ᠶᠡᠷᠦᠩᠬᠡᠢ ᠱᠦᠵᠢ ᠵᠢᠨ ᠲᠤᠳᠤᠨᠤ ᠰᠤᠷᠭᠠᠯ ᠪᠠ ᠬᠦᠨᠳᠦ ᠨᠠᠢᠳᠠᠯᠭ᠎ᠠ ᠵᠢ ᠦᠨᠡᠨ᠎ᠬᠦ ᠤᠳᠤᠬᠢᠴᠢᠯᠠᠭᠰᠠᠨ ᠲᠦᠩᠯᠢᠶᠤᠤ ᠵᠢ ᠪᠦᠲᠦᠭᠡᠨ ᠪᠠᠢᠭᠤᠯᠬᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠤᠨ᠎ᠠ
2022-03-22 10:14:17
ᠵᠣᠬᠢᠶᠠᠭ᠍ᠴᠢ᠄
ᠭᠦᠸᠧ ᠬᠣᠩ ᠱᠸᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ  ᠨᠠᠮ ᠎ᠤᠨ ᠬᠤᠷᠢᠶᠠᠨ᠎ᠤ  ᠪᠠᠢᠩᠭᠤ ᠎ᠶ᠋ᠢᠨ ᠭᠡᠱᠢᠭᠦᠨ᠂ ᠲᠦᠩᠯᠢᠶᠣᠤ ᠬᠤᠳᠠ᠎ᠶ᠋ᠢᠨ ᠨᠠᠮ ᠎ᠤᠨ ᠬᠤᠷᠢᠶ᠎ᠠ ᠵᠢᠨ ᠱᠦᠵᠢ ᠮᠸᠩ ᠱᠢᠶᠠᠨ ᠳ᠋ᠦᠩ ᠎ᠢ ᠰᠤᠷᠪᠤᠯᠵᠢᠯᠠᠭ᠍ᠰᠠᠨ ᠨᠢ

ᠶᠡᠷᠦᠩᠬᠡᠢ ᠱᠦᠵᠢ ᠰᠢ ᠵᠢᠨ ᠫᠢᠩ ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶᠠᠨ ᠎ᠤ  ᠵᠣᠷᠢᠭ ᠰᠠᠨᠠᠭ᠎ᠠ ᠎ᠶ᠋ᠢ  ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ 3 ᠰᠠᠷ᠎ᠠ᠎ᠶ᠋ᠢᠨ 18᠎ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶᠠᠨ ᠎ᠤ  ᠪᠠᠢᠩᠭᠤ ᠶ᠋ᠢᠨ ᠭᠡᠱᠢᠭᠦᠨ᠂ ᠲᠦᠩᠯᠢᠶᠣᠤ ᠬᠤᠳᠠ ᠎ᠶ᠋ᠢᠨ ᠨᠠᠮ ᠎ᠤᠨ ᠬᠤᠷᠢᠶᠠᠨ ᠎ᠤ  ᠱᠦᠵᠢ ᠮᠸᠩ ᠱᠢᠶᠠᠨ ᠳ᠋ᠦᠩ ᠎ᠢ ᠰᠤᠷᠪᠤᠯᠵᠢᠯᠠᠪᠠ᠃

ᠮᠸᠩ ᠱᠢᠶᠠᠨ ᠳ᠋ᠦᠩ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠲᠠᠪᠤᠳᠤᠭᠠᠷ ᠬᠤᠷᠠᠯ ᠎ᠤᠨ ᠥᠪᠥᠷ ᠮᠣᠩᠭᠣᠯ ᠎ᠤᠨ ᠲᠥᠯᠥᠭᠡᠯᠡᠭ᠌ᠴᠢᠳ ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ ᠦᠶ᠎ᠡ ᠎ᠶ᠋ᠢᠨ ᠴᠢᠬᠤᠯᠠ ᠶᠠᠷᠢᠶ᠎ᠠ ᠨᠢ ᠠᠯᠤᠰ ᠬᠡᠳᠤ ᠎ᠶ᠋ᠢᠨ ᠵᠣᠭ᠍ᠰᠣᠴᠠ᠎ᠲᠠᠶ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠦᠬᠦ᠌ ᠣᠷᠣᠨ ᠎ᠤ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠲᠤᠬᠠᠢ ᠭᠦᠨ  ᠰᠠᠨᠠᠭᠠᠯᠵᠠᠯ  ᠪᠠ ᠥᠪᠥᠷ ᠮᠣᠩᠭᠣᠯ ᠎ᠤᠨ ᠬᠥᠭ᠌ᠵᠢᠯᠲᠡ ᠎ᠶ᠋ᠢᠨ ᠲᠤᠬᠠᠢ ᠴᠢᠩ ᠰᠡᠳᠭᠢᠯ ᠎ᠦᠨ ᠬᠦᠰᠡᠯ ᠡᠷᠡᠮᠡᠯᠵᠡᠯ᠎ᠢ ᠲᠦᠪᠯᠡᠷᠡᠬᠦᠯᠵᠦ᠂   ᠨᠠᠮ  ᠪᠣᠯᠤᠨ ᠤᠯᠤᠰ ᠎ᠤᠨ ᠠᠵᠢᠯ ᠎ᠤᠨ ᠶᠡᠬᠡ ᠲᠠᠯ᠎ᠠ ᠎ᠳᠤ ᠨᠡᠩ ᠰᠠᠢᠲᠤᠷ ᠦᠢᠯᠡᠴᠢᠯᠡᠬᠦ᠌ ᠳᠤᠮᠳᠠ ᠥᠪᠥᠷ ᠮᠣᠩᠭᠣᠯ ᠎ᠤᠨ ᠠᠵᠢᠯ ᠎ᠢ ᠰᠠᠢᠲᠤᠷ ᠬᠢᠬᠦ᠌ ᠎ᠳᠦ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠡᠢ᠃ ᠱᠢᠨ᠎ᠡ ᠠᠶᠠᠨ ᠳ᠋ᠠᠭᠠᠨ᠂ ᠪᠢᠳᠡ ᠶᠡᠷᠦᠩᠬᠡᠶ ᠱᠦᠵᠢ ᠰᠢ ᠵᠢᠨ ᠫᠢᠩ ᠎ᠦᠨ ᠲᠤᠳᠤᠨᠤ ᠰᠤᠷᠭᠠᠯ ᠪᠠ ᠬᠦᠨᠳᠦ ᠨᠠᠢᠳᠠᠯᠭ᠎ᠠ ᠎ᠶ᠋ᠢ ᠢᠮᠠᠭ᠍ᠲᠠ ᠪᠠᠲᠤ ᠴᠡᠭᠡᠵᠢᠯᠡᠵᠦ᠍᠂ 《ᠬᠣᠶᠠᠷ ᠬᠠᠯᠬᠠᠪᠴᠢ》᠂《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》 ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠠᠮᠢ ᠠᠬᠤᠶ ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠵᠠᠮ ᠎ᠢᠶᠠᠷ ᠡᠷᠡᠰ ᠰᠠᠢᠲᠤᠷ ᠵᠠᠮᠨᠠᠵᠤ᠂ ᠱᠢᠨ᠎ᠡ ᠴᠠᠭ ᠦᠶ᠎ᠡ ᠎ᠶ᠋ᠢᠨ ᠥᠪᠥᠷ ᠮᠣᠩᠭᠣᠯ ᠎ᠤᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠬᠠᠭᠤᠳᠠᠰᠤ ᠎ᠶ᠋ᠢ ᠪᠢᠴᠢᠭ᠌ᠯᠡᠬᠦ᠌ ᠎ᠳᠦ ᠲᠦᠩᠯᠢᠶᠣᠤ ᠎ᠶ᠋ᠢᠨ ᠬᠦᠴᠦᠨ ᠴᠢᠳᠠᠯ ᠎ᠢᠶᠠᠨ ᠡᠷᠭᠦᠨ᠎ᠡ᠃

ᠨᠢᠭᠡ ᠎ᠳᠦ᠂《ᠲᠠᠪᠤᠨ ᠵᠠᠢᠯᠠᠰᠢ ᠦᠭᠡᠢ ᠵᠠᠮᠨᠠᠬᠤ ᠵᠠᠮ》 ᠎ᠤ᠋ᠨ ᠲᠤᠬᠠᠢ ᠴᠢᠬᠤᠯᠠ ᠲᠠᠨᠢᠯᠲᠠ ᠎ᠶ᠋ᠢ  ᠬᠦᠨᠵᠡᠭᠡᠢ ᠣᠢᠯᠠᠭᠠᠵᠤ᠂《ᠬᠣᠶᠠᠷ ᠎ᠢ ᠲᠤᠭᠳᠠᠭᠠᠬᠰᠠᠨ》᠎ᠢ ᠡᠷᠡᠰ ᠭᠤᠢᠪᠢᠰᠢ ᠦᠭᠡᠢ ᠬᠦᠷᠢᠶᠡᠯᠡᠨ᠂《ᠬᠣᠶᠠᠷ ᠎ᠢ ᠬᠠᠮᠠᠭᠠᠯᠠᠬᠤ》᠎ᠶ᠋ᠢ  ᠡᠷᠡᠰ ᠪᠡᠶᠡᠯᠡᠭᠦᠯᠦᠨ᠎ᠡ᠃《ᠲᠠᠪᠤᠨ ᠵᠠᠢᠯᠠᠰᠢ ᠦᠭᠡᠢ ᠵᠠᠮᠨᠠᠬᠤ ᠵᠠᠮ》 ᠎ᠤ᠋ᠨ ᠵᠢᠯᠤᠭᠤᠳᠤᠯᠭ᠎ᠠ ᠳᠣᠣᠷ᠎ᠠ ᠱᠢᠨ᠎ᠡ ᠠᠶᠠᠨ ᠎ᠳᠤ ᠡᠷᠡᠮᠡᠬᠡᠢᠯᠡᠨ ᠤᠷᠤᠭ᠍ᠰᠢᠯᠠᠬᠤ ᠎ᠳᠤ᠂ ᠡᠷᠬᠡᠪᠰᠢ ᠨᠠᠮ ᠎ᠤᠨ ᠪᠦᠬᠦ᠌ ᠲᠠᠯ᠎ᠠ ᠎ᠶ᠋ᠢᠨ ᠤᠳᠤᠷᠢᠳᠤᠯᠭ᠎ᠠ ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠭᠣᠣᠯᠯᠠᠭ᠍ᠴᠢ ᠎ᠪᠠᠨ ᠡᠷᠡᠰ ᠬᠦᠴᠦᠲᠡᠢ ᠬᠠᠮᠠᠭᠠᠯᠠᠵᠤ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠲᠡᠢ ᠎ᠪᠡᠷ ᠭᠣᠣᠯᠯᠠᠭ᠍ᠴᠢ ᠎ᠪᠠᠨ ᠳᠠᠭᠠᠵᠤ᠂ ᠣᠳᠣᠬᠢᠴᠢᠯᠠᠭ᠍ᠰᠠᠨ ᠲᠦᠩᠯᠢᠶᠣᠤ ᠎ᠶ᠋ᠢᠨ ᠪᠦᠲᠦᠭᠡᠨ ᠪᠠᠢᠭᠤᠯᠤᠯᠲᠠ ᠎ᠶ᠋ᠢ ᠠᠬᠢᠭᠤᠯᠬᠤ ᠦᠢᠯᠡᠳᠦᠯᠭᠡ ᠎ᠶ᠋ᠢᠨ ᠳᠤᠮᠳᠠ ᠱᠢᠨ᠎ᠡ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠢ  ᠪᠦᠷᠢᠨ ᠪᠦᠲᠦᠨ ᠂ ᠵᠥᠪ ᠣᠨᠣᠪᠴᠢᠲᠠᠢ᠂  ᠪᠦᠬᠦ᠌ ᠲᠠᠯ᠎ᠠ ᠎ᠪᠠᠷ ᠲᠤᠭᠤᠱᠢᠯᠠᠭᠤᠯᠵᠤ᠂ ᠥᠪᠡᠷ ᠎ᠦᠨ ᠪᠡᠶ᠎ᠡ᠎ᠳᠡᠭᠡᠨ ᠬᠤᠪᠢᠰᠭᠠᠯ ᠬᠢᠬᠦ᠌  ᠵᠣᠷᠢᠭ ᠰᠠᠨᠠᠭ᠎ᠠ ᠎ᠪᠠᠷ ᠪᠦᠬᠦ᠌ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠎ᠶ᠋ᠢ ᠠᠬᠢᠭᠤᠯᠵᠤ᠂ ᠪᠦᠬᠦ᠌  ᠬᠣᠲᠠ ᠎ᠶ᠋ᠢᠨ ᠨᠠᠮ ᠎ᠤᠨ ᠭᠡᠱᠢᠭᠦᠨ ᠺᠠᠳ᠋ᠷ ᠣᠯᠠᠨ ᠲᠦᠮᠡᠨ ᠎ᠢ  ᠬᠥᠲᠥᠯᠥᠨ ᠵᠢᠯᠣᠭᠣᠳᠴᠤ᠌ ᠪᠠᠢᠭᠠᠳ ᠪᠦᠯᠬᠦᠮᠳᠡᠨ ᠰᠡᠳᠬᠢᠯ ᠨᠢᠭᠡᠳᠴᠦ᠍᠂ ᠴᠥᠬᠥᠷᠡᠰᠢ ᠦᠭᠡᠢ ᠲᠡᠮᠡᠴᠡᠵᠦ᠍᠂ ᠱᠢᠨ᠎ᠡ ᠱᠢᠯᠭᠠᠯᠲᠠ ᠎ᠳᠤ ᠣᠷᠣᠯᠴᠠᠬᠤ ᠵᠠᠮ ᠳᠡᠭᠡᠷ᠎ᠡ ᠬᠦᠴᠢᠷᠳᠡᠯᠳᠦ ᠪᠠᠢᠳᠠᠯ ᠎ᠢ  ᠪᠦᠬᠦ᠌ ᠬᠦᠴᠦᠨ ᠎ᠢᠶᠡᠷ ᠎ᠢᠶᠡᠨ ᠱᠢᠪᠲᠤᠯᠵᠤ ᠂   ᠳᠠᠪᠠᠯᠲᠠ ᠎ᠲᠠᠶ  ᠪᠡᠷ  ᠬᠥᠭᠡᠭᠡᠵᠦ᠍ ᠭᠦᠢᠴᠡᠬᠦ᠌ ᠎ᠶ᠋ᠢ ᠲᠦᠷᠭᠡᠳᠭᠡᠵᠦ᠍᠂ ᠲᠦᠩᠯᠢᠶᠣᠤ ᠎ᠶ᠋ᠢᠨ ᠡᠯ᠎ᠡ ᠵᠦᠢᠯ ᠎ᠦᠨ ᠠᠵᠢᠯ ᠦᠢᠯᠡᠰ᠎ᠤᠨ ᠢᠮᠠᠭ᠍ᠲᠠ ᠶᠡᠷᠦᠩᠬᠡᠢ ᠱᠦᠵᠢ ᠰᠢ ᠵᠢᠨ ᠫᠢᠩ ᠎ᠦᠨ ᠵᠢᠭᠠᠵᠦ ᠦᠭᠭᠦᠭᠰᠠᠨ ᠴᠢᠭ᠌ᠯᠡᠯ ᠎ᠢᠶᠡᠷ ᠶᠡᠬᠡ ᠠᠯᠬᠤᠮ ᠎ᠢᠶᠠᠷ ᠤᠷᠤᠭ᠍ᠰᠢᠯᠠᠬᠤ ᠎ᠶ᠋ᠢ ᠦᠨᠡᠨ ᠬᠦ᠌  ᠪᠠᠳᠤᠯᠠᠨ᠎ᠠ᠃

ᠬᠣᠶᠠᠷ ᠎ᠲᠤ᠂  ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ  ᠪᠠᠲᠤ ᠴᠤᠭᠴᠠᠯᠠᠵᠤ ᠂ ᠪᠦᠬᠦ᠌ ᠬᠣᠲᠠ ᠎ᠶ᠋ᠢᠨ ᠦᠨᠳᠦᠰᠦᠲᠡᠨ ᠎ᠦ ᠠᠵᠢᠯ ᠎ᠢ ᠦᠨᠡᠨ ᠪᠣᠳᠠᠲᠠᠢ ᠪᠦᠲᠦᠮᠵᠢᠲᠡᠢ ᠴᠢᠩᠭᠠᠳᠭᠠᠨ ᠰᠠᠢᠵᠢᠷᠠᠭᠤᠯᠤᠨ᠎ᠠ᠃ ᠲᠦᠩᠯᠢᠶᠣᠤ  ᠪᠥᠬᠥ᠌ ᠣᠷᠣᠨ ᠎ᠤ  ᠴᠥᠭᠡᠨ ᠲᠣᠭᠠᠲᠤ ᠦᠨᠳᠦᠰᠦᠲᠡᠨ ᠎ᠦ  ᠣᠯᠠᠨ ᠲᠦᠮᠡᠨ ᠎ᠦ  ᠬᠥᠮᠦᠨ ᠠᠮᠠ ᠪᠠᠷ ᠬᠠᠮᠤᠭ ᠎ᠤᠨ ᠣᠯᠠᠨ᠂ ᠬᠠᠷᠢᠴᠠᠯ ᠵᠢᠡᠷ ᠬᠠᠮᠤᠭ ᠎ᠤᠨ ᠶᠡᠬᠡ ᠭᠠᠵᠠᠷ ᠣᠷᠣᠨ ᠪᠣᠯᠤᠭ᠍ᠰᠠᠨ ᠎ᠤ ᠬᠤᠪᠢ ᠎ᠳᠤ᠂ ᠦᠨᠳᠦᠰᠦᠲᠡᠨ ᠎ᠦ  ᠪᠦᠯᠬᠦᠮᠳᠡᠯ ᠪᠠ ᠬᠢᠯᠢ ᠬᠢᠵᠠᠭᠠᠷ ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠭᠡᠷᠡᠯᠲᠡᠶ ᠶᠤᠮ᠃ ᠪᠢᠳᠡ ᠴᠠᠭ ᠢᠮᠠᠭ᠍ᠲᠠ ᠲᠤᠢᠯ ᠎ᠤᠨ ᠬᠤᠷᠴᠠ ᠰᠡᠷᠭᠡᠭ ᠤᠯᠤᠰ ᠲᠥᠷᠥ ᠎ᠶ᠋ᠢᠨ ᠲᠠᠷᠢᠬᠢ ᠲᠣᠯᠣᠭᠠᠶ᠂ ᠲᠣᠭ ᠲᠡᠮᠳᠡᠭ ᠲᠣᠳᠣᠷᠬᠠᠶ ᠤᠯᠤᠰ ᠲᠥᠷᠥ ᠎ᠶ᠋ᠢᠨ ᠵᠣᠭ᠍ᠰᠣᠯᠲᠠ ᠎ᠶ᠋ᠢ  ᠪᠠᠷᠢᠮᠲᠠᠯᠠᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠬᠥᠮᠦᠵᠢᠯ᠎ᠢ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ ᠎ᠶ᠋ᠢᠨ ᠦᠶ᠋ᠯᠡᠳᠦᠯᠭᠡ᠂ ᠠᠷᠠᠳ᠎ᠲᠤ ᠠᠱᠢᠭ ᠬᠦᠷᠲᠡᠭᠡᠬᠦ᠌ ᠲᠥᠷᠥ ᠎ᠶ᠋ᠢᠨ ᠪᠣᠳᠣᠯᠭ᠎ᠠ ᠎ᠶ᠋ᠢ ᠨᠠᠢᠳᠠᠪᠤᠷᠢᠵᠢᠭᠤᠯᠬᠤ᠂ ᠣᠯᠠᠨ ᠨᠡᠢᠲᠡ ᠎ᠶ᠋ᠢᠨ ᠦᠶ᠋ᠯᠡᠴᠢᠯᠡᠭᠡᠨ ᠎ᠦ  ᠪᠠᠲᠤᠯᠠᠭ᠎ᠠ ᠵᠡᠷᠭᠡ ᠣᠯᠠᠨ ᠲᠦᠮᠡᠨ ᠎ᠲᠡᠶ ᠨᠢᠭ᠍ᠲᠠ ᠬᠤᠯᠪᠤᠭᠳᠠᠬᠤ ᠡᠯ᠎ᠡ ᠵᠦᠶ᠋ᠯ ᠎ᠦᠨ ᠬᠡᠷᠡᠭ ᠶᠠᠪᠤᠳᠠᠯ ᠎ᠳᠤ ᠠᠭᠤᠰᠤᠯᠴᠠᠭᠤᠯᠵᠤ᠂ ᠲᠡᠦᠬᠡ ᠰᠣᠶᠣᠯ ᠎ᠤᠨ ᠤᠬᠠᠭᠤᠯᠭ᠎ᠠ᠂ ᠣᠯᠠᠨ ᠨᠡᠢᠲᠡ ᠎ᠶ᠋ᠢᠨ ᠲᠥᠬᠥᠭᠡᠷᠦᠮᠵᠢ ᠎ᠶ᠋ᠢᠨ ᠪᠥᠲᠥᠭᠡᠨ ᠪᠠᠢᠭᠤᠯᠤᠯᠲᠠ᠂ᠵᠢᠭᠤᠯᠴᠢᠯᠠᠯ ᠎ᠤᠨ ᠦᠵᠡᠮᠵᠢ ᠎ᠶ᠋ᠢᠨ ᠦᠵᠡᠭᠦᠯᠭᠡ ᠵᠡᠷᠭᠡ ᠡᠯ᠎ᠡ ᠲᠠᠯ᠎ᠠ ᠎ᠳᠤ ᠭᠦᠶ᠋ᠴᠡᠳ ᠢᠯᠡᠷᠡᠭᠦᠯᠵᠦ᠍᠂ ᠠᠴᠢᠶᠠᠯᠠᠪᠤᠷᠢ ᠠᠮᠢᠳᠤᠯᠢᠭ ᠲᠦᠷᠰᠦᠯᠢᠭ ᠪᠠᠢᠵᠤ᠂ ᠣᠯᠠᠨ ᠲᠦᠮᠡᠨ ᠳ᠋ᠤ ᠨᠡᠢᠳᠡᠮ ᠮᠡᠳᠡᠷᠡᠭᠳᠡᠨ᠂ ᠠᠵᠢᠯ  ᠯᠠᠪᠳᠠᠭᠤᠨ ᠪᠠᠳᠤᠳᠠᠢ ᠪᠦᠲᠦᠮᠵᠢᠲᠡᠶ ᠪᠠᠢᠬᠤ ᠎ᠶ᠋ᠢ  ᠪᠥᠬᠥ᠌ ᠬᠦᠴᠦᠨ ᠎ᠢᠶᠡᠷ ᠵᠢᠡᠨ ᠠᠬᠢᠭᠤᠯᠬᠤ ᠬᠡᠷᠡᠭᠳᠡᠢ᠃  ᠡᠭᠦᠨ ᠎ᠦ  ᠬᠠᠮᠲᠤ᠂ ᠳᠠᠯᠳᠠ ᠠᠶᠤᠯ ᠲᠦᠭ᠌ᠰᠢᠭᠦᠷᠢ ᠬᠡᠮ ᠰᠣᠭᠣᠭ ᠎ᠢ  ᠳᠡᠭᠡᠳᠦ ᠬᠡᠮᠵᠢᠶ᠎ᠡ ᠎ᠪᠡᠷ ᠰᠡᠷᠡᠮᠵᠢᠯᠡᠵᠦ᠍᠂ ᠳᠠᠢᠰᠤᠩᠨᠠᠭ᠍ᠴᠢ ᠬᠦᠴᠦᠨ ᠎ᠦ ᠨᠡᠪᠴᠢᠯᠲᠡ ᠡᠪᠳᠡᠯᠡᠭᠡ ᠎ᠶ᠋ᠢ ᠪᠦᠲᠦᠮᠵᠢᠲᠡᠶ ᠬᠣᠷᠢᠭ᠍ᠯᠠᠵᠤ᠂ ᠦᠨᠳᠦᠰᠦᠲᠡᠨ ᠎ᠦ ᠬᠡᠷᠡᠭ ᠶᠠᠪᠤᠳᠠᠯ ᠎ᠤᠨ ᠵᠠᠰᠠᠯᠲᠠ ᠎ᠶ᠋ᠢᠨ ᠣᠳᠣᠬᠢᠴᠢᠯᠠᠯᠲᠠ ᠎ᠶ᠋ᠢᠨ ᠲᠦᠪᠱᠢᠨ ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃

ᠭᠤᠷᠪᠠ ᠎ᠳᠤ᠂ ᠪᠦᠬᠦ᠌ ᠲᠠᠯ᠎ᠠ ᠎ᠳᠤ ᠦᠢᠯᠡᠴᠢᠯᠡᠬᠦ᠌ ᠡᠭᠦᠷᠭᠡ ᠬᠠᠷᠢᠭᠤᠴᠠᠯᠭ᠎ᠠ ᠎ᠪᠠᠨ ᠤᠬᠠᠮᠰᠠᠷ ᠎ᠠᠴᠠ ᠎ᠪᠠᠨ ᠡᠭᠦᠷᠭᠡᠯᠡᠵᠦ᠍᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠨ᠎ᠠ᠃ ᠶᠡᠷᠦᠩᠬᠡᠢ ᠱᠦᠵᠢ ᠰᠢ ᠵᠢᠨ ᠫᠢᠩ 《ᠤᠯᠤᠰ ᠎ᠤᠨ ᠠᠮᠢ ᠠᠬᠤᠢ ᠎ᠶ᠋ᠢᠨ ᠠᠮᠤᠷ ᠲᠦᠪᠱᠢᠨ᠂ ᠡᠨᠧᠷᠭᠢ ᠎ᠶ᠋ᠢᠨ ᠠᠮᠤᠷ ᠲᠦᠪᠱᠢᠨ᠂ ᠠᠮᠤ ᠪᠤᠳᠠᠭᠠᠨ ᠎ᠤ ᠠᠮᠤᠷ ᠲᠦᠪᠱᠢᠨ᠂ ᠠᠵᠤ ᠦᠢᠯᠡᠰ ᠎ᠦᠨ ᠠᠮᠤᠷ ᠲᠦᠪᠱᠢᠨ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠪᠠᠨ ᠦᠨᠡᠨ ᠬᠦ᠌  ᠭᠦᠢᠴᠡᠳᠭᠡᠬᠦ᠌ ᠬᠡᠷᠡᠭ᠌ᠲᠡᠢ》ᠭᠡᠵᠦ᠍ ᠪᠢᠳᠡᠨ ᠎ᠳᠦ ᠴᠢᠩ ᠰᠡᠳᠭᠢᠯ᠎ᠤᠨ ᠬᠦᠰᠡᠯ ᠨᠠᠢᠳᠠᠯᠭ᠎ᠠ ᠪᠠᠨ ᠲᠠᠯᠪᠢᠵᠤ᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠨᠡᠭᠦᠷᠡᠰᠦᠲᠥ᠋ᠷᠥᠭ᠌ᠴᠢ ᠎ᠶ᠋ᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ  ᠳ᠋ᠦ ᠬᠦᠷᠬᠦ ᠪᠠ ᠨᠡᠭᠦᠷᠡᠰᠦᠳᠦ᠋ᠷᠦᠭᠴᠢ  ᠵᠢ ᠰᠠᠭᠠᠷᠮᠠᠭᠵᠢᠭᠤᠯᠬᠤ ᠬᠤᠶᠠᠷ ᠴᠢᠬᠤᠯᠠ ᠠᠵᠢᠯ ᠎ᠢ ᠢᠳᠡᠪᠬᠢᠲᠡᠢ ᠯᠠᠪᠳᠠᠭᠤᠨ ᠎ᠢᠶᠠᠷ ᠠᠬᠢᠭᠤᠯᠬᠤ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠲᠦᠩᠯᠢᠶᠣᠤ ᠎ᠶ᠋ᠢᠨ ᠪᠣᠳᠠᠲᠠᠢ  ᠪᠠᠢᠳᠠᠯ ᠎ᠠᠴᠠ ᠡᠭᠦᠰᠴᠦ᠍᠂ ᠪᠢᠳᠡ  ᠡᠷᠬᠡᠪᠰᠢ 《ᠤᠯᠤᠰ ᠎ᠤᠨ ᠶᠡᠬᠡ ᠶᠠᠪᠤᠳᠠᠯ》 ᠎ᠢ᠋  ᠢᠮᠠᠭ᠍ᠲᠠ ᠰᠡᠳᠭᠢᠯ᠎ᠳᠡᠭᠡᠨ ᠪᠤᠳᠤᠵᠤ᠂ ᠦᠶ᠋ᠯᠡᠳᠦᠯᠭᠡᠵᠢᠭᠦᠯᠵᠦ᠍᠂ ᠨᠠᠩ ᠤᠬᠠᠮᠰᠠᠷ ᠎ᠠᠴᠠ ᠎ᠪᠠᠨ ᠨᠡᠩ ᠰᠠᠨᠠᠭᠠᠴᠢᠯᠠᠭ᠎ᠠ ᠎ᠠᠴᠠ ᠎ᠪᠠᠨ ᠪᠥᠬᠥ᠌ ᠤᠯᠤᠰ ᠪᠥᠬᠥ᠌ ᠣᠷᠣᠨ ᠎ᠤ ᠠᠵᠢᠯ ᠎ᠤᠨ ᠶᠡᠬᠡ ᠲᠠᠯ᠎ᠠ ᠎ᠳᠤ ᠦᠶ᠋ᠯᠡᠴᠢᠯᠡᠬᠦ᠌ ᠡᠭᠦᠷᠭᠡ ᠬᠠᠷᠢᠭᠤᠴᠠᠯᠭ᠎ᠠ ᠎ᠪᠠᠨ ᠡᠭᠦᠷᠭᠡᠯᠡᠬᠦ᠌ ᠬᠡᠷᠡᠭ᠌ᠲᠡᠶ᠃ ᠪᠢᠳᠡ ᠠᠷᠠᠳ ᠲᠦᠮᠡᠨ ᠎ᠢ ᠳᠡᠭᠡᠳᠦᠯᠡᠬᠦ᠌᠂ ᠠᠮᠢ ᠨᠠᠰᠤ ᠎ᠶ᠋ᠢ ᠳᠡᠭᠡᠳᠦᠯᠡᠬᠦ᠌ ᠎ᠶ᠋ᠢ ᠪᠠᠷᠢᠮᠳᠠᠯᠠᠵᠤ᠂ ᠣᠳᠣᠬᠠᠨ᠎ᠤ  ᠬᠢᠵᠢᠭ ᠎ᠦᠨ ᠪᠠᠢᠳᠠᠯ ᠎ᠳᠤ ᠴᠢᠭ᠌ᠯᠡᠭᠦᠯᠦᠨ ᠰᠡᠷᠭᠡᠢᠯᠡᠨ ᠡᠵᠡᠮᠳᠡᠬᠦ᠌  ᠪᠠ ᠱᠢᠢᠳᠪᠦᠷᠢᠯᠡᠬᠦ᠌ ᠠᠷᠭ᠎ᠠ ᠬᠡᠮᠵᠢᠶ᠎ᠡ ᠎ᠶ᠋ᠢ ᠣᠨᠣᠴᠠᠲᠠᠢ ᠨᠠᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠣᠷᠢᠨ᠎ᠢ  ᠪᠦᠬᠦᠨ ᠎ᠢ  ᠬᠠᠮᠤᠷᠤᠭᠰᠠᠨ ᠠᠮᠤᠷ ᠲᠦᠪᠱᠢᠨ ᠪᠦᠲᠦᠮᠵᠢᠲᠡᠢ ᠬᠠᠮᠢᠶᠠᠷᠤᠯᠲᠠ ᠡᠵᠡᠮᠳᠡᠯ ᠎ᠢ ᠦᠨᠡᠨ ᠬᠦ᠌  ᠪᠠᠲᠤᠯᠠᠵᠤ᠂ ᠭᠠᠳᠠᠨ᠎ᠠ ᠎ᠠᠴᠠ ᠬᠠᠯᠳᠠᠪᠤᠷᠢᠯᠠᠨ ᠣᠷᠣᠵᠤ ᠢᠷᠡᠬᠦ᠌ ᠎ᠶ᠋ᠢ ᠰᠡᠷᠭᠡᠢᠯᠡᠬᠦ᠌ ᠬᠣᠷᠢᠭ᠍ᠯᠠᠯᠲᠠ ᠎ᠶ᠋ᠢᠨ ᠳᠠᠢᠯᠠᠯᠳᠤᠭᠠᠨ ᠪᠠ ᠳᠣᠲᠣᠭᠠᠳᠤ᠎ᠳᠠᠭᠠᠨ ᠲᠠᠭᠢᠨ  ᠳᠡᠯᠭᠡᠷᠡᠬᠦ᠌ ᠎ᠶ᠋ᠢ ᠰᠡᠷᠭᠡᠢᠯᠡᠬᠦ᠌ ᠰᠥᠨᠥᠭᠡᠯᠳᠡ ᠵᠢᠨ ᠳᠠᠢᠯᠠᠯᠳᠤᠭᠠᠨ ᠎ᠤ ᠢᠯᠠᠯᠲᠠ ᠎ᠶ᠋ᠢ ᠡᠷᠡᠰ ᠣᠯᠵᠤ᠂ ᠬᠢᠵᠢᠭ ᠎ᠦᠨ ᠪᠠᠢᠳᠠᠯ ᠎ᠤᠨ ᠤᠯᠠᠨ ᠲᠦᠮᠡᠨ ᠎ᠦ ᠦᠢᠯᠡᠳᠪᠦᠷᠢᠯᠡᠯ ᠠᠮᠢᠳᠤᠷᠠᠯ ᠎ᠤᠨ ᠡᠮᠬᠢ ᠳᠢᠭ᠌ᠯᠢᠮ ᠎ᠳᠦ ᠦᠵᠡᠭᠦᠯᠬᠦ᠌ ᠨᠥᠯᠥᠭᠡ ᠵᠢ ᠬᠠᠮᠤᠭ ᠎ᠤᠨ ᠶᠡᠬᠡ ᠬᠡᠮᠵᠢᠶ᠎ᠡ ᠎ᠪᠡᠷ ᠪᠠᠭᠠᠰᠭᠠᠨ᠎ᠠ᠃ ᠠᠮᠢ ᠠᠬᠤᠶ ᠎ᠶ᠋ᠢᠨ ᠠᠮᠤᠷ ᠲᠦᠪᠱᠢᠨ ᠎ᠦ  ᠬᠠᠯᠬᠠᠪᠴᠢ ᠎ᠶ᠋ᠢ  ᠪᠡᠬᠢᠵᠢᠬᠦᠯᠬᠦ ᠡᠷᠬᠢᠮ ᠳᠡᠭᠡᠳᠦ ᠡᠭᠦᠷᠭᠡ ᠎ᠶ᠋ᠢ ᠦᠨᠡᠨ ᠬᠦ᠌ ᠡᠭᠦᠷᠭᠡᠯᠡᠵᠦ᠍᠂ ᠬᠣᠷᠴᠢᠨ ᠎ᠤ ᠨᠤᠲᠤᠭ ᠪᠡᠯᠴᠢᠭᠡᠷ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠌ ᠵᠡᠷᠭᠡ ᠴᠢᠬᠤᠯᠠ ᠶᠡᠬᠡ ᠠᠮᠢ ᠠᠬᠤᠶ ᠎ᠶ᠋ᠢᠨ ᠢᠨᠵᠧᠨᠧᠷᠢᠩ ᠎ᠢ ᠰᠠᠢᠲᠤᠷ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠪᠣᠬᠢᠷᠲᠤᠯ ᠎ᠢ ᠰᠡᠷᠭᠡᠢᠯᠡᠨ ᠵᠠᠰᠠᠬᠤ ᠪᠤᠭᠤᠮᠳᠠ ᠰᠢᠪᠲᠤᠯᠬᠤ ᠳᠠᠢᠯᠠᠯᠳᠤᠭᠠᠨ ᠎ᠢ  ᠭᠦᠨᠵᠡᠭᠡᠶ ᠰᠠᠢᠲᠤᠷ ᠬᠢᠵᠦ᠍᠂ ᠠᠮᠢ ᠠᠬᠤᠶ ᠎ᠶ᠋ᠢᠨ ᠱᠢᠰᠲ᠋ᠧᠮ ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ ᠎ᠢ ᠪᠦᠬᠦᠯᠢ ᠴᠣᠭ᠍ᠴᠠ ᠎ᠪᠠᠷ᠎ᠨᠢ ᠳᠡᠭᠡᠭ᠌ᠰᠢᠯᠡᠭᠦᠯᠦᠨ᠎ᠡ᠃《ᠬᠤᠤᠰ ᠨᠡᠭᠦᠷᠡᠰᠦᠲᠥ᠋ᠷᠥᠭ᠌ᠴᠢ》  ᠎ᠶ᠋ᠢᠨ ᠱᠠᠭᠠᠷᠳᠠᠯᠭ᠎ᠠ ᠎ᠶ᠋ᠢ ᠨᠠᠢᠳᠠᠪᠤᠷᠢᠵᠢᠭᠤᠯᠬᠤ ᠎ᠳᠤ ᠠᠩᠬᠠᠷᠤᠯ ᠎ᠢᠶᠠᠨ ᠲᠥᠪᠯᠡᠷᠡᠭᠦᠯᠦᠨ ᠱᠢᠨ᠎ᠡ ᠎ᠶ᠋ᠢ ᠡᠭᠦᠳᠬᠦ᠌ ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠱᠢᠰᠲ᠋ᠧᠮᠲᠦ ᠦᠵᠡᠯᠲᠡ᠂  ᠬᠡᠯᠬᠢᠶᠡᠵᠢᠭᠦᠯᠬᠦ ᠰᠡᠳᠭᠢᠮᠵᠢ ᠎ᠪᠡᠷ ᠱᠢᠨ᠎ᠡ ᠡᠨᠧᠷᠭᠢ ᠎ᠪᠡᠷ ᠣᠷᠣᠯᠠᠭᠤᠯᠬᠤ ᠠᠵᠢᠯᠯᠠᠭ᠎ᠠ ᠎ᠶ᠋ᠢ ᠠᠬᠢᠭᠤᠯᠵᠤ᠂ ᠡᠨᠧᠷᠭᠢ ᠬᠡᠷᠡᠭ᠌ᠯᠡᠬᠦ᠌ ᠪᠦᠲᠦᠴᠡ ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠎ᠶ᠋ᠢ ᠪᠠᠭᠠᠰᠭᠠᠨ᠂ ᠡᠨᠧᠷᠭᠢ ᠎ᠶ᠋ᠢᠨ ᠬᠣᠷᠣᠭ᠍ᠳᠠᠯ ᠎ᠤᠨ ᠡᠷᠴᠢᠮ ᠎ᠢ  ᠪᠠᠭᠤᠷᠠᠭᠤᠯᠵᠤ᠂ ᠠᠵᠤ ᠦᠶ᠋ᠯᠡᠰ ᠎ᠢ ᠤᠷᠲᠤᠳᠭᠠᠨ ᠲᠠᠰ ᠳᠡᠪᠱᠢᠭᠦᠯᠬᠦ᠌ ᠎ᠶ᠋ᠢ ᠠᠬᠢᠭᠤᠯᠬᠤ ᠬᠡᠷᠡᠭ᠌ᠲᠡᠶ; ᠪᠣᠬᠢᠷᠲᠤᠯ ᠦᠭᠡᠶ ᠮᠠᠯ ᠎ᠤᠨ ᠠᠱᠢᠭ ᠱᠢᠮ᠎ᠡ ᠲᠠᠷᠢᠶᠠᠯᠠᠩ ᠎ᠤᠨ ᠪᠦᠲᠦᠭᠡᠭ᠌ᠳᠡᠬᠦᠨ ᠎ᠤ ᠦᠢᠯᠡᠳᠪᠦᠷᠢᠯᠡᠯ ᠎ᠦᠨ ᠰᠠᠭᠤᠷᠢᠨ ᠎ᠢ ᠪᠦᠲᠦᠭᠡᠨ ᠪᠠᠢᠭᠤᠯᠬᠤ ᠲᠣᠭᠣᠷᠢᠨ ᠎ᠳᠤ᠂ ᠲᠠᠷᠢᠮᠠᠯ ᠎ᠤᠨ ᠪᠦᠲᠦᠴᠡ ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠵᠦ᠍᠂《ᠤᠰᠤ ᠠᠷᠪᠢᠯᠠᠵᠤ ᠠᠮᠤ ᠪᠤᠳᠠᠭ᠎ᠠ ᠎ᠶ᠋ᠢ ᠨᠡᠮᠡᠭ᠌ᠳᠡᠭᠦᠯᠬᠦ᠌》ᠠᠵᠢᠯᠯᠠᠭ᠎ᠠ ᠎ᠶ᠋ᠢ ᠭᠦᠨᠵᠡᠭᠡᠶ ᠬᠡᠷᠡᠭ᠌ᠵᠢᠭᠦᠯᠦᠨ᠂ ᠮᠢᠬᠠᠨ᠎ᠤ  ᠦᠬᠡᠷ ᠎ᠦᠨ ᠠᠵᠤ ᠦᠢᠯᠡᠰ ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠌ ᠎ᠶ᠋ᠢ ᠠᠬᠢᠭᠤᠯᠵᠤ᠂ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ ᠎ᠶ᠋ᠢ ᠪᠠᠲᠤᠯᠠᠬᠤ ᠴᠢᠳᠠᠪᠤᠷᠢ ᠪᠠ ᠦᠢᠯᠡᠳᠬᠦᠨ ᠎ᠦ ᠥᠷᠢᠰᠥᠯᠳᠦᠬᠦ᠌ ᠪᠣᠳᠠᠲᠤ ᠬᠦᠴᠦᠨ ᠎ᠢ ᠲᠠᠰᠤᠷᠠᠯᠲᠠ ᠤᠢ᠍ᠭᠡᠢ ᠴᠢᠩᠭᠠᠳᠬᠠᠨ᠂《ᠬᠣᠶᠠᠷ ᠰᠠᠭᠤᠷᠢᠨ》 ᠎ᠤ᠋ ᠪᠦᠲᠦᠭᠡᠨ ᠪᠠᠢᠭᠤᠯᠤᠯᠲᠠ ᠎ᠶ᠋ᠢ ᠦᠷᠭᠦᠯᠵᠢᠯᠡᠨ ᠠᠬᠢᠭᠤᠯᠬᠤ ᠶᠠᠪᠤᠴᠠ ᠎ᠳᠤ  ᠪᠦᠲᠦᠴᠡ᠎ᠶ᠋ᠢ ᠲᠣᠬᠢᠷᠠᠭᠤᠯᠬᠤ᠂ ᠴᠢᠳᠠᠪᠬᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠎ᠶ᠋ᠢ ᠪᠡᠶᠡᠯᠡᠭᠦᠯᠦᠨ᠎ᠡ᠃

ᠳᠥᠷᠪᠡ ᠎ᠳᠦ᠂ ᠤᠯᠤᠰ ᠲᠥᠷᠥ ᠎ᠶ᠋ᠢᠨ ᠠᠮᠢ ᠠᠬᠤᠶ ᠎ᠶ᠋ᠢ ᠦᠷᠭᠦᠯᠵᠢᠯᠡᠨ ᠰᠡᠷᠭᠦᠭᠡᠨ ᠴᠡᠪᠡᠷᠱᠢᠭᠦᠯᠵᠦ᠍᠂ ᠪᠥᠬᠥ᠌ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠠᠵᠢᠯ ᠎ᠢ  ᠬᠦᠨᠵᠡᠭᠡᠢᠷᠡᠬᠦᠯᠦᠨ ᠬᠦᠭᠵᠢᠬᠦᠯᠦᠨ᠎ᠡ᠃ ᠪᠢᠳᠠ᠂ ᠤᠢᠷ᠎ᠠ  ᠶ᠋ᠢᠨ ᠵᠢᠯ ᠎ᠳ᠋ᠤ  ᠲᠦᠩᠯᠢᠶᠣᠤ ᠎ᠳᠤ ᠡᠭᠦᠰᠦᠭ᠌ᠰᠡᠨ ᠨᠤᠷᠠᠬᠤ ᠮᠠᠶᠢᠭ ᠎ᠤᠨ ᠢᠯᠵᠠᠷᠠᠯ ᠎ᠤᠨ ᠬᠦᠨᠳᠦ ᠨᠣᠴᠢᠲᠠᠶ ᠬᠡᠷᠡᠭ ᠡᠴᠡ  ᠬᠦᠨᠵᠡᠭᠡᠢ  ᠰᠤᠷᠭᠠᠮᠵᠢ ᠠᠪᠴᠤ᠂ᠴᠢᠩᠭ᠎ᠠ ᠭᠤᠤᠯ ᠬᠥᠭ ᠠᠶᠠᠰ ᠎ᠢ ᠢᠮᠠᠭ᠍ᠲᠠ  ᠰᠤᠯᠠᠷᠠᠰᠢ ᠦᠭᠡᠢ ᠪᠠᠷᠢᠮᠲᠠᠯᠠᠬᠤ ᠬᠡᠷᠡᠭ᠌ᠲᠡᠶ᠂ ᠬᠡᠷᠡᠭ᠎ᠢᠶᠡᠷ ᠥᠭᠡᠷᠡᠴᠢᠯᠡᠯᠲᠡ ᠎ᠶ᠋ᠢ ᠠᠬᠢᠭᠤᠯᠵᠤ ᠤᠯᠤᠰ ᠲᠥᠷᠥ ᠎ᠶ᠋ᠢᠨ ᠠᠮᠢ ᠠᠬᠤᠶ ᠎ᠶ᠋ᠢ ᠪᠥᠬᠥ᠌ ᠲᠠᠯ᠎ᠠ᠎ᠪᠠᠷ ᠰᠡᠷᠭᠦᠭᠡᠨ ᠴᠡᠪᠡᠷᠱᠢᠭᠦᠯᠬᠦ᠌ ᠡᠯ᠎ᠡ ᠵᠦᠶ᠋ᠯ ᠎ᠦᠨ ᠠᠵᠢᠯ ᠎ᠢ ᠦᠷᠭᠦᠯᠵᠢᠯᠡᠨ ᠭᠦᠨᠵᠡᠭᠡᠢᠷᠡᠭᠦᠯᠤᠨ ᠨᠠᠷᠢᠯᠢᠬ᠍ᠵᠢᠭᠤᠯᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠦᠷᠦ᠍ ᠎ᠶ᠋ᠢᠨ ᠠᠮᠢᠳᠤᠷᠠᠯ᠎ᠢ ᠲᠦᠪ ᠴᠢᠩᠭ᠎ᠠ  ᠪᠤᠯᠭᠠᠬᠤ ᠡᠨᠡ ᠬᠦ᠌ ᠴᠢᠬᠤᠯᠠ ᠰᠠᠭᠤᠷᠢ ᠴᠢᠨᠠᠷᠲᠠᠢ ᠢᠨᠵᠧᠨᠧᠷᠢᠩ ᠎ᠢ ᠨᠠᠷᠢᠨ ᠬᠢᠨᠠᠮᠠᠭᠠᠢ ᠰᠠᠢᠲᠤᠷ ᠠᠳᠬᠤᠵᠤ᠂  ᠶᠡᠷᠦᠮᠳᠡᠭ ᠪᠤᠯᠬᠤ᠂ ᠲᠤᠷ᠎ᠠ ᠵᠤᠷᠢᠭ᠎ᠤᠨ ᠪᠤᠯᠬᠤ᠂ ᠪᠣᠯᠬᠢ ᠪᠦᠳᠦᠭᠦᠯᠢᠭ ᠪᠤᠯᠬᠤ᠂ ᠠᠷᠠᠯᠵᠢᠶᠠᠨ᠎ᠤ ᠴᠢᠨᠠᠷᠲᠠᠢ ᠪᠤᠯᠬᠤ ᠵᠡᠷᠭᠡ ᠠᠰᠠᠭᠤᠳᠠᠯ ᠎ᠢ ᠡᠷᠡᠰ ᠬᠦᠴᠦᠲᠡᠢ ᠴᠡᠭᠴᠡᠯᠡᠨ ᠵᠠᠰᠠᠵᠤ᠂ ᠤᠯᠤᠰ ᠲᠥᠷᠥ ᠎ᠶ᠋ᠢᠨ ᠠᠮᠢ ᠠᠬᠤᠶ ᠎ᠶ᠋ᠢ ᠤᠯᠠᠮ ᠨᠢᠭᠡ ᠠᠯᠬᠤᠮ ᠴᠡᠪᠡᠷᠱᠢᠭᠦᠯᠦᠨ᠂ ᠺᠠᠳ᠋ᠷ ᠎ᠤᠨ ᠣᠮᠣᠭ ᠵᠤᠷᠢᠭ ᠎ᠢ  ᠪᠠᠳᠠᠷᠠᠭᠤᠯᠵᠤ᠂ ᠬᠥᠭ᠌ᠵᠢᠯᠲᠡ ᠎ᠶ᠋ᠢᠨ ᠣᠷᠴᠢᠨ ᠲᠣᠭᠣᠷᠢᠨ ᠎ᠢ ᠱᠢᠯᠢᠳᠡᠭ᠌ᠵᠢᠭᠦᠯᠵᠦ᠂ ᠲᠦᠪ ᠴᠢᠩᠭ᠎ᠠ  ᠰᠠᠬᠢᠯᠭ᠎ᠠ ᠪᠠᠲᠤ᠂ ᠱᠢᠯᠢᠳᠡᠭ ᠰᠠᠢᠨ ᠰᠤᠷᠲᠠᠯ  ᠵᠢᠡᠷ ᠴᠢᠨᠠᠷ ᠰᠠᠢᠲᠠᠶ ᠬᠥᠭ᠌ᠵᠢᠯᠲᠡ ᠎ᠶ᠋ᠢ ᠠᠬᠢᠭᠤᠯᠬᠤ᠂ ᠣᠳᠣᠬᠢᠴᠢᠯᠠᠯᠲᠠ  ᠵᠢᠨ ᠪᠦᠲᠦᠭᠡᠨ ᠪᠠᠢᠭᠤᠯᠤᠯᠲᠠ ᠎ᠶ᠋ᠢ ᠲᠦᠷᠭᠡᠳᠭᠡᠬᠦ᠌ ᠎ᠳᠦ ᠪᠠᠲᠤ ᠴᠢᠩᠭ᠎ᠠ ᠤᠯᠤᠰ ᠲᠥᠷᠥ ᠎ᠶ᠋ᠢᠨ ᠪᠠᠲᠤᠯᠠᠭ᠎ᠠ ᠬᠠᠩᠭᠠᠨ᠎ᠠ ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号