ᠯᠢ ᠭᠦᠸᠧ ᠴᠢᠨ ᠄ ᠨᠤᠲᠤᠭ ᠤᠰᠤ᠎ᠪᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠨ᠎ᠠ
2022-03-17 09:44:39
ᠵᠣᠬᠢᠶᠠᠭ᠍ᠴᠢ᠄
​ ᠪᠠᠶᠠᠰᠭᠤᠯᠠᠩ ᠤᠦ ᠱᠤᠸᠠᠩ ᠸᠠᠩ ᠱᠸ᠋ ᠬᠣᠩ
ᠣᠩᠱᠢᠭ᠍ᠰᠠᠨ ᠣᠳᠠᠭ᠎ᠠ᠄
★★★☆☆

2022 ᠣᠨ᠎ᠤ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭᠠᠳ ᠰᠠᠶᠢᠬᠠᠨ ᠨᠤᠲᠤᠭ᠎ᠲᠠᠭᠠᠨ ᠪᠤᠴᠠᠵᠤ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠤᠯᠤᠨ ᠨᠤᠤᠷ ᠱᠢᠶᠠᠨ᠎ᠤ ᠼᠠᠢ ᠮᠦ᠍ ᠱᠠᠨ ᠱᠢᠶᠠᠩ᠎ᠤᠨ ᠲᠢᠶ᠍ᠸ ᠬᠦᠩ ᠫᠤᠤ ᠽᠢ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠲᠣᠰᠭᠣᠨ᠎ᠤ ᠵᠥᠪᠯᠡᠯ᠎ᠦᠨ ᠡᠷᠬᠢᠯᠡᠭ᠌ᠴᠢ ᠯᠢ ᠭᠦᠸᠧ ᠴᠢᠨ ᠡᠨᠡ ᠬᠡᠳᠦᠨ ᠡᠳᠦᠷ ᠠᠵᠢᠯ᠎ᠤᠨ ᠪᠠᠢᠷᠢᠨ ᠳ᠋ᠠᠭᠠᠨ ᠶᠠᠭᠠᠷᠠᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠤᠯᠤᠰ᠎ᠤᠨ ᠬᠠᠮᠤᠭ᠎ᠤᠨ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢ ᠦᠨᠳᠦᠰᠦᠨ ᠱᠠᠲᠤᠨ᠎ᠳᠤ ᠤᠯᠠᠮᠵᠢᠯᠠᠪᠠ᠃

3 ᠰᠠᠷ᠎ᠠ᠎ᠶ᠋ᠢᠨ 14᠎ᠤ᠋ ᠡᠳᠦᠷ᠂ ᠼᠠᠢ ᠮᠦ᠍ ᠱᠠᠨ ᠱᠢᠶᠠᠩ᠎ᠤᠨ ᠲᠢᠶ᠍ᠸ ᠬᠦᠩ ᠫᠤᠤ ᠽᠢ ᠲᠣᠰᠭᠣᠨ᠎ᠤ ᠬᠤᠷᠠᠯ᠎ᠤᠨ ᠭᠡᠷ᠎ᠲᠦ᠂ ᠯᠢ ᠭᠦᠸᠧ ᠴᠢᠨ ᠲᠣᠰᠭᠣᠨ᠎ᠤ ᠺᠠᠳ᠋ᠷ ᠤᠯᠠᠨ ᠲᠦᠮᠡᠨ᠎ᠲᠡᠶ ᠬᠠᠮᠲᠤ ᠰᠠᠭᠤᠯᠴᠠᠵᠤ᠂ ᠡᠬᠡᠯ ᠪᠣᠷᠣᠭ᠍ᠵᠢᠭᠤᠨ ᠦᠭᠡ ᠶᠠᠷᠢᠶ᠎ᠠ᠎ᠪᠠᠷ ᠤᠯᠠᠨ᠎ᠳᠤ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠷᠠᠯᠳᠤᠭ᠍ᠰᠠᠨ ᠪᠠᠢᠳᠠᠯ᠎ᠢ ᠶᠠᠷᠢᠵᠤ᠂ ᠤᠯᠠᠨ᠎ᠳᠤ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠤᠯᠤᠰ᠎ᠤᠨ ᠬᠣᠯᠪᠣᠭ᠍ᠳᠠᠯ ᠪᠦᠬᠦᠢ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢᠨ ᠬᠠᠮᠲᠤ ᠠᠮᠢ ᠠᠬᠤᠢ᠎ᠶ᠋ᠢᠨ ᠬᠠᠮᠠᠭᠠᠯᠠᠯᠲᠠ᠂ ᠦᠨᠳᠦᠰᠦᠲᠡᠨ᠎ᠦ ᠪᠦᠯᠬᠦᠮᠳᠡᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠥᠪᠡᠷ᠎ᠦᠨ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠲᠦᠷᠦᠭ᠌ᠳᠡᠯ᠎ᠢᠶᠡᠨ ᠬᠤᠪᠢᠶᠠᠯᠴᠠᠪᠠ᠃

ᠵᠢᠯ᠎ᠤᠨ ᠠᠵᠢᠯ ᠬᠠᠪᠤᠷ ᠲᠠᠭᠠᠨ ᠭᠡᠳᠡᠭᠴᠢᠯᠡᠨ ᠳᠠᠷᠪᠠᠭᠤᠯ ᠬᠡᠢᠰᠭᠡᠨ ᠡᠷᠡᠮᠡᠬᠡᠢᠯᠡᠨ ᠤᠷᠤᠭ᠍ᠰᠢᠯᠠᠬᠤ ᠴᠠᠭ ᠢᠷᠡᠵᠦᠭᠦᠢ᠃ ᠯᠢ ᠭᠦᠸᠧ ᠴᠢᠨ᠎ᠦ ᠤᠬᠠᠭᠤᠯᠤᠨ ᠲᠠᠢᠯᠪᠤᠷᠢᠯᠠᠯᠲᠠ ᠨᠢ ᠡᠨᠳᠡᠬᠢ ᠺᠠᠳ᠋ᠷ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ᠎ᠶ᠋ᠢ ᠤᠯᠠᠮ ᠬᠥᠭ᠌ᠵᠢᠭᠡᠵᠦ᠍᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ ᠲᠦᠷᠦᠭ᠌ᠳᠡᠯ᠎ᠢᠶᠡᠨ ᠶᠠᠷᠢᠬᠤ᠎ᠳᠤ᠂ ᠤᠯᠠᠨ᠎ᠢᠶᠠᠷ᠎ᠢᠶᠠᠨ ᠮᠠᠰᠢ ᠤᠷᠮᠠᠱᠢᠨ ᠵᠣᠷᠢᠭ᠍ᠵᠢᠵᠠᠢ ᠭᠡᠵᠦ ᠢᠯᠡᠳᠭᠡᠵᠡᠭᠡᠪᠡ᠃

ᠼᠠᠢ ᠮᠦ᠍ ᠱᠠᠨ ᠱᠢᠶᠠᠩ᠎ᠤᠨ ᠲᠢᠶᠧ ᠭᠦᠩ ᠫᠤᠤ ᠽᠢ ᠲᠣᠰᠭᠣᠨ᠎ᠤ ᠠᠷᠠᠳ ᠬ᠍ᠸ᠋ ᠵᠢᠶᠦ᠋ᠨ ᠶᠤᠸᠠᠨ ᠰᠤᠷᠪᠤᠯᠵᠢᠯᠠᠭ᠍ᠴᠢ᠎ᠳᠤ᠂ ᠯᠢ ᠱᠦᠵᠢ ᠲᠡᠷᠡ ᠲᠠᠷᠤᠢ᠎ᠳᠤᠨᠢ ᠪᠢᠳᠡᠨ᠎ᠳᠦ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠮᠢᠨᠦ᠍ ᠰᠡᠳᠭᠢᠯ ᠴᠦ᠍ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠨᠢᠰᠦᠨ ᠬᠦᠷᠦᠭ᠌ᠰᠡᠨ ᠱᠢᠭ ᠰᠠᠨᠠᠭ᠍ᠳᠠᠪᠠ᠃ ᠠᠮᠢ ᠠᠬᠤᠶ᠎ᠶ᠋ᠢᠨ ᠲᠣᠰᠭᠣᠨ ᠪᠣᠯᠤᠭ᠍ᠰᠠᠨ᠎ᠤ ᠬᠤᠪᠢ᠎ᠳᠤ᠂ ᠮᠠᠨ᠎ᠤ ᠲᠣᠰᠭᠣᠨ᠎ᠤ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ ᠮᠠᠰᠢ ᠰᠠᠢᠨ᠃ ᠬᠣᠢᠱᠢᠳᠠ᠂ ᠪᠢᠳᠡ ᠬᠢᠯᠪᠠᠷ ᠪᠤᠰᠤ᠎ᠪᠠᠷ ᠣᠯᠤᠭ᠍ᠰᠠᠨ ᠠᠮᠢ ᠠᠬᠤᠢ᠎ᠶ᠋ᠢᠨ ᠦᠷ᠎ᠡ ᠪᠦᠲᠦᠭᠡᠯ᠎ᠢᠶᠡᠨ ᠬᠤᠪᠢ ᠲᠠᠬᠢᠨ ᠨᠠᠨᠳᠢᠩᠨᠠᠵᠤ᠂ ᠠᠮᠢ ᠠᠬᠤᠢ ᠣᠷᠴᠢᠨ ᠲᠣᠭᠣᠷᠢᠨ᠎ᠢ ᠡᠷᠡᠰ ᠭᠤᠢᠪᠢᠰᠢ ᠦᠭᠡᠢ ᠰᠠᠢᠲᠤᠷ ᠬᠠᠮᠠᠭᠠᠯᠠᠵᠤ᠂ ᠪᠣᠬᠢᠷᠲᠤᠯ ᠦᠭᠡᠢ ᠵᠢᠭᠤᠯᠴᠢᠯᠠᠯ᠎ᠢ ᠬᠥᠭ᠌ᠵᠢᠭᠦᠯᠦᠨ᠎ᠡ ᠭᠡᠪᠡ᠃

ᠯᠢ ᠭᠦᠸᠧ ᠴᠢᠨ᠄《ᠡᠨᠡ ᠤᠳᠠᠭ᠎ᠠ᠎ᠶ᠋ᠢᠨ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠬᠠᠮᠤᠭ᠎ᠤᠨ ᠶᠡᠬᠡ ᠣᠯᠤᠯᠲᠠ ᠪᠣᠯ 〈ᠲᠤᠮᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ〉ᠢ᠋ ᠣᠯᠵᠤ ᠬᠠᠷᠠᠭ᠍ᠰᠠᠨ ᠶᠠᠪᠤᠳᠠᠯ ᠪᠣᠯᠤᠨ᠎ᠠ᠃ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ 5 ᠵᠢᠯ᠎ᠦᠨ ᠲᠤᠷᠰᠢ᠂ ᠮᠢᠨᠦ ᠬᠠᠷᠠᠭ᠎ᠠ ᠨᠠᠩ ᠦᠷᠭᠡᠳᠴᠦ᠂ ᠨᠠᠩ ᠬᠤᠯᠠ᠎ᠵᠢᠨ ᠬᠠᠷᠠᠴᠠ᠎ᠲᠠᠶ ᠪᠣᠯᠵᠠᠶ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠲᠠᠷᠠᠭᠠᠴᠢ᠎ᠶ᠋ᠢᠨ ᠠᠯᠬᠤᠮ᠎ᠳᠤ᠂ ᠪᠢ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠠᠵᠢᠯᠯᠠᠵᠤ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ ᠳ᠋ᠦ ᠳᠠᠮᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠱᠠᠭᠠᠷᠳᠠᠯᠭ᠎ᠠ ᠶᠣᠰᠣᠭᠠᠷ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷ᠎ᠦᠨ ᠨᠤᠲᠤᠭ ᠤᠰᠤ᠎ᠪᠠᠨ ᠨᠠᠩ ᠦᠵᠡᠰᠭᠦᠯᠡᠩᠲᠦ ᠰᠠᠢᠬᠠᠨ ᠪᠣᠯᠭᠠᠬᠤ᠎ᠪᠠᠷ ᠴᠢᠷᠮᠠᠢᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ᠎ᠠ》 ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号