《ᠶᠡᠷᠦᠩᠬᠡᠢ ᠱᠦᠵᠢ ᠰᠢ ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤᠳᠠᠭᠠᠨ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠢ᠋ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ ᠵᠢᠡᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠳᠤᠳᠬᠠᠬᠤ ᠂ ᠤᠢ᠍ᠬᠦᠵᠦ᠍ ᠰᠡᠭᠡᠬᠦ᠌ ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ ᠶ᠋ᠢᠨ ᠴᠣᠭ᠍ᠴᠠ ᠶ᠋ᠢᠨ ᠣᠢᠯᠠᠭᠠᠭ᠍ᠳᠠᠬᠤᠨ ᠢ᠋ ᠪᠠᠳᠤ ᠪᠤᠢ ᠪᠤᠯᠭᠠᠵᠥ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠦᠵᠡᠯ ᠰᠠᠨᠠᠭᠠᠨ ᠤ᠋ ᠰᠠᠭᠤᠷᠢ ᠶ᠋ᠢ ᠲᠠᠰᠤᠷᠠᠯᠲᠠ ᠦᠭᠡᠢ ᠪᠡᠬᠢᠵᠢᠭᠦᠯᠵᠥ᠂ ᠦᠨᠳᠦᠰᠦᠲᠡᠨᠨᠦᠭᠦᠳ ᠤ᠋ᠨ ᠳᠤᠮᠳᠠᠳᠤ ᠶ᠋ᠢᠨ ᠦᠨᠳᠦᠰᠦᠲᠡᠨ ᠤ᠋ ᠶᠡᠬᠡ ᠭᠡᠷ ᠪᠦᠯᠢ ᠳ᠋ᠤ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠶ᠋ᠢ ᠠᠬᠢᠭᠤᠯᠵᠥ ᠂ ᠠᠭᠤᠤ ᠶᠡᠬᠡ ᠡᠬᠡ ᠤᠯᠤᠰ ᠵᠢᠡᠨ ᠬᠠᠮᠲᠤ ᠪᠠᠷ ᠪᠦᠲᠦᠭᠡᠨ ᠪᠠᠢᠭᠤᠯᠵᠥ᠂ ᠰᠠᠢᠨ ᠰᠠᠢᠬᠠᠨ ᠠᠮᠢᠳᠤᠷᠠᠯ ᠢ᠋ ᠬᠠᠮᠲᠤ ᠪᠠᠷ ᠴᠤᠬᠴᠠᠯᠠᠬᠤ ᠬᠡᠷᠡᠭᠳᠠᠢ ᠬᠡᠵᠦ ᠴᠢᠬᠤᠯᠠᠴᠢᠯᠠᠭᠰᠠᠨ ᠶᠤᠮ》ᠬᠡᠵᠤ ᠪᠦᠬᠦ᠌ ᠤᠯᠤᠰ ᠤ᠋ᠨ《ᠬᠣᠶᠠᠷ ᠬᠤᠷᠠᠯ》ᠲᠡᠭᠦᠰᠦᠭ᠌ᠰᠡᠨ ᠤ᠋ ᠳᠠᠷᠠᠭ᠎ᠠ᠂ ᠨᠤᠲᠤᠭᠲᠠᠭᠠᠨ ᠪᠤᠴᠠᠭ᠍ᠰᠠᠨ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ ᠯᠢᠦ ᠯᠢ ᠹᠸᠨ ᠶᠠᠳᠠᠷᠠᠯ ᠵᠦᠳᠡᠷᠡᠯ ᠵᠢᠨᠨ ᠬᠠᠢᠬᠤᠷᠤᠯ ᠦᠭᠡᠢ ᠪᠡᠷ ᠦᠨᠳᠦᠰᠦᠨ ᠱᠠᠲᠤᠨ ᠳ᠋ᠤ ᠭᠦᠨᠵᠡᠭᠡᠢᠷᠡᠵᠦ᠍᠂ ᠣᠲᠣᠭ ᠬᠣᠱᠢᠭᠤᠨ ᠤ᠋ ᠺᠠᠳ᠋ᠷ ᠤᠯᠠᠨ ᠲᠦᠮᠡᠨ ᠳ᠋ᠤ ᠪᠦᠬᠦ᠌ ᠤᠯᠤᠰ ᠤ᠋ᠨ《ᠬᠣᠶᠠᠷ ᠬᠤᠷᠠᠯ》 ᠤ᠋ᠨ ᠵᠣᠷᠢᠭ ᠰᠠᠨᠠᠭ᠎ᠠ ᠵᠢ ᠤᠬᠠᠭᠤᠯᠤᠨ ᠲᠠᠢᠯᠪᠤᠷᠢᠯᠠᠪᠠ ᠃
ᠯᠢᠦ ᠯᠢ ᠹᠸᠨ ᠤ᠋ ᠠᠵᠢᠯᠯᠠᠵᠦ ᠪᠠᠢᠭ᠎ᠠ ᠪᠠᠢᠭᠤᠯᠭ᠎ᠠ ᠪᠣᠯ ᠤᠲᠤᠭ ᠬᠣᠱᠢᠭᠤᠨ ᠤ᠋ ᠮᠸᠩ ᠰᠢ ᠬᠦᠷᠢᠶᠡᠯᠡᠩ ᠲᠣᠭᠣᠷᠢᠭ ᠤ᠋ᠨ ᠮᠸᠩ ᠰᠢ ᠱᠦᠢᠨᠢ ᠶ᠋ᠢᠨ ᠬᠢᠵᠠᠭᠠᠷᠲᠤ ᠺᠣᠮᠫᠠᠨᠢ ᠪᠣᠯᠤᠨ᠎ᠠ ᠃ ᠺᠤᠮᠫᠠᠨᠢ ᠵᠢᠨ ᠵᠢᠡᠨ ᠲᠤᠷᠰᠢᠨ ᠱᠢᠯᠭᠠᠬᠤ ᠲᠠᠰᠤᠭ ᠤ᠋ᠨ ᠡᠷᠬᠢᠯᠡᠭ᠌ᠴᠢ ᠪᠣᠯᠤᠭ᠍ᠰᠠᠨ ᠤ᠋ ᠬᠤᠪᠢ ᠳ᠋ᠤ᠂ ᠮᠥᠨ ᠴᠦ᠍ ᠬᠣᠱᠢᠭᠤᠨ ᠤ᠋ ᠪᠠᠨ《ᠲᠦᠷᠦ᠍ ᠶ᠋ᠢᠨ ᠪᠤᠲᠤᠯᠭ᠎ᠠ ᠵᠢ ᠣᠢᠯᠠᠭᠠᠵᠦ ᠡᠵᠡᠩᠨᠡᠯᠲᠡ ᠬᠢᠵᠦ᠍ ᠴᠢᠳᠠᠬᠤ ᠵᠢᠱ᠌ᠢᠶ᠎ᠡ ᠦᠵᠡᠭᠦᠯᠵᠤ ᠲᠠᠢᠯᠬᠦ ᠬᠦᠭᠵᠢᠬᠦᠯᠦᠨ ᠮᠠᠨᠳᠤᠭᠤᠯᠬᠤ ᠵᠢ ᠠᠬᠢᠭᠤᠯᠬᠤ》ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠬᠡᠰᠢᠬᠦᠨ ᠪᠤᠯᠤᠭᠰᠠᠨ ᠤ᠋ ᠬᠤᠪᠢ ᠳ᠋ᠤ᠂ ᠯᠢᠦ ᠯᠢ ᠹᠸᠨ ᠬᠠᠷᠢᠵᠤ ᠢᠷᠡᠮᠡᠭ᠌ᠴᠡ ᠪᠡᠨ ᠦᠢᠯᠡᠳᠪᠦᠷᠢ ᠵᠢᠨ ᠲᠤᠭᠤᠷᠢᠭ᠂ ᠮᠠᠯᠵᠢᠬᠤ ᠣᠷᠣᠨ ᠳ᠋ᠤ ᠬᠦᠷᠴᠦ᠍ 《 ᠬᠣᠶᠠᠷ ᠬᠤᠷᠠᠯ 》 ᠤ᠋ᠨ ᠵᠣᠷᠢᠭ ᠰᠠᠨᠠᠭ᠎ᠠ ᠵᠢ ᠤᠬᠠᠭᠤᠯᠤᠨ ᠤᠯᠠᠮᠵᠢᠯᠠᠵᠤ ᠂ ᠪᠦᠬᠦ᠌ ᠤᠯᠤᠰ ᠤ᠋ᠨ 《ᠬᠣᠶᠠᠷ ᠬᠤᠷᠠᠯ》 ᠤ᠋ᠨ ᠵᠤᠷᠢᠭ ᠰᠠᠨᠠᠭ᠎ᠠ ᠵᠢ ᠡᠯ᠎ᠡ ᠹᠷᠣᠨᠲ ᠲᠦ᠍ ᠳᠠᠮᠵᠢᠭᠤᠯᠤᠨ ᠦᠨᠳᠦᠰᠦᠨ ᠱᠠᠲᠤᠨ ᠤ᠋ ᠤᠯᠠᠨ ᠲᠦᠮᠡᠨ ᠳ᠋ᠤ ᠤᠯᠠᠮᠵᠢᠯᠠᠪᠠ ᠃
ᠮᠸᠩ ᠰᠢ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠲᠦ᠍᠂ ᠯᠢᠦ ᠯᠢ ᠹᠸᠨ ᠵᠠᠭᠤᠭᠠᠳ ᠺᠠᠳ᠋ᠷ ᠠᠵᠢᠯᠳᠠᠨ ᠠᠵᠢᠯᠴᠢᠨ ᠲᠠᠶ ᠪᠦᠬᠦ᠌ ᠤᠯᠤᠰ ᠤ᠋ᠨ《ᠬᠣᠶᠠᠷ ᠬᠤᠷᠠᠯ》 ᠳ᠋ᠤ ᠣᠷᠣᠯᠴᠠᠭ᠍ᠰᠠᠨ ᠤᠯᠤᠯᠳᠠ ᠲᠦᠷᠦᠭ᠌ᠳᠡᠯ ᠪᠠ ᠤᠢᠯᠠᠭᠠᠯᠳᠠ ᠪᠠᠨ ᠬᠤᠪᠢᠶᠠᠯᠴᠠᠵᠠᠢ᠃ ᠲᠡᠷᠡ ᠶᠡᠷᠦᠩᠬᠡᠢ ᠱᠦᠵᠢ ᠰᠢ ᠶ᠋ᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ᠂ 《ᠬᠤᠤᠰ ᠨᠡᠭᠦᠷᠡᠰᠦᠲᠥ᠋ᠷᠥᠭ᠌ᠴᠢ》 ᠵᠢᠨ ᠠᠵᠢᠯ ᠢ᠋ ᠢᠳᠡᠪᠬᠢᠲᠡᠢ ᠯᠠᠪᠳᠠᠭᠤᠨ ᠵᠢᠡᠷ ᠠᠬᠢᠭᠤᠯᠬᠤ ᠵᠡᠷᠭᠡ ᠲᠠᠯᠠᠪᠠᠷ ᠤᠬᠠᠭᠤᠯᠤᠨ ᠲᠠᠢᠯᠪᠤᠷᠢᠯᠠᠪᠠ ᠃
ᠮᠸᠩ ᠰᠢ ᠪᠠᠯᠭᠠᠰᠤᠨ ᠤ᠋ ᠱᠧᠩ ᠨᠦᠩ ᠮᠠᠯ ᠠᠵᠤ ᠠᠬᠤᠢ ᠲᠠᠷᠢᠶᠠᠯᠠᠩ ᠤ᠋ᠨ ᠬᠤᠷᠱᠢᠶᠠ ᠳ᠋ᠤ᠂ ᠯᠢᠦ ᠯᠢ ᠹᠸᠨ ᠮᠠᠯᠴᠢᠨ ᠲᠠᠷᠢᠶᠠᠴᠢᠳ ᠲᠠᠶ ᠪᠦᠬᠦ᠌ ᠤᠯᠤᠰ ᠤ᠋ᠨ《ᠬᠣᠶᠠᠷ ᠬᠤᠷᠠᠯ》 ᠳ᠋ᠤ ᠣᠷᠣᠯᠴᠠᠭᠠᠳ ᠦᠵᠡᠵᠦ᠍ ᠰᠣᠨᠣᠰᠤᠭ᠍ᠰᠠᠨ ᠵᠤᠢᠯ᠂ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠵᠡᠷᠭᠡ ᠠᠭᠤᠯᠭ᠎ᠠ ᠵᠢ ᠬᠤᠪᠢᠶᠠᠯᠴᠠᠵᠤ᠂ ᠤᠯᠠᠨ ᠢ᠋ ᠢᠳᠡᠪᠬᠢᠲᠡᠢ ᠠᠵᠢᠯᠯᠠᠵᠦ ᠰᠢᠷᠭᠠᠭᠤ ᠰᠤᠳᠤᠯᠤᠨ ᠱᠢᠨ᠎ᠡ ᠵᠢ ᠡᠭᠦᠳᠴᠤ᠂ ᠳᠡᠭᠡᠳᠦ ᠱᠢᠨ᠎ᠡ ᠮᠡᠷᠭᠡᠵᠢᠯ ᠪᠣᠯᠤᠨ ᠲᠡᠷᠢᠭᠦᠨ ᠤ᠋ ᠬᠡᠷᠡᠭ᠌ᠯᠡᠭᠡᠨ ᠤ᠋ ᠮᠡᠷᠭᠡᠵᠢᠯ ᠢ᠋ ᠠᠱᠢᠭ᠍ᠯᠠᠨ ᠤᠯᠠᠮᠵᠢᠯᠠᠯᠲᠤ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠢ᠋ ᠲᠡᠰ ᠲᠡᠪᠰᠢᠬᠦᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠡᠴᠡ ᠳᠠᠰᠤᠷᠠᠯᠳᠠ ᠦᠬᠡᠢ ᠦᠷ᠎ᠡ ᠠᠱᠢᠭ ᠣᠯᠵᠤ᠂ ᠤᠯᠠᠮᠵᠢᠯᠠᠯᠲᠤ ᠠᠵᠤ ᠦᠢᠯᠡᠰ ᠢ᠋ ᠱᠢᠨ᠎ᠡ ᠠᠮᠢᠵᠢᠷᠠᠯ ᠤ᠋ᠨ ᠬᠦᠴᠦᠨ ᠲᠡᠶ ᠪᠣᠯᠭᠠᠬᠤ ᠵᠢ ᠵᠣᠷᠢᠭ᠍ᠵᠢᠭᠤᠯᠪᠠ ᠃
ᠥᠷᠭᠡᠨ ᠤᠯᠠᠨ ᠺᠠᠳ᠋ᠷ ᠤᠯᠠᠨ ᠲᠦᠮᠡᠨ ᠯᠢᠦ ᠯᠢ ᠹᠸᠨ ᠤ᠋ ᠤᠬᠠᠭᠤᠯᠤᠨ ᠲᠠᠢᠯᠪᠤᠷᠢᠯᠠᠬᠤ ᠵᠢ ᠰᠣᠨᠣᠰᠤᠭᠠᠳ ᠶᠡᠬᠡᠳᠡ ᠵᠣᠷᠢᠭ᠍ᠵᠢᠵᠠᠢ᠃ ᠤᠯᠠᠨ ᠵᠢᠡᠷ ᠵᠢᠡᠨ᠂ ᠬᠣᠢᠱᠢᠳᠠ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦ᠌ ᠤᠯᠤᠰ ᠤ᠋ᠨ《ᠬᠣᠶᠠᠷ ᠬᠤᠷᠠᠯ》 ᠤ᠋ᠨ ᠵᠣᠷᠢᠭ ᠰᠠᠨᠠᠭ᠎ᠠ ᠲᠠᠶ ᠨᠢᠭᠡᠳᠭᠡᠵᠦ᠍᠂ ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭ᠌ᠯᠡᠨ᠂ ᠦᠢᠯᠡᠳᠦᠯᠭᠡ ᠪᠡᠨ ᠵᠢᠯᠤᠭᠤᠳᠤᠭᠤᠯᠵᠥ᠍᠂ ᠠᠵᠢᠯ ᠵᠢᠡᠨ ᠠᠬᠢᠭᠤᠯᠵᠤ ᠂ ᠬᠥᠭ᠌ᠵᠢᠯᠲᠡ ᠵᠢᠨ ᠠᠵᠢᠯ ᠢ᠋ ᠪᠦᠬᠦ᠌ ᠬᠦᠴᠦᠨ ᠵᠢᠡᠷ ᠵᠢᠡᠨ ᠰᠠᠢᠲᠤᠷ ᠬᠢᠵᠦ᠍ ᠂ ᠡᠯᠢᠬᠡᠨ ᠬᠠᠢᠷᠠᠲᠤ ᠤᠳᠤᠭ ᠬᠤᠰᠢᠭᠤ ᠪᠠᠨ ᠪᠦᠳᠦᠭᠡᠨ ᠪᠠᠢᠭᠤᠯᠬᠤ ᠳ᠋ᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ ᠃