3 ᠰᠠᠷ᠎ᠠ᠎ᠶ᠋ᠢᠨ16 ᠤ᠋ ᠡᠳᠦᠷ᠂ 2022 ᠣᠨ᠎ᠤ ᠪᠥᠬᠥ᠌ ᠤᠯᠤᠰ᠎ᠤᠨ 《ᠬᠣᠶᠠᠷ ᠬᠤᠷᠠᠯ 》 ᠳ᠋ᠤ ᠣᠷᠣᠯᠴᠠᠭᠠᠳ ᠰᠠᠶᠢᠬᠠᠨ ᠨᠤᠲᠤᠭ᠎ᠲᠠᠭᠠᠨ ᠪᠤᠴᠠᠵᠤ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠨᠤᠲᠤᠭ ᠪᠡᠯᠴᠢᠭᠡᠷ᠎ᠦᠨ ᠦᠷᠲᠡᠭᠡᠨ ᠤ᠋ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠰᠤᠳᠤᠯᠤᠭ᠍ᠴᠢ ᠭᠦᠸᠧ ᠶᠠᠨ ᠯᠢᠩ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠤᠪᠴᠢᠶᠠᠨ ᠤ᠋ ᠤᠯᠠᠭᠠᠨᠴᠠᠪ ᠬᠣᠲᠠ᠎ᠶ᠋ᠢᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠳᠤ ᠬᠦᠷᠴᠦ᠍᠂ ᠲᠣᠰ ᠲᠣᠪᠴᠢᠶ᠎ᠠ᠎ᠶ᠋ᠢᠨ ᠺᠠᠳ᠋ᠷ ᠠᠵᠢᠯᠲᠠᠳ ᠲᠤ᠌ 《ᠬᠣᠶᠠᠷ ᠬᠤᠷᠠᠯ 》᠎ᠤ᠋ᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
《ᠡᠨᠡ ᠵᠢᠯ᠎ᠦᠨ 3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ ᠪᠣᠯ ᠮᠢᠨᠦ᠍ ᠡᠨᠡ ᠨᠠᠰᠤᠨ᠎ᠤ ᠬᠠᠮᠤᠭ᠎ᠤᠨ ᠮᠠᠷᠲᠠᠭ᠍ᠳᠠᠰᠢ ᠦᠭᠡᠢ ᠴᠠᠬ ᠮᠦᠴᠡ ᠪᠣᠯᠤᠨ᠎ᠠ ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠶᠡᠬᠡ ᠲᠢᠩᠬᠢᠮ᠎ᠳᠦ ᠂ ᠪᠢ ᠶᠡᠷᠦᠩᠬᠡᠢ ᠱᠦᠵᠢ ᠰᠢ ᠵᠢᠨ ᠫᠢᠩ᠎ᠲᠡᠶ ᠵᠤᠯᠭᠠᠨ᠂ ᠶᠡᠷᠤᠡᠭᠬᠡᠢ ᠱᠦᠵᠢ ᠳ᠋ᠤ ᠨᠢᠭᠡ ᠮᠥᠬᠥᠯᠢᠭ ᠡᠪᠡᠰᠤᠨ ᠦᠷ᠎ᠠ ᠡᠴᠡ ᠨᠢᠭᠡ ᠬᠡᠰᠡᠭ ᠲᠠᠯ᠎ᠠ ᠨᠤᠲᠤᠭ ᠬᠦᠷᠲᠡᠯ᠎ᠡ᠂ ᠨᠢᠭᠡ ᠮᠥᠬᠥᠯᠢᠭ ᠡᠪᠡᠰᠤᠨ ᠦᠷ᠎ᠠ ᠡᠴᠡ ᠨᠢᠭᠡ ᠴᠣᠮᠣ ᠰᠦ ᠬᠦᠷᠲᠡᠯ᠎ᠡ ᠂ ᠨᠢᠭᠡ ᠮᠥᠬᠥᠯᠢᠭ ᠡᠪᠡᠰᠤᠨ ᠦᠷ᠎ᠠ ᠡᠴᠡ ᠨᠢᠭᠡ ᠰᠠᠭᠤᠯᠠᠭ᠎ᠠ ᠠᠯᠲᠠ ᠬᠦᠷᠲᠡᠯᠡᠬᠢ ᠭᠠᠢᠬᠠᠮᠱᠢᠭ᠍ᠲᠤ ᠤᠷᠴᠢᠯ᠎ᠢ ᠲᠤᠭᠠᠴᠢᠵᠤ᠂ ᠵᠢᠵᠢᠭᠬᠡᠨ ᠡᠪᠡᠰᠦ᠎ᠶ᠋ᠢᠨ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠳ᠋ᠤ ᠦᠵᠡᠭᠦᠯᠬᠦ᠌ ᠴᠢᠬᠤᠯᠠ ᠦᠢᠯᠡᠳᠦᠯ᠎ᠤᠨ ᠲᠤᠬᠠᠢ ᠶᠠᠷᠢᠭ᠍ᠰᠠᠨ ᠶᠤᠮ᠃ ᠶᠡᠷᠦᠩᠬᠡᠶ ᠱᠦᠵᠢ ᠡᠶᠡᠯᠳᠡᠭ ᠳᠣᠲᠣᠨᠣ ᠪᠠᠢᠵᠤ᠂ ᠠᠷᠠᠳ᠎ᠤᠨ ᠠᠮᠢᠳᠤᠷᠠᠯ᠎ᠤᠨ ᠲᠠᠯ᠎ᠠ᠎ᠪᠠᠷ ᠲᠡᠷᠡ ᠮᠠᠰᠢ ᠨᠠᠷᠢᠯᠢᠬ ᠣᠢᠯᠠᠭᠠᠵᠠᠢ᠂ ᠵᠢᠱ᠌ᠢᠶᠡᠯᠡᠪᠡᠯ ᠪᠢ ᠡᠪᠡᠰᠦ ᠨᠦᠬᠡᠴᠡᠯᠡᠬᠦ ᠰᠠᠷᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠬᠠᠶ ᠶᠠᠷᠢᠬᠤ ᠳ᠋ᠤ᠂ ᠶᠡᠷᠦᠩᠬᠡᠶ ᠱᠦᠵᠢ ᠨᠠᠳᠠ ᠡᠴᠠ ᠡᠪᠡᠰᠦ ᠨᠦᠬᠡᠴᠡᠯᠡᠬᠦ ᠰᠠᠷᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠢᠶ᠎ᠠ ᠪᠥᠬᠥᠶ ᠨᠠᠷᠢᠯᠢᠬ ᠵᠦᠶ᠋ᠯᠡᠰ᠎ᠦᠨ ᠠᠰᠠᠭᠤᠳᠠᠯ᠎ᠢ ᠣᠯᠠᠨ ᠤᠳᠠᠭ᠎ᠠ ᠠᠰᠠᠭᠤᠵᠤ ᠪᠠᠢᠯ᠎ᠠ ᠁》 ᠭᠡᠵᠦ᠍ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠤᠪᠴᠢᠶᠠᠨ ᠤ᠋ ᠤᠯᠠᠭᠠᠨᠴᠠᠪ ᠬᠣᠲᠠ᠎ᠶ᠋ᠢᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ ᠬᠤᠷᠠᠯ᠎ᠤᠨ ᠬᠡᠷ᠎ᠲᠦ ᠭᠦᠸᠧ ᠶᠠᠨ ᠯᠢᠩ ᠪᠣᠷᠣᠭ᠍ᠵᠢᠭᠤᠨ ᠦᠭᠡ ᠶᠠᠷᠢᠶ᠎ᠠ᠎ᠪᠡᠷ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠬᠤ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠂︽ᠲᠠᠪᠤᠨ ᠵᠠᠢᠯᠠᠰᠢ ᠦᠭᠡᠢ ᠵᠠᠮᠨᠠᠬᠤ ᠵᠠᠮ︾᠎ᠢ᠋ ᠪᠠᠷᠢᠮᠲᠠᠯᠠᠬᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠂ ᠢᠯᠵᠠᠷᠠᠯ᠎ᠢ ᠡᠰᠡᠷᠭᠦᠴᠡᠬᠦ᠌ ᠵᠡᠷᠭᠡ ᠲᠠᠯ᠎ᠠ᠎ᠶ᠋ᠢᠨ ᠪᠥᠬᠥ᠌ ᠤᠯᠤᠰ᠎ᠤᠨ︽ᠬᠣᠶᠠᠷ ᠬᠤᠷᠠᠯ︾᠎ᠤ᠋ᠨ ᠵᠣᠷᠢᠭ ᠰᠠᠨᠠᠭᠠᠨ᠎ᠤ ᠲᠤᠬᠠᠶ ᠨᠠᠷᠢᠯᠢᠬ ᠲᠠᠢᠯᠤᠮᠵᠢ ᠬᠢᠪᠠ᠃
ᠭᠦᠸᠧ ᠶᠠᠨ ᠯᠢᠩ᠎ᠦᠨ ᠤᠬᠠᠭᠤᠯᠤᠨ ᠲᠠᠢᠯᠪᠤᠷᠢᠯᠠᠯᠲᠠ᠂ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠪᠠᠢᠳᠠᠯ᠎ᠤᠨ ᠲᠤᠬᠠᠢ ᠶᠠᠷᠢᠬᠰᠠᠨ ᠨᠢ ᠤᠬᠠᠭᠤᠯᠤᠨ ᠲᠠᠢᠯᠪᠤᠷᠢᠯᠡᠯᠲᠠᠶ᠋ᠢ ᠰᠤᠨᠤᠰᠤᠭᠰᠠᠨ ᠺᠠᠳ᠋ᠷ ᠠᠵᠢᠯᠳᠠᠨ᠎ᠳᠤ ᠲᠤᠬᠠᠢ ᠵᠢᠨ ᠲᠠᠯᠠᠪᠠᠢ ᠳ᠋ᠤ ᠪᠠᠢᠭᠰᠠᠨ ᠰᠢᠭ᠋ ᠲᠦᠷᠦᠭ᠌ᠳᠡᠯ ᠣᠯᠭᠣᠵᠤ᠂ ᠤᠯᠠᠨ᠎ᠢᠶᠠᠷ᠎ᠢᠶᠠᠨ ᠮᠠᠰᠢ ᠶᠡᠬᠡ ᠤᠷᠮᠠᠱᠢᠨ ᠵᠤᠷᠢᠭᠵᠢᠭᠰᠠᠨ ᠪᠠᠢᠨ᠎ᠠ᠃
ᠲᠤᠬᠠᠢ᠎ᠶ᠋ᠢᠨ ᠲᠠᠯᠠᠪᠠᠢ᠎ᠳᠤ ᠮᠡᠳᠡᠭᠦᠯᠦᠯᠲᠡ᠎ᠶ᠋ᠢ ᠰᠣᠨᠣᠰᠤᠭ᠍ᠰᠠᠨ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠢ ᠲᠤᠪᠴᠢᠶᠠᠨ ᠤ᠋ ᠤᠯᠠᠭᠠᠨᠴᠠᠪ ᠬᠤᠳᠠ᠎ᠶ᠋ᠢᠨ ᠭᠠᠢᠯᠢ᠎ᠶ᠋ᠢᠨ ᠶᠠᠪᠤᠳᠠᠯ᠎ᠤᠨ ᠲᠣᠪᠴᠢᠶᠠᠨ᠎ᠤ ᠣᠷᠣᠯᠭ᠎ᠠ᠎ᠶ᠋ᠢ ᠬᠢᠨᠠᠨ ᠪᠤᠳᠤᠬᠤ ᠰᠠᠯᠠᠭᠠᠨ᠎ᠤ ᠳᠡᠳ᠋ ᠳᠠᠷᠤᠭ᠎ᠠ ᠶᠤᠸᠠᠢ ᠱᠢᠶᠤᠤ ᠶᠠᠨ᠄《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠭᠦᠸᠧ ᠶᠠᠨ ᠯᠢᠩ᠎ᠦᠨ ᠪᠦᠬᠦ᠌ ᠤᠯᠤᠰ᠎ᠤᠨ︿ᠬᠣᠶᠠᠷ ᠬᠤᠷᠠᠯ﹀ᠤ᠋ᠠ ᠵᠣᠷᠢᠭ ᠰᠠᠨᠠᠭ᠎ᠠ᠎ᠶ᠋ᠢᠨ ᠲᠤᠬᠠᠢ ᠤᠬᠠᠭᠤᠯᠤᠨ ᠲᠠᠢᠯᠪᠤᠷᠢᠯᠠᠬᠤ᠎ᠶ᠋ᠢ ᠰᠤᠨᠤᠰᠤᠭᠠᠳ ᠮᠢᠨᠦ᠍ ᠰᠡᠳᠭᠢᠯ ᠮᠠᠰᠢ ᠲᠤᠭᠳᠤᠯᠪᠠ᠃ ᠱᠢᠨ᠎ᠡ ᠴᠠᠭ ᠦᠶ᠎ᠡ᠎ᠶ᠋ᠢᠨ ᠭᠠᠢᠯᠢ᠎ᠶ᠋ᠢᠨ ᠶᠠᠪᠤᠳᠠᠯ᠎ᠤᠨ ᠵᠠᠯᠠᠭᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ ᠪᠠ ᠤᠯᠤᠰ ᠤ᠋ᠨ ᠤᠷᠢᠶᠠᠯᠠᠭ᠎ᠠ᠎ᠶ᠋ᠢ ᠲᠠᠭᠠᠵᠤ᠂ ᠶᠡᠷᠦᠩᠬᠡᠢ ᠱᠦᠵᠢ᠎ᠶ᠋ᠢᠨ ᠨᠠᠢᠳᠠᠯᠭ᠎ᠠ᠎ᠶ᠋ᠢ ᠪᠠᠲᠤ ᠴᠡᠭᠡᠵᠢᠯᠡᠨ᠂ 〈ᠬᠣᠶᠠᠷ ᠬᠤᠷᠠᠯ〉᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠠᠢᠨ ᠳᠠᠮᠵᠢᠭᠤᠯᠤᠭ᠍ᠴᠢ᠂ ᠦᠢᠯᠡᠳᠦᠯᠭᠡᠵᠢᠭᠦᠯᠦᠭ᠌ᠴᠢ᠂ ᠲᠡᠮᠡᠴᠡᠭ᠌ᠴᠢ ᠪᠤᠯᠵᠤ᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠡᠨ᠂ ᠥᠷᠭᠡᠨ ᠣᠯᠠᠨ ᠭᠠᠢᠯᠢ ᠲᠤᠱᠢᠶᠠᠭ᠍ᠴᠢ ᠪᠠ ᠰᠦᠶ᠋ᠳᠭᠡᠯ ᠲᠤᠱᠢᠶᠠᠭ᠍ᠴᠢ᠎ᠶ᠋ᠢᠨ ᠦᠨᠳᠦᠰᠦᠨ ᠠᠱᠢᠭ ᠲᠤᠰᠠ᠎ᠶ᠋ᠢ ᠰᠠᠢᠲᠤᠷ ᠬᠠᠮᠠᠭᠠᠯᠠᠨ᠎ᠠ》ᠬᠡᠵᠤ ᠪᠤᠳᠤᠯ ᠵᠢᠨᠨ ᠳᠡᠯᠭᠡᠨ᠎ᠡ᠃
ᠭᠦᠸᠧ ᠶᠠᠨ ᠯᠢᠩ᠄《ᠡᠨᠡ ᠵᠢᠯ ᠪᠢ ᠶᠡᠷᠦᠩᠬᠡᠶ ᠱᠦᠵᠢ᠎ᠲᠡᠶ ᠨᠢᠭᠤᠷᠳᠠᠨ ᠶᠠᠷᠢᠯᠴᠠᠭ᠍ᠰᠠᠨ᠎ᠳᠠᠭᠠᠨ ᠮᠠᠰᠢ ᠰᠡᠳᠭᠢᠯ ᠳᠣᠭ᠍ᠳᠣᠯᠵᠤ ᠪᠠᠢᠨ᠎ᠠ᠃ ᠶᠡᠷᠦᠩᠬᠡᠶ ᠱᠦᠵᠢ ᠮᠠᠰᠢ ᠡᠶᠡᠯᠳᠡᠭ ᠳᠣᠲᠣᠨᠣ᠂ ᠠᠷᠠᠳ᠎ᠤᠨ ᠠᠮᠢᠳᠤᠷᠠᠯ᠎ᠢ ᠮᠠᠰᠢ ᠨᠠᠷᠢᠨ ᠣᠢᠯᠠᠭᠠᠳᠠᠭ᠂ ᠲᠡᠭᠦᠨ᠎ᠦ ᠦᠭᠡ ᠶᠠᠷᠢᠶ᠎ᠠ ᠪᠣᠯᠭᠠᠨ᠎ᠳᠤ ᠮᠠᠨ᠎ᠤ ᠥᠪᠥᠷ ᠮᠣᠩᠭᠣᠯ ᠤ᠋ᠨ ᠲᠤᠬᠠᠢ ᠬᠠᠯᠠᠮᠵᠢᠯᠠᠯ ᠲᠤᠳᠤᠷᠠᠵᠦ ᠪᠠᠢᠨ᠎ᠠ᠃ ᠪᠢ ᠠᠵᠢᠯ᠎ᠤᠨ ᠪᠠᠢᠷᠢᠨ᠎ᠳᠠᠭᠠᠨ ᠪᠤᠴᠠᠭ᠍ᠰᠠᠨ᠎ᠤ ᠳᠠᠷᠠᠭ᠎ᠠ᠂ ᠡᠩ ᠲᠡᠷᠢᠭᠦᠨ᠎ᠳᠦ〈ᠬᠣᠶᠠᠷ ᠬᠤᠷᠠᠯ〉 ᠤ᠋ᠠ ᠵᠤᠷᠢᠭ ᠰᠠᠨᠠᠭ᠎ᠠ ᠵᠢ ᠬᠠᠮᠲᠤ ᠠᠵᠢᠯᠯᠠᠭ᠍ᠴᠢ ᠂ ᠨᠤᠲᠤᠭ᠎ᠤᠨ ᠠᠬ᠎ᠠ ᠳᠡᠭᠦᠦ᠍᠎ᠨᠡᠷ᠎ᠲᠠᠭᠠᠨ ᠬᠦᠷᠭᠡᠵᠦ᠍᠂〈ᠬᠣᠶᠠᠷ ᠬᠤᠷᠠᠯ〉᠎ᠤ᠋ᠨ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠬᠢᠯᠠᠰ ᠴᠡᠭ᠎ᠢ ᠬᠠᠮᠲᠤ᠎ᠪᠠᠷ ᠤᠢᠯᠠᠭᠠᠨ ᠡᠵᠡᠮᠰᠢᠵᠦ᠂ ᠬᠠᠮᠲᠤ ᠳ᠋ᠤᠨᠢ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠤᠯᠠᠭᠠᠨᠴᠠᠪ᠎ᠤᠨ ᠬᠥᠬᠡᠮᠳᠦᠭ ᠨᠣᠭᠣᠭᠠᠨ ᠠᠭᠤᠯᠠ ᠤᠰᠤᠨ᠎ᠤ ᠲᠦᠯᠦᠭᠡ ᠨᠠᠩ ᠶᠡᠬᠡ ᠬᠤᠪᠢ ᠨᠡᠮᠡᠷᠢ ᠪᠠᠨ ᠦᠵᠡᠭᠦᠯᠦᠨ᠎ᠡ》ᠬᠡᠵᠤ ᠶᠠᠷᠢᠨ᠎ᠠ᠃