ᠦ᠋ ᠶᠢᠩ ᠄ ᠬᠦᠰᠡᠯ ᠨᠠᠢᠳᠠᠯᠭ᠎ᠠ᠎ᠶ᠋ᠢ ᠨᠢ ᠪᠠᠲᠤ ᠴᠡᠭᠡᠵᠢᠯᠡᠵᠦ᠍ ᠪᠦᠬᠦ ᠬᠦᠴᠦᠨ᠎ᠢᠶᠡᠷ ᠵᠢᠡᠨ ᠨᠠᠢᠳᠠᠪᠤᠷᠢᠵᠢᠭᠤᠯᠤᠯᠲᠠ ᠵᠢ ᠠᠳᠬᠤᠨ᠎ᠠ
2022-03-27 20:07:11
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠪᠥᠬᠥ᠌ ᠤᠯᠤᠰ᠎ᠤᠨ 《ᠬᠣᠶᠠᠷ ᠬᠤᠷᠠᠯ》 ᠲᠡᠭᠦᠰᠦᠭ᠌ᠰᠡᠨ᠎ᠦ ᠳᠠᠷᠠᠭ᠎ᠠ᠂ ᠦᠪᠡᠷ᠎ᠤᠨ ᠨᠤᠲᠤᠭ ᠦᠬᠠᠶ ᠳ᠋ᠠᠭᠠᠨ ᠪᠤᠴᠠᠵᠤ ᠢᠷᠡᠭ᠌ᠰᠡᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠸ᠋ᠷᠱᠢᠭᠦᠯᠬᠦ᠌ ᠺᠣᠮᠫᠠᠨᠢ᠎ᠶ᠋ᠢᠨ ᠰᠢ ᠯᠠᠶ ᠹᠸᠩ ᠳ᠋ᠡᠬᠢ ᠬᠡᠦᠷᠱᠢᠭᠦᠯᠬᠦ᠌ ᠦᠶ᠋ᠯᠡᠳᠪᠦᠷᠢ᠎ᠶ᠋ᠢᠨ ᠬᠣᠶᠠᠳᠤᠭᠠᠷ ᠪᠤᠯᠪᠠᠰᠤᠷᠠᠭᠤᠯᠵᠤ ᠬᠡᠦᠷᠱᠢᠭᠦᠯᠬᠦ᠌ ᠲᠠᠰᠤᠭ᠎ᠤᠨ ᠨᠠᠮ᠎ᠤᠨ ᠡᠭᠦᠷ᠎ᠦᠨ ᠳᠡᠳ᠋ ᠱᠦᠵᠢ ᠦ᠋ ᠶᠢᠩ ᠣᠨᠴᠠᠭᠠᠶ ᠶᠠᠭᠠᠷᠠᠯᠲᠠᠶ ᠪᠠᠢᠯ᠎ᠠ᠂ ᠣᠢᠷ᠎ᠠ᠎ᠶ᠋ᠢᠨ ᠡᠳᠦᠷ᠎ᠤᠳ ᠲᠸ᠋᠂ ᠲᠡᠷᠡ ᠣᠯᠠᠨ ᠳᠠᠯᠠᠪᠤᠷ ᠲᠸ᠋ ᠤᠬᠠᠭᠤᠯᠤᠨ ᠲᠠᠢᠯᠪᠤᠷᠢᠯᠠᠯᠳᠠ ᠬᠢᠵᠦ᠂ ᠪᠥᠬᠥ᠌ ᠤᠯᠤᠰ᠎ᠤᠨ 《ᠬᠣᠶᠠᠷ ᠬᠤᠷᠠᠯ》᠎ᠤᠨ ᠵᠣᠷᠢᠭ ᠰᠠᠨᠠᠭ᠎ᠠ ᠦᠬᠠᠶ᠎ᠶ᠋ᠢᠨ ᠦᠨᠳᠦᠰᠦᠨ ᠱᠠᠲᠤᠨ᠎ᠤ ᠡᠮᠦᠨ᠎ᠠ ᠹᠷᠣᠨᠲ᠎ᠲᠤ ᠦᠳᠲᠡᠷ ᠲᠦᠷᠭᠡᠨ᠎ᠢᠶᠡᠷ ᠲᠤᠭᠤᠰᠢᠯᠠᠭᠤᠯᠤᠬᠳᠠᠵᠠᠢ᠃

3 ᠰᠠᠷ᠎ᠠ᠎ᠶ᠋ᠢᠨ 23 ᠤ᠋᠎ᠦᠳᠡ᠎ᠶ᠋ᠢᠨ ᠬᠣᠢᠨ᠎ᠠ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠺᠣᠮᠫᠠᠨᠢ᠎ᠶ᠋ᠢᠨ ᠰᠢ ᠯᠠᠶ ᠹᠸᠩ ᠳ᠋ᠡᠬᠢ ᠮᠧᠲ᠋ᠢᠯ ᠠᠯᠺᠣᠣᠯ᠎ᠤᠨ ᠦᠶ᠋ᠯᠡᠳᠪᠦᠷᠢ᠎ᠳᠦ᠂ ᠦ᠋ ᠶᠢᠩ ᠡᠮᠦᠨ᠎ᠡ ᠹᠷᠣᠨᠲ ᠤ᠋ᠨ ᠠᠵᠢᠯᠲᠠᠨ ᠠᠵᠢᠯᠴᠢᠨ᠎ᠤ ᠲᠥᠯᠥᠭᠡᠯᠡᠭ᠌ᠴᠢᠳ᠎ᠲᠡᠶ ᠨᠢᠭᠤᠷᠲᠠᠨ ᠶᠠᠷᠢᠯᠴᠠᠵᠤ᠂ ᠲᠡᠭᠦᠨ᠎ᠦ ᠬᠤᠷᠠᠯ᠎ᠳᠤ ᠣᠷᠣᠯᠴᠠᠭ᠍ᠰᠠᠨ ᠣᠯᠤᠯᠲᠠ ᠲᠥᠷᠥᠭ᠌ᠳᠡᠯ᠎ᠢᠶᠡᠨ ᠬᠤᠪᠢᠶᠠᠯᠴᠠᠪᠠ᠃《 ᠡᠨᠡ ᠵᠢᠯ ᠶᠡᠷᠦᠩᠬᠡᠢ ᠱᠦᠵᠢ ᠳᠠᠬᠢᠨᠲᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠳᠦ ᠢᠷᠡᠵᠦ᠍ ᠪᠢᠳᠠᠨ᠎ᠲᠡᠶ ᠬᠠᠮᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠵᠦ᠍᠂ ᠪᠢᠳᠡᠨ᠎ᠦ ᠬᠥᠭ᠌ᠵᠢᠯᠲᠡ᠎ᠶ᠋ᠢᠨ ᠢᠲᠡᠭᠡᠯ᠎ᠢ ᠪᠠᠲᠤᠳᠭᠠᠪᠠ᠃ ᠢᠯᠠᠩᠭᠤᠶ᠎ᠠ ᠶᠡᠷᠦᠩᠬᠡᠢ ᠱᠦᠵᠢ〈ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ ᠵᠡᠷᠭᠡ ᠵᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ 〉 ᠭᠡᠵᠦ᠍ ᠵᠢᠭᠠᠵᠤ ᠭᠠᠷᠭᠠᠭ᠍ᠰᠠᠨ ᠨᠢ ᠨᠠᠳᠠᠳᠤ ᠭᠦᠨ ᠰᠠᠭᠤᠭ᠍ᠳᠠᠯ ᠦᠯᠡᠳᠡᠭᠡᠵᠡᠢ᠂ ᠡᠨᠡ ᠨᠢ ᠪᠢᠳᠡᠨ᠎ᠦ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠂ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠨ᠎ᠠ》ᠭᠡᠪᠠ᠃

ᠤᠬᠠᠭᠤᠯᠤᠨ ᠲᠠᠢᠯᠪᠤᠷᠢᠯᠠᠬᠤ ᠳᠤᠮᠳᠠ᠂ ᠦ᠋ ᠶᠢᠩ ᠶᠡᠷᠦᠩᠬᠡᠢ ᠱᠦᠵᠢ ᠰᠢ᠎ᠶ᠋ᠢᠨ ᠫᠢᠩ᠎ᠦᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠡᠷᠭᠡ ᠲᠠᠯ᠎ᠠ᠎ᠡᠴᠡ ᠡᠮᠦᠨ᠎ᠡ ᠹᠷᠣᠨᠲ ᠤ᠋ᠨ ᠠᠵᠢᠯᠳᠠᠨ ᠠᠵᠢᠯᠴᠢᠨ᠎ᠳᠤ ᠲᠦᠭᠦᠮ ᠣᠢᠯᠠᠭᠠᠮᠵᠢᠲᠠᠢ ᠲᠠᠢᠯᠤᠮᠵᠢ ᠬᠢᠵᠤ ᠦᠭᠴᠠᠢ᠃ ᠡᠭᠦᠨ᠎ᠦ ᠬᠠᠮᠲᠤ᠂ ᠲᠡᠷᠡ ᠪᠠᠰᠠ ᠬᠤᠪᠢ ᠬᠥᠮᠦᠨ᠎ᠦ ᠡᠭᠦᠷᠭᠡ ᠲᠤᠱᠢᠶᠠᠯ᠎ᠢᠶᠠᠨ ᠭᠦᠶ᠋ᠴᠡᠳᠭᠡᠭ᠌ᠰᠡᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ᠂ ᠪᠥᠬᠥ᠌ ᠤᠯᠤᠰ᠎ᠤᠨ 《ᠬᠣᠶᠠᠷ ᠬᠤᠷᠠᠯ》᠎ᠳᠤ ᠣᠷᠣᠯᠴᠠᠭ᠍ᠰᠠᠨ ᠣᠯᠤᠯᠲᠠ ᠲᠥᠷᠥᠭ᠌ᠳᠡᠯ᠎ᠢᠶᠡᠨ ᠠᠭᠤᠵᠢᠷᠠᠲᠠᠯ᠎ᠠ ᠶᠠᠷᠢᠯᠴᠠᠵᠤ᠂ ᠳᠤᠰ ᠤᠳᠠᠭ᠎ᠠ᠎ᠶ᠋ᠢᠨ ᠬᠤᠷᠠᠯ᠎ᠳᠤ ᠤᠷᠤᠯᠴᠠᠭᠠᠳ 《ᠰᠡᠳᠭᠢᠯ ᠬᠠᠨᠤᠮᠵᠢᠳᠠᠢ ᠪᠤᠴᠠᠵᠤ᠂ ᠲᠤᠢᠯ᠎ᠤᠨ ᠶᠡᠬᠡ ᠤᠯᠤᠯᠳᠠ ᠲᠠᠢ ᠪᠤᠯᠪᠠ 》 ᠭᠡᠵᠦ᠍ ᠰᠡᠳᠬᠢᠯ᠎ᠤᠨ ᠦᠬᠡ ᠪᠠᠨ ᠶᠠᠷᠢᠵᠤ ᠪᠠᠢᠯ᠎ᠠ᠃

ᠦ᠋ ᠶᠢᠩ᠎ᠤᠨ ᠬᠢᠭᠰᠡᠨ ᠭᠦᠨᠵᠡᠭᠡᠢ ᠪᠥᠭᠡᠳ ᠣᠢᠯᠠᠭᠠᠮᠵᠢᠲᠠᠢ᠂ ᠨᠠᠷᠢᠨ ᠨᠢᠮᠪᠠᠢ ᠲᠠᠢᠯᠤᠮᠵᠢ ᠨᠢ ᠲᠤᠬᠠᠢ᠎ᠶ᠋ᠢᠨ ᠲᠠᠯᠠᠪᠤᠷ ᠳᠡᠬᠢ ᠠᠵᠢᠯᠳᠠᠨ ᠠᠵᠢᠯᠴᠢᠨ᠎ᠳᠤ ᠮᠠᠰᠢ ᠶᠡᠬᠡ ᠠᠱᠢᠭ ᠬᠦᠷᠲᠡᠭᠡᠪᠡ᠃ ᠣᠯᠠᠨ᠎ᠢᠶᠠᠷ᠎ᠢᠶᠠᠨ᠂ ᠦ᠋ ᠶᠢᠩ᠎ᠦᠨ ᠨᠥᠯᠥᠭᠡᠯᠡᠬᠦ᠌ ᠬᠦᠴᠦᠨ ᠶᠡᠬᠡᠲᠠᠢ ᠤᠬᠠᠭᠤᠯᠤᠨ ᠲᠠᠢᠯᠪᠤᠷᠢᠯᠠᠯᠳᠠ ᠵᠢ ᠰᠤᠨᠤᠰᠤᠭᠠᠳ᠂ ᠦᠵᠡᠯ ᠰᠠᠨᠠᠭ᠎ᠠ ᠲᠣᠳᠣᠷᠬᠠᠶ ᠪᠣᠯᠵᠤ ᠂ ᠴᠢᠭ᠌ᠯᠡᠯ ᠲᠣᠳᠣᠷᠬᠠᠶ ᠪᠣᠯᠵᠤ ᠂ ᠠᠵᠢᠯᠯᠠᠬᠤ ᠡᠷᠴᠢ ᠨᠠᠩ ᠲᠡᠭᠦᠯᠳᠡᠷ ᠪᠣᠯᠵᠠᠶ ᠭᠡᠵᠤ ᠢᠯᠡᠳᠭᠡᠵᠡᠭᠡᠪᠡ᠃

ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠺᠣᠮᠫᠠᠨᠢ᠎ᠶ᠋ᠢᠨ ᠰᠢ ᠯᠠᠢ ᠹᠸᠩ ᠳ᠋ᠡᠬᠢ ᠮᠧᠲ᠋ᠢᠯ ᠠᠯᠺᠣᠣᠯ᠎ᠤᠨ ᠦᠢᠯᠡᠳᠪᠦᠷᠢ᠎ᠶ᠋ᠢᠨ ᠨᠠᠮ᠎ᠤᠨ ᠶᠡᠷᠦᠩᠬᠡᠢ ᠡᠭᠦᠷ᠎ᠦᠨ ᠱᠦᠵᠢ᠂ ᠦᠢᠯᠡᠳᠪᠦᠷᠢ᠎ᠶ᠋ᠢᠨ ᠳᠠᠷᠤᠭ᠎ᠠ ᠸᠠᠩ ᠸᠧᠢ ᠭᠠᠩ᠄《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠳᠠ ᠵᠢᠨ ᠵᠦᠢᠯ ᠵᠤᠷᠪᠤᠰ ᠳᠤᠳᠤᠷᠬᠠᠢ᠂ ᠭᠦᠨᠵᠡᠭᠡᠢ ᠪᠥᠭᠡᠳ ᠣᠢᠯᠠᠭᠠᠮᠵᠢᠲᠠᠢ᠂ ᠪᠢ ᠪᠦᠬᠦ᠌ ᠤᠯᠤᠰ᠎ᠤᠨ 〈ᠬᠣᠶᠠᠷ ᠬᠤᠷᠠᠯ〉᠎ᠤᠨ ᠵᠣᠷᠢᠭ ᠰᠠᠨᠠᠭ᠎ᠠ᠎ᠳᠤ ᠨᠡᠩ ᠭᠦᠨᠵᠡᠭᠡᠢ ᠣᠢᠯᠠᠭᠠᠯᠲᠠ᠎ᠲᠠᠶ ᠪᠣᠯᠵᠠᠢ᠃ ᠪᠢᠳᠡ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠠᠵᠢᠯ᠎ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ ᠤᠯᠤᠰ᠎ᠤᠨ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠳᠤ ᠠᠵᠤ ᠠᠬᠤᠢᠯᠠᠯ᠎ᠤᠨ ᠬᠤᠪᠢ ᠨᠡᠮᠡᠷᠢ ᠪᠡᠨ ᠦᠵᠡᠭᠦᠯᠦᠨ᠎ᠡ 》 ᠭᠡᠵᠠᠢ᠃

ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠺᠣᠮᠫᠠᠨᠢ᠎ᠶ᠋ᠢᠨ ᠰᠢ ᠯᠠᠢ ᠹᠸᠩ ᠳ᠋ᠡᠬᠢ ᠮᠧᠲ᠋ᠢᠯ ᠠᠯᠺᠣᠣᠯ᠎ᠤᠨ ᠦᠢᠯᠡᠳᠪᠦᠷᠢ᠎ᠶ᠋ᠢᠨ ᠱᠢᠯᠭᠠᠬᠤ ᠠᠵᠢᠯᠳᠠᠨ ᠵᠠᠩ ᠶᠤᠸᠠᠢ᠄ 《ᠦ᠋ ᠶᠢᠩ ᠲᠥᠯᠥᠭᠡᠯᠡᠭ᠌ᠴᠢ᠎ᠶ᠋ᠢᠨ ᠤᠬᠠᠭᠤᠯᠤᠨ ᠲᠠᠢᠯᠪᠤᠷᠢᠯᠠᠯᠲᠠ᠎ᠵᠢ ᠰᠤᠨᠤᠰᠤᠭᠠᠳ ᠪᠢ ᠮᠠᠰᠢ ᠰᠡᠳᠬᠢᠯ ᠳᠣᠭ᠍ᠳᠣᠯᠪᠠ᠃ ᠪᠢᠳᠠ ᠶᠡᠷᠦᠩᠬᠡᠢ ᠱᠦᠵᠢ᠎ᠶ᠋ᠢᠨ ᠴᠢᠬᠤᠯᠠ ᠶᠠᠷᠢᠶ᠎ᠠ᠎ᠪᠠᠷ ᠵᠢᠯᠤᠭᠤᠳᠤᠯᠭ᠎ᠠ ᠪᠣᠯᠭᠠᠵᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ》ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠹᠦ᠋ ᠭᠸᠨ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号