ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠦᠨᠳᠦᠷ ᠵᠡᠷᠬᠡ ᠵᠢᠨ ᠰᠢᠬᠦᠬᠦ ᠬᠤᠷᠢᠶ᠎ᠠ ᠪᠦᠬᠦ ᠤᠷᠤᠨ ᠤ᠋ ᠰᠢᠬᠦᠬᠦ ᠬᠤᠷᠢᠶ᠎ᠠ ᠵᠢᠨ ᠸᠢᠳᠢᠣ᠋ ᠬᠤᠷᠠᠯ ᠬᠤᠷᠠᠯᠳᠤᠭᠤᠯᠵᠤ ᠪᠦᠬᠦ ᠤᠯᠤᠰ ᠤ᠋ᠨ 《ᠬᠤᠶᠠᠷ ᠬᠤᠷᠠᠯ》 ᠤ᠋ᠨ ᠵᠤᠷᠢᠬ ᠰᠠᠨᠠᠭ᠎ᠠ ᠵᠢ ᠰᠤᠷᠤᠯᠴᠠᠵᠤ ᠲᠤᠭᠤᠰᠢᠯᠠᠭᠤᠯᠵᠠᠢ
2022-03-17 09:45:14
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠶᠠᠩ ᠽᠦᠩ ᠷᠸᠨ ᠶᠠᠷᠢᠶ᠎ᠠ ᠲᠠᠯᠪᠢᠵᠠᠢ

3 ᠰᠠᠷ᠎ᠠ ᠵᠢᠨ15 ᠤ᠋ ᠡᠳᠦᠷ᠂ ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠦᠨᠳᠦᠷ ᠵᠡᠷᠬᠡ ᠵᠢᠨ ᠰᠢᠬᠦᠬᠦ ᠬᠤᠷᠢᠶ᠎ᠠ ᠸᠢᠳᠢᠣ᠋ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠠᠷᠠᠳ ᠤ᠋ᠨ ᠲᠦᠯᠦᠬᠡᠯᠡᠭᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠦᠪᠦᠷ ᠮᠤᠩᠭᠤᠯ ᠤ᠋ᠨ ᠲᠦᠯᠦᠬᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ ᠳ᠋ᠤ ᠤᠷᠤᠯᠴᠠᠬᠤ ᠦᠶ᠎ᠡ ᠵᠢᠨ ᠴᠢᠬᠤᠯᠠ ᠶᠠᠷᠢᠶᠠᠨ ᠤ᠋ ᠵᠤᠷᠢᠬ ᠰᠠᠨᠠᠭ᠎ᠠ ᠪᠤᠯᠤᠨ ᠪᠦᠬᠦ ᠤᠯᠤᠰ ᠤ᠋ᠨ《ᠬᠤᠶᠠᠷ ᠬᠤᠷᠠᠯ》 ᠤ᠋ᠨ ᠵᠤᠷᠢᠬ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠵᠤ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠪᠠᠢᠷᠢᠯᠠᠭᠤᠯᠵᠠᠢ᠃

ᠦᠪᠡᠷᠳᠡᠬᠡᠨ ᠵᠠᠰᠠᠬᠤ ᠤᠷᠤᠨ ᠤ᠋ ᠠᠷᠠᠳ ᠤ᠋ᠨ ᠦᠨᠳᠦᠷ ᠵᠡᠷᠬᠡ ᠵᠢᠨ ᠰᠢᠬᠦᠬᠦ ᠬᠤᠷᠢᠶᠠᠨ ᠎ᠤ ᠲᠠᠷᠤᠭ᠎ᠠ ᠶᠠᠩ ᠽᠦᠩ ᠷᠸᠨ ᠬᠤᠷᠠᠯ ᠳ᠋ᠤ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠠᠢ᠃

ᠬᠤᠷᠠᠯ ᠡᠴᠨ᠂ ᠪᠦᠬᠦ ᠤᠷᠤᠨ ᠤ᠋ ᠰᠢᠬᠦᠬᠦ ᠬᠤᠷᠢᠶ᠎ᠠ ᠪᠦᠬᠦ ᠤᠯᠤᠰ ᠤ᠋ᠨ《ᠬᠤᠶᠠᠷ ᠬᠤᠷᠠᠯ》 ᠤ᠋ᠨ ᠵᠤᠷᠢᠬ ᠰᠠᠨᠠᠭ᠎ᠠ᠂ ᠤᠨᠴᠠᠭᠠᠢᠯᠠᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠤᠷᠢᠬ ᠰᠠᠨᠠᠭ᠎ᠠ ᠵᠢ ᠬᠦᠨᠵᠡᠬᠡᠢ ᠰᠤᠷᠤᠯᠴᠠᠵᠤ ᠲᠤᠭᠤᠰᠢᠯᠠᠭᠤᠯᠬᠤ ᠵᠢ ᠤᠳᠤᠬᠠᠨ ᠤ᠋ ᠪᠠ ᠬᠤᠢᠰᠢᠳᠠ ᠵᠢᠨ ᠨᠢᠬᠡᠨ ᠬᠤᠭᠤᠴᠠᠭᠠᠨ ᠤ᠋ ᠴᠢᠬᠤᠯᠠ ᠤᠯᠤᠰ ᠲᠦᠷᠦ ᠵᠢᠨ ᠡᠬᠦᠷᠬᠡ ᠪᠤᠯᠭᠠᠵᠤ᠂  ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ ᠤ᠋ ᠵᠤᠷᠢᠬ ᠰᠠᠨᠠᠭ᠎ᠠ ᠵᠢᠨ ᠮᠦᠨ ᠴᠢᠨᠠᠷ᠂ ᠡᠯᠪᠡᠭ ᠪᠠᠶᠠᠯᠢᠬ ᠠᠭᠤᠯᠤᠬᠳᠠᠬᠤᠨ ᠪᠤᠯᠤᠨ ᠦᠢᠯᠡᠳᠦᠯᠬᠡ ᠵᠢᠨ ᠱᠠᠭᠠᠷᠳᠠᠯᠭ᠎ᠠ ᠵᠢ ᠬᠦᠨᠵᠡᠬᠡᠢ ᠤᠢᠯᠠᠭᠠᠨ ᠡᠵᠡᠮᠳᠡᠵᠦ᠂ ᠬᠦᠮᠦᠵᠢᠯ ᠪᠤᠯᠪᠠᠰᠤᠷᠠᠯ ᠪᠤᠯᠤᠨ ᠤᠬᠠᠭᠤᠯᠵᠤ ᠲᠠᠢᠯᠪᠤᠷᠢᠯᠠᠬᠤ ᠵᠢ ᠰᠠᠢᠳᠤᠷ ᠠᠳᠬᠤᠬᠤ ᠬᠡᠷᠡᠭᠳᠡᠢ᠃ ᠦᠷᠬᠡᠨ ᠤᠯᠠᠨ ᠺᠠᠳ᠋ᠷ ᠴᠠᠬᠳᠠᠭ᠎ᠠ ᠵᠢ ᠬᠦᠳᠦᠯᠦᠨ ᠵᠢᠯᠤᠭᠤᠳᠴᠤ 《ᠬᠤᠶᠠᠷ ᠢ᠋ ᠲᠤᠬᠳᠠᠭᠠᠭᠰᠠᠨ》ᠰᠢᠢᠳᠪᠦᠷᠢᠯᠡᠭᠴᠢ ᠴᠢᠨᠠᠷᠳᠠᠢ ᠠᠴᠢ ᠬᠤᠯᠪᠤᠬᠳᠠᠯ ᠢ᠋ ᠬᠦᠨᠵᠡᠬᠡᠢ ᠲᠠᠨᠢᠭᠤᠯᠤᠨ ᠮᠡᠳᠡᠷᠡᠬᠦᠯᠵᠦ᠂《ᠲᠦᠷᠪᠡᠨ ᠤᠬᠠᠮᠰᠠᠷ》ᠵᠢᠡᠨ ᠴᠢᠩᠭᠠᠳᠬᠠᠵᠤ᠂《ᠲᠦᠷᠪᠡᠨ ᠢᠳᠡᠬᠡᠯ》 ᠵᠢᠡᠨ ᠪᠠᠳᠤᠳᠬᠠᠵᠤ᠂ 《ᠬᠤᠶᠠᠷ ᠢ᠋ ᠬᠠᠮᠠᠭᠠᠯᠠᠬᠤ》 ᠵᠢ ᠪᠡᠶᠡᠯᠡᠬᠦᠯᠵᠦ᠂ ᠤᠯᠤᠰ ᠲᠦᠷᠦ᠂ ᠪᠠᠢᠯᠳᠤᠬᠤ ᠪᠤᠳᠤᠯᠭ᠎ᠠ ᠪᠤᠯᠤᠨ ᠪᠦᠬᠦ ᠲᠠᠯ᠎ᠠ ᠵᠢᠨ ᠦᠨᠳᠦᠷᠴᠡ ᠡᠴᠨ ᠰᠠᠨᠠᠭᠠᠴᠢᠯᠠᠭ᠎ᠠ ᠡᠴᠨ  ᠪᠡᠨ 《ᠲᠠᠪᠤᠨ ᠵᠠᠪᠠᠯ ᠶᠠᠪᠤᠬᠤ ᠵᠠᠮ》 ᠵᠢᠡᠷ ᠡᠷᠡᠰ ᠪᠠᠳᠤ ᠰᠠᠢᠳᠤᠷ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ ᠪᠤᠯᠤᠨ ᠨᠠᠮ ᠤ᠋ᠨ ᠲᠦᠪ ᠬᠤᠷᠢᠶ᠎ᠠ ᠵᠢᠨ ᠦᠪᠦᠷ ᠮᠤᠩᠭᠤᠯ ᠳ᠋ᠤ ᠲᠤᠬᠳᠠᠭᠠᠵᠤ ᠦᠭᠬᠦᠭᠰᠡᠨ ᠪᠠᠢᠯᠳᠤᠬᠤ ᠪᠤᠳᠤᠯᠭ᠎ᠠ ᠵᠢᠨ ᠪᠠᠢᠷᠢ ᠲᠤᠬᠳᠠᠭᠠᠯᠳᠠ ᠪᠤᠯᠤᠨ ᠠᠵᠢᠯᠯᠠᠭᠠᠨ ᠤ᠋ ᠬᠦᠳᠦᠯᠪᠦᠷᠢ ᠶᠤᠰᠤᠭᠠᠷ᠂ ᠰᠢᠬᠦᠨ ᠲᠠᠰᠤᠯᠤᠯᠳᠠ ᠵᠢᠨ ᠬᠡᠷᠡᠭᠵᠢᠬᠦᠯᠬᠦ ᠠᠵᠢᠯ ᠢ᠋ ᠤᠯᠤᠰ ᠲᠦᠷᠦ ᠵᠢᠨ ᠲᠠᠯ᠎ᠠ ᠡᠴᠨ ᠤᠬᠠᠭᠠᠯᠠᠵᠤ ᠲᠦᠰᠦᠪᠯᠡᠬᠦ᠂ ᠪᠠᠢᠷᠢᠯᠠᠭᠤᠯᠬᠤ ᠪᠠ ᠠᠬᠢᠭᠤᠯᠬᠤ ᠵᠢ ᠪᠠᠷᠢᠮᠳᠠᠯᠠᠵᠤ᠂ ᠢᠮᠠᠭᠳᠠ ᠶᠡᠷᠦᠩᠬᠡᠢ ᠱᠦᠵᠢ ᠵᠢᠨ ᠵᠢᠭᠠᠭᠰᠠᠨ ᠴᠢᠭᠯᠡᠯ ᠵᠢᠡᠷ ᠡᠷᠡᠰ ᠪᠠᠳᠤ ᠤᠷᠤᠬᠰᠢᠯᠠᠵᠤ᠂ ᠡᠬᠦᠷᠬᠡ ᠬᠠᠷᠢᠭᠤᠴᠠᠯᠭ᠎ᠠ ᠪᠡᠨ ᠡᠬᠦᠷᠬᠡᠯᠡᠵᠦ ᠴᠢᠷᠮᠠᠢᠯᠭ᠎ᠠ ᠵᠢᠳᠬᠦᠯ ᠭᠠᠷᠭᠠᠬᠤ ᠬᠡᠷᠡᠭᠳᠡᠢ ᠬᠡᠵᠦ ᠴᠢᠬᠤᠯᠠᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号