ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶᠠᠨ ᠎ᠤ ᠤᠯᠤᠰ ᠲᠥᠷᠥ᠍ ᠬᠠᠸ᠋ᠯᠢ ᠴᠠᠭᠠᠵᠠ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
2022-03-17 09:38:29
ᠵᠣᠬᠢᠶᠠᠭ᠍ᠴᠢ᠄
​ᠯᠢ ᠬᠠᠨ
ᠣᠩᠱᠢᠭ᠍ᠰᠠᠨ ᠣᠳᠠᠭ᠎ᠠ᠄
★★★☆☆

ᠳ᠋ᠢᠩ ᠱᠢᠸ᠋ ᠹᠸᠩ ᠬᠤᠷᠠᠯ᠎ᠢ ᠡᠷᠭᠢᠯᠡᠵᠦ᠍ ᠶᠠᠷᠢᠶ᠎ᠠ ᠲᠠᠯᠪᠢᠵᠠᠢ

3 ᠰᠠᠷ᠎ᠠ᠎ᠶ᠋ᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ ᠎ᠶ᠋ᠢᠨ ᠭᠡᠱᠢᠭᠦᠨ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠣᠷᠢᠶᠠᠨ᠎ᠤ ᠱᠦᠵᠢ ᠳ᠋ᠢᠩ ᠱᠢᠸ᠋ ᠹᠸᠩ ᠬᠤᠷᠠᠯ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃

ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ ᠲᠠᠪᠤᠨ ᠵᠢᠯ ᠳᠠᠷᠠᠭᠠᠯᠠᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠭ᠍ᠰᠠᠨ ᠨᠢ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠢ᠎ᠡ ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠦᠨᠳᠦᠰᠦᠲᠡᠨ ᠎ᠨᠦᠭᠦᠳ᠎ᠦᠨ ᠤᠯᠠᠨ ᠲᠦᠮᠡᠨ᠎ᠢ ᠬᠠᠯᠠᠮᠵᠢᠯᠠᠨ ᠬᠠᠢᠷᠠᠯᠠᠵᠤ ᠪᠠᠢᠭ᠎ᠠ᠎ᠶ᠋ᠢ ᠬᠠᠷᠠᠭᠤᠯᠵᠤ ᠪᠠᠢᠨ᠎ᠠ᠃ ᠪᠦᠬᠦ᠌ ᠣᠷᠣᠨ᠎ᠤ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲᠸᠮ᠎ᠤᠨ ᠬᠢᠨ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠤᠷᠤᠯᠴᠠᠨ ᠡᠵᠡᠮᠱᠢᠵᠦ᠍᠂ ᠨᠢᠭᠡ ᠴᠤᠭ᠍ᠴᠠᠵᠢᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠯᠠᠩᠭᠤᠶ᠎ᠠ 《ᠲᠠᠪᠤᠨ ᠵᠠᠪᠠᠯ ᠶᠠᠪᠤᠬᠤ ᠵᠠᠮ》ᠤ᠋ᠨ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠵᠦ᠍᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌ ᠎ᠶ᠋ᠢ ᠨᠡᠪᠲᠡᠷᠡᠭᠦᠯᠵᠦ᠂ ᠮᠡᠳᠡᠬᠦ ᠢᠲᠡᠭᠡᠬᠦ ᠬᠢᠬᠦ᠎ᠶ᠋ᠢ ᠨᠢᠭᠡᠳᠭᠡᠬᠦ᠌ ᠬᠡᠷᠡᠭ᠌ᠲᠡᠢ ᠬᠡᠵᠦ ᠵᠢᠭᠠᠵᠤ ᠭᠠᠷᠭᠠᠪᠠ᠃

ᠬᠤᠷᠠᠯ ᠎ᠠᠴᠠ᠂ ᠤᠯᠤᠰ ᠲᠦᠷᠦ᠍ ᠎ᠶ᠋ᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠶ᠋ᠢ ᠬᠠᠤᠯᠢ ᠲᠣᠭ᠍ᠲᠠᠭᠠᠬᠤ᠂ ᠬᠠᠤᠯᠢ ᠬᠡᠷᠡᠭ᠌ᠵᠢᠭᠦᠯᠬᠦ᠂ ᠬᠠᠤᠯᠢ ᠪᠠᠷᠢᠬᠤ᠂ ᠬᠠᠤᠯᠢ ᠲᠦᠭᠡᠮᠡᠯᠵᠢᠭᠦᠯᠬᠦ᠌ ᠠᠵᠢᠯ᠎ᠤᠨ ᠡᠯ᠎ᠡ ᠲᠠᠯ᠎ᠠ᠂ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠬᠠᠤᠯᠢᠵᠢᠯ᠎ᠤᠨ ᠰᠠᠭᠤᠷᠢ᠎ᠶ᠋ᠢ ᠪᠠᠲᠤᠳᠭᠠᠬᠤ ᠬᠡᠷᠡᠭ᠌ᠲᠡᠢ᠃ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ 《ᠶᠡᠬᠡ ᠶᠠᠷᠢᠯᠴᠠᠭ᠎ᠠ》 ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠤᠳᠤᠯᠤᠨ ᠶᠠᠷᠢᠯᠴᠠᠵᠤ  ᠪᠠᠢᠴᠠᠭᠠᠨ ᠰᠢᠨᠵᠢᠯᠡᠬᠦ ᠵᠢ ᠭᠦᠨᠵᠡᠭᠡᠢᠷᠡᠭᠦᠯᠵᠦ᠍᠂ ᠱᠠᠯᠠᠪᠳᠠᠭᠤᠯᠤᠨ ᠵᠢᠯᠣᠭᠣᠳᠭᠤ ᠎ᠪᠠᠨ ᠴᠢᠩᠭᠠᠳᠭᠠᠵᠤ᠂ 《ᠶᠡᠬᠡ ᠶᠠᠷᠢᠯᠴᠠᠭ᠎ᠠ》 ᠵᠢᠨ ᠠᠵᠢᠯᠯᠠᠭ᠎ᠠ ᠎ᠶ᠋ᠢᠨ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠢ᠃ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭ᠌ᠲᠡᠢ᠃ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢ  ᠪᠠᠲᠤ ᠪᠤᠢ ᠪᠣᠯᠭᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠴᠢᠩᠭᠠᠳᠭᠠᠵᠤ᠂ ᠵᠥᠷᠢᠴᠡᠯ ᠵᠢᠭᠤᠷᠠᠯᠳᠤᠭᠠᠨ ᠎ᠢ  ᠪᠠᠢᠴᠠᠭᠠᠨ ᠱᠢᠢᠳᠪᠦᠷᠢᠯᠡᠬᠦ᠌ ᠠᠵᠢᠯ᠎ᠢ  ᠪᠠᠢᠩᠭᠤᠵᠢᠭᠤᠯᠤᠨ ᠥᠷᠨᠢᠭᠦᠯᠵᠦ᠍᠂ ᠠᠮᠤᠷ ᠲᠦᠪᠱᠢᠨ ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ᠂ ᠠᠶᠤᠯ ᠲᠦᠭ᠌ᠰᠢᠭᠦᠷᠢ ᠎ᠶ᠋ᠢ ᠰᠡᠷᠭᠡᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠢ᠎ᠡ᠎ᠶ᠋ᠢ ᠨᠠᠷᠢᠯᠢᠬ᠍ᠵᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ᠎ᠶ᠋ᠢ ᠡᠷᠡᠰ ᠪᠠᠲᠤ ᠴᠤᠬᠴᠠᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠭᠡᠵᠦ᠍ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号