《ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠡᠷᠡᠰ ᠭᠤᠢᠪᠢᠰᠢ ᠦᠭᠡᠢ ᠰᠠᠢᠳᠤᠷ ᠲᠤᠭᠤᠱᠢᠯᠠᠭᠤᠯᠤᠨ᠎ᠠ》
2022-03-04 09:46:10
ᠵᠣᠬᠢᠶᠠᠭ᠍ᠴᠢ᠄
ᠸᠠᠩ ᠢᠦᠢ ᠵᠦᠸᠸ
ᠣᠩᠱᠢᠭ᠍ᠰᠠᠨ ᠣᠳᠠᠭ᠎ᠠ᠄
★★★☆☆


QQ图片20220304090532.png


           ᠯᠢ ᠢᠦᠶ ᠯᠢᠶᠠᠩ ᠶᠠᠷᠢᠯᠴᠠᠬᠤ᠎ᠳᠤ ᠤᠷᠤᠯᠴᠠᠨ᠎ᠠ

 

ᠤᠷᠢᠬᠠᠨ᠎ᠬᠠᠪᠤᠷ᠎ᠰᠠᠭᠠᠲᠠᠵᠤ᠂᠎ᠠᠯᠳᠠᠨ᠎ᠨᠠᠷᠡᠠ᠎ᠡᠬᠡ᠎ᠳᠡᠯᠡᠬᠡᠢ᠎ᠵᠢ᠎ᠬᠡᠢᠬᠦᠯᠦᠨ᠎ᠠ᠃᠎ᠪᠡᠬᠡᠵᠢᠡᠭ᠎ᠳᠤ᠎ᠬᠦᠷᠴᠦ᠎ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠣᠷᠣᠯᠴᠠᠬᠤ᠎ᠪᠠᠷ ᠪᠠᠢᠭ᠎ᠠ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠤᠯᠠᠭᠠᠨ ᠬᠥᠭ᠌ᠵᠢᠭᠦᠯᠦᠯᠲᠡ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠯᠢ ᠢᠦᠢ ᠯᠢᠶᠠᠩ᠄ 《ᠪᠢ ᠲᠠᠪᠤᠨ ᠵᠢᠯ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ᠂ ᠮᠠᠰᠢ ᠤᠯᠠᠨ ᠲᠦᠷᠦᠭ᠌ᠳᠡᠯ ᠪᠣᠯᠤᠨ ᠰᠡᠳᠭᠢᠯ ᠤ᠋ᠨ ᠳᠤᠭᠳᠤᠯᠤᠯ᠎ᠢ ᠮᠡᠳᠡᠷᠡᠵᠤ ᠎ᠶᠠᠪᠤᠯ᠎ᠠ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠭᠠᠭ᠍ᠴᠠ ᠬᠦ᠌ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ᠎ᠲᠠᠯᠠᠷᠬᠠᠵᠤ᠂᠎ᠨᠠᠮ᠎ᠢᠶᠠᠨ᠎ᠳᠠᠭᠠᠵᠤ᠂ ᠤᠯᠤᠰ ᠭᠡᠷ ᠵᠢᠡᠨ ᠭᠡᠰᠡᠨ ᠬᠠᠢᠷ᠎ᠠ ᠰᠡᠳᠭᠢᠯᠭᠡ᠎ᠪᠡᠨ ᠪᠠᠲᠤ ᠴᠡᠭᠡᠵᠢᠯᠡᠵᠦ᠍᠂ 〈ᠤᠯᠤᠰ᠎ᠤᠨ ᠶᠡᠬᠡ ᠶᠠᠪᠤᠳᠠᠯ〉 ᠢ᠋ ᠪᠠᠲᠤ ᠴᠡᠭᠡᠵᠢᠯᠡᠵᠦ᠍᠂ ᠨᠡᠢᠭᠡᠮ᠎ᠦᠨ ᠬᠠᠷᠢᠭᠤᠴᠠᠯᠭ᠎ᠠ᠎ᠶ᠋ᠢ ᠰᠠᠨᠠᠭᠠᠴᠢᠯᠠᠭ᠎ᠠ ᠡᠴᠡ᠎ᠪᠠᠨ ᠡᠭᠦᠷᠭᠡᠯᠡᠪᠡᠯ ᠰᠠᠶᠢ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠂ ᠡᠨᠡ ᠪᠣᠯ ᠮᠢᠨᠦ᠍ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠵᠢᠴᠢ 40 ᠭᠠᠷᠤᠢ ᠵᠢᠯ᠎ᠦᠨ ᠠᠵᠤ ᠠᠬᠤᠢᠯᠠᠯ᠎ᠳᠤ ᠠᠵᠢᠯᠯᠠᠭ᠍ᠰᠠᠨ ᠬᠠᠮᠤᠭ᠎ᠤᠨ ᠶᠡᠬᠡ ᠲᠦᠷᠦᠭ᠌ᠳᠡᠯ ᠪᠣᠯᠤᠨ᠎ᠠ》 ᠭᠡᠵᠤ ᠬᠡᠯᠡᠨ᠎ᠠ᠃

ᠯᠢ ᠢᠦᠶ ᠯᠢᠶᠠᠩ᠂ ᠶᠡᠷᠦᠩᠬᠡᠶ ᠱᠦᠵᠢ ᠰᠢ ᠵᠢᠨ ᠫᠢᠩ᠎ᠦᠨ 《ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠶ》᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠰᠦᠪᠡᠭ᠌ᠴᠢᠯᠡᠬᠦ᠌ ᠬᠡᠷᠡᠭ᠌ᠲᠡᠶ》ᠵᠡᠷᠬᠡ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠢᠳᠡ ᠡᠷᠬᠡᠪᠰᠢ ᠪᠣᠳᠠᠲᠤ ᠠᠵᠢᠯᠯᠠᠭ᠎ᠠ᠎ᠪᠠᠷ᠎ᠢᠶᠠᠨ᠂ ᠡᠷᠡᠰ ᠭᠤᠢᠪᠢᠰᠢ ᠥᠬᠡᠶ ᠰᠠᠢᠲᠤᠷ ᠲᠤᠭᠤᠱᠢᠯᠠᠭᠤᠯᠬᠤ ᠬᠡᠷᠡᠭ᠌ᠲᠡᠶ ᠭᠡᠵᠤ ᠬᠡᠯᠡᠪᠡ᠃

ᠣᠢᠷ᠎ᠠ᠎ᠶ᠋ᠢᠨ ᠵᠢᠯ᠎ᠳᠦ᠂ ᠤᠯᠠᠭᠠᠨ ᠪᠦᠯᠦᠭ᠌ᠯᠡᠯ ᠨᠢᠭᠡᠨᠲᠡ 200 ᠭᠠᠷᠤᠶ ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠂ ᠲᠣᠭᠠᠴᠢᠯᠠᠭ᠍ᠰᠠᠨ ᠣᠶᠤᠨᠴᠢ ᠨᠡᠭᠦᠷᠡᠰᠦᠨ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠵᠡᠷᠭᠡ᠎ᠶ᠋ᠢ᠎ᠥᠷᠨᠢᠭᠦᠯᠵᠦ᠍᠂᠎ᠠᠭᠤᠷᠬᠠᠶ᠎ᠶ᠋ᠢᠨ᠎ᠠᠮᠢ᠎ᠠᠬᠤᠶ᠎ᠶ᠋ᠢ᠎ᠵᠠᠰᠠᠬᠤ᠎ᠪᠠ᠎ᠵᠠᠰᠠᠨ᠎ᠰᠡᠷᠭᠦᠭᠡᠬᠦ᠌᠎ᠵᠡᠷᠭᠡ ᠠᠵᠢᠯ᠎ᠢ ᠦᠷᠨᠢᠭᠦᠯᠵᠤ᠂ ᠨᠡᠭᠦᠷᠡᠰᠦᠨ ᠠᠭᠤᠷᠬᠠᠶ᠎ᠶ᠋ᠢᠨ 5G+ ᠤᠶᠤᠨᠴᠢᠯᠠᠭ᠍ᠰᠠᠨ ᠥᠭᠡᠷᠡᠴᠢᠯᠡᠯᠲᠡ᠎ᠶ᠋ᠢ ᠡᠬᠢᠯᠡᠭᠦᠯᠵᠦ᠍᠂ ᠠᠭᠤᠷᠬᠠᠶ᠎ᠶ᠋ᠢᠨ ᠴᠥᠮᠥᠷᠡᠭ᠌ᠰᠡᠨ ᠣᠷᠣᠨ ᠳ᠋ᠤ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠵᠡᠷᠭᠡ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠡᠭᠦᠷᠡᠰᠦᠨ᠎ᠦ ᠳᠡᠭᠡᠳᠦ ᠳᠡᠰᠵᠢᠭᠰᠡᠨ᠂ ᠣᠯᠠᠨ ᠡᠱᠢᠵᠢᠭᠰᠡᠨ᠂ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ᠎ᠶ᠋ᠢ ᠲᠠᠰᠤᠷᠠᠯᠲᠠ ᠥᠬᠡᠶ ᠲᠦᠷᠭᠡᠳᠭᠡᠵᠦ᠍᠂ ᠨᠡᠭᠦᠷᠡᠰᠦ᠎ᠶ᠋ᠢ ᠶᠡᠷᠦᠩᠬᠡᠢᠯᠡᠨ ᠠᠱᠢᠭ᠍ᠯᠠᠬᠤ᠎ᠶ᠋ᠢ ᠳᠡᠭᠡᠭ᠌ᠰᠢᠯᠡᠭᠦᠯᠪᠡ᠂ ᠵᠢᠱ᠌ᠢᠶᠡᠯᠡᠪᠡᠯ ᠲᠣᠮᠣ ᠬᠢᠮᠢ᠎ᠶ᠋ᠢᠨ ᠪᠣᠷᠲᠣᠭᠣᠷ᠎ᠤᠨ ᠲᠥᠷᠥᠯ ᠵᠦᠶ᠋ᠯ᠎ᠢ ᠬᠡᠷᠡᠭ᠌ᠵᠢᠭᠦᠯᠦᠭᠰᠡᠨ ᠨᠢ ᠨᠡᠢᠯᠡᠯᠭᠡ ᠱᠢᠪᠲᠦᠷ᠂ ᠱᠢᠭᠡᠰᠦᠯᠢᠭ ᠡᠳ᠋ ᠵᠡᠷᠭᠡ᠎ᠶ᠋ᠢ ᠦᠶ᠋ᠯᠡᠳᠪᠦᠷᠢᠯᠡᠭᠰᠡᠨ ᠮᠥᠷᠲᠡᠭᠡᠨ ᠪᠠᠰᠠ ᠱᠢᠩᠭᠡᠨᠵᠢᠮᠡᠯ ᠪᠠᠢᠭᠠᠯᠢ᠎ᠶ᠋ᠢᠨ ᠱᠢᠲᠠᠮᠠᠬᠠᠶ ᠬᠡᠶ᠂ ᠨᠢᠬᠳᠠᠴᠠ ᠨᠢ ᠪᠠᠭ᠎ᠠ ᠲᠣᠰᠣ ᠪᠠ ᠪᠤᠰᠤᠳ ᠵᠠᠯᠭᠠᠮᠵᠢ ᠦᠶ᠋ᠯᠡᠳᠬᠦᠨ᠎ᠢ ᠦᠶ᠋ᠯᠡᠳᠪᠦᠷᠢᠯᠡᠵᠦ᠍᠂ ᠨᠡᠭᠦᠷᠡᠰᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠪᠠ᠃ ᠨᠡᠭᠦᠷᠡᠰᠦᠨ᠎ᠦ ᠬᠡᠦᠳᠡᠰᠦ᠎ᠳᠦ ᠤᠰᠤᠲᠥ᠋ᠷᠥᠭ᠌ᠴᠢ ᠨᠡᠮᠡᠬᠦ᠌ ᠲᠥᠷᠥᠯ ᠵᠦᠢᠯ ᠨᠢ 《ᠨᠢᠭᠡ ᠬᠡᠰᠡᠭ ᠨᠡᠭᠦᠷᠡᠰᠦ》 ᠶ᠋ᠢ ᠲᠤᠬᠠᠶ᠎ᠶ᠋ᠢᠨ ᠭᠠᠵᠠᠷ᠎ᠲᠤᠨᠢ《ᠨᠢᠭᠡ ᠰᠠᠭᠤᠯᠠᠭ᠎ᠠ ᠲᠣᠰᠣ》 《ᠨᠢᠭᠡ ᠰᠠᠪᠠ ᠬᠡᠢ》 ᠪᠣᠯᠭᠠᠨ ᠬᠤᠪᠢᠷᠠᠭᠤᠯᠬᠤ ᠬᠠᠷᠠᠯᠲᠠ᠎ᠶ᠋ᠢ ᠪᠡᠶᠡᠯᠡᠭᠦᠯᠵᠦ᠍᠂ ᠥᠪᠥᠷ ᠮᠣᠩᠭᠣᠯ᠎ᠤᠨ《ᠬᠣᠶᠠᠷ᠎ᠢ ᠤᠷᠢᠳ ᠵᠢᠡᠷ ᠬᠢᠬᠦ᠌》᠂ 《ᠬᠣᠶᠠᠷ᠎ᠢ ᠳᠠᠪᠠᠭᠤᠯᠬᠤ》 ᠪᠠ ᠤᠯᠤᠰ᠎ᠤᠨ《ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠬᠦ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ》 ᠳ᠋ᠤ ᠬᠤᠪᠢ ᠨᠡᠮᠡᠷᠢ ᠦᠵᠡᠭᠦᠯᠪᠡ᠃

ᠯᠢ ᠢᠦᠢ ᠯᠢᠶᠠᠩ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ ᠵᠢᠨ ᠡᠷᠴᠢᠮᠵᠢᠭᠦ᠂ ᠬᠡᠪᠴᠢᠶᠡᠵᠢᠬᠦ᠂ ᠳᠡᠭᠡᠳᠦ ᠲᠡᠰᠵᠢᠭᠦᠯᠬᠦ ᠬᠥᠭ᠌ᠵᠢᠯᠲᠡ᠎ᠶ᠋ᠢ ᠠᠬᠢᠭᠤᠯᠬᠤ ᠪᠣᠯ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠳᠠᠯ᠎ᠳᠤ ᠰᠠᠭᠤᠷᠢᠯᠠᠵᠤ ᠳᠤᠷᠠᠳᠤᠭ᠍ᠰᠠᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ ᠡᠨᠡ ᠬᠦ᠌ ᠱᠠᠭᠠᠷᠳᠠᠯᠭ᠎ᠠ ᠶᠣᠰᠣᠭᠠᠷ᠂ ᠤᠯᠠᠭᠠᠨ ᠪᠦᠯᠦᠭ᠌ᠯᠡᠯ ᠳᠡᠭᠡᠳᠦ ᠲᠠᠰ᠎ᠤᠨ ᠲᠠᠷᠢᠶᠠᠯᠠᠩ ᠮᠠᠯ ᠠᠵᠤ ᠠᠬᠤᠶ᠎ᠶ᠋ᠢ ᠬᠥᠭ᠌ᠵᠢᠭᠦᠯᠬᠦ᠌ ᠲᠠᠯ᠎ᠠ᠎ᠪᠠᠷ ᠲᠠᠰᠤᠷᠠᠯᠲᠠ ᠥᠬᠡᠶ ᠱᠢᠨ᠎ᠡ᠎ᠶ᠋ᠢ ᠡᠭᠦᠳᠴᠦ᠍᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠣᠶ᠎ᠱᠢᠭᠤᠶ᠎ᠶ᠋ᠢᠨ᠎ᠱᠢᠨᠵᠢᠯᠡᠬᠦ᠌᠎ᠤᠬᠠᠭᠠᠨ᠎ᠤ᠎ᠬᠦᠷᠢᠶᠡᠯᠡᠩ᠎ᠵᠡᠷᠭᠡ ᠶᠡᠬᠡ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠶ ᠬᠠᠮᠲᠤᠷᠠᠨ ᠠᠮᠢ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠤᠳᠤᠯᠭᠠᠨ᠎ᠤ ᠬᠦᠷᠢᠶᠡᠯᠡᠩ᠎ᠢ ᠬᠠᠮᠲᠤ᠎ᠪᠠᠷ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠮᠡᠷᠭᠡᠵᠢᠯ᠎ᠦᠨ ᠲᠥᠪ᠎ᠢ ᠪᠠᠢᠭᠤᠯᠵᠤ᠂ ᠦᠬᠡᠷ᠎ᠦᠨ ᠡᠭᠦᠯᠳᠡᠷ᠎ᠢ᠎ᠰᠠᠢᠵᠢᠷᠠᠭᠤᠯᠬᠤ᠎ᠰᠤᠳᠤᠯᠭᠠᠨ᠂᠎ᠴᠢᠨᠠᠷ᠎ᠰᠠᠢᠲᠠᠶ᠎ᠲᠡᠵᠢᠭᠡᠯ ᠡᠪᠡᠰᠦ ᠪᠣᠷᠳᠣᠭ᠎ᠠ᠎ᠶ᠋ᠢ ᠪᠣᠢᠵᠢᠭᠤᠯᠬᠤ ᠵᠡᠷᠭᠡ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠪᠠ ᠱᠢᠨ᠎ᠡ᠎ᠶ᠋ᠢ ᠡᠭᠦᠳᠬᠦ᠌᠎ᠠᠵᠢᠯᠯᠠᠭ᠎ᠠ ᠶ᠋ᠢ ᠥᠷᠨᠢᠭᠦᠯᠪᠡ᠃ ᠡᠲᠡᠭᠡᠷ ᠲᠥᠷᠥᠯ ᠵᠦᠶ᠋ᠯ᠎ᠳᠦ ᠲᠦᠱᠢᠭ᠌ᠯᠡᠨ᠂ ᠤᠯᠠᠭᠠᠨ ᠪᠦᠯᠦᠭ᠌ᠯᠡᠯ᠎ᠦᠨ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠢ ᠮᠠᠯ ᠠᠵᠤ ᠠᠬᠤᠶ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠲᠥᠯᠥᠨ ᠳᠠᠭᠠᠭᠤᠯᠬᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠣᠷᠢᠭ ᠪᠣᠯᠭᠠᠨ ᠪᠥᠲᠥᠭᠡᠨ ᠪᠠᠢᠭᠤᠯᠤᠨ᠎ᠠ ᠬᠡᠵᠡᠢ᠃

ᠯᠢ ᠢᠦᠢ ᠯᠢᠶᠠᠩ᠂ ᠥᠪᠥᠷ ᠮᠣᠩᠭᠣᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠬᠤᠪᠢᠷᠠᠯᠲᠠ ᠯᠤᠲᠤ ᠶᠡᠬᠡ᠂ ᠰᠠᠭᠠᠳ ᠦᠭᠡᠢ ᠨᠡᠪᠳᠡᠷᠡᠬᠦ ᠵᠠᠮ ᠤᠯᠠᠨ  ᠪᠤᠯᠵᠤ᠂ ᠰᠠᠭᠠᠳ ᠲᠣᠳᠭᠠᠷ ᠴᠦᠬᠡᠨ ᠪᠤᠯᠤᠯ᠎ᠠ; ᠬᠡᠷ᠎ᠲᠦᠨᠢ ᠬᠦᠷᠴᠦ᠍ ᠦᠶ᠋ᠯᠡᠴᠢᠯᠡᠬᠦ᠌᠎ᠨᠢ ᠣᠯᠠᠱᠢᠷᠠᠵᠤ᠂ ᠠᠵᠢᠯ ᠶᠠᠪᠤᠳᠠᠯ ᠭᠦᠶ᠋ᠴᠡᠳᠭᠡᠬᠦ᠌᠎ᠳᠦ ᠬᠦᠯᠢᠶᠡᠬᠦ᠌᠎ᠨᠢ ᠪᠠᠭᠠᠰᠴᠤ᠌᠂ ᠮᠠᠰᠢ ᠣᠯᠠᠨ ᠲᠤᠬᠠᠢᠯᠠᠭ᠍ᠰᠠᠨ ᠠᠵᠢᠯ᠎ᠨᠢ 《ᠨᠢᠭᠡ ᠯᠡ ᠤᠲᠠᠰᠤ᠎ᠪᠠᠷ ᠨᠡᠪᠲᠡᠷᠡᠭᠦᠯᠬᠦ᠌ 》᠂ 《ᠨᠢᠭᠡ ᠯᠡ ᠰᠦᠯᠵᠢᠶ᠎ᠡ᠎ᠪᠡᠷ ᠪᠦᠬᠦᠨ ᠢ᠋ ᠭᠦᠶ᠋ᠴᠡᠳᠭᠡᠬᠦ᠌》 ᠶ᠋ᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠣᠶᠠᠷ ᠵᠢᠯ ᠳᠠᠷᠠᠭᠠᠯᠠᠨ ᠴᠠᠭᠠᠨ ᠰᠠᠷ᠎ᠠ᠎ᠶ᠋ᠢᠨ ᠳᠠᠷᠠᠭᠠᠬᠢ ᠠᠵᠢᠯ ᠳ᠋ᠤ ᠭᠠᠷᠬᠤ ᠠᠩᠬᠠᠨ᠎ᠤ ᠡᠳᠦᠷ ᠲᠤ᠌ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ᠎ᠢ ᠬᠤᠷᠠᠯᠳᠤᠭᠤᠯᠵᠤ᠂ ᠱ᠌ᠢ᠎ᠲᠡᠶ ᠹᠸᠩ ᠱᠦᠵᠢ ᠪᠡᠶ᠎ᠡ᠎ᠪᠡᠷ᠎ᠢᠶᠡᠨ ᠲᠣᠬᠢᠷᠠᠭᠤᠯᠤᠨ ᠪᠠᠢᠷᠢᠯᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠤᠯᠤᠰ ᠲᠥᠷᠥ᠎ᠶ᠋ᠢᠨ ᠠᠮᠢ ᠠᠬᠤᠶ᠎ᠶ᠋ᠢ ᠲᠠᠰᠤᠷᠠᠯᠲᠠ ᠥᠬᠡᠶ ᠴᠡᠪᠡᠷᠱᠢᠭᠦᠯᠵᠦ᠍᠂ ᠪᠢᠳᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠤᠪᠢ ᠨᠡᠮᠡᠷᠢ ᠦᠵᠡᠭᠦᠯᠬᠦ᠌ ᠪᠠᠲᠤ ᠢᠲᠡᠭᠡᠯ᠎ᠢ ᠨᠠᠩ ᠬᠥᠭ᠌ᠵᠢᠭᠡᠪᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号