ᠯᠢᠦ ᠶᠠ ᠱᠧᠩ ᠲᠥᠯᠥᠭᠡᠯᠡᠭᠴᠢ᠄ ᠠᠷᠠᠳ ᠲᠦᠮᠡᠨ᠎ᠳᠦ ᠦᠨᠡᠨᠴᠢ ᠪᠠᠷ ᠦᠢᠯᠡᠴᠢᠯᠡᠨ᠎ᠡ
2022-03-02 09:55:28
ᠵᠣᠬᠢᠶᠠᠭ᠍ᠴᠢ᠄
ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠥᠬᠡᠬᠣᠲᠠ᠂ ᠪᠤᠭᠤᠲᠤ ᠵᠡᠷᠭᠡ ᠭᠠᠵᠠᠷ᠎ᠲᠤ ᠵᠠᠯᠭᠠᠭ᠎ᠠ᠎ᠪᠠᠷ ᠬᠢᠵᠢᠭ᠎ᠦᠨ ᠪᠠᠢᠳᠠᠯ ᠭᠠᠷᠴᠤ᠌᠂ ᠡᠮᠴᠢᠯᠡᠭᠡᠨ᠎ᠦ ᠠᠵᠢᠯᠲᠠᠳ ᠪᠤᠷᠪᠢ ᠪᠤᠬᠢᠰᠬᠢᠯ ᠦᠭᠡᠢ ᠶᠠᠭᠠᠷᠠᠯᠳᠤᠨ᠎ᠠ᠂ ᠪᠥᠬᠥ᠌ ᠤᠯᠤᠰ᠎ᠤᠨ ᠠᠷᠠᠳ᠎ᠤᠨ ᠲᠦᠯᠦᠭᠡᠯᠡᠭᠴᠢᠳ᠎ᠦᠨ ᠶᠡᠬᠡ ᠬᠤᠷᠠᠯ᠎ᠤᠨ ᠲᠦᠯᠦᠭᠡᠯᠡᠭᠴᠢ᠂ ᠬᠢᠩᠭᠠᠨ ᠠᠢᠮᠠᠭ᠎ᠤᠨ ᠴᠢᠰᠤᠨ᠎ᠤ ᠥᠷᠲᠡᠭᠡ᠎ᠶᠢᠨ ᠠᠵᠢᠯᠲᠠᠨ ᠯᠢᠦ ᠶᠠ ᠱᠧᠩ ᠴᠦ᠍ ᠲᠡᠳᠡᠨᠤᠰ ᠲᠠᠢ ᠠᠳᠠᠯᠢᠬᠠᠨ ᠮᠠᠰᠢ ᠶᠠᠭᠠᠷᠠᠤ ᠪᠠᠢᠯ᠎ᠠ᠃ 《ᠬᠡᠵᠢᠶ᠎ᠡ ᠴᠦ᠍ ᠡᠭᠦᠰᠴᠦ᠍ ᠮᠡᠳᠡᠬᠦ᠌ ᠬᠢᠵᠢᠭ᠎ᠦᠨ ᠪᠠᠢᠳᠠᠯ᠎ᠢ ᠠᠷᠭᠠᠴᠠᠭᠠᠬᠤ᠎ᠶᠢᠨ ᠲᠥᠯᠥᠭᠡ᠂ ᠪᠠᠰᠠ ᠴᠢᠬᠤᠯᠠ᠎ᠲᠠᠶ ᠦᠶ᠎ᠡ᠎ᠳᠦ ᠬᠢᠵᠢᠭ ᠡᠬᠦᠰᠦᠭᠰᠡᠨ ᠣᠷᠣᠨ᠎ᠤ ᠴᠢᠰᠤ ᠭᠡᠷᠡᠭᠯᠡᠬᠦ ᠳ᠋ᠤ ᠲᠤᠰᠠᠯᠠᠬᠤ᠎ᠶᠢᠨ ᠲᠥᠯᠥᠭᠡ᠂ ᠪᠢᠳᠡ ᠴᠢᠰᠤ ᠠᠪᠬᠤ ᠠᠵᠢᠯ᠎ᠢ ᠴᠢᠩᠭᠠᠳᠭᠠᠵᠤ᠂ ᠭᠠᠷᠠᠭ᠎ᠤᠨ ᠵᠢᠷᠭᠤᠭᠠᠨ ᠭᠠᠷᠠᠭ᠎ᠤᠨ ᠡᠳᠦᠷ ᠴᠦ᠍ ᠠᠮᠠᠷᠠᠯ ᠦᠭᠡᠢ ᠠᠵᠢᠯᠯᠠᠵᠤ ᠪᠠᠢᠨ᠎ᠠ》 ᠭᠡᠵᠦ᠍ ᠲᠡᠷᠡ ᠬᠡᠯᠡᠨ᠎ᠡ᠃

ᠤᠯᠠᠮ ᠣᠨᠴᠠᠭᠠᠢ ᠴᠠᠭ ᠦᠶ᠎ᠡ᠎ᠳᠦ᠂ ᠦᠪᠠᠷ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠨ᠎ᠡᠮ᠎ᠡᠮᠨᠡᠯᠭᠡ᠎ᠶᠢᠨ᠎ᠠᠵᠢᠯᠳᠠᠨ᠎ᠤ᠎ᠦᠢᠯᠡᠳᠦᠯ᠎ᠵᠢᠡᠨ᠎ᠨᠡᠡᠭ᠎ᠰᠠᠢᠨ᠎ᠪᠠᠳᠠᠷᠠᠭᠤᠯᠪᠠᠯ᠎ᠵᠤᠬᠢᠨ᠎ᠠ᠎ᠬᠡᠵᠤ ᠯᠢᠤ ᠶᠠ ᠱᠸᠡᠭ ᠢᠯᠡᠷᠬᠡᠢᠯᠡᠵᠤ ᠪᠠᠢᠯ᠎ᠠ᠃᠎ᠲᠡᠷᠡ᠎ᠪᠣᠯ᠎ᠨᠢᠳᠤᠨᠤᠨ᠎ᠤ᠎ᠬᠢᠩᠭᠠᠨ ᠠᠢᠮᠠᠭ᠎ᠤᠨ ᠠᠨᠭᠬᠠᠳᠠᠭᠴᠢ ᠪᠦᠯᠦᠭ᠎ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ ᠬᠢᠬᠦ ᠪᠠᠲᠤᠯᠠᠭ᠎ᠠ᠎ᠶᠢᠨ ᠡᠮᠴᠢ ᠪᠣᠯᠤᠨ᠎ᠠ᠃ 《ᠲᠤᠬᠠᠢ᠎ᠶᠢᠨ ᠦᠶ᠎ᠡ᠎ᠳᠦ ᠤᠯᠠᠨ ᠲᠦᠮᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠢ ᠳᠡᠮᠡᠢ ᠣᠢᠯᠠᠭᠠᠬᠤ ᠦᠭᠡᠢ᠂ ᠮᠠᠰᠢ ᠤᠯᠠᠨ ᠬᠥᠮᠦᠨ ᠰᠡᠵᠢᠭᠯᠡᠯᠳᠡᠢ ᠪᠠᠢᠪᠠ᠃ ᠪᠢ ᠬᠦᠯᠢᠴᠡᠩᠭᠦᠢ᠎ᠪᠡᠷ ᠤᠯᠠᠨ ᠲᠦᠮᠡᠨ᠎ᠳ᠋ᠤ ᠦᠵᠡᠯ ᠰᠠᠨᠠᠭᠠᠨ᠎ᠤ ᠠᠵᠢᠯ ᠬᠢᠵᠦ᠍᠂ ᠸᠠᠺᠼᠢᠨ᠎ᠤ ᠦᠢᠯᠡᠳᠦᠯ᠂ ᠦᠷ᠎ᠡ ᠪᠦᠲᠦᠮᠵᠢ᠎ᠶᠢ ᠲᠣᠳᠣᠷᠬᠠᠢ᠎ᠶᠠᠷᠢᠵᠤ᠎ᠦᠭᠬᠦᠭᠰᠡᠨ᠎ᠶᠤᠮ᠂᠎ᠤᠯᠠᠨ᠎ᠢᠶᠠᠷ᠎ᠢᠶᠠᠨ᠎ᠣᠢᠯᠠᠭᠠᠵᠤ᠂᠎ᠬᠦᠯᠢᠶᠡᠨ ᠠᠪᠤᠪᠠᠯ ᠠᠵᠢᠯ ᠰᠠᠶᠢ ᠤᠷᠤᠭᠰᠢᠳᠠᠢ ᠶᠠᠪᠤᠭᠳᠠᠵᠤ ᠴᠢᠳᠠᠨ᠎ᠠ》 ᠭᠡᠵᠦ᠍ ᠯᠢᠦ ᠶᠠ ᠱᠸᠩ ᠰᠤᠷᠪᠤᠯᠵᠢᠯᠠᠭᠴᠢ ᠳ᠋ᠤ ᠶᠠᠷᠢᠨ᠎ᠠ᠃

《ᠠᠷᠠᠳ᠎ᠤᠨ ᠲᠦᠯᠦᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯ ᠠᠷᠠᠳ ᠲᠦᠮᠡᠨ᠎ᠤ ᠲᠤᠮᠳᠠ᠎ᠡᠴᠡ ᠢᠷᠡᠵᠦ᠍᠂ ᠠᠷᠠᠳ ᠲᠦᠮᠡᠨ᠎ᠳᠦ ᠦᠢᠯᠡᠴᠢᠯᠡᠳᠡᠭ》᠃ ᠥᠩᠭᠡᠷᠡᠭᠰᠡᠨ᠎ᠳᠦ ᠯᠢᠦ ᠶᠠ ᠱᠧᠩ 《ᠠᠷᠠᠳ ᠲᠦᠮᠡᠨ᠎ᠳᠦ ᠦᠢᠯᠡᠴᠢᠯᠡᠬᠦ᠌ 》 ᠲᠤᠬᠠᠢ ᠲᠡᠢᠮᠦ᠍ ᠭᠦᠨ ᠲᠠᠨᠢᠯᠲᠠ ᠦᠭᠡᠢ ᠪᠠᠢᠵᠤ᠂ ᠡᠪᠡᠳᠴᠢᠲᠡᠨ᠎ᠢ ᠠᠪᠤᠷᠠᠨ ᠡᠮᠨᠡᠬᠦ᠌ ᠪᠤᠯ ᠲᠡᠬᠦᠨ᠎ᠤ ᠦᠪᠡᠷ᠎ᠤᠨ ᠬᠢᠨᠢ ᠠᠵᠢᠯ ᠲᠡᠳᠦᠢ ᠭᠡᠵᠦ᠍ ᠦᠵᠡᠵᠦ᠍ ᠪᠠᠢᠪᠠ᠃ ᠬᠡᠳᠦᠨ ᠵᠢᠯ ᠳᠠᠷᠠᠭᠠᠯᠠᠨ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶᠢᠨ ᠴᠢᠬᠤᠯᠠ ᠶᠠᠷᠢᠶ᠎ᠠ᠎ᠶᠢ ᠰᠣᠨᠣᠰᠤᠭᠠᠳ᠂ ᠲᠡᠭᠦᠨ᠎ᠦ ᠦᠵᠡᠯ ᠰᠠᠨᠠᠭ᠎ᠠ ᠲᠠᠨᠢᠯᠲᠠ ᠨᠢ ᠢᠯᠡᠳᠲᠡ ᠳᠡᠭᠡᠭᠱᠢᠯᠡᠪᠡ᠃

2020 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠲᠡᠭᠦᠰᠦᠭᠰᠡᠨ᠎ᠤ ᠲᠠᠷᠠᠭ᠎ᠠ᠂ ᠯᠢᠦ ᠶᠠ ᠱᠧᠩ ᠲᠤᠬᠠᠶ᠎ᠶᠢᠨ ᠦᠶ᠎ᠡ᠎ᠶᠢᠨ ᠠᠵᠢᠯᠯᠠᠵᠤ ᠪᠠᠢᠭᠰᠠᠨ ᠤᠯᠠᠭᠠᠨᠬᠣᠲᠠ᠎ᠶᠢᠨ ᠠᠷᠠᠳ᠎ᠤᠨ ᠡᠮᠨᠡᠯᠭᠡ᠎ᠶᠢᠨ ᠬᠣᠷᠢᠶ᠎ᠠ᠎ᠳᠠᠭᠠᠨ ᠪᠤᠴᠠᠭᠰᠠᠨ᠎ᠲᠠᠷᠤᠢᠬᠠᠨ ᠰᠣᠶᠣᠯ᠎ᠤᠨ ᠬᠠᠨ᠎ᠠ ᠪᠠᠢᠭᠤᠯᠵᠤ᠂ ᠠᠵᠢᠯ᠎ᠤᠨ ᠲᠦᠷᠢᠮ ᠪᠠ ᠰᠠᠯᠠᠭ᠎ᠠ ᠲᠠᠰᠤᠭ ᠪᠠᠢᠭᠤᠯᠤᠭᠳᠠᠭᠰᠠᠨ 9 ᠵᠢᠯ᠎ᠦᠨ ᠲᠤᠷᠱᠢᠬᠢ ᠠᠵᠢᠯ᠎ᠤᠨ ᠬᠡᠷᠡᠯ ᠵᠢᠷᠤᠭ᠎ᠢ ᠨᠠᠭᠠᠵᠤ᠂ ᠨᠠᠮ᠎ᠤᠨ ᠪᠠᠢᠭᠤᠯᠤᠯᠲᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠨᠠᠮ᠎ᠤᠨ ᠪᠠᠢᠭᠤᠯᠤᠯᠲᠠ᠎ᠪᠠᠷ ᠠᠩᠭᠢ᠎ᠶᠢᠨ ᠪᠠᠢᠭᠤᠯᠤᠯᠲᠠ᠎ᠶᠢ ᠳᠠᠢᠴᠢᠯᠠᠵᠤ᠂ ᠰᠠᠯᠠᠭ᠎ᠠ ᠲᠠᠰᠤᠭ᠎ᠤᠨ ᠰᠤᠪᠢᠯᠠᠭᠴᠢ᠎ᠶᠢᠨ ᠪᠦᠬᠦ ᠰᠡᠳᠬᠢᠯ ᠪᠦᠬᠦ ᠵᠤᠷᠢᠭ ᠵᠢᠡᠷ ᠡᠪᠡᠳᠴᠢᠲᠡᠨ᠎ᠳᠦ ᠦᠢᠯᠡᠴᠢᠯᠡᠬᠦ᠌᠎ᠶᠢ ᠬᠥᠲᠥᠯᠥᠨ ᠵᠢᠯᠣᠭᠣᠳᠴᠠᠢ᠃ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠭᠡᠱᠢᠭᠦᠨ ᠪᠣᠯᠤᠭᠰᠠᠨ᠎ᠤ ᠬᠤᠪᠢ᠎ᠳᠤ᠂ ᠯᠢᠦ ᠶᠠ ᠱᠧᠩ ᠠᠯᠢᠪᠠ ᠠᠵᠢᠯ ᠴᠥᠮ ᠡᠪ ᠬᠠᠮᠲᠤ ᠨᠠᠮ᠎ᠤᠨ ᠤᠳᠤᠷᠢᠳᠤᠯᠭ᠎ᠠ᠎ᠠᠴᠠ ᠰᠠᠯᠵᠤ ᠴᠢᠳᠠᠬᠤ ᠦᠭᠡᠢ ᠭᠡᠳᠡᠭ᠎ᠢ ᠪᠠᠲᠤ ᠢᠲᠡᠭᠡᠨ᠎ᠡ᠃

ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯ ᠨᠢᠭᠡᠨ ᠠᠷᠢᠭᠤᠨ ᠳᠠᠷᠬᠠᠨ ᠠᠵᠢᠯ ᠮᠥᠨ᠂ ᠯᠢᠦ ᠶᠠ ᠱᠧᠩ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠶᠠᠪᠤᠴᠠ᠎ᠳᠤ ᠥᠪᠡᠷ᠎ᠢ ᠎ᠪᠡᠨ ᠲᠠᠰᠤᠷᠠᠯᠲᠠ ᠥᠬᠡᠶ ᠳᠡᠭᠡᠭᠱᠢᠯᠡᠭᠦᠯᠵᠦ᠂ ᠡᠬᠦᠨ᠎ᠤ᠎ᠤᠯᠠᠮ᠎ᠵᠢᠡᠷ᠎ᠪᠦᠬᠦᠢᠯᠡ᠎ᠪᠦᠯᠬᠦᠮ᠎ᠨᠡᠢᠲᠡ᠎ᠪᠠᠨ᠎ᠨᠥᠯᠥᠭᠡᠯᠡᠨ᠎ᠲᠠᠢᠴᠢᠯᠠᠵᠤ ᠢᠷᠡᠵᠡᠢ᠃ ᠵᠦᠪᠬᠡᠨ ᠦᠨᠡᠨ ᠰᠡᠳᠭᠢᠯ᠎ᠡᠴᠡ᠎ᠪᠡᠨ ᠵᠢᠳᠬᠦᠨ ᠴᠢᠷᠮᠠᠢᠪᠠᠯ ᠰᠠᠶᠢ ᠴᠢᠩ ᠰᠡᠳᠭᠢᠯ᠎ᠦᠨ ᠬᠠᠷᠢᠭᠤ ᠲᠠᠯᠠᠷᠬᠠᠯ ᠢᠷᠡᠨ᠎ᠡ᠂ ᠡᠪᠡᠳᠴᠢᠲᠡᠨ᠎ᠦ ᠬᠦᠷᠭᠡᠭᠰᠡᠨ ᠬᠡᠮᠡᠷᠯᠢᠭ ᠲᠤᠭ ᠪᠣᠯᠤᠨ ᠦᠭᠡ ᠦᠯᠡᠳᠡᠭᠡᠬᠦ᠌ ᠰᠠᠮᠪᠠᠷ᠎ᠠ ᠳᠡᠭᠡᠷᠡᠬᠢ ᠦᠰᠦᠭ ᠪᠢᠴᠢᠭ ᠪᠣᠯ ᠡᠬᠦᠨ᠎ᠤ ᠬᠠᠮᠤᠭ᠎ᠤᠨ ᠰᠠᠢᠨ ᠭᠡᠷᠡᠴᠢ ᠪᠣᠯᠤᠨ᠎ᠠ᠃

ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠯᠢᠦ ᠶᠠ ᠱᠧᠩ᠎ᠦᠨ ᠠᠩᠬᠠᠷᠤᠨ ᠬᠠᠯᠠᠮᠵᠢᠯᠠᠬᠤ ᠴᠢᠬᠤᠯᠠᠲᠠᠶ ᠵᠦᠢᠯ ᠮᠠᠰᠢ ᠣᠯᠠᠨ ᠪᠠᠢᠯ᠎ᠠ᠃ ᠠᠵᠢᠯ ᠬᠡᠳᠦᠢ ᠶᠠᠭᠠᠷᠠᠤ ᠴᠤ᠌ ᠭᠡᠰᠡᠨ ᠲᠡᠷᠡ ᠰᠤᠷᠤᠯᠴᠠᠯᠭ᠎ᠠ ᠪᠠᠢᠴᠠᠭᠠᠨ ᠰᠤᠳᠤᠯᠤᠯᠲᠠ ᠪᠡᠨ ᠤᠮᠠᠷᠳᠠᠬᠤ ᠦᠭᠡᠢ᠂ ᠦᠷᠬᠦᠯᠵᠢ ᠤᠯᠠᠨ ᠲᠦᠮᠡᠨ᠎ᠢ ᠬᠠᠪᠰᠤᠷᠴᠤ ᠲᠤᠯᠭᠠᠷᠠᠭᠰᠠᠨ ᠠᠰᠠᠭᠤᠳᠠᠯ᠎ᠢ ᠨᠢ ᠱᠢᠢᠳᠪᠦᠷᠢᠯᠡᠨ ᠥᠭᠴᠦ ᠪᠠᠢᠯ᠎ᠠ᠃ ᠵᠠᠷᠢᠮ ᠬᠥᠮᠦᠨ ᠨᠡᠢᠲᠡ᠎ᠶᠢᠨ ᠮᠠᠱᠢᠨ ᠲᠡᠷᠭᠡᠨ᠎ᠦ ᠥᠷᠲᠡᠭᠡᠨ᠎ᠦ ᠫᠠᠢᠰᠠ᠎ᠶᠢᠨ ᠪᠠᠢᠷᠢ ᠵᠢ ᠱᠢᠯᠵᠢᠭᠦᠯᠦᠭᠰᠡᠨ᠎ᠳᠤ᠎ᠲᠤᠷ᠎ᠠ᠎ᠦᠭᠡᠢᠴᠡᠵᠦ᠍ ᠪᠠᠢᠬᠤ᠎ᠪᠠᠨ ᠢᠯᠡᠳᠭᠡᠭᠰᠡᠨ᠎ᠳᠦ᠂ ᠲᠡᠷᠡ ᠨᠡᠢᠲᠡ᠎ᠶᠢᠨ ᠮᠠᠱᠢᠨ ᠲᠡᠷᠭᠡᠨ᠎ᠦ  ᠺᠣᠮᠫᠠᠨᠢ᠎ᠠᠴᠠ ᠠᠰᠠᠭᠤᠨ ᠯᠠᠪᠯᠠᠭᠰᠠᠨ᠎ᠤ ᠳᠠᠷᠠᠭ᠎ᠠ ᠬᠦᠯᠢᠴᠡᠩᠭᠦᠶ᠎ᠪᠡᠷ ᠲᠠᠢᠯᠪᠤᠷᠢᠯᠠᠵᠤ ᠦᠭᠪᠡ; ᠵᠠᠷᠢᠮ ᠬᠥᠮᠦᠨ ᠬᠡᠷᠡᠭ᠎ᠵᠠᠷᠭᠤ ᠵᠢᠨ ᠲᠤᠬᠠᠢ ᠣᠨᠳᠣᠣ ᠰᠠᠨᠠᠯ᠎ᠲᠤᠷᠠᠳᠬᠤ ᠳ᠋ᠤ᠂ ᠯᠢᠦ ᠶᠠ ᠱᠧᠩ ᠬᠠᠮᠢᠶ᠎ᠠ ᠪᠦᠬᠦᠢ ᠬᠠᠤᠯᠢ ᠴᠠᠭᠠᠵᠠ᠎ᠶᠢᠨ ᠠᠵᠢᠯᠳᠠᠨ᠎ᠠᠴᠠ ᠠᠰᠠᠭᠤᠨ ᠯᠠᠪᠯᠠᠵᠤ᠂ ᠦᠨᠡᠨ ᠬᠦ᠌ ᠬᠡᠷᠡᠭᠵᠢᠭᠦᠯᠵᠦ᠍ ᠪᠣᠯᠬᠤᠢᠴᠠ ᠰᠠᠨᠠᠭᠤᠯᠭ᠎ᠠ ᠭᠠᠷᠭᠠᠵᠤ ᠦᠭᠪᠡ᠃ 《ᠣᠳᠣᠬᠠᠨ᠎ᠳᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠲᠤᠬᠠᠶ ᠣᠯᠠᠨ ᠲᠦᠮᠡᠨ᠎ᠦ ᠲᠠᠨᠢᠯᠲᠠ ᠶᠠᠪᠤᠬᠤ ᠲᠤᠲᠤᠮ ᠥᠨᠳᠥᠷ ᠪᠣᠯᠵᠣ᠂ ᠵᠠᠰᠠᠭ᠎ᠤᠨ ᠣᠷᠳᠣᠨ᠎ᠴᠦ ᠮᠠᠨ᠎ᠤ ᠰᠠᠨᠠᠯ ᠰᠠᠨᠠᠭᠤᠯᠭ᠎ᠠ᠎ᠶᠢ ᠮᠠᠰᠢ ᠴᠢᠬᠤᠯᠠᠴᠢᠯᠠᠨ ᠦᠵᠡᠵᠦ᠍ ᠪᠠᠢᠨ᠎ᠠ᠂ ᠪᠢ ᠶᠠᠭᠠᠬᠢᠭᠰᠠᠨ ᠴᠸ᠋ ᠡᠭᠦᠷᠭᠡ ᠬᠠᠷᠢᠭᠤᠴᠠᠯᠭ᠎ᠠ᠎ᠳ᠋ᠠᠭᠠᠨ ᠤᠰᠤᠯᠳᠠᠵᠤ ᠪᠣᠯᠬᠤ ᠥᠬᠡᠶ᠂ ᠵᠠᠪᠠᠯ ᠣᠯᠠᠨ ᠲᠦᠮᠡᠨ᠎ᠦ  ᠬᠦᠰᠡᠯ ᠱᠠᠭᠠᠷᠳᠠᠯᠭ᠎ᠠ᠎ᠶᠢ ᠵᠠᠰᠠᠭ᠎ᠤᠨ ᠣᠷᠳᠣᠨ᠎ᠳᠤ ᠦᠨᠡᠨ ᠮᠥᠨ᠎ᠢᠶᠡᠷ ᠨᠢ ᠲᠤᠰᠭᠠᠵᠤ᠂ ᠳᠤᠤᠷᠠᠬᠢ ᠪᠠᠢᠳᠠᠯ᠎ᠢ ᠳᠡᠭᠡᠭᠰᠢ ᠮᠡᠳᠡᠭᠦᠯᠵᠦ᠍᠂ ᠳᠡᠭᠡᠷᠡᠬᠢ ᠪᠠᠢᠳᠠᠯ᠎ᠢ ᠳᠣᠷᠣᠭᠰᠢ ᠨᠠᠢᠳᠠᠪᠤᠷᠢᠵᠢᠭᠤᠯᠬᠤ᠎ᠪᠠᠷ ᠴᠢᠷᠮᠠᠢᠨ᠎ᠠ》 ᠭᠡᠵᠦ ᠯᠢᠦ ᠶᠠ ᠱᠸᠩ ᠬᠡᠯᠡᠨ᠎ᠡ᠃

ᠡᠮᠴᠢ ᠬᠥᠮᠦᠨ᠎ᠦ ᠡᠨᠡᠷᠢᠩᠭᠦᠶ ᠰᠡᠳᠭᠢᠯ ᠵᠢᠡᠷ ᠯᠢᠦ ᠶᠠ ᠱᠧᠩ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠍᠎ᠶᠢ ᠢᠮᠠᠭᠲᠠ ᠠᠩᠬᠠᠷᠤᠨ᠎ᠬᠠᠯᠠᠮᠵᠢᠯᠠᠭᠰᠠᠭᠠᠷ ᠢᠷᠡᠪᠡ᠃ ᠬᠥᠮᠦᠨ ᠠᠮᠠ᠎ᠶᠢᠨ ᠨᠠᠰᠤᠵᠢᠯ᠎ᠤᠨ ᠱᠠᠲᠤᠨ᠎ᠳᠤ ᠣᠷᠣᠬᠤ᠎ᠶᠢ ᠳᠠᠭᠠᠯᠳᠤᠨ᠂ ᠮᠠᠨ᠎ᠤ ᠤᠯᠤᠰ᠎ᠤᠨ ᠤᠳᠠᠭᠠᠨ ᠴᠢᠨᠠᠷᠲᠠᠶ ᠠᠷᠬᠠᠭ ᠡᠪᠡᠳᠴᠢᠨ ᠤᠯᠬᠤ ᠬᠥᠮᠦᠨ᠎ᠦ ᠲᠣᠭ᠎ᠠ ᠲᠦᠷᠭᠡᠨ᠎ᠢᠶᠡᠷ ᠨᠡᠮᠡᠭᠳᠡᠬᠦ ᠬᠠᠨᠳᠤᠰᠢ ᠲᠠᠢ ᠪᠤᠯᠪᠠ᠃ ᠠᠷᠠᠳ ᠲᠦᠮᠡᠨ᠎ᠦ ᠡᠷᠡᠭᠦᠯ ᠮᠡᠨᠳᠦ᠍᠎ᠶᠢ ᠪᠦᠬᠦ᠌ ᠲᠠᠯ᠎ᠠ᠎ᠪᠠᠷ ᠪᠠᠲᠤᠯᠠᠬᠤ᠎ᠶᠢᠨ ᠲᠥᠯᠥᠭᠡ᠂ 2021 ᠣᠨ᠎ᠤ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠯᠢᠦ ᠶᠠ ᠱᠧᠩ ᠤᠳᠠᠭᠠᠨ ᠴᠢᠨᠠᠷᠲᠠᠢ ᠡᠪᠡᠳᠴᠢᠨ᠎ᠢ ᠰᠡᠷᠭᠡᠢᠯᠡᠨ ᠵᠠᠰᠠᠬᠤ ᠱᠢᠰᠲᠸᠮ᠎ᠤᠨ ᠪᠠᠢᠭᠤᠯᠤᠯᠲᠠ᠎ᠶᠢ ᠴᠢᠩᠭᠠᠳᠭᠠᠬᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶᠢᠨ ᠲᠦᠷᠭᠡᠨ ᠠᠪᠤᠷᠠᠬᠤ ᠴᠢᠳᠠᠪᠤᠷᠢ᠎ᠶᠢ ᠳᠡᠭᠡᠭᠱᠢᠯᠡᠭᠦᠯᠬᠦ᠌ ᠲᠤᠬᠠᠢ ᠰᠠᠨᠠᠭᠤᠯᠭ᠎ᠠ ᠳᠤᠷᠠᠳᠴᠤ᠌᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠦᠨᠳᠦᠳᠭᠡᠯ᠎ᠢ ᠤᠯᠪᠠ᠃ ᠡᠨᠡ ᠵᠢᠯ᠂ ᠯᠢᠦ ᠶᠠ ᠱᠧᠩ ᠪᠠᠰᠠ ᠴᠢᠰᠤᠨ᠎ᠤ ᠠᠮᠤᠷ ᠲᠦᠪᠱᠢᠨ ᠪᠠ ᠶᠠᠰᠤ ᠴᠢᠨᠠᠷ᠎ᠢ ᠳᠡᠭᠡᠭᠱᠢᠯᠡᠭᠦᠯᠬᠦ᠌ ᠰᠠᠨᠠᠭᠤᠯᠭ᠎ᠠ ᠪᠡᠯᠡᠳᠭᠡᠪᠡ᠃ ᠲᠡᠭᠦᠨ᠎ᠦ ᠬᠢᠭᠰᠡᠨ ᠠᠯᠢᠪᠠ ᠪᠦᠬᠦᠨ ᠨᠢ ᠴᠥᠮ ᠠᠷᠠᠳ ᠲᠦᠮᠡᠨ᠎ᠤ ᠲᠦᠯᠦᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号