ᠴᠢᠨᠠᠷ ᠰᠠᠢᠳᠠᠢ ᠨᠡᠬᠡᠬᠡᠯᠳᠡ ᠵᠢᠨ ᠵᠠᠮ ᠵᠢᠨᠷ ᠵᠢᠯᠤᠭᠤ ᠰᠤᠨᠭᠭᠠᠨ ᠤᠷᠤᠭᠰᠢᠯᠠᠨ᠎ᠠ
2022-03-02 09:33:28
ᠵᠣᠬᠢᠶᠠᠭ᠍ᠴᠢ᠄
ᠶᠠᠩ ᠹᠠᠨ ᠭᠣᠣ ᠬᠤᠢ
ᠣᠩᠱᠢᠭ᠍ᠰᠠᠨ ᠣᠳᠠᠭ᠎ᠠ᠄
★★★☆☆

ᠪᠠᠰᠠ ᠨᠢᠭᠡᠨ ᠬᠦᠰᠡᠯ ᠡᠷᠡᠮᠡᠯᠵᠡᠯ ᠵᠢᠨᠷ ᠪᠢᠯᠬᠠᠭᠰᠠᠨ ᠤᠷᠢᠬᠠᠨ ᠬᠠᠪᠤᠷ ᠵᠢᠡᠨ ᠤᠭᠳᠤᠬᠤᠶ᠎ᠠ ᠬᠦᠮᠦᠰ ᠤ᠋ᠨ ᠰᠡᠳᠬᠢᠯ ᠢ᠋ ᠳᠤᠭᠳᠤᠯᠤᠭᠤᠯᠤᠭᠰᠠᠨ ᠪᠠᠶᠠᠷ ᠤ᠋ᠨ ᠮᠡᠳᠡᠭᠡ ᠥᠪᠥᠷ ᠮᠣᠩᠭᠣᠯ ᠡᠴᠡ ᠳᠠᠮᠵᠢᠭᠳᠠᠨ᠎ᠠ᠄ ᠪᠦᠬᠦ ᠣᠷᠣᠨ ᠤ᠋ ᠭᠠᠳᠠᠭᠠᠳᠤ ᠠᠷᠠᠯᠵᠢᠶ᠎ᠠ ᠵᠢᠨ ᠶᠠᠷᠦᠩᠬᠡᠢ ᠬᠡᠮᠵᠢᠶ᠎ᠠ 4 ᠵᠢᠯ ᠳᠠᠷᠠᠭᠠᠯᠠᠨ ᠮᠢᠩᠭᠠᠨ ᠳ᠋ᠦᠩᠰᠢᠭᠤᠷ ᠲᠥᠭᠥᠷᠢᠭ ᠢ᠋ ᠳᠠᠪᠠᠪᠠ᠃

ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠳᠦᠬᠡᠨ ᠪᠠᠢᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠢ᠎ᠠ ᠡᠴᠡ ᠮᠠᠨ ᠤ᠋ ᠣᠷᠣᠨ ᠳ᠋ᠦ᠍ ᠲᠣᠭᠲᠠᠭᠠᠭᠰᠠᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠪᠤᠯᠬᠤ ᠶᠤᠮ ᠃

ᠪᠠᠢᠯᠳᠤᠬᠤ ᠪᠣᠳᠣᠯᠭ᠎ᠠ ᠵᠢᠨ ᠪᠠᠢᠷᠢ ᠲᠣᠭᠲᠠᠭᠠᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠢ᠎ᠠ ᠡᠴᠡ᠄ 《ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠬᠦ ᠳ᠋ᠦ᠍ ᠡᠷᠬᠡᠪᠰᠢ ᠤᠯᠤᠰ ᠤ᠋ᠨ ᠬᠦᠷᠰᠢ ᠵᠡᠷᠬᠡᠯᠡᠳᠡᠬᠡ ᠵᠢ ᠡᠪᠯᠡᠵᠤ ᠵᠠᠰᠠᠬᠤ ᠪᠤᠯᠤᠨ ᠭᠠᠳᠠᠭᠠᠳᠤ ᠨᠡᠬᠡᠬᠡᠯᠳᠡ ᠵᠢᠨ ᠪᠠᠢᠯᠳᠤᠬᠤ ᠪᠤᠳᠤᠯᠭ᠎ᠠ ᠳ᠋ᠤ ᠦᠢᠯᠡᠴᠢᠯᠡᠬᠦ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠰᠠᠢᠲᠤᠷ ᠭᠦᠢᠴᠡᠳᠭᠡᠬᠦ ᠬᠡᠷᠡᠭᠲᠡᠢ》 ᠭᠡᠵᠦ ᠳᠤᠷᠠᠳᠴᠠᠢ᠃

 

ᠴᠠᠭ ᠦᠶ᠎ᠡ ᠵᠢ ᠳᠠᠭᠠᠨ ᠪᠦᠬᠦ ᠲᠠᠯ᠎ᠠ ᠪᠠᠷ ᠤᠷᠤᠭᠰᠢᠯᠠᠯ᠎ᠠ  — ᠨᠡᠭᠡᠭᠡᠯᠲᠡ ᠵᠢᠨ ᠠᠯᠬᠤᠭ᠎ᠠ ᠢᠳᠡᠷᠡᠬᠦᠨ

 

2022 ᠣᠨ ᠤ᠋ 2 ᠰᠠᠷ᠎ᠠ ᠵᠢᠨ 14 ᠤ᠋ ᠡᠳᠦᠷ᠂ ᠠᠴᠢᠶᠠᠨ ᠤ᠋ ᠮᠠᠰᠢᠨ ᠲᠡᠷᠭᠡ ᠵᠢ ᠳᠦᠭᠦᠷᠲᠡᠯ᠎ᠡ ᠳᠡᠭᠡᠭᠡᠪᠦᠷᠢᠯᠡᠭᠰᠡᠨ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠾᠧᠹᠧᠢ ᠬᠣᠲᠠ ᠡᠴᠡ ᠡᠷᠢᠶᠡᠨ ᠬᠢᠯᠢ ᠵᠢᠨ ᠪᠣᠭᠣᠮᠲᠠ ᠳ᠋ᠦ᠍ ᠬᠦᠷᠴᠦ ᠢᠷᠡᠪᠡ᠃ ᠪᠣᠭᠣᠮᠲᠠ ᠵᠢᠨ ᠠᠵᠢᠯᠲᠠᠳ ᠰᠢᠨ᠎ᠡ ᠰᠢᠰᠲ᠋ᠧᠮ ᠢ᠋ ᠡᠬᠢᠯᠡᠨ ᠬᠡᠷᠡᠭᠵᠢᠭᠦᠯᠵᠦ᠂ 10 ᠮᠢᠨᠦ᠋ᠲ ᠪᠣᠯᠤᠯ ᠦᠭᠡᠢ ᠪᠠᠷ ᠪᠣᠭᠣᠮᠲᠠ ᠪᠡᠷ ᠦᠩᠭᠡᠷᠡᠭᠦᠯᠬᠦ ᠠᠵᠢᠯ ᠢ᠋ ᠬᠢᠵᠦ ᠳᠠᠭᠤᠰᠭᠠᠭᠰᠠᠨ ᠳ᠋ᠤ ᠵᠢᠰᠢᠶᠠᠨ ᠤ᠋ ᠭᠠᠯᠲᠤ ᠲᠡᠷᠭᠡ ᠤᠯᠤᠰ ᠤ᠋ᠨ ᠡᠭᠦᠳᠡ ᠪᠠᠷ ᠤᠭᠤᠬᠢᠯᠠᠨ  ᠦᠩᠬᠡᠷᠡᠵᠤ᠂ ᠣᠷᠣᠰ ᠤ᠋ᠨ ᠪᠠᠵᠢᠶᠧᠾᠠ ᠭᠠᠷᠠᠮ ᠵᠦᠭ ᠮᠣᠷᠳᠠᠯ᠎ᠠ ᠃

2022 ᠣᠨ ᠪᠣᠯ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠠᠶᠠᠯᠠᠯ ᠡᠬᠢᠯᠡᠭᠰᠡᠨ ᠠᠷᠪᠠᠨ ᠨᠢᠭᠡᠳᠦᠭᠡᠷ ᠵᠢᠯ ᠪᠤᠯᠬᠤ ᠶᠤᠮ᠃ ᠡᠨᠡ ᠬᠤᠭᠤᠷᠤᠨᠳᠤ ᠨᠢᠭᠡ ᠪᠦᠯᠦᠭ ᠭᠠᠳᠠᠭᠠᠳᠤ ᠨᠡᠭᠡᠭᠡᠯᠲᠡ ᠵᠢᠨ ᠢᠨᠵᠧᠨᠧᠷᠢᠩ ᠦ᠋ᠨ ᠪᠠᠷᠢᠯᠭ᠎ᠠ ᠳᠠᠭᠤᠰᠤᠭᠰᠠᠨ ᠪᠠ ᠥᠪᠥᠷ ᠮᠣᠩᠭᠣᠯ ᠪᠦᠬᠦ ᠬᠤᠷᠳᠤᠴᠠ ᠪᠠᠷ 《ᠨᠢᠭᠡ ᠪᠦᠰᠡ ᠨᠢᠭᠡ ᠵᠠᠮ》 ᠳ᠋ᠦ᠍ ᠠᠭᠤᠰᠤᠯᠴᠠᠬᠤ ᠵᠢ ᠳᠠᠭᠠᠯᠳᠤᠨ᠂ ᠪᠦᠬᠦ ᠣᠷᠣᠨ ᠤ᠋ ᠬᠢᠯᠢ ᠵᠢᠨ ᠪᠣᠭᠣᠮᠲᠠ ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠦᠷᠭᠦᠯᠵᠢᠯᠡᠨ ᠨᠡᠮᠡᠭᠳᠡᠵᠡᠢ᠃

ᠥᠪᠥᠷ ᠮᠣᠩᠭᠣᠯ 《ᠤᠮᠠᠷᠠᠲᠤ ᠵᠢᠨ ᠭᠤᠷᠪᠠᠨ ᠣᠷᠣᠨ》 ᠢ᠋ ᠰᠤᠨᠳᠠᠯᠠᠵᠤ᠂ ᠭᠠᠳᠠᠭᠰᠢ ᠪᠠᠨ ᠣᠷᠣᠰ ᠮᠣᠩᠭᠣᠯ ᠲᠠᠢ ᠵᠠᠯᠭᠠᠯᠳᠤᠨ᠂ ᠳᠣᠲᠣᠭᠠᠳᠤ ᠳ᠋ᠠᠭᠠᠨ ᠨᠠᠢ᠍ᠮᠠᠨ ᠮᠣᠵᠢ ᠦᠪᠡᠷᠳᠡᠬᠡᠨ ᠵᠠᠰᠠᠬᠤ ᠣᠷᠣᠨ ᠲᠠᠢ ᠬᠥᠷᠰᠢᠯᠡᠵᠦ᠂ ᠥᠪᠡᠷᠮᠢᠴᠡ ᠣᠷᠣᠨ ᠪᠠᠢᠷᠢ ᠪᠠ ᠵᠠᠬ᠎ᠠ ᠳᠡᠯᠭᠡᠭᠦᠷ᠎ᠦ᠋ᠨ ᠳᠠᠪᠠᠭᠤᠯᠢᠭ ᠲᠠᠢ ᠪᠠᠢᠳᠠᠭ᠃ ᠡᠨᠡ ᠬᠦ᠌ ᠳᠠᠪᠠᠭᠤᠯᠢᠭ ᠵᠢᠨᠷ ᠵᠢᠨᠨ ᠥᠪᠥᠷ ᠮᠣᠩᠭᠣᠯ ᠴᠠᠭ ᠦᠶ᠎ᠡ ᠵᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠣᠯᠠᠨ ᠵᠦᠢᠯ᠎ᠦ᠋ᠨ ᠠᠷᠭ᠎ᠠ ᠬᠡᠮᠵᠢᠢ᠎ᠡ ᠵᠢ ᠵᠡᠷᠭᠡ ᠪᠡᠷ ᠬᠡᠷᠡᠭᠯᠡᠨ 《ᠮᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ》 ᠵᠢ ᠴᠣᠭᠴᠠᠯᠠᠨ ᠪᠠᠢᠭᠤᠯᠤᠭᠰᠠᠨ ᠠᠵᠢ ᠃

ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠪᠠ — ᠳᠤᠮᠳᠠᠳᠤ ᠧᠦ᠋ᠷᠣᠫᠠ ᠵᠢᠨ ᠵᠢᠰᠢᠶᠠᠨ ᠤ᠋ ᠭᠠᠯᠲᠤ ᠲᠡᠷᠭᠡ ᠵᠢ ᠤᠷᠢᠳ ᠵᠢᠨᠷ ᠪᠠᠢᠴᠠᠭᠠᠨ ᠰᠢᠯᠭᠠᠬᠤ᠂ ᠬᠦᠷᠦᠯᠴᠡᠬᠦ ᠥᠬᠡᠢ ᠪᠡᠷ ᠪᠠᠢᠴᠠᠭᠠᠨ ᠰᠢᠯᠭᠠᠬᠤ ᠲᠤᠰᠭᠠᠢ ᠨᠡᠪᠲᠡᠷᠡᠬᠦ ᠵᠠᠮ ᠢ᠋ ᠪᠠᠢᠭᠤᠯᠵᠤ᠂ ᠲᠡᠷᠭᠡ ᠬᠥᠰᠭᠡ ᠵᠢᠨ ᠪᠣᠭᠣᠮᠲᠠ ᠪᠠᠷ ᠥᠩᠭᠡᠷᠡᠬᠦ ᠴᠠᠭ ᠢ᠋ 2017 ᠣᠨ ᠤ᠋ ᠬᠢ ᠡᠴᠡ 50% ᠪᠠᠷ ᠪᠣᠭᠣᠨᠢᠰᠭᠠᠪᠠ ᠃

ᠲᠦᠭᠦᠭᠡᠷᠦᠮᠵᠢ ᠵᠢ ᠤᠷᠢᠳ ᠵᠢᠡᠷ ᠲᠦᠬᠦᠷᠵᠢᠬᠦᠯᠪᠡ — ᠬᠠᠷᠪᠢᠨ ᠡᠴᠡ ᠮᠠᠨᠵᠤᠤᠷ ᠬᠦᠷᠭᠦ ᠲᠡᠮᠦᠷ ᠵᠠᠮ ᠤ᠋ᠨ ᠴᠠᠬᠢᠯᠭᠠᠨᠵᠢᠭᠤᠯᠤᠯᠲᠠ ᠵᠡᠷᠭᠡ ᠶᠡᠬᠡ ᠬᠡᠮᠵᠢᠶᠡᠨ ᠤ᠋ ᠪᠣᠭᠣᠮᠲᠠ ᠵᠢᠨ ᠰᠠᠭᠤᠷᠢ ᠲᠦᠭᠦᠭᠡᠷᠦᠮᠵᠢ ᠵᠢᠨ ᠲᠥᠷᠥᠯ ᠵᠦᠢᠯ ᠢ᠋ ᠠᠰᠢᠭᠯᠠᠯᠲᠠ ᠳ᠋ᠦ᠍ ᠣᠷᠣᠭᠤᠯᠵᠤ᠂ ᠣᠷᠳᠣᠰ᠂ ᠮᠠᠨᠵᠤᠤᠷ ᠤ᠋ᠨ ᠨᠢᠰᠭᠡᠯ᠎ᠦ᠋ᠨ ᠪᠠᠭᠤᠳᠠᠯ ᠳ᠋ᠦ᠍ ᠲᠠᠪᠤᠳᠠᠬᠢ ᠠᠶᠠᠯᠠᠯ ᠤ᠋ᠨ ᠡᠷᠬᠡ ᠵᠢᠨ ᠠᠶᠠᠯᠠᠯ ᠤ᠋ᠨ ᠱᠤᠭᠤᠮ ᠢ᠋ ᠨᠡᠪᠲᠡᠷᠡᠭᠦᠯᠪᠡ ᠃

ᠣᠷᠴᠢᠨ ᠲᠣᠭᠣᠷᠢᠨ ᠢ᠋ ᠰᠢᠯᠢᠳᠡᠭᠵᠢᠭᠦᠯᠪᠡ — ᠵᠢᠩᠯᠡᠬᠦ ᠵᠠᠷᠤᠳᠠᠯ᠂ ᠪᠣᠭᠣᠮᠲᠠ ᠵᠢᠨ ᠲᠥᠬᠥᠭᠡᠷᠦᠮᠵᠢ ᠵᠢᠨ ᠬᠠᠮᠠᠭᠠᠯᠠᠯᠲᠠ ᠵᠢᠨ ᠵᠠᠷᠤᠳᠠᠯ ᠪᠠ ᠲᠡᠮᠦᠷ ᠵᠠᠮ ᠤ᠋ᠨ ᠪᠠᠷᠠᠭᠠᠨ ᠤ᠋ ᠲᠡᠭᠡᠭᠡᠪᠦᠷᠢ ᠵᠢᠨ ᠰᠤᠯᠠ ᠵᠠᠷᠤᠳᠠᠯ ᠢ᠋ ᠬᠦᠴᠦᠨ ᠥᠬᠡᠢ ᠪᠣᠯᠭᠠᠵᠤ᠂ 《ᠨᠢᠭᠡ ᠴᠣᠩᠬᠣᠪᠴᠢ ᠪᠡᠷ ᠰᠢᠢᠳᠪᠦᠷᠢᠯᠡᠬᠦ》 《ᠣᠶᠤᠨᠲᠤ ᠬᠢᠯᠢ ᠵᠢᠨ ᠪᠠᠢᠴᠠᠭᠠᠯᠲᠠ》 ᠵᠡᠷᠭᠡ ᠪᠣᠭᠣᠮᠲᠠ ᠪᠠᠷ ᠥᠩᠭᠡᠷᠡᠬᠦᠯᠬᠦ ᠠᠵᠢᠯᠯᠠᠭᠠᠨ ᠥᠷᠨᠢᠭᠦᠯᠪᠠ᠃

    ᠁

ᠡᠢᠨ ᠬᠦ᠌ ᠴᠢᠩᠭ᠎ᠠ ᠬᠦᠴᠦᠳᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠢ᠎ᠡ ᠨᠤᠬᠦᠳ᠎ᠨᠢ ᠪᠦᠬᠦ ᠣᠷᠣᠨ ᠤ᠋ ᠭᠠᠳᠠᠭᠠᠳᠤ ᠠᠷᠠᠯᠵᠢᠶ᠎ᠠ ᠵᠢᠨ ᠲᠣᠭᠲᠠᠭᠤᠨ ᠤ᠋ ᠳᠤᠮᠳᠠ ᠤᠷᠤᠭᠰᠢᠯᠠᠯᠲᠠ ᠲᠠᠢ ᠪᠣᠯᠬᠤ ᠵᠢ ᠠᠬᠢᠭᠤᠯᠪᠠ᠃ 2021 ᠣᠨ ᠳ᠋ᠦ᠍᠂ ᠥᠪᠥᠷ ᠮᠣᠩᠭᠣᠯ ᠤ᠋ᠨ ᠭᠠᠳᠠᠭᠠᠳᠤ ᠠᠷᠠᠯᠵᠢᠶᠠᠨ ᠤ᠋ ᠶᠡᠷᠦᠩᠬᠡᠢ ᠬᠡᠮᠵᠢᠶ᠎ᠡ 1235.6 ᠳ᠋ᠦᠩᠰᠢᠭᠤᠷ ᠲᠥᠭᠥᠷᠢᠭ ᠲᠦ᠍ ᠬᠦᠷᠴᠦ᠂ ᠤᠷᠵᠢᠨᠤᠨ ᠤ᠋ ᠬᠢ ᠡᠴᠡ 17.2% ᠵᠢᠡᠷ ᠨᠡᠮᠡᠭᠳᠡᠭᠰᠡᠨ ᠠᠵᠢ᠃

 

ᠳᠣᠲᠣᠭᠠᠳᠤ ᠭᠠᠳᠠᠭᠠᠳᠤ ᠵᠢ ᠬᠣᠯᠪᠣᠯ᠎ᠠ — ᠨᠡᠭᠡᠭᠡᠯᠲᠡ ᠵᠢᠨ ᠵᠢᠷᠤᠭ ᠰᠦᠷᠯᠢᠬᠦᠨ

 

2021 ᠣᠨ ᠤ᠋ 12 ᠰᠠᠷ᠎ᠠ ᠵᠢᠨ 28 ᠤ᠋ ᠡᠳᠦᠷ᠂ ᠪᠠᠶᠠᠨᠨᠠᠭᠤᠷ ᠬᠣᠲᠠ ᠡᠴᠡ ᠮᠣᠩᠭᠣᠯ ᠤᠯᠤᠰ ᠲᠤ᠌ ᠨᠡᠪᠲᠡᠷᠡᠬᠦ ᠬᠣᠶᠠᠳᠤᠭᠠᠷ ᠴᠠᠬᠢᠯᠭᠠᠨ ᠬᠠᠩᠭᠠᠬᠤ ᠱᠤᠭᠤᠮ ᠠᠰᠢᠭᠯᠠᠯᠲᠠ ᠳ᠋ᠦ᠍ ᠣᠷᠣᠪᠠ ᠃ ᠢᠩᠭᠢᠭᠡᠳ ᠤᠷᠠᠳ ᠤ᠋ᠨ ᠳᠤᠮᠳᠠᠳᠤ ᠬᠤᠰᠢᠭᠤᠨ ᠤ᠋ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ᠂ ᠭᠡᠷᠡᠯᠴᠢ ᠴᠡᠨᠡᠭ ᠵᠢᠨᠷ ᠴᠠᠬᠢᠯᠭᠠᠨ ᠭᠠᠷᠭᠠᠬᠤ ᠲᠠᠯᠠᠪᠠᠢ ᠵᠢᠨ ᠴᠠᠬᠢᠯᠭᠠᠨ ᠢ᠋ ᠲᠡᠮᠦᠷ ᠰᠤᠪᠤᠷᠭ᠎ᠠ ᠵᠢᠨ ᠮᠥᠩᠭᠥᠨ ᠤᠲᠠᠰᠤ ᠪᠠᠷ ᠳᠠᠮᠵᠢᠨ ᠮᠣᠩᠭᠣᠯ ᠤᠯᠤᠰ ᠤ᠋ᠨ ᠡᠮᠦᠨᠡᠲᠦ ᠭᠣᠪᠢ ᠠᠢᠮᠠᠭ ᠵᠢᠴᠢ ᠡᠷᠭᠢᠨ ᠲᠣᠭᠣᠷᠢᠨ ᠤ᠋ ᠭᠠᠵᠠᠷ ᠣᠷᠣᠨ ᠳ᠋ᠦ᠍ ᠲᠠᠰᠤᠷᠠᠯᠲᠠ ᠥᠬᠡᠢ  ᠴᠠᠬᠢᠯᠭᠠᠨ ᠬᠦᠷᠭᠡᠵᠦ ᠡᠬᠢᠯᠡᠵᠠᠢ᠃

ᠣᠷᠳᠣᠰ᠂ ᠪᠤᠭᠤᠲᠤ ᠵᠡᠷᠭᠡ ᠭᠠᠵᠠᠷ ᠤ᠋ᠨ ᠠᠭᠠᠷ ᠤ᠋ᠨ ᠠᠶᠠᠯᠠᠯ ᠤ᠋ᠨ ᠬᠢᠯᠢ ᠵᠢᠨ ᠪᠣᠭᠣᠮᠲᠠ ᠵᠢ ᠪᠦᠳᠦᠭᠡᠨ ᠪᠠᠢᠭᠤᠯᠵᠦ ᠨᠡᠭᠡᠭᠡᠭᠰᠡᠨ ᠤ᠋ ᠳᠠᠷᠠᠭ᠎ᠠ᠂ ᠮᠠᠨ ᠤ᠋ ᠣᠷᠣᠨ ᠤ᠋ ᠨᠡᠭᠡᠭᠡᠭᠰᠡᠨ ᠬᠢᠯᠢ ᠵᠢᠨ ᠪᠣᠭᠣᠮᠲᠠ 20 ᠪᠣᠯᠤᠨ ᠨᠡᠮᠡᠭᠳᠡᠵᠦ᠂ ᠲᠡᠮᠦᠷ ᠵᠠᠮ᠂ ᠵᠠᠰᠠᠮᠠᠯ ᠵᠠᠮ᠂ ᠠᠭᠠᠷ ᠤ᠋ᠨ ᠠᠶᠠᠯᠠᠯ ᠭᠤᠷᠪᠠ ᠵᠢ ᠨᠢᠭᠡ ᠴᠤᠭᠴᠠᠵᠢᠭᠤᠯᠤᠭᠰᠠᠨ ᠪᠣᠰᠤᠭ᠎ᠠ ᠴᠣᠭᠴᠠᠲᠤ ᠲᠦᠭᠦᠭᠡᠷᠦᠮᠵᠢ ᠵᠢᠨ ᠬᠣᠯᠪᠣᠭᠠᠯᠠᠨ ᠨᠡᠪᠲᠡᠷᠡᠯᠴᠡᠬᠦ ᠰᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠪᠡ᠃《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠦ᠍ ᠪᠦᠬᠦ ᠣᠷᠣᠨ ᠤ᠋ ᠬᠢᠯᠢ ᠵᠢᠨ ᠪᠣᠭᠣᠮᠲᠠ ᠵᠢᠨ ᠪᠦᠲᠦᠭᠡᠨ ᠪᠠᠢᠭᠤᠯᠤᠯᠲᠠ ᠳ᠋ᠦ᠍ ᠤᠷᠤᠭᠤᠯᠤᠭᠰᠠᠨ ᠪᠡᠯᠡ ᠮᠦᠩᠬᠦ 74 ᠳ᠋ᠦᠩᠰᠢᠭᠤᠷ ᠲᠥᠭᠥᠷᠢᠭ᠎ᠪᠠᠢᠵᠤ᠂ ᠬᠢᠯᠢ ᠵᠢᠨ ᠪᠣᠭᠣᠮᠲᠠ ᠵᠢᠨ ᠵᠠᠮ ᠨᠡᠪᠳᠡᠷᠡᠯᠬᠡ ᠵᠢᠨ ᠲᠦᠭᠦᠭᠡᠷᠦᠮᠵᠢ ᠵᠢ ᠢᠯᠡᠳᠲᠡ ᠰᠠᠢᠵᠢᠷᠠᠭᠤᠯᠵᠤ᠂ ᠬᠢᠯᠢ ᠵᠢᠨ ᠪᠣᠭᠣᠮᠲᠠ ᠪᠠᠷ ᠥᠩᠭᠡᠷᠡᠭᠰᠡᠨ ᠡᠳ᠋ ᠪᠠᠷᠠᠭ᠎ᠠ ᠨᠡᠢᠲᠡ 4 ᠳ᠋ᠦᠩᠰᠢᠭᠤᠷ ᠭᠠᠷᠤᠢ ᠲᠤᠨ ᠬᠦᠷᠴᠠᠢ᠃

ᠲᠡᠮᠡᠤᠯᠤᠯ ᠪᠣᠯ ᠪᠣᠳᠠᠲᠤ ᠠᠬᠤᠢ ᠬᠢᠬᠡᠳ ᠬᠦᠰᠡᠯ ᠵᠡᠭᠦᠳᠦ ᠵᠢ ᠬᠣᠯᠪᠣᠬᠤ ᠬᠥᠭᠥᠷᠭᠡ ᠶᠤᠮᠰᠠᠨ᠃ ᠬᠢᠯᠢ ᠵᠢᠨ ᠪᠣᠭᠣᠮᠲᠠ ᠵᠢᠨ ᠲᠥᠬᠥᠭᠡᠷᠦᠮᠵᠢ ᠵᠢᠨ ᠪᠦᠲᠦᠭᠡᠨ ᠪᠠᠢᠭᠤᠯᠤᠯᠲᠠ ᠨᠢ ᠨᠡᠭᠡᠭᠡᠯᠲᠡ ᠳ᠋ᠦ᠍ 《ᠲᠦᠷᠭᠡᠨ ᠤ᠋ ᠵᠠᠮ》 ᠢ᠋ ᠪᠠᠢᠭᠤᠯᠵᠤ ᠦᠭᠭᠦᠭᠰᠡᠨ ᠭᠡᠵᠦ ᠬᠡᠯᠡᠬᠦ ᠳ᠋ᠦ᠍ ᠬᠦᠷᠪᠡᠯ᠂ ᠲᠠᠰᠤᠷᠠᠯᠲᠠ ᠦᠭᠡᠢ ᠰᠢᠯᠢᠳᠡᠭᠵᠢᠵᠦ ᠪᠠᠢᠭ᠎ᠠ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠨᠢ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠠᠵᠤ ᠠᠬᠤᠢᠯᠠᠯ ᠤ᠋ᠨ ᠬᠢᠨ ᠤ᠋ ᠰᠡᠳᠭᠢᠯ ᠢ᠋ ᠲᠠᠢᠪᠤᠰᠢᠷᠠᠭᠤᠯᠤᠯ᠎ᠠ᠃

ᠬᠢᠵᠢᠭ᠎ᠦ᠋ᠨ ᠪᠠᠢᠳᠠᠯ ᠤ᠋ᠨ ᠶᠡᠬᠡ ᠰᠢᠯᠭᠠᠯᠲᠠ ᠵᠢᠨ ᠠᠬᠤᠢ ᠪᠠᠢᠳᠠᠯ ᠳᠣᠣᠷ᠎ᠠ᠂ ᠮᠠᠨ ᠤ᠋ ᠣᠷᠣᠨ ᠡᠳ᠋ ᠪᠠᠷᠠᠭ᠎ᠠ ᠵᠢ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠵᠥᠪᠰᠢᠶᠡᠷᠡᠯ᠎ᠦ᠋ᠨ ᠦᠨᠡᠮᠯᠡᠯ ᠢ᠋ ᠰᠦᠯᠵᠢᠶᠡᠨ ᠳᠡᠭᠡᠷ᠎ᠡ ᠭᠦᠢᠴᠡᠳᠭᠡᠬᠦ ᠦᠢᠯᠡᠴᠢᠯᠡᠭᠡ ᠵᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠪᠥᠭᠡᠳ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠦ᠍ ᠭᠠᠷᠭᠠᠬᠤ ᠭᠤᠭᠴᠤᠭᠠᠨ ᠳ᠋ᠡᠬᠢ ᠵᠣᠬᠢᠰ ᠥᠬᠡᠢ ᠪᠡᠷ ᠰᠦᠢᠳᠭᠡᠯ ᠬᠤᠷᠢᠶᠠᠬᠤ ᠠᠵᠢᠯᠯᠠᠭ᠎ᠠ ᠵᠢ ᠴᠡᠪᠡᠷᠯᠡᠬᠦ ᠪᠠᠷ ᠳᠠᠮᠵᠢᠨ᠂ ᠵᠢᠯ ᠪᠦᠷᠢ ᠪᠣᠭᠣᠮᠲᠠ ᠪᠠᠷ ᠥᠩᠭᠡᠷᠡᠬᠦ ᠠᠵᠤ ᠠᠬᠤᠢᠯᠠᠯ ᠤ᠋ᠨ ᠳᠠᠷᠤᠭᠠᠰᠤ ᠵᠢ 4 ᠳ᠋ᠦᠩᠰᠢᠭᠤᠷ ᠭᠠᠷᠤᠢ ᠲᠥᠭᠥᠷᠢᠭ ᠬᠦᠩᠬᠡᠯᠡᠭᠰᠡᠨ ᠪᠠᠢᠨ᠎ᠠ ᠁

 

ᠤᠷᠢᠳᠤᠬᠢ ᠵᠢ ᠵᠠᠯᠭᠠᠮᠵᠢᠯᠠᠨ ᠬᠣᠢᠰᠢᠬᠢ ᠳ᠋ᠦ᠍ ᠵᠠᠮ ᠨᠡᠭᠡᠭᠡᠯ᠎ᠡ — ᠨᠡᠭᠡᠭᠡᠯᠲᠡ ᠵᠢᠨ ᠵᠠᠮ ᠰᠠᠷᠠᠭᠤᠯᠬᠠᠨ

 

ᠪᠣᠳᠠᠲᠠᠢ ᠠᠵᠢᠯᠯᠠᠪᠠᠯ ᠰᠠᠶᠢ ᠪᠤᠳᠤᠭᠰᠠᠨ ᠳ᠋ᠠᠭᠠᠨ ᠬᠦᠷᠳᠡᠭ᠃ ᠬᠡᠳᠦᠨ ᠵᠢᠯ᠎ᠦ᠋ᠨ ᠲᠤᠷᠰᠢ᠂ ᠤᠯᠠᠭᠠᠨᠴᠠᠪ ᠬᠣᠲᠠ ᠨᠢ ᠡᠷᠢᠶᠡᠨ ᠬᠣᠲᠠ ᠪᠤᠯᠤᠨ ᠮᠠᠨᠵᠤᠤᠷ ᠬᠣᠲᠠ ᠲᠠᠢ ᠬᠣᠯᠪᠣᠭᠠᠯᠠᠨ ᠨᠠᠷᠮᠠᠢ ᠪᠣᠭᠣᠮᠲᠠ ᠵᠢᠨ ᠠᠵᠤ ᠠᠬᠤᠢ ᠵᠢ ᠬᠥᠭᠵᠢᠭᠦᠯᠪᠡ᠃ ᠣᠳᠣᠬᠠᠨ ᠳ᠋ᠦ᠍᠂ ᠮᠣᠳᠣᠨ ᠮᠠᠲ᠋ᠧᠷᠢᠶᠠᠯ ᠡᠳ᠋ᠰᠢᠭᠦᠯᠤᠨ ᠪᠤᠯᠪᠠᠰᠤᠷᠠᠭᠤᠯᠬᠤ ᠮᠠᠰᠢ ᠣᠯᠠᠨ ᠠᠵᠤ ᠠᠬᠤᠢᠯᠠᠯ ᠤᠯᠠᠭᠠᠨᠴᠠᠪ ᠤ᠋ᠨ ᠭᠡᠷ ᠦ᠋ᠨ ᠡᠳ᠋ᠯᠡᠯ ᠬᠡᠷᠡᠭᠰᠡᠯ᠎ᠦ᠋ᠨ ᠠᠵᠤ ᠦᠢᠯᠡᠰ ᠦ᠋ᠨ ᠬᠦᠷᠢᠶᠡᠯᠡᠩ ᠳ᠋ᠦ᠍ ᠴᠤᠭᠯᠠᠷᠠᠨ᠂ ᠡᠬᠢ ᠪᠠᠶᠠᠯᠢᠭ ᠬᠢᠬᠡᠳ ᠠᠵᠤ ᠦᠢᠯᠡᠰ ᠦ᠋ᠨ ᠲᠥᠪᠯᠡᠷᠡᠭᠰᠡᠨ ᠡᠷᠴᠢᠮᠵᠢᠭᠰᠡᠨ ᠬᠥᠭᠵᠢᠯᠲᠡ ᠵᠢᠨ ᠠᠰᠢᠭ ᠣᠯᠵᠠᠪᠤᠷᠢ ᠵᠢ ᠦᠷᠭᠦᠯᠵᠢᠯᠡᠨ ᠪᠠᠳᠠᠷᠠᠭᠤᠯᠵᠤ᠂ ᠭᠠᠳᠠᠭᠠᠳᠤ ᠡᠴᠡ ᠣᠷᠣᠭᠤᠯᠤᠭᠰᠠᠨ ᠮᠣᠳᠣᠨ ᠮᠠᠲ᠋ᠧᠷᠢᠶᠠᠯ ᠢ᠋ ᠡᠳ᠋ᠰᠢᠭᠦᠯᠤᠨ ᠪᠤᠯᠪᠠᠰᠤᠷᠠᠭᠤᠯᠬᠤ᠂ ᠦᠢᠯᠡᠳᠬᠦᠨ ᠦᠢᠯᠡᠳᠪᠦᠷᠢᠯᠡᠵᠦ ᠪᠣᠷᠣᠯᠠᠭᠤᠯᠬᠤ ᠪᠦᠬᠦ ᠠᠵᠤ ᠦᠢᠯᠡᠰ᠎ᠦ᠋ᠨ ᠬᠡᠯᠬᠢᠢ᠎ᠡ ᠵᠢᠨ ᠠᠩᠬᠠᠨ ᠤ᠋ ᠳᠦᠷᠰᠦ ᠪᠠᠢᠳᠠᠯ ᠨᠢᠭᠡᠨᠲᠡ ᠪᠦᠷᠢᠯᠳᠦᠪᠠ᠃

ᠪᠦᠬᠦ ᠣᠷᠣᠨ ᠢ᠋ ᠪᠠᠷᠠᠯᠠᠬᠤᠶ᠎ᠠ᠂ ᠠᠯᠢ ᠣᠯᠠᠨ ᠨᠡᠭᠡᠭᠡᠯᠲᠡ ᠵᠢᠨ ᠬᠠᠭᠤᠳᠠᠰᠤ ᠵᠢᠷᠤᠭ ᠮᠡᠲᠦ ᠰᠦᠷᠯᠢᠭ ᠰᠠᠢᠬᠠᠨ ᠪᠠᠢᠵᠤ᠂ ᠨᠡᠭᠡᠭᠡᠯᠲᠡᠳᠤ ᠬᠥᠭᠵᠢᠯᠲᠡ ᠵᠢᠨ ᠰᠠᠷᠠᠭᠤᠯ ᠵᠠᠮ ᠠᠯᠤᠰ ᠢ᠋ ᠵᠣᠷᠢᠨ ᠵᠤᠷᠠᠢᠨ᠎ᠠ!

— 《ᠳᠤᠮᠳᠠᠳᠤ ᠤᠯᠤᠰ ᠤ᠋ᠨ ᠰᠦ ᠵᠢᠨ ᠬᠣᠲᠠ》 ᠬᠥᠬᠡᠬᠣᠲᠠ ᠡᠴᠡ ᠬᠦᠭᠵᠢᠨ ᠮᠠᠨᠳᠤᠭᠰᠠᠨ ᠢᠯᠢ ᠺᠤᠮᠫᠠᠨᠢ ᠵᠢᠨ ᠴᠠᠭᠠᠨ ᠢᠳᠡᠭᠡᠨ ᠤ᠋ ᠦᠢᠯᠡᠳᠪᠦᠷᠢᠯᠡᠯ ᠪᠣᠷᠣᠯᠠᠭᠤᠯᠭ᠎ᠠ ᠵᠢᠨ ᠰᠤᠳᠤᠯᠤᠨ ᠨᠡᠭᠡᠭᠡᠬᠦ ᠬᠡᠯᠬᠢᠢ᠎ᠡ ᠨᠢ 《ᠨᠢᠭᠡ ᠪᠦᠰᠡ ᠨᠢᠭᠡ ᠵᠠᠮ》 ᠳᠠᠭᠠᠤ ᠤᠯᠤᠰ ᠡᠴᠡ ᠲᠠᠪᠤᠨ ᠲᠢᠪ ᠵᠢᠴᠢ ᠤᠯᠤᠰ ᠤ᠋ᠨ ᠳᠣᠲᠣᠭᠠᠳᠤ ᠵᠢᠨ 200 ᠭᠠᠷᠤᠢ ᠭᠠᠵᠠᠷ ᠣᠷᠣᠨ ᠪᠠ ᠬᠣᠲᠠ ᠬᠦᠷᠲᠡᠯ᠎ᠡ ᠦᠷᠭᠦᠯᠵᠢᠯᠡᠪᠡ᠃

— ᠪᠤᠭᠤᠲᠤ ᠬᠣᠲᠠ ᠨᠢᠬᠡᠨᠳᠡ ᠳᠡᠯᠡᠬᠡᠢ ᠵᠢᠨ ᠬᠠᠮᠤᠭ ᠤ᠋ᠨ ᠲᠣᠮᠣ ᠬᠣᠪᠣᠷ ᠰᠢᠷᠣᠢ ᠵᠢᠨ ᠪᠤᠯᠤᠳ ᠵᠠᠮ ᠲᠡᠮᠤᠷ ᠤ᠋ᠨ ᠦᠢᠯᠡᠳᠪᠦᠷᠢᠯᠡᠯ᠎ᠦ᠋ᠨ ᠰᠠᠭᠤᠷᠢᠨ ᠪᠣᠯᠵᠤ᠂ 《ᠨᠢᠭᠡ ᠪᠦᠰᠡ ᠨᠢᠭᠡ ᠵᠠᠮ》 ᠳᠠᠭᠠᠤ ᠵᠢᠨ 60 ᠭᠠᠷᠤᠢ ᠤᠯᠤᠰ ᠪᠣᠯᠤᠨ ᠤᠯᠤᠰ ᠤ᠋ᠨ ᠳᠣᠲᠣᠭᠠᠳᠤ ᠵᠢᠨ ᠬᠡᠳᠦᠨ ᠠᠷᠪᠠᠨ ᠵᠤᠷᠪᠤᠰ ᠲᠡᠮᠦᠷ ᠵᠠᠮ ᠳ᠋ᠦ᠍ ᠴᠥᠮ 《ᠪᠤᠭᠤᠲᠤ ᠵᠢᠨ ᠪᠣᠯᠣᠳ ᠲᠡᠮᠦᠷ᠎ᠦ᠋ᠨ ᠦᠢᠯᠡᠳᠭᠡᠯ》 ᠢ᠋ ᠬᠡᠷᠡᠭᠯᠡᠪᠡ᠃

—《ᠳᠤᠮᠳᠠᠳᠤ ᠤᠯᠤᠰ ᠤ᠋ᠨ ᠮᠣᠩᠭᠣᠯ ᠡᠮ ᠡᠮᠨᠡᠯᠭᠡ ᠵᠢᠨ ᠬᠣᠲᠠ》 ᠪᠤᠯᠬᠤ ᠲᠦᠩᠯᠢᠶᠣᠣ ᠬᠣᠲᠠ ᠵᠢᠨ ᠮᠣᠩᠭᠣᠯ ᠡᠮ ᠡᠮᠨᠡᠯᠭᠡ ᠵᠢᠨ ᠦᠢᠯᠡᠳᠬᠦᠨ ᠨᠢ ᠤᠯᠤᠰ ᠤ᠋ᠨ ᠳᠣᠲᠣᠭᠠᠳᠤ ᠵᠢᠨ ᠣᠯᠠᠨ ᠭᠠᠵᠠᠷ ᠪᠤᠯᠤᠨ 《ᠨᠢᠭᠡ ᠪᠦᠰᠡ ᠨᠢᠭᠡ ᠵᠠᠮ》 ᠳᠠᠭᠠᠤ ᠵᠢᠨ 10 ᠭᠠᠷᠤᠢ ᠤᠯᠤᠰ ᠪᠠ ᠭᠠᠵᠠᠷ ᠣᠷᠣᠨ ᠤ᠋ ᠰᠠᠭᠤᠭᠠᠯᠢ ᠠᠷᠠᠳ ᠲᠤ᠌ ᠠᠰᠢᠭ ᠬᠦᠷᠲᠡᠭᠡᠪᠡ᠃

— ᠬᠢᠯᠢ ᠵᠢᠨ ᠪᠣᠭᠣᠮᠲᠠ ᠪᠣᠯᠤᠨ ᠡᠯᠸᠺᠲᠷᠤᠨ ᠬᠤᠳᠠᠯᠳᠤᠭᠠᠨ ᠤ᠋ ᠲᠠᠪᠴᠠᠩ ᠵᠢᠨᠷ ᠳᠠᠮᠵᠢᠨ ᠪᠠᠶᠠᠨᠨᠠᠭᠤᠷ ᠬᠣᠲᠠ ᠵᠢᠨ 《ᠲᠡᠭᠷᠢ ᠵᠢᠨ ᠬᠡᠰᠢᠭᠳᠤ ᠪᠤᠷᠤᠳᠤᠬᠤᠢ》 ᠪᠣᠬᠢᠷᠲᠤᠯ ᠦᠭᠡᠢ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠪᠦᠬᠦ ᠪᠥᠮᠪᠥᠷᠴᠡᠭ᠎ᠦ᠋ᠨ 90 ᠭᠠᠷᠤᠢ ᠤᠯᠤᠰ ᠪᠠ ᠭᠠᠵᠠᠷ ᠣᠷᠣᠨ ᠳ᠋ᠦ᠍ ᠪᠣᠷᠣᠯᠠᠭᠤᠯᠭ᠎ᠠ ᠰᠠᠢᠲᠠᠢ ᠪᠠᠢᠨ᠎ᠠ᠃

    ᠁

ᠮᠠᠨ ᠤ᠋ ᠤᠷᠤᠨ 《ᠨᠢᠭᠡ ᠪᠦᠰᠡ ᠨᠢᠭᠡ ᠵᠠᠮ》 ᠤ᠋ᠨ ᠪᠦᠳᠦᠬᠡᠨ ᠪᠠᠢᠭᠤᠯᠤᠯᠳᠠ ᠳ᠋ᠦ᠍ ᠢᠳᠡᠪᠬᠢᠲᠡᠢ ᠠᠭᠤᠰᠤᠯᠴᠠᠨ᠂ ᠤᠯᠤᠰ ᠤ᠋ᠨ ᠳᠣᠲᠣᠭᠠᠳᠤ ᠭᠠᠳᠠᠭᠠᠳᠤ ᠵᠢᠨ 《ᠬᠣᠣᠰ ᠤᠷᠴᠢᠯ》ᠳ᠋ᠤ ᠰᠠᠨᠠᠭᠠᠴᠢᠯᠠᠭ᠎ᠠ ᠡᠴᠡ ᠪᠠᠨ ᠦᠢᠯᠡᠴᠢᠯᠡᠵᠦ᠂ ᠡᠬᠢ ᠪᠠᠶᠠᠯᠢᠭ ᠢ᠋ ᠲᠥᠪᠯᠡᠷᠡᠭᠦᠯᠦᠨ ᠲᠠᠷᠬᠠᠭᠠᠬᠤ᠂ ᠴᠢᠬᠤᠯᠠ ᠡᠯᠧᠮᠧᠨ᠋ᠲ ᠢ᠋ ᠠᠭᠤᠰᠤᠯᠴᠠᠭᠤᠯᠤᠨ ᠨᠡᠪᠲᠡᠷᠡᠭᠦᠯᠬᠦ ᠪᠦᠬᠦ ᠣᠷᠣᠨ ᠪᠦᠰᠡ ᠵᠢᠨ ᠨᠡᠭᠡᠭᠡᠯᠲᠡ ᠵᠢᠨ ᠠᠵᠢᠯᠯᠠᠭ᠎ᠠ ᠪᠠᠷ ᠵᠢᠡᠨ 《ᠭᠠᠳᠠᠭᠠᠳᠤ ᠨᠡᠭᠡᠭᠡᠯᠲᠡ ᠵᠢ ᠪᠦᠬᠦ ᠲᠠᠯ᠎ᠠ ᠪᠠᠷ ᠥᠷᠭᠡᠳᠭᠡᠬᠦ》 ᠴᠠᠭ ᠦᠶ᠎ᠡ ᠵᠢᠨ ᠬᠦᠴᠦᠲᠦ ᠳᠠᠭᠤᠨ ᠢ᠋ ᠬᠠᠩᠭᠢᠨᠠᠭᠤᠯᠤᠨ᠎ᠠ!

ᠣᠳᠣᠬᠠᠨ ᠪᠤᠯᠳᠠᠯ᠎ᠠ᠂ ᠮᠠᠨ ᠤ᠋ ᠣᠷᠣᠨ ᠨᠢᠭᠡᠨᠲᠡ ᠮᠣᠩᠭᠣᠯ᠂ ᠣᠷᠣᠰ᠂ ᠠᠦ᠋ᠰᠲ᠋ᠷᠠᠯᠢᠶ᠎ᠠ ᠵᠡᠷᠭᠡ 183 ᠤᠯᠤᠰ ᠪᠠ ᠭᠠᠵᠠᠷ ᠣᠷᠣᠨ ᠲᠠᠢ ᠭᠠᠷ ᠬᠣᠯᠪᠣᠯᠴᠠᠨ ᠠᠷᠠᠯᠵᠢᠶᠠᠨ ᠤ᠋ 《ᠨᠠᠢᠵᠠ ᠵᠢᠨ ᠲᠣᠭᠣᠷᠢᠭ》 ᠢ᠋ ᠪᠠᠢᠭᠤᠯᠪᠠ᠃

ᠨᠡᠭᠡᠭᠡᠯᠲᠡ ᠪᠣᠯ ᠴᠢᠨᠠᠷ ᠰᠠᠢᠲᠠᠢ ᠬᠥᠭᠵᠢᠯᠲᠡ ᠵᠢᠨ ᠲᠤᠤᠯᠢᠰ ᠪᠤᠯᠬᠤ ᠶᠤᠮ᠃ ᠥᠪᠥᠷ ᠮᠣᠩᠭᠣᠯ ᠤ᠋ᠨ 《ᠨᠢᠭᠡ ᠪᠦᠰᠡ ᠨᠢᠭᠡ ᠵᠠᠮ》 ᠳᠠᠭᠠᠤ ᠵᠢᠨ ᠤᠯᠤᠰ ᠤ᠋ᠳ ᠲᠤ᠌ ᠭᠠᠷᠭᠠᠵᠤ ᠪᠠᠢᠭ᠎ᠠ ᠰᠢᠨ᠎ᠡ ᠪᠠᠷ ᠨᠡᠮᠡᠭᠳᠡᠭᠰᠡᠨ ᠦᠢᠯᠡᠳᠬᠦᠨ ᠨᠢ ᠴᠡᠪᠡᠷᠰᠢᠭᠦᠯᠦᠭᠰᠡᠨ ᠴᠠᠬᠢᠯᠭᠠᠨ ᠬᠦᠴᠦ᠂ ᠲᠦᠷᠭᠡᠨ ᠤ᠋ ᠲᠡᠮᠦᠷ ᠵᠠᠮ ᠤ᠋ᠨ ᠵᠠᠮ ᠲᠡᠮᠤᠷ᠂ ᠳᠡᠭᠡᠳᠦ ᠳᠡᠰ᠎ᠦ᠋ᠨ ᠴᠠᠭᠠᠨ ᠢᠳᠡᠭᠡᠨ᠂ ᠰᠢᠨ᠎ᠡ ᠮᠠᠲ᠋ᠧᠷᠢᠶᠠᠯ ᠵᠡᠷᠭᠡ ᠳᠡᠭᠡᠳᠦ ᠮᠡᠷᠭᠡᠵᠢᠯ᠎ᠦ᠋ᠨ ᠦᠢᠯᠡᠳᠬᠦᠨ ᠵᠢᠨᠷ ᠭᠤᠤᠯᠳᠠᠵᠤ ᠪᠠᠢᠨ᠎ᠠ᠃

ᠤᠷᠢᠳᠤᠬᠢ ᠵᠢ ᠵᠠᠯᠭᠠᠮᠵᠢᠯᠠᠨ ᠬᠣᠢᠰᠢᠬᠢ ᠳ᠋ᠦ᠍ ᠵᠠᠮ ᠨᠡᠭᠡᠭᠡᠨ᠎ᠡ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠡᠴᠡ ᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢ ᠪᠦᠬᠦ ᠲᠠᠯ᠎ᠠ ᠪᠠᠷ ᠥᠷᠭᠡᠳᠭᠡᠬᠦ ᠰᠢᠢᠳᠪᠦᠷᠢᠲᠦ ᠪᠣᠳᠣᠯᠭ᠎ᠠ ᠵᠢ ᠪᠠᠢᠷᠢᠯᠠᠭᠤᠯᠬᠤ ᠳ᠋ᠠᠭᠠᠨ᠄ 《ᠣᠷᠣᠨ ᠪᠠᠢᠷᠢ ᠵᠢᠨ ᠳᠠᠪᠠᠭᠤᠯᠢᠭ ᠵᠢᠨᠨ ᠨᠡᠭᠡᠭᠡᠯᠲᠡ ᠵᠢᠨ ᠳᠠᠪᠠᠭᠤᠯᠢᠭ᠂ ᠬᠥᠭᠵᠢᠯᠲᠡ ᠵᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠠᠨ ᠤ᠋ ᠤᠯᠤᠰ ᠤ᠋ᠨ ᠳᠣᠲᠣᠭᠠᠳᠤ ᠬᠠᠭᠤᠷᠠᠢ ᠵᠢᠨ ᠨᠡᠭᠡᠭᠡᠯᠲᠡ ᠵᠢᠨ ᠥᠨᠳᠥᠷᠯᠢᠭ ᠪᠣᠯᠤᠨ ᠬᠢᠯᠢ ᠳᠠᠭᠠᠤ ᠵᠢᠨ ᠨᠡᠭᠡᠭᠡᠯᠲᠡ ᠵᠢᠨ ᠴᠢᠬᠤᠯᠠ ᠲᠤᠯᠭᠠᠭᠤᠷᠢᠯᠠᠬᠤ ᠴᠡᠭ ᠢ᠋ ᠴᠣᠭᠴᠠᠯᠠᠨ᠎ᠠ》 ᠭᠡᠵᠠᠢ᠃

ᠡᠭᠦᠷᠭᠡ ᠬᠦᠨᠳᠦ ᠵᠠᠮ ᠬᠣᠯᠠ ᠪᠠᠢᠭᠰᠠᠨ ᠴᠦ᠍ ᠵᠢᠳᠬᠦᠵᠤ ᠯᠡ ᠶᠠᠪᠤᠪᠠᠯ ᠪᠡᠶᠡᠯᠡᠭᠳᠡᠬᠦ ᠨᠢ ᠯᠠᠪᠳᠠᠢ᠃ ᠥᠩᠭᠡᠷᠡᠭᠰᠡᠨ ᠪᠠ ᠢᠷᠡᠭᠡᠳᠦᠢ ᠵᠢᠨ ᠠᠭᠤᠯᠵᠠᠷ ᠲᠦ᠍ ᠵᠣᠭᠰᠣᠨ᠂ ᠪᠦᠬᠦ ᠲᠠᠯ᠎ᠠ ᠪᠠᠷ ᠨᠡᠭᠡᠭᠡᠯᠲᠡ ᠬᠢᠬᠦ ᠡᠷᠡᠰ ᠪᠠᠲᠤ ᠢᠲᠡᠭᠡᠯ ᠵᠣᠷᠢᠭ ᠵᠢᠨᠷ ᠥᠪᠥᠷ ᠮᠣᠩᠭᠣᠯ ᠮᠢᠨᠢ ᠶᠠᠭ ᠭᠣᠢᠳᠠ ᠰᠠᠢᠬᠠᠨ ᠬᠠᠭᠤᠳᠠᠰᠤ ᠵᠢ ᠪᠢᠴᠢᠭᠯᠡᠵᠦ᠂ ᠴᠢᠨᠠᠷ ᠰᠠᠢᠲᠠᠢ ᠨᠡᠭᠡᠭᠡᠯᠲᠡ ᠵᠢᠨ ᠵᠡᠮ ᠵᠢᠡᠷ ᠵᠢᠯᠤᠭᠤ ᠰᠤᠩᠭᠠᠨ ᠤᠷᠤᠭᠰᠢᠯᠠᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号