ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍ ᠠᠴᠢ ᠡᠨᠡᠷᠢᠯ ᠳ᠋ᠤ ᠳᠠᠯᠠᠷᠬᠠᠨ ᠡᠷᠡᠮᠡᠬᠡᠢᠯᠡᠨ ᠤᠷᠤᠭ᠍ᠰᠢᠯᠠᠵᠤ ᠡᠬᠡ ᠤᠯᠤᠰ᠎ᠤᠨ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠦᠵᠡᠮᠵᠢ᠎ᠶ᠋ᠢᠨ ᠣᠷᠣᠨ᠎ᠤ ᠲᠥᠪ ᠬᠤᠳᠠ ᠵᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
2022-03-20 19:57:32
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠪᠦᠦ ᠭᠠᠩ᠎ᠢ ᠰᠤᠷᠪᠤᠯᠵᠢᠯᠠᠭ᠍ᠰᠠᠨ ᠨᠢ

ᠪᠦᠬᠦ᠌ ᠤᠯᠤᠰ᠎ᠤᠨ  ᠬᠣᠶᠠᠷ  ᠬᠤᠷᠠᠯ  ᠠᠮᠵᠢᠯᠲᠠ  ᠲᠠᠶ   ᠲᠡᠭᠦᠰᠴᠤ ᠂  ᠶᠡᠷᠦᠩᠬᠡᠢ  ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠱᠦᠵᠢ ᠪᠦᠦ ᠭᠠᠩ᠎ᠢ ᠰᠤᠷᠪᠤᠯᠵᠢᠯᠠᠪᠠ᠃  

ᠪᠦᠦ ᠭᠠᠩ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠵᠢᠷᠭᠤᠭᠠᠨ ᠤᠳᠠᠭ᠎ᠠ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ《ᠬᠣᠶᠠᠷ ᠬᠠᠯᠬᠠᠪᠴᠢ》᠂《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ  ᠳᠠᠢ  ᠤᠳᠤᠮ   ᠤᠯᠠᠮᠵᠢᠯᠠᠯ   ᠨᠢᠬᠡᠳᠡᠢ  ᠪᠠᠢᠵᠦ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠠᠵᠢᠯ᠎ᠤᠨ ᠲᠤᠬᠠᠢ ᠭᠦᠨᠵᠡᠭᠡᠢ ᠪᠣᠳᠣᠯᠬᠢᠯᠠᠯ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠣᠳᠣᠯᠬᠢᠯᠠᠯ᠎ᠢ ᠲᠦᠪᠯᠡᠷᠡᠬᠦᠯᠦᠨ ᠲᠤᠰᠬᠠᠵᠦ᠂ ᠪᠢᠳᠡᠨ᠎ᠦ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ ᠠᠵᠢᠯᠯᠠᠭᠠᠨ᠎ᠤ ᠦᠨᠳᠦᠰᠦᠨ ᠵᠢᠷᠤᠮᠯᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠣᠢᠯᠠᠭᠠᠵᠤ᠂ ᠭᠤᠤᠯ ᠠᠭᠤᠯᠭ᠎ᠠ᠎ᠶ᠋ᠢ ᠡᠵᠡᠮᠳᠡᠵᠦ᠍᠂ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠰᠤᠷᠤᠯᠴᠠᠬᠤ ᠰᠡᠳᠭᠢᠬᠦ᠌ ᠬᠡᠷᠡᠭ᠌ᠯᠡᠬᠦ᠌᠎ᠶ᠋ᠢ ᠨᠡᠪᠲᠡᠷᠡᠯᠴᠡᠭᠦᠯᠬᠦ᠌᠂ ᠮᠡᠳᠡᠬᠦ᠌ ᠢᠲᠡᠭᠡᠬᠦ᠌ ᠬᠢᠬᠦ᠌᠎ᠶ᠋ᠢ ᠨᠢᠭᠡᠳᠭᠡᠬᠦ᠌᠎ᠶ᠋ᠢ ᠦᠨᠡᠨ ᠬᠦ᠌ ᠪᠡᠶᠡᠯᠡᠭᠦᠯᠦᠨ᠎ᠡ᠃ 

ᠨᠢᠭᠡ᠎ᠳᠦ᠂ ᠤᠯᠤᠰ ᠲᠦᠷᠦ᠍᠎ᠶ᠋ᠢ ᠡᠷᠬᠢᠮᠯᠡᠵᠦ᠍᠂ ᠦᠨᠡᠨᠴᠢ ᠱᠢᠳᠤᠷᠭᠤ᠎ᠶ᠋ᠢ ᠦᠢᠯᠡᠳᠦᠯᠭᠡᠵᠢᠭᠦᠯᠵᠦ᠍᠂ ᠵᠣᠷᠢᠭ ᠬᠤᠪᠢᠷᠠᠬᠤ ᠦᠭᠡᠢ᠂ ᠵᠠᠮ ᠬᠤᠪᠢᠷᠠᠬᠤ ᠦᠭᠡᠢ ᠢᠲᠡᠭᠡᠯ ᠵᠣᠷᠢᠭ᠎ᠢᠶᠠᠷ 《ᠲᠠᠪᠤᠨ ᠵᠠᠢᠯᠠᠰᠢ ᠦᠭᠡᠢ ᠵᠠᠮᠨᠠᠬᠤ ᠵᠠᠮ》 ᠵᠢᠡᠷ ᠰᠠᠢᠲᠤᠷ ᠵᠠᠮᠨᠠᠨ᠎ᠠ᠃ ᠵᠠᠢᠯᠠᠰᠢ ᠦᠭᠡᠢ ᠵᠠᠮᠨᠠᠬᠤ ᠵᠠᠮ᠎ᠢᠶᠠᠷ ᠰᠠᠢᠲᠤᠷ ᠵᠠᠮᠨᠠᠵᠤ᠂ ᠱᠢᠨ᠎ᠡ ᠠᠭᠤᠤ ᠦᠢᠯᠡᠰ᠎ᠢ ᠴᠤᠬᠴᠠᠯᠠᠬᠤ ᠪᠣᠯ ᠲᠡᠦᠬᠡ᠎ᠳᠦ ᠬᠠᠨᠳᠤᠭᠰᠠᠨ ᠬᠠᠮᠤᠭ᠎ᠤᠨ ᠰᠠᠢ᠌ᠨ ᠬᠦᠨᠳᠦᠳᠭᠡᠯ ᠮᠥᠨ᠂ ᠨᠡᠩ ᠴᠤ᠌ ᠪᠢᠳᠡᠨ᠎ᠦ ᠢᠷᠡᠭᠡᠳᠦᠢ᠎ᠪᠡᠨ ᠲᠡᠮᠡᠴᠡᠨ ᠤᠯᠬᠤ᠎ᠶ᠋ᠢᠨ ᠵᠠᠩᠭᠢᠯᠠᠭ᠎ᠠ ᠮᠥᠨ᠃ ᠪᠢᠳᠠ ᠲᠡᠦᠬᠡ᠎ᠶ᠋ᠢᠨ ᠢᠲᠡᠭᠡᠯ᠎ᠢᠶᠡᠨ ᠤᠯᠠᠮ ᠴᠢᠨᠠᠭ᠍ᠰᠢᠳᠠ ᠪᠠᠲᠤᠳᠭᠠᠵᠤ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂《ᠬᠣᠶᠠᠷ᠎ᠢ ᠲᠣᠭ᠍ᠲᠠᠭᠠᠬᠰᠠᠨ》 ᠎ᠢ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠵᠦ᠍᠂ ᠢᠮᠠᠭ᠍ᠲᠠ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠤᠷᠤᠭ᠍ᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂《ᠲᠠᠪᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ》 ᠵᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ᠃ 

ᠬᠣᠶᠠᠷ᠎ᠲᠤ᠂ ᠶᠡᠬᠡ ᠲᠠᠯ᠎ᠠ᠎ᠶ᠋ᠢ ᠪᠣᠳᠣᠯᠬᠢᠯᠠᠵᠦ᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠵᠦ᠍᠂ ᠤᠯᠤᠰ ᠲᠦᠷᠦ᠍᠂ ᠪᠠᠢᠯᠳᠤᠬᠤ ᠪᠤᠳᠤᠯᠭ᠎ᠠ᠂ ᠪᠦᠬᠦ᠌ ᠲᠠᠯ᠎ᠠ᠎ᠶ᠋ᠢᠨ ᠦᠨᠳᠦᠷᠴᠡ ᠡᠴᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠭᠤᠢᠪᠢᠰᠢ ᠦᠭᠡᠢ ᠪᠠᠲᠤ ᠴᠣᠭ᠍ᠴᠠᠯᠠᠨ᠎ᠠ᠃ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠠᠮᠢᠳᠤᠯᠢᠭ ᠦᠶ᠋ᠯᠡᠳᠦᠯᠭᠡ᠎ᠡᠴᠡ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠵᠢ ᠮᠥᠨ ᠬᠦ᠌ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠵᠤ ᠤᠯᠬᠤ ᠴᠢᠬᠤᠯᠠᠲᠠᠶ ᠭᠡᠳᠡᠭ᠎ᠢ ᠪᠢᠳᠡ ᠭᠦᠨᠵᠡᠭᠡᠶ ᠣᠢᠯᠠᠭᠠᠪᠠ᠃ ᠪᠢᠳᠡ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠷᠮᠠᠢᠨ ᠪᠠᠢᠭᠤᠯᠬᠤ᠎ᠪᠠᠷ ᠵᠢᠯᠤᠭᠤᠳᠤᠮᠵᠢ ᠪᠤᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ ᠪᠠ ᠡᠭᠦᠳᠦᠨ ᠪᠠᠢᠭᠤᠯᠤᠯᠲᠠ᠎ᠶ᠋ᠢ ᠠᠮᠢᠳᠤ ᠲᠦᠷᠰᠦᠯᠢᠭ ᠲᠥᠷᠥᠭ᠌ᠳᠡᠯ᠎ᠲᠡᠶ  ᠪᠦᠲᠦᠮᠵᠢᠲᠡᠢ ᠥᠷᠨᠢᠭᠦᠯᠵᠦ᠂ ᠨᠢᠳᠤᠨ ᠳ᠋ᠦ ᠦᠵᠡᠭᠳᠡᠵᠦ ᠭᠠᠷ ᠲᠦ᠍ ᠪᠠᠷᠢᠬᠳᠠᠬᠤ ᠠᠵᠢᠯ ᠢ᠋ ᠰᠠᠢᠨ ᠬᠢᠬᠦ᠌ ᠮᠥᠷᠲᠡᠭᠡᠨ ᠪᠠᠰᠠ 《ᠦᠭᠬᠢᠶᠠᠮᠤᠷ ᠬᠤᠷ᠎ᠠ ᠲᠦᠮᠡᠨ ᠪᠤᠳᠠᠰ᠎ᠢ ᠤᠮᠳᠠᠯᠠᠬᠤ》 ᠮᠠᠶᠢᠭ᠎ᠤᠨ ᠶᠠᠪᠤᠳᠠᠯ᠎ᠢ ᠨᠠᠷᠢᠯᠢᠭ ᠬᠢᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶ᠋ᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠳᠠ ᠵᠢᠨ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠨᠡᠨ ᠬᠦ᠌ ᠠᠬᠢᠭᠤᠯᠤᠨ᠎ᠠ᠃ 

ᠭᠤᠷᠪᠠ᠎ᠳᠤ᠂ ᠬᠥᠭ᠌ᠵᠢᠯᠲᠡ᠎ᠶ᠋ᠢ ᠡᠷᠢᠯᠬᠢᠯᠡᠵᠦ᠍᠂ ᠲᠣᠭ᠍ᠲᠠᠭᠤᠨ᠎ᠢ ᠪᠠᠲᠤᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠨ᠎ᠠ᠃ ᠪᠢᠳᠠ ᠬᠠᠷᠢᠭᠤᠴᠠᠯᠭ᠎ᠠ ᠡᠭᠦᠷᠭᠡᠯᠡᠨ᠂ ᠱᠢᠰᠲ᠋ᠧᠮ ᠲᠠᠢ ᠲᠦᠯᠦᠪᠵᠢᠭᠦᠯᠦᠨ᠂ ᠠᠮᠢ ᠠᠬᠤᠶ᠎ᠶ᠋ᠢ ᠤᠷᠢᠳ ᠵᠢᠨᠷ ᠪᠤᠲᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠨᠷ  ᠭᠤᠢᠪᠢᠰᠢ ᠦᠭᠡᠢ ᠵᠠᠮᠨᠠᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠣᠷᠣᠨ᠎ᠤ ᠲᠥᠪ᠎ᠲᠦ ᠬᠠᠨᠳᠤᠭᠤᠯᠤᠨ ᠳᠤᠷᠠᠳᠤᠭ᠍ᠰᠠᠨ《ᠴᠢᠨᠠᠷ ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠬᠦ᠌》ᠪᠠ 《ᠣᠷᠣᠨ᠎ᠤ ᠲᠥᠪ᠎ᠢ ᠬᠦᠴᠦᠷᠬᠡᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌》ᠱᠠᠭᠠᠷᠳᠠᠯᠭ᠎ᠠ ᠶᠤᠰᠤᠭᠠᠷ᠂ ᠨᠡᠭᠦᠷᠡᠰᠦᠲᠥ᠋ᠷᠥᠭ᠌ᠴᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ ᠵᠢ ᠦᠷᠭᠡᠳᠭᠡᠬᠦ᠂ ᠨᠡᠮᠡᠭ᠌ᠳᠡᠭᠦᠯᠬᠦ ᠵᠢ ᠬᠠᠮᠵᠢᠯᠴᠠᠠ ᠠᠬᠢᠭᠤᠯᠵᠦ᠂ ᠪᠦᠬᠦ᠌ ᠤᠯᠤᠰ᠎ᠤᠨ ᠪᠣᠯᠪᠠᠰᠤᠨ ᠬᠣᠲᠠ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠶ᠋ᠢ ᠴᠢᠷᠮᠠᠢᠨ ᠴᠣᠭ᠍ᠴᠠᠯᠠᠵᠦ᠂《 ᠵᠢᠷᠭᠤᠭᠠᠨ ᠶᠡᠬᠡ ᠠᠵᠤ ᠦᠢᠯᠡᠰ᠎ᠦᠨ ᠪᠦᠯᠦᠭ᠌ᠯᠡᠯ》ᠢ᠋ ᠲᠦᠷᠭᠡᠨ ᠪᠣᠢᠵᠢᠭᠤᠯᠵᠦ᠂ 《ᠲᠦᠷᠪᠡᠨ ᠣᠷᠣᠨ ᠪᠦᠰᠡ᠎ᠶ᠋ᠢᠨ ᠲᠥᠪ 》 ᠎ᠢ᠋ ᠴᠢᠷᠮᠠᠢᠨ ᠪᠣᠶ ᠪᠣᠯᠭᠠᠵᠦ᠂ 《ᠳᠥᠷᠪᠡᠨ ᠶᠡᠬᠡ ᠠᠵᠤ ᠠᠬᠤᠶ᠎ᠶ᠋ᠢᠨ ᠲᠤᠭᠤᠷᠢᠭ》 ᠢ᠋ ᠠᠬᠢᠭᠤᠯᠬᠤ ᠵᠢᠨ ᠬᠠᠮᠳᠦ ᠡᠬᠦᠨ ᠳ᠋ᠦ ᠠᠭᠤᠰᠤᠯᠴᠠᠵᠤ᠂《ᠲᠠᠪᠤᠨ ᠲᠣᠬᠢᠷᠠᠮᠵᠢᠲᠠᠶ 》 ᠬᠣᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠤᠨ᠎ᠠ᠃ ᠡᠭᠦᠨ᠎ᠦ ᠬᠠᠮᠲᠤ᠂ ᠭᠠᠳᠠᠨ᠎ᠠ᠎ᠡᠴᠡ ᠬᠠᠯᠲᠠᠪᠤᠷᠢᠯᠠᠠ ᠣᠷᠣᠵᠤ ᠢᠷᠡᠭ᠌ᠰᠡᠨ ᠴᠢᠨᠠᠷᠳᠠᠢ ᠬᠢᠵᠢᠭ᠎ᠦᠨ ᠪᠠᠢᠳᠠᠯ᠎ᠡᠴᠡ ᠭᠦᠨᠵᠡᠭᠡᠶ ᠰᠤᠷᠭᠠᠮᠵᠢ ᠠᠪᠴᠤ᠌᠂ 《ᠪᠠᠢᠯᠳᠤᠭᠠᠨ᠎ᠦ ᠦᠶ᠎ᠡ》 ᠎ᠳ᠋ᠤ ᠪᠦᠷᠢᠯᠳᠦᠭ᠌ᠰᠡᠨ ᠵᠢᠯᠣᠭᠣᠳᠭᠤ ᠱᠢᠰᠲ᠋ᠧᠮ᠂ ᠠᠵᠢᠯ᠎ᠤᠨ ᠶᠠᠪᠤᠴᠠ᠂ ᠠᠵᠢᠯᠲᠠᠨ᠎ᠤ ᠲᠤᠱᠢᠶᠠᠯ ᠬᠠᠷᠢᠭᠤᠴᠠᠯᠭ᠎ᠠ᠎ᠶ᠋ᠢ ᠲᠤᠭᠳᠠᠪᠤᠷᠢᠵᠢᠭᠤᠯᠵᠤ᠂ ᠣᠷᠣᠨ᠎ᠤ ᠲᠥᠪ᠎ᠦᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠤᠤᠷᠵᠢᠭᠤᠯᠤᠭ᠍ᠰᠠᠨ ᠱᠢᠰᠲ᠋ᠧᠮ᠂ ᠲᠣᠮᠣ ᠳ᠋ᠠᠢᠲ᠋ᠠ᠎ᠶ᠋ᠢᠨ ᠲᠤᠯᠭᠠᠭᠤᠷᠢᠯᠠᠯ᠎ᠤᠨ ᠣᠶᠤᠨᠴᠢᠯᠠᠭ᠍ᠰᠠᠨ ᠱᠢᠰᠲ᠋ᠧᠮ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠤᠰᠭᠠᠢᠵᠢᠭ᠍ᠰᠠᠨ ᠱᠢᠰᠲ᠋ᠧᠮ ᠪᠣᠯᠤᠨ ᠺᠠᠳ᠋ᠷ᠎ᠤᠨ ᠡᠩᠨᠡᠭᠡ᠎ᠶ᠋ᠢᠨ ᠵᠢᠩᠬᠢᠨᠢ ᠪᠠᠢᠯᠳᠤᠭᠠᠨ᠎ᠤ ᠱᠢᠰᠲ᠋ᠧᠮ᠎ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠰᠡᠷᠭᠡᠢᠯᠡᠨ ᠡᠵᠡᠮᠳᠡᠬᠦ᠌ ᠪᠠ ᠭᠡᠨᠡᠳᠲᠡ ᠡᠭᠦᠰᠦᠭ᠌ᠰᠡᠨ ᠬᠢᠵᠢᠭ᠎ᠦᠨ ᠪᠠᠢᠳᠠᠯ᠎ᠢ ᠪᠠᠴᠢᠮ ᠠᠷᠭᠠᠴᠠᠭᠠᠨ ᠱᠢᠶ᠋ᠳᠪᠦᠷᠢᠯᠡᠬᠦ᠌ ᠪᠠᠢᠩᠭᠤᠵᠢᠭ᠍ᠰᠠᠨ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠠᠷᠠᠳ ᠣᠯᠠᠨ᠎ᠤ ᠠᠮᠢ ᠨᠠᠰᠤᠨ᠎ᠤ ᠡᠷᠡᠭᠦᠯ ᠮᠡᠨᠳᠦ ᠪᠠ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠦᠨᠡᠨ ᠬᠦ᠌ ᠪᠠᠲᠤ ᠪᠠᠬᠢ ᠪᠠᠲᠤᠯᠠᠭ᠎ᠠ ᠬᠠᠩᠭᠠᠨ᠎ᠠ᠃ ᠲᠦᠷᠪᠡ᠎ᠳᠦ᠂ ᠴᠢᠩᠭ᠎ᠠ ᠠᠳᠭᠤᠵᠤ᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠢ ᠬᠠᠮᠢᠶᠠᠷᠬᠤ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠠ᠃ ᠶᠡᠷᠦᠩᠬᠡᠢ ᠱᠦᠵᠢ ᠰᠢ ᠵᠢᠨ ᠫᠢᠩ ᠄《 ᠡᠭᠦᠷᠢᠳᠡ ᠵᠤᠬ᠍ᠰᠤᠰᠢ ᠦᠭᠡᠢ ᠪᠠᠢᠬᠤ ᠶᠠᠪᠤᠴᠠ ᠳ᠋ᠡᠬᠢ ᠰᠡᠷᠭᠡᠭ ᠪᠥᠭᠡᠳ ᠡᠷᠡᠰ ᠪᠠᠲᠤ ᠪᠠᠢᠬᠤ᠎ᠶ᠋ᠢ ᠢᠮᠠᠭ᠍ᠲᠠ ᠪᠠᠲᠤᠯᠠᠬᠤ ᠭᠡᠷᠡᠭᠲᠡᠢ》ᠭᠡᠵᠦ ᠴᠢᠬᠤᠯᠠᠴᠢᠯᠠᠪᠠ᠃ ᠪᠢᠳᠡ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ᠎ᠶ᠋ᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠬᠦᠯᠬᠦ᠎ᠶ᠋ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠢᠯᠵᠠᠷᠠᠯ᠎ᠤᠨ ᠬᠣᠣᠷ ᠨᠥᠯᠥᠭᠡ᠎ᠶ᠋ᠢ ᠡᠷᠡᠰ ᠠᠷᠢᠯᠭᠠᠵᠤ᠂ ᠨᠡᠭᠡᠭᠡᠨ ᠬᠥᠭ᠌ᠵᠢᠭᠦᠯᠬᠦ᠌ ᠣᠷᠣᠨ᠎ᠤ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠪᠠ ᠮᠥᠩᠭᠥᠨ ᠭᠦᠢᠯᠭᠡᠭᠡᠨ᠎ᠦ ᠱᠢᠰᠲ᠋ᠧᠮ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠱᠢᠰᠲ᠋ᠧᠮ᠂ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶ᠎ᠡ ᠬᠡᠪᠴᠢᠶ᠎ᠠ᠂ ᠬᠠᠩᠭᠠᠨ ᠪᠣᠷᠣᠯᠠᠭᠤᠯᠬᠤ ᠱᠢᠰᠲ᠋ᠧᠮ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠢᠯᠵᠠᠷᠠᠯ᠎ᠤᠨ ᠲᠤᠰᠭᠠᠢ ᠵᠠᠰᠠᠯᠲᠠ᠎ᠶ᠋ᠢ ᠭᠦᠨᠵᠡᠭᠡᠢ ᠥᠷᠨᠢᠭᠦᠯᠵᠦ᠍᠂ 《 ᠨᠢᠭᠡᠳᠦᠭᠡᠷ ᠬᠠᠷᠢᠭᠤᠴᠠᠯᠭᠠᠳᠠᠨ》 ᠪᠣᠯᠤᠨ ᠵᠠᠯᠠᠭᠤ ᠺᠠᠳ᠋ᠷ᠎ᠲᠤ ᠬᠢᠨᠠᠯᠲᠠ ᠲᠠᠯᠪᠢᠬᠤ᠎ᠶ᠋ᠢ ᠦᠷᠭᠦᠯᠵᠢᠯᠡᠨ ᠴᠢᠩᠭᠠᠳᠭᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠡᠨᠡ ᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠦᠷ ᠬᠢᠨ᠎ᠠ᠃ ᠪᠢᠳᠡ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠵᠦ᠍᠂ ᠨᠠᠮ᠎ᠤᠨ ᠲᠡᠦᠬᠡ᠎ᠶ᠋ᠢ ᠰᠤᠷᠤᠯᠴᠠᠬᠤ᠂ ᠨᠠᠮ᠎ᠤᠨ ᠲᠡᠦᠬᠡ᠎ᠵᠢ ᠨᠠᠮ᠎ᠤᠨ ᠭᠡᠱᠢᠭᠦᠨ ᠺᠠᠳ᠋ᠷᠴᠤᠳ᠎ᠤᠨ ᠨᠠᠰᠤᠨ ᠲᠤᠷᠱᠢᠳᠠ᠎ᠶ᠋ᠢᠨ ᠵᠠᠪᠠᠯ ᠰᠤᠷᠬᠤ ᠬᠢᠴᠢᠶᠡᠯ ᠪᠣᠯᠭᠠᠵᠤ᠂ ᠵᠠᠭᠤᠨ ᠵᠢᠯ᠎ᠦᠨ ᠨᠠᠮ᠎ᠤᠨ ᠲᠡᠦᠬᠡ ᠵᠢᠨ ᠳᠤᠮᠳᠠ ᠲᠠᠰᠤᠷᠠᠯᠳᠠ ᠦᠭᠡᠢ ᠤᠶᠤᠨ ᠤᠬᠠᠭᠠᠨ᠎ᠵᠢᠨᠨ ᠰᠡᠩᠬᠡᠷᠡᠭᠦᠯᠵᠦ᠍᠂ ᠡᠷᠴᠢ ᠬᠦᠴᠦ ᠱᠢᠩᠭᠡᠭᠡᠨ ᠠᠪᠴᠤ᠌᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠍᠂ ᠱᠢᠨ᠎ᠡ ᠴᠠᠭ ᠦᠶ᠎ᠡ᠎ᠳᠦ ᠨᠡᠩ ᠰᠠᠢ᠌ᠨ ᠭᠠᠪᠢᠶ᠎ᠠ ᠪᠠᠢᠭᠤᠯᠵᠤ᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ᠎ᠳᠤ ᠲᠠᠯᠠᠢᠴᠠ ᠶᠡᠭᠡ ᠬᠦᠴᠦᠨ ᠴᠢᠳᠠᠯ᠎ᠢ ᠬᠤᠷᠠᠮᠳᠤᠭᠤᠯᠵᠤ ᠂ ᠦᠨᠡᠡ ᠬᠦ᠌ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠ᠎ᠲᠠᠶ ᠬᠤᠷᠠᠯᠳᠤᠬᠤ ᠶ᠋ᠢ ᠤᠭᠲᠤᠨ᠎ᠠ ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号