
ᠪᠡᠭᠡᠵᠢᠩ᠎ᠳᠤ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠬᠤᠭᠤᠴᠠᠭᠠᠨ᠎ᠳᠠᠭᠠᠨ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠮᠧᠶ ᠬᠤᠸᠠ ᠰᠤᠷᠭᠠᠭᠤᠯᠢ᠎ᠶ᠋ᠢᠨ ᠰᠤᠷᠤᠯᠭ᠎ᠠ ᠡᠬᠢᠯᠡᠬᠦ᠌ ᠤᠴᠢᠷ᠎ᠢ ᠮᠦᠨ ᠯᠡ ᠰᠡᠳᠭᠢᠯ᠎ᠳᠡᠭᠡᠨ ᠪᠤᠳᠤᠵᠤ ᠶᠠᠪᠤᠨ᠎ᠠ᠃
ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠢᠮᠢᠨ ᠭᠤᠤᠯ ᠰᠤᠷᠭᠠᠭᠤᠯᠢ᠎ᠶ᠋ᠢᠨ ᠵᠠᠬᠢᠷᠤᠯ ᠪᠣᠯᠤᠭ᠍ᠰᠠᠨ᠎ᠤ ᠬᠤᠪᠢ᠎ᠳᠤ᠂ ᠬᠡᠷᠬᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠨᠠᠩ ᠰᠠᠢᠲᠤᠷ ᠠᠭᠤᠰᠤᠯᠴᠠᠭᠤᠯᠵᠤ᠂ ᠦᠭᠬᠢᠶᠠᠮᠤᠷ ᠬᠤᠷ᠎ᠠ ᠲᠦᠮᠡᠨ ᠪᠤᠳᠠᠰ᠎ᠢ ᠤᠮᠳᠠᠯᠠᠬᠤ ᠮᠠᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠨᠢᠭᠦᠯᠬᠦ᠌ ᠨᠢ ᠮᠧᠶ ᠬᠤᠸᠠ᠎ᠶ᠋ᠢᠨ ᠪᠣᠳᠣᠯᠬᠢᠯᠠᠭ᠍ᠰᠠᠭᠠᠷ ᠢᠷᠡᠭ᠌ᠰᠡᠨ ᠠᠰᠠᠭᠤᠳᠠᠯ ᠪᠣᠯᠤᠨ᠎ᠠ᠃
《ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ ᠨᠤᠭᠦᠳ᠎ᠦᠨ ᠤᠯᠠᠨ ᠲᠦᠮᠡᠨᠦᠬᠠᠮᠲᠤᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ ᠬᠡᠵᠥ ᠴᠢᠬᠤᠯᠠᠴᠢᠯᠠᠪᠠ᠃ ᠡᠭᠦᠨ᠎ᠳᠦ ᠪᠢ ᠭᠦᠨ ᠣᠢᠯᠠᠭᠠᠯᠲᠠ᠎ᠲᠠᠶ》᠃ ᠮᠧᠶ ᠬᠤᠸᠠ ᠲᠥᠯᠥᠭᠡᠯᠡᠭ᠌ᠴᠢ᠂ 《ᠮᠢᠨᠤ ᠨᠤᠲᠤᠭ ᠢᠮᠢᠨ ᠰᠤᠮᠤ᠎ᠶ᠋ᠢᠨ ᠪᠠᠶᠠᠨᠲᠠᠯ᠎ᠠ ᠭᠠᠴᠠᠭᠠᠨ᠎ᠤ ᠡᠨᠡ ᠬᠡᠳᠦᠨ ᠵᠢᠯ᠎ᠦᠨ ᠬᠤᠪᠢᠷᠠᠯᠲᠠ ᠪᠣᠯ ᠬᠠᠮᠤᠭ᠎ᠤᠨ ᠰᠠᠢᠨ ᠭᠡᠷᠡᠴᠢ ᠮᠥᠨ》 ᠭᠡᠵᠤ ᠬᠡᠯᠡᠨ᠎ᠠ᠃
ᠪᠠᠶᠠᠨᠲᠠᠯᠠᠭᠠᠴᠠᠭᠠᠨᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠭᠠᠴᠠᠭᠠᠨ᠎ᠤ ᠨᠠᠮ᠎ᠤᠨ ᠡᠭᠦᠷ᠎ᠦᠨ ᠵᠢᠠᠨ ᠳᠠᠭᠠᠭᠤᠯᠭ᠎ᠠ ᠳᠤᠤᠷ᠎ᠠ᠂ᠬᠠᠷᠢᠯᠴᠠᠨᠬᠠᠪᠰᠤᠷᠤᠯᠴᠠᠵᠤ᠂ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠣᠬᠣᠷᠬᠠᠨ ᠬᠡᠳᠦᠨ ᠵᠢᠯ᠎ᠦᠨ ᠬᠤᠭᠤᠴᠠᠭᠠᠨ᠎ᠳᠤ ᠭᠠᠴᠠᠭᠠᠨᠳ᠋ᠤᠨᠢ ᠬᠠᠮᠲᠤ᠎ᠶ᠋ᠢᠨ ᠠᠵᠤ ᠠᠬᠤᠶ ᠦᠯᠦ ᠪᠠᠢᠭ᠍ᠰᠠᠨ᠎ᠡᠴᠡ᠎ᠪᠠᠨ ᠪᠠᠢᠬᠤ ᠪᠣᠯᠵᠣ᠂ ᠪᠠᠭᠠᠪᠠᠢᠬᠰᠡᠨ ᠡᠴᠡ ᠪᠡᠨ ᠪᠤᠵᠠᠭᠠᠢᠷᠠᠪᠠ᠃ ᠣᠳᠣᠬᠠᠨ᠎ᠳᠤ᠂ ᠭᠠᠴᠠᠭᠠᠨ᠎ᠤ ᠮᠠᠯᠴᠢᠳ ᠡᠮᠨᠡᠯᠭᠡ᠎ᠶ᠋ᠢᠨ ᠳᠠᠭᠠᠳᠭᠠᠯ ᠲᠤᠱᠢᠶᠠᠬᠤ᠎ᠳᠤ ᠥᠪᠡᠷ᠎ᠢᠶᠡᠨ ᠵᠣᠭᠣᠰ ᠵᠠᠷᠤᠬᠤ ᠥᠬᠡᠶ ᠪᠣᠯᠵᠣ᠂ ᠬᠡᠦᠬᠡᠳ ᠨᠢ ᠰᠤᠷᠭᠠᠭᠤᠯᠢ᠎ᠳᠤ ᠣᠷᠣᠬᠤ᠎ᠳᠤ ᠨᠥᠬᠥᠪᠥᠷᠢ᠎ᠲᠡᠶ ᠪᠣᠯᠵᠣ᠂ ᠪᠤᠭᠤᠷᠤᠯ ᠨᠠᠰᠤᠲᠠᠨ ᠴᠤ᠌ ᠨᠥᠬᠥᠪᠥᠷᠢ᠎ᠲᠡᠶ ᠪᠣᠯᠵᠠᠶ᠃ 《ᠡᠨᠡ ᠪᠣᠯ ᠭᠠᠴᠠᠭᠠᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ ᠨᠠᠮ᠎ᠤᠨ ᠤᠳᠤᠷᠢᠳᠤᠯᠭ᠎ᠠ ᠳᠤᠤᠷ᠎ᠠ ᠬᠠᠮᠲᠤ᠎ᠪᠠᠷ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ》 ᠭᠡᠵᠦ᠍ ᠮᠧᠶ ᠬᠤᠸᠠ ᠬᠡᠯᠡᠨ᠎ᠡ᠃
2020ᠣᠨ᠎ᠤ ᠪᠥᠬᠥ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠮᠧᠶ ᠬᠤᠸᠠ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠬᠡᠦᠭᠡᠳ ᠪᠠᠭᠠᠴᠤᠳ ᠡᠴᠡ ᠡᠬᠢᠯᠡᠨ ᠭᠠᠷᠳᠠᠬᠤ ᠪᠡᠷ ᠭᠤᠤᠯ ᠰᠡᠳᠦᠪ ᠪᠣᠯᠭᠠᠨ ᠶᠡᠷᠦᠩᠬᠡᠶ ᠱᠦᠵᠢ᠎ᠳᠦ ᠬᠠᠷᠢᠭᠤ ᠮᠡᠳᠡᠭᠦᠯᠦᠯᠲᠡ ᠬᠢᠪᠠ᠃ ᠡᠨᠡ ᠵᠢᠯ ᠶᠡᠷᠦᠩᠬᠡᠢ ᠱᠦᠵᠢ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠷᠡᠭ᠌ᠲᠡᠢ ᠭᠡᠵᠦ᠍ ᠳᠠᠬᠢᠨᠲᠠ ᠴᠢᠬᠤᠯᠠᠴᠢᠯᠠᠪᠠ᠃ ᠡᠭᠦᠨ᠎ᠳᠦ ᠮᠧᠶ ᠬᠤᠸᠠ ᠭᠦᠨ ᠲᠥᠷᠥᠭ᠌ᠳᠡᠯ᠎ᠲᠡᠶ ᠪᠠᠢᠯ᠎ᠠ᠃
《ᠶᠡᠷᠦᠩᠬᠡᠢ ᠱᠦᠵᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠨᠢᠳᠤᠨ᠎ᠳᠦ ᠦᠵᠡᠭ᠌ᠳᠡᠮ᠎ᠡ ᠭᠠᠷ᠎ᠲᠤ ᠪᠠᠷᠢᠭ᠍ᠳᠠᠮ᠎ᠠ ᠠᠵᠢᠯ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ 〈ᠦᠭᠬᠢᠶᠠᠮᠤᠷ ᠬᠤᠷ᠎ᠠ ᠲᠦᠮᠡᠨ ᠪᠤᠳᠠᠰ᠎ᠢ ᠤᠮᠳᠠᠯᠠᠬᠤ〉 ᠶᠠᠪᠤᠳᠠᠯ ᠬᠢᠬᠦ᠌ ᠬᠡᠷᠡᠭ᠌ᠲᠡᠢ ᠭᠡᠵᠦ᠍ ᠬᠡᠯᠡᠪᠡ》᠃ ᠮᠧᠶ ᠬᠤᠸᠠ᠂ ᠪᠢ ᠦᠨᠳᠦᠰᠦᠲᠡᠨ᠎ᠦ ᠪᠦᠯᠬᠦᠮᠳᠡᠯ ᠳᠠᠪᠱᠢᠯᠲᠠᠶ᠋ᠢᠨᠬᠥᠮᠦᠵᠢᠯᠢᠰᠤᠷᠭᠠᠭᠤᠯᠢᠶ᠋ᠢᠨᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠠᠭᠤᠰᠤᠯᠴᠠᠭᠤᠯᠵᠤ᠂ ᠬᠡᠦᠬᠡᠳ᠎ᠢ ᠰᠤᠷᠭᠠᠨ ᠬᠥᠮᠦᠵᠢᠭᠦᠯᠵᠦ᠍ ᠬᠥᠲᠥᠯᠥᠨ ᠵᠢᠯᠣᠭᠣᠳᠴᠤ᠌ ᠪᠠᠢᠭᠠᠳ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠨ᠎ᠠ᠃ ᠡᠭᠦᠨ᠎ᠦ ᠬᠠᠮᠲᠤ᠂ ᠶᠡᠷᠦᠩᠬᠡᠢ ᠱᠦᠵᠢ᠎ᠶ᠋ᠢᠨ《ᠳᠦᠷᠰᠦᠯᠢᠭ᠂ ᠰᠡᠳᠬᠢᠯᠭᠡ᠎ᠲᠡᠶ᠂ ᠪᠦᠲᠦᠮᠵᠢᠲᠡᠢ》ᠪᠠᠢᠬᠤ ᠱᠠᠭᠠᠷᠳᠠᠯᠭ᠎ᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤᠶ᠋ᠢᠨᠴᠣᠭ᠍ᠴᠠᠶ᠋ᠢᠨᠤᠬᠠᠮᠰᠠᠷᠢᠪᠠᠲᠤᠴᠣᠭ᠍ᠴᠠᠯᠠᠬᠤᠬᠥᠮᠦᠵᠢᠯᠢᠰᠤᠷᠭᠠᠭᠤᠯᠢᠶ᠋ᠢᠨᠬᠦᠷᠢᠶᠡᠨᠳᠦᠨᠢᠳᠤᠨᠳ᠋ᠤᠨᠢ ᠦᠵᠡᠭᠳᠡᠬᠦᠯᠵᠤ᠂ ᠴᠢᠬᠢᠨ ᠳ᠋ᠤᠨᠢ ᠰᠤᠨᠤᠷᠳᠠᠭᠤᠯᠵᠤ᠂ ᠭᠠᠷᠲᠤᠨᠢ ᠪᠠᠷᠢᠭ᠍ᠳᠠᠬᠤ ᠪᠣᠯᠭᠠᠨ᠎ᠠ ᠭᠡᠵᠤ ᠬᠡᠯᠡᠪᠡ᠃
《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠪᠡᠷᠬᠢᠴᠢᠶᠡᠯᠯᠡᠬᠦ᠌ᠡᠴᠡ ᠭᠠᠳᠠᠨ᠎ᠠ᠂ ᠪᠢᠳᠡ ᠪᠠᠰᠠ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠴᠢᠶᠡᠯ᠎ᠦᠨ ᠳᠣᠲᠣᠨ᠎ᠠ ᠭᠠᠳᠠᠨᠠᠬᠢ ᠠᠵᠢᠯᠯᠠᠭ᠎ᠠ ᠡᠷᠬᠢᠯᠡᠬᠦ᠌᠎ᠪᠡᠷ ᠳᠠᠮᠵᠢᠨ ᠰᠤᠷᠤᠭ᠍ᠴᠢᠳ᠎ᠲᠤ ᠦᠯᠦ᠍ ᠮᠡᠳᠡᠭ᠌ᠳᠡᠮ᠎ᠡ᠎ᠪᠡᠷ ᠬᠥᠮᠦᠵᠢᠯ ᠬᠦᠷᠲᠡᠭᠡᠵᠦ᠍᠂ ᠬᠡᠦᠬᠡᠳ᠎ᠦᠨ ᠰᠡᠳᠭᠢᠯ᠎ᠳᠦ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠦᠨᠳᠤᠰᠤᠯᠡᠬᠦᠯᠤᠨᠠ》 ᠭᠡᠵᠦ᠍ ᠮᠧᠶ ᠬᠤᠸᠠ ᠬᠡᠯᠡᠪᠡ᠃