ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠪᠠᠳᠤ ᠴᠤᠬᠴᠠᠯᠠᠵᠤ ᠤᠮᠠᠷᠠᠲᠤ ᠬᠢᠯᠢ᠎ᠶ᠋ᠢᠨ ᠠᠮᠤᠷ ᠠᠮᠤᠭᠤᠯᠠᠡᠭ᠎ᠢ ᠰᠠᠬᠢᠨ ᠬᠠᠮᠠᠭᠠᠯᠠᠨ᠎ᠠ
2022-03-04 09:39:09
ᠵᠣᠬᠢᠶᠠᠭ᠍ᠴᠢ᠄
ᠳ᠋ᠠᠶ ᠬᠣᠩ ᠯᠢ ᠬᠠᠨ
ᠣᠩᠱᠢᠭ᠍ᠰᠠᠨ ᠣᠳᠠᠭ᠎ᠠ᠄
★★★☆☆

ᠲᠦᠷᠦ᠍᠎ᠲᠦᠪᠱᠢᠨ ᠲᠦᠮᠡᠨ ᠠᠮᠤᠭᠤᠯᠠᠩ ᠪᠠᠢᠬᠤ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠬᠡᠮᠡᠯ᠎ᠬᠦᠰᠡᠯ ᠡᠷᠡᠮᠡᠯᠵᠡᠯ ᠮᠥᠨ᠃

ᠥᠪᠥᠷ᠎ᠮᠣᠩᠭᠣᠯ᠎ᠡᠭᠡ᠎ᠤᠯᠤᠰ᠎ᠤᠨ᠎ᠤᠮᠠᠷᠠᠲᠤ᠎ᠬᠢᠯᠢ᠎ᠳᠦ᠎ᠪᠠᠢᠷᠢᠯᠠᠵᠤ᠂ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠶ ᠵᠠᠯᠭᠠᠯᠳᠤᠵᠤ᠂ ᠭᠠᠳᠠᠭ᠍ᠰᠢ᠎ᠪᠠᠨ ᠤᠷᠤᠰ ᠮᠣᠩᠭᠣᠯ᠎ᠲᠠᠶ ᠬᠥᠷᠱᠢᠯᠡᠵᠦ᠍᠂ 4200 ᠭᠠᠷᠤᠢ ᠺᠢᠯᠤᠮᠸᠲᠷ ᠤᠷᠳᠤ ᠬᠢᠯᠢ᠎ᠶ᠋ᠢᠨ ᠱᠤᠭᠤᠮ ᠵᠡᠭᠦᠨᠰᠢ ᠪᠠᠷᠠᠭᠤᠨᠰᠢ ᠰᠤᠨᠤᠯᠵᠠᠵᠦ᠂ ᠡᠭᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠤᠨᠠᠭᠤᠯᠢ ᠭᠣᠣᠯ》 ᠪᠠᠢᠵᠤ᠂ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ᠎ᠳᠤ ᠴᠢᠬᠤᠯᠠ ᠪᠠᠢᠷᠢ ᠰᠠᠭᠤᠷᠢ᠎ᠲᠠᠶ᠂ ᠬᠠᠷᠢᠭᠤᠴᠠᠯᠭ᠎ᠠ ᠬᠦᠨᠳᠦ ᠶᠡᠬᠡ ᠶᠤᠮ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠬᠢᠯᠢ᠎ᠬᠢᠵᠠᠭᠠᠷ᠎ᠤᠨ᠎ᠦᠨᠳᠦᠰᠦᠲᠡᠨ᠎ᠦ ᠭᠠᠵᠠᠷ ᠣᠷᠣᠨ᠎ᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠠᠬᠢᠴᠠ᠎ᠳᠤᠮᠳᠠᠬᠢ᠎ᠴᠢᠬᠤᠯᠠ᠎ᠶᠡᠬᠡ᠎ᠬᠠᠷᠢᠭᠤᠴᠠᠯᠭ᠎ᠠ᠎ᠪᠣᠯᠤᠨ᠎ᠢᠷᠠᠭᠤ ᠠᠯᠳᠠᠷᠲᠤ ᠡᠭᠦᠷᠭᠡ᠎ᠶ᠋ᠢ ᠡᠷᠬᠡᠪᠰᠢ ᠪᠠᠲᠤ ᠡᠭᠦᠷᠭᠡᠯᠡᠵᠦ᠍᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠲᠠᠰᠤᠷᠠᠯᠳᠠ ᠦᠭᠡᠢ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠦᠰᠡᠯ᠎ᠨᠠᠢᠳᠠᠯᠭ᠎ᠠ᠎ᠶ᠋ᠢ᠎ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠪᠡᠷ ᠡᠭᠦᠷᠭᠡᠯᠡᠵᠦ᠍᠂ ᠥᠪᠥᠷ ᠮᠣᠩᠭᠣᠯ ᠨᠢ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ᠎ᠱᠤᠭᠤᠮ᠎ᠢ᠎ᠡᠷᠡᠰ᠎ᠰᠠᠬᠢᠵᠤ᠂᠎ᠨᠡᠩ᠎ᠥᠨᠳᠥᠷ᠎ᠲᠦᠪᠱᠢᠨ᠎ᠪᠦᠬᠦᠢ ᠠᠮᠤᠭᠤᠯᠠᠩᠳᠤ ᠥᠪᠥᠷ ᠮᠣᠩᠭᠣᠯ᠎ᠢ ᠪᠦᠬᠦ᠌ ᠬᠦᠴᠦᠨ᠎ᠢᠶᠡᠷ᠎ᠢᠶᠡᠨ ᠪᠦᠲᠦᠭᠡᠨ ᠪᠠᠢᠭᠤᠯᠵᠤ᠂ ᠨᠡᠢᠭᠡᠮ ᠨᠡᠩ ᠠᠮᠤᠷ ᠲᠣᠭ᠍ᠲᠠᠭᠤᠨ᠂ ᠠᠷᠠᠳ ᠲᠦᠮᠡᠨ ᠨᠡᠩ ᠠᠮᠤᠷ ᠠᠮᠤᠭᠤᠯᠠᠩ ᠪᠠᠢᠬᠤ᠎ᠶ᠋ᠢ ᠦᠨᠡᠨ ᠬᠦ᠌ ᠪᠠᠳᠤᠯᠠᠪᠠ᠃


ᠴᠤᠬᠴᠠᠯᠠᠯᠳᠠ — ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠲᠡᠮᠦᠷ ᠬᠡᠷᠡᠮ ᠪᠤᠯᠤᠳ ᠬᠠᠨ᠎ᠠ ᠵᠢ ᠴᠤᠭᠴᠠᠯᠠᠪᠠ


ᠤᠯᠤᠰ᠎ᠤᠨ ᠠᠮᠤᠷ ᠲᠦᠪᠱᠢᠨ ᠪᠣᠯ ᠤᠯᠤᠰ᠎ᠢ ᠠᠮᠤᠷᠵᠢᠭᠤᠯᠤᠨ ᠲᠦᠷᠦ ᠵᠢ ᠲᠦᠪᠱᠢᠷᠡᠬᠦᠯᠬᠦ᠌ ᠶ᠋ᠢᠨ ᠴᠢᠬᠤᠯᠠ ᠰᠠᠭᠤᠷᠢ ᠮᠥᠨ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠪᠣᠯ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠨᠳᠦᠰᠦᠨ ᠠᠱᠢᠭ ᠲᠤᠰᠠ ᠮᠥᠨ᠃

ᠥᠪᠥᠷ ᠮᠣᠩᠭᠣᠯ ᠨᠢ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠴᠢᠬᠤᠯᠠ ᠶᠡᠬᠡ ᠶᠠᠪᠤᠳᠠᠯ᠂᠎ᠲᠡᠷᠢᠭᠦᠨ᠎ᠴᠢᠬᠤᠯᠠ᠎ᠡᠭᠦᠷᠭᠡ᠎ᠪᠣᠯᠭᠠᠨ ᠠᠳᠭᠤᠵᠤ᠂ ᠤᠯᠤᠰ᠎ᠤᠨ ᠵᠠᠰᠠᠭ᠎ᠤᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ ᠪᠠ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃

—  2014 ᠣᠨ᠎ᠤ 4 ᠰᠠᠷ᠎ᠠ᠎ᠶ᠋ᠢᠨ 15 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠶᠠᠮᠠᠷ ᠬᠤᠷᠠᠯ ᠳᠡᠭᠡᠷ᠎ᠡ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠠᠩᠬ᠎ᠠ ᠳᠤᠷᠠᠳᠴᠤ᠌᠂ ᠳᠤᠮᠳᠠᠳᠤ ᠤᠯᠤᠰ᠎ᠤᠨ ᠣᠨᠴᠠᠯᠢᠭ᠎ᠲᠠᠶ ᠤᠯᠤᠰ᠎ᠤᠨ ᠠᠮᠤᠷ ᠲᠦᠪᠱᠢᠨ᠎ᠦ ᠵᠠᠮ᠎ᠢᠶᠠᠷ ᠵᠠᠮᠨᠠᠬᠤ᠎ᠶ᠋ᠢ ᠴᠢᠬᠤᠯᠠᠴᠢᠯᠠᠭ᠍ᠰᠠᠨ ᠪᠤᠢ?

— ᠲᠥᠪ᠎ᠦᠨ ᠤᠯᠤᠰ᠎ᠤᠨ ᠠᠮᠤᠷ ᠲᠦᠪᠱᠢᠨ᠎ᠤ᠋ ᠬᠣᠷᠢᠶ᠎ᠠ ᠵᠢᠨ ᠠᠩᠬᠠᠳᠤᠭᠠᠷ ᠤᠳᠠᠭ᠎ᠠ ᠵᠢᠨ ᠬᠤᠷᠠᠯ᠃

ᠡᠨᠡ ᠪᠣᠯ ᠵᠢᠷᠭᠤᠳᠤᠭᠠᠷ ᠪᠦᠬᠦ᠌ ᠠᠷᠠᠳ᠎ᠤᠨ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠦᠨ ᠡᠳᠦᠷ ᠬᠦᠷᠴᠦ᠍ ᠢᠷᠡᠬᠦ᠌ ᠲᠠᠱᠢᠷᠠᠮ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ᠎ᠤᠨ ᠠᠮᠤᠷ ᠲᠦᠪᠱᠢᠨ᠎ᠦ ᠠᠯᠪᠠᠨ ᠭᠡᠷ᠎ᠡᠴᠡ ᠭᠣᠣᠯᠯᠠᠨ ᠡᠷᠬᠢᠯᠡᠭ᠌ᠰᠡᠨ ᠨᠢᠭᠡ ᠤᠳᠠᠭᠠᠨ᠎ᠤ ᠮᠡᠳᠡᠯᠭᠡ᠎ᠶ᠋ᠢᠨ ᠤᠷᠤᠯᠳᠤᠭᠠᠨ ᠤ᠋ ᠬᠡᠰᠡᠭ ᠦᠵᠡᠭ᠌ᠳᠡᠯ ᠪᠣᠯᠤᠨ᠎ᠠ᠃ ᠠᠳᠠᠯᠢᠬᠠᠨ ᠬᠤᠭᠤᠴᠠᠭᠠᠨ᠎ᠳᠤ᠂ ᠪᠦᠬᠦ᠌ ᠣᠷᠣᠨ᠎ᠤ ᠡᠯ᠎ᠡ ᠭᠠᠵᠠᠷ᠎ᠤᠨ ᠬᠢᠨ 130 ᠭᠠᠷᠤᠢ ᠵᠦᠢᠯ᠎ᠦᠨ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ᠃

ᠠᠮᠤᠷ ᠲᠦᠪᠱᠢᠨ᠎ᠦ ᠬᠦᠨᠳᠤ ᠴᠢᠬᠤᠯᠠ ᠨᠢ ᠲᠠᠢᠱᠠᠨ ᠠᠭᠤᠯᠠᠨ᠎ᠠᠴᠠ ᠬᠦᠨᠳᠦ᠃ ᠤᠯᠤᠰ᠎ᠤᠨ ᠠᠮᠤᠷ ᠲᠦᠪᠱᠢᠨ᠎ᠦ ᠰᠠᠭᠤᠷᠢ ᠨᠢ ᠠᠷᠠᠳ ᠲᠦᠮᠡᠨ᠎ᠳᠦ ᠪᠤᠢ᠂ ᠬᠦᠴᠦᠨ ᠴᠢᠳᠠᠯ ᠨᠢ ᠠᠷᠠᠳ ᠲᠦᠮᠡᠨ᠎ᠳᠦ ᠪᠤᠢ᠃ ᠥᠪᠥᠷ ᠮᠣᠩᠭᠣᠯ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ ᠪᠠᠢᠭᠤᠯᠭ᠎ᠠ᠂ ᠬᠥᠳᠡᠭᠡ ᠲᠣᠰᠭᠣᠨ᠂ ᠨᠡᠢᠭᠡᠮ ᠲᠣᠭᠣᠷᠢᠭ᠂ ᠰᠤᠷᠭᠠᠭᠤᠯᠢ᠂ ᠠᠵᠤ ᠠᠬᠤᠢᠯᠠᠯ᠂ ᠴᠡᠷᠢᠭ᠎ᠦᠨ ᠬᠤᠸᠠᠷᠠᠨ᠂ ᠰᠦᠯᠵᠢᠶ᠎ᠡ᠎ᠳᠦ ᠣᠷᠣᠭᠤᠯᠬᠤ᠎ᠶ᠋ᠢ ᠠᠬᠢᠭᠤᠯᠪᠠ᠃

ᠲᠦᠷᠦᠭᠦᠬᠡᠨ᠂᠎ᠨᠢᠭᠡᠨ ᠤᠳᠠᠭᠠᠨ᠎ᠤ ᠥᠪᠡᠷᠮᠢᠴᠡ ᠣᠨᠴᠠᠯᠢᠭ᠎ᠲᠠᠶ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ᠎ᠶ᠋ᠢᠨ ᠭᠠᠯ ᠰᠡᠷᠭᠡᠢᠯᠡᠬᠦ ᠭᠠᠯ ᠤᠨᠲᠠᠷᠠᠭᠠᠬᠤ ᠶᠡᠷᠦᠩᠬᠡᠶ ᠠᠩᠭᠢ᠎ᠶ᠋ᠢᠨ ᠶᠡᠬᠡ ᠬᠢᠩᠭᠠᠨ ᠳᠠᠪᠠᠭ᠎ᠠ᠎ᠶ᠋ᠢᠨ ᠰᠠᠯᠪᠤᠷᠢ ᠠᠩᠭᠢ᠎ᠶ᠋ᠢᠨ ᠨᠢᠭᠡᠳᠦᠭᠡᠷ ᠶᠡᠬᠡ ᠠᠩᠭᠢ᠎ᠳᠤ ᠶᠠᠪᠤᠭ᠍ᠳᠠᠪᠠ᠃ ᠲᠣᠰ ᠤᠳᠠᠭᠠᠨ᠎ᠤ ᠰᠤᠷᠤᠯᠴᠠᠯᠭ᠎ᠠ᠎ᠨᠢ ᠭᠤᠤᠯᠳᠠᠭᠤ ᠭᠠᠷ ᠤᠲᠠᠰᠤ᠎ᠪᠡᠷ᠎ᠰᠦᠯᠵᠢᠶᠡᠨ᠎ᠳᠦ᠎ᠭᠠᠷᠬᠤ᠂᠎ᠠᠮᠤᠷ᠎ᠲᠦᠪᠱᠢᠨ᠎ᠦ᠎ᠤᠬᠠᠮᠰᠠᠷ᠎ᠲᠤᠤᠷ᠎ᠠ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠰᠡᠷᠡᠮᠵᠢᠯᠡᠭᠦᠯᠬᠦ᠌ ᠳᠦᠷᠰᠦ ᠱᠢᠩᠭᠡᠭᠡᠯᠲᠡ᠎ᠶ᠋ᠢ ᠰᠣᠨᠢᠷᠬᠠᠬᠤ᠎ᠪᠠᠷ ᠳᠠᠮᠵᠢᠭᠤᠯᠤᠨ᠂ ᠭᠡᠱᠢᠭᠦᠳ᠎ᠦᠨ ᠡᠷᠡᠭᠦᠯ ᠮᠡᠨᠳᠦ᠍᠎ᠪᠡᠷ ᠰᠦᠯᠵᠢᠶᠡᠨ᠎ᠳᠦ ᠭᠠᠷᠬᠤ᠂ ᠪᠣᠯᠪᠠᠰᠤᠨ᠎ᠢᠶᠠᠷ ᠰᠦᠯᠵᠢᠶ᠎ᠡ ᠬᠡᠷᠡᠭ᠌ᠯᠡᠬᠦ᠌᠎ᠶ᠋ᠢ ᠬᠥᠲᠥᠯᠥᠨ ᠵᠢᠯᠣᠭᠣᠳᠴᠤ᠌᠂ ᠤᠯᠤᠰ᠎ᠤᠨ ᠠᠮᠤᠷ ᠲᠦᠪᠱᠢᠨ᠎ᠦ ᠲᠤᠬᠠᠶ ᠵᠥᠪ ᠦᠵᠡᠯᠲᠡ᠎ᠶ᠋ᠢ ᠪᠣᠶ ᠪᠣᠯᠭᠠᠪᠠ᠃

《ᠭᠠᠷ ᠤᠲᠠᠰᠤᠨ᠎ᠤ ᠰᠦᠯᠵᠢᠶ᠎ᠡ ᠪᠣᠯ ᠬᠤᠤᠰ ᠢᠷᠲᠦ ᠰᠡᠯᠡᠮ᠎ᠡ ᠮᠥᠨ᠂ ᠬᠡᠷᠡᠭ᠌ᠯᠡᠵᠦ᠍ ᠴᠢᠳᠠᠬᠤ ᠥᠬᠡᠶ ᠪᠣᠯ ᠤᠯᠤᠰ᠎ᠤᠨ ᠠᠮᠤᠷ ᠲᠦᠪᠱᠢᠨ᠎ᠳᠦ ᠬᠤᠤᠷ ᠬᠥᠨᠥᠭᠡᠯ ᠤᠴᠠᠷᠠᠭᠤᠯᠵᠤ ᠮᠡᠳᠡᠨ᠎ᠡ᠂ ᠡᠨᠡ ᠤᠳᠠᠭᠠᠨ᠎ᠤ ᠰᠤᠷᠤᠯᠴᠠᠯᠭ᠎ᠠ ᠮᠠᠰᠢ ᠴᠢᠬᠤᠯᠠ ᠶᠤᠮ》 ᠭᠡᠵᠦ᠍ ᠳᠤᠰ ᠶᠡᠬᠡ ᠠᠩᠭᠢ᠎ᠶ᠋ᠢᠨ ᠤᠯᠤᠰ ᠲᠥᠷᠥ᠎ᠶ᠋ᠢᠨ ᠵᠢᠭᠠᠨ ᠵᠢᠯᠣᠭᠣᠳᠣᠭ᠍ᠴᠢ ᠱ᠌ᠢ ᠸᠧᠶ ᠬᠡᠯᠡᠨ᠎ᠠ᠃

ᠥᠪᠥᠷ ᠮᠣᠩᠭᠣᠯ ᠳᠠᠢᠰᠤᠩᠨᠠᠭ᠍ᠴᠢ ᠬᠦᠴᠦᠨ᠎ᠦ ᠨᠡᠪᠴᠢᠬᠦ ᠡᠪᠳᠡᠯᠡᠭᠡ ᠨᠤᠷᠠᠭᠠᠬᠤ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠣᠬᠢᠯᠲᠠ ᠥᠭ᠌ᠴᠦ᠂ ᠰᠦᠯᠵᠢᠶᠡᠨ᠎ᠦ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠦ ᠠᠮᠤᠷ ᠲᠦᠪᠱᠢᠨ᠎ᠦ 《ᠰᠡᠷᠭᠡᠢᠯᠡᠯᠲᠡ᠎ᠶ᠋ᠢᠨ ᠬᠡᠷᠡᠮ》᠎ᠢ᠋ ᠪᠠᠲᠤ ᠴᠣᠭ᠍ᠴᠠᠯᠠᠪᠠ᠃

ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ ᠰᠦᠯᠵᠢᠶᠡᠨ᠎ᠦ ᠠᠮᠤᠷ ᠲᠦᠪᠱᠢᠨ᠎ᠦ ᠵᠡᠷᠭᠡ ᠳᠡᠰ᠎ᠤᠨ ᠬᠠᠮᠠᠭᠠᠯᠠᠯᠲᠠ᠎ᠶ᠋ᠢᠨ ᠠᠵᠢᠯ᠎ᠤᠨ ᠵᠣᠬᠢᠴᠠᠭᠤᠯᠬᠤ ᠳᠤᠭᠤᠢᠯᠠᠩ ᠢ᠋ ᠪᠠᠢᠭᠤᠯᠵᠤ᠂ ᠰᠦᠯᠵᠢᠶᠡᠨ᠎ᠦ ᠠᠮᠤᠷ ᠲᠦᠪᠱᠢᠨ᠎ᠦ ᠵᠡᠷᠭᠡ ᠳᠡᠰ᠎ᠤᠨ ᠬᠠᠮᠠᠭᠠᠯᠠᠯᠲᠠ᠎ᠶ᠋ᠢᠨ ᠬᠠᠮᠢᠶ᠎ᠠ ᠪᠦᠬᠦᠢ ᠣᠷᠣᠨ ᠨᠤᠲᠤᠭ᠎ᠤᠨ ᠳᠦᠷᠢᠮ ᠲᠣᠭ᠍ᠲᠠᠭᠠᠯ᠎ᠢ ᠲᠣᠭ᠍ᠲᠠᠭᠠᠵᠤ᠂ 《ᠰᠦᠯᠵᠢᠶ᠎ᠡ᠎ᠶ᠋ᠢ ᠴᠡᠪᠡᠷᠱᠢᠭᠦᠯᠬᠦ᠌ 2021》 ᠲᠤᠰᠭᠠᠢ ᠠᠵᠢᠯᠯᠠᠭ᠎ᠠ᠎ᠳᠤ ᠲᠦᠱᠢᠭ᠌ᠯᠡᠨ 1408 ᠬᠡᠷᠡᠭ᠎ᠢ ᠳᠡᠩᠨᠡᠨ ᠱᠢᠢᠳᠪᠦᠷᠢᠯᠡᠪᠡ᠃


ᠬᠤᠯᠪᠤᠯᠳᠠ — ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠪᠡ


ᠬᠠᠪᠤᠷ᠎ᠤᠨ ᠡᠬᠢᠨ᠎ᠦ ᠷᠠᠱᠢᠶᠠᠨ᠎ᠳᠤ᠂ ᠠᠭᠤᠯᠠ ᠲᠠᠯ᠎ᠠ ᠮᠦᠰᠦ ᠴᠠᠰᠤᠨ᠎ᠳᠤ ᠬᠤᠴᠢᠭ᠍ᠳᠠᠵᠤ᠂ ᠳᠤᠮᠳᠠᠳᠤ ᠮᠣᠩᠭᠣᠯ᠎ᠤᠨ ᠬᠢᠯᠢ᠎ᠳᠡᠬᠢ ᠬᠠᠯᠬ᠎ᠠ᠎ᠶ᠋ᠢᠨ ᠭᠤᠤᠯ᠎ᠠᠴᠠ ᠳᠡᠮᠡᠶ ᠬᠣᠯᠠ ᠥᠬᠡᠶ ᠴᠠᠰᠤᠲᠤ ᠬᠡᠭᠡᠷ᠎ᠡ᠎ᠳᠤ᠂ ᠲᠠᠬᠤ ᠨᠥᠮᠥᠷᠴᠦ᠍ ᠫᠤᠤ ᠮᠥᠷᠥᠯᠡᠵᠦ᠍᠂ ᠪᠠᠢᠯᠳᠤᠭᠠᠨ᠎ᠤ ᠮᠣᠷᠢ ᠤᠨᠤᠬᠰᠠᠨ ᠨᠢᠭᠡᠨ ᠰᠠᠯᠠᠭ᠎ᠠ ᠴᠡᠷᠢᠭ ᠠᠩᠭᠢ ᠦᠷᠯᠦᠭᠡ ᠵᠢᠨ ᠨᠡᠷᠡ ᠵᠢ ᠤᠬᠳᠤᠨ ᠠᠯᠭᠤᠷᠬᠠᠨ ᠤᠷᠤᠭ᠍ᠰᠢᠯᠠᠨ᠎ᠠ᠂ ᠲᠠᠳᠠᠨᠠᠷ ᠪᠣᠯ ᠳᠠᠷᠤᠶ ᠰᠠᠨ ᠵᠢᠶᠤᠤ ᠱᠠᠨ ᠠᠭᠤᠯᠠ᠎ᠶ᠋ᠢᠨ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠵᠢᠵᠢᠭᠦᠷᠯᠡᠵᠦ ᠪᠠᠢᠭ᠎ᠠ ᠴᠡᠷᠢᠭ ᠪᠣᠯᠤᠨ᠎ᠠ᠃

《ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠳᠠᠯ ᠬᠡᠪ᠎ᠦᠨ ᠪᠠᠢᠳᠠᠯ᠎ᠲᠠᠶ ᠪᠠᠢᠨ᠎ᠠ》᠃ ᠰᠠᠨ ᠵᠢᠶᠤᠤ ᠱᠠᠨ ᠠᠭᠤᠯᠠᠨ᠎ᠤ ᠬᠢᠯᠢ᠎ᠶ᠋ᠢᠨ ᠬᠠᠮᠠᠭᠠᠯᠠᠯᠲᠠ᠎ᠶ᠋ᠢᠨ ᠰᠤᠮᠤᠨ᠎ᠤ ᠨᠢᠭᠡᠳᠤᠭᠡᠷ ᠠᠩᠭᠢ᠎ᠶ᠋ᠢᠨ ᠪᠠᠢᠯᠳᠤᠭ᠍ᠴᠢᠳ᠎ᠤᠨ ᠬᠥᠪᠥᠩ ᠮᠠᠯᠠᠭᠠᠶ ᠪᠠ ᠬᠦᠢᠲᠡᠨ᠎ᠢ ᠰᠡᠷᠭᠡᠢᠯᠡᠬᠦ᠌ ᠬᠠᠯᠬᠠᠪᠴᠢ ᠳ᠋ᠤᠨᠢ ᠮᠥᠰᠥ᠍ ᠬᠥᠯᠳᠡᠵᠦ᠍᠂ ᠦᠭᠡ ᠬᠡᠯᠡᠬᠦ᠌ ᠳ᠋ᠤᠨᠢ ᠬᠦᠢᠳᠡᠨ ᠠᠭᠤᠷ ᠰᠠᠪᠰᠠᠨ᠎ᠠ᠃ ᠲᠡᠳᠡᠨᠠᠷ᠎ᠦᠨ ᠠᠷᠤ᠎ᠵᠢᠨ ᠬᠠᠷᠠᠭᠤᠯ᠎ᠤᠨ ᠠᠰᠠᠷ ᠠᠭᠤᠯᠠᠨ ᠣᠷᠣᠶ᠎ᠳᠤ ᠰᠡᠬᠦᠢᠨ ᠰᠦᠨᠳᠡᠷᠯᠡᠨ᠎ᠡ᠃

《ᠲᠡᠷᠢᠭᠦᠯᠡᠭ᠌ᠴᠢ ᠰᠢ ᠵᠢᠨ ᠫᠢᠩ ᠮᠠᠨ᠎ᠤ ᠬᠠᠷᠠᠭᠤᠯ᠎ᠤᠨ ᠭᠠᠵᠠᠷ᠎ᠲᠤ ᠢᠷᠡᠵᠦ᠍ ᠥᠩᠭᠡᠷᠡᠵᠡᠢ᠂ ᠤᠮᠠᠷᠠᠲᠤ ᠬᠢᠯᠢ᠎ᠵᠢ ᠪᠢᠳᠠᠨᠠᠷ ᠰᠠᠬᠢᠨ ᠬᠠᠮᠠᠭᠠᠯᠠᠪᠠᠯ ᠡᠬᠡ ᠤᠯᠤᠰ ᠮᠠᠨᠢ ᠠᠮᠤᠷ ᠠᠮᠤᠭᠤᠯᠠᠩ!》 ᠬᠡᠵᠤ ᠰᠤᠷᠪᠤᠯᠵᠢᠯᠠᠭ᠎ᠠ ᠵᠢᠨ ᠳᠤᠮᠳᠠ᠂ ᠡᠨᠡ ᠬᠦ᠌ ᠳᠠᠬᠢᠨ ᠳᠠᠪᠲᠠᠨ ᠬᠡᠯᠡᠭ᠌ᠰᠡᠨ ᠦᠭᠡ ᠪᠣᠯ ᠪᠠᠢᠯᠳᠤᠭ᠍ᠴᠢᠳ᠎ᠤᠨ ᠬᠠᠮᠲᠤ᠎ᠶ᠋ᠢᠨ ᠰᠡᠳᠭᠢᠯ᠎ᠦᠨ ᠳᠠᠭᠤᠨ ᠪᠣᠯᠤᠨ᠎ᠠ᠃

ᠥᠪᠥᠷ ᠮᠣᠩᠭᠣᠯ᠎ᠳᠤ 36 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠬᠢᠯᠢ᠎ᠶ᠋ᠢᠨ ᠬᠠᠮᠢᠶᠠᠷᠤᠯᠲᠠ᠎ᠶ᠋ᠢᠨ ᠣᠷᠣᠨ ᠪᠠᠢᠵᠤ᠂ ᠪᠥᠬᠥ᠌ ᠤᠯᠤᠰ᠎ᠤᠨ ᠡᠯ᠎ᠡ ᠮᠤᠵᠢ ᠣᠷᠣᠨ᠎ᠤ ᠳᠣᠲᠣᠷ᠎ᠠ ᠲᠠᠯᠠᠪᠠᠶ᠎ᠪᠠᠷ ᠬᠠᠮᠤᠭ᠎ᠤᠨ ᠶᠡᠬᠡ ᠪᠠᠢᠳᠠᠭ᠃ ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠴᠠᠭ᠍ᠳᠠᠭ᠎ᠠ ᠪᠣᠯᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ ᠭᠠᠷ ᠬᠣᠯᠪᠣᠯᠴᠠᠨ ᠮᠥᠷᠥ᠍ ᠵᠡᠷᠭᠡᠴᠡᠵᠦ᠍᠂ ᠬᠠᠮᠲᠤ᠎ᠪᠠᠷ ᠬᠢᠯᠢ ᠪᠠᠨ ᠰᠠᠬᠢᠵᠤ᠂ ᠬᠢᠯᠢ ᠪᠠᠨ ᠬᠠᠮᠠᠭᠠᠯᠠᠵᠤ᠂ ᠬᠢᠯᠢ  ᠪᠠᠨ ᠪᠡᠬᠢᠵᠢᠭᠦᠯᠵᠦ᠍᠂ ᠬᠢᠯᠢ ᠪᠠᠨ ᠲᠣᠭ᠍ᠲᠠᠪᠤᠷᠢᠵᠢᠭᠤᠯᠵᠤ᠂ ᠤᠯᠤᠰ᠎ᠤᠨ ᠠᠮᠤᠷ ᠲᠦᠪᠱᠢᠨ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ ᠪᠠᠢᠬᠤ 《ᠭᠤᠷᠪᠠᠨ ᠰᠡᠷᠭᠡᠢᠯᠡᠯᠲᠡ᠎ᠶ᠋ᠢᠨ ᠱᠤᠭᠤᠮ》 ᠎ᠢ᠋ ᠴᠣᠭ᠍ᠴᠠᠯᠠᠪᠠ᠃

ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ ᠡᠭᠦᠷᠭᠡ ᠬᠠᠷᠢᠭᠤᠴᠠᠯᠭ᠎ᠠ᠎ᠪᠠᠨ᠎ᠪᠠᠲᠤ ᠴᠡᠭᠡᠵᠢᠯᠡᠵᠦ᠍᠂ ᠨᠠᠮ᠎ᠤᠨ ᠴᠡᠷᠢᠭ ᠠᠩᠭᠢ᠎ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ᠎ᠪᠠᠷᠢᠮᠲᠠᠯᠠᠵᠤ᠂᠎ᠳᠠᠢᠨ᠎ᠬᠢᠵᠦ᠍᠎ᠴᠢᠳᠠᠬᠤ᠂᠎ᠢᠯᠠᠭᠤᠭ᠍ᠰᠠᠨ ᠳᠠᠢᠨ ᠬᠢᠵᠦ᠍ ᠴᠢᠳᠠᠬᠤ ᠴᠠᠭᠠᠷᠠᠭ᠍ᠰᠠᠨ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠮᠢ ᠨᠠᠰᠤ ᠪᠠ ᠦᠨᠡᠨᠴᠢ ᠱᠢᠳᠤᠷᠭᠤ᠎ᠪᠠᠷ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠰᠠᠭᠤᠷᠢ᠎ᠶ᠋ᠢ ᠪᠡᠬᠢᠵᠢᠭᠦᠯᠪᠡ᠃

— ᠪᠠᠴᠢᠮ ᠬᠦᠴᠢᠷ ᠠᠶᠤᠯ᠎ᠲᠠᠶ ᠬᠦᠨᠳᠦ ᠡᠭᠦᠷᠭᠡ᠎ᠵᠢ ᠬᠦᠢᠴᠡᠳᠬᠡᠬᠦ ᠳ᠋ᠤ ᠬᠣᠱᠢᠭᠤᠴᠢ ᠪᠣᠯᠤᠨ᠎ᠠ᠃

— ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠳᠤᠮᠳᠠ ᠭᠤᠤᠯ ᠬᠦᠴᠦᠨ ᠪᠣᠯᠤᠨ᠎ᠠ᠃

—  ᠴᠡᠷᠢᠭ ᠠᠷᠠᠳ᠎ᠤᠨ ᠬᠡᠷᠡᠭ᠌ᠯᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠲᠠᠯ᠎ᠠ᠎ᠪᠠᠷ ᠱᠢᠪᠲᠤᠯᠤᠯᠲᠠ ᠲᠠᠢ ᠪᠤᠯᠤᠨ᠎ᠠ᠃

《ᠬᠡᠳᠦᠭᠡᠨ ᠲᠡᠮᠦᠷ ᠲᠣᠣᠷ ᠭᠡᠵᠦ ᠪᠢᠳᠡᠬᠡᠢ ᠪᠠᠰᠤ᠂ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠱᠢᠤ᠂ ᠡᠨᠡ ᠪᠣᠯ ᠤᠯᠤᠰ᠎ᠤᠨ ᠬᠤᠭᠤᠷᠤᠨᠳᠤᠬᠢ ᠵᠠᠭᠠᠭ ᠮᠥᠨ》᠃  ᠲᠣᠭᠣᠷᠢᠨ ᠴᠠᠭ᠍ᠳᠠᠬᠤ ᠶᠠᠪᠤᠴᠠ᠎ᠳᠤ᠂ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠠᠳᠠᠪᠴᠢ ᠳ᠋ᠡᠬᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠮᠣᠷᠢᠲᠤ ᠴᠠᠭ᠍ᠳᠠᠭ᠎ᠠ᠎ᠶ᠋ᠢᠨ ᠠᠩᠭᠢ᠎ᠶ᠋ᠢᠨ ᠳᠠᠷᠤᠭ᠎ᠠ ᠬᠥᠪᠴᠢ ᠬᠢᠯᠢ᠎ᠶ᠋ᠢᠨ ᠬᠥᠱᠢᠶ᠎ᠡ᠎ᠶ᠋ᠢᠨ ᠬᠠᠵᠠᠭᠤ ᠵᠢᠨ ᠲᠡᠮᠦᠷ ᠲᠤᠤᠷ᠎ᠢ ᠨᠠᠷᠢᠨ ᠪᠠᠢᠴᠠᠭᠠᠬᠤ ᠵᠢᠨ ᠲᠠᠭᠠᠤ ᠰᠤᠷᠪᠤᠯᠵᠢᠯᠠᠭ᠍ᠴᠢ᠎ᠳᠤ ᠬᠡᠯᠡᠨ᠎ᠠ; ᠬᠥᠯᠥᠨ ᠪᠣᠢᠷ ᠬᠣᠲᠠ᠎ᠶ᠋ᠢᠨ ᠬᠠᠭᠤᠴᠢᠨ ᠪᠠᠷᠭᠤ ᠬᠣᠱᠢᠭᠤᠨ ᠤ᠋ ᠬᠠᠢᠯᠠᠰᠤᠲᠤ ᠭᠠᠴᠠᠭᠠᠨ᠎ᠤ ᠮᠠᠯᠴᠢᠨ ᠪᠠᠶᠠᠷᠲᠤ᠎ᠶ᠋ᠢᠨ ᠮᠣᠩᠭᠣᠯ ᠭᠡᠷ ᠡᠷᠭᠦᠨ᠎ᠡ ᠭᠣᠣᠯ᠎ᠠᠴᠠ ᠨᠢᠭᠡ ᠯᠡ ᠺᠢᠯᠣᠮᠧᠲ᠋ᠷ ᠵᠠᠢᠲᠠᠶ ᠪᠠᠢᠵᠤ᠂ ᠭᠣᠣᠯ᠎ᠤᠨ ᠲᠡᠷᠲᠡᠭᠡ ᠡᠷᠭᠢ ᠨᠢ ᠳᠠᠷᠤᠶ ᠣᠷᠣᠰ ᠤᠯᠤᠰ᠎ᠤᠨ ᠬᠠᠷᠢᠶ᠎ᠠ ᠪᠣᠯᠤᠨ᠎ᠠ᠃ ᠬᠢᠯᠢ ᠰᠠᠬᠢᠬᠴᠢ ᠪᠣᠯᠤᠭ᠍ᠰᠠᠨ᠎ᠪᠠᠶᠠᠷᠲᠤ᠂ ᠵᠡᠭᠦᠨ ᠦᠵᠦᠭᠦᠷ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ᠎ᠲᠠᠶ ᠬᠠᠮᠲᠤ ᠬᠢᠯᠢ᠎ᠶ᠋ᠢ ᠴᠠᠭ᠍ᠳᠠᠨ ᠪᠠᠢᠴᠠᠭᠠᠬᠤ ᠨᠢ ᠲᠡᠭᠦᠨ᠎ᠦ ᠡᠳᠦᠷ ᠲᠤᠲᠤᠮ᠎ᠤᠨ ᠠᠮᠢᠳᠤᠷᠠᠯ᠎ᠤᠨ ᠨᠢᠭᠡ ᠬᠡᠰᠡᠭ ᠪᠣᠯᠵᠠᠶ᠃

ᠨᠠᠢ᠍ᠮᠠᠨ ᠮᠢᠩᠭᠠᠨ ᠭᠠᠵᠠᠷ᠎ᠤᠨ ᠬᠢᠯᠢ ᠵᠢᠨ ᠱᠤᠭᠤᠮ ᠳᠠᠭᠠᠤ᠂ 1600 ᠭᠠᠷᠤᠢ ᠮᠠᠯᠴᠢᠨ  ᠪᠠᠶᠠᠷᠲᠤ᠎ᠲᠠᠶ ᠠᠳᠠᠯᠢᠬᠠᠨ ᠵᠢᠡᠷ ᠬᠢᠯᠢ ᠰᠠᠬᠢᠬᠴᠢ᠎ᠶ᠋ᠢᠨ ᠡᠩᠨᠡᠭᠡᠨ᠎ᠳᠦ ᠣᠷᠣᠪᠠ᠃ ᠣᠯᠠᠨ᠎ᠢᠶᠠᠷ᠎ᠢᠶᠠᠨ ᠰᠠᠨᠠᠭᠠᠴᠢᠯᠠᠭ᠎ᠠ᠎ᠠᠴᠠ᠎ᠪᠠᠨ ᠬᠢᠯᠢ ᠵᠢ ᠴᠠᠬᠳᠠᠵᠤ ᠬᠢᠯᠢ ᠪᠠᠨ ᠬᠠᠮᠠᠭᠠᠯᠠᠵᠤ᠂ ᠬᠢᠯᠢ ᠬᠢᠵᠠᠭᠠᠷ᠎ᠢ ᠬᠠᠮᠢᠶᠠᠷᠤᠨ ᠡᠵᠡᠮᠳᠡᠬᠦ᠌ ᠪᠡᠯᠡᠳᠭᠡᠯ ᠬᠦᠴᠦᠨ ᠪᠣᠯᠪᠠ᠃


ᠦᠰᠦᠷᠦᠯᠳᠡ — ᠨᠡᠩ ᠥᠨᠳᠥᠷ ᠲᠦᠪᠱᠢᠨ ᠪᠦᠬᠦᠢ ᠠᠮᠤᠭᠤᠯᠠᠩᠳᠤ ᠥᠪᠥᠷ ᠮᠣᠩᠭᠣᠯ᠎ᠢ ᠪᠦᠲᠦᠭᠡᠨ ᠪᠠᠢᠭᠤᠯᠤᠨ᠎ᠠ


ᠨᠢᠭᠡ ᠡᠳᠦᠷ᠂ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ ᠳᠠᠷᠬᠠᠨ ᠲᠣᠮᠢᠯᠠᠭ᠍ᠰᠠᠨ ᠰᠠᠯᠪᠤᠷᠢ᠎ᠶ᠋ᠢᠨ ᠬᠥᠯᠦᠨ ᠨᠡᠢᠭᠡᠮ ᠲᠣᠭᠣᠷᠢᠭ᠎ᠤᠨ ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠤᠨ 《ᠮᠡᠷᠭᠡᠳ》 ᠬᠠᠮᠲᠤᠷᠠᠨ ᠡᠶᠡᠳᠡᠬᠦᠯᠬᠦ ᠲᠠᠰᠤᠭ᠎ᠲᠤ ᠬᠣᠶᠠᠷ ᠨᠠᠰᠤᠲᠠᠨ ᠢᠷᠡᠪᠡ᠂ ᠲᠠᠳᠠ ᠬᠣᠶᠠᠭᠤᠯᠠ ᠬᠡᠳᠦᠢᠪᠡᠷ ᠬᠥᠷᠰᠢ ᠵᠡᠷᠭᠡᠯᠡᠳᠡᠭᠡ ᠪᠣᠯᠪᠠᠴᠤ᠌ ᠶᠠᠮᠠᠷ ᠨᠢᠭᠡᠨ ᠵᠦᠷᠢᠴᠡᠯ ᠪᠤᠯᠵᠦ ᠨᠢᠭᠡ ᠨᠢᠭᠡᠨ ᠳ᠋ᠡᠭᠡᠨ ᠬᠢᠯᠢᠩᠨᠡᠨ ᠠᠭᠤᠷᠯᠠᠵᠤ ᠪᠠᠢᠯ᠎ᠠ᠃

ᠶᠣᠰᠣ ᠤᠴᠢᠷ᠎ᠢ ᠳᠡᠯᠭᠡᠵᠦ᠍᠂ ᠬᠠᠤᠯᠢ ᠴᠠᠭᠠᠵᠠ᠎ᠶ᠋ᠢ ᠶᠠᠷᠢᠵᠤ᠂ ᠨᠠᠰᠤᠲᠠᠨ᠎ᠤ ᠬᠠᠷᠢᠯᠴᠠᠨ ᠣᠢᠯᠠᠭᠠᠯᠴᠠᠵᠤ ᠬᠠᠷᠢᠯᠴᠠᠨ ᠨᠠᠢᠷ ᠲᠠᠯᠪᠢᠬᠤ᠎ᠶ᠋ᠢ ᠬᠥᠲᠥᠯᠥᠨ ᠵᠢᠯᠣᠭᠣᠳᠤᠨ᠎ᠠ ᠁ ᠠᠷᠠᠳ᠎ᠤᠨ ᠴᠠᠭ᠍ᠳᠠᠭ᠎ᠠ᠎ᠶ᠋ᠢᠨ ᠴᠢᠷᠮᠠᠢᠯᠭ᠎ᠠ᠎ᠪᠠᠷ ᠳᠠᠮᠵᠢᠨ᠂ ᠡᠴᠦᠰ᠎ᠲᠡᠬᠡᠨ ᠬᠣᠶᠠᠷ ᠨᠠᠰᠤᠲᠠᠨ᠎ᠤ ᠰᠡᠳᠭᠢᠯ᠎ᠦᠨ ᠵᠠᠩᠭᠢᠷᠠᠭ᠎ᠠ᠎ᠶ᠋ᠢ ᠨᠢ ᠲᠠᠢᠯᠵᠤ᠂ ᠵᠥᠷᠢᠴᠡᠯ᠎ᠢ ᠨᠢ ᠨᠠᠮᠳᠠᠭᠤᠯᠪᠠ᠃

《ᠮᠡᠷᠭᠡᠳ》 ᠠᠵᠢᠯᠯᠠᠬᠤ ᠵᠠᠭ᠍ᠪᠤᠷ ᠪᠣᠯ ᠳᠠᠷᠬᠠᠨ ᠲᠣᠮᠢᠯᠠᠭ᠍ᠰᠠᠨ ᠰᠠᠯᠪᠤᠷᠢ᠎ᠶ᠋ᠢᠨ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》 ᠶ᠋ᠢ ᠦᠶ᠋ᠯᠡᠳᠦᠯᠭᠡᠵᠢᠭᠦᠯᠦᠭᠰᠡᠨ ᠱᠢᠨ᠎ᠡ ᠠᠷᠭ᠎ᠠ ᠬᠡᠮᠵᠢᠶ᠎ᠠ ᠪᠣᠯᠤᠨ᠎ᠠ᠃ 《ᠮᠡᠷᠭᠡᠳ》 ᠨᠢ ᠦᠨᠳᠦᠰᠦᠨ ᠱᠠᠲᠤᠨ᠎ᠤ ᠠᠵᠤ ᠠᠬᠤᠢ ᠰᠣᠶᠣᠯ᠎ᠤᠨ ᠴᠢᠳᠠᠪᠤᠷᠢᠲᠠᠨ ᠪᠠ ᠠᠮᠤᠷ᠎ᠢ ᠬᠠᠮᠠᠭᠠᠯᠠᠬᠤ ᠢᠳᠡᠪᠬᠢᠲᠡᠨ ᠪᠠᠢᠵᠤ᠂ ᠨᠡᠢᠭᠡᠮ᠎ᠦᠨ ᠶᠠᠪᠤᠳᠠᠯ᠂ ᠬᠥᠷᠰᠢ ᠵᠡᠷᠭᠡᠯᠡᠳᠡᠭᠡ᠎ᠶ᠋ᠢᠨ ᠶᠠᠪᠤᠳᠠᠯ᠂ ᠭᠡᠷ ᠪᠦᠯᠢ᠎ᠶ᠋ᠢᠨ ᠶᠠᠪᠤᠳᠠᠯ᠎ᠢ ᠠᠷᠭ᠎ᠠ ᠤᠬᠠᠭᠠᠨ ᠲᠠᠢ ᠱᠢᠢᠳᠪᠦᠷᠢᠯᠡᠵᠦ᠍᠂ ᠠᠯᠢ ᠤᠯᠠᠨ ᠵᠥᠷᠢᠴᠡᠯ ᠵᠢᠭᠤᠷᠠᠯᠳᠤᠭᠠᠨ᠎ᠢ᠎ᠦᠨᠳᠦᠰᠦᠨ᠎ᠱᠠᠲᠤᠨ᠎ᠳᠤ᠎ᠱᠢᠢᠳᠪᠦᠷᠢᠯᠡᠵᠦ᠍᠂ ᠮᠠᠯᠵᠢᠬᠤ ᠣᠷᠣᠨ᠎ᠠᠴᠠ ᠢᠷᠡᠵᠦ᠂ ᠮᠠᠯᠵᠢᠬᠤ ᠣᠷᠣᠨ᠎ᠳᠤ ᠦᠢᠯᠡᠴᠢᠯᠡᠬᠦ᠌ ᠠᠮᠤᠭᠤᠯᠠᠩᠳᠤ ᠪᠦᠳᠦᠭᠡᠨ ᠪᠠᠢᠭᠤᠯᠤᠯᠲᠠ᠎ᠶ᠋ᠢᠨ ᠬᠦᠴᠦᠨ ᠪᠣᠯᠵᠠᠢ᠃

ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠪᠠᠢᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠎ᠶ᠋ᠢᠨ 《ᠵᠠᠪᠠᠯ ᠰᠣᠩᠭᠣᠬᠤ ᠵᠦᠶ᠋ᠯ》 ᠮᠥᠨ᠃

2021 ᠣᠨ᠎ᠤ 9 ᠰᠠᠷ᠎ᠠ᠎ᠳᠤ᠂ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠴᠠᠬᠢᠯᠭᠠᠨ ᠬᠣᠯᠪᠣᠭ᠎ᠠ ᠵᠢᠨ ᠰᠦᠯᠵᠢᠶᠡᠨ᠎ᠦ ᠮᠡᠬᠡᠯᠡᠯ᠎ᠦᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠭᠤᠤᠯ ᠰᠡᠳᠦᠪᠲᠦ ᠤᠬᠠᠭᠤᠯᠭ᠎ᠠ ᠵᠢᠴᠢ ᠪᠤᠵᠠᠷ ᠵᠣᠭᠣᠰ ᠪᠤᠵᠠᠷ ᠡᠳ᠋᠎ᠢ ᠢᠯᠡ᠎ᠪᠡᠷ ᠪᠤᠴᠠᠭᠠᠬᠤ ᠶᠡᠬᠡ ᠬᠤᠷᠠᠯ ᠬᠤᠷᠠᠯᠳᠤᠭᠤᠯᠵᠤ᠂ 20 ᠬᠤᠬᠢᠷᠠᠯ ᠠᠮᠰᠠᠬᠰᠠᠨ ᠣᠯᠠᠨ ᠲᠦᠮᠡᠨ 74.1 ᠲᠦᠮᠡᠨ ᠲᠥᠭᠥᠷᠢᠭ᠎ᠦᠨ ᠮᠡᠬᠡᠯᠡᠭ᠌ᠳᠡᠭ᠌ᠰᠡᠨ ᠵᠤᠭᠤᠰ ᠵᠢᠡᠨ ᠡᠭᠡᠭᠦᠯᠦᠨ ᠠᠪᠴᠠᠶ᠃ 《 23 ᠲᠦᠮᠡᠨ ᠲᠥᠭᠥᠷᠢᠭ ᠵᠢᠡᠨ ᠪᠤᠴᠠᠭᠠᠨ ᠠᠪᠴᠢᠷᠠᠪᠠ!》 ᠪᠠᠳᠠᠢ᠎ᠶ᠋ᠢᠨ ᠵᠢᠷᠠᠨ ᠪᠠᠯᠭᠠᠰᠤᠨ᠎ᠤ ᠳ᠋ᠤᠸᠠᠨ ᠣᠪᠣᠭ᠍ᠲᠤ ᠪᠣᠯ ᠬᠠᠮᠤᠭ ᠤ᠋ᠨ᠎ᠢᠯᠡᠬᠦᠦ ᠬᠣᠬᠢᠷᠠᠯ ᠠᠮᠰᠠᠬᠴᠢ ᠪᠠᠢᠵᠤ᠂ ᠲᠡᠷᠡ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠲᠦ ᠲᠠᠯᠠᠷᠬᠠᠯ ᠵᠢᠡᠨ ᠲᠡᠪᠰᠢᠬᠦᠯᠦᠨ᠎ᠠ᠃

ᠨᠢᠭᠡ ᠵᠢᠯ᠎ᠦᠨ ᠲᠤᠷᠰᠢ᠂ ᠪᠥᠬᠥ᠌ ᠣᠷᠣᠨ᠎ᠳᠤ ᠡᠯ᠎ᠡ ᠲᠥᠷᠥᠯ᠎ᠦᠨ ᠡᠷᠡᠭᠦᠦ᠍᠎ᠶ᠋ᠢᠨ ᠬᠡᠷᠡᠭ᠎ᠢ ᠨᠡᠢᠲᠡ 50443 ᠢᠯᠡᠷᠡᠭᠦᠯᠵᠦ᠍᠂ ᠶᠠᠯ᠎ᠠ ᠬᠢᠭ᠌ᠰᠡᠨ ᠰᠡᠵᠢᠭ᠌ᠯᠡᠯᠲᠡᠶ ᠡᠲᠡᠭᠡᠳ᠎ᠢ 43678 ᠪᠠᠷᠢᠪᠴᠢᠯᠠᠪᠠ; ᠬᠤᠤᠷ ᠴᠠᠭᠠᠵᠠᠯᠠᠬᠤ ᠠᠵᠢᠯ ᠎ᠢ 《ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ ᠬᠡᠷᠡᠭ᠌ᠵᠢᠭᠦᠯᠬᠦ᠌ ᠲᠥᠰᠦᠯ》 ᠳ᠋ᠤ ᠣᠷᠣᠭᠤᠯᠪᠠ; ᠡᠬᠢ ᠡᠭᠦᠰᠦᠯ᠎ᠡᠴᠡ᠎ᠨᠢ ᠰᠡᠷᠭᠡᠢᠯᠡᠨ ᠡᠵᠡᠮᠳᠡᠬᠦ᠌᠂ ᠵᠢᠭ᠍ᠰᠠᠭᠠᠨ ᠪᠠᠢᠴᠠᠭᠠᠵᠤ ᠡᠮᠬᠢᠯᠡᠬᠦ᠌᠂ ᠵᠢᠭᠤᠷᠠᠯᠳᠤᠭᠠᠨ᠎ᠢ ᠨᠠᠮᠳᠠᠭᠤᠯᠬᠤ᠂ ᠪᠠᠴᠢᠮ ᠪᠠᠢᠳᠠᠯ ᠎ᠢ ᠠᠷᠭᠠᠴᠠᠭᠠᠨ ᠱᠢᠶ᠋ᠳᠪᠦᠷᠢᠯᠡᠬᠦ᠌ ᠨᠡᠢᠭᠡᠮ᠎ᠦᠨ ᠵᠥᠷᠢᠴᠡᠯ᠎ᠢ ᠶᠡᠷᠦᠩᠬᠡᠢᠯᠡᠨ ᠵᠠᠰᠠᠬᠤ ᠪᠠ ᠣᠯᠠᠨ ᠡᠱᠢᠵᠢᠭᠦᠯᠦᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠦᠷᠭᠡᠳᠭᠡᠨ ᠪᠠᠢᠭᠤᠯᠵᠤ᠂ ᠲᠥᠪ᠎ᠦᠨ ᠲᠣᠭᠣᠷᠢᠨ ᠪᠠᠢᠴᠠᠭᠠᠵᠤ ᠱᠢᠯᠵᠢᠭᠦᠯᠦᠨ ᠲᠤᠱᠢᠶᠠᠭ᠍ᠰᠠᠨ ᠮᠠᠨ᠎ᠤ ᠣᠷᠣᠨ᠎ᠤ ᠵᠠᠰᠠᠭ ᠵᠠᠬᠢᠷᠭᠠᠨ᠎ᠤ ᠠᠷᠠᠳ᠎ᠤᠨ ᠠᠮᠢᠳᠤᠷᠠᠯ᠎ᠤᠨ ᠲᠥᠷᠥᠯ᠎ᠦᠨ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ ᠱᠢᠶ᠋ᠳᠪᠦᠷᠢᠯᠡᠭ᠌ᠰᠡᠨ ᠨᠣᠷᠮ᠎ᠠ ᠨᠢ 99% ᠎ᠳ᠋ᠤ ᠬᠥᠷᠪᠡ᠃ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠎ᠡᠴᠡ ᠶᠡᠷᠦᠩᠬᠡᠢᠯᠡᠨ ᠵᠠᠰᠠᠬᠤ ᠬᠦᠷᠲᠡᠯ᠎ᠡ᠂ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠨ᠎ᠡ ᠪᠠᠢᠷᠢᠱᠢᠯ ᠠᠯᠬᠤᠮ ᠠᠯᠬᠤᠮ ᠎ᠢᠶᠠᠷ ᠪᠦᠷᠢᠯᠳᠦᠪᠡ᠃

ᠨᠢᠭᠡ ᠵᠢᠯ ᠎ᠦᠨ ᠲᠤᠷᠰᠢ᠂ ᠪᠥᠬᠥ᠌ ᠣᠷᠣᠨ ᠡᠯ᠎ᠡ ᠲᠥᠷᠥᠯ᠎ᠦᠨ ᠠᠮᠤᠷ ᠲᠦᠪᠱᠢᠨ᠎ᠦ ᠬᠡᠮ ᠰᠣᠭᠣᠭ ᠎ᠢ 1873 ᠤᠳᠠᠭ᠎ᠠ ᠠᠷᠢᠯᠭᠠᠵᠤ᠂ ᠤᠷᠴᠢᠨ ᠲᠤᠭᠤᠷᠢᠨ᠂ ᠢᠳᠡᠭᠡᠨ ᠪᠠ ᠡᠮ᠎ᠦᠨ ᠵᠦᠶ᠋ᠯᠡᠰ᠎ᠦᠨ ᠬᠦᠷᠢᠶ᠎ᠠ ᠴᠠᠷᠠᠭᠠᠨ᠎ᠳᠡᠬᠢ ᠶᠠᠯᠠᠲᠤ ᠬᠡᠷᠡᠭ᠎ᠢ 2695 ᠢᠯᠡᠷᠡᠭᠦᠯᠵᠦ᠍᠂ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠦᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ 《 ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ》 ᠵᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤ ᠵᠢᠨ ᠴᠢᠨᠠᠷᠳᠠᠢ ᠥᠷᠨᠢᠭᠦᠯᠪᠡ᠃

ᠪᠦᠬᠦ᠌ ᠣᠷᠣᠨ᠎ᠢ ᠦᠵᠡᠪᠡᠯ᠂ 12 ᠠᠢᠮᠠᠭ ᠬᠣᠲᠠ ᠪᠦᠬᠦᠨ᠎ᠢᠶᠡᠷ᠎ᠢᠶᠡᠨ 《ᠪᠦᠬᠦ᠌ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ ᠤ᠋ᠨ ᠬᠢᠷᠢ ᠲᠡᠩᠴᠡᠭ᠌ᠰᠡᠨ ᠬᠣᠲᠠ》 ᠪᠤᠯᠵᠤ᠂ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠂ ᠮᠠᠯᠵᠢᠬᠤ ᠲᠠᠷᠢᠶᠠᠯᠠᠬᠤ ᠣᠷᠣᠨ᠂ ᠱᠢᠭᠤᠢᠲᠤ ᠣᠷᠣᠨ ᠠᠭᠤᠷᠬᠠᠶ᠎ᠶ᠋ᠢᠨ ᠣᠷᠣᠨ ᠪᠠ ᠬᠢᠯᠢ ᠬᠢᠵᠠᠭᠠᠷ ᠣᠷᠣᠨ ᠳ᠋ᠤ ᠣᠯᠠᠨ ᠬᠡᠯᠪᠡᠷᠢ᠎ᠶ᠋ᠢᠨ ᠨᠡᠢᠭᠡᠮ᠎ᠦᠨ ᠵᠠᠰᠠᠯᠲᠠ᠎ᠶ᠋ᠢᠨ ᠵᠠᠭ᠍ᠪᠤᠷ᠎ᠢ ᠪᠦᠷᠢᠯᠳᠦᠭᠦᠯᠪᠡ᠃

ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠠᠮᠵᠢᠯᠲᠠ ᠪᠦᠲᠦᠮᠵᠢ ᠤᠯᠤᠬᠰᠠᠨ᠎ᠨᠢ ᠬᠢᠯᠪᠠᠷ ᠪᠢᠰᠢ; ᠢᠷᠡᠭᠡᠳᠦᠢ᠎ᠪᠡᠨ ᠪᠠᠷᠠᠯᠠᠬᠤᠶ᠎ᠠ᠂ ᠠᠯᠬᠤᠭ᠎ᠠ ᠪᠦᠷᠢ ᠨᠢ ᠨᠡᠩ ᠡᠷᠡᠰ ᠪᠠᠲᠤ᠃ ᠰᠢᠨ᠎ᠡ ᠭᠠᠷᠤᠭ᠎ᠠ ᠡᠴᠡ᠂ ᠥᠪᠥᠷ ᠮᠣᠩᠭᠣᠯ ᠨᠠᠩ ᠯᠠᠪᠳᠠᠭᠤᠨ ᠪᠠᠲᠤᠲᠠᠶ ᠤᠪᠤᠷ ᠰᠤᠷᠲᠠᠯ᠂ ᠨᠠᠩ ᠬᠦᠴᠦᠨ ᠪᠦᠬᠦᠢ ᠠᠷᠭ᠎ᠠ ᠬᠡᠮᠵᠢᠶ᠎ᠡ᠎ᠪᠡᠷ ᠡᠬᠡ ᠤᠯᠤᠰ᠎ᠤᠨ ᠤᠮᠠᠷᠠᠲᠤ ᠬᠢᠯᠢ᠎ᠳᠦ ᠪᠠᠲᠤ ᠪᠠᠬᠢ ᠠᠮᠤᠷ ᠲᠣᠭ᠍ᠲᠠᠭᠤᠨ᠎ᠤ ᠬᠠᠯᠬᠠᠪᠴᠢ᠎ᠶ᠋ᠢ ᠴᠣᠭ᠍ᠴᠠᠯᠠᠵᠤ᠂ ᠨᠠᠮ᠎ᠤᠨ ᠲᠥᠪ ᠬᠣᠷᠢᠶ᠎ᠠ᠎ᠶ᠋ᠢ ᠰᠠᠨᠠᠭ᠎ᠠ ᠠᠮᠤᠷ ᠪᠠᠢᠯᠭᠠᠵᠤ᠂ ᠠᠷᠠᠳ ᠣᠯᠠᠨ᠎ᠢ ᠰᠡᠳᠬᠢᠯ ᠠᠮᠤᠷ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号