ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠰᠢᠵᠦ ᠪᠦᠯᠬᠦᠮᠳᠡᠨ ᠲᠡᠮᠡᠴᠡᠵᠦ᠍ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ᠎ᠳᠤ ᠬᠤᠪᠢ ᠨᠡᠮᠡᠷᠢ ᠦᠵᠡᠬᠦᠯᠦᠨ᠎ᠡ
2022-03-31 10:06:59
ᠵᠣᠬᠢᠶᠠᠭ᠍ᠴᠢ᠄
ᠸᠠᠩ ᠢᠦᠶ ᠵᠥᠸᠸ
ᠣᠩᠱᠢᠭ᠍ᠰᠠᠨ ᠣᠳᠠᠭ᠎ᠠ᠄
★★★☆☆

— ᠣᠷᠳᠣᠰ ᠬᠣᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢ ᠯᠢ᠎ᠶ᠋ᠢ ᠰᠤᠷᠪᠤᠯᠵᠢᠯᠠᠭ᠍ᠰᠠᠨ ᠨᠢ


ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠪᠣᠯ ᠥᠪᠥᠷ ᠮᠣᠩᠭᠣᠯ᠎ᠤᠨ 《ᠪᠠᠢᠳᠠᠯ᠎ᠳᠤ ᠲᠤᠬᠢᠷᠠᠭᠤᠯᠤᠨ ᠲᠣᠭ᠍ᠲᠠᠭᠠᠭ᠍ᠰᠠᠨ》ᠠᠵᠢᠯᠯᠠᠭᠠᠨ᠎ᠤ ᠬᠥᠲᠥᠯᠪᠦᠷᠢ ᠪᠣᠯᠤᠨ᠎ᠠ᠃ ᠣᠷᠳᠣᠰ ᠬᠣᠲᠠ ᠲᠡᠷᠡ ᠳᠠᠷᠤᠢᠬᠠᠨ ᠬᠣᠲᠠ᠎ᠶ᠋ᠢᠨ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠬᠤᠷᠠᠯ ᠬᠤᠷᠠᠯᠳᠤᠭᠤᠯᠵᠤ ᠤᠯᠠᠮᠵᠢᠯᠠᠨ ᠰᠤᠷᠤᠯᠴᠠᠵᠤ ᠂ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠍᠂ ᠨᠠᠢᠳᠠᠪᠤᠷᠢᠵᠢᠭᠤᠯᠬᠤ ᠲᠥᠰᠦᠯ ᠲᠣᠭ᠍ᠲᠠᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠲᠣᠰ ᠬᠣᠲᠠ᠎ᠶ᠋ᠢᠨ ᠬᠢᠨ ᠶᠡᠷᠦᠩᠬᠡᠶ ᠱᠦᠵᠢ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠠᠢᠭ᠎ᠠ ᠲᠤᠬᠠᠶ ᠰᠤᠷᠪᠤᠯᠵᠢᠯᠠᠭ᠍ᠴᠢ ᠣᠷᠳᠣᠰ ᠬᠣᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠯᠢ ᠯᠢ᠎ᠶ᠋ᠢ ᠰᠤᠷᠪᠤᠯᠵᠢᠯᠠᠪᠠ᠃

ᠯᠢ ᠯᠢ᠂ ᠲᠠᠷᠠᠭᠠᠴᠢ᠎ᠶ᠋ᠢᠨ ᠠᠯᠬᠤᠮ᠎ᠳᠤ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠲᠤ ᠡᠵᠡᠮᠳᠡᠵᠦ᠍᠂ ᠶᠡᠬᠡ ᠲᠠᠯ᠎ᠠ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠡᠮᠦᠨ᠎ᠡ᠎ᠨᠢ ᠬᠣᠱᠢᠭᠤᠷᠠᠨ ᠵᠢᠱ᠌ᠢᠶ᠎ᠡ ᠦᠵᠡᠭᠦᠯᠵᠦ᠍᠂ ᠡᠷᠡᠭᠦᠯ ᠲᠣᠭ᠍ᠲᠠᠭᠤᠨ ᠠᠵᠤ ᠠᠬᠤᠶ᠎ᠶ᠋ᠢᠨ ᠣᠷᠴᠢᠨ ᠲᠣᠭᠣᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠣᠷᠴᠢᠨ ᠲᠣᠭᠣᠷᠢᠨ᠂ ᠲᠦᠷᠦ ᠲᠦᠪᠱᠢᠨ ᠲᠦᠮᠡᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠎ᠢ ᠬᠦᠴᠦᠯᠡᠨ ᠪᠠᠲᠤᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ᠃

ᠨᠢᠭᠡ᠎ᠳᠦ᠂ ᠤᠬᠠᠮᠰᠠᠷ᠎ᠠᠴᠠ᠎ᠪᠠᠨ《ᠲᠠᠪᠤᠨ ᠵᠠᠢᠯᠠᠰᠢ ᠦᠬᠡᠢ ᠵᠠᠮᠨᠠᠬᠤ ᠵᠠᠮ》 ᠵᠢᠡᠷ ᠰᠠᠢᠲᠤᠷ ᠵᠠᠮᠨᠠᠨ᠎ᠠ᠃ ᠶᠡᠷᠦᠩᠬᠡᠢ ᠱᠦᠵᠢ ᠰᠢ ᠵᠢᠨ ᠫᠢᠩ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠠᠷᠠᠳ ᠲᠦᠮᠡᠨ᠎ᠦ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ᠎ᠲᠡᠶ ᠤᠶᠠᠯᠳᠤᠭᠤᠯᠵᠤ᠂《ᠲᠠᠪᠤᠨ ᠵᠠᠢᠯᠠᠰᠢ ᠦᠬᠡᠢ ᠵᠠᠮᠨᠠᠬᠤ ᠵᠠᠮ》 ᠤ᠋ᠨ ᠴᠢᠬᠤᠯᠠ ᠲᠠᠨᠢᠯᠲᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ ᠰᠢᠯᠳᠠᠭᠠᠨ᠎ᠢ ᠢᠯᠡᠷᠡᠭᠦᠯᠵᠦ᠍᠂ ᠢᠷᠡᠭᠡᠳᠦᠢ᠎ᠳᠦ ᠪᠢᠳᠡ ᠶᠠᠭᠠᠬᠢᠪᠠᠯ ᠠᠮᠵᠢᠯᠲᠠ ᠣᠯᠵᠤ ᠴᠢᠳᠠᠬᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠪᠢᠳᠡ《ᠲᠠᠪᠤᠨ ᠵᠠᠢᠯᠠᠰᠢ ᠦᠬᠡᠢ ᠵᠠᠮᠨᠠᠬᠤ ᠵᠠᠮ》 ᠤ᠋ᠨ ᠴᠢᠬᠤᠯᠠ ᠲᠠᠨᠢᠯᠲᠠ᠎ᠶ᠋ᠢ ᠰᠤᠷᠤᠯᠴᠠᠨ ᠣᠢᠯᠠᠭᠠᠬᠤ᠎ᠶ᠋ᠢ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠲᠤᠬᠠᠶ ᠴᠢᠬᠤᠯᠠ ᠱᠠᠭᠠᠷᠳᠠᠯᠭ᠎ᠠ᠎ᠲᠠᠶ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ《ᠲᠠᠪᠤᠨ ᠠᠱᠢᠭ᠍ᠲᠠᠢ ᠨᠥᠬᠥᠴᠡᠯ》 ᠤ᠋ᠨ ᠲᠤᠬᠠᠢ ᠴᠢᠬᠤᠯᠠ ᠥᠭᠦᠯᠡᠯᠲᠡ᠎ᠶ᠋ᠢ ᠰᠤᠷᠤᠯᠴᠠᠨ ᠣᠢᠯᠠᠭᠠᠬᠤ᠎ᠲᠠᠶ ᠤᠶᠠᠯᠳᠤᠭᠤᠯᠵᠤ᠂ ᠲᠡᠦᠬᠡ᠎ᠶ᠋ᠢᠨ ᠢᠲᠡᠭᠡᠯ ᠪᠣᠯᠤᠨ ᠤᠯᠤᠰ ᠲᠥᠷᠥ᠎ᠶ᠋ᠢᠨ ᠤᠬᠠᠮᠰᠠᠷ᠎ᠢᠶᠠᠨ ᠴᠢᠨᠠᠬᠰᠢᠳᠠ ᠴᠢᠩᠭᠠᠳᠭᠠᠵᠤ᠂ 《ᠬᠣᠶᠠᠷ᠎ᠢ ᠲᠣᠭ᠍ᠲᠠᠭᠠᠭᠰᠠᠨ》 ᠢ᠋ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠪᠦᠬᠦ᠌ ᠵᠢᠯ᠎ᠦᠨ《ᠲᠣᠭ᠍ᠲᠠᠭᠤᠨ》᠂ ᠪᠦᠬᠦ ᠵᠢᠯ᠎ᠤᠨ《ᠳᠠᠪᠰᠢᠯᠳᠠ》ᠵᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂  ᠪᠦᠬᠦ᠌ ᠣᠷᠣᠨ᠎ᠤ ᠠᠵᠤ ᠠᠬᠤᠢ᠎ᠶ᠋ᠢᠨ《ᠲᠣᠭ᠍ᠲᠠᠭᠤᠨ》 ᠤ᠋ ᠰᠠᠭᠤᠷᠢ ᠴᠢᠯᠠᠭᠤ᠂ 《ᠤᠷᠤᠭ᠍ᠰᠢᠯᠠᠬᠤ》 ᠬᠣᠱᠢᠭᠤᠴᠢ ᠴᠡᠷᠢᠭ ᠪᠤᠯᠵᠤ᠂ ᠢᠮᠠᠭ᠍ᠲᠠ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠯᠬᠡᠭ᠌ᠯᠡᠨ ᠤᠷᠤᠭᠰᠢᠯᠠᠨ᠎ᠠ᠃

ᠬᠣᠶᠠᠷ᠎ᠲᠤ᠂ ᠦᠨᠳᠦᠰᠦᠲᠡᠨ ᠎ᠦ ᠪᠦᠯᠬᠦᠮᠳᠡᠯ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠨ᠎ᠡ ᠃ ᠶᠡᠷᠦᠩᠬᠡᠶ ᠱᠦᠵᠢ ᠰᠢ ᠵᠢᠨ ᠫᠢᠩ ᠱᠢᠨ᠎ᠡ ᠴᠠᠭ ᠦᠶ᠎ᠡ ᠎ᠶ᠋ᠢᠨ ᠨᠠᠮ ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠶ ᠭᠦᠨᠵᠡᠭᠡᠶ ᠥᠭᠦᠯᠡᠯᠲᠡ ᠬᠢᠵᠦ᠍᠂ ᠴᠢᠬᠤᠯᠠ ᠱᠠᠭᠠᠷᠳᠠᠯᠭ᠎ᠠ ᠳᠤᠷᠠᠳᠴᠤ᠌ ᠂ ᠢᠯᠠᠩᠭᠤᠶ᠎ᠠ ᠥᠪᠥᠷ ᠮᠣᠩᠭᠣᠯ ᠎ᠤᠨ ᠦᠨᠳᠦᠰᠦᠲᠡᠨ ᠎ᠦ ᠠᠵᠢᠯ ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠦᠨᠳᠦᠰᠦᠲᠡᠨ ᠎ᠦ ᠠᠵᠢᠯ ᠎ᠤᠨ ᠳᠤᠮᠳᠠᠬᠢ ᠠᠯᠢ ᠣᠯᠠᠨ ᠴᠢᠬᠤᠯᠠ ᠶᠡᠬᠡ ᠠᠰᠠᠭᠤᠳᠠᠯ ᠎ᠢ ᠲᠣᠳᠣᠷᠬᠠᠢᠯᠠᠨ ᠥᠭᠦᠯᠡᠵᠦ᠍ ᠂ ᠪᠢᠳᠡᠨ ᠎ᠦ ᠱᠢᠨ᠎ᠡ ᠴᠠᠭ ᠦᠶ᠎ᠡ ᠎ᠶ᠋ᠢᠨ ᠦᠨᠳᠦᠰᠦᠲᠡᠨ ᠎ᠦ ᠠᠵᠢᠯ ᠎ᠢ ᠴᠢᠨᠠᠬᠰᠢᠲᠠ ᠰᠠᠢᠲᠤᠷ ᠬᠢᠬᠦ᠌ ᠎ᠳᠦ ᠦᠨᠳᠦᠰᠦᠨ ᠵᠢᠷᠤᠮᠯᠠᠯ ᠬᠠᠩᠭᠠᠪᠠ ᠃ ᠤᠷᠳᠤᠰ ᠬᠤᠳᠠ  ᠪᠦᠬᠦ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠲᠠᠪᠱᠢᠯᠳᠠ ᠎ᠶ᠋ᠢᠨ ᠵᠢᠱ᠌ᠢᠢ᠎ᠡ ᠦᠵᠡᠭᠦᠯᠬᠦ᠌ ᠬᠤᠳᠠ ᠪᠣᠯᠤᠭ᠍ᠰᠠᠨ᠎ᠤ ᠬᠤᠪᠢ᠎ᠳᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠎ᠶ᠋ᠢᠨ ᠱᠠᠭᠠᠷᠳᠠᠯᠭ᠎ᠠ ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ ᠎ᠢ ᠴᠢᠩᠭ᠎ᠠ ᠠᠳᠭᠤᠵᠤ᠂ ᠱᠢᠨ᠎ᠡ ᠴᠠᠭ ᠦᠶ᠎ᠡ ᠎ᠶ᠋ᠢᠨ ᠦᠨᠳᠦᠰᠦᠲᠡᠨ ᠎ᠦ ᠠᠵᠢᠯ ᠎ᠢ ᠦᠨᠡᠨ ᠪᠣᠳᠠᠲᠠᠢ ᠪᠦᠲᠦᠮᠵᠢᠲᠡᠢ ᠰᠠᠢᠲᠤᠷ ᠬᠢᠵᠦ᠍᠂ 《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌ ᠎ᠪᠡᠨ ᠬᠠᠮᠲᠤᠳᠭᠠᠬᠤ᠂ ᠬᠤᠪᠢ ᠵᠠᠶᠠᠭ᠎ᠠ ᠎ᠪᠠᠨ ᠬᠠᠮᠲᠤᠳᠭᠠᠬᠤ》ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ ᠎ᠦ ᠦᠢᠯᠡ ᠠᠵᠢᠯᠯᠠᠭ᠎ᠠ ᠪᠠ ᠰᠡᠳᠭᠢᠴᠡ ᠎ᠳᠦ ᠨᠡᠩ ᠰᠠᠢᠲᠤᠷ ᠠᠭᠤᠰᠭᠠᠨ ᠣᠷᠣᠭᠤᠯᠤᠨ᠎ᠠ᠃ ᠭᠣᠣᠯᠳᠠᠯᠭ᠎ᠠ᠎ᠪᠠᠨ ᠡᠩ ᠎ᠦᠨ ᠴᠠᠭ ᠎ᠲᠤ ᠲᠠᠯᠪᠢᠵᠤ ᠂ ᠭᠣᠣᠯᠳᠠᠯᠭ᠎ᠠ ᠎ᠪᠠᠨ ᠰᠡᠳᠭᠢᠯ ᠎ᠢᠶᠡᠨ ᠰᠣᠯᠢᠯᠴᠠᠬᠤ ᠳᠡᠭᠡᠷ᠎ᠡ ᠲᠠᠯᠪᠢᠵᠤ ᠂ ᠭᠣᠣᠯᠳᠠᠯᠭ᠎ᠠ ᠎ᠪᠠᠨ ᠦᠢᠯᠡ ᠠᠵᠢᠯᠯᠠᠭ᠎ᠠ ᠳᠡᠭᠡᠷ᠎ᠡ ᠲᠠᠯᠪᠢᠵᠤ ᠂ ᠭᠣᠣᠯᠳᠠᠯᠭ᠎ᠠ ᠎ᠪᠠᠨ ᠦᠨᠳᠦᠰᠦᠨ ᠱᠠᠲᠤᠨ ᠎ᠳᠤ ᠲᠠᠯᠪᠢᠵᠤ ᠂ ᠨᠢᠳᠤᠨ ᠎ᠳᠦ ᠦᠵᠡᠭ᠌ᠳᠡᠵᠦ᠍ ᠭᠠᠷ ᠎ᠲᠤ ᠪᠠᠷᠢᠭ᠍ᠳᠠᠮ᠎ᠠ ᠠᠵᠢᠯ ᠎ᠢ ᠯᠠᠪᠳᠠᠭᠤᠨ ᠪᠠᠲᠤᠲᠠᠢ ᠬᠢᠵᠦ᠍ ᠂ 《ᠵᠦᠭᠡᠯᠡᠨ ᠪᠤᠷᠤᠭᠠᠨ ᠲᠦᠮᠡᠨ ᠪᠤᠳᠠᠰ ᠎ᠢ ᠤᠮᠳᠠᠯᠠᠬᠤ》 ᠶᠠᠪᠤᠳᠠᠯ ᠎ᠢ ᠨᠠᠷᠢᠯᠢᠭ ᠬᠢᠵᠦ᠍ ᠂ ᠦᠨᠳᠦᠰᠦᠲᠡᠨ ᠎ᠦ ᠪᠦᠯᠬᠦᠮᠳᠡᠯ ᠲᠠᠪᠱᠢᠯᠳᠠ ᠎ᠶ᠋ᠢᠨ ᠬᠥᠮᠦᠵᠢᠯ ᠎ᠢ ᠦᠨᠡᠨ  ᠬᠦ᠌ ᠴᠢᠩᠭᠠᠳᠭᠠᠵᠤ ᠂ ᠦᠨᠳᠦᠰᠦᠲᠡᠨ ᠎ᠦ ᠬᠡᠷᠡᠭ ᠶᠠᠪᠤᠳᠠᠯ ᠎ᠢ ᠬᠠᠤᠯᠢ ᠶᠣᠰᠣᠭᠠᠷ ᠵᠠᠰᠠᠬᠤ ᠬᠢᠷᠢ ᠲᠦᠪᠱᠢᠨ ᠎ᠢᠶᠡᠨ ᠬᠦᠴᠦᠯᠡᠨ ᠳᠡᠭᠡᠭ᠌ᠰᠢᠯᠡᠭᠦᠯᠵᠦ᠍ ᠂ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠎ᠦ ᠡᠶ᠎ᠡ ᠨᠠᠢᠷᠲᠠᠢ ᠎ᠪᠠᠷ ᠬᠠᠮᠲᠤ ᠣᠷᠣᠱᠢᠬᠤ ᠂ ᠰᠡᠳᠭᠢᠯ ᠨᠢᠭᠡᠳᠦᠨ ᠬᠦᠴᠦ᠍ ᠎ᠪᠡᠨ ᠬᠠᠮᠲᠤᠳᠭᠠᠬᠤ ᠂ ᠡᠶ᠎ᠡ ᠵᠤᠬᠢᠴᠠᠩᠭᠤᠢ ᠬᠥᠭ᠌ᠵᠢᠬᠦ᠌ ᠎ᠶ᠋ᠢ ᠨᠡᠩ ᠰᠠᠢᠲᠤᠷ ᠠᠬᠢᠭᠤᠯᠤᠨ᠎ᠠ ᠃

ᠭᠤᠷᠪᠠ ᠎ᠳᠤ᠂  ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠨ᠎ᠠ᠃ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠬᠤ ᠪᠣᠯ ᠠᠵᠢᠯ ᠎ᠤᠨ ᠱᠠᠭᠠᠷᠳᠠᠯᠭ᠎ᠠ ᠪᠣᠯᠬᠤ ᠎ᠪᠠᠷ ᠪᠠᠷᠠᠬᠤ ᠦᠭᠡᠢ ᠨᠡᠩ ᠴᠤ᠌ ᠤᠯᠤᠰ ᠲᠦᠷᠦ᠍ ᠎ᠶ᠋ᠢᠨ ᠱᠠᠭᠠᠷᠳᠠᠯᠭ᠎ᠠ ᠪᠣᠯᠤᠨ᠎ᠠ ᠃ ᠪᠢᠳᠡ ᠠᠷᠠᠳ ᠲᠦᠮᠡᠨ ᠎ᠢ ᠳᠡᠭᠡᠳᠦᠯᠡᠬᠦ᠌ ᠂ ᠠᠮᠢ ᠨᠠᠰᠤ ᠎ᠶ᠋ᠢ ᠳᠡᠭᠡᠳᠦᠯᠡᠬᠦ᠌ ᠎ᠶ᠋ᠢ ᠢᠮᠠᠭ᠍ᠲᠠ ᠪᠠᠷᠢᠮᠲᠠᠯᠠᠵᠤ ᠂ 《 ᠭᠠᠳᠠᠨ᠎ᠠ ᠎ᠡᠴᠡ ᠬᠠᠯᠳᠠᠪᠤᠷᠢᠯᠠᠨ ᠣᠷᠣᠵᠤ ᠢᠷᠡᠬᠦ᠌ ᠎ᠶ᠋ᠢ ᠰᠡᠷᠭᠡᠢᠯᠡᠬᠦ᠌ ᠂ ᠳᠣᠲᠣᠭᠠᠳᠤ ᠎ᠳᠠᠭᠠᠨ ᠳᠠᠬᠢᠨ ᠡᠭᠦᠰᠭᠦ ᠎ᠶ᠋ᠢ ᠰᠡᠷᠭᠡᠢᠯᠡᠬᠦ᠌ 》 ᠶᠡᠷᠦᠩᠬᠡᠶ ᠠᠷᠭ᠎ᠠ ᠪᠣᠳᠣᠯᠭ᠎ᠠ ᠪᠣᠯᠤᠨ《ᠡᠪᠡᠳᠴᠢᠨ᠎ᠤ ᠵᠢᠱᠢᠶ᠎ᠠ ᠵᠢ ᠳᠠᠷᠤᠢ ᠲᠦᠷᠭᠡᠨ ᠦᠭᠡᠢ ᠪᠤᠯᠭᠠᠬᠤ》 ᠶᠡᠷᠦᠩᠬᠡᠶ ᠴᠢᠭ᠌ᠯᠡᠯᠲᠡ ᠎ᠶ᠋ᠢ ᠴᠢᠩᠭ᠎ᠠ ᠨᠠᠢᠳᠠᠪᠤᠷᠢᠵᠢᠭᠤᠯᠵᠤ ᠂ ᠪᠠᠢᠯᠳᠤᠬᠤ ᠪᠣᠳᠣᠯᠭ᠎ᠠ ᠎ᠶ᠋ᠢᠨ ᠲᠣᠭ᠍ᠲᠠᠯ ᠬᠦᠴᠦᠨ ᠎ᠢᠶᠡᠨ ᠪᠠᠲᠤᠯᠠᠵᠤ ᠂ ᠵᠠᠪᠠᠯ ᠢᠯᠠᠬᠤ ᠢᠲᠡᠭᠡᠯ ᠵᠣᠷᠢᠭ ᠎ᠢᠶᠠᠨ ᠪᠠᠲᠤᠳᠭᠠᠵᠤ ᠂ 《 ᠳᠥᠷᠪᠡᠨ ᠲᠠᠯ᠎ᠠ ᠎ᠶ᠋ᠢᠨ ᠬᠠᠷᠢᠭᠤᠴᠠᠯᠭ᠎ᠠ》 ᠎ᠶ᠋ᠢ ᠪᠣᠳᠠᠲᠠᠢᠵᠢᠭᠤᠯᠵᠤ᠂ 《ᠳᠥᠷᠪᠡᠨ ᠡᠷᠲᠡᠬᠡᠨ》 ᠎ᠤ᠋ ᠱᠠᠭᠠᠷᠳᠠᠯᠭ᠎ᠠ ᠎ᠶ᠋ᠢ ᠨᠠᠢᠳᠠᠪᠤᠷᠢᠵᠢᠭᠤᠯᠵᠤ ᠂ ᠱᠢᠨᠵᠢᠯᠡᠬᠦ᠌ ᠤᠬᠠᠭᠠᠨᠴᠢ ᠎ᠪᠠᠷ ᠰᠡᠷᠭᠡᠢᠯᠡᠨ ᠡᠵᠡᠮᠳᠡᠵᠦ᠍ ᠂ ᠣᠨᠣᠴᠠᠲᠠᠶ ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍ ᠂ ᠬᠠᠮᠤᠭ ᠎ᠤᠨ ᠪᠠᠭ᠎ᠠ ᠦᠨ᠎ᠡ ᠥᠷᠲᠡᠭ ᠎ᠢᠶᠡᠷ ᠬᠠᠮᠤᠭ ᠎ᠤᠨ ᠶᠡᠬᠡ ᠰᠡᠷᠭᠡᠢᠯᠡᠨ ᠡᠵᠡᠮᠳᠡᠬᠦ᠌ ᠦᠷ᠎ᠡ ᠪᠦᠲᠦᠮᠵᠢ ᠎ᠶ᠋ᠢ ᠴᠢᠷᠮᠠᠢᠨ ᠪᠡᠶᠡᠯᠡᠭᠦᠯᠵᠦ᠍ ᠂ ᠠᠵᠤ ᠠᠬᠤᠶ ᠨᠡᠢᠭᠡᠮ ᠎ᠦᠨ ᠬᠥᠭ᠌ᠵᠢᠯᠲᠡ ᠎ᠳᠦ ᠦᠵᠡᠭᠦᠯᠬᠦ᠌ ᠬᠢᠵᠢᠭ ᠎ᠦᠨ ᠪᠠᠢᠳᠠᠯ ᠎ᠤᠨ ᠨᠥᠯᠥᠭᠡ ᠎ᠶ᠋ᠢ ᠬᠠᠮᠤᠭ ᠎ᠤᠨ ᠶᠡᠬᠡ ᠬᠡᠮᠵᠢᠶ᠎ᠡ ᠎ᠪᠡᠷ ᠪᠠᠭᠠᠰᠭᠠᠵᠤ ᠂ ᠠᠵᠤ ᠠᠬᠤᠶ ᠨᠡᠢᠭᠡᠮ ᠎ᠦᠨ ᠦᠷᠭᠦᠯᠵᠢᠯᠡᠨ ᠡᠷᠡᠭᠦᠯ ᠎ᠢᠶᠡᠷ ᠬᠥᠭ᠌ᠵᠢᠬᠦ᠌ ᠎ᠶ᠋ᠢ ᠠᠬᠢᠭᠤᠯᠤᠨ᠎ᠠ ᠃

ᠲᠦᠷᠪᠡ᠎ᠳᠦ᠂ ᠨᠡᠭᠦᠷᠡᠰᠦᠲᠥ᠋ᠷᠥᠭ᠌ᠴᠢ᠎ᠶᠢᠨ ᠭᠠᠳᠠᠬᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠎ᠪᠠᠷ ᠲᠦᠯᠬᠢᠨ ᠠᠬᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ ᠨᠡᠭᠦᠷᠡᠰᠦᠲᠥ᠋ᠷᠥᠭ᠌ᠴᠢ᠎ᠶᠢᠨ ᠭᠠᠳᠠᠬᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠠᠵᠢᠯ᠎ᠢ ᠰᠠᠢᠲᠤᠷ ᠬᠢᠬᠦ᠌᠎ᠶ᠋ᠢᠨ ᠲᠣᠭᠣᠷᠢᠨ᠎ᠳᠤ᠂ 《ᠤᠷᠢᠳ᠎ᠢᠶᠠᠷ ᠪᠠᠢᠭᠤᠯᠵᠤ ᠳᠠᠷᠠᠭ᠎ᠠ ᠨᠢ ᠡᠪᠳᠡᠬᠦ᠌ 》᠂ 《ᠭᠠᠷ᠎ᠲᠠᠬᠢ ᠬᠣᠭᠣᠯᠠ᠎ᠪᠠᠨ ᠤᠷᠢᠳ᠎ᠢᠶᠠᠷ ᠬᠠᠶᠠᠵᠤ ᠪᠣᠯᠬᠤ ᠦᠭᠡᠢ 》 ᠵᠡᠷᠭᠡ ᠴᠢᠬᠤᠯᠠ ᠶᠡᠬᠡ ᠵᠠᠷᠴᠢᠮ ᠎ᠢ ᠳᠤᠷᠠᠳᠤᠬᠰᠠᠨ ᠨᠢ ᠤᠷᠳᠤᠰ ᠱᠢᠭ᠋ ᠡᠢᠮᠦ᠍ᠷᠬᠦ ᠡᠬᠢ ᠪᠠᠶᠠᠯᠢᠭ ᠎ᠤᠨ ᠬᠡᠯᠪᠡᠷᠢ ᠎ᠶ᠋ᠢᠨ ᠬᠤᠳᠠ ᠎ᠳᠤ ᠨᠡᠩ ᠪᠣᠳᠠᠲᠠᠢ ᠴᠢᠭ᠌ᠯᠡᠬᠦᠯᠦᠯᠳᠤ ᠴᠢᠨᠠᠷ ᠪᠠ ᠵᠢᠯᠣᠭᠣᠳᠭᠤ ᠴᠢᠨᠠᠷ᠎ᠲᠠᠶ ᠶᠤᠮ᠃ ᠪᠢᠳᠡ ᠨᠡᠭᠦᠷᠡᠰᠦᠨ ᠎ᠦ ᠦᠶ᠋ᠯᠡᠳᠪᠦᠷᠢᠯᠡᠯ ᠬᠠᠩᠭᠠᠯᠭ᠎ᠠ ᠎ᠶ᠋ᠢ ᠬᠦᠴᠦᠯᠡᠨ ᠲᠣᠭ᠍ᠲᠠᠪᠤᠷᠢᠵᠢᠭᠤᠯᠵᠤ᠂ ᠨᠡᠭᠦᠷᠡᠰᠦᠨ ᠎ᠦ ᠴᠢᠨᠠᠷ ᠰᠠᠢᠲᠠᠶ ᠦᠶ᠋ᠯᠡᠳᠪᠦᠷᠢᠯᠡᠬᠦ᠌ ᠴᠢᠳᠠᠪᠤᠷᠢ ᠎ᠶ᠋ᠢ ᠭᠦᠶ᠋ᠴᠡᠳ ᠪᠠᠳᠠᠷᠠᠭᠤᠯᠬᠤ ᠎ᠶ᠋ᠢ ᠲᠠᠰᠤᠷᠠᠯᠲᠠ ᠥᠬᠡᠶ ᠠᠬᠢᠭᠤᠯᠵᠤ᠂ ᠨᠡᠭᠦᠷᠡᠰᠦᠨ ᠎ᠦ ᠠᠵᠤ ᠦᠶ᠋ᠯᠡᠰ ᠎ᠦᠨ ᠪᠣᠬᠢᠷᠲᠤᠯ ᠥᠬᠡᠶ᠂ ᠳᠡᠭᠡᠳᠦ ᠲᠦᠪᠱᠢᠨ ᠪᠥᠬᠥᠶ᠂ ᠤᠶᠤᠨᠴᠢᠯᠠᠭ᠍ᠰᠠᠨ ᠬᠥᠭ᠌ᠵᠢᠯᠲᠡ᠎ᠶ᠋ᠢ ᠠᠬᠢᠭᠤᠯᠵᠤ᠂ ᠨᠡᠭᠦᠷᠡᠰᠦ ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠲᠦᠪᠱᠢᠨ ᠎ᠢ ᠳᠡᠭᠡᠭ᠌ᠰᠢᠯᠡᠭᠦᠯᠵᠦ᠍᠂ ᠤᠯᠤᠰ ᠎ᠤᠨ ᠡᠨᠧᠷᠭᠢ ᠎ᠶ᠋ᠢᠨ ᠠᠮᠤᠷ ᠲᠦᠪᠱᠢᠨ ᠎ᠢ ᠪᠠᠲᠤᠯᠠᠬᠤ ᠎ᠳᠤ ᠣᠷᠳᠣᠰ ᠎ᠤᠨ ᠬᠦᠴᠦᠨ ᠴᠢᠳᠠᠯ ᠎ᠢᠶᠠᠨ ᠡᠷᠭᠦᠬᠦ ᠪᠤᠯᠤᠨ᠎ᠠ᠃ ᠱᠢᠨ᠎ᠡ ᠡᠨᠧᠷᠭᠢ ᠎ᠶ᠋ᠢᠨ ᠬᠠᠩᠭᠠᠯᠭ᠎ᠠ ᠵᠢ ᠬᠦᠴᠦᠯᠡᠨ ᠱᠢᠯᠢᠳᠡᠭ᠌ᠵᠢᠭᠦᠯᠵᠦ᠂ ᠱᠢᠨ᠎ᠡ ᠡᠨᠧᠷᠭᠢ ᠎ᠶ᠋ᠢᠨ ᠬᠠᠪᠤᠷ ᠪᠣᠯ ᠥᠪᠥᠷ ᠮᠣᠩᠭᠣᠯ ᠎ᠤᠨ ᠬᠠᠪᠤᠷ ᠮᠥᠨ᠂ ᠪᠠᠰᠠ ᠴᠤ᠌ ᠣᠷᠳᠣᠰ ᠎ᠤᠨ ᠬᠠᠪᠤᠷ ᠮᠥᠨ᠂ ᠪᠢᠳᠡ ᠤᠷᠢᠳ᠎ᠢᠶᠠᠷ ᠪᠠᠢᠭᠤᠯᠵᠤ ᠳᠠᠷᠠᠭ᠎ᠠ᠎ᠨᠢ ᠡᠪᠳᠡᠬᠦ᠌ ᠎ᠶ᠋ᠢ ᠪᠠᠷᠢᠮᠲᠠᠯᠠᠵᠤ᠂ ᠱᠢᠨ᠎ᠡ ᠡᠨᠧᠷᠭᠢ ᠎ᠶ᠋ᠢᠨ ᠠᠵᠤ ᠦᠶ᠋ᠯᠡᠰ ᠎ᠦᠨ ᠬᠥᠭ᠌ᠵᠢᠯᠲᠡ ᠎ᠶ᠋ᠢᠨ ᠨᠡᠮᠡᠬᠦ᠌ ᠠᠷᠭ᠎ᠠ ᠎ᠶ᠋ᠢ ᠰᠠᠢᠲᠤᠷ ᠬᠢᠵᠦ᠍᠂ ᠥᠷᠭᠡᠨ ᠠᠭᠤᠳᠠᠮ ᠡᠯᠡᠰᠦ ᠮᠠᠩᠬ᠎ᠠ᠂ ᠴᠦᠯᠯᠡᠷᠭᠡᠭ ᠤᠷᠤᠨ᠂ ᠨᠡᠭᠦᠷᠡᠰᠦ ᠮᠠᠯᠲᠠᠭ᠍ᠰᠠᠨ᠎ᠠᠴᠠ ᠪᠣᠯᠵᠣ ᠳᠣᠷᠣᠭ᠍ᠰᠢ ᠰᠠᠭᠤᠭ᠍ᠰᠠᠨ ᠣᠷᠣᠨ ᠎ᠢ ᠭᠦᠶ᠋ᠴᠡᠳ ᠠᠱᠢᠭ᠍ᠯᠠᠵᠤ᠂ ᠤᠯᠤᠰ ᠎ᠤᠨ ᠴᠢᠬᠤᠯᠠ ᠪᠣᠬᠢᠷᠲᠤᠯ ᠥᠬᠡᠶ ᠡᠨᠧᠷᠭᠢ ᠎ᠶ᠋ᠢᠨ ᠬᠠᠩᠭᠠᠯᠭ᠎ᠠ ᠎ᠶ᠋ᠢᠨ ᠰᠠᠭᠤᠷᠢᠨ ᠎ᠢ ᠪᠥᠲᠥᠭᠡᠨ ᠪᠠᠢᠭᠤᠯᠤᠨ᠎ᠠ᠃ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ ᠎ᠶ᠋ᠢ ᠬᠦᠴᠦᠯᠡᠨ ᠠᠬᠢᠭᠤᠯᠵᠤ᠂ ᠨᠡᠭᠦᠷᠡᠰᠦᠲᠥ᠋ᠷᠥᠭ᠌ᠴᠢ ᠎ᠶ᠋ᠢ ᠪᠠᠭᠠᠰᠭᠠᠬᠤ᠂ ᠪᠣᠬᠢᠷᠲᠤᠯ ᠎ᠢ ᠪᠠᠭᠠᠰᠭᠠᠬᠤ᠂ ᠨᠣᠭᠣᠭᠠᠷᠠᠭᠤᠯᠤᠯᠲᠠ ᠎ᠶ᠋ᠢ ᠥᠷᠭᠡᠳᠭᠡᠬᠦ᠌᠂ ᠨᠡᠮᠡᠭ᠌ᠳᠡᠯ ᠎ᠢ ᠬᠠᠮᠵᠢᠯᠴᠠᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠡᠨᠧᠷᠭᠢ ᠎ᠶ᠋ᠢᠨ ᠪᠦᠲᠦᠴᠡ ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠪᠠᠷ ᠠᠵᠤ ᠦᠢᠯᠡᠰ ᠎ᠦᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠬᠤ᠂ ᠠᠵᠤ ᠠᠬᠤᠢ ᠎ᠶ᠋ᠢᠨ ᠪᠦᠲᠦᠴᠡ ᠎ᠶ᠋ᠢᠨ ᠬᠡᠯᠪᠡᠷᠢ᠎ᠪᠡᠨ ᠬᠤᠪᠢᠷᠠᠭᠤᠯᠬᠤ ᠎ᠶ᠋ᠢ ᠬᠦᠳᠦᠯᠦᠨ ᠳᠠᠭᠠᠭᠤᠯᠵᠤ᠂《ᠰᠠᠯᠬᠢ ᠭᠡᠷᠡᠯ ᠤᠰᠤᠲᠥ᠋ᠷᠥᠭ᠌ᠴᠢ ᠬᠠᠳᠠᠭᠠᠯᠠᠬᠤ》 ᠲᠦᠷᠪᠡᠨ ᠶᠡᠬᠡ ᠠᠵᠤ ᠦᠢᠯᠡᠰ ᠎ᠦᠨ ᠪᠦᠯᠦᠭ᠌ᠵᠢᠯ ᠎ᠢ ᠪᠦᠬᠦ᠌ ᠬᠦᠴᠦᠨ ᠎ᠢᠶᠡᠷ᠎ᠢᠶᠡᠨ ᠴᠣᠭ᠍ᠴᠠᠯᠠᠵᠤ᠂ ᠠᠵᠤ ᠦᠢᠯᠡᠰ ᠎ᠦᠨ ᠬᠥᠭ᠌ᠵᠢᠯᠲᠡ ᠎ᠶ᠋ᠢᠨ 《ᠲᠦᠷᠪᠡᠨ ᠤᠯᠠᠨ ᠲᠦᠷᠪᠡᠨ ᠴᠥᠭᠡᠨ》 ᠎ᠤ᠋ ᠪᠠᠢᠳᠠᠯ ᠎ᠢ ᠲᠦᠷᠭᠡᠳᠭᠡᠨ ᠬᠤᠪᠢᠷᠠᠭᠤᠯᠵᠤ᠂ ᠤᠯᠤᠰ ᠎ᠤᠨ ᠤᠳᠤ ᠦᠶ᠎ᠡ ᠎ᠶ᠋ᠢᠨ ᠡᠨᠧᠷᠭᠢ ᠎ᠶ᠋ᠢᠨ ᠠᠵᠤ ᠦᠢᠯᠡᠰ ᠎ᠦᠨ ᠰᠠᠭᠤᠷᠢᠨ ᠎ᠢ ᠪᠦᠳᠦᠭᠡᠨ ᠪᠠᠢᠭᠤᠯᠤᠨ᠎ᠠ᠃

ᠲᠠᠪᠤ᠎ᠳᠤ᠂ ᠪᠦᠬᠦ᠌ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ ᠎ᠶ᠋ᠢ ᠭᠦᠨᠵᠡᠭᠡᠢᠷᠡᠭᠦᠯᠦᠨ ᠬᠥᠭ᠌ᠵᠢᠭᠦᠯᠬᠦ᠌ ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ ᠪᠢᠳᠡ ᠶᠡᠷᠦᠩᠬᠡᠶ ᠱᠦᠵᠢ ᠰᠢ ᠵᠢᠨ ᠫᠢᠩ ᠎ᠦᠨ 《 ᠮᠠᠷᠲᠠᠮᠠᠲᠠᠭᠠᠶ ᠪᠠᠢᠵᠤ ᠪᠣᠯᠬᠤ ᠥᠬᠡᠶ᠂ ᠪᠢᠳᠠᠭᠤ ᠪᠠᠢᠵᠦ ᠪᠣᠯᠬᠤ ᠥᠬᠡᠶ》 ᠭᠡᠰᠡᠨ ᠰᠡᠷᠡᠮᠵᠢᠯᠡᠭᠦᠯᠦᠯ ᠎ᠢ ᠪᠠᠲᠤ ᠴᠡᠭᠡᠵᠢᠯᠡᠵᠦ᠍᠂ ᠴᠢᠩᠭ᠎ᠠ ᠭᠤᠤᠯ ᠬᠥᠭ ᠠᠶᠠᠰ ᠎ᠢ ᠢᠮᠠᠭ᠍ᠲᠠ ᠭᠤᠢᠪᠢᠰᠢ ᠥᠬᠡᠶ ᠪᠠᠷᠢᠮᠲᠠᠯᠠᠵᠤ᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠥᠬᠡᠶ᠂ ᠢᠯᠵᠠᠷᠠᠬᠤ ᠎ᠶ᠋ᠢ ᠪᠤᠳᠤᠬᠤ ᠥᠬᠡᠶ ᠪᠠᠢᠬᠤ ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠨᠠᠮ ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ ᠎ᠢ ᠲᠥᠪ ᠴᠢᠩᠭ᠎ᠠ ᠪᠣᠯᠭᠠᠬᠤ ᠡᠨᠡ ᠬᠦ᠌ ᠰᠠᠭᠤᠷᠢ ᠴᠢᠨᠠᠷᠲᠠᠶ ᠢᠨᠵᠧᠨᠧᠷᠢᠩ ᠎ᠢ ᠴᠢᠩᠭ᠎ᠠ ᠠᠳᠭᠤᠨ ᠪᠣᠳᠠᠲᠠᠶ ᠠᠳᠭᠤᠵᠤ᠂ ᠨᠠᠮ ᠎ᠤᠨ ᠲᠡᠦᠬᠡ ᠎ᠶ᠋ᠢᠨ ᠰᠤᠷᠤᠯᠴᠠᠯᠭ᠎ᠠ ᠬᠥᠮᠦᠵᠢᠯ ᠎ᠢ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠣᠯᠭᠠᠬᠤ ᠎ᠶ᠋ᠢ ᠠᠬᠢᠭᠤᠯᠵᠤ᠂ ᠥᠨᠢ ᠡᠭᠦᠷᠢᠳᠡ ᠤᠷᠤᠭ᠍ᠰᠢᠯᠠᠬᠤ ᠰᠡᠷᠭᠡᠭ ᠴᠢᠨᠠᠷ ᠪᠠ ᠡᠷᠡᠰ ᠪᠠᠲᠤ᠎ᠪᠠᠷ ᠨᠠᠮ ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠎ᠶ᠋ᠢᠨ ᠭᠦᠨᠵᠡᠭᠡᠢᠷᠡᠨ ᠬᠥᠭ᠌ᠵᠢᠬᠦ᠌ ᠎ᠶ᠋ᠢ ᠠᠬᠢᠭᠤᠯᠵᠤ᠂ ᠥᠷᠭᠡᠨ ᠣᠯᠠᠨ ᠨᠠᠮ ᠎ᠤᠨ ᠭᠡᠱᠢᠭᠦᠨ ᠺᠠᠳ᠋ᠷ ᠎ᠢ ᠬᠥᠲᠥᠯᠥᠨ ᠵᠢᠯᠣᠭᠣᠳᠴᠤ ᠱᠢᠨ᠎ᠡ ᠠᠶᠠᠨ ᠵᠠᠮ ᠎ᠳᠤ ᠡᠷᠡᠯᠬᠡᠭ᠌ᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠵᠤ᠂ ᠱᠢᠯᠢᠳᠡᠭ ᠬᠢᠷᠢ ᠪᠦᠲᠦᠮᠵᠢ᠎ᠪᠡᠷ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠢᠯᠠᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号