ᠠᠯᠲᠠᠨᠰᠠᠩ᠄ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍ ᠪᠦᠯᠬᠦᠮᠳᠡᠨ ᠤᠷᠤᠬᠰᠢᠯᠠᠨ᠎ᠠ
2022-03-20 19:39:51
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠨᠠᠮ ᠤ᠋ᠨ ᠬᠣᠷᠢᠶᠠᠨ ᠤ᠋ ᠱᠦᠵᠢ ᠠᠯᠲᠠᠨᠰᠠᠩ ᠤᠷᠢᠯᠭ᠎ᠠ ᠪᠠᠷ ᠪᠥᠬᠥ᠌ ᠣᠷᠣᠨ ᠤ᠋ ᠰᠤᠷᠭᠠᠨ ᠬᠥᠮᠦᠵᠢᠯ ᠤ᠋ᠨ ᠱᠢᠰᠲ᠋ᠧᠮ ᠤ᠋ᠨ ᠪᠥᠬᠥ᠌ ᠤᠯᠤᠰ ᠤ᠋ᠨ ᠬᠣᠶᠠᠷ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠬᠤ ᠬᠤᠷᠠᠯ ᠵᠢᠴᠢ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠤ᠋ᠨ ᠬᠠᠮᠲᠤ ᠶ᠋ᠢᠨ ᠬᠢᠴᠢᠶᠡᠯ ᠪᠡᠯᠡᠳᠭᠡᠬᠦ᠌ ᠠᠵᠢᠯᠯᠠᠭ᠎ᠠ ᠳ᠋ᠤ ᠣᠷᠣᠯᠴᠠᠵᠤ᠂ ᠪᠤᠰᠤᠳ 3 ᠲᠥᠯᠥᠭᠡᠯᠡᠭ᠌ᠴᠢ ᠭᠡᠱᠢᠭᠦᠨ ᠲᠡᠶ ᠬᠠᠮᠲᠤ ᠪᠡᠷ ᠣᠯᠠᠨ ᠳ᠋ᠤ ᠬᠦᠷ ᠬᠦᠭᠵᠢᠶᠡᠨᠳᠡᠢ ᠰᠤᠷᠤᠯᠴᠠᠯᠭ᠎ᠠ ᠶ᠋ᠢᠨ ᠬᠢᠴᠢᠶᠡᠯ ᠤᠷᠤᠪᠠ᠃

ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ ᠪᠣᠯᠤᠭ᠍ᠰᠠᠨ ᠤ᠋ ᠬᠤᠪᠢ ᠳ᠋ᠤ ᠠᠯᠲᠠᠨᠰᠠᠩ᠂ ᠥᠩᠭᠡᠷᠡᠯᠲᠡ ᠮᠠᠰᠢ ᠣᠯᠠᠨ᠂ ᠣᠯᠤᠯᠲᠠ ᠴᠦ᠍ ᠮᠠᠰᠢ ᠠᠷᠪᠢᠨ ᠭᠡᠵᠦ᠍ ᠶᠠᠷᠢᠵᠤ ᠪᠠᠢᠯ᠎ᠠ᠃ ᠡᠨᠡ ᠬᠡᠳᠦᠨ ᠡᠳᠦᠷ ᠲᠡᠷᠡ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠪᠣᠯᠤᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠲᠠᠬᠢᠨ ᠳᠠᠪᠲᠠᠨ ᠰᠤᠳᠤᠯᠤᠨ ᠰᠤᠷᠤᠯᠴᠠᠵᠠᠢ᠃ ᠤᠬᠠᠭᠤᠯᠤᠨ ᠲᠠᠢᠯᠪᠤᠷᠢᠯᠠᠬᠤ ᠳ᠋ᠠᠭᠠᠨ᠂ ᠲᠡᠷᠡ ᠦᠪᠡᠷ ᠤ᠋ᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠭ᠌ᠰᠡᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ ᠠᠮᠢᠳᠤᠯᠢᠭ ᠳᠦᠷᠰᠦᠯᠢᠭ᠂ ᠱᠢᠰᠲ᠋ᠧᠮ ᠲᠡᠶ ᠪᠡᠷ ᠨᠠᠷᠢᠨ ᠨᠢᠮᠪᠠᠢ ᠤᠬᠠᠭᠤᠯᠤᠨ ᠲᠠᠢᠯᠪᠤᠷᠢᠯᠠᠪᠠ᠃《ᠮᠠᠨ ᠤ᠋ ᠤᠯᠤᠰ ᠪᠣᠯ ᠤᠯᠠᠨ ᠦᠨᠳᠦᠰᠦᠲᠡᠨ ᠲᠡᠶ ᠨᠢᠭᠡᠳᠦᠭ᠌ᠰᠡᠨ ᠤᠯᠤᠰ ᠮᠥᠨ᠂ ᠦᠨᠳᠦᠰᠦᠲᠡᠨ ᠨᠤᠬᠦᠳ ᠪᠦᠯᠬᠦᠮᠳᠡᠯ ᠲᠡᠶ ᠡᠶ᠎ᠡ ᠵᠣᠬᠢᠴᠠᠩᠭᠤᠢ ᠪᠠᠢᠪᠠᠯ ᠤᠯᠤᠰ ᠣᠷᠣᠨ ᠬᠥᠭ᠌ᠵᠢᠨ ᠮᠠᠨᠳᠤᠵᠤ᠂ ᠨᠡᠢᠭᠡᠮ ᠠᠮᠤᠷ ᠲᠣᠭ᠍ᠲᠠᠭᠤᠨ ᠪᠠᠢᠵᠤ᠂ ᠠᠷᠠᠳ ᠲᠦᠮᠡᠨ ᠵᠣᠯ ᠵᠢᠷᠭᠠᠯ ᠲᠠᠶ ᠠᠮᠢᠲᠤᠷᠠᠵᠦ ᠴᠢᠲᠠᠨ᠎ᠠ ; ᠡᠭᠦᠨ ᠤ᠋ ᠡᠰᠡᠷᠭᠦ ᠪᠡᠷ ᠬᠢᠪᠠᠯ ᠤᠯᠤᠰ ᠣᠷᠣᠨ ᠲᠤᠷᠦᠢ᠌ᠳᠡᠵᠦ᠍᠂ ᠨᠡᠢᠭᠡᠮ ᠲᠣᠭ᠍ᠲᠠᠭᠤᠨ ᠤᠢ᠍ᠭᠡᠢ ᠪᠤᠯᠵᠦ᠍ ᠂ ᠠᠷᠠᠳ ᠲᠦᠮᠡᠨ ᠵᠣᠪᠠᠯᠠᠩ ᠠᠮᠰᠠᠬᠤ ᠪᠣᠯᠤᠨ᠎ᠠ 》᠂《ᠥᠪᠥᠷ ᠮᠣᠩᠭᠣᠯ ᠤ᠋ᠨ ᠥᠨᠥᠳᠦᠷ ᠪᠣᠯ ᠦᠨᠳᠦᠰᠦᠲᠡᠨ ᠨᠤᠬᠦᠳ ᠤ᠋ᠨ ᠤᠯᠠᠨ ᠲᠦᠮᠡᠨ ᠤ᠋ ᠬᠠᠮᠲᠤ ᠪᠠᠷ ᠲᠡᠮᠡᠴᠡᠭ᠌ᠰᠡᠨ ᠤ᠋ ᠦᠷ᠎ᠡ ᠳ᠋ᠦᠩ ᠮᠥᠨ᠂ ᠥᠪᠥᠷ ᠮᠣᠩᠭᠣᠯ ᠤ᠋ᠨ ᠮᠠᠷᠭᠠᠰᠢ ᠮᠥᠨ ᠬᠦ᠌ ᠦᠨᠳᠦᠰᠦᠲᠡᠨ᠎ᠨᠤᠬᠦᠳ ᠤ᠋ᠨ ᠤᠯᠠᠨ ᠲᠦᠮᠡᠨ ᠤ᠋ ᠪᠦᠯᠬᠦᠮᠳᠡᠨ ᠲᠡᠮᠡᠴᠡᠬᠦ᠌ ᠶ᠋ᠢ ᠱᠠᠭᠠᠷᠳᠠᠨ᠎ᠠ》ᠭᠡᠰᠡᠨ ᠶᠡᠷᠦᠩᠬᠡᠶ ᠱᠦᠵᠢ ᠶ᠋ᠢᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠨᠢ ᠬᠤᠷᠠᠯ ᠳ᠋ᠤ ᠣᠷᠣᠯᠴᠠᠭ᠍ᠰᠠᠳ ᠲᠦ᠍ ᠬᠦᠨ ᠲᠦᠷᠦᠭᠳᠡᠯ ᠦᠭᠬᠦᠯ᠎ᠠ᠃ ᠤᠯᠠᠨ ᠵᠢᠡᠷ ᠵᠢᠡᠨ ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠱᠢᠭ᠍ᠲᠠᠢ ᠠᠵᠢᠯ ᠯᠠ ᠶᠤᠮ ᠪᠣᠯ ᠢᠯᠡᠭᠦᠬᠡᠨ ᠬᠢᠬᠦ᠌ ᠪᠥᠭᠡᠳ ᠭᠦᠨᠵᠡᠭᠡᠢ ᠨᠠᠷᠢᠯᠢᠭ ᠪᠣᠳᠠᠲᠠᠢ ᠬᠢᠨ᠎ᠡ; ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠠᠱᠢᠭ ᠦᠭᠡᠢ ᠶᠠᠪᠤᠳᠠᠯ ᠢ᠋ ᠶᠠᠭᠠᠬᠢᠭ᠍ᠰᠠᠨ ᠴᠤ᠌ ᠬᠢᠬᠦ ᠦᠭᠡᠢ ᠭᠡᠵᠦ᠍ ᠢᠯᠡᠳᠭᠡᠵᠡᠭᠡᠪᠡ ᠃

ᠠᠯᠲᠠᠨᠰᠠᠩ᠂ ᠰᠤᠷᠭᠠᠨ ᠬᠥᠮᠦᠵᠢᠯ ᠪᠣᠯ ᠮᠠᠨ ᠤ᠋ ᠤᠯᠤᠰ ᠤ᠋ᠨ ᠦᠨᠳᠦᠰᠦᠲᠡᠨ ᠤ᠋ ᠠᠵᠢᠯ ᠤ᠋ᠨ ᠳᠤᠮᠳᠠ ᠣᠨᠴᠠᠭᠠᠶ ᠴᠢᠬᠤᠯᠠ ᠡᠭᠦᠷᠭᠡ ᠵᠢ ᠡᠭᠦᠷᠭᠡᠯᠡᠵᠦ᠍ ᠪᠠᠢᠳᠠᠭ᠂ ᠰᠤᠷᠭᠠᠭᠤᠯᠢ ᠪᠣᠯ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ  ᠴᠢᠬᠤᠯᠠ ᠵᠢᠭ᠍ᠰᠠᠭᠠᠯ ᠤ᠋ᠨ ᠭᠠᠵᠠᠷ ᠮᠥᠨ ᠬᠡᠵᠦ ᠦᠵᠡᠵᠦ ᠪᠠᠢᠨ᠎ᠠ᠃ 2021 ᠣᠨ ᠳ᠋ᠤ᠂ ᠤᠯᠤᠰ ᠤ᠋ᠨ ᠦᠨᠳᠦᠰᠦᠲᠡᠨ ᠤ᠋ ᠬᠡᠷᠡᠭ ᠡᠷᠭᠢᠯᠡᠬᠦ᠌ ᠵᠥᠪᠯᠡᠯ ᠡᠴᠡ ᠥᠪᠥᠷ ᠮᠣᠩᠭᠣᠯ ᠤ᠋ᠨ ᠪᠠᠭ᠍ᠰᠢ ᠶ᠋ᠢᠨ ᠶᠡᠬᠡ ᠰᠤᠷᠭᠠᠭᠤᠯᠢ ᠵᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠰᠤᠳᠤᠯᠭᠠᠨ ᠤ᠋ ᠰᠠᠭᠤᠷᠢᠨ ᠵᠢᠡᠷ ᠲᠣᠭ᠍ᠲᠠᠭᠠᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠪᠥᠬᠥ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠬᠦ᠌ ᠲᠤᠬᠠᠢ ᠪᠠᠭ᠍ᠰᠢ ᠨᠠᠷ ᠤ᠋ᠨ ᠪᠣᠯᠪᠠᠰᠤᠷᠠᠯ ᠤ᠋ᠨ ᠠᠩᠭᠢ ᠵᠢ ᠣᠯᠠᠨ ᠤᠳᠠᠭ᠎ᠠ ᠳᠠᠭᠠᠭᠠᠴᠢᠯᠠᠨ ᠡᠷᠭᠢᠯᠡᠵᠦ᠍᠂《ᠠᠨᠠᠷ ᠤ᠋ᠨ ᠦᠷ᠎ᠡ》ᠦᠨᠳᠤᠰᠤᠳᠡᠨ ᠤ᠋ ᠪᠦᠯᠬᠦᠮᠳᠡᠯ ᠳᠠᠪᠱᠢᠯᠲᠠ ᠶ᠋ᠢᠨ ᠬᠥᠮᠦᠵᠢᠯ ᠤ᠋ᠨ ᠵᠢᠱ᠌ᠢᠶ᠎ᠡ ᠦᠵᠡᠭᠦᠯᠬᠦ᠌ ᠠᠩᠭᠢ ᠶ᠋ᠢᠨ ᠠᠵᠢᠯᠯᠠᠭ᠎ᠠ ᠵᠢ ᠤᠯᠠᠨᠳᠠ ᠥᠷᠨᠢᠭᠦᠯᠵᠡᠢ᠃ ᠠᠯᠳᠠᠨᠰᠠᠩ᠂ ᠪᠢ ᠬᠣᠢᠱᠢᠳᠠ ᠰᠤᠷᠭᠠᠭᠤᠯᠢ ᠶ᠋ᠢᠨ ᠦᠨᠳᠦᠰᠦᠲᠡᠨ ᠨᠤᠬᠦᠳ ᠤ᠋ᠨ ᠪᠦᠬᠦ ᠪᠠᠭ᠍ᠰᠢ ᠰᠤᠷᠤᠭ᠍ᠴᠢᠳ ᠵᠢᠡᠨ ᠳᠠᠭᠠᠭᠤᠯᠤᠨ ᠥᠩᠭᠡᠷᠡᠭ᠌ᠰᠡᠨ ᠤ᠋ ᠰᠠᠢ᠌ᠨ ᠠᠷᠭ᠎ᠠ ᠬᠢᠳᠡᠯ᠂ ᠰᠠᠢ᠌ᠨ ᠲᠤᠷᠱᠢᠯᠭ᠎ᠠ ᠪᠠᠨ ᠦᠷᠭᠦᠯᠵᠢᠯᠡᠨ ᠳᠡᠯᠭᠡᠷᠡᠭᠦᠯᠵᠦ᠍᠂ ᠪᠣᠳᠠᠲᠤ ᠦᠢᠯᠡ ᠠᠵᠢᠯᠯᠠᠭ᠎ᠠ ᠪᠠᠷ ᠵᠢᠡᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ ᠢ᠋ ᠰᠠᠢᠲᠤᠷ ᠬᠠᠮᠠᠭᠠᠯᠠᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号