ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠵᠠᠢ
2022-03-15 09:55:46
ᠵᠣᠬᠢᠶᠠᠭ᠍ᠴᠢ᠄
ᠯᠢᠦ ᠱᠢᠶᠤᠤ ᠳ᠋ᠦᠩ
ᠣᠩᠱᠢᠭ᠍ᠰᠠᠨ ᠣᠳᠠᠭ᠎ᠠ᠄
★★★☆☆

ᠱ᠌ᠢ᠎ᠲᠡᠶ ᠹᠧᠩ ᠬᠤᠷᠠᠯ᠎ᠢ ᠡᠷᠬᠢᠯᠡᠪᠡ

3 ᠰᠠᠷ᠎ᠠ᠎ᠶ᠋ᠢᠨ 14 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ ᠬᠤᠷᠠᠯ᠎ᠢ ᠡᠷᠬᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠠᠯᠤᠰ ᠬᠡᠳᠤ᠎ᠶ᠋ᠢᠨ ᠵᠣᠭ᠍ᠰᠣᠴᠠ᠎ᠲᠠᠶ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ ᠠᠭᠤᠯᠤᠭ᠍ᠳᠠᠬᠤᠨ ᠲᠠᠢ ᠪᠠᠢᠵᠤ᠂ ᠴᠦᠮ ᠪᠦᠬᠦ᠌ ᠲᠠᠯ᠎ᠠ ᠪᠣᠯᠤᠨ ᠠᠯᠤᠰ ᠬᠡᠳᠤ᠎ᠶ᠋ᠢᠨ ᠬᠥᠭ᠌ᠵᠢᠯᠲᠡ ᠎ᠳᠦ ᠬᠣᠯᠪᠣᠭ᠍ᠳᠠᠬᠤ ᠶᠡᠬᠡ ᠶᠠᠪᠤᠳᠠᠯ ᠴᠢᠬᠤᠯᠠ ᠶᠠᠪᠤᠳᠠᠯ᠎ᠢ ᠴᠢᠬᠤᠯᠠᠴᠢᠯᠠᠵᠤ᠂ ᠲᠤᠢᠯ᠎ᠤᠨ ᠴᠢᠩᠭ᠎ᠠ ᠤᠯᠤᠰ ᠳᠦᠷᠦ ᠵᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠣᠯᠤᠨ ᠬᠠᠨᠳᠤᠯᠭᠠᠲᠤ ᠴᠢᠨᠠᠷ᠎ᠲᠠᠶ ᠶᠤᠮ᠃ ᠪᠢᠳᠡ《ᠬᠣᠶᠠᠷ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠨ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠂ ᠰᠤᠷᠤᠯᠴᠠᠨ ᠮᠡᠳᠡᠵᠦ ᠨᠡᠪᠳᠡᠷᠡᠳᠡᠯ᠎ᠠ ᠤᠢᠯᠠᠭᠠᠬᠤ ᠳᠡᠭᠡᠷ᠎ᠡ ᠦᠨᠡᠨ ᠬᠦ᠌ ᠬᠦᠴᠦ᠍ ᠲᠠᠯᠪᠢᠵᠤ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ᠎ᠶ᠋ᠢ  ᠨᠢᠭᠡᠳᠭᠡᠬᠦ᠌ ᠵᠢ  ᠪᠠᠷᠢᠮᠳᠠᠯᠠᠵᠤ᠂ ᠶᠡᠷᠦᠩᠬᠡᠶ  ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ᠎ᠢ ᠴᠢᠷᠮᠠᠢᠨ ᠰᠠᠢᠲᠤᠷ ᠬᠢᠬᠦ᠌ ᠬᠡᠷᠡᠭ᠌ᠲᠡᠶ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)ᠦᠳᠲᠡᠷ ᠲᠦᠷᠭᠡᠨ ᠬᠥᠳᠡᠯᠦᠯᠴᠡᠵᠦ᠍᠂ ᠨᠠᠷᠢᠯᠢᠭ ᠵᠣᠬᠢᠶᠠᠨ ᠪᠠᠢᠭᠤᠯᠵᠤ᠂ ᠨᠢᠮᠪᠠᠢ ᠲᠤᠬᠢᠷᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠬᠥᠮᠦᠵᠢᠯ ᠪᠣᠯᠪᠠᠰᠤᠷᠠᠯ ᠪᠣᠯᠤᠨ ᠤᠬᠠᠭᠤᠯᠭ᠎ᠠ ᠲᠠᠢᠯᠪᠤᠷᠢᠯᠠᠯᠲᠠ᠎ᠶ᠋ᠢ ᠰᠠᠢᠲᠤᠷ ᠠᠳᠭᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠦᠨᠡᠨ ᠬᠦ᠌ ᠭᠦᠨᠵᠡᠭᠡᠢᠷᠡᠭᠦᠯᠬᠦ᠌ ᠬᠡᠷᠡᠭ᠌ᠲᠡᠢ ᠭᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠴᠢᠬᠤᠯᠠ ᠴᠠᠭ ᠮᠥᠴᠡ᠎ᠳᠦ᠂ ᠶᠡᠷᠦᠩᠬᠡᠶ ᠱᠦᠵᠢ ᠰᠢ ᠵᠢᠨ ᠫᠢᠩ 《ᠲᠠᠪᠤᠨ ᠵᠠᠪᠠᠯ ᠶᠠᠪᠤᠬᠤ ᠵᠠᠮ》 ᠵᠢᠡᠷ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ ᠡᠴᠡ ᠭᠡᠷᠡᠴᠢᠯᠡᠭᠰᠡᠨ ᠴᠢᠬᠤᠯᠠ ᠲᠠᠨᠢᠯᠲᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠮᠠᠨ᠎ᠤ ᠨᠠᠮ᠎ᠤᠨ ᠱᠢᠨ᠎ᠡ ᠭᠠᠷᠤᠭ᠎ᠠ᠎ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠷᠡᠭᠡᠳᠦᠶ ᠵᠢ ᠨᠡᠬᠡᠬᠡᠬᠦ ᠪᠠᠲᠤ ᠴᠢᠩᠭ᠎ᠠ ᠲᠡᠦᠬᠡ᠎ᠶ᠋ᠢᠨ ᠢᠲᠡᠭᠡᠯ᠎ᠢ ᠢᠯᠡᠷᠡᠭᠦᠯᠵᠦ᠍᠂ ᠪᠢᠳᠡᠨ᠎ᠦ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠂ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠢᠲᠡᠭᠡᠯ ᠵᠣᠷᠢᠭ᠎ᠢ ᠨᠠᠩ ᠪᠠᠲᠤᠳᠭᠠᠪᠠ᠃ ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ 《ᠲᠠᠪᠤᠨ ᠵᠠᠪᠠᠯ ᠶᠠᠪᠤᠬᠤ ᠵᠠᠮ》 ᠤ᠋ᠨ ᠲᠤᠬᠠᠶ ᠴᠢᠬᠤᠯᠠ ᠲᠠᠨᠢᠯᠲᠠ᠎ᠪᠠᠨ ᠦᠨᠡᠨ ᠬᠦ᠌ ᠭᠦᠨᠵᠡᠭᠡᠢᠷᠡᠭᠦᠯᠵᠦ᠍᠂ ᠡᠭᠦᠨ᠎ᠦ ᠳᠤᠮᠳᠠ᠎ᠡᠴᠡ ᠠᠵᠢᠯ ᠬᠢᠵᠦ᠍ ᠦᠶ᠋ᠯᠡᠰ ᠪᠤᠰᠭᠠᠬᠤ᠂ ᠢᠷᠡᠭᠡᠳᠦᠶ ᠵᠢ ᠨᠡᠬᠡᠬᠡᠬᠦ ᠣᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠴᠤ᠌᠂ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠰ᠎ᠢ ᠨᠠᠩ ᠢᠲᠡᠭᠡᠯ ᠲᠡᠭᠦᠯᠳᠡᠷ᠎ᠢᠶᠡᠷ ᠤᠷᠤᠭ᠍ᠰᠢ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ᠎ᠶ᠋ᠢ ᠭᠦᠨᠵᠡᠭᠡᠢ ᠡᠵᠡᠮᠰᠢᠨ᠂ ᠰᠡᠳᠭᠢᠯ ᠲᠠᠯᠪᠢᠨ ᠣᠢᠯᠠᠭᠠᠵᠤ᠂ ᠤᠯᠤᠰ ᠲᠦᠷᠦ᠍ ᠪᠣᠯᠤᠨ ᠪᠦᠬᠦ᠌ ᠲᠠᠯ᠎ᠠ᠎ᠶ᠋ᠢᠨ ᠦᠨᠳᠦᠷᠴᠡ ᠡᠴᠡ ᠦᠨᠳᠦᠰᠦᠲᠡᠨ᠎ᠦ ᠠᠵᠢᠯ᠎ᠳᠤ ᠬᠠᠨᠳᠤᠬᠤ ᠪᠠ ᠦᠨᠳᠦᠰᠦᠳᠡᠨ᠎ᠤ ᠠᠵᠢᠯ᠎ᠢ ᠲᠠᠨᠢᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ ᠦᠨᠳᠦᠰᠦᠲᠡᠨ᠎ᠦ ᠠᠵᠢᠯ᠎ᠢ ᠲᠥᠯᠥᠪᠵᠢᠭᠦᠯᠦᠨ ᠠᠬᠢᠭᠤᠯᠵᠤ᠂ ᠬᠢᠬᠦ᠌ ᠶᠣᠰᠣᠲᠠᠢ ᠠᠵᠢᠯ᠎ᠢ ᠡᠷᠡᠰ ᠬᠦᠴᠦᠲᠡᠢ ᠠᠬᠢᠭᠤᠯᠵᠤ᠂ ᠬᠢᠵᠦ᠍ ᠪᠣᠯᠬᠤ ᠦᠭᠡᠢ ᠶᠠᠪᠤᠳᠠᠯ᠎ᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠣᠷᠢᠭ᠍ᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠭᠤᠢᠪᠢᠯᠵᠠᠭᠤᠯᠬᠤ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ᠎ᠲᠠᠶ ᠡᠷᠡᠰ ᠲᠡᠮᠡᠴᠡᠬᠦ ᠬᠡᠷᠡᠭ᠌ᠲᠡᠢ᠃ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠭᠠᠷᠳᠡᠴᠡ ᠵᠢ ᠪᠣᠳᠠᠲᠠᠢᠵᠢᠭᠤᠯᠵᠤ᠂ ᠠᠷᠭ᠎ᠠ ᠬᠡᠮᠵᠢᠶ᠎ᠠ᠎ᠶ᠋ᠢ ᠨᠠᠷᠢᠯᠢᠬ᠍ᠵᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠬᠦ᠌᠎ᠶ᠋ᠢ ᠡᠳᠦᠷ ᠲᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠵᠢᠵᠢᠭ ᠰᠠᠵᠢᠭ ᠵᠦᠢᠯ ᠳᠡᠭᠡᠷ᠎ᠡ ᠢᠯᠡᠷᠡᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠷᠡᠰ ᠭᠤᠢᠪᠢᠰᠢ ᠦᠭᠡᠢ ᠳᠡᠯᠭᠡᠷᠡᠭᠦᠯᠦᠨ ᠬᠡᠷᠡᠭ᠌ᠯᠡᠵᠦ᠍᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭᠠᠨ᠎ᠤ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠰᠡᠳᠭᠢᠯ ᠵᠢᠷᠦᠬᠡᠨ᠎ᠳᠦ ᠭᠦᠨ ᠦᠨᠳᠦᠰᠦᠯᠡᠭᠦᠯᠬᠦ᠌ ᠬᠡᠷᠡᠭ᠌ᠲᠡᠢ᠃ ᠬᠡᠯᠪᠡᠷᠢᠯ᠎ᠢ ᠵᠠᠯᠠᠷᠠᠭᠤᠯᠤᠨ ᠴᠢᠭᠯᠡᠯ ᠢ᠋ ᠵᠠᠰᠠᠬᠤ ᠠᠵᠢᠯ ᠢ᠋ ᠢᠳᠡᠪᠬᠢᠳᠠᠢ ᠪᠤᠯᠭᠤᠮᠵᠢᠳᠠᠢ᠂ ᠦᠷᠭᠦᠯᠵᠢᠯᠡᠨ ᠭᠦᠨᠵᠡᠭᠡᠢ ᠠᠬᠢᠭᠤᠯᠵᠤ᠂ ᠲᠤᠪᠤᠢ᠌ᠮ᠎ᠠ ᠠᠰᠠᠭᠤᠳᠠᠯ᠎ᠢ ᠪᠦᠬᠦ᠌ ᠲᠠᠯ᠎ᠠ᠎ᠪᠠᠷ᠂ ᠪᠣᠳᠠᠲᠠᠢ᠂ ᠭᠦᠨᠵᠡᠭᠡᠢ ᠴᠡᠭ᠌ᠴᠡᠯᠡᠨ ᠰᠠᠢᠵᠢᠷᠠᠭᠤᠯᠵᠤ᠂ ᠵᠥᠷᠢᠶᠡᠲᠦ ᠴᠢᠨᠠᠷ᠎ᠢ ᠳᠤᠪᠤᠢᠯᠭᠠᠬᠤ ᠪᠠ ᠴᠢᠩᠭᠠᠳᠭᠠᠬᠤ᠂ ᠬᠠᠮᠳᠤ ᠵᠢᠨ ᠴᠢᠨᠠᠷ᠎ᠢ ᠣᠮᠲᠣᠭᠠᠢᠯᠠᠬᠤ ᠪᠠ ᠰᠤᠯᠠᠷᠠᠭᠤᠯᠬᠤ ᠠᠰᠠᠭᠤᠳᠠᠯ ᠪᠣᠯᠤᠨ ᠬᠢᠳᠡᠯ᠎ᠢ ᠡᠷᠡᠰ ᠵᠠᠯᠠᠷᠠᠭᠤᠯᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠱᠠᠭᠠᠷᠳᠠᠯᠭ᠎ᠠ᠎ᠶ᠋ᠢ ᠪᠦᠬᠦ᠌ ᠣᠷᠣᠨ᠎ᠤ ᠲᠡᠦᠬᠡ ᠰᠣᠶᠣᠯ ᠤᠬᠠᠭᠤᠯᠭ᠎ᠠ ᠬᠥᠮᠦᠵᠢᠯ᠂ ᠤᠯᠠᠨ ᠨᠡᠢᠲᠡ᠎ᠶ᠋ᠢᠨ ᠰᠣᠶᠣᠯ᠎ᠤᠨ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠂ ᠬᠤᠳᠠ᠎ᠶ᠋ᠢᠨ ᠪᠡᠯᠭᠡ ᠲᠡᠮᠳᠡᠭ᠎ᠦᠨ ᠴᠢᠨᠠᠷᠲᠠᠢ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ᠂ ᠵᠢᠭᠤᠯᠴᠢᠯᠠᠯ ᠎ᠤᠨ ᠦᠵᠡᠮᠵᠢ  ᠲᠡᠯᠭᠡᠨ ᠦᠵᠡᠭᠦᠯᠭᠡ ᠵᠡᠷᠭᠡ ᠬᠣᠯᠪᠣᠭ᠍ᠳᠠᠯ ᠪᠦᠬᠦᠢ ᠲᠠᠯ᠎ᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠲᠠᠶ᠂ ᠦᠨᠳᠦᠰᠦᠲᠡᠨ᠎ᠨᠦᠭᠦᠳ᠎ᠦᠨ ᠰᠣᠶᠣᠯ᠎ᠤᠨ ᠱᠢᠮ᠎ᠡ ᠲᠡᠵᠢᠭᠡᠯ᠎ᠢ ᠭᠦᠢᠴᠡᠳ ᠱᠢᠩᠭᠡᠭᠡᠭᠰᠡᠨ ᠨᠡᠩ ᠤᠯᠠᠨ ᠰᠣᠶᠣᠯ᠎ᠤᠨ ᠲᠡᠮᠳᠡᠭ ᠪᠠ ᠬᠠᠷᠠᠭᠠᠨ ᠰᠡᠷᠡᠯ᠎ᠦᠨ ᠲᠦᠷᠢ ᠲᠥᠷᠬᠦ᠌᠎ᠶ᠋ᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠤ ᠳᠤᠮᠳᠠᠳᠤ᠎ᠶ᠋ᠢᠨ ᠰᠣᠶᠣᠯ ᠪᠠ ᠲᠤᠰ ᠦᠨᠳᠦᠰᠦᠲᠡᠨ᠎ᠦ ᠰᠣᠶᠣᠯ᠎ᠤᠨ ᠬᠠᠷᠢᠴᠠᠭ᠎ᠠ᠎ᠶ᠋ᠢ ᠵᠥᠪ ᠵᠢᠡᠷ ᠲᠠᠨᠢᠵᠤ ᠰᠢᠢᠳᠪᠦᠷᠢᠯᠡᠬᠦ ᠵᠢ ᠬᠦᠳᠦᠯᠦᠨ ᠵᠢᠯᠤᠭᠤᠳᠴᠤ᠂ ᠦᠨᠳᠦᠰᠦᠲᠡᠨ᠎ᠦ ᠪᠦᠯᠬᠦᠮᠳᠡᠯ᠎ᠦᠨ ᠦᠵᠡᠯ ᠰᠠᠨᠠᠭ᠎ᠠ ᠰᠣᠶᠣᠯ᠎ᠤᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠵᠦ᠍᠂ ᠦᠨᠳᠦᠰᠦᠲᠡᠨ ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠬᠦᠴᠦᠯᠡᠨ ᠪᠦᠳᠦᠭᠡᠨ ᠪᠠᠢᠭᠤᠯᠬᠤ ᠬᠡᠷᠡᠭ᠌ᠲᠡᠢ᠃ ᠡᠯ᠎ᠡ ᠵᠦᠢᠯ᠎ᠦᠨ ᠠᠶᠤᠯ ᠲᠦᠭ᠌ᠰᠢᠭᠦᠷᠢ ᠭᠡᠮ ᠰᠣᠭᠣᠭ᠎ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ᠎ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ᠎ᠵᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠬᠤ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢ ᠨᠡᠢᠭᠡᠮ᠎ᠦᠨ ᠲᠣᠭ᠍ᠲᠠᠭᠤᠨ ᠡᠷᠡᠭᠦᠯ᠎ᠢᠶᠡᠷ ᠬᠥᠭ᠌ᠵᠢᠬᠦ᠌᠂ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠬᠤ ᠬᠡᠷᠡᠭ᠌ᠲᠡᠢ᠃ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠯᠠᠵᠤ᠂ ᠰᠡᠷᠭᠡᠢᠯᠡᠨ ᠡᠵᠡᠮᠳᠡᠬᠦ᠌ ᠠᠵᠢᠯ᠎ᠤᠨ ᠳᠤᠮᠳᠠ ᠢᠯᠡᠷᠡᠭ᠌ᠰᠡᠨ ᠲᠣᠪᠣᠢᠮ᠎ᠠ ᠠᠰᠠᠭᠤᠳᠠᠯ᠎ᠢ ᠭᠦᠨᠵᠡᠭᠡᠶ ᠲᠤᠩᠭᠠᠨ ᠪᠣᠳᠣᠯᠬᠢᠯᠠᠵᠤ᠂ ᠡᠷᠡᠰ ᠴᠡᠭ᠌ᠴᠡᠯᠡᠨ ᠰᠠᠢᠵᠢᠷᠠᠭᠤᠯᠵᠤ᠂ ᠰᠡᠷᠭᠡᠢᠯᠡᠨ ᠡᠵᠡᠮᠳᠡᠬᠦ᠌ ᠵᠢ ᠪᠠᠢᠩᠭᠤᠵᠢᠭᠤᠯᠬᠤ ᠪᠠ ᠭᠡᠨᠡᠳᠲᠡ ᠡᠭᠦᠰᠦᠭ᠌ᠰᠡᠨ ᠬᠢᠵᠢᠭ᠎ᠦᠨ ᠪᠠᠢᠳᠠᠯ᠎ᠢ ᠪᠠᠴᠢᠮ ᠠᠷᠭᠠᠴᠡᠭᠠᠨ ᠱᠢᠶ᠋ᠳᠪᠦᠷᠢᠯᠡᠬᠦ᠌ ᠲᠣᠭ᠍ᠲᠡᠴᠡ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠪᠣᠭᠣᠮᠲᠠ᠎ᠶ᠋ᠢᠨ ᠭᠠᠵᠠᠷ ᠣᠷᠣᠨ᠎ᠤ 《ᠭᠤᠷᠪᠠᠨ ᠲᠠᠪᠬᠤᠷ ᠰᠡᠷᠭᠡᠢᠯᠡᠯᠲᠡ ᠶ᠋ᠢᠨ ᠱᠤᠭᠤᠮ》 ᠢ᠋ ᠨᠢᠭ᠍ᠲᠠ ᠴᠤᠭᠴᠠᠯᠠᠵᠤ᠂ ᠬᠢᠵᠢᠭ᠎ᠦᠨ ᠪᠠᠢᠳᠠᠯ᠎ᠤᠨ ᠬᠡᠪᠴᠢᠶᠡᠵᠢᠯ ᠤ᠋ᠨ ᠴᠢᠨᠠᠷᠳᠠᠢ ᠪᠡᠷ ᠳᠠᠬᠢᠨ ᠳᠡᠯᠭᠡᠷᠡᠬᠦ ᠥᠬᠡᠶ ᠪᠠᠢᠬᠤ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠶ ᠭᠡᠵᠤ ᠴᠢᠬᠤᠯᠠᠴᠢᠯᠠᠪᠠ᠃ 《ᠬᠤᠤᠰ ᠨᠡᠭᠦᠷᠡᠰᠦᠲᠥ᠋ᠷᠥᠭ᠌ᠴᠢ》 ᠵᠢᠨ ᠠᠵᠢᠯ᠎ᠢ ᠠᠬᠢᠭᠤᠯᠬᠤ ᠵᠠᠷᠴᠢᠮ᠂ ᠠᠢᠵᠠᠮ ᠪᠣᠯᠤᠨ ᠡᠷᠴᠢᠮ᠎ᠢ ᠰᠠᠢᠲᠤᠷ ᠡᠵᠡᠮᠳᠡᠵᠦ᠍᠂ ᠨᠠᠩ ᠣᠨᠣᠴᠠᠲᠠᠶ ᠪᠦᠭᠡᠳ ᠪᠣᠳᠠᠲᠠᠶ ᠵᠢ ᠡᠷᠬᠢᠮᠯᠡᠭᠰᠡᠨ ᠠᠷᠭ᠎ᠠ ᠪᠣᠳᠣᠯᠭ᠎ᠠ᠎ᠶᠢ ᠲᠣᠭ᠍ᠲᠠᠭᠠᠨ ᠬᠡᠷᠡᠭ᠌ᠵᠢᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠤᠨ᠂ ᠨᠡᠭᠦᠷᠡᠰᠦᠲᠥ᠋ᠷᠥᠭ᠌ᠴᠢ᠎ᠶ᠋ᠢ ᠲᠣᠭ᠍ᠲᠠᠭᠤᠨ᠎ᠢᠶᠠᠷ ᠪᠠᠭᠤᠷᠠᠭᠤᠯᠬᠤ ᠳᠤᠮᠳᠠ《ᠬᠣᠶᠠᠷ ᠰᠠᠭᠤᠷᠢᠨ》 ᠢ᠋ ᠴᠢᠨᠠᠷ ᠰᠠᠢᠳᠠᠢ ᠪᠥᠲᠥᠭᠡᠨ ᠪᠠᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠯᠠᠪᠳᠠᠭᠤᠨ ᠪᠠᠲᠤᠲᠠᠶ ᠰᠠᠢᠲᠤᠷ ᠵᠠᠮᠨᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠶ ᠠᠬᠢᠭᠤᠯᠬᠤ᠎ᠲᠤᠬᠠᠶ᠎ᠴᠢᠬᠤᠯᠠ᠎ᠱᠠᠭᠠᠷᠳᠠᠯᠭ᠎ᠠ᠎ᠶ᠋ᠢ᠎ᠭᠦᠨᠵᠡᠭᠡᠶ᠎ᠤᠢᠯᠠᠭᠠᠨ ᠡᠵᠡᠮᠱᠢᠵᠦ᠍᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷ᠎ᠦᠨ ᠪᠡᠶ᠎ᠡ᠎ᠳᠡᠭᠡᠨ ᠲᠤᠢᠯᠪᠤᠷᠢᠲᠠᠶ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠨᠡᠭᠦᠷᠡᠰᠦᠨ᠎ᠦ ᠡᠬᠢ ᠪᠠᠶᠠᠯᠢᠭ᠂ ᠤᠯᠤᠰ ᠲᠥᠷᠥ᠍ ᠬᠠᠤᠯᠢ ᠴᠠᠭᠠᠵᠠ᠂ ᠮᠥᠩᠭᠥᠨ ᠭᠦᠶ᠋ᠯᠭᠡᠭᠡ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠶᠡᠬᠡ ᠳᠡᠭᠡᠳᠦ ᠰᠤᠷᠭᠠᠭᠤᠯᠢ᠂ ᠨᠡᠭᠡᠭᠡᠯᠲᠡ᠎ᠶ᠋ᠢᠨ ᠲᠣᠭᠣᠷᠢᠭ᠎ᠤᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠢ ᠭᠦᠨᠵᠡᠭᠡᠶ ᠠᠭᠤᠳᠠᠯᠤᠨ ᠲᠤᠢᠯᠪᠤᠷᠢᠲᠠᠶ ᠪᠠᠢᠴᠠᠭᠠᠵᠤ᠂ ᠬᠡᠷᠡᠭ᠎ᠢᠶᠡᠷ ᠴᠡᠭᠴᠡᠯᠡᠨ ᠰᠠᠢᠵᠢᠷᠠᠭᠤᠯᠤᠯᠳᠠ᠎ᠶ᠋ᠢ ᠠᠬᠢᠭᠤᠯᠬᠤ᠎ᠶ᠋ᠢ ᠪᠠᠢᠩᠭᠤᠵᠢᠭᠤᠯᠬᠤ ᠳᠦᠷᠢᠮᠵᠢᠭᠦᠯᠬᠦ᠌᠎ᠶ᠋ᠢ ᠬᠦᠴᠦᠯᠡᠨ ᠠᠬᠢᠭᠤᠯᠵᠤ᠂ 《ᠳᠥᠷᠪᠡᠨ ᠰᠤᠷᠲᠠᠯ》 ᠢ᠋ ᠴᠥᠬᠥᠷᠡᠰᠢ ᠥᠬᠡᠶ ᠵᠠᠯᠠᠷᠠᠭᠤᠯᠵᠤ ᠱᠢᠨ᠎ᠡ ᠰᠤᠷᠲᠠᠯ᠎ᠢ ᠪᠣᠶ ᠪᠣᠯᠭᠠᠵᠤ᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢ ᠦᠷᠭᠦᠯᠵᠢᠯᠡᠨ ᠬᠦᠴᠦᠳᠠᠢ ᠰᠡᠷᠭᠦᠭᠡᠨ ᠴᠡᠪᠡᠷᠱᠢᠭᠦᠯᠬᠦ᠌ ᠬᠡᠷᠡᠭ᠌ᠲᠡᠶ᠃ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ᠎ᠶ᠋ᠢᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ ᠤ᠋ᠨ ᠶᠡᠷᠦᠮᠳᠡᠭ ᠪᠣᠯᠬᠤ᠂ ᠰᠠᠨᠠᠭᠠᠨ ᠲᠠᠪᠠ᠎ᠪᠠᠷ᠎ᠢᠶᠠᠨ ᠪᠣᠯᠬᠤ᠂ ᠪᠣᠯᠬᠢ ᠪᠦᠳᠦᠭᠦᠯᠢᠭ ᠪᠤᠯᠬᠤ᠂ ᠠᠷᠠᠯᠵᠢᠶᠠᠨ ᠤ᠋ ᠴᠢᠨᠠᠷᠳᠠᠢ ᠪᠤᠯᠬᠤ ᠵᠡᠷᠭᠡ ᠠᠰᠠᠭᠤᠳᠠᠯ᠎ᠢ ᠬᠦᠴᠦᠲᠡᠶ ᠠᠷᠭ᠎ᠠ ᠬᠡᠮᠵᠢᠶ᠎ᠡ ᠠᠪᠴᠤ᠌ ᠡᠷᠡᠰ ᠴᠡᠭ᠌ᠴᠡᠯᠡᠨ ᠵᠠᠰᠠᠬᠤ ᠬᠡᠷᠡᠭ᠌ᠲᠡᠶ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠠᠢᠩᠭᠤ ᠠᠳᠭᠤᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠥᠨ ᠵᠢᠯᠤᠭᠤᠳᠴᠤ ᠦᠷᠭᠦᠯᠵᠢᠯᠡᠨ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠶ᠋ᠢ ᠣᠢᠯᠠᠭᠠᠬᠤ᠂ ᠪᠣᠳᠠᠲᠠᠢ ᠶᠠᠪᠤᠳᠠᠯ ᠬᠢᠬᠦ᠌᠂ ᠱᠢᠨ᠎ᠡ ᠪᠠᠢᠳᠠᠯ᠎ᠢ ᠡᠭᠦᠳᠬᠦ᠌ ᠲᠠᠯ᠎ᠠ᠎ᠪᠠᠷ ᠨᠡᠩ ᠶᠡᠬᠡ ᠦᠷ᠎ᠡ ᠪᠦᠲᠦᠮᠵᠢ ᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号