— ᠬᠥᠯᠥᠨ ᠪᠣᠢᠷ ᠬᠣᠲᠠ ᠶ᠋ᠢᠨ ᠨᠠᠮᠤᠨ ᠬᠣᠷᠢᠶᠠᠨᠤ ᠱᠦᠵᠢ ᠭᠤᠤ ᠷᠦᠨ ᠰᠢ ᠶ᠋ᠢ ᠰᠤᠷᠪᠤᠯᠵᠢᠯᠠᠭ᠍ᠰᠠᠨ ᠨᠢ
ᠪᠦᠬᠦ᠌ ᠤᠯᠤᠰ ᠤᠨ 《ᠬᠣᠶᠠᠷ ᠬᠤᠷᠠᠯ》 ᠠᠮᠵᠢᠯᠲᠠᠲᠠᠶ ᠦᠨᠳᠤᠷᠯᠡᠭᠰᠡᠨ ᠤ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ᠌ ᠤᠯᠤᠰᠤᠨ ᠠᠷᠠᠳ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳᠦᠨ ᠪᠦᠯᠬᠦᠮ ᠦᠨ ᠬᠢᠨᠠᠨ ᠵᠥᠪᠯᠡᠬᠦ᠌ ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨᠤ ᠵᠣᠷᠢᠭ ᠰᠠᠨᠠᠭ᠎ᠠ ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠬᠥᠯᠥᠨ ᠪᠤᠢ᠌ᠷ ᠬᠤᠳᠠ ᠶ᠋ᠢᠨ ᠨᠠᠮ ᠤᠨ ᠬᠣᠷᠢᠶᠠᠨ ᠤ ᠱᠦᠵᠢ ᠭᠤᠤ ᠷᠦᠨ ᠰᠢ ᠶ᠋ᠢ ᠰᠤᠷᠪᠤᠯᠵᠢᠯᠠᠪᠠ᠃
《 ᠶᠡᠷᠦᠩᠬᠡᠢ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ᠌ ᠤᠯᠤᠰᠤᠨ ᠠᠷᠠᠳᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳᠦᠨ ᠪᠦᠯᠬᠦᠮᠦᠨ ᠬᠢᠨᠠᠨ ᠵᠥᠪᠯᠡᠬᠦ᠌ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠨᠢ ᠠᠯᠤᠰ ᠬᠡᠳᠤ ᠶ᠋ᠢᠨ ᠵᠤᠬᠰᠤᠴᠠ ᠲᠠᠶ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ ᠪᠠᠢᠵᠤ᠂ ᠪᠢᠳᠡᠨ ᠦ ᠬᠣᠢᠱᠢᠳᠠ ᠶ᠋ᠢᠨ ᠬᠥᠭ᠌ᠵᠢᠯᠲᠡ ᠳᠦ ᠦᠨᠳᠦᠰᠦᠨ ᠵᠢᠷᠤᠮᠯᠠᠯ ᠬᠠᠩᠭᠠᠪᠠ》ᠭᠡᠵᠤ ᠭᠤᠤ ᠷᠦᠨ ᠰᠢ ᠤᠯᠤᠯᠳᠠ ᠲᠦᠷᠦᠭᠳᠡᠯᠵᠢᠡᠨ ᠲᠡᠯᠭᠡᠵᠤ ᠭᠠᠷᠤᠯ᠎ᠠ᠃ ᠲᠠᠷᠠ᠂ ᠬᠥᠯᠥᠨ ᠪᠤᠢ᠌ᠷ ᠬᠤᠳᠠ ᠶ᠋ᠢᠨ ᠬᠢᠨ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠶᠡᠷᠦᠩᠬᠡᠢ ᠱᠦᠵᠢ ᠶ᠋ᠢᠨ ᠥᠪᠥᠷ ᠮᠣᠩᠭᠣᠯ ᠤᠨ ᠲᠤᠬᠠᠢ ᠱᠢᠷᠢᠰ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤᠲᠠᠶ ᠨᠢᠭ᠍ᠲᠠ ᠤᠶᠠᠯᠳᠤᠭᠤᠯᠬᠤᠶ᠋ᠢ ᠪᠠᠷᠢᠮᠲᠠᠯᠠᠵᠤ᠂ ᠨᠠᠮᠤᠨ ᠲᠥᠪ ᠬᠣᠷᠢᠶᠠᠨ ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠵᠢᠯ ᠤᠨ ᠱᠠᠭᠠᠷᠳᠠᠯᠭ᠎ᠠ ᠶ᠋ᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠬᠤᠲᠠᠶ ᠠᠭᠤᠰᠤᠯᠴᠠᠭᠤᠯᠤᠨ ᠨᠡᠪᠲᠡᠷᠡᠯᠴᠡᠭᠦᠯᠵᠦ᠂ 《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠴᠢᠬᠤᠯᠠ ᠶᠡᠬᠡ ᠨᠤᠲᠠᠯᠠᠯᠲᠠ ᠵᠢ ᠭᠦᠨᠵᠡᠭᠡᠶ ᠡᠵᠡᠮᠱᠢᠵᠦ᠂ ᠥᠪᠡᠷᠲᠡᠭᠡᠨ ᠵᠠᠰᠠᠬᠤ ᠣᠷᠣᠨ ᠤ 《 ᠬᠣᠶᠠᠷ ᠬᠠᠯᠬᠠᠪᠴᠢ 》 ᠶ᠋ᠢ ᠨᠡᠩ ᠪᠠᠲᠤ ᠴᠤᠬᠴᠠᠯᠠᠬᠤ᠂ 《ᠬᠣᠶᠠᠷ ᠰᠠᠭᠤᠷᠢᠨ》 ᠤ᠋ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭ᠌ᠰᠢᠯᠡᠭᠦᠯᠬᠦ᠂ 《ᠨᠢᠭᠡ ᠪᠡᠬᠢᠯᠡᠯᠲᠡ》 ᠶ᠋ᠢᠨ ᠦᠶ᠋ᠯᠡᠳᠦᠯᠢ ᠪᠠᠳᠠᠷᠠᠭᠤᠯᠬᠤ ᠬᠠᠷᠠᠯᠲᠠ ᠪᠠᠢᠷᠢ ᠲᠣᠭ᠍ᠲᠠᠭᠠᠯᠲᠠ ᠶᠢᠨ ᠲᠤᠭᠤᠷᠢᠨ ᠳᠤ᠂ ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠢᠲᠠᠢ ᠬᠥᠭ᠌ᠵᠢᠯᠲᠡᠶ᠋ᠢᠨ ᠱᠢᠨ᠎ᠡ ᠵᠠᠮ ᠢᠶᠡᠷ ᠡᠷᠡᠰ ᠭᠤᠢᠪᠢᠰᠢ ᠦᠭᠡᠢ ᠵᠠᠮᠨᠠᠨ᠎ᠠ᠃
《ᠬᠤᠤᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠣᠳᠣᠯᠭ᠎ᠠ ᠳᠤ ᠦᠶ᠋ᠯᠡᠴᠢᠯᠡᠬᠦ᠌ ᠳᠦ ᠠᠩᠬᠠᠷᠤᠯ ᠢᠶᠠᠨ ᠲᠥᠪᠯᠡᠷᠡᠭᠦᠯᠵᠦ᠍᠂ ᠠᠮᠢ ᠠᠬᠤᠶ ᠶ᠋ᠢᠨ ᠪᠣᠯᠪᠠᠰᠤᠨᠤ ᠪᠠᠢᠭᠤᠯᠤᠯᠲᠠ ᠶ᠋ᠢᠨ ᠥᠯᠢᠭᠡᠷ ᠬᠡᠪᠢ ᠬᠦᠴᠦ᠍ᠯᠡᠨ ᠪᠣᠶ ᠪᠣᠯᠭᠠᠨ᠎ᠠ᠃ ᠶᠡᠷᠦᠩᠬᠡᠶ ᠱᠦᠵᠢᠶ᠋ᠢᠨ 《ᠨᠡᠭᠦᠷᠡᠰᠦᠳᠦ᠋ᠷᠦᠭ᠌ᠴᠢ ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯᠳᠦ ᠬᠦᠷᠬᠦ ᠪᠠ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠠᠵᠢᠯᠢ ᠢᠳᠡᠪᠬᠢᠲᠡᠶ ᠪᠥᠭᠡᠳ ᠯᠠᠪᠳᠠᠭᠤᠨᠢᠶᠠᠷ ᠠᠬᠢᠭᠤᠯᠬᠤ》 ᠲᠤᠬᠠᠶ ᠴᠢᠬᠤᠯᠠ ᠱᠠᠭᠠᠷᠳᠠᠯᠭ᠎ᠠ ᠶ᠋ᠢ ᠭᠦᠨᠵᠡᠭᠡᠶ ᠲᠤᠭᠤᠱᠢᠯᠠᠭᠤᠯᠵᠤ᠂ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠶ᠋ᠢ ᠪᠥᠬᠥ᠌ ᠣᠷᠣᠨ ᠪᠦᠰᠡ ᠪᠥᠬᠥ᠌ ᠲᠠᠯᠠᠪᠠᠷ ᠴᠢᠩᠭᠠᠳᠭᠠᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠢ᠋ ᠶᠡᠷᠦᠩᠬᠡᠢᠯᠡᠨ ᠵᠠᠰᠠᠬᠤᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠬᠥᠯᠥᠨ ᠨᠠᠭᠤᠷ ᠤᠨ ᠰᠠᠪᠠ ᠭᠠᠵᠠᠷᠤᠨ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠶ᠋ᠢ ᠪᠥᠬᠥ᠌ ᠲᠠᠯᠠᠪᠠᠷ ᠴᠢᠩᠭᠠᠳᠭᠠᠵᠤ᠂ ᠶᠡᠬᠡ ᠬᠢᠩᠭᠠᠨ ᠳᠠᠪᠠᠭ᠎ᠠ ᠶ᠋ᠢᠨ ᠣᠶ ᠱᠢᠭᠤᠶ ᠶ᠋ᠢᠨ ᠠᠮᠢ ᠠᠬᠤᠶ ᠶ᠋ᠢᠨ ᠬᠣᠩᠭᠢᠯᠤᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠵᠦ᠍᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶ᠋ᠢ ᠬᠠᠮᠠᠭᠠᠯᠠᠬᠤ ᠳᠠᠢᠯᠠᠯᠳᠤᠭᠠᠨ ᠢ ᠡᠷᠡᠰ ᠰᠠᠢᠲᠤᠷ ᠬᠢᠵᠦ᠍᠂ ᠮᠠᠨ ᠤ ᠤᠯᠤᠰ ᠤᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠦ ᠬᠠᠯᠬᠠᠪᠴᠢ ᠶ᠋ᠢ ᠪᠡᠬᠢᠵᠢᠭᠦᠯᠦᠨ᠎ᠡ᠃
ᠪᠦᠬᠦ᠌ ᠲᠠᠯᠠᠪᠠᠷ ᠪᠣᠬᠢᠷᠲᠤᠯ ᠦᠭᠡᠢᠲᠡᠢᠰᠢ ᠬᠡᠯᠪᠡᠷᠢᠪᠡᠨ ᠬᠤᠪᠢᠷᠠᠭᠤᠯᠬᠤᠳᠤ ᠠᠩᠬᠠᠷᠤᠯ ᠢᠶᠠᠨ ᠲᠥᠪᠯᠡᠷᠡᠭᠦᠯᠵᠦ᠍᠂ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢ ᠬᠦᠴᠦ᠍ᠯᠡᠨ ᠠᠬᠢᠭᠤᠯᠤᠨ᠎ᠠ᠃ ᠶᠡᠷᠦᠩᠬᠡᠶ ᠱᠦᠵᠢ ᠶ᠋ᠢᠨ 《ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠵᠠᠮ ᠢᠶᠠᠷ ᠡᠷᠡᠰ ᠭᠤᠢᠪᠢᠰᠢ ᠥᠬᠡᠶ ᠵᠠᠮᠨᠠᠬᠤ》 ᠲᠤᠬᠠᠶ ᠴᠢᠬᠤᠯᠠ ᠱᠠᠭᠠᠷᠳᠠᠯᠭᠠᠶ᠋ᠢ ᠭᠦᠨᠵᠡᠭᠡᠶ ᠲᠤᠭᠤᠱᠢᠯᠠᠭᠤᠯᠵᠤ᠂ ᠣᠲᠣ ᠦᠶ᠎ᠡ ᠶ᠋ᠢᠨ ᠲᠠᠷᠢᠶᠠᠯᠠᠩ ᠮᠠᠯ ᠠᠵᠤ ᠠᠬᠤᠶ᠂ ᠤᠨᠴᠠᠯᠢᠬ᠍ᠳᠤ ᠵᠢᠭᠤᠯᠴᠢᠯᠠᠯ ᠤᠨ ᠦᠶ᠋ᠯᠡᠰ ᠵᠡᠷᠭᠡ ᠶ᠋ᠢ ᠬᠥᠭ᠌ᠵᠢᠭᠦᠯᠬᠦ᠌ᠪᠡᠷ ᠭᠤᠤᠯ ᠱᠢᠪᠲᠤᠯᠤᠯᠲᠠ ᠶ᠋ᠢᠨ ᠴᠢᠭ᠌ᠯᠡᠯ ᠪᠣᠯᠭᠠᠬᠤ ᠶ᠋ᠢ ᠪᠠᠷᠢᠮᠲᠠᠯᠠᠵᠤ ᠂ ᠪᠥᠬᠥ᠌ ᠬᠦᠴᠦᠨᠢᠶᠡᠷᠢᠶᠡᠨ ᠲᠥᠷᠥᠯ ᠵᠦᠶ᠋ᠯᠢ ᠠᠳᠭᠤᠵᠤ᠂ ᠪᠠᠯᠠ ᠣᠷᠣᠭᠤᠯᠤᠯᠲᠠᠶ᠋ᠢ ᠲᠣᠭ᠍ᠲᠠᠪᠤᠷᠢᠵᠢᠭᠤᠯᠵᠤ᠂ ᠬᠡᠷᠡᠭ᠌ᠯᠡᠭᠡ ᠶ᠋ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶ᠋ᠢ ᠠᠵᠤ ᠦᠢᠯᠡᠰᠵᠢᠬᠦᠯᠵᠦ᠂ ᠵᠤᠬᠢᠶᠠᠨ ᠪᠠᠢᠭᠤᠯᠤᠯᠴᠠᠭᠤᠯᠵᠦ᠂ ᠲᠥᠷᠥᠯ ᠲᠡᠮᠳᠡᠭ᠌ᠵᠢᠬᠦᠯᠵᠦ᠂ ᠠᠭᠤᠰᠤᠯᠴᠠᠭᠤᠯᠵᠦ᠂ ᠪᠣᠬᠢᠷᠲᠤᠯ ᠥᠬᠡᠢᠵᠢᠬᠦᠯᠵᠦ᠂ ᠣᠳᠣᠬᠢᠴᠢᠯᠠᠵᠦ ᠬᠥᠭ᠌ᠵᠢᠬᠦᠯᠬᠦᠶ᠋ᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠱᠢᠨ᠂ ᠲᠠᠷᠢᠶᠠᠨ ᠭᠠᠵᠠᠷ ᠤᠨ ᠬᠠᠮᠠᠭᠠᠯᠠᠯᠲᠠ᠂ ᠬᠡᠪᠴᠢᠶᠡᠵᠢᠯᠤᠨ ᠴᠢᠨᠠᠷᠲᠠᠶᠳᠠᠬᠢᠨ ᠶᠠᠳᠠᠭᠤᠷᠠᠯ ᠡᠬᠦᠰᠬᠦ ᠥᠬᠡᠶ ᠪᠠᠢᠬᠤ ᠬᠣᠷᠢᠭ᠎ᠠ ᠱᠤᠭᠤᠮ ᠢ ᠪᠠᠲᠤ ᠰᠠᠬᠢᠨ᠎ᠠ; ᠵᠢᠭᠤᠯᠴᠢᠯᠠᠯᠤᠨ ᠦᠢᠯᠡᠰ ᠦᠨ ᠪᠦᠬᠦ᠌ ᠣᠷᠣᠨ ᠪᠦᠰᠡ ᠪᠦᠬᠦ᠌ ᠤᠯᠠᠷᠢᠯ ᠪᠦᠬᠦ ᠠᠵᠤ ᠦᠢᠯᠡᠰ ᠤᠨ ᠬᠥᠭ᠌ᠵᠢᠯᠲᠡ ᠶ᠋ᠢ ᠠᠬᠢᠭᠤᠯᠵᠤ᠂ ᠨᠢᠭᠡ ᠴᠣᠭ᠍ᠴᠠᠵᠢᠭᠤᠯᠤᠭ᠍ᠰᠠᠨ ᠲᠥᠯᠥᠪᠵᠢᠭᠦᠯᠬᠡ᠂ ᠪᠦᠲᠦᠭᠡᠨ ᠪᠠᠢᠭᠤᠯᠤᠯᠲᠠ ᠪᠠ ᠬᠥᠭ᠌ᠵᠢᠬᠦᠯᠦᠯᠲᠡᠶ᠋ᠢ ᠬᠡᠷᠡᠭ᠌ᠵᠢᠭᠦᠯᠵᠦ᠍᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢᠶ᠋ᠢᠨ ᠠᠭᠤᠰᠤᠯᠴᠠᠯ ᠢ᠋ ᠠᠬᠢᠭᠤᠯᠤᠨ᠎ᠠ; ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠲᠠᠰ ᠳᠡᠪᠱᠢᠭᠦᠯᠵᠦ᠍᠂ ᠠᠵᠤ ᠦᠶ᠋ᠯᠡᠰ ᠦᠨ ᠰᠦᠷᠦᠭᠵᠢᠯ ᠤᠨ ᠬᠠᠮ ᠠᠷᠭ᠎ᠠ ᠬᠡᠮᠵᠢᠶ᠎ᠡ ᠶ᠋ᠢ ᠰᠠᠢᠲᠤᠷ ᠬᠡᠷᠡᠭ᠌ᠵᠢᠭᠦᠯᠵᠦ᠍᠂ ᠲᠥᠷᠥᠯ ᠵᠦᠶ᠋ᠯ ᠦᠨ ᠪᠥᠲᠥᠭᠡᠨ ᠪᠠᠢᠭᠤᠯᠤᠯᠲᠠ ᠶ᠋ᠢᠨ ᠬᠤᠷᠳᠤᠴᠠ ᠶ᠋ᠢ ᠲᠦᠷᠭᠡᠳᠭᠡᠨ᠎ᠡ᠃
ᠠᠶᠤᠯ ᠲᠦᠭ᠌ᠰᠢᠭᠦᠷᠢ ᠶ᠋ᠢ ᠰᠡᠷᠭᠡᠢᠯᠡᠨ ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠍᠂ ᠨᠡᠢᠭᠡᠮ ᠦᠨ ᠶᠡᠬᠡ ᠲᠠᠯ᠎ᠠ ᠶ᠋ᠢᠨ ᠡᠶ᠎ᠡ ᠵᠣᠬᠢᠴᠠᠩᠭᠤᠢ ᠲᠣᠭ᠍ᠲᠠᠭᠤᠨ ᠢ ᠬᠦᠴᠦ᠍ᠯᠡᠨ ᠬᠠᠮᠠᠭᠠᠯᠠᠨ᠎ᠠ᠃ ᠶᠡᠷᠦᠩᠬᠡᠶ ᠱᠦᠵᠢ ᠶ᠋ᠢᠨ 《ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ ᠦᠨ ᠬᠥᠭ᠌ᠵᠢᠯᠲᠡ ᠶ᠋ᠢ ᠨᠢᠭᠡᠳᠦᠯᠲᠡᠶ ᠲᠥᠯᠥᠪᠵᠢᠭᠦᠯᠬᠦ᠌ 》 ᠲᠤᠬᠠᠶ ᠴᠢᠬᠤᠯᠠ ᠱᠠᠭᠠᠷᠳᠠᠯᠭ᠎ᠠ ᠶ᠋ᠢ ᠭᠦᠨᠵᠡᠭᠡᠶ ᠲᠤᠭᠤᠱᠢᠯᠠᠭᠤᠯᠵᠤ᠂ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠬᠤ ᠶ᠋ᠢ ᠥᠴᠦᠬᠡᠨ ᠴᠦ᠍ ᠰᠤᠯᠠᠷᠠᠭᠤᠯᠤᠯ ᠥᠬᠡᠶ ᠰᠠᠢᠲᠤᠷ ᠠᠳᠭᠤᠵᠤ᠂ ᠬᠢᠯᠢ ᠵᠢᠨ ᠪᠣᠭᠣᠮᠲᠠ ᠶ᠋ᠢᠨ ᠭᠠᠵᠠᠷ ᠣᠷᠣᠨ ᠤ 《ᠭᠤᠷᠪᠠᠨ ᠰᠡᠷᠭᠡᠢᠯᠡᠯᠲᠡ ᠶ᠋ᠢᠨ ᠱᠤᠭᠤᠮ 》 ᠢ᠋ ᠪᠥᠬᠥ᠌ ᠬᠦᠴᠦᠨ ᠢᠶᠡᠷ ᠢᠶᠡᠨ ᠪᠡᠬᠢᠵᠢᠭᠦᠯᠵᠦ᠍᠂ ᠬᠢᠵᠢᠭᠤᠨ ᠬᠡᠪᠴᠢᠶᠡᠵᠢᠯᠤᠨ ᠴᠢᠨᠠᠷᠲᠠᠶᠪᠠᠷ ᠳᠠᠬᠢᠨ ᠲᠡᠯᠬᠡᠷᠡᠬᠦ ᠥᠬᠡᠶ ᠪᠠᠢᠬᠤ ᠬᠣᠷᠢᠭ᠎ᠠ ᠱᠤᠭᠤᠮᠢ ᠡᠷᠡᠰ ᠰᠠᠬᠢᠨ᠎ᠠ᠃ ᠠᠮᠤᠷ ᠲᠤᠬᠲᠠᠭᠤᠨ ᠬᠥᠯᠥᠨ ᠪᠤᠢᠷ ᠦᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠢ ᠠᠬᠢᠭᠤᠯᠵᠤ ᠂ ᠪᠦᠬᠦ᠌ ᠤᠯᠤᠰᠤᠨ ᠬᠣᠲᠠ᠎ᠶ᠋ᠢᠨ ᠬᠡᠪᠴᠢᠶᠡᠨᠦ ᠨᠡᠢᠭᠡᠮ ᠦᠨ ᠵᠠᠰᠠᠯᠲᠠ ᠶ᠋ᠢᠨ ᠣᠳᠣᠬᠢᠴᠢᠯᠠᠯᠲᠠᠶ᠋ᠢᠨ ᠲᠤᠷᠱᠢᠯᠲᠠ ᠶ᠋ᠢᠨ ᠴᠡᠭ ᠢ ᠲᠦᠷᠭᠡᠳᠭᠡᠨ ᠡᠭᠦᠳᠦᠨ ᠪᠠᠢᠭᠤᠯᠵᠤ ᠂ ᠨᠡᠢᠭᠡᠮ ᠦᠨ ᠵᠥᠷᠢᠴᠡᠯ ᠢ ᠶᠡᠷᠦᠩᠬᠡᠢᠯᠡᠨ ᠵᠠᠰᠠᠬᠤ ᠲᠣᠭ᠍ᠲᠠᠴᠠ ᠶ᠋ᠢ ᠲᠡᠭᠦᠯᠳᠡᠷᠵᠢᠭᠦᠯᠦᠨ᠂ ᠡᠯ᠎ᠡ ᠵᠦᠢᠯᠦᠨ ᠠᠶᠤᠯ ᠲᠦᠭ᠌ᠰᠢᠭᠦᠷᠢ ᠶ᠋ᠢᠨ ᠳᠠᠯᠳᠠ ᠬᠡᠮ ᠰᠤᠭᠤᠬᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠡᠬᠡ ᠤᠯᠤᠰ ᠤᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ ᠶ᠋ᠢ ᠪᠡᠬᠢᠵᠢᠭᠦᠯᠦᠨ᠎ᠡ᠃
ᠦᠨᠳᠦᠰᠦᠲᠡᠨᠦ ᠪᠦᠯᠬᠦᠮᠳᠡᠯᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠍ ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠬᠦᠴᠦᠯᠡᠨ ᠴᠤᠬᠴᠠᠯᠠᠨ᠎ᠠ᠃ ᠶᠡᠷᠦᠩᠬᠡᠶ ᠱᠦᠵᠢ ᠶ᠋ᠢᠨ 《ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠᠶ᠋ᠢᠨ ᠤᠬᠠᠮᠰᠠᠷᠢ ᠪᠠᠲᠤ ᠴᠣᠭ᠍ᠴᠠᠯᠠᠵᠤ ᠦᠨᠳᠦᠰᠦᠲᠡᠨ ᠦ ᠪᠦᠯᠬᠦᠮᠳᠡᠯ ᠢ ᠠᠬᠢᠭᠤᠯᠬᠤ》 ᠲᠤᠬᠠᠶ ᠴᠢᠬᠤᠯᠠ ᠱᠠᠭᠠᠷᠳᠠᠯᠭᠠᠶ᠋ᠢ ᠭᠦᠨᠵᠡᠭᠡᠶ ᠲᠤᠭᠤᠱᠢᠯᠠᠭᠤᠯᠵᠤ᠂ ᠪᠦᠯᠬᠦᠮᠳᠡᠨ ᠲᠡᠮᠡᠴᠡᠬᠦ᠌ ᠵᠠᠮ ᠢᠶᠠᠷ ᠰᠠᠢᠲᠤᠷ ᠵᠠᠮᠨᠠᠵᠤ᠂ ᠱᠢᠨ᠎ᠡ ᠴᠠᠭ ᠦᠶ᠎ᠡ ᠶ᠋ᠢᠨ ᠬᠥᠯᠥᠨ ᠪᠣᠢᠷ ᠬᠣᠲᠠ ᠶ᠋ᠢᠨ ᠦᠨᠳᠦᠰᠦᠲᠡᠨ ᠦ ᠠᠵᠢᠯ ᠢ ᠰᠠᠢᠲᠤᠷ ᠬᠢᠨ᠎ᠡ᠃ ᠦᠨᠳᠦᠰᠦᠲᠡᠨ ᠦ ᠪᠦᠯᠬᠦᠮᠳᠡᠯ ᠦᠨ 《ᠬᠤᠤᠰ ᠵᠠᠭᠤᠨ ᠵᠢᠱ᠌ᠢᠶ᠎ᠡ ᠦᠵᠡᠭᠦᠯᠬᠦ᠌》 ᠲᠥᠷᠥᠯ ᠲᠡᠮᠳᠡᠭ ᠦᠨ ᠢᠨᠵᠧᠨᠧᠷᠢᠩ ᠢ ᠬᠡᠷᠡᠭ᠌ᠵᠢᠭᠦᠯᠵᠦ᠍ ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠶ᠋ᠢ ᠠᠵᠤ ᠠᠬᠤᠶ ᠰᠣᠶᠣᠯ ᠨᠡᠢᠭᠡᠮ ᠦᠨ ᠡᠯ᠎ᠡ ᠲᠠᠯ᠎ᠠ ᠳᠤ ᠠᠭᠤᠰᠤᠯᠴᠠᠭᠤᠯᠤᠨ᠎ᠠ ; ᠨᠢᠳᠦᠨᠳᠦ ᠦᠵᠡᠭ᠌ᠳᠡᠵᠦ᠍ ᠭᠠᠷᠲᠤ ᠪᠠᠷᠢᠭ᠍ᠳᠠᠮᠠ ᠠᠵᠢᠯᠢ ᠪᠣᠳᠠᠲᠠᠶ ᠬᠢᠵᠦ᠍ ᠂ ᠦᠭᠡ ᠳᠠᠭᠤᠨ ᠦᠭᠡᠢ ᠪᠡᠷ ᠵᠤᠷᠢᠭᠤᠯᠬᠤ ᠠᠵᠢᠯ ᠢ ᠨᠠᠷᠢᠯᠢᠭ ᠬᠢᠨ᠎ᠡ ; ᠨᠠᠮ ᠤᠨ ᠦᠨᠳᠦᠰᠦᠲᠡᠨ ᠦ ᠣᠨᠣᠯ ᠪᠠ ᠦᠨᠳᠦᠰᠦᠲᠡᠨ ᠦ ᠲᠥᠷᠥ ᠶ᠋ᠢᠨ ᠪᠣᠳᠣᠯᠭ᠎ᠠ ᠶ᠋ᠢ ᠡᠷᠡᠰ ᠲᠤᠭᠤᠱᠢᠯᠠᠭᠤᠯᠵᠤ᠂ ᠦᠨᠳᠦᠰᠦᠲᠡᠨ ᠦ ᠬᠡᠷᠡᠭ ᠶᠠᠪᠤᠳᠠᠯ ᠢ ᠵᠠᠰᠠᠬᠤ ᠲᠦᠪᠱᠢᠨ ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠦᠨᠳᠦᠰᠦᠲᠡᠨ ᠦ ᠪᠦᠯᠬᠦᠮᠳᠡᠯ ᠦᠨ ᠴᠡᠴᠡᠭᠡᠰ ᠢ ᠡᠭᠦᠷᠢᠳᠡ ᠪᠠᠳᠠᠷᠠᠨ ᠳᠡᠯᠭᠡᠷᠡᠭᠦᠯᠦᠨ᠎ᠡ᠃
ᠪᠥᠬᠥ᠌ ᠲᠠᠯᠠᠪᠠᠷ ᠨᠠᠮ ᠢ ᠴᠢᠩᠭ᠎ᠠ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠍ ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶ᠋ᠢᠨ ᠠᠮᠢ ᠠᠬᠤᠶ ᠶ᠋ᠢ ᠬᠦᠴᠦᠯᠡᠨ ᠪᠣᠶ ᠪᠣᠯᠭᠠᠨ᠎ᠠ ᠃ ᠶᠡᠷᠦᠩᠬᠡᠢ ᠱᠦᠵᠢ ᠶ᠋ᠢᠨ 《 ᠪᠦᠬᠦ᠌ ᠲᠠᠯᠠᠪᠠᠷ ᠨᠠᠮ ᠢ ᠴᠢᠩᠭ᠎ᠠ ᠵᠠᠰᠠᠬᠤ ᠶ᠋ᠢ ᠭᠦᠨᠵᠡᠭᠡᠢ ᠠᠬᠢᠭᠤᠯᠬᠤ 》 ᠲᠤᠬᠠᠢ ᠴᠢᠬᠤᠯᠠ ᠱᠠᠭᠠᠷᠳᠠᠯᠭ᠎ᠠ ᠶ᠋ᠢ ᠭᠦᠨᠵᠡᠭᠡᠢ ᠲᠤᠭᠤᠱᠢᠯᠠᠭᠤᠯᠵᠤ ᠂ ᠨᠠᠮ ᠤᠨ ᠳᠣᠲᠣᠭᠠᠳᠤ ᠶ᠋ᠢᠨ ᠤᠯᠤᠰ ᠲᠦᠷᠦ᠍ ᠶ᠋ᠢᠨ ᠠᠮᠢᠳᠤᠷᠠᠯ ᠢ ᠲᠥᠪ ᠴᠢᠩᠭ᠎ᠠ ᠪᠣᠯᠭᠠᠵᠤ ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠰᠤᠷᠲᠠᠯ ᠢ ᠴᠡᠭ᠌ᠴᠡᠯᠡᠨ ᠰᠠᠬᠢᠯᠭ᠎ᠠ ᠪᠠᠲᠤ ᠶ᠋ᠢ ᠴᠢᠩᠳᠠᠯᠠᠵᠤ ᠢᠯᠵᠠᠷᠡᠯ ᠢ ᠡᠰᠡᠷᠭᠦᠴᠡᠬᠦ᠌ ᠠᠵᠢᠯ ᠢ ᠴᠢᠩᠭ᠎ᠠ ᠠᠳᠭᠤᠵᠤ᠂ ᠤᠯᠤᠰ ᠲᠦᠷᠦ᠍ ᠶ᠋ᠢᠨ ᠠᠮᠢ ᠠᠬᠤᠢ ᠶ᠋ᠢ ᠦᠷᠭᠦᠯᠵᠢᠯᠡᠨ ᠴᠡᠪᠡᠷᠱᠢᠭᠦᠯᠦᠨᠡ᠃ ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠭᠡᠯ ᠢ ᠭᠦᠨᠵᠡᠭᠡᠢᠷᠡᠭᠦᠯᠦᠨ ᠥᠷᠭᠡᠳᠭᠡᠵᠦ᠍᠂ ᠠᠵᠢᠯ ᠬᠢᠵᠦ᠍ ᠦᠢᠯᠡᠰ ᠪᠤᠰᠭᠠᠬᠤ ᠵᠣᠷᠢᠭ ᠰᠠᠨᠠᠭ᠎ᠠ ᠶ᠋ᠢ ᠨᠢᠭ᠍ᠲᠠᠷᠠᠭᠤᠯᠤᠨ ᠂ ᠬᠥᠭ᠌ᠵᠢᠯᠲᠡ ᠶ᠋ᠢ ᠲᠦᠷᠭᠡᠳᠭᠡᠬᠦ᠌ ᠢᠳᠡᠪᠬᠢ ᠬᠦᠴᠦᠨ ᠢ ᠪᠦᠷᠢᠯᠳᠦᠭᠦᠯᠵᠦ᠍ ᠂ ᠱᠢᠯᠢᠳᠡᠭ ᠬᠢᠷᠢ ᠪᠦᠲᠦᠮᠵᠢᠪᠡᠷ ᠨᠠᠮ ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠᠲᠠᠶ ᠬᠤᠷᠠᠯᠳᠤᠬᠤ ᠶ᠋ᠢ ᠤᠭ᠍ᠲᠤᠨᠠ ᠭᠡᠪᠠ᠃