3 ᠰᠠᠷᠠᠶ᠋ᠢᠨ 18 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠪᠠᠢᠩᠭᠤᠶ᠋ᠢᠨ ᠬᠣᠷᠢᠶ᠎ᠠ ᠶ᠋ᠢᠨ ᠨᠠᠮ ᠤᠨ ᠤᠳᠤᠷᠢᠳᠭᠤ ᠳᠤᠭᠤᠢᠯᠠᠩ ᠤᠨ ᠣᠨᠣᠯ ᠰᠤᠷᠤᠯᠴᠠᠬᠤ ᠭᠤᠤᠯ ᠳᠤᠭᠤᠢᠯᠠᠩ 2022 ᠣᠨ ᠤ ᠭᠤᠷᠪᠠᠳᠤᠭᠠᠷ ᠤᠳᠠᠭᠠᠶ᠋ᠢᠨ ᠬᠠᠮᠲᠤ ᠶ᠋ᠢᠨ ᠰᠤᠷᠤᠯᠴᠠᠯᠭ᠎ᠠ ᠶ᠋ᠢᠨ ᠬᠤᠷᠠᠯ ᠬᠢᠵᠤ᠂ ᠶᠡᠷᠦᠩᠬᠡᠶ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠣᠭᠣᠷᠢᠨᠳᠤ ᠰᠤᠳᠤᠯᠤᠨ ᠶᠠᠷᠢᠯᠴᠠᠵᠤ ᠤᠯᠤᠯᠳᠠ ᠲᠦᠷᠦᠭᠳᠡᠯ ᠢᠶᠠᠨ ᠰᠣᠯᠢᠯᠴᠠᠵᠠᠢ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠪᠠᠢᠩᠭᠤ ᠶ᠋ᠢᠨ ᠬᠣᠷᠢᠶ᠎ᠠ ᠵᠢᠨ ᠨᠠᠮ ᠤᠨ ᠤᠳᠤᠷᠢᠳᠭᠤ ᠳᠤᠭᠤᠢᠯᠠᠩ ᠤᠨ ᠳᠡᠳ᠋ ᠱᠦᠵᠢ ᠯᠢᠨ ᠱᠤᠤ ᠴᠦᠨ ᠬᠤᠷᠠᠯ ᠢ ᠡᠷᠭᠢᠯᠡᠭ᠌ᠰᠡᠨ ᠪᠥᠭᠡᠳ ᠰᠤᠳᠤᠯᠤᠨ ᠶᠠᠷᠢᠯᠴᠠᠬᠤ ᠦᠭᠡ ᠬᠡᠯᠡᠵᠡᠶ᠃ ᠨᠠᠮ ᠤᠨ ᠤᠳᠤᠷᠢᠳᠭᠤ ᠳᠤᠭᠤᠢᠯᠠᠩ ᠤᠨ ᠪᠦᠷᠢᠯᠳᠦᠬᠦᠨ ᠵᠠᠩ ᠶᠤᠸᠠᠨ ᠵᠦᠩ᠂ ᠳ᠋ᠤᠸᠠᠨ ᡁᠢ ᠴᠢᠶᠠᠩ᠂ ᠾᠧ ᠶᠠᠨ ᠯᠢᠩ ᠂ ᠱ᠌ᠢ ᠸᠸᠨ ᠱᠢᠤᠸᠠᠢ ᠲᠤᠰ ᠲᠤᠰ ᠦᠭᠡ ᠬᠡᠯᠡᠵᠦ᠍ ᠂ ᠳᠡᠳ᠋ ᠡᠷᠬᠢᠯᠡᠭ᠌ᠴᠢ ᠯᠢ ᠷᠦᠩ ᠰᠢ ᠬᠤᠷᠠᠯ ᠳᠤ ᠰᠤᠯᠠ ᠣᠷᠣᠯᠴᠠᠵᠠᠢ᠃
ᠬᠤᠷᠠᠯ ᠠᠴᠠ ᠡᠮᠦᠨ᠎ᠡ᠂ ᠨᠠᠮᠤᠨ ᠤᠳᠤᠷᠢᠳᠭᠤ ᠳᠤᠭᠤᠢᠯᠠᠩ ᠤᠨ ᠪᠦᠷᠢᠯᠳᠦᠬᠦᠨ ᠨᠡᠷ ᠲᠣᠰ ᠤᠳᠠᠭ᠎ᠠ ᠶ᠋ᠢᠨ ᠰᠤᠷᠤᠯᠴᠠᠯᠭ᠎ᠠ ᠶ᠋ᠢᠨ ᠭᠤᠤᠯ ᠰᠡᠳᠦᠪ ᠦᠨ ᠲᠣᠭᠣᠷᠢᠨ ᠳᠤ ᠲᠥᠪᠯᠡᠷᠡᠭᠦᠯᠦᠨ ᠦᠪᠡᠷ ᠤ᠋ᠨ ᠰᠤᠷᠤᠯᠴᠠᠯᠭ᠎ᠠ ᠬᠢᠬᠦ ᠵᠢᠨ ᠬᠠᠮᠳᠤ ᠦᠪᠡᠷ ᠤ᠋ᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠢᠳᠠᠯ ᠲᠠᠶᠪᠠᠨ ᠤᠶᠠᠯᠳᠤᠭᠤᠯᠤᠨ ᠭᠦᠨᠵᠡᠭᠡᠶ ᠰᠡᠳᠭᠢᠨ ᠪᠣᠳᠣᠯᠬᠢᠯᠠᠵᠤ᠂ ᠰᠤᠳᠤᠯᠤᠨ ᠶᠠᠷᠢᠯᠴᠠᠵᠤ ᠲᠦᠷᠦᠭᠳᠡᠯ ᠢᠶᠠᠨ ᠰᠣᠯᠢᠯᠴᠠᠬᠤ ᠮᠠᠲ᠋ᠧᠷᠢᠶᠠᠯ ᠪᠢᠴᠢᠪᠡ᠃
ᠬᠤᠷᠠᠯᠠᠴᠠ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠵᠤ᠂ ᠪᠡᠶ᠎ᠡ ᠪᠡᠷᠢᠶᠡᠨ ᠥᠪᠥᠷ ᠮᠣᠩᠭᠣᠯ ᠤᠨ ᠴᠢᠭ᠌ᠯᠡᠯ ᠢ ᠲᠣᠭ᠍ᠲᠠᠭᠠᠵᠤ ᠵᠠᠮ ᠢ ᠵᠢᠭᠠᠨ ᠠᠶᠠᠯᠠᠯ ᠢ ᠳᠠᠭᠠᠭᠤᠯᠵᠤ᠂ ᠪᠢᠳᠡᠨ ᠦ ᠱᠢᠨ᠎ᠡ ᠠᠶᠠᠨᠳᠠᠭᠠᠨ ᠲᠡᠦᠬᠡ ᠶ᠋ᠢᠨ ᠰᠠᠨᠠᠭᠠᠴᠢᠯᠠᠭᠠᠲᠤ ᠡᠷᠬᠡ ᠶ᠋ᠢ ᠡᠵᠡᠮᠳᠡᠵᠦ᠍᠂ ᠱᠢᠨ᠎ᠡ ᠢᠯᠠᠯᠲᠠ ᠶ᠋ᠢ ᠲᠡᠮᠡᠴᠡᠨ ᠤᠯᠬᠤ ᠳᠤ ᠤᠷᠤᠭ᠍ᠰᠢᠯᠠᠬᠤ ᠴᠢᠭ᠌ᠯᠡᠯᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠶ ᠱᠦᠵᠢ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠰᠤᠷᠤᠯᠴᠠᠬᠤᠳᠤ ᠂ 《ᠲᠠᠪᠤᠨ ᠵᠠᠢᠯᠠᠰᠢ ᠦᠬᠡᠢ ᠵᠠᠮᠨᠠᠬᠤ ᠵᠠᠮ 》 ᠤ᠋ᠨ ᠲᠤᠬᠠᠶ ᠲᠠᠨᠢᠯᠲᠠᠪᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ 《ᠬᠣᠶᠠᠷᠢ ᠲᠣᠭ᠍ᠲᠠᠭᠠᠬᠰᠠᠨ》 ᠢ ᠨᠠᠩ ᠡᠷᠡᠰ ᠬᠦᠷᠢᠶᠡᠯᠡᠵᠦ᠍᠂ 《 ᠬᠣᠶᠠᠷᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ; ᠶᠡᠷᠦᠩᠬᠡᠶ ᠱᠦᠵᠢ ᠪᠣᠯᠤᠨ ᠨᠠᠮᠤᠨ ᠲᠥᠪ ᠬᠣᠷᠢᠶ᠎ᠠ ᠵᠢᠨ ᠥᠪᠥᠷ ᠮᠣᠩᠭᠣᠯᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭᠠᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶ᠋ᠢ ᠣᠨᠣᠪᠴᠢᠲᠠᠶ ᠡᠵᠡᠮᠳᠡᠵᠦ᠍᠂ ᠤᠯᠤᠰ ᠤᠨ ᠠᠮᠢ ᠠᠬᠤᠶ ᠶ᠋ᠢᠨ ᠠᠮᠤᠷ ᠲᠦᠪᠱᠢᠨ ᠂ ᠡᠨᠧᠷᠭᠢ ᠶ᠋ᠢᠨ ᠠᠮᠤᠷ ᠲᠦᠪᠱᠢᠨ᠂ ᠠᠮᠤ ᠪᠤᠳᠠᠭᠠᠨ ᠤ ᠠᠮᠤᠷ ᠲᠦᠪᠱᠢᠨ ᠂ ᠠᠵᠤ ᠦᠶ᠋ᠯᠡᠰ ᠦᠨ ᠠᠮᠤᠷ ᠲᠦᠪᠱᠢᠨᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠤᠬᠠᠮᠰᠠᠷᠠᠴᠠᠪᠠᠨ ᠡᠭᠦᠷᠭᠡᠯᠡᠵᠦ᠍᠂ ᠡᠬᠡ ᠤᠯᠤᠰ ᠤᠨ ᠤᠮᠠᠷᠠᠲᠤ ᠶ᠋ᠢᠨ ᠦᠵᠡᠮᠵᠢ ᠶ᠋ᠢᠨ ᠣᠷᠣᠨ ᠢ ᠨᠠᠩ ᠦᠵᠡᠰᠭᠦᠯᠡᠩᠲᠦ ᠰᠠᠢᠬᠠᠨ ᠪᠣᠯᠭᠠᠨ ᠴᠤᠬᠴᠠᠯᠠᠬᠤ ᠬᠡᠷᠡᠭ᠌ᠲᠡᠶ; ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠢ ᠪᠠᠲᠤ ᠡᠵᠡᠮᠳᠡᠵᠦ᠍᠂ ᠤᠨᠢᠨ ᠳᠡᠭᠡᠷ᠎ᠡ ᠨᠢ ᠬᠦᠴᠦᠯᠡᠵᠦ᠍᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ ᠦᠨᠳᠦᠰᠦᠲᠡᠨ ᠦ ᠬᠡᠷᠡᠭ ᠶᠠᠪᠤᠳᠠᠯ ᠤᠨ ᠵᠠᠰᠠᠯᠲᠠ ᠶ᠋ᠢᠨ ᠬᠠᠤᠯᠢᠵᠢᠯᠤᠨ ᠲᠦᠪᠱᠢᠨᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠱᠢᠨ᠎ᠡ ᠴᠠᠭ ᠦᠶᠡᠳᠦ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭ᠌ᠲᠡᠢ; ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠡᠭᠦᠷᠭᠡ ᠴᠢᠳᠠᠪᠬᠢ ᠶ᠋ᠢᠨ ᠪᠠᠢᠷᠢ ᠲᠣᠭ᠍ᠲᠠᠭᠠᠯᠲᠠ ᠳᠤ ᠰᠠᠭᠤᠷᠢᠯᠠᠨ᠂ ᠭᠣᠣᠯ ᠲᠦᠪ ᠤ᠋ᠨ ᠲᠣᠭᠣᠷᠢᠨᠳᠤ ᠶᠡᠬᠡ ᠲᠠᠯ᠎ᠠ ᠳᠤ ᠦᠢᠯᠡᠴᠢᠯᠡᠵᠦ᠍᠂ ᠠᠮᠢ ᠠᠬᠤᠢ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮᠢᠶᠠᠷ ᠭᠤᠢᠪᠢᠰᠢ ᠦᠭᠡᠢ ᠰᠠᠢᠲᠤᠷ ᠵᠠᠮᠨᠠᠵᠤ᠂ ᠲᠥᠪ ᠶᠣᠰᠣ ᠶ᠋ᠢ ᠪᠠᠷᠢᠮᠲᠠᠯᠠᠨ ᠱᠢᠨ᠎ᠡ ᠶ᠋ᠢ ᠡᠭᠦᠳᠴᠦ᠍ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠣᠭ᠍ᠲᠠᠭᠠᠬᠤ᠂ ᠲᠥᠯᠥᠭᠡᠯᠡᠬᠦ᠌ ᠵᠡᠷᠭᠡ ᠠᠵᠢᠯ ᠢ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ ᠤ ᠬᠥᠭ᠌ᠵᠢᠯᠲᠡ ᠶ᠋ᠢᠨ ᠶᠡᠬᠡ ᠲᠠᠯ᠎ᠠ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠨᠠᠮ ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠮᠠᠨᠤ ᠣᠷᠣᠨ ᠳᠤ ᠬᠠᠤᠯᠢ ᠶᠣᠰᠣᠭᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃