( 2022 ᠤᠨ᠎ᠤ 3 ᠰᠠᠷ᠎ᠠ᠎ᠶ᠋ᠢᠨ 4 ᠤ᠋ ᠡᠳᠦᠷ )
ᠸᠠᠩ ᠶᠠᠩ
ᠭᠡᠱᠢᠭᠦᠳ ᠡ᠄
ᠪᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ
ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶᠠᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠦᠯᠤᠭᠡᠯᠡᠨ᠂
ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠦᠦ᠃
ᠨᠢᠭᠡ᠂ 2021᠎ᠤᠨ᠎ᠳᠤ᠄ ᠠᠷᠪᠠᠨ ᠳᠥᠷᠪᠡᠳᠦᠭᠡᠷ
ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢ ᠪᠠᠲᠦ ᠲᠤᠭ᠍ᠲᠠᠭᠠᠵᠦ᠍᠂ ᠱᠢᠨ᠎ᠡ ᠠᠶᠠᠨ ᠵᠠᠮ᠎ᠢᠶᠠᠨ
ᠡᠬᠢᠯᠡᠭᠦᠯᠵᠦ᠍ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠪᠡ
2021
ᠣᠨ
ᠪᠣᠯ ᠨᠠᠮ ᠪᠠ ᠤᠯᠤᠰ᠎ᠤᠨ ᠲᠡᠦᠬᠡᠨ ᠳᠡᠭᠡᠷᠡᠬᠢ ᠪᠡᠯᠭᠡ ᠲᠡᠮᠳᠡᠭ᠎ᠤᠨ ᠠᠴᠢ ᠬᠤᠯᠪᠣᠭ᠍ᠳᠠᠯ᠎ᠲᠠᠢ ᠨᠢᠭᠡ ᠵᠢᠯ ᠪᠣᠯᠤᠨ᠎ᠠ᠃
ᠲᠦᠪᠡᠭ ᠪᠤᠳᠤᠯᠢᠶᠠᠨᠲᠠᠶ ᠬᠦᠨᠳᠦ ᠬᠡᠴᠡᠭᠦᠦ ᠳᠡᠯᠡᠬᠡᠶ᠎ᠶ᠋ᠢᠨ ᠪᠠᠢᠳᠠᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ
ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠬᠠᠳᠠᠭᠤ ᠪᠡᠷᠬᠡ ᠬᠦᠨᠳᠦ ᠨᠦᠰᠡᠷ ᠡᠭᠦᠷᠭᠡ᠎ᠶ᠋ᠢᠨ ᠡᠮᠦᠨ᠎ᠡ᠂
ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ
ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠦ᠍᠂
ᠵᠠᠭᠤᠨ ᠵᠢᠯ᠎ᠤᠨ ᠬᠤᠪᠢᠰᠤᠯᠲᠠ ᠪᠠ ᠡᠷᠢᠨ ᠵᠠᠭᠤᠨ᠎ᠤ ᠬᠢᠵᠢᠭ᠎ᠤᠨ ᠪᠠᠢᠳᠠᠯ᠎ᠢ ᠯᠠᠪᠳᠠᠭᠤᠨ᠎ᠢᠶᠠᠷ ᠠᠷᠭᠠᠴᠠᠵᠤ᠂
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ
ᠪᠡᠯᠭᠡᠯᠡᠨ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠤ ᠢᠯᠠᠯᠲᠠ᠎ᠶ᠋ᠢ
ᠬᠤᠭᠤᠴᠠᠭ᠎ᠠ ᠶᠣᠰᠣᠭᠠᠷ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠨᠢᠭᠡᠳᠦᠭᠡᠷ
ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠢᠯᠠᠯᠲᠠ᠎ᠲᠠᠢ᠎ᠪᠠᠷ ᠪᠡᠶᠡᠯᠡᠭᠦᠯᠵᠦ᠍᠂ ᠨᠡᠢᠭᠡᠮ ᠵᠢᠷᠤᠮᠳᠦ
ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ
ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠵᠠᠮ᠎ᠢᠶᠠᠨ ᠡᠬᠢᠯᠡᠭᠦᠯᠦᠨ᠂ ᠠᠷᠪᠠᠨ ᠳᠦᠷᠪᠡᠳᠦᠭᠡᠷ ᠲᠠᠪᠤᠨ
ᠵᠢᠯ᠎ᠤᠨ ᠲᠦᠯᠦᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃ ᠳᠤᠮᠳᠠᠳᠤ ᠤᠯᠤᠰ᠎ᠤᠨ ᠡᠪ
ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠠᠴᠠ
ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠤᠮᠵᠢ ᠪᠠ ᠲᠡᠦᠬᠡᠨ ᠲᠤᠷᠱᠢᠯᠭ᠎ᠠ᠎ᠶ᠋ᠢᠨ
ᠲᠤᠬᠠᠶ ᠱᠢᠢᠳᠪᠦᠷᠢ᠎ᠶ᠋ᠢ ᠪᠠᠲᠤᠯᠠᠭᠠᠳ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ
ᠨᠢᠭ᠍ᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠲᠦᠢᠯ᠎ᠤᠨ ᠶᠡᠭᠡ᠎ᠪᠠᠷ ᠴᠢᠩᠭᠠᠷᠠᠭᠤᠯᠵᠤ᠂ ᠪᠢᠳᠡᠨ᠎ᠤ ᠲᠡᠤᠬᠡ᠎ᠪᠠᠷ
ᠲᠤᠯᠢ ᠪᠣᠯᠭᠠᠵᠦ᠍ ᠢᠷᠡᠭᠡᠳᠦᠶ᠎ᠶ᠋ᠢ ᠡᠭᠦᠳᠦᠨ ᠨᠡᠭᠡᠭᠡᠬᠦ᠌ ᠢᠲᠡᠭᠡᠯ ᠵᠣᠷᠢᠭ᠎ᠢ ᠨᠡᠩ ᠪᠠᠲᠤᠳᠭᠠᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ
ᠤᠳᠤᠷᠢᠳᠤᠯᠭ᠎ᠠ ᠳᠣᠣᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠪᠦᠬᠦ᠌ ᠤᠯᠤᠰ᠎ᠤᠨ ᠬᠤᠷᠢᠶ᠎ᠠ ᠵᠢᠴᠢ ᠲᠡᠭᠦᠨ᠎ᠤ
ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ ᠤ᠋ᠨ ᠱᠢᠨ᠎ᠡ
ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ
ᠪᠣᠯᠭᠠᠨ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠦᠯᠬᠦᠮᠳᠡᠯ ᠪᠠ ᠠᠷᠠᠳᠴᠢᠯᠠᠯ ᠭᠡᠬᠦ᠌ ᠬᠤᠶᠠᠷ ᠶᠡᠭᠡ ᠭᠤᠤᠯ ᠰᠡᠳᠦᠪ᠎ᠢ
ᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠦ᠍᠂
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠶ᠎ᠶ᠋ᠢ ᠪᠡᠯᠭᠡᠯᠡᠬᠦ᠌᠎ᠪᠠᠷ
ᠭᠤᠤᠯ ᠱᠢᠵᠢᠮ ᠪᠣᠯᠭᠠᠨ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠦᠯᠦᠨ ᠳᠠᠭᠠᠭᠤᠯᠭ᠎ᠠ᠎ᠶ᠋ᠢ ᠴᠢᠩᠭᠠᠳᠭᠠᠵᠤ᠂
ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠠᠬᠢᠭᠤᠯᠬᠤ᠎ᠪᠠᠷ
ᠭᠤᠤᠯᠳᠠᠯᠭ᠎ᠠ ᠪᠣᠯᠭᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠤᠯᠤᠰ ᠲᠦᠷᠦ᠍᠎ᠶ᠋ᠢᠨ
ᠵᠥᠪᠯᠡᠯᠭᠡᠨ᠎ᠤ ᠪᠠᠢᠭᠤᠯᠤᠯ᠎ᠤᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠬᠠᠷᠠᠯᠲᠠ ᠪᠣᠯᠭᠠᠨ
ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠨᠠᠮ ᠪᠠ ᠤᠯᠤᠰ᠎ᠤᠨ ᠠᠵᠢᠯ ᠦᠢᠯᠡᠰ᠎ᠤᠨ
ᠬᠥᠭ᠌ᠵᠢᠯᠲᠡ᠎ᠳᠤ ᠱᠢᠨ᠎ᠡ ᠬᠤᠪᠢ ᠨᠡᠮᠡᠷᠢ ᠦᠵᠡᠭᠦᠯᠪᠡ᠃
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ
ᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠮᠲᠤ᠎ᠶ᠋ᠢᠨ
ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠠᠬᠢᠵᠢᠭᠦᠯᠪᠡ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ
ᠲᠡᠦᠬᠡ᠎ᠪᠠᠷ ᠭᠤᠣᠯᠳᠠᠯᠭ᠎ᠠ ᠪᠣᠯᠭᠠᠭ᠍ᠰᠠᠨ 《ᠳᠥᠷᠪᠡᠨ ᠲᠡᠦᠬᠡ》
ᠶ᠋ᠢᠨ ᠬᠥᠮᠦᠵᠢᠯ᠎ᠢ ᠭᠦᠨᠵᠡᠭᠡᠶ ᠥᠷᠨᠢᠭᠦᠯᠵᠦ᠍᠂
ᠨᠠᠮ᠎ᠤᠨ ᠳᠣᠲᠣᠭᠠᠳᠤᠶ᠋ᠢᠨᠬᠢᠪᠠᠷ ᠨᠠᠮ᠎ᠤᠨ ᠭᠠᠳᠠᠨᠠᠬᠢ᠎ᠶ᠋ᠢ ᠬᠥᠲᠥᠯᠥᠨ ᠳᠠᠭᠠᠭᠤᠯᠵᠦ᠍᠂ ᠳᠡᠰ ᠳᠠᠪᠬᠤᠷᠭ᠎ᠠ
ᠬᠤᠪᠢᠶᠠᠨ ᠰᠤᠷᠤᠯᠴᠠᠯᠭ᠎ᠠ ᠥᠷᠨᠢᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠣᠨᠴᠠᠯᠢᠭ᠎ᠢ ᠳᠣᠪᠤᠢᠯᠭᠠᠨ᠂
ᠭᠡᠱᠢᠭᠦᠳ᠎ᠤᠨ ᠪᠡᠶᠡᠴᠢ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ
ᠴᠢᠬᠤᠯᠠᠴᠢᠯᠠᠵᠤ᠂ ᠲᠡᠤᠬᠡ᠎ᠶ᠋ᠢ ᠰᠤᠷᠤᠯᠴᠠᠨ ᠶᠣᠰᠣ᠎ᠶ᠋ᠢ ᠤᠬᠠᠬᠤ᠂ ᠲᠡᠤᠬᠡ᠎ᠶ᠋ᠢ ᠰᠤᠷᠤᠯᠴᠠᠨ ᠢᠲᠡᠭᠡᠯ᠎ᠢᠶᠠᠨ
ᠨᠡᠮᠡᠭ᠌ᠳᠡᠭᠦᠯᠬᠦ᠂ ᠲᠡᠤᠬᠡ᠎ᠶ᠋ᠢ ᠰᠤᠷᠤᠯᠴᠠᠨ ᠮᠣᠷᠠᠯ᠎ᠢ ᠳᠡᠬᠡᠳᠦᠯᠡᠬᠦ᠂ ᠲᠡᠤᠬᠡ᠎ᠶ᠋ᠢ ᠰᠤᠷᠤᠯᠴᠠᠨ ᠠᠵᠢᠯᠯᠠᠭ᠎ᠠ᠎ᠪᠠᠨ
ᠡᠷᠴᠢᠮᠵᠢᠬᠦᠯᠬᠦ᠌ ᠳᠡᠭᠡᠷ᠎ᠡ ᠬᠦᠴᠦ᠍ ᠲᠠᠯᠪᠢᠪᠠ᠃ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠤᠨ
ᠶᠡᠷᠦᠩᠬᠡᠶ ᠱᠦᠵᠢ ᠰᠢ᠎ᠶ᠋ᠢᠨ ᠫᠢᠩ᠎ᠤ᠋ᠨ 《ᠳᠤᠯᠤᠭᠠᠨ ᠰᠠᠷ᠎ᠠ᠎ᠶ᠋ᠢᠨ ᠨᠢᠭᠡᠨ》 ᠤ᠋ ᠴᠢᠬᠤᠯᠠ
ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂
ᠨᠠᠮ᠎ᠤᠨ ᠤᠳᠤᠷᠢᠳᠤᠯᠭ᠎ᠠ ᠳᠣᠤᠷ᠎ᠠ ᠱᠢᠨ᠎ᠡ ᠱᠢᠯᠭᠠᠯᠲᠠ᠎ᠶ᠋ᠢᠨ ᠠᠶᠠᠨ ᠵᠠᠮ᠎ᠢᠶᠠᠷ ᠰᠠᠢᠲᠤᠷ ᠵᠠᠮᠨᠠᠬᠤ ᠬᠠᠮᠲᠤ᠎ᠶ᠋ᠢᠨ
ᠤᠯᠤᠰ ᠲᠥᠷᠥ᠎ᠶ᠋ᠢᠨ ᠰᠡᠳᠭᠢᠯ᠎ᠤᠨ ᠳᠠᠭᠤᠨ᠎ᠢᠶᠠᠨ ᠢᠯᠡᠳᠭᠡᠪᠡ᠃ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌
ᠪᠠᠢᠴᠠᠭᠠᠨ ᠰᠤᠳᠤᠯᠤᠯᠲᠠ ᠬᠢᠬᠦ᠌᠎ᠲᠠᠢ ᠤᠶᠠᠯᠳᠤᠭᠤᠯᠤᠨ ᠦᠢᠷ᠎ᠡ ᠬᠠᠪᠢ᠎ᠶ᠋ᠢᠨ ᠬᠤᠪᠢᠰᠭᠠᠯᠳᠦ ᠬᠥᠮᠦᠵᠢᠯ᠎ᠤᠨ ᠰᠠᠭᠤᠷᠢᠨ
ᠭᠠᠵᠠᠷ᠎ᠢᠶᠠᠷ ᠲᠣᠭᠤᠷᠢᠨ ᠦᠵᠡᠭᠦᠯᠵᠦ᠍᠂ 34 ᠡᠲᠡᠭᠡᠳ᠎ᠤᠨ ᠢᠯᠭᠠᠯ᠎ᠤᠨ ᠭᠡᠱᠢᠭᠦᠨ᠎ᠢ ᠬᠠᠮᠤᠷᠤᠭ᠍ᠰᠠᠨ
ᠲᠤᠰᠭᠠᠶ ᠰᠡᠳᠦᠪᠲᠦ ᠪᠠᠢᠴᠠᠭᠠᠨ ᠦᠵᠡᠬᠦ᠌ ᠪᠦᠯᠬᠦᠮ᠎ᠢ ᠵᠣᠬᠢᠶᠠᠨ ᠪᠠᠢᠭᠤᠯᠵᠤ ᠵᠢᠶᠠᠩᠰᠢ᠂ ᠭᠦᠢᠵᠧᠦ ᠵᠡᠷᠭᠡ ᠭᠠᠵᠠᠷ᠎ᠤᠨ
ᠬᠤᠪᠢᠰᠭᠠᠯ᠎ᠤᠨ ᠬᠠᠭᠤᠴᠢᠨ ᠪᠠᠭᠤᠷᠢ᠎ᠳᠤ ᠬᠦᠷᠴᠦ᠍ ᠨᠠᠮ᠎ᠤᠨ ᠠᠭᠤᠦ ᠶᠡᠭᠡ ᠲᠡᠤᠬᠡ᠎ᠶ᠋ᠢ ᠳᠠᠬᠢᠨ ᠡᠷᠭᠢᠴᠡᠭᠦᠯᠦᠭᠦᠯᠵᠦ᠍᠂
ᠦᠵᠡᠯ ᠰᠠᠨᠠᠭᠠᠨ᠎ᠤ ᠬᠥᠮᠦᠵᠢᠯ᠎ᠢ ᠭᠦᠨᠵᠡᠭᠡᠢᠷᠡᠭᠦᠯᠪᠡ᠃ 《ᠡᠪ ᠬᠠᠮᠲᠤᠴᠤᠳ᠎ᠤᠨ
ᠣᠶᠤᠨ ᠰᠠᠨᠠᠭᠠᠨ᠎ᠤ ᠤᠳᠤᠮ ᠤᠯᠠᠮᠵᠢᠯᠠᠯ᠎ᠢ ᠦᠷᠭᠦᠯᠵᠢᠯᠡᠭᠦᠯᠰᠦᠬᠡᠢ》 ᠵᠡᠷᠭᠡ ᠭᠡᠱᠢᠭᠦᠳ᠎ᠤᠨ ᠬᠢᠴᠢᠶᠡᠯ᠎ᠢ ᠦᠢᠯᠡᠳᠦᠨ ᠨᠡᠪᠲᠡᠷᠡᠭᠦᠯᠵᠦ᠍᠂ 《〈ᠤᠭ ᠰᠠᠨᠠᠭ᠎ᠠ ᠪᠡᠨ ᠥᠯᠤ ᠮᠡᠷᠳᠡᠨ᠂ ᠡᠬᠥᠷᠭᠡ ᠬᠠᠷᠢᠭᠤᠴᠠᠯᠭ᠎ᠠ ᠪᠡᠨ ᠪᠠᠳᠤ ᠴᠡᠭᠡᠵᠢᠯᠠᠬᠥ
〉 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢᠨ ᠦᠵᠡᠰᠭᠦᠯᠡᠩ》᠎ᠢ ᠵᠣᠬᠢᠶᠠᠨ ᠪᠠᠢᠭᠤᠯᠤᠨ ᠦᠵᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠢ᠍ᠮᠠᠳᠤᠭᠠᠷ
ᠶᠡᠭᠡ ᠬᠤᠷᠠᠯ᠎ᠤᠨ ᠲᠡᠤᠬᠡ᠎ᠶ᠋ᠢᠨ ᠦᠵᠡᠭᠦᠯᠭᠡ᠂ ᠨᠠᠮ᠎ᠤᠨ ᠲᠤᠭ ᠤᠯᠤᠰ᠎ᠤᠨ ᠲᠤᠭ ᠴᠡᠷᠢᠭ᠎ᠤᠨ ᠲᠤᠭ᠎ᠤᠨ ᠮᠡᠨᠳᠦᠯᠡᠭ᠌ᠰᠡᠨ
ᠬᠤᠪᠣᠷ ᠨᠠᠨᠳᠢᠨ ᠲᠡᠤᠬᠡᠨ ᠮᠠᠲ᠋ᠧᠷᠢᠶᠠᠯ᠎ᠤᠨ ᠦᠵᠡᠰᠭᠦᠯᠡᠩ᠎ᠢ ᠡᠷᠬᠢᠯᠡᠵᠦ᠍᠂ ᠭᠡᠱᠢᠭᠦᠳ᠎ᠢ ᠬᠥᠲᠥᠯᠥᠨ ᠵᠢᠯᠣᠭᠤᠳᠴᠤ᠌
ᠪᠠᠢᠭᠠᠳ ᠪᠡᠶᠡᠴᠢᠯᠡᠨ ᠣᠢᠯᠠᠭᠠᠬᠤ ᠮᠠᠶᠢᠭ᠎ᠤᠨ ᠰᠤᠷᠤᠯᠴᠠᠯᠭ᠎ᠠ ᠳᠤᠮᠳᠠ ᠬᠦᠰᠡᠯᠡᠩ ᠢᠲᠡᠭᠡᠯ ᠪᠢᠱᠢᠷᠡᠯ᠎ᠢ᠎ᠨᠢ
ᠪᠠᠲᠤᠳᠭᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢ ᠰᠤᠷᠤᠯᠴᠠᠬᠤ ᠠᠵᠢᠯᠯᠠᠭ᠎ᠠ᠎ᠶ᠋ᠢ 48 ᠭᠤᠤᠯ ᠰᠡᠳᠦᠪᠲᠦ ᠨᠣᠮ ᠤᠩᠱᠢᠬᠤ ᠬᠤᠯᠪᠤᠭᠠᠳᠤ ᠲᠤᠭᠤᠱᠢᠯᠠᠭᠤᠯᠤᠨ᠂ ᠪᠦᠬᠦ᠌ ᠤᠯᠤᠰ᠎ᠤᠨ
ᠤᠯᠤᠰ ᠲᠥᠷᠥ᠎ᠶ᠋ᠢᠨ ᠵᠥᠪᠯᠡᠯᠭᠡᠨ᠎ᠤ 385 ᠭᠡᠱᠢᠭᠦᠨ ᠲᠤᠰ ᠲᠤᠰ ᠬᠤᠯᠪᠤᠭ᠎ᠠ᠎ᠶ᠋ᠢᠨ ᠠᠬᠠᠯᠠᠭ᠍ᠴᠢ᠂
ᠳᠠᠭᠠᠭᠤᠯᠤᠨ ᠣᠩᠱᠢᠭ᠍ᠴᠢ ᠪᠣᠯᠵᠤ᠂ ᠭᠡᠱᠢᠭᠦᠳ 27 ᠲᠦᠮᠡ ᠭᠠᠷᠤᠶ ᠵᠤᠷᠪᠤᠰ ᠶᠠᠷᠢᠶ᠎ᠠ ᠲᠠᠯᠪᠢᠵᠦ᠍᠂ ᠰᠦᠯᠵᠢᠶᠠᠨ
ᠳᠡᠬᠡᠷ᠎ᠡ ᠬᠦᠶᠦᠯᠬᠡᠨ ᠦᠵᠡᠭ᠌ᠰᠡᠨ ᠬᠡᠮᠵᠢᠶ᠎ᠡ 142 ᠲᠦᠮᠡᠨ ᠬᠥᠮᠦᠨ ᠤᠳᠠᠭ᠎ᠠ᠎ᠶ᠋ᠢ ᠳᠠᠪᠠᠵᠠᠢ᠂ 《ᠬᠤᠪᠢᠰᠭᠠᠯᠲᠦ ᠰᠣᠩᠭᠤᠳᠠᠭ ᠨᠣᠮ᠎ᠢ ᠤᠩᠱᠢᠬᠤ》ᠵᠡᠷᠭᠡ
ᠰᠦᠯᠵᠢᠶᠡᠨ ᠭᠠᠳᠠᠨᠠᠬᠢ ᠶᠠᠷᠢᠬᠤ ᠤᠩᠱᠢᠬᠤ ᠬᠤᠷᠠᠯ᠎ᠢ ᠬᠤᠷᠠᠯᠳᠤᠭᠤᠯᠵᠦ᠍᠂ ᠦᠵᠡᠯ ᠰᠠᠨᠠᠭᠠᠨ᠎ᠤ ᠣᠢᠯᠠᠭᠠᠯᠲᠠ᠎ᠪᠠᠨ
ᠬᠤᠪᠢᠶᠠᠯᠴᠠᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠪᠡ᠃ ᠳᠤᠮᠳᠠᠳᠤ ᠤᠯᠤᠰ᠎ᠤᠨ
ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ
ᠲᠡᠭᠦᠰᠦᠭ᠌ᠰᠡᠨ᠎ᠤ ᠳᠠᠷᠠᠭ᠎ᠠ᠂ ᠪᠠᠢᠩᠭᠤ᠎ᠶ᠋ᠢᠨ ᠬᠤᠷᠢᠶᠠᠨ᠎ᠤ ᠬᠤᠷᠠᠯ᠂ ᠲᠡᠷᠢᠭᠦᠯᠡᠭ᠌ᠴᠢᠳ᠎ᠤᠨ ᠬᠤᠷᠠᠯ᠎ᠢ ᠴᠠᠭ
ᠲᠤᠬᠠᠶ᠎ᠳᠤᠨᠢ ᠬᠤᠷᠠᠯᠳᠤᠭᠤᠯᠤᠨ ᠬᠠᠮᠲᠦ᠍ᠪᠠᠷ ᠰᠤᠷᠤᠯᠴᠠᠵᠦ᠍᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ
ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠶᠠᠷᠢᠯᠴᠠᠬᠤ ᠬᠤᠷᠠᠯ ᠪᠣᠯᠤᠨ ᠲᠤᠰᠭᠠᠶ ᠰᠡᠳᠦᠪᠲᠦ ᠤᠬᠠᠭᠤᠯᠭ᠎ᠠ
ᠲᠠᠢᠯᠪᠤᠷᠢᠯᠠᠯᠲᠠᠵᠡᠷᠭᠡᠲᠣᠭ᠍ᠲᠠᠴᠠᠪᠠᠷᠳᠠᠮᠵᠢᠭᠤᠯᠤᠨ᠂ᠰᠤᠷᠤᠯᠴᠠᠨᠲᠤᠭᠤᠱᠢᠯᠠᠭᠤᠯᠬᠤᠶ᠋ᠢᠲᠠᠰᠤᠷᠠᠯᠲᠠᠦᠭᠡᠢ ᠭᠦᠨᠵᠡᠭᠡᠢᠷᠡᠭᠦᠯᠵᠦ᠍᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠢ ᠬᠥᠲᠥᠯᠥᠨ
ᠵᠢᠯᠣᠭᠤᠳᠴᠤ᠌ ᠪᠠᠢᠭᠠᠳ 《ᠬᠤᠶᠠᠷ᠎ᠢ ᠲᠣᠭ᠍ᠲᠠᠭᠠᠭ᠍ᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ
ᠭᠦᠨᠵᠡᠭᠡᠶ ᠣᠢᠯᠠᠭᠠᠭᠤᠯᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌ ᠤᠯᠤᠰ ᠲᠦᠷᠦ᠍᠎ᠶ᠋ᠢᠨ ᠤᠬᠠᠮᠰᠠᠷ᠂
ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢ᠎ᠨᠢ ᠨᠡᠮᠡᠭ᠌ᠳᠡᠭᠦᠯᠪᠡ᠃
(ᠬᠤᠶᠠᠷ) ᠭᠤᠤᠯ ᠡᠭᠦᠷᠭᠡ᠎ᠲᠠᠢ ᠤᠶᠠᠯᠳᠤᠭᠤᠯᠤᠨ
ᠲᠦᠷᠦ᠍᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠠᠷᠪᠠᠨ ᠳᠥᠷᠪᠡᠳᠦᠭᠡᠷ ᠲᠠᠪᠤᠨ ᠵᠢᠯ᠎ᠤᠨ
ᠲᠦᠯᠦᠪᠵᠢᠭᠦᠯᠬᠡ᠎ᠶ᠋ᠢᠨ ᠰᠠᠢᠨ ᠰᠠᠢᠬᠠᠨ ᠡᠬᠢᠯᠡᠯᠲᠡ᠎ᠳᠤ ᠬᠦᠴᠦᠨ ᠨᠡᠮᠡᠷᠢᠯᠡᠪᠡ᠃ ᠣᠨ᠎ᠤ ᠵᠥᠪᠯᠡᠬᠦ᠌ ᠲᠥᠯᠥᠪᠯᠡᠭᠡ᠎ᠶ᠋ᠢ
ᠨᠠᠢᠳᠠᠪᠤᠷᠢᠵᠢᠭᠤᠯᠤᠨ᠂ ᠬᠢᠵᠢᠭ᠎ᠤᠨ ᠨᠥᠯᠥᠭᠡ᠎ᠶ᠋ᠢ ᠢᠯᠠᠨ ᠳᠠᠪᠠᠵᠤ᠂ ᠪᠦᠬᠦ᠌ ᠵᠢᠯ᠎ᠳᠤ ᠴᠢᠬᠤᠯᠠ ᠵᠥᠪᠯᠡᠬᠦ᠌
ᠠᠵᠢᠯᠯᠠᠭ᠎ᠠ᠎ᠶ᠋ᠢ 25
ᠤᠳᠠᠭ᠎ᠠ ᠡᠷᠬᠢᠯᠡᠵᠦ᠍᠂ 82 ᠵᠦᠢᠯ᠎ᠤᠨ ᠪᠠᠢᠴᠠᠭᠠᠨ ᠦᠵᠡᠬᠦ᠌
ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠤᠯᠲᠠ ᠬᠢᠬᠦ᠌ ᠠᠵᠢᠯᠯᠠᠭ᠎ᠠ᠎ᠶ᠋ᠢ ᠦᠷᠨᠢᠭᠦᠯᠦᠨ᠂ 5039 ᠬᠤᠪᠢ ᠰᠠᠨᠠᠯ ᠳᠤᠷᠠᠳᠤᠯᠭ᠎ᠠ᠎ᠶ᠋ᠢ
ᠳᠠᠩᠰᠠᠯᠠᠨ ᠳᠡᠮᠳᠡᠭ᠌ᠯᠡᠵᠦ᠍᠂ ᠶᠡᠭᠡ ᠬᠤᠷᠠᠯ ᠳᠡᠭᠡᠷ᠎ᠡ ᠶᠠᠷᠢᠭ᠍ᠰᠠᠨ 867
ᠬᠤᠪᠢ ᠶᠠᠷᠢᠶ᠎ᠠ᠎ᠶ᠋ᠢ ᠨᠠᠢᠷᠠᠭᠤᠯᠤᠨ ᠲᠠᠷᠬᠠᠭᠠᠵᠦ᠍᠂ ᠪᠣᠳᠣᠯᠭ᠎ᠠ ᠲᠣᠭ᠍ᠲᠠᠭᠠᠬᠤ
ᠪᠠ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠳᠤ ᠪᠦᠲᠦᠮᠵᠢᠲᠡᠢ ᠦᠢᠯᠡᠴᠢᠯᠡᠪᠡ᠃ ᠴᠢᠨᠠᠷ ᠰᠠᠢᠲᠠᠶ ᠬᠥᠭ᠌ᠵᠢᠯᠲᠡ᠎ᠶ᠋ᠢ
ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ
ᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ ᠬᠤᠷᠠᠯ᠎ᠢ
ᠬᠤᠷᠠᠯᠳᠤᠭᠤᠯᠵᠤ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢᠨ ᠰᠠᠭᠤᠷᠢ ᠴᠡᠭ᠎ᠢ
ᠪᠠᠷᠢᠮᠲᠠᠯᠠᠬᠤ᠂ ᠠᠵᠤ ᠠᠬᠤᠶ᠎ᠶ᠋ᠢᠨ ᠣᠷᠴᠢᠯ᠎ᠢ ᠬᠢᠵᠠᠭᠠᠷᠯᠠᠬᠤ ᠵᠠᠩᠭᠢᠯᠠᠭ᠎ᠠ᠎ᠶ᠋ᠢᠨ ᠲᠦᠭ᠌ᠵᠢᠷᠡᠯ᠎ᠢ ᠨᠡᠪᠲᠡᠷᠡᠭᠦᠯᠬᠦ᠂
ᠲᠠᠷᠢᠶᠠᠯᠠᠩ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠨ ᠠᠱᠢᠭ᠍ᠯᠠᠬᠤ᠂ ᠤᠯᠤᠰ᠎ᠤᠨ ᠱᠢᠨᠵᠢᠯᠡᠬᠦ᠌ ᠤᠬᠠᠭᠠᠨ
ᠮᠡᠷᠭᠡᠵᠢᠯ᠎ᠤᠨ ᠴᠢᠬᠤᠯᠠ ᠶᠡᠭᠡ ᠱᠢᠨ᠎ᠡ ᠲᠤᠰᠭᠠᠶ ᠲᠦᠰᠦᠯ᠎ᠢ ᠲᠦᠷᠭᠡᠯᠡᠨ ᠡᠬᠢᠯᠡᠭᠦᠯᠬᠦ᠂ ᠤᠯᠤᠰ᠎ᠤᠨ ᠪᠠᠢᠯᠳᠤᠬᠤ
ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠨ᠎ᠢ ᠴᠢᠩᠭᠠᠳᠭᠠᠬᠤ᠂ ᠭᠤᠸᠠᠩᠳᠦ᠋ᠩ ᠱᠢᠶᠠᠩᠭᠠᠩ
ᠣᠣᠮᠧᠨ᠎ᠤ ᠲᠤᠮᠤ ᠪᠤᠯᠤᠩ᠎ᠤᠨ ᠣᠷᠣᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠣᠪᠴᠢ᠎ᠶ᠋ᠢ ᠨᠠᠢᠳᠠᠪᠤᠷᠢᠵᠢᠭᠤᠯᠬᠤ᠂
ᠬᠥᠬᠡᠮᠥ᠋ᠷᠡᠨ᠎ᠤ ᠳᠤᠮᠳᠠ ᠤᠷᠤᠰᠭᠠᠯ᠎ᠤᠨ ᠬᠤᠳᠠ᠎ᠶ᠋ᠢᠨ ᠪᠦᠬᠡᠬᠡᠨᠡᠷᠡᠯᠢ ᠬᠠᠮᠵᠢᠯᠴᠠᠨ ᠬᠥᠭ᠌ᠵᠢᠬᠦᠯᠬᠦ᠂ ᠱᠢᠨ᠎ᠡ
ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢ ᠱᠢᠰᠲ᠋ᠧᠮ᠎ᠲᠠᠢ ᠪᠠᠢᠷᠢᠯᠠᠭᠤᠯᠬᠤ᠂ ᠤᠯᠠᠨ ᠬᠡᠯᠪᠡᠷᠢ᠎ᠶ᠋ᠢᠨ
ᠬᠤᠯᠪᠤᠯᠳᠤᠭ᠍ᠰᠠᠨ ᠲᠡᠭᠡᠭᠡᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠢᠨᠲ᠋ᠧᠷ ᠰᠦᠯᠵᠢᠶᠡᠨ᠎ᠤ
ᠲᠣᠭ᠍ᠯᠠᠭᠠᠮ᠎ᠤᠨ ᠠᠵᠤ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠪᠠᠢᠴᠠᠭᠠᠨ
ᠰᠤᠳᠤᠯᠤᠯᠲᠠ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠪᠡ᠃ ᠠᠷᠠᠳ᠎ᠤᠨ ᠠᠮᠢᠳᠤᠷᠠᠯ᠎ᠤᠨ ᠠᠩᠬᠠᠷᠤᠯ᠎ᠤᠨ ᠴᠡᠭ᠎ᠲᠠᠢ
ᠨᠢᠭ᠍ᠲᠠ ᠤᠶᠠᠯᠳᠤᠭᠤᠯᠤᠨ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ
ᠪᠠᠢᠭᠤᠯᠬᠤ ᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ
ᠬᠤᠷᠠᠯ᠎ᠢ ᠬᠤᠷᠠᠯᠳᠤᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ
ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠂ ᠬᠥᠮᠦᠨ ᠠᠮᠠ᠎ᠶ᠋ᠢᠨ ᠨᠠᠰᠤᠵᠢᠯᠲᠠ᠎ᠶ᠋ᠢ ᠠᠷᠭᠠᠴᠠᠬᠤ ᠵᠡᠷᠭᠡ᠎ᠶ᠋ᠢᠨ
ᠲᠣᠭᠤᠷᠢᠨ᠎ᠳᠤ ᠲᠤᠰᠭᠠᠶ ᠰᠡᠳᠦᠪᠲᠦ ᠵᠦᠪᠯᠡᠬᠦ᠌ ᠬᠤᠷᠠᠯ᠎ᠢ ᠬᠤᠷᠠᠯᠳᠤᠭᠤᠯᠵᠦ᠍᠂ ᠱᠢᠨ᠎ᠡ ᠴᠠᠭ ᠦᠶ᠎ᠡ᠎ᠶ᠋ᠢᠨ ᠬᠢᠯᠢ
ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠠᠬᠢᠭᠤᠯᠬᠤ᠂ ᠴᠢᠨᠠᠷ ᠰᠠᠢᠲᠠᠶ
ᠰᠤᠷᠭᠠᠨ ᠬᠥᠮᠦᠵᠢᠯ᠎ᠤᠨ ᠱᠢᠰᠲ᠋ᠧᠮ᠎ᠢ ᠪᠠᠢᠭᠤᠯᠬᠤ᠂ ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ
ᠰᠡᠷᠭᠡᠢᠯᠡᠯᠳᠡ᠎ᠶ᠋ᠢᠨ ᠲᠣᠣᠷ᠂ ᠬᠢᠲᠠᠳ ᠡᠮ ᠡᠮᠨᠡᠯᠭᠡ᠎ᠶ᠋ᠢᠨ ᠡᠬᠢ ᠪᠠᠶᠠᠯᠢᠭ᠎ᠢ ᠠᠭᠤᠳᠠᠯᠤᠨ ᠬᠠᠮᠠᠭᠠᠯᠠᠬᠤ᠂
ᠬᠥᠳᠡᠭᠡ ᠲᠣᠰᠭᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ ᠦᠷᠲᠡᠭᠡ᠎ᠶ᠋ᠢᠨ ᠪᠠᠢᠭᠤᠯᠤᠯᠲᠠ ᠪᠠ ᠬᠠᠮᠢᠶᠠᠷᠤᠯᠲᠠ᠎ᠶ᠋ᠢ
ᠴᠢᠩᠭᠠᠳᠭᠠᠬᠤ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠎ᠶ᠋ᠢ ᠲᠣᠭ᠍ᠲᠠᠭᠠᠬᠤ᠂ ᠬᠢᠯᠢ ᠬᠢᠵᠠᠭᠠᠷ ᠣᠷᠣᠨ᠎ᠤ
ᠬᠥᠭ᠌ᠵᠢᠯᠲᠡ ᠬᠢᠭᠡᠳ ᠠᠮᠤᠷ ᠲᠦᠪᠱᠢᠨ ᠵᠡᠷᠭᠡ ᠠᠰᠠᠭᠤᠳᠠᠯ᠎ᠤᠨ ᠲᠠᠯ᠎ᠠ᠎ᠪᠠᠷ ᠪᠠᠢᠴᠠᠭᠠᠨ ᠦᠵᠡᠵᠦ᠍ ᠰᠠᠨᠠᠯ ᠰᠠᠨᠠᠭᠤᠯᠭ᠎ᠠ
ᠳᠤᠷᠠᠳᠪᠠ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠠᠩᠬᠠᠷᠤᠯ᠎ᠢᠶᠠᠨ ᠬᠠᠨᠳᠤᠭᠤᠯᠵᠦ᠍᠂ ᠬᠦᠬᠡᠨᠠᠭᠤᠷ
ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠬᠢᠭᠡᠳ ᠠᠭᠤᠷ ᠠᠮᠢᠰᠭᠤᠯ᠎ᠤᠨ
ᠬᠤᠪᠢᠷᠠᠯᠲᠠ᠎ᠳᠤ ᠵᠤᠬᠢᠴᠠᠬᠤ᠎ᠶ᠋ᠢ ᠴᠢᠩᠭᠠᠳᠭᠠᠬᠤ ᠲᠤᠬᠠᠶ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠪᠠᠳᠠᠨ
ᠱᠢᠢᠳᠪᠦᠷᠢᠯᠡᠬᠦᠯᠭᠦ᠌ ᠠᠵᠢᠯᠯᠠᠭ᠎ᠠ ᠥᠷᠨᠢᠭᠦᠯᠵᠦ᠍᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ
ᠪᠣᠯᠪᠠᠰᠤᠨ᠎ᠤ ᠪᠠᠢᠭᠤᠯᠤᠯᠲᠠ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠤᠷᠭᠢᠯ ᠬᠡᠮᠵᠢᠭ᠌ᠳᠡᠯ᠎ᠳᠤᠨᠢ
ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠂ ᠤᠯᠤᠰ᠎ᠤᠨ
ᠭᠤᠤᠯᠳᠠᠯᠭ᠎ᠠ᠎ᠲᠠᠢ ᠨᠠᠭᠤᠷ ᠴᠥᠭᠦᠷᠥᠮ᠎ᠤᠨ ᠠᠮᠢ ᠠᠬᠤᠶ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ᠂ ᠬᠤᠳᠠ ᠪᠠᠯᠭᠠᠰᠤᠨ᠎ᠤ
ᠪᠣᠬᠢᠷ ᠤᠰᠤ᠎ᠶ᠋ᠢ ᠱᠢᠢᠳᠪᠦᠷᠢᠯᠡᠬᠦ᠌ ᠵᠡᠷᠭᠡ ᠠᠰᠠᠭᠤᠳᠠᠯ᠎ᠤᠨ ᠲᠠᠯ᠎ᠠ᠎ᠪᠠᠷ ᠵᠣᠬᠢᠶᠠᠨ ᠪᠠᠢᠭᠤᠯᠵᠦ᠍ ᠵᠥᠪᠯᠡᠯᠭᠡ
ᠬᠢᠪᠡ᠃ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡᠳᠤ ᠬᠦᠴᠦᠨ ᠨᠡᠮᠡᠷᠢᠯᠡᠵᠦ᠍᠂ ᠠᠷᠪᠠᠨ ᠳᠥᠷᠪᠡᠳᠦᠭᠡᠷ
ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠭᠠᠳᠠᠭᠠᠳᠤ ᠨᠡᠭᠡᠭᠡᠯᠳᠠ᠎ᠶ᠋ᠢᠨ ᠴᠢᠬᠤᠯᠠ ᠶᠡᠭᠡ ᠠᠷᠭ᠎ᠠ ᠬᠡᠮᠵᠢᠶ᠎ᠡ᠎ᠶ᠋ᠢ
ᠨᠠᠢᠳᠠᠪᠤᠷᠢᠵᠢᠭᠤᠯᠬᠤ᠂ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭ᠌ᠰᠡᠨ ᠥᠷᠢᠰᠥᠯᠳᠦᠬᠦ᠌ ᠬᠦᠴᠦᠨ᠎ᠢ ᠴᠢᠩᠭᠠᠷᠠᠭᠤᠯᠬᠤ᠂
ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠢ ᠪᠦᠳᠦᠭᠡᠨ ᠪᠠᠢᠭᠤᠯᠬᠤ᠂ ᠭᠠᠳᠠᠭᠠᠳᠤ᠎ᠳᠤ ᠬᠤᠯᠪᠣᠭ᠍ᠳᠠᠬᠤ
ᠬᠠᠤᠯᠢ ᠬᠡᠷᠡᠭ᠌ᠵᠢᠭᠦᠯᠦᠯᠲᠡ ᠬᠠᠤᠯᠢ ᠪᠠᠷᠢᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌
ᠵᠡᠷᠭᠡ᠎ᠶ᠋ᠢᠨ ᠲᠣᠭᠤᠷᠢᠨ᠎ᠳᠤ ᠵᠥᠪᠯᠡᠯᠳᠦᠨ ᠶᠠᠷᠢᠯᠴᠠᠬᠤ ᠬᠤᠷᠠᠯ ᠬᠢᠪᠡ᠃
(ᠭᠤᠷᠪᠠ) ᠤᠯᠤᠰ ᠲᠦᠷᠦ᠍᠎ᠶ᠋ᠢᠨ ᠵᠥᠪᠯᠡᠯᠭᠡᠨ᠎ᠤ
ᠵᠥᠪᠯᠡᠯᠭᠡ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ
ᠴᠢᠳᠠᠪᠤᠷᠢ᠎ᠶ᠋ᠢ ᠨᠡᠩ ᠰᠠᠢᠨ ᠪᠠᠳᠠᠷᠠᠭᠤᠯᠪᠠ᠃ ᠲᠤᠰᠭᠠᠶ ᠵᠥᠪᠯᠡᠯ᠎ᠤᠨ ᠰᠠᠭᠤᠷᠢᠯᠠᠬᠤ ᠴᠢᠨᠠᠷᠲᠠᠶ ᠦᠢᠯᠡᠳᠦᠯ᠎ᠢ
ᠴᠢᠩᠭᠠᠷᠠᠭᠤᠯᠵᠤ᠂ ᠵᠥᠪᠯᠡᠬᠦ᠌ ᠠᠷᠭ᠎ᠠ ᠮᠠᠶᠢᠭ ᠪᠠ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠵᠥᠪᠯᠡᠬᠦ᠌
ᠭᠦᠨᠴᠡ᠎ᠶ᠋ᠢ ᠥᠷᠭᠡᠳᠭᠡᠨ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃
ᠲᠤᠰᠭᠠᠶ ᠮᠡᠷᠭᠡᠵᠢᠯᠲᠡᠨ᠎ᠤ ᠵᠥᠪᠯᠡᠬᠦ᠌ ᠬᠤᠷᠠᠯ᠎ᠢ ᠡᠭᠦᠳᠦᠨ ᠪᠠᠢᠭᠤᠯᠵᠤ᠂ ᠡᠲᠡᠭᠡᠳ᠎ᠤᠨ ᠢᠯᠭᠠᠯ ᠠᠯᠤᠰᠯᠠᠭ᠍ᠰᠠᠨ᠂
ᠱᠢᠨᠵᠢᠯᠡᠭᠡᠨ᠎ᠤ ᠰᠠᠯᠠᠭ᠎ᠠ ᠠᠯᠤᠰᠯᠠᠭ᠍ᠰᠠᠨ᠂ ᠬᠦᠷᠢᠶ᠎ᠡ ᠠᠯᠤᠰᠯᠠᠭ᠍ᠰᠠᠨ ᠲᠤᠰᠭᠠᠶ ᠮᠡᠷᠭᠡᠵᠢᠯᠲᠡᠨ ᠭᠡᠱᠢᠭᠦᠳ
ᠪᠣᠯᠤᠨ ᠬᠤᠯᠪᠣᠭ᠍ᠳᠠᠯ ᠪᠦᠬᠦᠢ ᠡᠷᠳᠡᠮᠲᠡᠳ᠎ᠢ ᠵᠣᠬᠢᠶᠠᠨ ᠪᠠᠢᠭᠤᠯᠵᠤ᠂ ᠪᠠᠭ᠎ᠠ ᠬᠡᠪᠴᠢᠶᠡᠨ᠎ᠤ ᠣᠯᠠᠨ ᠡᠭᠡᠯᠵᠢ᠎ᠶ᠋ᠢᠨ
ᠭᠦᠨᠵᠡᠭᠡᠶ ᠵᠥᠪᠯᠡᠯᠭᠡ᠎ᠶ᠋ᠢ ᠶᠠᠪᠤᠭ᠍ᠳᠠᠭᠤᠯᠵᠤ᠂ ᠪᠦᠬᠦ᠌ ᠵᠢᠯ᠎ᠳᠤ ᠱᠢᠨᠵᠢᠯᠡᠬᠦ᠌ ᠤᠬᠠᠭᠠᠨ ᠮᠡᠷᠭᠡᠵᠢᠯ᠎ᠤᠨ
ᠱᠢᠨ᠎ᠡ᠎ᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠲᠠᠷᠢᠶᠠᠯᠠᠩ ᠬᠥᠳᠡᠭᠡ ᠲᠣᠰᠭᠤᠨ᠎ᠤ
ᠣᠳᠣᠬᠢᠴᠢᠯᠠᠭ᠍ᠰᠠᠨ ᠭᠦᠢᠴᠡᠳᠭᠡᠯ ᠲᠣᠭᠠᠨ᠎ᠤ ᠱᠢᠰᠲ᠋ᠧᠮ᠎ᠢ ᠰᠤᠳᠤᠯᠬᠤ ᠵᠡᠷᠭᠡ ᠪᠠᠢᠯᠳᠤᠬᠤ ᠪᠣᠳᠣᠯᠭ᠎ᠠ᠎ᠶ᠋ᠢᠨ
ᠴᠢᠨᠠᠷᠲᠠᠢ ᠪᠠᠷᠠᠯᠠᠬᠢᠯᠠᠯᠲᠤ ᠴᠢᠨᠠᠷᠲᠠᠢ ᠵᠥᠪᠯᠡᠬᠦ᠌ ᠰᠡᠳᠦᠪ᠎ᠲᠠᠢ ᠤᠶᠠᠯᠳᠤᠭᠤᠯᠤᠨ 36 ᠤᠳᠠᠭ᠎ᠠ ᠬᠤᠷᠠᠯ ᠬᠤᠷᠠᠯᠳᠤᠭᠤᠯᠵᠤ᠂ ᠵᠠᠷᠢᠮ ᠴᠢᠬᠤᠯᠠ ᠦᠷ᠎ᠡ ᠪᠦᠲᠦᠭᠡᠯ᠎ᠨᠢ ᠭᠦᠢᠴᠡᠳ ᠨᠤᠲᠠᠯᠠᠭ᠍ᠳᠠᠭ᠍ᠰᠠᠨ
ᠪᠠ ᠬᠡᠷᠡᠭ᠌ᠯᠡᠭ᠌ᠳᠡᠪᠡ᠃ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠤᠨ ᠲᠥᠯᠥᠪᠯᠡᠭᠡ᠎ᠶ᠋ᠢ ᠲᠣᠭ᠍ᠲᠠᠭᠠᠵᠤ᠂
《ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ》ᠲᠡᠷᠢᠭᠦᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠭᠦᠨ᠎ᠤ ᠤᠯᠤᠰ ᠲᠦᠷᠦ᠍᠎ᠶ᠋ᠢᠨ ᠣᠨᠣᠯ᠎ᠢ
ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ ᠵᠥᠪᠯᠡᠬᠦ᠌ ᠬᠡᠯᠪᠡᠷᠢ᠎ᠶ᠋ᠢᠨ ᠬᠢᠨᠠᠯᠲᠠ᠎ᠶ᠋ᠢᠨ ᠣᠨᠴᠠᠯᠢᠭ᠎ᠢ ᠳᠣᠪᠤᠢᠯᠭᠠᠵᠤ᠂
ᠵᠥᠪᠯᠡᠬᠦ᠌᠎ᠶ᠋ᠢ ᠬᠢᠨᠠᠯᠲᠠ ᠲᠠᠯᠪᠢᠬᠤ ᠰᠡᠳᠦᠪ᠎ᠢ ᠲᠣᠭ᠍ᠲᠠᠭᠠᠬᠤ᠂ ᠪᠠᠢᠴᠠᠭᠠᠨ ᠰᠤᠳᠤᠯᠵᠤ ᠪᠠᠢᠳᠠᠯ᠎ᠢ ᠣᠢᠯᠠᠭᠠᠬᠤ᠂
ᠬᠢᠨᠠᠯᠲᠠ᠎ᠶ᠋ᠢᠨ ᠰᠠᠨᠠᠯ᠎ᠢ ᠪᠥᠷᠢᠯᠳᠦᠬᠦᠯᠬᠦ᠌ ᠵᠡᠷᠭᠡ ᠪᠦᠬᠦ᠌ ᠶᠠᠪᠤᠴᠠ᠎ᠳᠤ ᠲᠤᠭᠤᠱᠢᠯᠠᠭᠤᠯᠤᠨ᠂ ᠲᠡᠷᠢᠭᠦᠯᠡᠭ᠌ᠴᠢᠳ᠎ᠤᠨ
ᠬᠤᠷᠠᠯᠳᠤᠭᠠᠨ᠎ᠤ ᠪᠦᠷᠢᠯᠳᠦᠭᠦᠨ᠎ᠢᠶᠠᠷ ᠲᠦᠷᠦᠭᠦᠯᠡᠭᠦᠯᠦᠨ᠂ 10 ᠲᠤᠰᠭᠠᠶ ᠵᠥᠪᠯᠡᠯ ᠡᠯ᠎ᠡ ᠬᠦᠷᠢᠶᠡᠨ᠎ᠤ ᠠᠵᠢᠯ᠎ᠤᠨ ᠭᠤᠣᠯᠳᠠᠯᠭ᠎ᠠ᠎ᠲᠠᠢ ᠤᠶᠠᠯᠳᠤᠭᠤᠯᠤᠨ
ᠦᠷᠭᠦᠯᠵᠢᠯᠡᠨ ᠮᠥᠷᠳᠡᠨ ᠬᠢᠨᠠᠯᠲᠠ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠎ᠳᠤ ᠨᠡᠢᠭᠡᠮ᠎ᠤᠨ ᠨᠠᠰᠤᠲᠠᠢᠴᠤᠳ᠎ᠲᠤ ᠲᠣᠬᠢᠷᠠᠮᠵᠢᠲᠠᠢ ᠪᠣᠯᠭᠠᠬᠤ ᠱᠢᠨᠡᠳᠭᠡᠨ
ᠰᠠᠢᠵᠢᠷᠠᠭᠤᠯᠤᠯᠲᠠ᠎ᠶ᠋ᠢ ᠲᠦᠷᠭᠡᠯᠡᠨ ᠠᠬᠢᠭᠤᠯᠬᠤ ᠵᠡᠷᠭᠡ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠮᠡᠳᠡᠭᠦᠯᠦᠯᠲᠡ᠎ᠶ᠋ᠢ
ᠮᠡᠳᠡᠭᠦᠯᠦᠨ ᠬᠦᠷᠭᠡᠵᠦ᠍᠂ ᠵᠥᠪᠯᠡᠬᠦ᠌᠎ᠪᠠᠷ ᠰᠠᠢᠵᠢᠷᠠᠭᠤᠯᠤᠯᠲᠠ᠎ᠶ᠋ᠢ ᠠᠬᠢᠭᠤᠯᠬᠤ᠂ ᠬᠢᠨᠠᠯᠲᠠ ᠲᠠᠯᠪᠢᠬᠤ᠎ᠪᠠᠷ
ᠨᠠᠢᠳᠠᠪᠤᠷᠢᠵᠢᠭᠤᠯᠤᠯᠲᠠ᠎ᠶ᠋ᠢ ᠬᠠᠪᠰᠤᠷᠬᠤ ᠦᠢᠯᠡᠳᠦᠯ ᠦᠵᠡᠭᠦᠯᠪᠡ᠃ ᠪᠡᠶ᠎ᠡ᠎ᠪᠠᠨ ᠳᠠᠭᠠᠭᠠᠭ᠍ᠰᠠᠨ ᠪᠠᠢᠴᠠᠭᠠᠨ
ᠰᠤᠳᠤᠯᠤᠯᠲᠠ᠎ᠶ᠋ᠢᠨ ᠠᠮᠢᠳᠤᠯᠢᠭ ᠪᠦᠭᠡᠳ ᠳᠦᠭᠦᠮ ᠲᠦᠳᠡ᠂ ᠪᠣᠳᠠᠲᠠᠶ᠎ᠶ᠋ᠢ ᠡᠷᠬᠢᠮᠯᠡᠬᠦ᠌ ᠪᠦᠭᠡᠳ ᠥᠨᠳᠥᠷ ᠪᠦᠲᠦᠮᠵᠢᠲᠡᠶ
ᠪᠠᠢᠳᠠᠭ ᠳᠠᠪᠠᠭᠤᠯᠢᠭ᠎ᠢ ᠪᠠᠳᠠᠷᠠᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠳᠤᠷᠢᠳᠭᠤ
ᠨᠥᠬᠦᠳ᠎ᠤᠨ ᠪᠡᠶ᠎ᠡ᠎ᠪᠠᠨ ᠳᠠᠭᠠᠭᠠᠵᠤ ᠪᠠᠢᠴᠠᠭᠠᠨ ᠰᠤᠳᠤᠯᠤᠯᠲᠠ ᠬᠢᠬᠦ᠌᠎ᠪᠠᠷ ᠭᠡᠱᠢᠭᠦᠳ᠎ᠤᠨ ᠪᠡᠶ᠎ᠡ᠎ᠪᠠᠨ ᠳᠠᠭᠠᠭᠠᠵᠤ
ᠪᠠᠢᠴᠠᠭᠠᠨ ᠰᠤᠳᠤᠯᠤᠯᠲᠠ ᠬᠢᠬᠦ᠌᠎ᠶ᠋ᠢ ᠳᠠᠢᠴᠢᠯᠠᠨ ᠭᠦᠨᠵᠡᠭᠡᠶ ᠠᠬᠢᠭᠤᠯᠵᠤ᠂ ᠨᠡᠢᠲᠡ 120 ᠭᠠᠷᠤᠶ ᠵᠦᠢᠯ᠎ᠢ ᠵᠣᠬᠢᠶᠠᠨ ᠪᠠᠢᠭᠤᠯᠤᠨ ᠥᠷᠨᠢᠭᠦᠯᠪᠡ᠃
ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠬᠤ ᠠᠷᠭ᠎ᠠ ᠵᠠᠮ᠎ᠢ ᠥᠷᠭᠡᠳᠭᠡᠵᠦ᠍᠂
ᠭᠤᠣᠯᠳᠠᠯᠭ᠎ᠠ᠎ᠲᠠᠢ ᠪᠠᠢᠴᠠᠭᠠᠨ ᠰᠤᠳᠤᠯᠵᠤ ᠵᠥᠪᠯᠡᠭ᠌ᠰᠡᠨ ᠦᠷ᠎ᠡ ᠪᠦᠲᠦᠭᠡᠯ᠎ᠢ ᠨᠠᠷᠢᠯᠢᠭ ᠣᠨᠣᠴᠠᠲᠠᠢ ᠮᠡᠳᠡᠭᠦᠯᠦᠨ
ᠬᠦᠷᠭᠡᠵᠦ᠍᠂ ᠪᠦᠬᠦ᠌ ᠵᠢᠯ᠎ᠳᠤ ᠡᠯ᠎ᠡ ᠲᠥᠷᠥᠯ᠎ᠤᠨ ᠮᠡᠳᠡᠭᠡ ᠵᠠᠩᠭᠢ᠎ᠶ᠋ᠢ 3010 ᠬᠤᠭᠤᠴᠠᠭ᠎ᠠ ᠨᠠᠢᠷᠠᠭᠤᠯᠤᠨ ᠮᠡᠳᠡᠭᠦᠯᠪᠡ᠃
( ᠲᠦᠷᠪᠡ ) ᠪᠦᠯᠬᠦᠮᠳᠡᠵᠦ᠍ ᠨᠥᠬᠦᠷᠯᠡᠬᠦ᠌ ᠠᠷᠭ᠎ᠠ
ᠠᠴᠢᠶᠠᠯᠠᠪᠤᠷᠢ᠎ᠶ᠋ᠢ ᠲᠡᠭᠦᠯᠳᠡᠷᠵᠢᠭᠦᠯᠵᠦ᠍᠂ ᠤᠶᠤᠨ ᠤᠬᠠᠭᠠᠨ ᠪᠠ ᠬᠦᠴᠦᠨ ᠴᠢᠳᠠᠯ᠎ᠢ ᠥᠷᠭᠡᠨ᠎ᠢᠶᠠᠷ ᠬᠤᠷᠠᠮᠳᠤᠭᠤᠯᠪᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂
ᠴᠠᠭᠠᠭ᠍ᠴᠢᠨ ᠭᠠᠭ᠍ᠠᠶ ᠵᠢᠯ᠎ᠤᠨ ᠬᠤᠪᠢᠰᠭᠠᠯ᠎ᠤᠨ 110 ᠵᠢᠯ ᠤᠨ ᠤᠢ᠎ᠶ᠋ᠢ ᠳᠤᠷᠠᠰᠭᠠᠬᠤ ᠶᠡᠭᠡ ᠬᠤᠷᠠᠯ᠎ᠢ ᠠᠮᠵᠢᠯᠲᠠ᠎ᠲᠠᠢ ᠡᠷᠬᠢᠯᠡᠪᠡ᠃ ᠶᠡᠷᠦᠩᠬᠡᠶ
ᠱᠦᠵᠢ ᠰᠢ᠎ᠶ᠋ᠢᠨ ᠫᠢᠩ᠎ᠤᠨ ᠶᠡᠭᠡ ᠬᠤᠷᠠᠯ ᠳᠡᠭᠡᠷ᠎ᠡ ᠶᠠᠷᠢᠭ᠍ᠰᠠᠨ ᠴᠢᠬᠤᠯᠠ ᠶᠠᠷᠢᠶ᠎ᠠ᠎ᠶ᠋ᠢ ᠭᠦᠨᠵᠡᠭᠡᠶ ᠰᠤᠷᠤᠯᠴᠠᠵᠤ᠂
ᠡᠬᠡ ᠤᠯᠤᠰ᠎ᠤᠨ ᠪᠦᠷᠢᠨ ᠨᠢᠭᠡᠳᠦᠯ᠎ᠢ ᠠᠬᠢᠭᠤᠯᠬᠤ᠂ ᠦᠨᠳᠦᠰᠦᠲᠡᠨ᠎ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ᠎ᠢ
ᠪᠡᠶᠡᠯᠡᠭᠦᠯᠬᠦ᠌ ᠡᠷᠡᠰ ᠪᠠᠲᠤ ᠵᠣᠷᠢᠭ᠎ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ᠌ ᠤᠯᠤᠰ᠎ᠤᠨ ᠤᠯᠤᠰ
ᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠨᠠᠮ᠎ᠤᠨ ᠭᠠᠳᠠᠨᠠᠬᠢ 367 ᠭᠡᠱᠢᠭᠦᠨ᠎ᠲᠠᠢ ᠰᠡᠳᠭᠢᠯ᠎ᠤᠨ ᠦᠭᠡ᠎ᠪᠠᠨ
ᠬᠡᠯᠡᠯᠴᠡᠨ ᠶᠠᠷᠢᠯᠴᠠᠵᠤ᠂ ᠴᠢᠬᠤᠯᠠ ᠶᠡᠭᠡ ᠲᠤᠰᠭᠠᠶ ᠠᠵᠢᠯ᠎ᠤᠨ ᠭᠡᠱᠢᠭᠦᠳ᠎ᠤᠨ ᠤᠬᠠᠭᠤᠯᠭ᠎ᠠ ᠲᠠᠢᠯᠪᠤᠷᠢᠯᠠᠯᠲᠠ᠎ᠶ᠋ᠢ 11 ᠤᠳᠠᠭ᠎ᠠ ᠵᠣᠬᠢᠶᠠᠨ ᠪᠠᠢᠭᠤᠯᠵᠤ᠂ ᠭᠡᠱᠢᠭᠦᠳ᠎ᠤᠨ ᠬᠢᠴᠢᠶᠡᠯ᠎ᠢ 10 ᠬᠤᠭᠤᠴᠠᠭ᠎ᠠ ᠦᠢᠯᠡᠳᠦᠨ ᠨᠡᠪᠲᠡᠷᠡᠭᠦᠯᠵᠦ᠍᠂ ᠨᠠᠮ᠎ᠤᠨ
ᠭᠠᠳᠠᠨᠠᠬᠢ ᠭᠡᠱᠢᠭᠦᠳ᠎ᠤᠨ ᠥᠪᠡᠷ᠎ᠢ᠎ᠪᠠᠨ ᠬᠥᠮᠦᠵᠢᠭᠦᠯᠬᠦ᠌ ᠥᠪᠡᠷ᠎ᠢ᠎ᠪᠠᠨ ᠳᠡᠭᠡᠭ᠌ᠰᠢᠯᠡᠭᠦᠯᠬᠦ᠌ ᠭᠤᠣᠯ ᠵᠣᠷᠢᠯᠲᠠᠲᠤ
ᠲᠤᠰᠭᠠᠶ ᠰᠡᠳᠦᠪᠲᠦ ᠪᠠᠢᠴᠠᠭᠠᠯᠲᠠ᠎ᠶ᠋ᠢ 11 ᠤᠳᠠᠭ᠎ᠠ ᠥᠷᠨᠢᠭᠦᠯᠵᠦ᠍᠂ ᠬᠤᠷᠸ᠎ᠠ ᠠᠵᠤ ᠠᠬᠤᠢ᠎ᠶ᠋ᠢᠨ ᠪᠠᠢᠳᠠᠯ᠎ᠤᠨ ᠲᠤᠬᠠᠢ
ᠵᠠᠳᠠᠯᠤᠯᠲᠠ᠎ᠶ᠋ᠢᠨ ᠶᠠᠷᠢᠯᠴᠠᠬᠤ ᠬᠤᠷᠠᠯ᠎ᠢ 4 ᠤᠳᠠᠭ᠎ᠠ ᠂ ᠭᠤᠣᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠪᠠᠢᠳᠠᠯ᠎ᠢ
ᠮᠡᠳᠡᠭ᠌ᠳᠡᠬᠦ᠌ ᠬᠤᠷᠠᠯ᠎ᠢ 10 ᠤᠳᠠᠭ᠎ᠠ ᠡᠷᠬᠢᠯᠡᠵᠦ᠍᠂ 《ᠭᠡᠱᠢᠭᠦᠳ ᠦᠭᠦᠯᠡᠬᠦᠢ》 ᠱᠢᠷᠢᠰ ᠰᠤᠷᠪᠤᠯᠵᠢᠯᠠᠭ᠎ᠠ᠎ᠶ᠋ᠢᠨ
ᠣᠬᠤᠷ ᠸᠢᠳᠢᠣ᠋ ᠪᠢᠴᠢᠯᠭᠡ ᠵᠣᠬᠢᠶᠠᠨ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠠᠩᠬᠠᠷᠤᠯ ᠲᠠᠯᠪᠢᠵᠤ ᠪᠠᠢᠭ᠎ᠠ
ᠠᠰᠠᠭᠤᠳᠠᠯ᠎ᠳᠤ ᠬᠠᠷᠢᠭᠤᠯᠲᠠ ᠥᠭ᠌ᠴᠦ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠲᠥᠪ᠎ᠤᠨ ᠦᠨᠳᠦᠰᠦᠲᠡᠨ᠎ᠤ
ᠠᠵᠢᠯ᠎ᠤᠨ ᠬᠤᠷᠠᠯᠳᠤᠭᠠᠨ ᠪᠠ ᠪᠦᠬᠦ᠌ ᠤᠯᠤᠰ᠎ᠤᠨ ᠱᠠᠱᠢᠨ ᠰᠤᠷᠲᠠᠬᠤᠨ᠎ᠤ ᠠᠵᠢᠯ᠎ᠤᠨ ᠬᠤᠷᠠᠯᠳᠤᠭᠠᠨ᠎ᠤ ᠵᠣᠷᠢᠭ
ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠱᠢᠨ ᠰᠤᠷᠲᠠᠬᠤᠨ᠎ᠤ
ᠡᠲᠡᠭᠡᠳ᠎ᠤᠨ ᠭᠡᠱᠢᠭᠦᠳ᠎ᠤᠨ ᠪᠣᠯᠪᠠᠰᠤᠷᠠᠯ᠎ᠤᠨ ᠠᠩᠭᠢ ᠡᠷᠬᠢᠯᠡᠵᠦ᠍᠂ ᠦᠨᠳᠦᠰᠦᠲᠡᠨ᠎ᠤ ᠭᠠᠵᠠᠷ ᠣᠷᠣᠨ᠎ᠤ ᠣᠯᠠᠨ
ᠠᠷᠭ᠎ᠠ ᠵᠠᠮ᠎ᠢᠶᠠᠷ ᠠᠵᠢᠯ ᠣᠯᠬᠤ᠂ ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠢ ᠵᠠᠰᠠᠬᠤ ᠵᠡᠷᠭᠡ ᠲᠠᠯ᠎ᠠ᠎ᠪᠠᠷ
ᠪᠠᠢᠴᠠᠭᠠᠨ ᠰᠤᠳᠤᠯᠵᠤ ᠵᠥᠪᠯᠡᠯᠭᠡ ᠬᠢᠵᠦ᠍᠂ ᠦᠨᠳᠦᠰᠦᠲᠡᠨ᠎ᠤ ᠪᠦᠯᠬᠦᠮᠳᠡᠯ ᠪᠠ ᠱᠠᠱᠢᠨ ᠰᠤᠷᠲᠠᠬᠤᠨ᠎ᠤ ᠡᠶ᠎ᠡ
ᠵᠤᠬᠢᠴᠠᠯ᠎ᠢ ᠠᠬᠢᠭᠤᠯᠪᠠ᠃ ᠱᠢᠶᠠᠩᠭᠠᠩ ᠣᠷᠣᠨ᠎ᠤ ᠭᠡᠱᠢᠭᠦᠳ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠠᠴᠠ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠰᠣᠩᠭᠤᠭᠤᠯᠢ᠎ᠶ᠋ᠢᠨ ᠳᠦᠷᠢᠮ᠎ᠢ
ᠲᠡᠭᠦᠯᠳᠡᠷᠵᠢᠭᠦᠯᠬᠦ᠌᠎ᠳᠤ ᠰᠠᠨᠠᠯ᠎ᠢᠶᠠᠨ ᠢᠯᠡᠷᠬᠡᠢᠯᠡᠨ ᠳᠡᠮᠵᠢᠬᠦ᠌᠎ᠶ᠋ᠢ ᠵᠣᠷᠢᠭ᠍ᠵᠢᠭᠤᠯᠵᠤ᠂ 《ᠡᠬᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》 ᠦᠨᠳᠦᠰᠦᠨ ᠵᠠᠷᠴᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠢᠶᠠᠩᠭᠠᠩ ᠣᠣᠮᠧᠨ᠎ᠤ
ᠵᠠᠯᠠᠭᠤᠴᠤᠳ ᠪᠠᠭᠠᠴᠤᠳ᠎ᠤᠨ ᠡᠬᠡ ᠣᠷᠣᠨᠴᠢ ᠦᠵᠡᠯ᠎ᠤᠨ ᠬᠥᠮᠦᠵᠢᠯ ᠪᠠ ᠬᠢᠵᠢᠭ᠎ᠢ ᠡᠰᠡᠷᠭᠦᠴᠡᠬᠦ᠌ ᠵᠡᠷᠬᠡ᠎ᠲᠠᠢ
ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠤ᠌᠂ ᠠᠷᠪᠠᠨ ᠭᠤᠷᠪᠠᠳᠤᠭᠠᠷ ᠬᠤᠭᠤᠴᠠᠭᠠᠨ᠎ᠤ ᠲᠠᠢᠸᠠᠨ ᠬᠤᠭᠤᠯᠠᠶ᠎ᠶ᠋ᠢᠨ
ᠶᠠᠷᠢᠯᠴᠠᠭᠠᠨ᠎ᠤ ᠲᠠᠪᠴᠠᠩ • ᠳᠥᠷᠪᠡᠳᠦᠭᠡᠷ ᠬᠤᠭᠤᠴᠠᠭᠠᠨ᠎ᠤ ᠲᠠᠢᠸᠠᠨ ᠬᠤᠭᠤᠯᠠᠢ᠎ᠶ᠋ᠢᠨ ᠬᠤᠶᠠᠷ ᠲᠠᠯ᠎ᠠ᠎ᠶ᠋ᠢᠨ
ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠷᠢᠯᠴᠠᠭᠠᠨ᠎ᠤ ᠲᠠᠪᠴᠠᠩ᠎ᠢ ᠡᠷᠬᠢᠯᠡᠬᠦ᠌᠎ᠳᠤ ᠣᠷᠣᠯᠴᠠᠵᠤ᠂ ᠱᠢᠶᠠᠩᠭᠠᠩ
ᠣᠣᠮᠧᠨ᠎ᠤ ᠠᠬ᠎ᠠ ᠳᠡᠭᠦᠦ ᠨᠡᠷ᠂ ᠲᠠᠢᠸᠠᠨ᠎ᠤ ᠠᠬ᠎ᠠ ᠳᠡᠭᠦᠦ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ
ᠳᠡᠭᠦᠦ ᠨᠡᠷ ᠯᠤᠭ᠎ᠠ᠎ᠶ᠋ᠢᠨ ᠪᠦᠯᠬᠦᠮᠳᠡᠯ ᠨᠥᠬᠦᠷᠯᠡᠯ᠎ᠢᠶᠠᠨ ᠴᠢᠩᠭᠠᠳᠭᠠᠪᠠ᠃ ᠬᠢᠵᠢᠭ᠎ᠢ ᠰᠡᠷᠭᠡᠢᠯᠡᠨ ᠬᠢᠵᠠᠭᠠᠷᠯᠠᠬᠤ
ᠠᠵᠢᠯ᠎ᠢ ᠪᠠᠢᠩᠭᠤᠵᠢᠭᠤᠯᠤᠭ᠍ᠰᠠᠨ ᠨᠥᠬᠦᠴᠡᠯ ᠳᠣᠣᠷᠠᠬᠢ ᠭᠠᠳᠠᠭᠠᠳᠤ ᠬᠠᠷᠢᠯᠴᠠᠭᠠᠨ᠎ᠤ ᠠᠵᠢᠯ᠎ᠢ ᠰᠠᠢᠲᠤᠷ ᠬᠢᠵᠦ᠍᠂
ᠯᠠᠲ᠋ᠢᠨ ᠠᠮᠧᠷᠢᠺᠠ ᠲᠢᠪ ᠪᠠ ᠺᠠᠷᠢᠪᠧ᠎ᠶ᠋ᠢᠨ ᠤᠯᠤᠰ᠎ᠤᠳ᠎ᠤᠨ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠎ᠢ
ᠤᠷᠢᠵᠤ ᠤᠯᠤᠰ ᠲᠥᠷᠥ᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ ᠠᠵᠢᠯᠯᠠᠭ᠎ᠠ᠎ᠶ᠋ᠢ ᠡᠷᠬᠢᠯᠡᠵᠦ᠍᠂ ᠳᠤᠮᠳᠠᠳᠤ
ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠂ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ
ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ ᠬᠠᠮᠢᠶ᠎ᠠ ᠪᠦᠬᠦᠢ ᠣᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ
ᠠᠵᠢᠯᠯᠠᠭ᠎ᠠ᠎ᠳᠤ ᠣᠷᠣᠯᠴᠠᠬᠤ᠎ᠶ᠋ᠢ ᠳᠡᠮᠵᠢᠵᠦ᠍᠂ ᠰᠦᠯᠵᠢᠶᠡᠨ ᠳᠡᠭᠡᠷᠡᠬᠢ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ
80 ᠤᠳᠠᠭ᠎ᠠ ᠥᠷᠨᠢᠭᠦᠯᠪᠡ᠃ ᠳᠤᠮᠳᠠᠳᠤ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ
ᠠᠩᠭ᠌ᠯᠢ ᠬᠡᠯᠡᠨ᠎ᠤ ᠰᠦᠯᠵᠢᠶᠡᠨ ᠥᠷᠲᠡᠭᠡ ᠳᠡᠭᠡᠷ᠎ᠡ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠢ᠎ᠶ᠋ᠢ
ᠪᠡᠯᠭᠡᠯᠡᠬᠦ᠌ ᠲᠤᠰᠭᠠᠶ ᠰᠡᠳᠦᠪᠲᠦ ᠪᠤᠯᠤᠩ ᠭᠠᠷᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠭᠠᠳᠠᠭᠠᠳᠤ ᠤᠬᠠᠭᠤᠯᠭ᠎ᠠ᠎ᠶ᠋ᠢᠨ
ᠣᠬᠤᠷ ᠹᠢᠯᠢᠮ᠎ᠢ ᠵᠣᠬᠢᠶᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ
ᠶᠠᠪᠤᠴᠠ ᠪᠠ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠠᠮᠵᠢᠯᠲᠠ ᠪᠦᠲᠦᠮᠵᠢ᠎ᠶ᠋ᠢ ᠤᠬᠠᠭᠤᠯᠵᠤ᠂ ᠳᠤᠮᠳᠠᠳᠤ
ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ
ᠪᠠᠢᠭᠤᠯᠤᠯ ᠵᠡᠷᠭᠡ᠎ᠶ᠋ᠢ ᠤᠬᠠᠭᠤᠯᠤᠨ ᠲᠠᠨᠢᠯᠴᠠᠭᠤᠯᠪᠠ᠃ ᠠᠮᠧᠷᠢᠺᠠ᠎ᠶ᠋ᠢᠨ ᠱᠢᠨᠵᠢᠶᠠᠩ᠎ᠳᠤ ᠬᠤᠯᠪᠣᠭ᠍ᠳᠠᠬᠤ ᠬᠠᠤᠯᠢ᠎ᠶ᠋ᠢᠨ
ᠲᠦᠰᠦᠯ ᠬᠡᠮᠡᠭ᠌ᠴᠢᠪᠠᠨ ᠭᠠᠷᠤᠨ ᠦᠰᠦᠭ ᠵᠢᠷᠤᠵᠤ ᠬᠠᠤᠯᠢ᠎ᠶ᠋ᠢᠨ ᠬᠦᠴᠦᠨ᠎ᠲᠠᠢ ᠪᠣᠯᠭᠠᠭ᠍ᠰᠠᠨ᠂ ᠧᠦ᠋ᠷᠣᠫᠠ᠎ᠶ᠋ᠢᠨ
ᠵᠥᠪᠯᠡᠯᠭᠡᠨ᠎ᠤ ᠬᠤᠷᠠᠯ᠎ᠤᠨ ᠭᠠᠳᠠᠭᠠᠳᠤ ᠶᠠᠪᠤᠳᠠᠯ᠎ᠤᠨ ᠵᠦᠪᠯᠡᠯ ᠪᠣᠯᠤᠨ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠤᠨ
ᠲᠠᠢᠸᠠᠨ᠎ᠳᠤ ᠬᠤᠯᠪᠣᠭ᠍ᠳᠠᠭ᠍ᠰᠠᠨ ᠮᠡᠳᠡᠭᠦᠯᠦᠯᠲᠡ ᠬᠡᠮᠡᠭ᠌ᠴᠢᠪᠠᠨ ᠪᠠᠲᠤᠯᠠᠭ᠍ᠰᠠᠨ᠎ᠳᠤ ᠴᠢᠭ᠌ᠯᠡᠭᠦᠯᠵᠦ᠍᠂ ᠲᠥᠪ
ᠴᠢᠩᠭ᠎ᠠ ᠢᠯᠡᠷᠬᠡᠢᠯᠡᠯᠲᠡ ᠨᠡᠢᠲᠡᠯᠡᠵᠦ᠍᠂ ᠮᠠᠨ᠎ᠤ ᠤᠯᠤᠰ᠎ᠤᠨ ᠵᠠᠷᠴᠢᠮ᠎ᠤᠨ ᠵᠣᠭ᠍ᠰᠣᠯᠲᠠ᠎ᠶ᠋ᠢ ᠲᠣᠳᠣᠷᠬᠠᠢᠯᠠᠪᠠ᠃
(ᠲᠠᠪᠤ) ᠤᠯᠤᠰ ᠲᠦᠷᠦ᠍᠎ᠶ᠋ᠢᠨ ᠵᠥᠪᠯᠡᠯᠭᠡᠨ᠎ᠤ
ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ
ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ
ᠵᠢᠯᠣᠭᠤᠳᠤᠭᠤᠯᠵᠤ ᠨᠠᠮ᠎ᠤᠨ ᠪᠠᠢᠭᠤᠯᠤᠯᠲᠠ᠎ᠶ᠋ᠢ ᠠᠬᠢᠭᠤᠯᠵᠤ᠂ 《ᠱᠢᠨ᠎ᠡ
ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍ᠶ᠋ᠢᠨᠵᠥᠪᠯᠡᠯᠭᠡᠨᠤᠨᠠᠮᠤᠨᠪᠠᠢᠭᠤᠯᠤᠯᠲᠠᠶ᠋ᠢᠨ ᠠᠵᠢᠯ᠎ᠢ
ᠴᠢᠩᠭᠠᠳᠭᠠᠬᠤ ᠲᠤᠬᠠᠶ ᠰᠠᠨᠠᠯ᠎ᠤᠳ》᠎ᠢ᠋ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠪᠠᠢᠴᠠᠭᠠᠨ
ᠰᠤᠳᠤᠯᠵᠤ᠂ ᠬᠤᠷᠠᠯ ᠬᠤᠷᠠᠯᠳᠤᠭᠤᠯᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ
ᠲᠤᠷᠱᠢᠯᠭ᠎ᠠ᠎ᠶ᠋ᠢ ᠳ᠋ᠦᠩᠨᠡᠨ ᠰᠣᠯᠢᠯᠴᠠᠪᠠ᠃ ᠪᠢᠴᠢᠭ᠎ᠤᠨ ᠰᠤᠷᠪᠤᠯᠵᠢᠲᠤ ᠤᠯᠤᠰ ᠲᠥᠷᠥ᠎ᠶ᠋ᠢᠨ ᠵᠥᠪᠯᠡᠯᠭᠡᠨ᠎ᠤ
ᠪᠠᠢᠭᠤᠯᠤᠯᠲᠠ᠎ᠶ᠋ᠢ ᠠᠬᠢᠭᠤᠯᠵᠤ᠂ ᠪᠦᠬᠦ᠌ ᠤᠯᠤᠰ ᠵᠢᠴᠢ ᠣᠷᠣᠨ ᠨᠤᠲᠤᠭ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ
ᠭᠡᠱᠢᠭᠦᠳ᠎ᠤᠨ ᠨᠣᠮ ᠤᠩᠱᠢᠵᠤ ᠰᠦᠯᠵᠢᠶᠡᠨ ᠳᠡᠭᠡᠷ᠎ᠡ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂
ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠤᠨ ᠨᠣᠮ ᠤᠩᠱᠢᠭ᠍ᠰᠠᠨ ᠲᠡᠮᠳᠡᠭ᠌ᠯᠡᠯ᠎ᠤᠨ ᠱᠢᠷᠢᠰ ᠨᠣᠮ ᠪᠢᠴᠢᠭ᠎ᠢ
ᠬᠡᠪᠯᠡᠭᠦᠯᠵᠦ᠍᠂ ᠭᠡᠱᠢᠭᠦᠳ᠎ᠤᠨ ᠰᠤᠷᠤᠯᠴᠠᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠠᠷᠭ᠎ᠠ᠎ᠳᠤ ᠵᠠᠰᠠᠪᠤᠷᠢ
ᠣᠷᠣᠭᠤᠯᠪᠠ᠃ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠬᠦ᠌ ᠬᠤᠷᠠᠯ᠎ᠤᠨ ᠠᠵᠢᠯ᠎ᠤᠨ ᠲᠦᠷᠢᠮ᠎ᠢ ᠲᠣᠭ᠍ᠲᠠᠭᠠᠵᠤ᠂
ᠪᠦᠬᠦ᠌ ᠤᠯᠤᠰ᠎ᠤᠨ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ
ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ
ᠠᠵᠢᠯ᠎ᠢ ᠴᠢᠩᠭᠠᠳᠭᠠᠨ ᠰᠠᠢᠵᠢᠷᠠᠭᠤᠯᠬᠤ ᠰᠠᠨᠠᠯ᠎ᠢ ᠨᠡᠢᠲᠡᠯᠡᠵᠦ᠍᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ
ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ
ᠪᠠᠳᠠᠷᠠᠭᠤᠯᠬᠤ ᠲᠤᠬᠠᠶ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠬᠦ᠌᠎ᠶ᠋ᠢ ᠳᠡᠮᠵᠢᠪᠡ᠃ ᠪᠦᠬᠦ᠌ ᠤᠯᠤᠰ᠎ᠤᠨ
ᠤᠯᠤᠰ ᠲᠦᠷᠦ᠍᠎ᠶ᠋ᠢᠨ ᠵᠥᠪᠯᠡᠯᠭᠡᠨ᠎ᠤ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂
ᠬᠤᠯᠪᠣᠭ᠍ᠳᠠᠯ ᠪᠦᠬᠦᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ
ᠬᠠᠮᠢᠶᠠᠷᠤᠯᠲᠠ᠎ᠶ᠋ᠢ ᠴᠢᠩᠭᠠᠳᠭᠠᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠪᠴᠠᠩ
ᠪᠠ ᠨᠤᠮ ᠤᠩᠱᠢᠬᠤ ᠤᠶᠤᠨᠲᠤ ᠲᠠᠪᠴᠠᠩ᠎ᠢ ᠱᠢᠯᠢᠳᠡᠭ᠌ᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌
ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ
ᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ
ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠢ ᠵᠢᠭᠠᠨ ᠵᠢᠯᠣᠭᠤᠳᠴᠤ᠌ ᠲᠥᠪ᠎ᠤᠨ ᠲᠣᠭᠤᠷᠢᠨ ᠪᠠᠢᠴᠠᠭᠠᠯᠲᠠ᠎ᠪᠠᠷ
ᠳᠠᠮᠵᠢᠨ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠬᠢᠯᠭᠡᠵᠦ᠍᠂ ᠲᠤᠰᠭᠠᠢ ᠵᠥᠪᠯᠡᠯ᠎ᠤᠨ ᠬᠤᠪᠢᠶᠠᠷᠢ
ᠨᠠᠮ᠎ᠤᠨ ᠤᠳᠤᠷᠢᠳᠭᠤ ᠳᠤᠭᠤᠢᠯᠠᠩ᠎ᠳᠤ ᠲᠤᠰᠭᠠᠢ ᠲᠣᠭᠤᠷᠢᠨ ᠪᠠᠢᠴᠠᠭᠠᠯᠲᠠ ᠥᠷᠨᠢᠭᠦᠯᠬᠦ᠌᠎ᠶ᠋ᠢ ᠬᠠᠢᠨ ᠰᠦᠪᠡᠭ᠌ᠴᠢᠯᠡᠪᠡ᠃
ᠭᠡᠱᠢᠭᠦᠳ ᠡ᠂ ᠨᠢᠭᠡ ᠵᠢᠯ᠎ᠤᠨ ᠲᠤᠷᠱᠢᠬᠢ ᠠᠵᠢᠯ᠎ᠤᠨ ᠠᠮᠵᠢᠯᠲᠠ ᠪᠦᠲᠦᠮᠵᠢ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ
ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠭ᠍ᠰᠠᠨᠤ ᠦᠷ᠎ᠡ ᠳ᠋ᠦᠩ ᠮᠥᠨ᠂
ᠡᠯ᠎ᠡ ᠲᠠᠯ᠎ᠠ᠎ᠶ᠋ᠢᠨ᠎ᠬᠢᠨ᠎ᠤ ᠬᠦᠴᠦᠲᠡᠢ ᠳᠡᠮᠵᠢᠭ᠌ᠰᠡᠨ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ
ᠡᠯ᠎ᠡ ᠣᠷᠣᠯᠴᠠᠭ᠍ᠴᠢ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠲᠤ᠎ᠪᠠᠷ ᠲᠡᠮᠡᠴᠡᠭ᠌ᠰᠡᠨ᠎ᠤ
ᠦᠷ᠎ᠡ ᠳ᠋ᠦᠩ ᠮᠥᠨ᠂ ᠤᠯᠤᠰ ᠲᠦᠷᠦ᠍᠎ᠶ᠋ᠢᠨ ᠵᠥᠪᠯᠡᠯᠭᠡᠨ᠎ᠤ ᠥᠷᠭᠡᠨ ᠤᠯᠠᠨ ᠭᠡᠱᠢᠭᠦᠳ᠎ᠤᠨ ᠢᠷᠠᠭᠤ ᠠᠯᠳᠠᠷ᠎ᠢᠶᠠᠨ
ᠡᠷᠬᠢᠮᠯᠡᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠬᠠᠷᠢᠭᠤᠴᠠᠯᠭ᠎ᠠ᠎ᠪᠠᠨ ᠡᠭᠦᠷᠭᠡᠯᠡᠨ
ᠴᠢᠷᠮᠠᠢᠨ ᠵᠣᠷᠢᠭᠤᠯᠤᠭ᠍ᠰᠠᠨᠤ ᠦᠷ᠎ᠡ ᠳ᠋ᠦᠩ ᠮᠥᠨ᠃ ᠪᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ
ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠪᠢᠳᠡ ᠠᠵᠢᠯ᠎ᠤᠨ ᠳᠤᠮᠳᠠ ᠬᠠᠷᠠᠬᠠᠨ ᠵᠠᠷᠢᠮ ᠬᠦᠷᠦᠯᠴᠡᠬᠦ᠌ ᠦᠭᠡᠢ ᠲᠠᠯ᠎ᠠ ᠪᠠᠢᠬᠤ᠎ᠶ᠋ᠢ
ᠴᠤ᠌ ᠰᠡᠷᠭᠡᠭ᠎ᠢᠶᠠᠷ ᠣᠯᠵᠤ ᠬᠠᠷᠠᠵᠠᠢ᠄ ᠡᠨᠡ᠎ᠨᠢ ᠵᠥᠪᠯᠡᠯᠭᠡ ᠬᠢᠵᠦ᠍ ᠰᠠᠨᠠᠯ ᠰᠠᠨᠠᠭᠤᠯᠭ᠎ᠠ ᠳᠤᠷᠠᠳᠭᠤ ᠶᠠᠰᠤ
ᠴᠢᠨᠠᠷ ᠪᠠ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠢ᠂ ᠬᠠᠮᠲᠤ᠎ᠶ᠋ᠢᠨ
ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠤᠨ ᠪᠣᠳᠠᠲᠤ ᠪᠦᠲᠦᠮᠵᠢ᠎ᠳᠦ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠬᠤ
ᠴᠢᠬᠤᠯᠠᠲᠠᠶ᠂ ᠭᠡᠱᠢᠭᠦᠳ᠎ᠤᠨ ᠡᠲᠡᠭᠡᠳ᠎ᠤᠨ ᠢᠯᠭᠠᠯ᠎ᠤᠨ᠎ᠢᠶᠠᠨ ᠣᠯᠠᠨ ᠲᠦᠮᠡᠨ᠎ᠲᠠᠢ ᠬᠠᠷᠢᠯᠴᠠᠬᠤ ᠪᠠ ᠲᠡᠳᠡᠨ᠎ᠳᠤ
ᠦᠢᠯᠡᠴᠢᠯᠡᠬᠦ᠌ ᠠᠵᠢᠯ᠎ᠢ ᠤᠯᠠᠮ ᠨᠢᠭᠡ ᠠᠯᠬᠤᠮ ᠰᠠᠢᠵᠢᠷᠠᠭᠤᠯᠬᠤ ᠴᠢᠬᠤᠯᠠᠲᠠᠢ᠂ ᠭᠡᠱᠢᠭᠦᠳ᠎ᠤᠨ ᠬᠠᠷᠢᠭᠤᠴᠠᠯᠭᠠᠲᠤ
ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠢ ᠪᠠᠢᠬᠤ ᠵᠡᠷᠭᠡ ᠪᠣᠯᠤᠨ᠎ᠠ᠂ ᠬᠤᠢᠱᠢᠳᠠ᠎ᠶ᠋ᠢᠨ
ᠠᠵᠢᠯ᠎ᠤᠨ ᠳᠤᠮᠳᠠ᠎ᠪᠠᠨ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠬᠢᠨᠠᠮᠠᠭᠠᠶ ᠰᠤᠳᠤᠯᠤᠨ ᠨᠠᠢᠳᠠᠪᠤᠷᠢᠵᠢᠭᠤᠯᠬᠤ
ᠬᠡᠷᠡᠭ᠌ᠲᠡᠶ᠃
ᠬᠤᠶᠠᠷ᠂ 2022 ᠣᠨ᠎ᠳᠤ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ
ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤᠲᠤᠭᠤᠷᠢᠨᠳᠤ ᠰᠡᠳᠭᠢᠯ᠎ᠢᠶᠠᠨ ᠨᠢᠭᠡᠳᠭᠡᠨ ᠬᠦᠴᠦᠨ᠎ᠢᠶᠠᠨ ᠬᠠᠮᠲᠤᠳᠭᠠᠨᠠ
2022 ᠣᠨ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌
ᠲᠠᠯ᠎ᠠ᠎ᠪᠠᠷ ᠪᠦᠲᠦᠭᠡᠨ ᠪᠠᠢᠭᠤᠯᠬᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢᠰᠢ ᠤᠷᠤᠭ᠍ᠰᠢᠯᠠᠬᠤ
ᠱᠢᠨ᠎ᠡ ᠠᠶᠠᠯᠠᠯ᠎ᠤᠨ ᠴᠢᠬᠤᠯᠠ ᠨᠢᠭᠡ ᠵᠢᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠬᠤᠷᠢᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠬᠤᠷᠠᠯᠳᠤᠭᠤᠯᠬᠤ ᠪᠣᠯᠤᠨ᠎ᠠ᠃ ᠠᠷᠠᠳ᠎ᠤᠨ
ᠤᠯᠤᠰ ᠲᠥᠷᠥ᠎ᠶ᠋ᠢᠨ ᠵᠥᠪᠯᠡᠯᠭᠡᠨ ᠰᠢ᠎ᠶ᠋ᠢᠨ ᠫᠢᠩ᠎ᠤᠨ
ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ
ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ
ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ
ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ
ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ 《ᠬᠤᠶᠠᠷ᠎ᠢ ᠲᠣᠭ᠍ᠲᠠᠭᠠᠭ᠍ᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠭᠤᠯᠵᠤ᠂
《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯ᠎ᠢᠶᠠᠨ
ᠪᠠᠲᠤᠳᠭᠠᠵᠤ》᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠲᠣᠭ᠍ᠲᠠᠭᠤᠨ ᠪᠠᠢᠯᠭᠠᠬᠤ᠎ᠶ᠋ᠢᠨ
ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠤᠩᠬᠡᠢ ᠬᠥᠭ ᠠᠶᠠᠰ᠎ᠢ ᠪᠠᠷᠢᠮᠲᠠᠯᠠᠨ᠂ ᠪᠦᠯᠬᠦᠮᠳᠡᠯ ᠪᠠ ᠠᠷᠠᠳᠴᠢᠯᠠᠯ
ᠭᠡᠬᠦ᠌ ᠬᠤᠶᠠᠷ ᠶᠡᠭᠡ ᠭᠤᠤᠯ ᠰᠡᠳᠦᠪ᠎ᠢ ᠪᠠᠷᠢᠮᠲᠠᠯᠠᠵᠤ᠂ ᠰᠠᠨᠠᠯ ᠰᠠᠨᠠᠭᠤᠯᠭ᠎ᠠ ᠳᠤᠷᠠᠳᠤᠨ ᠵᠠᠰᠠᠭ᠎ᠲᠤ ᠲᠤᠰᠠᠯᠠᠬᠤ
ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠠᠷ ᠬᠦᠴᠦᠯᠡᠬᠦ᠌᠎ᠶ᠋ᠢ ᠪᠠᠷᠢᠮᠲᠠᠯᠠᠵᠤ᠂
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭ᠍ᠲᠤᠬᠤ᠂ ᠬᠤᠷᠢᠳᠤᠭᠠᠷ ᠶᠡᠭᠡ ᠬᠤᠷᠠᠯ᠎ᠤᠨ
ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠪᠦᠬᠦ᠌ ᠵᠢᠯ᠎ᠳᠤ ᠲᠤᠭᠤᠱᠢᠯᠠᠬ᠍ᠳᠠᠬᠤ
ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠠ᠂ ᠦᠵᠡᠯ ᠰᠠᠨᠠᠭ᠎ᠠ᠎ᠪᠠᠷ ᠬᠥᠲᠥᠯᠥᠨ ᠵᠢᠯᠣᠭᠤᠳᠭᠤ᠂ ᠬᠦᠴᠦᠨ
ᠴᠢᠳᠠᠯ᠎ᠢ ᠨᠢᠭ᠍ᠲᠠᠷᠠᠭᠤᠯᠬᠤ᠂ ᠲᠦᠷᠤ᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠲᠡᠪᠱᠢᠭᠦᠯᠬᠦ᠂ ᠶᠡᠭᠡ
ᠲᠠᠯ᠎ᠠ᠎ᠳᠤ ᠦᠢᠯᠡᠴᠢᠯᠡᠬᠦ᠌ ᠡᠯ᠎ᠡ ᠲᠠᠯ᠎ᠠ᠎ᠶ᠋ᠢᠨ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠡᠷᠡᠭᠦᠯ ᠲᠣᠭ᠍ᠲᠠᠭᠤᠨ
ᠠᠵᠤ ᠠᠬᠤᠶ᠎ᠶ᠋ᠢᠨ ᠣᠷᠴᠢᠨ ᠨᠥᠬᠦᠴᠡᠯ᠂ ᠲᠦᠷᠤ ᠲᠦᠪᠱᠢᠨ ᠲᠦᠮᠡᠨ ᠠᠮᠤᠭᠤᠯᠠᠩ ᠨᠡᠢᠭᠡᠮ᠎ᠤᠨ ᠣᠷᠴᠢᠨ ᠨᠦᠬᠦᠴᠡᠯ᠂
ᠴᠡᠪᠡᠷ ᠠᠷᠢᠭᠤᠨ ᠲᠦᠪ ᠴᠢᠬᠡᠴᠢ ᠤᠯᠤᠰ ᠲᠦᠷᠦ᠍᠎ᠶ᠋ᠢᠨ ᠣᠷᠴᠢᠨ ᠨᠥᠬᠦᠴᠡᠯ᠎ᠢ ᠪᠠᠲᠤᠯᠠᠬᠤ᠎ᠳᠤ ᠬᠤᠪᠢ ᠨᠡᠮᠡᠷᠢ
ᠦᠵᠡᠭᠦᠯᠦᠨ᠎ᠡ᠃
( ᠨᠢᠭᠡ ) ᠨᠠᠮ ᠪᠠ ᠤᠯᠤᠰ᠎ᠤᠨ ᠠᠵᠢᠯ᠎ᠤᠨ ᠶᠡᠭᠡ
ᠲᠠᠯ᠎ᠠ᠎ᠲᠠᠢ ᠨᠢᠭ᠍ᠲᠠ ᠤᠶᠠᠯᠳᠤᠭᠤᠯᠤᠨ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠤᠨ᠎ᠠ᠃
ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭ᠍ᠲᠤᠬᠤ᠎ᠶ᠋ᠢᠨ ᠲᠣᠭᠤᠷᠢᠨ᠎ᠳᠤ ᠦᠵᠡᠯ
ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠢ᠎ᠶ᠋ᠢᠨ ᠫᠢᠩ᠎ᠤ᠋ᠨ ᠱᠢᠨ᠎ᠡ ᠴᠠᠭ ᠦᠶ᠎ᠡ᠎ᠶ᠋ᠢᠨ
ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠬᠤ ᠶᠠᠷᠢᠯᠴᠠᠬᠤ
ᠬᠤᠷᠠᠯ᠎ᠤᠨ ᠲᠦᠷᠢᠮ᠎ᠢ ᠪᠠᠷᠢᠮᠲᠠᠯᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠢᠶᠠᠷ
ᠭᠤᠤᠯ ᠤᠳᠤᠷᠢᠳᠤᠮᠵᠢ ᠪᠣᠯᠭᠠᠭ᠍ᠰᠠᠨ ᠰᠤᠷᠤᠯᠴᠠᠬᠤ ᠲᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠵᠤ᠂ ᠳᠤᠮᠳᠠᠳᠤ
ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ
ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ
ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠨᠠᠮ᠎ᠤᠨ ᠱᠢᠨ᠎ᠡ ᠡᠭᠦᠳᠤᠯᠲᠡ᠎ᠶ᠋ᠢᠨ ᠣᠨᠣᠯ᠎ᠢ
ᠰᠤᠷᠤᠯᠴᠠᠨ ᠡᠵᠡᠮᠱᠢᠵᠤ ᠲᠤᠭᠤᠷᠠᠲᠠᠯ᠎ᠠ ᠣᠢᠯᠠᠭᠠᠵᠤ᠂ ᠥᠷᠭᠡᠨ ᠤᠯᠠᠨ ᠭᠡᠱᠢᠭᠦᠳ᠎ᠢ ᠪᠦᠯᠬᠦᠮᠳᠡᠭᠦᠯᠦᠨ ᠬᠥᠲᠥᠯᠥᠨ
ᠵᠢᠯᠣᠭᠤᠳᠴᠤ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ
ᠵᠠᠮᠨᠠᠭᠤᠯᠬᠤ ᠬᠡᠷᠡᠭ᠌ᠲᠡᠢ᠃ ᠰᠡᠳᠭᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠭᠡᠱᠢᠬᠦᠳ᠎ᠤᠨ ᠬᠢᠴᠢᠶᠠᠯ᠂
ᠴᠢᠬᠤᠯᠠ ᠶᠡᠭᠡ ᠲᠤᠰᠭᠠᠢ ᠠᠵᠢᠯ᠎ᠤᠨ ᠲᠤᠬᠠᠢ ᠭᠡᠱᠢᠬᠦᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠲᠣᠰᠭᠠᠢ
ᠵᠥᠪᠯᠡᠯ᠎ᠤᠨ ᠵᠠᠭᠤᠴᠢᠯᠠᠭᠤᠷ᠎ᠤᠨ ᠠᠭᠤᠯᠵᠠᠯᠲᠠ᠎ᠶ᠋ᠢᠨ ᠬᠤᠷᠠᠯ᠂ ᠭᠤᠤᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯ᠎ᠤᠨ
ᠲᠤᠬᠠᠢ ᠪᠠᠢᠳᠠᠯ᠎ᠢ ᠮᠡᠳᠡᠭ᠌ᠳᠡᠬᠦ᠌ ᠬᠤᠷᠠᠯ ᠵᠡᠷᠭᠡ ᠲᠤᠬ᠍ᠲᠠᠴᠠᠵᠢᠭᠤᠯᠤᠬ᠍ᠰᠠᠨ ᠠᠷᠭ᠎ᠠ ᠬᠢᠳᠡᠯ᠎ᠤᠨ ᠬᠢᠷᠢ ᠬᠡᠮᠵᠢᠶ᠎ᠡ᠎ᠶ᠋ᠢ
ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠭᠡᠱᠢᠭᠦᠳ᠎ᠤᠨ ᠲᠤᠰ ᠪᠡᠶ᠎ᠡ᠎ᠶ᠋ᠢᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠨᠠᠮ ᠪᠠ
ᠤᠯᠤᠰ᠎ᠤᠨ ᠠᠵᠢᠯ ᠦᠢᠯᠡᠰ᠎ᠲᠤ ᠣᠯᠤᠭ᠍ᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠬᠦᠰᠦᠭ᠌ᠰᠡᠨ ᠲᠡᠤᠬᠡᠲᠦ
ᠴᠢᠨᠠᠷᠲᠠᠶ ᠬᠤᠪᠢᠰᠤᠯᠲᠠ᠎ᠶ᠋ᠢ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠶᠠᠷᠢᠬᠤ᠎ᠶ᠋ᠢ ᠵᠣᠷᠢᠬ᠍ᠵᠢᠭᠤᠯᠬᠤ ᠬᠡᠷᠡᠭ᠌ᠲᠡᠢ᠃
ᠪᠦᠯᠬᠦᠮᠳᠡᠯ ᠨᠥᠬᠦᠷᠯᠡᠯ᠎ᠤᠨ ᠠᠵᠢᠯᠯᠠᠭ᠎ᠠ᠎ᠶ᠋ᠢᠨ ᠬᠡᠯᠪᠡᠷᠢ᠎ᠶ᠋ᠢ ᠪᠠᠶᠠᠯᠢᠬ᠍ᠵᠢᠭᠤᠯᠵᠤ᠂ ᠨᠡᠢᠭᠡᠮ᠎ᠤᠨ ᠬᠦᠳᠡᠯᠦᠯ
ᠪᠠᠢᠳᠠᠯ᠎ᠢ ᠡᠵᠡᠮᠱᠢᠵᠦ᠍᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠲᠤᠰᠭᠠᠵᠤ᠂
ᠨᠡᠢᠭᠡᠮ᠎ᠤᠨ ᠡᠶ᠎ᠡ ᠵᠣᠬᠢᠴᠠᠯ᠎ᠢ ᠠᠬᠢᠭᠤᠯᠬᠤ ᠬᠡᠷᠡᠭ᠌ᠲᠡᠢ᠃ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ
ᠶᠡᠭᠡ ᠬᠤᠷᠠᠯ ᠬᠤᠷᠠᠯᠳᠤᠭ᠍ᠰᠠᠨᠤ ᠳᠠᠷᠠᠭ᠎ᠠ᠂ ᠪᠠᠢᠩᠭᠤ᠎ᠶ᠋ᠢᠨ ᠬᠤᠷᠢᠶᠠᠨ᠎ᠤ ᠬᠤᠷᠠᠯ᠂ ᠲᠡᠷᠢᠭᠦᠯᠡᠭ᠌ᠴᠢᠳ᠎ᠤᠨ
ᠬᠤᠷᠠᠯ᠂ ᠣᠨᠣᠯ᠎ᠤᠨ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠲᠤᠰᠭᠠᠶ ᠰᠡᠳᠦᠪᠲᠦ ᠬᠠᠪᠰᠤᠷᠤᠨ ᠵᠢᠯᠣᠭᠤᠳᠭᠤ ᠮᠡᠳᠡᠭᠦᠯᠦᠯᠲᠡ᠂
ᠭᠡᠱᠢᠭᠦᠳ᠎ᠤᠨ ᠨᠣᠮ ᠤᠩᠱᠢᠯᠭ᠎ᠠ ᠵᠡᠷᠭᠡ ᠬᠡᠯᠪᠡᠷᠢ᠎ᠪᠠᠷ ᠳᠠᠮᠵᠢᠨ ᠰᠤᠷᠤᠯᠴᠠᠨ ᠤᠬᠠᠭᠤᠯᠵᠤ ᠲᠤᠭᠤᠱᠢᠯᠠᠭᠤᠯᠬᠤ
ᠠᠵᠢᠯ᠎ᠢ ᠬᠦᠨᠵᠡᠭᠡᠢ ᠰᠠᠢᠲᠤᠷ ᠬᠢᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠭᠡ ᠬᠤᠷᠠᠯ᠎ᠤᠨ
ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠭᠡᠨ᠂ ᠤᠯᠤᠰ ᠲᠦᠷᠦ᠍᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠡ
ᠨᠠᠮ ᠪᠦᠯᠦᠭ ᠪᠦᠯᠬᠦᠮ ᠨᠡᠢᠲᠠ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠪᠦᠯᠬᠦᠮᠳᠡᠭᠦᠯᠦᠨ ᠬᠦᠲᠦᠯᠦᠨ
ᠲᠠᠭᠠᠭᠤᠯᠵᠤ᠂ ᠪᠠᠲᠤ ᠴᠢᠩᠭ᠎ᠠ ᠲᠡᠤᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠱᠢᠨ᠎ᠡ ᠠᠶᠠᠨ ᠵᠠᠮ᠎ᠳᠤ
ᠡᠷᠡᠯᠬᠡᠭ᠌ᠯᠡᠨ ᠤᠷᠤᠭ᠍ᠰᠢᠯᠠᠭᠤᠯᠵᠤ᠂ ᠱᠢᠨ᠎ᠡ ᠴᠠᠭ ᠦᠶ᠎ᠡ᠎ᠳᠤ ᠭᠠᠪᠢᠶ᠎ᠠ ᠵᠢᠳᠬᠦᠯ ᠭᠠᠷᠭᠠᠭᠤᠯᠬᠤ ᠬᠡᠷᠡᠭ᠌ᠲᠡᠢ᠃
(ᠬᠤᠶᠠᠷ) ᠴᠢᠨᠠᠷ ᠰᠠᠢᠲᠠᠶ ᠰᠠᠨᠠᠯ ᠰᠠᠨᠠᠭᠤᠯᠭ᠎ᠠ
ᠳᠤᠷᠠᠳᠴᠤ᠌ ᠴᠢᠨᠠᠷ ᠰᠠᠢᠲᠠᠶ ᠬᠥᠭ᠌ᠵᠢᠯᠲᠡ᠎ᠳᠤ ᠦᠢᠯᠡᠴᠢᠯᠡᠨ᠎ᠡ᠃ ᠨᠤᠭᠤᠭᠠᠨ ᠪᠦᠭᠡᠳ ᠨᠡᠭᠦᠷᠡᠰᠦᠲᠥ᠋ᠷᠥᠭ᠌ᠴᠢ
ᠪᠠᠭᠠᠲᠠᠢ ᠴᠢᠨᠠᠷ ᠰᠠᠢᠲᠠᠶ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠠᠵᠢᠯ ᠣᠯᠭᠤᠯᠲᠠ᠎ᠶ᠋ᠢ
ᠲᠡᠷᠢᠭᠦᠨ᠎ᠳᠤ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠪᠠᠷᠢᠮᠲᠠᠯᠠᠬᠤ᠎ᠪᠠᠷ ᠵᠥᠪᠯᠡᠬᠦ᠌
ᠰᠡᠳᠦᠪ ᠪᠣᠯᠭᠠᠨ᠂ ᠲᠤᠰᠭᠠᠶ ᠰᠡᠳᠦᠪᠲᠦ ᠲᠥᠷᠥ᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠤᠷᠢᠶᠠᠨ᠎ᠤ
ᠬᠤᠷᠠᠯ ᠬᠤᠷᠠᠯᠳᠤᠭᠤᠯᠵᠤ᠂ ᠳ᠋ᠢᠵᠢᠲ᠋ᠠᠯ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ᠂
ᠱᠢᠨ᠎ᠡ ᠴᠠᠭ ᠦᠶ᠎ᠡ᠎ᠶ᠋ᠢᠨ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ
ᠭᠦᠨᠵᠡᠭᠡᠶ ᠬᠡᠷᠡᠭ᠌ᠵᠢᠭᠦᠯᠬᠦ᠌ ᠲᠤᠬᠠᠶ ᠲᠤᠰᠭᠠᠶ ᠰᠡᠳᠦᠪᠲᠦ ᠵᠥᠪᠯᠡᠯᠭᠡ ᠬᠢᠨ᠎ᠡ᠃ ᠬᠤᠣᠰ ᠭᠠᠷᠠᠭ᠎ᠲᠤ ᠵᠦᠪᠯᠡᠬᠦ᠂
ᠠᠯᠤᠰ᠎ᠠᠴᠠ ᠵᠥᠪᠯᠡᠬᠦ᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌᠎ᠪᠠᠷ ᠵᠦᠪᠯᠡᠬᠦ᠂ ᠠᠵᠢᠯ ᠲᠥᠷᠥᠯ᠎ᠤᠨ
ᠱᠢᠰᠲ᠋ᠧᠮ᠎ᠢᠶᠠᠷ ᠵᠥᠪᠯᠡᠬᠦ᠌ ᠵᠡᠷᠭᠡ ᠬᠡᠯᠪᠡᠷᠢ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠥᠷ᠎ᠠ ᠵᠢᠨ ᠤᠢᠯᠡᠰ ᠤᠨ
ᠲᠥᠷᠤ ᠵᠢᠨ ᠪᠤᠳᠤᠯᠭ᠎ᠠ ᠵᠢᠨ ᠲᠡᠮᠵᠢᠯᠭᠡ ᠵᠢᠨ ᠰᠢᠰᠲᠸᠮ ᠢ ᠪᠠᠢᠭᠤᠯᠤᠨ ᠪᠥᠷᠢᠨᠰᠢᠬᠥᠯᠬᠥ᠂ ᠬᠥᠳᠡᠭᠡ ᠲᠣᠰᠭᠤᠨ᠎ᠤ ᠡᠮᠨᠡᠯᠭᠡ ᠡᠷᠡᠭᠦᠯ ᠬᠠᠮᠠᠭᠠᠯᠠᠯ᠎ᠤᠨ ᠡᠷᠡᠭᠦᠯ᠎ᠢᠶᠠᠷ
ᠬᠥᠭ᠌ᠵᠢᠬᠦ᠌᠎ᠶ᠋ᠢ ᠠᠬᠢᠭᠤᠯᠬᠤ᠂ ᠡᠬᠡ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨ᠎ᠢᠶᠠᠨ
ᠬᠠᠢᠷᠠᠯᠠᠬᠤ ᠬᠦᠴᠦᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠂
ᠬᠥᠨᠳᠡᠯᠡᠨ᠎ᠠᠴᠠ ᠲᠠᠰᠤᠯᠬᠤ ᠬᠠᠤᠯᠢ᠎ᠳᠤ ᠵᠠᠰᠠᠪᠤᠷᠢ ᠣᠷᠣᠭᠤᠯᠬᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳᠤᠮᠳᠠᠬᠢ ᠦᠢᠯᠡᠳᠦᠯ᠎ᠢ ᠭᠦᠢᠴᠡᠳ ᠪᠠᠳᠠᠷᠠᠭᠤᠯᠬᠤ᠂ ᠬᠠᠳᠤᠨ
ᠭᠤᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ 《ᠨᠢᠭᠡ ᠪᠦᠰᠡ ᠨᠢᠭᠡ ᠵᠠᠮ》 ᠦᠨ ᠠᠷᠠᠳ᠎ᠤᠨ ᠰᠡᠳᠭᠢᠯ᠎ᠤᠨ
ᠨᠡᠪᠲᠡᠷᠡᠯᠴᠡᠭᠡ᠎ᠶ᠋ᠢ ᠠᠬᠢᠭᠤᠯᠬᠤ ᠵᠡᠷᠭᠡ᠎ᠶ᠋ᠢᠨ ᠲᠣᠭᠤᠷᠢᠨ᠎ᠳᠤ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍
ᠵᠥᠪᠯᠡᠨ᠎ᠡ᠃ ᠪᠠᠢᠴᠠᠭᠠᠨ ᠰᠤᠳᠤᠯᠤᠯᠲᠠ᠎ᠶ᠋ᠢ ᠵᠥᠪᠯᠡᠬᠦ᠌᠎ᠠᠴᠠ ᠡᠮᠦᠨ᠎ᠡ ᠬᠢᠬᠦ᠌᠎ᠶ᠋ᠢ ᠪᠠᠷᠢᠮᠲᠠᠯᠠᠵᠤ᠂ ᠪᠠᠢᠴᠠᠭᠠᠨ
ᠰᠤᠳᠤᠯᠤᠯᠲᠠ᠎ᠶ᠋ᠢᠨ ᠭᠦᠨᠴᠡ ᠪᠠ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌ ᠳᠡᠭᠡᠷ᠎ᠡ ᠬᠦᠴᠦ᠍ ᠲᠠᠯᠪᠢᠨ᠎ᠠ᠃
ᠲᠤᠰᠭᠠᠶ ᠮᠡᠷᠭᠡᠵᠢᠯᠲᠡᠳ᠎ᠤᠨ ᠵᠥᠪᠯᠡᠬᠦ᠌ ᠬᠤᠷᠠᠯ᠎ᠤᠨ ᠲᠦᠷᠢᠮ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂
ᠬᠠᠮᠲᠤ᠎ᠪᠠᠷ ᠴᠢᠨᠡᠭᠡᠯᠢᠭ᠌ᠵᠢᠬᠦ᠌᠎ᠶ᠋ᠢᠨ ᠪᠡᠶᠡᠯᠡᠭ᠌ᠳᠡᠬᠦ᠌ ᠠᠷᠭ᠎ᠠ ᠵᠠᠮ᠂ ᠲᠠᠬᠢᠨ ᠡᠭᠦᠰᠴᠦ᠍ ᠪᠣᠯᠬᠤ ᠡᠨᠧᠷᠭᠢ᠎ᠶ᠋ᠢᠨ
ᠰᠤᠷᠪᠤᠯᠵᠢ᠎ᠶ᠋ᠢᠨ ᠬᠥᠭ᠌ᠵᠢᠯᠲᠡ᠂ ᠤᠤᠭᠠᠯ ᠡᠭᠦᠳᠦᠯᠲᠡᠶ᠋ᠢᠨᠴᠢᠨᠠᠷᠲᠠᠶᠬᠥᠲᠥᠯᠥᠨᠳᠠᠭᠠᠭᠤᠯᠬᠤᠴᠢᠨᠠᠷᠲᠠᠶᠱᠢᠨᠵᠢᠯᠡᠬᠦ᠌ᠤᠬᠠᠭᠠᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠴᠢᠩᠭᠠᠳᠭᠠᠬᠤ᠂ ᠬᠥᠮᠦᠨ
ᠠᠮᠠ᠎ᠶ᠋ᠢᠨ ᠨᠠᠰᠤᠵᠢᠯᠲᠠ᠎ᠶ᠋ᠢ ᠠᠷᠭᠠᠴᠠᠬᠤ᠂ ᠱᠢᠯᠵᠢᠭᠦᠯᠵᠦ᠍ ᠪᠣᠯᠤᠰᠢ ᠦᠭᠡᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ
ᠬᠠᠮᠠᠭᠠᠯᠠᠵᠤ ᠠᠱᠢᠭ᠍ᠯᠠᠬᠤ ᠵᠡᠷᠭᠡ᠎ᠶ᠋ᠢᠨ ᠲᠤᠬᠠᠶ ᠪᠠᠷᠠᠯᠠᠬᠢᠯᠠᠯᠲᠤ ᠰᠤᠳᠤᠯᠭᠠᠨ ᠪᠠ ᠭᠦᠨᠵᠡᠭᠡᠶ ᠵᠥᠪᠯᠡᠯᠭᠡ
ᠥᠷᠨᠢᠭᠦᠯᠦᠨ᠎ᠡ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠶ᠋ᠢᠨ
ᠲᠣᠭᠤᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠦᠷᠭᠦᠯᠵᠢᠯᠡᠨ ᠥᠷᠨᠢᠭᠦᠯᠵᠦ᠍᠂ ᠠᠰᠠᠭᠤᠳᠠᠯ᠎ᠢ
ᠢᠯᠡᠷᠡᠭᠦᠯᠬᠦ᠌ ᠪᠠ ᠬᠠᠯᠠᠨ ᠰᠠᠢᠵᠢᠷᠠᠭᠤᠯᠬᠤ ᠰᠠᠨᠠᠯ ᠳᠤᠷᠠᠳᠭᠤ᠎ᠪᠠᠷ ᠭᠤᠤᠯᠳᠠᠯᠭ᠎ᠠ ᠪᠤᠯᠭᠠᠵᠤ᠂ ᠠᠵᠢᠯ᠎ᠤᠨ
ᠨᠠᠢᠳᠠᠪᠤᠷᠢᠵᠢᠭᠤᠯᠤᠯᠲᠠ᠎ᠶ᠋ᠢ ᠠᠬᠢᠭᠤᠯᠤᠨ᠎ᠠ᠃
(ᠭᠤᠷᠪᠠ) ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ
ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠶᠡᠷᠦᠩᠬᠡᠶ ᠱᠦᠵᠢ ᠰᠢ᠎ᠶ᠋ᠢᠨ ᠫᠢᠩ᠎ᠤ᠋ᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ
ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ
ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠤᠶᠠᠯᠳᠤᠭᠤᠯᠤᠨ
《ᠡᠷᠭᠢᠵᠦ᠍ ᠬᠠᠷᠠᠬᠤ》ᠠᠵᠢᠯ᠎ᠢ
ᠥᠷᠨᠢᠭᠦᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ
ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠡᠯ᠎ᠡ ᠲᠠᠯ᠎ᠠ᠎ᠶ᠋ᠢᠨ ᠱᠢᠨ᠎ᠡ ᠡᠭᠦᠳᠦᠯᠲᠡ᠎ᠶ᠋ᠢᠨ ᠦᠷ᠎ᠡ
ᠪᠦᠲᠦᠮᠵᠢ᠎ᠶ᠋ᠢ ᠪᠠᠢᠴᠠᠭᠠᠨ ᠳ᠋ᠦᠩᠨᠡᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠴᠢᠬᠤᠯᠠ ᠶᠡᠭᠡ ᠤᠨᠤᠯ
ᠪᠠ ᠦᠢᠯᠡᠳᠦᠯᠭᠡ᠎ᠶ᠋ᠢᠨ ᠠᠰᠠᠭᠤᠳᠠᠯ᠎ᠤᠨ ᠲᠤᠬᠠᠶ ᠰᠤᠳᠤᠯᠭᠠᠨ᠎ᠢ ᠭᠦᠨᠵᠡᠭᠡᠢᠷᠡᠭᠦᠯᠵᠦ᠍᠂ ᠵᠥᠪᠯᠡᠬᠦ᠌ ᠠᠭᠤᠯᠭ᠎ᠠ᠎ᠶ᠋ᠢ
ᠲᠡᠭᠦᠯᠳᠡᠷᠵᠢᠭᠦᠯᠬᠦ᠂ ᠵᠥᠪᠯᠡᠬᠦ᠌ ᠬᠡᠯᠪᠡᠷᠢ᠎ᠶ᠋ᠢ ᠪᠠᠶᠠᠯᠢᠬ᠍ᠵᠢᠭᠤᠯᠬᠤ᠂ ᠵᠥᠪᠯᠡᠬᠦ᠌ ᠲᠦᠷᠢᠮ᠎ᠢ ᠪᠦᠷᠢᠨᠱᠢᠭᠦᠯᠬᠦ᠂
ᠵᠥᠪᠯᠡᠬᠦ᠌ ᠰᠣᠶᠣᠯ᠎ᠢ ᠪᠤᠢᠵᠢᠭᠤᠯᠬᠤ᠂ ᠵᠥᠪᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ
ᠲᠠᠪᠱᠢᠯᠳᠠ᠎ᠲᠠᠢ ᠪᠣᠯᠭᠠᠬᠤ᠎ᠪᠠᠷ ᠴᠢᠷᠮᠠᠢᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠣᠨᠴᠠᠯᠢᠭ ᠪᠦᠬᠦᠢ ᠬᠡᠷᠡᠭ᠌ᠯᠡᠭᠡᠨ᠎ᠤ
ᠬᠡᠯᠪᠡᠷᠢ᠎ᠶ᠋ᠢᠨ ᠤᠶᠤᠨ᠎ᠤ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ
ᠬᠤᠲᠠ ᠱᠢᠶᠠᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠬᠤ ᠪᠠ ᠵᠠᠰᠠᠨ ᠰᠠᠢᠵᠢᠷᠠᠭᠤᠯᠬᠤ
ᠲᠤᠬᠠᠢ ᠪᠢᠴᠢᠭ ᠮᠠᠲ᠋ᠧᠷᠢᠶᠠᠯ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠵᠢᠯᠣᠭᠤᠳᠤᠨ᠎ᠠ᠃ ᠠᠷᠠᠳ᠎ᠤᠨ
ᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠢ ᠴᠢᠩᠭᠠᠳᠭᠠᠵᠤ᠂ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠬᠢᠭᠡᠳ ᠪᠦᠬᠦ᠌ ᠶᠠᠪᠤᠴᠠ᠎ᠶ᠋ᠢᠨ ᠠᠷᠠᠳ᠎ᠤᠨ
ᠠᠷᠠᠳᠴᠢᠯᠠᠯ》 ᠤᠨ ᠤᠨᠤᠯ᠎ᠤᠨ ᠰᠤᠳᠤᠯᠤᠨ ᠶᠠᠷᠢᠯᠴᠠᠬᠤ ᠬᠤᠷᠠᠯ᠎ᠢ ᠬᠤᠷᠠᠯᠳᠤᠭᠤᠯᠤᠨ᠎ᠠ᠃
ᠰᠠᠨᠠᠯ ᠲᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠯᠭᠡ᠎ᠶ᠋ᠢ ᠭᠦᠨᠵᠡᠭᠡᠢᠷᠡᠭᠦᠯᠵᠦ᠍᠂ ᠭᠤᠤᠯᠳᠠᠯᠭ᠎ᠠ᠎ᠲᠠᠢ
ᠰᠠᠨᠠᠯ ᠲᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠌᠎ᠶ᠋ᠢ ᠴᠢᠩᠭᠠᠳᠭᠠᠵᠤ᠂ ᠱᠢᠯᠢᠳᠡᠭ ᠰᠠᠨᠠᠯ ᠲᠤᠷᠠᠳᠤᠯᠭ᠎ᠠ
ᠪᠠ ᠳᠠᠭᠠᠭᠠᠨ ᠠᠪᠴᠤ᠌ ᠱᠢᠢᠳᠪᠦᠷᠢᠯᠡᠬᠦ᠌ ᠲᠡᠷᠢᠭᠦᠨ᠎ᠤ ᠨᠢᠭᠡᠴᠢ᠎ᠶ᠋ᠢ ᠬᠥᠬᠢᠭᠦᠯᠦᠨ ᠰᠠᠢᠱᠢᠶᠠᠬᠤ ᠬᠤᠷᠠᠯ᠎ᠢ
ᠵᠣᠬᠢᠶᠠᠨ ᠪᠠᠢᠭᠤᠯᠤᠨ ᠬᠤᠷᠠᠯᠳᠤᠭᠤᠯᠤᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠤ ᠮᠡᠳᠡᠭᠡ ᠵᠠᠩᠭᠢ᠂ ᠶᠡᠭᠡ
ᠬᠤᠷᠠᠯ᠎ᠤᠨ ᠶᠠᠷᠢᠶ᠎ᠠ᠂ ᠰᠣᠶᠣᠯ ᠲᠡᠤᠬᠡ᠎ᠶ᠋ᠢᠨ ᠮᠠᠲ᠋ᠧᠷᠢᠶᠠᠯ᠂ ᠰᠣᠨᠢᠨ ᠮᠡᠳᠡᠭᠡᠯᠡᠯ ᠤᠬᠠᠭᠤᠯᠭ᠎ᠠ ᠵᠡᠷᠭᠡ ᠠᠵᠢᠯ᠎ᠤᠨ
ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠷᠦᠩᠬᠡᠶ
ᠪᠠᠢᠷᠢᠯᠠᠭᠤᠯᠤᠯᠲᠠ ᠶᠣᠰᠣᠭᠠᠷ᠂ ᠭᠠᠳᠠᠭᠠᠳᠤ᠎ᠯᠤᠭ᠎ᠠ᠎ᠶ᠋ᠢᠨ ᠨᠥᠬᠦᠷᠰᠡᠭ ᠶᠠᠪᠤᠯᠴᠠᠭ᠎ᠠ᠎ᠶ᠋ᠢ ᠢᠳᠡᠪᠬᠢᠲᠡᠶ ᠥᠷᠨᠢᠭᠦᠯᠦᠨ᠎ᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ
ᠨᠠᠢᠳᠠᠪᠤᠷᠢᠵᠢᠭᠤᠯᠵᠤ᠂ ᠰᠠᠬᠢᠯᠭ᠎ᠠ ᠪᠠᠲᠤ᠎ᠶ᠋ᠢ ᠴᠢᠩᠳᠠᠯᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ
ᠬᠤᠭᠤᠴᠠᠭ᠎ᠠ ᠰᠣᠯᠢᠬᠤ ᠪᠡᠯᠡᠳᠭᠡᠯ ᠠᠵᠢᠯ᠎ᠢ ᠬᠠᠮᠵᠢᠯᠴᠠᠨ ᠰᠠᠢᠲᠤᠷ ᠬᠢᠨ᠎ᠡ᠃ ᠵᠢᠱ᠌ᠢᠶᠡᠴᠢ ᠪᠠᠢᠭᠤᠯᠭ᠎ᠠ᠎ᠶ᠋ᠢ
ᠪᠠᠢᠭᠤᠯᠬᠤ᠎ᠪᠠᠷ ᠬᠠᠷᠠᠯᠲᠠ ᠪᠣᠯᠭᠠᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ
ᠪᠠᠢᠭᠤᠯᠤᠯᠲᠠ᠎ᠶ᠋ᠢ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠥᠨᠳᠥᠷ
ᠬᠡᠪ ᠴᠢᠨᠠᠷ ᠪᠦᠬᠦᠢ ᠲᠤᠰᠭᠠᠢᠵᠢᠭ᠍ᠰᠠᠨ ᠪᠠᠢᠭᠤᠯᠭ᠎ᠠ᠎ᠶ᠋ᠢᠨ ᠺᠠᠳ᠋ᠷ᠎ᠤᠨ ᠡᠩᠨᠡᠭᠡ᠎ᠶ᠋ᠢ ᠪᠠᠢᠭᠤᠯᠤᠨ᠎ᠠ᠃
ᠭᠤᠷᠪᠠ᠂
ᠡᠭᠦᠷᠭᠡ ᠬᠠᠷᠢᠭᠤᠴᠠᠯᠭ᠎ᠠ᠎ᠪᠠᠨ ᠴᠢᠩᠭᠠᠳᠭᠠᠨ᠎ᠠ᠄ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ
ᠴᠢᠩᠭᠠᠳᠭᠠᠬᠤ᠎ᠶ᠋ᠢᠨ ᠲᠥᠯᠥᠭᠡ ᠴᠢᠷᠮᠠᠢᠨ ᠲᠡᠮᠡᠴᠡᠨ᠎ᠡ
ᠶᠡᠷᠦᠩᠬᠡᠢ
ᠱᠦᠵᠢ ᠰᠢ᠎ᠶ᠋ᠢᠨ ᠫᠢᠩ ᠤ᠋ᠨ 《ᠲᠤᠯᠤᠭᠠᠨ ᠰᠠᠷ᠎ᠠ᠎ᠶ᠋ᠢᠨ
ᠨᠢᠭᠡᠨ》 ᠤ᠋ ᠴᠢᠬᠤᠯᠠ ᠶᠠᠷᠢᠶ᠎ᠠ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠱᠢᠢᠳᠪᠦᠷᠢᠳᠤ ᠨᠢᠭᠡᠳᠦᠮᠡᠯ ᠹᠷᠣᠨᠲ᠎ᠢ
ᠪᠠᠷᠢᠮᠲᠠᠯᠠᠬ᠍ᠰᠠᠨ ᠪᠠ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬ᠍ᠰᠠᠨ ᠴᠢᠬᠤᠯᠠ
ᠶᠡᠭᠡ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠵᠡᠢ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠬᠠᠮᠤᠭ᠎ᠤᠨ
ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢ᠎ᠳᠤ
ᠶᠡᠭᠡ ᠪᠦᠯᠬᠦᠮᠳᠡᠯ ᠶᠡᠭᠡ ᠬᠤᠯᠪᠣᠭᠠᠯᠠᠯ᠎ᠤᠨ ᠪᠡᠯᠭᠡ ᠲᠡᠮᠳᠡᠭ ᠪᠤᠯᠲᠠᠭ᠂ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂
ᠲᠤᠱᠢᠶᠠᠯ ᠬᠠᠷᠢᠭᠤᠴᠠᠯᠭ᠎ᠠ ᠡᠭᠦᠷᠬᠡ᠎ᠪᠠᠨ ᠡᠭᠦᠷᠭᠡᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ
ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ
ᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠬᠦᠯᠬᠦ᠌᠎ᠳᠤ ᠬᠦᠴᠦᠷᠬᠡᠭ ᠶᠡᠭᠡ ᠬᠠᠮᠲᠤ᠎ᠶ᠋ᠢᠨ ᠲᠠᠨᠢᠯᠲᠠ ᠪᠠ
ᠰᠦᠷ ᠳᠠᠯᠠᠢᠴᠠᠲᠠᠢ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠠᠢ᠃
(ᠨᠢᠭᠡ) ᠳᠤᠮᠳᠠᠳᠤ᠎ᠶ᠋ᠢᠨ ᠬᠥᠪᠡᠭᠦᠳ
ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠪᠣᠯ ᠱᠢᠨ᠎ᠡ ᠴᠠᠭ ᠦᠶ᠎ᠡ᠎ᠶ᠋ᠢᠨ ᠠᠷᠠᠳᠤᠨᠤᠯᠤᠰᠲᠦᠷᠦ᠍ᠶ᠋ᠢᠨᠵᠥᠪᠯᠡᠯᠭᠡᠨᠤ ᠲᠡᠤᠬᠡᠨ ᠬᠠᠷᠢᠭᠤᠴᠠᠯᠭ᠎ᠠ ᠮᠥᠨ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ ᠪᠦᠯᠬᠦᠮᠳᠡᠯ᠎ᠠᠴᠠ
ᠪᠣᠢ ᠪᠣᠯᠵᠤ᠂ ᠪᠦᠯᠭᠦᠮᠳᠡᠯ᠎ᠢᠶᠠᠷ ᠤᠷᠤᠱᠢᠨ ᠲᠤᠬ᠍ᠲᠠᠨᠢᠵᠤ᠂ ᠪᠦᠯᠬᠦᠮᠳᠡᠯ᠎ᠳᠤ ᠲᠦᠱᠢᠭ᠌ᠯᠡᠨ ᠬᠥᠭ᠌ᠵᠢᠵᠦ᠍᠂ ᠠᠳᠠᠯᠢ
ᠪᠤᠰᠤ ᠲᠡᠤᠬᠡᠨ ᠴᠠᠭ ᠦᠶ᠎ᠡ᠎ᠳᠤ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠠᠬᠢᠭᠤᠯᠬᠤ᠎ᠳᠤ
ᠴᠢᠬᠤᠯᠠ ᠬᠤᠪᠢ ᠨᠡᠮᠡᠷᠢ ᠦᠵᠡᠭᠦᠯᠪᠡ᠃ ᠤᠳᠤᠬᠠᠨ᠎ᠳᠤ᠂ ᠳᠡᠯᠡᠬᠡᠢ᠎ᠶ᠋ᠢᠨ ᠵᠠᠭᠤᠨ ᠵᠢᠯ᠎ᠳᠤ ᠲᠤᠬᠢᠶᠠᠯᠳᠤᠭ᠎ᠠ ᠦᠭᠡᠢ
ᠶᠡᠭᠡ ᠬᠤᠪᠢᠰᠤᠯᠲᠠ ᠲᠦᠷᠭᠡᠰᠦᠨ ᠤᠯᠠᠷᠢᠵᠤ᠂ ᠤᠳᠤ ᠦᠶ᠎ᠡ᠎ᠶ᠋ᠢᠨ ᠳᠤᠮᠳᠠᠳᠤ ᠤᠯᠤᠰ ᠶᠠᠭ ᠬᠥᠮᠦᠨ ᠲᠥᠷᠥᠯᠬᠢᠲᠡᠨ᠎ᠤ
ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠶᠡᠭᠡ ᠮᠦᠷᠲᠡᠭᠡᠨ ᠥᠪᠡᠷᠮᠢᠴᠡ ᠦᠢᠯᠡᠳᠦᠯᠭᠡ᠎ᠶ᠋ᠢᠨ ᠱᠢᠨ᠎ᠡ ᠡᠭᠦᠳᠦᠯᠲᠡ᠎ᠶ᠋ᠢ
ᠥᠩᠭᠡᠷᠡᠭᠡᠵᠦ᠍ ᠪᠠᠢᠭ᠎ᠠ ᠪᠦᠭᠡᠳ ᠥᠭᠡᠷᠡᠴᠢᠯᠡᠯᠲᠡ ᠬᠢᠬᠦ᠌ ᠬᠥᠭ᠌ᠵᠢᠭᠦᠯᠬᠦ᠌ ᠲᠣᠭ᠍ᠲᠠᠭᠤᠨ ᠪᠠᠢᠯᠭᠠᠬᠤ ᠡᠭᠦᠷᠭᠡ᠎ᠶ᠋ᠢᠨ
ᠬᠦᠨᠳᠦ᠂ ᠵᠥᠷᠢᠴᠡᠯ ᠲᠦᠭ᠌ᠰᠢᠭᠦᠷᠢ ᠥᠷᠢᠰᠥᠯᠳᠦᠭᠡᠨ᠎ᠤ ᠣᠯᠠᠨ᠂ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠬᠦ᠌
ᠱᠢᠯᠭᠠᠯᠲᠠ᠎ᠶ᠋ᠢᠨ ᠶᠡᠭᠡ᠎ᠨᠢ ᠤᠷᠢᠳ ᠡᠮᠦᠨ᠎ᠡ ᠪᠠᠢᠭ᠎ᠠ ᠦᠭᠡᠢ ᠪᠣᠯᠬᠤᠷ ᠳᠤᠮᠳᠠᠳᠤ᠎ᠶ᠋ᠢᠨ ᠬᠥᠪᠡᠭᠦᠳ ᠥᠬᠢᠳ᠎ᠤᠨ
ᠶᠡᠭᠡ ᠪᠦᠯᠬᠦᠮᠳᠡᠯ᠎ᠢ ᠨᠡᠩ ᠴᠢᠩᠭᠠᠳᠭᠠᠬᠤ ᠴᠢᠬᠤᠯᠠᠲᠠᠶ ᠶᠤᠮ᠃ ᠱᠢᠨ᠎ᠡ ᠴᠠᠭ ᠦᠶ᠎ᠡ᠎ᠡᠴᠡ ᠣᠯᠭᠤᠭ᠍ᠰᠠᠨ ᠠᠷᠠᠳ᠎ᠤᠨ
ᠤᠯᠤᠰ ᠲᠥᠷᠥ᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ ᠡᠭᠦᠷᠭᠡ᠎ᠪᠠᠨ ᠦᠨᠡᠨ ᠬᠦ᠌ ᠭᠦᠢᠴᠡᠳᠭᠡᠵᠦ᠍᠂
ᠨᠢᠭᠡᠳᠦᠯᠲᠦ ᠴᠢᠨᠠᠷ ᠪᠣᠯᠤᠨ ᠣᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠨ᠂ ᠪᠠᠢᠭᠤᠯᠤᠯ᠎ᠤᠨ ᠳᠠᠪᠠᠭᠤᠯᠢᠭ᠎ᠢ
ᠪᠦᠲᠦᠮᠵᠢᠲᠡᠶ ᠠᠱᠢᠭ᠍ᠯᠠᠨ ᠬᠠᠮᠤᠭ᠎ᠤᠨ ᠶᠡᠭᠡ ᠶᠡᠷᠦᠩᠬᠡᠶ ᠬᠤᠷᠢᠶᠠᠭ᠍ᠴᠢ᠎ᠶ᠋ᠢ ᠡᠷᠢᠯᠭᠢᠯᠡᠵᠦ᠍᠂ ᠬᠠᠮᠤᠭ᠎ᠤᠨ
ᠶᠡᠭᠡ ᠢᠵᠢᠯ ᠲᠥᠪ᠎ᠲᠦ ᠲᠣᠭᠤᠷᠢᠭ᠎ᠢ ᠵᠢᠷᠤᠵᠦ᠍᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠤ ᠬᠠᠷᠢᠴᠠᠭ᠎ᠠ᠂
ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶ᠋ᠢᠨ ᠬᠠᠷᠢᠴᠠᠭ᠎ᠠ᠂ ᠣᠯᠣᠰ᠎ᠤᠨ ᠲᠣᠳᠣᠭᠠᠳᠣ ᠭᠠᠳᠠᠭᠠᠳᠣ᠎ᠶ᠋ᠢᠨ
ᠠᠬ᠎ᠠ ᠳᠡᠭᠦᠣ ᠨᠡᠷ᠎ᠤᠨ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠢ ᠠᠬᠢᠭᠤᠯᠬᠤ ᠭᠡᠷᠡᠭ᠌ᠳᠡᠢ᠃ ᠤᠯᠤᠰ ᠲᠥᠷᠥ᠎ᠶ᠋ᠢᠨ
ᠵᠥᠪᠯᠡᠯᠭᠡᠨ᠎ᠤ ᠭᠡᠱᠢᠭᠦᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠭᠡᠱᠢᠭᠦᠨ ᠨᠢᠭᠡᠪᠦᠷᠢ
ᠴᠥᠮ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠴᠢᠬᠤᠯᠠ ᠬᠦᠴᠦᠨ ᠮᠥᠨ᠂ ᠡᠲᠡᠭᠡᠳ᠎ᠤᠨ
ᠢᠯᠭᠠᠯ᠎ᠤᠨ ᠤᠯᠠᠨ ᠲᠦᠮᠡᠨ ᠪᠣᠯ ᠴᠥᠮ ᠥᠪᠡᠷ᠎ᠤᠨ ᠪᠦᠯᠬᠦᠮᠳᠡᠬᠦ᠌ ᠡᠲᠡᠭᠡᠳ ᠮᠥᠨ ᠭᠡᠳᠡᠭ᠎ᠢ ᠭᠦᠨᠵᠡᠭᠡᠶ ᠲᠠᠨᠢᠵᠦ᠍᠂
ᠬᠥᠮᠦᠨ ᠪᠦᠬᠦᠨ ᠪᠦᠯᠬᠦᠮᠳᠡᠯ᠎ᠢ ᠴᠢᠬᠤᠯᠠᠴᠢᠯᠠᠵᠤ᠂ ᠬᠥᠮᠦᠨ ᠪᠦᠬᠦᠨ ᠪᠦᠯᠬᠦᠮᠳᠡᠯ᠎ᠢ ᠬᠦᠬᠡᠬᠡᠴᠡᠯᠳᠦᠵᠦ᠍᠂ ᠬᠥᠮᠦᠨ
ᠪᠦᠬᠦᠨ ᠪᠦᠯᠬᠦᠮᠳᠡᠯ᠎ᠢ ᠠᠬᠢᠭᠤᠯᠵᠤ᠂ ᠬᠥᠨᠳᠡᠯᠡᠨ᠎ᠠᠴᠠ ᠬᠠᠷᠠᠭ᠍ᠴᠢ ᠪᠢᠰᠢ ᠬᠠᠷᠢᠨ ᠡᠬᠦᠷᠭᠡᠯᠡᠭ᠌ᠴᠢ᠂ ᠬᠤᠭᠤᠰᠣᠨ
ᠶᠠᠷᠢᠬ᠍ᠴᠢ ᠪᠢᠰᠢ ᠬᠠᠷᠢᠨ ᠦᠢᠯᠡᠳᠦᠯᠭᠡᠵᠢᠭᠦᠯᠦᠭ᠌ᠴᠢ ᠪᠤᠯᠬᠤ᠎ᠪᠠᠷ ᠴᠢᠷᠮᠠᠢᠵᠤ᠂ ᠨᠡᠩ ᠤᠯᠠᠨ ᠬᠥᠮᠦᠨ᠎ᠢ ᠳᠤᠮᠳᠠᠳᠤ
ᠤᠯᠤᠰ᠎ᠤᠨ ᠡᠪ ᠬᠠᠮᠲᠤ ᠨᠠᠮ᠎ᠤᠨ ᠲᠣᠭᠤᠷᠢᠨ᠎ᠳᠤ ᠪᠦᠯᠬᠦᠮᠳᠡᠭᠦᠯᠦᠨ᠂ ᠨᠡᠩ ᠤᠯᠠᠨ ᠬᠦᠴᠦᠨ᠎ᠢ ᠰᠡᠷᠭᠦᠨ ᠮᠠᠨᠳᠤᠯᠲᠠ᠎ᠶ᠋ᠢᠨ
ᠠᠤᠭ᠎ᠠ ᠦᠢᠯᠡᠰ᠎ᠢ ᠬᠠᠮᠲᠤ᠎ᠪᠠᠷ ᠴᠣᠭ᠍ᠴᠠᠯᠠᠬᠤ ᠲᠡᠦᠬᠡᠨ ᠠᠬᠢᠴᠠ ᠳᠤᠮᠳᠠ ᠲᠥᠪᠯᠡᠷᠡᠭᠦᠯᠬᠦ᠌ ᠬᠡᠷᠡᠭ᠌ᠳᠡᠢ᠃
(ᠬᠤᠶᠠᠷ)ᠳᠤᠮᠳᠠᠳᠤ᠎ᠶ᠋ᠢᠨ ᠬᠥᠪᠡᠭᠦᠳ
ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌
ᠳᠠᠪᠠᠭᠤᠯᠢᠭ᠎ᠢ ᠨᠡᠩ ᠰᠠᠢᠨ ᠪᠠᠳᠠᠷᠠᠭᠤᠯᠬᠤ ᠭᠡᠷᠡᠭ᠌ᠳᠡᠢ᠃ ᠵᠥᠪᠯᠡᠬᠦ᠌᠎ᠪᠠᠷ ᠬᠠᠮᠲᠤ᠎ᠶ᠋ᠢᠨ ᠲᠠᠨᠢᠯᠲᠠ᠎ᠶ᠋ᠢ
ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠪᠠᠷ ᠪᠦᠯᠬᠦᠮᠳᠡᠯ᠎ᠢ ᠪᠠᠲᠤᠳᠭᠠᠬᠤ᠎ᠨᠢ ᠪᠦᠬᠦ᠌ ᠶᠠᠪᠤᠴᠠ᠎ᠶ᠋ᠢᠨ
ᠠᠷᠠᠳ᠎ᠤᠨ ᠠᠷᠠᠳᠴᠢᠯᠠᠯ᠎ᠤᠨ ᠦᠷᠳᠡᠭ᠎ᠤᠨ ᠤᠢ᠍ᠢᠯᠠᠭᠠᠭ᠍ᠳᠠᠬᠤᠨ᠎ᠢ ᠢᠯᠡᠷᠡᠭᠦᠯᠵᠦ᠍᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ
ᠲᠦᠷᠢᠮ᠎ᠤᠨ ᠦᠢᠯᠡᠳᠦᠯ ᠴᠢᠳᠡᠪᠦᠷᠢ᠎ᠶ᠋ᠢ ᠢᠯᠡᠷᠡᠭᠦᠯᠪᠡ᠃ ᠱᠢᠨ᠎ᠡ ᠴᠠᠭ ᠦᠶ᠎ᠡ᠎ᠶ᠋ᠢᠨ ᠨᠥᠬᠦᠴᠡᠯ ᠳᠣᠣᠷ᠎ᠠ ᠪᠦᠯᠬᠦᠮᠳᠡᠯ᠎ᠢ
ᠴᠢᠩᠭᠠᠳᠭᠠᠬᠤ᠎ᠳᠤ ᠤᠢ᠍ᠵᠡᠬᠦᠯᠬᠦ᠌ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢᠨ ᠴᠢᠬᠤᠯᠠ ᠴᠢᠨᠠᠷ᠎ᠢ
ᠭᠦᠨᠵᠡᠭᠡᠶ ᠲᠠᠨᠢᠵᠤ᠂ ᠠᠷᠠᠳᠴᠢᠯᠠᠯ᠎ᠤᠨ ᠠᠷᠭ᠎ᠠ᠂ ᠶᠠᠷᠢᠯᠴᠠᠬᠤ ᠠᠷᠭ᠎ᠠ᠂ ᠱᠢᠭᠦᠮᠵᠢᠯᠡᠬᠦ᠌ ᠠᠷᠭ᠎ᠠ᠂ ᠢᠳᠭᠠᠵᠦ᠍
ᠬᠦᠮᠦᠵᠢᠬᠦᠯᠬᠦ᠌ ᠠᠷᠭ᠎ᠠ᠎ᠶ᠋ᠢ ᠴᠢᠳᠠᠮᠠᠭᠠᠶ ᠭᠡᠷᠡᠭ᠌ᠯᠡᠨ᠂ ᠠᠷᠠᠳ᠎ᠤᠨ ᠳᠣᠲᠣᠭᠠᠳᠤ᠎ᠶ᠋ᠢᠨ ᠵᠥᠷᠢᠴᠡᠯ᠎ᠢ ᠵᠥᠪ᠎ᠢᠶᠠᠷ
ᠱᠢᠢᠳᠪᠦᠷᠢᠯᠡᠬᠦ᠌ ᠭᠡᠷᠡᠭ᠌ᠳᠡᠢ᠃ ᠨᠢᠭᠡ ᠰᠡᠳᠭᠢᠯ ᠨᠢᠭᠡ ᠴᠢᠭ᠌ᠯᠡᠯ᠎ᠢᠶᠠᠷ ᠦᠨᠡᠨᠴᠢ᠎ᠪᠠᠷ ᠵᠥᠪᠯᠡᠯᠳᠦᠬᠦ᠌ᠪᠠᠷ
ᠳᠠᠮᠵᠢᠭᠤᠯᠤᠨ᠂ ᠳᠣᠲᠣᠷ᠎ᠠ᠎ᠡᠴᠡ ᠭᠠᠳᠠᠭ᠍ᠰᠢ᠂ ᠮᠡᠳᠡᠬᠦᠢ᠎ᠠᠴᠠ ᠬᠢᠬᠦᠢ ᠬᠦᠷᠲᠡᠯᠡᠬᠢ ᠠᠵᠢᠯ᠎ᠤᠨ ᠪᠠᠢᠷᠢᠱᠢᠯ᠎ᠢ
ᠪᠤᠢ ᠪᠣᠯᠭᠠᠬᠤ᠎ᠶ᠋ᠢ ᠠᠬᠢᠭᠤᠯᠤᠨ᠎ᠠ᠃ ᠠᠷᠭ᠎ᠠ ᠮᠠᠶᠢᠬ ᠠᠷᠭ᠎ᠠ ᠪᠠᠷᠢᠯ᠎ᠢᠶᠠᠨ ᠬᠢᠯᠪᠡᠷᠴᠢᠯᠠᠬᠤᠶ᠋ᠢ ᠡᠷᠡᠰ ᠬᠤᠷᠢᠭ᠍ᠯᠠᠵᠤ᠂
ᠭᠡᠱᠢᠭᠦᠳ᠎ᠤᠨ ᠠᠳᠠᠯᠢ ᠪᠤᠰᠤ ᠡᠲᠡᠭᠡᠳ᠎ᠤᠨ ᠢᠯᠭᠠᠯ᠂ ᠬᠦᠷᠢᠶ᠎ᠡ ᠴᠠᠷᠠᠭ᠎ᠠ᠂ ᠠᠵᠢᠯ ᠲᠥᠷᠥᠯ᠎ᠠᠴᠠ ᠢᠷᠡᠭ᠌ᠰᠡᠨ
ᠵᠡᠷᠭᠡ ᠣᠨᠴᠠᠯᠢᠭᠲᠤ ᠴᠢᠭ᠌ᠯᠡᠭᠦᠯᠦᠨ᠂ ᠦᠵᠡᠯ ᠰᠠᠨᠠᠭᠠᠨ᠎ᠤ ᠬᠥᠳᠡᠯᠦᠯ ᠪᠠᠢᠳᠠᠯ᠎ᠢ᠎ᠨᠢ ᠴᠠᠭ ᠲᠤᠬᠠᠶ᠎ᠳᠤᠨᠢ
ᠠᠮᠵᠢᠨ ᠣᠢᠯᠠᠭᠠᠵᠤ᠂ ᠬᠥᠮᠦᠨ᠎ᠳᠤ᠎ᠨᠢ ᠲᠤᠬᠢᠷᠠᠭᠤᠯᠤᠨ᠂ ᠴᠠᠭ᠎ᠤᠨ ᠪᠠᠢᠳᠠᠯ᠎ᠳᠤ ᠵᠤᠬᠢᠴᠠᠭᠤᠯᠤᠨ ᠰᠤᠷᠤᠯᠴᠠᠵᠤ ᠶᠠᠷᠢᠯᠴᠠᠬᠤ᠂
ᠰᠡᠳᠭᠢᠯ᠎ᠤᠨ ᠦᠭᠡ᠎ᠪᠠᠨ ᠶᠠᠷᠢᠯᠴᠠᠬᠤ᠂ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ ᠵᠡᠷᠭᠡ ᠠᠵᠢᠯ᠎ᠢ ᠰᠠᠢᠲᠤᠷ
ᠥᠷᠨᠢᠭᠦᠯᠵᠦ᠍᠂ ᠵᠦᠶ ᠵᠣᠬᠢᠰᠲᠠᠶ ᠬᠦᠰᠡᠯ ᠪᠤᠳᠤᠯ ᠪᠤᠯᠤᠨ ᠱᠠᠭᠠᠷᠳᠠᠯᠭ᠎ᠠ᠎ᠶ᠋ᠢ ᠢᠳᠡᠪᠬᠢᠲᠡᠶ ᠲᠤᠰᠭᠠᠵᠤ᠂ ᠣᠯᠠᠨ᠎ᠢ
ᠬᠥᠲᠥᠯᠥᠨ ᠵᠢᠯᠣᠭᠤᠳᠴᠤ᠌ ᠪᠠᠢᠭᠠᠳ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠳᠤ ᠵᠥᠪ᠎ᠢᠶᠠᠷ ᠬᠠᠨᠳᠤᠭᠤᠯᠣᠨ᠂
ᠨᠠᠮ᠎ᠤᠨ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠨᠡᠩ ᠰᠠᠢᠲᠤᠷ ᠤᠢ᠍ᠢᠯᠠᠭᠠᠭᠤᠯᠤᠨ ᠨᠠᠢᠳᠠᠪᠤᠷᠢᠵᠢᠭᠤᠯᠵᠤ᠂
ᠤᠷᠮ᠎ᠠ ᠰᠡᠳᠭᠢᠯ᠎ᠢ ᠱᠢᠯᠤᠭᠤᠳᠭᠠᠬᠤ᠂ ᠵᠢᠱ᠌ᠢᠯᠲᠡ᠎ᠶ᠋ᠢ ᠬᠥᠲᠥᠯᠥᠨ ᠵᠢᠯᠣᠭᠤᠳᠭᠤ᠂ ᠢᠲᠡᠭᠡᠯ ᠵᠣᠷᠢᠭ᠎ᠢ ᠪᠠᠲᠤᠳᠭᠠᠬᠤ
ᠠᠵᠢᠯ᠎ᠢ ᠨᠠᠷᠢᠯᠢᠬ ᠤᠨᠤᠴᠠᠳᠡᠢ ᠪᠦᠲᠦᠮᠵᠢᠲᠡᠶ ᠰᠠᠢᠲᠤᠷ ᠬᠢᠬᠦ᠌ ᠭᠡᠷᠡᠭ᠌ᠳᠡᠢ᠃ ᠬᠠᠷᠠᠯᠲᠠᠳᠣ ᠦᠢᠯᠡ ᠠᠵᠢᠯᠯᠠᠭ᠎ᠠ᠎ᠶ᠋ᠢ
ᠣᠬᠤᠷ ᠬᠤᠭᠤᠴᠠᠭ᠎ᠠ᠎ᠶ᠋ᠢᠨ ᠪᠣᠯᠭᠠᠬᠤ᠎ᠡᠴᠡ ᠵᠠᠢᠯᠠᠰᠭᠢᠵᠦ᠍᠂ ᠠᠯᠬᠤᠮ ᠳᠠᠷᠠᠭ᠎ᠠ᠎ᠲᠠᠢ᠎ᠪᠠᠷ ᠤᠷᠤᠭ᠍ᠰᠢᠯᠠᠭᠤᠯᠬᠤ᠎ᠶ᠋ᠢ
ᠪᠠᠷᠢᠮᠲᠠᠯᠠᠨ᠂ ᠦᠷᠭᠦᠯᠵᠢᠯᠡᠨ ᠬᠦᠴᠦᠯᠡᠬᠦ᠌ ᠮᠦᠷᠲᠡᠬᠡᠨ ᠤᠳᠠᠭᠠᠨ ᠲᠠᠭᠠᠭᠠᠮᠠᠭᠠᠢ᠎ᠪᠠᠷ ᠴᠢᠷᠮᠠᠢᠵᠤ᠂ ᠵᠠᠷᠢᠮ
ᠪᠤᠳᠤᠯᠢᠶᠠᠨᠲᠠᠶ ᠬᠦᠨᠳᠡᠬᠦᠷᠲᠠᠢ ᠠᠰᠠᠭᠤᠳᠠᠯ᠎ᠤᠨ ᠲᠠᠯ᠎ᠠ᠎ᠪᠠᠷ᠎ᠬᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠦᠳᠦᠯᠦᠨ
ᠲᠠᠭᠠᠭᠤᠯᠭ᠎ᠠ᠎ᠶ᠋ᠢ ᠴᠢᠩᠭᠠᠳᠭᠠᠬᠤ᠎ᠶ᠋ᠢ ᠪᠠᠢᠩᠭᠤ᠎ᠶ᠋ᠢᠨ ᠴᠢᠨᠠᠷᠲᠠᠶ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠲᠠᠢ
ᠤᠶᠠᠯᠳᠤᠭᠤᠯᠵᠤ᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠬᠦᠴᠢᠷᠳᠡᠯᠳᠡᠢ ᠠᠰᠠᠭᠤᠳᠠᠯ᠂ ᠬᠠᠯᠠᠮᠱᠢᠯ ᠠᠰᠠᠭᠤᠳᠠᠯ
ᠪᠠ ᠴᠤᠬᠤᠢᠯᠲᠠ᠎ᠶ᠋ᠢᠨ ᠴᠢᠨᠠᠷᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠣᠨ᠂ ᠠᠷᠠᠳ᠎ᠤᠨ ᠲᠦᠯᠦᠭᠡ
ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ ᠠᠷᠠᠳᠴᠢᠯᠠᠯ᠎ᠢ ᠪᠠᠳᠠᠷᠠᠭᠤᠯᠬᠤ ᠪᠠ ᠠᠷᠠᠳ᠎ᠤᠨ ᠰᠡᠳᠭᠢᠯ᠎ᠢ
ᠨᠢᠭ᠍ᠲᠠᠷᠠᠭᠤᠯᠬᠤ᠎ᠶ᠋ᠢᠨ ᠣᠷᠭᠠᠨᠢᠭ ᠨᠢᠭᠡᠳᠦᠯ᠎ᠢ ᠱᠢᠨᠲᠠᠷᠠᠰᠢ ᠦᠭᠡᠢ ᠪᠡᠶᠡᠯᠡᠭᠦᠯᠬᠦ᠌ ᠭᠡᠷᠡᠭ᠌ᠳᠡᠢ᠃ ᠦᠨᠡᠯᠡᠬᠦ᠌
ᠪᠠᠷᠢᠮᠵᠢᠶ᠎ᠠ᠎ᠶ᠋ᠢ ᠥᠷᠥᠭᠡᠰᠦᠭᠡᠯ ᠪᠣᠯᠭᠠᠬᠤ᠎ᠡᠴᠡ ᠰᠡᠷᠭᠡᠢᠯᠡᠵᠦ᠍᠂ ᠪᠣᠳᠠᠲᠠᠶ ᠦᠷ᠎ᠡ ᠪᠦᠲᠦᠮᠵᠢ᠎ᠳᠤ ᠪᠣᠳᠠᠲᠠᠶ
ᠠᠰᠠᠭᠤᠳᠠᠯ᠎ᠢ ᠱᠢᠢᠳᠪᠦᠷᠢᠯᠡᠬᠦ᠌᠎ᠳᠤ ᠠᠱᠢᠭ᠍ᠲᠠᠶ ᠡᠰᠡᠬᠦ᠌᠎ᠶ᠋ᠢ ᠦᠵᠡᠬᠦ᠌ ᠮᠥᠷᠲᠡᠭᠡᠨ ᠪᠠᠰᠠ ᠳᠠᠯᠳᠠ ᠠᠶᠤᠯ
ᠲᠦᠭ᠌ᠰᠢᠭᠦᠷᠢ᠎ᠶ᠋ᠢᠨ ᠭᠡᠮ ᠰᠤᠭᠤᠭ᠎ᠢ ᠠᠷᠢᠯᠭᠠᠬᠤ᠎ᠳᠤ ᠠᠱᠢᠭ᠍ᠲᠠᠶ ᠡᠰᠡᠬᠦ᠌᠎ᠶ᠋ᠢ ᠦᠵᠡᠬᠦ᠌ ᠬᠡᠷᠡᠭ᠌ᠲᠡᠶ; ᠵᠠᠩᠭᠢᠯᠠᠭ᠎ᠠ᠎ᠶ᠋ᠢᠨ
ᠦᠶ᠎ᠡ᠎ᠶ᠋ᠢᠨ ᠡᠷᠡᠰ ᠪᠠᠲᠤ ᠵᠣᠭ᠍ᠰᠣᠯᠲᠠ ᠪᠣᠯᠤᠨ ᠣᠪᠣᠷ᠎ᠢᠶᠠᠨ ᠢᠯᠡᠳᠭᠡᠬᠦ᠌᠎ᠶ᠋ᠢ ᠦᠵᠡᠬᠦ᠌ ᠮᠥᠷᠲᠡᠭᠡᠨ ᠪᠠᠰᠠ
ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠲᠤᠮᠳᠠ ᠬᠦᠨᠵᠡᠭᠡᠢᠷᠡᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂
ᠵᠥᠷᠢᠴᠡᠯ᠎ᠢ ᠠᠷᠢᠯᠭᠠᠬᠤ᠂ ᠪᠦᠯᠬᠦᠮᠳᠡᠯ᠎ᠢ ᠴᠢᠩᠭᠠᠳᠭᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ
ᠦᠢᠯᠡᠳᠦᠯᠭᠡ᠎ᠶ᠋ᠢ ᠦᠵᠡᠬᠦ᠌ ᠬᠡᠷᠡᠭ᠌ᠲᠡᠢ᠃ ᠠᠵᠢᠯ᠎ᠤᠨ ᠠᠷᠭ᠎ᠠ ᠬᠡᠮᠵᠢᠶ᠎ᠡ᠎ᠶ᠋ᠢᠨ ᠬᠡᠯᠪᠡᠷᠢᠴᠢᠯᠡᠯᠳᠡᠶ᠋ᠢ ᠢᠯᠠᠨ
ᠳᠠᠪᠠᠵᠤ᠂ ᠣᠯᠠᠨ ᠲᠦᠮᠡᠨᠴᠢ ᠱᠤᠭᠤᠮ᠎ᠢ ᠦᠢᠯᠡᠳᠦᠯᠭᠡᠵᠢᠭᠦᠯᠬᠦ᠌ ᠪᠠ ᠤᠯᠤᠰ ᠲᠥᠷᠥ᠎ᠶ᠋ᠢᠨ ᠵᠥᠪᠯᠡᠯᠭᠡᠨ᠎ᠤ ᠵᠥᠪᠯᠡᠬᠦ᠌᠎ᠶ᠋ᠢ
ᠠᠬᠢᠭᠤᠯᠬᠤ᠎ᠶ᠋ᠢ ᠨᠢᠭᠡᠳᠦᠯᠲᠡᠶ ᠪᠠᠢᠯᠭᠠᠬᠤ᠎ᠶ᠋ᠢ ᠪᠠᠷᠢᠮᠲᠠᠯᠠᠵᠦ᠍᠂ ᠪᠣᠳᠠᠲᠤ ᠪᠠᠢᠳᠠᠯ᠎ᠳᠤ ᠰᠠᠭᠤᠷᠢᠯᠠᠨ ᠣᠢᠷ᠎ᠠ
ᠬᠠᠪᠢ᠎ᠳᠠᠭᠠᠨ ᠲᠤᠬᠠᠶ᠎ᠶ᠋ᠢᠨ ᠭᠠᠵᠠᠷ᠎ᠲᠠᠭᠠᠨ ᠣᠯᠠᠨ ᠲᠦᠮᠡᠨ᠎ᠲᠠᠢ ᠬᠠᠷᠢᠯᠴᠠᠬᠤ ᠠᠷᠭ᠎ᠠ᠎ᠶ᠋ᠢ ᠰᠦᠪᠡᠭ᠌ᠴᠢᠯᠡᠵᠣ᠂
ᠤᠳᠤ ᠦᠶ᠎ᠡ᠎ᠶ᠋ᠢᠨ ᠮᠡᠳᠡᠭᠡ ᠵᠠᠩᠭᠢ᠎ᠶ᠋ᠢᠨ ᠠᠷᠭ᠎ᠠ ᠪᠠᠷᠢᠯ᠎ᠢ ᠬᠡᠷᠡᠭ᠌ᠯᠡᠨ ᠤᠯᠠᠨ ᠲᠦᠮᠡᠨ᠎ᠳᠤ ᠥᠨᠳᠥᠷ ᠪᠦᠲᠦᠮᠵᠢᠲᠡᠶ
ᠦᠢᠯᠡᠴᠢᠯᠡᠬᠦ᠌ ᠠᠷᠭ᠎ᠠ ᠮᠠᠶᠢᠭ᠎ᠤᠨ ᠱᠢᠨ᠎ᠡ᠎ᠶ᠋ᠢ ᠡᠭᠦᠳᠴᠦ᠍᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ
ᠭᠡᠱᠢᠭᠦᠳ᠎ᠤᠨ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠤᠭ᠍ᠴᠢ᠂ ᠦᠵᠡᠯ ᠰᠠᠨᠠᠭ᠎ᠠ ᠤᠯᠤᠰ ᠲᠦᠷᠦ᠍᠎ᠶ᠋ᠢᠨ
ᠲᠠᠭᠠᠭᠤᠯᠤᠬ᠍ᠴᠢ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠳᠣᠲᠣᠨᠣ ᠬᠥᠮᠦᠨ ᠪᠣᠯᠬᠤ᠎ᠶ᠋ᠢ ᠠᠬᠢᠭᠤᠯᠬᠤ ᠭᠡᠷᠡᠭ᠌ᠳᠡᠢ᠃
(ᠭᠤᠷᠪᠠ)ᠳᠤᠮᠳᠠᠳᠤ᠎ᠶ᠋ᠢᠨ ᠬᠥᠪᠡᠭᠦᠳ
ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ᠎ᠳᠤ ᠡᠷᠬᠡᠪᠰᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ
ᠭᠡᠷᠡᠭ᠌ᠳᠡᠢ᠃ ᠪᠦᠯᠬᠦᠮᠳᠡᠯ᠎ᠳᠤ ᠲᠣᠭᠤᠷᠢᠭ᠎ᠤᠨ ᠲᠥᠪ᠎ᠲᠠᠢ ᠪᠠᠢᠬᠤ ᠭᠡᠷᠡᠭ᠌ᠳᠡᠢ᠂ ᠲᠣᠭᠤᠷᠢᠭ᠎ᠤᠨ ᠲᠥᠪ᠎ᠢ ᠪᠠᠲᠤ
ᠰᠠᠬᠢᠪᠠᠯ ᠰᠠᠶᠢ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠲᠡᠶ ᠪᠠᠢᠵᠤ ᠴᠢᠳᠠᠨ᠎ᠠ᠃ ᠳᠤᠮᠳᠠᠳᠤ ᠤᠯᠤᠰ᠎ᠤᠨ
ᠡᠪ ᠬᠠᠮᠲᠤ ᠨᠠᠮ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠤᠨ ᠲᠣᠭᠤᠷᠢᠭ᠎ᠤᠨ ᠲᠥᠪ ᠪᠣᠯᠤᠭ᠍ᠰᠠᠨ
ᠶᠠᠪᠤᠳᠠᠯ ᠪᠣᠯ ᠲᠡᠣᠬᠡ᠎ᠶ᠋ᠢᠨ ᠰᠣᠩᠭᠤᠯᠲᠠ᠂ ᠠᠷᠠᠳ ᠲᠦᠮᠡᠨ᠎ᠤ ᠰᠣᠩᠭᠤᠯᠲᠠ ᠮᠥᠨ᠃ ᠨᠠᠮ᠎ᠤᠨ ᠤᠳᠤᠷᠢᠳᠤᠯᠭ᠎ᠠ ᠬᠡᠳᠦᠢ
ᠬᠦᠴᠦᠲᠡᠶ᠂ ᠨᠠᠮ᠎ᠤᠨ ᠲᠤᠭ ᠲᠡᠮᠳᠡᠭ ᠬᠡᠳᠦᠶ ᠲᠣᠳᠣᠷᠬᠠᠶ ᠪᠣᠯᠬᠤ ᠲᠤᠲᠤᠮ ᠡᠬᠡ ᠣᠷᠣᠨᠴᠢ ᠨᠢᠭᠡᠳᠦᠮᠡᠯ ᠹᠷᠣᠨᠲ᠎ᠢ
ᠲᠡᠳᠦᠶ ᠪᠠᠬᠢᠵᠢᠭᠦᠯᠦᠨ ᠪᠤᠵᠠᠭᠠᠢᠷᠠᠭᠤᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠪᠠ ᠤᠯᠤᠰ᠎ᠤᠨ ᠳᠣᠲᠣᠭᠠᠳᠤ
ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠤᠶᠤᠨ ᠤᠬᠠᠭᠠᠨ ᠬᠦᠴᠦᠨ ᠴᠢᠳᠠᠯ᠎ᠢ ᠪᠦᠲᠦᠮᠵᠢᠲᠡᠶ᠎ᠪᠠᠷ
ᠨᠢᠭ᠍ᠲᠠᠷᠠᠭᠤᠯᠵᠤ᠂ ᠵᠢᠩᠬᠢᠨᠢ᠂ ᠥᠷᠭᠡᠨ ᠳᠡᠯᠭᠡᠷ᠂ ᠨᠢᠭ᠍ᠲᠠ ᠴᠢᠩᠭ᠎ᠠ ᠶᠡᠭᠡ ᠪᠦᠯᠬᠦᠮᠳᠡᠯ᠎ᠢ ᠪᠤᠢ ᠪᠣᠯᠭᠠᠵᠦ᠍
ᠴᠢᠳᠡᠨ᠎ᠡ ᠭᠡᠳᠡᠭ᠎ᠢ ᠲᠡᠣᠬᠡ ᠪᠠ ᠣᠢ᠌ᠯᠡᠳᠦᠯᠭᠡ ᠬᠦᠢᠴᠡᠳ ᠭᠡᠷᠡᠴᠢᠯᠡᠪᠡ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ
ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ᠎ᠶ᠋ᠢ ᠡᠷᠬᠢᠮᠯᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ
ᠤᠳᠤᠷᠢᠳᠤᠯᠭ᠎ᠠ ᠤᠨᠴᠠᠭᠠᠢ᠌ᠯᠠᠨ ᠨᠠᠮ᠎ᠤᠨ ᠲᠥᠪ ᠬᠤᠷᠢᠶᠠᠨ᠎ᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ
ᠪᠠᠷᠢᠮᠲᠠᠯᠠᠨ᠂ ᠨᠡᠩ ᠰᠠᠢᠨ᠎ᠢᠶᠠᠷ ᠨᠠᠮ᠎ᠤᠨ ᠡᠯ᠎ᠡ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ
ᠴᠢᠩᠭᠠᠳᠭᠠᠬᠤ ᠴᠢᠬᠤᠯᠠ ᠵᠢᠭ᠍ᠰᠠᠭᠠᠯ᠎ᠤᠨ ᠭᠠᠵᠠᠷ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠡᠯ᠎ᠡ
ᠦᠨᠳᠦᠰᠦᠲᠡᠨ ᠡᠯ᠎ᠡ ᠡᠲᠡᠭᠡᠳ᠎ᠤᠨ ᠲᠥᠯᠥᠭᠡᠯᠡᠭ᠌ᠴᠢ ᠬᠥᠮᠦᠰ᠎ᠢ ᠪᠦᠯᠬᠦᠮᠳᠡᠭᠦᠯᠦᠨ ᠬᠦᠮᠦᠵᠢᠬᠦᠯᠵᠦ᠍ ᠬᠥᠲᠥᠯᠥᠨ
ᠵᠢᠯᠣᠭᠤᠳᠭᠤ ᠴᠢᠬᠤᠯᠠ ᠲᠠᠪᠴᠠᠩ᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ
ᠵᠥᠷᠢᠴᠡᠯ᠎ᠢ ᠠᠷᠢᠯᠭᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠬᠤᠯᠠ ᠠᠷᠭ᠎ᠠ ᠵᠠᠮ ᠪᠣᠯᠬᠤ
ᠬᠡᠷᠡᠭ᠌ᠲᠡᠶ᠃ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠡᠪ ᠬᠠᠮᠲᠤ ᠨᠠᠮ᠎ᠤᠨ
ᠭᠡᠱᠢᠭᠦᠳ ᠨᠠᠮ᠎ᠤᠨ ᠤᠳᠤᠷᠢᠳᠤᠯᠭ᠎ᠠ᠎ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍
ᠪᠠᠢᠳᠠᠭ᠂ ᠰᠡᠳᠭᠢᠯ᠎ᠢᠶᠠᠨ ᠨᠢᠭᠡᠳᠭᠡᠨ ᠬᠦᠴᠦᠨ᠎ᠢᠶᠠᠨ ᠬᠠᠮᠲᠤᠳᠭᠠᠬᠤ ᠬᠠᠷᠢᠭᠤᠴᠠᠯᠭ᠎ᠠ᠎ᠶ᠋ᠢᠨ ᠤᠬᠠᠮᠰᠠᠷ᠎ᠢ ᠪᠤᠢ
ᠪᠣᠯᠭᠠᠵᠤ᠂ ᠰᠤᠷᠭᠠᠨ ᠬᠥᠮᠦᠵᠢᠭᠦᠯᠵᠦ᠍ ᠬᠥᠲᠥᠯᠥᠨ ᠳᠠᠭᠠᠭᠤᠯᠬᠤ ᠲᠠᠯ᠎ᠠ᠎ᠪᠠᠷ ᠵᠣᠷᠢᠭ᠍ᠲᠠᠶ᠎ᠪᠠᠷ ᠦᠵᠡᠯᠳᠡ᠎ᠪᠠᠨ
ᠢᠯᠡᠷᠬᠡᠢᠯᠡᠨ᠂ ᠵᠥᠷᠢᠴᠡᠯ᠎ᠢ ᠨᠠᠮᠳᠠᠭᠤᠯᠬᠤ ᠲᠠᠯ᠎ᠠ᠎ᠪᠠᠷ ᠴᠢᠳᠠᠮᠠᠭᠠᠶ᠎ᠪᠠᠷ ᠠᠵᠢᠯᠯᠠᠬᠤ ᠬᠡᠷᠡᠭ᠌ᠲᠡᠶ᠃ ᠬᠡᠯᠡᠬᠦ᠌᠎ᠪᠠᠷ᠎ᠢᠶᠠᠨ
ᠲᠣᠭ᠍ᠲᠠᠭᠠᠬᠤ ᠪᠢᠰᠢ ᠬᠠᠷᠢᠨ ᠵᠥᠪ ᠭᠡᠯᠡᠬᠦ᠌ᠳᠤ ᠲᠦᠱᠢᠭ᠌ᠯᠡᠵᠦ᠍ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌
ᠣᠢᠯᠠᠭᠠᠭ᠍ᠳᠠᠬᠤᠨ᠎ᠢ ᠴᠢᠩᠭᠠᠳᠭᠠᠵᠤ᠂ ᠵᠥᠪ ᠬᠡᠯᠡᠬᠦ᠌ᠠᠴᠠᠪᠠᠨ ᠣᠶᠤᠨ ᠰᠠᠨᠠᠭᠠᠨ᠎ᠳᠤ ᠬᠠᠳᠡᠩᠱᠢᠳᠠᠯᠠ ᠬᠡᠯᠡᠵᠦ᠍
ᠴᠢᠳᠠᠬᠤ ᠪᠤᠯᠳᠡᠯᠡᠬᠢ ᠠᠵᠢᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠤᠨ᠂ ᠬᠠᠮᠲᠤ᠎ᠶ᠋ᠢᠨ ᠲᠡᠣᠬᠡ᠎ᠶ᠋ᠢᠨ ᠳᠤᠷᠠᠳᠭᠠᠯ᠂
ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢᠶᠠᠷ ᠰᠣᠶᠣᠯ᠎ᠤᠨ ᠡᠨᠡᠭ᠌ᠰᠢᠯ᠂ ᠥᠷᠲᠡᠭ᠎ᠤᠨ ᠡᠨᠡᠭ᠌ᠰᠢᠯᠢ ᠭᠦᠨᠵᠡᠭᠡᠢᠷᠡᠭᠦᠯᠵᠦ᠍᠂
ᠵᠠᠭᠤᠨ ᠵᠢᠯ᠎ᠤᠨ ᠠᠭᠤᠣ ᠶᠡᠭᠡ ᠠᠮᠵᠢᠯᠲᠠ ᠪᠦᠲᠦᠮᠵᠢ᠂ ᠬᠠᠮᠲᠤ᠎ᠪᠠᠷ ᠲᠡᠮᠡᠴᠡᠬᠦ᠌ ᠬᠠᠷᠠᠯᠲᠠ᠎ᠪᠠᠷ ᠵᠠᠮ᠎ᠤᠨ ᠡᠨᠡᠭ᠌ᠰᠢᠯ᠂
ᠪᠠᠢᠭᠤᠯᠤᠯ᠎ᠤᠨ ᠡᠨᠡᠭ᠌ᠰᠢᠯᠢ ᠴᠢᠩᠭᠠᠳᠭᠠᠨ᠂ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠂ ᠠᠱᠢᠭ ᠲᠤᠰᠠ᠎ᠶ᠋ᠢᠨ
ᠠᠩᠬᠠᠷᠤᠯ᠎ᠢ ᠬᠠᠷᠠᠭᠠᠯᠵᠠᠬᠤ᠎ᠪᠠᠷ ᠣᠨᠣᠯ᠎ᠤᠨ ᠡᠨᠡᠭ᠌ᠰᠢᠯ᠂ ᠲᠥᠷᠥ᠎ᠶ᠋ᠢᠨ ᠪᠣᠳᠣᠯᠭ᠎ᠠ᠎ᠶ᠋ᠢᠨ ᠡᠨᠡᠭ᠌ᠰᠢᠯᠢ ᠨᠡᠮᠡᠭ᠌ᠳᠡᠭᠦᠯᠵᠦ᠍᠂
ᠲᠤᠱᠢᠶᠠᠯ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠬᠦ᠌ ᠶᠠᠪᠤᠴᠠ᠎ᠳᠤ ᠪᠦᠯᠬᠦᠮᠳᠡᠯ᠎ᠢᠶᠠᠨ ᠴᠢᠩᠭᠠᠳᠭᠠᠨ᠂
ᠬᠠᠮᠲᠤᠷᠠᠨ ᠠᠵᠢᠯᠯᠠᠬᠤ ᠳᠤᠮᠳᠠ ᠪᠦᠯᠬᠦᠮᠳᠡᠯ᠎ᠢᠶᠠᠨ ᠪᠠᠲᠤᠳᠭᠠᠵᠤ᠂ ᠬᠠᠮᠲᠤ᠎ᠪᠠᠷ ᠲᠡᠮᠡᠴᠡᠬᠦ᠌ ᠳᠤᠮᠳᠠ ᠪᠦᠯᠬᠦᠮᠳᠡᠯ᠎ᠢᠶᠠᠨ
ᠭᠦᠨᠵᠡᠭᠡᠢᠷᠡᠭᠦᠯᠤᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠤᠨ ᠰᠡᠳᠭᠢᠯ ᠨᠢᠭᠡᠲᠡᠶ᠂ ᠬᠦᠴᠦ᠍ ᠨᠢᠭᠡᠲᠡᠶ
ᠪᠠᠢᠬᠤ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠠᠬᠢᠭᠤᠯᠬᠤ ᠭᠡᠷᠡᠭ᠌ᠳᠡᠢ᠃
ᠭᠡᠱᠢᠭᠦᠳ
ᠡ! ᠬᠦᠴᠦᠨ ᠴᠢᠳᠠᠯ ᠪᠦᠯᠬᠦᠮᠳᠡᠯ᠎ᠡᠴᠡ
ᠡᠭᠦᠰᠴᠦ᠍᠂ ᠡᠭᠦᠷᠭᠡ ᠬᠠᠷᠢᠭᠤᠴᠠᠯᠭ᠎ᠠ ᠪᠦᠯᠬᠦᠮᠳᠡᠯ᠎ᠢ ᠤᠷᠢᠶᠠᠯᠠᠵᠤ ᠪᠠᠢᠨ᠎ᠠ᠃ ᠪᠢᠳᠡ ᠰᠢ᠎ᠶ᠋ᠢᠨ ᠫᠢᠩ ᠨᠦᠬᠦᠷ᠎ᠢᠶᠠᠷ
ᠭᠤᠤᠯᠯᠠᠭᠤᠯᠤᠭ᠍ᠰᠠᠨ ᠲᠤᠮᠳᠠᠳᠣ ᠤᠯᠤᠰ᠎ᠤᠨ ᠡᠪ ᠬᠠᠮᠳᠣ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠬᠦᠦ
ᠨᠢᠭ᠍ᠲᠠᠷᠠᠨ ᠪᠦᠯᠬᠦᠮᠳᠡᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ
ᠴᠠᠭ ᠦᠶ᠎ᠡ᠎ᠶ᠋ᠢᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ
ᠲᠠᠰᠤᠷᠠᠯᠲᠠ ᠤᠢ᠍ᠭᠡᠢ ᠨᠡᠭᠡᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ
ᠪᠦᠲᠦᠭᠡᠨ ᠪᠠᠢᠭᠤᠯᠬᠤ ᠱᠢᠨ᠎ᠡ ᠢᠯᠠᠯᠲᠠ᠎ᠶ᠋ᠢ ᠲᠡᠮᠡᠴᠡᠨ ᠣᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠣ ᠶᠡᠭᠡ
ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠭᠦᠯᠬᠦ᠌᠎ᠳᠤ ᠨᠡᠩ ᠶᠡᠭᠡ ᠱᠢᠨ᠎ᠡ
ᠬᠤᠪᠢ ᠨᠡᠮᠡᠷᠢ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ
ᠬᠤᠷᠢᠳᠤᠭᠠᠷ ᠶᠡᠭᠡ ᠬᠤᠷᠠᠯ ᠢᠯᠠᠯᠲᠠ᠎ᠲᠠᠢ᠎ᠪᠠᠷ ᠬᠤᠷᠠᠯᠳᠤᠬᠤ᠎ᠶ᠋ᠢ ᠤᠭ᠍ᠲᠤᠵᠠᠭᠠᠶᠠ!
(ᠰᠢᠨᠬᠣᠸᠠ ᠬᠣᠷᠢᠶᠠᠨ᠎ᠦ
ᠪᠡᠭᠡᠵᠢᠩ ᠤ᠋ᠨ 3 ᠰᠠᠷ᠎ᠠ ᠵᠢᠨ 10 ᠤ᠋ ᠡᠳᠦᠷ ᠤ᠋ᠨ ᠴᠠᠬᠢᠯᠭᠠᠨ ᠮᠡᠳᠡᠭᠡ᠂ ᠳᠣᠮᠳᠠᠳᠣ
ᠣᠯᠣᠰ᠎ᠤᠨ ᠦᠨᠳᠦᠰᠦᠳᠡᠨ᠎ᠦ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )