨ ᠡᠵᠡᠮᠳᠡᠬᠦ᠌᠎ᠪᠠᠨ ᠴᠢᠩᠭᠠᠳᠭᠠᠵᠤ᠂ ᠮᠠᠯ ᠵᠢᠭᠦᠷᠲᠡᠨ᠂ ᠤᠰᠤᠨ ᠭᠠᠷᠤᠯᠲᠠ᠂ ᠢᠳᠡᠱᠢᠨ ᠨᠣᠭᠤᠭ᠎ᠠ ᠵᠡᠷᠭᠡ᠎ᠶ᠋ᠢᠨ ᠦᠢᠯᠡᠳᠪᠦᠷᠢᠯᠡᠯ ᠬᠠᠩᠭᠠᠯᠭ᠎ᠠ᠎ᠶ᠋ᠢ ᠰᠠᠢᠲᠤᠷ ᠠᠳᠭᠤᠵᠦ᠂ ᠤᠳᠤᠬᠢᠴᠢᠯᠠᠬᠰᠠᠨ ᠲᠦᠭᠦᠭᠡᠷᠦᠮᠵᠢᠳᠦ ᠳᠠᠷᠢᠵᠦ ᠳᠡᠵᠢᠭᠡᠬᠦ ᠦᠢᠯᠡᠰ᠎ᠢ ᠲᠦᠷᠭᠡᠳᠭᠡᠨ ᠬᠦᠭᠵᠢᠬᠦᠯᠦᠨ᠎ᠡ᠃ ᠬᠦᠪᠦᠩ᠂ ᠨᠢᠰᠢᠩᠭᠦ ᠵᠡᠷᠭᠡ ᠵᠢᠨ ᠦᠢᠯᠡᠳᠪᠦᠷᠢᠯᠡᠯ ᠢ᠋ ᠳᠡᠮᠵᠢᠨ᠎ᠡ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠡᠯ᠎ᠡ ᠭᠠᠵᠠᠷ ᠣᠷᠣᠨ ᠴᠥᠮ ᠬᠠᠷᠢᠭᠤᠴᠠᠯᠭ᠎ᠠ᠎ᠲᠠᠢ ᠶᠤᠮ᠂ ᠠᠮᠤ ᠪᠤᠳᠠᠭ᠎ᠠ᠎ᠶ᠋ᠢ ᠱᠢᠯᠵᠢᠭᠦᠯᠦᠨ ᠣᠷᠣᠭᠤᠯᠬᠤ ᠭᠠᠵᠠᠷ ᠣᠷᠣᠨ ᠨᠡᠩ ᠴᠤ᠌ ᠠᠮᠤ ᠪᠤᠳᠠᠭᠠᠨ᠎ᠤ ᠦᠢᠯᠡᠳᠪᠦᠷᠢᠯᠡᠯ᠎ᠢᠶᠠᠨ ᠲᠣᠭ᠍ᠲᠠᠪᠤᠷᠢᠵᠢᠭᠤᠯᠬᠤ ᠬᠡᠷᠡᠭ᠌ᠲᠡᠶ᠃ ᠡᠯ᠎ᠡ ᠲᠠᠯ᠎ᠠ᠎ᠶ᠋ᠢᠨ᠎ᠬᠢᠨ ᠬᠠᠮᠲᠤ᠎ᠪᠠᠷ ᠴᠢᠷᠮᠠᠢᠵᠤ᠂ 《ᠬᠦᠨᠡᠰᠦᠨ ᠤᠭᠤᠲᠠ》 ᠎ᠪᠠᠨ ᠳᠦᠭᠦᠷᠭᠡᠨ᠂ 《ᠨᠣᠭᠤᠭᠠᠨ᠎ᠤ ᠰᠠᠭ᠍ᠰᠤ》 ᠎ᠪᠠᠨ ᠲᠡᠭᠦᠯᠳᠡᠷᠵᠢᠭᠦᠯᠵᠦ᠍᠂ ᠳᠤᠮᠳᠠᠳᠤ ᠤᠯᠤᠰ᠎ᠤᠨ 14 ᠳ᠋ᠦᠩᠱᠢᠭᠤᠷ ᠭᠠᠷᠤᠢ ᠬᠥᠮᠦᠨ᠎ᠤ ᠬᠤᠭᠤᠯᠠ ᠬᠦᠨᠡᠰᠦ᠎ᠪᠠᠨ ᠪᠡᠶ᠎ᠡ᠎ᠳᠡᠭᠡᠨ ᠲᠦᠱᠢᠭ᠌ᠯᠡᠨ ᠱᠢᠢᠳᠪᠦᠷᠢᠯᠡᠬᠦ᠌᠎ᠶ᠋ᠢ ᠪᠠᠳᠤᠯᠠᠬᠤ ᠬᠡᠷᠡᠭ᠌ᠳᠡᠢ᠃

ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠪᠠᠬᠢᠵᠢᠭᠦᠯᠦᠨ ᠥᠷᠭᠡᠳᠭᠡᠨ᠎ᠡ᠃ ᠳᠠᠬᠢᠨ ᠶᠠᠳᠠᠭᠤᠷᠠᠬᠤ᠎ᠠᠴᠠ ᠰᠡᠷᠭᠡᠢᠯᠡᠬᠦ᠌ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠦ᠍᠂ ᠬᠡᠪᠴᠢᠶᠡᠳᠤ ᠴᠢᠨᠠᠷᠲᠠᠶ ᠳᠠᠬᠢᠨ ᠶᠠᠳᠠᠭᠤᠷᠠᠯ ᠡᠭᠦᠰᠭᠦ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠶᠠᠳᠠᠭᠤ᠎ᠠᠴᠠ ᠠᠩᠭᠢᠵᠢᠷᠠᠬ᠍ᠰᠠᠨ ᠭᠠᠵᠠᠷ ᠣᠷᠣᠨ᠎ᠤ ᠤᠨᠴᠠᠯᠢᠭ᠍ᠳᠤ ᠠᠵᠤ ᠦᠢᠯᠡᠰ ᠬᠥᠭ᠌ᠵᠢᠭᠦᠯᠬᠦ᠌᠎ᠶ᠋ᠢ ᠳᠡᠮᠵᠢᠵᠦ᠍᠂ ᠬᠥᠳᠡᠯᠮᠦᠷᠢ ᠦᠢᠯᠡᠴᠢᠯᠡᠭᠡᠨ᠎ᠤ ᠬᠠᠮᠵᠢᠯᠴᠠᠭ᠎ᠠ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ ᠎ᠢ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠬ᠍ᠰᠠᠨ ᠬᠥᠮᠦᠨ ᠠᠮᠠ᠎ᠶ᠋ᠢᠨ ᠦᠷᠭᠦᠯᠵᠢᠯᠡᠨ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠬᠦᠬᠦ᠌ ᠱᠢᠶᠠᠨ᠎ᠢ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠪᠠᠨ ᠴᠢᠩᠭᠠᠳᠭᠠᠵᠤ᠂ ᠣᠨᠳᠣᠤ ᠭᠠᠵᠠᠷ ᠨᠡᠭᠦᠯᠭᠡᠭ᠌ᠰᠡᠨ᠎ᠤ ᠳᠠᠷᠠᠭᠠᠬᠢ ᠲᠡᠳᠬᠦᠨ ᠳᠡᠮᠵᠢᠬᠦ᠌ ᠠᠵᠢᠯ᠎ᠢ ᠰᠠᠢᠲᠤᠷ ᠬᠢᠵᠦ᠍᠂ ᠵᠡᠭᠦᠨ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠪᠠ ᠨᠡᠢᠭᠡᠮ᠎ᠤᠨ ᠬᠦᠴᠦᠨ᠎ᠢᠶᠠᠷ ᠬᠠᠪᠰᠤᠷᠤᠨ ᠲᠡᠳᠬᠦᠬᠦ᠌ ᠠᠵᠢᠯ᠎ᠢ ᠭᠦᠨᠵᠡᠭᠡᠢᠷᠡᠭᠦᠯᠵᠦ᠍᠂ 《ᠲᠦᠮᠡᠨ ᠠᠵᠤ ᠠᠬᠤᠢᠯᠠᠯ ᠲᠦᠮᠡᠨ ᠲᠤᠰᠬᠤᠨ᠎ᠢ ᠮᠠᠨᠳᠤᠭᠤᠯᠬᠤ》 ᠠᠵᠢᠯᠯᠠᠭ᠎ᠠ᠎ᠵᠢ ᠶᠡᠭᠡ ᠪᠡᠷ ᠬᠡᠷᠡᠭᠵᠢᠬᠦᠯᠵᠦ᠂ ᠶᠠᠳᠠᠭᠤ᠎ᠠᠴᠠ ᠠᠩᠭᠢᠵᠢᠷᠠᠬ᠍ᠰᠨᠨ ᠭᠠᠵᠠᠷ ᠣᠷᠣᠨ᠎ᠤ ᠥᠪᠡᠷ᠎ᠢ᠎ᠪᠠᠨ ᠬᠥᠭ᠌ᠵᠢᠭᠦᠯᠬᠦ᠌ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃

ᠬᠥᠳᠡᠭᠡ ᠲᠣᠰᠭᠤᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ᠎ᠪᠠᠷ ᠠᠬᠢᠭᠤᠯᠤᠨ᠎ᠠ᠃ ᠬᠤᠶᠠᠳᠤᠭᠠᠷ ᠡᠭᠡᠯᠵᠢ᠎ᠶ᠋ᠢᠨ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢ ᠬᠤᠭᠤᠴᠠᠭ᠎ᠠ᠎ᠨᠢ ᠲᠤᠯᠤᠭ᠍ᠰᠠᠨ᠎ᠤ ᠳᠠᠷᠠᠭ᠎ᠠ ᠳᠠᠬᠢᠭᠠᠳ 30 ᠵᠢᠯ ᠤᠷᠲᠤᠳᠭᠠᠬᠤ ᠪᠦᠬᠦ᠌ ᠱᠢᠶᠠᠨ᠎ᠤ ᠲᠤᠷᠱᠢᠯᠲᠠ᠎ᠶ᠋ᠢ ᠰᠠᠢᠲᠤᠷ ᠥᠷᠨᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠱᠢᠶ᠎ᠠ᠂ ᠬᠠᠮᠲᠤ᠎ᠶ᠋ᠢᠨ ᠥᠮᠴᠢᠯᠡᠯ᠎ᠤᠨ ᠡᠷᠬᠡ᠂ ᠬᠠᠮᠲᠤ᠎ᠶ᠋ᠢᠨ ᠤᠢ ᠮᠣᠳᠣᠨ᠎ᠤ ᠡᠷᠬᠡ᠂ ᠤᠯᠤᠰ᠎ᠤᠨ ᠥᠮᠴᠢᠯᠡᠯ᠎ᠤᠨ ᠱᠢᠭᠤᠢᠲᠤ ᠣᠷᠣᠨ ᠪᠠ ᠤᠢ ᠱᠢᠭᠤᠶ᠎ᠶ᠋ᠢᠨ ᠲᠠᠯᠠᠪᠠᠢ᠂ ᠲᠠᠷᠢᠶᠠᠯᠠᠩ᠎ᠤᠨ ᠠᠳᠠᠷ ᠬᠠᠭᠠᠯᠪᠤᠷᠢᠯᠠᠯᠲᠠ ᠵᠡᠷᠭᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠬᠥᠳᠡᠭᠡ ᠲᠣᠰᠭᠤᠨ᠎ᠤ ᠮᠥᠩᠭᠦᠨ ᠭᠦᠢᠯᠭᠡᠭᠡᠨ᠎ᠤ ᠦᠢᠯᠡᠴᠢᠯᠡᠭᠡ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠤ ᠠᠵᠤ ᠦᠢᠯᠡᠰ᠎ᠢ ᠲᠦᠷᠭᠡᠯᠡᠨ ᠬᠥᠭ᠌ᠵᠢᠭᠦᠯᠦᠨ᠎ᠡ᠃ ᠰᠢᠶᠠᠨ᠎ᠤ ᠬᠡᠪᠴᠢᠶᠡᠨ᠎ᠤ ᠠᠵᠤ ᠠᠬᠤᠢ ᠵᠢ ᠪᠤᠵᠠᠭᠠᠢᠷᠠᠭᠤᠯᠤᠨ᠎ᠠ᠃ ᠠᠢᠯ ᠲᠣᠰᠭᠤᠨ᠎ᠢ ᠬᠠᠰᠤᠵᠤ ᠨᠡᠢᠯᠡᠭᠦᠯᠬᠦ᠌᠎ᠶ᠋ᠢ ᠴᠢᠩᠭ᠎ᠠ ᠵᠢᠷᠤᠮᠵᠢᠭᠤᠯᠵᠤ᠂ ᠤᠯᠠᠮᠵᠢᠯᠠᠯᠲᠤ ᠠᠢᠯ ᠲᠣᠰᠭᠤᠨ ᠪᠠ ᠬᠥᠳᠡᠭᠡ ᠲᠣᠰᠭᠤᠨ᠎ᠤ ᠳᠦᠷᠰᠦ ᠪᠠᠢᠳᠠᠯ᠎ᠢ ᠬᠠᠮᠠᠭᠠᠯᠠᠨ᠎ᠠ᠃ ᠬᠥᠳᠡᠭᠡ ᠲᠣᠰᠭᠤᠨ᠎ᠢ ᠪᠦᠲᠦᠭᠡᠨ ᠪᠠᠢᠭᠤᠯᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠲᠦᠯᠦᠪᠵᠢᠭᠦᠯᠭᠡ ᠪᠡᠷ ᠬᠦᠳᠦᠯᠦᠨ ᠳᠠᠭᠠᠭᠤᠯᠬᠤ ᠵᠢ ᠴᠢᠩᠭᠠᠳᠬᠠᠵᠦ᠂ ᠤᠰᠤ ᠴᠠᠬᠢᠯᠭᠠᠨ ᠵᠠᠮ ᠬᠡᠢ ᠮᠡᠳᠡᠭᠡ ᠵᠠᠩᠬᠢ ᠱᠢᠤᠳᠠᠨ ᠬᠤᠯᠪᠤᠭ᠎ᠠ ᠵᠡᠷᠭᠡ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠤᠨ᠎ᠤ ᠵᠣᠷᠯᠣᠩ᠎ᠢ ᠥᠭᠡᠷᠡᠴᠢᠯᠡᠬᠦ᠌ ᠪᠠ ᠪᠣᠬᠢᠷ ᠤᠰᠤ ᠬᠤᠭ ᠨᠣᠪᠰᠢ᠎ᠶ᠋ᠢ ᠱᠢᠢᠳᠪᠦᠷᠢᠯᠡᠬᠦ᠌᠎ᠶ᠋ᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠠᠬᠢᠭᠤᠯᠤᠨ᠎ᠠ᠃ ᠪᠣᠯᠪᠠᠰᠤᠨ ᠲᠣᠰᠭᠤᠨ ᠪᠤᠯᠪᠠᠰᠤᠨ ᠪᠠᠯᠭᠠᠰᠤ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠶ ᠥᠷᠨᠢᠭᠦᠯᠦᠨ᠎ᠡ᠃ ᠬᠥᠯᠥᠰᠥᠨ ᠠᠵᠢᠯᠴᠢᠨ᠎ᠤ ᠴᠠᠯᠢᠩ᠎ᠢ ᠥᠷᠢᠲᠦᠵᠦ᠍ ᠬᠤᠢᠱᠢᠯᠠᠭᠤᠯᠬᠤ᠎ᠶ᠋ᠢ ᠵᠠᠰᠠᠬᠤ ᠠᠵᠢᠯ᠎ᠢ ᠴᠢᠩᠭᠠᠳᠭᠠᠨ᠂ ᠬᠥᠯᠥᠰᠥᠨ ᠠᠵᠢᠯᠴᠢᠨ᠎ᠤ ᠠᠵᠢᠯ ᠣᠯᠵᠤ ᠠᠳᠠᠯ ᠦᠢᠯᠡᠰ ᠴᠣᠭ᠍ᠴᠠᠯᠠᠬᠤ᠎ᠶ᠋ᠢ ᠳᠡᠮᠵᠢᠵᠦ᠍᠂ ᠥᠷᠭᠡᠨ ᠤᠯᠠᠨ ᠲᠠᠷᠢᠶᠠᠴᠢᠳ᠎ᠢ ᠵᠠᠪᠠᠯ ᠠᠵᠢᠯ ᠬᠦᠳᠡᠯᠮᠦᠷᠢ ᠬᠢᠵᠦ᠍ ᠣᠷᠣᠯᠭ᠎ᠠ᠎ᠪᠠᠨ ᠨᠡᠮᠡᠭ᠌ᠳᠡᠭᠦᠯᠬᠦ᠌ ᠨᠡᠩ ᠤᠯᠠᠨ ᠠᠷᠭ᠎ᠠ ᠵᠠᠮ᠎ᠲᠠᠢ ᠪᠣᠯᠭᠠᠬᠤ ᠬᠡᠷᠡᠭ᠌ᠲᠡᠶ᠃

(ᠲᠤᠯᠤᠭ᠎ᠠ) ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠶ᠋ᠢ ᠥᠷᠭᠡᠳᠭᠡᠵᠦ᠍᠂ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢᠨ ᠲᠣᠭ᠍ᠲᠠᠭᠤᠨ ᠎ᠢᠶᠠᠷ ᠬᠥᠭ᠌ᠵᠢᠬᠦ᠌᠎ᠶ᠋ᠢ ᠠᠬᠢᠭᠤᠯᠤᠨ᠎ᠠ᠃ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠎ᠤᠨ ᠡᠬᠢ ᠪᠠᠶᠠᠯᠢᠭ᠎ᠢ ᠭᠦᠢᠴᠡᠳ ᠠᠱᠢᠭ᠍ᠯᠠᠵᠤ᠂ ᠭᠠᠳᠠᠭᠠᠳᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠲᠠᠰᠤᠷᠠᠯᠲᠠ ᠦᠭᠡᠢ ᠥᠷᠭᠡᠳᠭᠡᠵᠦ᠍᠂ ᠥᠨᠳᠥᠷ ᠲᠦᠪᠱᠢᠨ ᠪᠦᠬᠦᠢ ᠨᠡᠭᠡᠭᠡᠯᠳᠡ᠎ᠪᠠᠷ ᠭᠦᠨ ᠳᠠᠪᠬᠤᠷᠭ᠎ᠠ ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠤᠨ᠎ᠠ᠃

ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠭᠠᠳᠠᠭᠠᠳᠤ ᠠᠷᠠᠯᠵᠢᠶ᠎ᠠ ᠎ᠶ᠋ᠢ ᠲᠣᠭ᠍ᠲᠠᠪᠤᠷᠢᠵᠢᠭᠤᠯᠤᠨ᠎ᠠ᠃ᠭᠠᠳᠠᠭᠠᠳᠤ ᠭᠠᠷᠭᠠᠯᠲᠠ ᠎ᠶ᠋ᠢᠨ ᠢᠲᠡᠭᠡᠮᠵᠢ᠎ᠶ᠋ᠢᠨ ᠳᠠᠭᠠᠳᠭᠠᠯ᠎ᠤᠨ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠭᠠᠳᠠᠭᠠᠳᠤ ᠭᠠᠷᠭᠠᠯᠲᠠ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ ᠎ᠶ᠋ᠢ ᠴᠢᠩᠭᠠᠳᠭᠠᠵᠤ᠂ᠭᠠᠳᠠᠭᠠᠳᠤ ᠭᠤᠪᠢᠭᠤᠯᠭ᠎ᠠ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠨ᠂ᠭᠠᠳᠠᠭᠠᠳᠤ ᠭᠠᠷᠭᠠᠯᠲᠠ᠎ᠶ᠋ᠢᠨ ᠭᠠᠢᠯᠢ ᠪᠤᠴᠠᠭᠠᠬᠤ ᠠᠬᠢᠴᠠ᠎ᠶ᠋ᠢ ᠲᠦᠷᠭᠡᠳᠭᠡᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢ᠎ᠨᠢ ᠲᠣᠭ᠍ᠲᠠᠪᠤᠷᠢᠵᠢᠭᠤᠯᠵᠦ᠍ ᠦᠢᠯᠡᠳᠪᠦᠷᠢᠯᠡᠯ᠎ᠢ᠎ᠨᠢ ᠲᠣᠭ᠍ᠲᠠᠭᠤᠨ ᠪᠠᠢᠯᠭᠠᠨ᠎ᠠ᠃ ᠭᠠᠳᠠᠭᠠᠳᠤ ᠠᠷᠠᠯᠵᠢᠶᠠᠨ᠎ᠤ ᠱᠢᠨ᠎ᠡ ᠡᠵᠡᠩᠨᠡᠯᠲᠡ᠎ᠶ᠋ᠢᠨ ᠬᠡᠯᠪᠡᠷᠢ ᠪᠠᠢᠳᠠᠯ ᠱᠢᠨ᠎ᠡ ᠵᠠᠭ᠍ᠪᠤᠷ᠎ᠢ ᠲᠦᠷᠭᠡᠯᠡᠨ ᠬᠥᠭ᠌ᠵᠢᠭᠦᠯᠵᠦ᠍᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠭᠠᠳᠠᠭᠠᠳᠤ᠎ᠳᠠᠬᠢ ᠬᠥᠮᠥᠷᠭᠡ ᠪᠠᠢᠭᠤᠯᠬᠤ᠎ᠶ᠋ᠢ ᠲᠡᠮᠵᠢᠨ᠎ᠠ᠃ ᠴᠢᠨᠠᠷ ᠰᠠᠢᠲᠠᠶ ᠦᠢᠯᠡᠳᠬᠦᠨ ᠪᠠ ᠦᠢᠯᠡᠴᠢᠯᠡᠭᠡ᠎ᠶ᠋ᠢ ᠭᠠᠳᠠᠭᠠᠳᠤ᠎ᠠᠴᠠ ᠣᠷᠣᠭᠤᠯᠬᠤ᠎ᠶ᠋ᠢ ᠢᠳᠡᠪᠬᠢᠲᠡᠶ ᠥᠷᠭᠡᠳᠭᠡᠨ᠎ᠡ᠃ ᠦᠢᠯᠡᠴᠢᠯᠡᠭᠡᠨ᠎ᠤ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ᠎ᠶ᠋ᠢ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠬᠢᠯᠢ ᠠᠯᠤᠰᠯᠠᠭ᠍ᠰᠠᠨ ᠦᠢᠯᠡᠴᠢᠯᠡᠭᠡᠨ᠎ᠤ ᠠᠷᠠᠯᠵᠢᠶ᠎ᠠ᠎ᠶ᠋ᠢᠨ ᠨᠠᠵᠠᠭᠠᠶ ᠲᠠᠯ᠎ᠠ ᠎ᠶ᠋ᠢᠨ ᠲᠣᠳᠣᠷᠬᠠᠶ ᠬᠠᠭᠤᠳᠠᠰᠤ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃ ᠪᠣᠭᠤᠮᠲᠠ᠎ᠪᠠᠷ ᠥᠩᠭᠡᠷᠡᠬᠦ᠌᠎ᠶ᠋ᠢ ᠳᠥᠳᠡᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠭᠠᠳᠠᠭᠠᠳᠤ ᠪᠡᠯᠡ᠎ᠶ᠋ᠢ ᠬᠠᠪᠰᠤᠷᠤᠨ ᠦᠪᠡᠷ᠎ᠤᠨ ᠦᠷᠲᠡᠭ᠎ᠢ᠎ᠨᠢ ᠪᠠᠭᠤᠷᠠᠭᠤᠯᠤᠨ ᠦᠷ᠎ᠡ ᠪᠦᠲᠦᠭᠡᠯ᠎ᠢ᠎ᠨᠢ ᠳᠡᠭᠡᠭ᠌ᠰᠢᠯᠡᠬᠦᠯᠦᠨ᠎ᠡ᠃

ᠭᠠᠳᠠᠭᠠᠳᠤ ᠪᠡᠯᠡ᠎ᠶ᠋ᠢ ᠢᠳᠡᠪᠬᠢᠲᠡᠶ ᠠᠱᠢᠭ᠍ᠯᠠᠨ᠎ᠠ᠃ ᠭᠠᠳᠠᠭᠠᠳᠤ ᠪᠡᠯᠡ᠎ᠶ᠋ᠢᠨ ᠵᠠᠬ᠎ᠠ ᠲᠡᠯᠭᠡᠬᠦᠷ᠎ᠲᠤ ᠤᠷᠤᠬᠤ ᠵᠦᠪᠱᠢᠶᠡᠷᠡᠯ᠎ᠤᠨ ᠨᠠᠵᠠᠭᠠᠶ ᠲᠠᠯ᠎ᠠ᠎ᠶ᠋ᠢᠨ ᠲᠣᠳᠣᠷᠬᠠᠶ ᠬᠠᠭᠤᠳᠠᠰᠤ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠭᠠᠳᠠᠭᠠᠳᠤ ᠪᠡᠯᠡ᠎ᠶ᠋ᠢᠨ ᠠᠵᠤ ᠠᠬᠤᠢᠯᠠᠯ᠎ᠤᠨ ᠠᠷᠠᠳ ᠢᠷᠭᠡᠨ᠎ᠤ ᠬᠠᠷᠠᠭᠠᠯᠵᠠᠯ᠎ᠢ ᠰᠠᠢᠲᠤᠷ ᠨᠠᠢᠳᠠᠪᠤᠷᠢᠵᠢᠭᠤᠯᠤᠨ᠎ᠠ᠃ᠭᠠᠳᠠᠭᠠᠳᠤ ᠎ᠶ᠋ᠢᠨ ᠬᠤᠳᠠᠯᠳᠤᠭᠠᠴᠢᠨ ᠎ᠤ ᠪᠡᠯᠡ ᠣᠷᠣᠭᠤᠯᠤᠯᠲᠠ ᠎ᠶ᠋ᠢ ᠵᠣᠷᠢᠬ᠍ᠵᠢᠭᠤᠯᠬᠤ ᠬᠡᠪᠴᠢᠶ᠎ᠡ᠎ᠶ᠋ᠢ ᠥᠷᠭᠡᠳᠭᠡᠵᠦ᠍᠂ ᠭᠠᠳᠠᠭᠠᠳᠤ ᠪᠡᠯᠡ ᠎ᠶ᠋ᠢᠨ ᠳᠤᠮᠳᠠ ᠳᠡᠭᠡᠳᠦ ᠲᠡᠰ᠎ᠤᠨ ᠦᠢᠯᠡᠳᠬᠦ᠂ ᠰᠤᠳᠤᠯᠤᠨ ᠨᠡᠭᠡᠭᠡᠬᠦ᠂ ᠤᠳᠤ ᠦᠶ᠎ᠡ᠎ᠶ᠋ᠢᠨ ᠦᠢᠯᠡᠴᠢᠯᠡᠭᠡ ᠵᠡᠷᠭᠡ ᠬᠦᠷᠢᠶ᠎ᠡ ᠪᠠ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠂ ᠵᠡᠭᠦᠨ ᠬᠤᠢᠲᠤ ᠣᠷᠣᠨ᠎ᠳᠠᠬᠢ ᠪᠡᠯᠡ ᠣᠷᠣᠭᠤᠯᠤᠯᠳᠠ᠎ᠪᠠᠨ ᠨᠡᠮᠡᠭ᠌ᠳᠡᠬᠦᠯᠬᠦ᠌᠎ᠶ᠋ᠢ ᠳᠡᠮᠵᠢᠨ᠎ᠡ᠃ ᠭᠠᠳᠠᠭᠠᠳᠤ ᠪᠡᠯᠡ᠎ᠶ᠋ᠢ ᠠᠬᠢᠭᠤᠯᠬᠤ ᠦᠢᠯᠡᠴᠢᠯᠡᠭᠡ᠎ᠶ᠋ᠢ ᠱᠢᠯᠢᠳᠡᠭ᠌ᠵᠢᠬᠦᠯᠦᠨ᠂ ᠴᠢᠬᠤᠯᠠ ᠶᠡᠭᠡ ᠲᠦᠰᠦᠯ᠎ᠢ ᠲᠦᠷᠭᠡᠯᠡᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠎ᠤ ᠲᠤᠷᠱᠢᠯᠲᠠ᠎ᠶ᠋ᠢᠨ ᠣᠷᠣᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠎ᠤᠨ ᠪᠦᠲᠦᠭᠡᠨ ᠪᠠᠢᠭᠤᠯᠤᠯᠲᠠ ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠭᠡᠭᠡᠯᠲᠡ ᠎ᠶ᠋ᠢᠨ ᠣᠷᠣᠨ ᠎ᠤ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ᠶᠡᠷᠦᠩᠬᠡᠢᠯᠡᠭ᠌ᠰᠡᠨ ᠭᠠᠢᠯᠢ᠎ᠶ᠋ᠢᠨ ᠪᠠᠲᠤᠯᠠᠭᠠᠳᠤ ᠣᠷᠣᠨ᠎ᠤ ᠬᠥᠭ᠌ᠵᠢᠯᠲᠡ ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ᠦᠢᠯᠡᠴᠢᠯᠡᠭᠡᠨ᠎ᠤ ᠦᠢᠯᠡᠰ ᠎ᠤᠨ ᠨᠡᠭᠡᠭᠡᠯᠲᠡ᠎ᠶ᠋ᠢ ᠥᠷᠭᠡᠳᠭᠡᠬᠦ᠌ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠴᠡᠭ᠎ᠢ ᠨᠡᠮᠡᠵᠦ᠍ ᠪᠠᠢᠭᠤᠯᠤᠨ᠎ᠠ᠃ ᠳᠤᠮᠳᠠᠳᠤ ᠤᠯᠤᠰ᠎ᠤᠨ ᠨᠡᠭᠡᠭᠡᠯᠲᠡᠳᠦ ᠲᠤᠮᠤ ᠵᠠᠬ᠎ᠠ ᠳᠡᠯᠭᠡᠭᠦᠷ᠎ᠨᠢ ᠡᠯ᠎ᠡ ᠤᠯᠤᠰ᠎ᠤᠨ ᠠᠵᠤ ᠠᠬᠤᠢᠯᠠᠯ᠎ᠤᠨ ᠳᠤᠮᠳᠠᠳᠤ ᠤᠯᠤᠰ᠎ᠲᠠᠬᠢ ᠬᠥᠭ᠌ᠵᠢᠯᠲᠡ᠎ᠳᠤ ᠨᠡᠩ ᠤᠯᠠᠨ ᠲᠣᠬᠢᠶᠠᠯ ᠬᠠᠩᠭᠠᠬᠤ᠎ᠨᠢ ᠯᠠᠪᠳᠡᠢ ᠶᠤᠮ᠃

《ᠨᠢᠭᠡ ᠪᠦᠰᠡ ᠨᠢᠭᠡ ᠵᠠᠮ》 ᠎ᠢ᠋ ᠴᠢᠨᠠᠷ ᠰᠠᠢᠲᠠᠶ ᠬᠠᠮᠲᠤ᠎ᠪᠠᠷ ᠪᠠᠢᠭᠤᠯᠤᠨ᠎ᠠ᠃ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠬᠤᠯᠪᠣᠯᠳᠤᠨ ᠨᠡᠪᠲᠡᠷᠡᠯᠴᠡᠬᠦ᠌ ᠬᠠᠮᠲᠤᠷᠠᠯᠴᠠᠭᠠᠨ᠎ᠤ ᠰᠠᠭᠤᠷᠢ᠎ᠶ᠋ᠢ ᠪᠠᠬᠢᠵᠢᠭᠦᠯᠵᠦ᠍᠂ ᠬᠠᠮᠲᠤᠷᠠᠯᠴᠠᠭᠠᠨ᠎ᠤ ᠱᠢᠨ᠎ᠡ ᠬᠦᠷᠢᠶ᠎ᠡ᠎ᠶ᠋ᠢ ᠲᠣᠭ᠍ᠲᠠᠭᠤᠨ᠎ᠢᠶᠠᠷ ᠥᠷᠭᠡᠳᠭᠡᠨ᠎ᠡ᠃ ᠪᠠᠷᠠᠭᠤᠨ ᠬᠡᠰᠡᠭ᠎ᠤᠨ ᠭᠠᠵᠠᠷ ᠤᠷᠤᠨ᠎ᠤ ᠡᠬᠡ ᠬᠠᠭᠤᠷᠠᠢ ᠲᠠᠯᠠᠢ ᠳᠡᠩᠬᠢᠰ᠎ᠤᠨ ᠱᠢᠨ᠎ᠡ ᠨᠡᠪᠲᠡᠷᠡᠬᠦ᠌ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠭᠠᠳᠠᠭᠠᠳᠤ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠡᠮᠬᠢ ᠵᠢᠷᠤᠮ᠎ᠲᠠᠢ᠎ᠪᠠᠷ ᠥᠷᠨᠢᠭᠦᠯᠵᠦ᠍᠂ ᠭᠠᠳᠠᠭᠠᠳᠤ᠎ᠳᠠᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ᠎ᠡ᠃

ᠤᠯᠠᠨ ᠲᠠᠯᠠᠲᠤ ᠪᠠ ᠬᠤᠶᠠᠷ ᠲᠠᠯᠠᠲᠤ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ᠎ᠨᠢ ᠪᠦᠬᠦ᠌ ᠪᠥᠮᠪᠥᠷᠴᠡᠭ᠎ᠤᠨ ᠬᠠᠮᠤᠭ᠎ᠤᠨ ᠲᠣᠮᠣ ᠴᠢᠯᠥᠭᠡᠲᠦ ᠠᠷᠠᠯᠵᠢᠶᠠᠨ᠎ᠤ ᠣᠷᠣᠨ᠎ᠢ ᠪᠦᠷᠢᠯᠳᠦᠭᠦᠯᠦᠭ᠌ᠰᠡᠨ ᠶᠤᠮ᠂ᠠᠵᠤ ᠠᠬᠤᠢᠯᠠᠯ᠎ᠤᠨ᠎ᠬᠢᠨ᠎ᠤ ᠬᠠᠷᠠᠭᠠᠯᠵᠠᠯᠲᠤ ᠪᠣᠭᠤᠮᠲᠠ ᠎ᠶ᠋ᠢᠨ ᠭᠠᠢᠯᠢ᠂ ᠤᠭ ᠭᠠᠷᠤᠯᠲᠠ᠎ᠶ᠋ᠢᠨ ᠤᠷᠤᠨ᠎ᠤ ᠬᠤᠷᠠᠮᠳᠤᠯ ᠵᠡᠷᠭᠡ ᠳᠦᠷᠢᠮᠯᠡᠯ᠎ᠢ ᠰᠠᠢᠲᠤᠷ ᠬᠡᠷᠡᠭ᠌ᠯᠡᠬᠦ᠌᠎ᠶ᠋ᠢ ᠳᠡᠮᠵᠢᠵᠦ᠍᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠥᠷᠭᠡᠳᠭᠡᠬᠦ᠌ ᠬᠡᠷᠡᠭ᠌ᠲᠡᠶ᠃ ᠨᠡᠩ ᠤᠯᠠᠨ ᠤᠯᠤᠰ ᠪᠠ ᠭᠠᠵᠠᠷ ᠣᠷᠣᠨ᠎ᠯᠤᠭ᠎ᠠ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠥᠪᠳᠡᠯᠴᠡᠨ ᠲᠣᠭ᠍ᠲᠠᠭᠠᠬᠤ᠎ᠶ᠋ᠢ ᠠᠬᠢᠭᠤᠯᠤᠨ᠎ᠠ᠃ ᠤᠯᠠᠨ ᠲᠠᠯᠠᠲᠤ ᠠᠷᠠᠯᠵᠢᠶᠠᠨ ᠎ᠤ ᠪᠠᠢᠭᠤᠯᠤᠯ ᠎ᠢ ᠡᠷᠡᠰ ᠬᠠᠮᠠᠭᠠᠯᠠᠵᠤ᠂ ᠳᠡᠯᠡᠬᠡᠶ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠳᠤ ᠢᠳᠡᠪᠬᠢᠲᠡᠶ ᠣᠷᠣᠯᠴᠠᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ᠎ᠶ᠋ᠢᠨ ᠡᠯ᠎ᠡ ᠤᠯᠤᠰ᠎ᠲᠠᠢ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠠᠮᠲᠤ᠎ᠪᠠᠷ᠎ᠢᠶᠠᠨ ᠠᠱᠢᠭ ᠬᠦᠷᠳᠡᠬᠦ᠌ ᠪᠠ ᠣᠯᠠᠨ ᠲᠠᠯ᠎ᠠ᠎ᠪᠠᠷ᠎ᠢᠶᠠᠨ ᠠᠱᠢᠭ ᠬᠦᠷᠳᠡᠬᠦ᠌᠎ᠶ᠋ᠢ ᠪᠡᠶᠡᠯᠡᠭᠦᠯᠦᠨ᠎ᠠ᠃

(ᠨᠠᠢ᠍ᠮᠠ) ᠠᠮᠢ ᠠᠬᠤᠢ᠎ᠶ᠋ᠢᠨ ᠣᠷᠴᠢᠨ ᠨᠦᠬᠦᠴᠡᠯ᠎ᠢ ᠦᠷᠭᠦᠯᠵᠢᠯᠡᠨ ᠰᠠᠢᠵᠢᠷᠠᠭᠤᠯᠵᠤ᠂ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠥᠭ᠌ᠵᠢᠯᠲᠡ᠎ᠶ᠋ᠢ ᠠᠬᠢᠭᠤᠯᠤᠨ᠎ᠠ᠃ ᠪᠣᠬᠢᠷᠲᠤᠯ᠎ᠢ ᠵᠠᠰᠠᠬᠤ ᠪᠠ ᠠᠮᠢ ᠠᠬᠤᠶ᠎ᠶ᠋ᠢ ᠬᠠᠮᠠᠭᠠᠯᠠᠵᠤ ᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠬᠥᠭ᠌ᠵᠢᠯᠲᠡ ᠪᠠ ᠪᠣᠬᠢᠷ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ᠎ᠶ᠋ᠢ ᠠᠬᠢᠭᠤᠯᠤᠨ᠎ᠠ᠃

ᠠᠮᠢ ᠠᠬᠤᠶ᠎ᠶ᠋ᠢᠨ ᠣᠷᠴᠢᠨ ᠨᠥᠬᠦᠴᠡᠯ᠎ᠢ ᠶᠡᠷᠦᠩᠬᠡᠢᠯᠡᠨ ᠵᠠᠰᠠᠬᠤ᠎ᠶ᠋ᠢ ᠴᠢᠩᠭᠠᠳᠭᠠᠨ᠎ᠠ᠃ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠎ᠢ ᠭᠦᠨᠵᠡᠭᠡᠢ ᠰᠠᠢᠳᠤᠷ ᠬᠢᠨ᠎ᠡ᠃ ᠠᠭᠠᠷ ᠮᠠᠨᠳᠠᠯ᠎ᠤᠨ ᠣᠯᠠᠨ ᠪᠣᠬᠢᠷ ᠪᠣᠳᠠᠰ᠎ᠢ ᠬᠠᠮᠵᠢᠯᠴᠠᠨ ᠬᠢᠵᠠᠭᠠᠷᠯᠠᠬᠤ ᠪᠠ ᠣᠷᠣᠨ ᠪᠦᠰᠡ ᠬᠠᠮᠵᠢᠯᠴᠠᠨ ᠵᠠᠰᠠᠬᠤ᠎ᠶ᠋ᠢ ᠴᠢᠩᠭᠠᠳᠭᠠᠵᠤ᠂ ᠴᠢᠬᠤᠯᠠ ᠴᠢᠬᠤᠯᠠ ᠭᠤᠤᠯ ᠮᠥᠷᠡᠨ ᠨᠠᠭᠤᠷ ᠴᠥᠭᠦᠷᠥᠮ᠂ ᠳᠠᠯᠠᠢ᠎ᠶ᠋ᠢᠨ ᠪᠤᠯᠤᠩ᠎ᠤᠨ ᠪᠣᠬᠢᠷᠲᠤᠯ᠎ᠢ ᠴᠡᠭ᠌ᠴᠡᠯᠡᠨ ᠵᠠᠰᠠᠬᠤ ᠡᠷᠴᠢᠮ᠎ᠢ ᠴᠢᠩᠭᠠᠷᠠᠭᠤᠯᠵᠤ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠪᠠ ᠱᠢᠨ᠎ᠡ ᠪᠣᠬᠢᠷ ᠪᠣᠳᠠᠰ᠎ᠢ ᠵᠠᠰᠠᠬᠤ ᠠᠵᠢᠯ᠎ᠢ ᠴᠢᠩᠭᠠᠳᠭᠠᠵᠤ᠂ ᠬᠤᠭ ᠨᠣᠪᠰᠢ᠎ᠶ᠋ᠢ ᠲᠦᠷᠦᠯ ᠬᠤᠪᠢᠶᠠᠬᠤ᠂ ᠬᠡᠮᠵᠢᠶ᠎ᠡ᠎ᠶ᠋ᠢ ᠪᠠᠭᠠᠰᠭᠠᠬᠤ ᠪᠠ ᠡᠬᠢ ᠪᠠᠶᠠᠯᠢᠬ᠍ᠵᠢᠭᠤᠯᠬᠤ᠎ᠶ᠋ᠢ ᠬᠡᠷᠡᠭ᠌ᠵᠢᠬᠦᠯᠦᠨ᠎ᠡ᠃ ᠡᠨᠧᠷᠭᠢ ᠠᠷᠪᠢᠯᠠᠬᠤ ᠤᠰᠤ ᠠᠷᠪᠢᠯᠠᠬᠤ᠂ ᠬᠠᠶᠠᠭ᠍ᠳᠠᠮᠠᠯ ᠬᠠᠭᠤᠴᠢᠨ ᠡᠳ᠋ ᠪᠣᠳᠠᠰ᠎ᠢ ᠣᠷᠴᠢᠯᠳᠤᠭᠤᠯᠤᠨ ᠠᠱᠢᠭ᠍ᠯᠠᠬᠤ ᠵᠡᠷᠭᠡ ᠣᠷᠴᠢᠨ ᠠᠬᠤᠶ᠎ᠶ᠋ᠢᠨ ᠬᠠᠮᠠᠭᠠᠯᠠᠯᠳᠠ ᠎ᠶ᠋ᠢᠨ ᠠᠵᠤ ᠦᠢᠯᠡᠰ ᠎ᠢ ᠳᠡᠮᠵᠢᠬᠦ᠌ ᠲᠦᠷᠦ᠍ ᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠠᠮᠢ ᠠᠬᠤᠢ᠎ᠶ᠋ᠢᠨ ᠣᠷᠴᠢᠨ ᠨᠦᠬᠦᠴᠡᠯ ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠤᠯᠤᠰ᠎ᠤᠨ ᠨᠤᠳᠤᠬ ᠲᠡᠪᠢᠰᠭᠡᠷ᠎ᠤᠨ ᠨᠣᠭᠤᠭᠠᠷᠠᠭᠤᠯᠤᠯᠲᠠ ᠎ᠶ᠋ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠦᠨ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠤᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠠᠢ ᠵᠠᠰᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠎ᠢ ᠬᠠᠮᠠᠭᠠᠯᠠᠨ᠂ ᠤᠯᠤᠰ᠎ᠤᠨ ᠴᠡᠴᠡᠷᠯᠢᠭ᠎ᠢᠶᠠᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠮᠠᠨ ᠎ᠤ ᠠᠮᠢᠳᠤᠷᠠᠵᠤ ᠪᠠᠢᠭ᠎ᠠ ᠬᠡᠷ ᠣᠷᠣᠨ᠎ᠢᠶᠠᠨ ᠨᠠᠩ ᠨᠣᠭᠤᠭᠠᠨ ᠨᠠᠩ ᠦᠵᠡᠰᠭᠦᠯᠡᠩᠲᠦ ᠰᠠᠢᠬᠠᠨ ᠪᠣᠯᠭᠠᠨ᠎ᠠ᠃

ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠎ᠶ᠋ᠢ ᠣᠷᠭᠢᠯ ᠬᠡᠮᠵᠢᠭ᠌ᠳᠡᠯ ᠎ᠳᠤᠨᠢ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ ᠎ᠶ᠋ᠢ ᠰᠠᠭᠠᠷᠮᠠᠭ᠍ᠵᠢᠭᠤᠯᠬᠤ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠎ᠠ᠃ ᠨᠡᠭᠦᠷᠡᠰᠦᠲᠥ᠋ᠷᠥᠭ᠌ᠴᠢ ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠠᠵᠢᠯᠯᠠᠭᠠᠨ᠎ᠤ ᠲᠥᠰᠦᠯ᠎ᠢ ᠨᠠᠢᠳᠠᠪᠤᠷᠢᠵᠢᠭᠤᠯᠤᠨ᠎ᠠ᠃ ᠡᠨᠧᠷᠭᠢ᠎ᠶ᠋ᠢᠨ ᠰᠤᠷᠪᠤᠯᠵᠢ᠎ᠶ᠋ᠢᠨ ᠬᠤᠪᠢᠰᠭᠠᠯ᠎ᠢ ᠠᠬᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢ ᠪᠠᠲᠤᠯᠠᠵᠤ᠂ ᠡᠬᠢ ᠪᠠᠶᠠᠯᠢᠭ᠎ᠤᠨ ᠤᠤᠷ ᠪᠠᠢᠳᠠᠯ᠎ᠳᠤ ᠰᠠᠭᠤᠷᠢᠯᠠᠨ ᠤᠷᠢᠳ᠎ᠢᠶᠠᠷ ᠱᠢᠨ᠎ᠡ᠎ᠶ᠋ᠢ ᠪᠠᠢᠭᠤᠯᠵᠤ ᠳᠠᠷᠠᠭ᠎ᠠ᠎ᠨᠢ ᠬᠠᠭᠤᠴᠢᠨ᠎ᠢ ᠡᠪᠳᠡᠬᠦ᠂ ᠪᠦᠬᠦ᠌ ᠲᠠᠯ᠎ᠠ᠎ᠪᠠᠷ ᠤᠬᠠᠭᠠᠯᠠᠨ ᠲᠥᠯᠥᠪᠯᠡᠬᠦ᠌᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠠᠬᠢᠭᠤᠯᠤᠨ᠎ᠠ᠃ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠎ᠪᠠᠷ ᠠᠱᠢᠭ᠍ᠯᠠᠬᠤ᠎ᠶ᠋ᠢ ᠴᠢᠩᠭᠠᠳᠭᠠᠵᠤ᠂ᠡᠮᠬᠢ ᠵᠢᠷᠤᠮ᠎ᠲᠠᠢ᠎ᠪᠠᠷ ᠬᠡᠷᠡᠭ᠌ᠯᠡᠯᠳᠡ᠎ᠶ᠋ᠢ᠎ᠨᠢ ᠪᠠᠭᠠᠰᠭᠠᠨ ᠣᠷᠣᠯᠠᠭᠤᠯᠵᠦ᠍᠂ ᠨᠡᠭᠦᠷᠡᠰᠦᠨ ᠴᠠᠬᠢᠯᠭᠠᠨ ᠎ᠤ ᠡᠨᠧᠷᠭᠢ ᠠᠷᠪᠢᠯᠠᠨ ᠨᠡᠭᠦᠷᠡᠰᠦᠲᠥ᠋ᠷᠥᠭ᠌ᠴᠢ ᠎ᠶ᠋ᠢᠨ ᠭᠠᠳᠠᠬ᠍ᠰᠢᠯᠠᠭᠤᠯᠤᠯᠳᠠ ᠎ᠶ᠋ᠢ ᠪᠠᠭᠤᠷᠠᠭᠤᠯᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠶ ᠥᠭᠡᠷᠡᠴᠢᠯᠡᠯᠲᠡ᠂ ᠢᠯᠴᠢ ᠬᠠᠩᠭᠠᠯᠭ᠎ᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠲᠣᠮᠣ ᠬᠡᠯᠪᠡᠷᠢ᠎ᠶ᠋ᠢᠨ ᠰᠠᠯᠬᠢᠨ ᠴᠠᠬᠢᠯᠭᠠᠨ ᠭᠡᠷᠡᠯ ᠴᠠᠬᠢᠯᠭᠠᠨ᠎ᠤ ᠰᠠᠭᠤᠷᠢᠨ ᠭᠠᠵᠠᠷ ᠵᠢᠴᠢ ᠲᠡᠬᠦᠨ᠎ᠤ ᠢᠵᠢ ᠪᠦᠷᠢᠳᠦᠭᠦᠯᠦᠨ ᠲᠣᠬᠢᠷᠠᠭᠤᠯᠬᠤ ᠴᠢᠨᠠᠷᠲᠠᠶ ᠴᠠᠬᠢᠯᠭᠠᠨ ᠡᠭᠦᠰᠭᠡᠭ᠌ᠴᠢ᠎ᠶ᠋ᠢ ᠲᠥᠯᠥᠪᠵᠢᠭᠦᠯᠦᠨ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ ᠤᠰᠤ ᠳᠠᠳᠠᠵᠦ ᠡᠨ᠋ᠸᠷᠬᠢ ᠬᠤᠷᠠᠮᠳᠤᠭᠤᠯᠬᠤ ᠴᠠᠬᠢᠯᠭᠠᠨ ᠭᠠᠷᠭᠠᠬᠤ ᠦᠷᠳᠡᠭᠡ ᠵᠢᠨ ᠪᠦᠳᠦᠭᠡᠨ ᠪᠠᠢᠭᠤᠯᠤᠯᠳᠠ ᠵᠢ ᠴᠢᠩᠭᠠᠳᠬᠠᠵᠦ᠂ ᠴᠠᠬᠢᠯᠭᠠᠨ᠎ᠤ ᠲᠤᠤᠷ᠎ᠤᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠎ᠪᠠᠷ ᠭᠠᠷᠭᠠᠬ᠍ᠰᠠᠨ ᠴᠠᠬᠢᠯᠭᠠᠨ᠎ᠢ ᠱᠢᠩᠭᠡᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠮᠢᠳᠤ ᠪᠤᠳᠠᠰ᠎ᠤᠨ ᠮᠠᠰ ᠡᠨ᠋ᠸᠷᠬᠢ ᠵᠢᠨ ᠬᠦᠭᠵᠢᠯᠳᠡ ᠵᠢ ᠳᠠᠮᠵᠢᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠳᠡᠯᠭᠡᠷᠡᠭᠦᠯᠦᠨ ᠬᠡᠷᠡᠭ᠌ᠯᠡᠬᠦ᠌᠎ᠶ᠋ᠢ ᠠᠬᠢᠭᠤᠯᠵᠤ᠂ ᠨᠤᠭᠤᠭᠠᠨ ᠦᠢᠯᠡᠳᠬᠦ᠌ ᠦᠢᠯᠡᠰ ᠪᠠ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠤ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣᠨ᠎ᠤ ᠬᠢᠮᠢ᠎ᠶ᠋ᠢᠨ ᠠᠵᠤ ᠦᠢᠯᠡᠳᠪᠦᠷᠢ᠂ ᠬᠢᠮᠢ᠎ᠶ᠋ᠢᠨ ᠠᠵᠤ ᠦᠢᠯᠡᠳᠪᠦᠷᠢ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠠᠵᠢᠯ ᠲᠥᠷᠥᠯ᠎ᠤᠨ ᠡᠨᠧᠷᠭᠢ ᠠᠷᠪᠢᠯᠠᠬᠤ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠬ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠶ᠋ᠢ ᠠᠬᠢᠭᠤᠯᠵᠦ᠂ ᠵᠠᠮ ᠬᠠᠷᠢᠯᠴᠠᠭ᠎ᠠ ᠪᠠ ᠪᠠᠷᠢᠯᠭ᠎ᠠ ᠵᠢᠨ ᠡᠨ᠋ᠸᠷᠬᠢ ᠠᠷᠪᠢᠯᠠᠬᠤ ᠵᠢ ᠴᠢᠩᠭᠠᠳᠬᠠᠨ᠎ᠠ᠃ ᠡᠨᠧᠷᠭᠢ᠎ᠶ᠋ᠢᠨ ᠬᠤᠷᠣᠭ᠍ᠳᠠᠭᠤᠯᠤᠯ ᠶᠡᠬᠡᠲᠡᠶ᠂ ᠨᠡᠬᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ ᠶᠡᠬᠡᠲᠡᠶ᠂ ᠳᠣᠤᠷ᠎ᠠ ᠲᠦᠪᠱᠢᠨᠳᠦ ᠲᠥᠰᠦᠯ᠎ᠢ ᠰᠣᠬᠤᠷ ᠪᠠᠯᠠᠶ᠎ᠪᠠᠷ ᠬᠥᠭ᠌ᠵᠢᠭᠦᠯᠬᠦ᠌᠎ᠶ᠋ᠢ ᠡᠷᠡᠰ ᠬᠤᠷᠢᠭ᠍ᠯᠠᠨ᠎ᠠ᠃ ᠠᠮᠢ ᠠᠬᠤᠢ ᠵᠢᠨ ᠰᠢᠰᠲᠸᠮ᠎ᠤᠨ ᠨᠡᠭᠦᠷᠡᠰᠦᠳᠦᠢ᠍ᠷᠦᠭᠴᠢ ᠵᠢ ᠬᠤᠷᠠᠮᠳᠤᠭᠤᠯᠬᠤ ᠴᠢᠳᠠᠪᠤᠷᠢ ᠵᠢ ᠳᠡᠭᠡᠭᠰᠢᠯᠡᠬᠦᠯᠦᠨ᠎ᠡ᠃ ᠡᠨᠧᠷᠭᠢ᠎ᠶ᠋ᠢᠨ ᠬᠤᠷᠣᠭ᠍ᠳᠠᠭᠤᠯᠤᠯ᠎ᠤᠨ 《ᠬᠤᠣᠰ ᠬᠢᠵᠠᠭᠠᠷᠯᠠᠯ》᠎ᠠᠴᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢᠨ ᠶᠡᠷᠦᠩᠬᠡᠶ ᠬᠡᠮᠵᠢᠶ᠎ᠡ ᠪᠠ ᠬᠦᠴᠦᠯᠡᠴᠡ᠎ᠶ᠋ᠢᠨ 《ᠬᠤᠣᠰ ᠬᠢᠵᠠᠭᠠᠷᠯᠠᠯ》 ᠎ᠳ᠋ᠸ᠋ ᠱᠢᠯᠵᠢᠬᠦ᠌ ᠬᠤᠪᠢᠷᠠᠭᠤᠯᠤᠯᠳᠠ᠎ᠶ᠋ᠢ ᠠᠬᠢᠭᠤᠯᠵᠤ᠂ ᠪᠣᠬᠢᠷᠲᠤᠯ᠎ᠢ ᠪᠠᠭᠠᠰᠭᠠᠬᠤ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠬ᠍ᠰᠢᠯᠠᠭᠤᠯᠤᠯᠳᠠ᠎ᠶ᠋ᠢ ᠪᠠᠭᠤᠷᠠᠭᠤᠯᠬᠤ᠎ᠶ᠋ᠢ ᠤᠷᠮᠠᠱᠢᠭᠤᠯᠬᠤ ᠪᠠ ᠬᠢᠵᠠᠭᠠᠷᠯᠠᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠨᠤᠭᠤᠭᠠᠨ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠯᠡᠨ ᠪᠤᠢ ᠪᠣᠯᠭᠠᠨ᠎ᠠ᠃

(ᠶᠢᠰᠦ) ᠠᠷᠠᠳ ᠎ᠤᠨ ᠠᠮᠢᠳᠤᠷᠠᠯ ᠎ᠢ ᠦᠨᠡᠨ ᠬᠦ᠌ ᠪᠠᠲᠤᠯᠠᠨ ᠰᠠᠢᠵᠢᠷᠠᠭᠤᠯᠵᠤ᠂ ᠨᠡᠢᠭᠡᠮ᠎ᠤᠨ ᠵᠠᠰᠠᠯᠲᠠ᠎ᠶ᠋ᠢ ᠴᠢᠩᠭᠠᠳᠭᠠᠨ ᠱᠢᠨ᠎ᠡ᠎ᠶ᠋ᠢ ᠡᠭᠦᠳᠦᠨ᠎ᠡ᠃ ᠪᠦᠬᠦ᠌ ᠴᠢᠳᠠᠯ᠎ᠢᠶᠠᠷ᠎ᠢᠶᠠᠨ ᠴᠢᠷᠮᠠᠢᠬᠤ ᠪᠠ ᠴᠢᠳᠠᠯ᠎ᠤᠨ᠎ᠢᠶᠠᠨ ᠬᠢᠷᠢ ᠲᠤᠳᠤᠷ᠎ᠠ ᠬᠢᠬᠦ᠌᠎ᠶ᠋ᠢ ᠪᠠᠷᠢᠮᠲᠠᠯᠠᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ ᠠᠷᠠᠳ ᠤᠯᠠᠨ᠎ᠤ ᠨᠡᠢᠳᠡᠮ ᠠᠩᠬᠠᠷᠴᠤ᠌ ᠪᠠᠢᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠦᠴᠦᠯᠡᠨ ᠱᠢᠢᠳᠪᠦᠷᠢᠯᠡᠨ᠎ᠡ᠃

ᠰᠤᠷᠭᠠᠨ ᠬᠥᠮᠦᠵᠢᠯ᠎ᠤᠨ ᠭᠤᠤᠯᠴᠢ ᠲᠡᠭ᠌ᠰᠢ ᠪᠠᠢᠬᠤ ᠪᠠ ᠶᠠᠰᠤ ᠴᠢᠨᠠᠷ᠎ᠢ ᠳᠡᠭᠡᠭ᠌ᠰᠢᠯᠡᠬᠦᠯᠬᠦ᠌᠎ᠶ᠋ᠢ ᠠᠬᠢᠭᠤᠯᠤᠨ᠎ᠠ᠃ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠤᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠪᠦᠭᠡᠳ ᠲᠡᠩᠴᠡᠭᠦᠷᠢᠲᠡᠶ ᠬᠥᠭ᠌ᠵᠢᠬᠦ᠌ ᠪᠠ ᠬᠤᠲᠠ ᠬᠥᠳᠡᠭᠡ᠎ᠶ᠋ᠢ ᠨᠢᠭᠡ ᠴᠣᠭ᠍ᠴᠠᠵᠢᠭᠤᠯᠬᠤ᠎ᠶ᠋ᠢ ᠠᠬᠢᠭᠤᠯᠵᠤ᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠡᠪᠴᠢᠶ᠎ᠡ᠎ᠶ᠋ᠢ ᠦᠨᠳᠦᠰᠦᠯᠡᠨ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠲᠣᠬᠢᠷᠠᠭᠤᠯᠵᠤ᠂ ᠰᠤᠷᠭᠠᠭᠤᠯᠢ᠎ᠳᠤ ᠣᠷᠣᠬᠤ ᠨᠠᠰᠤᠨ᠎ᠤ ᠬᠡᠦᠬᠡᠳ᠎ᠤᠨ ᠭᠡᠷ᠎ᠠᠴᠠ᠎ᠪᠠᠨ ᠣᠢᠷᠠᠯᠴᠠᠭ᠎ᠠ ᠰᠤᠷᠭᠠᠭᠤᠯᠢ᠎ᠳᠤ ᠣᠷᠣᠬᠤ᠎ᠶ᠋ᠢ ᠪᠠᠲᠤᠯᠠᠵᠦ᠂ ᠬᠤᠳᠠ ᠤᠷᠤᠵᠦ ᠬᠦᠯᠦᠰᠦᠨ ᠠᠵᠢᠯ ᠬᠢᠭᠰᠡᠳ᠎ᠤᠨ ᠦᠷ᠎ᠡ ᠬᠡᠤᠬᠡᠳ᠎ᠤᠨ ᠰᠤᠷᠭᠠᠭᠤᠯᠢ᠎ᠳᠤ ᠰᠠᠭᠤᠬᠤ ᠠᠰᠠᠭᠤᠳᠠᠯ᠎ᠢ ᠰᠠᠢᠳᠤᠷ ᠰᠢᠢᠳᠪᠦᠷᠢᠯᠡᠨ᠎ᠡ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠪᠠᠭ᠍ᠰᠢ᠎ᠶ᠋ᠢᠨ ᠴᠠᠯᠢᠩ ᠬᠠᠷᠠᠭᠠᠯᠵᠠᠯ ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠳᠡᠭᠡ ᠲᠣᠰᠭᠤᠨ᠎ᠤ ᠪᠠᠭ᠍ᠰᠢ ᠎ᠶ᠋ᠢ ᠬᠠᠨᠳᠤᠯᠭ᠎ᠠ᠎ᠲᠠᠢ᠎ᠪᠠᠷ ᠬᠥᠮᠦᠵᠢᠭᠦᠯᠬᠦ᠂ ᠠᠵᠢᠯ᠎ᠤᠨ ᠪᠠᠢᠷᠢ ᠲᠡᠭᠡᠷ᠎ᠠ᠎ᠨᠢ ᠪᠣᠯᠪᠠᠰᠤᠷᠠᠭᠤᠯᠬᠤ ᠪᠠ ᠬᠠᠷᠠᠭᠠᠯᠵᠠᠯ᠎ᠢ᠎ᠨᠢ ᠪᠠᠲᠤᠯᠠᠬᠤ᠎ᠶ᠋ᠢ ᠴᠢᠩᠭᠠᠳᠭᠠᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠡᠬᠢ ᠪᠠᠶᠠᠯᠢᠭ᠎ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃ ᠱᠢᠶᠠᠨ᠎ᠤ ᠬᠡᠪᠴᠢᠶᠠᠨ᠎ᠤ ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠳᠤᠰᠬᠠᠢ ᠰᠤᠷᠭᠠᠨ ᠬᠦᠮᠦᠵᠢᠯ᠎ᠢ ᠰᠠᠢᠲᠤᠷ ᠡᠷᠬᠢᠯᠡᠵᠤ᠂ ᠠᠷᠠᠳ᠎ᠠᠴᠠ ᠡᠷᠬᠢᠯᠡᠭ᠌ᠰᠡᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠵᠢᠷᠤᠮᠵᠢᠭᠤᠯᠤᠨ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠲᠦᠭᠡᠮᠡᠯᠵᠢᠬᠦᠯᠦᠯᠳᠡ᠎ᠶ᠋ᠢᠨ ᠬᠡᠮᠵᠢᠶ᠎ᠡ ᠪᠠ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭᠠᠨ ᠬᠦᠮᠦᠵᠢᠯ ᠢ᠋ ᠬᠦᠭᠵᠢᠬᠦᠯᠵᠦ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠰᠤᠷᠭᠠᠭᠤᠯᠢ ᠡᠷᠬᠢᠯᠡᠬᠦ᠌ ᠨᠥᠬᠦᠴᠡᠯ᠎ᠢ ᠰᠠᠢᠵᠢᠷᠠᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠤᠨ ᠰᠤᠷᠭᠠᠭᠤᠯᠢ ᠡᠷᠬᠢᠯᠡᠬᠦ᠌ ᠪᠠᠢᠭᠤᠯᠤᠯ᠎ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠎ᠤᠨ ᠵᠤᠬᠢᠴᠠᠯᠳᠤ ᠴᠢᠨᠠᠷ ᠢ᠋ ᠴᠢᠩᠭᠠᠳᠬᠠᠨ᠎ᠠ᠃ᠳᠡᠭᠡᠳᠤ ᠵᠡᠷᠭᠡ᠎ᠶ᠋ᠢᠨ ᠰᠤᠷᠭᠠᠨ ᠬᠥᠮᠦᠵᠢᠯ᠎ᠤᠨ ᠠᠭᠤᠯᠤᠭ᠍ᠳᠠᠬᠤᠨ᠎ᠤ ᠬᠡᠯᠪᠡᠷᠢᠳᠦ ᠬᠥᠭ᠌ᠵᠢᠯᠲᠡ᠎ᠶ᠋ᠢ ᠠᠬᠢᠭᠤᠯᠵᠤ᠂ ᠳᠡᠭᠡᠳᠤ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠠᠢᠷᠢᠰᠢᠯ ᠢ᠋ ᠰᠢᠯᠢᠳᠡᠭᠵᠢᠬᠦᠯᠵᠦ᠂ ᠲᠡᠷᠢᠭᠦᠨ ᠵᠡᠷᠭᠡ᠎ᠶ᠋ᠢᠨ ᠶᠡᠭᠡ ᠰᠤᠷᠭᠠᠭᠤᠯᠢ ᠪᠣᠯᠤᠨ ᠲᠡᠷᠢᠭᠦᠨ ᠵᠡᠷᠭᠡ᠎ᠶ᠋ᠢᠨ ᠱᠢᠨᠵᠢᠯᠡᠭᠡᠨ᠎ᠤ ᠰᠠᠯᠠᠭ᠎ᠠ᠎ᠶ᠋ᠢ ᠲᠥᠷᠥᠯ ᠬᠤᠪᠢᠶᠠᠨ ᠪᠦᠲᠦᠭᠡᠨ ᠪᠠᠢᠭᠤᠯᠵᠤ᠂ ᠪᠠᠢᠭᠠᠯᠢ ᠢᠨᠵᠧᠨᠧᠷᠢᠩ ᠠᠵᠤ ᠦᠢᠯᠡᠳᠪᠦᠷᠢ ᠲᠠᠷᠢᠶᠠᠯᠠᠩ ᠡᠮᠨᠡᠯᠭᠡ᠎ᠶ᠋ᠢᠨ ᠲᠥᠷᠥᠯ᠎ᠤᠨ ᠲᠤᠰᠭᠠᠶ ᠮᠡᠷᠭᠡᠵᠢᠯ᠎ᠤᠨ ᠲᠤᠳᠠᠬ᠍ᠳᠠᠵᠦ᠍ ᠪᠠᠢᠭ᠎ᠠ ᠴᠢᠳᠠᠪᠤᠷᠢᠲᠠᠨ᠎ᠢ ᠲᠦᠷᠭᠡᠯᠡᠨ ᠬᠥᠮᠦᠵᠢᠭᠦᠯᠵᠦ᠍᠂ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠬᠥᠭ᠌ᠵᠢᠯᠲᠡ᠎ᠶ᠋ᠢ ᠲᠡᠮᠵᠢᠨ᠎ᠠ᠃ ᠶᠡᠭᠡ ᠳᠡᠭᠡᠳᠦ ᠰᠤᠷᠭᠠᠭᠤᠯᠢ᠎ᠳᠤ ᠰᠤᠷᠤᠬ᠍ᠴᠢ ᠡᠯᠰᠡᠬᠦ᠌᠎ᠳᠤ ᠳᠤᠮᠳᠠ ᠬᠡᠰᠡᠭ ᠪᠠᠷᠠᠭᠤᠨ ᠬᠡᠰᠡᠭ ᠪᠠ ᠬᠥᠳᠡᠭᠡ ᠲᠣᠰᠭᠤᠨ᠎ᠤ ᠭᠠᠵᠠᠷ ᠣᠷᠣᠨ ᠲᠡᠢᠰᠢ ᠬᠡᠯᠪᠠᠢᠯᠭᠡᠬᠦ᠌ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠪᠠᠬᠰᠢ ᠵᠢᠨ ᠶᠤᠰᠤ ᠰᠤᠷᠳᠠᠬᠤᠨ ᠪᠠᠬᠰᠢ ᠵᠢᠨ ᠬᠡᠪ ᠰᠤᠷᠳᠠᠯ᠎ᠤᠨ ᠪᠠᠢᠭᠤᠯᠤᠯᠳᠠ ᠵᠢ ᠴᠢᠩᠭᠠᠳᠬᠠᠨ᠎ᠠ᠃ ᠰᠤᠷᠭᠠᠭᠤᠯᠢ ᠭᠡᠷ ᠪᠦᠯᠢ ᠨᠡᠢᠭᠡᠮ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠰᠦᠯᠵᠢᠶᠡᠨ ᠳᠡᠭᠡᠷᠡᠬᠢ ᠰᠤᠷᠭᠠᠨ ᠬᠦᠮᠦᠵᠢᠯ ᠢ᠋ ᠬᠦᠭᠵᠢᠭᠦᠯᠦᠨ᠎ᠡ᠃ ᠪᠦᠬᠦ ᠨᠡᠢᠭᠡᠮ ᠵᠢᠡᠷ ᠵᠢᠡᠨ ᠪᠠᠬᠰᠢ ᠵᠢ ᠬᠦᠨᠳᠦᠯᠡᠵᠦ ᠰᠤᠷᠭᠠᠨ ᠬᠦᠮᠦᠵᠢᠯ ᠢ᠋ ᠴᠢᠬᠤᠯᠠᠴᠢᠯᠠᠬᠤ ᠵᠢ ᠰᠠᠨᠠᠭᠠᠴᠢᠯᠠᠨ᠎ᠠ᠃ ᠮᠠᠨ᠎ᠤ ᠤᠯᠤᠰ᠎ᠤᠨ ᠰᠤᠷᠭᠠᠭᠤᠯᠢ᠎ᠳᠤ ᠪᠠᠢᠭ᠎ᠠ ᠰᠤᠷᠤᠬ᠍ᠴᠢ 2.9 ᠳ᠋ᠦᠩᠱᠢᠭᠤᠷ ᠪᠤᠢ᠂ ᠰᠤᠷᠭᠠᠨ ᠬᠦᠮᠦᠵᠢᠯ ᠭᠡᠬᠦ᠌ ᠡᠨᠡ ᠬᠦ᠌ ᠲᠦᠭ ᠲᠦᠮᠡᠨ ᠠᠢᠯ ᠡᠷᠦᠬᠡ ᠪᠠ ᠳᠤᠮᠳᠠᠳᠤ᠎ᠶ᠋ᠢᠨ ᠦᠨᠳᠦᠰᠦᠲᠡᠨ᠎ᠤ ᠢᠷᠡᠭᠡᠳᠦᠶ᠎ᠳᠤ ᠬᠤᠯᠪᠤᠬ᠍ᠳᠠᠬᠤ ᠲᠤᠮᠤ ᠶᠡᠪᠤᠳᠠᠯ᠎ᠢ ᠰᠠᠢᠲᠤᠷ ᠡᠷᠬᠢᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠶ᠃

ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠰᠠᠭᠤᠭᠠᠯᠢ ᠠᠷᠠᠳ᠎ᠤᠨ ᠡᠮᠨᠡᠯᠭᠡ᠎ᠶ᠋ᠢᠨ ᠳᠠᠭᠠᠳᠭᠠᠯ ᠪᠠ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠨᠳᠦᠰᠦᠨ ᠦᠢᠯᠡᠴᠢᠯᠡᠭᠡᠨ᠎ᠤ ᠵᠠᠷᠤᠳᠠᠯ᠎ᠤᠨ ᠬᠥᠮᠦᠨ ᠳᠤᠮᠳᠠᠴᠢ᠎ᠶ᠋ᠢᠨ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠲᠠᠬᠢᠭᠠᠳ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭ᠌ᠰᠢᠯᠡᠭᠦᠯᠵᠦ᠍᠂ᠦᠨᠳᠦᠰᠦᠨ ᠡᠮᠨᠡᠯᠭᠡ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠤᠨ᠎ᠠ᠃ ᠡᠮ᠎ᠤᠨ ᠵᠦᠢᠯ ᠪᠠ ᠥᠨᠳᠥᠷ ᠥᠷᠲᠡᠭ᠌ᠲᠦ ᠡᠮᠨᠡᠯᠭᠡ᠎ᠶ᠋ᠢᠨ ᠬᠡᠷᠡᠭ᠌ᠯᠡᠭᠡᠨ᠎ᠤ ᠬᠤᠷᠤᠬ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶᠡᠵᠢᠬᠦᠯᠵᠦ᠍ ᠬᠤᠳᠠᠯᠳᠤᠨ ᠠᠪᠬᠤ᠎ᠶ᠋ᠢ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ᠎ᠶ᠋ᠢ ᠦᠨᠡᠨ ᠬᠦ᠌ ᠪᠠᠲᠤᠯᠠᠨ᠎ᠠ᠃ ᠡᠮ᠎ᠤᠨ ᠵᠦᠢᠯ ᠸᠠᠺᠼᠢᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠡᠮᠨᠡᠯᠭᠡ᠎ᠶ᠋ᠢᠨ ᠳᠠᠭᠠᠳᠭᠠᠯ᠎ᠤᠨ ᠵᠣᠭᠤᠰ ᠲᠦᠯᠦᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠮᠨᠡᠯᠭᠡ᠎ᠶ᠋ᠢᠨ ᠳᠠᠭᠠᠳᠭᠠᠯ ᠎ᠤᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠲᠠᠰᠤᠯᠤᠨ ᠪᠤᠳᠤᠬᠤ ᠠᠷᠭ᠎ᠠ᠎ᠶ᠋ᠢ ᠲᠡᠭᠦᠯᠳᠡᠷᠵᠢᠭᠦᠯᠵᠦ᠍᠂ ᠪᠥᠬᠦ᠌ ᠤᠯᠤᠰ᠎ᠤᠨ ᠡᠮᠨᠡᠯᠭᠡ᠎ᠶ᠋ᠢᠨ ᠳᠠᠭᠠᠳᠭᠠᠯ᠎ᠤᠨ ᠡᠮ ᠬᠡᠷᠡᠭ᠌ᠯᠡᠬᠦ᠌ ᠬᠡᠪᠴᠢᠶ᠎ᠡ᠎ᠶ᠋ᠢ ᠦᠨᠳᠦᠰᠦᠨ᠎ᠳᠡᠭᠡᠨ ᠨᠢᠭᠡᠳᠦᠯᠲᠡᠶ ᠪᠠᠢᠯᠭᠠᠬᠤ᠎ᠶ᠋ᠢ ᠪᠡᠶᠡᠯᠡᠭᠦᠯᠦᠨ᠎ᠡ᠃ᠰᠡᠷᠭᠡᠢᠯᠡᠬᠦ᠌᠎ᠪᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠡᠷᠡᠭᠦᠯ ᠮᠡᠨᠳᠤ ᠵᠢᠨ ᠬᠦᠮᠦᠵᠢᠯ ᠪᠠ ᠡᠷᠡᠬᠦᠯ ᠮᠡᠨᠳᠤ ᠵᠢᠨ ᠬᠠᠮᠢᠶᠠᠷᠤᠯᠳᠠ ᠵᠢ ᠴᠢᠩᠭᠠᠳᠬᠠᠵᠦ᠂ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ᠎ᠶ᠋ᠢ ᠭᠦᠨᠵᠡᠭᠡᠢ ᠠᠬᠢᠭᠤᠯᠤᠨ᠎ᠠ᠃ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠨ᠂ ᠥᠮᠡᠨ ᠵᠡᠷᠭᠡ ᠤᠳᠠᠭᠠᠨ ᠴᠢᠨᠠᠷᠳᠠᠢ ᠡᠪᠡᠳᠴᠢᠨ ᠪᠠ ᠠᠭᠤᠰᠬᠢᠨ ᠦᠷᠪᠢᠰᠦᠯ᠂ ᠡᠯᠢᠭᠡᠨ᠎ᠤ ᠦᠷᠪᠢᠰᠦᠯ ᠵᠡᠷᠭᠡ ᠬᠠᠯᠳᠠᠪᠤᠷᠢᠯᠠᠬᠤ ᠴᠢᠨᠠᠷᠳᠠᠢ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠲᠦᠪᠱᠢᠨ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍᠂ ᠬᠤᠪᠣᠷ ᠲᠣᠬᠢᠶᠠᠯᠳᠤᠬᠤ ᠡᠪᠡᠳᠴᠢᠨ᠎ᠤ ᠡᠮ ᠬᠡᠷᠡᠭ᠌ᠯᠡᠬᠦ᠌ ᠪᠠᠲᠤᠯᠠᠭ᠎ᠠ᠎ᠶ᠋ᠢ ᠴᠢᠩᠭᠠᠳᠭᠠᠨ᠎ᠠ᠃ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠲᠣᠤᠷ ᠰᠦᠯᠵᠢᠶ᠎ᠡ᠎ᠶ᠋ᠢ ᠪᠦᠷᠢᠨᠱᠢᠬᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠬᠦᠨᠳᠦ ᠶᠡᠭᠡ ᠬᠢᠵᠢᠭ᠎ᠤᠨ ᠪᠠᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠂ ᠲᠠᠬᠤᠯ ᠡᠪᠡᠳᠴᠢᠨ᠎ᠤ ᠰᠤᠳᠤᠯᠤᠯ᠎ᠤᠨ ᠪᠠᠢᠴᠠᠭᠠᠯᠳᠠ ᠬᠢᠵᠦ᠍ ᠢᠷᠡᠯᠲᠡ᠎ᠶ᠋ᠢ ᠮᠥᠷᠳᠡᠬᠦ᠌ ᠪᠠ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠰᠦᠢᠳᠭᠡᠯ ᠬᠤᠷᠢᠶᠠᠯᠳᠠ ᠪᠠ ᠦᠢᠯᠡᠴᠢᠯᠡᠭᠡ᠎ᠶ᠋ᠢ ᠵᠢᠷᠤᠮᠵᠢᠭᠤᠯᠵᠤ᠂ ᠬᠢᠵᠢᠭ᠎ᠠᠴᠠ ᠪᠣᠯᠵᠤ ᠬᠦᠴᠢᠷᠳᠡᠯ᠎ᠳᠤ ᠤᠴᠠᠷᠠᠭ᠍ᠰᠠᠨ ᠡᠮᠨᠡᠯᠭᠡ᠎ᠶ᠋ᠢᠨ ᠪᠠᠢᠭᠤᠯᠤᠮᠵᠢ᠎ᠶ᠋ᠢ ᠦᠷᠭᠦᠯᠵᠢᠯᠡᠨ ᠬᠠᠪᠰᠤᠷᠤᠨ ᠲᠡᠳᠬᠦᠵᠦ᠍᠂ ᠡᠬᠡ ᠨᠢᠯᠬᠠᠰ ᠬᠡᠦᠬᠡᠳ᠎ᠤᠨ ᠰᠠᠯᠠᠭ᠎ᠠ᠂ ᠣᠶᠤᠨ ᠮᠡᠳᠡᠷᠡᠯ᠎ᠤᠨ ᠡᠷᠡᠭᠦᠯ ᠬᠠᠮᠠᠭᠠᠯᠠᠯ᠂ ᠨᠠᠰᠤᠲᠠᠢᠴᠤᠳ᠎ᠤᠨ ᠠᠨᠠᠭᠠᠬᠤ ᠤᠬᠠᠭᠠᠨ ᠵᠡᠷᠭᠡ᠎ᠶ᠋ᠢᠨ ᠦᠢᠯᠡᠴᠢᠯᠡᠭᠡᠨ᠎ᠤ ᠳᠤᠲᠠᠭᠤᠳᠠᠯ᠎ᠢ ᠨᠥᠬᠦᠪᠥᠷᠢᠯᠡᠨ᠎ᠡ᠃ ᠬᠢᠳᠡᠳ ᠡᠮ ᠡᠮᠨᠡᠯᠭᠡ ᠡᠸᠦ᠋ᠷᠦᠫᠡ ᠡᠮ ᠡᠮᠨᠡᠯᠭᠡ ᠵᠢ ᠵᠡᠷᠭᠡ ᠪᠡᠷ ᠴᠢᠬᠤᠯᠠᠴᠢᠯᠠᠬᠤ ᠵᠢ ᠪᠠᠷᠢᠮᠳᠠᠯᠠᠵᠦ᠂ ᠬᠢᠲᠠᠳ ᠡᠮ ᠡᠮᠨᠡᠯᠭᠡ᠎ᠶ᠋ᠢ ᠮᠠᠨᠳᠤᠭᠤᠯᠤᠨ ᠬᠥᠭ᠌ᠵᠢᠭᠦᠯᠬᠦ᠌᠎ᠶ᠋ᠢ ᠳᠡᠮᠵᠢᠵᠦ᠍᠂ ᠬᠢᠲᠠᠳ ᠡᠮ ᠡᠮᠨᠡᠯᠭᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ ᠰᠢᠶᠠᠩ ᠳᠤᠰᠬᠤᠨ᠎ᠤ ᠡᠮᠴᠢ ᠵᠢᠨ ᠬᠠᠷᠠᠭᠠᠯᠵᠠᠯ᠎ᠤᠨ ᠪᠠᠳᠤᠯᠠᠪᠤᠷᠢ ᠬᠢᠭᠡᠳ ᠤᠷᠮᠠᠰᠢᠭᠤᠯᠬᠤ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠤᠨ ᠳᠠᠭᠦᠯᠳᠡᠷᠵᠢᠬᠦᠯᠦᠨ᠎ᠡ᠃ ᠱᠠᠲᠤ ᠬᠤᠪᠢᠶᠠᠨ ᠣᠨᠣᠱᠢᠯᠠᠨ ᠡᠮᠨᠡᠬᠦ᠌᠎ᠶ᠋ᠢ ᠠᠬᠢᠭᠤᠯᠬᠤ ᠪᠠ ᠡᠪᠡᠳᠴᠢᠨ ᠦᠵᠡᠭᠦᠯᠬᠦ᠌ ᠡᠮᠬᠢ ᠳᠢᠭ᠌ᠯᠢᠮ᠎ᠢ ᠱᠢᠯᠢᠳᠡᠭ᠌ᠵᠢᠭᠦᠯᠬᠦ᠌᠎ᠶ᠋ᠢ ᠪᠣᠳᠣᠯᠬᠢᠯᠠᠨ᠂ ᠤᠯᠤᠰ᠂ ᠮᠤᠵᠢ᠎ᠶ᠋ᠢᠨ ᠲᠡᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ᠎ᠢ ᠲᠦᠷᠭᠡᠯᠡᠨ ᠪᠠᠢᠭᠤᠯᠵᠤ᠂ ᠱᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠤᠨ ᠬᠤᠲᠠ ᠱᠢᠶᠠᠨ ᠲᠡᠢᠰᠢ ᠦᠷᠭᠡᠵᠢᠬᠦ᠌᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠡᠪᠡᠳᠴᠢᠨ ᠡᠮᠭᠡᠭ᠎ᠢ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠤᠯᠠᠨ ᠲᠦᠮᠡᠨ᠎ᠢ ᠤᠢ᠍ᠢᠷ᠎ᠠ ᠬᠠᠪᠢ᠎ᠳᠠᠭᠠᠨ ᠨᠡᠩ ᠰᠠᠢᠨ ᠡᠮᠨᠡᠯᠭᠡ᠎ᠶ᠋ᠢᠨ ᠦᠢᠯᠡᠴᠢᠯᠡᠭᠡ ᠬᠦᠷᠳᠡᠵᠦ᠍ ᠳᠡᠢᠯᠬᠦ᠌ ᠪᠤᠯᠭᠠᠨ᠎ᠠ᠃

ᠨᠡᠢᠭᠡᠮ᠎ᠤᠨ ᠪᠠᠲᠤᠯᠠᠭ᠎ᠠ ᠪᠠ ᠦᠢᠯᠡᠴᠢᠯᠡᠭᠡ᠎ᠶ᠋ᠢ ᠴᠢᠩᠭᠠᠳᠭᠠᠨ᠎ᠠ᠃ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠪᠦᠬᠦ᠌ ᠤᠯᠤᠰ᠎ᠲᠤ ᠨᠢᠭᠡᠳᠦᠯᠲᠡᠶ ᠲᠥᠯᠥᠪᠯᠡᠬᠦ᠌᠎ᠶ᠋ᠢ ᠯᠠᠪᠳᠠᠭᠤᠨ᠎ᠢᠶᠠᠷ ᠬᠡᠷᠡᠭ᠌ᠵᠢᠭᠦᠯᠵᠦ᠍᠂ ᠠᠵᠢᠯ᠎ᠠᠴᠠ᠎ᠪᠠᠨ ᠪᠠᠭᠤᠵᠤ ᠠᠮᠠᠷᠠᠭ᠍ᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠌ ᠪᠠ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠰᠠᠭᠤᠷᠢ ᠨᠠᠰᠤᠵᠢᠯ᠎ᠤᠨ ᠠᠰᠠᠷᠠᠮᠵᠢ᠎ᠶ᠋ᠢᠨ ᠮᠥᠩᠭᠦ᠎ᠶ᠋ᠢᠨ ᠪᠠᠷᠢᠮᠵᠢᠶ᠎ᠠ᠎ᠶ᠋ᠢ ᠵᠣᠬᠢᠰᠲᠠᠶ ᠳᠡᠭᠡᠭ᠌ᠰᠢᠯᠡᠭᠦᠯᠵᠦ᠍᠂ ᠴᠠᠭ ᠲᠤᠬᠠᠶ᠎ᠳᠤᠨᠢ ᠲᠤᠭ᠎ᠠ ᠶᠣᠰᠣᠭᠠᠷ ᠥᠭ᠌ᠬᠦ᠎ᠶ᠋ᠢ ᠦᠨᠡᠨ ᠬᠦ᠌ ᠪᠠᠲᠤᠯᠠᠨ᠎ᠠ᠃ ᠭᠤᠷᠪᠠᠳᠤᠭᠠᠷ ᠲᠤᠯᠭᠠᠭᠤᠷᠢᠯᠡᠯ ᠨᠠᠰᠤᠵᠢᠯ᠎ᠤᠨ ᠠᠰᠠᠷᠠᠮᠵᠢ᠎ᠶ᠋ᠢᠨ ᠳᠠᠭᠠᠳᠭᠠᠯ᠎ᠢ ᠦᠷᠭᠦᠯᠵᠢᠯᠡᠨ ᠵᠢᠷᠤᠮᠵᠢᠭᠤᠯᠤᠨ ᠬᠥᠭ᠌ᠵᠢᠭᠦᠯᠦᠨ᠎ᠡ᠃ᠠᠵᠢᠯ᠎ᠠᠴᠠ ᠪᠣᠯᠤᠭ᠍ᠰᠠᠨ ᠭᠡᠮᠲᠦᠯ᠎ᠤᠨ ᠪᠠ ᠠᠵᠢᠯ ᠠᠯᠳᠠᠯᠲᠠ᠎ᠶ᠋ᠢᠨ ᠳᠠᠭᠠᠳᠭᠠᠯ᠎ᠢ ᠮᠤᠵᠢ᠎ᠶ᠋ᠢᠨ ᠱᠠᠲᠤᠨ᠎ᠳᠤ ᠨᠢᠭᠡᠳᠦᠯᠲᠡᠶ ᠲᠥᠯᠥᠪᠯᠡᠬᠦ᠌᠎ᠶ᠋ᠢ ᠲᠦᠷᠭᠡᠯᠡᠨ ᠠᠬᠢᠭᠤᠯᠤᠨ᠎ᠠ᠃ ᠴᠡᠷᠢᠭ ᠪᠠ ᠴᠡᠷᠢᠭ᠎ᠤᠨ ᠭᠡᠷ ᠪᠦᠯᠢ᠂ ᠴᠡᠷᠢᠭ᠎ᠤᠨ ᠠᠯᠪᠠ᠎ᠠᠴᠠ ᠪᠠᠭᠤᠭ᠍ᠰᠠᠳ ᠪᠠ ᠪᠤᠰᠤᠳ ᠠᠰᠠᠷᠠᠨ ᠬᠠᠷᠠᠭᠠᠯᠵᠠᠬ᠍ᠳᠠᠬᠤ ᠡᠲᠡᠭᠡᠳ᠎ᠤᠨ ᠬᠠᠷᠠᠭᠠᠯᠵᠠᠯ ᠠᠰᠠᠷᠠᠮᠵᠢ᠎ᠶ᠋ᠢᠨ ᠠᠵᠢᠯ᠎ᠢ ᠰᠠᠢᠲᠤᠷ ᠬᠢᠨ᠎ᠠ᠃ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠢᠳᠡᠪᠬᠢᠲᠡᠢ ᠠᠷᠭᠠᠴᠠᠭᠠᠵᠤ ᠂ ᠭᠡᠷ ᠳᠡᠭᠡᠨ ᠰᠠᠭᠤᠬᠤ ᠨᠡᠢᠭᠡᠮ ᠲᠤᠭᠤᠷᠢᠭ᠎ᠤᠨ ᠪᠠᠢᠭᠤᠯᠤᠮᠵᠢ ᠵᠢᠨ ᠬᠠᠷᠢᠯᠴᠠᠨ ᠵᠤᠬᠢᠴᠠᠯᠳᠤᠬᠤ᠂ ᠡᠮᠴᠢᠯᠡᠭᠡ ᠰᠤᠪᠢᠯᠠᠯᠳᠠ ᠡᠷᠡᠭᠦᠯᠵᠢᠯ ᠰᠤᠪᠢᠯᠠᠯᠳᠠ ᠵᠢ ᠬᠠᠷᠢᠯᠴᠠᠨ ᠤᠶᠠᠯᠳᠤᠭᠤᠯᠬᠤ ᠨᠠᠰᠤᠵᠢᠯ᠎ᠤᠨ ᠦᠢᠯᠡᠴᠢᠯᠡᠭᠡᠨ᠎ᠤ ᠰᠢᠰᠲᠸᠮ ᠢ᠋ ᠲᠦᠷᠭᠡᠳᠬᠡᠨ ᠪᠠᠢᠭᠤᠯᠤᠨ᠎ᠠ᠃ ᠬᠤᠲᠠ ᠬᠥᠳᠡᠭᠡ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠨᠡᠢᠭᠡᠮ᠎ᠤᠨ ᠬᠦᠴᠦᠨ᠎ᠤ ᠡᠳᠦᠷ ᠬᠠᠷᠠᠭᠠᠯᠵᠠᠬᠤ᠂ ᠢᠳᠡᠬᠦᠯᠵᠤ ᠤᠤᠭᠤᠯᠭᠠᠬᠤ ᠤᠬᠢᠶᠠᠵᠤ ᠴᠡᠪᠡᠷᠯᠡᠬᠦ᠂ ᠡᠷᠡᠭᠦᠯᠵᠢᠬᠦᠯᠵᠦ᠍ ᠰᠤᠪᠢᠯᠠᠬᠤ ᠵᠡᠷᠭᠡ ᠦᠢᠯᠡᠴᠢᠯᠡᠭᠡ ᠬᠠᠨᠭ᠌ᠭᠠᠬᠤ᠎ᠶ᠋ᠢ ᠳᠡᠮᠵᠢᠵᠦ᠍᠂ ᠤᠷᠳᠤ ᠬᠤᠭᠤᠴᠠᠭᠠᠨ᠎ᠤ ᠰᠤᠪᠢᠯᠠᠯᠳᠠ ᠵᠢᠨ ᠳᠠᠭᠠᠳᠬᠠᠯ᠎ᠤᠨ ᠲᠦᠷᠢᠮ᠎ᠤᠨ ᠳᠤᠷᠰᠢᠯᠳᠠ ᠵᠢᠨ ᠴᠡᠭ ᠢ᠋ ᠯᠠᠪᠳᠠᠭᠤᠨ ᠠᠬᠢᠭᠤᠯᠵᠦ᠂ ᠬᠥᠳᠡᠭᠡ ᠲᠣᠰᠭᠤᠨ᠎ᠤ ᠲᠤᠰᠠᠯᠠᠯᠴᠠᠬᠤ ᠬᠡᠯᠪᠡᠷᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠬᠥᠭ᠌ᠵᠢᠭᠦᠯᠬᠦ᠌᠎ᠶ᠋ᠢ ᠵᠣᠷᠢᠬ᠍ᠵᠢᠭᠤᠯᠵᠤ᠂ ᠨᠠᠰᠤᠳᠠᠢᠴᠤᠳ ᠤ᠋ᠨ ᠰᠤᠷᠭᠠᠨ ᠬᠦᠮᠦᠵᠢᠯ᠎ᠤᠨ ᠬᠦᠭᠵᠢᠯᠳᠡ ᠵᠢᠨ ᠰᠢᠨ᠎ᠡ ᠵᠢ ᠡᠭᠦᠳᠴᠦ᠂ ᠨᠠᠰᠤᠵᠢᠯ᠎ᠤᠨ ᠠᠵᠢᠯ ᠦᠢᠯᠡᠰ ᠪᠠ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠭᠤᠷᠪᠠᠨ ᠬᠡᠦᠬᠡᠳ ᠠᠪᠴᠤ᠌ ᠪᠤᠯᠬᠤ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠢᠵᠢ ᠪᠦᠷᠢᠳᠤᠬᠦᠯᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ 3 ᠨᠠᠰᠤᠨ᠎ᠠᠴᠠ ᠳᠣᠷᠣᠭ᠍ᠰᠢᠬᠢ ᠨᠢᠯᠬ᠎ᠠ ᠬᠡᠤᠭᠡᠳ ᠬᠠᠷᠠᠵᠤ ᠬᠠᠷᠠᠭᠠᠯᠵᠠᠬᠤ ᠵᠠᠷᠤᠳᠠᠯ᠎ᠢ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠤᠰᠭᠠᠶ ᠵᠦᠢᠯ᠎ᠤᠨ ᠨᠡᠮᠡᠯᠲᠡ ᠲᠠᠭᠠᠳᠭᠠᠯ᠎ᠳᠤ ᠣᠷᠣᠭᠤᠯᠵᠤ᠂ ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠳᠠᠭᠤᠯᠬᠤ ᠦᠢᠯᠡᠴᠢᠯᠡᠭᠡ᠎ᠶ᠋ᠢ ᠬᠥᠭ᠌ᠵᠢᠭᠦᠯᠵᠤ᠂ ᠭᠡᠷ ᠪᠦᠯᠢ᠎ᠶ᠋ᠢᠨ ᠦᠰᠭᠡᠵᠤ ᠪᠤᠢᠵᠢᠭᠤᠯᠵᠦ ᠰᠤᠷᠭᠠᠨ ᠬᠦᠮᠦᠵᠢᠬᠦᠯᠬᠦ ᠳᠠᠷᠤᠭᠠᠰᠤ᠎ᠶ᠋ᠢ ᠬᠥᠩᠭᠡᠷᠡᠭᠦᠯᠦᠨ᠎ᠡ᠃ ᠨᠠᠰᠤᠨ᠎ᠳᠤ ᠦᠯᠦ᠍ ᠬᠦᠷᠦᠭ᠌ᠰᠡᠳ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠵᠡᠮᠳᠡᠭ᠌ᠷᠡᠬᠦ᠌᠎ᠶ᠋ᠢ ᠰᠡᠷᠭᠡᠢᠯᠡᠬᠦ᠌ ᠪᠠ ᠡᠷᠡᠭᠦᠯᠵᠢᠭᠦᠯᠬᠦ᠌ ᠦᠢᠯᠡᠴᠢᠯᠡᠭᠡᠨ᠎ᠤ ᠲᠦᠪᠱᠢᠨ᠎ᠢ ᠳᠡᠭᠡᠭ᠌ᠰᠢᠯᠡᠭᠦᠯᠦᠨ᠎ᠡ᠃ ᠵᠡᠮᠳᠡᠭ ᠢ᠋ ᠰᠡᠷᠭᠡᠢᠯᠡᠬᠦ ᠪᠠ ᠡᠷᠡᠭᠦᠯᠵᠢᠬᠦᠯᠬᠦ ᠦᠢᠯᠡᠴᠢᠯᠡᠭᠡᠨ᠎ᠤ ᠲᠦᠪᠰᠢᠨ ᠢ᠋ ᠳᠡᠭᠡᠭᠰᠢᠯᠡᠬᠦᠯᠦᠨ᠎ᠡ᠃ ᠠᠷᠠᠳ᠎ᠤᠨ ᠠᠮᠢᠳᠣᠷᠠᠯ᠎ᠤᠨ ᠦᠨᠳᠦᠰᠦᠨ ᠵᠦᠢᠯ᠎ᠢ ᠪᠠᠳᠤᠯᠠᠬᠤ ᠪᠠᠲᠤᠯᠠᠭ᠎ᠠ ᠪᠠ ᠬᠦᠴᠢᠷᠳᠡᠯ᠎ᠳᠤ ᠲᠤᠯᠭᠠᠷᠠᠭ᠍ᠰᠠᠨ ᠣᠯᠠᠨ ᠲᠦᠮᠡᠨ᠎ᠢ ᠠᠪᠤᠷᠠᠨ ᠲᠤᠰᠠᠯᠠᠬᠤ ᠠᠵᠢᠯ᠎ᠢ ᠴᠢᠩᠭᠠᠳᠭᠠᠵᠤ᠂ ᠪᠠᠲᠤᠯᠠᠬᠤ ᠶᠣᠰᠣᠲᠠᠶ᠎ᠶ᠋ᠢ᠎ᠨᠢ ᠴᠦᠮ ᠪᠠᠲᠤᠯᠠᠬᠤ ᠪᠠ ᠲᠤᠰᠠᠯᠠᠬᠤ ᠶᠤᠰᠤᠲᠠᠢ᠎ᠶ᠋ᠢ᠎ᠨᠢ ᠴᠦᠮ ᠲᠤᠰᠠᠯᠠᠬᠤ᠎ᠶ᠋ᠢ ᠴᠢᠷᠮᠠᠢᠨ ᠪᠡᠶᠡᠯᠡᠭᠦᠯᠦᠨ᠎ᠡ᠃

ᠤᠯᠠᠨ ᠲᠦᠮᠡᠨ᠎ᠤ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠦᠷᠭᠦᠯᠵᠢᠯᠡᠨ ᠰᠠᠢᠲᠤᠷ ᠪᠠᠲᠤᠯᠠᠨ᠎ᠠ᠃ ᠭᠡᠷ ᠪᠠᠢᠱᠢᠩ᠎ᠢ ᠪᠣᠯ ᠰᠠᠭᠤᠬᠤ᠎ᠶ᠋ᠢᠨ ᠲᠥᠯᠥᠭᠡ ᠪᠠᠷᠢᠭ᠍ᠰᠠᠨ᠎ᠠᠴᠠ ᠪᠢᠰᠢ ᠰᠠᠷᠢᠭᠠᠯᠠᠬᠤ᠎ᠶ᠋ᠢᠨ ᠲᠥᠯᠥᠭᠡ ᠪᠠᠷᠢᠭ᠍ᠰᠠᠨ ᠪᠢᠰᠢ ᠭᠡᠭᠦ᠌ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠰᠦᠪᠡᠭ᠌ᠴᠢᠯᠡᠵᠦ᠍᠂ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠤᠷᠲᠤ ᠬᠤᠭᠤᠴᠠᠭᠠᠨ᠎ᠤ ᠲᠦᠷᠢᠶᠡᠰᠦᠨ ᠣᠷᠣᠨ ᠰᠠᠭᠤᠴᠠ᠎ᠶ᠋ᠢᠨ ᠵᠠᠬ᠎ᠠ ᠳᠡᠯᠭᠡᠭᠦᠷ᠎ᠢ ᠲᠦᠷᠭᠡᠯᠡᠨ ᠬᠥᠭ᠌ᠵᠢᠭᠦᠯᠵᠦ᠍᠂ ᠪᠠᠲᠤᠯᠠᠭ᠎ᠠ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠲᠠᠸᠠᠷ᠎ᠤᠨ ᠭᠡᠷ ᠪᠠᠢᠱᠢᠩ᠎ᠤᠨ ᠵᠠᠬ᠎ᠠ ᠳᠡᠯᠭᠡᠭᠦᠷ᠎ᠤᠨ᠎ᠬᠢᠨ᠎ᠤ ᠭᠡᠷ ᠬᠤᠳᠠᠯᠳᠤᠨ ᠠᠪᠤᠭ᠍ᠴᠢᠳ᠎ᠤᠨ ᠵᠦᠶ ᠵᠣᠬᠢᠰᠲᠠᠶ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠨᠠᠩ ᠰᠠᠢᠨ ᠬᠠᠩᠭᠠᠬᠤ᠎ᠶ᠋ᠢ ᠳᠠᠮᠵᠢᠵᠤ᠂ ᠭᠠᠵᠠᠷ ᠱᠢᠷᠤᠢ᠎ᠶ᠋ᠢᠨ ᠦᠨ᠎ᠡ᠂ ᠭᠡᠷ ᠪᠠᠢᠱᠢᠩ᠎ᠤᠨ ᠦᠨ᠎ᠡ ᠪᠠ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠵᠤ᠂ ᠬᠤᠲᠠ᠎ᠶ᠋ᠢᠨ ᠪᠠᠢᠳᠠᠯ᠎ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠠᠪᠴᠤ᠌ ᠭᠡᠷ ᠪᠠᠢᠱᠢᠩ ᠭᠠᠵᠠᠷ ᠱᠢᠷᠤᠢ᠎ᠶ᠋ᠢᠨ ᠬᠥᠷᠥᠩᠭᠡ᠎ᠶ᠋ᠢᠨ ᠦᠢᠯᠡᠰ᠎ᠤᠨ ᠰᠠᠢᠨ ᠣᠷᠴᠢᠯ ᠪᠠ ᠡᠷᠡᠭᠦᠯ ᠬᠥᠭ᠌ᠵᠢᠯᠳᠠ᠎ᠶ᠋ᠢ ᠠᠬᠢᠭᠤᠯᠤᠨ᠎ᠠ᠃

ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠬ᠍ᠵᠢᠭᠤᠯᠤᠨ᠎ᠠ᠃ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠪᠤᠢᠵᠢᠭᠤᠯᠤᠨ ᠦᠢᠯᠡᠳᠦᠯᠭᠡᠵᠢᠭᠦᠯᠵᠦ᠍᠂ ᠤᠯᠠᠨ ᠲᠦᠮᠡᠨᠴᠢ ᠴᠢᠨᠠᠷᠲᠠᠶ ᠤᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠺᠢᠨᠣ᠋ ᠲᠧᠯᠸᠢᠰ᠂ ᠤᠳᠭ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠢᠭᠡᠮ᠎ᠤᠨ ᠱᠢᠨᠵᠢᠯᠡᠬᠦ᠌ ᠤᠬᠠᠭᠠᠨ ᠪᠠ ᠲᠠᠩᠰᠠ ᠡᠪᠬᠡᠮᠡᠯ ᠵᠡᠷᠭᠡ ᠠᠵᠢᠯ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ᠃ ᠠᠷᠠᠳ ᠨᠡᠢᠳᠡ᠎ᠪᠠᠷ᠎ᠢᠶᠠᠨ ᠨᠤᠮ ᠤᠩᠱᠢᠬᠤ᠎ᠶ᠋ᠢ ᠭᠦᠨᠵᠡᠭᠡᠶ ᠠᠬᠢᠭᠤᠯᠤᠨ᠎ᠠ᠃ ᠢᠨᠲ᠋ᠧᠷ ᠰᠦᠯᠵᠢᠶᠡᠨ᠎ᠤ ᠠᠭᠤᠯᠭ᠎ᠠ᠎ᠶ᠋ᠢᠨ᠎ᠪᠠᠢᠭᠤᠯᠤᠯᠲᠠ᠎ᠶ᠋ᠢ᠎ᠴᠢᠩᠭᠠᠳᠭᠠᠨ᠎ᠱᠢᠨᠡᠴᠢᠯᠡᠵᠤ᠂᠎ᠰᠦᠯᠵᠢᠶᠡᠨ᠎ᠤ ᠠᠮᠢ ᠠᠬᠤᠶ᠎ᠶ᠋ᠢᠨ ᠵᠠᠰᠠᠯᠲᠠ᠎ᠶ᠋ᠢ ᠭᠦᠨᠵᠡᠭᠡᠢᠷᠡᠭᠦᠯᠦᠨ᠎ᠡ᠃ ᠣᠯᠠᠨ ᠨᠡᠢᠲᠡ᠎ᠶ᠋ᠢᠨ ᠰᠣᠶᠣᠯ᠎ᠤᠨ ᠳ᠋ᠢᠵᠢᠲ᠋ᠠᠯᠴᠢᠯᠠᠬᠤ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠰᠣᠶᠣᠯ᠎ᠤᠨ ᠲᠥᠬᠦᠭᠡᠷᠦᠮᠵᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠰᠣᠶᠣᠯ᠎ᠤᠨ ᠦᠢᠯᠡᠳᠬᠦᠨ ᠪᠠ ᠦᠢᠯᠡᠴᠢᠯᠡᠭᠡᠨ᠎ᠤ ᠬᠠᠩᠭᠠᠯᠭ᠎ᠠ᠎ᠶ᠋ᠢ ᠥᠷᠭᠡᠳᠭᠡᠵᠦ᠂ ᠰᠤᠶᠤᠯ᠎ᠤᠨ ᠠᠵᠤ ᠦᠢᠯᠡᠰ᠎ᠤᠨ ᠬᠦᠭᠵᠢᠯᠳᠡ ᠵᠢ ᠳᠡᠮᠵᠢᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠢ᠋ ᠤᠯᠠᠮᠵᠢᠯᠠᠨ ᠪᠠᠳᠠᠷᠠᠭᠤᠯᠵᠦ᠂ ᠲᠡᠤᠭᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠤ ᠨᠣᠮ ᠪᠢᠴᠢᠭ᠎ᠢ ᠬᠠᠮᠠᠭᠠᠯᠠᠨ ᠠᠱᠢᠭ᠍ᠯᠠᠬᠤ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠵᠠᠯᠭᠠᠮᠵᠢᠯᠠᠬᠤ᠎ᠶ᠋ᠢ ᠴᠢᠩᠭᠠᠳᠭᠠᠵᠦ᠂ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠳᠦᠭᠡᠨ ᠪᠠᠢᠭᠤᠯᠤᠯᠳᠠ ᠵᠢ ᠠᠬᠢᠭᠤᠯᠤᠨ᠎ᠠ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭᠴᠤᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠪ᠎ᠢ ᠰᠠᠢᠲᠤᠷ ᠬᠡᠷᠡᠭ᠌ᠯᠡᠵᠦ᠂ ᠮᠦᠰᠦ ᠴᠠᠰᠤᠨ᠎ᠤ ᠬᠦᠳᠡᠯᠭᠡᠭᠡᠨ ᠪᠠ ᠴᠠᠰᠤ ᠮᠦᠰᠦᠨ᠎ᠤ ᠠᠵᠤ ᠦᠢᠯᠡᠰ ᠢ᠋ ᠬᠦᠭᠵᠢᠭᠦᠯᠦᠨ᠎ᠡ᠃ ᠣᠯᠠᠨ ᠲᠦᠮᠡᠨ᠎ᠤ ᠳᠡᠷᠭᠡᠳᠡᠬᠢ ᠪᠡᠶ᠎ᠡ᠎ᠶ᠋ᠢᠨ ᠲᠠᠮᠢᠷ᠎ᠤᠨ ᠲᠠᠯᠠᠪᠤᠷ ᠭᠠᠵᠠᠷ᠎ᠤᠨ ᠲᠦᠬᠦᠭᠡᠷᠤᠮᠵᠢ᠎ᠶ᠋ᠢ ᠪᠦᠲᠦᠭᠡᠨ ᠪᠠᠢᠭᠤᠯᠵᠤ᠂ ᠠᠷᠠᠳ ᠨᠡᠢᠳᠡ᠎ᠪᠠᠷ᠎ᠢᠶᠠᠨ ᠪᠡᠶ᠎ᠡ᠎ᠪᠠᠨ ᠴᠢᠭᠢᠷᠠᠭ᠍ᠵᠢᠭᠤᠯᠬᠤ ᠬᠡᠪ ᠵᠠᠩᠱᠢᠯ᠎ᠲᠠᠢ ᠪᠣᠯᠬᠤ᠎ᠶ᠋ᠢ ᠠᠬᠢᠭᠤᠯᠤᠨ᠎ᠠ᠃

ᠨᠡᠢᠭᠡᠮ᠎ᠤᠨ ᠵᠠᠰᠠᠯᠲᠠ᠎ᠶ᠋ᠢᠨ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠌ ᠪᠠ ᠨᠡᠢᠭᠡᠮ᠎ᠤᠨ ᠠᠮᠤᠷ ᠲᠣᠭ᠍ᠲᠠᠭᠤᠨ ᠡᠮᠬᠢ ᠵᠢᠷᠤᠮ᠎ᠲᠠᠢ ᠪᠠᠢᠬᠤ᠎ᠶ᠋ᠢ ᠠᠬᠢᠭᠤᠯᠤᠨ᠎ᠠ᠃ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌ ᠪᠠ ᠲᠡᠬᠦᠨ᠎ᠢ ᠲᠡᠭᠦᠯᠳᠡᠷᠵᠢᠭᠦᠯᠵᠦ᠍᠂ ᠨᠡᠢᠭᠡᠮ ᠲᠣᠭᠤᠷᠢᠭ᠎ᠤᠨ ᠦᠢᠯᠡᠴᠢᠯᠡᠭᠡᠨ᠎ᠤ ᠴᠢᠳᠠᠮᠵᠢ᠎ᠶ᠋ᠢ ᠴᠢᠩᠭᠠᠳᠭᠠᠵᠤ᠂ ᠨᠡᠢᠭᠡᠮ᠎ᠤᠨ ᠳᠠᠢᠴᠢᠯᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠨᠡᠢᠭᠡᠮ᠎ᠤᠨ ᠢᠲᠡᠭᠡᠮᠵᠢ᠎ᠶ᠋ᠢᠨ ᠱᠢᠰᠲ᠋ᠧᠮ᠎ᠢ ᠪᠦᠷᠢᠨᠱᠢᠬᠦᠯᠤᠨ᠎ᠠ᠃ ᠨᠡᠢᠭᠡᠮ᠎ᠤᠨ ᠠᠵᠢᠯ᠎ᠢ ᠬᠥᠭ᠌ᠵᠢᠭᠦᠯᠵᠦ᠍᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠳᠠ᠂ ᠰᠠᠢᠨ ᠳᠤᠷ᠎ᠠ᠎ᠶ᠋ᠢᠨ ᠦᠢᠯᠡᠴᠢᠯᠡᠭᠡ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠶ᠎ᠶ᠋ᠢᠨ ᠦᠢᠯᠡᠰ ᠵᠡᠷᠭᠡ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠲᠡᠮᠵᠢᠨ᠎ᠠ᠃ ᠡᠮᠡᠭ᠌ᠲᠡᠢᠴᠦᠳ ᠪᠠ ᠬᠡᠤᠭᠡᠳ᠎ᠢ ᠮᠡᠭᠡᠯᠡᠨ ᠬᠤᠳᠠᠯᠳᠤᠬᠤ ᠶᠠᠯᠠᠳᠤ ᠠᠵᠢᠯᠯᠠᠭ᠎ᠠ᠎ᠳᠤ ᠴᠢᠩᠭ᠎ᠠ ᠴᠤᠬᠢᠯᠲᠠ ᠦᠭ᠌ᠴᠦ᠂ ᠡᠮᠡᠭ᠌ᠲᠡᠢᠴᠦᠳ ᠪᠠ ᠬᠡᠤᠭᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠡᠷᠡᠰ ᠬᠠᠮᠠᠭᠠᠯᠠᠨ᠎ᠠ᠃ ᠨᠠᠰᠤᠲᠠᠢᠴᠤᠳ ᠪᠠ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠤᠢ᠍ᠢᠯᠡᠴᠢᠯᠡᠭᠡᠨ᠎ᠤ ᠱᠢᠰᠲ᠋ᠧᠮ ᠎ᠢ ᠪᠦᠷᠢᠨᠱᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠎ᠶ᠋ᠢᠨ ᠳᠦᠷᠢᠮ ᠎ᠢ ᠲᠡᠭᠦᠯᠳᠡᠷᠵᠢᠭᠦᠯᠵᠤ᠂ ᠵᠥᠷᠢᠴᠡᠯ ᠵᠠᠭᠤᠷᠠᠯᠳᠤᠭᠠᠨ᠎ᠢ ᠪᠠᠢᠴᠠᠭᠠᠨ ᠱᠢᠢᠳᠪᠦᠷᠢᠯᠡᠬᠦ᠌᠎ᠶ᠋ᠢ ᠴᠢᠩᠭᠠᠳᠭᠠᠵᠤ᠂ ᠣᠯᠠᠨ ᠲᠦᠮᠡᠨ᠎ᠤ ᠵᠦᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠬᠠᠤᠯᠢ ᠶᠣᠰᠣᠭᠠᠷ ᠴᠠᠭ ᠲᠤᠬᠠᠢ᠎ᠳᠤᠨᠢ ᠱᠢᠢᠳᠪᠦᠷᠢᠯᠡᠨ᠎ᠡ᠃ ᠨᠡᠢᠭᠡᠮ᠎ᠤᠨ ᠰᠡᠳᠭᠢᠴᠡ᠎ᠶ᠋ᠢᠨ ᠦᠢᠯᠡᠴᠢᠯᠡᠭᠡ᠎ᠶ᠋ᠢ ᠴᠢᠬᠤᠯᠠᠴᠢᠯᠠᠨ᠎ᠠ᠃ ᠤᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ ᠪᠠ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢ ᠴᠢᠩᠭᠠᠷᠠᠭᠤᠯᠤᠨ᠎ᠠ᠃ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠪᠠ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠦᠶᠡᠷ ᠤᠰᠤᠲᠤᠯ ᠭᠠᠩ ᠬᠠᠭ᠍ᠰᠠᠷᠠᠭᠠᠨ᠂ ᠣᠢ ᠱᠢᠭᠤᠶ ᠨᠤᠲᠤᠭ ᠪᠡᠯᠴᠢᠭᠡᠷ᠎ᠤᠨ ᠲᠦᠢᠮᠡᠷ᠂ ᠭᠠᠵᠠᠷ᠎ᠤᠨ ᠭᠠᠮᠱᠢᠭ᠂ ᠭᠠᠵᠠᠷ ᠬᠥᠳᠡᠯᠦᠯᠲᠡ ᠵᠡᠷᠭᠡ᠎ᠶ᠋ᠢ ᠰᠡᠷᠭᠡᠢᠯᠡᠬᠦ᠌ ᠠᠵᠢᠯ ᠪᠠ ᠴᠠᠭ ᠠᠭᠤᠷ᠎ᠤᠨ ᠦᠢᠯᠡᠴᠢᠯᠡᠭᠡ᠎ᠶ᠋ᠢ ᠰᠠᠢᠲᠤᠷ ᠬᠢᠨ᠎ᠡ᠃ ᠢᠳᠡᠭᠡᠨ᠎ᠤ ᠵᠦᠢᠯ᠎ᠤᠨ ᠪᠦᠬᠦ᠌ ᠬᠡᠯᠬᠢᠶᠡᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠳᠠᠯᠠᠨ᠎ᠠ᠃ ᠠᠶᠤᠯ ᠦᠭᠡᠢ ᠦᠢᠯᠡᠳᠪᠦᠷᠢᠯᠡᠯ᠎ᠤᠨ ᠬᠠᠷᠢᠭᠤᠴᠠᠯᠭ᠎ᠠ ᠪᠠ ᠬᠠᠮᠢᠶᠠᠷᠤᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ᠎ᠤᠨ ᠲᠤᠰᠭᠠᠶ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠬᠦᠨᠳᠦ ᠣᠨᠴᠠ ᠶᠡᠭᠡ ᠡ᠊ᠨᠳᠡᠯ ᠭᠠᠷᠬᠤ᠎ᠶ᠋ᠢ ᠪᠦᠲᠦᠮᠵᠢᠲᠡᠶ ᠬᠤᠷᠢᠭ᠍ᠯᠠᠨ᠎ᠠ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠰᠦᠯᠵᠢᠶᠠᠨ᠎ᠤ ᠠᠮᠤᠷ ᠲᠦᠪᠱᠢᠨ᠂ ᠳ᠋ᠠᠢᠲ᠋ᠠ᠎ᠶ᠋ᠢᠨ ᠠᠮᠤᠷ ᠲᠦᠪᠱᠢᠨ ᠪᠠ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠷᠠᠭᠤᠯᠤᠨ᠎ᠠ᠃ ᠨᠡᠢᠭᠡᠮ᠎ᠤᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤ᠎ᠶ᠋ᠢᠨ ᠴᠢᠨᠠᠷᠳᠠᠢ ᠠᠬᠢᠭᠤᠯᠵᠤ᠂ ᠡᠯ᠎ᠡ ᠲᠦᠷᠦᠯ᠎ᠤᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠡᠷᠡᠰ ᠰᠡᠷᠭᠡᠢᠯᠡᠨ ᠲᠡᠭᠦᠨ᠎ᠳᠤ ᠴᠣᠬᠢᠯᠲᠠ ᠥᠭ᠌ᠴᠦ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠳᠦᠭᠡᠨ ᠪᠠᠢᠭᠤᠯᠤᠨ᠎ᠠ᠃

ᠲᠥᠯᠥᠭᠡᠯᠡᠭ᠌ᠴᠢᠳ ᠡ!

ᠱᠢᠨ᠎ᠡ ᠪᠠᠢᠳᠠᠯ ᠪᠠ ᠡᠭᠦᠷᠭᠡ᠎ᠶ᠋ᠢᠨ ᠡᠮᠦᠨ᠎ᠡ᠂ ᠡᠯ᠎ᠡ ᠱᠠᠲᠤᠨ᠎ᠤ ᠵᠠᠰᠠᠭ᠎ᠤᠨ ᠣᠷᠳᠣᠨ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠤᠶᠠᠷ᠎ᠢ ᠲᠣᠭ᠍ᠲᠠᠭᠠᠭ᠍ᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠲᠠᠨᠢᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠵᠢᠡᠨ  ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠢᠯᠡ ᠠᠵᠢᠯᠯᠠᠭ᠎ᠠ ᠲᠡᠭᠡᠷ᠎ᠠ᠎ᠪᠠᠨ ᠤᠬᠠᠮᠰᠠᠷ᠎ᠠᠴᠠ᠎ᠪᠠᠨ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ᠎ᠲᠠᠢ ᠲᠡᠭᠡᠳᠤ ᠬᠡᠮᠵᠢᠶ᠎ᠡ᠎ᠪᠠᠷ ᠨᠢᠭᠡᠳᠦᠯᠲᠡᠶ ᠪᠠᠢᠬᠤ ᠬᠡᠷᠡᠭ᠌ᠲᠡᠶ᠃ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭᠠᠬᠤ᠎ᠶ᠋ᠢ ᠭᠦᠨᠵᠡᠭᠡᠢᠷᠡᠭᠦᠯᠵᠦ᠍᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠬ᠍ᠰᠠᠨ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠨᠡᠢᠭᠡᠮ᠎ᠤᠨ ᠪᠠ ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠪᠠ ᠲᠤᠭ᠎ᠠ ᠪᠦᠷᠢᠳᠭᠡᠯ᠎ᠤᠨ ᠬᠢᠨᠠᠯᠲᠠ᠎ᠶ᠋ᠢ ᠴᠢᠩᠭᠠᠳᠭᠠᠨ᠎ᠠ᠃ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶ᠋ᠢ ᠳᠡᠮᠵᠢᠨ᠎ᠡ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠴᠥᠬᠦᠷᠡᠰᠢ ᠦᠭᠡᠢ ᠠᠬᠢᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠤᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠶ ᠥᠷᠨᠢᠭᠦᠯᠦᠨ᠎ᠡ᠃ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ᠎ᠡ᠃ ᠵᠠᠰᠠᠭ᠎ᠤᠨ ᠣᠷᠳᠣᠨ᠎ᠤ ᠠᠵᠢᠯᠲᠠᠨ ᠬᠠᠤᠯᠢ ᠴᠠᠭᠠᠵᠠ᠎ᠶ᠋ᠢᠨ ᠬᠢᠨᠠᠯᠲᠠ᠂ ᠬᠢᠨᠠᠨ ᠪᠠᠢᠴᠠᠭᠠᠯᠳᠠ᠎ᠶ᠋ᠢᠨ ᠬᠢᠨᠠᠯᠲᠠ ᠪᠠ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠠᠷᠠᠳ ᠲᠦᠮᠡᠨ᠎ᠢ ᠢᠮᠠᠭ᠍ᠲᠠ ᠰᠡᠳᠭᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠤ ᠠᠯᠪᠠᠨ ᠵᠠᠷᠤᠴᠠ ᠭᠡᠬᠦ᠌ ᠨᠡᠷᠡᠢᠳᠦᠯ᠎ᠳᠡᠭᠡᠨ ᠤᠰᠤᠯᠳᠠᠬᠤ ᠦᠭᠡᠢ ᠪᠠᠢᠬᠤ ᠬᠡᠷᠡᠭ᠌ᠳᠠᠢ᠃

ᠬᠦᠴᠢᠷ ᠪᠡᠷᠬᠡᠱᠢᠶᠡᠯ ᠪᠠ ᠱᠢᠯᠭᠠᠯᠳᠠ᠎ᠶ᠋ᠢ ᠠᠷᠭᠠᠴᠠᠭᠠᠬᠤ᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠲᠡᠭᠦᠨ᠎ᠤ ᠠᠵᠢᠯᠲᠠᠨ ᠡᠷᠬᠡᠪᠰᠢ ᠡᠭᠦᠷᠭᠡ ᠲᠤᠱᠢᠶᠠᠯ᠎ᠢᠶᠠᠨ ᠱᠢᠳᠤᠷᠭᠤ᠎ᠪᠠᠷ ᠭᠥᠢᠴᠡᠳᠭᠡᠵᠦ᠍᠂ ᠠᠷᠠᠳ ᠲᠦᠮᠡᠨ᠎ᠤ ᠲᠥᠯᠥᠭᠡ ᠠᠵᠢᠯᠴᠢ ᠬᠢᠴᠢᠶᠡᠩᠭᠦᠶ᠎ᠪᠠᠷ ᠵᠠᠰᠠᠭ ᠪᠠᠷᠢᠵᠤ᠂ ᠰᠡᠳᠭᠢᠯ᠎ᠢᠶᠠᠨ ᠨᠢᠬ᠍ᠳᠠᠷᠠᠭᠤᠯᠤᠨ ᠬᠦᠴᠦ᠍᠎ᠪᠠᠨ ᠲᠥᠪᠯᠡᠷᠡᠭᠦᠯᠵᠤ ᠬᠥᠭ᠌ᠵᠢᠯᠲᠡ᠎ᠶ᠋ᠢ ᠠᠳᠭᠤᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠬᠡᠷᠡᠭ᠌ᠲᠡᠶ᠃ ᠬᠥᠭ᠌ᠵᠢᠬᠦᠯᠬᠦ᠌ ᠪᠣᠯ ᠲᠡᠷᠢᠭᠦᠨ ᠴᠢᠬᠤᠯᠠ ᠡᠭᠦᠷᠭᠡ ᠮᠥᠨ ᠪᠤᠯᠬᠤ᠎ᠶ᠋ᠢ ᠪᠠᠷᠢᠮᠲᠠᠯᠠᠵᠤ᠂ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠲᠥᠪ ᠬᠤᠷᠢᠶᠠᠨ᠎ᠤ ᠨᠠᠢ᠍ᠮᠠᠨ ᠵᠤᠷᠪᠤᠰ ᠲᠣᠭ᠍ᠲᠠᠭᠠᠯ ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠵᠤ᠂ 《ᠳᠥᠷᠪᠡᠨ ᠰᠤᠷᠲᠠᠯ》 ᠢᠯᠠᠩᠭᠤᠶ᠎ᠠ ᠬᠡᠯᠪᠡᠷᠢ᠎ᠶ᠋ᠢᠨ ᠦᠵᠡᠯ ᠪᠠ ᠨᠣᠶᠠᠨᠴᠢ ᠰᠤᠷᠲᠠᠯ᠎ᠢ ᠱᠢᠨᠳᠠᠷᠠᠰᠢ ᠤᠢ᠍ᠭᠡᠢ ᠵᠠᠯᠠᠷᠠᠭᠤᠯᠤᠨ ᠵᠠᠰᠠᠵᠤ᠂ ᠬᠠᠰᠢ ᠶᠠᠰᠢ ᠠᠷᠭᠠᠴᠠᠬᠤ᠂ ᠬᠠᠷᠢᠭᠤᠴᠠᠯᠭ᠎ᠠ᠎ᠪᠠᠨ ᠨᠠᠭᠠᠰᠢ ᠴᠠᠭᠠᠰᠢ ᠲᠦᠯᠬᠢᠯᠴᠡᠬᠦ᠌᠎ᠶ᠋ᠢ ᠡᠷᠡᠰ ᠡᠰᠡᠷᠭᠦᠴᠡᠵᠦ᠍᠂ ᠡᠷᠭᠡ᠎ᠶ᠋ᠢ ᠳᠤᠷ᠎ᠠ ᠵᠣᠷᠢᠭ᠎ᠢᠶᠠᠷ᠎ᠢᠶᠠᠨ ᠬᠡᠷᠡᠭ᠌ᠯᠡᠬᠦ᠂ ᠠᠵᠢᠯᠯᠠᠬᠤ ᠠᠷᠭ᠎ᠠ᠎ᠨᠢ ᠳᠥᠭᠦᠮ ᠪᠦᠳᠦᠭᠦᠯᠢᠭ ᠪᠠᠢᠬᠤ᠎ᠶ᠋ᠢ ᠡᠷᠡᠰ ᠵᠠᠯᠠᠷᠠᠭᠤᠯᠤᠨ ᠵᠠᠰᠠᠬᠤ ᠬᠡᠷᠡᠭ᠌ᠳᠠᠢ᠃ ᠠᠷᠠᠳ ᠤᠯᠠᠨ᠎ᠤ ᠠᠮᠤᠷ ᠳᠦᠪᠱᠢᠨ ᠠᠶᠤᠯ ᠳᠦᠭ᠌ᠰᠢᠭᠦᠷᠢ ᠵᠢᠷᠭᠠᠯ ᠵᠤᠪᠠᠯᠠᠩ᠎ᠢ ᠢᠮᠠᠭ᠍ᠲᠠ ᠰᠡᠳᠭᠢᠯ᠎ᠳᠡᠭᠡᠨ ᠪᠤᠳᠤᠵᠦ᠍᠂ ᠪᠣᠳᠠᠲᠤ ᠪᠠᠢᠳᠠᠯ᠎ᠢ ᠪᠠᠢᠴᠠᠭᠠᠵᠤ᠂ ᠪᠣᠳᠠᠲᠤ ᠶᠠᠪᠤᠳᠠᠯ ᠬᠢᠵᠦ᠍᠂ ᠪᠣᠳᠠᠲᠤ ᠪᠦᠲᠦᠮᠵᠢ᠎ᠶ᠋ᠢ ᠡᠷᠬᠢᠮᠯᠡᠵᠦ᠍᠂ ᠠᠷᠠᠳ᠎ᠤᠨ ᠠᠮᠢᠳᠤᠷᠠᠯ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠳᠠ ᠦᠭ᠌ᠴᠦ᠂ ᠠᠷᠠᠳ ᠤᠯᠠᠨ᠎ᠤ ᠬᠠᠤᠯᠢ ᠶᠤᠰᠤᠨ᠎ᠤ ᠡᠷᠬᠡ ᠠᠱᠢᠭ᠎ᠢ ᠦᠯᠦ᠍ ᠬᠠᠢᠬᠤᠷᠬᠤ ᠬᠦᠨᠳᠦ ᠨᠤᠴᠢᠲᠠᠢ ᠲᠤᠱᠢᠶᠠᠯ᠎ᠳᠠᠭᠠᠨ ᠤᠰᠤᠯᠳᠠᠵᠤ ᠬᠠᠷᠢᠭᠤᠴᠠᠯᠭ᠎ᠠ ᠠᠯᠳᠠᠭ᠍ᠰᠠᠨ ᠠᠰᠠᠭᠤᠳᠠᠯ᠎ᠢ ᠡᠷᠡᠰ ᠴᠢᠩᠭ᠎ᠠ ᠱᠢᠢᠳᠪᠦᠷᠢᠯᠡᠬᠦ᠌ ᠬᠡᠷᠡᠭ᠌ᠲᠡᠢ᠃ ᠲᠥᠪ᠎ᠤᠨ ᠪᠠ ᠣᠷᠣᠨ ᠨᠤᠲᠤᠭ᠎ᠤᠨ ᠬᠤᠶᠠᠷ ᠢᠳᠡᠪᠬᠢᠵᠢᠯ᠎ᠢ ᠭᠦᠢᠴᠡᠳ ᠪᠠᠳᠠᠷᠠᠭᠤᠯᠵᠤ᠂ ᠠᠷᠠᠳ ᠣᠯᠠᠨ᠎ᠤ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠤ᠂ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠳᠡᠭᠡᠨ ᠪᠦᠭᠦᠳᠡ᠎ᠶ᠋ᠢ ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ ᠪᠠ ᠳᠡᠰ ᠳᠡᠰ᠎ᠢᠶᠠᠷ ᠨᠡᠮᠡᠬᠦ᠌᠎ᠶ᠋ᠢ ᠰᠡᠷᠭᠡᠢᠯᠡᠨ᠂ ᠦᠨᠳᠦᠰᠦᠨ ᠱᠠᠳᠤᠨ᠎ᠤ ᠳᠠᠷᠤᠭᠠᠰᠤ᠎ᠶ᠋ᠢ ᠦᠷᠭᠦᠯᠵᠢᠯᠡᠨ ᠬᠦᠩᠭᠡᠷᠡᠭᠦᠯᠬᠦ᠌ ᠬᠡᠷᠡᠭ᠌ᠲᠡᠢ᠃ ᠤᠷᠮᠠᠱᠢᠭᠤᠯᠬᠤ ᠪᠠ ᠬᠠᠮᠠᠭᠠᠯᠠᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠥᠷᠭᠡᠨ ᠤᠯᠠᠨ ᠺᠠᠳ᠋ᠷᠴᠤᠳ᠎ᠤᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠤ᠂ ᠴᠢᠳᠠᠮᠠᠭᠠᠢ᠎ᠪᠠᠷ ᠠᠵᠢᠯᠯᠠᠬᠤ᠎ᠶ᠋ᠢ ᠲᠡᠮᠵᠢᠬᠦ᠌ ᠬᠡᠷᠡᠭ᠌ᠳᠠᠢ᠃ ᠪᠦᠬᠦ᠌ ᠤᠯᠤᠰ ᠲᠠᠶᠠᠭᠠᠷ᠎ᠢᠶᠠᠨ ᠬᠥᠴᠤ᠎ᠪᠠᠨ ᠱᠢᠪᠬᠠᠨ ᠨᠢᠭᠡ ᠰᠡᠳᠭᠢᠯ᠎ᠢᠶᠠᠷ ᠱᠢᠷᠭᠠᠭᠤ ᠬᠠᠲᠠᠭᠤᠵᠢᠯᠲᠠᠢ ᠠᠵᠢᠯᠯᠠᠳᠠᠭ ᠯᠡ ᠶᠤᠮ ᠪᠤᠯ ᠯᠠᠪᠲᠠᠢ ᠬᠥᠭ᠌ᠵᠢᠯᠲᠡ᠎ᠶ᠋ᠢᠨ ᠱᠢᠨ᠎ᠠ ᠠᠮᠵᠢᠯᠲᠠ ᠪᠦᠲᠦᠮᠵᠢ᠎ᠶ᠋ᠢ ᠡᠭᠦᠳᠴᠦ᠍ ᠴᠢᠳᠠᠬᠤ ᠶᠤᠮ᠃

ᠲᠥᠯᠥᠭᠡᠯᠡᠭ᠌ᠴᠢᠳ ᠡ!

ᠪᠢᠳᠡ ᠦᠨᠳᠦᠰᠦᠲᠡᠨ ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠬᠤ᠎ᠪᠠᠷ ᠭᠤᠣᠯ ᠱᠢᠵᠢᠮ ᠪᠣᠯᠭᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ ᠎ᠤ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠠᠯᠬᠤᠴᠠ᠎ᠪᠠᠨ ᠲᠦᠷᠭᠡᠳᠭᠡᠬᠦ᠌᠎ᠶ᠋ᠢ ᠠᠬᠢᠭᠤᠯᠬᠤ ᠬᠡᠷᠡᠭ᠌ᠳᠠᠢ᠃ ᠱᠠᠱᠢᠨ ᠰᠤᠷᠲᠠᠬᠤᠨ᠎ᠤ ᠠᠵᠢᠯ᠎ᠤᠨ ᠲᠤᠬᠠᠢ ᠨᠠᠮ᠎ᠤᠨ ᠦᠨᠳᠦᠰᠦᠨ ᠴᠢᠭ᠌ᠯᠡᠯᠲᠡ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠤ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠵᠤ᠂ ᠱᠠᠱᠢᠨ ᠰᠤᠷᠲᠠᠬᠤᠨ᠎ᠢ ᠢᠳᠡᠪᠬᠢᠲᠡᠶ ᠬᠥᠲᠥᠯᠥᠨ ᠵᠢᠯᠣᠭᠤᠳᠴᠤ᠌ ᠪᠠᠢᠭᠠᠳ ᠨᠡᠢᠭᠡᠮ ᠵᠢᠷᠤᠮᠲᠤ ᠨᠡᠢᠭᠡᠮ᠎ᠲᠠᠢ ᠵᠣᠬᠢᠴᠠᠭᠤᠯᠤᠨ᠎ᠠ᠃ ᠬᠠᠷᠢᠶᠠᠲᠤ ᠨᠠᠷ᠎ᠤᠨ ᠶᠠᠪᠤᠳᠠᠯ᠎ᠤᠨ ᠲᠤᠬᠠᠢ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠂ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠱᠢᠨ᠎ᠠ ᠬᠢᠯᠠᠯᠵᠠᠭ᠍ᠰᠠᠨ ᠠᠮᠵᠢᠯᠲᠠ ᠪᠦᠳᠦᠮᠵᠢ᠎ᠶ᠋ᠢ ᠭᠠᠷ ᠬᠤᠯᠪᠣᠯᠴᠠᠨ ᠬᠠᠮᠳᠤ᠎ᠪᠠᠷ ᠡᠬᠦᠳᠬᠦ᠌᠎ᠶ᠋ᠢ ᠵᠣᠷᠢᠬ᠍ᠵᠢᠭᠤᠯᠤᠨ᠎ᠠ᠃

ᠲᠥᠯᠥᠭᠡᠯᠡᠭ᠌ᠴᠢᠳ ᠡ!

ᠥᠩᠭᠡᠷᠡᠭ᠌ᠰᠡᠨ ᠨᠢᠭᠡ ᠵᠢᠯ᠎ᠳᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ ᠴᠢᠬᠤᠯᠠ ᠶᠡᠭᠡ ᠠᠬᠢᠴᠠ᠎ᠲᠠᠢ ᠪᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠤᠪᠵᠢᠬᠦᠯᠭᠡ᠎ᠶ᠋ᠢᠨ ᠰᠠᠢᠨ ᠡᠬᠢᠯᠡᠯᠲᠡ᠎ᠶ᠋ᠢ ᠪᠡᠶᠡᠯᠡᠭᠦᠯᠪᠡ᠃ ᠱᠢᠨ᠎ᠡ ᠨᠢᠭᠡ ᠵᠢᠯ᠎ᠳᠤ᠂ ᠰᠢ᠎ᠶ᠋ᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠲᠤᠭᠤᠱᠢᠯᠠᠭᠤᠯᠵᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢᠨ ᠦᠶ᠎ᠡ᠎ᠶ᠋ᠢᠨ ᠲᠡᠮᠡᠴᠡᠯ᠎ᠤᠨ ᠬᠠᠷᠠᠯᠲᠠ᠎ᠶ᠋ᠢ ᠪᠠᠳᠤ ᠡᠵᠡᠮᠱᠢᠵᠤ᠂ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠴᠡᠷᠢᠭ ᠪᠣᠯᠪᠠᠰᠤᠷᠠᠭᠤᠯᠵᠤ ᠳᠠᠢᠨ᠎ᠳᠤ ᠪᠡᠯᠡᠳᠭᠡᠬᠦ᠌ ᠠᠵᠢᠯ᠎ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠴᠡᠷᠢᠭ ᠲᠠᠢᠨ᠎ᠤ ᠲᠡᠮᠡᠴᠡᠯ᠎ᠢ ᠡᠷᠡᠰ ᠱᠢᠭᠤᠷᠬᠠᠢ ᠪᠦᠭᠡᠳ ᠠᠮᠢᠳᠤᠯᠢᠭ᠎ᠢᠶᠠᠷ ᠥᠷᠨᠢᠭᠦᠯᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠬᠡᠷᠡᠭ᠌ᠳᠠᠢ᠃ ᠣᠳᠣ ᠦᠶ᠎ᠡ᠎ᠶ᠋ᠢᠨ ᠴᠡᠷᠢᠭ᠎ᠤᠨ ᠶᠠᠪᠤᠳᠠᠯ᠎ᠤᠨ ᠡᠳ᠋ ᠪᠠᠷᠠᠭᠠᠨ᠎ᠤ ᠭᠦᠢᠯᠭᠡᠭᠡᠨ᠎ᠤ ᠱᠢᠰᠲ᠋ᠧᠮ᠂ ᠴᠡᠷᠢᠭ ᠠᠩᠭᠢ᠎ᠶ᠋ᠢᠨ ᠣᠳᠣ ᠦᠶ᠎ᠡ᠎ᠶ᠋ᠢᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠵᠡᠪᠰᠡᠭ ᠲᠣᠨᠣᠭ᠍ᠯᠠᠯ᠎ᠤᠨ ᠣᠳᠣᠬᠢᠴᠢᠯᠠᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠬᠦᠳᠬᠦ᠌᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠤ᠂ ᠬᠠᠤᠯᠢ ᠶᠣᠰᠣᠭᠠᠷ ᠴᠡᠷᠢᠭ᠎ᠢ ᠵᠠᠰᠠᠬᠤ᠂ ᠴᠡᠷᠢᠭ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠴᠡᠷᠢᠭ ᠠᠩᠭᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ ᠪᠠ ᠠᠵᠤ ᠦᠢᠯᠡᠳᠪᠦᠷᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠤᠨ᠎ᠠ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠠᠷᠠᠳ ᠨᠡᠢᠲᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠴᠢᠩᠭᠠᠳᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠦᠳᠤᠭᠡᠨ ᠪᠠᠢᠭᠤᠯᠤᠯᠲᠠ᠎ᠶ᠋ᠢ ᠶᠡᠭᠡ᠎ᠪᠠᠷ ᠲᠡᠮᠵᠢᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠬᠠᠳᠠ ᠴᠢᠯᠠᠭᠤ ᠮᠡᠲᠦ ᠪᠠᠲᠤ ᠪᠠᠬᠢ ᠪᠠᠢᠯᠭᠠᠬᠤ ᠬᠡᠷᠡᠭ᠌ᠲᠡᠶ᠃

ᠲᠥᠯᠥᠭᠡᠯᠡᠭ᠌ᠴᠢᠳ ᠡ!

ᠪᠢᠳᠡ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ᠎ᠶ᠋ᠢ ᠦᠷᠭᠦᠯᠵᠢᠯᠡᠨ ᠪᠦᠬᠦ᠌ ᠲᠠᠯ᠎ᠠ᠎ᠪᠠᠷ ᠵᠥᠪ ᠣᠨᠣᠪᠴᠢᠲᠠᠶ ᠪᠦᠭᠡᠳ ᠭᠤᠢᠪᠢᠰᠢ ᠦᠭᠡᠢ ᠲᠤᠭᠤᠱᠢᠯᠠᠭᠤᠯᠤᠨ᠂ ᠲᠥᠪ᠎ᠠᠴᠠ ᠵᠠᠰᠠᠭ ᠵᠠᠬᠢᠷᠭᠠᠨ᠎ᠤ ᠣᠨᠴᠠᠭᠠᠶ ᠣᠷᠣᠨ᠎ᠳᠤ ᠶᠠᠪᠤᠭᠤᠯᠬᠤ ᠪᠦᠬᠦ᠌ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ᠎ᠶ᠋ᠢ ᠨᠠᠢᠳᠠᠪᠤᠷᠢᠵᠢᠭᠤᠯᠵᠤ᠂ 《ᠡᠭᠡ ᠣᠷᠣᠨᠴᠢ ᠬᠥᠮᠦᠰ᠎ᠢᠶᠠᠷ ᠱᠢᠶᠠᠩᠭᠠᠩ᠎ᠢ ᠵᠠᠰᠠᠭᠤᠯᠬᠤ》᠂ 《ᠡᠭᠡ ᠣᠷᠣᠨᠴᠢ ᠬᠥᠮᠦᠰ᠎ᠢᠶᠠᠷ ᠣᠣᠮᠧᠨ᠎ᠢ ᠵᠠᠰᠠᠭᠤᠯᠬᠤ》 ᠎ᠶ᠋ᠢ ᠡᠷᠡᠰ ᠨᠠᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠦᠬᠦ᠌ ᠬᠦᠴᠦᠨ᠎ᠢᠶᠠᠷ᠎ᠢᠶᠠᠨ ᠳᠠᠮᠵᠢᠨ᠎ᠠ᠃ ᠱᠢᠶᠠᠩᠭᠠᠩ ᠣᠣᠮᠧᠨ᠎ᠤ ᠠᠵᠤ ᠠᠬᠤᠶ᠎ᠪᠠᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠵᠦ᠍᠂ ᠤᠯᠤᠰ ᠤᠷᠤᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠨ ᠠᠭᠤᠰᠤᠨ ᠤᠷᠤᠬᠤ᠎ᠶ᠋ᠢ ᠳᠡᠮᠵᠢᠵᠦ᠍᠂ ᠱᠢᠶᠠᠩᠭᠠᠩ ᠣᠣᠮᠧᠨ᠎ᠤ ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ᠎ᠢ ᠪᠠᠲᠤᠯᠠᠨ᠎ᠠ᠃

ᠪᠢᠳᠡ ᠲᠠᠢᠸᠠᠨ᠎ᠤ ᠲᠤᠬᠠᠶ ᠠᠵᠢᠯ᠎ᠤᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠠᠢᠸᠠᠨ᠎ᠤ ᠠᠰᠠᠭᠤᠳᠠᠯ᠎ᠢ ᠱᠢᠢᠳᠪᠦᠷᠢᠯᠡᠬᠦ᠌ ᠶᠡᠷᠦᠩᠬᠡᠶ ᠠᠷᠭ᠎ᠠ ᠪᠣᠳᠣᠯᠭ᠎ᠠ᠎ᠶ᠋ᠢ ᠲᠤᠭᠤᠱᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠣᠯᠤᠨ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》 ᠎ᠶ᠋ᠢ ᠪᠠᠷᠢᠮᠲᠠᠯᠠᠵᠤ᠂ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢ ᠨᠠᠢᠷᠠᠮᠳᠠᠯ᠎ᠢᠶᠠᠷ ᠬᠥᠭ᠌ᠵᠢᠬᠦᠯᠬᠦ᠌ ᠪᠠ ᠡᠬᠡ ᠣᠯᠤᠰ᠎ᠢᠶᠠᠨ ᠨᠢᠭᠡᠳᠭᠡᠬᠦ᠌᠎ᠶ᠋ᠢ ᠠᠬᠢᠭᠤᠯᠬᠤ ᠬᠡᠷᠡᠭ᠌ᠳᠠᠢ᠃ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠭᠠᠳᠠᠭᠠᠳᠤ᠎ᠶ᠋ᠢᠨ ᠬᠦᠴᠦᠨ᠎ᠤ ᠭᠠᠷ ᠲᠦᠷᠦᠭᠦ᠎ᠶ᠋ᠢ ᠡᠷᠡᠰ ᠡᠰᠡᠷᠭᠦᠴᠡᠨ᠎ᠡ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠠᠬ᠎ᠠ ᠳᠡᠭᠦᠤ ᠨᠠᠷ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠢᠷᠠᠭᠤ ᠠᠯᠳᠠᠷᠲᠤ ᠠᠭᠤᠤ ᠦᠢᠯᠡᠰ᠎ᠢ ᠬᠠᠮᠲᠤ᠎ᠪᠠᠷ ᠴᠣᠭ᠍ᠴᠠᠯᠠᠬᠤ ᠬᠡᠷᠡᠭ᠌ᠲᠡᠶ᠃

ᠲᠥᠯᠥᠭᠡᠯᠡᠭ᠌ᠴᠢᠳ ᠡ!

ᠪᠢᠳᠡ ᠪᠡᠶ᠎ᠡ᠎ᠪᠠᠨ ᠳᠠᠭᠠᠭᠠᠵᠤ ᠡᠵᠡᠨ ᠮᠡᠳᠡᠬᠦ᠌ ᠨᠠᠢᠷᠠᠮᠳᠠᠯ᠎ᠤᠨ ᠭᠠᠳᠠᠭᠠᠳᠤ ᠬᠠᠷᠢᠯᠴᠠᠭᠠᠨ᠎ᠤ ᠲᠦᠷᠦ᠍᠎ᠶ᠋ᠢᠨ ᠪᠤᠳᠤᠯᠭ᠎ᠠ᠎ᠶ᠋ᠢ ᠪᠠᠷᠢᠮᠲᠠᠯᠠᠨ᠂ ᠨᠠᠢᠷᠠᠮᠳᠠᠯ᠎ᠢᠶᠠᠷ ᠬᠥᠭ᠌ᠵᠢᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠱᠢᠨ᠎ᠡ ᠬᠡᠯᠪᠡᠷᠢ᠎ᠶ᠋ᠢᠨ ᠤᠯᠠᠨ ᠤᠯᠤᠰ᠎ᠤᠨ ᠬᠠᠷᠢᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠤᠨ᠂ ᠬᠦᠮᠦᠨ ᠲᠦᠷᠦᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠤᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠦᠬᠦ᠌ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠦᠷᠳᠡᠭ᠎ᠢ ᠪᠠᠳᠠᠷᠠᠭᠤᠯᠤᠨ᠎ᠠ᠃ ᠳᠤᠮᠳᠠᠳᠤ ᠤᠯᠤᠰ ᠪᠣᠯ ᠢᠮᠠᠭ᠍ᠲᠠ ᠳᠡᠯᠡᠬᠡᠢ᠎ᠶ᠋ᠢᠨ ᠡᠩᠬᠡ ᠲᠠᠢᠪᠤᠩ᠎ᠤᠨ ᠪᠦᠳᠦᠭᠡᠨ ᠪᠠᠢᠭᠤᠯᠤᠭ᠍ᠴᠢ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠬᠤᠪᠢ ᠨᠡᠮᠡᠷᠢ ᠦᠵᠡᠭᠦᠯᠦᠭ᠌ᠴᠢ᠂ ᠤᠯᠠᠨ ᠤᠯᠤᠰ᠎ᠤᠨ ᠡᠮᠬᠢ ᠵᠢᠷᠤᠮ᠎ᠤᠨ ᠬᠠᠮᠠᠭᠠᠯᠠᠭ᠍ᠴᠢ ᠮᠥᠨ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠢᠳᠡ᠎ᠲᠠᠢ ᠬᠠᠮᠳᠤ᠎ᠪᠠᠷ᠂ ᠳᠡᠯᠡᠬᠡᠢ᠎ᠶ᠋ᠢᠨ ᠡᠩᠬᠡ ᠲᠠᠢᠪᠤᠩ ᠲᠤᠭ᠍ᠲᠠᠭᠤᠨ ᠪᠠᠢᠳᠠᠯ ᠪᠠ ᠬᠦᠭ᠌ᠵᠢᠯ ᠴᠡᠴᠡᠭ᠌ᠯᠡᠯ ᠎ᠢ ᠠᠬᠢᠭᠤᠯᠬᠤ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠦᠨ᠎ᠡ!

ᠲᠥᠯᠥᠭᠡᠯᠡᠭ᠌ᠴᠢᠳ ᠡ!

ᠳᠤᠮᠳᠠᠳᠤ ᠤᠯᠤᠰ᠎ᠤᠨ ᠬᠦᠭ᠌ᠵᠢᠯᠲᠡ ᠪᠤᠯ ᠶᠡᠷᠦ᠍᠎ᠠᠴᠠ ᠱᠢᠯᠭᠠᠯᠲᠠ᠎ᠶ᠋ᠢ ᠠᠷᠭᠠᠴᠠᠭᠠᠬᠤ ᠲᠤᠮᠳᠠ ᠤᠷᠤᠭ᠍ᠰᠢᠯᠠᠵᠤ ᠢᠷᠡᠭ᠌ᠰᠡᠨ ᠶᠤᠮ᠂ ᠳᠤᠮᠳᠠᠳᠤ ᠤᠯᠤᠰ᠎ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠰᠥᠰᠥ᠍ ᠵᠣᠷᠢᠭ᠂ ᠤᠶᠤᠨ ᠤᠬᠠᠭᠠᠨ ᠪᠠ ᠬᠦᠴᠦᠨ ᠴᠢᠳᠠᠯ᠎ᠲᠠᠢ ᠶᠤᠮ᠃  ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠬᠦᠤ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠰᠢ᠎ᠶ᠋ᠢᠨ ᠫᠢᠩ ᠤ᠋ᠨ  ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠬᠠᠳᠠᠭᠤᠵᠢᠨ ᠲᠡᠮᠡᠴᠡᠵᠤ᠂ ᠪᠦᠬᠦ᠌ ᠵᠢᠯ᠎ᠤᠨ ᠬᠠᠷᠠᠯᠲᠠ ᠡᠭᠦᠷᠭᠡ᠎ᠪᠠᠨ ᠴᠢᠷᠮᠠᠢᠨ ᠪᠡᠶᠡᠯᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ ᠎ᠤᠨ ᠢᠯᠠᠯᠲᠠ᠎ᠲᠠᠢ᠎ᠪᠠᠷ ᠬᠤᠷᠠᠯᠳᠤᠬᠤ᠎ᠶ᠋ᠢ ᠤᠭ᠍ᠲᠤᠵᠤ᠂ ᠮᠠᠨ᠎ᠤ ᠤᠯᠤᠰ᠎ᠢᠶᠠᠨ ᠪᠠᠶᠠᠨ ᠬᠦᠴᠦᠷᠬᠡᠭ ᠠᠷᠠᠳᠴᠢᠯᠠᠭ᠍ᠰᠠᠨ ᠪᠣᠯᠪᠠᠰᠤᠨ ᠡᠶ᠎ᠡ ᠵᠣᠬᠢᠴᠠᠯ᠎ᠲᠠᠢ ᠦᠵᠡᠰᠭᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠬᠦᠳᠦ᠍᠎ᠶ᠋ᠢ ᠪᠡᠶᠡᠯᠡᠭᠦᠯᠭᠦ᠎ᠶ᠋ᠢᠨ ᠲᠥᠯᠥᠭᠡ ᠴᠥᠬᠦᠷᠡᠰᠢ ᠦᠭᠡᠢ ᠲᠡᠮᠡᠴᠡᠬᠦ᠌ ᠬᠡᠷᠡᠭ᠌ᠳᠠᠢ!

(ᠰᠢᠨᠬᠤᠸᠠ ᠬᠤᠷᠢᠶᠠᠨ ᠎ᠤ ᠪᠡᠬᠡᠵᠢᠩ ᠎ᠤᠨ  3 ᠰᠠᠷ᠎ᠠ ᠵᠢᠨ 12 ᠎ᠤᠨ ᠴᠠᠬᠢᠯᠭᠠᠨ ᠮᠡᠳᠡᠭᠡ ᠂ ᠳᠤᠮᠳᠠᠳᠦ ᠤᠯᠤᠰ ᠎ᠤᠨ  ᠦᠨᠳᠦᠰᠦᠳᠡᠨ ᠎ᠤ ᠬᠡᠯᠡᠨ ᠎ᠤ ᠤᠷᠴᠢᠭᠤᠯᠭ᠎ᠠ ᠵᠢᠨ ᠳᠤᠪᠴᠢᠶ᠎ᠠ ᠤᠷᠴᠢᠭᠤᠯᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号