ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠠᠵᠢᠯ᠎ᠤᠨ ᠮᠡᠳᠡᠭᠦᠯᠦᠯᠳᠡ
2022-03-18 09:58:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 2022 ᠣᠨ᠎ᠤ 3 ᠰᠠᠷ᠎ᠠ᠎ᠶ᠋ᠢᠨ 8 ᠎ᠤ᠋ ᠡᠳᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ  ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯ ᠳᠡᠭᠡᠷ᠎ᠡ 

ᠠᠷᠠᠳ᠎ᠦᠨ ᠲᠡᠭᠡᠳᠦ ᠰᠢᠬᠦᠬᠦ  ᠬᠤᠷᠢᠶ᠎ᠡ ᠵᠢᠨ  ᠲᠠᠷᠣᠭ᠎ᠠ  ᠵᠸᠦ ᠴᠢᠶᠠᠩ

ᠲᠥᠯᠥᠭᠡᠯᠡᠭ᠌ᠴᠢᠳ ᠡ᠄

ᠪᠢ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠎ᠶ᠋ᠢ ᠲᠥᠯᠥᠭᠡᠯᠡᠨ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠴᠤ᠌ ᠰᠠᠨᠠᠯ᠎ᠢᠶᠠᠨ ᠳᠤᠷᠠᠳᠭᠤ ᠪᠣᠯᠪᠠ ᠤᠤ᠃

2021 ᠣᠨ᠎ᠤ ᠭᠤᠣᠯ ᠠᠵᠢᠯ

2021 ᠣᠨ᠎ᠳᠤ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠢ ᠬᠢᠨᠠᠯᠲᠠ ᠳᠣᠣᠷ᠎ᠠ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠱᠢᠢᠳᠪᠦᠷᠢ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ 《ᠬᠤᠶᠠᠷ᠎ᠢ ᠲᠤᠭ᠍ᠲᠠᠭᠠᠬ᠍ᠰᠠᠨ》 ᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠨᠡᠮᠡᠭ᠌ᠳᠡᠭᠦᠯᠵᠦ᠍᠂ 《ᠳᠥᠷᠪᠡᠨ ᠢᠲᠡᠭᠡᠯ》ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 《ᠬᠠᠤᠯᠢ ᠪᠠᠷᠢᠵᠤ ᠱᠢᠢᠳᠪᠦᠷᠢᠯᠡᠭ᠌ᠰᠠᠨ ᠬᠡᠷᠡᠭ ᠨᠢᠭᠡᠪᠦᠷᠢ᠎ᠡᠴᠡ ᠲᠦᠪ ᠭᠤᠤᠯᠴᠢ ᠱᠢᠳᠤᠷᠭᠤ ᠶᠤᠰᠤ᠎ᠶ᠋ᠢ ᠪᠠᠷᠢᠮᠲᠠᠯᠠᠭ᠍ᠰᠠᠨ ᠭᠡᠳᠡᠭ᠎ᠢ ᠠᠷᠠᠳ ᠤᠯᠠᠨ᠎ᠳᠤ ᠮᠡᠳᠡᠷᠡᠭᠦᠯᠬᠦ᠌᠎ᠪᠠᠷ ᠴᠢᠷᠮᠠᠢᠬᠤ》 ᠬᠠᠷᠠᠯᠲᠠ᠎ᠲᠠᠢ ᠨᠢᠭ᠍ᠲᠠ ᠤᠶᠠᠯᠳᠤᠭᠤᠯᠤᠨ᠂ ᠶᠡᠭᠡ ᠲᠠᠯ᠎ᠠ᠎ᠳᠤ ᠦᠢᠯᠡᠴᠢᠯᠡᠬᠦ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠲᠤᠷᠭᠤ᠎ᠪᠠᠷ ᠭᠦᠢᠴᠡᠳᠭᠡᠵᠦ᠍᠂ ᠡᠯ᠎ᠡ ᠵᠦᠢᠯ᠎ᠤᠨ ᠠᠵᠢᠯ ᠱᠢᠨ᠎ᠡ ᠠᠬᠢᠯᠲᠠ᠎ᠲᠠᠢ ᠪᠤᠯᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶ᠎ᠠ 33602 ᠬᠤᠪᠢ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 28720 ᠬᠤᠪᠢ ᠬᠡᠷᠡᠭ᠎ᠢ ᠱᠢᠭᠦᠨ ᠳᠠᠭᠤᠰᠭᠠᠵᠤ᠂ 24 ᠬᠤᠪᠢ ᠬᠠᠤᠯᠢ ᠪᠠᠷᠢᠬᠤ ᠲᠠᠢᠯᠪᠤᠷᠢᠯᠠᠯᠲᠠ ᠲᠣᠭ᠍ᠲᠠᠭᠠᠵᠤ᠂ ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠎ᠶ᠋ᠢ 31 ᠨᠡᠢᠲᠡᠯᠡᠵᠦ᠍᠂ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠱᠢᠭᠦᠨ ᠲᠠᠰᠤᠯᠬᠤ ᠠᠵᠢᠯ᠎ᠳᠤ ᠬᠢᠨᠠᠯᠲᠠ ᠲᠠᠯᠪᠢᠵᠤ ᠵᠢᠯᠣᠭᠤᠳᠭᠤ᠎ᠪᠠᠨ ᠴᠢᠩᠭᠠᠳᠭᠠᠪᠠ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠱᠢᠭᠦᠬᠦ᠌ ᠬᠤᠷᠢᠶ᠎ᠠ ᠪᠠ ᠠᠷᠠᠳ᠎ᠤᠨ ᠲᠤᠰᠭᠠᠶ ᠱᠢᠭᠦᠬᠦ᠌ ᠬᠤᠷᠢᠶ᠎ᠠ 3351.6 ᠲᠦᠮᠡᠨ ᠬᠤᠪᠢ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂ 3010.4 ᠲᠦᠮᠡᠨ ᠬᠤᠪᠢ᠎ᠶ᠋ᠢ ᠱᠢᠭᠦᠵᠦ᠍ ᠳᠠᠭᠤᠰᠭᠠᠭ᠍ᠰᠠᠨ ᠪᠠ ᠭᠦᠢᠴᠡᠳᠭᠡᠵᠤ ᠳᠠᠭᠤᠰᠭᠠᠨ᠂ ᠬᠡᠷᠡᠭ᠎ᠢ ᠱᠢᠭᠦᠵᠦ᠍ ᠳᠠᠭᠤᠰᠭᠠᠭ᠍ᠰᠠᠨ ᠬᠠᠷᠠᠯᠲᠠ ᠲᠤᠭ᠎ᠠ 8.3 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠡᠶ᠃ ᠱᠢᠭᠦᠨ ᠲᠠᠰᠤᠯᠬᠤ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ᠂ ᠨᠡᠩ ᠦᠨᠳᠦᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠲᠤ ᠤᠯᠤᠰ᠂ ᠬᠠᠤᠯᠢ᠎ᠪᠠᠷ ᠵᠠᠰᠠᠬᠤ ᠳᠤᠮᠳᠠᠲᠤ ᠤᠯᠤᠰ᠎ᠢ ᠪᠠᠢᠭᠤᠯᠬᠤ᠎ᠶ᠋ᠢ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠡᠬᠢᠯᠡᠯᠲᠡ᠎ᠶ᠋ᠢ ᠪᠡᠶᠡᠯᠡᠭᠦᠯᠬᠦ᠌᠎ᠳᠤ ᠬᠠᠤᠯᠢ ᠪᠠᠷᠢᠬᠤ ᠬᠦᠴᠦᠲᠡᠶ ᠦᠢᠯᠡᠴᠢᠯᠡᠭᠡ ᠬᠠᠩᠭᠠᠪᠠ᠃

ᠨᠢᠭᠡ᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠡᠷᠡᠰ ᠬᠠᠮᠠᠭᠠᠯᠠᠪᠠ

ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠬᠢᠨᠠᠮᠠᠭᠠᠶ ᠲᠤᠭᠤᠱᠢᠯᠠᠭᠤᠯᠵᠤ᠂ ᠡᠯ᠎ᠡ ᠲᠦᠷᠦᠯ᠎ᠤᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠪᠡ᠃ ᠡᠯ᠎ᠡ ᠱᠠᠲᠤᠨ᠎ᠤ ᠱᠢᠭᠦᠬᠦ᠌ ᠬᠤᠷᠢᠶ᠎ᠠ ᠨᠢᠭᠡᠳᠦᠭᠡᠷ ᠱᠢᠭᠦᠯᠲᠡ᠎ᠶ᠋ᠢᠨ ᠡᠷᠡᠭᠦᠦ᠍᠎ᠶ᠋ᠢᠨ ᠬᠡᠷᠡᠭ᠎ᠢ 125.6 ᠲᠦᠮᠡᠨ ᠬᠤᠪᠢ ᠱᠢᠭᠦᠨ ᠳᠠᠭᠤᠰᠭᠠᠵᠤ᠂ 171.5 ᠲᠦᠮᠡᠨ ᠶᠠᠯᠠᠲᠠᠨ᠎ᠢ ᠱᠢᠢᠳᠭᠡᠪᠡ᠃ ᠨᠠᠢ᠍ᠮᠠᠨ ᠲᠦᠷᠦᠯ᠎ᠤᠨ ᠭᠤᠤᠯ ᠡᠷᠡᠭᠦᠦ᠍᠎ᠶ᠋ᠢᠨ ᠶᠠᠯᠠᠲᠤ ᠬᠡᠷᠡᠭ ᠦᠷᠭᠦᠯᠵᠢᠯᠡᠨ ᠲᠤᠤᠷ᠎ᠠ ᠬᠡᠮᠵᠢᠶᠡᠨ᠎ᠳᠤ ᠪᠠᠢᠵᠤ᠂ ᠪᠦᠬᠦ᠌ ᠡᠷᠡᠭᠦᠦ᠍᠎ᠶ᠋ᠢᠨ ᠬᠡᠷᠡᠭ᠎ᠲᠤ ᠡᠵᠡᠯᠡᠬᠦ᠌ ᠬᠠᠷᠢᠴᠠᠯ᠎ᠨᠢ ᠲᠤᠭ᠍ᠲᠠᠭᠤᠨ᠎ᠢᠶᠠᠷ ᠪᠠᠭᠤᠷᠠᠵᠤ᠂ ᠮᠠᠨ᠎ᠤ ᠤᠯᠤᠰ ᠳᠡᠯᠡᠬᠡᠶ ᠳᠡᠭᠡᠷᠡᠬᠢ ᠬᠠᠮᠤᠭ᠎ᠤᠨ ᠠᠮᠤᠷ ᠲᠦᠪᠱᠢᠨ ᠤᠯᠤᠰ᠎ᠤᠨ ᠨᠢᠭᠡ ᠪᠤᠯᠪᠠ᠃

ᠤᠯᠤᠰ ᠣᠷᠣᠨ᠎ᠤ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠪᠠ ᠨᠡᠢᠭᠡᠮ᠎ᠤᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠲᠥᠷᠥ᠎ᠶ᠋ᠢᠨ ᠵᠠᠰᠠᠭ᠎ᠤᠨ ᠡᠷᠬᠡ᠎ᠶ᠋ᠢ ᠨᠤᠷᠠᠭᠠᠬᠤ᠎ᠪᠠᠷ ᠥᠳᠥᠭᠡᠭ᠌ᠰᠡᠨ᠂ ᠲᠠᠩᠨᠠᠭᠤᠯ ᠨᠢᠭᠤᠴᠠ᠎ᠶ᠋ᠢ ᠬᠤᠯᠠᠭᠠᠢᠯᠠᠭ᠍ᠰᠠᠨ᠂ ᠭᠠᠵᠢᠭᠤ ᠨᠣᠮᠯᠠᠯ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠲᠦᠷᠦ᠍᠎ᠶ᠋ᠢᠨ ᠵᠠᠰᠠᠭ᠎ᠤᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠤᠯᠤᠰ ᠣᠷᠣᠨ᠎ᠤ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠠᠵᠢᠯᠯᠠᠭ᠎ᠠ᠎ᠳᠤ ᠡᠳ᠋ ᠮᠥᠩᠭᠦ᠎ᠪᠠᠷ ᠲᠤᠰᠠᠯᠠᠭ᠍ᠰᠠᠨ ᠯᠢ ᠾᠧᠩ ᠯᠢ᠎ᠶ᠋ᠢ ᠬᠠᠤᠯᠢ ᠶᠣᠰᠣᠭᠠᠷ ᠶᠠᠯ᠎ᠠ ᠲᠣᠭ᠍ᠲᠠᠭᠠᠵᠤ ᠡᠷᠡᠭᠦᠦ᠍᠎ᠪᠠᠷ ᠱᠢᠢᠳᠭᠡᠪᠡ᠃ ᠰᠦᠯᠵᠢᠶ᠎ᠡ᠎ᠪᠠᠷ ᠳᠠᠮᠵᠢᠭᠤᠯᠤᠨ ᠪᠤᠷᠤᠯᠠᠭᠤᠯᠤᠭ᠍ᠰᠠᠨ᠂ ᠰᠦᠯᠵᠢᠶ᠎ᠡ᠎ᠪᠠᠷ ᠵᠤᠭᠤᠰ ᠨᠠᠭᠠᠳᠤᠭ᠍ᠰᠡᠨ᠂ ᠮᠡᠳᠡᠭᠡ ᠵᠠᠩᠬᠢ᠎ᠶ᠋ᠢᠨ ᠰᠦᠯᠵᠢᠶ᠎ᠡ᠎ᠶ᠋ᠢ ᠬᠠᠤᠯᠢ ᠪᠤᠰᠤ᠎ᠪᠠᠷ ᠠᠱᠢᠭ᠍ᠯᠠᠭ᠍ᠰᠠᠨ ᠵᠡᠷᠭᠡ ᠶᠠᠯᠠᠲᠤ ᠬᠡᠷᠡᠭ᠎ᠢ 9.2 ᠲᠦᠮᠡᠨ ᠬᠤᠪᠢ ᠱᠢᠭᠦᠨ ᠳᠠᠭᠤᠰᠭᠠᠵᠤ᠂ ᠢᠨᠲ᠋ᠧᠷ ᠰᠦᠯᠵᠢᠶᠡᠨ᠎ᠤ ᠠᠮᠤᠷ ᠲᠦᠪᠱᠢᠨ᠎ᠢ ᠬᠠᠮᠠᠭᠠᠯᠠᠪᠠ᠃ ᠠᠮᠢᠳᠤ ᠪᠣᠳᠠᠰ᠎ᠤᠨ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠤᠯᠤᠰ᠎ᠤᠨ ᠠᠮᠢᠳᠤ ᠪᠤᠳᠠᠰ᠎ᠤᠨ ᠠᠮᠤᠷ ᠲᠦᠪᠱᠢᠨ᠎ᠢ ᠬᠠᠮᠠᠭᠠᠯᠠᠵᠤ᠂ ᠠᠷᠠᠳ ᠲᠦᠮᠡᠨ᠎ᠤ ᠠᠮᠢ ᠨᠠᠰᠤ ᠡᠷᠡᠭᠦᠯ ᠮᠡᠨᠳᠦ᠍᠎ᠶ᠋ᠢ ᠪᠠᠲᠤᠯᠠᠪᠠ᠃ ᠬᠥᠮᠦᠨ ᠠᠯᠠᠭ᠍ᠰᠠᠨ᠂ ᠭᠠᠯ ᠲᠠᠯᠪᠢᠭ᠍ᠰᠠᠨ᠂ ᠳᠡᠭᠡᠷᠡᠮᠳᠡᠭ᠌ᠰᠡᠨ ᠵᠡᠷᠭᠡ ᠬᠦᠨᠳᠦ ᠨᠣᠴᠢᠲᠠᠶ ᠬᠦᠴᠦᠷᠬᠡᠭ᠌ᠯᠡᠯ᠎ᠤᠨ ᠶᠠᠯᠠᠲᠤ ᠬᠡᠷᠡᠭ᠎ᠢ 4.9 ᠲᠦᠮᠡᠨ ᠬᠤᠪᠢ ᠱᠢᠭᠦᠨ ᠳᠠᠭᠤᠰᠭᠠᠪᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ᠎ᠲᠠᠢ ᠬᠠᠮᠲᠤᠷᠠᠨ ᠫᠤᠤ ᠵᠡᠪᠰᠡᠭ ᠳᠡᠯᠪᠡᠷᠡᠯᠲᠡ᠎ᠳᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠰᠠᠨᠠᠯ᠎ᠢ ᠨᠡᠢᠲᠡᠯᠡᠵᠦ᠍᠂ ᠬᠤᠯᠪᠣᠭ᠍ᠳᠠᠯ ᠪᠦᠬᠦᠢ ᠬᠡᠷᠡᠭ᠎ᠢ 9984 ᠬᠤᠪᠢ ᠱᠢᠭᠦᠨ ᠳᠠᠭᠤᠰᠭᠠᠪᠠ᠃ ᠬᠤᠤᠷᠲᠤ ᠡᠳ᠋᠎ᠤᠨ ᠶᠠᠯᠠᠲᠤ ᠬᠡᠷᠡᠭ᠎ᠢ 5.6 ᠲᠦᠮᠡᠨ ᠬᠤᠪᠢ ᠱᠢᠭᠦᠨ ᠳᠠᠭᠤᠰᠭᠠᠵᠤ᠂ ᠨᠢᠭᠤᠴᠠ᠎ᠪᠠᠷ ᠠᠷᠠᠯᠵᠢᠶᠠᠯᠠᠭ᠍ᠰᠠᠨ᠂ ᠬᠤᠤᠷᠲᠤ ᠡᠳ᠋ ᠦᠢᠯᠡᠳᠦᠭ᠌ᠰᠡᠨ ᠵᠡᠷᠭᠡ ᠡᠬᠢ ᠡᠭᠦᠰᠦᠯ᠎ᠤᠨ ᠴᠢᠨᠠᠷᠲᠠᠶ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠡ᠃ ᠡᠮᠡᠭᠳᠡᠢᠴᠣᠳ ᠬᠡᠣᠭᠡᠳ᠎ᠢ ᠮᠡᠭᠡᠯᠡᠨ ᠬᠣᠳᠠᠯᠳᠣᠬᠰᠠᠨ ᠶᠠᠯᠠᠳᠣ ᠬᠡᠷᠡᠭ᠎ᠢ 541 ᠬᠣᠪᠢ ᠰᠢᠬᠦᠨ ᠲᠠᠭᠣᠰᠬᠠᠪᠠ᠃ ᠴᠠᠭ᠍ᠳᠠᠭ᠎ᠠ᠎ᠶ᠋ᠢ ᠳᠠᠭᠠᠷᠢᠭ᠍ᠰᠠᠨ 4586 ᠬᠤᠪᠢ ᠶᠠᠯᠠᠲᠤ ᠬᠡᠷᠡᠭ᠎ᠢ ᠱᠢᠭᠦᠨ ᠳᠠᠭᠤᠰᠭᠠᠪᠡ᠃ ᠬᠦᠴᠦᠷᠬᠡᠭ᠌ᠯᠡᠯ᠎ᠢᠶᠠᠷ ᠡᠮᠴᠢ᠎ᠶ᠋ᠢ ᠭᠡᠮᠲᠦᠭᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠡᠮᠨᠡᠯᠭᠡ᠎ᠶ᠋ᠢᠨ ᠠᠵᠢᠯᠲᠠᠨ᠎ᠤ ᠠᠮᠤᠷ ᠲᠦᠪᠱᠢᠨ ᠪᠠ ᠡᠮᠨᠡᠯᠭᠡ᠎ᠶ᠋ᠢᠨ ᠬᠡᠪ᠎ᠤᠨ ᠡᠮᠬᠢ ᠵᠢᠷᠤᠮ᠎ᠢ ᠪᠠᠲᠤᠯᠠᠵᠤ᠂ ᠡᠮᠨᠡᠯᠭᠡ᠎ᠶ᠋ᠢᠨ ᠠᠵᠢᠯᠲᠠᠨ ᠪᠠ ᠦᠷᠭᠡᠨ ᠤᠯᠠᠨ ᠡᠪᠡᠳᠴᠢᠲᠡᠨ᠎ᠳᠤ ᠡᠮᠴᠢᠯᠡᠭᠡᠨ᠎ᠤ ᠰᠠᠢᠨ ᠤᠷᠴᠢᠨ ᠨᠦᠬᠦᠴᠡᠯ᠎ᠢ ᠡᠭᠦᠳᠴᠦ᠍ ᠦᠭ᠌ᠪᠡ᠃ ᠠᠷᠠᠳ᠎ᠤᠨ ᠱᠢᠬᠦᠬᠦ᠌ ᠬᠤᠷᠢᠶ᠎ᠠ ᠠᠯᠠᠬᠤ ᠡᠷᠡᠭᠦᠦ᠍᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠲᠤᠭᠤᠱᠢᠯᠠᠭᠤᠯᠵᠤ᠂ ᠣᠯᠠᠨ ᠨᠡᠢᠲᠡ᠎ᠶ᠋ᠢᠨ ᠠᠮᠤᠷ ᠲᠦᠪᠱᠢᠨ᠎ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭ᠍ᠰᠠᠨ᠂ ᠣᠯᠠᠨ ᠲᠦᠮᠡᠨ᠎ᠤ ᠠᠮᠤᠷ ᠲᠦᠪᠱᠢᠨ᠎ᠤ ᠲᠥᠷᠥᠭ᠌ᠳᠡᠯ᠎ᠢ ᠬᠦᠨᠳᠦ ᠨᠣᠴᠢᠲᠠᠶ ᠨᠥᠯᠥᠭᠡᠯᠡᠭ᠌ᠰᠡᠨ ᠶᠠᠯᠠᠲᠤ ᠠᠵᠢᠯᠯᠠᠭ᠎ᠠ᠂ ᠡᠮᠡᠭ᠌ᠲᠡᠢᠴᠦᠳ ᠬᠡᠦᠬᠡᠳ᠂ ᠨᠠᠰᠤᠲᠠᠢᠴᠤᠳ᠎ᠢ ᠬᠤᠤᠷᠯᠠᠵᠤ ᠬᠡᠮᠲᠦᠭᠡᠭ᠌ᠰᠡᠨ ᠵᠡᠷᠭᠡ ᠬᠠᠤᠯᠢ ᠴᠠᠭᠠᠵᠠ ᠪᠠ ᠶᠤᠰᠤ ᠵᠦᠢ᠎ᠶ᠋ᠢᠨ ᠬᠢᠵᠠᠭᠠᠷ ᠱᠤᠭᠤᠮ᠎ᠢ ᠬᠦᠨᠳᠡᠭ᠌ᠰᠡᠨ ᠶᠠᠯᠠᠲᠤ ᠡᠳᠡᠬᠡᠳ᠎ᠢ ᠶᠠᠯ᠎ᠠ ᠲᠤᠭ᠍ᠲᠠᠭᠠᠵᠤ ᠠᠯᠠᠬᠤ ᠡᠷᠡᠭᠦᠦ᠍᠎ᠪᠠᠷ ᠱᠢᠢᠳᠭᠡᠬᠦ᠌ ᠶᠤᠰᠤᠲᠠᠶ ᠪᠠᠢᠪᠠᠯ᠂ ᠬᠠᠤᠯᠢ ᠶᠤᠰᠤᠭᠠᠷ ᠠᠯᠠᠬᠤ ᠡᠷᠡᠭᠦᠦ᠍᠎ᠪᠠᠷ ᠱᠢᠢᠳᠭᠡᠭ᠌ᠰᠡᠨ ᠪᠦᠭᠡᠳ ᠠᠯᠠᠬᠤ ᠡᠷᠡᠭᠦᠦ᠍᠎ᠶ᠋ᠢ ᠬᠢᠨᠠᠨ ᠵᠥᠪᠱᠢᠶᠡᠷᠡᠵᠦ᠍᠂ ᠬᠠᠤᠯᠢ᠎ᠪᠠᠷ ᠵᠠᠰᠠᠬᠤ ᠡᠷᠬᠡ ᠰᠦᠷ᠎ᠢ ᠡᠷᠡᠰ ᠬᠠᠮᠠᠭᠠᠯᠠᠵᠦ ᠂ ᠲᠦᠪ ᠭᠣᠣᠯᠴᠢ ᠰᠢᠳᠣᠷᠭᠣ ᠶᠣᠰᠣ ᠵᠢ ᠡᠷᠡᠰ ᠬᠠᠮᠠᠭᠠᠯᠠᠪᠠ᠃

ᠬᠢᠵᠢᠭ᠎ᠢ ᠰᠡᠷᠭᠡᠢᠯᠡᠨ ᠬᠢᠵᠠᠭᠠᠷᠯᠠᠬᠤ ᠡᠮᠬᠢ ᠵᠢᠷᠤᠮ᠎ᠢ ᠬᠠᠤᠯᠢ ᠶᠣᠰᠣᠭᠠᠷ ᠬᠠᠮᠠᠭᠠᠯᠠᠪᠠ᠃ ᠬᠢᠵᠢᠭ᠎ᠲᠠᠢ ᠬᠤᠯᠪᠣᠭ᠍ᠳᠠᠭ᠍ᠰᠠᠨ ᠶᠠᠯᠠᠲᠤ ᠬᠡᠷᠡᠭ᠎ᠢ 9653 ᠬᠤᠪᠢ ᠱᠢᠭᠦᠨ ᠳᠠᠭᠤᠰᠭᠠᠪᠠ᠃ ᠳᠤᠮᠳᠠ ᠳᠡᠰ ᠪᠠ ᠦᠨᠳᠦᠷ ᠳᠡᠰ᠎ᠤᠨ ᠲᠦᠭ᠌ᠰᠢᠭᠦᠷᠢᠲᠦ ᠤᠷᠤᠨ᠎ᠤ ᠠᠶᠠᠯᠠᠯ᠎ᠢᠶᠠᠨ ᠵᠤᠷᠢᠭᠤᠳᠠ ᠨᠢᠭᠤᠭ᠍ᠰᠠᠨ᠂ ᠬᠠᠯᠠᠭᠤᠷᠠᠭ᠍ᠰᠠᠨ ᠡᠪᠡᠳᠴᠢᠲᠡᠨ᠎ᠢ ᠲᠤᠭ᠍ᠲᠠᠭᠠᠯ᠎ᠠᠴᠠ ᠵᠦᠷᠢᠴᠡᠨ ᠬᠦᠯᠢᠶᠡᠨ ᠠᠪᠴᠤ᠌ ᠡᠮᠴᠢᠯᠡᠵᠤ᠂ ᠪᠥᠭᠡᠮ ᠬᠦᠴᠢᠯ᠎ᠤᠨ ᠮᠡᠳᠡᠭᠦᠯᠦᠯᠲᠡ᠎ᠶ᠋ᠢ ᠬᠠᠭᠤᠷᠮᠠᠭ᠍ᠯᠠᠨ ᠵᠣᠬᠢᠶᠠᠵᠤ ᠬᠤᠳᠠᠯᠳᠤᠭ᠍ᠰᠠᠨ᠂ 《ᠬᠢᠵᠢᠭ᠎ᠲᠠᠢ᠎ᠪᠠᠷ ᠬᠤᠯᠠᠭᠤᠨ ᠭᠠᠲᠤᠯᠤᠭ᠍ᠰᠠᠨ》 ᠵᠡᠷᠭᠡ ᠶᠠᠯᠠᠲᠤ ᠠᠵᠢᠯᠯᠠᠭ᠎ᠠ᠎ᠶ᠋ᠢ ᠠᠭᠤᠴᠢᠯᠠᠯ ᠦᠭᠡᠢ ᠴᠢᠩᠭ᠎ᠠ ᠱᠢᠢᠳᠭᠡᠪᠡ᠃ ᠪᠣᠭᠤᠮᠲᠠ᠎ᠶ᠋ᠢᠨ ᠶᠡᠷᠦᠩᠬᠡᠶ ᠵᠠᠬᠢᠷᠭ᠎ᠠ ᠵᠡᠷᠭᠡ᠎ᠲᠠᠢ ᠬᠠᠮᠲᠤᠷᠠᠨ ᠳᠠᠯᠠᠢ ᠳᠡᠭᠡᠷᠡᠬᠢ ᠬᠢᠯᠢ ᠠᠯᠤᠰᠯᠠᠨ ᠨᠢᠭᠤᠴᠠ᠎ᠪᠠᠷ ᠠᠷᠠᠯᠵᠢᠶᠠᠯᠠᠭ᠍ᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠰᠠᠨᠠᠯ᠎ᠢ ᠨᠡᠢᠲᠡᠯᠡᠵᠦ᠍᠂ ᠬᠥᠯᠳᠡᠭᠦᠦ ᠡᠳ᠋᠎ᠢ ᠨᠢᠭᠤᠴᠠ᠎ᠪᠠᠷ ᠠᠷᠠᠯᠵᠢᠶᠠᠯᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠬᠢᠵᠢᠭ ᠳᠡᠯᠭᠡᠷᠡᠬᠦ᠌ ᠲᠦᠭ᠌ᠰᠢᠭᠦᠷᠢ᠎ᠶ᠋ᠢ ᠰᠡᠷᠭᠡᠢᠯᠡᠪᠡ᠃

ᠬᠠᠷ᠎ᠠ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠪᠡ᠃ ᠬᠠᠷ᠎ᠠ ᠬᠠᠷᠭᠢᠰ ᠬᠦᠴᠦᠨ᠎ᠢ ᠠᠷᠢᠯᠭᠠᠬᠤ ᠪᠠᠢᠡᠭ᠌ᠭᠤᠵᠢᠬ᠍ᠰᠠᠨ ᠲᠣᠭ᠍ᠲᠠᠴᠠ᠎ᠶ᠋ᠢ ᠪᠦᠷᠢᠨᠱᠢᠬᠦᠯᠵᠤ᠂ ᠬᠠᠷ᠎ᠠ ᠬᠠᠷᠭᠢᠰ ᠬᠦᠴᠦᠨ᠎ᠤ 《ᠳᠠᠬᠢᠨ ᠰᠡᠷᠭᠦᠬᠦ᠌》᠎ᠶ᠋ᠢ ᠰᠡᠷᠭᠡᠢᠯᠡᠪᠡ᠃ ᠬᠡᠷᠡᠭ᠎ᠢ ᠢᠯᠭᠠᠷᠠᠭᠤᠯᠤᠨ ᠳᠠᠭᠤᠰᠭᠠᠬᠤ᠎ᠶ᠋ᠢ ᠲᠦᠷᠭᠡᠳᠭᠡᠵᠦ᠍᠂ ᠬᠠᠷ᠎ᠠ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ  3409  ᠶᠠᠯᠠᠲᠤ ᠬᠡᠷᠡᠭ  18360 ᠬᠥᠮᠦᠨ᠎ᠢ ᠱᠢᠭᠦᠵᠦ᠍ ᠳᠠᠭᠤᠰᠭᠠᠪᠠ᠃ ᠬᠠᠷ᠎ᠠ ᠡᠳ᠋ ᠬᠤᠭ᠍ᠰᠢᠯ᠎ᠢ ᠴᠡᠪᠡᠷᠯᠡᠬᠦ᠌᠎ᠶ᠋ᠢ ᠠᠬᠢᠭᠤᠯᠵᠤ᠂ ᠡᠳ᠋ ᠬᠦᠷᠦᠩᠭᠡ᠎ᠶ᠋ᠢᠨ ᠡᠷᠡᠭᠦᠦ᠍᠎ᠶ᠋ᠢ ᠪᠤᠳᠠᠲᠠᠢ ᠭᠦᠢᠴᠡᠳᠭᠡᠭ᠌ᠰᠡᠨ ᠵᠢᠴᠢ ᠬᠠᠤᠯᠢ᠎ᠠᠴᠠ ᠵᠥᠷᠢᠴᠡᠵᠦ᠍ ᠣᠯᠤᠭ᠍ᠰᠠᠨ ᠣᠯᠵᠠ ᠠᠱᠢᠭ᠎ᠢ ᠨᠡᠬᠡᠮᠵᠢᠯᠡᠨ ᠲᠤᠱᠢᠶᠠᠯᠭᠠᠵᠤ ᠬᠤᠷᠢᠶᠠᠨ ᠠᠪᠤᠬ᠍ᠰᠠᠨ ᠵᠤᠭᠤᠰ᠎ᠤᠨ ᠳᠤᠭ᠎ᠠ  405.7 ᠳ᠋ᠦᠩᠱᠢᠭᠤᠷ ᠲᠥᠭᠦᠷᠢᠭ᠎ᠲᠤ ᠬᠦᠷᠴᠦ᠍᠂ ᠬᠠᠷ᠎ᠠ ᠬᠠᠷᠭᠢᠰ ᠬᠦᠴᠦᠨ᠎ᠤ ᠠᠵᠤ ᠠᠬᠤᠶ᠎ᠶ᠋ᠢᠨ ᠰᠠᠭᠤᠷᠢ᠎ᠶ᠋ᠢ ᠡᠷᠡᠰ ᠰᠦᠢᠷᠡᠭᠦᠯᠪᠡ᠃ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠠᠬᠢᠭᠤᠯᠵᠤ᠂ ᠬᠠᠮᠢᠶ᠎ᠠ ᠪᠦᠬᠦᠢ ᠬᠠᠤᠯᠢ ᠪᠠᠷᠢᠬᠤ ᠰᠠᠨᠠᠭᠤᠯᠭ᠎ᠠ᠎ᠶ᠋ᠢ  3816 ᠬᠤᠪᠢ ᠭᠠᠷᠭᠠᠪᠠ᠃ 《ᠲᠣᠰᠭᠤᠨ᠎ᠤ ᠡᠵᠡᠷᠬᠡᠭ᠌ᠴᠢ》᠂ 《ᠲᠤᠰᠠᠯᠠᠬᠤ ᠮᠠᠲ᠋ᠧᠷᠢᠶᠠᠯ᠎ᠤᠨ ᠡᠵᠡᠷᠬᠡᠭ᠌ᠴᠢ》᠂ 《ᠨᠤᠭᠤᠭᠠᠨ᠎ᠤ ᠵᠠᠬ᠎ᠠ ᠳᠡᠯᠭᠡᠭᠦᠷ᠎ᠤᠨ ᠡᠵᠡᠷᠬᠡᠭ᠌ᠴᠢ》 ᠂ 《ᠵᠠᠮ᠎ᠦᠨ ᠡᠵᠡᠷᠭᠡᠭᠴᠢ》᠎ᠶ᠋ᠢ ᠴᠡᠭ᠌ᠴᠡᠯᠡᠨ ᠵᠠᠰᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠵᠤ᠂ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢ ᠠᠬᠢᠭᠤᠯᠪᠠ᠃

ᠢᠯᠵᠢᠷᠠᠯ᠎ᠤᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠪᠡ᠃ ᠱᠠᠮᠱᠢᠵᠤ ᠬᠡᠭᠡᠯᠢ ᠢᠳᠡᠵᠦ᠍ ᠬᠠᠭ᠍ᠤᠤᠯᠢ ᠲᠦᠯᠬᠢᠭ᠌ᠰᠡᠨ᠂ ᠲᠤᠱᠢᠶᠠᠯ᠎ᠢᠶᠠᠨ ᠭᠤᠲᠤᠭᠠᠭ᠍ᠰᠠᠨ ᠵᠡᠷᠭᠡ ᠬᠡᠷᠡᠭ᠎ᠢ 2.3 ᠲᠦᠮᠡᠨ ᠬᠤᠪᠢ 2.7 ᠲᠦᠮᠡᠨ ᠬᠥᠮᠦᠨ᠎ᠢ ᠱᠢᠭᠦᠨ ᠳᠠᠭᠤᠰᠭᠠᠵᠤ᠂ ᠴᠢᠨ ᠭᠤᠸᠠᠩ ᠷᠦᠩ᠂ ᠸᠠᠩ ᠹᠦ᠋ ᠢᠤᠢ ᠵᠡᠷᠭᠡ ᠲᠥᠪ ᠬᠤᠷᠢᠶᠠᠨ᠎ᠠᠴᠠ ᠬᠠᠮᠢᠶᠠᠷᠴᠤ᠌ ᠪᠠᠢᠭ᠍ᠰᠠᠨ 14 ᠺᠠᠳ᠋ᠷ᠎ᠢ ᠱᠢᠭᠦᠨ ᠲᠠᠰᠤᠯᠵᠤ᠂ ᠨᠠᠮ᠎ᠤᠨ ᠲᠥᠪ ᠬᠤᠷᠢᠶᠠᠨ᠎ᠤ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠂ ᠢᠯᠵᠢᠷᠠᠯ᠎ᠢ ᠡᠰᠡᠷᠭᠦᠴᠡᠨ ᠬᠠᠷᠭᠢᠰ ᠡᠲᠡᠭᠡᠳ᠎ᠢ ᠵᠠᠯᠬᠠᠭᠠᠨ ᠱᠢᠢᠳᠭᠡᠬᠦ᠌ ᠡᠷᠡᠰ ᠵᠣᠷᠢᠭ᠎ᠢ ᠭᠦᠢᠴᠡᠳ ᠢᠯᠡᠷᠡᠭᠦᠯᠪᠡ᠃ ᠬᠡᠭᠡᠯᠢ ᠢᠳᠡᠵᠦ᠍ ᠬᠠᠭ᠍ᠤᠤᠯᠢ ᠲᠦᠯᠬᠢᠬᠦ᠌᠎ᠶ᠋ᠢ ᠬᠠᠮᠲᠤ᠎ᠳᠤᠨᠢ ᠪᠠᠢᠴᠠᠭᠠᠬᠤ᠎ᠶ᠋ᠢ ᠨᠠᠢᠳᠠᠪᠤᠷᠢᠵᠢᠭᠤᠯᠵᠤ᠂ ᠬᠠᠭ᠍ᠤᠤᠯᠢ ᠲᠦᠯᠬᠢᠭᠡᠳ ᠬᠠᠤᠯᠢ ᠪᠤᠰᠤ᠎ᠪᠠᠷ ᠠᠱᠢᠭ ᠤᠯᠤᠭ᠍ᠰᠠᠤᠨ᠎ᠢ ᠬᠠᠤᠯᠢ ᠶᠤᠰᠤᠭᠠᠷ ᠨᠡᠬᠡᠮᠵᠢᠯᠡᠨ ᠲᠤᠱᠢᠶᠠᠯᠭᠠᠵᠤ᠂ 《ᠬᠤᠮᠤᠷᠭᠠᠯᠠᠨ ᠠᠩᠨᠠᠬᠤ》 ᠢᠯᠵᠢᠷᠠᠯ᠂ ᠡᠷᠬᠡ ᠮᠥᠩᠭᠦᠨ᠎ᠤ ᠰᠤᠯᠢᠯᠴᠠᠭᠠᠨ᠎ᠤ ᠠᠱᠢᠭ ᠲᠤᠰᠠ᠎ᠶ᠋ᠢᠨ ᠬᠡᠯᠬᠢᠶ᠎ᠡ᠎ᠶ᠋ᠢ ᠲᠠᠰᠤᠯᠪᠠ᠃ ᠡᠷᠬᠡ ᠲᠤᠱᠢᠶᠠᠯ᠎ᠢᠶᠠᠨ ᠠᠱᠢᠭ᠍ᠯᠠᠨ ᠬᠢᠭ᠌ᠰᠡᠨ ᠶᠠᠯᠠᠲᠤ ᠠᠵᠢᠯᠯᠠᠭ᠎ᠠ᠎ᠶ᠋ᠢᠨ ᠪᠤᠵᠠᠷ ᠵᠣᠭᠤᠰ ᠪᠤᠵᠠᠷ ᠡᠳ᠋᠎ᠢ ᠨᠡᠬᠡᠮᠵᠢᠯᠡᠨ ᠲᠤᠱᠢᠶᠠᠯᠭᠠᠬᠤ ᠡᠷᠴᠢᠮ᠎ᠢ ᠴᠢᠩᠭᠠᠷᠠᠭᠤᠯᠵᠤ᠂ 596.6 ᠳ᠋ᠦᠩᠱᠢᠭᠤᠷ ᠲᠥᠭᠦᠷᠢᠭ᠎ᠢ ᠪᠣᠳᠠᠲᠠᠶ ᠨᠡᠬᠡᠮᠵᠢᠯᠡᠨ ᠲᠤᠱᠢᠶᠠᠯᠭᠠᠪᠠ᠃ ᠬᠢᠯᠢ᠎ᠶ᠋ᠢᠨ ᠭᠠᠳᠠᠨᠠᠬᠢ᠎ᠨᠢ ᠬᠠᠤᠯᠢ᠎ᠶ᠋ᠢᠨ ᠭᠠᠳᠠᠨᠠᠬᠢ ᠶᠢᠷᠲᠢᠨᠴᠦ᠍ ᠪᠢᠰᠢ᠂ ᠡᠷᠡᠭᠦᠦ᠍᠎ᠶ᠋ᠢᠨ ᠬᠡᠷᠡᠭ᠎ᠢ ᠰᠠᠭᠠᠲᠠᠯ᠎ᠲᠠᠢ᠎ᠪᠠᠷ ᠱᠢᠭᠦᠨ ᠲᠠᠰᠤᠯᠬᠤ ᠵᠢᠷᠤᠮ᠎ᠢ ᠠᠩᠬ᠎ᠠ ᠤᠳᠠᠭ᠎ᠠ ᠲᠤᠬᠢᠷᠠᠭᠤᠯᠤᠨ ᠬᠡᠷᠡᠭ᠌ᠯᠡᠵᠤ ᠴᠧᠩ ᠰᠠᠨ ᠴᠠᠩ᠎ᠤᠨ ᠬᠡᠷᠡᠭ᠎ᠢ ᠱᠢᠭᠦᠵᠦ᠍᠂ ᠭᠠᠳᠠᠭᠠᠳᠤ᠎ᠳᠤ ᠳᠤᠲᠠᠭᠠᠭ᠍ᠰᠠᠨ ᠱᠢᠤᠢ᠎ᠶ᠋ᠢᠨ᠂ ᠵᠠᠩ ᠵᠧᠩ ᠱᠢᠨ᠎ᠤ ᠬᠢᠯᠢ᠎ᠶ᠋ᠢᠨ ᠳᠣᠲᠣᠨ᠎ᠠ ᠭᠠᠳᠠᠨᠠᠬᠢ ᠬᠠᠤᠯᠢ᠎ᠠᠴᠠ ᠵᠥᠷᠢᠴᠡᠵᠦ᠍ ᠣᠯᠤᠭ᠍ᠰᠠᠨ ᠯᠤᠲᠤ ᠶᠡᠭᠡ ᠣᠯᠵᠠ ᠠᠱᠢᠭ᠎ᠢ ᠬᠤᠷᠢᠶᠠᠨ ᠠᠪᠬᠤ ᠲᠣᠭ᠍ᠲᠠᠭᠠᠯᠲᠠ᠎ᠶ᠋ᠢ ᠭᠠᠷᠭᠠᠵᠤ᠂ ᠭᠠᠳᠠᠭᠠᠳᠤ᠎ᠳᠤ ᠳᠤᠲᠠᠭᠠᠭ᠍ᠰᠠᠨ ᠢᠯᠵᠢᠷᠠᠮᠠᠯ ᠶᠠᠯᠠᠲᠤ ᠡᠲᠡᠭᠡᠳ᠎ᠢ ᠬᠤᠯᠠ ᠪᠠᠢᠭ᠍ᠰᠠᠨ ᠴᠤ᠌ ᠵᠠᠪᠠᠯ ᠶᠠᠯᠠᠯᠠᠨ ᠱᠢᠢᠳᠭᠡᠵᠦ᠍᠂ ᠲᠡᠳᠡᠨ᠎ᠢ ᠬᠦᠮᠦᠨ ᠴᠤ᠌ ᠦᠭᠡᠢ ᠬᠦᠷᠦᠩᠭᠡ ᠴᠤ᠌ ᠦᠭᠡᠢ ᠪᠤᠯᠭᠠᠪᠠ᠃

ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠪᠡ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠢᠯᠡᠴᠢᠯᠡᠬᠦ᠌ ᠰᠠᠨᠠᠯ᠎ᠢ ᠨᠡᠢᠲᠡᠯᠡᠪᠡ᠃ ᠲᠠᠷᠢᠶᠠᠯᠠᠩ ᠬᠥᠳᠡᠭᠡ ᠲᠣᠰᠭᠤᠨ᠎ᠤ ᠶᠠᠮᠤᠨ ᠵᠡᠷᠭᠡ᠎ᠲᠠᠢ ᠬᠠᠮᠲᠤᠷᠠᠨ ᠦᠷ᠎ᠡ᠎ᠶ᠋ᠢᠨ ᠦᠢᠯᠡᠰ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠭᠤᠷᠮᠠᠭ ᠮᠠᠭᠤ ᠦᠷ᠎ᠡ ᠦᠢᠯᠡᠳᠴᠦ᠍ ᠪᠣᠷᠣᠯᠠᠭᠤᠯᠤᠭ᠍ᠰᠠᠨ᠂ ᠦᠷ᠎ᠡ᠎ᠶ᠋ᠢᠨ ᠡᠳ᠋᠎ᠤᠨ ᠡᠬᠢ ᠪᠠᠶᠠᠯᠢᠭ᠎ᠢ ᠡᠪᠳᠡᠭ᠌ᠰᠡᠨ ᠵᠡᠷᠭᠡ ᠦᠷ᠎ᠡ᠎ᠶ᠋ᠢᠨ ᠦᠢᠯᠡᠰ᠎ᠤᠨ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠡ᠃ ᠲᠠᠷᠢᠶᠠᠨ ᠭᠠᠵᠠᠷ᠎ᠢ ᠳᠤᠷ᠎ᠠ᠎ᠪᠠᠷ᠎ᠢᠶᠠᠨ ᠡᠵᠡᠯᠡᠭ᠌ᠰᠡᠨ ᠬᠡᠷᠡᠭ᠎ᠢ 7251 ᠬᠤᠪᠢ ᠱᠢᠭᠦᠨ ᠳᠠᠭᠤᠰᠭᠠᠵᠤ᠂ 312 ᠲᠦᠮᠡᠨ ᠮᠦ᠍ ᠲᠠᠷᠢᠶᠠᠨ ᠭᠠᠵᠠᠷ᠎ᠲᠤ ᠬᠤᠯᠪᠣᠭ᠍ᠳᠠᠵᠤ᠂ ᠬᠦᠳᠡᠭᠡ ᠲᠤᠰᠭᠤᠨ᠎ᠤ ᠲᠠᠷᠢᠶᠠᠨ ᠭᠠᠵᠠᠷ᠎ᠢ ᠡᠵᠡᠯᠡᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠤᠰᠤᠭᠠᠷ ᠵᠠᠯᠬᠠᠭᠠᠨ ᠱᠢᠢᠳᠭᠡᠵᠦ᠍᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠬᠠᠮᠠᠭᠠᠯᠠᠪᠠ᠃ ᠯᠢᠶᠣᠤᠨᠢᠩ᠂ ᠬᠢᠷᠢᠨ᠂ ᠬᠠᠷᠠᠮᠥ᠋ᠷᠡᠨ᠎ᠤ ᠱᠢᠭᠦᠬᠦ᠌ ᠬᠤᠷᠢᠶ᠎ᠠ ᠬᠠᠷ᠎ᠠ ᠬᠥᠷᠥᠰᠥ᠎ᠶ᠋ᠢ ᠪᠣᠬᠢᠷᠲᠤᠭᠤᠯᠤᠭ᠍ᠰᠠᠨ᠂ ᠬᠤᠯᠠᠭᠠᠢᠯᠠᠨ ᠮᠠᠯᠲᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠠ᠃

ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠤ ᠬᠢᠵᠠᠭᠠᠷ ᠱᠤᠭᠤᠮ᠎ᠢ ᠰᠠᠢᠲᠤᠷ ᠰᠠᠬᠢᠪᠠ᠃ ᠬᠦᠨᠳᠦ ᠶᠡᠭᠡ ᠬᠠᠷᠢᠭᠤᠴᠠᠯᠭ᠎ᠠ᠎ᠶ᠋ᠢᠨ ᠠᠳᠡᠯ ᠵᠡᠷᠭᠡ ᠶᠠᠯᠠᠲᠤ ᠬᠡᠷᠡᠭ᠎ᠢ 2031 ᠬᠤᠪᠢ ᠱᠢᠭᠦᠨ ᠳᠠᠭᠤᠰᠭᠠᠵᠤ᠂ ᠣᠯᠠᠨ ᠲᠦᠮᠡᠨ᠎ᠤ ᠦᠢᠯᠡᠳᠪᠦᠷᠢᠯᠡᠯ᠎ᠤᠨ ᠠᠮᠤᠷ ᠲᠦᠪᠱᠢᠨ᠎ᠢ ᠬᠠᠮᠠᠭᠠᠯᠠᠪᠠ᠃ ᠢᠳᠡᠭᠡᠨ᠎ᠤ ᠵᠦᠢᠯ ᠪᠠ ᠡᠮ᠎ᠤᠨ ᠵᠦᠢᠯ᠎ᠤᠨ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠬᠡᠷᠡᠭ᠎ᠢ 6002 ᠬᠤᠪᠢ ᠱᠢᠭᠦᠨ ᠳᠠᠭᠤᠰᠭᠠᠵᠤ᠂ 《ᠡᠪᠡᠳᠴᠢᠨ᠎ᠲᠠᠢ ᠭᠠᠭ᠍ᠠᠶ᠎ᠶ᠋ᠢᠨ ᠮᠢᠬ᠎ᠠ》᠂ 《ᠬᠤᠤᠷᠲᠤ ᠭᠦᠵᠡᠯᠵᠡᠭᠡᠨ᠎ᠡ》᠂ 《ᠬᠤᠤᠷᠲᠤ ᠨᠢᠭᠤᠷ᠎ᠤᠨ ᠵᠤᠯᠤᠮ᠎ᠠ》 ᠎ᠶ᠋ᠢ ᠦᠢᠯᠡᠳᠴᠦ᠍ ᠪᠣᠷᠣᠯᠠᠭᠤᠯᠤᠭ᠍ᠰᠠᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠠᠷᠠᠳ ᠣᠯᠠᠨ᠎ᠤ ᠬᠤᠭᠤᠯᠠᠨ ᠱᠢᠷᠡᠭᠡᠨ᠎ᠤ ᠠᠮᠤᠷ ᠲᠦᠪᠱᠢᠨ᠂ ᠡᠮ ᠬᠡᠷᠡᠭ᠌ᠯᠡᠬᠦ᠌ ᠠᠮᠤᠷ ᠲᠦᠪᠱᠢᠨ᠎ᠢ ᠬᠠᠮᠠᠭᠠᠯᠠᠪᠠ᠃ ᠡᠮᠨᠡᠯᠭᠡ᠎ᠶ᠋ᠢᠨ ᠳᠠᠭᠠᠳᠭᠠᠯ᠎ᠢ ᠮᠡᠬᠡᠯᠡᠭ᠌ᠰᠠᠨ ᠶᠠᠯᠠᠲᠤ ᠬᠡᠷᠡᠭ᠎ᠢ ᠴᠢᠩᠭ᠎ᠠ ᠱᠢᠢᠳᠭᠡᠵᠦ᠍᠂ ᠳᠠᠯᠳᠠᠭᠤᠷ ᠵᠣᠬᠢᠶᠠᠨ ᠪᠠᠢᠭᠤᠯᠤᠭ᠍ᠴᠢ ᠪᠠ ᠲᠤᠰᠭᠠᠢ ᠳᠠᠭᠠᠳᠭᠠᠯ ᠮᠡᠬᠡᠯᠡᠭ᠌ᠴᠢ᠎ᠶ᠋ᠢ ᠬᠦᠨᠳᠦᠷᠡᠭᠦᠯᠦᠨ ᠱᠢᠢᠳᠭᠡᠵᠦ᠍᠂ ᠠᠷᠠᠳ ᠣᠯᠠᠨ᠎ᠤ 《ᠡᠪᠡᠳᠴᠢᠨ ᠦᠵᠡᠭᠦᠯᠬᠦ᠌ ᠵᠣᠭᠤᠰ》᠂ 《ᠠᠮᠢ ᠠᠪᠤᠷᠠᠬᠤ ᠵᠤᠭᠤᠰ》 ᠎ᠢ᠋ ᠰᠠᠢᠲᠤᠷ ᠰᠠᠬᠢᠪᠠ᠃ ᠥᠨᠳᠥᠷ ᠳᠡᠬᠡᠷ᠎ᠡ᠎ᠠᠴᠠ ᠶᠠᠭᠤᠮ᠎ᠠ ᠬᠠᠶᠠᠭ᠍ᠰᠠᠨ᠂ ᠰᠣᠬᠤᠷ ᠬᠤᠳᠳᠤᠭ᠎ᠤᠨ ᠪᠦᠷᠬᠦᠭᠡᠰᠦ᠎ᠶ᠋ᠢ ᠬᠤᠯᠠᠭᠠᠢᠯᠠᠭ᠍ᠰᠠᠨ ᠵᠡᠷᠭᠡ 296 ᠶᠠᠯᠠᠲᠤ ᠬᠡᠷᠡᠭ᠎ᠢ ᠱᠢᠭᠦᠨ ᠳᠠᠭᠤᠰᠭᠠᠵᠤ᠂ ᠥᠨᠳᠥᠷ ᠳᠡᠬᠡᠷ᠎ᠡ᠎ᠡᠴᠡ ᠶᠠᠭᠤᠮ᠎ᠠ ᠬᠠᠶᠠᠵᠤ ᠬᠥᠮᠦᠨ᠎ᠢ ᠱᠢᠷᠬᠠᠲᠤᠭᠤᠯᠤᠨ ᠦᠬᠦᠭᠦᠯᠦᠭ᠌ᠰᠡᠨ ᠬᠡᠷᠡᠭ᠎ᠢ ᠶᠡᠭᠡ ᠬᠡᠮᠵᠢᠶ᠎ᠡ᠎ᠪᠠᠷ ᠪᠠᠭᠠᠰᠭᠠᠵᠤ᠂ ᠤᠯᠠᠨ ᠲᠦᠮᠡᠨ᠎ᠤ ᠲᠣᠯᠣᠭᠠᠶ ᠳᠡᠭᠡᠷᠡᠬᠢ ᠪᠠ ᠬᠦᠯ ᠳᠣᠤᠷᠠᠬᠢ ᠠᠮᠤᠷ ᠲᠦᠪᠱᠢᠨ ᠨᠡᠩ ᠪᠠᠲᠤᠯᠠᠭ᠎ᠠ᠎ᠲᠠᠢ ᠪᠣᠯᠪᠠ᠃ ᠠᠶᠤᠯᠲᠠᠶ᠎ᠪᠠᠷ ᠲᠡᠷᠭᠡ ᠵᠢᠯᠣᠭᠤᠳᠤᠭ᠍ᠰᠠᠨ ᠶᠠᠯᠠᠲᠤ ᠬᠡᠷᠡᠭ᠎ᠢ  34.8 ᠲᠦᠮᠡᠨ ᠬᠤᠪᠢ ᠱᠢᠭᠦᠨ ᠳᠠᠭᠤᠰᠭᠠᠵᠤ᠂ ᠣᠯᠠᠨ ᠲᠦᠮᠡᠨ᠎ᠤ ᠶᠠᠪᠤᠵᠤ ᠰᠠᠭᠤᠬᠤ ᠠᠮᠤᠷ ᠲᠦᠪᠱᠢᠨ᠎ᠢ ᠬᠠᠮᠠᠭᠠᠯᠠᠪᠠ᠃ ᠴᠠᠬᠢᠯᠭᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠤ᠂ ᠲᠡᠭᠦᠨ᠎ᠲᠠᠢ ᠬᠤᠯᠪᠣᠭ᠍ᠳᠠᠭ᠍ᠰᠠᠨ 7.9 ᠲᠦᠮᠡᠨ ᠬᠤᠪᠢ ᠬᠡᠷᠡᠭ 14.9 ᠲᠦᠮᠡᠨ ᠬᠥᠮᠦᠨ᠎ᠢ ᠱᠢᠭᠦᠨ ᠳᠠᠭᠤᠰᠭᠠᠵᠤ᠂ 《5.09》᠎ᠶ᠋ᠢᠨ ᠬᠢᠯᠢ ᠠᠯᠤᠰᠯᠠᠭ᠍ᠰᠠᠨ ᠴᠠᠬᠢᠯᠭᠠᠨ ᠬᠤᠯᠪᠣᠭᠠᠨ᠎ᠤ ᠰᠦᠯᠵᠢᠶᠡᠨ᠎ᠤ ᠮᠡᠬᠡᠯᠡᠯ᠎ᠤᠨ ᠣᠨᠴᠠ ᠶᠡᠭᠡ ᠬᠡᠷᠡᠭ᠎ᠤᠨ 590 ᠵᠠᠭᠠᠯᠳᠤᠭ᠍ᠳᠠᠭ᠍ᠴᠢ᠎ᠶ᠋ᠢ ᠡᠷᠡᠭᠦᠦ ᠱᠢᠢᠳᠭᠡᠯ᠎ᠢᠶᠠᠷ ᠱᠢᠢᠳᠭᠡᠪᠡ᠃ 《ᠭᠡᠷ ᠪᠠᠢᠱᠢᠩ᠎ᠢᠶᠠᠷ ᠨᠠᠰᠤᠵᠢᠯ᠎ᠤᠨ ᠠᠰᠠᠷᠠᠮᠵᠢ ᠪᠤᠯᠭᠠᠬᠤ》᠂ 《ᠪᠡᠯᠡ ᠣᠷᠣᠭᠤᠯᠤᠯᠳ᠋ᠨ᠎ᠪᠠᠷ ᠨᠠᠰᠤᠵᠢᠯ᠎ᠤᠨ ᠠᠰᠠᠷᠠᠮᠵᠢ ᠪᠤᠯᠭᠠᠬᠤ》᠂ ᠡᠷᠡᠭᠦᠯᠵᠢᠯ᠎ᠤᠨ ᠡᠳ᠋᠎ᠢᠶᠠᠷ ᠨᠠᠰᠤᠲᠠᠢᠴᠦᠳ᠎ᠢ ᠬᠤᠤᠷᠯᠠᠭ᠍ᠰᠠᠨ᠂ ᠲᠤᠱᠢᠶᠠᠯ ᠬᠠᠪᠰᠤᠷᠭᠠᠨ ᠰᠦᠯᠵᠢᠶᠡᠨ᠎ᠤ ᠬᠤᠳᠠᠯ ᠬᠠᠭᠤᠷᠮᠠᠭ ᠰᠤᠯᠢᠯᠴᠠᠭ᠎ᠠ ᠬᠢᠭ᠌ᠰᠡᠨ᠂ ᠴᠦᠷᠭᠡᠯᠡᠭᠡ ᠪᠠᠱᠢᠷᠲᠤ ᠵᠢᠭᠡᠯᠡᠯᠭᠡ᠂ ᠰᠤᠷᠭᠠᠭᠤᠯᠢ᠎ᠶ᠋ᠢᠨ ᠬᠦᠷᠢᠶᠡᠨ᠎ᠤ ᠵᠢᠭᠡᠯᠡᠯᠭᠡ᠂ ᠵᠢᠰᠦ ᠭᠤᠶᠣᠯᠠᠬᠤ ᠵᠢᠭᠡᠯᠡᠯᠭᠡ ᠵᠡᠷᠭᠡ ᠡᠯᠳᠡᠪ ᠵᠦᠢᠯ᠎ᠤᠨ ᠱᠢᠨ᠎ᠡ ᠮᠡᠬᠡᠯᠡᠯ᠎ᠤᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠤ᠂ ᠮᠡᠬᠡᠯᠡᠯ᠎ᠢ ᠡᠰᠡᠷᠭᠦᠴᠡᠬᠦ᠌ ᠠᠷᠠᠳ᠎ᠤᠨ ᠳᠠᠢᠨ᠎ᠢ ᠰᠠᠢᠲᠤᠷ ᠬᠢᠬᠦ᠌᠎ᠳᠤ ᠳᠤᠰᠠᠯᠠᠵᠤ᠂ ᠣᠯᠠᠨ ᠲᠦᠮᠡᠨ᠎ᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃

ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠬᠠᠮᠠᠭᠠᠯᠠᠪᠠ᠃ ᠮᠡᠳᠡᠭᠡ ᠵᠠᠩᠭᠢ᠎ᠶ᠋ᠢᠨ ᠴᠠᠭ ᠦᠶ᠎ᠡ᠎ᠳᠤ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠤ ᠬᠠᠮᠠᠭᠠᠯᠠᠯᠲᠠ᠎ᠨᠢ ᠲᠣᠪᠤᠢᠮ᠎ᠠ ᠪᠥᠭᠡᠳ ᠪᠠᠴᠢᠮ ᠲᠤᠯᠭᠠᠮ ᠪᠣᠯᠵᠣ ᠪᠠᠢᠨ᠎ᠠ᠃ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠬᠠᠤᠯᠢ᠎ᠶ᠋ᠢ ᠬᠢᠨᠠᠮᠠᠭᠠᠶ ᠲᠤᠭᠤᠱᠢᠯᠠᠭᠤᠯᠵᠤ᠂ ᠪᠡᠶ᠎ᠡ᠎ᠶ᠋ᠢᠨ ᠦᠨᠡᠮᠯᠡᠯ᠂ ᠬᠠᠶᠢᠭ᠍ᠲᠤ ᠲᠡᠪᠲᠡᠷ᠂ ᠲᠦᠷᠭᠡᠨ ᠬᠦᠷᠭᠡᠯᠲᠡ᠎ᠶ᠋ᠢᠨ ᠬᠠᠭᠤᠳᠠᠰᠤ᠂ ᠸᠢᠴᠠᠲ᠎ᠤᠨ ᠳᠠᠩᠰᠠᠨ ᠳ᠋ᠤᠭᠠᠷ᠂ ᠡᠪᠡᠳᠴᠢᠲᠡᠨ᠎ᠤ ᠮᠡᠳᠡᠭᠡ ᠵᠠᠩᠭᠢ᠎ᠶ᠋ᠢ ᠬᠤᠯᠠᠭᠠᠢᠯᠠᠨ ᠠᠪᠴᠤ᠌ ᠰᠠᠷᠢᠭᠠᠯᠠᠭ᠍ᠰᠠᠨ ᠵᠡᠷᠭᠡ ᠠᠷᠠᠳ ᠢᠷᠭᠡᠨ᠎ᠤ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭ᠍ᠰᠠᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠲᠡᠭᠦᠨ᠎ᠲᠠᠢ ᠬᠤᠯᠪᠤᠭ᠍ᠳᠠᠭ᠍ᠰᠠᠨ 4098 ᠬᠤᠪᠢ ᠬᠡᠷᠡᠭ᠎ᠢ ᠱᠢᠭᠦᠨ ᠳᠠᠭᠤᠰᠭᠠᠪᠠ᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 60.2% ᠎ᠢᠶᠠᠷ ᠨᠡᠮᠡᠭ᠌ᠳᠡᠪᠡ᠃ ᠠᠵᠢᠯ ᠲᠥᠷᠥᠯ᠎ᠤᠨ 《ᠳᠣᠲᠣᠭᠠᠳᠤ᠎ᠶ᠋ᠢᠨ ᠴᠢᠳᠬᠦᠷ》 ᠎ᠤ᠋ᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠵᠠᠳᠠᠷᠠᠭᠤᠯᠤᠭ᠍ᠰᠠᠨ ᠬᠡᠷᠡᠭ᠎ᠢ ᠬᠠᠤᠯᠢ ᠶᠣᠰᠣᠭᠠᠷ ᠴᠢᠩᠭ᠎ᠠ ᠵᠠᠯᠬᠠᠭᠠᠨ ᠱᠢᠢᠳᠭᠡᠪᠡ᠃ ᠮᠠᠭᠤ ᠰᠠᠨᠠᠭᠠᠨ᠎ᠤ ᠫᠷᠣᠭ᠌ᠷᠠᠮ᠂ ᠠᠷᠭᠠᠨ᠎ᠳᠠᠭᠠᠨ ᠤᠷᠤᠭᠤᠯᠤᠨ ᠮᠡᠬᠡᠯᠡᠬᠦ᠌ ᠵᠡᠷᠭᠡ ᠬᠡᠯᠪᠡᠷᠢ᠎ᠶ᠋ᠢ ᠠᠱᠢᠭ᠍ᠯᠠᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠤᠯᠢ ᠪᠤᠰᠤ᠎ᠪᠠᠷ ᠣᠯᠤᠭ᠍ᠰᠠᠨ ᠶᠠᠪᠤᠳᠠᠯ᠎ᠢ ᠴᠢᠩᠭ᠎ᠠ ᠱᠢᠢᠳᠭᠡᠵᠦ᠍᠂ 《ᠦᠡᠭ᠌ᠭᠡ ᠵᠢᠰᠦ᠎ᠶ᠋ᠢ ᠪᠠᠢᠴᠠᠭᠠᠨ ᠱᠢᠯᠭᠠᠬᠤ》 ᠵᠥᠭᠡᠯᠡᠨ ᠲᠤᠨᠤᠭ᠎ᠤᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠤᠯᠠᠭᠠᠢᠯᠠᠨ ᠠᠪᠤᠭ᠍ᠰᠠᠨ ᠬᠡᠷᠡᠭ᠎ᠢ ᠱᠢᠭᠦᠵᠦ᠍᠂ ᠰᠦᠯᠵᠢᠶᠡᠨ᠎ᠤ ᠬᠠᠷ᠎ᠠ ᠰᠠᠭᠠᠷᠠᠯ ᠠᠵᠤ ᠦᠢᠯᠡᠰ᠎ᠤᠨ ᠬᠡᠯᠬᠢᠶᠡᠨ᠎ᠤ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠪᠡ᠃ ᠬᠢᠨᠠᠨ ᠡᠵᠡᠮᠳᠡᠬᠦ᠌ ᠱᠢᠰᠲ᠋ᠧᠮ᠎ᠳᠤ ᠬᠠᠤᠯᠢ ᠪᠤᠰᠤ᠎ᠪᠠᠷ ᠬᠠᠯᠲᠠᠨ ᠤᠷᠤᠬᠤ᠎ᠪᠠᠷ ᠳᠠᠮᠵᠢᠭᠤᠯᠤᠨ ᠬᠡᠦᠬᠡᠳ᠎ᠤᠨ ᠴᠡᠴᠡᠷᠯᠢᠭ᠂ ᠨᠠᠰᠤᠲᠠᠢᠴᠤᠳ᠎ᠢ ᠠᠰᠠᠷᠠᠬᠤ ᠭᠠᠵᠠᠷ᠎ᠤᠨ ᠲᠤᠬᠠᠶ᠎ᠶ᠋ᠢᠨ ᠬᠢᠨᠠᠨ ᠡᠵᠡᠮᠳᠡᠯ᠎ᠤᠨ ᠲᠤᠭ᠎ᠠ ᠪᠠᠷᠢᠮᠲᠠ᠎ᠶ᠋ᠢ ᠫᠠᠨᠽᠠᠯᠠᠭ᠍ᠰᠠᠨ ᠶᠠᠯᠠᠲᠤ ᠡᠲᠡᠭᠡᠳ᠎ᠢ ᠴᠢᠩᠭ᠎ᠠ ᠱᠢᠢᠳᠭᠡᠪᠡ᠃ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭ᠍ᠰᠠᠨ᠂ ᠰᠦᠯᠵᠢᠶᠡᠨ᠎ᠤ ᠬᠦᠴᠦᠷᠬᠡᠭ᠌ᠯᠡᠯ᠎ᠢ ᠥᠳᠥᠭᠡᠵᠤ ᠲᠤᠷᠤᠮᠵᠢᠯᠠᠨ ᠭᠦᠳᠭᠡᠭ᠌ᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠪᠡ᠃ ᠬᠥᠮᠦᠨ᠎ᠤ ᠵᠢᠰᠦ᠎ᠶ᠋ᠢ ᠢᠯᠭᠠᠨ ᠲᠠᠨᠢᠬᠤ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ ᠬᠥᠮᠦᠨ᠎ᠤ ᠵᠢᠰᠦ᠎ᠶ᠋ᠢ ᠢᠯᠭᠠᠨ ᠲᠠᠨᠢᠬᠤ ᠮᠡᠷᠭᠡᠵᠢᠯ᠎ᠢ ᠲᠤᠷ᠎ᠠ᠎ᠪᠠᠷ᠎ᠢᠶᠠᠨ ᠬᠡᠷᠡᠭ᠌ᠯᠡᠬᠦ᠌ ᠦᠢᠯᠡ ᠠᠵᠢᠯᠯᠠᠭ᠎ᠠ᠎ᠶ᠋ᠢ ᠬᠤᠷᠢᠭ᠍ᠯᠠᠨ ᠵᠣᠭ᠍ᠰᠣᠭᠠᠵᠤ᠂ ᠤᠯᠠᠨ ᠨᠡᠢᠲᠡ᠎ᠶ᠋ᠢ ᠥᠪᠡᠷ᠎ᠤᠨ 《ᠦᠡᠭ᠌ᠬᠡ ᠵᠢᠰᠦ》᠎ᠶ᠋ᠢᠨ᠎ᠢᠶᠠᠨ ᠲᠥᠯᠥᠭᠡ ᠰᠠᠨᠠᠭ᠎ᠠ ᠵᠣᠪᠠᠭ᠍ᠤ ᠦᠭᠡᠢ ᠪᠣᠯᠭᠠᠪᠠ᠃ ᠬᠥᠮᠦᠨ᠎ᠤ ᠵᠢᠰᠦ᠎ᠶ᠋ᠢ ᠢᠯᠭᠠᠨ ᠲᠠᠨᠢᠬᠤ ᠠᠩᠬᠠᠨ᠎ᠤ ᠬᠡᠷᠡᠭ᠎ᠢ ᠱᠢᠭᠦᠵᠦ᠍᠂ ᠬᠥᠮᠦᠨ᠎ᠤ ᠵᠢᠰᠦ᠎ᠶ᠋ᠢ ᠢᠯᠭᠠᠨ ᠲᠠᠨᠢᠬᠤ ᠮᠡᠷᠭᠡᠵᠢᠯ᠎ᠤᠨ ᠬᠡᠷᠡᠭ᠌ᠯᠡᠯᠲᠡ᠎ᠶ᠋ᠢᠨ ᠬᠡᠪᠴᠢᠶ᠎ᠡ᠎ᠶ᠋ᠢ ᠲᠣᠳᠣᠷᠬᠠᠢᠯᠠᠨ᠂ ᠣᠯᠠᠨ ᠨᠡᠢᠲᠡ᠎ᠶ᠋ᠢᠨ ᠠᠮᠢᠳᠤ ᠪᠣᠳᠠᠰ᠎ᠤᠨ ᠴᠢᠬᠤᠯᠠ ᠢᠯᠭᠠᠨ ᠲᠠᠨᠢᠬᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠰᠠᠬᠢᠨ ᠬᠠᠮᠠᠭᠠᠯᠠᠪᠠ᠃

ᠬᠥᠮᠦᠨ᠎ᠤ ᠡᠷᠬᠡ᠎ᠶ᠋ᠢᠨ ᠬᠠᠤᠯᠢ ᠪᠠᠷᠢᠬᠤ ᠪᠠᠲᠤᠯᠠᠭ᠎ᠠ᠎ᠶ᠋ᠢ ᠴᠢᠩᠭᠠᠳᠭᠠᠪᠠ᠃ ᠶᠠᠯ᠎ᠠ ᠪᠠ ᠡᠷᠡᠭᠦᠦ᠍᠎ᠶ᠋ᠢ ᠬᠠᠤᠯᠢ᠎ᠪᠠᠷ ᠲᠣᠭ᠍ᠲᠠᠭᠠᠬᠤ᠂ ᠰᠡᠵᠢᠭ᠌ᠲᠡᠶ ᠶᠠᠯ᠎ᠠ᠎ᠶ᠋ᠢ ᠶᠠᠯ᠎ᠠ ᠦᠯᠦ᠍ ᠬᠢᠭ᠌ᠰᠡᠨ᠎ᠢᠶᠠᠷ ᠪᠣᠳᠣᠬᠤ᠂ ᠭᠡᠷᠡᠴᠢ ᠪᠠᠷᠢᠮᠲᠠ᠎ᠪᠠᠷ ᠲᠠᠰᠤᠯᠤᠨ ᠲᠣᠭ᠍ᠲᠠᠭᠠᠬᠤ᠎ᠶ᠋ᠢ ᠪᠠᠷᠢᠮᠲᠠᠯᠠᠵᠤ᠂ ᠠᠯᠪᠠᠨ ᠵᠠᠭᠠᠯᠳᠤᠯᠭ᠎ᠠ᠎ᠶ᠋ᠢᠨ ᠬᠡᠷᠡᠭ᠎ᠤᠨ 511ᠵᠠᠭᠠᠯᠳᠤᠭ᠍ᠳᠠᠭ᠍ᠴᠢ ᠪᠠ ᠥᠪᠡᠷᠲᠡᠭᠡᠨ ᠵᠠᠭᠠᠯᠳᠤᠭ᠍ᠰᠠᠨ ᠬᠡᠷᠡᠭ᠎ᠤᠨ 383 ᠵᠠᠭᠠᠯᠳᠤᠭ᠍ᠳᠠᠭ᠍ᠴᠢ᠎ᠶ᠋ᠢ ᠶᠠᠯ᠎ᠠ ᠦᠭᠡᠢ᠎ᠪᠠᠷ ᠬᠠᠤᠯᠢ ᠶᠣᠰᠣᠭᠠᠷ ᠵᠠᠷᠯᠠᠵᠤ᠂ ᠶᠠᠯ᠎ᠠ ᠦᠭᠡᠢ ᠬᠥᠮᠦᠨ᠎ᠤ ᠡᠷᠡᠭᠦᠦ᠍᠎ᠶ᠋ᠢᠨ ᠬᠡᠷᠡᠭ᠎ᠢᠶᠠᠷ ᠨᠡᠬᠡᠮᠵᠢᠯᠡᠭ᠌ᠳᠡᠬᠦ᠌ ᠦᠭᠡᠢ ᠪᠠᠢᠬᠤ᠎ᠶ᠋ᠢ ᠦᠨᠡᠨ ᠬᠦ᠌ ᠪᠠᠲᠤᠯᠠᠪᠠ᠃ ᠬᠠᠤᠯᠢ ᠪᠠᠷᠢᠬᠤ ᠶᠠᠮᠤᠨ᠎ᠲᠠᠢ ᠬᠠᠮᠲᠤᠷᠠᠨ ᠠᠯᠠᠬᠤ ᠡᠷᠡᠭᠦᠦ᠍᠎ᠶ᠋ᠢ ᠲᠠᠬᠢᠨ ᠬᠢᠨᠠᠬᠤ ᠬᠡᠷᠡᠭ᠎ᠤᠨ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠠᠯᠠᠬᠤ ᠡᠷᠡᠭᠦᠦ᠍᠎ᠶ᠋ᠢᠨ ᠬᠡᠷᠡᠭ᠎ᠤᠨ ᠵᠠᠭᠠᠯᠳᠤᠬ᠍ᠳᠠᠬ᠍ᠴᠢ᠎ᠶ᠋ᠢᠨ ᠥᠮᠥᠭ᠌ᠯᠡᠭᠦ᠌ ᠡᠷᠬᠡ ᠤᠯᠬᠤ᠎ᠶ᠋ᠢ ᠬᠠᠤᠯᠢ ᠶᠣᠰᠣᠭᠠᠷ ᠪᠠᠲᠤᠯᠠᠪᠠ᠃ ᠡᠷᠡᠬᠦᠦ ᠵᠢᠨ ᠭᠡᠷᠡᠭ ᠎ᠲᠦ ᠬᠠᠣᠯᠢᠴᠢ ᠡᠴᠡ ᠦᠮᠦᠭᠯᠡᠬᠦ ᠵᠢ ᠪᠦᠬᠦᠨ᠎ᠢ ᠪᠦᠷᠬᠦᠬᠦᠯᠬᠦ ᠵᠢ ᠠᠬᠢᠭᠤᠯᠪᠠ᠃ ᠪᠦᠬᠦ᠌ ᠤᠯᠤᠰ᠎ᠤᠨ ᠬᠠᠤᠯᠢᠴᠢᠳ᠎ᠤᠨ ᠨᠡᠢᠭᠡᠮᠯᠢᠭ᠎ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠢᠯ᠎ᠤᠨ ᠲᠣᠭ᠍ᠲᠠᠴᠠ᠎ᠪᠠᠨ ᠪᠦᠷᠢᠨᠱᠢᠭᠦᠯᠦᠨ᠂ ᠬᠠᠤᠯᠢᠴᠢ᠎ᠶ᠋ᠢᠨ ᠠᠵᠢᠯ ᠡᠷᠬᠢᠯᠡᠬᠦ᠌ ᠡᠷᠬᠡ᠎ᠶ᠋ᠢ ᠦᠨᠡᠨ ᠬᠦ᠌ ᠪᠠᠲᠤᠯᠠᠵᠤ᠂ ᠬᠠᠤᠯᠢᠴᠢ᠎ᠶ᠋ᠢᠨ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠠᠬᠢᠭᠤᠯᠬᠤ ᠪᠠ ᠬᠦᠮᠦᠨ᠎ᠤ ᠡᠷᠬᠡ᠎ᠶ᠋ᠢᠨ ᠪᠠᠲᠤᠯᠠᠭ᠎ᠠ᠎ᠶ᠋ᠢᠨ ᠳᠤᠮᠳᠠᠬᠢ ᠴᠢᠬᠤᠯᠠ ᠦᠢᠯᠡᠳᠦᠯ᠎ᠢ᠎ᠨᠢ ᠭᠦᠢᠴᠡᠳ ᠪᠠᠳᠠᠷᠠᠭᠤᠯᠪᠠ᠃ ᠬᠠᠤᠯᠢᠴᠢ᠎ᠶ᠋ᠢᠨ ᠦᠢᠯᠡᠴᠢᠯᠡᠭᠡᠨ᠎ᠤ ᠲᠠᠪᠴᠠᠩ 33 ᠲᠦᠮᠡᠨ ᠬᠠᠤᠯᠢᠴᠢ᠎ᠳᠤ ᠰᠦᠯᠵᠢᠶᠡᠨ ᠳᠡᠭᠡᠷ᠎ᠡ ᠬᠡᠷᠡᠭ ᠪᠤᠯᠭᠠᠨ ᠲᠠᠩᠰᠠᠯᠠᠬᠤ ᠦᠢᠯᠡᠴᠢᠯᠡᠭᠡ᠎ᠶ᠋ᠢ 244 ᠲᠦᠮᠡᠨ ᠬᠤᠪᠢ ᠬᠠᠨᠭ᠌ᠭᠠᠵᠤ᠂ ᠬᠡᠷᠡᠭ᠎ᠢ ᠬᠤᠭᠤᠴᠠᠭ᠎ᠠ ᠵᠢᠭ᠍ᠰᠠᠭᠠᠵᠤ ᠵᠠᠢᠯᠠᠭᠤᠯᠤᠭ᠍ᠰᠠᠨ᠎ᠢ 40 ᠲᠦᠮᠡᠨ ᠤᠳᠠᠭ᠎ᠠ ᠰᠠᠨᠠᠭᠤᠯᠪᠠ᠃ ᠦᠨᠡᠨ᠎ᠠᠴᠠ ᠵᠥᠪ᠎ᠢ ᠡᠷᠢᠬᠦ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠠᠷᠢᠮᠲᠠᠯᠠᠵᠤ᠂ ᠱᠢᠭᠦᠨ ᠲᠠᠰᠤᠯᠤᠯᠲᠠ᠎ᠳᠤ ᠬᠢᠨᠠᠯᠲᠠ ᠲᠠᠯᠪᠢᠬᠤ ᠵᠢᠷᠤᠮ ᠶᠣᠰᠣᠭᠠᠷ 2215 ᠬᠤᠪᠢ ᠡᠷᠡᠭᠦᠦ᠍᠎ᠶ᠋ᠢᠨ ᠬᠡᠷᠡᠭ᠎ᠢ ᠲᠠᠬᠢᠨ ᠱᠢᠭᠦᠵᠤ ᠥᠭᠡᠷᠡᠴᠢᠯᠡᠨ ᠲᠠᠰᠤᠯᠪᠠ᠃ ᠤᠯᠤᠰ᠎ᠤᠨ ᠲᠥᠯᠥᠪᠦᠷᠢ᠎ᠶ᠋ᠢᠨ ᠬᠡᠷᠡᠭ᠎ᠤᠨ ᠤᠶᠤᠨ ᠰᠠᠨᠠᠭᠠᠨ᠎ᠤ ᠬᠤᠬᠢᠷᠠᠯ᠎ᠤᠨ ᠲᠥᠯᠥᠪᠦᠷᠢ᠎ᠶ᠋ᠢᠨ ᠲᠤᠬᠠᠶ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠪᠡ᠃  4 ᠲᠦᠮᠡᠨ  ᠬᠥᠮᠦᠨ᠎ᠳᠤ ᠬᠠᠤᠯᠢ ᠪᠠᠷᠢᠬᠤ ᠠᠪᠤᠷᠠᠨ ᠲᠤᠰᠠᠯᠠᠯᠲᠠ ᠬᠦᠷᠲᠡᠭᠡᠵᠦ᠍᠂ 9.2 ᠳ᠋ᠦᠩᠱᠢᠭᠤᠷ ᠲᠥᠭᠦᠷᠢᠭ ᠠᠪᠤᠷᠠᠨ ᠲᠤᠰᠠᠯᠠᠬᠤ ᠮᠥᠩᠭᠦ᠌ ᠲᠠᠷᠬᠠᠭᠠᠪᠠ᠃ ᠠᠭᠤᠴᠢᠯᠠᠬᠤ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠬᠤ ᠡᠷᠡᠭᠦᠦ᠍᠎ᠶ᠋ᠢᠨ ᠬᠡᠷᠡᠭ᠎ᠤᠨ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠲᠤᠭᠤᠱᠢᠯᠠᠭᠤᠯᠵᠤ᠂ ᠠᠭᠤᠴᠢᠯᠠᠬᠤ ᠶᠤᠰᠤᠲᠠᠢ᠎ᠶ᠋ᠢ᠎ᠨᠢ ᠠᠭᠤᠴᠢᠯᠠᠵᠤ᠂ ᠴᠢᠩᠭ᠎ᠠ ᠱᠢᠢᠳᠭᠡᠬᠦ᠌ ᠶᠤᠰᠤᠲᠠᠢ᠎ᠶ᠋ᠢ᠎ᠨᠢ ᠴᠢᠩᠭ᠎ᠠ ᠱᠢᠢᠳᠭᠡᠬᠡᠳ᠂ ᠬᠠᠤᠯᠢ ᠴᠠᠭᠠᠵᠠ᠎ᠶ᠋ᠢᠨ ᠡᠷᠬᠡ ᠰᠦᠷ᠎ᠲᠠᠢ ᠥᠷᠢᠰᠥᠯᠳᠦᠵᠦ᠍᠂ ᠤᠯᠠᠨ ᠨᠡᠢᠲᠡ᠎ᠶ᠋ᠢᠨ ᠡᠮᠬᠢ ᠵᠢᠷᠤᠮ᠎ᠲᠠᠢ ᠬᠠᠯᠳᠠᠵᠤ᠂ ᠠᠷᠠᠳ ᠲᠦᠮᠡᠨ᠎ᠤ ᠠᠱᠢᠭ ᠲᠤᠰᠠ᠎ᠳᠤ ᠬᠠᠯᠳᠠᠭ᠍ᠰᠠᠨ ᠪᠠᠢᠪᠠᠯ᠂ ᠬᠠᠤᠯᠢ ᠶᠣᠰᠣᠭᠠᠷ ᠠᠭᠤᠴᠢᠯᠠᠯ ᠦᠭᠡᠢ ᠴᠢᠩᠭ᠎ᠠ ᠱᠢᠢᠳᠭᠡᠪᠡ᠃

ᠬᠤᠶᠠᠷ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠢᠳᠡᠪᠬᠢᠲᠡᠶ ᠦᠢᠯᠡᠴᠢᠯᠡᠪᠡ

ᠱᠢᠨ᠎ᠡ᠎ᠬᠥᠭ᠌ᠵᠢᠯᠲᠡ᠎ᠶ᠋ᠢᠨ᠎ᠣᠢᠯᠠᠭᠠᠭ᠍ᠳᠠᠬᠤᠨ᠎ᠢ᠎ᠪᠦᠷᠢᠨ᠎ᠪᠦᠲᠦᠨ᠎ᠪᠦᠭᠡᠳ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠦᠢᠯᠡᠴᠢᠯᠡᠵᠤ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠬᠠᠮᠢᠭ᠎ᠠ ᠬᠦᠷᠪᠡᠯ ᠬᠠᠤᠯᠢ ᠪᠠᠷᠢᠬᠤ ᠦᠢᠯᠡᠴᠢᠯᠡᠭᠡ ᠲᠡᠨᠳᠡ᠎ᠲᠠᠭᠠᠨ ᠬᠦᠷᠪᠡ᠃ ᠡᠯ᠎ᠡ ᠱᠠᠲᠤᠨ᠎ᠤ ᠱᠢᠭᠦᠬᠦ᠌ ᠬᠤᠷᠢᠶ᠎ᠠ ᠨᠢᠭᠡᠳᠦᠭᠡᠷ ᠱᠢᠭᠦᠯᠲᠡ᠎ᠶ᠋ᠢᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠢ 1574.6 ᠲᠦᠮᠡᠨ ᠬᠤᠪᠢ᠂ ᠵᠠᠰᠠᠭ ᠵᠠᠬᠢᠷᠭᠠᠨ᠎ᠤ ᠬᠡᠷᠡᠭ᠎ᠢ 29.8 ᠲᠦᠮᠡᠨ ᠬᠤᠪᠢ ᠱᠢᠭᠦᠵᠤ ᠳᠠᠭᠤᠰᠭᠠᠪᠠ᠃ ᠠᠳᠠᠯᠢ ᠬᠣᠭᠣᠴᠠᠭᠠᠨ᠎ᠦ ᠬᠢ ᠡᠴᠡ ᠲᠣᠰ ᠲᠣᠰ 18.3% ᠪᠡ 12% ᠲᠡᠭᠡᠭᠰᠢᠯᠡᠪᠡ᠃

《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》᠂ 《ᠵᠢᠷᠭᠤᠭ᠎ᠠ᠎ᠶ᠋ᠢ ᠪᠠᠲᠤᠯᠠᠬᠤ》ᠳ᠋ᠦ ᠦᠷᠭᠦᠯᠵᠢᠯᠡᠨ ᠦᠢᠯᠡᠴᠢᠯᠡᠪᠡ᠃ ᠬᠢᠵᠢᠭ᠎ᠡᠴᠠ ᠪᠣᠯᠤᠭ᠍ᠰᠠᠨ ᠠᠵᠢᠯᠴᠢᠨ ᠪᠠ ᠬᠦᠯᠦᠰᠦᠯᠡᠭ᠌ᠴᠢ ᠠᠵᠢᠯᠲᠠᠨ ᠬᠡᠷᠡᠭ᠌ᠯᠡᠬᠦ᠂ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ᠂ ᠬᠤᠳᠠᠯᠳᠤᠭᠠᠨ᠎ᠤ ᠫᠦᠰᠡ ᠲᠦᠷᠢᠶᠡᠰᠦᠯᠡᠬᠦ᠌ ᠵᠡᠷᠭᠡ ᠵᠠᠭᠤᠷᠠᠯᠳᠤᠭᠠᠨ᠎ᠢ ᠲᠣᠬᠢᠲᠠᠶ ᠱᠢᠢᠳᠪᠦᠷᠢᠯᠡᠵᠦ᠍᠂ ᠬᠢᠵᠢᠭ᠎ᠲᠠᠢ ᠬᠤᠯᠪᠣᠭ᠍ᠳᠠᠭ᠍ᠰᠠᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠢ 14.2 ᠲᠦᠮᠡᠨ ᠬᠤᠪᠢ ᠱᠢᠭᠦᠵᠦ᠍ ᠳᠠᠭᠤᠰᠭᠠᠪᠠ᠃ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠬᠥᠭ᠌ᠵᠢᠯᠲᠡ᠎ᠳᠤ ᠬᠦᠴᠦᠨ᠎ᠢᠶᠠᠨ ᠨᠡᠮᠡᠷᠢᠯᠡᠬᠦ᠌ 20 ᠵᠦᠢᠯ᠎ᠤᠨ ᠪᠣᠳᠠᠲᠠᠶ ᠠᠷᠭ᠎ᠠ ᠬᠠᠲᠠᠭᠤ ᠠᠷᠭ᠎ᠠ᠎ᠶ᠋ᠢ ᠨᠡᠢᠲᠡᠯᠡᠵᠦ᠍᠂ ᠣᠷᠣᠱᠢᠨ ᠲᠣᠭ᠍ᠲᠠᠨᠢᠬᠤ ᠬᠥᠭ᠌ᠵᠢᠯᠲᠡ᠎ᠶ᠋ᠢᠨ ᠣᠷᠣᠨ ᠵᠠᠶ᠎ᠶ᠋ᠢ ᠱᠢᠬᠠᠨ ᠳᠠᠷᠤᠬ᠍ᠰᠠᠨ᠂ ᠠᠪᠴᠠᠭᠠᠨ᠎ᠤ ᠵᠣᠭᠤᠰ᠎ᠢ ᠥᠷᠢᠲᠦᠬᠦᠯᠦᠭ᠌ᠰᠡᠨ᠂ ᠬᠠᠷᠠᠯᠲᠠ᠎ᠠᠴᠠ ᠬᠡᠲᠦᠷᠡᠭᠦᠯᠦᠨ ᠪᠠᠢᠴᠠᠭᠠᠨ ᠪᠢᠲᠡᠭᠦᠮᠵᠢᠯᠡᠭ᠌ᠰᠡᠨ ᠳᠤᠷ᠎ᠠ᠎ᠪᠠᠷ᠎ᠢᠶᠠᠨ ᠪᠠᠢᠴᠠᠭᠠᠨ ᠪᠢᠲᠡᠭᠦᠮᠵᠢᠯᠡᠭ᠌ᠰᠡᠨ ᠵᠡᠷᠭᠡ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠡᠷᠬᠡ ᠠᠱᠢᠭ᠎ᠲᠤ ᠬᠠᠯᠳᠠᠭ᠍ᠰᠠᠨ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃ ᠲᠢᠶᠠᠨᠵᠢᠨ᠂ ᠵᠢᠶᠠᠩᠰᠦ᠂ ᠡᠾᠧᠨᠠᠨ᠂ ᠴᠦᠡᠭ᠌ᠴᠢᠩ ᠵᠡᠷᠭᠡ ᠭᠠᠵᠠᠷ᠎ᠤᠨ ᠱᠢᠭᠦᠬᠦ᠌ ᠬᠤᠷᠢᠶ᠎ᠠ 《ᠡᠷᠬᠢᠯᠳᠦᠭᠦᠯᠦᠨ ᠪᠢᠲᠡᠭᠦᠮᠵᠢᠯᠡᠯ ᠲᠠᠢᠯᠬᠤ》 ᠵᠡᠷᠭᠡ ᠠᠷᠭ᠎ᠠ ᠮᠠᠶᠢᠭ᠎ᠢ ᠬᠡᠷᠡᠭ᠌ᠯᠡᠨ᠂ ᠶᠡᠭᠡ ᠲᠤᠭᠠᠨ᠎ᠤ ᠪᠡᠯᠡ ᠮᠥᠩᠭᠦ᠎ᠶ᠋ᠢᠨ ᠴᠡᠪᠳᠡᠭ᠌ᠰᠢᠭᠦᠯᠦᠯ᠎ᠤᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠪᠡᠯᠡ ᠮᠥᠩᠭᠦ᠎ᠶ᠋ᠢᠨ ᠬᠡᠯᠬᠢᠶ᠎ᠡ᠎ᠳᠤ ᠲᠠᠭᠠᠷᠢᠯᠳᠠ ᠪᠤᠯᠬᠤ᠎ᠶ᠋ᠢ ᠰᠡᠷᠭᠡᠢᠯᠡᠪᠡ᠃ ᠯᠢᠶᠣᠤᠨᠢᠩ᠎ᠤᠨ ᠱᠢᠭᠦᠬᠦ᠌ ᠬᠤᠷᠢᠶ᠎ᠠ ᠳᠠᠯᠠᠶ᠎ᠶ᠋ᠢᠨ ᠶᠠᠪᠤᠳᠠᠯ᠎ᠤᠨ ᠠᠯᠪᠠᠳᠠᠯᠭ᠎ᠠ᠎ᠶ᠋ᠢᠨ ᠵᠠᠷᠯᠢᠭ᠎ᠢᠶᠠᠷ ᠭᠠᠳᠠᠭᠠᠳᠤ᠎ᠠᠴᠠ ᠣᠷᠣᠭᠤᠯᠬᠤ ᠬᠦᠢᠲᠡᠨ ᠬᠡᠯᠬᠢᠶᠡᠲᠦ ᠬᠡᠳᠦᠨ ᠵᠠᠭᠤᠨ ᠠᠵᠤ ᠠᠬᠤᠢᠯᠠᠯ᠎ᠢ ᠬᠠᠪᠰᠤᠷᠤᠨ ᠪᠣᠭᠤᠮᠲᠠ᠎ᠶ᠋ᠢ ᠴᠡᠭ᠌ᠴᠡᠯᠡᠬᠦ᠌ ᠬᠦᠴᠢᠷ ᠠᠰᠠᠭᠤᠳᠠᠯ᠎ᠢ ᠱᠢᠢᠳᠪᠦᠷᠢᠯᠡᠵᠤ᠂ ᠭᠠᠳᠠᠭᠠᠲᠤ᠎ᠠᠴᠠ ᠤᠷᠤᠭᠤᠯᠬᠤ ᠪᠠ ᠭᠠᠳᠠᠭᠠᠲᠤ᠎ᠳᠤ ᠭᠠᠷᠭᠠᠬᠤ ᠠᠷᠠᠯᠵᠢᠶ᠎ᠠ᠎ᠳᠤ ᠦᠵᠡᠭᠦᠯᠬᠦ᠌ ᠬᠢᠵᠢᠭ᠎ᠤᠨ ᠨᠥᠯᠥᠭᠡ᠎ᠶ᠋ᠢ ᠪᠠᠭᠠᠰᠭᠠᠪᠠ᠃

ᠬᠠᠤᠯᠢ᠎ᠪᠠᠷ ᠵᠠᠰᠠᠬᠤ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠪᠠᠢᠭᠤᠯᠤᠯᠲᠠ᠎ᠶ᠋ᠢ ᠠᠬᠢᠭᠤᠯᠪᠠ᠃ 《ᠬᠤᠶᠠᠷ ᠥᠴᠦᠬᠡᠨ ᠴᠦ᠍ ᠭᠤᠢᠪᠢᠰᠢ ᠥᠬᠡᠶ》 ᠪᠠᠢᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ᠎ᠢ ᠲᠦᠷᠭᠡᠯᠡᠨ ᠲᠡᠭᠦᠯᠳᠡᠷᠵᠢᠭᠦᠯᠬᠦ᠌᠎ᠳᠤ ᠦᠢᠯᠡᠴᠢᠯᠡᠬᠦ᠌ ᠲᠤᠬᠠᠢ ᠰᠠᠨᠠᠯ᠎ᠢ ᠨᠠᠢᠳᠠᠪᠤᠷᠢᠵᠢᠭᠤᠯᠵᠤ᠂ ᠣᠯᠣᠰ ᠎ᠦᠨ ᠦᠮᠴᠢᠯᠡᠯ᠎ᠦᠨ ᠠᠵᠦ ᠠᠬᠣᠢᠯᠠᠯ ᠂ ᠲᠣᠳᠣᠭᠠᠳᠣ ᠪᠡᠯᠡ ᠭᠠᠳᠠᠭᠠᠳᠣ ᠪᠡᠯᠡ ᠵᠢᠨ ᠠᠵᠦ ᠠᠬᠣᠢᠯᠠᠯ᠂ ᠲᠣᠮᠣ ᠲᠣᠮᠳᠠ ᠵᠢᠵᠢᠭ ᠪᠢᠴᠢᠯ  ᠠᠵᠦ ᠠᠬᠣᠢᠯᠠᠯ ᠵᠡᠷᠭᠡ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠡᠷᠬᠡ ᠲᠡᠭ᠌ᠰᠢ᠎ᠪᠠᠷ ᠬᠠᠮᠠᠭᠠᠯᠠᠪᠠ᠃ ᠤᠯᠤᠰ᠎ᠤᠨ ᠦᠮᠴᠢᠯᠡᠯ᠎ᠤᠨ ᠡᠳ᠋ ᠬᠦᠷᠦᠩᠭᠡ ᠪᠠ ᠤᠯᠤᠰ᠎ᠤᠨ ᠦᠮᠴᠢᠯᠡᠯ᠎ᠤᠨ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠡᠷᠡᠭ᠎ᠢ ᠬᠠᠤᠯᠢ ᠶᠤᠰᠤᠭᠠᠷ ᠱᠢᠭᠦᠵᠦ᠍᠂ ᠤᠯᠤᠰ᠎ᠤᠨ ᠦᠮᠴᠢᠯᠡᠯ᠎ᠤᠨ ᠠᠵᠤ ᠠᠬᠤᠢ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠤᠬᠢᠷᠠᠭᠤᠯᠬᠤ᠎ᠶ᠋ᠢ ᠠᠬᠢᠭᠤᠯᠵᠤ᠂ ᠤᠯᠤᠰ᠎ᠤᠨ ᠦᠮᠴᠢᠯᠡᠯ᠎ᠤᠨ ᠠᠵᠤ ᠠᠬᠤᠢᠯᠠᠯ᠎ᠤᠨ ᠦᠭᠡᠷᠡᠴᠢᠯᠡᠯᠲᠡ᠎ᠶ᠋ᠢᠨ ᠭᠤᠷᠪᠠᠨ ᠵᠢᠯ᠎ᠤᠨ ᠠᠵᠢᠯᠯᠠᠭ᠎ᠠ᠎ᠳᠤ ᠦᠢᠯᠡᠴᠢᠯᠡᠪᠠ᠃ ᠦᠮᠴᠢᠯᠡᠯ᠎ᠤᠨ ᠡᠷᠬᠡ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠳᠤ ᠬᠤᠯᠪᠤᠭ᠍ᠳᠠᠭ᠍ᠰᠠᠨ ᠡᠷᠡᠭᠦᠦ᠍᠎ᠶ᠋ᠢᠨ ᠬᠢᠯᠢᠰ ᠪᠤᠷᠤᠭᠤ 30 ᠬᠡᠷᠡᠭ 39 ᠬᠦᠮᠦᠨ᠎ᠢ ᠲᠠᠬᠢᠨ ᠱᠢᠭᠦᠨ ᠵᠠᠯᠠᠷᠠᠭᠤᠯᠵᠤ᠂ ᠢᠷᠭᠡᠨ᠎ᠤ ᠬᠡᠷᠡᠭ᠎ᠤᠨ ᠬᠠᠷᠢᠭᠤᠴᠠᠯᠭ᠎ᠠ᠎ᠶ᠋ᠢ ᠡᠷᠡᠭᠦᠦ᠍᠎ᠶ᠋ᠢᠨ ᠬᠠᠷᠢᠭᠤᠴᠠᠯᠭ᠎ᠠ ᠪᠣᠯᠭᠠᠨ ᠬᠤᠪᠢᠷᠠᠭᠤᠯᠬᠤ᠎ᠶ᠋ᠢ ᠡᠷᠡᠰ ᠰᠡᠷᠭᠡᠢᠯᠡᠵᠦ᠍᠂ ᠥᠮᠴᠢᠯᠡᠯ᠎ᠤᠨ ᠡᠷᠬᠡ᠎ᠶ᠋ᠢ ᠬᠠᠮᠠᠭᠠᠯᠠᠬᠤ 17 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠳᠡᠯᠡᠵᠦ᠍᠂ ᠭᠡᠷ᠎ᠡ᠎ᠶ᠋ᠢᠨ ᠵᠣᠷᠢᠭ ᠰᠠᠨᠠᠭ᠎ᠠ ᠪᠠ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ ᠵᠡᠷᠭᠡ ᠬᠦᠷᠢᠶᠡᠨ᠎ᠳᠤ ᠲᠠᠯᠪᠢᠭ᠍ᠰᠠᠨ ᠪᠤᠱᠤᠭ᠎ᠠ᠎ᠶ᠋ᠢ ᠬᠠᠤᠯᠢ ᠶᠣᠰᠣᠭᠠᠷ ᠡᠪᠳᠡᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠳᠠᠷᠤᠭ᠍ᠳᠠᠮᠠᠯ ᠬᠡᠷᠡᠭ᠎ᠢ ᠢᠯᠭᠠᠷᠠᠭᠤᠯᠪᠠ᠃ ᠯᠢᠶᠣᠤᠨᠢᠩ᠂ ᠬᠢᠷᠢᠨ᠂ ᠬᠠᠷᠠᠮᠥ᠋ᠷᠡᠨ᠂ ᠬᠤᠪᠸᠢ᠂ ᠬᠤᠨᠠᠨ ᠵᠡᠷᠭᠡ ᠭᠠᠵᠠᠷ᠎ᠤᠨ ᠱᠢᠭᠦᠬᠦ᠌ ᠬᠤᠷᠢᠶ᠎ᠠ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠡᠷᠡᠭ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠨᠥᠯᠥᠭᠡ᠎ᠶ᠋ᠢ ᠦᠨᠡᠯᠡᠨ ᠵᠢᠱ᠌ᠢᠬᠦ᠌ ᠲᠣᠭ᠍ᠲᠠᠴᠠ᠎ᠶ᠋ᠢ ᠪᠠᠢᠭᠤᠯᠪᠠ᠃ ᠵᠠᠰᠠᠭ ᠵᠠᠬᠢᠷᠭᠠᠨ᠎ᠤ ᠵᠥᠪᠱᠢᠶᠡᠷᠡᠯ᠂ ᠵᠠᠰᠠᠭ ᠵᠠᠬᠢᠷᠭᠠᠨ᠎ᠤ ᠬᠡᠯᠡᠯᠴᠡᠭᠡᠷ᠎ᠤᠨ ᠬᠡᠷᠡᠭ᠎ᠢ 2.1 ᠲᠦᠮᠡᠨ ᠬᠤᠪᠢ ᠱᠢᠭᠦᠨ ᠳᠠᠭᠤᠰᠭᠠᠵᠤ᠂ 《ᠪᠠᠭᠤᠯᠭᠠᠬᠤ ᠤᠶᠠᠯᠳᠤᠭᠤᠯᠬᠤ ᠱᠢᠯᠢᠳᠡᠭ᠌ᠵᠢᠭᠦᠯᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠦᠢᠯᠡᠴᠢᠯᠡᠪᠡ᠃ ᠱᠠᠨ ᠰᠢ᠂ ᠥᠪᠥᠷ ᠮᠣᠩᠭᠤᠯ᠂ ᠾᠧᠨᠠᠨ᠂ ᠬᠠᠢᠨᠠᠨ᠂ ᠭᠦᠢᠵᠧᠦ ᠵᠡᠷᠭᠡ ᠭᠠᠵᠠᠷ᠎ᠤᠨ ᠱᠢᠭᠦᠬᠦ᠌ ᠬᠤᠷᠢᠶ᠎ᠠ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠷᠢᠭᠤᠴᠠᠯᠭᠠᠲᠠᠨ ᠱᠢᠭᠦᠯᠲᠡ᠎ᠳᠤ ᠣᠷᠣᠯᠴᠠᠵᠤ ᠵᠠᠷᠭᠤ ᠬᠦᠯᠢᠶᠡᠬᠦ᠌᠎ᠶ᠋ᠢ ᠬᠦᠴᠦᠯᠡᠨ ᠠᠬᠢᠭᠤᠯᠵᠤ᠂ ᠾᠧᠪᠧᠶ᠂ ᠵᠢᠶᠠᠩᠰᠢ᠂ ᠱᠠᠨᠳᠦ᠋ᠩ᠂ ᠱᠠᠨᠰᠢ᠂ ᠭᠠᠨᠰᠤ ᠵᠡᠷᠭᠡ ᠭᠠᠵᠠᠷ᠎ᠤᠨ ᠱᠢᠭᠦᠬᠦ᠌ ᠬᠤᠷᠢᠶ᠎ᠠ ᠵᠠᠰᠠᠭ ᠵᠠᠬᠢᠷᠭᠠᠨ᠎ᠤ ᠮᠠᠷᠭᠤᠭᠠᠨ᠎ᠢ ᠪᠣᠳᠠᠲᠠᠶ᠎ᠪᠠᠷ ᠱᠢᠢᠳᠪᠦᠷᠢᠯᠡᠬᠦ᠌ ᠠᠵᠢᠯ᠎ᠢ ᠴᠢᠩᠭᠠᠳᠭᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠳᠤ ᠦᠢᠯᠡᠴᠢᠯᠡᠪᠡ᠃

ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢ ᠠᠬᠢᠭᠤᠯᠪᠡ᠃ ᠨᠢᠭᠡᠳᠦᠭᠡᠷ ᠱᠢᠭᠦᠯᠲᠡ᠎ᠶ᠋ᠢᠨ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠡᠷᠡᠭ᠎ᠢ 54.1 ᠲᠦᠮᠡᠨ ᠬᠤᠪᠢ ᠱᠢᠭᠦᠨ ᠳᠠᠭᠤᠰᠭᠠᠵᠤ᠂ ᠠᠳᠠᠯᠢ ᠬᠣᠭᠣᠴᠠᠭᠠᠨ ᠎ᠦ ᠬᠢ ᠡᠴᠡ 16.1% ᠨᠡᠮᠡᠭᠳᠡᠵᠦ᠂ ᠱᠢᠨ᠎ᠡ᠎ᠶ᠋ᠢ ᠡᠭᠦᠳᠬᠦ᠌᠎ᠶ᠋ᠢ ᠬᠠᠮᠠᠭᠠᠯᠠᠵᠤ᠂ ᠡᠭᠦᠳᠦᠨ ᠪᠦᠲᠦᠭᠡᠬᠦ᠌᠎ᠶ᠋ᠢ ᠤᠷᠮᠠᠱᠢᠭᠤᠯᠪᠠ᠃ 5G ᠮᠡᠳᠡᠭᠡ ᠬᠤᠯᠪᠣᠭ᠎ᠠ᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠠᠰ᠎ᠤᠨ ᠦᠢᠯᠡᠳᠬᠦ᠌ ᠦᠢᠯᠡᠰ ᠵᠡᠷᠭᠡ ᠳᠡᠭᠡᠳᠦ ᠱᠢᠨ᠎ᠡ ᠮᠡᠷᠭᠡᠵᠢᠯ᠎ᠤᠨ ᠬᠡᠷᠡᠭ᠎ᠢ ᠱᠢᠭᠦᠵᠦ᠍᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ ᠪᠠ ᠤᠤᠭᠠᠯ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠤᠨ ᠬᠠᠮᠠᠭᠠᠯᠠᠯᠲᠠ᠎ᠶ᠋ᠢ ᠴᠢᠩᠭᠠᠳᠭᠠᠪᠠ᠃ ᠲᠤᠱᠢᠶᠠᠯ᠎ᠤᠨ ᠡᠭᠦᠳᠦᠯᠲᠡ᠎ᠶ᠋ᠢᠨ ᠡᠷᠬᠡ᠎ᠶ᠋ᠢᠨ ᠬᠠᠷᠢᠶᠠᠨ᠎ᠤ ᠮᠠᠷᠭᠤᠭᠠᠨ᠎ᠤ ᠮᠠᠭᠠᠳᠯᠠᠬᠤ ᠪᠠᠷᠢᠮᠵᠢᠶ᠎ᠠ᠎ᠶ᠋ᠢ ᠲᠣᠳᠣᠷᠬᠠᠢᠯᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠱᠢᠨ᠎ᠡ᠎ᠶ᠋ᠢ ᠡᠭᠦᠳᠴᠤ᠌ ᠡᠭᠦᠳᠦᠨ ᠪᠦᠲᠦᠭᠡᠭᠦ᠎ᠶ᠋ᠢ ᠤᠷᠮᠠᠱᠢᠭᠤᠯᠤᠨ ᠵᠤᠷᠢᠠᠠᠵᠢᠭᠤᠯᠪᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠱᠢᠷᠭᠠᠭᠤ ᠬᠠᠲᠠᠭᠤᠵᠢᠯᠲᠠᠶ ᠠᠵᠢᠯᠯᠠᠭ᠍ᠰᠠᠨ ᠪᠣᠯᠪᠠᠴᠤ᠌ ᠮᠡᠷᠭᠡᠵᠢᠯ᠎ᠤᠨ ᠱᠤᠭᠤᠮ᠎ᠤᠨ ᠰᠣᠩᠭᠤᠯᠲᠠ᠎ᠠᠴᠠ ᠪᠣᠯᠵᠤ ᠠᠯᠳᠠᠰᠢ ᠭᠠᠷᠤᠭ᠍ᠰᠠᠨ ᠪᠠᠢᠪᠠᠯ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ᠎ᠨᠢ ᠵᠦᠶ ᠵᠣᠬᠢᠰᠲᠠᠶ ᠵᠠᠭᠠᠭ᠍ᠯᠠᠨ ᠲᠣᠭ᠍ᠲᠠᠭᠠᠵᠤ᠂ ᠱᠢᠨ᠎ᠡ᠎ᠶ᠋ᠢ ᠡᠭᠦᠳᠬᠦ᠌᠎ᠶ᠋ᠢ ᠵᠣᠷᠢᠠᠠᠵᠢᠭᠤᠯᠬᠤ᠂ ᠢᠯᠠᠭ᠍ᠳᠠᠯ᠎ᠢ ᠠᠭᠤᠴᠢᠯᠠᠬᠤ ᠰᠠᠢᠨ ᠣᠷᠴᠢᠨ ᠨᠥᠬᠦᠴᠡᠯ᠎ᠢ ᠪᠤᠢ ᠪᠣᠯᠭᠠᠪᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠡᠷᠬᠡ᠎ᠪᠠᠨ ᠬᠠᠮᠠᠭᠠᠯᠠᠬᠤ᠎ᠳᠤ 《ᠭᠡᠷᠡᠴᠢ ᠳᠤᠷᠠᠳᠭᠤ᠎ᠳᠤ ᠬᠦᠴᠢᠷᠲᠡᠢ᠂ ᠦᠶᠡᠯᠡᠯ᠎ᠤᠨ ᠬᠤᠭᠤᠴᠠᠭ᠎ᠠ ᠣᠷᠳᠣ᠂ ᠲᠥᠯᠥᠪᠦᠷᠢ ᠳᠣᠤᠷ᠎ᠠ᠂ ᠦᠪᠡᠷ᠎ᠤᠨ ᠥᠷᠲᠡᠭ ᠥᠨᠳᠥᠷ》 ᠵᠡᠷᠭᠡ ᠬᠦᠴᠢᠷᠲᠡᠶ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃ ᠮᠡᠳᠡᠯᠬᠡ᠎ᠶ᠋ᠢᠨ ᠪᠦᠳᠦᠬᠡᠭ᠌ᠳᠡᠬᠦᠨ᠎ᠤ ᠦᠮᠴᠢᠯᠡᠬᠦ᠌ ᠡᠷᠬᠡ᠎ᠶ᠋ᠢᠨ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ᠎ᠶ᠋ᠢᠨ ᠲᠤᠬᠠᠶ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ 895 ᠬᠡᠷᠡᠭ᠎ᠤᠨ  ᠳᠤᠮᠳᠠ ᠡᠷᠬᠡ᠎ᠳᠤ ᠬᠠᠯᠳᠠᠭ᠍ᠴᠢ᠎ᠶ᠋ᠢ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ ᠦᠭ᠌ᠬᠦᠬᠦᠯᠬᠦ᠌᠎ᠪᠠᠷ ᠳᠠᠰᠤᠯᠤᠨ ᠱᠢᠢᠳᠭᠡᠪᠡ᠃ ᠦᠢᠯᠡ ᠠᠵᠢᠯᠯᠠᠭ᠎ᠠ᠎ᠶ᠋ᠢ ᠬᠠᠮᠠᠭᠠᠯᠠᠨ ᠬᠠᠳᠠᠭᠠᠯᠠᠬᠤ ᠳᠦᠷᠢᠮ᠎ᠢ ᠬᠠᠤᠯᠢ ᠶᠤᠰᠤᠭᠠᠷ ᠲᠤᠬᠢᠷᠠᠭᠤᠯᠤᠨ ᠬᠡᠷᠡᠭ᠌ᠯᠡᠵᠦ᠍᠂ ᠤᠷᠢᠳ᠎ᠢᠶᠠᠷ ᠱᠢᠭᠦᠨ ᠲᠠᠰᠤᠯᠬᠤ ᠪᠠ ᠲᠦᠷ ᠴᠠᠭ᠎ᠤᠨ ᠴᠠᠭᠠᠵᠠᠯᠠᠬᠤ ᠵᠠᠷᠯᠢᠭ᠎ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠬᠤᠬᠢᠷᠠᠯ᠎ᠤᠨ ᠶᠡᠬᠡᠰᠭᠦ᠎ᠶ᠋ᠢ ᠰᠡᠷᠭᠡᠢᠯᠡᠵᠤ᠂ ᠡᠷᠬᠡᠲᠦ ᠬᠥᠮᠦᠨ ᠵᠠᠷᠭᠤ ᠢᠯᠠᠭ᠍ᠰᠠᠨ ᠴᠤ᠌ ᠵᠠᠬ᠎ᠠ ᠳᠡᠯᠭᠡᠭᠦᠷ᠎ᠢᠶᠠᠨ ᠠᠯᠳᠠᠬᠤ ᠪᠠᠢᠳᠠᠯ ᠭᠠᠷᠬᠤ᠎ᠶ᠋ᠢ ᠬᠤᠷᠢᠭ᠍ᠯᠠᠪᠠ᠃ ᠳᠤᠷ᠎ᠠ᠎ᠪᠠᠷ᠎ᠢᠶᠠᠨ ᠵᠠᠭᠠᠯᠳᠤᠭ᠍ᠴᠢ᠎ᠪᠠᠷ ᠵᠦᠶ ᠵᠣᠬᠢᠰᠲᠠᠶ ᠵᠠᠷᠤᠯᠭ᠎ᠠ ᠲᠦᠯᠦᠬᠦᠯᠬᠦ᠌᠎ᠶ᠋ᠢ ᠳᠡᠮᠵᠢᠵᠦ᠍᠂ ᠮᠠᠭᠤ ᠰᠠᠨᠠᠭ᠎ᠠ᠎ᠲᠠᠢ᠎ᠪᠠᠷ ᠵᠠᠭᠠᠯᠳᠤᠵᠤ ᠱᠢᠨ᠎ᠡ᠎ᠶ᠋ᠢ ᠡᠭᠦᠳᠬᠦ᠌ ᠦᠢᠯᠡ ᠠᠵᠢᠯᠯᠠᠭ᠎ᠠ᠎ᠶ᠋ᠢ ᠬᠠᠷᠱᠢᠯᠠᠬᠤ᠎ᠶ᠋ᠢ ᠲᠡᠪᠴᠢᠪᠡ᠃ ᠮᠠᠨ᠎ᠦ ᠣᠯᠣᠰ ᠨᠢᠬᠡᠨᠳᠡ ᠮᠡᠳᠡᠯᠭᠡ ᠵᠢᠨ ᠪᠦᠳᠦᠭᠡᠭᠳᠡᠬᠦᠨ᠎ᠦ ᠦᠮᠴᠢᠯᠡᠬᠦ ᠡᠷᠭᠡ ᠵᠢᠨ ᠬᠡᠷᠡᠭ᠂ ᠢᠯᠡᠩᠭᠣᠶ᠎ᠠ ᠲᠣᠰᠬᠠᠢ ᠠᠰᠢᠭ᠎ᠦᠨ ᠭᠡᠷᠡᠭ᠎ᠢ ᠬᠠᠮᠣᠭ᠎ᠦᠨ ᠣᠯᠠᠨ ᠰᠢᠬᠦᠨ ᠰᠢᠢᠳᠪᠦᠷᠢᠯᠡᠭᠰᠡᠨ ᠣᠯᠣᠰ᠂ ᠮᠦᠨ ᠎ᠴᠤ ᠬᠠᠮᠣᠭ᠎ᠦᠨ ᠣᠬᠣᠷ ᠦᠶᠡᠯᠡᠯ᠎ᠦᠨ ᠬᠣᠭᠣᠴᠠᠭᠠᠨ᠎ᠳᠦ ᠰᠢᠬᠦᠨ ᠰᠢᠢᠳᠪᠦᠷᠢᠯᠡᠭᠰᠡᠨ ᠣᠯᠣᠰ᠎ᠦᠨ ᠨᠢᠬᠡ ᠪᠣᠯᠪᠠ᠃ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠤ ᠦᠢᠯᠡᠴᠢᠯᠡᠬᠦ᠌ ᠳᠤᠮᠳᠠᠬᠢ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠱᠢᠭᠦᠨ ᠲᠠᠰᠤᠯᠤᠯᠳᠠ᠎ᠶ᠋ᠢᠨ ᠦᠢᠯᠡᠳᠦᠯ ᠤᠯᠠᠮ᠎ᠠᠴᠠ ᠤᠯᠠᠮ ᠢᠯᠡᠷᠬᠡᠢ ᠪᠤᠯᠪᠡ᠃

ᠵᠠᠬ᠎ᠠ ᠳᠡᠯᠭᠡᠭᠦᠷ᠎ᠤᠨ ᠭᠤᠤᠯᠴᠢ ᠥᠷᠢᠰᠥᠯᠳᠦᠭᠡᠨ᠎ᠢ ᠬᠠᠮᠠᠭᠠᠯᠠᠪᠠ᠃ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ ᠪᠠᠷᠢᠯᠲᠠ᠎ᠶ᠋ᠢ ᠴᠢᠩᠭᠠᠳᠭᠠᠵᠤ᠂ 49 ᠬᠤᠪᠢ ᠮᠣᠨᠣᠫᠣᠯᠢᠴᠢᠯᠠᠯ᠎ᠤᠨ ᠬᠡᠷᠡᠭ᠂ 7478 ᠬᠤᠪᠢ ᠵᠦᠶ ᠪᠤᠰᠤ ᠥᠷᠢᠰᠥᠯᠳᠦᠭᠡᠨ᠎ᠤ ᠬᠡᠷᠡᠭ᠎ᠢ ᠱᠢᠭᠦᠵᠤ ᠳᠠᠭᠤᠰᠭᠠᠪᠠ᠃ ᠳ᠋ᠠᠢᠲ᠋ᠠ᠎ᠶ᠋ᠢᠨ ᠡᠷᠬᠡ᠎ᠶ᠋ᠢ ᠬᠠᠮᠠᠭᠠᠯᠠᠬᠤ ᠲᠦᠷᠢᠮ᠎ᠢ ᠰᠦᠪᠡᠭ᠌ᠴᠢᠯᠡᠵᠦ᠍᠂ ᠳ᠋ᠢᠵᠢᠲ᠋ᠠᠯ ᠠᠵᠤ ᠠᠬᠤᠶ᠎ᠳᠤ ᠦᠢᠯᠡᠴᠢᠯᠡᠵᠦ᠍᠂ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠥᠭ᠌ᠵᠢᠯᠲᠡ᠎ᠶ᠋ᠢ ᠠᠬᠢᠭᠤᠯᠪᠠ᠃ ᠲᠠᠪᠴᠠᠩ᠎ᠤᠨ 《ᠬᠤᠶᠠᠷ᠎ᠠᠴᠠ ᠨᠢᠭᠡ᠎ᠶ᠋ᠢ ᠰᠣᠩᠭᠤᠬᠤ》᠂ ᠬᠤᠳᠠᠯ ᠬᠠᠭᠤᠷᠮᠠᠬ ᠰᠤᠯᠢᠯᠴᠠᠭ᠎ᠠ ᠬᠢᠵᠦ᠍ ᠢᠳᠡᠬᠡᠮᠵᠢ᠎ᠪᠠᠨ ᠳᠡᠬᠡᠭ᠌ᠰᠢᠯᠡᠬᠦᠯᠬᠦ᠌ ᠵᠡᠷᠭᠡ ᠮᠤᠨᠤᠫᠤᠯᠢᠴᠢᠯᠠᠯ ᠪᠠ ᠵᠦᠶ ᠪᠤᠰᠤ ᠥᠷᠢᠰᠥᠯᠳᠦᠭᠡᠨ᠎ᠤ ᠬᠡᠷᠡᠭ᠎ᠢ ᠱᠢᠭᠦᠵᠦ᠍᠂ ᠭᠤᠤᠯᠴᠢ ᠥᠷᠢᠰᠥᠯᠳᠦᠭᠡᠨ᠎ᠢ ᠬᠠᠷᠱᠢᠯᠠᠬᠤ᠂ ᠤᠯᠠᠨ ᠲᠦᠮᠡᠨ᠎ᠤ ᠠᠱᠢᠭ ᠲᠤᠰᠠ᠎ᠶ᠋ᠢ ᠬᠤᠬᠢᠷᠠᠭᠤᠯᠬᠤ ᠦᠢᠯᠡ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ 《ᠴᠠ ᠶᠠᠨ ᠶᠤᠸᠠᠢ ᠰᠧ》 ᠰᠦ᠎ᠲᠠᠢ ᠴᠠᠢ᠎ᠶ᠋ᠢᠨ 《ᠴᠠ ᠶᠠᠨ ᠭᠤᠸᠠᠨ ᠰᠧ》 ᠎ᠶ᠋ᠢ ᠵᠠᠭᠠᠯᠳᠤᠭ᠍ᠰᠠᠨ ᠵᠦᠶ ᠪᠤᠰᠤ ᠥᠷᠢᠰᠥᠯᠳᠦᠭᠡᠨ᠎ᠤ ᠬᠡᠷᠡᠭ᠎ᠢ ᠱᠢᠭᠦᠵᠦ᠍᠂ ᠨᠡᠷᠡᠲᠦ ᠲᠡᠮᠳᠡᠭ᠌ᠲᠦ᠍᠎ᠳᠤ ᠲᠤᠯᠳᠦ᠋ᠢᠳᠭᠤ ᠵᠡᠷᠭᠡ ᠵᠦᠶ ᠪᠤᠰᠤ ᠥᠷᠢᠰᠥᠯᠳᠦᠭᠡᠨ᠎ᠤ ᠦᠢᠯᠡ ᠠᠵᠢᠯᠯᠠᠭ᠎ᠠ᠎ᠶ᠋ᠢ ᠵᠠᠯᠬᠠᠭᠠᠪᠡ᠃ 《ᠨᠣᠭᠤᠭᠠᠨ ᠶᠠᠷᠮ᠎ᠠ》 ᠵᠡᠷᠭᠡ 《ᠯᠠᠢᠮᠤᠤᠷᠳᠠᠬᠤ ᠮᠠᠶᠢᠭ᠎ᠤᠨ ᠡᠷᠬᠡ᠎ᠪᠠᠨ ᠬᠠᠮᠠᠭᠠᠯᠠᠬᠤ》 ᠠᠵᠢᠯᠯᠠᠭ᠎ᠠ᠎ᠶ᠋ᠢ ᠦᠯᠦ᠍ ᠬᠠᠮᠠᠭᠠᠯᠠᠬᠤ᠎ᠪᠠᠷ ᠲᠣᠳᠣᠷᠬᠠᠢᠯᠠᠵᠤ᠂ ᠬᠤᠯᠪᠣᠭ᠍ᠳᠠᠯ ᠪᠦᠬᠦᠢ ᠵᠠᠷᠭᠤ᠎ᠶ᠋ᠢᠨ ᠭᠤᠶᠤᠴᠢᠯᠠᠯ᠎ᠢ ᠨᠢᠴᠤᠭᠠᠪᠠ᠃

ᠵᠠᠬ᠎ᠠ ᠳᠡᠯᠭᠡᠭᠦᠷ᠎ᠤᠨ ᠪᠡᠶᠡᠴᠢ ᠴᠣᠭ᠍ᠴᠠ᠎ᠶ᠋ᠢᠨ ᠡᠮᠬᠢ ᠵᠢᠷᠤᠮ᠎ᠲᠠᠢ᠎ᠪᠠᠷ ᠤᠬᠤᠷᠢᠨ ᠭᠠᠷᠬᠤ ᠪᠠ ᠪᠦᠲᠦᠮᠵᠢᠲᠡᠶ ᠠᠪᠤᠷᠠᠨ ᠵᠠᠰᠠᠬᠤ᠎ᠶ᠋ᠢ ᠠᠬᠢᠭᠤᠯᠪᠠ᠃ 1.3 ᠲᠦᠮᠡᠨ ᠬᠤᠪᠢ ᠳᠠᠮᠫᠤᠷᠠᠯ᠎ᠤᠨ ᠬᠡᠷᠡᠭ᠎ᠢ ᠱᠢᠭᠦᠨ ᠳᠠᠭᠤᠰᠭᠠᠵᠤ᠂ ᠡᠨᠡ᠎ᠨᠢ 2.3 ᠲᠦᠮᠡᠨ ᠳ᠋ᠦᠩᠱᠢᠭᠤᠷ ᠲᠥᠭᠦᠷᠢᠭ ᠠᠪᠴᠠᠭᠠᠨ᠎ᠤ ᠡᠷᠬᠡ᠎ᠳᠤ ᠬᠤᠯᠪᠣᠭ᠍ᠳᠠᠵᠤ᠂ ᠠᠵᠤ ᠠᠬᠤᠢᠯᠠᠯ᠎ᠤᠨ ᠱᠢᠯᠢᠳᠡᠭ᠎ᠨᠢ ᠱᠢᠯᠢᠭ᠌ᠳᠡᠵᠤ ᠱᠢᠭᠠᠷᠤ᠎ᠨᠢ ᠱᠢᠭ᠌ᠰᠢᠭ᠌ᠳᠡᠬᠦ᠌ ᠪᠠ ᠡᠯᠧᠮᠧᠨ᠋ᠲ᠎ᠤᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠲᠣᠬᠢᠷᠠᠭᠤᠯᠬᠤ᠎ᠶ᠋ᠢ ᠠᠬᠢᠭᠤᠯᠪᠠ᠃ ᠳᠠᠮᠫᠤᠷᠠᠯ᠎ᠤᠨ ᠱᠢᠭᠦᠨ ᠲᠠᠰᠤᠯᠤᠯᠲᠠ᠎ᠶ᠋ᠢᠨ 《ᠢᠳᠡᠪᠬᠢᠲᠡᠢ ᠠᠪᠤᠷᠠᠬᠤ》 ᠪᠠ 《ᠴᠠᠭ ᠲᠤᠬᠠᠶ᠎ᠳᠤᠨᠢ ᠴᠡᠪᠡᠷᠯᠡᠬᠦ᠌》 ᠴᠢᠳᠠᠮᠵᠢ᠎ᠶ᠋ᠢ ᠭᠦᠢᠴᠡᠳ ᠪᠠᠳᠠᠷᠠᠭᠤᠯᠬᠤ᠎ᠶ᠋ᠢᠨ ᠬᠠᠮᠲᠤ ᠳᠠᠮᠫᠤᠷᠠᠯ᠎ᠤᠨ ᠨᠡᠷ᠎ᠡ᠎ᠪᠠᠷ ᠦᠷᠢ ᠥᠭ᠌ᠴᠡᠭᠡ᠎ᠠᠴᠠ ᠵᠠᠢᠯᠠᠬᠤ ᠪᠠ ᠲᠡᠭᠦᠨ᠎ᠢᠶᠠᠨ ᠬᠦᠴᠦᠨ ᠦᠭᠡᠢ ᠪᠤᠯᠭᠠᠬᠤ᠎ᠶ᠋ᠢ ᠡᠷᠡᠰ ᠰᠡᠷᠭᠡᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠲᠠᠢ ᠬᠠᠮᠵᠢᠯᠴᠠᠨ ᠠᠵᠤ ᠠᠬᠤᠢᠯᠠᠯ᠎ᠤᠨ ᠳᠠᠮᠫᠤᠷᠠᠯ᠎ᠤᠨ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠦᠷᠨᠢᠭᠦᠯᠦᠨ᠂ ᠳᠠᠮᠫᠤᠷᠠᠯ᠎ᠤᠨ ᠬᠠᠤᠯᠢ ᠴᠠᠭᠠᠵᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠪᠠ᠃ ᠱᠧᠨᠵᠧᠨ᠎ᠤ ᠬᠤᠪᠢ ᠬᠥᠮᠦᠨ᠎ᠤ ᠳᠠᠮᠫᠤᠷᠠᠯ᠎ᠤᠨ ᠳᠦᠷᠢᠮ᠎ᠤᠨ ᠠᠩᠬᠠᠨ᠎ᠤ ᠬᠡᠷᠡᠭ᠎ᠤᠨ ᠲᠣᠭ᠍ᠲᠠᠭᠠᠯᠲᠠ ᠬᠦᠴᠦᠨ᠎ᠲᠠᠢ ᠪᠣᠯᠵᠤ᠂ 《ᠦᠨᠡᠨᠴᠢ ᠱᠢᠳᠤᠷᠭᠤ ᠪᠥᠭᠡᠳ ᠠᠵᠠ ᠪᠤᠰᠤ》 ᠥᠭ᠌ᠴᠡᠭᠡᠲᠡᠨ᠎ᠢ ᠱᠢᠨ᠎ᠡ᠎ᠪᠠᠷ ᠳᠠᠬᠢᠨ ᠦᠢᠯᠡᠰ ᠡᠬᠢᠯᠡᠭᠦᠯᠵᠤ ᠴᠢᠳᠠᠬᠤ ᠪᠤᠯᠭᠠᠵᠤ᠂ ᠬᠤᠪᠢ ᠬᠥᠮᠦᠨ᠎ᠤ ᠳᠠᠮᠫᠤᠷᠠᠯ᠎ᠤᠨ ᠲᠦᠷᠢᠮ᠎ᠤᠨ ᠦᠢᠯᠡᠳᠦᠯᠭᠡ ᠴᠢᠬᠤᠯᠠ ᠨᠢᠭᠡ ᠠᠯᠬᠤᠮ᠎ᠢ ᠠᠯᠬᠤᠪᠠ᠃ ᠳᠠᠮᠫᠤᠷᠠᠯ᠎ᠢ ᠳᠠᠬᠢᠨ ᠴᠡᠭ᠌ᠴᠡᠯᠡᠭ᠌ᠰᠡᠨ 732 ᠬᠤᠪᠢ ᠬᠡᠷᠡᠭ᠎ᠢ ᠱᠢᠭᠦᠨ ᠳᠠᠭᠤᠰᠭᠠᠵᠤ᠂ 1.5 ᠲᠦᠮᠡᠨ  ᠳ᠋ᠦᠩᠱᠢᠭᠤᠷ ᠲᠥᠭᠦᠷᠢᠭ᠎ᠤᠨ ᠡᠳ᠋ ᠬᠥᠷᠥᠩᠭᠡ᠎ᠶ᠋ᠢ ᠠᠮᠢᠳᠤᠯᠢᠭ ᠪᠤᠯᠭᠠᠵᠤ᠂ ᠬᠦᠴᠢᠷᠳᠡᠯ᠎ᠳᠤ ᠲᠤᠯᠭᠠᠷᠠᠭ᠍ᠰᠠᠨ 745 ᠠᠵᠤ ᠠᠬᠤᠢᠯᠠᠯ᠎ᠳᠤ ᠳᠠᠬᠢᠨ ᠱᠢᠨ᠎ᠡ ᠠᠮᠢᠯᠠᠯ ᠤᠯᠭᠤᠵᠤ᠂ 35 ᠲᠦᠮᠡᠨ ᠠᠵᠢᠯᠲᠠᠨ᠎ᠤ ᠠᠵᠢᠯ ᠤᠯᠭᠤᠯᠲᠠ᠎ᠶ᠋ᠢ ᠲᠣᠭ᠍ᠲᠠᠪᠤᠷᠢᠵᠢᠭᠤᠯᠪᠠ᠃

ᠮᠥᠩᠭᠦᠨ ᠭᠦᠢᠯᠭᠡᠭᠡᠨ᠎ᠤ ᠵᠠᠬ᠎ᠠ ᠳᠡᠯᠭᠡᠭᠦᠷ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠪᠠ᠃ ᠮᠦᠡᠭ᠌ᠭᠦᠨ ᠭᠦᠢᠯᠭᠡᠭᠡᠨ᠎ᠤ ᠵᠢᠭᠡᠯᠡᠯᠭᠡ᠎ᠶ᠋ᠢᠨ ᠲᠡᠮᠳᠡᠭ᠌ᠲᠤ᠎ᠶ᠋ᠢᠨ ᠶᠠᠯᠠᠲᠤ ᠠᠵᠢᠯᠯᠠᠭ᠎ᠠ᠎ᠶ᠋ᠢ ᠬᠠᠤᠯᠢ ᠶᠤᠰᠤᠭᠠᠷ ᠴᠢᠩᠭ᠎ᠠ ᠱᠢᠢᠳᠭᠡᠵᠦ᠍᠂ ᠵᠠᠬ᠎ᠠ ᠳᠡᠯᠭᠡᠭᠦᠷ᠎ᠢ ᠵᠠᠬᠢᠷᠤᠨ ᠡᠵᠡᠮᠳᠡᠭ᠌ᠰᠡᠨ᠂ ᠲᠤᠲᠤᠭᠠᠲᠤ᠎ᠶ᠋ᠢᠨ ᠮᠡᠳᠡᠭᠡ ᠵᠠᠩᠬᠢ᠎ᠶ᠋ᠢ ᠠᠱᠢᠭ᠍ᠯᠠᠨ ᠠᠷᠠᠯᠵᠢᠶᠠᠯᠠᠭ᠍ᠰᠠᠨ᠂ ᠬᠠᠤᠯᠢ ᠪᠤᠰᠤ᠎ᠪᠠᠷ ᠪᠡᠯᠡ ᠴᠤᠭ᠍ᠯᠠᠭᠤᠯᠤᠭ᠍ᠰᠠᠨ᠂ ᠵᠤᠭᠤᠰ ᠤᠬᠢᠶᠠᠭ᠍ᠰᠠᠨ ᠵᠡᠷᠭᠡ 1.3 ᠲᠦᠮᠡᠨ ᠬᠤᠪᠢ ᠶᠠᠯᠠᠲᠤ ᠬᠡᠷᠡᠭ᠎ᠢ ᠱᠢᠭᠦᠵᠤ ᠳᠠᠭᠤᠰᠭᠠᠪᠠ᠃ ᠮᠥᠩᠭᠦᠨ ᠭᠦᠢᠯᠭᠡᠭᠡᠨ᠎ᠤ ᠵᠠᠭᠤᠷᠠᠯᠳᠤᠭᠠᠨ᠎ᠤ ᠬᠡᠷᠡᠭ᠎ᠢ 155.3 ᠲᠦᠮᠡᠨ ᠬᠤᠪᠢ ᠱᠢᠭᠦᠨ ᠳᠠᠭᠤᠰᠭᠠᠵᠤ᠂ ᠬᠠᠩᠭᠠᠯᠭ᠎ᠠ᠎ᠶ᠋ᠢᠨ ᠬᠡᠯᠬᠢᠶᠨᠨ᠎ᠤ ᠮᠥᠩᠭᠦᠨ ᠭᠦᠢᠯᠭᠡᠭᠡ᠂᠎ᠡᠷᠡᠭᠦᠯ᠎ᠪᠤᠰᠤ᠎ᠡᠳ᠋ ᠬᠦᠷᠦᠩᠭᠡ᠎ᠶ᠋ᠢᠨ ᠱᠢᠢᠳᠪᠦᠷᠢᠯᠡᠯᠳᠠ᠂ ᠬᠤᠪᠢ᠎ᠪᠠᠷ᠎ᠢᠶᠠᠨ ᠴᠤᠭ᠍ᠯᠠᠭᠤᠯᠤᠭ᠍ᠰᠠᠨ ᠪᠡᠯᠡ ᠣᠷᠣᠭᠤᠯᠤᠯᠲᠠ᠎ᠶ᠋ᠢᠨ ᠰᠠᠭᠤᠷᠢ ᠮᠥᠩᠭᠦ᠌ ᠵᠡᠷᠭᠡ᠎ᠳᠤ ᠬᠤᠯᠪᠣᠭ᠍ᠳᠠᠭ᠍ᠰᠠᠨ ᠵᠠᠭᠤᠷᠠᠯᠳᠤᠭᠠᠨ᠎ᠢ ᠬᠠᠤᠯᠢ ᠶᠣᠰᠣᠭᠠᠷ ᠱᠢᠢᠳᠪᠦᠷᠢᠯᠡᠵᠦ᠍᠂ ᠮᠥᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠪᠠ᠃ ᠺᠠᠩ ᠮᠸᠢ ᠡᠮ᠎ᠦᠨ ᠦᠢᠯᠡᠰ ᠎ᠦᠨ ᠬᠡᠷᠡᠭ᠎ᠢ ᠬᠠᠣᠯᠢ ᠶᠣᠰᠣᠭᠠᠷ ᠲᠣᠬᠢᠳᠠᠢ ᠰᠢᠬᠦᠨ ᠰᠢᠢᠳᠪᠦᠷᠢᠯᠡᠵᠦ᠂ ᠦᠨᠡᠳᠣ ᠲᠡᠮᠳᠡᠭᠳᠣ ᠵᠢᠨ ᠬᠠᠣᠯᠢ ᠵᠦᠷᠢᠴᠡᠭᠰᠡᠨ ᠭᠡᠷᠡᠭ᠎ᠢ ᠴᠢᠩᠭ᠎ᠠ ᠰᠢᠢᠳᠬᠡᠵᠦ ᠂ ᠵᠢᠭᠡᠯᠡᠯᠭᠡ ᠵᠢᠨ ᠲᠦᠭᠰᠢᠬᠦᠷᠢ ᠲᠠᠢ ᠪᠣᠯᠣᠬᠰᠠᠨ ᠠᠵᠦ ᠠᠬᠣᠢᠯᠠᠯ᠎ᠦᠨ ᠲᠠᠬᠢᠨ ᠦᠨᠳᠡᠢᠬᠦ ᠵᠢ ᠲᠡᠮᠵᠢᠪᠡ᠃ ᠠᠵᠢᠯ ᠮᠡᠷᠭᠡᠵᠢᠯ᠎ᠤᠨ ᠵᠢᠭᠡᠯᠡᠯᠭᠡ ᠲᠠᠯᠪᠢᠬᠤ᠂ ᠥᠨᠳᠥᠷ ᠬᠦᠦ᠍᠎ᠲᠠᠢ᠎ᠪᠠᠷ ᠱᠢᠯᠵᠢᠭᠦᠯᠦᠨ ᠵᠢᠭᠡᠯᠡᠭᠦᠯᠬᠦ᠂ ᠬᠡᠯᠪᠡᠷᠢ᠎ᠶ᠋ᠢ᠎ᠨᠢ ᠥᠭᠡᠷᠡᠲᠦᠭᠦᠯᠦᠨ ᠥᠨᠳᠥᠷ ᠬᠦᠦ ᠮᠥᠩᠭᠦ᠌ ᠥᠭ᠌ᠬᠦ ᠵᠡᠷᠭᠡ ᠦᠢᠯᠡ ᠠᠵᠢᠯᠯᠠᠭ᠎ᠠ᠎ᠶ᠋ᠢᠨ ᠬᠦᠴᠦᠨ᠎ᠢ ᠬᠠᠤᠯᠢ ᠶᠣᠰᠣᠭᠠᠷ ᠦᠭᠡᠢᠰᠭᠡᠵᠦ᠍᠂ ᠠᠷᠠᠳ᠎ᠤᠨ ᠪᠡᠯᠡ ᠲᠣᠬᠢᠷᠠᠭᠤᠯᠭ᠎ᠠ᠎ᠶ᠋ᠢᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠢᠯᠡᠴᠢᠯᠡᠬᠦ᠌᠎ᠶ᠋ᠢ ᠬᠥᠲᠥᠯᠥᠨ ᠵᠢᠯᠣᠭᠤᠳᠪᠠ᠃ ᠪᠡᠭᠡᠵᠢᠩ᠎ᠤᠨ ᠮᠥᠩᠭᠦᠨ ᠭᠦᠢᠯᠭᠡᠭᠡᠨ᠎ᠤ ᠱᠢᠭᠦᠬᠦ᠌ ᠬᠤᠷᠢᠶ᠎ᠠ ᠬᠢᠭᠡᠳ ᠮᠥᠩᠭᠦᠨ ᠭᠦᠢᠯᠭᠡᠭᠡᠨ᠎ᠤ ᠬᠢᠨᠠᠨ ᠬᠠᠮᠢᠶᠠᠷᠬᠤ ᠪᠠᠢᠭᠤᠯᠤᠮᠵᠢ ᠮᠥᠩᠭᠦᠨ ᠭᠦᠢᠯᠭᠡᠭᠡᠨ᠎ᠤ ᠬᠠᠤᠯᠢ ᠪᠠᠷᠢᠬᠤ ᠲᠣᠮᠣ ᠳ᠋ᠠᠢᠲ᠋ᠠ᠎ᠶ᠋ᠢᠨ ᠰᠤᠳᠤᠯᠭᠠᠨ᠎ᠤ ᠲᠥᠪ᠎ᠢ ᠬᠠᠮᠲᠤ᠎ᠪᠠᠷ ᠪᠠᠢᠭᠤᠯᠵᠤ᠂ 《ᠪᠡᠭᠡᠵᠢᠩ᠎ᠤᠨ ᠦᠨᠡᠲᠦ ᠲᠡᠮᠳᠡᠭ᠌ᠲᠤ ᠠᠷᠠᠯᠵᠢᠶᠠᠯᠠᠬᠤ ᠭᠠᠵᠠᠷ》 ᠎ᠤ᠋ᠨ ᠠᠵᠢᠯ᠎ᠢ ᠪᠠᠲᠤᠯᠠᠬᠤ 25 ᠵᠦᠢᠯ᠎ᠤᠨ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠤᠯᠤᠰ᠎ᠤᠨ ᠮᠥᠩᠭᠦᠨ ᠭᠦᠢᠯᠭᠡᠭᠡᠨ᠎ᠤ ᠬᠠᠮᠢᠶᠠᠷᠤᠯᠲᠠ᠎ᠶ᠋ᠢᠨ ᠲᠥᠪ᠎ᠤᠨ ᠪᠠᠢᠭᠤᠯᠤᠯᠲᠠ᠎ᠳᠤ ᠦᠢᠯᠡᠴᠢᠯᠡᠪᠡ᠃ ᠱᠠᠩᠬᠠᠶ᠎ᠶ᠋ᠢᠨ ᠮᠥᠩᠭᠦᠨ ᠭᠦᠢᠯᠭᠡᠭᠡᠨ᠎ᠤ ᠱᠢᠭᠦᠬᠦ᠌ ᠬᠤᠷᠢᠶ᠎ᠠ ᠮᠥᠩᠭᠦᠨ ᠭᠦᠢᠯᠭᠡᠭᠡᠨ᠎ᠤ ᠱᠢᠭᠦᠨ ᠲᠠᠰᠤᠯᠬᠤ ᠠᠵᠢᠯ᠎ᠤᠨ ᠲᠤᠰᠭᠠᠢᠵᠢᠯᠲᠠ᠎ᠶ᠋ᠢ ᠬᠦᠨᠵᠡᠭᠡᠢ ᠠᠬᠢᠭᠤᠯᠵᠤ᠂ ᠮᠦᠡᠭ᠌ᠭᠦᠨ ᠭᠦᠢᠯᠭᠡᠭᠡᠨ᠎ᠤ ᠵᠠᠭᠤᠷᠠᠯᠳᠤᠭᠠᠨ᠎ᠤ ᠬᠠᠤᠯᠢ ᠴᠠᠭᠠᠵᠠ᠎ᠶ᠋ᠢᠨ ᠲᠦᠭ᠌ᠰᠢᠭᠦᠷᠢ᠎ᠶ᠋ᠢ ᠰᠡᠷᠬᠡᠢᠯᠡᠬᠦ᠌ ᠤᠨ᠎ᠤ ᠮᠡᠳᠡᠭᠦᠯᠦᠯᠲᠡ᠎ᠶ᠋ᠢ ᠨᠡᠢᠲᠡᠯᠡᠬᠦ᠌ ᠲᠤᠭ᠍ᠲᠠᠴᠠ᠎ᠶ᠋ᠢ ᠪᠠᠢᠭᠤᠯᠵᠤ᠂ ᠱᠠᠩᠬᠠᠶ᠎ᠶ᠋ᠢᠨ ᠤᠯᠠᠨ ᠤᠯᠤᠰ᠎ᠤᠨ ᠮᠥᠩᠭᠦᠨ ᠭᠦᠢᠯᠭᠡᠭᠡᠨ᠎ᠤ ᠲᠥᠪ᠎ᠤᠨ ᠪᠠᠢᠭᠤᠯᠤᠯᠲᠠ᠎ᠳᠤ ᠦᠢᠯᠡᠴᠢᠯᠡᠪᠠ᠃

ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠳᠤ ᠦᠢᠯᠡᠴᠢᠯᠡᠪᠡ᠃ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯ ᠪᠠ ᠬᠤᠪᠢᠰᠭᠠᠯ᠎ᠤᠨ ᠦᠯᠡᠳᠡᠭ᠌ᠳᠡᠯ᠎ᠢ ᠲᠤᠭ ᠲᠡᠮᠳᠡᠭ ᠲᠣᠳᠣᠷᠬᠠᠶ᠎ᠪᠠᠷ ᠬᠠᠮᠠᠭᠠᠯᠠᠪᠠ᠃ ᠾᠧᠪᠸᠢ᠎ᠶ᠋ᠢᠨ ᠱᠢᠭᠦᠬᠦ᠌ ᠬᠤᠷᠢᠶ᠎ᠠ ᠤᠷᠳᠤ ᠴᠠᠭᠠᠨ ᠬᠡᠷᠡᠮ᠎ᠢ ᠬᠠᠮᠠᠭᠠᠯᠠᠬᠤ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ ᠱᠢᠭᠦᠵᠦ᠍᠂ ᠤᠷᠳᠤ ᠴᠠᠭᠠᠨ ᠬᠡᠷᠡᠮ᠎ᠤᠨ ᠦᠯᠡᠳᠡᠭ᠌ᠳᠡᠯ ᠪᠠ ᠲᠡᠦᠬᠡ᠂ ᠤᠷᠴᠢᠨ ᠠᠬᠤᠢ᠎ᠶ᠋ᠢᠨ ᠦᠡᠭ᠌ᠭᠡ ᠦᠵᠡᠮᠵᠢ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠪᠠ᠃ ᠵᠢᠶᠠᠩᠰᠦ᠎ᠶ᠋ᠢᠨ ᠱᠢᠭᠦᠬᠦ᠌ ᠬᠤᠷᠢᠶ᠎ᠠ ᠶᠡᠭᠡ ᠲᠠᠲᠠᠮᠠᠯ ᠭᠤᠤᠯ᠎ᠤᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠭᠤᠤᠯ᠎ᠤᠨ ᠵᠠᠮ᠎ᠢ ᠵᠠᠰᠠᠬᠤ ᠪᠠ ᠰᠣᠶᠣᠯ᠎ᠤᠨ ᠥᠪ᠎ᠢ ᠬᠠᠮᠠᠭᠠᠯᠠᠬᠤ᠎ᠶ᠋ᠢ ᠠᠬᠢᠭᠤᠯᠪᠠ᠃ ᠹᠦᠵᠢᠶᠠᠨ᠎ᠤ ᠱᠢᠭᠦᠬᠦ᠌ ᠬᠤᠷᠢᠶ᠎ᠠ ᠳᠡᠯᠡᠬᠡᠶ᠎ᠶ᠋ᠢᠨ ᠥᠪ᠎ᠤᠨ ᠭᠠᠵᠠᠷ᠂ ᠲᠡᠦᠬᠡ ᠰᠣᠶᠣᠯ᠎ᠤᠨ ᠵᠡᠭᠡᠯᠢ ᠲᠣᠭᠤᠷᠢᠭ ᠵᠡᠷᠭᠡ ᠭᠠᠵᠠᠷ᠎ᠲᠤ ᠲᠣᠭᠤᠷᠢᠨ ᠱᠢᠭᠦᠬᠦ᠌ ᠲᠢᠩᠬᠢᠮ ᠪᠠᠢᠭᠤᠯᠵᠤ᠂ ᠰᠣᠶᠣᠯ᠎ᠤᠨ ᠤᠭ ᠤᠳᠤᠮ᠎ᠢ ᠵᠠᠯᠭᠠᠮᠵᠢᠯᠠᠬᠤ᠎ᠶ᠋ᠢ ᠬᠠᠮᠠᠭᠠᠯᠠᠪᠠ᠃ ᠭᠦᠢᠵᠧᠦ᠍᠎ᠶ᠋ᠢᠨ ᠱᠢᠭᠦᠬᠦ᠌ ᠬᠤᠷᠢᠶ᠎ᠠ ᠤᠯᠠᠮᠵᠢᠯᠠᠯᠲᠤ ᠠᠢᠯ ᠲᠣᠰᠭᠤᠨ᠎ᠤ ᠬᠠᠤᠯᠢ ᠪᠠᠷᠢᠯᠲᠠ᠎ᠶ᠋ᠢᠨ ᠬᠠᠮᠠᠭᠠᠯᠠᠯᠳᠠ᠎ᠶ᠋ᠢᠨ ᠵᠠᠷᠯᠢᠭ᠎ᠢ ᠭᠠᠷᠭᠠᠵᠤ᠂ ᠨᠤᠲᠤᠭ᠍ᠰᠠᠭ ᠤᠢ ᠳᠤᠷᠠᠰᠤᠮᠵᠢ᠎ᠶ᠋ᠢ ᠰᠠᠬᠢᠨ ᠬᠠᠮᠠᠭᠠᠯᠠᠪᠠ᠃

ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ᠎ᠶ᠋ᠢ ᠠᠬᠢᠭᠤᠯᠪᠠ᠃ ᠨᠢᠭᠡᠳᠦᠭᠡᠷ ᠱᠢᠭᠦᠯᠲᠡ᠎ᠶ᠋ᠢᠨ ᠣᠷᠴᠢᠨ ᠠᠬᠤᠶ ᠡᠬᠢ ᠪᠠᠶᠠᠯᠢᠭ᠎ᠤᠨ ᠬᠡᠷᠡᠭ᠎ᠢ 26.5 ᠲᠦᠮᠡᠨ ᠬᠤᠪᠢ ᠱᠢᠭᠦᠵᠤ ᠳᠠᠭᠤᠰᠭᠠᠪᠠ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠡᠷᠬᠡ᠎ᠳᠤ ᠬᠠᠯᠳᠠᠬᠤ᠎ᠶ᠋ᠢ ᠴᠠᠭᠠᠵᠠᠯᠠᠬᠤ ᠵᠠᠷᠯᠢᠭ᠂ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ ᠥᠭ᠌ᠬᠦ ᠵᠡᠷᠭᠡ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠲᠣᠭ᠍ᠲᠠᠭᠠᠪᠠ᠃ ᠨᠣᠭᠤᠭᠠᠨ ᠲᠣᠭᠤᠰ᠎ᠤᠨ ᠰᠡᠷᠭᠡᠢᠯᠡᠬᠦ᠌ ᠴᠢᠨᠠᠷᠲᠠᠶ ᠬᠠᠮᠠᠭᠠᠯᠠᠯᠲᠠ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ ᠱᠢᠭᠦᠵᠦ᠍᠂ 《ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠬᠤ᠂ ᠰᠡᠷᠭᠡᠢᠯᠡᠬᠦ᠌᠎ᠪᠠᠷ ᠭᠤᠤᠯ ᠪᠣᠯᠭᠠᠬᠤ》 ᠵᠠᠷᠴᠢᠮ᠎ᠢ ᠲᠤᠭᠤᠱᠢᠯᠠᠭᠤᠯᠪᠠ᠃ ᠵᠧᠵᠢᠶᠠᠩ᠎ᠤᠨ ᠠᠨ ᠵᠢᠶ᠎ᠶ᠋ᠢᠨ ᠱᠢᠭᠦᠬᠦ᠌ ᠬᠤᠷᠢᠶ᠎ᠠ᠎ᠶ᠋ᠢᠨ 《ᠣᠢ ᠱᠢᠭᠤᠶ᠎ᠶ᠋ᠢᠨ ᠱᠢᠭᠦᠭᠦ᠌ ᠲᠤᠱᠢᠶᠠᠯᠲᠠᠨ》 ᠣᠢ ᠱᠢᠭᠤᠶ᠎ᠶ᠋ᠢᠨ ᠬᠤᠯᠤᠰᠤᠨ ᠤᠢ᠎ᠶ᠋ᠢ ᠰᠠᠬᠢᠨ ᠬᠠᠮᠠᠭᠠᠯᠠᠵᠤ᠂ 《ᠬᠦᠬᠡ ᠠᠭᠤᠯᠠ ᠬᠦᠬᠡᠮᠳᠦᠭ ᠤᠰᠤ ᠪᠤᠯ ᠠᠯᠲᠠᠨ ᠠᠭᠤᠯᠠ ᠮᠦᠡᠭ᠌ᠭᠦᠨ ᠬᠠᠢᠷᠬᠠᠨ ᠮᠦᠨ》 ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠪᠡ᠃ ᠬᠥᠬᠡᠨᠠᠭᠤᠷ᠎ᠤᠨ ᠭᠤᠷᠪᠠᠨ ᠮᠥᠷᠡᠨ᠎ᠤ ᠡᠬᠢ᠂ ᠴᠢ ᠯᠢᠶᠠᠨ ᠱᠠᠨ᠂ ᠬᠥᠬᠡ ᠨᠠᠭᠤᠷ᠎ᠤᠨ ᠠᠮᠢ ᠠᠬᠤᠢ᠎ᠶ᠋ᠢᠨ ᠱᠢᠭᠦᠬᠦ᠌ ᠲᠢᠩᠬᠢᠮ ᠬᠠᠮᠲᠤᠷᠠᠨ ᠬᠥᠳᠡᠯᠦᠯᠴᠡᠵᠦ᠍᠂ 《ᠳᠤᠮᠳᠠᠳᠤ᠎ᠶ᠋ᠢᠨ ᠤᠰᠤᠨ ᠰᠤᠪᠤᠷᠭ᠎ᠠ》 ᠎ᠶ᠋ᠢ ᠬᠠᠮᠲᠤ᠎ᠪᠠᠷ ᠰᠠᠬᠢᠨ ᠬᠠᠮᠠᠭᠠᠯᠠᠪᠠ᠃ ᠬᠡᠨ ᠪᠤᠬᠢᠷᠲᠤᠭᠤᠯᠪᠠᠯ ᠬᠡᠨ ᠵᠠᠰᠠᠬᠤ᠂ ᠬᠡᠨ ᠡᠪᠳᠡᠪᠡᠯ ᠬᠡᠨ ᠲᠥᠯᠥᠬᠦ᠌᠎ᠶ᠋ᠢ ᠨᠠᠢᠳᠠᠪᠤᠷᠢᠵᠢᠭᠤᠯᠵᠤ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠤᠬᠢᠷᠠᠯ᠎ᠤᠨ ᠲᠥᠯᠥᠪᠦᠷᠢ᠎ᠶ᠋ᠢᠨ ᠲᠤᠰᠭᠠᠶ ᠰᠠᠭᠤᠷᠢ ᠮᠥᠩᠭᠦᠨ᠎ᠤ ᠳᠦᠷᠢᠮ᠎ᠢ ᠰᠦᠪᠡᠭ᠌ᠴᠢᠯᠡᠵᠦ᠍᠂ ᠵᠢᠶᠠᠩᠰᠦ᠂ ᠵᠢᠶᠠᠩᠰᠢ ᠵᠡᠷᠭᠡ ᠱᠢᠭᠦᠬᠦ᠌ ᠬᠤᠷᠢᠶ᠎ᠠ ᠭᠤᠷᠪᠠᠳᠠᠬᠢ ᠡᠲᠡᠭᠡᠳ᠎ᠲᠤ ᠨᠠᠢᠳᠠᠨ ᠬᠢᠨᠠᠨ ᠬᠠᠮᠢᠶᠠᠷᠤᠭᠤᠯᠵᠤ᠂ ᠠᠮᠢ ᠠᠬᠤᠶ᠎ᠶ᠋ᠢ ᠵᠠᠰᠠᠨ ᠰᠡᠷᠭᠦᠭᠡᠬᠦ᠌ ᠪᠡᠯᠡ ᠮᠥᠩᠭᠦ᠎ᠶ᠋ᠢᠨ ᠲᠤᠰᠭᠠᠶ ᠵᠣᠭᠤᠰ᠎ᠢ ᠲᠤᠰᠭᠠᠶ ᠵᠦᠢᠯ᠎ᠳᠤ ᠬᠡᠷᠡᠭ᠌ᠯᠡᠬᠦ᠌᠎ᠶ᠋ᠢ ᠪᠠᠲᠤᠯᠠᠪᠠ᠃ ᠬᠥᠬᠡᠮᠥ᠋ᠷᠡᠨ᠎ᠢ ᠬᠠᠮᠠᠭᠠᠯᠠᠬᠤ ᠬᠠᠤᠯᠢ ᠬᠡᠷᠡᠭ᠌ᠵᠢᠭᠦᠯᠦᠯᠲᠡ᠎ᠶ᠋ᠢ ᠲᠤᠭᠤᠱᠢᠯᠠᠭᠤᠯᠬᠤ ᠰᠠᠨᠠᠯ᠎ᠢ ᠨᠡᠢᠲᠡᠯᠡᠵᠦ᠍᠂ ᠬᠦᠬᠡᠮᠦ᠋ᠷᠡᠨ᠎ᠤ ᠠᠷᠢᠭᠤᠨ ᠲᠤᠩᠭᠠᠯᠠᠭ ᠤᠷᠤᠰᠭᠠᠯ᠂ ᠬᠦᠬᠡ ᠴᠡᠩᠭᠡᠷ ᠠᠭᠤᠯᠠ ᠬᠠᠢᠷᠬᠠᠨ᠎ᠢ ᠰᠠᠬᠢᠨ ᠬᠠᠮᠠᠭᠠᠯᠠᠪᠠ᠃ ᠱᠠᠨᠳᠦ᠋ᠩ᠎ᠤᠨ ᠱᠢᠭᠦᠬᠦ᠌ ᠬᠤᠷᠢᠶ᠎ᠠ ᠬᠠᠤᠯᠢ ᠬᠡᠷᠡᠭ᠌ᠵᠢᠭᠦᠯᠬᠦ᠌ ᠪᠠᠢᠭᠤᠯᠭ᠎ᠠ᠎ᠲᠠᠢ ᠬᠠᠮᠵᠢᠯᠴᠠᠨ ᠴᠢᠯᠠᠭᠤᠨ ᠲᠣᠰᠣᠨ᠎ᠤ ᠡᠯᠡᠰᠦ ᠱᠢᠪᠠᠷ ᠪᠠ ᠭᠠᠵᠠᠷ ᠤᠨᠠᠭ᠍ᠰᠠᠨ ᠲᠦᠭᠦᠬᠡᠢ ᠲᠤᠰᠤᠨ᠎ᠤ ᠪᠣᠬᠢᠷᠲᠤᠯ᠎ᠢ ᠵᠠᠰᠠᠵᠤ᠂ ᠬᠠᠲᠤᠨ ᠭᠤᠣᠯ᠎ᠤᠨ ᠭᠤᠷᠪᠠᠯᠵᠢᠨ ᠬᠤᠢᠭ᠎ᠢ ᠬᠠᠮᠠᠭᠠᠯᠠᠪᠠ᠃ ᠬᠤᠪᠸᠢ᠎ᠶ᠋ᠢᠨ ᠱᠢᠬᠦᠬᠦ᠌ ᠬᠤᠷᠢᠶ᠎ᠠ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢ ᠳᠠᠩᠰᠠᠯᠠᠭᠤᠯᠤᠨ ᠪᠦᠷᠢᠳᠭᠡᠭᠦᠯᠬᠦ᠌ ᠬᠢᠭᠡᠳ ᠲᠠᠰᠤᠯᠤᠨ ᠪᠤᠳᠤᠬᠤ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠬᠠᠤᠯᠢ ᠶᠤᠰᠤᠭᠠᠷ ᠪᠠᠲᠤᠯᠠᠵᠤ᠂ ᠭᠤᠸᠠᠩᠳᠦ᠋ᠩ᠎ᠤᠨ ᠱᠢᠭᠦᠬᠦ᠌ ᠬᠤᠷᠢᠶ᠎ᠠ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠲᠠᠰᠤᠯᠤᠨ ᠪᠣᠳᠣᠭ᠍ᠰᠠᠨ ᠬᠡᠷᠡᠭ᠎ᠢ ᠱᠢᠭᠦᠵᠦ᠍᠂ ᠹᠦᠵᠢᠶᠠᠨ᠎ᠤ ᠱᠢᠭᠦᠬᠦ᠌ ᠬᠤᠷᠢᠶ᠎ᠠ 《ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ ᠱᠢᠩᠭᠡᠭᠡᠨ ᠬᠤᠷᠠᠮᠳᠤᠭᠤᠯᠬᠤ》 ᠎ᠶ᠋ᠢ ᠬᠤᠳᠠᠯᠳᠤᠨ ᠠᠪᠬᠤ ᠵᠡᠷᠭᠡ ᠣᠷᠣᠯᠠᠭᠤᠯᠬᠤ ᠴᠢᠨᠠᠷᠲᠠᠶ ᠵᠠᠰᠠᠨ ᠰᠡᠷᠭᠦᠭᠡᠬᠦ᠌ ᠠᠷᠭ᠎ᠠ ᠮᠠᠶᠢᠭ᠎ᠢ ᠳᠡᠯᠭᠡᠷᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠳᠠ᠎ᠶ᠋ᠢ ᠰᠠᠭᠠᠷᠮᠠᠭ᠍ᠵᠢᠭᠤᠯᠬᠤ ᠠᠵᠢᠯ᠎ᠳᠤ ᠬᠦᠴᠦᠨ᠎ᠢᠶᠠᠨ ᠨᠡᠮᠡᠷᠢᠯᠡᠪᠡ᠃ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠣᠷᠴᠢᠨ ᠠᠬᠤᠢ᠎ᠶ᠋ᠢᠨ ᠲᠥᠯᠥᠪᠵᠢᠭᠦᠯᠭᠡ᠎ᠶ᠋ᠢᠨ ᠵᠠᠬᠢᠷᠭ᠎ᠠ᠎ᠲᠠᠢ ᠳᠡᠯᠡᠬᠡᠶ᠎ᠶ᠋ᠢᠨ ᠣᠷᠴᠢᠨ ᠠᠬᠤᠢ᠎ᠶ᠋ᠢᠨ ᠬᠠᠤᠯᠢ ᠪᠠᠷᠢᠬᠤ ᠶᠡᠭᠡ ᠬᠤᠷᠠᠯ᠎ᠢ ᠬᠠᠮᠲᠤ᠎ᠪᠠᠷ ᠡᠷᠬᠢᠯᠡᠵᠦ᠍᠂ 《ᠺᠦᠨᠮᠢᠩ᠎ᠤᠨ ᠲᠤᠩᠬᠠᠭ》 ᠎ᠢ᠋ ᠪᠠᠲᠤᠯᠠᠵᠤ᠂ ᠳᠡᠯᠡᠬᠡᠢ᠎ᠶ᠋ᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ ᠤᠯᠠᠨ ᠤᠯᠤᠰ᠎ᠤᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠠᠬᠢᠭᠤᠯᠪᠠ᠃

ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠵᠢᠭᠦᠯᠦᠯᠲᠡ᠎ᠳᠤ ᠦᠢᠯᠡᠴᠢᠯᠡᠪᠡ᠃ ᠪᠡᠭᠡᠵᠢᠩ᠎ᠤᠨ 《ᠬᠤᠶᠠᠷ ᠣᠷᠣᠨ》 ᠎ᠤ᠋ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠌ ᠰᠠᠨᠠᠯ᠎ᠢ ᠨᠡᠢᠲᠡᠯᠡᠵᠦ᠍᠂ ᠪᠡᠭᠡᠵᠢᠩ᠂ ᠲᠢᠶᠠᠨᠵᠢᠨ᠂ ᠾᠧᠪᠸᠢ᠎ᠶ᠋ᠢᠨ ᠱᠢᠭᠦᠬᠦ᠌ ᠬᠤᠷᠢᠶ᠎ᠠ ᠱᠢᠶᠦ᠋ᠩ ᠠᠨ ᠱᠢᠨ᠎ᠡ ᠲᠣᠭᠤᠷᠢᠭ᠎ᠤᠨ ᠪᠦᠳᠦᠭᠡᠨ ᠪᠠᠢᠭᠤᠯᠤᠯᠲᠠ᠂ ᠪᠡᠭᠡᠵᠢᠩ᠎ᠤᠨ ᠨᠡᠢᠰᠯᠡᠯ᠎ᠤᠨ ᠪᠤᠰᠤ ᠴᠢᠳᠠᠮᠵᠢ᠎ᠶ᠋ᠢ ᠲᠠᠷᠬᠠᠭᠠᠨ ᠵᠤᠬᠢᠴᠠᠭᠤᠯᠬᠤ᠂ ᠲᠢᠶᠠᠨᠵᠢᠨ᠎ᠤ ᠪᠢᠨᠬᠠᠶ ᠱᠢᠨ᠎ᠡ ᠲᠣᠭᠤᠷᠢᠭ᠎ᠤᠨ ᠴᠢᠨᠠᠷ ᠰᠠᠢᠲᠠᠶ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ᠎ᠪᠠᠷ ᠬᠦᠴᠦᠯᠡᠵᠦ᠍᠂ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠭ᠍ᠰᠠᠨ ᠬᠥᠭ᠌ᠵᠢᠯᠲᠡ᠎ᠶ᠋ᠢ ᠠᠬᠢᠭᠤᠯᠪᠠ᠃ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠬᠤᠯᠪᠣᠭ᠍ᠳᠠᠭ᠍ᠰᠠᠨ ᠵᠠᠭᠤᠷᠠᠯᠳᠤᠭᠠᠨ᠎ᠢ ᠣᠯᠠᠨ ᠡᠱᠢᠵᠢᠭᠦᠯᠦᠨ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠡᠭᠡᠵᠢᠩ᠎ᠠᠴᠠ ᠴᠢᠭᠤᠯᠤᠯᠲᠤ ᠬᠠᠭᠠᠯᠭ᠎ᠠ ᠬᠦᠷᠬᠦ᠌ ᠲᠡᠭᠡᠲᠦ ᠬᠤᠷᠲᠤᠴᠠᠲᠤ ᠲᠡᠮᠦᠷ ᠵᠠᠮ᠎ᠤᠨ ᠲᠦᠰᠦᠯ ᠵᠡᠷᠭᠡ ᠵᠠᠭᠤᠷᠠᠯᠳᠤᠭᠠᠨ᠎ᠢ ᠴᠠᠭ ᠲᠤᠬᠠᠢ᠎ᠳᠤᠨᠢ ᠱᠢᠢᠳᠪᠦᠷᠢᠯᠡᠵᠤ᠂ ᠳᠥᠭᠦᠮ ᠠᠷᠪᠢᠲᠠᠢ᠂ ᠠᠮᠤᠷ ᠲᠦᠪᠱᠢᠨ᠂ ᠭᠤᠢᠳᠠ ᠰᠠᠢᠬᠠᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠰᠠᠢᠲᠤᠷ ᠡᠷᠬᠢᠯᠡᠬᠦ᠌᠎ᠳᠤ ᠬᠦᠴᠦᠨ᠎ᠢᠶᠠᠨ ᠨᠡᠮᠡᠷᠢᠯᠠᠪᠠ᠃ ᠱᠠᠩᠬᠠᠶ᠂ ᠵᠢᠶᠠᠩᠰᠦ᠂ ᠵᠧᠵᠢᠶᠠᠩ᠂ ᠠᠨᠾᠦ᠋ᠢ᠎ᠶ᠋ᠢᠨ ᠱᠢᠭᠦᠬᠦ᠌ ᠬᠤᠷᠢᠶ᠎ᠠ ᠣᠷᠣᠨ ᠠᠯᠤᠰᠯᠠᠨ ᠬᠤᠯᠪᠣᠭᠠᠯᠠᠨ ᠬᠥᠳᠡᠯᠦᠯᠴᠡᠬᠦ᠌᠎ᠶ᠋ᠢ ᠬᠡᠷᠡᠭ᠌ᠵᠢᠭᠦᠯᠬᠦ᠂ ᠮᠡᠳᠡᠭᠡ ᠵᠠᠩᠭᠢ᠎ᠶ᠋ᠢ ᠪᠦᠬᠦ᠌ ᠣᠷᠣᠨ᠎ᠢᠶᠠᠷ᠎ᠢᠶᠠᠨ ᠬᠠᠮᠲᠤ᠎ᠪᠠᠷ ᠡᠳ᠋ᠯᠡᠬᠦ᠂ ᠦᠢᠯᠡᠴᠢᠯᠡᠭᠡᠨ᠎ᠤ ᠪᠠᠷᠢᠮᠵᠢᠶ᠎ᠠ᠎ᠶ᠋ᠢᠨ ᠬᠠᠮᠵᠢᠯᠴᠠᠭ᠎ᠠ᠎ᠶ᠋ᠢ ᠠᠬᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠳᠤ ᠦᠢᠯᠡᠴᠢᠯᠡᠪᠡ᠃ ᠫᠦᠳᠦ᠋ᠩ᠎ᠳᠤ ᠨᠡᠢᠭᠡᠮ ᠵᠢᠷᠤᠮ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠬᠥᠲᠥᠯᠥᠨ ᠳᠠᠭᠠᠭᠤᠯᠬᠤ ᠣᠷᠣᠨ ᠪᠠᠢᠭᠤᠯᠬᠤ᠎ᠶ᠋ᠢ ᠲᠡᠮᠵᠢᠵᠤ᠂ ᠮᠥᠩᠭᠦᠨ ᠭᠦᠢᠯᠭᠡᠭᠡᠨ᠎ᠤ ᠱᠢᠭᠦᠨ ᠲᠠᠰᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠣᠷᠣᠨ ᠪᠠᠢᠭᠤᠯᠬᠤ ᠵᠡᠷᠭᠡ 21 ᠵᠦᠢᠯ᠎ᠤᠨ ᠠᠷᠭ᠎ᠠ ᠬᠡᠮᠵᠢᠶ᠎ᠡ᠎ᠶ᠋ᠢ ᠳᠤᠷᠠᠳᠪᠠ᠃ ᠬᠠᠳᠣᠨ ᠭᠣᠣᠯ᠎ᠦᠨ ᠰᠠᠪᠠ ᠭᠠᠵᠠᠷ ᠎ᠦᠨ ᠠᠮᠢ ᠠᠬᠣᠢ ᠵᠢ ᠬᠠᠮᠠᠭᠠᠯᠠᠬᠣ ᠪᠡ ᠴᠢᠨᠠᠷ ᠰᠠᠢᠳᠠᠢ ᠬᠦᠭᠵᠢᠬᠦᠯᠬᠦ ᠬᠠᠣᠯᠢ ᠵᠢᠨ ᠦᠢᠯᠡᠴᠢᠯᠡᠭᠡᠨ᠎ᠦ ᠠᠷᠭ᠎ᠠ ᠬᠡᠮᠵᠢᠶ᠎ᠡ ᠵᠢ ᠲᠡᠬᠦᠯᠳᠡᠷᠵᠢᠬᠦᠯᠦᠨ ᠲᠣᠭᠣᠰᠢᠯᠠᠭᠣᠯᠪᠠ᠃ ᠾᠧᠩᠴᠢᠨ᠂ ᠴᠢᠶᠠᠨᠬᠠᠢ ᠬᠤᠶᠠᠷ ᠬᠠᠮᠲᠤᠷᠠᠯᠴᠠᠭᠠᠨ᠎ᠤ ᠣᠷᠣᠨ᠎ᠢ ᠪᠦᠲᠦᠭᠡᠨ ᠪᠠᠢᠭᠤᠯᠬᠤ᠎ᠶ᠋ᠢ ᠳᠡᠮᠵᠢᠬᠦ᠌ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠶ᠋ᠢ ᠳᠠᠭᠦᠯᠳᠡᠷᠵᠢᠭᠦᠯᠵᠤ᠂ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠎ᠳᠤ ᠦᠢᠯᠡᠴᠢᠯᠡᠪᠡ᠃ ᠴᠧᠩᠳᠦ᠋ ᠴᠦᠩᠴᠢᠩ ᠤᠷᠤᠨ᠎ᠤ ᠬᠤᠤᠰ ᠬᠤᠳᠠ᠎ᠶ᠋ᠢᠨ ᠠᠵᠤ ᠠᠬᠤᠶ᠎ᠶ᠋ᠢᠨ ᠬᠦᠷᠢᠶ᠎ᠡ᠎ᠶ᠋ᠢᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠌ ᠰᠠᠨᠠᠯ᠎ᠢ ᠨᠡᠢᠲᠡᠯᠡᠵᠦ᠍᠂ ᠴᠦᠩᠴᠢᠩ᠂ ᠰᠧᠴᠤᠸᠠᠨ᠎ᠤ ᠱᠢᠭᠦᠬᠦ᠌ ᠬᠤᠷᠢᠶ᠎ᠠ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠣᠷᠴᠢᠨ ᠠᠬᠤᠶ᠎ᠶ᠋ᠢᠨ ᠡᠬᠢ ᠪᠠᠶᠠᠯᠢᠭ᠂ ᠣᠷᠣᠨ ᠪᠦᠰᠡ ᠠᠯᠤᠰᠯᠠᠭ᠍ᠰᠠᠨ ᠵᠠᠷᠭᠤ᠎ᠶ᠋ᠢᠨ ᠦᠢᠯᠡᠴᠢᠯᠡᠭᠡ᠎ᠲᠠᠢ ᠤᠶᠠᠯᠳᠤᠭᠤᠯᠵᠤ ᠬᠠᠤᠯᠢ ᠪᠠᠷᠢᠬᠤ ᠬᠠᠮᠵᠢᠯᠴᠠᠭᠠᠨ᠎ᠤ 《ᠬᠤᠤᠰ ᠬᠤᠳᠠ᠎ᠶ᠋ᠢᠨ ᠲᠡᠮᠳᠡᠭ᠌ᠯᠡᠯ》 ᠎ᠢ᠋ ᠰᠠᠢᠲᠤᠷ ᠲᠡᠮᠳᠡᠭ᠌ᠯᠡᠪᠠ᠃

ᠱᠠᠨ ᠰᠢ᠂ ᠵᠢᠶᠠᠩᠰᠢ᠂ ᠾᠧᠨᠠᠨ᠂ ᠬᠤᠪᠸᠢ᠂ ᠬᠤᠨᠠᠨ ᠵᠡᠷᠭᠡ ᠭᠠᠵᠠᠷ᠎ᠤᠨ ᠱᠢᠭᠦᠬᠦ᠌ ᠬᠤᠷᠢᠶ᠎ᠠ ᠲᠡᠷᠢᠭᠦᠨ᠎ᠤ ᠦᠢᠯᠡᠳᠬᠦ᠌ ᠦᠢᠯᠡᠰ᠂ ᠣᠳᠣ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠳᠤ ᠨᠠᠷᠢᠯᠢᠭ ᠣᠨᠣᠴᠠᠲᠠᠶ᠎ᠪᠠᠷ ᠦᠢᠯᠡᠴᠢᠯᠡᠵᠦ᠍᠂ ᠳᠤᠮᠳᠠ ᠬᠡᠰᠡᠭ᠎ᠤᠨ ᠭᠠᠵᠠᠷ ᠣᠷᠣᠨ᠎ᠤ ᠲᠦᠷᠭᠡᠨ ᠬᠥᠭ᠌ᠵᠢᠵᠤ ᠮᠠᠨᠳᠤᠬᠤ᠎ᠶ᠋ᠢ ᠠᠬᠢᠭᠤᠯᠪᠠ᠃

ᠥᠨᠳᠥᠷ ᠲᠦᠪᠱᠢᠨ ᠪᠦᠬᠦᠢ ᠭᠠᠳᠠᠬ᠍ᠰᠢ ᠨᠡᠭᠡᠭᠡᠯᠲᠡ᠎ᠳᠤ ᠦᠢᠯᠡᠴᠢᠯᠡᠪᠡ᠃ ᠭᠠᠳᠠᠭᠠᠳᠤ᠎ᠲᠠᠢ ᠬᠤᠯᠪᠣᠭ᠍ᠳᠠᠭ᠍ᠰᠠᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠨᠢᠭᠡᠳᠦᠭᠡᠷ ᠱᠢᠭᠦᠯᠲᠡ᠎ᠶ᠋ᠢᠨ 2.1 ᠲᠦᠮᠡᠨ ᠬᠤᠪᠢ ᠬᠡᠷᠡᠭ᠂ ᠳᠠᠯᠠᠢ᠎ᠶ᠋ᠢᠨ ᠶᠠᠪᠤᠳᠠᠯ᠎ᠤᠨ 1.4 ᠲᠦᠮᠡᠨ ᠬᠤᠪᠢ ᠬᠡᠷᠡᠭ᠎ᠢ ᠱᠢᠭᠦᠵᠦ᠍ ᠳᠠᠭᠤᠰᠭᠠᠪᠠ᠃ ᠭᠠᠳᠠᠭ᠍ᠰᠢ ᠨᠡᠭᠡᠭᠡᠯᠳᠡ ᠬᠢᠬᠦ᠌ ᠤᠯᠤᠰ᠎ᠤᠨ ᠦᠨᠳᠦᠰᠦᠨ ᠪᠤᠳᠤᠯᠭ᠎ᠠ᠎ᠶ᠋ᠢ ᠲᠤᠭᠤᠱᠢᠯᠠᠭᠤᠯᠵᠤ᠂ ᠳᠤᠮᠳᠠᠳᠤ ᠭᠠᠳᠠᠭᠠᠳᠤ᠎ᠶ᠋ᠢᠨ ᠲᠤᠬᠠᠶ᠎ᠶ᠋ᠢᠨ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠡᠷᠬᠡ ᠲᠡᠭ᠌ᠰᠢ᠎ᠪᠠᠷ ᠬᠠᠮᠠᠭᠠᠯᠠᠪᠠ᠃ ᠬᠠᠢᠨᠠᠨ᠎ᠤ ᠱᠢᠬᠦᠬᠦ᠌ ᠬᠤᠷᠢᠶ᠎ᠠ ᠭᠠᠳᠠᠭᠠᠲᠤ᠎ᠶ᠋ᠢᠨ ᠵᠢᠭᠠᠰᠤᠴᠢᠨ᠎ᠤ ᠮᠠᠨ᠎ᠤ ᠤᠯᠤᠰ᠎ᠤᠨ ᠡᠮᠦᠨᠡᠲᠦ ᠳᠠᠯᠠᠢ᠎ᠶ᠋ᠢᠨ ᠤᠷᠤᠨ᠎ᠤ ᠤᠰᠤᠨ᠎ᠤ ᠭᠠᠷᠤᠯᠲᠠ᠎ᠶ᠋ᠢ ᠬᠠᠤᠯᠢ ᠪᠤᠰᠤ᠎ᠪᠠᠷ ᠠᠩᠨᠠᠭ᠍ᠰᠠᠨ ᠬᠡᠷᠡᠭ᠎ᠢ ᠱᠢᠭᠦᠵᠦ᠍᠂ ᠬᠤᠭᠤᠴᠠᠭ᠎ᠠ᠎ᠲᠠᠢ ᠬᠤᠷᠢᠬᠤ᠎ᠪᠠᠷ ᠬᠠᠤᠯᠢ ᠶᠤᠰᠤᠭᠠᠷ ᠱᠢᠢᠳᠭᠡᠭ᠌ᠰᠡᠨ ᠪᠦᠭᠡᠳ ᠠᠮᠢ ᠠᠬᠤᠢ᠎ᠶ᠋ᠢ ᠵᠠᠰᠠᠨ ᠰᠡᠷᠭᠦᠭᠡᠬᠦ᠌ ᠵᠠᠷᠤᠳᠠᠯ᠎ᠢ ᠡᠭᠦᠷᠭᠡᠯᠡᠭᠦᠯᠬᠦ᠌᠎ᠪᠠᠷ ᠲᠠᠰᠤᠯᠤᠨ ᠵᠠᠷᠯᠢᠭ᠍ᠳᠠᠵᠤ᠂ ᠮᠠᠨ᠎ᠤ ᠤᠯᠤᠰ᠎ᠤᠨ ᠬᠠᠷᠢᠶᠠᠨ᠎ᠳᠠᠬᠢ ᠳᠠᠯᠠᠢ᠎ᠶ᠋ᠢᠨ ᠤᠷᠤᠨ᠎ᠢ ᠬᠠᠤᠯᠢ ᠪᠠᠷᠢᠯᠲᠠ᠎ᠪᠠᠷ ᠪᠦᠲᠦᠮᠵᠢᠲᠡᠢ ᠬᠠᠮᠢᠶᠠᠷᠤᠨ ᠡᠵᠡᠮᠳᠡᠪᠡ᠃ ᠭᠤᠸᠠᠩᠰᠢ᠎ᠶ᠋ᠢᠨ ᠱᠢᠭᠦᠬᠦ᠌ ᠬᠤᠷᠢᠶ᠎ᠠ 《ᠡᠸᠯᠢᠺᠤᠨ》ᠨᠡᠷᠡᠮᠵᠢᠲᠦ ᠭᠠᠳᠠᠭᠠᠳᠤ᠎ᠶ᠋ᠢᠨ ᠪᠠᠷᠠᠭᠠᠨ᠎ᠤ ᠣᠩᠭᠤᠴᠠ᠎ᠶ᠋ᠢ ᠵᠠᠭᠠᠯᠳᠤᠬᠤ᠎ᠠᠴᠠ ᠡᠮᠦᠨ᠎ᠡ ᠬᠠᠮᠠᠭᠠᠯᠠᠨ ᠬᠠᠳᠠᠭᠠᠯᠠᠬᠤ ᠬᠡᠷᠡᠭ᠎ᠢ ᠥᠨᠳᠥᠷ ᠪᠦᠲᠦᠮᠵᠢᠲᠡᠶ᠎ᠪᠠᠷ ᠱᠢᠢᠳᠪᠦᠷᠢᠯᠡᠵᠦ᠍᠂ ᠭᠠᠳᠠᠭᠠᠳᠤ᠎ᠶ᠋ᠢᠨ ᠲᠠᠯ᠎ᠠ᠎ᠶ᠋ᠢᠨ ᠲᠤᠬᠠᠶ᠎ᠶ᠋ᠢᠨ ᠬᠥᠮᠦᠨ ᠰᠠᠨᠠᠭᠠᠴᠢᠯᠠᠭ᠎ᠠ᠎ᠠᠴᠠ᠎ᠪᠠᠨ ᠪᠣᠯᠵᠣᠨ ᠲᠣᠭ᠍ᠲᠠᠭ᠍ᠰᠠᠨ ᠭᠠᠳᠠᠭᠠᠳᠤ᠎ᠶ᠋ᠢᠨ ᠬᠥᠨᠳᠡᠯᠡᠨ᠎ᠤ ᠲᠠᠰᠤᠯᠤᠯᠲᠠ᠎ᠶ᠋ᠢ ᠮᠠᠨ᠎ᠤ ᠤᠯᠤᠰ᠎ᠤᠨ ᠱᠢᠭᠦᠬᠦ᠌ ᠬᠤᠷᠢᠶᠠᠨ᠎ᠤ ᠬᠠᠷᠢᠶᠠᠯᠠᠯ ᠪᠣᠯᠭᠠᠨ ᠬᠤᠪᠢᠷᠠᠭᠤᠯᠪᠠ᠃ ᠮᠠᠨ᠎ᠤ ᠤᠯᠤᠰ᠎ᠤᠨ ᠬᠠᠤᠯᠢ ᠪᠠᠷᠢᠬᠤ ᠤᠯᠠᠨ ᠤᠯᠤᠰ᠎ᠤᠨ ᠢᠲᠡᠭᠡᠭᠦᠯᠬᠦ᠌ ᠬᠦᠴᠦᠨ ᠡᠳᠦᠷ ᠢᠷᠡᠬᠦᠶ᠎ᠡ ᠳᠡᠭᠡᠭ᠌ᠰᠢᠯᠡᠬᠦ᠌᠎ᠶ᠋ᠢ ᠳᠠᠭᠠᠯᠳᠤᠨ᠂ ᠭᠠᠳᠠᠭᠠᠳᠤ᠎ᠶ᠋ᠢᠨ ᠲᠤᠬᠠᠶ᠎ᠶ᠋ᠢᠨ ᠬᠥᠮᠦᠨ ᠳᠤᠮᠳᠠᠳᠤ ᠤᠯᠤᠰ᠎ᠤᠨ ᠬᠠᠤᠯᠢ ᠪᠠᠷᠢᠬᠤ ᠬᠠᠷᠢᠶᠠᠯᠠᠯ᠎ᠢ ᠰᠠᠨᠠᠭᠠᠴᠢᠯᠠᠭ᠎ᠠ᠎ᠠᠴᠠ᠎ᠪᠠᠨ ᠰᠣᠩᠭᠤᠬᠤ᠎ᠨᠢ ᠡᠳᠦᠷ ᠢᠷᠡᠬᠦᠶ᠎ᠡ ᠤᠯᠠᠱᠢᠷᠠᠵᠦ᠍ ᠪᠠᠢᠨ᠎ᠠ᠃ ᠣᠯᠠᠨ ᠤᠯᠤᠰ᠎ᠤᠨ ᠬᠤᠯᠪᠣᠭᠠᠲᠤ ᠪᠠᠢᠭᠤᠯᠭ᠎ᠠ᠎ᠶ᠋ᠢᠨ ᠠᠷᠠᠯᠵᠢᠶᠠᠨ᠎ᠤ ᠬᠠᠤᠯᠢ᠎ᠶ᠋ᠢᠨ ᠵᠦᠪᠯᠡᠯ᠎ᠤᠨ ᠬᠠᠤᠯᠢ ᠲᠣᠭ᠍ᠲᠠᠭᠠᠯ᠎ᠤᠨ ᠲᠠᠰᠤᠯᠤᠯᠲᠠ᠎ᠶ᠋ᠢᠨ ᠵᠢᠱ᠌ᠢᠶᠡᠨ᠎ᠤ ᠬᠥᠮᠥᠷᠭᠡ᠎ᠨᠢ ᠬᠢᠵᠢᠭ᠎ᠲᠠᠢ ᠬᠤᠯᠪᠣᠭ᠍ᠳᠠᠭ᠍ᠰᠠᠨ ᠭᠠᠳᠠᠭᠠᠲᠤ᠎ᠲᠠᠢ ᠬᠤᠯᠪᠤᠭ᠍ᠳᠠᠭ᠍ᠰᠠᠨ ᠬᠤᠳᠠᠯᠳᠤᠭᠠᠨ᠎ᠤ ᠶᠠᠪᠤᠳᠠᠯ ᠪᠠ ᠳᠠᠯᠠᠶ᠎ᠶ᠋ᠢᠨ ᠶᠠᠪᠤᠳᠠᠯ᠎ᠤᠨ ᠬᠡᠷᠡᠭ᠎ᠤᠨ ᠵᠢᠯᠣᠭᠤᠳᠭᠤ ᠰᠠᠨᠠᠯ᠎ᠢ ᠬᠤᠷᠢᠶᠠᠨ ᠠᠪᠴᠤ᠌᠂ ᠮᠠᠨ᠎ᠤ ᠤᠯᠤᠰ᠎ᠤᠨ ᠬᠠᠤᠯᠢ ᠪᠠᠷᠢᠬᠤ ᠬᠡᠷᠡᠭ᠎ᠤᠨ ᠵᠢᠱ᠌ᠢᠶ᠎ᠡ᠎ᠶ᠋ᠢ ᠨᠢᠭᠡᠨᠲᠡ 36 ᠬᠤᠪᠢ ᠬᠤᠷᠢᠶᠠᠨ ᠠᠪᠤᠪᠠ᠃ ᠳᠠᠯᠠᠶ ᠳᠡᠭᠡᠷᠡᠬᠢ ᠲᠣᠷᠭᠠᠨ ᠵᠠᠮ (ᠴᠢᠤᠸᠠᠨᠵᠧᠦ) ᠎ᠤ᠋ᠨ ᠬᠠᠤᠯᠢ ᠪᠠᠷᠢᠬᠤ ᠬᠠᠮᠲᠤᠷᠠᠯᠴᠠᠭᠠᠨ᠎ᠤ ᠣᠯᠠᠨ ᠤᠯᠤᠰ᠎ᠤᠨ ᠶᠠᠷᠢᠯᠴᠠᠭᠠᠨ᠎ᠤ ᠲᠠᠪᠴᠠᠩ ᠡᠷᠬᠢᠯᠡᠵᠦ᠍᠂ ᠱᠠᠨᠳᠦ᠋ᠩ᠎ᠤᠨ ᠴᠢᠩᠳᠣᠤ᠎ᠳᠤ ᠱᠠᠩᠬᠠᠶ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠯᠤᠰ᠎ᠤᠳ᠎ᠤᠨ ᠣᠷᠣᠨ ᠨᠤᠲᠤᠭ᠎ᠤᠨ ᠱᠢᠭᠦᠬᠦ᠌ ᠬᠤᠷᠢᠶᠠᠨ᠎ᠤ ᠶᠡᠭᠡ ᠱᠢᠭᠦᠬᠦ᠌ ᠲᠤᠱᠢᠶᠠᠯᠲᠠᠨ᠎ᠤ ᠶᠠᠷᠢᠯᠴᠠᠭᠠᠨ᠎ᠤ ᠲᠠᠪᠴᠠᠩ᠎ᠢ ᠡᠷᠬᠢᠯᠡᠵᠦ᠍᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠣᠯᠠᠨ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠱᠢᠭᠦᠬᠦ᠌ ᠲᠢᠩᠬᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠨᠢᠭᠡ ᠪᠦᠰᠡ ᠨᠢᠭᠡ ᠵᠠᠮ》 ᠎ᠤ᠋ᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠲᠤ᠎ᠪᠠᠷ ᠪᠠᠢᠭᠤᠯᠬᠤ᠎ᠳᠤ ᠦᠢᠯᠡᠴᠢᠯᠡᠵᠦ᠍᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠪᠠ᠃

ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ ᠪᠠ ᠴᠡᠷᠢᠭ᠎ᠤᠨ ᠬᠥᠮᠦᠨ ᠴᠡᠷᠢᠭ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ ᠴᠡᠷᠢᠭ᠎ᠤᠨ ᠪᠡᠯᠡᠳᠭᠡᠮᠵᠢ᠎ᠶ᠋ᠢ ᠡᠪᠳᠡᠭ᠌ᠰᠡᠨ᠂ ᠴᠡᠷᠢᠭ᠎ᠤᠨ ᠨᠢᠭᠤᠴᠠ᠎ᠶ᠋ᠢ ᠵᠠᠳᠠᠷᠠᠭᠤᠯᠤᠭ᠍ᠰᠠᠨ᠂ ᠴᠡᠷᠢᠭ᠎ᠤᠨ ᠤᠷᠤᠭ᠎ᠢ ᠡᠪᠳᠡᠭ᠌ᠰᠡᠨ ᠵᠡᠷᠭᠡ ᠴᠡᠷᠢᠭ᠎ᠲᠠᠢ ᠬᠤᠯᠪᠣᠭ᠍ᠳᠠᠭ᠍ᠰᠠᠨ  466 ᠶᠠᠯᠠᠲᠤ  ᠬᠡᠷᠡᠭ᠎ᠢ ᠱᠢᠭᠦᠨ ᠳᠠᠭᠤᠰᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠳᠤ ᠦᠢᠯᠡᠴᠢᠯᠡᠪᠡ᠃ ᠴᠡᠷᠢᠭ᠎ᠤᠨ ᠠᠯᠪᠠᠨ ᠡᠴᠡ ᠪᠠᠭᠤᠭ᠍ᠰᠠᠳ᠎ᠤᠨ ᠬᠡᠷᠡᠭ ᠶᠠᠪᠤᠳᠠᠯ᠎ᠤᠨ ᠶᠠᠮᠤᠨ᠎ᠲᠠᠢ ᠬᠠᠮᠲᠤᠷᠠᠨ 《ᠠᠬᠠᠮᠠᠳ ᠴᠡᠷᠢᠭ᠎ᠤᠨ ᠡᠶᠡᠳᠡᠭᠦᠯᠭᠡ᠎ᠶ᠋ᠢᠨ ᠲᠠᠰᠤᠭ》 ᠪᠠᠢᠭᠤᠯᠬᠤ᠎ᠶ᠋ᠢ ᠠᠬᠢᠭᠤᠯᠵᠤ᠂ ᠴᠡᠷᠢᠭ᠎ᠤᠨ ᠠᠯᠪᠠᠨ ᠡᠴᠠ ᠪᠠᠭᠤᠭ᠍ᠰᠠᠳ᠎ᠤᠨ ᠵᠠᠷᠭᠤ᠎ᠶ᠋ᠢᠨ ᠰᠠᠭᠠᠳ ᠦᠭᠡᠢ ᠨᠡᠪᠲᠡᠷᠡᠬᠦ᠌ ᠵᠠᠮ᠎ᠢ ᠢᠳᠡᠪᠬᠢᠲᠡᠶ ᠨᠡᠭᠡᠭᠡᠪᠡ᠃ ᠡᠾᠧᠨᠠᠨ᠎ᠤ ᠱᠢᠬᠦᠬᠦ᠌ ᠬᠤᠷᠢᠶᠠᠨ᠎ᠤ ᠴᠡᠷᠢᠭ᠎ᠲᠠᠢ ᠬᠤᠯᠪᠤᠭ᠍ᠳᠠᠭ᠍ᠰᠠᠨ ᠡᠷᠬᠡ᠎ᠪᠠᠨ ᠬᠠᠮᠠᠭᠠᠯᠠᠬᠤ 《ᠱᠢᠨᠶᠠᠩ᠎ᠤᠨ ᠵᠠᠭ᠍ᠪᠤᠷ》 ᠎ᠢ᠋ ᠳᠡᠯᠭᠡᠷᠡᠭᠦᠯᠪᠡ᠃ ᠴᠡᠷᠢᠭ᠎ᠤᠨ ᠶᠠᠪᠤᠳᠠᠯ᠎ᠤᠨ ᠱᠢᠭᠦᠬᠦ᠌ ᠬᠤᠷᠢᠶ᠎ᠠ ᠴᠡᠷᠢᠭ᠎ᠲᠠᠢ ᠬᠤᠯᠪᠣᠭ᠍ᠳᠠᠭ᠍ᠰᠠᠨ ᠡᠷᠬᠡ᠎ᠪᠠᠨ ᠬᠠᠮᠠᠭᠠᠯᠠᠬᠤ ᠦᠢᠯᠡᠴᠢᠯᠡᠭᠡᠨ᠎ᠤ ᠲᠠᠪᠴᠠᠩ᠎ᠤᠨ ᠦᠢᠯᠡᠳᠦᠯ᠎ᠢ ᠪᠠᠳᠠᠷᠠᠭᠤᠯᠵᠤ᠂ ᠳᠠᠷᠤᠭ᠎ᠠ ᠪᠠᠢᠯᠳᠤᠭ᠍ᠴᠢᠳ᠎ᠤᠨ ᠡᠷᠬᠡ ᠠᠱᠢᠭ᠎ᠢ ᠬᠠᠮᠠᠭᠠᠯᠠᠪᠠ᠃ ᠴᠡᠷᠢᠭ᠎ᠤᠨ ᠶᠠᠪᠤᠳᠠᠯ᠎ᠤᠨ ᠵᠠᠰᠠᠭ ᠵᠠᠬᠢᠷᠭᠠᠨ᠎ᠤ ᠱᠢᠭᠦᠨ ᠲᠠᠰᠤᠯᠤᠯᠲᠠ᠎ᠶ᠋ᠢᠨ ᠲᠤᠷᠱᠢᠯᠲᠠ᠎ᠶ᠋ᠢ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ᠎ᠢ ᠠᠬᠢᠭᠤᠯᠪᠠ᠃ ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠡ ᠬᠦᠨᠳᠦ ᠢᠷᠡᠭᠤ ᠠᠯᠳᠠᠷ᠎ᠢ ᠬᠤᠬᠢᠷᠠᠭᠤᠯᠤᠭ᠍ᠰᠠᠨ᠂ ᠪᠠᠭᠠᠲᠤᠷᠴᠤᠳ᠎ᠤᠨ ᠣᠩᠭᠤᠨ᠎ᠤ ᠬᠥᠱᠢᠶ᠎ᠡ᠎ᠶ᠋ᠢ ᠭᠤᠲᠤᠭᠠᠭ᠍ᠰᠠᠨ ᠵᠡᠷᠭᠡ ᠬᠡᠷᠡᠭ᠎ᠢ ᠱᠢᠭᠦᠵᠦ᠍᠂ ᠦᠷᠡᠭ᠌ᠳᠡᠭ᠌ᠰᠡᠨ ᠪᠠᠭᠠᠲᠤᠷᠴᠤᠳ᠎ᠢ ᠭᠤᠲᠤᠭᠠᠨ ᠲᠤᠷᠤᠮᠵᠢᠯᠠᠭ᠍ᠰᠠᠨ ᠬᠥᠮᠦᠰ᠎ᠢ ᠵᠠᠯᠬᠠᠭᠠᠵᠦ᠍᠂ ᠬᠢᠯᠢ ᠬᠢᠵᠠᠭᠠᠷ᠎ᠢᠶᠠᠨ ᠬᠠᠮᠠᠭᠠᠯᠠᠭ᠍ᠰᠠᠨ ᠪᠠᠭᠠᠲᠤᠷᠴᠤᠳ᠎ᠤᠨ ᠥᠷᠯᠥᠭ ᠬᠥᠱᠢᠶ᠎ᠡ᠎ᠶ᠋ᠢ ᠥᠨᠢᠳᠡ ᠰᠡᠬᠦ᠋ᠢᠨ ᠰᠦᠨᠳᠡᠷᠯᠡᠭᠦᠯᠪᠡ᠃

ᠭᠤᠷᠪᠠ᠂ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠪᠠ

ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠲᠤ ᠴᠡᠭᠡᠵᠢᠯᠡᠵᠦ᠍᠂ ᠠᠷᠠᠳ ᠣᠯᠠᠨ᠎ᠤ ᠬᠦᠰᠡᠯ ᠱᠠᠭᠠᠷᠳᠠᠯᠭ᠎ᠠ᠎ᠶ᠋ᠢ ᠢᠮᠠᠭ᠍ᠲᠠ ᠨᠢᠭᠡᠳᠦᠭᠡᠷ ᠳᠣᠬᠢᠶ᠎ᠠ ᠪᠣᠯᠭᠠᠵᠤ᠂ ᠵᠦᠷᠢᠴᠡᠯ ᠵᠠᠭᠤᠷᠠᠯᠳᠤᠭᠠᠨ᠎ᠢ ᠴᠠᠭ ᠲᠤᠬᠠᠶ᠎ᠳᠤᠨᠢ ᠥᠨᠳᠥᠷ ᠪᠦᠲᠦᠮᠵᠢᠲᠡᠶ ᠳᠥᠭᠦᠮ ᠳᠥᠲᠡ ᠱᠢᠢᠳᠪᠦᠷᠢᠯᠡᠵᠦ᠍᠂ ᠠᠷᠠᠳ ᠤᠯᠠᠨ᠎ᠤ ᠬᠠᠤᠯᠢ ᠶᠤᠰᠤᠨ᠎ᠤ ᠡᠷᠬᠡ ᠠᠱᠢᠭ᠎ᠢ ᠬᠠᠤᠯᠢ ᠶᠤᠰᠤᠭᠠᠷ ᠪᠠᠲᠤᠯᠠᠵᠤ᠂ ᠠᠷᠠᠳ ᠣᠯᠠᠨ᠎ᠳᠤ ᠲᠥᠪ ᠭᠤᠤᠯᠴᠢ ᠱᠢᠳᠤᠷᠭᠤ ᠶᠣᠰᠣ ᠳᠡᠷᠭᠡᠳᠡ᠎ᠨᠢ ᠪᠠᠢᠬᠤ᠎ᠶ᠋ᠢ ᠦᠨᠡᠨ ᠬᠦ᠌ ᠮᠡᠳᠡᠷᠡᠭᠦᠯᠪᠡ᠃

ᠢᠷᠭᠡᠨ᠎ᠤ ᠬᠠᠤᠯᠢ᠎ᠶ᠋ᠢᠨ ᠪᠢᠴᠢᠭ᠎ᠢ ᠦᠨᠡᠨ ᠬᠦ᠌ ᠬᠡᠷᠡᠭ᠌ᠵᠢᠭᠦᠯᠪᠡ᠃ ᠢᠷᠭᠡᠨ᠎ᠤ ᠬᠠᠤᠯᠢ᠎ᠶ᠋ᠢᠨ ᠪᠢᠴᠢᠭ᠎ᠢ ᠨᠡᠢᠲᠡᠯᠡᠨ ᠬᠡᠷᠡᠭ᠌ᠵᠢᠬᠦᠯᠵᠦ᠍᠂ ᠢᠷᠭᠡᠨ᠎ᠤ ᠬᠡᠷᠡᠭ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠬᠠᠤᠯᠢ᠎ᠶ᠋ᠢᠨ ᠪᠢᠴᠢᠭ᠎ᠤᠨ ᠴᠠᠭ ᠦᠶ᠎ᠡ᠎ᠳᠤ ᠤᠷᠤᠭᠤᠯᠪᠠ᠃ ᠢᠷᠭᠡᠨ᠎ᠤ ᠬᠠᠤᠯᠢ᠎ᠶ᠋ᠢᠨ ᠪᠢᠴᠢᠭ᠎ᠢ ᠲᠤᠬᠢᠷᠠᠭᠤᠯᠤᠨ ᠬᠡᠷᠡᠭ᠌ᠯᠡᠵᠤ ᠠᠷᠠᠳ ᠤᠯᠠᠨ᠎ᠤ ᠠᠮᠢᠳᠤᠷᠠᠯ᠎ᠲᠠᠢ ᠨᠢᠭ᠍ᠲᠠ ᠬᠤᠯᠪᠣᠭ᠎ᠠ᠎ᠲᠠᠢ ᠠᠯᠢ ᠤᠯᠠᠨ 《ᠠᠩᠬᠠᠠ᠎ᠤ ᠬᠡᠷᠡᠭ》 ᠎ᠢ᠋ ᠱᠢᠭᠦᠪᠡ᠃ ᠬᠠᠭᠤᠴᠢᠨ ᠰᠠᠭᠤᠭᠠᠯᠢ ᠲᠣᠭᠤᠷᠢᠭ᠎ᠲᠤ ᠴᠠᠬᠢᠯᠭᠠᠨ ᠱᠠᠲᠤ ᠨᠡᠮᠡᠵᠦ᠍ ᠤᠭ᠍ᠰᠠᠷᠠᠭ᠍ᠰᠠᠨ ᠬᠡᠷᠡᠭ᠎ᠢ ᠱᠢᠭᠦᠵᠦ᠍᠂ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠵᠤ᠂ ᠬᠥᠷᠰᠢ ᠵᠡᠷᠭᠡᠯᠡᠳᠡᠭᠡ᠎ᠶ᠋ᠢᠨ ᠪᠦᠯᠬᠦᠮᠳᠡᠨ ᠡᠶ᠎ᠡ ᠨᠠᠢᠷᠳᠠᠢ ᠪᠠᠢᠬᠤ᠎ᠶ᠋ᠢ ᠠᠬᠢᠭᠤᠯᠪᠠ᠃ ᠰᠠᠢᠨ ᠰᠠᠨᠠᠭ᠎ᠠ᠎ᠲᠠᠢ᠎ᠪᠠᠷ ᠬᠠᠮᠲᠤ ᠶᠠᠪᠤᠵᠤ ᠬᠠᠷᠢᠭᠤᠴᠠᠯᠭ᠎ᠠ᠎ᠶ᠋ᠢ ᠬᠥᠩᠭᠡᠷᠡᠭᠦᠯᠦᠭ᠌ᠰᠡᠨ ᠬᠡᠷᠡᠭ᠎ᠢ ᠱᠢᠭᠦᠵᠦ᠍᠂ ᠬᠠᠷᠢᠯᠴᠠᠨ ᠬᠠᠪᠰᠤᠷᠴᠤ᠌ ᠬᠠᠷᠢᠯᠴᠠᠨ ᠲᠤᠰᠠᠯᠠᠬᠤ᠎ᠶ᠋ᠢ ᠵᠣᠷᠢᠠᠠᠵᠢᠭᠤᠯᠵᠤ᠂ ᠨᠡᠢᠭᠡᠮ᠎ᠤᠨ ᠢᠲᠡᠭᠡᠯᠴᠡᠭᠡ᠎ᠶ᠋ᠢ ᠨᠡᠮᠡᠭ᠌ᠳᠡᠭᠦᠯᠪᠡ᠃ ᠣᠷᠣᠱᠢᠨ ᠰᠠᠭᠤᠬᠤ ᠡᠷᠬᠡ᠎ᠶ᠋ᠢᠨ ᠬᠡᠷᠡᠭ᠎ᠢ ᠤᠯᠠᠨ ᠤᠳᠠᠭ᠎ᠠ ᠱᠢᠭᠦᠵᠦ᠍᠂ ᠬᠦᠴᠢᠷᠳᠡᠯᠲᠡᠶ ᠤᠯᠠᠨ ᠲᠦᠮᠡᠨ᠎ᠤ ᠠᠮᠢᠳᠤᠷᠠᠯ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠪᠠᠲᠤᠯᠠᠵᠤ᠂ 《ᠨᠠᠰᠤᠲᠠᠢᠴᠤᠳ᠎ᠢ ᠠᠯᠪᠠ᠎ᠪᠠᠷ ᠮᠥᠯᠵᠢᠬᠦ᠌》 ᠵᠡᠷᠭᠡ ᠶᠣᠰᠣ ᠪᠤᠰᠤ ᠣᠷᠣᠱᠢᠨ ᠰᠠᠭᠤᠬᠤ ᠡᠷᠬᠡ᠎ᠶ᠋ᠢᠨ ᠭᠤᠶᠤᠴᠢᠯᠠᠯ᠎ᠢ ᠨᠢᠴᠤᠭᠠᠪᠠ᠃ ᠨᠡᠷ᠎ᠡ ᠲᠥᠷᠥ᠎ᠶ᠋ᠢᠨ ᠡᠷᠬᠡ᠎ᠳᠤ ᠬᠠᠯᠳᠠᠭ᠍ᠰᠠᠨ ᠴᠠᠭᠠᠵᠠᠯᠠᠬᠤ ᠵᠠᠷᠯᠢᠭ᠎ᠲᠤ ᠴᠠᠭ ᠲᠤᠬᠠᠶ᠎ᠳᠤᠨᠢ ᠭᠠᠷ᠎ᠤᠨ ᠦᠰᠦᠭ ᠵᠢᠷᠤᠵᠤ ᠶᠠᠪᠤᠭᠤᠯᠤᠨ᠂ ᠠᠮᠢ ᠨᠠᠰᠤᠨ᠎ᠤ ᠡᠷᠡᠭᠦᠯ ᠮᠡᠨᠳᠦ᠂ ᠨᠡᠷ᠎ᠡ ᠬᠦᠨᠳᠦ ᠢᠷᠠᠭᠤ ᠠᠯᠳᠠᠷ᠂ ᠬᠤᠪᠢ ᠬᠥᠮᠦᠨ᠎ᠤ ᠨᠢᠭᠤᠴᠠ᠎ᠶ᠋ᠢ ᠬᠠᠮᠠᠭᠠᠯᠠᠬᠤ ᠵᠡᠷᠭᠡ᠎ᠳᠤ ᠤᠷᠢᠳᠴᠢᠯᠠᠨ ᠰᠡᠷᠭᠡᠢᠯᠡᠯᠲᠡ ᠪᠠ ᠠᠪᠤᠷᠠᠨ ᠲᠤᠰᠠᠯᠠᠯᠲᠠ ᠬᠠᠩᠭᠠᠪᠠ᠃ ᠢᠷᠭᠡᠨ᠎ᠤ ᠬᠠᠤᠯᠢ᠎ᠶ᠋ᠢᠨ ᠪᠢᠴᠢᠭ᠎ᠢ ᠬᠡᠷᠡᠭ᠌ᠵᠢᠭᠦᠯᠦᠭ᠌ᠰᠡᠨ ᠵᠢᠯ ᠭᠠᠷᠤᠶ᠎ᠶ᠋ᠢᠨ ᠲᠤᠷᠰᠢ᠂ ᠲᠦᠭ ᠲᠦᠮᠡᠨ ᠠᠢᠯ ᠡᠷᠦᠬᠡ᠎ᠳᠤ ᠣᠷᠣᠵᠤ᠂ ᠠᠷᠠᠳ ᠤᠯᠠᠨ᠎ᠤ ᠰᠡᠳᠭᠢᠯ᠎ᠳᠤ ᠬᠠᠲᠠᠩᠱᠢᠵᠤ᠂ ᠬᠠᠤᠯᠢ ᠪᠠᠷᠢᠬᠤ ᠬᠡᠷᠡᠭ᠎ᠤᠨ ᠵᠢᠱ᠌ᠢᠶ᠎ᠡ ᠨᠢᠭᠡᠪᠦᠷᠢ᠎ᠨᠢ ᠢᠷᠭᠡᠨ᠎ᠤ ᠬᠠᠤᠯᠢ᠎ᠶ᠋ᠢᠨ ᠪᠢᠴᠢᠭ᠎ᠤᠨ ᠵᠦᠢᠯ ᠵᠤᠷᠪᠤᠰ᠎ᠢ ᠨᠡᠩ ᠠᠮᠢᠳᠤᠯᠢᠭ ᠪᠣᠯᠭᠠᠵᠤ᠂ ᠢᠷᠭᠡᠨ᠎ᠤ ᠬᠠᠤᠯᠢ᠎ᠶ᠋ᠢᠨ ᠪᠢᠴᠢᠭ ᠪᠣᠯ ᠳᠠᠷᠤᠶ ᠠᠷᠠᠳ ᠲᠦᠮᠡᠨ᠎ᠤ ᠡᠷᠬᠡ᠎ᠶ᠋ᠢᠨ ᠪᠠᠲᠤᠯᠠᠭ᠎ᠠ᠎ᠶ᠋ᠢᠨ ᠪᠢᠴᠢᠭ᠂ ᠡᠳᠦᠷ ᠲᠤᠳᠤᠮ᠎ᠤᠨ ᠠᠮᠢᠳᠤᠷᠠᠯ᠎ᠤᠨ ᠬᠠᠤᠯᠢ ᠴᠠᠭᠠᠵᠠ᠎ᠶ᠋ᠢᠨ ᠨᠡᠪᠲᠡᠷᠬᠡᠶ ᠲᠣᠯᠢ ᠮᠥᠨ ᠭᠡᠳᠡᠭ᠎ᠢ ᠠᠷᠠᠳ ᠤᠯᠠᠨ᠎ᠳᠤ ᠦᠨᠡᠨ ᠬᠦ᠌ ᠮᠡᠳᠡᠷᠡᠭᠦᠯᠪᠡ᠃

ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠶ᠋ᠢ ᠪᠠᠳᠠᠷᠠᠭᠤᠯᠪᠠ᠃ ᠬᠠᠤᠯᠢ ᠪᠠᠷᠢᠵᠤ ᠬᠡᠷᠡᠭ ᠲᠠᠰᠤᠯᠬᠤ᠎ᠪᠠᠷ ᠳᠠᠮᠵᠢᠭᠤᠯᠤᠨ ᠦᠨᠡᠨ ᠰᠠᠢᠨ ᠰᠠᠢᠬᠠᠨ᠎ᠢ ᠪᠠᠳᠠᠷᠠᠭᠤᠯᠵᠤ᠂ ᠬᠤᠳᠠᠯ ᠮᠠᠭᠤ ᠮᠠᠭᠤᠬᠠᠶ᠎ᠶ᠋ᠢ ᠲᠠᠱᠢᠭᠤᠷᠳᠠᠪᠠ᠃ ᠠᠺᠠᠳᠧᠮᠢᠴᠢ ᠶᠤᠸᠠᠨ ᠯᠦᠩ ᠫᠢᠩ᠎ᠤᠨ ᠨᠡᠷ᠎ᠡ ᠬᠦᠨᠳᠦ ᠢᠷᠠᠭᠤ ᠠᠯᠳᠠᠷ᠎ᠢ ᠬᠤᠬᠢᠷᠠᠭᠤᠯᠤᠭ᠍ᠰᠠᠨ ᠬᠡᠷᠡᠭ᠎ᠢ ᠱᠢᠭᠦᠵᠦ᠍᠂ ᠪᠥᠬᠦᠳᠡ ᠨᠠᠢᠷᠠᠮᠳᠠᠬᠤ ᠤᠯᠤᠰ᠎ᠤᠨ ᠭᠠᠪᠢᠶᠠᠨ ᠲᠡᠮᠳᠡᠭ᠎ᠤᠨ ᠨᠡᠷ᠎ᠡ ᠬᠦᠨᠳᠦ᠍᠎ᠶ᠋ᠢ ᠡᠷᠡᠰ ᠬᠠᠮᠠᠭᠠᠯᠠᠪᠠ᠃ ᠵᠢᠭᠠᠯ ᠬᠡᠦᠬᠡᠨ᠎ᠤ ᠬᠠᠯᠠᠭᠤᠨ ᠰᠡᠳᠭᠢᠯ᠎ᠢᠶᠠᠷ ᠬᠥᠮᠦᠨ᠎ᠢ ᠬᠠᠪᠰᠤᠷᠤᠭᠠᠳ ᠱᠢᠷᠬᠠᠲᠤᠭᠤᠯᠤᠭ᠍ᠰᠠᠨ ᠬᠡᠷᠡᠭ᠎ᠢ ᠱᠢᠭᠦᠵᠦ᠍᠂ ᠰᠠᠢᠨ ᠰᠠᠨᠠᠭ᠎ᠠ᠎ᠠᠴᠠ ᠬᠥᠮᠦᠨ᠎ᠢ ᠬᠠᠪᠰᠤᠷᠪᠠᠯ ᠬᠠᠷᠢᠭᠤᠴᠠᠯᠭ᠎ᠠ ᠡᠭᠦᠷᠭᠡᠯᠡᠬᠦ᠌ ᠦᠭᠡᠢ ᠭᠡᠵᠦ᠍ ᠱᠢᠭᠦᠨ ᠲᠠᠰᠤᠯᠪᠠ᠃ ᠰᠠᠭᠤᠭᠠᠯᠢ ᠲᠣᠭᠤᠷᠢᠭ᠎ᠤᠨ ᠠᠮᠤᠷ᠎ᠢ ᠬᠠᠮᠠᠭᠠᠯᠠᠭ᠍ᠴᠢ᠎ᠨᠢ ᠨᠠᠰᠤᠲᠠᠨ᠎ᠢ ᠡᠮᠨᠡᠯᠭᠡ᠎ᠳᠤ ᠬᠦᠷᠬᠡᠵᠦ᠍ ᠡᠮᠨᠡᠭᠦᠯᠦᠭᠡᠳ ᠲᠥᠯᠥᠭᠦᠯᠬᠦ᠌᠎ᠪᠠᠷ ᠨᠡᠬᠡᠮᠵᠢᠯᠡᠭ᠌ᠳᠡᠭ᠌ᠰᠡᠨ ᠬᠡᠷᠡᠭ᠎ᠢ ᠱᠢᠭᠦᠵᠦ᠍᠂ ᠶᠣᠰᠣ ᠪᠤᠰᠤ ᠲᠥᠯᠥᠪᠦᠷᠢ ᠠᠪᠬᠤ ᠭᠤᠶᠤᠴᠢᠯᠠᠯ᠎ᠢ ᠨᠢᠴᠤᠭᠠᠪᠠ᠃ ᠨᠣᠮᠧᠷ᠎ᠤᠨ ᠫᠠᠨᠽᠠᠴᠢᠨ ᠣᠷᠭᠤᠨ ᠳᠤᠲᠠᠭᠠᠵᠤ ᠣᠢᠴᠢᠭᠠᠳ ᠲᠥᠯᠥᠭᠦᠯᠬᠦ᠌᠎ᠪᠠᠷ ᠱᠠᠭᠠᠷᠳᠠᠭ᠍ᠰᠠᠨ ᠬᠡᠷᠡᠭ᠎ᠢ ᠱᠢᠭᠦᠵᠤ᠂ ᠨᠡᠬᠡᠭ᠌ᠰᠡᠳ᠎ᠢ ᠬᠠᠷᠢᠭᠤᠴᠠᠯᠭ᠎ᠠ ᠦᠭᠡᠢ ᠭᠡᠵᠦ᠍ ᠱᠢᠭᠦᠨ ᠲᠠᠰᠤᠯᠪᠠ᠃ ᠳᠡᠭᠡᠳᠦ ᠬᠤᠷᠳᠤᠴᠠᠲᠤ ᠲᠡᠮᠦᠷ ᠵᠠᠮ᠎ᠤᠨ ᠤᠷᠤ ᠡᠵᠡᠯᠡᠭ᠌ᠰᠡᠨ ᠬᠡᠷᠡᠭ᠎ᠢ ᠱᠢᠭᠦᠵᠦ᠍᠂ ᠣᠯᠠᠨ ᠨᠡᠢᠲᠡ᠎ᠶ᠋ᠢᠨ ᠲᠠᠯᠠᠪᠤᠷ᠎ᠤᠨ ᠪᠣᠯᠪᠠᠰᠤᠨ ᠪᠤᠰᠤ ᠦᠢᠯᠡ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌᠎ᠳᠤ ᠬᠠᠷᠢᠭᠤᠴᠠᠯᠭ᠎ᠠ ᠡᠭᠦᠷᠭᠡᠯᠡᠬᠦ᠌ ᠬᠡᠷᠡᠭ ᠥᠬᠡᠶ ᠭᠡᠵᠦ᠍ ᠱᠢᠭᠦᠨ ᠲᠠᠰᠤᠯᠪᠠ᠃ ᠨᠢᠭᠡᠨᠲᠡ ᠬᠤᠳᠠᠯᠳᠤᠭ᠍ᠰᠠᠨ ᠭᠡᠷ ᠪᠠᠢᠱᠢᠩ᠎ᠢ ᠤᠷᠲᠤ ᠬᠤᠭᠤᠴᠠᠭ᠎ᠠ᠎ᠪᠠᠷ ᠡᠵᠡᠷᠬᠡᠭ᠌ᠯᠡᠨ ᠡᠵᠡᠯᠡᠭ᠌ᠰᠡᠨ᠂ ᠭᠦᠢᠴᠡᠳᠭᠡᠬᠦ᠌᠎ᠶ᠋ᠢ ᠬᠡᠷᠴᠡᠭᠡᠢᠯᠡᠨ ᠡᠰᠡᠷᠭᠦᠴᠡᠭ᠌ᠰᠡᠨ ᠲᠤᠬᠠᠶ᠎ᠶ᠋ᠢᠨ ᠬᠥᠮᠦᠨ᠎ᠳᠤ ᠠᠯᠪᠠᠲᠠᠨ ᠨᠡᠭᠦᠯᠭᠡᠬᠦ᠌ ᠠᠷᠭ᠎ᠠ ᠬᠡᠮᠵᠢᠶ᠎ᠡ ᠠᠪᠴᠤ᠌᠂ 《ᠯᠠᠢᠮᠤᠤᠷᠳᠠᠭᠠᠳ ᠱᠢᠢᠳᠪᠦᠷᠢᠯᠡᠬᠦ᠌ ᠦᠭᠡᠢ》 ᠶᠠᠪᠤᠳᠠᠯ᠎ᠢ ᠶᠠᠭᠠᠬᠢᠭ᠍ᠰᠠᠨ ᠴᠤ᠌ ᠳᠤᠷ᠎ᠠ ᠲᠠᠪᠠ᠎ᠪᠠᠷ᠎ᠨᠢ ᠲᠠᠯᠪᠢᠵᠤ ᠪᠤᠯᠬᠤ ᠦᠭᠡᠢ ᠪᠤᠯᠭᠠᠪᠠ᠃ ᠬᠠᠤᠯᠢ ᠪᠠᠷᠢᠬᠤ ᠠᠯᠢ ᠣᠯᠠᠨ ᠱᠢᠭᠦᠨ ᠲᠠᠰᠤᠯᠤᠯᠲᠠ᠎ᠪᠠᠷ ᠳᠠᠮᠵᠢᠭᠤᠯᠤᠨ ᠪᠠᠭᠠᠲᠤᠷ ᠵᠢᠱ᠌ᠢᠶᠡᠴᠢ᠎ᠶ᠋ᠢ ᠬᠦᠨᠳᠦᠳᠭᠡᠬᠦ᠂ ᠬᠥᠷᠰᠢ ᠵᠡᠷᠭᠡᠯᠡᠳᠡᠭᠡ᠎ᠪᠠᠷ᠎ᠢᠶᠠᠨ ᠬᠠᠷᠢᠯᠴᠠᠨ ᠬᠠᠪᠰᠤᠷᠤᠯᠴᠠᠬᠤ᠂ ᠪᠤᠰᠤᠳ᠎ᠢ ᠬᠠᠪᠰᠤᠷᠬᠤ᠎ᠪᠠᠷ ᠪᠠᠶᠠᠷ ᠵᠢᠷᠭᠠᠯ᠎ᠢᠶᠠᠨ ᠪᠣᠯᠭᠠᠬᠤ᠂ ᠰᠠᠢᠨ ᠳᠤᠷ᠎ᠠ᠎ᠠᠴᠠ᠎ᠪᠠᠨ ᠦᠢᠯᠡᠴᠢᠯᠡᠬᠦ᠂ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ᠎ᠶ᠋ᠢ ᠵᠣᠷᠢᠠᠠᠵᠢᠭᠤᠯᠵᠦ᠍᠂ ᠬᠠᠷᠭᠢᠰᠯᠠᠨ ᠠᠭᠠᠱᠢᠯᠠᠭ᠍ᠰᠠᠳ᠎ᠲᠤ ᠶᠠᠭᠠᠬᠢᠭ᠍ᠰᠠᠨ ᠴᠤ᠌ ᠢᠯᠳᠠᠷ ᠬᠠᠶᠠᠬᠤ ᠦᠭᠡᠢ᠂ ᠮᠠᠭᠤ ᠵᠠᠩᠱᠢᠯ ᠳᠠᠳᠭᠠᠯ᠎ᠢ ᠳᠤᠷ᠎ᠠ᠎ᠪᠠᠷ᠎ᠨᠢ ᠲᠠᠯᠪᠢᠬᠤ ᠦᠭᠡᠢ ᠪᠠᠢᠵᠤ᠂ ᠥᠷᠭᠡᠨ ᠣᠯᠠᠨ ᠲᠦᠮᠡᠨ᠎ᠳᠤ ᠬᠠᠤᠯᠢ᠎ᠪᠠᠷ ᠵᠠᠰᠠᠬᠤ ᠨᠡᠢᠭᠡᠮ᠎ᠳᠤ ᠶᠠᠭᠤ᠎ᠶ᠋ᠢ ᠰᠠᠨᠠᠭᠠᠴᠢᠯᠠᠬᠤ᠂ ᠶᠠᠭᠤ᠎ᠶ᠋ᠢ ᠡᠰᠡᠷᠭᠦᠴᠡᠬᠦ᠂ ᠶᠠᠭᠤ᠎ᠶ᠋ᠢ ᠴᠠᠭᠠᠵᠠᠯᠠᠬᠤ᠎ᠶ᠋ᠢ ᠤᠢᠯᠠᠭᠠᠭᠤᠯᠪᠠ᠃

ᠠᠷᠠᠳ᠎ᠤᠨ ᠠᠮᠢᠳᠤᠷᠠᠯ᠎ᠤᠨ ᠬᠠᠤᠯᠢ ᠪᠠᠷᠢᠬᠤ ᠪᠠᠲᠤᠯᠠᠭ᠎ᠠ᠎ᠶ᠋ᠢᠨ ᠲᠣᠤᠷ᠎ᠢ ᠪᠠᠬᠢᠵᠢᠭᠦᠯᠪᠠ᠃ ᠰᠤᠷᠭᠠᠨ ᠬᠦᠮᠦᠵᠢᠯ᠂ ᠠᠵᠢᠯ ᠤᠯᠭᠤᠯᠲᠠ᠂ ᠡᠮᠨᠡᠯᠭᠡ᠂ ᠨᠠᠰᠤᠵᠢᠯ᠎ᠤᠨ ᠠᠰᠠᠷᠠᠮᠵᠢ᠂ ᠬᠡᠷᠡᠭ᠌ᠯᠡᠭᠡ᠂ ᠨᠡᠢᠭᠡᠮ᠎ᠤᠨ ᠪᠠᠲᠤᠯᠠᠭ᠎ᠠ ᠵᠡᠷᠭᠡ 154 ᠲᠦᠮᠨᠨ ᠬᠤᠪᠢ ᠬᠡᠷᠡᠭ᠎ᠢ ᠱᠢᠭᠦᠨ ᠳᠠᠭᠤᠰᠭᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠠᠬᠢᠭᠤᠯᠪᠠ᠃ ᠠᠵᠢᠯ ᠣᠯᠭᠤᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠵᠠᠭᠤᠷᠠᠯᠳᠤᠭᠠᠨ᠎ᠢ ᠱᠢᠢᠳᠪᠦᠷᠢᠯᠡᠬᠦ᠌ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠤ᠂ ᠴᠠᠯᠢᠩ ᠥᠷᠢᠲᠦᠬᠦ᠌ ᠠᠰᠠᠭᠤᠳᠠᠯ᠎ᠢ ᠬᠠᠤᠯᠢ ᠶᠣᠰᠣᠭᠠᠷ ᠵᠠᠰᠠᠵᠤ᠂ ᠬᠦᠳᠡᠯᠮᠦᠷᠢ᠎ᠶ᠋ᠢᠨ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠪᠠ᠃ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠬᠤᠯᠪᠣᠭ᠎ᠠ᠎ᠲᠠᠢ ᠬᠠᠮᠲᠤᠷᠠᠨ ᠵᠡᠮᠳᠡᠭ᠌ᠴᠦᠳ᠎ᠢ ᠬᠠᠮᠠᠭᠠᠯᠠᠬᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠵᠡᠮᠳᠡᠭ᠌ᠴᠦᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠪᠠᠲᠤᠯᠠᠪᠠ᠃ ᠰᠦᠯᠵᠢᠶᠡᠨ᠎ᠤ ᠬᠡᠷᠡᠭ᠌ᠯᠡᠭᠡᠨ᠎ᠤ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠨᠡᠢᠲᠡᠯᠡᠵᠦ᠍᠂ ᠱᠢᠭᠤᠳ ᠨᠡᠪᠲᠡᠷᠡᠭᠦᠯᠭᠡ᠎ᠪᠠᠷ ᠰᠤᠷᠳᠠᠯᠴᠢᠯᠠᠭ᠎ᠠ ᠬᠢᠵᠦ᠍ ᠪᠠᠷᠠᠭ᠎ᠠ ᠬᠤᠳᠠᠯᠳᠤᠬᠤ ᠪᠠ ᠵᠠᠬᠢᠶᠠᠯᠠᠭ᠎ᠠ᠎ᠪᠠᠷ ᠬᠤᠭᠤᠯᠠ ᠤᠮᠳᠠ ᠬᠤᠳᠠᠯᠳᠤᠬᠤ᠎ᠶ᠋ᠢ ᠵᠢᠷᠤᠮᠵᠢᠭᠤᠯᠵᠤ᠂ ᠰᠦᠯᠵᠢᠶᠡᠨ᠎ᠤ ᠪᠠᠷᠠᠭ᠎ᠠ᠎ᠶ᠋ᠢ ᠰᠠᠨᠠᠭ᠎ᠠ ᠠᠮᠤᠷ ᠬᠤᠳᠠᠯᠳᠤᠨ ᠠᠪᠴᠤ᠌ ᠰᠠᠳᠭᠢᠯ ᠠᠮᠤᠷ ᠬᠡᠷᠡᠭ᠌ᠯᠡᠬᠦ᠌ ᠪᠤᠯᠭᠠᠪᠠ᠃ 《ᠬᠠᠤᠯᠢ᠎ᠪᠠᠷ ᠦᠨ᠎ᠠ ᠬᠠᠶᠠᠵᠤ ᠬᠤᠳᠠᠯᠳᠤᠬᠤ ᠭᠡᠷ ᠪᠠᠢᠱᠢᠩ》᠂ 《ᠪᠤᠰᠤᠳ᠎ᠤᠨ ᠨᠡᠷ᠎ᠡ᠎ᠪᠠᠷ ᠭᠡᠷ ᠪᠠᠢᠱᠢᠩ ᠬᠤᠳᠠᠯᠳᠤᠨ ᠠᠪᠬᠤ》 ᠎ᠶ᠋ᠢ ᠠᠱᠢᠭ᠍ᠯᠠᠨ ᠬᠤᠳᠠᠯᠳᠤᠨ ᠠᠪᠬᠤ ᠬᠢᠵᠠᠭᠠᠷᠯᠠᠯ᠎ᠠᠴᠠ ᠵᠠᠢᠯᠠᠬ᠍ᠰᠠᠨ ᠠᠵᠢᠯᠯᠠᠭ᠎ᠠ᠎ᠶ᠋ᠢ ᠬᠠᠤᠯᠢ ᠶᠣᠰᠣᠭᠠᠷ ᠬᠤᠷᠢᠭ᠍ᠯᠠᠵᠤ᠂ ᠵᠦᠶ ᠵᠣᠬᠢᠰ ᠥᠬᠡᠶ ᠠᠷᠭ᠎ᠠ ᠪᠠᠷᠢᠯ᠎ᠢᠶᠠᠷ ᠳᠠᠮᠵᠢᠭᠤᠯᠤᠨ ᠲᠠᠸᠠᠷ᠎ᠤᠨ ᠤᠷᠤᠨ ᠰᠠᠭᠤᠴᠠ᠎ᠶ᠋ᠢᠨ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠢ ᠨᠥᠯᠥᠭᠡᠯᠡᠵᠦ᠍᠂ ᠠᠷᠠᠳ ᠣᠯᠠᠨ᠎ᠤ ᠣᠷᠣᠱᠢᠨ ᠰᠠᠭᠤᠬᠤ ᠡᠷᠬᠡ ᠠᠱᠢᠭ᠎ᠢ ᠬᠤᠬᠢᠷᠠᠭᠤᠯᠬᠤ᠎ᠶ᠋ᠢ ᠡᠷᠡᠰ ᠬᠤᠷᠢᠭ᠍ᠯᠠᠪᠠ᠃

ᠭᠡᠷ ᠪᠦᠯᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠪᠠ᠃ ᠭᠡᠷ᠎ᠤᠨ ᠶᠠᠪᠤᠳᠠᠯ᠎ᠢ ᠱᠢᠭᠦᠨ ᠲᠠᠰᠤᠯᠬᠤ ᠠᠵᠢᠯ᠎ᠢ ᠴᠢᠩᠭᠠᠳᠭᠠᠵᠤ᠂ ᠭᠡᠷ ᠪᠦᠯᠢ᠎ᠶ᠋ᠢᠨ ᠵᠣᠯ ᠵᠢᠷᠭᠠᠯ᠎ᠢ ᠰᠠᠬᠢᠨ ᠬᠠᠮᠠᠭᠠᠯᠠᠪᠠ᠃ ᠤᠷᠤᠭ ᠭᠡᠷ ᠪᠦᠯᠢ᠎ᠶ᠋ᠢᠨ ᠬᠡᠷᠡᠭ᠎ᠢ 183.1 ᠲᠦᠮᠡᠨ ᠬᠤᠪᠢ ᠱᠢᠭᠦᠵᠤ ᠳᠠᠭᠤᠰᠭᠠᠪᠠ᠃ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠡᠷᠡᠰ ᠡᠰᠡᠷᠭᠦᠴᠡᠵᠦ᠍᠂ ᠬᠦᠴᠦᠷᠬᠡᠭ᠌ᠯᠡᠯ ᠶᠠᠪᠤᠭᠤᠯᠤᠭ᠍ᠴᠢ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠪᠦᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭᠠᠲᠤ ᠬᠤᠷᠠᠯ᠎ᠲᠠᠢ ᠬᠠᠮᠲᠤᠷᠠᠨ ᠬᠥᠮᠦᠨ᠎ᠤ ᠪᠡᠶ᠎ᠡ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠵᠠᠷᠯᠢᠭ᠎ᠢ ᠨᠠᠢᠳᠠᠪᠤᠷᠢᠵᠢᠭᠤᠯᠤᠨ ᠪᠤᠳᠠᠲᠠᠢ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ 3356 ᠬᠤᠪᠢ ᠬᠠᠮᠠᠭᠠᠯᠠᠯᠲᠠ᠎ᠶ᠋ᠢᠨ ᠵᠠᠷᠯᠢᠭ᠎ᠢ ᠭᠠᠷᠭᠠᠵᠤ᠂ ᠡᠮᠡᠭ᠌ᠲᠡᠢᠴᠦᠳ ᠬᠡᠦᠬᠡᠳ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠪᠠ᠃ ᠨᠠᠰᠤᠲᠠᠢᠴᠤᠳ᠎ᠤᠨ ᠬᠠᠤᠯᠢ ᠪᠠᠷᠢᠬᠤ ᠬᠠᠮᠠᠭᠠᠯᠠᠯᠲᠠ᠎ᠶ᠋ᠢ ᠴᠢᠩᠭᠠᠳᠭᠠᠵᠤ᠂ ᠲᠠᠰᠤᠯᠤᠯᠳᠡ᠎ᠶ᠋ᠢᠨ ᠳᠤᠮᠳᠠ ᠨᠠᠰᠤᠲᠠᠢᠴᠤᠳ᠎ᠢ ᠡᠷᠭᠢᠵᠦ᠍ ᠦᠵᠡᠬᠦ᠌ ᠲᠤᠬᠠᠢ ᠲᠣᠭ᠍ᠲᠠᠭᠠᠯ᠎ᠢ ᠨᠠᠢᠳᠠᠪᠤᠷᠢᠵᠢᠭᠤᠯᠪᠠ᠃ ᠶᠡᠷᠡ ᠭᠠᠷᠤᠭ᠍ᠰᠠᠨ ᠡᠬᠡ᠎ᠪᠠᠨ ᠠᠴᠢᠯᠠᠨ ᠲᠡᠵᠢᠭᠡᠬᠦ᠌ ᠦᠭᠡᠢ 4 ᠬᠦᠦ᠍᠎ᠶ᠋ᠢ ᠬᠠᠤᠯᠢ ᠶᠣᠰᠣᠭᠠᠷ ᠠᠴᠢᠯᠠᠨ ᠲᠡᠵᠢᠭᠡᠬᠦ᠌ ᠬᠠᠷᠢᠭᠤᠴᠠᠯᠭ᠎ᠠ ᠡᠭᠦᠷᠭᠡᠯᠡᠭᠦᠯᠬᠦ᠌᠎ᠪᠠᠷ ᠲᠠᠰᠤᠯᠤᠨ ᠵᠠᠷᠯᠢᠭ᠍ᠳᠠᠬ᠍ᠰᠠᠨ ᠪᠦᠭᠡᠳ ᠰᠤᠷᠭᠠᠨ ᠴᠡᠭᠡᠷᠯᠡᠭᠦᠯᠪᠡ᠃ ᠭᠡᠷ᠎ᠤᠨ ᠶᠠᠪᠤᠳᠠᠯ᠎ᠢ ᠱᠢᠭᠦᠨ ᠲᠠᠰᠤᠯᠬᠤ᠎ᠪᠠᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠤ ᠭᠡᠷ ᠪᠦᠯᠢ᠎ᠪᠠᠨ ᠴᠢᠬᠤᠯᠠᠴᠢᠯᠠᠬᠤ᠂ ᠦᠳᠡᠬᠦᠰ᠎ᠢᠶᠠᠨ ᠬᠦᠨᠳᠦᠯᠡᠵᠦ᠍ ᠨᠢᠯᠬᠠᠰ᠎ᠢᠶᠠᠨ ᠬᠠᠢᠷᠠᠯᠠᠬᠤ ᠤᠯᠠᠮᠵᠢᠯᠠᠯᠲᠤ ᠰᠠᠢᠬᠠᠨ ᠵᠠᠩ ᠰᠤᠷᠲᠠᠯ᠎ᠢ ᠬᠠᠮᠠᠭᠠᠯᠠᠨ ᠪᠠᠳᠠᠷᠠᠭᠤᠯᠪᠠ᠃

ᠨᠠᠰᠤᠨ᠎ᠳᠤ ᠦᠯᠦ᠍ ᠬᠦᠷᠦᠭ᠌ᠰᠡᠳ᠎ᠤᠨ ᠡᠷᠡᠭᠦᠯ᠎ᠢᠶᠠᠷ ᠦᠰᠦᠨ ᠪᠤᠢᠵᠢᠬᠤ᠎ᠶ᠋ᠢ ᠰᠠᠬᠢᠨ ᠬᠠᠮᠠᠭᠠᠯᠠᠪᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠪᠠᠭᠠᠴᠤᠳ᠎ᠤᠨ ᠬᠠᠤᠯᠢ ᠪᠠᠷᠢᠬᠤ ᠳᠦᠷᠢᠮ᠎ᠢ ᠲᠡᠭᠦᠯᠳᠡᠷᠵᠢᠭᠦᠯᠵᠦ᠍᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠪᠠᠭᠠᠴᠤᠳ᠎ᠤᠨ ᠱᠢᠭᠦᠬᠦ᠌ ᠲᠢᠩᠬᠢᠮ᠎ᠤᠨ ᠠᠵᠢᠯ᠎ᠤᠨ ᠠᠯᠪᠠᠨ ᠭᠡᠷ ᠪᠠ 6 ᠲᠤᠭᠤᠷᠢᠨ ᠱᠢᠭᠦᠨ ᠲᠠᠰᠤᠯᠬᠤ ᠴᠡᠭ᠎ᠢ ᠪᠠᠢᠭᠤᠯᠵᠤ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ 2181 ᠪᠠᠭᠠᠴᠤᠳ᠎ᠤᠨ ᠱᠢᠭᠦᠬᠦ᠌ ᠲᠢᠩᠬᠢᠮ᠎ᠢ ᠪᠠᠢᠭᠤᠯᠪᠠ᠃ ᠨᠠᠰᠤᠨ᠎ᠳᠤ ᠥᠯᠥ᠍ ᠭᠦᠷᠦᠭ᠌ᠰᠡᠳ᠎ᠤᠨ ᠲᠤᠬᠠᠢ 《ᠬᠤᠶᠠᠷ ᠬᠠᠤᠯᠢ》 ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠰᠤᠨ᠎ᠳᠤ ᠥᠯᠥ᠍ ᠭᠦᠷᠦᠭ᠌ᠰᠡᠳ᠎ᠲᠤ ᠬᠠᠮᠤᠭ᠎ᠤᠨ ᠠᠱᠢᠭ᠍ᠲᠠᠶ ᠪᠠᠢᠬᠤ ᠵᠠᠷᠴᠢᠮ᠎ᠢ ᠪᠠᠷᠢᠮᠲᠠᠯᠠᠨ᠂ ᠨᠠᠰᠤᠨ᠎ᠳᠤ ᠥᠯᠥ᠍ ᠭᠦᠷᠦᠭ᠌ᠰᠡᠳ᠎ᠤᠨ ᠬᠠᠤᠯᠢ ᠶᠣᠰᠣᠭᠠᠷ ᠣᠨᠴᠠᠭᠠᠶ ᠪᠦᠭᠡᠳ ᠤᠷᠢᠳᠴᠢᠯᠠᠭ᠍ᠰᠠᠨ ᠬᠠᠮᠠᠭᠠᠯᠠᠯᠲᠠ ᠬᠦᠷᠲᠡᠬᠦ᠌᠎ᠶ᠋ᠢ ᠦᠨᠡᠨ ᠬᠦ᠌ ᠪᠠᠲᠤᠯᠠᠪᠠ᠃ ᠨᠠᠰᠤᠨ᠎ᠳᠤ ᠥᠯᠥ᠍ ᠭᠦᠷᠦᠭ᠌ᠰᠡᠳ᠎ᠲᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠪᠡ᠃ ᠰᠤᠷᠭᠠᠨ ᠬᠥᠮᠦᠵᠢᠭᠦᠯᠵᠦ᠍ ᠤᠬᠠᠭᠠᠷᠠᠭᠤᠯᠤᠨ ᠠᠪᠤᠷᠠᠬᠤ ᠴᠢᠭ᠌ᠯᠡᠯᠲᠡ᠎ᠶ᠋ᠢ ᠪᠠᠷᠢᠮᠲᠠᠯᠠᠵᠤ᠂ ᠨᠠᠰᠤᠨ᠎ᠳᠤ ᠦᠯᠦ᠍ ᠬᠦᠷᠦᠭ᠌ᠰᠡᠳ᠎ᠤᠨ ᠶᠠᠯᠠᠲᠤ ᠠᠵᠢᠯᠯᠠᠭ᠎ᠠ᠎ᠳᠤ ᠲᠣᠭᠤᠷᠢᠭ ᠱᠢᠷᠡᠭᠡᠨ᠎ᠤ ᠱᠢᠭᠦᠨ ᠲᠠᠰᠤᠯᠤᠯᠲᠠ ᠬᠢᠵᠦ᠍᠂ ᠶᠠᠯ᠎ᠠ ᠬᠢᠭ᠌ᠰᠡᠨ ᠲᠡᠮᠳᠡᠭ᠌ᠯᠡᠯ᠎ᠢ ᠪᠢᠲᠡᠭᠦᠮᠵᠢᠯᠡᠨ ᠬᠠᠳᠠᠭᠠᠯᠠᠵᠤ᠂ ᠲᠡᠬᠢᠨ ᠶᠠᠯ᠎ᠠ ᠬᠢᠬᠦ᠌᠎ᠶ᠋ᠢ ᠤᠷᠢᠳᠴᠢᠯᠠᠨ ᠰᠡᠷᠭᠡᠢᠯᠡᠬᠦ᠌ ᠪᠠ ᠪᠠᠭᠠᠰᠭᠠᠪᠠ᠃ ᠭᠡᠷ ᠪᠦᠯᠢ᠎ᠶ᠋ᠢᠨ ᠬᠥᠮᠦᠵᠢᠯ᠎ᠢ ᠠᠬᠢᠭᠤᠯᠬᠤ ᠬᠠᠤᠯᠢ᠎ᠶ᠋ᠢ ᠨᠠᠢᠳᠠᠪᠤᠷᠢᠵᠢᠭᠤᠯᠵᠤ᠂ ᠵᠠᠷᠢᠮ ᠡᠴᠢᠭᠡ ᠡᠬᠡ᠎ᠶ᠋ᠢᠨ ᠭᠡᠷ ᠪᠦᠯᠢ᠎ᠶ᠋ᠢᠨ ᠬᠥᠮᠦᠵᠢᠯ᠎ᠢ ᠵᠥᠪ ᠣᠨᠣᠪᠴᠢᠲᠠᠶ ᠦᠯᠦ᠍ ᠬᠢᠭ᠌ᠰᠡᠨ᠂ ᠠᠰᠠᠷᠠᠨ ᠲᠡᠵᠢᠭᠡᠬᠦ᠌ ᠬᠢᠨᠠᠨ ᠬᠠᠮᠠᠭᠠᠯᠠᠬᠤ ᠡᠭᠦᠷᠭᠡ᠎ᠪᠠᠨ ᠭᠦᠢᠴᠡᠳᠭᠡᠬᠦ᠌᠎ᠶ᠋ᠢ ᠬᠤᠢᠷᠭᠤᠱᠢᠬ᠍ᠰᠠᠨ᠂ ᠬᠡᠦᠬᠡᠳ᠎ᠲᠤ 《ᠦᠨᠳᠡᠭᠡᠨ ᠰᠦᠢ ᠲᠤᠭ᠍ᠲᠠᠬ᠍ᠰᠠᠨ》 ᠵᠡᠷᠭᠡ ᠦᠢᠯᠡ ᠠᠵᠢᠯᠯᠠᠭ᠎ᠠ᠎ᠶ᠋ᠢ ᠰᠤᠷᠭᠠᠨ ᠴᠡᠭᠡᠷᠯᠡᠭᠦᠯᠵᠦ᠍᠂ ᠭᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠵᠠᠷᠯᠢᠭ ᠭᠠᠷᠭᠠᠵᠤ᠂ ᠬᠡᠦᠬᠡᠳ᠎ᠲᠤ ᠬᠠᠯᠠ ᠦᠵᠡᠭᠦᠯᠦᠭ᠌ᠰᠡᠨ ᠪᠠᠢᠪᠠᠯ᠂ ᠬᠢᠨᠠᠨ ᠬᠠᠮᠠᠭᠠᠯᠠᠬᠤ ᠡᠷᠬᠡ᠎ᠶ᠋ᠢ᠎ᠨᠢ ᠬᠠᠰᠤᠵᠤ᠂ 《ᠬᠠᠤᠯᠢ ᠶᠣᠰᠣᠭᠠᠷ ᠬᠡᠦᠬᠡᠳ ᠦᠰᠭᠡᠬᠦ᠌》 ᠎ᠶ᠋ᠢ ᠬᠡᠷ᠎ᠤᠨ ᠠᠬᠠᠮᠠᠳ᠎ᠤᠨ ᠵᠠᠪᠠᠯ ᠰᠤᠷᠬᠤ ᠬᠢᠴᠢᠶᠡᠯ ᠪᠣᠯᠭᠠᠪᠠ᠃ ᠰᠧᠴᠤᠸᠠᠨ᠎ᠤ ᠱᠢᠭᠦᠬᠦ᠌ ᠬᠤᠷᠢᠶ᠎ᠠ ᠵᠠᠷᠭᠤ᠎ᠳᠤ ᠬᠤᠯᠪᠤᠭ᠍ᠳᠠᠭ᠍ᠰᠠᠨ ᠨᠠᠰᠤᠨ᠎ᠳᠤ ᠦᠯᠦ᠍ ᠬᠦᠷᠦᠭ᠌ᠰᠡᠳ᠎ᠤᠨ ᠭᠡᠷ ᠪᠦᠯᠢ᠎ᠶ᠋ᠢᠨ ᠬᠥᠮᠦᠵᠢᠯ᠎ᠢ ᠵᠢᠯᠣᠭᠤᠳᠭᠤ ᠠᠵᠢᠯ᠎ᠤᠨ ᠥᠷᠲᠡᠭᠡ᠎ᠶ᠋ᠢ ᠪᠠᠢᠭᠤᠯᠵᠤ᠂ ᠠᠨᠾᠦ᠋ᠢ᠎ᠶ᠋ᠢᠨ ᠱᠢᠭᠦᠬᠦ᠌ ᠬᠤᠷᠢᠶ᠎ᠠ ᠡᠮᠡᠭ᠌ᠲᠡᠢᠴᠦᠳ᠎ᠤᠨ ᠬᠤᠯᠪᠤᠭᠠᠲᠤ ᠬᠤᠷᠠᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠭᠡᠷ᠎ᠢᠶᠠᠨ ᠰᠠᠬᠢᠵᠤ ᠬᠤᠴᠣᠷᠤᠭ᠍ᠰᠠᠨ ᠬᠡᠦᠬᠡᠳ᠎ᠢ ᠨᠠᠢᠳᠠᠯᠭ᠎ᠠ᠎ᠪᠠᠷ ᠠᠰᠠᠷᠠᠨ ᠬᠠᠷᠠᠭᠠᠯᠵᠠᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠭᠡᠷ᠎ᠢᠶᠠᠨ ᠰᠠᠬᠢᠵᠤ ᠬᠤᠴᠣᠷᠤᠭ᠍ᠰᠠᠨ ᠬᠡᠦᠬᠡᠳ᠎ᠤᠨ ᠥᠪᠡᠷ᠎ᠢ᠎ᠪᠠᠨ ᠬᠠᠮᠠᠭᠠᠯᠠᠬᠤ ᠵᠢᠴᠢ ᠭᠡᠷ ᠪᠦᠯᠢ᠎ᠶ᠋ᠢᠨ ᠬᠠᠮᠠᠭᠠᠯᠠᠯᠲᠠ᠎ᠶ᠋ᠢᠨ ᠤᠬᠠᠮᠰᠠᠷ᠎ᠢ ᠨᠡᠮᠡᠭ᠌ᠳᠡᠭᠦᠯᠪᠡ᠃ ᠪᠡᠶ᠎ᠡ ᠱᠢᠪᠡᠬᠦ᠌ ᠳᠡᠯᠭᠡᠭᠦᠷ ᠨᠠᠰᠤᠨ᠎ᠳᠤ ᠦᠯᠦ᠍ ᠬᠦᠷᠦᠭ᠌ᠰᠡᠳ᠎ᠲᠤ ᠪᠡᠶ᠎ᠡ ᠱᠢᠪᠡᠵᠤ ᠦᠭ᠌ᠭᠦᠭ᠌ᠰᠡᠨ᠂ ᠣᠬᠤᠷ ᠸᠢᠳᠢᠣ᠋ ᠪᠢᠴᠢᠯᠭᠡ᠎ᠪᠠᠷ ᠬᠡᠦᠬᠡᠳ᠎ᠤᠨ ᠬᠤᠪᠢ ᠬᠥᠮᠦᠨ᠎ᠤ ᠮᠡᠳᠡᠭᠡ ᠵᠠᠩᠭᠢ᠎ᠳᠤ ᠬᠠᠯᠳᠠᠭ᠍ᠰᠠᠨ ᠵᠡᠷᠭᠡ ᠬᠡᠷᠡᠭ᠎ᠢ ᠱᠢᠭᠦᠵᠦ᠍᠂ ᠨᠠᠰᠤᠨ᠎ᠳᠤ ᠦᠯᠦ᠍ ᠬᠦᠷᠦᠭ᠌ᠰᠡᠳ᠎ᠤᠨ ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠦᠢᠯᠡ ᠠᠵᠢᠯᠯᠠᠭ᠎ᠠ᠎ᠶ᠋ᠢ ᠬᠤᠷᠢᠭ᠍ᠯᠠᠪᠠ᠃ ᠡᠯ᠎ᠡ ᠭᠠᠵᠠᠷ᠎ᠤᠨ ᠱᠢᠬᠦᠬᠦ᠌ ᠬᠤᠷᠢᠶ᠎ᠠ 《ᠬᠠᠤᠯᠢ᠎ᠪᠠᠷ ᠵᠠᠰᠠᠬᠤ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ》 ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠨᠡᠷᠡᠲᠦ ᠲᠡᠮᠳᠡᠭ᠎ᠢ ᠢᠳᠡᠪᠬᠢᠲᠡᠢ᠎ᠪᠠᠷ ᠡᠭᠦᠳᠦᠨ ᠪᠠᠢᠭᠤᠯᠵᠤ᠂ ᠵᠠᠯᠠᠭᠤ ᠪᠠᠭᠠᠴᠤᠳ᠎ᠲᠤ ᠲᠤᠬᠢᠷᠠᠭ᠍ᠰᠠᠨ ᠬᠠᠤᠯᠢ᠎ᠪᠠᠷ ᠵᠠᠰᠠᠬᠤ ᠬᠦᠮᠦᠵᠢᠯ᠎ᠤᠨ ᠬᠢᠴᠢᠶᠡᠯ᠎ᠢ ᠨᠡᠭᠡᠭᠡᠵᠦ᠍᠂ ᠰᠤᠷᠭᠠᠭᠤᠯᠢ᠎ᠶ᠋ᠢᠨ ᠬᠦᠷᠢᠶᠡᠨ᠎ᠳᠠᠬᠢ ᠲᠠᠷᠤᠯᠠᠯ ᠳᠤᠷᠤᠮᠵᠢᠯᠠᠯ᠎ᠤᠨ ᠦᠢᠯᠡ ᠠᠵᠢᠯᠯᠠᠭ᠎ᠠ᠎ᠶ᠋ᠢ ᠰᠡᠷᠬᠡᠢᠯᠡᠨ ᠵᠠᠰᠠᠬᠤ ᠪᠠ ᠶᠠᠯᠠᠯᠠᠨ ᠱᠢᠢᠳᠭᠡᠵᠦ᠍᠂ ᠱᠠᠨᠰᠢ᠎ᠶ᠋ᠢᠨ ᠱᠢᠭᠦᠬᠦ᠌ ᠬᠤᠷᠢᠶ᠎ᠠ ᠬᠠᠮᠲᠤᠷᠠᠨ ᠪᠦᠬᠦ᠌ ᠵᠠᠭᠤᠴᠢᠯᠠᠭᠤᠷ᠎ᠤᠨ ᠳᠠᠭᠤᠷᠢᠶᠠᠮᠠᠯ ᠱᠢᠭᠦᠬᠦ᠌ ᠲᠢᠩᠬᠢᠮ᠎ᠤᠨ 《ᠤᠯᠠᠭᠠᠨ ᠪᠦᠴᠡᠲᠡᠨ᠎ᠤ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ》 ᠎ᠶ᠋ᠢᠨ ᠪᠤᠯᠤᠩ᠎ᠢ ᠭᠠᠷᠭᠠᠵᠤ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠨ ᠬᠠᠯᠠᠮᠵᠢᠯᠠᠬᠤ ᠰᠠᠢᠨ ᠰᠠᠢᠬᠠᠨ ᠣᠷᠴᠢᠨ ᠨᠦᠬᠦᠴᠡᠯ᠎ᠢ ᠬᠠᠮᠲᠤ᠎ᠪᠠᠷ ᠪᠤᠢ ᠪᠣᠯᠭᠠᠪᠠ᠃

ᠱᠢᠶᠠᠩᠭᠠᠩ ᠤᠤᠮᠧᠨ ᠲᠠᠢᠸᠠᠨ᠎ᠤ ᠠᠬ᠎ᠠ ᠲᠡᠬᠦᠤ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠳᠤ ᠠᠬ᠎ᠠ ᠲᠡᠬᠦᠤ ᠨᠡᠷ ᠪᠤᠯᠤᠨ ᠤᠯᠤᠰ᠎ᠲᠠᠭᠠᠨ ᠪᠤᠴᠠᠵᠤ ᠢᠷᠡᠭ᠌ᠰᠡᠨ ᠬᠠᠷᠢᠶᠠᠳᠤ ᠨᠡᠷ ᠪᠠ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠤᠰᠤᠨ᠎ᠤ ᠡᠷᠭᠡ ᠠᠱᠢᠭ᠎ᠢ ᠬᠠᠮᠠᠭᠠᠯᠠᠪᠠ᠃ ᠱᠢᠶᠠᠩᠭᠠᠩ ᠣᠣᠮᠧᠨ ᠲᠠᠢᠸᠠᠨ᠎ᠲᠠᠢ ᠬᠤᠯᠪᠣᠭ᠍ᠳᠠᠭ᠍ᠰᠠᠨ 2.8 ᠲᠦᠮᠡᠨ ᠬᠤᠪᠢ ᠬᠡᠷᠡᠭ᠎ᠢ ᠱᠢᠭᠦᠨ ᠳᠠᠭᠤᠰᠭᠠᠵᠤ᠂ ᠱᠢᠶᠠᠩᠭᠠᠩ ᠤᠤᠮᠧᠨ ᠲᠠᠢᠸᠠᠨ᠎ᠲᠠᠢ ᠬᠤᠯᠪᠤᠭ᠍ᠳᠠᠭ᠍ᠰᠠᠨ ᠬᠠᠤᠯᠢ ᠪᠠᠷᠢᠬᠤ ᠬᠠᠮᠵᠢᠯᠴᠠᠭᠠᠨ᠎ᠤ ᠳᠤᠰᠠᠯᠠᠯᠴᠠᠬᠤ ᠬᠡᠷᠡᠭ᠎ᠢ  8933 ᠬᠤᠪᠢ ᠱᠢᠢᠳᠪᠦᠷᠢᠯᠡᠨ᠂ ᠬᠠᠷᠢᠶᠠᠲᠤ ᠨᠠᠷ᠎ᠲᠠᠢ ᠬᠤᠯᠪᠣᠭ᠍ᠳᠠᠭ᠍ᠰᠠᠨ ᠬᠡᠷᠡᠭ᠎ᠢ 4220 ᠬᠤᠪᠢ ᠱᠢᠭᠦᠨ ᠳᠠᠭᠤᠰᠭᠠᠪᠠ᠃ ᠱᠢᠶᠠᠩᠭᠠᠩ ᠣᠣᠮᠧᠨ᠎ᠯᠤᠭ᠎ᠠ ᠲᠦᠷᠢᠮ᠎ᠢ ᠵᠤᠯᠭᠠᠭᠤᠯᠬᠤ᠎ᠶ᠋ᠢ ᠴᠢᠩᠭᠠᠳᠭᠠᠨ᠂ ᠱᠢᠶᠠᠩᠭᠠᠩ ᠣᠣᠮᠧᠨ᠎ᠤ ᠠᠬ᠎ᠠ ᠳᠡᠬᠦᠦ ᠨᠡᠷ᠎ᠤᠨ ᠳᠣᠲᠣᠷ᠎ᠠ ᠭᠠᠵᠠᠷ᠎ᠲᠤ ᠠᠵᠢᠯ ᠤᠯᠭᠤᠬᠤ᠂ ᠠᠳᠠᠯ ᠦᠢᠯᠡᠰ ᠴᠣᠭ᠍ᠴᠠᠯᠠᠬᠤ᠂ ᠠᠮᠢᠳᠤᠷᠠᠬᠤ᠎ᠳᠤ ᠪᠠᠲᠤᠯᠠᠭ᠎ᠠ ᠬᠠᠩᠭᠠᠪᠠ᠃ ᠱᠢᠶᠠᠩᠭᠠᠩ᠎ᠯᠤᠭ᠎ᠠ ᠣᠷᠤᠭ ᠬᠤᠷᠢᠮ ᠭᠡᠷ᠎ᠤᠨ ᠶᠠᠪᠤᠳᠠᠯ᠎ᠤᠨ ᠱᠢᠭᠦᠨ ᠲᠠᠰᠤᠯᠤᠯᠲᠠ᠎ᠶ᠋ᠢ ᠬᠠᠷᠢᠯᠴᠠᠨ ᠮᠡᠳᠡᠷᠡᠬᠦ᠌ ᠪᠠ ᠭᠦᠢᠴᠡᠳᠭᠡᠵᠦ᠍᠂ ᠳᠠᠮᠫᠤᠷᠠᠯ᠎ᠤᠨ ᠵᠢᠷᠤᠮ᠎ᠢ ᠬᠠᠷᠢᠯᠴᠠᠨ ᠮᠡᠳᠡᠷᠡᠬᠦ᠌ ᠪᠠ ᠬᠠᠮᠵᠢᠯᠴᠠᠬᠤ ᠲᠤᠷᠱᠢᠯᠲᠠ ᠬᠢᠪᠡ᠃ ᠬᠦᠡᠳᠡᠯᠡᠠ᠎ᠠᠴᠠ ᠲᠡᠰᠦᠯᠬᠤ ᠵᠢᠷᠦᠮ᠎ᠢ ᠬᠠᠮᠵᠢᠯᠴᠠᠨ ᠬᠠᠮᠠᠭᠠᠯᠠᠨ ᠬᠠᠳᠠᠭᠠᠯᠠᠬᠤ ᠳᠤᠬᠢᠷᠠᠭᠤᠯᠤᠯᠳᠠ᠎ᠳᠤ ᠣᠣᠮᠧᠨ᠎ᠲᠠᠢ ᠭᠠᠷ᠎ᠤᠨ ᠦᠰᠦᠭ ᠵᠢᠷᠤᠪᠠ᠃ ᠲᠥᠪ᠎ᠤᠨ ᠲᠠᠢᠸᠠᠨ᠎ᠤ ᠠᠵᠢᠯ᠎ᠤᠨ ᠠᠯᠪᠠᠨ ᠭᠡᠷ᠎ᠲᠠᠢ ᠬᠠᠮᠲᠤᠷᠠᠨ ᠰᠦᠯᠵᠢᠶᠡᠨ ᠳᠡᠭᠡᠷᠡᠬᠢ ᠵᠠᠷᠭᠤ ᠪᠠ ᠡᠶᠡᠳᠡᠭᠦᠯᠭᠡ᠎ᠶ᠋ᠢ ᠵᠣᠯᠭᠠᠭᠤᠯᠬᠤ ᠲᠣᠭ᠍ᠲᠠᠴᠠ᠎ᠶ᠋ᠢ ᠪᠠᠢᠭᠤᠯᠵᠤ᠂  84 ᠲᠠᠢᠸᠠᠨ᠎ᠤ ᠠᠬ᠎ᠠ ᠳᠡᠭᠦᠦ᠍᠎ᠪᠠᠷ ᠡᠶᠡᠳᠡᠭᠦᠯᠦᠭ᠌ᠴᠢ᠎ᠶ᠋ᠢᠨ ᠠᠵᠢᠯ᠎ᠢ ᠬᠠᠷᠢᠭᠤᠴᠠᠭᠤᠯᠤᠨ᠂ ᠲᠠᠢᠸᠠᠨ᠎ᠤ ᠠᠬ᠎ᠠ ᠳᠡᠭᠦᠦ ᠨᠡᠷ᠎ᠤᠨ ᠡᠷᠬᠡ ᠠᠱᠢᠭ᠎ᠢ ᠬᠠᠮᠠᠭᠠᠯᠠᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠪᠠ᠃ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ ᠵᠢᠴᠢ ᠱᠢᠶᠠᠩᠭᠠᠩ ᠣᠣᠮᠧᠨ᠎ᠤ ᠬᠠᠤᠯᠢ ᠪᠠᠷᠢᠬᠤ ᠶᠠᠷᠢᠯᠴᠠᠭᠠᠨ᠎ᠤ ᠲᠠᠪᠴᠠᠩ᠎ᠢ ᠡᠷᠬᠢᠯᠡᠵᠦ᠍᠂ ᠭᠠᠨᠰᠦ᠎ᠶ᠋ᠢᠨ ᠳ᠋ᠦᠨᠬᠤᠸᠠᠩ᠎ᠳᠤ ᠳᠤᠮᠳᠠᠳᠤ᠎ᠶ᠋ᠢᠨ ᠬᠠᠤᠯᠢ ᠪᠠᠷᠢᠬᠤ ᠰᠤᠳᠤᠯᠭᠠᠨ᠎ᠤ ᠶᠠᠷᠢᠯᠴᠠᠭᠠᠨ᠎ᠤ ᠲᠠᠪᠴᠠᠩ᠎ᠢ ᠡᠷᠬᠢᠯᠡᠵᠦ᠍᠂ ᠳᠤᠮᠳᠠᠳᠤ᠎ᠶ᠋ᠢᠨ ᠬᠠᠤᠯᠢ ᠪᠠᠷᠢᠬᠤ ᠰᠣᠶᠣᠯ᠎ᠤᠨ ᠰᠤᠳᠤᠯᠭᠠᠨ᠎ᠢ ᠭᠦᠨᠵᠡᠭᠡᠢᠷᠡᠭᠦᠯᠪᠠ᠃

ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠦᠨᠳᠦᠰᠦᠨ᠎ᠳᠡᠭᠡᠨ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠬᠢᠵᠢᠭᠦᠯᠪᠠ᠃ ᠲᠥᠪ᠎ᠤᠨ ᠪᠦᠬᠦ᠌ ᠲᠠᠯ᠎ᠠ᠎ᠪᠠᠷ ᠬᠠᠤᠯᠢ ᠶᠣᠰᠤᠭᠠᠷ ᠤᠯᠤᠰ᠎ᠢᠶᠠᠨ ᠵᠠᠰᠠᠬᠤ ᠵᠥᠪᠯᠡᠯ᠎ᠤᠨ  2019 ᠣᠨ᠎ᠤ 1 ᠳ᠋ᠦ᠍ᠭᠡᠷ ᠲᠣᠭᠠᠲᠤ ᠪᠢᠴᠢᠭ ᠮᠠᠲ᠋ᠧᠷᠢᠶᠠᠯ᠎ᠢ ᠳᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ᠎ᠲᠠᠢ ᠤᠶᠠᠯᠳᠤᠭᠤᠯᠤᠨ ᠱᠢᠪᠠᠳᠠᠨ ᠪᠠᠢᠴᠠᠭᠠᠬᠤ ᠠᠵᠢᠯ᠎ᠢ ᠥᠷᠨᠢᠭᠦᠯᠵᠦ᠍᠂ ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠶᠡᠷᠦᠩᠬᠡᠢᠯᠡᠨ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ᠎ᠶ᠋ᠢ ᠭᠦᠨᠵᠡᠭᠡᠢᠷᠡᠭᠦᠯᠪᠠ᠃ ᠥᠨᠳᠥᠷ ᠪᠦᠲᠦᠮᠵᠢᠲᠡᠶ ᠲᠥᠪ ᠭᠤᠣᠯᠴᠢ ᠵᠢᠷᠤᠮᠵᠢᠭᠤᠨ ᠪᠦᠬᠡᠳ ᠪᠣᠯᠪᠠᠰᠤᠨ᠎ᠢᠶᠠᠷ ᠬᠦᠢᠴᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ  949.3 ᠲᠦᠮᠡᠨ ᠬᠤᠪᠢ ᠭᠦᠢᠴᠡᠳᠭᠡᠬᠦ᠌ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠨ᠂  864.2 ᠲᠦᠮᠡᠨ ᠬᠤᠪᠢ᠎ᠶ᠋ᠢ᠎ᠨᠢ ᠭᠦᠢᠴᠡᠳᠭᠡᠵᠦ᠍ ᠳᠠᠭᠤᠰᠭᠠᠭᠠᠳ᠂ ᠭᠦᠢᠴᠡᠳᠭᠡᠭ᠌ᠰᠡᠨ ᠵᠣᠭᠤᠰ᠎ᠤᠨ ᠲᠤᠭ᠎ᠠ1.94 ᠲᠦᠮᠡᠨ ᠳ᠋ᠦᠩᠱᠢᠭᠤᠷ ᠲᠥᠭᠦᠷᠢᠭ᠎ᠲᠤ ᠬᠦᠷᠪᠠ᠃ ᠬᠦᠮᠦᠨ᠎ᠢ ᠪᠠᠢᠴᠠᠭᠠᠨ ᠪᠤᠳᠠᠰ᠎ᠢ ᠡᠷᠢᠬᠦ᠂ ᠡᠳ᠋ ᠬᠦᠷᠦᠩᠭᠡ᠎ᠶ᠋ᠢ ᠪᠡᠯᠡᠨ ᠵᠤᠭᠤᠰ ᠪᠤᠯᠭᠠᠬᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠂ ᠨᠠᠷᠢᠯᠢᠬ ᠣᠨᠣᠴᠠᠲᠠᠶ᠎ᠪᠠᠷ ᠵᠠᠯᠬᠠᠭᠠᠨ ᠴᠡᠭᠡᠷᠯᠡᠭᠦᠯᠬᠦ᠂ ᠭᠦᠢᠴᠡᠳᠭᠡᠬᠦ᠌᠎ᠶ᠋ᠢ ᠳᠡᠪᠴᠢᠬᠦ᠌᠎ᠳᠤ ᠴᠣᠬᠢᠯᠲᠠ ᠥᠭ᠌ᠬᠦ ᠵᠡᠷᠭᠡ ᠲᠠᠯ᠎ᠠ᠎ᠶ᠋ᠢᠨ ᠲᠦᠭ᠌ᠵᠢᠷᠡᠯ᠎ᠢ ᠨᠡᠪᠲᠡᠷᠡᠭᠦᠯᠦᠨ᠂ ᠢᠲᠡᠭᠡᠯ ᠵᠢᠷᠤᠮᠯᠬᠠᠰᠡᠳ᠎ᠲᠤ ᠠᠱᠢᠭ ᠬᠦᠷᠲᠡᠭᠡᠵᠦ᠍᠂ ᠢᠲᠡᠭᠡᠯ ᠠᠯᠳᠠᠭ᠍ᠰᠠᠳ᠎ᠢ ᠬᠢᠵᠠᠭᠠᠷᠯᠠᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠲᠠᠢ ᠬᠠᠮᠲᠤᠷᠠᠨ ᠭᠠᠵᠠᠷ ᠱᠢᠷᠣᠶ᠎ᠶ᠋ᠢ ᠪᠠᠢᠴᠠᠭᠠᠨ ᠪᠢᠲᠡᠭᠦᠮᠵᠢᠯᠡᠬᠦ᠌ ᠪᠠ ᠱᠢᠢᠳᠪᠦᠷᠢᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠠᠷᠠᠳ᠎ᠤᠨ ᠠᠭᠠᠷ᠎ᠤᠨ ᠲᠡᠭᠡᠭᠡᠪᠥᠷᠢ᠎ᠶ᠋ᠢᠨ ᠲᠣᠪᠴᠢᠶ᠎ᠠ᠎ᠲᠠᠢ ᠬᠠᠮᠲᠤᠷᠠᠨ ᠳᠡᠭᠡᠳᠦ ᠬᠡᠷᠡᠭ᠌ᠯᠡᠭᠡ᠎ᠨᠢ ᠬᠢᠵᠠᠭᠠᠷᠯᠠᠬ᠍ᠳᠠᠬ᠍ᠰᠠᠨ ᠬᠦᠮᠦᠰ 《ᠪᠢᠯᠧᠲ ᠰᠠᠷᠢᠭᠠᠯᠠᠭ᠍ᠴᠢ》 ᠎ᠪᠠᠷ ᠳᠠᠮᠵᠢᠵᠦ᠍ ᠲᠣᠭ᠍ᠲᠠᠭᠠᠯ᠎ᠠᠴᠠ ᠵᠥᠷᠢᠴᠡᠨ ᠪᠢᠯᠧᠲ ᠬᠤᠳᠠᠯᠳᠤᠨ ᠠᠪᠴᠤ᠌ ᠬᠦᠢᠴᠡᠳᠭᠡᠬᠦ᠌᠎ᠠᠴᠠ ᠵᠠᠢᠯᠠᠬᠤ ᠦᠵᠡᠭ᠌ᠳᠡᠯ᠎ᠢ ᠵᠠᠰᠠᠪᠠ᠃ ᠦᠨᠡᠲᠦ ᠲᠡᠮᠳᠡᠭ᠌ᠲᠦ᠍᠎ᠶ᠋ᠢ ᠬᠢᠨᠠᠨ ᠬᠠᠮᠢᠶᠠᠷᠬᠤ ᠵᠥᠪᠯᠡᠯ᠎ᠲᠠᠢ ᠬᠠᠮᠲᠤᠷᠠᠨ ᠰᠲ᠋ᠣᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠺᠣᠮᠫᠠᠨᠢ᠎ᠶ᠋ᠢᠨ ᠳᠠᠨᠵᠢᠯᠠᠭ᠍ᠰᠠᠨ ᠰᠲ᠋ᠣᠺ᠎ᠢ ᠴᠡᠪᠳᠡᠭ᠌ᠰᠢᠭᠦᠯᠬᠦ᠌᠎ᠶ᠋ᠢ ᠵᠢᠷᠤᠮᠵᠢᠭᠤᠯᠪᠠ᠃ ᠰᠦᠯᠵᠢᠶᠡᠨ ᠳᠡᠭᠡᠷ᠎ᠡ ᠪᠠᠢᠴᠠᠭᠠᠨ ᠡᠵᠡᠮᠳᠡᠭ᠌ᠰᠡᠨ ᠬᠡᠷᠡᠭ  1971 ᠲᠦᠮᠡᠨ ᠬᠤᠪᠢ᠎ᠳᠤ ᠬᠦᠷᠴᠦ᠍᠂ ᠰᠦᠯᠵᠢᠶᠡᠨ ᠳᠡᠭᠡᠷ᠎ᠡ ᠦᠨ᠎ᠡ ᠬᠠᠶᠠᠵᠤ ᠬᠤᠳᠠᠯᠳᠤᠭᠠᠳ ᠠᠷᠠᠯᠵᠢᠶ᠎ᠠ ᠲᠣᠬᠢᠷᠠᠬ᠍ᠰᠠᠨ ᠵᠣᠭᠤᠰ᠎ᠤᠨ ᠲᠤᠭ᠎ᠠ 4323 ᠳ᠋ᠦᠩᠱᠢᠭᠤᠷ ᠲᠥᠭᠦᠷᠢᠭ᠎ᠲᠤ ᠬᠦᠷᠴᠦ᠍᠂ ᠡᠨᠡ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ  34.6% ᠪᠠ  7.4% ᠎ᠪᠠᠷ ᠨᠡᠮᠡᠭ᠌ᠳᠡᠪᠡ᠃ ᠭᠦᠢᠴᠡᠳᠭᠡᠭ᠌ᠰᠡᠨ ᠵᠣᠭᠤᠰ ᠮᠥᠩᠭᠦ᠌ ᠡᠳ᠋ ᠪᠣᠳᠠᠰ᠎ᠢ ᠲᠥᠪᠯᠡᠷᠡᠭᠦᠯᠦᠨ ᠡᠮᠬᠢᠯᠡᠨ ᠲᠢᠭ᠌ᠯᠡᠬᠦ᠂ ᠥᠨᠳᠥᠷ ᠪᠦᠲᠦᠮᠵᠢᠲᠡᠶ᠎ᠪᠠᠷ ᠠᠷᠠᠳ᠎ᠤᠨ ᠲᠥᠯᠥᠭᠡ ᠭᠦᠢᠴᠡᠳᠭᠡᠬᠦ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠳᠠᠷᠤᠭ᠍ᠳᠠᠮᠠᠯ ᠬᠡᠷᠡᠭ᠎ᠤᠨ ᠪᠡᠷᠬᠡ ᠰᠡᠳᠦᠪ᠎ᠢ ᠱᠢᠢᠳᠪᠦᠷᠢᠯᠡᠬᠦ᠌ ᠵᠡᠷᠭᠡ ᠲᠤᠰᠭᠠᠶ ᠠᠵᠢᠯᠯᠠᠭ᠎ᠠ᠎ᠶ᠋ᠢ ᠥᠷᠨᠢᠭᠦᠯᠪᠡ᠃ ᠠᠷᠠᠳ᠎ᠤᠨ ᠠᠮᠢᠳᠤᠷᠠᠯ᠎ᠳᠤ ᠬᠤᠯᠪᠣᠭ᠍ᠳᠠᠭ᠍ᠰᠠᠨ᠂ ᠵᠢᠵᠢᠭ ᠪᠢᠴᠢᠯ ᠠᠵᠤ ᠠᠬᠤᠢᠯᠠᠯ᠎ᠳᠤ ᠬᠤᠯᠪᠤᠭ᠍ᠳᠠᠭ᠍ᠰᠠᠨ᠂  10 ᠲᠦᠮᠡᠨ ᠲᠦᠬᠦᠷᠢᠭ᠎ᠠᠴᠠ ᠳᠤᠭᠤᠭ᠍ᠰᠢᠬᠢ ᠪᠠᠭ᠎ᠠ ᠬᠠᠷᠠᠯᠲᠠ᠎ᠳᠤ ᠬᠤᠯᠪᠤᠭ᠍ᠳᠠᠭ᠍ᠰᠠᠨ ᠬᠡᠷᠡᠭ᠎ᠤᠨ ᠵᠤᠭᠤᠰ᠎ᠢ  898.4 ᠳ᠋ᠦᠩᠱᠢᠭᠤᠷ ᠲᠥᠭᠦᠷᠢᠭ ᠭᠦᠢᠴᠡᠳᠭᠡᠪᠡ᠃ ᠥᠪᠥᠷ ᠮᠣᠩᠭᠤᠯ᠂ ᠭᠤᠸᠠᠩᠰᠢ᠂ ᠲᠥᠪᠡᠳ᠂ ᠬᠥᠬᠡᠨᠠᠭᠤᠷ᠂ ᠨᠢᠩᠱᠢᠶᠠ᠂ ᠱᠢᠨᠵᠢᠶᠠᠩ ᠵᠡᠷᠭᠡ ᠱᠢᠭᠦᠬᠦ᠌ ᠬᠤᠷᠢᠶ᠎ᠠ ᠭᠦᠢᠴᠡᠳᠭᠡᠬᠦ᠌ ᠠᠵᠢᠯ᠎ᠤᠨ ᠬᠤᠯᠪᠤᠭᠠᠯᠠᠨ ᠬᠥᠳᠡᠯᠦᠯᠴᠡᠬᠦ᠌ ᠲᠤᠭ᠍ᠲᠠᠴᠠ᠎ᠶ᠋ᠢ ᠪᠦᠷᠢᠨᠱᠢᠭᠦᠯᠪᠡ᠃ ᠮᠠᠨ᠎ᠤ ᠤᠯᠤᠰ᠎ᠤᠨ ᠢᠷᠭᠡᠨ᠎ᠤ ᠬᠡᠷᠡᠭ᠎ᠤᠨ ᠭᠦᠢᠴᠡᠳᠭᠡᠬᠦ᠌ ᠳᠦᠷᠢᠮ᠎ᠤᠨ ᠳᠠᠪᠠᠭᠤᠯᠢᠭ ᠴᠢᠨᠠᠷ ᠲᠠᠰᠤᠷᠠᠯᠲᠠ ᠦᠭᠡᠢ ᠢᠯᠡᠷᠡᠨ᠂ ᠠᠷᠭ᠎ᠠ ᠪᠠᠷᠢᠯ᠎ᠨᠢ ᠨᠡᠩ ᠬᠦᠴᠦᠲᠡᠶ ᠪᠤᠯᠵᠤ᠂ ᠭᠦᠢᠴᠡᠳᠭᠡᠬᠦ᠌ ᠠᠵᠢᠯ᠎ᠤᠨ ᠲᠣᠭ᠍ᠲᠠᠴᠠ ᠪᠠ ᠵᠠᠭ᠍ᠪᠤᠷ᠎ᠨᠢ ᠨᠡᠩ ᠪᠦᠷᠢᠨᠱᠢᠪᠠ᠃

ᠵᠠᠷᠭᠤ᠎ᠳᠤ ᠬᠤᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢ ᠰᠡᠳᠭᠢᠯ ᠲᠠᠯᠪᠢᠨ ᠱᠢᠢᠳᠪᠦᠷᠢᠯᠡᠪᠡ᠃ ᠵᠠᠷᠭᠤ᠎ᠳᠤ ᠬᠤᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠢ ᠤᠯᠠᠨ ᠲᠦᠮᠡᠨ᠎ᠤ ᠰᠡᠳᠭᠢᠯ᠎ᠤᠨ ᠦᠭᠡ᠎ᠶ᠋ᠢ ᠰᠣᠨᠣᠰᠭᠤ᠂ ᠤᠯᠠᠨ ᠲᠦᠮᠡᠨ᠎ᠤ ᠬᠦᠰᠡᠯ ᠱᠠᠭᠠᠷᠳᠠᠯᠭ᠎ᠠ᠎ᠶ᠋ᠢ ᠱᠢᠢᠳᠪᠦᠷᠢᠯᠡᠬᠦ᠂ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠣᠢᠯᠠᠭᠠᠬᠤ ᠴᠢᠬᠤᠯᠠ ᠴᠣᠩᠬᠤ ᠪᠣᠯᠭᠠᠬᠤ᠎ᠶ᠋ᠢ ᠪᠠᠷᠢᠮᠲᠠᠯᠠᠪᠠ᠃ ᠳᠥᠷᠪᠡᠨ ᠱᠠᠲᠤᠨ᠎ᠤ ᠱᠢᠭᠦᠬᠦ᠌ ᠬᠤᠷᠢᠶ᠎ᠠ᠎ᠶ᠋ᠢ ᠬᠠᠮᠤᠷᠤᠭ᠍ᠰᠠᠨ ᠰᠦᠯᠵᠢᠶᠡᠨ ᠳᠡᠭᠡᠷᠡᠬᠢ ᠭᠤᠮᠤᠳᠠᠯ ᠲᠤᠭᠠᠴᠢᠯᠳᠠ ᠵᠠᠬᠢᠲᠠᠯ ᠰᠤᠷᠪᠤᠯᠵᠢᠯᠠᠭ᠎ᠠ᠎ᠶ᠋ᠢᠨ ᠲᠠᠪᠴᠠᠩ᠎ᠢ ᠪᠠᠢᠭᠤᠯᠤᠨ᠂ ᠣᠯᠠᠨ ᠲᠦᠮᠡᠨ᠎ᠤ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌ 《ᠱᠢᠭᠤᠳ ᠨᠡᠪᠲᠡᠷᠡᠬᠦ᠌ ᠵᠠᠮ》 ᠎ᠢ᠋ ᠱᠢᠯᠤᠭᠤᠳᠭᠠᠵᠤ᠂ ᠵᠠᠬᠢᠳᠠᠯ ᠰᠤᠷᠪᠤᠯᠵᠢᠯᠠᠭ᠎ᠠ ᠪᠦᠬᠦᠨ᠎ᠢ ᠴᠦᠮ ᠱᠢᠩᠬᠡᠬᠡᠨ ᠳᠡᠮᠳᠡᠭ᠌ᠯᠡᠪᠠ᠃ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢ ᠲᠥᠪᠯᠡᠷᠡᠭᠦᠯᠦᠨ ᠵᠠᠰᠠᠵᠤ᠂ ᠤᠳᠤᠷᠢᠳᠭᠤ ᠺᠠᠳ᠋ᠷ ᠰᠤᠷᠪᠤᠯᠵᠢᠯᠠᠭ᠎ᠠ᠎ᠶ᠋ᠢ ᠬᠦᠯᠢᠶᠡᠬᠦ᠂ ᠬᠠᠤᠯᠢᠴᠢ ᠣᠷᠣᠯᠠᠨ ᠭᠤᠮᠣᠳᠠᠯ ᠲᠣᠭᠠᠴᠢᠬᠤ᠂ ᠢᠯᠡ᠎ᠪᠠᠷ ᠭᠡᠷᠡᠴᠢᠯᠡᠭᠡ ᠰᠣᠨᠣᠰᠭᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ  3739 ᠬᠤᠪᠢ ᠵᠠᠬᠢᠳᠠᠯ ᠰᠤᠷᠪᠤᠯᠵᠢᠯᠠᠭ᠎ᠠ᠎ᠶ᠋ᠢᠨ ᠲᠠᠷᠤᠭ᠍ᠳᠠᠮᠠᠯ ᠬᠡᠷᠡᠭ᠎ᠢ ᠱᠢᠢᠳᠪᠦᠷᠢᠯᠡᠨ᠂ ᠤᠯᠠᠨ ᠲᠦᠮᠡᠨ᠎ᠢ ᠬᠠᠪᠰᠤᠷᠴᠤ᠌ 《ᠬᠠᠤᠯᠢ᠎ᠶ᠋ᠢᠨ ᠠᠰᠠᠭᠤᠳᠠᠯ》 ᠎ᠢ ᠱᠢᠢᠳᠪᠦᠷᠢᠯᠡᠨ᠂ 《ᠰᠡᠳᠭᠢᠯ᠎ᠤᠨ ᠵᠠᠩᠬᠢᠶ᠎ᠠ》 ᠎ᠶ᠋ᠢ᠎ᠨᠢ ᠳᠠᠢᠯᠪᠠ᠃ ᠠᠨᠾᠦ᠋ᠢ᠎ᠶ᠋ᠢᠨ ᠱᠢᠭᠦᠬᠦ᠌ ᠬᠤᠷᠢᠶᠠᠨ᠎ᠤ  351 ᠤᠳᠤᠷᠢᠳᠭᠤ ᠺᠠᠳ᠋ᠷ ᠲᠦᠷᠦᠭᠦᠯᠡᠨ ᠰᠤᠷᠪᠤᠯᠵᠢᠯᠠᠭ᠎ᠠ ᠬᠦᠯᠢᠶᠡᠨ ᠬᠡᠷᠡᠭ᠎ᠢ ᠳᠠᠭᠠᠭᠠᠨ ᠠᠪᠴᠤ᠌ ᠱᠢᠢᠳᠪᠦᠷᠢᠯᠡᠪᠡ᠃ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠵᠠᠷᠭᠤ᠎ᠳᠤ ᠬᠤᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠭ᠎ᠠ᠂ ᠵᠠᠷᠭᠤ᠎ᠳᠤ ᠬᠤᠯᠪᠤᠭ᠍ᠳᠠᠭ᠍ᠰᠠᠨ ᠪᠡᠭᠡᠵᠢᠩ᠎ᠳᠤ ᠤᠷᠤᠬᠤ ᠰᠤᠷᠪᠤᠯᠵᠢᠯᠠᠭ᠎ᠠ  2019 ᠤᠨ᠎ᠤ ᠎ᠬᠢ᠎ᠠᠴᠠ ᠲᠤᠰ ᠲᠤᠰ  2.3% ᠪᠠ  61.6% ᠎ᠪᠠᠷ ᠪᠠᠭᠤᠷᠠᠪᠠ᠃2015 ᠣᠨ᠎ᠠᠴᠠ ᠨᠠᠭᠠᠰᠢ ᠵᠠᠷᠭᠤ᠎ᠳᠤ ᠬᠤᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠭ᠎ᠠ᠂ ᠵᠠᠷᠭᠤ᠎ᠳᠤ ᠬᠤᠯᠪᠤᠭ᠍ᠳᠠᠭ᠍ᠰᠠᠨ ᠪᠡᠭᠡᠵᠢᠩ᠎ᠳᠤ ᠤᠷᠤᠬᠤ ᠰᠤᠷᠪᠤᠯᠵᠢᠯᠠᠭ᠎ᠠ ᠵᠢᠯ ᠳᠤᠮᠳᠠᠴᠢ᠎ᠪᠠᠷ  5.5% ᠪᠠ  35% ᠎ᠪᠠᠷ ᠪᠠᠭᠤᠷᠠᠪᠠ᠃

ᠠᠷᠠᠳ ᠤᠯᠠᠨ᠎ᠳᠤ ᠨᠢᠭᠡ ᠯᠡ ᠥᠷᠲᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠠᠭᠤᠷᠠᠯᠳᠤᠭᠠᠨ᠎ᠢ ᠱᠢᠢᠳᠪᠦᠷᠢᠯᠡᠬᠦ᠌ ᠦᠢᠯᠡᠴᠢᠯᠡᠭᠡ ᠬᠠᠩᠭᠠᠪᠠ᠃ ᠱᠢᠨ᠎ᠡ ᠴᠠᠭ ᠦᠶ᠎ᠡ᠎ᠳᠤ ᠤᠷᠤᠭᠠᠳ ᠮᠠᠨ᠎ᠤ ᠣᠯᠣᠰ᠎ᠤᠨ ᠨᠡᠢᠭᠡᠮ᠎ᠤᠨ ᠭᠤᠣᠯ ᠵᠥᠷᠢᠴᠡᠯ᠎ᠳᠤ ᠬᠤᠪᠢᠷᠠᠯᠳᠠ ᠭᠠᠷᠤᠭ᠍ᠰᠠᠨ ᠪᠠᠢᠨ᠎ᠠ᠃ ᠠᠷᠠᠳ᠎ᠤᠨ ᠱᠢᠭᠦᠬᠦ᠌ ᠬᠤᠷᠢᠶᠠᠨ᠎ᠤ ᠱᠢᠢᠳᠪᠦᠷᠢᠯᠡᠬᠦ᠌᠎ᠪᠠᠷ ᠬᠦᠯᠢᠶᠡᠨ ᠠᠪᠤᠭ᠍ᠰᠠᠨ ᠬᠡᠷᠡᠭ ᠪᠤᠯ ᠵᠥᠷᠢᠴᠡᠯ᠎ᠤᠨ ᠪᠣᠳᠠᠲᠠᠶ ᠢᠯᠡᠷᠡᠯ ᠮᠥᠨ᠃ ᠡᠳᠡᠭᠡᠷ ᠵᠥᠷᠢᠴᠡᠯ᠎ᠢ ᠠᠷᠢᠯᠭᠠᠬᠤ᠎ᠨᠢ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ ᠪᠠ ᠲᠥᠪ ᠭᠤᠣᠯᠴᠢ ᠱᠢᠳᠤᠷᠭᠤ ᠶᠣᠰᠣᠨ᠎ᠤ ᠲᠤᠬᠠᠢ ᠬᠦᠰᠡᠯ ᠡᠷᠡᠮᠡᠯᠵᠡᠯ᠎ᠢ ᠬᠠᠩᠭᠠᠬᠤ ᠬᠡᠷᠡᠭ᠌ᠴᠡᠭᠡ ᠪᠣᠯᠬᠤ ᠮᠥᠷᠲᠡᠭᠡᠨ ᠪᠠᠰᠠ ᠴᠤ᠌ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠴᠡᠭᠡ ᠮᠦᠨ᠃ ᠬᠠᠭᠤᠴᠢᠨ ᠵᠥᠷᠢᠴᠡᠯ ᠱᠢᠢᠳᠪᠦᠷᠢᠯᠡᠭ᠌ᠳᠡᠭ᠌ᠰᠡᠨ ᠴᠤ᠌ ᠱᠢᠨ᠎ᠡ ᠵᠥᠷᠢᠴᠡᠯ ᠮᠦᠨ ᠢᠯᠡᠷᠡᠨ ᠭᠠᠷᠬᠤ ᠪᠣᠯᠤᠨ᠎ᠠ᠃ ᠵᠥᠷᠢᠴᠡᠯ ᠪᠠᠢᠪᠠᠯ ᠮᠥᠷᠭᠦᠯᠳᠦᠭᠡᠨ ᠪᠠᠢᠵᠤ᠂ ᠴᠢᠨᠠᠭ᠍ᠰᠢᠯᠠᠪᠠᠯ ᠬᠤᠷᠴᠠ ᠱᠢᠷᠦᠭᠦᠨ ᠮᠥᠷᠭᠦᠯᠳᠦᠭᠡᠨ ᠪᠠᠢᠵᠤ ᠮᠡᠳᠡᠨ᠎ᠡ᠂ ᠵᠠᠢᠯᠠᠵᠤ ᠪᠣᠯᠬᠤ ᠦᠭᠡᠢ᠂ ᠲᠦᠯᠬᠢᠯᠴᠡᠵᠦ᠍ ᠪᠣᠯᠬᠤ ᠦᠭᠡᠢ᠂ ᠬᠦᠴᠢᠷ᠎ᠠᠴᠠ ᠠᠶᠤᠬᠤ ᠦᠭᠡᠢ᠂ ᠬᠦᠯᠢᠴᠡᠩᠭᠦᠶ ᠪᠠᠢᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠶ᠃ ᠠᠷᠠᠳ᠎ᠤᠨ ᠱᠢᠬᠦᠬᠦ᠌ ᠬᠤᠷᠢᠶ᠎ᠠ ᠬᠡᠷᠡᠭ᠎ᠤᠨ ᠬᠡᠯᠪᠡᠷᠢ᠎ᠪᠠᠷ ᠢᠯᠡᠷᠡᠭ᠌ᠰᠡᠨ ᠵᠦᠷᠢᠴᠡᠯ᠎ᠢ ᠱᠢᠢᠳᠪᠦᠷᠢᠯᠡᠬᠦ᠌᠎ᠨᠢ ᠠᠷᠠᠳ ᠲᠦᠮᠡᠨ᠎ᠢᠶᠠᠷ ᠭᠤᠤᠯ ᠪᠤᠯᠭᠠᠬᠤ᠎ᠶ᠋ᠢ ᠬᠠᠤᠯᠢ ᠪᠠᠷᠢᠬᠤ᠎ᠪᠠᠷ ᠦᠢᠯᠡᠳᠦᠯᠭᠡᠵᠢᠭᠦᠯᠬᠦ᠌ ᠴᠢᠬᠤᠯᠠ ᠠᠷᠭ᠎ᠠ ᠮᠠᠶᠢᠭ ᠮᠦᠨ᠃ ᠠᠷᠠᠳ᠎ᠤᠨ ᠱᠢᠭᠦᠬᠦ᠌ ᠬᠤᠷᠢᠶ᠎ᠠ᠎ᠨᠢ ᠵᠦᠷᠢᠯᠳᠦᠬᠡᠨ᠎ᠢ ᠱᠢᠢᠳᠪᠣᠷᠢᠯᠡᠵᠦ᠍ ᠮᠠᠷᠭᠤᠭᠠᠨ᠎ᠢ ᠵᠣᠭ᠍ᠰᠣᠭᠠᠬᠤ᠎ᠪᠠᠷ ᠪᠠᠷᠠᠬᠤ ᠦᠭᠡᠢ᠂ ᠪᠠᠰᠠ ᠣᠯᠠᠨ ᠲᠦᠮᠡᠨ᠎ᠳᠤ ᠵᠠᠭᠤᠷᠠᠯᠳᠤᠭᠠᠨ ᠱᠢᠢᠳᠪᠦᠷᠢᠯᠡᠬᠦ᠌ ᠤᠯᠠᠨ ᠵᠦᠢᠯ᠎ᠤᠨ ᠲᠥᠰᠦᠯ᠎ᠢ ᠬᠠᠩᠭᠠᠵᠤ᠂ ᠵᠠᠷᠭᠤ᠎ᠶ᠋ᠢᠨ ᠪᠤᠰᠤ ᠵᠠᠭᠤᠷᠠᠯᠳᠤᠭᠠᠨ᠎ᠢ ᠱᠢᠢᠳᠪᠦᠷᠢᠯᠡᠬᠦ᠌ ᠲᠣᠭ᠍ᠲᠠᠴᠠ᠎ᠶ᠋ᠢ ᠲᠡᠷᠢᠭᠦᠨ᠎ᠳᠤ ᠲᠠᠯᠪᠢᠨ᠂ ᠡᠶᠡᠳᠡᠭᠦᠯᠬᠦ᠂ ᠬᠦᠨᠳᠡᠯᠡᠨ᠎ᠠᠴᠠ ᠳᠠᠰᠤᠯᠬᠤ᠂ ᠱᠢᠬᠦᠨ ᠳᠠᠰᠤᠯᠬᠤ᠎ᠶ᠋ᠢ ᠪᠠᠭ᠍ᠳᠠᠭᠠᠭ᠍ᠰᠨᠨ᠂ ᠲᠣᠪᠶᠤᠭ᠎ᠤᠨ ᠮᠠᠶᠢᠬ᠎ᠤᠨ᠂ ᠡᠷᠴᠢᠮᠯᠢᠭ ᠮᠠᠶᠢᠭ᠎ᠤᠨ᠂ ᠨᠢᠭᠡ ᠯᠠ ᠥᠷᠲᠡᠭᠡᠨ᠎ᠤ ᠮᠠᠶᠢᠭ᠎ᠤᠨ ᠦᠢᠯᠡᠴᠢᠯᠡᠭᠡ ᠬᠠᠨᠭ᠌ᠭᠠᠬᠤ ᠬᠡᠷᠡᠭ᠌ᠳᠠᠢ᠃ ᠤᠯᠠᠨ ᠲᠦᠮᠡᠨ ᠶᠠᠮᠠᠷ ᠠᠷᠭ᠎ᠠ ᠮᠠᠶᠢᠭ᠎ᠢ ᠬᠡᠷᠡᠭ᠌ᠰᠡᠪᠡᠯ ᠲᠡᠷᠡ ᠠᠷᠭ᠎ᠠ ᠮᠠᠶᠢᠭ᠎ᠢ ᠬᠠᠩᠭᠠᠵᠤ᠂ ᠳᠥᠭᠦᠮ ᠲᠦᠳᠡ ᠲᠦᠷᠭᠡᠨ ᠪᠠᠢᠬᠤ᠂ ᠵᠠᠷᠭᠤ᠎ᠶ᠋ᠢᠨ ᠪᠠ ᠵᠠᠷᠭᠤ᠎ᠶ᠋ᠢᠨ ᠪᠤᠰᠤ᠎ᠶ᠋ᠢ ᠵᠣᠯᠭᠠᠭᠤᠯᠬᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠡᠬᠢ᠎ᠶ᠋ᠢ ᠬᠤᠯᠪᠣᠭᠠᠯᠠᠨ ᠬᠥᠳᠡᠯᠦᠯᠴᠡᠬᠦᠯᠬᠦ᠌᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠳᠠᠢ᠃ ᠭᠤᠷᠪᠠᠨ ᠵᠢᠯ ᠭᠠᠷᠤᠶ᠎ᠶ᠋ᠢᠨ ᠴᠥᠬᠦᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠡᠷᠴᠢᠮᠯᠢᠭ ᠪᠦᠬᠡᠳ ᠬᠤᠷᠠᠮᠡᠯ᠂ ᠰᠦᠯᠵᠢᠶᠡᠨ ᠳᠡᠭᠡᠷ᠎ᠡ ᠠᠭᠤᠰᠤᠯᠴᠠᠭ᠍ᠰᠠᠨ᠂ ᠲᠦᠭᠡᠮᠡᠯ ᠬᠠᠷᠠᠭᠠᠯᠵᠠᠯ᠎ᠲᠠᠢ ᠪᠦᠬᠡᠳ ᠠᠳᠠᠯᠢ ᠲᠡᠭ᠌ᠰᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠢᠭᠡ ᠯᠡ ᠥᠷᠲᠡᠭᠡᠨ᠎ᠤ ᠮᠠᠶᠢᠬ᠎ᠤᠨ ᠤᠯᠠᠨ ᠡᠱᠢᠴᠢᠯᠡᠭ᠌ᠰᠡᠨ ᠵᠠᠭᠤᠷᠠᠯᠳᠤᠭᠠᠨ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠬᠦ᠌ ᠲᠠᠯ᠎ᠠ᠎ᠪᠠᠷ ᠪᠠᠢᠭᠤᠯᠪᠠ᠃ 《ᠲᠣᠪᠶᠤᠭ᠎ᠤᠨ ᠮᠠᠶᠢᠬ》 ᠎ᠤ᠋ᠨ ᠦᠢᠯᠡᠴᠢᠯᠡᠭᠡ᠎ᠨᠢ ᠣᠯᠠᠨ ᠶᠠᠩᠵᠤ᠎ᠶ᠋ᠢᠨ ᠰᠣᠩᠭᠤᠯᠲᠠ ᠬᠠᠩᠭᠠᠵᠤ᠂ ᠣᠯᠠᠨ ᠲᠦᠮᠡᠨ᠎ᠢ ᠵᠠᠭᠤᠷᠠᠯᠳᠤᠭᠠᠨ᠎ᠢᠶᠠᠨ ᠴᠠᠬ ᠳᠤᠬᠠᠢ᠎ᠳᠤᠨᠢ ᠲᠦᠬᠦᠮ ᠲᠦᠳᠡ ᠱᠢᠢᠳᠪᠦᠷᠢᠯᠡᠬᠦ᠌ ᠪᠤᠯᠭᠠᠪᠠ᠃ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠂ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ ᠬᠤᠯᠪᠣᠭ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ᠂ ᠪᠠᠩᠬᠢ ᠪᠠ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠂ ᠳᠤᠮᠳᠠ ᠵᠢᠵᠢᠭ ᠠᠵᠤ ᠠᠬᠤᠢᠯᠠᠯ᠎ᠤᠨ ᠨᠡᠢᠭᠡᠮᠯᠢᠭ ᠵᠡᠷᠭᠡ  11 ᠨᠢᠭᠡᠴᠢ᠎ᠲᠠᠢ  《ᠶᠡᠷᠦᠩᠭᠡᠢ᠎ᠨᠢ ᠶᠡᠷᠦᠩᠭᠡᠢ᠎ᠲᠠᠢ ᠬᠢᠬᠦ᠌》 ᠰᠦᠯᠵᠢᠶᠡᠨ ᠳᠡᠭᠡᠷ᠎ᠡ ᠡᠶᠡᠳᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂  6.3 ᠲᠦᠮᠡᠨ ᠡᠶᠡᠳᠡᠭᠦᠯᠬᠡ᠎ᠶ᠋ᠢᠨ ᠵᠣᠬᠢᠶᠠᠨ ᠪᠠᠢᠭᠤᠯᠤᠯᠲᠠ ᠪᠠ  26 ᠲᠦᠮᠡᠨ ᠡᠶᠡᠳᠡᠭᠦᠯᠦᠭ᠌ᠴᠢ᠎ᠶ᠋ᠢ ᠡᠶᠡᠳᠡᠬᠦᠯᠬᠡ᠎ᠶ᠋ᠢᠨ ᠲᠠᠪᠴᠠᠩ᠎ᠳᠤ ᠣᠷᠣᠭᠤᠯᠤᠨ᠂ ᠤᠯᠠᠨ ᠲᠦᠮᠡᠨ᠎ᠤ ᠵᠠᠭᠤᠷᠠᠯᠳᠤᠭᠠᠨ᠎ᠢᠶᠠᠨ ᠱᠢᠢᠳᠪᠦᠷᠢᠯᠡᠬᠦ᠌ ᠳᠤᠬᠢᠷᠠᠮᠵᠢᠳᠠᠢ ᠠᠷᠭ᠎ᠠ ᠵᠠᠮ ᠰᠣᠩᠭᠤᠬᠤ 《ᠲᠣᠪᠶᠤᠭ᠎ᠤᠨ ᠬᠥᠮᠥᠷᠭᠡ》 ᠎ᠶ᠋ᠢ ᠪᠠᠶᠠᠯᠢᠬ᠍ᠵᠢᠭᠤᠯᠪᠠ᠃ ᠬᠤᠲᠠ ᠬᠥᠳᠡᠭᠡ᠎ᠶ᠋ᠢ ᠬᠠᠮᠤᠷᠤᠬ᠍ᠰᠠᠨ ᠣᠷᠣᠨ ᠪᠦᠰᠡ ᠠᠯᠤᠰᠯᠠᠭ᠍ᠰᠠᠨ ᠬᠡᠷᠡᠭ ᠪᠣᠯᠭᠠᠨ ᠳᠠᠩᠰᠠᠯᠠᠬᠤ ᠲᠣᠣᠷ ᠴᠡᠭ 1.3 ᠲᠦᠮᠡ᠎ᠶ᠋ᠢ ᠳᠠᠪᠠᠵᠤ᠂ ᠣᠷᠣᠨ ᠪᠦᠰᠡ ᠠᠯᠤᠰᠯᠠᠨ ᠬᠡᠷᠡᠭ ᠪᠣᠯᠭᠠᠨ ᠳᠠᠩᠰᠠᠯᠠᠬᠤ ᠦᠢᠯᠡᠴᠢᠯᠡᠭᠡ᠎ᠶ᠋ᠢ ᠨᠡᠢᠳᠡ  14 ᠲᠦᠮᠡᠨ  ᠬᠤᠪᠢ ᠬᠠᠨᠭ᠌ᠭᠠᠨ᠂  90% ᠎ᠶ᠋ᠢᠨ ᠭᠤᠶᠤᠴᠢᠯᠠᠯ᠎ᠢ  30 ᠮᠢᠨᠦ᠋ᠲ᠎ᠤᠨ ᠳᠣᠲᠣᠷ᠎ᠠ ᠬᠦᠯᠢᠶᠠᠨ ᠠᠪᠴᠦ᠍᠂ ᠬᠠᠤᠯᠢ ᠪᠠᠷᠢᠬᠤ ᠦᠢᠯᠡᠴᠢᠯᠡᠭᠡ᠎ᠶ᠋ᠢ ᠣᠯᠠᠨ ᠲᠦᠮᠡᠨ᠎ᠤ ᠬᠠᠵᠠᠭᠤ ᠬᠠᠪᠢ᠎ᠳᠤ ᠬᠦᠷᠭᠡᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠎ᠶ᠋ᠢ ᠠᠭᠤᠰᠤᠯᠴᠠᠭᠤᠯᠤᠬ᠍ᠰᠠᠨ ᠦᠢᠯᠡᠴᠢᠯᠡᠭᠡ᠎ᠨᠢ 《ᠱᠢᠳᠤᠷᠭᠤ ᠶᠣᠰᠣ᠎ᠶ᠋ᠢ ᠲᠦᠷᠭᠡᠳᠭᠡᠵᠦ᠍》᠂ ᠤᠯᠠᠨ ᠲᠦᠮᠡᠨ ᠪᠠ ᠠᠵᠤ ᠠᠬᠤᠢᠯᠠᠯ᠎ᠤᠨ ᠵᠠᠭᠤᠷᠠᠯᠳᠤᠭᠠᠨ᠎ᠢ ᠱᠢᠢᠳᠪᠦᠷᠢᠯᠡᠬᠦ᠌ ᠥᠪᠡᠷ᠎ᠤᠨ ᠦᠷᠳᠡᠭ᠎ᠢ ᠢᠯᠡᠳᠲᠡ ᠪᠠᠭᠤᠷᠠᠭᠤᠯᠪᠠ᠃ ᠠᠷᠠᠳ᠎ᠤᠨ ᠱᠢᠭᠦᠬᠦ᠌ ᠬᠤᠷᠢᠶᠠᠨ᠎ᠤ ᠰᠦᠯᠵᠢᠶᠡᠨ ᠳᠡᠭᠡᠷᠡᠬᠢ ᠦᠢᠯᠡᠴᠢᠯᠡᠭᠡᠨ᠎ᠤ ᠲᠠᠪᠴᠠᠩ᠎ᠢᠶᠠᠷ ᠶᠡᠷᠦᠩᠬᠡᠶ ᠭᠠᠷᠳᠠᠴᠠ ᠪᠣᠯᠭᠠᠨ᠂ ᠰᠦᠯᠵᠢᠶᠡᠨ ᠳᠡᠭᠡᠷ᠎ᠡ ᠡᠶᠡᠳᠡᠭᠦᠯᠬᠦ᠂ ᠡᠯᠧᠺᠲᠷᠤᠨ᠎ᠢᠶᠠᠷ ᠬᠥᠷᠭᠡᠬᠦ᠂ ᠨᠠᠢᠳᠠᠨ ᠬᠢᠨᠠᠵᠤ ᠲᠣᠭ᠍ᠲᠠᠭᠠᠯᠭᠠᠬᠤ ᠵᠡᠷᠭᠡ  10 ᠲᠠᠪᠴᠠᠩ᠎ᠢ ᠬᠤᠷᠠᠭᠤᠯᠵᠤ᠂ ᠰᠦᠯᠵᠢᠶᠡᠨ ᠳᠡᠭᠡᠷ᠎ᠡ ᠦᠢᠯᠡᠴᠢᠯᠡᠬᠦ᠌᠎ᠶ᠋ᠢ ᠳᠥᠷᠪᠡᠨ ᠱᠠᠲᠤᠨ᠎ᠤ ᠱᠢᠭᠦᠬᠦ᠌ ᠬᠤᠷᠢᠶ᠎ᠠ᠎ᠳᠤ ᠴᠦᠮ ᠬᠠᠮᠤᠷᠤᠭᠤᠯᠤᠨ᠂ ᠤᠯᠠᠨ ᠲᠦᠮᠡᠨ ᠵᠠᠷᠭᠤ ᠬᠢᠬᠦ᠌᠎ᠳᠤ ᠴᠠᠭ ᠬᠦᠴᠦ᠍ ᠵᠠᠷᠤᠴᠠᠭᠤᠯᠵᠤ ᠪᠠᠢᠬ᠍ᠰᠠᠨ᠎ᠠᠴᠠ᠎ᠨᠢ ᠪᠦᠬᠦ᠌ ᠶᠠᠪᠤᠴᠠ᠎ᠶ᠋ᠢ 《ᠠᠯᠠᠭᠠᠨ ᠳᠡᠭᠡᠷ᠎ᠡ᠎ᠪᠠᠨ ᠭᠦᠢᠴᠡᠳᠭᠡᠬᠦ᠌》 ᠪᠤᠯᠭᠠᠪᠠ᠃ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ  2021 ᠣᠨ᠎ᠳᠤ  ᠰᠦᠯᠵᠢᠶᠡᠨ ᠳᠡᠭᠡᠷ᠎ᠡ ᠡᠶᠡᠳᠡᠭᠦᠯᠦᠭ᠌ᠰᠡᠨ ᠵᠠᠭᠤᠷᠠᠯᠳᠤᠭᠠᠨ  1000 ᠲᠦᠮᠡᠨ ᠬᠤᠪᠢ᠎ᠶ᠋ᠢ ᠳᠠᠪᠠᠵᠤ᠂ ᠳᠤᠮᠳᠠᠴᠢ᠎ᠪᠠᠷ ᠮᠢᠨᠦ᠋ᠲ ᠪᠦᠷᠢ  51 ᠬᠤᠪᠢ ᠬᠡᠷᠡᠭ᠎ᠢ ᠵᠠᠷᠭᠤ᠎ᠶ᠋ᠢᠨ ᠡᠮᠦᠨ᠎ᠡ ᠠᠮᠵᠢᠯᠲᠠ᠎ᠲᠠᠢ ᠱᠢᠢᠳᠪᠦᠷᠢᠯᠡᠨ᠂ ᠵᠠᠷᠭᠤ᠎ᠠᠴᠠ ᠡᠮᠦᠨ᠎ᠡ ᠡᠶᠡᠳᠡᠭᠦᠯᠦᠭ᠌ᠰᠡᠨ ᠬᠡᠷᠡᠭ᠎ᠤᠨ ᠱᠢᠢᠳᠪᠦᠷᠢᠯᠡᠬᠦ᠌ ᠳᠤᠮᠳᠠᠴᠢ ᠴᠠᠭ᠎ᠨᠢ  17 ᠡᠳᠦᠷ  ᠪᠠᠢᠵᠤ᠂ ᠵᠠᠷᠭᠤᠯᠳᠤᠬᠤ ᠴᠠᠭ᠎ᠠᠴᠠ᠎ᠪᠠᠨ  39 ᠡᠳᠦᠷ ᠲᠤᠲᠠᠭᠤ ᠪᠤᠯᠭᠠᠵᠠᠶ᠃ ᠰᠠᠯᠭᠠᠬᠤ ᠡᠶᠡᠳᠡᠬᠦᠯᠬᠦ᠌ ᠲᠠᠰᠤᠯᠬᠤ ᠱᠢᠬᠦᠬᠦ᠌ ᠳᠤᠭ᠍ᠳᠠᠴᠠ᠎ᠶ᠋ᠢ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ ᠵᠠᠷᠭᠤ᠎ᠶ᠋ᠢᠨ ᠦᠢᠯᠡᠴᠢᠯᠡᠭᠡᠨ᠎ᠤ ᠲᠥᠪ᠎ᠲᠤ ᠴᠥᠮ ᠲᠦᠷᠭᠡᠨ ᠲᠠᠰᠤᠯᠬᠤ ᠠᠵᠢᠯ᠎ᠤᠨ ᠲᠠᠰᠤᠭ᠎ᠢ ᠭᠠᠷᠭᠠᠵᠤ᠂  871.5 ᠲᠦᠮᠡᠨ ᠬᠤᠪᠢ ᠬᠡᠷᠡᠭ᠎ᠢ ᠲᠦᠷᠭᠡᠨ ᠲᠠᠰᠤᠯᠵᠤ ᠲᠦᠷᠭᠡᠨ ᠱᠢᠭᠦᠬᠡᠳ᠂ ᠱᠢᠭᠦᠬᠦ᠌ ᠳᠤᠮᠳᠠᠴᠢ ᠦᠶᠡᠯᠡᠯ᠎ᠤᠨ ᠬᠤᠭᠤᠴᠠᠭ᠎ᠠ᠎ᠨᠢ 32 ᠡᠳᠦᠷ ᠪᠠᠢᠵᠤ᠂ ᠨᠢᠭᠡᠳᠦᠭᠡᠷ ᠱᠢᠭᠦᠯᠲᠡ᠎ᠶ᠋ᠢᠨ ᠢᠷᠭᠡᠨ᠎ᠤ ᠪᠠ ᠬᠤᠳᠠᠯᠳᠤᠭᠠᠨ᠎ᠤ ᠶᠠᠪᠤᠳᠠᠯ᠎ᠤᠨ ᠬᠡᠷᠡᠭ᠎ᠤᠨ᠎ᠬᠢ᠎ᠠᠴᠠ  43% ᠎ᠪᠠᠷ  ᠪᠠᠭᠠᠰᠪᠠ᠃ ᠱᠢᠤᠳᠠᠨ᠎ᠢᠶᠠᠷ ᠡᠷᠴᠢᠮᠵᠢᠭᠦᠯᠦᠨ ᠬᠦᠷᠭᠡᠬᠦ᠌  330 ᠦᠢᠯᠡᠴᠢᠯᠡᠭᠡᠨ᠎ᠤ ᠲᠥᠪ᠎ᠢ ᠪᠠᠢᠭᠤᠯᠵᠤ᠂ ᠭᠤᠤᠯ ᠪᠣᠯᠬᠤ ᠬᠤᠲᠠ᠎ᠳᠤ ᠬᠠᠤᠯᠢ ᠴᠠᠭᠠᠵᠠ᠎ᠶ᠋ᠢᠨ ᠪᠢᠴᠢᠭ ᠬᠠᠷ᠎ᠠ᠎ᠶ᠋ᠢ ᠦᠨᠳᠦᠰᠦᠨ᠎ᠳᠡᠭᠡᠨ 《ᠲᠠᠷᠠᠭ᠎ᠠ ᠡᠳᠦᠷ᠎ᠲᠤᠨᠢ ᠬᠦᠷᠭᠡᠬᠦ᠌》 ᠪᠤᠯᠭᠠᠪᠠ᠃ 24 ᠴᠠᠭ᠎ᠤᠨ ᠦᠢᠯᠡᠴᠢᠯᠡᠭᠡ᠎ᠨᠢ ᠤᠯᠠᠨ ᠲᠦᠮᠡᠨ᠎ᠢ ᠵᠠᠷᠭᠤ᠎ᠶ᠋ᠢᠨ ᠬᠡᠷᠡᠭ ᠶᠠᠪᠤᠳᠠᠯ ᠱᠢᠢᠳᠪᠦᠷᠢᠯᠡᠬᠦ᠌᠎ᠳᠤ 《ᠴᠠᠬ᠎ᠤᠨ ᠵᠦᠷᠢᠶ᠎ᠡ ᠦᠬᠡᠢ》 ᠪᠣᠯᠭᠠᠪᠠ᠃  739 ᠱᠢᠭᠦᠬᠦ᠌ ᠬᠤᠷᠢᠶ᠎ᠠ  24 ᠴᠠᠭ᠎ᠤᠨ ᠵᠠᠷᠭᠤ᠎ᠶ᠋ᠢᠨ ᠦᠢᠯᠡᠴᠢᠯᠡᠭᠡ᠎ᠶ᠋ᠢ ᠭᠠᠷᠭᠠᠪᠠ᠃ 12368 ᠬᠠᠯᠠᠭᠤᠨ ᠤᠲᠠᠰᠤ᠎ᠨᠢ ᠵᠠᠷᠭᠤ᠎ᠶ᠋ᠢᠨ 《ᠬᠡᠷᠡᠭ᠌ᠯᠡᠭ᠌ᠴᠢᠳ᠎ᠲᠤ ᠶᠡᠷᠦᠩᠬᠡᠶ ᠦᠢᠯᠡᠴᠢᠯᠡᠬᠦ᠌》 ᠦᠢᠯᠡᠳᠦᠯ᠎ᠢ ᠪᠠᠳᠠᠷᠠᠭᠤᠯᠦᠨ᠂ 《ᠨᠢᠬᠡ ᠯᠡ ᠨᠣᠮᠧᠷ᠎ᠢᠶᠠᠷ ᠪᠦᠬᠦᠨ᠎ᠢ ᠱᠢᠢᠳᠪᠦᠷᠢᠯᠡᠬᠦ᠌》 ᠬᠡᠯᠪᠡᠷᠢ᠎ᠪᠠᠷ ᠵᠠᠷᠭᠤ᠎ᠶ᠋ᠢᠨ ᠬᠡᠷᠡᠭ ᠶᠠᠪᠤᠳᠠᠯ᠎ᠢ ᠪᠣᠳᠠᠲᠠᠶ᠎ᠪᠠᠷ ᠱᠢᠢᠳᠪᠦᠷᠢᠯᠡᠵᠦ᠍᠂ ᠣᠯᠠᠨ ᠲᠦᠮᠡᠨ᠎ᠤ ᠢᠷᠡᠭᠦᠯᠦᠭ᠌ᠰᠡᠨ ᠤᠲᠠᠰᠤ᠎ᠶ᠋ᠢ ᠡᠳᠦᠷ ᠪᠦᠷᠢ ᠳᠤᠮᠳᠠᠴᠢ᠎ᠪᠠᠷ  2.1 ᠲᠦᠮᠡᠨ  ᠬᠤᠪᠢ ᠤᠳᠠᠭ᠎ᠠ ᠳᠤᠰᠴᠤ᠌᠂  765.1 ᠲᠦᠮᠡᠨ  ᠬᠤᠪᠢ ᠬᠦᠰᠡᠯ ᠱᠠᠭᠠᠷᠳᠠᠯᠭ᠎ᠠ᠎ᠶ᠋ᠢ ᠬᠠᠪᠰᠤᠷᠤᠨ ᠱᠢᠢᠳᠪᠦᠷᠢᠯᠡᠵᠦ᠍᠂ ᠣᠯᠠᠨ ᠲᠦᠮᠡᠨ᠎ᠤ ᠰᠡᠳᠭᠢᠯ ᠬᠠᠨᠤᠮᠵᠢ᠎ᠶ᠋ᠢᠨ ᠬᠡᠮᠵᠢᠶ᠎ᠡ  96% ᠎ᠳ᠋ᠦ ᠬᠦᠷᠴᠡᠢ᠃ ᠪᠡᠭᠡᠵᠢᠩ᠂ ᠳᠢᠶᠠᠨᠵᠢᠨ᠂ ᠱᠠᠩᠬᠠᠶ᠂ ᠴᠦᠡᠭ᠌ᠴᠢᠩ ᠵᠡᠷᠭᠡ ᠭᠠᠵᠠᠷ᠎ᠤᠨ ᠱᠢᠭᠦᠬᠦ᠌ ᠬᠤᠷᠢᠶᠠᠨ᠎ᠤ 《ᠰᠥᠨᠢ᠎ᠶ᠋ᠢᠨ ᠱᠢᠭᠦᠬᠦ᠌ ᠲᠢᠩᠬᠢᠮ》 ᠎ᠨᠢ ᠬᠡᠲᠦ ᠲᠣᠮᠣ ᠬᠤᠲᠠ᠎ᠶ᠋ᠢᠨ ᠠᠯᠪᠠ ᠬᠠᠭᠠᠬ᠍ᠰᠠᠳ᠎ᠤᠨ ᠵᠠᠷᠭᠤᠯᠳᠤᠬᠤ᠎ᠳᠤ ᠳᠥᠭᠦᠮ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠵᠠᠷᠭᠤ᠎ᠶ᠋ᠢᠨ ᠦᠢᠯᠡᠴᠢᠯᠡᠭᠡ᠎ᠶ᠋ᠢ 《ᠡᠭᠦᠳᠡ᠎ᠪᠠᠨ ᠬᠠᠭᠠᠬᠤ ᠦᠭᠡᠢ》 ᠪᠣᠯᠭᠠᠪᠠ᠃ ᠬᠠᠤᠯᠢ ᠴᠠᠭᠠᠵᠠ᠎ᠶ᠋ᠢ ᠬᠦᠳᠡᠭᠡ ᠪᠠᠭᠤᠯᠭᠠᠬᠤ ᠦᠢᠯᠡᠴᠢᠯᠡᠭᠡ᠎ᠨᠢ ᠤᠯᠠᠮ ᠲᠦᠮᠡᠨ᠎ᠤ ᠳᠡᠷᠬᠡᠳᠡ ᠬᠦᠷᠴᠦ᠍᠂ ᠤᠯᠠᠨ ᠲᠦᠮᠡᠨ᠎ᠳᠤ ᠦᠢᠯᠡᠴᠢᠯᠡᠬᠦ᠌ 《ᠡᠴᠤᠰ᠎ᠤᠨ ᠨᠢᠭᠡ ᠺᠢᠯᠤᠮᠧᠲᠷ》 ᠎ᠢ ᠨᠡᠪᠲᠡᠷᠡᠭᠦᠯᠪᠡ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍᠂ ᠠᠷᠠᠳ᠎ᠤᠨ ᠱᠢᠭᠦᠬᠦ᠌ ᠬᠤᠷᠢᠶᠠᠨ᠎ᠤ ᠡᠶᠡᠳᠡᠭᠦᠯᠬᠡ᠎ᠶ᠋ᠢᠨ ᠲᠠᠪᠴᠠᠩ᠎ᠢ ᠬᠥᠳᠡᠭᠡ ᠲᠣᠰᠭᠤᠨ᠂ ᠨᠡᠢᠭᠡᠮ ᠲᠣᠭᠤᠷᠢᠭ᠂ ᠰᠦᠯᠵᠢᠶᠡᠨ᠎ᠳᠤ ᠣᠷᠣᠭᠤᠯᠬᠤ᠎ᠶ᠋ᠢ ᠠᠬᠢᠭᠤᠯᠤᠨ᠂  8429 ᠠᠷᠠᠳ᠎ᠤᠨ ᠱᠢᠭᠦᠬᠦ᠌ ᠲᠢᠩᠬᠢᠮ ᠳᠡᠪᠴᠠᠩ᠎ᠳᠤ ᠣᠷᠣᠵᠤ᠂ 43033 ᠦᠨᠳᠦᠰᠦᠨ ᠱᠠᠲᠤᠨ᠎ᠤ ᠵᠠᠰᠠᠯᠲᠠ᠎ᠶ᠋ᠢᠨ ᠨᠢᠭᠡᠴᠢ᠎ᠲᠠᠢ ᠵᠣᠯᠭᠠᠭᠤᠯᠪᠠ᠃ ᠨᠢᠩᠱᠢᠶᠠ᠎ᠶ᠋ᠢᠨ ᠮᠢᠨ ᠨᠢᠩ᠎ᠤᠨ ᠱᠢᠭᠦᠬᠦ᠌ ᠲᠢᠩᠬᠢᠮ ᠵᠡᠬᠦᠨ ᠭᠡᠰᠡᠭ ᠪᠠ ᠪᠠᠷᠠᠭᠤᠨ ᠭᠡᠰᠡᠭ᠎ᠤᠨ ᠭᠠᠵᠡᠷ ᠤᠷᠤᠨ᠎ᠤ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠨ᠂ ᠨᠡᠭᠦᠳᠡᠯ ᠠᠷᠠᠳ᠎ᠢ ᠲᠥᠪᠬᠢᠨᠡᠭᠦᠯᠬᠦ᠌ ᠣᠷᠣᠨ᠎ᠳᠤ ᠤᠳᠠᠭᠠᠨ ᠵᠢᠯ ᠬᠦᠨᠵᠡᠬᠡᠢᠷᠡᠨ᠂ ᠶᠡᠭᠡ ᠠᠭᠤᠯᠠᠨ᠎ᠠᠴᠠ ᠭᠠᠷᠤᠭ᠍ᠰᠠᠨ ᠣᠯᠠᠨ ᠲᠦᠮᠡᠨ᠎ᠲᠠᠢ 《ᠠᠭᠤᠯᠠ ᠤᠰᠤᠨ᠎ᠤ ᠬᠠᠢᠷ᠎ᠠ ᠰᠡᠳᠭᠢᠯᠬᠡ》 ᠎ᠶ᠋ᠢ ᠬᠠᠮᠲᠤ᠎ᠪᠠᠷ ᠪᠢᠴᠢᠭ᠌ᠯᠡᠪᠡ᠃ ᠰᠧᠴᠤᠸᠠᠨ᠎ᠤ 《ᠠᠨᠠᠷ᠎ᠤᠨ ᠦᠷ᠎ᠡ》 ᠎ᠶ᠋ᠢᠨ ᠡᠶᠡᠳᠡᠭᠦᠯᠬᠡ᠎ᠶ᠋ᠢᠨ ᠲᠠᠰᠤᠭ᠂ ᠶᠦᠨᠨᠠᠨ᠎ᠤ 《 ᠎ᠶ᠋ᠢᠨ ᠬᠤᠸᠠ》 ᠎ᠶ᠋ᠢᠨ ᠡᠶᠡᠳᠡᠭᠦᠯᠬᠡ᠎ᠶ᠋ᠢᠨ ᠲᠠᠰᠤᠭ᠂ ᠲᠥᠪᠡᠳ᠎ᠤᠨ 《ᠬᠠᠤᠯᠢ᠎ᠶ᠋ᠢ ᠬᠢᠯᠢ᠎ᠶ᠋ᠢᠨ ᠲᠣᠰᠭᠤᠨ᠎ᠳᠤ ᠬᠦᠷᠭᠡᠬᠦ᠌》᠂ ᠱᠢᠨᠵᠢᠶᠠᠩ᠎ᠤᠨ 《ᠳᠤᠮᠪᠤᠷ》 ᠎ᠤ᠋ᠨ ᠡᠶᠡᠳᠡᠭᠦᠯᠬᠡ᠎ᠶ᠋ᠢᠨ ᠲᠠᠰᠤᠭ᠂ ᠪᠢᠩᠲ᠋ᠤᠸᠠᠨ᠎ᠤ 《ᠲᠠᠷᠢᠶᠠᠴᠢᠨ ᠮᠡᠯᠴᠢᠨ ᠬᠤᠷᠢᠶ᠎ᠠ ᠳᠠᠯᠠᠪᠠᠢ᠎ᠶ᠋ᠢᠨ ᠱᠢᠭᠦᠬᠦ᠌ ᠲᠤᠱᠢᠶᠠᠯᠲᠠᠨ᠎ᠤ ᠠᠵᠢᠯ᠎ᠤᠨ ᠲᠠᠰᠤᠭ》 ᠵᠡᠷᠭᠡ᠎ᠨᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠢᠶᠡᠯᠡᠯ᠎ᠢ ᠤᠯᠤᠬ᠍ᠰᠠᠨ ᠪᠠᠢᠨ᠎ᠠ᠃ ᠲᠣᠭᠤᠷᠢᠨ ᠱᠢᠭᠦᠨ ᠲᠠᠰᠤᠯᠤᠯᠳᠠ᠂ ᠮᠤᠷᠢᠨ ᠨᠢᠷᠤᠭᠤᠨ ᠳᠡᠬᠡᠷᠡᠬᠢ ᠱᠢᠭᠦᠬᠦ᠌ ᠲᠢᠩᠬᠢᠮ᠂ ᠲᠡᠷᠭᠡᠨ ᠳᠡᠭᠡᠷᠡᠬᠢ ᠱᠢᠭᠦᠬᠦ᠌ ᠲᠢᠩᠬᠢᠮ᠎ᠤᠨ ᠲᠠᠷᠢᠶᠠᠨ᠎ᠤ ᠳᠤᠮᠳᠠ ᠵᠢᠷᠤᠬᠠᠨ ᠦᠵᠦᠬᠦᠷ᠂ ᠦᠢᠯᠡᠳᠪᠦᠷᠢ ᠠᠭᠤᠷᠬᠠᠢ ᠱᠢᠭᠤᠢ᠌ᠳᠤ ᠣᠷᠣᠨ᠎ᠳᠤ ᠭᠦᠨᠵᠡᠭᠡᠢᠷᠡᠬᠦ᠌᠎ᠶ᠋ᠢ ᠴᠢᠩᠭᠠᠳᠭᠠᠨ᠂ ᠲᠤᠬᠠᠢ᠎ᠶ᠋ᠢᠨ ᠭᠠᠵᠠᠷ᠎ᠲᠤᠨᠢ ᠬᠡᠷᠡᠭ ᠪᠣᠯᠭᠠᠨ ᠳᠠᠩᠰᠠᠯᠠᠵᠤ᠂ ᠲᠤᠬᠠᠢ᠎ᠶ᠋ᠢᠨ ᠭᠠᠵᠠᠷ᠎ᠲᠤᠨᠢ ᠡᠶᠡᠳᠡᠭᠦᠯᠦᠨ᠂ ᠲᠤᠬᠠᠢ᠎ᠶ᠋ᠢᠨ ᠭᠠᠵᠠᠷ᠎ᠲᠤᠨᠢ ᠱᠢᠭᠦᠨ ᠲᠠᠰᠤᠯᠵᠤ᠂ ᠲᠤᠬᠠᠢ᠎ᠶ᠋ᠢᠨ ᠭᠠᠵᠠᠷ᠎ᠲᠤᠨᠢ ᠱᠢᠪᠠᠳᠠᠨ ᠭᠦᠢᠴᠡᠳᠭᠡᠵᠦ᠍᠂ 《ᠮᠠ ᠰᠢ ᠦ᠋᠎ᠶ᠋ᠢᠨ ᠱᠢᠬᠦᠨ ᠳᠠᠰᠤᠯᠬᠤ ᠠᠷᠭ᠎ᠠ ᠮᠠᠶᠢᠭ》 ᠎ᠨᠢ ᠱᠢᠨ᠎ᠡ ᠴᠠᠭ ᠦᠶ᠎ᠡ᠎ᠳᠤ ᠱᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠪᠠ᠃ ᠣᠳᠣᠬᠠᠨ᠎ᠳᠤ ᠮᠠᠨ᠎ᠤ ᠤᠯᠤᠰ ᠨᠢᠭᠡᠨᠲᠡ ᠳᠡᠯᠡᠬᠡᠶ ᠳᠡᠭᠡᠷᠡᠬᠢ ᠬᠤᠯᠪᠣᠭᠠᠯᠠᠨ ᠬᠥᠳᠡᠯᠦᠯᠴᠡᠬᠦ᠌ ᠡᠬᠢ ᠪᠠᠶᠠᠯᠢᠭ᠎ᠢᠶᠠᠷ ᠬᠠᠮᠤᠭ᠎ᠤᠨ ᠣᠯᠠᠨ᠂ ᠰᠦᠯᠵᠢᠶᠡᠨ ᠳᠡᠭᠡᠷᠡᠬᠢ ᠡᠶᠡᠳᠡᠭᠦᠯᠭᠡ᠎ᠪᠠᠷ ᠬᠠᠮᠤᠭ᠎ᠤᠨ ᠪᠦᠷᠢᠨ᠂ ᠦᠢᠯᠡᠴᠢᠯᠡᠬᠦ᠌ ᠡᠲᠡᠭᠡᠳ᠎ᠢᠶᠠᠷ ᠬᠠᠮᠤᠭ᠎ᠤᠨ ᠥᠷᠭᠡᠨ ᠨᠢᠭᠡ ᠯᠡ ᠥᠷᠲᠡᠭᠡᠨ᠎ᠤ ᠮᠠᠶᠢᠭ᠎ᠤᠨ ᠣᠯᠠᠨ ᠡᠱᠢᠴᠢᠯᠡᠭ᠌ᠰᠡᠨ ᠵᠠᠭᠤᠷᠠᠯᠳᠤᠭᠠᠨ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠵᠦ᠍᠂ ᠳᠤᠮᠳᠠᠳᠤ ᠤᠯᠤᠰ᠎ᠤᠨ ᠣᠨᠴᠠᠯᠢᠭ ᠪᠥᠬᠦᠶ ᠠᠷᠠᠳ᠎ᠤᠨ ᠲᠥᠯᠥᠭᠡ ᠬᠠᠤᠯᠢ ᠪᠠᠷᠢᠬᠤ ᠵᠠᠮ᠎ᠢ ᠨᠡᠭᠡᠬᠡᠪᠠ᠃

ᠲᠦᠷᠪᠡ᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ ᠪᠠ ᠤᠶᠤᠨᠲᠤ ᠱᠢᠬᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠬᠦᠨᠵᠡᠭᠡᠢ ᠠᠬᠢᠭᠤᠯᠪᠠ

ᠨᠠᠮ᠎ᠤᠨ ᠲᠥᠪ ᠬᠤᠷᠢᠶᠠᠨ᠎ᠤ ᠬᠠᠤᠯᠢ ᠪᠠᠷᠢᠬᠤ ᠥᠭᠡᠷᠡᠴᠢᠯᠡᠯᠲᠡ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠳᠤᠭᠤᠱᠢᠯᠠᠭᠤᠯᠦᠨ᠂ ᠪᠠᠢᠭᠤᠯᠤᠯ᠎ᠤᠨ ᠥᠭᠡᠷᠡᠴᠢᠯᠡᠯᠲᠡ ᠪᠠ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠬᠤᠤᠰ ᠬᠦᠷᠳᠦᠳᠦ ᠬᠥᠳᠡᠯᠭᠡᠭᠦᠷ᠎ᠢ ᠪᠠᠷᠢᠮᠲᠠᠯᠠᠵᠤ᠂ ᠳᠠᠢᠨ᠎ᠢ ᠬᠤᠢᠨ᠎ᠠ ᠬᠤᠢᠨ᠎ᠠ᠎ᠠᠴᠠ᠎ᠨᠢ ᠬᠢᠵᠦ᠍᠂ ᠬᠦᠴᠢᠷ ᠠᠰᠠᠭᠤᠳᠠᠯ᠎ᠢ ᠬᠤᠢᠨ᠎ᠠ ᠬᠤᠢᠨ᠎ᠠ᠎ᠠᠴᠠ᠎ᠨᠢ ᠱᠢᠢᠳᠪᠦᠷᠢᠯᠡᠨ᠂ ᠲᠥᠪ ᠭᠤᠣᠯᠴᠢ ᠱᠢᠳᠤᠷᠭᠤ ᠶᠣᠰᠣ᠎ᠶ᠋ᠢ ᠱᠢᠨ᠎ᠡ ᠴᠠᠭ ᠦᠶ᠎ᠡ᠎ᠶ᠋ᠢᠨ ᠠᠷᠠᠳ᠎ᠤᠨ ᠬᠠᠤᠯᠢ ᠪᠠᠷᠢᠯᠳᠠ᠎ᠶ᠋ᠢᠨ ᠢᠯᠡ ᠳᠤᠳᠤ ᠰᠠᠭᠤᠷᠢ ᠪᠣᠯᠭᠠᠪᠠ᠃  2021 ᠣᠨ᠎ᠳᠤ᠂ ᠪᠥᠬᠦ᠌ ᠤᠯᠤᠰ᠎ᠤᠨ ᠱᠢᠭᠦᠬᠦ᠌ ᠲᠤᠱᠢᠶᠠᠯᠲᠠᠨ ᠬᠥᠮᠦᠨ ᠳᠤᠮᠳᠠᠴᠢ᠎ᠪᠠᠷ  238 ᠬᠤᠪᠢ ᠬᠡᠷᠡᠭ᠎ᠢ ᠱᠢᠢᠳᠪᠦᠷᠢᠯᠡᠵᠦ᠍᠂ ᠨᠢᠭᠡᠳᠤᠭᠡᠷ ᠱᠢᠬᠦᠯᠳᠡ᠎ᠳᠤ ᠳᠠᠰᠤᠯᠤᠯᠳᠠ᠎ᠶ᠋ᠢ ᠳᠠᠭᠠᠵᠤ ᠵᠠᠷᠭᠤᠯᠳᠤᠬᠤ᠎ᠪᠠᠨ ᠵᠤᠭ᠍ᠰᠤᠬ᠍ᠰᠠᠨ ᠨᠤᠷᠮ᠎ᠠ  88.7% ᠎ᠳ᠋ᠦ ᠬᠦᠷᠴᠦ᠍᠂ ᠬᠤᠶᠠᠳᠤᠭᠠᠷ ᠱᠢᠭᠦᠯᠲᠡ᠎ᠶ᠋ᠢᠨ ᠲᠠᠷᠠᠭ᠎ᠠ  98% ᠎ᠳ᠋ᠦ ᠬᠦᠷᠴᠦ᠍᠂ ᠤᠷᠳᠤ ᠬᠤᠭᠤᠴᠠᠭ᠎ᠠ᠎ᠪᠠᠷ ᠱᠢᠭᠦᠵᠦ᠍ ᠳᠠᠭᠤᠰᠭᠠᠭ᠍ᠰᠠᠨ ᠦᠭᠡᠢ ᠵᠠᠷᠭᠤ᠎ᠶ᠋ᠢᠨ ᠬᠡᠷᠡᠭ ᠠᠳᠠᠯᠢ ᠬᠤᠭᠤᠴᠠᠭᠠᠨ᠎ᠤ᠎ᠬᠢ᠎ᠠᠴᠠ  16.3% ᠎ᠪᠠᠷ ᠪᠠᠭᠠᠰᠴᠤ᠌᠂ ᠬᠡᠷᠡᠭ᠎ᠤᠨ ᠳᠠᠷᠤᠯᠲᠠ ᠶᠡᠬᠡᠰᠴᠦ᠍ ᠪᠠᠢᠭ᠎ᠠ ᠪᠠᠢᠳᠠᠯ ᠳᠣᠣᠷ᠎ᠠ᠂ ᠱᠢᠭᠦᠨ ᠲᠠᠰᠤᠯᠬᠤ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢᠨ ᠭᠦᠢᠴᠡᠳᠭᠡᠬᠦ᠌ ᠲᠤᠭ᠎ᠠ ᠦᠷᠭᠦᠯᠵᠢᠯᠡᠨ ᠲᠣᠭ᠍ᠲᠠᠭᠤᠨ ᠪᠠᠢᠬᠤ᠎ᠶ᠋ᠢᠨ ᠵᠡᠷᠬᠡ᠎ᠳᠤ ᠰᠠᠢᠵᠢᠷᠠᠨ᠂ ᠲᠥᠪ ᠭᠤᠤᠯᠴᠢ᠎ᠪᠠᠷ ᠬᠠᠤᠯᠢ ᠪᠠᠷᠢᠬᠤ ᠲᠤᠬᠠᠶ ᠠᠷᠠᠳ ᠤᠯᠠᠨ᠎ᠤ ᠠᠱᠢᠬ ᠬᠦᠷᠲᠡᠭ᠌ᠰᠡᠨ ᠲᠦᠷᠦᠭ᠌ᠳᠡᠯ ᠲᠠᠰᠤᠷᠠᠯᠲᠠ ᠦᠭᠡᠢ ᠴᠢᠩᠭᠠᠷᠠᠪᠠ᠃

ᠬᠠᠤᠯᠢ ᠪᠠᠷᠢᠬᠤ ᠪᠠᠢᠭᠤᠯᠤᠯ᠎ᠤᠨ ᠶᠡᠷᠦᠩᠭᠡᠢᠯᠡᠭ᠌ᠰᠡᠨ ᠢᠵᠢ ᠪᠦᠷᠢᠳᠦᠭᠦᠯᠭᠦ᠌ ᠦᠭᠡᠷᠡᠴᠢᠯᠡᠯᠳᠡ᠎ᠶ᠋ᠢ ᠬᠥᠨᠵᠡᠭᠡᠢᠷᠡᠬᠦᠯᠪᠡ᠃ ᠬᠠᠤᠯᠢ ᠪᠠᠷᠢᠬᠤ ᠬᠠᠷᠢᠭᠤᠴᠠᠯᠭ᠎ᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠲᠦᠮᠵᠢᠲᠡᠶ ᠬᠢᠵᠠᠭᠠᠷᠯᠠᠬ᠍ᠰᠠᠨ᠂ ᠬᠢᠨᠠᠯᠳᠠ᠎ᠶ᠋ᠢ ᠪᠡᠶᠡᠯᠡᠬᠦᠯᠦᠭ᠌ᠰᠡᠨ᠂ ᠡᠷᠬᠡ ᠬᠠᠷᠢᠭᠤᠴᠠᠯᠭ᠎ᠠ ᠨᠢᠭᠡᠳᠦᠭ᠌ᠰᠡᠨ ᠱᠢᠨ᠎ᠡ ᠬᠡᠯᠪᠡᠷᠢ᠎ᠶ᠋ᠢᠨ ᠱᠢᠭᠦᠨ ᠲᠠᠰᠤᠯᠬᠤ ᠡᠷᠬᠡ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠨᠡᠩ ᠪᠣᠯᠪᠠᠰᠤᠷᠠᠩᠭᠤᠶ ᠪᠣᠯᠭᠠᠪᠠ᠃ 《ᠳᠥᠷᠪᠡᠨ ᠲᠥᠷᠥᠯ᠎ᠤᠨ ᠬᠡᠷᠡᠭ》 ᠎ᠤ᠋ᠨ ᠬᠢᠨᠠᠯᠲᠠ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠵᠤ᠂ ᠬᠤᠷᠢᠶᠠᠨ ᠳᠠᠷᠤᠭ᠎ᠠ ᠪᠠ ᠲᠢᠩᠭᠢᠮ᠎ᠤᠨ ᠳᠠᠷᠤᠭ᠎ᠠ᠎ᠶ᠋ᠢᠨ ᠬᠢᠨᠠᠯᠳᠠ᠎ᠶ᠋ᠢᠨ ᠬᠠᠷᠢᠭᠤᠴᠠᠯᠭ᠎ᠠ ᠠᠯᠳᠠᠬᠤ ᠦᠬᠡᠢ᠂ ᠡᠷᠬᠡ᠎ᠶ᠋ᠢᠨ ᠬᠡᠪᠴᠢᠶ᠎ᠡ᠎ᠡᠴᠡ᠎ᠪᠠᠨ ᠳᠠᠪᠠᠭ᠍ᠤ ᠥᠬᠡᠶ᠂ ᠮᠥᠷᠳᠡᠨ ᠨᠡᠬᠡᠮᠵᠢᠯᠡᠵᠦ᠍ ᠪᠣᠯᠬᠤ᠎ᠶ᠋ᠢ ᠦᠨᠡᠨ ᠬᠦ᠌ ᠪᠠᠲᠤᠯᠠᠪᠠ᠃ ᠱᠢᠭᠦᠬᠦ᠌ ᠲᠤᠱᠢᠶᠠᠯᠲᠠᠨ᠎ᠢ ᠵᠠᠯᠬᠠᠭᠠᠨ ᠴᠡᠭᠡᠷᠯᠡᠭᠦᠯᠬᠦ᠌ ᠠᠵᠢᠯ᠎ᠤᠨ ᠵᠢᠷᠤᠮ᠎ᠤᠨ ᠲᠣᠭ᠍ᠲᠠᠭᠠᠯ᠎ᠢ ᠨᠡᠢᠲᠡᠯᠡᠵᠦ᠍᠂ ᠬᠠᠤᠯᠢ᠎ᠠᠴᠠ ᠵᠥᠷᠢᠴᠡᠵᠦ᠍ ᠱᠢᠭᠦᠨ ᠲᠠᠰᠤᠯᠤᠬ᠍ᠰᠠᠨ ᠬᠠᠷᠢᠭᠤᠴᠠᠯᠭ᠎ᠠ᠎ᠶ᠋ᠢ ᠨᠡᠬᠡᠮᠵᠢᠯᠡᠬᠦ᠌ ᠲᠦᠷᠢᠮ᠎ᠤᠨ ᠪᠢᠲᠡᠭᠦᠦ ᠬᠠᠮᠢᠶᠠᠷᠤᠯᠳᠠ᠎ᠶ᠋ᠢ ᠴᠢᠩᠭᠠᠳᠭᠠᠪᠠ᠃ ᠲᠦᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠱᠢᠭᠦᠬᠦ᠌ ᠱᠠᠲᠤᠨ᠎ᠤ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠠᠬᠢᠭᠤᠯᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠬᠠᠤᠯᠢ ᠴᠠᠭᠠᠵᠠ᠎ᠶ᠋ᠢ ᠲᠤᠬᠢᠷᠠᠭᠤᠯᠤᠨ ᠬᠡᠷᠡᠭ᠌ᠯᠡᠬᠦ᠌᠎ᠶ᠋ᠢ ᠨᠢᠬᠡᠳᠦᠯᠳᠠᠢ ᠪᠤᠯᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠂ ᠱᠢᠭᠦᠨ ᠲᠠᠰᠤᠯᠬᠤ ᠵᠦᠪᠯᠡᠯ᠂ ᠲᠤᠰᠭᠠᠶ ᠮᠡᠷᠭᠡᠵᠢᠯ᠎ᠤᠨ ᠱᠢᠭᠦᠭᠦ᠌ ᠲᠤᠱᠢᠶᠠᠯᠲᠠᠨ᠎ᠤ ᠬᠤᠷᠠᠯ᠂ ᠬᠠᠤᠯᠢ ᠪᠠᠷᠢᠬᠤ ᠲᠠᠢᠯᠪᠤᠷᠢᠯᠠᠯᠲᠠ᠂ ᠬᠡᠷᠡᠭ᠎ᠤᠨ ᠵᠢᠱ᠌ᠢᠶ᠎ᠡ᠎ᠶ᠋ᠢᠨ ᠵᠢᠯᠣᠭᠤᠳᠣᠯᠭ᠎ᠠ᠎ᠶ᠋ᠢᠨ ᠳᠠᠰᠤᠯᠤᠨ ᠳᠤᠭ᠍ᠳᠠᠭᠠᠬᠤ ᠪᠠᠷᠢᠮᠵᠢᠶ᠎ᠠ᠎ᠶ᠋ᠢ ᠨᠢᠬᠡᠳᠦᠯᠳᠠᠢ ᠪᠤᠯᠭᠠᠬᠤ ᠦᠢᠯᠡᠳᠦᠯ᠎ᠢ ᠪᠠᠳᠠᠷᠠᠭᠤᠯᠤᠨ᠂ ᠲᠦᠷᠦᠯ ᠬᠡᠷᠡᠭ᠎ᠢ ᠪᠠᠢᠴᠠᠭᠠᠨ ᠡᠷᠢᠬᠦ᠂ ᠡᠷᠡᠭᠦᠦ ᠱᠢᠢᠳᠭᠡᠯ ᠤᠨᠤᠭ᠍ᠲᠠᠭᠤᠯᠬᠤ᠎ᠶ᠋ᠢ ᠵᠢᠷᠤᠮᠵᠢᠭᠤᠯᠬᠤ᠎ᠶ᠋ᠢ ᠠᠬᠢᠭᠤᠯᠤᠨ᠂ ᠬᠠᠤᠯᠢ ᠪᠠᠷᠢᠯᠳᠠ᠎ᠶ᠋ᠢᠨ ᠳᠤᠮᠤ ᠳ᠋ᠠᠢᠲ᠋ᠠ᠎ᠶ᠋ᠢ ᠬᠡᠷᠡᠭ᠌ᠯᠡᠨ ᠬᠡᠷᠡᠭ ᠱᠢᠢᠳᠪᠦᠷᠢᠯᠡᠬᠦ᠌᠎ᠳᠤ ᠬᠠᠪᠰᠤᠷᠤᠮᠵᠢ ᠪᠣᠯᠭᠠᠵᠤ᠂ ᠦᠨᠳᠦᠷ ᠵᠡᠷᠭᠡ᠎ᠶ᠋ᠢᠨ ᠱᠢᠭᠦᠬᠦ᠌ ᠬᠤᠷᠢᠶ᠎ᠠ᠎ᠨᠤᠭᠤᠳ᠎ᠤᠨ ᠱᠢᠭᠦᠨ ᠲᠠᠰᠤᠯᠬᠤ ᠲᠤᠬᠠᠢᠯᠠᠭ᠍ᠰᠠᠨ ᠠᠵᠢᠯ᠎ᠤᠨ ᠪᠢᠴᠢᠭ ᠮᠠᠲ᠋ᠧᠷᠢᠶᠠᠯ᠎ᠢ ᠬᠢᠨᠠᠨ ᠪᠠᠢᠴᠠᠭᠠᠬᠤ᠎ᠪᠠᠨ ᠴᠢᠩᠭᠠᠳᠭᠠᠨ᠂ ᠱᠢᠬᠦᠬᠦ᠌ ᠲᠤᠱᠢᠶᠠᠯᠲᠠᠨ᠎ᠤ ᠲᠠᠰᠣᠯᠣᠯᠳᠠ᠎ᠶ᠋ᠢᠨ ᠡᠷᠬᠡ᠎ᠶ᠋ᠢ ᠵᠢᠷᠤᠮᠵᠢᠭᠤᠯᠪᠠ᠃ ᠬᠠᠤᠯᠢ ᠴᠠᠭᠠᠵᠠ᠎ᠶ᠋ᠢ ᠲᠤᠬᠢᠷᠠᠭᠤᠯᠤᠨ ᠬᠡᠷᠡᠭ᠌ᠯᠡᠬᠦ᠌᠎ᠶ᠋ᠢ ᠨᠢᠬᠡᠳᠦᠯᠳᠠᠢ ᠪᠤᠯᠭᠠᠬᠤ ᠲᠣᠭ᠍ᠲᠠᠴᠠ᠎ᠶ᠋ᠢ ᠳᠠᠬᠦᠯᠳᠡᠷᠵᠢᠬᠦᠯᠵᠦ᠍᠂ ᠳᠤᠲᠠᠭᠤᠳᠡᠯ᠎ᠢᠶᠠᠨ ᠨᠥᠬᠦᠪᠥᠷᠢᠯᠡᠨ᠂ ᠲᠠᠰᠤᠯᠤᠨ ᠲᠣᠭ᠍ᠲᠠᠭᠠᠬᠤ ᠪᠠᠷᠢᠮᠵᠢᠶ᠎ᠠ ᠨᠢᠭᠡᠳᠦᠯ ᠦᠭᠡᠢ ᠪᠠᠢᠬᠤ ᠠᠰᠠᠭᠤᠳᠠᠯ᠎ᠢ ᠴᠢᠷᠮᠠᠢᠨ ᠱᠢᠢᠳᠪᠦᠷᠢᠯᠡᠵᠦ᠍᠂ ᠭᠠᠵᠠᠷ ᠣᠷᠣᠨ᠂ ᠬᠤᠳᠠ ᠬᠥᠳᠡᠭᠡ᠂ ᠠᠵᠢᠯ ᠲᠦᠷᠦᠯ ᠪᠠ ᠪᠡᠶ᠎ᠡ ᠬᠡᠮ᠎ᠤᠨ ᠠᠳᠠᠯᠢ ᠦᠭᠡᠢ᠎ᠠᠴᠠ ᠪᠤᠯᠵᠤ ᠲᠥᠪ ᠭᠤᠤᠯᠴᠢ ᠱᠢᠳᠤᠷᠭᠤ ᠶᠣᠰᠣᠨ᠎ᠤ ᠲᠠᠯ᠎ᠠ᠎ᠪᠠᠷ ᠵᠥᠷᠢᠶ᠎ᠡ ᠭᠠᠷᠬᠤ᠂ ᠳᠤᠲᠠᠭᠤ ᠲᠤᠷᠭᠤᠨ ᠪᠠᠢᠬᠤ᠎ᠶ᠋ᠢ ᠴᠥᠬᠦᠷᠡᠰᠢ ᠦᠭᠡᠢ ᠰᠡᠷᠭᠡᠢᠯᠡᠪᠠ᠃

ᠱᠢᠭᠦᠨ ᠲᠠᠰᠤᠯᠤᠯᠲᠠ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠ ᠬᠠᠤᠯᠢ ᠪᠠᠷᠢᠬᠤ ᠠᠵᠢᠯ᠎ᠤᠨ ᠤᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠪᠡ᠃ ᠢᠷᠭᠡᠨ᠎ᠤ ᠬᠡᠷᠡᠭ᠎ᠤᠨ ᠵᠠᠷᠭᠤ᠎ᠶ᠋ᠢᠨ ᠵᠢᠷᠤᠮ᠎ᠤᠨ ᠲᠦᠪᠡᠭ᠌ᠲᠡᠶ ᠬᠡᠷᠡᠭ ᠪᠠ ᠳᠥᠭᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠪᠡᠶᠡᠯᠡᠬᠦᠯᠵᠦ᠍᠂ ᠲᠦᠪᠡᠭ᠌ᠳᠡᠢ ᠬᠡᠷᠡᠭ ᠪᠠ ᠲᠦᠬᠦᠮ ᠭᠡᠷᠡᠭ᠂ ᠬᠦᠩᠭᠡᠨ ᠬᠡᠷᠡᠭ ᠪᠠ ᠬᠦᠨᠳᠦ ᠬᠡᠷᠡᠭ᠂ ᠲᠦᠷᠭᠡᠨ ᠱᠢᠢᠳᠪᠦᠷᠢᠯᠡᠬᠦ᠌ ᠬᠡᠷᠡᠭ ᠪᠠ ᠠᠯᠭᠤᠷ ᠱᠢᠢᠳᠪᠦᠷᠢᠯᠡᠬᠦ᠌ ᠬᠡᠷᠡᠭ᠎ᠢ ᠰᠠᠯᠭᠠᠬᠤ᠎ᠶ᠋ᠢ ᠠᠬᠢᠭᠤᠯᠪᠠ᠃ ᠱᠢᠭᠦᠨ ᠲᠠᠰᠤᠯᠤᠯᠳᠠ᠎ᠪᠠᠷ ᠭᠤᠣᠯ ᠪᠣᠯᠭᠠᠭ᠍ᠰᠠᠨ ᠵᠠᠷᠭᠤ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠭᠡᠷᠡᠴᠢᠯᠡᠭ᠌ᠴᠢ᠂ ᠱᠢᠯᠭᠠᠨ ᠲᠣᠭ᠍ᠲᠠᠭᠠᠭ᠍ᠴᠢ᠂ ᠲᠤᠷᠱᠢᠨ ᠪᠠᠢᠴᠠᠭᠠᠬᠤ ᠠᠵᠢᠯᠳᠠᠨ ᠱᠢᠭᠦᠯᠲᠡ᠎ᠳᠤ ᠣᠷᠣᠯᠴᠠᠨ ᠭᠡᠷᠡᠴᠢᠯᠡᠬᠦ᠌᠎ᠶ᠋ᠢ ᠨᠠᠢᠳᠠᠪᠤᠷᠢᠵᠢᠭᠤᠯᠵᠤ᠂ ᠲᠢᠩᠬᠢᠮ᠎ᠤᠨ ᠱᠢᠭᠦᠯᠲᠡ᠎ᠶ᠋ᠢᠨ ᠵᠢᠷᠤᠮ᠎ᠢ ᠲᠦᠪ ᠭᠤᠤᠯᠴᠢ ᠪᠠᠢᠯᠭᠠᠬᠤ᠎ᠪᠠᠷ ᠲᠠᠰᠤᠯᠤᠨ ᠲᠣᠭ᠍ᠲᠠᠭᠠᠯᠲᠠ᠎ᠶ᠋ᠢᠨ ᠪᠣᠳᠠᠲᠤ ᠴᠣᠭ᠍ᠴᠠ᠎ᠶ᠋ᠢᠨ ᠲᠥᠪ ᠭᠤᠤᠯᠴᠢ ᠪᠠᠢᠬᠤ᠎ᠶ᠋ᠢ ᠪᠠᠲᠤᠯᠠᠪᠠ᠃ ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ ᠮᠡᠳᠡᠷᠡᠭ᠌ᠰᠡᠨ᠎ᠢ ᠠᠭᠤᠴᠢᠯᠠᠨ ᠱᠢᠢᠳᠭᠡᠬᠦ᠌ ᠳᠦᠷᠢᠮ᠎ᠢ ᠬᠠᠤᠯᠢ ᠶᠣᠰᠣᠭᠠᠷ ᠣᠨᠣᠪᠴᠢᠲᠠᠶ ᠳᠤᠬᠢᠷᠠᠭᠤᠯᠤᠨ ᠬᠡᠷᠡᠭ᠌ᠯᠡᠪᠠ᠃ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠲᠤᠭᠤᠷᠢᠨ ᠱᠢᠬᠦᠬᠦ᠌ ᠲᠢᠩᠬᠢᠮ᠎ᠤᠨ ᠥᠭᠡᠷᠡᠴᠢᠯᠡᠯᠲᠡ ᠪᠠ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠵᠠᠭᠤᠷᠠᠯᠳᠤᠭᠠᠨ᠎ᠢ ᠲᠤᠬᠠᠶ᠎ᠶ᠋ᠢᠨ ᠭᠠᠵᠠᠷ᠎ᠲᠤᠨᠢ ᠱᠢᠢᠳᠪᠦᠷᠢᠯᠡᠬᠦ᠂ ᠤᠯᠠᠨ ᠲᠦᠮᠡᠨ᠎ᠤ ᠵᠠᠷᠭᠤᠯᠳᠤᠬᠤ᠎ᠳᠤ ᠲᠦᠬᠦᠮ ᠦᠵᠡᠭᠦᠯᠬᠦ᠂ ᠬᠠᠣᠯᠢ ᠪᠠᠷᠢᠯᠳᠠ᠎ᠶ᠋ᠢᠨ ᠲᠦᠪ ᠭᠤᠣᠯᠴᠢ᠎ᠶ᠋ᠢ ᠬᠠᠮᠠᠭᠠᠯᠠᠬᠤ᠎ᠶ᠋ᠢ ᠨᠡᠩ ᠰᠠᠢᠨ ᠪᠡᠶᠡᠯᠡᠭᠦᠯᠪᠠ᠃

ᠤᠶᠤᠨᠲᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠴᠢᠩᠭᠠᠳᠭᠠᠪᠠ᠃ ᠬᠢᠵᠢᠭ᠎ᠤᠨ ᠡᠮᠦᠨ᠎ᠡ᠂ ᠤᠶᠤᠨᠲᠤ ᠱᠢᠭᠦᠬᠦ᠌ ᠬᠤᠷᠢᠶ᠎ᠠ ᠴᠢᠳᠠᠪᠤᠷᠢ᠎ᠪᠠᠨ ᠶᠡᠭᠡ᠎ᠪᠠᠷ ᠪᠠᠳᠠᠷᠠᠭᠤᠯᠵᠤ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ ᠰᠦᠯᠵᠢᠶᠡᠨ ᠳᠡᠭᠡᠷ᠎ᠡ 1143.9 ᠲᠦᠮᠡᠨ ᠬᠤᠪᠢ ᠬᠡᠷᠡᠭ᠎ᠢ ᠬᠡᠷᠡᠭ ᠪᠣᠯᠭᠠᠨ ᠳᠠᠩᠰᠠᠯᠠᠵᠤ᠂ ᠰᠦᠯᠵᠢᠶᠡᠨ ᠳᠡᠭᠡᠷ᠎ᠡ 127.5 ᠲᠦᠮᠡᠨ ᠤᠳᠠᠭ᠎ᠠ ᠲᠢᠩᠭᠢᠮ ᠨᠡᠭᠡᠭᠡᠪᠠ᠃ ᠬᠠᠤᠯᠢ ᠪᠠᠷᠢᠬᠤ ᠬᠡᠰᠡᠭ᠎ᠤᠨ ᠬᠡᠯᠬᠢᠶ᠎ᠡ᠎ᠳᠤ 17.1 ᠳ᠋ᠦᠩᠱᠢᠭᠤᠷ ᠵᠦᠢᠯ᠎ᠢ ᠬᠡᠯᠬᠢᠶ᠎ᠡ᠎ᠳᠤ ᠭᠠᠷᠭᠠᠨ ᠬᠡᠷᠡᠴᠢ ᠬᠠᠳᠠᠭᠠᠯᠠᠵᠤ᠂ ᠡᠯᠧᠺᠲᠷᠣᠨ ᠭᠡᠷᠡᠴᠢ ᠪᠠᠷᠢᠮᠲᠠ᠂ ᠡᠯᠧᠺᠲᠷᠣᠨ ᠬᠦᠷᠭᠡᠯᠲᠡ᠎ᠶ᠋ᠢᠨ ᠬᠡᠷᠡᠴᠢ ᠬᠠᠳᠠᠭᠠᠯᠠᠵᠤ ᠬᠡᠷᠡᠴᠢ ᠱᠢᠯᠭᠠᠬᠤ᠎ᠶ᠋ᠢ ᠦᠬᠡᠷᠡᠳᠦᠬᠦᠯᠬᠦ᠌᠎ᠠᠴᠠ ᠰᠡᠷᠭᠡᠢᠯᠡᠬᠦ᠌ ᠦᠷ᠎ᠡ ᠪᠦᠲᠦᠮᠵᠢ ᠢᠯᠡᠷᠬᠡᠢ ᠪᠤᠯᠪᠠ᠃  220 ᠬᠤᠪᠢ ᠠᠵᠤ ᠠᠬᠤᠶ ᠨᠡᠢᠭᠡᠮ᠎ᠤᠨ ᠠᠵᠢᠯᠯᠠᠭᠠᠨ᠎ᠤ ᠲᠤᠮᠤ ᠳ᠋ᠠᠢᠲ᠋ᠠ᠎ᠶ᠋ᠢᠨ ᠮᠡᠳᠡᠭᠦᠯᠦᠯᠲᠡ᠎ᠶ᠋ᠢ ᠪᠤᠢ ᠪᠤᠯᠭᠠᠵᠤ᠂ 《ᠳ᠋ᠠᠢᠲ᠋ᠠ᠎ᠪᠠᠷ ᠪᠤᠳᠤᠯᠭ᠎ᠠ ᠲᠣᠭ᠍ᠲᠠᠭᠠᠬᠤ᠎ᠳᠤ ᠲᠤᠰᠠᠯᠠᠬᠤ》 ᠬᠡᠯᠪᠡᠷᠢ᠎ᠪᠠᠷ ᠨᠡᠢᠭᠡᠮ᠎ᠤᠨ ᠵᠠᠰᠠᠯᠲᠠ᠎ᠳᠤ ᠦᠢᠯᠡᠴᠢᠯᠡᠪᠡ᠃ ᠮᠡᠳᠡᠯᠭᠡ᠎ᠶ᠋ᠢᠨ ᠦᠢᠯᠡᠴᠢᠯᠡᠭᠡᠨ᠎ᠤ ᠲᠠᠪᠴᠠᠩ᠎ᠨᠢ ᠳᠦᠷᠦᠯ ᠬᠡᠷᠡᠭ᠎ᠢ ᠬᠦᠷᠬᠡᠬᠦ᠂ ᠢᠳᠡᠭᠡᠮᠵᠢ᠎ᠶ᠋ᠢ ᠦᠨᠡᠯᠡᠬᠦ᠂ ᠲᠢᠩᠬᠢᠮ᠎ᠤᠨ ᠱᠢᠬᠦᠯᠳᠠ᠎ᠶ᠋ᠢ ᠴᠠᠬ᠍ᠳᠠᠨ ᠪᠠᠢᠴᠠᠭᠠᠬᠤ ᠵᠡᠷᠭᠡ ᠲᠤᠬᠠᠢᠯᠠᠭ᠍ᠰᠠᠨ ᠠᠵᠢᠯ᠎ᠤᠨ ᠪᠠᠢᠳᠠᠯ᠎ᠢ ᠬᠠᠮᠤᠷᠴᠤ᠌᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ  1.4 ᠳ᠋ᠦᠩᠱᠢᠭᠤᠷ  ᠤᠳᠠᠭ᠎ᠠ ᠣᠶᠤᠨᠴᠢ ᠦᠢᠯᠡᠴᠢᠯᠡᠭᠡ ᠬᠠᠩᠭᠠᠪᠠ᠃ ᠤᠶᠤᠨᠲᠤ ᠱᠢᠭᠦᠬᠦ᠌ ᠬᠤᠷᠢᠶᠠᠨ᠎ᠤ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠤᠯᠤᠰ᠎ᠤᠨ ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠦᠪᠵᠢᠭᠦᠯᠭᠡ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠦᠭ᠌ᠰᠡᠨ ᠠᠮᠵᠢᠯᠲᠠ ᠪᠦᠲᠦᠮᠵᠢ᠎ᠶ᠋ᠢᠨ ᠦᠵᠡᠭᠦᠯᠭᠡ᠎ᠳᠤ ᠪᠥᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠤᠶᠤᠨᠲᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠴᠢᠩᠭᠠᠳᠭᠠᠬᠤ ᠠᠵᠢᠯ᠎ᠢ ᠤᠯᠤᠰ᠎ᠤᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠲᠣᠪᠴᠢ᠎ᠳᠤ ᠣᠷᠣᠭᠤᠯᠤᠨ᠂ ᠱᠢᠨᠵᠢᠯᠡᠬᠦ᠌ ᠤᠬᠠᠭᠠᠨ ᠮᠡᠷᠭᠡᠵᠢᠯ᠎ᠢᠶᠠᠷ ᠬᠠᠤᠯᠢ ᠪᠠᠷᠢᠬᠤ ᠠᠵᠢᠯ᠎ᠳᠤ ᠡᠨᠧᠷᠬᠢ ᠣᠯᠭᠤᠬᠤ ᠶᠠᠪᠤᠳᠠᠯ ᠰᠠᠷᠠᠭᠤᠯ ᠢᠷᠡᠭᠡᠳᠦᠶ᠎ᠲᠠᠢ ᠪᠤᠯᠪᠠ᠃

ᠢᠨᠲ᠋ᠧᠷ ᠰᠦᠯᠵᠢᠶᠡᠨ᠎ᠤ ᠬᠠᠤᠯᠢ ᠪᠠᠷᠢᠬᠤ ᠵᠠᠭ᠍ᠪᠤᠷ᠎ᠢ ᠲᠡᠭᠦᠯᠳᠡᠷᠵᠢᠭᠦᠯᠪᠠ᠃ ᠪᠡᠭᠡᠵᠢᠩ᠂ ᠬᠠᠩᠵᠧᠦ᠂ ᠭᠤᠸᠠᠩᠵᠧᠦ᠍᠎ᠶ᠋ᠢᠨ ᠢᠨᠲ᠋ᠧᠷ ᠰᠦᠯᠵᠢᠶᠡᠨ᠎ᠤ ᠱᠢᠭᠦᠬᠦ᠌ ᠬᠤᠷᠢᠶ᠎ᠠ᠎ᠨᠢ ᠤᠷᠢᠳᠡᠴᠢ ᠳᠠᠪᠠᠭᠤᠯᠢᠭ᠎ᠢᠶᠠᠨ ᠠᠱᠢᠬ᠍ᠯᠠᠨ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠲᠦᠷᠢᠮ᠎ᠢ ᠲᠣᠭ᠍ᠲᠠᠭᠠᠬᠤ᠂ ᠰᠦᠯᠵᠢᠶᠡᠨ᠎ᠤ ᠵᠠᠰᠠᠯᠲᠠ ᠶᠠᠪᠤᠭᠤᠯᠬᠤ ᠠᠵᠢᠯ᠎ᠤᠨ ᠤᠷᠤᠭ᠍ᠰᠢ ᠲᠠᠪᠱᠢᠬᠤ᠎ᠶ᠋ᠢ ᠠᠬᠢᠭᠤᠯᠪᠠ᠃ ᠵᠧᠵᠢᠶᠠᠩ᠎ᠤᠨ ᠱᠢᠭᠦᠬᠦ᠌ ᠬᠤᠷᠢᠶ᠎ᠠ 《ᠪᠦᠬᠦ᠌ ᠴᠠᠷᠠᠭᠠᠨ᠎ᠤ ᠳ᠋ᠢᠵᠢᠲ᠋ᠠᠯ ᠱᠢᠭᠦᠬᠦ᠌ ᠬᠤᠷᠢᠶ᠎ᠠ》 ᠎ᠶ᠋ᠢ ᠠᠬᠢᠭᠤᠯᠵᠤ᠂ ᠹᠦᠵᠢᠶᠠᠨ᠎ᠤ ᠱᠢᠭᠦᠬᠦ᠌ ᠬᠤᠷᠢᠶ᠎ᠠ 《ᠳ᠋ᠢᠵᠢᠲ᠋ᠠᠯ ᠹᠦᠵᠢᠶᠠᠨ》 ᠳ᠋ᠦ ᠠᠭᠤᠰᠤᠨ ᠤᠷᠤᠵᠤ᠂ ᠴᠦᠩᠴᠢᠩ᠎ᠤᠨ ᠱᠢᠭᠦᠬᠦ᠌ ᠬᠤᠷᠢᠶ᠎ᠠ 《ᠪᠦᠬᠦ᠌ ᠴᠦᠩᠴᠢᠩ᠎ᠤᠨ ᠳ᠋ᠢᠵᠢᠲ᠋ᠠᠯ ᠤᠶᠤᠨᠲᠤ ᠱᠢᠭᠦᠬᠦ᠌ ᠬᠤᠷᠢᠶ᠎ᠠ》 ᠎ᠶ᠋ᠢ ᠰᠦᠪᠡᠭ᠌ᠴᠢᠯᠡᠵᠦ᠍᠂ ᠬᠠᠤᠯᠢ ᠪᠠᠷᠢᠯᠳᠠ᠎ᠶ᠋ᠢᠨ ᠠᠵᠢᠯ᠎ᠨᠢ ᠳ᠋ᠢᠵᠢᠲ᠋ᠠᠯ ᠴᠠᠭ ᠦᠶ᠎ᠠ᠎ᠶ᠋ᠢᠨ ᠠᠯᠬᠤᠭ᠎ᠠ᠎ᠶ᠋ᠢ ᠠᠯᠳᠠᠯ ᠦᠬᠡᠢ ᠲᠠᠭᠠᠪᠠ᠃ ᠨᠠᠰᠤᠲᠠᠢᠴᠤᠳ᠂ ᠵᠡᠮᠳᠡᠭ᠌ᠴᠦᠳ᠎ᠲᠤ ᠬᠠᠪᠰᠤᠷᠤᠨ ᠵᠢᠯᠣᠭᠤᠳᠤᠯᠭ᠎ᠠ ᠪᠤᠶᠤ ᠰᠦᠯᠵᠢᠶᠡᠨ ᠭᠠᠳᠠᠨᠠᠬᠢ ᠦᠢᠯᠡᠴᠢᠯᠡᠭᠡ ᠢᠳᠡᠪᠬᠢᠳᠠᠢ ᠬᠠᠩᠭᠠᠵᠤ᠂ ᠳᠤᠭᠠᠨ᠎ᠤ ᠢᠯᠡᠷᠬᠡᠢ ᠵᠠᠭᠠᠭ᠎ᠢ᠎ᠨᠢ ᠬᠠᠪᠰᠤᠷᠴᠤ᠌ ᠠᠷᠢᠯᠭᠠᠪᠠ᠃ ᠪᠦᠬᠦ᠌ ᠳᠡᠯᠡᠬᠡᠢ᠎ᠳᠤ ᠤᠷᠢᠳ᠎ᠢᠶᠠᠷ ᠱᠢᠭᠦᠬᠦ᠌ ᠬᠤᠷᠢᠶᠠᠨ᠎ᠤ ᠰᠦᠯᠵᠢᠶᠡᠨ ᠳᠡᠭᠡᠷ᠎ᠡ ᠵᠠᠷᠭᠤᠯᠳᠤᠬᠤ᠂ ᠰᠦᠯᠵᠢᠶᠡᠨ ᠳᠡᠭᠡᠷ᠎ᠡ ᠡᠶᠡᠳᠡᠭᠦᠯᠬᠦ᠂ ᠰᠦᠯᠵᠢᠶᠡᠨ ᠳᠡᠭᠡᠷ᠎ᠡ ᠠᠵᠢᠯᠯᠠᠭᠤᠯᠬᠤ ᠭᠤᠷᠪᠠᠨ ᠶᠡᠭᠡ ᠳᠦᠷᠢᠮ᠎ᠢ ᠨᠡᠢᠲᠡᠯᠡᠵᠦ᠍᠂ ᠠᠷᠠᠳ ᠲᠦᠮᠡᠨ᠎ᠢᠶᠠᠷ ᠭᠤᠤᠯ ᠪᠣᠯᠭᠠᠭ᠍ᠰᠠᠨ ᠢᠨᠲ᠋ᠧᠷ ᠰᠦᠯᠵᠢᠶᠡᠨ᠎ᠤ ᠬᠠᠤᠯᠢ ᠪᠠᠷᠢᠬᠤ ᠲᠦᠷᠢᠮ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠪᠠ᠃ ᠮᠠᠨ᠎ᠤ ᠤᠯᠤᠰ᠎ᠤᠨ ᠢᠨᠲ᠋ᠧᠷ ᠰᠦᠯᠵᠢᠶᠡᠨ᠎ᠤ ᠬᠠᠤᠯᠢ ᠪᠠᠷᠢᠯᠲᠠ᠎ᠨᠢ ᠮᠡᠷᠭᠡᠵᠢᠯ᠎ᠤᠨ ᠲᠠᠯ᠎ᠠ᠎ᠪᠠᠷ ᠤᠷᠦ᠋ᠢᠯᠠᠵᠤ ᠪᠠᠢᠭ᠍ᠰᠠᠨ᠎ᠠᠴᠠ᠎ᠪᠠᠨ ᠲᠦᠷᠢᠮ᠎ᠢᠶᠠᠷ ᠬᠥᠲᠥᠯᠥᠨ ᠳᠠᠭᠠᠭᠤᠯᠬᠤ ᠳᠠᠢᠰᠢ ᠬᠦᠭ᠌ᠵᠢᠵᠦ᠍᠂ ᠳᠡᠯᠡᠬᠡᠶ᠎ᠶ᠋ᠢᠨ ᠢᠨᠲ᠋ᠧᠷ ᠰᠦᠯᠵᠢᠶᠡᠨ᠎ᠤ ᠬᠠᠤᠯᠢ᠎ᠪᠠᠷ ᠵᠠᠰᠠᠬᠤ ᠬᠥᠭ᠌ᠵᠢᠯᠲᠡ᠎ᠳᠤ ᠳᠤᠮᠳᠠᠲᠤ ᠤᠯᠤᠰ᠎ᠤᠨ ᠤᠶᠤᠨ ᠤᠬᠠᠭᠠᠨ ᠳᠤᠮᠳᠠᠳᠤ ᠤᠯᠤᠰ᠎ᠤᠨ ᠲᠥᠰᠦᠯ᠎ᠢ ᠨᠡᠮᠡᠷᠢᠯᠡᠪᠡ᠃

ᠲᠠᠪᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠤᠬᠠᠮᠰᠠᠷ᠎ᠡᠴᠠ᠎ᠪᠠᠨ ᠦᠢᠯᠡᠳᠦᠯᠭᠡᠵᠢᠭᠦᠯᠪᠠ

ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠱᠠᠭᠠᠷᠳᠠᠯᠭ᠎ᠠ᠎ᠶ᠋ᠢ ᠱᠢᠭᠦᠬᠦ᠌ ᠬᠤᠷᠢᠶᠠᠨ᠎ᠤ ᠠᠵᠢᠯ᠎ᠤᠨ ᠡᠯ᠎ᠡ ᠬᠦᠷᠢᠶ᠎ᠡ ᠡᠯ᠎ᠡ ᠭᠤᠭ᠍ᠴᠤᠭ᠎ᠠ᠎ᠳᠤ ᠤᠬᠠᠮᠰᠠᠷ᠎ᠡᠴᠡ᠎ᠪᠠᠨ ᠳᠤᠭᠤᠱᠢᠯᠠᠭᠤᠯᠵᠤ᠂ ᠠᠷᠠᠳ ᠲᠦᠮᠡᠨ᠎ᠤ ᠬᠠᠤᠯᠢ ᠪᠠᠷᠢᠯᠳᠠ᠎ᠨᠢ ᠠᠷᠠᠳ ᠲᠦᠮᠡᠨ᠎ᠤ ᠲᠥᠯᠥᠭᠡ ᠪᠠᠢᠬᠤ᠎ᠶ᠋ᠢ ᠪᠠᠷᠢᠮᠲᠠᠯᠠᠨ᠂ ᠠᠷᠠᠳ ᠲᠦᠮᠡᠨ᠎ᠤ ᠬᠦᠰᠡᠯ ᠰᠡᠳᠭᠢᠯ᠎ᠢ ᠠᠩᠬᠠᠷᠴᠤ᠌᠂ ᠠᠷᠠᠳ ᠲᠦᠮᠡᠨ᠎ᠤ ᠬᠢᠨᠠᠯᠲᠠ᠎ᠶ᠋ᠢ ᠬᠦᠯᠢᠶᠡᠵᠦ᠍᠂ ᠠᠷᠠᠳ ᠲᠦᠮᠡᠨ᠎ᠳᠤ ᠲᠦᠱᠢᠭ᠌ᠯᠡᠨ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠠᠬᠢᠭᠤᠯᠤᠨ᠂ ᠲᠥᠪ ᠭᠤᠤᠯᠴᠢ᠎ᠪᠠᠷ ᠬᠠᠤᠯᠢ ᠪᠠᠷᠢᠬᠤ᠎ᠪᠠᠷ ᠳᠠᠮᠵᠢᠭᠤᠯᠤᠨ ᠠᠷᠠᠳ ᠲᠦᠮᠡᠨ᠎ᠤ ᠡᠷᠬᠡ ᠠᠱᠢᠭ᠎ᠢ ᠬᠠᠮᠠᠭᠠᠯᠠᠪᠠ᠃

ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠤᠯ ᠮᠠᠨ᠎ᠤ ᠤᠯᠤᠰ᠎ᠤᠨ ᠦᠨᠳᠤᠰᠤᠨ ᠤᠯᠤᠰ ᠲᠦᠷᠤ᠎ᠶ᠋ᠢᠨ ᠪᠠᠢᠭᠤᠯᠤᠯ ᠮᠦᠨ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠌ ᠴᠢᠬᠤᠯᠠ ᠪᠠᠢᠭᠤᠯᠤᠯ᠎ᠤᠨ ᠠᠴᠢᠶᠠᠯᠠᠪᠤᠷᠢ ᠮᠦᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠬᠦᠯᠢᠶᠡᠬᠦ᠌᠎ᠨᠢ ᠳᠠᠷᠤᠶ ᠠᠷᠠᠳ ᠲᠦᠮᠡᠨ᠎ᠤ ᠬᠢᠨᠠᠯᠲᠠ᠎ᠶ᠋ᠢ ᠬᠦᠯᠢᠶᠡᠵᠦ᠍ ᠪᠠᠢᠭ᠎ᠠ ᠶᠠᠪᠤᠳᠠᠯ ᠪᠣᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠲᠣᠭ᠍ᠲᠠᠭᠠᠭ᠍ᠰᠠᠨ ᠬᠠᠤᠯᠢ ᠴᠠᠭᠠᠵᠠ ᠪᠠ ᠭᠠᠷᠭᠠᠭ᠍ᠰᠠᠨ ᠱᠢᠢᠳᠪᠦᠷᠢ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠠᠵᠢᠯ᠎ᠢᠶᠠᠨ ᠬᠠᠤᠯᠢ ᠶᠣᠰᠣᠭᠠᠷ ᠮᠡᠳᠡᠭᠦᠯᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠱᠢᠭᠦᠨ ᠲᠠᠰᠤᠯᠬᠤ ᠠᠵᠢᠯ᠎ᠢ ᠲᠤᠰᠭᠠᠶ ᠰᠡᠳᠦᠪ᠎ᠢᠶᠠᠷ ᠮᠡᠳᠡᠭᠦᠯᠵᠦ᠍᠂ ᠬᠢᠨᠠᠨ ᠶᠠᠷᠢᠯᠴᠠᠭ᠍ᠰᠠᠨ ᠰᠠᠨᠠᠯ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠨ ᠪᠠᠢᠴᠠᠭᠠᠬᠤ ᠬᠠᠤᠯᠢ ᠪᠠᠷᠢᠬᠤ ᠵᠥᠪᠯᠡᠯ᠎ᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢᠨ ᠮᠡᠳᠡᠭᠦᠯᠦᠯᠲᠡ᠎ᠶ᠋ᠢᠨ ᠰᠠᠨᠠᠯ᠎ᠢ ᠨᠠᠢᠳᠠᠪᠤᠷᠢᠵᠢᠭᠤᠯᠤᠨ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠲᠦᠪᠡᠭ᠌ᠲᠡᠶ ᠬᠡᠷᠡᠭ ᠪᠠ ᠲᠦᠭᠦᠮ ᠬᠡᠷᠡᠭ᠎ᠢ ᠰᠠᠯᠭᠠᠬᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠪᠠᠢᠳᠠᠯ᠎ᠢ ᠲᠤᠰᠭᠠᠶ ᠰᠡᠳᠦᠪ᠎ᠢᠶᠠᠷ ᠬᠠᠷᠢᠭᠤ ᠮᠡᠳᠡᠭᠦᠯᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠠᠴᠠ ᠢᠷᠭᠡᠨ᠎ᠤ ᠵᠠᠷᠭᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠢ ᠭᠠᠷᠭᠠᠵᠤ᠂ ᠳᠤᠬᠠᠢ᠎ᠶ᠋ᠢᠨ ᠬᠦᠮᠦᠨ᠎ᠤ ᠵᠠᠷᠭᠤᠯᠳᠤᠬᠤ ᠡᠷᠭᠡ᠎ᠶ᠋ᠢ ᠬᠠᠤᠯᠢ ᠶᠤᠰᠤᠭᠠᠷ ᠬᠠᠮᠠᠭᠠᠯᠠᠬᠤ᠂ ᠢᠷᠭᠡᠨ᠎ᠤ ᠭᠡᠷᠡᠭ᠎ᠢ ᠲᠦᠪ ᠭᠤᠣᠯᠴᠢ ᠦᠨᠳᠦᠷ ᠪᠦᠳᠦᠮᠵᠢᠳᠡᠢ᠎ᠪᠠᠷ ᠱᠢᠭᠦᠭᠦ᠎ᠳᠤ ᠬᠠᠤᠯᠢ ᠴᠠᠭᠠᠵᠠ᠎ᠶ᠋ᠢᠨ ᠪᠠᠳᠤᠯᠠᠭ᠎ᠠ ᠬᠠᠨᠭ᠌ᠭᠠᠪᠠ᠃ ᠨᠡᠢᠭᠡᠮ ᠵᠢᠷᠤᠮ᠎ᠤᠨ ᠵᠦᠪᠯᠡᠬᠦ᠌ ᠠᠷᠠᠳᠴᠢᠯᠠᠯ ᠪᠣᠯ ᠮᠠᠨ᠎ᠤ ᠤᠯᠤᠰ᠎ᠤᠨ ᠠᠷᠠᠳ᠎ᠤᠨ ᠠᠷᠠᠳᠴᠢᠯᠠᠯ᠎ᠤᠨ ᠴᠢᠬᠤᠯᠠ ᠬᠡᠯᠪᠡᠷᠢ ᠮᠥᠨ᠃ ᠤᠬᠠᠮᠰᠠᠷ᠎ᠠᠴᠠ᠎ᠪᠠᠨ ᠠᠷᠠᠳᠴᠢᠯᠠᠯ᠎ᠢᠶᠠᠷ ᠵᠦᠪᠳᠡᠯᠴᠡᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠬᠦᠯᠢᠶᠡᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠬᠤᠤᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠣᠷᠣᠯᠴᠠᠨ᠂ ᠭᠠᠳᠠᠭᠠᠳᠤ᠎ᠲᠠᠢ ᠬᠤᠯᠪᠣᠭ᠍ᠳᠠᠬ᠍ᠰᠠᠨ ᠬᠠᠤᠯᠢ ᠬᠡᠷᠡᠭ᠌ᠵᠢᠭᠦᠯᠦᠯᠳᠠ ᠬᠠᠤᠯᠢ ᠪᠠᠷᠢᠯᠳᠠ᠎ᠶ᠋ᠢᠨ ᠴᠢᠨᠠᠷ ᠴᠢᠨᠰᠠᠭ᠎ᠠ ᠦᠷ᠎ᠡ ᠠᠱᠢᠭ᠎ᠢ ᠳᠡᠭᠡᠭ᠌ᠰᠢᠯᠡᠭᠦᠯᠬᠦ᠌ ᠪᠠ ᠨᠠᠰᠤᠨ᠎ᠳᠤ ᠦᠯᠦ᠍ ᠬᠦᠷᠦᠭ᠌ᠰᠡᠳ᠎ᠤᠨ ᠡᠷᠬᠡ ᠠᠱᠢᠭ᠎ᠢ ᠬᠠᠮᠠᠭᠠᠯᠠᠬᠤ᠎ᠶ᠋ᠢ ᠬᠠᠮᠲᠤ᠎ᠪᠠᠷ ᠵᠥᠪᠳᠡᠪᠠ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠭᠤᠤᠯᠳᠠᠯᠭ᠎ᠠ᠎ᠲᠠᠢ ᠰᠡᠳᠤᠪ᠎ᠤᠨ ᠪᠠᠢᠴᠠᠭᠠᠨ ᠰᠤᠳᠤᠯᠤᠯᠳᠠ᠎ᠶ᠋ᠢ ᠬᠠᠮᠳᠤᠷᠠᠨ ᠥᠷᠨᠢᠭᠦᠯᠬᠦ᠂ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠲᠦᠷᠦᠭᠦᠴᠦᠳ᠎ᠤᠨ ᠬᠤᠷᠠᠯ᠎ᠢ ᠬᠠᠮᠲᠤ᠎ᠪᠠᠷ ᠡᠷᠬᠢᠯᠡᠬᠦ᠌ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠤᠯᠢ ᠪᠠᠷᠢᠬᠤ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠶ ᠠᠷᠠᠳᠴᠢᠯᠠᠯ᠎ᠢᠶᠠᠷ ᠵᠥᠪᠳᠡᠯᠴᠡᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ ᠪᠠ ᠨᠠᠮ ᠪᠦᠯᠦᠭ᠎ᠤᠨ ᠪᠤᠰᠤ ᠬᠥᠮᠦᠰ᠎ᠤᠨ ᠰᠠᠨᠠᠯ ᠰᠠᠨᠠᠭᠤᠯᠭ᠎ᠠ᠎ᠶ᠋ᠢ ᠦᠨᠡᠨ ᠰᠡᠳᠭᠢᠯ᠎ᠠᠴᠠ᠎ᠪᠠᠨ ᠰᠣᠨᠣᠰᠴᠤ᠌᠂ ᠠᠵᠢᠯ᠎ᠢᠶᠠᠨ ᠴᠢᠷᠮᠠᠢᠨ ᠰᠠᠢᠵᠢᠷᠠᠭᠤᠯᠪᠠ᠃ ᠲᠥᠯᠥᠭᠡᠯᠡᠭ᠌ᠴᠢᠳ᠎ᠤᠨ ᠰᠠᠨᠠᠭᠤᠯᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠰᠠᠨᠠᠯ ᠳᠤᠷᠠᠳᠤᠯᠭ᠎ᠠ᠎ᠶ᠋ᠢ ᠰᠠᠢᠳᠤᠷ ᠱᠢᠢᠳᠪᠦᠷᠢᠯᠡᠬᠦ᠌᠎ᠨᠢ ᠬᠢᠨᠠᠯᠲᠠ ᠬᠦᠯᠢᠶᠡᠬᠦ᠌ ᠴᠢᠬᠤᠯᠠ ᠠᠷᠭ᠎ᠠ ᠮᠠᠶᠢᠬ ᠮᠦᠨ᠂  456 ᠬᠤᠪᠢ ᠲᠥᠯᠥᠭᠡᠯᠡᠭ᠌ᠴᠢᠳ᠎ᠤᠨ ᠰᠠᠨᠠᠭᠤᠯᠭ᠎ᠠ᠂  399 ᠬᠤᠪᠢ ᠡᠳᠦᠷ ᠲᠤᠳᠤᠮ᠎ᠤᠨ ᠰᠠᠨᠠᠭᠤᠯᠭ᠎ᠠ ᠪᠠ  153 ᠬᠤᠪᠢ ᠤᠯᠤᠰ ᠲᠦᠷᠦ᠍᠎ᠶ᠋ᠢᠨ ᠵᠥᠪᠯᠡᠯᠭᠡᠨ᠎ᠤ ᠰᠠᠨᠠᠯ ᠳᠤᠷᠠᠳᠤᠯᠭ᠎ᠠ᠎ᠳᠤ ᠪᠢᠯᠬᠠᠮ᠎ᠠ ᠠᠭᠤᠯᠤᠭ᠍ᠳᠠᠵᠤ ᠪᠠᠢᠭ᠎ᠠ ᠠᠷᠠᠳ᠎ᠤᠨ ᠪᠤᠳᠤᠯ ᠰᠠᠨᠠᠯ᠎ᠢ ᠲᠥᠪ ᠭᠤᠤᠯᠴᠢ᠎ᠪᠠᠷ ᠬᠠᠤᠯᠢ ᠪᠠᠷᠢᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠢᠳᠡᠪᠬᠢᠳᠠᠢ ᠬᠤᠪᠢᠷᠠᠭᠤᠯᠪᠠ᠃ ᠵᠢᠱ᠌ᠢᠶᠡᠯᠡᠪᠡᠯ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ ᠰᠠᠨᠠᠭᠤᠯᠭ᠎ᠠ᠎ᠳᠤ ᠬᠠᠨᠳᠤᠭᠤᠯᠤᠠ᠂ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ ᠪᠠ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠬᠠᠳᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠤᠳᠤᠷᠢᠳᠭᠤ ᠳᠤᠭᠤᠢᠯᠠᠩ᠎ᠤᠨ ᠠᠯᠪᠠᠨ ᠭᠡᠷ᠎ᠯᠦᠭᠡ ᠵᠠᠰᠠᠭ ᠵᠠᠬᠢᠷᠭᠠᠨ᠎ᠤ ᠬᠠᠤᠯᠢ ᠪᠠᠷᠢᠬᠤ ᠬᠠᠮᠵᠢᠯᠴᠠᠭᠠᠨ᠎ᠤ ᠲᠣᠭ᠍ᠲᠠᠴᠠ᠎ᠶ᠋ᠢ ᠬᠠᠮᠲᠤ᠎ᠪᠠᠷ ᠪᠠᠢᠭᠤᠯᠪᠠ᠃ ᠢᠳᠡᠭᠡᠨ᠎ᠤ ᠠᠮᠤᠷ ᠲᠦᠪᠱᠢᠨ᠎ᠤ ᠬᠠᠤᠯᠢ ᠪᠠᠷᠢᠬᠤ ᠬᠠᠮᠠᠭᠠᠯᠠᠯᠳᠠ᠎ᠶ᠋ᠢ ᠴᠢᠩᠭᠠᠳᠭᠠᠬᠤ ᠰᠠᠨᠠᠭᠤᠯᠭ᠎ᠠ᠎ᠳᠤ ᠬᠠᠨᠳᠤᠭᠤᠯᠤᠨ᠂ ᠢᠳᠡᠭᠡᠨ᠎ᠤ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠬᠡᠷᠡᠭ᠎ᠢ ᠵᠠᠯᠬᠠᠭᠠᠨ ᠱᠢᠢᠳᠭᠡᠬᠦ᠌ ᠡᠷᠡᠭᠦᠦ᠍᠎ᠶ᠋ᠢᠨ ᠬᠡᠷᠡᠭ᠎ᠤᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠢᠳᠡᠭᠡᠨ᠎ᠤ ᠠᠮᠤᠷ ᠲᠦᠪᠱᠢᠨ᠎ᠤ ᠨᠡᠢᠲᠡ᠎ᠶ᠋ᠢᠨ ᠠᠱᠢᠬ ᠳᠤᠰᠠ᠎ᠶ᠋ᠢᠨ ᠵᠠᠷᠭᠤ᠎ᠶ᠋ᠢᠨ ᠶᠠᠯᠠᠯᠠᠨ ᠱᠢᠢᠳᠭᠡᠬᠦ᠌ ᠴᠢᠨᠠᠷᠲᠠᠶ ᠲᠥᠯᠥᠪᠦᠷᠢ᠎ᠶ᠋ᠢᠨ ᠲᠦᠷᠢᠮ᠎ᠢ ᠰᠦᠪᠡᠭ᠌ᠴᠢᠯᠡᠨ ᠪᠠᠢᠭᠤᠯᠪᠠ᠃ ᠲᠥᠯᠥᠭᠡᠯᠡᠭ᠌ᠴᠢ ᠭᠡᠱᠢᠭᠦᠳ᠎ᠢ ᠤᠷᠢᠵᠤ ᠲᠢᠩᠬᠢᠮ᠎ᠤᠨ ᠱᠢᠭᠦᠯᠲᠡ᠎ᠶ᠋ᠢ ᠰᠤᠯᠠ ᠰᠣᠨᠣᠰᠤᠭᠤᠯᠵᠤ᠂ ᠭᠦᠢᠴᠡᠳᠭᠡᠬᠦ᠌᠎ᠶ᠋ᠢ ᠭᠡᠷᠡᠴᠢᠯᠡᠬᠦᠯᠵᠦ᠍᠂ ᠱᠢᠭᠦᠬᠦ᠌ ᠬᠤᠷᠢᠶ᠎ᠠ᠎ᠶ᠋ᠢ ᠪᠠᠢᠴᠠᠭᠠᠨ ᠦᠵᠡᠭᠦᠯᠵᠦ᠍᠂ ᠬᠠᠤᠯᠢ ᠪᠠᠷᠢᠬᠤ ᠠᠵᠢᠯᠯᠠᠭ᠎ᠠ᠎ᠶ᠋ᠢ ᠢᠮᠠᠭ᠍ᠲᠠ ᠠᠷᠠᠳ ᠲᠦᠮᠡᠨ᠎ᠤ ᠬᠢᠨᠠᠯᠲᠠ᠎ᠶ᠋ᠢᠨ ᠳᠣᠤᠷ᠎ᠠ ᠪᠠᠢᠯᠭᠠᠪᠠ᠃ ᠡᠯ᠎ᠡ ᠱᠠᠲᠤᠨ᠎ᠤ  6960 ᠲᠥᠯᠥᠭᠡᠯᠡᠭ᠌ᠴᠢ ᠭᠡᠱᠢᠭᠦᠨ᠂ ᠣᠨᠴᠠ ᠤᠷᠢᠭ᠍ᠰᠠᠨ ᠬᠢᠨᠠᠯᠲᠠ ᠲᠠᠯᠪᠢᠬ᠍ᠴᠢ᠂ ᠬᠠᠤᠯᠢᠴᠢ᠎ᠶ᠋ᠢ ᠬᠦᠢᠴᠡᠳᠭᠡᠬᠦ᠌ ᠬᠡᠷᠡᠭ᠎ᠤᠨ ᠵᠣᠭᠤᠰ᠎ᠢ ᠲᠥᠪᠯᠡᠷᠡᠭᠦᠯᠦᠨ ᠲᠠᠷᠬᠠᠭᠠᠬᠤ ᠡᠳᠦᠷ ᠤᠷᠢᠵᠤ ᠭᠡᠷᠡᠴᠢᠯᠡᠭᠡ ᠬᠢᠯᠬᠡᠪᠡ᠃ ᠢᠯᠡ ᠪᠣᠯᠭᠠᠬᠤ ᠪᠣᠯ ᠬᠠᠮᠤᠭ᠎ᠤᠨ ᠰᠠᠢᠨ ᠬᠢᠨᠠᠯᠲᠠ ᠮᠥᠨ᠂ ᠲᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ᠎ᠶ᠋ᠢᠨ ᠰᠦᠯᠵᠢᠶᠡᠨ᠎ᠳᠤ  1.3 ᠳ᠋ᠦᠩᠱᠢᠭᠤᠷ ᠬᠤᠪᠢ ᠪᠢᠴᠢᠭ ᠬᠠᠷ᠎ᠠ᠎ᠶ᠋ᠢ ᠢᠯᠡ ᠪᠣᠯᠭᠠᠵᠤ᠂ ᠰᠦᠯᠵᠢᠶᠡᠨ ᠳᠡᠭᠡᠷ᠎ᠡ ᠲᠢᠩᠬᠢᠮ᠎ᠤᠨ ᠱᠢᠭᠦᠯᠲᠡ᠎ᠶ᠋ᠢᠨ ᠱᠢᠭᠤᠳ ᠨᠡᠪᠲᠡᠷᠡᠭᠦᠯᠭᠡ᠎ᠶ᠋ᠢ ᠦᠵᠡᠭ᠌ᠰᠡᠨ᠎ᠨᠢ  456 ᠳ᠋ᠦᠩᠱᠢᠭᠤᠷ ᠬᠦᠮᠦᠨ ᠤᠳᠠᠭ᠎ᠠ᠎ᠶ᠋ᠢ ᠳᠠᠪᠠᠵᠠᠶ᠃ ᠨᠡᠢᠭᠡᠮ᠎ᠤᠨ ᠬᠢᠨᠠᠯᠲᠠ᠎ᠶ᠋ᠢ ᠥᠷᠭᠡᠨ᠎ᠢᠶᠠᠷ ᠬᠦᠯᠢᠶᠡᠵᠦ᠍᠂ ᠣᠨᠴᠠ ᠤᠷᠢᠭ᠍ᠰᠠᠨ ᠬᠢᠨᠠᠯᠲᠠ ᠲᠠᠯᠪᠢᠬ᠍ᠴᠢ᠂ ᠣᠨᠴᠠ ᠤᠷᠢᠭ᠍ᠰᠠᠨ ᠵᠥᠪᠯᠡᠯᠭᠡ ᠥᠭ᠌ᠭᠦᠭ᠌ᠴᠢ ᠪᠠ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠢ ᠰᠤᠨᠤᠰᠴᠤ ᠂  ᠰᠠᠨᠠᠯ ᠰᠠᠨᠠᠭᠤᠯᠭ᠎ᠠ᠎ᠶ᠋ᠢᠨ ᠳᠤᠮᠳᠠ᠎ᠠᠴᠠ ᠠᠷᠠᠳ ᠣᠯᠠᠨ᠎ᠤ ᠱᠢᠨ᠎ᠡ ᠱᠠᠭᠠᠷᠳᠠᠯᠭ᠎ᠠ ᠱᠢᠨ᠎ᠡ ᠬᠦᠰᠡᠯ ᠡᠷᠡᠮᠡᠯᠵᠡᠯ᠎ᠢ ᠣᠨᠣᠪᠴᠢᠲᠠᠶ ᠰᠠᠢᠳᠤᠷ ᠡᠵᠡᠮᠳᠡᠪᠡ᠃  ᠶᠠᠷᠢᠶ᠎ᠠ ᠬᠡᠯᠡᠯᠴᠡᠭᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠬᠠᠯᠠᠮᠱᠢᠯ ᠠᠰᠠᠭᠤᠳᠠᠯ᠎ᠳᠤ ᠬᠠᠷᠢᠭᠤᠯᠲᠠ ᠥᠭ᠌ᠴᠦ᠂ ᠲᠥᠪ᠎ᠤᠨ ᠷᠠᠳᠢᠣ᠋ ᠨᠡᠪᠲᠡᠷᠡᠭᠦᠯᠭᠡ ᠲᠧᠯᠸᠢᠰ᠎ᠤᠨ ᠶᠡᠷᠦᠩᠬᠡᠶ ᠬᠤᠷᠢᠶ᠎ᠠ᠎ᠲᠠᠢ ᠬᠠᠮᠲᠤᠷᠠᠨ 《ᠱᠢᠨ᠎ᠠ ᠴᠠᠭ ᠦᠶ᠎ᠡ᠎ᠳᠤ ᠬᠠᠤᠯᠢ᠎ᠪᠠᠷ ᠵᠠᠰᠠᠬᠤ ᠠᠬᠢᠴᠠ᠎ᠶ᠋ᠢ ᠠᠬᠢᠭᠤᠯᠤᠬ᠍ᠰᠠᠨ ᠠᠷᠪᠠᠨ ᠶᠡᠭᠡ ᠬᠡᠷᠡᠭ》᠎ᠢ᠋ ᠨᠡᠢᠳᠡᠯᠡᠨ᠂ ᠶᠠᠷᠢᠶ᠎ᠠ ᠬᠡᠯᠡᠯᠴᠡᠭᠡ᠎ᠯᠦᠭᠡ᠎ᠶ᠋ᠢᠨ ᠰᠠᠢᠨ ᠦᠢᠯᠡᠳᠦᠯᠴᠠᠯ᠎ᠢ ᠪᠤᠢ ᠪᠤᠯᠭᠠᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠲᠤ᠎ᠪᠠᠷ ᠬᠠᠮᠠᠭᠠᠯᠠᠪᠠ᠃

ᠠᠷᠠᠳ ᠲᠥᠮᠡᠨ᠎ᠤ ᠬᠠᠤᠯᠢ ᠪᠠᠷᠢᠬᠤ ᠠᠵᠢᠯ᠎ᠳᠤ ᠣᠷᠣᠯᠴᠠᠬᠤ᠎ᠶ᠋ᠢ ᠪᠠᠲᠤᠯᠠᠪᠠ᠃ ᠠᠷᠠᠳ ᠲᠦᠮᠡᠨ᠎ᠤ ᠬᠠᠤᠯᠢ ᠪᠠᠷᠢᠯᠳᠠ᠎ᠶ᠋ᠢᠨ ᠪᠤᠳᠤᠯᠭ᠎ᠠ ᠲᠣᠭ᠍ᠲᠠᠭᠠᠬᠤ᠎ᠳᠤ ᠣᠷᠣᠯᠴᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠬᠠᠤᠯᠢ ᠪᠠᠷᠢᠬᠤ ᠲᠠᠢᠯᠪᠤᠷᠢᠯᠠᠯᠲᠠ᠂ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠳᠤ ᠴᠦᠮ ᠠᠷᠠᠳ᠎ᠤᠨ ᠰᠠᠨᠠᠭ᠎ᠠ᠎ᠶ᠋ᠢ ᠬᠦᠢᠴᠡᠳ ᠢᠯᠡᠷᠡᠭᠦᠯᠬᠦ᠌᠎ᠪᠠᠷ ᠴᠢᠷᠮᠠᠢᠪᠠ᠃ ᠶᠠᠷᠢᠯᠴᠠᠬᠤ ᠬᠤᠷᠠᠯ ᠵᠤᠬᠢᠶᠠᠨ ᠪᠠᠢᠭᠤᠯᠬᠤ ᠪᠠ ᠠᠢᠯᠴᠢᠯᠠᠨ ᠰᠤᠷᠪᠤᠯᠵᠢᠯᠠᠵᠤ ᠪᠠᠢᠴᠠᠭᠠᠨ ᠰᠤᠳᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠦᠯᠦᠭᠡᠯᠡᠭ᠌ᠴᠢᠳ ᠪᠠ ᠭᠡᠱᠢᠬᠦᠳ ᠢᠯᠠᠩᠭᠤᠶ᠎ᠠ ᠠᠵᠤ ᠠᠬᠤᠢ᠌ᠯᠠᠯ᠎ᠤᠨ᠎ᠬᠢᠨ᠎ᠤ ᠲᠦᠯᠦᠭᠡᠯᠡᠭ᠌ᠴᠢᠳ ᠪᠠ ᠭᠡᠱᠢᠬᠦᠳ᠂ ᠣᠨᠴᠠ ᠤᠷᠢᠭ᠍ᠰᠠᠨ ᠬᠢᠨᠠᠯᠲᠠ ᠲᠠᠯᠪᠢᠬ᠍ᠴᠢ᠎ᠶ᠋ᠢᠨ ᠰᠠᠨᠠᠯ᠎ᠢ ᠰᠣᠨᠣᠰᠴᠤ᠌᠂ ᠬᠢᠵᠢᠭ᠎ᠤᠨ ᠠᠬᠤᠢ ᠪᠠᠢᠳᠠᠯ ᠲᠤᠤᠷ᠎ᠠ 《ᠠᠵᠤ ᠠᠬᠤᠢ᠌ᠯᠠᠯ ᠶᠠᠭᠤ᠎ᠶ᠋ᠢ ᠬᠦᠰᠡᠵᠦ᠍ ᠪᠠᠢᠬᠤ》᠂ 《ᠬᠠᠤᠯᠢ ᠪᠠᠷᠢᠯᠲᠠ᠎ᠨᠢ ᠶᠠᠭᠤ᠎ᠶ᠋ᠢ ᠬᠢᠵᠦ᠍ ᠲᠡᠢᠯᠬᠦ᠌》 ᠎ᠶ᠋ᠢ ᠦᠢᠯᠠᠭᠠᠵᠤ᠂ ᠬᠠᠤᠯᠢ ᠪᠠᠷᠢᠮᠳᠠ᠎ᠪᠠᠷ ᠲᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠦᠭ᠌ᠵᠢᠯᠲᠡ᠎ᠳᠤ ᠬᠦᠴᠦᠨ᠎ᠢᠶᠠᠨ ᠨᠡᠮᠡᠷᠢᠯᠡᠬᠦ᠌ 20 ᠵᠦᠢᠯ᠎ᠢ ᠬᠠᠨᠳᠤᠯᠭᠠᠳᠤ ᠴᠢᠨᠡᠷᠳᠡᠢ᠎ᠪᠠᠷ ᠨᠡᠢᠲᠡᠯᠡᠪᠠ᠃ ᠲᠦᠯᠦᠭᠡᠯᠡᠭ᠌ᠴᠢᠳ᠎ᠢ ᠤᠷᠢᠵᠤ ᠱᠢᠭᠦᠨ ᠲᠠᠰᠤᠯᠬᠤ ᠵᠦᠪᠯᠡᠯ᠎ᠤᠨ ᠬᠤᠷᠠᠯ᠎ᠳᠤ ᠰᠣᠯᠠ ᠣᠷᠣᠯᠴᠠᠭᠤᠯᠤᠨ ᠰᠠᠨᠠᠯ ᠭᠠᠷᠭᠠᠯᠭᠠᠵᠤ᠂ ᠲᠡᠮᠦᠷ ᠵᠠᠮ᠎ᠤᠨ ᠲᠡᠭᠡᠭᠡᠪᠤᠷᠢ᠎ᠶ᠋ᠢᠨ ᠪᠡᠶ᠎ᠠ ᠮᠠᠬᠠᠪᠤᠳ᠎ᠤᠨ ᠬᠤᠬᠢᠷᠠᠯ᠎ᠢ ᠲᠦᠯᠤᠬᠦ᠌ ᠬᠠᠤᠯᠢ ᠪᠠᠷᠢᠬᠤ ᠲᠠᠢᠯᠪᠤᠷᠢᠯᠠᠯᠳᠠ ᠎ᠶᠢ ᠬᠠᠮᠳᠤ᠎ᠪᠠᠷ ᠰᠤᠳᠤᠯᠪᠠ᠃ 《ᠠᠮᠢ ᠨᠠᠰᠤᠨ᠎ᠤ ᠬᠤᠬᠢᠷᠠᠯ᠎ᠤᠨ ᠲᠦᠯᠦᠪᠦᠷᠢ᠎ᠶ᠋ᠢ ᠠᠳᠠᠯᠢ ᠪᠠᠢᠯᠭᠠᠬᠤ》᠂ ᠰᠦᠯᠵᠢᠶᠡᠨ ᠲᠡᠬᠡᠷ᠎ᠡ ᠭᠡᠷᠡᠭ᠌ᠯᠡᠭᠡ ᠬᠢᠬᠦ᠂ ᠰᠦᠯᠵᠢᠶᠡᠨ ᠳᠡᠭᠡᠷ᠎ᠡ ᠵᠠᠷᠭᠤᠯᠳᠤᠬᠤ ᠵᠡᠷᠬᠡ ᠤᠯᠠᠨ ᠲᠦᠮᠡᠨ᠎ᠤ ᠬᠤᠪᠢ ᠪᠡᠶ᠎ᠡ᠎ᠶ᠋ᠢᠨ ᠠᠱᠢᠭ ᠲᠤᠰᠠ᠎ᠲᠠᠢ ᠬᠤᠯᠪᠤᠭ᠍ᠳᠠᠬᠤ 5 ᠵᠦᠢᠯ᠎ᠤᠨ ᠬᠠᠤᠯᠢ ᠪᠠᠷᠢᠬᠤ ᠲᠠᠢᠯᠪᠤᠷᠢᠯᠠᠯᠳᠠ᠎ᠶ᠋ᠢᠨ ᠲᠤᠬᠠᠢ ᠨᠡᠢᠭᠡᠮ ᠨᠡᠢᠳᠡ᠎ᠠᠴᠠ ᠢᠯᠡ᠎ᠪᠠᠷ ᠰᠠᠨᠠᠯ ᠬᠤᠷᠢᠶᠠᠨ᠂ 4138 ᠵᠦᠢᠯ᠎ᠤᠨ ᠰᠠᠨᠠᠯ ᠰᠠᠨᠠᠭᠤᠯᠭ᠎ᠠ᠎ᠶ᠋ᠢ ᠬᠤᠷᠢᠶᠠᠨ ᠤᠯᠪᠠ᠃ ᠠᠷᠠᠳ᠎ᠤᠨ ᠬᠠᠪᠰᠤᠷᠤᠨ ᠱᠢᠭᠦᠭ᠌ᠴᠢ᠎ᠶ᠋ᠢᠨ ᠲᠦᠷᠢᠮ ᠪᠣᠯ ᠠᠷᠠᠳ ᠲᠦᠮᠡᠨ᠎ᠤ ᠬᠠᠤᠯᠢ ᠪᠠᠷᠢᠬᠤ ᠠᠵᠢᠯ᠎ᠳᠤ ᠣᠷᠣᠯᠴᠠᠬᠤ ᠬᠠᠮᠤᠭ᠎ᠤᠨ ᠱᠢᠭᠤᠳ ᠬᠡᠯᠪᠡᠷᠢ ᠮᠥᠨ᠃ ᠠᠷᠠᠳ᠎ᠤᠨ ᠬᠠᠪᠰᠤᠷᠤᠨ ᠱᠢᠭᠦᠭ᠌ᠴᠢ᠎ᠶ᠋ᠢᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠱᠢᠭᠦᠯᠲᠡ᠎ᠳᠤ ᠣᠷᠣᠯᠴᠠᠬᠤ ᠬᠡᠪᠴᠢᠶ᠎ᠡ᠎ᠶ᠋ᠢ ᠥᠷᠭᠡᠳᠭᠡᠨ᠂ ᠲᠣᠬᠢᠶᠠᠯᠳᠤᠯ᠎ᠢᠶᠠᠷ ᠰᠣᠩᠭᠤᠬᠤ᠎ᠶ᠋ᠢ ᠨᠠᠢᠳᠠᠪᠤᠷᠢᠵᠢᠭᠤᠯᠪᠠ᠃ ᠪᠦᠬᠦ᠌ ᠤᠯᠤᠰ᠎ᠲᠤ ᠨᠡᠢᠲᠡ 33.2 ᠲᠦᠮᠡᠨ ᠠᠷᠠᠳ᠎ᠤᠨ ᠬᠠᠪᠰᠤᠷᠤᠨ ᠱᠢᠭᠦᠭ᠌ᠴᠢ ᠪᠠᠢᠵᠤ᠂ ᠲᠡᠳᠡ 237.3 ᠲᠦᠮᠡᠨ ᠬᠤᠪᠢ ᠭᠡᠷᠡᠭ᠎ᠤᠨ ᠱᠢᠭᠦᠯᠳᠡ᠎ᠳᠤ ᠣᠷᠣᠯᠴᠠᠪᠠ᠂ ᠡᠭᠦᠨ᠎ᠤ ᠳᠣᠲᠣᠷ᠎ᠠ ᠲᠤᠯᠤᠭᠠᠨ ᠬᠥᠮᠦᠨ᠎ᠤ ᠬᠠᠮᠲᠤᠷᠠᠨ ᠵᠥᠪᠯᠡᠬᠦ᠌ ᠲᠢᠩᠬᠢᠮ᠎ᠢ ᠪᠦᠷᠢᠯᠳᠦᠬᠦᠯᠬᠦ᠌᠎ᠳᠤ ᠤᠷᠤᠯᠴᠠᠵᠤ ᠤᠯᠠᠨ ᠲᠦᠮᠡᠨ᠎ᠤ ᠥᠷᠭᠡᠨ᠎ᠢᠶᠠᠷ ᠠᠩᠬᠠᠷᠴᠤ᠌ ᠪᠠᠢᠭ᠎ᠠ᠂ ᠨᠡᠢᠭᠡᠮ᠎ᠤᠨ ᠨᠦᠯᠦᠬᠡ᠎ᠪᠠᠷ ᠬᠦᠨᠳᠦ ᠶᠡᠭᠡ 6670 ᠬᠤᠪᠢ ᠭᠡᠷᠡᠭ᠎ᠢ ᠱᠢᠭᠦᠨ ᠳᠠᠭᠤᠰᠭᠠᠵᠤ᠂ ᠠᠷᠠᠳ ᠲᠦᠮᠡᠨ᠎ᠤ ᠬᠠᠤᠯᠢ ᠪᠠᠷᠢᠬᠤ ᠠᠵᠢᠯ᠎ᠳᠤ ᠣᠷᠣᠯᠴᠠᠬᠤ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ᠃

ᠠᠷᠠᠳ ᠲᠦᠮᠡᠨ᠎ᠳᠤ ᠲᠦᠱᠢᠭ᠌ᠯᠡᠨ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠠᠬᠢᠭᠤᠯᠪᠠ᠃ ᠠᠷᠠᠳ ᠲᠦᠮᠡᠨ᠎ᠳᠤ ᠴᠢᠩᠭ᠎ᠠ ᠲᠦᠱᠢᠭ᠌ᠯᠡᠨ ᠬᠠᠤᠯᠢ ᠪᠠᠷᠢᠬᠤ ᠥᠭᠡᠷᠡᠴᠢᠯᠡᠯᠲᠡ᠎ᠶ᠋ᠢ ᠠᠬᠢᠭᠤᠯᠬᠤ᠂ ᠠᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠬᠦ᠌᠎ᠶ᠋ᠢ ᠲᠡᠮᠵᠢᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠡᠷᠡᠭᠦᠦ᠍᠎ᠶ᠋ᠢᠨ ᠬᠡᠷᠡᠭ ᠪᠠ ᠢᠷᠭᠡᠨ᠎ᠤ ᠭᠡᠷᠡᠭ᠎ᠤᠨ ᠵᠠᠷᠭᠤ᠎ᠶ᠋ᠢᠨ ᠳᠦᠷᠢᠮ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠠᠷᠠᠳ᠎ᠤᠨ ᠱᠢᠭᠦᠬᠦ᠌ ᠬᠤᠷᠢᠶᠠᠨ᠎ᠤ ᠵᠣᠬᠢᠶᠠᠨ ᠪᠠᠢᠭᠤᠯᠬᠤ ᠬᠠᠤᠯᠢ᠂ ᠱᠢᠭᠦᠬᠦ᠌ ᠲᠤᠱᠢᠶᠠᠯᠲᠠᠨ᠎ᠤ ᠬᠠᠤᠯᠢ᠎ᠶ᠋ᠢ ᠵᠠᠰᠠᠨ ᠲᠤᠭ᠍ᠳᠠᠭᠠᠵᠤ᠂ ᠳᠦᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠱᠢᠭᠦᠬᠦ᠌ ᠱᠠᠲᠤᠨ᠎ᠤ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ ᠵᠢᠴᠢ ᠲᠤᠰᠭᠠᠶ ᠱᠢᠭᠦᠬᠦ᠌ ᠬᠤᠷᠢᠶ᠎ᠠ ᠪᠠᠢᠭᠤᠯᠬᠤ ᠲᠤᠬᠠᠶ ᠲᠣᠭ᠍ᠲᠠᠭᠠᠯ᠎ᠢ ᠭᠠᠷᠭᠠᠵᠤ᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠬᠦᠴᠦᠲᠡᠶ ᠳᠡᠮᠵᠢᠪᠡ᠃  31 ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠱᠢᠢᠳᠪᠦᠷᠢ ᠭᠠᠷᠭᠠᠭ᠍ᠰᠠᠨ ᠪᠤᠶᠤ ᠪᠢᠴᠢᠭ ᠮᠠᠲ᠋ᠧᠷᠢᠶᠠᠯ ᠨᠡᠢᠲᠡᠯᠡᠵᠦ᠍᠂ ᠱᠢᠭᠦᠬᠦ᠌ ᠬᠤᠷᠢᠶ᠎ᠠ᠎ᠶ᠋ᠢᠨ ᠭᠦᠢᠴᠡᠳᠭᠡᠬᠦ᠌᠎ᠳᠤ ᠬᠦᠴᠢᠷᠲᠡᠶ ᠪᠠᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠬᠤ᠎ᠶ᠋ᠢ ᠳᠡᠮᠵᠢᠪᠡ᠃ ᠬᠤᠪᠸᠢ ᠮᠤᠵᠢ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠤᠭ᠍ᠳᠠᠭᠠᠯ ᠪᠠᠳᠤᠯᠠᠵᠤ᠂ ᠠᠷᠠᠳ᠎ᠤᠨ ᠱᠢᠭᠦᠬᠦ᠌ ᠲᠢᠩᠬᠢᠮ ᠦᠨᠳᠦᠰᠦᠨ ᠱᠠᠲᠤᠨ᠎ᠤ ᠨᠡᠢᠭᠡᠮ᠎ᠤᠨ ᠵᠠᠰᠠᠯᠲᠠ᠎ᠶ᠋ᠢ ᠠᠬᠢᠭᠤᠯᠬᠤ᠎ᠶ᠋ᠢ ᠲᠡᠮᠵᠢᠪᠡ᠃ ᠲᠥᠯᠥᠭᠡᠯᠡᠭ᠌ᠴᠢᠳ ᠪᠠ ᠭᠡᠱᠢᠭᠦᠳ ᠳᠡᠮᠵᠢᠯᠭᠡ ᠦᠵᠡᠬᠦᠯᠬᠦ᠌᠎ᠶ᠋ᠢᠨ ᠲᠤᠮᠳᠠ ᠬᠢᠨᠡᠯᠳᠡ ᠲᠠᠯᠪᠢᠵᠤ᠂ ᠬᠦᠴᠢᠷᠳᠡᠯ ᠪᠠ ᠠᠰᠠᠭᠤᠳᠠᠯ᠎ᠢ ᠢᠳᠡᠪᠬᠢᠲᠡᠶ᠎ᠪᠠᠷ ᠬᠠᠪᠰᠤᠷᠴᠤ᠌ ᠱᠢᠢᠳᠪᠦᠷᠢᠯᠡᠨ᠂ ᠵᠠᠷᠢᠮ᠎ᠨᠢ ᠱᠢᠭᠦᠬᠦ᠌ ᠬᠤᠷᠢᠶᠠᠨ᠎ᠤ ᠵᠥᠷᠢᠴᠡᠯ ᠵᠠᠭᠤᠷᠠᠯᠳᠤᠭᠠᠨ᠎ᠢ ᠱᠢᠢᠳᠪᠦᠷᠢᠯᠡᠬᠦ᠌᠎ᠳᠤ ᠱᠢᠭᠤᠳ ᠣᠷᠣᠯᠴᠠᠪᠠ᠃ ᠬᠠᠷ᠎ᠠ ᠬᠠᠷᠭᠢᠰ ᠬᠦᠴᠦᠨ᠎ᠢ ᠠᠷᠢᠯᠭᠠᠬᠤ᠂ ᠭᠦᠢᠴᠡᠳᠭᠡᠬᠦ᠌᠎ᠳᠤ ᠬᠦᠴᠢᠷᠳᠡᠢ ᠪᠠᠢᠬᠤ ᠪᠡᠷᠬᠡ ᠰᠡᠳᠦᠪ᠎ᠢ ᠱᠢᠢᠳᠪᠦᠷᠢᠯᠡᠬᠦ᠂ ᠨᠢᠭᠡ ᠯᠡ ᠥᠷᠲᠡᠭᠡᠨ᠎ᠤ ᠮᠠᠶᠢᠭ᠎ᠤᠨ ᠪᠠᠢᠭᠤᠯᠤᠯᠲᠠ ᠵᠡᠷᠭᠡ ᠮᠠᠰᠢ ᠤᠯᠠᠨ ᠬᠠᠲᠠᠭᠤ ᠱᠢᠷᠦᠭᠦᠨ ᠪᠠᠢᠯᠳᠤᠭᠠᠨ᠎ᠤ ᠳᠤᠮᠳᠠ᠂ ᠲᠥᠯᠥᠭᠡᠯᠡᠭ᠌ᠴᠢᠳ ᠪᠠ ᠭᠡᠱᠢᠭᠦᠳ ᠶᠡᠭᠡ᠎ᠪᠠᠷ ᠲᠡᠮᠵᠢᠵᠦ᠍᠂ ᠠᠷᠠᠳ ᠤᠯᠠᠨ ᠥᠷᠭᠡᠨ᠎ᠢᠶᠠᠷ ᠣᠷᠣᠯᠴᠠᠵᠤ᠂ ᠮᠠᠨ᠎ᠤ ᠤᠯᠤᠰ᠎ᠤᠨ ᠨᠡᠢᠭᠡᠮ ᠵᠢᠷᠤᠮᠲᠤ ᠬᠠᠤᠯᠢ ᠪᠠᠷᠢᠬᠤ ᠪᠠᠢᠭᠤᠯᠤᠯ᠎ᠤᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠢᠶᠠᠨ ᠢᠯᠡᠷᠡᠭᠦᠯᠬᠦ᠌᠎ᠶ᠋ᠢ ᠠᠬᠢᠭᠤᠯᠪᠠ᠃

ᠬᠢᠨᠠᠨ ᠪᠠᠢᠴᠠᠭᠠᠬᠤ ᠬᠠᠤᠯᠢ ᠪᠠ ᠬᠢᠨᠠᠨ ᠪᠠᠢᠴᠠᠭᠠᠬᠤ ᠬᠠᠤᠯᠢ᠎ᠶ᠋ᠢ ᠬᠡᠷᠡᠭ᠌ᠵᠢᠭᠦᠯᠬᠦ᠌ ᠲᠦᠷᠢᠮ᠎ᠢ ᠲᠤᠭᠤᠱᠢᠯᠠᠭᠤᠯᠵᠦ᠍᠂ ᠪᠠᠢᠴᠠᠭᠠᠬᠤ ᠪᠠᠢᠭᠤᠯᠭ᠎ᠠ᠎ᠶ᠋ᠢᠨ ᠬᠢᠨᠠᠯᠲᠠ ᠲᠠᠯᠪᠢᠬᠤ᠂ ᠪᠠᠢᠴᠠᠭᠠᠬᠤ᠂ ᠱᠢᠢᠳᠪᠦᠷᠢᠯᠡᠬᠦ᠌ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠬᠦ᠌᠎ᠶ᠋ᠢ ᠳᠡᠮᠵᠢᠨ ᠬᠠᠮᠵᠢᠯᠴᠠᠵᠤ᠂ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠱᠢᠭᠦᠬᠦ᠌ ᠬᠤᠷᠢᠶᠠᠨ᠎ᠤ ᠠᠵᠢᠯᠲᠠᠨ᠎ᠳᠤ ᠬᠢᠨᠠᠯᠲᠠ ᠲᠠᠯᠪᠢᠬᠤ᠎ᠶ᠋ᠢ ᠤᠬᠠᠮᠰᠠᠷ᠎ᠠᠴᠠ᠎ᠪᠠᠨ ᠬᠦᠯᠢᠶᠡᠪᠡ᠃ ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠠᠵᠢᠯ᠎ᠢ ᠴᠢᠩᠭᠠᠳᠭᠠᠬᠤ ᠲᠤᠬᠠᠶ ᠨᠠᠮ᠎ᠤᠨ ᠲᠥᠪ ᠬᠤᠷᠢᠶᠠᠨ᠎ᠤ ᠰᠠᠨᠠᠯ᠎ᠢ ᠨᠠᠢᠳᠠᠪᠤᠷᠢᠵᠢᠭᠤᠯᠵᠦ᠍᠂ ᠪᠠᠢᠴᠠᠭᠠᠬᠤ ᠪᠠᠢᠭᠤᠯᠭ᠎ᠠ᠎ᠶ᠋ᠢᠨ ᠵᠠᠷᠭᠤ᠎ᠶ᠋ᠢᠨ ᠬᠢᠨᠠᠯᠲᠠ᠎ᠶ᠋ᠢ ᠬᠠᠤᠯᠢ ᠶᠣᠰᠣᠭᠠᠷ ᠬᠦᠯᠢᠶᠡᠨ᠂ ᠡᠰᠡᠷᠭᠦᠴᠡᠨ ᠵᠠᠭᠠᠯᠳᠤᠭ᠍ᠰᠠᠨ ᠬᠡᠷᠡᠭ᠎ᠢ ᠲᠦᠪ ᠭᠤᠤᠯᠴᠢ᠎ᠪᠠᠷ ᠱᠢᠭᠦᠵᠦ᠍᠂ ᠪᠠᠢᠴᠠᠭᠠᠬᠤ ᠳᠠᠷᠤᠭ᠎ᠠ᠎ᠶ᠋ᠢᠨ ᠱᠢᠬᠦᠨ ᠲᠠᠰᠤᠯᠬᠤ ᠵᠦᠪᠯᠡᠯ᠎ᠤᠨ ᠬᠤᠷᠠᠯ᠎ᠳᠤ ᠰᠤᠯᠠ ᠤᠷᠤᠯᠴᠠᠬᠤ ᠲᠦᠷᠢᠮ᠎ᠢ ᠪᠦᠷᠢᠨᠱᠢᠬᠦᠯᠦᠨ᠂ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠬᠠᠮᠲᠤ᠎ᠪᠠᠷ ᠬᠠᠮᠠᠭᠠᠯᠠᠪᠠ᠃

ᠵᠢᠷᠭᠤᠭ᠎ᠠ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠱᠢᠭᠦᠬᠦ᠌ ᠬᠤᠷᠢᠶᠠᠨ᠎ᠤ ᠢᠯᠠᠭᠤᠭ᠍ᠰᠠᠨ ᠴᠡᠷᠢᠭ ᠠᠩᠬᠢ᠎ᠶ᠋ᠢ ᠬᠦᠴᠦᠯᠡᠨ ᠪᠠᠢᠭᠤᠯᠪᠠ

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠱᠢᠭᠦᠬᠦ᠌ ᠬᠤᠷᠢᠶᠠᠨ᠎ᠤ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢ ᠬᠦᠨᠵᠡᠬᠡᠢ ᠥᠷᠨᠢᠭᠦᠯᠵᠦ᠍᠂ ᠱᠢᠭᠦᠬᠦ᠌ ᠬᠤᠷᠢᠶᠠᠨ᠎ᠤ ᠡᠩᠨᠡᠭᠡ ᠤᠷᠢᠳ ᠡᠮᠦᠨ᠎ᠡ ᠪᠠᠢᠭ᠎ᠠ ᠦᠭᠡᠢ ᠳᠠᠪᠲᠠᠭ᠍ᠳᠠᠨ ᠪᠤᠯᠪᠠᠰᠤᠷᠠᠭ᠍ᠳᠠᠵᠤ᠂ ᠦᠵᠡᠯ ᠰᠠᠨᠠᠭ᠎ᠠ ᠣᠪᠣᠷ ᠰᠤᠷᠲᠠᠯ᠎ᠳᠤᠨᠢ ᠭᠦᠨᠵᠡᠭᠡᠶ ᠬᠤᠪᠢᠷᠠᠯᠲᠠ ᠭᠠᠷᠴᠤ᠌᠂ ᠴᠤ᠋ ᠱᠢᠨ᠎ᠡ ᠤᠶᠤᠨ ᠰᠠᠨᠠᠭᠠᠨ᠎ᠤ ᠲᠦᠷᠰᠦ ᠪᠠᠢᠳᠠᠯ᠎ᠲᠠᠢ ᠪᠣᠯᠪᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ᠎ᠢᠶᠠᠷ ᠥᠷᠨᠢᠭᠦᠯᠪᠡ᠃ ᠰᠢ  ᠶ᠋ᠢᠨ ᠫᠢᠩ ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠂ ᠦᠢᠯᠡᠳᠦᠯᠭᠡ᠎ᠪᠠᠨ ᠵᠢᠯᠣᠭᠤᠳᠭᠤ᠂ ᠠᠵᠢᠯ᠎ᠢᠶᠠᠨ ᠠᠬᠢᠭᠤᠯᠬᠤ᠎ᠶ᠋ᠢ ᠪᠠᠷᠢᠮᠲᠠᠯᠠᠪᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠵᠢᠭᠠᠬᠤ ᠮᠠᠲ᠋ᠧᠷᠢᠶᠠᠯ᠎ᠳᠤ ᠣᠷᠣᠭᠤᠯᠵᠤ ᠬᠢᠴᠢᠶᠡᠯ᠎ᠤᠨ ᠲᠠᠩᠬᠢᠮ᠎ᠳᠤ ᠣᠷᠣᠭᠤᠯᠤᠨ ᠤᠶᠤᠨ ᠲᠠᠷᠢᠬᠢᠨ᠎ᠳᠤ ᠰᠠᠭᠤᠭ᠍ᠳᠠᠭᠤᠯᠬᠤ᠎ᠶ᠋ᠢ ᠠᠬᠢᠭᠤᠯᠵᠤ᠂ ᠪᠦᠬᠦ᠌ ᠺᠠᠳ᠋ᠷ ᠴᠠᠭ᠍ᠳᠠᠭ᠎ᠠ᠎ᠶ᠋ᠢ 80 ᠲᠦᠮᠡᠨ ᠬᠥᠮᠦᠨ ᠤᠳᠠᠭ᠎ᠠ ᠡᠭᠡᠯᠵᠢᠯᠡᠵᠦ᠍ ᠪᠣᠯᠪᠠᠰᠤᠷᠠᠭᠤᠯᠤᠨ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠬᠤ᠎ᠶ᠋ᠢ ᠪᠠᠢᠭᠤᠯᠭ᠎ᠠ᠎ᠳᠤ ᠱᠢᠨ᠎ᠡ᠎ᠪᠠᠷ ᠤᠷᠤᠭ᠍ᠰᠠᠨ ᠵᠠᠯᠠᠭᠤ ᠺᠠᠳ᠋ᠷᠴᠤᠳ᠎ᠤᠨ 《ᠠᠩᠬᠠᠨ᠎ᠤ ᠬᠢᠴᠢᠶᠡᠯ》 ᠪᠤᠯᠭᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ 《ᠲᠤᠯᠤᠭᠠᠨ ᠰᠠᠷ᠎ᠠ᠎ᠶ᠋ᠢᠨ ᠨᠢᠭᠡᠨ》 ᠎ᠤ᠋ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠶ᠋ᠢ ᠬᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠪᠣᠯᠪᠠᠰᠤᠷᠠᠭᠤᠯᠤᠯ᠎ᠢ ᠪᠦᠬᠦ᠌ ᠠᠵᠢᠯᠲᠠᠨ᠎ᠳᠤ ᠬᠠᠮᠤᠷᠤᠭᠤᠯᠬᠤ᠎ᠶ᠋ᠢ ᠠᠬᠢᠭᠤᠯᠵᠤ᠂ ᠺᠠᠳ᠋ᠷ ᠴᠠᠭ᠍ᠳᠠᠭ᠎ᠠ᠎ᠶ᠋ᠢᠨ ᠤᠯᠤᠰ ᠲᠥᠷᠥ᠎ᠶ᠋ᠢᠨ ᠲᠠᠯ᠎ᠠ᠎ᠪᠠᠷ ᠦᠨᠡᠨᠴᠢ ᠱᠢᠳᠤᠷᠭᠤ ᠪᠠᠢᠬᠤ᠎ᠶ᠋ᠢ ᠪᠠᠳᠤ ᠪᠠᠬᠢ ᠪᠤᠢ ᠪᠤᠯᠭᠠᠬᠤ᠎ᠶ᠋ᠢ ᠬᠥᠲᠥᠯᠥᠨ ᠵᠢᠯᠣᠭᠤᠳᠴᠤ᠌᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ᠎ᠡᠴᠡ ᠤᠶᠤᠨ ᠤᠬᠠᠭᠠᠨ ᠪᠠ ᠬᠦᠴᠦᠨ ᠴᠢᠳᠠᠯ ᠱᠢᠩᠭᠡᠭᠡᠨ ᠠᠪᠴᠤ᠌᠂ ᠶᠣᠰᠣ ᠤᠴᠢᠷ᠎ᠢ ᠣᠢᠯᠠᠭᠠᠬᠤ᠂ ᠢᠲᠡᠭᠡᠯ᠎ᠢ ᠨᠡᠮᠡᠭ᠌ᠳᠡᠭᠦᠯᠬᠦ᠂ ᠶᠣᠰᠣ ᠮᠣᠷᠠᠯ᠎ᠢ ᠡᠷᠬᠢᠮᠯᠡᠬᠦ᠂ ᠬᠦᠴᠦᠯᠡᠨ ᠬᠢᠬᠦ᠌᠎ᠶ᠋ᠢ ᠦᠨᠡᠨ ᠬᠦ᠌ ᠪᠡᠶᠡᠯᠡᠭᠦᠯᠪᠡ᠃ ᠳᠤᠮᠳᠠᠲᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠣᠢ᠎ᠶ᠋ᠢ ᠪᠡᠯᠭᠡᠯᠡᠬᠦ᠌ ᠠᠷᠠᠳ ᠲᠦᠮᠡᠨ᠎ᠤ ᠱᠢᠭᠦᠨ ᠲᠠᠰᠤᠯᠤᠯᠲᠠ᠎ᠶ᠋ᠢᠨ ᠠᠮᠵᠢᠯᠲᠠ ᠪᠦᠳᠦᠭᠡᠯ᠎ᠤᠨ ᠦᠵᠡᠭᠦᠯᠭᠡ᠎ᠶ᠋ᠢ ᠡᠷᠬᠢᠯᠡᠵᠦ᠍᠂ 《ᠬᠤᠪᠢᠰᠭᠠᠯ᠎ᠤᠨ ᠱᠢᠭᠦᠬᠦ᠌ ᠲᠢᠩᠬᠢᠮ᠎ᠤᠨ ᠵᠠᠭᠤᠨ ᠵᠢᠯ᠎ᠤᠨ ᠲᠡᠮᠳᠡᠭ᠌ᠯᠡᠯ》 ᠭᠡᠬᠦ᠌ ᠪᠠᠷᠢᠮᠳᠠᠳᠤ ᠺᠢᠨᠤ᠋ ᠎ᠶ᠋ᠢ ᠭᠠᠷᠭᠠᠵᠤ᠂ ᠠᠷᠠᠳ ᠲᠦᠮᠡᠨ᠎ᠤ ᠬᠠᠤᠯᠢ ᠪᠠᠷᠢᠬᠤ ᠠᠵᠢᠯ᠎ᠤᠨ ᠬᠤᠪᠢᠰᠭᠠᠯᠳᠤ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠪᠠ᠃ ᠠᠷᠠᠳ᠎ᠤᠨ ᠲᠥᠯᠥᠭᠡ ᠬᠠᠤᠯᠢ ᠪᠠᠷᠢᠬᠤ 15 ᠵᠦᠢᠯ᠎ᠤᠨ ᠪᠣᠳᠠᠲᠤ ᠶᠠᠪᠤᠳᠠᠯ᠎ᠤᠨ ᠲᠤᠳᠤᠷᠬᠠᠢ ᠬᠠᠭᠤᠳᠠᠰᠤ᠎ᠶ᠋ᠢ ᠭᠠᠷᠭᠠᠵᠤ᠂  200 ᠭᠠᠷᠤᠶ ᠵᠦᠢᠯ᠎ᠤᠨ ᠪᠣᠳᠠᠲᠤ ᠶᠠᠪᠤᠳᠠᠯ ᠬᠢᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠵᠦ᠍᠂ ᠠᠷᠠᠳ᠎ᠤᠨ ᠲᠦᠯᠦᠭᠡ ᠪᠤᠳᠠᠳᠤ ᠶᠠᠪᠤᠳᠠᠯ ᠬᠢᠭ᠌ᠰᠡᠨ ᠪᠤᠳᠠᠳᠤ ᠦᠷ᠎ᠡ ᠪᠦᠲᠦᠮᠵᠢ᠎ᠪᠠᠷ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠪᠡ᠃

ᠬᠠᠤᠯᠢ ᠪᠠᠷᠢᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠪᠡ᠃ ᠱᠢᠭᠦᠬᠦ᠌ ᠲᠤᠱᠢᠶᠠᠯᠲᠠᠨ᠎ᠢ ᠣᠷᠣᠨ ᠲᠤᠭ᠎ᠠ᠎ᠳᠤ ᠣᠷᠣᠭᠤᠯᠬᠤ᠂ ᠱᠢᠯᠢᠨ ᠰᠣᠩᠭᠤᠬᠤ᠂ ᠬᠢᠨᠠᠨ ᠱᠢᠯᠭᠠᠬᠤ᠂ ᠣᠷᠣᠨ ᠲᠤᠭ᠎ᠠ᠎ᠶ᠋ᠢ᠎ᠨᠢ ᠪᠤᠴᠠᠭᠠᠬᠤ ᠵᠡᠷᠭᠡ ᠲᠦᠷᠢᠮ᠎ᠢ ᠲᠡᠭᠦᠯᠳᠡᠷᠵᠢᠭᠦᠯᠵᠦ᠍᠂ ᠱᠢᠯᠢᠳᠡᠭ᠎ᠢ᠎ᠨᠢ ᠰᠣᠩᠭᠤᠵᠤ ᠴᠢᠳᠠᠪᠤᠷᠢᠲᠠᠨ᠎ᠢ ᠰᠣᠩᠭᠤᠪᠠ᠃ ᠪᠦᠬᠦ᠌ ᠤᠯᠤᠰ᠎ᠤᠨ ᠦᠨᠳᠦᠰᠦᠨ ᠱᠠᠲᠤᠨ᠎ᠤ ᠱᠢᠭᠦᠬᠦ᠌ ᠲᠤᠱᠢᠶᠠᠯᠲᠠᠨ᠎ᠤ ᠶᠡᠭᠡ ᠡᠭᠡᠯᠵᠢᠲᠦ ᠪᠣᠯᠪᠠᠰᠤᠷᠠᠭᠤᠯᠤᠯ᠎ᠢ ᠥᠷᠨᠢᠭᠦᠯᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠂ ᠭᠠᠳᠠᠭᠠᠳᠤ᠎ᠲᠠᠢ ᠬᠤᠯᠪᠣᠭ᠍ᠳᠠᠬᠤ ᠵᠡᠷᠭᠡ ᠲᠤᠰᠭᠠᠢ᠌ᠵᠢᠭ᠍ᠰᠠᠨ ᠱᠢᠭᠦᠨ ᠲᠠᠰᠤᠯᠬᠤ ᠴᠢᠳᠠᠪᠤᠷᠢᠲᠠᠨ᠎ᠤ ᠪᠠᠢᠭᠤᠯᠤᠯᠲᠠ᠎ᠶ᠋ᠢ ᠴᠢᠩᠭᠠᠳᠭᠠᠪᠠ᠃ ᠱᠢᠭᠦᠬᠦ᠌ ᠲᠤᠱᠢᠶᠠᠯᠲᠠᠨ᠎ᠤ ᠬᠠᠤᠯᠢ᠎ᠶ᠋ᠢᠨ ᠱᠢᠨ᠎ᠡ ᠬᠠᠭᠤᠴᠢᠨ᠎ᠢ ᠵᠣᠯᠭᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠪᠠᠷᠠᠭᠤᠨ ᠬᠡᠰᠡᠭ᠎ᠤᠨ ᠭᠠᠵᠠᠷ ᠤᠷᠤᠨ ᠪᠠ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠱᠢᠬᠦᠬᠦ᠌ ᠬᠤᠷᠢᠶᠠᠨ᠎ᠤ ᠡᠩᠨᠡᠭᠡᠨ᠎ᠤ ᠪᠠᠢᠭᠤᠯᠤᠯᠲᠠ᠎ᠶ᠋ᠢ ᠲᠡᠮᠵᠢᠪᠡ᠃ 2373 ᠬᠤᠤᠰ ᠬᠡᠯᠡᠨ᠎ᠤ ᠱᠢᠭᠦᠬᠦ᠌ ᠲᠤᠱᠢᠶᠠᠯᠲᠠᠨ᠎ᠢ ᠬᠥᠮᠦᠵᠢᠭᠦᠯᠪᠡ᠃ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠵᠠᠯᠠᠭᠤ ᠱᠢᠭᠦᠬᠦ᠌ ᠲᠤᠱᠢᠶᠠᠯᠲᠠᠨ (ᠱᠢᠶᠦ᠋ᠩ ᠠᠨ ᠱᠢᠨ᠎ᠡ ᠲᠣᠭᠤᠷᠢᠭ) ᠎ᠤ᠋ ᠦᠢᠯᠡᠳᠦᠯᠭᠡ᠎ᠶ᠋ᠢᠨ ᠰᠠᠭᠤᠷᠢᠨ ᠭᠠᠵᠠᠷ ᠪᠠᠢᠭᠤᠯᠵᠤ᠂ ᠲᠥᠪᠡᠳ᠎ᠢ ᠲᠤᠰᠠᠯᠠᠬᠤ ᠱᠢᠨᠵᠢᠶᠠᠩ᠎ᠢ ᠲᠤᠰᠠᠯᠠᠬᠤ ᠬᠦᠬᠡᠨᠠᠭᠤᠷ᠎ᠢ ᠲᠤᠰᠠᠯᠠᠬᠤ ᠺᠠᠳ᠋ᠷ᠎ᠢ ᠰᠣᠩᠭᠤᠨ ᠲᠣᠮᠢᠯᠠᠬᠤ᠎ᠶ᠋ᠢ ᠴᠢᠩᠭᠠᠳᠭᠠᠨ᠂ ᠵᠠᠯᠠᠭᠤ ᠺᠠᠳ᠋ᠷ ᠴᠠᠭ᠍ᠳᠠᠭ᠎ᠠ᠎ᠶ᠋ᠢ ᠬᠦᠴᠢᠷ ᠪᠡᠷᠬᠡ᠎ᠶ᠋ᠢ ᠲᠤᠭᠤᠯᠤᠭᠤᠯᠤᠨ᠂ ᠤᠴᠢᠷ ᠶᠠᠪᠤᠳᠠᠯ᠎ᠢ ᠦᠩᠭᠡᠷᠡᠭᠡᠵᠦ᠍᠂ ᠪᠡᠶ᠎ᠡ ᠪᠢᠯᠳᠠᠷ᠎ᠢ᠎ᠨᠢ ᠴᠢᠭᠢᠷᠠᠭ᠍ᠵᠢᠭᠤᠯᠵᠤ᠂ ᠡᠷᠳᠡᠮ ᠴᠢᠳᠠᠪᠤᠷᠢ᠎ᠶ᠋ᠢ᠎ᠨᠢ ᠨᠡᠮᠡᠭ᠌ᠳᠡᠭᠦᠯᠪᠠ᠃ ᠥᠷᠭᠡᠨ ᠤᠯᠠᠨ ᠺᠠᠳ᠋ᠷ ᠴᠠᠭ᠍ᠳᠠᠭ᠎ᠠ᠎ᠶ᠋ᠢᠨ ᠬᠠᠤᠯᠢ ᠪᠠᠷᠢᠬᠤ ᠰᠤᠷᠳᠠᠯ᠎ᠢ ᠰᠠᠢᠵᠢᠷᠠᠭᠤᠯᠬᠤ᠂ ᠦᠨᠡᠨ ᠦᠭᠡ ᠬᠡᠯᠡᠬᠦ᠂ ᠦᠨᠡᠨ ᠶᠠᠪᠤᠳᠠᠯ ᠬᠢᠬᠦ᠂ ᠦᠨᠡᠨᠴᠢ ᠱᠢᠳᠤᠷᠭᠤ ᠶᠠᠪᠤᠬᠤ᠎ᠶ᠋ᠢ ᠬᠦᠳᠦᠯᠦᠨ ᠵᠢᠯᠤᠭᠤᠳᠪᠠ᠃ 《ᠭᠤᠷᠪᠠᠨ ᠴᠢᠩᠭ᠎ᠠ ᠭᠤᠷᠪᠠᠨ ᠪᠠᠳᠤᠳᠡᠢ》 ᠪᠠᠢᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠳᠥᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠳᠠᠷᠤᠭ᠎ᠠ᠂ ᠪᠠᠭ᠎ᠤᠨ ᠪᠦᠷᠢᠯᠳᠦᠬᠦᠨ 6028 ᠱᠢᠶᠠᠩ ᠪᠠᠯᠭᠠᠰᠤᠨ᠎ᠤ ᠠᠷᠠᠳ᠎ᠤᠨ ᠱᠢᠭᠦᠬᠦ᠌ ᠲᠢᠩᠬᠢᠮ᠎ᠳᠤ ᠲᠤᠰ ᠲᠤᠰ ᠰᠠᠭᠤᠵᠤ ᠪᠠᠢᠴᠠᠭᠠᠨ ᠰᠤᠳᠤᠯᠤᠯᠲᠠ ᠬᠢᠪᠡ᠂ ᠲᠡᠳᠡ ᠦᠨᠳᠦᠰᠦᠨ ᠱᠠᠲᠤᠨ᠎ᠳᠤ ᠪᠠᠭᠤᠵᠤ᠂ ᠰᠡᠳᠭᠢᠯ ᠰᠠᠨᠠᠭ᠎ᠠ᠎ᠪᠠᠨ ᠲᠤᠭ᠍ᠳᠠᠭᠤᠨ ᠪᠠᠢᠯᠭᠠᠨ᠂ ᠱᠢᠭᠦᠬᠦ᠌ ᠲᠢᠩᠬᠢᠮ᠎ᠤᠨ ᠺᠠᠳ᠋ᠷ ᠴᠠᠭ᠍ᠳᠠᠭ᠎ᠠ᠎ᠲᠠᠢ ᠬᠠᠮᠲᠤ ᠢᠳᠡᠵᠦ᠍ ᠬᠠᠮᠲᠤ ᠰᠠᠭᠤᠵᠤ ᠬᠠᠮᠲᠤ ᠠᠵᠢᠯᠯᠠᠵᠤ᠂ ᠣᠯᠠᠨ ᠲᠦᠮᠡᠨ᠎ᠢ ᠪᠠᠭ᠍ᠰᠢ ᠪᠠᠷᠢᠨ᠂ ᠠᠷᠠᠳ᠎ᠲᠠᠢ ᠨᠢᠭᠤᠷᠲᠠᠨ ᠬᠦᠰᠡᠯ ᠰᠠᠨᠠᠯ᠎ᠢ᠎ᠨᠢ ᠰᠣᠨᠣᠰᠴᠤ᠌᠂ ᠰᠡᠳᠭᠢᠯ᠎ᠢᠶᠠᠨ ᠮᠡᠳᠡᠯᠴᠡᠵᠦ᠍ ᠠᠷᠠᠳ᠎ᠤᠨ ᠵᠣᠪᠠᠨᠢᠯ᠎ᠢ ᠠᠷᠢᠯᠭᠠᠪᠠ᠃

ᠱᠢᠬᠦᠬᠦ᠌ ᠬᠤᠷᠢᠶᠠᠨ᠎ᠤ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠭᠦᠨᠵᠡᠭᠡᠶ ᠥᠷᠨᠢᠭᠦᠯᠪᠡ᠃ ᠬᠢᠲᠤᠭᠠᠨ ᠢᠷ᠎ᠢ ᠳᠣᠲᠣᠭ᠍ᠰᠢ ᠬᠠᠨᠳᠤᠭᠤᠯᠬᠤ᠎ᠶ᠋ᠢ ᠪᠠᠷᠢᠮᠲᠠᠯᠠᠵᠤ᠂ ᠬᠠᠭᠤᠴᠢᠨ ᠠᠷᠬᠠᠭ ᠭᠡᠮ᠎ᠢ ᠠᠷᠢᠯᠭᠠᠨ᠂ ᠪᠦᠬᠦ᠌ ᠤᠯᠤᠰ᠎ᠤᠨ ᠱᠢᠭᠦᠬᠦ᠌ ᠬᠤᠷᠢᠶᠠᠨ᠎ᠤ 59 ᠲᠦᠮᠡᠨ ᠺᠠᠳ᠋ᠷ ᠴᠠᠭ᠍ᠳᠠᠭ᠎ᠠ ᠬᠤᠪᠢᠰᠭᠠᠯᠲᠤ ᠴᠢᠨᠠᠷᠲᠠᠶ ᠳᠠᠪᠲᠠᠨ ᠪᠤᠯᠪᠠᠰᠤᠷᠠᠯᠳᠠ᠎ᠶ᠋ᠢ ᠬᠦᠯᠢᠶᠡᠵᠦ᠍᠂ ᠶᠠᠰᠤ᠎ᠶ᠋ᠢ᠎ᠨᠢ ᠬᠤᠰᠤᠨ ᠬᠤᠣᠷ᠎ᠢ᠎ᠨᠢ ᠠᠷᠢᠯᠭᠠᠬᠤ᠂ ᠮᠠᠭᠤ᠎ᠶ᠋ᠢ᠎ᠨᠢ ᠥᠯᠳᠡᠨ ᠰᠠᠢᠨ᠎ᠢ ᠪᠠᠳᠠᠷᠠᠭᠤᠯᠬᠤ᠂ ᠰᠦᠭ ᠰᠦᠨᠡᠰᠦ᠎ᠶ᠋ᠢ᠎ᠨᠢ ᠱᠤᠭᠤᠵᠤ ᠰᠦᠷ ᠰᠦᠯᠳᠠ᠎ᠶ᠋ᠢ᠎ᠨᠢ ᠮᠠᠨᠳᠤᠭᠤᠯᠬᠤ᠎ᠶ᠋ᠢ ᠪᠡᠶᠡᠯᠡᠭᠦᠯᠪᠡ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠳᠤᠲᠠᠭ᠍ᠳᠠᠯ᠎ᠢᠶᠠᠨ ᠨᠢᠭᠤᠬᠤ ᠦᠭᠡᠢ᠂ ᠮᠠᠭᠤ᠎ᠪᠠᠨ ᠲᠠᠯᠳᠠᠯᠠᠬᠤ ᠦᠭᠡᠢ᠂ ᠡᠪᠡᠳᠴᠢᠨ᠎ᠢᠶᠠᠨ ᠡᠮᠨᠡᠬᠦᠯᠬᠦ᠌᠎ᠠᠴᠠ ᠳᠠᠳᠠᠭᠠᠯᠵᠠᠬᠤ ᠦᠭᠡᠢ ᠪᠠᠢᠵᠤ᠂ ᠠᠷᠬᠠᠭ ᠭᠡᠮ᠎ᠢ ᠴᠡᠭ᠌ᠴᠡᠯᠡᠨ ᠵᠠᠰᠠᠬᠤ ᠪᠠ ᠳᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠪᠡ᠃ ᠵᠢᠯ᠎ᠤᠨ ᠡᠴᠦᠰ᠎ᠲᠤ ᠬᠡᠷᠡᠭ᠎ᠢ ᠬᠡᠷᠡᠭ ᠪᠣᠯᠭᠠᠨ ᠦᠯᠦ᠍ ᠳᠠᠩᠰᠠᠯᠠᠬᠤ᠎ᠶ᠋ᠢ ᠡᠷᠡᠰ ᠴᠡᠭ᠌ᠴᠡᠯᠡᠨ ᠵᠠᠰᠠᠵᠤ᠂ ᠬᠡᠷᠡᠭ ᠪᠣᠯᠭᠠᠨ ᠳᠠᠩᠰᠠᠯᠠᠬᠤ᠎ᠶ᠋ᠢ ᠤᠳᠠᠭᠠᠱᠢᠷᠠᠭᠤᠯᠬᠤ᠂ ᠬᠡᠷᠡᠭ ᠪᠣᠯᠭᠠᠨ ᠳᠠᠩᠰᠠᠯᠠᠬᠤ᠎ᠶ᠋ᠢ ᠬᠢᠵᠠᠭᠠᠷᠯᠠᠬᠤ᠂ ᠡᠶᠡᠳᠡᠬᠦᠯᠬᠦ᠌᠎ᠪᠠᠷ ᠳᠠᠩᠰᠠᠯᠠᠬᠤ᠎ᠶ᠋ᠢ ᠣᠷᠣᠯᠠᠭᠤᠯᠬᠤ᠂ ᠪᠠᠷᠢᠮᠵᠢᠶ᠎ᠡ᠎ᠶ᠋ᠢ ᠨᠡᠮᠡᠨ ᠲᠣᠭ᠍ᠲᠠᠭᠠᠬᠤ᠎ᠶ᠋ᠢ ᠴᠢᠩᠭ᠎ᠠ ᠴᠠᠭᠠᠵᠠᠯᠠᠨ᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ ᠨᠢᠳᠤᠨᠤᠨ ᠵᠢᠯ᠎ᠤᠨ 12 ᠰᠠᠷ᠎ᠠ᠎ᠳᠤ ᠬᠡᠷᠡᠭ᠎ᠢ ᠬᠦᠯᠢᠶᠡᠨ ᠠᠪᠤᠭ᠍ᠰᠠᠨ᠎ᠨᠢ ᠨᠢᠳᠦᠨᠦᠨ᠎ᠤ ᠠᠳᠠᠯᠢ ᠬᠤᠭᠤᠴᠠᠭᠠᠨ᠎ᠤ᠎ᠬᠢ᠎ᠡᠴᠡ104.2% ᠎ᠵᠢᠡᠷ ᠨᠡᠮᠡᠭ᠌ᠳᠡᠵᠦ᠍᠂ ᠤᠯᠠᠨ ᠲᠦᠮᠡᠨ᠎ᠤ ᠲᠤᠰᠭᠠᠭ᠍ᠰᠠᠨ ᠤᠷᠳᠤ ᠬᠤᠭᠤᠴᠠᠭ᠎ᠠ᠎ᠪᠠᠷ ᠣᠷᠣᠱᠢᠵᠤ ᠪᠠᠢᠬ᠍ᠰᠠᠨ ᠵᠢᠯ᠎ᠤᠨ ᠡᠴᠦᠰ᠎ᠲᠤ ᠬᠡᠷᠡᠭ᠎ᠢ ᠭᠡᠷᠡᠭ ᠪᠣᠯᠭᠠᠨ ᠦᠯᠦ᠍ ᠳᠠᠩᠰᠠᠯᠠᠬᠤ᠎ᠶ᠋ᠢ ᠪᠦᠲᠦᠮᠵᠢᠲᠡᠶ ᠴᠡᠭ᠌ᠴᠡᠯᠡᠨ ᠵᠠᠰᠠᠪᠠ᠃ 1990 ᠣᠨ᠎ᠡᠴᠠ ᠨᠠᠭᠠᠱᠢᠬᠢ 《ᠡᠷᠡᠭᠦᠦ ᠱᠢᠢᠳᠭᠡᠯ᠎ᠢ᠎ᠨᠢ ᠬᠥᠩᠭᠡᠯᠡᠭ᠌ᠰᠡᠨ᠂ ᠲᠡᠩᠰᠡᠨ ᠰᠤᠯᠠᠯᠠᠬ᠍ᠰᠠᠨ᠂ ᠭᠢᠨᠳᠠᠨ᠎ᠤ ᠭᠠᠳᠠᠨ᠎ᠠ ᠲᠦᠷ ᠭᠦᠢᠴᠡᠳᠭᠡᠭᠦᠯᠦᠭ᠌ᠰᠡᠨ》 1334.5 ᠲᠦᠮᠡᠨ  ᠬᠤᠪᠢ ᠬᠡᠷᠡᠭ᠎ᠢ ᠪᠦᠬᠦ᠌ ᠲᠠᠯ᠎ᠠ᠎ᠪᠠᠷ ᠲᠠᠷᠠᠭᠠᠯᠠᠨ ᠪᠠᠢᠴᠠᠭᠠᠵᠤ᠂ ᠠᠰᠠᠭᠤᠳᠠᠯ᠎ᠲᠠᠢ ᠪᠤᠶᠤ ᠦ ᠰᠠᠪ᠎ᠲᠠᠢ  5.9 ᠲᠦᠮᠡᠨ  ᠬᠤᠪᠢ ᠭᠡᠷᠡᠭ᠎ᠢ ᠨᠢᠭᠡᠳ ᠨᠢᠭᠡ᠎ᠪᠠᠷ ᠱᠢᠪᠠᠳᠠᠨ ᠴᠡᠭ᠌ᠴᠡᠯᠡᠵᠦ᠍ ᠰᠠᠢᠵᠢᠷᠠᠭᠤᠯᠤᠨ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠡᠷᠭᠡ᠎ᠲᠠᠢ ᠬᠠᠮᠲᠤᠷᠠᠨ ᠡᠷᠡᠭᠦᠤ ᠱᠢᠢᠳᠭᠡᠯ᠎ᠢ᠎ᠨᠢ ᠬᠥᠩᠭᠡᠷᠡᠭᠦᠯᠵᠦ᠍ ᠲᠠᠩᠰᠠᠨ ᠰᠤᠯᠠᠯᠠᠬᠤ ᠬᠡᠷᠡᠭ᠎ᠤᠨ ᠮᠦᠨ ᠴᠢᠨᠠᠷᠵᠢᠯᠳᠠ᠎ᠶ᠋ᠢᠨ ᠱᠢᠬᠦᠬᠦ᠌ ᠰᠠᠨᠠᠯ᠎ᠢ ᠨᠡᠢᠲᠡᠯᠡᠵᠦ᠍᠂  《ᠨᠡᠷ᠎ᠡ᠎ᠶ᠋ᠢᠨ ᠲᠡᠳᠦᠢ ᠡᠷᠡᠭᠦᠤ ᠱᠢᠢᠳᠭᠡᠯ ᠭᠦᠢᠴᠡᠳᠭᠡᠬᠦ᠌》᠂ 《ᠵᠣᠭᠤᠰ ᠦᠭ᠌ᠴᠦ ᠭᠢᠨᠳᠠᠨ᠎ᠡᠴᠡ ᠭᠠᠷᠬᠤ》 ᠎ᠪᠠᠷ ᠲᠥᠪ ᠭᠤᠤᠯᠴᠢ ᠱᠢᠳᠤᠷᠭᠤ ᠶᠣᠰᠣ᠎ᠶ᠋ᠢ ᠡᠪᠳᠡᠬᠦ᠌᠎ᠶ᠋ᠢ ᠡᠷᠡᠰ ᠬᠤᠷᠢᠬ᠍ᠯᠠᠪᠠ᠃ 《ᠭᠤᠷᠪᠠᠨ ᠲᠣᠭ᠍ᠲᠠᠭᠠᠯ》 ᠎ᠤ᠋ᠨ ᠨᠠᠢᠳᠠᠪᠤᠷᠢᠵᠢᠭᠤᠯᠤᠯᠳᠠ᠎ᠶ᠋ᠢ ᠴᠢᠩᠭ᠎ᠠ ᠠᠳᠭᠤᠵᠤ᠂ ᠡᠯ᠎ᠡ ᠱᠠᠳᠤᠨ᠎ᠤ ᠱᠢᠭᠦᠬᠦ᠌ ᠬᠤᠷᠢᠶ᠎ᠠ ᠪᠦᠬᠦᠨ᠎ᠢᠶᠠᠷ᠎ᠢᠶᠠᠨ 《ᠲᠡᠭ ᠮᠡᠳᠡᠭᠦᠯᠦᠯᠲᠡ》 ᠎ᠶ᠋ᠢ ᠱᠢᠪᠲᠤᠯᠤᠨ᠂ 11.2 ᠲᠦᠮᠡᠨ ᠬᠥᠮᠦᠨ ᠤᠳᠠᠭ᠎ᠠ ᠮᠡᠳᠡᠭᠦᠯᠦᠯᠲᠡ᠎ᠶ᠋ᠢᠨ ᠮᠡᠳᠡᠭᠡ ᠵᠠᠩᠭᠢ᠎ᠶ᠋ᠢ 12.8 ᠲᠦᠮᠡᠨ  ᠵᠦᠢᠯ ᠲᠡᠮᠳᠡᠭ᠌ᠯᠡᠵᠦ᠍᠂ ᠭᠠᠷ ᠲᠦᠷᠦᠭ᠌ᠰᠡᠨ ᠪᠠᠢᠪᠠᠯ ᠮᠡᠳᠡᠭᠦᠯᠵᠦ᠍᠂ ᠠᠰᠠᠭᠤᠨ ᠯᠠᠪᠯᠠᠭ᠍ᠰᠠᠨ ᠪᠠᠢᠪᠠᠯ ᠳᠡᠭᠡᠭ᠌ᠰᠢ ᠮᠡᠳᠡᠭᠦᠯᠬᠦ᠌ ᠲᠠᠳᠭᠠᠯ᠎ᠲᠠᠢ ᠪᠣᠯᠪᠠ᠃ ᠣᠢᠷ᠎ᠠ ᠲᠥᠷᠥᠯ ᠰᠠᠳᠤᠨ᠎ᠤ ᠠᠵᠢᠯ ᠲᠥᠷᠥᠯ ᠡᠷᠬᠢᠯᠡᠬᠦ᠌᠎ᠶ᠋ᠢ ᠴᠠᠭᠠᠵᠠᠯᠠᠬᠤ ᠲᠣᠳᠣᠷᠬᠠᠶ ᠬᠠᠭᠤᠳᠠᠰᠤ᠂ ᠲᠤᠱᠢᠶᠠᠯ᠎ᠠᠴᠠ᠎ᠪᠠᠨ ᠰᠠᠯᠤᠭ᠍ᠰᠠᠨ ᠬᠥᠮᠦᠰ᠎ᠤᠨ ᠠᠵᠢᠯ ᠡᠷᠬᠢᠯᠡᠬᠦ᠌᠎ᠶ᠋ᠢ ᠵᠢᠷᠤᠮᠵᠢᠭᠤᠯᠬᠤ ᠵᠡᠷᠭᠡ ᠲᠣᠭ᠍ᠲᠠᠭᠠᠯ᠎ᠢ ᠨᠡᠢᠲᠡᠯᠡᠵᠦ᠍᠂ ᠠᠱᠢᠭ ᠲᠤᠰᠠ ᠬᠦᠷᠭᠡᠬᠦ᠌ ᠬᠡᠯᠬᠢᠶ᠎ᠡ᠎ᠶ᠋ᠢ ᠡᠷᠡᠰ ᠲᠠᠰᠤᠯᠪᠡ᠃ ᠤᠬ᠍ᠲᠤ ᠥᠯᠦ᠍ ᠬᠦᠯᠢᠴᠡᠬᠦ᠌ ᠣᠪᠣᠷ᠎ᠢᠶᠠᠷ ᠪᠥᠭᠦᠳᠡ᠎ᠶ᠋ᠢ ᠲᠦᠢᠳᠦᠭ᠌ᠴᠢ ᠪᠥᠲᠦᠯ ᠦᠭᠡᠢ ᠠᠮᠢᠲᠠᠨ᠎ᠢ ᠠᠷᠢᠯᠭᠠᠵᠤ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠲᠤᠰ ᠬᠤᠷᠢᠶᠠᠨ᠎ᠤ᠎ᠪᠠᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ 21 ᠺᠠᠳ᠋ᠷ ᠴᠠᠭ᠍ᠳᠠᠭ᠎ᠠ᠎ᠶ᠋ᠢ ᠪᠠᠢᠴᠠᠭᠠᠨ ᠱᠢᠢᠳᠪᠦᠷᠢᠯᠡᠵᠦ᠍᠂ ᠡᠯ᠎ᠡ ᠱᠠᠲᠤᠨ᠎ᠤ ᠱᠢᠭᠦᠬᠦ᠌ ᠬᠤᠷᠢᠶ᠎ᠠ ᠱᠢᠭᠦᠨ ᠲᠠᠰᠤᠯᠬᠤ ᠭᠦᠢᠴᠡᠳᠭᠡᠬᠦ᠌ ᠡᠷᠬᠡ᠎ᠪᠠᠨ ᠠᠱᠢᠭ᠍ᠯᠠᠨ ᠰᠠᠬᠢᠯᠭ᠎ᠠ ᠪᠠᠲᠤ ᠬᠠᠤᠯᠢ ᠴᠠᠭᠠᠵᠠ᠎ᠠᠴᠠ ᠵᠥᠷᠢᠴᠡᠭ᠌ᠰᠡᠨ 3066 ᠺᠠᠳ᠋ᠷ ᠴᠠᠭ᠍ᠳᠠᠭ᠎ᠠ᠎ᠶ᠋ᠢ ᠪᠠᠢᠴᠠᠭᠠᠨ ᠱᠢᠢᠳᠪᠦᠷᠢᠯᠡᠵᠦ᠍᠂ ᠡᠭᠦᠨ᠎ᠳᠤ 509 ᠬᠥᠮᠦᠨ᠎ᠠᠴᠠ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠪᠡ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠂ ᠱᠢᠭᠦᠬᠦ᠌ ᠬᠤᠷᠢᠶ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ᠎ᠶ᠋ᠢᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ ᠮᠧᠩ ᠱᠢᠶᠠᠩ ᠵᠡᠷᠭᠡ ᠡᠰᠡᠷᠭᠦ᠌ ᠲᠠᠯ᠎ᠠ᠎ᠶ᠋ᠢᠨ ᠨᠡᠢᠲᠡᠯᠢᠭ ᠵᠢᠱ᠌ᠢᠶ᠎ᠡ᠎ᠡᠴᠡ ᠬᠦᠨᠵᠡᠭᠡᠢ ᠰᠤᠷᠭᠠᠮᠵᠢ ᠠᠪᠴᠤ᠌᠂ ᠰᠡᠷᠡᠮᠵᠢᠯᠡᠬᠦᠯᠬᠦ᠌ ᠬᠥᠮᠦᠵᠢᠯ᠎ᠢ ᠥᠷᠨᠢᠭᠦᠯᠵᠦ᠍᠂ ᠢᠯᠵᠢᠷᠡᠬᠦ᠌ ᠵᠤᠷᠢᠭ ᠦᠭᠡᠢ᠂ ᠢᠯᠵᠢᠷᠡᠵᠦ᠍ ᠳᠠᠢᠯᠬᠦ᠌ ᠦᠭᠡᠢ᠂ ᠢᠯᠵᠢᠷᠡᠬᠦ᠌᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠪᠡ᠃ ᠪᠠᠭᠠᠲᠤᠷ ᠵᠢᠱ᠌ᠢᠶᠡᠴᠢ᠎ᠠᠴᠠ ᠰᠤᠷᠤᠯᠴᠠᠨ᠂ ᠲᠥᠪ ᠰᠤᠷᠲᠠᠯ᠎ᠢ ᠮᠠᠨᠳᠤᠭᠤᠯᠵᠦ᠍᠂ ᠪᠦᠬᠦ᠌ ᠤᠯᠤᠰ᠎ᠤᠨ ᠱᠢᠭᠦᠬᠦ᠌ ᠬᠤᠷᠢᠶ᠎ᠠ᠎ᠳᠤ ᠱᠢᠨ᠎ᠡ ᠴᠠᠭ ᠦᠶ᠎ᠡ᠎ᠶ᠋ᠢᠨ ᠦᠢ ᠤᠯᠠᠨ ᠰᠠᠢᠨ ᠱᠢᠬᠦᠬᠦ᠌ ᠲᠤᠱᠢᠶᠠᠯᠲᠠᠨ ᠰᠠᠢᠨ ᠺᠠᠳ᠋ᠷ ᠴᠣᠯᠭᠤᠷᠠᠨ ᠭᠠᠷᠴᠤ᠌᠂ 694 ᠬᠠᠮᠲᠤ ᠨᠡᠢᠲᠡ᠂ 596 ᠬᠤᠪᠢ ᠬᠥᠮᠦᠨ ᠲᠥᠪ᠎ᠤᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠬᠦᠬᠢᠬᠦᠯᠦᠯ ᠰᠠᠢᠱᠢᠶᠠᠯ᠎ᠢ ᠤᠯᠪᠠ᠃ ᠲᠧᠩ ᠴᠢ ᠭᠠᠩ ᠵᠡᠷᠬᠡ 24 ᠱᠢᠬᠦᠬᠦ᠌ ᠲᠤᠱᠢᠶᠠᠯᠲᠠᠨ ᠠᠵᠢᠯ᠎ᠤᠨ ᠪᠠᠢᠷᠢ ᠳᠡᠭᠡᠷ᠎ᠡ᠎ᠪᠠᠨ ᠪᠡᠶ᠎ᠡ ᠦᠷᠡᠭ᠌ᠳᠡᠵᠦ᠍᠂ ᠨᠠᠮ ᠪᠠ ᠠᠷᠠᠳ ᠲᠦᠮᠡᠨ᠎ᠳᠡᠭᠡᠨ ᠬᠢᠵᠠᠭᠠᠯᠠᠰᠢ ᠦᠭᠡᠢ ᠦᠨᠡᠨᠴᠢ ᠱᠢᠳᠤᠷᠭᠤ ᠪᠠᠢᠬᠤ᠂ ᠬᠠᠤᠯᠢ᠎ᠪᠠᠷ ᠵᠠᠰᠠᠬᠤ ᠦᠢᠯᠡᠰ᠎ᠲᠡᠭᠡᠨ ᠬᠢᠵᠠᠭᠠᠯᠠᠰᠢ ᠦᠭᠡᠢ ᠬᠠᠢᠷᠠᠳᠡᠢ ᠪᠠᠢᠬᠤ᠎ᠶ᠋ᠢ ᠠᠮᠢ ᠨᠠᠰᠤ᠎ᠪᠠᠷ᠎ᠢᠶᠠᠨ ᠲᠠᠢᠯᠪᠤᠷᠢᠯᠠᠪᠠ᠃ ᠥᠷᠭᠡᠨ ᠣᠯᠠᠨ ᠺᠠᠳ᠋ᠷ ᠴᠠᠭ᠍ᠳᠠᠭ᠎ᠠ ᠨᠡᠷ ᠱᠢᠬᠦᠬᠦ᠌ ᠲᠤᠱᠢᠶᠠᠯᠲᠠᠨ ᠵᠧᠤ ᠴᠦᠨ ᠮᠧᠶ᠎ᠶ᠋ᠢᠨ ᠲᠥᠪ ᠭᠤᠤᠯᠴᠢ᠎ᠪᠠᠷ ᠬᠠᠤᠯᠢ ᠪᠠᠷᠢᠬᠤ᠎ᠶ᠋ᠢ ᠠᠮᠢ ᠨᠠᠰᠤ᠎ᠪᠠᠷ᠎ᠢᠶᠠᠨ ᠬᠠᠮᠠᠭᠠᠯᠠᠭ᠍ᠰᠠᠨ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠦ᠍᠂ 《ᠨᠢᠭᠡ ᠰᠡᠳᠭᠢᠯ᠎ᠢᠶᠠᠷ ᠠᠷᠠᠳ᠎ᠤᠨ ᠲᠥᠯᠥᠭᠡ ᠵᠢᠳᠬᠦᠵᠦ᠍᠂ ᠡᠨᠡᠷᠢᠯ᠎ᠢ ᠮᠡᠳᠡᠵᠦ᠍ ᠨᠠᠮ᠎ᠤᠨ ᠠᠴᠢ᠎ᠶ᠋ᠢ ᠬᠠᠷᠢᠭᠤᠯᠬᠤ》᠂ 《ᠠᠷᠢᠭᠤᠨ ᠴᠢᠭᠡᠴᠢ ᠶᠠᠪᠤᠵᠤ᠂ ᠱᠢᠯᠤᠭᠤᠨ ᠱᠢᠳᠤᠷᠭᠤ᠎ᠪᠠᠷ ᠲᠠᠰᠤᠯᠤᠨ ᠲᠤᠭ᠍ᠳᠠᠭᠠᠬᠤ》᠂ 《ᠦᠨᠡᠨ ᠦᠭᠡ ᠬᠡᠯᠡᠵᠦ᠍᠂ ᠦᠨᠡᠨ ᠶᠠᠪᠤᠳᠠᠯ ᠬᠢᠵᠦ᠍᠂ ᠨᠢᠷᠤᠭᠤ ᠲᠤᠯᠭᠠᠭᠤᠷᠢ᠎ᠨᠢ ᠨᠤᠭᠤᠷᠠᠬᠤ ᠦᠭᠡᠢ᠂ ᠱᠢᠳᠤᠷᠭᠤ ᠶᠣᠰᠣ᠎ᠨᠢ ᠲᠣᠯᠣᠭᠠᠢ ᠪᠥᠬᠦ᠋ᠢᠬᠦ᠌ ᠦᠭᠡᠢ》 ᠪᠠᠢᠬᠤ᠎ᠶ᠋ᠢ ᠴᠢᠷᠮᠠᠢᠨ ᠦᠢᠯᠡᠳᠦᠯᠭᠡᠵᠢᠬᠦᠯᠪᠡ᠃

ᠲᠥᠯᠥᠭᠡᠯᠡᠭ᠌ᠴᠢᠳ ᠡ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠬᠥᠭ᠌ᠵᠢᠯᠲᠡ ᠳᠠᠪᠱᠢᠯᠲᠠ᠎ᠶ᠋ᠢᠨ ᠬᠠᠮᠤᠭ᠎ᠤᠨ ᠦᠨᠳᠦᠰᠦᠨ ᠵᠦᠢᠯ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠭᠤᠣᠯᠯᠠᠭ᠍ᠴᠢ᠂ ᠪᠦᠬᠦ᠌ ᠨᠠᠮ᠎ᠤᠨ ᠭᠤᠣᠯᠯᠠᠭ᠍ᠴᠢ᠎ᠶ᠋ᠢᠨ ᠬᠤᠪᠢ᠎ᠪᠠᠷ ᠵᠢᠯᠤᠭᠤᠳᠤᠨ ᠵᠠᠮᠴᠢᠯᠠᠭ᠍ᠰᠠᠨ᠎ᠳᠤ ᠪᠠᠢᠵᠦ᠍᠂ ᠰᠢ᠎ᠶ᠋ᠢᠨ ᠫᠢᠩ᠎ᠤᠨ ᠱᠢᠨ᠎ᠡ  ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠣᠯᠤᠭ᠍ᠰᠠᠨ ᠠᠮᠵᠢᠯᠲᠠ ᠪᠣᠯ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠬᠠᠤᠯᠢ ᠪᠠᠷᠢᠬᠤ ᠬᠦᠷᠢᠶᠡᠨ᠎ᠳᠠᠬᠢ ᠠᠮᠢᠳᠤᠯᠢᠭ ᠦᠢᠯᠡᠳᠦᠯᠭᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠤ ᠬᠦᠴᠦᠲᠡᠶ ᠬᠢᠨᠠᠯᠲᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠬᠦᠴᠦᠳᠠᠢ ᠳᠡᠮᠵᠢᠯᠭᠡ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠠᠳᠴᠢᠯᠠᠭ᠍ᠰᠠᠨ ᠬᠢᠨᠠᠯᠲᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ ᠬᠢᠨᠠᠯᠲᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ᠂ ᠠᠷᠠᠳ᠎ᠤᠨ ᠪᠦᠯᠬᠦᠮ᠂ ᠨᠠᠮ ᠪᠦᠯᠦᠭ᠎ᠤᠨ ᠪᠤᠰᠤ ᠬᠥᠮᠦᠰ᠎ᠤᠨ ᠠᠷᠠᠳᠴᠢᠯᠠᠭ᠍ᠰᠠᠨ ᠬᠢᠨᠠᠯᠲᠠ᠎ᠶ᠋ᠢᠨ ᠲᠡᠮᠵᠢᠯᠭᠡ᠂ ᠣᠷᠣᠨ ᠨᠤᠲᠤᠭ᠎ᠤᠨ ᠡᠯ᠎ᠡ ᠱᠠᠲᠤᠨ᠎ᠤ ᠨᠠᠮ ᠵᠠᠰᠠᠭ᠎ᠤᠨ ᠪᠠᠢᠭᠤᠯᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠤᠨ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ ᠪᠠ ᠥᠷᠭᠡᠨ ᠤᠯᠠᠨ ᠠᠷᠠᠳ ᠲᠦᠮᠡᠨ᠎ᠤ ᠬᠠᠯᠠᠮᠵᠢᠯᠠᠯ ᠳᠡᠮᠵᠢᠯᠭᠡ ᠪᠠ ᠬᠠᠪᠰᠤᠷᠤᠯᠭ᠎ᠠ᠎ᠶ᠋ᠢᠨ ᠦᠷ᠎ᠡ ᠳ᠋ᠦᠩ ᠮᠥᠨ᠃ ᠡ᠊ᠨᠳᠡ ᠪᠢ ᠠᠷᠠᠳ᠎ᠤᠨ ᠲᠡᠭᠡᠳᠤ ᠱᠢᠬᠦᠬᠦ᠌ ᠬᠤᠷᠢᠶ᠎ᠠ᠎ᠶ᠋ᠢ ᠲᠦᠯᠦᠬᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠲᠡᠪᠱᠢᠬᠦᠯᠦᠶ᠎ᠡ!

ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠳᠤ ᠪᠠᠰᠠ ᠴᠥᠭᠡᠨ ᠪᠤᠰᠤ ᠠᠰᠠᠭᠤᠳᠠᠯ ᠪᠠ ᠬᠦᠴᠢᠷᠳᠡᠯ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠠᠷ ᠤᠯᠵᠤ ᠬᠠᠷᠠᠪᠠ᠄ ᠨᠢᠭᠡ᠎ᠳᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ ᠪᠠ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠳᠤ ᠨᠠᠷᠢᠯᠢᠬ ᠣᠨᠣᠴᠠᠲᠠᠶ᠎ᠪᠠᠷ ᠦᠢᠯᠡᠴᠢᠯᠡᠬᠦ᠌ ᠬᠠᠤᠯᠢ ᠪᠠᠷᠢᠬᠤ ᠴᠢᠳᠠᠪᠤᠷᠢ ᠬᠦᠷᠦᠯᠴᠡᠬᠦ᠌ ᠦᠭᠡᠢ ᠪᠠᠢᠵᠤ᠂ ᠬᠠᠤᠯᠢ ᠪᠠᠷᠢᠬᠤ ᠦᠢᠯᠡᠳᠦᠯᠭᠡ᠎ᠶ᠋ᠢᠨ ᠱᠢᠨ᠎ᠡ ᠪᠠᠢᠳᠠᠯ ᠱᠢᠨ᠎ᠡ ᠠᠰᠠᠭᠤᠳᠠᠯ᠎ᠢ ᠰᠤᠳᠤᠯᠤᠬ᠍ᠰᠠᠨ᠎ᠢᠶᠠᠷ ᠲᠤᠳᠠᠮᠠᠭ ᠪᠠᠢᠨ᠎ᠠ᠂ ᠵᠠᠷᠢᠮ ᠬᠡᠷᠡᠭ᠎ᠤᠨ ᠱᠢᠭᠦᠨ ᠲᠠᠰᠤᠯᠤᠯᠳᠠ᠎ᠶ᠋ᠢᠨ ᠴᠢᠨᠠᠷ ᠴᠢᠨᠰᠠᠭ᠎ᠠ ᠦᠷ᠎ᠡ ᠪᠦᠳᠦᠮᠵᠢ ᠳᠤᠤᠷ᠎ᠠ᠂ ᠦᠷ᠎ᠡ ᠳ᠋ᠦᠩ ᠰᠠᠢᠨ ᠪᠢᠰᠢ᠂ ᠦᠨᠳᠦᠰᠦᠨ ᠱᠠᠲᠤᠨ᠎ᠤ ᠬᠠᠤᠯᠢ ᠪᠠᠷᠢᠬᠤ ᠴᠢᠳᠠᠪᠤᠷᠢ᠎ᠶ᠋ᠢ ᠮᠥᠨ ᠯᠡ ᠲᠦᠷᠭᠡᠪᠴᠢᠯᠡᠨ ᠳᠡᠭᠡᠭ᠌ᠰᠢᠯᠡᠭᠦᠯᠬᠦ᠌ ᠴᠢᠬᠤᠯᠠᠲᠠᠢ ᠪᠠᠢᠨ᠎ᠠ ᠃  ᠬᠤᠶᠠᠷ᠎ᠲᠤ ᠬᠠᠤᠯᠢ ᠪᠠᠷᠢᠬᠤ ᠥᠭᠡᠷᠡᠴᠢᠯᠡᠯᠲᠡ᠎ᠳᠤ ᠪᠠᠰᠠ ᠬᠦᠷᠦᠯᠴᠡᠬᠦ᠌ ᠦᠭᠡᠢ ᠠᠰᠠᠭᠤᠳᠠᠯ ᠣᠷᠣᠱᠢᠵᠤ᠂ ᠱᠢᠰᠲ᠋ᠧᠮᠵᠢᠭᠦᠯᠤᠨ ᠬᠤᠷᠠᠭᠤᠯᠤᠭ᠍ᠰᠠᠨ᠎ᠢᠶᠠᠷ ᠬᠦᠷᠦᠯᠴᠡᠬᠦ᠌ ᠦᠭᠡᠢ ᠪᠠᠢᠵᠤ᠂ ᠬᠠᠤᠯᠢ ᠪᠠᠷᠢᠬᠤ ᠬᠠᠮᠢᠶᠠᠷᠤᠯᠲᠠ᠎ᠳᠤ ᠳᠤᠲᠠᠭᠤᠳᠠᠯ ᠣᠷᠣᠱᠢᠵᠤ᠂ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠳᠤ ᠵᠥᠷᠢᠶ᠎ᠡ ᠣᠷᠣᠱᠢᠵᠤ ᠪᠠᠢᠨ᠎ᠠ᠃ ᠭᠤᠷᠪᠠ᠎ᠳᠤ ᠭᠤᠣᠯᠴᠢ᠎ᠪᠠᠷ ᠬᠠᠤᠯᠢ ᠪᠠᠷᠢᠬᠤ ᠦᠭᠡᠢ᠂ ᠬᠠᠤᠯᠢ ᠪᠠᠷᠢᠵᠦ᠍ ᠪᠠᠢᠭᠠᠳ ᠢᠯᠵᠢᠷᠠᠨ ᠲᠤᠷᠦ᠋ᠢᠳᠠᠬᠤ ᠠᠰᠠᠭᠤᠳᠠᠯ ᠪᠠᠢᠨ ᠳᠠᠬᠢᠨ ᠭᠠᠷᠴᠤ᠌᠂ ᠬᠠᠳᠠᠭᠠᠯᠠᠯᠳᠠ ᠪᠠᠢᠬᠤ ᠮᠥᠷᠲᠡᠭᠡᠨ ᠪᠠᠰᠠ ᠨᠡᠮᠡᠭ᠌ᠳᠡᠯ᠎ᠲᠠᠢ ᠪᠠᠢᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠡᠭᠦᠷᠭᠡ ᠬᠦᠨᠳᠦ ᠵᠠᠮ ᠬᠤᠯᠠ ᠪᠠᠢᠨ᠎ᠠ᠃ ᠲᠦᠷᠪᠡ᠎ᠳᠤ ᠲᠤᠰᠭᠠᠢᠵᠢᠭ᠍ᠰᠠᠨ ᠴᠢᠳᠠᠪᠤᠷᠢᠲᠠᠨ ᠢᠯᠠᠩᠭᠤᠶ᠎ᠠ ᠭᠠᠳᠠᠭᠠᠳᠤ᠎ᠲᠠᠢ ᠬᠤᠯᠪᠣᠭ᠍ᠳᠠᠬᠤ ᠬᠠᠤᠯᠢ᠎ᠪᠠᠷ ᠵᠠᠰᠠᠬᠤ ᠴᠢᠳᠠᠪᠤᠷᠢᠲᠠᠨ ᠳᠤᠲᠠᠭ᠍ᠳᠠᠵᠤ ᠪᠠᠢᠭ᠎ᠠ ᠠᠰᠠᠭᠤᠳᠠᠯ ᠨᠡᠯᠢᠶᠡᠳ ᠲᠤᠪᠤᠢᠮ᠎ᠠ ᠪᠠᠢᠵᠤ᠂ ᠵᠠᠷᠢᠮ ᠱᠢᠭᠦᠬᠦ᠌ ᠬᠤᠷᠢᠶᠠᠨ᠎ᠤ ᠬᠡᠷᠡᠭ ᠤᠯᠠᠨ ᠠᠵᠢᠯᠳᠠᠨ ᠴᠥᠭᠡᠨ ᠪᠠᠢᠬᠤ᠂ ᠬᠥᠮᠦᠨ ᠡᠯᠰᠡᠬᠦ᠌᠎ᠳᠤ ᠬᠦᠴᠢᠷᠲᠡᠶ ᠪᠠᠢᠬᠤ᠂ ᠬᠥᠮᠦᠨ ᠦᠯᠡᠳᠡᠭᠡᠬᠦ᠌᠎ᠳᠤ ᠬᠦᠴᠢᠷᠲᠡᠶ ᠪᠠᠢᠬᠤ ᠵᠡᠷᠭᠡ ᠠᠰᠠᠭᠤᠳᠠᠯ ᠬᠠᠷᠠᠬᠠᠨ ᠪᠦᠲᠦᠮᠵᠢᠲᠡᠢ ᠱᠢᠢᠳᠪᠦᠷᠢᠯᠡᠭ᠌ᠳᠡᠭᠡᠳᠦᠶ ᠪᠠᠢᠨ᠎ᠠ᠃ ᠡᠳᠡᠭᠡᠷ ᠠᠰᠠᠭᠤᠳᠠᠯ ᠪᠠ ᠬᠦᠴᠢᠷᠳᠡᠯ᠎ᠢ ᠪᠢᠳᠡ ᠨᠠᠮ᠎ᠤᠨ ᠤᠳᠤᠷᠢᠳᠤᠯᠭ᠎ᠠ ᠳᠣᠤᠷ᠎ᠠ ᠦᠨᠡᠨ ᠪᠤᠳᠡᠳᠡᠢ ᠪᠦᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌ ᠪᠠᠢᠭᠠᠳ ᠴᠢᠷᠮᠠᠢᠨ ᠱᠢᠢᠳᠪᠦᠷᠢᠯᠡᠬᠦ᠌ ᠪᠣᠯᠤᠨ᠎ᠠ᠃

2022  ᠣᠨ᠎ᠤ ᠠᠵᠢᠯ᠎ᠤᠨ ᠲᠣᠬᠢᠷᠠᠭᠤᠯᠤᠯᠲᠠ

2022 ᠣᠨ᠎ᠳᠤ ᠠᠷᠠᠳ᠎ᠤᠨ ᠱᠢᠭᠦᠬᠦ᠌ ᠬᠤᠷᠢᠶ᠎ᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠦ᠍᠂ ᠲᠥᠪ ᠬᠤᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ᠂ ᠲᠤᠰ ᠤᠳᠠᠭᠠᠨ᠎ᠤ ᠶᠡᠭᠡ ᠬᠤᠷᠠᠯ᠎ᠤᠨ ᠱᠢᠢᠳᠪᠦᠷᠢ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠬᠠᠤᠯᠢ ᠪᠠᠷᠢᠬᠤ ᠠᠵᠢᠯ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠲᠠᠯᠠᠨ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌᠎ᠶ᠋ᠢ ᠪᠠᠷᠢᠮᠲᠠᠯᠠᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠬᠡ᠎ᠳᠤ ᠤᠷᠤᠭ᠍ᠰᠢᠯᠠᠭᠤᠯᠬᠤ᠎ᠪᠠᠷ ᠴᠢᠷᠮᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠨᠠᠮ᠎ᠤᠨ ᠬᠤᠷᠢᠳᠤᠭᠠᠷ ᠶᠡᠭᠡ ᠬᠤᠷᠠᠯ᠎ᠢ ᠤᠭ᠍ᠲᠤᠬᠤ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠤᠷᠢᠭ ᠰᠠᠨᠠᠭᠠᠨ᠎ᠤ ᠭᠤᠤᠯ ᠱᠤᠭᠤᠮ᠎ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠲᠠᠢ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠱᠢᠭᠦᠬᠦ᠌ ᠬᠤᠷᠢᠶᠠᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ᠃

ᠨᠢᠭᠡ᠎ᠳᠤ ᠤᠯᠤᠰ ᠲᠦᠷᠦ᠍᠎ᠶ᠋ᠢᠨ ᠲᠠᠯ᠎ᠠ᠎ᠪᠠᠷ ᠦᠨᠡᠨᠴᠢ ᠱᠢᠳᠤᠷᠭᠤ ᠪᠠᠢᠬᠤ᠎ᠶ᠋ᠢ ᠪᠠᠲᠤ ᠪᠤᠢ ᠪᠤᠯᠭᠠᠨ᠎ᠡ᠃ 《ᠬᠤᠶᠠᠷ᠎ᠢ ᠲᠣᠭ᠍ᠲᠠᠭᠠᠬ᠍ᠰᠠᠨ》 ᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠢ᠍ᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠤᠨ᠂ ᠭᠤᠣᠯᠯᠠᠭ᠍ᠴᠢ᠎ᠶ᠋ᠢ ᠬᠠᠮᠠᠭᠠᠯᠠᠬᠤ᠂ ᠬᠠᠷᠢᠴᠠᠯᠠᠰᠢ ᠦᠭᠡᠢ ᠦᠨᠡᠨᠴᠢ ᠱᠢᠳᠤᠷᠭᠤ ᠪᠠᠢᠬᠤ᠂ ᠨᠠᠮ᠎ᠤᠨ ᠵᠢᠯᠤᠭᠤᠳᠤᠯᠭ᠎ᠠ᠎ᠶ᠋ᠢ ᠲᠠᠭᠠᠬᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠡᠷᠡᠰ ᠪᠡᠶᠡᠯᠡᠭᠦᠯᠦᠨ᠎ᠡ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠠᠢᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢᠯᠭᠠᠬᠤ ᠳᠦᠷᠢᠮ ᠲᠣᠭ᠍ᠲᠠᠴᠠ᠎ᠶ᠋ᠢ ᠪᠠᠢᠭᠤᠯᠵᠤ᠂ 《ᠬᠤᠶᠠᠷ᠎ᠢ ᠬᠠᠮᠠᠭᠠᠯᠠᠬᠤ》 ᠬᠥᠮᠦᠵᠢᠯ᠎ᠢ ᠪᠠᠢᠩᠭᠤᠵᠢᠭᠤᠯᠬᠤ᠎ᠶ᠋ᠢ ᠠᠬᠢᠭᠤᠯᠤᠨ᠎ᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠦᠨᠡᠨ ᠬᠦ᠌ ᠰᠤᠷᠤᠯᠴᠠᠵᠦ᠍ ᠦᠨᠡᠨ ᠬᠦ᠌ ᠢᠳᠡᠭᠡᠵᠦ᠍ ᠦᠨᠡᠨᠴᠢ ᠱᠢᠳᠤᠷᠭᠤ᠎ᠪᠠᠷ ᠭᠡᠷᠡᠭ᠌ᠵᠢᠬᠦᠯᠦᠨ᠂ 《ᠬᠠᠤᠯᠢ ᠪᠠᠷᠢᠬᠤ ᠬᠡᠷᠡᠭ ᠨᠢᠭᠡᠪᠦᠷᠢ᠎ᠡᠴᠡ ᠲᠥᠪ ᠭᠤᠤᠯᠴᠢ ᠱᠢᠳᠤᠷᠭᠤ ᠶᠣᠰᠣ᠎ᠶ᠋ᠢ ᠪᠠᠷᠢᠮᠳᠠᠯᠠᠭ᠍ᠰᠠᠨ ᠭᠡᠳᠡᠭ᠎ᠢ ᠠᠷᠠᠳ ᠤᠯᠠᠨ᠎ᠳᠤ ᠮᠡᠳᠡᠷᠡᠭᠦᠯᠬᠦ᠌᠎ᠪᠠᠷ ᠴᠢᠷᠮᠠᠢᠬᠤ》 ᠎ᠶ᠋ᠢ ᠢᠮᠠᠭ᠍ᠳᠠ ᠰᠡᠳᠭᠢᠯ᠎ᠳᠡᠭᠡᠨ᠎ᠪᠤᠳᠤᠵᠤ᠂᠎ᠮᠥᠷᠥᠨ᠎ᠳᠡᠭᠡᠨ᠎ᠡᠭᠦᠷᠭᠡᠯᠡᠨ᠂ ᠱᠢᠭᠦᠬᠦ᠌ ᠬᠤᠷᠢᠶᠠᠨ᠎ᠤ ᠠᠯᠢᠪᠠ ᠠᠵᠢᠯ᠎ᠤᠨ ᠲᠤᠮᠳᠠ ᠨᠠᠢᠳᠠᠪᠤᠷᠢᠵᠢᠭᠤᠯᠤᠨ᠎ᠠ᠃

ᠬᠤᠶᠠᠷ᠎ᠲᠤ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ᠃ ᠤᠯᠤᠰ ᠣᠷᠣᠨ᠎ᠤ ᠠᠮᠤᠷ ᠲᠦᠪᠱᠢᠨ᠎ᠳᠤ ᠬᠤᠤᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠤᠯᠤᠰ ᠣᠷᠣᠨ᠎ᠤ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠨ᠎ᠠ᠃ ᠵᠣᠬᠢᠶᠠᠨ ᠪᠠᠢᠭᠤᠯᠤᠯᠲᠠ᠎ᠲᠠᠢ᠎ᠪᠠᠷ ᠶᠠᠯ᠎ᠠ ᠬᠢᠬᠦ᠌᠎ᠶ᠋ᠢ ᠡᠰᠡᠷᠭᠦᠴᠡᠬᠦ᠌ ᠬᠠᠤᠯᠢ᠎ᠶ᠋ᠢ ᠲᠤᠭᠤᠱᠢᠯᠠᠭᠤᠯᠵᠤ᠂ ᠬᠠᠷ᠎ᠠ ᠬᠠᠷᠭᠢᠰ ᠬᠦᠴᠦᠨ᠎ᠢ ᠠᠷᠢᠯᠭᠠᠬᠤ᠎ᠶ᠋ᠢ ᠪᠠᠢᠩᠭᠤᠵᠢᠭᠤᠯᠤᠨ ᠪᠠᠷᠢᠮᠲᠠᠯᠠᠨ᠎ᠠ᠃ ᠫᠤᠤ ᠵᠡᠪᠰᠡᠭ ᠳᠡᠯᠪᠡᠷᠡᠯᠲᠡ᠎ᠳᠤ ᠬᠤᠯᠪᠣᠭ᠍ᠳᠠᠭ᠍ᠰᠠᠨ᠂ ᠱᠠᠯᠢᠭ ᠵᠠᠪᠬᠠᠢ ᠵᠦᠢᠯ᠂ ᠵᠤᠭᠤᠰ ᠨᠠᠭᠠᠳᠭᠤ᠂ ᠬᠤᠤᠷᠳᠤ ᠡᠳ᠋ ᠫᠠᠨᠽᠠᠯᠠᠵᠦ᠍ ᠡᠳ᠋ᠯᠡᠬᠦ᠂ ᠬᠤᠯᠠᠭᠠᠢᠯᠠᠬᠤ ᠪᠤᠯᠢᠶᠠᠬᠤ ᠮᠡᠬᠡᠯᠡᠬᠦ᠂ ᠢᠳᠡᠭᠡᠨ᠎ᠤ ᠵᠦᠢᠯ ᠡᠮ᠎ᠤᠨ ᠵᠦᠢᠯ ᠪᠠ ᠤᠷᠴᠢᠨ ᠠᠬᠤᠢ᠎ᠳᠤ ᠬᠤᠯᠪᠤᠬ᠍ᠳᠠᠭ᠍ᠰᠠᠨ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠦᠨ ᠶᠠᠯᠠᠲᠤ ᠠᠵᠢᠯᠯᠠᠭ᠎ᠠ᠎ᠳᠤ ᠴᠢᠩᠭ᠎ᠠ ᠳᠠᠷᠤᠯᠲᠠ ᠦᠵᠡᠭᠦᠯᠬᠦ᠌ ᠪᠠᠢᠳᠠᠯ᠎ᠢ ᠪᠠᠲᠤᠯᠠᠨ᠎ᠠ᠃ ᠮᠦᠡᠭ᠌ᠬᠦᠨ ᠬᠦᠢᠯᠬᠡᠬᠡ ᠦᠨᠡᠳᠦ ᠲᠡᠮᠳᠡᠭ᠌ᠳᠦ᠂ ᠭᠠᠢᠯᠢ᠎ᠠᠴᠠ ᠵᠠᠢᠯᠠᠬᠤ ᠵᠡᠷᠬᠡ ᠶᠠᠯᠠᠳᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠡᠮᠬᠢ ᠵᠢᠷᠤᠮ᠎ᠢ ᠬᠠᠮᠠᠭᠠᠯᠠᠵᠤ᠂ ᠠᠵᠤ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠨ᠎ᠠ᠃ ᠱᠠᠮᠱᠢᠵᠤ ᠭᠡᠭᠡᠯᠢ ᠢᠳᠡᠭ᠌ᠰᠡᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠲᠠᠯ᠎ᠠ᠎ᠪᠠᠷ ᠬᠦᠴᠦᠲᠡᠶ ᠳᠠᠷᠤᠯᠲᠠ ᠦᠵᠡᠭᠦᠯᠬᠦ᠌ ᠪᠠᠢᠳᠠᠯ᠎ᠢ ᠪᠠᠷᠢᠮᠳᠠᠯᠠᠵᠤ᠂ ᠬᠠᠭ᠍ᠤᠤᠯᠢ ᠲᠦᠯᠬᠢᠬᠦ᠌᠎ᠶ᠋ᠢ ᠵᠠᠯᠬᠠᠭᠠᠨ ᠱᠢᠢᠳᠭᠡᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠰᠦᠯᠵᠢᠶᠡᠨ᠎ᠤ ᠶᠠᠯᠠᠲᠤ ᠠᠵᠢᠯᠯᠠᠭ᠎ᠠ ᠪᠠ ᠤᠯᠤᠰ ᠠᠯᠤᠰᠯᠠᠭ᠍ᠰᠠᠨ ᠬᠢᠯᠢ ᠠᠯᠤᠰᠯᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠨ᠎ᠡ᠃ ᠬᠠᠤᠯᠢᠴᠢ᠎ᠶ᠋ᠢᠨ ᠠᠵᠢᠯ ᠡᠷᠬᠢᠯᠡᠬᠦ᠌ ᠪᠠᠲᠤᠯᠠᠭ᠎ᠠ᠎ᠶ᠋ᠢ ᠴᠢᠩᠭᠠᠳᠭᠠᠨ᠎ᠠ᠃ ᠠᠮᠤᠷ ᠠᠮᠤᠭᠤᠯᠠᠩ ᠡᠮᠨᠡᠯᠭᠡ᠎ᠶ᠋ᠢᠨ ᠬᠣᠷᠢᠶᠠᠨ᠎ᠤ ᠪᠠᠢᠭᠤᠯᠤᠯᠲᠠ᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠳᠠᠷᠠᠭᠤᠯᠵᠤ᠂ ᠲᠤᠮᠳᠠᠳᠤ ᠤᠯᠤᠰ᠎ᠤᠨ ᠤᠨᠴᠠᠯᠢᠭ ᠪᠦᠬᠦᠢ ᠨᠢᠬᠡ ᠯᠡ ᠦᠷᠳᠡᠭᠡᠨ᠎ᠤ ᠮᠠᠶᠢᠭ᠎ᠤᠨ ᠤᠯᠠᠨ ᠡᠱᠢᠴᠢᠯᠡᠭ᠌ᠰᠡᠨ ᠵᠠᠭᠤᠷᠠᠯᠳᠤᠭᠠᠨ᠎ᠢ ᠱᠢᠢᠳᠪᠦᠷᠢᠯᠡᠬᠦ᠌ ᠪᠠ ᠵᠠᠷᠭᠤ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠪᠦᠷᠢᠨᠱᠢᠬᠦᠯᠦᠨ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠎ᠳᠤ ᠦᠢᠯᠡᠴᠢᠯᠡᠨ᠎ᠡ᠃

ᠭᠤᠷᠪᠠ᠎ᠳᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠦᠢᠯᠡᠴᠢᠯᠡᠨ᠎ᠡ᠃ 《ᠵᠢᠷᠭᠤᠭ᠎ᠠ᠎ᠶ᠋ᠢ ᠲᠣᠭ᠍ᠲᠠᠭᠤᠨ ᠪᠠᠢᠯᠭᠠᠬᠤ》᠂ 《ᠵᠢᠷᠭᠤᠭ᠎ᠠ᠎ᠶ᠋ᠢ ᠪᠠᠲᠤᠯᠠᠬᠤ》 ᠳ᠋ᠦ ᠨᠠᠷᠢᠯᠢᠬ ᠣᠨᠣᠴᠠᠲᠠᠶ᠎ᠪᠠᠷ ᠦᠢᠯᠡᠴᠢᠯᠡᠵᠦ᠍᠂ ᠬᠢᠵᠢᠭ᠎ᠢ ᠪᠠᠢᠩᠭᠤ᠎ᠶ᠋ᠢᠨ ᠴᠢᠨᠡᠷᠳᠡᠢ ᠰᠡᠷᠭᠡᠢᠯᠡᠨ ᠬᠢᠵᠠᠭᠠᠷᠯᠠᠬᠤ᠎ᠳᠤ ᠦᠢᠯᠡᠴᠢᠯᠡᠬᠦ᠌ ᠪᠠ ᠪᠠᠲᠤᠯᠠᠭ᠎ᠠ ᠬᠠᠩᠭᠠᠵᠤ᠂ ᠳᠤᠮᠳᠠ ᠵᠢᠵᠢᠭ ᠪᠢᠴᠢᠯ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠱᠢᠢᠳᠪᠦᠷᠢᠯᠡᠵᠦ᠍ ᠦᠭ᠌ᠬᠦ 20 ᠵᠦᠢᠯ᠎ᠤᠨ ᠬᠠᠤᠯᠢ ᠪᠠᠷᠢᠬᠤ ᠠᠷᠭ᠎ᠠ ᠬᠡᠮᠵᠢᠶ᠎ᠡ᠎ᠶ᠋ᠢ ᠪᠤᠳᠡᠳᠡᠢ᠎ᠪᠠᠷ ᠨᠡᠢᠳᠡᠪᠦᠷᠢᠵᠢᠭᠤᠯᠬᠤ᠎ᠶ᠋ᠢ ᠨᠢᠭ᠍ᠳᠠ ᠠᠩᠬᠠᠷᠴᠤ᠂  ᠠᠵᠤ ᠠᠬᠤᠢᠯᠠᠯ᠎ᠤᠨ ᠬᠦᠴᠢᠷᠳᠡᠯ᠎ᠢ ᠦᠨᠡᠨ ᠬᠦ᠌ ᠱᠢᠶ᠋ᠳᠪᠦᠷᠢᠯᠡᠵᠦ᠍ ᠥᠭ᠌ᠬᠥᠨ᠎ᠠ᠃  ᠵᠠᠬ᠎ᠠ ᠳᠡᠯᠭᠡᠭᠦᠷᠴᠢᠯᠡᠭ᠌ᠰᠡᠨ ᠬᠠᠤᠯᠢ᠎ᠪᠠᠷ ᠵᠠᠰᠠᠭ᠍ᠰᠠᠨ ᠤᠯᠠᠨ ᠤᠯᠤᠰᠴᠢᠯᠠᠭ᠍ᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠬᠦᠴᠦᠯᠡᠨ ᠪᠤᠢ ᠪᠣᠯᠭᠠᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠬᠠᠤᠯᠢ ᠪᠠᠷᠢᠬᠤ ᠬᠠᠮᠠᠭᠠᠯᠠᠯᠳᠠ᠎ᠶ᠋ᠢᠨ ᠡᠷᠴᠢᠮ᠎ᠢ ᠴᠢᠩᠭᠠᠷᠠᠭᠤᠯᠤᠨ᠎ᠡ᠃ ᠮᠣᠨᠣᠫᠣᠯᠢᠴᠢᠯᠠᠯ᠎ᠢ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌᠎ᠶ᠋ᠢ ᠲᠠᠰᠤᠯᠤᠨ ᠲᠣᠭ᠍ᠲᠠᠭᠠᠬᠤ ᠲᠦᠷᠢᠮ᠎ᠢ ᠲᠡᠭᠦᠯᠳᠡᠷᠵᠢᠭᠦᠯᠦᠨ᠎ᠡ᠃ ᠳ᠋ᠢᠵᠢᠲ᠋ᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢ ᠬᠠᠤᠯᠢ ᠶᠣᠰᠣᠭᠠᠷ ᠵᠢᠷᠤᠮᠵᠢᠭᠤᠯᠵᠤ᠂ ᠲᠠᠪᠴᠠᠩ᠎ᠤᠨ ᠠᠵᠢᠯ ᠡᠷᠬᠢᠯᠡᠭ᠌ᠰᠡᠳ ᠪᠠ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠎ᠠ᠃ 《ᠹᠧᠩ ᠴᠢᠶᠣᠤ ᠮᠠᠶᠢᠭ᠎ᠤᠨ ᠠᠷᠠᠳ᠎ᠤᠨ ᠱᠢᠭᠦᠬᠦ᠌ ᠲᠢᠩᠬᠢᠮ》 ᠎ᠢ᠋ ᠡᠭᠦᠳᠦᠨ ᠪᠠᠢᠭᠤᠯᠵᠤ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠨ᠎ᠡ᠃ ᠴᠡᠷᠢᠭ᠎ᠲᠦ ᠬᠣᠯᠪᠣᠭ᠍ᠳᠠᠭ᠍ᠰᠠᠨ ᠡᠷᠬᠡ᠎ᠠᠰᠢᠭ᠎ᠢ ᠬᠠᠮᠠᠭᠠᠯᠠᠬᠤ ᠠᠵᠢᠯ᠎ᠢ ᠴᠢᠩᠭᠠᠳᠭᠠᠨ᠎ᠠ᠃ 《ᠬᠦᠬᠡ ᠠᠭᠤᠯᠠ ᠬᠦᠭᠡᠮᠳᠦᠭ ᠤᠰᠤ ᠪᠤᠯ ᠠᠯᠳᠠᠨ ᠠᠭᠤᠯᠠ ᠮᠦᠡᠭ᠌ᠭᠦᠨ ᠬᠠᠢᠷᠬᠠᠨ ᠮᠦᠨ》 ᠭᠡᠭᠦ᠌ ᠣᠢᠯᠠᠭᠠᠭ᠍ᠳᠠᠬᠤᠨ᠎ᠢ ᠭᠦᠨᠵᠡᠭᠡᠶ ᠦᠢᠯᠡᠳᠦᠯᠭᠡᠵᠢᠭᠦᠯᠵᠦ᠍᠂《ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ》 ᠠᠵᠢᠯ᠎ᠳᠤ ᠨᠠᠷᠢᠯᠢᠬ ᠣᠨᠣᠴᠠᠳᠡᠢ᠎ᠪᠠᠷ ᠦᠢᠯᠡᠴᠢᠯᠡᠨ᠎ᠠ᠃ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠂ 《ᠨᠢᠭᠡ ᠪᠦᠰᠡ ᠨᠢᠭᠡ ᠵᠠᠮ》 ᠎ᠢ᠋ ᠬᠠᠮᠲᠤ᠎ᠪᠠᠷ ᠪᠠᠢᠭᠤᠯᠬᠤ ᠬᠠᠤᠯᠢ ᠪᠠᠷᠢᠬᠤ ᠦᠢᠯᠡᠴᠢᠯᠡᠭᠡᠨ᠎ᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠣᠷᠣᠨ ᠪᠦᠰᠡ᠎ᠶ᠋ᠢᠨ ᠪᠦᠬᠦ᠌ ᠲᠠᠯ᠎ᠠ᠎ᠶ᠋ᠢᠨ ᠠᠵᠤ ᠠᠬᠤᠶ᠎ᠶ᠋ᠢᠨ ᠬᠠᠨᠢᠲᠠᠨ᠎ᠤ ᠬᠠᠷᠢᠴᠠᠭ᠎ᠠ᠎ᠶ᠋ᠢᠨ ᠬᠡᠯᠡᠯᠴᠡᠭᠡᠷ (RCEP) ᠎ᠤ᠋ᠨ ᠡᠭᠦᠷᠭᠡ᠎ᠶ᠋ᠢ ᠨᠠᠢᠳᠠᠪᠤᠷᠢᠵᠢᠭᠤᠯᠤᠨ᠎ᠠ᠃ ᠭᠠᠳᠠᠭᠠᠳᠤ᠎ᠲᠠᠢ ᠬᠤᠯᠪᠣᠭ᠍ᠳᠠᠬᠤ ᠬᠠᠤᠯᠢ ᠪᠠᠷᠢᠬᠤ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠤᠯᠠᠨ ᠤᠯᠤᠰ᠎ᠤᠨ ᠬᠠᠤᠯᠢ ᠪᠠᠷᠢᠬᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠤᠨ᠂  ᠭᠠᠳᠠᠭᠠᠳᠤ᠎ᠳᠤ ᠬᠣᠯᠪᠣᠭ᠍ᠳᠠᠬᠤ ᠬᠠᠤᠯᠢ ᠪᠡᠷ ᠵᠠᠰᠠᠬᠤ  ᠴᠢᠳᠠᠪᠤᠷᠢᠲᠠᠨ᠎ᠢ  ᠬᠥᠮᠦᠵᠢᠭᠦᠯᠬᠦ᠌᠎ᠶ᠋ᠢ ᠴᠢᠩᠭᠠᠳᠬᠠᠵᠤ᠂ ᠥᠨᠳᠥᠷ ᠲᠦᠪᠱᠢᠨ ᠪᠦᠬᠦᠢ ᠭᠠᠳᠠᠭ᠍ᠰᠢ ᠨᠡᠭᠡᠭᠡᠯᠳᠡ ᠬᠢᠬᠦ᠌᠎ᠶ᠋ᠢ ᠥᠷᠭᠡᠳᠭᠡᠬᠦ᠌᠎ᠳᠤ ᠦᠢᠯᠡᠴᠢᠯᠡᠨ᠎ᠡ᠃ ᠭᠠᠳᠠᠭᠠᠳᠤ ᠤᠯᠤᠰ᠎ᠠᠴᠠ ᠮᠠᠨ᠎ᠤ ᠤᠯᠤᠰ᠎ᠤᠨ ᠠᠵᠤ ᠠᠬᠤᠢᠯᠠᠯ ᠪᠠ ᠠᠷᠠᠳ ᠢᠷᠭᠡᠳ᠎ᠲᠤ ᠭᠠᠷ ᠳᠦᠷᠦᠵᠦ᠍ ᠬᠠᠮᠢᠶᠠᠷᠤᠨ ᠬᠠᠷᠢᠶᠠᠯᠠᠬᠤ᠎ᠶ᠋ᠢ ᠬᠠᠤᠯᠢ ᠶᠤᠰᠤᠭᠠᠷ ᠡᠷᠡᠰ ᠡᠰᠡᠷᠭᠦᠴᠡᠵᠦ᠍ ᠬᠢᠵᠠᠭᠠᠷᠯᠠᠨ᠎ᠠ᠃ ᠳᠤᠮᠳᠠᠳᠤ ᠤᠯᠤᠰ᠎ᠤᠨ ᠱᠢᠭᠦᠬᠦ᠌ ᠬᠤᠷᠢᠶ᠎ᠠ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠵᠢᠷᠤᠮ᠎ᠢ ᠡᠷᠡᠰ ᠭᠤᠢᠪᠢᠰᠢ ᠦᠭᠡᠢ ᠬᠠᠮᠠᠭᠠᠯᠠᠵᠤ᠂ ᠤᠯᠤᠰ᠎ᠤᠨ ᠡᠷᠬᠡ ᠮᠡᠳᠡᠯ ᠪᠠ ᠬᠠᠤᠯᠢ ᠪᠠᠷᠢᠬᠤ ᠬᠠᠷᠢᠶᠠᠯᠠᠯ᠎ᠤᠨ ᠡᠷᠬᠡ᠎ᠶ᠋ᠢ ᠬᠠᠮᠠᠭᠠᠯᠠᠬᠤ᠎ᠳᠤ ᠥᠴᠦᠬᠡᠨ ᠴᠦ᠍ ᠨᠠᠢᠷ ᠲᠠᠯᠪᠢᠬᠤ ᠦᠭᠡᠢ᠃

ᠲᠦᠷᠪᠡ᠎ᠳᠤ ᠠᠷᠠᠳ᠎ᠤᠨ ᠠᠮᠢᠳᠤᠷᠠᠯ᠎ᠤᠨ ᠡᠷᠬᠡ ᠠᠱᠢᠭ᠎ᠢ ᠪᠠᠲᠤᠯᠠᠨ᠎ᠠ᠃ ᠰᠤᠷᠭᠠᠨ ᠬᠦᠮᠦᠵᠢᠯ᠂ ᠠᠵᠢᠯ ᠤᠯᠭᠤᠯᠳᠠ᠂ ᠨᠠᠰᠤᠵᠢᠯ᠎ᠤᠨ ᠠᠰᠠᠷᠠᠮᠵᠢ᠂ ᠡᠮᠨᠡᠯᠬᠡ᠂ ᠤᠷᠤᠭ ᠬᠡᠷ ᠪᠦᠯᠢ ᠵᠡᠷᠬᠡ ᠠᠷᠠᠳ᠎ᠤᠨ ᠠᠮᠢᠳᠤᠷᠠᠯ᠎ᠲᠠᠢ ᠬᠤᠯᠪᠤᠭ᠍ᠳᠠᠭ᠍ᠰᠠᠨ ᠬᠡᠷᠡᠭ᠎ᠢ ᠲᠤᠬᠢᠳᠡᠢ ᠱᠢᠬᠦᠨ᠎ᠡ᠃ ᠡᠮᠡᠭ᠌ᠲᠡᠢᠴᠦᠳ᠂ ᠬᠡᠤᠬᠡᠳ᠂ ᠨᠠᠰᠤᠲᠠᠢᠴᠤᠳ᠂ ᠵᠡᠮᠳᠡᠭ᠌ᠴᠦᠳ᠎ᠤᠨ ᠡᠷᠬᠡ ᠠᠱᠢᠭ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠪᠡᠯᠭᠡ᠎ᠶ᠋ᠢᠨ ᠬᠠᠯᠳᠠᠯᠭ᠎ᠠ ᠬᠢᠭ᠌ᠰᠡᠨ᠂ ᠡᠮᠡᠭ᠌ᠲᠡᠢᠴᠦᠳ ᠬᠡᠤᠬᠡᠳ᠎ᠢ ᠮᠡᠬᠡᠯᠡᠨ ᠬᠤᠳᠠᠯᠳᠤᠭ᠍ᠰᠠᠨ ᠪᠠ ᠮᠡᠬᠡᠯᠡᠨ ᠬᠤᠳᠠᠯᠳᠤᠭ᠍ᠳᠠᠭ᠍ᠰᠠᠨ ᠡᠮᠡᠭ᠌ᠲᠡᠢᠴᠦᠳ ᠬᠡᠤᠬᠡᠳ᠎ᠢ ᠬᠤᠳᠠᠯᠳᠤᠨ ᠠᠪᠤᠭ᠍ᠰᠠᠨ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠴᠠᠭ ᠲᠤᠬᠠᠢ᠎ᠳᠤᠨᠢ ᠨᠡᠢᠲᠡᠯᠡᠵᠤ ᠂  ᠮᠡᠬᠡᠯᠡᠨ ᠬᠤᠳᠠᠯᠳᠤᠭ᠍ᠳᠠᠭ᠍ᠰᠠᠨ ᠡᠮᠡᠭ᠌ᠲᠡᠢᠴᠦᠳ ᠬᠡᠦᠬᠡᠳ ᠲᠡᠬᠢ ᠬᠠᠤᠯᠢ ᠪᠠᠷᠢᠬᠤ ᠪᠠᠲᠤᠯᠠᠭ᠎ᠠ᠎ᠶ᠋ᠢ ᠴᠢᠩᠭᠠᠳᠭᠠᠨ᠎ᠠ᠃  ᠬᠠᠤᠯᠢ ᠪᠡᠷ ᠵᠠᠰᠠᠬᠤ ᠎ᠶᠢ  ᠰᠤᠷᠭᠠᠭᠤᠯᠢ᠎ᠶ᠋ᠢᠨ ᠬᠦᠷᠢᠶᠡᠨ᠎ᠳᠦ  ᠤᠷᠤᠭᠤᠯᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠤᠨ᠎ᠠ ᠃ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠤᠯᠢ ᠶᠣᠰᠣᠭᠠᠷ ᠵᠠᠰᠠᠭ ᠶᠠᠪᠤᠭᠤᠯᠬᠤ᠎ᠳᠤ ᠬᠢᠨᠠᠯᠲᠠ ᠲᠠᠯᠪᠢᠬᠤ᠎ᠶ᠋ᠢ ᠳᠡᠮᠵᠢᠵᠤ ᠂  ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠮᠥᠨ  ᠴᠢᠨᠠᠷᠲᠠᠢ ᠨᠠᠮᠳᠠᠭᠠᠬᠤ ᠶ᠋ᠢ ᠴᠢᠩᠭᠠᠳᠭᠠᠨ᠎ᠠ ᠃ ᠭᠦᠢᠴᠡᠳᠭᠡᠬᠦ᠌ ᠠᠵᠢᠯ᠎ᠤᠨ ᠡᠷᠴᠢᠮ᠎ᠢ ᠴᠢᠩᠭᠠᠷᠠᠭᠤᠯᠵᠤ᠂ ᠠᠯᠪᠠᠳᠠᠨ ᠭᠦᠢᠴᠡᠳᠭᠡᠭᠦᠯᠬᠦ᠌ ᠬᠠᠤᠯᠢ᠎ᠶ᠋ᠢᠨ ᠬᠠᠤᠯᠢ ᠲᠣᠭ᠍ᠲᠠᠭᠠᠯᠲᠠ᠎ᠶ᠋ᠢ ᠬᠠᠮᠵᠢᠯᠴᠠᠨ ᠠᠬᠢᠭᠤᠯᠤᠨ᠎ᠠ᠃  ᠬᠤᠪᠢᠰᠭᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ᠎ᠡᠴᠡ ᠠᠩᠭᠢᠵᠢᠷᠠᠭ᠍ᠰᠠᠨ ᠭᠠᠵᠠᠷ ᠣᠷᠣᠨ᠎ᠳᠠᠬᠢ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠨᠡᠢᠭᠡᠮ ᠵᠢᠷᠤᠮ᠎ᠤᠨ ᠭᠤᠤᠯᠯᠠᠬᠤ ᠦᠷᠳᠡᠭ᠎ᠤᠨ ᠦᠵᠡᠯᠲᠡ᠎ᠶ᠋ᠢ ᠪᠠᠳᠠᠷᠠᠭᠤᠯᠤᠨ᠎ᠠ᠃ 《ᠨᠠᠢ᠍ᠮᠠᠳᠤᠭᠠᠷ ᠲᠠᠪᠤᠨ ᠵᠢᠯ》  ᠤ᠋ᠨ ᠬᠠᠤᠯᠢ ᠲᠦᠭᠡᠮᠡᠯᠵᠢᠭᠦᠯᠬᠦ᠌ ᠲᠥᠯᠥᠪᠵᠢᠭᠦᠯᠭᠡ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠎ᠠ᠃ ᠵᠠᠷᠭᠤ᠎ᠳᠤ ᠬᠣᠯᠪᠣᠭ᠍ᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠠᠵᠢᠯ᠎ᠢ ᠴᠢᠩᠭᠠᠳᠭᠠᠨ᠎ᠠ᠃ ᠴᠢᠨᠡᠷ ᠰᠠᠢᠳᠡᠢ ᠬᠦᠭ᠌ᠵᠢᠯᠳᠡ᠎ᠶ᠋ᠢᠨ ᠲᠤᠮᠳᠠ ᠬᠠᠮᠳᠤ᠎ᠪᠠᠷ ᠴᠢᠨᠡᠬᠡᠯᠢᠭ᠌ᠵᠢᠬᠦ᠌᠎ᠶ᠋ᠢ ᠠᠬᠢᠭᠤᠯᠬᠤ᠎ᠳᠤ ᠬᠠᠤᠯᠢ ᠶᠤᠰᠤᠭᠠᠷ ᠦᠢᠯᠡᠴᠢᠯᠡᠵᠦ᠍᠂ ᠠᠷᠠᠳ ᠤᠯᠠᠨ᠎ᠤ ᠲᠥᠪ ᠭᠤᠤᠯᠴᠢ ᠱᠢᠳᠤᠷᠭᠤ ᠶᠣᠰᠣᠨ᠎ᠤ ᠲᠤᠬᠠᠶ ᠨᠡᠩ ᠥᠨᠳᠥᠷ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠨ᠎ᠠ᠃

ᠲᠠᠪᠤ᠎ᠳᠤ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ᠎ᠡ᠃ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠥᠭᠡᠷᠡᠴᠢᠯᠡᠯᠲᠡ᠎ᠶ᠋ᠢᠨ ᠨᠡᠩ ᠢᠯᠡᠬᠦᠦ ᠱᠢᠰᠲ᠋ᠧᠮᠵᠢᠨ ᠬᠤᠷᠠᠬᠤ᠂ ᠬᠠᠮᠵᠢᠯᠴᠠᠨ ᠥᠨᠳᠥᠷ ᠪᠦᠲᠦᠮᠵᠢᠲᠡᠶ ᠪᠠᠢᠬᠤ᠎ᠶ᠋ᠢ ᠠᠬᠢᠭᠤᠯᠤᠨ᠎ᠠ᠃ ᠬᠠᠤᠯᠢ ᠪᠠᠷᠢᠬᠤ ᠬᠠᠷᠢᠭᠤᠴᠠᠯᠭ᠎ᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠱᠢᠰᠲ᠋ᠧᠮ᠎ᠨᠢ ᠪᠦᠷᠢᠨ ᠲᠡᠭᠦᠯᠳᠡᠷ᠂ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠬᠠᠤᠯᠢ ᠪᠠᠷᠢᠬᠤ ᠬᠢᠵᠠᠭᠠᠷᠯᠠᠯ ᠪᠤᠯᠤᠨ ᠬᠢᠨᠠᠯᠲᠠ᠎ᠶ᠋ᠢᠨ ᠱᠢᠰᠲ᠋ᠧᠮ᠎ᠢ ᠲᠦᠷᠭᠡᠯᠡᠨ ᠪᠠᠢᠭᠤᠯᠤᠨ᠎ᠠ᠃ ᠲᠦᠷᠪᠡᠨ ᠱᠠᠲᠤᠨ᠎ᠤ ᠱᠢᠭᠦᠬᠦ᠌ ᠬᠤᠷᠢᠶᠠᠨ᠎ᠤ ᠱᠢᠭᠦᠬᠦ᠌ ᠱᠠᠲᠤᠨ᠎ᠤ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠬᠠᠤᠯᠢ ᠴᠠᠭᠠᠵᠠ᠎ᠶ᠋ᠢ ᠲᠤᠬᠢᠷᠠᠭᠤᠯᠤᠨ ᠭᠡᠷᠡᠭ᠌ᠯᠡᠬᠦ᠌᠎ᠶ᠋ᠢ ᠨᠢᠭᠡᠳᠭᠡᠬᠦ᠌ ᠠᠵᠢᠯ᠎ᠢ ᠭᠦᠨᠵᠡᠭᠡᠶ ᠠᠬᠢᠭᠤᠯᠣᠨ᠎ᠠ᠃ ᠬᠠᠤᠯᠢ ᠪᠠᠷᠢᠬᠤ ᠲᠤᠬᠠᠢ ᠲᠠᠢᠯᠪᠤᠷᠢᠯᠠᠬᠤ ᠠᠵᠢᠯ ᠪᠠ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠶ᠋ᠢᠨ ᠰᠤᠳᠤᠯᠭᠠᠨ ᠬᠡᠷᠡᠭᠯᠡᠭᠡᠨ᠎ᠢ ᠴᠢᠩᠭᠠᠳᠭᠠᠨ᠎ᠠ᠃ ᠲᠣᠭᠤᠷᠢᠨ ᠱᠢᠭᠦᠬᠦ᠌ ᠲᠢᠩᠬᠢᠮ᠎ᠤᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠲᠤᠰᠭᠠᠢᠵᠢᠭ᠍ᠰᠠᠨ ᠱᠢᠭᠦᠨ ᠲᠠᠰᠤᠯᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠢᠷᠭᠡᠨ᠎ᠤ ᠵᠠᠷᠭᠤ᠎ᠶ᠋ᠢᠨ ᠬᠠᠤᠯᠢ᠎ᠶ᠋ᠢ ᠬᠢᠨᠠᠮᠠᠭᠠᠢ ᠬᠡᠷᠡᠭ᠌ᠵᠢᠭᠦᠯᠦᠨ᠎ᠡ᠃ ᠱᠢᠭᠦᠨ ᠲᠠᠰᠤᠯᠤᠯᠳᠠ᠎ᠪᠠᠷ ᠭᠤᠣᠯ ᠪᠣᠯᠭᠠᠭ᠍ᠰᠠᠨ ᠵᠠᠷᠭᠤ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠤᠨ᠎ᠡ᠃ ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ ᠮᠡᠳᠡᠷᠡᠭ᠌ᠰᠡᠨ᠎ᠢ ᠠᠭᠤᠴᠢᠯᠠᠨ ᠱᠢᠢᠳᠭᠡᠬᠦ᠌ ᠳᠦᠷᠢᠮ᠎ᠢ ᠨᠡᠢᠳᠠᠪᠦᠷᠢᠵᠢᠭᠤᠯᠤᠨ᠎ᠡ᠃ ᠤᠶᠤᠨᠲᠤ ᠱᠢᠭᠦᠬᠦ᠌ ᠬᠤᠷᠢᠶᠠᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ᠎ᠡ᠃ ᠥᠭᠡᠷᠡᠴᠢᠯᠡᠯᠲᠡ ᠪᠣᠯ ᠬᠢᠵᠠᠭᠠᠷ ᠦᠭᠡᠢ ᠶᠤᠮ᠃ ᠦᠭᠡᠷᠡᠴᠢᠯᠡᠯᠲᠡ᠎ᠶ᠋ᠢ ᠵᠤᠭ᠍ᠰᠤᠯ ᠦᠭᠡᠢ ᠤᠷᠤᠭ᠍ᠰᠢᠯᠠᠭᠤᠯᠬᠤ᠂ ᠬᠠᠭᠤᠴᠢᠨ ᠵᠠᠮ᠎ᠢᠶᠠᠷ ᠵᠠᠮᠨᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠦᠪᠡᠷ᠎ᠤᠨ ᠠᠱᠢᠭ ᠲᠤᠰᠠ᠎ᠪᠠᠨ ᠵᠣᠷᠢᠭ᠍ᠲᠠᠶ ᠬᠦᠨᠳᠡᠨ᠂ ᠠᠱᠢᠭ ᠲᠤᠰᠠ᠎ᠶ᠋ᠢᠨ ᠬᠠᠯᠬᠠᠪᠴᠢ᠎ᠶ᠋ᠢ ᠵᠣᠷᠢᠭ᠍ᠲᠠᠶ ᠡᠪᠳᠡᠵᠦ᠍᠂ ᠥᠭᠡᠷᠡᠴᠢᠯᠡᠯᠲᠡ ᠬᠢᠬᠦ᠌᠎ᠳᠤ ᠲᠦᠱᠢᠭ᠌ᠯᠡᠨ ᠪᠠᠢᠭᠤᠯᠤᠯ ᠲᠣᠭ᠍ᠲᠠᠴᠠ᠎ᠶ᠋ᠢᠨ ᠭᠦᠨ ᠳᠠᠪᠬᠤᠷᠭ᠎ᠠ᠎ᠶ᠋ᠢᠨ ᠠᠰᠠᠭᠤᠳᠠᠯ ᠪᠠ ᠱᠢᠨ᠎ᠡ᠎ᠪᠠᠷ ᠢᠯᠡᠷᠡᠭ᠌ᠰᠡᠨ ᠠᠰᠠᠭᠤᠳᠠᠯ᠎ᠢ ᠱᠢᠢᠳᠪᠦᠷᠢᠯᠡᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠪᠠᠷᠢᠬᠤ ᠪᠠᠢᠭᠤᠯᠤᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃

ᠵᠢᠷᠭᠤᠭ᠎ᠠ᠎ᠳᠤ ᠱᠢᠭᠦᠬᠦ᠌ ᠬᠤᠷᠢᠶᠠᠨ᠎ᠤ ᠢᠯᠠᠭᠤᠭ᠍ᠰᠠᠨ ᠴᠡᠷᠢᠭ ᠠᠩᠬᠢ᠎ᠶ᠋ᠢ ᠳᠠᠪᠲᠠᠨ ᠪᠣᠯᠪᠠᠰᠤᠷᠠᠭᠤᠯᠤᠨ᠎ᠠ᠃ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠬᠤ᠎ᠶ᠋ᠢ ᠪᠠᠷᠢᠮᠲᠠᠯᠠᠨ᠎ᠠ᠃ ᠬᠠᠤᠯᠢ ᠪᠠᠷᠢᠬᠤ ᠠᠵᠢᠯᠳᠠᠨ᠎ᠢ ᠲᠦᠷᠦᠯ ᠬᠤᠪᠢᠶᠠᠨ ᠬᠠᠮᠢᠶᠠᠷᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠭᠦᠬᠦ᠌ ᠲᠤᠱᠢᠶᠠᠯᠲᠠᠨ᠎ᠢ ᠬᠥᠮᠦᠵᠢᠭᠦᠯᠬᠦ᠌ ᠪᠠ ᠱᠢᠯᠢᠨ ᠰᠣᠩᠭᠤᠬᠤ ᠲᠣᠭ᠍ᠲᠠᠴᠠ᠎ᠶ᠋ᠢ ᠪᠦᠷᠢᠨᠱᠢᠬᠦᠯᠵᠤ᠂ ᠣᠷᠣᠨ ᠲᠣᠭᠠᠳᠤ ᠱᠢᠭᠦᠭᠴᠢ ᠲᠤᠱᠢᠶᠠᠯᠲᠠᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠣᠯᠪᠠᠰᠤᠷᠠᠯ᠎ᠢ ᠴᠢᠩᠭᠠᠳᠭᠠᠨ᠎ᠠ᠃ ᠲᠡᠭᠡᠳᠦ ᠬᠡᠪ ᠴᠢᠨᠠᠷ ᠪᠦᠬᠦᠢ ᠲᠤᠰᠭᠠᠢᠵᠢᠭ᠍ᠰᠠᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠱᠢᠭᠦᠬᠦ᠌ ᠬᠣᠷᠢᠶᠠᠨ᠎ᠤ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠵᠦ᠍᠂ ᠴᠡᠭ᠌ᠴᠡᠯᠡᠨ ᠵᠠᠰᠠᠬ᠍ᠰᠠᠨ ᠠᠷᠬᠠᠭ ᠬᠡᠮ᠎ᠢ ᠶᠠᠭᠠᠬᠢᠭ᠍ᠰᠠᠨ ᠴᠤ᠌ ᠳᠠᠬᠢᠨ ᠢᠯᠡᠷᠡᠬᠦᠯᠬᠦ᠌ ᠥᠬᠡᠶ᠃ ᠬᠥᠮᠦᠵᠢᠯ ᠴᠡᠭ᠌ᠴᠡᠯᠡᠯᠲᠡ ᠬᠤᠭᠤᠴᠠᠭ᠎ᠠ᠎ᠲᠠᠢ ᠪᠤᠯᠪᠠᠴᠤ᠌ ᠡᠩᠨᠡᠭᠡᠨ᠎ᠤ ᠪᠠᠢᠭᠤᠯᠤᠯᠲᠠ ᠬᠢᠵᠠᠭᠠᠷ ᠦᠭᠡᠢ ᠶᠤᠮ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠨᠢᠭᠡ ᠮᠥᠴᠡ ᠴᠦ᠍ ᠰᠤᠯᠠᠷᠠᠭᠤᠯᠤᠯ ᠦᠭᠡᠢ ᠠᠬᠢᠭᠤᠯᠵᠤ᠂ ᠦᠪᠡᠷ᠎ᠤᠨ ᠪᠡᠶ᠎ᠡ᠎ᠳᠡᠭᠡᠨ ᠵᠤᠷᠢᠭ᠍ᠲᠠᠢ᠎ᠪᠠᠷ ᠬᠤᠪᠢᠰᠭᠠᠯ ᠬᠢᠵᠤ᠂ ᠦᠷᠬᠦᠯᠵᠢ ᠠᠳᠭᠤᠨ ᠤᠷᠳᠤ ᠬᠤᠭᠤᠴᠠᠭ᠎ᠠ᠎ᠪᠠᠷ ᠠᠳᠭᠤᠬᠤ᠂ ᠡᠷᠲᠡ᠎ᠠᠴᠠ ᠠᠳᠭᠤᠨ ᠪᠠᠭ᠎ᠠ ᠲᠡᠭᠡᠷ᠎ᠡ᠎ᠨᠢ ᠠᠳᠭᠤᠬᠤ᠎ᠶ᠋ᠢ ᠪᠠᠷᠢᠮᠳᠠᠯᠠᠨ᠂ ᠬᠠᠤᠯᠢ ᠪᠠᠷᠢᠬᠤ᠎ᠳᠠᠭᠠᠨ ᠭᠤᠤᠯᠴᠢ ᠪᠤᠰᠤ ᠪᠠᠢᠬᠤ᠂ ᠬᠠᠤᠯᠢ ᠪᠠᠷᠢᠵᠤ ᠪᠠᠢᠭᠠᠳ ᠢᠯᠵᠢᠷᠡᠨ ᠲᠤᠷᠦ᠋ᠢᠳᠠᠬᠤ ᠦᠵᠡᠭ᠌ᠳᠡᠯ᠎ᠢ ᠴᠤᠬᠤᠢᠮᠠᠭ᠍ᠴᠠ ᠴᠣᠬᠢᠯᠲᠠ ᠥᠭ᠌ᠬᠦ ᠬᠡᠷᠡᠭ᠌ᠲᠡᠶ᠃ ᠱᠢᠭᠦᠬᠦ᠌ ᠬᠤᠷᠢᠶᠠᠨ᠎ᠤ ᠡᠩᠨᠡᠭᠡ᠎ᠶ᠋ᠢᠨ ᠬᠤᠪᠢᠰᠭᠠᠯᠵᠢᠬᠤ᠂ ᠵᠢᠩᠬᠢᠨᠢᠴᠢᠯᠡᠬᠦ᠂ ᠲᠤᠰᠭᠠᠢᠵᠢᠬᠤ᠂ ᠠᠵᠢᠯ ᠮᠡᠷᠭᠡᠵᠢᠬᠦ᠌᠎ᠶ᠋ᠢ ᠭᠦᠨᠵᠡᠭᠡᠶ ᠠᠬᠢᠭᠤᠯᠵᠤ᠂ ᠥᠨᠢ ᠡᠭᠦᠷᠢᠳᠡ ᠨᠠᠮ᠎ᠳᠠᠭᠠᠨ ᠦᠨᠡᠨᠴᠢ ᠱᠢᠳᠤᠷᠭᠤ᠂ ᠤᠯᠤᠰ ᠣᠷᠣᠨ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠦᠨᠡᠨᠴᠢ ᠱᠢᠳᠤᠷᠭᠤ᠂ ᠬᠠᠤᠯᠢ ᠴᠠᠭᠠᠵᠠ᠎ᠳᠤ ᠦᠨᠡᠨᠴᠢ ᠱᠢᠳᠤᠷᠭᠤ ᠱᠢᠭᠦᠬᠦ᠌ ᠬᠤᠷᠢᠶᠠᠨ᠎ᠤ ᠨᠢᠭᠡᠨ ᠰᠠᠯᠠᠭ᠎ᠠ ᠢᠯᠠᠭᠤᠭ᠍ᠰᠠᠨ ᠴᠡᠷᠢᠭ ᠠᠩᠬᠢ᠎ᠶ᠋ᠢ ᠪᠠᠢᠭᠤᠯᠤᠨ᠎ᠠ᠃

ᠲᠥᠯᠥᠭᠡᠯᠡᠭ᠌ᠴᠢᠳ ᠡ᠂ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ ᠎ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠲᠠᠯᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠤᠯᠭᠤᠷ ᠵᠤᠷᠢᠯᠲᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠱᠢᠭᠤᠷᠬᠠᠢ᠎ᠪᠠᠷ ᠤᠷᠤᠭ᠍ᠰᠢᠯᠠᠵᠤ᠂ ᠱᠢᠭᠦᠨ ᠲᠠᠰᠤᠯᠤᠯᠳᠠ᠎ᠶ᠋ᠢᠨ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢ ᠨᠠᠩ ᠰᠠᠢᠨ ᠪᠠᠳᠠᠷᠠᠭᠤᠯᠤᠨ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠠᠯᠲᠠ᠎ᠲᠠᠢ᠎ᠪᠠᠷ ᠬᠤᠷᠠᠯᠳᠤᠬᠤ᠎ᠶ᠋ᠢ ᠪᠤᠳᠠᠲᠤ ᠦᠢᠯᠡ ᠠᠵᠢᠯᠯᠠᠭ᠎ᠠ᠎ᠪᠠᠷ᠎ᠢᠶᠠᠨ ᠤᠭ᠍ᠲᠤᠵᠤ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠬᠦᠳᠦ᠍᠎ᠶ᠋ᠢ ᠪᠡᠶᠡᠯᠡᠬᠦᠯᠬᠦ᠌᠎ᠶ᠋ᠢᠨ ᠲᠦᠯᠦᠬᠡ ᠴᠦᠭᠦᠷᠡᠰᠢ ᠦᠭᠡᠢ ᠲᠡᠮᠡᠴᠡᠵᠡᠭᠡᠶ᠎ᠠ!

( ᠰᠢᠨᠬᠣᠸᠠ ᠬᠣᠷᠢᠶᠠᠨ ᠤ᠋ ᠪᠡᠭᠡᠵᠢᠩ ᠤ᠋ᠨ 3 ᠰᠠᠷ᠎ᠠ ᠵᠢᠨ 15  ᠤ᠋ ᠡᠳᠦᠷ ᠤ᠋ᠨ ᠴᠠᠬᠢᠯᠭᠠᠨ ᠮᠡᠳᠡᠭᠡ ᠂ ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ  ᠣᠷᠴᠢᠭᠣᠯᠪᠠ )  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号