— ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ᠎ᠢ ᠰᠤᠷᠪᠤᠯᠵᠢᠯᠠᠭ᠍ᠰᠠᠨ ᠨᠢ
ᠬᠢᠩᠭᠠᠨ ᠠᠢᠮᠠᠭ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠪᠦᠬᠦ᠌ ᠤᠯᠤᠰ᠎ᠤᠨ 《ᠬᠣᠶᠠᠷ ᠬᠤᠷᠠᠯ》᠎ᠤ᠋ᠨ ᠬᠤᠭᠤᠴᠠᠭᠠᠨ᠎ᠳᠠᠬᠢ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠤᠢ? ᠣᠢᠷ᠎ᠠ᠎ᠳᠤ ᠰᠤᠷᠪᠤᠯᠵᠢᠯᠠᠭ᠍ᠴᠢ ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠱᠦᠵᠢ ᠵᠠᠩ ᠱᠢᠶᠤᠤ ᠪᠢᠩ᠎ᠢ ᠰᠤᠷᠪᠤᠯᠵᠢᠯᠠᠪᠠ᠃
《ᠶᠡᠷᠦᠩᠬᠡᠶ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠱᠢᠨ᠎ᠡ ᠭᠠᠷᠤᠭ᠎ᠠ ᠡᠴᠡ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠢᠷᠡᠭᠡᠳᠦᠶ᠎ᠪᠡᠨ ᠴᠣᠭ᠍ᠴᠠᠯᠠᠬᠤ ᠪᠠᠲᠤ ᠴᠢᠩᠭ᠎ᠠ ᠲᠡᠦᠬᠡ᠎ᠶ᠋ᠢᠨ ᠢᠲᠡᠭᠡᠯ᠎ᠢ ᠢᠯᠡᠷᠡᠭᠦᠯᠵᠦ᠍᠂ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠭᠦᠨ ᠬᠠᠯᠠᠮᠵᠢᠯᠠᠵᠤ ᠪᠠᠢᠬᠤ᠎ᠶ᠋ᠢ ᠢᠯᠡᠷᠡᠭᠦᠯᠵᠦ᠍᠂ ᠲᠤᠢᠯ᠎ᠤᠨ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷ ᠪᠠ ᠬᠠᠨᠳᠤᠯᠭᠠᠲᠤ ᠴᠢᠨᠠᠷᠲᠠᠶ ᠪᠠᠢᠵᠤ᠂ ᠪᠢᠳᠡᠨ᠎ᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠠᠵᠢᠯ᠎ᠢ ᠰᠠᠢᠲᠤᠷ ᠬᠢᠬᠦ᠌᠂ ᠬᠢᠩᠭᠠᠨ ᠠᠢᠮᠠᠭ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠶ》᠃ ᠵᠠᠩ ᠱᠢᠶᠤᠤ ᠪᠢᠩ᠂ ᠪᠢᠳᠡ ᠡᠷᠬᠡᠪᠰᠢ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠠᠭᠤᠰᠤᠯᠴᠠᠭᠤᠯᠤᠨ ᠨᠡᠪᠲᠡᠷᠡᠯᠴᠡᠭᠦᠯᠵᠦ᠍᠂ ᠤᠯᠤᠰ ᠲᠥᠷᠥ᠎ᠶ᠋ᠢᠨ ᠲᠣᠭ᠍ᠲᠠᠯ ᠬᠦᠴᠦᠨ᠎ᠢᠶᠡᠨ ᠪᠠᠲᠤᠳᠭᠠᠵᠤ᠂ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠵᠤ ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ ᠂ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠦᠨᠡᠨ ᠬᠦ᠌ ᠠᠵᠢᠯ ᠬᠢᠵᠦ᠍ ᠦᠶ᠋ᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ ᠂ ᠨᠠᠮ᠎ᠳᠤ ᠣᠰᠣᠯᠳᠠᠬᠤ ᠥᠬᠡᠶ ᠂ ᠠᠷᠠᠳ ᠲᠦᠮᠡᠨ᠎ᠳᠦ ᠣᠰᠣᠯᠳᠠᠬᠤ ᠥᠬᠡᠶ ᠂ ᠴᠠᠭ ᠦᠶ᠎ᠡ᠎ᠳᠦ ᠣᠰᠣᠯᠳᠠᠬᠤ ᠥᠬᠡᠶ ᠱᠢᠨ᠎ᠡ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠦᠨ᠎ᠡ ᠬᠡᠵᠦ ᠢᠯᠡᠷᠬᠡᠢᠯᠡᠵᠠᠢ᠃
《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠲᠡᠦᠬᠡ᠎ᠶ᠋ᠢᠨ ᠵᠠᠢᠯᠠᠰᠢ ᠦᠭᠡᠢ ᠴᠢᠨᠠᠷ ᠪᠣᠯᠤᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠢ ᠤᠢ᠍ᠢᠯᠠᠭᠠᠨ ᠡᠵᠡᠮᠳᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠵᠠᠮ᠎ᠢᠶᠠᠷ ᠡᠷᠡᠰ ᠭᠤᠢᠪᠢᠰᠢ ᠦᠭᠡᠢ ᠡᠷᠡᠯᠬᠡᠭ᠌ᠯᠡᠨ ᠤᠷᠤᠭ᠍ᠰᠢᠯᠠᠨ᠎ᠠ᠃ ᠶᠡᠷᠦᠩᠬᠡᠢ ᠱᠦᠵᠢ ᠰᠢ ᠵᠢᠨ ᠫᠢᠩ ᠶᠠᠷᠢᠶᠠᠨ᠎ᠳᠠᠭᠠᠨ ᠠᠩᠬ᠎ᠠ ᠤᠳᠠᠭ᠎ᠠ《ᠲᠠᠪᠤᠨ ᠵᠠᠢᠯᠠᠰᠢ ᠦᠭᠡᠢ ᠵᠠᠮᠨᠠᠬᠤ ᠵᠠᠮ》 ᠵᠢᠡᠷ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ᠎ᠳᠦ ᠢᠯᠡᠷᠡᠭᠦᠯᠦᠭ᠌ᠰᠡᠨ ᠴᠢᠬᠤᠯᠠ ᠲᠠᠨᠢᠯᠲᠠ᠎ᠶ᠋ᠢ ᠱᠢᠰᠲᠸᠮ ᠲᠠᠢ ᠲᠣᠳᠣᠷᠬᠠᠢᠯᠠᠨ ᠥᠭᠦᠯᠡᠵᠦ᠍᠂ ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ᠂ ᠢᠷᠡᠭᠡᠳᠦᠢ᠎ᠳᠦ ᠪᠢᠳᠡ ᠬᠡᠷᠬᠢᠨ ᠦᠷᠭᠦᠯᠵᠢᠯᠡᠨ ᠠᠮᠵᠢᠯᠲᠠ ᠣᠯᠵᠤ ᠢᠯᠠᠯᠲᠠ ᠤᠯᠬᠤ ᠨᠢᠭᠤᠴᠠ ᠨᠣᠮᠧᠷ᠎ᠢ ᠭᠦᠨᠵᠡᠭᠡᠢ ᠢᠯᠡᠷᠡᠭᠦᠯᠵᠦ᠍᠂ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠴᠢᠭ᠌ᠯᠡᠯ ᠵᠠᠮ᠎ᠢ ᠲᠣᠳᠣᠷᠬᠠᠢᠯᠠᠵᠤ᠂ ᠪᠢᠳᠡᠨ᠎ᠦ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠵᠤ ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠤᠭ᠍ᠰᠠᠨ ᠪᠠᠢᠨ᠎ᠠ᠃ ᠪᠢᠳᠡ ᠡᠷᠬᠡᠪᠰᠢ《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠴᠢᠬᠤᠯᠠ ᠲᠠᠨᠢᠯᠲᠠ᠎ᠶ᠋ᠢ ᠭᠦᠨᠵᠡᠭᠡᠶ ᠤᠢᠯᠠᠭᠠᠨ ᠣᠨᠣᠪᠴᠢᠲᠠᠶ ᠡᠵᠡᠮᠳᠡᠵᠦ᠍᠂ 《 ᠬᠣᠶᠠᠷ᠎ᠢ ᠲᠣᠭ᠍ᠲᠠᠭᠠᠬᠰᠡᠨ》᠎ᠢ ᠱᠢᠳᠤᠷᠭᠤ᠎ᠪᠠᠷ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠥᠬᠡᠶ᠎ᠪᠡᠷ ᠴᠤᠴᠠᠯᠲᠠ ᠥᠬᠡᠶ ᠤᠷᠤᠭ᠍ᠰᠢᠯᠠᠵᠤ ᠂ ᠡᠴᠦᠰ᠎ᠲᠦᠨᠢ ᠲᠤᠯᠲᠠᠯ᠎ᠠ ᠬᠢᠵᠦ᠍᠂ ᠬᠡᠯᠪᠡᠢᠬᠦ᠌ ᠥᠬᠡᠶ᠂ ᠥᠭᠡᠷᠡᠲᠦᠬᠦ᠌ ᠥᠬᠡᠶ᠂ ᠴᠠᠯᠠᠭᠠᠢᠷᠠᠬᠤ ᠥᠬᠡᠶ ᠪᠠᠢᠬᠤ᠎ᠶ᠋ᠢ ᠪᠡᠶᠡᠯᠡᠭᠦᠯᠵᠦ᠍᠂ ᠬᠢᠩᠭᠠᠨ ᠠᠢᠮᠠᠭ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠯᠠᠪᠳᠠᠭᠤᠨ᠎ᠢᠶᠠᠷ ᠬᠣᠯᠠ ᠠᠶᠠᠯᠠᠬᠤ᠎ᠶ᠋ᠢ ᠪᠠᠲᠤᠯᠠᠬᠤ ᠬᠡᠷᠡᠭ᠌ᠲᠡᠶ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠬᠢᠩᠭᠠᠨ ᠠᠢᠮᠠᠭ᠎ᠤᠨ ᠦᠨᠳᠦᠰᠦᠲᠡᠨ᠎ᠦ ᠠᠵᠢᠯ᠎ᠢ ᠭᠦᠨᠵᠡᠭᠡᠢ ᠨᠠᠷᠢᠯᠢᠭ ᠪᠣᠳᠠᠲᠠᠢ ᠬᠢᠨ᠎ᠡ᠃ ᠪᠢᠳᠡ ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠭᠦᠨᠵᠡᠭᠡᠶ ᠨᠠᠷᠢᠯᠢᠭ ᠪᠣᠳᠠᠲᠠᠶ ᠬᠢᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠲᠥᠪ᠂ ᠠᠬᠢᠭᠤᠯᠬᠤ ᠬᠤᠷᠠᠯ᠂ ᠤᠬᠠᠭᠤᠯᠭ᠎ᠠ ᠬᠥᠮᠦᠵᠢᠯ᠎ᠦᠨ ᠰᠠᠭᠤᠷᠢᠨ᠂ ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ ᠭᠡᠬᠥ 《 ᠳᠥᠷᠪᠡᠨ ᠲᠠᠪᠴᠠᠩ》 ᠢ᠋ ᠰᠠᠢᠲᠤᠷ ᠪᠠᠢᠭᠤᠯᠵᠤ ᠰᠠᠢᠲᠤᠷ ᠬᠡᠷᠡᠭ᠌ᠯᠡᠵᠦ᠂ ᠨᠠᠮ᠎ᠤᠨ ᠵᠣᠬᠢᠶᠠᠨ ᠪᠠᠢᠭᠤᠯᠤᠯᠲᠠ ᠳᠠᠢᠴᠢᠯᠠᠬᠤ᠂ ᠰᠠᠯᠠᠭ᠎ᠠ ᠮᠥᠴᠢᠷ ᠠᠵᠢᠯ ᠲᠥᠷᠥᠯ ᠬᠣᠯᠪᠣᠭᠠᠯᠠᠨ ᠬᠥᠳᠡᠯᠦᠯᠴᠡᠬᠦ ᠂ ᠨᠡᠢᠭᠡᠮ᠎ᠦᠨ ᠵᠣᠬᠢᠶᠠᠨ ᠪᠠᠢᠭᠤᠯᠤᠯᠲᠠ ᠠᠬᠢᠭᠤᠯᠬᠤ᠂ ᠱᠠᠯᠠᠪᠳᠠᠭᠤᠯᠤᠨ ᠪᠠᠢᠴᠠᠭᠠᠵᠤ ᠱᠢᠯᠭᠠᠨ ᠦᠨᠡᠯᠡᠬᠦ᠌ ᠵᠢ ᠠᠬᠢᠭᠤᠯᠬᠤ《ᠲᠦᠷᠪᠡᠨ ᠵᠦᠢᠯ᠎ᠦᠨ ᠲᠣᠭ᠍ᠲᠠᠴᠠ》 ᠵᠢ ᠪᠦᠷᠢᠨᠰᠢᠭᠦᠯᠵᠦ᠂ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠬᠰᠠᠨ ᠷᠠᠱᠢᠶᠠᠨ᠎ᠤ《ᠮᠥᠷᠥᠭᠡᠳᠦᠯ᠎ᠦᠨ ᠮᠣᠳᠣ》 ᠶ᠋ᠢᠨ ᠵᠣᠷᠢᠭ ᠰᠠᠨᠠᠭ᠎ᠠ ᠶ᠋ᠢ ᠶᠡᠬᠡᠪᠡᠷ ᠪᠠᠳᠠᠷᠠᠭᠤᠯᠵᠦ᠂ ᠦᠨᠳᠦᠰᠦᠲᠡᠨ᠎ᠨᠦᠭᠦᠳ᠎ᠦᠨ ᠳᠤᠮᠳᠠᠳᠤ᠎ᠶ᠋ᠢᠨ ᠦᠨᠳᠦᠰᠦᠲᠡᠨ᠎ᠢᠶᠡᠨ ᠮᠡᠳᠡᠷᠡᠬᠦ᠌ ᠰᠡᠳᠭᠢᠯᠭᠡ᠂ ᠬᠠᠷᠢᠶᠠᠯᠠᠭ᠍ᠳᠠᠬᠤ ᠰᠡᠳᠭᠢᠯᠭᠡ᠂ ᠣᠮᠣᠭ᠍ᠰᠢᠯ᠎ᠳᠤ ᠰᠡᠳᠭᠢᠯᠭᠡ᠎ᠶ᠋ᠢ ᠲᠠᠰᠤᠷᠠᠯᠲᠠ ᠦᠭᠡᠢ ᠨᠡᠮᠡᠭ᠌ᠳᠡᠭᠦᠯᠦᠨ᠎ᠡ᠃《ᠠᠨᠠᠷ᠎ᠤᠨ ᠦᠷ᠎ᠡ ᠰᠢᠭ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠦᠨᠳᠦᠰᠦᠲᠡᠨ᠎ᠦ ᠪᠦᠯᠬᠦᠮᠳᠡᠯ᠎ᠦᠨ ᠱᠢᠷᠢᠰ ᠭᠣᠣᠯ ᠰᠡᠳᠦᠪᠲᠦ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠪᠦᠬᠦ᠌ ᠨᠡᠢᠭᠡᠮ᠎ᠳᠦ ᠳᠤᠮᠳᠠᠳᠤ᠎ᠶ᠋ᠢᠨ ᠰᠣᠶᠣᠯ᠎ᠢ ᠤᠯᠠᠨ᠎ᠢᠶᠠᠷ᠎ᠢᠶᠠᠨ ᠰᠤᠷᠤᠯᠴᠠᠬᠤ᠂ ᠬᠤᠳᠠ᠎ᠶ᠋ᠢᠨ ᠨᠡᠢᠭᠡᠮ ᠲᠣᠭᠣᠷᠢᠭ᠎ᠲᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠷᠢᠯᠴᠠᠨ ᠬᠠᠪᠰᠤᠷᠤᠯᠴᠠᠬᠤ᠂ ᠮᠠᠯᠵᠢᠬᠤ ᠲᠠᠷᠢᠶᠠᠯᠠᠬᠤ ᠣᠷᠣᠨ᠎ᠳᠤ ᠨᠠᠮ᠎ᠳᠠᠭᠠᠨ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠬᠤ᠂ ᠰᠤᠷᠭᠠᠨ ᠬᠥᠮᠦᠵᠢᠯ᠎ᠦᠨ ᠱᠢᠰᠲ᠋ᠧᠮ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠵᠢᠭᠠᠨ ᠰᠤᠷᠭᠠᠯᠲᠠ ᠪᠠ ᠰᠤᠷᠤᠯᠭ᠎ᠠ᠎ᠶ᠋ᠢ ᠲᠤᠰᠠᠯᠠᠬᠤ ᠵᠡᠷᠭᠡ ᠠᠵᠢᠯᠯᠠᠭ᠎ᠠ ᠥᠷᠨᠢᠭᠦᠯᠵᠦ᠍᠂ 《ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ》 ᠵᠢᠨ ᠲᠦᠷᠦᠭᠦᠦ ᠪᠦᠯᠦᠭ᠎ᠦᠨ ᠤᠯᠤᠰ᠎ᠤᠨ ᠲᠤᠷᠱᠢᠯᠲᠠ᠎ᠶ᠋ᠢᠨ ᠴᠡᠭ᠎ᠦᠨ ᠡᠭᠦᠷᠭᠡ᠎ᠶ᠋ᠢ ᠰᠠᠢᠲᠤᠷ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠢᠱ᠌ᠢᠢ᠎ᠡ ᠦᠵᠡᠭᠦᠯᠬᠦ᠌ ᠠᠢᠮᠠᠭ᠎ᠢ ᠴᠢᠷᠮᠠᠢᠨ ᠴᠣᠭ᠍ᠴᠠᠯᠠᠨ᠎ᠠ᠃
ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠦᠨ ᠬᠥᠭ᠌ᠵᠢᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠠᠮᠢ ᠠᠬᠤᠢ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠥᠯᠬᠥᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠨ᠎ᠠ᠃ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠡᠨᠡ ᠬᠦ᠌ ᠬᠥᠪᠴᠢ ᠶ᠋ᠢ ᠢᠮᠠᠭ᠍ᠲᠠ ᠴᠢᠩᠭᠠᠯᠠᠵᠤ᠂ ᠱᠢᠨᠵᠢᠯᠡᠬᠦ᠌ ᠤᠬᠠᠭᠠᠨᠴᠢ ᠣᠨᠣᠴᠠᠲᠠᠢ ᠪᠠᠢᠬᠤ᠂ ᠡᠪᠡᠳᠴᠢᠨ᠎ᠤ ᠵᠢᠱ᠌ᠢᠶ᠎ᠡ ᠵᠢ ᠳᠠᠷᠤᠢ ᠲᠦᠷᠭᠡᠨ ᠦᠭᠡᠢ ᠪᠤᠯᠭᠠᠬᠤ᠎ᠶ᠋ᠢ ᠪᠠᠷᠢᠮᠲᠠᠯᠠᠵᠤ᠂ 《ᠲᠦᠷᠪᠡᠨ ᠲᠠᠯ᠎ᠠ》 ᠵᠢᠨ ᠬᠠᠷᠢᠭᠤᠴᠠᠯᠭ᠎ᠠ ᠶ᠋ᠢ ᠴᠢᠩᠭᠠᠳᠭᠠᠵᠤ᠂ 《ᠲᠦᠷᠪᠡᠨ ᠡᠷᠲᠡ》 ᠵᠢᠨ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠵᠤ᠂ ᠬᠢᠵᠢᠭ ᠦᠨ ᠪᠠᠢᠳᠠᠯ ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠪᠠᠴᠢᠮ ᠪᠠᠢᠳᠠᠯ ᠢ ᠠᠷᠭᠠᠴᠠᠭᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠰᠤᠷᠭᠠᠭᠤᠯᠢ ᠵᠡᠷᠭᠡ ᠭᠣᠣᠯᠳᠠᠯᠭ᠎ᠠ᠎ᠲᠠᠶ ᠲᠠᠯᠠᠪᠤᠷ ᠭᠠᠵᠠᠷ ᠤᠨ ᠪᠠᠢ᠌ᠩᠭᠤᠵᠢᠬ᠍ᠰᠠᠨ ᠰᠡᠷᠭᠡᠢᠯᠡᠨ ᠡᠵᠡᠮᠳᠡᠬᠦ᠌ ᠠᠵᠢᠯ ᠢ ᠴᠢᠩᠭᠠᠳᠭᠠᠵᠤ᠂ ᠡᠭᠡᠯᠢᠯᠡᠭᠡ ᠶ᠋ᠢᠨ ᠲᠠᠷᠢᠯᠭ᠎ᠠ ᠬᠢᠬᠦ᠌ ᠶ᠋ᠢ ᠴᠢᠩᠭᠠᠳᠭᠠᠬᠤ ᠶ᠋ᠢ ᠲᠦᠷᠭᠡᠳᠭᠡᠨ ᠠᠬᠢᠭᠤᠯᠵᠤ᠂ ᠠᠷᠠᠳ ᠤᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠱᠢᠨ ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠨ᠎ᠠ᠃ ᠡᠭᠦᠨ ᠦ ᠬᠠᠮᠲᠤ ᠂ ᠲᠣᠭ᠍ᠲᠠᠭᠤᠨ ᠪᠠᠢᠯᠭᠠᠬᠤ ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ ᠤ ᠳᠤᠮᠳᠠ ᠤᠷᠤᠭ᠍ᠰᠢᠯᠠᠨ ᠳᠠᠪᠱᠢᠬᠤ ᠶ᠋ᠢ ᠪᠠᠷᠢᠮᠲᠠᠯᠠᠵᠤ ᠂ ᠠᠮᠢ ᠠᠬᠤᠶ ᠂ ᠠᠷᠠᠳ᠎ᠤᠨ ᠠᠮᠢᠳᠤᠷᠠᠯ ᠂ ᠠᠮᠤᠷ ᠲᠦᠪᠱᠢᠨ 《ᠭᠤᠷᠪᠠ ᠶ᠋ᠢ ᠲᠣᠭ᠍ᠲᠠᠪᠤᠷᠢᠵᠢᠭᠤᠯᠬᠤ ᠬᠣᠷᠢᠭ᠎ᠠ ᠱᠤᠭᠤᠮ 》 ᠢ᠋ ᠡᠷᠡᠰ ᠰᠠᠢᠲᠤᠷ ᠰᠠᠬᠢᠵᠤ᠂ ᠲᠥᠷᠥᠯ ᠵᠦᠶ᠋ᠯ ᠦᠨ ᠪᠠᠯᠠ ᠣᠷᠣᠭᠤᠯᠤᠯᠲᠠ᠂ ᠠᠵᠤ ᠦᠶ᠋ᠯᠡᠰ ᠦᠨ ᠬᠥᠭ᠌ᠵᠢᠯᠲᠡ᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌ ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ 《ᠲᠠᠪᠤ ᠶ᠋ᠢ ᠣᠷᠣᠭᠤᠯᠬᠤ ᠠᠵᠢᠯ 》 ᠢ᠋ ᠪᠥᠬᠥ᠌ ᠬᠦᠴᠦᠨ ᠢᠶᠡᠷ᠎ᠢᠶᠡᠨ ᠰᠠᠢᠲᠤᠷ ᠬᠢᠵᠦ᠍᠂ ᠠᠮᠢ ᠠᠬᠤᠶ ᠶ᠋ᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠵᠠᠮ ᠢᠶᠠᠷ ᠡᠷᠡᠰ ᠭᠤᠢᠪᠢᠰᠢ ᠥᠬᠡᠶ ᠰᠠᠢᠲᠤᠷ ᠵᠠᠮᠨᠠᠨ᠎ᠠ᠃ ᠢᠯᠠᠩᠭᠤᠶ᠎ᠠ ᠨᠡᠭᠦᠷᠡᠰᠦᠲᠥ᠋ᠷᠥᠭ᠌ᠴᠢ᠎ᠶᠢᠨ ᠭᠠᠳᠠᠬᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠂ ᠨᠡᠭᠦᠷᠡᠰᠦᠲᠥ᠋ᠷᠥᠭ᠌ᠴᠢ ᠶᠢ ᠰᠠᠭᠠᠷᠮᠠᠬᠵᠢᠭᠤᠯᠬᠤ ᠠᠵᠠ ᠲᠣᠬᠢᠶᠠᠯ ᠢ ᠠᠮᠵᠢᠵᠤ᠂ ᠠᠵᠤ ᠠᠬᠤᠶ ᠨᠡᠢᠭᠡᠮ ᠦᠨ ᠬᠥᠭ᠌ᠵᠢᠯᠲᠡ ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠪᠡᠷ ᠬᠡᠯᠪᠡᠷᠢ᠎ᠪᠡᠨ ᠬᠤᠪᠢᠷᠠᠭᠤᠯᠬᠤ ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠠᠵᠤ ᠦᠶ᠋ᠯᠡᠰ ᠦᠨ ᠱᠢᠰᠲ᠋ᠧᠮ ᠢ ᠲᠦᠷᠭᠡᠳᠭᠡᠨ ᠪᠠᠢᠭᠤᠯᠵᠤ᠂ ᠠᠮᠢ ᠠᠬᠤᠶ ᠶ᠋ᠢᠨ ᠦᠶ᠋ᠯᠡᠳᠬᠦᠨ ᠦ ᠶᠡᠷᠦᠩᠬᠡᠶ ᠥᠷᠲᠡᠭ(GEP) ᠤ᠋ᠨ ᠲᠣᠭᠠᠴᠠᠭ᠎ᠠ ᠬᠢᠭ᠌ᠰᠡᠨ ᠦᠷ᠎ᠡ ᠪᠦᠲᠦᠭᠡᠯ ᠢ ᠰᠠᠢᠲᠤᠷ ᠬᠡᠷᠡᠭ᠌ᠯᠡᠵᠦ᠍᠂ ᠠᠮᠢ ᠠᠬᠤᠶ ᠶ᠋ᠢᠨ ᠥᠷᠲᠡᠭ ᠢ ᠪᠡᠶᠡᠯᠡᠭᠦᠯᠬᠦ᠌ ᠲᠣᠭ᠍ᠲᠠᠴᠠ ᠪᠠ ᠣᠯᠠᠨ ᠡᠱᠢᠵᠢᠭ᠌ᠰᠡᠨ ᠠᠮᠢ ᠠᠬᠤᠶ ᠶ᠋ᠢᠨ ᠨᠥᠬᠥᠪᠥᠷᠢ ᠶ᠋ᠢᠨ ᠠᠷᠭ᠎ᠠ ᠵᠠᠮ ᠢ ᠰᠦᠪᠡᠭ᠌ᠴᠢᠯᠡᠨ ᠪᠠᠢᠭᠤᠯᠵᠤ᠂《ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠶ ᠠᠯᠲᠠ ᠮᠥᠩᠭᠥᠨ ᠠᠭᠤᠯᠠ ᠮᠥᠨ》 ᠭᠡᠬᠦ᠌ ᠦᠶ᠋ᠯᠡᠳᠦᠯᠭᠡ ᠶ᠋ᠢᠨ ᠱᠢᠨ᠎ᠡ ᠶ᠋ᠢ ᠡᠭᠦᠳᠬᠦ᠌ ᠰᠠᠭᠤᠷᠢᠨ᠎ᠤ ᠨᠡᠷ᠎ᠡ ᠠᠯᠳᠠᠷᠰᠢᠯ᠎ᠢ ᠨᠡᠩ ᠪᠠᠳᠠᠷᠠᠭᠤᠯᠤᠨ᠎ᠠ᠃
ᠴᠢᠩᠭ᠎ᠠ ᠪᠠᠢᠬᠤ ᠭᠣᠣᠯ ᠬᠦᠭ ᠠᠶᠠᠰ ᠢ ᠭᠤᠢᠪᠢᠰᠢ ᠦᠭᠡᠢ ᠪᠠᠷᠢᠮᠲᠠᠯᠠᠵᠤ ᠂ ᠪᠦᠬᠦ᠌ ᠲᠠᠯ᠎ᠠ᠎ᠪᠠᠷ ᠨᠠᠮ ᠢ ᠴᠢᠩᠭ᠎ᠠ ᠵᠠᠰᠠᠬᠤ ᠶ᠋ᠢ ᠴᠥᠬᠥᠷᠡᠰᠢ ᠦᠭᠡᠢ ᠭᠦᠨᠵᠡᠭᠡᠢᠷᠡᠭᠦᠯᠦᠨ᠎ᠡ᠃ ᠶᠡᠷᠦᠩᠬᠡᠢ ᠱᠦᠵᠢ ᠰᠢ ᠵᠢᠨ ᠫᠢᠩ ᠦᠨ ᠨᠠᠮ ᠤᠨ ᠥᠪᠡᠷ ᠦᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠢ ᠪᠠᠢᠯᠳᠤᠬᠤ ᠪᠤᠳᠤᠯᠭ᠎ᠠ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ ᠤᠨ ᠥᠪᠡᠷ ᠦᠨ ᠪᠡᠶ᠎ᠡ᠎ᠳᠡᠭᠡᠨ ᠬᠤᠪᠢᠰᠭᠠᠯ ᠬᠢᠬᠦ᠌ ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠢᠯᠵᠠᠷᠠᠬᠤ᠎ᠠᠴᠠ ᠵᠢᠷᠦᠬᠡᠱᠢᠶᠡᠬᠦ᠌ ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶ᠋ᠢ ᠪᠤᠳᠤᠬᠤ ᠦᠭᠡᠢ ᠪᠠᠢᠬᠤ ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠤᠯᠠᠨ ᠲᠦᠮᠡᠨ ᠦ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠢᠩᠭ᠎ᠠ ᠴᠡᠭ᠌ᠴᠡᠯᠡᠨ ᠵᠠᠰᠠᠵᠤ᠂ ᠨᠡᠭᠦᠷᠡᠰᠦ᠂ ᠤᠯᠤᠰ ᠲᠦᠷᠦ᠍ ᠬᠠᠤᠯᠢ ᠴᠠᠭᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠂ ᠠᠮᠢ ᠠᠬᠤᠢ ᠶ᠋ᠢᠨ ᠪᠦᠳᠦᠭᠡᠨ ᠪᠠᠢᠭᠤᠯᠤᠯᠲᠠ ᠵᠡᠷᠭᠡ ᠬᠦᠷᠢᠶᠡᠨ᠎ᠳᠡᠬᠢ ᠱᠠᠮᠱᠢᠬᠤ ᠶ᠋ᠢ ᠵᠠᠯᠬᠠᠭᠠᠨ ᠱᠢᠢᠳᠭᠡᠵᠦ᠍ ᠢᠯᠵᠠᠷᠠᠯ ᠢ ᠵᠠᠰᠠᠬᠤ ᠰᠦᠷ ᠬᠦᠴᠦᠲᠦ ᠪᠠᠢᠳᠠᠯ ᠢ ᠪᠠᠲᠤᠯᠠᠵᠤ ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠴᠢᠷᠮᠠᠢᠨ ᠪᠤᠢ ᠪᠣᠯᠭᠠᠨ᠎ᠠ᠃ ᠨᠠᠮ ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠪᠦᠬᠦ᠌ ᠠᠢᠮᠠᠭ ᠤᠨ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ ᠲᠤᠭᠤᠱᠢᠯᠠᠭᠤᠯᠵᠤ ᠴᠢᠨᠠᠷ ᠰᠠᠢᠲᠠᠢ ᠬᠥᠭ᠌ᠵᠢᠯᠲᠡ ᠶ᠋ᠢ ᠪᠡᠶᠡᠯᠡᠭᠦᠯᠬᠦ᠌ ᠶᠠᠷᠢᠶᠠᠨ ᠤ ᠲᠠᠩᠬᠢᠮ ᠢ ᠰᠠᠢᠲᠤᠷ ᠡᠷᠬᠢᠯᠡᠨ ᠰᠠᠢᠲᠤᠷ ᠬᠡᠷᠡᠭ᠌ᠯᠡᠵᠦ᠍᠂ ᠺᠠᠳ᠋ᠷ ᠤᠨ ᠤᠯᠤᠰ ᠲᠦᠷᠦ᠍ ᠶ᠋ᠢᠨ ᠬᠡᠪ ᠪᠣᠯᠪᠠᠰᠤᠷᠠᠯ ᠪᠠ ᠲᠤᠰᠭᠠᠢ ᠮᠡᠷᠭᠡᠵᠢᠯ ᠦᠨ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠲᠠᠪᠤᠨ ᠵᠢᠯ ᠦᠨ ᠠᠵᠢᠯᠯᠠᠭ᠎ᠠ ᠶ᠋ᠢ ᠭᠦᠨᠵᠡᠭᠡᠢ ᠥᠷᠨᠢᠭᠦᠯᠵᠦ᠍᠂ ᠡᠯ᠎ᠡ ᠵᠦᠢᠯ ᠦᠨ ᠠᠵᠢᠯ ᠦᠢᠯᠡᠰ ᠦᠨ ᠬᠥᠭ᠌ᠵᠢᠯᠲᠡ ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠬᠢᠷᠢ ᠪᠦᠲᠦᠮᠵᠢ ᠶ᠋ᠢᠨ ᠬᠠᠭᠤᠳᠠᠰᠤ ᠶ᠋ᠢᠨ ᠤᠬᠠᠮᠰᠠᠷ ᠢ ᠪᠠᠲᠤ ᠪᠡᠬᠢ ᠪᠤᠢ ᠪᠣᠯᠭᠠᠵᠤ᠂ ᠲᠡᠷᠢᠭᠦᠨ ᠦ ᠬᠢᠷᠢ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠪᠠᠷ ᠮᠡᠷᠡᠢᠨ ᠴᠢᠷᠮᠠᠢᠵᠤ ᠂ ᠲᠠᠷᠤᠢ ᠳᠤᠨᠢ ᠭᠦᠢᠴᠡᠳᠭᠡᠬᠦ᠌ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠤᠨ᠂ ᠭᠣᠣᠯᠳᠠᠯᠭ᠎ᠠ᠂ ᠬᠢᠯᠠᠰ ᠴᠡᠭ ᠪᠠ ᠪᠡᠷᠬᠡᠲᠡᠢ ᠠᠵᠢᠯ ᠤᠨ 《ᠭᠤᠷᠪᠠᠨ ᠳᠡᠪᠲᠡᠷ ᠨᠠᠷᠢᠨ ᠲᠠᠩᠰᠠ》 ᠶ᠋ᠢᠨ ᠲᠦᠷᠢᠮ ᠢ ᠬᠢᠨᠠᠮᠠᠭᠠᠢ ᠨᠠᠢᠳᠠᠪᠤᠷᠢᠵᠢᠭᠤᠯᠵᠤ᠂ ᠺᠠᠳ᠋ᠷᠴᠤᠳ᠎ᠤᠨ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ᠎ᠪᠠᠷ ᠱᠢᠨ᠎ᠡ ᠶ᠋ᠢ ᠡᠭᠦᠳᠬᠦ᠌᠂ ᠴᠢᠳᠠᠮᠠᠭᠠᠢ᠎ᠪᠠᠷ ᠠᠵᠢᠯ ᠬᠢᠬᠦ᠌᠎ᠶᠢ ᠤᠷᠮᠠᠰᠢᠭᠤᠯᠤᠨ ᠵᠤᠷᠢᠬᠵᠢᠭᠤᠯᠵᠦ᠂ ᠱᠢᠯᠢᠳᠡᠭ ᠠᠮᠵᠢᠯᠲᠠ᠎ᠪᠠᠷ ᠢᠶᠠᠨ ᠨᠠᠮ ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠ ᠲᠠᠶᠬᠤᠷᠠᠯᠳᠤᠬᠤ ᠶ᠋ᠢ ᠤᠭ᠍ᠲᠤᠨᠡ ᠭᠡᠵᠦ᠍ ᠢᠯᠡᠷᠬᠡᠢᠯᠡᠪᠡ᠃