ᠵᠤᠤ ᠬᠤᠢ ᠵᠢᠶᠸ᠄ ᠨᠡᠩ ᠤᠯᠠᠨ ᠨᠤᠲᠤᠭ᠎ᠤᠨ ᠠᠬ᠎ᠠ ᠳᠡᠭᠦᠦ ᠨᠠᠷ ᠲᠠᠭᠡᠨ ᠪᠠᠶᠠᠨ ᠴᠢᠨᠡᠭᠡᠯᠢᠭ ᠠᠮᠢᠳᠤᠷᠠᠯ᠎ᠢ ᠡᠳ᠋ᠯᠡᠭᠦᠯᠦᠨ᠎ᠡ
2022-03-22 09:56:51
ᠵᠣᠬᠢᠶᠠᠭ᠍ᠴᠢ᠄
​ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠦᠪᠡᠳᠡᠭ᠌ᠰᠢ ᠬᠤᠷᠠᠯ ᠲᠡᠭᠦᠰᠴᠦ᠂ ᠠᠶᠠᠨ ᠵᠢᠡᠨ ᠳᠠᠬᠢᠨ ᠡᠬᠢᠯᠡᠭᠦᠯᠤᠯ᠎ᠡ᠃  ᠪᠦᠬᠦ᠌ ᠤᠯᠤᠰ᠎ᠤᠨ《ᠬᠣᠶᠠᠷ ᠬᠤᠷᠠᠯ》ᠠᠮᠵᠢᠯᠲᠠ᠎ᠲᠠᠶ ᠲᠡᠭᠦᠰᠦᠭ᠌ᠰᠡᠨ᠎ᠦ ᠳᠠᠷᠠᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠳ᠋ᠠ ᠮᠢᠶᠣᠣ ᠪᠠᠯᠭᠠᠰᠤ᠎ᠶ᠋ᠢᠨ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠵᠤᠤ ᠬᠤᠢ ᠵᠢᠶ᠍ᠸ ᠲᠡᠷᠡ ᠳᠠᠷᠤᠢ ᠠᠵᠢᠯ᠎ᠤᠨ ᠪᠠᠢᠷᠢᠨ᠎ᠳᠠᠭᠠᠨ ᠪᠤᠴᠠᠵᠤ᠂ ᠲᠣᠰᠭᠣᠨ᠎ᠤ ᠺᠠᠳ᠋ᠷ ᠪᠣᠯᠤᠨ ᠲᠣᠰᠭᠣᠨ᠎ᠤ ᠠᠷᠠᠳ᠎ᠲᠠᠭᠠᠨ ᠪᠦᠬᠦ᠌ ᠤᠯᠤᠰ ᠎ᠤᠨ《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠬᠤᠷᠠᠯ᠎ᠳᠤ ᠣᠷᠣᠯᠴᠠᠭ᠍ᠰᠠᠨ ᠲᠦᠷᠦᠭ᠌ᠳᠡᠯ᠎ᠢᠶᠡᠨ ᠬᠤᠪᠢᠶᠠᠯᠴᠠᠨ᠂ ᠪᠦᠬᠦ᠌ ᠤᠯᠤᠰ᠎ᠤᠨ《ᠬᠣᠶᠠᠷ ᠬᠤᠷᠠᠯ》᠎ᠤ᠋ᠨ ᠵᠤᠷᠢᠬ ᠰᠠᠨᠠᠭ᠎ᠠ ᠵᠢ ᠲᠤᠰᠬᠤᠨ᠎ᠤ ᠠᠷᠠᠳ ᠲᠠᠭᠠᠨ ᠤᠯᠠᠮᠵᠢᠯᠠᠨ ᠳᠠᠮᠵᠢᠭᠤᠯᠪᠠ᠃

ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠬᠦ᠎ᠳᠤ ᠣᠷᠣᠯᠴᠠᠬᠤ᠎ᠳᠠᠭᠠᠨ᠂ ᠶᠡᠷᠦᠩᠬᠡᠶ ᠱᠦᠵᠢ ᠰᠢ᠎ᠶ᠋ᠢᠨ ᠫᠢᠩ ᠱᠢᠨ᠎ᠡ ᠴᠠᠭ ᠦᠶ᠎ᠡ᠎ᠶ᠋ᠢᠨ ᠨᠠᠮ ᠪᠠ ᠠᠷᠠᠳ ᠲᠦᠮᠡᠨ᠎ᠦ ᠡᠷᠡᠯᠬᠡᠭ᠌ᠯᠡᠨ ᠤᠷᠤᠭ᠍ᠰᠢᠯᠠᠭ᠍ᠰᠠᠨ ᠥᠩᠭᠡᠷᠡᠯᠲᠡ᠎ᠶ᠋ᠢ ᠡᠷᠭᠢᠴᠡᠭᠦᠯᠵᠦ᠍᠂ ᠡᠨᠡ ᠬᠦ᠌ ᠥᠩᠭᠡᠷᠡᠯᠲᠡ᠎ᠶ᠋ᠢᠨ ᠳᠤᠮᠳᠠ ᠪᠦᠷᠢᠯᠳᠦᠭ᠌ᠰᠡᠨ《ᠲᠠᠪᠤᠨ ᠵᠠᠢᠯᠠᠰᠢ ᠦᠬᠡᠢ ᠵᠠᠮᠨᠠᠬᠤ ᠵᠠᠮ》ᠤ᠋ᠠ ᠲᠤᠬᠠᠢ ᠴᠢᠬᠤᠯᠠ ᠲᠠᠨᠢᠯᠲᠠ᠎ᠶ᠋ᠢ ᠳᠡᠭᠡᠳᠦ ᠬᠡᠮᠵᠢᠶ᠎ᠡ᠎ᠪᠡᠷ ᠬᠤᠷᠢᠶᠠᠩᠭᠤᠢᠯᠠᠵᠠᠶ᠃  ᠡᠨᠡ ᠨᠢ ᠵᠣᠣ ᠬᠣᠶ ᠵᠢᠶᠧ᠎ᠶ᠋ᠢᠨ ᠨᠤᠲᠤᠭ᠎ᠤᠨ ᠠᠬ᠎ᠠ ᠳᠡᠭᠦᠤ᠎ᠨᠡᠷ᠎ᠢᠶᠡᠨ ᠳᠠᠭᠠᠭᠤᠯᠤᠨ ᠣᠷᠣᠯᠭ᠎ᠠ᠎ᠪᠠᠨ ᠨᠡᠮᠡᠭ᠌ᠳᠡᠭᠦᠯᠦᠨ ᠬᠠᠮᠲᠤ᠎ᠪᠠᠷ ᠪᠠᠶᠠᠵᠢᠬᠤ ᠢᠲᠡᠭᠡᠯ ᠵᠣᠷᠢᠭ᠎ᠢ ᠨᠠᠩ ᠪᠠᠲᠤᠳᠭᠠᠪᠠ᠃ ᠲᠡᠷᠡ᠄《ᠶᠡᠷᠦᠩᠬᠡᠢ ᠱᠦᠵᠢ ᠰᠢ᠎ᠶ᠋ᠢᠨ ᠫᠢᠩ ᠶᠠᠷᠢᠶᠠᠨ᠎ᠳᠠᠭᠠᠨ ᠥᠪᠥᠷ ᠮᠣᠩᠭᠣᠯ᠎ᠤᠨ ᠬᠥᠭ᠌ᠵᠢᠯᠲᠡ᠎ᠳᠦ ᠴᠢᠭ᠌ᠯᠡᠭᠦᠯᠦᠨ ᠱᠢᠨ᠎ᠡ ᠱᠠᠭᠠᠷᠳᠠᠯᠭ᠎ᠠ ᠳᠤᠷᠠᠳᠴᠤ᠌᠂ ᠱᠢᠨ᠎ᠡ ᠬᠦᠰᠡᠯ ᠨᠠᠢᠳᠠᠯᠭ᠎ᠠ ᠲᠠᠯᠪᠢᠵᠠᠢ᠃ ᠡᠩ ᠲᠡᠷᠢᠭᠦᠨ ᠎ᠳᠦ ᠪᠢᠳᠡᠠ ᠎ᠢ ᠦᠷᠭᠦᠯᠵᠢᠯᠡᠨ ᠪᠦᠯᠬᠦᠮᠳᠡᠨ ᠲᠡᠮᠡᠴᠡᠵᠦ᠍᠂ ᠦᠷᠭᠦᠯᠵᠢᠯᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠪᠠᠲᠤᠳᠭᠠᠬᠤ᠎ᠬᠡᠷᠡᠭᠳᠡᠢ ᠭᠡᠰᠡᠨ ᠎ᠢ᠋ ᠰᠣᠨᠣᠰᠤᠭᠠᠳ ᠪᠢ ᠯᠤᠲᠤ ᠶᠡᠬᠡ ᠤᠯᠤᠯᠳᠠ ᠲᠦᠷᠦᠭᠳᠡᠯ ᠬᠦᠷᠳᠡᠪᠡ᠃ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠎ᠳᠤ ᠠᠱᠢᠭ᠍ᠲᠠᠢ ᠠᠵᠢᠯ᠎ᠢ ᠢᠯᠡᠭᠦᠬᠡᠨ ᠬᠢᠵᠦ᠍᠂ ᠭᠦᠨᠵᠡᠭᠡᠢ ᠨᠠᠷᠢᠯᠢᠭ ᠪᠣᠳᠠᠲᠠᠢ ᠬᠢᠬᠦ᠌ ᠬᠡᠷᠡᠭ᠌ᠲᠡᠢ᠃ ᠡᠮᠦᠨ᠎ᠡ ᠴᠢᠭ᠌ᠯᠡᠯ᠎ᠢ ᠵᠢᠭᠠᠵᠤ᠂ ᠬᠣᠢᠨ᠎ᠠ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠᠢᠬᠤ ᠪᠤᠯᠬᠤᠷ  ᠪᠢᠳᠡ ᠲᠠᠪᠱᠢᠬᠤ ᠦᠭᠡᠢ ᠬᠡᠬᠦ ᠳ᠋ᠤ ᠬᠦᠴᠢᠷ᠂ ᠬᠥᠭ᠌ᠵᠢᠬᠦ᠌ ᠦᠭᠡᠢ ᠬᠡᠬᠦ ᠳ᠋ᠤ  ᠪᠡᠷᠬᠡ᠂ ᠪᠢᠳᠡ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍ ᠂ ᠨᠡᠩ ᠤᠯᠠᠨ ᠨᠤᠲᠤᠭ᠎ᠤᠨ ᠠᠬ᠎ᠠ ᠳᠡᠭᠦᠦ᠍᠎ᠨᠡᠷ  ᠲᠡᠭᠡᠨ ᠪᠠᠶᠠᠨ ᠴᠢᠨᠡᠭᠡᠯᠢᠭ ᠠᠮᠢᠳᠤᠷᠠᠯ᠎ᠢ ᠡᠳ᠋ᠯᠡᠭᠦᠯᠦᠨ᠎ᠡ》 ᠭᠡᠵᠦ᠍ ᠬᠡᠯᠡᠪᠡ᠃

ᠰᠦᠩᠱᠠᠨ ᠲᠣᠭᠣᠷᠢᠭ᠎ᠤᠨ ᠳ᠋ᠠ ᠮᠢᠶᠣᠣ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ᠎ᠤ ᠬᠥᠳᠡᠭᠡ ᠲᠣᠰᠭᠣᠨ᠎ᠤ ᠵᠢᠭᠤᠯᠴᠢᠯᠡᠯ᠎ᠤᠨ ᠬᠦᠷᠢᠶᠡᠯᠡᠩ᠎ᠳᠦ ᠤᠷᠭᠤᠯᠳᠠ ᠰᠠᠢᠳᠠᠢ ᠤᠯᠠᠭᠠᠨ ᠭᠦᠢᠯᠡᠰᠦᠨ ᠮᠣᠳᠣ ᠵᠢᠭᠳᠡᠷᠡᠵᠤ ᠂ ᠰᠠᠯᠠᠭ᠎ᠠ ᠨᠠᠮᠠᠭ᠎ᠠ ᠵᠢ ᠨᠢ  ᠳᠦᠭᠦᠷᠳᠡᠯ᠎ᠠ ᠤᠯᠠᠭᠠᠨ ᠭᠦᠢᠯᠡᠰᠦ  ᠰᠠᠭᠤᠬᠰᠠᠨ ᠪᠠᠢᠯ᠎ᠠ᠃ ᠤᠳᠤ ᠶᠠᠭ ᠤᠯᠠᠭᠠᠨ ᠭᠦᠢᠯᠡᠰᠦᠨ ᠮᠤᠳᠤ ᠵᠢ ᠠᠷᠠᠴᠢᠯᠠᠵᠥ ᠬᠠᠮᠠᠭᠠᠯᠠᠬᠤ ᠵᠠᠩᠭᠢᠯᠠᠭ᠎ᠠ᠎ᠶ᠋ᠢᠨ ᠴᠠᠭ ᠪᠠᠢᠵᠤ᠂ ᠵᠤᠤ ᠬᠤᠢ ᠵᠢᠶ᠍ᠸ ᠥᠷᠯᠥᠭᠡ ᠡᠷᠲᠡ ᠵᠢᠮᠢᠰ ᠲᠡᠭᠦᠬᠦ᠌ ᠬᠦᠷᠢᠶᠡᠯᠡᠩ᠎ᠳ᠋ᠡᠬᠡᠨ ᠬᠦᠷᠴᠦ᠍ ᠤᠯᠠᠭᠠᠨ ᠭᠦᠢᠯᠡᠰᠦᠨ ᠮᠤᠳᠤᠨ᠎ᠤ ᠤᠷᠭᠤᠯᠳᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍᠂ ᠲᠣᠰᠭᠣᠨ᠎ᠤ ᠪᠠᠨ ᠠᠷᠠᠳ᠎ᠲᠠᠶ ᠵᠣᠭᠣᠭ᠍ᠳᠠᠬᠤ᠎ᠶ᠋ᠢᠨ ᠳᠠᠭᠠᠤ 《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠲᠣᠰᠭᠣᠨ᠎ᠤ ᠠᠷᠠᠳ ᠴᠧᠨ ᠵᠢᠩ ᠱᠢᠨ᠄《ᠵᠤᠤ ᠱᠦᠵᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠬᠤ ᠪᠡᠷ ᠳᠠᠮᠵᠢᠨ ᠶᠡᠷᠦᠩᠬᠡᠢ ᠱᠦᠵᠢ ᠰᠢ ᠵᠢᠨ ᠫᠢᠩ᠎ᠤᠨ ᠪᠢᠳᠡᠨ᠎ᠳᠦ ᠥᠭ᠌ᠭᠦᠭ᠌ᠰᠡᠨ ᠭᠦᠨ ᠵᠤᠵᠠᠭᠠᠨ ᠬᠠᠯᠠᠮᠵᠢᠯᠠᠯ᠎ᠢ ᠰᠡᠳᠬᠢᠯ᠎ᠳ᠋ᠡᠬᠡᠨ ᠬᠦᠨ ᠮᠡᠳᠡᠷᠡᠵᠦ᠍᠂ ᠤᠯᠤᠰ᠎ᠤᠨ ᠮᠠᠰᠢ ᠤᠯᠠᠨ ᠱᠢᠨ᠎ᠡ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠪᠠᠰᠠ ᠣᠢᠯᠠᠭᠠᠪᠠ᠃ ᠪᠢᠳᠡ  ᠵᠤᠤ ᠱᠦᠵᠢ᠎ᠶ᠋ᠢ ᠲᠠᠭᠠᠵᠤ ᠠᠵᠤ ᠠᠬᠤᠢ᠎ᠶ᠋ᠢᠨ ᠤᠢ᠎ᠶ᠋ᠢᠨ ᠠᠵᠤ ᠦᠢᠯᠡᠰ᠎ᠢ ᠰᠠᠢᠲᠤᠷ ᠬᠥᠭ᠌ᠵᠢᠭᠦᠯᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠦᠳᠦᠭᠡᠨ ᠪᠠᠢᠭᠤᠯᠤᠯᠲᠠ᠎ᠳᠤ ᠣᠷᠣᠯᠴᠠᠵᠤ᠂ ᠠᠯᠬᠤᠮ ᠠᠯᠬᠤᠮ᠎ᠢᠶᠠᠷ ᠨᠤᠲᠤᠭ ᠤᠰᠤ᠎ᠪᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠵᠤ᠂ ᠤᠯᠠᠮ ᠰᠠᠢ᠌ᠨ ᠰᠠᠢᠬᠠᠨ ᠠᠮᠢᠳᠤᠷᠠᠨ᠎ᠠ》 ᠭᠡᠵᠦ᠍ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号