ᠠᠷᠠᠳ᠎ᠦᠨ ᠲᠡᠭᠡᠳᠦ ᠪᠠᠢᠴᠠᠭᠠᠬᠤ ᠬᠤᠷᠢᠶᠠᠨ᠎ᠤ ᠪᠠᠢᠴᠠᠭᠠᠬᠤ ᠲᠠᠷᠣᠭ᠎ᠠ ᠵᠠᠩ ᠵᠢᠶᠦ᠋ᠨ
ᠲᠥᠯᠥᠭᠡᠯᠡᠭ᠌ᠴᠢᠳ ᠡ᠄
ᠤᠳᠤ ᠪᠢ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢ ᠲᠥᠯᠥᠭᠡᠯᠡᠨ᠂ ᠶᠡᠭᠡ
ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ
ᠵᠥᠪᠯᠡᠯᠭᠡᠨ᠎ᠤ ᠭᠡᠱᠢᠭᠦᠳ ᠰᠠᠨᠠᠯ᠎ᠢᠶᠠᠨ ᠲᠤᠷᠠᠳᠭᠤ ᠪᠤᠯᠪᠠ ᠤᠤ᠃
2021 ᠣᠨ᠎ᠤ ᠠᠵᠢᠯ᠎ᠤᠨ ᠡᠷᠭᠢᠴᠡᠭᠦᠯᠦᠯ
2021 ᠣᠨ ᠪᠣᠯ ᠨᠠᠮ ᠪᠠ ᠤᠯᠤᠰ᠎ᠤᠨ ᠲᠡᠦᠬᠡᠨ᠎ᠳᠠᠬᠢ ᠪᠡᠯᠭᠡ ᠲᠡᠮᠳᠡᠭ᠎ᠤᠨ ᠠᠴᠢ
ᠬᠤᠯᠪᠣᠭ᠍ᠳᠠᠯ᠎ᠲᠠᠢ ᠨᠢᠭᠡ ᠵᠢᠯ ᠪᠣᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100
ᠵᠢᠯ᠎ᠤ᠋ᠨ ᠣᠢ᠂ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ ᠳᠣᠤᠷᠠᠬᠢ ᠠᠷᠠᠳ᠎ᠤᠨ ᠪᠠᠢᠴᠠᠭᠠᠬᠤ ᠪᠠᠢᠭᠤᠯᠤᠯ
ᠪᠠᠢᠭᠤᠯᠤᠭ᠍ᠳᠠᠭ᠍ᠰᠠᠨ 90 ᠵᠢᠯ ᠤ᠋ᠨ ᠣᠢ ᠪᠣᠯᠬᠤ ᠲᠠᠱᠢᠷᠠᠮ᠎ᠳᠤ᠂ ᠨᠠᠮ᠎ᠤᠨ ᠲᠥᠪ ᠬᠤᠷᠢᠶ᠎ᠠ᠎ᠡᠴᠡ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ
ᠲᠠᠯᠪᠢᠬᠤ ᠠᠵᠢᠯ᠎ᠢ ᠴᠢᠩᠭᠠᠳᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠯ》 ᠢ᠋ ᠲᠣᠭ᠍ᠲᠠᠭᠠᠨ ᠲᠠᠷᠬᠠᠭᠠᠵᠤ᠂ ᠨᠡᠩ ᠴᠢᠬᠤᠯᠠ ᠤᠯᠤᠰ ᠲᠦᠷᠦ᠍᠎ᠶ᠋ᠢᠨ ᠬᠠᠷᠢᠭᠤᠴᠠᠯᠭ᠎ᠠ
ᠤᠯᠭᠤᠪᠠ᠃ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠬ᠍ᠰᠠᠨ ᠨᠠᠮ᠎ᠤᠨ ᠲᠥᠪ ᠬᠤᠷᠢᠶᠠᠨ᠎ᠤ
ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ
ᠵᠢᠴᠢ ᠲᠡᠭᠦᠨ᠎ᠤ ᠪᠠᠢᠡᠭ᠌ᠭᠤ᠎ᠶ᠋ᠢᠨ ᠬᠤᠷᠢᠶᠠᠨ᠎ᠤ ᠬᠦᠴᠦᠲᠡᠶ ᠬᠢᠨᠠᠯᠲᠠ ᠳᠣᠤᠷ᠎ᠠ᠂ ᠠᠷᠠᠳ᠎ᠤᠨ ᠳᠡᠭᠡᠳᠦ ᠪᠠᠢᠴᠠᠭᠠᠬᠤ
ᠬᠤᠷᠢᠶ᠎ᠠ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ
ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ
ᠪᠠᠷᠢᠮᠲᠠᠯᠠᠵᠤ᠂ ᠰᠢ᠎ᠶ᠋ᠢᠨ ᠫᠢᠩ᠎ᠤ᠋ᠨ ᠬᠠᠤᠯᠢ᠎ᠪᠠᠷ
ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ
ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ
ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠤ ᠱᠢᠢᠳᠪᠦᠷᠢ᠎ᠶ᠋ᠢ ᠬᠢᠨᠠᠮᠠᠭᠠᠶ
ᠨᠠᠢᠳᠠᠪᠤᠷᠢᠵᠢᠭᠤᠯᠤᠨ᠂ 《ᠬᠤᠶᠠᠷ ᠢ᠋ ᠲᠣᠭ᠍ᠲᠠᠭᠠᠬ᠍ᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠤᠶᠠᠷᠢ᠋ ᠬᠠᠮᠠᠭᠠᠯᠠᠬᠤ
》᠎ᠶ᠋ᠢ ᠪᠡᠶᠡᠯᠡᠭᠦᠯᠤᠨ᠂ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠤᠯᠤᠰ ᠲᠥᠷᠥ᠍
ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠳᠤᠮᠳᠠ ᠬᠤᠪᠢᠰᠭᠠᠯᠲᠤ ᠴᠢᠨᠠᠷᠲᠠᠶ ᠳᠠᠪᠲᠠᠯᠲᠠ᠎ᠶ᠋ᠢ
ᠳᠠᠭᠠᠭᠠᠵᠤ᠂ ᠤᠯᠤᠰ᠎ᠤᠨ ᠵᠠᠰᠠᠯᠳᠠ᠎ᠳᠤ ᠨᠡᠩ ᠤᠬᠠᠮᠰᠠᠷ᠎ᠡᠴᠡ᠎ᠪᠠᠨ ᠠᠭᠤᠰᠤᠨ ᠤᠷᠤᠵᠤ᠂ ᠬᠠᠤᠯᠢ ᠶᠣᠰᠣᠭᠠᠷ ᠲᠤᠱᠢᠶᠠᠯ
ᠬᠠᠷᠢᠭᠤᠴᠠᠯᠭ᠎ᠠ᠎ᠪᠠᠨ ᠴᠢᠳᠠᠮᠠᠭᠠᠢ ᠬᠦᠢᠴᠡᠳᠭᠡᠵᠤ᠂ ᠡᠷᠡᠭᠦᠤ᠎ᠶ᠋ᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭ᠎ᠠ᠂
ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠵᠡᠷᠭᠡ ᠡᠯ᠎ᠠ ᠵᠦᠢᠯ᠎ᠤᠨ ᠪᠠᠢᠴᠠᠭᠠᠬᠤ ᠠᠵᠢᠯ ᠱᠢᠨ᠎ᠡ ᠠᠬᠢᠴᠠ᠎ᠲᠠᠢ
ᠪᠣᠯᠪᠠ᠃ ᠪᠦᠬᠦ᠌ ᠤᠯᠤᠰ᠎ᠤᠨ ᠪᠠᠢᠴᠠᠭᠠᠬᠤ ᠪᠠᠢᠭᠤᠯᠭ᠎ᠠ᠎ᠨᠤᠭᠤᠳ ᠡᠯ᠎ᠠ ᠲᠦᠷᠦᠯ᠎ᠤᠨ ᠭᠡᠷᠡᠭ᠎ᠢ ᠨᠡᠢᠳᠠ 363.7 ᠲᠦᠮᠡᠨ ᠬᠤᠪᠢ ᠱᠢᠢᠳᠪᠤᠷᠢᠯᠡᠪᠡ᠂ ᠡᠨᠡ᠎ᠨᠢ ᠠᠳᠠᠯᠢ ᠬᠤᠭᠤᠴᠠᠭᠠᠨ᠎ᠤ᠎ᠬᠢ
ᠡᠴᠡ 20.9% ᠪᠠᠷ ᠨᠡᠮᠡᠭ᠌ᠳᠡᠪᠡ᠃ ᠠᠷᠠᠳ᠎ᠤᠨ ᠳᠡᠭᠡᠳᠦ
ᠪᠠᠢᠴᠠᠭᠠᠬᠤ ᠬᠤᠷᠢᠶ᠎ᠠ 19 ᠬᠤᠪᠢ ᠬᠠᠤᠯᠢ ᠪᠠᠷᠢᠬᠤ ᠲᠠᠢᠯᠪᠤᠷᠢᠯᠠᠯᠲᠠ᠎ᠶ᠋ᠢ
ᠲᠣᠭ᠍ᠲᠠᠭᠠᠵᠤ᠂ 8 ᠪᠦᠯᠦᠭ 37 ᠵᠢᠯᠣᠭᠤᠳᠭᠤ ᠴᠢᠨᠠᠷᠲᠠᠶ ᠬᠡᠷᠡᠭ᠎ᠤᠨ ᠵᠢᠱ᠌ᠢᠶ᠎ᠡ᠂ 76 ᠪᠦᠯᠦᠭ 563 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠣᠭ᠍ᠲᠠᠭᠠᠨ
ᠲᠠᠷᠬᠠᠭᠠᠪᠠ᠃
ᠨᠢᠭᠡ᠂ ᠶᠡᠭᠡ ᠲᠠᠯ᠎ᠠ᠎ᠳᠤ ᠦᠢᠯᠡᠴᠢᠯᠡᠵᠦ᠍᠂ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠪᠠᠨ
ᠬᠦᠢᠴᠡᠳᠭᠡᠬᠦ᠌᠎ᠪᠠᠷ ᠲᠠᠮᠵᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ
ᠭᠡᠬᠦᠳᠡᠭ ᠴᠡᠭᠡᠵᠢᠨ᠎ᠳᠡᠭᠡᠨ 《ᠤᠯᠤᠰ ᠭᠦᠷᠦᠨ᠎ᠤ ᠶᠡᠭᠡ
ᠶᠠᠪᠤᠳᠠᠯ》 ᠢ᠋ ᠪᠤᠳᠤᠯᠬᠢᠯᠠᠨ᠂ ᠬᠥᠭ᠌ᠵᠢᠯᠲᠡ
ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠬᠦ᠌ ᠳᠤᠮᠳᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠴᠢᠳᠠᠮᠠᠭᠠᠢ ᠭᠦᠢᠴᠡᠳᠭᠡᠨ᠂ ᠬᠠᠤᠯᠢ᠎ᠪᠠᠷ ᠵᠠᠰᠠᠬᠤ ᠠᠵᠢᠯ᠎ᠤᠨ ᠬᠦᠳᠤᠯᠤᠨ ᠳᠠᠭᠠᠭᠤᠯᠬᠤ᠂ ᠵᠢᠷᠤᠮᠵᠢᠭᠤᠯᠬᠤ ᠪᠠ
ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ
ᠰᠠᠢᠨ ᠰᠠᠢᠬᠠᠨ ᠡᠬᠢᠯᠡᠯᠲᠡ᠎ᠳᠤ ᠦᠢᠯᠡᠴᠢᠯᠡᠪᠡ᠃
ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠠᠮᠤᠷ ᠲᠣᠭ᠍ᠲᠠᠭᠤᠨ᠎ᠢ ᠡᠷᠡᠰ ᠬᠠᠮᠠᠭᠠᠯᠠᠪᠠ᠃
ᠪᠦᠬᠦ᠌ ᠵᠢᠯ᠎ᠳᠤ ᠡᠯ᠎ᠠ ᠲᠦᠷᠦᠯ᠎ᠤᠨ ᠶᠠᠯ᠎ᠠ ᠬᠢᠭ᠌ᠰᠡᠨ 868445 ᠰᠡᠵᠢᠭ᠌ᠯᠡᠯ᠎ᠲᠠᠢ ᠬᠥᠮᠦᠨ᠎ᠢ ᠪᠠᠷᠢᠪᠴᠢᠯᠠᠬᠤ᠎ᠶ᠋ᠢ
ᠵᠥᠪᠱᠢᠶᠡᠷᠡᠵᠦ᠍᠂ 1748962 ᠬᠥᠮᠦᠨ ᠳ᠋ᠦ ᠠᠯᠪᠠᠨ ᠵᠠᠭᠠᠯᠳᠤᠯᠭ᠎ᠠ
ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠤᠰ ᠲᠤᠰ 12.7% ᠪᠠ 11.2% ᠵᠢᠡᠷ ᠨᠡᠮᠡᠭ᠌ᠳᠡᠪᠡ᠃ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ
ᠬᠠᠮᠠᠭᠠᠯᠠᠬᠤ ᠰᠠᠨᠠᠭᠠᠴᠢᠯᠠᠭᠠᠲᠤ ᠲᠠᠢᠨ᠎ᠢ ᠰᠠᠢᠲᠤᠷ ᠬᠢᠵᠦ᠍᠂ ᠤᠯᠤᠰ ᠣᠷᠣᠨ᠎ᠢ ᠬᠠᠭᠠᠴᠠᠭᠤᠯᠬᠤ᠂ ᠲᠦᠷᠦ᠍᠎ᠶ᠋ᠢᠨ
ᠵᠠᠰᠠᠭ᠎ᠤᠨ ᠡᠷᠬᠡ᠎ᠶ᠋ᠢ ᠨᠤᠷᠠᠭᠠᠬᠤ᠂ ᠰᠦᠷᠳᠡᠭᠦᠯᠤᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠬᠢᠬᠦ᠌ ᠵᠡᠷᠭᠡ
ᠶᠠᠯᠠᠲᠤ ᠠᠵᠢᠯᠯᠠᠭ᠎ᠠ᠎ᠶ᠋ᠢ ᠡᠷᠡᠰ ᠰᠡᠷᠭᠡᠢᠯᠡᠭ᠌ᠰᠡᠨ ᠪᠠ ᠬᠠᠤᠯᠢ ᠶᠣᠰᠣᠭᠠᠷ ᠵᠠᠯᠬᠠᠭᠠᠨ ᠱᠢᠢᠳᠭᠡᠪᠠ᠃ ᠬᠠᠷ᠎ᠠ
ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠵᠦ᠍᠂ ᠡᠷᠳᠡ ᠴᠤᠬᠢᠯᠳᠠ
ᠦᠭ᠌ᠴᠤ ᠪᠠᠭ᠎ᠠ ᠳᠡᠬᠡᠷ᠎ᠡ᠎ᠨᠢ ᠴᠤᠬᠢᠯᠳᠠ ᠦᠭ᠌ᠬᠦ᠎ᠶ᠋ᠢ ᠪᠠᠷᠢᠮᠳᠠᠯᠠᠨ᠂ ᠪᠠᠢᠩᠭᠤ ᠵᠠᠰᠠᠵᠤ ᠣᠷᠳᠣ ᠬᠤᠭᠤᠴᠠᠭ᠎ᠠ
ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠂ ᠭᠤᠷᠪᠠᠨ ᠵᠢᠯ᠎ᠤᠨ ᠲᠤᠰᠭᠠᠶ ᠲᠡᠮᠡᠴᠡᠯ᠎ᠳᠡᠭᠡᠨ ᠢᠮᠠᠭ᠍ᠲᠠ ᠪᠠᠲᠤ
ᠰᠠᠬᠢᠭ᠍ᠰᠠᠨ 《ᠬᠠᠷ᠎ᠠ ᠪᠦᠯᠦᠭ᠌ᠲᠡᠨ ᠬᠠᠷᠬᠢᠰ ᠬᠦᠴᠤᠨ᠎ᠤ ᠶᠠᠯᠠᠳᠤ ᠠᠵᠢᠯᠯᠠᠭ᠎ᠠ ᠮᠦᠨ ᠪᠤᠯ ᠨᠢᠭᠡ᠎ᠶ᠋ᠢ᠎ᠨᠢ
ᠴᠤ᠌ ᠭᠡᠰᠡᠨ ᠠᠯᠳᠠᠵᠤ ᠭᠠᠷᠭᠠᠬᠤ ᠦᠭᠡᠢ᠂ ᠬᠠᠷ᠎ᠠ ᠪᠦᠯᠦᠭ᠌ᠲᠡᠨ
ᠬᠠᠷᠬᠢᠰ ᠬᠦᠴᠤᠨ᠎ᠤ ᠶᠠᠯᠠᠳᠤ ᠠᠵᠢᠯᠯᠠᠭ᠎ᠠ ᠪᠢᠰᠢ ᠪᠤᠯ ᠨᠢᠭᠡ᠎ᠶ᠋ᠢ ᠴᠤ᠌ ᠭᠡᠰᠡᠨ ᠠᠯᠪᠠ᠎ᠪᠠᠷ ᠲᠤᠭ᠎ᠠ
ᠬᠦᠢᠴᠡᠭᠡᠬᠦ᠌ ᠦᠭᠡᠢ》 ᠵᠠᠷᠴᠢᠮ᠎ᠢ ᠡᠳᠦᠷ ᠲᠤᠲᠤᠮ᠎ᠤᠨ ᠠᠵᠢᠯ᠎ᠳᠤ ᠠᠭᠤᠰᠭᠠᠨ
ᠤᠷᠤᠭᠤᠯᠪᠠ᠃ ᠲᠤᠰᠭᠠᠶ ᠲᠡᠮᠡᠴᠡᠯ᠎ᠤᠨ ᠠᠷᠢᠯᠭᠠᠨ ᠴᠡᠪᠡᠷᠱᠢᠬᠦᠯᠬᠦ᠌ ᠦᠷ᠎ᠡ ᠪᠦᠲᠦᠮᠵᠢ ᠲᠣᠪᠤᠢᠮ᠎ᠠ ᠪᠤᠯᠵᠤ᠂ ᠨᠡᠢᠭᠡᠮ᠎ᠤᠨ
ᠠᠮᠤᠷ ᠲᠦᠪᠱᠢᠨ᠎ᠤ ᠡᠮᠬᠢ ᠵᠢᠷᠤᠮ ᠦᠷᠬᠦᠯᠵᠢᠯᠠᠨ ᠰᠠᠢᠵᠢᠷᠠᠪᠠ᠂ 2020 ᠣᠨᠤ᠋ᠬᠢᠲᠠᠢ ᠬᠠᠷᠢᠴᠠᠭᠤᠯᠪᠠᠯ᠂
ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢᠨ ᠵᠠᠭᠠᠯᠳᠤᠯᠭ᠎ᠠ
70.5%᠎ᠪᠠᠷ ᠪᠠᠭᠤᠷᠠᠪᠠ᠂ ᠡᠬᠦᠨ᠎ᠳᠤ ᠬᠥᠮᠦᠨ ᠠᠯᠠᠭ᠍ᠰᠠᠨ᠂ ᠳᠡᠭᠡᠷᠡᠮᠳᠡᠭ᠌ᠰᠡᠨ᠂ ᠤᠤᠯᠭᠠᠯᠠᠭ᠍ᠰᠠᠨ ᠶᠠᠯᠠᠲᠤ ᠠᠵᠢᠯᠯᠠᠭ᠎ᠠ
6.6% ᠪᠠᠷ ᠪᠠᠭᠤᠷᠠᠵᠤ᠂ ᠣᠯᠠᠭᠤᠯᠠ ᠨᠡᠢᠯᠡᠵᠦ᠍
ᠵᠣᠳᠣᠭᠠᠨ ᠬᠢᠭ᠌ᠰᠡᠨ᠂ ᠬᠡᠷᠡᠭ ᠡᠳᠤᠵᠤ ᠤᠷᠱᠢᠭ ᠲᠠᠳᠠᠬ᠍ᠰᠠᠨ ᠶᠠᠯᠠᠲᠤ ᠠᠵᠢᠯᠯᠠᠭ᠎ᠠ 20.9% ᠪᠠᠷ ᠪᠠᠭᠤᠷᠠᠵᠤ᠂
ᠬᠤᠤᠷᠲᠤ ᠡᠳ᠋᠎ᠤᠨ ᠶᠠᠯᠠᠲᠤ ᠠᠵᠢᠯᠯᠠᠭ᠎ᠠ 18% ᠪᠠᠷ ᠪᠠᠭᠤᠷᠠᠪᠠ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠳᠤ
ᠬᠠᠮᠵᠢᠨ《ᠮᠡᠭᠡᠯᠡᠨ ᠬᠤᠳᠠᠯᠳᠤᠬᠤ ᠠᠵᠢᠯᠯᠠᠭ᠎ᠠ᠎ᠳᠤ ᠴᠣᠬᠢᠯᠲᠠ ᠥᠭ᠌ᠬᠦ》
《ᠪᠤᠳᠠᠷᠠᠬ᠍ᠰᠠᠨ ᠡᠷᠤᠭᠡ ᠭᠡᠷ᠎ᠢ ᠠᠭᠤᠯᠵᠠᠭᠤᠯᠬᠤ》 ᠠᠵᠢᠯᠯᠠᠭ᠎ᠠ᠎ᠶ᠋ᠢ ᠦᠷᠬᠦᠯᠵᠢᠯᠠᠨ ᠥᠷᠨᠢᠭᠦᠯᠵᠦ᠍᠂ ᠬᠦᠮᠤᠨ ᠠᠮᠠ᠎ᠶ᠋ᠢ ᠮᠡᠬᠡᠯᠡᠨ ᠬᠤᠳᠠᠯᠳᠤᠭ᠍ᠰᠠᠨ
ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍᠂ ᠲᠡᠤᠬᠡ᠎ᠶ᠋ᠢᠨ ᠳᠠᠷᠤᠭ᠍ᠳᠠᠮᠠᠯ ᠬᠡᠷᠡᠭ᠎ᠢ ᠭᠦᠨᠵᠡᠭᠡᠶ ᠢᠯᠡᠷᠡᠬᠦᠯᠪᠡ᠃ 2000 ᠣᠨ ᠡᠴᠡ 2021 ᠣᠨ ᠪᠣᠯᠲᠠᠯ᠎ᠠ᠂ ᠪᠠᠢᠴᠠᠭᠠᠬᠤ ᠪᠠᠢᠭᠤᠯᠭ᠎ᠠ ᠡᠴᠡ ᠡᠮᠡᠭ᠌ᠲᠡᠢᠴᠦᠳ ᠬᠡᠤᠬᠡᠳ᠎ᠢ ᠮᠡᠬᠡᠯᠡᠨ ᠬᠤᠳᠠᠯᠳᠤᠭ᠍ᠰᠠᠨ
ᠶᠠᠯᠠᠲᠤ ᠠᠵᠢᠯᠯᠠᠭ᠎ᠠ ᠬᠢᠭ᠌ᠰᠡᠨ᠎ᠢᠶᠠᠷ ᠵᠠᠭᠠᠯᠳᠤᠬ᠍ᠰᠠᠨ ᠬᠦᠮᠤᠨ᠎ᠤ ᠲᠤᠭ᠎ᠠ 14458 ᠡᠴᠡ 1135 ᠪᠣᠯᠲᠠᠯ᠎ᠠ ᠪᠠᠭᠤᠷᠠᠵᠤ᠂ ᠵᠢᠯ ᠪᠦᠷᠢ ᠳᠤᠮᠳᠠᠴᠢ᠎ᠪᠠᠷ 11.4%
ᠪᠠᠷ ᠪᠠᠭᠤᠷᠠᠪᠠ; ᠮᠡᠬᠡᠯᠡᠭ᠌ᠳᠡᠨ ᠬᠤᠳᠠᠯᠳᠤᠭ᠍ᠳᠠᠭ᠍ᠰᠠᠨ ᠡᠮᠡᠭ᠌ᠲᠡᠢᠴᠤᠳ
ᠬᠡᠤᠬᠡᠳ᠎ᠢ ᠬᠤᠳᠠᠯᠳᠤᠨ ᠠᠪᠤᠭ᠍ᠰᠠᠨ ᠶᠠᠯᠠᠲᠤ ᠠᠵᠢᠯᠯᠠᠭ᠎ᠠ ᠬᠢᠭ᠌ᠰᠡᠨ᠎ᠢᠶᠠᠷ ᠵᠠᠭᠠᠯᠳᠤᠬ᠍ᠳᠠᠬ᠍ᠰᠠᠨ ᠬᠦᠮᠤᠨ 155 ᠡᠴᠡ 328
ᠪᠤᠯᠳᠠᠯ᠎ᠠ ᠨᠡᠮᠡᠭ᠌ᠳᠡᠪᠡ᠃ 《ᠬᠥᠮᠦᠨ ᠠᠮᠠ᠎ᠶ᠋ᠢ ᠮᠡᠬᠡᠯᠡᠨ ᠬᠤᠳᠠᠯᠳᠤᠬᠤ᠎ᠶ᠋ᠢ ᠡᠰᠡᠷᠭᠦᠴᠡᠬᠦ᠌ ᠳᠤᠮᠳᠠᠳᠤ ᠤᠯᠤᠰ᠎ᠤᠨ
ᠠᠵᠢᠯᠯᠠᠭᠠᠨ᠎ᠤ ᠲᠥᠯᠥᠪᠯᠡᠭᠡ (2021 — 2030 ᠣᠨ) 》 ᠶ᠋ᠢ ᠲᠤᠭᠤᠱᠢᠯᠠᠭᠤᠯᠵᠤ᠂ ᠬᠥᠮᠦᠨ ᠠᠮᠠ᠎ᠶ᠋ᠢ ᠮᠡᠬᠡᠯᠡᠨ ᠬᠤᠳᠠᠯᠳᠤᠭ᠍ᠰᠠᠨ ᠶᠠᠯᠠᠲᠤ ᠠᠵᠢᠯᠯᠠᠭ᠎ᠠ᠎ᠶ᠋ᠢ
ᠨᠡᠬᠡᠮᠵᠢᠯᠡᠨ ᠵᠠᠭᠠᠯᠳᠤᠬᠤ᠎ᠶ᠋ᠢ ᠦᠷᠭᠦᠯᠵᠢᠯᠡᠨ ᠴᠢᠩᠭᠠᠳᠭᠠᠪᠠ; ᠡᠭᠦᠨ᠎ᠤ
ᠬᠠᠮᠲᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠯᠦᠭᠡ ᠨᠡᠢᠯᠡᠯ ᠬᠦᠴᠦᠨ᠎ᠢ ᠪᠦᠷᠢᠯᠳᠦᠬᠦᠯᠦᠨ ᠶᠡᠷᠦᠩᠬᠡᠢᠯᠡᠨ
ᠴᠡᠭ᠌ᠴᠡᠯᠡᠨ ᠵᠠᠰᠠᠵᠤ᠂ ᠮᠡᠬᠡᠯᠡᠭ᠌ᠳᠡᠨ ᠬᠤᠳᠠᠯᠳᠤᠭ᠍ᠳᠠᠭ᠍ᠰᠠᠨ ᠡᠮᠡᠭ᠌ᠲᠡᠢᠴᠦᠳ ᠬᠡᠤᠬᠡᠳ᠎ᠢ ᠬᠤᠳᠠᠯᠳᠤᠨ ᠠᠪᠤᠬ᠍ᠰᠠᠨ᠂
ᠠᠪᠤᠷᠠᠨ ᠭᠠᠷᠭᠠᠬᠤ ᠦᠭᠡᠢ ᠪᠠ ᠠᠪᠤᠷᠠᠨ ᠭᠠᠷᠭᠠᠬᠤ᠎ᠶ᠋ᠢ ᠬᠠᠷᠱᠢᠯᠠᠬ᠍ᠰᠠᠨ ᠶᠠᠯᠠᠳᠤ ᠠᠵᠢᠯᠯᠠᠭ᠎ᠠ᠎ᠶ᠋ᠢ ᠬᠠᠤᠯᠢ
ᠶᠣᠰᠣᠭᠠᠷ ᠡᠷᠡᠰ ᠨᠡᠬᠡᠮᠵᠢᠯᠡᠨ ᠵᠠᠭᠠᠯᠳᠤᠵᠤ᠂ ᠴᠢᠩᠭ᠎ᠠ ᠵᠠᠯᠬᠠᠭᠠᠨ ᠱᠢᠢᠳᠭᠡᠪᠠ᠃ ᠬᠠᠤᠯᠢ ᠶᠣᠰᠣᠭᠠᠷ ᠬᠢᠵᠢᠭ᠎ᠲᠠᠢ
ᠲᠡᠮᠡᠴᠡᠬᠦ᠌ ᠠᠵᠢᠯ᠎ᠢ ᠪᠠᠢᠡᠭ᠌ᠭᠤᠵᠢᠭᠤᠯᠬᠤᠶ᠋ᠢ ᠠᠬᠢᠭᠤᠯᠵᠤ᠂ ᠬᠢᠵᠢᠭ᠎ᠤᠨ ᠡᠬᠢᠨ᠎ᠤ ᠬᠤᠭᠤᠴᠠᠭᠠᠨ᠎ᠳᠤ ᠨᠡᠢᠲᠡᠯᠡᠭ᠌ᠰᠡᠨ
ᠬᠢᠵᠢᠭ᠎ᠲᠤ ᠬᠤᠯᠪᠤᠬ᠍ᠳᠠᠬ᠍ᠰᠠᠨ10 ᠪᠦᠯᠦᠭ 55 ᠨᠡᠢᠳᠡᠯᠢᠭ ᠭᠡᠷᠡᠭ᠎ᠤᠨ ᠵᠢᠱ᠌ᠢᠶ᠎ᠠ᠎ᠶ᠋ᠢ ᠬᠦᠨᠵᠡᠭᠡᠢ ᠭᠡᠷᠡᠭ᠌ᠯᠡᠵᠤ᠂
ᠸᠠᠺᠼᠢᠨ᠎ᠤ ᠲᠠᠷᠢᠯᠭ᠎ᠠ᠎ᠶ᠋ᠢᠨ ᠭᠡᠷᠡᠴᠢ᠎ᠶ᠋ᠢ ᠬᠠᠭᠤᠷᠮᠠᠬ᠍ᠯᠠᠨ ᠵᠤᠬᠢᠶᠠᠬ᠍ᠰᠠᠨ ᠶᠠᠯᠠᠳᠤ ᠠᠵᠢᠯᠯᠠᠭ᠎ᠠ ᠵᠡᠷᠭᠡ
5 ᠪᠦᠯᠦᠭ 24 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠦᠷᠬᠦᠯᠵᠢᠯᠠᠨ ᠨᠡᠢᠲᠡᠯᠡᠵᠤ᠂ ᠬᠢᠵᠢᠭ᠎ᠢ ᠰᠡᠷᠭᠡᠢᠯᠡᠬᠦ᠌
ᠰᠠᠢᠨ ᠰᠠᠢᠬᠠᠨ ᠡᠮᠬᠢ ᠵᠢᠷᠤᠮ᠎ᠢ ᠬᠠᠮᠠᠭᠠᠯᠠᠵᠤ᠂ ᠬᠢᠵᠢᠭ᠎ᠲᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 4078 ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ
ᠤ᠎ᠬᠢ᠎ᠡᠴᠡ 63.7% ᠪᠠᠷ ᠪᠠᠭᠤᠷᠠᠪᠠ᠃ ᠠᠶᠤᠯᠲᠠᠶ᠎ᠪᠠᠷ
ᠠᠵᠢᠯᠯᠠᠬ᠍ᠰᠠᠨ᠂ ᠬᠦᠨᠳᠦ ᠶᠡᠭᠡ ᠬᠠᠷᠢᠭᠤᠴᠠᠯᠭ᠎ᠠ᠎ᠶ᠋ᠢᠨ ᠡ᠊ᠨᠳᠡᠯ ᠭᠠᠷᠭᠠᠬ᠍ᠰᠠᠨ ᠵᠡᠷᠭᠡ ᠠᠶᠤᠯ ᠦᠭᠡᠢ ᠦᠢᠯᠡᠳᠪᠦᠷᠢᠯᠡᠯ᠎ᠢ
ᠬᠤᠬᠢᠷᠠᠭᠤᠯᠤᠭ᠍ᠰᠠᠨ ᠶᠠᠯᠠᠲᠤ ᠠᠵᠢᠯᠯᠠᠭ᠎ᠠ ᠬᠢᠭ᠌ᠰᠡᠨ 4135 ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ
26.4%᠎ᠪᠠᠷ ᠨᠡᠮᠡᠭ᠌ᠳᠡᠪᠡ; ᠡᠬᠢ ᠡᠬᠦᠰᠤᠯᠡᠴᠡᠨᠢ ᠰᠡᠷᠭᠡᠢᠯᠡᠬᠦ᠌᠎ᠶ᠋ᠢ
ᠴᠢᠬᠤᠯᠠᠴᠢᠯᠠᠵᠤ᠂ ᠲᠤᠰ ᠬᠦᠷᠢᠶᠡᠨ᠎ᠳᠠᠬᠢ 1.4 ᠲᠦᠮᠡᠨ ᠬᠤᠪᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠱᠢᠢᠳᠪᠦᠷᠢᠯᠡᠪᠡ᠃ ᠪᠡᠭᠡᠵᠢᠩ᠂ ᠾᠧᠪᠸᠢ᠎ᠶ᠋ᠢᠨ
ᠪᠠᠢᠴᠠᠭᠠᠬᠤ ᠪᠠᠢᠭᠤᠯᠭ᠎ᠠ ᠠᠮᠤᠷ ᠲᠦᠪᠱᠢᠨ ᠡᠪᠦᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠲᠠᠢ ᠤᠶᠠᠯᠳᠤᠭᠤᠯᠤᠨ
ᠲᠤᠰᠭᠠᠶ ᠬᠢᠨᠠᠯᠲᠠ ᠥᠷᠨᠢᠭᠦᠯᠵᠦ᠍᠂ ᠮᠥᠰᠥ᠍ ᠴᠠᠰᠤᠨ᠎ᠤ ᠲᠤᠬᠠᠶ ᠭᠤᠢᠳᠠ ᠰᠠᠢᠬᠠᠨ ᠬᠦᠰᠡᠯ᠎ᠢ ᠪᠡᠶᠡᠯᠡᠬᠦᠯᠬᠦ᠌᠎ᠳᠤ
ᠬᠠᠤᠯᠢ᠎ᠪᠠᠷ ᠵᠠᠰᠠᠬᠤ ᠬᠦᠴᠤᠨ ᠨᠡᠮᠡᠷᠢᠯᠡᠪᠠ᠃
ᠬᠤᠳᠠᠯᠳᠤᠭᠠᠴᠢᠳᠢ ᠲᠤᠬ᠍ᠳᠠᠪᠤᠷᠢᠵᠢᠭᠤᠯᠤᠨ ᠠᠵᠤ ᠠᠬᠤᠢᠯᠠᠯ᠎ᠳᠤ ᠬᠠᠷᠠᠭᠠᠯᠵᠠᠯ
ᠦᠵᠡᠭᠦᠯᠬᠦ᠌ ᠬᠠᠤᠯᠢ᠎ᠪᠠᠷ ᠵᠠᠰᠠᠬᠤ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠬᠦᠴᠦᠯᠡᠨ ᠪᠤᠢ ᠪᠣᠯᠭᠠᠪᠠ᠃
ᠤᠯᠠᠨ ᠭᠠᠵᠠᠷ᠎ᠲᠤ ᠬᠢᠵᠢᠭ ᠲᠠᠷᠠᠬᠠᠢ ᠡᠬᠦᠰᠴᠤ᠌᠂ ᠠᠵᠤ ᠠᠬᠤᠶ ᠳᠠᠷᠤᠯᠲᠠ᠎ᠳᠤ ᠤᠴᠠᠷᠠᠬ᠍ᠰᠠᠨ ᠪᠤᠯᠬᠤᠷ ᠬᠠᠤᠯᠢ᠎ᠪᠠᠷ
ᠵᠠᠰᠠᠬᠤ᠎ᠪᠠᠷ ᠠᠵᠤ ᠠᠬᠤᠢᠯᠠᠯ ᠪᠠ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠵᠢᠯ ᠣᠯᠭᠤᠯᠲᠠ ᠪᠠ ᠠᠷᠠᠳ᠎ᠤᠨ
ᠠᠮᠢᠳᠤᠷᠠᠯ᠎ᠢ ᠪᠠᠲᠤᠯᠠᠬᠤ ᠨᠡᠩ ᠴᠢᠬᠤᠯᠠᠳᠠᠢ ᠪᠤᠯᠪᠠ᠃ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ ᠬᠢᠭ᠌ᠰᠡᠨ 13.4 ᠲᠦᠮᠡᠨ
ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠲᠠᠢ
ᠦᠨᠳᠦᠰᠦᠨ᠎ᠳᠡᠭᠡᠨ ᠲᠡᠩᠴᠡᠭᠦᠤ ᠪᠣᠯᠪᠠ᠃ ᠠᠵᠤ ᠠᠬᠤᠢᠯᠠᠯ ᠬᠡᠷᠡᠭ ᠡᠴᠡ ᠪᠤᠯᠵᠤ ᠬᠦᠴᠢᠷᠳᠡᠯ᠎ᠳᠤ ᠲᠤᠯᠭᠠᠷᠠᠬᠤ᠎ᠶ᠋ᠢ
ᠬᠦᠴᠦᠯᠡᠨ ᠰᠡᠷᠭᠡᠢᠯᠡᠵᠦ᠍᠂ ᠪᠤᠳᠠᠳᠠᠢ ᠬᠡᠷᠡᠭ᠎ᠤᠨ ᠰᠢᠨᠵᠢ ᠴᠢᠨᠠᠷ᠂ ᠦᠢᠯᠡ ᠶᠠᠪᠤᠳᠠᠯ ᠪᠠ ᠨᠡᠢᠭᠡᠮ ᠳ᠋ᠦ ᠤᠴᠠᠷᠠᠭᠤᠯᠤᠬᠰᠠᠨ
ᠬᠤᠤᠷ ᠬᠦᠨᠦᠭᠡᠯ᠎ᠤᠨ ᠬᠡᠮᠵᠢᠶ᠎ᠡ ᠵᠢ ᠦᠨᠳᠦᠰᠦᠯᠡᠨ᠂ ᠠᠵᠤ ᠠᠬᠤᠢᠯᠠᠯ᠎ᠤᠨ ᠬᠠᠷᠢᠭᠤᠴᠠᠯᠭᠠᠳᠠᠨ᠎ᠤ ᠡᠵᠡᠩᠨᠡᠯᠲᠡ᠎ᠶ᠋ᠢᠨ
ᠲᠦᠷᠦᠯ᠎ᠳᠤ ᠬᠤᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠪᠠᠷᠢᠪᠴᠢᠯᠠᠬᠤ ᠦᠭᠡᠶ ᠪᠠᠢᠵᠤ
ᠪᠣᠯᠬᠤ᠎ᠶ᠋ᠢ᠎ᠨᠢ ᠦᠯᠦ᠍ ᠪᠠᠷᠢᠪᠴᠢᠯᠠᠬᠤ᠂ ᠵᠠᠭᠠᠯᠳᠤᠬᠤ ᠦᠭᠡᠶ ᠪᠠᠢᠵᠤ ᠪᠣᠯᠬᠤ᠎ᠶ᠋ᠢ᠎ᠨᠢ ᠦᠯᠦ᠍ ᠵᠠᠭᠠᠯᠳᠤᠬᠤ᠂
ᠪᠣᠳᠠᠲᠤ ᠡᠷᠡᠭᠦᠤ᠎ᠪᠠᠷ ᠱᠢᠢᠳᠭᠡᠬᠦ᠌ ᠦᠭᠡᠶ ᠪᠠᠢᠵᠤ ᠪᠣᠯᠬᠤ᠎ᠳᠤᠨᠢ ᠡᠷᠡᠭᠦᠦ ᠱᠢᠢᠳᠭᠡᠯ᠎ᠢ᠎ᠨᠢ ᠬᠤᠢᠱᠢᠯᠠᠭᠤᠯᠬᠤ᠎ᠶ᠋ᠢ
ᠲᠤᠬᠢᠷᠠᠭᠤᠯᠤᠨ ᠬᠡᠷᠡᠭ᠌ᠯᠡᠬᠦ᠌ ᠰᠠᠨᠠᠭᠤᠯᠭ᠎ᠠ ᠳᠤᠷᠠᠳᠭᠤ ᠵᠡᠷᠭᠡ ᠪᠠᠢᠴᠠᠭᠠᠬᠤ ᠲᠦᠷᠦ᠍᠎ᠶ᠋ᠢᠨ ᠪᠤᠳᠤᠯᠭ᠎ᠠ᠎ᠶ᠋ᠢ
ᠦᠷᠭᠦᠯᠵᠢᠯᠡᠨ ᠨᠠᠢᠳᠠᠪᠤᠷᠢᠵᠢᠭᠤᠯᠪᠠ; ᠠᠵᠤ ᠠᠬᠤᠢ᠌ᠯᠠᠯ᠎ᠳᠤ ᠬᠤᠯᠪᠤᠭ᠍ᠳᠠᠭ᠍ᠰᠠᠨ ᠵᠡᠷᠬᠡ
ᠨᠢᠭᠡᠴᠢ᠎ᠶ᠋ᠢᠨ ᠬᠢᠭ᠌ᠰᠡᠨ ᠶᠠᠯᠠᠳᠤ ᠠᠵᠢᠯᠯᠠᠭ᠎ᠠ᠎ᠶ᠋ᠢ ᠦᠯᠦ᠍ ᠵᠠᠭᠠᠯᠳᠤᠬ᠍ᠰᠠᠨ ᠨᠤᠷᠮ᠎ᠠ 38% ᠳ᠋ᠦ ᠬᠦᠷᠪᠠ᠂
ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 5.9 ᠵᠠᠭᠤᠨ᠎ᠤ ᠨᠢᠭᠡᠴᠢ᠎ᠪᠠᠷ ᠨᠡᠮᠡᠭ᠌ᠳᠡᠪᠡ᠃ ᠯᠢᠶᠣᠤᠨᠢᠩ᠂ ᠵᠢᠶᠠᠩᠰᠦ᠂
ᠭᠤᠸᠠᠩᠳᠦ᠋ᠩ ᠵᠡᠷᠭᠡ 10 ᠮᠤᠵᠢ ᠬᠤᠳᠠ᠎ᠶ᠋ᠢᠨ ᠪᠠᠢᠴᠠᠭᠠᠬᠤ ᠪᠠᠢᠭᠤᠯᠭ᠎ᠠ᠎ᠳᠤ ᠥᠷᠨᠢᠭᠦᠯᠦᠭ᠌ᠰᠡᠨ᠂ ᠬᠡᠷᠡᠭ᠎ᠲᠤ
ᠬᠤᠯᠪᠣᠭ᠍ᠳᠠᠭ᠍ᠰᠠᠨ ᠠᠵᠤ ᠠᠬᠤᠢᠯᠠᠯ᠎ᠢ ᠲᠣᠭ᠍ᠲᠠᠭᠠᠯ᠎ᠳᠤ ᠨᠡᠢᠴᠡᠬᠦᠯᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ
ᠤᠯᠠᠮ ᠨᠢᠭᠡ ᠠᠯᠬᠤᠮ ᠪᠤᠳᠠᠳᠠᠢ᠎ᠪᠠᠷ ᠠᠳᠭᠤᠪᠠ; ᠬᠠᠤᠯᠢ ᠶᠣᠰᠣᠭᠠᠷ ᠪᠠᠷᠢᠪᠴᠢᠯᠠᠬᠤ
ᠦᠭᠡᠢ᠂ ᠵᠠᠭᠠᠯᠳᠤᠬᠤ ᠦᠭᠡᠢ ᠪᠠᠢᠵᠤ ᠪᠤᠯᠬᠤ᠎ᠳᠤᠨᠢ᠂ ᠬᠡᠷᠡᠭ᠎ᠲᠤ ᠬᠤᠯᠪᠣᠭ᠍ᠳᠠᠭ᠍ᠰᠠᠨ ᠠᠵᠤ ᠠᠬᠤᠢᠯᠠᠯ᠎ᠢ ᠬᠠᠤᠯᠢ
ᠲᠣᠭ᠍ᠲᠠᠭᠠᠯ᠎ᠳᠤ ᠨᠡᠢᠴᠡᠬᠦᠯᠬᠦ᠌ ᠠᠮᠠᠯᠠᠯᠲᠠ ᠬᠢᠯᠭᠡᠵᠦ᠍᠂ ᠦᠨᠡᠨ ᠬᠦ᠌ ᠴᠡᠭ᠌ᠴᠡᠯᠡᠨ ᠦᠭᠡᠷᠡᠴᠢᠯᠡᠬᠦᠯᠬᠦ᠌ᠪᠠᠷ
ᠱᠠᠭᠠᠷᠳᠠᠪᠠ; ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠤᠯᠤᠰ᠎ᠤᠨ ᠡᠳ᠋
ᠬᠦᠷᠦᠩᠭᠡ᠎ᠶ᠋ᠢᠨ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ ᠵᠡᠷᠭᠡ 8 ᠰᠠᠯᠠᠭ᠎ᠠ ᠮᠥᠴᠢᠷ᠎ᠲᠠᠢ ᠬᠠᠮᠲᠤᠷᠠᠨ ᠭᠤᠷᠪᠠᠳᠡᠬᠢ ᠲᠠᠯ᠎ᠠ᠎ᠶ᠋ᠢᠨ ᠬᠢᠨᠠᠯᠲᠠ ᠲᠠᠯᠪᠢᠵᠤ ᠦᠨᠡᠯᠡᠨ ᠵᠢᠱ᠌ᠢᠬᠦ᠌ ᠲᠣᠭ᠍ᠲᠡᠴᠡ᠎ᠶ᠋ᠢ
ᠪᠠᠢᠭᠤᠯᠵᠤ᠂ ᠬᠠᠤᠯᠢ ᠪᠠᠷᠢᠯᠳᠠ᠂ ᠬᠠᠤᠯᠢ ᠬᠡᠷᠡᠭ᠌ᠵᠢᠭᠦᠯᠦᠯᠲᠡ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠶ᠋ᠢ
ᠬᠤᠯᠪᠤᠭᠠᠯᠠᠭᠤᠯᠵᠤ᠂ ᠴᠢᠩᠭ᠎ᠠ ᠬᠠᠮᠢᠶᠠᠷᠤᠯᠲᠠ᠎ᠪᠠᠷ ᠭᠦᠨ ᠬᠠᠯᠠᠮᠵᠢᠯᠠᠯ᠎ᠢ ᠢᠯᠡᠷᠡᠭᠦᠯᠪᠠ᠃ ᠬᠤᠪᠧᠢ᠎ᠶ᠋ᠢᠨ ᠠᠷᠠᠳ᠎ᠡᠴᠡ
ᠡᠵᠡᠩᠨᠡᠭ᠌ᠰᠡᠨ ᠨᠢᠭᠡᠨ ᠠᠵᠤ ᠠᠬᠤᠢᠯᠠᠯ ᠡᠵᠡᠩᠨᠡᠯᠲᠡ᠎ᠶ᠋ᠢᠨ ᠶᠠᠯᠠᠲᠤ ᠠᠵᠢᠯᠯᠠᠭ᠎ᠠ᠎ᠳᠤ ᠬᠤᠯᠪᠤᠬ᠍ᠳᠠᠬ᠍ᠰᠠᠨ᠎ᠳᠤ᠂
ᠪᠠᠢᠴᠠᠭᠠᠬᠤ ᠪᠠᠢᠭᠤᠯᠭ᠎ᠠ ᠭᠡᠷᠡᠭ ᠱᠢᠢᠳᠪᠤᠷᠢᠯᠡᠬᠦ᠌ ᠲᠤᠮᠳᠠ᠎ᠪᠠᠨ ᠲᠣᠭ᠍ᠲᠠᠭᠠᠯ᠎ᠳᠤ ᠨᠡᠢᠴᠡᠬᠦᠯᠬᠦ᠌ ᠴᠡᠭ᠌ᠴᠡᠯᠡᠯᠳᠠ
ᠦᠭᠡᠷᠡᠴᠢᠯᠡᠯᠳᠠ ᠬᠢᠯᠭᠡᠬᠦ᠌᠎ᠪᠠᠷ ᠱᠢᠪᠠᠳᠠᠵᠤ᠂ 6 ᠰᠠᠷ᠎ᠠ
ᠶ᠋ᠢᠨ ᠲᠠᠷᠠᠭ᠎ᠠ ᠭᠤᠷᠪᠠᠳᠠᠬᠢ ᠲᠠᠯ᠎ᠠ᠎ᠶ᠋ᠢᠨ᠎ᠬᠢᠨ ᠴᠢᠩᠭ᠎ᠠ ᠦᠨᠡᠯᠡᠨ ᠵᠢᠱ᠌ᠢᠵᠦ᠍ ᠬᠢᠷᠢ ᠲᠡᠩᠴᠡᠭ᠌ᠰᠡᠨᠢᠨᠢ
ᠨᠤᠲᠠᠯᠠᠭ᠍ᠰᠠᠨ᠎ᠤ ᠤᠯᠠᠮ᠎ᠢᠶᠠᠷ ᠦᠯᠦ᠍ ᠵᠠᠭᠠᠯᠳᠤᠬᠤ᠎ᠪᠠᠷ ᠬᠠᠤᠯᠢ ᠶᠤᠰᠤᠭᠠᠷ ᠲᠣᠭ᠍ᠲᠠᠭᠠᠪᠠ᠃ ᠴᠡᠭ᠌ᠴᠡᠯᠡᠬᠦᠯᠤᠨ
ᠦᠭᠡᠷᠡᠴᠢᠯᠡᠬᠦᠯᠦᠭ᠌ᠰᠡᠨᠤ ᠲᠠᠷᠠᠭ᠎ᠠ ᠲᠣᠰ ᠠᠵᠤ ᠠᠬᠤᠢᠯᠠᠯ᠎ᠤᠨ ᠤᠢ᠍ᠢᠯᠡᠳᠪᠤᠷᠢᠯᠡᠯ ᠡᠵᠡᠩᠨᠡᠯᠳᠠ ᠵᠠᠮ ᠮᠦᠷᠲᠡᠭᠡᠨ
ᠣᠷᠣᠭᠠᠳ᠂ ᠳ᠋ᠦᠡᠭ᠌ᠰᠢᠭᠤᠷ ᠭᠠᠷᠤᠢ ᠲᠦᠬᠦᠷᠢᠭ᠎ᠤᠨ ᠪᠡᠯᠡ ᠤᠷᠤᠭᠤᠯᠤᠯᠳᠠ ᠱᠢᠨ᠎ᠠ᠎ᠪᠠᠷ ᠨᠡᠮᠡᠭ᠌ᠳᠡᠨ᠂ ᠵᠠᠭᠤ ᠭᠠᠷᠤᠶ
ᠬᠥᠮᠦᠨ᠎ᠤ ᠠᠵᠢᠯ ᠤᠯᠬᠤ᠎ᠶ᠋ᠢ ᠳᠠᠢᠴᠢᠯᠠᠪᠠ᠃ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠵᠠᠷᠢᠮ ᠭᠡᠷᠡᠭ ᠤᠷᠳᠤ
ᠬᠤᠭᠤᠴᠠᠭ᠎ᠠ᠎ᠪᠠᠷ 《ᠳᠠᠯᠪᠢᠭ᠍ᠳᠠᠵᠤ》᠂ ᠱᠢᠢᠳᠪᠤᠷᠢᠯᠡᠵᠤ ᠲᠠᠭᠤᠰᠭᠠᠬᠤ ᠶᠤᠰᠤᠳᠠᠢ ᠪᠠᠢᠳᠠᠯ᠎ᠠ ᠱᠢᠢᠳᠪᠤᠷᠢᠯᠡᠵᠤ ᠲᠠᠭᠤᠰᠭᠠᠬᠤ
ᠦᠭᠡᠢ᠂ ᠬᠦᠴᠦᠨ ᠦᠭᠡᠢ ᠪᠣᠯᠭᠠᠬᠤ ᠶᠣᠰᠣᠲᠠᠶ ᠪᠠᠢᠲᠠᠯ᠎ᠠ ᠬᠦᠴᠤᠨ ᠦᠭᠡᠢ ᠪᠤᠯᠭᠠᠬᠤ ᠦᠭᠡᠢ ᠪᠠᠢᠳᠠᠯ᠎ᠳᠤ ᠴᠢᠭ᠌ᠯᠡᠬᠦᠯᠵᠤ᠂ 2019 ᠣᠨ ᠡᠴᠡ ᠡᠬᠢᠯᠡᠨ ᠲᠤᠳᠤᠭᠠᠳᠤ᠎ᠶ᠋ᠢ ᠬᠠᠮᠠᠭᠠᠯᠠᠬᠤ ᠶᠠᠮᠤᠨ᠎ᠲᠠᠢ
ᠬᠠᠮᠳᠤᠷᠠᠨ 9815 ᠭᠡᠷᠡᠭᠢ᠋ ᠦᠷᠭᠦᠯᠵᠢᠯᠡᠨ ᠲᠤᠰᠭᠠᠢ
ᠵᠦᠢᠯ᠎ᠢᠶᠠᠷ ᠢᠯᠭᠠᠷᠠᠭᠤᠯᠤᠨ ᠲᠢᠭ᠌ᠯᠡᠵᠤ᠂ ᠭᠡᠷᠡᠴᠢ ᠪᠠᠷᠢᠮᠲᠠ᠎ᠨᠢ ᠭᠦᠢᠴᠡᠳ ᠦᠭᠡᠢ᠂ ᠱᠢᠪᠠᠳᠠᠨ ᠪᠠᠢᠴᠠᠭᠠᠯᠭᠠᠭᠠᠳ
ᠦᠷ᠎ᠡ ᠳ᠋ᠦᠩ ᠭᠠᠷᠤᠬ᠍ᠰᠠᠨ ᠦᠭᠡᠢ᠎ᠳᠤᠨᠢ ᠰᠡᠵᠢᠭ᠌ᠲᠡᠶ ᠶᠠᠯ᠎ᠠ᠎ᠶ᠋ᠢ ᠶᠠᠯ᠎ᠠ ᠬᠢᠭ᠌ᠰᠡᠨ᠎ᠢᠶᠠᠷ ᠦᠯᠦ᠍ ᠪᠤᠳᠤᠬᠤ
ᠵᠠᠷᠴᠢᠮ᠎ᠢ ᠡᠷᠡᠰ ᠨᠠᠢᠳᠠᠪᠤᠷᠢᠵᠢᠭᠤᠯᠵᠤ᠂ 8707 ᠬᠡᠷᠡᠭ
ᠢ᠋ ᠱᠢᠪᠠᠳᠠᠨ ᠱᠢᠢᠳᠪᠦᠷᠢᠯᠡᠭᠦᠯᠵᠦ᠍ ᠳᠠᠭᠤᠰᠭᠠᠭᠠᠳ᠂ ᠠᠵᠤ ᠠᠬᠤᠢ᠌ᠯᠠᠯ᠎ᠤᠨ ᠠᠮᠢᠳᠤᠯᠢᠭ ᠬᠦᠴᠤᠨ᠎ᠢ ᠰᠤᠯᠠᠯᠠᠨ
ᠭᠠᠷᠭᠠᠪᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ ᠪᠠ ᠬᠠᠤᠯᠢ ᠴᠠᠭᠠᠵᠠ᠎ᠶ᠋ᠢᠨ ᠶᠠᠮᠤᠨ ᠲᠢᠶᠠᠨᠵᠢᠨ᠂ ᠴᠦᠩᠴᠢᠩ᠂
ᠰᠧᠴᠤᠸᠠᠨ ᠵᠡᠷᠭᠡ11 ᠮᠤᠵᠢ ᠣᠷᠣᠨ ᠬᠤᠳᠠ᠎ᠳᠤ ᠲᠤᠷᠱᠢᠯᠲᠠ ᠬᠢᠵᠦ᠍᠂ ᠨᠡᠢᠭᠡᠮ ᠲᠣᠭᠤᠷᠢᠭ ᠡᠴᠡ
ᠰᠤᠷᠭᠠᠨ ᠵᠠᠰᠠᠬᠤ ᠡᠲᠡᠭᠡᠳ᠎ᠤᠨ ᠲᠦᠷ ᠴᠠᠭ ᠭᠠᠳᠠᠷ ᠣᠷᠣᠨ᠎ᠳᠤ ᠣᠴᠢᠵᠤ ᠦᠢᠯᠡᠳᠪᠦᠷᠢᠯᠡᠯ ᠡᠵᠡᠩᠨᠡᠯᠲᠡ᠎ᠶ᠋ᠢᠨ
ᠠᠵᠢᠯᠯᠠᠭ᠎ᠠ ᠬᠢᠬᠦ᠌᠎ᠶ᠋ᠢ ᠵᠥᠪᠱᠢᠶᠡᠷᠡᠪᠡ᠃ ᠤᠶᠠᠨ ᠬᠠᠳᠠᠨ᠎ᠢᠶᠠᠷ ᠬᠢᠨᠠᠨ ᠬᠠᠮᠢᠶᠡᠷᠬᠤ᠎ᠶ᠋ᠢ ᠢᠳᠡᠭᠡᠯᠴᠡᠭᠡ᠎ᠳᠤ
ᠠᠭᠤᠰᠭᠠᠬᠤ᠎ᠨᠢ ᠥᠭᠡᠷᠡᠴᠢᠯᠡᠬᠦ᠌ ᠪᠠ ᠬᠥᠭ᠌ᠵᠢᠬᠦᠯᠬᠦ᠌᠎ᠳᠤ ᠨᠠᠩ ᠠᠱᠢᠭ᠍ᠲᠠᠶ ᠶᠤᠮ᠃
ᠮᠥᠩᠭᠦᠨ ᠭᠦᠢᠯᠭᠡᠭᠡᠨ᠎ᠤ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠠᠵᠢᠯ᠎ᠳᠤ
ᠢᠳᠡᠪᠬᠢᠲᠡᠶ ᠣᠷᠣᠯᠴᠠᠪᠠ᠃ ᠳᠤᠮᠳᠠᠳᠤ ᠤᠯᠤᠰ᠎ᠤᠨ ᠦᠨᠡᠳᠤ ᠲᠡᠮᠳᠡᠭ᠌ᠲᠤᠶ᠋ᠢ ᠬᠢᠨᠠᠨ ᠬᠠᠮᠢᠶᠡᠷᠬᠤ ᠵᠦᠪᠯᠡᠯ᠎ᠳᠤ
ᠰᠠᠭᠤᠭ᠎ᠠ ᠪᠠᠢᠴᠠᠭᠠᠬᠤ ᠲᠠᠰᠤᠭᠪᠠᠢᠭᠤᠯᠵᠤ᠂ ᠲᠤᠳᠤᠭᠠᠳᠤ᠎ᠶ᠋ᠢ ᠬᠠᠮᠠᠭᠠᠯᠠᠬᠤ ᠶᠠᠮᠤᠨ᠂ ᠲᠤᠮᠳᠠᠳᠤ ᠤᠯᠤᠰ᠎ᠤᠨ
ᠦᠨᠡᠳᠤ ᠲᠡᠮᠳᠡᠭ᠌ᠳᠤ᠎ᠶ᠋ᠢ ᠬᠢᠨᠠᠨ ᠬᠠᠮᠢᠶᠡᠷᠬᠤ ᠵᠦᠪᠯᠡᠯ᠎ᠲᠠᠢ ᠬᠠᠮᠳᠤᠷᠠᠨ ᠦᠨᠡᠲᠦ ᠲᠡᠮᠳᠡᠭ᠌ᠲᠦ᠍᠎ᠶ᠋ᠢᠨ ᠲᠠᠯ᠎ᠠ᠎ᠪᠠᠷ᠎ᠬᠢ
ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠲᠤᠰᠭᠠᠶ ᠵᠦᠢᠯ᠎ᠢᠶᠠᠷ ᠵᠠᠯᠬᠠᠭᠠᠨ ᠱᠢᠢᠳᠭᠡᠵᠦ᠍᠂ 19 ᠬᠦᠨᠳᠤ ᠶᠡᠭᠡ ᠬᠡᠷᠡᠭ᠎ᠢ ᠲᠥᠪᠯᠡᠷᠡᠭᠦᠯᠦᠨ ᠱᠢᠢᠳᠪᠦᠷᠢᠯᠡᠵᠦ᠍᠂ ᠺᠠᠩ ᠳ᠋ᠧ ᠱᠢᠨ᠎ᠤ ᠬᠡᠷᠡᠭ᠂ ᠺᠠᠩ ᠮᠧᠶ ᠡᠮ᠎ᠤᠨ
ᠤᠢ᠍ᠢᠯᠡᠰ᠎ᠤᠨ ᠬᠡᠷᠡᠭ᠎ᠢ ᠵᠠᠭᠠᠯᠳᠤᠬᠤ᠎ᠶ᠋ᠢ ᠵᠢᠯᠤᠭᠤᠳᠴᠤ᠌᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠬᠠᠤᠯᠢ
ᠶᠣᠰᠣᠭᠠᠷ ᠬᠢᠨᠠᠨ ᠬᠠᠮᠢᠶᠠᠷᠬᠤ᠎ᠳᠤ ᠬᠦᠴᠦᠨ ᠨᠡᠮᠡᠷᠢᠯᠡᠨ᠂ ᠪᠠᠯᠠ ᠣᠷᠣᠭᠤᠯᠤᠭ᠍ᠴᠢᠳ᠎ᠤᠨ ᠬᠠᠤᠯᠢ ᠶᠣᠰᠣᠨ᠎ᠤ ᠡᠷᠬᠡ
ᠠᠱᠢᠭ᠎ᠢ ᠬᠠᠮᠠᠭᠠᠯᠠᠪᠠ᠃ ᠮᠥᠩᠭᠦᠨ ᠭᠦᠢᠯᠭᠡᠭᠡᠨ᠎ᠤ ᠮᠡᠬᠡᠯᠡᠯ᠎ᠤᠨ ᠠᠵᠢᠯᠯᠠᠭ᠎ᠠ ᠬᠢᠭ᠌ᠰᠡᠨ᠂ ᠮᠥᠩᠭᠦᠨ ᠭᠦᠢᠯᠭᠡᠭᠡᠨ᠎ᠤ
ᠬᠠᠮᠢᠶᠠᠷᠤᠯᠲᠠ᠎ᠶ᠋ᠢᠨ ᠡᠮᠬᠢ ᠵᠢᠷᠤᠮ᠎ᠢ ᠡᠪᠳᠡᠭ᠌ᠰᠡᠨ ᠶᠠᠯᠠᠲᠤ ᠠᠵᠢᠯᠯᠠᠭ᠎ᠠ ᠬᠢᠭ᠌ᠰᠡᠨ 4.3 ᠲᠦᠮᠡᠨ ᠬᠥᠮᠦᠨ᠎ᠢ
ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ
3.3% ᠪᠠᠷ ᠨᠡᠮᠡᠭ᠌ᠳᠡᠪᠠ; ᠬᠠᠤᠯᠢ ᠪᠤᠰᠤ᠎ᠪᠠᠷ ᠪᠡᠯᠡ ᠴᠤᠭ᠍ᠯᠠᠭᠤᠯᠤᠭ᠍ᠰᠠᠨ 36 ᠬᠦᠨᠳᠦ
ᠶᠡᠭᠡ ᠬᠡᠷᠡᠭ᠎ᠢ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠲᠠᠢ ᠬᠠᠮᠲᠤᠷᠠᠨ ᠱᠢᠪᠠᠳᠠᠨ ᠱᠢᠢᠳᠪᠦᠷᠢᠯᠡᠬᠦᠯᠪᠡ᠃
ᠵᠢᠱ᠌ᠢᠮᠡᠭ ᠵᠣᠭᠤᠰ᠂ ᠰᠦᠯᠵᠢᠶᠡᠨ᠎ᠤ ᠵᠢᠭᠡᠯᠡᠯᠭᠡ᠎ᠶ᠋ᠢᠨ ᠲᠠᠪᠴᠠᠩ ᠵᠡᠷᠭᠡ᠎ᠳᠤ ᠬᠤᠯᠪᠤᠬ᠍ᠳᠠᠬ᠍ᠰᠠᠨ ᠱᠢᠨ᠎ᠠ ᠭᠡᠯᠪᠡᠷᠢ᠎ᠶ᠋ᠢᠨ
ᠮᠥᠩᠭᠦᠨ ᠭᠦᠢᠯᠭᠡᠭᠡᠨ᠎ᠤ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠪᠠ᠃ ᠳᠤᠮᠳᠠᠳᠤ
ᠤᠯᠤᠰ᠎ᠤᠨ ᠠᠷᠠᠳ᠎ᠤᠨ ᠪᠠᠩᠬᠢ᠎ᠳᠤ ᠬᠠᠮᠵᠢᠯᠴᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠵᠣᠭᠤᠰ
ᠤᠬᠢᠶᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 1262 ᠬᠥᠮᠦᠨ ᠢ᠋ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ
ᠡᠴᠡ 78.5% ᠪᠠᠷ ᠨᠡᠮᠡᠭ᠌ᠳᠡᠪᠡ᠃ ᠵᠣᠭᠤᠰ ᠤᠬᠢᠶᠠᠭ᠍ᠰᠠᠨ
ᠶᠠᠯᠠᠲᠤ ᠠᠵᠢᠯᠯᠠᠭ᠎ᠠ᠎ᠶ᠋ᠢ ᠴᠢᠩᠭ᠎ᠠ ᠨᠡᠬᠡᠮᠵᠢᠯᠡᠨ ᠵᠠᠭᠠᠯᠳᠤᠵᠤ᠂ ᠳᠡᠭᠡᠳᠤ ᠤᠷᠤᠰᠭᠠᠯ᠎ᠤᠨ 《ᠶᠠᠯ᠎ᠠ》 ᠪᠤᠯᠤᠨ 《ᠪᠤᠵᠠᠷ ᠡᠳ᠋》᠎ᠤ᠋ᠨ ᠦᠨᠡᠨ ᠲᠦᠷᠢ᠎ᠶ᠋ᠢ ᠢᠯᠡᠷᠡᠬᠦᠯᠪᠠ᠃
ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠬᠦᠴᠦ᠍ ᠬᠠᠮᠲᠤᠳᠭᠠᠨ ᠠᠬᠢᠭᠤᠯᠪᠠ᠃
ᠬᠢᠨᠠᠨ ᠪᠠᠢᠴᠠᠭᠠᠬᠤ ᠪᠠ ᠪᠠᠢᠴᠠᠭᠠᠬᠤ᠎ᠶ᠋ᠢ ᠵᠤᠯᠭᠠᠭᠤᠯᠬᠤ᠎ᠶ᠋ᠢ ᠵᠢᠷᠤᠮᠵᠢᠭᠤᠯᠵᠤ᠂ ᠬᠠᠮᠵᠢᠯᠴᠠᠭ᠎ᠠ ᠬᠦᠴᠤᠳᠠᠢ᠂
ᠬᠢᠵᠠᠭᠠᠷᠯᠠᠯ ᠪᠦᠲᠦᠮᠵᠢᠲᠡᠶ ᠪᠣᠯᠬᠤ᠎ᠶ᠋ᠢ ᠠᠬᠢᠭᠤᠯᠪᠠ᠃ ᠡᠯ᠎ᠡ ᠱᠠᠲᠤᠨ᠎ᠤ ᠬᠢᠨᠠᠨ ᠪᠠᠢᠴᠠᠭᠠᠬᠤ ᠵᠥᠪᠯᠡᠯ᠎ᠤᠨ
ᠱᠢᠯᠵᠢᠬᠦᠯᠤᠨ ᠬᠦᠷᠭᠡᠭ᠌ᠰᠡᠨ ᠡᠷᠬᠡ ᠲᠤᠱᠢᠶᠠᠯ᠎ᠢᠶᠠᠨ ᠠᠱᠢᠭ᠍ᠯᠠᠨ ᠶᠠᠯᠠᠳᠤ ᠠᠵᠢᠯᠯᠠᠭ᠎ᠠ ᠬᠢᠭ᠌ᠰᠡᠨ 20754
ᠬᠥᠮᠦᠨ ᠢ᠋ ᠬᠦᠯᠢᠶᠡᠨ ᠠᠪᠴᠤ᠌ ᠱᠢᠢᠳᠪᠦᠷᠢᠯᠡᠭᠡᠳ᠂ 16693 ᠬᠥᠮᠦᠨ ᠢ᠋ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ
ᠡᠴᠡ ᠲᠤᠰ ᠲᠤᠰ 5% ᠪᠠ 8.8% ᠪᠠᠷ ᠨᠡᠮᠡᠭ᠌ᠳᠡᠪᠡ᠃ ᠤᠯᠤᠰ᠎ᠤᠨ ᠬᠢᠨᠠᠨ ᠪᠠᠢᠴᠠᠭᠠᠬᠤ ᠵᠥᠪᠯᠡᠯ ᠵᠡᠷᠭᠡ᠎ᠲᠠᠢ ᠬᠠᠮᠲᠤᠷᠠᠨ᠂ ᠬᠡᠭᠡᠯᠢ ᠢᠳᠡᠬᠦ᠌
ᠪᠠ ᠬᠠᠭ᠍ᠤᠤᠯᠢ ᠲᠦᠯᠬᠢᠬᠦ᠌᠎ᠶ᠋ᠢ ᠵᠡᠷᠭᠡ᠎ᠪᠠᠷ ᠪᠠᠢᠴᠠᠭᠠᠬᠤ᠎ᠶ᠋ᠢ ᠠᠬᠢᠭᠤᠯᠵᠤ᠂ ᠬᠡᠭᠡᠯᠢ ᠢᠳᠡᠭ᠌ᠰᠡᠨ ᠶᠠᠯᠠᠲᠤ
ᠠᠵᠢᠯᠯᠠᠭ᠎ᠠ ᠬᠢᠭ᠌ᠰᠡᠨ 9083 ᠬᠥᠮᠦᠨ᠂ ᠬᠠᠭ᠍ᠤᠤᠯᠢ ᠲᠦᠯᠬᠢᠭ᠌ᠰᠡᠨ ᠶᠠᠯᠠᠳᠤ ᠠᠵᠢᠯᠯᠠᠭ᠎ᠠ ᠬᠢᠭ᠌ᠰᠡᠨ 2689
ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ ᠲᠤᠰ ᠲᠤᠰ 21.5% ᠪᠠ 16.6% ᠪᠠᠷ ᠨᠡᠮᠡᠭ᠌ᠳᠡᠪᠡ᠃ ᠸᠠᠩ ᠹᠦ᠋ ᠢᠤᠶ᠂ ᠸᠠᠩ ᠯᠢ ᠺᠧ ᠵᠡᠷᠭᠡ ᠤᠤᠯ᠎ᠤᠨ
ᠮᠤᠵᠢ ᠶᠠᠮᠤᠨ᠎ᠤ ᠲᠠᠰ᠎ᠤᠨ 23 ᠺᠠᠳ᠋ᠷ᠎ᠲᠤ ᠠᠯᠪᠠᠨ ᠵᠠᠭᠠᠯᠳᠤᠯᠭ᠎ᠠ
ᠭᠠᠷᠭᠠᠪᠠ᠃ ᠱᠠᠮᠱᠢᠭ᠍ᠰᠠᠨ᠂ ᠬᠡᠭᠡᠯᠢ ᠢᠳᠡᠵᠦ᠍ ᠬᠠᠭ᠍ᠤᠤᠯᠢ ᠲᠦᠯᠬᠢᠭ᠌ᠰᠡᠨ ᠶᠠᠯᠠᠳᠤ ᠠᠵᠢᠯᠯᠠᠭ᠎ᠠ ᠬᠢᠭᠡᠳ ᠤᠷᠭᠤᠨ
ᠲᠠᠯᠳᠠᠯᠠᠬ᠍ᠰᠠᠨ ᠪᠤᠶᠤ ᠦᠬᠦᠭ᠌ᠰᠡᠨ 17 ᠰᠡᠵᠢᠭ᠌ᠯᠡᠯᠳᠠᠢ
ᠬᠦᠮᠤᠨ᠎ᠳᠤ ᠬᠠᠤᠯᠢ ᠡᠴᠡ ᠵᠥᠷᠢᠴᠡᠵᠦ᠍ ᠣᠯᠤᠭ᠍ᠰᠠᠨ ᠣᠯᠵᠠ ᠠᠱᠢᠭ᠎ᠢ᠎ᠨᠢ ᠬᠤᠷᠢᠶᠠᠨ ᠠᠪᠬᠤ ᠵᠢᠷᠤᠮ᠎ᠢ
ᠡᠬᠢᠯᠡᠭᠦᠯᠪᠡ;
ᠡᠾᠧᠨᠠᠨ᠎ᠤ ᠪᠠᠢᠴᠠᠭᠠᠬᠤ ᠪᠠᠢᠭᠤᠯᠭ᠎ᠠ ᠬᠢᠯᠢ᠎ᠶ᠋ᠢᠨ ᠭᠠᠳᠠᠨ᠎ᠠ ᠤᠷᠭᠤᠨ ᠳᠠᠯᠳᠠᠯᠠᠭᠠᠳ
ᠪᠠᠷᠢᠪᠴᠢᠯᠠᠯᠲᠠ ᠡᠴᠡ ᠵᠠᠢᠯᠠᠬ᠍ᠰᠠᠨ ᠴᠧᠩ ᠰᠠᠨ ᠴᠠᠩ᠎ᠳᠤ ᠰᠠᠭᠠᠳᠠᠯᠲᠠᠢ ᠱᠢᠭᠦᠨ ᠲᠠᠰᠤᠯᠤᠯᠳᠠ ᠬᠢᠬᠦ᠌ ᠵᠢᠷᠤᠮ᠎ᠢ
ᠲᠤᠬᠢᠷᠠᠭᠤᠯᠤᠨ ᠭᠡᠷᠡᠭ᠌ᠯᠡᠵᠤ ᠠᠯᠪᠠᠨ ᠵᠠᠭᠠᠯᠳᠤᠯᠭ᠎ᠠ ᠭᠠᠷᠭᠠᠭᠠᠳ᠂ ᠬᠠᠤᠯᠢ ᠶᠣᠰᠣᠭᠠᠷ ᠡᠷᠡᠭᠦᠦ᠍᠎ᠶ᠋ᠢᠨ ᠬᠠᠷᠢᠭᠤᠴᠠᠯᠭ᠎ᠠ᠎ᠶ᠋ᠢ᠎ᠨᠢ
ᠨᠡᠬᠡᠮᠵᠢᠯᠡᠪᠡ᠃ ᠢᠯᠵᠢᠷᠠᠮᠠᠯ ᠡᠲᠡᠭᠡᠳ᠎ᠢ ᠶᠠᠯ᠎ᠠ ᠡᠴᠡ ᠮᠤᠯᠳᠤᠷᠠᠭᠤᠯᠬᠤ ᠦᠭᠡᠢ᠂ ᠬᠠᠤᠯᠢ᠎ᠶ᠋ᠢᠨ ᠲᠣᠣᠷ ᠪᠣᠯ
ᠲᠩᠷᠢ᠎ᠶ᠋ᠢᠨ ᠲᠣᠣᠷ ᠮᠦᠨ᠃
ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠤ ᠪᠦᠬᠦ᠌ ᠬᠦᠴᠦᠨ᠎ᠢᠶᠠᠷ᠎ᠢᠶᠠᠨ ᠦᠢᠯᠡᠴᠢᠯᠡᠪᠡ᠃
ᠪᠡᠭᠡᠵᠢᠩ᠂ ᠬᠠᠢᠨᠠᠨ᠂ ᠱᠠᠨᠰᠢ ᠵᠡᠷᠭᠡ 20 ᠮᠤᠵᠢ᠎ᠶ᠋ᠢᠨ ᠱᠠᠲᠤᠨ᠎ᠤ ᠪᠠᠢᠴᠠᠭᠠᠬᠤ ᠬᠤᠷᠢᠶ᠎ᠠ ᠠᠷᠠᠳ᠎ᠤᠨ ᠳᠡᠭᠡᠳᠦ
ᠪᠠᠢᠴᠠᠭᠠᠬᠤ ᠬᠤᠷᠢᠶᠠᠨ᠎ᠤ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠪᠠᠢᠴᠠᠭᠠᠬᠤ ᠠᠯᠪᠠᠨ
ᠭᠡᠷ ᠪᠠᠢᠭᠤᠯᠤᠬ᠍ᠰᠠᠨ ᠶᠠᠪᠤᠳᠠᠯ᠎ᠢ ᠮᠦᠷᠳᠡᠨ ᠲᠠᠭᠠᠵᠤ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌
ᠡᠷᠬᠡ᠎ᠶ᠋ᠢᠨ ᠲᠤᠬᠠᠢ ᠡᠷᠡᠭᠦᠤ᠎ᠶ᠋ᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭᠠᠨ᠎ᠤ ᠪᠠᠢᠴᠠᠭᠠᠬᠤ ᠠᠵᠢᠯ᠎ᠢ
ᠨᠢᠭᠡ ᠴᠣᠭ᠍ᠴᠠᠵᠢᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠭᠦᠨᠵᠡᠭᠡᠢᠷᠡᠭᠦᠯᠵᠦ᠍᠂ ᠶᠡᠷᠦᠩᠬᠡᠢᠯᠡᠭ᠌ᠰᠡᠨ
ᠬᠠᠮᠠᠭᠠᠯᠠᠯᠲᠠ᠎ᠶ᠋ᠢ ᠴᠢᠩᠭᠠᠳᠭᠠᠪᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠳᠤ ᠬᠠᠯᠳᠠᠭ᠍ᠰᠠᠨ
ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠬᠦ᠌ ᠡᠷᠴᠢᠮ᠎ᠢ ᠦᠷᠬᠦᠯᠵᠢᠯᠡᠨ ᠴᠢᠩᠭᠠᠷᠠᠭᠤᠯᠵᠤ᠂ 1.4 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 15.4% ᠪᠠᠷ ᠨᠡᠮᠡᠭ᠌ᠳᠡᠪᠡ᠃ ᠵᠢᠯᠤᠭᠤᠳᠭᠤ ᠴᠢᠨᠠᠷᠳᠠᠢ ᠬᠡᠷᠡᠭ᠎ᠤᠨ ᠵᠢᠱ᠌ᠢᠶ᠎ᠡ᠎ᠶ᠋ᠢ
ᠨᠡᠢᠲᠡᠯᠡᠵᠦ᠍᠂ ᠬᠤᠳᠠᠯᠳᠤᠭᠠᠨ᠎ᠤ ᠨᠢᠭᠤᠴᠠ᠎ᠳᠤ ᠬᠠᠯᠳᠠᠭ᠍ᠰᠠᠨ ᠶᠠᠯᠠᠲᠤ ᠠᠵᠢᠯᠯᠠᠭ᠎ᠠ ᠬᠢᠭ᠌ᠰᠡᠨ 121 ᠬᠥᠮᠦᠨ
ᠢ᠋ ᠵᠠᠭᠠᠯᠳᠤᠪᠠ᠂ ᠡᠨᠡ᠎ᠨᠢ 2020 ᠤᠨ᠎ᠤ 2.4 ᠲᠠᠬᠢᠨ
ᠪᠤᠯᠪᠠ᠃ ᠤᠯᠤᠰ᠎ᠤᠨ ᠬᠡᠪᠯᠡᠯ᠎ᠤᠨ ᠡᠷᠬᠡ᠎ᠶ᠋ᠢᠨ ᠲᠣᠪᠴᠢᠶ᠎ᠠ ᠵᠡᠷᠭᠡ᠎ᠲᠠᠢ ᠬᠠᠮᠲᠤᠷᠠᠨ᠂ ᠡᠷᠭᠡ᠎ᠳᠤ ᠬᠠᠯᠳᠠᠵᠤ
ᠬᠤᠯᠠᠭᠠᠢ᠌ᠯᠠᠨ ᠭᠡᠪᠯᠡᠭ᠌ᠰᠡᠨ 60 ᠬᠦᠨᠳᠤ ᠶᠡᠭᠡ ᠬᠡᠷᠡᠭ᠎ᠢ
ᠱᠢᠪᠠᠳᠠᠨ ᠱᠢᠢᠳᠪᠦᠷᠢᠯᠡᠭᠦᠯᠪᠡ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ ᠢᠷᠭᠡᠨ᠎ᠤ
ᠬᠡᠷᠡᠭ᠎ᠤᠨ ᠵᠠᠰᠠᠭ ᠵᠠᠬᠢᠷᠭᠠᠨ᠎ᠤ ᠵᠠᠷᠭᠤ᠎ᠶ᠋ᠢᠨ ᠬᠢᠨᠠᠯᠲᠠ᠎ᠶ᠋ᠢᠨ ᠬᠡᠷᠡᠭ᠎ᠢ 544 ᠬᠤᠪᠢ ᠬᠦᠯᠢᠶᠡᠨ ᠠᠪᠴᠤ᠌
ᠱᠢᠢᠳᠪᠦᠷᠢᠯᠡᠪᠡ᠂ ᠡᠨᠡ᠎ᠨᠢ 2020 ᠤᠨ ᠤ᠋ 4.1 ᠳᠠᠬᠢᠨ ᠪᠤᠯᠪᠠ᠃
ᠲᠤᠩᠭᠠᠯᠠᠭ ᠰᠠᠢᠬᠠᠨ ᠰᠦᠯᠵᠢᠶᠡᠨ᠎ᠤ ᠣᠷᠣᠨ ᠵᠠᠶ᠎ᠶ᠋ᠢ ᠪᠤᠢ ᠪᠣᠯᠭᠠᠪᠠ᠃ ᠳᠣᠲᠣᠭᠠᠳᠤ᠎ᠶ᠋ᠢ
ᠬᠠᠮᠠᠭᠠᠯᠠᠬᠤ ᠶᠠᠮᠤᠨ ᠵᠡᠷᠭᠡ᠎ᠲᠠᠢ ᠬᠠᠮᠲᠤᠷᠠᠨ ᠴᠠᠬᠢᠯᠭᠠᠨ ᠬᠤᠯᠪᠤᠭ᠎ᠠ ᠪᠠ ᠰᠦᠯᠵᠢᠶᠠᠨ᠎ᠤ ᠮᠡᠭᠡᠯᠡᠯ ᠵᠡᠷᠭᠡ
ᠡᠷᠡᠭᠦᠦ᠍᠎ᠶ᠋ᠢᠨ ᠬᠡᠷᠡᠭ᠎ᠢ ᠱᠢᠢᠳᠪᠦᠷᠢᠯᠡᠬᠦ᠌ ᠠᠵᠢᠯ᠎ᠤᠨ ᠵᠢᠯᠣᠭᠤᠳᠭᠤ ᠰᠠᠨᠠᠯ᠎ᠢ ᠨᠡᠢᠲᠡᠯᠡᠵᠦ᠍᠂ ᠪᠦᠬᠦ᠌ ᠭᠡᠯᠬᠢᠶᠠᠨ᠎ᠳᠤ
ᠴᠣᠬᠢᠯᠲᠠ ᠥᠭ᠌ᠴᠦ᠂ ᠨᠢᠭᠡ ᠴᠣᠭ᠍ᠴᠠᠵᠢᠭᠤᠯᠤᠨ ᠰᠡᠷᠭᠡᠢᠯᠡᠨ ᠵᠠᠰᠠᠵᠤ᠂ ᠰᠦᠯᠵᠢᠶ᠎ᠠ᠎ᠶ᠋ᠢ ᠠᠱᠢᠬ᠍ᠯᠠᠨ ᠮᠡᠭᠡᠯᠡᠭ᠌ᠰᠡᠨ᠂
ᠵᠤᠭᠤᠰ ᠨᠠᠭᠠᠳᠤᠬ᠍ᠰᠠᠨ᠂ ᠱᠠᠯᠢᠭ ᠵᠠᠪᠬᠠᠢ ᠡᠳ᠋ ᠪᠤᠳᠠᠰ᠎ᠢ ᠲᠠᠷᠬᠠᠭᠠᠬ᠍ᠰᠠᠨ ᠵᠡᠷᠭᠡ ᠶᠠᠯᠠᠲᠤ ᠠᠵᠢᠯᠯᠠᠭ᠎ᠠ
ᠬᠢᠭ᠌ᠰᠡᠨ 28.2 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ
ᠠᠳᠠᠯᠢ ᠬᠤᠭᠤᠴᠠᠭᠠᠨ᠎ᠤ᠎ᠬᠢ᠎ᠡᠴᠡ 98.5% ᠪᠠᠷ ᠨᠡᠮᠡᠭ᠌ᠳᠡᠪᠠ᠃ 《ᠺᠠᠷᠲ᠎ᠢ᠎ᠨᠢ ᠵᠤᠭ᠍ᠰᠤᠭᠠᠬᠤ》
ᠠᠵᠢᠯᠯᠠᠭ᠎ᠠ᠎ᠶ᠋ᠢ ᠬᠠᠮᠵᠢᠯᠴᠠᠨ ᠠᠬᠢᠭᠤᠯᠵᠤ᠂ ᠭᠠᠷ ᠤᠳᠠᠰᠤᠨ᠎ᠤ ᠺᠠᠷᠲ ᠪᠠ ᠪᠠᠩᠬᠢ᠎ᠶ᠋ᠢᠨ
ᠺᠠᠷᠲ᠎ᠢ ᠬᠠᠤᠯᠢ ᠪᠤᠰᠤ᠎ᠪᠠᠷ ᠬᠤᠳᠠᠯᠳᠤᠭᠠᠯᠠᠭ᠍ᠰᠠᠨ᠂ ᠵᠣᠭᠤᠰ ᠭᠠᠷᠭᠠᠨ ᠠᠪᠴᠤ᠌ ᠳᠠᠩᠰᠠ ᠱᠢᠯᠵᠢᠭᠦᠯᠬᠦ᠌᠎ᠳᠤᠨᠢ
ᠬᠠᠪᠰᠤᠷᠤᠭ᠍ᠰᠠᠨ ᠵᠡᠷᠭᠡ ᠶᠠᠯᠠᠲᠤ ᠠᠵᠢᠯᠯᠠᠭ᠎ᠠ ᠬᠢᠭ᠌ᠰᠡᠨ 12.9 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ
2020 ᠤᠨ ᠤ᠋ 9.5 ᠳᠠᠬᠢᠨ ᠪᠤᠯᠪᠠ; ᠰᠤᠷᠭᠠᠭᠤᠯᠢ᠎ᠳᠤ
ᠰᠤᠷᠤᠯᠴᠠᠵᠤ ᠪᠠᠢᠭ᠎ᠠ ᠰᠤᠷᠤᠬ᠍ᠴᠢᠳ᠎ᠲᠤ ᠬᠤᠯᠪᠤᠬ᠍ᠳᠠᠬ᠍ᠰᠠᠨ ᠵᠠᠷᠢᠮ ᠭᠡᠷᠡᠭ᠎ᠲᠤ ᠴᠢᠭ᠌ᠯᠡᠬᠦᠯᠤᠨ᠂ ᠰᠤᠷᠭᠠᠨ
ᠬᠥᠮᠦᠵᠢᠯ᠎ᠤᠨ ᠶᠠᠮᠤᠨ᠎ᠲᠠᠢ ᠬᠠᠮᠲᠤᠷᠠᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠰᠤᠷᠭᠠᠭᠤᠯᠢ᠎ᠶ᠋ᠢᠨ
ᠬᠦᠷᠢᠶᠡᠨ᠎ᠳᠠᠬᠢ ᠮᠡᠬᠡᠯᠡᠯ᠎ᠢ ᠡᠰᠡᠷᠭᠦᠴᠡᠬᠦ᠌ ᠠᠵᠢᠯ᠎ᠢ ᠥᠷᠨᠢᠭᠦᠯᠵᠤ᠂ ᠰᠤᠷᠤᠭ᠍ᠴᠢᠳ᠎ᠤᠨ ᠬᠤᠬᠢᠷᠠᠯ ᠠᠮᠰᠠᠬᠤ᠎ᠶ᠋ᠢ
ᠰᠡᠷᠭᠡᠢᠯᠡᠬᠦ᠌᠎ᠪᠠᠷ ᠦᠯᠦ᠍ ᠪᠠᠷᠠᠮ ᠮᠡᠭᠡᠯᠡᠭ᠌ᠳᠡᠨ ᠬᠥᠮᠦᠨ᠎ᠢ ᠬᠤᠣᠷᠯᠠᠬᠤ ᠶᠠᠪᠤᠳᠠᠯ᠎ᠳᠤ ᠤᠷᠤᠯᠴᠠᠬᠤ᠎ᠶ᠋ᠢ
ᠰᠡᠷᠭᠡᠢᠯᠡᠪᠠ᠃ ᠲᠦᠷᠭᠡᠨ ᠬᠦᠷᠭᠡᠯᠲᠡ᠎ᠶ᠋ᠢᠨ ᠪᠤᠭᠤᠳᠠᠯ᠎ᠢᠶᠠᠨ ᠠᠪᠬᠤ᠎ᠪᠠᠷ ᠢᠷᠡᠭ᠌ᠰᠡᠨ ᠡᠮᠡᠭ᠌ᠲᠡᠢ᠎ᠶ᠋ᠢ ᠪᠤᠰᠤᠳ᠎ᠤᠨ
ᠨᠢᠭᠤᠴᠠ ᠠᠮᠠᠷᠠᠬ ᠭᠡᠵᠤ ᠴᠤᠤᠷᠬᠠᠯ ᠲᠠᠷᠬᠠᠭᠠᠬ᠍ᠰᠠᠨ ᠬᠡᠷᠡᠭ᠎ᠤᠨ ᠦᠪᠡᠷᠳᠡᠭᠡᠨ ᠵᠠᠭᠠᠯᠳᠤᠬ᠍ᠰᠠᠨ ᠭᠡᠷᠡᠭ᠎ᠢ
ᠠᠯᠪᠠᠨ ᠵᠠᠭᠠᠯᠳᠤᠯᠭ᠎ᠠ᠎ᠶ᠋ᠢᠨ ᠭᠡᠷᠡᠭ ᠪᠤᠯᠭᠠᠨ ᠱᠢᠯᠵᠢᠭᠦᠯᠦᠭ᠌ᠰᠡᠨᠤ ᠳᠠᠷᠠᠭ᠎ᠠ᠂ ᠠᠷᠠᠳ ᠢᠷᠭᠡᠳ᠎ᠤᠨ ᠨᠡᠷ᠎ᠠ
ᠬᠦᠨᠳᠤ᠎ᠶ᠋ᠢᠨ ᠡᠷᠭᠡ᠎ᠶ᠋ᠢ ᠬᠠᠮᠠᠭᠠᠯᠠᠬᠤ ᠲᠤᠬᠠᠢ ᠵᠢᠯᠤᠭᠤᠳᠭᠤ ᠴᠢᠨᠠᠷᠳᠠᠢ ᠭᠡᠷᠡᠭ᠎ᠤᠨ ᠵᠢᠱ᠌ᠢᠶ᠎ᠠ᠎ᠶ᠋ᠢ ᠦᠷᠬᠦᠯᠵᠢᠯᠠᠨ
ᠨᠡᠢᠳᠡᠯᠡᠵᠤ᠂ ᠰᠦᠯᠵᠢᠶ᠎ᠠ᠎ᠪᠠᠷ ᠬᠦᠳᠭᠡᠭ᠌ᠰᠡᠨ᠂ ᠲᠤᠷᠤᠮᠵᠢᠯᠠᠬ᠍ᠰᠠᠨ᠂ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ
ᠵᠠᠩᠭᠢ᠎ᠳᠤ ᠬᠠᠯᠳᠠᠭ᠍ᠰᠠᠨ ᠵᠡᠷᠭᠡ ᠨᠡᠢᠭᠡᠮ᠎ᠤᠨ ᠡᠮᠬᠢ ᠵᠢᠷᠤᠮ᠎ᠢ ᠬᠦᠨᠳᠦ ᠨᠤᠴᠢᠳᠠᠢ ᠬᠤᠬᠢᠷᠠᠭᠤᠯᠤᠬ᠍ᠰᠠᠨ᠂
ᠠᠷᠠᠳ ᠢᠷᠬᠡᠨ᠎ᠤ ᠡᠷᠬᠡ᠎ᠳᠤ ᠬᠠᠯᠳᠠᠬ᠍ᠰᠠᠨ ᠶᠠᠯᠠᠳᠤ ᠠᠵᠢᠯᠯᠠᠭ᠎ᠠ᠎ᠶ᠋ᠢ ᠴᠢᠩᠭ᠎ᠠ ᠨᠡᠭᠡᠮᠵᠢᠯᠠᠨ ᠵᠠᠭᠠᠯᠳᠤᠵᠤ᠂
3436 ᠬᠥᠮᠦᠨ ᠢ᠋ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ 51.3% ᠪᠠᠷ ᠨᠡᠮᠡᠭ᠌ᠳᠡᠪᠠ; ᠡᠤ ᠤᠪᠤᠬ᠍ᠳᠤ
ᠰᠦᠯᠵᠢᠶᠠᠨ ᠲᠡᠭᠡᠷ᠎ᠠ ᠡᠴᠡ ᠨᠢᠬᠡ ᠡᠮᠡᠭ᠌ᠳᠠᠢᠶ᠋ᠢᠨ ᠨᠠᠭᠠᠴᠤ᠌ ᠡᠪᠦᠭᠡᠲᠠᠢᠪᠠᠨ ᠳᠠᠳᠠᠭᠤᠯᠤᠭ᠍ᠰᠠᠨ ᠵᠢᠷᠤᠭ᠎ᠢ
ᠪᠠᠭᠤᠯᠭᠠᠭᠠᠳ᠂ 《ᠨᠠᠰᠤᠳᠠᠢ ᠡᠷ᠎ᠡ ᠵᠠᠯᠠᠭᠤ ᠡᠬᠡᠨᠡᠷ》 ᠭᠡᠳᠡᠭ ᠵᠤᠬᠢᠶᠠᠯ ᠪᠤᠯᠭᠠᠨ ᠮᠠᠭᠤ ᠰᠠᠨᠠᠭ᠎ᠠ᠎ᠲᠠᠢ᠎ᠪᠠᠷ ᠨᠡᠢᠳᠡᠯᠡᠭᠡᠳ᠂ ᠤᠡᠭ᠌ᠰᠢᠯᠳᠠᠶ᠋ᠢᠨ
ᠭᠡᠮᠵᠢᠶ᠎ᠠ᠎ᠨᠢ 4.7 ᠳ᠋ᠦᠡᠭ᠌ᠰᠢᠭᠤᠷ ᠬᠦᠮᠤᠨ ᠤᠳᠠᠭ᠎ᠠ᠎ᠡᠴᠡ
ᠲᠠᠪᠠᠭ᠍ᠰᠠᠨ ᠭᠡᠷᠡᠭ᠎ᠢ ᠭᠤᠸᠠᠩᠳᠦ᠋ᠩ᠎ᠤᠨ ᠲᠤᠳᠤᠭᠠᠳᠤ᠎ᠶ᠋ᠢ ᠬᠠᠮᠠᠭᠠᠯᠠᠬᠤ ᠪᠠᠢᠭᠤᠯᠭ᠎ᠠ ᠠᠯᠪᠠᠨ ᠵᠠᠭᠠᠯᠳᠤᠯᠭ᠎ᠠ᠎ᠶ᠋ᠢᠨ
ᠭᠡᠷᠡᠭ᠎ᠢᠶᠠᠷ ᠱᠢᠭᠤᠳ ᠲᠠᠩᠰᠠᠯᠠᠵᠤ᠂ ᠪᠠᠢᠴᠠᠭᠠᠬᠤ ᠪᠠᠢᠭᠤᠯᠭ᠎ᠠ ᠪᠠᠷᠢᠪᠴᠢᠯᠠᠬᠤ᠎ᠶ᠋ᠢ ᠵᠦᠪᠱᠢᠶᠡᠷᠡᠪᠠ᠃ ᠡᠬᠢ
ᠡᠬᠦᠰᠤᠯ ᠡᠴᠡ᠎ᠨᠢ ᠰᠠᠷᠭᠡᠢᠯᠡᠬᠦ᠌ᠶ᠋ᠢ ᠴᠢᠬᠤᠯᠠᠴᠢᠯᠠᠵᠤ᠂
ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠬᠦᠷᠢᠶᠡᠨ᠎ᠳᠠᠬᠢ 2000 ᠭᠠᠷᠤᠶ ᠬᠤᠪᠢ ᠨᠡᠢᠲᠡ᠎ᠶ᠋ᠢᠨ
ᠠᠱᠢᠭ ᠲᠤᠰᠠ᠎ᠶ᠋ᠢᠨ ᠵᠠᠷᠭᠤ᠎ᠶ᠋ᠢ ᠱᠢᠨ᠎ᠠ᠎ᠶ᠋ᠢ ᠡᠬᠦᠳᠤᠨ ᠱᠢᠢᠳᠪᠤᠷᠢᠯᠡᠪᠠ᠃ ᠱᠠᠩᠬᠠᠢ᠂ ᠴᠦᠩᠴᠢᠩ ᠵᠡᠷᠭᠡ ᠭᠠᠵᠠᠷ᠎ᠤᠨ
ᠪᠠᠢᠴᠠᠭᠠᠬᠤ ᠪᠠᠢᠭᠤᠯᠭ᠎ᠠ ᠭᠠᠷ ᠤᠲᠠᠰᠤᠨ᠎ᠤ ᠵᠥᠭᠡᠯᠡᠨ ᠲᠣᠨᠤᠭ᠎ᠢ ᠠᠱᠢᠭ᠍ᠯᠠᠨ ᠬᠠᠤᠯᠢ ᠡᠴᠡ ᠵᠥᠷᠢᠴᠡᠨ ᠬᠤᠪᠢ
ᠬᠥᠮᠦᠨ᠎ᠤ ᠮᠡᠳᠡᠭᠡ ᠵᠠᠩᠭᠢ᠎ᠶ᠋ᠢ ᠬᠤᠷᠢᠶᠠᠨ ᠴᠤᠭ᠍ᠯᠠᠭᠤᠯᠵᠤ ᠭᠡᠷᠡᠭ᠌ᠯᠡᠬᠦ᠌᠎ᠳᠤ ᠲᠤᠰᠭᠠᠶ ᠬᠢᠨᠠᠯᠲᠠ ᠦᠷᠨᠢᠬᠦᠯᠵᠤ᠂
ᠢᠨᠲ᠋ᠧᠷ ᠰᠦᠯᠵᠢᠶᠡᠨ᠎ᠤ ᠮᠡᠳᠡᠭᠡ ᠵᠠᠩᠭᠢ᠂ ᠮᠡᠳᠡᠭᠡ ᠬᠤᠯᠪᠣᠭᠠᠨ᠎ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ
ᠶᠡᠷᠦᠩᠬᠡᠢᠯᠡᠭ᠌ᠰᠡᠨ ᠵᠠᠰᠠᠯᠲᠠ᠎ᠶ᠋ᠢ ᠠᠬᠢᠭᠤᠯᠪᠠ᠃ ᠰᠦᠯᠵᠢᠶᠡᠨ᠎ᠤ ᠵᠢᠱ᠌ᠢᠮᠡᠭ ᠣᠷᠣᠨ ᠵᠠᠢ᠎ᠶ᠋ᠢ ᠬᠠᠤᠯᠢ ᠶᠤᠰᠤᠭᠠᠷ
ᠵᠠᠰᠠᠬᠤ ᠠᠵᠢᠯ᠎ᠢ ᠪᠣᠳᠠᠲᠠᠢᠵᠢᠭᠤᠯᠬᠤ ᠬᠡᠷᠡᠭ᠌ᠲᠡᠢ᠃
ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠤ
ᠬᠦᠴᠦᠨ ᠨᠡᠮᠡᠷᠢᠯᠡᠪᠡ᠃ ᠬᠠᠮᠤᠭ᠎ᠤᠨ ᠨᠢᠭ᠍ᠲᠠ ᠴᠢᠩᠭ᠎ᠠ ᠬᠠᠤᠯᠢ᠎ᠪᠠᠷ ᠵᠠᠰᠠᠬᠤ᠎ᠪᠠᠷ ᠠᠮᠢ ᠠᠬᠤᠢ᠎ᠶ᠋ᠢᠨ ᠣᠷᠴᠢᠨ
ᠨᠦᠬᠦᠴᠡᠯ᠎ᠢ ᠬᠠᠮᠠᠭᠠᠯᠠᠬᠤ᠎ᠶ᠋ᠢ ᠨᠠᠢᠳᠠᠪᠤᠷᠢᠵᠢᠭᠤᠯᠵᠤ᠂ ᠠᠶᠤᠯᠲᠠᠶ ᠬᠠᠶᠠᠭ᠍ᠳᠠᠮᠠᠯ ᠪᠣᠳᠠᠰ᠎ᠢ ᠬᠠᠤᠯᠢ ᠪᠤᠰᠤ᠎ᠪᠠᠷ
ᠴᠢᠳᠭᠤᠭ᠍ᠰᠠᠨ᠂ ᠭᠠᠳᠠᠭᠠᠳᠤ᠎ᠶ᠋ᠢᠨ ᠬᠤᠭ ᠨᠣᠪᠰᠢ᠎ᠶ᠋ᠢ ᠲᠠᠯᠳᠠᠭᠤᠷ ᠠᠷᠠᠯᠵᠢᠶᠠᠯᠠᠭ᠍ᠰᠠᠨ ᠵᠡᠷᠭᠡ ᠠᠮᠢ ᠠᠬᠤᠢ᠎ᠶ᠋ᠢᠨ
ᠣᠷᠴᠢᠨ ᠨᠦᠭᠦᠴᠡᠯ᠎ᠤᠨ ᠡᠬᠢ ᠪᠠᠶᠠᠯᠢᠭ᠎ᠢ ᠡᠪᠳᠡᠭ᠌ᠰᠡᠨ ᠶᠠᠯᠠᠲᠤ ᠠᠵᠢᠯᠯᠠᠭ᠎ᠠ᠎ᠶ᠋ᠢ ᠦᠷᠭᠦᠯᠵᠢᠯᠡᠨ ᠴᠢᠩᠭ᠎ᠠ
ᠨᠡᠬᠡᠮᠵᠢᠯᠡᠨ ᠵᠠᠭᠠᠯᠳᠤᠭᠠᠳ ᠲᠤᠪᠤᠢᠮ᠎ᠠ ᠦᠷ᠎ᠠ ᠪᠦᠳᠤᠮᠵᠢ ᠤᠯᠪᠠ᠂ ᠨᠢᠳᠤᠨᠤᠨ 4.9 ᠲᠦᠮᠡᠨ ᠬᠥᠮᠦᠨ᠎ᠢ ᠵᠠᠭᠠᠯᠳᠤᠬ᠍ᠰᠠᠨ᠎ᠨᠢ
8 ᠵᠢᠯ᠎ᠤᠨ ᠲᠤᠷᠰᠢ ᠠᠩᠬ᠎ᠠ ᠤᠳᠠᠭ᠎ᠠ ᠪᠠᠭᠤᠷᠠᠪᠠ᠃ ᠡᠬᠢ ᠡᠭᠦᠰᠦᠯ ᠡᠴᠡ᠎ᠨᠢ ᠵᠠᠰᠠᠬᠤ᠎ᠶ᠋ᠢ ᠠᠬᠢᠭᠤᠯᠵᠤ᠂ ᠠᠮᠢ ᠠᠬᠤᠶ᠎ᠶ᠋ᠢᠨ ᠣᠷᠴᠢᠨ
ᠨᠥᠬᠦᠴᠡᠯ᠎ᠤᠨ ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ 8.8 ᠲᠦᠮᠡᠨ
ᠬᠤᠪᠢ ᠱᠢᠢᠳᠪᠦᠷᠢᠯᠡᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 4.7% ᠪᠠᠷ ᠨᠡᠮᠡᠭ᠌ᠳᠡᠪᠡ; 43 ᠲᠦᠮᠡᠨ ᠮᠥ᠍ ᠡᠪᠳᠡᠭ᠌ᠳᠡᠭ᠌ᠰᠡᠨ ᠲᠠᠷᠢᠶᠠᠨ ᠭᠠᠵᠠᠷ᠂ ᠣᠢᠲᠤ ᠭᠠᠵᠠᠷ᠂
ᠨᠤᠲᠤᠭ ᠪᠡᠯᠴᠢᠭᠡᠷ᠎ᠢ ᠱᠢᠪᠠᠳᠠᠨ ᠰᠡᠷᠬᠦᠭᠡᠨ ᠵᠠᠰᠠᠭᠤᠯᠵᠤ᠂ 47.8 ᠲᠦᠮᠡᠨ ᠮᠥ᠍ ᠪᠣᠬᠢᠷᠲᠤᠭ᠍ᠳᠠᠬ᠍ᠰᠠᠨ ᠭᠠᠵᠠᠷ
ᠱᠢᠷᠣᠶ᠎ᠶ᠋ᠢ ᠱᠢᠪᠠᠳᠠᠨ ᠰᠡᠷᠬᠦᠭᠡᠨ ᠵᠠᠰᠠᠭᠤᠯᠵᠤ᠂ 5.9 ᠳ᠋ᠦᠩᠱᠢᠭᠤᠷ ᠲᠥᠭᠦᠷᠢᠭ᠎ᠤᠨ ᠣᠷᠴᠢᠨ ᠠᠬᠤᠢ᠎ᠶ᠋ᠢᠨ ᠬᠤᠬᠢᠷᠠᠯ᠎ᠤᠨ
ᠲᠥᠯᠥᠪᠦᠷᠢ ᠮᠥᠩᠭᠦ᠌ ᠨᠡᠬᠡᠮᠵᠢᠯᠡᠨ ᠠᠪᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 92.7%᠂ 4.6 ᠳᠠᠬᠢᠨ ᠪᠠ 55.9% ᠪᠠᠷ ᠨᠡᠮᠡᠭ᠌ᠳᠡᠪᠡ᠃ ᠱᠠᠨᠳᠦ᠋ᠩ ᠵᠢᠶᠠᠩᠰᠦ
ᠾᠧᠨᠠᠨ ᠠᠨᠾᠦ᠋ᠢ ᠳᠥᠷᠪᠡᠨ ᠮᠣᠵᠢ᠎ᠳᠤ ᠠᠴᠢ ᠲᠤᠰᠠ᠎ᠪᠠᠨ ᠬᠦᠷᠭᠡᠭ᠌ᠰᠡᠨ ᠡᠮᠦᠨᠡᠲᠦ᠍᠎ᠶ᠋ᠢᠨ ᠲᠦᠷᠪᠡᠨ ᠨᠠᠭᠤᠷ᠎ᠤᠨ
ᠤᠰᠤᠨ ᠣᠷᠣᠨ᠎ᠤ ᠲᠡᠭᠡᠳᠤ ᠲᠤᠤᠷᠠᠳᠤ ᠤᠷᠤᠰᠭᠠᠯ᠂ ᠵᠡᠬᠦᠨ ᠪᠠᠷᠡᠭᠤᠨ ᠡᠷᠬᠢ᠎ᠶ᠋ᠢᠨ ᠵᠠᠰᠠᠯᠳᠠ᠎ᠶ᠋ᠢᠨ ᠪᠠᠷᠢᠮᠵᠢᠶ᠎ᠠ
ᠨᠢᠭᠡᠳᠤᠯ ᠦᠭᠡᠢ ᠡᠴᠡ ᠪᠤᠯᠵᠤ᠂ ᠣᠯᠠᠨ ᠳᠠᠪᠬᠤᠷ ᠪᠣᠬᠢᠷᠲᠤᠯ ᠰᠣᠯᠪᠢᠴᠠᠭᠠᠳ ᠣᠯᠠᠨ ᠲᠦᠮᠡᠨ᠎ᠤ ᠦᠢᠯᠡᠳᠪᠦᠷᠢᠯᠡᠯ
ᠠᠮᠢᠳᠤᠷᠠᠯ᠎ᠢ ᠬᠦᠨᠳᠦ ᠨᠣᠴᠢᠲᠠᠶ ᠨᠦᠯᠦᠭᠡᠯᠡᠪᠠ᠃ ᠠᠷᠠᠳ᠎ᠤᠨ ᠳᠡᠭᠡᠲᠤ ᠪᠠᠢᠴᠠᠭᠠᠬᠤ ᠬᠤᠷᠢᠶ᠎ᠠ ᠡᠭᠦᠨ᠎ᠢ ᠱᠢᠭᠤᠳ
ᠬᠡᠷᠡᠭ ᠪᠣᠯᠭᠠᠨ ᠳᠠᠩᠰᠠᠯᠠᠵᠤ᠂ ᠳᠥᠷᠪᠡᠨ ᠮᠤᠵᠢ᠎ᠶ᠋ᠢᠨ ᠪᠠᠢᠴᠠᠭᠠᠬᠤ ᠲᠤᠱᠢᠶᠠᠯᠲᠠᠨ᠎ᠢ ᠱᠢᠯᠵᠢᠭᠦᠯᠦᠨ ᠬᠡᠷᠡᠭ᠌ᠯᠡᠵᠦ᠍ ᠭᠡᠷᠡᠭ᠎ᠢ ᠱᠢᠢᠳᠪᠤᠷᠢᠯᠡᠬᠦᠯᠦᠭᠡᠳ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠮᠵᠢᠯᠴᠠᠨ ᠵᠠᠰᠠᠬᠤ᠎ᠳᠤ ᠬᠦᠴᠤᠨ
ᠨᠡᠮᠡᠷᠢᠯᠡᠵᠤ᠂ ᠪᠣᠬᠢᠷ ᠤᠰᠤ ᠭᠠᠳᠠᠭ᠍ᠰᠢᠯᠠᠭᠤᠯᠬᠤ ᠪᠠᠷᠢᠮᠵᠢᠶ᠎ᠠ ᠪᠠ ᠬᠠᠮᠠᠭᠠᠯᠠᠯᠳᠠ᠎ᠶ᠋ᠢᠨ ᠤᠷᠤᠨ ᠡᠴᠡ ᠨᠡᠭᠦᠷᠡᠰᠦᠨ
ᠠᠭᠤᠷᠬᠠᠶ᠎ᠶ᠋ᠢ ᠪᠤᠴᠠᠭᠠᠨ ᠭᠠᠷᠭᠠᠬᠤ ᠲᠥᠰᠦᠯ᠎ᠢ ᠨᠢᠭᠡᠳᠦᠯᠲᠡᠶ ᠪᠣᠯᠭᠠᠵᠤ᠂ ᠬᠠᠲᠠᠭᠤ ᠪᠠᠶᠡᠳᠤ ᠬᠠᠶᠠᠭ᠍ᠳᠠᠮᠠᠯ
ᠬᠤᠭ ᠨᠣᠪᠰᠢ᠎ᠶ᠋ᠢ ᠴᠡᠪᠡᠷᠯᠡᠨ᠂ ᠳᠦᠷᠢᠮ ᠡᠴᠡ ᠵᠥᠷᠢᠴᠡᠭ᠌ᠰᠡᠨ
ᠪᠠᠷᠢᠯᠭ᠎ᠠ᠎ᠶ᠋ᠢ ᠨᠤᠷᠠᠭᠠᠵᠤ᠂ ᠬᠠᠤᠯᠢ ᠡᠴᠡ ᠵᠥᠷᠢᠴᠡᠭ᠌ᠰᠡᠨ ᠲᠡᠵᠢᠭᠡᠨ ᠦᠷᠡᠵᠢᠭᠦᠯᠬᠦ᠌ ᠲᠠᠯᠠᠪᠠᠢ᠎ᠶ᠋ᠢ ᠬᠦᠴᠤᠨ
ᠦᠭᠡᠢ ᠪᠤᠯᠭᠠᠵᠤ᠂ ᠠᠷᠪᠠᠨ ᠰᠠᠷ᠎ᠠ᠎ᠶ᠋ᠢᠨ ᠬᠤᠭᠤᠴᠠᠭᠠᠨ᠎ᠳᠤ ᠡᠮᠤᠨᠡᠳᠤ᠎ᠶ᠋ᠢᠨ ᠲᠦᠷᠪᠡᠨ ᠨᠠᠭᠤᠷ᠎ᠢ ᠵᠠᠰᠠᠨ ᠰᠡᠷᠬᠦᠭᠡᠪᠡ᠃
ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠳᠤ ᠦᠢᠯᠡᠴᠢᠯᠡᠪᠡ᠃ ᠱᠢᠨ᠎ᠡ
ᠴᠠᠭ ᠦᠶ᠎ᠡ᠎ᠶ᠋ᠢᠨ ᠨᠠᠮ᠎ᠤᠨ ᠲᠦᠪᠡᠳᠢ ᠵᠠᠰᠠᠬᠤ᠂ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠬᠢᠨᠠᠮᠠᠭᠠᠶ
ᠲᠤᠭᠤᠱᠢᠯᠠᠭᠤᠯᠵᠤ᠂ ᠪᠠᠢᠴᠠᠭᠠᠬᠤ ᠠᠵᠢᠯ᠎ᠤᠨ ᠠᠵᠢᠯ ᠲᠦᠷᠦᠯ᠎ᠤᠨ ᠱᠢᠰᠲ᠋ᠧᠮ᠎ᠢᠶᠠᠷ᠎ᠢᠶᠠᠨ ᠲᠡᠮᠵᠢᠬᠦ᠌᠎ᠶ᠋ᠢ ᠭᠦᠨᠵᠡᠭᠡᠢᠷᠡᠭᠦᠯᠬᠦ᠌
28 ᠵᠦᠢᠯ ᠤ᠋ᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ
ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ᠎ᠳᠤ ᠦᠢᠯᠡᠴᠢᠯᠡᠬᠦ᠌18 ᠵᠦᠢᠯ ᠤ᠋ᠨ ᠠᠷᠭ᠎ᠠ
ᠬᠡᠮᠵᠢᠶ᠎ᠡ᠎ᠶ᠋ᠢ ᠲᠣᠭ᠍ᠲᠠᠭᠠᠵᠤ᠂ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠮᠵᠢᠯᠴᠠᠨ ᠲᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠬᠦ᠌᠎ᠶ᠋ᠢ ᠬᠦᠨᠵᠡᠬᠡᠢᠷᠡᠬᠦᠯᠦᠨ᠂ ᠡᠵᠢ ᠭᠤᠤᠯ᠎ᠢᠶᠠᠨ
ᠬᠠᠮᠵᠢᠯᠴᠠᠨ ᠬᠠᠮᠠᠭᠠᠯᠠᠪᠠ᠃ ᠪᠠᠢᠴᠠᠭᠠᠬᠤ ᠲᠥᠷᠥ᠎ᠶ᠋ᠢᠨ ᠪᠣᠳᠣᠯᠭ᠎ᠠ ᠨᠡᠢᠲᠡᠯᠡᠵᠦ᠍᠂ ᠬᠠᠮᠵᠢᠯᠴᠠᠬᠤ ᠲᠤᠬᠳᠠᠴᠠ
ᠪᠠᠢᠭᠤᠯᠤᠨ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠂ ᠾᠧᠩᠴᠢᠨ ᠳ᠋ᠤ ᠠᠷᠠᠯ᠎ᠳᠠᠬᠢ ᠭᠤᠸᠠᠩᠳᠦ᠋ᠩ ᠣᠣᠮᠧᠨ᠎ᠤ
ᠭᠦᠨᠵᠡᠭᠡᠶ ᠬᠠᠮᠲᠤᠷᠠᠯᠴᠠᠭᠠᠨ᠎ᠤ ᠣᠷᠣᠨ᠂ ᠴᠢᠶᠠᠨᠬᠠᠢᠳᠠᠬᠢ ᠱᠧᠨᠵᠧᠨ ᠱᠢᠶᠠᠩᠭᠠᠩ᠎ᠤᠨ ᠤᠳᠤ ᠦᠶ᠎ᠡ᠎ᠶ᠋ᠢᠨ ᠦᠢᠯᠡᠴᠢᠯᠡᠭᠡᠨ᠎ᠤ
ᠦᠢᠯᠡᠰ᠎ᠤᠨ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠳᠡᠮᠵᠢᠪᠠ᠃ ᠪᠠᠢᠴᠠᠭᠠᠬᠤ ᠠᠵᠢᠯ᠎ᠤᠨ
ᠦᠨᠳᠦᠷ ᠪᠡᠷᠢᠮᠵᠢᠶ᠎ᠡ᠎ᠪᠠᠷ ᠳᠤᠱᠢᠶᠠᠯ ᠬᠠᠷᠢᠭᠤᠴᠠᠯᠭ᠎ᠠ᠎ᠪᠠᠨ ᠬᠦᠢᠴᠡᠳᠭᠡᠵᠦ᠍᠂ ᠵᠧᠵᠢᠶᠠᠩ᠎ᠤᠨ ᠬᠠᠮᠲᠤ᠎ᠪᠠᠷ
ᠴᠢᠨᠡᠭᠡᠯᠢᠭ᠌ᠵᠢᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠬᠤ᠎ᠳᠤ ᠬᠦᠴᠦᠨ ᠨᠡᠮᠡᠷᠢᠯᠡᠵᠤ᠂ ᠱᠧᠨᠵᠧᠨ᠎ᠤ
ᠳᠤᠮᠳᠠᠳᠤ ᠤᠯᠤᠰ᠎ᠤᠨ ᠣᠨᠴᠠᠯᠢᠭ ᠪᠥᠬᠦᠶ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠷᠢᠳᠠᠴᠢ ᠵᠢᠱ᠌ᠢᠶ᠎ᠡ
ᠦᠵᠡᠭᠦᠯᠬᠦ᠌ ᠬᠤᠲᠠ ᠪᠠᠢᠭᠤᠯᠬᠤ᠎ᠶ᠋ᠢ ᠳᠡᠮᠵᠢᠪᠠ᠃ ᠲᠥᠪᠡᠳ ᠵᠢᠴᠢ ᠡᠷᠬᠢᠨ ᠲᠣᠭᠤᠷᠢᠨ᠎ᠤ 6 ᠮᠤᠵᠢ ᠶ᠋ᠢᠨ ᠱᠠᠲᠤᠨ᠎ᠤ
ᠪᠠᠢᠴᠠᠭᠠᠬᠤ ᠬᠤᠷᠢᠶ᠎ᠠ ᠣᠷᠣᠨ ᠪᠦᠰᠡ ᠠᠯᠤᠰᠯᠠᠨ ᠬᠠᠮᠵᠢᠯᠴᠠᠵᠤ᠂ ᠴᠠᠰᠤᠲᠤ ᠥᠨᠳᠦᠷᠯᠢᠭ᠎ᠢ ᠬᠠᠮᠲᠤ᠎ᠪᠠᠷ ᠬᠠᠮᠠᠭᠠᠯᠠᠪᠠ᠃
ᠪᠡᠭᠡᠵᠢᠩ ᠲᠢᠶᠠᠨᠵᠢᠨ ᠾᠧᠪᠸᠢ᠎ᠶ᠋ᠢᠨ ᠪᠠᠢᠴᠠᠭᠠᠬᠤ ᠪᠠᠢᠭᠤᠯᠭ᠎ᠠ ᠬᠠᠤᠯᠢ᠎ᠪᠠᠷ ᠵᠠᠰᠠᠬᠤ᠎ᠶ᠋ᠢ ᠨᠢᠭᠡ ᠴᠤᠭ᠍ᠴᠠᠵᠢᠭᠤᠯᠬᠤ᠎ᠪᠠᠷ
ᠬᠠᠮᠵᠢᠯᠴᠠᠬ᠍ᠰᠠᠨ ᠬᠦᠭ᠌ᠵᠢᠯᠳᠠ᠎ᠳᠤ ᠤᠢ᠍ᠢᠯᠡᠴᠢᠯᠡᠵᠤ᠂ ᠬᠠᠤᠯᠢ᠎ᠪᠠᠷ ᠵᠠᠰᠠᠬᠤ ᠱᠢᠶᠦ᠋ᠩ ᠠᠨ᠎ᠤ ᠪᠦᠳᠦᠭᠡᠨ ᠪᠠᠢᠭᠤᠯᠤᠯᠲᠠ᠎ᠶ᠋ᠢ
ᠠᠬᠢᠭᠤᠯᠪᠠ᠃ ᠱᠠᠩᠬᠠᠶ ᠵᠢᠶᠠᠩᠰᠦ ᠵᠧᠵᠢᠶᠠᠩ ᠠᠨᠾᠦ᠋ᠢ᠎ᠶ᠋ᠢᠨ ᠪᠠᠢᠴᠠᠭᠠᠬᠤ ᠪᠠᠢᠭᠤᠯᠭ᠎ᠠ ᠠᠵᠢᠯ᠎ᠤᠨ ᠨᠡᠢᠯᠡᠯ
ᠬᠦᠴᠦᠨ᠎ᠢᠶᠠᠨ ᠨᠢᠭ᠍ᠲᠠᠷᠠᠭᠤᠯᠤᠨ᠂ ᠬᠥᠬᠡᠮᠥ᠋ᠷᠡᠨ᠎ᠤ ᠭᠤᠷᠪᠠᠯᠵᠢᠨ ᠬᠤᠢᠭ᠎ᠤᠨ ᠨᠢᠭᠡ ᠴᠤᠭ᠍ᠴᠠᠵᠢᠯᠳᠠᠳᠤ ᠦᠢᠯᠡᠴᠢᠯᠡᠪᠡ᠃
ᠰᠧᠴᠤᠸᠠᠨ ᠴᠦᠩᠴᠢᠩ᠎ᠤᠨ ᠪᠠᠢᠴᠠᠭᠠᠬᠤ ᠪᠠᠢᠭᠤᠯᠭ᠎ᠠ ᠣᠷᠣᠨ ᠪᠦᠰᠡ ᠠᠯᠤᠰᠯᠠᠨ ᠬᠡᠷᠡᠭ ᠬᠠᠷᠢᠶᠠᠯᠠᠬᠤ᠂ ᠱᠢᠯᠭᠠᠨ
ᠲᠣᠭ᠍ᠲᠠᠭᠠᠬᠤ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠵᠡᠷᠭᠡ ᠬᠠᠮᠵᠢᠯᠴᠠᠬᠤ ᠲᠤᠬᠳᠠᠴᠠ᠎ᠶ᠋ᠢ ᠪᠠᠢᠭᠤᠯᠵᠤ᠂
ᠬᠤᠶᠠᠷ ᠬᠤᠳᠠ᠎ᠶ᠋ᠢᠨ ᠠᠵᠤ ᠠᠬᠤᠶ᠎ᠶ᠋ᠢᠨ ᠲᠣᠭᠤᠷᠢᠭ᠎ᠤᠨ ᠪᠦᠳᠦᠭᠡᠨ ᠪᠠᠢᠭᠤᠯᠤᠯᠲᠠ᠎ᠶ᠋ᠢ ᠬᠦᠴᠤᠲᠠᠢ ᠠᠬᠢᠭᠤᠯᠪᠠ᠃
ᠭᠠᠳᠠᠭᠠᠳᠤ᠎ᠳᠤ ᠬᠤᠯᠪᠣᠭ᠍ᠳᠠᠬ᠍ᠰᠠᠨ ᠬᠠᠤᠯᠢ᠎ᠪᠠᠷ ᠵᠠᠰᠠᠬᠤ ᠪᠠᠢᠭᠤᠯᠤᠯᠲᠠ᠎ᠳᠤ
ᠢᠳᠡᠪᠬᠢᠲᠡᠶ ᠣᠷᠣᠯᠴᠠᠪᠠ᠃ ᠠᠷᠠᠳ᠎ᠤᠨ ᠳᠡᠬᠡᠳᠦ ᠪᠠᠢᠴᠠᠭᠠᠬᠤ ᠬᠤᠷᠢᠶ᠎ᠡ ᠲᠤᠰᠭᠠᠶ ᠠᠩᠭᠢ ᠪᠠᠢᠭᠤᠯᠵᠤ᠂ ᠪᠠᠢᠴᠠᠭᠠᠬᠤ
ᠪᠠᠢᠭᠤᠯᠭ᠎ᠠ᠎ᠶ᠋ᠢᠨ ᠭᠠᠳᠠᠭᠠᠳᠤ᠎ᠳᠤ ᠬᠤᠯᠪᠣᠭ᠍ᠳᠠᠬ᠍ᠰᠠᠨ ᠬᠠᠤᠯᠢ᠎ᠪᠠᠷ ᠵᠠᠰᠠᠬᠤ ᠠᠵᠢᠯ᠎ᠢ ᠴᠢᠩᠭᠠᠳᠭᠠᠪᠠ᠃ ᠭᠠᠳᠠᠭᠠᠳᠤ᠎ᠳᠤ
ᠬᠤᠯᠪᠣᠭ᠍ᠳᠠᠭ᠍ᠰᠠᠨ 5691 ᠡᠷᠡᠭᠦᠤ᠎ᠶ᠋ᠢᠨ ᠬᠡᠷᠡᠭ᠂
178 ᠡᠷᠡᠭᠦᠤ ᠶ᠋ᠢᠨ ᠬᠠᠤᠯᠢ ᠪᠠᠷᠢᠯᠳᠠ᠎ᠶ᠋ᠢᠨ ᠬᠠᠮᠵᠢᠯᠴᠠᠭᠠᠨ᠎ᠤ
ᠬᠡᠷᠡᠭ᠎ᠢ ᠱᠢᠢᠳᠪᠦᠷᠢᠯᠡᠵᠦ᠍᠂ ᠳᠤᠮᠳᠠᠳᠤ ᠭᠠᠳᠠᠭᠠᠳᠤ᠎ᠶ᠋ᠢᠨ ᠲᠤᠬᠠᠶ᠎ᠶ᠋ᠢᠨ ᠬᠥᠮᠦᠨ᠎ᠤ ᠬᠠᠤᠯᠢ ᠶᠣᠰᠣᠨ᠎ᠤ ᠡᠷᠬᠡ
ᠠᠱᠢᠭ᠎ᠢ ᠡᠷᠬᠡ ᠲᠡᠭ᠌ᠰᠢ᠎ᠪᠠᠷ ᠬᠠᠮᠠᠭᠠᠯᠠᠨ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ ᠪᠠ ᠬᠥᠭ᠌ᠵᠢᠯᠲᠡ᠎ᠶ᠋ᠢᠨ
ᠠᠱᠢᠭ ᠲᠤᠰᠠ᠎ᠶ᠋ᠢ ᠬᠦᠴᠤᠲᠠᠢ ᠬᠠᠮᠠᠭᠠᠯᠠᠪᠠ᠃ ᠬᠤᠶᠠᠷ ᠲᠠᠯᠠᠲᠤ ᠪᠠ ᠣᠯᠠᠨ ᠲᠠᠯᠠᠲᠤ ᠬᠠᠮᠲᠤᠷᠠᠯᠴᠠᠭᠠᠨ᠎ᠤ ᠲᠤᠬᠳᠠᠴᠠ᠎ᠶ᠋ᠢ
ᠪᠠᠬᠢᠵᠢᠭᠦᠯᠵᠦ᠍᠂ 7 ᠤᠯᠤᠰ ᠤ᠋ᠨ ᠪᠠᠢᠴᠠᠭᠠᠬᠤ ᠪᠠᠢᠭᠤᠯᠭ᠎ᠠ᠎ᠶ᠋ᠢᠨ᠎ᠬᠢᠨ᠎ᠲᠠᠢ ᠸᠢᠳᠢᠤ᠋ ᠠᠭᠤᠯᠵᠠᠯᠳᠠ ᠬᠢᠵᠤ᠂
ᠬᠠᠤᠯᠢ ᠪᠠᠷᠢᠬᠤ ᠥᠭᠡᠷᠡᠴᠢᠯᠡᠯᠲᠡ ᠪᠠ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠵᠡᠷᠭᠡ ᠠᠵᠢᠯ᠎ᠤᠨ ᠲᠠᠯ᠎ᠠ᠎ᠪᠠᠷ
ᠰᠠᠨᠠᠯ᠎ᠢᠶᠠᠨ ᠰᠤᠯᠢᠯᠴᠠᠪᠠ;
ᠣᠯᠠᠨ ᠤᠯᠤᠰ᠎ᠤᠨ ᠪᠠᠢᠴᠠᠭᠠᠬᠤ ᠲᠤᠱᠢᠶᠠᠯᠲᠠᠨ᠎ᠤ ᠬᠤᠯᠪᠣᠭᠠᠲᠤ ᠬᠤᠷᠠᠯ᠂ ᠱᠠᠩᠬᠠᠶ᠎ᠶ᠋ᠢᠨ
ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠭᠡᠱᠢᠬᠦᠨ ᠤᠯᠤᠰ᠎ᠤᠨ ᠶᠡᠷᠦᠩᠬᠡᠶ ᠪᠠᠢᠴᠠᠭᠠᠬᠤ ᠳᠠᠷᠤᠭ᠎ᠠ᠎ᠶ᠋ᠢᠨ
ᠬᠤᠷᠠᠯ ᠵᠡᠷᠭᠡ ᠸᠢᠳᠢᠤ᠋ ᠬᠤᠷᠠᠯᠳᠤᠭᠠᠨ᠎ᠳᠤ ᠤᠷᠤᠯᠴᠠᠵᠤ᠂ ᠬᠠᠤᠯᠢ ᠪᠠᠷᠢᠯᠲᠠ᠎ᠶ᠋ᠢᠨ ᠰᠣᠯᠢᠯᠴᠠᠭ᠎ᠠ ᠪᠤᠯᠤᠨ ᠬᠠᠮᠲᠤᠷᠠᠯᠴᠠᠭ᠎ᠠ᠎ᠶ᠋ᠢ
ᠭᠦᠨᠵᠡᠭᠡᠢᠷᠡᠭᠦᠯᠤᠨ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠤᠭᠡᠨ ᠪᠠᠢᠭᠤᠯᠬᠤ᠎ᠳᠤ ᠦᠢᠯᠡᠴᠢᠯᠡᠵᠦ᠍᠂
ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠪᠠ᠃
ᠬᠤᠶᠠᠷ᠂ ᠠᠷᠠᠳ᠎ᠤᠨ ᠲᠥᠯᠥᠭᠡ ᠬᠠᠤᠯᠢ ᠪᠠᠷᠢᠵᠤ᠂ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌᠎ᠪᠠᠷ ᠲᠠᠮᠵᠢᠨ ᠤᠯᠠᠨ ᠲᠦᠮᠡᠨ᠎ᠤ ᠭᠠᠴᠢᠬ᠍ᠳᠠᠵᠤ ᠭᠦᠴᠢᠷᠳᠡᠵᠦ᠍ ᠵᠤᠪᠠᠵᠦ᠍ ᠭᠦᠰᠡᠵᠦ᠍ ᠪᠠᠢᠭ᠎ᠠ
ᠠᠰᠠᠭᠤᠳᠠᠯ᠎ᠢ ᠱᠢᠢᠳᠪᠤᠷᠢᠯᠡᠪᠠ
ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠪᠠᠷᠢᠮᠳᠠᠯᠠᠨ᠂ ᠠᠷᠠᠳ᠎ᠤᠨ ᠲᠥᠯᠥᠭᠡ
ᠪᠠᠢᠴᠠᠭᠠᠬᠤ ᠪᠣᠳᠠᠲᠤ ᠶᠠᠪᠤᠳᠠᠯ᠎ᠢ ᠰᠠᠢᠲᠤᠷ ᠬᠢᠬᠦ᠌ ᠳᠤᠮᠳᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠴᠢᠳᠠᠮᠠᠭᠠᠢ ᠭᠦᠢᠴᠡᠳᠭᠡᠵᠦ᠍᠂ ᠬᠦᠮᠦᠨ᠎ᠤ ᠡᠷᠬᠡ᠎ᠶ᠋ᠢ ᠬᠠᠤᠯᠢ ᠶᠤᠰᠤᠭᠠᠷ ᠪᠠᠳᠤᠯᠠᠨ᠂ ᠠᠷᠠᠳ ᠤᠯᠠᠨ᠎ᠳᠤ ᠳᠦᠪ
ᠭᠤᠤᠯᠴᠢ ᠱᠢᠳᠤᠷᠭᠤ ᠶᠤᠰᠤ ᠲᠡᠷᠭᠡᠳᠡ᠎ᠨᠢ ᠪᠠᠢᠬᠤ᠎ᠶ᠋ᠢ ᠦᠨᠡᠨ ᠬᠦ᠌ ᠮᠡᠳᠡᠷᠡᠬᠦᠯᠪᠡ᠃
ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠢ ᠰᠠᠬᠢᠨ ᠬᠠᠮᠠᠭᠠᠯᠠᠪᠠ᠃ ᠠᠷᠠᠳ᠎ᠤᠨ
ᠳᠡᠭᠡᠳᠦ ᠱᠢᠭᠦᠬᠦ᠌ ᠬᠤᠷᠢᠶ᠎ᠠ᠎ᠲᠠᠢ ᠬᠠᠮᠲᠤᠷᠠᠨ ᠬᠠᠤᠯᠢ ᠪᠠᠷᠢᠬᠤ ᠲᠠᠢᠯᠪᠤᠷᠢᠯᠠᠯᠲᠠ ᠨᠡᠢᠲᠡᠯᠡᠵᠦ᠍᠂ ᠤᠰᠤ ᠱᠢᠩᠭᠡᠭᠡᠭ᠌ᠰᠡᠨ
ᠮᠢᠬ᠎ᠠ ᠤᠢ᠍ᠢᠯᠡᠳᠴᠤ᠌ ᠪᠤᠷᠤᠯᠠᠭᠤᠯᠤᠬ᠍ᠰᠠᠨ ᠵᠢᠴᠢ ᠬᠠᠭᠤᠷᠮᠠᠭ ᠮᠠᠭᠤ ᠡᠷᠡᠬᠦᠯᠵᠢᠯ᠎ᠤᠨ ᠡᠳ᠋ᠢᠶᠠᠷ ᠨᠠᠰᠤᠳᠠᠢᠴᠤᠳ᠎ᠢ
ᠮᠡᠭᠡᠯᠡᠭ᠌ᠰᠡᠨ ᠵᠡᠷᠭᠡ ᠶᠠᠯᠠᠲᠤ ᠠᠵᠢᠯᠯᠠᠭ᠎ᠠ᠎ᠶ᠋ᠢ ᠴᠢᠩᠭ᠎ᠠ ᠨᠡᠬᠡᠮᠵᠢᠯᠡᠨ ᠵᠠᠭᠠᠯᠳᠤᠵᠤ᠂ ᠬᠦᠨᠳᠦ᠍᠎ᠪᠠᠷ ᠱᠢᠢᠳᠭᠡᠪᠠ᠃
ᠲᠠᠷᠢᠶᠠᠯᠠᠩ ᠬᠥᠳᠡᠭᠡ ᠲᠣᠰᠭᠤᠨ᠎ᠤ ᠶᠠᠮᠤᠨ ᠵᠡᠷᠭᠡ᠎ᠲᠠᠢ ᠲᠤᠰᠭᠠᠶ ᠠᠵᠢᠯᠯᠠᠭ᠎ᠠ ᠥᠷᠨᠢᠭᠦᠯᠵᠦ᠍᠂ ᠬᠤᠷᠢᠭ᠎ᠠ ᠴᠠᠭᠠᠵᠠ᠎ᠲᠠᠢ
ᠡᠮ᠎ᠳᠤ ᠪᠤᠳᠠᠰ᠎ᠢ ᠬᠠᠤᠯᠢ ᠪᠤᠰᠤ᠎ᠪᠠᠷ ᠭᠡᠷᠡᠭ᠌ᠯᠡᠭ᠌ᠰᠡᠨ ᠶᠠᠯᠠᠳᠤ ᠠᠵᠢᠯᠯᠠᠭ᠎ᠠ᠎ᠶ᠋ᠢ ᠭᠤᠤᠯᠳᠠᠯᠭ᠎ᠠ᠎ᠲᠠᠢ ᠵᠠᠯᠬᠠᠭᠠᠨ
ᠱᠢᠢᠳᠭᠡᠪᠡ᠃ ᠬᠤᠤᠷ᠎ᠲᠠᠢ ᠬᠥᠨᠥᠭᠡᠯ᠎ᠲᠠᠢ ᠢᠳᠡᠭᠡᠨ᠎ᠤ ᠵᠦᠢᠯ᠂ ᠬᠠᠭᠤᠷᠮᠠᠭ ᠮᠠᠭᠤ ᠡᠮ ᠦᠢᠯᠡᠳᠴᠦ᠍ ᠪᠣᠷᠣᠯᠠᠭᠤᠯᠤᠭ᠍ᠰᠠᠨ
ᠵᠡᠷᠭᠡ ᠶᠠᠯᠠᠳᠤ ᠠᠵᠢᠯᠯᠠᠭ᠎ᠠ ᠬᠢᠭ᠌ᠰᠡᠨ1.1 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ
29.8% ᠪᠠᠷ ᠨᠡᠮᠡᠭ᠌ᠳᠡᠪᠠ᠃ ᠢᠳᠡᠭᠡᠨ᠎ᠤ ᠵᠦᠢᠯ ᠡᠮ᠎ᠤᠨ
ᠵᠦᠢᠯ᠎ᠤᠨ ᠠᠮᠤᠷ ᠲᠦᠪᠱᠢᠨ᠎ᠤ ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ 3 ᠲᠦᠮᠡ ᠭᠠᠷᠤᠶ
ᠬᠤᠪᠢ ᠱᠢᠢᠳᠪᠦᠷᠢᠯᠡᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ10% ᠪᠠᠷ ᠨᠡᠮᠡᠭ᠌ᠳᠡᠪᠡ; 48 ᠲᠦᠮᠡᠨ ᠺᠢᠯᠣᠭ᠌ᠷᠠᠮ ᠬᠠᠭᠤᠷᠮᠠᠭ ᠮᠠᠭᠤ ᠢᠳᠡᠭᠡᠨ᠎ᠤ ᠵᠦᠢᠯ᠂ 1448 ᠺᠢᠯᠣᠭ᠌ᠷᠠᠮ ᠬᠠᠭᠤᠷᠮᠠᠭ ᠮᠠᠭᠤ ᠡᠮ᠎ᠢ ᠱᠢᠪᠠᠳᠠᠨ ᠪᠠᠢᠴᠠᠭᠠᠨ ᠱᠢᠢᠳᠪᠤᠷᠢᠯᠡᠬᠦᠯᠪᠠ᠂
ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ ᠲᠣᠰ ᠲᠣᠰ 26.9% ᠪᠠ 2.2 ᠳᠠᠬᠢᠨ ᠵᠢᠡᠷ ᠨᠡᠮᠡᠭ᠌ᠳᠡᠪᠠ᠃ ᠾᠧᠪᠧᠶ᠂ ᠱᠠᠨ ᠰᠢ᠂ ᠠᠨᠾᠦ᠋ᠢ᠂ ᠨᠢᠩᠱᠢᠶᠠ ᠵᠡᠷᠭᠡ ᠭᠠᠵᠠᠷ᠎ᠤᠨ
ᠪᠠᠢᠴᠠᠭᠠᠬᠤ ᠪᠠᠢᠭᠤᠯᠭ᠎ᠠ ᠬᠠᠭᠤᠷᠮᠠᠭ ᠡᠮ ᠦᠢᠯᠡᠳᠴᠦ᠍ ᠪᠤᠷᠤᠯᠠᠭᠤᠯᠤᠬ᠍ᠰᠠᠨ ᠶᠠᠯᠠᠲᠤ ᠠᠵᠢᠯᠯᠠᠭ᠎ᠠ᠎ᠶ᠋ᠢ ᠨᠡᠬᠡᠮᠵᠢᠯᠡᠨ
ᠵᠠᠭᠠᠯᠳᠤᠵᠤ᠂ ᠳᠠᠭᠠᠯᠳᠤᠭᠤᠯᠤᠬ᠍ᠰᠠᠨ ᠢᠷᠭᠡᠨ᠎ᠤ ᠬᠡᠷᠡᠭ᠎ᠤᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠭᠠᠷᠭᠠᠵᠤ᠂
ᠪᠣᠷᠣᠯᠠᠭᠤᠯᠤᠯᠳᠠ᠎ᠶ᠋ᠢᠨ ᠵᠣᠭᠤᠰᠤᠨ᠎ᠤ ᠲᠣᠭᠠᠨ᠎ᠤ ᠭᠤᠷᠪᠠ ᠡᠴᠡ ᠠᠷᠪᠠᠨ ᠳᠠᠬᠢᠨ᠎ᠤ ᠵᠠᠯᠬᠠᠭᠠᠯ ᠱᠢᠢᠳᠭᠡᠯ᠎ᠤᠨ
ᠴᠢᠨᠠᠷᠲᠠᠶ ᠲᠥᠯᠥᠪᠦᠷᠢ ᠮᠥᠩᠭᠦ᠌ ᠨᠡᠭᠡᠮᠵᠢᠯᠠᠨ ᠠᠪᠴᠤ᠌᠂ ᠨᠡᠢᠲᠡ᠎ᠶ᠋ᠢᠨ ᠠᠱᠢᠭ ᠲᠤᠰᠠ᠎ᠶ᠋ᠢ ᠲᠤᠷ᠎ᠠ᠎ᠪᠠᠷ ᠬᠤᠬᠢᠷᠠᠭᠤᠯᠤᠬ᠍ᠴᠢᠳᠢᠶᠠᠷ
ᠭᠠᠷᠭᠠᠪᠠᠰᠤ ᠵᠤᠬᠢᠬᠤ ᠨᠡᠩ ᠶᠡᠭᠡ ᠲᠦᠯᠤᠪᠤᠷᠢ ᠭᠠᠷᠭᠠᠭᠤᠯᠪᠠ᠃ 《ᠳᠥᠷᠪᠡᠳᠦᠭᠡᠷ
ᠲᠤᠭᠠᠳᠤ ᠪᠠᠢᠴᠠᠭᠠᠬᠤ ᠰᠠᠨᠠᠭᠤᠯᠭ᠎ᠠ》᠎ᠶ᠋ᠢ ᠦᠷᠭᠦᠯᠵᠢᠯᠡᠨ ᠨᠠᠢᠳᠠᠪᠤᠷᠢᠵᠢᠭᠤᠯᠵᠤ᠂ 93 ᠲᠦᠮᠡᠨ ᠰᠣᠬᠤᠷ ᠬᠤᠳᠳᠤᠭ᠎ᠤᠨ ᠠᠮᠤᠷ ᠲᠦᠪᠱᠢᠨ᠎ᠤ ᠲᠠᠯᠳᠠ ᠭᠡᠮ᠎ᠢ ᠱᠢᠪᠠᠳᠠᠨ ᠴᠡᠭ᠌ᠴᠡᠯᠡᠭᠦᠯᠤᠨ ᠦᠭᠡᠷᠡᠴᠢᠯᠡᠬᠦᠯᠵᠤ᠂
ᠾᠧᠨᠠᠨ᠎ᠤ ᠪᠠᠢᠴᠠᠭᠠᠬᠤ ᠪᠠᠢᠭᠤᠯᠭ᠎ᠠ ᠰᠣᠬᠤᠷ ᠬᠤᠳᠳᠤᠭ᠎ᠤᠨ ᠲᠥᠬᠦᠭᠡᠷᠦᠮᠵᠢ᠎ᠶ᠋ᠢ ᠬᠠᠮᠠᠭᠠᠯᠠᠨ ᠥᠭᠡᠷᠡᠴᠢᠯᠡᠬᠦ᠌
ᠠᠵᠢᠯ᠎ᠢ ᠪᠦᠬᠦ᠌ ᠮᠤᠵᠢ᠎ᠶ᠋ᠢᠨ ᠠᠷᠠᠳ᠎ᠤᠨ ᠠᠮᠢᠳᠤᠷᠠᠯ᠎ᠤᠨ ᠠᠷᠪᠠᠨ ᠶᠡᠭᠡ ᠴᠢᠬᠤᠯᠠ ᠪᠣᠳᠠᠲᠤ ᠶᠠᠪᠤᠳᠠᠯ᠎ᠳᠤ ᠣᠷᠣᠭᠤᠯᠬᠤ᠎ᠶ᠋ᠢ
ᠠᠬᠢᠭᠤᠯᠪᠠ᠃
ᠣᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ 《ᠬᠡᠷᠡᠭ ᠪᠣᠯᠭᠠᠨ᠎ᠳᠤ ᠬᠠᠷᠢᠭᠤᠯᠲᠠ ᠥᠭ᠌ᠬᠦ》 ᠶ᠋ᠢ ᠪᠣᠳᠠᠲᠠᠢᠵᠢᠭᠤᠯᠪᠠ᠃
2019 ᠣᠨ ᠤ᠋ ᠪᠥᠬᠦ᠌ ᠤᠯᠤᠰ᠎ᠤᠨ ᠬᠤᠶᠠᠷ ᠬᠤᠷᠠᠯ
ᠳᠡᠭᠡᠷ᠎ᠡ᠂ ᠪᠢᠳᠡ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠳᠤ 《7 ᠡᠳᠤᠷ ᠤ᠋ᠨ ᠲᠤᠳᠤᠷ᠎ᠠ ᠵᠢᠷᠤᠮ ᠶᠤᠰᠤᠭᠠᠷ ᠬᠠᠷᠢᠭᠤᠯᠳᠠ ᠦᠭ᠌ᠬᠦ᠂ 3
ᠰᠠᠷ᠎ᠠ᠎ᠶ᠋ᠢᠨ ᠲᠤᠳᠤᠷ᠎ᠠ ᠱᠢᠢᠳᠪᠤᠷᠢᠯᠡᠬᠦ᠌ ᠶᠠᠪᠤᠴᠠ ᠪᠤᠶᠤ ᠦᠷ᠎ᠠ ᠳ᠋ᠦᠩ᠎ᠤᠨ ᠲᠤᠬᠠᠢ ᠬᠠᠷᠢᠭᠤᠯᠳᠠ ᠦᠭ᠌ᠬᠦ》᠎ᠪᠠᠷ ᠠᠮᠠᠯᠠᠪᠠ᠃ ᠭᠤᠷᠪᠠᠨ ᠵᠢᠯ᠎ᠤᠨ ᠲᠤᠷᠰᠢ᠂
ᠬᠦᠯᠢᠶᠠᠨ ᠤᠯᠤᠬ᠍ᠰᠠᠨ 279 ᠲᠦᠮᠡᠨ ᠬᠤᠪᠢ ᠵᠠᠬᠢᠳᠠᠯ
ᠰᠤᠷᠪᠤᠯᠵᠢᠯᠠᠭ᠎ᠠ᠎ᠳᠤ7 ᠡᠳᠤᠷ᠎ᠤ᠋ᠨ ᠲᠤᠳᠤᠷ᠎ᠠ ᠴᠦᠮ ᠬᠠᠷᠢᠭᠤᠯᠳᠠ ᠦᠭ᠌ᠴᠤ᠂ 《ᠬᠦᠯᠢᠶᠡᠨ ᠠᠪᠤᠭ᠍ᠰᠠᠨ᠂ ᠬᠡᠨ ᠱᠢᠢᠳᠪᠦᠷᠢᠯᠡᠵᠦ᠍ ᠪᠠᠢᠬᠤ》᠎ᠶ᠋ᠢ ᠮᠡᠳᠡᠭ᠌ᠳᠡᠵᠤ᠂ ᠱᠢᠢᠳᠪᠤᠷᠢᠯᠡᠭ᠌ᠰᠡᠨ ᠪᠠᠢᠳᠠᠯ᠎ᠤᠨ
ᠲᠤᠬᠠᠢ 3 ᠰᠠᠷ᠎ᠠ᠎ᠶ᠋ᠢᠨ ᠳᠣᠲᠣᠷ᠎ᠠ ᠬᠠᠷᠢᠭᠤᠯᠲᠠ ᠥᠭ᠌ᠭᠦᠭ᠌ᠰᠡᠨ ᠨᠣᠷᠮ᠎ᠠ 90%᠎ᠶ᠋ᠢ ᠲᠠᠪᠠᠪᠠ᠃ ᠵᠠᠬᠢᠳᠠᠯ ᠰᠤᠷᠪᠤᠯᠵᠢᠯᠠᠭ᠎ᠠ ᠬᠢᠭ᠌ᠰᠡᠨ ᠤᠯᠠᠨ ᠲᠦᠮᠡᠨ ᠭᠡᠷᠡᠭ᠎ᠢ ᠲᠠᠭᠤᠰᠭᠠᠨ ᠤᠴᠢᠷ᠎ᠢ
ᠱᠢᠢᠳᠪᠤᠷᠢᠯᠡᠬᠦ᠌᠎ᠶ᠋ᠢ ᠨᠡᠩ ᠬᠦᠰᠡᠳᠡᠭ᠃ ᠬᠦᠴᠢᠷ ᠲᠦᠪᠡᠭ᠌ᠲᠡᠶ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ᠎ᠶ᠋ᠢᠨ
ᠬᠡᠷᠡᠭ᠎ᠢ ᠤᠳᠤᠷᠢᠳᠭᠤ ᠺᠠᠳ᠋ᠷᠴᠤᠳ᠎ᠤᠨ ᠲᠦᠷᠦᠭᠦᠯᠡᠨ ᠱᠢᠢᠳᠪᠦᠷᠢᠯᠡᠬᠦ᠌᠎ᠶ᠋ᠢ ᠴᠢᠩᠭ᠎ᠠ ᠠᠳᠭᠤᠵᠤ᠂ ᠦᠨᠳᠦᠰᠦᠨ
ᠱᠠᠲᠤᠨ᠎ᠤ ᠪᠠᠢᠴᠠᠭᠠᠬᠤ ᠬᠤᠷᠢᠶᠠᠨ᠎ᠤ ᠠᠩᠬ᠎ᠠ ᠤᠳᠠᠭ᠎ᠠ ᠬᠦᠯᠢᠶᠡᠨ ᠠᠪᠴᠤ᠌ ᠪᠠᠢᠭ᠎ᠠ ᠵᠠᠬᠢᠳᠠᠯ ᠰᠤᠷᠪᠤᠯᠵᠢᠯᠠᠭ᠎ᠠ᠎ᠶ᠋ᠢ
ᠪᠦᠬᠦᠨ᠎ᠢ ᠬᠤᠷᠢᠶᠠᠨ᠎ᠤ ᠤᠳᠤᠷᠢᠳᠤᠯᠭ᠎ᠠ ᠨᠠᠷ᠎ᠢᠶᠠᠷ ᠱᠢᠢᠳᠪᠤᠷᠢᠯᠡᠬᠦᠯᠪᠠ; ᠪᠠᠢᠴᠠᠭᠠᠬᠤ ᠠᠵᠢᠯ᠎ᠤᠨ ᠭᠡᠷᠡᠴᠢᠯᠡᠭᠡ᠎ᠶ᠋ᠢ ᠢᠯᠠ᠎ᠪᠠᠷ ᠰᠣᠨᠣᠰᠭᠤ᠎ᠶ᠋ᠢ ᠪᠦᠬᠦ᠌ ᠲᠠᠯ᠎ᠠ᠎ᠪᠠᠷ
ᠭᠡᠷᠡᠭ᠌ᠵᠢᠬᠦᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠥᠷᠥ᠎ᠶ᠋ᠢᠨ
ᠵᠥᠪᠯᠡᠯᠭᠡᠨ᠎ᠤ ᠭᠡᠱᠢᠭᠦᠨ᠂ ᠲᠤᠰᠭᠠᠶ ᠮᠡᠷᠭᠡᠵᠢᠯᠲᠡᠨ ᠡᠷᠳᠡᠮᠲᠡᠨ ᠨᠠᠷ᠎ᠢ ᠤᠷᠢᠵᠤ ᠮᠠᠷᠭᠤᠭᠠᠨ ᠶᠡᠬᠡᠲᠠᠢ᠂ ᠨᠦᠯᠦᠭᠡᠯᠡᠬᠦ᠌
ᠴᠢᠨᠠᠷᠲᠠᠶ ᠬᠡᠷᠡᠭ᠎ᠢ ᠦᠨᠡᠯᠡᠨ ᠶᠠᠷᠢᠯᠴᠠᠭᠤᠯᠵᠤ᠂ ᠵᠥᠪ ᠪᠤᠷᠤᠭᠤ ᠰᠠᠢᠨ ᠮᠠᠭᠤ᠎ᠶ᠋ᠢ ᠤᠯᠠᠨ᠎ᠳᠤ ᠰᠤᠨᠤᠰᠭᠠᠵᠤ᠂
《ᠬᠠᠤᠯᠢ᠎ᠶ᠋ᠢᠨ ᠲᠦᠭᠡᠷᠢᠭ᠌ᠳᠡᠯ》 《ᠰᠡᠳᠭᠢᠯ᠎ᠤᠨ ᠡᠭᠡᠳᠡᠷᠡᠭᠡ》 ᠶ᠋ᠢ ᠬᠠᠮᠲᠤ᠎ᠪᠠᠷ ᠱᠢᠢᠳᠪᠤᠷᠢᠯᠡᠪᠠ᠃ ᠪᠦᠬᠦ᠌ ᠵᠢᠯ᠎ᠳᠤ10.5 ᠲᠦᠮᠡᠨ ᠬᠤᠪᠢ ᠭᠡᠷᠡᠴᠢᠯᠡᠭᠡ ᠰᠣᠨᠣᠰᠪᠠ᠂ ᠡᠨᠡ᠎ᠨᠢ 2020 ᠤᠨ ᠤ᠋ 3.5 ᠳᠠᠬᠢᠨ ᠪᠤᠯᠵᠤ᠂ ᠵᠠᠬᠢᠳᠠᠯ
ᠰᠤᠷᠪᠤᠯᠵᠢᠯᠠᠭ᠎ᠠ᠎ᠶ᠋ᠢᠨ ᠬᠡᠷᠡᠭ᠎ᠢ ᠭᠡᠷᠡᠴᠢᠯᠡᠭᠡ ᠰᠣᠨᠣᠰᠴᠤ᠌ ᠱᠢᠢᠳᠪᠤᠷᠢᠯᠡᠭ᠌ᠰᠡᠨ ᠨᠤᠷᠮ᠎ᠠ 76.5% ᠳ᠋ᠦ ᠬᠦᠷᠪᠠ᠃ 2019 ᠣᠨ ᠤ᠋ᠬᠢᠲᠠᠢ ᠬᠠᠷᠢᠴᠠᠭᠤᠯᠪᠠᠯ᠂
ᠨᠢᠳᠤᠨᠤᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠶᠡᠷᠦᠩᠬᠡᠶ ᠭᠡᠮᠵᠢᠶ᠎ᠠ᠂ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢᠨ
ᠬᠡᠮᠵᠢᠶ᠎ᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠳᠤ ᠬᠦᠷᠦᠭ᠌ᠰᠡᠨ ᠵᠠᠬᠢᠳᠠᠯ ᠰᠤᠷᠪᠤᠯᠵᠢᠯᠠᠭ᠎ᠠ᠎ᠶ᠋ᠢᠨ
ᠬᠡᠮᠵᠢᠶ᠎ᠡ ᠲᠣᠰ ᠲᠣᠰ 4.7%᠂ 7.5% ᠪᠠ 8.9%᠎ᠪᠠᠷ ᠪᠠᠭᠤᠷᠠᠪᠠ; 《ᠭᠡᠷ᠎ᠤᠨ
ᠡᠭᠦᠳᠡᠨ᠎ᠳᠠᠬᠢ ᠪᠠᠢᠴᠠᠭᠠᠬᠤ ᠬᠤᠷᠢᠶ᠎ᠠ》 ᠠᠷᠠᠳ᠎ᠤᠨ ᠢᠲᠡᠭᠡᠯ᠎ᠢ ᠣᠯᠵᠤ᠂
ᠱᠢᠶᠠᠨ᠎ᠤ ᠱᠠᠲᠤᠨ᠎ᠤ ᠪᠠᠢᠴᠠᠭᠠᠬᠤ ᠬᠤᠷᠢᠶᠠᠨ᠎ᠤ ᠬᠦᠯᠢᠶᠡᠨ ᠠᠪᠴᠤ᠌ ᠱᠢᠢᠳᠪᠦᠷᠢᠯᠡᠭ᠌ᠰᠡᠨ ᠵᠠᠬᠢᠳᠠᠯ ᠰᠤᠷᠪᠤᠯᠵᠢᠯᠠᠭ᠎ᠠ᠎ᠶ᠋ᠢᠨ
ᠡᠵᠡᠯᠡᠬᠦ᠌ ᠬᠤᠪᠢ᠎ᠶ᠋ᠢᠨ ᠵᠢᠩ 24.5% ᠪᠠᠢᠭ᠍ᠰᠠᠨ ᠡᠴᠡ᠎ᠪᠠᠨ 29.8% ᠪᠣᠯᠲᠠᠯ᠎ᠠ ᠨᠡᠮᠡᠭ᠌ᠳᠡᠵᠤ᠂ ᠵᠠᠬᠢᠳᠠᠯ ᠰᠤᠷᠪᠤᠯᠵᠢᠯᠠᠭ᠎ᠠ᠎ᠶ᠋ᠢᠨ 《ᠲᠣᠩᠭᠤᠷᠠᠭᠤ ᠭᠤᠷᠪᠠᠯᠵᠢᠨ》 ᠤ᠋ ᠪᠦᠳᠤᠴᠠ ᠦᠷᠭᠦᠯᠵᠢᠯᠡᠨ ᠰᠠᠢᠵᠢᠷᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠠᠭᠠᠯᠳᠤᠬ᠍ᠰᠠᠨ ᠪᠠ ᠭᠤᠮᠣᠳᠠᠯ ᠲᠣᠭᠠᠴᠢᠭ᠍ᠰᠠᠨ ᠬᠡᠷᠡᠭ᠎ᠢ ᠱᠢᠢᠳᠪᠦᠷᠢᠯᠡᠭ᠌ᠰᠡᠨ
ᠲᠤᠬᠠᠢ ᠲᠤᠰᠭᠠᠶ ᠮᠡᠳᠡᠭᠦᠯᠦᠯᠲᠡ ᠰᠤᠨᠤᠰᠴᠤ᠌ ᠭᠦᠢᠴᠡᠳ ᠨᠤᠲᠠᠯᠠᠯᠳᠠ ᠦᠭ᠌ᠪᠡ᠃
ᠬᠡᠤᠬᠡᠳ᠎ᠤᠳ᠎ᠢ ᠨᠡᠩ ᠰᠠᠢᠨ ᠦᠰᠦᠨ ᠪᠤᠢᠵᠢᠬᠤ ᠪᠤᠯᠭᠠᠪᠠ᠃ ᠨᠠᠰᠤᠨ᠎ᠳᠤ ᠦᠯᠦ᠍
ᠬᠦᠷᠦᠭ᠌ᠰᠡᠳ᠎ᠢ ᠬᠠᠮᠠᠭᠠᠯᠠᠬᠤ ᠬᠠᠤᠯᠢ᠎ᠶ᠋ᠢ ᠨᠠᠢᠳᠠᠪᠤᠷᠢᠵᠢᠭᠤᠯᠵᠤ᠂ ᠬᠠᠤᠯᠢ ᠪᠠᠷᠢᠯᠳᠠ᠎ᠶ᠋ᠢᠨ ᠬᠠᠮᠠᠭᠠᠯᠠᠯᠲᠠ᠎ᠪᠠᠷ
ᠭᠡᠷ ᠪᠦᠯᠢ᠂ ᠰᠤᠷᠭᠠᠭᠤᠯᠢ᠂ ᠨᠡᠢᠭᠡᠮ᠂ ᠰᠦᠯᠵᠢᠶ᠎ᠡ ᠪᠠ ᠵᠠᠰᠠᠭ᠎ᠤᠨ ᠣᠷᠳᠣᠨ᠎ᠤ ᠬᠠᠮᠠᠭᠠᠯᠠᠯᠲᠠ᠎ᠳᠤ ᠠᠭᠤᠰᠤᠨ
ᠤᠷᠤᠵᠤ᠂ ᠨᠡᠢᠯᠡᠯ ᠬᠦᠴᠤᠨ᠎ᠢ ᠪᠦᠷᠢᠯᠳᠤᠬᠦᠯᠤᠨ᠂ 《1+5 > 6
》 ᠨᠠᠰᠤᠨ ᠳ᠋ᠦ ᠬᠦᠷᠦᠭᠰᠡᠳ᠎ᠢ ᠬᠠᠮᠠᠭᠠᠯᠠᠬᠤ ᠠᠵᠢᠯ᠎ᠢ ᠬᠠᠮᠲᠤ ᠪᠡᠷ
ᠨᠡᠩ ᠪᠤᠳᠠᠳᠠᠢ ᠬᠢᠪᠡ᠃ ᠬᠢᠨᠠᠨ ᠬᠠᠮᠠᠭᠠᠯᠠᠭ᠍ᠴᠢ᠎ᠶ᠋ᠢᠨ ᠬᠠᠯᠳᠠᠯᠭ᠎ᠠ᠎ᠶ᠋ᠢᠨ ᠦᠢᠯᠡ ᠠᠵᠢᠯᠯᠠᠭ᠎ᠠ᠎ᠳᠤ ᠴᠢᠭ᠌ᠯᠡᠭᠦᠯᠦᠨ᠂
758 ᠭᠡᠷᠡᠭ ᠲᠸ᠋ ᠵᠠᠭᠠᠯᠳᠤᠬᠤ᠎ᠶ᠋ᠢ ᠳᠡᠮᠵᠢᠭ᠌ᠰᠡᠨ ᠪᠠ ᠬᠢᠨᠠᠨ ᠬᠠᠮᠠᠭᠠᠯᠠᠭ᠍ᠴᠢ᠎ᠶ᠋ᠢᠨ ᠬᠢᠷᠢ ᠬᠡᠮ᠎ᠢ᠎ᠨᠢ
ᠬᠠᠰᠤᠬᠤ ᠰᠠᠨᠠᠭᠤᠯᠭ᠎ᠠ ᠲᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 47.8% ᠪᠠᠷ ᠨᠡᠮᠡᠭ᠌ᠳᠡᠪᠡ; ᠬᠢᠨᠠᠨ ᠬᠠᠮᠠᠭᠠᠯᠠᠬᠤ ᠬᠠᠷᠢᠭᠤᠴᠠᠯᠭ᠎ᠠ᠎ᠪᠠᠨ
ᠬᠦᠨᠳᠦ ᠨᠤᠴᠢᠳᠠᠢ ᠠᠯᠳᠠᠭ᠍ᠰᠠᠨ ᠶᠠᠪᠤᠳᠠᠯ᠎ᠳᠤ ᠴᠢᠭ᠌ᠯᠡᠭᠦᠯᠦᠨ᠂ 1.9 ᠲᠦᠮᠡᠨ ᠬᠤᠪᠢ ᠱᠢᠪᠠᠳᠠᠵᠤ ᠬᠢᠨᠠᠨ ᠬᠠᠮᠠᠭᠠᠯᠠᠭᠤᠯᠬᠤ
ᠵᠠᠷᠯᠢᠭ ᠭᠠᠷᠭᠠᠪᠠ᠃ ᠬᠡᠷ ᠪᠦᠯᠢ᠎ᠶ᠋ᠢᠨ ᠬᠦᠮᠤᠵᠢᠯ᠎ᠢ ᠠᠬᠢᠭᠤᠯᠬᠤ ᠬᠠᠤᠯᠢ᠎ᠶ᠋ᠢ ᠡᠨᠡ ᠵᠢᠯ ᠡᠴᠡ ᠡᠬᠢᠯᠡᠵᠤ ᠭᠡᠷᠡᠭ᠌ᠵᠢᠬᠦᠯᠤᠨ᠂
《ᠭᠡᠤᠭᠡᠳ᠎ᠢᠶᠠᠨ ᠬᠠᠮᠢᠶᠡᠷᠳᠠᠭ ᠦᠭᠡᠢ ᠭᠡᠷ᠎ᠤᠨ ᠠᠬᠠᠮᠠᠳ》᠎ᠤ᠋ᠨ ᠬᠠᠤᠯᠢ ᠶᠤᠰᠤᠭᠠᠷ ᠬᠡᠤᠬᠡᠳ᠎ᠢᠶᠠᠨ ᠠᠰᠠᠷᠠᠨ
ᠬᠠᠷᠠᠭᠠᠯᠵᠠᠬᠤ᠎ᠶ᠋ᠢ ᠠᠬᠢᠭᠤᠯᠬᠤ᠎ᠳᠤ ᠨᠡᠩ ᠠᠱᠢᠭ᠍ᠳᠠᠢ ᠪᠤᠯᠪᠠ᠃ 2018 ᠣᠨ ᠳ᠋ᠦ ᠰᠤᠷᠭᠠᠭᠤᠯᠢ᠎ᠶ᠋ᠢᠨ ᠬᠦᠷᠢᠶᠡᠨ᠎ᠤ ᠠᠮᠤᠷ ᠲᠦᠪᠱᠢᠨ᠎ᠳᠤ
ᠴᠢᠭ᠌ᠯᠡᠭᠦᠯᠦᠨ ᠭᠠᠷᠭᠠᠬ᠍ᠰᠠᠨ 《ᠨᠢᠭᠡᠳᠦᠭᠡᠷ ᠲᠤᠭᠠᠲᠤ ᠪᠠᠢᠴᠠᠭᠠᠬᠤ
ᠰᠠᠨᠠᠭᠤᠯᠭ᠎ᠠ》᠎ᠶ᠋ᠢ ᠦᠷᠬᠦᠯᠵᠢᠯᠠᠨ
ᠨᠠᠢᠳᠠᠪᠤᠷᠢᠵᠢᠭᠤᠯᠪᠠ᠃ ᠰᠤᠷᠭᠠᠨ ᠬᠥᠮᠦᠵᠢᠯ᠎ᠤᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠵᠡᠷᠭᠡ᠎ᠲᠠᠢ
ᠬᠠᠮᠲᠤᠷᠠᠨ ᠪᠠᠢᠭᠤᠯᠤᠭ᠍ᠰᠠᠨ ᠠᠯᠪᠠᠳᠠᠯᠭ᠎ᠠ᠎ᠪᠠᠷ ᠮᠡᠳᠡᠬᠦᠯᠬᠦ᠌ ᠲᠦᠷᠢᠮ ᠪᠠ ᠠᠵᠢᠯ᠎ᠳᠤ ᠤᠷᠤᠬᠤ ᠡᠴᠡ ᠡᠮᠦᠨᠡᠬᠢ
ᠥᠩᠭᠡᠷᠡᠯᠲᠡ᠎ᠶ᠋ᠢ ᠪᠠᠢᠴᠠᠭᠠᠨ ᠯᠠᠪᠯᠠᠬᠤ ᠲᠦᠷᠢᠮ᠎ᠢ ᠬᠠᠤᠯᠢ ᠴᠠᠭᠠᠵᠠ᠎ᠶ᠋ᠢᠨ ᠲᠣᠭ᠍ᠲᠠᠭᠠᠯ ᠪᠣᠯᠭᠠᠨ ᠳᠡᠭᠡᠭ᠌ᠰᠢᠯᠡᠭᠦᠯᠪᠡ᠃
ᠠᠯᠪᠠᠳᠠᠯᠭ᠎ᠠ᠎ᠪᠠᠷ ᠮᠡᠳᠡᠭᠦᠯᠬᠦ᠌ ᠳᠦᠷᠢᠮ᠎ᠢᠶᠠᠷ ᠳᠠᠮᠵᠢᠭᠤᠯᠤᠨ᠂ ᠨᠠᠰᠤᠨ᠎ᠳᠤ ᠦᠯᠦ᠍ ᠬᠦᠷᠦᠭ᠌ᠰᠡᠳ᠎ᠲᠤ ᠬᠠᠯᠳᠠᠭ᠍ᠰᠠᠨ
1657 ᠬᠡᠷᠡᠭᠢ᠋ ᠱᠢᠢᠳᠪᠦᠷᠢᠯᠡᠵᠤ᠂ ᠮᠡᠳᠡᠭᠦᠯᠬᠦ᠌ ᠡᠭᠦᠷᠭᠡ᠎ᠪᠠᠨ ᠦᠯᠦ᠍ ᠭᠦᠢᠴᠡᠳᠭᠡᠭ᠌ᠰᠡᠨ 459 ᠭᠡᠷᠡᠭᠢ᠋ ᠴᠡᠭ᠌ᠴᠡᠯᠡᠬᠦᠯᠤᠨ ᠦᠭᠡᠷᠡᠴᠢᠯᠡᠬᠦᠯᠬᠦ᠌ᠶ᠋ᠢ ᠠᠬᠢᠭᠤᠯᠤᠭ᠍ᠰᠠᠨ ᠪᠠ ᠦᠯᠦ᠍ ᠬᠦᠢᠴᠡᠳᠭᠡᠭ᠌ᠰᠡᠳ ᠡᠴᠡ᠎ᠨᠢ
ᠬᠠᠷᠢᠭᠤᠴᠠᠯᠭ᠎ᠠ ᠨᠡᠬᠡᠮᠵᠢᠯᠡᠪᠡ᠃ ᠨᠠᠰᠤᠨ᠎ᠳᠤ ᠥᠯᠥ᠍ ᠭᠦᠷᠦᠭ᠌ᠰᠡᠳ᠎ᠲᠠᠢ ᠨᠢᠬ᠍ᠳᠠ ᠤᠢ᠍ᠢᠷᠠᠳᠭᠤ ᠠᠵᠢᠯ ᠲᠥᠷᠥᠯ᠎ᠤᠨ
ᠠᠵᠢᠯ᠎ᠳᠤ ᠤᠷᠤᠬᠤ ᠡᠴᠡ ᠡᠮᠦᠨᠡᠬᠢ ᠦᠡᠭ᠌ᠭᠡᠷᠡᠯᠳᠠᠶ᠋ᠢᠨ
ᠪᠠᠢᠴᠠᠭᠠᠯᠲᠠ᠎ᠶ᠋ᠢ 749 ᠲᠦᠮᠡᠨ ᠬᠥᠮᠦᠨ ᠤᠳᠠᠭ᠎ᠠ ᠬᠢᠯᠭᠡᠵᠤ᠂ ᠶᠠᠯᠠᠳᠠᠬ᠍ᠳᠠᠵᠤ ᠮᠠᠭᠤ ᠭᠡᠷᠡᠭ ᠤᠢ᠍ᠢᠯᠡᠳᠴᠤ᠌
ᠦᠡᠭ᠌ᠭᠡᠷᠡᠭ᠌ᠰᠡᠨ 2900 ᠭᠠᠷᠤᠶ ᠬᠥᠮᠦᠨ᠎ᠢ ᠤᠷᠢᠵᠤ ᠭᠡᠷᠡᠭ᠌ᠯᠡᠬᠦ᠌᠎ᠶ᠋ᠢ
ᠪᠤᠯᠢᠭᠤᠯᠪᠠ᠃ ᠪᠡᠯᠭᠡ᠎ᠶ᠋ᠢᠨ ᠬᠠᠯᠳᠠᠯᠭ᠎ᠠ ᠬᠢᠭ᠌ᠰᠡᠨ᠂ ᠬᠠᠯᠠ ᠦᠵᠡᠭᠦᠯᠦᠭ᠌ᠰᠡᠨ ᠵᠡᠷᠭᠡ ᠨᠠᠰᠤᠨ᠎ᠳᠤ ᠦᠯᠦ᠍ ᠬᠦᠷᠦᠭ᠌ᠰᠡᠳ᠎ᠲᠤ
ᠬᠠᠯᠳᠠᠬ᠍ᠰᠠᠨ ᠶᠠᠯᠠᠲᠤ ᠠᠵᠢᠯᠯᠠᠭ᠎ᠠ ᠬᠢᠭ᠌ᠰᠡᠨ 6.1 ᠲᠦᠮᠡᠨ ᠬᠥᠮᠦᠨ᠎ᠢ ᠴᠢᠩᠭ᠎ᠠ ᠨᠡᠬᠡᠮᠵᠢᠯᠡᠨ ᠵᠠᠭᠠᠯᠳᠤᠪᠠ᠂
ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 5.7%᠎ᠪᠠᠷ ᠨᠡᠮᠡᠭ᠌ᠳᠡᠪᠠ᠃ ᠶᠠᠯᠠᠳᠤ ᠠᠵᠢᠯᠯᠠᠭ᠎ᠠ᠎ᠳᠤ ᠬᠤᠯᠪᠤᠬ᠍ᠳᠠᠬ᠍ᠰᠠᠨ
ᠨᠠᠰᠤᠨ᠎ᠳᠤ ᠦᠯᠦ᠍ ᠬᠦᠷᠦᠭ᠌ᠰᠡᠳ᠎ᠢ ᠬᠠᠮᠤᠭ᠎ᠤᠨ ᠶᠡᠭᠡ ᠬᠡᠮᠵᠢᠶ᠎ᠠ᠎ᠪᠠᠷ ᠰᠤᠷᠭᠠᠨ ᠬᠥᠮᠦᠵᠢᠬᠦᠯᠵᠤ ᠤᠶᠠᠷᠠᠭᠤᠯᠤᠨ
ᠤᠬᠠᠭᠠᠷᠠᠭᠤᠯᠵᠤ᠂ 2 ᠲᠦᠮᠡᠨ ᠬᠥᠮᠦᠨ᠎ᠢ ᠨᠦᠭᠦᠴᠡᠯ᠎ᠲᠠᠢ᠎ᠪᠠᠷ ᠦᠯᠦ᠍ ᠵᠠᠭᠠᠯᠳᠤᠬᠤ᠎ᠪᠠᠷ ᠬᠠᠤᠯᠢ
ᠶᠤᠰᠤᠭᠠᠷ ᠲᠤᠬ᠍ᠳᠠᠭᠠᠪᠠ᠂ ᠡᠨᠡ᠎ᠨᠢ ᠱᠢᠢᠳᠪᠤᠷᠢᠯᠡᠵᠤ ᠳᠠᠭᠤᠰᠭᠠᠭ᠍ᠰᠠᠨ ᠨᠠᠰᠤᠨ᠎ᠳᠤ ᠦᠯᠦ᠍ ᠬᠦᠷᠦᠭ᠌ᠰᠡᠳ᠎ᠤᠨ
ᠬᠡᠷᠡᠭ᠎ᠤᠨ ᠪᠦᠬᠦ᠌ ᠲᠣᠭᠠᠨ᠎ᠤ 29.7 %᠎ᠶ᠋ᠢ ᠡᠵᠡᠯᠡᠪᠡ; ᠬᠦᠨᠳᠤᠪᠲᠤᠷ
ᠶᠠᠯᠠᠳᠤ ᠠᠵᠢᠯᠯᠠᠭ᠎ᠠ ᠬᠢᠭ᠌ᠰᠡᠨ ᠨᠠᠰᠤᠨ᠎ᠳᠤ ᠥᠯᠥ᠍ ᠭᠦᠷᠦᠭ᠌ᠰᠡᠠ 3.5 ᠲᠦᠮᠡᠨ ᠬᠥᠮᠦᠨ᠎ᠢ ᠵᠠᠭᠠᠯᠳᠤᠪᠠ᠂ ᠡᠨᠡ᠎ᠨᠢ
ᠠᠳᠠᠯᠢ ᠬᠤᠭᠤᠴᠠᠭᠠᠨ᠎ᠤ᠎ᠬᠢ᠎ᠡᠴᠡ 6% ᠪᠠᠷ ᠨᠡᠮᠡᠭ᠌ᠳᠡᠪᠠ᠂ ᠬᠠᠤᠯᠢ ᠶᠤᠰᠤᠭᠠᠷ ᠵᠠᠯᠬᠠᠭᠠᠨ ᠱᠢᠢᠳᠭᠡᠬᠦ᠌᠎ᠨᠢ
ᠮᠦᠨ ᠬᠠᠮᠠᠭᠠᠯᠠᠵᠤ ᠪᠠᠢᠭ᠎ᠠ ᠶᠠᠪᠤᠳᠠᠯ ᠶᠤᠮ᠃ ᠨᠠᠰᠤᠨ᠎ᠳᠤ ᠦᠯᠦ᠍ ᠬᠦᠷᠦᠭ᠌ᠰᠡᠳ᠎ᠤᠨ ᠪᠡᠶ᠎ᠠ᠎ᠪᠠᠨ ᠱᠢᠪᠡᠭᠡᠰᠤᠯᠡᠭ᠌ᠰᠡᠨ
ᠱᠢᠷᠬ᠎ᠠ᠎ᠨᠢ ᠠᠮᠠᠷᠬᠠᠨ ᠦᠷᠪᠢᠰᠤᠨ ᠬᠤᠪᠢᠯᠲᠠᠭᠢᠶᠠᠷ ᠦᠯᠦ᠍ ᠪᠠᠷᠠᠮ ᠢᠯᠡᠷᠢᠱᠢᠬᠦᠳᠤ ᠪᠡᠷᠭᠡ᠂ ᠠᠵᠢᠯ ᠣᠯᠬᠤ
ᠦᠶ᠎ᠠ᠎ᠳᠤ ᠬᠢᠵᠠᠭᠠᠷᠯᠠᠯ᠎ᠳᠤ ᠤᠴᠠᠷᠠᠳᠠᠭ ᠪᠡ ᠭᠡᠷ᠎ᠤᠨ ᠠᠬᠠᠮᠠᠳ᠎ᠨᠢ ᠠᠷᠭ᠎ᠠ ᠦᠭᠡᠢᠳᠡᠳᠡᠭ᠎ᠲᠤ ᠴᠢᠭ᠌ᠯᠡᠬᠦᠯᠦᠨ᠂
ᠵᠢᠶᠠᠩᠰᠦ᠂ ᠵᠧᠵᠢᠶᠠᠩ ᠵᠠᠷᠬᠡ ᠭᠠᠵᠠᠷ᠎ᠤᠨ ᠪᠠᠢᠴᠠᠭᠠᠬᠤ ᠪᠠᠢᠭᠤᠯᠭ᠎ᠠ ᠨᠠᠢᠳᠠ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ
ᠲᠤᠰᠭᠠᠢ ᠬᠢᠨᠠᠯᠳᠠ ᠬᠢᠬᠦ᠌᠎ᠪᠠᠷ ᠲᠠᠮᠵᠢᠨ ᠤᠢ ᠤᠬᠠᠭᠠᠨ᠎ᠨᠢ ᠲᠦᠯᠤᠪᠱᠢᠭᠡᠳᠤᠢ ᠨᠠᠰᠤᠨ᠎ᠳᠤ ᠦᠯᠦ᠍ ᠬᠦᠷᠦᠭ᠌ᠰᠡᠳ᠎ᠤᠨ
ᠪᠡᠶ᠎ᠠ᠎ᠪᠠᠨ ᠱᠢᠪᠡᠭᠡᠰᠤᠯᠡᠬᠦ᠌ᠶ᠋ᠢ ᠴᠠᠭᠠᠵᠠᠯᠠᠬᠤ᠎ᠶ᠋ᠢ ᠠᠬᠢᠭᠤᠯᠪᠠ᠃ 3.9 ᠲᠦᠮᠡᠨ ᠪᠠᠢᠴᠠᠭᠠᠬᠤ ᠲᠤᠱᠢᠶᠠᠯᠲᠠᠨ 7.7 ᠲᠦᠮᠡᠨ ᠳᠤᠮᠳᠠᠳᠤ ᠪᠠᠭ᠎ᠠ ᠰᠤᠷᠭᠠᠭᠤᠯᠢ᠎ᠳᠤ ᠬᠠᠤᠯᠢ᠎ᠪᠠᠷ ᠵᠠᠰᠠᠬᠤ ᠠᠵᠢᠯ᠎ᠢ ᠬᠠᠮᠢᠶᠡᠷᠬᠤ ᠲᠠᠳ᠋ ᠵᠠᠬᠢᠷᠤᠯ᠎ᠤᠨ
ᠲᠤᠱᠢᠶᠠᠯ ᠬᠠᠷᠢᠭᠤᠴᠠᠵᠤ᠂ ᠡᠯ᠎ᠡ ᠲᠠᠯ᠎ᠠ᠎ᠶ᠋ᠢᠨ᠎ᠬᠢᠨ᠎ᠲᠠᠢ ᠬᠠᠮᠵᠢᠯᠴᠠᠨ ᠬᠡᠦᠬᠡᠳ᠎ᠤᠳ᠎ᠲᠤ ᠬᠠᠤᠯᠢ᠎ᠪᠠᠷ ᠵᠠᠰᠠᠬᠤ
ᠰᠠᠢᠨ ᠰᠠᠢᠬᠠᠨ ᠤᠷᠴᠢᠨ ᠨᠦᠬᠦᠴᠡᠯ᠎ᠢ ᠪᠤᠢ ᠪᠤᠯᠭᠠᠵᠤ ᠦᠭ᠌ᠪᠡ᠃
ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ ᠲᠤᠰᠠ ᠵᠢᠴᠢ ᠴᠡᠷᠢᠭ ᠪᠠ
ᠴᠡᠷᠢᠭ᠎ᠤᠨ ᠭᠡᠷ ᠪᠦᠯᠢ᠎ᠶ᠋ᠢᠨ᠎ᠬᠢᠨ᠂ ᠪᠠᠭᠠᠳᠤᠷᠴᠤᠳ ᠪᠠ ᠦᠷᠡᠭ᠌ᠳᠡᠭ᠌ᠰᠡᠨ ᠪᠠᠭᠠᠲᠤᠷᠴᠤᠳ᠎ᠤᠨ ᠬᠠᠤᠯᠢ ᠶᠣᠰᠣᠨ᠎ᠤ
ᠡᠷᠬᠡ ᠠᠱᠢᠭ᠎ᠢ ᠡᠷᠡᠰ ᠬᠠᠮᠠᠭᠠᠯᠠᠪᠠ᠃ ᠱᠢᠨ᠎ᠡ ᠴᠠᠭ ᠦᠶ᠎ᠡ᠎ᠶ᠋ᠢᠨ ᠴᠡᠷᠢᠭ ᠠᠩᠭᠢ ᠪᠠ ᠣᠷᠣᠨ ᠨᠤᠲᠤᠭ᠎ᠤᠨ ᠪᠠᠢᠴᠠᠭᠠᠬᠤ
ᠠᠵᠢᠯ᠎ᠤᠨ ᠬᠠᠮᠵᠢᠯᠴᠠᠭᠠᠨ᠎ᠤ ᠰᠠᠨᠠᠯ᠎ᠢ ᠲᠣᠭ᠍ᠲᠠᠭᠠᠨ ᠬᠡᠷᠡᠭ᠌ᠵᠢᠭᠦᠯᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ
ᠠᠱᠢᠭ ᠲᠤᠰᠠ᠎ᠳᠤ ᠬᠤᠤᠷ ᠬᠥᠨᠥᠭᠡᠯ ᠤᠴᠠᠷᠠᠭᠤᠯᠤᠭ᠍ᠰᠠᠨ᠂ ᠴᠡᠷᠢᠭ ᠪᠠ ᠴᠡᠷᠢᠭ᠎ᠤᠨ ᠭᠡᠷ ᠪᠦᠯᠢ᠎ᠶ᠋ᠢᠨ᠎ᠬᠢᠨ᠎ᠤ
ᠬᠠᠤᠯᠢ ᠶᠣᠰᠣᠨ᠎ᠤ ᠡᠷᠬᠡ ᠠᠱᠢᠭ᠎ᠲᠤ ᠬᠠᠯᠳᠠᠭ᠍ᠰᠠᠨ ᠶᠠᠯᠠᠳᠤ ᠠᠵᠢᠯᠯᠠᠭ᠎ᠠ ᠬᠢᠭ᠌ᠰᠡᠨ 545 ᠬᠥᠮᠦᠨ ᠢ᠋ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ
43% ᠪᠠᠷ ᠨᠡᠮᠡᠭ᠌ᠳᠡᠪᠡ᠃ ᠬᠠᠤᠯᠢ ᠪᠤᠰᠤ ᠬᠠᠯᠳᠠᠯᠭ᠎ᠠ᠎ᠳᠤ
ᠤᠴᠠᠷᠠᠭ᠍ᠰᠠᠨ ᠴᠡᠷᠢᠭ ᠪᠠ ᠴᠡᠷᠢᠭ᠎ᠤᠨ ᠭᠡᠷ ᠪᠦᠯᠢ᠎ᠶ᠋ᠢᠨ᠎ᠬᠢᠨ᠂ ᠴᠡᠷᠢᠭ᠎ᠤᠨ ᠠᠯᠪᠠ ᠡᠴᠡ ᠪᠠᠭᠤᠭ᠍ᠰᠠᠳ᠎ᠲᠤ ᠬᠠᠤᠯᠢ
ᠪᠠᠷᠢᠯᠳᠠ᠎ᠶ᠋ᠢᠨ ᠠᠪᠤᠷᠠᠨ ᠲᠤᠰᠠᠯᠠᠯᠳᠠ ᠦᠵᠡᠭᠦᠯᠪᠠ᠃ ᠨᠢᠰᠦᠯᠲᠡ᠎ᠶ᠋ᠢᠨ ᠪᠣᠯᠪᠠᠰᠤᠷᠠᠯ᠎ᠤᠨ ᠠᠮᠤᠷ ᠲᠦᠪᠱᠢᠨ᠎ᠢ
ᠨᠥᠯᠥᠭᠡᠯᠡᠬᠦ᠌ ᠠᠰᠠᠭᠤᠳᠠᠯ᠎ᠳᠤ ᠴᠢᠭ᠌ᠯᠡᠭᠦᠯᠦᠨ᠂ ᠴᠡᠷᠢᠭ᠎ᠤᠨ ᠬᠡᠷᠡᠭ᠌ᠯᠡᠭᠡᠨ᠎ᠤ ᠨᠢᠰᠭᠡᠯ᠎ᠤᠨ ᠪᠠᠭᠤᠳᠠᠯ᠎ᠤᠨ
ᠠᠭᠠᠷ᠎ᠤᠨ ᠤᠷᠤᠨ᠎ᠢ ᠴᠡᠪᠡᠷᠵᠢᠬᠦᠯᠬᠦ᠌ ᠲᠤᠰᠭᠠᠶ ᠬᠢᠨᠠᠯᠲᠠ᠎ᠶ᠋ᠢ ᠥᠷᠨᠢᠭᠦᠯᠪᠠ᠃ ᠤᠯᠤᠰ᠎ᠤᠨ ᠪᠠᠲᠤᠯᠠᠨ ᠬᠠᠮᠠᠭᠠᠯᠠᠯᠲᠠ
ᠪᠠ ᠴᠡᠷᠢᠭ᠎ᠤᠨ ᠶᠠᠪᠤᠳᠠᠯ᠎ᠤᠨ ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ 325 ᠬᠤᠪᠢ ᠱᠢᠢᠳᠪᠤᠷᠢᠯᠡᠪᠠ᠂ ᠡᠨᠡ᠎ᠨᠢ 2020 ᠤᠨ᠎ᠤ
2.2 ᠳᠡᠬᠢᠨ ᠪᠤᠯᠪᠠ᠃ ᠴᠡᠷᠢᠭ᠎ᠤᠨ ᠤᠷᠤᠭ᠎ᠢ ᠡᠪᠳᠡᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ
ᠨᠡᠢᠲᠡᠯᠡᠵᠤ᠂ ᠶᠦᠨᠨᠠᠨ᠎ᠤ ᠴᠡᠷᠢᠭ ᠠᠩᠭᠢ ᠪᠠ ᠣᠷᠣᠨ ᠨᠤᠲᠤᠭ᠎ᠤᠨ ᠪᠠᠢᠴᠠᠭᠠᠬᠤ ᠪᠠᠢᠭᠤᠯᠭ᠎ᠠ ᠴᠡᠷᠢᠭ᠎ᠤᠨ ᠨᠠᠰᠤᠨ᠎ᠳᠤ
ᠬᠦᠷᠦᠭᠡᠳᠦᠢ ᠦᠷ᠎ᠡ ᠬᠡᠦᠬᠡᠳ᠎ᠤᠨ ᠬᠠᠤᠯᠢ ᠪᠠᠷᠢᠯᠳᠠ᠎ᠶ᠋ᠢᠨ ᠬᠠᠮᠠᠭᠠᠯᠠᠯᠲᠠ᠎ᠶ᠋ᠢ ᠥᠷᠨᠢᠭᠦᠯᠦᠭ᠌ᠰᠡᠨ ᠲᠤᠷᠱᠢᠯᠭ᠎ᠠ᠎ᠪᠠᠨ
ᠳᠡᠯᠭᠡᠷᠡᠭᠦᠯᠵᠦ᠍᠂ ᠬᠠᠤᠯᠢ ᠶᠣᠰᠣᠭᠠᠷ ᠡᠷᠬᠡ᠎ᠶ᠋ᠢ᠎ᠨᠢ ᠬᠠᠮᠠᠭᠠᠯᠠᠨ᠂ 《ᠴᠡᠷᠢᠭ᠎ᠤᠨ ᠦᠷ᠎ᠠ ᠬᠡᠤᠬᠡᠳ》 ᠢ᠋ ᠰᠠᠢᠲᠤᠷ ᠬᠠᠮᠠᠭᠠᠯᠠᠪᠠ᠃ 7 ᠰᠠᠯᠠᠭ᠎ᠠ ᠮᠥᠴᠢᠷ᠎ᠲᠠᠢ ᠬᠠᠮᠳᠤᠷᠠᠨ ᠦᠷᠡᠭ᠌ᠳᠡᠭ᠌ᠰᠡᠨ ᠪᠠᠭᠠᠲᠤᠷᠴᠤᠳ᠎ᠤᠨ
ᠳᠤᠷᠠᠰᠭᠠᠯ᠎ᠤᠨ ᠲᠥᠬᠦᠭᠡᠷᠦᠮᠵᠢ᠎ᠶ᠋ᠢ ᠵᠢᠷᠤᠮᠵᠢᠭᠤᠯᠤᠨ ᠬᠠᠮᠢᠶᠡᠷᠬᠤ ᠰᠠᠨᠠᠯ᠎ᠢ ᠲᠣᠭ᠍ᠲᠠᠭᠠᠨ ᠲᠠᠷᠬᠠᠭᠠᠪᠠ;
ᠴᠡᠷᠢᠭ᠎ᠤᠨ ᠠᠯᠪᠠ ᠡᠴᠡ ᠪᠠᠭᠤᠭ᠍ᠰᠠᠳ᠎ᠤᠨ ᠬᠡᠷᠡᠭ ᠶᠠᠪᠤᠳᠠᠯ᠎ᠤᠨ ᠶᠠᠮᠤᠨ᠎ᠲᠠᠢ
ᠬᠠᠮᠲᠤᠷᠠᠨ ᠲᠤᠰᠭᠠᠶ ᠬᠢᠨᠠᠯᠲᠠ ᠦᠷᠨᠢᠬᠦᠯᠵᠤ᠂ 4995
ᠬᠤᠪᠢ ᠪᠠᠢᠴᠠᠭᠠᠬᠤ ᠰᠠᠨᠠᠭᠤᠯᠭ᠎ᠠ ᠭᠠᠷᠭᠠᠵᠤ᠂ ᠦᠷᠡᠭ᠌ᠳᠡᠭ᠌ᠰᠡᠨ
ᠪᠠᠭᠠᠲᠤᠷᠴᠤᠳ᠎ᠤᠨ 9400 ᠳᠤᠷᠠᠰᠭᠠᠯ᠎ᠤᠨ ᠲᠥᠬᠦᠭᠡᠷᠦᠮᠵᠢ᠎ᠶ᠋ᠢ ᠰᠡᠯᠪᠢᠨ ᠵᠠᠰᠠᠬᠤ ᠠᠵᠢᠯ᠎ᠢ ᠠᠬᠢᠭᠤᠯᠪᠠ᠃ ᠪᠠᠭᠠᠳᠤᠷᠴᠤᠳ
ᠪᠠ ᠦᠷᠡᠭ᠌ᠳᠡᠭ᠌ᠰᠡᠨ ᠪᠠᠭᠠᠲᠤᠷᠴᠤᠳ᠎ᠤᠨ ᠡᠷᠬᠡ ᠠᠱᠢᠬ᠎ᠢ ᠬᠠᠮᠠᠭᠠᠯᠠᠬᠤ ᠬᠦᠷᠢᠶᠡᠨ᠎ᠳᠠᠬᠢ ᠢᠷᠭᠡᠨ᠎ᠤ ᠬᠡᠷᠡᠭ᠎ᠤᠨ
ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ 46 ᠬᠤᠪᠢ ᠱᠢᠢᠳᠪᠦᠷᠢᠯᠡᠪᠡ᠃ ᠰᠦᠯᠵᠢᠶᠡᠨ᠎ᠤ ᠪᠦᠷᠭᠡ᠎ᠶ᠋ᠢᠨ ᠡᠵᠡᠨ ᠰᠠᠢᠨ
ᠲᠤᠷ᠎ᠠ᠎ᠶ᠋ᠢᠨ ᠴᠡᠷᠢᠭ᠎ᠤᠨ ᠦᠷᠡᠭ᠌ᠳᠡᠭ᠌ᠰᠡᠨ ᠪᠠᠭᠠᠲᠤᠷᠴᠤᠳ᠎ᠢ ᠮᠠᠭᠤ ᠰᠠᠨᠠᠭ᠎ᠠ᠎ᠲᠠᠢ᠎ᠪᠠᠷ ᠬᠦᠳᠭᠡᠨ ᠮᠠᠭᠤᠯᠠᠵᠤ᠂
ᠤᠯᠤᠰ᠎ᠢᠶᠠᠨ ᠬᠠᠮᠠᠭᠠᠯᠠᠨ ᠬᠢᠯᠢ ᠬᠢᠵᠠᠭᠠᠷ᠎ᠢᠶᠠᠨ ᠬᠠᠮᠠᠭᠠᠯᠠᠭ᠍ᠰᠠᠨ ᠦᠷᠡᠭ᠌ᠳᠡᠭ᠌ᠰᠡᠨ ᠪᠠᠭᠠᠲᠤᠷᠴᠤᠳ᠎ᠢ ᠶᠤᠰᠤ
ᠪᠤᠰᠤ᠎ᠪᠠᠷ ᠲᠤᠷᠤᠮᠵᠢᠯᠠᠬ᠍ᠰᠠᠨ ᠤᠴᠢᠷᠲᠤ᠌᠂ ᠬᠠᠢᠨᠠᠨ᠂ ᠱᠢᠨᠵᠢᠶᠠᠩ᠎ᠤᠨ ᠪᠠᠢᠴᠠᠭᠠᠬᠤ ᠪᠠᠢᠭᠤᠯᠭ᠎ᠠ ᠡᠴᠡ ᠲᠠᠳᠠᠨ᠎ᠳᠤ
ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠡ ᠲᠥᠷᠥ᠍᠂ ᠢᠷᠠᠭᠤ ᠠᠯᠳᠠᠷᠲᠤ ᠬᠠᠯᠳᠠᠬ᠍ᠰᠠᠨ ᠶᠠᠯ᠎ᠠ ᠬᠢᠭ᠌ᠰᠡᠨ
ᠰᠡᠵᠢᠭ᠌ᠯᠡᠯᠲᠠᠢᠪᠠᠷ ᠠᠯᠪᠠᠨ ᠵᠠᠭᠠᠯᠳᠤᠯᠭ᠎ᠠ ᠭᠠᠷᠭᠠᠬ᠍ᠰᠠᠨ ᠪᠥᠭᠡᠳ ᠳᠠᠭᠠᠯᠳᠤᠭᠤᠯᠤᠬ᠍ᠰᠠᠨ ᠢᠷᠭᠡᠨ᠎ᠤ ᠬᠡᠷᠡᠭ᠎ᠤᠨ
ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ ᠭᠠᠷᠭᠠᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠡᠷᠬᠡ ᠠᠱᠢᠭ ᠪᠠ
ᠢᠷᠠᠭᠤ ᠠᠯᠳᠠᠷ᠎ᠢ ᠬᠠᠤᠯᠢ᠎ᠪᠠᠷ ᠵᠠᠰᠠᠬᠤ᠎ᠪᠠᠷ ᠬᠠᠮᠠᠭᠠᠯᠠᠪᠠ᠃
ᠬᠠᠤᠯᠢ᠎ᠪᠠᠷ ᠵᠠᠰᠠᠬᠤ᠎ᠪᠠᠷ ᠠᠬ᠎ᠠ ᠳᠡᠭᠦᠤ ᠨᠡᠷ᠎ᠤᠨ ᠬᠠᠢᠷ᠎ᠠ ᠰᠡᠳᠭᠢᠯᠭᠡ ᠪᠠ
ᠠᠵᠠ ᠵᠢᠷᠭᠠᠯ᠎ᠢ ᠨᠡᠮᠡᠭ᠌ᠳᠡᠭᠦᠯᠪᠠ᠃ ᠱᠢᠶᠠᠩᠭᠠᠩ ᠣᠣᠮᠧᠨ᠎ᠤ ᠬᠠᠤᠯᠢ ᠪᠠᠷᠢᠬᠤ ᠪᠠᠢᠭᠤᠯᠭᠠᠯᠤᠭᠠᠶ᠋ᠢᠨ ᠰᠣᠯᠢᠯᠴᠠᠭ᠎ᠠ
ᠬᠠᠮᠲᠤᠷᠠᠯᠴᠠᠭ᠎ᠠ᠎ᠪᠠᠨ ᠴᠢᠩᠭᠠᠳᠭᠠᠪᠠ᠃ ᠱᠢᠶᠠᠩᠭᠠᠩ ᠣᠣᠮᠧᠨ ᠲᠠᠢᠸᠠᠨ᠎ᠳᠤ ᠬᠤᠯᠪᠣᠭ᠍ᠳᠠᠭ᠍ᠰᠠᠨ ᠪᠠ ᠬᠠᠷᠢᠶᠠᠲᠤ
ᠨᠠᠷ᠎ᠲᠤ ᠬᠤᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠶ ᠱᠢᠢᠳᠪᠦᠷᠢᠯᠡᠵᠦ᠍᠂ ᠱᠢᠶᠠᠩᠭᠠᠩ ᠣᠣᠮᠧᠨ
ᠲᠠᠢᠸᠠᠨ᠎ᠤ ᠠᠬ᠎ᠠ ᠳᠡᠭᠦᠤ ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠳᠤ ᠠᠬ᠎ᠠ ᠳᠡᠭᠦᠤ ᠨᠡᠷ ᠪᠠ ᠤᠯᠤᠰ᠎ᠲᠠᠭᠠᠨ
ᠪᠤᠴᠠᠵᠤ ᠢᠷᠡᠭ᠌ᠰᠡᠨ ᠬᠠᠷᠢᠶᠠᠲᠤ ᠨᠠᠷ ᠪᠤᠯᠤᠨ ᠬᠠᠷᠢᠶᠠᠲᠤ ᠨᠠᠷ᠎ᠤᠨ ᠭᠡᠷ ᠪᠦᠯᠢ᠎ᠶ᠋ᠢᠨ᠎ᠬᠢᠨ᠎ᠤ ᠬᠠᠤᠯᠢ ᠶᠣᠰᠣᠨ᠎ᠤ
ᠡᠷᠬᠡ ᠠᠱᠢᠭ᠎ᠢ ᠪᠠᠲᠤᠯᠠᠪᠠ᠃ ᠲᠠᠢᠸᠠᠨ᠎ᠤ ᠠᠬ᠎ᠠ ᠳᠡᠭᠦᠦ ᠨᠡᠷ ᠪᠠ ᠲᠠᠢᠸᠠᠨ᠎ᠤ ᠠᠵᠤ ᠠᠬᠤᠢᠯᠠᠯ᠎ᠳᠤ ᠤᠢ᠍ᠢᠯᠡᠴᠢᠯᠡᠬᠦ᠌
ᠪᠠᠢᠴᠠᠭᠠᠬᠤ ᠠᠵᠢᠯ᠎ᠤᠨ ᠭᠠᠷ ᠠᠪᠤᠯᠭ᠎ᠠ᠎ᠶ᠋ᠢ ᠨᠠᠢᠷᠠᠭᠤᠯᠤᠨ ᠪᠢᠴᠢᠵᠦ᠍᠂ ᠵᠧᠵᠢᠶᠠᠩ᠂ ᠹᠦᠵᠢᠶᠠᠨ ᠵᠡᠷᠭᠡ ᠭᠠᠵᠠᠷ᠎ᠤᠨ
ᠪᠠᠢᠴᠠᠭᠠᠬᠤ ᠪᠠᠢᠭᠤᠯᠭ᠎ᠠ ᠲᠠᠢᠸᠠᠨ᠎ᠤ ᠬᠤᠳᠠᠯᠳᠤᠭᠠᠴᠢᠨ᠎ᠤ ᠪᠡᠯᠡ ᠤᠷᠤᠭᠤᠯᠤᠯᠳᠠ᠎ᠶ᠋ᠢᠨ ᠤᠷᠤᠨ᠎ᠳᠤ ᠪᠠᠢᠴᠠᠭᠠᠬᠤ
ᠠᠵᠢᠯ᠎ᠤᠨ ᠬᠠᠷᠢᠯᠴᠠᠬᠤ ᠲᠠᠰᠤᠭ ᠭᠠᠷᠭᠠᠵᠤ᠂ ᠲᠠᠢᠸᠠᠨ᠎ᠤ ᠠᠬ᠎ᠠ ᠳᠡᠭᠦᠤ ᠨᠠᠷ᠎ᠢ ᠤᠷᠢᠵᠤ ᠪᠠᠢᠴᠠᠭᠠᠬᠤ ᠠᠵᠢᠯ᠎ᠤᠨ
ᠬᠤᠯᠪᠤᠭᠠᠴᠢᠨᠤ ᠳᠤᠱᠢᠶᠠᠯ ᠡᠬᠦᠷᠬᠡᠯᠡᠬᠦᠯᠵᠦ᠍᠂ ᠨᠠᠷᠢᠯᠢᠭ ᠣᠨᠣᠴᠠᠲᠠᠶ ᠬᠠᠤᠯᠢ ᠪᠠᠷᠢᠬᠤ ᠦᠢᠯᠡᠴᠢᠯᠡᠭᠡ ᠬᠠᠩᠭᠠᠪᠠ᠃
ᠵᠢᠶᠠᠩᠰᠢ ᠵᠡᠷᠬᠡ ᠭᠠᠵᠠᠷ᠎ᠤᠨ ᠲᠤᠷᠱᠢᠯᠭ᠎ᠠ᠎ᠶ᠋ᠢ ᠳᠡᠯᠭᠡᠷᠡᠭᠦᠯᠵᠦ᠍᠂ ᠳᠤᠮᠳᠠᠳᠤ ᠤᠯᠤᠰ᠎ᠤᠨ ᠬᠠᠷᠢᠶᠠᠲᠤ ᠨᠠᠷ᠎ᠤᠨ
ᠬᠤᠯᠪᠣᠭᠠᠯᠤᠭᠠ ᠬᠠᠮᠵᠢᠯᠴᠠᠨ ᠬᠠᠷᠢᠶᠠᠲᠤ ᠠᠬ᠎ᠠ ᠳᠡᠭᠦᠤ ᠨᠡᠷ᠎ᠲᠤ ᠬᠠᠤᠯᠢ ᠴᠠᠭᠠᠵᠠ᠎ᠶ᠋ᠢᠨ ᠦᠢᠯᠡᠴᠢᠯᠡᠭᠡ
ᠬᠠᠩᠭᠠᠪᠠ᠃
ᠴᠢᠳᠠᠮᠠᠭᠠᠢ᠎ᠪᠠᠷ ᠬᠠᠤᠯᠢ ᠪᠠᠷᠢᠵᠤ ᠦᠨᠳᠦᠰᠦᠨ ᠱᠠᠲᠤ᠎ᠶ᠋ᠢ ᠬᠠᠯᠠᠮᠵᠢᠯᠠᠪᠠ᠃
ᠬᠠᠤᠯᠢ ᠪᠠᠷᠢᠵᠤ ᠬᠡᠷᠡᠭ ᠱᠢᠢᠳᠪᠤᠷᠢᠯᠡᠬᠦ᠌᠎ᠲᠠᠢ ᠤᠶᠠᠯᠳᠤᠭᠤᠯᠤᠨ᠂ ᠠᠮᠢᠳᠤᠷᠠᠯ᠎ᠨᠢ ᠬᠦᠴᠢᠷᠳᠡᠯ᠎ᠳᠤ ᠲᠤᠯᠭᠠᠷᠠᠭ᠍ᠰᠠᠨ 4.8 ᠲᠦᠮᠡᠨ ᠬᠤᠬᠢᠷᠠᠯ ᠠᠮᠰᠠᠭ᠍ᠴᠢ᠎ᠳᠤ 6.1 ᠳ᠋ᠦᠩᠱᠢᠭᠤᠷ ᠲᠥᠭᠦᠷᠢᠭ᠎ᠤᠨ ᠠᠪᠤᠷᠠᠨ ᠲᠤᠰᠠᠯᠠᠯᠳᠠ ᠦᠵᠡᠬᠦᠯᠪᠠ᠂ ᠡᠨᠡ᠎ᠨᠢ
ᠠᠳᠠᠯᠢ ᠬᠤᠭᠤᠴᠠᠭᠠᠨ᠎ᠤ᠎ᠬᠢ ᠡᠴᠡ ᠲᠣᠰ ᠲᠣᠰ 49.9% ᠪᠠ
47.2% ᠵᠢᠡᠷ ᠨᠡᠮᠡᠭ᠌ᠳᠡᠪᠠ᠃ ᠬᠤᠨᠠᠨ᠎ᠤ ᠪᠠᠢᠴᠠᠭᠠᠬᠤ
ᠪᠠᠢᠭᠤᠯᠭ᠎ᠠ ᠲᠤᠨᠤᠬ᠍ᠳᠠᠭᠠᠳ ᠠᠮᠢ᠎ᠪᠠᠨ ᠠᠯᠳᠠᠬ᠍ᠰᠠᠨ ᠨᠢᠭᠡᠨ ᠬᠤᠤᠷᠯᠠᠬ᠍ᠳᠠᠬ᠍ᠴᠢᠶ᠋ᠢᠨ ᠭᠤᠷᠪᠠᠨ ᠨᠠᠰᠤᠲᠠᠨ᠂
ᠬᠤᠶᠠᠷ ᠦᠷ᠎ᠠ ᠬᠡᠦᠬᠡᠳ᠎ᠢᠶᠠᠨ ᠭᠠᠭ᠍ᠴᠠᠭᠠᠷ᠎ᠢᠶᠠᠨ ᠬᠠᠷᠠᠭᠠᠯᠵᠠᠵᠤ ᠪᠠᠢᠬ᠍ᠰᠠᠨ ᠡᠭᠡᠨᠡᠷ᠎ᠲᠤ ᠬᠠᠤᠯᠢ ᠪᠠᠷᠢᠯᠳᠠ᠎ᠶ᠋ᠢᠨ
ᠠᠪᠤᠷᠠᠨ ᠲᠤᠰᠠᠯᠠᠯᠳᠠ ᠦᠵᠡᠭᠦᠯᠦᠭ᠌ᠰᠡᠨ ᠪᠦᠭᠡᠳ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢ
ᠵᠤᠬᠢᠴᠠᠭᠤᠯᠤᠨ᠂ ᠶᠡᠭᠡ ᠰᠤᠷᠭᠠᠭᠤᠯᠢ᠎ᠳᠤ ᠱᠢᠯᠭᠠᠵᠤ ᠤᠷᠤᠭ᠍ᠰᠠᠨ ᠬᠡᠤᠬᠡᠳ᠎ᠲᠤ᠎ᠨᠢ ᠲᠡᠳᠬᠦᠮᠵᠢ ᠬᠠᠨᠭ᠌ᠭᠠᠨ᠂ ᠠᠷᠠᠳ᠎ᠤᠨ
ᠶᠠᠪᠤᠳᠠᠯᠤᠨᠬᠢᠨᠢ ᠵᠣᠬᠢᠴᠠᠭᠤᠯᠵᠤ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠤᠶᠤᠴᠢᠯᠠᠬᠤ᠎ᠳᠤᠨᠢ
ᠲᠤᠰᠠᠯᠠᠵᠤ᠂ ᠦᠨᠳᠦᠰᠦᠨ ᠱᠠᠲᠤᠨ᠎ᠤ ᠤᠯᠠᠨ ᠲᠦᠮᠡᠨ᠎ᠳᠤ ᠨᠠᠮ ᠪᠠ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ
ᠦᠨᠡᠨ ᠬᠦ᠌ ᠮᠡᠳᠡᠷᠡᠬᠦᠯᠪᠡ᠃ ᠵᠠᠷᠭᠤᠯᠳᠤᠬᠤ ᠴᠢᠳᠠᠪᠤᠷᠢ᠎ᠪᠠᠷ ᠮᠠᠭᠤᠲᠠᠢ ᠨᠠᠰᠤᠲᠠᠢᠴᠤᠳ᠎ᠤᠨ ᠠᠰᠠᠷᠠᠨ ᠲᠡᠵᠢᠭᠡᠬᠦ᠌
ᠵᠠᠷᠤᠳᠠᠯ ᠦᠭ᠌ᠬᠦᠬᠦᠯᠬᠦ᠌ᠪᠠᠷ ᠭᠤᠶᠤᠴᠢᠯᠠᠬᠤ᠂ ᠵᠡᠮᠳᠡᠭ᠌ᠴᠤᠳ᠎ᠤᠨ ᠡᠷᠬᠡ᠎ᠪᠠᠨ ᠬᠠᠮᠠᠭᠠᠯᠠᠬᠤ᠂ ᠭᠡᠷ ᠪᠦᠯᠢ᠎ᠶ᠋ᠢᠨ
ᠬᠦᠴᠦᠷᠬᠡᠭ᠌ᠯᠡᠯ᠎ᠳᠤ ᠤᠴᠠᠷᠠᠭ᠍ᠰᠠᠨ ᠡᠮᠡᠭ᠌ᠲᠡᠢᠴᠦᠳ᠎ᠤᠨ ᠣᠷᠤᠭ ᠰᠠᠯᠬᠤ᠂ ᠬᠥᠯᠥᠰᠥᠨ ᠠᠵᠢᠯᠴᠢᠨ᠎ᠤ ᠴᠠᠯᠢᠩ᠎ᠢᠶᠠᠨ
ᠨᠡᠬᠡᠬᠦ᠌ ᠵᠡᠷᠭᠡ ᠬᠡᠷᠡᠭ᠎ᠤᠨ 4.4 ᠲᠦᠮᠡᠨ ᠬᠤᠪᠢ ᠵᠠᠭᠠᠯᠳᠤᠯᠭ᠎ᠠ᠎ᠶ᠋ᠢ ᠬᠠᠤᠯᠢ ᠶᠣᠰᠣᠭᠠᠷ ᠳᠡᠮᠵᠢᠪᠡ᠂ ᠡᠨᠡ᠎ᠨᠢ
ᠠᠳᠠᠯᠢ ᠬᠤᠭᠤᠴᠠᠭᠠᠨ᠎ᠤ᠎ᠬᠢ ᠡᠴᠡ 80.9% ᠪᠠᠷ ᠨᠡᠮᠡᠭ᠌ᠳᠡᠪᠡ᠃
ᠡᠶ᠎ᠡ ᠵᠣᠬᠢᠴᠠᠯ᠎ᠲᠠᠢ ᠬᠥᠳᠡᠯᠮᠦᠷᠢ᠎ᠶ᠋ᠢᠨ ᠬᠠᠷᠢᠴᠠᠭ᠎ᠠ᠂ ᠡᠶ᠎ᠡ ᠵᠣᠬᠢᠴᠠᠯ᠎ᠲᠠᠢ ᠭᠡᠷ ᠪᠦᠯᠢ᠂ ᠠᠮᠤᠷ ᠠᠮᠤᠭᠤᠯᠠᠩ
ᠡᠮᠨᠡᠯᠭᠡ᠎ᠶ᠋ᠢᠨ ᠬᠤᠷᠢᠶᠠᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ ᠢᠳᠡᠪᠬᠢᠲᠡᠶ ᠠᠬᠢᠯᠲᠠ᠎ᠲᠠᠢ ᠪᠣᠯᠵᠤ᠂
ᠮᠠᠭᠤ ᠰᠠᠨᠠᠭ᠎ᠠ᠎ᠲᠠᠢ᠎ᠪᠠᠷ ᠴᠠᠯᠢᠩ ᠥᠷᠢᠲᠦᠭ᠌ᠰᠡᠨ ᠶᠠᠯᠠᠳᠤ ᠠᠵᠢᠯᠯᠠᠭ᠎ᠠ ᠪᠠ ᠭᠡᠷ ᠪᠦᠯᠢ᠎ᠶ᠋ᠢᠨ ᠬᠦᠴᠦᠷᠭᠡᠭ᠌ᠯᠡᠯᠤᠨ
ᠶᠠᠯᠠᠲᠤ ᠠᠵᠢᠯᠯᠠᠭ᠎ᠠ᠎ᠶ᠋ᠢᠨ ᠵᠠᠭᠠᠯᠳᠤᠯᠭ᠎ᠠ᠎ᠶ᠋ᠢᠨ ᠲᠤᠭ᠎ᠠ ᠶᠡᠭᠡ᠎ᠪᠠᠷ ᠪᠠᠭᠤᠷᠠᠪᠠ᠂ ᠡᠮᠴᠢ᠎ᠶ᠋ᠢ ᠱᠢᠷᠬᠠᠳᠤᠭᠤᠯᠤᠬ᠍ᠰᠠᠨ᠂
ᠡᠮᠨᠡᠯᠭᠡ᠎ᠶ᠋ᠢᠨ ᠬᠤᠷᠢᠶ᠎ᠠ᠎ᠶ᠋ᠢ ᠤᠢ᠍ᠢᠮᠡᠬᠦᠯᠦᠭ᠌ᠰᠡᠨ ᠶᠠᠯᠠᠲᠤ ᠠᠵᠢᠯᠯᠠᠭ᠎ᠠ ᠬᠢᠭ᠌ᠰᠡᠳ 2018 ᠣᠨ ᠳ᠋ᠦ
3202 ᠪᠠᠢᠭ᠍ᠰᠠᠨ ᠡᠴᠡ᠎ᠪᠠᠨ 2021 ᠣᠨ ᠪᠣᠯᠬᠤ᠎ᠳᠤ
427 ᠪᠤᠯᠳᠠᠯ᠎ᠠ ᠴᠦᠬᠡᠷᠡᠪᠡ᠃ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠬᠤᠯᠪᠣᠭ᠎ᠠ᠎ᠲᠠᠢ ᠬᠠᠮᠲᠤᠷᠠᠨ ᠵᠠᠮᠳᠡᠭ᠌ᠴᠤᠳᠤᠨ
ᠬᠠᠤᠯᠢ ᠪᠠᠷᠢᠬᠤ ᠬᠠᠮᠠᠭᠠᠯᠠᠯᠳᠠ᠎ᠶ᠋ᠢ ᠦᠨᠡᠨ ᠬᠦ᠌ ᠴᠢᠩᠭᠠᠳᠭᠠᠵᠤ᠂ ᠰᠠᠭᠠᠳ ᠦᠭᠡᠢ ᠣᠷᠴᠢᠨ ᠨᠦᠬᠦᠴᠡᠯ᠎ᠤᠨ ᠪᠦᠲᠦᠭᠡᠨ
ᠪᠠᠢᠭᠤᠯᠤᠯᠲᠠ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠤᠨ᠂ 3272 ᠬᠡᠷᠡᠭ ᠢ᠋ ᠳᠠᠩᠰᠠᠯᠠᠨ ᠱᠢᠢᠳᠪᠤᠷᠢᠯᠡᠪᠡ᠂ ᠡᠨᠡ᠎ᠨᠢ 2020 ᠤᠨ᠎ᠤ᠎ᠬᠢ
ᠡᠴᠡ 6.2 ᠳᠠᠬᠢᠨ ᠪᠤᠯᠪᠠ᠃ ᠨᠠᠰᠤᠲᠠᠨ᠎ᠢ ᠬᠠᠭᠤᠷᠤᠬ᠍ᠰᠠᠨ᠂
ᠮᠡᠭᠡᠯᠡᠭ᠌ᠰᠡᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠵᠠᠯᠬᠠᠭᠠᠨ ᠱᠢᠢᠳᠭᠡᠵᠦ᠍᠂ ᠱᠠᠩᠬᠠᠶ᠎ᠶ᠋ᠢᠨ ᠪᠠᠢᠴᠠᠭᠠᠬᠤ
ᠪᠠᠢᠭᠤᠯᠭ᠎ᠠ ᠲᠤᠰᠭᠠᠢ ᠬᠡᠷᠡᠭ ᠱᠢᠢᠳᠪᠦᠷᠢᠯᠡᠬᠦ᠌ ᠳᠤᠭᠤᠢᠯᠠᠩ ᠪᠠᠢᠭᠤᠯᠵᠤ᠂ ᠨᠠᠰᠤᠲᠠᠢᠴᠤᠳ᠎ᠤᠨ ᠡᠷᠬᠡ ᠠᠱᠢᠭ᠎ᠲᠤ
ᠨᠡᠩ ᠬᠦᠴᠦᠳᠠᠢ ᠬᠠᠤᠯᠢ ᠪᠠᠷᠢᠬᠤ ᠬᠠᠮᠠᠭᠠᠯᠠᠯᠳᠠ ᠤᠯᠭᠤᠪᠠ᠃
ᠭᠤᠷᠪᠠ᠂ ᠬᠢᠨᠠᠯᠲᠠ᠎ᠶ᠋ᠢ ᠭᠦᠨᠵᠡᠭᠡᠢᠷᠡᠭᠦᠯᠵᠦ᠍᠂ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌᠎ᠪᠠᠷ ᠲᠠᠮᠵᠢᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠪᠠ
ᠬᠢᠨᠠᠯᠲᠠ᠎ᠶ᠋ᠢ ᠬᠢᠵᠠᠭᠠᠷᠯᠠᠬᠤ ᠳᠤᠮᠳᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠴᠢᠳᠠᠮᠠᠭᠠᠢ ᠬᠦᠢᠴᠡᠳᠭᠡᠵᠤ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠪᠠᠢᠭᠤᠯᠭ᠎ᠠ᠎ᠶ᠋ᠢᠨ ᠠᠯᠳᠠᠭ᠎ᠠ ᠪᠤᠷᠤᠭᠤ᠎ᠪᠠᠨ
ᠵᠠᠯᠠᠷᠠᠭᠤᠯᠬᠤ᠂ ᠠᠯᠳᠠᠭ᠎ᠠ ᠪᠤᠷᠤᠭᠤ᠎ᠪᠠᠨ ᠪᠠᠭᠠᠰᠭᠠᠬᠤ᠎ᠶ᠋ᠢ ᠠᠬᠢᠭᠤᠯᠤᠨ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂
ᠬᠠᠤᠯᠢ᠎ᠶ᠋ᠢ ᠭᠤᠤᠯᠴᠢ᠎ᠪᠠᠷ ᠪᠠᠷᠢᠬᠤ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠬᠠᠤᠯᠢ᠎ᠪᠠᠷ ᠵᠠᠰᠠᠬᠤ ᠳᠤᠮᠳᠠᠳᠤ
ᠤᠯᠤᠰ᠎ᠤᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠪᠡ᠃
ᠡᠷᠡᠭᠦᠤ᠎ᠶ᠋ᠢᠨ ᠵᠠᠷᠭᠤ᠎ᠶ᠋ᠢᠨ ᠬᠢᠨᠠᠯᠲᠠ᠎ᠶ᠋ᠢ ᠭᠦᠨᠵᠡᠭᠡᠢᠷᠡᠭᠦᠯᠪᠡ᠃ ᠵᠠᠰᠠᠭ
ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ ᠪᠤᠯᠤᠨ ᠡᠷᠡᠭᠦᠤ᠎ᠶ᠋ᠢᠨ ᠬᠡᠷᠡᠭ᠎ᠤᠨ ᠬᠠᠤᠯᠢ ᠪᠠᠷᠢᠯᠳᠠ᠎ᠶ᠋ᠢ ᠵᠤᠯᠭᠠᠭᠤᠯᠬᠤ᠎ᠶ᠋ᠢ
ᠠᠬᠢᠭᠤᠯᠵᠤ᠂ ᠬᠠᠤᠯᠢ ᠬᠡᠷᠡᠭ᠌ᠵᠢᠭᠦᠯᠤᠯᠳᠠ ᠬᠠᠤᠯᠢ ᠪᠠᠷᠢᠯᠳᠠ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠂
ᠬᠡᠷᠡᠭ᠎ᠢ ᠱᠢᠯᠵᠢᠭᠦᠯᠦᠨ ᠬᠦᠷᠭᠡᠬᠦ᠌᠎ᠶ᠋ᠢ ᠵᠢᠷᠤᠮᠵᠢᠭᠤᠯᠪᠠ᠃ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌
ᠪᠠᠢᠭᠤᠯᠭ᠎ᠠ᠎ᠶ᠋ᠢ ᠱᠢᠪᠠᠳᠠᠨ᠂ ᠬᠠᠤᠯᠢ ᠶᠣᠰᠣᠭᠠᠷ ᠱᠢᠯᠵᠢᠭᠦᠯᠦᠨ ᠬᠦᠷᠭᠡᠬᠦᠯᠦᠭ᠌ᠰᠡᠨ ᠶᠠᠯ᠎ᠠ ᠬᠢᠭ᠌ᠰᠡᠨ ᠰᠡᠵᠢᠭ᠌ᠯᠡᠯᠳᠠᠢ
4819 ᠬᠡᠷᠡᠭ᠎ᠤ᠋ᠨ ᠲᠤᠳᠤᠷ᠎ᠠ ᠡᠴᠡ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 3629 ᠬᠤᠪᠢ ᠶ᠋ᠢ᠎ᠨᠢ ᠬᠡᠷᠡᠭ
ᠪᠣᠯᠭᠠᠨ ᠳᠠᠩᠰᠠᠯᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠤᠰ ᠲᠤᠰ 30.8% ᠪᠠ 35.3% ᠪᠠᠷ ᠨᠡᠮᠡᠭ᠌ᠳᠡᠪᠡ᠃ ᠳᠣᠲᠣᠭᠠᠳᠤ᠎ᠶ᠋ᠢ
ᠬᠠᠮᠠᠭᠠᠯᠠᠬᠤ ᠶᠠᠮᠤᠨ᠎ᠲᠠᠢ ᠬᠠᠮᠲᠤᠷᠠᠨ ᠰᠠᠨᠠᠯ ᠨᠡᠢᠲᠡᠯᠡᠵᠦ᠍᠂ ᠲᠤᠷᠱᠢᠨ ᠪᠠᠢᠴᠠᠭᠠᠯᠲᠠ᠎ᠳᠤ ᠬᠢᠨᠠᠯᠲᠠ ᠲᠠᠯᠪᠢᠬᠤ
ᠪᠤᠯᠤᠨ ᠬᠠᠮᠵᠢᠯᠴᠠᠨ ᠵᠤᠬᠢᠴᠠᠭᠤᠯᠬᠤ ᠠᠯᠪᠠᠨ ᠭᠡᠷ᠎ᠢ ᠬᠠᠮᠲᠤᠷᠠᠨ ᠪᠠᠢᠭᠤᠯᠵᠤ᠂ ᠬᠦᠴᠦᠲᠡᠶ ᠵᠤᠬᠢᠴᠠᠭᠤᠯᠬᠤ᠂
ᠨᠡᠩ ᠪᠣᠳᠠᠲᠠᠶ᠎ᠪᠠᠷ ᠬᠢᠨᠠᠯᠲᠠ ᠲᠠᠯᠪᠢᠬᠤ᠎ᠪᠠᠷ ᠲᠠᠮᠵᠢᠨ ᠲᠤᠷᠱᠢᠨ ᠪᠠᠢᠴᠠᠭᠠᠵᠤ ᠬᠡᠷᠡᠭ ᠱᠢᠢᠳᠪᠦᠷᠢᠯᠡᠬᠦ᠌
ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃ ᠬᠡᠷᠡᠭ ᠪᠣᠯᠭᠠᠨ ᠳᠠᠩᠰᠠᠯᠠᠬᠤ ᠶᠣᠰᠣᠲᠠᠶ
ᠪᠠᠢᠲᠠᠯ᠎ᠠ ᠬᠡᠷᠡᠭ ᠪᠣᠯᠭᠠᠨ ᠳᠠᠩᠰᠠᠯᠠᠭ᠍ᠰᠠᠨ ᠦᠭᠡᠢ 2.5 ᠲᠦᠮᠡᠨ ᠭᠡᠷᠡᠭ᠎ᠢ ᠱᠢᠪᠠᠳᠠᠨ ᠭᠡᠷᠡᠭ ᠪᠤᠯᠭᠠᠨ
ᠲᠠᠩᠰᠠᠯᠠᠭᠤᠯᠵᠤ᠂ ᠬᠡᠷᠡᠭ ᠪᠣᠯᠭᠠᠨ ᠳᠠᠩᠰᠠᠯᠠᠬᠤ ᠶᠣᠰᠣ
ᠦᠭᠡᠢ ᠪᠠᠢᠲᠠᠯ᠎ᠠ ᠬᠡᠷᠡᠭ ᠪᠣᠯᠭᠠᠨ ᠳᠠᠩᠰᠠᠯᠠᠬ᠍ᠰᠠᠨ 2.9 ᠲᠦᠮᠡᠨ ᠭᠡᠷᠡᠭ᠎ᠢ ᠬᠢᠨᠠᠵᠤ ᠬᠦᠴᠤᠨ ᠦᠭᠡᠢ ᠪᠤᠯᠭᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠣᠰ
ᠲᠣᠰ 13.6% ᠪᠠ 22.1% ᠪᠠᠷ ᠨᠡᠮᠡᠭ᠌ᠳᠡᠪᠠ᠃ ᠦᠨᠡᠬᠡᠷ
ᠪᠤᠷᠤᠭᠤ᠎ᠲᠠᠢ ᠭᠡᠵᠦ᠍ ᠦᠵᠡᠭ᠌ᠰᠡᠨ ᠡᠷᠡᠭᠦᠤ᠎ᠶ᠋ᠢᠨ ᠬᠡᠷᠡᠭ᠎ᠤᠨ ᠲᠠᠰᠤᠯᠤᠨ ᠲᠣᠭ᠍ᠲᠠᠭᠠᠯᠲᠠ᠎ᠳᠤ 8850 ᠬᠤᠪᠢ
ᠡᠰᠡᠷᠬᠦᠴᠡᠭ᠌ᠰᠡᠨ ᠵᠠᠭᠠᠯᠳᠤᠯᠭ᠎ᠠ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ᠎ᠲᠠᠢ ᠦᠨᠳᠦᠰᠦᠨ᠎ᠳᠡᠭᠡᠨ
ᠲᠡᠩᠴᠡᠭᠦᠤ ᠪᠤᠯᠪᠠ; ᠰᠢᠬᠦᠬᠦ ᠬᠤᠷᠢᠶ᠎ᠠ ᠡᠴᠡ ᠨᠢᠭᠡᠨᠳᠡ ᠰᠢᠬᠦᠯᠳᠡ ᠬᠢᠵᠦ ᠲᠠᠭᠤᠰᠬᠠᠭᠰᠠᠨ 6380 ᠭᠡᠷᠡᠭ᠎ᠤᠨ 4330 ᠬᠤᠪᠢ᠎ᠶ᠋ᠢ᠎ᠨᠢ ᠥᠭᠡᠷᠡᠴᠢᠯᠡᠨ ᠲᠠᠰᠤᠯᠤᠬ᠍ᠰᠠᠨ ᠪᠠ ᠡᠷᠬᠢᠵᠤ
ᠱᠢᠬᠦᠯᠭᠡᠬᠦ᠌ᠪᠠᠷ ᠪᠤᠴᠠᠭᠠᠵᠤ᠂ ᠬᠦᠯᠢᠶᠡᠨ ᠠᠪᠤᠭ᠍ᠰᠠᠨ ᠨᠣᠷᠮ᠎ᠠ 67.9% ᠳ᠋ᠦ ᠬᠦᠷᠪᠡ᠂ ᠡᠨᠡ᠎ᠨᠢ ᠠᠳᠠᠯᠢ ᠬᠤᠭᠤᠴᠠᠭᠠᠨ᠎ᠤ᠎ᠬᠢ
ᠡᠴᠡ 1.2 ᠵᠠᠭᠤᠨ᠎ᠤ ᠨᠢᠭᠡᠴᠢ᠎ᠪᠠᠷ ᠨᠡᠮᠡᠭ᠌ᠳᠡᠪᠡ᠃ ᠡᠷᠡᠭᠦᠤ᠎ᠶ᠋ᠢᠨ
ᠬᠡᠷᠡᠭ᠎ᠤᠨ ᠱᠢᠭᠦᠨ ᠲᠠᠰᠤᠯᠬᠤ ᠠᠵᠢᠯᠯᠠᠭ᠎ᠠ᠎ᠶ᠋ᠢᠨ ᠬᠠᠤᠯᠢ ᠡᠴᠡ ᠵᠥᠷᠢᠴᠡᠭ᠌ᠰᠡᠨ ᠪᠠᠢᠳᠠᠯ᠎ᠳᠤ 1.4 ᠲᠦᠮᠡᠨ
ᠬᠤᠪᠢ ᠤᠳᠠᠭ᠎ᠠ ᠵᠠᠯᠠᠷᠠᠭᠤᠯᠬᠤ ᠰᠠᠨᠠᠯ ᠳᠤᠷᠠᠳᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 58.3%᠎ᠪᠠᠷ
ᠨᠡᠮᠡᠭ᠌ᠳᠡᠪᠡ᠃ ᠡᠷᠡᠭᠦᠦ᠍᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠭ᠍ᠰᠠᠨ ᠲᠥᠰᠦᠯ (ᠠᠷᠪᠠᠨ ᠨᠢᠭᠡ)ᠳ᠋ᠦ ᠴᠠᠭ᠍ᠳᠠᠭ᠎ᠠ᠎ᠶ᠋ᠢ ᠳᠠᠭᠠᠷᠢᠭ᠍ᠰᠠᠨ
ᠶᠠᠯ᠎ᠠ᠎ᠶ᠋ᠢ ᠠᠯᠪᠠᠨ ᠶᠠᠪᠤᠳᠠᠯ᠎ᠢ ᠬᠠᠷᠱᠢᠯᠠᠭ᠍ᠰᠠᠨ ᠶᠠᠯ᠎ᠠ᠎ᠶ᠋ᠢᠨ ᠳᠣᠲᠣᠷ᠎ᠠ ᠡᠴᠡ ᠰᠠᠯᠭᠠᠬ᠍ᠰᠠᠨᠤ ᠳᠠᠷᠠᠭ᠎ᠠ᠂
ᠴᠠᠭ᠍ᠳᠠᠭ᠎ᠠ᠎ᠶ᠋ᠢ ᠳᠠᠭᠠᠷᠢᠭ᠍ᠰᠠᠨ ᠶᠠᠯ᠎ᠠ ᠬᠢᠭ᠌ᠰᠡᠨ᠎ᠢᠶᠠᠷ 6530 ᠬᠦᠮᠤᠨᠢ᠋ ᠵᠠᠭᠠᠯᠳᠤᠵᠤ᠂ ᠬᠠᠤᠯᠢ ᠬᠡᠷᠡᠭ᠌ᠵᠢᠭᠦᠯᠬᠦ᠌
ᠪᠠᠲᠤᠯᠠᠭ᠎ᠠ᠎ᠶ᠋ᠢ ᠨᠡᠩ ᠢᠯᠠ ᠲᠤᠳᠤ ᠪᠦᠭᠡᠳ ᠬᠦᠴᠦᠲᠡᠶ
ᠪᠣᠯᠭᠠᠪᠠ᠃
ᠬᠢᠨᠳᠠᠨ ᠪᠠ ᠰᠠᠬᠢᠨ ᠬᠠᠷᠠᠬᠤ ᠭᠠᠵᠠᠷ᠎ᠤᠨ ᠬᠠᠤᠯᠢ ᠭᠡᠷᠡᠭ᠌ᠵᠢᠬᠦᠯᠦᠯᠳᠠᠶ᠋ᠢᠨ
ᠬᠢᠨᠠᠯᠲᠠ᠎ᠶ᠋ᠢ ᠭᠦᠨᠵᠡᠭᠡᠢᠷᠡᠭᠦᠯᠪᠠ᠃ 2018 ᠣᠨ ᠳ᠋ᠦ ᠲᠣᠭᠤᠷᠢᠨ ᠪᠠᠢᠴᠠᠭᠠᠬᠤ ᠳᠦᠷᠢᠮ᠎ᠢ ᠬᠠᠤᠯᠢ᠎ᠳᠤ ᠣᠷᠣᠭᠤᠯᠤᠬ᠍ᠰᠠᠨ
ᠲᠤᠯᠠ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠡᠴᠡ10
ᠭᠢᠨᠳᠠᠨᠢ᠋
ᠲᠣᠭᠤᠷᠢᠨ ᠪᠠᠢᠴᠠᠭᠠᠬᠤ ᠠᠵᠢᠯ᠎ᠢ ᠱᠢᠭᠤᠳ ᠵᠣᠬᠢᠶᠠᠨ ᠪᠠᠢᠭᠤᠯᠵᠤ᠂ 6 ᠲᠣᠮᠣ ᠪᠠᠢᠴᠠᠭᠠᠬᠤ
ᠲᠤᠱᠢᠶᠠᠯᠲᠠᠨ᠎ᠢᠶᠠᠷ ᠳᠤᠭᠤᠷᠢᠨ ᠪᠠᠢᠴᠠᠭᠠᠬᠤ ᠳᠤᠭᠤᠢ᠌ᠯᠠᠩ ᠲᠠᠭᠠᠭᠤᠯᠤᠭᠤᠯᠵᠤ᠂ ᠭᠢᠨᠳᠠᠨ ᠲᠤᠳᠤᠷ᠎ᠠ ᠬᠤᠣᠷᠲᠤ
ᠬᠤᠯᠪᠣᠭ᠍ᠳᠠᠭ᠍ᠰᠠᠨ᠂ ᠵᠣᠭᠤᠰ ᠮᠦᠷᠦᠢᠴᠡᠬᠦ᠎ᠳᠤ ᠬᠤᠯᠪᠤᠬ᠍ᠳᠠᠬ᠍ᠰᠠᠨ ᠵᠡᠷᠭᠡ ᠲᠤᠪᠤᠢᠮ᠎ᠠ ᠠᠰᠠᠭᠤᠳᠠᠯ᠎ᠢ ᠢᠯᠡᠷᠡᠭᠦᠯᠦᠭ᠌ᠰᠡᠨ
ᠪᠦᠭᠡᠳ ᠱᠢᠪᠠᠳᠠᠨ ᠴᠡᠭ᠌ᠴᠡᠯᠡᠬᠦᠯᠤᠨ ᠦᠭᠡᠷᠡᠴᠢᠯᠡᠬᠦᠯᠵᠤ᠂ ᠡᠷᠬᠡ ᠲᠤᠱᠢᠶᠠᠯ᠎ᠢᠶᠠᠨ ᠠᠱᠢᠭ᠍ᠯᠠᠨ ᠬᠢᠭ᠌ᠰᠡᠨ ᠶᠠᠯᠠᠲᠤ
ᠠᠵᠢᠯᠯᠠᠭ᠎ᠠ᠎ᠶ᠋ᠢ ᠪᠠᠢᠴᠠᠭᠠᠨ ᠱᠢᠢᠳᠪᠤᠷᠢᠯᠡᠬᠦ᠌᠎ᠶ᠋ᠢ ᠠᠬᠢᠭᠤᠯᠪᠠ᠃ ᠱᠠᠨ ᠰᠢ᠂ ᠬᠢᠷᠢᠨ᠂ ᠬᠥᠬᠡᠨᠠᠭᠤᠷ᠂ ᠨᠢᠩᠱᠢᠶᠠ
ᠵᠡᠷᠭᠡ 20
ᠮᠤᠵᠢ
ᠣᠷᠣᠨ ᠬᠤᠲᠠ᠎ᠳᠤ ᠰᠠᠬᠢᠨ ᠬᠠᠷᠠᠬᠤ ᠭᠠᠵᠠᠷ᠎ᠢ ᠲᠣᠭᠤᠷᠢᠨ ᠪᠠᠢᠴᠠᠭᠠᠬᠤ ᠲᠤᠷᠱᠢᠯᠲᠠ᠎ᠶ᠋ᠢ ᠥᠷᠨᠢᠭᠦᠯᠤᠨ᠂ ᠬᠢᠨᠠᠨ
ᠬᠠᠮᠢᠶᠠᠷᠴᠤ᠌ ᠬᠠᠤᠯᠢ ᠬᠡᠷᠡᠭ᠌ᠵᠢᠭᠦᠯᠦᠭ᠌ᠰᠡᠨ᠎ᠨᠢ ᠵᠢᠷᠤᠮᠵᠢᠭᠤᠨ ᠪᠤᠰᠤ ᠪᠠᠢᠬᠤ ᠠᠰᠠᠭᠤᠳᠠᠯ᠎ᠳᠤ ᠴᠢᠭ᠌ᠯᠡᠭᠦᠯᠦᠨ᠂
ᠪᠠᠢᠴᠠᠭᠠᠬᠤ ᠰᠠᠨᠠᠭᠤᠯᠭ᠎ᠠ ᠭᠠᠷᠭᠠᠪᠠ᠃ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ
ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ 1990 ᠣᠨ ᠡᠴᠡ ᠨᠠᠭᠠᠰᠢ ᠱᠢᠢᠳᠪᠦᠷᠢᠯᠡᠭ᠌ᠰᠡᠨ ᠡᠷᠡᠭᠦᠤ ᠱᠢᠢᠳᠭᠡᠯ᠎ᠢ ᠬᠥᠩᠭᠡᠯᠡᠭ᠌ᠰᠡᠨ᠂
ᠲᠡᠩᠰᠡᠨ ᠰᠤᠯᠠᠯᠠᠭ᠍ᠰᠠᠨ᠂ ᠭᠢᠨᠳᠠᠨ᠎ᠤ ᠭᠠᠳᠠᠨ᠎ᠠ ᠲᠦᠷ ᠭᠦᠢᠴᠡᠳᠭᠡᠭ᠌ᠰᠡᠨ 1100 ᠲᠦᠮᠡᠨ ᠬᠡᠷᠡᠭ᠎ᠢ ᠪᠦᠬᠦ᠌ ᠲᠠᠯ᠎ᠠ᠎ᠪᠠᠷ ᠲᠠᠷᠠᠭᠠᠯᠠᠨ ᠪᠠᠢᠴᠠᠭᠠᠵᠤ᠂
3
ᠲᠦᠮᠡᠨ
ᠬᠤᠪᠢ ᠶ᠋ᠢ᠎ᠨᠢ ᠬᠢᠨᠠᠨ ᠵᠠᠯᠠᠷᠠᠭᠤᠯᠵᠤ᠂ ᠬᠤᠪᠢ᠎ᠶ᠋ᠢᠨ
ᠨᠠᠢᠷ ᠬᠠᠷᠠᠨ ᠬᠠᠤᠯᠢ ᠶᠣᠰᠣ᠎ᠶ᠋ᠢ ᠵᠥᠷᠢᠴᠡᠵᠤ ᠡᠷᠡᠭᠦᠤ ᠱᠢᠢᠳᠭᠡᠯ᠎ᠢ ᠬᠥᠩᠭᠡᠯᠡᠭ᠌ᠰᠡᠨ᠂ ᠲᠡᠩᠰᠡᠨ ᠰᠤᠯᠠᠯᠠᠭ᠍ᠰᠠᠨ᠂
ᠭᠢᠨᠳᠠᠨ᠎ᠤ ᠭᠠᠳᠠᠨ᠎ᠠ ᠲᠦᠷ ᠭᠦᠢᠴᠡᠳᠭᠡᠭ᠌ᠰᠡᠨ ᠶᠠᠯᠠᠳᠤ ᠠᠵᠢᠯᠯᠠᠭ᠎ᠠ ᠬᠢᠭ᠌ᠰᠡᠨ 242 ᠬᠦᠮᠤᠨ᠎ᠢ
ᠪᠠᠢᠴᠠᠭᠠᠨ ᠱᠢᠢᠳᠪᠦᠷᠢᠯᠡᠪᠡ᠃ ᠬᠤᠷᠢᠶᠠᠮᠵᠢᠯᠠᠨ ᠬᠤᠷᠢᠬᠤ ᠪᠠ ᠭᠢᠨᠳᠠᠨ᠎ᠳᠤ ᠬᠤᠷᠢᠬᠤ᠎ᠳᠤ ᠬᠦᠴᠢᠷᠲᠡᠶ ᠪᠠᠢᠬᠤ
ᠠᠰᠠᠭᠤᠳᠠᠯ᠎ᠳᠤ ᠴᠢᠭ᠌ᠯᠡᠭᠦᠯᠦᠨ᠂ ᠲᠤᠰᠭᠠᠶ ᠠᠵᠢᠯᠯᠠᠭ᠎ᠠ᠎ᠪᠠᠷ ᠱᠢᠪᠠᠳᠠᠭᠤᠯᠤᠨ 4.4 ᠲᠦᠮᠡᠨ ᠬᠥᠮᠦᠨ᠎ᠢ ᠬᠠᠤᠯᠢ ᠶᠣᠰᠣᠭᠠᠷ ᠬᠤᠷᠢᠶᠠᠮᠵᠢᠯᠠᠨ ᠬᠤᠷᠢᠭᠤᠯᠤᠬ᠍ᠰᠠᠨ
ᠪᠠ ᠭᠢᠨᠳᠠᠨ᠎ᠳᠤ ᠬᠤᠷᠢᠭᠤᠯᠪᠠ᠃ ᠡᠳ᠋ ᠬᠦᠷᠦᠩᠭᠡ᠎ᠶ᠋ᠢᠨ ᠡᠷᠡᠭᠦᠤ᠎ᠶ᠋ᠢ ᠭᠦᠢᠴᠡᠳᠭᠡᠬᠦ᠌᠎ᠳᠤ ᠬᠢᠨᠠᠯᠲᠠ ᠲᠠᠯᠪᠢᠬᠤ᠎ᠶ᠋ᠢ
ᠴᠢᠩᠭᠠᠳᠭᠠᠵᠤ᠂ 4.3 ᠲᠦᠮᠡᠨ ᠬᠤᠪᠢ ᠵᠠᠯᠠᠷᠠᠭᠤᠯᠬᠤ ᠰᠠᠨᠠᠯ ᠳᠤᠷᠠᠳᠴᠤ᠌᠂ 4.4 ᠳ᠋ᠦᠩᠱᠢᠭᠤᠷ ᠲᠥᠭᠦᠷᠢᠭ ᠭᠦᠢᠴᠡᠳᠭᠡᠪᠡ᠃ ᠭᠦᠢᠵᠧᠦ᠍᠎ᠶ᠋ᠢᠨ ᠲᠤᠷᠱᠢᠯᠭ᠎ᠠ᠎ᠶ᠋ᠢ
ᠳᠡᠯᠭᠡᠷᠡᠭᠦᠯᠵᠦ᠍᠂ ᠤᠯᠤᠰ ᠲᠦᠷᠦ᠍᠎ᠶ᠋ᠢᠨ ᠡᠷᠬᠡ᠎ᠶ᠋ᠢ᠎ᠨᠢ ᠬᠠᠰᠤᠬᠤ ᠡᠷᠡᠭᠦᠦ ᠱᠢᠢᠳᠭᠡᠯ᠎ᠢ ᠬᠦᠢᠴᠡᠳᠭᠡᠭ᠌ᠰᠡᠨ
ᠪᠠᠢᠳᠠᠯ᠎ᠳᠤ ᠲᠤᠰᠭᠠᠶ ᠬᠢᠨᠠᠯᠲᠠ ᠲᠠᠯᠪᠢᠵᠤ᠂ ᠬᠠᠤᠯᠢ ᠡᠴᠡ ᠵᠥᠷᠢᠴᠡᠨ ᠰᠣᠩᠭᠤᠬᠤ ᠡᠷᠬᠡ᠂ ᠰᠣᠩᠭᠤᠭ᠍ᠳᠠᠬᠤ ᠡᠷᠬᠡ᠎ᠪᠠᠨ
ᠬᠡᠷᠡᠭ᠌ᠵᠢᠭᠦᠯᠦᠭ᠌ᠰᠡᠨ 633 ᠬᠦᠮᠦᠨᠤ᠋ ᠦᠢᠯᠡ ᠠᠵᠢᠯᠯᠠᠭ᠎ᠠ᠎ᠶ᠋ᠢ ᠵᠠᠯᠠᠷᠠᠭᠤᠯᠪᠠ᠃
ᠢᠷᠭᠡᠨ᠎ᠤ ᠵᠠᠷᠭᠤ᠎ᠳᠤ ᠬᠢᠨᠠᠯᠲᠠ ᠲᠠᠯᠪᠢᠬᠤ᠎ᠶ᠋ᠢ ᠨᠠᠷᠢᠯᠢᠭ ᠣᠨᠣᠴᠠᠲᠠᠶ᠎ᠪᠠᠷ
ᠥᠷᠨᠢᠭᠦᠯᠪᠡ᠃ ᠨᠠᠷᠢᠯᠢᠭ ᠣᠨᠣᠴᠠᠲᠠᠶ᠎ᠪᠠᠷ ᠬᠢᠨᠠᠯᠲᠠ ᠲᠠᠯᠪᠢᠬᠤ ᠤᠢ᠍ᠢᠯᠠᠭᠠᠭ᠍ᠳᠠᠬᠤᠨ᠎ᠢ ᠴᠢᠩᠭᠠᠳᠭᠠᠵᠤ᠂ ᠦᠨᠡᠬᠡᠷ
ᠪᠤᠷᠤᠭᠤ᠎ᠲᠠᠢ ᠭᠡᠵᠦ᠍ ᠦᠵᠡᠭ᠌ᠰᠡᠨ ᠢᠷᠭᠡᠨ᠎ᠤ ᠬᠡᠷᠡᠭ᠎ᠤᠨ ᠲᠠᠰᠤᠯᠤᠨ ᠲᠣᠭ᠍ᠲᠠᠭᠠᠯᠲᠠ᠎ᠳᠤ 5319 ᠬᠤᠪᠢ ᠡᠰᠡᠷᠭᠦᠴᠡᠭ᠌ᠰᠡᠨ ᠵᠠᠭᠠᠯᠳᠤᠯᠭ᠎ᠠ
ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 6.5%᠎ᠪᠠᠷ
ᠨᠡᠮᠡᠭ᠌ᠳᠡᠪᠡ᠃ ᠱᠢᠭᠦᠬᠦ᠌ ᠬᠤᠷᠢᠶ᠎ᠡ ᠡᠴᠡ ᠨᠢᠭᠡᠨᠳᠡ ᠰᠢᠬᠦᠯᠳᠡ
ᠬᠢᠵᠦ ᠲᠠᠭᠤᠰᠬᠠᠭᠰᠠᠨ 4006 ᠭᠡᠷᠡᠭ᠎ᠤᠨ ᠥᠭᠡᠷᠡᠴᠢᠯᠡᠨ ᠲᠠᠰᠤᠯᠤᠭ᠍ᠰᠠᠨ᠂ ᠡᠷᠭᠢᠵᠦ᠍
ᠱᠢᠭᠦᠯᠭᠡᠬᠦ᠌᠎ᠪᠠᠷ ᠪᠤᠴᠠᠭᠠᠭ᠍ᠰᠠᠨ᠂ ᠡᠶᠡᠳᠡᠭᠦᠯᠦᠭ᠌ᠰᠡᠨ ᠵᠢᠴᠢ ᠡᠶᠡᠳᠡᠵᠤ ᠵᠠᠭᠠᠯᠳᠤᠯᠭ᠎ᠠ᠎ᠪᠠᠨ ᠪᠤᠴᠠᠭᠠᠬ᠍ᠰᠠᠨᠨᠢ
3530 ᠬᠤᠪᠢ
ᠪᠠᠢᠵᠤ᠂ ᠬᠤᠪᠢᠷᠠᠭᠤᠯᠤᠭ᠍ᠰᠠᠨ ᠨᠣᠷᠮ᠎ᠠ 88.1% ᠳ᠋ᠦ
ᠬᠦᠷᠪᠡ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 7.4 ᠵᠠᠭᠤᠨ᠎ᠤ ᠨᠢᠭᠡᠴᠢ᠎ᠪᠠᠷ ᠨᠡᠮᠡᠭ᠌ᠳᠡᠪᠡ; ᠲᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ 8803 ᠬᠤᠪᠢ ᠳᠤᠷᠠᠳᠴᠤ᠌᠂ ᠬᠦᠯᠢᠶᠡᠨ ᠠᠪᠤᠭ᠍ᠰᠠᠨ ᠨᠤᠷᠮ᠎ᠠ 96.9%
ᠳ᠋ᠦ ᠬᠦᠷᠪᠡ᠂ ᠡᠨᠡ᠎ᠨᠢ
ᠠᠳᠠᠯᠢ ᠬᠤᠭᠤᠴᠠᠭᠠᠨ᠎ᠤ᠎ᠬᠢ ᠡᠴᠡ 28.2 ᠵᠠᠭᠤᠨ ᠤ᠋ ᠨᠢᠭᠡᠴᠢ᠎ᠪᠠᠷ ᠨᠡᠮᠡᠭ᠌ᠳᠡᠪᠡ᠃ ᠪᠠᠢᠴᠠᠭᠠᠬᠤ ᠰᠠᠨᠠᠭᠤᠯᠭ᠎ᠠ᠎ᠪᠠᠷ ᠢᠷᠭᠡᠨ᠎ᠤ
ᠬᠡᠷᠡᠭ᠎ᠤᠨ ᠱᠢᠭᠦᠨ ᠲᠠᠰᠤᠯᠬᠤ ᠠᠵᠢᠯᠯᠠᠭ᠎ᠠ ᠪᠠ ᠭᠦᠢᠴᠡᠳᠭᠡᠬᠦ᠌ ᠠᠵᠢᠯᠯᠠᠭ᠎ᠠ᠎ᠶ᠋ᠢᠨ ᠳᠤᠮᠳᠠᠬᠢ ᠬᠠᠤᠯᠢ ᠡᠴᠡ
ᠵᠥᠷᠢᠴᠡᠭ᠌ᠰᠡᠨ ᠪᠠᠢᠳᠠᠯ᠎ᠢ 9.9 ᠲᠦᠮᠡᠨ
ᠬᠤᠪᠢ ᠬᠢᠨᠠᠵᠦ᠍ ᠵᠠᠯᠠᠷᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 40.9%᠎ᠪᠠᠷ ᠨᠡᠮᠡᠭ᠌ᠳᠡᠪᠡ᠃ ᠪᠡᠭᠡᠵᠢᠩ᠂ ᠾᠧᠪᠧᠶ᠂ ᠹᠦᠵᠢᠶᠠᠨ
ᠵᠡᠷᠭᠡ ᠭᠠᠵᠠᠷ᠎ᠤᠨ ᠪᠠᠢᠴᠠᠭᠠᠬᠤ ᠪᠠᠢᠭᠤᠯᠭ᠎ᠠ ᠢᠲᠡᠭᠡᠮᠵᠢ ᠠᠯᠳᠠᠭ᠍ᠰᠠᠨ ᠭᠦᠢᠴᠡᠳᠭᠡᠭ᠌ᠳᠡᠭ᠌ᠴᠢ᠎ᠶ᠋ᠢᠨ ᠨᠡᠷᠡᠰ᠎ᠤᠨ
ᠬᠠᠮᠢᠶᠠᠷᠤᠯᠲᠠ ᠨᠠᠷᠢᠯᠢᠭ ᠪᠢᠰᠢ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠪᠠᠢᠴᠠᠭᠠᠬᠤ ᠰᠠᠨᠠᠭᠤᠯᠭ᠎ᠠ᠎ᠪᠠᠷ
ᠱᠢᠪᠠᠳᠠᠨ ᠨᠡᠷᠡᠰ ᠡᠴᠡ ᠭᠠᠷᠭᠠᠪᠠᠯ ᠵᠤᠬᠢᠬᠤ ᠬᠦᠮᠦᠨ᠎ᠢ ᠴᠠᠭ ᠲᠤᠬᠠᠶ᠎ᠳᠤᠨᠢ ᠬᠢᠨᠠᠨ ᠬᠠᠰᠤᠭᠤᠯᠪᠠ᠃ ᠭᠤᠷᠪᠠᠨ
ᠵᠢᠯ ᠳᠠᠷᠠᠭᠠᠯᠠᠨ ᠬᠤᠳᠠᠯ ᠬᠠᠭᠤᠷᠮᠠᠭ ᠵᠠᠷᠭᠤ᠎ᠳᠤ ᠲᠤᠰᠭᠠᠶ ᠬᠢᠨᠠᠯᠲᠠ ᠲᠠᠯᠪᠢᠬᠤ ᠠᠵᠢᠯ ᠥᠷᠨᠢᠭᠦᠯᠦᠭᠡᠳ ᠠᠩᠬ᠎ᠠ
ᠠᠯᠬᠤᠮ᠎ᠤᠨ ᠦᠷ᠎ᠡ ᠪᠦᠲᠦᠮᠵᠢ ᠣᠯᠵᠤ᠂ ᠨᠢᠳᠤᠨᠤᠨ ᠡᠰᠡᠷᠭᠦᠴᠡᠭ᠌ᠰᠡᠨ ᠵᠠᠭᠠᠯᠳᠤᠯᠭ᠎ᠠ ᠪᠤᠶᠤ ᠪᠠᠢᠴᠠᠭᠠᠬᠤ ᠰᠠᠨᠠᠭᠤᠯᠭ᠎ᠠ᠎ᠪᠠᠷ
《ᠬᠤᠳᠠᠯ ᠬᠠᠭᠤᠷᠮᠠᠭ ᠵᠠᠷᠭᠤ》 ᠶ᠋ᠢ 8816 ᠬᠤᠪᠢ ᠵᠠᠯᠠᠷᠠᠭᠤᠯᠵᠤ᠂ ᠬᠤᠳᠠᠯ ᠬᠠᠭᠤᠷᠮᠠᠭ ᠵᠠᠷᠭᠤ᠎ᠶ᠋ᠢᠨ ᠶᠠᠯᠠᠲᠤ
ᠠᠵᠢᠯᠯᠠᠭ᠎ᠠ ᠬᠢᠭ᠌ᠰᠡᠨ 1135 ᠬᠥᠮᠦᠨ ᠢ ᠵᠠᠭᠠᠯᠳᠤᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ
ᠡᠴᠡ ᠲᠤᠰ ᠲᠤᠰ 12.6%
ᠪᠠ 16.1% ᠪᠠᠷ ᠪᠠᠭᠤᠷᠠᠪᠠ᠃ ᠱᠠᠨ ᠰᠢ᠂ ᠥᠪᠥᠷ ᠮᠣᠩᠭᠤᠯ᠂
ᠬᠠᠷᠠᠮᠥ᠋ᠷᠡᠨ᠂ ᠭᠤᠸᠠᠩᠰᠢ ᠵᠡᠷᠭᠡ 11 ᠮᠤᠵᠢ ᠣᠷᠣᠨ ᠬᠤᠲᠠ ᠢᠷᠭᠡᠨ᠎ᠤ ᠵᠠᠷᠭᠤ᠎ᠳᠤ ᠬᠢᠨᠠᠯᠲᠠ ᠲᠠᠯᠪᠢᠬᠤ ᠬᠡᠷᠡᠭ᠎ᠤᠨ ᠭᠤᠤᠯ ᠡᠪᠬᠡᠮᠡᠯ᠂
ᠳᠡᠳ᠋ ᠡᠪᠬᠡᠮᠡᠯ᠎ᠢ ᠬᠠᠮᠲᠤᠳᠤᠨᠢ ᠱᠢᠯᠵᠢᠭᠦᠯᠦᠨ ᠦᠵᠡᠬᠦ᠌ ᠲᠦᠷᠢᠮ᠎ᠢ ᠪᠠᠢᠭᠤᠯᠵᠦ᠍᠂ ᠬᠡᠷᠡᠭ᠎ᠤᠨ ᠪᠠᠢᠳᠠᠯ᠎ᠢ
ᠨᠡᠩ ᠪᠦᠬᠦ᠌ ᠲᠠᠯ᠎ᠠ᠎ᠪᠠᠷ ᠡᠵᠡᠮᠳᠡᠨ᠂ ᠪᠠᠢᠴᠠᠭᠠᠬᠤ ᠬᠢᠨᠠᠯᠲᠠ᠎ᠶ᠋ᠢ ᠨᠡᠩ ᠨᠠᠷᠢᠯᠢᠭ ᠣᠨᠣᠴᠠᠲᠠᠶ ᠪᠣᠯᠭᠠᠪᠠ᠃
ᠵᠠᠰᠠᠭ ᠵᠠᠬᠢᠷᠭᠠᠨ᠎ᠤ ᠪᠠᠢᠴᠠᠭᠠᠬᠤ ᠬᠢᠨᠠᠯᠲᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠪᠡ᠃
ᠦᠨᠡᠬᠡᠷ ᠪᠤᠷᠤᠭᠤ᠎ᠲᠠᠢ ᠭᠡᠵᠦ᠍ ᠦᠵᠡᠭ᠌ᠰᠡᠨ ᠵᠠᠰᠠᠭ ᠵᠠᠬᠢᠷᠭᠠᠨ᠎ᠤ ᠲᠠᠰᠤᠯᠤᠨ ᠲᠣᠭ᠍ᠲᠠᠭᠠᠯᠲᠠ᠎ᠳᠤ 245 ᠬᠤᠪᠢ
ᠡᠰᠡᠷᠭᠦᠴᠡᠭ᠌ᠰᠡᠨ ᠵᠠᠭᠠᠯᠳᠤᠯᠭ᠎ᠠ ᠭᠠᠷᠭᠠᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 34.6% ᠪᠠᠷ
ᠨᠡᠮᠡᠭ᠌ᠳᠡᠪᠡ᠂ ᠱᠢᠭᠦᠬᠦ᠌ ᠬᠤᠷᠢᠶ᠎ᠡ ᠡᠴᠡ ᠨᠢᠭᠡᠨᠳᠡ ᠰᠢᠭᠦᠯᠲᠡ ᠬᠢᠵᠦ ᠲᠠᠭᠤᠰᠬᠠᠭᠰᠠᠨ 121 ᠬᠡᠷᠡᠭ᠎ᠤᠨ
ᠥᠭᠡᠷᠡᠴᠢᠯᠡᠨ ᠲᠠᠰᠤᠯᠤᠭ᠍ᠰᠠᠨ᠂ ᠡᠷᠭᠢᠵᠦ᠍ ᠱᠢᠭᠦᠯᠭᠡᠬᠦ᠌᠎ᠪᠠᠷ ᠪᠤᠴᠠᠭᠠᠭ᠍ᠰᠠᠨ᠂ ᠡᠶᠡᠳᠡᠭᠦᠯᠦᠭ᠌ᠰᠡᠨ ᠵᠢᠴᠢ
ᠡᠶᠡᠳᠡᠵᠦ᠍ ᠵᠠᠭᠠᠯᠳᠤᠯᠭ᠎ᠠ᠎ᠪᠠᠨ ᠪᠤᠴᠠᠭᠠᠬ᠍ᠰᠠᠨᠨᠢ 87
ᠬᠤᠪᠢ ᠪᠠᠢᠵᠤ᠂ ᠬᠤᠪᠢᠷᠠᠭᠤᠯᠤᠭ᠍ᠰᠠᠨ ᠨᠤᠷᠮ᠎ᠠ 71.9% ᠳ᠋ᠦ ᠬᠦᠷᠪᠡ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ17 ᠵᠠᠭᠤᠨᠤ᠋ ᠨᠢᠭᠡᠴᠢ᠎ᠪᠠᠷ ᠨᠡᠮᠡᠭ᠌ᠳᠡᠪᠡ; ᠲᠠᠬᠢᠨ ᠱᠢᠭᠦᠯᠭᠡᠬᠦ᠌ ᠪᠠᠢᠴᠠᠭᠠᠬᠤ ᠰᠠᠨᠠᠭᠤᠯᠭ᠎ᠠ 222 ᠬᠤᠪᠢ ᠳᠤᠷᠠᠳᠴᠤ᠌᠂ ᠬᠦᠯᠢᠶᠡᠨ ᠠᠪᠤᠭ᠍ᠰᠠᠨ
ᠨᠤᠷᠮ᠎ᠠ 55%ᠳ᠋ᠦ ᠬᠦᠷᠪᠡ᠂ ᠡᠨᠡ᠎ᠨᠢ ᠠᠳᠠᠯᠢ
ᠬᠤᠭᠤᠴᠠᠭᠠᠨ᠎ᠤ᠎ᠬᠢ ᠡᠴᠡ 16.6 ᠵᠠᠭᠤᠨᠤ᠋
ᠨᠢᠭᠡᠴᠢ᠎ᠪᠠᠷ ᠨᠡᠮᠡᠭ᠌ᠳᠡᠪᠡ᠃ ᠪᠠᠢᠴᠠᠭᠠᠬᠤ ᠰᠠᠨᠠᠭᠤᠯᠭ᠎ᠠ᠎ᠪᠠᠷ 3.8 ᠲᠦᠮᠡᠨ ᠵᠠᠰᠠᠭ ᠵᠠᠬᠢᠷᠭᠠᠨ᠎ᠤ ᠱᠢᠭᠦᠨ ᠲᠠᠰᠤᠯᠤᠯᠲᠠ ᠪᠠ ᠭᠦᠢᠴᠡᠳᠭᠡᠬᠦ᠌ ᠠᠵᠢᠯᠯᠠᠭ᠎ᠠ᠎ᠳᠠᠬᠢ
ᠬᠠᠤᠯᠢ ᠡᠴᠡ ᠵᠦᠷᠢᠴᠡᠭ᠌ᠰᠡᠨ ᠪᠠᠢᠳᠠᠯ᠎ᠢ ᠬᠢᠨᠠᠵᠤ ᠵᠠᠯᠠᠷᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ
20%᠎ᠪᠠᠷ ᠨᠡᠮᠡᠭ᠌ᠳᠡᠪᠡ᠃ ᠭᠠᠵᠠᠷ ᠱᠢᠷᠣᠶ᠎ᠶ᠋ᠢᠨ
ᠵᠠᠷᠭᠤ᠎ᠶ᠋ᠢᠨ ᠪᠤᠰᠤ ᠬᠦᠢᠴᠡᠳᠭᠡᠯ ᠬᠡᠷᠡᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠱᠢᠭᠦᠬᠦ᠌ ᠬᠤᠷᠢᠶ᠎ᠠ᠎ᠶ᠋ᠢᠨ
ᠴᠠᠭ ᠲᠤᠬᠠᠶ᠎ᠳᠤᠨᠢ ᠬᠦᠯᠢᠶᠡᠨ ᠠᠪᠴᠤ᠌ ᠱᠢᠢᠳᠪᠦᠷᠢᠯᠡᠭ᠌ᠰᠡᠨ ᠦᠭᠡᠢ᠂ ᠵᠢᠷᠤᠮᠵᠢᠭᠤᠨ ᠭᠦᠢᠴᠡᠳᠭᠡᠭ᠌ᠰᠡᠨ ᠦᠭᠡᠢ
ᠵᠢᠴᠢ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠠᠯᠪᠠᠳᠠᠨ ᠭᠦᠢᠴᠡᠳᠭᠡᠭᠦᠯᠬᠦ᠌᠎ᠪᠠᠷ ᠭᠤᠶᠤᠴᠢᠯᠠᠬᠤ ᠡᠴᠡ᠎ᠪᠠᠨ
ᠬᠤᠢᠷᠭᠤᠱᠢᠭ᠍ᠰᠠᠨ ᠵᠡᠷᠭᠡ 1.6 ᠲᠦᠮᠡᠨ ᠬᠡᠷᠡᠭ᠎ᠲᠤ ᠲᠤᠰᠭᠠᠢ ᠬᠢᠨᠠᠯᠲᠠ ᠲᠠᠯᠪᠢᠪᠠ᠂ ᠲᠡᠭᠦᠨ᠎ᠤ ᠬᠤᠯᠪᠣᠭ᠍ᠳᠠᠭ᠍ᠰᠠᠨ
ᠭᠠᠵᠠᠷ ᠱᠢᠷᠣᠶ ᠵᠢᠨ ᠲᠠᠯᠠᠪᠠᠢ᠎ᠨᠢ 19 ᠲᠦᠮᠡᠨ ᠮᠦ᠍᠎ᠳᠤ ᠬᠦᠷᠴᠡᠶ᠃ ᠭᠠᠵᠠᠷ
ᠱᠢᠷᠤᠢ᠎ᠶ᠋ᠢᠨ ᠡᠬᠢ ᠪᠠᠶᠠᠯᠢᠬ᠎ᠢ ᠰᠠᠬᠢᠨ ᠬᠠᠮᠠᠭᠠᠯᠠᠬᠤ᠎ᠳᠤ ᠡᠷᠭᠡᠪᠰᠢ ᠨᠢᠬᠡ ᠮᠦ᠍ ᠭᠠᠵᠠᠷ ᠱᠢᠷᠤᠢ᠎ᠶ᠋ᠢ ᠬᠠᠤᠯᠢ
ᠶᠤᠰᠤᠭᠠᠷ ᠴᠢᠩᠭ᠎ᠠ ᠬᠠᠮᠠᠭᠠᠯᠠᠬᠤ ᠡᠴᠡ ᠬᠢᠵᠦ᠍ ᠡᠬᠢᠯᠡᠬᠦ᠌ ᠬᠡᠷᠡᠭ᠌ᠳᠠᠢ᠃ ᠵᠠᠷᠢᠮ ᠵᠠᠰᠠᠭ ᠵᠠᠬᠢᠷᠭᠠᠨ᠎ᠤ ᠵᠠᠷᠭᠤ᠎ᠶ᠋ᠢᠨ
ᠬᠡᠷᠡᠭ᠎ᠤᠨ ᠵᠢᠷᠤᠮ᠎ᠢ ᠨᠢᠭᠡᠨᠳᠡ ᠲᠠᠭᠤᠰᠭᠠᠭ᠍ᠰᠠᠨ ᠪᠤᠯᠪᠠᠴᠤ᠌ ᠵᠠᠷᠭᠤ᠎ᠶ᠋ᠢᠨ ᠮᠠᠷᠭᠤᠭᠠᠨ᠎ᠢ ᠱᠢᠢᠳᠪᠤᠷᠢᠯᠡᠭᠡᠳᠤᠢ
ᠪᠠᠢᠬᠤ ᠭᠤᠮᠤᠳᠠᠯ ᠲᠤᠭᠠᠴᠢᠯᠳᠠ᠎ᠶ᠋ᠢᠨ ᠠᠰᠠᠭᠤᠳᠠᠯ᠎ᠢ ᠱᠢᠢᠳᠪᠤᠷᠢᠯᠡᠬᠦ᠌᠎ᠶ᠋ᠢᠨ ᠲᠦᠯᠤᠭᠡ᠂ ᠪᠠᠢᠴᠠᠭᠠᠬᠤ ᠪᠠᠢᠭᠤᠯᠭ᠎ᠠ
ᠲᠤᠰᠭᠠᠢ ᠬᠢᠨᠠᠯᠳᠠ ᠲᠠᠯᠪᠢᠵᠤ᠂ ᠠᠵᠢᠯ᠎ᠤᠨ ᠵᠢᠯᠤᠭᠤᠳᠤᠮᠵᠢ ᠲᠤᠬ᠍ᠳᠠᠭᠠᠨ᠂ ᠵᠢᠯᠤᠭᠤᠳᠭᠤ ᠴᠢᠨᠠᠷᠳᠠᠢ ᠬᠡᠷᠡᠭ᠎ᠤᠨ
ᠵᠢᠱ᠌ᠢᠶ᠎ᠠ ᠨᠠᠢᠷᠠᠭᠤᠯᠤᠨ ᠲᠠᠷᠬᠠᠭᠠᠵᠤ᠂ ᠢᠯᠡ᠎ᠪᠠᠷ ᠬᠡᠷᠡᠴᠢᠯᠡᠭᠡ ᠰᠤᠨᠤᠰᠭᠤ᠂ ᠪᠠᠢᠴᠠᠭᠠᠬᠤ ᠰᠠᠨᠠᠭᠤᠯᠭ᠎ᠠ
ᠲᠤᠷᠠᠳᠭᠤ᠂ ᠬᠠᠤᠯᠢ ᠪᠠᠷᠢᠯᠳᠠ᠎ᠶ᠋ᠢᠨ ᠠᠪᠤᠷᠠᠨ ᠲᠤᠰᠠᠯᠠᠯᠳᠠ ᠵᠡᠷᠭᠡ ᠠᠷᠭ᠎ᠠ ᠬᠡᠮᠵᠢᠶ᠎ᠠ᠎ᠶ᠋ᠢ ᠶᠡᠷᠤᠩᠭᠡᠢᠯᠡᠨ
ᠬᠡᠷᠡᠭ᠌ᠯᠡᠵᠤ᠂ ᠪᠦᠬᠦ᠌ ᠵᠢᠯ᠎ᠳᠤ ᠵᠠᠰᠠᠬ ᠵᠠᠬᠢᠷᠭᠠᠨ᠎ᠤ ᠮᠠᠷᠭᠤᠭᠠᠨ᠎ᠢ 9100
ᠬᠤᠪᠢ ᠪᠦᠳᠤᠮᠵᠢᠳᠠᠢ ᠱᠢᠢᠳᠪᠤᠷᠢᠯᠡᠵᠠᠢ᠂ ᠡᠬᠦᠨ᠎ᠳᠤ ᠵᠠᠷᠭᠤ᠎ᠶ᠋ᠢᠨ ᠮᠠᠷᠭᠤᠭᠠᠨ᠎ᠨᠢ
10 ᠵᠢᠯ ᠡᠴᠡ ᠲᠡᠭᠡᠭ᠌ᠰᠢ ᠪᠤᠯᠵᠤ ᠪᠠᠢᠭ᠎ᠠ᠎ᠨᠢ 435
ᠬᠤᠪᠢ ᠪᠤᠢ᠃ ᠬᠠᠤᠯᠢ ᠪᠠᠷᠢᠯᠳᠠ᠎ᠨᠢ ᠡᠷᠭᠡᠪᠰᠢ ᠮᠦᠨ ᠴᠢᠨᠠᠷ᠎ᠤᠨ ᠲᠦᠪ ᠭᠤᠤᠯᠴᠢ᠎ᠶ᠋ᠢ ᠴᠢᠷᠮᠡᠢᠨ ᠬᠥᠭᠡᠭᠡᠴᠡᠯᠳᠤᠬᠦ᠌
ᠬᠡᠷᠡᠭ᠌ᠳᠠᠢ᠂ ᠬᠠᠷᠢᠨ ᠬᠡᠯᠪᠡᠷᠢ᠎ᠶ᠋ᠢ ᠬᠠᠤᠯᠢ᠎ᠳᠤ ᠨᠡᠢᠴᠡᠬᠦᠯᠤᠭᠡᠳ ᠯᠡ ᠪᠠᠢᠵᠤ ᠪᠤᠯᠬᠤ ᠦᠭᠡᠢ᠃
ᠬᠠᠤᠯᠢ ᠪᠠᠷᠢᠬᠤ ᠠᠵᠢᠯᠲᠠᠨ᠎ᠤ ᠡᠷᠬᠡ ᠲᠤᠱᠢᠶᠠᠯ᠎ᠢᠶᠠᠨ ᠠᠱᠢᠭ᠍ᠯᠠᠨ ᠬᠢᠭ᠌ᠰᠡᠨ
ᠶᠠᠯᠠᠲᠤ ᠠᠵᠢᠯᠯᠠᠭ᠎ᠠ᠎ᠶ᠋ᠢ ᠴᠢᠩᠭ᠎ᠠ ᠨᠡᠬᠡᠮᠵᠢᠯᠡᠨ ᠵᠠᠭᠠᠯᠳᠤᠪᠠ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ
ᠠᠷᠢᠯᠭᠠᠬᠤ ᠬᠠᠯᠬᠠᠪᠴᠢ᠎ᠶ᠋ᠢ᠎ᠨᠢ ᠠᠷᠢᠯᠭᠠᠵᠤ ᠬᠠᠷᠢᠴᠠᠭᠠᠨ᠎ᠤ ᠲᠤᠤᠷ᠎ᠢ᠎ᠨᠢ ᠡᠪᠳᠡᠭᠦ᠌ ᠪᠠ ᠤᠯᠤᠰ ᠲᠥᠷᠥ᠍ ᠬᠠᠤᠯᠢ
ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠤᠨ ᠳᠤᠮᠳᠠ ᠡᠭᠦᠷᠭᠡ ᠴᠢᠳᠠᠪᠤᠷᠢ᠎ᠶ᠋ᠢᠨ
ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ 2253 ᠬᠠᠤᠯᠢ ᠪᠠᠷᠢᠬᠤ ᠠᠵᠢᠯᠲᠠᠨ᠎ᠤ
ᠡᠷᠬᠡ ᠲᠤᠱᠢᠶᠠᠯ᠎ᠢᠶᠠᠨ ᠠᠱᠢᠭ᠍ᠯᠠᠨ ᠠᠷᠠᠳ ᠢᠷᠭᠡᠨ᠎ᠤ ᠡᠷᠬᠡ᠎ᠳᠤ ᠬᠠᠯᠳᠠᠭ᠍ᠰᠠᠨ᠂ ᠬᠠᠤᠯᠢ ᠪᠠᠷᠢᠯᠲᠠ᠎ᠶ᠋ᠢᠨ ᠲᠥᠪ
ᠭᠤᠤᠯᠴᠢ᠎ᠶ᠋ᠢ ᠬᠤᠬᠢᠷᠠᠭᠤᠯᠤᠭ᠍ᠰᠠᠨ ᠶᠠᠯᠠᠲᠤ ᠠᠵᠢᠯᠯᠠᠭ᠎ᠠ᠎ᠶ᠋ᠢ ᠬᠡᠷᠡᠭ ᠪᠣᠯᠭᠠᠨ ᠳᠠᠩᠰᠠᠯᠠᠵᠤ ᠲᠤᠷᠱᠢᠨ ᠪᠠᠢᠴᠠᠭᠠᠪᠠ᠂
ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 58.6% ᠪᠠᠷ ᠨᠡᠮᠡᠭ᠌ᠳᠡᠪᠡ᠃ ᠫᠤᠤ ᠠᠳᠭᠤᠵᠤ ᠬᠥᠮᠦᠨ ᠠᠯᠠᠭ᠍ᠰᠠᠨ ᠣᠯᠠᠨ ᠬᠡᠷᠡᠭ᠎ᠲᠤ
ᠬᠤᠯᠪᠣᠭ᠍ᠳᠠᠬ᠍ᠰᠨᠨ ᠲᠤᠤ ᠭᠧ ᠵᠡᠷᠭᠡ ᠬᠦᠮᠦᠰ 2 ᠬᠥᠮᠦᠨ᠎ᠢ᠋ ᠠᠯᠠᠵᠤ 2 ᠬᠥᠮᠦᠨ
ᠢ᠋ ᠬᠦᠨᠳᠦ ᠱᠢᠷᠬᠠᠲᠤᠭᠤᠯᠪᠠ᠃ ᠬᠡᠷᠡᠭ ᠡᠭᠦᠰᠦᠭ᠌ᠰᠡᠨ᠎ᠤ ᠳᠠᠷᠠᠭ᠎ᠠ᠂ ᠭᠤᠣᠯ ᠬᠡᠷᠡᠭ᠌ᠲᠡᠨ ᠵᠡᠷᠭᠡ 3 ᠬᠥᠮᠦᠨ᠎ᠢ
ᠡᠷᠡᠭᠦᠦ ᠱᠢᠢᠳᠭᠡᠯ᠎ᠢ᠎ᠨᠢ ᠬᠤᠢᠱᠢᠯᠠᠭᠤᠯᠬᠤ᠎ᠪᠠᠷ ᠬᠦᠩᠭᠡᠨ᠎ᠢᠶᠠᠷ ᠱᠢᠢᠳᠭᠡᠵᠤ᠂ 2 ᠬᠥᠮᠦᠨ᠎ᠢ᠋
ᠬᠤᠭᠤᠴᠠᠭ᠎ᠠ᠎ᠲᠠᠢ ᠬᠤᠷᠢᠬᠤ ᠡᠷᠡᠭᠦᠦ᠍᠎ᠪᠠᠷ ᠱᠢᠢᠳᠭᠡᠭ᠌ᠰᠡᠨ ᠪᠣᠯᠪᠠᠴᠤ᠌ ᠭᠢᠨᠳᠠᠨ᠎ᠳᠤ ᠬᠤᠷᠢᠶᠠᠮᠵᠢᠯᠠᠨ ᠬᠤᠷᠢᠭ᠍ᠰᠠᠨ
ᠦᠭᠡᠶ ᠡᠴᠡ ᠪᠤᠯᠵᠤ ᠲᠠᠳᠠ 20 ᠭᠠᠷᠤᠶ ᠵᠢᠯ ᠬᠠᠤᠯᠢ ᠱᠢᠢᠳᠭᠡᠯ᠎ᠤᠨ ᠭᠠᠳᠠᠭᠤᠷ ᠶᠠᠪᠤᠵᠤ᠂ ᠬᠠᠷ᠎ᠠ ᠨᠡᠢᠭᠡᠮ᠎ᠤᠨ ᠱᠢᠨᠵᠢ ᠴᠢᠨᠠᠷᠲᠠᠶ ᠵᠣᠬᠢᠶᠠᠨ
ᠪᠠᠢᠭᠤᠯᠤᠯᠲᠠ᠎ᠶ᠋ᠢ ᠪᠠᠢᠭᠤᠯᠵᠤ᠂ ᠬᠦᠨᠳᠦ ᠨᠣᠴᠢᠲᠠᠶ ᠶᠠᠯᠠᠲᠤ ᠠᠵᠢᠯᠯᠠᠭ᠎ᠠ᠎ᠶ᠋ᠢ ᠤᠯᠠᠨᠲᠠ ᠬᠢᠵᠠᠢ᠃ ᠯᠢᠶᠣᠤᠨᠢᠩ᠎ᠤᠨ
ᠪᠠᠢᠴᠠᠭᠠᠬᠤ ᠪᠠᠢᠭᠤᠯᠭ᠎ᠠ ᠤᠤᠯ᠎ᠤᠨ ᠲᠠᠰᠤᠯᠤᠯᠲᠠ᠎ᠳᠤ ᠡᠰᠡᠷᠭᠦᠴᠡᠭ᠌ᠰᠡᠨ ᠵᠠᠭᠠᠯᠳᠤᠯᠭ᠎ᠠ ᠭᠠᠷᠭᠠᠵᠤ᠂ ᠱᠢᠨ᠎ᠡ
ᠶᠠᠯᠠᠳᠤ ᠠᠯᠪᠠᠨ ᠵᠠᠭᠠᠯᠳᠤᠯᠭ᠎ᠠ ᠭᠠᠷᠭᠠᠭ᠍ᠰᠠᠨ ᠪᠦᠭᠡᠳ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭ᠌ᠯᠡᠭ᠌ᠰᠡᠨ᠂
ᠬᠤᠪᠢ᠎ᠶ᠋ᠢᠨ ᠨᠠᠢᠷ ᠬᠠᠷᠠᠵᠤ ᠬᠠᠤᠯᠢ᠎ᠶ᠋ᠢ ᠭᠠᠵᠢᠭᠤᠳᠠᠭᠤᠯᠤᠭ᠍ᠰᠠᠨ ᠰᠡᠵᠢᠭ᠌ᠯᠡᠯᠲᠡᠶ ᠲᠤᠷᠱᠢᠨ ᠪᠠᠢᠴᠠᠭᠠᠬᠤ
ᠠᠵᠢᠯᠲᠠᠨ᠂ ᠪᠠᠢᠴᠠᠭᠠᠬᠤ ᠠᠵᠢᠯᠲᠠᠨ᠂ ᠱᠢᠭᠦᠨ ᠲᠠᠰᠤᠯᠬᠤ ᠠᠵᠢᠯᠲᠠᠨ 12 ᠬᠦᠮᠦᠨᠢ᠋
ᠬᠡᠷᠡᠭ ᠪᠣᠯᠭᠠᠨ ᠳᠡᠩᠰᠡᠯᠡᠵᠦ᠍ ᠪᠠᠢᠴᠠᠭᠠᠨ ᠱᠢᠢᠳᠪᠦᠷᠢᠯᠡᠪᠡ᠃ ᠬᠠᠤᠯᠢ ᠬᠡᠷᠡᠭ᠌ᠵᠢᠭᠦᠯᠦᠯᠲᠡ ᠪᠠ ᠬᠠᠤᠯᠢ ᠪᠠᠷᠢᠯᠲᠠ᠎ᠶ᠋ᠢᠨ
ᠢᠯᠵᠢᠷᠠᠯ᠎ᠳᠤ ᠡᠷᠬᠡᠪᠰᠢ ᠤᠭ᠍ᠲᠤ ᠬᠦᠯᠢᠴᠡᠬᠦ᠌ ᠦᠭᠡᠢ ᠤᠪᠤᠷ ᠠᠪᠬᠤ ᠬᠡᠷᠡᠭ᠌ᠲᠡᠢ᠃
ᠪᠠᠢᠴᠠᠭᠠᠭ᠍ᠴᠢ ᠪᠠ ᠬᠠᠤᠯᠢᠴᠢ᠎ᠶ᠋ᠢᠨ ᠰᠠᠢᠨ ᠦᠢᠯᠡᠳᠦᠯᠴᠡᠯ᠎ᠢ ᠭᠦᠨᠵᠡᠭᠡᠢᠷᠡᠭᠦᠯᠪᠡ᠃
ᠬᠠᠤᠯᠢᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠬᠦᠨᠳᠦᠳᠭᠡᠨ ᠳᠠᠮᠵᠢᠵᠤ᠂ ᠬᠠᠤᠯᠢ ᠴᠠᠭᠠᠵᠠ᠎ᠶ᠋ᠢᠨ
ᠶᠠᠮᠤᠨ᠂ ᠪᠦᠬᠦ᠌ ᠤᠯᠤᠰ᠎ᠤᠨ ᠬᠠᠤᠯᠢᠴᠢᠳ᠎ᠤᠨ ᠨᠡᠢᠭᠡᠮᠯᠢᠭ᠎ᠲᠠᠢ ᠬᠤᠶᠠᠷ ᠵᠢᠯ ᠳᠠᠷᠠᠭᠠᠯᠠᠨ ᠵᠥᠪᠳᠡᠯᠴᠡᠵᠦ᠍᠂
ᠲᠦᠷᠪᠡᠨ ᠱᠠᠲᠤᠨ᠎ᠤ ᠪᠠᠢᠴᠠᠭᠠᠬᠤ ᠬᠤᠷᠢᠶ᠎ᠠ ᠵᠡᠷᠭᠡ᠎ᠪᠠᠷ ᠨᠠᠢᠳᠠᠪᠤᠷᠢᠵᠢᠭᠤᠯᠪᠠ᠃ ᠬᠠᠤᠯᠢ ᠬᠡᠷᠡᠭ᠌ᠵᠢᠭᠦᠯᠬᠦ᠌
ᠬᠠᠤᠯᠢ ᠪᠠᠷᠢᠬᠤ ᠠᠵᠢᠯᠳᠠᠨ᠎ᠤ ᠬᠠᠤᠯᠢᠴᠢ᠎ᠶ᠋ᠢᠨ ᠠᠵᠢᠯ ᠡᠷᠬᠢᠯᠡᠬᠦ᠌ ᠡᠷᠬᠡ᠎ᠳᠤ ᠬᠠᠯᠳᠠᠭ᠍ᠰᠠᠨ 1770 ᠬᠡᠷᠡᠭ
ᠢ᠋ ᠴᠢᠩᠭ᠎ᠠ ᠬᠢᠨᠠᠨ ᠵᠠᠯᠠᠷᠠᠭᠤᠯᠪᠠ᠂ ᠡᠨᠡ᠎ᠨᠢ ᠠᠳᠠᠯᠢ ᠬᠤᠭᠤᠴᠠᠭᠠᠨ᠎ᠤ᠎ᠬᠢ ᠡᠴᠡ 84.8% ᠪᠠᠷ ᠨᠡᠮᠡᠭ᠌ᠳᠡᠪᠡ᠃ ᠬᠠᠤᠯᠢᠴᠢ᠎ᠶ᠋ᠢᠨ ᠢᠨᠲ᠋ᠧᠷ ᠰᠦᠯᠵᠢᠶᠡᠨ ᠳᠡᠭᠡᠷ᠎ᠡ
ᠡᠪᠬᠡᠮᠡᠯ ᠦᠵᠡᠬᠦ᠌ ᠲᠤᠷᠱᠢᠯᠲᠠ᠎ᠶ᠋ᠢ ᠪᠦᠬᠦ᠌ ᠲᠠᠯ᠎ᠠ᠎ᠪᠠᠷ ᠦᠷᠨᠢᠬᠦᠯᠵᠤ᠂ ᠬᠡᠷᠡᠭ᠎ᠤᠨ ᠡᠪᠬᠡᠮᠡᠯ᠎ᠢ ᠦᠵᠡᠭᠦ᠎ᠳᠤ
ᠨᠡᠩ ᠳᠦᠭᠦᠮ ᠪᠤᠯᠭᠠᠪᠠ᠃ ᠢᠯᠡ᠎ᠪᠠᠷ ᠭᠡᠷᠡᠴᠢᠯᠡᠭᠡ ᠰᠣᠨᠣᠰᠭᠤ ᠪᠠ ᠵᠠᠬᠢᠳᠠᠯ ᠰᠤᠷᠪᠤᠯᠵᠢᠯᠠᠭ᠎ᠠ᠎ᠪᠠᠷ ᠱᠢᠢᠳᠪᠦᠷᠢᠯᠡᠬᠦ᠌᠎ᠳᠤ
ᠬᠠᠤᠯᠢᠴᠢ᠎ᠶ᠋ᠢ ᠤᠷᠢᠵᠦ᠍ ᠣᠷᠣᠯᠴᠠᠭᠤᠯᠤᠨ᠂ ᠲᠤᠰᠭᠠᠶ ᠬᠠᠤᠯᠢ ᠴᠠᠭᠠᠵᠠ᠎ᠶ᠋ᠢᠨ ᠦᠢᠯᠡᠴᠢᠯᠡᠭᠡ ᠰᠠᠢᠨ ᠦᠨᠡᠯᠡᠯᠲᠡ
ᠬᠦᠷᠲᠡᠪᠡ᠃ ᠬᠠᠤᠯᠢ ᠴᠠᠭᠠᠵᠠ᠎ᠶ᠋ᠢᠨ ᠶᠠᠮᠤᠨ ᠵᠡᠷᠭᠡ᠎ᠲᠠᠢ ᠬᠠᠮᠲᠤᠷᠠᠨ ᠵᠢᠯᠣᠭᠤᠳᠭᠤ ᠰᠠᠨᠠᠯ ᠨᠡᠢᠲᠡᠯᠡᠵᠦ᠍᠂
ᠪᠠᠢᠴᠠᠭᠠᠭ᠍ᠴᠢ ᠪᠠ ᠬᠠᠤᠯᠢᠴᠢ᠎ᠶ᠋ᠢᠨ ᠶᠠᠪᠤᠯᠴᠠᠭ᠎ᠠ᠂ ᠲᠤᠱᠢᠶᠠᠯ ᠡᠴᠡ᠎ᠪᠠᠨ ᠰᠠᠯᠤᠭ᠍ᠰᠠᠨ ᠪᠠᠢᠴᠠᠭᠠᠬᠤ ᠠᠵᠢᠯᠳᠡᠨ᠎ᠤ
ᠬᠠᠤᠯᠢᠴᠢ᠎ᠶ᠋ᠢᠨ ᠠᠵᠢᠯ ᠡᠷᠬᠢᠯᠡᠬᠦ᠌᠎ᠶ᠋ᠢ ᠵᠢᠷᠤᠮᠵᠢᠭᠤᠯᠪᠠ; ᠳᠤᠮᠳᠠᠳᠤ ᠤᠯᠤᠰ᠎ᠤᠨ ᠪᠠᠢᠴᠠᠭᠠᠬᠤ
ᠲᠤᠱᠢᠶᠠᠯᠲᠠᠨ᠎ᠤ ᠨᠡᠢᠭᠡᠮᠯᠢᠭ ᠪᠣᠯᠤᠨ ᠪᠦᠬᠦ᠌ ᠤᠯᠤᠰ᠎ᠤᠨ ᠬᠠᠤᠯᠢᠴᠢᠳ᠎ᠤᠨ ᠨᠡᠢᠭᠡᠮᠯᠢᠭ 《ᠳᠣᠲᠣᠨᠣ》 ᠪᠤᠯᠪᠠᠴᠤ᠌ ᠶᠤᠰᠤ ᠳᠦᠷᠢᠮ ᠡᠴᠡ ᠦᠯᠦ᠍
ᠳᠠᠪᠠᠭ᠍ᠤ᠂ 《ᠴᠢᠬᠡᠴᠢ》 ᠪᠤᠯᠪᠠᠴᠤ᠌
ᠦᠯᠦ᠍ ᠬᠦᠨᠳᠡᠢᠷᠡᠨ ᠵᠠᠢᠳᠠᠬᠤ ᠠᠵᠢᠯ ᠮᠡᠷᠭᠡᠵᠢᠯ᠎ᠤᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠰᠠᠨᠠᠭᠠᠴᠢᠯᠠᠪᠠ᠃
ᠲᠦᠷᠪᠡ᠂ ᠵᠠᠷᠭᠤ᠎ᠶ᠋ᠢᠨ ᠰᠤᠷᠪᠤᠯᠵᠢ᠎ᠶ᠋ᠢ ᠵᠠᠰᠠᠨ᠂ ᠪᠠᠢᠴᠠᠭᠠᠬᠤ ᠲᠤᠱᠢᠶᠠᠯ
ᠬᠠᠷᠢᠭᠤᠴᠠᠯᠭ᠎ᠠ᠎ᠪᠠᠨ ᠭᠦᠢᠴᠡᠳᠭᠡᠬᠦ᠌᠎ᠪᠠᠷ ᠳᠠᠮᠵᠢᠨ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠠᠲᠤᠯᠠᠪᠠ
ᠬᠠᠤᠯᠢ ᠪᠠᠷᠢᠵᠦ᠍ ᠬᠡᠷᠡᠭ ᠱᠢᠢᠳᠪᠦᠷᠢᠯᠡᠬᠦ᠌᠎ᠳᠤ᠂ ᠲᠡᠬᠦᠰᠭᠡᠯᠢᠨᠢ ᠠᠳᠭᠤᠵᠤ
ᠡᠪᠡᠳᠴᠢᠨ᠎ᠢ᠎ᠨᠢ ᠵᠠᠰᠠᠬᠤ ᠬᠡᠷᠡᠭ᠌ᠲᠡᠢ ᠪᠦᠭᠡᠳ ᠨᠡᠩ ᠴᠤ᠌ ᠡᠭᠦᠰᠭᠡᠯᠢᠨᠢ ᠠᠳᠭᠤᠵᠤ ᠡᠪᠡᠳᠴᠢᠯᠡᠬᠦ᠌ᠶ᠋ᠢᠨᠢ
ᠰᠡᠷᠬᠡᠢᠯᠡᠬᠦ᠌ ᠬᠡᠷᠡᠭ᠌ᠲᠡᠶ ᠶᠤᠮ᠃ ᠪᠠᠢᠴᠠᠭᠠᠬᠤ ᠪᠠᠢᠭᠤᠯᠭ᠎ᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ
ᠴᠢᠳᠠᠮᠠᠭᠠᠢ ᠬᠦᠢᠴᠡᠳᠭᠡᠨ᠂ ᠨᠡᠢᠭᠡᠮ᠎ᠤᠨ ᠵᠠᠰᠠᠯᠲᠠ᠎ᠳᠤ ᠨᠡᠩ ᠭᠦᠨᠵᠡᠭᠡᠶ ᠠᠭᠤᠰᠤᠨ ᠤᠷᠤᠵᠤ᠂ ᠥᠨᠢ ᠤᠳᠠᠭᠠᠨ
ᠠᠮᠤᠷ ᠲᠦᠪᠱᠢᠨ ᠪᠠᠢᠬᠤ ᠰᠠᠭᠤᠷᠢ᠎ᠶ᠋ᠢ ᠬᠠᠮᠲᠤ᠎ᠪᠠᠷ ᠴᠣᠭ᠍ᠴᠠᠯᠠᠪᠠ᠃
ᠡᠬᠢ ᠡᠭᠦᠰᠦᠯ ᠡᠴᠡ᠎ᠨᠢ ᠵᠠᠰᠠᠬᠤ᠎ᠶ᠋ᠢ ᠪᠠᠢᠴᠠᠭᠠᠬᠤ ᠰᠠᠨᠠᠭᠤᠯᠭ᠎ᠠ᠎ᠪᠠᠷ ᠠᠬᠢᠭᠤᠯᠪᠠ᠃
ᠳᠠᠬᠢᠨ ᠳᠠᠪᠲᠠᠭ᠍ᠰᠠᠨ᠂ ᠶᠡᠭᠡ ᠬᠡᠮᠵᠢᠶ᠎ᠡ᠎ᠪᠠᠷ ᠡᠭᠦᠰᠦᠭ᠌ᠰᠡᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠨᠢ
ᠴᠥᠮ ᠨᠡᠢᠭᠡᠮ᠎ᠤᠨ ᠵᠠᠰᠠᠯᠲᠠ᠎ᠶ᠋ᠢᠨ ᠰᠠᠭᠤᠷᠢ ᠠᠵᠢᠯ᠎ᠯᠤᠭ᠎ᠠ ᠬᠤᠯᠪᠣᠭ᠎ᠠ᠎ᠲᠠᠢ ᠶᠤᠮ᠃ 2018 ᠤᠨ ᠡᠴᠡ ᠨᠠᠭᠠᠰᠢ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ
ᠬᠠᠤᠯᠢ ᠪᠠᠷᠢᠯᠲᠡᠶ᠋ᠢᠨ ᠳ᠋ᠠᠢᠲ᠋ᠠ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠬᠤᠷᠢᠶᠠᠩᠭᠤᠢ᠌ᠯᠠᠨ ᠵᠠᠳᠠᠯᠵᠤ᠂
ᠰᠤᠷᠭᠠᠭᠤᠯᠢ᠎ᠶ᠋ᠢᠨ ᠬᠦᠷᠢᠶᠡᠨ᠎ᠤ ᠠᠮᠤᠷ ᠲᠦᠪᠱᠢᠨ᠂ ᠬᠠᠤᠯᠢ ᠪᠠᠷᠢᠯᠲᠡᠶ᠋ᠢᠨ ᠠᠯᠪᠠᠨ ᠵᠠᠷ᠎ᠤᠨ ᠬᠦᠷᠭᠡᠯᠲᠡ᠂
ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠂ ᠰᠤᠬᠤᠷ ᠬᠤᠳᠳᠤᠭ᠎ᠤᠨ ᠬᠠᠮᠢᠶᠠᠷᠤᠯᠲᠠ᠂ ᠬᠤᠳᠠᠯ ᠬᠠᠭᠤᠷᠮᠠᠭ
ᠵᠠᠷᠭᠤ᠂ ᠰᠦᠯᠵᠢᠶᠡᠨ᠎ᠤ ᠴᠡᠭ᠌ᠴᠡᠯᠡᠨ ᠵᠠᠰᠠᠯᠲᠠ ᠵᠡᠷᠭᠡ᠎ᠶ᠋ᠢᠨ ᠲᠣᠭᠤᠷᠢᠨ᠎ᠳᠤ ᠬᠤᠯᠪᠣᠭ᠍ᠳᠠᠯ ᠪᠦᠬᠦᠢ ᠰᠠᠯᠠᠭ᠎ᠠ
ᠮᠥᠴᠢᠷ᠎ᠲᠤ ᠨᠢᠭᠡᠳᠦᠭᠡᠷ ᠡᠴᠡ ᠵᠢᠷᠭᠤᠳᠤᠭᠠᠷ ᠲᠣᠭᠠᠲᠤ ᠪᠠᠢᠴᠠᠭᠠᠬᠤ ᠰᠠᠨᠠᠭᠤᠯᠭ᠎ᠠ᠎ᠶ᠋ᠢ ᠭᠠᠷᠭᠠᠵᠦ᠍᠂ ᠮᠤᠵᠢ᠎ᠶ᠋ᠢᠨ
ᠱᠠᠲᠤᠨ᠎ᠤ ᠪᠠᠢᠴᠠᠭᠠᠬᠤ ᠬᠤᠷᠢᠶ᠎ᠠ ᠵᠡᠷᠭᠡᠲᠠ ᠠᠬᠢᠭᠤᠯᠪᠠ᠃ ᠲᠦᠷᠭᠡᠨ ᠬᠦᠷᠭᠡᠯᠲᠡ᠎ᠶ᠋ᠢᠨ ᠠᠮᠤᠷ ᠲᠦᠪᠱᠢᠨ᠎ᠤ ᠠᠰᠠᠭᠤᠳᠠᠯ᠎ᠳᠤ
ᠴᠢᠭ᠌ᠯᠡᠭᠦᠯᠦᠨ᠂ 2021 ᠤᠨ᠎ᠳᠤ ᠤᠯᠤᠰ᠎ᠤᠨ ᠱᠢᠤᠳᠠᠨ᠎ᠤ ᠲᠣᠪᠴᠢᠶ᠎ᠠ᠎ᠳᠤ 《ᠳᠣᠯᠣᠳᠤᠭᠠᠷ ᠲᠤᠭᠠᠲᠤ ᠪᠠᠢᠴᠠᠭᠠᠬᠤ ᠰᠠᠨᠠᠭᠤᠯᠭ᠎ᠠ》 ᠭᠠᠷᠭᠠᠵᠤ᠂ ᠵᠠᠮ ᠲᠡᠭᠡᠭᠡᠪᠦᠷᠢ᠎ᠶ᠋ᠢᠨ ᠶᠠᠮᠤᠨ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ
ᠵᠡᠷᠭᠡ 12 ᠰᠠᠯᠠᠭ᠎ᠠ ᠮᠥᠴᠢᠷ᠎ᠲᠤ ᠬᠠᠭᠤᠯᠤᠨ
ᠬᠦᠷᠭᠡᠵᠦ᠍᠂ ᠬᠢᠨᠠᠨ ᠬᠠᠮᠢᠶᠠᠷᠬᠤ ᠨᠡᠢᠯᠡᠯ ᠬᠦᠴᠦᠨ᠎ᠢ ᠪᠦᠷᠢᠯᠳᠦᠭᠦᠯᠬᠦ᠌᠎ᠶ᠋ᠢ ᠠᠬᠢᠭᠤᠯᠪᠠ᠃ ᠳᠣᠲᠣᠭᠠᠳᠤ᠎ᠶ᠋ᠢ
ᠬᠠᠮᠠᠭᠠᠯᠠᠬᠤ ᠶᠠᠮᠤᠨ᠂ ᠤᠯᠤᠰ᠎ᠤᠨ ᠱᠢᠤᠳᠠᠨ᠎ᠤ ᠲᠣᠪᠴᠢᠶ᠎ᠠ ᠴᠠᠭ ᠲᠤᠬᠠᠶ᠎ᠳᠤᠨᠢ ᠲᠤᠰᠭᠠᠶ ᠠᠵᠢᠯᠯᠠᠭ᠎ᠠ ᠥᠷᠨᠢᠭᠦᠯᠵᠦ᠍᠂
ᠬᠤᠤᠷᠲᠤ ᠡᠳ᠋ ᠢᠯᠡᠭᠡᠭ᠌ᠰᠡᠨ 1709 ᠬᠡᠷᠡᠭ ᠢ᠋ 3 ᠰᠠᠷ᠎ᠠ ᠶ᠋ᠢᠨ ᠲᠤᠲᠤᠷ᠎ᠠ ᠢᠯᠡᠷᠡᠭᠦᠯᠪᠡ᠃
ᠴᠦᠭᠡᠨ ᠪᠠᠷᠢᠪᠴᠢᠯᠠᠬᠤ ᠪᠤᠯᠭᠤᠮᠵᠢᠳᠠᠢ ᠵᠠᠭᠠᠯᠳᠤᠬᠤ ᠪᠤᠯᠭᠤᠮᠵᠢᠳᠠᠢ ᠬᠤᠷᠢᠬᠤ
ᠡᠷᠡᠭᠦᠦ᠍᠎ᠶ᠋ᠢᠨ ᠬᠡᠷᠡᠭ᠎ᠤᠨ ᠬᠠᠤᠯᠢ ᠪᠠᠷᠢᠬᠤ ᠲᠦᠷᠦ᠍᠎ᠶ᠋ᠢᠨ ᠪᠤᠳᠤᠯᠭ᠎ᠠ᠎ᠶ᠋ᠢ ᠢᠳᠡᠪᠬᠢᠲᠡᠶ ᠲᠤᠭᠤᠱᠢᠯᠠᠭᠤᠯᠪᠠ᠃
ᠡᠷᠡᠭᠦᠦ᠍᠎ᠶ᠋ᠢᠨ ᠶᠠᠯᠠᠲᠤ ᠠᠵᠢᠯᠯᠠᠭ᠎ᠠ᠎ᠶ᠋ᠢᠨ ᠪᠦᠲᠦᠴᠡ᠎ᠶ᠋ᠢᠨ ᠬᠤᠪᠢᠷᠠᠯᠲᠠ᠎ᠳᠤ ᠵᠤᠬᠢᠴᠠᠭᠤᠯᠵᠤ᠂ ᠬᠦᠨᠳᠦ ᠨᠣᠴᠢᠲᠠᠶ
ᠡᠷᠡᠭᠦᠦ᠍᠎ᠶ᠋ᠢᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠬᠦ᠌᠎ᠶ᠋ᠢᠨ ᠬᠠᠮᠲᠤ᠌᠂ ᠣᠯᠠᠩᠬᠢ ᠲᠣᠭᠠᠨ᠎ᠤ ᠬᠦᠡᠭ᠌ᠭᠡᠪᠲᠦᠷ
ᠶᠠᠯᠠᠲᠤ ᠠᠵᠢᠯᠯᠠᠭ᠎ᠠ ᠬᠢᠭ᠌ᠰᠡᠡ᠂ ᠠᠩᠬ᠎ᠠ ᠶᠠᠯ᠎ᠠ ᠬᠢᠭ᠌ᠰᠡᠨ᠂ ᠭᠡᠨᠡᠳᠲᠡ ᠶᠠᠯ᠎ᠠ ᠬᠢᠭ᠌ᠰᠡᠨ ᠬᠡᠷᠡᠭ᠌ᠲᠡᠨ ᠵᠡᠷᠭᠡ᠎ᠶ᠋ᠢ
ᠬᠠᠤᠯᠢ ᠶᠣᠰᠣᠭᠠᠷ ᠠᠭᠤᠴᠢᠯᠠᠨ ᠱᠢᠢᠳᠪᠦᠷᠢᠯᠡᠵᠦ᠍᠂ ᠴᠦᠭᠡᠨ ᠪᠠᠷᠢᠪᠴᠢᠯᠠᠵᠤ ᠪᠤᠯᠭᠤᠮᠵᠢᠳᠠᠢ ᠵᠠᠭᠠᠯᠳᠤᠨ ᠪᠤᠯᠭᠤᠮᠵᠢᠳᠠᠢ
ᠬᠤᠷᠢᠬᠤ᠎ᠨᠢ ᠶᠠᠯᠠᠲᠤ ᠠᠵᠢᠯᠯᠠᠭ᠎ᠠ᠎ᠶ᠋ᠢ ᠵᠠᠳᠠᠷᠠᠭᠤᠯᠬᠤ ᠪᠠ ᠨᠡᠢᠭᠡᠮ᠎ᠲᠠᠢ ᠡᠰᠡᠷᠭᠦ᠌ ᠡᠲᠡᠭᠡᠳ᠎ᠢ ᠪᠠᠭᠠᠰᠭᠠᠬᠤ᠎ᠳᠤ
ᠠᠱᠢᠭ᠍ᠲᠠᠢ ᠶᠤᠮ᠃ ᠪᠠᠢᠴᠠᠭᠠᠬᠤ ᠪᠠᠢᠭᠤᠯᠭ᠎ᠠ ᠢᠳᠡᠪᠬᠢᠲᠡᠢ ᠪᠦᠭᠡᠳ ᠲᠤᠬᠲᠠᠭᠤᠨ ᠢᠶᠠᠷ ᠠᠬᠢᠭᠤᠯᠤᠭᠰᠠᠨ᠎ᠢᠶᠡᠷ᠂
ᠪᠥᠬᠦ᠌ ᠵᠢᠯ᠎ᠳᠤ 38.5 ᠲᠦᠮᠡᠨ ᠬᠥᠮᠦᠨ᠎ᠢ ᠦᠯᠦ᠍ ᠪᠠᠷᠢᠪᠴᠢᠯᠠᠬᠤ᠂ 34.8 ᠲᠦᠮᠡᠨ
ᠬᠥᠮᠦᠨ᠎ᠢ ᠥᠯᠥ᠍ ᠵᠠᠭᠠᠯᠳᠤᠬᠤ᠎ᠪᠠᠷ ᠱᠢᠢᠳᠪᠦᠷᠢᠯᠡᠪᠡ᠂ ᠡᠨᠡ᠎ᠨᠢ 2018 ᠣᠨ ᠤ᠋ᠬᠢ ᠡᠴᠡ ᠲᠣᠰ ᠲᠣᠰ 28.3% ᠪᠠ 1.5 ᠳᠠᠬᠢᠨ᠎ᠢᠶᠠᠷ ᠨᠡᠮᠡᠭ᠌ᠳᠡᠪᠡ; ᠢᠯᠡ᠎ᠪᠠᠷ ᠭᠡᠷᠡᠴᠢᠯᠡᠭᠡ
ᠰᠤᠨᠤᠰᠭᠤ᠂ ᠬᠠᠤᠯᠢ᠎ᠶ᠋ᠢ ᠲᠠᠢᠯᠪᠤᠷᠢᠯᠠᠨ ᠶᠤᠰᠤ ᠶᠠᠷᠢᠬᠤ᠂ ᠬᠠᠤᠯᠢ ᠪᠠᠷᠢᠯᠲᠠ᠎ᠪᠠᠷ ᠠᠪᠤᠷᠠᠨ ᠲᠤᠰᠠᠯᠠᠬᠤ ᠵᠡᠷᠭᠡ᠎ᠪᠠᠷ
ᠬᠠᠪᠰᠤᠷᠤᠮᠵᠢ ᠪᠤᠯᠭᠠᠨ ᠬᠠᠮᠲᠤ᠎ᠶ᠋ᠢᠨ ᠲᠠᠨᠢᠯᠲᠠ᠎ᠶ᠋ᠢ ᠪᠤᠢ ᠪᠤᠯᠭᠠᠬᠤ᠎ᠶ᠋ᠢ ᠠᠭᠢᠭᠤᠯᠤᠭ᠍ᠰᠠᠨ ᠡᠴᠡ᠂ ᠳᠣᠲᠣᠭᠠᠳᠤ᠎ᠶ᠋ᠢ
ᠬᠠᠮᠠᠭᠠᠯᠠᠬᠤ ᠪᠠᠢᠭᠤᠯᠭ᠎ᠠ᠎ᠶ᠋ᠢᠨ ᠠᠳᠠᠯᠢ ᠪᠤᠰᠤ ᠰᠠᠨᠠᠯ ᠳᠤᠷᠠᠳᠭᠤ᠂ ᠳᠠᠬᠢᠨ ᠶᠠᠷᠢᠯᠴᠠᠭᠤᠯᠬᠤ ᠳᠠᠬᠢᠨ ᠬᠠᠷᠭᠤᠭᠤᠯᠬᠤ᠎ᠪᠠᠷ
ᠳᠡᠪᠱᠢᠭᠦᠯᠦᠭ᠌ᠰᠡᠨ᠎ᠨᠢ 37.4% ᠪᠠᠷ ᠪᠠᠭᠤᠷᠠᠵᠤ᠂ ᠬᠤᠤᠷᠯᠠᠬ᠍ᠳᠠᠬ᠍ᠴᠢ ᠦᠯᠦ᠍ ᠵᠥᠪᠱᠢᠶᠡᠷᠡᠵᠤ ᠭᠤᠮᠣᠳᠠᠯ
ᠲᠣᠭᠠᠴᠢᠭ᠍ᠰᠠᠨ᠎ᠨᠢ 11.2%
ᠵᠢᠡᠷ ᠪᠠᠭᠤᠷᠠᠪᠠ᠃
ᠦᠯᠦ᠍ ᠵᠠᠭᠠᠯᠳᠤᠬᠤ᠎ᠪᠠᠷ ᠲᠣᠭ᠍ᠲᠠᠭᠠᠭ᠍ᠰᠠᠨ ᠶᠠᠯ᠎ᠠ ᠬᠢᠭ᠌ᠰᠡᠨ ᠰᠡᠵᠢᠭ᠌ᠯᠡᠯᠲᠡᠶ ᠬᠥᠮᠦᠨ᠎ᠳᠤ ᠵᠠᠰᠠᠭ ᠵᠠᠬᠢᠷᠭᠠᠨ᠎ᠤ
ᠱᠢᠢᠳᠭᠡᠯ ᠥᠭ᠌ᠬᠦ ᠶᠤᠰᠤᠲᠠᠢ ᠪᠠᠢᠪᠠᠯ᠂ ᠡᠷᠬᠢᠯᠡᠨ ᠬᠠᠮᠢᠶᠠᠷᠬᠤ ᠪᠠᠢᠭᠤᠯᠭ᠎ᠠ᠎ᠳᠤ ᠱᠢᠢᠳᠪᠦᠷᠢᠯᠡᠭᠦᠯᠬᠦ᠌᠎ᠪᠠᠷ
ᠱᠢᠯᠵᠢᠭᠦᠯᠦᠨ ᠬᠦᠷᠭᠡᠪᠡ᠃ ᠱᠠᠨ ᠰᠢ᠂ ᠭᠤᠸᠠᠩᠳᠦ᠋ᠩ᠂ ᠭᠠᠨᠰᠦ ᠵᠡᠷᠭᠡ ᠭᠠᠵᠠᠷ᠎ᠤᠨ ᠪᠠᠢᠴᠠᠭᠠᠬᠤ ᠪᠠᠢᠭᠤᠯᠭ᠎ᠠ
ᠰᠣᠭ᠍ᠲᠣᠭᠤ᠎ᠪᠠᠷ ᠲᠡᠷᠭᠡ ᠵᠢᠯᠣᠭᠤᠳᠤᠭ᠍ᠰᠠᠨᠢ ᠦᠯᠦ᠍ ᠵᠠᠭᠠᠯᠳᠤᠭ᠍ᠰᠠᠨ ᠬᠡᠷᠡᠭ᠎ᠲᠤ ᠪᠠᠢᠴᠠᠭᠠᠬᠤ ᠰᠠᠨᠠᠯ ᠳᠤᠷᠠᠳᠴᠤ᠌᠂
ᠵᠠᠰᠠᠭ ᠵᠠᠬᠢᠷᠭᠠᠨ᠎ᠤ ᠱᠢᠢᠳᠭᠡᠯ ᠥᠭ᠌ᠬᠦᠬᠦᠯᠬᠦ᠌ᠪᠠᠷ ᠱᠢᠯᠵᠢᠬᠦᠯᠵᠦ᠍᠂ ᠶᠡᠷᠦᠩᠬᠡᠢᠯᠡᠭ᠌ᠰᠡᠨ ᠴᠡᠭ᠌ᠴᠡᠯᠡᠨ
ᠵᠠᠰᠠᠯᠲᠠ᠎ᠶ᠋ᠢ ᠴᠢᠩᠭᠠᠳᠭᠠᠬᠤ ᠶ᠋ᠢ ᠠᠬᠢᠭᠤᠯᠪᠠ᠃ ᠬᠤᠷᠢᠬᠤ᠎ᠶ᠋ᠢᠨ ᠴᠢᠬᠤᠯᠠ ᠪᠦᠬᠦᠢ ᠴᠢᠨᠠᠷ᠎ᠢ ᠬᠢᠨᠠᠨ ᠪᠠᠢᠴᠠᠭᠠᠬᠤ
ᠲᠤᠰᠭᠠᠶ ᠠᠵᠢᠯᠯᠠᠭ᠎ᠠ ᠥᠷᠨᠢᠭᠦᠯᠵᠦ᠍᠂ ᠪᠠᠷᠢᠪᠴᠢᠯᠠᠭ᠍ᠰᠠᠨᠤ ᠳᠠᠷᠠᠭ᠎ᠠ ᠦᠷᠭᠦᠯᠵᠢᠯᠡᠨ ᠬᠤᠷᠢᠬᠤ ᠦᠭᠡᠢ ᠪᠠᠢᠵᠤ
ᠪᠤᠯᠬᠤ 5.6 ᠲᠦᠮᠡᠨ ᠬᠥᠮᠦᠨ᠎ᠢ ᠰᠤᠯᠠᠯᠠᠬᠤ ᠪᠤᠶᠤ
ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ᠎ᠨᠢ ᠬᠤᠪᠢᠷᠠᠭᠤᠯᠬᠤ ᠰᠠᠨᠠᠭᠤᠯᠭ᠎ᠠ᠎ᠶ᠋ᠢ ᠬᠠᠤᠯᠢ ᠶᠤᠰᠤᠭᠠᠷ ᠭᠠᠷᠭᠠᠭ᠍ᠰᠠᠨ
ᠡᠴᠡ᠂ ᠵᠠᠷᠭᠤᠯᠳᠤᠬᠤ ᠡᠴᠡ ᠡᠮᠦᠨ᠎ᠡ ᠬᠤᠷᠢᠬᠤ ᠨᠤᠷᠮ᠎ᠠ 2018 ᠣᠨ᠎ᠳᠤ 54.9% ᠪᠠᠢᠭ᠍ᠰᠠᠨ ᠡᠴᠡ᠎ᠪᠠᠨ 2021᠎ᠤᠨ᠎ᠳᠤ 42.7% ᠪᠤᠯᠲᠠᠯ᠎ᠠ ᠪᠠᠭᠤᠷᠠᠪᠠ᠃ ᠱᠠᠨᠳᠦ᠋ᠩ᠂
ᠵᠧᠵᠢᠶᠠᠩ ᠵᠡᠷᠭᠡ ᠭᠠᠵᠠᠷ ᠡᠯᠧᠺᠲᠷᠣᠨ ᠪᠠᠭᠤᠪᠴᠢ᠂ ᠲᠤᠮᠤ ᠳ᠋ᠠᠢᠲ᠋ᠠ ᠵᠡᠷᠭᠡ ᠱᠢᠨᠵᠢᠯᠡᠬᠦ᠌ ᠤᠬᠠᠭᠠᠨ ᠮᠡᠷᠬᠡᠵᠢᠯ᠎ᠤᠨ
ᠠᠷᠭ᠎ᠠ ᠪᠠᠷᠢᠯ᠎ᠢ ᠰᠦᠪᠡᠭ᠌ᠴᠢᠯᠡᠨ ᠬᠡᠷᠡᠭ᠌ᠯᠡᠵᠦ᠍ ᠬᠢᠨᠠᠨ ᠬᠠᠮᠢᠶᠠᠷᠤᠭ᠍ᠰᠠᠨ ᠡᠴᠡ᠂ ᠪᠠᠲᠤᠯᠠᠭ᠎ᠠ ᠠᠪᠴᠤ᠌ ᠱᠢᠭᠦᠬᠦ᠌᠎ᠶ᠋ᠢ
ᠬᠦᠯᠢᠶᠡᠯᠭᠡᠭ᠌ᠰᠡᠳᠲᠤ ᠬᠤᠯᠪᠤᠭ᠎ᠠ ᠲᠠᠰᠤᠷᠠᠭ᠍ᠰᠠᠨ ᠬᠦᠮᠦᠨ
ᠭᠠᠷᠤᠬ᠍ᠰᠠᠨ ᠦᠭᠡᠢ᠃ ᠨᠡᠢᠭᠡᠮ ᠳᠠᠪᠱᠢᠵᠤ ᠪᠠᠢᠨ᠎ᠠ᠂ 《ᠬᠤᠷᠢᠬᠤ》
ᠦᠭᠡᠢ ᠴᠦ᠍ ᠭᠡᠰᠡᠨ ᠬᠠᠮᠢᠶᠠᠷᠴᠤ᠌ ᠴᠢᠳᠠᠨ᠎ᠠ᠃
ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ
ᠱᠢᠢᠳᠭᠡᠬᠦ᠌ ᠳᠦᠷᠢᠮ᠎ᠢ ᠭᠦᠢᠴᠡᠳ ᠨᠠᠢᠳᠠᠪᠤᠷᠢᠵᠢᠭᠤᠯᠬᠤ᠎ᠶ᠋ᠢ ᠠᠬᠢᠭᠤᠯᠪᠠ᠃ ᠶᠠᠯ᠎ᠠ᠎ᠪᠠᠨ ᠮᠡᠳᠡᠷᠡᠭ᠌ᠰᠡᠨ ᠪᠠ
ᠱᠢᠢᠳᠭᠡᠯ᠎ᠢ ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌᠎ᠨᠢ ᠵᠥᠷᠢᠴᠡᠯ᠎ᠢ ᠨᠠᠮᠳᠠᠭᠤᠯᠤᠨ᠂ ᠡᠶ᠎ᠡ ᠵᠣᠬᠢᠴᠠᠯ᠎ᠢ
ᠠᠬᠢᠭᠤᠯᠵᠤ᠂ ᠨᠡᠢᠭᠡᠮ᠎ᠤᠨ ᠳᠣᠲᠣᠭᠠᠳᠤ᠎ᠶ᠋ᠢᠨ ᠲᠣᠭ᠍ᠲᠠᠭᠤᠨ ᠪᠠᠢᠳᠠᠯ᠎ᠢ ᠪᠡᠶᠡᠯᠡᠭᠦᠯᠬᠦ᠌᠎ᠳᠤ ᠠᠱᠢᠭ᠍ᠲᠠᠢ ᠶᠤᠮ᠃
ᠠᠵᠢᠯ᠎ᠤᠨ ᠬᠡᠮᠵᠢᠶ᠎ᠡ ᠬᠡᠳᠦ᠋ᠢᠪᠡᠷ ᠲᠠᠬᠢᠨ᠎ᠢᠶᠠᠷ ᠨᠡᠮᠡᠭ᠌ᠳᠡᠭ᠌ᠰᠡᠨ ᠪᠣᠯᠪᠠᠴᠤ᠌ ᠪᠠᠢᠴᠠᠭᠠᠬᠤ ᠪᠠᠢᠭᠤᠯᠭ᠎ᠠ
ᠢᠳᠡᠪᠬᠢᠲᠡᠢ ᠭᠤᠤᠯᠯᠠᠨ ᠤᠳᠤᠷᠢᠳᠴᠤ᠌ ᠠᠭᠤᠴᠢᠯᠠᠨ ᠱᠢᠢᠳᠭᠡᠬᠦ᠌ ᠳᠦᠷᠢᠮ᠎ᠢ ᠭᠡᠷᠡᠭ᠌ᠯᠡᠬᠦ᠌ ᠶᠤᠰᠤᠳᠠᠢ ᠪᠤᠯ ᠠᠯᠢ
ᠴᠢᠳᠠᠬᠤ᠎ᠪᠠᠷ ᠭᠡᠷᠡᠭ᠌ᠯᠡᠪᠠ᠃ ᠡᠷᠡᠭᠦᠦ ᠱᠢᠢᠳᠭᠡᠯ ᠣᠨᠣᠭ᠍ᠳᠠᠭᠤᠯᠬᠤ ᠰᠠᠨᠠᠭᠤᠯᠭ᠎ᠠ᠎ᠶ᠋ᠢᠨ ᠵᠢᠯᠣᠭᠤᠳᠭᠤ ᠰᠠᠨᠠᠯ᠎ᠢ
ᠲᠣᠭ᠍ᠲᠠᠭᠠᠵᠤ᠂ ᠲᠤᠬᠠᠢ᠎ᠶ᠋ᠢᠨ ᠬᠦᠮᠦᠨ ᠪᠠ ᠬᠠᠤᠯᠢᠴᠢ᠎ᠶ᠋ᠢᠨ ᠰᠠᠨᠠᠯ᠎ᠢ ᠰᠤᠨᠤᠰᠤᠨ ᠵᠡᠷᠭᠡ᠎ᠪᠠᠷ ᠲᠠᠭᠤ ᠳᠦᠷᠰᠦ
ᠱᠢᠩᠭᠡᠭᠡᠯᠲᠡ ᠬᠢᠵᠦ᠍᠂ ᠶᠠᠯ᠎ᠠ᠎ᠪᠠᠨ ᠮᠡᠳᠡᠷᠡᠵᠦ᠍ ᠱᠢᠢᠳᠭᠡᠯ᠎ᠢ ᠬᠦᠯᠢᠶᠡᠬᠦ᠌᠎ᠳᠡᠭᠡᠨ ᠰᠠᠢᠨ ᠳᠤᠷ᠎ᠠ᠎ᠶ᠋ᠢᠨ
ᠪᠠᠢᠬᠤ ᠪᠠ ᠬᠠᠤᠯᠢ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠪᠠ᠃ ᠨᠢᠳᠤᠨᠤᠨ᠎ᠤ ᠲᠤᠬᠢᠷᠠᠭᠤᠯᠤᠨ ᠭᠡᠷᠡᠭ᠌ᠯᠡᠭ᠌ᠰᠡᠨ
ᠨᠣᠷᠮ᠎ᠠ 85% ᠶ᠋ᠢ
ᠳᠠᠪᠠᠪᠠ;
ᠡᠷᠡᠭᠦᠤ ᠱᠢᠢᠳᠭᠡᠯ ᠣᠨᠣᠭ᠍ᠳᠠᠭᠤᠯᠬᠤ ᠰᠠᠨᠠᠭᠤᠯᠭ᠎ᠠ᠎ᠶ᠋ᠢ ᠬᠦᠯᠢᠶᠡᠨ ᠠᠪᠤᠭ᠍ᠰᠠᠨ
ᠨᠤᠷᠮ᠎ᠠ 97% ᠶ᠋ᠢ ᠳᠠᠪᠠᠪᠠ; ᠨᠢᠭᠡᠳᠦᠭᠡᠷ ᠱᠢᠭᠦᠯᠲᠡ᠎ᠶ᠋ᠢᠨ ᠱᠢᠭᠦᠨ ᠲᠠᠰᠤᠯᠤᠯᠲᠠ᠎ᠶ᠋ᠢ ᠬᠦᠯᠢᠶᠡᠭ᠌ᠰᠡᠨ ᠨᠣᠷᠮ᠎ᠠ 96.5% ᠬᠦᠷᠴᠦ᠍᠂ ᠪᠤᠰᠤᠳ ᠡᠷᠡᠭᠦᠦ᠍᠎ᠶ᠋ᠢᠨ ᠬᠡᠷᠡᠭ᠎ᠤᠨ᠎ᠬᠢ ᠡᠴᠡ 22 ᠵᠠᠭᠤᠨᠤ᠋ ᠨᠢᠭᠡᠴᠢ ᠦᠨᠳᠦᠷ ᠪᠠᠢᠵᠤ᠂ ᠳᠡᠭᠡᠭ᠌ᠰᠢ ᠵᠠᠭᠠᠯᠳᠤᠭ᠍ᠰᠠᠨ ᠬᠡᠷᠡᠭ᠂ ᠭᠤᠮᠣᠳᠠᠯ
ᠲᠣᠭᠠᠴᠢᠭ᠍ᠰᠠᠨ ᠬᠡᠷᠡᠭ᠎ᠢ ᠡᠬᠢ ᠡᠭᠦᠰᠦᠯ ᠡᠴᠡ᠎ᠨᠢ ᠶᠡᠭᠡ ᠬᠡᠮᠵᠢᠶ᠎ᠡ᠎ᠪᠠᠷ ᠪᠠᠭᠠᠰᠭᠠᠪᠠ᠃ ᠵᠠᠷᠭᠤᠯᠳᠤᠬᠤ ᠳᠦᠷᠢᠮ᠎ᠤᠨ
ᠰᠠᠢᠨ᠎ᠢᠶᠠᠷ ᠬᠠᠤᠯᠢ ᠪᠠᠷᠢᠯᠲᠠ᠎ᠶ᠋ᠢᠨ ᠦᠷ᠎ᠡ ᠪᠦᠲᠦᠮᠵᠢ ᠰᠠᠢᠨ ᠪᠤᠯᠵᠠᠢ᠃
ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠪᠠᠷ ᠨᠡᠢᠲᠡ᠎ᠶ᠋ᠢᠨ ᠠᠱᠢᠭ ᠲᠤᠰᠠ᠎ᠶ᠋ᠢ
ᠨᠡᠩ ᠪᠤᠲᠠᠲᠠᠢ ᠬᠠᠮᠠᠭᠠᠯᠠᠪᠠ᠃ 16.9ᠲᠦᠮᠡᠨ ᠬᠤᠪᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢ
ᠬᠡᠷᠡᠭ ᠪᠣᠯᠭᠠᠨ ᠳᠠᠩᠰᠠᠯᠠᠨ ᠱᠢᠢᠳᠪᠦᠷᠢᠯᠡᠪᠡ᠂ ᠡᠭᠦᠨ᠎ᠳᠤ ᠢᠷᠭᠡᠨ᠎ᠤ ᠬᠡᠷᠡᠭ᠎ᠤᠨ ᠨᠡᠢᠲᠡ᠎ᠶ᠋ᠢᠨ ᠠᠱᠢᠭ ᠲᠤᠰᠠ᠎ᠶ᠋ᠢᠨ
ᠵᠠᠷᠭᠤ 2
ᠲᠦᠮᠡᠨ
ᠬᠤᠪᠢ᠂ ᠵᠠᠰᠠᠭ ᠵᠠᠬᠢᠷᠭᠠᠨ᠎ᠤ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ 14.9 ᠲᠦᠮᠡᠨ ᠬᠤᠪᠢ ᠪᠠᠢᠵᠤ᠂ 2018 ᠣᠨ᠎ᠤ᠎ᠬᠢ ᠡᠴᠡ ᠲᠣᠰ ᠲᠣᠰ 50%᠂ 3.6 ᠳᠠᠬᠢᠨ ᠪᠠ 37.3% ᠪᠠᠷ ᠨᠡᠮᠡᠭ᠌ᠳᠡᠪᠡ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠂
ᠮᠤᠵᠢ᠎ᠶ᠋ᠢᠨ ᠱᠠᠲᠤᠨ᠎ᠤ ᠪᠠᠢᠴᠠᠭᠠᠬᠤ ᠬᠤᠷᠢᠶ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ
ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ 110 ᠣᠷᠣᠨ ᠪᠦᠰᠡ ᠠᠯᠤᠰᠯᠠᠭ᠍ᠰᠠᠨ
ᠨᠦᠯᠦᠭᠡᠯᠡᠬᠦ᠌ ᠴᠢᠨᠠᠷᠲᠠᠶ ᠬᠡᠷᠡᠭ᠎ᠢ ᠱᠢᠭᠤᠳ ᠱᠢᠢᠳᠪᠦᠷᠢᠯᠡᠪᠡ᠃ ᠨᠡᠢᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ
ᠵᠣᠷᠢᠯᠭ᠎ᠠ᠎ᠶ᠋ᠢ ᠵᠠᠷᠭᠤᠯᠳᠤᠬᠤ ᠡᠴᠡ ᠡᠮᠦᠨ᠎ᠡ ᠪᠡᠶᠡᠯᠡᠭᠦᠯᠬᠦ᠌᠎ᠪᠠᠷ ᠬᠠᠤᠯᠢ ᠪᠠᠷᠢᠬᠤ ᠬᠠᠮᠤᠭ᠎ᠤᠨ ᠰᠠᠢᠨ ᠪᠠᠢᠳᠠᠯ
ᠪᠣᠯᠭᠠᠵᠤ᠂ ᠵᠦᠪᠳᠡᠯᠴᠡᠭᠦ᠌ ᠪᠠ ᠵᠠᠷᠭᠤᠯᠳᠤᠬᠤ᠎ᠶ᠋ᠢᠨ ᠡᠮᠦᠨᠡᠬᠢ ᠪᠠᠢᠴᠠᠭᠠᠬᠤ ᠰᠠᠨᠠᠭᠤᠯᠭ᠎ᠠ᠎ᠪᠠᠷ ᠡᠬᠢ ᠡᠭᠦᠰᠦᠯ
ᠡᠴᠡ᠎ᠨᠢ ᠱᠠᠲᠤᠯᠠᠨ ᠵᠠᠰᠠᠬᠤ᠎ᠶ᠋ᠢ ᠠᠬᠢᠭᠤᠯᠵᠤ᠂ ᠵᠤᠩᠭᠢᠯᠠᠬᠤ ᠤᠯᠠᠨ ᠲᠤᠭᠠᠨ᠎ᠤ ᠬᠡᠷᠡᠭ᠎ᠲᠤ ᠨᠡᠢᠲᠡ᠎ᠶ᠋ᠢᠨ ᠠᠱᠢᠭ
ᠲᠤᠰᠠ᠎ᠶ᠋ᠢᠨ ᠬᠤᠬᠢᠷᠠᠯ᠎ᠤᠨ ᠠᠰᠠᠭᠤᠳᠠᠯ᠎ᠢ ᠵᠠᠷᠭᠤᠯᠳᠤᠬᠤ ᠡᠴᠡ ᠡᠮᠦᠨ᠎ᠡ ᠱᠢᠢᠳᠪᠦᠷᠢᠯᠡᠪᠡ᠃ ᠪᠠᠢᠴᠠᠭᠠᠬᠤ ᠰᠠᠨᠠᠭᠤᠯᠭ᠎ᠠ᠎ᠶ᠋ᠢ
ᠨᠠᠢᠳᠠᠪᠤᠷᠢᠵᠢᠭᠤᠯᠵᠤ ᠳᠡᠢᠯᠬᠦ᠌ ᠦᠭᠡᠶ᠎ᠳᠤᠨᠢ 1.1 ᠲᠦᠮᠡᠨ ᠬᠤᠪᠢ ᠵᠠᠭᠠᠯᠳᠤᠯᠭ᠎ᠠ ᠭᠠᠷᠭᠠᠵᠤ᠂ ᠡᠬᠦᠨ᠎ᠤ 99.8% ᠨᠢ ᠲᠠᠰᠤᠯᠤᠨ ᠲᠤᠭ᠍ᠲᠠᠭᠠᠯᠲᠠᠶ᠋ᠢᠨ ᠳᠡᠮᠵᠢᠯᠭᠡ᠎ᠶ᠋ᠢ ᠣᠯᠵᠤ᠂
ᠬᠠᠤᠯᠢ᠎ᠪᠠᠷ ᠵᠠᠰᠠᠬᠤ ᠦᠯᠢᠭᠡᠷ ᠬᠡᠪ ᠪᠣᠯᠵᠠᠶ᠃ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠨᠡᠢᠲᠡᠯᠡᠵᠦ᠍᠂ ᠲᠡᠦᠬᠡ᠎ᠶ᠋ᠢᠨ
ᠳᠤᠷᠠᠰᠭᠠᠯᠲᠤ ᠵᠦᠢᠯᠡᠰ ᠪᠠ ᠰᠣᠶᠣᠯ᠎ᠤᠨ ᠥᠪ᠎ᠢ ᠬᠠᠮᠠᠭᠠᠯᠠᠬᠤ ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ
ᠵᠠᠷᠭᠤ᠎ᠶ᠋ᠢ 5554
ᠬᠤᠪᠢ᠎ᠶ᠋ᠢ
ᠵᠢᠯᠤᠭᠤᠳᠤᠨ ᠱᠢᠢᠳᠪᠤᠷᠢᠯᠡᠪᠡ᠃ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠤᠨ ᠬᠡᠪᠴᠢᠶ᠎ᠠ᠎ᠶ᠋ᠢ
ᠢᠳᠡᠪᠬᠢᠲᠡᠢ ᠪᠦᠭᠡᠳ ᠯᠠᠪᠳᠠᠭᠤᠨ᠎ᠢᠶᠠᠷ ᠦᠷᠭᠡᠳᠭᠡᠵᠦ᠍᠂ ᠪᠠᠭᠠᠲᠤᠷᠴᠤᠳ ᠪᠠ ᠦᠷᠡᠭ᠌ᠳᠡᠭ᠌ᠰᠡᠨ ᠪᠠᠭᠠᠲᠤᠷᠴᠤᠳ᠎ᠢ
ᠬᠠᠮᠠᠭᠠᠯᠠᠬᠤ ᠬᠠᠤᠯᠢ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ᠂ ᠴᠡᠷᠢᠭ᠎ᠤᠨ ᠪᠠᠢᠷᠢ ᠰᠠᠭᠤᠷᠢ
ᠪᠠ ᠡᠷᠬᠡ ᠠᠱᠢᠭ᠎ᠢ ᠪᠠᠲᠤᠯᠠᠬᠤ ᠬᠠᠤᠯᠢ᠂ ᠠᠶᠤᠯᠭᠦᠢ ᠦᠢᠯᠡᠳᠪᠦᠷᠢᠯᠡᠯ᠎ᠤᠨ ᠬᠠᠤᠯᠢ᠂ ᠬᠤᠪᠢ ᠬᠦᠮᠦᠨ᠎ᠤ ᠮᠡᠳᠡᠭᠡ
ᠵᠠᠩᠬᠢ᠎ᠶ᠋ᠢ ᠬᠠᠮᠠᠭᠠᠯᠠᠬᠤ ᠬᠠᠤᠯᠢ ᠵᠡᠷᠭᠡ᠎ᠶ᠋ᠢ ᠲᠤᠭ᠍ᠲᠠᠭᠠᠬᠤ ᠪᠠ ᠵᠠᠰᠠᠪᠤᠷᠢ ᠤᠷᠤᠭᠤᠯᠬᠤ ᠦᠶ᠎ᠡ᠎ᠳᠤ ᠴᠦᠮ
ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠬᠤ ᠵᠦᠢᠯ ᠪᠠᠳᠠᠭ᠎ᠢ ᠪᠢᠴᠢᠨ ᠤᠷᠤᠭᠤᠯᠤᠭ᠍ᠰᠠᠨ᠎ᠢᠶᠠᠷ᠂
ᠨᠡᠢᠲᠡ᠎ᠶ᠋ᠢᠨ ᠠᠱᠢᠭ ᠲᠤᠰᠠ᠎ᠶ᠋ᠢᠨ ᠬᠠᠤᠯᠢ ᠪᠠᠷᠢᠬᠤ ᠬᠠᠮᠠᠭᠠᠯᠠᠯᠲᠠ᠎ᠶ᠋ᠢᠨ ᠳᠤᠮᠳᠠᠳᠤ ᠤᠯᠤᠰ᠎ᠤᠨ ᠲᠥᠰᠦᠯ ᠬᠦᠮᠦᠰ᠎ᠤᠨ
ᠠᠩᠬᠠᠷᠤᠯ᠎ᠢ ᠶᠡᠬᠡᠲᠡ ᠲᠠᠳᠠᠪᠠ᠃
ᠲᠠᠪᠤ᠂ ᠪᠠᠢᠴᠠᠭᠠᠬᠤ ᠠᠵᠢᠯ᠎ᠢ ᠴᠢᠩᠭ᠎ᠠ ᠵᠠᠰᠠᠵᠤ᠂ ᠪᠠᠢᠴᠠᠭᠠᠬᠤ ᠲᠤᠱᠢᠶᠠᠯ
ᠬᠠᠷᠢᠭᠤᠴᠠᠯᠭ᠎ᠠ᠎ᠪᠠᠨ ᠭᠦᠢᠴᠡᠳᠭᠡᠬᠦ᠌᠎ᠪᠠᠷ ᠳᠠᠮᠵᠢᠨ ᠪᠠᠢᠴᠠᠭᠠᠬᠤ ᠠᠵᠢᠯ᠎ᠤᠨ ᠢᠯᠠᠭᠤᠭ᠍ᠰᠠᠨ ᠴᠡᠷᠢᠭ᠎ᠢ ᠳᠠᠪᠲᠠᠨ
ᠪᠣᠯᠪᠠᠰᠤᠷᠠᠭᠤᠯᠪᠠ
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠤᠯᠤᠰ ᠲᠥᠷᠥ᠍ ᠬᠠᠤᠯᠢ
ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠳᠤ ᠢᠳᠡᠪᠬᠢᠲᠡᠢ ᠣᠷᠣᠯᠴᠠᠵᠤ᠂ ᠦᠨᠡᠨᠴᠢ ᠱᠢᠳᠤᠷᠭᠤ
ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠠᠲᠤ ᠴᠢᠩᠭ᠎ᠠ ᠪᠠᠢᠴᠠᠭᠠᠬᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂
ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠴᠢᠳᠠᠮᠠᠭᠠᠢ ᠭᠦᠢᠴᠡᠳᠭᠡᠬᠦ᠌ ᠴᠢᠳᠠᠪᠤᠷᠢ ᠪᠠ ᠬᠢᠷᠢ ᠬᠡᠮᠵᠢᠶ᠎ᠠ᠎ᠪᠠᠨ
ᠳᠡᠭᠡᠭ᠌ᠰᠢᠯᠡᠭᠦᠯᠪᠡ᠃
ᠤᠯᠤᠰ ᠲᠦᠷᠦ᠍᠎ᠶ᠋ᠢᠨ ᠪᠠᠢᠭᠤᠯᠤᠯᠲᠠ ᠪᠣᠯᠤᠨ ᠲᠤᠬᠠᠢᠯᠠᠭ᠍ᠰᠠᠨ ᠠᠵᠢᠯ᠎ᠤᠨ ᠪᠠᠢᠭᠤᠯᠤᠯᠲᠠ᠎ᠶ᠋ᠢ
ᠨᠢᠭᠡ ᠴᠣᠭ᠍ᠴᠠ ᠪᠣᠯᠭᠠᠨ ᠠᠭᠤᠰᠤᠯᠴᠠᠭᠤᠯᠪᠠ᠃ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠰᠦᠭ
ᠰᠦᠯᠳᠠ᠎ᠶ᠋ᠢ ᠱᠤᠭᠤᠬᠤ᠎ᠶ᠋ᠢ ᠪᠠᠷᠢᠮᠳᠠᠯᠠᠵᠤ᠂ ᠨᠠᠮ᠎ᠤᠨ ᠲᠡᠦᠬᠡ᠎ᠶ᠋ᠢ ᠰᠤᠷᠤᠯᠴᠠᠨ ᠪᠠᠢᠴᠠᠭᠠᠬᠤ ᠠᠵᠢᠯ᠎ᠤᠨ ᠲᠡᠦᠬᠡ᠎ᠶ᠋ᠢ
ᠡᠷᠭᠢᠴᠡᠭᠦᠯᠵᠦ᠍᠂ ᠬᠤᠪᠢᠰᠭᠠᠯᠲᠦ ᠤᠯᠠᠮᠵᠢᠯᠠᠯ᠎ᠢ ᠤᠯᠠᠮᠵᠢᠯᠠᠪᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ
ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌
ᠱᠢᠷᠢᠰ ᠬᠢᠴᠢᠶᠡᠯ᠎ᠤᠨ ᠪᠢᠴᠢᠭ᠎ᠢ ᠨᠠᠢᠷᠠᠭᠤᠯᠤᠨ ᠪᠢᠴᠢᠵᠦ᠍᠂ ᠤᠯᠤᠰ ᠲᠦᠷᠦ᠍᠎ᠶ᠋ᠢᠨ ᠬᠡᠪ ᠴᠢᠨᠠᠷ᠂ ᠲᠤᠬᠠᠢᠯᠠᠭ᠍ᠰᠠᠨ
ᠠᠵᠢᠯ᠎ᠤᠨ ᠴᠢᠳᠠᠪᠤᠷᠢ ᠪᠠ ᠠᠵᠢᠯ ᠮᠡᠷᠭᠡᠵᠢᠯ᠎ᠤᠨ ᠶᠣᠰᠣ ᠰᠤᠷᠲᠠᠬᠤᠨ᠎ᠤ ᠲᠦᠪᠱᠢᠨ᠎ᠢ ᠨᠢᠭᠡ ᠴᠤᠬ᠍ᠴᠠᠵᠢᠭᠤᠯᠤᠨ
ᠳᠡᠭᠡᠭ᠌ᠰᠢᠯᠡᠭᠦᠯᠪᠡ᠃ ᠱᠢᠭᠦᠬᠦ᠌ ᠲᠤᠱᠢᠶᠠᠯᠲᠠᠨ᠂ ᠪᠠᠢᠴᠠᠭᠠᠬᠤ ᠲᠤᠱᠢᠶᠠᠯᠲᠠᠨ᠂ ᠠᠷᠠᠳ᠎ᠤᠨ ᠴᠠᠭ᠍ᠳᠠᠭ᠎ᠠ ᠵᠡᠷᠭᠡ᠎ᠶ᠋ᠢᠨ
19.2 ᠲᠦᠮᠡᠨ ᠬᠦᠮᠦᠨ ᠤᠳᠠᠭ᠎ᠠ᠎ᠶ᠋ᠢᠨ ᠬᠠᠮᠲᠤ᠎ᠶ᠋ᠢᠨ ᠪᠤᠯᠪᠠᠰᠤᠷᠠᠭᠤᠯᠤᠯ᠎ᠢ
ᠠᠬᠢᠭᠤᠯᠤᠨ᠂ ᠬᠠᠤᠯᠢ᠎ᠶ᠋ᠢ ᠬᠠᠮᠲᠤ᠎ᠪᠠᠷ ᠪᠠᠷᠢᠬᠤ ᠣᠢᠯᠠᠭᠠᠭ᠍ᠳᠠᠬᠤᠨ᠎ᠢ ᠪᠤᠢ ᠪᠣᠯᠭᠠᠨ ᠱᠢᠨᠡᠴᠢᠯᠡᠪᠠ᠃ ᠪᠠᠢᠴᠠᠭᠠᠯᠲᠠ᠎ᠶ᠋ᠢᠨ
ᠬᠡᠷᠡᠭ᠎ᠤᠨ ᠵᠢᠱ᠌ᠢᠶ᠎ᠡ᠎ᠶ᠋ᠢᠨ ᠬᠥᠮᠥᠷᠭᠡ᠎ᠶ᠋ᠢ ᠪᠠᠢᠭᠤᠯᠵᠤ᠂ 16.6 ᠲᠦᠮᠡᠨ
ᠬᠡᠷᠡᠭ᠎ᠤᠨ ᠵᠢᠱ᠌ᠢᠶ᠎ᠡ᠎ᠶ᠋ᠢ ᠤᠷᠤᠭᠤᠯᠤᠨ ᠬᠤᠷᠢᠶᠠᠵᠤ᠂ ᠲᠦᠷᠦᠯ ᠬᠡᠷᠡᠭ᠎ᠢ ᠪᠠᠢᠴᠠᠭᠠᠨ ᠡᠷᠢᠵᠤ᠂ ᠯᠠᠪᠯᠠᠯᠲᠠ
ᠪᠣᠯᠭᠠᠨ ᠬᠡᠷᠡᠭ ᠱᠢᠢᠳᠪᠦᠷᠢᠯᠡᠪᠡ᠃ ᠱᠠᠩᠬᠠᠶ᠎ᠶ᠋ᠢᠨ ᠱ᠌ᠢ ᠵᠢᠩ ᠯᠠᠨ᠂ ᠵᠢᠶᠠᠩᠰᠦ᠎ᠶ᠋ᠢᠨ ᠸᠠᠩ ᠶᠦᠩ᠂ ᠹᠦᠵᠢᠶᠠᠨ᠎ᠤ
ᠡᠦ ᠮᠧᠶ ᠮᠠᠨ ᠵᠡᠷᠭᠡ ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠠᠵᠢᠯ᠎ᠤᠨ ᠰᠠᠢᠴᠤᠤᠯ᠎ᠢᠶᠠᠷ ᠳᠠᠭᠤᠷᠢᠶᠠᠯ ᠪᠣᠯᠭᠠᠵᠦ᠍᠂
ᠦᠨᠡᠨᠴᠢ ᠱᠢᠳᠤᠷᠭᠤ᠎ᠪᠠᠷ ᠬᠤᠪᠢ ᠨᠡᠮᠡᠷᠢ ᠦᠵᠡᠭᠦᠯᠬᠦ᠌ 《ᠳᠡᠪᠢᠰᠭᠡᠷ ᠦᠩᠭᠡ》
ᠶ᠋ᠢ ᠪᠠᠲᠤ ᠰᠠᠬᠢᠵᠤ᠂ ᠲᠤᠰᠭᠠᠢ ᠮᠡᠷᠭᠡᠵᠢᠯ᠎ᠢᠶᠠᠷ ᠦᠭᠡᠳᠡᠯᠡᠨ ᠳᠠᠪᠱᠢᠬᠤ 《ᠲᠤᠳᠤ ᠦᠡᠭ᠌ᠭᠡ》 ᠶ᠋ᠢ ᠬᠦᠲᠦᠯᠦᠨ ᠳᠠᠭᠠᠭᠤᠯᠪᠠ᠃ ᠠᠨᠾᠦ᠋ᠢ᠎ᠶ᠋ᠢᠨ ᠸᠠᠩ ᠮᠢᠨ᠂ ᠬᠤᠪᠧᠶ᠎ᠶ᠋ᠢᠨ ᠸᠠᠩ ᠴᠤᠤ ᠶᠠᠩ᠂
ᠬᠤᠨᠠᠨ᠎ᠤ ᠫᠧᠩ ᠴᠢᠩ ᠸᠧᠨ᠂ ᠭᠤᠸᠠᠩᠰᠢ᠎ᠶ᠋ᠢᠨ ᠼᠤᠤ ᠶᠠᠨ ᠴᠢᠶᠦ᠋ᠨ ᠵᠡᠷᠭᠡ 12
ᠪᠠᠢᠴᠠᠭᠠᠬᠤ ᠲᠤᠱᠢᠶᠠᠯᠲᠠᠨ
ᠨᠠᠮ ᠪᠠ ᠠᠷᠠᠳ ᠲᠦᠮᠡᠨ᠎ᠤ ᠲᠥᠯᠥᠭᠡ ᠡᠷᠬᠢᠮ ᠨᠠᠨᠳᠢᠨ ᠠᠮᠢ ᠨᠠᠰᠤ᠎ᠪᠠᠨ ᠵᠣᠷᠢᠭᠤᠯᠤᠭ᠍ᠰᠠᠨ ᠶᠠᠪᠤᠳᠠᠯ᠎ᠨᠢ ᠪᠢᠳᠡᠨ᠎ᠢ
ᠵᠤᠷᠢᠭ᠍ᠵᠢᠭᠤᠯᠤᠨ ᠲᠤᠯᠭᠤᠷ ᠵᠤᠷᠢᠯᠲᠠ᠎ᠪᠠᠨ ᠮᠠᠷᠲᠠᠯ ᠦᠭᠡᠢ᠎ᠪᠠᠷ ᠵᠤᠷᠢᠭ ᠰᠠᠨᠠᠭ᠎ᠠ᠎ᠶ᠋ᠢ᠎ᠨᠢ ᠤᠯᠠᠮᠵᠢᠯᠠᠨ
ᠤᠷᠤᠭ᠍ᠰᠢᠯᠠᠭᠤᠯᠪᠠ᠃
ᠪᠠᠢᠴᠠᠭᠠᠬᠤ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠪᠣᠳᠠᠲᠠᠶ ᠠᠳᠭᠤᠪᠠ᠃
ᠬᠥᠮᠦᠵᠢᠯ ᠴᠡᠭ᠌ᠴᠡᠯᠡᠯᠲᠡ ᠪᠣᠯᠤᠨ ᠪᠠᠢᠴᠠᠭᠠᠬᠤ ᠱᠢᠰᠲ᠋ᠧᠮ᠎ᠤᠨ ᠲᠤᠲᠤᠭᠠᠳᠤ᠎ᠳᠠᠬᠢ ᠲᠣᠭᠤᠷᠢᠨ ᠪᠠᠢᠴᠠᠭᠠᠯᠲᠠ᠎ᠶ᠋ᠢ
ᠠᠭᠤᠰᠤᠯᠴᠠᠭᠤᠯᠤᠨ ᠠᠬᠢᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠂ ᠬᠢᠨᠠᠨ ᠪᠠᠢᠴᠠᠭᠠᠬᠤ ᠵᠦᠪᠯᠡᠯ
ᠪᠠ ᠲᠣᠮᠢᠯᠠᠨ ᠰᠠᠭᠤᠯᠭᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠯᠲᠠ
ᠲᠠᠯᠪᠢᠵᠤ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠡᠷᠡᠭ᠌ᠵᠢᠭᠦᠯᠬᠦ᠌᠎ᠶ᠋ᠢ ᠳᠡᠮᠵᠢᠵᠦ᠍᠂ ᠴᠢᠩᠭ᠎ᠠ ᠬᠠᠮᠢᠶᠠᠷᠤᠯᠲᠠ᠎ᠨᠢ
ᠭᠦᠨ ᠬᠠᠯᠠᠮᠵᠢᠯᠠᠯ ᠮᠦᠨ ᠭᠡᠬᠦ᠌ ᠦᠵᠡᠯᠲᠡ᠎ᠶ᠋ᠢ ᠪᠠᠷᠢᠮᠲᠠᠯᠠᠵᠦ᠍᠂ 《ᠥᠪᠡᠷᠲᠡᠭᠡᠨ ᠪᠠᠢᠴᠠᠭᠠᠪᠠᠯ ᠠᠭᠤᠴᠢᠯᠠᠨ ᠱᠢᠢᠳᠭᠡᠵᠦ᠍᠂ ᠪᠠᠢᠴᠠᠭᠠᠭ᠍ᠳᠠᠪᠠᠯ ᠴᠢᠩᠭ᠎ᠠ ᠱᠢᠢᠳᠭᠡᠬᠦ᠌》
ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠂ 2800 ᠪᠠᠢᠴᠠᠭᠠᠬᠤ ᠠᠵᠢᠯᠲᠠᠨ᠎ᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠪᠠᠢᠴᠠᠭᠠᠨ ᠱᠢᠢᠳᠪᠦᠷᠢᠯᠡᠪᠠ᠂
ᠡᠨᠡ᠎ᠨᠢ 2020 ᠤᠨ ᠤ᠋ 2 ᠳᠠᠬᠢᠨ
ᠪᠤᠯᠪᠠ᠂ ᠡᠭᠦᠨ᠎ᠤ ᠲᠤᠲᠤᠷᠠᠬᠢ 202 ᠬᠦᠮᠦᠨ᠎ᠳᠤ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠭᠦᠯᠬᠦ᠌ᠪᠠᠷ
ᠱᠢᠯᠵᠢᠭᠦᠯᠦᠨ ᠬᠦᠷᠭᠡᠪᠡ᠃ ᠠᠷᠠᠳ᠎ᠤᠨ ᠳᠡᠭᠡᠳᠦ ᠪᠠᠢᠴᠠᠭᠠᠬᠤ ᠬᠤᠷᠢᠶᠠᠨ᠎ᠤ 4
ᠬᠦᠮᠦᠨ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠵᠠᠰᠠᠬ᠎ᠤᠨ ᠶᠠᠪᠤᠳᠠᠯ᠎ᠤᠨ
ᠱᠢᠢᠳᠭᠡᠯ ᠤᠯᠵᠤ᠂ 1 ᠬᠦᠮᠦᠨ᠎ᠢ ᠡᠷᠡᠭᠦᠦ᠍᠎ᠶ᠋ᠢᠨ
ᠬᠠᠷᠢᠭᠤᠴᠠᠯᠭ᠎ᠠ ᠨᠡᠬᠡᠮᠵᠢᠯᠡᠭᠦᠯᠬᠦ᠌ᠪᠠᠷ ᠱᠢᠯᠵᠢᠭᠦᠯᠦᠨ ᠬᠦᠷᠭᠡᠪᠡ᠃ ᠠᠷᠬᠠᠭ ᠭᠡᠮ᠎ᠢ ᠡᠷᠡᠰ ᠴᠡᠭ᠌ᠴᠡᠯᠡᠨ
ᠵᠠᠰᠠᠵᠤ᠂ ᠡᠯ᠎ᠡ ᠲᠥᠷᠥᠯ᠎ᠤᠨ ᠠᠰᠠᠭᠤᠳᠠᠯ᠎ᠢ 5.1 ᠲᠦᠮᠡᠨ ᠬᠤᠪᠢ ᠳᠠᠷᠠᠭᠠᠯᠠᠨ ᠪᠠᠢᠴᠠᠭᠠᠵᠤ ᠴᠡᠭ᠌ᠴᠡᠯᠡᠨ ᠦᠭᠡᠷᠡᠴᠢᠯᠡᠵᠦ᠍᠂
ᠲᠡᠷᠡ ᠳᠠᠷᠤᠢ᠎ᠳᠤ᠎ᠨᠢ ᠬᠡᠷᠡᠭ᠌ᠵᠢᠭᠦᠯᠦᠨ ᠦᠭᠡᠷᠡᠴᠢᠯᠡᠵᠦ᠍᠂ ᠡᠬᠢ ᠡᠭᠦᠰᠦᠯ ᠡᠴᠡ᠎ᠨᠢ ᠠᠳᠭᠤᠵᠤ ᠦᠨᠳᠦᠰᠦ ᠡᠴᠡ᠎ᠨᠢ
ᠵᠠᠰᠠᠬᠤ᠎ᠶ᠋ᠢ ᠠᠬᠢᠭᠤᠯᠪᠠ; ᠬᠠᠤᠯᠢ ᠪᠠᠷᠢᠯᠲᠠ᠎ᠳᠤ ᠭᠠᠷ ᠲᠦᠷᠦᠭᠦ᠎ᠶ᠋ᠢ
ᠰᠡᠷᠭᠡᠢᠯᠡᠬᠦ᠌ 《ᠭᠤᠷᠪᠠᠨ ᠲᠣᠭ᠍ᠲᠠᠭᠠᠯ》 ᠢ ᠦᠷᠭᠦᠯᠵᠢᠯᠡᠨ ᠪᠣᠳᠠᠲᠠᠶ ᠠᠳᠭᠤᠵᠤ᠂ ᠪᠠᠢᠴᠠᠭᠠᠬᠤ ᠠᠵᠢᠯᠲᠠᠨ ᠬᠤᠯᠪᠣᠭ᠍ᠳᠠᠯ ᠪᠦᠬᠦᠢ
ᠤᠴᠢᠷ ᠶᠠᠪᠤᠳᠠᠯ᠎ᠢ ᠰᠠᠨᠠᠭᠠᠴᠢᠯᠠᠭ᠎ᠠ ᠡᠴᠡ᠎ᠪᠠᠨ 16.2 ᠲᠦᠮᠡᠨ ᠬᠤᠪᠢ ᠲᠡᠮᠳᠡᠭ᠌ᠯᠡᠵᠦ᠍
ᠮᠡᠳᠡᠭᠦᠯᠪᠠ᠂ ᠡᠨᠡ᠎ᠨᠢ 2020 ᠤᠨ᠎ᠤ 2.4 ᠳᠠᠬᠢᠨ ᠪᠤᠯᠪᠠ᠃ ᠬᠦᠮᠦᠵᠢᠯ ᠴᠡᠭ᠌ᠴᠡᠯᠡᠯᠲᠡ ᠬᠡᠵᠢᠶᠡᠳᠡ ᠳᠠᠭᠤᠰᠤᠰᠢ ᠦᠭᠡᠢ᠂ ᠠᠰᠠᠭᠤᠭ᠍ᠰᠠᠨ
ᠪᠦᠬᠦᠨ᠎ᠢ ᠵᠠᠪᠠᠯ ᠲᠡᠮᠳᠡᠭ᠌ᠯᠡᠬᠦ᠌᠎ᠨᠢ ᠬᠠᠲᠠᠭᠤ ᠶᠣᠰᠣ ᠮᠥᠨ᠃
ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠪᠠᠬᠢᠵᠢᠭᠦᠯᠦᠨ ᠭᠦᠨᠵᠡᠭᠡᠢᠷᠡᠭᠦᠯᠪᠡ᠃
ᠬᠠᠤᠯᠢ ᠪᠠᠷᠢᠬᠤ ᠪᠠᠢᠭᠤᠯᠤᠯ᠎ᠤᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ
ᠪᠣᠳᠠᠲᠠᠶ ᠠᠳᠭᠤᠵᠦ᠍᠂ ᠪᠠᠢᠴᠠᠭᠠᠬᠤ ᠠᠵᠢᠯᠲᠠᠨ᠎ᠢ ᠲᠦᠷᠦᠯ ᠬᠤᠪᠢᠶᠠᠨ ᠬᠠᠮᠢᠶᠠᠷᠬᠤ᠂ ᠪᠠᠢᠴᠠᠭᠠᠬᠤ ᠲᠤᠱᠢᠶᠠᠯᠲᠠᠨ᠎ᠤ
ᠬᠡᠷᠡᠭ ᠱᠢᠢᠳᠪᠤᠷᠢᠯᠡᠬᠦ᠌ ᠬᠠᠷᠢᠭᠤᠴᠠᠯᠭ᠎ᠠ᠎ᠶ᠋ᠢᠨ ᠳᠦᠷᠢᠮ᠂ ᠪᠠᠢᠴᠠᠭᠠᠬᠤ ᠠᠵᠢᠯᠲᠠᠨ᠎ᠤ ᠲᠤᠱᠢᠶᠠᠯ ᠬᠠᠷᠢᠭᠤᠴᠠᠯᠭ᠎ᠠ᠎ᠪᠠᠨ
ᠭᠦᠢᠴᠡᠳᠭᠡᠬᠦ᠌᠎ᠶ᠋ᠢ ᠪᠠᠲᠤᠯᠠᠬᠤ ᠵᠡᠷᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠪᠠᠷ ᠦᠨᠳᠦᠰᠦᠨ ᠱᠠᠲᠤᠨ᠎ᠤ
ᠪᠠᠢᠴᠠᠭᠠᠬᠤ ᠬᠤᠷᠢᠶ᠎ᠠ᠎ᠶ᠋ᠢ ᠬᠦᠴᠦᠷᠬᠡᠭ᠌ᠵᠢᠬᠦᠯᠦᠨ ᠪᠠᠬᠢᠵᠢᠭᠦᠯᠪᠡ; ᠬᠠᠤᠯᠢ ᠴᠠᠭᠠᠵᠠ ᠡᠴᠡ ᠤᠯᠭᠤᠭ᠍ᠰᠠᠨ ᠡᠷᠬᠡ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂
ᠨᠠᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠯᠲᠠ᠂ ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ
ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠲᠥᠷᠢᠮ᠎ᠢ ᠱᠢᠨ᠎ᠡ᠎ᠶ᠋ᠢ ᠡᠭᠦᠳᠤᠨ ᠨᠠᠢᠳᠠᠪᠤᠷᠢᠵᠢᠭᠤᠯᠪᠠ;
ᠬᠠᠤᠯᠢ ᠪᠠᠷᠢᠬᠤ ᠵᠢᠮ᠎ᠡ ᠶᠣᠰᠣ᠎ᠶ᠋ᠢ ᠵᠢᠷᠤᠮᠯᠠᠨ᠂ ᠥᠪᠡᠷ᠎ᠤᠨ ᠪᠡᠶ᠎ᠡ᠎ᠳᠡᠭᠡᠨ
ᠳᠠᠷᠤᠯᠲᠠ ᠦᠭ᠌ᠬᠦ᠎ᠪᠠᠷ ᠳᠠᠮᠵᠢᠨ ᠳᠣᠲᠣᠭᠠᠳᠤ ᠪᠠᠢᠭᠤᠯᠤᠮᠵᠢ᠎ᠶ᠋ᠢ ᠱᠢᠰᠲ᠋ᠧᠮᠲᠦ ᠴᠢᠨᠠᠷᠲᠠᠢ᠎ᠪᠠᠷ ᠲᠤᠬᠢᠷᠠᠭᠤᠯᠬᠤ᠂
ᠨᠠᠰᠤᠨ᠎ᠳᠤ ᠦᠯᠦ᠍ ᠬᠦᠷᠦᠭ᠌ᠰᠡᠳ᠎ᠢ ᠪᠠᠢᠴᠠᠭᠠᠬᠤ ᠪᠠᠢᠭᠤᠯᠤᠮᠵᠢ᠎ᠶ᠋ᠢ ᠲᠤᠰᠭᠠᠢ ᠲᠤᠬᠢᠷᠠᠭᠤᠯᠬᠤ᠂ ᠪᠠᠷᠢᠪᠴᠢᠯᠠᠬᠤ
ᠪᠠ ᠵᠠᠭᠠᠯᠳᠤᠬᠤ᠎ᠶ᠋ᠢ ᠨᠢᠭᠡ ᠴᠤᠭ᠍ᠴᠠᠵᠢᠭᠤᠯᠬᠤ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠲᠣᠭᠤᠷᠢᠨ ᠪᠠᠢᠴᠠᠭᠠᠬᠤ
ᠠᠵᠢᠯ᠎ᠢ ᠪᠦᠬᠦ᠌ ᠲᠠᠯ᠎ᠠ᠎ᠪᠠᠷ ᠥᠷᠨᠢᠭᠦᠯᠪᠡ; ᠪᠠᠢᠴᠠᠭᠠᠬᠤ ᠡᠷᠬᠡ᠎ᠶ᠋ᠢᠨ
ᠠᠵᠢᠯᠯᠠᠭᠠᠨ᠎ᠳᠤ ᠶᠠᠪᠤᠭᠤᠯᠬᠤ ᠬᠢᠨᠠᠯᠲᠠ ᠬᠢᠵᠠᠭᠠᠷᠯᠠᠯ᠎ᠢ ᠴᠢᠩᠭᠠᠳᠭᠠᠵᠤ᠂ ᠡᠷᠡᠭᠦᠦ᠍᠎ᠶ᠋ᠢᠨ ᠬᠡᠷᠡᠭ᠂ ᠢᠷᠭᠡᠨ᠎ᠤ
ᠬᠡᠷᠡᠭ᠂ ᠵᠠᠰᠠᠭ ᠵᠠᠬᠢᠷᠭᠠᠨ᠎ᠤ ᠬᠡᠷᠡᠭ᠂ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ ᠱᠢᠢᠳᠪᠦᠷᠢᠯᠡᠬᠦ᠌
ᠲᠦᠷᠢᠮ᠎ᠢ ᠲᠣᠭ᠍ᠲᠠᠭᠠᠬᠤ ᠪᠠ ᠵᠠᠰᠠᠵᠤ᠂ ᠪᠠᠢᠴᠠᠭᠠᠬᠤ ᠲᠤᠱᠢᠶᠠᠯᠲᠠᠨ᠎ᠤ ᠡᠷᠬᠡ᠎ᠶ᠋ᠢᠨ ᠲᠣᠳᠣᠷᠬᠠᠶ ᠬᠠᠭᠤᠳᠠᠰᠤ᠎ᠶ᠋ᠢ
ᠴᠢᠩᠭ᠎ᠠ ᠲᠣᠳᠣᠷᠬᠠᠶ ᠪᠣᠯᠭᠠᠪᠠ; ᠪᠠᠢᠴᠠᠭᠠᠬᠤ ᠠᠵᠢᠯ᠎ᠤᠨ ᠣᠢᠯᠠᠭᠠᠭ᠍ᠳᠠᠬᠤᠨ᠎ᠢᠶᠠᠨ
ᠬᠤᠪᠢᠰᠭᠠᠵᠦ᠍᠂ 《ᠬᠡᠷᠡᠭ ᠪᠠ ᠬᠤᠪᠢ᠎ᠶ᠋ᠢᠨ ᠬᠠᠷᠢᠴᠠᠯ》 ᠤ᠋ᠨ ᠬᠠᠤᠯᠢ ᠪᠠᠷᠢᠬᠤ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ
ᠦᠨᠡᠯᠡᠬᠦ᠌ ᠪᠠᠷᠢᠮᠵᠢᠶ᠎ᠠ᠎ᠶ᠋ᠢ ᠠᠩᠬ᠎ᠠ ᠲᠤᠭ᠍ᠲᠠᠭᠠᠨ ᠨᠡᠢᠲᠡᠯᠡᠵᠦ᠍᠂ ᠬᠤᠶᠠᠷ ᠵᠢᠯ᠎ᠤᠨ ᠲᠤᠷᠰᠢ ᠵᠢᠷᠤᠮ᠎ᠢ ᠨᠡᠷ᠎ᠡ᠎ᠶ᠋ᠢᠨ
ᠲᠡᠳᠦᠢ ᠶᠠᠪᠤᠭᠤᠯᠤᠬ᠍ᠰᠠᠨ ᠪᠠ ᠱᠢᠬᠦᠨ ᠲᠠᠰᠤᠯᠤᠭ᠍ᠰᠠᠨ ᠬᠡᠷᠡᠭ ᠡᠴᠡ ᠡᠭᠦᠰᠦᠭ᠌ᠰᠡᠨ ᠬᠡᠷᠡᠭ᠎ᠢ 86.4 ᠲᠦᠮᠡᠨ ᠬᠤᠪᠢ ᠪᠠᠭᠠᠰᠭᠠᠪᠠ᠃ ᠥᠭᠡᠷᠡᠴᠢᠯᠡᠯᠲᠡ᠎ᠶ᠋ᠢᠨ
ᠦᠷ᠎ᠡ ᠪᠦᠲᠦᠭᠡᠯ᠎ᠢ ᠪᠠᠬᠢᠵᠢᠭᠦᠯᠦᠨ ᠭᠦᠨᠵᠡᠭᠡᠢᠷᠡᠭᠦᠯᠬᠦ᠌᠎ᠶ᠋ᠢᠨ ᠭᠤᠣᠯᠳᠠᠯᠭ᠎ᠠ᠎ᠨᠢ ᠪᠠᠢᠴᠠᠭᠠᠬᠤ ᠬᠠᠷᠢᠭᠤᠴᠠᠯᠭ᠎ᠠ᠎ᠶ᠋ᠢ
ᠨᠠᠢᠳᠠᠪᠤᠷᠢᠵᠢᠭᠤᠯᠬᠤ᠎ᠳᠤ ᠪᠠᠢᠳᠠᠭ᠃ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ 2018 ᠣᠨ ᠡᠴᠡ ᠨᠠᠭᠠᠱᠢᠬᠢ ᠥᠭᠡᠷᠡᠴᠢᠯᠡᠨ
ᠲᠠᠰᠤᠯᠵᠤ ᠵᠠᠯᠠᠷᠠᠭᠤᠯᠤᠬ᠍ᠰᠠᠨ 246 ᠬᠤᠪᠢ ᠪᠤᠷᠤᠭᠤ ᠡᠷᠡᠭᠦᠦ᠍᠎ᠶ᠋ᠢᠨ ᠬᠡᠷᠡᠭ᠎ᠡᠴᠡ ᠬᠠᠷᠢᠭᠤᠴᠠᠯᠭ᠎ᠠ ᠨᠡᠬᠡᠮᠵᠢᠯᠡᠬᠦ᠌᠎ᠶ᠋ᠢ
ᠡᠬᠢᠯᠡᠭᠦᠯᠦᠨ᠂ 《ᠵᠠᠩ ᠢᠤᠢ ᠬᠤᠸᠠᠨ᠎ᠤ ᠬᠡᠷᠡᠭ》᠂ 《ᠵᠠᠩ ᡁᠢ ᠴᠤᠤ᠎ᠶ᠋ᠢᠨ
ᠬᠡᠷᠡᠭ》 ᠵᠡᠷᠭᠡ 22 ᠬᠤᠪᠢ ᠠᠷᠪᠠᠨ ᠵᠢᠯ ᠡᠴᠡ ᠳᠡᠭᠡᠭ᠌ᠰᠢ ᠪᠤᠷᠤᠭᠤ ᠬᠤᠷᠢᠭ᠍ᠰᠠᠨ ᠬᠡᠷᠡᠭ᠎ᠢ
ᠱᠢᠭᠤᠳ ᠱᠢᠪᠠᠳᠠᠨ ᠱᠢᠢᠳᠪᠦᠷᠢᠯᠡᠭᠦᠯᠵᠦ᠍᠂ ᠬᠤᠯᠪᠣᠭ᠍ᠳᠠᠯ ᠪᠦᠬᠦᠢ ᠪᠠᠢᠴᠠᠭᠠᠬᠤ ᠬᠤᠷᠢᠶᠠᠨ᠎ᠤ ᠤᠳᠤᠷᠢᠳᠭᠤ ᠪᠠᠭ᠎ᠤᠨ
ᠪᠦᠷᠢᠯᠳᠦᠬᠦᠨ 134 ᠬᠥᠮᠦᠨ᠂ ᠠᠵᠢᠯ
ᠡᠴᠡ᠎ᠪᠠᠨ ᠪᠠᠭᠤᠵᠤ ᠠᠮᠠᠷᠠᠬ᠍ᠰᠠᠨ 122 ᠬᠥᠮᠦᠨ᠎ᠢ ᠪᠠᠭ᠍ᠲᠠᠭᠠᠭ᠍ᠰᠠᠨ 511 ᠪᠠᠢᠴᠠᠭᠠᠬᠤ ᠠᠵᠢᠯᠲᠠᠨ ᠡᠴᠡ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠨ ᠲᠤᠯᠭᠠᠪᠠ᠃
《ᠨᠠᠰᠤᠨ ᠲᠤᠷᠰᠢ᠎ᠳᠤᠨᠢ ᠬᠠᠷᠢᠭᠤᠴᠠᠯᠭ᠎ᠠ ᠨᠡᠬᠡᠮᠵᠢᠯᠡᠬᠦ᠌》
ᠭᠡᠳᠡᠭ᠎ᠨᠢ ᠤᠷᠢᠶ᠎ᠠ ᠪᠢᠰᠢ᠂ 《ᠪᠤᠷᠤᠭᠤ᠎ᠪᠠᠨ
ᠵᠠᠯᠠᠷᠠᠭᠤᠯᠬᠤ᠎ᠳᠤ ᠤᠯᠤᠰ᠎ᠤᠨ ᠲᠥᠯᠥᠪᠦᠷᠢ ᠦᠭ᠌ᠬᠦ᠎ᠪᠠᠷ ᠯᠡ ᠬᠢᠵᠠᠭᠠᠷᠯᠠᠵᠤ ᠪᠣᠯᠬᠤ ᠦᠭᠡᠢ᠂ ᠬᠠᠷᠢᠭᠤᠴᠠᠯᠭ᠎ᠠ
ᠨᠡᠬᠡᠮᠵᠢᠯᠡᠬᠦ᠌᠎ᠶ᠋ᠢ ᠡᠷᠬᠡᠪᠰᠢ ᠬᠠᠷᠢᠭᠤᠴᠠᠯᠭ᠎ᠠ᠎ᠶ᠋ᠢᠨ ᠪᠡᠶᠡᠴᠢ ᠴᠣᠭ᠍ᠴᠠ᠎ᠳᠤ ᠨᠠᠢᠳᠠᠪᠤᠷᠢᠵᠢᠭᠤᠯᠬᠤ ᠬᠡᠷᠡᠭ᠌ᠲᠡᠢ》
ᠭᠡᠳᠡᠭ᠎ᠨᠢ ᠤᠷᠢᠶ᠎ᠠ ᠤᠬ᠍ᠳᠤ ᠪᠢᠰᠢ ᠶᠤᠮ᠃
ᠦᠨᠳᠦᠰᠦᠨ ᠱᠠᠲᠤᠨ᠎ᠤ ᠪᠠᠢᠴᠠᠭᠠᠬᠤ ᠬᠤᠷᠢᠶ᠎ᠠ᠎ᠶ᠋ᠢ ᠬᠦᠴᠦᠷᠬᠡᠭ᠌ᠵᠢᠭᠦᠯᠬᠦ᠌᠎ᠪᠠᠷ
ᠤᠳᠤᠷᠢᠳᠤᠮᠵᠢ ᠪᠣᠯᠭᠠᠬᠤ᠎ᠶ᠋ᠢ ᠨᠠᠩ ᠴᠢᠬᠤᠯᠠᠴᠢᠯᠠᠪᠠ᠃ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠳᠠᠭᠠᠯᠳᠤᠨ᠂
ᠦᠨᠳᠦᠰᠦᠨ ᠱᠠᠲᠤᠨ᠎ᠤ ᠪᠠᠢᠴᠠᠭᠠᠬᠤ ᠬᠤᠷᠢᠶᠠᠨ᠎ᠤ ᠪᠦᠲᠦᠭᠡᠨ ᠪᠠᠢᠭᠤᠯᠤᠯᠲᠠ᠎ᠶ᠋ᠢᠨ ᠭᠤᠣᠯ ᠵᠥᠷᠢᠴᠡᠯ᠎ᠨᠢ ᠶᠡᠷᠦᠩᠬᠡᠶ᠎ᠳᠡᠭᠡᠨ
ᠵᠣᠭᠤᠰ ᠮᠥᠩᠭᠦ᠌᠂ ᠡᠳ᠋ ᠪᠣᠳᠠᠰ ᠳᠤᠲᠠᠭ᠍ᠳᠠᠵᠤ ᠪᠠᠢᠭ᠍ᠰᠠᠨ ᠡᠴᠡ᠎ᠪᠠᠨ ᠬᠥᠮᠦᠨ᠎ᠤ ᠬᠡᠪ ᠴᠢᠨᠠᠷ ᠴᠢᠳᠠᠪᠤᠷᠢ᠎ᠨᠢ
ᠳᠠᠭᠠᠵᠤ ᠠᠮᠵᠢᠬᠤ ᠦᠭᠡᠢ ᠪᠣᠯᠵᠤ ᠬᠤᠪᠢᠷᠠᠪᠠ᠃ ᠴᠡᠭ᠎ᠢᠶᠠᠷ ᠨᠡᠢᠳᠡᠮ᠎ᠢ ᠳᠠᠢᠴᠢᠯᠠᠬᠤ᠂ ᠳᠤᠲᠠᠭᠤᠳᠠᠯ᠎ᠢᠶᠠᠨ ᠨᠥᠬᠦᠪᠥᠷᠢᠯᠡᠨ
ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠤ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ
ᠪᠣᠯᠣᠨ ᠮᠤᠵᠢ᠂ ᠬᠤᠲᠠ᠎ᠶ᠋ᠢᠨ ᠱᠠᠲᠤᠨ᠎ᠤ ᠪᠠᠢᠴᠠᠭᠠᠬᠤ ᠬᠤᠷᠢᠶᠠᠨ ᠡᠴᠡ ᠴᠡᠭ ᠲᠣᠭ᠍ᠲᠠᠭᠠᠨ ᠬᠠᠪᠰᠤᠷᠤᠨ ᠲᠡᠳᠬᠦᠵᠦ᠍᠂
ᠡᠮᠬᠢᠯᠡᠨ ᠭᠠᠷᠭᠠᠭ᠍ᠰᠠᠨ 129 ᠪᠠᠭᠤᠷᠠᠶ ᠦᠨᠳᠦᠰᠦᠨ ᠱᠠᠲᠤᠨ᠎ᠤ ᠪᠠᠢᠴᠠᠭᠠᠬᠤ ᠬᠤᠷᠢᠶᠠᠨ᠎ᠤ
ᠲᠣᠲᠤᠷᠠᠬᠢ 82
ᠪᠠᠢᠴᠠᠭᠠᠬᠤ
ᠬᠤᠷᠢᠶ᠎ᠠ᠎ᠨᠢ ᠨᠢᠭᠡᠨᠲᠡ ᠳᠦᠷᠰᠦ ᠪᠠᠢᠳᠠᠯ᠎ᠢᠶᠠᠨ ᠬᠤᠪᠢᠷᠠᠭᠤᠯᠵᠤ᠂ ᠪᠠᠭᠤᠷᠠᠢ ᠪᠠᠢᠭ᠍ᠰᠠᠨ ᠡᠴᠡ᠎ᠪᠠᠨ ᠬᠦᠴᠦᠷᠬᠡᠭ
ᠪᠣᠯᠪᠠ᠃ ᠬᠠᠤᠯᠢ ᠴᠠᠭᠠᠵᠠ᠎ᠶ᠋ᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠱᠢᠯᠭᠠᠯᠲᠠ᠎ᠶ᠋ᠢᠨ ᠨᠢᠭᠡᠳᠦᠯᠲᠡᠶ ᠪᠣᠯᠪᠠᠰᠤᠷᠠᠭᠤᠯᠤᠯ᠎ᠢ
ᠵᠣᠬᠢᠶᠠᠨ ᠪᠠᠢᠭᠤᠯᠵᠤ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ ᠱᠢᠯᠭᠠᠯᠲᠠ
ᠥᠩᠭᠡᠷᠡᠭᠡᠭ᠌ᠰᠡᠨ ᠬᠥᠮᠦᠨ᠎ᠤ ᠲᠤᠭ᠎ᠠ᠎ᠨᠢ ᠠᠳᠠᠯᠢ ᠬᠤᠭᠤᠴᠠᠭᠠᠨ᠎ᠤ᠎ᠬᠢ ᠡᠴᠡ 22.5% ᠪᠠᠷ
ᠨᠡᠮᠡᠭ᠌ᠳᠡᠪᠡ᠃ ᠪᠠᠢᠴᠠᠭᠠᠬᠤ ᠲᠤᠬᠠᠢᠯᠠᠭ᠍ᠰᠠᠨ ᠠᠵᠢᠯ᠎ᠤᠨ ᠬᠡᠷᠡᠭ᠌ᠯᠡᠭᠡᠨ᠎ᠤ ᠱᠢᠰᠲ᠋ᠧᠮ᠎ᠤᠨ 2.0 ᠤ᠋ᠨ
ᠬᠤᠪᠢᠯᠪᠤᠷᠢ᠎ᠶ᠋ᠢ ᠰᠦᠯᠵᠢᠶᠡᠨ ᠳᠡᠭᠡᠷ᠎ᠡ ᠨᠡᠢᠲᠡᠯᠡᠵᠦ᠍᠂ ᠰᠦᠯᠵᠢᠶᠡᠨ ᠳᠡᠭᠡᠷ᠎ᠡ ᠬᠡᠷᠡᠭ ᠱᠢᠢᠳᠪᠦᠷᠢᠯᠡᠬᠦ᠌
ᠠᠵᠢᠯ᠎ᠢ ᠱᠢᠨᠡᠳᠦᠭᠦᠯᠦᠨ ᠰᠣᠯᠢᠭ᠍ᠳᠠᠭᠤᠯᠵᠤ ᠳᠡᠰ ᠳᠡᠪᠱᠢᠭᠦᠯᠪᠡ; ᠵᠧᠵᠢᠶᠠᠩ᠎ᠤᠨ ᠲᠤᠷᠱᠢᠯᠭ᠎ᠠ᠎ᠶ᠋ᠢ
ᠳᠡᠯᠭᠡᠷᠡᠭᠦᠯᠵᠦ᠍᠂ ᠲᠣᠮᠣ ᠳ᠋ᠠᠢᠲ᠋ᠠ᠎ᠶ᠋ᠢᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠦᠨ᠂ ᠪᠠᠢᠴᠠᠭᠠᠬᠤ ᠠᠵᠢᠯ᠎ᠤᠨ
ᠲᠣᠮᠤ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠨᠢ ᠬᠠᠤᠯᠢ ᠴᠠᠭᠠᠵᠠ᠎ᠶ᠋ᠢᠨ
ᠬᠢᠨᠠᠯᠲᠠ᠎ᠶ᠋ᠢ ᠨᠡᠩ ᠬᠦᠴᠦᠲᠡᠢ ᠪᠣᠯᠭᠠᠪᠠ᠃
ᠲᠥᠯᠥᠭᠡᠯᠡᠭ᠌ᠴᠢᠳ ᠡ᠂ ᠠᠷᠠᠳ ᠲᠦᠮᠡᠨ᠎ᠤ ᠬᠢᠨᠠᠯᠲᠠ ᠳᠣᠣᠷ᠎ᠠ᠂ ᠠᠷᠠᠳ᠎ᠤᠨ ᠪᠠᠢᠴᠠᠭᠠᠬᠤ
ᠬᠤᠷᠢᠶ᠎ᠠ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠴᠢᠳᠠᠮᠠᠭᠠᠢ ᠭᠦᠢᠴᠡᠳᠭᠡᠬᠦ᠌᠎ᠪᠠᠷ ᠴᠢᠷᠮᠠᠢᠪᠠ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢ ᠤᠬᠠᠮᠰᠠᠷ ᠡᠴᠡ᠎ᠪᠠᠨ ᠬᠦᠯᠢᠶᠡᠪᠡ᠃ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ
ᠲᠤᠭᠤᠱᠢᠯᠠᠭᠤᠯᠵᠤ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ
ᠶᠡᠭᠡ ᠬᠤᠷᠠᠯ᠎ᠤᠨ ᠲᠥᠯᠥᠭᠡᠯᠡᠭ᠌ᠴᠢᠳ᠎ᠢ ᠤᠷᠢᠵᠤ ᠠᠵᠢᠯ᠎ᠢ ᠪᠠᠢᠴᠠᠭᠠᠨ ᠦᠵᠠᠬᠦᠯᠵᠦ᠍᠂ ᠢᠯᠡ᠎ᠪᠠᠷ ᠭᠡᠷᠡᠴᠢᠯᠡᠭᠡ
ᠰᠣᠨᠣᠰᠤᠭᠤᠯᠬᠤ ᠵᠡᠷᠭᠡ ᠪᠠᠢᠴᠠᠭᠠᠬᠤ ᠠᠵᠢᠯᠯᠠᠭ᠎ᠠ᠎ᠳᠤ 865
ᠬᠥᠮᠦᠨ
ᠤᠳᠠᠭ᠎ᠠ ᠣᠷᠣᠯᠴᠠᠭᠤᠯᠪᠠ;
ᠲᠥᠯᠥᠭᠡᠯᠡᠭ᠌ᠴᠢᠳ᠎ᠤᠨ ᠳᠤᠷᠠᠳᠤᠭ᠍ᠰᠠᠨ 252 ᠬᠤᠪᠢ ᠪᠢᠴᠢᠭ᠎ᠤᠨ ᠰᠠᠨᠠᠭᠤᠯᠭ᠎ᠠ᠎ᠶ᠋ᠢ ᠬᠢᠨᠠᠮᠠᠭᠠᠶ ᠰᠠᠢᠲᠤᠷ ᠱᠢᠢᠳᠪᠦᠷᠢᠯᠡᠪᠡ;
ᠲᠥᠯᠥᠭᠡᠯᠡᠭ᠌ᠴᠢᠳ᠎ᠤᠨ ᠮᠡᠳᠡᠬᠦᠯᠦᠯᠳᠠ᠎ᠶ᠋ᠢ ᠬᠢᠨᠠᠨ ᠶᠠᠷᠢᠯᠴᠠᠬᠤ᠂ ᠪᠠᠢᠴᠠᠭᠠᠨ
ᠦᠵᠡᠵᠦ᠍ ᠶᠠᠷᠢᠯᠴᠠᠬᠤ᠎ᠳᠠᠭᠠᠨ ᠳᠤᠷᠠᠳᠤᠭ᠍ᠰᠠᠨ 3802 ᠵᠤᠷᠪᠤᠰ ᠰᠠᠨᠠᠯ ᠰᠠᠨᠠᠭᠤᠯᠭ᠎ᠠ᠎ᠲᠠᠢ ᠬᠠᠷᠢᠴᠠᠭᠤᠯᠤᠭᠠᠳ ᠠᠵᠢᠯ᠎ᠢᠶᠠᠨ ᠰᠠᠢᠵᠢᠷᠠᠭᠤᠯᠪᠠ; ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠨᠠᠢᠳᠠᠪᠤᠷᠢᠵᠢᠭᠤᠯᠵᠤ᠂ ᠱᠠᠨᠳᠦ᠋ᠩ᠎ᠤᠨ ᠲᠤᠷᠱᠢᠯᠭ᠎ᠠ᠎ᠶ᠋ᠢ
ᠳᠡᠯᠭᠡᠷᠡᠭᠦᠯᠦᠨ᠂ 16 ᠮᠤᠵᠢ ᠣᠷᠣᠨ ᠬᠤᠲᠠ᠎ᠳᠤ ᠵᠣᠯᠭᠠᠭᠤᠯᠬᠤ ᠲᠣᠭ᠍ᠲᠡᠴᠡ᠎ᠶ᠋ᠢ ᠲᠤᠷᠱᠢᠨ ᠪᠠᠢᠭᠤᠯᠵᠤ᠂
ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠪᠠᠢᠴᠠᠭᠠᠬᠤ ᠰᠠᠨᠠᠭᠤᠯᠭ᠎ᠠ
ᠪᠣᠯᠭᠠᠨ ᠬᠤᠪᠢᠷᠠᠭᠤᠯᠪᠠ᠃ ᠠᠷᠠᠳᠴᠢᠯᠠᠯ᠎ᠤᠨ ᠬᠢᠨᠠᠯᠲᠠ᠎ᠶ᠋ᠢ ᠤᠬᠠᠮᠰᠠᠷ ᠡᠴᠡ᠎ᠪᠠᠨ ᠬᠦᠯᠢᠶᠡᠪᠡ᠃ ᠪᠦᠬᠦ᠌ ᠤᠯᠤᠰ᠎ᠤᠨ
ᠤᠯᠤᠰ ᠲᠦᠷᠦ᠍᠎ᠶ᠋ᠢᠨ ᠵᠥᠪᠯᠡᠯᠭᠡᠨ᠎ᠤ ᠬᠤᠣᠰ ᠭᠠᠷᠠᠭ᠎ᠤᠨ ᠵᠥᠪᠳᠡᠯᠴᠡᠨ ᠶᠠᠷᠢᠯᠴᠠᠬᠤ ᠬᠤᠷᠠᠯ᠎ᠳᠤ ᠣᠷᠣᠯᠴᠠᠵᠤ᠂
ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠶᠠᠪᠤᠳᠠᠯ᠎ᠢ ᠬᠠᠮᠲᠤ᠎ᠪᠠᠷ ᠵᠥᠪᠳᠡᠯᠴᠡᠪᠡ; ᠤᠯᠤᠰ ᠲᠦᠷᠦ᠍᠎ᠶ᠋ᠢᠨ ᠵᠥᠪᠯᠡᠯᠭᠡᠨ᠎ᠤ 69 ᠬᠤᠪᠢ ᠰᠠᠨᠠᠯ ᠳᠤᠷᠠᠳᠤᠯᠭ᠎ᠠ᠎ᠶ᠋ᠢ ᠬᠢᠨᠠᠮᠠᠭᠠᠶ ᠰᠠᠢᠲᠤᠷ ᠱᠢᠢᠳᠪᠦᠷᠢᠯᠡᠪᠡ;
ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠎ᠶ᠋ᠢ 4 ᠵᠢᠯ ᠳᠠᠷᠠᠭᠠᠯᠠᠨ ᠰᠤᠷᠪᠤᠯᠵᠢᠯᠠᠵᠤ᠂ ᠨᠢᠭᠤᠷᠳᠠᠨ ᠳᠤᠷᠠᠳᠤᠭ᠍ᠰᠠᠨ
244 ᠵᠤᠷᠪᠤᠰ ᠰᠠᠨᠠᠭᠤᠯᠭ᠎ᠠ᠎ᠶ᠋ᠢ ᠪᠦᠬᠦᠨ᠎ᠢ ᠪᠣᠳᠠᠲᠠᠢᠵᠢᠭᠤᠯᠵᠤ᠂ ᠮᠤᠵᠢ᠎ᠶ᠋ᠢᠨ
ᠱᠠᠲᠤᠨ᠎ᠤ ᠪᠠᠢᠴᠠᠭᠠᠬᠤ ᠬᠤᠷᠢᠶ᠎ᠠ ᠵᠡᠷᠭᠡᠲᠠ ᠰᠤᠷᠪᠤᠯᠵᠢᠯᠠᠪᠠ᠃ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌᠎ᠶ᠋ᠢᠨ
ᠬᠢᠵᠠᠭᠠᠷᠯᠠᠯ᠎ᠢ ᠤᠬᠠᠮᠰᠠᠷ ᠡᠴᠡ᠎ᠪᠠᠨ ᠬᠦᠯᠢᠶᠡᠪᠡ᠃ ᠱᠢᠭᠦᠬᠦ᠌ ᠬᠤᠷᠢᠶᠠᠨ᠎ᠤ ᠶᠠᠯ᠎ᠠ ᠦᠭᠡᠢ᠎ᠪᠠᠷ ᠵᠠᠷᠯᠠᠭ᠍ᠰᠠᠨ
ᠠᠯᠪᠠᠨ ᠵᠠᠭᠠᠯᠳᠤᠯᠭ᠎ᠠ᠎ᠶ᠋ᠢᠨ ᠬᠡᠷᠡᠭ᠎ᠢ ᠬᠡᠷᠡᠭ ᠳᠠᠷᠠᠭᠠᠯᠠᠨ ᠡᠪᠬᠡᠮᠡᠯ᠎ᠢ ᠦᠵᠡᠵᠦ᠍ ᠳᠠᠬᠢᠨ ᠪᠠᠢᠴᠠᠭᠠᠵᠤ᠂
ᠵᠤᠬᠢᠰ ᠦᠭᠡᠢᠳᠡᠭ᠌ᠰᠡᠨ ᠠᠯᠪᠠᠨ ᠵᠠᠭᠠᠯᠳᠤᠯᠭ᠎ᠠ ᠡᠴᠡ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠪᠡ;
ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠠᠬᠢᠨ ᠶᠠᠷᠢᠯᠴᠠᠭᠤᠯᠵᠤ
ᠲᠠᠬᠢᠨ ᠬᠠᠷᠭᠤᠭᠤᠯᠤᠭᠤᠯᠬᠤ᠎ᠪᠠᠷ ᠳᠡᠪᠱᠢᠭᠦᠯᠦᠭ᠌ᠰᠡᠨ ᠬᠡᠷᠡᠭ᠎ᠢ ᠲᠠᠬᠢᠨ ᠬᠢᠨᠠᠨ ᠪᠠᠢᠴᠠᠭᠠᠵᠤ᠂ 313 ᠬᠥᠮᠦᠨ ᠳ᠋ᠦ ᠭᠠᠷᠭᠠᠬ᠍ᠰᠠᠨ ᠤᠤᠯ᠎ᠤᠨ
ᠲᠣᠭ᠍ᠲᠠᠭᠠᠯᠤᠳᠢ ᠥᠭᠡᠷᠡᠴᠢᠯᠡᠪᠡ᠃ ᠨᠡᠢᠭᠡᠮ᠎ᠤᠨ ᠬᠢᠨᠠᠯᠲᠠ᠎ᠶ᠋ᠢ ᠤᠬᠠᠮᠰᠠᠷ ᠡᠴᠡ᠎ᠪᠠᠨ ᠬᠦᠯᠢᠶᠡᠪᠡ᠃ ᠪᠠᠢᠴᠠᠭᠠᠬᠤ
ᠠᠵᠢᠯ᠎ᠢ ᠢᠯᠡ ᠪᠣᠯᠭᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠵᠤ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ
ᠪᠠᠢᠩᠭᠤᠵᠢᠭᠤᠯᠤᠨ ᠨᠡᠢᠲᠡᠯᠡᠵᠦ᠍᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠢᠴᠠᠭᠠᠬᠤ ᠠᠵᠢᠯ᠎ᠤᠨ
ᠨᠡᠭᠡᠭᠡᠯᠲᠡᠲᠦ ᠡᠳᠦᠷ᠎ᠤᠨ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠠᠷᠠᠳ᠎ᠤᠨ ᠬᠢᠨᠠᠯᠲᠠ ᠲᠠᠯᠪᠢᠭ᠍ᠴᠢ᠎ᠶ᠋ᠢ
ᠤᠷᠢᠵᠤ ᠪᠠᠢᠴᠠᠭᠠᠬᠤ ᠠᠵᠢᠯ᠎ᠤᠨ ᠬᠡᠷᠡᠭ ᠱᠢᠢᠳᠪᠦᠷᠢᠯᠡᠬᠦ᠌ ᠠᠵᠢᠯᠯᠠᠭ᠎ᠠ᠎ᠳᠤ 11.7 ᠲᠦᠮᠡᠨ ᠬᠥᠮᠦᠨ ᠤᠳᠠᠭ᠎ᠠ ᠬᠢᠨᠠᠯᠲᠠ ᠲᠠᠯᠪᠢᠭᠤᠯᠪᠠ᠃ ᠪᠥᠬᠦ᠌ ᠶᠠᠪᠤᠴᠠ᠎ᠶ᠋ᠢᠨ
ᠠᠷᠠᠳ᠎ᠤᠨ ᠠᠷᠠᠳᠴᠢᠯᠠᠯ᠎ᠨᠢ ᠲᠥᠪ ᠭᠤᠣᠯᠴᠢ ᠱᠢᠳᠤᠷᠭᠤ ᠶᠣᠰᠣ᠎ᠶ᠋ᠢ ᠬᠠᠷᠠᠬ᠍ᠳᠠᠬᠤᠢ᠌ᠴᠠ᠂ ᠦᠨᠡᠯᠡᠭᠦ᠋ᠢᠴᠠ ᠪᠦᠭᠡᠳ
ᠮᠡᠳᠡᠷᠡᠭᠦᠯᠬᠦ᠋ᠢᠴᠠ ᠪᠤᠯᠭᠠᠪᠠ᠃
ᠨᠢᠭᠡ ᠵᠢᠯ᠎ᠤᠨ ᠲᠤᠷᠰᠢ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠᠢᠴᠠᠭᠠᠬᠤ
ᠠᠵᠢᠯ᠎ᠢ ᠨᠡᠩ ᠢᠯᠡᠭᠦᠦ ᠴᠢᠬᠤᠯᠠᠴᠢᠯᠠᠪᠠ᠃ ᠮᠤᠵᠢ᠎ᠶ᠋ᠢᠨ ᠱᠠᠲᠤᠨ᠎ᠤ ᠨᠠᠮ᠎ᠤᠨ ᠬᠤᠷᠢᠶᠠᠨ᠎ᠤ ᠭᠤᠣᠯ ᠬᠠᠷᠢᠭᠤᠴᠠᠯᠭᠠᠲᠠᠨ
ᠨᠥᠬᠦᠳ ᠴᠥᠮ 《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ
ᠲᠠᠯᠪᠢᠬᠤ ᠠᠵᠢᠯ᠎ᠢ ᠴᠢᠩᠭᠠᠳᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠯ》᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠴᠣᠬᠤᠯᠠᠪᠤᠷᠢ ᠭᠠᠷᠭᠠᠵᠤ᠂ 23 ᠮᠤᠵᠢ ᠶ᠋ᠢᠨ ᠱᠠᠲᠤᠨ᠎ᠤ ᠨᠠᠮ᠎ᠤᠨ
ᠬᠤᠷᠢᠶ᠎ᠠ ᠨᠢᠭᠡᠨᠲᠡ ᠬᠡᠷᠡᠭ᠌ᠵᠢᠭᠦᠯᠬᠦ᠌ ᠰᠠᠨᠠᠯ ᠨᠡᠢᠲᠡᠯᠡᠵᠤ᠂ ᠪᠠᠢᠴᠠᠭᠠᠬᠤ ᠲᠤᠱᠢᠶᠠᠯ ᠬᠠᠷᠢᠭᠤᠴᠠᠯᠭ᠎ᠠ᠎ᠶ᠋ᠢ
ᠭᠦᠢᠴᠡᠳᠭᠡᠬᠦ᠌᠎ᠳᠤ ᠬᠦᠴᠦᠲᠡᠶ ᠤᠳᠤᠷᠢᠳᠤᠯᠭ᠎ᠠ ᠪᠣᠯᠤᠨ ᠳᠡᠮᠵᠢᠯᠭᠡ ᠬᠠᠩᠭᠠᠪᠠ᠃
ᠲᠥᠯᠥᠭᠡᠯᠡᠭ᠌ᠴᠢᠳ ᠡ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ ᠡᠴᠡ
ᠨᠠᠭᠠᠰᠢ᠂ ᠨᠠᠮ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ
ᠱᠢᠨ᠎ᠡ ᠴᠠᠭ ᠦᠶ᠎ᠡ᠎ᠶ᠋ᠢ ᠡᠭᠦᠳᠦᠨ ᠨᠡᠭᠡᠭᠡᠪᠡ᠃ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ
ᠪᠠᠢᠭᠤᠯᠤᠯᠲᠠ᠎ᠶ᠋ᠢᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠣᠯᠬᠤ᠂ ᠲᠡᠦᠬᠡᠲᠦ ᠴᠢᠨᠠᠷᠲᠠᠶ ᠬᠤᠪᠢᠰᠤᠯᠲᠠ
ᠭᠠᠷᠬᠤ᠎ᠶ᠋ᠢ ᠳᠠᠭᠠᠯᠳᠤᠨ᠂ ᠠᠷᠠᠳ᠎ᠤᠨ ᠪᠠᠢᠴᠠᠭᠠᠬᠤ ᠦᠢᠯᠡᠰ ᠬᠠᠮᠤᠭ᠎ᠤᠨ ᠰᠠᠢᠨ ᠬᠥᠭ᠌ᠵᠢᠯᠲᠡ᠎ᠶ᠋ᠢᠨ ᠦᠶ᠎ᠡ ᠲᠣᠬᠢᠶᠠᠵᠤ᠂
ᠶᠠᠭ ᠪᠦᠬᠦᠯᠢ ᠴᠣᠭ᠍ᠴᠠ᠎ᠶ᠋ᠢᠨ ᠴᠢᠨᠠᠷᠲᠠᠶ ᠲᠠᠬᠢᠨ ᠴᠣᠭ᠍ᠴᠠᠯᠠᠯᠲᠠ᠎ᠶ᠋ᠢ ᠥᠩᠭᠡᠷᠡᠭᠡᠵᠦ᠍ ᠪᠠᠢᠨ᠎ᠠ᠃ ᠡᠳᠡᠭᠡᠷ ᠦᠨᠳᠦᠰᠦᠨ ᠵᠦᠢᠯ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠢᠯᠤᠭᠤᠳᠤᠯᠭ᠎ᠠ ᠪᠠ ᠵᠠᠮᠴᠢᠯᠠᠯ᠎ᠳᠤ
ᠪᠤᠢ᠂ ᠰᠢ᠎ᠶ᠋ᠢᠨ ᠫᠢᠩ᠎ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ
ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ᠎ᠳᠤ
ᠪᠤᠢ ᠶᠤᠮ;
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ
ᠪᠠᠢᠩᠭᠤ᠎ᠶ᠋ᠢᠨ ᠬᠤᠷᠢᠶᠠᠨ᠎ᠤ ᠬᠦᠴᠦᠲᠡᠶ ᠬᠢᠨᠠᠯᠲᠠ ᠲᠠᠯᠪᠢᠭ᠍ᠰᠠᠨ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ
ᠶᠡᠭᠡ᠎ᠪᠠᠷ ᠳᠡᠮᠵᠢᠭ᠌ᠰᠡᠨ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ
ᠲᠠᠯᠪᠢᠭ᠍ᠰᠠᠨ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶᠠᠨ᠎ᠤ ᠬᠠᠮᠵᠢᠯᠴᠠᠨ
ᠬᠢᠵᠠᠭᠠᠷᠯᠠᠭ᠍ᠰᠠᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭ᠎ᠠ
ᠪᠠ ᠨᠠᠮ ᠪᠦᠯᠦᠭ᠎ᠤᠨ ᠪᠤᠰᠤ ᠬᠥᠮᠦᠰ᠂ ᠡᠯ᠎ᠡ ᠠᠷᠠᠳ᠎ᠤᠨ ᠪᠦᠯᠬᠦᠮ ᠵᠢᠴᠢ ᠣᠷᠣᠨ ᠨᠤᠲᠤᠭ᠎ᠤᠨ ᠡᠯ᠎ᠡ ᠱᠠᠲᠤᠨ᠎ᠤ
ᠨᠠᠮ ᠵᠠᠰᠠᠭ᠎ᠤᠨ ᠪᠠᠢᠭᠤᠯᠭ᠎ᠠ᠂ ᠲᠥᠯᠥᠭᠡᠯᠡᠭ᠌ᠴᠢᠳ᠂ ᠭᠡᠱᠢᠭᠦᠳ ᠪᠠ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ
ᠬᠠᠯᠠᠭᠤᠨ᠎ᠢᠶᠠᠷ ᠬᠠᠷᠠᠭᠠᠯᠵᠠᠭ᠍ᠰᠠᠨ᠂ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭ᠌ᠰᠡᠨ ᠡᠴᠡ ᠪᠣᠯᠤᠭ᠍ᠰᠠᠨ
ᠶᠤᠮ᠃ ᠪᠢ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ
ᠳᠡᠪᠱᠢᠭᠦᠯᠦᠶ᠎ᠡ!
ᠨᠠᠮ ᠪᠠ ᠠᠷᠠᠳ ᠲᠦᠮᠡᠨ᠎ᠤ ᠨᠡᠩ ᠥᠨᠳᠥᠷ ᠱᠠᠭᠠᠷᠳᠠᠯᠭ᠎ᠠ᠎ᠲᠠᠢ ᠬᠠᠷᠢᠴᠠᠭᠤᠯᠪᠠᠯ᠂
ᠪᠠᠢᠴᠠᠭᠠᠬᠤ ᠠᠵᠢᠯ᠎ᠳᠤ ᠪᠠᠰᠠ ᠪᠠᠭ᠎ᠠ ᠪᠤᠰᠤ ᠵᠥᠷᠢᠶ᠎ᠡ᠎ᠲᠠᠢ ᠪᠠᠢᠬᠤ᠎ᠶ᠋ᠢ ᠪᠢᠳᠡ ᠰᠡᠷᠭᠡᠭ᠎ᠢᠶᠠᠷ ᠲᠠᠨᠢᠵᠤ
ᠤᠯᠪᠠ᠃ ᠨᠢᠭᠡ᠎ᠳᠤ ᠰᠢ᠎ᠶ᠋ᠢᠨ ᠫᠢᠩ᠎ᠤ᠋ᠨ ᠬᠠᠤᠯᠢ᠎ᠪᠠᠷ ᠵᠠᠰᠠᠬᠤ
ᠦᠵᠡᠯ ᠰᠠᠨᠠᠭ᠎ᠠ᠎ᠶ᠋ᠢ ᠰᠤᠷᠤᠯᠴᠠᠨ ᠰᠡᠳᠭᠢᠵᠦ᠍ ᠦᠢᠯᠡᠳᠦᠯᠭᠡᠵᠢᠭᠦᠯᠦᠨ ᠣᠢᠯᠠᠭᠠᠬᠤ᠎ᠶ᠋ᠢ ᠪᠠᠰᠠ ᠭᠦᠨᠵᠡᠭᠡᠢᠷᠡᠭᠦᠯᠦᠨ
ᠪᠤᠲᠠᠲᠠᠢᠵᠢᠭᠤᠯᠬᠤ ᠴᠢᠬᠤᠯᠠᠲᠠᠢ ᠪᠠᠢᠵᠤ᠂ ᠪᠠᠢᠴᠠᠭᠠᠬᠤ ᠠᠵᠢᠯ᠎ᠤᠨ ᠤᠢ᠍ᠢᠯᠠᠭᠠᠭ᠍ᠳᠠᠬᠤᠨ᠎ᠢᠶᠠᠨ ᠦᠷᠭᠦᠯᠵᠢᠯᠡᠨ
ᠱᠢᠨᠡᠳᠭᠡᠬᠦ᠌ ᠴᠢᠬᠤᠯᠠᠲᠠᠢ ᠪᠠᠢᠨ᠎ᠠ; ᠬᠤᠶᠠᠷ᠎ᠲᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ
ᠬᠤᠶᠠᠷ ᠶᠡᠭᠡ ᠲᠠᠯ᠎ᠠ᠎ᠳᠤ ᠰᠠᠭᠤᠷᠢᠯᠠᠨ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠳᠤ
ᠦᠢᠯᠡᠴᠢᠯᠡᠬᠦ᠌ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢ᠎ᠳᠤ ᠴᠢᠨᠠᠷ᠎ᠤᠨ ᠲᠠᠯ᠎ᠠ᠎ᠪᠠᠷ ᠬᠦᠷᠦᠯᠴᠡᠬᠦ᠌ ᠦᠭᠡᠢ
ᠪᠠᠢᠨ᠎ᠠ; ᠭᠤᠷᠪᠠ᠎ᠳᠤ 《ᠲᠦᠷᠪᠡᠨ
ᠶᠡᠭᠡ ᠪᠠᠢᠴᠠᠭᠠᠯᠲᠠ》 ᠶ᠋ᠢᠨ ᠬᠥᠭ᠌ᠵᠢᠯᠲᠡ
ᠵᠣᠬᠢᠴᠠᠯ ᠦᠭᠡᠢ ᠪᠠᠢᠵᠤ᠂ ᠬᠠᠤᠯᠢ ᠴᠠᠭᠠᠵᠠ᠎ᠶ᠋ᠢᠨ ᠬᠢᠨᠠᠯᠲᠠ ᠮᠥᠨ ᠯᠡ ᠳᠤᠲᠠᠭ᠍ᠳᠠᠵᠤ᠂ ᠬᠦᠷᠦᠯᠴᠡᠬᠦ᠌ ᠦᠭᠡᠢ
ᠪᠠᠢᠨ᠎ᠠ; ᠲᠦᠷᠪᠡ᠎ᠳᠤ ᠦᠨᠳᠦᠰᠦᠨ ᠱᠠᠲᠤᠨ᠎ᠤ ᠰᠠᠭᠤᠷᠢ ᠠᠵᠢᠯ ᠮᠥᠨ ᠯᠡ
ᠲᠤᠪᠤᠢᠮ᠎ᠠ ᠳᠤᠲᠠᠭᠤᠳᠠᠯ ᠭᠡᠪᠢᠶᠠᠷᠢᠶᠠᠨ ᠪᠠᠢᠵᠤ᠂ ᠵᠠᠷᠢᠮ ᠪᠠᠢᠴᠠᠭᠠᠬᠤ ᠠᠵᠢᠯ᠎ᠤᠨ ᠲᠦᠷᠦ᠍᠎ᠶ᠋ᠢᠨ ᠪᠤᠳᠤᠯᠭ᠎ᠠ᠂
ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ ᠴᠢᠳᠠᠭᠠᠳᠤᠢ ᠪᠠᠢᠨ᠎ᠠ; ᠲᠠᠪᠤ᠎ᠳᠤ ᠪᠠᠢᠴᠠᠭᠠᠬᠤ ᠬᠤᠷᠢᠶ᠎ᠠ᠎ᠶ᠋ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠳᠤᠮᠳᠠ
ᠪᠠᠭᠤᠷᠠᠶ ᠭᠤᠭ᠍ᠴᠤᠭ᠎ᠠ ᠣᠷᠣᠱᠢᠵᠤ᠂ ᠮᠧᠩ ᠶᠦᠩ ᠱᠠᠨ ᠵᠡᠷᠭᠡ ᠬᠡᠷᠡᠭ᠎ᠤᠨ ᠰᠤᠷᠭᠠᠮᠵᠢ ᠭᠦᠨᠵᠡᠭᠡᠶ ᠪᠠᠢᠨ᠎ᠠ᠃ ᠠᠰᠠᠭᠤᠳᠠᠯ
ᠪᠣᠯ ᠳᠠᠷᠤᠶ ᠬᠠᠷᠢᠭᠤᠴᠠᠯᠭ᠎ᠠ ᠮᠥᠨ᠂ ᠪᠢᠳᠡ ᠨᠡᠩ ᠶᠡᠭᠡ ᠴᠢᠷᠮᠠᠢᠯᠭ᠎ᠠ ᠭᠠᠷᠭᠠᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂
ᠱᠢᠨ᠎ᠡ ᠪᠠᠢᠳᠠᠯ᠎ᠢ ᠨᠡᠭᠡᠭᠡᠬᠦ᠌ ᠬᠡᠷᠡᠭ᠌ᠲᠡᠶ᠃
2022 ᠣᠨ᠎ᠤ ᠠᠵᠢᠯ᠎ᠤᠨ ᠲᠣᠬᠢᠷᠠᠭᠤᠯᠤᠯᠲᠠ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠵᠢᠷᠭᠤᠳᠤᠭᠠᠷ
ᠪᠥᠬᠦᠳᠡ ᠬᠤᠷᠠᠯ ᠡᠴᠡ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌ ᠲᠡᠢᠰᠢ
ᠤᠷᠤᠭ᠍ᠰᠢᠯᠠᠬᠤ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠵᠠᠢ᠃ 2022 ᠤᠨ᠎ᠳᠤ᠂ ᠪᠠᠢᠴᠠᠭᠠᠬᠤ ᠪᠠᠢᠭᠤᠯᠭ᠎ᠠ ᠰᠢ᠎ᠶ᠋ᠢᠨ ᠫᠢᠩ᠎ᠤ᠋ᠨ ᠱᠢᠨ᠎ᠡ
ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ
ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤ᠋ᠨ
ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠤᠷᠢᠳᠤᠭᠠᠷ
ᠶᠡᠭᠡ ᠬᠤᠷᠠᠯ᠎ᠤᠨ ᠢᠯᠠᠯᠲᠠ᠎ᠲᠠᠢ ᠬᠤᠷᠠᠯᠳᠤᠬᠤ᠎ᠶ᠋ᠢ ᠪᠠᠲᠤᠯᠠᠬᠤ᠎ᠳᠤ ᠦᠢᠯᠡᠴᠢᠯᠡᠬᠦ᠌ ᠡᠨᠡ ᠬᠦ᠌ ᠭᠤᠣᠯ ᠱᠢᠵᠢᠮ᠎ᠲᠠᠢ
ᠨᠢᠬ᠍ᠳᠠ ᠤᠶᠠᠯᠳᠤᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠣᠯ ᠰᠡᠳᠦᠪ᠎ᠲᠤ ᠠᠩᠬᠠᠷᠤᠯ᠎ᠢᠶᠠᠨ ᠲᠥᠪᠯᠡᠷᠡᠭᠦᠯᠦᠨ᠂
ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂
《ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ
ᠲᠠᠯᠪᠢᠬᠤ ᠠᠵᠢᠯ᠎ᠢ ᠴᠢᠩᠭᠠᠳᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠯ》
ᠢ᠋ ᠭᠦᠨᠵᠡᠭᠡᠶ ᠨᠠᠢᠳᠠᠪᠤᠷᠢᠵᠢᠭᠤᠯᠵᠤ᠂ 《ᠲᠣᠭ᠍ᠲᠠᠭᠤᠨ᠎ᠢᠶᠠᠷ ᠠᠬᠢᠭᠤᠯᠬᠤ᠂ ᠨᠠᠢᠳᠠᠪᠤᠷᠢᠵᠢᠭᠤᠯᠬᠤ᠂ ᠳᠡᠭᠡᠭ᠌ᠰᠢᠯᠡᠭᠦᠯᠬᠦ᠌》
ᠶ᠋ᠢ ᠰᠤᠯᠠᠷᠠᠭᠤᠯᠤᠯ ᠦᠭᠡᠢ ᠠᠳᠭᠤᠵᠤ᠂ ᠬᠠᠤᠯᠢ
ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠴᠢᠳᠠᠮᠠᠭᠠᠢ ᠭᠦᠢᠴᠡᠳᠭᠡᠵᠦ᠍᠂ ᠨᠡᠩ ᠥᠨᠳᠥᠷ ᠲᠦᠪᠱᠢᠨ ᠪᠦᠬᠦᠢ ᠠᠮᠤᠷ
ᠠᠮᠤᠭᠤᠯᠠᠩ ᠳᠤᠮᠳᠠᠳᠤ ᠤᠯᠤᠰ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠶ᠋ᠢ ᠠᠬᠢᠭᠤᠯᠵᠤ᠂
ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ᠎ᠳᠤ ᠠᠮᠤᠷ ᠲᠣᠭ᠍ᠲᠠᠭᠤᠨ ᠤᠯᠤᠰ ᠲᠦᠷᠦ᠍
ᠨᠡᠢᠭᠡᠮ᠎ᠤᠨ ᠣᠷᠴᠢᠨ ᠨᠥᠬᠦᠴᠡᠯ᠎ᠢ ᠡᠭᠦᠳᠴᠦ᠍ ᠥᠭ᠌ᠭᠦ ᠬᠡᠷᠡᠭ᠌ᠲᠡᠢ᠃
ᠨᠢᠭᠡᠳᠦᠭᠡᠷ᠎ᠲᠤ᠌᠂ ᠲᠣᠭ᠍ᠲᠠᠭᠤᠨ᠎ᠢᠶᠠᠷ ᠠᠬᠢᠭᠤᠯᠬᠤ᠎ᠶ᠋ᠢ ᠪᠠᠷᠢᠮᠲᠠᠯᠠᠵᠤ᠂
ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ᠎ᠳᠤ ᠦᠢᠯᠡᠴᠢᠯᠡᠬᠦ᠌ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ
ᠦᠨᠡᠨ ᠬᠦ᠌ ᠡᠭᠦᠷᠭᠡᠯᠡᠨ᠎ᠡ᠃ ᠤᠯᠤᠰ᠎ᠤᠨ ᠶᠡᠷᠦᠩᠬᠡᠶ ᠴᠣᠭ᠍ᠴᠠ᠎ᠶ᠋ᠢᠨ ᠠᠮᠤᠷ ᠲᠦᠪᠱᠢᠨ᠎ᠤ ᠦᠵᠡᠯᠲᠡ᠎ᠶ᠋ᠢ ᠨᠠᠢᠳᠠᠪᠤᠷᠢᠵᠢᠭᠤᠯᠵᠤ᠂
ᠲᠦᠭ᠌ᠰᠢᠭᠦᠷᠢ᠎ᠶ᠋ᠢ ᠰᠡᠷᠭᠡᠢᠯᠡᠬᠦ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ ᠪᠠᠢᠳᠠᠯ᠎ᠢ ᠬᠠᠮᠠᠭᠠᠯᠠᠬᠤ᠂
ᠬᠥᠭ᠌ᠵᠢᠯᠲᠡ᠎ᠶ᠋ᠢ ᠠᠬᠢᠭᠤᠯᠬᠤ ᠡᠯ᠎ᠡ ᠵᠦᠢᠯ᠎ᠤᠨ ᠠᠵᠢᠯ᠎ᠢ ᠴᠢᠩᠭ᠎ᠠ ᠪᠥᠭᠡᠳ ᠨᠠᠷᠢᠯᠢᠭ ᠪᠣᠳᠠᠲᠠᠶ᠎ᠪᠠᠷ ᠰᠠᠢᠲᠤᠷ
ᠠᠳᠭᠤᠵᠤ᠂ ᠤᠯᠤᠰ᠎ᠤᠨ ᠠᠮᠤᠷ ᠲᠦᠪᠱᠢᠨ᠂ ᠨᠡᠢᠭᠡᠮ᠎ᠤᠨ ᠠᠮᠤᠷ ᠲᠣᠭ᠍ᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ
ᠡᠷᠡᠰ ᠬᠠᠮᠠᠭᠠᠯᠠᠨ᠎ᠠ᠃ ᠴᠦᠭᠡᠨ ᠪᠠᠷᠢᠪᠴᠢᠯᠠᠬᠤ ᠪᠤᠯᠭᠤᠮᠵᠢᠳᠠᠢ ᠵᠠᠭᠠᠯᠳᠤᠬᠤ ᠪᠤᠯᠭᠤᠮᠵᠢᠳᠠᠢ ᠬᠤᠷᠢᠬᠤ ᠡᠷᠡᠭᠦᠦ᠍᠎ᠶ᠋ᠢᠨ
ᠬᠡᠷᠡᠭ᠎ᠤᠨ ᠬᠠᠤᠯᠢ ᠪᠠᠷᠢᠯᠲᠠ᠎ᠶ᠋ᠢᠨ ᠲᠥᠷᠥ᠎ᠶ᠋ᠢᠨ ᠪᠣᠳᠣᠯᠭ᠎ᠠ᠂ ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ
ᠬᠦᠯᠢᠶᠡᠭ᠌ᠰᠡᠨ᠎ᠢ ᠠᠭᠤᠴᠢᠯᠠᠨ ᠱᠢᠢᠳᠭᠡᠬᠦ᠌ ᠳᠦᠷᠢᠮ᠎ᠢ ᠨᠢᠭᠡᠳᠦᠯᠲᠡᠶ ᠲᠥᠯᠦᠪᠯᠡᠨ ᠨᠠᠢᠳᠠᠪᠤᠷᠢᠵᠢᠭᠤᠯᠵᠤ᠂ ᠵᠠᠷᠭᠤ᠎ᠶ᠋ᠢᠨ
ᠰᠤᠷᠪᠤᠯᠵᠢ᠎ᠶ᠋ᠢ ᠵᠠᠰᠠᠬᠤ ᠠᠵᠢᠯ᠎ᠢ ᠨᠡᠩ ᠪᠣᠳᠠᠲᠠᠶ ᠰᠠᠢᠲᠤᠷ ᠬᠢᠨ᠎ᠡ᠃ ᠵᠣᠬᠢᠶᠠᠨ ᠪᠠᠢᠭᠤᠯᠤᠯᠲᠠ᠎ᠲᠠᠢ᠎ᠪᠠᠷ
ᠶᠠᠯ᠎ᠠ ᠬᠢᠬᠦ᠌᠎ᠶ᠋ᠢ ᠡᠰᠡᠷᠭᠦᠴᠡᠬᠦ᠌ ᠬᠠᠤᠯᠢ᠎ᠶ᠋ᠢ ᠨᠠᠢᠳᠠᠪᠤᠷᠢᠵᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ
ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠥᠷᠨᠢᠭᠦᠯᠦᠨ᠎ᠡ᠃《ᠲᠤᠰᠬᠤᠨ᠎ᠤ ᠡᠵᠡᠷᠬᠡᠭᠴᠢ》 ᠳᠦ ᠡᠷᠡᠰ ᠴᠤᠬᠢᠯᠳᠠ ᠦᠭᠴᠦ᠂ ᠦᠨᠳᠦᠰᠦᠨ ᠱᠠᠳᠤᠨ᠎ᠤ ᠨᠡᠢᠭᠡᠮ᠎ᠤᠨ ᠵᠠᠰᠠᠯᠲᠠ ᠵᠢ ᠠᠬᠢᠭᠤᠯᠤᠨ᠂ ᠨᠡᠨᠭ ᠦᠨᠳᠦᠷ ᠲᠦᠪᠰᠢᠨ ᠪᠦᠬᠦᠢ ᠠᠮᠤᠷ
ᠠᠮᠤᠭᠤᠯᠠᠩ ᠬᠠᠤᠯᠢ ᠪᠡᠷ ᠵᠠᠰᠠᠬᠤ ᠬᠦᠳᠡᠭᠡ ᠲᠤᠰᠬᠤᠨ᠎ᠤ ᠪᠠᠢᠭᠤᠯᠤᠯᠳᠠ ᠵᠢ ᠠᠬᠢᠭᠤᠯᠤᠨ᠎ᠠ᠃ ᠬᠢᠵᠢᠭ᠎ᠲᠤ ᠬᠤᠯᠪᠣᠭ᠍ᠳᠠᠭ᠍ᠰᠠᠨ
ᠬᠡᠷᠡᠭ᠎ᠢ ᠲᠣᠬᠢᠲᠠᠢ ᠰᠠᠢᠲᠤᠷ ᠱᠢᠢᠳᠪᠦᠷᠢᠯᠡᠵᠦ᠍᠂ ᠬᠠᠤᠯᠢ ᠶᠣᠰᠣᠭᠠᠷ ᠰᠡᠷᠭᠡᠢᠯᠡᠨ ᠬᠢᠵᠠᠭᠠᠷᠯᠠᠬᠤ᠎ᠶ᠋ᠢ ᠠᠬᠢᠭᠤᠯᠤᠨ᠎ᠠ᠃
ᠡᠮᠡᠭ᠌ᠲᠡᠢᠴᠦᠳ ᠬᠡᠦᠬᠡᠳ ᠨᠠᠰᠤᠳᠠᠢᠴᠤᠳ ᠵᠡᠮᠳᠡᠭᠴᠤᠳ ᠵᠡᠷᠭᠡ ᠤᠨᠴᠠ ᠲᠤᠭᠳᠠᠭᠰᠠᠨ ᠬᠦᠮᠦᠰ᠎ᠤᠨ ᠪᠡᠶ᠎ᠡ᠎ᠶ᠋ᠢᠨ
ᠡᠷᠬᠡ᠎ᠳᠤ ᠬᠠᠯᠳᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠨᠡᠬᠡᠮᠵᠢᠯᠡᠨ ᠵᠠᠭᠠᠯᠳᠤᠨ᠎ᠠ᠃ ᠤᠯᠤᠰ᠎ᠤᠨ ᠥᠮᠴᠢᠯᠡᠯᠲᠦ
ᠠᠵᠤ ᠠᠬᠤᠢᠯᠠᠯ ᠠᠷᠠᠳ᠎ᠡᠴᠡ ᠡᠵᠡᠩᠨᠡᠭ᠌ᠰᠡᠨ ᠠᠵᠤ ᠠᠬᠤᠢᠯᠠᠯ᠂ ᠳᠣᠲᠣᠭᠠᠳᠤ ᠪᠡᠯᠨ᠎ᠶ᠋ᠢᠨ ᠠᠵᠤ ᠠᠬᠤᠢ᠌ᠯᠠᠯ ᠭᠠᠳᠠᠭᠠᠳᠤ
ᠪᠡᠯᠡ᠎ᠶ᠋ᠢᠨ ᠠᠵᠤ ᠠᠬᠤᠢ᠌ᠯᠠᠯ᠂ ᠲᠣᠮᠣ ᠳᠤᠮᠳᠠ ᠵᠢᠵᠢᠭ ᠪᠢᠴᠢᠯ ᠠᠵᠤ ᠠᠬᠤᠢᠯᠠᠯ ᠵᠡᠷᠭᠡ ᠡᠯ᠎ᠡ ᠲᠥᠷᠥᠯ᠎ᠤᠨ ᠵᠠᠬ᠎ᠠ
ᠳᠡᠯᠭᠡᠭᠦᠷ᠎ᠤᠨ ᠪᠡᠶᠡᠴᠢ ᠴᠣᠭ᠍ᠴᠠ᠎ᠳᠤ ᠬᠠᠤᠯᠢ ᠪᠠᠷᠢᠯᠲᠠ᠎ᠶ᠋ᠢᠨ ᠬᠠᠮᠠᠭᠠᠯᠠᠯᠲᠠ᠎ᠶ᠋ᠢ ᠠᠳᠠᠯᠢ ᠲᠡᠭ᠌ᠰᠢ᠎ᠪᠠᠷ
ᠬᠦᠷᠲᠡᠭᠡᠵᠦ᠍᠂ ᠬᠡᠷᠡᠭ᠎ᠲᠤ ᠬᠤᠯᠪᠣᠭ᠍ᠳᠠᠭ᠍ᠰᠠᠨ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠬᠦᠯᠬᠦ᠌ ᠥᠭᠡᠷᠡᠴᠢᠯᠡᠯᠲᠡ᠎ᠶ᠋ᠢ
ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠭᠤᠷᠪᠠᠳᠠᠬᠢ ᠲᠠᠯ᠎ᠠ᠎ᠶ᠋ᠢᠨ ᠬᠢᠨᠠᠯᠲᠠ ᠲᠠᠯᠪᠢᠬᠤ ᠦᠨᠡᠯᠡᠨ ᠵᠢᠱ᠌ᠢᠬᠦ᠌
ᠲᠤᠭᠲᠠᠴᠠ ᠶ᠋ᠢ ᠨᠠᠢᠳᠠᠪᠤᠷᠢᠵᠢᠭᠤᠯᠤᠨ᠎ᠠ᠃ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌ ᠡᠷᠬᠡ᠎ᠶ᠋ᠢᠨ
ᠶᠡᠷᠦᠩᠬᠡᠢᠯᠡᠭ᠌ᠰᠡᠨ ᠬᠠᠤᠯᠢ ᠪᠠᠷᠢᠯᠲᠠ᠎ᠶ᠋ᠢᠨ ᠬᠠᠮᠠᠭᠠᠯᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂
ᠳ᠋ᠢᠵᠢᠲ᠋ᠠᠯ ᠠᠵᠤ ᠠᠬᠤᠶ ᠪᠠ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠤ ᠨᠡᠩ ᠰᠠᠢᠨ ᠦᠢᠯᠡᠴᠢᠯᠡᠨ᠎ᠡ᠃ ᠬᠠᠤᠯᠢ
ᠪᠤᠰᠤ᠎ᠪᠠᠷ ᠪᠡᠯᠡ ᠴᠤᠭ᠍ᠯᠠᠭᠤᠯᠬᠤ᠂ ᠵᠣᠭᠤᠰ ᠤᠬᠢᠶᠠᠬᠤ ᠵᠡᠷᠭᠡ ᠮᠥᠩᠭᠦᠨ ᠭᠦᠢᠯᠭᠡᠭᠡᠨ᠎ᠤ ᠶᠠᠯᠠᠲᠤ ᠠᠵᠢᠯᠯᠠᠭ᠎ᠠ᠎ᠶ᠋ᠢ
ᠴᠢᠩᠭ᠎ᠠ ᠵᠠᠯᠬᠠᠭᠠᠨ ᠱᠢᠢᠳᠭᠡᠵᠦ᠍᠂ᠲᠤᠤᠷ ᠰᠦᠯᠵᠢᠶᠡᠨ᠎ᠤ ᠮᠦᠨᠭᠭᠦᠨ ᠭᠦᠢᠯᠭᠡᠭᠡᠨ᠎ᠤ ᠶᠠᠯᠠᠲᠦ ᠠᠵᠢᠯᠯᠠᠭ᠎ᠠ ᠵᠢ
ᠵᠠᠯᠬᠠᠭᠠᠨ ᠰᠢᠢᠳᠬᠡᠬᠦ ᠡᠷᠴᠢᠮ᠎ᠢᠶᠡᠨ ᠦᠷᠬᠦᠯᠵᠢᠯᠡᠨ ᠴᠢᠨᠭᠭᠠᠷᠠᠭᠤᠯᠵᠤ᠂ ᠮᠥᠩᠭᠦᠨ ᠭᠦᠢᠯᠭᠡᠭᠡᠨ᠎ᠤ ᠠᠮᠤᠷ ᠲᠦᠪᠱᠢᠨ᠎ᠢ
ᠦᠨᠡᠨ ᠬᠦ᠌ ᠬᠠᠮᠠᠭᠠᠯᠠᠬᠤ ᠵᠢᠨ ᠵᠡᠷᠭᠡ᠎ᠳᠦ ᠪᠤᠵᠠᠷ ᠡᠳ᠋᠎ᠢ ᠨᠡᠬᠡᠮᠵᠢᠯᠡᠨ ᠠᠪᠴᠢᠷᠠᠬᠤ᠂ᠬᠤᠬᠢᠷᠠᠯ᠎ᠢ ᠨᠢ ᠡᠭᠡᠭᠦᠯᠦᠨ
ᠠᠪᠴᠢᠷᠠᠬᠤ ᠵᠢ ᠬᠦᠴᠦᠯᠡᠨ ᠠᠬᠢᠭᠤᠯᠤᠨ᠎ᠠ᠃ ᠮᠣᠨᠣᠫᠣᠯᠢᠴᠢᠯᠠᠯ᠎ᠢ ᠡᠰᠡᠷᠭᠦᠴᠡᠬᠦ᠂ ᠬᠡᠳᠦ ᠠᠱᠢᠭ ᠬᠤᠨᠵᠢᠬᠤ᠎ᠶ᠋ᠢ
ᠡᠰᠡᠷᠭᠦᠴᠡᠬᠦ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠠᠵᠢᠯ᠎ᠤᠨ ᠬᠠᠤᠯᠢ ᠪᠠᠷᠢᠯᠲᠠ᠎ᠶ᠋ᠢ ᠴᠢᠩᠭᠠᠳᠭᠠᠵᠤ᠂
ᠬᠦᠷᠦᠩᠭᠡ᠎ᠶ᠋ᠢᠨ ᠵᠢᠷᠤᠮᠵᠢᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠳᠡᠮᠵᠢᠬᠦ᠌ ᠪᠠ ᠬᠥᠲᠥᠯᠥᠨ ᠵᠢᠯᠣᠭᠤᠳᠤᠨ᠎ᠠ᠃
ᠰᠦᠯᠵᠢᠶᠡᠨ᠎ᠤ ᠶᠠᠯᠠᠲᠦ ᠠᠵᠢᠯᠯᠠᠭ᠎ᠠ ᠵᠢ ᠵᠠᠯᠬᠠᠭᠠᠨ ᠰᠢᠢᠳᠬᠡᠬᠦ ᠡᠷᠴᠢᠮ᠎ᠢᠶᠡᠨ ᠦᠷᠬᠦᠯᠵᠢᠯᠡᠨ ᠴᠢᠨᠭᠭᠠᠷᠠᠭᠤᠯᠵᠤ᠂ᠰᠦᠯᠵᠢᠶᠡᠨ᠎ᠤ
ᠭᠦᠳᠬᠡᠯ᠂ ᠠᠷᠠᠳ ᠢᠷᠭᠡᠨ᠎ᠤ ᠬᠤᠪᠢ ᠬᠦᠮᠦᠨ᠎ᠤ ᠮᠡᠳᠡᠭᠡ ᠵᠠᠨᠭᠭᠢ ᠵᠢᠨ ᠡᠷᠬᠡ᠎ᠳᠦ ᠬᠠᠯᠳᠠᠭᠰᠠᠨ ᠴᠠᠬᠢᠯᠭᠠᠨ ᠬᠤᠯᠪᠤᠭ᠎ᠠ
ᠰᠦᠯᠵᠢᠶᠡᠨ᠎ᠤ ᠮᠡᠬᠡᠯᠡᠯ ᠵᠡᠷᠭᠡ ᠶᠠᠯᠠᠲᠦ ᠠᠵᠢᠯᠯᠠᠭ᠎ᠠ ᠵᠢ ᠴᠢᠨᠭᠭ᠎ᠠ ᠵᠠᠯᠬᠠᠭᠠᠨ ᠰᠢᠢᠳᠬᠡᠨ᠎ᠡ᠃ ᠠᠷᠠᠳ᠎ᠤᠨ
ᠠᠮᠢᠳᠤᠷᠠᠯ᠎ᠤᠨ ᠬᠠᠤᠯᠢ ᠪᠠᠷᠢᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠵᠤ᠂ ᠶᠠᠳᠠᠭᠤ ᠡᠴᠡ ᠠᠩᠭᠢᠵᠢᠷᠠᠭᠤᠯᠬᠤ
ᠪᠡᠷᠬᠡ ᠰᠡᠳᠦᠪ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠠᠲᠤᠳᠭᠠᠨ ᠥᠷᠭᠡᠳᠭᠡᠬᠦ᠌ ᠪᠠ ᠬᠥᠳᠡᠭᠡ ᠲᠣᠰᠭᠤᠨ᠎ᠢ
ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠦᠢᠯᠡᠴᠢᠯᠡᠨ᠎ᠡ᠃ ᠰᠢ᠎ᠶ᠋ᠢᠨ ᠫᠢᠩ
ᠤ᠋ᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠠᠮᠢ ᠠᠬᠤᠢ᠎ᠶ᠋ᠢᠨ ᠣᠷᠴᠢᠨ
ᠨᠥᠬᠦᠴᠡᠯ᠎ᠤᠨ ᠬᠠᠤᠯᠢ ᠪᠠᠷᠢᠯᠲᠠ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠨ᠂ ᠦᠵᠡᠰᠭᠦᠯᠡᠩᠲᠦ ᠰᠠᠢᠬᠠᠨ ᠭᠤᠣᠯ
ᠮᠥᠷᠡᠨ ᠨᠠᠭᠤᠷ ᠴᠥᠭᠦᠷᠥᠮ᠂ ᠨᠣᠮᠢᠨ ᠤᠰᠤ ᠬᠥᠬᠡᠮᠳᠦᠭ ᠠᠭᠤᠯᠠ᠎ᠶ᠋ᠢ ᠬᠠᠮᠲᠤ᠎ᠪᠠᠷ ᠬᠠᠮᠠᠭᠠᠯᠠᠨ᠎ᠠ᠃ ᠴᠡᠷᠢᠭ ᠠᠩᠭᠢ
ᠪᠠ ᠣᠷᠣᠨ ᠨᠤᠲᠤᠭ᠎ᠤᠨ ᠪᠠᠢᠴᠠᠭᠠᠬᠤ ᠠᠵᠢᠯ᠎ᠤᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ᠴᠡᠷᠢᠭ ᠲᠦ᠍ ᠬᠤᠯᠪᠤᠭᠳᠠᠭᠰᠠᠨ
ᠶᠠᠯᠠᠲᠦ ᠠᠵᠢᠯᠯᠠᠭ᠎ᠠ ᠵᠢ ᠴᠢᠨᠭᠭ᠎ᠠ ᠵᠠᠯᠬᠠᠭᠠᠨ ᠰᠢᠢᠳᠬᠡᠵᠤ᠂ ᠴᠡᠷᠢᠭ᠎ᠤᠨ ᠶᠠᠪᠤᠳᠠᠯ᠎ᠤᠨ ᠲᠤᠨᠤᠭ ᠲᠦᠬᠦᠭᠡᠷᠦᠮᠵᠢ
ᠵᠢ ᠬᠠᠮᠠᠭᠠᠯᠠᠬᠤ ᠵᠡᠷᠭᠡ ᠤᠯᠤᠰ᠎ᠤᠨ ᠪᠠᠳᠤᠯᠠᠨ ᠬᠠᠮᠠᠭᠠᠯᠠᠯᠳᠠ ᠪᠠ ᠴᠡᠷᠢᠭ᠎ᠤᠨ ᠶᠠᠪᠤᠳᠠᠯ᠎ᠤᠨ ᠬᠤᠷᠢᠶᠠᠨ᠎ᠤ
ᠨᠡᠢᠲᠡ ᠵᠢᠨ ᠠᠰᠢᠭ ᠲᠤᠰᠠ ᠵᠢᠨ ᠵᠠᠷᠭᠤ ᠵᠢ ᠴᠢᠨᠭᠭᠠᠳᠬᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠠᠱᠢᠭ
ᠲᠤᠰᠠ ᠵᠢᠴᠢ ᠴᠡᠷᠢᠭ ᠪᠠ ᠴᠡᠷᠢᠭ᠎ᠤᠨ ᠭᠡᠷ ᠪᠦᠯᠢ᠎ᠶ᠋ᠢᠨ᠎ᠬᠢᠨ᠂ ᠴᠡᠷᠢᠭ᠎ᠤᠨ ᠠᠯᠪᠠ ᠡᠴᠡ ᠪᠠᠭᠤᠭ᠍ᠰᠠᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠡᠷᠡᠰ
ᠬᠠᠮᠠᠭᠠᠯᠠᠨ᠎ᠠ᠃
ᠬᠤᠶᠠᠳᠤᠭᠠᠷ᠎ᠲᠤ᠌᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠬᠦ᠌
ᠲᠠᠯ᠎ᠠ᠎ᠪᠠᠷ ᠬᠠᠤᠯᠢ ᠶᠣᠰᠤᠭᠠᠷ ᠤᠯᠤᠰ᠎ᠢᠶᠠᠨ ᠵᠠᠰᠠᠬᠤ ᠱᠢᠨ᠎ᠡ ᠠᠶᠠᠨ᠎ᠢ ᠠᠬᠢᠭᠤᠯᠬᠤ ᠬᠠᠤᠯᠢ᠎ᠪᠠᠷ ᠵᠠᠰᠠᠬᠤ
ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ᠃ ᠵᠣᠷᠢᠭ᠍ᠲᠠᠢ᠎ᠪᠠᠷ ᠬᠢᠨᠠᠯᠲᠠ ᠲᠠᠯᠪᠢᠬᠤ᠂ ᠴᠢᠳᠠᠮᠠᠭᠠᠶ᠎ᠪᠠᠷ
ᠬᠢᠨᠠᠯᠲᠠ ᠲᠠᠯᠪᠢᠬᠤ᠂ ᠵᠣᠷᠢᠭ᠍ᠲᠠᠶ᠎ᠪᠠᠷ ᠥᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ᠎ᠶ᠋ᠢ ᠪᠠᠷᠢᠮᠲᠠᠯᠠᠵᠤ᠂
《ᠲᠦᠷᠪᠡᠨ ᠶᠡᠭᠡ ᠪᠠᠢᠴᠠᠭᠠᠯᠲᠠ》᠎ᠶ᠋ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌ ᠪᠠ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ
ᠠᠬᠢᠭᠤᠯᠵᠦ᠂ ᠬᠠᠤᠯᠢ ᠴᠠᠭᠠᠵᠠ ᠵᠢᠨ ᠬᠢᠨᠠᠯᠳᠠ ᠲᠠᠯᠪᠢᠬᠤ ᠬᠠᠮ ᠬᠦᠴᠦᠨ᠎ᠢ ᠪᠦᠷᠢᠯᠳᠦᠬᠦᠯᠵᠦ᠂ ᠡᠷᠬᠡ ᠲᠡᠭᠰᠢ
ᠲᠦᠪ ᠭᠤᠤᠯᠴᠢ ᠵᠢ ᠦᠨᠡᠨ ᠬᠦ᠌ ᠪᠠᠳᠤᠯᠠᠨ᠎ᠠ᠃ ᠬᠢᠨᠠᠨ ᠪᠠᠢᠴᠠᠭᠠᠬᠤ ᠪᠠ ᠪᠠᠢᠴᠠᠭᠠᠬᠤ ᠠᠵᠢᠯ᠎ᠢ ᠵᠣᠯᠭᠠᠭᠤᠯᠬᠤ᠎ᠶ᠋ᠢ
ᠴᠢᠩᠭᠠᠳᠭᠠᠵᠤ᠂ ᠬᠠᠮᠵᠢᠯᠴᠠᠨ ᠬᠢᠵᠠᠭᠠᠷᠯᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠦᠨ᠂ ᠢᠯᠵᠢᠷᠠᠯ᠎ᠢ ᠡᠰᠡᠷᠭᠦᠴᠡᠬᠦ᠌
ᠲᠡᠮᠡᠴᠡᠯ᠎ᠤᠨ ᠶᠡᠭᠡ ᠲᠠᠯ᠎ᠠ᠎ᠳᠤ ᠨᠡᠩ ᠰᠠᠢᠨ ᠦᠢᠯᠡᠴᠢᠯᠡᠨ᠎ᠡ᠃ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ
ᠪᠣᠯᠣᠨ ᠡᠷᠡᠭᠦᠦ᠍᠎ᠶ᠋ᠢᠨ ᠬᠡᠷᠡᠭ᠎ᠤᠨ ᠬᠠᠤᠯᠢ ᠪᠠᠷᠢᠯᠲᠠ᠎ᠶ᠋ᠢ ᠵᠣᠯᠭᠠᠭᠤᠯᠬᠤ ᠲᠣᠭ᠍ᠲᠡᠴᠡ᠎ᠶ᠋ᠢ ᠪᠦᠷᠢᠨᠱᠢᠭᠦᠯᠵᠦ᠍᠂
ᠲᠤᠷᠱᠢᠨ ᠪᠠᠢᠴᠠᠭᠠᠯᠲᠠ᠎ᠳᠤ ᠬᠢᠨᠠᠯᠲᠠ ᠲᠠᠯᠪᠢᠬᠤ ᠪᠠ ᠬᠠᠮᠵᠢᠯᠴᠠᠨ ᠵᠣᠬᠢᠴᠠᠭᠤᠯᠬᠤ ᠲᠣᠭ᠍ᠲᠡᠴᠡ᠎ᠶ᠋ᠢ ᠨᠠᠢᠳᠠᠪᠤᠷᠢᠵᠢᠭᠤᠯᠤᠨ᠂
ᠬᠡᠷᠡᠭ ᠪᠠᠢᠲᠠᠯ᠎ᠠ ᠳᠠᠩᠰᠠᠯᠠᠬᠤ ᠦᠭᠡᠢ᠂ ᠶᠠᠯ᠎ᠠ᠎ᠲᠠᠢ ᠪᠠᠢᠲᠠᠯ᠎ᠠ ᠨᠡᠬᠡᠮᠵᠢᠯᠡᠬᠦ᠌ ᠦᠭᠡᠢ᠂ ᠡᠷᠡᠭᠦᠦ᠍᠎ᠶ᠋ᠢᠨ
ᠬᠡᠷᠡᠭ᠎ᠤᠨ ᠨᠡᠷ᠎ᠡ᠎ᠪᠠᠷ ᠢᠷᠭᠡᠨ᠎ᠤ ᠬᠡᠷᠡᠭ᠎ᠤᠨ ᠠᠵᠤ ᠠᠬᠤᠶ᠎ᠶ᠋ᠢᠨ ᠵᠠᠭᠤᠷᠠᠯᠳᠤᠭᠠᠨ᠎ᠳᠤ ᠭᠠᠷ ᠲᠦᠷᠦᠭᠦ᠎ᠶ᠋ᠢ
ᠨᠡᠩ ᠪᠦᠲᠦᠮᠵᠢᠲᠡᠶ᠎ᠪᠠᠷ ᠰᠡᠷᠭᠡᠢᠯᠡᠨ ᠵᠠᠰᠠᠨ᠎ᠠ᠃ ᠭᠢᠨᠳᠠᠨ᠂ ᠰᠠᠬᠢᠨ ᠬᠠᠷᠠᠬᠤ ᠭᠠᠵᠠᠷ᠎ᠢ ᠳᠤᠭᠤᠷᠢᠨ ᠪᠠᠢᠴᠠᠭᠠᠬᠤ
ᠠᠵᠢᠯ᠎ᠢ ᠪᠤᠳᠠᠳᠠᠢ ᠠᠳᠭᠤᠵᠤ᠂ ᠡᠷᠡᠭᠦᠦ ᠰᠢᠢᠳᠬᠡᠯᠢ ᠬᠦᠨᠭᠭᠡᠯᠡᠬᠦ᠂ ᠲᠡᠨᠭᠰᠡᠨ ᠰᠤᠯᠠᠯᠠᠬᠤ᠂ ᠬᠢᠨᠳᠠᠨ᠎ᠤ ᠭᠠᠳᠠᠨ᠎ᠠ
ᠲᠦᠷ ᠬᠦᠢᠴᠡᠳᠭᠡᠬᠦ ᠬᠡᠷᠡᠭ ᠲᠦ᠍᠂ ᠬᠠᠤᠯᠢ ᠴᠠᠭᠠᠵᠠ ᠵᠢᠨ ᠬᠢᠨᠠᠯᠳᠠ ᠲᠠᠯᠪᠢᠬᠤ ᠪᠡᠨ ᠴᠢᠨᠭᠭᠠᠳᠬᠠᠵᠤ᠂ ᠨᠡᠢᠭᠡᠮ
ᠲᠣᠭᠤᠷᠢᠭ ᠡᠴᠡ ᠰᠤᠷᠭᠠᠨ ᠵᠠᠰᠠᠬᠤ ᠪᠠᠢᠭᠤᠯᠤᠮᠵᠢ᠎ᠶ᠋ᠢ ᠲᠣᠭᠤᠷᠢᠨ ᠪᠠᠢᠴᠠᠭᠠᠬᠤ᠎ᠶ᠋ᠢ ᠢᠳᠡᠪᠬᠢᠳᠠᠢ ᠰᠦᠪᠡᠭ᠌ᠴᠢᠯᠡᠨ᠎ᠠ᠃
ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠦᠷᠭᠦᠯᠵᠢᠯᠡᠨ ᠰᠠᠢᠲᠤᠷ ᠠᠳᠭᠤᠵᠤ᠂
ᠢᠷᠭᠡᠨ᠎ᠤ ᠪᠠ ᠵᠠᠰᠠᠭ ᠵᠠᠬᠢᠷᠭᠠᠨ᠎ᠤ ᠵᠠᠷᠭᠤ᠎ᠳᠤ ᠨᠠᠷᠢᠯᠢᠭ ᠣᠨᠣᠴᠠᠲᠠᠢ᠎ᠪᠠᠷ ᠬᠢᠨᠠᠯᠲᠠ ᠲᠠᠯᠪᠢᠬᠤ᠎ᠶ᠋ᠢ ᠭᠦᠨᠵᠡᠭᠡᠢᠷᠡᠭᠦᠯᠦᠨ᠎ᠡ᠃
ᠵᠠᠰᠠᠭ ᠵᠠᠬᠢᠷᠭᠠᠨ᠎ᠤ ᠮᠠᠷᠭᠤᠭᠠᠨ᠎ᠢ ᠦᠨᠡᠨ ᠪᠣᠳᠠᠲᠠᠶ᠎ᠪᠠᠷ ᠱᠢᠢᠳᠪᠦᠷᠢᠯᠡᠬᠦ᠌᠎ᠶ᠋ᠢ ᠪᠠᠢᠩᠭᠤᠵᠢᠭᠤᠯᠤᠨ ᠠᠬᠢᠭᠤᠯᠵᠤ᠂
ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠶᠠᠪᠤᠴᠠ᠎ᠳᠤ ᠣᠯᠵᠤ ᠮᠡᠳᠡᠭ᠌ᠰᠡᠨ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ
ᠬᠠᠤᠯᠢ ᠡᠴᠡ ᠵᠥᠷᠢᠴᠡᠨ ᠡᠷᠬᠡ ᠲᠤᠱᠢᠶᠠᠯ᠎ᠢᠶᠠᠨ ᠬᠡᠷᠡᠭ᠌ᠵᠢᠭᠦᠯᠬᠦ᠌ ᠪᠤᠶᠤ ᠡᠷᠬᠡ ᠲᠤᠱᠢᠶᠠᠯ᠎ᠢᠶᠠᠨ ᠥᠯᠥ᠍ ᠬᠡᠷᠡᠭ᠌ᠵᠢᠭᠦᠯᠬᠦ᠌
ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠬᠤ᠎ᠶ᠋ᠢ ᠰᠦᠪᠡᠭ᠌ᠴᠢᠯᠡᠨ᠎ᠡ᠃ ᠬᠠᠤᠯᠢ ᠴᠠᠭᠠᠵᠠ᠎ᠪᠠᠷ ᠲᠣᠭ᠍ᠲᠠᠭᠠᠭ᠍ᠰᠠᠨ
ᠬᠦᠷᠢᠶᠡᠨ᠎ᠳᠠᠬᠢ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠡᠷᠡᠭ᠎ᠢ ᠰᠠᠢᠲᠤᠷ ᠱᠢᠢᠳᠪᠦᠷᠢᠯᠡᠵᠦ᠍᠂
ᠰᠦᠯᠵᠢᠶᠡᠨ᠎ᠤ ᠵᠠᠰᠠᠯᠲᠠ᠂ ᠮᠥᠩᠭᠦᠨ ᠭᠦᠢᠯᠭᠡᠭᠡᠨ᠎ᠤ ᠲᠡᠮᠳᠡᠭ᠌ᠲᠦ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠤ ᠥᠮᠴᠢᠯᠡᠬᠦ᠌
ᠡᠷᠬᠡ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠪᠠ ᠰᠣᠶᠣᠯ᠎ᠤᠨ ᠥᠪ᠎ᠤᠨ ᠬᠠᠮᠠᠭᠠᠯᠠᠯᠲᠠ᠂ ᠡᠮᠡᠭ᠌ᠲᠡᠢᠴᠦᠳ᠎ᠤᠨ
ᠡᠷᠬᠡ ᠠᠱᠢᠭ᠎ᠤᠨ ᠪᠠᠲᠤᠯᠠᠭ᠎ᠠ ᠵᠡᠷᠭᠡ ᠱᠢᠨ᠎ᠡ ᠬᠦᠷᠢᠶᠡᠨ᠎ᠤ ᠬᠡᠷᠡᠭ᠎ᠢ ᠢᠳᠡᠪᠬᠢᠲᠡᠶ ᠪᠥᠭᠡᠳ ᠯᠠᠪᠳᠠᠭᠤᠨ᠎ᠢᠶᠠᠷ
ᠱᠢᠢᠳᠪᠦᠷᠢᠯᠡᠨ᠎ᠡ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ
ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ
ᠳᠦᠷᠢᠮ᠎ᠢ ᠭᠦᠨᠵᠡᠭᠡᠶ ᠲᠤᠭᠤᠱᠢᠯᠠᠭᠤᠯᠵᠤ᠂ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ 《ᠬᠡᠷᠡᠭ ᠪᠣᠯᠭᠠᠨ᠎ᠳᠤ ᠬᠠᠷᠢᠭᠤ ᠥᠭ᠌ᠬᠦᠭ᠌ᠰᠡᠨ》᠂
ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠭ᠎ᠠ᠎ᠶ᠋ᠢ ᠵᠠᠰᠠᠭ᠍ᠰᠠᠨ ᠦᠷ᠎ᠡ ᠪᠦᠲᠦᠭᠡᠯ᠎ᠢ ᠪᠠᠲᠤᠳᠭᠠᠨ ᠭᠦᠨᠵᠡᠭᠡᠢᠷᠡᠭᠦᠯᠦᠨ᠎ᠡ᠃
《ᠬᠡᠨ ᠬᠠᠤᠯᠢ ᠬᠡᠷᠡᠭᠵᠢᠬᠦᠯᠪᠡᠯ ᠬᠡᠨ ᠬᠠᠤᠯᠢ ᠵᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠬᠦᠯᠬᠦ ᠬᠠᠷᠢᠭᠤᠴᠠᠯᠭ᠎ᠠ ᠵᠢᠨ ᠲᠦᠷᠢᠮ᠎ᠢ ᠨᠠᠢᠳᠠᠪᠤᠷᠢᠵᠢᠭᠤᠯᠵᠤ᠂
ᠬᠡᠷᠡᠭ᠎ᠢᠶᠡᠷ ᠠᠴᠢᠶᠠᠯᠠᠪᠤᠷᠢ ᠪᠤᠯᠭᠠᠨ᠂ ᠬᠠᠤᠯᠢ ᠪᠡᠷ
ᠵᠠᠰᠠᠬᠤ ᠤᠬᠠᠭᠤᠯᠭ᠎ᠠ ᠬᠦᠮᠦᠵᠢᠯ᠎ᠢ ᠴᠢᠨᠭᠭᠠᠳᠬᠠᠨ᠎ᠠ᠃ ᠨᠠᠰᠤᠨ᠎ᠳᠤ ᠦᠯᠦ᠍ ᠬᠦᠷᠦᠭ᠌ᠰᠡᠳ᠎ᠤᠨ ᠪᠠᠢᠴᠠᠭᠠᠬᠤ ᠠᠵᠢᠯ᠎ᠢ
ᠶᠡᠭᠡ᠎ᠪᠠᠷ ᠴᠢᠩᠭᠠᠳᠭᠠᠵᠤ᠂ᠪᠠᠢᠴᠠᠭᠠᠬᠤ ᠠᠵᠢᠯᠳᠠᠨ ᠬᠠᠤᠯᠢ ᠪᠡᠷ ᠵᠠᠰᠠᠬᠤ ᠲᠡᠳ᠋ ᠰᠤᠷᠭᠠᠭᠤᠯᠢ ᠵᠢᠨ ᠵᠠᠬᠢᠷᠤᠯ᠎ᠤᠨ
ᠲᠤᠰᠢᠶᠠᠯ ᠡᠭᠦᠷᠭᠡᠯᠡᠬᠦ ᠵᠢ ᠪᠤᠳᠠᠳᠠᠢᠵᠢᠭᠤᠯᠵᠤ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ
ᠴᠠᠭᠠᠵᠠ᠎ᠶ᠋ᠢᠨ ᠲᠣᠭ᠍ᠲᠠᠭᠠᠯ᠎ᠢ ᠳᠠᠬᠢᠨ ᠲᠠᠪᠳᠠᠨ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠵᠠᠰᠠᠭ ᠵᠠᠬᠢᠷᠭᠠᠨ᠎ᠤ
ᠣᠷᠣᠨ᠎ᠤ ᠬᠤᠪᠢᠶᠠᠷᠢᠯᠠᠯ ᠠᠯᠤᠰᠯᠠᠭ᠍ᠰᠠᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠣᠬᠲᠠᠴᠠ᠎ᠶ᠋ᠢ ᠲᠡᠭᠦᠯᠳᠡᠷᠵᠢᠭᠦᠯᠦᠨ᠎ᠡ᠃ᠬᠠᠤᠯᠢ
ᠴᠠᠭᠠᠵᠠ ᠵᠢᠨ ᠲᠠᠢᠯᠪᠤᠷᠢᠯᠠᠯᠳᠠ ᠪᠠ ᠬᠡᠷᠡᠭ᠎ᠢᠶᠡᠷ ᠵᠢᠯᠤᠭᠤᠳᠤᠮᠵᠢ ᠪᠤᠯᠭᠠᠬᠤ ᠵᠢ ᠴᠢᠨᠭᠭᠠᠳᠬᠠᠵᠤ᠂ ᠨᠢᠭᠡᠳᠦᠯᠳᠡᠢ
ᠬᠠᠤᠯᠢ ᠴᠠᠭᠠᠵᠠ ᠵᠢ ᠬᠡᠷᠡᠭᠯᠡᠬᠦ ᠠᠵᠢᠯ᠎ᠢ ᠬᠦᠨᠵᠡᠭᠡᠢ ᠠᠬᠢᠭᠤᠯᠤᠨ᠎ᠠ᠃
ᠭᠤᠷᠪᠠᠳᠤᠭᠠᠷ᠎ᠲᠤ᠌᠂ ᠦᠷᠭᠦᠯᠵᠢᠯᠡᠨ ᠳᠡᠭᠡᠭ᠌ᠰᠢᠯᠡᠭᠦᠯᠵᠦ᠍᠂ ᠪᠠᠢᠴᠠᠭᠠᠬᠤ ᠠᠵᠢᠯ᠎ᠤᠨ
ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠴᠠᠭᠠᠬᠤ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ᠃ ᠪᠦᠬᠦ᠌
ᠠᠵᠢᠯᠲᠠᠨ᠎ᠤ ᠰᠢ᠎ᠶ᠋ᠢᠨ ᠫᠢᠩ᠎ᠤ᠋ᠨ ᠬᠠᠤᠯᠢ᠎ᠪᠠᠷ ᠵᠠᠰᠠᠬᠤ ᠦᠵᠡᠯ ᠰᠠᠨᠠᠭᠠᠨ᠎ᠤ ᠪᠣᠯᠪᠠᠰᠤᠷᠠᠭᠤᠯᠤᠯ᠎ᠢ ᠬᠦᠨᠵᠡᠬᠡᠢᠷᠡᠬᠦᠯᠵᠦ᠍᠂
ᠰᠤᠷᠤᠯᠴᠠᠬᠤ ᠰᠡᠳᠭᠢᠭᠦ᠌ ᠦᠢᠯᠡᠳᠦᠯᠭᠡᠵᠢᠭᠦᠯᠬᠦ᠌ ᠣᠢ᠌ᠯᠠᠭᠠᠬᠤ᠎ᠶ᠋ᠢ ᠭᠦᠨᠵᠡᠭᠡᠢᠷᠡᠭᠦᠯᠵᠦ᠍᠂ ᠤᠯᠤᠰ ᠲᠥᠷᠥ᠎ᠶ᠋ᠢᠨ
ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠭᠦᠢᠴᠡᠳᠭᠡᠬᠦ᠌
ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃ ᠴᠢᠨᠠᠷ ᠴᠢᠨᠰᠠᠭ᠎ᠠ᠎ᠶ᠋ᠢᠨ ᠪᠠᠢᠭᠤᠯᠤᠯᠲᠠ᠎ᠶ᠋ᠢᠨ
ᠣᠨ᠎ᠤ ᠠᠵᠢᠯᠯᠠᠭ᠎ᠠ ᠥᠷᠨᠢᠭᠦᠯᠵᠦ᠍᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂
ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠪᠠᠷ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ
ᠦᠢᠯᠡᠴᠢᠯᠡᠵᠦ᠍ ᠲᠡᠬᠦᠨ᠎ᠢ ᠪᠠᠳᠤᠯᠠᠨ᠎ᠠ᠃ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ
ᠭᠦᠨᠵᠡᠭᠡᠢᠷᠡᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠤᠯᠤᠰ ᠲᠦᠷᠦ᠍ ᠬᠠᠤᠯᠢ ᠴᠠᠭᠠᠵᠠ᠎ᠶ᠋ᠢᠨ
ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠦᠷ᠎ᠡ ᠪᠦᠲᠦᠭᠡᠯ᠎ᠢ ᠪᠠᠲᠤᠳᠭᠠᠨ ᠥᠷᠭᠡᠳᠭᠡᠵᠦ᠍᠂ ᠬᠠᠤᠯᠢ ᠪᠠᠷᠢᠬᠤ
ᠠᠷᠬᠠᠭ ᠭᠡᠮ᠎ᠢ ᠵᠢᠭᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠦᠷᠨᠢᠭᠦᠯᠬᠦ ᠵᠢ ᠪᠠᠢᠨᠭᠭᠤᠵᠢᠭᠤᠯᠵᠤ᠂
ᠴᠢᠩᠭ᠎ᠠ ᠬᠠᠮᠢᠶᠠᠷᠬᠤ ᠪᠠ ᠭᠦᠨ ᠬᠠᠯᠠᠮᠵᠢᠯᠠᠬᠤ᠎ᠪᠠᠷ ᠪᠠᠢᠴᠠᠭᠠᠬᠤ ᠠᠵᠢᠯᠳᠠᠨ᠎ᠤ ᠬᠠᠷᠢᠭᠤᠴᠠᠯᠭ᠎ᠠ ᠡᠭᠦᠷᠭᠡᠯᠡᠨ
ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠠᠬᠢᠭᠤᠯᠤᠨ᠎ᠠ᠃ ᠤᠯᠤᠰ ᠲᠥᠷᠥ᠍ ᠬᠢᠭᠡᠳ ᠲᠤᠬᠠᠢᠯᠠᠭ᠍ᠰᠠᠨ
ᠠᠵᠢᠯ᠎ᠢ ᠠᠭᠤᠰᠤᠯᠴᠠᠭᠤᠯᠬᠤ ᠪᠣᠯᠪᠠᠰᠤᠷᠠᠭᠤᠯᠤᠯ᠎ᠢ ᠭᠦᠨᠵᠡᠭᠡᠢᠷᠡᠭᠦᠯᠵᠦ᠍᠂ ᠲᠤᠭᠳᠠᠭᠰᠠᠨ ᠬᠡᠯᠪᠡᠷᠢ ᠵᠢᠨ ᠪᠤᠯᠪᠠᠰᠤᠷᠠᠭᠤᠯᠤᠯ᠎ᠢ
ᠴᠢᠭᠯᠡᠭᠦᠯᠦᠯᠲᠦ ᠴᠢᠨᠠᠷᠳᠠᠢ ᠪᠡᠷ ᠦᠷᠨᠢᠭᠦᠯᠵᠦ᠂ ᠰᠢᠨ᠎ᠡ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠸᠭᠨᠢᠭ
ᠮᠡᠷᠭᠡᠵᠢᠯ᠎ᠤᠨ ᠮᠡᠳᠡᠯᠭᠡ ᠵᠢ ᠰᠤᠷᠤᠯᠴᠠᠵᠤ ᠬᠡᠷᠡᠭᠯᠡᠬᠦ ᠵᠢ ᠴᠢᠨᠭᠭᠠᠳᠬᠠᠵᠤ᠂ ᠪᠠᠢᠴᠠᠭᠠᠬᠤ ᠡᠨᠭᠨᠡᠭᠡ ᠵᠢᠨ
ᠲᠤᠰᠭᠠᠶ ᠮᠡᠷᠭᠡᠵᠢᠯ᠎ᠤᠨ ᠵᠣᠷᠢᠭ ᠰᠠᠨᠠᠭ᠎ᠠ᠂ ᠲᠤᠰᠭᠠᠶ ᠮᠡᠷᠭᠡᠵᠢᠯ᠎ᠤᠨ ᠴᠢᠳᠠᠪᠤᠷᠢ᠎ᠶ᠋ᠢ ᠶᠡᠭᠡ᠎ᠪᠠᠷ ᠬᠥᠮᠦᠵᠢᠭᠦᠯᠦᠨ᠎ᠡ᠃
ᠪᠠᠰᠠ ᠨᠢᠭᠡ ᠪᠦᠯᠦᠭ ᠪᠠᠭᠤᠷᠠᠶ ᠦᠨᠳᠦᠰᠦᠨ ᠱᠠᠲᠤᠨ᠎ᠤ ᠪᠠᠢᠴᠠᠭᠠᠬᠤ ᠬᠤᠷᠢᠶ᠎ᠠ᠎ᠶ᠋ᠢ ᠲᠣᠭ᠍ᠲᠠᠭᠠᠵᠤ᠂ ᠦᠨᠳᠦᠰᠦᠨ
ᠱᠠᠲᠤᠨ᠎ᠤ ᠪᠠᠢᠴᠠᠭᠠᠬᠤ ᠬᠤᠷᠢᠶ᠎ᠠ᠎ᠶ᠋ᠢ ᠬᠦᠴᠦᠷᠬᠡᠭ᠌ᠵᠢᠭᠦᠯᠦᠨ ᠪᠠᠬᠢᠵᠢᠭᠦᠯᠬᠦ᠌᠎ᠶ᠋ᠢ ᠠᠯᠬᠤᠮ ᠠᠯᠬᠤᠮ᠎ᠢᠶᠠᠷ
ᠠᠬᠢᠭᠤᠯᠤᠨ᠎ᠠ᠃ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠳᠤᠲᠠᠭᠤᠳᠠᠯ᠎ᠢᠶᠠᠨ
ᠪᠦᠷᠢᠨ ᠪᠦᠲᠦᠨ ᠨᠥᠬᠦᠪᠦᠷᠢᠯᠡᠬᠦ᠌ ᠠᠵᠢᠯ᠎ᠢ ᠰᠠᠢᠳᠤᠷ ᠬᠢᠵᠤ᠂ ᠦᠭᠡᠷᠡᠴᠢᠯᠡᠯᠳᠡ ᠵᠢᠨ ᠦᠷ᠎ᠡ ᠪᠦᠲᠦᠮᠵᠢ᠂ ᠴᠢᠳᠠᠪᠤᠷᠢ
ᠵᠢ ᠲᠡᠭᠡᠭᠰᠢᠯᠡᠬᠦᠯᠦᠨ᠎ᠡ᠃ 《ᠬᠡᠷᠡᠭ》 ᠪᠠ 《ᠬᠥᠮᠦᠨ》 ᠤ᠋
ᠲᠤᠬᠠᠢ ᠬᠠᠮᠢᠶᠠᠷᠤᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠪᠠᠷ ᠳᠠᠮᠵᠢᠭᠤᠯᠤᠨ
ᠪᠠᠢᠴᠠᠭᠠᠬᠤ ᠠᠵᠢᠯ᠎ᠤᠨ ᠦᠢᠯᠡᠳᠪᠦᠷᠢᠯᠡᠯ᠎ᠤᠨ ᠬᠦᠴᠦᠨ᠎ᠢ ᠳᠡᠭᠡᠭ᠌ᠰᠢᠯᠡᠭᠦᠯᠦᠨ᠎ᠡ᠃ ᠪᠠᠢᠴᠠᠭᠠᠬᠤ ᠠᠵᠢᠯ᠎ᠤᠨ ᠲᠤᠮᠤ
ᠳ᠋ᠠᠢᠲ᠋ᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠬᠠᠤᠯᠢ ᠴᠠᠭᠠᠵᠠ᠎ᠶ᠋ᠢᠨ
ᠬᠢᠨᠠᠯᠲᠠ᠎ᠳᠤ ᠡᠨᠧᠷᠬᠢ ᠣᠯᠭᠤᠨ᠎ᠠ᠃
ᠲᠥᠯᠥᠭᠡᠯᠡᠭ᠌ᠴᠢᠳ ᠡ᠂ ᠠᠷᠠᠳ᠎ᠤᠨ ᠪᠠᠢᠴᠠᠭᠠᠬᠤ ᠦᠢᠯᠡᠰ ᠳᠤᠮᠳᠠᠳᠤ᠎ᠶ᠋ᠢᠨ ᠦᠨᠳᠦᠰᠦᠲᠡᠨ᠎ᠤ
ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠮ᠎ᠢᠶᠠᠷ ᠴᠡᠭᠡᠵᠢ ᠲᠡᠨᠢ᠌ᠨ ᠲᠣᠮᠤ ᠠᠯᠬᠤᠮ᠎ᠢᠶᠠᠷ
ᠤᠷᠤᠭ᠍ᠰᠢᠯᠠᠵᠤ ᠱᠢᠨ᠎ᠡ ᠠᠶᠠᠨ᠎ᠢᠶᠠᠨ ᠡᠬᠢᠯᠡᠭᠦᠯᠪᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ
ᠢᠯᠡᠭᠦᠦ ᠨᠢᠭ᠍ᠲᠠᠷᠠᠨ ᠪᠦᠯᠬᠦᠮᠳᠡᠵᠦ᠍᠂ ᠨᠠᠮ᠎ᠤᠨ ᠲᠥᠪ ᠬᠤᠷᠢᠶᠠᠨ᠎ᠤ ᠵᠢᠷᠤᠭ᠍ᠯᠠᠨ ᠲᠥᠯᠥᠪᠯᠡᠭ᠌ᠰᠡᠨ ᠠᠤᠭ᠎ᠠ
ᠲᠥᠰᠦᠪ᠎ᠢ ᠪᠠᠲᠤᠵᠢᠭᠤᠯᠵᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠤᠰ ᠤᠳᠠᠭᠠᠨ᠎ᠤ
ᠬᠤᠷᠠᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢ ᠡᠷᠬᠢᠮᠯᠡᠨ᠂ ᠶᠡᠭᠡ ᠲᠠᠯ᠎ᠠ᠎ᠶ᠋ᠢ
ᠬᠠᠷᠠᠭᠠᠯᠵᠠᠵᠤ᠂ ᠬᠥᠭ᠌ᠵᠢᠭᠦᠯᠬᠦ᠌᠎ᠶ᠋ᠢ ᠪᠣᠳᠤᠯᠬᠢᠯᠠᠨ᠂ ᠥᠪᠡᠷ᠎ᠢ᠎ᠪᠠᠨ ᠬᠦᠴᠦᠷᠬᠡᠭ᠌ᠵᠢᠭᠦᠯᠬᠦ᠌᠎ᠶ᠋ᠢ ᠴᠢᠬᠤᠯᠠᠴᠢᠯᠠᠵᠤ᠂
ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠦᠨᠡᠨᠴᠢ᠎ᠪᠠᠷ ᠭᠦᠢᠴᠡᠳᠭᠡᠨ᠂ ᠪᠤᠳᠠᠳᠦ
ᠠᠵᠢᠯᠯᠠᠭ᠎ᠠ ᠪᠡᠷ᠎ᠢᠶᠡᠨ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠠᠮᠵᠢᠯᠳᠠᠳᠠᠢ ᠬᠤᠷᠠᠯᠳᠤᠬᠤ ᠵᠢ ᠤᠭᠳᠤᠵᠤ᠂
ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠱᠢᠨ᠎ᠡ ᠬᠤᠪᠢ
ᠨᠡᠮᠡᠷᠢ ᠦᠵᠡᠭᠦᠯᠦᠨ᠎ᠡ!
(ᠰᠢᠨᠬᠣᠸᠠ ᠬᠣᠷᠢᠶᠠᠨ ᠤ᠋ ᠪᠡᠭᠡᠵᠢᠩ ᠤ᠋ᠨ 3 ᠰᠠᠷ᠎ᠠ ᠵᠢᠨ 15᠎ᠤ ᠡᠳᠦᠷ ᠤ᠋ᠨ ᠴᠠᠬᠢᠯᠭᠠᠨ ᠮᠡᠳᠡᠭᠡ᠂ ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ
ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )