ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ
ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠤᠷᠢᠶᠠᠨ ᠤ᠋
ᠳᠠᠷᠤᠭ᠎ᠠ ᠯᠢ ᠵᠠᠨ ᠱᠤ᠌
ᠲᠥᠯᠥᠭᠡᠯᠡᠭ᠌ᠴᠢᠳ ᠡ᠄
ᠤᠳᠤ ᠪᠢ ᠪᠦᠬᠦ᠌ ᠤᠯᠤᠰ᠎ᠤᠨ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠢᠳᠠᠯᠭ᠎ᠠ᠎ᠪᠠᠷ ᠶᠡᠭᠡ ᠬᠤᠷᠠᠯ᠎ᠳᠤ
ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠥᠩᠭᠡᠷᠡᠭ᠌ᠰᠡᠨ ᠨᠢᠭᠡ ᠵᠢᠯ᠎ᠤᠨ ᠠᠵᠢᠯ
2021ᠣᠨ ᠪᠣᠯ ᠨᠠᠮ ᠪᠣᠯᠣᠨ ᠣᠯᠣᠰ ᠤ᠋ᠨ
ᠲᠡᠦᠬᠡᠨ ᠳᠡᠭᠡᠷᠡᠬᠢ ᠪᠡᠯᠭᠡ ᠳᠡᠮᠳᠡᠭ᠎ᠤᠨ ᠠᠴᠢ ᠬᠤᠯᠪᠣᠭ᠍ᠳᠠᠯ᠎ᠲᠠᠢ
ᠨᠢᠭᠡ ᠵᠢᠯ ᠪᠣᠯᠤᠨ᠎ᠠ᠃ ᠮᠠᠨ᠎ᠤ ᠨᠠᠮ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ
ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠪᠡᠯᠭᠡᠯᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ
ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠢ ᠠᠮᠵᠢᠯᠲᠠ᠎ᠲᠠᠢ᠎ᠪᠠᠷ ᠬᠤᠷᠠᠯᠳᠤᠭᠤᠯᠵᠤ᠂ ᠨᠠᠮ᠎ᠤᠨ ᠵᠠᠭᠤᠨ ᠵᠢᠯ᠎ᠤᠨ
ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠱᠢᠯᠭ᠎ᠠ᠎ᠶ᠋ᠢ ᠳ᠋ᠦᠩᠨᠡᠵᠦ᠍᠂ ᠨᠠᠮ᠎ᠤᠨ
ᠭᠤᠷᠪᠠᠳᠤᠭᠠᠷ ᠲᠡᠤᠬᠡᠨ ᠱᠢᠢᠳᠪᠦᠷᠢ᠎ᠶ᠋ᠢ ᠲᠤᠭ᠍ᠳᠠᠭᠠᠪᠠ; ᠬᠤᠭᠤᠴᠠᠭ᠎ᠠ ᠶᠤᠰᠤᠭᠠᠷ ᠶᠠᠳᠠᠭᠤ᠎ᠠᠴᠠ ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭᠦ᠌
ᠳᠠᠢᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠭ᠌ᠰᠡᠨ᠂
ᠨᠢᠭᠡᠳᠦᠭᠡᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠦᠭ᠌ᠰᠡᠨ᠎ᠢ ᠵᠢᠩᠬᠢᠨᠢ᠎ᠪᠠᠷ ᠵᠠᠷᠯᠠᠵᠦ᠍᠂
ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠤᠶᠠᠳᠤᠭᠠᠷ
ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠵᠦᠭ ᠤᠷᠤᠭ᠍ᠰᠢᠯᠠᠬᠤ ᠱᠢᠨ᠎ᠠ ᠠᠶᠠᠨ ᠵᠠᠮ᠎ᠢ ᠡᠬᠢᠯᠡᠭᠦᠯᠪᠡ᠃ ᠰᠢ᠎ᠶ᠋ᠢᠨ
ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠠᠭᠤᠤ ᠶᠡᠭᠡ ᠲᠡᠤᠬᠡᠨ ᠰᠠᠨᠠᠭᠠᠴᠢᠯᠠᠭᠠᠲᠤ
ᠵᠣᠷᠢᠭ ᠰᠠᠨᠠᠭ᠎ᠠ᠂ ᠠᠤᠭ᠎ᠠ ᠶᠡᠭᠡ ᠤᠯᠤᠰ ᠲᠥᠷᠥ᠎ᠶ᠋ᠢᠨ ᠰᠥᠰᠥ᠍ ᠵᠣᠷᠢᠭ᠂ ᠡᠷᠡᠰ ᠴᠢᠩᠭ᠎ᠠ ᠡᠭᠦᠷᠭᠡ ᠬᠠᠷᠢᠭᠤᠴᠠᠯᠭᠠᠳᠤ
ᠰᠡᠳᠭᠢᠯᠭᠡ᠎ᠪᠠᠷ ᠵᠠᠭᠤᠨ ᠵᠢᠯ᠎ᠤᠨ ᠬᠤᠪᠢᠰᠤᠯᠳᠠ ᠪᠣᠯᠤᠨ ᠡᠷᠢᠨ ᠵᠠᠭᠤᠨ᠎ᠤ ᠬᠢᠵᠢᠭ᠎ᠢ ᠯᠠᠪᠳᠠᠭᠤᠨ᠎ᠢᠶᠠᠷ ᠠᠷᠭᠠᠴᠠᠵᠤ᠂
ᠨᠠᠮ ᠪᠣᠯᠤᠨ ᠤᠯᠤᠰ᠎ᠤᠨ ᠡᠯ᠎ᠡ ᠵᠦᠢᠯ᠎ᠤᠨ ᠠᠵᠢᠯ ᠦᠢᠯᠡᠰ᠎ᠢ ᠠᠬᠢᠭᠤᠯᠤᠭᠠᠳ ᠴᠢᠬᠤᠯᠠ ᠶᠡᠭᠡ ᠱᠢᠨ᠎ᠡ ᠠᠮᠵᠢᠯᠲᠠ
ᠪᠦᠲᠦᠮᠵᠢ ᠣᠯᠵᠦ᠍᠂ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠶ᠋ᠢ ᠤᠯᠠᠮ ᠨᠢᠭᠡ ᠠᠯᠬᠤᠮ
ᠢᠯᠡᠷᠡᠭᠦᠯᠵᠦ᠍᠂ ᠨᠠᠮ᠎ᠤᠨ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠨᠢᠭ᠍ᠲᠠᠷᠠᠭᠤᠯᠤᠭ᠍ᠰᠠᠨ
ᠰᠦᠷ ᠳᠠᠯᠠᠢᠴᠠᠳᠠᠢ ᠬᠦᠴᠦᠨ ᠴᠢᠳᠠᠯ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮᠳᠤ
ᠪᠠᠢᠭᠤᠯᠤᠯ᠎ᠤᠨ ᠯᠤᠲᠤ ᠶᠡᠭᠡ ᠳᠠᠪᠠᠭᠤᠯᠢᠭ ᠴᠢᠨᠠᠷ᠎ᠢ ᠢᠯᠡᠷᠡᠭᠦᠯᠵᠦ᠍᠂ ᠪᠢᠳᠠᠨ᠎ᠤ ᠨᠡᠩ ᠴᠤᠭ ᠵᠢᠪᠬᠤᠯᠠᠩᠲᠤ
ᠳᠦᠷᠢ ᠪᠠᠢᠳᠠᠯ᠎ᠢᠶᠠᠷ ᠱᠢᠨ᠎ᠡ ᠠᠶᠠᠨ ᠵᠠᠮ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠤ ᠭᠠᠪᠢᠶ᠎ᠠ
ᠪᠠᠢᠭᠤᠯᠬᠤ᠎ᠶ᠋ᠢ ᠤᠷᠮᠠᠱᠢᠭᠤᠯᠤᠨ ᠵᠤᠷᠢᠬ᠍ᠵᠢᠭᠤᠯᠪᠠ!
2021 ᠣᠨ᠎ᠨᠢ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠤᠯ᠎ᠤᠨ ᠲᠡᠤᠬᠡᠨ ᠳᠡᠭᠡᠷ᠎ᠡ ᠴᠦ᠍ ᠣᠨᠴᠠᠭᠠᠶ ᠴᠢᠬᠤᠯᠠ ᠠᠴᠢ ᠬᠤᠯᠪᠣᠭ᠍ᠳᠠᠯ᠎ᠲᠠᠢ ᠶᠤᠮ᠃
ᠨᠠᠮ᠎ᠤᠨ ᠲᠥᠪ ᠬᠤᠷᠢᠶ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ᠎ᠢ ᠠᠩᠬ᠎ᠠ
ᠤᠳᠠᠭ᠎ᠠ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ
ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢ ᠬᠥᠭ᠌ᠵᠢᠭᠦᠯᠬᠦ᠂ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠠᠯᠢ ᠤᠯᠠᠨ ᠴᠢᠬᠤᠯᠠ
ᠶᠡᠭᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠭᠦᠨᠵᠡᠭᠡᠶ ᠬᠠᠷᠢᠭᠤᠯᠲᠠ ᠥᠭ᠌ᠴᠦ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠤᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ
ᠴᠢᠬᠤᠯᠠ ᠶᠡᠭᠡ ᠪᠠᠢᠭᠤᠯᠤᠯ᠎ᠤᠨ ᠦᠷ᠎ᠡ ᠪᠦᠲᠦᠭᠡᠯ ᠪᠣᠯᠬᠤ᠎ᠶ᠋ᠢ ᠭᠦᠨᠵᠡᠭᠡᠶ ᠢᠯᠡᠷᠡᠭᠦᠯᠵᠦ᠍᠂ ᠪᠦᠬᠦ᠌ ᠶᠠᠪᠤᠴᠠ᠎ᠶ᠋ᠢᠨ
ᠠᠷᠠᠳ᠎ᠤᠨ ᠠᠷᠠᠳᠴᠢᠯᠠᠯ ᠭᠡᠬᠦ᠌ ᠡᠨᠡ ᠬᠦ᠌ ᠴᠢᠬᠤᠯᠠ ᠶᠡᠭᠡ ᠣᠢᠯᠠᠭᠠᠭ᠍ᠳᠠᠬᠤᠨ᠎ᠢ ᠱᠢᠰᠲ᠋ᠧᠮ᠎ᠲᠠᠢ ᠥᠭᠦᠯᠡᠵᠦ᠍᠂
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢᠨ ᠵᠢᠯᠣᠭᠤᠳᠭᠤ
ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ ᠪᠠ ᠭᠤᠤᠯ ᠡᠭᠦᠷᠭᠡ᠎ᠶ᠋ᠢ ᠲᠣᠳᠣᠷᠬᠠᠶ ᠳᠤᠷᠠᠳᠤᠨ ᠭᠠᠷᠭᠠᠪᠠ᠃ ᠨᠠᠮ᠎ᠤᠨ
ᠲᠥᠪ ᠬᠤᠷᠢᠶ᠎ᠠ ᠱᠢᠨ᠎ᠡ ᠴᠠᠭ ᠦᠶ᠎ᠡ᠎ᠳᠤ ᠠᠷᠠᠳᠤᠨᠲᠥᠯᠥᠭᠡᠯᠡᠭ᠌ᠴᠢᠳᠤᠨᠶᠡᠭᠡᠬᠤᠷᠠᠯᠤᠨᠪᠠᠢᠭᠤᠯᠤᠯᠢᠪᠠᠷᠢᠮᠲᠠᠯᠠᠨᠲᠡᠭᠦᠯᠳᠡᠷᠵᠢᠭᠦᠯᠬᠦ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠴᠢᠩᠭᠠᠳᠭᠠᠨ
ᠰᠠᠢᠵᠢᠷᠠᠭᠤᠯᠬᠤ ᠲᠤᠬᠠᠶ ᠰᠠᠨᠠᠯ᠎ᠢ ᠳᠠᠷᠤᠮᠠᠯᠯᠠᠨ ᠲᠠᠷᠬᠠᠭᠠᠪᠠ᠃ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ
ᠪᠠᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ᠎ᠶ᠋ᠢᠨ
ᠫᠢᠩ ᠤ᠋ᠨ ᠴᠢᠬᠤᠯᠠ ᠶᠠᠷᠢᠶ᠎ᠠ᠎ᠨᠢ ᠪᠢᠳᠡᠨ᠎ᠤ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂
ᠦᠨᠳᠦᠰᠦᠨ ᠵᠢᠷᠤᠮᠯᠠᠯ ᠬᠠᠩᠭᠠᠪᠡ᠃
ᠨᠢᠭᠡ ᠵᠢᠯ᠎ᠤᠨ ᠲᠤᠷᠰᠢ᠂ ᠰᠢ᠎ᠶ᠋ᠢᠨ
ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ
ᠬᠤᠷᠢᠶ᠎ᠠ᠎ᠶ᠋ᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ
ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠮᠦᠷᠳᠡᠨ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ
ᠲᠤᠬᠠᠶ ᠬᠦᠰᠡᠯ ᠡᠷᠡᠮᠡᠯᠵᠡᠯ᠎ᠲᠠᠢ ᠨᠢᠭ᠍ᠲᠠ ᠤᠶᠠᠯᠳᠤᠭᠤᠯᠤᠨ᠂ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ
ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠴᠡᠭᠡ᠎ᠲᠠᠢ ᠨᠢᠭ᠍ᠲᠠ ᠤᠶᠠᠯᠳᠤᠭᠤᠯᠵᠦ᠍᠂ ᠨᠡᠢᠭᠡᠮ
ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠵᠠᠮ᠎ᠳᠤ
ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠬᠠᠷᠢᠭᠤᠴᠠᠯᠭ᠎ᠠ ᠡᠭᠦᠷᠭᠡᠯᠡᠨ ᠲᠤᠱᠢᠶᠠᠯ᠎ᠢᠶᠠᠨ
ᠭᠦᠢᠴᠡᠳᠭᠡᠵᠦ᠍᠂ ᠭᠤᠣᠯᠳᠠᠭᠤ ᠳᠣᠣᠷᠠᠬᠢ ᠠᠵᠢᠯ᠎ᠤᠳ᠎ᠢ ᠬᠢᠪᠡ᠃
ᠨᠢᠭᠡ᠂ ᠦᠨᠳᠦᠰᠦᠨ ᠬᠠᠤᠯᠢᠯᠤᠭᠠ ᠬᠤᠯᠪᠣᠭ᠍ᠳᠠᠯ
ᠪᠦᠬᠦᠢ ᠬᠠᠤᠯᠢ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠦᠨᠳᠤᠰᠦᠨ ᠬᠠᠤᠯᠢ᠎ᠶ᠋ᠢᠨ ᠬᠠᠮᠤᠭ᠎ᠤᠨ ᠳᠡᠭᠡᠳᠦ
ᠬᠠᠤᠯᠢ ᠴᠠᠭᠠᠵᠠ᠎ᠶ᠋ᠢᠨ ᠪᠠᠢᠷᠢ ᠰᠠᠭᠤᠷᠢ᠂ ᠡᠷᠬᠡ ᠰᠦᠷ ᠪᠠ ᠬᠦᠴᠦᠨ᠎ᠢ ᠬᠠᠮᠠᠭᠠᠯᠠᠪᠠ
ᠦᠨᠳᠦᠰᠦᠨ ᠬᠠᠤᠯᠢ᠎ᠨᠢ ᠮᠠᠨ᠎ᠤ ᠨᠠᠮ᠎ᠤᠨ
ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡ᠎ᠶ᠋ᠢᠨ ᠲᠤᠷᠱᠢᠯᠭ᠎ᠠ᠎ᠶ᠋ᠢ
ᠠᠴᠢᠶᠠᠯᠠᠵᠤ᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ
ᠠᠷᠠᠳ ᠲᠦᠮᠡᠨ᠎ᠤ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢ ᠬᠠᠮᠲᠤ᠎ᠪᠠᠷ ᠪᠡᠶᠡᠯᠡᠭᠦᠯᠬᠦ᠌ ᠠᠭᠤᠤ ᠶᠡᠭᠡ ᠬᠦᠰᠡᠯ
ᠡᠷᠡᠮᠡᠯᠵᠡᠯ᠎ᠢ ᠠᠴᠢᠶᠠᠯᠠᠵᠤ ᠪᠠᠢᠨ᠎ᠠ᠃ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ
ᠠᠬᠢᠭᠤᠯᠬᠤ ᠪᠣᠯ ᠪᠠᠢᠩᠭᠤ᠎ᠶ᠋ᠢᠨ ᠬᠤᠷᠢᠶᠠᠨ᠎ᠤ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ
ᠪᠠ ᠢᠷᠠᠭᠤ ᠠᠯᠳᠠᠷᠲᠤ ᠡᠭᠦᠷᠭᠡ ᠮᠥᠨ᠃
ᠦᠨᠳᠦᠰᠦᠨ ᠬᠠᠤᠯᠢ᠎ᠶ᠋ᠢ ᠲᠤᠭᠤᠱᠢᠯᠠᠭᠤᠯᠤᠨ
ᠬᠡᠷᠡᠭ᠌ᠵᠢᠭᠦᠯᠬᠦ᠌᠎ᠳᠤ ᠦᠨᠳᠦᠰᠦᠨ ᠬᠠᠤᠯᠢᠯᠤᠭᠠ ᠬᠤᠯᠪᠣᠭ᠍ᠳᠠᠯ ᠪᠦᠬᠦᠢ ᠬᠠᠤᠯᠢ᠎ᠶ᠋ᠢ ᠲᠠᠰᠤᠷᠠᠯᠲᠠ ᠦᠭᠡᠢ
ᠲᠡᠭᠦᠯᠳᠡᠷᠵᠢᠭᠦᠯᠦᠨ ᠬᠥᠭ᠌ᠵᠢᠭᠦᠯᠬᠦ᠌ ᠴᠢᠬᠤᠯᠠᠲᠠᠶ ᠶᠤᠮ᠃ ᠬᠢᠨᠠᠨ ᠪᠠᠢᠴᠠᠭᠠᠬᠤ ᠲᠤᠱᠢᠶᠠᠯᠲᠠᠨ᠎ᠤ ᠬᠠᠤᠯᠢ᠎ᠶ᠋ᠢ
ᠲᠣᠭ᠍ᠲᠠᠭᠠᠵᠤ᠂ ᠬᠢᠨᠠᠨ ᠪᠠᠢᠴᠠᠭᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠤᠯᠤᠰ᠎ᠤᠨ
ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠥᠨᠳᠥᠷ ᠬᠡᠪ ᠴᠢᠨᠠᠷ ᠪᠦᠬᠦᠢ
ᠲᠤᠰᠭᠠᠢᠵᠢᠭ᠍ᠰᠠᠨ ᠬᠢᠨᠠᠨ ᠪᠠᠢᠴᠠᠭᠠᠬᠤ ᠲᠤᠱᠢᠶᠠᠯᠲᠠᠨ᠎ᠤ ᠡᠩᠨᠡᠭᠡ᠎ᠶ᠋ᠢ ᠪᠠᠢᠭᠤᠯᠪᠠ᠃ ᠳᠤᠮᠳᠠᠳᠤ ᠤᠯᠤᠰ᠎ᠤᠨ
ᠠᠷᠠᠳ᠎ᠤᠨ ᠴᠢᠯᠥᠭᠡᠯᠡᠬᠦ᠌ ᠴᠡᠷᠢᠭ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠ
ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠤᠬᠤ ᠠᠷᠭ᠎ᠠ᠎ᠳᠤ ᠵᠠᠰᠠᠪᠤᠷᠢ ᠣᠷᠣᠭᠤᠯᠵᠤ᠂ ᠴᠡᠷᠢᠭ ᠠᠩᠭᠢ᠎ᠶ᠋ᠢᠨ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠤᠬᠤ ᠳᠦᠷᠢᠮ᠎ᠢ ᠪᠦᠷᠢᠨᠱᠢᠭᠦᠯᠦᠨ
ᠲᠡᠭᠦᠯᠳᠡᠷᠵᠢᠭᠦᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠤᠷᠤᠨ ᠲᠤᠭ᠎ᠠ ᠪᠠ ᠰᠣᠩᠭᠤᠭᠤᠯᠢ᠎ᠶ᠋ᠢᠨ ᠠᠰᠠᠭᠤᠳᠠᠯ᠎ᠤᠨ ᠲᠤᠬᠠᠶ ᠲᠣᠭ᠍ᠲᠠᠭᠠᠯ᠎ᠤᠨ
ᠲᠥᠰᠦᠯ᠎ᠢ ᠲᠤᠭᠤᠷᠪᠢᠭ᠍ᠰᠠᠨ ᠪᠦᠭᠡᠳ ᠬᠢᠨᠠᠨ ᠶᠠᠷᠢᠯᠴᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠡᠷᠡᠭ ᠵᠥᠪᠯᠡᠬᠦ᠌ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ
ᠡᠬᠢᠯᠡᠭᠦᠯᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ
ᠬᠤᠷᠠᠯ᠎ᠤᠨ ᠲᠦᠷᠢᠮ ᠪᠠ ᠠᠵᠢᠯ᠎ᠤᠨ ᠵᠢᠷᠤᠮ᠎ᠢ ᠲᠡᠭᠦᠯᠳᠡᠷᠵᠢᠭᠦᠯᠵᠦ᠍᠂ ᠵᠠᠰᠠᠪᠤᠷᠢ ᠣᠷᠣᠭᠤᠯᠬᠤ ᠲᠥᠰᠦᠯ᠎ᠢ ᠪᠠᠢᠩᠭᠤ᠎ᠶ᠋ᠢᠨ
ᠬᠤᠷᠢᠶ᠎ᠠ ᠨᠢᠭᠡᠨᠲᠡ ᠠᠩᠬ᠎ᠠ ᠤᠳᠠᠭ᠎ᠠ ᠬᠢᠨᠠᠨ ᠶᠠᠷᠢᠯᠴᠠᠪᠠ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ
ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠲᠤᠭᠤᠷᠪᠢᠭ᠍ᠰᠠᠨ ᠪᠥᠭᠡᠳ ᠬᠤᠶᠠᠷ ᠤᠳᠠᠭ᠎ᠠ
ᠬᠢᠨᠠᠨ ᠶᠠᠷᠢᠯᠴᠠᠵᠤ᠂ ᠲᠤᠰ ᠤᠳᠠᠭᠠᠨ᠎ᠤ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠪᠠ᠂ ᠪᠦᠬᠦ᠌
ᠲᠥᠯᠥᠭᠡᠯᠡᠭ᠌ᠴᠢᠳ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ ᠡᠨᠡ ᠬᠦ᠌ ᠬᠠᠤᠯᠢ ᠴᠠᠭᠠᠵᠠ᠎ᠳᠤ ᠯᠠᠪᠲᠠᠶ ᠰᠠᠢᠲᠤᠷ
ᠵᠠᠰᠠᠪᠤᠷᠢ ᠣᠷᠣᠭᠤᠯᠵᠤ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠ ᠵᠠᠰᠠᠭ᠎ᠤᠨ
ᠣᠷᠳᠣᠨ᠎ᠤ ᠲᠤᠱᠢᠶᠠᠯ ᠬᠠᠷᠢᠭᠤᠴᠠᠯᠭ᠎ᠠ᠎ᠪᠠᠨ ᠨᠡᠩ ᠰᠠᠢᠨ ᠭᠦᠢᠴᠡᠳᠭᠡᠬᠦ᠌᠎ᠳᠤ ᠬᠠᠤᠯᠢ ᠴᠠᠭᠠᠵᠠ᠎ᠶ᠋ᠢᠨ ᠲᠤᠯᠭᠠᠭᠤᠷᠢᠯᠠᠯ
ᠬᠠᠩᠭᠠᠵᠤ ᠴᠢᠳᠠᠬᠤ ᠶᠤᠮ᠃
ᠦᠨᠳᠦᠰᠦᠨ ᠬᠠᠤᠯᠢ ᠪᠠ ᠵᠠᠰᠠᠭ ᠵᠠᠬᠢᠷᠭᠠᠨ᠎ᠤ
ᠣᠨᠴᠠᠭᠠᠢ ᠣᠷᠣᠨ᠎ᠤ ᠭᠤᠣᠯ ᠬᠠᠤᠯᠢ᠎ᠪᠠᠷ ᠰᠠᠭᠤᠷᠢ ᠪᠣᠯᠭᠠᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ
ᠬᠠᠤᠯᠢ᠎ᠳᠤ ᠡᠮᠬᠢ ᠵᠢᠷᠤᠮ ᠪᠠ ᠬᠠᠤᠯᠢ᠎ᠪᠠᠷ ᠵᠠᠰᠠᠬᠤ ᠡᠮᠬᠢ ᠵᠢᠷᠦᠮ᠎ᠢ ᠪᠦᠷᠢᠨᠱᠢᠭᠦᠯᠵᠦ᠍᠂ ᠲᠥᠪ᠎ᠤᠨ ᠪᠦᠬᠦ᠌
ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠳᠡᠭᠡᠳᠦ ᠬᠡᠮᠵᠢᠶ᠎ᠡ᠎ᠪᠠᠷ
ᠥᠪᠡᠷᠲᠡᠭᠡᠨ ᠵᠠᠰᠠᠬᠤ ᠡᠷᠬᠡ᠎ᠶ᠋ᠢ ᠨᠡᠩ ᠰᠠᠢᠨ ᠨᠠᠢᠳᠠᠪᠤᠷᠢᠵᠢᠭᠤᠯᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠤᠨ ᠬᠤᠯᠪᠣᠭ᠍ᠳᠠᠯ
ᠪᠦᠬᠦᠢ ᠲᠣᠭ᠍ᠲᠠᠭᠠᠯ᠎ᠢ ᠦᠨᠳᠦᠰᠦᠯᠡᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ
ᠣᠯᠭᠤᠭ᠍ᠰᠠᠨ ᠬᠠᠤᠯᠢ ᠲᠣᠭ᠍ᠲᠠᠭᠠᠬᠤ ᠡᠷᠬᠡ ᠲᠤᠱᠢᠶᠠᠯ᠎ᠢᠶᠠᠨ ᠬᠡᠷᠡᠭ᠌ᠵᠢᠭᠦᠯᠵᠦ᠍᠂ ᠱᠢᠶᠠᠩᠭᠠᠩ᠎ᠤᠨ ᠭᠤᠣᠯ ᠬᠠᠤᠯᠢ᠎ᠶ᠋ᠢᠨ
ᠳᠠᠭᠠᠯᠳᠤᠭᠤᠯᠤᠯ ᠨᠢᠭᠡ ᠪᠠ ᠳᠠᠭᠠᠯᠳᠤᠭᠤᠯᠤᠯ ᠬᠤᠶᠠᠷ᠎ᠢ ᠵᠠᠰᠠᠨ ᠲᠤᠭ᠍ᠳᠠᠭᠠᠵᠦ᠍᠂ ᠱᠢᠶᠠᠩᠭᠠᠩ᠎ᠤᠨ ᠵᠠᠰᠠᠭ ᠵᠠᠬᠢᠷᠭᠠᠨ᠎ᠤ
ᠣᠨᠴᠠᠭᠠᠶ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠎ᠶ᠋ᠢ ᠭᠠᠷᠭᠠᠬᠤ ᠠᠷᠭ᠎ᠠ᠂ ᠱᠢᠶᠠᠩᠭᠠᠩ᠎ᠤᠨ ᠵᠠᠰᠠᠭ ᠵᠠᠬᠢᠷᠭᠠᠨ᠎ᠤ
ᠣᠨᠴᠠᠭᠠᠶ ᠣᠷᠣᠨ᠎ᠤ ᠬᠠᠤᠯᠢ ᠲᠣᠭ᠍ᠲᠠᠭᠠᠬᠤ ᠬᠤᠷᠠᠯ᠎ᠢ ᠪᠠᠢᠭᠤᠯᠬᠤ ᠠᠷᠭ᠎ᠠ ᠪᠠ ᠪᠠᠲᠤᠯᠠᠬᠤ ᠵᠢᠷᠤᠮ᠎ᠢ ᠲᠡᠭᠦᠯᠳᠡᠷᠵᠢᠭᠦᠯᠪᠠ᠃
ᠡᠨᠡ ᠬᠤᠶᠠᠷ ᠳᠠᠭᠠᠯᠳᠤᠭᠤᠯᠤᠯ᠎ᠢ ᠵᠠᠰᠠᠵᠦ᠍ ᠲᠤᠭ᠍ᠳᠠᠭᠠᠭ᠍ᠰᠠᠨ᠎ᠨᠢ ᠡᠬᠡ ᠣᠷᠣᠨᠴᠢ ᠬᠥᠮᠦᠰ᠎ᠢᠶᠠᠷ ᠱᠢᠶᠠᠩᠭᠠᠩ᠎ᠢ
ᠵᠠᠰᠠᠭᠤᠯᠬᠤ ᠵᠠᠷᠴᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠱᠢᠶᠠᠩᠭᠠᠩ᠎ᠤᠨ ᠵᠠᠰᠠᠭ ᠵᠠᠬᠢᠷᠭᠠᠨ᠎ᠤ
ᠣᠨᠴᠠᠭᠠᠶ ᠤᠷᠤᠨ᠎ᠤ ᠰᠣᠩᠭᠤᠭᠤᠯᠢ᠎ᠶ᠋ᠢᠨ ᠵᠦᠪᠯᠡᠯ᠎ᠢ ᠲᠠᠬᠢᠨ ᠪᠠᠢᠭᠤᠯᠬᠤ ᠪᠥᠭᠡᠳ ᠡᠷᠬᠡ ᠣᠯᠭᠤᠬᠤ᠂ ᠬᠤᠯᠪᠣᠭ᠍ᠳᠠᠯ
ᠪᠦᠬᠦᠢ ᠵᠢᠱ᠌ᠢᠭ᠌ᠳᠡᠭ᠌ᠰᠡᠳ᠎ᠤᠨ ᠬᠢᠷᠢ ᠬᠡᠮ᠎ᠢ ᠬᠢᠨᠠᠨ ᠪᠠᠢᠴᠠᠭᠠᠬᠤ ᠲᠦᠷᠢᠮ᠎ᠢ ᠪᠠᠢᠭᠤᠯᠤᠨ ᠪᠦᠷᠢᠨᠱᠢᠭᠦᠯᠭᠦ᠌
ᠵᠡᠷᠭᠡ᠎ᠪᠠᠷ ᠳᠠᠮᠵᠢᠭᠤᠯᠤᠨ᠂ ᠱᠢᠶᠠᠩᠭᠠᠩ᠎ᠤᠨ ᠬᠠᠤᠯᠢ ᠴᠠᠭᠠᠵᠠ᠎ᠶ᠋ᠢᠨ ᠪᠠᠢᠷᠢ ᠰᠠᠭᠤᠷᠢ ᠪᠠ ᠪᠣᠳᠠᠲᠤ ᠪᠠᠢᠳᠠᠯ᠎ᠳᠤ
ᠨᠡᠢᠴᠡᠭ᠌ᠰᠡᠨ ᠠᠷᠠᠳᠴᠢᠯᠠᠭ᠍ᠰᠠᠨ ᠰᠣᠩᠭᠤᠭᠤᠯᠢ᠎ᠶ᠋ᠢᠨ ᠪᠦᠷᠢᠨ ᠲᠦᠭᠦᠷ ᠲᠦᠷᠢᠮ᠎ᠢ ᠪᠤᠢ ᠪᠣᠯᠭᠠᠪᠠ᠃ ᠱᠢᠨ᠎ᠡ ᠰᠣᠩᠭᠤᠭᠤᠯᠢ᠎ᠶ᠋ᠢᠨ
ᠳᠦᠷᠢᠮ᠎ᠨᠢ ᠡᠭᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ᠎ᠶ᠋ᠢ ᠯᠠᠪᠳᠠᠭᠤᠨ ᠲᠣᠭ᠍ᠲᠠᠭᠤᠨ᠎ᠢᠶᠠᠷ
ᠨᠠᠢᠳᠠᠪᠤᠷᠢᠵᠢᠭᠤᠯᠵᠦ᠍᠂ ᠤᠯᠤᠰ ᠲᠦᠷᠦ᠍᠎ᠶ᠋ᠢᠨ ᠲᠠᠯ᠎ᠠ᠎ᠠᠴᠠ᠂ ᠪᠠᠢᠭᠤᠯᠤᠯ᠎ᠤᠨ ᠲᠠᠯ᠎ᠠ᠎ᠡᠴᠡ ᠱᠢᠶᠠᠩᠭᠠᠩ᠎ᠤᠨ
ᠦᠨᠳᠦᠰᠦᠨ ᠬᠠᠤᠯᠢ ᠪᠠ ᠭᠤᠤᠯ ᠬᠠᠤᠯᠢ᠎ᠪᠠᠷ ᠰᠠᠭᠤᠷᠢ ᠪᠣᠯᠭᠠᠭ᠍ᠰᠠᠨ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠶ᠋ᠢ ᠦᠨᠡᠨ ᠬᠦ᠌ ᠨᠠᠢᠳᠠᠪᠤᠷᠢᠵᠢᠭᠤᠯᠬᠤ ᠰᠠᠢᠨ ᠲᠦᠷᠦ᠍᠎ᠶ᠋ᠢᠨ ᠪᠤᠳᠤᠯᠭ᠎ᠠ
ᠴᠢᠳᠠᠮᠠᠭᠠᠶ ᠵᠠᠰᠠᠯᠲᠠ᠎ᠶ᠋ᠢ ᠪᠤᠢ ᠪᠤᠯᠭᠠᠬᠤ᠎ᠶ᠋ᠢ ᠦᠨᠳᠦᠰᠦᠨ ᠴᠢᠨᠡᠷᠳᠡᠢ᠎ᠪᠠᠷ ᠠᠬᠢᠭᠤᠯᠵᠤ᠂ ᠱᠢᠶᠠᠩᠭᠠᠩ᠎ᠤᠨ
ᠤᠷᠳᠤ ᠬᠤᠭᠤᠴᠠᠭᠠᠨ᠎ᠤ ᠴᠡᠴᠡᠭ᠌ᠯᠡᠯ ᠬᠥᠭ᠌ᠵᠢᠯ ᠲᠣᠭ᠍ᠲᠠᠭᠤᠨ ᠪᠠᠢᠳᠠᠯ᠎ᠢ ᠳᠡᠮᠵᠢᠨ ᠪᠠᠲᠤᠯᠠᠬᠤ᠎ᠶ᠋ᠢᠨ ᠬᠠᠮᠲᠤ
ᠤᠯᠤᠰ ᠣᠷᠣᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠠᠭᠤᠰᠤᠯᠴᠠᠨ ᠤᠷᠤᠬᠤ ᠴᠣ ᠱᠢᠨ᠎ᠡ ᠪᠠᠢᠳᠠᠯ᠎ᠢ ᠤᠭ᠍ᠲᠤᠨ
ᠠᠪᠴᠢᠷᠠᠪᠠ᠃ ᠱᠢᠶᠠᠩᠭᠠᠩ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠤᠬᠤ ᠬᠤᠶᠠᠷ
ᠠᠷᠭ᠎ᠠ᠎ᠶ᠋ᠢᠨ ᠲᠥᠰᠦᠯ᠎ᠢ ᠲᠤᠭᠤᠷᠪᠢᠭ᠍ᠰᠠᠨ ᠪᠦᠭᠡᠳ ᠬᠢᠨᠠᠨ ᠶᠠᠷᠢᠯᠴᠠᠵᠦ᠂ ᠲᠤᠰ ᠤᠳᠠᠭᠠᠨ᠎ᠤ ᠶᠡᠭᠡ ᠬᠤᠷᠠᠯ᠎ᠳᠤ
ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠪᠡ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠨᠢ ᠦᠨᠳᠦᠰᠦᠨ ᠬᠠᠤᠯᠢᠶ᠋ᠢᠲᠠᠢᠯᠪᠤᠷᠢᠯᠠᠬᠤ᠂ᠦᠨᠳᠦᠰᠦᠨ ᠬᠠᠤᠯᠢ᠎ᠶ᠋ᠢᠨ
ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ ᠡᠷᠬᠡ ᠲᠤᠱᠢᠶᠠᠯ᠎ᠢ ᠬᠡᠷᠡᠭ᠌ᠵᠢᠭᠦᠯᠦᠨ᠎ᠡ ᠭᠡᠵᠦ᠍ ᠦᠨᠳᠦᠰᠦᠨ
ᠬᠠᠤᠯᠢ᠎ᠳᠤ ᠲᠣᠭ᠍ᠲᠠᠭᠠᠵᠠᠢ᠃ ᠬᠥᠮᠦᠨ ᠠᠮᠠ ᠪᠠ ᠲᠥᠯᠥᠪᠯᠡᠭᠡᠲᠦ ᠦᠷᠡᠵᠢᠯ᠎ᠤᠨ ᠬᠠᠤᠯᠢ᠂ ᠬᠢᠨᠠᠨ ᠪᠣᠳᠣᠬᠤ ᠬᠠᠤᠯᠢ
ᠵᠡᠷᠭᠡ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠶᠠᠪᠤᠴᠠ ᠳᠤᠮᠳᠠ ᠦᠨᠳᠦᠰᠦᠨ ᠬᠠᠤᠯᠢ᠎ᠳᠤ ᠨᠡᠢᠴᠡᠬᠦ᠌ ᠡᠰᠡᠭᠦ᠎ᠶ᠋ᠢ
ᠬᠢᠨᠠᠨ ᠪᠠᠢᠴᠠᠭᠠᠵᠦ᠍ ᠰᠤᠳᠤᠯᠵᠦ᠍᠂ ᠦᠨᠳᠦᠰᠦᠨ ᠬᠠᠤᠯᠢ᠎ᠶ᠋ᠢᠨ ᠲᠦᠷᠢᠮ᠎ᠤᠨ ᠠᠭᠤᠯᠤᠭ᠍ᠳᠠᠬᠤᠨ ᠪᠠ ᠵᠣᠷᠢᠭ ᠰᠠᠨᠠᠭ᠎ᠠ᠎ᠶ᠋ᠢ
ᠲᠣᠳᠣᠷᠬᠠᠢᠯᠠᠨ ᠲᠠᠢᠯᠪᠤᠷᠢᠯᠠᠵᠤ᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠶ
ᠬᠠᠷᠢᠭᠤ ᠥᠭ᠌ᠪᠡ᠃ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ 16 ᠬᠤᠪᠢ᠂ ᠬᠢᠨᠠᠨ ᠪᠠᠢᠴᠠᠭᠠᠬᠤ ᠬᠠᠤᠯᠢ ᠲᠣᠭ᠍ᠲᠠᠭᠠᠯ
1ᠬᠤᠪᠢ᠂ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ 1467 ᠬᠤᠪᠢ᠂ ᠥᠪᠡᠷᠲᠡᠭᠡᠨ ᠵᠠᠰᠠᠬᠤ ᠲᠦᠷᠢᠮ
ᠪᠠ ᠲᠤᠰᠭᠠᠶ ᠲᠦᠷᠢᠮ 87ᠬᠤᠪᠢ᠂ ᠠᠵᠤ ᠠᠬᠤᠶ᠎ᠶ᠋ᠢᠨ ᠣᠨᠴᠠᠭᠠᠶ ᠣᠷᠣᠨ᠎ᠤ ᠬᠠᠤᠯᠢ ᠲᠣᠭ᠍ᠲᠠᠭᠠᠯ 40 ᠬᠤᠪᠢ᠂ ᠬᠠᠤᠯᠢ
ᠪᠠᠷᠢᠬᠤ ᠲᠠᠢᠯᠪᠤᠷᠢᠯᠠᠯᠲᠠ 251 ᠬᠤᠪᠢ᠂ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠬᠠᠤᠯᠢ
ᠴᠠᠭᠠᠵᠠ 42 ᠬᠤᠪᠢ᠂ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠬᠠᠤᠯᠢ ᠴᠠᠭᠠᠵᠠ 17 ᠬᠤᠪᠢ ᠶ᠋ᠢ
ᠬᠠᠣᠯᠢ ᠶᠣᠰᠣᠭᠠᠷ ᠢᠳᠡᠪᠬᠢᠳᠡᠢ ᠬᠢᠨᠠᠨ ᠪᠠᠢᠴᠠᠭᠠᠪᠠ; ᠠᠷᠠᠳ ᠢᠷᠭᠡᠨ᠂ ᠵᠣᠬᠢᠶᠠᠨ ᠪᠠᠢᠭᠤᠯᠤᠯᠲᠠ᠎ᠶ᠋ᠢᠨ ᠳᠤᠷᠠᠳᠤᠭ᠍ᠰᠠᠨ 6339 ᠬᠤᠪᠢ ᠬᠢᠨᠠᠨ
ᠪᠠᠢᠴᠠᠭᠠᠭ᠍ᠰᠠᠨ ᠰᠠᠨᠠᠭᠤᠯᠭ᠎ᠠ᠎ᠶ᠋ᠢ ᠰᠤᠳᠤᠯᠤᠨ ᠱᠢᠢᠳᠪᠦᠷᠢᠯᠡᠪᠠ; ᠬᠤᠯᠪᠣᠭ᠍ᠳᠠᠯ
ᠪᠦᠬᠦᠢ ᠰᠠᠯᠠᠭ᠎ᠠ ᠮᠥᠴᠢᠷ᠎ᠤᠨ ᠱᠢᠯᠵᠢᠭᠦᠯᠦᠨ ᠬᠦᠷᠭᠡᠭ᠌ᠰᠡᠨ141ᠬᠤᠪᠢ ᠬᠢᠨᠠᠨ ᠪᠠᠢᠴᠠᠭᠠᠬᠤ ᠠᠵᠢᠯ᠎ᠤᠨ ᠰᠠᠨᠠᠭᠤᠯᠭ᠎ᠠ᠎ᠶ᠋ᠢ
ᠬᠢᠨᠠᠨ ᠪᠠᠢᠴᠠᠭᠠᠵᠤ ᠰᠤᠳᠤᠯᠪᠠ; ᠬᠥᠬᠡᠮᠥ᠋ᠷᠡᠨ᠎ᠤ ᠬᠠᠮᠠᠭᠠᠯᠠᠯᠲᠠ᠂
ᠵᠠᠰᠠᠭ ᠵᠠᠬᠢᠷᠭᠠᠨ᠎ᠤ ᠱᠢᠢᠳᠭᠡᠯ᠂ ᠬᠥᠮᠦᠨ ᠠᠮᠠ ᠪᠠ ᠲᠥᠯᠥᠪᠯᠡᠭᠡᠲᠦ ᠦᠷᠡᠵᠢᠯ ᠵᠡᠷᠭᠡ 3 ᠲᠠᠯ᠎ᠠ᠎ᠶ᠋ᠢᠨ ᠬᠠᠤᠯᠢ ᠲᠣᠭ᠍ᠲᠠᠭᠠᠯ᠂ ᠳᠦᠷᠢᠮ ᠲᠣᠭ᠍ᠲᠠᠭᠠᠯ᠂
ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠡᠮᠬᠢᠯᠡᠨ ᠳᠢᠭ᠌ᠯᠡᠵᠦ᠍᠂ ᠲᠤᠰᠭᠠᠶ ᠵᠦᠢᠯ᠎ᠤᠨ
ᠬᠢᠨᠠᠨ ᠪᠠᠢᠴᠠᠭᠠᠯᠲᠠ᠎ᠶ᠋ᠢ ᠭᠤᠤᠯᠳᠠᠯᠭ᠎ᠠ᠎ᠲᠠᠢ ᠥᠷᠨᠢᠭᠦᠯᠵᠦ᠍᠂ ᠲᠤᠭ᠍ᠳᠠᠭᠠᠬᠤ ᠪᠠᠢᠭᠤᠯᠭ᠎ᠠ᠎ᠶ᠋ᠢᠨ ᠨᠡᠢᠳᠡ1069
ᠬᠤᠪᠢ ᠬᠠᠤᠯᠢ ᠲᠤᠭ᠍ᠳᠠᠭᠠᠯ ᠪᠠ ᠬᠠᠤᠯᠢ ᠪᠠᠷᠢᠬᠤ ᠲᠠᠢᠯᠪᠤᠷᠢᠯᠠᠯᠳᠠ᠎ᠳᠤ ᠵᠠᠰᠠᠪᠤᠷᠢ ᠤᠷᠤᠭᠤᠯᠬᠤ᠂ ᠬᠦᠴᠦᠨ ᠦᠭᠡᠢ
ᠪᠣᠯᠭᠠᠬᠤ᠎ᠶ᠋ᠢ ᠠᠬᠢᠭᠤᠯᠪᠠ᠃ ᠲᠣᠭᠤᠷᠢᠭ ᠪᠠᠢᠭᠤᠯᠤᠭ᠍ᠰᠠᠨ ᠬᠤᠲᠠ᠎ᠶ᠋ᠢᠨ ᠣᠷᠣᠨ ᠨᠤᠲᠤᠭ᠎ᠤᠨ ᠬᠠᠤᠯᠢ ᠲᠣᠭ᠍ᠲᠠᠭᠠᠬᠤ
ᠠᠵᠢᠯ᠎ᠢ ᠲᠤᠰᠭᠠᠶ ᠰᠡᠳᠦᠪ᠎ᠢᠶᠠᠷ ᠪᠠᠢᠴᠠᠭᠠᠨ ᠰᠤᠳᠤᠯᠪᠠ᠃ ᠲᠣᠭᠤᠷᠢᠭ ᠪᠠᠢᠭᠤᠯᠤᠭ᠍ᠰᠠᠨ ᠬᠤᠲᠠ᠂ ᠥᠪᠡᠷᠲᠡᠭᠡᠨ
ᠵᠠᠰᠠᠬᠤ ᠵᠧᠤ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢᠨ
ᠳᠠᠩᠰᠠᠯᠠᠵᠦ᠍ ᠬᠢᠨᠠᠨ ᠪᠠᠢᠴᠠᠭᠠᠬᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ ᠳᠦᠷᠢᠮ᠎ᠢ
ᠨᠡᠢᠳᠡᠮ ᠪᠠᠢᠭᠤᠯᠬᠤ᠎ᠶ᠋ᠢ ᠠᠬᠢᠭᠤᠯᠵᠤ᠂ ᠬᠡᠰᠡᠭ ᠮᠣᠵᠢ( ᠣᠷᠣᠨ᠂ ᠬᠤᠲᠠ ) ᠶ᠋ᠢᠨ ᠬᠠᠤᠯᠢ ᠲᠣᠭ᠍ᠲᠠᠭᠠᠯ
ᠳᠦᠷᠢᠮ ᠲᠣᠭ᠍ᠲᠠᠭᠠᠯ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ ᠪᠠᠢᠭᠤᠯᠬᠤ᠎ᠶ᠋ᠢ
ᠳᠠᠮᠵᠢᠪᠡ᠃ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠭᠡᠷᠡᠭ᠌ᠵᠢᠭᠦᠯᠦᠯᠳᠡᠳᠤ ᠨᠡᠩ ᠰᠠᠢᠨ ᠬᠢᠨᠡᠯᠳᠡ
ᠳᠠᠯᠪᠢᠬᠤ᠎ᠶ᠋ᠢᠨ ᠲᠦᠯᠦᠭᠡ᠂ ᠳᠠᠩᠰᠠᠯᠠᠵᠤ ᠬᠢᠨᠠᠨ ᠪᠠᠢᠴᠠᠭᠠᠬᠤ᠎ᠶ᠋ᠢ ᠵᠣᠯᠭᠠᠯᠳᠤᠭᠤᠯᠤᠨ ᠬᠤᠯᠪᠤᠯᠳᠤᠭᠤᠯᠬᠤ ᠠᠵᠢᠯ᠎ᠤᠨ
ᠲᠣᠭ᠍ᠲᠠᠭᠠᠯ᠎ᠢ ᠲᠣᠭ᠍ᠲᠠᠭᠠᠵᠤ᠂ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠤᠨ ᠳᠦᠷᠢᠮ᠎ᠢ ᠵᠠᠰᠠᠨ ᠲᠤᠭ᠍ᠳᠠᠭᠠᠵᠦ᠍᠂
ᠳᠠᠩᠰᠠᠯᠠᠵᠤ ᠬᠢᠨᠠᠨ ᠪᠠᠢᠴᠠᠭᠠᠬᠤ ᠲᠤᠰᠭᠠᠶ ᠮᠡᠷᠭᠡᠵᠢᠯᠲᠡᠨ᠎ᠤ ᠵᠦᠪᠯᠡᠯ᠎ᠢ ᠪᠠᠢᠭᠤᠯᠵᠦ᠍᠂ 《ᠳᠠᠩᠰᠠᠯᠠᠬᠤ ᠵᠦᠢᠯ ᠪᠠᠢᠪᠠᠯ ᠵᠠᠪᠠᠯ ᠳᠠᠩᠰᠠᠯᠠᠬᠤ᠂
ᠳᠠᠩᠰᠠᠯᠠᠪᠠᠯ ᠵᠠᠪᠠᠯ ᠬᠢᠨᠠᠨ ᠪᠠᠢᠴᠠᠭᠠᠬᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ》 ᠵᠠᠷᠴᠢᠮᠶᠣᠰᠣᠭᠠᠷ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ
ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠵᠠᠯᠠᠷᠠᠭᠤᠯᠵᠤ᠂ ᠤᠯᠤᠰ᠎ᠤᠨ ᠬᠠᠤᠯᠢ᠎ᠪᠠᠷ ᠵᠠᠰᠠᠬᠤ ᠨᠢᠭᠡᠳᠦᠯ᠎ᠢ ᠬᠠᠮᠠᠭᠠᠯᠠᠪᠠ᠃
ᠦᠨᠳᠦᠰᠦᠨ ᠬᠠᠤᠯᠢ᠎ᠶ᠋ᠢᠨ ᠤᠬᠠᠭᠤᠯᠭ᠎ᠠ
ᠬᠥᠮᠦᠵᠢᠯ᠎ᠢ ᠭᠦᠨᠵᠡᠭᠡᠶ ᠥᠷᠨᠢᠭᠦᠯᠪᠠ᠃ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠳᠦᠷᠢᠮ᠎ᠢ ᠨᠠᠢᠳᠠᠪᠤᠷᠢᠵᠢᠭᠤᠯᠵᠦ᠍᠂
ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ᠎ᠢ 5᠎ᠤᠳᠠᠭ᠎ᠠ ᠵᠣᠬᠢᠶᠠᠨ ᠪᠠᠢᠭᠤᠯᠵᠤ᠂ ᠪᠠᠢᠩᠭᠤ᠎ᠶ᠋ᠢᠨ ᠬᠤᠷᠢᠶᠠᠨ᠎ᠤ ᠲᠤᠱᠢᠶᠠᠯ᠎ᠳᠤ ᠲᠣᠮᠢᠯᠠᠭ᠍ᠰᠠᠨ ᠪᠤᠶᠤ
ᠲᠤᠱᠢᠶᠠᠯ᠎ᠳᠤ ᠲᠣᠮᠢᠯᠠᠬᠤ᠎ᠪᠠᠷ ᠲᠣᠭ᠍ᠲᠠᠭᠠᠭ᠍ᠰᠠᠨ 22 ᠬᠥᠮᠦᠨ ᠲᠠᠩᠭᠠᠷᠢᠭ᠍ᠯᠠᠵᠤ᠂ ᠲᠦᠷᠦ᠍᠎ᠶ᠋ᠢᠨ ᠠᠵᠢᠯᠳᠠᠨ᠎ᠤ
ᠦᠨᠳᠦᠰᠦᠨ ᠬᠠᠤᠯᠢ᠎ᠶ᠋ᠢᠨ ᠤᠬᠠᠮᠰᠠᠷ᠂ ᠦᠨᠳᠦᠰᠦᠨ ᠬᠠᠤᠯᠢ᠎ᠶ᠋ᠢᠨ ᠣᠢᠯᠠᠭᠠᠭ᠍ᠳᠠᠬᠤᠨ᠎ᠢ ᠴᠢᠩᠭᠠᠳᠭᠠᠪᠠ᠃ 《ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ
ᠲᠤᠭᠤᠱᠢᠯᠠᠭᠤᠯᠤᠨ ᠬᠡᠷᠡᠭ᠌ᠵᠢᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌》
ᠪᠠᠷ ᠭᠤᠣᠯ ᠰᠡᠳᠦᠪ ᠪᠣᠯᠭᠠᠵᠤ᠂ ᠨᠠᠢ᠍ᠮᠠᠳᠠᠬᠢ ᠤᠳᠠᠭᠠᠨ᠎ᠤ ᠤᠯᠤᠰ᠎ᠤᠨ ᠦᠨᠳᠦᠰᠦᠨ
ᠬᠠᠤᠯᠢ᠎ᠶ᠋ᠢᠨ ᠡᠳᠦᠷ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠮᠠᠨ᠎ᠤ ᠤᠯᠤᠰ᠎ᠤᠨ ᠦᠨᠳᠦᠰᠦᠨ ᠬᠠᠤᠯᠢ᠎ᠶ᠋ᠢᠨ
ᠢᠯᠡ ᠲᠣᠳᠣ ᠣᠨᠴᠠᠯᠢᠭ᠂ ᠮᠥᠨ ᠴᠢᠨᠠᠷ᠎ᠤᠨ ᠤᠨᠴᠠᠯᠢᠭ ᠱᠢᠨᠵᠢ ᠪᠠ ᠯᠤᠲᠤ ᠶᠡᠭᠡ ᠦᠢᠯᠡᠳᠦᠯ ᠴᠢᠳᠠᠪᠤᠷᠢ᠎ᠶ᠋ᠢ ᠨᠡᠢᠭᠡᠮ
ᠳᠠᠶᠠᠭᠠᠷ᠎ᠢᠶᠠᠨ ᠭᠦᠨᠵᠡᠭᠡᠶ ᠲᠠᠨᠢᠬᠤ᠎ᠶ᠋ᠢ ᠠᠬᠢᠭᠤᠯᠪᠠ᠃
ᠬᠤᠶᠠᠷ᠂ ᠨᠠᠮ ᠪᠠ ᠤᠯᠤᠰ᠎ᠤᠨ ᠠᠵᠢᠯ᠎ᠤᠨ
ᠶᠡᠭᠡ ᠲᠠᠯ᠎ᠠ᠎ᠲᠠᠢ ᠤᠶᠠᠯᠳᠤᠭᠤᠯᠤᠨ᠂ ᠬᠠᠤᠯᠢ ᠲᠣᠭ᠍ᠲᠠᠭᠠᠬᠤ ᠪᠠ ᠬᠠᠤᠯᠢ᠎ᠳᠤ ᠵᠠᠰᠠᠪᠤᠷᠢ ᠤᠷᠤᠭᠤᠯᠬᠤ ᠠᠯᠬᠤᠴᠠ᠎ᠪᠠᠨ
ᠲᠦᠷᠭᠡᠳᠭᠡᠵᠦ᠍᠂ ᠨᠡᠢᠭᠡᠮ ᠵᠢᠷᠦᠮᠳᠤ ᠤᠳᠤᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ
ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠨᠭ᠌ᠭᠠᠪᠠ
ᠨᠡᠢᠭᠡᠮ ᠵᠢᠷᠤᠮᠳᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢᠵᠤ᠂
ᠡᠯ᠎ᠡ ᠬᠦᠷᠢᠶᠡᠨ᠎ᠳᠠᠬᠢ ᠬᠠᠤᠯᠢ ᠲᠣᠭ᠍ᠲᠠᠭᠠᠬᠤ ᠬᠡᠷᠡᠭ᠌ᠴᠡᠭᠡ ᠤᠯᠠᠨ᠂ ᠱᠠᠭᠠᠷᠳᠠᠯᠭ᠎ᠠ ᠥᠨᠳᠥᠷ ᠪᠠᠢᠨ᠎ᠠ᠃ ᠪᠠᠢᠩᠭᠤ᠎ᠶ᠋ᠢᠨ
ᠬᠤᠷᠢᠶ᠎ᠠ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂
ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠦ᠍᠂ ᠴᠢᠨᠠᠷ ᠴᠢᠨᠰᠠᠭ᠎ᠠ᠎ᠶ᠋ᠢ ᠦᠨᠡᠨ ᠭᠦ᠌ ᠪᠠᠲᠤᠯᠠᠭ᠍ᠰᠠᠨ
ᠤᠷᠢᠲᠠᠯ ᠳᠣᠤᠷ᠎ᠠ ᠬᠠᠤᠯᠢ ᠲᠣᠭ᠍ᠲᠠᠭᠠᠬᠤ ᠠᠵᠢᠯ᠎ᠤᠨ ᠠᠯᠬᠤᠴᠠ᠎ᠪᠠᠨ ᠲᠦᠷᠭᠡᠳᠭᠡᠪᠠ᠃
ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ
ᠰᠠᠭᠤᠷᠢᠯᠠᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ
ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠳᠠ᠎ᠪᠠᠷ ᠴᠢᠨᠠᠷ ᠰᠠᠢᠲᠠᠶ ᠬᠥᠭ᠌ᠵᠢᠯᠲᠡ᠎ᠳᠤ
ᠦᠢᠯᠡᠴᠢᠯᠡᠬᠦ᠌ ᠪᠣᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠤᠯ ᠠᠵᠢᠯ᠎ᠲᠠᠢ ᠤᠶᠠᠯᠳᠤᠭᠤᠯᠤᠨ᠂
ᠶᠡᠭᠡ ᠲᠠᠯ᠎ᠠ᠎ᠳᠤ ᠦᠢᠯᠡᠴᠢᠯᠡᠬᠦ᠌᠎ᠶ᠋ᠢᠨ ᠴᠢᠬᠤᠯᠠ ᠢᠯᠡᠷᠡᠯ ᠮᠥᠨ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ
ᠠᠬᠢᠭᠤᠯᠬᠤ ᠬᠠᠤᠯᠢ᠎ᠶ᠋ᠢ ᠲᠣᠭ᠍ᠲᠠᠭᠠᠵᠤ᠂ ᠦᠷ᠎ᠡ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠮᠠᠯ ᠠᠵᠦ᠍ ᠠᠬᠤᠢ᠎ᠶ᠋ᠢᠨ
ᠬᠠᠤᠯᠢ᠎ᠶ᠋ᠢᠨ ᠵᠠᠰᠠᠨ ᠲᠤᠭ᠍ᠳᠠᠭᠠᠬᠤ ᠲᠦᠰᠦᠯ᠎ᠢ ᠲᠤᠭᠤᠷᠪᠢᠭ᠍ᠰᠠᠨ ᠪᠦᠭᠡᠳ ᠠᠩᠬ᠎ᠠ ᠤᠳᠠᠭ᠎ᠠ ᠬᠢᠨᠠᠨ ᠶᠠᠷᠢᠯᠴᠠᠵᠦ᠍᠂
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳᠦᠷᠢᠮ ᠠᠷᠭ᠎ᠠ ᠬᠡᠮᠵᠢᠶ᠎ᠡ ᠪᠠ ᠪᠠᠢᠭᠤᠯᠤᠯ ᠲᠣᠭ᠍ᠲᠠᠴᠠ᠎ᠶ᠋ᠢ
ᠪᠦᠷᠢᠨᠱᠢᠭᠦᠯᠵᠦ᠍᠂ ᠦᠷ᠎ᠡ᠎ᠶ᠋ᠢᠨ ᠦᠢᠯᠡᠰ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ
ᠬᠠᠮᠠᠭᠠᠯᠠᠬᠤ ᠡᠷᠴᠢᠮ᠎ᠢ ᠴᠢᠩᠭᠠᠷᠠᠭᠤᠯᠪᠡ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠳᠠᠪᠱᠢᠯᠲᠠ᠎ᠶ᠋ᠢᠨ ᠬᠠᠤᠯᠢ᠎ᠶ᠋ᠢ
ᠵᠠᠰᠠᠨ ᠲᠤᠭ᠍ᠳᠠᠭᠠᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢᠨ ᠪᠠᠢᠯᠳᠤᠬᠤ
ᠪᠣᠳᠣᠯᠭ᠎ᠠ᠎ᠶ᠋ᠢᠨ ᠪᠠᠢᠷᠢ ᠰᠠᠭᠤᠷᠢ᠎ᠶ᠋ᠢ ᠳᠣᠪᠤᠢᠯᠭᠠᠨ᠂ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂
ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠡᠶ᠎ᠡ᠎ᠪᠠᠨ ᠳᠠᠭᠠᠭᠠᠨ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠶ᠋ᠢ
ᠠᠬᠢᠭᠤᠯᠪᠠ᠃ ᠮᠣᠨᠣᠫᠣᠯᠢᠴᠢᠯᠠᠯ᠎ᠢ ᠡᠰᠡᠷᠭᠦᠴᠡᠬᠦ᠌ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠠᠩᠬ᠎ᠠ ᠤᠳᠠᠭ᠎ᠠ
ᠬᠢᠨᠠᠨ ᠶᠠᠷᠢᠯᠴᠠᠵᠤ᠂ ᠬᠤᠭᠤᠴᠠᠭᠠᠲᠤ ᠪᠠᠷᠠᠭ᠎ᠠ ᠪᠠ ᠡᠭᠦᠰᠦᠮᠡᠯ ᠡᠳ᠋᠎ᠤᠨ ᠬᠠᠤᠯᠢ᠎ᠶ᠋ᠢᠨ ᠲᠥᠰᠦᠯ᠎ᠢ ᠲᠤᠭᠤᠷᠪᠢᠭ᠍ᠰᠠᠨ
ᠪᠦᠭᠡᠳ ᠬᠤᠶᠠᠷ ᠤᠳᠠᠭ᠎ᠠ ᠬᠢᠨᠠᠨ ᠶᠠᠷᠢᠯᠴᠠᠵᠦ᠍᠂ ᠪᠡᠯᠡ ᠬᠦᠷᠦᠩᠭᠡ᠎ᠶ᠋ᠢᠨ ᠡᠷᠡᠭᠦᠯ᠎ᠢᠶᠠᠷ ᠭᠦᠭ᠌ᠵᠢᠭᠦᠶ᠋ᠢ
ᠳᠠᠮᠵᠢᠭᠦ᠌ ᠪᠡ ᠬᠦᠳᠦᠯᠦᠨ ᠵᠢᠯᠤᠭᠤᠳᠪᠠ᠃ ᠺᠣᠮᠫᠠᠨᠢ᠎ᠶ᠋ᠢᠨ ᠬᠠᠤᠯᠢ᠎ᠶ᠋ᠢ ᠵᠠᠰᠠᠨ ᠲᠤᠭ᠍ᠳᠠᠭᠠᠬᠤ ᠲᠥᠰᠦᠯ᠎ᠢ ᠲᠤᠭᠤᠷᠪᠢᠨ
ᠪᠢᠴᠢᠭ᠌ᠰᠡᠨ ᠪᠥᠭᠡᠳ ᠠᠩᠬ᠎ᠠ ᠤᠳᠠᠭ᠎ᠠ ᠬᠢᠨᠠᠨ ᠶᠠᠷᠢᠯᠴᠠᠵᠤ᠂ ᠪᠠᠷᠤᠭ 70 ᠵᠦᠢᠯ ᠢ ᠪᠤᠳᠠᠳᠠᠢ ᠨᠡᠮᠡᠭ᠌ᠰᠡᠨ
ᠪᠠ ᠵᠠᠰᠠᠪᠠ᠃ ᠲᠡᠮᠳᠡᠭ᠌ᠲᠦ᠍᠎ᠶ᠋ᠢᠨ ᠭᠠᠢᠯᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠭᠠᠢᠯᠢ᠎ᠶ᠋ᠢᠨ ᠵᠦᠢᠯ᠎ᠢ ᠵᠣᠬᠢᠰᠲᠠᠶ
ᠴᠤᠮᠬᠠᠳᠭᠠᠨ ᠨᠡᠢᠯᠡᠭᠦᠯᠵᠦ᠍᠂ ᠭᠠᠢᠯᠢ᠎ᠶ᠋ᠢᠨ ᠨᠣᠷᠮ᠎ᠠ᠎ᠶ᠋ᠢ ᠪᠠᠭᠤᠷᠠᠭᠤᠯᠪᠠ᠂ ᠢᠩᠭᠢᠭᠡᠳ ᠣᠳᠣ᠎ᠶ᠋ᠢᠨ ᠬᠡᠷᠡᠭ᠌ᠵᠢᠭᠦᠯᠵᠦ᠍
ᠪᠠᠢᠭ᠎ᠠ 18 ᠭᠠᠢᠯᠢ ᠶ᠋ᠢᠨ ᠲᠥᠷᠥᠯ᠎ᠤᠨ 12 ᠲᠦᠷᠦᠯ᠎ᠳᠤᠨᠢ ᠨᠢᠭᠡᠨᠳᠡ ᠬᠠᠤᠯᠢ ᠴᠠᠭᠠᠵᠠ ᠲᠣᠭ᠍ᠲᠠᠭᠠᠭ᠍ᠰᠠᠨ ᠪᠠᠢᠨ᠎ᠠ᠃
ᠬᠢᠨᠠᠨ ᠪᠤᠳᠤᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠤᠶᠠᠷ ᠤᠳᠠᠭ᠎ᠠ ᠬᠢᠨᠠᠨ ᠶᠠᠷᠢᠯᠴᠠᠭ᠍ᠰᠠᠨ
ᠪᠦᠭᠡᠳ ᠪᠠᠲᠤᠯᠠᠵᠤ᠂ ᠬᠢᠨᠠᠨ ᠪᠤᠳᠤᠯᠳᠠ᠎ᠶ᠋ᠢᠨ ᠬᠢᠨᠠᠯᠲᠠ᠎ᠶ᠋ᠢᠨ ᠠᠷᠭ᠎ᠠ ᠪᠠᠷᠢᠯ᠎ᠢ ᠴᠢᠩᠭᠠᠳᠭᠠᠨ᠂ ᠬᠢᠨᠠᠨ ᠪᠤᠳᠤᠯᠳᠠ᠎ᠶ᠋ᠢᠨ
ᠬᠢᠨᠠᠯᠲᠠ᠎ᠶ᠋ᠢᠨ ᠱᠢᠰᠲ᠋ᠧᠮ᠎ᠢ ᠬᠠᠤᠯᠢ ᠶᠣᠰᠣᠭᠠᠷ ᠪᠠᠢᠭᠤᠯᠪᠠ᠃ 《ᠦᠨᠡᠮᠯᠡᠯ ᠪᠠ ᠭᠡᠷᠡᠴᠢ᠎ᠶ᠋ᠢ ᠰᠠᠯᠭᠠᠬᠤ》ᠥᠭᠡᠷᠡᠴᠢᠯᠡᠯᠲᠡ᠎ᠲᠠᠢ ᠬᠠᠮᠵᠢᠯᠴᠠᠨ᠂ ᠬᠤᠳᠠᠯᠳᠤᠭ᠎ᠠ ᠡᠵᠡᠩᠨᠡᠬᠦ᠌ ᠣᠷᠴᠢᠨ
ᠨᠥᠬᠦᠴᠡᠯ᠎ᠢ ᠱᠢᠯᠢᠳᠡᠭ᠌ᠵᠢᠭᠦᠯᠵᠦ᠍᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠠᠤᠯᠢ᠂ ᠭᠠᠯ ᠰᠡᠷᠭᠡᠢᠯᠡᠵᠦ᠍
ᠭᠠᠯ ᠤᠨᠲᠠᠷᠠᠭᠠᠬᠤ ᠬᠠᠤᠯᠢ᠂ ᠭᠠᠳᠠᠭᠠᠳᠤ᠎ᠠᠴᠠ ᠣᠷᠣᠭᠤᠯᠬᠤ ᠪᠠ ᠭᠠᠳᠠᠭᠠᠳᠤ᠎ᠳᠤ ᠭᠠᠷᠭᠠᠬᠤ ᠲᠠᠸᠠᠷ᠎ᠢ ᠱᠢᠯᠭᠠᠨ
ᠪᠠᠢᠴᠠᠭᠠᠬᠤ ᠬᠠᠤᠯᠢ᠂ ᠵᠠᠷ᠎ᠤᠨ ᠬᠠᠤᠯᠢ᠂ ᠨᠤᠲᠤᠭ ᠪᠡᠯᠴᠢᠭᠡᠷ᠎ᠤᠨ ᠬᠠᠤᠯᠢ᠂ ᠠᠷᠠᠳ᠎ᠤᠨ ᠭᠡᠷᠡᠭ᠌ᠴᠡᠭᠡᠨᠤ ᠠᠭᠠᠷ᠎ᠤᠨ
ᠠᠶᠠᠯᠠᠯ᠎ᠤᠨ ᠬᠠᠤᠯᠢ᠂ ᠪᠣᠭᠤᠮᠲᠠ᠎ᠶ᠋ᠢᠨ ᠬᠠᠤᠯᠢ᠂ ᠢᠳᠡᠭᠡᠨ᠎ᠤ ᠠᠮᠤᠷ ᠲᠦᠪᠱᠢᠨ᠎ᠤ ᠬᠠᠤᠯᠢ᠎ᠳᠤ ᠵᠠᠰᠠᠪᠤᠷᠢ ᠣᠷᠣᠭᠤᠯᠪᠠ᠃
ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ
ᠠᠬᠢᠭᠤᠯᠬᠤ ᠱᠠᠭᠠᠷᠳᠠᠯᠭ᠎ᠠ ᠶᠣᠰᠣᠭᠠᠷ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠬᠠᠤᠯᠢ᠎ᠶ᠋ᠢ ᠲᠣᠭ᠍ᠲᠠᠭᠠᠵᠦ᠍᠂
ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠬᠡ ᠣᠯᠭᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠳᠤ
ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠲᠦᠷ ᠲᠣᠬᠢᠷᠠᠭᠤᠯᠤᠨ ᠬᠡᠷᠡᠭ᠌ᠯᠡᠬᠦ᠂ ᠬᠤᠳᠠᠯᠳᠤᠭ᠎ᠠ
ᠡᠵᠡᠩᠨᠡᠬᠦ᠌ ᠣᠷᠴᠢᠨ ᠨᠦᠭᠦᠴᠡᠯ᠎ᠤᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠬᠤᠲᠠ᠎ᠳᠤ ᠬᠡᠮᠵᠢᠯᠲᠡ᠎ᠶ᠋ᠢᠨ
ᠬᠠᠤᠯᠢ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ᠎ᠢ ᠲᠦᠷ ᠲᠣᠬᠢᠷᠠᠭᠤᠯᠤᠨ ᠭᠡᠷᠡᠭ᠌ᠯᠡᠭᠦ᠌᠂ ᠬᠡᠰᠡᠭ ᠭᠠᠵᠠᠷ
ᠣᠷᠣᠨ᠎ᠳᠤ ᠭᠡᠷ ᠪᠠᠢᠱᠢᠩ ᠭᠠᠵᠠᠷ ᠱᠢᠷᠣᠶ᠎ᠶ᠋ᠢᠨ ᠬᠥᠷᠥᠩᠭᠡ᠎ᠶ᠋ᠢᠨ ᠭᠠᠢᠯᠢ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ
ᠠᠵᠢᠯ᠎ᠢ ᠥᠷᠨᠢᠭᠦᠯᠬᠦ᠌ ᠪᠠ ᠱᠠᠩᠬᠠᠶ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ
ᠪᠠᠢᠡᠭ᠌ᠭᠤ᠎ᠶ᠋ᠢᠨ ᠬᠤᠷᠢᠶ᠎ᠠ᠎ᠳᠤ ᠡᠷᠬᠡ ᠣᠯᠭᠤᠵᠤ ᠫᠦᠳᠦ᠋ᠩ ᠱᠢᠨ᠎ᠡ ᠲᠣᠭᠤᠷᠢᠭ᠎ᠤᠨ ᠬᠠᠤᠯᠢ ᠲᠣᠭ᠍ᠲᠠᠭᠠᠯ᠎ᠢ ᠲᠣᠭ᠍ᠲᠠᠭᠠᠯᠭᠠᠬᠤ
ᠵᠡᠷᠭᠡ 4ᠲᠣᠭ᠍ᠲᠠᠭᠠᠯ ᠭᠠᠷᠭᠠᠵᠦ᠍᠂ ᠤᠯᠤᠰ᠎ᠤᠨ ᠬᠥᠭ᠌ᠵᠢᠯᠲᠡ᠂ ᠴᠢᠬᠤᠯᠠ ᠶᠡᠭᠡ ᠥᠭᠡᠷᠡᠴᠢᠯᠡᠯᠲᠡ᠎ᠳᠤ ᠬᠠᠤᠯᠢ᠎ᠶ᠋ᠢᠨ ᠦᠨᠳᠦᠰᠦᠯᠡᠯ᠎ᠲᠠᠢ
ᠪᠠᠢᠬᠤ᠎ᠶ᠋ᠢ ᠦᠨᠡᠨ ᠬᠦ᠌ ᠪᠠᠲᠤᠯᠠᠪᠠ᠃
ᠬᠠᠤᠯᠢ ᠴᠠᠭᠠᠵᠠ ᠪᠣᠯ ᠤᠯᠤᠰ᠎ᠤᠨ ᠠᠮᠤᠷ
ᠲᠦᠪᠱᠢᠨ᠎ᠤ ᠳᠦᠷᠢᠮ᠎ᠤᠨ ᠰᠠᠭᠤᠷᠢ ᠮᠥᠨ᠃ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠲᠤᠭᠤᠱᠢᠯᠠᠭᠤᠯᠵᠤ᠂
ᠤᠯᠤᠰ᠎ᠤᠨ ᠠᠮᠤᠷ ᠲᠦᠪᠱᠢᠨ᠎ᠤ ᠬᠦᠷᠢᠶᠡᠨ᠎ᠳᠠᠬᠢ ᠬᠠᠤᠯᠢ ᠴᠠᠭᠠᠵᠠ᠎ᠶ᠋ᠢᠨ ᠳᠦᠷᠢᠮ᠎ᠤᠨ ᠱᠢᠰᠲ᠋ᠧᠮ᠎ᠢ ᠲᠦᠷᠭᠡᠯᠡᠨ
ᠪᠠᠢᠭᠤᠯᠬᠤ ᠪᠣᠯ ᠲᠤᠰ ᠬᠤᠭᠤᠴᠠᠭᠠᠨ᠎ᠤ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠬᠤ ᠠᠵᠢᠯ᠎ᠤᠨ ᠨᠢᠭᠡᠨ
ᠴᠢᠬᠤᠯᠠ ᠠᠭᠤᠯᠭ᠎ᠠ ᠮᠥᠨ᠃ ᠳ᠋ᠡᠢᠲ᠋ᠠ᠎ᠶ᠋ᠢᠨ ᠠᠮᠤᠷ ᠲᠦᠪᠱᠢᠨ᠎ᠤ ᠬᠠᠤᠯᠢ᠎ᠶ᠋ᠢ ᠲᠣᠭ᠍ᠲᠠᠭᠠᠵᠤ᠂ ᠤᠯᠤᠰ᠎ᠤᠨ ᠳ᠋ᠡᠢᠲ᠋ᠠ᠎ᠶ᠋ᠢᠨ
ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠠ᠃ ᠡᠬᠡ ᠬᠠᠭᠤᠷᠠᠶ᠎ᠶ᠋ᠢᠨ ᠤᠯᠤᠰ᠎ᠤᠨ ᠬᠢᠯᠢ᠎ᠶ᠋ᠢᠨ
ᠬᠠᠤᠯᠢ᠎ᠶ᠋ᠢ ᠲᠤᠭᠤᠷᠪᠢᠭ᠍ᠰᠠᠨᠤ ᠬᠠᠮᠲᠤ ᠬᠢᠨᠠᠨ ᠶᠠᠷᠢᠯᠴᠠᠵᠦ᠍ ᠪᠠᠲᠤᠯᠠᠨ᠂ ᠡᠬᠡ ᠬᠠᠭᠤᠷᠠᠶ᠎ᠶ᠋ᠢᠨ ᠤᠯᠤᠰ᠎ᠤᠨ
ᠬᠢᠯᠢ᠎ᠶ᠋ᠢ ᠵᠠᠭᠠᠭ᠍ᠯᠠᠨ ᠲᠣᠭ᠍ᠲᠠᠭᠠᠬᠤ᠂ ᠬᠠᠢᠨ ᠲᠣᠭ᠍ᠲᠠᠭᠠᠬᠤ᠂ ᠰᠡᠷᠭᠡᠢᠯᠡᠨ ᠬᠠᠮᠠᠭᠠᠯᠠᠬᠤ᠂ ᠬᠠᠮᠢᠶᠠᠷᠬᠤ
ᠪᠠ ᠪᠦᠲᠦᠭᠡᠨ ᠪᠠᠢᠭᠤᠯᠬᠤ ᠵᠡᠷᠭᠡ ᠠᠵᠢᠯᠯᠠᠭ᠎ᠠ᠎ᠶ᠋ᠢ ᠬᠠᠤᠯᠢ ᠶᠣᠰᠣᠭᠠᠷ ᠵᠢᠷᠤᠮᠵᠢᠭᠤᠯᠪᠠ᠃ ᠳᠠᠯᠠᠢ ᠳᠡᠭᠡᠷᠡᠬᠢ
ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠠᠤᠯᠢ᠎ᠶ᠋ᠢ ᠵᠠᠰᠠᠵᠦ᠍ ᠲᠤᠭ᠍ᠳᠠᠭᠠᠪᠠ᠃ ᠭᠠᠳᠠᠭᠠᠳᠤ ᠤᠯᠤᠰ᠎ᠤᠨ ᠭᠠᠴᠠᠭᠠᠯᠢ
ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠵᠤ᠂ ᠭᠠᠴᠠᠭᠠᠯᠢ ᠡᠰᠡᠷᠭᠦᠴᠡᠬᠦ᠂ ᠭᠠᠷ ᠲᠦᠷᠦᠭᠦ᠎ᠶ᠋ᠢ ᠡᠰᠡᠷᠭᠦᠴᠡᠬᠦ᠂
ᠬᠠᠷᠢ ᠭᠠᠵᠠᠷ ᠭᠠᠷ ᠳᠦᠷᠦᠵᠦ᠍ ᠬᠠᠮᠢᠶᠠᠷᠤᠨ ᠬᠠᠷᠢᠶᠠᠯᠠᠬᠤ᠎ᠶ᠋ᠢ ᠡᠰᠡᠷᠭᠦᠴᠡᠬᠦ᠌ ᠬᠠᠤᠯᠢ ᠴᠠᠭᠠᠵᠠ᠎ᠶ᠋ᠢᠨ ᠲᠦᠷᠢᠮ᠎ᠢ
ᠪᠦᠷᠢᠨᠱᠢᠭᠦᠯᠦᠨ ᠲᠡᠭᠦᠯᠳᠡᠷᠵᠢᠭᠦᠯᠪᠠ᠃ ᠡᠨᠡ ᠭᠦ᠌ ᠬᠠᠤᠯᠢ ᠴᠠᠭᠠᠵᠠ᠎ᠶ᠋ᠢ ᠦᠨᠳᠦᠰᠦᠯᠡᠨ᠂ ᠶᠠᠮᠠᠷᠪᠠ ᠤᠯᠤᠰ᠎ᠤᠨ
ᠶᠠᠮᠠᠷᠪᠠ ᠱᠢᠯᠳᠠᠭ᠂ ᠶᠠᠮᠠᠷᠪᠠ ᠠᠷᠭ᠎ᠠ᠎ᠪᠠᠷ ᠳᠤᠮᠳᠠᠳᠤ ᠤᠯᠤᠰ᠎ᠤᠨ ᠳᠤᠲᠤᠭᠠᠳᠤ ᠵᠠᠰᠠᠭ᠎ᠲᠤ ᠭᠠᠷ ᠳᠦᠷᠦᠵᠦ᠍᠂
ᠮᠠᠨ᠎ᠤ ᠤᠯᠤᠰ᠎ᠤᠨ ᠤᠯᠤᠰ ᠤᠷᠤᠨ᠂ ᠵᠤᠬᠢᠶᠠᠨ ᠪᠠᠢᠭᠤᠯᠤᠯᠳᠠ ᠪᠠ ᠬᠤᠪᠢ ᠬᠦᠮᠦᠨ᠎ᠤ ᠡᠷᠭᠡ ᠠᠱᠢᠭ᠎ᠢ ᠬᠤᠬᠢᠷᠠᠭᠤᠯᠤᠭ᠍ᠰᠠᠨ
ᠠᠵᠢᠯᠯᠠᠭ᠎ᠠ᠎ᠳᠤ᠂ ᠮᠠᠨ᠎ᠤ ᠤᠯᠤᠰ ᠴᠦᠮ ᠵᠤᠬᠢᠴᠠᠩᠭᠤᠢ ᠡᠰᠡᠷᠭᠦᠴᠡᠭᠦ᠌ ᠠᠷᠭ᠎ᠠ ᠬᠡᠮᠵᠢᠶ᠎ᠠ ᠠᠪᠬᠤ ᠡᠷᠭᠡ᠎ᠲᠠᠢ
ᠪᠠᠢᠵᠦ᠍᠂ ᠤᠯᠤᠰ᠎ᠤᠨ ᠡᠷᠭᠡ ᠮᠡᠳᠡᠯ᠂ ᠠᠮᠤᠷ ᠲᠦᠪᠱᠢᠨ᠂ ᠭᠦᠭ᠌ᠵᠢᠯᠳᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠦ᠍᠂
ᠮᠠᠨ᠎ᠤ ᠤᠯᠤᠰ᠎ᠤᠨ ᠠᠷᠠᠳ ᠢᠷᠭᠡᠨ᠂ ᠵᠤᠬᠢᠶᠠᠨ ᠪᠠᠢᠭᠤᠯᠤᠯᠳᠠ᠎ᠶ᠋ᠢᠨ ᠬᠠᠤᠯᠢ ᠶᠤᠰᠤᠨ᠎ᠤ ᠡᠷᠭᠡ ᠠᠱᠢᠭ᠎ᠢ ᠡᠷᠡᠰ
ᠬᠠᠮᠠᠭᠠᠯᠠᠪᠠ᠃ ᠰᠢ᠎ᠶ᠋ᠢᠨ ᠫᠢᠩ ᠤ᠋ᠨ ᠴᠡᠷᠢᠭ᠎ᠢᠶᠠᠨ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠲᠤᠭᠤᠱᠢᠯᠠᠭᠤᠯᠵᠦ᠍᠂
ᠴᠡᠷᠢᠭ ᠬᠥᠮᠦᠨ᠎ᠤ ᠪᠠᠢᠷᠢ ᠰᠠᠭᠤᠷᠢ ᠪᠠ ᠡᠷᠬᠡ ᠠᠱᠢᠭ᠎ᠢ ᠪᠠᠲᠤᠯᠠᠬᠤ ᠬᠠᠤᠯᠢ᠎ᠶ᠋ᠢ ᠲᠣᠭ᠍ᠲᠠᠭᠠᠵᠤ᠂ ᠴᠡᠷᠢᠭ᠎ᠤᠨ
ᠠᠯᠪᠠ᠎ᠶ᠋ᠢᠨ ᠬᠠᠤᠯᠢ᠂ ᠴᠡᠷᠢᠭ᠎ᠤᠨ ᠶᠠᠪᠤᠳᠠᠯ᠎ᠤᠨ ᠲᠥᠬᠦᠭᠡᠷᠦᠮᠵᠢ᠎ᠶ᠋ᠢ ᠬᠠᠮᠠᠭᠠᠯᠠᠬᠤ ᠬᠠᠤᠯᠢ᠎ᠶ᠋ᠢ ᠵᠠᠰᠠᠨ
ᠲᠤᠭ᠍ᠳᠠᠭᠠᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢᠴᠢᠯᠠᠯᠳᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ
ᠭᠦᠨᠵᠡᠭᠡᠢᠷᠡᠭᠦᠯᠬᠦ᠌ ᠬᠤᠭᠤᠴᠠᠭᠠᠨ᠎ᠳᠤ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠲᠦᠷ
ᠲᠣᠬᠢᠷᠠᠭᠤᠯᠤᠨ ᠬᠡᠷᠡᠭ᠌ᠯᠡᠬᠦ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠤᠨ ᠵᠢᠩᠬᠢᠨᠢ ᠠᠯᠪᠠᠨ᠎ᠤ
ᠪᠠᠢᠯᠳᠤᠭ᠍ᠴᠢ᠎ᠶ᠋ᠢᠨ ᠴᠣᠯᠠ᠎ᠶ᠋ᠢᠨ ᠲᠡᠰ᠎ᠤᠨ ᠲᠦᠷᠢᠮ ᠵᠡᠷᠭᠡ ᠬᠤᠶᠠᠷ ᠲᠣᠭ᠍ᠲᠠᠭᠠᠯ ᠭᠠᠷᠭᠠᠵᠦ᠍᠂ ᠬᠠᠤᠯᠢ ᠴᠠᠭᠠᠵᠠ᠎ᠶ᠋ᠢᠨ
ᠲᠦᠷᠢᠮ᠎ᠢᠶᠠᠷ ᠴᠡᠷᠢᠭ᠎ᠢᠶᠠᠨ ᠬᠦᠴᠦᠷᠬᠡᠭ᠌ᠵᠢᠭᠦᠯᠬᠦ᠌ ᠬᠠᠷᠠᠯᠲᠠ᠎ᠶ᠋ᠢᠨ ᠪᠡᠶᠡᠯᠡᠭ᠌ᠳᠡᠬᠦ᠌᠎ᠶ᠋ᠢ ᠪᠠᠲᠤᠯᠠᠪᠠ᠃
ᠠᠮᠢ ᠠᠬᠤᠶ᠎ᠶ᠋ᠢᠨ ᠪᠣᠯᠪᠠᠰᠤᠨ᠎ᠤ ᠬᠦᠷᠢᠶᠡᠨ᠎ᠳᠠᠬᠢ
ᠬᠠᠤᠯᠢ ᠲᠣᠭ᠍ᠲᠠᠭᠠᠯᠲᠠ᠎ᠶ᠋ᠢ ᠲᠦᠷᠭᠡᠳᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ ᠪᠠ ᠠᠮᠢ ᠠᠬᠤᠶ᠎ᠶ᠋ᠢᠨ ᠣᠷᠴᠢᠨ
ᠨᠥᠬᠦᠴᠡᠯ᠎ᠤᠨ ᠬᠠᠮᠠᠭᠠᠯᠠᠯᠲᠠ᠎ᠳᠤ ᠬᠠᠤᠯᠢ᠎ᠪᠠᠷ ᠵᠠᠰᠠᠬᠤ ᠤᠯᠠᠭᠠᠨ ᠱᠤᠭᠤᠮ᠎ᠢ ᠵᠠᠭᠠᠭ᠍ᠯᠠᠨ ᠲᠣᠭ᠍ᠲᠠᠭᠠᠪᠠ᠃
ᠨᠤᠭᠤ ᠭᠠᠵᠠᠷ᠎ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠵᠤ᠂ ᠨᠤᠭᠤ ᠭᠠᠵᠠᠷ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ
ᠴᠢᠩᠭᠠᠳᠭᠠᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠪᠠ᠃ ᠱᠤᠤᠭᠢᠶᠠᠨ᠎ᠤ ᠪᠣᠬᠢᠷᠲᠤᠯ᠎ᠤᠨ
ᠬᠤᠯᠪᠣᠭ᠍ᠳᠠᠬᠤ ᠬᠡᠪᠴᠢᠶ᠎ᠡ᠎ᠨᠢ ᠥᠷᠭᠡᠨ᠂ ᠨᠡᠢᠭᠡᠮ᠎ᠤᠨ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂
ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ᠎ᠶ᠋ᠢ ᠲᠣᠭ᠍ᠲᠠᠭᠠᠵᠤ᠂ ᠠᠷᠠᠳ᠎ᠤᠨ ᠠᠮᠢᠳᠤᠷᠠᠯ᠎ᠤᠨ
ᠣᠷᠴᠢᠨ ᠨᠥᠬᠦᠴᠡᠯ᠎ᠤᠨ ᠡᠶ᠎ᠡ ᠵᠣᠬᠢᠴᠠᠯ᠎ᠲᠠᠢ ᠪᠥᠭᠡᠳ ᠠᠮᠤᠷ ᠲᠣᠭ᠍ᠲᠠᠭᠤᠨ ᠪᠠᠢᠳᠠᠯ᠎ᠢ ᠬᠠᠮᠠᠭᠠᠯᠠᠪᠠ᠃ ᠬᠠᠳᠤᠨ
ᠭᠤᠣᠯ᠎ᠢ ᠬᠠᠮᠠᠭᠠᠯᠠᠬᠤ ᠬᠠᠤᠯᠢ ᠲᠣᠭ᠍ᠲᠠᠭᠠᠯᠳᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠭᠡ ᠬᠠᠮᠠᠭᠠᠯᠠᠯᠲᠠ᠎ᠶ᠋ᠢ
ᠬᠠᠮᠲᠤ᠎ᠪᠠᠷ ᠰᠠᠢᠲᠤᠷ ᠠᠳᠭᠤᠨ᠂ ᠶᠡᠭᠡ ᠵᠠᠰᠠᠯᠲᠠ᠎ᠶ᠋ᠢ ᠬᠠᠮᠵᠢᠯᠴᠠᠨ ᠠᠬᠢᠭᠤᠯᠬᠤ᠎ᠶ᠋ᠢ ᠪᠠᠷᠢᠮᠳᠠᠯᠠᠵᠦ᠍᠂ ᠬᠠᠤᠯᠢ
ᠲᠣᠭ᠍ᠲᠠᠭᠠᠬᠤ ᠠᠬᠢᠴᠠ᠎ᠶ᠋ᠢ ᠤᠷᠢᠳᠴᠢᠯᠠᠨ ᠡᠬᠢᠯᠡᠭᠦᠯᠦᠨ ᠲᠦᠷᠭᠡᠳᠭᠡᠵᠦ᠍᠂ ᠬᠠᠳᠤᠨ ᠭᠤᠤᠯ᠎ᠢ ᠬᠠᠮᠠᠭᠠᠯᠠᠬᠤ ᠬᠠᠤᠯᠢ᠎ᠶ᠋ᠢᠨ
ᠲᠥᠰᠦᠯ᠎ᠢ ᠨᠢᠭᠡᠨᠲᠡ ᠠᠩᠬ᠎ᠠ ᠤᠳᠠᠭ᠎ᠠ ᠬᠢᠨᠠᠨ ᠶᠠᠷᠢᠯᠴᠠᠪᠠ᠃ ᠭᠦᠨᠵᠡᠭᠡᠶ ᠪᠠᠢᠴᠠᠭᠠᠨ ᠰᠤᠳᠤᠯᠵᠤ ᠨᠤᠲᠠᠯᠠᠬᠤ᠎ᠪᠠᠷ
ᠳᠠᠮᠵᠢᠨ᠂ ᠬᠠᠷ᠎ᠠ ᠬᠦᠷᠦᠰᠦᠳᠤ ᠭᠠᠵᠠᠷ ᠱᠢᠷᠦᠢ᠎ᠶ᠋ᠢ ᠬᠠᠮᠠᠭᠠᠯᠠᠬᠤ ᠬᠠᠤᠯᠢ᠎ᠶ᠋ᠢᠨ ᠲᠥᠰᠦᠯ᠎ᠢ ᠲᠤᠭᠤᠷᠪᠢᠨ ᠲᠣᠭ᠍ᠲᠠᠭᠠᠭ᠍ᠰᠠᠨ
ᠪᠦᠭᠡᠳ ᠠᠩᠬ᠎ᠠ ᠤᠳᠠᠭ᠎ᠠ ᠬᠢᠨᠠᠨ ᠶᠠᠷᠢᠯᠴᠠᠵᠤ᠂ 《ᠲᠠᠷᠢᠶᠠᠨ ᠭᠠᠵᠠᠷ᠎ᠤᠨ ᠳᠣᠲᠣᠷᠠᠬᠢ ᠮᠠᠯᠤᠷ ᠦᠳᠡᠭᠡ》 ᠬᠡᠮᠡᠭ᠌ᠳᠡᠭ᠌ᠰᠡᠨ ᠬᠠᠷ᠎ᠠ ᠬᠦᠷᠦᠰᠦᠳᠦ ᠭᠠᠵᠠᠷ ᠱᠢᠷᠣᠶ᠎ᠶ᠋ᠢ ᠬᠠᠤᠯᠢ
ᠴᠠᠭᠠᠵᠠ᠎ᠶ᠋ᠢᠨ ᠠᠷᠭ᠎ᠠ ᠪᠠᠷᠢᠯ᠎ᠢᠶᠠᠷ ᠬᠠᠮᠠᠭᠠᠯᠠᠪᠠ᠃ ᠶᠦᠨᠨᠡᠨ ᠬᠦᠢᠵᠸᠤ ᠰᠧᠴᠤᠸᠠᠨ ᠭᠤᠷᠪᠠᠨ ᠮᠤᠵᠢ᠎ᠶ᠋ᠢ ᠵᠢᠯᠣᠭᠤᠳᠤᠨ
ᡂᠢ ᠱᠦᠢ ᠾᠧ ᠭᠤᠣᠯ᠎ᠤᠨ ᠰᠠᠪᠠ ᠭᠠᠵᠠᠷ᠎ᠤᠨ ᠬᠠᠮᠠᠭᠠᠯᠠᠯᠳᠠ᠎ᠶ᠋ᠢᠨ ᠲᠤᠬᠠᠢ ᠬᠠᠮᠲᠤ᠎ᠪᠠᠷ ᠬᠠᠤᠯᠢ ᠲᠣᠭ᠍ᠲᠠᠭᠠᠬᠤ
ᠠᠵᠢᠯ᠎ᠢ ᠦᠷᠨᠢᠭᠦᠯᠦᠭ᠌ᠰᠡᠨ ᠪᠠ ᠾᠧᠪᠧᠶ ᠮᠤᠵᠢ᠎ᠶ᠋ᠢ ᠵᠢᠯᠤᠭᠤᠳᠤᠨ ᠪᠠᠶ ᠶᠠᠩ ᠳ᠋ᠢᠶᠠᠨ ᠤ᠋ ᠬᠠᠮᠠᠭᠠᠯᠠᠯᠳᠠ᠎ᠶ᠋ᠢᠨ
ᠲᠤᠬᠠᠢ ᠬᠠᠤᠯᠢ ᠲᠣᠭ᠍ᠲᠠᠭᠠᠬᠤ ᠠᠵᠢᠯ᠎ᠢ ᠦᠷᠨᠢᠭᠦᠯᠵᠦ᠍᠂ ᠰᠠᠪᠠ ᠭᠠᠵᠠᠷ᠎ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠠᠢ᠎ᠪᠠᠷ
ᠵᠠᠰᠠᠬᠤ᠂ ᠬᠠᠤᠯᠢ ᠶᠣᠰᠣᠭᠠᠷ ᠵᠠᠰᠠᠬᠤ᠎ᠶ᠋ᠢ ᠠᠬᠢᠭᠤᠯᠪᠠ᠃
ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ
ᠬᠦᠰᠡᠯ ᠡᠷᠡᠮᠡᠯᠵᠡᠯ᠎ᠤᠨ ᠬᠠᠷᠢᠭᠤ᠎ᠳᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠠᠯ᠎ᠠ᠎ᠪᠠᠷ᠎ᠬᠢ ᠬᠠᠤᠯᠢ
ᠴᠠᠭᠠᠵᠠ᠎ᠶ᠋ᠢᠨ ᠳᠤᠲᠠᠭᠤᠳᠠᠯ᠎ᠢ ᠲᠦᠷᠭᠡᠯᠡᠨ ᠨᠥᠬᠦᠪᠥᠷᠢᠯᠡᠪᠡ᠃ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ
ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠬᠤ ᠬᠠᠤᠯᠢ ᠲᠣᠭ᠍ᠲᠠᠭᠠᠬᠤ ᠪᠠ ᠬᠠᠤᠯᠢ᠎ᠳᠤ ᠵᠠᠰᠠᠪᠤᠷᠢ
ᠣᠷᠣᠭᠤᠯᠬᠤ ᠠᠵᠢᠯ᠎ᠢ ᠠᠬᠢᠭᠤᠯᠵᠦ᠍᠂ ᠡᠮᠴᠢ᠎ᠶ᠋ᠢᠨ ᠬᠠᠤᠯᠢ᠎ᠶ᠋ᠢ ᠲᠣᠭ᠍ᠲᠠᠭᠠᠵᠦ᠍᠂ ᠭᠡᠨᠡᠳᠲᠡ᠎ᠶ᠋ᠢᠨ ᠬᠡᠷᠡᠭ᠎ᠢ
ᠠᠷᠭᠠᠴᠠᠬᠤ ᠬᠠᠮᠢᠶᠠᠷᠤᠯᠲᠠ᠎ᠶ᠋ᠢᠨ ᠬᠠᠤᠯᠢ᠎ᠶ᠋ᠢᠨ ᠲᠥᠰᠦᠯ᠎ᠢ ᠠᠩᠬ᠎ᠠ ᠤᠳᠠᠭ᠎ᠠ ᠬᠢᠨᠠᠨ ᠶᠠᠷᠢᠯᠴᠠᠪᠠ᠃ ᠶᠣᠰᠣ
ᠰᠣᠷᠳᠠᠬᠤᠨᠢ ᠪᠣᠢ ᠪᠣᠯᠭᠠᠵᠦ᠍ ᠭᠦᠮᠦᠨ᠎ᠢ ᠭᠦᠮᠦᠵᠢᠭᠦᠯᠭᠦ᠌ ᠦᠨᠳᠦᠰᠦᠨ ᠡᠭᠦᠷᠭᠡ᠎ᠶ᠋ᠢ ᠨᠠᠢᠳᠠᠪᠤᠷᠢᠵᠢᠭᠤᠯᠵᠤ᠂
ᠰᠤᠷᠭᠠᠨ ᠬᠥᠮᠦᠵᠢᠯ᠎ᠤᠨ ᠬᠠᠤᠯᠢ᠎ᠳᠤ ᠵᠠᠰᠠᠪᠤᠷᠢ ᠣᠷᠣᠭᠤᠯᠵᠤ᠂ ᠭᠡᠷ ᠪᠦᠯᠢ᠎ᠶ᠋ᠢᠨ ᠬᠥᠮᠦᠵᠢᠯ᠎ᠢ ᠠᠬᠢᠭᠤᠯᠬᠤ ᠬᠠᠤᠯᠢ᠎ᠶ᠋ᠢ
ᠲᠣᠭ᠍ᠲᠠᠭᠠᠵᠤ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠠᠤᠯᠢ᠎ᠶ᠋ᠢᠨ ᠵᠠᠰᠠᠨ ᠲᠤᠭ᠍ᠳᠠᠭᠠᠬᠤ ᠲᠥᠰᠦᠯ᠎ᠢ
ᠬᠤᠶᠠᠷ ᠤᠳᠠᠭ᠎ᠠ ᠬᠢᠨᠠᠨ ᠶᠠᠷᠢᠯᠴᠠᠵᠦ᠍᠂ ᠰᠤᠷᠭᠠᠨ ᠬᠦᠮᠦᠵᠢᠯ᠎ᠤᠨ ᠤᠳᠤᠬᠢᠴᠢᠯᠡᠯᠳᠡ᠎ᠶ᠋ᠢᠨ ᠲᠦᠪᠱᠢᠨ᠎ᠢ ᠳᠡᠭᠡᠭ᠌ᠰᠢᠯᠡᠭᠦᠯᠭᠦᠶ᠋ᠢ
ᠠᠬᠢᠭᠤᠯᠵᠦ᠍᠂ ᠨᠠᠰᠤᠨ᠎ᠳᠤ ᠦᠯᠦ᠍ ᠬᠦᠷᠦᠭ᠌ᠰᠡᠳ᠎ᠤᠨ ᠪᠦᠭᠦ᠌ ᠲᠠᠯ᠎ᠠ᠎ᠪᠠᠷ ᠡᠷᠡᠭᠦᠯ᠎ᠢᠶᠠᠷ ᠦᠰᠦᠨ ᠪᠤᠢᠵᠢᠬᠤ᠎ᠶ᠋ᠢ
ᠠᠬᠢᠭᠤᠯᠪᠠ᠃ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠵᠤ᠂ ᠴᠠᠬᠢᠯᠭᠠᠨ
ᠬᠤᠯᠪᠣᠭ᠎ᠠ ᠪᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ᠌ ᠬᠠᠤᠯᠢ᠎ᠶ᠋ᠢᠨ ᠲᠥᠰᠦᠯ᠎ᠢ ᠲᠤᠭᠤᠷᠪᠢᠭ᠍ᠰᠠᠨ ᠪᠦᠭᠡᠳ
ᠠᠩᠬ᠎ᠠ ᠤᠳᠠᠭ᠎ᠠ ᠬᠢᠨᠠᠨ ᠶᠠᠷᠢᠯᠴᠠᠭᠠᠳ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠴᠠᠬᠢᠯᠭᠠᠨ ᠬᠤᠯᠪᠣᠭ᠎ᠠ
ᠪᠠ ᠰᠦᠯᠵᠢᠶᠡᠨ᠎ᠤ ᠮᠡᠬᠡᠯᠡᠯ᠎ᠤᠨ ᠠᠰᠠᠭᠤᠳᠠᠯ᠎ᠳᠤ ᠬᠠᠷᠢᠭᠤᠯᠳᠠ ᠦᠭ᠌ᠴᠦ᠂ ᠠᠷᠠᠳ ᠢᠷᠭᠡᠨ᠎ᠤ ᠰᠦᠯᠵᠢᠶᠠᠨ᠎ᠤ ᠤᠷᠤᠨ
ᠵᠠᠢ᠎ᠳᠠᠬᠢ ᠬᠠᠤᠯᠢ ᠶᠤᠰᠤᠨ᠎ᠤ ᠡᠷᠭᠡ ᠠᠱᠢᠭ᠎ᠢ ᠬᠠᠮᠠᠭᠠᠯᠠᠪᠠ᠃ ᠡᠮᠡᠭ᠌ᠳᠡᠢᠴᠤᠳ᠎ᠤᠨ ᠡᠷᠭᠡ ᠠᠱᠢᠭ᠎ᠢ ᠪᠠᠲᠤᠯᠠᠬᠤ
ᠬᠠᠤᠯᠢ᠎ᠶ᠋ᠢᠨ ᠵᠠᠰᠠᠨ ᠲᠤᠭ᠍ᠳᠠᠭᠠᠬᠤ ᠲᠦᠰᠦᠯ᠎ᠢ ᠲᠤᠭᠤᠷᠪᠢᠭ᠍ᠰᠠᠨ ᠪᠦᠭᠡᠳ ᠠᠩᠬ᠎ᠠ ᠤᠳᠠᠭ᠎ᠠ ᠬᠢᠨᠡᠨ ᠶᠠᠷᠢᠯᠴᠠᠵᠦ᠍᠂
ᠡᠮᠡᠭ᠌ᠳᠡᠢᠴᠤᠳ᠎ᠤᠨ ᠡᠷᠭᠡ ᠠᠱᠢᠭ᠎ᠤᠨ ᠪᠠᠲᠤᠯᠠᠭ᠎ᠠ᠎ᠳᠠᠬᠢ ᠳᠤᠪᠤᠢᠮ᠎ᠠ ᠠᠰᠠᠭᠤᠳᠠᠯ᠎ᠳᠤ ᠬᠦᠨᠵᠡᠭᠡᠢ ᠪᠠᠢᠴᠠᠭᠠᠨ
ᠰᠤᠳᠤᠯᠤᠯᠳᠠ ᠬᠢᠵᠦ᠍᠂ ᠰᠡᠷᠭᠡᠢᠯᠡᠯᠳᠡ᠎ᠶ᠋ᠢᠨ ᠴᠢᠨᠡᠷᠲᠡᠢ ᠪᠠᠲᠤᠯᠠᠭ᠎ᠠ᠂ ᠬᠠᠯᠳᠠᠯᠭ᠎ᠠ᠎ᠶ᠋ᠢ ᠱᠢᠢᠳᠭᠡᠭᠦ᠌᠂ ᠳᠡᠳᠭᠦᠭᠦ᠌
ᠠᠷᠭ᠎ᠠ ᠬᠡᠮᠵᠢᠶ᠎ᠠ᠂ ᠬᠠᠷᠢᠭᠤᠴᠠᠯᠭ᠎ᠠ ᠨᠡᠭᠡᠮᠵᠢᠯᠡᠭᠦ᠌ ᠵᠡᠷᠭᠡ ᠲᠠᠯ᠎ᠠ᠎ᠶ᠋ᠢᠨ ᠬᠠᠮᠢᠶ᠎ᠠ ᠪᠦᠬᠦᠢ ᠲᠤᠭ᠍ᠳᠠᠭᠠᠯ᠎ᠢ
ᠲᠡᠭᠦᠯᠳᠡᠷᠵᠢᠭᠦᠯᠪᠡ᠃ ᠢᠳᠡᠭᠡᠨ᠎ᠤ ᠵᠦᠢᠯ᠎ᠢ ᠪᠦᠷᠢᠯᠭᠡᠭᠦ᠎ᠶ᠋ᠢ ᠡᠰᠡᠷᠭᠦᠴᠡᠬᠦ᠌ ᠬᠠᠤᠯᠢ᠂ ᠬᠠᠤᠯᠢ ᠴᠠᠭᠠᠵᠠ᠎ᠶ᠋ᠢᠨ
ᠲᠤᠰᠠᠯᠠᠮᠵᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠬᠦᠮᠦᠨ ᠠᠮᠠ ᠪᠠ ᠲᠦᠯᠦᠪᠯᠡᠭᠡ᠎ᠳᠤ ᠦᠷᠡᠵᠢᠯ᠎ᠤᠨ ᠬᠠᠤᠯᠢ᠂ ᠠᠶᠤᠯᠭᠦᠶ
ᠦᠢᠯᠡᠳᠪᠦᠷᠢᠯᠡᠯ᠎ᠤᠨ ᠬᠠᠤᠯᠢ᠂ ᠠᠵᠢᠯᠴᠢᠨ᠎ᠤ ᠡᠪᠯᠡᠯ᠎ᠤᠨ ᠬᠠᠤᠯᠢ᠎ᠳᠤ ᠵᠠᠰᠠᠪᠤᠷᠢ ᠣᠷᠣᠭᠤᠯᠵᠤ᠂ ᠲᠠᠷᠢᠶᠠᠯᠠᠩ᠎ᠤᠨ
ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠶᠤᠯᠭᠦᠶ᠎ᠶ᠋ᠢᠨ ᠬᠠᠤᠯᠢ᠎ᠶ᠋ᠢ ᠵᠠᠰᠠᠨ ᠲᠤᠭ᠍ᠳᠠᠭᠠᠬᠤ ᠲᠥᠰᠦᠯ᠎ᠢ ᠠᠩᠬ᠎ᠠ
ᠤᠳᠠᠭ᠎ᠠ ᠬᠢᠨᠠᠨ ᠶᠠᠷᠢᠯᠴᠠᠵᠤ᠂ ᠪᠡᠶ᠎ᠡ᠎ᠶ᠋ᠢᠨ ᠲᠠᠮᠢᠷ᠎ᠤᠨ ᠬᠠᠤᠯᠢ᠎ᠶ᠋ᠢ ᠵᠠᠰᠠᠨ ᠲᠤᠭ᠍ᠳᠠᠭᠠᠬᠤ ᠲᠥᠰᠦᠯ᠎ᠢ ᠲᠤᠭᠤᠷᠪᠢᠵᠦ᠍
ᠠᠩᠬ᠎ᠠ ᠤᠳᠠᠭ᠎ᠠ ᠬᠢᠨᠠᠨ ᠶᠠᠷᠢᠯᠴᠠᠪᠠ᠃
ᠡᠷᠡᠭᠦᠤ᠎ᠶ᠋ᠢᠨ ᠬᠡᠷᠡᠭ᠂ ᠵᠠᠷᠭᠣ ᠶ᠋ᠢᠨ
ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢᠨ
ᠦᠷ᠎ᠡ ᠪᠦᠲᠦᠭᠡᠯ᠎ᠢ ᠨᠤᠲᠠᠯᠠᠪᠠ᠃ ᠤᠷᠢᠳᠴᠢᠯᠠᠨ ᠰᠡᠷᠭᠡᠢᠯᠡᠵᠦ᠍ ᠵᠠᠰᠠᠬᠤ ᠪᠠ ᠴᠣᠬᠢᠯᠲᠠ ᠥᠭ᠌ᠴᠦ ᠵᠠᠯᠬᠠᠭᠠᠨ
ᠱᠢᠢᠳᠭᠡᠬᠦ᠌᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠵᠣᠬᠢᠶᠠᠨ ᠪᠠᠢᠭᠤᠯᠤᠯᠲᠠ᠎ᠲᠠᠢ᠎ᠪᠠᠷ
ᠶᠠᠯ᠎ᠠ ᠬᠢᠬᠦ᠌᠎ᠶ᠋ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ
ᠪᠠᠢᠡᠭ᠌ᠭᠤᠵᠢᠭ᠍ᠰᠠᠨ᠂ ᠲᠤᠭ᠍ᠳᠠᠴᠠᠵᠢᠭ᠍ᠰᠠᠨ ᠠᠵᠢᠯᠯᠠᠭ᠎ᠠ᠎ᠶ᠋ᠢ ᠬᠠᠤᠯᠢ ᠶᠤᠰᠤᠭᠠᠷ ᠦᠷᠨᠢᠭᠦᠯᠭᠦ᠎ᠶ᠋ᠢ ᠠᠬᠢᠭᠤᠯᠪᠠ᠃
ᠪᠠᠢᠡᠭ᠌ᠭᠤ᠎ᠶ᠋ᠢᠨ ᠬᠤᠷᠢᠶ᠎ᠠ᠎ᠶ᠋ᠢᠨ ᠡᠷᠬᠡ ᠣᠯᠭᠤᠨ ᠥᠷᠨᠢᠭᠦᠯᠦᠭ᠌ᠰᠡᠨ ᠲᠤᠷᠱᠢᠯᠲᠠ᠎ᠶ᠋ᠢᠨ ᠠᠵᠢᠯ᠎ᠤᠨ ᠬᠤᠭᠤᠴᠠᠭ᠎ᠠ᠎ᠨᠢ
ᠳᠦᠭᠦᠷᠭᠦ᠌ ᠲᠠᠱᠢᠷᠠᠮ᠎ᠳᠤ ᠥᠭᠡᠷᠡᠴᠢᠯᠡᠯᠲᠡ᠎ᠶ᠋ᠢᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ ᠢᠷᠭᠡᠨ᠎ᠤ
ᠵᠠᠷᠭᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠂ ᠢᠷᠭᠡᠨ᠎ᠤ ᠵᠠᠷᠭᠤ᠎ᠶ᠋ᠢᠨ ᠵᠢᠷᠤᠮ᠎ᠤᠨ ᠲᠦᠪᠡᠭ᠌ᠲᠡᠶ ᠬᠡᠷᠡᠭ
ᠪᠠ ᠲᠦᠭᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠨᠤᠲᠠᠯᠠᠵᠦ᠂ ᠬᠠᠤᠯᠢ ᠪᠠᠷᠢᠯᠳᠠ᠎ᠪᠠᠷ
ᠨᠤᠳᠠᠯᠠᠬᠤ ᠵᠢᠷᠦᠮ᠂ ᠪᠠᠭ᠎ᠠ ᠲᠣᠭᠠᠨ᠎ᠤ ᠵᠠᠷᠭᠤ᠎ᠶ᠋ᠢᠨ ᠵᠢᠷᠦᠮ᠂ ᠳᠥᠭᠦᠮ ᠵᠢᠷᠤᠮ᠎ᠢ ᠲᠡᠭᠦᠯᠳᠡᠷᠵᠢᠭᠦᠯᠵᠦ᠍᠂
ᠬᠠᠤᠯᠢ ᠪᠠᠷᠢᠯᠳᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠂ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ
ᠠᠬᠢᠭᠤᠯᠪᠠ᠃ ᠠᠷᠠᠳ᠎ᠤᠨ ᠳᠡᠭᠡᠳᠤ ᠱᠢᠭᠦᠬᠦ᠌ ᠬᠤᠷᠢᠶ᠎ᠠ᠎ᠳᠤ ᠡᠷᠬᠡ ᠣᠯᠭᠤᠵᠤ ᠳᠥᠷᠪᠡᠨ ᠱᠠᠲᠤᠨ᠎ᠤ ᠱᠢᠭᠦᠬᠦ᠌ ᠬᠤᠷᠢᠶ᠎ᠠ᠎ᠶ᠋ᠢᠨ
ᠱᠢᠭᠦᠬᠦ᠌ ᠱᠠᠲᠤᠨ᠎ᠤ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ
ᠠᠵᠢᠯ᠎ᠢ ᠵᠣᠬᠢᠶᠠᠨ ᠪᠠᠢᠭᠤᠯᠤᠨ ᠥᠷᠨᠢᠭᠦᠯᠬᠦ᠌ ᠲᠤᠬᠠᠢ ᠲᠣᠭ᠍ᠲᠠᠭᠠᠯ ᠭᠠᠷᠭᠠᠪᠠ᠃ ᠴᠧᠩᠳᠦ᠋ ᠴᠦᠩᠴᠢᠩ᠎ᠤᠨ ᠮᠥᠩᠭᠦᠨ
ᠭᠦᠢᠯᠭᠡᠭᠡᠨ᠎ᠤ ᠱᠢᠭᠦᠬᠦ᠌ ᠬᠤᠷᠢᠶ᠎ᠠ᠎ᠶ᠋ᠢ ᠪᠠᠢᠭᠤᠯᠬᠤ ᠲᠤᠬᠠᠶ ᠲᠣᠭ᠍ᠲᠠᠭᠠᠯ ᠭᠠᠷᠭᠠᠵᠤ᠂ ᠮᠥᠩᠭᠦᠨ ᠭᠦᠢᠯᠭᠡᠭᠡᠨ᠎ᠤ
ᠬᠠᠤᠯᠢ᠎ᠪᠠᠷ ᠵᠠᠰᠠᠬᠤ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠬᠤ᠎ᠶ᠋ᠢ ᠠᠬᠢᠭᠤᠯᠪᠠ᠃
ᠨᠢᠭᠡ ᠵᠢᠯ᠎ᠤᠨ ᠲᠤᠷᠰᠢ᠂ ᠨᠡᠢᠲᠡ
17 ᠬᠠᠤᠯᠢ ᠶ᠋ᠢ ᠲᠣᠭ᠍ᠲᠠᠭᠠᠵᠤ᠂ 22 ᠬᠠᠤᠯᠢ ᠳ᠋ᠦ ᠵᠠᠰᠠᠪᠤᠷᠢ ᠣᠷᠣᠭᠤᠯᠤᠨ᠂ ᠬᠠᠤᠯᠢ ᠴᠠᠭᠠᠵᠠ᠎ᠶ᠋ᠢᠨ ᠠᠰᠠᠭᠤᠳᠠᠯ
ᠪᠠ ᠴᠢᠬᠤᠯᠠ ᠶᠡᠭᠡ ᠠᠰᠠᠭᠤᠳᠠᠯ᠎ᠳᠤ ᠬᠤᠯᠪᠣᠭ᠍ᠳᠠᠬᠤ ᠲᠣᠭ᠍ᠲᠠᠭᠠᠯ᠎ᠢ 10 ᠬᠤᠪᠢ ᠭᠠᠷᠭᠠᠵᠦ᠍᠂ 19 ᠬᠠᠤᠯᠢ ᠶ᠋ᠢᠨ
ᠲᠦᠰᠦᠯ᠎ᠢ ᠶᠠᠭ ᠬᠢᠨᠠᠨ ᠶᠠᠷᠢᠯᠴᠠᠵᠤ ᠪᠠᠢᠨ᠎ᠠ᠂ ᠬᠤᠶᠠᠷ ᠲᠠᠯ᠎ᠠ᠎ᠶ᠋ᠢᠨ ᠭᠡᠷ᠎ᠡ᠎ᠶ᠋ᠢ ᠵᠦᠪᠱᠢᠶᠡᠷᠡᠭᠦᠪᠠᠷ ᠲᠤᠭ᠍ᠳᠠᠭᠠᠭ᠍ᠰᠠᠨ
ᠪᠠ ᠤᠯᠠᠨ ᠤᠯᠤᠰ᠎ᠤᠨ ᠨᠡᠢᠲᠡ᠎ᠶ᠋ᠢᠨ ᠭᠡᠷ᠎ᠡ᠎ᠳᠤ ᠣᠷᠣᠬᠤ᠎ᠶ᠋ᠢ ᠵᠥᠪᠱᠢᠶᠡᠷᠡᠬᠦ᠌᠎ᠪᠠᠷ ᠲᠣᠭ᠍ᠲᠠᠭᠠᠭ᠍ᠰᠠᠨ᠎ᠨᠢ
6 ᠬᠤᠪᠢ ᠪᠠᠢᠵᠦ᠍᠂ ᠳᠤᠮᠳᠠᠳᠤ ᠤᠯᠤᠰ᠎ᠤᠨ ᠤᠨᠴᠠᠯᠢᠭ ᠪᠦᠬᠦᠢ ᠬᠠᠤᠯᠢ ᠴᠠᠭᠠᠵᠠ᠎ᠶ᠋ᠢᠨ ᠱᠢᠰᠲ᠋ᠧᠮ᠎ᠢ ᠴᠠᠭ ᠦᠶ᠎ᠠ᠎ᠲᠠᠢ
ᠵᠡᠷᠭᠡ᠎ᠪᠠᠷ ᠤᠷᠤᠭ᠍ᠰᠢᠯᠠᠭᠤᠯᠤᠨ ᠲᠡᠭᠦᠯᠳᠡᠷᠵᠢᠭᠦᠯᠵᠦ᠍᠂ ᠱᠢᠨ᠎ᠠ ᠴᠠᠭ ᠦᠶ᠎ᠠ᠎ᠶ᠋ᠢᠨ ᠨᠠᠮ ᠪᠠ ᠤᠯᠤᠰ᠎ᠤᠨ ᠠᠵᠢᠯ
ᠦᠢᠯᠡᠰ᠎ᠤᠨ ᠭᠦᠭ᠌ᠵᠢᠯᠳᠡ᠎ᠶ᠋ᠢᠨ ᠱᠢᠨ᠎ᠠ ᠱᠠᠭᠠᠷᠳᠠᠯᠭ᠎ᠠ᠎ᠶ᠋ᠢ ᠴᠠᠭ ᠲᠤᠬᠠᠢᠳᠤᠨᠢ ᠲᠤᠰᠭᠠᠵᠦ᠍᠂ ᠨᠠᠮ᠎ᠤᠨ ᠵᠣᠷᠢᠯᠲᠠ᠎ᠶ᠋ᠢ
ᠬᠠᠤᠯᠢ᠎ᠪᠠᠷ ᠲᠣᠭ᠍ᠲᠠᠭᠠᠭ᠍ᠰᠠᠨ ᠵᠢᠷᠤᠮ᠎ᠢᠶᠠᠷ ᠳᠠᠮᠵᠢᠭᠤᠯᠤᠨ ᠴᠠᠭ ᠲᠤᠬᠠᠢᠳᠤᠨᠢ ᠤᠯᠤᠰ᠎ᠤᠨ ᠵᠣᠷᠢᠭ ᠰᠠᠨᠠᠭ᠎ᠠ
ᠪᠣᠯᠤᠨ ᠠᠷᠠᠳ ᠲᠦᠮᠡᠨ᠎ᠤ ᠬᠠᠮᠲᠤ᠎ᠶ᠋ᠢᠨ ᠠᠵᠢᠯᠯᠠᠭ᠎ᠠ ᠪᠣᠯᠭᠠᠨ ᠬᠤᠪᠢᠷᠠᠭᠤᠯᠪᠠ᠃
ᠭᠤᠷᠪᠠ᠂ ᠬᠢᠨᠠᠯᠲᠠ ᠲᠠᠯᠪᠢᠬᠤ ᠡᠷᠴᠢᠮ
ᠪᠠ ᠪᠣᠳᠠᠲᠤ ᠪᠦᠲᠦᠮᠵᠢ᠎ᠶ᠋ᠢ ᠴᠢᠩᠭᠠᠳᠭᠠᠵᠦ᠍᠂ 《ᠨᠢᠭᠡ ᠵᠠᠰᠠᠭ᠎ᠤᠨ ᠤᠷᠳᠤᠨ ᠨᠢᠭᠡ ᠵᠦᠪᠯᠡᠯ ᠬᠤᠶᠠᠷ ᠬᠤᠷᠢᠶ᠎ᠠ》 ᠶ᠋ᠢᠨ ᠬᠠᠤᠯᠢ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠦ᠎ᠳᠤ
ᠬᠢᠨᠡᠯᠳᠡ ᠳᠠᠯᠪᠢᠵᠦ᠍᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ
ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠪᠠ
ᠠᠷᠠᠳ᠎ᠤᠨ ᠲᠦᠯᠦᠭᠡᠯᠡᠭ᠌ᠴᠢᠳ᠎ᠤᠨ ᠶᠡᠭᠡ
ᠬᠤᠷᠠᠯ᠎ᠤᠨ ᠪᠠᠢᠭᠤᠯᠤᠯ᠎ᠤᠨ ᠴᠢᠬᠤᠯᠠ ᠵᠠᠷᠴᠢᠮ ᠪᠠ ᠪᠠᠢᠭᠤᠯᠤᠯ᠎ᠤᠨ ᠵᠢᠷᠤᠭ ᠲᠦᠯᠦᠪᠯᠡᠭᠡ᠎ᠶ᠋ᠢᠨ ᠦᠨᠳᠦᠰᠦᠨ ᠱᠠᠭᠠᠷᠳᠠᠯᠭ᠎ᠠ
ᠪᠤᠯ ᠳᠠᠷᠤᠢ ᠶᠠᠮᠠᠷᠪᠠ ᠲᠦᠷᠦ᠍᠎ᠶ᠋ᠢᠨ ᠪᠠᠢᠭᠤᠯᠭ᠎ᠠ ᠵᠢᠴᠢ ᠲᠡᠭᠦᠨ᠎ᠤ ᠠᠵᠢᠯᠲᠠᠨ᠎ᠤ ᠡᠷᠬᠡ᠎ᠨᠢ ᠴᠦᠮ ᠬᠢᠨᠠᠯᠲᠠ
ᠪᠠ ᠬᠢᠵᠠᠭᠠᠷᠯᠠᠯ᠎ᠢ ᠬᠦᠯᠢᠶᠡᠬᠦ᠌ ᠬᠡᠷᠡᠭ᠌ᠲᠡᠢ᠃ ᠪᠠᠢᠡᠭ᠌ᠭᠤ᠎ᠶ᠋ᠢᠨ ᠬᠤᠷᠢᠶ᠎ᠠ ᠦᠨᠳᠦᠰᠦᠨ ᠬᠠᠤᠯᠢ ᠬᠠᠤᠯᠢ ᠴᠠᠭᠠᠵᠠ᠎ᠠᠴᠠ
ᠤᠯᠭᠤᠭ᠍ᠰᠠᠨ ᠬᠢᠨᠡᠯᠳᠡ ᠳᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠬᠠᠤᠯᠢ᠎ᠪᠠᠷ
ᠲᠤᠭ᠍ᠳᠠᠭᠠᠭ᠍ᠰᠠᠨ ᠬᠢᠨᠡᠯᠳᠡ ᠲᠠᠯᠪᠢᠬᠤ ᠠᠷᠭ᠎ᠠ ᠬᠡᠯᠪᠡᠷᠢ᠎ᠶ᠋ᠢ ᠨᠢᠭᠡᠳᠦᠯᠳᠡᠢ ᠲᠦᠯᠦᠪᠯᠡᠨ ᠭᠡᠷᠡᠭ᠌ᠯᠡᠵᠦ᠍᠂
ᠠᠵᠦ᠍ ᠠᠬᠤᠢ ᠨᠡᠢᠭᠡᠮ᠎ᠤᠨ ᠭᠦᠭ᠌ᠵᠢᠯᠳᠡ᠎ᠶ᠋ᠢ ᠬᠢᠵᠠᠭᠠᠷᠯᠠᠵᠦ᠍ ᠪᠠᠢᠭ᠎ᠠ ᠳᠤᠪᠤᠢᠮ᠎ᠠ ᠵᠦᠷᠢᠴᠡᠯ ᠪᠠ ᠠᠰᠠᠭᠤᠳᠠᠯ᠎ᠢ
ᠱᠢᠢᠳᠪᠤᠷᠢᠯᠡᠭᠦᠶ᠋ᠢ ᠠᠬᠢᠭᠤᠯᠵᠦ᠍᠂ ᠬᠠᠤᠯᠢ ᠴᠠᠭᠠᠵᠠ ᠬᠠᠤᠯᠢ ᠲᠤᠭ᠍ᠳᠠᠭᠠᠯ᠎ᠤᠨ ᠪᠦᠲᠦᠮᠵᠢᠳᠡᠢ ᠭᠡᠷᠡᠭ᠌ᠵᠢᠭᠦᠯᠦᠭ᠌ᠳᠡᠭᠦᠶ᠋ᠢ
ᠦᠨᠡᠨ ᠭᠦ᠌ ᠪᠠᠲᠤᠯᠠᠵᠦ᠍᠂
ᠲᠦᠷᠦ᠍᠎ᠶ᠋ᠢᠨ ᠪᠠᠢᠭᠤᠯᠭ᠎ᠠ᠎ᠨᠤᠭᠤᠳ ᠴᠦᠮ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠬᠡᠪᠴᠢᠶᠠᠨ ᠳᠤᠲᠤᠷ᠎ᠠ
ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠦ᠌ ᠪᠠ ᠠᠵᠢᠯ᠎ᠢᠶᠠᠨ ᠦᠷᠨᠢᠭᠦᠯᠭᠦ᠎ᠶ᠋ᠢ ᠦᠨᠡᠨ ᠭᠦ᠌ ᠪᠠᠲᠤᠯᠠᠵᠦ᠍᠂
ᠵᠠᠰᠠᠭ ᠵᠠᠬᠢᠷᠭᠠᠨ᠎ᠤ ᠡᠷᠬᠡ᠂ ᠬᠢᠨᠠᠨ ᠪᠠᠢᠴᠠᠭᠠᠬᠤ ᠡᠷᠬᠡ᠂ ᠱᠢᠭᠦᠨ ᠲᠠᠰᠤᠯᠬᠤ ᠡᠷᠬᠡ᠂ ᠪᠠᠢᠴᠠᠭᠠᠬᠤ ᠡᠷᠬᠡ᠎ᠶ᠋ᠢ
ᠬᠠᠤᠯᠢ ᠶᠤᠰᠤᠭᠠᠷ ᠵᠦᠪ ᠭᠡᠷᠡᠭ᠌ᠵᠢᠭᠦᠯᠭᠦᠶ᠋ᠢ ᠦᠨᠡᠨ ᠭᠦ᠌ ᠪᠠᠲᠤᠯᠠᠪᠠ᠃ ᠵᠦᠪ ᠬᠢᠨᠡᠯᠳᠡ ᠳᠠᠯᠪᠢᠬᠤ᠂ ᠪᠦᠲᠦᠮᠵᠢᠲᠡᠶ
ᠬᠢᠨᠠᠯᠲᠠ ᠳᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠪᠠᠷᠢᠮᠳᠠᠯᠠᠵᠦ᠍᠂ 31ᠮᠡᠳᠡᠭᠦᠯᠦᠯᠲᠡ ᠶ᠋ᠢ
ᠰᠣᠨᠣᠰᠴᠦ᠍ ᠬᠢᠨᠠᠨ ᠶᠠᠷᠢᠯᠴᠠᠵᠤ᠂ 6 ᠬᠠᠤᠯᠢ ᠴᠠᠭᠠᠵᠠ᠎ᠶ᠋ᠢᠨ
ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ 2 ᠤᠳᠠᠭ᠎ᠠ ᠲᠤᠰᠭᠠᠶ ᠰᠡᠳᠦᠪ᠎ᠢᠶᠠᠷ ᠯᠠᠪᠯᠠᠨ ᠠᠰᠠᠭᠤᠵᠤ᠂ 7 ᠵᠦᠢᠯ ᠤ᠋ᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ
ᠥᠷᠨᠢᠭᠦᠯᠵᠦ᠍᠂ 1 ᠱᠢᠢᠳᠪᠦᠷᠢ ᠭᠠᠷᠭᠠᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠤᠰᠭᠠᠶ ᠵᠦᠪᠯᠡᠯ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠵᠦᠪᠯᠡᠯ ᠪᠣᠯ ᠬᠢᠨᠠᠯᠲᠠ ᠲᠠᠯᠪᠢᠬᠤ
ᠠᠵᠢᠯ᠎ᠢ ᠥᠷᠨᠢᠭᠦᠯᠬᠦ᠌ ᠪᠣᠳᠠᠲᠠᠶ ᠵᠣᠬᠢᠶᠠᠨ ᠪᠠᠢᠭᠤᠯᠤᠭ᠍ᠴᠢ ᠪᠠ ᠬᠡᠷᠡᠭ᠌ᠵᠢᠭᠦᠯᠦᠭ᠌ᠴᠢ ᠮᠥᠨ᠃ ᠪᠠᠢᠡᠭ᠌ᠭᠤ᠎ᠶ᠋ᠢᠨ
ᠬᠤᠷᠢᠶᠠᠨ᠎ᠤ ᠲᠣᠭ᠍ᠲᠠᠭᠠᠭ᠍ᠰᠠᠨ ᠬᠢᠨᠠᠯᠲᠠ ᠲᠠᠯᠪᠢᠬᠤ ᠲᠦᠰᠦᠯ ᠢᠯᠠᠩᠭᠤᠶ᠎ᠠ 12 ᠲᠤᠰᠭᠠᠶ ᠠᠵᠢᠯ᠎ᠤᠨ ᠮᠡᠳᠡᠭᠦᠯᠦᠯᠲᠡ
ᠪᠣᠯᠤᠨ 7ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢᠨ ᠲᠣᠭᠤᠷᠢᠨ᠎ᠳᠤ ᠲᠤᠰᠭᠠᠶ ᠵᠦᠪᠯᠡᠯ᠂ ᠠᠵᠢᠯ᠎ᠤᠨ
ᠵᠦᠪᠯᠡᠯ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠡᠭᠦᠷᠭᠡ
ᠴᠢᠳᠠᠪᠤᠷᠢ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠴᠢᠬᠤᠯᠠ ᠶᠡᠭᠡ ᠪᠠᠢᠯᠳᠤᠬᠤ
ᠪᠤᠳᠤᠯᠭ᠎ᠠ᠂ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠠᠵᠢᠯ᠎ᠢ ᠲᠣᠭᠣᠰᠢᠯᠠᠭᠣᠯᠣᠨ ᠨᠠᠢᠳᠠᠪᠤᠷᠢᠵᠢᠭᠤᠯᠬᠣᠶ᠋ᠢ
ᠠᠬᠢᠭᠤᠯᠪᠠ᠃ ᠠᠵᠤ ᠠᠬᠤᠢ᠎ᠶ᠋ᠢᠨ ᠬᠦᠷᠢᠶᠡᠨ᠎ᠳᠤ᠂ ᠪᠠᠢᠡᠭ᠌ᠭᠤ᠎ᠶ᠋ᠢᠨ ᠬᠤᠷᠢᠶ᠎ᠠ ᠤᠯᠤᠰ ᠠᠷᠠᠳ᠎ᠤᠨ ᠠᠵᠤ ᠠᠬᠤᠶ
ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠵᠦ᠍᠂ ᠠᠵᠤ ᠠᠬᠤᠶ᠎ᠶ᠋ᠢᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠠᠳᠠᠯᠵᠦ᠍᠂
ᠠᠵᠤ ᠠᠬᠤᠶ᠎ᠶ᠋ᠢᠨ ᠠᠵᠢᠯᠯᠠᠭᠠᠨ᠎ᠤ ᠪᠠᠢᠳᠠᠯ᠎ᠳᠤ ᠮᠥᠷᠳᠡᠨ ᠬᠢᠨᠠᠯᠲᠠ ᠲᠠᠯᠪᠢᠵᠤ᠂ ᠶᠡᠭᠡ ᠬᠤᠷᠠᠯ᠎ᠠᠴᠠ ᠵᠥᠪᠱᠢᠶᠡᠷᠡᠭ᠌ᠰᠡᠨ
ᠲᠥᠯᠥᠪᠯᠡᠭᠡ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃
ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠬᠤ᠂ ᠵᠢᠵᠢᠭ
ᠲᠠᠷᠢᠶᠠᠴᠢᠨ ᠡᠷᠦᠬᠡ ᠪᠤᠯᠤᠨ ᠤᠳᠤ ᠦᠶ᠎ᠡ᠎ᠶ᠋ᠢᠨ ᠲᠠᠷᠢᠶᠠᠯᠠᠩ᠎ᠤᠨ ᠬᠦᠭ᠌ᠵᠢᠯᠳᠡ᠎ᠶ᠋ᠢ ᠤᠷᠭᠠᠨᠢᠬ᠎ᠢᠶᠠᠷ ᠵᠣᠯᠭᠠᠯᠳᠤᠭᠤᠯᠬᠤ᠎ᠶ᠋ᠢ
ᠠᠬᠢᠭᠤᠯᠤᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠦ᠍᠂ ᠤᠳᠤ ᠦᠶ᠎ᠡ᠎ᠶ᠋ᠢᠨ
ᠶᠡᠷᠦᠩᠬᠡᠢᠯᠡᠭ᠌ᠰᠡᠨ ᠵᠠᠮ ᠲᠡᠭᠡᠭᠡᠪᠦᠷᠢ᠎ᠶ᠋ᠢᠨ ᠱᠢᠰᠲ᠋ᠧᠮ᠎ᠢ ᠪᠠᠢᠭᠤᠯᠬᠤ ᠬᠤᠯᠪᠣᠭ᠍ᠳᠠᠯ ᠪᠦᠬᠦᠢ ᠠᠵᠢᠯ᠎ᠤᠨ
ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠭ᠍ᠰᠠᠨ ᠪᠦᠭᠡᠳ ᠲᠤᠰᠭᠠᠶ ᠰᠡᠳᠦᠪᠲᠦ
ᠯᠠᠪᠯᠠᠨ ᠠᠰᠠᠭᠤᠬᠤ ᠠᠵᠢᠯ ᠥᠷᠨᠢᠭᠦᠯᠪᠡ᠃ ᠦᠷ᠎ᠡ ᠡᠳ᠋᠎ᠤᠨ ᠡᠬᠢ ᠪᠠᠶᠠᠯᠢᠭ᠎ᠤᠨ ᠬᠠᠮᠠᠭᠠᠯᠠᠯᠲᠠ ᠪᠠ ᠦᠷ᠎ᠡ ᠪᠤᠢᠵᠢᠭᠤᠯᠬᠤ
ᠳᠠᠯ᠎ᠠ᠎ᠪᠠᠷ ᠱᠢᠨ᠎ᠡ᠎ᠶ᠋ᠢ ᠡᠭᠦᠳᠭᠦ᠎ᠶ᠋ᠢ ᠴᠢᠩᠭᠠᠳᠭᠠᠭ᠍ᠰᠠᠨ ᠪᠠᠢᠳᠠᠯ᠂ ᠭᠠᠳᠠᠭᠠᠳᠤ᠎ᠳᠤ ᠰᠠᠭᠤᠭ᠎ᠠ ᠬᠠᠷᠢᠶᠠᠲᠤ
ᠠᠬ᠎ᠠ ᠳᠡᠭᠦᠤ ᠨᠡᠷ᠎ᠤᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠠᠢᠭᠤᠯᠬᠤ ᠳᠤᠮᠳᠠᠬᠢ ᠴᠢᠬᠤᠯᠠ ᠦᠢᠯᠡᠳᠦᠯ᠎ᠢ ᠪᠠᠳᠠᠷᠠᠭᠤᠯᠬᠤ᠎ᠲᠠᠢ
ᠤᠶᠠᠯᠳᠤᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠪᠠ᠃ ᠠᠮᠢ ᠠᠬᠤᠶ᠎ᠶ᠋ᠢᠨ ᠤᠷᠴᠢᠨ ᠨᠦᠭᠦᠴᠡᠯ᠎ᠤᠨ
ᠬᠠᠮᠠᠭᠠᠯᠠᠯᠳᠠ᠎ᠶ᠋ᠢᠨ ᠬᠦᠷᠢᠶᠡᠨ᠎ᠳᠤ᠂ 2020 ᠣᠨ ᠤ᠋ ᠣᠷᠴᠢᠨ ᠠᠬᠤᠢ᠎ᠶ᠋ᠢᠨ ᠪᠠᠢᠳᠠᠯ ᠪᠠ ᠣᠷᠴᠢᠨ ᠠᠬᠤᠢ᠎ᠶ᠋ᠢᠨ
ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ
ᠰᠡᠷᠭᠡᠢᠯᠡᠨ ᠵᠠᠰᠠᠬᠤ ᠬᠠᠤᠯᠢ᠎ᠶ᠋ᠢᠨ ᠬᠠᠤᠯᠢ ᠬᠡᠷᠡᠭ᠌ᠵᠢᠭᠦᠯᠤᠯᠳᠠ᠎ᠶ᠋ᠢᠨ ᠪᠠᠢᠴᠠᠭᠠᠯᠳᠠ᠎ᠶ᠋ᠢᠨ ᠮᠡᠳᠡᠭᠦᠯᠦᠯᠲᠡ
ᠵᠢᠴᠢ ᠬᠢᠨᠠᠨ ᠶᠠᠷᠢᠯᠴᠠᠭ᠍ᠰᠠᠨ ᠰᠠᠨᠠᠯ᠎ᠢ ᠰᠤᠳᠤᠯᠤᠨ ᠱᠢᠢᠳᠪᠤᠷᠢᠯᠡᠭ᠌ᠰᠡᠨ ᠪᠠᠢᠳᠠᠯ᠎ᠤᠨ ᠲᠤᠬᠠᠢ ᠮᠡᠳᠡᠭᠦᠯᠦᠯᠳᠡ᠂
ᠬᠥᠬᠡᠮᠥ᠋ᠷᠡᠨ᠎ᠤ ᠰᠠᠪᠠ ᠭᠠᠵᠠᠷ᠎ᠤᠨ ᠠᠮᠢ ᠠᠬᠤᠶ᠎ᠶ᠋ᠢᠨ ᠤᠷᠴᠢᠨ ᠨᠦᠭᠦᠴᠡᠯ᠎ᠤᠨ ᠬᠠᠮᠠᠭᠠᠯᠠᠯᠲᠠ᠎ᠶ᠋ᠢᠨ ᠠᠵᠢᠯ᠂
ᠱᠢᠶᠦ᠋ᠩ ᠠᠨ ᠱᠢᠨ᠎ᠡ ᠲᠣᠭᠤᠷᠢᠭ ᠪᠣᠯᠤᠨ ᠪᠠᠶ ᠶᠠᠩ ᠳ᠋ᠢᠶᠠᠨ᠎ᠤ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠠᠵᠢᠯ
ᠵᠡᠷᠭᠡ᠎ᠶ᠋ᠢᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠦ᠍᠂ ᠤᠯᠤᠰ᠎ᠤᠨ ᠴᠡᠴᠡᠷᠯᠢᠭ᠎ᠢᠶᠠᠷ
ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠤᠨ ᠪᠠᠢᠭᠤᠯᠤᠯᠲᠠ᠎ᠶ᠋ᠢᠨ
ᠪᠠᠢᠳᠠᠯ᠎ᠢ ᠲᠤᠰᠭᠠᠶ ᠰᠡᠳᠦᠪ᠎ᠢᠶᠠᠷ ᠪᠠᠢᠴᠠᠭᠠᠨ ᠰᠤᠳᠤᠯᠪᠠ᠃ ᠨᠡᠢᠭᠡᠮ᠎ᠤᠨ ᠠᠵᠢᠯ ᠦᠢᠯᠡᠰ᠎ᠤᠨ ᠬᠦᠷᠢᠶᠡᠨ᠎ᠳᠤ᠂
ᠪᠠᠭ᠍ᠰᠢ᠎ᠶ᠋ᠢᠨ ᠡᠩᠨᠡᠭᠡᠨ᠎ᠤ ᠪᠠᠢᠭᠤᠯᠤᠯᠲᠠ ᠪᠠ ᠪᠠᠭ᠍ᠰᠢ᠎ᠶ᠋ᠢᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠂
ᠲᠡᠤᠬᠡ᠎ᠶ᠋ᠢᠨ ᠳᠤᠷᠠᠰᠭᠠᠯᠲᠤ ᠵᠦᠢᠯ᠎ᠤᠨ ᠠᠵᠢᠯ ᠪᠠ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠤᠯᠢ᠎ᠶ᠋ᠢ
ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠦ᠍ ᠬᠢᠨᠠᠨ ᠶᠠᠷᠢᠯᠴᠠᠵᠤ᠂ ᠬᠥᠮᠦᠨ
ᠠᠮᠠ᠎ᠪᠠᠷ ᠴᠥᠭᠡᠪᠲᠤᠷ ᠦᠨᠳᠦᠰᠦᠲᠡᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠤᠭ᠍ᠰᠠᠨ ᠪᠠᠢᠳᠠᠯ᠎ᠢ
ᠲᠤᠰᠭᠠᠶ ᠰᠡᠳᠦᠪ᠎ᠢᠶᠠᠷ ᠪᠠᠢᠴᠠᠭᠠᠨ ᠰᠤᠳᠤᠯᠪᠠ᠃ ᠦᠨᠳᠦᠰᠦᠲᠡᠨ᠎ᠤ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ
ᠰᠤᠳᠤᠯᠭᠠᠨ᠎ᠢ ᠥᠷᠨᠢᠭᠦᠯᠵᠦ᠍᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠦᠷᠭᠦᠯᠵᠢᠯᠡᠡ
ᠠᠬᠢᠭᠤᠯᠪᠠ᠃
ᠡᠳ᠋᠎ᠤᠨ ᠵᠠᠰᠠᠭ᠎ᠤᠨ ᠢᠳᠡᠪᠬᠢᠲᠡᠢ ᠲᠥᠷᠥ᠎ᠶ᠋ᠢᠨ
ᠪᠣᠳᠣᠯᠭ᠎ᠠ᠂ ᠭᠠᠢᠯᠢ ᠬᠥᠩᠭᠡᠯᠡᠵᠦ᠍ ᠰᠦᠢᠳᠭᠡᠯ ᠪᠠᠭᠤᠷᠠᠭᠤᠯᠬᠤ ᠠᠷᠭ᠎ᠠ ᠬᠡᠮᠵᠢᠶ᠎ᠡ᠂ ᠱᠢᠨᠵᠢᠯᠡᠬᠦ᠌ ᠤᠬᠠᠭᠠᠨ
ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠂ ᠭᠠᠮᠨᠠᠵᠦ᠍ ᠠᠮᠢᠳᠤᠷᠠᠬᠤ ᠵᠡᠷᠭᠡ᠎ᠶ᠋ᠢᠨ ᠱᠠᠭᠠᠷᠳᠠᠯᠭ᠎ᠠ᠎ᠶ᠋ᠢ
ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠲᠥᠰᠦᠪ ᠪᠠ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ
ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠪᠡ᠃ 2020 ᠣᠨ ᠤ᠋ ᠲᠥᠪ᠎ᠤᠨ ᠲᠥᠰᠦᠪ᠎ᠤᠨ ᠭᠦᠢᠴᠡᠳᠭᠡᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂
ᠲᠥᠪ᠎ᠤᠨ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠦ᠍ ᠵᠥᠪᠱᠢᠶᠡᠷᠡᠪᠠ᠂ ᠠᠵᠢᠯ᠎ᠤᠨ ᠦᠷ᠎ᠠ ᠪᠦᠲᠦᠮᠵᠢ᠎ᠪᠠᠷ
ᠤᠳᠤᠷᠢᠳᠤᠮᠵᠢ ᠪᠣᠯᠭᠠᠬᠤ᠎ᠶ᠋ᠢ ᠳᠣᠪᠤᠢᠯᠭᠠᠨ᠂ ᠭᠤᠤᠯᠳᠠᠯᠭ᠎ᠠ᠎ᠲᠠᠢ ᠲᠦᠰᠦᠯ᠎ᠤᠨ ᠠᠵᠢᠯ᠎ᠤᠨ ᠦᠷ᠎ᠠ ᠪᠦᠲᠦᠮᠵᠢ᠎ᠶ᠋ᠢ
ᠦᠨᠡᠯᠡᠬᠦ᠌ ᠬᠡᠪᠴᠢᠶ᠎ᠡ᠎ᠶ᠋ᠢ ᠥᠷᠭᠡᠳᠭᠡᠭᠡᠳ᠂ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ 1.7 ᠲᠦᠮᠡᠨ ᠳ᠋ᠦᠩᠱᠢᠭᠤᠷ
ᠲᠥᠭᠦᠷᠢᠭ᠎ᠲᠤ ᠬᠥᠷᠪᠡ᠃ ᠲᠥᠰᠦᠪ᠎ᠢ ᠭᠦᠢᠴᠡᠳᠭᠡᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠦ᠍
ᠬᠢᠨᠠᠨ ᠶᠠᠷᠢᠯᠴᠠᠵᠤ᠂ 2.8ᠲᠦᠮᠡᠨ ᠳ᠋ᠦᠩᠱᠢᠭᠤᠷ ᠲᠥᠭᠦᠷᠢᠭ᠎ᠤᠨ ᠲᠥᠪ᠎ᠤᠨ ᠡᠳ᠋᠎ᠤᠨ ᠵᠠᠰᠠᠭ᠎ᠠᠴᠠ ᠱᠢᠭᠤᠳ ᠪᠠᠭᠤᠯᠭᠠᠬᠤ
ᠪᠡᠯᠡ ᠮᠥᠩᠭᠦ᠎ᠶ᠋ᠢᠨ ᠪᠠᠭᠤᠯᠭᠠᠭ᠍ᠰᠠᠨ ᠪᠠ ᠬᠡᠷᠡᠭ᠌ᠯᠡᠭ᠌ᠰᠡᠨ ᠪᠠᠢᠳᠠᠯ᠎ᠳᠤ ᠮᠥᠷᠳᠡᠵᠦ᠍ ᠬᠢᠨᠠᠯᠳᠠ ᠲᠠᠯᠪᠢᠪᠠ᠃
2020 ᠣᠨ ᠤ᠋ ᠲᠥᠪ᠎ᠤᠨ ᠲᠥᠰᠦᠪ᠎ᠢ
ᠭᠦᠢᠴᠡᠳᠭᠡᠭ᠌ᠰᠡᠨ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠶ᠋ᠢ ᠬᠢᠨᠠᠨ ᠪᠣᠳᠣᠭ᠍ᠰᠠᠨ ᠠᠵᠢᠯ᠎ᠤᠨ
ᠲᠤᠬᠠᠢ ᠮᠡᠳᠡᠭᠦᠯᠦᠯᠲᠡ᠂ ᠬᠢᠨᠠᠨ ᠪᠣᠳᠣᠯᠲᠠ᠎ᠪᠠᠷ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ
ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠪᠠ᠃ ᠲᠦᠷᠦ᠍᠎ᠶ᠋ᠢᠨ ᠪᠤᠳᠤᠯᠭ᠎ᠠ᠎ᠶ᠋ᠢᠨ
ᠭᠡᠷᠡᠭ᠌ᠵᠢᠭᠦᠯᠦᠯᠳᠡᠳᠤ ᠮᠦᠷᠳᠡᠨ ᠬᠢᠨᠡᠯᠳᠡ ᠳᠠᠯᠪᠢᠵᠦ᠍᠂ ᠵᠠᠰᠠᠭ᠎ᠤᠨ ᠤᠷᠳᠤᠨ᠎ᠤ ᠬᠤᠯᠪᠤᠭ᠍ᠳᠠᠯ ᠪᠦᠬᠦᠢ ᠰᠠᠯᠠᠭ᠎ᠠ
ᠮᠦᠴᠢᠷ᠎ᠲᠤ ᠬᠢᠨᠠᠯᠳᠠ ᠲᠠᠯᠪᠢᠵᠦ᠍ ᠪᠠᠢᠭᠠᠳ ᠲᠣᠭ᠍ᠲᠠᠭᠠᠯ᠎ᠠᠴᠠ ᠵᠥᠷᠢᠴᠡᠨ ᠭᠠᠢᠯᠢ᠎ᠶ᠋ᠢᠨ ᠣᠷᠣᠯᠭ᠎ᠠ᠎ᠶ᠋ᠢ ᠪᠤᠴᠠᠭᠠᠭ᠍ᠰᠠᠨ᠂
ᠵᠠᠰᠠᠭ᠎ᠤᠨ ᠤᠷᠳᠤᠨ ᠰᠤᠬᠤᠷ ᠪᠠᠯᠠᠢ᠎ᠪᠠᠷ ᠵᠢᠭᠡᠯᠡᠯᠭᠡ ᠠᠪᠤᠭ᠍ᠰᠠᠨ᠂ ᠠᠮᠢ ᠠᠬᠤᠢ᠎ᠶ᠋ᠢᠨ ᠣᠷᠴᠢᠨ ᠨᠦᠭᠦᠴᠡᠯ᠎ᠢ
ᠬᠠᠮᠠᠭᠠᠯᠠᠬᠤ ᠪᠡᠯᠡ ᠮᠥᠩᠭᠦ᠎ᠶ᠋ᠢ ᠡᠵᠡᠯᠡᠵᠦ᠍ ᠨᠡᠭᠦᠯᠭᠡᠨ ᠬᠡᠷᠡᠭ᠌ᠯᠡᠭ᠌ᠰᠡᠨ ᠵᠡᠷᠭᠡ ᠠᠰᠠᠭᠤᠳᠠᠯ᠎ᠢ ᠪᠠᠢᠴᠠᠭᠠᠨ
ᠱᠢᠢᠳᠪᠤᠷᠢᠯᠠᠵᠦ᠍᠂ ᠡᠳ᠋᠎ᠤᠨ ᠵᠠᠰᠠᠭ ᠭᠠᠢᠯᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠨᠡᠢᠳᠡᠪᠤᠷᠢᠵᠢᠨ ᠦᠷ᠎ᠠ
ᠪᠦᠳᠦᠮᠵᠢ ᠤᠯᠬᠤ᠎ᠶ᠋ᠢ ᠪᠠᠲᠤᠯᠠᠪᠠ᠃ ᠲᠥᠰᠦᠪ᠎ᠤᠨ ᠰᠦᠯᠵᠢᠶᠡᠵᠢᠭᠦᠯᠦᠭ᠌ᠰᠡᠨ ᠬᠢᠨᠠᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ
ᠠᠬᠢᠭᠤᠯᠵᠤ᠂ ᠬᠦᠨᠳᠡᠯᠡᠨ᠎ᠢᠶᠠᠷ ᠰᠠᠯᠠᠭ᠎ᠠ ᠮᠥᠴᠢᠷ ᠠᠯᠤᠰᠯᠠᠭ᠍ᠰᠠᠨ᠂ ᠭᠤᠯᠳᠤ᠎ᠪᠠᠷ ᠱᠠᠳᠤ ᠳᠡᠰ ᠠᠯᠤᠰᠯᠠᠭ᠍ᠰᠠᠨ
ᠠᠵᠢᠯ᠎ᠤᠨ ᠬᠠᠮᠵᠢᠯᠴᠠᠭ᠎ᠠ ᠪᠠ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠩᠬ᠎ᠠ ᠠᠯᠬᠤᠮ ᠪᠡᠶᠡᠯᠡᠭᠦᠯᠪᠠ᠃
ᠲᠥᠰᠦᠪ᠎ᠤᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠤᠨ ᠪᠠᠢᠭᠤᠯᠤᠯᠲᠠ᠎ᠶ᠋ᠢ ᠠᠬᠢᠭᠤᠯᠪᠠ᠃
ᠲᠥᠰᠦᠪ᠎ᠢ ᠬᠢᠨᠠᠨ ᠪᠠᠢᠴᠠᠭᠠᠵᠤ ᠲᠦᠰᠤᠪ᠎ᠲᠤ
ᠬᠢᠨᠠᠯᠲᠠ ᠲᠠᠯᠪᠢᠬᠤ ᠭᠤᠤᠯᠳᠠᠯᠭ᠎ᠠ᠎ᠶ᠋ᠢ ᠥᠷᠭᠡᠳᠭᠡᠬᠦ᠌ ᠥᠭᠡᠷᠡᠴᠢᠯᠡᠯᠲᠡ᠎ᠶ᠋ᠢ ᠦᠷᠨᠢᠭᠦᠯᠭᠦ᠌ ᠪᠠ ᠤᠯᠤᠰ᠎ᠤᠨ
ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠳᠤ ᠬᠢᠨᠡᠯᠳᠡ ᠳᠠᠯᠪᠢᠬᠤ ᠪᠣᠯ ᠲᠤᠰ ᠬᠤᠭᠤᠴᠠᠭ᠎ᠠ᠎ᠠᠴᠠ
ᠨᠠᠭᠠᠱᠢᠬᠢ ᠨᠠᠮ᠎ᠤᠨ ᠲᠥᠪ ᠬᠤᠷᠢᠶ᠎ᠠ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ
ᠱᠢᠨ᠎ᠡ ᠲᠤᠱᠢᠶᠠᠯ ᠬᠠᠷᠢᠭᠤᠴᠠᠯᠭ᠎ᠠ ᠱᠢᠨ᠎ᠡ ᠱᠠᠭᠠᠷᠳᠠᠯᠭ᠎ᠠ ᠮᠥᠨ᠃ ᠡᠳ᠋᠎ᠤᠨ ᠵᠠᠰᠠᠭ᠎ᠤᠨ ᠵᠠᠮ ᠲᠡᠭᠡᠭᠡᠪᠦᠷᠢ᠎ᠶ᠋ᠢᠨ
ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ᠎ᠶ᠋ᠢᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠵᠦ᠍᠂ ᠡᠳ᠋᠎ᠤᠨ ᠵᠠᠰᠠᠭ᠎ᠤᠨ ᠨᠥᠬᠦᠪᠥᠷᠢ᠎ᠶ᠋ᠢᠨ ᠬᠠᠮᠢᠶᠠᠷᠤᠯᠲᠠ ᠬᠢᠭᠡᠳ ᠥᠭᠡᠷᠡᠴᠢᠯᠡᠯᠲᠡ᠎ᠶ᠋ᠢᠨ
ᠪᠠᠢᠳᠠᠯ᠎ᠤᠨ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠱᠢᠨᠵᠢᠯᠡᠬᠦ᠌ ᠤᠬᠠᠭᠠᠨ
ᠮᠡᠷᠭᠡᠵᠢᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠂ ᠣᠷᠴᠢᠨ ᠠᠬᠤᠢ᠎ᠶ᠋ᠢᠨ ᠬᠠᠮᠠᠭᠠᠯᠠᠯᠲᠠ᠂ ᠨᠡᠢᠭᠡᠮ᠎ᠤᠨ ᠪᠠᠲᠤᠯᠠᠭ᠎ᠠ᠂
ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ᠎ᠶ᠋ᠢᠨ
ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠦ᠍᠂ ᠡᠳ᠋᠎ᠤᠨ ᠵᠠᠰᠠᠭ᠎ᠤᠨ
ᠵᠠᠷᠤᠯᠭ᠎ᠠ᠎ᠪᠠᠷ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ
ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠭᠤᠤᠯᠳᠠᠯᠭ᠎ᠠ᠎ᠲᠠᠢ ᠳᠡᠮᠵᠢᠬᠦ᠌ ᠪᠠ ᠪᠠᠲᠤᠯᠠᠬᠤ᠎ᠶ᠋ᠢ ᠦᠨᠡᠨ
ᠬᠦ᠌ ᠪᠠᠲᠤᠯᠠᠪᠠ᠃ 4 ᠵᠢᠯ ᠳᠠᠷᠠᠭᠠᠯᠠᠨ ᠤᠯᠤᠰ᠎ᠤᠨ ᠥᠮᠴᠢᠯᠡᠯ᠎ᠤᠨ
ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠣᠨ᠎ᠤ ᠶᠡᠷᠦᠩᠬᠡᠢᠯᠡᠭ᠌ᠰᠡᠨ ᠮᠡᠳᠡᠭᠦᠯᠦᠯᠲᠡ
ᠪᠠ ᠲᠤᠰᠭᠠᠶ ᠮᠡᠳᠡᠭᠦᠯᠦᠯᠲᠡ᠎ᠶ᠋ᠢ ᠬᠢᠨᠠᠨ ᠶᠠᠷᠢᠯᠴᠠᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠳᠤ ᠰᠦᠯᠵᠢᠶᠡᠭᠦᠯᠦᠨ
ᠬᠢᠨᠠᠯᠲᠠ ᠲᠠᠯᠪᠢᠬᠤ ᠠᠵᠢᠯ᠎ᠢ ᠲᠦᠷᠭᠡᠯᠡᠨ ᠠᠬᠢᠭᠤᠯᠪᠠ᠃ ᠤᠯᠤᠰ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ
ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ
ᠲᠠᠯᠪᠢᠬᠤ ᠦᠨᠡᠯᠡᠯᠲᠡ᠎ᠶ᠋ᠢᠨ ᠭᠦᠢᠴᠡᠳᠭᠡᠯ ᠲᠤᠭ᠎ᠠ᠎ᠶ᠋ᠢᠨ ᠱᠢᠰᠲ᠋ᠧᠮ᠎ᠢ ᠪᠠᠢᠭᠤᠯᠬᠤ ᠲᠤᠬᠠᠢ ᠰᠠᠨᠠᠯ᠎ᠢ ᠲᠣᠭ᠍ᠲᠠᠭᠠᠵᠤ᠂
ᠤᠯᠤᠰ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ
ᠪᠠᠢᠳᠠᠯ᠎ᠤᠨ ᠲᠤᠬᠠᠶ ᠲᠤᠰᠭᠠᠶ ᠮᠡᠳᠡᠭᠦᠯᠦᠯᠲᠡ᠎ᠶ᠋ᠢ ᠠᠩᠬ᠎ᠠ ᠤᠳᠠᠭ᠎ᠠ ᠰᠣᠨᠣᠰᠴᠦ᠍ ᠬᠢᠨᠠᠨ ᠶᠠᠷᠢᠯᠴᠠᠪᠠ᠂ ᠲᠦᠷᠦ᠍᠎ᠶ᠋ᠢᠨ
ᠶᠠᠪᠤᠳᠠᠯ᠎ᠤᠨ ᠬᠤᠷᠢᠶᠠᠨ᠎ᠤ ᠠᠷᠠᠳ ᠨᠡᠢᠲᠡ᠎ᠶ᠋ᠢᠨ ᠥᠮᠴᠢᠯᠡᠯ᠎ᠳᠤ ᠪᠠᠢᠭ᠎ᠠ 11ᠲᠦᠷᠦᠯ ᠤ᠋ᠨᠭᠤᠤᠯᠪᠣᠯᠬᠤᠤᠯᠤᠰᠤᠨᠥᠮᠴᠢᠯᠡᠯᠤᠨᠪᠠᠢᠭᠠᠯᠢᠶ᠋ᠢᠨ ᠡᠬᠢ ᠪᠠᠶᠠᠯᠢᠭ᠎ᠤᠨ ᠡᠳ᠋ ᠬᠦᠷᠦᠩᠭᠡ᠎ᠶ᠋ᠢᠨ ᠪᠠᠢᠳᠠᠯ᠎ᠢ ᠦᠨᠳᠦᠰᠦᠨ᠎ᠳᠡᠭᠡᠨ ᠲᠣᠳᠣᠷᠬᠠᠶ
ᠣᠢᠯᠠᠭᠠᠬᠤ᠎ᠶ᠋ᠢ ᠠᠬᠢᠭᠤᠯᠵᠤ᠂ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠂ ᠮᠥᠩᠭᠦᠨ ᠭᠦᠢᠯᠭᠡᠭᠡᠨ᠎ᠤ
ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠂ ᠵᠠᠰᠠᠭ ᠵᠠᠬᠢᠷᠭ᠎ᠠ ᠠᠵᠢᠯ ᠦᠢᠯᠡᠰ᠎ᠤᠨ ᠴᠢᠨᠠᠷᠲᠠᠶ
ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠂ ᠤᠯᠤᠰ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋
ᠬᠦᠷᠦᠩᠭᠡ ᠵᠡᠷᠭᠡ ᠳᠦᠷᠪᠡᠨ ᠶᠡᠭᠡ ᠲᠦᠷᠦᠯ᠎ᠤᠨ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ
ᠪᠠᠢᠳᠠᠯ᠎ᠳᠤ ᠬᠢᠨᠠᠯᠲᠠ ᠲᠠᠯᠪᠢᠬᠤ᠎ᠶ᠋ᠢ ᠨᠡᠢᠳᠡᠮ ᠭᠡᠷᠡᠭ᠌ᠵᠢᠭᠦᠯᠭᠦᠶ᠋ᠢ ᠪᠡᠶᠡᠯᠡᠭᠦᠯᠪᠠ᠃ ᠡᠳᠡᠭᠡᠷ ᠬᠢᠨᠡᠯᠳᠡ᠎ᠨᠢ
ᠤᠯᠤᠰ᠎ᠤᠨ ᠦᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ ᠬᠤᠬᠢᠷᠠᠯ᠎ᠳᠤ ᠤᠴᠠᠷᠠᠬᠤ᠂ ᠤᠯᠤᠰ᠎ᠤᠨ ᠦᠮᠴᠢᠯᠡᠯ᠎ᠤᠨ
ᠡᠳ᠋ ᠬᠦᠷᠦᠩᠭᠡ ᠠᠯᠳᠠᠭ᠍ᠳᠠᠬᠤ᠎ᠳᠤ ᠰᠡᠷᠭᠡᠢᠯᠡᠭᠦ᠌ ᠦᠢᠯᠡᠳᠦᠯ ᠦᠵᠡᠭᠦᠯᠪᠡ᠃ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ
ᠬᠢᠨᠠᠨ ᠪᠤᠳᠤᠬᠤ ᠰᠠᠯᠠᠭ᠎ᠠ ᠮᠥᠴᠢᠷ ᠠᠩᠬ᠎ᠠ ᠤᠳᠠᠭ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢ ᠬᠢᠨᠠᠨ ᠪᠤᠳᠤᠭ᠍ᠰᠠᠨ
ᠪᠠᠢᠳᠠᠯ᠎ᠤᠨ ᠲᠤᠰᠭᠠᠶ ᠮᠡᠳᠡᠭᠦᠯᠦᠯᠲᠡ᠎ᠶ᠋ᠢ ᠳᠡᠪᠱᠢᠭᠦᠯᠪᠡ᠃ ᠲᠥᠪ᠎ᠤᠨ ᠲᠥᠰᠦᠪ᠎ᠢ ᠬᠢᠨᠠᠨ ᠪᠠᠢᠴᠠᠭᠠᠬᠤ ᠪᠠ ᠲᠡᠭᠦᠨ᠎ᠳᠤ
ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠶ᠂ ᠠᠵᠤ ᠠᠬᠤᠶ᠎ᠶ᠋ᠢᠨ ᠠᠵᠢᠯ᠎ᠳᠤ ᠬᠢᠨᠠᠯᠲᠠ ᠲᠠᠯᠪᠢᠬᠤ᠎ᠶ᠋ᠢ
ᠴᠢᠩᠭᠠᠳᠭᠠᠬᠤ ᠲᠤᠬᠠᠶ ᠪᠠᠢᠩᠭᠤ᠎ᠶ᠋ᠢᠨ ᠬᠤᠷᠢᠶᠠᠨ᠎ᠤ ᠲᠣᠭ᠍ᠲᠠᠭᠠᠯ᠎ᠢ ᠵᠠᠰᠠᠨ ᠲᠤᠭ᠍ᠳᠠᠭᠠᠵᠦ᠍᠂ ᠲᠦᠰᠦᠪ᠎ᠢ ᠬᠢᠨᠠᠨ
ᠪᠠᠢᠴᠠᠭᠠᠬᠤ᠂ ᠠᠵᠤ ᠠᠬᠤᠶ᠎ᠶ᠋ᠢᠨ ᠠᠵᠢᠯ᠎ᠳᠤ ᠬᠢᠨᠠᠯᠲᠠ ᠲᠠᠯᠪᠢᠬᠤ ᠤᠷᠳᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ
ᠪᠠᠢᠭᠤᠯᠪᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠵᠠᠰᠠᠭ᠎ᠤᠨ ᠣᠷᠳᠣᠨ᠎ᠤ
ᠦᠭ᠌ᠴᠡᠭᠡ᠎ᠶ᠋ᠢ ᠬᠢᠨᠠᠨ ᠪᠠᠢᠴᠠᠭᠠᠵᠤ ᠲᠡᠭᠦᠨ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠶ ᠨᠠᠮ᠎ᠤᠨ
ᠲᠥᠪ ᠬᠤᠷᠢᠶᠠᠨ᠎ᠤ ᠰᠠᠨᠠᠯ᠎ᠢ ᠨᠡᠢᠲᠡᠯᠡᠬᠦ᠌ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂
ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠭ᠌ᠴᠡᠭᠡᠨᠤ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠪᠠ᠃
ᠬᠠᠤᠯᠢ ᠴᠠᠭᠠᠵᠠ᠎ᠶ᠋ᠢᠨ ᠭᠡᠷᠡᠭ᠌ᠵᠢᠭᠦᠯᠦᠯᠳᠡᠶ᠋ᠢᠨ
ᠪᠠᠢᠳᠠᠯ᠎ᠳᠤ ᠬᠢᠨᠡᠯᠳᠡ ᠳᠠᠯᠪᠢᠬᠤ᠎ᠪᠠᠨ ᠴᠢᠩᠭᠠᠳᠭᠠᠪᠠ᠃ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ
ᠶᠣᠰᠣᠭᠠᠷ ᠠᠵᠢᠯᠯᠠᠬᠤ᠂ ᠬᠠᠤᠯᠢ᠎ᠪᠠᠷ ᠲᠣᠭ᠍ᠲᠠᠭᠠᠭ᠍ᠰᠠᠨ ᠬᠡᠪᠴᠢᠶᠡᠨ᠎ᠳᠤ ᠬᠢᠵᠠᠭᠠᠷᠯᠠᠬᠤ᠂ ᠬᠠᠤᠯᠢ᠎ᠪᠠᠷ ᠲᠣᠭ᠍ᠲᠠᠭᠠᠭ᠍ᠰᠠᠨ
ᠵᠢᠷᠤᠮ᠎ᠢ ᠵᠢᠷᠤᠮᠯᠠᠬᠤ᠎ᠶ᠋ᠢ ᠪᠠᠷᠢᠮᠲᠠᠯᠠᠵᠤ᠂ ᠬᠠᠤᠯᠢ ᠴᠠᠭᠠᠵᠠ᠎ᠶ᠋ᠢᠨ ᠵᠦᠢᠯ ᠵᠤᠷᠪᠤᠰ᠎ᠲᠠᠢ ᠨᠢᠭᠡ ᠨᠢᠭᠡ᠎ᠪᠠᠷ
ᠬᠠᠷᠢᠴᠠᠭᠤᠯᠤᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠪᠠ᠃ ᠠᠵᠤ ᠠᠬᠤᠢᠯᠠᠯ᠎ᠤᠨ
ᠳᠠᠮᠫᠤᠷᠠᠯ᠎ᠤᠨ ᠬᠠᠤᠯᠢ᠂ ᠬᠢᠲᠠᠳ ᠡᠮ ᠡᠮᠨᠡᠯᠭᠡ᠎ᠶ᠋ᠢᠨ ᠬᠠᠤᠯᠢ᠂ ᠮᠠᠯ ᠠᠵᠤ ᠠᠬᠤᠶ᠎ᠶ᠋ᠢᠨ ᠬᠠᠤᠯᠢ᠂ ᠬᠠᠲᠠᠭᠤ
ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠠᠬᠤᠶ᠎ᠶ᠋ᠢ ᠪᠣᠬᠢᠷᠲᠤᠭᠤᠯᠬᠤ᠎ᠶ᠋ᠢ ᠰᠡᠷᠭᠡᠢᠯᠡᠨ ᠵᠠᠰᠠᠬᠤ ᠬᠠᠤᠯᠢ᠂
ᠠᠯᠪᠠᠨ ᠭᠡᠷᠡᠴᠢᠯᠡᠭᠡ᠎ᠶ᠋ᠢᠨ ᠬᠠᠤᠯᠢ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠬᠠᠤᠯᠢ ᠵᠡᠷᠭᠡ 6 ᠬᠠᠤᠯᠢ
ᠶ᠋ᠢᠨ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠪᠠ᠂ ᠨᠡᠢᠲᠡ 23 ᠪᠠᠢᠴᠠᠭᠠᠬᠤ ᠳᠤᠭᠤᠢᠯᠠᠩ᠎ᠨᠢ ᠡᠯ᠎ᠡ
ᠮᠣᠵᠢ (ᠣᠷᠣᠨ᠂ ᠬᠤᠲᠠ) ᠳ᠋ᠦ ᠬᠦᠷᠴᠦ᠍
ᠲᠤᠬᠠᠶ᠎ᠶ᠋ᠢᠨ ᠭᠠᠵᠠᠷ᠎ᠲᠤᠨᠢ ᠪᠠᠢᠴᠠᠭᠠᠯᠲᠠ ᠬᠢᠵᠦ᠍᠂ ᠬᠤᠷᠢᠶᠠᠨ ᠳᠠᠷᠤᠭ᠎ᠠ ᠨᠠᠷ᠎ᠤᠨ ᠬᠤᠷᠠᠯ ᠤ᠋ᠨ ᠪᠦᠷᠢᠯᠳᠦᠬᠦᠨ
ᠲᠣᠰ ᠲᠣᠰ ᠪᠦᠯᠬᠦᠮ ᠳᠠᠭᠠᠭᠤᠯᠤᠨ᠂ ᠪᠠᠢᠩᠭᠤ᠎ᠶ᠋ᠢᠨ ᠬᠤᠷᠢᠶᠠᠨ᠎ᠤ ᠭᠡᠱᠢᠭᠦᠨ ᠪᠠ ᠲᠤᠰᠭᠠᠶ ᠵᠥᠪᠯᠡᠯ᠎ᠤᠨ ᠪᠦᠷᠢᠯᠳᠦᠬᠦᠨ 133 ᠬᠥᠮᠦᠨ ᠤᠳᠠᠭ᠎ᠠ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ 66 ᠬᠥᠮᠦᠨ ᠤᠳᠠᠭ᠎ᠠ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ
ᠠᠵᠢᠯ᠎ᠳᠤ ᠣᠷᠣᠯᠴᠠᠪᠠ᠃ ᠪᠠᠢᠩᠭᠤ᠎ᠶ᠋ᠢᠨ ᠬᠤᠷᠢᠶᠠᠨ᠎ᠤ ᠬᠤᠷᠠᠯ ᠡᠴᠡ 6 ᠬᠠᠤᠯᠢ ᠬᠡᠷᠡᠭ᠌ᠵᠢᠭᠦᠯᠦᠯᠲᠡ᠎ᠶ᠋ᠢᠨ
ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠪᠠ᠃ ᠬᠠᠲᠠᠭᠤ ᠪᠡᠶᠡᠲᠦ ᠬᠠᠶᠠᠭ᠍ᠳᠠᠮᠠᠯ
ᠪᠣᠳᠠᠰ᠎ᠤᠨ ᠣᠷᠴᠢᠨ ᠠᠬᠤᠢ᠎ᠶ᠋ᠢ ᠪᠣᠬᠢᠷᠲᠤᠭᠤᠯᠬᠤ᠎ᠶ᠋ᠢ ᠰᠡᠷᠭᠡᠢᠯᠡᠨ ᠵᠠᠰᠠᠬᠤ ᠬᠠᠤᠯᠢ᠎ᠶ᠋ᠢ ᠬᠡᠷᠡᠭ᠌ᠵᠢᠭᠦᠯᠵᠦ᠍
ᠪᠠᠢᠭ᠎ᠠ ᠪᠠᠢᠳᠠᠯ᠎ᠢ ᠪᠠᠢᠴᠠᠭᠠᠬᠤ ᠦᠶ᠎ᠡ᠎ᠳᠤ᠂ ᠠᠩᠬ᠎ᠠ ᠤᠳᠠᠭ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ
ᠦᠷᠨᠢᠭᠦᠯᠦᠨ᠂ ᠨᠡᠢᠳᠡ 13 ᠮᠤᠵᠢ (ᠣᠷᠣᠨ᠂ ᠬᠤᠳᠠ) ᠶ᠋ᠢᠨ 240 ᠲᠥᠯᠥᠭᠡᠯᠡᠭ᠌ᠴᠢ ᠣᠷᠣᠯᠴᠠᠪᠠ᠃ ᠳᠤᠭᠤᠢᠯᠠᠩ ᠬᠤᠯᠪᠤᠭᠠᠯᠠᠨ ᠬᠠᠤᠯᠢ ᠬᠡᠷᠡᠭ᠌ᠵᠢᠭᠦᠯᠦᠯᠲᠡ᠎ᠶ᠋ᠢᠨ
ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ ᠲᠤᠰᠭᠠᠶ ᠰᠡᠳᠦᠪᠲᠦ ᠯᠠᠪᠯᠠᠨ
ᠠᠰᠠᠭᠤᠬᠤ ᠠᠵᠢᠯ ᠥᠷᠨᠢᠭᠦᠯᠵᠦ᠍᠂ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ᠎ᠶ᠋ᠢᠨ ᠪᠠᠢᠳᠠᠯ᠎ᠢ ᠦᠨᠡᠯᠡᠨ
ᠵᠢᠱ᠌ᠢᠬᠦ᠌ ᠠᠵᠢᠯ᠎ᠢ ᠰᠠᠢᠲᠤᠷ ᠬᠢᠵᠦ᠍᠂ ᠬᠠᠤᠯᠢ ᠬᠡᠷᠡᠭ᠌ᠵᠢᠭᠦᠯᠦᠯᠲᠡ᠎ᠶ᠋ᠢ ᠪᠠᠢᠴᠠᠭᠠᠬᠤ ᠪᠠ ᠬᠠᠤᠯᠢ ᠴᠠᠭᠠᠵᠠ᠎ᠶ᠋ᠢ
ᠤᠬᠠᠭᠤᠯᠤᠨ ᠲᠦᠭᠡᠮᠡᠯᠵᠢᠭᠦᠯᠭᠦ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ 《ᠰᠤᠷᠤᠯᠴᠠᠯᠭ᠎ᠠ᠎ᠶ᠋ᠢᠨ ᠬᠦᠴᠦᠷᠬᠡᠭ ᠤᠯᠤᠰ》 ᠤ᠋ᠨ
ᠲᠠᠪᠴᠠᠩ᠎ᠳᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠠᠬᠤᠶ᠎ᠶ᠋ᠢ ᠪᠣᠬᠢᠷᠲᠤᠭᠤᠯᠬᠤ᠎ᠶ᠋ᠢ ᠰᠡᠷᠭᠡᠢᠯᠡᠨ
ᠵᠠᠰᠠᠬᠤ ᠬᠠᠤᠯᠢ᠎ᠶ᠋ᠢᠨ ᠰᠡᠳᠦᠪ ᠬᠠᠷᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠨᠡᠢᠳᠡ ᠪᠠᠷᠤᠭ 3200 ᠲᠦᠮᠡᠨ
ᠬᠥᠮᠦᠨ ᠣᠷᠣᠯᠴᠠᠵᠦ᠍᠂ ᠬᠠᠤᠯᠢ ᠴᠠᠭᠠᠵᠠ᠎ᠶ᠋ᠢ ᠪᠦᠬᠦ᠌ ᠲᠠᠯ᠎ᠠ᠎ᠪᠠᠷ ᠪᠦᠲᠦᠮᠵᠢᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ
ᠠᠬᠢᠭᠤᠯᠪᠠ᠃ ᠠᠵᠤ ᠠᠬᠤᠢᠯᠠᠯ᠎ᠤᠨ ᠳᠠᠮᠫᠤᠷᠠᠯ᠎ᠤᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠬᠤ
ᠦᠶ᠎ᠠ᠎ᠳᠤ᠂ ᠬᠠᠤᠯᠢ ᠴᠠᠭᠠᠵᠠ᠎ᠶ᠋ᠢᠨ ᠦᠨᠡᠯᠡᠨ ᠵᠢᠱ᠌ᠢᠯᠲᠡ ᠪᠠ ᠲᠣᠮᠣ ᠳ᠋ᠠᠢᠲ᠋ᠠ᠎ᠶ᠋ᠢᠨ ᠵᠠᠳᠠᠯᠤᠯᠲᠠ᠎ᠶ᠋ᠢ ᠭᠦᠢᠴᠡᠳ
ᠠᠱᠢᠭ᠍ᠯᠠᠵᠦ᠍᠂ ᠬᠤᠯᠪᠣᠭ᠍ᠳᠠᠬᠤ ᠬᠠᠤᠯᠢ ᠴᠠᠭᠠᠵᠠ᠎ᠶ᠋ᠢᠨ ᠵᠠᠳᠠᠯᠤᠯᠳᠠᠯᠤᠭᠠ ᠬᠠᠷᠢᠯᠴᠠᠨ ᠤᠶᠠᠯᠳᠤᠭᠤᠯᠤᠨ᠂
ᠬᠠᠤᠯᠢ ᠴᠠᠭᠠᠵᠠ᠎ᠶ᠋ᠢ ᠨᠡᠩ ᠰᠠᠢᠨ ᠬᠡᠷᠡᠭ᠌ᠵᠢᠭᠦᠯᠬᠦ᠌ ᠪᠠ ᠵᠠᠰᠠᠬᠤ᠎ᠳᠤ ᠦᠨᠳᠦᠰᠦ ᠪᠠᠷᠢᠮᠲᠠ ᠬᠠᠩᠭᠠᠪᠠ᠃
ᠬᠢᠨᠠᠨ ᠪᠠᠢᠴᠠᠭᠠᠬᠤ᠂ ᠬᠠᠤᠯᠢ ᠪᠠᠷᠢᠬᠤ
ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠨᠡᠢᠭᠡᠮ᠎ᠤᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠪᠠ᠃
ᠬᠢᠨᠠᠨ ᠪᠠᠢᠴᠠᠭᠠᠯᠳᠠ᠎ᠶ᠋ᠢᠨ ᠬᠢᠨᠠᠯᠲᠠ᠎ᠶ᠋ᠢ ᠨᠡᠢᠳᠡᠮ ᠪᠦᠷᠭᠦᠭᠦᠯᠭᠦ᠎ᠶ᠋ᠢ ᠠᠬᠢᠭᠤᠯᠤᠭ᠍ᠰᠠᠨ ᠪᠠᠢᠳᠠᠯ᠎ᠤᠨ ᠲᠤᠬᠠᠢ
ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠬᠢᠨᠠᠨ ᠪᠠᠢᠴᠠᠭᠠᠯᠳᠠ᠎ᠶ᠋ᠢᠨ ᠬᠢᠨᠠᠯᠲᠠ᠎ᠶ᠋ᠢᠨ
ᠪᠦᠲᠦᠮᠵᠢᠲᠦ ᠴᠢᠨᠠᠷ᠎ᠢ ᠴᠢᠩᠭᠠᠳᠭᠠᠪᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢ ᠱᠢᠭᠦᠨ
ᠲᠠᠰᠤᠯᠤᠭ᠍ᠰᠠᠨ ᠠᠵᠢᠯ᠎ᠤᠨ ᠪᠠᠢᠳᠠᠯ᠎ᠤᠨ ᠲᠤᠬᠠᠶ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠮᠡᠳᠡᠭᠦᠯᠦᠯᠲᠡ᠂
ᠲᠤᠰᠭᠠᠶ ᠠᠱᠢᠭ ᠵᠡᠷᠭᠡ ᠮᠡᠳᠡᠯᠭᠡ᠎ᠶ᠋ᠢᠨ ᠪᠦᠲᠦᠭᠡᠭ᠌ᠳᠡᠭᠦᠨ᠎ᠤ ᠥᠮᠴᠢᠯᠡᠬᠦ᠌ ᠡᠷᠬᠡ᠎ᠶ᠋ᠢᠨ ᠬᠡᠷᠡᠭ᠎ᠤᠨ ᠵᠠᠷᠭᠤ᠎ᠶ᠋ᠢᠨ
ᠵᠢᠷᠤᠮ᠎ᠤᠨ ᠠᠰᠠᠭᠤᠳᠠᠯ᠎ᠤᠳ᠎ᠤᠨ ᠲᠤᠬᠠᠶ ᠲᠣᠭ᠍ᠲᠠᠭᠠᠯ᠎ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠠᠷᠠᠳ᠎ᠤᠨ
ᠳᠡᠭᠡᠳᠦ ᠱᠢᠭᠦᠬᠦ᠌ ᠬᠤᠷᠢᠶᠠᠨ᠎ᠤ ᠮᠡᠳᠡᠭᠦᠯᠦᠯᠲᠡ᠂ ᠵᠠᠭᠠᠯᠳᠤᠭ᠍ᠰᠠᠨ ᠪᠠ ᠭᠤᠮᠣᠳᠠᠯ ᠲᠤᠭᠠᠴᠢᠭ᠍ᠰᠠᠨ ᠬᠡᠷᠡᠭ᠎ᠢ
ᠱᠢᠢᠳᠪᠦᠷᠢᠯᠡᠭ᠌ᠰᠡᠨ ᠠᠵᠢᠯ᠎ᠤᠨ ᠪᠠᠢᠳᠠᠯ᠎ᠤᠨ ᠲᠤᠬᠠᠶ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠪᠠ᠃ ᠳᠣᠯᠣᠳᠤᠭᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ᠌ ᠱᠢᠢᠳᠪᠦᠷᠢ᠎ᠶ᠋ᠢ
ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ
ᠶᠠᠷᠢᠯᠴᠠᠵᠤ᠂ ᠨᠠᠢ᠍ᠮᠠᠳᠤᠭᠠᠷ ᠲᠠᠪᠤᠨ ᠵᠢᠯ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠥᠷᠨᠢᠭᠦᠯᠬᠦ᠌
ᠲᠤᠬᠠᠶ ᠱᠢᠢᠳᠪᠦᠷᠢ᠎ᠶ᠋ᠢ ᠪᠠᠲᠤᠯᠠᠵᠤ᠂ 《ᠬᠠᠤᠯᠢ᠎ᠪᠠᠷ
ᠵᠠᠰᠠᠬᠤ ᠨᠡᠢᠭᠡᠮ᠎ᠤᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠣᠪᠴᠢ (2020 — 2025ᠣᠨ ) 》 ᠳ᠋ᠦ ᠳᠤᠷᠠᠳᠤᠭ᠍ᠰᠠᠨ 2025 ᠣᠨ ᠪᠣᠯᠬᠤ᠎ᠳᠤ
ᠨᠠᠢ᠍ᠮᠠᠳᠤᠭᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢ ᠬᠡᠷᠡᠭ᠌ᠵᠢᠭᠦᠯᠵᠦ᠍ ᠳᠠᠭᠤᠰᠭᠠᠬᠤ᠂
ᠬᠠᠤᠯᠢ᠎ᠪᠠᠷ ᠵᠠᠰᠠᠬᠤ ᠦᠵᠡᠯᠲᠡ᠎ᠶ᠋ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ ᠵᠡᠷᠭᠡ ᠬᠠᠷᠠᠯᠲᠠ ᠡᠭᠦᠷᠭᠡ᠎ᠶ᠋ᠢ
ᠪᠡᠶᠡᠯᠡᠭᠦᠯᠬᠦ᠌᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃
ᠳᠦᠷᠪᠡ᠂ ᠲᠦᠯᠦᠭᠡᠯᠡᠭ᠌ᠴᠢᠳ᠎ᠤᠨ ᠬᠠᠤᠯᠢ
ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠦ᠎ᠶ᠋ᠢ ᠳᠠᠮᠵᠢᠨ ᠪᠠᠲᠤᠯᠠᠵᠦ᠍᠂ ᠲᠥᠯᠥᠭᠡᠯᠡᠭ᠌ᠴᠢᠳ᠎ᠤᠨ
ᠦᠢᠯᠡᠳᠦᠯ᠎ᠢ ᠪᠠᠳᠠᠷᠠᠭᠤᠯᠬᠤ ᠶᠠᠪᠤᠳᠠᠯ᠎ᠢ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢᠨ ᠴᠢᠬᠤᠯᠠ
ᠢᠯᠡᠷᠡᠯ ᠪᠣᠯᠭᠠᠪᠠ
ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠲᠥᠯᠥᠭᠡᠯᠡᠭ᠌ᠴᠢ ᠪᠤᠯ ᠲᠦᠷᠦ᠍᠎ᠶ᠋ᠢᠨ ᠡᠷᠭᠡ᠎ᠳᠤ ᠪᠠᠢᠭᠤᠯᠭ᠎ᠠ᠎ᠶ᠋ᠢᠨ ᠪᠦᠷᠢᠯᠳᠦᠭᠦᠨ ᠮᠦᠨ᠂ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠢ ᠲᠥᠯᠥᠭᠡᠯᠡᠨ ᠲᠥᠷᠥ᠎ᠶ᠋ᠢᠨ ᠡᠷᠬᠡ᠎ᠶ᠋ᠢ
ᠬᠡᠷᠡᠭ᠌ᠵᠢᠭᠦᠯᠬᠦ᠌᠎ᠳᠤ ᠣᠷᠣᠯᠴᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌᠎ᠳᠤ
ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃ ᠪᠠᠢᠡᠭ᠌ᠭᠤ᠎ᠶ᠋ᠢᠨ ᠬᠤᠷᠢᠶ᠎ᠠ ᠲᠥᠯᠥᠭᠡᠯᠡᠭ᠌ᠴᠢᠳ᠎ᠤᠨ ᠠᠵᠢᠯ᠎ᠤᠨ
ᠵᠢᠮ᠎ᠡ ᠶᠣᠰᠣ᠎ᠶ᠋ᠢ ᠵᠢᠷᠤᠮᠯᠠᠨ ᠡᠵᠡᠮᠱᠢᠵᠦ᠍᠂ ᠲᠥᠯᠥᠭᠡᠯᠡᠭ᠌ᠴᠢᠳ᠎ᠤᠨ ᠠᠵᠢᠯ᠎ᠤᠨ ᠬᠢᠷᠢ ᠬᠡᠮᠵᠢᠶ᠎ᠠ᠎ᠶ᠋ᠢ ᠲᠠᠰᠤᠷᠠᠯᠲᠠ
ᠤᠢ᠍ᠭᠡᠢ ᠳᠡᠭᠡᠭ᠌ᠰᠢᠯᠡᠭᠦᠯᠵᠦ᠍᠂ ᠲᠦᠷᠦ᠍᠎ᠶ᠋ᠢᠨ ᠪᠠᠢᠭᠤᠯᠭ᠎ᠠ ᠪᠤᠯᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ
ᠬᠤᠷᠠᠯ᠎ᠤᠨ ᠲᠦᠯᠦᠭᠡᠯᠡᠭ᠌ᠴᠢ᠎ᠶ᠋ᠢᠨ ᠬᠤᠭᠤᠷᠤᠨᠳᠤᠭᠢ ᠬᠠᠷᠢᠯᠴᠠᠭ᠎ᠠ᠎ᠶ᠋ᠢ ᠨᠢᠬ᠍ᠲᠠᠷᠠᠭᠤᠯᠵᠦ᠍᠂ ᠠᠷᠠᠳ᠎ᠤᠨ ᠲᠦᠯᠦᠭᠡᠯᠡᠭ᠌ᠴᠢᠳ᠎ᠤᠨ
ᠶᠡᠭᠡ ᠬᠤᠷᠠᠯ᠎ᠤᠨ ᠲᠦᠯᠦᠭᠡᠯᠡᠭ᠌ᠴᠢ ᠪᠤᠯᠤᠨ ᠠᠷᠠᠳ ᠤᠯᠠᠨ᠎ᠤ ᠬᠤᠭᠤᠷᠤᠨᠳᠤᠭᠢ ᠬᠠᠷᠢᠯᠴᠠᠭ᠎ᠠ᠎ᠶ᠋ᠢ ᠨᠢᠬ᠍ᠲᠠᠷᠠᠭᠤᠯᠵᠦ᠍᠂
ᠲᠦᠯᠦᠭᠡᠯᠡᠭ᠌ᠴᠢ᠎ᠶ᠋ᠢᠨ ᠨᠠᠮ ᠪᠠ ᠤᠯᠤᠰ᠎ᠤᠨ ᠠᠷᠠᠳ ᠤᠯᠠᠨ᠎ᠲᠠᠢ ᠬᠠᠷᠢᠯᠴᠠᠬᠤ ᠭᠦᠭᠦᠷᠭᠡ ᠪᠤᠯᠬᠤ ᠦᠢᠯᠡᠳᠦᠯ᠎ᠢ
ᠪᠠᠳᠠᠷᠠᠭᠤᠯᠪᠠ᠃
ᠰᠠᠨᠠᠯ ᠵᠥᠪᠯᠡᠯᠭᠡ ᠪᠠ ᠰᠠᠨᠠᠭᠤᠯᠭ᠎ᠠ
ᠳᠤᠷᠠᠳᠭᠤ ᠪᠣᠯ ᠲᠥᠯᠥᠭᠡᠯᠡᠭ᠌ᠴᠢᠳ᠎ᠤᠨ ᠡᠷᠬᠡ᠎ᠪᠠᠨ ᠬᠡᠷᠡᠭ᠌ᠵᠢᠭᠦᠯᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌᠎ᠶ᠋ᠢᠨ ᠴᠢᠬᠤᠯᠠ ᠠᠭᠤᠯᠭ᠎ᠠ ᠪᠤᠯᠤᠨ᠎ᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰᠤᠨᠠᠷᠠᠳᠤᠨᠲᠥᠯᠥᠭᠡᠯᠡᠭ᠌ᠴᠢᠳᠤᠨᠶᠡᠭᠡ ᠬᠤᠷᠠᠯ᠎ᠤᠨ ᠳᠥᠷᠪᠡᠳᠦᠭᠡᠷ ᠬᠤᠷᠠᠯ ᠤ᠋ᠨ ᠬᠤᠭᠤᠴᠠᠭᠠᠨ᠎ᠳᠤ ᠲᠥᠯᠥᠭᠡᠯᠡᠭ᠌ᠴᠢᠳ᠎ᠤᠨ
ᠳᠤᠷᠠᠳᠤᠭ᠍ᠰᠠᠨ 473 ᠬᠤᠪᠢ ᠰᠠᠨᠠᠯ ᠵᠥᠪᠯᠡᠯᠭᠡ᠎ᠶ᠋ᠢ ᠬᠠᠮᠢᠶ᠎ᠠ ᠪᠦᠬᠦᠢ ᠲᠤᠰᠭᠠᠶ ᠵᠦᠪᠯᠡᠯ᠎ᠠᠴᠠ ᠨᠢᠭᠡᠨᠲᠡ
ᠪᠦᠬᠦᠨ᠎ᠢ ᠬᠢᠨᠠᠨ ᠶᠠᠷᠢᠯᠴᠠᠵᠤ ᠲᠠᠭᠤᠰᠭᠠᠪᠠ᠂ ᠡᠬᠦᠨ᠎ᠳᠤ
90 ᠬᠤᠪᠢ ᠰᠠᠨᠠᠯ ᠵᠦᠪᠯᠡᠯᠬᠡ᠎ᠳᠤ ᠬᠤᠯᠪᠤᠬ᠍ᠳᠠᠬ᠍ᠰᠠᠨ
30 ᠬᠤᠪᠢ ᠬᠠᠤᠯᠢ ᠲᠤᠬ᠍ᠲᠠᠭᠠᠬᠤ ᠲᠦᠰᠦᠯ᠎ᠢ ᠨᠢᠭᠡᠨᠲᠡ ᠬᠢᠨᠠᠨ ᠶᠠᠷᠢᠯᠴᠠᠵᠤ ᠪᠠᠳᠤᠯᠠᠬ᠍ᠰᠠᠨ ᠪᠤᠶᠤ
ᠶᠠᠭ ᠬᠢᠨᠠᠨ ᠶᠠᠷᠢᠯᠴᠠᠵᠤ ᠪᠤᠢ᠂ 176 ᠬᠤᠪᠢ ᠰᠠᠨᠠᠯ ᠵᠥᠪᠯᠡᠯᠭᠡ᠎ᠳᠤ ᠬᠤᠯᠪᠣᠭ᠍ᠳᠠᠭ᠍ᠰᠠᠨ 68 ᠬᠤᠪᠢ ᠬᠠᠤᠯᠢ ᠲᠣᠭ᠍ᠲᠠᠭᠠᠬᠤ ᠲᠦᠰᠦᠯ᠎ᠢ ᠨᠢᠭᠡᠨᠲᠡ ᠬᠠᠤᠯᠢ
ᠲᠣᠭ᠍ᠲᠠᠭᠠᠬᠤ ᠲᠥᠯᠥᠪᠵᠢᠭᠦᠯᠭᠡ ᠪᠤᠶᠤ ᠲᠥᠯᠥᠪᠯᠡᠭᠡ᠎ᠳᠤ ᠣᠷᠣᠭᠤᠯᠵᠠᠢ᠃ ᠶᠡᠭᠡ ᠬᠤᠷᠠᠯ᠎ᠤᠨ ᠬᠤᠭᠤᠴᠠᠭᠠᠨ᠎ᠳᠤ
ᠲᠥᠯᠥᠭᠡᠯᠡᠭ᠌ᠴᠢᠳ᠎ᠤᠨ ᠳᠤᠷᠠᠳᠤᠭ᠍ᠰᠠᠨ 8993 ᠬᠤᠪᠢ ᠰᠠᠨᠠᠭᠤᠯᠭ᠎ᠠ
ᠶ᠋ᠢ 194 ᠲᠠᠭᠠᠭᠠᠨ ᠱᠢᠢᠳᠪᠤᠷᠢᠯᠡᠬᠦ᠌ ᠨᠢᠭᠡᠴᠢ᠎ᠳᠤ ᠨᠢᠭᠡᠳᠦᠯᠲᠡᠶ ᠲᠤᠱᠢᠶᠠᠨ ᠥᠭ᠌ᠴᠦ ᠰᠤᠳᠤᠯᠤᠨ ᠱᠢᠢᠳᠪᠦᠷᠢᠯᠡᠭᠦᠯᠦᠭ᠌ᠰᠡᠨ
ᠪᠦᠭᠡᠳ ᠪᠥᠬᠦᠨ᠎ᠢ ᠱᠢᠢᠳᠪᠦᠷᠢᠯᠡᠵᠦ᠍ ᠳᠠᠭᠤᠰᠭᠠᠪᠠ; ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠲᠥᠯᠥᠭᠡᠯᠡᠭ᠌ᠴᠢᠳ᠎ᠤᠨ ᠳᠤᠷᠠᠳᠤᠭ᠍ᠰᠠᠨ 265
ᠬᠤᠪᠢ ᠰᠠᠨᠠᠭᠤᠯᠭ᠎ᠠ᠎ᠶ᠋ᠢ 98 ᠲᠠᠭᠠᠭᠠᠨ ᠱᠢᠢᠳᠪᠤᠷᠢᠯᠡᠬᠦ᠌ ᠨᠢᠭᠡᠴᠢ᠎ᠳᠤ ᠲᠤᠱᠢᠶᠠᠨ ᠥᠭ᠌ᠴᠦ
ᠰᠤᠳᠤᠯᠤᠨ ᠱᠢᠢᠳᠪᠦᠷᠢᠯᠡᠭᠦᠯᠦᠭ᠌ᠰᠡᠨ ᠪᠥᠭᠡᠳ ᠱᠢᠢᠳᠪᠦᠷᠢᠯᠡᠭ᠌ᠰᠡᠨ ᠪᠠᠢᠳᠠᠯ᠎ᠢ ᠲᠥᠯᠥᠭᠡᠯᠡᠭ᠌ᠴᠢᠳ᠎ᠲᠤ ᠨᠢᠭᠡᠳ
ᠨᠢᠭᠡ᠎ᠪᠠᠷ ᠬᠠᠷᠢᠭᠤ ᠲᠤᠰᠭᠠᠵᠦ᠍᠂ ᠨᠢᠭᠡ ᠪᠦᠯᠦᠭ ᠪᠤᠳᠠᠳᠠᠢ ᠠᠰᠠᠭᠤᠳᠠᠯ᠎ᠢ ᠱᠢᠢᠳᠪᠤᠷᠢᠯᠡᠭᠦᠶ᠋ᠢ ᠠᠬᠢᠭᠤᠯᠪᠠ᠃
ᠲᠥᠯᠥᠭᠡᠯᠡᠭ᠌ᠴᠢᠳ ᠰᠠᠨᠠᠭᠤᠯᠭ᠎ᠠ᠎ᠶ᠋ᠢ ᠱᠢᠢᠳᠪᠦᠷᠢᠯᠡᠭ᠌ᠰᠡᠨ ᠠᠵᠢᠯ᠎ᠳᠤ ᠬᠠᠨᠤᠮᠵᠢᠲᠠᠶ ᠪᠤᠶᠤ ᠦᠨᠳᠦᠰᠦᠨ᠎ᠳᠡᠭᠡᠨ
ᠬᠠᠨᠤᠮᠵᠢᠲᠠᠶ ᠪᠠᠢᠬᠤ᠎ᠪᠠᠨ ᠢᠯᠡᠳᠭᠡᠭ᠌ᠰᠡᠨ᠎ᠨᠢ 97.93% ᠳ᠋ᠦ ᠬᠦᠷᠴᠡᠶ᠃
ᠲᠥᠯᠥᠭᠡᠯᠡᠭ᠌ᠴᠢᠳᠯᠦᠭᠡᠶ᠋ᠢᠨ ᠬᠠᠷᠢᠯᠴᠠᠭ᠎ᠠ᠎ᠪᠠᠨ
ᠴᠢᠩᠭᠠᠳᠭᠠᠵᠤ᠂ ᠪᠠᠢᠩᠭᠤ᠎ᠶ᠋ᠢᠨ ᠬᠤᠷᠢᠶᠠᠨ᠎ᠤ ᠠᠵᠢᠯ᠎ᠢ ᠪᠠᠲᠤ ᠪᠠᠬᠢ ᠠᠷᠠᠳ᠎ᠤᠨ ᠰᠠᠨᠠᠭᠠᠨ᠎ᠤ ᠰᠠᠭᠤᠷᠢᠨ ᠳᠡᠭᠡᠷ᠎ᠡ
ᠶᠠᠪᠤᠬ᠍ᠳᠠᠭᠤᠯᠪᠠ᠃ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ᠎ᠤ ᠳᠣᠲᠣᠷ᠎ᠠ᠂ 156 ᠬᠥᠮᠦᠨ ᠦᠨᠳᠦᠰᠦᠨ ᠱᠠᠲᠤᠨ᠎ᠤ 439 ᠲᠥᠯᠥᠭᠡᠯᠡᠭ᠌ᠴᠢ᠎ᠲᠠᠢ ᠱᠢᠭᠤᠳ ᠬᠠᠷᠢᠯᠴᠠᠪᠠ᠃ ᠲᠤᠰᠭᠠᠶ ᠵᠦᠪᠯᠡᠯ᠂
ᠠᠵᠢᠯ᠎ᠤᠨ ᠵᠦᠪᠯᠡᠯ ᠴᠤ᠌ ᠲᠥᠯᠥᠭᠡᠯᠡᠭ᠌ᠴᠢ᠎ᠲᠠᠢ ᠬᠠᠷᠢᠯᠴᠠᠬᠤ ᠲᠣᠭ᠍ᠲᠠᠴᠠ᠎ᠶ᠋ᠢ ᠪᠠᠢᠭᠤᠯᠪᠠ᠃ ᠲᠥᠯᠥᠭᠡᠯᠡᠭ᠌ᠴᠢᠳ᠎ᠢ
150 ᠭᠠᠷᠤᠶ ᠬᠥᠮᠦᠨ ᠤᠳᠠᠭ᠎ᠠ ᠤᠷᠢᠵᠤ ᠪᠠᠢᠩᠭᠤ᠎ᠶ᠋ᠢᠨ ᠬᠤᠷᠢᠶᠠᠨ᠎ᠤ ᠬᠤᠷᠠᠯ ᠳᠤ ᠰᠤᠯᠠ ᠣᠷᠣᠯᠴᠠᠭᠤᠯᠤᠬ᠍ᠰᠠᠨ
ᠪᠤᠶᠤ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠳᠤ ᠣᠷᠣᠯᠴᠠᠭᠤᠯᠤᠭᠠᠳ᠂ ᠲᠥᠯᠥᠭᠡᠯᠡᠭ᠌ᠴᠢᠳ᠎ᠤᠨ
ᠶᠠᠷᠢᠯᠴᠠᠬᠤ ᠬᠤᠷᠠᠯ ᠳᠡᠭᠡᠷ᠎ᠠ ᠳᠤᠷᠠᠳᠤᠭ᠍ᠰᠠᠨ 78 ᠵᠤᠷᠪᠤᠰ ᠰᠠᠨᠠᠯᠰᠠᠨᠠᠭᠤᠯᠭᠠᠶ᠋ᠢᠴᠥᠮᠴᠠᠭᠲᠤᠬᠠᠶᠳᠤᠨᠢᠱᠢᠢᠳᠪᠦᠷᠢᠯᠡᠭ᠌ᠰᠡᠨᠤᠬᠠᠮᠲᠤᠱᠢᠢᠳᠪᠤᠷᠢᠯᠡᠭ᠌ᠰᠡᠨᠪᠠᠢᠳᠠᠯᠢᠶᠠᠨ ᠲᠥᠯᠥᠭᠡᠯᠡᠭ᠌ᠴᠢᠳ᠎ᠲᠤ ᠨᠢᠭᠡᠳ ᠨᠢᠭᠡ᠎ᠪᠠᠷ
ᠮᠡᠳᠡᠭ᠌ᠳᠡᠪᠡ᠃ ᠲᠥᠯᠥᠭᠡᠯᠡᠭ᠌ᠴᠢᠳ ᠪᠠᠢᠩᠭᠤ᠎ᠶ᠋ᠢᠨ ᠬᠤᠷᠢᠶᠠᠨ᠎ᠤ ᠬᠠᠤᠯᠢ ᠲᠣᠭ᠍ᠲᠠᠭᠠᠯᠲᠠ᠎ᠶ᠋ᠢᠨ ᠪᠠᠢᠴᠠᠭᠠᠨ
ᠰᠤᠳᠤᠯᠤᠯᠲᠠ᠂ ᠲᠤᠭᠤᠷᠪᠢᠬᠤ᠂ ᠨᠤᠲᠠᠯᠠᠬᠤ᠂ ᠦᠨᠡᠯᠡᠨ ᠵᠢᠱ᠌ᠢᠬᠦ᠌ ᠵᠡᠷᠭᠡ ᠠᠵᠢᠯ᠎ᠳᠤ 200 ᠭᠠᠷᠤᠶ ᠬᠥᠮᠦᠨ ᠤᠳᠠᠭ᠎ᠠ
ᠤᠷᠢᠭ᠍ᠳᠠᠨ ᠣᠷᠣᠯᠴᠠᠵᠤ᠂ ᠨᠤᠭᠤ ᠭᠠᠵᠠᠷ᠎ᠢ ᠬᠠᠮᠠᠭᠠᠯᠠᠬᠤ ᠬᠠᠤᠯᠢ᠂ ᠪᠡᠶ᠎ᠡ᠎ᠶ᠋ᠢᠨ ᠲᠠᠮᠢᠷ᠎ᠤᠨ ᠬᠠᠤᠯᠢ ᠵᠡᠷᠭᠡ
ᠠᠷᠠᠳ ᠣᠯᠠᠨ᠎ᠤ ᠠᠱᠢᠭ ᠲᠤᠰᠠᠲᠠᠢ ᠨᠢᠭ᠍ᠲᠠ ᠬᠠᠷᠢᠴᠠᠭ᠎ᠠ᠎ᠲᠠᠢ ᠴᠢᠬᠤᠯᠠ ᠬᠠᠤᠯᠢ ᠴᠠᠭᠠᠵᠠ᠎ᠶ᠋ᠢᠨ ᠲᠥᠰᠦᠯ᠎ᠳᠤ
ᠬᠤᠯᠪᠤᠬ᠍ᠳᠠᠯ ᠪᠦᠬᠦᠢ ᠬᠦᠷᠢᠶᠡᠨ᠎ᠤ ᠲᠥᠯᠥᠭᠡᠯᠡᠭ᠌ᠴᠢ᠎ᠶ᠋ᠢᠨ ᠰᠠᠨᠠᠯ᠎ᠢ ᠲᠤᠰᠭᠠᠢ᠌ᠯᠠᠨ ᠬᠤᠷᠢᠶᠠᠪᠠ᠃ ᠲᠥᠯᠥᠭᠡᠯᠡᠭ᠌ᠴᠢᠳ
ᠪᠠᠢᠩᠭᠤ᠎ᠶ᠋ᠢᠨ ᠬᠤᠷᠢᠶᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠲᠤᠰᠭᠠᠶ ᠰᠡᠳᠦᠪᠲᠦ ᠪᠠᠢᠴᠠᠭᠠᠨ
ᠰᠤᠳᠤᠯᠤᠯᠲᠠ᠂ ᠲᠥᠯᠥᠪᠯᠡᠭᠡ ᠪᠠ ᠲᠥᠰᠦᠪ᠎ᠤᠨ ᠬᠢᠨᠠᠨ ᠪᠠᠢᠴᠠᠭᠠᠯᠲᠠ ᠬᠢᠨᠠᠯᠲᠠ᠂ ᠤᠯᠤᠰ᠎ᠤᠨ ᠥᠮᠴᠢᠯᠡᠯ᠎ᠤᠨ ᠡᠳ᠋
ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠬᠢᠨᠠᠯᠲᠠ᠂ ᠭᠠᠳᠠᠭᠠᠳᠤ ᠬᠠᠷᠢᠯᠴᠠᠭ᠎ᠠ ᠵᠡᠷᠭᠡ ᠠᠵᠢᠯ᠎ᠳᠤ 300 ᠭᠠᠷᠤᠶ
ᠬᠥᠮᠦᠨ ᠤᠳᠠᠭ᠎ᠠ ᠣᠷᠣᠯᠴᠠᠪᠠ᠃
ᠲᠥᠯᠥᠭᠡᠯᠡᠭ᠌ᠴᠢᠳ᠎ᠤᠨ ᠠᠵᠢᠯᠯᠠᠭ᠎ᠠ᠎ᠶ᠋ᠢ
ᠪᠠᠲᠤᠯᠠᠬᠤ ᠠᠵᠢᠯ᠎ᠢ ᠢᠳᠡᠪᠬᠢᠲᠡᠢ ᠰᠠᠢᠲᠤᠷ ᠬᠢᠪᠡ᠃ ᠲᠥᠯᠥᠭᠡᠯᠡᠭ᠌ᠴᠢᠳ ᠲᠥᠪᠯᠡᠷᠡᠩᠭᠦᠢ ᠪᠠᠢᠴᠠᠭᠠᠨ ᠦᠵᠡᠬᠦ᠂
ᠲᠤᠰᠭᠠᠶ ᠰᠡᠳᠦᠪ᠎ᠲᠤ ᠪᠠᠢᠴᠠᠭᠠᠨ ᠰᠤᠳᠤᠯᠤᠯᠲᠠ ᠬᠢᠬᠦ᠌ ᠠᠵᠢᠯᠯᠠᠭ᠎ᠠ᠎ᠳᠤ ᠨᠡᠢᠳᠡ 1600 ᠭᠠᠷᠤᠶ ᠬᠥᠮᠦᠨ ᠤᠳᠠᠭ᠎ᠠ
ᠣᠷᠣᠯᠴᠠᠵᠤ᠂ ᠵᠠᠭᠤ ᠭᠠᠷᠤᠶ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ ᠪᠢᠴᠢᠪᠡ᠃ ᠨᠡᠢᠲᠡ 473 ᠲᠥᠯᠥᠭᠡᠯᠡᠭ᠌ᠴᠢ ᠲᠥᠷᠥ᠎ᠶ᠋ᠢᠨ ᠶᠠᠪᠤᠳᠠᠯ᠎ᠤᠨ
ᠬᠤᠷᠢᠶ᠎ᠠ ᠵᠢᠴᠢ ᠲᠡᠭᠦᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠵᠣᠬᠢᠶᠠᠨ ᠪᠠᠢᠭᠤᠯᠤᠬ᠍ᠰᠠᠨ ᠱᠢᠪᠠᠳᠠᠨ
ᠪᠠᠢᠴᠠᠭᠠᠯᠲᠠ ᠪᠠ ᠶᠠᠷᠢᠯᠴᠠᠬᠤ ᠬᠤᠷᠠᠯ᠎ᠳᠤ ᠣᠷᠣᠯᠴᠠᠵᠤ᠂ 471 ᠲᠥᠯᠥᠭᠡᠯᠡᠭ᠌ᠴᠢ ᠠᠷᠠᠳ᠎ᠤᠨ ᠳᠡᠭᠡᠳᠦ ᠱᠢᠭᠦᠬᠦ᠌
ᠬᠤᠷᠢᠶᠠᠨ᠎ᠤ ᠥᠷᠨᠢᠭᠦᠯᠦᠭ᠌ᠰᠡᠨ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠂ ᠲᠢᠩᠬᠢᠮ᠎ᠤᠨ ᠱᠢᠭᠦᠯᠲᠡ᠎ᠶ᠋ᠢ
ᠰᠤᠯᠠ ᠰᠣᠨᠣᠰᠭᠤ ᠪᠠ ᠬᠤᠷᠠᠯ ᠬᠢᠵᠤ ᠶᠠᠷᠢᠯᠴᠠᠬᠤ ᠵᠡᠷᠭᠡ ᠠᠵᠢᠯᠯᠠᠭ᠎ᠠ᠎ᠳᠤ ᠣᠷᠣᠯᠴᠠᠵᠤ᠂ 465 ᠲᠥᠯᠥᠭᠡᠯᠡᠭ᠌ᠴᠢ ᠪᠠᠢᠴᠠᠭᠠᠬᠤ ᠪᠠᠢᠭᠤᠯᠭ᠎ᠠ᠎ᠶ᠋ᠢᠨ ᠵᠣᠬᠢᠶᠠᠨ
ᠪᠠᠢᠭᠤᠯᠤᠭ᠍ᠰᠠᠨ ᠪᠠᠢᠴᠠᠭᠠᠨ ᠦᠵᠡᠬᠦ᠌ ᠠᠵᠢᠯᠯᠠᠭ᠎ᠠ ᠪᠠ ᠬᠤᠷᠠᠯ ᠳ᠋ᠤ ᠣᠷᠣᠯᠴᠠᠪᠠ᠃ ᠱᠢᠶᠠᠩᠭᠠᠩ᠎ᠤᠨ ᠪᠦᠬᠦ᠌
ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ
ᠸᠢᠳᠢᠤ᠋᠎ᠪᠠᠷ ᠱᠢᠨᠵᠢᠶᠠᠩ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ ᠪᠠ ᠦᠨᠳᠦᠰᠦᠲᠡᠨ᠎ᠤ ᠪᠦᠯᠬᠦᠮᠳᠡᠯ᠎ᠤᠨ
ᠪᠠᠢᠳᠠᠯ᠎ᠢ ᠪᠠᠢᠴᠠᠭᠠᠨ ᠦᠵᠡᠭᠦᠯᠪᠡ᠃ ᠣᠣᠮᠧᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠬᠠᠢᠨᠠᠨ᠎ᠳᠤ ᠣᠴᠢᠭᠤᠯᠤᠨ ᠴᠢᠯᠥᠭᠡᠲᠦ ᠠᠷᠠᠯᠵᠢᠶᠠᠨ᠎ᠤ
ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢᠨ ᠪᠠᠢᠳᠠᠯ᠎ᠢ ᠪᠠᠢᠴᠠᠭᠠᠨ ᠰᠤᠳᠤᠯᠤᠭᠤᠯᠪᠠ᠃ ᠱᠠᠩᠬᠠᠶ᠂ ᠵᠢᠶᠠᠩᠰᠦ᠂
ᠵᠧᠵᠢᠶᠠᠩ᠂ ᠠᠨᠾᠦ᠋ᠢ ᠵᠡᠷᠭᠡ ᠮᠤᠵᠢ ᠬᠤᠳᠠ᠎ᠶ᠋ᠢᠨ ᠬᠡᠰᠡᠭ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ 《ᠬᠥᠬᠡᠮᠥ᠋ᠷᠡᠨᠤ᠋ ᠰᠠᠪᠠ ᠭᠠᠵᠠᠷ᠎ᠤᠨ ᠠᠩᠨᠠᠬᠤ᠎ᠶ᠋ᠢ ᠴᠠᠭᠠᠵᠠᠯᠠᠬᠤ ᠬᠠᠤᠯᠢ ᠬᠡᠷᠡᠭ᠌ᠵᠢᠭᠦᠯᠦᠯᠲᠡ᠎ᠶ᠋ᠢᠨ
ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ》 ᠵᠡᠷᠭᠡ᠎ᠶ᠋ᠢᠨ ᠲᠣᠭᠤᠷᠢᠨ᠎ᠳᠤ ᠬᠠᠮᠲᠤᠷᠠᠭ᠍ᠰᠠᠨ ᠪᠠᠢᠴᠠᠭᠠᠨ ᠰᠤᠳᠤᠯᠤᠯᠲᠠ ᠪᠠ ᠪᠠᠢᠴᠠᠭᠠᠨ
ᠦᠵᠡᠬᠦ᠌ ᠠᠵᠢᠯᠯᠠᠭ᠎ᠠ ᠥᠷᠨᠢᠭᠦᠯᠪᠡ᠃
ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠨᠠᠮ᠎ᠤᠨ ᠲᠡᠤᠬᠡ᠂ ᠱᠢᠨ᠎ᠡ ᠳᠤᠮᠳᠠᠳᠤ ᠤᠯᠤᠰ᠎ᠤᠨ
ᠲᠡᠤᠬᠡ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠡᠤᠬᠡ᠂ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠤᠬᠡ᠎ᠶ᠋ᠢ
ᠲᠤᠰᠭᠠᠶ ᠰᠡᠳᠦᠪ᠎ᠢᠶᠠᠷ ᠰᠤᠷᠤᠯᠴᠠᠭᠤᠯᠵᠤ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠪᠠᠶᠠᠷ᠎ᠢ ᠪᠡᠯᠭᠡᠯᠡᠬᠦ᠌
ᠠᠵᠢᠯᠯᠠᠭ᠎ᠠ᠎ᠶ᠋ᠢ ᠲᠤᠬᠠᠶ᠎ᠶ᠋ᠢᠨ ᠲᠠᠯᠠᠪᠠᠢ᠎ᠳᠤ᠎ᠨᠢ ᠪᠤᠶᠤ ᠸᠢᠳᠢᠤ᠋᠎ᠪᠠᠷ ᠦᠵᠡᠬᠦᠯᠵᠤ᠂ ᠱᠢᠶᠠᠩᠭᠠᠩ ᠣᠣᠮᠧᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢᠳ ᠲᠤᠰ ᠲᠤᠰ ᠬᠤᠪᠢᠰᠭᠠᠯ᠎ᠤᠨ ᠬᠠᠭᠤᠴᠢᠨ ᠪᠠᠭᠤᠷᠢ᠎ᠳᠤ ᠬᠦᠷᠴᠦ᠍ ᠲᠣᠭᠤᠷᠢᠨ
ᠦᠵᠡᠵᠦ᠍ ᠰᠤᠷᠤᠯᠴᠠᠨ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ
ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠲᠥᠯᠥᠭᠡᠯᠡᠭ᠌ᠴᠢ᠎ᠶ᠋ᠢᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠢ ᠪᠠᠢᠭᠤᠯᠪᠠ᠃ ᠰᠦᠯᠵᠢᠶᠡᠨ ᠳᠡᠭᠡᠷᠡᠬᠢ
ᠪᠠ ᠰᠦᠯᠵᠢᠶᠡᠨ ᠭᠠᠳᠠᠨᠠᠬᠢ᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ 6 ᠬᠤᠭᠤᠴᠠᠭᠠᠨ ᠤ᠋ ᠲᠤᠰᠭᠠᠶ ᠰᠡᠳᠦᠪ᠎ᠢᠶᠠᠷ ᠰᠤᠷᠤᠯᠴᠠᠬᠤ ᠠᠩᠭᠢ᠎ᠶ᠋ᠢ
ᠡᠷᠬᠢᠯᠡᠵᠦ᠍᠂ ᠲᠥᠯᠥᠭᠡᠯᠡᠭ᠌ᠴᠢ ᠨᠡᠢᠲᠡ 5824 ᠬᠥᠮᠦᠨ ᠤᠳᠠᠭ᠎ᠠ ᠰᠤᠷᠤᠯᠴᠠᠯᠭ᠎ᠠ᠎ᠳᠤ ᠣᠷᠣᠯᠴᠠᠪᠠ᠃ ᠲᠥᠯᠥᠭᠡᠯᠡᠭ᠌ᠴᠢᠳ
ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ᠂ ᠠᠷᠠᠳ ᠲᠦᠮᠡᠨ᠎ᠤ ᠠᠱᠢᠭ ᠲᠤᠰᠠ ᠪᠠ ᠵᠣᠷᠢᠭ ᠰᠠᠨᠠᠭ᠎ᠠ᠎ᠶ᠋ᠢ
ᠦᠨᠡᠨᠴᠢ᠎ᠪᠠᠷ ᠲᠥᠯᠥᠭᠡᠯᠡᠵᠦ᠍᠂ 《ᠠᠷᠠᠳ ᠲᠦᠮᠡᠨ ᠨᠠᠮᠠᠶ᠋ᠢ ᠲᠥᠯᠥᠭᠡᠯᠡᠭ᠌ᠴᠢ᠎ᠪᠠᠷ ᠰᠣᠩᠭᠤᠬ᠍ᠰᠠᠨ᠂ ᠪᠢ ᠠᠷᠠᠳ ᠲᠦᠮᠡᠨ᠎ᠤ
ᠲᠦᠯᠦᠭᠡ ᠲᠦᠯᠦᠭᠡᠯᠡᠭ᠌ᠴᠢ ᠪᠤᠯᠤᠭ᠍ᠰᠠᠨ》 ᠭᠡᠬᠦ᠌ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠬᠦᠯᠵᠤ᠂ ᠳᠤᠷᠠᠳᠤᠭ᠍ᠰᠠᠨ ᠰᠠᠨᠠᠯ ᠵᠥᠪᠯᠡᠯᠭᠡ᠂
ᠰᠠᠨᠠᠭᠤᠯᠭ᠎ᠠ᠎ᠨᠢ ᠠᠷᠠᠳ᠎ᠤᠨ ᠰᠠᠨᠠᠭ᠎ᠠ᠎ᠶ᠋ᠢ ᠪᠦᠷᠢᠨ ᠢᠯᠡᠳᠭᠡᠵᠤ᠂ ᠮᠠᠨ᠎ᠤ ᠤᠯᠤᠰ᠎ᠤᠨ ᠨᠡᠢᠭᠡᠮ ᠵᠢᠷᠦᠮ᠎ᠤᠨ
ᠠᠷᠠᠳᠴᠢᠯᠠᠯᠳᠤ ᠪᠦᠷᠢᠨ ᠲᠡᠭᠦᠯᠳᠡᠷ ᠳᠦᠷᠢᠮ᠎ᠤᠨ ᠵᠢᠷᠦᠮ᠎ᠲᠠᠢ ᠪᠦᠭᠡᠳ ᠪᠦᠷᠢᠨ ᠲᠡᠭᠦᠯᠳᠡᠷ ᠦᠢᠯᠡᠳᠦᠯᠭᠡ᠎ᠶ᠋ᠢᠨ
ᠤᠷᠤᠯᠴᠠᠯᠭ᠎ᠠ᠎ᠲᠠᠢ ᠭᠡᠳᠡᠭ᠎ᠢ ᠬᠠᠷᠠᠭᠤᠯᠪᠠ᠂ ᠲᠡᠷᠡ᠎ᠨᠢ ᠬᠠᠮᠤᠭ᠎ᠤᠨ ᠦᠷᠭᠡᠨ ᠳᠡᠯᠭᠡᠷ᠂ ᠬᠠᠮᠤᠭ᠎ᠤᠨ ᠦᠨᠡᠨ ᠪᠤᠳᠠᠳᠠᠢ᠂
ᠬᠠᠮᠤᠭ᠎ᠤᠨ ᠲᠤᠰᠠᠳᠠᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠪᠤᠯᠬᠤ ᠶᠤᠮ᠃
ᠨᠠᠮ᠎ᠤᠨ ᠲᠥᠪ ᠬᠤᠷᠢᠶᠠᠨ᠎ᠤ ᠨᠢᠭᠡᠳᠦᠯᠲᠡᠶ
ᠪᠠᠢᠷᠢᠯᠠᠭᠤᠯᠤᠯᠲᠠ᠎ᠶ᠋ᠢ ᠦᠨᠳᠦᠰᠦᠯᠡᠨ᠂ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠰᠣᠩᠭᠤᠭᠤᠯᠢ᠎ᠶ᠋ᠢᠨ ᠬᠠᠤᠯᠢ᠎ᠶ᠋ᠢ
ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠠᠢᠩᠭᠤ᠎ᠶ᠋ᠢᠨ ᠬᠤᠷᠢᠶ᠎ᠠ ᠱᠢᠶᠠᠨ ᠱᠢᠶᠠᠩ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠤᠭᠤᠯᠢ᠎ᠶ᠋ᠢᠨ ᠠᠵᠢᠯ᠎ᠤᠨ ᠲᠤᠬᠠᠶ ᠵᠢᠯᠤᠭᠤᠳᠤᠯᠭ᠎ᠠ᠎ᠪᠠᠨ ᠴᠢᠩᠭᠠᠳᠭᠠᠵᠤ᠂
ᠰᠣᠩᠭᠤᠭᠤᠯᠢ᠎ᠶ᠋ᠢᠨ ᠬᠤᠯᠪᠣᠭ᠍ᠳᠠᠯ ᠪᠦᠬᠦᠢ ᠠᠵᠢᠯ᠎ᠢ ᠰᠠᠢᠲᠤᠷ ᠬᠢᠪᠡ᠃ ᠣᠳᠣᠬᠠᠨ᠎ᠳᠤ᠂ ᠱᠢᠨ᠎ᠡ ᠨᠢᠭᠡᠨ ᠡᠭᠡᠯᠵᠢ᠎ᠶ᠋ᠢᠨ
ᠱᠢᠶᠠᠨᠱᠢᠶᠠᠩᠤᠨᠠᠷᠠᠳᠤᠨᠲᠥᠯᠥᠭᠡᠯᠡᠭ᠌ᠴᠢᠳᠤᠨᠶᠡᠭᠡᠬᠤᠷᠠᠯᠤᠨᠬᠤᠭᠤᠴᠠᠭᠠ ᠰᠣᠯᠢᠬᠤ ᠰᠣᠩᠭᠤᠭᠤᠯᠢ᠎ᠶ᠋ᠢ
ᠦᠨᠳᠦᠰᠦᠨ᠎ᠳᠡᠭᠡᠨ ᠲᠠᠭᠤᠰᠭᠠᠵᠤ᠂ ᠪᠦᠬᠦ᠌ ᠤᠯᠤᠰ᠎ᠤᠨ 10 ᠳ᠋ᠦᠩᠱᠢᠭᠤᠷ ᠭᠠᠷᠤᠶ ᠰᠣᠩᠭᠤᠭᠤᠯᠢ᠎ᠶ᠋ᠢᠨ ᠠᠷᠠᠳ ᠱᠢᠶᠠᠨ
ᠱᠢᠶᠠᠩ ᠬᠤᠶᠠᠷ ᠱᠠᠲᠤᠨ᠎ᠤ 200 ᠭᠠᠷᠤᠶ ᠲᠦᠮᠡᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ
ᠱᠢᠭᠤᠳ ᠰᠣᠩᠭᠤᠵᠤ ᠭᠠᠷᠭᠠᠪᠠ᠃
ᠲᠠᠪᠤ᠂ ᠤᠯᠤᠰ᠎ᠤᠨ ᠶᠡᠷᠦᠩᠭᠡᠢ ᠭᠠᠳᠠᠭᠠᠳᠤ
ᠬᠠᠷᠢᠯᠴᠠᠭᠠᠨ᠎ᠤ ᠬᠠᠷᠠᠯᠳᠠ ᠡᠭᠦᠷᠭᠡ᠎ᠲᠠᠢ ᠨᠢᠬ᠍ᠳᠠ ᠤᠶᠠᠯᠳᠤᠭᠤᠯᠤᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠢ ᠠᠬᠢᠭᠤᠯᠪᠠ
ᠰᠢ᠎ᠶ᠋ᠢᠨ ᠫᠢᠩ ᠤ᠋ᠨ ᠭᠠᠳᠠᠭᠠᠳᠤ ᠬᠠᠷᠢᠯᠴᠠᠭᠠᠨ᠎ᠤ
ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ
ᠬᠠᠷᠢᠯᠴᠠᠭᠠᠨ᠎ᠤ ᠠᠵᠢᠯ᠎ᠤᠨ ᠠᠷᠭ᠎ᠠ ᠮᠠᠶᠢᠭ᠎ᠢ ᠥᠷᠭᠡᠳᠭᠡᠵᠦ᠍᠂ ᠬᠤᠶᠠᠷ ᠲᠠᠯ᠎ᠠ᠎ᠶ᠋ᠢᠨ ᠸᠢᠳᠢᠤ᠋ ᠠᠵᠢᠯᠯᠠᠭ᠎ᠠ᠎ᠶ᠋ᠢ
ᠨᠡᠢᠲᠡ 127 ᠲᠠᠯᠠᠪᠤᠷ ᠶᠠᠪᠤᠬ᠍ᠳᠠᠭᠤᠯᠵᠤ᠂ ᠰᠦᠯᠵᠢᠶᠡᠨ ᠳᠡᠭᠡᠷ᠎ᠡ ᠤᠯᠠᠨ ᠤᠯᠤᠰ᠎ᠤᠨ ᠬᠤᠷᠠᠯ᠎ᠳᠤ 75 ᠤᠳᠠᠭ᠎ᠠ ᠣᠷᠣᠯᠴᠠᠠ᠂ 21 ᠤᠳᠠᠭ᠎ᠠ ᠤᠲᠠᠰᠤ᠎ᠪᠠᠷ ᠶᠠᠷᠢᠯᠴᠠᠨ ᠨᠡᠪᠲᠡᠷᠡᠯᠴᠡᠵᠤ᠂ ᠰᠦᠯᠵᠢᠶᠡᠨ
ᠭᠠᠳᠠᠨᠠᠬᠢ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶ᠋ᠢ 35 ᠤᠳᠠᠭ᠎ᠠ ᠥᠷᠨᠢᠭᠦᠯᠵᠦ᠍᠂ ᠢᠯᠡᠭᠡᠵᠤ ᠲᠤᠰᠤᠬ᠍ᠰᠠᠨ
ᠭᠠᠳᠠᠭᠠᠳᠤ ᠬᠠᠷᠢᠯᠴᠠᠭᠠᠨ᠎ᠤ ᠵᠠᠬᠢᠳᠠᠯ ᠴᠢᠮᠡᠭᠡ 800 ᠱᠢᠬᠠᠮ ᠬᠤᠪᠢ ᠬᠦᠷᠪᠡ᠃
ᠲᠦᠷᠤ᠎ᠶ᠋ᠢᠨ ᠲᠡᠷᠢᠭᠦᠨ᠎ᠤ ᠭᠠᠳᠠᠭᠠᠳᠤ
ᠬᠠᠷᠢᠯᠴᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠵᠦ᠍᠂ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ᠎ᠶ᠋ᠢ
ᠢᠳᠡᠪᠬᠢᠲᠡᠶ ᠥᠷᠨᠢᠭᠦᠯᠵᠦ᠍᠂ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠬᠤᠶᠠᠷ ᠲᠠᠯ᠎ᠠ᠎ᠶ᠋ᠢᠨ ᠰᠣᠯᠢᠯᠴᠠᠭ᠎ᠠ᠎ᠶ᠋ᠢ
ᠭᠦᠨᠵᠡᠭᠡᠢᠷᠡᠭᠦᠯᠪᠡ᠃ ᠳᠤᠮᠳᠠᠳᠤ ᠣᠷᠣᠰ᠎ᠤᠨ ᠵᠥᠪᠯᠡᠯᠭᠡᠨ᠎ᠤ ᠬᠤᠷᠠᠯ᠎ᠤᠨ ᠬᠠᠮᠲᠤᠷᠠᠯᠴᠠᠭᠠᠨ᠎ᠤ ᠵᠦᠪᠯᠡᠯ᠎ᠤᠨ
ᠳᠤᠯᠤᠳᠤᠭᠠᠷ ᠬᠤᠷᠠᠯ ᠢ ᠬᠤᠷᠠᠯᠳᠤᠭᠤᠯᠵᠤ᠂ ᠳᠤᠮᠳᠠᠳᠤ ᠣᠷᠣᠰ᠎ᠤᠨ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ
ᠣᠷᠣᠨ ᠨᠤᠲᠤᠭ᠎ᠤᠨ ᠬᠠᠮᠲᠤᠷᠠᠯᠴᠠᠭᠠᠨ᠎ᠤ ᠬᠤᠷᠠᠯ᠎ᠢ ᠠᠩᠬ᠎ᠠ ᠤᠳᠠᠭ᠎ᠠ ᠡᠷᠬᠢᠯᠡᠵᠦ᠍᠂ ᠣᠷᠣᠰ᠎ᠤᠨ ᠬᠤᠯᠪᠣᠭᠠᠨ᠎ᠤ
ᠬᠤᠷᠠᠯ᠎ᠤᠨ ᠬᠤᠯᠪᠣᠭ᠍ᠳᠠᠯ ᠪᠦᠬᠦᠢ ᠵᠥᠪᠯᠡᠯ᠂ ᠵᠠᠯᠠᠭᠤ ᠵᠥᠪᠯᠡᠯᠭᠡᠨ᠎ᠤ ᠭᠡᠱᠢᠭᠦᠳ᠎ᠲᠠᠢ ᠰᠣᠯᠢᠯᠴᠠᠭ᠎ᠠ ᠦᠷᠨᠢᠭᠦᠯᠵᠤ᠂
ᠱᠢᠨ᠎ᠡ ᠴᠠᠭ ᠦᠶ᠎ᠡ᠎ᠶ᠋ᠢᠨ ᠳᠤᠮᠳᠠᠳᠤ ᠤᠷᠤᠰ᠎ᠤᠨ ᠬᠠᠷᠢᠯᠴᠠᠭ᠎ᠠ᠎ᠶ᠋ᠢᠨ ᠥᠨᠳᠥᠷ ᠲᠦᠪᠱᠢᠨ ᠪᠦᠬᠦᠢ ᠬᠥᠭ᠌ᠵᠢᠯᠲᠡ᠎ᠶ᠋ᠢ
ᠠᠬᠢᠭᠤᠯᠪᠠ᠃ 63 ᠤᠯᠤᠰ ᠤ᠋ᠨ ᠵᠥᠪᠯᠡᠯᠭᠡᠨ᠎ᠤ ᠬᠤᠷᠠᠯ᠎ᠲᠠᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ
ᠰᠣᠯᠢᠯᠴᠠᠭ᠎ᠠ ᠬᠢᠵᠦ᠍᠂ 132 ᠨᠦᠬᠦᠷᠰᠡᠭ ᠲᠤᠭᠤᠢ᠌ᠯᠠᠩ᠎ᠤᠨ ᠲᠡᠪᠴᠠᠩ᠎ᠢᠶᠠᠷ ᠲᠡᠮᠵᠢᠭᠤᠯᠤᠨ ᠡᠯ᠎ᠠ ᠤᠯᠤᠰ᠎ᠤᠨ
ᠵᠦᠪᠯᠡᠯᠭᠡᠨ᠎ᠤ ᠬᠤᠷᠠᠯ᠎ᠲᠠᠢ ᠵᠠᠬᠢᠳᠠᠯ ᠨᠡᠪᠳᠡᠷᠡᠯᠴᠡᠵᠤ᠂ ᠬᠤᠯᠪᠤᠬ᠍ᠳᠠᠯ ᠪᠦᠬᠦᠢ ᠴᠢᠬᠤᠯᠠ ᠶᠡᠭᠡ ᠠᠰᠠᠭᠤᠳᠠᠯ
ᠲᠡᠭᠡᠷ᠎ᠠ ᠮᠠᠨ᠎ᠤ ᠵᠤᠬ᠍ᠰᠤᠯᠳᠠᠶ᠋ᠢ ᠲᠡᠮᠵᠢᠬᠦ᠌᠎ᠶ᠋ᠢ ᠴᠢᠷᠮᠠᠢᠨ ᠤᠯᠵᠤ᠂ ᠤᠯᠤᠰ ᠲᠦᠷᠤ᠎ᠶ᠋ᠢᠨ ᠢᠳᠡᠭᠡᠯᠴᠡᠭᠡ᠎ᠪᠠᠨ
ᠨᠡᠮᠡᠭ᠌ᠳᠡᠬᠦᠯᠤᠨ᠂ ᠪᠤᠳᠠᠳᠠᠢ᠎ᠶ᠋ᠢ ᠡᠷᠬᠢᠮᠯᠡᠬᠦ᠌ ᠬᠠᠮᠳᠤᠷᠠᠯᠴᠠᠭ᠎ᠠ᠎ᠶ᠋ᠢ ᠠᠬᠢᠭᠤᠯᠪᠠ᠃ ᠱᠢᠨᠵᠢᠶᠠᠩ᠎ᠳᠤ
ᠬᠤᠯᠪᠤᠬ᠍ᠳᠠᠬ᠍ᠰᠠᠨ᠂ ᠲᠦᠪᠡᠳ᠎ᠲᠤ ᠬᠤᠯᠪᠤᠬ᠍ᠳᠠᠬ᠍ᠰᠠᠨ᠂ ᠱᠢᠶᠠᠩᠭᠠᠩ᠎ᠳᠤ ᠬᠤᠯᠪᠤᠬ᠍ᠳᠠᠬ᠍ᠰᠠᠨ᠂ ᠲᠠᠢᠸᠠᠨ᠎ᠳᠤ ᠬᠤᠯᠪᠤᠬ᠍ᠳᠠᠬ᠍ᠰᠠᠨ᠂
ᠲᠠᠯᠠᠢ ᠲᠠᠩᠬᠢᠰ᠎ᠲᠤ ᠬᠤᠯᠪᠤᠬ᠍ᠳᠠᠬ᠍ᠰᠠᠨ᠂ ᠬᠢᠵᠢᠭ᠎ᠲᠤ ᠬᠤᠯᠪᠤᠬ᠍ᠳᠠᠬ᠍ᠰᠠᠨ ᠪᠠ ᠬᠥᠮᠤᠨᠤ ᠡᠷᠭᠡ ᠵᠡᠷᠭᠡ ᠠᠰᠠᠭᠤᠳᠠᠯ᠎ᠤᠨ
ᠲᠤᠬᠠᠢ ᠲᠤᠮᠳᠠᠳᠤ ᠤᠯᠤᠰ᠎ᠤᠨ ᠲᠠᠯ᠎ᠠ᠎ᠶ᠋ᠢᠨ ᠲᠦᠪ ᠴᠢᠩᠭ᠎ᠠ ᠵᠤᠬ᠍ᠰᠤᠯᠳᠠᠪᠠᠨ ᠲᠤᠳᠤᠷᠬᠠᠢ᠌ᠯᠠᠵᠤ᠂ ᠡᠯ᠎ᠠ ᠵᠦᠢᠯ᠎ᠤᠨ
ᠪᠦᠰᠡᠯᠡᠯᠲᠡ᠂ ᠳᠠᠷᠤᠯᠲᠠ᠂ ᠲᠦᠢᠪᠡᠭᠡᠯᠭᠡ᠂ ᠨᠤᠷᠠᠭᠠᠯᠲᠠ᠎ᠶ᠋ᠢᠨ ᠠᠵᠢᠯᠯᠠᠭ᠎ᠠ᠎ᠲᠠᠢ ᠡᠷᠡᠰ ᠲᠡᠮᠡᠴᠡᠯ ᠶᠠᠪᠤᠭᠤᠯᠵᠤ᠂
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠢ
ᠨᠤᠷᠠᠭᠠᠬᠤ᠎ᠪᠠᠷ ᠭᠤᠷᠢᠳᠠᠭ᠍ᠰᠠᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠦ ᠶᠡᠭᠡ ᠰᠡᠷᠭᠦᠨ ᠮᠠᠨᠳᠤᠯᠲᠠ᠎ᠶ᠋ᠢᠨ
ᠠᠬᠢᠴᠠ᠎ᠶ᠋ᠢ ᠤᠳᠠᠭᠠᠱᠢᠷᠠᠭᠤᠯᠬᠤ ᠴᠢᠨᠠᠭ᠍ᠰᠢᠯᠠᠪᠠᠯ ᠬᠤᠷᠢᠭ᠍ᠯᠠᠨ ᠵᠣᠭ᠍ᠰᠣᠭᠠᠬᠤ᠎ᠪᠠᠷ ᠭᠤᠷᠢᠳᠠᠭ᠍ᠰᠠᠨ ᠠᠯᠢᠪᠠ
ᠬᠦᠴᠦᠨ᠎ᠲᠠᠢ ᠡᠴᠦᠰ᠎ᠲᠤᠨᠢ ᠲᠤᠯᠲᠠᠯ᠎ᠠ ᠲᠡᠮᠡᠴᠡᠪᠠ᠃
ᠵᠥᠪᠯᠡᠯᠭᠡᠨ᠎ᠤ ᠬᠤᠷᠠᠯ᠎ᠤᠨ ᠤᠯᠠᠨ ᠲᠠᠯᠠᠲᠤ
ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠳᠤᠮᠳᠠᠳᠤ ᠤᠯᠤᠰ᠎ᠤᠨ ᠣᠨᠴᠠᠯᠢᠭ ᠪᠠ ᠳᠤᠮᠳᠠᠳᠤ ᠤᠯᠤᠰ᠎ᠤᠨ ᠲᠥᠰᠦᠯ᠎ᠢ
ᠢᠯᠡᠷᠡᠭᠦᠯᠦᠭ᠌ᠰᠡᠨ ᠨᠡᠩ ᠤᠯᠠᠨ ᠤᠯᠠᠨ ᠲᠠᠯᠠᠲᠤ ᠦᠷ᠎ᠡ ᠪᠦᠲᠦᠭᠡᠯ ᠭᠠᠷᠭᠠᠬᠤ᠎ᠶ᠋ᠢ ᠠᠬᠢᠭᠤᠯᠪᠠ᠃ ᠲᠠᠪᠤᠳᠤᠭᠠᠷ
ᠤᠳᠠᠭᠠᠨ᠎ᠤ ᠳᠡᠯᠡᠬᠡᠶ᠎ᠶ᠋ᠢᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠶᠡᠭᠡ ᠬᠤᠷᠠᠯ᠂ ᠳᠥᠷᠪᠡᠳᠦᠭᠡᠷ
ᠤᠳᠠᠭᠠᠨ᠎ᠤ ᠵᠢᠷᠭᠤᠭᠠᠨ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯ᠂ ᠳᠣᠯᠣᠳᠤᠭᠠᠷ ᠬᠤᠭᠤᠴᠠᠭᠠᠨ᠎ᠤ
ᠬᠤᠷᠢᠨ ᠤᠯᠤᠰ᠎ᠤᠨ ᠪᠦᠯᠦᠭ᠌ᠯᠡᠯ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯ᠂ 《ᠣᠯᠠᠨ ᠤᠯᠤᠰ᠎ᠤᠨ ᠡᠩᠬᠡ ᠲᠠᠢᠪᠤᠩ ᠪᠣᠯᠤᠨ
ᠢᠲᠡᠭᠡᠯ᠎ᠢ ᠪᠠᠬᠢᠵᠢᠭᠦᠯᠬᠦ᠌ ᠳᠤᠮᠳᠠᠬᠢ ᠵᠥᠪᠯᠡᠯᠭᠡᠨ᠎ᠤ ᠬᠡᠱᠢᠬᠦᠳ᠎ᠤᠨ ᠦᠢᠯᠡᠳᠤᠯ》 ᠭᠡᠬᠦ᠌ ᠰᠡᠳᠤᠪᠲᠤ ᠵᠦᠪᠯᠡᠯᠬᠡᠨ᠎ᠤ ᠬᠤᠷᠠᠯ᠎ᠤᠨ ᠤᠳᠤᠷᠢᠳᠭᠤ ᠬᠥᠮᠦᠰ᠎ᠤᠨ
ᠬᠤᠷᠠᠯ᠂ ᠬᠠᠮᠲᠤ᠎ᠶ᠋ᠢᠨ ᠠᠮᠤᠷ ᠲᠦᠪᠱᠢᠨ᠎ᠤ ᠭᠡᠷ᠎ᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠵᠥᠪᠯᠡᠯᠭᠡᠨ᠎ᠤ ᠬᠤᠷᠠᠯ᠎ᠤᠨ
ᠶᠡᠭᠡ ᠬᠤᠷᠠᠯ᠂ BRICS ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠶᠠᠷᠢᠯᠴᠠᠭᠠᠨ᠎ᠤ ᠲᠠᠪᠴᠠᠩ᠂ ᠡᠯ᠎ᠠ ᠤᠯᠤᠰ᠎ᠤᠨ
ᠵᠦᠪᠯᠡᠯᠭᠡᠨ᠎ᠤ ᠬᠤᠷᠠᠯ᠎ᠤᠨ ᠬᠤᠯᠪᠤᠭᠠᠨ᠎ᠤ ᠶᠡᠭᠡ ᠬᠤᠷᠠᠯ ᠵᠢᠴᠢ ᠬᠤᠯᠪᠤᠬ᠍ᠳᠠᠯ ᠪᠦᠬᠦᠢ ᠬᠤᠷᠠᠯ᠂ ᠠᠽᠢᠶ᠎ᠠ ᠲᠢᠪ
ᠨᠤᠮᠦᠬᠠᠠ ᠲᠡᠯᠡᠢ᠎ᠶ᠋ᠢᠨ ᠤᠷᠦᠠ᠎ᠤ ᠵᠦᠪᠯᠡᠯᠭᠡᠠᠤ ᠬᠤᠷᠡᠯ᠎ᠤᠨ ᠶᠡᠷᠢᠯᠴᠠᠭᠠᠠᠤ ᠲᠡᠪᠴᠡᠩ᠂ ᠠᠽᠢᠶ᠎ᠠ ᠲᠢᠪ᠎ᠤᠨ
ᠵᠥᠪᠯᠡᠯᠭᠡᠨ᠎ᠤ ᠬᠤᠷᠠᠯ᠎ᠤᠨ ᠶᠡᠭᠡ ᠬᠤᠷᠠᠯ᠂ ᠵᠡᠭᠦᠨ ᠡᠮᠦᠨᠡᠲᠦ ᠠᠽᠢᠶ᠎ᠠ᠎ᠶ᠋ᠢᠨ ᠬᠤᠯᠪᠣᠭᠠᠨ᠎ᠤ ᠤᠯᠤᠰ᠎ᠤᠳ᠎ᠤᠨ
ᠬᠤᠭᠤᠷᠣᠨᠳᠣᠬᠢ ᠵᠥᠪᠯᠡᠯᠭᠡᠨ᠎ᠤ ᠬᠤᠷᠠᠯ᠎ᠤᠨ ᠶᠡᠭᠡ ᠬᠤᠷᠠᠯ᠂ ᠳᠤᠮᠳᠠᠳᠤ ᠤᠯᠤᠰ — ᠠᠷᠠᠪ᠎ᠤᠨ
ᠤᠯᠤᠰ᠎ᠤᠳ᠎ᠤᠨ ᠨᠥᠬᠦᠷᠰᠡᠭ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠤᠨ ᠰᠦᠯᠵᠢᠶᠡᠨ ᠲᠡᠭᠡᠷᠡᠬᠢ
ᠠᠭᠤᠯᠵᠠᠯᠲᠠ᠎ᠳᠤ ᠤᠷᠤᠯᠴᠠᠨ᠂ ᠳᠤᠮᠳᠠᠳᠤ ᠠᠽᠢᠶ᠎ᠠ᠂ ᠠᠹᠷᠢᠺᠠ ᠲᠢᠪ᠎ᠤᠨ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠳᠤ
ᠬᠠᠨᠳᠤᠭᠤᠯᠤᠨ 3ᠬᠤᠭᠤᠴᠠᠭᠠᠨ ᠤ᠋ ᠭᠠᠵᠠᠷ ᠣᠷᠣᠨ᠎ᠤ ᠰᠤᠳᠤᠯᠤᠨ ᠶᠠᠷᠢᠯᠴᠠᠬᠤ ᠠᠩᠬᠢ᠎ᠶ᠋ᠢ ᠡᠷᠬᠢᠯᠡᠵᠦ᠍᠂ ᠨᠥᠬᠦᠷᠰᠡᠭ᠎ᠢᠶᠠᠷ
ᠬᠠᠮᠲᠤᠷᠠᠨ ᠠᠵᠢᠯᠯᠠᠬᠤ ᠬᠠᠷᠢᠴᠠᠭ᠎ᠠ᠎ᠪᠠᠨ ᠪᠠᠬᠢᠵᠢᠭᠦᠯᠦᠨ ᠬᠥᠭ᠌ᠵᠢᠭᠦᠯᠵᠤ᠂ ᠰᠠᠨᠠᠭᠠᠴᠢᠯᠠᠭ᠎ᠠ᠎ᠠᠴᠠ᠎ᠪᠠᠨ ᠳᠤᠮᠳᠠᠳᠤ
ᠤᠯᠤᠰ᠎ᠤᠨ ᠳᠠᠭᠤ ᠬᠤᠭᠤᠯᠠᠢ᠎ᠶ᠋ᠢ ᠴᠤᠤᠷᠢᠶᠠᠳᠤᠭᠤᠯᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠂ ᠬᠥᠮᠦᠨ ᠲᠥᠷᠥᠯᠬᠢᠲᠡᠨ᠎ᠤ
ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠠᠢᠭᠤᠯᠬᠤ᠂ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ
ᠡᠷᠡᠭᠦᠯ ᠮᠡᠨᠳᠦ᠍᠎ᠶ᠋ᠢᠨ ᠬᠠᠮᠲᠤ᠎ᠶ᠋ᠢᠨ ᠴᠣᠭ᠍ᠴᠠ᠂ ᠪᠦᠯᠬᠦᠮᠳᠡᠨ ᠨᠢᠭ᠍ᠲᠠᠷᠠᠵᠤ ᠬᠢᠵᠢᠭ᠎ᠲᠠᠢ ᠲᠡᠮᠡᠴᠡᠬᠦ᠂ ᠦᠷᠭᠦᠯᠵᠢᠯᠡᠬᠦ᠌
ᠬᠥᠭ᠌ᠵᠢᠯᠲᠡ ᠵᠡᠷᠭᠡ ᠳᠤᠮᠳᠠᠳᠤ ᠤᠯᠤᠰ᠎ᠤᠨ ᠲᠠᠯ᠎ᠠ᠎ᠶ᠋ᠢᠨ ᠴᠢᠬᠤᠯᠠ ᠶᠡᠭᠡ ᠣᠢᠯᠠᠭᠠᠭ᠍ᠳᠠᠬᠤᠨ ᠪᠠ ᠰᠠᠨᠠᠭᠠᠴᠢᠯᠠᠭ᠎ᠠ᠎ᠶ᠋ᠢ
ᠬᠤᠷᠠᠯ᠎ᠤᠨ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠎ᠳᠤ ᠪᠢᠴᠢᠨ ᠣᠷᠣᠭᠤᠯᠬᠤ᠎ᠶ᠋ᠢ ᠠᠬᠢᠭᠤᠯᠵᠤ᠂ ᠮᠠᠨ᠎ᠤ
ᠤᠯᠤᠰ᠎ᠤᠨ ᠠᠱᠢᠬ ᠲᠤᠰᠠ᠎ᠶ᠋ᠢ ᠡᠷᠡᠰ ᠬᠠᠮᠠᠭᠠᠯᠠᠵᠤ᠂ ᠲᠦᠪ ᠭᠤᠤᠯᠴᠢ ᠱᠢᠳᠤᠷᠭᠤ ᠶᠤᠰᠤᠨ᠎ᠤ ᠤᠯᠠᠨ ᠤᠯᠤᠰ᠎ᠤᠨ ᠡᠮᠬᠢ
ᠵᠢᠷᠤᠮ᠎ᠢ ᠬᠠᠮᠠᠭᠠᠯᠠᠪᠠ᠃ ᠴᠥᠭᠡᠨ ᠪᠤᠰᠤ ᠤᠯᠤᠰ᠎ᠤᠨ ᠵᠥᠪᠯᠡᠯᠭᠡᠨ᠎ᠤ ᠬᠤᠷᠠᠯ᠂ ᠵᠥᠪᠯᠡᠯᠭᠡᠨ᠎ᠤ ᠳᠠᠷᠤᠭ᠎ᠠ᠂ ᠵᠥᠪᠯᠡᠯᠭᠡᠨ᠎ᠤ
ᠭᠡᠱᠢᠭᠦᠳ ᠳᠤᠮᠳᠠᠳᠤ ᠤᠯᠤᠰ᠎ᠤᠨ ᠲᠠᠯ᠎ᠠ᠎ᠶ᠋ᠢᠨ ᠪᠦᠬᠦ᠌ ᠪᠥᠮᠪᠥᠷᠴᠡᠭ᠎ᠤᠨ ᠬᠢᠵᠢᠭ᠎ᠲᠠᠢ ᠲᠡᠮᠡᠴᠡᠬᠦ᠌ ᠳᠤᠮᠳᠠ
ᠦᠵᠡᠭᠦᠯᠦᠭ᠌ᠰᠡᠨ ᠬᠤᠪᠢ ᠨᠡᠮᠡᠷᠢ᠂ ᠠᠮᠠᠯᠠᠯᠲᠠ ᠪᠣᠯᠤᠨ ᠠᠵᠢᠯᠯᠠᠭ᠎ᠠ᠎ᠶ᠋ᠢ ᠥᠨᠳᠥᠷ ᠦᠨᠡᠯᠡᠵᠦ᠍᠂ ᠳᠤᠮᠳᠠᠳᠤ ᠤᠯᠤᠰ᠎ᠤᠨ
ᠲᠠᠯ᠎ᠠ᠎ᠶ᠋ᠢᠨ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠪᠠᠷᠢᠮᠲᠠᠯᠠᠨ᠂ ᠪᠦᠯᠬᠦᠮᠳᠡᠨ ᠬᠠᠮᠲᠤᠷᠠᠵᠤ
ᠬᠢᠵᠢᠭ᠎ᠲᠠᠢ ᠲᠡᠮᠡᠴᠡᠬᠦ᠌ ᠵᠣᠭ᠍ᠰᠣᠯᠲᠠ᠎ᠶ᠋ᠢ ᠳᠡᠮᠵᠢᠪᠡ᠃
ᠭᠠᠳᠠᠭ᠍ᠰᠢ᠎ᠪᠠᠨ ᠤᠬᠠᠭᠤᠯᠤᠨ ᠲᠠᠨᠢᠯᠴᠠᠭᠤᠯᠬᠤ
ᠠᠵᠢᠯ᠎ᠢ ᠴᠢᠩᠭᠠᠳᠭᠠᠪᠠ᠃ ᠬᠤᠶᠠᠷ ᠲᠠᠯᠠᠲᠤ ᠪᠠ ᠣᠯᠠᠨ ᠲᠠᠯᠠᠲᠤ ᠭᠠᠳᠠᠭᠠᠳᠤ ᠬᠠᠷᠢᠯᠴᠠᠭᠠᠨ᠎ᠤ ᠲᠠᠪᠴᠠᠩ᠎ᠢ ᠠᠱᠢᠭ᠍ᠯᠠᠠ᠂
ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ
ᠦᠵᠡᠯ ᠰᠠᠨᠠᠭ᠎ᠠ᠎ᠶ᠋ᠢ ᠢᠳᠡᠪᠬᠢᠲᠡᠢ ᠤᠬᠠᠭᠤᠯᠵᠤ᠂ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠲᠤᠷᠱᠢᠯᠭ᠎ᠠ᠎ᠪᠠᠨ
ᠭᠦᠨᠵᠡᠭᠡᠶ ᠰᠣᠯᠢᠯᠴᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ
ᠶᠡᠭᠡ ᠠᠮᠵᠢᠯᠲᠠ ᠪᠦᠲᠦᠮᠵᠢ ᠪᠣᠯᠤᠨ ᠲᠡᠤᠬᠡᠨ ᠲᠤᠷᠱᠢᠯᠭ᠎ᠠ᠎ᠶ᠋ᠢ ᠲᠠᠨᠢᠯᠴᠠᠭᠤᠯᠪᠠ᠃ ᠪᠠᠢᠡᠭ᠌ᠭᠤ᠎ᠶ᠋ᠢᠨ ᠬᠤᠷᠢᠶᠠᠨ᠎ᠤ
ᠦᠬᠦᠯᠡᠭ᠌ᠴᠢ᠂ ᠭᠠᠳᠠᠭᠠᠳᠤ ᠶᠠᠪᠤᠳᠠᠯ᠎ᠤᠨ ᠵᠦᠪᠯᠡᠯ᠎ᠤᠨ ᠦᠬᠦᠯᠡᠭ᠌ᠴᠢ᠂ ᠬᠠᠤᠯᠢ ᠴᠠᠭᠠᠵᠠ᠎ᠶ᠋ᠢᠨ ᠠᠵᠢᠯ᠎ᠤᠨ ᠵᠦᠪᠯᠡᠯ᠎ᠤᠨ
ᠦᠬᠦᠯᠡᠭ᠌ᠴᠢ ᠵᠡᠷᠭᠡ ᠲᠤᠬ᠍ᠳᠠᠴᠠᠪᠠᠷ ᠲᠠᠮᠵᠢᠭᠤᠯᠤᠨ ᠲᠦᠪ ᠴᠢᠬᠢᠮᠠᠢ᠎ᠪᠠᠷ ᠴᠤᠤᠷᠬᠠᠯ᠎ᠢ ᠨᠢᠴᠤᠭᠠᠠ᠂ ᠬᠠᠤᠯᠢ
ᠴᠠᠭᠠᠵᠠ᠎ᠶ᠋ᠢᠨ ᠠᠰᠠᠭᠤᠳᠠᠯ᠎ᠢ ᠲᠤᠳᠤᠷᠬᠠᠢ᠌ᠯᠠᠨ ᠲᠠᠢᠯᠪᠤᠷᠢᠯᠠᠵᠤ᠂ ᠬᠠᠤᠯᠢ ᠴᠠᠭᠠᠵᠠ᠎ᠶ᠋ᠢᠨ ᠲᠡᠮᠡᠴᠡᠯ ᠶᠠᠪᠤᠭᠤᠯᠪᠠ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠦᠢᠯᠡᠳᠦᠯᠭᠡ᠎ᠳᠤ ᠲᠦᠱᠢᠭ᠌ᠯᠡᠨ᠂ ᠪᠦᠬᠦ᠌
ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠣᠢᠯᠠᠭᠠᠭ᠍ᠳᠠᠬᠤᠨ᠎ᠢ ᠠᠮᠢᠳᠤᠯᠢᠭ᠎ᠢᠶᠠᠷ ᠢᠯᠡᠷᠡᠭᠦᠯᠪᠡ᠃ ᠦᠨᠳᠦᠰᠦᠨ
ᠱᠠᠲᠤᠨ᠎ᠤ 30 ᠭᠠᠷᠤᠶ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠣᠷᠣᠯᠴᠠᠵᠤ᠂ ᠲᠦᠷᠤ᠎ᠶ᠋ᠢᠨ ᠡᠷᠬᠡ᠎ᠪᠠᠨ ᠬᠡᠷᠡᠭ᠌ᠵᠢᠭᠦᠯᠬᠦ᠌
ᠪᠠ ᠠᠷᠠᠳ ᠲᠦᠮᠡᠨ᠎ᠤ ᠠᠱᠢᠭ ᠲᠤᠰᠠ᠎ᠳᠤ ᠦᠢᠯᠡᠴᠢᠯᠡᠬᠦ᠌᠎ᠳᠤ ᠤᠷᠤᠯᠴᠠᠵᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ
ᠦᠯᠢᠭᠡᠷ᠎ᠢᠶᠠᠨ ᠶᠠᠷᠢᠵᠤ᠂ ᠳᠤᠮᠳᠠᠳᠤ ᠤᠯᠤᠰ᠎ᠤᠨ ᠵᠠᠮ᠂ ᠳᠤᠮᠳᠠᠳᠤ ᠤᠯᠤᠰ᠎ᠤᠨ ᠪᠠᠢᠭᠤᠯᠤᠯ᠂ ᠳᠤᠮᠳᠠᠳᠤ ᠤᠯᠤᠰ᠎ᠤᠨ
ᠠᠮᠵᠢᠯᠲᠠ ᠪᠦᠲᠦᠮᠵᠢ᠎ᠶ᠋ᠢ ᠦᠨᠡᠨ ᠪᠣᠳᠠᠲᠠᠢ᠎ᠪᠠᠷ ᠤᠯᠠᠨ ᠲᠠᠯ᠎ᠠ᠎ᠠᠴᠠ ᠢᠯᠡᠳᠭᠡᠪᠡ᠃
ᠵᠢᠷᠭᠤᠭ᠎ᠠ᠂ ᠪᠦᠬᠦ᠌ ᠶᠠᠪᠤᠴᠠ᠎ᠶ᠋ᠢᠨ
ᠠᠷᠠᠳ᠎ᠤᠨ ᠠᠷᠠᠳᠴᠢᠯᠠᠯ᠎ᠤᠨ ᠪᠠᠢᠭᠤᠯᠤᠯᠳᠡ᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠪᠠᠢᠩᠭᠤ᠎ᠶ᠋ᠢᠨ ᠬᠤᠷᠢᠶᠠᠨ᠎ᠤ ᠦᠨᠳᠦᠰᠦᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ
ᠡᠷᠡᠰ ᠪᠠᠲᠤ ᠤᠯᠤᠰ ᠲᠦᠷᠤ᠎ᠶ᠋ᠢᠨ ᠵᠤᠬ᠍ᠰᠤᠯᠲᠠᠲᠠᠢ᠂
ᠬᠠᠤᠯᠢ᠎ᠪᠠᠷ ᠵᠠᠰᠠᠬᠤ᠎ᠶ᠋ᠢ ᠲᠡᠭᠡᠳᠤᠯᠡᠬᠦ᠂ ᠠᠷᠠᠳᠴᠢᠯᠠᠯ᠎ᠢ ᠪᠠᠳᠠᠷᠠᠭᠤᠯᠬᠤ᠂ ᠠᠷᠠᠳ ᠲᠦᠮᠡᠨ᠎ᠳᠤ ᠦᠢᠯᠡᠴᠢᠯᠡᠬᠦ᠂
ᠥᠨᠳᠥᠷ ᠪᠦᠲᠦᠮᠵᠢᠲᠡᠶ ᠠᠵᠢᠯᠯᠠᠬᠤ᠎ᠶ᠋ᠢ ᠪᠠᠷᠢᠮᠳᠠᠯᠠᠵᠤ᠂ ᠠᠷᠠᠳ᠎ᠤᠨ ᠲᠦᠯᠤᠭᠡᠯᠡᠭ᠌ᠴᠢᠳ᠎ᠤᠨ ᠶᠡᠭᠡ ᠬᠤᠷᠠᠯ᠎ᠤᠨ
ᠠᠵᠢᠯ᠎ᠤᠨ ᠴᠢᠨᠠᠷ ᠴᠢᠨᠰᠠᠭ᠎ᠠ ᠪᠤᠯᠤᠨ ᠬᠢᠷᠢ ᠭᠡᠮᠵᠢᠶ᠎ᠠ᠎ᠶ᠋ᠢ ᠲᠡᠭᠡᠭ᠌ᠰᠢᠯᠡᠬᠦᠯᠵᠤ᠂ ᠪᠦᠬᠦ᠌ ᠤᠯᠤᠰ᠎ᠤᠨ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠶ᠋ᠢ ᠳᠤᠮᠳᠠᠳᠤ ᠤᠯᠤᠰ᠎ᠤᠨ
ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠠᠴᠠ᠎ᠪᠠᠨ ᠪᠠᠷᠢᠮᠲᠠᠯᠠᠬᠤ ᠤᠯᠤᠰ ᠲᠦᠷᠦ᠍᠎ᠶ᠋ᠢᠨ ᠪᠠᠢᠭᠤᠯᠭ᠎ᠠ᠂
ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠲᠦᠷᠦ᠍᠎ᠶ᠋ᠢᠨ ᠡᠷᠬᠡᠲᠦ ᠪᠠᠢᠭᠤᠯᠭ᠎ᠠ᠂
ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭ᠍ᠰᠠᠨ ᠡᠯ᠎ᠡ ᠵᠦᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌
ᠲᠠᠯ᠎ᠠ᠎ᠪᠠᠷ ᠡᠭᠦᠷᠭᠡᠯᠡᠬᠦ᠌ ᠠᠵᠢᠯ᠎ᠤᠨ ᠪᠠᠢᠭᠤᠯᠭ᠎ᠠ᠂ ᠠᠷᠠᠳ ᠤᠯᠠᠨ᠎ᠲᠠᠢ ᠢᠮᠠᠬ᠍ᠲᠠ ᠨᠢᠭ᠍ᠲᠠ ᠬᠠᠷᠢᠯᠴᠠᠬᠤ
ᠲᠥᠯᠥᠭᠡᠯᠡᠬᠦ᠌ ᠪᠠᠢᠭᠤᠯᠭ᠎ᠠ ᠪᠤᠯᠭᠠᠨ ᠪᠦᠳᠤᠭᠡᠨ ᠪᠠᠢᠭᠤᠯᠪᠠ᠃
ᠤᠨᠤᠯ᠎ᠤᠨ ᠵᠡᠪᠰᠡᠭ᠌ᠯᠡᠯ᠎ᠢ ᠦᠨᠡᠨ ᠬᠦ᠌
ᠴᠢᠩᠭᠠᠳᠭᠠᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ
ᠵᠢᠷᠤᠮ᠎ᠤᠨ ᠦᠵᠡᠯ ᠰᠠᠨᠠᠭ᠎ᠠ ᠭᠡᠬᠦ᠌ ᠡᠨᠡ ᠬᠦ᠌ ᠨᠠᠮ ᠪᠠ ᠤᠯᠤᠰ᠎ᠤᠨ ᠵᠢᠯᠣᠭᠤᠳᠭᠤ ᠦᠵᠡᠯ ᠰᠠᠨᠠᠭ᠎ᠠ᠎ᠶ᠋ᠢ ᠭᠦᠨᠵᠡᠭᠡᠢ
ᠰᠤᠷᠤᠯᠴᠠᠵᠤ ᠲᠤᠭᠤᠷᠠᠲᠠᠯ᠎ᠠ ᠣᠢᠯᠠᠭᠠᠵᠤ ᠪᠣᠳᠠᠲᠠᠢᠵᠢᠭᠤᠯᠤᠨ ᠬᠢᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠠᠵᠢᠯ᠎ᠤᠨ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃ ᠪᠠᠢᠩᠭᠤ᠎ᠶ᠋ᠢᠨ
ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠤᠯᠤᠰ ᠲᠥᠷᠥ᠎ᠶ᠋ᠢᠨ ᠤᠳᠤᠷᠢᠳᠭᠤ ᠦᠢᠯᠡᠳᠦᠯ᠎ᠢ ᠪᠠᠳᠠᠷᠠᠭᠤᠯᠵᠤ᠂
ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠢ 17 ᠤᠳᠠᠭ᠎ᠠ ᠬᠤᠷᠠᠯᠳᠤᠭᠤᠯᠵᠤ᠂
ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠂ ᠪᠠᠢᠩᠭᠤ᠎ᠶ᠋ᠢᠨ
ᠬᠤᠷᠢᠶᠠᠨ᠎ᠤ ᠲᠤᠰᠭᠠᠶ ᠰᠡᠳᠦᠪᠲᠦ ᠲᠠᠢᠯᠤᠮᠵᠢᠡᠷᠬᠢᠯᠡᠵᠦ᠍᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ ᠪᠠ
ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠴᠠᠭ ᠲᠤᠬᠠᠶ᠎ᠳᠤᠨᠢ
ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ
ᠪᠠᠲᠤᠲᠠᠶ ᠥᠷᠨᠢᠭᠦᠯᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ
ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ
ᠲᠡᠤᠬᠡᠨᠲᠤᠮᠳᠠᠠᠴᠠᠤᠶᠤᠨᠤᠬᠠᠭᠠᠨᠪᠠ ᠬᠦᠴᠦᠨ ᠴᠢᠳᠠᠯ ᠱᠢᠩᠭᠡᠭᠡᠨ ᠠᠪᠤᠪᠠ᠃ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠪᠠᠢᠡᠭ᠌ᠭᠤ᠎ᠶ᠋ᠢᠨ
ᠬᠤᠷᠢᠶᠠᠨ᠎ᠤ ᠬᠤᠷᠠᠯ᠎ᠤᠨ ᠵᠦᠪᠯᠡᠬᠦ᠌ ᠵᠦᠢᠯ᠎ᠳᠤ ᠤᠷᠤᠭᠤᠯᠤᠨ ᠲᠤᠰᠭᠠᠢ ᠰᠡᠳᠤᠪ᠎ᠢᠶᠠᠷ ᠰᠤᠷᠤᠯᠴᠠᠵᠤ᠂ ᠶᠡᠷᠦᠩᠬᠡᠶ
ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ
ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠳᠥᠷᠪᠡᠳᠦᠭᠡᠷ
ᠤᠳᠠᠭᠠᠨ᠎ᠤ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠪᠠ᠃ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ
ᠳᠤᠭᠤᠢᠯᠠᠩ᠎ᠠᠴᠠ ᠲᠤᠰᠭᠠᠶ ᠵᠦᠪᠯᠡᠯ᠎ᠤᠨ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠤᠨ ᠨᠠᠮ᠎ᠤᠨ ᠪᠠᠢᠭᠤᠯᠤᠯᠲᠠ᠎ᠶ᠋ᠢᠨ
ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠨᠣᠰᠭᠤ ᠲᠦᠷᠢᠮ᠎ᠢ ᠪᠠᠢᠭᠤᠯᠵᠤ᠂
ᠲᠤᠰᠭᠠᠶ ᠵᠦᠪᠯᠡᠯ᠎ᠤᠨ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃
ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ
ᠠᠷᠠᠳ᠎ᠤᠨ ᠲᠦᠯᠤᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠤᠬ᠍ᠳᠠᠭᠠᠬᠤ᠂ ᠬᠢᠨᠠᠯᠳᠠ ᠲᠠᠯᠪᠢᠬᠤ᠂ ᠲᠦᠯᠤᠭᠡᠯᠡᠭ᠌ᠴᠢ
ᠵᠡᠷᠭᠡ ᠠᠵᠢᠯ᠎ᠤᠨ ᠡᠯ᠎ᠠ ᠲᠠᠯ᠎ᠠ ᠡᠯ᠎ᠠ ᠭᠤᠭ᠍ᠴᠤᠭ᠎ᠠ ᠪᠦᠬᠦ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠪᠠ᠃
ᠠᠷᠠᠳ᠎ᠤᠨ ᠲᠦᠯᠤᠭᠡᠯᠡᠭ᠌ᠴᠢᠳ᠎ᠤᠨ ᠶᠡᠭᠡ ᠬᠤᠷᠠᠯ᠎ᠤᠨ ᠠᠷᠠᠳᠴᠢᠯᠠᠯ᠂ ᠠᠷᠠᠳ᠎ᠤᠨ ᠰᠠᠨᠠᠭ᠎ᠠ᠎ᠶ᠋ᠢ ᠢᠯᠡᠳᠭᠡᠬᠦ᠌
ᠲᠡᠪᠴᠡᠩ ᠪᠠ ᠠᠴᠢᠶᠠᠯᠠᠭ᠍ᠴᠢ᠎ᠶ᠋ᠢ ᠲᠡᠬᠦᠯᠳᠡᠷᠵᠢᠬᠦᠯᠵᠤ᠂ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ
ᠤᠬᠠᠭᠠᠨ᠎ᠢ ᠴᠤᠭ᠍ᠯᠠᠭᠤᠯᠤᠨ ᠬᠤᠷᠠᠮᠳᠤᠭᠤᠯᠬᠤ ᠠᠵᠢᠯ᠎ᠤᠨ ᠲᠤᠬ᠍ᠳᠠᠴᠠ᠎ᠶ᠋ᠢ ᠪᠦᠷᠢᠨᠱᠢᠬᠦᠯᠤᠨ᠂ ᠠᠷᠠᠳ᠎ᠤᠨ ᠲᠦᠯᠤᠭᠡᠯᠡᠭ᠌ᠴᠢᠳ᠎ᠤᠨ
ᠶᠡᠭᠡ ᠬᠤᠷᠠᠯ᠎ᠤᠨ ᠵᠦᠪᠯᠡᠯᠭᠡ᠂ ᠬᠠᠤᠯᠢ ᠲᠤᠬ᠍ᠳᠠᠭᠠᠯᠳᠠᠶ᠋ᠢᠨ ᠵᠦᠪᠯᠡᠯᠭᠡ᠎ᠶ᠋ᠢ ᠠᠬᠢᠭᠤᠯᠵᠤ᠂ ᠡᠯ᠎ᠠ ᠲᠠᠯ᠎ᠠ᠎ᠶ᠋ᠢᠨ
ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠬᠠᠮᠤᠭ᠎ᠤᠨ ᠦᠷᠭᠡᠨ ᠤᠯᠠᠨ ᠠᠷᠠᠳ ᠲᠦᠮᠡᠨ᠎ᠤ ᠦᠨᠳᠤᠰᠤᠨ ᠠᠱᠢᠭ
ᠲᠤᠰᠠ᠎ᠶ᠋ᠢᠨ ᠲᠤᠳᠤᠷ᠎ᠠ ᠨᠢᠭᠡᠳᠭᠡᠪᠡ᠃ ᠦᠨᠳᠦᠰᠦᠨ ᠱᠠᠲᠤᠨ᠎ᠤ 22 ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠢ ᠪᠠᠢᠭᠤᠯᠤᠬ᠍ᠰᠠᠨᠤ ᠳᠣᠲᠣᠷ᠎ᠠ 12᠎ᠢ᠎ᠨᠢ ᠨᠡᠮᠡᠵᠦ᠍
ᠪᠠᠢᠭᠤᠯᠤᠬ᠍ᠰᠠᠨ ᠪᠦᠭᠡᠳ ᠪᠦᠬᠦ᠌ ᠤᠯᠤᠰ᠎ᠤᠨ ᠭᠤᠷᠪᠠᠨ᠎ᠤ ᠬᠤᠶᠠᠷ᠎ᠤᠨ ᠮᠤᠵᠢ ᠤᠷᠤᠨ᠎ᠢ ᠬᠠᠮᠤᠷᠴᠤ᠌᠂ ᠮᠤᠵᠢ᠂ ᠬᠤᠳᠠ
ᠬᠤᠶᠠᠷ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠠᠢᠴᠢᠯᠠᠨ 4700 ᠭᠠᠷᠤᠶ ᠬᠠᠤᠯᠢ ᠲᠣᠭ᠍ᠲᠠᠭᠠᠬᠤ ᠬᠠᠷᠢᠯᠴᠠᠬᠤ ᠴᠡᠭ ᠪᠠᠢᠭᠤᠯᠪᠠ᠃
ᠬᠠᠤᠯᠢ ᠴᠠᠭᠠᠵᠠ᠎ᠶ᠋ᠢᠨ ᠲᠥᠰᠦᠯ᠎ᠤᠨ ᠰᠠᠨᠠᠯ ᠬᠤᠷᠢᠶᠠᠬᠤ ᠱᠢᠰᠲ᠋ᠧᠮ ᠪᠠ ᠬᠠᠤᠯᠢ ᠲᠣᠭ᠍ᠲᠠᠭᠠᠯ᠎ᠤᠨ ᠬᠢᠨᠠᠨ ᠪᠠᠢᠴᠠᠭᠠᠬ᠍ᠰᠠᠨ
ᠰᠠᠨᠠᠭᠤᠯᠭ᠎ᠠ᠎ᠶ᠋ᠢ ᠬᠦᠯᠢᠶᠡᠨ ᠠᠪᠴᠤ᠌ ᠱᠢᠢᠳᠪᠦᠷᠢᠯᠡᠬᠦ᠌ ᠲᠠᠪᠴᠠᠩ᠎ᠤᠨ ᠬᠡᠯᠬᠢᠶ᠎ᠡ᠎ᠶ᠋ᠢ ᠨᠡᠮᠡᠭ᠌ᠳᠡᠭᠦᠯᠪᠡ᠃ 34 ᠬᠤᠪᠢ
ᠬᠠᠤᠯᠢ ᠴᠠᠭᠠᠵᠠ᠎ᠶ᠋ᠢᠨ ᠲᠥᠰᠦᠯ᠎ᠳᠤ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠰᠦᠯᠵᠢᠶ᠎ᠡ᠎ᠪᠠᠷ ᠲᠠᠮᠵᠢᠭᠤᠯᠤᠨ ᠢᠯᠡ᠎ᠪᠠᠷ ᠰᠠᠨᠠᠯ ᠬᠤᠷᠢᠶᠠᠵᠤ᠂ ᠨᠡᠢᠳᠡ 108221 ᠬᠥᠮᠦᠨ ᠤᠳᠠᠭ᠎ᠠ᠎ᠶ᠋ᠢᠨ ᠳᠤᠷᠠᠳᠤᠭ᠍ᠰᠠᠨ
475245 ᠵᠤᠷᠪᠤᠰ ᠰᠠᠨᠠᠯ᠎ᠢ ᠬᠤᠷᠢᠶᠠᠨ ᠤᠯᠪᠠ᠃ ᠡᠯ᠎ᠡ ᠭᠠᠵᠠᠷ᠎ᠲᠤ ᠨᠡᠢᠲᠡ 22 ᠲᠦᠮᠡ ᠭᠠᠷᠤᠶ ᠲᠥᠯᠥᠭᠡᠯᠡᠭ᠌ᠴᠢᠳ᠎ᠤᠨ
ᠭᠡᠷ ᠤᠷᠤᠨ᠂ ᠲᠥᠯᠥᠭᠡᠯᠡᠭ᠌ᠴᠢᠳ᠎ᠤᠨ ᠬᠤᠯᠪᠣᠭ᠎ᠠ ᠠᠪᠬᠤ ᠥᠷᠲᠡᠭᠡ ᠵᠡᠷᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌
ᠲᠠᠪᠴᠠᠩ᠎ᠲᠠᠢ ᠪᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ
ᠤᠢ᠍ᠢᠷ᠎ᠠ ᠬᠠᠪᠢ᠎ᠳᠠᠭᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯᠯᠠᠭ᠎ᠠ᠎ᠳᠤ ᠣᠷᠣᠯᠴᠠᠬᠤ ᠪᠦᠲᠦᠮᠵᠢᠲᠡᠶ
ᠠᠷᠭ᠎ᠠ ᠵᠠᠮ ᠪᠣᠯᠵᠠᠶ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠠᠬᠢᠳᠠᠯ ᠰᠤᠷᠪᠤᠯᠵᠢᠯᠠᠭ᠎ᠠ᠎ᠶ᠋ᠢᠨ
ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠱᠠᠲᠤᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠲᠠᠪᠴᠠᠩ
ᠪᠠ ᠳ᠋ᠠᠢᠲ᠋ᠠ᠎ᠶ᠋ᠢ ᠰᠠᠢᠲᠤᠷ ᠬᠡᠷᠡᠭ᠌ᠯᠡᠵᠦ᠍᠂ ᠵᠠᠬᠢᠳᠠᠯ ᠰᠤᠷᠪᠤᠯᠵᠢᠯᠠᠭ᠎ᠠ᠎ᠶ᠋ᠢᠨ ᠶᠡᠷᠦᠩᠬᠡᠢ ᠲᠤᠭ᠎ᠠ᠎ᠨᠢ
105956 ᠬᠤᠪᠢ ᠤᠳᠠᠭ᠎ᠠ ᠬᠦᠷᠴᠠᠢ᠂ ᠡᠭᠦᠨ᠎ᠤ ᠲᠤᠳᠤᠷ᠎ᠠ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠎ᠶ᠋ᠢᠨ
ᠲᠠᠪᠴᠠᠩ 12207 ᠬᠤᠪᠢ ᠤᠳᠠᠭ᠎ᠠ᠎ᠶ᠋ᠢ᠎ᠨᠢ ᠬᠦᠯᠢᠶᠡᠨ ᠠᠪᠴᠤ᠌
ᠱᠢᠢᠳᠪᠦᠷᠢᠯᠡᠪᠡ᠃
ᠪᠠᠢᠩᠭᠤ᠎ᠶ᠋ᠢᠨ ᠬᠤᠷᠢᠶᠠᠨ᠎ᠤ ᠠᠵᠢᠯᠯᠠᠭᠠᠨ᠎ᠤ
ᠲᠦᠷᠢᠮ ᠪᠠ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠬᠠᠤᠯᠢ ᠲᠣᠭ᠍ᠲᠠᠭᠠᠬᠤ ᠠᠵᠢᠯ᠎ᠢ ᠭᠤᠣᠯᠯᠠᠨ ᠵᠢᠯᠣᠭᠤᠳᠭᠤ ᠠᠵᠢᠯ᠎ᠤᠨ ᠵᠢᠷᠤᠮ ᠪᠠ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂
ᠪᠠᠢᠩᠭᠤ᠎ᠶ᠋ᠢᠨ ᠬᠤᠷᠢᠶᠠᠨ᠎ᠤ ᠬᠢᠨᠠᠨ ᠶᠠᠷᠢᠯᠴᠠᠭ᠍ᠰᠠᠨ 68 ᠬᠤᠪᠢ ᠬᠠᠤᠯᠢ ᠴᠠᠭᠠᠵᠠ᠎ᠶ᠋ᠢᠨ ᠲᠥᠰᠦᠯ᠂ ᠲᠣᠭ᠍ᠲᠠᠭᠠᠯ᠎ᠤᠨ
ᠲᠥᠰᠦᠯ ᠲᠤᠳᠤᠷ᠎ᠠ᠂ ᠬᠤᠯᠪᠣᠭ᠍ᠳᠠᠯ ᠪᠦᠬᠦᠢ ᠲᠤᠰᠭᠠᠶ ᠵᠦᠪᠯᠡᠯ᠂ ᠠᠵᠢᠯ᠎ᠤᠨ ᠵᠦᠪᠯᠡᠯ᠎ᠠᠴᠠ ᠭᠠᠷᠳᠠᠨ ᠲᠤᠭᠤᠷᠪᠢᠭ᠍ᠰᠠᠨ᠎ᠨᠢ
34 ᠬᠤᠪᠢ ᠪᠠᠢᠵᠤ᠂ ᠪᠦᠬᠦ᠌ ᠲᠣᠭᠠᠨ᠎ᠤ ᠬᠠᠭᠠᠰ᠎ᠢ ᠡᠵᠡᠯᠡᠪᠡ᠃ ᠪᠤᠰᠤᠳ ᠰᠠᠯᠠᠭ᠎ᠠ ᠮᠥᠴᠢᠷ ᠪᠤᠶᠤ ᠨᠢᠭᠡᠴᠢ᠎ᠠᠴᠠ
ᠬᠠᠷᠢᠭᠤᠴᠠᠨ ᠲᠤᠭᠤᠷᠪᠢᠭ᠍ᠰᠠᠨ ᠬᠠᠤᠯᠢ ᠴᠠᠭᠠᠵᠠ᠎ᠶ᠋ᠢᠨ ᠲᠥᠰᠦᠯ᠎ᠳᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ ᠤᠷᠢᠳᠴᠢᠯᠠᠨ ᠣᠷᠣᠯᠴᠠᠵᠤ᠂ ᠵᠣᠬᠢᠶᠠᠨ ᠪᠠᠢᠭᠤᠯᠵᠤ ᠵᠣᠬᠢᠴᠠᠭᠤᠯᠬᠤ ᠠᠵᠢᠯ᠎ᠢ ᠰᠠᠢᠲᠤᠷ ᠬᠢᠵᠦ᠍᠂ ᠬᠢᠨᠠᠨ
ᠶᠠᠷᠢᠯᠴᠠᠵᠦ᠍ ᠡᠴᠦᠰ᠎ᠤᠨ ᠬᠢᠨᠡᠯᠳᠡ ᠬᠢᠬᠦ᠌ ᠦᠢᠯᠡᠳᠦᠯ᠎ᠢ ᠪᠠᠳᠠᠷᠠᠭᠤᠯᠪᠠ᠃ ᠬᠠᠤᠯᠢ ᠲᠣᠭ᠍ᠲᠠᠭᠠᠬᠤ ᠪᠠᠢᠴᠠᠭᠠᠨ
ᠰᠤᠳᠤᠯᠤᠯᠲᠠ᠎ᠶ᠋ᠢᠨ ᠠᠵᠢᠯ᠎ᠢ ᠴᠢᠩᠭᠠᠳᠭᠠᠬᠤ᠂ ᠬᠠᠤᠯᠢ ᠴᠠᠭᠠᠵᠠ᠎ᠶ᠋ᠢᠨ ᠲᠥᠰᠦᠯ᠎ᠳᠤ ᠰᠠᠯᠠᠭ᠎ᠠ ᠮᠥᠴᠢᠷ ᠪᠠ ᠣᠷᠣᠨ
ᠨᠤᠲᠤᠭ᠎ᠤᠨ ᠰᠠᠨᠠᠯ᠎ᠢ ᠬᠤᠷᠢᠶᠠᠬᠤ ᠠᠵᠢᠯ᠎ᠢ ᠰᠠᠢᠵᠢᠷᠠᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠪᠡ᠃
ᠪᠠᠢᠩᠭᠤ᠎ᠶ᠋ᠢᠨ ᠬᠤᠷᠢᠶᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠠᠵᠢᠯ᠎ᠤᠨ ᠠᠷᠭ᠎ᠠ᠎ᠶ᠋ᠢ
ᠲᠣᠭ᠍ᠲᠠᠭᠠᠵᠤ᠂ ᠬᠠᠤᠯᠢ ᠴᠠᠭᠠᠵᠠ᠎ᠶ᠋ᠢᠨ ᠦᠨᠡᠯᠡᠨ ᠵᠢᠱ᠌ᠢᠯᠲᠡ ᠬᠢᠬᠦ᠂ ᠲᠤᠮᠤ ᠳ᠋ᠠᠢᠲ᠋ᠠ᠎ᠶ᠋ᠢᠨ ᠵᠠᠳᠠᠯᠤᠯᠲᠠ
ᠬᠢᠬᠦ᠂ ᠬᠤᠯᠪᠣᠭ᠍ᠳᠠᠬᠤ ᠬᠠᠤᠯᠢ ᠴᠠᠭᠠᠵᠠ᠎ᠶ᠋ᠢᠨ ᠵᠠᠳᠠᠯᠤᠯᠲᠠ ᠬᠢᠬᠦ᠌ ᠠᠷᠭ᠎ᠠ᠎ᠶ᠋ᠢ ᠣᠷᠣᠭᠤᠯᠵᠤ᠂ ᠬᠠᠤᠯᠢ ᠬᠡᠷᠡᠭ᠌ᠵᠢᠭᠦᠯᠦᠯᠲᠡ᠎ᠶ᠋ᠢᠨ
ᠪᠠᠢᠴᠠᠭᠠᠯᠲᠠ᠎ᠶ᠋ᠢᠨ ᠠᠵᠢᠯ᠎ᠤᠨ ᠶᠠᠪᠤᠴᠠ᠎ᠶ᠋ᠢ ᠵᠢᠷᠤᠮᠵᠢᠭᠤᠯᠪᠡ᠃ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠬᠤ᠎ᠶ᠋ᠢᠨ ᠡᠮᠦᠨᠡᠬᠢ ᠬᠤᠭᠤᠴᠠᠭᠠᠨ᠎ᠤ ᠠᠵᠢᠯ᠎ᠤᠨ ᠶᠠᠪᠤᠴᠠ᠎ᠶ᠋ᠢ ᠲᠡᠭᠦᠯᠳᠡᠷᠵᠢᠭᠦᠯᠬᠦ᠌
ᠪᠠ ᠲᠤᠰᠭᠠᠶ ᠵᠦᠪᠯᠡᠯ᠎ᠤᠨ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠶ᠋ᠢ ᠴᠢᠩᠭᠠᠳᠭᠠᠬᠤ
ᠲᠤᠬᠠᠶ ᠰᠤᠳᠤᠯᠭᠠᠨ᠎ᠤ ᠰᠠᠨᠠᠯ᠎ᠢ ᠨᠡᠢᠲᠡᠯᠡᠪᠡ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠂ ᠰᠠᠨᠠᠭᠤᠯᠭ᠎ᠠ᠎ᠶ᠋ᠢ
ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠶᠡᠷᠦᠩᠬᠡᠢᠯᠡᠨ ᠵᠠᠳᠠᠯᠬᠤ ᠪᠠ ᠮᠥᠷᠳᠡᠨ ᠱᠢᠪᠠᠳᠠᠵᠤ
ᠱᠢᠢᠳᠪᠦᠷᠢᠯᠡᠭᠦᠯᠬᠦ᠌᠎ᠶ᠋ᠢ ᠴᠢᠩᠭᠠᠳᠭᠠᠪᠠ᠃ ᠲᠥᠯᠥᠭᠡᠯᠡᠭ᠌ᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠤᠨ
ᠳᠦᠷᠢᠮ᠎ᠢ ᠪᠦᠷᠢᠨᠱᠢᠬᠦᠯᠪᠡ᠃ ᠲᠤᠰᠭᠠᠶ ᠵᠦᠪᠯᠡᠯ᠂ ᠠᠵᠢᠯ᠎ᠤᠨ ᠵᠦᠪᠯᠡᠯ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠡᠷᠡᠭ ᠵᠥᠪᠯᠡᠬᠦ᠌ ᠲᠦᠷᠢᠮ᠎ᠢ ᠦᠨᠳᠦᠰᠦᠯᠡᠨ᠂
ᠵᠦᠪᠯᠡᠯ᠎ᠤᠨ ᠬᠡᠷᠡᠭ ᠵᠥᠪᠯᠡᠬᠦ᠌ ᠵᠢᠷᠤᠮ ᠪᠠ ᠠᠵᠢᠯ᠎ᠤᠨ ᠲᠦᠷᠢᠮ᠎ᠢ ᠲᠡᠭᠦᠯᠳᠡᠷᠵᠢᠭᠦᠯᠪᠡ᠃ ᠳ᠋ᠢᠵᠢᠲ᠋ᠠᠯ ᠴᠠᠭ
ᠡᠷᠢᠨ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠤ ᠲᠠᠯᠪᠢᠬ᠍ᠰᠠᠨ ᠱᠢᠨ᠎ᠡ ᠱᠠᠭᠠᠷᠳᠠᠯᠭ᠎ᠠ᠎ᠳᠤ
ᠵᠣᠬᠢᠴᠠᠭᠤᠯᠤᠨ᠂ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠳ᠋ᠠᠢᠲ᠋ᠠ ᠬᠥᠮᠥᠷᠭᠡ ᠪᠠ ᠸᠢᠴᠠᠲ᠎ᠤᠨ
ᠵᠢᠵᠢᠭ ᠫᠷᠤᠭ᠌ᠷᠡᠮ᠎ᠢ ᠨᠡᠭᠡᠭᠡᠵᠤ᠂ 《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠳᠤᠷ᠎ᠤᠨ ᠬᠤᠪᠢᠶᠠᠷᠢ》 ᠳ᠋ᠠᠢᠲ᠋ᠠ ᠬᠥᠮᠥᠷᠭᠡ᠎ᠶ᠋ᠢ ᠰᠠᠢᠲᠤᠷ ᠪᠠᠢᠭᠤᠯᠵᠤ ᠰᠠᠢᠲᠤᠷ ᠬᠡᠷᠡᠭ᠌ᠯᠡᠡ᠂
ᠶᠡᠭᠡ ᠬᠤᠷᠠᠯ᠎ᠤᠨ ᠰᠦᠯᠵᠢᠶᠡᠨ᠎ᠤ ᠸᠢᠳᠢᠤ᠋ ᠬᠤᠷᠠᠯ᠂ 《ᠡᠭᠦᠯᠡᠨ ᠰᠣᠨᠣᠰᠤᠯᠲᠠ᠎ᠶ᠋ᠢᠨ ᠬᠤᠷᠠᠯ》 ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠪᠠᠢᠩᠭᠤ᠎ᠶ᠋ᠢᠨ ᠬᠤᠷᠢᠶᠠᠨ᠎ᠤ
ᠬᠤᠷᠠᠯ ᠢ᠋ ᠨᠡᠢᠲᠡ 7᠎ᠤᠳᠠᠭ᠎ᠠ ᠬᠤᠷᠠᠯᠳᠤᠭᠤᠯᠵᠤ᠂ ᠡᠯ᠎ᠡ ᠲᠦᠷᠦᠯ᠎ᠤᠨ ᠰᠠᠨᠠᠯ ᠵᠥᠪᠯᠡᠯᠭᠡ᠂ ᠮᠡᠳᠡᠭᠦᠯᠦᠯᠲᠡ᠎ᠶ᠋ᠢ 189 ᠬᠤᠪᠢ
ᠤᠳᠠᠭ᠎ᠠ ᠬᠢᠨᠠᠨ ᠶᠠᠷᠢᠯᠴᠠᠵᠤ᠂ ᠬᠤᠷᠠᠯ᠎ᠳᠤ ᠣᠷᠣᠯᠴᠠᠭ᠍ᠰᠠᠳ᠎ᠤᠨ ᠨᠤᠷᠮ᠎ᠠ 95% ᠶ᠋ᠢ ᠳᠠᠪᠠᠪᠠ᠃ ᠬᠤᠷᠢᠶᠠᠨ ᠳᠠᠷᠤᠭ᠎ᠠ ᠨᠠᠷ᠎ᠤᠨ ᠬᠤᠷᠠᠯ ᠢ᠋
25 ᠤᠳᠠᠭ᠎ᠠ ᠬᠤᠷᠠᠯᠳᠤᠭᠤᠯᠵᠤ᠂ ᠥᠷᠥᠭᠡᠰᠦᠨ ᠰᠠᠷ᠎ᠠ ᠪᠣᠯᠬᠤ
ᠪᠦᠷᠢ ᠬᠤᠷᠢᠶᠠᠨ ᠳᠠᠷᠤᠭ᠎ᠠ ᠨᠠᠷ᠎ᠤᠨ ᠬᠤᠷᠠᠯ᠎ᠢ ᠨᠢᠭᠡ ᠤᠳᠠᠭ᠎ᠠ ᠨᠡᠮᠡᠨ ᠬᠤᠷᠠᠯᠳᠤᠭᠤᠯᠵᠤ᠂ ᠪᠠᠢᠩᠭᠤ᠎ᠶ᠋ᠢᠨ
ᠬᠤᠷᠢᠶᠠᠨ᠎ᠤ ᠬᠤᠷᠠᠯ ᠳ᠋ᠦ ᠳᠡᠪᠱᠢᠭᠦᠯᠦᠨ ᠪᠠᠲᠤᠯᠠᠭᠤᠯᠬᠤ
ᠭᠡᠵᠦ᠍ ᠪᠠᠢᠭ᠎ᠠ ᠬᠠᠤᠯᠢ ᠴᠠᠭᠠᠵᠠ᠎ᠶ᠋ᠢᠨ ᠲᠥᠰᠦᠯ᠎ᠢ ᠲᠤᠰᠭᠠᠢᠯᠠᠨ ᠰᠤᠳᠤᠯᠤᠨ ᠶᠠᠷᠢᠯᠴᠠᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ ᠪᠠ ᠡᠯ᠎ᠡ ᠵᠦᠢᠯ᠎ᠤᠨ ᠠᠵᠢᠯ᠎ᠢ ᠪᠦᠬᠦ᠌ ᠲᠠᠯ᠎ᠠ᠎ᠪᠠᠷ
ᠠᠬᠢᠭᠤᠯᠪᠠ᠃ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠡᠯ᠎ᠡ ᠵᠦᠢᠯ᠎ᠤᠨ ᠳᠦᠷᠢᠮ ᠲᠣᠭ᠍ᠲᠠᠴᠠ᠎ᠶ᠋ᠢ
ᠪᠦᠷᠢᠨᠱᠢᠭᠦᠯᠵᠤ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠂ ᠡᠯ᠎ᠡ ᠲᠤᠰᠭᠠᠶ ᠵᠥᠪᠯᠡᠯ᠎ᠤᠨ ᠬᠤᠪᠢᠶᠠᠷᠢ
ᠨᠠᠮ᠎ᠤᠨ ᠤᠳᠤᠷᠢᠳᠭᠤ ᠳᠤᠭᠤᠢᠯᠠᠩ᠎ᠤᠨ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ᠎ᠶ᠋ᠢ ᠳᠡᠮᠵᠢᠵᠦ᠍᠂ ᠤᠯᠤᠰ ᠲᠥᠷᠥ᠎ᠶ᠋ᠢᠨ
ᠪᠠᠢᠭᠤᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠨ᠂ ᠨᠠᠮ᠎ᠤᠨ ᠲᠡᠤᠬᠡ᠎ᠶ᠋ᠢ ᠰᠤᠷᠤᠯᠴᠠᠵᠤ᠂ ᠦᠵᠡᠯ ᠰᠠᠨᠠᠭ᠎ᠠ᠎ᠶ᠋ᠢ
ᠣᠬᠠᠵᠤ᠂ ᠪᠣᠳᠠᠲᠠᠶ ᠠᠵᠢᠯ ᠬᠢᠵᠦ᠍᠂ ᠱᠢᠨ᠎ᠡ ᠪᠠᠢᠳᠠᠯ᠎ᠢ ᠨᠡᠭᠡᠭᠡᠪᠡ᠃ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ
ᠪᠠᠲᠤ᠎ᠶ᠋ᠢᠨ ᠪᠠᠢᠭᠤᠯᠤᠯᠲᠠ᠎ᠶ᠋ᠢ ᠴᠥᠬᠦᠷᠡᠰᠢ ᠦᠭᠡᠢ ᠴᠢᠩᠭᠠᠳᠭᠠᠵᠤ᠂ ᠲᠥᠪ ᠬᠤᠷᠢᠶᠠᠨ᠎ᠤ ᠨᠠᠢ᠍ᠮᠠᠨ ᠵᠤᠷᠪᠤᠰ
ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂
ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠍᠂ ᠪᠠᠢᠭᠤᠯᠭ᠎ᠠ᠎ᠶ᠋ᠢᠨ ᠪᠠᠢᠩᠭᠤ᠎ᠶ᠋ᠢᠨ
ᠬᠤᠷᠢᠶᠠᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠬᠦ᠌ ᠪᠠ ᠪᠠᠳᠤᠯᠠᠭ᠎ᠠ ᠬᠠᠩᠭᠠᠬᠤ
ᠴᠢᠨᠠᠷ ᠴᠢᠨᠰᠠᠭ᠎ᠠ ᠪᠠ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ ᠃ ᠨᠠᠮ᠎ᠤᠨ ᠰᠤᠷᠲᠠᠯ᠎ᠤᠨ ᠪᠠ
ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ
ᠡᠷᠡᠰ ᠭᠤᠢᠪᠢᠰᠢ ᠦᠭᠡᠢ ᠠᠬᠢᠭᠤᠯᠵᠤ᠂ ᠲᠥᠪ ᠬᠤᠷᠢᠶᠠᠨ᠎ᠤ ᠲᠣᠭᠤᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ
ᠠᠵᠢᠯ᠎ᠤᠨ ᠪᠣᠳᠠᠲᠠᠶ ᠨᠠᠢᠳᠠᠪᠤᠷᠢᠵᠢᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠰᠣᠨᠢᠨ ᠮᠡᠳᠡᠭᠡᠨ᠎ᠤ ᠤᠬᠠᠭᠤᠯᠭ᠎ᠠ ᠪᠠ ᠤᠨᠤᠯ᠎ᠤᠨ ᠰᠤᠳᠤᠯᠭᠠᠨ᠎ᠤ ᠠᠵᠢᠯ᠎ᠢ ᠬᠢᠨᠠᠮᠠᠭᠠᠶ ᠰᠠᠢᠲᠤᠷ
ᠬᠢᠪᠡ᠃ ᠬᠤᠷᠢᠶᠠᠨ ᠳᠠᠷᠤᠭ᠎ᠠ ᠨᠠᠷ᠎ᠤᠨ ᠬᠤᠷᠠᠯ᠎ᠤᠨ ᠪᠦᠷᠢᠯᠳᠦᠬᠦᠨ᠎ᠢᠶᠠᠷ ᠲᠦᠷᠦᠭᠦᠯᠡᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠤᠯ᠎ᠤᠨ ᠣᠨᠣᠯ ᠪᠣᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ
ᠲᠤᠰᠭᠠᠢ ᠰᠡᠳᠦᠪ᠎ᠲᠤ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 60 ᠭᠠᠷᠤᠶ ᠬᠤᠪᠢ ᠰᠤᠳᠤᠯᠭᠠᠨ᠎ᠤ ᠦᠷ᠎ᠡ ᠪᠦᠲᠦᠭᠡᠯ ᠭᠠᠷᠭᠠᠵᠤ᠂ ᠨᠠᠮ᠎ᠤᠨ
ᠲᠥᠪ ᠬᠤᠷᠢᠶᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ ᠬᠤᠷᠠᠯᠳᠤᠭᠤᠯᠬᠤ᠂
ᠴᠢᠬᠤᠯᠠ ᠪᠢᠴᠢᠭ ᠮᠠᠲ᠋ᠧᠷᠢᠶᠠᠯ ᠨᠡᠢᠲᠡᠯᠡᠬᠦ᠌᠎ᠳᠤ ᠦᠢᠯᠡᠴᠢᠯᠡᠭᠡ ᠪᠠ ᠪᠠᠲᠤᠯᠠᠭ᠎ᠠ᠎ᠶ᠋ᠢ ᠰᠠᠢᠲᠤᠷ ᠬᠠᠩᠭᠠᠪᠠ᠃
27 ᠳ᠋ᠤᠭᠠᠷ ᠤᠳᠠᠭᠠᠨ᠎ᠤ ᠪᠦᠬᠦ᠌ ᠤᠯᠤᠰ᠎ᠤᠨ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠤᠨ ᠶᠠᠷᠢᠯᠴᠠᠬᠤ
ᠬᠤᠷᠠᠯ ᠬᠤᠷᠠᠯᠳᠤᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠤᠨᠤᠯ
ᠪᠠ ᠦᠢᠯᠡᠳᠦᠯᠭᠡ᠎ᠶ᠋ᠢ ᠭᠦᠨᠵᠡᠭᠡᠶ ᠳ᠋ᠦᠩᠨᠡᠨ ᠰᠣᠯᠢᠯᠴᠠᠪᠠ᠃ ᠬᠥᠬᠡᠮᠥ᠋ᠷᠡᠨ᠎ᠤ ᠬᠠᠮᠠᠭᠠᠯᠠᠯᠲᠠ᠎ᠶ᠋ᠢᠨ ᠬᠠᠤᠯᠢ᠂
ᠠᠮᠢᠳᠤ ᠪᠣᠳᠠᠰ᠎ᠤᠨ ᠠᠮᠤᠷ ᠲᠦᠪᠱᠢᠨ᠎ᠤ ᠬᠠᠤᠯᠢ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ
ᠬᠠᠤᠯᠢ᠂ ᠭᠡᠷ ᠪᠦᠯᠢ᠎ᠶ᠋ᠢᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ᠎ᠶ᠋ᠢ ᠬᠡᠷᠡᠭ᠌ᠵᠢᠭᠦᠯᠬᠦ᠌ ᠶᠠᠷᠢᠯᠴᠠᠬᠤ
ᠬᠤᠷᠠᠯ᠎ᠢ ᠬᠤᠷᠠᠯᠳᠤᠭᠤᠯᠵᠤ᠂ ᠱᠢᠨ᠎ᠡ᠎ᠪᠠᠷ ᠨᠡᠢᠲᠡᠯᠡᠭ᠌ᠰᠡᠨ ᠬᠠᠤᠯᠢ ᠴᠠᠭᠠᠵᠠ᠎ᠶ᠋ᠢ ᠤᠬᠠᠭᠤᠯᠤᠨ ᠲᠦᠭᠡᠮᠡᠯᠵᠢᠭᠦᠯᠬᠦ᠌
ᠪᠠ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠠᠬᠢᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ᠎ᠤ ᠬᠤᠷᠠᠯ᠎ᠤᠨ ᠦᠢᠯᠡᠳᠦᠯ᠎ᠢ ᠪᠠᠳᠠᠷᠠᠭᠤᠯᠪᠠ᠃ ᠶᠡᠭᠡ
ᠬᠤᠷᠠᠯ᠎ᠤᠨ《ᠲᠥᠯᠥᠭᠡᠯᠡᠭ᠌ᠴᠢᠳ᠎ᠤᠨ ᠨᠡᠪᠲᠡᠷᠡᠬᠦ᠌
ᠵᠠᠮ》᠂ 《ᠰᠠᠢᠳ᠎ᠤᠨ ᠨᠡᠪᠲᠡᠷᠡᠬᠦ᠌ ᠵᠠᠮ》᠂ 《ᠳᠤᠮᠳᠠᠳᠤ᠎ᠶ᠋ᠢᠨ ᠣᠷᠴᠢᠨ ᠠᠬᠤᠶ᠎ᠶ᠋ᠢ ᠬᠠᠮᠠᠭᠠᠯᠠᠬᠤ ᠡᠷᠢᠨ ᠵᠠᠭᠤᠨ᠎ᠤ ᠠᠶᠠᠯᠠᠯ》ᠵᠡᠷᠭᠡ ᠲᠥᠪᠯᠡᠷᠡᠭᠦᠯᠦᠨ ᠰᠤᠷᠪᠤᠯᠵᠢᠯᠠᠬᠤ ᠠᠵᠢᠯᠯᠠᠭ᠎ᠠ᠎ᠶ᠋ᠢ ᠰᠠᠢᠲᠤᠷ ᠡᠷᠬᠢᠯᠡᠪᠡ᠃ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠤᠬᠠᠭᠤᠯᠭ᠎ᠠ᠎ᠶ᠋ᠢᠨ ᠠᠵᠢᠯ᠎ᠤᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ
ᠡᠬᠦᠳᠴᠤ᠌᠂ 《ᠰᠡᠳᠬᠦᠯ᠎ᠢ
ᠭᠦᠨᠵᠡᠭᠡᠢᠷᠡᠭᠦᠯᠬᠦ᠂ ᠰᠦᠯᠵᠢᠶ᠎ᠡ᠎ᠶ᠋ᠢ ᠶᠡᠬᠡᠰᠭᠡᠬᠦ᠂ ᠸᠢᠴᠠᠲ᠎ᠢ ᠠᠮᠢᠳᠤᠯᠢᠬ᠍ᠵᠢᠭᠤᠯᠬᠤ᠂ ᠪᠢᠴᠢᠯ ᠪᠯᠤᠭᠢ
ᠨᠠᠷᠢᠯᠢᠬ᠍ᠵᠢᠭᠤᠯᠬᠤ》 ᠶ᠋ᠢ ᠠᠬᠢᠭᠤᠯᠵᠤ᠂ 《 ᠰᠡᠳᠬᠦᠯ᠂ ᠰᠦᠯᠵᠢᠶ᠎ᠡ᠂ ᠸᠢᠴᠠᠲ᠂ ᠪᠢᠴᠢᠯ
ᠪᠯᠤᠭ ᠦᠵᠦᠭᠦᠷ》 ᠤ᠋ᠨ ᠠᠭᠤᠰᠤᠯᠴᠠᠠ ᠬᠥᠭ᠌ᠵᠢᠭᠦ᠎ᠶ᠋ᠢ
ᠭᠦᠨᠵᠡᠭᠡᠢᠷᠡᠭᠦᠯᠤᠨ᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶ᠎ᠡ᠎ᠶ᠋ᠢᠨ
ᠠᠩᠭ᠌ᠯᠢ ᠰᠦᠯᠵᠢᠶ᠎ᠠ᠎ᠶ᠋ᠢ ᠲᠠᠰ ᠳᠡᠪᠱᠢᠭᠦᠯᠤᠨ ᠠᠵᠢᠯᠯᠠᠭᠤᠯᠵᠦ᠍᠂ ᠳᠤᠮᠳᠠᠳᠤ ᠤᠯᠤᠰ᠎ᠤᠨ ᠥᠯᠢᠭᠡᠷ᠂ ᠠᠷᠠᠳ ᠲᠦᠮᠡᠨ᠎ᠤ
ᠡᠵᠡᠨ ᠰᠠᠭᠤᠵᠤ ᠡᠷᠭᠡ ᠮᠡᠳᠡᠭ᠌ᠰᠡᠨ ᠥᠯᠢᠭᠡᠷ᠎ᠢ ᠰᠠᠢᠬᠠᠨ ᠶᠠᠷᠢᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠰᠦᠯᠵᠢᠶᠡᠨ᠎ᠤ ᠳᠡᠭᠡᠳᠦ ᠰᠤᠷᠭᠠᠭᠤᠯᠢ᠎ᠶ᠋ᠢ ᠰᠠᠢᠲᠤᠷ ᠪᠠᠢᠭᠤᠯᠵᠤ᠂ ᠰᠦᠯᠵᠢᠶᠡᠨ᠎ᠳᠤ ᠭᠠᠷᠭᠠᠭ᠍ᠰᠠᠨ
ᠡᠯ᠎ᠡ ᠲᠥᠷᠥᠯ᠎ᠤᠨ ᠬᠢᠴᠢᠶᠡᠯ 7110 ᠬᠦᠷᠴᠦ᠍᠂ 620 ᠲᠤᠰᠭᠠᠶ ᠰᠡᠳᠦᠪ᠎ᠲᠤ ᠬᠤᠯᠪᠣᠭ᠍ᠳᠠᠪᠠ᠂ ᠣᠲᠣᠬᠠᠨ᠎ᠳᠤ ᠰᠤᠷᠤᠯᠴᠠᠯᠭ᠎ᠠ᠎ᠳᠤ
ᠤᠷᠤᠯᠴᠠᠵᠤ ᠪᠠᠢᠭ᠎ᠠ ᠬᠦᠮᠦᠨ 7297 ᠪᠠᠢᠨ᠎ᠠ᠂ ᠡᠬᠦᠨ᠎ᠳᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ 2539 ᠲᠥᠯᠥᠭᠡᠯᠡᠭ᠌ᠴᠢ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
3091 ᠬᠠᠷᠢᠭᠤᠴᠠᠯᠭᠠᠲᠠᠨ ᠨᠥᠬᠦᠳ᠎ᠢ ᠪᠠᠭ᠍ᠲᠠᠭᠠᠨ᠂ ᠪᠦᠬᠦ᠌ ᠵᠠᠬᠢᠶᠠᠯᠠᠭ᠎ᠠ ᠨᠡᠪᠲᠡᠷᠡᠬᠦᠯᠭᠡ᠎ᠶ᠋ᠢᠨ ᠬᠡᠮᠵᠢᠶ᠎ᠡ᠎ᠨᠢ
ᠪᠠᠷᠤᠭ 215 ᠲᠦᠮᠡᠨ ᠤᠳᠠᠭ᠎ᠠ᠎ᠳᠤ ᠬᠦᠷᠴᠠᠢ᠃
ᠨᠢᠭᠡ ᠵᠢᠯ᠎ᠤᠨ ᠲᠤᠷᠰᠢ᠂ ᠪᠠᠢᠩᠭᠤ᠎ᠶ᠋ᠢᠨ
ᠬᠤᠷᠢᠶᠠᠨ᠎ᠤ ᠠᠵᠢᠯ᠎ᠤᠨ ᠬᠠᠮᠤᠭ᠎ᠤᠨ ᠶᠡᠭᠡ ᠰᠡᠩᠬᠡᠷᠡᠭᠦᠯᠦᠯ᠎ᠢ ᠬᠤᠷᠢᠶᠠᠩᠭᠤᠢ᠌ᠯᠠᠭᠠᠳ ᠬᠡᠯᠡᠪᠡᠯ᠂ ᠲᠡᠷᠡ᠎ᠨᠢ
ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠥᠬᠦᠶ ᠨᠡᠢᠭᠡᠮ ᠵᠢᠷᠤᠮ᠎ᠤᠨ
ᠦᠵᠡᠯ ᠰᠠᠨᠠᠭ᠎ᠠ᠎ᠪᠠᠷ ᠶᠡᠷᠦᠩᠬᠡᠢᠯᠡᠨ ᠵᠢᠯᠣᠭᠤᠳᠣᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠶᠡᠷᠦᠩᠬᠡᠶ ᠱᠦᠵᠢ
ᠰᠢ᠎ᠶ᠋ᠢᠨ ᠫᠢᠩ ᠤ᠋ᠨ ᠨᠠᠮ᠎ᠤᠨ ᠲᠥᠪ ᠬᠤᠷᠢᠶᠠᠨ᠎ᠤ ᠭᠤᠤᠯᠯᠠᠬ᠍ᠴᠢ᠂ ᠪᠥᠬᠦ᠌ ᠨᠠᠮ᠎ᠤᠨ ᠭᠤᠤᠯᠯᠠᠬ᠍ᠴᠢ ᠪᠤᠯᠬᠤ
ᠪᠠᠢᠷᠢ ᠰᠠᠭᠤᠷᠢ᠎ᠶ᠋ᠢ ᠡᠷᠡᠰ ᠬᠠᠮᠠᠭᠠᠯᠠᠨ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ
ᠬᠤᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂
ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ
ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠪᠠᠢᠭᠤᠯᠤᠯ᠎ᠤᠨ ᠨᠠᠮ᠎ᠠᠴᠠ ᠲᠥᠷᠥ᠎ᠶ᠋ᠢᠨ ᠡᠷᠭᠡ᠎ᠳᠤ ᠪᠠᠢᠭᠤᠯᠭ᠎ᠠ᠎ᠶ᠋ᠢ ᠤᠳᠤᠷᠢᠳᠭᠤ ᠴᠢᠬᠤᠯᠠ ᠪᠠᠢᠭᠤᠯᠤᠯ᠎ᠤᠨ
ᠠᠴᠢᠶᠠᠯᠠᠭ᠍ᠴᠢ ᠪᠤᠯᠬᠤ ᠦᠢᠯᠡᠳᠦᠯ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌
ᠴᠢᠬᠤᠯᠠ ᠪᠠᠢᠭᠤᠯᠤᠯ᠎ᠤᠨ ᠠᠴᠢᠶᠠᠯᠠᠭ᠍ᠴᠢ ᠪᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠭᠤᠯᠤᠯ᠎ᠤᠨ ᠨᠠᠮ᠎ᠤᠨ ᠲᠥᠪ ᠬᠤᠷᠢᠶᠠᠨ᠎ᠤ ᠵᠢᠭᠠᠵᠤ ᠭᠠᠷᠭᠠᠭ᠍ᠰᠠᠨ ᠴᠢᠭ᠌ᠯᠡᠯ᠎ᠢᠶᠠᠷ ᠬᠥᠭ᠌ᠵᠢᠬᠦ᠌᠎ᠶ᠋ᠢ
ᠦᠨᠡᠨ ᠬᠦ᠌ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠨᠠᠮ᠎ᠤᠨ ᠲᠥᠪ ᠬᠤᠷᠢᠶᠠᠨ᠎ᠤ
ᠲᠣᠭ᠍ᠲᠠᠭᠠᠭ᠍ᠰᠠᠨ ᠵᠠᠮ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠭ᠍ᠰᠠᠨ ᠶᠠᠪᠤᠳᠠᠯ ᠪᠤᠯᠤᠨ᠎ᠠ᠃
ᠲᠥᠯᠥᠭᠡᠯᠡᠭ᠌ᠴᠢᠳ ᠡ!
ᠥᠩᠭᠡᠷᠡᠭ᠌ᠰᠡᠨ ᠨᠢᠭᠡ ᠵᠢᠯ᠎ᠳᠤ ᠣᠯᠤᠭ᠍ᠰᠠᠨ
ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ
ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠲᠥᠯᠥᠭᠡᠯᠡᠭ᠌ᠴᠢᠳ᠂ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠨᠠᠷ᠂ ᠲᠤᠰᠭᠠᠶ ᠵᠥᠪᠯᠡᠯ᠎ᠤᠨ ᠪᠦᠷᠢᠯᠳᠦᠬᠦᠨ
ᠨᠠᠷ ᠵᠢᠴᠢ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠠᠵᠢᠯᠲᠠᠳ᠎ᠤᠨ
ᠱᠢᠷᠭᠠᠭᠤ ᠬᠠᠲᠠᠭᠤᠵᠢᠯᠲᠠᠶ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠂
ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ
ᠬᠤᠷᠢᠶ᠎ᠠ᠎ᠶ᠋ᠢᠨ ᠨᠢᠭ᠍ᠲᠠ ᠬᠠᠮᠵᠢᠯᠴᠠᠭ᠍ᠰᠠᠨᠤ ᠦᠷ᠎ᠡ ᠳ᠋ᠦᠩ ᠮᠥᠨ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠬᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠶ ᠳᠡᠮᠵᠢᠭ᠌ᠰᠡᠨ᠎ᠤ
ᠦᠷ᠎ᠡ ᠳ᠋ᠦᠩ ᠮᠥᠨ᠂ ᠪᠦᠬᠦ᠌ ᠤᠯᠤᠰ᠎ᠤᠨ
ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠢᠳᠡᠪᠬᠢᠲᠡᠶ ᠣᠷᠣᠯᠴᠠᠵᠤ᠂ ᠬᠦᠢᠴᠡᠳ ᠢᠲᠡᠭᠡᠭ᠌ᠰᠡᠨᠤ ᠦᠷ᠎ᠡ ᠳ᠋ᠦᠩ
ᠮᠥᠨ᠃ ᠡ᠊ᠨᠳᠡ ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ
ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠠᠵᠢᠯ᠎ᠤᠨ ᠳᠤᠮᠳᠠ ᠪᠠᠰᠠ ᠵᠥᠷᠢᠶ᠎ᠡ
ᠪᠣᠯᠤᠨ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠶ᠋ᠢ ᠪᠢᠳᠡ ᠮᠦᠨ ᠭᠦᠨᠵᠡᠭᠡᠶ ᠲᠠᠨᠢᠵᠤ ᠤᠯᠪᠠ᠂ ᠡᠭᠦᠨ᠎ᠳᠤ
ᠭᠤᠤᠯᠳᠠᠭᠤ᠄ ᠬᠠᠤᠯᠢ ᠲᠣᠭ᠍ᠲᠠᠭᠠᠬᠤ ᠠᠵᠢᠯ᠎ᠤᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶ᠋ᠢ ᠤᠯᠠᠮ ᠨᠢᠭᠡ
ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠬᠠᠤᠯᠢ ᠲᠣᠭ᠍ᠲᠠᠭᠠᠬᠤ ᠠᠵᠢᠯ᠎ᠳᠠᠬᠢ ᠭᠤᠤᠯ ᠤᠳᠤᠷᠢᠳᠤᠮᠵᠢ᠎ᠶ᠋ᠢᠨ
ᠦᠢᠯᠡᠳᠦᠯ᠎ᠢᠶᠠᠨ ᠭᠦᠢᠴᠡᠳ ᠪᠠᠳᠠᠷᠠᠭᠤᠯᠵᠤ ᠴᠢᠳᠠᠬᠤ ᠦᠭᠡᠢ ᠪᠠᠢᠨ᠎ᠠ; ᠬᠢᠨᠠᠯᠲᠠ ᠲᠠᠯᠪᠢᠬᠤ ᠠᠵᠢᠯ᠎ᠤᠨ ᠪᠣᠳᠠᠲᠤ ᠪᠦᠳᠦᠮᠵᠢᠳᠤ
ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠬᠢᠨᠠᠯᠲᠠ ᠲᠠᠯᠪᠢᠬᠤ ᠠᠵᠢᠯ᠎ᠤᠨ
ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌ ᠲᠦᠷᠢᠮ ᠲᠣᠭ᠍ᠲᠠᠴᠠ ᠬᠠᠷᠠᠬᠠᠨ ᠲᠡᠭᠦᠯᠳᠡᠷᠵᠢᠭᠡ ᠦᠭᠡᠢ
ᠪᠠᠢᠨ᠎ᠠ; ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌᠎ᠳᠤ ᠦᠢᠯᠡᠴᠢᠯᠡᠬᠦ᠌ ᠠᠵᠢᠯ᠎ᠤᠨ ᠬᠢᠷᠢ ᠬᠡᠮᠵᠢᠶ᠎ᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌
ᠴᠢᠬᠤᠯᠠᠲᠠᠶ ᠪᠠᠢᠵᠤ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ᠂ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠶᠠᠪᠤᠴᠠ᠎ᠳᠠᠬᠢ
ᠲᠥᠯᠥᠭᠡᠯᠡᠭ᠌ᠴᠢᠳᠯᠦᠭᠡᠶ᠋ᠢᠨ ᠨᠡᠪᠲᠡᠷᠡᠯᠴᠡᠭᠡ ᠰᠤᠯᠢᠯᠴᠠᠭ᠎ᠠ ᠬᠠᠷᠠᠬᠠᠨ ᠭᠦᠨᠵᠡᠭᠡᠶ ᠪᠢᠰᠢ ᠪᠠᠢᠨ᠎ᠠ᠃ ᠪᠠᠢᠩᠭᠤ᠎ᠶ᠋ᠢᠨ
ᠬᠤᠷᠢᠶ᠎ᠠ ᠡᠳᠡᠭᠡᠷ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠲᠣᠰ ᠪᠡᠶ᠎ᠡ᠎ᠶ᠋ᠢᠨ
ᠴᠢᠳᠠᠪᠤᠷᠢ᠎ᠶ᠋ᠢᠨ ᠪᠠᠢᠭᠤᠯᠤᠯᠲᠠ᠎ᠪᠠᠨ ᠲᠠᠰᠤᠷᠠᠯᠲᠠ ᠦᠭᠡᠢ ᠴᠢᠩᠭᠠᠳᠭᠠᠨ᠂ ᠠᠵᠢᠯ᠎ᠤᠨ ᠴᠢᠨᠠᠷ ᠴᠢᠨᠰᠠᠭ᠎ᠠ ᠪᠠ
ᠬᠢᠷᠢ ᠬᠡᠮᠵᠢᠶ᠎ᠡ᠎ᠪᠠᠨ ᠰᠠᠢᠵᠢᠷᠠᠭᠤᠯᠤᠨ ᠳᠡᠭᠡᠭ᠌ᠰᠢᠯᠡᠭᠦᠯᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠠᠴᠠ
ᠪᠢᠳᠡᠨ᠎ᠳᠤ ᠣᠯᠭᠤᠭ᠍ᠰᠠᠨ ᠦᠡᠭ᠌ᠭᠡ ᠭᠡᠷᠡᠯᠳᠤ ᠲᠤᠱᠢᠶᠠᠯ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ᠌
ᠪᠤᠯᠤᠨ᠎ᠡ᠃
ᠬᠤᠢᠱᠢᠳᠠ᠎ᠶ᠋ᠢᠨ ᠨᠢᠭᠡ ᠵᠢᠯ᠎ᠤᠨ ᠭᠤᠤᠯ
ᠡᠭᠦᠷᠭᠡ
2022ᠣᠨ ᠳ᠋ᠦ᠂ ᠮᠠᠨ᠎ᠤ ᠨᠠᠮ ᠬᠤᠷᠢᠳᠤᠭᠠᠷ
ᠤᠳᠠᠭᠠᠨ᠎ᠤ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠬᠤᠷᠠᠯᠳᠤᠭᠤᠯᠬᠤ᠎ᠪᠠᠷ ᠪᠠᠢᠨ᠎ᠠ᠂ ᠡᠨᠡ
ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠤᠶᠠᠳᠤᠭᠠᠷ
ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠵᠠᠮ᠎ᠢ ᠡᠯᠬᠦᠭ᠌ᠰᠡᠨ ᠴᠢᠬᠤᠯᠠ
ᠴᠠᠭ ᠮᠦᠴᠡ᠎ᠳᠤ ᠬᠤᠷᠠᠯᠳᠤᠭᠤᠯᠬᠤ ᠨᠢᠭᠡ ᠤᠳᠠᠭᠠᠨ᠎ᠤ ᠲᠦᠢᠯ᠎ᠤᠨ ᠴᠢᠬᠤᠯᠠ ᠬᠤᠷᠠᠯ ᠮᠥᠨ᠂ ᠨᠠᠮ ᠪᠠ ᠲᠦᠷᠦ᠍᠎ᠶ᠋ᠢᠨ
ᠤᠯᠤᠰ ᠲᠦᠷᠦ᠍᠎ᠶ᠋ᠢᠨ ᠠᠮᠢᠳᠤᠷᠠᠯ᠎ᠳᠠᠬᠢ ᠨᠢᠭᠡᠨ ᠶᠡᠭᠡ ᠶᠠᠪᠤᠳᠠᠯ ᠮᠥᠨ᠃ ᠱᠢᠨ᠎ᠡ ᠨᠢᠭᠡᠨ ᠵᠢᠯ᠎ᠳᠤ᠂ ᠬᠢᠵᠢᠭ᠎ᠢ
ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠯᠡᠵᠦ᠍᠂
ᠬᠦᠭᠵᠢᠯᠳᠡ ᠪᠠ ᠠᠮᠦᠷ ᠲᠦᠪᠰᠢᠨ ᠢ᠋ ᠨᠢᠭᠡᠳᠦᠯᠳᠠᠢ ᠲᠦᠯᠦᠪᠯᠡᠨ᠂ ᠡᠯ᠎ᠡ ᠵᠦᠢᠯ᠎ᠤᠨ ᠲᠦᠭ᠌ᠰᠢᠭᠦᠷᠢ ᠪᠠ ᠱᠢᠯᠭᠠᠯᠲᠠ᠎ᠶ᠋ᠢ
ᠠᠷᠭᠠᠴᠠᠬᠤ᠎ᠨᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠤ ᠱᠢᠨ᠎ᠡ ᠡᠭᠦᠷᠭᠡ ᠪᠠ ᠱᠠᠭᠠᠷᠳᠠᠯᠭ᠎ᠠ
ᠳᠤᠷᠠᠳᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ
ᠠᠵᠢᠯ᠎ᠤᠨ ᠶᠡᠷᠦᠩᠬᠡᠢ ᠱᠠᠭᠠᠷᠳᠠᠯᠭ᠎ᠠ ᠪᠣᠯ᠄ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ
ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ ᠨᠠᠮ᠎ᠤᠨ ᠠᠷᠪᠠ
ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ
ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂
ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ 《ᠬᠤᠶᠠᠷ᠎ᠢ ᠲᠣᠭ᠍ᠲᠠᠭᠠᠭ᠍ᠰᠠᠨ》 ᠤ᠋ ᠱᠢᠢᠳᠪᠦᠷᠢᠯᠡᠭ᠌ᠴᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠤᠨ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ
ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ
ᠪᠠᠷᠢᠮᠲᠠᠯᠠᠵᠤ᠂ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠤ ᠲᠠᠯᠪᠢᠨᠲᠣᠭ᠍ᠲᠠᠭᠤᠨᠪᠠᠢᠯᠭᠠᠬᠤᠶ᠋ᠢᠨᠵᠡᠷᠭᠡᠳᠤᠤᠷᠤᠭ᠍ᠰᠢᠯᠠᠭᠤᠯᠬᠤᠶ᠋ᠢᠪᠠᠷᠢᠮᠲᠠᠯᠠᠵᠤ᠂ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ
ᠬᠤᠷᠠᠯ ᠤ᠋ᠨ ᠪᠠᠢᠷᠢᠯᠠᠭᠤᠯᠤᠯᠲᠠ ᠶᠣᠰᠣᠭᠠᠷ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠲᠠ
ᠦᠭᠡᠢ ᠬᠥᠭ᠌ᠵᠢᠭᠦᠯᠵᠦ᠍᠂ ᠬᠠᠤᠯᠢ ᠲᠣᠭ᠍ᠲᠠᠭᠠᠬᠤ ᠠᠵᠢᠯ᠂ ᠬᠢᠨᠠᠯᠲᠠ ᠲᠠᠯᠪᠢᠬᠤ ᠠᠵᠢᠯ᠂ ᠲᠥᠯᠥᠭᠡᠯᠡᠭ᠌ᠴᠢ᠎ᠶ᠋ᠢᠨ
ᠠᠵᠢᠯ᠂ ᠭᠠᠳᠠᠭᠠᠳᠤ ᠬᠠᠷᠢᠯᠴᠠᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠪᠠᠢᠡᠭ᠌ᠭᠤ᠎ᠶ᠋ᠢᠨ
ᠬᠤᠷᠢᠶᠠᠨ᠎ᠤ ᠲᠤᠰ ᠪᠡᠶ᠎ᠡ᠎ᠶ᠋ᠢᠨ᠎ᠢᠶᠠᠨ ᠪᠠᠢᠭᠤᠯᠤᠯᠲᠠ᠎ᠶ᠋ᠢ ᠴᠢᠩᠭᠠᠳᠭᠠᠨ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠠᠵᠢᠯ᠎ᠤᠨ ᠶᠠᠰᠤ ᠴᠢᠨᠠᠷ ᠪᠣᠯᠤᠨ ᠬᠢᠷᠢ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂
ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ
ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠪᠤᠯᠤᠨ᠎ᠠ᠃
ᠨᠢᠭᠡ᠂ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠠ ᠲᠥᠪ᠎ᠤᠨ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠎ᠠ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ
ᠲᠥᠪ ᠬᠤᠷᠢᠶᠠᠨ᠎ᠤ ᠵᠢᠷᠭᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ
ᠭᠦᠨᠵᠡᠭᠡᠶ ᠠᠬᠢᠭᠤᠯᠵᠤ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠢ ᠪᠡᠯᠭᠡᠯᠡᠬᠦ᠌᠎ᠶ᠋ᠢᠨ ᠤᠯᠠᠮ᠎ᠠᠴᠠ ᠬᠦᠭ᠌ᠵᠢᠭᠡᠭ᠌ᠰᠡᠨ
ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ ᠬᠠᠯᠠᠭᠤᠨ ᠰᠡᠳᠭᠢᠯᠭᠡ᠎ᠶ᠋ᠢ
ᠴᠢᠨᠠᠭ᠍ᠰᠢᠲᠠ ᠤᠯᠠᠮᠵᠢᠯᠠᠨ ᠲᠠᠮᠵᠢᠭᠤᠯᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠭᠡ ᠠᠮᠵᠢᠯᠲᠠ
ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ ᠪᠣᠯᠤᠨ
ᠪᠦᠲᠦᠭᠡᠨ ᠪᠠᠢᠭᠤᠯᠤᠯᠲᠠ ᠲᠤᠮᠳᠠ ᠬᠡᠷᠡᠭ᠌ᠯᠡᠵᠤ ᠢᠯᠡᠷᠡᠬᠦᠯᠦᠨ᠎ᠡ᠃ ᠰᠢ᠎ᠶ᠋ᠢᠨ ᠫᠢᠩ ᠤ᠋ᠨ ᠬᠠᠤᠯᠢ᠎ᠪᠠᠷ ᠵᠠᠰᠠᠬᠤ
ᠦᠵᠡᠯ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ ᠤ᠋ᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ
ᠲᠤᠭᠤᠱᠢᠯᠠᠭᠤᠯᠵᠤ᠂ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ ᠤ᠋ᠨ ᠵᠣᠷᠢᠭ
ᠰᠠᠨᠠᠭᠠᠨ᠎ᠤ ᠭᠤᠤᠯᠳᠠᠯᠭ᠎ᠠ᠎ᠲᠠᠢ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠨᠢᠭᠡᠳ ᠨᠢᠭᠡ᠎ᠪᠠᠷ ᠰᠠᠢᠲᠤᠷ
ᠠᠳᠭᠤᠨᠡ᠃ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ ᠤ᠋ᠨ ᠵᠣᠷᠢᠭ ᠰᠠᠨᠠᠭᠠᠨ᠎ᠤ
ᠲᠤᠰᠭᠠᠶ ᠰᠡᠳᠦᠪᠲᠦ ᠪᠣᠯᠪᠠᠰᠤᠷᠠᠭᠤᠯᠤᠯ᠎ᠢ ᠥᠷᠨᠢᠭᠦᠯᠦᠨ᠂ ᠤᠯᠤᠰ ᠤ᠋ᠨ ᠠᠮᠦᠷ ᠲᠦᠪᠰᠢᠨ ᠢ᠋ ᠬᠠᠮᠠᠭᠠᠯᠠᠨ᠎ᠠ ᠃
ᠴᠢᠬᠤᠯᠠ ᠶᠡᠭᠡ ᠤᠯᠤᠰ ᠲᠥᠷᠥ᠎ᠶ᠋ᠢᠨ ᠵᠠᠷᠴᠢᠮ ᠪᠠ ᠶᠡᠭᠡ ᠵᠥᠪ ᠶᠡᠭᠡ ᠪᠤᠷᠤᠭᠤ᠎ᠶ᠋ᠢᠨ ᠠᠰᠠᠭᠤᠳᠠᠯ ᠳᠡᠭᠡᠷ᠎ᠡ
ᠵᠣᠭ᠍ᠰᠣᠯᠲᠠ ᠪᠠᠲᠤ ᠪᠠᠢᠵᠤ᠂ ᠭᠠᠳᠠᠭᠠᠳᠤ᠎ᠳᠤ ᠬᠤᠯᠪᠣᠭ᠍ᠳᠠᠬᠤ ᠲᠡᠮᠡᠴᠡᠯ᠎ᠤᠨ ᠬᠠᠤᠯᠢ ᠴᠠᠭᠠᠵᠠ᠎ᠶ᠋ᠢᠨ ᠵᠡᠪᠰᠡᠭ᠎ᠢ
ᠰᠠᠨᠠᠭᠠᠴᠢᠯᠠᠭ᠎ᠠ᠎ᠡᠴᠡ᠎ᠪᠠᠨ ᠲᠥᠯᠥᠪᠯᠡᠵᠦ᠍᠂ ᠬᠠᠤᠯᠢ᠎ᠪᠠᠷ ᠵᠠᠰᠠᠬᠤ ᠠᠷᠭ᠎ᠠ ᠪᠠᠷᠢᠯ᠎ᠢ ᠬᠡᠷᠡᠭ᠌ᠯᠡᠨ ᠤᠯᠤᠰ᠎ᠤᠨ
ᠬᠤᠭᠤᠷᠤᠨᠳᠤᠬᠢ ᠲᠡᠮᠡᠴᠡᠯ᠎ᠢ ᠥᠷᠨᠢᠭᠦᠯᠦᠨ᠎ᠡ᠃ ᠨᠠᠮ ᠪᠣᠯᠤᠨ ᠤᠯᠤᠰ᠎ᠤᠨ ᠭᠤᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂
ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠬᠥᠭ᠌ᠵᠢᠯᠲᠡ᠎ᠶ᠋ᠢᠨ
ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ
ᠪᠠᠢᠷᠢᠱᠢᠯ᠎ᠢ ᠲᠦᠷᠬᠡᠨ ᠪᠠᠢᠭᠤᠯᠬᠤ᠎ᠶ᠋ᠢ ᠠᠬᠢᠭᠤᠯᠤᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠠᠵᠢᠯ᠎ᠤᠨ ᠪᠣᠳᠠᠲᠤ ᠪᠦᠲᠦᠮᠵᠢ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠲᠣᠭ᠍ᠲᠠᠭᠤᠨ ᠪᠦᠭᠡᠳ
ᠡᠷᠡᠭᠦᠯ ᠠᠵᠤ ᠠᠬᠤᠢ᠎ᠶ᠋ᠢᠨ ᠣᠷᠴᠢᠨ ᠨᠦᠬᠦᠴᠡᠯ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠤᠨ ᠣᠷᠴᠢᠨ
ᠨᠦᠬᠦᠴᠡᠯ᠂ ᠴᠡᠪᠡᠷ ᠠᠷᠢᠭᠤᠨ ᠪᠦᠭᠡᠳ ᠲᠥᠪ ᠴᠢᠭᠡᠴᠢ ᠤᠯᠤᠰ ᠲᠦᠷᠦ᠍᠎ᠶ᠋ᠢᠨ ᠣᠷᠴᠢᠨ ᠨᠦᠬᠦᠴᠡᠯ᠎ᠢ ᠪᠠᠲᠤᠯᠠᠬᠤ᠎ᠳᠤ
ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃ ᠨᠠᠮ᠎ᠤᠨ ᠬᠤᠷᠢᠳᠤᠭᠠᠷ ᠶᠡᠭᠡ ᠬᠤᠷᠠᠯ ᠬᠤᠷᠠᠯᠳᠤᠭ᠍ᠰᠠᠨᠤ
ᠲᠠᠷᠠᠭ᠎ᠠ᠂ ᠬᠤᠷᠠᠯ᠎ᠤᠨ ᠵᠤᠷᠢᠭ ᠰᠠᠨᠠᠭ᠎ᠠ᠎ᠶ᠋ᠢ ᠰᠤᠷᠤᠯᠴᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ
ᠦᠨᠡᠨ ᠬᠦ᠌ ᠰᠠᠢᠳᠤᠷ ᠠᠳᠭᠤᠨ᠎ᠠ᠃
ᠬᠤᠶᠠᠷ᠂ ᠱᠢᠰᠲ᠋ᠧᠮ᠎ᠨᠢ ᠪᠦᠷᠢᠨ ᠲᠡᠭᠦᠯᠳᠡᠷ
ᠲᠦᠷᠢᠮ᠎ᠤᠨ ᠱᠢᠰᠲ᠋ᠧᠮ᠎ᠢᠶᠠᠷ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠨ᠎ᠠ
ᠦᠨᠳᠦᠰᠦᠨ ᠬᠠᠤᠯᠢᠯᠤᠭᠠ ᠬᠤᠯᠪᠣᠭ᠍ᠳᠠᠯ
ᠪᠦᠬᠦᠢ ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠬᠠᠤᠯᠢ ᠲᠣᠭ᠍ᠲᠠᠭᠠᠬᠤ ᠬᠠᠤᠯᠢ᠂ ᠡᠯ᠎ᠡ ᠱᠠᠲᠤᠨ᠎ᠤ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠢᠨᠠᠯᠲᠠ ᠲᠠᠯᠪᠢᠬᠤ ᠬᠠᠤᠯᠢ᠂
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠬᠡᠷᠡᠭ
ᠵᠥᠪᠯᠡᠬᠦ᠌ ᠲᠦᠷᠢᠮ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠠᠤᠯᠢ᠂ ᠵᠠᠰᠠᠭ ᠵᠠᠬᠢᠷᠭᠠᠨ᠎ᠤ
ᠳᠠᠬᠢᠨ ᠵᠥᠪᠯᠡᠬᠦ᠌ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠦᠨᠳᠦᠰᠦᠨ ᠬᠠᠤᠯᠢ᠎ᠶ᠋ᠢ ᠲᠠᠢᠯᠪᠤᠷᠢᠯᠠᠬᠤ ᠵᠢᠷᠤᠮ᠎ᠤᠨ
ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠦᠨᠳᠦᠰᠦᠨ ᠬᠠᠤᠯᠢ᠎ᠳᠤ ᠬᠤᠯᠪᠣᠭ᠍ᠳᠠᠬᠤ ᠬᠤᠯᠪᠤᠭ᠍ᠳᠠᠯ ᠪᠦᠬᠦᠢ ᠠᠩᠬᠠᠷᠤᠯ
ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦᠨ᠎ᠡ᠃ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠳᠠᠬᠢ ᠬᠢᠨᠠᠯᠲᠠ ᠪᠠᠢᠴᠠᠭᠠᠯᠲᠠ᠎ᠪᠠᠨ
ᠴᠢᠩᠭᠠᠳᠭᠠᠵᠤ᠂ ᠦᠨᠳᠦᠰᠦᠨ ᠬᠠᠤᠯᠢ᠎ᠳᠤ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠭᠡᠨ᠂ ᠦᠨᠳᠦᠰᠦᠨ ᠬᠠᠤᠯᠢ᠎ᠳᠤ
ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ ᠲᠦᠷᠢᠮ᠎ᠢ ᠪᠦᠷᠢᠨᠱᠢᠬᠦᠯᠵᠤ᠂ ᠳᠠᠩᠰᠠᠯᠠᠭᠤᠯᠵᠤ ᠬᠢᠨᠠᠨ ᠪᠠᠢᠴᠠᠭᠠᠬᠤ
ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠤᠨ᠂ ᠤᠯᠤᠰ᠎ᠤᠨ ᠬᠠᠤᠯᠢ᠎ᠪᠠᠷ ᠵᠠᠰᠠᠬᠤ ᠨᠢᠭᠡᠳᠦᠯ᠎ᠢ ᠬᠠᠮᠠᠭᠠᠯᠠᠨ᠎ᠠ᠃
ᠲᠥᠪ᠎ᠤᠨ ᠦᠨᠳᠦᠰᠦᠨ ᠬᠠᠤᠯᠢ ᠪᠣᠯᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠭᠤᠤᠯ ᠬᠠᠤᠯᠢ ᠶᠣᠰᠣᠭᠠᠷ ᠵᠠᠰᠠᠭ
ᠵᠠᠬᠢᠷᠭᠠᠨ᠎ᠤ ᠣᠨᠴᠠᠭᠠᠶ ᠣᠷᠣᠨ᠎ᠳᠤ ᠪᠦᠬᠦ᠌ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ᠎ᠶ᠋ᠢ ᠬᠡᠷᠡᠭ᠌ᠵᠢᠭᠦᠯᠬᠦ᠌
ᠳᠦᠷᠢᠮ᠎ᠢ ᠪᠦᠷᠢᠨᠱᠢᠭᠦᠯᠵᠤ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ
ᠬᠠᠤᠯᠢ ᠴᠠᠭᠠᠵᠠ᠎ᠶ᠋ᠢᠨ ᠲᠦᠷᠢᠮ ᠪᠠ ᠭᠦᠢᠴᠡᠳᠭᠡᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ
ᠣᠨᠴᠠᠭᠠᠶ ᠣᠷᠣᠨ᠎ᠤ ᠰᠣᠩᠭᠤᠭᠤᠯᠢᠶ᠋ᠢᠨᠲᠦᠷᠢᠮᠢᠲᠡᠭᠦᠯᠳᠡᠷᠵᠢᠭᠦᠯᠦᠨᠡ᠃ ᠣᠳᠣ᠎ᠶ᠋ᠢᠨ ᠬᠡᠷᠡᠭ᠌ᠵᠢᠭᠦᠯᠵᠦ᠍
ᠪᠠᠢᠭ᠎ᠠ ᠦᠨᠳᠦᠰᠦᠨ ᠬᠠᠤᠯᠢ᠎ᠶ᠋ᠢ ᠬᠡᠷᠡᠭ᠌ᠵᠢᠭᠦᠯᠦᠭ᠌ᠰᠡᠨ 40 ᠵᠢᠯ ᠤ᠋ᠨ ᠲᠤᠷᠱᠢᠬᠢ ᠴᠢᠬᠤᠯᠠ ᠶᠡᠭᠡ ᠠᠮᠵᠢᠯᠲᠠ
ᠪᠦᠲᠦᠮᠵᠢ ᠪᠠ ᠡᠷᠬᠢᠮ ᠨᠠᠨᠳᠢᠨ ᠲᠤᠷᠱᠢᠯᠭ᠎ᠠ᠎ᠶ᠋ᠢ ᠳ᠋ᠦᠩᠨᠡᠵᠦ᠍᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ
ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂ ᠳᠤᠮᠳᠠᠳᠤ ᠤᠯᠤᠰ᠎ᠤᠨ ᠦᠨᠳᠦᠰᠦᠨ ᠬᠠᠤᠯᠢ᠎ᠶ᠋ᠢᠨ ᠤᠨᠤᠯ᠎ᠢ ᠰᠠᠢᠲᠤᠷ
ᠲᠠᠢᠯᠪᠤᠷᠢᠯᠠᠨ᠎ᠠ᠃
ᠭᠤᠷᠪᠠ᠂ ᠬᠠᠤᠯᠢ ᠲᠣᠭ᠍ᠲᠠᠭᠠᠬᠤ ᠠᠵᠢᠯ᠎ᠤᠨ
ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠎ᠢ ᠴᠢᠩᠭᠠᠳᠭᠠᠨ᠎ᠠ
ᠣᠨ᠎ᠤ ᠬᠠᠤᠯᠢ ᠲᠣᠭ᠍ᠲᠠᠭᠠᠬᠤ ᠠᠵᠢᠯ᠎ᠤᠨ
ᠲᠥᠯᠥᠪᠯᠡᠭᠡ᠎ᠶ᠋ᠢ ᠦᠨᠳᠦᠰᠦᠯᠡᠨ᠂ 40 ᠬᠠᠤᠯᠢ ᠴᠠᠭᠠᠵᠠ᠎ᠶ᠋ᠢᠨ ᠲᠦᠰᠦᠯ᠎ᠢ ᠬᠢᠨᠠᠨ ᠶᠠᠷᠢᠯᠴᠠᠭᠤᠯᠬᠤ᠎ᠪᠠᠷ ᠤᠷᠢᠳᠴᠢᠯᠠᠨ
ᠲᠤᠬᠢᠷᠠᠭᠤᠯᠤᠨ᠎ᠡ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠬᠠᠤᠯᠢ ᠴᠠᠭᠠᠵᠠ᠎ᠶ᠋ᠢᠨ
ᠳᠦᠷᠢᠮ᠎ᠢ ᠪᠦᠷᠢᠨᠱᠢᠬᠦᠯᠵᠤ᠂ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ
ᠬᠠᠤᠯᠢ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠤᠯᠢ᠂ ᠬᠤᠭᠤᠴᠠᠭᠠᠲᠤ ᠪᠠᠷᠠᠭ᠎ᠠ ᠪᠣᠯᠤᠨ ᠡᠭᠦᠰᠦᠮᠡᠯ ᠡᠳ᠋᠎ᠤᠨ
ᠬᠠᠤᠯᠢ᠂ ᠪᠣᠭᠤᠮᠲᠠ᠎ᠶ᠋ᠢᠨ ᠭᠠᠢᠯᠢ᠎ᠶ᠋ᠢᠨ ᠬᠠᠤᠯᠢ ᠵᠡᠷᠭᠡ ᠭᠠᠢᠯᠢ ᠲᠠᠲᠠᠪᠤᠷᠢ᠎ᠶ᠋ᠢᠨ ᠬᠠᠤᠯᠢ ᠴᠠᠭᠠᠵᠠ᠎ᠶ᠋ᠢ
ᠲᠣᠭ᠍ᠲᠠᠭᠠᠵᠤ᠂ ᠺᠣᠮᠫᠠᠨᠢ᠎ᠶ᠋ᠢᠨ ᠬᠠᠤᠯᠢ᠂ ᠠᠵᠤ ᠠᠬᠤᠢᠯᠠᠯ᠎ᠤᠨ ᠳᠠᠮᠫᠤᠷᠠᠯ᠎ᠤᠨ ᠬᠠᠤᠯᠢ᠂ ᠮᠣᠨᠣᠫᠣᠯᠢᠴᠢᠯᠠᠯ᠎ᠢ
ᠡᠰᠡᠷᠭᠦᠴᠡᠬᠦ᠌ ᠬᠠᠤᠯᠢ᠂ ᠲᠡᠮᠦᠷ ᠵᠠᠮ᠎ᠤᠨ ᠬᠠᠤᠯᠢ᠂ ᠠᠭᠤᠷᠬᠠᠶ᠎ᠶ᠋ᠢᠨ ᠡᠬᠢ ᠪᠠᠶᠠᠯᠢᠬ᠎ᠤᠨ ᠬᠠᠤᠯᠢ᠂ ᠮᠠᠯ ᠠᠵᠤ
ᠠᠬᠤᠶ᠎ᠶ᠋ᠢᠨ ᠬᠠᠤᠯᠢ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠶᠤᠯᠭᠦᠶ᠎ᠶ᠋ᠢᠨ ᠬᠠᠤᠯᠢ᠎ᠳᠤ
ᠵᠠᠰᠠᠪᠤᠷᠢ ᠣᠷᠣᠭᠤᠯᠤᠨ᠎ᠠ᠃ ᠠᠷᠠᠳ᠎ᠤᠨ ᠠᠮᠢᠳᠤᠷᠠᠯ᠂ ᠨᠡᠢᠭᠡᠮ᠂ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ
ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠦᠷᠬᠡᠯᠡᠨ ᠠᠬᠢᠭᠤᠯᠵᠤ᠂ ᠬᠠᠲᠤᠨ ᠭᠤᠤᠯ᠎ᠢ ᠬᠠᠮᠠᠭᠠᠯᠠᠬᠤ ᠬᠠᠤᠯᠢ᠂
ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠤᠯᠢ᠂ ᠬᠠᠷ᠎ᠠ ᠬᠥᠷᠥᠰᠥᠳᠤ ᠭᠠᠵᠠᠷ
ᠱᠢᠷᠤᠢ᠎ᠶ᠋ᠢ ᠬᠠᠮᠠᠭᠠᠯᠠᠬᠤ ᠬᠠᠤᠯᠢ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠂ ᠰᠤᠷᠭᠠᠭᠤᠯᠢ᠎ᠳᠤ ᠤᠷᠤᠬᠤ
ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠬᠠᠤᠯᠢ᠂ ᠢᠷᠭᠡᠨ᠎ᠤ ᠬᠡᠷᠡᠭ᠎ᠤᠨ ᠠᠯᠪᠠᠳᠠᠨ ᠭᠦᠢᠴᠡᠳᠭᠡᠭᠦᠯᠬᠦ᠌
ᠬᠠᠤᠯᠢ᠂ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠵᠤ᠂
ᠪᠡᠶ᠎ᠡ᠎ᠶ᠋ᠢᠨ ᠲᠠᠮᠢᠷ᠎ᠤᠨ ᠬᠠᠤᠯᠢ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠠᠤᠯᠢ᠂ ᠡᠷᠳᠡᠮ᠎ᠤᠨ ᠴᠣᠯᠠ᠎ᠶ᠋ᠢᠨ
ᠳᠦᠷᠢᠮ᠂ ᠡᠮᠡᠭ᠌ᠲᠡᠢᠴᠦᠳ᠎ᠤᠨ ᠡᠷᠬᠡ ᠠᠱᠢᠭ᠎ᠢ ᠪᠠᠲᠤᠯᠠᠬᠤ ᠬᠠᠤᠯᠢ᠂ ᠨᠢᠭᠦᠯᠡᠰᠦᠩᠭᠦᠶ᠎ᠶ᠋ᠢᠨ ᠬᠠᠤᠯᠢ᠂ ᠱᠢᠨᠵᠢᠯᠡᠬᠦ᠌
ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ᠌ ᠬᠠᠤᠯᠢ᠂ ᠲᠡᠦᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ
ᠬᠠᠤᠯᠢ᠂ ᠢᠷᠭᠡᠨ᠎ᠤ ᠵᠠᠷᠭᠤ᠎ᠶ᠋ᠢᠨ ᠬᠠᠤᠯᠢ᠂ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠤᠯᠢ᠂
ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠤᠯᠤᠰ᠎ᠤᠨ ᠠᠮᠤᠷ ᠲᠦᠪᠱᠢᠨ᠎ᠤ
ᠬᠠᠤᠯᠢ᠎ᠪᠠᠷ ᠵᠠᠰᠠᠬᠤ ᠱᠢᠰᠲ᠋ᠧᠮ᠎ᠢ ᠪᠦᠷᠢᠨᠱᠢᠬᠦᠯᠵᠤ᠂ ᠭᠡᠨᠡᠳᠲᠡ᠎ᠶ᠋ᠢᠨ ᠬᠡᠷᠡᠭ᠎ᠢ ᠠᠷᠭᠠᠴᠠᠬᠤ ᠬᠠᠮᠢᠶᠠᠷᠤᠯᠲᠠ᠎ᠶ᠋ᠢᠨ
ᠬᠠᠤᠯᠢ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠬᠤ ᠬᠠᠤᠯᠢ᠂
ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠠᠤᠯᠢ᠎ᠶ᠋ᠢ ᠲᠣᠭ᠍ᠲᠠᠭᠠᠵᠤ᠂ ᠬᠠᠯᠳᠠᠪᠤᠷᠢᠲᠤ ᠡᠪᠡᠳᠴᠢᠨ᠎ᠢ
ᠰᠡᠷᠭᠡᠢᠯᠡᠨ ᠵᠠᠰᠠᠬᠤ ᠬᠠᠤᠯᠢ᠂ ᠤᠯᠤᠰ᠎ᠤᠨ ᠬᠢᠯᠢ᠎ᠶ᠋ᠢᠨ ᠡᠷᠡᠭᠦᠯ ᠬᠠᠮᠠᠭᠠᠯᠠᠯ ᠬᠢᠵᠢᠭ ᠪᠠᠢᠴᠠᠭᠠᠯᠲᠠ᠎ᠶ᠋ᠢᠨ
ᠬᠠᠤᠯᠢ᠎ᠳᠤ ᠵᠠᠰᠠᠪᠤᠷᠢ ᠣᠷᠣᠭᠤᠯᠤᠨ᠎ᠠ᠃ ᠭᠠᠳᠠᠭᠠᠳᠤ᠎ᠳᠤ ᠬᠤᠯᠪᠣᠭ᠍ᠳᠠᠬᠤ ᠬᠠᠤᠯᠢ ᠴᠠᠭᠠᠵᠠ᠎ᠶ᠋ᠢᠨ ᠪᠠᠭᠠᠵᠢ᠎ᠶ᠋ᠢᠨ
ᠬᠠᠢᠷᠴᠠᠭ᠎ᠢ ᠲᠡᠭᠦᠯᠳᠡᠷᠵᠢᠭᠦᠯᠵᠦ᠍᠂ ᠭᠠᠳᠠᠭᠠᠳᠤ᠎ᠳᠤ ᠬᠤᠯᠪᠣᠭ᠍ᠳᠠᠬᠤ ᠱᠢᠰᠲ᠋ᠧᠮ᠎ᠨᠢ ᠪᠦᠷᠢᠨ ᠲᠡᠭᠦᠯᠳᠡᠷ ᠬᠠᠤᠯᠢ
ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃ ᠮᠠᠨ᠎ᠤ ᠤᠯᠤᠰ᠎ᠤᠨ ᠭᠠᠳᠠᠭᠠᠳᠤ
ᠤᠯᠤᠰ᠎ᠯᠤᠭ᠎ᠠ ᠪᠠᠢᠭᠤᠯᠤᠭ᠍ᠰᠠᠨ ᠭᠡᠷ᠎ᠡ᠂ ᠬᠡᠯᠡᠯᠴᠡᠭᠡᠷ ᠵᠢᠴᠢ ᠤᠯᠠᠨ ᠤᠯᠤᠰ᠎ᠤᠨ ᠭᠡᠷ᠎ᠡ᠎ᠳᠤ ᠣᠷᠣᠬᠤ ᠲᠣᠭ᠍ᠲᠠᠭᠠᠯ᠎ᠢ
ᠵᠥᠪᠱᠢᠶᠡᠷᠡᠬᠦ᠌ ᠠᠵᠢᠯ᠎ᠢ ᠰᠠᠢᠲᠤᠷ ᠬᠢᠨ᠎ᠠ᠃ ᠥᠭᠡᠷᠡᠴᠢᠯᠡᠯᠲᠡ ᠬᠥᠭ᠌ᠵᠢᠯᠲᠡ᠎ᠶ᠋ᠢᠨ ᠱᠢᠢᠳᠪᠦᠷᠢᠲᠦ ᠪᠤᠳᠤᠯᠭ᠎ᠠ᠎ᠶ᠋ᠢ
ᠬᠠᠤᠯᠢ ᠲᠣᠭ᠍ᠲᠠᠭᠠᠬᠤ ᠱᠢᠢᠳᠪᠦᠷᠢᠲᠦ ᠪᠤᠳᠤᠯᠭ᠎ᠠ᠎ᠲᠠᠢ ᠨᠡᠩ ᠰᠠᠢᠨ ᠤᠶᠠᠯᠳᠤᠭᠤᠯᠵᠤ᠂ ᠡᠷᠬᠡ ᠣᠯᠭᠤᠬᠤ ᠲᠣᠭ᠍ᠲᠠᠭᠠᠯ
ᠪᠠ ᠥᠭᠡᠷᠡᠴᠢᠯᠡᠯᠲᠡ᠎ᠶ᠋ᠢᠨ ᠲᠣᠭ᠍ᠲᠠᠭᠠᠯ ᠵᠡᠷᠭᠡ᠎ᠶ᠋ᠢᠨ ᠠᠵᠢᠯ᠎ᠢ ᠰᠠᠢᠲᠤᠷ ᠬᠢᠨ᠎ᠠ᠃ ᠨᠥᠬᠦᠴᠡᠯ ᠪᠦᠷᠢᠳᠦᠭ᠌ᠰᠡᠨ
ᠬᠠᠤᠯᠢ ᠲᠣᠭ᠍ᠲᠠᠭᠠᠬᠤ ᠬᠦᠷᠢᠶᠡᠨ᠎ᠳᠤ ᠬᠠᠤᠯᠢ᠎ᠶ᠋ᠢᠨ ᠪᠢᠴᠢᠭ ᠨᠠᠢᠷᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃
ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠬᠠᠣᠯᠢ ᠲᠣᠬᠲᠠᠭᠠᠬᠣ ᠠᠵᠢᠯ ᠳ᠋ᠡᠬᠢ ᠭᠣᠣᠯᠯᠠᠨ ᠵᠢᠯᠤᠭᠤᠳᠬᠤ
ᠦᠢᠯᠡᠲᠦᠯ᠎ᠢ ᠪᠠᠲᠠᠷᠠᠭᠤᠯᠵᠤ᠂ ᠬᠠᠣᠯᠢ ᠴᠠᠭᠠᠵᠠ᠎ᠶᠢᠨ ᠰᠢᠰᠲᠸᠮ᠎ᠢ ᠨᠡᠩ ᠰᠢᠨᠵᠢᠯᠡᠬᠦ ᠣᠬᠠᠭᠠᠨᠴᠢ ᠪᠦᠷᠢᠨ ᠲᠡᠬᠦᠯᠲᠡᠷ᠂
ᠨᠢᠭᠡᠲᠦᠯᠲᠡᠢ ᠡᠷᠬᠡ ᠰᠦᠷᠲᠡᠢ ᠪᠤᠯᠭᠠᠨ᠎ᠠ᠃
ᠲᠦᠷᠪᠡ᠂ ᠬᠠᠤᠯᠢ ᠴᠠᠭᠠᠵᠠ᠎ᠶ᠋ᠢᠨ ᠬᠢᠨᠠᠯᠲᠠ
ᠪᠠ ᠠᠵᠢᠯ᠎ᠤᠨ ᠬᠢᠨᠠᠯᠲᠠ᠎ᠶ᠋ᠢ ᠬᠢᠨᠠᠮᠠᠭᠠᠶ ᠰᠠᠢᠲᠤᠷ ᠬᠢᠨ᠎ᠡ
ᠣᠨ᠎ᠤ ᠬᠢᠨᠠᠯᠲᠠ ᠲᠠᠯᠪᠢᠬᠤ ᠠᠵᠢᠯ᠎ᠤᠨ
ᠲᠥᠯᠥᠪᠯᠡᠭᠡ᠎ᠶ᠋ᠢ ᠦᠨᠳᠦᠰᠦᠯᠡᠨ᠂ 32ᠬᠢᠨᠠᠯᠲᠠ ᠲᠠᠯᠪᠢᠬᠤ ᠲᠦᠰᠦᠯ᠎ᠢ ᠤᠷᠢᠳᠴᠢᠯᠠᠨ ᠲᠣᠬᠢᠷᠠᠭᠤᠯᠤᠨ᠎ᠠ᠃ ᠴᠢᠨᠠᠷ
ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯᠯᠠᠭᠤᠯᠤᠨ᠂ ᠲᠥᠯᠥᠪᠯᠡᠭᠡ᠎ᠶ᠋ᠢ ᠬᠦᠢᠴᠡᠳᠭᠡᠭ᠌ᠰᠡᠨ᠂ ᠶᠠᠳᠠᠭᠤ᠎ᠠᠴᠠ
ᠠᠩᠭᠢᠵᠢᠷᠠᠭᠤᠯᠬᠤ ᠪᠡᠷᠭᠡ ᠰᠡᠳᠦᠪ᠎ᠢ ᠱᠢᠢᠳᠪᠤᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌
ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠯᠳᠤᠭᠤᠯᠤᠭ᠍ᠰᠠᠨ᠂ ᠳ᠋ᠢᠵᠢᠲ᠋ᠠᠯ
ᠠᠵᠤ ᠠᠬᠤᠶ᠎ᠶ᠋ᠢᠨ ᠬᠥᠭ᠌ᠵᠢᠯᠲᠡ᠂ ᠮᠥᠩᠭᠦᠨ ᠭᠦᠢᠯᠭᠡᠭᠡᠨ᠎ᠤ ᠠᠵᠢᠯ ᠵᠡᠷᠭᠡ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ᠂
ᠱᠢᠨᠵᠢᠯᠡᠬᠦ᠌ ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ᠌ ᠬᠠᠤᠯᠢ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ
ᠪᠠᠯᠠ ᠣᠷᠣᠭᠤᠯᠤᠯᠲᠠ᠎ᠶ᠋ᠢᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠨᠡ᠃ ᠵᠢᠵᠢᠭ ᠲᠠᠷᠢᠶᠠᠴᠢᠨ
ᠡᠷᠦᠬᠡ ᠪᠣᠯᠤᠨ ᠣᠳᠣ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢ ᠣᠷᠭᠠᠨᠢᠭ᠎ᠢᠶᠠᠷ ᠵᠣᠯᠭᠠᠯᠳᠤᠭᠤᠯᠬᠤ᠎ᠶ᠋ᠢ
ᠠᠬᠢᠭᠤᠯᠤᠭ᠍ᠰᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠭ᠍ᠰᠠᠨ᠂
ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠭᠠᠶ ᠵᠦᠢᠯ᠎ᠤᠨ ᠥᠭ᠌ᠴᠡᠭᠡ᠎ᠶ᠋ᠢᠨ ᠬᠠᠮᠢᠶᠠᠷᠤᠯᠲᠠ ᠬᠢᠭᠡᠳ ᠥᠭᠡᠷᠡᠴᠢᠯᠡᠯᠲᠡ
ᠵᠡᠷᠭᠡ ᠪᠠᠢᠳᠠᠯ᠎ᠢᠶᠠᠷ ᠭᠤᠤᠯᠯᠠᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠬᠢᠨ᠎ᠡ᠃ ᠲᠥᠰᠦᠪ ᠪᠠ
ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠲᠡᠬᠦᠨ᠎ᠳᠤ ᠬᠢᠨᠠᠯᠲᠠ ᠲᠠᠯᠪᠢᠬᠤ᠂ ᠤᠯᠤᠰ᠎ᠤᠨ ᠥᠮᠴᠢᠯᠡᠯ᠎ᠤᠨ
ᠡᠳ᠋ ᠬᠥᠷᠥᠩᠭᠡ᠎ᠶ᠋ᠢᠨ ᠬᠠᠮᠢᠶᠠᠷᠤᠯᠲᠠ᠎ᠳᠤ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠵᠦ᠍᠂ ᠲᠥᠪ᠎ᠤᠨ ᠲᠥᠰᠦᠪ᠎ᠤᠨ
ᠭᠦᠢᠴᠡᠳᠭᠡᠯ᠂ ᠬᠢᠨᠠᠨ ᠪᠤᠳᠤᠬᠤ ᠠᠵᠢᠯ᠂ ᠲᠥᠰᠦᠪ᠎ᠤᠨ ᠭᠦᠢᠴᠡᠳᠭᠡᠯ᠂ ᠬᠢᠨᠠᠨ ᠪᠣᠳᠣᠯᠲᠠ᠎ᠳᠤ ᠪᠠᠢᠴᠠᠭᠠᠨ ᠭᠠᠷᠭᠠᠭ᠍ᠰᠠᠨ
ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ᠂ ᠡᠳ᠋᠎ᠤᠨ ᠵᠠᠰᠠᠭ᠎ᠤᠨ ᠨᠡᠢᠭᠡᠮ᠎ᠤᠨ ᠪᠠᠲᠤᠯᠠᠭ᠎ᠠ᠎ᠶ᠋ᠢᠨ
ᠪᠠᠯᠠ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ ᠵᠡᠷᠭᠡ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠵᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ
ᠲᠤᠬᠠᠶ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ᠂
ᠲᠤᠰᠭᠠᠶ ᠰᠡᠳᠦᠪᠲᠦ ᠯᠠᠪᠯᠠᠨ ᠠᠰᠠᠭᠤᠬᠤ ᠠᠵᠢᠯ ᠥᠷᠨᠢᠭᠦᠯᠵᠦ᠍᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢ ᠲᠣᠬᠢᠷᠠᠭᠤᠯᠬᠤ᠎ᠳᠤ
ᠠᠱᠢᠭ᠍ᠲᠠᠶ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠳᠤ ᠲᠤᠰᠭᠠᠶ
ᠰᠡᠳᠦᠪᠲᠦ ᠪᠠᠢᠴᠠᠭᠠᠨ ᠰᠤᠳᠤᠯᠤᠯᠲᠠ ᠬᠢᠨ᠎ᠠ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠪᠠᠷ ᠭᠤᠤᠯᠯᠠᠭᠤᠯᠤᠨ᠂
ᠠᠵᠢᠯ ᠣᠯᠭᠤᠯᠲᠠ᠎ᠶ᠋ᠢᠨ ᠠᠵᠢᠯ᠂ ᠬᠡᠦᠬᠡᠳ᠎ᠤᠨ ᠡᠷᠡᠭᠦᠯ ᠮᠡᠨᠳᠦ᠍᠎ᠶ᠋ᠢ ᠠᠬᠢᠭᠤᠯᠬᠤ ᠠᠵᠢᠯ᠂ ᠠᠯᠪᠠᠨ ᠵᠢᠷᠤᠮ᠎ᠤᠨ
ᠰᠤᠷᠭᠠᠨ ᠬᠥᠮᠦᠵᠢᠯ᠎ᠤᠨ ᠱᠠᠲᠤᠨ᠎ᠤ ᠰᠤᠷᠤᠭ᠍ᠴᠢᠳ᠎ᠤᠨ ᠪᠦᠬᠦ᠌ ᠲᠠᠯ᠎ᠠ᠎ᠪᠠᠷ ᠡᠷᠡᠭᠦᠯ᠎ᠢᠶᠠᠷ ᠬᠥᠭ᠌ᠵᠢᠬᠦ᠂ ᠨᠠᠰᠤᠲᠠᠢᠴᠤᠳ᠎ᠤᠨ
ᠠᠵᠢᠯ ᠵᠡᠷᠭᠡ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ ᠳᠤᠮᠳᠠᠳᠤ᠎ᠶ᠋ᠢᠨ
ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠬᠤ᠂ ᠬᠥᠮᠦᠨ ᠠᠮᠠ᠎ᠶ᠋ᠢᠨ ᠨᠠᠰᠤᠵᠢᠯᠲᠠ᠎ᠶ᠋ᠢ
ᠠᠷᠭᠠᠴᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠲᠤᠬᠠᠶ ᠲᠤᠰᠭᠠᠶ ᠰᠡᠳᠦᠪᠲᠦ ᠪᠠᠢᠴᠠᠭᠠᠨ
ᠰᠤᠳᠤᠯᠤᠯᠲᠠ ᠬᠢᠨ᠎ᠡ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠪᠠᠷ ᠭᠤᠤᠯᠯᠠᠭᠤᠯᠤᠨ᠂ ᠣᠷᠴᠢᠨ ᠠᠬᠤᠶ᠎ᠶ᠋ᠢᠨ
ᠪᠠᠢᠳᠠᠯ ᠪᠠ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠂ ᠬᠠᠲᠠᠭᠤ
ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠠᠬᠤᠶ᠎ᠶ᠋ᠢ ᠪᠣᠬᠢᠷᠲᠤᠭᠤᠯᠬᠤ᠎ᠶ᠋ᠢ ᠰᠡᠷᠭᠡᠢᠯᠡᠨ ᠵᠠᠰᠠᠬᠤ ᠬᠠᠤᠯᠢ᠎ᠶ᠋ᠢᠨ
ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠮᠡᠳᠡᠭᠦᠯᠦᠯᠲᠡ ᠵᠢᠴᠢ ᠬᠢᠨᠠᠨ ᠶᠠᠷᠢᠯᠴᠠᠭ᠍ᠰᠠᠨ ᠰᠠᠨᠠᠯ᠎ᠢ
ᠰᠤᠳᠤᠯᠤᠨ ᠱᠢᠢᠳᠪᠤᠷᠢᠯᠡᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠬᠢᠨᠡᠨ ᠶᠠᠷᠢᠯᠴᠠᠵᠦ᠍᠂ ᠣᠷᠴᠢᠨ
ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠤᠯᠢ᠂ ᠬᠥᠬᠡᠮᠥ᠋ᠷᠡᠨ᠎ᠢ ᠬᠠᠮᠠᠭᠠᠯᠠᠬᠤ ᠬᠠᠤᠯᠢ᠎ᠶ᠋ᠢ ᠬᠡᠷᠡᠭ᠌ᠵᠢᠭᠦᠯᠦᠭ᠌ᠰᠡᠨ
ᠪᠠᠢᠳᠠᠯ᠎ᠢ ᠪᠠᠢᠴᠠᠭᠠᠬᠤ᠎ᠶ᠋ᠢᠨ ᠬᠠᠮᠲᠤ ᠣᠷᠴᠢᠨ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠤᠯᠢ᠎ᠶ᠋ᠢᠨ ᠬᠠᠤᠯᠢ
ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ
ᠲᠤᠰᠭᠠᠶ ᠰᠡᠳᠦᠪᠳᠤ ᠯᠠᠪᠯᠠᠨ ᠠᠰᠠᠭᠤᠬᠤ ᠠᠵᠢᠯ ᠥᠷᠨᠢᠭᠦᠯᠦᠨ᠎ᠡ᠃ ᠬᠠᠤᠯᠢ ᠬᠡᠷᠡᠭ᠌ᠵᠢᠭᠦᠯᠬᠦ᠂ ᠬᠢᠨᠠᠨ ᠪᠠᠢᠴᠠᠭᠠᠬᠤ᠂
ᠬᠠᠤᠯᠢ ᠪᠠᠷᠢᠬᠤ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠬᠠᠤᠯᠢ ᠪᠤᠰᠤ᠎ᠪᠠᠷ ᠬᠢᠯᠢ᠎ᠳᠤ ᠣᠷᠣᠵᠤ
ᠢᠷᠡᠭ᠌ᠰᠡᠨ᠂ ᠬᠠᠤᠯᠢ ᠪᠤᠰᠤ᠎ᠪᠠᠷ ᠣᠷᠣᠱᠢᠨ ᠰᠠᠭᠤᠭ᠍ᠰᠠᠨ᠂ ᠬᠠᠤᠯᠢ ᠪᠤᠰᠤ᠎ᠪᠠᠷ ᠠᠵᠢᠯ ᠣᠯᠤᠭ᠍ᠰᠠᠨ ᠭᠠᠳᠠᠭᠠᠳᠤ᠎ᠶ᠋ᠢᠨ
ᠬᠥᠮᠦᠨ᠎ᠢ ᠵᠠᠰᠠᠭ᠍ᠰᠠᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠦ᠍ ᠬᠢᠨᠠᠨ ᠶᠠᠷᠢᠯᠴᠠᠵᠤ᠂ ᠬᠢᠨᠠᠨ
ᠪᠠᠢᠴᠠᠭᠠᠬᠤ ᠪᠠᠢᠭᠤᠯᠭ᠎ᠠ᠎ᠶ᠋ᠢᠨ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ᠂ ᠬᠠᠤᠯᠢ᠎ᠪᠠᠷ ᠵᠠᠰᠠᠬᠤ ᠪᠤᠯᠭᠠᠬᠤ᠂
ᠵᠢᠩᠬᠢᠨᠢᠴᠢᠯᠡᠬᠦ᠌ ᠪᠠᠢᠭᠤᠯᠤᠯᠲᠠ᠎ᠶ᠋ᠢ ᠠᠬᠢᠭᠤᠯᠤᠭ᠍ᠰᠠᠨ ᠪᠠᠢᠳᠠᠯ᠎ᠢᠶᠠᠷ ᠭᠤᠤᠯᠯᠠᠭᠤᠯᠤᠨ ᠲᠤᠰᠭᠠᠶ ᠰᠡᠳᠦᠪᠲᠦ
ᠪᠠᠢᠴᠠᠭᠠᠨ ᠰᠤᠳᠤᠯᠤᠯᠲᠠ ᠬᠢᠵᠦ᠍᠂ ᠭᠠᠳᠠᠭᠠᠳᠤ᠎ᠳᠤ ᠬᠤᠯᠪᠣᠭ᠍ᠳᠠᠬᠤ ᠱᠢᠭᠦᠨ ᠲᠠᠰᠤᠯᠬᠤ ᠠᠵᠢᠯ᠎ᠤᠨ ᠪᠠᠢᠳᠠᠯ᠎ᠤᠨ
ᠲᠤᠬᠠᠶ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠮᠡᠳᠡᠭᠦᠯᠦᠯᠲᠡ᠂ ᠨᠠᠰᠤᠨ᠎ᠳᠤ ᠦᠯᠤ ᠬᠥᠷᠦᠭ᠌ᠰᠡᠳᠤᠨ ᠪᠠᠢᠴᠠᠭᠠᠬᠤ
ᠠᠵᠢᠯ᠎ᠢ ᠥᠷᠨᠢᠭᠦᠯᠦᠭ᠌ᠰᠡᠨ ᠪᠠᠢᠳᠠᠯ᠎ᠤᠨ ᠲᠤᠬᠠᠶ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠮᠡᠳᠡᠭᠦᠯᠦᠯᠲᠡ᠎ᠶ᠋ᠢ
ᠰᠣᠨᠣᠰᠴᠤ᠌ ᠬᠢᠨᠠᠨ ᠶᠠᠷᠢᠯᠴᠠᠨᠡ᠃ ᠬᠢᠨᠠᠯᠲᠠ ᠲᠠᠯᠪᠢᠬᠤ ᠠᠵᠢᠯ᠎ᠤᠨ ᠲᠣᠭ᠍ᠲᠠᠴᠠ ᠪᠠ ᠠᠷᠭ᠎ᠠ ᠬᠡᠯᠪᠡᠷᠢ᠎ᠶ᠋ᠢ
ᠪᠦᠷᠢᠨᠱᠢᠬᠦᠯᠵᠤ᠂ ᠲᠤᠪᠤᠢᠮ᠎ᠠ ᠠᠰᠠᠭᠤᠳᠠᠯ᠎ᠢ ᠨᠢᠭ᠍ᠳᠠ ᠠᠩᠬᠠᠷᠴᠦ᠍᠂ ᠦᠷ᠎ᠠ ᠪᠦᠲᠦᠮᠵᠢ᠎ᠶ᠋ᠢ ᠮᠦᠷᠳᠡᠨ ᠠᠰᠠᠭᠤᠬᠤ᠎ᠶ᠋ᠢ
ᠴᠢᠩᠭᠠᠳᠭᠠᠵᠦ᠍᠂ ᠬᠢᠨᠠᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠎ᠢ ᠳᠡᠭᠡᠭ᠌ᠰᠢᠯᠡᠭᠦᠯᠵᠦ᠍᠂
ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠪᠦᠲᠦᠮᠵᠢ᠎ᠶ᠋ᠢ ᠴᠢᠩᠭᠠᠷᠠᠭᠤᠯᠤᠨ᠎ᠠ᠃
ᠲᠠᠪᠤ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ
ᠠᠷᠪᠠᠨ ᠳᠥᠷᠪᠡᠳᠦᠭᠡᠷ ᠬᠤᠭᠤᠴᠠᠭᠠᠨ᠎ᠤ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠰᠣᠩᠭᠤᠬᠤ ᠬᠤᠯᠪᠣᠭ᠍ᠳᠠᠯ
ᠪᠦᠬᠦᠢ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠲᠥᠯᠥᠭᠡᠯᠡᠭ᠌ᠴᠢ ᠰᠤᠩᠭᠤᠬᠤ ᠪᠠᠷᠢᠮᠵᠢᠶ᠎ᠠ᠎ᠶ᠋ᠢ
ᠰᠠᠢᠲᠤᠷ ᠡᠵᠡᠮᠳᠡᠵᠤ᠂ ᠰᠣᠩᠭᠤᠭᠤᠯᠢ᠎ᠶ᠋ᠢᠨ ᠪᠦᠬᠦ᠌ ᠶᠠᠪᠤᠴᠠ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂
ᠰᠣᠩᠭᠤᠭᠤᠯᠢ᠎ᠶ᠋ᠢᠨ ᠶᠠᠪᠤᠴᠠ᠎ᠶ᠋ᠢᠨ ᠠᠷᠢᠭᠤᠨ ᠴᠢᠭᠡᠴᠢ ᠪᠠᠢᠬᠤ᠂ ᠰᠣᠩᠭᠤᠭᠤᠯᠢ᠎ᠶ᠋ᠢᠨ ᠦᠷ᠎ᠡ ᠳ᠋ᠦᠩ᠎ᠳᠤ ᠠᠷᠠᠳ
ᠲᠦᠮᠡᠨ ᠰᠡᠳᠭᠢᠯ ᠬᠠᠨᠤᠮᠵᠢᠲᠠᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠲᠥᠯᠥᠭᠡᠯᠡᠭ᠌ᠴᠢᠳ᠎ᠤᠨ ᠠᠵᠢᠯ᠎ᠤᠨ ᠴᠢᠳᠠᠪᠤᠷᠢ᠎ᠶ᠋ᠢᠨ
ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠲᠥᠯᠥᠭᠡᠯᠡᠭ᠌ᠴᠢᠳ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠪᠣᠳᠠᠲᠠᠶ ᠠᠷᠭ᠎ᠠ ᠬᠡᠮᠵᠢᠶ᠎ᠡ᠎ᠶ᠋ᠢ
ᠭᠦᠨᠵᠡᠭᠡᠶ ᠨᠠᠢᠳᠠᠪᠤᠷᠢᠵᠢᠭᠤᠯᠵᠤ᠂ ᠲᠥᠯᠥᠭᠡᠯᠡᠭ᠌ᠴᠢᠳ᠎ᠲᠤ ᠴᠢᠩᠭ᠎ᠠ ᠲᠦᠱᠢᠭ᠌ᠯᠡᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠠᠵᠢᠯ᠎ᠢ ᠰᠠᠢᠲᠤᠷ ᠬᠢᠨ᠎ᠡ᠃ ᠳᠠᠭᠠᠭᠠᠨ ᠠᠪᠴᠤ᠌ ᠱᠢᠢᠳᠪᠦᠷᠢᠯᠡᠬᠦ᠌ ᠨᠢᠭᠡᠴᠢ᠎ᠶ᠋ᠢ ᠨᠢᠭᠡᠳᠦᠯᠲᠡᠢ
ᠲᠦᠯᠦᠪᠯᠡᠨ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠴᠢᠨᠠᠷ ᠰᠠᠢᠲᠠᠶ᠂ ᠥᠨᠳᠥᠷ ᠪᠦᠲᠦᠮᠵᠢᠲᠠᠢ᠎ᠪᠠᠷ
ᠰᠠᠢᠳᠤᠷ ᠱᠢᠢᠳᠪᠤᠷᠢᠯᠡᠵᠤ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠳᠤ ᠬᠠᠷᠢᠭᠤᠯᠲᠠ ᠥᠭ᠌ᠬᠦ ᠪᠠ ᠠᠮᠠᠯᠠᠨ ᠱᠢᠢᠳᠪᠤᠷᠢᠯᠡᠬᠦ᠌
ᠵᠦᠢᠯᠡᠰ᠎ᠤᠨ ᠡᠬᠡ ᠲᠠᠩᠰᠠ ᠪᠠᠢᠭᠤᠯᠬᠤ᠎ᠶ᠋ᠢ ᠠᠬᠢᠭᠤᠯᠵᠤ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠭᠤᠤᠯᠳᠠᠯᠭ᠎ᠠ᠎ᠲᠠᠢ
ᠱᠢᠪᠠᠳᠠᠨ ᠱᠢᠢᠳᠪᠦᠷᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠲᠥᠯᠥᠭᠡᠯᠡᠭ᠌ᠴᠢᠳ᠎ᠤᠨ ᠪᠠᠢᠩᠭᠤ᠎ᠶ᠋ᠢᠨ
ᠬᠤᠷᠢᠶ᠎ᠠ᠂ ᠲᠤᠰᠭᠠᠶ ᠵᠦᠪᠯᠡᠯ᠂ ᠠᠵᠢᠯ᠎ᠤᠨ ᠵᠦᠪᠯᠡᠯ᠎ᠤᠨ ᠠᠵᠢᠯ᠎ᠳᠤ ᠣᠷᠣᠯᠴᠠᠬᠤ᠎ᠶ᠋ᠢ ᠭᠦᠨᠵᠡᠭᠡᠢᠷᠡᠭᠦᠯᠵᠦ᠍᠂ 《ᠨᠢᠭᠡ ᠵᠠᠰᠠᠭ᠎ᠤᠨ ᠣᠷᠳᠣᠨ ᠨᠢᠭᠡ ᠵᠦᠪᠯᠡᠯ
ᠬᠤᠶᠠᠷ ᠬᠤᠷᠢᠶ᠎ᠠ》 ᠶ᠋ᠢᠨ ᠲᠥᠯᠥᠭᠡᠯᠡᠭ᠌ᠴᠢᠳ᠎ᠲᠠᠢ
ᠬᠠᠷᠢᠯᠴᠠᠬᠤ ᠠᠵᠢᠯ᠎ᠢᠶᠠᠨ ᠴᠢᠩᠭᠠᠳᠭᠠᠨ ᠰᠠᠢᠵᠢᠷᠠᠭᠤᠯᠬᠤ᠎ᠶ᠋ᠢ ᠠᠬᠢᠭᠤᠯᠤᠨ᠎ᠠ᠃ ᠲᠥᠯᠥᠭᠡᠯᠡᠭ᠌ᠴᠢᠳ᠎ᠤᠨ ᠠᠷᠠᠳ
ᠤᠯᠠᠨ᠎ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ᠎ᠶ᠋ᠢ ᠪᠠᠶᠠᠯᠢᠬ᠍ᠵᠢᠭᠤᠯᠵᠤ᠂ ᠲᠦᠯᠦᠬᠡᠯᠡᠭ᠌ᠴᠢᠳ᠎ᠤᠨ ᠲᠤᠰᠭᠠᠭ᠍ᠰᠠᠨ
ᠠᠷᠠᠳ ᠤᠯᠡᠨᠤ ᠰᠠᠨᠠᠯ ᠪᠡ ᠱᠠᠭᠠᠷᠳᠠᠯᠭ᠎ᠠ᠎ᠶ᠋ᠢ ᠱᠢᠢᠳᠪᠦᠷᠢᠯᠡᠵᠤ ᠬᠠᠷᠢᠭᠤ ᠲᠤᠰᠭᠠᠬᠤ ᠲᠤᠭ᠍ᠳᠠᠴᠠ᠎ᠶ᠋ᠢ ᠪᠠᠢᠭᠤᠯᠤᠨ
ᠪᠦᠷᠢᠨᠱᠢᠬᠦᠯᠦᠨᠡ᠃ ᠲᠥᠯᠥᠭᠡᠯᠡᠭ᠌ᠴᠢᠳ᠎ᠤᠨ ᠪᠣᠯᠪᠠᠰᠤᠷᠠᠭᠤᠯᠤᠯ᠎ᠤᠨ ᠠᠵᠢᠯ᠎ᠤᠨ ᠱᠢᠰᠲ᠋ᠧᠮᠵᠢᠯᠲᠡ᠂ ᠵᠢᠷᠤᠮᠵᠢᠭᠤᠯᠤᠯᠲᠠ᠂
ᠲᠤᠰᠭᠠᠢᠵᠢᠯᠲᠠᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠱᠢᠶᠠᠨ᠎ᠤ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ᠎ᠶ᠋ᠢᠨ 4 ᠬᠤᠭᠤᠴᠠᠭᠠᠨ᠎ᠤ ᠰᠤᠷᠤᠯᠴᠠᠬᠤ
ᠠᠩᠭᠢ᠎ᠶ᠋ᠢ ᠰᠠᠢᠲᠤᠷ ᠡᠷᠬᠢᠯᠡᠨ᠎ᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠤᠨ ᠪᠠᠢᠭᠤᠯᠤᠯᠲᠠ ᠪᠠ ᠬᠡᠷᠡᠭᠯᠡᠯᠲᠡ᠎ᠶ᠋ᠢ
ᠠᠬᠢᠭᠤᠯᠵᠤ᠂ ᠲᠡᠭᠦᠨ᠎ᠢ ᠲᠥᠯᠥᠭᠡᠯᠡᠭ᠌ᠴᠢᠳ᠎ᠤᠨ ᠰᠤᠷᠤᠯᠴᠠᠬᠤ ᠲᠠᠪᠴᠠᠩ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌
ᠠᠵᠢᠯ᠎ᠤᠨ ᠲᠠᠪᠴᠠᠩ᠂ ᠤᠯᠠᠨ ᠲᠦᠮᠡᠨ᠎ᠲᠠᠢ ᠬᠠᠷᠢᠯᠴᠠᠬᠤ ᠦᠢᠯᠡᠴᠢᠯᠡᠭᠡᠨ᠎ᠤ ᠲᠤᠯᠭᠠᠭᠤᠷᠢᠯᠠᠬᠤ ᠲᠠᠪᠴᠠᠩ ᠪᠣᠯᠭᠠᠨ᠎ᠠ᠃
ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠶᠠᠪᠤᠭᠤᠯᠬᠤ ᠬᠠᠮᠢᠶᠠᠷᠤᠯᠲᠠ ᠪᠠ
ᠬᠢᠨᠠᠯᠲᠠ᠎ᠪᠠᠨ ᠴᠢᠩᠭᠠᠳᠭᠠᠵᠤ᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠠᠩᠰᠠ
ᠡᠪᠬᠡᠮᠡᠯ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠠᠬᠢᠭᠤᠯᠤᠨ᠎ᠠ᠃
ᠵᠢᠷᠭᠤᠭ᠎ᠠ᠂ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠢ ᠬᠢᠨᠠᠮᠠᠭᠠᠶ ᠰᠠᠢᠲᠤᠷ ᠬᠢᠨ᠎ᠡ
ᠲᠡᠷᠢᠭᠦᠯᠡᠭ᠌ᠴᠢ ᠰᠢ᠎ᠶ᠋ᠢᠨ ᠫᠢᠩ᠎ᠤᠨ
ᠴᠢᠬᠤᠯᠠ ᠶᠡᠭᠡ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶ᠋ᠢ
ᠠᠬᠢᠭᠤᠯᠬᠤ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ ᠪᠣᠯᠤᠨ
ᠣᠯᠠᠨ ᠤᠯᠤᠰ ᠵᠢᠴᠢ ᠭᠠᠵᠠᠷ ᠣᠷᠣᠨ᠎ᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠰᠣᠯᠢᠯᠴᠠᠭ᠎ᠠ᠎ᠪᠠᠨ
ᠴᠢᠩᠭᠠᠳᠭᠠᠵᠤ᠂ ᠭᠤᠤᠯᠳᠠᠯᠭ᠎ᠠ᠎ᠲᠠᠢ ᠤᠯᠤᠰ ᠪᠣᠯᠤᠨ ᠭᠠᠵᠠᠷ ᠣᠷᠣᠨ᠎ᠤ ᠲᠣᠮᠣ ᠤᠯᠤᠰ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ
ᠬᠠᠮᠳᠤᠷᠠᠯᠴᠠᠭ᠎ᠠ᠎ᠶ᠋ᠢ ᠠᠬᠢᠭᠤᠯᠵᠤ᠂ ᠤᠯᠠᠨ ᠲᠡᠰ ᠳᠠᠪᠬᠤᠷᠭ᠎ᠠ᠂ ᠤᠯᠠᠨ ᠠᠷᠭ᠎ᠠ ᠵᠠᠮ ᠪᠦᠬᠦᠢ ᠭᠠᠳᠠᠭᠠᠳᠤ ᠬᠠᠷᠢᠯᠴᠠᠭ᠎ᠠ᠎ᠶ᠋ᠢ
ᠪᠠᠬᠢᠵᠢᠭᠦᠯᠦᠨ ᠭᠦᠨᠵᠡᠭᠡᠢᠷᠡᠭᠦᠯᠦᠨ᠎ᠡ᠃ ᠭᠠᠳᠠᠭᠠᠳᠤ ᠬᠠᠷᠢᠯᠴᠠᠭᠠᠨ᠎ᠤ ᠠᠵᠢᠯ ᠬᠢᠭᠡᠳ ᠭᠠᠳᠠᠭᠠᠳᠤ ᠤᠬᠠᠭᠤᠯᠭ᠎ᠠ᠎ᠶ᠋ᠢᠨ
ᠠᠵᠢᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ
ᠬᠠᠷᠢᠯᠴᠠᠭᠠᠨ᠎ᠤ ᠠᠵᠢᠯ᠎ᠤᠨ ᠬᠠᠨᠳᠤᠯᠭᠠᠲᠤ ᠴᠢᠨᠠᠷ᠂ ᠪᠣᠳᠠᠲᠤ ᠪᠦᠳᠦᠮᠵᠢᠳᠦ ᠴᠢᠨᠠᠷ᠎ᠢ ᠴᠢᠩᠭᠠᠳᠭᠠᠨ᠎ᠠ᠃ ᠭᠠᠳᠠᠭᠠᠳᠤ᠎ᠳᠤ
ᠬᠤᠯᠪᠣᠭ᠍ᠳᠠᠬᠤ ᠬᠠᠤᠯᠢ ᠴᠠᠭᠠᠵᠠ᠎ᠶ᠋ᠢᠨ ᠲᠡᠮᠡᠴᠡᠯ᠎ᠤᠨ ᠠᠭᠤᠯᠭ᠎ᠠ ᠪᠠ ᠬᠡᠯᠪᠡᠷᠢ᠎ᠶ᠋ᠢ ᠪᠠᠶᠠᠯᠢᠬ᠍ᠵᠢᠭᠤᠯᠤᠨ
ᠲᠡᠭᠦᠯᠳᠡᠷᠵᠢᠭᠦᠯᠵᠦ᠍᠂ ᠥᠭᠦᠯᠡᠭ᠌ᠴᠢ᠎ᠶ᠋ᠢᠨ ᠲᠣᠭ᠍ᠲᠠᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃
ᠲᠤᠯᠤᠭ᠎ᠠ᠂ 《ᠲᠦᠷᠪᠡᠨ ᠪᠠᠢᠭᠤᠯᠭ᠎ᠠ》 ᠶ᠋ᠢᠨ ᠱᠠᠭᠠᠷᠳᠠᠯᠭ᠎ᠠ ᠶᠣᠰᠣᠭᠠᠷ ᠪᠠᠢᠩᠭᠤ᠎ᠶ᠋ᠢᠨ ᠬᠤᠷᠢᠶᠠᠨ᠎ᠤ ᠲᠤᠰ
ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠨ᠎ᠠ
ᠨᠠᠮ᠎ᠤᠨ ᠤᠳᠤᠷᠢᠳᠤᠯᠭ᠎ᠠ᠎ᠶ᠋ᠢᠨ ᠡᠯ᠎ᠡ
ᠵᠦᠢᠯ᠎ᠤᠨ ᠲᠦᠷᠢᠮ᠎ᠢ ᠬᠢᠨᠠᠮᠠᠭᠠᠶ ᠬᠡᠷᠡᠭ᠌ᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ
ᠪᠠᠢᠩᠭᠤ᠎ᠶ᠋ᠢᠨ ᠬᠤᠷᠢᠶᠠᠨ᠎ᠤ《ᠲᠦᠷᠪᠡᠨ ᠪᠠᠢᠭᠤᠯᠭ᠎ᠠ》 ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠨ᠎ᠠ᠃ ᠨᠠᠮ᠎ᠢ
ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠪᠠᠢᠭᠤᠯᠭ᠎ᠠ᠎ᠶ᠋ᠢᠨ ᠤᠯᠤᠰ ᠲᠦᠷᠦ᠍᠎ᠶ᠋ᠢᠨ ᠪᠠᠢᠭᠤᠯᠤᠯᠲᠠ᠂
ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠂
ᠰᠠᠬᠢᠯᠭ᠎ᠠ ᠪᠠᠲᠤ᠎ᠶ᠋ᠢᠨ ᠪᠠᠢᠭᠤᠯᠤᠯᠲᠠ ᠪᠠ ᠲᠦᠷᠢᠮ᠎ᠤᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠨ᠎ᠠ᠃ ᠠᠷᠠᠳ᠎ᠤᠨ
ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ ᠪᠠ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠶ᠋ᠢᠨ ᠠᠵᠢᠯ᠎ᠢ ᠴᠢᠩᠭᠠᠳᠭᠠᠨ᠎ᠠ᠃ ᠣᠯᠠᠨ ᠲᠦᠮᠡᠨ᠎ᠤ
ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠰᠠᠢᠲᠤᠷ ᠬᠢᠨ᠎ᠡ᠃ ᠪᠠᠢᠭᠤᠯᠭ᠎ᠠ᠎ᠶ᠋ᠢᠨ ᠳ᠋ᠢᠵᠢᠲ᠋ᠠᠯᠵᠢᠭᠤᠯᠤᠯᠲᠠ᠂
ᠮᠡᠳᠡᠭᠡ ᠵᠠᠩᠭᠢᠴᠢᠯᠠᠯᠲᠠ᠂ ᠣᠶᠣᠨᠴᠢᠯᠠᠯᠲᠠ᠎ᠶ᠋ᠢᠨ ᠪᠠᠢᠭᠤᠯᠤᠯᠲᠠ᠎ᠶ᠋ᠢ
ᠴᠢᠩᠭᠠᠳᠭᠠᠨ᠎ᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ᠎ᠪᠠᠨ
ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠪᠦᠬᠦᠯᠢ ᠴᠣᠭ᠍ᠴᠠ᠎ᠶ᠋ᠢᠨ ᠪᠣᠳᠠᠲᠤ
ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃
ᠲᠥᠯᠥᠭᠡᠯᠡᠭ᠌ᠴᠢᠳ ᠡ!
ᠱᠢᠨ᠎ᠡ ᠲᠡᠮᠡᠴᠡᠯ᠎ᠤᠨ ᠠᠶᠠᠨ᠎ᠳᠤ᠂ ᠪᠢᠳᠡ
ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠢᠯᠡᠬᠦᠦ
ᠨᠢᠭ᠍ᠲᠠᠷᠠᠨ ᠪᠦᠯᠬᠦᠮᠳᠡᠵᠦ᠍᠂《ᠳᠦᠷᠪᠡᠨ ᠤᠬᠠᠮᠰᠠᠷ》 ᠵᠢᠡᠨ ᠴᠢᠩᠭᠠᠳᠭᠠᠨ᠂ 《ᠳᠦᠷᠪᠡᠨ ᠢᠲᠡᠭᠡᠯ》 ᠵᠢᠡᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠤᠨ᠂ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ
ᠡᠷᠬᠡ᠂ ᠲᠣᠭ᠍ᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ᠎ᠶ᠋ᠢ ᠵᠥᠪ ᠬᠡᠷᠡᠭ᠌ᠵᠢᠭᠦᠯᠵᠦ᠍᠂ ᠪᠦᠯᠬᠦᠮᠳᠡᠨ
ᠲᠡᠮᠡᠴᠡᠵᠤ᠂ ᠬᠠᠯᠠᠱᠢᠷᠠᠯ ᠦᠭᠡᠢ ᠵᠢᠳᠬᠦᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ
ᠨᠡᠢᠭᠡᠮ ᠵᠢᠷᠤᠮ᠎ᠤᠨ ᠠᠭᠤᠤ ᠶᠡᠭᠡ ᠢᠯᠠᠯᠲᠠ᠎ᠶ᠋ᠢ ᠲᠡᠮᠡᠴᠡᠨ ᠤᠯᠬᠤ᠎ᠶ᠋ᠢᠨ ᠲᠥᠯᠥᠭᠡ ᠱᠢᠨ᠎ᠡ ᠬᠤᠪᠢ ᠨᠡᠮᠡᠷᠢ
ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠠᠯᠲᠠ᠎ᠲᠠᠢ᠎ᠪᠠᠷ
ᠬᠤᠷᠠᠯᠳᠤᠬᠤ᠎ᠶ᠋ᠢ ᠤᠭ᠍ᠲᠤᠶ᠎ᠠ!
( ᠰᠢᠨᠬᠣᠸᠠ
ᠬᠣᠷᠢᠶᠠᠨ᠎ᠦ ᠪᠡᠭᠡᠵᠢᠩ ᠤ᠋ᠨ 3 ᠰᠠᠷ᠎ᠠ ᠵᠢᠨ 14 ᠤ᠋ ᠡᠳᠦᠷ ᠤ᠋ᠨ ᠴᠠᠬᠢᠯᠭᠠᠨ ᠮᠡᠳᠡᠭᠡ᠂ ᠳᠣᠮᠳᠠᠳᠣ ᠣᠯᠣᠰ ᠤ᠋ᠨ
ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )