ᠰᠤᠷᠪᠤᠯᠵᠢᠯᠠᠭ᠍ᠴᠢ 3 ᠰᠠᠷ᠎ᠠ᠎ᠶ᠋ᠢᠨ
21᠎ᠤ ᠡᠳᠦᠷ᠎ᠤᠨ ᠦᠳᠡ᠎ᠶ᠋ᠢᠨ ᠡᠮᠦᠨ᠎ᠡ ᠬᠤᠷᠠᠯᠳᠤᠭᠰᠠᠨ ᠬᠥᠬᠡᠬᠤᠲᠠ᠎ᠶ᠋ᠢᠨ
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ
ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ 3 ᠰᠠᠷ᠎ᠠ᠎ᠶ᠋ᠢᠨ 20 ᠤ ᠡᠳᠦᠷ᠎ᠤᠨ
0 ᠴᠠᠭ᠎ᠠᠴᠠ 24 ᠴᠠᠭ ᠪᠣᠯᠲᠠᠯ᠎ᠠ᠂ ᠬᠥᠬᠡᠬᠤᠲᠠ᠎ᠳᠤ
ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠠᠷ ᠣᠨᠣᠱᠢᠯᠠᠭ᠍ᠳᠠᠭ᠍ᠰᠠᠨ ᠡᠪᠡᠳᠴᠢᠲᠡᠨ
ᠱᠢᠨ᠎ᠡ᠎ᠪᠠᠷ 2 ᠨᠡᠮᠡᠭ᠌ᠳᠡᠵᠦ᠍᠂ ᠲᠤᠬᠠᠶ᠎ᠶ᠋ᠢᠨ ᠭᠠᠵᠠᠷ᠎ᠤᠨ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ
ᠱᠢᠨ᠎ᠡ᠎ᠪᠠᠷ 5 ᠨᠡᠮᠡᠭ᠌ᠳᠡᠵᠦ᠍᠂ ᠴᠥᠮ ᠲᠤᠰᠠᠭᠠᠷᠯᠠᠬᠤ ᠴᠡᠭ᠎ᠤᠨ ᠨᠢᠭ᠍ᠲᠠ ᠤᠢᠷᠠᠳᠤᠭᠰᠠᠳᠤᠨ ᠪᠥᠭᠡᠮ ᠬᠦᠴᠢᠯ᠎ᠤᠨ
ᠪᠠᠢᠴᠠᠭᠠᠯᠲᠠ᠎ᠠᠴᠠ ᠣᠯᠵᠤ ᠮᠡᠳᠡᠪᠡ᠃ ᠣᠳᠣᠬᠠᠨ᠎ᠤ ᠬᠢᠨᠠᠨ ᠬᠡᠮᠵᠢᠯᠲᠡ ᠪᠠ ᠰᠤᠳᠤᠯᠭᠠᠨ᠎ᠡᠴᠡ
ᠶᠡᠷᠦᠡᠭᠭᠡᠢᠯᠡᠨ ᠦᠵᠡᠪᠡᠯ᠂ ᠡᠪᠡᠳᠴᠢᠨ᠎ᠤ
ᠢᠯᠡᠷᠡᠯ ᠥᠬᠡᠶ ᠬᠠᠯᠳᠠᠪᠤᠷᠢᠯᠠᠭ᠍ᠳᠠᠭᠰᠠᠳᠲᠤ ᠬᠠᠯᠳᠠᠪᠤᠷᠢᠯᠠᠬᠤ ᠴᠢᠨᠠᠷ ᠣᠷᠣᠱᠢᠵᠤ ᠪᠠᠢᠬᠤ ᠪᠥᠭᠡᠳ ᠬᠠᠯᠳᠠᠪᠤᠷᠢᠯᠠᠯ
ᠨᠢ ᠨᠢᠭᠤᠬᠳᠠᠮᠠᠯ ᠴᠢᠨᠠᠷᠲᠠᠢ ᠪᠠᠢᠳᠠᠭ᠃
ᠱᠢᠨ᠎ᠡ᠎ᠪᠠᠷ ᠨᠡᠮᠡᠭ᠌ᠳᠡᠭ᠌ᠰᠡᠨ
2 ᠳᠣᠲᠣᠯᠠᠭ᠍ᠰᠠᠨ ᠡᠪᠡᠳᠴᠢᠨ᠎ᠤ ᠵᠢᠱ᠌ᠢᠶ᠎ᠡ᠂ 5 ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ ᠴᠥᠮ ᠬᠤᠲᠣᠩ
ᠠᠷᠠᠳ᠎ᠤᠨ ᠲᠣᠭᠤᠷᠢᠭ᠎ᠠᠴᠠ ᠢᠷᠡᠵᠡᠶ᠃ ᠬᠥᠬᠡᠬᠤᠲᠠ᠎ᠳᠤ
ᠣᠲᠣ ᠪᠠᠢᠭ᠎ᠠ ᠲᠤᠬᠠᠶ᠎ᠶ᠋ᠢᠨ ᠭᠠᠵᠠᠷ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢᠶᠠᠷ ᠣᠨᠣᠱᠢᠯᠠᠭ᠍ᠳᠠᠭ᠍ᠰᠠᠨ
ᠡᠪᠡᠳᠴᠢᠲᠡᠨ 5᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠰᠠᠳ 19 ᠪᠠᠢᠵᠤ᠂ ᠴᠥᠮ 3 ᠰᠠᠷ᠎ᠠ᠎ᠶ᠋ᠢᠨ
17 ᠤ ᠡᠳᠦᠷ᠎ᠠᠴᠠ ᠨᠠᠭᠠᠰᠢ ᠱᠢᠨ᠎ᠡ᠎ᠪᠠᠷ ᠢᠯᠡᠷᠡᠭᠦᠯᠦᠭ᠌ᠰᠡᠨ ᠬᠠᠯᠳᠠᠪᠤᠷᠢᠯᠠᠭ᠍ᠳᠠᠭᠰᠠᠳ ᠪᠣᠯᠤᠨ᠎ᠠ᠃ ᠣᠳᠣᠬᠠᠨ᠎ᠳᠤ᠂
ᠬᠤᠲᠣᠩ ᠠᠷᠠᠳ᠎ᠤᠨ ᠲᠣᠭᠤᠷᠢᠭ᠎ᠤᠨ ᠲᠦᠩ ᠳ᠋ᠤᠤ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠶᠢᠦ
ᠢ ᠭᠤᠳᠤᠮᠵᠢ ᠨᠡᠢᠭᠡᠮ ᠲᠣᠭᠤᠷᠢᠭ᠎ᠠᠴᠠ ᠭᠠᠳᠠᠨ᠎ᠠ᠂ ᠪᠤᠰᠤᠳ᠎ᠢ᠎ᠨᠢ ᠴᠥᠮ ᠳᠤᠤᠷ᠎ᠠ ᠲᠦᠭ᠌ᠰᠢᠭᠦᠷᠢ᠎ᠲᠠᠶ ᠭᠠᠵᠠᠷ
ᠣᠷᠣᠨ ᠪᠣᠯᠭᠠᠨ ᠲᠣᠬᠢᠷᠠᠭᠤᠯᠪᠠ᠃
ᠡᠪᠡᠳᠴᠢᠨ᠎ᠤ ᠢᠯᠡᠷᠡᠯ ᠥᠬᠡᠶ
ᠬᠠᠯᠳᠠᠪᠤᠷᠢᠯᠠᠭ᠍ᠳᠠᠭᠰᠠᠳ ᠨᠢ ᠬᠠᠯᠳᠠᠪᠤᠷᠢᠯᠠᠯ ᠳᠠᠭᠠᠭᠤᠯᠳᠠᠭ᠂ ᠡᠪᠡᠳᠴᠢᠨ᠎ᠤ ᠢᠯᠡᠷᠡᠯ ᠥᠬᠡᠶ ᠬᠠᠯᠳᠠᠪᠤᠷᠢᠯᠠᠭ᠍ᠳᠠᠭᠰᠠᠳᠤᠨ
ᠬᠠᠯᠳᠠᠪᠤᠷᠢᠯᠠᠬᠤ ᠠᠷᠭ᠎ᠠ ᠵᠠᠮ᠎ᠨᠢ ᠣᠨᠣᠱᠢᠯᠠᠭ᠍ᠳᠠᠭ᠍ᠰᠠᠨ ᠡᠪᠡᠳᠴᠢᠲᠡᠨ᠎ᠲᠠᠢ ᠠᠳᠠᠯᠢ ᠪᠠᠢᠳᠠᠭ᠂ ᠪᠣᠳᠠᠲᠠᠶ᠎ᠪᠠᠷ
ᠬᠡᠯᠡᠪᠡᠯ ᠱᠢᠭᠤᠳ ᠬᠠᠯᠳᠠᠪᠤᠷᠢᠯᠠᠬᠤ᠂ ᠬᠡᠶ ᠴᠠᠪᠠᠤᠯᠢᠭ ᠠᠭᠤᠰᠤᠮᠠᠯ᠎ᠢᠶᠠᠷ ᠬᠠᠯᠳᠠᠪᠤᠷᠢᠯᠠᠬᠤ ᠪᠠ ᠪᠠᠰᠠ ᠬᠦᠷᠦᠯᠴᠡᠵᠦ᠍
ᠬᠠᠯᠳᠠᠪᠤᠷᠢᠯᠠᠬᠤ ᠵᠡᠷᠭᠡ ᠪᠠᠭ᠍ᠲᠠᠨ᠎ᠠ᠂ ᠭᠤᠤᠯᠳᠠᠭᠤ ᠥᠪᠡᠷ᠎ᠢ᠎ᠪᠠᠨ ᠬᠠᠮᠠᠭᠠᠯᠠᠬᠤ ᠪᠠ ᠡᠷᠡᠭᠦᠯ ᠮᠡᠨᠳᠦ᠍᠎ᠶ᠋ᠢᠨ
ᠪᠣᠯᠪᠠᠰᠤᠨ᠎ᠤ ᠤᠬᠠᠮᠰᠠᠷ᠎ᠢᠶᠠᠨ ᠳᠡᠭᠡᠭ᠌ᠰᠢᠯᠡᠭᠦᠯᠬᠦ᠂ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ ᠪᠠ ᠬᠤᠪᠢ
ᠬᠥᠮᠦᠨ᠎ᠤ ᠡᠷᠡᠭᠦᠯ ᠬᠠᠮᠠᠭᠠᠯᠠᠯ᠎ᠤᠨ ᠰᠡᠷᠭᠡᠢᠯᠡᠯᠲᠡ᠎ᠪᠠᠨ ᠴᠢᠩᠭᠠᠳᠭᠠᠬᠤ᠂ ᠭᠠᠷ᠎ᠢᠶᠠᠨ ᠦᠷᠭᠦᠯᠵᠢ ᠤᠬᠢᠶᠠᠬᠤ᠂
ᠨᠢᠭᠡ ᠮᠧᠲᠷ ᠵᠠᠢ᠎ᠶᠢ ᠪᠠᠳᠤᠯᠠᠬᠤ᠂ ᠴᠣᠩᠬᠤ᠎ᠪᠠᠨ ᠨᠡᠭᠡᠭᠡᠵᠦ᠍ ᠰᠠᠯᠬᠢ ᠨᠡᠪᠲᠡᠷᠡᠭᠦᠯᠬᠦ᠂ ᠠᠷᠢᠭᠤᠳᠭᠠᠨ ᠴᠡᠪᠡᠷᠯᠡᠬᠦ᠂
ᠲᠤᠰᠠᠭᠠᠷ ᠬᠤᠭᠤᠯᠠᠯᠠᠬᠤ ᠲᠦᠷᠢᠮ ᠪᠠ ᠱᠢᠨᠵᠢᠯᠡᠬᠦ᠌ ᠤᠬᠠᠭᠠᠨᠴᠢ᠎ᠪᠠᠷ ᠠᠮᠠᠪᠴᠢ ᠵᠡᠭᠦᠬᠦ᠌ ᠵᠡᠷᠭᠡ ᠡᠷᠡᠭᠦᠯ
ᠰᠠᠷᠠᠭᠤᠯ ᠠᠮᠢᠳᠤᠷᠠᠯ᠎ᠤᠨ ᠦᠢᠯᠡ ᠠᠵᠢᠯᠯᠠᠭᠠᠠᠷᠭᠠ ᠬᠡᠯᠪᠡᠷᠢ᠎ᠶ᠋ᠢ ᠪᠣᠶ ᠪᠣᠯᠭᠠᠨ᠎ᠠ᠃
ᠢᠷᠡᠯᠳᠠ᠄ ᠬᠦᠯᠦᠭ ᠰᠢᠯᠵᠢᠶ᠎ᠠ