ᠪᠥᠬᠥ᠌ ᠤᠯᠤᠰᠤᠨ《 ᠬᠣᠶᠠᠷ ᠬᠤᠷᠠᠯ》 ᠲᠡᠭᠦᠰᠦᠭ᠌ᠰᠡᠨ ᠦ ᠳᠠᠷᠠᠭ᠎ᠠ᠂ ᠬᠥᠬᠡᠬᠣᠲᠠ ᠳ᠋ᠤ ᠬᠠᠷᠢᠵᠤ ᠢᠷᠡᠭ᠌ᠰᠡᠨ ᠪᠥᠬᠥ᠌ ᠤᠯᠤᠰ ᠤᠨ ᠤᠯᠤᠰ ᠲᠥᠷᠥ ᠶ᠋ᠢᠨ ᠵᠥᠪᠯᠡᠯᠭᠡᠨᠦ ᠭᠡᠱᠢᠭᠦᠨ᠂ ᠥᠪᠥᠷ ᠮᠣᠩᠭᠣᠯᠤᠨ ᠶᠡᠬᠡ ᠰᠤᠷᠭᠠᠭᠤᠯᠢ ᠶ᠋ᠢᠨ ᠬᠠᠤᠯᠢ ᠵᠢᠨ ᠤᠬᠠᠭᠠᠨᠤ ᠳᠡᠭᠡᠳᠦ ᠰᠤᠷᠭᠠᠭᠤᠯᠢᠶ᠋ᠢᠨ ᠫᠷᠤᠹᠧᠰᠰᠤᠷ ᠧ ᠱᠢᠶᠤᠤ ᠮᠧᠶ ᠤᠬᠠᠭᠤᠯᠤᠨ ᠲᠠᠢᠯᠪᠤᠷᠢᠯᠠᠬᠤ ᠮᠠᠲ᠋ᠧᠷᠢᠶᠠᠯᠢᠶᠠᠨ ᠪᠡᠯᠡᠳᠭᠡᠭᠡᠳ ᠶᠠᠭᠠᠷᠠᠨ᠎ᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ ᠦᠨ ᠠᠷᠪᠠᠨ ᠭᠤᠷᠪᠠᠳᠤᠭᠠᠷ ᠬᠤᠭᠤᠴᠠᠭᠠᠨᠤ ᠪᠥᠬᠥ᠌ ᠤᠯᠤᠰᠤᠨ ᠠᠷᠠᠳᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠣᠯ ᠤᠨ ᠲᠥᠯᠥᠭᠡᠯᠡᠭ᠌ᠴᠢᠳ ᠦᠨ ᠪᠦᠯᠬᠦᠮ ᠦᠨ ᠬᠢᠨᠠᠨ ᠵᠥᠪᠯᠡᠬᠦ᠌ᠳᠦ ᠣᠷᠣᠯᠴᠠᠬᠤ ᠦᠶ᠎ᠡ ᠶ᠋ᠢᠨ ᠴᠢᠬᠤᠯᠠ ᠶᠠᠷᠢᠶ᠎ᠠ ᠶ᠋ᠢ ᠨᠠᠷᠢᠨ ᠬᠢᠨᠠᠮᠠᠭᠠᠶ ᠰᠤᠳᠤᠯᠤᠨ ᠤᠩᠱᠢᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠭᠤᠤᠯᠳᠠᠯᠭ᠎ᠠ ᠶ᠋ᠢ ᠨᠢᠭᠡᠳ ᠨᠢᠭᠡ ᠪᠡᠷ ᠲᠡᠮᠳᠡᠭ᠌ᠯᠡᠵᠦ᠍᠂ ᠥᠪᠡᠷ ᠦᠨ ᠪᠣᠳᠣᠯ ᠲᠥᠷᠥᠭ᠌ᠳᠡᠯ ᠲᠡᠶ ᠪᠡᠨ ᠤᠶᠠᠯᠳᠤᠭᠤᠯᠤᠨ ᠬᠢᠴᠢᠶᠡᠯ ᠪᠣᠯᠭᠠᠨ ᠪᠡᠯᠡᠳᠬᠡᠵᠡᠢ᠃《ᠥᠪᠡᠷ ᠢᠶᠡᠨ ᠨᠡᠪᠲᠡᠷᠡᠲᠡᠯ᠎ᠡ ᠤᠢᠯᠠᠭᠠᠪᠠᠯ ᠰᠠᠶᠢ ᠠᠮᠢᠳᠤᠯᠢᠭ ᠤᠢᠯᠠᠭᠠᠮᠵᠢᠳᠠᠢ ᠤᠬᠠᠭᠤᠯᠤᠨ ᠲᠠᠢᠯᠪᠤᠷᠢᠯᠠᠵᠤ ᠴᠢᠳᠠᠨ᠎ᠠ》ᠭᠡᠵᠦ᠍ ᠧ ᠱᠢᠶᠤᠤ ᠮᠧᠶ ᠬᠡᠯᠡᠨ᠎ᠡ᠃
《ᠬᠤᠷᠠᠯ ᠳᠤ ᠣᠷᠣᠯᠴᠠᠭ᠍ᠰᠠᠳ ᠭᠦᠨᠵᠡᠭᠡᠢ ᠰᠤᠳᠤᠯᠤᠨ ᠶᠠᠷᠢᠯᠴᠠᠬᠤ ᠪᠡᠷ ᠲᠠᠮᠵᠢᠨ ᠮᠠᠰᠢ ᠤᠯᠠᠨ ᠰᠠᠢ᠌ᠨ ᠠᠷᠭ᠎ᠠ ᠪᠤᠳᠤᠯᠭ᠎ᠠ᠂ ᠰᠠᠢ᠌ᠨ ᠠᠷᠭ᠎ᠠ ᠤᠬᠠᠭᠠᠨᠢ ᠭᠠᠷᠭᠠᠯ᠎ᠠ》᠃ ᠲᠦᠷᠦᠭᠦᠦ ᠬᠡᠳᠦᠨ ᠡᠳᠦᠷ ᠦᠨ ᠬᠤᠷᠠᠯ ᠳᠤ ᠣᠷᠣᠯᠴᠠᠭ᠍ᠰᠠᠨ ᠪᠠᠢᠳᠠᠯ ᠢᠶᠠᠨ ᠡᠷᠭᠢᠴᠡᠭᠦᠯᠬᠦᠶ᠎ᠡ ᠧ ᠱᠢᠶᠤᠤ ᠮᠧᠶ ᠤᠷᠮ᠎ᠠ ᠲᠡᠬᠦᠯᠳᠡᠷ᠃ ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨᠤ ᠤᠬᠠᠭᠤᠯᠬᠤ ᠬᠡᠯᠲᠡᠰ ᠪᠣᠯᠤᠨ ᠰᠤᠷᠭᠠᠭᠤᠯᠢᠶ᠋ᠢᠨ ᠨᠢᠭᠡᠳᠦᠯᠲᠡᠢ ᠲᠤᠬᠢᠷᠠᠭᠤᠯᠤᠯᠳᠠ ᠶᠣᠰᠣᠭᠠᠷ᠂ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠶ᠋ᠢ ᠵᠢᠷᠤᠮᠯᠠᠭ᠍ᠰᠠᠨ ᠤᠷᠢᠲᠠᠯ ᠳᠣᠣᠷ᠎ᠠ᠂ ᠬᠤᠷᠠᠯᠤᠨ ᠵᠣᠷᠢᠭ ᠰᠠᠨᠠᠭᠠᠨᠤ ᠰᠠᠢ᠌ᠨ ᠤᠬᠠᠭᠤᠯᠤᠭ᠍ᠴᠢ ᠂ ᠰᠠᠢᠨ ᠦᠢᠯᠡᠳᠦᠯᠭᠡᠵᠢᠭᠦᠯᠦᠭ᠌ᠴᠢ ᠪᠣᠯᠤᠨ᠎ᠠ ᠭᠡᠵᠦ ᠢᠯᠡᠷᠭᠡᠢᠯᠨᠨᠡ᠃
ᠪᠦᠬᠦ᠌ ᠤᠯᠤᠰ ᠤᠨ ᠤᠯᠤᠰ ᠲᠦᠷᠦ᠍ ᠶ᠋ᠢᠨ ᠵᠥᠪᠯᠡᠯᠭᠡᠨ ᠦ ᠭᠡᠱᠢᠭᠦᠨ ᠦ ᠲᠤᠱᠢᠶᠠᠯ ᠢ ᠡᠭᠦᠷᠭᠡᠯᠡᠭ᠌ᠰᠡᠨ ᠡᠴᠡ ᠨᠠᠭᠠᠰᠢ᠂ ᠡᠧ ᠱᠢᠶᠤᠤ ᠮᠧᠢ ᠲᠤᠰᠭᠠᠢ ᠮᠡᠷᠭᠡᠵᠢᠯ ᠦᠨ ᠲᠠᠪᠠᠭᠤᠯᠢᠬ ᠲᠠᠭᠠᠨ ᠰᠠᠭᠤᠷᠢᠯᠠᠨ᠂ ᠤᠷᠢᠳ ᠬᠣᠵᠢᠳ ᠪᠦᠬᠦ᠌ ᠤᠯᠤᠰᠤᠨ ᠤᠯᠤᠰ ᠲᠦᠷᠦ᠍ᠶ᠋ᠢᠨ ᠵᠥᠪᠯᠡᠯᠭᠡᠨ ᠦ ᠲᠤᠰᠭᠠᠢ ᠮᠡᠷᠭᠡᠵᠢᠯᠲᠡᠨ ᠦ ᠵᠥᠪᠯᠡᠬᠦ᠌ ᠬᠤᠷᠠᠯ᠂ ᠬᠣᠣᠰ ᠭᠠᠷᠠᠭ ᠤᠨ ᠵᠥᠪᠯᠡᠬᠦ᠌ ᠬᠤᠷᠠᠯ᠂ ᠪᠦᠬᠦ᠌ ᠤᠯᠤᠰ ᠤᠨ ᠤᠯᠤᠰ ᠲᠦᠷᠦ᠍ ᠶ᠋ᠢᠨ ᠵᠥᠪᠯᠡᠯᠭᠡᠨ ᠦ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠵᠡᠷᠭᠡ ᠳ᠋ᠤ ᠣᠷᠣᠯᠴᠠᠵᠤ ᠂ ᠠᠵᠤ ᠠᠬᠤᠢ ᠨᠡᠢᠭᠡᠮ ᠦᠨ ᠬᠥᠭ᠌ᠵᠢᠯᠲᠡ ᠶ᠋ᠢᠨ ᠳᠤᠮᠳᠠᠬᠢ ᠪᠣᠳᠠᠲᠠᠢ ᠠᠰᠠᠭᠤᠳᠠᠯ ᠢ ᠠᠩᠬᠠᠷᠤᠨ ᠬᠠᠯᠠᠮᠵᠢᠯᠠᠵᠤ᠌᠂ ᠬᠠᠷᠠᠭᠠᠯᠵᠠᠬᠰᠠᠨ ᠰᠠᠨᠠᠯ ᠰᠠᠨᠠᠭᠤᠯᠭ᠎ᠠ ᠪᠠᠨ ᠳᠤᠷᠠᠳᠪᠠ᠃ ᠡᠭᠦᠨᠦ ᠬᠠᠮᠲᠤ᠂ ᠲᠡᠷᠡ ᠪᠠᠰᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠲᠣᠭᠣᠷᠢᠨ ᠳᠤ ᠪᠠᠢᠴᠠᠭᠠᠨ ᠰᠤᠳᠤᠯᠤᠯᠲᠠ ᠶ᠋ᠢᠨ ᠠᠵᠢᠯ ᠢ ᠨᠠᠷᠢᠨ ᠬᠢᠨᠠᠮᠠᠭᠠᠢ ᠰᠠᠢᠲᠤᠷ ᠬᠢᠵᠦ᠍ ᠂ ᠢᠳᠡᠪᠬᠢᠲᠡᠢ ᠪᠡᠷ ᠰᠠᠨᠠᠯ ᠳᠤᠷᠠᠳᠤᠯᠭ᠎ᠠ ᠪᠢᠴᠢᠭᠰᠡᠨ ᠪᠠᠢᠯ᠎ᠠ᠃ ᠡᠨᠡ ᠵᠢᠯ ᠦᠨ ᠪᠦᠬᠦ᠌ ᠤᠯᠤᠰ ᠤᠨ 《ᠬᠣᠶᠠᠷ ᠬᠤᠷᠠᠯ》 ᠤ᠋ᠨ ᠬᠤᠭᠤᠴᠠᠭᠠᠨ ᠳᠤ᠂ ᠲᠡᠷᠡ ᠨᠤᠲᠤᠭ ᠪᠡᠯᠴᠢᠭᠡᠷ ᠦᠨ ᠠᠮᠢ ᠠᠬᠤᠢ ᠶ᠋ᠢᠨ ᠬᠠᠮᠠᠭᠠᠯᠠᠯᠲᠠ᠂ ᠭᠠᠳᠠᠭᠠᠳᠤ ᠳᠤ ᠬᠣᠯᠪᠣᠭ᠍ᠳᠠᠬᠤ ᠬᠠᠤᠯᠢ ᠴᠠᠭᠠᠵᠠ ᠶ᠋ᠢᠨ ᠠᠰᠠᠭᠤᠳᠠᠯ ᠵᠡᠷᠭᠡ ᠶ᠋ᠢᠨ ᠲᠤᠬᠠᠢ ᠪᠦᠬᠦ᠌ ᠤᠯᠤᠰᠤᠨ ᠤᠯᠤᠰ ᠲᠦᠷᠦ᠍ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ ᠤ ᠬᠣᠷᠢᠶᠠᠨᠤ ᠲᠠᠪᠤᠳᠤᠭᠠᠷ ᠬᠤᠷᠠᠯ ᠳᠤ 4 ᠬᠤᠪᠢ ᠰᠠᠨᠠᠯ ᠲᠤᠷᠠᠳᠤᠯᠭ᠎ᠠ ᠳᠡᠪᠱᠢᠭᠦᠯᠦᠭᠰᠡᠨ ᠪᠠᠢᠪᠠ᠃
ᠧ ᠱᠢᠶᠤᠤ ᠮᠧᠶ᠂ ᠶᠡᠭᠡ ᠲᠡᠭᠡᠳᠦ ᠰᠤᠷᠭᠠᠭᠤᠯᠢ ᠵᠢᠨ ᠪᠠᠭᠰᠢ ᠪᠤᠯᠤᠭᠰᠠᠨᠤ ᠬᠤᠪᠢ ᠳ᠋ᠤ᠂ ᠪᠥᠬᠥ᠌ ᠤᠯᠤᠰ ᠤᠨ 《ᠬᠣᠶᠠᠷ ᠬᠤᠷᠠᠯ》ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠶ᠋ᠢ ᠶᠡᠭᠡ ᠲᠠᠭᠡᠳᠦ ᠰᠤᠷᠭᠠᠭᠤᠯᠢ ᠵᠢᠨ ᠠᠵᠢᠯ ᠤᠨ ᠪᠤᠳᠠᠳᠠᠢ ᠲᠠᠶ ᠪᠠᠨ ᠤᠶᠠᠯᠳᠤᠭᠤᠯᠵᠤ᠂ ᠠᠷᠠᠳᠤᠨ ᠲᠥᠯᠥᠭᠡ ᠲᠤᠱᠢᠶᠠᠯ ᠬᠠᠷᠢᠭᠤᠴᠠᠯᠭ᠎ᠠᠪᠠᠨ ᠭᠦᠶ᠋ᠴᠡᠳᠭᠡᠬᠦ᠌ ᠶ᠋ᠢ ᠪᠠᠷᠢᠮᠲᠠᠯᠠᠵᠤ᠂ ᠢᠳᠡᠪᠬᠢᠲᠡᠶ ᠪᠡᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶ᠋ᠢᠨ ᠲᠠᠨᠢᠯᠲᠠ ᠶ᠋ᠢ ᠥᠷᠭᠡᠨ ᠢᠶᠡᠷ ᠨᠢᠭ᠍ᠲᠠᠷᠠᠭᠤᠯᠵᠤ᠂ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠭᠰᠡᠨ ᠴᠢᠨᠠᠷ ᠰᠠᠢᠲᠠᠶ《 ᠳᠠᠰᠭᠠᠯ》 ᠲᠤᠰᠢᠶᠠᠬᠤ ᠪᠡᠷ ᠴᠢᠷᠮᠠᠢᠨ᠎ᠠ ᠭᠡᠵᠦ ᠢᠯᠡᠷᠭᠡᠢᠯᠡᠪᠡ ᠃