《ᠲᠠᠪᠤᠨ ᠵᠠᠢᠯᠠᠰᠢ ᠦᠭᠡᠢ ᠵᠠᠮᠨᠠᠬᠤ ᠵᠠᠮ》 ᠎ᠢᠶᠡᠷ ᠤᠬᠠᠮᠰᠠᠷ᠎ᠠᠴᠠ᠎ᠪᠠᠨ ᠡᠷᠡᠰ ᠪᠠᠳᠦ ᠰᠠᠢᠲᠤᠷ ᠵᠠᠮᠨᠠᠬᠤ ᠬᠡᠷᠡᠭ᠌ᠲᠡᠢ
2022-03-07 10:02:45
ᠵᠣᠬᠢᠶᠠᠭ᠍ᠴᠢ᠄
ᠲᠤᠰ ᠰᠣᠨᠢᠨ᠎ᠤ ᠱᠢᠭᠦᠮᠵᠢᠯᠡᠭ᠌ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ ᠤ᠋ᠨ ᠦᠪᠦᠷ ᠮᠤᠩᠭᠤᠯ ᠤ᠋ᠨ ᠲᠦᠯᠦᠭᠡᠯᠡᠭᠴᠢᠳ ᠤ᠋ᠨ ᠪᠦᠯᠬᠦᠮ ᠤ᠋ᠨ ᠬᠢᠨᠠᠨ ᠵᠦᠪᠯᠡᠬᠦ᠎ᠳᠦ ᠤᠷᠤᠯᠴᠠᠬᠤ ᠦᠶ᠎ᠡ᠎ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ᠎ᠵᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠶᠠᠷᠳᠠ ᠦᠬᠦᠯᠡᠬᠦ  ᠨᠢ


ᠴᠢᠭ᠌ᠯᠡᠯ ᠵᠠᠮ ᠢ᠋ ᠲᠣᠭ᠍ᠲᠠᠭᠠᠵᠤ᠂ ᠵᠠᠮ ᠬᠤᠪᠢ ᠵᠠᠶᠠᠭ᠎ᠠ ᠵᠢ ᠲᠣᠭ᠍ᠲᠠᠭᠠᠳᠠᠭ᠃ 3 ᠰᠠᠷ᠎ᠠ ᠵᠢᠨ 5 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠠᠪᠤᠳᠤᠭᠠᠷ ᠬᠤᠷᠠᠯ ᠤ᠋ᠨ ᠥᠪᠥᠷ ᠮᠣᠩᠭᠣᠯ ᠤ᠋ᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠱᠢᠨ᠎ᠡ ᠴᠠᠭ ᠦᠶ᠎ᠡ ᠵᠢᠨ ᠨᠠᠮ ᠪᠣᠯᠤᠨ ᠠᠷᠠᠳ ᠲᠦᠮᠡᠨ ᠤ᠋ ᠡᠷᠡᠮᠡᠬᠡᠢᠯᠡᠨ ᠤᠷᠤᠭ᠍ᠰᠢᠯᠠᠭ᠍ᠰᠠᠨ ᠥᠩᠭᠡᠷᠡᠯᠲᠡ ᠵᠢ ᠡᠷᠭᠢᠴᠡᠭᠦᠯᠵᠦ᠍᠂ 《ᠲᠠᠪᠤᠨ ᠵᠠᠢᠯᠠᠰᠢ ᠦᠭᠡᠢ ᠵᠠᠮᠨᠠᠬᠤ ᠵᠠᠮ》 ᠢ᠋ ᠠᠩᠬ᠎ᠠ ᠤᠳᠠᠭ᠎ᠠ ᠳᠤᠷᠠᠳᠴᠤ᠌ ᠂ ᠡᠪ ᠬᠠᠮᠲᠤ ᠨᠠᠮ ᠤ᠋ᠨ ᠲᠥᠷᠥ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮ ᠤ᠋ᠨ ᠪᠥᠲᠥᠭᠡᠨ ᠪᠠᠢᠭᠤᠯᠤᠯᠲᠠ ᠵᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ᠋ ᠨᠡᠢᠭᠡᠮ ᠤ᠋ᠨ ᠬᠥᠭ᠌ᠵᠢᠯᠲᠡ ᠵᠢᠨ ᠵᠢᠮ᠎ᠡ ᠶᠣᠰᠣᠨ᠎ᠤ ᠲᠤᠬᠠᠶ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠪᠢᠳᠡᠨ ᠤ᠋ ᠱᠢᠨ᠎ᠡ ᠠᠶᠠᠨ ᠵᠠᠮ᠎ᠳᠤ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠴᠢᠭ᠌ᠯᠡᠯ ᠢ᠋ ᠲᠣᠳᠣᠷᠬᠠᠶ ᠵᠢᠭᠠᠵᠤ ᠥᠭ᠌ᠴᠡᠶ᠃

ᠨᠠᠮ ᠤ᠋ᠨ ᠪᠦᠬᠦ᠌ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠣᠯ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠢ᠋ ᠪᠠᠷᠢᠮᠲᠠᠯᠠᠨ ᠬᠥᠭ᠌ᠵᠢᠭᠦᠯᠬᠦ᠌ ᠵᠢᠨ ᠵᠠᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠪᠣᠯ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠌ ᠵᠢᠨ ᠵᠠᠢᠯᠠᠰᠢ ᠦᠭᠡᠢ ᠵᠠᠮᠨᠠᠬᠤ ᠵᠠᠮ ᠮᠥᠨ᠂ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ ᠤ᠋ᠨ ᠠᠷᠠᠳ ᠲᠦᠮᠡᠨ ᠤ᠋ ᠲᠡᠦᠬᠡ ᠵᠢᠨ ᠠᠭᠤᠤ ᠦᠢᠯᠡᠰ ᠢ᠋ ᠡᠭᠦᠳᠦᠨ ᠪᠦᠲᠦᠭᠡᠬᠦ᠌ ᠵᠢᠨ ᠵᠠᠢᠯᠠᠰᠢ ᠦᠭᠡᠢ ᠵᠠᠮᠨᠠᠬᠤ ᠵᠠᠮ ᠮᠥᠨ᠂ ᠱᠢᠨ᠎ᠡ ᠬᠥᠭ᠌ᠵᠢᠯᠲᠡ ᠵᠢᠨ ᠤᠢ᠍ᠢᠯᠠᠭᠠᠭ᠍ᠳᠠᠬᠤᠨ ᠢ᠋ ᠲᠤᠭᠤᠱᠢᠯᠠᠭᠤᠯᠬᠤ ᠪᠣᠯ ᠱᠢᠨ᠎ᠡ ᠴᠠᠭ ᠦᠶ᠎ᠡ ᠵᠢᠨ ᠮᠠᠨ᠎ᠤ ᠤᠯᠤᠰ ᠤ᠋ᠨ ᠬᠥᠭ᠌ᠵᠢᠨ ᠪᠤᠵᠠᠭᠠᠢ᠌ᠷᠠᠬᠤ ᠵᠢᠨ ᠵᠠᠢᠯᠠᠰᠢ ᠦᠭᠡᠢ ᠵᠠᠮᠨᠠᠬᠤ ᠵᠠᠮ ᠮᠥᠨ᠂ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠪᠣᠯ ᠨᠠᠮ ᠤ᠋ᠨ ᠠᠮᠢᠵᠢᠷᠠᠯ ᠤ᠋ᠨ ᠬᠦᠴᠦᠨ ᠵᠢᠡᠨ ᠡᠭᠦᠷᠢᠳᠡ ᠪᠠᠲᠤᠯᠠᠵᠤ᠂ ᠱᠢᠨ᠎ᠡ ᠱᠢᠯᠭᠠᠯᠲᠠ ᠵᠢ ᠲᠤᠭᠤᠯᠬᠤ ᠵᠠᠮ ᠵᠢᠡᠷ ᠰᠠᠢᠲᠤᠷ ᠵᠠᠮᠨᠠᠬᠤ ᠵᠢᠨ ᠵᠠᠢᠯᠠᠰᠢ ᠦᠭᠡᠢ ᠵᠠᠮᠨᠠᠬᠤ ᠵᠠᠮ ᠮᠥᠨ᠃ 《ᠲᠠᠪᠤᠨ ᠵᠠᠢᠯᠠᠰᠢ ᠦᠭᠡᠢ ᠵᠠᠮᠨᠠᠬᠤ ᠵᠠᠮ》 ᠤ᠋ᠨ ᠴᠢᠬᠤᠯᠠ ᠲᠠᠨᠢᠯᠲᠠ ᠵᠢᠨ ᠠᠭᠤᠯᠤᠭ᠍ᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨᠵᠡᠭᠡᠢ ᠪᠠᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠨᠤᠯᠴᠢ ᠴᠢᠨᠠᠷ᠂ ᠠᠬᠤᠢᠴᠢ ᠴᠢᠨᠠᠷ ᠪᠠ ᠵᠢᠯᠣᠭᠣᠳᠭᠤ ᠴᠢᠨᠠᠷᠲᠠᠶ ᠶᠤᠮ᠃ ᠣᠷᠣᠨ ᠳᠠᠶᠠᠭᠠᠷ ᠵᠢᠡᠨ ᠶᠡᠷᠦᠩᠬᠡᠢ ᠱᠦᠵᠢ ᠰᠢ ᠵᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ ᠵᠢᠨ ᠱᠠᠭᠠᠷᠳᠠᠯᠭ᠎ᠠ ᠵᠢ ᠭᠦᠨᠵᠡᠭᠡᠢ ᠰᠤᠷᠤᠯᠴᠠᠨ ᠣᠢᠯᠠᠭᠠᠵᠤ᠂ ᠣᠨᠣᠴᠠᠳᠠᠢ ᠤᠢ᠍ᠢᠯᠠᠭᠠᠨ ᠡᠵᠡᠮᠱᠢᠵᠦ᠍᠂ ᠤᠯᠤᠰ ᠲᠦᠷᠦ᠍᠂ ᠪᠠᠢᠯᠳᠤᠬᠤ ᠪᠤᠳᠤᠯᠭ᠎ᠠ ᠪᠣᠯᠤᠨ ᠪᠦᠬᠦ᠌ ᠲᠠᠯ᠎ᠠ ᠵᠢᠨ ᠦᠨᠳᠦᠷᠴᠡ ᠡᠴᠡ 《ᠲᠠᠪᠤᠨ ᠵᠠᠢᠯᠠᠰᠢ ᠦᠭᠡᠢ ᠵᠠᠮᠨᠠᠬᠤ ᠵᠠᠮ》᠎ᠢᠶᠡᠷ ᠤᠬᠠᠮᠰᠠᠷ᠎ᠠᠴᠠ᠎ᠪᠠᠨ ᠡᠷᠡᠰ ᠪᠠᠳᠦ ᠰᠠᠢᠲᠤᠷ ᠵᠠᠮᠨᠠᠵᠤ᠂ ᠡᠬᠡ ᠤᠯᠤᠰ ᠤ᠋ᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠢᠡᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ ᠃

ᠮᠡᠳᠡᠬᠦ᠌ ᠨᠢ ᠬᠡᠳᠦᠢ ᠲᠣᠳᠣᠷᠬᠠᠢ ᠪᠣᠯ ᠬᠢᠬᠦ᠌ ᠨᠢ ᠲᠡᠳᠦᠢ ᠰᠠᠢ᠌ᠨ ᠪᠤᠯᠤᠨ᠎ᠠ᠃ ᠱᠢᠨ᠎ᠡ ᠠᠶᠠᠨ ᠵᠠᠮ᠎ᠳᠤ᠂ ᠱᠢᠨ᠎ᠡ ᠠᠰᠠᠭᠤᠳᠠᠯ᠂ ᠱᠢᠨ᠎ᠡ ᠥᠷᠢᠰᠥᠯᠳᠦᠭᠡᠨ᠎ᠳᠦ ᠬᠠᠨᠳᠤᠭᠤᠯᠤᠨ᠂ ᠪᠢᠳᠡ ᠳᠡᠭᠡᠳᠦ ᠬᠡᠮᠵᠢᠶᠡᠨ ᠤ᠋ ᠲᠡᠦᠬᠡ ᠵᠢᠨ ᠢᠲᠡᠭᠡᠯ ᠪᠣᠯᠤᠨ ᠮᠠᠰᠢ ᠴᠢᠩᠭ᠎ᠠ ᠡᠭᠦᠷᠭᠡ ᠬᠠᠷᠢᠭᠤᠴᠠᠯᠭ᠎ᠠ ᠪᠡᠷ ᠡᠨᠡ ᠲᠠᠪᠤᠨ ᠵᠤᠷᠪᠤᠰ ᠲᠤᠷᠱᠢᠯᠭ᠎ᠠ ᠵᠢ ᠬᠤᠪᠢ ᠲᠠᠬᠢᠨ ᠨᠠᠨᠳᠢᠩᠨᠠᠵᠤ᠂ ᠤᠷᠳᠤ ᠬᠤᠭᠤᠴᠠᠭ᠎ᠠ ᠪᠡᠷ ᠪᠠᠷᠢᠮᠲᠠᠯᠠᠬᠤ ᠬᠡᠷᠡᠭ᠌ᠲᠡᠢ᠃ ᠨᠠᠮ ᠤ᠋ᠨ ᠪᠦᠬᠦ᠌ ᠲᠠᠯ᠎ᠠ ᠵᠢᠨ ᠤᠳᠤᠷᠢᠳᠤᠯᠭ᠎ᠠ ᠵᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠨᠠᠮ ᠤ᠋ᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠬᠠᠮᠠᠭᠠᠯᠠᠳᠠᠭ ᠯᠠ ᠶᠤᠮ ᠪᠣᠯ ᠯᠠᠪᠲᠠᠢ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠯᠤᠰ ᠲᠦᠷᠦ᠍ ᠵᠢᠨ ᠨᠢᠭ᠍ᠲᠠᠷᠠᠯ ᠤ᠋ᠨ ᠬᠦᠴᠦᠨ᠂  ᠬᠥᠭ᠌ᠵᠢᠯᠲᠡ ᠵᠢᠨ ᠢᠲᠡᠭᠡᠯ ᠵᠣᠷᠢᠭ᠎ᠲᠠᠶ ᠪᠤᠯᠵᠤ᠂ ᠲᠥᠪ ᠶᠣᠰᠣ ᠵᠢ ᠪᠠᠷᠢᠮᠳᠠᠯᠠᠨ ᠱᠢᠨ᠎ᠡ ᠵᠢ ᠡᠭᠦᠳᠬᠦ᠌᠂ ᠴᠠᠭ ᠤ᠋ᠨ ᠪᠡᠷᠬᠡ ᠵᠢ ᠬᠠᠮᠲᠤ ᠪᠡᠷ ᠲᠤᠭᠤᠯᠬᠤ ᠬᠦᠴᠦᠷᠬᠡᠭ ᠶᠡᠬᠡ ᠬᠦᠴᠦᠨ ᠢ᠋ ᠨᠢᠭ᠍ᠲᠠᠷᠠᠭᠤᠯᠵᠤ ᠴᠢᠳᠠᠨ᠎ᠠ; ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠵᠠᠮ ᠵᠢᠡᠷ ᠭᠤᠢᠪᠢᠰᠢ ᠦᠭᠡᠢ ᠵᠠᠮᠨᠠᠳᠠᠭ ᠯᠠ ᠶᠤᠮ ᠪᠣᠯ ᠠᠷᠠᠳ ᠲᠦᠮᠡᠨ ᠤ᠋ ᠰᠠᠢ᠌ᠨ ᠰᠠᠢᠬᠠᠨ ᠠᠮᠢᠳᠤᠷᠠᠯ ᠤ᠋ᠨ ᠲᠤᠬᠠᠢ ᠬᠦᠰᠡᠯ ᠡᠷᠡᠮᠡᠯᠵᠡᠯ ᠢ᠋ ᠯᠠᠪᠲᠠᠢ ᠲᠠᠰᠤᠷᠠᠯᠳᠡ ᠦᠭᠡᠢ ᠪᠡᠶᠡᠯᠡᠭᠦᠯᠵᠦ᠍ ᠂ ᠪᠦᠬᠦ᠌ ᠠᠷᠠᠳ ᠲᠦᠮᠡᠨ ᠤ᠋ ᠬᠠᠮᠲᠤ ᠵᠢᠨ ᠴᠢᠨᠡᠭᠡᠯᠢᠭ᠌ᠵᠢᠯ ᠢ᠋ ᠲᠠᠰᠤᠷᠠᠯᠳᠡ ᠦᠭᠡᠢ ᠠᠬᠢᠭᠤᠯᠵᠤ ᠴᠢᠳᠠᠨ᠎ᠠ; ᠨᠠᠮ ᠤ᠋ᠨ ᠤᠳᠤᠷᠢᠳᠤᠯᠭ᠎ᠠ ᠳᠣᠣᠷ᠎ᠠ ᠦᠨᠳᠦᠰᠦᠲᠡᠨ᠎ᠨᠦᠭᠦᠳ ᠤ᠋ᠨ ᠠᠷᠠᠳ ᠲᠦᠮᠡᠨ ᠪᠦᠯᠬᠦᠮᠳᠡᠨ ᠨᠢᠬᠳᠠᠷᠠᠵᠦ᠂ ᠲᠦᠮᠡᠨ ᠤᠯᠠᠨ ᠵᠢᠡᠷ ᠵᠢᠡᠨ ᠰᠡᠳᠭᠢᠯ ᠨᠢᠭᠡᠳᠦᠨ ᠵᠣᠷᠢᠭ᠍ᠲᠠᠢ ᠲᠡᠮᠡᠴᠡᠵᠦ᠍᠂ ᠴᠢᠳᠠᠮᠠᠭᠠᠢ ᠪᠡᠷ ᠲᠡᠮᠡᠴᠡᠳᠡᠭ ᠯᠡ ᠶᠤᠮ ᠪᠣᠯ ᠤᠷᠤᠭ᠍ᠰᠢᠯᠠᠯᠲᠠ ᠵᠢᠨ ᠵᠠᠮ ᠳᠡᠭᠡᠷᠡᠬᠢ ᠠᠯᠢᠪᠠ ᠬᠦᠴᠢᠷ ᠪᠡᠷᠬᠡᠱᠢᠶᠡᠯ ᠥᠷᠢᠰᠥᠯᠳᠦᠭᠡᠨ ᠢ᠋ ᠯᠠᠪᠲᠠᠢ ᠢᠯᠠᠨ ᠳᠠᠪᠠᠵᠤ ᠴᠢᠳᠠᠬᠤ ᠶᠤᠮ; ᠱᠢᠨ᠎ᠡ ᠬᠥᠭ᠌ᠵᠢᠯᠲᠡ ᠵᠢᠨ ᠤᠢ᠍ᠢᠯᠠᠭᠠᠭ᠍ᠳᠠᠬᠤᠨ ᠢ᠋ ᠪᠦᠷᠢᠨ ᠪᠦᠲᠦᠨ᠂ ᠵᠦᠪ ᠣᠨᠣᠴᠠᠳᠠᠢ᠂ ᠪᠦᠬᠦ᠌ ᠲᠠᠯ᠎ᠠ ᠪᠡᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠵᠢᠨ ᠪᠠᠢᠷᠢᠱᠢᠯ ᠢ᠋ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠪᠠᠯ ᠂ ᠬᠥᠭ᠌ᠵᠢᠯᠲᠡ ᠵᠢᠨ ᠦᠷᠢᠰᠦᠯᠳᠦᠬᠦ᠌ ᠬᠦᠴᠦᠨ ᠪᠠ ᠦᠷᠭᠦᠯᠵᠢᠯᠡᠬᠦ᠌ ᠬᠦᠴᠦᠨ ᠢ᠋ ᠯᠠᠪᠲᠠᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍ ᠴᠢᠳᠠᠨ᠎ᠠ; ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ ᠵᠢ ᠶᠡᠬᠡ᠎ᠪᠡᠷ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠯᠦ᠍ ᠮᠠᠷᠲᠠᠨ᠂ ᠵᠣᠷᠢᠭ᠍ᠲᠠᠢ ᠪᠡᠷ ᠥᠪᠡᠷ ᠤ᠋ᠨ ᠪᠡᠶ᠎ᠡ᠎ᠳᠡᠭᠡᠨ ᠬᠤᠪᠢᠰᠭᠠᠯ ᠬᠢᠵᠦ᠍᠂ ᠨᠠᠮ ᠤ᠋ᠨ ᠲᠡᠷᠢᠭᠦᠨ ᠤ᠋ ᠴᠢᠨᠠᠷ ᠪᠠ ᠴᠡᠪᠡᠷ ᠴᠢᠨᠠᠷ ᠢ᠋ ᠬᠣᠬᠢᠷᠠᠭᠤᠯᠬᠤ ᠠᠯᠢᠪᠠ ᠬᠣᠣᠷᠲᠠᠢ ᠡᠯᠧᠮᠧᠨ᠋ᠲ ᠢ᠋ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠨᠠᠮ ᠤ᠋ᠨ ᠡᠷᠡᠭᠦᠯ ᠴᠢᠭᠢᠷᠠᠭ ᠪᠡᠶ᠎ᠡ ᠴᠣᠭ᠍ᠴᠠ ᠵᠢ ᠬᠣᠬᠢᠷᠠᠭᠤᠯᠬᠤ ᠠᠯᠢᠪᠠ ᠡᠪᠡᠳᠴᠢᠨ ᠡᠭᠦᠰᠭᠡᠭ᠌ᠴᠢ ᠵᠢ ᠲᠠᠰᠤᠷᠠᠯᠲᠠ ᠦᠭᠡᠢ ᠴᠡᠪᠡᠷᠯᠡᠨ ᠠᠷᠢᠯᠭᠠᠳᠠᠭ ᠯᠠ ᠶᠤᠮ ᠪᠣᠯ ᠂ ᠯᠠᠪᠲᠠᠢ ᠨᠠᠮ ᠤ᠋ᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠦᠨᠦᠷ ᠠᠮᠲᠠ ᠬᠤᠪᠢᠷᠠᠬᠤ ᠦᠭᠡᠢ ᠪᠠᠢᠬᠤ ᠵᠢ ᠪᠠᠲᠤᠯᠠᠵᠤ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ ᠤ᠋ᠨ ᠬᠥᠭ᠌ᠵᠢᠯᠲᠡ ᠵᠢᠨ ᠱᠢᠨ᠎ᠡ ᠬᠠᠭᠤᠳᠠᠰᠤ ᠵᠢ ᠪᠢᠴᠢᠭ᠌ᠯᠡᠵᠦ᠍ ᠴᠢᠳᠠᠨ᠎ᠠ᠃

ᠵᠡᠭᠦᠳᠤ ᠪᠠᠨ ᠲᠡᠷᠭᠡᠯᠰᠢᠭᠦᠯᠬᠦ ᠪᠡᠷ ᠱᠢᠨᠲᠠᠷᠠᠰᠢ ᠦᠭᠡᠢ ᠴᠢᠷᠮᠠᠢᠵᠤ᠂ ᠡᠷᠡᠮᠡᠬᠡᠢᠯᠡᠨ ᠤᠷᠤᠭ᠍ᠰᠢᠯᠠᠬᠤ ᠴᠠᠭ ᠦᠶ᠎ᠡ᠎ᠳᠦ ᠤᠷᠤᠯ᠎ᠠ᠃ ᠱᠢᠨ᠎ᠡ ᠱᠢᠯᠭᠠᠯᠲᠠ ᠵᠢ ᠲᠤᠭᠤᠯᠬᠤ ᠵᠠᠮ ᠳᠡᠭᠡᠷ᠎ᠡ᠂ 《ᠬᠣᠶᠠᠷ ᠢ᠋ ᠲᠣᠭ᠍ᠲᠠᠭᠠᠬᠤ》  ᠵᠢ ᠡᠷᠡᠰ ᠬᠦᠷᠢᠶᠡᠯᠡᠵᠦ᠍ ᠂ 《 ᠬᠣᠶᠠᠷ ᠢ᠋  ᠬᠠᠮᠠᠭᠠᠯᠠᠬᠤ》 ᠵᠢ  ᠡᠷᠡᠰ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ ᠤ᠋ᠨ ᠵᠢᠭᠠᠭ᠍ᠰᠠᠨ ᠴᠢᠭ᠌ᠯᠡᠯ᠎ᠵᠢᠡᠷ ᠡᠷᠡᠰ ᠭᠤᠢᠪᠢᠰᠢ ᠥᠬᠡᠶ ᠤᠷᠤᠭ᠍ᠰᠢᠯᠠᠨ᠂ ᠡᠴᠦᠰ᠎ᠲᠦᠨᠢ ᠲᠤᠯᠲᠠᠯ᠎ᠠ ᠬᠢᠵᠦ᠍᠂ ᠦᠷᠭᠦᠯᠵᠢᠯᠡᠭᠰᠡᠨ ᠲᠡᠮᠡᠴᠡᠯ ᠳᠤᠮᠳᠠ ᠥᠪᠥᠷ ᠮᠣᠩᠭᠣᠯ ᠤ᠋ᠨ ᠡᠭᠦᠷᠭᠡᠯᠡᠯ ᠢ᠋ ᠢᠯᠡᠷᠡᠭᠦᠯᠵᠦ᠍᠂ ᠥᠪᠥᠷ ᠮᠣᠩᠭᠣᠯ ᠤ᠋ᠨ ᠬᠦᠴᠦᠨ ᠴᠢᠳᠠᠯ ᠵᠢᠡᠨ ᠡᠷᠭᠦᠵᠦ᠍᠂ ᠥᠪᠥᠷ ᠮᠣᠩᠭᠣᠯ ᠤ᠋ᠨ ᠴᠣᠭ ᠵᠢᠪᠬᠤᠭ᠎ᠠ ᠵᠢ ᠪᠠᠳᠠᠷᠠᠭᠤᠯᠰᠤᠭᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号