ᠠᠯᠲᠠᠨᠰᠠᠩ ᠭᠡᠱᠢᠭᠦᠨ᠄ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠤ᠋ᠨ ᠪᠣᠳᠠᠲᠤ ᠪᠦᠲᠦᠮᠵᠢᠲᠦ ᠴᠢᠨᠠᠷ ᠢ᠋ ᠴᠢᠩᠭᠠᠳᠭᠠᠬᠤ ᠬᠡᠷᠡᠭ᠌ᠲᠡᠶ
2022-03-07 10:10:10
ᠵᠣᠬᠢᠶᠠᠭ᠍ᠴᠢ᠄
​ ᠰᠥᠩ ᠱᠤᠸᠠᠩ
ᠣᠩᠱᠢᠭ᠍ᠰᠠᠨ ᠣᠳᠠᠭ᠎ᠠ᠄
★★★☆☆

QQ截图20220307101218.png


ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠦ ᠣᠷᠣᠯᠴᠠᠬᠤ᠎ᠳᠠᠭᠠᠨ᠂ ᠦᠨᠳᠦᠰᠦᠲᠡᠨ ᠤ᠋ ᠪᠦᠯᠬᠦᠮᠳᠡᠯ ᠪᠣᠯ ᠮᠠᠨ ᠤ᠋ ᠤᠯᠤᠰ ᠤ᠋ᠨ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠤ᠋ ᠠᠮᠢᠨ ᠰᠤᠳᠠᠰᠤ ᠮᠥᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠪᠣᠯ ᠦᠨᠳᠦᠰᠦᠲᠡᠨ ᠤ᠋ ᠪᠦᠯᠬᠦᠮᠳᠡᠯ ᠤ᠋ᠨ ᠦᠨᠳᠦᠰᠦ ᠮᠥᠨ᠃ ᠪᠦᠬᠦ᠌ ᠤᠯᠤᠰ ᠤ᠋ᠨ ᠤᠯᠤᠰ ᠲᠦᠷᠦ᠍ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠱᠦᠵᠢ ᠠᠯᠲᠠᠨᠰᠠᠩ ᠡᠭᠦᠨ ᠳ᠋ᠦ ᠮᠠᠰᠢ ᠭᠦᠨ ᠲᠦᠷᠦᠭ᠌ᠳᠡᠯ᠎ᠲᠡᠶ ᠪᠠᠢᠯ᠎ᠠ᠂ ᠲᠡᠷᠡ᠄ 《ᠦᠨᠳᠦᠰᠦᠲᠡᠨ ᠤ᠋ ᠪᠦᠯᠬᠦᠮᠳᠡᠯ ᠨᠢ ᠪᠢᠳᠡᠨ ᠤ᠋ ᠬᠥᠮᠦᠨ ᠪᠦᠷᠢ ᠳ᠋ᠦ ᠠᠪᠴᠤ᠌ ᠬᠡᠯᠡᠪᠡᠯ ᠨᠡᠷᠡᠨ ᠤ᠋ ᠭᠡᠷᠡᠯ᠂ ᠠᠭᠠᠷ ᠪᠣᠯᠤᠨ ᠤᠰᠤ ᠱᠢᠭ᠋ ᠪᠠᠢᠵᠤ᠂ ᠠᠱᠢᠭ᠎ᠢ ᠨᠢ ᠬᠦᠷᠳᠡᠭᠡᠳ ᠦᠯᠦ ᠮᠡᠳᠡᠬᠦ᠂ ᠠᠯᠳᠠᠪᠠᠯ ᠣᠷᠣᠱᠢᠨ ᠲᠤᠭᠳᠠᠨᠢᠬᠤᠶ᠎ᠠ ᠪᠡᠷᠭᠡ᠂ ᠡᠭᠦᠨ ᠢ᠋ ᠣᠨᠴᠠᠭᠠᠢ ᠨᠠᠨᠳᠢᠩᠨᠠᠬᠤ ᠬᠡᠷᠡᠭ᠌ᠲᠡᠢ》 ᠭᠡᠪᠡ᠃

ᠠᠯᠲᠠᠨᠰᠠᠩ ᠤ᠋ᠨ ᠦᠵᠡᠬᠦ ᠪᠡᠷ᠂ ᠰᠤᠷᠭᠠᠨ ᠬᠥᠮᠦᠵᠢᠯ ᠨᠢ ᠦᠨᠳᠦᠰᠦ ᠵᠢ ᠪᠣᠢᠵᠢᠭᠤᠯᠵᠤ ᠰᠦᠭ ᠰᠦᠨᠡᠰᠦ ᠵᠢ ᠱᠤᠭᠤᠵᠤ᠂ ᠣᠶᠤᠨ ᠤᠬᠠᠭᠠᠨ ᠢ᠋ ᠨᠡᠭᠡᠭᠡᠭ᠌ᠳᠡᠭᠦᠯᠦᠨ ᠰᠡᠳᠭᠢᠯ ᠢ᠋ ᠤᠮᠳᠠᠯᠠᠨ᠎ᠠ᠂ ᠲᠡᠷᠡ᠎ᠨᠢ ᠮᠠᠨ ᠤ᠋ ᠤᠯᠤᠰ ᠤ᠋ᠨ ᠦᠨᠳᠦᠰᠦᠲᠡᠨ ᠤ᠋ ᠠᠵᠢᠯ᠎ᠳᠤ ᠣᠨᠴᠠᠭᠠᠶ ᠴᠢᠬᠤᠯᠠ ᠡᠭᠦᠷᠭᠡ ᠵᠢ ᠡᠭᠦᠷᠭᠡᠯᠡᠵᠦ᠍ ᠪᠠᠢᠳᠠᠭ᠂ ᠰᠤᠷᠭᠠᠭᠤᠯᠢ ᠪᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠴᠢᠬᠤᠯᠠ ᠪᠡᠬᠢᠯᠡᠯᠳᠡ ᠮᠥᠨ᠃ ᠤᠢ᠍ᠢᠷ᠎ᠠ ᠵᠢᠨ ᠵᠢᠯ ᠳ᠋ᠦ᠂ ᠰᠤᠷᠭᠠᠨ ᠬᠥᠮᠦᠵᠢᠯ ᠤ᠋ᠨ ᠱᠢᠰᠲ᠋ᠧᠮ ᠤ᠋ᠨ ᠬᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠤ᠋ᠨ ᠳᠤᠮᠳᠠ ᠶᠡᠬᠡ ᠬᠡᠮᠵᠢᠶᠡᠨ ᠤ᠋ ᠠᠵᠢᠯ ᠬᠢᠵᠦ᠍᠂ ᠢᠳᠡᠪᠬᠢᠲᠡᠢ ᠠᠬᠢᠴᠠ᠎ᠲᠠᠶ ᠪᠣᠯᠤᠭ᠍ᠰᠠᠨ ᠪᠣᠯᠪᠠᠴᠤ᠌ ᠠᠬᠢᠴᠠ ᠡᠷᠴᠢᠮ ᠨᠢ ᠲᠡᠩᠴᠡᠭᠦᠷᠢ ᠦᠭᠡᠢ᠂ ᠰᠦᠭ ᠰᠦᠨᠡᠰᠦ ᠵᠢ ᠱᠤᠭᠤᠵᠤ ᠬᠥᠮᠦᠨ ᠢ᠋ ᠬᠥᠮᠦᠵᠢᠭᠦᠯᠬᠦ᠌ ᠨᠢ ᠭᠦᠨᠵᠡᠭᠡᠢ ᠪᠤᠰᠦ᠂ ᠡᠷᠳᠡᠮ ᠱᠢᠨᠵᠢᠯᠡᠭᠡᠨ ᠤ᠋ ᠲᠤᠯᠭᠠᠭᠤᠷᠢᠯᠠᠯ ᠨᠢ ᠬᠦᠴᠦᠲᠡᠢ ᠪᠢᠰᠢ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠡᠨᠡ ᠨᠢ ᠳᠠᠷᠤᠢ ᠶᠣᠰᠣ ᠰᠤᠷᠲᠠᠬᠤᠨ ᠵᠢᠡᠷ ᠬᠥᠮᠦᠨ ᠢ᠋ ᠬᠥᠮᠦᠵᠢᠭᠦᠯᠬᠦ᠌ ᠪᠠᠲᠤᠯᠠᠭ᠎ᠠ ᠵᠢᠨ ᠲᠣᠭ᠍ᠲᠠᠴᠠ ᠵᠢ ᠲᠦᠷᠭᠡᠨ ᠲᠡᠭᠦᠯᠳᠡᠷᠵᠢᠭᠦᠯᠵᠦ᠍᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠢ᠋ ᠶᠡᠬᠡ ᠳᠤᠮᠳᠠᠳᠤ ᠪᠠᠭ᠎ᠠ ᠰᠤᠷᠭᠠᠭᠤᠯᠢ᠎ᠳᠤ ᠲᠦᠭᠡᠮᠡᠯᠵᠢᠭᠦᠯᠬᠦ᠌᠂ ᠨᠢᠭᠡ ᠴᠤᠬ᠍ᠴᠠᠵᠢᠭᠤᠯᠬᠤ ᠵᠢ ᠠᠬᠢᠭᠤᠯᠬᠤ᠎ᠵᠢ ᠱᠠᠭᠠᠷᠳᠠᠵᠦ ᠪᠠᠢᠨ᠎ᠠ᠃

ᠠᠯᠲᠠᠨᠰᠠᠩ ᠰᠠᠨᠠᠭᠤᠯᠤᠭᠰᠠᠨ ᠨᠢ᠂ ᠬᠢᠴᠢᠶᠡᠯ ᠤ᠋ᠨ ᠦᠵᠡᠯ ᠰᠠᠨᠠᠭ᠎ᠠ ᠤᠯᠤᠰ ᠲᠥᠷᠥ᠍ ᠪᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠤ᠋ᠨ ᠥᠭᠡᠷᠡᠴᠢᠯᠡᠯᠲᠡ ᠵᠢ ᠶᠡᠬᠡ᠎ᠪᠡᠷ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠡᠯ᠎ᠡ ᠱᠠᠲᠤᠨ ᠤ᠋ ᠡᠯ᠎ᠡ ᠲᠥᠷᠥᠯ ᠤ᠋ᠨ ᠰᠤᠷᠭᠠᠭᠤᠯᠢ ᠵᠢᠨ ᠵᠠᠪᠠᠯ ᠰᠤᠷᠬᠤ ᠬᠢᠴᠢᠶᠡᠯ ᠪᠣᠯᠭᠠᠬᠤ ᠬᠡᠷᠡᠭ᠌ᠲᠡᠶ; ᠶᠡᠬᠡ ᠳᠤᠮᠳᠠᠳᠤ ᠪᠠᠭ᠎ᠠ ᠰᠤᠷᠭᠠᠭᠤᠯᠢ ᠵᠢᠨ ᠡᠯ᠎ᠡ ᠰᠤᠷᠤᠯᠭ᠎ᠠ ᠵᠢᠨ ᠱᠠᠳᠤᠨ᠎ᠳᠦ ᠬᠠᠨᠳᠤᠭᠤᠯᠤᠭᠰᠠᠨ᠂ ᠠᠭᠤᠯᠭ᠎ᠠ ᠵᠢ ᠣᠷᠭᠠᠨᠢᠭ ᠵᠢᠡᠷ ᠵᠣᠯᠭᠠᠭᠤᠯᠤᠭ᠍ᠰᠠᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠰᠤᠷᠭᠠᠨ ᠬᠥᠮᠦᠵᠢᠯ ᠤ᠋ᠨ ᠵᠢᠭᠠᠬᠤ ᠮᠠᠲ᠋ᠧᠷᠢᠶᠠᠯ ᠪᠣᠯᠤᠨ ᠵᠢᠭᠠᠨ ᠰᠤᠷᠭᠠᠯᠲᠠ ᠵᠢᠨ ᠬᠥᠲᠥᠯᠪᠦᠷᠢ ᠵᠢ ᠲᠦᠷᠭᠡᠨ ᠲᠣᠭ᠍ᠲᠠᠭᠠᠬᠤ ᠬᠡᠷᠡᠭ᠌ᠲᠡᠢ; ᠨᠢᠭᠡ ᠪᠦᠯᠦᠭ ᠪᠥᠬᠥ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠵᠢᠱ᠌ᠢᠶ᠎ᠡ ᠦᠵᠡᠭᠦᠯᠬᠦ᠌ ᠰᠤᠷᠭᠠᠭᠤᠯᠢ ᠵᠢ ᠪᠣᠢᠵᠢᠭᠤᠯᠤᠨ ᠪᠠᠢᠭᠤᠯᠵᠤ᠂ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ ᠢ᠋ ᠪᠠᠳᠠᠷᠠᠭᠤᠯᠬᠤ ᠬᠡᠷᠡᠭᠳᠡᠢ; ᠦᠨᠳᠦᠰᠦᠲᠡᠨ ᠤ᠋ ᠰᠤᠷᠤᠭ᠍ᠴᠢ ᠲᠥᠪᠯᠡᠷᠡᠭ᠌ᠰᠡᠨ ᠳᠡᠭᠡᠳᠦ ᠰᠤᠷᠭᠠᠭᠤᠯᠢ ᠪᠣᠯᠤᠨ ᠦᠨᠳᠦᠰᠦᠲᠡᠨ ᠤ᠋ ᠭᠠᠵᠠᠷ ᠣᠷᠣᠨ ᠤ᠋ ᠪᠠᠭ᠍ᠰᠢ ᠵᠢᠨ ᠲᠥᠷᠥᠯ ᠤ᠋ᠨ ᠳᠡᠭᠡᠳᠦ ᠰᠤᠷᠭᠠᠭᠤᠯᠢ᠎ᠳᠤ 《ᠤᠯᠤᠰ᠎ᠤ᠋ᠨ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ᠌ ᠰᠠᠭᠤᠷᠢᠨ》 ᠪᠠᠢᠭᠤᠯᠬᠤ ᠡᠷᠴᠢᠮ ᠢ᠋ ᠴᠢᠩᠭᠠᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ᠌ ᠳ᠋ᠦ ᠪᠠᠭ᠍ᠰᠢ ᠴᠢᠳᠠᠪᠤᠷᠢᠲᠠᠨ ᠤ᠋ ᠪᠠᠲᠤᠯᠠᠭ᠎ᠠ ᠬᠠᠩᠭᠠᠬᠤ ᠬᠡᠷᠡᠭᠳᠡᠢ᠃

《ᠦᠨᠳᠦᠰᠦᠲᠡᠨ ᠤ᠋ ᠭᠠᠵᠠᠷ ᠣᠷᠣᠨ ᠤ᠋ ᠶᠡᠬᠡ ᠳᠡᠭᠡᠳᠦ ᠰᠤᠷᠭᠠᠭᠤᠯᠢ ᠵᠢᠨ ᠦᠨᠳᠦᠰᠦᠲᠡᠨ᠎ᠨᠦᠭᠦᠳ ᠤ᠋ᠨ ᠪᠠᠭ᠍ᠰᠢ ᠰᠤᠷᠤᠭ᠍ᠴᠢᠳ᠂ ᠦᠨᠳᠦᠰᠦᠲᠡᠨ ᠤ᠋ ᠰᠤᠳᠤᠯᠤᠯ ᠤ᠋ᠨ ᠱᠢᠨᠵᠢᠯᠡᠭᠡᠨ ᠤ᠋ ᠰᠠᠯᠠᠭ᠎ᠠ ᠵᠢᠨ ᠴᠢᠳᠠᠪᠤᠷᠢᠲᠠᠨ ᠤ᠋ ᠡᠬᠢ ᠪᠠᠶᠠᠯᠢᠭ ᠤ᠋ᠨ ᠴᠤᠭ᠍ᠯᠠᠷᠠᠯ ᠤ᠋ᠨ ᠣᠨᠴᠠᠯᠢᠭ ᠪᠠ ᠳᠠᠪᠠᠭᠤᠯᠢᠭ ᠢ᠋ ᠭᠦᠶ᠋ᠴᠡᠳ ᠪᠣᠳᠣᠯᠬᠢᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠯᠤᠰ ᠤ᠋ᠨ ᠲᠠᠰ ᠤ᠋ᠨ ᠰᠤᠳᠤᠯᠭᠠᠨ ᠤ᠋ ᠰᠠᠭᠤᠷᠢᠨ᠎ᠤ ᠪᠠᠢᠷᠢᠱᠢᠭᠤᠯᠤᠯᠲᠠ᠂ ᠦᠨᠳᠦᠰᠦᠲᠡᠨ ᠤ᠋ ᠠᠵᠢᠯ ᠤ᠋ᠨ ᠣᠨᠣᠯ ᠬᠢᠭᠡᠳ ᠦᠶ᠋ᠯᠡᠳᠦᠯᠭᠡ ᠵᠢᠨ ᠴᠢᠬᠤᠯᠠ ᠶᠡᠬᠡ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠲᠥᠷᠥᠯ ᠵᠦᠶ᠋ᠯ᠎ᠢ ᠲᠣᠭ᠍ᠲᠠᠭᠠᠬᠤ᠂ ᠦᠨᠳᠦᠰᠦᠲᠡᠨ ᠤ᠋ ᠰᠤᠳᠤᠯᠤᠯ ᠤ᠋ᠨ ᠱᠢᠨᠵᠢᠯᠡᠭᠡᠨ ᠤ᠋ ᠰᠠᠯᠠᠭ᠎ᠠ ᠵᠢᠨ ᠲᠤᠰᠭᠠᠶ ᠮᠡᠷᠭᠡᠵᠢᠯ ᠢ᠋ ᠱᠢᠯᠢᠳᠡᠭ᠌ᠵᠢᠭᠦᠯᠦᠨ ᠵᠤᠬᠢᠴᠠᠭᠤᠯᠬᠤ ᠵᠡᠷᠭᠡ ᠲᠠᠯ᠎ᠠ᠎ᠪᠠᠷ ᠭᠤᠤᠯᠳᠠᠯᠭ᠎ᠠ᠎ᠲᠠᠶ ᠳᠡᠮᠵᠢᠯᠬᠡ ᠦᠵᠡᠬᠦᠯᠬᠦ ᠪᠠ ᠬᠥᠲᠥᠯᠥᠨ ᠵᠢᠯᠣᠭᠣᠳᠭᠤ ᠵᠢ ᠬᠦᠰᠡᠵᠦ᠍ ᠪᠠᠢᠨ᠎ᠠ》 ᠭᠡᠵᠦ᠍ ᠠᠯᠲᠠᠨᠰᠠᠩ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号