ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠬᠥᠯᠤᠨ ᠠᠬᠢᠭᠤᠯᠰᠤᠭᠠᠢ
2022-03-23 09:51:13
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠲᠠᠪᠤᠨᠲᠠ ᠥᠭᠦᠯᠡᠬᠦ᠌ ᠨᠢ

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ ᠂ ᠵᠠᠩᠭᠢᠯᠠᠭ᠎ᠠ ᠨᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃

ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠳᠠᠭᠠᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠬᠦ᠌ ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠦᠪ ᠴᠢᠩᠭ᠎ᠠ ᠪᠤᠯᠭᠠᠬᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠲᠤᠬᠠᠢ ᠴᠢᠬᠤᠯᠠ ᠱᠠᠭᠠᠷᠳᠠᠯᠭ᠎ᠠ ᠳᠤᠷᠠᠳᠴᠠᠢ᠃ ᠡᠨᠡ ᠨᠢ ᠪᠢᠳᠡᠨ᠎ᠳᠦ ᠵᠣᠷᠢᠭ᠍ᠵᠢᠭᠤᠯᠤᠯ ᠪᠣᠯᠬᠤ᠎ᠪᠦᠭᠡᠳ ᠨᠡᠩ ᠴᠤ᠌ ᠪᠢᠳᠡᠨ᠎ᠳᠦ ᠲᠠᠯᠪᠢᠵᠤ ᠪᠠᠢᠭ᠎ᠠ ᠱᠠᠭᠠᠷᠳᠠᠯᠭ᠎ᠠ ᠪᠣᠯᠤᠨ᠎ᠠ᠃ ᠣᠷᠣᠨ ᠳᠠᠶᠠᠭᠠᠷ᠎ᠢᠶᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠪᠦᠬᠦ᠌ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠬᠦ᠌᠎ᠶ᠋ᠢ ᠢᠮᠠᠭ᠍ᠲᠠ ᠵᠤᠬᠰᠤᠰᠢ ᠦᠭᠡᠢ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠬᠦ᠌᠎ᠶ᠋ᠢ  ᠲᠤᠵᠢ ᠠᠬᠢᠭᠤᠯᠬᠤ ᠬᠡᠷᠡᠭ᠌ᠲᠡᠢ᠃

ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠨᠢ ᠬᠥᠮᠦᠰ ᠎ᠤᠨ  ᠰᠡᠳᠭᠢᠯ᠎ᠦᠨ ᠬᠠᠨᠳᠤᠰᠢ᠎ᠲᠠᠶ ᠬᠣᠯᠪᠣᠭ᠍ᠳᠠᠵᠤ᠂ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ᠎ᠲᠠᠶ ᠬᠣᠯᠪᠣᠭ᠍ᠳᠠᠨ᠎ᠠ᠃ ᠥᠪᠥᠷ ᠮᠣᠩᠭᠣᠯ ᠡᠳᠡᠭᠡᠷ ᠵᠢᠯ᠎ᠦᠳ᠎ᠲᠦ ᠬᠤᠷᠴᠠ ᠴᠢᠩᠭ᠎ᠠ ᠬᠤᠪᠢᠰᠭᠠᠯ᠎ᠤᠨ ᠵᠣᠷᠢᠭ ᠰᠠᠨᠠᠭ᠎ᠠ ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠪᠠᠷ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠵᠦ᠍᠂ ᠥᠴᠦᠬᠡᠨ ᠴᠦ᠍ ᠡᠷᠡᠭᠡᠯᠵᠡᠯ ᠦᠭᠡᠢ᠎ᠪᠡᠷ ᠠᠷᠬᠠᠭ ᠭᠡᠮ᠎ᠢᠶᠡᠨ ᠵᠠᠰᠠᠵᠤ᠂ ᠤᠬᠳᠤ ᠨᠠᠢᠷ ᠬᠠᠶᠠᠬᠤ ᠦᠭᠡᠢ᠎ᠪᠡᠷ ᠬᠣᠣᠷᠲᠤ ᠬᠠᠪᠤᠳᠠᠷ᠎ᠲᠤ ᠮᠡᠰᠡ ᠵᠠᠰᠠᠯ ᠬᠢᠵᠦ᠍᠂ ᠡᠷᠡᠰ ᠱᠢᠭᠤᠷᠬᠠᠢ᠎ᠪᠠᠷ ᠭᠠᠷᠳᠠᠨ ᠬᠢᠵᠤ᠂ ᠠᠰᠠᠭᠤᠳᠠᠯ᠎ᠢ ᠢᠯᠡᠷᠡᠬᠦᠯᠵᠤ᠂ ᠦᠨᠳᠦᠰᠦ᠎ᠶ᠋ᠢ ᠨᠢ ᠮᠠᠯᠲᠠᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠲᠠᠪᠱᠢᠯᠳᠠ᠎ᠳᠤ ᠬᠠᠷᠰᠢ ᠰᠠᠭᠠᠳ᠎ᠢ ᠠᠷᠢᠯᠭᠠᠵᠤ᠂ ᠬᠡᠮ ᠰᠣᠭᠣᠭ᠎ᠢ ᠨᠢ ᠠᠷᠢᠯᠭᠠᠵᠤ᠂ ᠰᠠᠢ᠌ᠨ ᠰᠠᠢᠬᠠᠨ ᠣᠷᠴᠢᠨ ᠲᠣᠭᠣᠷᠢᠨ᠎ᠢ ᠡᠭᠦᠳᠴᠦ᠍ ᠥᠭ᠌ᠴᠡᠢ᠃ ᠭᠡᠪᠡᠴᠦ᠍ ᠮᠠᠨ᠎ᠤ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ ᠤᠷᠳᠤ ᠬᠤᠭᠤᠴᠠᠭ᠎ᠠ᠎ᠪᠠᠷ ᠬᠦᠨᠳᠦ ᠨᠣᠴᠢᠲᠠᠢ ᠬᠣᠬᠢᠷᠠᠯ᠎ᠳᠤ ᠤᠴᠠᠷᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ《ᠤᠯᠠᠭᠠᠨ ᠲᠣᠭ᠎ᠠ》ᠶᠡᠬᠡ᠂ ᠥᠷᠢᠲᠦᠯ ᠤᠯᠠᠨ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠦᠨ ᠪᠠᠢᠳᠠᠯ ᠮᠥᠨ ᠬᠦ᠌ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠲᠠᠬᠢᠨ ᠪᠠᠢᠭᠤᠯᠵᠤ᠂ ᠦᠨᠳᠦᠰᠦᠨ᠎ᠡᠴᠡ ᠨᠢ ᠰᠠᠢᠵᠢᠷᠠᠭᠤᠯᠬᠤ᠎ᠳᠤ ᠪᠠᠰᠠ ᠨᠡᠩ ᠪᠡᠷᠬᠡ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ ᠴᠢᠬᠤᠯᠠᠲᠠᠢ ᠪᠠᠢᠬᠤ᠎ᠶ᠋ᠢ ᠡᠷᠬᠡᠪᠰᠢ ᠣᠯᠵᠤ ᠬᠠᠷᠠᠬᠤ ᠬᠡᠷᠡᠭ᠌ᠲᠡᠢ᠃ ᠪᠢᠳᠡ ᠡᠭᠦᠷᠢᠳᠡ ᠵᠤᠬ᠍ᠰᠤᠰᠢ ᠦᠭᠡᠢ ᠪᠠᠢᠬᠤ ᠰᠡᠷᠭᠡᠭ ᠪᠥᠭᠡᠳ ᠡᠷᠡᠰ ᠪᠠᠲᠤ ᠪᠠᠢᠳᠠᠯ᠎ᠢ ᠢᠮᠠᠭ᠍ᠲᠠ ᠪᠠᠲᠤᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠲᠡᠮᠡᠴᠡᠯ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠢᠯᠠᠯᠳᠤᠭᠠᠨ᠎ᠢ ᠰᠠᠢᠲᠤᠷ ᠬᠢᠵᠦ᠍ ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍ ᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠣᠣᠷᠲᠠᠢ ᠡᠯᠧᠮᠧᠨ᠋ᠲ᠎ᠢ ᠲᠠᠰᠤᠷᠠᠯᠳᠡ ᠦᠭᠡᠢ ᠠᠷᠢᠯᠭᠠᠵᠤ᠂ ᠨᠠᠮ᠎ᠤᠨ ᠡᠷᠡᠭᠦᠯ ᠴᠢᠭᠢᠷᠠᠭ ᠪᠡᠶ᠎ᠡ ᠮᠠᠬᠠᠪᠣᠳ᠎ᠢ ᠬᠣᠬᠢᠷᠠᠭᠤᠯᠬᠤ ᠠᠯᠢᠪᠠ ᠡᠪᠡᠳᠴᠢᠨ ᠡᠭᠦᠰᠭᠡᠭ᠌ᠴᠢ᠎ᠶ᠋ᠢ ᠲᠠᠰᠤᠷᠠᠯᠳᠡ ᠦᠭᠡᠢ ᠠᠷᠢᠯᠭᠠᠵᠤ᠂ ᠮᠠᠨ᠎ᠤ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠰᠡᠷᠭᠦᠭᠡᠨ ᠴᠡᠪᠡᠷᠱᠢᠭᠦᠯᠬᠦ᠌᠎ᠶ᠋ᠢ ᠲᠦᠷᠭᠡᠳᠭᠡᠨ ᠠᠬᠢᠭᠤᠯᠵᠤ᠂ᠦᠨᠳᠦᠰᠦᠨ᠎ᠡᠴᠡ ᠨᠢ ᠰᠠᠢᠵᠢᠷᠠᠭᠤᠯᠬᠤ ᠵᠢ ᠪᠠᠶᠠᠯᠡᠬᠦᠯᠬᠦ ᠬᠡᠷᠡᠭ᠌ᠲᠡᠢ᠃

ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠡᠷᠬᠡᠪᠰᠢ ᠱᠢᠰᠲ᠋ᠧᠮ᠎ᠲᠡᠶ ᠣᠢᠯᠠᠭᠠᠵᠤ᠂ ᠪᠦᠬᠦᠯᠢ ᠴᠣᠭ᠍ᠴᠠ᠎ᠪᠠᠷ ᠨᠢ ᠡᠵᠡᠮᠳᠡᠵᠦ᠍᠂ ᠪᠦᠬᠦ᠌ ᠲᠠᠯ᠎ᠠ᠎ᠪᠠᠷ ᠲᠤᠭᠤᠱᠢᠯᠠᠭᠤᠯᠵᠦ᠂ ᠨᠢᠭᠡ ᠴᠤᠬ᠍ᠴᠠᠵᠢᠭᠤᠯᠤᠨ ᠨᠠᠢᠳᠠᠪᠤᠷᠢᠵᠢᠭᠤᠯᠵᠤ᠂ 《 ᠱᠢᠯᠭᠠᠯᠲᠠ᠎ᠳᠤ ᠣᠷᠣᠯᠴᠠᠬᠤ 》 ᠰᠡᠷᠭᠡᠭ ᠪᠠᠢᠳᠠᠯ᠎ᠢᠶᠠᠨ ᠢᠮᠠᠭ᠍ᠲᠠ ᠪᠠᠲᠤᠯᠠᠵᠤ᠂ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠭᠤᠷᠬᠠᠢ᠎ᠶ᠋ᠢᠨ ᠡᠬᠢ ᠪᠠᠶᠠᠯᠢᠭ᠎ᠤᠨ ᠬᠦᠷᠢᠶ᠎ᠡ᠂ ᠪᠡᠯᠡ ᠮᠥᠩᠭᠥ᠌ ᠲᠦᠷᠦᠯ ᠵᠦᠢᠯ᠎ᠦᠨ ᠡᠷᠬᠡ ᠲᠥᠪᠯᠡᠷᠡᠭ᠌ᠰᠡᠨ ᠬᠦᠷᠢᠶ᠎ᠡ᠂ ᠤᠯᠠᠨ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠳᠤ ᠬᠣᠯᠪᠣᠭ᠍ᠳᠠᠭ᠍ᠰᠠᠨ ᠬᠦᠷᠢᠶᠡᠨ᠎ᠦ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠣᠣᠷᠲᠤ ᠬᠠᠪᠤᠳᠠᠷ᠎ᠢ ᠡᠷᠡᠰ ᠠᠷᠢᠯᠭᠠᠵᠤ᠂ ᠬᠣᠣᠷᠲᠤ ᠡᠳ᠋᠎ᠦᠨ ᠡᠬᠢ ᠰᠤᠷᠪᠤᠯᠵᠢ᠎ᠶ᠋ᠢ ᠠᠷᠢᠯᠭᠠᠵᠤ᠂ ᠬᠣᠣᠷ ᠨᠥᠯᠥᠭᠡ᠎ᠶ᠋ᠢ ᠠᠷᠢᠯᠭᠠᠬᠤ ᠭᠡᠷᠡᠭᠲᠡᠢ᠃ ᠴᠢᠩᠭ᠎ᠠ ᠪᠠᠢᠬᠤ ᠭᠣᠣᠯ ᠬᠦᠭ ᠠᠶᠠᠰ᠎ᠢ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠪᠠᠢᠩᠭᠤᠵᠢᠭᠤᠯᠵᠤ ᠳᠦᠷᠢᠮᠵᠢᠭᠦᠯᠬᠦ᠌᠎ᠶ᠋ᠢ ᠠᠬᠢᠭᠤᠯᠵᠤ᠂《ᠲᠦᠷᠪᠡᠨ ᠰᠤᠷᠲᠠᠯ》 ᠎ᠢ᠋ ᠴᠥᠬᠥᠷᠡᠰᠢ ᠦᠭᠡᠢ ᠵᠠᠯᠠᠷᠠᠭᠤᠯᠵᠤ ᠱᠢᠨ᠎ᠡ ᠰᠤᠷᠲᠠᠯ᠎ᠢ ᠪᠤᠢ ᠪᠣᠯᠭᠠᠵᠤ᠂ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠭᠡᠷᠡᠭᠲᠡᠢ᠃

ᠲᠥᠪ ᠴᠢᠩᠭ᠎ᠠ ᠨᠠᠷᠢᠨ ᠬᠢᠨᠠᠮᠠᠭᠠᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ ᠪᠣᠯ ᠮᠠᠨ᠎ᠤ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢᠶᠠᠨ ᠪᠠᠲᠤᠯᠠᠬᠤ᠎ᠶ᠋ᠢᠨ ᠴᠢᠬᠤᠯᠠ ᠡᠷᠳᠡᠨᠢ ᠮᠥᠨ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ᠎ᠳᠤ᠂ ᠡᠷᠬᠡᠪᠰᠢ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠤᠯᠭᠠᠬᠤ᠎ᠶ᠋ᠢᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠬᠤ ᠡᠨᠡ ᠬᠦ᠌ ᠰᠠᠭᠤᠷᠢ ᠴᠢᠨᠠᠷᠲᠠᠢ ᠢᠨᠵᠧᠨᠧᠷᠢᠩ᠎ᠢ ᠪᠣᠳᠠᠲᠠᠢ ᠠᠳᠭᠤᠵᠤ᠂ ᠰᠤᠷᠳᠠᠯ ᠴᠢᠭᠡᠴᠢ ᠤᠪᠤᠷ ᠲᠦᠪ ᠪᠠᠢᠵᠤ᠂ ᠶᠡᠷᠦᠮᠳᠡᠭ᠂ᠳᠤᠷ᠎ᠠ ᠵᠣᠷᠢᠭ᠎ᠤᠨ᠂ ᠪᠣᠯᠬᠢᠴᠢᠯᠠᠬᠤ᠂ ᠠᠷᠠᠯᠵᠢᠶᠠᠯᠠᠬᠤ᠎ᠶ᠋ᠢ ᠲᠠᠰᠤ ᠬᠣᠷᠢᠭ᠍ᠯᠠᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠡᠷᠡᠭᠦᠯ ᠪᠥᠭᠡᠳ ᠵᠢᠷᠤᠮᠵᠢᠭ᠍ᠰᠠᠨ ᠵᠠᠮ᠎ᠳᠠᠭᠠᠨ ᠪᠦᠬᠦ᠌ ᠲᠠᠯ᠎ᠠ᠎ᠪᠠᠷ ᠤᠷᠤᠭᠤᠯᠬᠤ ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃

ᠨᠠᠮ᠎ᠤᠨ ᠲᠡᠦᠬᠡ ᠪᠣᠯ ᠬᠠᠮᠤᠭ᠎ᠤᠨ ᠠᠮᠢᠳᠤᠯᠢᠭ᠂ ᠬᠠᠮᠤᠭ᠎ᠤᠨ ᠢᠲᠡᠭᠡᠭᠦᠯᠬᠦ᠌ ᠬᠦᠴᠦᠨ᠎ᠲᠡᠶ ᠰᠤᠷᠬᠤ ᠪᠢᠴᠢᠭ ᠮᠥᠨ᠃ ᠲᠡᠦᠬᠡ᠎ᠶ᠋ᠢᠨ ᠠᠬᠢᠴᠠ᠎ᠶ᠋ᠢᠨ ᠲᠤᠬᠠᠢ ᠲᠠᠨᠢᠯᠲᠠ ᠬᠡᠳᠦᠢ ᠪᠦᠬᠦ᠌ ᠲᠠᠯ᠎ᠠ᠎ᠶ᠋ᠢᠨ ᠪᠣᠯᠬᠤ ᠲᠤᠳᠤᠮ᠂ ᠲᠡᠦᠬᠡ᠎ᠶ᠋ᠢᠨ ᠵᠢᠮ᠎ᠡ ᠶᠣᠰᠣ᠎ᠶ᠋ᠢ ᠬᠡᠳᠦᠢ ᠭᠦᠨᠵᠡᠭᠡᠢ ᠡᠵᠡᠮᠱᠢᠬᠦ᠌ ᠲᠤᠳᠤᠮ᠂ ᠨᠠᠮ᠎ᠤᠨ ᠲᠡᠦᠬᠡ᠎ᠶ᠋ᠢᠨ ᠤᠶᠤᠨ ᠤᠬᠠᠭᠠᠨ ᠬᠡᠳᠦᠢ ᠪᠠᠶᠠᠯᠢᠭ ᠪᠣᠯᠬᠤ ᠲᠤᠳᠤᠮ᠂ ᠢᠷᠡᠭᠡᠳᠦᠢ᠎ᠶ᠋ᠢᠨ ᠲᠤᠬᠠᠢ ᠡᠵᠡᠮᠳᠡᠯ ᠲᠡᠳᠦᠢ ᠰᠠᠨᠠᠭᠠᠴᠢᠯᠠᠭ᠎ᠠ᠎ᠲᠠᠶ ᠪᠤᠯᠵᠤ ᠴᠢᠳᠠᠨ᠎ᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ᠎ᠳᠤ᠂ ᠡᠷᠬᠡᠪᠰᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍ ᠂ ᠪᠠᠢ᠌ᠩᠭᠤᠵᠢᠭ᠍ᠰᠠᠨ ᠤᠷᠲᠤ ᠬᠤᠭᠤᠴᠠᠭᠠᠨ᠎ᠤ ᠪᠦᠲᠦᠮᠵᠢᠲᠡᠢ ᠳᠦᠷᠢᠮ ᠲᠣᠭ᠍ᠲᠠᠴᠠ᠎ᠶ᠋ᠢ ᠪᠠᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠵᠦ᠍ ᠬᠦᠲᠦᠯᠦᠨ ᠵᠢᠯᠣᠭᠣᠳᠴᠤ᠌ ᠪᠠᠢᠭᠠᠳ ᠨᠠᠮ᠎ᠤᠨ ᠲᠡᠦᠬᠡ᠎ᠶ᠋ᠢ ᠰᠤᠷᠤᠯᠴᠠᠬᠤ᠂ ᠨᠠᠮ᠎ᠤᠨ ᠲᠡᠦᠬᠡ᠎ᠵᠢ ᠨᠠᠰᠤᠨ ᠲᠤᠷᠱᠢᠳᠠ ᠵᠢᠨ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠪᠠᠢᠭᠤᠯᠤᠭᠰᠠᠨ ᠠᠭᠤᠤ ᠶᠡᠬᠡ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠬᠤ᠂ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠬᠤ ᠳᠤᠮᠳᠠ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠡᠷᠡᠭ᠌ᠲᠡᠢ᠃

ᠠᠶᠠᠯᠠᠯ᠎ᠤᠨ ᠴᠢᠭ᠌ᠯᠡᠯ ᠨᠢᠭᠡᠨᠲᠡ ᠲᠣᠭ᠍ᠲᠠᠵᠤ᠂ ᠤᠷᠤᠬᠰᠢᠯᠠᠯᠳᠠ ᠵᠢᠨ ᠪᠦᠷᠢᠶ᠎ᠡ ᠬᠠᠩᠭᠢᠨᠠᠪᠠ᠃ ᠱᠢᠨ᠎ᠡ ᠱᠢᠯᠭᠠᠯᠲᠠ᠎ᠶ᠋ᠢᠨ ᠠᠶᠠᠨ ᠳ᠋ᠠᠭᠠᠨ᠂ ᠪᠢᠳᠡ ᠡᠷᠬᠡᠪᠰᠢ ᠦᠵᠡᠯ ᠰᠠᠨᠠᠭᠠᠨ᠎ᠤ ᠲᠠᠯ᠎ᠠ᠎ᠪᠠᠷ ᠳᠠᠬᠢᠨ ᠳᠠᠷᠤᠯᠲᠠ ᠥᠭ᠌ᠴᠦ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠳᠠᠬᠢᠨ ᠬᠦᠴᠦᠯᠡᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠢ ᠴᠢᠩᠭ᠎ᠠ ᠵᠠᠰᠠᠬᠤ ᠱᠠᠭᠠᠷᠳᠠᠯᠭ᠎ᠠ᠎ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠥᠴᠦᠬᠡᠨ ᠴᠦ᠍ ᠰᠤᠯᠠᠷᠠᠭᠤᠯᠤᠯ ᠦᠭᠡᠢ᠎ᠪᠡᠷ ᠭᠦᠨᠵᠡᠭᠡᠢᠷᠡᠭᠦᠯᠵᠦ᠍᠂ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠨᠡᠩ ᠴᠠᠪᠠᠷ ᠰᠠᠢᠬᠠᠨ ᠪᠣᠯᠭᠠᠬᠤ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号