— ᠦᠬᠠᠶ ᠬᠣᠲᠠ ᠵᠢᠨ ᠨᠠᠮ ᠤ᠋ᠨ ᠬᠣᠷᠢᠶᠠᠨ ᠤ᠋ ᠱᠦᠵᠢ ᠳᠠᠩ ᠢ ᠶ᠋ᠢ ᠰᠤᠷᠪᠤᠯᠵᠢᠯᠠᠭ᠍ᠰᠠᠨ ᠨᠢ
ᠤᠢ᠍ᠢᠷᠠ ᠳ᠋ᠤ᠂ ᠦᠬᠠᠢ ᠬᠤᠳᠠ ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠬᠡᠷᠬᠢᠨ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠦᠬᠠᠢ ᠬᠤᠳᠠ ᠵᠢᠨ ᠨᠠᠮ ᠤ᠋ᠨ ᠬᠣᠷᠢᠶᠠᠨ ᠤ᠋ ᠱᠦᠵᠢ ᠲᠠᠩ ᠢ ᠶ᠋ᠢ ᠰᠤᠷᠪᠤᠯᠵᠢᠯᠠᠪᠠ᠃
《ᠶᠡᠷᠦᠩᠬᠡᠢ ᠱᠦᠵᠢ ᠰᠢ ᠵᠢᠨ ᠫᠢᠩ ᠤ᠋ᠨ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ ᠳ᠋ᠤ ᠣᠷᠣᠯᠴᠠᠬᠤ ᠦᠶ᠎ᠡ ᠵᠢᠨ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠡᠯᠪᠡᠭ ᠪᠠᠶᠠᠯᠢᠭ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠬᠠᠨᠳᠤᠯᠭᠠᠲᠤ ᠴᠢᠨᠠᠷ ᠪᠣᠯᠤᠨ ᠵᠢᠯᠣᠭᠣᠳᠭᠤ ᠴᠢᠨᠠᠷᠲᠠᠶ᠂ ᠪᠢᠳᠡᠨᠦ ᠱᠢᠨ᠎ᠡ ᠴᠠᠭ ᠦᠶ᠎ᠡ ᠵᠢᠨ ᠡᠯ᠎ᠡ ᠵᠦᠢᠯ ᠤ᠋ᠨ ᠠᠵᠢᠯ ᠦᠢᠯᠡᠰ ᠤ᠋ᠨ ᠬᠥᠭ᠌ᠵᠢᠯᠲᠡ ᠶ᠋ᠢ ᠠᠬᠢᠭᠤᠯᠬᠤ ᠳ᠋ᠤ ᠴᠢᠬᠤᠯᠠ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠪᠠᠢᠨ᠎ᠠ᠃
ᠲᠠᠩ ᠢ᠂ ᠦᠬᠠᠶ ᠬᠣᠲᠠ ᠶᠡᠷᠦᠩᠬᠡᠶ ᠱᠦᠵᠢ ᠰᠢ ᠵᠢᠨ ᠫᠢᠩ ᠤ᠋ᠨ ᠡᠨᠡ ᠤᠳᠠᠭ᠎ᠠ ᠵᠢᠨ ᠴᠢᠬᠤᠯᠠ ᠶᠠᠷᠢᠶ᠎ᠠ ᠶ᠋ᠢ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠶ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ ᠰᠠᠨᠠᠭᠠᠲᠠᠶ ᠨᠢᠭᠡ ᠴᠣᠭ᠍ᠴᠠᠪᠤᠯᠭᠠᠨ ᠰᠤᠷᠤᠯᠴᠠᠨ ᠣᠢᠯᠠᠭᠠᠵᠤ᠂ ᠬᠠᠮᠲᠤᠳᠤᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ᠋ 《ᠬᠣᠶᠠᠷ ᠬᠠᠯᠬᠠᠪᠴᠢ 》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠶ᠋ᠢ ᠤᠬᠠᠮᠰᠠᠷᠠᠴᠠᠪᠠᠨ ᠳᠠᠭᠠᠵᠤ ᠲᠡᠭᠦᠨ ᠳ᠋ᠤ ᠦᠶ᠋ᠯᠡᠴᠢᠯᠡᠵᠦ᠍᠂ ᠪᠥᠬᠥ᠌ ᠣᠷᠣᠨ ᠤ᠋ ᠶᠡᠬᠡ ᠲᠠᠯ᠎ᠠ᠎ᠠᠴᠠ ᠭᠠᠷᠳᠠᠵᠤ ᠦᠬᠠᠶ ᠵᠢᠨ ᠠᠵᠢᠯ ᠢ᠋ ᠦᠨᠡᠨ ᠬᠦ᠌ ᠲᠥᠯᠥᠪᠵᠢᠭᠦᠯᠤᠨ᠂ ᠶᠡᠷᠦᠩᠬᠡᠶ ᠱᠦᠵᠢ ᠰᠢ ᠵᠢᠨ ᠫᠢᠩ ᠤ᠋ᠨ ᠴᠢᠩ ᠰᠡᠳᠭᠢᠯ ᠤ᠋ᠨ ᠬᠦᠰᠡᠯ ᠨᠠᠢᠳᠠᠯᠭ᠎ᠠ ᠶ᠋ᠢ ᠦᠨᠡᠨ ᠬᠦ᠌ ᠦᠬᠠᠶ ᠵᠢᠨ ᠴᠢᠨᠠᠷ ᠰᠠᠢᠲᠠᠶ ᠬᠥᠭ᠌ᠵᠢᠯᠲᠡ᠂ ᠴᠢᠨᠠᠷ ᠰᠠᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ ᠶ᠋ᠢ ᠪᠡᠶᠡᠯᠡᠭᠦᠯᠬᠦ᠌ ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ᠍ ᠢᠯᠡᠳᠭᠡᠪᠡ᠃
ᠨᠢᠭᠡ ᠳ᠋ᠤ᠂《ᠲᠠᠪᠤᠨ ᠡᠷᠬᠡᠪᠰᠢ ᠵᠠᠮᠨᠠᠬᠤ ᠵᠠᠮ》ᠪᠡᠷ ᠡᠷᠡᠰ ᠪᠠᠲᠤ ᠰᠠᠢᠲᠤᠷ ᠵᠠᠮᠨᠠᠨ᠎ᠠ᠃ ᠪᠢᠳᠡ《ᠲᠠᠪᠤᠨ ᠡᠷᠬᠡᠪᠰᠢ ᠵᠠᠮᠨᠠᠬᠤ ᠵᠠᠮ》ᠤ᠋ᠨ ᠲᠡᠦᠬᠡ ᠵᠢᠨ ᠵᠠᠢᠯᠠᠰᠢ ᠥᠬᠡᠶ ᠴᠢᠨᠠᠷ ᠪᠠ ᠲᠤᠢᠯ ᠤ᠋ᠨ ᠴᠢᠬᠤᠯᠠ ᠴᠢᠨᠠᠷ ᠢ᠋ ᠭᠦᠨᠵᠡᠭᠡᠶ ᠣᠢᠯᠠᠭᠠᠵᠤ᠂ ᠲᠡᠦᠬᠡ ᠵᠢᠨ ᠢᠲᠡᠭᠡᠯ ᠵᠢᠡᠨ ᠤᠯᠠᠮ ᠨᠢᠭᠡ ᠠᠯᠬᠤᠮ ᠪᠠᠲᠤᠳᠭᠠᠨ᠂ ᠲᠡᠦᠬᠡ ᠵᠢᠨ ᠰᠠᠨᠠᠭᠠᠴᠢᠯᠠᠭᠠᠲᠤ ᠴᠢᠨᠠᠷ ᠵᠢᠡᠨ ᠴᠢᠩᠭᠠᠳᠭᠠᠵᠤ᠂ ᠤᠯᠤᠰ ᠲᠥᠷᠥ ᠵᠢᠨ ᠤᠬᠠᠮᠰᠠᠷ ᠵᠢᠡᠨ ᠴᠢᠩᠭᠠᠳᠭᠠᠨ᠂《ᠬᠣᠶᠠᠷ ᠢ᠋ ᠲᠣᠭ᠍ᠲᠠᠭᠠᠬᠰᠡᠨ》ᠢ ᠦᠨᠡᠨᠴᠢ ᠱᠢᠳᠤᠷᠭᠤᠪᠠᠷ ᠬᠦᠷᠢᠶᠡᠯᠡᠵᠦ᠍᠂《ᠬᠣᠶᠠᠷ ᠢ᠋ ᠬᠠᠮᠠᠭᠠᠯᠠᠬᠤ》ᠶ᠋ᠢ ᠡᠷᠡᠰ ᠪᠡᠶᠡᠯᠡᠭᠦᠯᠤᠨ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶᠠᠠᠴᠠ ᠥᠪᠥᠷ ᠮᠣᠩᠭᠣᠯ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ ᠤ᠋ ᠬᠥᠲᠥᠯᠪᠦᠷᠢ ᠶᠣᠰᠣᠭᠠᠷ ᠡᠷᠡᠰ ᠭᠤᠢᠪᠢᠰᠢ ᠥᠬᠡᠶ ᠡᠷᠡᠯᠬᠡᠭ᠌ᠯᠡᠨ ᠤᠷᠤᠭ᠍ᠰᠢᠯᠠᠵᠤ᠂ ᠨᠠᠩ ᠪᠣᠳᠠᠲᠠᠶ ᠶ᠋ᠢ ᠡᠷᠬᠢᠮᠯᠡᠭ᠌ᠰᠡᠨ ᠠᠵᠢᠯᠯᠠᠭ᠎ᠠ ᠪᠠ ᠦᠷ᠎ᠡ ᠪᠦᠲᠦᠮᠵᠢᠪᠡᠷ ᠳᠤᠮᠳᠠᠳᠤ ᠵᠢᠨ ᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ᠍ ᠶ᠋ᠢ ᠲᠡᠷᠭᠡᠯᠱᠢᠭᠦᠯᠬᠦ ᠳ᠋ᠤ ᠦᠬᠠᠶ ᠵᠢᠨ ᠬᠦᠴᠦᠨ ᠴᠢᠳᠠᠯ ᠵᠢᠡᠨ ᠡᠷᠭᠦᠨ᠎ᠡ᠃
ᠬᠣᠶᠠᠷᠲᠤ᠂ ᠠᠮᠢ ᠠᠬᠤᠢ ᠣᠷᠴᠢᠨ ᠲᠣᠭᠣᠷᠢᠨ ᠢ᠋ ᠶᠡᠷᠦᠩᠬᠡᠢᠯᠡᠨ ᠵᠠᠰᠠᠬᠤ ᠠᠵᠢᠯ ᠢ᠋ ᠱᠠᠯᠠᠪᠳᠠᠨ ᠰᠠᠢᠲᠤᠷ ᠠᠳᠬᠤᠨ᠎ᠠ᠃ ᠶᠡᠷᠦᠩᠬᠡᠢ ᠱᠦᠵᠢ ᠰᠢ ᠵᠢᠨ ᠫᠢᠩ᠂ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨ᠂ ᠡᠨᠧᠷᠭᠢ ᠵᠢᠨ ᠠᠮᠤᠷ ᠲᠦᠪᠱᠢᠨ᠂ ᠠᠮᠤ ᠪᠤᠳᠠᠭᠠᠨ ᠤ᠋ ᠠᠮᠤᠷ ᠲᠦᠪᠱᠢᠨ᠂ ᠠᠵᠤ ᠦᠢᠯᠡᠰ ᠤ᠋ᠨ ᠠᠮᠤᠷ ᠲᠦᠪᠱᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠᠪᠠᠨ ᠦᠨᠡᠨ ᠬᠦ᠌ ᠭᠦᠢᠴᠡᠳᠭᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠪᠢᠳᠡ《ᠬᠠᠳᠤᠨ ᠭᠣᠣᠯ ᠤ᠋ᠨ ᠰᠠᠪᠠ ᠭᠠᠵᠠᠷ ᠲᠡᠬᠢ ᠠᠮᠢ ᠠᠬᠤᠢ ᠵᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ》 ᠵᠢᠨ《ᠤᠯᠤᠰ ᠤ᠋ᠨ ᠶᠡᠬᠡ ᠶᠠᠪᠤᠳᠠᠯ》ᠢ᠋ ᠪᠠᠲᠤ ᠴᠡᠭᠡᠵᠢᠯᠡᠵᠦ᠍᠂《ᠦᠬᠠᠢ ᠵᠢᠴᠢ ᠡᠷᠬᠢᠨ ᠲᠣᠭᠣᠷᠢᠨ ᠤ᠋ ᠭᠠᠵᠠᠷ ᠣᠷᠣᠨ ᠵᠡᠷᠭᠡ ᠭᠣᠣᠯᠳᠠᠯᠭᠠᠲᠠᠶ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ ᠤ᠋ ᠶᠡᠷᠦᠩᠬᠡᠢᠯᠡᠭ᠌ᠰᠡᠨ ᠵᠠᠰᠠᠯᠲᠠ ᠶ᠋ᠢ ᠬᠦᠴᠦᠯᠡᠨ ᠰᠠᠢᠲᠤᠷ ᠠᠳᠭᠤᠬᠤ》 ᠪᠡᠷ ᠠᠵᠢᠯ ᠤ᠋ᠨ ᠵᠢᠷᠤᠮᠯᠠᠯ ᠪᠣᠯᠭᠠᠵᠤ᠂ ᠴᠢᠨᠠᠷ ᠰᠠᠢᠲᠠᠢ ᠬᠥᠭ᠌ᠵᠢᠯᠲᠡ ᠵᠢᠨ ᠳᠤᠮᠳᠠ ᠥᠨᠳᠥᠷ ᠲᠦᠪᠱᠢᠨ ᠪᠦᠬᠦᠢ ᠬᠠᠮᠠᠭᠠᠯᠠᠯᠲᠠ ᠶ᠋ᠢ ᠠᠬᠢᠭᠤᠯᠵᠤ᠂ ᠥᠨᠳᠥᠷ ᠲᠦᠪᠱᠢᠨ ᠪᠦᠬᠦᠢ ᠬᠠᠮᠠᠭᠠᠯᠠᠯᠲᠠ ᠵᠢᠨ ᠳᠤᠮᠳᠠ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠤᠨ᠎ᠠ᠃《ᠬᠣᠣᠰ ᠨᠡᠭᠦᠷᠡᠰᠦᠲᠥ᠋ᠷᠥᠭ᠌ᠴᠢ》ᠶ᠋ᠢᠨ ᠠᠵᠢᠯ ᠢ᠋ ᠢᠳᠡᠪᠬᠢᠲᠡᠢ ᠪᠥᠭᠡᠳ ᠯᠠᠪᠳᠠᠭᠤᠨ ᠵᠢᠡᠷ ᠠᠬᠢᠭᠤᠯᠵᠤ᠂ 《ᠬᠣᠶᠠᠷ ᠥᠨᠳᠥᠷ》ᠤ᠋ᠨ ᠵᠦᠢᠯᠡᠰ ᠤ᠋ᠨ ᠰᠣᠬᠣᠷ ᠪᠠᠯᠠᠢᠪᠠᠷ ᠬᠥᠭ᠌ᠵᠢᠬᠦ᠌ ᠶ᠋ᠢ ᠡᠷᠡᠰ ᠬᠣᠷᠢᠭ᠍ᠯᠠᠨᠠ᠃
ᠭᠤᠷᠪᠠ ᠳ᠋ᠤ᠂ ᠲᠡᠰ ᠳᠡᠪᠱᠢᠭᠦᠯᠬᠦ᠌ ᠬᠤᠷᠳᠤᠴᠠ ᠶ᠋ᠢ ᠨᠡᠮᠡᠭᠳᠡᠭᠦᠯᠦᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠠᠵᠤ ᠦᠢᠯᠡᠰ ᠤ᠋ᠨ ᠬᠡᠯᠪᠡᠷᠢ ᠶ᠋ᠢ ᠬᠤᠪᠢᠷᠠᠭᠤᠯᠬᠤ ᠪᠠ ᠬᠤᠳᠠ ᠵᠢᠨ ᠬᠡᠯᠪᠡᠷᠢ ᠶ᠋ᠢ ᠬᠤᠪᠢᠷᠠᠭᠤᠯᠬᠤ ᠶ᠋ᠢ ᠠᠬᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ᠂ ᠠᠮᠢ ᠠᠬᠤᠢ ᠶ᠋ᠢ ᠤᠷᠢᠳ ᠵᠢᠡᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠵᠢᠨ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠪᠢᠳᠡ ᠠᠮᠢ ᠠᠬᠤᠶ ᠶ᠋ᠢ ᠤᠷᠢᠳ ᠵᠢᠡᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ ᠤᠳᠤᠷᠢᠳᠤᠮᠵᠢ ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ ᠰᠠᠯᠬᠢ ᠬᠡᠷᠡᠯ ᠤᠰᠤᠲᠥ᠋ᠷᠥᠭ᠌ᠴᠢ ᠬᠠᠳᠠᠭᠠᠯᠠᠬᠤ ᠬᠡᠷᠡᠭ᠌ᠯᠡᠬᠦ ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠡᠨᠧᠷᠭᠢ᠂ ᠵᠠᠳᠠᠷᠠᠵᠤ ᠪᠣᠯᠬᠤᠢᠴᠠ ᠰᠦᠯᠢᠶᠣᠣᠪᠠᠷ ᠭᠤᠤᠯ ᠴᠢᠭ᠌ᠯᠡᠯ ᠪᠣᠯᠭᠠᠭ᠍ᠰᠠᠨ ᠱᠢᠨ᠎ᠡ ᠮᠠᠲ᠋ᠧᠷᠢᠶᠠᠯ ᠬᠣᠶᠠᠷ ᠶᠡᠬᠡ ᠪᠦᠷᠢᠨ ᠠᠵᠤ ᠦᠶ᠋ᠯᠡᠰ ᠤ᠋ᠨ ᠬᠡᠯᠬᠢᠶ᠎ᠡ ᠵᠢᠨ ᠰᠠᠭᠤᠷᠢᠨ ᠢ᠋ ᠬᠦᠴᠦᠯᠡᠨ ᠪᠠᠢᠭᠤᠯᠵᠤ᠂ ᠣᠷᠣᠨ ᠪᠦᠰᠡ ᠵᠢᠨ ᠤᠨᠴᠠᠯᠢᠬ᠍ᠳᠤ ᠠᠵᠤ ᠦᠶ᠋ᠯᠡᠰ ᠤ᠋ᠨ ᠪᠦᠯᠦᠭ᠌ᠵᠢᠯ ᠢ᠋ ᠪᠥᠬᠥ᠌ ᠬᠦᠴᠦᠨ ᠵᠢᠡᠷ ᠵᠢᠡᠨ ᠪᠥᠲᠥᠭᠡᠨ ᠪᠠᠢᠭᠤᠯᠤᠨ᠎ᠠ᠃ ᠬᠠᠭᠤᠴᠢᠨ ᠰᠠᠭᠤᠭᠠᠯᠢ ᠲᠣᠭᠣᠷᠢᠭ ᠤ᠋ᠨ ᠥᠭᠡᠷᠡᠴᠢᠯᠡᠯᠲᠡ᠂ ᠪᠢᠨ ᠾᠧ ᠵᠢᠨ ᠬᠣᠶᠠᠳᠤᠭᠠᠷ ᠬᠤᠭᠤᠴᠠᠭᠠᠨ ᠤ᠋ ᠨᠡᠭᠡᠭᠡᠨ ᠬᠥᠭ᠌ᠵᠢᠭᠦᠯᠦᠯᠲᠡ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠤ᠋ ᠵᠢᠱ᠌ᠢᠶ᠎ᠡ ᠦᠵᠡᠭᠦᠯᠬᠦ᠌ ᠲᠣᠭᠣᠷᠢᠭ ᠢ᠋ ᠡᠭᠦᠳᠦᠨ ᠪᠠᠢᠭᠤᠯᠵᠤ᠂ ᠬᠠᠮᠲᠤᠪᠠᠷ ᠪᠠᠶᠠᠵᠢᠨ ᠴᠢᠨᠡᠭᠡᠯᠢᠭ᠌ᠵᠢᠭ᠌ᠰᠡᠨ ᠬᠣᠱᠢᠭᠤᠴᠢ ᠬᠣᠲᠠ ᠶ᠋ᠢ ᠴᠢᠷᠮᠠᠢᠨ ᠪᠠᠢᠭᠤᠯᠤᠨ᠎ᠠ᠃
ᠲᠦᠷᠪᠡ ᠳ᠋ᠤ᠂ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠦᠲᠦᠮᠵᠢᠲᠡᠢ ᠪᠠᠲᠤ ᠴᠣᠭ᠍ᠴᠠᠯᠠᠨᠠ᠃ ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ ᠤ᠋ᠨ ᠥᠨᠥᠳᠦᠷ ᠪᠣᠯ ᠦᠨᠳᠦᠰᠦᠲᠡᠨᠨᠦᠭᠦᠳ ᠤ᠋ᠨ ᠤᠯᠠᠨ ᠲᠦᠮᠡᠨᠦ ᠬᠠᠮᠲᠤᠪᠠᠷ ᠲᠡᠮᠡᠴᠡᠭ᠌ᠰᠡᠨᠦ ᠦᠷ᠎ᠡ ᠳ᠋ᠦᠩ ᠮᠥᠨ᠂ ᠥᠪᠥᠷ ᠮᠣᠩᠭᠣᠯ ᠤ᠋ᠨ ᠢᠷᠡᠭᠡᠳᠦᠢ ᠮᠥᠨ ᠬᠦ᠌ ᠦᠨᠳᠦᠰᠦᠲᠡᠨᠨᠦᠭᠦᠳ ᠤ᠋ᠨ ᠤᠯᠠᠨ ᠲᠦᠮᠡᠨᠦ ᠪᠦᠯᠬᠦᠮᠳᠡᠨ ᠲᠡᠮᠡᠴᠡᠬᠦ᠌ ᠶ᠋ᠢ ᠱᠠᠭᠠᠷᠳᠠᠨ᠎ᠠ᠃ ᠪᠢᠳᠡ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠢ᠋ ᠴᠢᠩᠭ᠎ᠠ ᠠᠳᠭᠤᠵᠤ᠂ ᠦᠨᠳᠦᠰᠦᠲᠡᠨᠨᠦᠭᠦᠳ ᠤ᠋ᠨ ᠳᠤᠮᠳᠠᠳᠤ ᠵᠢᠨ ᠦᠨᠳᠦᠰᠦᠲᠡᠨ ᠵᠢᠡᠨ ᠬᠡᠰᠡᠨ ᠮᠡᠳᠡᠷᠡᠬᠦ ᠲᠦᠷᠦᠭᠳᠡᠯ᠂ ᠬᠠᠷᠢᠶᠠᠯᠠᠭ᠍ᠳᠠᠬᠤ ᠲᠦᠷᠦᠭᠳᠡᠯ᠂ ᠣᠮᠣᠭᠰᠢᠯᠳᠤ ᠲᠦᠷᠦᠭᠳᠡᠯᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠢ᠋ ᠺᠠᠳ᠋ᠷ ᠤ᠋ᠨ ᠬᠥᠮᠦᠵᠢᠯ᠂ ᠨᠠᠮ ᠤ᠋ᠨ ᠭᠡᠱᠢᠭᠦᠨᠦ ᠬᠥᠮᠦᠵᠢᠯ᠂ ᠤᠯᠤᠰ ᠠᠷᠠᠳ ᠤ᠋ᠨ ᠬᠥᠮᠦᠵᠢᠯ᠂ ᠨᠡᠢᠭᠡᠮ ᠤ᠋ᠨ ᠬᠥᠮᠦᠵᠢᠯ ᠤ᠋ᠨ ᠪᠦᠬᠦ᠌ ᠶᠠᠪᠤᠴᠠ ᠳ᠋ᠤ ᠲᠤᠭᠤᠱᠢᠯᠠᠭᠤᠯᠵᠤ᠂ 《ᠭᠤᠷᠪᠠᠨ ᠰᠠᠯᠵᠤ ᠴᠢᠳᠠᠬᠤ ᠦᠭᠡᠢ》《ᠲᠠᠪᠤᠨ ᠬᠠᠮᠲᠤ ᠵᠢᠨ ᠲᠠᠨᠢᠯᠲᠠ》ᠶ᠋ᠢᠨ ᠦᠨᠳᠦᠰᠦᠲᠡᠨᠨᠦᠭᠦᠳ ᠤ᠋ᠨ ᠤᠯᠠᠨ ᠲᠦᠮᠡᠨᠦ ᠰᠡᠳᠭᠢᠯ ᠳ᠋ᠤ ᠭᠦᠨ ᠬᠠᠳᠠᠩᠰᠢᠭᠤᠯᠬᠤ ᠶ᠋ᠢ ᠠᠬᠢᠭᠤᠯᠬᠤ ᠬᠡᠷᠡᠭ᠌ᠲᠡᠢ᠃
ᠲᠠᠪᠤ ᠳ᠋ᠤ᠂ ᠨᠠᠮ ᠢ᠋ ᠬᠠᠮᠢᠶᠠᠷᠴᠤ᠌ ᠨᠠᠮ ᠢ᠋ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠶ᠋ᠢ ᠴᠢᠩᠭ᠎ᠠ ᠨᠢᠮᠪᠠᠶ ᠪᠣᠳᠠᠲᠠᠶ ᠭᠦᠶ᠋ᠴᠡᠳᠭᠡᠬᠦ᠌ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠂ ᠪᠦᠬᠦ᠌ ᠲᠠᠯᠠᠪᠠᠷ ᠨᠠᠮ ᠢ᠋ ᠴᠢᠩᠭ᠎ᠠ ᠵᠠᠰᠠᠬᠤ ᠪᠣᠯ ᠨᠠᠮ ᠤ᠋ᠨ ᠠᠮᠢᠵᠢᠷᠠᠯ ᠤ᠋ᠨ ᠬᠦᠴᠦᠨ ᠢ᠋ ᠡᠭᠦᠷᠢᠳᠡ ᠪᠠᠲᠤᠯᠠᠵᠤ᠂ ᠱᠢᠨ᠎ᠡ ᠵᠠᠮ ᠵᠢᠡᠷ ᠰᠠᠢᠲᠤᠷ ᠵᠠᠮᠨᠠᠬᠤ ᠵᠠᠢᠯᠠᠰᠢ ᠦᠭᠡᠢ ᠵᠠᠮ ᠮᠥᠨ᠃ ᠪᠢᠳᠡ ᠱᠢᠨ᠎ᠡ ᠴᠠᠭ ᠦᠶ᠎ᠡ ᠵᠢᠨ ᠨᠠᠮ ᠤ᠋ᠨ ᠪᠠᠢᠭᠤᠯᠤᠯᠲᠠ ᠵᠢᠨ ᠶᠡᠷᠦᠩᠬᠡᠢ ᠱᠠᠭᠠᠷᠳᠠᠯᠭ᠎ᠠ ᠶ᠋ᠢ ᠭᠦᠨᠵᠡᠭᠡᠢ ᠲᠤᠭᠤᠱᠢᠯᠠᠭᠤᠯᠵᠤ᠂ ᠺᠠᠳ᠋ᠷ ᠤ᠋ᠨ ᠬᠥᠮᠦᠵᠢᠯ ᠪᠣᠯᠪᠠᠰᠤᠷᠠᠯ ᠤ᠋ᠨ 《ᠠᠷᠪᠠᠨ ᠶᠡᠬᠡ ᠠᠵᠢᠯᠯᠠᠭᠠᠨ ᠤ᠋ ᠲᠥᠯᠥᠪᠯᠡᠭᠡ》ᠵᠢ ᠬᠡᠷᠡᠭ᠌ᠵᠢᠭᠦᠯᠵᠦ᠍᠂ ᠨᠠᠮ ᠤ᠋ᠨ ᠳᠣᠲᠣᠭᠠᠳᠤ ᠵᠢᠨ ᠤᠯᠤᠰ ᠲᠦᠷᠦ᠍ ᠵᠢᠨ ᠠᠮᠢᠳᠤᠷᠠᠯ ᠢ᠋ ᠲᠥᠪ ᠴᠢᠩᠭ᠎ᠠ ᠪᠣᠯᠭᠠᠨ᠂ ᠨᠠᠮ ᠤ᠋ᠨ ᠭᠡᠱᠢᠭᠦᠨ ᠺᠠᠳ᠋ᠷ ᠤ᠋ᠨ ᠤᠯᠤᠰ ᠲᠦᠷᠦ᠍ ᠵᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍ ᠵᠢᠨ ᠣᠢᠯᠠᠭᠠᠬᠤ ᠴᠢᠳᠠᠪᠤᠷᠢ᠂ ᠤᠯᠤᠰ ᠲᠦᠷᠦ᠍ ᠵᠢᠨ ᠭᠦᠢᠴᠡᠳᠭᠡᠬᠦ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨᠡ᠃ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠵᠢᠨ ᠤᠯᠤᠰ ᠲᠥᠷᠥ ᠵᠢᠨ ᠤᠳᠤᠷᠢᠳᠭᠤ ᠬᠦᠴᠦᠨ᠂ ᠦᠵᠡᠯ ᠰᠠᠨᠠᠭᠠᠨ ᠤ᠋ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠢ᠋ ᠵᠣᠬᠢᠶᠠᠨ ᠪᠠᠢᠭᠤᠯᠬᠤ ᠬᠦᠴᠦᠨ ᠪᠠ ᠨᠡᠢᠭᠡᠮ ᠤ᠋ᠨ ᠤᠷᠢᠶᠠᠯᠠᠬᠤ ᠬᠦᠴᠦᠨ ᠢ᠋ ᠦᠨᠡᠨ ᠬᠦ᠌ ᠴᠢᠩᠭᠠᠳᠭᠠᠨ᠎ᠠ᠃ ᠭᠣᠣᠯᠳᠠᠯᠭᠠᠲᠠᠶ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠦᠨ ᠲᠣᠭᠣᠷᠢᠨ ᠪᠠᠢᠴᠠᠭᠠᠵᠤ ᠬᠢᠨᠠᠨ ᠪᠠᠢᠴᠠᠭᠠᠵᠤ᠂ ᠱᠢᠨ᠎ᠡ ᠮᠠᠶᠢᠭ ᠤ᠋ᠨ ᠢᠯᠵᠠᠷᠠᠯ᠂ ᠨᠢᠭᠤᠭ᠍ᠳᠠᠮᠠᠯ ᠢᠯᠵᠠᠷᠠᠯ ᠢ᠋ ᠭᠦᠨᠵᠡᠭᠡᠢ ᠠᠭᠤᠳᠠᠯᠤᠨ ᠲᠤᠢᠯᠪᠤᠷᠢᠲᠠᠢ ᠪᠠᠢᠴᠠᠭᠠᠵᠤ᠂ ᠲᠦᠷᠦ ᠭᠦᠷᠦᠨ ᠲᠦᠪᠰᠢᠨ ᠠᠮᠤᠭᠤᠯᠠᠩ ᠤᠯᠤᠰ ᠲᠦᠷᠦ᠍ ᠵᠢᠨ ᠠᠮᠢ ᠠᠬᠤᠢ ᠶ᠋ᠢ ᠦᠷᠭᠦᠯᠵᠢᠯᠡᠨ ᠪᠡᠬᠢᠵᠢᠭᠦᠯᠦᠨ᠎ᠡ᠃