ᠥᠪᠥᠷ ᠮᠣᠩᠭᠣᠯ ᠤ᠋ᠨ ᠬᠥᠭ᠌ᠵᠢᠯᠲᠡ ᠢ᠋ᠢᠨ ᠲᠡᠦᠬᠡᠨ ᠳ᠋ᠤ 2022 ᠣᠨ ᠤ᠋ 2 ᠰᠠᠷ᠎ᠠ ᠢ᠋ᠢᠨ 21 ᠤ᠋ ᠡᠳᠦᠷ ᠶᠡᠷᠦ᠍ ᠪᠤᠰᠤ ᠢ᠋ᠢᠨ ᠠᠴᠢ ᠬᠣᠯᠪᠣᠭ᠍ᠳᠠᠯ ᠲᠠᠶ ᠶᠤᠮ ᠃ ᠡᠨᠡ ᠡᠳᠦᠷ᠂ ᠪᠥᠬᠥ᠌ ᠣᠷᠣᠨ ᠤ᠋ ᠠᠵᠤ ᠦᠶ᠋ᠯᠡᠳᠪᠦᠷᠢ ᠢ᠋ᠢᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢᠨ ᠶᠡᠬᠡ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠡᠴᠡ ᠠᠵᠤ ᠦᠶ᠋ᠯᠡᠳᠪᠦᠷᠢ ᠭᠡᠬᠦ᠌ ᠡᠨᠡ ᠬᠦ᠌ ᠳᠤᠯᠭᠠᠭᠤᠷᠢᠯᠠᠯ ᠢ ᠦᠨᠡᠨ ᠬᠦ᠌ ᠪᠤᠰᠬᠠᠵᠤ ᠬᠠᠲᠠᠭᠤᠵᠢᠭᠤᠯᠬᠤ ᠬᠡᠷᠡᠭᠲᠡᠢ ᠭᠡᠰᠡᠨ ᠳᠠᠢᠴᠢᠯᠠᠯᠲᠠ ᠢ᠋ᠢᠨ ᠵᠠᠷᠯᠢᠭ ᠪᠠᠭᠤᠯᠭᠠᠪᠠ ᠃
2 ᠰᠠᠷ᠎ᠠ ᠢ᠋ᠢᠨ 21 ᠤ᠋ ᠡᠳᠦᠷ᠂ ᠪᠤᠭᠤᠲᠤ ᠢ᠋ᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠢ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠤᠯᠤᠰ ᠤ᠋ᠨ ᠲᠠᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠪᠣᠯᠤᠭ᠍ᠰᠠᠨ ᠤ᠋ ᠬᠤᠪᠢ ᠳ᠋ᠤ ᠬᠣᠪᠣᠷ ᠱᠢᠷᠣᠶ ᠢ᠋ᠢᠨ ᠰᠣᠷᠢᠨᠵᠢᠨ ᠮᠠᠲ᠋ᠧᠷᠢᠶᠠᠯ ᠤ᠋ᠨ ᠠᠵᠤ ᠦᠶ᠋ᠯᠡᠳᠪᠦᠷᠢ ᠢ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠲᠤᠬᠠᠶ ᠠᠵᠤ ᠠᠬᠤᠢᠯᠠᠯ ᠤ᠋ᠨ ᠵᠢᠡᠨ ᠬᠥᠭ᠌ᠵᠢᠯᠲᠡ ᠢ᠋ᠢᠨ ᠠᠯᠤᠰ ᠤ᠋ᠨ ᠲᠥᠰᠦᠪ ᠢ᠋ ᠳᠤᠷᠠᠳᠪᠠ᠄《ᠲᠤᠰᠭᠠᠶ ᠨᠠᠷᠢᠯᠢᠭ ᠣᠨᠴᠠ ᠱᠢᠨ᠎ᠡ》ᠳᠠᠪᠠᠭᠤᠯᠢᠭ ᠢ᠋ ᠦᠷᠭᠦᠯᠵᠢᠯᠡᠨ ᠥᠷᠭᠡᠳᠭᠡᠵᠦ᠍᠂ ᠠᠵᠤ ᠠᠬᠤᠢᠯᠠᠯ ᠢ᠋ ᠬᠣᠪᠣᠷ ᠱᠢᠷᠣᠶ ᠢ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ ᠤ᠋ᠨ ᠠᠵᠢᠯ ᠲᠥᠷᠥᠯ ᠤ᠋ᠨ ᠱᠢᠨ᠎ᠡ ᠶ᠋ᠢ ᠡᠭᠦᠳᠬᠦ᠌ ᠪᠥᠬᠥ᠌ ᠪᠥᠮᠪᠥᠷᠴᠡᠭ ᠤ᠋ᠨ ᠳᠠᠭᠠᠭᠤᠯᠤᠭ᠍ᠴᠢ ᠪᠣᠯᠭᠠᠨ᠎ᠠ ᠃
《ᠨᠡᠷ᠎ᠡ ᠠᠯᠳᠡᠷ ᠦᠬᠡᠢ ᠡᠨᠡ ᠬᠦ᠌ ᠠᠵᠤ ᠠᠬᠤᠢᠯᠠᠯ ᠶᠠᠭᠠᠬᠢᠭᠠᠳ ᠡᠢᠮᠦ᠍ ᠶᠡᠬᠡ ᠠᠯᠤᠰ ᠬᠡᠲᠦ᠍ ᠢ᠋ᠢᠨ ᠬᠦᠰᠡᠯᠡᠩ ᠲᠡᠶ ᠪᠠᠢᠳᠠᠭ ᠪᠤᠯ?》ᠭᠡᠵᠦ᠍ ᠴᠥᠭᠡᠨ ᠪᠤᠰᠤ ᠬᠥᠮᠦᠨ ᠠᠰᠠᠭᠤᠵᠤ ᠮᠡᠳᠡᠨ᠎ᠠ᠃ ᠲᠡᠤᠬᠡ ᠢ᠋ᠢᠨ ᠬᠠᠭᠤᠳᠠᠰᠤᠨ ᠳ᠋ᠤ ᠰᠠᠶᠢᠬᠠᠨ ᠲᠡᠮᠳᠡᠭ᠌ᠯᠡᠭ᠌ᠳᠡᠭ᠌ᠰᠡᠨ ᠬᠢᠷᠢ ᠪᠦᠲᠦᠮᠵᠢ ᠢ᠋ᠢᠨ ᠬᠠᠭᠤᠳᠠᠰᠤ ᠡᠨᠡ ᠠᠰᠠᠭᠤᠯᠲᠠ ᠢ᠋ᠢ ᠬᠠᠷᠢᠭᠤᠯᠬᠤ ᠪᠤᠯᠤᠨ᠎ᠠ ᠃
— ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶ᠎ᠠ ᠡᠴᠡ ᠥᠪᠥᠷ ᠮᠣᠩᠭᠣᠯ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠢ᠋ᠢᠨ ᠪᠠᠢᠷᠢ ᠲᠣᠭ᠍ᠲᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠢ᠋ᠢᠨ ᠱᠠᠭᠠᠷᠳᠠᠯᠭ᠎ᠠ ᠶᠣᠰᠣᠭᠠᠷ ᠂ ᠲᠢᠶᠠᠨ ᠾᠧ ᠺᠣᠮᠫᠠᠨᠢ ᠨᠢᠭᠡᠨᠲᠡ ᠬᠣᠪᠣᠷ ᠱᠢᠷᠣᠶ ᠢ᠋ᠢᠨ ᠲᠦᠭᠦᠬᠡᠶ ᠮᠠᠲ᠋ᠧᠷᠢᠶᠠᠯ ᠤ᠋ᠨ ᠬᠠᠩᠭᠠᠯᠭ᠎ᠠ ᠡᠴᠡ ᠬᠣᠪᠣᠷ ᠱᠢᠷᠣᠶ ᠢ᠋ᠢᠨ ᠲᠣᠭ᠍ᠲᠠᠮᠠᠯ ᠰᠣᠷᠢᠨᠵᠢᠨ ᠤ᠋ ᠱᠢᠨ᠎ᠡ ᠮᠠᠲ᠋ᠧᠷᠢᠶᠠᠯ ᠤ᠋ᠨ ᠦᠶ᠋ᠯᠡᠳᠪᠦᠷᠢᠯᠡᠯ ᠬᠦᠷᠲᠡᠯᠡᠬᠢ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢ ᠪᠠᠢᠭᠤᠯᠤᠨ ᠪᠦᠷᠢᠯᠳᠦᠭᠦᠯᠵᠦ᠍ ᠂ ᠥᠪᠡᠷᠲᠡᠭᠡᠨ ᠵᠠᠰᠠᠬᠤ ᠣᠷᠣᠨ ᠤ᠋ ᠣᠯᠠᠨ ᠵᠦᠶ᠋ᠯ ᠤ᠋ᠨ ᠠᠵᠤ ᠦᠶ᠋ᠯᠡᠰ ᠤ᠋ᠨ ᠬᠣᠭᠣᠰᠣᠨ ᠢ᠋ ᠨᠥᠬᠥᠪᠥᠷᠢᠯᠡᠵᠡᠢ ᠃
— ᠲᠢᠶᠠᠨ ᠾᠧ ᠺᠣᠮᠫᠠᠨᠢ ᠬᠣᠪᠣᠷ ᠱᠢᠷᠣᠶ ᠢ᠋ᠢᠨ ᠴᠢᠳᠠᠮᠵᠢᠲᠤ ᠮᠠᠲ᠋ᠧᠷᠢᠶᠠᠯ ᠤ᠋ᠨ ᠲᠠᠯᠠᠰᠲᠤ ᠮᠥᠬᠥᠯᠢᠭ ᠤ᠋ᠨ ᠡᠨᠧᠷᠭᠢ ᠠᠷᠪᠢᠯᠠᠬᠤ ᠵᠡᠷᠭᠡ ᠱᠢᠨ᠎ᠡ ᠮᠡᠷᠭᠡᠵᠢᠯ ᠳ᠋ᠤ ᠲᠦᠱᠢᠭ᠌ᠯᠡᠨ ᠨᠢᠭᠡᠨᠲᠡ ᠤᠯᠤᠰ ᠤ᠋ᠨ《ᠪᠣᠬᠢᠷᠲᠤᠯ ᠥᠬᠡᠶ ᠦᠶ᠋ᠯᠡᠳᠪᠦᠷᠢ》 ᠪᠣᠯᠵᠣ᠂ ᠧᠦ᠋ᠷᠣᠫᠠ᠂ ᠠᠮᠧᠷᠢᠺᠠ᠂ ᠠᠽᠢᠶ᠎ᠠ ᠶ᠋ᠢ ᠰᠤᠨᠳᠠᠯᠠᠭᠰᠠᠨ 70 ᠭᠠᠷᠤᠶ ᠵᠦᠶ᠋ᠯ ᠤ᠋ᠨ ᠬᠣᠪᠣᠷ ᠱᠢᠷᠣᠶ ᠦᠶ᠋ᠯᠡᠳᠬᠦ᠌ ᠲᠤᠰᠭᠠᠶ ᠠᠱᠢᠭ ᠲᠠᠶ ᠪᠣᠯᠵᠠᠶ᠃
ᠳᠡᠯᠡᠬᠡᠢ ᠳ᠋ᠠᠬᠢᠨ ᠳ᠋ᠤ ᠵᠠᠭᠤᠨ ᠵᠢᠯ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠬᠤᠪᠢᠷᠠᠵᠤ ᠂ ᠳᠤᠮᠳᠠᠳᠤ ᠢ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠶᠠᠭ ᠬᠦᠴᠢᠷ ᠢ᠋ ᠰᠦᠷᠦᠨ ᠤᠷᠤᠭᠰᠢᠯᠠᠬᠤ ᠵᠠᠩᠭᠢᠯᠠᠭ᠎ᠠ ᠢ᠋ᠢᠨ ᠦᠶ᠎ᠡ ᠳ᠋ᠤ ᠣᠷᠣᠱᠢᠵᠤ ᠂ ᠬᠢᠵᠢᠭ ᠤ᠋ᠨ ᠪᠠᠢᠳᠠᠯ ᠤ᠋ᠨ ᠭᠡᠴᠡᠭᠦᠤ ᠱᠢᠯᠭᠠᠯᠲᠠ ᠲᠤᠤᠷ᠎ᠠ ᠦᠪᠤᠷ ᠮᠤᠩᠭᠤᠯ ᠤ᠋ᠨ ᠠᠵᠤ ᠦᠢᠯᠡᠳᠪᠦᠷᠢ ᠢ᠋ᠢᠨ ᠠᠵᠤ ᠠᠬᠤᠢᠯᠠᠯ ᠬᠡᠷᠬᠢᠨ ᠴᠢᠨᠠᠷ ᠰᠠᠢᠲᠠᠢ ᠬᠥᠭ᠌ᠵᠢᠯᠲᠡ ᠵᠢ ᠪᠠᠳᠤᠯᠠᠬᠤ ᠪᠤᠢ? ᠪᠥᠬᠥ᠌ ᠣᠷᠣᠨ ᠤ᠋ ᠠᠵᠤ ᠦᠶ᠋ᠯᠡᠳᠪᠦᠷᠢ ᠢ᠋ᠢᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢᠨ ᠶᠡᠬᠡ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ᠋ ᠦᠭᠭᠦᠭᠰᠡᠨ ᠬᠠᠷᠢᠭᠤᠯᠲᠠ ᠬᠦᠮᠦᠰ ᠲᠤ᠌ ᠬᠦᠨ ᠰᠡᠳᠬᠢᠭᠳᠡᠯ ᠲᠦᠷᠦᠬᠦᠯᠦᠨᠠ᠃ 《ᠥᠪᠥᠷ ᠮᠣᠩᠭᠣᠯ ᠠᠮᠢ ᠠᠬᠤᠶ ᠶ᠋ᠢ ᠤᠷᠢᠳ ᠢ᠋ᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠵᠠᠮ ᠢ᠋ᠢᠡᠷ ᠵᠠᠮᠨᠠᠵᠤ ᠂ ᠣᠳᠣᠬᠢᠴᠢᠯᠠᠭ᠍ᠰᠠᠨ ᠠᠵᠤ ᠠᠬᠤᠶ ᠢ᠋ᠢᠨ ᠱᠢᠰᠲ᠋ᠧᠮ ᠢ᠋ ᠪᠠᠢᠭᠤᠯᠵᠤ᠂ ᠭᠤᠤᠯ ᠲᠡᠢᠨ ᠤ᠋ ᠲᠠᠯᠠᠪᠤᠷ ᠤ᠋ᠨ ᠭᠤᠤᠯ ᠵᠢᠭ᠍ᠰᠠᠭᠠᠯ ᠤ᠋ᠨ ᠭᠠᠵᠠᠷ ᠢ᠋ ᠠᠵᠤ ᠦᠶ᠋ᠯᠡᠳᠪᠦᠷᠢ ᠳ᠋ᠤ ᠪᠠᠢᠯᠭᠠᠵᠤ ᠂ ᠭᠤᠤᠯᠳᠠᠯᠭ᠎ᠠ ᠢ᠋ᠢᠨ ᠴᠡᠭ᠂ ᠬᠦᠴᠢᠷᠳᠡᠯ ᠤ᠋ᠨ ᠴᠡᠭ ᠪᠠ ᠱᠢᠪᠲᠤᠯᠤᠯᠲᠠ ᠢ᠋ᠢᠨ ᠴᠡᠭ ᠢ᠋ ᠴᠦ᠍ ᠠᠵᠤ ᠦᠶ᠋ᠯᠡᠳᠪᠦᠷᠢ ᠳ᠋ᠤ ᠪᠠᠢᠯᠭᠠᠨ᠎ᠠ》᠃
2022 ᠣᠨ ᠤ᠋ ᠬᠠᠪᠤᠷ᠂ ᠪᠢᠳᠡ ᠤᠷᠢᠳᠤᠬᠢ ᠶ᠋ᠢ ᠵᠠᠯᠭᠠᠮᠵᠢᠯᠠᠨ ᠬᠣᠢᠱᠢᠬᠢ ᠳ᠋ᠤ ᠵᠠᠮ ᠨᠡᠭᠡᠭᠡᠵᠦ᠍ ᠠᠵᠤ ᠦᠢᠯᠡᠳᠪᠦᠷᠢ ᠢ᠋ᠢᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠪᠠᠰᠠ ᠨᠢᠭᠡᠨ ᠦᠷᠳᠡᠭᠡ ᠳᠡᠭᠡᠷ᠎ᠡ ᠵᠣᠭ᠍ᠰᠣᠨ ᠂ ᠠᠵᠤ ᠠᠬᠤᠢᠯᠠᠯ ᠤ᠋ᠳ ᠤ᠋ᠨ ᠡᠷᠴᠢ ᠵᠤᠷᠢᠭ ᠢ᠋ᠢᠡᠨ ᠬᠦᠪᠴᠢᠯᠡᠨ ᠡᠷᠡᠮᠡᠬᠡᠢᠯᠡᠨ ᠲᠡᠮᠡᠴᠡᠵᠦ᠍ ᠪᠠᠢᠬᠤ ᠶ᠋ᠢ ᠮᠡᠳᠡᠷᠡᠭᠰᠡᠨ ᠢ᠋ᠢᠡᠷ ᠪᠠᠷᠠᠬᠤ ᠦᠭᠡᠢ ᠪᠦᠬᠦ᠌ ᠣᠷᠣᠨ ᠤ᠋ ᠡᠯ᠎ᠡ ᠭᠠᠵᠠᠷ ᠤ᠋ᠨ ᠬᠢᠨ ᠤ᠋ ᠰᠢᠨᠲᠠᠷᠠᠰᠢ ᠦᠭᠡᠢ ᠴᠢᠷᠮᠠᠢᠨ ᠲᠡᠮᠡᠴᠡᠵᠤ ᠪᠠᠢᠭ᠎ᠠ ᠪᠠᠢᠳᠠᠯ ᠢ᠋ ᠴᠤ᠌ ᠣᠯᠵᠤ ᠬᠠᠷᠠᠯ᠎ᠠ ᠃
ᠬᠥᠬᠡᠬᠣᠲᠠ ᠢ᠋ᠢᠨ ᠬᠢᠨ ᠢᠯᠢ ᠣᠲᠣ ᠦᠶ᠎ᠡ ᠢ᠋ᠢᠨ ᠣᠶᠤᠨᠲᠤ ᠡᠷᠡᠭᠦᠯ ᠮᠡᠨᠳᠦ᠍ ᠢ᠋ᠢᠨ ᠬᠦᠨᠳᠡᠢ ᠂ ᠵᠢᠦ ᠲᠠᠢ ᠵᠠᠭᠤᠨ ᠲᠦᠮᠡᠨ ᠲᠣᠨ ᠤ᠋ ᠨᠡᠭᠦᠷᠡᠰᠦ ᠪᠡᠷ ᠡᠲ᠋ᠠ ᠬᠣᠶᠠᠷᠴᠢ ᠠᠯᠺᠣᠣᠯ ᠦᠶ᠋ᠯᠡᠳᠬᠦ᠌ ᠂ ᠶᠤᠸᠠᠨ ᠵᠢᠩ ᠰᠠᠯᠬᠢᠨ ᠬᠦᠴᠦᠨ ᠤ᠋ ᠴᠠᠬᠢᠯᠭᠠᠨ ᠤ᠋ ᠲᠥᠬᠥᠭᠡᠷᠦᠮᠵᠢ ᠦᠶ᠋ᠯᠡᠳᠬᠦ᠌ ᠵᠡᠷᠭᠡ ᠭᠤᠤᠯᠳᠠᠯᠭ᠎ᠠ ᠲᠠᠶ ᠠᠵᠤ ᠦᠶ᠋ᠯᠡᠳᠪᠦᠷᠢ ᠢ᠋ᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠪᠥᠬᠥ᠌ ᠬᠦᠴᠦᠨ ᠵᠢᠡᠷ ᠠᠬᠢᠭᠤᠯᠵᠤ ᠪᠠᠢᠨ᠎ᠠ ᠁
ᠤᠷᠤᠨ ᠤ᠋ ᠲᠦᠪ ᠤ᠋ᠨ ᠤᠳᠤ ᠦᠶ᠎ᠠ ᠢ᠋ᠢᠨ ᠠᠵᠤ ᠦᠢᠯᠡᠳᠪᠦᠷᠢ ᠢ᠋ᠢᠨ ᠰᠢᠰᠲᠸᠮ ᠤ᠋ᠨ ᠪᠠᠢᠭᠤᠯᠤᠯᠲᠠ ᠬᠤᠷᠳᠤᠯᠠᠨ ᠤᠷᠤᠭᠰᠢᠯᠠᠨ᠎ᠠ!
ᠪᠤᠭᠤᠲᠤ ᠬᠣᠲᠠ ᠢ᠋ᠢᠨ ᠬᠢᠨ ᠱᠢᠨ᠎ᠡ ᠡᠨᠧᠷᠭᠢ ᠢ᠋ᠢᠨ ᠮᠠᠱᠢᠨ ᠲᠡᠷᠭᠡ᠂ ᠬᠣᠪᠣᠷ ᠱᠢᠷᠣᠶ ᠢ᠋ᠢᠨ ᠴᠢᠳᠠᠮᠵᠢᠲᠤ ᠮᠠᠲ᠋ᠧᠷᠢᠶᠠᠯ ᠢ᠋ ᠨᠠᠷᠢᠯᠢᠭ ᠡᠳ᠋ᠱᠢᠭᠦᠯᠬᠦ᠌ ᠵᠡᠷᠭᠡ 18 ᠠᠵᠤ ᠦᠶ᠋ᠯᠡᠰ ᠤ᠋ᠨ ᠬᠡᠯᠬᠢᠶ᠎ᠡ ᠶ᠋ᠢ ᠪᠡᠬᠢᠵᠢᠭᠦᠯᠦᠨ ᠴᠢᠩᠭᠠᠳᠭᠠᠵᠤ᠂ 250 ᠭᠠᠷᠤᠶ ᠠᠵᠤ ᠦᠶ᠋ᠯᠡᠳᠪᠦᠷᠢ ᠢ᠋ᠢᠨ ᠭᠤᠤᠯᠳᠠᠯᠭ᠎ᠠ ᠲᠠᠶ ᠲᠥᠷᠥᠯ ᠵᠦᠶ᠋ᠯ ᠂ 350 ᠭᠠᠷᠤᠶ ᠠᠵᠤ ᠦᠶ᠋ᠯᠡᠳᠪᠦᠷᠢ ᠢ᠋ᠢᠨ ᠲᠠᠰ ᠳᠡᠪᠱᠢᠭᠦᠯᠵᠤ ᠥᠭᠡᠷᠡᠴᠢᠯᠡᠬᠦ᠌ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠪᠥᠬᠥ᠌ ᠬᠦᠴᠦᠨ ᠵᠢᠡᠷ ᠠᠬᠢᠭᠤᠯᠵᠤ ᠪᠠᠢᠨ᠎ᠠ ᠁《ᠠᠵᠤ ᠦᠶ᠋ᠯᠡᠳᠪᠦᠷᠢ ᠪᠡᠷ ᠬᠣᠲᠠ ᠪᠡᠨ ᠬᠦᠴᠦᠷᠬᠡᠭ᠌ᠵᠢᠭᠦᠯᠵᠤ ᠂ ᠠᠵᠤ ᠦᠶ᠋ᠯᠡᠳᠪᠦᠷᠢ ᠪᠡᠷ ᠬᠣᠲᠠ ᠪᠡᠨ ᠪᠠᠶᠠᠵᠢᠭᠤᠯᠬᠤ》ᠬᠠᠪᠤᠷ ᠤ᠋ᠨ ᠳᠠᠪᠠᠯᠭᠠᠨ ᠡᠨᠳᠡ ᠳᠠᠪᠠᠯᠭᠠᠯᠠᠨ᠎ᠠ!
ᠣᠷᠳᠣᠰ ᠬᠣᠲᠠ ᠢ᠋ᠢᠨ ᠬᠢᠨ ᠶᠠᠭ ᠱᠧᠩ ᠬᠣᠩ ᠠᠵᠤ ᠦᠶ᠋ᠯᠡᠳᠪᠦᠷᠢ ᠢ᠋ᠢᠨ ᠡᠷᠬᠢᠯᠳᠡᠳᠤ ᠠᠵᠤ ᠠᠬᠤᠶ ᠢ᠋ᠢᠨ ᠠᠵᠤ ᠦᠶ᠋ᠯᠡᠰ ᠤ᠋ᠨ ᠬᠦᠷᠢᠶᠡᠯᠡᠩ ᠤ᠋ᠨ ᠲᠥᠷᠥᠯ ᠵᠦᠶ᠋ᠯ᠂ ᠰᠶ᠋ᠶᠸ ᠱᠢᠨ ᠪᠣᠬᠢᠷᠲᠤᠯ ᠥᠬᠡᠶ ᠤᠰᠤᠲᠥ᠋ᠷᠥᠭ᠌ᠴᠢᠲᠦ ᠲᠣᠨᠣᠭ᠍ᠯᠠᠯ ᠤ᠋ᠨ ᠣᠶᠤᠨᠲᠤ ᠦᠶ᠋ᠯᠡᠳᠪᠦᠷᠢ ᠵᠡᠷᠭᠡ ᠶᠡᠬᠡ ᠬᠡᠮᠵᠢᠶᠠᠨ ᠤ᠋ ᠠᠵᠤ ᠦᠶ᠋ᠯᠡᠳᠪᠦᠷᠢ ᠢ᠋ᠢᠨ ᠬᠡᠯᠪᠡᠷᠢ ᠢ᠋ᠢ ᠬᠤᠪᠢᠷᠠᠭᠤᠯᠬᠤ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ ᠂ ᠡᠨᠡ ᠵᠢᠯ 213 ᠠᠵᠤ ᠦᠶ᠋ᠯᠡᠳᠪᠦᠷᠢ ᠢ᠋ᠢᠨ ᠭᠤᠤᠯᠳᠠᠯᠭ᠎ᠠ ᠲᠠᠶ ᠲᠥᠷᠥᠯ ᠵᠦᠶ᠋ᠯ ᠢ᠋ ᠬᠡᠷᠡᠭ᠌ᠵᠢᠭᠦᠯᠬᠦ ᠪᠡᠷ ᠲᠥᠯᠥᠪᠯᠡᠵᠦ᠍᠂ 5000 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠯᠲᠠ ᠳ᠋ᠤ ᠬᠤᠯᠪᠤᠭᠳᠠᠪᠠ ᠁ ᠡᠨ᠋ᠸᠷᠬᠢ ᠵᠢᠨ ᠡᠬᠢ ᠪᠠᠶᠠᠯᠢᠭ ᠵᠢᠡᠷ ᠡᠯᠪᠡᠭ ᠣᠷᠳᠣᠰ ᠬᠣᠲᠠ ᠠᠵᠤ ᠦᠶ᠋ᠯᠡᠳᠪᠦᠷᠢ ᠢ᠋ᠢᠨ ᠬᠡᠷᠡᠯ ᠰᠠᠴᠤᠷᠠᠩᠭᠤᠶ ᠱᠢᠨ᠎ᠡ ᠴᠠᠭ ᠦᠶ᠎ᠡ ᠳ᠋ᠤ ᠣᠷᠣᠯ᠎ᠠ!
ᠤᠯᠠᠭᠠᠨᠴᠠᠪ ᠬᠣᠲᠠ ᠢ᠋ᠢᠨ ᠬᠢᠨ ᠶᠠᠭ ᠪᠣᠬᠢᠷᠲᠤᠯ ᠥᠬᠡᠶ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠣᠯᠪᠠᠰᠤᠷᠠᠭᠤᠯᠬᠤ᠂ ᠡᠬᠢ ᠪᠠᠶᠠᠯᠢᠭ ᠢ᠋ ᠡᠷᠭᠢᠯᠳᠦᠭᠦᠯᠦᠨ ᠠᠱᠢᠭ᠍ᠯᠠᠬᠤ᠂ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠵᠡᠷᠭᠡ ᠳᠥᠷᠪᠡᠨ ᠶᠡᠬᠡ ᠠᠵᠤ ᠦᠶ᠋ᠯᠡᠰ ᠤ᠋ᠨ ᠬᠡᠯᠬᠢᠶ᠎ᠡ ᠢ᠋ᠢᠨ 60 ᠭᠠᠷᠤᠶ ᠲᠥᠷᠥᠯ ᠵᠦᠶ᠋ᠯᠤ᠋ᠨ ᠪᠦᠲᠦᠭᠡᠨ ᠪᠠᠢᠭᠤᠯᠤᠯᠲᠠ ᠢ᠋ᠢ ᠡᠬᠢᠯᠡᠭᠦᠯᠵᠤ ᠂ ᠵᠢᠯ ᠤ᠋ᠨ ᠳᠣᠲᠣᠷ᠎ᠠ 48 ᠤᠰᠤ ᠠᠷᠪᠢᠯᠠᠬᠤ ᠡᠨᠧᠷᠭᠢ ᠠᠷᠪᠢᠯᠠᠬᠤ ᠥᠭᠡᠷᠡᠴᠢᠯᠡᠯᠲᠡ ᠢ᠋ᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠠᠬᠢᠭᠤᠯᠬᠤ ᠪᠠᠷ ᠲᠥᠯᠥᠪᠯᠡᠵᠦ᠍᠂ ᠵᠢᠱ᠌ᠢᠯᠲᠡ ᠪᠡᠷ 70 ᠲᠦᠮᠡᠨ ᠲᠣᠨ ᠨᠡᠭᠦᠷᠡᠰᠦ᠂ 73 ᠲᠦᠮᠡᠨ ᠲᠣᠨ ᠤᠰᠤ ᠠᠷᠪᠢᠯᠠᠬᠤ ᠪᠤᠯᠤᠨ᠎ᠠ ᠁ ᠠᠵᠤ ᠦᠶ᠋ᠯᠡᠳᠪᠦᠷᠢ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠪᠠᠰᠠ ᠨᠢᠭᠡᠨ ᠤᠷᠢᠬᠠᠨ ᠬᠠᠪᠤᠷ ᠡᠨᠳᠡ ᠪᠣᠯᠵᠣᠭ᠎ᠠ ᠶᠣᠰᠣᠭᠠᠷ ᠰᠠᠭᠠᠲᠠᠯ᠎ᠠ!
ᠤᠯᠠᠭᠠᠨᠬᠠᠳᠠ ᠬᠣᠲᠠ ᠢ᠋ᠢᠨ ᠬᠢᠨ ᠠᠰᠠᠭᠤᠳᠠᠯ ᠢ᠋ᠢᠡᠷ ᠤᠳᠤᠷᠢᠳᠤᠮᠵᠢ ᠪᠣᠯᠭᠠᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌ᠶ᠋ᠢ ᠪᠠᠷᠢᠮᠲᠠᠯᠠᠵᠤ ᠂ ᠪᠥᠲᠥᠭᠡᠨ ᠪᠠᠢᠭᠤᠯᠵᠤ ᠪᠠᠢᠭ᠎ᠠ ᠲᠥᠷᠥᠯ ᠵᠦᠶ᠋ᠯ ᠳ᠋ᠤ ᠠᠩᠬᠠᠷᠤᠯᠢᠶᠠᠨ ᠲᠥᠪᠯᠡᠷᠡᠭᠦᠯᠦᠨ ᠠᠱᠢᠭ᠍ᠯᠠᠯᠲᠠ ᠳ᠋ᠤ ᠣᠷᠣᠭᠤᠯᠬᠤ ᠶ᠋ᠢ ᠠᠳᠭᠤᠨ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠢ᠋ᠢ ᠲᠦᠷᠭᠡᠳᠬᠡᠨ ᠪᠠᠢᠭᠤᠯᠵᠤ ᠂ 650 ᠲᠦᠮᠡᠨ ᠲᠣᠨ ᠬᠥᠩᠭᠡᠨᠴᠠᠭᠠᠨ ᠤ᠋ ᠢᠰᠦᠯ ᠵᠡᠷᠭᠡ ᠶᠡᠷᠦᠩᠬᠡᠶ ᠪᠠᠯᠠ ᠣᠷᠣᠭᠤᠯᠤᠯᠲᠠ ᠨᠢ 530 ᠳ᠋ᠦᠩᠱᠢᠭᠤᠷ ᠲᠥᠭᠥᠷᠢᠭ ᠢ᠋ ᠳᠠᠪᠠᠭ᠍ᠰᠠᠨ 60 ᠬᠡᠯᠪᠡᠷᠢ ᠪᠡᠨ ᠬᠤᠪᠢᠷᠠᠭᠤᠯᠬᠤ ᠲᠥᠷᠥᠯ ᠵᠦᠶ᠋ᠯ ᠢ᠋ ᠡᠷᠲᠡᠬᠡᠨ ᠪᠠᠢᠭᠤᠯᠵᠤ ᠳᠠᠭᠤᠰᠭᠠᠨ ᠠᠱᠢᠭ᠍ᠯᠠᠯᠲᠠ ᠳ᠋ᠤ ᠤᠷᠤᠭᠤᠯᠵᠤ᠂ ᠡᠨᠡ ᠵᠢᠯ ᠠᠵᠤ ᠦᠶ᠋ᠯᠡᠳᠪᠦᠷᠢ ᠢ᠋ᠢᠨ ᠦᠶ᠋ᠯᠡᠳᠬᠦᠨ ᠤ᠋ ᠶᠡᠷᠦᠩᠬᠡᠶ ᠥᠷᠲᠡᠭ ᠢ᠋ 1700 ᠭᠠᠷᠤᠶ ᠳ᠋ᠦᠩᠱᠢᠭᠤᠷ ᠲᠥᠭᠥᠷᠢᠭᠲᠦ᠍ ᠬᠦᠷᠬᠡᠬᠦ ᠪᠡᠷ ᠲᠥᠯᠥᠪᠯᠡᠵᠦ᠍ ᠪᠣᠶ ᠁ ᠥᠪᠥᠷ ᠮᠣᠩᠭᠣᠯ ᠤ᠋ᠨ ᠵᠡᠭᠦᠨ ᠬᠡᠰᠡᠭᠤᠨ ᠬᠥᠮᠦᠨ ᠠᠮᠠ ᠢ᠋ᠢᠨ ᠲᠣᠮᠣ ᠬᠣᠲᠠ ᠠᠵᠤ ᠦᠶ᠋ᠯᠡᠳᠪᠦᠷᠢ ᠢ᠋ᠢᠨ ᠬᠡᠯᠪᠡᠷᠢ ᠢ᠋ᠢ ᠲᠦᠷᠬᠡᠳᠬᠡᠨ ᠬᠤᠪᠢᠷᠠᠭᠤᠯᠬᠤ《ᠳᠠᠷᠤᠪᠴᠢ》ᠶ᠋ᠢ ᠳᠠᠷᠤᠯ᠎ᠠ!
2 ᠰᠠᠷ᠎ᠠ ᠢ᠋ᠢᠨ 24 ᠤ᠋ ᠡᠳᠦᠷ᠂ ᠦᠬᠠᠶ ᠬᠣᠲᠠ 28 ᠭᠤᠤᠯᠳᠠᠯᠭ᠎ᠠ ᠲᠠᠶ ᠲᠥᠷᠥᠯ ᠵᠦᠶ᠋ᠯ ᠢ᠋ ᠲᠥᠪᠯᠡᠷᠡᠭᠦᠯᠦᠨ ᠪᠠᠷᠢᠯᠭ᠎ᠠ ᠵᠢᠨ ᠠᠵᠢᠯ ᠢ ᠡᠬᠢᠯᠡᠭᠦᠯᠪᠡ ᠃ ᠡᠬᠢ ᠪᠠᠶᠠᠯᠢᠭ ᠢ᠋ ᠡᠷᠬᠢᠯᠳᠤᠬᠦᠯᠦᠨ ᠠᠱᠢᠭ᠍ᠯᠠᠬᠤ ᠪᠠᠷ ᠭᠤᠤᠯ ᠪᠣᠯᠭᠠᠭ᠍ᠰᠠᠨ ᠡᠲᠡᠭᠡᠷ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠲᠥᠷᠥᠯ ᠵᠦᠶ᠋ᠯ ᠤ᠋ᠨ ᠶᠡᠷᠦᠩᠬᠡᠶ ᠪᠠᠯᠠ ᠣᠷᠣᠭᠤᠯᠤᠯᠲᠠ 460 ᠳ᠋ᠦᠩᠱᠢᠭᠤᠷ ᠲᠥᠭᠥᠷᠢᠭ ᠪᠠᠢᠵᠤ ᠂ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠶ᠋ᠢ ᠤᠷᠢᠳ ᠢ᠋ᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠵᠠᠮ ᠢ᠋ᠢᠡᠷ ᠭᠤᠢᠪᠢᠰᠢ ᠦᠭᠡᠢ ᠰᠠᠢᠲᠤᠷ ᠵᠠᠮᠨᠠᠬᠤ ᠳ᠋ᠤ ᠠᠯᠤᠰ ᠬᠡᠲᠦ᠍ ᠢ᠋ᠢᠨ ᠠᠴᠢ ᠬᠣᠯᠪᠣᠭ᠍ᠳᠠᠯ ᠲᠠᠶ ᠶᠤᠮ ᠃
……
ᠤᠷᠢᠬᠠᠨ ᠬᠠᠪᠤᠷ ᠰᠠᠭᠠᠲᠠᠬᠤᠶᠠ ᠥᠪᠥᠷ ᠮᠣᠩᠭᠣᠯ ᠤ᠋ᠨ ᠡᠬᠡ ᠭᠠᠵᠠᠷ ᠲᠦ᠍ ᠬᠦᠰᠡᠯ ᠤ᠋ᠨ ᠦᠷ᠎ᠡ ᠬᠦᠪᠤᠷᠠᠨᠠ ᠃ ᠥᠪᠡᠷᠲᠡᠭᠡᠨ ᠵᠠᠰᠠᠬᠤ ᠣᠷᠣᠨ ᠱᠢᠨ᠎ᠡ ᠬᠥᠭ᠌ᠵᠢᠯᠲᠡ ᠢ᠋ᠢᠨ ᠤᠢᠯᠠᠭᠠᠭᠲᠠᠬᠤᠨ ᠢ᠋ ᠪᠦᠷᠢᠨ ᠪᠦᠲᠦᠨ᠂ ᠵᠦᠪ ᠣᠨᠣᠪᠴᠢᠲᠠᠶ ᠂ ᠪᠥᠬᠥ᠌ ᠲᠠᠯ᠎ᠠ ᠪᠠᠷ ᠲᠤᠭᠤᠱᠢᠯᠠᠭᠤᠯᠵᠤ ᠂ ᠠᠵᠤ ᠦᠶ᠋ᠯᠡᠳᠪᠦᠷᠢ ᠢ᠋ᠢᠨ ᠠᠵᠤ ᠠᠬᠤᠶ ᠢ᠋ᠢᠨ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠴᠠᠭ ᠦᠶ᠎ᠡ ᠶ᠋ᠢ ᠤᠭ᠍ᠲᠤᠨ ᠂ ᠱᠢᠨ᠎ᠡ ᠠᠶᠠᠨ ᠢ᠋ᠢᠡᠨ ᠡᠬᠢᠯᠡᠭᠦᠯᠤᠯ᠎ᠠ ᠃