ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠡᠷᠡᠮᠡᠬᠡᠢᠯᠡᠨ ᠤᠷᠤᠭ᠍ᠰᠢᠯᠠᠵᠤ ᠲᠣᠭ᠍ᠲᠠᠭᠤᠨ ᠡᠷᠡᠭᠦᠯ ᠠᠵᠤ ᠠᠬᠤᠢ᠎ᠶ᠋ᠢᠨ ᠣᠷᠴᠢᠨ ᠲᠣᠭᠣᠷᠢᠨ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ ᠪᠠᠲᠤᠯᠠᠬᠤ᠎ᠳᠤ ᠪᠤᠭᠤᠲᠤ᠎ᠶ᠋ᠢᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠡᠷᠭᠦᠨ᠎ᠠ
2022-03-18 09:26:52
ᠵᠣᠬᠢᠶᠠᠭ᠍ᠴᠢ᠄
ᠯᠢᠦᠶ ᠱᠢᠤᠸᠠᠢ ᠱᠢᠶᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠮᠸᠩ ᠹᠠᠨ ᠯᠢ᠎ᠶ᠋ᠢ ᠰᠤᠷᠪᠤᠯᠵᠢᠯᠠᠭ᠍ᠰᠠᠨ ᠨᠢ  

ᠤᠢ᠍ᠢᠷ᠎ᠠ᠎ᠶ᠋ᠢᠨ ᠡᠳᠦᠷ᠎ᠤᠳ ᠲᠤ᠌᠂ ᠪᠤᠭᠤᠲᠤ ᠬᠤᠳᠠ᠎ᠶ᠋ᠢᠨ ᠥᠷᠭᠡᠨ ᠤᠯᠠᠨ ᠺᠠᠳ᠋ᠷ ᠤᠯᠠᠨ ᠲᠦᠮᠡᠨ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠪᠠ᠃ 3 ᠰᠠᠷ᠎ᠠ᠎ᠶ᠋ᠢᠨ 17 ᠤ᠋ ᠡᠳᠦᠷ᠂ ᠰᠤᠷᠪᠤᠯᠵᠢᠯᠠᠭ᠍ᠴᠢ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠮᠸᠩ ᠹᠠᠨ ᠯᠢ᠎ᠶ᠋ᠢ ᠰᠤᠷᠪᠤᠯᠵᠢᠯᠠᠪᠠ᠃

ᠮᠸᠩ ᠹᠠᠨ ᠯᠢ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠢᠳᠡᠨ᠎ᠦ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢ ᠵᠢᠯᠣᠭᠣᠳᠭᠤ ᠦᠨᠳᠦᠰᠦᠨ ᠵᠢᠷᠤᠮᠯᠠᠯ ᠪᠣᠯᠤᠨ᠎ᠠ᠃ ᠪᠢᠳᠠ ᠵᠠᠪᠠᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠤᠯᠭᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠤᠢᠯᠠᠭᠠᠬᠤ᠂ ᠲᠠᠷᠢᠬᠢᠨ᠎ᠳᠠᠭᠠᠨ ᠰᠢᠩᠭᠡᠭᠡᠵᠦ ᠰᠡᠳᠭᠢᠯ᠎ᠳᠡᠭᠡᠨ ᠬᠠᠳᠠᠩᠱᠢᠭᠤᠯᠬᠤ᠂ ᠪᠦᠬᠦ᠌ ᠲᠠᠯ᠎ᠠ᠎ᠪᠡᠷ ᠱᠢᠰᠲ᠋ᠧᠮ ᠲᠠᠢ᠂ ᠨᠡᠪᠲᠡᠷᠡᠲᠡᠯ᠎ᠡ ᠣᠢᠯᠠᠭᠠᠬᠤ᠂ ᠮᠡᠳᠡᠬᠦ  ᠬᠢᠬᠦ ᠎ᠶ᠋ᠢ ᠨᠢᠭᠡᠳᠭᠡᠬᠦ᠂ ᠰᠤᠷᠤᠭ᠍ᠰᠠᠨ᠎ᠢᠶᠠᠨ ᠬᠡᠷᠡᠭᠯᠡᠬᠦ ᠲᠡᠭᠡᠷ᠎ᠡ ᠬᠦᠴᠦ ᠪᠡᠨ ᠲᠠᠯᠪᠢᠵᠦ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠤᠬᠠᠪᠦᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠡᠭᠦᠷᠭᠡ᠎ᠶ᠋ᠢᠨ ᠪᠢᠴᠢᠭ ᠲᠤᠭᠲᠠᠭᠠᠵᠤ᠂ ᠵᠠᠮ᠎ᠤᠨ ᠵᠢᠷᠤᠭ᠎ᠢ ᠰᠠᠢᠳᠤᠷ ᠵᠢᠷᠤᠭᠯᠠᠵᠤ᠂ ᠴᠠᠭ᠎ᠤᠨ ᠬᠦᠰᠦᠨᠦᠭ᠌ᠲᠦ ᠲᠤᠭᠲᠠᠭᠠᠵᠤ᠂ ᠬᠠᠷᠢᠭᠤᠴᠠᠯᠭ᠎ᠠ᠎ᠶ᠋ᠢᠨ ᠳᠦᠷᠢᠮ᠎ᠢ ᠲᠣᠳᠣᠷᠬᠠᠢᠯᠠᠬᠤ᠂ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠨ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ 《ᠬᠣᠶᠠᠷ᠎ᠢ ᠲᠣᠭ᠍ᠲᠠᠭᠠᠬᠤ》 ᠎ᠶ᠋ᠢ ᠡᠷᠡᠰ ᠬᠦᠷᠢᠶᠡᠯᠡᠬᠦ᠌ ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠤᠬᠠᠮᠰᠠᠷᠲᠤ ᠠᠵᠢᠯᠯᠠᠭ᠎ᠠ ᠪᠣᠯᠭᠠᠨ ᠦᠨᠡᠨ ᠬᠦ᠌ ᠬᠤᠪᠢᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠴᠡᠴᠡᠭ᠌ᠯᠡᠨ ᠮᠠᠨᠳᠤᠵᠤ᠂ ᠬᠦᠭᠵᠢᠨ ᠪᠠᠳᠠᠷᠠᠭᠰᠠᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠳᠤ ᠣᠳᠣᠬᠢᠴᠢᠯᠠᠭᠰᠠᠨ ᠱᠢᠨ᠎ᠡ ᠪᠤᠭᠤᠲᠤ᠎ᠶ᠋ᠢ ᠪᠦᠲᠦᠭᠡᠨ ᠪᠠᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠣᠭ᠍ᠲᠠᠭᠤᠨ ᠡᠷᠡᠭᠦᠯ ᠠᠵᠤ ᠠᠬᠤᠢ᠎ᠶ᠋ᠢᠨ ᠣᠷᠴᠢᠨ ᠲᠣᠭᠣᠷᠢᠨ᠂ ᠲᠦᠷᠦ᠍ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠣᠷᠴᠢᠨ ᠲᠣᠭᠣᠷᠢᠨ᠎ᠢ  ᠪᠠᠲᠤᠯᠠᠬᠤ᠎ᠶ᠋ᠢᠨ ᠲᠥᠯᠥᠭᠡ ᠪᠤᠭᠤᠲᠤ᠎ᠶ᠋ᠢᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠡᠷᠭᠦᠵᠦ᠂ ᠱᠢᠯᠢᠳᠡᠭ ᠬᠢᠷᠢ ᠪᠦᠲᠦᠮᠵᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ᠃

《ᠲᠠᠪᠤᠨ ᠵᠠᠪᠠᠯ ᠶᠠᠪᠤᠬᠤ ᠵᠠᠮ》 ᠢ᠋ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠵᠢᠷᠤᠮᠯᠠᠯ ᠪᠣᠯᠭᠠᠨ᠎ᠠ᠃ 《ᠲᠠᠪᠤᠨ ᠵᠠᠪᠠᠯ ᠶᠠᠪᠤᠬᠤ ᠵᠠᠮ》ᠤ᠋ᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠶᠡᠷᠦᠩᠬᠡᠢ ᠱᠦᠵᠢ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ ᠳᠤᠷᠠᠳᠤᠭ᠍ᠰᠠᠨ 《ᠶᠢᠰᠦᠨ ᠡᠷᠬᠡᠪᠰᠢ》ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠲᠠᠶ ᠤᠶᠠᠯᠳᠤᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠡᠷᠡᠰ ᠭᠤᠢᠪᠢᠰᠢ ᠦᠭᠡᠢ ᠪᠠᠷᠢᠮᠲᠠᠯᠠᠨ ᠬᠥᠭ᠌ᠵᠢᠭᠦᠯᠵᠦ᠍᠂ ᠪᠦᠯᠬᠦᠮᠳᠡᠨ ᠲᠡᠮᠡᠴᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠢᠮᠠᠭ᠍ᠲᠠ ᠡᠷᠡᠯᠬᠡᠭ᠌ᠯᠡᠨ ᠤᠷᠤᠭ᠍ᠰᠢᠯᠠᠨ᠎ᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ ᠲᠠᠰᠤᠷᠠᠯᠲᠠ ᠥᠬᠡᠶ ᠴᠢᠩᠭᠠᠳᠭᠠᠨ ᠰᠠᠢᠵᠢᠷᠠᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠡᠵᠡᠮᠰᠢᠨ ᠲᠤᠭᠤᠱᠢᠯᠠᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠷᠮᠠᠢᠨ ᠪᠠᠢᠭᠤᠯᠬᠤ᠎ᠪᠠᠷ ᠭᠠᠷᠳᠡᠴᠡ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ ᠢ᠋ ᠪᠦᠲᠦᠭᠡᠨ ᠪᠠᠢᠭᠤᠯᠬᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠳᠠ ᠵᠢᠨ ᠱᠢᠰᠲ᠋ᠧᠮ ᠪᠠ ᠵᠠᠰᠠᠯᠳᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ ᠢ᠋ ᠳᠡᠭᠡᠭ᠌ᠰᠢᠯᠡᠭᠦᠯᠬᠦ᠂ ᠦᠨᠳᠦᠰᠦᠲᠡᠨ᠎ᠦ ᠠᠵᠢᠯ᠎ᠤᠨ ᠬᠦᠷᠢᠶᠡᠨ᠎ᠳᠡᠬᠢ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠭᠡᠮ ᠰᠤᠭᠤᠭ᠎ᠢ ᠪᠦᠲᠦᠮᠵᠢᠲᠡᠶ ᠰᠡᠷᠭᠡᠢᠯᠡᠬᠦ᠌ ᠵᠡᠷᠭᠡ ᠠᠵᠢᠯ ᠢ᠋ ᠭᠦᠨᠵᠡᠭᠡᠢ ᠨᠠᠷᠢᠯᠢᠭ ᠪᠤᠳᠠᠳᠠᠢ ᠬᠢᠵᠤ᠂ ᠨᠠᠮ᠎ᠤᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠤ᠂ ᠠᠭᠤᠤ ᠶᠡᠬᠡ ᠡᠬᠡ ᠤᠯᠤᠰ᠎ᠢᠶᠠᠨ ᠬᠠᠮᠲᠤ᠎ᠪᠠᠷ ᠪᠦᠲᠦᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠨ᠎ᠠ᠃

ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ᠎ᠠ᠃ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ ᠤ᠋ᠨ ᠬᠡᠪᠴᠢᠶᠡᠵᠢᠯ ᠤ᠋ᠨ ᠴᠢᠨᠠᠷᠳᠠᠢ ᠳᠠᠬᠢᠨ ᠲᠠᠷᠬᠠᠨ ᠲᠡᠯᠭᠡᠷᠡᠬᠦ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ᠎ᠶ᠋ᠢ ᠰᠠᠢᠲᠤᠷ ᠠᠳᠭᠤᠭ᠍ᠰᠠᠨ ᠰᠠᠭᠤᠷᠢᠨ ᠳᠡᠭᠡᠷ᠎ᠡ᠂ ᠠᠵᠤ ᠠᠬᠤᠶ᠎ᠶ᠋ᠢᠨ ᠡᠷᠭᠢᠯᠲᠡ᠎ᠶ᠋ᠢᠨ ᠲᠣᠬᠢᠷᠠᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠠᠵᠤ ᠦᠶ᠋ᠯᠡᠰ᠎ᠦᠨ ᠬᠥᠭ᠌ᠵᠢᠯᠲᠡ᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠂ ᠠᠮᠤᠷ ᠲᠦᠪᠱᠢᠨ ᠲᠣᠭ᠍ᠲᠠᠭᠤᠨ ᠵᠡᠷᠭᠡ ᠣᠳᠣᠬᠠᠨ᠎ᠤ ᠭᠤᠤᠯᠳᠠᠯᠭ᠎ᠠ᠎ᠲᠠᠶ ᠠᠵᠢᠯ᠎ᠢ ᠡᠷᠡᠰ ᠰᠠᠢᠲᠤᠷ ᠠᠳᠭᠤᠵᠤ᠂ ᠬᠣᠬᠢᠷᠠᠯ᠎ᠢ ᠪᠥᠬᠥ᠌ ᠬᠦᠴᠦᠨ᠎ᠢᠶᠡᠷ᠎ᠢᠶᠡᠨ ᠨᠥᠬᠥᠪᠥᠷᠢᠯᠡᠵᠦ᠍᠂ ᠨᠢᠭᠡᠳᠦᠭᠡᠷ ᠤᠯᠠᠷᠢᠯ᠎ᠳᠤ ᠰᠠᠢᠨ ᠡᠬᠢᠯᠡᠯᠳᠡ ᠲᠠᠢ ᠪᠤᠯᠬᠤ ᠵᠢ ᠪᠠᠳᠤᠯᠠᠵᠤ᠂ ᠡᠭᠦᠨ᠎ᠦ ᠤᠯᠠᠮ᠎ᠢᠶᠠᠷ ᠪᠥᠬᠥ᠌ ᠵᠢᠯ᠎ᠳᠦ ᠬᠠᠮᠤᠭ᠎ᠤᠨ ᠰᠠᠢᠨ ᠦᠷ᠎ᠡ ᠪᠦᠲᠦᠭᠡᠯ ᠤᠯᠬᠤ᠎ᠶ᠋ᠢ ᠪᠠᠲᠤᠯᠠᠨ᠎ᠠ᠃

ᠨᠡᠭᠦᠷᠡᠰᠦᠲᠥ᠋ᠷᠥᠭ᠌ᠴᠢ ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳ᠋ᠸ᠋ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠬᠢᠭᠤᠯᠤᠨ᠎ᠠ᠃ ᠶᠡᠷᠦᠩᠬᠡᠶ ᠱᠦᠵᠢ᠎ᠶ᠋ᠢᠨ ᠳᠤᠷᠠᠳᠤᠭ᠍ᠰᠠᠨ 《ᠱᠢᠰᠲ᠋ᠧᠮ᠎ᠦᠨ ᠦᠵᠡᠯᠲᠡ᠎ᠪᠡᠨ ᠴᠢᠩᠭᠠᠳᠭᠠᠵᠤ᠂ ᠲᠣᠭ᠍ᠲᠠᠭᠤᠨ᠎ᠤ ᠳᠤᠮᠳᠠ ᠤᠷᠤᠭᠰᠢᠯᠠᠨ ᠳᠠᠪᠰᠢᠬᠤ᠂ ᠠᠯᠬᠤᠮ ᠠᠯᠬᠤᠮ᠎ᠢᠶᠠᠷ ᠪᠡᠶᠡᠯᠡᠭᠦᠯᠬᠦ ᠵᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ᠎ᠵᠢᠨ ᠬᠡᠮᠵᠢᠶ᠎ᠡ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ ᠵᠢ ᠦᠷᠭᠡᠳᠭᠡᠬᠦ᠂ ᠨᠡᠮᠡᠭ᠌ᠳᠡᠯ᠎ᠢ ᠬᠠᠮᠵᠢᠯᠴᠠᠨ ᠠᠬᠢᠭᠤᠯᠬᠤ》ᠴᠢᠬᠤᠯᠠ ᠱᠠᠭᠠᠷᠳᠠᠯᠭ᠎ᠠ ᠵᠢ ᠡᠷᠡᠰ ᠨᠠᠢᠳᠠᠪᠤᠷᠢᠵᠢᠭᠤᠯᠵᠤ᠂ ᠤᠯᠤᠰ᠎ᠤᠨ 《ᠬᠤᠤᠰ ᠨᠡᠭᠦᠷᠡᠰᠦᠲᠥ᠋ᠷᠥᠭ᠌ᠴᠢ》 ᠎ᠶ᠋ᠢᠨ ᠠᠵᠢᠯ᠎ᠤᠨ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ ᠶᠣᠰᠣᠭᠠᠷ᠂  ᠪᠣᠬᠢᠷᠲᠤᠯ ᠦᠭᠡᠢ ᠦᠢᠯᠡᠳᠪᠦᠷᠢᠯᠡᠯ᠎ᠦᠨ ᠠᠷᠭ᠎ᠠ ᠬᠡᠯᠪᠡᠷᠢ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠷᠭᠡᠳᠭᠡᠨ ᠪᠤᠢ ᠪᠣᠯᠭᠠᠵᠤ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ ᠠᠵᠤ ᠠᠬᠤᠢ ᠵᠡᠷᠭᠡ ᠭᠣᠣᠯᠳᠠᠯᠭ᠎ᠠ᠎ᠲᠠᠶ ᠠᠵᠢᠯ᠎ᠢ ᠢᠳᠡᠪᠬᠢᠲᠡᠢ ᠬᠥᠭ᠌ᠵᠢᠭᠦᠯᠵᠦ᠂ 《ᠬᠤᠤᠰ ᠨᠡᠭᠦᠷᠡᠰᠦᠳᠦᠢ᠍ᠷᠦᠭ᠌ᠴᠢ》᠎ᠶ᠋ᠢᠨ ᠬᠡᠷᠡᠭ᠌ᠴᠡᠭᠡ᠎ᠶ᠋ᠢ ᠪᠦᠬᠦ᠌ ᠲᠠᠯ᠎ᠠ᠎ᠪᠠᠷ ᠬᠠᠩᠭᠠᠬᠤ᠎ᠳᠤ ᠬᠠᠮ ᠱᠢᠶ᠋ᠳᠪᠦᠷᠢᠯᠡᠬᠦ᠌ ᠲᠥᠰᠦᠯ ᠬᠠᠩᠭᠠᠭ᠍ᠰᠠᠨ ᠡᠯ᠎ᠡ ᠲᠥᠷᠥᠯ᠎ᠦᠨ ᠠᠵᠤ ᠠᠬᠤᠢᠯᠠᠯ ᠳ᠋ᠦ ᠠᠨᠭᠬᠠᠷᠤᠯ᠎ᠵᠢᠡᠨ ᠲᠦᠪᠯᠡᠷᠡᠭᠦᠯᠵᠦ᠂ ᠪᠤᠭᠤᠲᠤ᠎ᠶ᠋ᠢ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳ᠋ᠸ᠋ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠬᠣᠱᠢᠭᠤᠴᠢ ᠬᠣᠲᠠ᠂ ᠵᠢᠱ᠌ᠢᠶᠡᠴᠢ ᠬᠤᠲᠠ ᠪᠣᠯᠭᠠᠨ ᠪᠥᠲᠥᠭᠡᠨ ᠪᠠᠢᠭᠤᠯᠬᠤ᠎ᠪᠠᠷ ᠴᠢᠷᠮᠠᠢᠨ᠎ᠠ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠭᠡᠭᠴᠢ ᠬᠡᠨ ᠪᠣᠯᠬᠤ᠂ ᠶᠠᠭᠤ ᠬᠢᠬᠦ᠌ ᠡᠨᠡ ᠬᠦ᠌ ᠦᠨᠳᠦᠰᠦᠨ ᠠᠰᠠᠭᠤᠳᠠᠯ᠎ᠢ ᠢᠮᠠᠭ᠍ᠲᠠ ᠪᠠᠲᠤ ᠴᠡᠭᠡᠵᠢᠯᠡᠵᠦ᠍᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ᠍ ᠮᠠᠷᠲᠠᠵᠤ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ᠎ᠤᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ ᠰᠠᠢᠵᠢᠷᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠥᠷᠭᠡᠳᠭᠡᠵᠦ᠍᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠭᠠᠬᠤ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠪᠤᠢ ᠪᠣᠯᠭᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠂ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠢᠯᠡᠨ ᠭᠦᠶ᠋ᠴᠡᠳᠭᠡᠬᠦ᠌ ᠬᠠᠷᠢᠭᠤᠴᠠᠯᠭ᠎ᠠ ᠡᠭᠦᠷᠭᠡᠯᠡᠯ᠎ᠢᠶᠡᠨ ᠤᠯᠠᠮ ᠴᠢᠨᠠᠭ᠍ᠰᠢᠳᠠ ᠴᠢᠩᠭᠠᠳᠭᠠᠵᠤ᠂ ᠡᠷᠡᠮᠡᠬᠡᠢᠯᠡᠨ ᠤᠷᠤᠭ᠍ᠰᠢᠯᠠᠬᠤ᠂ ᠡᠭᠦᠷᠢᠳᠡ ᠴᠠᠯᠠᠭᠠᠢᠷᠠᠬᠤ ᠥᠬᠡᠶ ᠪᠠᠢᠬᠤ ᠣᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠵᠣᠷᠢᠭ᠍ᠲᠠᠶ᠎ᠪᠠᠷ ᠤᠷᠤᠭ᠍ᠰᠢᠯᠠᠵᠤ ᠵᠣᠷᠢᠭ᠍ᠲᠠᠶ᠎ᠪᠠᠷ ᠠᠵᠢᠯᠯᠠᠬᠤ᠂ ᠴᠤᠴᠠᠯᠲᠠ ᠥᠬᠡᠶ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢ ᠢᠮᠠᠭ᠍ᠲᠠ ᠪᠠᠲᠤᠯᠠᠵᠤ᠂ ᠴᠠᠭ᠎ᠢ ᠵᠠᠪᠳᠤᠨ ᠲᠡᠷᠢᠭᠦᠨ᠎ᠦ᠎ᠬᠢ ᠪᠣᠯᠬᠤ᠎ᠪᠠᠷ ᠴᠢᠷᠮᠠᠢᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠲᠠᠰᠤᠷᠠᠯᠲᠠ ᠥᠬᠡᠶ ᠱᠢᠨ᠎ᠡ ᠱᠢᠪᠲᠤᠯᠤᠯᠲᠠ ᠭᠠᠷᠭᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠠ ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号