ᠳᠡᠭᠡᠳᠤ ᠬᠡᠮᠵᠢᠶᠠᠨ ᠤ᠋ ᠤᠯᠤᠰ ᠲᠦᠷᠦ ᠵᠢᠨ ᠤᠬᠠᠮᠰᠠᠷ ᠵᠢᠡᠷ ᠰᠠᠢᠳᠤᠷ ᠲᠤᠭᠤᠰᠢᠯᠠᠭᠤᠯᠤᠨ ᠨᠠᠢᠳᠠᠪᠤᠷᠢᠵᠢᠭᠤᠯᠰᠤᠭᠠᠢ
2022-03-15 10:22:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠨᠢᠭᠡᠨᠳᠡ ᠦᠭᠦᠯᠡᠬᠦ ᠨᠢ

ᠲᠤᠰ ᠰᠣᠨᠢᠨ᠎ᠤ ᠱᠢᠭᠦᠮᠵᠢᠯᠡᠭ᠌ᠴᠢ

ᠲᠦᠮᠡᠨ ᠭᠠᠵᠠᠷ᠎ᠤᠨ ᠠᠶᠠᠨ ᠦᠯᠮᠡᠢ ᠳᠤᠤᠷ᠎ᠠ ᠡᠴᠡ ᠡᠬᠢᠯᠡᠮᠦᠢ᠂ ᠳᠠᠷᠪᠠᠭᠤᠯ ᠬᠡᠢᠰᠭᠡᠨ ᠡᠷᠡᠯᠬᠡᠭᠯᠡᠨ ᠤᠷᠤᠭᠰᠢᠯᠠᠬᠤ ᠴᠠᠭ ᠬᠦᠷᠴᠤ ᠢᠷᠡᠪᠠᠢ᠃ ᠪᠦᠬᠦ᠌ ᠤᠯᠤᠰ᠎ᠤᠨ ᠬᠣᠶᠠᠷ ᠬᠤᠷᠠᠯ ᠲᠡᠭᠦᠰᠦᠮᠡᠭ᠌ᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠣᠷᠣᠨ ᠳᠠᠶᠠᠭᠠᠷ᠎ᠢᠶᠠᠨ ᠤᠯᠤᠰ ᠲᠥᠷᠥ᠎ᠶ᠋ᠢᠨ ᠵᠣᠭ᠍ᠰᠣᠴᠠ ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠪᠥᠬᠥ᠌ ᠲᠠᠯ᠎ᠠ᠎ᠪᠠᠷ ᠭᠦᠨᠵᠡᠭᠡᠶ ᠰᠤᠷᠤᠯᠴᠠᠨ ᠣᠢᠯᠠᠭᠠᠵᠤ᠂ ᠤᠨᠤᠴᠠᠳᠠᠢ ᠬᠦᠴᠦᠳᠠᠢ ᠰᠠᠢᠳᠤᠷ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠥᠬᠥ᠌ ᠲᠠᠯ᠎ᠠ ᠵᠢᠨ ᠵᠤᠭᠰᠤᠴᠠ ᠡᠴᠡ ᠬᠥᠭ᠌ᠵᠢᠯᠲᠡ᠎ᠶ᠋ᠢ ᠰᠦᠪᠡᠭ᠌ᠴᠢᠯᠡᠵᠦ᠍᠂ ᠪᠦᠯᠬᠦᠮᠳᠡᠨ ᠲᠡᠮᠡᠴᠡᠵᠦ᠍ ᠱᠢᠨ᠎ᠡ ᠪᠠᠢᠳᠠᠯ᠎ᠢ ᠡᠭᠦᠳᠰᠦᠭᠡᠢ᠃

《ᠲᠠᠪᠤᠨ ᠵᠠᠪᠠᠯ ᠶᠠᠪᠤᠬᠤ ᠵᠠᠮ》 ᠢ᠋ ᠳᠤᠷᠠᠳᠴᠤ᠌᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ ᠡᠴᠡ ᠭᠡᠷᠡᠴᠢᠯᠡᠭᠰᠡᠨ ᠴᠢᠬᠤᠯᠠ ᠲᠠᠨᠢᠯᠲᠠ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠪᠡ; ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠶᠠᠷᠢᠬᠤ᠎ᠳᠠᠭᠠᠨ᠂ 《ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ ᠢ᠋ ᠬᠢᠬᠦ᠌ ᠮᠦᠷᠳᠡᠭᠡᠨ ᠪᠠᠰᠠ ᠶᠡᠬᠡ ᠬᠡᠮᠵᠢᠶᠡᠨ᠎ᠦ 〈ᠵᠦᠭᠡᠯᠡᠨ ᠪᠤᠷᠤᠭᠠᠨ ᠲᠦᠮᠡᠨ  ᠪᠤᠳᠠᠰ ᠢ᠋ ᠤᠮᠳᠠᠯᠠᠬᠤ〉 ᠶᠠᠪᠤᠳᠠᠯ ᠢ᠋ ᠴᠤ᠌  ᠬᠢᠬᠦ᠌  ᠬᠡᠷᠡᠭ᠌ᠲᠡᠢ》 ᠭᠡᠵᠦ᠍ ᠲᠣᠳᠣᠷᠬᠠᠢ ᠱᠠᠭᠠᠷᠳᠠᠪᠠ ᠁ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠠᠯᠤᠰ ᠬᠡᠳᠤ᠎ᠶ᠋ᠢᠨ ᠵᠣᠭ᠍ᠰᠣᠴᠠ᠎ᠲᠠᠶ᠂ ᠭᠦᠨ ᠭᠦᠨᠵᠡᠭᠡᠢ ᠦᠵᠡᠯ ᠰᠠᠨᠠᠭ᠎ᠠ ᠲᠠᠢ᠂ ᠡᠯᠪᠡᠭ ᠪᠠᠶᠠᠯᠢᠭ ᠠᠭᠤᠯᠤᠭ᠍ᠳᠠᠬᠤᠨ ᠲᠠᠢ ᠪᠠᠢᠵᠤ᠂ ᠴᠦᠮ ᠪᠦᠬᠦ᠌ ᠲᠠᠯ᠎ᠠ ᠪᠣᠯᠤᠨ ᠠᠯᠤᠰ ᠬᠡᠳᠤ᠎ᠶ᠋ᠢᠨ ᠬᠥᠭ᠌ᠵᠢᠯᠲᠡ᠎ᠳᠦ ᠬᠣᠯᠪᠣᠭ᠍ᠳᠠᠬᠤ ᠶᠡᠬᠡ ᠶᠠᠪᠤᠳᠠᠯ ᠴᠢᠬᠤᠯᠠ ᠶᠠᠪᠤᠳᠠᠯ᠎ᠢ ᠴᠢᠬᠤᠯᠠᠴᠢᠯᠠᠵᠤ᠂ ᠲᠤᠢᠯ᠎ᠤᠨ ᠴᠢᠩᠭ᠎ᠠ ᠤᠯᠤᠰ ᠳᠦᠷᠦ ᠵᠢᠨ ᠴᠢᠨᠠᠷ᠂ ᠦᠵᠡᠯ ᠰᠠᠨᠠᠭᠠᠳᠤ ᠴᠢᠨᠠᠷ᠂ ᠵᠢᠯᠣᠭᠣᠳᠭᠤ ᠴᠢᠨᠠᠷ ᠪᠣᠯᠤᠨ ᠬᠠᠨᠳᠤᠯᠭᠠᠲᠤ ᠴᠢᠨᠠᠷ᠎ᠲᠠᠶ ᠪᠠᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠠᠢ᠃ ᠪᠢᠳᠡ 《ᠬᠤᠶᠠᠷ᠎ᠢ ᠲᠣᠭ᠍ᠲᠠᠭᠠᠬᠤ》 ᠎ᠶ᠋ᠢᠨ ᠱᠢᠢᠳᠪᠦᠷᠢᠯᠡᠭ᠌ᠴᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠤᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠭᠦᠢᠴᠡᠳᠭᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠳᠡᠭᠡᠳᠦ ᠬᠡᠮᠵᠢᠶᠡᠨ᠎ᠤ ᠤᠯᠤᠰ ᠲᠥᠷᠥ᠎ᠶ᠋ᠢᠨ ᠤᠬᠠᠮᠰᠠᠷ᠎ᠢᠶᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠭᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ ᠎ᠤᠨ  ᠴᠢᠬᠤᠯᠠ  ᠶᠠᠷᠢᠶᠠᠨ ᠎ᠤ  ᠵᠣᠷᠢᠭ  ᠰᠠᠨᠠᠭ᠎ᠠ ᠲᠠᠢ ᠨᠢᠭᠡᠳᠭᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ ᠳ᠋ᠸ᠋ ᠲᠠᠯᠪᠢᠭ᠍ᠰᠠᠨ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠯᠤᠭ᠎ᠠ ᠤᠶᠠᠯᠳᠤᠭᠤᠯᠵᠤ᠂ ᠲᠥᠪ᠎ᠤᠨ ᠱᠢᠢᠳᠪᠦᠷᠢᠲᠦ ᠪᠣᠳᠣᠯᠭ᠎ᠠ ᠎ᠪᠠᠢᠷᠢᠯᠠᠭᠤᠯᠤᠯᠲᠠ᠎ᠶ᠋ᠢ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠪᠣᠳᠠᠲᠠᠢ ᠠᠵᠢᠯ᠎ᠤᠨ ᠳᠤᠮᠳᠠ ᠪᠠᠨ ᠨᠠᠢᠳᠠᠪᠤᠷᠢᠵᠢᠭᠤᠯᠬᠤ ᠬᠡᠷᠡᠭ᠌ᠲᠡᠢ᠃

《ᠨᠤᠮ ᠤᠩᠰᠢᠭᠠᠳ ᠲᠠᠨᠢᠯᠳᠠ ᠪᠠᠨ ᠪᠤᠳᠠᠳᠠᠢᠵᠢᠭᠤᠯᠬᠤ ᠦᠭᠡᠢ ᠪᠣᠯᠪᠠᠰᠤ ᠪᠤᠳᠠᠰ᠎ᠤᠨ ᠲᠡᠭᠡᠷ᠎ᠠ ᠴᠠᠬᠢᠯᠭᠠᠨ ᠭᠡᠷᠡᠯ ᠲᠤᠰᠤᠭᠰᠠᠨ ᠮᠡᠲᠦ ᠪᠡᠷ ᠪᠠᠷᠢᠬᠤ ᠵᠢᠨ ᠠᠷᠭ᠎ᠠ ᠦᠭᠡᠢ᠂ ᠥᠪᠡᠷ᠎ᠤᠨ ᠪᠡᠶ᠎ᠡ᠎ᠪᠠᠷ᠎ᠢᠶᠠᠨ ᠬᠢᠬᠦ᠌ ᠦᠭᠡᠢ ᠪᠣᠯᠪᠠᠰᠤ ᠤᠰᠤᠨ ᠵᠠᠮ᠎ᠵᠢᠡᠷ ᠲᠡᠷᠭᠡ᠎ᠭᠡᠯᠢᠵᠦ᠂ ᠬᠠᠭᠤᠷᠠᠢ ᠵᠠᠮ᠎ᠢᠶᠠᠷ ᠣᠩᠭᠤᠴᠠ ᠰᠡᠯᠢᠬᠦ᠌᠎ᠲᠠᠢ ᠠᠳᠠᠯᠢ᠎ᠪᠠᠷ ᠥᠴᠥᠬᠡᠨ ᠲᠡᠳᠦᠢ ᠴᠦ᠍ ᠲᠤᠰᠠ ᠪᠣᠯᠵᠤ ᠴᠢᠳᠠᠬᠤ ᠦᠭᠡᠢ》᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠡᠷᠬᠡᠪᠰᠢ ᠦᠳᠲᠡᠷ ᠲᠦᠷᠭᠡᠨ ᠬᠥᠳᠡᠯᠦᠯᠴᠡᠵᠦ᠍᠂ ᠮᠡᠳᠡᠯᠭᠡ᠎ᠪᠠᠷ ᠦᠢᠯᠡ ᠠᠵᠢᠯᠯᠠᠭ᠎ᠠ᠎ᠶ᠋ᠢ ᠠᠬᠢᠭᠤᠯᠵᠤ᠂ ᠦᠢᠯᠡ ᠠᠵᠢᠯᠯᠠᠭ᠎ᠠ᠎ᠪᠠᠷ ᠮᠡᠳᠡᠯᠭᠡ ᠪᠠᠨ ᠪᠤᠳᠠᠳᠠᠢᠵᠢᠭᠤᠯᠵᠤ᠂ ᠮᠡᠳᠡᠬᠦᠢ ᠪᠠ ᠬᠢᠬᠦᠢ᠎ᠶ᠋ᠢ ᠨᠢᠭᠡᠳᠭᠡᠬᠦ᠌ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠷᠢᠯᠢᠭ ᠵᠣᠬᠢᠶᠠᠨ ᠪᠠᠢᠭᠤᠯᠵᠤ᠂ ᠨᠢᠮᠪᠠᠢ ᠲᠤᠬᠢᠷᠠᠭᠤᠯᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠤᠨ ᠲᠠᠰᠤᠷᠠᠯᠳᠡ ᠦᠭᠡᠢ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠬᠡᠷᠡᠭ᠌ᠲᠡᠢ; ᠡᠯ᠎ᠡ ᠱᠠᠲᠤᠨ᠎ᠤ ᠤᠳᠤᠷᠢᠳᠭᠤ ᠺᠠᠳ᠋ᠷ ᠲᠦᠷᠦᠭᠦᠯᠡᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠂ ᠰᠤᠷᠤᠯᠴᠠᠨ ᠮᠡᠳᠡᠵᠦ ᠨᠡᠪᠳᠡᠷᠡᠳᠡᠯ᠎ᠠ ᠤᠢᠯᠠᠭᠠᠬᠤ ᠳᠡᠭᠡᠷ᠎ᠡ ᠦᠨᠡᠨ ᠬᠦ᠌ ᠬᠦᠴᠦ᠍ ᠲᠠᠯᠪᠢᠵᠤ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠤᠶᠠᠯᠳᠤᠭᠤᠯᠵᠤ᠂ ᠮᠡᠳᠡᠬᠦ ᠢᠲᠡᠭᠡᠬᠦ᠌ ᠬᠢᠬᠦ᠎ᠶ᠋ᠢ ᠨᠢᠭᠡᠳᠭᠡᠬᠦ᠌ ᠳᠡᠭᠡᠷ᠎ᠡ ᠦᠨᠡᠨ ᠶᠣᠰᠣ᠎ᠶ᠋ᠢ ᠢᠯᠡᠷᠡᠭᠦᠯᠬᠦ᠌ ᠬᠡᠷᠡᠭ᠌ᠲᠡᠢ᠃ ᠱᠢᠨ᠎ᠡ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠨ᠎ᠡ ᠠᠶᠠᠨ᠎ᠳᠤ ᠮᠣᠷᠳᠠᠬᠤ᠎ᠳᠤ᠂ ᠠᠯᠬᠤᠮ ᠪᠦᠷᠢ᠎ᠶ᠋ᠢ ᠪᠣᠳᠠᠲᠠᠢ ᠠᠳᠭᠤᠵᠤ᠂ ᠦᠨᠡᠨ ᠬᠦ᠌ ᠦᠷ᠎ᠡ ᠪᠦᠲᠦᠮᠵᠢ ᠭᠠᠷᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠣᠳᠠᠲᠠᠢ ᠠᠵᠢᠯ᠎ᠳᠠᠭᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠳᠡᠭᠡᠷ᠎ᠡ᠎ᠪᠠᠨ ᠢᠯᠡᠷᠡᠭᠦᠯᠵᠦ᠍᠂ ᠤᠬᠠᠮᠰᠠᠷ᠎ᠠᠴᠠ᠎ᠪᠠᠨ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ ᠪᠠᠨ ᠵᠢᠯᠣᠭᠤᠳᠤᠭᠤᠯᠪᠠᠯ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ ᠴᠢᠳᠠᠬᠤ᠎ᠨᠢ ᠯᠠᠪᠲᠠᠢ ᠶᠤᠮ᠃

ᠬᠠᠪᠤᠷ᠎ᠤᠨ ᠬᠤᠷ᠎ᠠ᠂ ᠨᠠᠮᠤᠷ᠎ᠤᠨ ᠬᠤᠷᠢᠶᠠᠯᠳᠠ᠃ ᠣᠳᠣᠬᠠᠨ᠎ᠳᠤ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠢᠳᠡ ᠬᠦᠭ ᠲᠠᠢ ᠶᠠᠪᠤᠭᠳᠠᠵᠤ ᠪᠠᠢᠨ᠎ᠠ᠂ ᠥᠷᠭᠡᠨ ᠠᠭᠤᠳᠠᠮ ᠤᠮᠠᠷᠠᠲᠤ ᠬᠢᠯᠢ᠎ᠶ᠋ᠢᠨ ᠡᠭᠡ ᠭᠠᠵᠠᠷ ᠳᠦ᠍ ᠠᠮᠢᠵᠢᠷᠠᠯ᠎ᠤᠨ ᠬᠦᠴᠦᠨ᠎ᠢᠶᠠᠷ ᠪᠢᠯᠬᠠᠨ᠎ᠠ ᠁ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ  ᠨᠡᠩ ᠨᠢᠭ᠍ᠲᠠᠷᠠᠨ ᠪᠦᠯᠬᠦᠮᠳᠡᠵᠦ᠍᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠮᠠᠭ᠍ᠲᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠢᠭᠠᠭ᠍ᠰᠠᠨ ᠴᠢᠭ᠌ᠯᠡᠯ᠎ᠢᠶᠠᠷ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ᠂ ᠤᠷᠳᠤ ᠬᠤᠭᠤᠴᠠᠭ᠎ᠠ᠎ᠪᠠᠷ ᠬᠠᠨᠴᠤᠢ ᠱᠢᠮᠠᠯᠠᠨ ᠴᠢᠷᠮᠠᠢᠨ ᠠᠵᠢᠯᠯᠠᠪᠠᠯ᠂ ᠪᠢᠳᠡ᠎ᠥᠪᠥᠷ ᠮᠣᠩᠭᠤᠯ᠎ᠤᠨ ᠡᠯ᠎ᠡ ᠵᠦᠢᠯ᠎ᠤᠨ ᠠᠵᠢᠯ᠎ᠢ ᠨᠡᠩ ᠰᠠᠢᠲᠤᠷ ᠬᠢᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠶ᠋ᠢ ᠤᠭ᠍ᠲᠤᠵᠤ ᠴᠢᠳᠠᠬᠤ ᠨᠢ ᠯᠠᠪᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号