ᠮᠠᠨ ᠤ᠋ ᠣᠷᠣᠨ ᠳ᠋ᠤ ᠵᠢᠯ ᠤ᠋ᠨ ᠦᠢᠯᠡᠳᠭᠦᠨ ᠤ᠋ ᠦᠷᠳᠡᠭ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠲᠠᠢ ᠪᠤᠯᠵᠠᠢ
2022-03-27 19:50:52
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ ᠶ᠋ᠢᠨ ᠲᠢᠩᠬᠢᠮ ᠡᠴᠡ ᠤᠢᠯᠠᠭᠠᠭᠰᠠᠨ ᠶ᠋ᠢᠡᠷ᠂ 2021 ᠣᠨ ᠳ᠋ᠤ ᠮᠠᠨ ᠤ᠋ ᠣᠷᠣᠨ ᠤ᠋ 9 ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠤ᠋ ᠥᠷᠲᠡᠭ ᠨᠢ 500 ᠳ᠋ᠦᠩᠱᠢᠭᠤᠷ ᠲᠦᠭᠦᠷᠢᠭ ᠢ᠋ ᠳᠠᠪᠠᠪᠠ᠃ ᠡᠬᠦᠨ ᠳ᠋ᠤ 2 ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠤ᠋ ᠥᠷᠲᠡᠭ ᠨᠢ ᠠᠩᠬ᠎ᠠ ᠤᠳᠠᠭ᠎ᠠ ᠮᠢᠩᠭᠠᠨ ᠳ᠋ᠦᠩᠱᠢᠭᠤᠷ ᠲᠦᠭᠦᠷᠢᠭ ᠢ᠋ ᠲᠠᠪᠠᠵᠤ ᠂ ᠮᠠᠨ ᠤ᠋ ᠣᠷᠣᠨ ᠳ᠋ᠤ ᠵᠢᠯ ᠤ᠋ᠨ ᠦᠢᠯᠡᠳᠭᠦᠨ ᠤ᠋ ᠦᠷᠳᠡᠭ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠲᠠᠢ ᠪᠤᠯᠵᠠᠢ ᠃

2021 ᠤᠨ ᠳ᠋ᠤ ᠥᠪᠥᠷ ᠮᠣᠩᠭᠣᠯ ᠤ᠋ᠨ ᠣᠷᠳᠣᠰ ᠤ᠋ᠨ ᠣᠲᠣᠭ ᠤ᠋ᠨ ᠠᠵᠤ ᠠᠬᠤᠶ ᠶ᠋ᠢᠨ ᠨᠡᠭᠡᠭᠡᠯᠲᠡ ᠶ᠋ᠢᠨ ᠲᠣᠭᠣᠷᠢᠭ 1208.4 ᠳ᠋ᠦᠩᠱᠢᠭᠤᠷ ᠲᠥᠭᠥᠷᠢᠭ ᠤ᠋ᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠤ᠋ ᠥᠷᠲᠡᠭ ᠢ᠋ ᠪᠡᠶᠡᠯᠡᠭᠦᠯᠵᠦ᠍᠂ ᠥᠪᠥᠷ ᠮᠣᠩᠭᠣᠯ ᠤ᠋ᠨ ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠣᠭᠣᠷᠢᠭ 1157.1 ᠳ᠋ᠦᠩᠱᠢᠭᠤᠷ ᠲᠥᠭᠥᠷᠢᠭ ᠤ᠋ᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠤ᠋ ᠥᠷᠲᠡᠭ ᠢ᠋ ᠪᠡᠶᠡᠯᠡᠭᠦᠯᠵᠤ᠂ ᠮᠠᠨ ᠤ᠋ ᠤᠷᠤᠨ ᠳ᠋ᠤ ᠵᠢᠯ ᠤ᠋ᠨ ᠦᠢᠯᠡᠳᠭᠦᠨ ᠤ᠋ ᠦᠷᠳᠡᠭ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠦᠬᠡᠢ ᠪᠠᠢᠭᠰᠠᠨ ᠲᠡᠤᠬᠡ ᠵᠢ ᠡᠴᠦᠰᠯᠡᠬᠦᠯᠪᠡ ᠃

ᠣᠲᠣᠭ ᠤ᠋ᠨ ᠠᠵᠤ ᠠᠬᠤᠶ ᠶ᠋ᠢᠨ ᠨᠡᠭᠡᠭᠡᠯᠲᠡ ᠶ᠋ᠢᠨ ᠲᠣᠭᠣᠷᠢᠭ ᠪᠤᠯ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠠᠵᠤ ᠠᠬᠤᠢ ᠶ᠋ᠢᠨ ᠨᠡᠭᠡᠭᠡᠯᠳᠡ ᠶ᠋ᠢᠨ ᠲᠤᠭᠤᠷᠢᠭ ᠪᠠᠢᠵᠤ᠂ ᠦᠪᠡᠷᠳᠡᠭᠡᠨ ᠵᠠᠰᠠᠬᠤ ᠤᠷᠤᠨ ᠤ᠋ ᠬᠠᠳᠤᠨ ᠭᠤᠤᠯ ᠳᠠᠭᠠᠤ ᠶ᠋ᠢᠨ ᠠᠵᠤ ᠠᠬᠤᠢ ᠶ᠋ᠢᠨ ᠪᠦᠰᠡ ᠶ᠋ᠢᠨ ᠪᠦᠲᠦᠭᠡᠨ ᠪᠠᠢᠭᠤᠯᠤᠯᠳᠠ ᠶ᠋ᠢ ᠠᠬᠢᠭᠤᠯᠬᠤ ᠪᠠ 《 ᠬᠤᠤᠰ ᠵᠠᠭᠤᠨ ᠳ᠋ᠦᠩᠰᠢᠭᠤᠷ ᠲᠦᠭᠦᠷᠢᠭ ᠤ᠋ᠨ ᠢᠨᠵᠧᠨᠧᠷᠢᠩ 》 ᠢ᠋ ᠬᠡᠷᠡᠭᠵᠢᠭᠦᠯᠬᠦ ᠠᠵᠤ ᠦᠢᠯᠡᠳᠪᠤᠷᠢ ᠲᠦᠪᠯᠡᠷᠡᠭᠰᠡᠨ ᠴᠢᠬᠤᠯᠠ ᠤᠷᠤᠨ ᠪᠤᠯᠤᠨ᠎ᠠ᠃ ᠡᠨᠳᠡ ᠦᠵᠦᠭᠦᠷ ᠠᠵᠤ ᠦᠢᠯᠡᠰ᠎ᠤᠨ ᠬᠦᠷᠢᠶᠡᠯᠡᠩ᠂ ᠮᠧᠩ ᠰᠢ ᠠᠵᠤ ᠦᠢᠯᠡᠰ᠎ᠤᠨ ᠬᠦᠷᠢᠶᠡᠯᠡᠩ ᠵᠡᠷᠭᠡ ᠦᠪᠡᠷᠳᠡᠭᠡᠨ ᠵᠠᠰᠠᠬᠤ ᠤᠷᠤᠨ ᠤ᠋ ᠭᠤᠤᠯᠳᠠᠯᠭᠠᠳᠤ ᠠᠵᠤ ᠦᠢᠯᠡᠳᠪᠤᠷᠢ ᠶ᠋ᠢᠨ ᠬᠦᠷᠢᠶᠡᠯᠡᠩ ᠲᠤᠭᠤᠷᠢᠭ ᠪᠤᠢ᠃ 2021 ᠤᠨ ᠳ᠋ᠤ ᠣᠲᠣᠭ ᠤ᠋ᠨ ᠠᠵᠤ ᠠᠬᠤᠶ ᠶ᠋ᠢᠨ ᠨᠡᠭᠡᠭᠡᠯᠲᠡ ᠶ᠋ᠢᠨ ᠲᠣᠭᠣᠷᠢᠭ ᠨᠢ ᠳ᠋ᠦᠩᠰᠢᠭᠤᠷ ᠲᠦᠭᠦᠷᠢᠭ ᠡᠴᠡ ᠳᠡᠭᠡᠭᠰᠢᠬᠢ ᠪᠡᠯᠡ ᠤᠷᠤᠭᠤᠯᠤᠯᠳᠠ ᠪᠦᠬᠦᠢ 20 ᠭᠤᠤᠯᠳᠠᠯᠭ᠎ᠠ ᠲᠠᠢ ᠲᠦᠷᠦᠯ ᠵᠦᠢᠯ ᠢ᠋ ᠬᠡᠷᠡᠭᠵᠢᠭᠦᠯᠵᠦ ᠂ ᠶᠡᠷᠦᠩᠬᠡᠢ ᠪᠡᠯᠡ ᠤᠷᠤᠭᠤᠯᠤᠯᠳᠠ ᠨᠢ 197.48 ᠳ᠋ᠦᠩᠰᠢᠭᠤᠷ ᠲᠦᠭᠦᠷᠢᠭ ᠲᠦ᠍ ᠬᠦᠷᠴᠠᠢ ᠃

ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠣᠭᠣᠷᠢᠭ ᠨᠢ ᠮᠦᠨ ᠴᠦ᠍ ᠦᠪᠡᠷᠳᠡᠭᠡᠨ ᠵᠠᠰᠠᠬᠤ ᠤᠷᠤᠨ ᠤ᠋ ᠳᠡᠰ ᠤ᠋ᠨ ᠳᠡᠭᠡᠳᠦ ᠰᠢᠨ᠎ᠠ ᠮᠡᠷᠭᠡᠵᠢᠯ ᠤ᠋ᠨ ᠠᠵᠤ ᠦᠢᠯᠡᠰ ᠤ᠋ᠨ ᠨᠡᠭᠡᠭᠡᠯᠳᠡ ᠶ᠋ᠢᠨ ᠲᠤᠭᠤᠷᠢᠭ ᠪᠠᠢᠵᠤ᠂ ᠳᠤᠤᠷ᠎ᠠ ᠨᠡᠭᠦᠷᠡᠰᠦᠳᠦ᠋ᠷᠦᠭᠴᠢᠳᠦ ᠠᠵᠤ ᠦᠢᠯᠡᠰ ᠤ᠋ᠨ ᠬᠦᠷᠢᠶᠡᠯᠡᠩ᠂ ᠬᠠᠢᠷᠤᠪ ᠤ᠋ᠨ ᠲᠤᠬᠤᠢ ᠶ᠋ᠢᠨ ᠠᠵᠤ ᠦᠢᠯᠡᠰ ᠤ᠋ᠨ ᠬᠦᠷᠢᠶᠡᠯᠡᠩ᠂ ᠤᠳᠠ ᠶ᠋ᠢᠨ ᠲᠤᠬᠤᠢ ᠶ᠋ᠢᠨ ᠠᠵᠤ ᠦᠢᠯᠡᠰ ᠤ᠋ᠨ ᠬᠦᠷᠢᠶᠡᠯᠡᠩ᠂ ᠬᠠᠢᠨᠠᠨ ᠤ᠋ ᠠᠵᠤ ᠦᠢᠯᠡᠰ ᠤ᠋ᠨ ᠬᠦᠷᠢᠶᠡᠯᠡᠩ ᠭᠡᠬᠦ 4 ᠬᠦᠷᠢᠶᠡᠯᠡᠩ ᠶ᠋ᠢᠡᠷ ᠪᠦᠷᠢᠯᠳᠤᠵᠠᠢ᠃ 2021 ᠤᠨ ᠳ᠋ᠤ ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠲᠣᠭᠣᠷᠢᠭ ᠨᠢ 123.34 ᠳ᠋ᠦᠩᠰᠢᠭᠤᠷ ᠲᠦᠭᠦᠷᠢᠭ ᠤ᠋ᠨ ᠳᠤᠭᠳᠠᠮᠠᠯ ᠬᠦᠷᠦᠩᠭᠡ ᠶ᠋ᠢᠨ ᠪᠡᠯᠡ ᠤᠷᠤᠭᠤᠯᠤᠯᠳᠠ ᠶ᠋ᠢ ᠪᠡᠶᠡᠯᠡᠭᠦᠯᠵᠤ᠂ ᠤᠷᠵᠢᠨᠤᠨ ᠤ᠋ ᠬᠢ ᠡᠴᠡ 17.9% ᠪᠡᠷ ᠨᠡᠮᠡᠭᠳᠡᠨ᠂ ᠨᠢᠭᠡᠴᠢ ᠠᠵᠤ ᠦᠢᠯᠡᠳᠪᠤᠷᠢ ᠶ᠋ᠢᠨ ᠨᠡᠮᠡᠭᠳᠡᠯ ᠦᠷᠳᠡᠭ ᠲᠠᠬᠢ ᠡᠨᠧᠷᠬᠢ ᠶ᠋ᠢᠨ ᠬᠤᠷᠤᠭᠳᠠᠭᠤᠯᠤᠯ ᠢ᠋ 11.1% ᠪᠡᠷ ᠪᠠᠭᠤᠷᠠᠭᠤᠯᠤᠭᠰᠠᠨ ᠬᠢᠯᠠᠯᠵᠠᠮ᠎ᠠ ᠠᠮᠵᠢᠯᠳᠠ ᠵᠢ ᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号